ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠣᠬᠠᠢ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2016/11/30
                              ᠥᠪᠥᠷ ᠵᠠᠰᠠᠭ ᠲᠠᠷᠬᠠᠭᠠᠭᠰᠠᠨ ﹇2016﹈ 48 ᠳ᠋ᠤᠭᠠᠷ ᠲᠤᠭᠠᠳᠤ                                                     4 ᠳ᠋ᠦ᠋ᠭᠡᠷ ᠰᠠᠷ᠎ᠠ ᠶᠢᠨ 28᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠲᠦᠷᠭᠡᠨ ᠬᠦᠷᠭᠡᠬᠦ ᠦᠢᠯᠡᠰ ᠪᠣᠯ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠭᠦᠢᠯᠭᠡᠭᠡᠨ ᠤ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠣ᠂ ᠬᠡᠷᠡᠭᠯᠡᠭᠡ ᠶᠢᠨ ᠳᠡᠰ ᠳᠡᠪᠰᠢᠬᠦ ᠶᠢ ᠠᠬᠢᠭᠤᠯᠬᠤ ᠶᠢᠨ ᠣᠳᠣᠬᠢᠴᠢᠯᠠᠭᠰᠠᠨ ᠤᠳᠤᠷᠢᠳᠤᠮᠵᠢ ᠶᠢᠨ ᠴᠢᠨᠠᠷᠲᠠᠶ ᠠᠵᠤ ᠦᠢᠯᠡᠰ ᠪᠣᠯᠣᠨ᠎ᠠ᠃ ︽ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2015﹈ 61 ᠳ᠋ᠣᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠲᠦᠷᠭᠡᠨ ᠬᠦᠷᠭᠡᠬᠦ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠣ᠂ ᠡᠳᠦᠭᠡ ᠳᠣᠣᠷᠠᠬᠢ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠬᠦ ᠦᠢᠯᠡᠰ ᠢ ᠭᠦᠭᠵᠢᠭᠦᠯᠭᠦ ᠰᠢᠢᠣᠡᠪᠣᠷᠢᠳᠣ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠨ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠳᠤ ᠠᠭᠤᠰᠬᠠᠬᠤ ᠶᠢᠨ ᠬᠠᠮᠲᠤ ᠳᠡᠭᠦᠨ ᠯᠦᠭᠡ ᠵᠣᠯᠭᠠᠭᠤᠯᠵᠣ᠂ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠬᠤᠲᠠ ᠬᠥᠳᠡᠭᠡ ᠪᠠᠷ ᠨᠡᠶᠢᠳᠡᠮ ᠠᠰᠢᠭ ᠬᠦᠷᠲᠡᠭᠡᠭᠦ ᠶᠢ ᠥᠷᠭᠡᠳᠬᠡᠨ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠡᠬᠢ ᠪᠠᠶᠠᠯᠢᠭ ᠢ ᠨᠡᠶᠢᠯᠡᠭᠦᠯᠵᠦ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠶᠡᠷᠦᠩᠬᠡᠶᠢᠯᠡᠭᠰᠡᠨ ᠲᠠᠪᠴᠠᠩ ᠪᠠ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭ᠎ᠠ ᠶᠢᠨ ᠪᠣᠳᠠᠰ ᠤᠨ ᠭᠦᠢᠯᠭᠡᠭᠡᠨ ᠤ ᠲᠥᠪ ᠢ ᠪᠠᠶᠢᠭᠤᠯᠵᠣ᠂ ︽ᠠᠵᠤ ᠦᠢᠯᠡᠳᠪᠦᠷᠢ ᠶᠢᠨ ᠦᠢᠯᠡᠣᠡᠭᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ ᠣᠷᠣᠭᠤᠯᠬᠤ︾ ᠬᠤᠣᠰ ᠴᠢᠭᠯᠡᠯ ᠢᠶᠠᠷ ᠭᠦᠢᠯᠭᠡᠯᠡᠭᠦ ᠵᠠᠮ ᠮᠦᠷ ᠢ ᠴᠣᠭᠴᠠᠯᠠᠵᠣ᠂ ᠳᠥᠭᠦᠮ ᠳᠥᠲᠡ ᠦᠨᠳᠣᠷ ᠦᠷ᠎ᠡ ᠪᠦᠲᠦᠮᠵᠢᠳᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠮᠡᠷᠭᠡᠵᠢᠯ ᠨᠢ ᠳᠡᠷᠢᠭᠦᠨ ᠤ᠂ ᠦᠢᠯᠡᠴᠢᠯᠡᠭᠡ ᠨᠢ ᠴᠢᠨᠠᠷ ᠰᠠᠶᠢᠲᠠᠶ ᠲᠦᠷᠭᠡᠨ ᠬᠦᠷᠭᠡᠬᠦ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃      ︵ᠬᠤᠶᠠᠷ︶ ᠬᠥᠭᠵᠢᠭᠦᠯᠬᠦ ᠬᠠᠷᠠᠯᠲᠠ᠃ ᠵᠠᠰᠠᠭ ᠤᠨ ᠣᠷᠳᠣᠨ ᠭᠦᠳᠣᠯᠣᠨ ᠵᠢᠯᠣᠭᠤᠣᠠᠬᠤ᠂ ᠠᠵᠤ ᠠᠬᠤᠶᠢᠯᠠᠯ ᠬᠡᠷᠡᠭᠵᠢᠭᠦᠯᠬᠦ᠂ ᠭᠤᠣᠯᠳᠠᠯᠭ᠎ᠠ ᠶᠢ ᠲᠤᠪᠤᠶᠢᠯᠭᠠᠬᠤ᠂ ᠠᠯᠬᠤᠮ ᠬᠤᠪᠢᠶᠠᠨ ᠠᠬᠢᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠪᠣᠳᠠᠳᠣ ᠦᠷ᠎ᠡ ᠪᠦᠲᠦᠮᠵᠢ ᠶᠢ ᠡᠷᠬᠢᠮᠯᠡᠬᠦ ᠵᠠᠷᠴᠢᠮ ᠢ ᠪᠠᠷᠢᠮᠳᠠᠯᠠᠵᠣ᠂ ᠲᠦᠷᠭᠡᠨ ᠬᠦᠷᠭᠡᠬᠦ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠣᠨ᠎ᠠ᠃ ︽ᠢᠨᠲ᠋ᠧᠷ ᠰᠦᠯᠵᠢᠶ᠎ᠡ +︾ ᠲᠦᠷᠭᠡᠨ ᠬᠦᠷᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ 2020 ᠣᠨ ᠪᠣᠯᠬᠤ ᠳᠤ ᠳᠤᠮᠳᠠ ᠬᠡᠰᠡᠭ ᠨᠢ ᠬᠥᠬᠡᠬᠤᠲᠠ ᠢᠶᠠᠷ ᠲᠦᠪ ᠪᠣᠯᠭᠠᠵᠤ᠂ ᠵᠡᠭᠦᠨ ᠬᠡᠰᠡᠭ ᠨᠢ ᠲᠦᠩᠯᠢᠶᠣᠤ ᠬᠤᠳᠠ᠂ ᠤᠯᠠᠭᠠᠠᠬᠠᠳᠠ ᠬᠤᠲᠠ ᠪᠠᠷ ᠲᠦᠪ ᠪᠣᠯᠭᠠᠵᠤ᠂ ᠪᠠᠷᠠᠭᠤᠨ ᠬᠡᠰᠡᠭ ᠨᠢ ᠪᠤᠭᠤᠲᠤ ᠬᠤᠳᠠ᠂ ᠤᠷᠳᠤᠰ ᠬᠤᠳᠠ ᠪᠠᠷ ᠲᠥᠪ ᠪᠣᠯᠭᠠᠭᠰᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠥᠷᠪᠡᠨ ᠱᠠᠳᠣ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠣ᠂ ︽ᠠᠶᠢᠮᠠᠭ ᠬᠤᠳᠠ ᠨᠢ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ᠨᠢ ᠬᠤᠪᠢᠶᠠᠨ ᠰᠠᠯᠭᠠᠵᠤ ᠥᠭᠬᠦ ᠲᠥᠪ ᠲᠠᠢ᠂ ᠰᠢᠶᠠᠩ ᠪᠠᠯᠭᠠᠰᠤ ᠨᠢ ᠰᠦᠯᠵᠢᠶᠠᠨ ᠴᠢᠬ ᠲᠠᠢ᠂ ᠭᠠᠴᠠᠭ᠎ᠠ ᠲᠣᠰᠬᠤᠨ ᠪᠣᠯᠭᠠᠨ ᠳᠤ ᠲᠦᠷᠭᠡᠨ ᠬᠦᠷᠭᠡᠯᠳᠠ ᠨᠡᠪᠲᠡᠷᠡᠭᠰᠡᠨ︾ ᠪᠠᠶᠢᠳᠠᠯ ᠢ ᠦᠨᠳᠦᠰᠦᠨ ᠳᠡᠭᠡᠨ ᠪᠡᠶᠡᠯᠡᠭᠦᠯᠣᠨ᠎ᠠ᠃ ᠮᠠᠨ ᠤ ᠣᠷᠣᠨ ᠤ ᠣᠨᠴᠤᠭᠤᠢ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠷᠭᠢᠨ ᠲᠣᠭᠤᠷᠢᠨ ᠢ ᠬᠤᠯᠪᠤᠭᠰᠠᠨ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠪᠣᠯᠤᠨ ᠮᠣᠩᠭᠤᠯ ᠤᠯᠤᠰ᠂ ᠣᠷᠣᠰ ᠢ ᠨᠦᠯᠦᠭᠡᠯᠡᠨ ᠳᠠᠶᠢᠴᠢᠯᠠᠬᠤ ᠣᠷᠣᠨ ᠪᠦᠰᠨ ᠶᠢᠨ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠣᠨ᠎ᠠ᠃      ᠲᠦᠷᠭᠡᠨ ᠬᠦᠷᠭᠡᠬᠦ ᠦᠢᠯᠡᠰ ᠤᠨ ᠬᠡᠪᠴᠢᠶᠠᠳᠣ ᠦᠷ᠎ᠡ ᠠᠰᠢᠭ᠂ ᠦᠢᠯᠡᠴᠢᠯᠡᠭᠡᠨ ᠤ ᠬᠢᠷᠢ ᠭᠡᠮᠵᠢᠶ᠎ᠠ ᠶᠢ ᠢᠯᠡᠳᠲᠡ ᠳᠡᠭᠡᠭᠰᠢᠯᠡᠭᠦᠯᠦᠨ᠎ᠡ᠃ 2020 ᠣᠨ ᠪᠣᠯᠬᠤ ᠳᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠣᠷᠣᠯᠭ᠎ᠠ ᠶᠢ 36 ᠳ᠋ᠦᠩᠰᠢᠭᠤᠷ ᠲᠥᠭᠦᠷᠢᠭ ᠲᠤ ᠭᠦᠷᠣᠭᠦᠯᠵᠣ᠂ ᠵᠢᠯ ᠪᠦᠷᠢ ᠳᠤᠮᠳᠠᠴᠢ ᠪᠠᠷ 24%᠎ ᠪᠠᠷ ᠨᠡᠮᠡᠭᠳᠡᠭᠦᠯᠦᠨ᠎ᠡ︔ ᠲᠦᠷᠭᠡᠨ ᠬᠦᠷᠭᠡᠬᠦ ᠶᠢᠨ ᠲᠤᠬᠠᠶᠢᠯᠠᠭᠰᠠᠨ ᠠᠵᠢᠯ ᠤᠨ ᠭᠡᠮᠵᠢᠶ᠎ᠠ ᠶᠢ 2 ᠳ᠋ᠦᠩᠰᠢᠭᠤᠷ ᠵᠦᠢᠯ ᠳᠤ ᠭᠦᠷᠣᠭᠦᠯᠵᠣ᠂ ᠵᠢᠯ ᠪᠦᠷᠢ ᠳᠤᠮᠳᠠᠴᠢ ᠪᠠᠷ 28%᠎ ᠠᠴᠠ ᠳᠡᠭᠡᠭᠰᠢ ᠪᠠᠷ ᠨᠡᠮᠡᠭᠳᠡᠭᠦᠯᠣᠨ᠎ᠠ︔ ᠵᠢᠯ ᠤᠨ ᠦᠢᠯᠡᠴᠢᠯᠡᠭᠡ ᠶᠢ 10 ᠳ᠋ᠦᠩᠰᠢᠭᠤᠷ ᠬᠥᠮᠦᠨ ᠤᠳᠠᠭ᠎ᠠ ᠳᠤ ᠭᠦᠷᠣᠭᠦᠯᠵᠣ᠂ ᠡᠯᠧᠺᠲᠷᠣᠨ ᠬᠤᠳᠠᠯᠳᠤᠭᠠᠴᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠣᠷ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠠᠷᠠᠯᠵᠢᠶᠠᠨ ᠤ ᠬᠡᠮᠵᠢᠶ᠎ᠡ ᠶᠢ 400 ᠳ᠋ᠦᠩᠰᠢᠭᠤᠷ ᠲᠥᠭᠦᠷᠢᠭ ᠲᠤ ᠬᠦᠷᠣᠭᠦᠯᠵᠣ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠬᠠᠷᠢᠴᠠᠯ ᠢ 5% ᠣᠷᠴᠢᠮ ᠳᠤ ᠬᠦᠷᠦᠭᠦᠯᠣᠨ᠎ᠠ︔ ᠵᠢᠯ ᠤᠨ ᠲᠣᠬᠠᠶᠢᠯᠠᠭᠰᠠᠨ ᠠᠵᠢᠯ ᠤᠨ ᠣᠷᠣᠯᠭ᠎ᠠ ᠨᠢ 5 ᠳ᠋ᠦᠩᠰᠢᠭᠤᠷ ᠲᠥᠭᠦᠷᠢᠭ ᠠᠴᠠ ᠳᠠᠪᠠᠭᠰᠠᠨ ᠠᠵᠤ ᠠᠬᠤᠶᠢᠯᠠᠯ ᠢ 2 ᠡᠷᠣᠭᠡ᠂ ᠳ᠋ᠦᠩᠰᠢᠭᠤᠷ ᠲᠥᠭᠦᠷᠢᠭ ᠠᠴᠠ ᠳᠠᠪᠠᠭᠰᠠᠨ ᠠᠵᠤ ᠠᠬᠤᠶᠢᠯᠠᠯ ᠢ 5 ᠡᠷᠣᠭᠡ ᠪᠦᠢᠵᠢᠭᠤᠯᠵᠣ᠂ ᠰᠢᠨ᠎ᠡ ᠪᠠᠷ ᠨᠡᠮᠡᠭᠳᠡᠭᠰᠡᠨ ᠠᠵᠢᠯ ᠣᠯᠭᠤᠬᠤ ᠠᠵᠢᠯ ᠤᠨ ᠪᠠᠶᠢᠷᠢ ᠶᠢ ᠨᠠᠶᠢᠳᠠ 2 ᠲᠦᠮᠨ ᠳᠤ ᠭᠦᠷᠣᠭᠦᠯᠣᠨ᠎ᠠ︔ ᠲᠦᠷᠭᠡᠨ ᠬᠦᠷᠭᠡᠬᠦ ᠠᠵᠤ ᠠᠬᠤᠶᠢᠯᠠᠯ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠳᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ ᠤ ᠲᠣᠣᠷ ᠴᠢᠬ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠨᠤᠷᠮ᠎ᠠ ᠶᠢ 90%᠎ ᠳᠤ ᠭᠦᠷᠣᠭᠦᠯᠣᠨ᠎ᠠ︔ ᠵᠠᠭᠠᠯᠳᠤᠯᠭ᠎ᠠ ᠶᠢ ᠰᠢᠢᠣᠡᠪᠣᠷᠢᠯᠡᠭᠰᠠᠨ ᠬᠠᠨᠤᠮᠵᠢ ᠶᠢᠨ ᠨᠣᠷᠮ᠎ᠠ ᠶᠢ 95%᠎ ᠠᠴᠠ ᠳᠡᠭᠡᠭᠰᠢ ᠳᠤ ᠭᠦᠷᠣᠭᠦᠯᠵᠣ᠂ ᠠᠵᠢᠯ ᠲᠦᠷᠦᠯ ᠤᠨ ᠨᠡᠶᠢᠭᠡᠮ ᠤᠨ ᠬᠡᠷᠡᠭᠯᠡᠭᠴᠢ ᠳᠤ ᠦᠢᠯᠡᠴᠢᠯᠡᠭᠰᠡᠨ ᠬᠠᠨᠤᠮᠵᠢ ᠶᠢᠨ ᠨᠣᠷᠮ᠎ᠠ ᠶᠢ 85%᠎ ᠠᠴᠠ ᠳᠡᠭᠡᠭᠰᠢ ᠳᠤ ᠭᠦᠷᠣᠭᠦᠯᠣᠨ᠎ᠠ᠃      ᠬᠤᠶᠠᠷ᠂ ᠭᠤᠣᠯ ᠡᠭᠦᠷᠭᠡ      ︵ᠨᠢᠭᠡ︶ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠵᠣ ᠪᠤᠵᠠᠭᠠᠶᠢᠷᠠᠭᠤᠯᠣᠨ᠎ᠠ᠃ ᠡᠯ᠎ᠡ ᠲᠦᠷᠤᠯ ᠤᠨ ᠬᠥᠷᠤᠩᠭᠡ ᠶᠢᠨ ᠬᠠᠤᠯᠢ ᠶᠣᠰᠣᠭᠠᠷ ᠲᠦᠷᠭᠡᠨ ᠬᠦᠷᠭᠡᠬᠦ ᠬᠦᠷᠢᠶᠡᠨ ᠳᠤ ᠣᠷᠣᠬᠤ ᠶᠢ ᠵᠣᠷᠢᠬᠵᠢᠭᠤᠯᠵᠣ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠨᠡᠶᠢᠯᠡᠵᠦ ᠲᠡᠬᠢᠨ ᠵᠣᠬᠢᠶᠠᠨ ᠪᠠᠶᠢᠭᠤᠯᠬᠤ᠂ ᠡᠬᠢ ᠪᠠᠶᠠᠯᠢᠭ ᠢᠶᠠᠨ ᠨᠡᠶᠢᠯᠡᠭᠦᠯᠭᠦ᠂ ᠬᠠᠮᠲᠤᠪᠠᠷ ᠬᠥᠭᠵᠢᠬᠦ ᠶᠢ ᠳᠡᠮᠵᠢᠵᠣ᠂ ᠨᠢᠭᠡ ᠪᠦᠯᠦᠭ ᠨᠢᠷᠣᠭᠤᠪᠴᠢ ᠭᠦᠳᠣᠴᠢ ᠲᠦᠷᠭᠡᠨ ᠬᠦᠷᠭᠡᠬᠦ ᠠᠵᠤ ᠠᠬᠤᠶᠢᠯᠠᠯ ᠢ ᠪᠤᠶᠢᠵᠢᠭᠤᠯᠣᠨ᠎ᠠ᠃ ᠳᠤᠮᠳᠠ ᠵᠢᠵᠢᠭ ᠲᠦᠷᠭᠡᠨ ᠭᠦᠷᠭᠡᠭᠦ ᠠᠵᠤ ᠠᠬᠤᠶᠢᠯᠠᠯ ᠤᠨ ᠦᠨ᠎ᠡ ᠬᠠᠩᠰᠢ ᠶᠢᠨ ᠥᠷᠢᠰᠥᠯᠳᠦᠭᠡᠨ ᠢᠶᠠᠷ ᠭᠤᠣᠯ ᠪᠣᠯᠭᠠᠭᠰᠠᠨ ᠲᠣᠣᠷᠠᠳᠣ ᠳᠡᠰ ᠤᠨ ᠥᠷᠢᠰᠥᠯᠳᠦᠭᠡᠨ ᠤ ᠬᠡᠪ ᠵᠠᠭᠪᠤᠷ ᠠᠴᠠ ︽ᠬᠠᠮᠢᠶᠠᠷᠤᠯᠲᠠ ᠠᠴᠠ ᠦᠷ᠎ᠡ ᠠᠰᠢᠭ ᠣᠯᠬᠤ᠂ ᠦᠢᠯᠡᠴᠢᠯᠡᠭᠡ ᠪᠠᠷ ᠬᠡᠷᠩᠯᠡᠭᠴᠢᠣᠨ ᠢ ᠦᠯᠡᠳᠡᠭᠡᠭᠦ︾ ᠬᠥᠭᠵᠢᠯᠲᠡ ᠶᠢᠨ ᠠᠷᠭ᠎ᠠ ᠬᠡᠯᠪᠡᠷᠢ ᠳᠡᠰᠢ ᠪᠠᠨ ᠬᠤᠪᠢᠷᠠᠬᠤ ᠶᠢ ᠭᠦᠳᠣᠯᠣᠨ ᠵᠢᠯᠣᠭᠤᠳᠣᠨ᠎ᠠ᠃ ᠦᠨᠳᠦᠰᠦᠨ ᠱᠠᠲᠤᠨ ᠤ ᠲᠦᠷᠭᠡᠨ ᠬᠦᠷᠭᠡᠬᠦ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠲᠤᠷᠠᠯᠴᠠᠬᠤ ᠪᠠᠷ ᠳᠡᠮᠵᠢᠨ᠂ ᠣᠷᠣᠨ ᠪᠦᠰᠡ ᠶᠢᠨ ᠳᠣᠲᠣᠷ᠎ᠠ ᠪᠠᠨ ᠦᠵᠦᠭᠦᠷ ᠲᠤ ᠭᠦᠷᠳᠡᠯ᠎ᠠ ᠬᠦᠷᠭᠡᠬᠦ ᠣᠯᠠᠨ ᠡᠰᠢᠲᠦ ᠭᠤᠣᠯ ᠴᠣᠭᠴᠠ ᠶᠢ ᠪᠦᠢᠵᠠᠭᠠᠶᠢᠷᠠᠭᠤᠯᠣᠨ᠂ ᠲᠡᠭᠦᠰᠭᠡᠯ ᠦᠵᠣᠭᠦᠷ ᠲᠤ ᠭᠦᠷᠳᠡᠯ᠎ᠠ ᠬᠦᠷᠭᠡᠬᠦ ᠵᠠᠮ ᠮᠦᠷ ᠢ ᠥᠷᠭᠡᠳᠬᠡᠭᠦ ᠶᠢ ᠵᠣᠷᠢᠬᠵᠢᠭᠤᠯᠣᠨ᠎ᠠ᠃      ︵ᠬᠤᠶᠠᠷ︶ ︽ᠢᠨᠲ᠋ᠧᠷ ᠰᠦᠯᠵᠢᠶ᠎ᠡ +︾᠎ ᠶᠢᠨ ᠲᠦᠷᠭᠡᠨ ᠬᠦᠷᠭᠡᠯᠳᠠ ᠶᠢ ᠬᠠᠮᠵᠢᠯᠴᠠᠨ ᠠᠬᠢᠭᠤᠯᠣᠨ᠎ᠠ᠃ ᠬᠡᠪᠴᠢᠶᠡᠳᠣ ᠲᠦᠷᠭᠡᠨ ᠬᠦᠷᠭᠡᠬᠦ ᠠᠵᠤ ᠠᠬᠤᠶᠢᠯᠠᠯ ᠤᠨ ᠰᠢᠯᠵᠢᠮᠡᠯ ᠴᠢᠮᠡᠭᠡ ᠶᠢᠨ ᠬᠠᠮᠲᠦᠷᠠᠬᠰᠠᠨ ᠬᠤᠯᠪᠣᠭ᠎ᠠ᠂ ᠲᠣᠮᠣ ᠲᠤᠭ᠎ᠠ ᠪᠠᠷᠢᠮᠳᠠ᠂ ᠡᠭᠦᠯᠡᠨ ᠪᠣᠳᠣᠯᠲᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ ᠲᠣᠣᠷ ᠰᠦᠯᠵᠢᠶ᠎ᠡ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠡᠵᠡᠩᠨᠡᠯᠲᠡ ᠶᠢᠨ ᠦᠷ᠎ᠡ ᠠᠰᠢᠭ ᠢᠶᠠᠨ ᠳᠡᠭᠡᠭᠰᠢᠯᠡᠭᠦᠯᠵᠣ᠂ ᠬᠥᠭᠵᠢᠯᠲᠡ ᠶᠢᠨ ᠣᠷᠣᠨ ᠵᠠᠶ ᠪᠠᠨ ᠨᠡᠭᠡᠭᠡᠨ ᠥᠷᠭᠡᠳᠬᠡᠵᠣ᠂ ᠶᠡᠷᠦᠩᠬᠡᠶᠢᠯᠡᠭᠰᠡᠨ ᠴᠢᠨᠠᠷᠲᠠᠶ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠬᠤᠳᠠᠯᠳᠤᠭᠠᠴᠢᠨ ᠤ ᠬᠡᠯᠪᠡᠷᠢ ᠳᠡᠰᠢ ᠪᠠᠨ ᠲᠦᠷᠭᠡᠣᠡᠭᠡᠨ ᠬᠤᠪᠢᠷᠠᠭᠤᠯᠬᠤ ᠶᠢ ᠳᠡᠮᠵᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠳᠤ ᠲᠦᠷᠭᠡᠨ ᠬᠦᠷᠭᠡᠬᠦ ᠦᠢᠯᠡᠰ ᠤᠨ ᠦᠢᠯᠡᠴᠢᠯᠡᠭᠦ ᠭᠤᠣᠯ ᠵᠠᠮ ᠮᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠠᠭᠤᠰᠣᠯᠴᠠᠨ ᠬᠥᠭᠵᠢᠭᠦ ᠶᠢ ᠠᠬᠢᠭᠤᠯᠵᠣ᠂ ᠡᠯᠧᠺᠲᠷᠣᠨ ᠬᠤᠳᠠᠯᠳᠤᠭᠠᠴᠢᠨ᠂ ᠲᠦᠷᠭᠡᠨ ᠬᠦᠷᠭᠡᠯᠳᠠ᠂ ᠬᠥᠮᠥᠷᠭᠡᠯᠡᠨ ᠬᠠᠳᠠᠭᠠᠯᠠᠬᠤ ᠭᠤᠷᠪᠠᠨ ᠶᠡᠭᠡ ᠲᠠᠪᠴᠠᠩ ᠤᠨ ᠭᠦᠨ ᠠᠭᠤᠰᠣᠯᠴᠠᠬᠤ ᠪᠠ ᠬᠠᠮᠵᠢᠯᠴᠠᠨ ᠬᠥᠭᠵᠢᠭᠦ ᠶᠢ ᠪᠡᠶᠡᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠬᠦᠢᠲᠡᠨ ᠬᠡᠯᠬᠢᠶᠡᠰᠣᠨ ᠤ ᠲᠦᠷᠭᠡᠨ ᠬᠦᠷᠭᠡᠬᠦ ᠵᠡᠷᠭᠡ ᠦᠢᠯᠡᠴᠢᠯᠡᠭᠡ ᠶᠢ ᠢᠳᠡᠪᠬᠢᠲᠡᠶ ᠪᠠᠷ ᠥᠷᠨᠢᠭᠦᠯᠬᠦ ᠶᠢ ᠵᠤᠷᠢᠬᠵᠢᠭᠤᠯᠤᠨ᠂ ᠳᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠦᠪᠡᠷᠮᠢᠴᠨ ᠣᠨᠴᠠᠯᠢᠭ ᠲᠠᠢ ᠳᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠣᠭᠡᠭᠳᠡᠭᠦᠨ ᠤ ᠲᠦᠷᠭᠡᠨ ᠬᠦᠷᠭᠡᠬᠦ ᠲᠣᠣᠷ ᠰᠦᠯᠵᠢᠶ᠎ᠡ ᠶᠢ ᠪᠠᠶᠢᠭᠤᠯᠣᠨ᠂ ᠭᠠᠷᠤᠯᠲᠠ ᠶᠢᠨ ᠭᠠᠵᠠᠷ ᠤᠨ ᠦᠢᠯᠡᠳᠬᠦᠨ ᠢᠶᠠᠨ ᠰᠢᠭᠤᠳ ᠪᠣᠷᠣᠯᠠᠭᠤᠯᠬᠤ᠂ ᠵᠠᠬᠢᠶᠠᠯᠠᠭ᠎ᠠ ᠪᠠᠷ ᠦᠢᠯᠡᠳᠪᠦᠷᠢᠯᠡᠭᠦ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠰᠢᠨ᠎ᠡ ᠵᠠᠭᠪᠣᠷ ᠲᠤ ᠦᠢᠯᠡᠴᠢᠯᠡᠭᠦᠯᠣᠨ᠎ᠠ᠃ ᠬᠠᠩᠭᠠᠯᠭ᠎ᠠ ᠶᠢᠨ ᠬᠡᠯᠬᠢᠶᠠᠨ ᠤ ᠬᠠᠮᠢᠶᠠᠷᠣᠯᠳᠠ ᠶᠢᠨ ᠳᠠᠪᠠᠭᠤᠯᠢᠭ ᠢ ᠪᠠᠳᠠᠷᠠᠭᠤᠯᠵᠤ᠂ ᠤᠶᠤᠨᠴᠢᠯᠡᠨ ᠦᠢᠯᠡᠳᠬᠦ᠂ ᠪᠣᠳᠠᠭᠠᠯᠢᠬᠴᠢᠯᠠᠨ ᠲᠣᠭᠳᠠᠭᠠᠵᠦ ᠦᠢᠯᠡᠳᠬᠦ ᠵᠡᠷᠭᠡ ᠦᠢᠯᠡᠳᠬᠦ ᠦᠢᠯᠡᠰ ᠤᠨ ᠰᠢᠨ᠎ᠡ ᠬᠦᠷᠢᠶᠠᠨ ᠳᠤ ᠢᠳᠡᠪᠬᠢᠲᠡᠶ ᠠᠭᠤᠰᠤᠯᠴᠠᠨ᠎ᠠ᠃      ︵ᠭᠤᠷᠪᠠ︶ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠣᠨ᠎ᠠ᠃ ᠲᠦᠷᠭᠡᠨ ᠬᠦᠷᠭᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠠ᠃ ᠡᠯ᠎ᠡ ᠠᠶᠢᠮᠠᠭ ᠬᠤᠳᠠ ᠨᠢ ᠲᠥᠪᠯᠡᠷᠡᠭᠰᠡᠨ ᠨᠢᠭᠡᠳᠦᠯᠲᠡᠶ ᠡᠯᠧᠺᠲᠷᠤᠨ ᠬᠤᠳᠠᠯᠳᠤᠭᠠᠨ ᠤ ᠲᠦᠷᠭᠡᠨ ᠬᠦᠷᠭᠡᠬᠦ ᠲᠤᠰᠬᠠᠶ ᠮᠡᠷᠭᠡᠵᠢᠯ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠ ᠳᠠᠮᠵᠢᠭᠤᠯᠬᠤ ᠲᠦᠪ ᠢ ᠲᠥᠯᠥᠪᠵᠢᠭᠦᠯᠣᠨ ᠪᠠᠶᠢᠭᠤᠯᠵᠣ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠲᠦᠷᠭᠡᠨ ᠬᠦᠷᠭᠡᠬᠦ ᠶᠢᠨ ᠬᠤᠪᠢᠶᠠᠨ ᠰᠠᠯᠭᠠᠵᠦ ᠦᠭᠬᠦ ᠲᠦᠪ ᠢ ᠲᠦᠯᠣᠪᠵᠢᠭᠦᠯᠣᠨ ᠪᠠᠶᠢᠭᠤᠯᠵᠣ᠂ ᠰᠤᠮᠤ ᠰᠢᠶᠠᠩ ᠪᠠᠯᠭᠠᠰᠤ ᠨᠢ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠴᠢᠬ ᠢ ᠲᠦᠯᠣᠪᠵᠢᠭᠦᠯᠣᠨ ᠪᠠᠶᠢᠭᠤᠯᠵᠣ᠂ ᠭᠠᠴᠠᠭ᠎ᠠ ᠲᠣᠰᠬᠤᠨ ᠨᠢ ᠲᠣᠰᠬᠤᠨ ᠤ ᠱᠠᠲᠤᠨ ᠤ ᠲᠦᠷᠭᠡᠨ ᠬᠦᠷᠭᠡᠯᠳᠠ ᠶᠢᠨ ᠲᠡᠭᠦᠰᠭᠡᠯ ᠦᠵᠦᠭᠦᠷ ᠲᠤ ᠭᠦᠷᠳᠡᠯ᠎ᠠ ᠬᠦᠷᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠣᠨ᠎ᠠ᠃ ᠭᠤᠣᠯ ᠱᠤᠭᠤᠮ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠣᠨ᠂ ᠴᠢᠳᠠᠮᠵᠢ ᠨᠢ ᠢᠵᠢ ᠪᠦᠷᠢᠳᠦᠭᠰᠡᠨ᠂ ᠳᠥᠭᠦᠮ ᠳᠥᠲᠡ ᠲᠦᠷᠭᠡᠨ᠂ ᠦᠢᠯᠡᠴᠢᠯᠡᠭᠡ ᠨᠢ ᠥᠨᠳᠥᠷ ᠦᠷ᠎ᠡ ᠪᠦᠲᠦᠮᠵᠢ ᠲᠠᠢ ᠠᠶᠢᠮᠠᠭ ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠥᠷᠪᠡᠨ ᠱᠠᠲᠤᠨ ᠤ ᠲᠦᠷᠭᠡᠨ ᠬᠦᠷᠭᠡᠬᠦ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠠᠶᠢᠭᠤᠯᠣᠨ᠎ᠠ᠃ ᠲᠦᠷᠭᠡᠨ ᠬᠦᠷᠭᠡᠬᠦ ᠲᠣᠣᠷ ᠰᠦᠯᠵᠢᠶ᠎ᠡ ᠶᠢᠨ ︽ᠳᠣᠷᠣᠭᠰᠢ ︾ ︽ᠭᠠᠳᠠᠭᠰᠢ︾ ᠥᠷᠭᠡᠳᠭᠦ ᠶᠢ ᠠᠬᠢᠭᠤᠯᠵᠣ᠂ ᠤᠳᠤ ᠶᠢᠨ ᠪᠠᠶᠢᠭ᠎ᠠ ᠮᠠᠯᠵᠢᠬᠤ ᠳᠠᠷᠢᠶᠠᠯᠠᠬᠤ ᠣᠷᠣᠨ ᠤ ᠦᠢᠯᠡᠴᠢᠯᠡᠭᠡᠨ ᠤ ᠲᠥᠪ᠂ ᠲᠠᠷᠢᠶᠠᠯᠠᠬᠤ ︵ᠮᠠᠯᠵᠢᠬᠤ︶ ᠡᠷᠣᠭᠡ ᠶᠢᠨ ᠳᠡᠯᠭᠡᠭᠦᠷ᠂ ᠲᠠᠷᠢᠶᠠᠯᠠᠩ ᠤᠨ ᠡᠳ᠋ ᠪᠠᠷᠠᠭᠠᠨ ᠤ ᠳᠡᠯᠭᠡᠭᠦᠷ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠣᠰᠬᠤᠨ ᠤ ᠰᠢᠦᠳᠠᠨ ᠤ ᠦᠷᠳᠡᠭᠡ᠂ ᠰᠢᠦᠳᠠᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠬ ᠵᠡᠷᠭᠡ ᠲᠠᠪᠴᠠᠩ ᠳᠤ ᠲᠦᠷᠭᠡᠨ ᠬᠦᠷᠭᠡᠬᠦ ᠦᠢᠯᠡᠴᠢᠯᠡᠭᠡ ᠶᠢ ᠠᠴᠢᠶᠠᠯᠠᠵᠣ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠣ᠂ ︽ᠠᠵᠤ ᠦᠢᠯᠡᠳᠪᠦᠷᠢ ᠶᠢᠨ ᠦᠢᠯᠡᠣᠡᠭᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠲᠦᠭᠡᠭᠳᠡᠬᠦᠨ ᠢ ᠬᠤᠲᠠ ᠣᠷᠣᠭᠤᠯᠬᠤ︾ ᠬᠤᠣᠰ ᠴᠢᠭᠯᠡᠯ ᠢᠶᠠᠷ ᠭᠦᠢᠯᠭᠡᠯᠡᠭᠦ ᠶᠢ ᠪᠡᠶᠡᠯᠡᠭᠦᠯᠵᠣ᠂ ᠮᠠᠨ ᠤ ᠣᠷᠣᠨ ᠤ ᠤᠨᠴᠠᠯᠢᠭᠳᠤ ᠦᠢᠯᠡᠳᠬᠦᠨ ᠢᠯᠠᠩᠭᠤᠶ᠎ᠠ ᠪᠣᠬᠢᠷᠳᠣᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠦᠬᠦ ᠤᠯᠤᠰ ᠤᠨ ᠵᠠᠬ᠎ᠠ ᠳᠡᠯᠭᠡᠭᠦᠷ ᠳᠤ ᠭᠠᠷᠭᠠᠬᠤ ᠶᠢ ᠠᠬᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ︽ᠤᠷᠤᠰ ᠮᠣᠩᠭᠤᠯ ᠳᠤ ᠨᠡᠪᠲᠡᠷᠡᠬᠦ︾ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠶ ᠳᠡᠮᠵᠢᠵᠣ᠂ ᠨᠥᠬᠦᠴᠡᠯ ᠲᠠᠢ ᠲᠦᠷᠭᠡᠨ ᠬᠦᠷᠭᠡᠬᠦ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠣ᠂ ︽ᠭᠠᠳᠠᠭᠠᠳᠤ ᠶᠢᠨ ᠬᠥᠮᠥᠷᠭᠡ︾᠎ ᠶᠢ ᠪᠠᠶᠢᠭᠤᠯᠵᠣ᠂ ᠤᠯᠠᠨ ᠤᠯᠤᠰ ᠤᠨ ᠠᠭᠠᠷ ᠤᠨ ᠠᠶᠠᠯᠠᠯ᠂ ᠲᠡᠮᠦᠷ ᠵᠠᠮ ᠤᠨ ᠲᠦᠷᠭᠡᠨ ᠬᠦᠷᠭᠡᠬᠦ ᠲᠤᠰᠬᠠᠶ ᠱᠤᠭᠤᠮ ᠢ ᠨᠡᠭᠡᠭᠡᠨ ᠬᠥᠭᠵᠢᠭᠦᠯᠵᠣ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠳᠠ ᠶᠢ ᠭᠦᠭᠵᠢᠭᠦᠯᠣᠨ᠂ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ ᠦᠷᠭᠡᠵᠢᠭᠦᠯᠦᠨ᠎ᠠ᠃      ︵ᠲᠦᠷᠪᠡ︶ ᠲᠦᠷᠭᠡᠨ ᠬᠦᠷᠭᠡᠬᠦ ᠦᠢᠯᠡᠰ ᠤᠨ ᠮᠡᠳᠡᠭᠡ ᠵᠠᠩᠭᠢᠵᠢᠯᠳᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠷᠭᠡᠨ ᠬᠦᠷᠭᠡᠬᠦ ᠲᠡᠭᠡᠭᠡᠪᠦᠷᠢ ᠶᠢᠨ ᠰᠢᠰᠲ᠋ᠧᠮ ᠤᠨ ᠲᠣᠣᠷ ᠰᠥᠯᠵᠢᠶᠡᠵᠢᠯᠳᠡ᠂ ᠤᠶᠦᠡᠴᠢᠯᠠᠭᠰᠡᠠ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠬᠥᠮᠥᠷᠭᠡᠯᠡᠨ ᠬᠠᠳᠠᠭᠠᠯᠠᠬᠤ᠂ ᠲᠣᠬᠢᠷᠠᠭᠤᠯᠤᠨ ᠬᠦᠷᠭᠡᠬᠦ᠂ ᠲᠡᠭᠡᠭᠡᠪᠦᠷᠢ ᠲᠣᠬᠢᠷᠠᠭᠤᠯᠬᠤ᠂ ᠲᠦᠷᠭᠡᠨ ᠬᠦᠷᠭᠡᠬᠦ ᠵᠦᠢᠯ ᠢ ᠮᠥᠷᠳᠡᠨ ᠳᠠᠭᠠᠬᠤ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠲᠦᠷᠭᠡᠨ ᠬᠦᠷᠭᠡᠬᠦ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠣᠨ ᠲᠡᠭᠦᠯᠳᠡᠷᠵᠢᠭᠦᠯᠵᠣ᠂ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠲᠠᠪᠴᠠᠩ ᠢ ᠪᠠᠶᠢᠭᠤᠯᠵᠤ᠂ ᠲᠦᠷᠭᠡᠨ ᠬᠦᠷᠭᠡᠬᠦ ᠦᠢᠯᠡᠰ ᠤᠨ ᠮᠡᠳᠡᠭᠡ ᠵᠠᠩᠬᠢᠵᠢᠯᠳᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠤ ᠬᠤᠭᠤᠷᠣᠨᠳᠣᠬᠢ ᠮᠡᠳᠡᠭᠡ ᠵᠠᠩᠭᠢ ᠶᠢᠨ ᠲᠠᠪᠴᠠᠩ ᠢ ᠵᠣᠯᠭᠠᠭᠤᠯᠬᠤ ᠶᠢ ᠲᠦᠷᠭᠡᠣᠡᠭᠡᠨ ᠠᠬᠢᠭᠤᠯᠵᠤ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠳᠡᠭᠡᠳᠦ ᠲᠤᠤᠷᠠᠳᠤ ᠳᠠᠯ᠎ᠠ ᠶᠢᠨ ᠬᠠᠩᠭᠠᠯᠭ᠎ᠠ ᠶᠢᠨ ᠬᠡᠯᠬᠢᠶᠠᠨ ᠤ ᠠᠵᠤ ᠠᠬᠤᠶᠢᠯᠠᠯ ᠯᠤᠭ᠎ᠠ ᠶᠢᠨ ᠮᠡᠳᠡᠭᠡ ᠵᠠᠩᠭᠢ ᠶᠢᠨ ᠪᠠᠷᠢᠮᠵᠢᠶ᠎ᠠ ᠶᠢ ᠨᠢᠭᠡᠳᠬᠡᠬᠦ ᠪᠠ ᠰᠢᠰᠲ᠋ᠧᠮ ᠢ ᠵᠣᠯᠭᠠᠭᠤᠯᠬᠤ ᠶᠢ ᠳᠡᠮᠵᠢᠵᠣ᠂ ᠲᠡᠭᠡᠭᠡᠪᠦᠷᠢ ᠶᠢᠨ ᠠᠷᠭ᠎ᠠ ᠮᠠᠶ᠋ᠢᠭ᠂ ᠲᠦᠷᠭᠡᠨ ᠬᠦᠷᠭᠡᠬᠦ ᠵᠦᠢᠯ ᠤᠨ ᠴᠢᠭᠯᠡᠯ ᠵᠡᠷᠭᠡ ᠠᠵᠢᠯ ᠲᠥᠷᠥᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠦᠷᠳᠡᠨ ᠬᠠᠷᠢᠯᠴᠠᠨ ᠨᠡᠪᠲᠡᠷᠡᠭᠦᠯᠭᠦ ᠶᠢ ᠪᠡᠶᠡᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠬᠢᠭᠡᠳ ᠬᠠᠮᠢᠶᠠᠷᠣᠯᠳᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠵᠣᠯᠭᠠᠭᠤᠯᠬᠤ ᠶᠢ ᠠᠬᠢᠭᠤᠯᠵᠣ᠂ ᠰᠢᠦᠳᠠᠨ ᠤ ᠦᠢᠯᠡᠰ ᠤᠨ ᠠᠮᠣᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠬᠢᠨᠠᠨ ᠬᠠᠮᠢᠶᠠᠷᠬᠤ ᠰᠢᠰᠲ᠋ᠧᠮ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠵᠥᠪ ᠣᠨᠣᠪᠴᠢᠲᠠᠶ ᠪᠠᠶᠢᠬᠤ ᠶᠢ ᠦᠨᠡᠡᠭᠦ ᠪᠠᠲᠤᠯᠠᠨ᠎ᠠ᠃ ᠲᠦᠷᠭᠡᠨ ᠬᠦᠷᠭᠡᠬᠦ ᠦᠢᠯᠡᠰ ᠤᠨ ᠡᠯᠧᠺᠲᠷᠣᠨ ᠨᠢᠭᠤᠷᠳᠠᠬᠤ ᠬᠠᠭᠤᠳᠠᠰᠤ ᠬᠡᠷᠡᠭᠯᠡᠬᠦ ᠶᠢ ᠠᠬᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠠᠵᠤ ᠠᠬᠤᠶᠢᠯᠠᠯ ᠤᠨ ᠦᠪᠡᠷ ᠤᠨ ᠥᠷᠲᠡᠭ ᠢ ᠪᠠᠭᠤᠷᠠᠭᠤᠯᠣᠨ᠎ᠠ᠃      ︵ᠲᠠᠪᠤ︶ ᠲᠦᠷᠭᠡᠨ ᠬᠦᠷᠭᠡᠬᠦ ᠦᠢᠯᠡᠰ ᠤᠨ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠲᠡᠭᠡᠭᠡᠪᠦᠷᠢ ᠶᠢᠨ ᠲᠡᠷᠭᠡ ᠬᠥᠰᠬᠡ ᠶᠢ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠪᠠ ᠴᠡᠪᠡᠷᠰᠢᠭᠦᠯᠬᠦ ᠶᠢ ᠶᠡᠬᠡᠪᠡᠷ ᠰᠠᠨᠠᠭᠠᠴᠢᠯᠠᠵᠤ᠂ ᠲᠦᠷᠭᠡᠨ ᠬᠦᠷᠭᠡᠬᠦ ᠲᠡᠭᠡᠭᠡᠪᠦᠷᠢ ᠶᠢᠨ ᠳᠤᠨᠤᠭ ᠲᠥᠬᠦᠭᠡᠷᠦᠮᠵᠢ ᠶᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠬᠤ ᠶᠢ ᠲᠦᠷᠭᠡᠳᠬᠡᠨ ᠠᠬᠢᠭᠤᠯᠵᠣ᠂ ᠦᠷ᠎ᠡ ᠪᠦᠲᠦᠮᠵᠢ ᠪᠠᠷ ᠪᠠᠷᠣᠭᠳᠠᠢ᠂ ᠡᠨᠧᠷᠭᠢ ᠶᠢᠨ ᠬᠤᠷᠣᠭᠳᠠᠯ ᠢᠶᠠᠷ ᠶᠡᠬᠡᠲᠡᠢ ᠲᠡᠭᠡᠭᠡᠪᠦᠷᠢ ᠶᠢᠨ ᠳᠤᠨᠤᠭ ᠲᠥᠬᠦᠭᠡᠷᠦᠮᠵᠢ ᠶᠢ ᠰᠢᠭᠰᠢᠭᠳᠡᠭᠦᠯᠣᠨ᠎ᠠ᠃ ᠲᠦᠷᠭᠡᠨ ᠬᠦᠷᠭᠡᠬᠦ ᠡᠵᠡᠩᠨᠡᠯᠲᠡ ᠶᠢᠨ ᠲᠣᠣᠷ ᠴᠢᠬ ᠢ ᠪᠠᠷᠢᠮᠵᠢᠶᠠᠵᠢᠭᠤᠯᠣᠨ ᠪᠠᠶᠢᠭᠤᠯᠬᠤ ᠶᠢ ᠠᠬᠢᠭᠤᠯᠵᠣ᠂ ᠰᠢᠨ᠎ᠡ ᠪᠠᠶᠢᠭᠤᠯᠤᠭᠰᠠᠨ ᠲᠣᠣᠷ ᠴᠢᠬ ᠤᠨ ᠠᠵᠢᠯ ᠡᠷᠬᠢᠯᠡᠵᠦ ᠪᠠᠶᠢᠭ᠎ᠠ ᠲᠠᠯᠠᠪᠤᠷ᠂ ᠠᠮᠤᠷ ᠲᠦᠪᠰᠢᠨ ᠤ ᠲᠥᠬᠦᠭᠡᠷᠦᠮᠵᠢ᠂ ᠲᠦᠷᠢᠮ ᠢ ᠢᠯᠨ ᠨᠡᠶᠢᠲᠡᠯᠡᠭᠦ ᠵᠡᠷᠭᠡ ᠪᠠᠶᠢᠳᠠᠯ ᠢ ᠬᠠᠤᠯᠢ ᠶᠣᠰᠣᠭᠠᠷ ᠬᠢᠨᠠᠨ ᠬᠠᠷᠭᠤᠭᠤᠯᠵᠣ᠂ ᠬᠠᠭᠤᠴᠢᠨ ᠲᠣᠣᠷ ᠴᠢᠬ ᠢ ᠥᠭᠡᠷᠡᠴᠢᠯᠡᠬᠦ ᠪᠠᠨ ᠲᠦᠷᠭᠡᠳᠬᠡᠵᠦ᠂ ᠠᠵᠢᠯᠯᠠᠭᠤᠯᠬᠤ ᠣᠷᠴᠢᠨ ᠲᠣᠭᠤᠷᠢᠨ ᠢ ᠵᠢᠷᠤᠮᠵᠢᠭᠤᠯᠣᠨ᠂ ᠦᠢᠯᠡᠴᠢᠯᠡᠭᠦ ᠶᠠᠰᠤ ᠴᠢᠨᠠᠷ ᠪᠠ ᠳᠦᠷᠢ ᠲᠥᠷᠬᠦ ᠶᠢ ᠳᠡᠭᠡᠭᠰᠢᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠲᠡᠷᠢᠭᠦᠨ ᠤ ᠲᠦᠷᠭᠡᠨ ᠬᠦᠷᠭᠡᠬᠦ ᠪᠣᠭᠤᠳᠠᠯ ᠪᠠᠭᠯᠠᠭ᠎ᠠ ᠪᠠ ᠪᠥᠭᠡᠮ ᠢᠶᠠᠷ ᠰᠠᠪᠠᠯᠠᠬᠤ ᠮᠡᠷᠭᠡᠵᠢᠯ ᠢ ᠠᠰᠢᠬᠯᠠᠬᠤ ᠶᠢ ᠠᠬᠢᠭᠤᠯᠤᠨ᠂ ᠬᠥᠳᠡᠯᠮᠦᠷᠢ ᠶᠢᠨ ᠡᠷᠴᠢᠮ ᠢᠶᠠᠨ ᠪᠠᠭᠤᠷᠠᠭᠤᠯᠵᠣ᠂ ᠬᠥᠳᠡᠯᠮᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠣᠨ᠂ ᠥᠪᠡᠷ ᠤᠨ ᠦᠷᠲᠡᠭ ᠢ ᠠᠷᠪᠢᠯᠠᠵᠣ᠂ ᠣᠷᠴᠢᠨ ᠲᠣᠭᠤᠷᠢᠨ ᠢ ᠬᠠᠮᠠᠭᠠᠯᠠᠨ᠎ᠠ᠃      ︵ᠵᠢᠷᠭᠤᠭ᠎ᠠ︶ ᠲᠦᠷᠭᠡᠨ ᠬᠦᠷᠭᠡᠬᠦ ᠦᠢᠯᠡᠰ ᠬᠢᠭᠡᠣᠨ ᠶᠡᠷᠣᠩᠬᠡᠶᠢᠯᠡᠭᠰᠠᠨ ᠵᠠᠮ ᠲᠡᠭᠡᠭᠡᠪᠦᠷᠢ ᠶᠢᠨ ᠰᠢᠰᠲ᠋ᠧᠮ ᠯᠤᠭ᠎ᠠ ᠶᠢᠨ ᠠᠭᠤᠰᠣᠯᠴᠠᠭ᠎ᠠ ᠶᠢ ᠠᠬᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠬᠢᠭᠡᠳ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠵᠤ᠂ ᠵᠠᠰᠠᠮᠠᠯ ᠵᠠᠮ ᠤᠨ ᠠᠶᠠᠨᠴᠢᠳ ᠲᠡᠭᠡᠭᠡᠪᠦᠷᠢᠯᠡᠭᠦ ᠲᠡᠷᠭᠡ ᠬᠦᠰᠭᠡ ᠪᠠᠷ ᠲᠦᠷᠭᠡᠨ ᠬᠦᠷᠭᠡᠬᠦ ᠵᠦᠢᠯ ᠢ ᠣᠷᠣᠯᠠᠵᠣ ᠲᠡᠭᠡᠭᠡᠪᠦᠷᠢᠯᠡᠬᠦ ᠪᠠ ᠲᠦᠷᠭᠡᠨ ᠬᠦᠷᠭᠡᠬᠦ ᠵᠦᠢᠯ ᠢ ᠴᠢᠷᠣᠭᠦᠯ ᠲᠠᠢ ᠮᠠᠰᠢᠨ ᠲᠡᠷᠭᠡ ᠪᠠᠷ ᠲᠡᠭᠡᠭᠡᠪᠦᠷᠢᠯᠡᠭᠦ ᠲᠤᠷᠰᠢᠯᠲᠠ ᠶᠢᠨ ᠴᠢᠬ ᠢ ᠯᠠᠪᠳᠠᠭᠤᠨ ᠢᠶᠠᠷ ᠠᠬᠢᠭᠤᠯᠵᠣ᠂ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠣᠨ᠎ᠠ᠃ ᠲᠡᠮᠦᠷ ᠵᠠᠮ ᠤᠨ ᠬᠦᠢᠰᠦ ᠪᠤᠯᠬᠤ ᠭᠠᠵᠠᠷ ᠢᠶᠠᠷ ᠲᠦᠷᠭᠡᠨ ᠬᠦᠷᠭᠡᠬᠦ ᠵᠦᠢᠯ ᠤᠨ ᠲᠡᠭᠡᠭᠡᠪᠦᠷᠢᠯᠡᠬᠦ ᠱᠣᠭᠤᠮ ᠪᠠ ᠳᠡᠮᠵᠢᠭᠤᠯᠬᠤ ᠭᠠᠵᠠᠷ ᠢ ᠢᠵᠢ ᠪᠦᠷᠢᠳᠦᠭᠦᠯᠦᠨ ᠪᠦᠳᠦᠭᠡᠠ ᠪᠠᠶᠢᠭᠤᠯᠬᠤ ᠶᠢ ᠵᠣᠷᠢᠬᠵᠢᠭᠤᠯᠣᠨ᠎ᠠ︔ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ ᠵᠡᠷᠭᠡ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠲᠦᠷᠭᠡᠨ ᠬᠦᠷᠭᠡᠬᠦ ᠵᠦᠢᠯ ᠢ ᠲᠡᠭᠡᠭᠡᠪᠦᠷᠢᠯᠡᠬᠦ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠣᠷᠢᠳᠡᠪᠠᠷ ᠦᠢᠯᠡᠴᠢᠯᠡᠭᠡ ᠬᠠᠩᠭᠠᠬᠤ ᠶᠢ ᠵᠣᠷᠢᠬᠵᠢᠭᠤᠯᠣᠨ᠎ᠠ᠃ ᠨᠢᠰᠬᠡᠯ ᠤᠨ ᠪᠠᠭᠤᠳᠠᠯ᠂ ᠲᠡᠷᠭᠡᠨ ᠦᠷᠳᠡᠭᠡ᠂ ᠪᠣᠭᠤᠮᠲᠠ ᠵᠡᠷᠭᠡ ᠨᠢᠭᠡᠴᠨ ᠨᠦᠭᠦᠳ ᠨᠢ ᠲᠦᠷᠭᠡᠨ ᠬᠦᠷᠭᠡᠬᠦ ᠠᠵᠤ ᠠᠬᠤᠶᠢᠯᠠᠯ ᠤᠨ ᠲᠦᠷᠭᠡᠨ ᠬᠦᠷᠭᠡᠬᠦ ᠵᠦᠢᠯ ᠤᠨ ᠲᠥᠪᠯᠡᠷᠡᠭᠦᠯᠦᠨ ᠰᠢᠢᠣᠡᠪᠣᠷᠢᠯᠡᠭᠦ ᠭᠠᠵᠠᠷ ᠪᠠᠶᠢᠭᠤᠯᠬᠤ ᠶᠢ ᠳᠡᠮᠵᠢᠵᠣ᠂ ᠲᠦᠷᠭᠡᠨ ᠲᠣᠬᠢᠷᠠᠭᠤᠯᠵᠣ ᠠᠴᠢᠶᠠᠯᠠᠬᠤ᠂ ᠠᠴᠢᠶᠠᠯᠠᠵᠤ ᠪᠠᠭᠤᠯᠭᠠᠬᠤ᠂ ᠲᠤᠰᠢᠶᠠᠬᠤ ᠪᠠ ᠬᠦᠯᠢᠶᠡᠨ ᠠᠪᠬᠤ ᠵᠡᠷᠭᠡ ᠦᠢᠯᠡᠴᠢᠯᠡᠭᠡ ᠬᠠᠩᠭᠠᠨ᠎ᠠ᠃      ︵ᠲᠤᠯᠤᠭ᠎ᠠ︶ ᠬᠢᠨᠠᠯᠳᠠ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠣᠨ᠎ᠠ᠃ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠦᠷᠭᠡᠨ ᠬᠦᠷᠭᠡᠬᠦ ᠠᠵᠤ ᠠᠬᠤᠶᠢᠯᠠᠯ ᠳᠤ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠤᠨ᠂ ᠲᠦᠷᠭᠡᠨ ᠬᠦᠷᠭᠡᠬᠦ ᠦᠢᠯᠡᠰ ᠤᠨ ᠪᠠᠶᠢᠴᠠᠭᠠᠨ ᠪᠦᠷᠢᠳᠬᠡᠬᠦ ᠪᠠ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ ᠢ ᠳᠡᠭᠦᠯᠳᠡᠷᠵᠢᠭᠦᠯᠣᠨ᠎ᠠ᠃ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠭᠡᠨ ᠬᠦᠷᠭᠡᠬᠦ ᠠᠵᠤ ᠠᠬᠤᠶᠢᠯᠠᠯ ᠤᠨ ᠢᠯᠡᠭᠡᠨ ᠭᠦᠷᠭᠡᠭᠦ ᠵᠠᠮ ᠮᠦᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠭᠦ ᠶᠢ ᠰᠢᠮᠳᠠᠭᠤᠯᠵᠤ᠂ ᠢᠯᠡᠭᠡᠵᠦ ᠬᠦᠷᠭᠡᠬᠦ ᠠᠵᠤ ᠠᠬᠤᠶᠢᠯᠠᠯ ᠤᠨ ᠢᠯᠡᠭᠡᠵᠣ ᠲᠡᠭᠡᠭᠡᠪᠦᠷᠢᠯᠡᠬᠦ ᠡᠳ᠋ ᠪᠣᠳᠠᠰ ᠢ 100 %᠎ ᠪᠠᠷ ᠣᠷᠢᠳᠠᠪᠠᠷ ᠪᠠᠶᠢᠴᠠᠭᠠᠨ ᠦᠵᠡᠭᠦ᠂ ᠳᠠᠷᠠᠭ᠎ᠠ ᠨᠢ ᠪᠣᠭᠤᠳᠠᠯᠯᠠᠬᠤ ᠶᠢ ᠨᠠᠶᠢᠳᠠᠪᠣᠷᠢᠵᠢᠭᠤᠯᠬᠤ ᠶᠢ ᠠᠬᠢᠭᠤᠯᠵᠣ᠂ ᠢᠯᠡᠭᠡᠵᠣ ᠬᠦᠷᠭᠡᠬᠦ ᠠᠵᠢᠯᠯᠠᠭ᠎ᠠ ᠳᠤ 100%᠎ ᠪᠠᠷ ᠦᠨᠡᠨ ᠨᠡᠷ᠎ᠡ ᠶᠢᠨ ᠳᠦᠷᠢᠮ᠂ ᠰᠢᠦᠳᠠᠨ ᠤ ᠵᠦᠢᠯ᠂ ᠲᠦᠷᠭᠡᠨ ᠬᠦᠷᠭᠡᠬᠦ ᠵᠦᠢᠯ ᠢ 100 %᠎ ᠪᠠᠷ X ᠬᠡᠷᠠᠯ ᠤᠨ ᠮᠠᠰᠢᠨ ᠤ ᠪᠠᠶᠢᠴᠠᠭᠠᠯᠲᠠ ᠶᠢ ᠳᠠᠮᠵᠢᠭᠤᠯᠬᠤ ᠵᠡᠷᠭᠡ ᠲᠦᠷᠢᠮ ᠢ ᠬᠡᠷᠡᠭᠵᠢᠭᠦᠯᠦᠨ᠂ ᠠᠵᠢᠯ ᠡᠷᠬᠢᠯᠡᠭᠴᠢᠣᠨ ᠤᠨ ᠬᠢᠷᠢ ᠬᠡᠮ ᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ︔ ᠲᠦᠷᠭᠡᠨ ᠬᠦᠷᠭᠡᠬᠦ ᠠᠵᠤ ᠠᠬᠤᠶᠢᠯᠠᠯ ᠤᠨ ᠠᠶᠤᠯ ᠥᠭᠡᠢ ᠪᠠᠷ ᠦᠢᠯᠡᠳᠪᠦᠷᠢᠯᠡᠭᠦ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠳᠠᠭᠠᠯ ᠢ ᠨᠠᠶᠢᠳᠠᠪᠤᠷᠢᠵᠢᠭᠤᠯᠵᠣ᠂ ᠲᠦᠷᠭᠡᠨ ᠬᠦᠷᠭᠡᠬᠦ ᠦᠢᠯᠡᠰ ᠤᠨ ᠭᠦᠮᠣᠨ ᠢᠶᠠᠷ ᠰᠡᠷᠭᠡᠶᠢᠯᠡᠭᠦ ᠪᠠ ᠮᠡᠷᠭᠡᠵᠢᠯ ᠢᠶᠠᠷ ᠰᠡᠷᠭᠡᠶᠢᠯᠡᠭᠦ ᠪᠡᠯᠡᠣᠡᠭᠡᠮᠵᠢ ᠶᠢᠨ ᠪᠠᠶᠢᠭᠤᠯᠤᠯᠲᠠ ᠶᠢ ᠭᠦᠴᠣᠯᠠᠨ ᠠᠬᠢᠭᠤᠯᠣᠨ᠎ᠠ᠃ ᠠᠰ ᠲᠠᠭᠠᠨ ᠲᠦᠯᠣᠪᠯᠡᠭᠡ ᠬᠢᠭᠦ ᠬᠤᠳᠠ᠂ ᠴᠢᠬᠤᠯᠠ ᠵᠠᠩᠭᠢᠯᠠᠭ᠎ᠠ ᠶᠢᠨ ᠴᠢᠬ ᠤᠨ ᠬᠤᠳᠠ᠂ ᠬᠢᠯᠢ ᠪᠣᠭᠤᠮᠲᠠ ᠶᠢᠨ ᠬᠤᠳᠠ ᠶᠢᠨ ᠲᠦᠷᠭᠡᠨ ᠬᠦᠷᠭᠡᠯᠳᠠ ᠶᠢᠨ ᠬᠢᠨᠠᠯᠳᠠ ᠬᠠᠮᠢᠶᠠᠷᠣᠯᠳᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠬᠢᠨᠠᠯᠳᠠ ᠬᠠᠮᠢᠶᠠᠷᠣᠯᠳᠠ ᠶᠢᠨ ᠠᠵᠢᠯᠲᠠᠳ ᠢ ᠪᠣᠯᠪᠠᠰᠤᠷᠠᠭᠤᠯᠬᠤ ᠪᠠᠨ ᠴᠢᠩᠭᠠᠳᠬᠠᠵᠤ᠂ ᠬᠢᠨᠠᠯᠳᠠ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠬᠦ ᠦᠢᠯᠡᠰ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠢᠨᠲ᠋ᠤᠷ ᠰᠦᠯᠵᠢᠶ᠎ᠡ +︾ ᠬᠢᠨᠠᠯᠳᠠ ᠬᠠᠮᠢᠶᠠᠷᠣᠯᠳᠠ ᠳᠠᠬᠢ ᠲᠦᠷᠭᠡᠨ ᠬᠦᠷᠭᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠦᠷᠭᠡᠣᠡᠭᠡᠨ ᠪᠠᠶᠢᠭᠤᠯᠵᠤ᠂ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠦᠪᠰᠢᠶᠡᠷᠡᠬᠦ ᠰᠢᠰᠲ᠋ᠧᠮ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠣᠯᠳᠠ ᠶᠢᠨ ᠬᠡᠷᠡᠭᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠵᠣ᠂ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠴᠢᠯᠡᠭᠡ ᠪᠠ ᠬᠢᠨᠠᠯᠲᠠ ᠲᠠᠯᠪᠢᠬᠤ ᠠᠵᠢᠯ ᠢ ᠦᠨᠡᠡᠭᠦ ᠴᠢᠩᠭᠠᠳᠬᠠᠨ ᠰᠠᠶᠢᠵᠢᠷᠠᠭᠤᠯᠣᠨ᠎ᠠ᠃ ᠰᠢᠦᠳᠠᠨ ᠤ ᠬᠠᠮᠢᠶᠠᠷᠤᠯᠲᠠ ᠬᠢᠭᠡᠳ ᠠᠵᠤ ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ ᠣᠯᠣᠰ ᠤᠨ ᠠᠮᠣᠷ ᠲᠦᠪᠰᠢᠨ᠂ ᠶᠡᠷᠦᠩᠬᠡᠶᠢᠯᠡᠨ ᠵᠠᠰᠠᠬᠤ ᠵᠡᠷᠭᠡ ᠰᠠᠯᠠᠭ᠎ᠠ ᠮᠥᠴᠢᠷ ᠯᠤᠭ᠎ᠠ ᠶᠢᠨ ᠮᠡᠳᠡᠭᠡ ᠵᠠᠩᠭᠢ ᠶᠢ ᠬᠠᠮᠲᠤᠪᠠᠷ ᠭᠦᠷᠳᠡᠭᠦ ᠲᠣᠭᠲᠠᠴᠠ ᠶᠢ ᠪᠠᠶᠢᠭᠤᠯᠵᠣ᠂ ᠬᠠᠮᠲᠤᠷᠠᠨ ᠬᠠᠤᠯᠢ ᠬᠡᠷᠡᠭᠵᠢᠭᠦᠯᠣᠯᠳᠠ ᠪᠠᠨ ᠴᠢᠩᠭᠠᠣᠠᠬᠠᠵᠣ᠂ ᠠᠶᠣᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠣᠨ᠎ᠠ᠃      ᠭᠤᠷᠪᠠ᠂ ᠲᠥᠷᠥ ᠶᠢᠨ ᠪᠤᠳᠤᠯᠭ᠎ᠠ ᠶᠢᠨ ᠳᠡᠮᠵᠢᠯᠭᠡ      ︵ᠨᠢᠭᠡ︶ ᠠᠵᠢᠯ ᠲᠥᠷᠥᠯ ᠤᠨ ᠵᠦᠪᠰᠢᠶᠡᠷᠡᠨ ᠣᠷᠣᠭᠤᠯᠬᠤ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠦᠢᠯᠡᠰ ᠤᠨ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠠᠳᠠᠯᠢ ᠨᠢᠭᠡᠨ ᠦᠢᠯᠡᠳᠪᠦᠷᠢ ᠬᠤᠳᠠᠯᠳᠤᠭᠠᠨ ᠤ ᠳᠠᠩᠰᠠᠯᠠᠬᠤ ᠪᠠᠶᠢᠭᠤᠯᠭ᠎ᠠ ᠶᠢᠨ ᠬᠠᠮᠢᠶᠠᠷᠣᠯᠳᠠ ᠶᠢᠨ ᠬᠠᠷᠢᠶᠠᠨ ᠳᠤ ︽ᠨᠢᠭᠡ ᠦᠨᠡᠮᠯᠡᠯ ᠳᠤ ᠤᠯᠠᠨ ᠬᠠᠶ᠋ᠢᠭ ᠲᠠᠢ ᠪᠠᠶᠢᠯᠭᠠᠬᠤ︾ ᠵᠠᠭᠪᠤᠷ ᠢ ᠬᠠᠶᠢᠨ ᠰᠦᠪᠡᠭᠴᠢᠯᠡᠨ᠎ᠠ᠃ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠯᠳᠠ ᠶᠢ ᠵᠥᠪᠰᠢᠶᠡᠷᠡᠭᠦ ᠲᠡᠰ ᠳᠠᠷᠠᠭᠠᠯᠠᠯ ᠢ ᠳᠥᠭᠦᠮᠴᠢᠯᠡᠨ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠵᠦᠪᠰᠢᠶᠡᠷᠡᠨ ᠣᠷᠣᠭᠤᠯᠬᠤ ᠨᠥᠬᠦᠴᠡᠯ ᠢ ᠠᠭᠤᠵᠢᠭᠤ ᠲᠠᠯᠪᠢᠵᠤ᠂ ᠰᠢᠨ᠎ᠡ ᠪᠠᠷ ᠡᠷᠬᠢᠯᠡᠬᠦ ᠲᠦᠷᠭᠡᠨ ᠬᠦᠷᠭᠡᠬᠦ ᠠᠵᠤ ᠠᠬᠤᠶᠢᠯᠠᠯ ᠪᠦᠬᠦᠨ ᠤ ᠳᠠᠩᠰᠠᠯᠠᠬᠤ ᠪᠡᠯᠡ ᠮᠥᠩᠭᠦ ᠶᠢ ᠤᠯᠤᠰ ᠤᠨ ᠲᠦᠷᠭᠡᠨ ᠬᠦᠷᠭᠡᠬᠦ ᠦᠢᠯᠡᠰ ᠤᠨ ᠵᠦᠪᠰᠢᠶᠡᠷᠡᠨ ᠣᠷᠣᠭᠤᠯᠬᠤ ᠬᠤᠯᠪᠣᠭᠳᠠᠯ ᠪᠦᠬᠦᠢ ᠲᠣᠭᠲᠠᠭᠠᠯ ᠤᠨ ᠬᠠᠮᠤᠭ ᠨᠠᠭᠠᠳᠤ ᠵᠠᠬ᠎ᠠ ᠶᠢᠨ ᠳᠠᠩᠰᠠᠯᠠᠭᠤᠯᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠣᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠦ ᠳᠡᠰ ᠳᠠᠷᠠᠭᠠᠯᠠᠯ ᠢ ᠵᠢᠷᠤᠮᠵᠢᠭᠤᠯᠣᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠲᠦᠷᠢᠮ ᠢ ᠥᠭᠡᠷᠡᠴᠢᠯᠡᠨ᠂ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ᠂ ᠲᠡᠭᠦᠰᠭᠡᠯ ᠦᠵᠣᠭᠦᠷ ᠤᠨ ᠲᠣᠣᠷ ᠴᠢᠬ ᠤᠨ ᠳᠠᠩᠰᠠᠯᠠᠭᠤᠯᠬᠤ ᠭᠠᠷᠳᠠᠮ ᠢ ᠳᠥᠭᠦᠮᠴᠢᠯᠡᠨ᠎ᠠ᠃ ᠡᠯᠧᠺᠲᠷᠣᠨ ᠭᠠᠷᠠᠮ᠂ ᠤᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠵᠡᠷᠭᠡ ︽ᠨᠢᠭᠡ ᠥᠷᠲᠡᠭᠡᠴᠢᠯᠡᠬᠦ ᠮᠠᠶ᠋ᠢᠭ︾᠎ ᠤᠨ ᠪᠣᠭᠤᠮᠲᠠ ᠥᠩᠭᠡᠷᠡᠬᠦ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠤ ᠭᠠᠷᠭᠠᠬᠤ ᠲᠦᠷᠭᠡᠨ ᠬᠦᠷᠭᠡᠬᠦ ᠵᠦᠢᠯ ᠤᠨ ᠨᠠᠷᠢᠨ ᠬᠠᠭᠤᠳᠠᠰᠤ ᠶᠢ ᠬᠠᠷᠭᠤᠭᠤᠯᠣᠨ ᠶᠠᠪᠣᠭᠤᠯᠬᠤ᠂ ᠪᠣᠭᠤᠮᠲᠠ ᠥᠩᠭᠡᠷᠡᠬᠦᠯᠬᠦ ᠪᠠᠷ ᠵᠠᠭᠪᠤᠷ ᠢ ᠬᠤᠷᠢᠶᠠᠩᠭᠤᠶᠢᠯᠠᠨ ᠮᠡᠳᠡᠭᠦᠯᠬᠦ ᠬᠡᠷᠡᠭᠯᠡᠬᠦ ᠬᠡᠪᠴᠢᠶ᠎ᠡ ᠪᠠᠨ ᠥᠷᠭᠡᠳᠬᠡᠵᠦ᠂ ᠬᠢᠯᠢ ᠪᠠᠷ ᠣᠷᠣᠵᠣ ᠭᠠᠷᠬᠤ ᠲᠦᠷᠭᠡᠨ ᠬᠦᠷᠭᠡᠬᠦ ᠵᠦᠢᠯ ᠤᠨ ᠳᠥᠭᠦᠮ ᠳᠥᠲᠡ ᠥᠩᠭᠡᠷᠡᠬᠦ ᠪᠣᠭᠤᠮᠲᠠ ᠶᠢ ᠪᠠᠶᠢᠭᠤᠯᠣᠨ᠎ᠠ᠃      ︵ᠬᠤᠶᠠᠷ︶ ᠡᠳ᠋ ᠤᠨ ᠵᠠᠰᠠᠭ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ᠃ ᠲᠥᠪ ᠤᠨ ᠲᠥᠰᠦᠪ ᠳᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠪᠠ ᠳᠡᠮ ᠬᠦᠦ ᠮᠥᠩᠭᠦ ᠲᠠᠢ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠰᠠᠭᠤᠷᠢᠯᠠᠬᠤ ᠴᠢᠨᠠᠷᠲᠠᠶ ᠲᠦᠷᠭᠡᠨ ᠬᠦᠷᠭᠡᠬᠦ ᠰᠠᠭᠤᠷᠢ ᠪᠡᠯᠡᠣᠡᠭᠡᠮᠵᠢ ᠶᠢᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠵᠦ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠣᠨ᠂ ᠭᠤᠣᠯᠳᠠᠯᠭ᠎ᠠ ᠲᠠᠢ ᠲᠦᠷᠭᠡᠨ ᠬᠦᠷᠭᠡᠬᠦ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠢᠶᠠᠷ ᠤᠯᠤᠰ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠢ ᠲᠡᠳᠬᠦᠨ ᠳᠡᠮᠵᠢᠬᠦ ᠪᠤᠶᠤ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠤᠰᠬᠠᠶ ᠵᠦᠢᠯ ᠤᠨ ᠪᠡᠯᠡ ᠮᠥᠩᠭᠦ ᠭᠤᠶᠣᠴᠢᠯᠠᠬᠤ ᠶᠢ ᠳᠡᠮᠵᠢᠵᠦ ᠪᠤᠯᠤᠨ᠎ᠠ︔ ᠲᠦᠷᠭᠡᠨ ᠬᠦᠷᠭᠡᠬᠦ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠦᠷᠭᠡᠨ ᠬᠦᠷᠭᠡᠬᠦ ᠶᠢᠨ ᠠᠮᠣᠷ ᠲᠦᠪᠰᠢᠨ ᠤ ᠬᠢᠨᠠᠨ ᠡᠵᠡᠮᠳᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠦᠷᠭᠡᠨ ᠬᠦᠷᠭᠡᠬᠦ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠡᠮᠵᠢᠵᠣ᠂ ᠲᠦᠷᠭᠡᠨ ᠬᠦᠷᠭᠡᠬᠦ ᠶᠢᠨ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠶᠤᠨᠲᠤ ᠲᠦᠷᠭᠡᠨ ᠬᠦᠷᠭᠡᠬᠦ ᠵᠦᠢᠯ ᠤᠨ ᠬᠠᠶᠢᠷᠴᠠᠭ ᠢ ᠪᠠᠶᠢᠭᠤᠯᠣᠨ ᠳᠡᠯᠭᠡᠷᠡᠭᠦᠯᠵᠦ᠂ ᠲᠦᠷᠭᠡᠨ ᠬᠦᠷᠭᠡᠬᠦ ᠡᠯᠧᠺᠲᠷᠤᠨ ᠬᠤᠳᠠᠯᠳᠣᠭᠠᠨ ᠤ ᠬᠠᠮᠲᠤᠷᠠᠨ ᠠᠵᠢᠯᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢ ᠪᠣᠢ ᠪᠣᠯᠭᠠᠨ᠎ᠠ︔ ᠲᠦᠷᠭᠡᠨ ᠬᠦᠷᠭᠡᠬᠦ ᠠᠵᠤ ᠠᠬᠤᠶᠢᠯᠠᠯ ᠤᠨ ᠲᠦᠷᠭᠡᠨ ᠬᠦᠷᠭᠡᠬᠦ ᠵᠦᠢᠯ ᠢ ᠠᠦ᠋ᠲ᠋ᠣᠴᠢᠯᠠᠨ ᠢᠯᠭᠠᠨ ᠬᠤᠪᠢᠶᠠᠬᠤ ᠪᠠ ᠰᠢᠨ᠎ᠡ ᠡᠨᠧᠷᠭᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠡᠷᠭᠡ ᠬᠥᠰᠬᠡ᠂ X ᠰᠠᠴᠤᠷᠠᠭ ᠤᠨ ᠠᠮᠣᠷ ᠲᠦᠪᠰᠢᠨ ᠤ ᠪᠠᠶᠢᠴᠠᠭᠠᠯᠲᠠ ᠬᠢᠬᠦ ᠮᠠᠰᠢᠨ ᠵᠡᠷᠭᠡ ᠰᠢᠨ᠎ᠡ ᠪᠡᠯᠡᠣᠡᠭᠡᠮᠵᠢ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠠ᠃      ︵ᠭᠤᠷᠪᠠ︶ ᠭᠠᠶᠢᠯᠢ ᠲᠠᠲᠠᠪᠤᠷᠢ ᠶᠢᠨ ᠬᠠᠷᠠᠭᠠᠯᠵᠠᠬᠤ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠠᠴᠠ ᠬᠠᠤᠯᠢ ᠶᠣᠰᠣᠭᠠᠷ ᠭᠠᠶᠢᠯᠢ ᠰᠦᠢᠳᠬᠡᠯ ᠬᠤᠷᠢᠶᠠᠨ ᠬᠠᠮᠢᠶᠠᠷᠴᠣ᠂ ᠲᠣᠭᠲᠠᠭᠠᠯ ᠠᠴᠠ ᠵᠥᠷᠢᠴᠡᠨ ᠭᠠᠶᠢᠯᠢ ᠰᠦᠢᠳᠬᠡᠯ ᠤᠨ ᠳᠠᠷᠤᠭᠠᠰᠤ ᠶᠢ ᠭᠦᠨᠳᠣᠷᠡᠭᠦᠯᠭᠦ ᠶᠢ ᠴᠢᠩᠭ᠎ᠠ ᠴᠠᠭᠠᠵᠠᠯᠠᠨ᠎ᠠ᠃ ︽ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠯᠳᠠ ᠶᠢᠨ ᠵᠥᠪᠰᠢᠶᠡᠷᠡᠯ ᠤᠨ ᠦᠨᠡᠮᠯᠡᠯ︾᠎ ᠢ ᠣᠯᠤᠭᠰᠠᠨ ᠠᠵᠤ ᠠᠬᠤᠶᠢᠯᠠᠯ ᠤᠳ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠡᠷᠬᠢᠯᠡᠪᠡᠯ᠂ ᠬᠡᠷᠩᠯᠡᠭᠡᠨ ᠤ ᠭᠠᠶᠢᠯᠢ ᠶᠢᠨ ᠨᠤᠷᠮ᠎ᠠ ᠶᠣᠰᠣᠭᠠᠷ ᠥᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠭᠠᠵᠠᠷ ᠣᠷᠣᠨ ᠠᠯᠤᠰᠯᠠᠭᠰᠠᠨ ᠡᠵᠡᠩᠨᠡᠯᠲᠡ ᠶᠢᠨ ᠶᠡᠷᠦᠩᠬᠡᠶ ᠰᠠᠯᠪᠤᠷᠢ ᠪᠠᠶᠢᠭᠤᠯᠤᠮᠵᠢ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠬᠤᠷᠢᠶᠠᠩᠭᠤᠶᠢᠯᠠᠨ ᠲᠤᠰᠢᠶᠠᠬᠤ ᠲᠦᠷᠦ ᠶᠢᠨ ᠪᠤᠳᠤᠯᠭ᠎ᠠ ᠶᠢ ᠣᠳᠣ ᠶᠢᠨ ᠶᠠᠪᠣᠭᠳᠠᠭᠤᠯᠵᠣ ᠪᠠᠶᠢᠭ᠎ᠠ ᠲᠣᠭᠲᠠᠭᠠᠯ ᠶᠣᠰᠣᠭᠠᠷ ᠬᠡᠷᠩᠵᠢᠭᠦᠯᠭᠦ ᠪᠠᠷ ᠭᠤᠶᠤᠴᠢᠯᠠᠵᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠬᠠᠤᠯᠢ ᠶᠣᠰᠣᠭᠠᠷ ᠬᠦᠷᠳᠡᠵᠦ ᠪᠤᠯᠤᠨ᠎ᠠ᠃      ︵ᠲᠦᠷᠪᠡ︶ ᠭᠠᠵᠠᠷ ᠰᠢᠷᠣᠢ ᠬᠡᠷᠡᠭᠯᠡᠬᠦᠯᠬᠦ ᠪᠠᠷ ᠳᠡᠮᠵᠢᠬᠦ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢ ᠭᠠᠵᠡᠷ ᠰᠢᠷᠣᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ ᠬᠦᠷᠭᠡᠬᠦ ᠠᠵᠤ ᠦᠢᠯᠡᠰ ᠤᠨ ᠬᠦᠷᠢᠶᠡᠯᠡᠩ᠂ ᠲᠦᠷᠭᠡᠨ ᠬᠦᠷᠭᠡᠬᠦ ᠲᠣᠣᠷ ᠰᠦᠯᠵᠢᠶ᠎ᠡ ᠶᠢᠨ ᠴᠢᠬᠤᠯᠠ ᠵᠠᠩᠭᠢᠯᠠᠭ᠎ᠠ ᠵᠢᠴᠢ ᠬᠤᠷᠢᠶᠠᠨ ᠣᠷᠣᠭᠤᠯᠬᠤ ᠴᠢᠬ᠂ ᠲᠦᠷᠭᠡᠨ ᠬᠦᠷᠭᠡᠬᠦ ᠶᠢᠨ ᠠᠷᠠᠳ ᠲᠤ ᠲᠦᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠰᠠᠭᠤᠷᠢ ᠪᠡᠯᠡᠣᠭᠡᠮᠵᠢ ᠳᠤ ᠬᠡᠷᠡᠭᠯᠡᠬᠦ ᠭᠠᠵᠠᠷ ᠰᠢᠷᠣᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠠᠵᠠᠷ ᠰᠢᠷᠣᠶ ᠶᠢᠨ ᠬᠠᠩᠭᠠᠯᠭ᠎ᠠ ᠶᠢ ᠦᠨᠡᠡᠭᠦ ᠪᠠᠲᠤᠯᠠᠨ᠎ᠠ᠃ ᠲᠦᠷᠭᠡᠨ ᠬᠦᠷᠭᠡᠬᠦ ᠦᠢᠯᠡᠰ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠬᠠᠤᠯᠢ ᠪᠠᠷ ᠲᠣᠭᠲᠠᠭᠠᠭᠰᠠᠨ ᠰᠢᠯᠵᠢᠭᠦᠯᠦᠨ ᠥᠭᠬᠦ ᠬᠡᠪᠴᠢᠶᠡᠨ ᠳᠤ ᠨᠡᠶᠢᠴᠡᠪᠡᠯ᠂ ᠰᠢᠯᠵᠢᠭᠦᠯᠦᠨ ᠥᠭᠬᠦ ᠠᠷᠭ᠎ᠠ ᠪᠠᠷᠢᠯ ᠢᠶᠠᠷ ᠭᠠᠵᠠᠷ ᠰᠢᠷᠣᠢ ᠬᠠᠩᠭᠠᠵᠤ ᠪᠣᠯᠣᠨ᠎ᠠ᠃      ︵ᠲᠠᠪᠤ︶ ᠮᠥᠩᠭᠦᠨ ᠭᠦᠢᠯᠭᠡᠭᠡᠨ ᠢᠶᠠᠷ ᠳᠡᠮᠵᠢᠬᠦ ᠲᠦᠷᠦ ᠶᠢᠨ ᠪᠤᠳᠤᠯᠭ᠎ᠠ᠃ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠳᠤᠮᠳᠠ ᠵᠢᠵᠢᠭ ᠬᠡᠯᠪᠡᠷᠢ ᠶᠢᠨ ᠲᠦᠷᠭᠡᠨ ᠬᠦᠷᠭᠡᠬᠦ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠣᠨ ᠰᠲ᠋ᠣᠺ ᠤᠨ ᠡᠷᠬᠡ ᠪᠠᠷ ᠪᠡᠯᠡ ᠲᠣᠬᠢᠷᠠᠭᠤᠯᠭ᠎ᠠ ᠬᠢᠭᠦ᠂ ᠲᠥᠷᠥᠯ ᠵᠦᠢᠯ ᠢᠶᠠᠷ ᠪᠡᠯᠡ ᠲᠣᠬᠢᠷᠠᠭᠤᠯᠭ᠎ᠠ ᠬᠢᠭᠦ᠂ ᠪᠡᠯᠡ ᠨᠡᠶᠢᠯᠡᠭᠦᠯᠣᠨ ᠬᠤᠷᠰᠢᠬᠤ ᠵᠡᠷᠭᠡ ᠠᠷᠭ᠎ᠠ ᠪᠠᠷᠢᠯ ᠢᠶᠠᠷ ᠪᠡᠯᠡ ᠮᠥᠩᠭᠦ ᠴᠤᠭᠯᠠᠭᠤᠯᠣᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠬᠥᠲᠥᠯᠥᠨ ᠵᠢᠯᠣᠭᠤᠳᠴᠤ ᠲᠦᠷᠭᠡᠨ ᠬᠦᠷᠭᠡᠬᠦ ᠠᠵᠤ ᠠᠬᠤᠶᠢᠯᠠᠯ ᠢ ᠢᠲᠡᠭᠡᠮᠵᠢᠲᠦ ᠵᠢᠭᠡᠯᠡᠯᠭᠡ ᠪᠠᠷ ᠳᠡᠮᠵᠢᠭᠦ ᠡᠷᠴᠢᠮ ᠢᠶᠠᠨ ᠴᠢᠩᠭᠠᠷᠠᠭᠤᠯᠤᠨ᠂ ᠲᠣᠭᠲᠠᠮᠠᠯ ᠭᠦᠷᠣᠩᠭᠡ ᠶᠢ ᠳᠠᠨᠵᠢᠯᠠᠬᠤ ᠪᠤᠶᠤ ᠬᠤᠷᠢᠶᠠᠪᠠᠰᠤ ᠵᠣᠬᠢᠬᠤ ᠲᠠᠩᠰᠠᠨ ᠵᠣᠭᠤᠰ ᠢ ᠳᠠᠨᠵᠢᠯᠠᠬᠤ ᠵᠡᠷᠭᠡ ᠤᠯᠠᠨ ᠵᠦᠢᠯ ᠤᠨ ᠵᠢᠭᠡᠯᠡᠯᠭᠡ ᠶᠢᠨ ᠳᠠᠭᠠᠭᠠᠯᠲᠠ ᠶᠢᠨ ᠠᠷᠭ᠎ᠠ ᠪᠠᠷᠢᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠲᠤᠭ᠎ᠠ ᠭᠡᠮᠵᠢᠶ᠎ᠠ ᠶᠢ ᠨᠡᠮᠡᠭᠳᠡᠭᠦᠯᠦᠨ᠂ ᠲᠦᠷᠭᠡᠨ ᠬᠦᠷᠭᠡᠬᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠠ᠃ ᠢᠲᠡᠭᠡᠮᠵᠢ ᠰᠠᠶᠢᠲᠠᠶ᠂ ᠡᠵᠡᠩᠨᠡᠯᠲᠡ ᠵᠢᠷᠤᠮᠵᠢᠭᠤᠨ᠂ ᠦᠷ᠎ᠡ ᠠᠰᠢᠭ ᠲᠤᠪᠤᠶᠢᠮ᠎ᠠ ᠲᠦᠷᠭᠡᠨ ᠬᠦᠷᠭᠡᠬᠦ ᠠᠵᠤ ᠠᠬᠤᠶᠢᠯᠠᠯ ᠳᠤ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠦᠷᠭᠡᠨ ᠬᠦᠷᠭᠡᠬᠦ ᠠᠵᠤ ᠠᠬᠤᠶᠢᠯᠠᠯ ᠤᠨ ᠣᠨᠴᠠᠯᠢᠭ ᠲᠤ ᠨᠡᠶᠢᠴᠡᠭᠰᠡᠨ ᠢᠲᠡᠭᠡᠮᠵᠢ ᠶᠢᠨ ᠦᠨᠡᠯᠡᠨ ᠵᠢᠱᠢᠭᠦ ᠪᠠ ᠢᠲᠡᠭᠡᠮᠵᠢ ᠣᠯᠭᠤᠬᠤ ᠳᠦᠷᠢᠮ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠲᠦᠷᠭᠡᠨ ᠬᠦᠷᠭᠡᠬᠦ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠵᠢᠭᠡᠯᠡᠯᠭᠡ ᠶᠢᠨ ᠨᠡᠷᠡᠳᠭᠦᠨ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠬᠤ ᠬᠡᠷᠩᠳᠠᠢ᠃ ᠳᠠᠭᠠᠳᠬᠠᠯ ᠤᠨ ᠠᠵᠤ ᠠᠬᠤᠶᠢᠯᠠᠯ ᠨᠢ ᠳᠠᠭᠠᠳᠬᠠᠯ ᠤᠨ ᠨᠡᠷᠡᠳᠭᠦᠨ ᠪᠠ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠴᠦ᠂ ᠲᠦᠷᠭᠡᠨ ᠬᠦᠷᠭᠡᠬᠦ ᠦᠢᠯᠡᠴᠢᠯᠡᠭᠡᠨ ᠤ ᠦᠢᠯᠡᠰ ᠤᠨ ᠣᠨᠴᠠᠯᠢᠭ ᠲᠤ ᠳᠣᠭᠢᠷᠬᠠᠰᠠᠨ ᠰᠢᠨ᠎ᠡ ᠳᠠᠭᠠᠳᠬᠠᠯ ᠤᠨ ᠵᠦᠢᠯ ᠢ ᠰᠤᠳᠤᠯᠵᠤ᠂ ᠢᠯᠡᠭᠡᠨ ᠬᠦᠷᠭᠡᠬᠦ ᠳᠠᠭᠠᠳᠬᠠᠯ ᠤᠨ ᠲᠤᠬᠠᠶᠢᠯᠠᠭᠰᠠᠨ ᠠᠵᠢᠯ ᠢ ᠶᠡᠬᠡᠪᠡᠷ ᠬᠥᠭᠵᠢᠭᠦᠯᠭᠦ ᠬᠡᠷᠩᠳᠠᠢ᠃ ᠲᠦᠷᠭᠡᠨ ᠬᠦᠷᠭᠡᠬᠦ ᠠᠵᠤ ᠠᠬᠤᠶᠢᠯᠠᠯ ᠨᠢ ᠳᠠᠭᠠᠳᠬᠠᠯ ᠤᠨ ᠦᠵᠡᠯ ᠤᠬᠠᠮᠰᠠᠷ ᠢᠶᠠᠨ ᠴᠢᠩᠭᠠᠳᠬᠠᠵᠤ᠂ ᠳᠠᠭᠠᠳᠬᠠᠯ ᠤᠨ ᠲᠣᠭᠲᠠᠴᠠ ᠶᠢ ᠬᠡᠷᠩᠯᠡᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠣᠡᠪᠣᠷᠢᠯᠡᠭᠦ ᠬᠡᠷᠡᠭᠲᠡᠶ᠃      ︵ᠵᠢᠷᠭᠤᠭ᠎ᠠ︶ ᠴᠢᠳᠠᠪᠤᠷᠢᠲᠠᠨ ᠢᠶᠠᠷ ᠳᠡᠮᠵᠢᠬᠦ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠯᠲᠠ ᠶᠢᠨ ᠪᠠ ᠮᠡᠷᠭᠡᠵᠢᠯ ᠤᠨ ᠴᠢᠳᠠᠪᠤᠷᠢᠲᠠᠨ ᠣᠷᠣᠭᠤᠯᠬᠤ ᠶᠢ ᠳᠡᠮᠵᠢᠵᠣ᠂ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠳᠤ ᠪᠠᠴᠢᠮ ᠬᠡᠷᠡᠭᠴᠡᠭᠡ ᠲᠠᠢ ᠤᠷ᠎ᠠ ᠮᠡᠷᠭᠡᠵᠢᠯ ᠤᠨ ᠬᠡᠯᠪᠡᠷᠢ ᠪᠦᠬᠦᠢ ᠴᠢᠳᠠᠪᠤᠷᠢᠲᠠᠨ ᠢ ᠠᠵᠢᠯ ᠣᠯᠭᠤᠬᠤ ᠪᠣᠯᠪᠠᠰᠤᠷᠠᠭᠤᠯᠣᠯ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠬᠦ ᠪᠣᠯᠪᠠᠰᠤᠷᠠᠭᠤᠯᠣᠯ ᠤᠨ ᠬᠦᠷᠢᠶ᠎ᠡ ᠬᠡᠪᠴᠢᠶᠠᠨ ᠳᠤ ᠣᠷᠣᠭᠤᠯᠵᠣ ᠪᠣᠯᠣᠨ᠎ᠠ᠃ ᠥᠪᠥᠷ ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠨᠥᠬᠦᠴᠡᠯ ᠲᠠᠢ ᠳᠡᠭᠡᠳᠦ ᠰᠤᠷᠭᠠᠭᠤᠯᠢ ᠯᠤᠭ᠎ᠠ ᠲᠦᠷᠭᠡᠨ ᠬᠦᠷᠭᠡᠬᠦ ᠦᠢᠯᠡᠰ ᠤᠨ ᠠᠵᠢᠯ ᠡᠷᠬᠢᠯᠡᠭᠰᠡᠤᠨ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠣᠯ ᠤᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠳᠤ ᠰᠠᠭᠤᠷᠢᠯᠠᠨ᠂ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠳᠠᠬᠢ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠦᠷᠭᠡᠨ ᠬᠦᠷᠭᠡᠬᠦ ᠦᠢᠯᠡᠰ ᠤᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠣᠯ᠂ ᠨᠡᠶᠢᠭᠡᠮ ᠤᠨ ᠳᠠᠬᠢᠨ ᠠᠵᠢᠯ ᠣᠯᠭᠤᠬᠤ ᠪᠣᠯᠪᠠᠰᠤᠷᠠᠭᠤᠯᠣᠯ ᠪᠠ ᠵᠠᠬᠢᠶᠠᠯᠠᠭ᠎ᠠ ᠶᠢᠨ ᠮᠠᠶ᠋ᠢᠭ ᠤᠨ ᠰᠤᠷᠤᠭᠴᠢ ᠡᠯᠰᠡᠬᠦ ᠶᠢ ᠭᠦᠨᠵᠡᠭᠡᠶ ᠥᠷᠨᠢᠭᠦᠯᠵᠦ᠂ ︽ᠠᠯᠲᠠᠨ ᠬᠦᠬᠡ ᠵᠠᠭᠠᠮᠠᠳᠠᠨ︾᠎ ᠤ ᠪᠣᠯᠪᠠᠰᠤᠷᠠᠭᠤᠯᠤᠯ ᠤᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠲᠦᠷᠭᠡᠨ ᠬᠦᠷᠭᠡᠬᠦ ᠲᠤᠰᠬᠠᠶ ᠮᠡᠷᠭᠡᠵᠢᠯ ᠤᠨ ᠪᠣᠯᠪᠠᠰᠤᠷᠠᠭᠤᠯᠣᠯ ᠤᠨ ᠠᠩᠬᠢ ᠡᠷᠬᠢᠯᠡᠵᠣ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠲᠠᠬᠢᠨ ᠠᠵᠢᠯ ᠣᠯᠭᠤᠬᠤ ᠪᠣᠯᠪᠠᠰᠤᠷᠠᠭᠤᠯᠤᠯ ᠤᠨ ᠨᠥᠬᠦᠪᠥᠷᠢ ᠭᠦᠷᠳᠡᠭᠡᠵᠣ᠂ ᠲᠦᠷᠭᠡᠨ ᠬᠦᠷᠭᠡᠬᠦ ᠦᠢᠯᠡᠰ ᠤᠨ ᠠᠵᠢᠯ ᠡᠷᠬᠢᠯᠡᠭᠰᠡᠣᠨ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠣᠨ᠂ ᠲᠦᠷᠭᠡᠨ ᠬᠦᠷᠭᠡᠬᠦ ᠦᠢᠯᠡᠰ ᠤᠨ ᠠᠯᠤᠰ ᠬᠡᠳᠦ ᠶᠢᠨ ᠬᠥᠭᠵᠢᠯᠲᠡ ᠳᠤ ᠪᠠᠲᠤ ᠪᠠᠬᠢ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠯᠭᠠᠭᠤᠷᠢᠯᠠᠬᠤ ᠶᠢᠨ ᠪᠠᠳᠣᠯᠠᠭ᠎ᠠ ᠬᠠᠩᠭᠠᠬᠤ ᠬᠡᠷᠩᠳᠠᠢ᠃      ︵ᠲᠤᠯᠤᠭ᠎ᠠ︶ ᠵᠠᠮ ᠨᠡᠪᠲᠡᠷᠡᠯᠭᠡ ᠪᠠᠷ ᠪᠠᠳᠣᠯᠠᠬᠤ ᠲᠥᠷᠥ ᠶᠢᠨ ᠪᠣᠳᠣᠯᠭ᠎ᠠ᠃ ᠬᠤᠳᠠ ᠶᠢᠨ ᠲᠣᠬᠢᠷᠠᠭᠤᠯᠤᠨ ᠬᠦᠷᠭᠡᠬᠦ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠬᠠᠪᠰᠣᠷᠭᠠᠵᠣ᠂ ᠲᠦᠷᠭᠡᠨ ᠬᠦᠷᠭᠡᠬᠦ ᠦᠢᠯᠡᠰ ᠬᠠᠷᠢᠴᠠᠩᠭᠤᠶ ᠲᠥᠪᠯᠡᠷᠡᠭᠰᠡᠨ᠂ ᠲᠤᠮᠤ ᠬᠡᠯᠪᠡᠷᠢ ᠶᠢᠨ ᠲᠡᠷᠭᠡ ᠬᠥᠰᠬᠡ ᠴᠢᠬᠤᠯᠨ ᠵᠠᠮ ᠬᠠᠷᠢᠯᠴᠠᠭᠠᠨ ᠤ ᠭᠤᠣᠯ ᠱᠤᠭᠤᠮ ᠤᠨ ᠦᠢᠷ᠎ᠡ ᠬᠠᠪᠢ ᠪᠠᠷ ᠭᠦᠷᠢᠶᠡᠯᠡᠩ ᠳᠤ ᠣᠷᠣᠬᠤ ᠬᠠᠷᠠᠯᠲᠠ ᠶᠢ ᠪᠡᠶᠡᠯᠡᠭᠦᠯᠵᠣ᠂ ︽ᠬᠥᠮᠦᠨ ᠶᠠᠪᠣᠬᠤ ᠳᠤ ᠲᠦᠭᠦᠮ᠂ ᠪᠠᠷᠠᠭ᠎ᠠ ᠭᠦᠢᠯᠭᠡᠭᠡᠭᠦ ᠳᠤ ᠰᠠᠭᠠᠣᠨ ᠦᠭᠡᠢ︾ ᠪᠠᠶᠢᠯᠭᠠᠬᠤ ᠪᠠᠷ ᠴᠢᠷᠮᠠᠶᠢᠨ᠎ᠠ᠃ ᠬᠤᠯᠪᠣᠭᠳᠠᠯ ᠪᠦᠬᠦᠢ ᠲᠣᠭᠲᠠᠭᠠᠯ ᠳᠤ ᠨᠠᠶᠢᠴᠡᠭᠦ ᠲᠦᠷᠭᠡᠨ ᠬᠦᠷᠭᠡᠬᠦ ᠶᠢᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠡᠷᠬᠢᠯᠡᠵᠣ ᠪᠠᠶᠢᠭ᠎ᠠ ᠲᠡᠷᠭᠡ ᠬᠦᠰᠭᠡ ᠳᠤ ᠨᠢᠭᠡᠳᠦᠯᠲᠡᠶ ᠲᠤᠰᠬᠠᠶ ᠲᠡᠮᠳᠡᠭ ᠪᠠ ᠵᠠᠮ ᠦᠩᠭᠡᠷᠡᠭᠦ ᠦᠨᠡᠮᠯᠡᠯ ᠣᠯᠭᠤᠵᠣ᠂ ᠲᠦᠷᠭᠡᠨ ᠬᠦᠷᠭᠡᠬᠦ ᠲᠡᠷᠭᠡ ᠬᠥᠰᠬᠡ ᠳᠤ ᠵᠠᠮ ᠨᠡᠪᠳᠡᠷᠡᠬᠦ ᠪᠠ ᠳᠦᠷ ᠴᠠᠭ ᠵᠣᠭᠰᠣᠬᠤ ᠲᠦᠷᠦ ᠶᠢᠨ ᠪᠤᠳᠤᠯᠭ᠎ᠠ ᠣᠯᠭᠤᠨ᠎ᠠ᠃ ᠬᠤᠳᠠ ᠶᠢᠨ ᠰᠢᠣᠳᠠᠨ ᠤ ᠶᠠᠪᠣᠳᠠᠯ ᠤᠨ ᠲᠦᠷᠭᠡᠨ ᠭᠦᠷᠭᠡᠭᠦ ᠲᠡᠷᠭᠡ ᠬᠥᠰᠬᠡ ᠨᠢ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠣ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠮᠠᠰᠢᠨ ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠵᠣ᠂ ᠬᠠᠤᠯᠢ ᠶᠣᠰᠣᠭᠠᠷ ᠬᠤᠳᠠ ᠶᠢᠨ ᠵᠠᠮ ᠬᠠᠷᠢᠯᠴᠠᠭᠠᠨ ᠳᠤ ᠣᠷᠣᠯᠴᠠᠭᠤᠯᠤᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠱᠠᠭᠠᠷᠳᠠᠯᠭ᠎ᠠ ᠳᠤ ᠨᠡᠶᠢᠴᠡᠭᠰᠡᠨ ᠪᠢᠲᠡᠭᠦᠣ ᠬᠡᠯᠪᠡᠷᠢ ᠶᠢᠨ ᠬᠥᠩᠭᠡᠨ᠂ ᠪᠢᠴᠢᠯ ᠵᠢᠵᠢᠭ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠣᠯᠤᠨ ᠰᠢᠨ᠎ᠡ ᠡᠨᠧᠷᠭᠢ ᠶᠢᠨ ᠳᠡᠷᠭᠡ ᠬᠦᠰᠭᠡ ᠬᠡᠷᠩᠯᠡᠭᠦ ᠶᠢ ᠵᠣᠷᠢᠬᠵᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠪᠦᠭᠡᠳ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠪᠠ ᠬᠡᠷᠡᠭᠯᠡᠵᠣ ᠪᠠᠶᠢᠭᠠᠣᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠦᠷᠨᠢᠭᠦᠯᠪᠡᠯ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠡᠳ᠋ᠯᠡᠭᠦ ᠠᠴᠠ ᠭᠠᠳᠠᠨ᠎ᠠ᠂ ᠵᠠᠮ ᠨᠡᠪᠲᠡᠷᠡᠯᠭᠡ ᠵᠡᠷᠭᠡ ᠲᠠᠯ᠎ᠠ ᠪᠠᠷ ᠣᠨᠴᠣᠭᠤᠶ ᠪᠠᠲᠤᠯᠠᠭ᠎ᠠ ᠣᠯᠭᠤᠨ᠎ᠠ᠃ ᠪᠠᠷᠢᠮᠵᠢᠶ᠎ᠠ ᠪᠠ ᠵᠢᠷᠤᠮᠵᠢᠯ ᠳᠤ ᠨᠡᠶᠢᠴᠡᠬᠦ ᠮᠠᠰᠢᠨᠲᠤ ᠪᠤᠰᠤ ᠲᠡᠷᠭᠡ ᠪᠠᠷ ᠲᠦᠷᠭᠡᠨ ᠬᠦᠷᠭᠡᠬᠦ ᠦᠢᠯᠡᠰ ᠤᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠡᠷᠬᠢᠯᠡᠭᠦ ᠶᠢ ᠵᠥᠪᠰᠢᠶᠡᠷᠡᠵᠣ᠂ ︽ᠬᠠᠮᠤᠭ ᠡᠴᠦᠰ ᠤᠨ ᠨᠢᠭᠡ ᠺᠢᠯᠣᠮᠧᠲᠷ︾᠎ ᠤᠨ ᠵᠠᠮ ᠨᠡᠪᠲᠡᠷᠡᠯᠭᠡ ᠶᠢᠨ ᠪᠡᠷᠭᠡ ᠠᠰᠠᠭᠤᠳᠠᠯ ᠢ ᠰᠢᠢᠣᠡᠪᠣᠷᠢᠯᠡᠨ᠎ᠠ᠃      ︵ᠨᠠᠢᠮᠨ︶ ᠲᠡᠭᠦᠰᠭᠡᠯ ᠦᠵᠦᠭᠦᠷ ᠤᠨ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠶᠢᠨ ᠲᠡᠬᠦᠰᠬᠡᠯ ᠦᠵᠦᠭᠦᠷ ᠤᠨ ᠦᠢᠯᠡᠴᠢᠯᠡᠭᠡᠨ ᠤ ᠰᠢᠰᠲ᠋ᠧᠮᠵᠢ ᠶᠢ ᠬᠤᠳᠠ ᠶᠢᠨ ᠲᠣᠬᠢᠷᠠᠭᠤᠯᠤᠨ ᠬᠦᠷᠭᠡᠬᠦ ᠰᠢᠰᠲ᠋ᠧᠮᠵᠢ ᠳᠤ ᠣᠷᠣᠭᠤᠯᠵᠣ᠂ ᠨᠢᠭᠡᠳᠦᠯᠲᠡᠶ ᠲᠥᠯᠥᠪᠵᠢᠭᠦᠯᠣᠨ ᠪᠥᠳᠥᠭᠡᠨ ᠪᠠᠶᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠠᠶᠢᠭᠤᠯᠬᠤ ᠂ ᠬᠠᠮᠲᠦᠷᠠᠯᠴᠠᠵᠦ ᠪᠠᠶᠢᠭᠤᠯᠬᠤ᠂ ᠭᠤᠷᠪᠠᠳᠠᠬᠢ ᠡᠲᠡᠭᠡᠳ ᠲᠤ ᠨᠠᠶᠢᠳᠠᠵᠤ ᠪᠠᠶᠢᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠵᠣ᠂ ᠲᠦᠷᠭᠡᠨ ᠬᠦᠷᠭᠡᠬᠦ ᠲᠡᠭᠦᠰᠭᠡᠯ ᠦᠵᠦᠭᠦᠷ ᠤᠨ ᠦᠢᠯᠡᠴᠢᠯᠡᠭᠡᠨ ᠤ ᠲᠣᠣᠷ ᠴᠢᠬ ᠢ ᠨᠡᠮᠡᠭᠳᠡᠭᠦᠯᠭᠦ ᠶᠢ ᠵᠣᠷᠢᠬᠵᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠨᠢ ᠪᠠᠶᠢᠭᠤᠯᠭ᠎ᠠ᠂ ᠨᠡᠶᠢᠭᠡᠮ ᠲᠣᠭᠤᠷᠢᠭ᠂ ᠬᠡᠲᠤ ᠳᠡᠯᠭᠡᠭᠦᠷ᠂ ᠠᠯᠪᠠᠯᠠᠬᠤ ᠠᠰᠠᠷ᠂ ᠠᠵᠤ ᠠᠬᠤᠶᠢᠯᠠᠯ᠂ ᠰᠤᠷᠭᠠᠭᠤᠯᠢ ᠵᠡᠷᠭᠡ ᠲᠠᠢ ᠬᠠᠮᠲᠦᠷᠠᠯᠴᠠᠵᠦ᠂ ᠲᠡᠭᠦᠰᠭᠡᠯ ᠦᠵᠦᠭᠦᠷ ᠤᠨ ᠲᠣᠬᠢᠷᠠᠭᠤᠯᠤᠨ ᠬᠦᠷᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠵᠣᠷᠢᠬᠵᠢᠭᠤᠯᠣᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠠᠵᠣ ᠠᠬᠤᠶᠢᠯᠠᠯ ᠵᠣᠬᠢᠬᠤ ᠪᠢᠲᠡᠭᠦᠮᠵᠢᠯᠡᠭᠰᠡᠨ ᠲᠠᠯᠠᠪᠤᠷ ᠬᠠᠩᠭᠠᠨ ᠠᠳᠠᠯ ᠠᠬᠤᠶ ᠶᠢᠨ ᠲᠦᠷᠭᠡᠨ ᠬᠦᠷᠭᠡᠬᠦ ᠦᠢᠯᠡᠴᠢᠯᠡᠭᠦ ᠲᠥᠪ ᠪᠣᠯᠭᠠᠵᠣ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠵᠠᠷᠴᠢᠮ ᠶᠣᠰᠣᠭᠠᠷ᠂ ᠥᠮᠴᠢᠲᠡᠨ ᠳᠤ ᠭᠦᠷᠭᠡᠭᠰᠡᠨ ᠵᠦᠢᠯ ᠢ ᠬᠤᠷᠢᠶᠠᠨ ᠠᠪᠬᠤ᠂ ᠭᠦᠷᠭᠡᠭᠦ ᠵᠦᠢᠯ ᠢ ᠶᠠᠪᠣᠭᠤᠯᠬᠤ᠂ ᠭᠦᠷᠭᠡᠭᠦ ᠵᠦᠢᠯ ᠢ ᠥᠪᠡᠰᠣᠪᠡᠨ ᠣᠴᠢᠵᠣ ᠠᠪᠬᠤ ᠵᠡᠷᠭᠡ ᠲᠦᠷᠭᠡᠨ ᠬᠦᠷᠭᠡᠬᠦ ᠦᠢᠯᠡᠴᠢᠯᠡᠭᠡ ᠬᠠᠩᠭᠠᠨ᠎ᠠ᠃ ᠠᠳᠠᠯ ᠠᠬᠤᠶ ᠶᠢᠨ ᠲᠦᠷᠭᠡᠨ ᠬᠦᠷᠭᠡᠬᠦ ᠦᠢᠯᠡᠴᠢᠯᠡᠭᠡᠨ ᠤ ᠲᠥᠪ ᠲᠤ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠭᠠᠷᠳᠠᠮ ᠢᠶᠠᠨ ᠳᠥᠭᠦᠮᠴᠢᠯᠡᠵᠦ᠂ ᠳᠠᠩᠰᠠᠯᠠᠭᠤᠯᠤᠭᠰᠠᠨ ᠭᠡᠷᠡᠴᠢ ᠶᠢ ᠬᠢᠨᠠᠨ ᠣᠯᠭᠤᠬᠤ ᠬᠡᠷᠩᠳᠠᠢ᠃ ᠤᠶᠤᠨᠲᠤ ᠲᠦᠷᠭᠡᠨ ᠬᠦᠷᠭᠡᠬᠦ ᠵᠦᠢᠯ ᠤᠨ ᠴᠢᠩᠭᠡᠯᠢᠭ ᠤᠨ ᠪᠠᠶᠢᠭᠤᠯᠣᠯᠳᠠ ᠶᠢ ᠪᠥᠬᠦ ᠬᠦᠴᠦᠨ ᠢᠶᠠᠷ ᠠᠬᠢᠭᠤᠯᠵᠤ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠨ᠂ ᠠᠯᠪᠠᠯᠠᠬᠤ ᠠᠰᠠᠷ᠂ ᠨᠡᠶᠢᠭᠡᠮ ᠲᠣᠭᠤᠷᠢᠭ ᠵᠡᠷᠭᠡ ᠨᠥᠬᠦᠴᠡᠯ ᠲᠠᠢ ᠭᠠᠵᠠᠷ ᠣᠷᠣᠨ ᠳᠤ ᠲᠦᠷᠭᠡᠨ ᠬᠦᠷᠭᠡᠬᠦ ᠠᠵᠤ ᠠᠬᠤᠶᠢᠯᠠᠯ ᠤᠨ ᠤᠶᠤᠨᠲᠤ ᠲᠦᠷᠭᠡᠨ ᠬᠦᠷᠭᠡᠬᠦ ᠵᠦᠢᠯ ᠤᠨ ᠴᠢᠩᠭᠡᠯᠢᠭ ᠢ ᠳᠡᠯᠭᠡᠷᠡᠭᠦᠯᠦᠨ ᠲᠦᠭᠡᠮᠡᠯᠵᠢᠭᠦᠯᠭᠦ ᠶᠢ ᠳᠡᠮᠵᠢᠨ᠎ᠠ᠃      ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠠᠶᠢᠮᠠᠭ ᠬᠤᠳᠠ ᠨᠤᠭᠤᠳ ᠪᠡᠰᠨ ᠵᠣᠬᠢᠬᠤ ᠵᠣᠬᠢᠶᠠᠨ ᠪᠠᠶᠢᠭᠤᠯᠣᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ᠂ ᠠᠵᠤ ᠠᠬᠤᠶᠢᠯᠠᠯ ᠤᠳ ᠥᠷᠭᠡᠨ ᠳᠡᠯᠭᠡᠷ ᠣᠷᠣᠯᠴᠠᠬᠤ᠂ ᠨᠡᠶᠢᠲᠡ ᠣᠯᠠᠨ ᠢᠶᠠᠷ ᠢᠶᠠᠨ ᠳᠡᠮᠵᠢᠨ ᠵᠦᠪᠰᠢᠶᠡᠷᠡᠭᠰᠠᠨ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠷᠢᠰᠢᠯ ᠢ ᠠᠬᠢᠭᠤᠯᠤᠨ ᠪᠦᠷᠢᠯᠳᠦᠭᠦᠯᠦᠨ᠎ᠡ᠃      ︵ᠬᠤᠶᠠᠷ︶ ᠬᠠᠤᠯᠢ ᠳᠦᠷᠢᠮ ᠲᠥᠯᠥᠪᠵᠢᠭᠦᠯᠭᠡ ᠶᠢᠨ ᠪᠠᠶᠢᠭᠤᠯᠣᠯᠳᠠ ᠶᠢ ᠴᠢᠩᠭᠠᠷᠠᠭᠤᠯᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠲᠦᠷᠢᠮ︾᠎ ᠳᠤ ᠵᠠᠰᠠᠪᠤᠷᠢ ᠣᠷᠣᠭᠤᠯᠬᠤ ᠶᠢ ᠠᠬᠢᠭᠤᠯᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ︵ᠠᠵᠢᠯ ᠲᠥᠷᠥᠯ︶᠎ ᠤᠨ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠣ᠂ ᠲᠦᠷᠭᠡᠨ ᠬᠦᠷᠭᠡᠬᠦ ᠦᠢᠯᠡᠰ ᠤᠨ ᠬᠠᠤᠯᠢ ᠳᠦᠷᠢᠮᠵᠢᠯᠳᠠ᠂ ᠪᠠᠷᠢᠮᠵᠢᠶᠠᠵᠢᠭᠤᠯᠣᠯᠳᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠲᠤᠬᠠᠶ ᠶᠢᠨ ᠭᠠᠵᠠᠷ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ ᠬᠦᠷᠭᠡᠬᠦ ᠬᠦᠷᠢᠶᠡᠯᠡᠩ ᠲᠣᠭᠤᠷᠢᠭ᠂ ᠳᠡᠮᠵᠢᠭᠤᠯᠬᠤ ᠲᠥᠪ ᠪᠠ ᠦᠢᠯᠡᠴᠢᠯᠡᠭᠡᠨ ᠤ ᠲᠣᠣᠷ ᠴᠢᠬ ᠢ ᠬᠤᠳᠠ ᠶᠢᠨ ᠶᠡᠷᠦᠩᠬᠡᠶ ᠲᠥᠯᠥᠪᠵᠢᠭᠦᠯᠭᠡ ᠪᠠ ᠬᠤᠳᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ ᠬᠦᠷᠭᠡᠬᠦ ᠰᠠᠭᠤᠷᠢ ᠪᠡᠯᠡᠣᠡᠭᠡᠮᠵᠢ ᠶᠢᠨ ᠪᠦᠳᠦᠭᠡᠠ ᠪᠠᠶᠢᠭᠤᠯᠤᠯᠲᠠ ᠶᠢᠨ ᠪᠠᠶᠢᠷᠢᠰᠢᠭᠤᠯᠣᠯᠳᠠ ᠶᠢ ᠵᠦᠢ ᠵᠣᠬᠢᠰᠲᠠᠶ ᠲᠣᠬᠢᠷᠠᠭᠤᠯᠣᠨ᠎ᠠ᠃      ︵ᠭᠤᠷᠪᠠ︶ ᠠᠵᠢᠯ ᠲᠦᠷᠦᠯ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠣᠨ᠎ᠠ᠃ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠯᠳᠠ ᠬᠠᠮᠢᠶᠠᠷᠣᠯᠳᠠ ᠶᠢᠨ ᠬᠦᠴᠦᠨ ᠢᠶᠠᠨ ᠲᠡᠭᠦᠯᠳᠡᠷᠵᠢᠭᠦᠯᠣᠨ᠂ ᠬᠢᠨᠠᠯᠳᠠ ᠬᠠᠮᠢᠶᠠᠷᠣᠯᠳᠠ ᠶᠢᠨ ᠠᠷᠭ᠎ᠠ ᠪᠠᠷᠢᠯ ᠳᠤ ᠰᠢᠨ᠎ᠡ ᠶᠢ ᠡᠭᠦᠳᠴᠣ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠣᠨ᠎ᠠ᠃ ᠬᠡᠷᠡᠭᠯᠡᠭᠴᠢᠳ ᠭᠤᠮᠣᠳᠠᠯ ᠲᠣᠭᠠᠴᠢᠬᠤ ᠪᠠ ᠬᠠᠤᠯᠢ ᠬᠡᠷᠡᠭᠵᠢᠭᠦᠯᠣᠯᠳᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠣᠡᠪᠣᠷᠢᠯᠡᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠲᠢᠭᠯᠢᠮ ᠢ ᠵᠢᠷᠤᠮᠵᠢᠭᠤᠯᠣᠨ᠎ᠠ᠃ ᠠᠵᠢᠯ ᠲᠥᠷᠦᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠢᠲᠡᠭᠡᠮᠵᠢᠳᠣ ᠥᠪᠥᠷ ᠮᠣᠩᠭᠤᠯ︾ ᠰᠦᠯᠵᠢᠶ᠎ᠡ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠨ ᠨᠠᠶᠢᠳᠡᠯᠡᠭᠦ ᠰᠢᠰᠲ᠋ᠧᠮ ᠪᠠ ᠠᠵᠢᠯ ᠲᠥᠷᠥᠯ ᠤᠨ ᠬᠢᠨᠠᠯᠳᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠵᠣ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠭᠤᠣᠯ ᠴᠣᠭᠴᠠ ᠶᠢᠨ ︽ᠨᠡᠷ᠎ᠡ ᠶᠢᠨ ᠬᠠᠷ᠎ᠠ ᠲᠠᠩᠰᠠ︾ ᠵᠢᠴᠢ ᠬᠤᠯᠪᠣᠭᠠᠯᠠᠨ ᠵᠠᠯᠬᠠᠭᠠᠵᠦ ᠴᠡᠭᠡᠷᠯᠡᠭᠦᠯᠬᠦ ᠲᠦᠷᠢᠮ ᠢ ᠪᠠᠶᠢᠭᠤᠯᠵᠣ᠂ ᠦᠨᠡᠨᠴᠢ ᠢᠲᠡᠭᠡᠮᠵᠢᠲᠡᠶ ᠪᠠᠶᠢᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠣᠯᠣᠯᠴᠠᠬᠤ᠂ ᠵᠣᠬᠢᠴᠠᠭᠤᠯᠬᠤ ᠪᠠ ᠬᠠᠮᠲᠤᠷᠠᠯᠴᠠᠬᠤ ᠪᠠᠨ ᠴᠢᠩᠭᠠᠳᠬᠠᠵᠤ᠂ ᠠᠵᠢᠯ ᠲᠥᠷᠥᠯ ᠤᠨ ᠠᠮᠣᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠣᠠᠬᠠᠨ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠮᠣᠷ ᠲᠦᠪᠰᠢᠨ ᠤ ᠡ᠊ᠨᠳᠡᠯ ᠢ ᠰᠡᠷᠭᠡᠶᠢᠯᠡᠬᠦ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠣᠡᠪᠣᠷᠢᠯᠡᠭᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠢᠯᠡᠭᠡᠨ ᠬᠦᠷᠭᠡᠬᠦ ᠦᠨᠡᠨ ᠨᠡᠷ᠎ᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠦᠨᠡᠨ ᠨᠡᠷ᠎ᠡ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠣᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠵᠣ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠷᠢᠶᠠᠨ ᠢᠯᠡᠭᠡᠭᠦ ᠶᠢᠨ ᠪᠠᠶᠢᠴᠠᠭᠠᠨ ᠦᠵᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠪᠤᠰᠤ ᠬᠥᠮᠦᠰ ᠢᠯᠡᠭᠡᠨ ᠭᠦᠷᠭᠡᠭᠦ ᠵᠠᠮ ᠮᠦᠷ ᠢ ᠠᠰᠢᠭᠯᠠᠵᠣ ᠫᠤᠤ ᠵᠡᠪᠰᠡᠭ᠂ ᠬᠤᠣᠷᠠᠲᠤ ᠡᠳ᠋᠂ ᠭᠠᠵᠢᠭᠤ ᠨᠣᠮᠯᠠᠯ ᠤᠨ ᠤᠬᠠᠭᠤᠯᠭ᠎ᠠ ᠶᠢᠨ ᠵᠦᠢᠯ ᠵᠡᠷᠭᠡ ᠴᠠᠭᠠᠵᠨ ᠲᠠᠢ ᠡᠳ᠋ ᠢ ᠮᠡᠨ ᠤ ᠣᠷᠣᠨ ᠳᠤ ᠣᠷᠣᠭᠤᠯᠵᠣ ᠢᠷᠡᠭᠦ ᠪᠣᠶᠣ ᠮᠠᠨ ᠤ ᠣᠷᠣᠨ ᠠᠴᠠ ᠳᠠᠯᠳᠠᠭᠤᠷ ᠭᠠᠷᠭᠠᠬᠤ ᠶᠢ ᠰᠡᠷᠭᠡᠶᠢᠯᠡᠨ᠎ᠠ᠃ ᠢᠯᠡᠭᠡᠨ ᠬᠦᠷᠭᠡᠬᠦ ᠠᠵᠢᠯᠯᠠᠭ᠎ᠠ ᠶᠢᠨ ᠪᠦᠬᠦ ᠶᠠᠪᠤᠴᠠ ᠳᠤᠨᠢ ᠮᠦᠷᠳᠠᠭᠦ ᠪᠠ ᠴᠠᠭ ᠲᠤᠬᠠᠶ ᠳᠤᠨᠢ ᠠᠰᠠᠭᠤᠨ ᠯᠠᠪᠯᠠᠬᠤ ᠶᠢ ᠪᠡᠶᠡᠯᠡᠭᠦᠯᠵᠣ᠂ ᠪᠠᠷᠠᠭᠠᠨ ᠤ ᠢᠷᠡᠯᠲᠡ ᠶᠢ ᠨᠡᠬᠡᠮᠵᠢᠯᠡᠵᠣ ᠳᠡᠶᠢᠯᠭᠦ᠂ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠵᠤ ᠴᠢᠳᠠᠬᠤ᠂ ᠬᠠᠤᠯᠢ ᠠᠴᠠ ᠵᠥᠷᠢᠴᠡᠪᠡᠯ ᠬᠠᠷᠢᠭᠤᠴᠠᠯᠭ᠎ᠠ ᠨᠡᠬᠡᠮᠵᠢᠯᠡᠵᠣ ᠳᠡᠶᠢᠯᠭᠦ ᠶᠢ ᠦᠨᠡᠡᠭᠦ ᠪᠠᠳᠣᠯᠠᠨ᠎ᠠ᠃      ︵ᠲᠦᠷᠪᠡ︶ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠣᠯᠳᠠ ᠶᠢ ᠴᠢᠩᠭᠠᠷᠠᠭᠤᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠪᠣᠳᠠᠳᠠᠢ ᠲᠠᠢ ᠪᠠᠨ ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠣ᠂ ᠴᠠᠭ ᠲᠤᠬᠠᠶ ᠳᠤᠨᠢ ᠰᠢᠨ᠎ᠡ ᠪᠠᠶᠢᠳᠠᠯ ᠢ ᠰᠤᠳᠤᠯᠣᠨ᠂ ᠰᠢᠨ᠎ᠡ ᠠᠰᠠᠭᠤᠳᠠᠯ ᠢ ᠰᠢᠢᠣᠡᠪᠣᠷᠢᠯᠡᠵᠣ᠂ ᠲᠦᠷᠭᠡᠨ ᠬᠦᠷᠭᠡᠬᠦ ᠦᠢᠯᠡᠰ ᠤᠨ ᠲᠦᠷᠭᠡᠨ ᠭᠦᠭᠵᠢᠭᠦ ᠳᠤ ᠰᠠᠶᠢᠨ ᠰᠠᠶᠢᠬᠠᠨ ᠳᠦᠷᠦ ᠶᠢᠨ ᠪᠤᠳᠤᠯᠭ᠎ᠠ ᠪᠠ ᠪᠠᠶᠢᠭᠤᠯᠤᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠦᠭᠭᠦᠨ᠎ᠠ᠃ ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠨᠢ ᠵᠢᠯᠣᠭᠤᠳᠬᠤ ᠪᠠ ᠰᠢᠮᠳᠠᠭᠤᠯᠣᠨ ᠪᠠᠶᠢᠴᠠᠭᠠᠬᠤ ᠪᠠᠨ ᠴᠢᠩᠭᠠᠳᠬᠠᠵᠤ᠂ ᠰᠢᠯᠭᠠᠨ ᠬᠢᠨᠠᠵᠣ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠦᠷᠢᠨᠰᠢᠭᠦᠯᠣᠨ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠲᠤᠤᠱᠯᠠᠭᠤᠯᠤᠨ ᠨᠠᠶᠢᠳᠠᠪᠤᠷᠢᠵᠢᠬᠳᠠᠬᠤ ᠶᠢ ᠦᠨᠡᠡᠭᠦ ᠪᠠᠲᠤᠯᠠᠵᠤ᠂ ᠲᠦᠷᠭᠡᠨ ᠬᠦᠷᠭᠡᠬᠦ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠨ ᠳᠡᠭᠦᠯᠳᠡᠷ ᠪᠠᠲᠤᠯᠠᠭ᠎ᠠ ᠬᠠᠩᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map