ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠳᠤ ᠦᠭᠡᠷᠡᠴᠢᠯᠡᠯᠲᠡ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠨᠠᠠᠯ
ᠨᠡᠶᠢᠲᠡᠯᠡᠭᠰᠡᠨ ᠴᠠᠭ᠄
2016/12/13
                              ᠥᠪᠥᠷ ᠵᠠᠰᠠᠭ ᠲᠠᠷᠬᠠᠭᠠᠭᠰᠠᠨ ﹇2016﹈ 59 ᠳ᠋ᠤᠭᠡᠷ ᠲᠤᠭᠠᠳᠤ                                                        5 ᠳ᠋ᠤᠭᠠᠷ ᠰᠠᠷ᠎ᠠ ᠶᠢᠨ 24᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠣᠯᠣᠨ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠡᠮ ᠤᠤᠭᠤᠵᠤ ᠡᠮᠴᠢᠯᠡᠭᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠳᠤ ᠠᠮᠦᠷ ᠲᠥᠪᠰᠢᠨ ᠪᠦᠭᠡᠳ ᠪᠦᠲᠦᠮᠵᠢᠲᠡᠢ ᠪᠠᠶᠢᠬᠤ ᠶᠢ ᠦᠨᠡᠨᠬᠦ ᠪᠠᠲᠤᠯᠠᠨ᠂ ᠪᠦᠬᠦ ᠣᠷᠣᠨ ᠤ ᠡᠮ ᠡᠮᠨᠡᠯᠭᠡ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠴᠢᠷᠮᠠᠶᠢᠨ ᠠᠬᠢᠭᠤᠯᠬᠤ ᠶᠢᠨ ᠲᠤᠰᠠᠳᠠ᠂ ︽ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠳᠤ ᠦᠭᠡᠷᠡᠴᠢᠯᠡᠯᠲᠡ ᠬᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2015﹈ 44 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠮᠠᠨ ᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠳᠤ ᠦᠭᠡᠷᠡᠴᠢᠯᠡᠯᠲᠡ ᠬᠢᠬᠦ ᠬᠤᠯᠪᠣᠭᠳᠠᠯ ᠪᠦᠬᠦᠢ ᠵᠦᠢᠯᠡᠰ ᠤᠨ ᠲᠣᠬᠠᠢ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠭᠤᠣᠯ ᠬᠠᠷᠠᠯᠲᠠ      ︵ᠨᠢᠭᠡ︶ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠪᠠ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠠᠵᠢᠯ ᠭᠡᠷᠡᠭ ᠬᠠᠮᠢᠶᠠᠷᠠᠬᠤ ᠡᠷᠬᠡ ᠶᠢᠨ ᠬᠤᠪᠢᠶᠠᠷᠢᠯᠠᠯ ᠶᠤᠰᠤᠭᠠᠷ᠂ ᠮᠠᠨ ᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ ᠦᠷ᠎ᠡ ᠪᠦᠲᠦᠮᠵᠢᠲᠦ ᠴᠢᠨᠠᠷ᠂ ᠠᠮᠦᠷ ᠲᠥᠪᠰᠢᠨ ᠴᠢᠨᠠᠷ ᠪᠠ ᠶᠠᠰᠤ ᠴᠢᠨᠠᠷ ᠢ ᠡᠵᠡᠮᠳᠡᠵᠦ ᠪᠣᠯᠬᠤᠶᠢᠴᠠ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠠᠵᠢᠯᠯᠠᠭᠠᠨ ᠤ ᠨᠡᠩ ᠰᠢᠨᠵᠢᠯᠡᠬᠦ ᠤᠬᠠᠭᠠᠨᠴᠢ ᠨᠡᠩ ᠦᠨᠳᠦᠷ ᠪᠦᠲᠦᠮᠵᠢᠲᠡᠢ ᠰᠢᠰᠲ᠋ᠧᠮᠵᠢ ᠶᠢ ᠪᠠᠶᠢᠭᠤᠯᠤᠨ᠎ᠠ᠃      ︵ᠬᠤᠶᠠᠷ︶ ᠳᠠᠭᠤᠷᠢᠶᠠᠮᠠᠯ ᠡᠮ ᠤᠨ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠠᠭᠤᠷᠢᠶᠠᠮᠠᠯ ᠡᠮ ᠳᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠭᠤᠣᠯ ᠴᠤᠭᠴᠠ᠂ ᠪᠠᠷᠢᠮᠵᠢᠶ᠎ᠠ᠂ ᠠᠷᠭ᠎ᠠ ᠠᠪᠴᠠᠯ᠂ ᠠᠯᠬᠤᠮ ᠳᠠᠷᠠᠭ᠎ᠠ᠂ ᠲᠥᠷᠥ ᠶᠢᠨ ᠪᠣᠳᠣᠯᠭ᠎ᠠ ᠵᠡᠷᠭᠡ ᠱᠠᠭᠠᠷᠳᠠᠯᠭ᠎ᠠ ᠶᠤᠰᠤᠭᠠᠷ᠂ ᠳᠠᠭᠤᠷᠢᠶᠠᠮᠠᠯ ᠡᠮ ᠤᠨ ᠵᠦᠢᠯ ᠤᠨ ᠶᠠᠰᠤ ᠴᠢᠨᠠᠷ ᠲᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠠᠵᠢᠯ ᠢ ᠴᠢᠩᠭᠠᠳᠬᠠᠵᠤ᠂ ᠤᠯᠤᠰ ᠤᠨ ᠱᠠᠭᠠᠷᠳᠠᠯᠭ᠎ᠠ ᠶᠤᠰᠤᠭᠠᠷ ᠳᠠᠭᠤᠷᠢᠶᠠᠮᠠᠯ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ ᠦᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠦᠪᠡᠷᠲᠡᠭᠡᠨ ᠵᠠᠰᠠᠬᠤ ᠣᠷᠣᠨ ᠤ ᠳᠠᠭᠤᠷᠢᠶᠠᠮᠠᠯ ᠡᠮ ᠳᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠠᠵᠢᠯ ᠢ ᠢᠳᠡᠪᠬᠢᠲᠡᠢ ᠠᠬᠢᠭᠤᠯᠤᠨ᠂ 2018 ᠣᠨ ᠤ ᠵᠢᠯ ᠤᠨ ᠰᠡᠭᠦᠯᠴᠢ ᠠᠴᠠ ᠡᠮᠦᠨ᠎ᠡ ᠤᠯᠤᠰ ᠤᠨ ᠦᠨᠳᠦᠰᠦᠨ ᠡᠮ ᠤᠨ ᠤᠤᠭᠤᠬᠤ ᠨᠠᠶᠢᠷᠠᠯᠲᠠ ᠬᠢᠭᠡᠳ ᠬᠠᠷᠢᠴᠠᠭᠤᠯᠬᠤ ᠨᠠᠶᠢᠷᠠᠯᠲᠠ ᠶᠢᠨ ᠶᠠᠰᠤ ᠴᠢᠨᠠᠷ ᠲᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃      ︵ᠭᠤᠷᠪᠠ︶ ᠰᠤᠳᠤᠯᠤᠨ ᠬᠥᠭᠵᠢᠭᠦᠯᠵᠦ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠳᠡᠮᠵᠢᠨ᠎ᠡ᠃ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠰᠣᠳᠤᠯᠤᠨ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠳᠡᠮᠵᠢᠬᠦ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠮᠤᠩᠭᠤᠯ ᠡᠮ᠂ ᠠᠮᠢᠳᠤ ᠪᠤᠳᠠᠰ ᠤᠨ ᠡᠮ ᠪᠠ ᠡᠮᠴᠢᠯᠡᠭᠡ ᠶᠢᠨ ᠪᠠᠭᠠᠵᠢ ᠬᠡᠷᠡᠭᠰᠡᠯ ᠢ ᠰᠤᠳᠤᠯᠤᠨ ᠬᠥᠭᠵᠢᠭᠦᠯᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠮᠣᠩᠭᠤᠯ ᠡᠮ ᠤᠨ ᠲᠦᠷᠦᠯ᠂ ᠮᠡᠷᠭᠡᠵᠢᠯ᠂ ᠠᠵᠤ ᠦᠢᠯᠡᠰᠵᠢᠭᠦᠯᠬᠦ ᠬᠥᠭᠵᠢᠯᠲᠡ ᠶᠢ ᠳᠡᠮᠵᠢᠬᠦ ᠪᠠ ᠠᠬᠢᠭᠤᠯᠵᠤ᠂ ᠮᠣᠩᠭᠤᠯ ᠡᠮ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠪᠦᠬᠦ ᠣᠷᠣᠨ ᠤ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠦᠨ᠎ᠡ᠃      ︵ᠳᠥᠷᠪᠡ︶ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠠᠨ ᠠᠪᠴᠤ ᠪᠡᠯᠡᠳᠭᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠡᠮᠬᠢ ᠵᠢᠷᠤᠮ ᠲᠠᠢ ᠵᠤᠯᠭᠠᠭᠤᠯᠲᠠ ᠶᠢ ᠪᠡᠶᠡᠯᠡᠭᠦᠯᠦᠨ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠣᠯᠣᠨ ᠶᠠᠰᠤ ᠴᠢᠨᠠᠷ ᠢ ᠳᠡᠭᠡᠭᠰᠢᠯᠡᠭᠦᠯᠵᠦ᠂ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠤᠯᠭᠠᠨ᠂ ᠭᠤᠶᠤᠴᠢᠯᠠᠭᠴᠢ ᠶᠢ ᠬᠦᠲᠦᠯᠦᠨ ᠵᠢᠯᠣᠭᠤᠳᠴᠤ ᠪᠠᠶᠢᠭᠠᠳ ᠰᠤᠳᠤᠯᠤᠨ ᠬᠥᠭᠵᠢᠭᠦᠯᠬᠦ ᠶᠢ ᠡᠮᠬᠢ ᠵᠢᠷᠤᠮ ᠲᠠᠢ ᠦᠷᠨᠢᠭᠦᠯᠬᠦ ᠪᠠ ᠭᠤᠶᠤᠴᠢᠯᠠᠯ ᠭᠠᠷᠭᠠᠯᠭᠠᠨ᠎ᠠ᠃ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠳᠠᠮᠵᠢᠨ᠂ ᠬᠢᠷᠢ ᠬᠡᠮᠵᠢᠶ᠎ᠡ ᠪᠠᠷᠤᠭᠲᠠᠢ ᠭᠤᠶᠤᠴᠢᠯᠠᠯ ᠢ ᠡᠵᠡᠮᠳᠡᠨ᠎ᠡ᠃      ᠬᠤᠶᠠᠷ᠂ ᠭᠤᠣᠯ ᠡᠭᠦᠷᠭᠡ      ︵ᠲᠠᠪᠤ︶ ᠳᠠᠭᠤᠷᠢᠶᠠᠮᠠᠯ ᠡᠮ ᠤᠨ ᠶᠠᠰᠤ ᠴᠢᠨᠠᠷ ᠲᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠶᠢ ᠠᠬᠢᠭᠤᠯᠤᠨ᠎ᠠ᠃ ᠳᠠᠭᠤᠷᠢᠶᠠᠮᠠᠯ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠪᠠᠷᠢᠮᠵᠢᠶ᠎ᠠ ᠪᠣᠯᠣᠨ ᠡᠮ ᠤᠨ ᠵᠦᠢᠯ ᠤᠨ ᠳᠠᠩᠰᠠᠯᠠᠯ ᠢ ᠲᠦᠷᠦᠯ ᠬᠤᠪᠢᠶᠠᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠳᠠᠭᠤᠷᠢᠶᠠᠮᠠᠯ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠤ ᠣᠣᠯ ᠤᠨ ᠨᠠᠶᠢᠷᠠᠭᠰᠠᠨ ᠡᠮ ᠤᠨ ᠵᠦᠢᠯ ᠢᠶᠠᠷ ᠬᠠᠷᠢᠴᠠᠭᠤᠯᠬᠤ ᠨᠠᠶᠢᠷᠠᠯᠲᠠ ᠪᠣᠯᠭᠠᠬᠤ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠪᠠᠷ ᠵᠥᠪᠰᠢᠶᠡᠷᠡᠭᠰᠡᠨ ᠳᠠᠭᠤᠷᠢᠶᠠᠮᠠᠯ ᠡᠮ ᠤᠨ ᠶᠠᠰᠤ ᠴᠢᠨᠠᠷ ᠪᠣᠯᠣᠨ ᠡᠮᠴᠢᠯᠡᠭᠡᠨ ᠤ ᠠᠴᠢ ᠲᠤᠰᠠ ᠶᠢ ᠣᠣᠯ ᠤᠨ ᠨᠠᠶᠢᠷᠠᠭᠰᠠᠨ ᠡᠮ ᠤᠨ ᠵᠦᠢᠯ ᠯᠦᠭᠡ ᠨᠢᠭᠡᠲᠦᠯᠲᠡᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠢᠮᠢ ᠶᠢᠨ ᠡᠮ ᠢ ᠰᠢᠨ᠎ᠡ ᠪᠠᠷ ᠳᠠᠩᠰᠠᠯᠠᠬᠤ ᠶᠢ ᠲᠦᠷᠦᠯ ᠬᠤᠪᠢᠶᠠᠨ ᠬᠡᠷᠡᠭᠵᠢᠭᠦᠯᠬᠦ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠭᠰᠡᠨ ᠳᠠᠭᠤᠷᠢᠶᠠᠮᠠᠯ ᠡᠮ ᠨᠢ ᠣᠣᠯ ᠤᠨ ᠨᠠᠶᠢᠷᠠᠭᠰᠠᠨ ᠡᠮ ᠤᠨ ᠵᠦᠢᠯ ᠤᠨ ᠶᠠᠰᠤ ᠴᠢᠨᠠᠷ ᠪᠣᠯᠣᠨ ᠡᠮᠴᠢᠯᠡᠭᠡᠨ ᠤ ᠠᠴᠢ ᠲᠤᠰᠠ ᠯᠤᠭ᠎ᠠ ᠨᠢᠭᠡᠲᠦᠯᠲᠡᠢ ᠪᠠᠶᠢᠯᠭᠠᠬᠤ ᠵᠠᠷᠴᠢᠮ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠢ ᠪᠠᠶᠢᠪᠠᠯ ᠴᠦᠮ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠬᠡᠷᠡᠭᠲᠡᠢ᠃ ᠤᠯᠤᠰ ᠤᠨ ᠦᠨᠳᠦᠰᠦᠨ ᠡᠮ ᠤᠨ ᠭᠠᠷᠴᠠᠭ ︵2012 ᠣᠨ ᠤ ᠬᠡᠪᠯᠡᠯ︶᠎ ᠲᠤ 2007 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠭᠠᠬᠤ ᠪᠠᠷ ᠵᠥᠪᠰᠢᠶᠡᠷᠡᠭᠰᠡᠨ ᠬᠢᠮᠢ ᠶᠢᠨ ᠡᠮ ᠤᠨ ᠳᠠᠭᠤᠷᠢᠶᠠᠮᠠᠯ ᠡᠮ ᠤᠨ ᠤᠤᠭᠤᠬᠤ ᠬᠠᠲᠠᠭᠤ ᠪᠡᠶᠡᠲᠦ ᠨᠠᠶᠢᠷᠠᠯᠲᠠ ᠳᠤ 2018 ᠣᠨ ᠤ ᠵᠢᠯ ᠤᠨ ᠰᠡᠭᠦᠯᠴᠢ ᠠᠴᠠ ᠡᠮᠦᠨ᠎ᠡ ᠨᠢᠭᠡᠲᠦᠯᠲᠦ ᠴᠢᠨᠠᠷᠲᠠᠢ ᠦᠨᠡᠯᠡᠯᠲᠡ ᠶᠢ ᠪᠡᠶᠡᠯᠡᠭᠦᠯᠵᠦ᠂ ᠡᠭᠦᠨ ᠳᠤ ᠡᠮᠴᠢᠯᠡᠭᠡᠨ ᠤ ᠪᠦᠲᠦᠮᠵᠢᠲᠦ ᠴᠢᠨᠠᠷᠲᠠᠢ ᠲᠣᠷᠰᠢᠯᠲᠠ ᠬᠢᠬᠦ ᠴᠢᠬᠤᠯᠠᠲᠠᠢ ᠪᠠ ᠣᠨᠴᠤᠭᠤᠢ ᠪᠠᠶᠢᠳᠠᠯ ᠲᠠᠢ ᠲᠦᠷᠦᠯ ᠳᠤ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠨᠢᠭᠡᠲᠦᠯᠲᠦ ᠴᠢᠨᠠᠷᠲᠠᠢ ᠦᠨᠡᠯᠡᠯᠲᠡ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠣᠷᠣᠨ ᠤ ᠳᠣᠲᠤᠷᠠᠬᠢ ᠡᠮ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠬᠦᠲᠦᠯᠦᠨ ᠵᠢᠯᠤᠭᠤᠳᠬᠤ ᠪᠠ ᠰᠢᠮᠳᠠᠭᠤᠯᠵᠤ ᠪᠠᠶᠢᠭᠠᠳ ᠨᠢᠭᠡᠨᠲᠡ ᠵᠠᠬ᠎ᠠ ᠳᠡᠯᠭᠡᠭᠦᠷ ᠲᠤ ᠵᠦᠪᠰᠢᠶᠡᠷᠡᠨ ᠭᠠᠷᠭᠠᠭᠰᠠᠨ ᠳᠠᠭᠤᠷᠢᠶᠠᠮᠠᠯ ᠡᠮ ᠢ ᠣᠣᠯ ᠤᠨ ᠨᠠᠶᠢᠷᠠᠭᠰᠠᠨ ᠡᠮ ᠤᠨ ᠵᠦᠢᠯ ᠤᠨ ᠶᠠᠰᠤ ᠴᠢᠨᠠᠷ ᠪᠣᠯᠣᠨ ᠡᠮᠴᠢᠯᠡᠭᠡᠨ ᠤ ᠠᠴᠢ ᠲᠤᠰᠠ ᠯᠤᠭ᠎ᠠ ᠨᠢᠭᠡᠲᠦᠯᠲᠡᠢ ᠪᠠᠶᠢᠯᠭᠠᠬᠤ ᠵᠠᠷᠴᠢᠮ ᠶᠤᠰᠤᠭᠠᠷ᠂ ᠶᠠᠰᠤ ᠴᠢᠨᠠᠷ ᠲᠤ ᠬᠤᠭᠤᠴᠠᠭ᠎ᠠ᠂ ᠪᠦᠯᠦᠭ ᠬᠤᠪᠢᠶᠠᠨ ᠨᠢᠭᠡᠲᠦᠯᠲᠦ ᠴᠢᠨᠠᠷᠲᠠᠢ ᠦᠨᠡᠯᠡᠯᠲᠡ ᠬᠢᠨ᠎ᠡ᠃ ᠣᠷᠣᠨ ᠤ ᠳᠤᠲᠤᠷᠠᠬᠢ ᠠᠵᠤ ᠠᠬᠤᠶᠢᠯᠠᠯ ᠤᠨ ᠮᠡᠷᠭᠡᠵᠢᠯ ᠤᠨ ᠳᠠᠪᠰᠢᠯᠲᠠ ᠪᠠᠷ ᠳᠠᠮᠵᠢᠨ ᠵᠠᠬ᠎ᠠ ᠳᠡᠯᠭᠡᠭᠦᠷ ᠲᠤ ᠭᠠᠷᠭᠠᠭᠰᠠᠨ ᠡᠮ ᠤᠨ ᠵᠦᠢᠯ ᠤᠨ ᠪᠠᠷᠢᠮᠵᠢᠶ᠎ᠠ ᠪᠣᠯᠣᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠵᠣᠷᠢᠬᠵᠢᠭᠤᠯᠤᠨ᠎ᠠ᠃ ᠬᠢᠲᠠᠳ ᠡᠮ ᠤᠨ ᠲᠠᠷᠢᠯᠭ᠎ᠠ ᠶᠢᠨ ᠡᠮ ᠤᠨ ᠠᠶᠤᠯ ᠦᠭᠡᠢ ᠴᠢᠨᠠᠷ ᠲᠤ ᠳᠠᠬᠢᠵᠤ ᠦᠨᠡᠯᠡᠬᠦ ᠠᠵᠢᠯ ᠢ ᠢᠳᠡᠪᠬᠢᠲᠡᠢ ᠠᠬᠢᠭᠤᠯᠤᠨ᠎ᠠ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠣᠭᠲᠠᠭᠠᠭᠰᠠᠨ ᠴᠠᠭ ᠬᠤᠭᠤᠴᠠᠭᠠᠨ ᠤ ᠳᠤᠲᠤᠷ᠎ᠠ ᠶᠠᠰᠤ ᠴᠢᠨᠠᠷ ᠤᠨ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠳᠤ ᠦᠯᠦ ᠬᠢᠷᠢ ᠲᠡᠩᠴᠡᠭᠰᠡᠨ ᠳᠠᠭᠤᠷᠢᠶᠠᠮᠠᠯ ᠡᠮ ᠢ ᠳᠠᠬᠢᠵᠤ ᠳᠠᠩᠰᠠᠯᠠᠬᠤ ᠦᠭᠡᠢ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ︶      ︵ᠵᠢᠷᠭᠤᠭ᠎ᠠ︶ ᠰᠢᠨ᠎ᠡ ᠶᠢ ᠡᠭᠦᠳᠦᠭᠰᠡᠨ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢ ᠲᠦᠷᠭᠡᠳᠭᠡᠨ᠎ᠡ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠᠷ ᠭᠤᠣᠯ ᠪᠣᠯᠭᠠᠵᠤ᠂ ᠰᠢᠨ᠎ᠡ ᠶᠢ ᠡᠭᠦᠳᠬᠦ ᠪᠠ ᠳᠠᠭᠤᠷᠢᠶᠠᠨ ᠦᠢᠯᠡᠳᠬᠦ ᠶᠢ ᠤᠶᠠᠯᠳᠤᠭᠤᠯᠬᠤ ᠰᠢᠨ᠎ᠡ ᠶᠢ ᠡᠭᠦᠳᠦᠨ ᠬᠥᠭᠵᠢᠭᠦᠯᠬᠦ ᠴᠢᠭᠯᠡᠯᠲᠡ ᠶᠢ ᠪᠠᠷᠢᠮᠲᠠᠯᠠᠨ᠂ ᠤᠯᠤᠰ ᠤᠨ ᠰᠢᠨ᠎ᠡ ᠶᠢ ᠡᠭᠦᠳᠦᠭᠰᠡᠨ ᠡᠮ ᠳᠤ ᠣᠨᠴᠤᠭᠤᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠬᠦ ᠶᠢ ᠨᠠᠶᠢᠳᠠᠪᠤᠷᠢᠵᠢᠭᠤᠯᠤᠨ᠎ᠠ᠃ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠠᠶᠢᠽ ᠡᠪᠡᠳᠴᠢᠨ᠂ ᠬᠤᠣᠷᠲᠤ ᠬᠠᠪᠤᠳᠠᠷ᠂ ᠬᠦᠨᠳᠦ ᠶᠡᠭᠡ ᠬᠠᠯᠳᠠᠪᠤᠷᠢᠲᠦ ᠡᠪᠡᠳᠴᠢᠨ᠂ ᠬᠠᠴᠢᠨ ᠡᠪᠡᠳᠴᠢᠨ ᠵᠡᠷᠭᠡ ᠡᠪᠡᠳᠴᠢᠨ ᠢ ᠰᠡᠷᠭᠡᠶᠢᠯᠡᠨ ᠵᠠᠰᠠᠬᠤ ᠳᠤ ᠰᠢᠨ᠎ᠡ ᠶᠢ ᠡᠭᠦᠳᠦᠭᠰᠡᠨ ᠡᠮ᠂ ᠡᠮᠴᠢᠯᠡᠭᠡᠨ ᠳᠤ ᠪᠠᠴᠢᠮ ᠬᠡᠷᠡᠭᠴᠡᠭᠡᠲᠡᠢ ᠰᠢᠨ᠎ᠡ ᠡᠮ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠪᠣᠯᠣᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ ᠲᠦᠯᠦᠪᠯᠡᠭᠡ ᠳᠤ ᠵᠢᠭᠰᠠᠭᠠᠨ ᠣᠷᠤᠭᠤᠯᠤᠭᠰᠠᠨ ᠡᠮ᠂ ᠬᠢᠯᠢ ᠶᠢᠨ ᠲᠤᠳᠤᠷ᠎ᠠ ᠦᠢᠯᠡᠳᠪᠦᠷᠢᠯᠡᠬᠦ ᠪᠠᠷ ᠰᠢᠯᠵᠢᠭᠦᠯᠦᠭᠰᠡᠨ ᠰᠢᠨ᠎ᠡ ᠶᠢ ᠡᠭᠦᠳᠦᠭᠰᠡᠨ ᠡᠮ ᠪᠠ ᠬᠡᠦᠬᠡᠳ ᠤᠨ ᠤᠤᠭᠤᠬᠤ ᠡᠮ ᠵᠢᠴᠢ ᠲᠡᠷᠢᠭᠦᠨ ᠤ ᠨᠠᠶᠢᠷᠠᠯᠲᠠ ᠶᠢᠨ ᠮᠡᠷᠭᠡᠵᠢᠯ ᠢ ᠬᠡᠷᠡᠭᠯᠡᠭᠰᠡᠨ᠂ ᠡᠮᠴᠢᠯᠡᠬᠦ ᠠᠷᠭ᠎ᠠ ᠠᠪᠴᠠᠯ ᠳᠤ ᠰᠢᠨ᠎ᠡ ᠶᠢ ᠡᠭᠦᠳᠦᠭᠰᠡᠨ᠂ ᠡᠮᠴᠢᠯᠡᠬᠦ ᠳᠠᠪᠠᠭᠤᠯᠢᠭ ᠢᠶᠠᠷ ᠢᠯᠡᠷᠬᠡᠢ ᠰᠢᠨ᠎ᠡ ᠶᠢ ᠡᠭᠦᠳᠦᠭᠰᠡᠨ ᠡᠮ ᠢ ᠲᠦᠷᠭᠡᠳᠭᠡᠨ ᠬᠢᠨᠠᠨ ᠦᠨᠡᠯᠡᠬᠦ ᠪᠠ ᠬᠢᠨᠠᠨ ᠵᠥᠪᠰᠢᠶᠡᠷᠡᠨ᠎ᠡ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ︶      ︵ᠳᠣᠯᠤᠭ᠎ᠠ︶ ᠡᠮ ᠤᠨ ᠵᠦᠢᠯ ᠤᠨ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠡᠵᠡᠮᠰᠢᠭᠴᠢ ᠶᠢᠨ ᠳᠦᠷᠢᠮ ᠤᠨ ᠲᠣᠷᠰᠢᠯᠲᠠ ᠶᠢᠨ ᠴᠢᠬ ᠢ ᠢᠳᠡᠪᠬᠢᠲᠡᠢ ᠠᠬᠢᠭᠤᠯᠤᠨ᠎ᠠ᠃ ᠡᠮ ᠤᠨ ᠵᠦᠢᠯ ᠤᠨ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠡᠵᠡᠮᠰᠢᠭᠴᠢ ᠶᠢᠨ ᠳᠦᠷᠢᠮ ᠤᠨ ᠲᠣᠷᠰᠢᠯᠲᠠ ᠶᠢᠨ ᠴᠢᠬ ᠤᠨ ᠪᠡᠯᠡᠳᠭᠡᠯ ᠠᠵᠢᠯ ᠢ ᠰᠠᠶᠢᠲᠤᠷ ᠬᠢᠨ᠎ᠡ᠃ ᠡᠮ ᠤᠨ ᠵᠦᠢᠯ ᠤᠨ ᠰᠤᠳᠤᠯᠤᠨ ᠬᠥᠭᠵᠢᠭᠦᠯᠬᠦ ᠪᠠᠶᠢᠭᠤᠯᠤᠮᠵᠢ ᠪᠠ ᠰᠢᠨᠵᠢᠯᠡᠬᠦ ᠤᠬᠠᠭᠠᠨ ᠰᠤᠳᠤᠯᠭᠠᠨ ᠤ ᠠᠵᠢᠯᠲᠠᠳ ᠤᠨ ᠰᠢᠨ᠎ᠡ ᠡᠮ ᠳᠠᠩᠰᠠᠯᠠᠬᠤ ᠪᠠᠷ ᠭᠤᠶᠤᠴᠢᠯᠠᠬᠤ ᠶᠢ ᠵᠣᠷᠢᠬᠵᠢᠭᠤᠯᠵᠤ᠂ ᠠᠵᠤ ᠠᠬᠤᠶᠢᠯᠠᠯ ᠳᠤ ᠰᠢᠯᠵᠢᠭᠦᠯᠦᠨ ᠥᠭᠴᠦ ᠦᠢᠯᠡᠳᠪᠦᠷᠢᠯᠡᠭᠦᠯᠬᠦ ᠳᠡᠭᠡᠨ ᠵᠦᠪᠬᠡᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤᠨᠢ ᠤᠷ᠎ᠠ ᠮᠡᠷᠭᠡᠵᠢᠯ ᠢ ᠨᠢ ᠬᠢᠨᠠᠨ ᠪᠠᠶᠢᠴᠠᠭᠠᠬᠤ ᠪᠠ ᠦᠢᠯᠡᠳᠭᠦᠨ ᠢ ᠨᠢ ᠪᠠᠶᠢᠴᠠᠭᠠᠨ ᠰᠢᠯᠭᠠᠵᠤ᠂ ᠡᠮ ᠤᠨ ᠵᠦᠢᠯ ᠤᠨ ᠮᠡᠷᠭᠡᠵᠢᠯ ᠳᠤ ᠬᠢᠨᠠᠨ ᠦᠨᠡᠯᠡᠯᠲᠡ ᠶᠢ ᠳᠠᠪᠳᠠᠵᠤ ᠬᠢᠬᠦ ᠦᠭᠡᠢ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠨᠠᠢᠮᠠ︶ ᠭᠤᠶᠤᠴᠢᠯᠠᠭᠴᠢ ᠶᠢᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠬᠤ ᠪᠠᠷ ᠭᠤᠶᠤᠴᠢᠯᠠᠬᠤ ᠵᠢᠷᠤᠮᠯᠡᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠶᠤᠴᠢᠯᠠᠭᠴᠢ ᠶᠢ ᠬᠦᠲᠦᠯᠦᠨ ᠵᠢᠯᠤᠭᠤᠳᠬᠤ ᠪᠠ ᠰᠢᠮᠳᠠᠭᠤᠯᠵᠤ ᠪᠠᠶᠢᠭᠠᠳ ᠲᠣᠭᠲᠠᠭᠠᠭᠰᠠᠨ ᠨᠦᠬᠦᠴᠡᠯ ᠪᠠ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠡᠨ ᠡᠮᠬᠢ ᠵᠢᠷᠤᠮ ᠲᠠᠢ ᠭᠤᠶᠤᠴᠢᠯᠠᠬᠤ ᠪᠤᠯᠭᠠᠵᠦ᠂ ᠭᠤᠶᠤᠴᠢᠯᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠶᠢᠰᠦ︶ ᠬᠢᠨᠠᠨ ᠵᠥᠪᠰᠢᠶᠡᠷᠡᠬᠦ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠣᠬᠠᠢ ᠳᠤᠨᠢ ᠢᠯᠡ ᠪᠣᠯᠭᠠᠨ᠎ᠠ᠃ ᠬᠢᠨᠠᠯᠲᠠ ᠬᠠᠮᠢᠶᠠᠷᠤᠯᠲᠠ ᠬᠢᠭᠡᠳ ᠰᠢᠨ᠎ᠡ ᠡᠭᠦᠳᠦᠯᠲᠡ᠂ ᠦᠷ᠎ᠡ ᠪᠦᠲᠦᠭᠡᠯ ᠬᠢᠭᠡᠳ ᠠᠵᠤ ᠦᠢᠯᠡᠰ ᠢ ᠵᠠᠯᠭᠠᠯᠳᠤᠭᠤᠯᠬᠤ ᠶᠢ ᠢᠳᠡᠪᠬᠢᠲᠡᠢ ᠠᠬᠢᠭᠤᠯᠵᠤ᠂ ᠳᠣᠣᠷ᠎ᠠ ᠬᠢᠷᠢ ᠬᠡᠮᠵᠢᠶ᠎ᠡ ᠲᠠᠢ ᠪᠠᠷ ᠳᠠᠪᠲᠠᠨ ᠦᠢᠯᠡᠳᠬᠦ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠨᠢ ᠬᠤᠴᠤᠷᠤᠩᠭᠤᠢ ᠳᠠᠭᠤᠷᠢᠶᠠᠮᠠᠯ ᠡᠮ ᠢ ᠦᠢᠯᠡᠳᠪᠦᠷᠢᠯᠡᠬᠦ ᠪᠠ ᠬᠢᠨᠠᠨ ᠵᠥᠪᠰᠢᠶᠡᠷᠡᠬᠦ ᠶᠢ ᠴᠢᠩᠭ᠎ᠠ ᠡᠵᠡᠮᠳᠡᠨ᠂ ᠵᠠᠬ᠎ᠠ ᠳᠡᠯᠭᠡᠭᠦᠷ ᠲᠤ ᠳᠤᠳᠠᠭᠳᠠᠵᠤ ᠪᠠᠶᠢᠭ᠎ᠠ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠰᠤᠳᠤᠯᠤᠨ ᠬᠥᠭᠵᠢᠭᠦᠯᠬᠦ ᠪᠠ ᠦᠢᠯᠡᠳᠪᠦᠷᠢᠯᠡᠬᠦ ᠶᠢ ᠵᠣᠷᠢᠬᠵᠢᠭᠤᠯᠤᠨ᠎ᠠ᠃ ᠤᠯᠤᠰ ᠤᠨ ᠬᠤᠯᠪᠣᠭᠳᠠᠯ ᠪᠦᠬᠦᠢ ᠶᠠᠮᠦᠨ ᠵᠦᠪᠯᠡᠯ ᠤᠨ ᠨᠡᠶᠢᠲᠡᠯᠡᠭᠰᠡᠨ ᠬᠢᠵᠠᠭᠠᠷᠯᠠᠬᠤ ᠲᠦᠷᠦᠯ ᠪᠠ ᠵᠣᠷᠢᠬᠵᠢᠭᠤᠯᠬᠤ ᠲᠦᠷᠦᠯ ᠤᠨ ᠡᠮ ᠤᠨ ᠵᠦᠢᠯ ᠢ ᠬᠢᠨᠠᠨ ᠵᠥᠪᠰᠢᠶᠡᠷᠡᠬᠦ ᠭᠠᠷᠴᠠᠭ ᠢ ᠦᠨᠳᠦᠰᠦᠯᠡᠵᠦ᠂ ᠭᠤᠶᠤᠴᠢᠯᠠᠭᠴᠢ ᠳᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠬᠦ ᠨᠠᠷᠢᠨ ᠬᠠᠭᠤᠳᠠᠰᠤ᠂ ᠳᠠᠩᠰᠠᠯᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ᠂ ᠬᠢᠨᠠᠨ ᠵᠥᠪᠰᠢᠶᠡᠷᠡᠬᠦ ᠠᠬᠢᠴᠠ ᠪᠣᠯᠣᠨ ᠦᠷ᠎ᠡ ᠳ᠋ᠦᠩ ᠢ ᠴᠠᠭ ᠲᠤᠬᠠᠢ ᠳᠤᠨᠢ ᠢᠯᠡ ᠪᠣᠯᠭᠠᠨ᠂ ᠭᠤᠶᠤᠴᠢᠯᠠᠭᠴᠢ ᠶᠢ ᠬᠦᠲᠦᠯᠦᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠭᠤᠶᠤᠴᠢᠯᠠᠭᠤᠯᠤᠨ᠎ᠠ︔ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠬᠦ ᠨᠠᠷᠢᠨ ᠬᠠᠭᠤᠳᠠᠰᠤ ᠵᠢᠴᠢ ᠬᠠᠤᠯᠢ ᠴᠠᠭᠠᠵᠠ ᠶᠢᠨ ᠦᠨᠳᠦᠰᠦᠯᠡᠯ᠂ ᠬᠢᠨᠠᠨ ᠵᠥᠪᠰᠢᠶᠡᠷᠡᠬᠦ ᠱᠠᠭᠠᠷᠳᠠᠯᠭ᠎ᠠ ᠪᠣᠯᠣᠨ ᠭᠦᠢᠴᠡᠳᠭᠡᠬᠦ ᠴᠠᠭ ᠬᠤᠭᠤᠴᠠᠭ᠎ᠠ ᠶᠢ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠠᠷᠪᠠ︶ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠡᠮᠴᠢᠯᠡᠭᠡᠨ ᠤ ᠲᠣᠷᠰᠢᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠣᠯᠠᠨ ᠤᠯᠤᠰ ᠤᠨ ᠣᠯᠠᠨ ᠲᠥᠪ ᠤᠨ ᠡᠮᠴᠢᠯᠡᠭᠡᠨ ᠤ ᠲᠣᠷᠰᠢᠯᠲᠠ ᠳᠤ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠲᠣᠷᠰᠢᠯᠲᠠ ᠶᠢᠨ ᠪᠠᠶᠢᠭᠤᠯᠤᠮᠵᠢ ᠶᠢᠨ ᠣᠷᠤᠯᠴᠠᠬᠤ ᠶᠢ ᠵᠣᠷᠢᠬᠵᠢᠭᠤᠯᠤᠨ᠎ᠠ᠃ ᠡᠮᠴᠢᠯᠡᠭᠡᠨ ᠤ ᠲᠣᠷᠰᠢᠯᠲᠠ ᠶᠢᠨ ᠪᠦᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠳᠬᠠᠵᠤ᠂ ᠡᠮᠴᠢᠯᠡᠭᠡᠨ ᠤ ᠲᠣᠷᠰᠢᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠲᠠᠲᠠᠢ ᠪᠦᠭᠡᠳ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠨ᠂ ᠲᠣᠷᠰᠢᠭᠳᠠᠭᠴᠢ ᠳᠤ ᠭᠤᠶᠤᠴᠢᠯᠠᠭᠴᠢ᠂ ᠡᠮᠴᠢᠯᠡᠭᠡᠨ ᠤ ᠲᠣᠷᠰᠢᠯᠲᠠ ᠶᠢᠨ ᠪᠠᠶᠢᠭᠤᠯᠤᠮᠵᠢ ᠵᠢᠴᠢ ᠡᠰᠢ ᠶᠤᠰᠤᠨ ᠤ ᠺᠣᠮᠢᠰ ᠤᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠠᠷᠪᠠᠨ ᠨᠢᠭᠡ︶ ᠡᠮ ᠤᠨ ᠵᠦᠢᠯ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠦᠭᠦᠮᠴᠢᠯᠡᠨ᠎ᠡ᠃ ᠡᠮ ᠤᠨ ᠵᠦᠢᠯ ᠪᠠ ᠡᠮ ᠪᠤᠭᠤᠳᠠᠯᠯᠠᠬᠤ ᠮᠠᠲ᠋ᠧᠷᠢᠶᠠᠯ᠂ ᠡᠮ ᠤᠨ ᠲᠤᠰᠠᠯᠠᠬᠤ ᠮᠠᠲ᠋ᠧᠷᠢᠶᠠᠯ ᠯᠤᠭ᠎ᠠ ᠶᠢᠨ ᠬᠤᠯᠪᠤᠭ᠎ᠠ ᠲᠠᠢ ᠬᠢᠨᠠᠨ ᠵᠥᠪᠰᠢᠶᠡᠷᠡᠬᠦ ᠶᠢ ᠬᠢᠨᠠᠮᠠᠭᠠᠢ ᠬᠡᠷᠡᠭᠵᠢᠭᠦᠯᠵᠦ᠂ ᠳᠠᠭᠤᠷᠢᠶᠠᠮᠠᠯ ᠡᠮ ᠤᠨ ᠠᠮᠢᠳᠤ ᠪᠤᠳᠠᠰ ᠤᠨ ᠲᠡᠩᠴᠡᠭᠦᠦ ᠦᠢᠯᠡᠳᠦᠯᠳᠦ ᠴᠢᠨᠠᠷᠲᠠᠢ ᠲᠣᠷᠰᠢᠯᠲᠠ ᠶᠢ ᠬᠢᠨᠠᠨ ᠵᠥᠪᠰᠢᠶᠡᠷᠡᠬᠦ ᠪᠠᠨ ᠳᠠᠩᠰᠠᠯᠠᠬᠤ ᠪᠣᠯᠭᠠᠨ ᠦᠭᠡᠷᠡᠴᠢᠯᠡᠬᠦ ᠬᠠᠮᠢᠶ᠎ᠠ ᠪᠦᠬᠦᠢ ᠠᠵᠢᠯ ᠢ ᠬᠠᠪᠰᠤᠷᠤᠨ ᠰᠠᠶᠢᠲᠤᠷ ᠬᠢᠨ᠎ᠡ᠃ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠤᠭᠤᠷᠤᠨᠳᠤᠬᠢ ᠡᠮ ᠤᠨ ᠵᠦᠢᠯ ᠤᠨ ᠮᠡᠷᠭᠡᠵᠢᠯ ᠢ ᠰᠢᠯᠵᠢᠭᠦᠯᠦᠨ ᠬᠤᠳᠠᠯᠳᠤᠬᠤ ᠳᠡᠰ ᠳᠠᠷᠠᠭᠠᠯᠠᠯ ᠢ ᠳᠦᠭᠦᠮᠴᠢᠯᠡᠵᠦ᠂ ︽ᠡᠮ ᠤᠨ ᠵᠦᠢᠯ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾᠎ ᠶᠢᠨ ᠲᠣᠭᠲᠠᠭᠠᠯ ᠶᠤᠰᠤᠭᠠᠷ᠂ ᠠᠵᠤ ᠠᠬᠤᠶᠢᠯᠠᠯ ᠢ ᠨᠡᠶᠢᠯᠡᠭᠦᠯᠦᠨ ᠳᠠᠬᠢᠵᠤ ᠵᠣᠬᠢᠶᠠᠨ ᠪᠠᠶᠢᠭᠤᠯᠬᠤ ᠪᠠ ᠪᠦᠯᠦᠭᠯᠡᠯ ᠤᠨ ᠳᠤᠲᠤᠭᠠᠲᠤ ᠳᠤ ᠲᠦᠷᠦᠯ ᠤᠨ ᠪᠦᠲᠦᠴᠡ ᠶᠢ ᠲᠣᠬᠢᠷᠠᠭᠤᠯᠬᠤ ᠵᠡᠷᠭᠡ ᠲᠦᠷᠦᠯ ᠢ ᠰᠢᠯᠵᠢᠭᠦᠯᠬᠦ ᠪᠠᠨ ᠲᠦᠷᠭᠡᠳᠭᠡᠵᠦ᠂ ᠰᠢᠨ᠎ᠡ ᠶᠢ ᠡᠭᠦᠳᠦᠭᠰᠡᠨ ᠡᠮ ᠤᠨ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ᠂ ᠣᠳᠣ ᠶᠢᠨ ᠪᠠᠶᠢᠭ᠎ᠠ ᠲᠦᠷᠦᠯ ᠵᠦᠢᠯ ᠤᠨ ᠬᠠᠳᠠᠭᠠᠯᠠᠯᠲᠠ ᠶᠢ ᠴᠢᠯᠦᠭᠡᠲᠡᠢ ᠪᠣᠯᠭᠠᠵᠤ᠂ ᠦᠢᠯᠡᠳᠪᠦᠷᠢᠯᠡᠬᠦ ᠴᠢᠳᠠᠪᠤᠷᠢ ᠶᠢ ᠲᠦᠷᠭᠡᠬᠡᠨ ᠪᠣᠢ ᠪᠣᠯᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ︶      ︵ᠠᠷᠪᠠᠨ ᠬᠤᠶᠠᠷ︶ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠦᠭᠡᠷᠡᠴᠢᠯᠡᠨ᠎ᠡ᠃ ᠦᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠭᠠᠵᠢ ᠬᠡᠷᠡᠭᠰᠡᠯ ᠤᠨ ᠠᠵᠤ ᠠᠬᠤᠶᠢᠯᠠᠯ ᠤᠨ ᠰᠤᠳᠤᠯᠤᠨ ᠬᠥᠭᠵᠢᠭᠦᠯᠵᠦ ᠰᠢᠨ᠎ᠡ ᠶᠢ ᠡᠭᠦᠳᠬᠦ ᠶᠢ ᠵᠣᠷᠢᠬᠵᠢᠭᠤᠯᠵᠤ᠂ ᠠᠮᠢᠳᠤ ᠪᠤᠳᠠᠰ ᠤᠨ ᠠᠨᠠᠭᠠᠬᠤ ᠤᠬᠠᠭᠠᠨ ᠤ ᠮᠠᠲ᠋ᠧᠷᠢᠶᠠᠯ᠂ ᠴᠦᠮ᠎ᠡ ᠶᠢᠨ ᠮᠡᠷᠭᠡᠵᠢᠯ ᠤᠨ ᠡᠮᠴᠢᠯᠡᠭᠡ ᠶᠢᠨ ᠲᠥᠭᠦᠭᠡᠷᠦᠮᠵᠢ᠂ ᠠᠨᠠᠭᠠᠬᠤ ᠤᠬᠠᠭᠠᠨ ᠤ ᠰᠡᠭᠦᠳᠡᠷ ᠤᠨ ᠵᠢᠷᠤᠬ ᠲᠥᠭᠦᠭᠡᠷᠦᠮᠵᠢ᠂ ᠠᠨᠠᠭᠠᠬᠤ ᠤᠬᠠᠭᠠᠨ ᠤ ᠪᠠᠶᠢᠴᠠᠭᠠᠨ ᠰᠢᠯᠭᠠᠬᠤ ᠲᠥᠭᠦᠭᠡᠷᠦᠮᠵᠢ᠂ ᠬᠠᠪᠤᠳᠠᠷ ᠢ ᠡᠮᠨᠡᠬᠦ ᠲᠥᠭᠦᠭᠡᠷᠦᠮᠵᠢ᠂ ᠤᠶᠤᠨᠴᠢ ᠪᠠᠷ ᠣᠨᠣᠰᠢᠯᠠᠨ ᠡᠮᠨᠡᠬᠦ ᠲᠥᠭᠦᠭᠡᠷᠦᠮᠵᠢ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠤᠭᠤᠢ ᠣᠨᠣᠰᠢᠯᠠᠨ ᠡᠮᠨᠡᠬᠦ ᠲᠥᠭᠦᠭᠡᠷᠦᠮᠵᠢ᠂ ᠳᠡᠭᠡᠳᠦ ᠦᠵᠦᠭᠦᠷ ᠤᠨ ᠬᠤᠷᠤᠭᠳᠠᠯ ᠮᠠᠲ᠋ᠧᠷᠢᠶᠠᠯ ᠵᠡᠷᠭᠡ ᠡᠮᠴᠢᠯᠡᠭᠡ ᠶᠢᠨ ᠪᠠᠭᠠᠵᠢ ᠬᠡᠷᠡᠭᠰᠡᠯ ᠢ ᠰᠤᠳᠤᠯᠤᠨ ᠬᠥᠭᠵᠢᠭᠦᠯᠬᠦ ᠶᠢ ᠭᠤᠣᠯᠳᠠᠯᠭ᠎ᠠ ᠲᠠᠢ ᠳᠡᠮᠵᠢᠨ᠎ᠡ᠃ ᠳᠡᠭᠡᠷ᠎ᠡ ᠳᠤᠷᠠᠳᠤᠭᠰᠠᠨ ᠦᠢᠯᠡᠳᠬᠦᠨ ᠵᠢᠴᠢ ᠦᠢᠯᠡᠳᠭᠦᠨ ᠤ ᠭᠤᠤᠯᠯᠠᠬᠤ ᠮᠡᠷᠭᠡᠵᠢᠯ ᠤᠨ ᠲᠤᠰᠬᠠᠢ ᠠᠰᠢᠭ ᠲᠠᠢ᠂ ᠴᠢᠬᠤᠯᠠ ᠶᠡᠭᠡ ᠡᠮᠴᠢᠯᠡᠭᠡᠨ ᠤ ᠦᠨ᠎ᠡ ᠥᠷᠲᠡᠭ ᠲᠠᠢ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠬᠤ ᠪᠠᠷ ᠭᠤᠶᠤᠴᠢᠯᠠᠬᠤ ᠶᠢ ᠣᠨᠴᠤᠭᠤᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ ᠬᠡᠪᠴᠢᠶ᠎ᠡ ᠳᠤ ᠵᠢᠭᠰᠠᠭᠠᠨ ᠣᠷᠤᠭᠤᠯᠵᠤ᠂ ᠤᠷᠢᠳᠠᠪᠠᠷ ᠭᠦᠢᠴᠡᠳᠭᠡᠨ᠎ᠡ᠃ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠮᠡᠷᠭᠡᠵᠢᠯ ᠤᠨ ᠵᠢᠯᠤᠭᠤᠳᠤᠯᠭ᠎ᠠ ᠶᠢᠨ ᠵᠠᠷᠴᠢᠮ ᠢ ᠬᠢᠨᠠᠮᠠᠭᠠᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠢᠨ ᠶᠠᠰᠤ ᠴᠢᠨᠠᠷ ᠢ ᠪᠠᠲᠤᠯᠠᠭᠰᠠᠨ ᠤᠷᠢᠳᠠᠯ ᠳᠣᠣᠷ᠎ᠠ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠭᠡᠨ᠎ᠡ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ︶      ︵ᠠᠷᠪᠠᠨ ᠭᠤᠷᠪᠠ︶ ᠬᠢᠨᠠᠨ ᠦᠨᠡᠯᠡᠬᠦ ᠶᠠᠰᠤ ᠴᠢᠨᠠᠷ ᠤᠨ ᠡᠵᠡᠮᠳᠡᠯ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠲᠤᠰᠬᠠᠢ ᠮᠡᠷᠭᠡᠵᠢᠯᠲᠡᠨ ᠤ ᠺᠣᠮᠢᠰ ᠵᠢᠴᠢ ᠲᠤᠰᠬᠠᠶᠢᠵᠢᠭᠰᠠᠨ ᠮᠡᠷᠭᠡᠵᠢᠯ ᠲᠠᠢ ᠬᠢᠨᠠᠨ ᠦᠨᠡᠯᠡᠬᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠦᠷ ᠲᠥᠪᠰᠢᠨ ᠤ ᠲᠥᠭᠰᠢᠭᠦᠷᠢ ᠶᠢ ᠰᠤᠳᠤᠯᠤᠨ ᠮᠠᠭᠠᠳᠯᠠᠬᠤ ᠪᠠ ᠮᠡᠷᠭᠡᠵᠢᠯ ᠤᠨ ᠬᠢᠨᠠᠨ ᠦᠨᠡᠯᠡᠬᠦ ᠶᠠᠪᠤᠴᠠ ᠳᠠᠬᠢ ᠨᠡᠶᠢᠲᠡᠯᠢᠭ ᠴᠢᠨᠠᠷᠲᠠᠢ ᠪᠡᠷᠬᠡ ᠲᠦᠪᠡᠭᠲᠡᠢ ᠠᠰᠠᠭᠤᠳᠠᠯ ᠢ ᠰᠤᠳᠤᠯᠬᠤ ᠪᠠᠨ ᠴᠢᠩᠭᠠᠳᠬᠠᠨ᠂ ᠰᠤᠳᠤᠯᠭᠠᠨ ᠤ ᠦᠷ᠎ᠡ ᠪᠦᠲᠦᠭᠡᠯ ᠢ ᠴᠠᠭ ᠲᠣᠬᠠᠢ ᠳᠤᠨᠢ ᠬᠢᠨᠠᠨ ᠦᠨᠡᠯᠡᠬᠦ ᠠᠵᠢᠯ ᠢ ᠵᠢᠯᠤᠭᠤᠳᠬᠤ ᠶᠢᠨ ᠮᠡᠷᠭᠡᠵᠢᠯ ᠤᠨ ᠪᠠᠷᠢᠮᠵᠢᠶ᠎ᠠ ᠪᠣᠯᠭᠠᠨ ᠤᠯᠠᠷᠢᠯᠠᠭᠤᠯᠵᠤ᠂ ᠬᠢᠨᠠᠨ ᠦᠨᠡᠯᠡᠬᠦ ᠶᠢᠨ ᠪᠠᠷᠢᠮᠵᠢᠶᠠᠵᠢᠭᠤᠯᠬᠤ ᠬᠢᠷ ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠦᠭᠡᠲᠡᠢ ᠲᠠᠰᠤᠯᠤᠯᠲᠠ ᠶᠢᠨ ᠡᠷᠬᠡ ᠶᠢ ᠬᠢᠨᠠᠨ ᠦᠨᠡᠯᠡᠬᠦ ᠶᠢ ᠴᠢᠩᠳᠠᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠠᠷᠪᠠᠨ ᠳᠥᠷᠪᠡ︶ ᠡᠮ ᠤᠨ ᠵᠦᠢᠯ ᠢ ᠳᠠᠬᠢᠨᠲᠠ ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠢ ᠳᠠᠬᠢᠨᠲᠠ ᠳᠠᠩᠰᠠᠯᠠᠬᠤ ᠲᠣᠬᠠᠢ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠵᠥᠪᠰᠢᠶᠡᠷᠡᠭᠰᠡᠨ ᠪᠢᠴᠢᠭ ᠤᠨ ᠳ᠋ᠤᠭᠠᠷ ᠤᠨ ᠬᠦᠴᠦᠨ ᠲᠠᠢ ᠬᠤᠭᠤᠴᠠᠭᠠᠨ ᠳᠤᠲᠤᠷ᠎ᠠ ᠵᠠᠬ᠎ᠠ ᠳᠡᠯᠭᠡᠭᠦᠷ ᠲᠤ ᠭᠠᠷᠭᠠᠭᠰᠠᠨ ᠦᠭᠡᠢ᠂ ᠡᠮ ᠤᠨ ᠵᠦᠢᠯ ᠤᠨ ᠶᠠᠰᠤ ᠴᠢᠨᠠᠷ᠂ ᠡᠮᠴᠢᠯᠡᠭᠡᠨ ᠤ ᠠᠴᠢ ᠲᠤᠰᠠ ᠪᠠ ᠮᠠᠭᠤ ᠨᠦᠯᠦᠭᠡ ᠲᠤᠰᠬᠠᠯ ᠭᠠᠷᠬᠤ ᠶᠢ ᠦᠷᠭᠦᠯᠵᠢᠯᠡᠨ ᠰᠢᠯᠭᠠᠨ ᠪᠠᠶᠢᠴᠠᠭᠠᠬᠤ ᠬᠠᠷᠢᠭᠤᠴᠠᠯᠭ᠎ᠠ ᠶᠢ ᠭᠦᠢᠴᠡᠳᠭᠡᠵᠦ ᠴᠢᠳᠠᠬᠤ ᠦᠭᠡᠢ ᠤᠯᠤᠰ ᠤᠨ ᠡᠮ ᠤᠨ ᠵᠦᠢᠯ ᠢ ᠳᠠᠬᠢᠨᠲᠠ ᠳᠠᠩᠰᠠᠯᠠᠵᠤ ᠥᠭᠬᠦ ᠦᠭᠡᠢ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠠᠷᠪᠠᠨ ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠲᠢᠩᠬᠢᠮ ᠤᠨ ᠬᠤᠭᠤᠷᠤᠨᠳᠤᠬᠢ ᠬᠠᠮᠲᠤᠷᠠᠭᠰᠠᠨ ᠬᠤᠷᠠᠯ ︵ᠳᠣᠷᠤᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶᠎ ᠤᠨ ᠳᠦᠷᠢᠮ ᠢ ᠪᠠᠶᠢᠭᠤᠯᠵᠤ᠂ ᠪᠦᠷᠢᠯᠳᠦᠭᠦᠨ ᠨᠢᠭᠡᠴᠡ ᠳᠤ ᠦᠪᠡᠷᠲᠡᠭᠡᠨ ᠵᠠᠰᠬᠠᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠮᠤᠩᠭᠤᠯ ᠬᠢᠲᠠᠳ ᠡᠮ ᠡᠮᠡᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠪᠠᠭᠲᠠᠨ᠎ᠠ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠦᠷᠦᠭᠦᠯᠡᠬᠦ ᠨᠢᠭᠡᠴᠡ ᠪᠣᠯᠬᠤ ᠪᠦᠭᠡᠳ ᠭᠤᠣᠯ ᠬᠠᠷᠢᠭᠤᠴᠠᠯᠭᠠᠲᠠᠨ ᠨᠦᠬᠦᠳ ᠨᠢ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠶᠢᠨ ᠡᠭᠦᠷᠭᠡ ᠶᠢ ᠡᠭᠦᠷᠭᠡᠯᠡᠨ᠂ ᠡᠯ᠎ᠡ ᠪᠦᠷᠢᠯᠳᠦᠭᠦᠨ ᠨᠢᠭᠡᠴᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠦᠬᠦᠳ ᠨᠢ ᠬᠠᠮᠲᠤᠷᠠᠭᠰᠠᠨ ᠬᠤᠷᠠᠯ ᠤᠨ ᠭᠡᠰᠢᠭᠦᠨ ᠪᠣᠯᠣᠨ᠎ᠠ᠃      ᠬᠠᠮᠲᠤᠷᠠᠭᠰᠠᠨ ᠬᠤᠷᠠᠯ ᠤᠨ ᠭᠤᠣᠯ ᠡᠭᠦᠷᠭᠡ ᠬᠠᠷᠢᠭᠤᠴᠠᠯᠭ᠎ᠠ ᠪᠤᠯ᠄ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠠᠵᠢᠯ ᠢ ᠵᠢᠯᠤᠭᠤᠳᠤᠨ ᠵᠣᠬᠢᠴᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠣᠬᠠᠢ ᠳᠤᠨᠢ ᠰᠤᠳᠤᠯᠤᠨ ᠲᠣᠭᠲᠠᠭᠠᠵᠤ᠂ ᠴᠢᠬᠤᠯᠠ ᠵᠦᠢᠯᠡᠰ ᠢ ᠳᠤᠲᠤᠷᠬᠠᠶᠢᠯᠠᠨ᠂ ᠦᠭᠡᠷᠡᠴᠢᠯᠡᠯᠲᠡ ᠶᠢᠨ ᠠᠵᠢᠯ ᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠠᠯᠠᠭ᠎ᠠ ᠮᠦᠴᠢᠷ ᠤᠨ ᠬᠤᠭᠤᠷᠤᠨᠳᠤᠬᠢ ᠬᠠᠮᠢᠶ᠎ᠠ ᠪᠦᠬᠦᠢ ᠠᠵᠢᠯ ᠢ ᠨᠢᠭᠡᠲᠦᠯᠲᠡᠢ ᠲᠦᠯᠦᠪᠯᠡᠨ ᠵᠣᠬᠢᠴᠠᠭᠤᠯᠤᠨ᠎ᠠ᠃      ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠡᠯ᠎ᠡ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠨᠢ ᠴᠦᠮ ᠨᠢᠭᠡ ᠬᠤᠯᠪᠣᠭᠠᠴᠢᠨ ᠲᠣᠭᠲᠠᠭᠠᠵᠤ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠭᠡᠰᠢᠭᠦᠨ ᠪᠣᠯᠭᠠᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠨᠢ ᠬᠠᠮᠲᠤᠷᠠᠭᠰᠠᠨ ᠬᠤᠷᠠᠯ ᠤᠨ ᠵᠣᠬᠢᠶᠠᠨ ᠪᠠᠶᠢᠭᠤᠯᠬᠤ᠂ ᠬᠠᠷᠢᠯᠴᠠᠬᠤ ᠪᠠ ᠵᠣᠬᠢᠴᠠᠭᠤᠯᠬᠤ ᠠᠵᠢᠯ ᠢ ᠭᠤᠣᠯᠴᠢᠯᠠᠨ ᠬᠠᠷᠢᠭᠤᠴᠠᠨ᠎ᠠ︔ ᠬᠤᠷᠠᠯᠳᠤᠭᠤᠯᠤᠭᠴᠢ ᠶᠢᠨ ᠳᠤᠷᠠᠳᠤᠯᠭ᠎ᠠ ᠪᠣᠶᠣ ᠪᠦᠷᠢᠯᠳᠦᠭᠦᠨ ᠨᠢᠭᠡᠴᠡ ᠶᠢᠨ ᠰᠠᠨᠠᠠᠭᠤᠯᠭ᠎ᠠ ᠶᠢ ᠦᠨᠳᠦᠰᠦᠯᠡᠨ᠂ ᠬᠠᠮᠲᠤᠷᠠᠭᠰᠠᠨ ᠬᠤᠷᠠᠯ ᠤᠨ ᠵᠦᠪᠯᠡᠬᠦ ᠰᠡᠳᠦᠪ ᠢ ᠰᠤᠳᠤᠯᠤᠨ ᠳᠤᠷᠠᠳᠤᠨ᠎ᠠ︔ ᠪᠦᠷᠢᠯᠳᠦᠭᠦᠨ ᠨᠢᠭᠡᠴᠡ ᠶᠢᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠬᠤᠷᠢᠶᠠᠩᠭᠤᠶᠢᠯᠠᠬᠤ ᠶᠢᠨ ᠬᠠᠮᠲᠤ ᠮᠡᠳᠡᠭᠡᠯᠡᠨ᠎ᠡ︔ ᠪᠦᠷᠢᠯᠳᠦᠭᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠠ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠮᠳᠠᠭᠤᠯᠤᠨ᠎ᠠ︔ ᠬᠠᠮᠲᠤᠷᠠᠭᠰᠠᠨ ᠬᠤᠷᠠᠯ ᠤᠨ ᠲᠤᠰᠢᠶᠠᠨ ᠬᠢᠯᠭᠡᠭᠰᠡᠨ ᠪᠤᠰᠤᠳ ᠠᠵᠢᠯ ᠢ ᠳᠠᠭᠠᠭᠠᠨ ᠠᠪᠴᠤ ᠭᠦᠢᠴᠡᠳᠭᠡᠨ᠎ᠡ᠃      ︵ᠠᠷᠪᠠᠨ ᠵᠢᠷᠭᠤᠭ᠎ᠠ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠨ ᠬᠠᠮᠢᠶᠠᠷᠬᠤ ᠪᠠ ᠰᠢᠨ᠎ᠡ ᠶᠢ ᠡᠭᠦᠳᠦᠭᠰᠡᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠣᠨᠴᠤᠭᠤᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠠᠷᠭ᠎ᠠ ᠵᠡᠷᠭᠡ ᠶᠢᠨ ᠲᠣᠬᠠᠢ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠵᠤ᠂ ᠬᠠᠮᠢᠶ᠎ᠠ ᠪᠦᠬᠦᠢ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠬᠠᠮᠢᠶ᠎ᠠ ᠪᠦᠬᠦᠢ ᠳᠦᠬᠦᠷᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠮᠤᠩᠭᠤᠯ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠪᠠ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠮᠤᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ︶      ︵ᠠᠷᠪᠠᠨ ᠳᠤᠯᠤᠭ᠎ᠠ︶ ᠬᠢᠨᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠢᠯᠡ ᠪᠠᠷ ᠤᠷᠢᠬᠤ ᠪᠠ ᠨᠢᠭᠡᠴᠡ ᠠᠴᠠ ᠲᠠᠨᠢᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠨᠢᠭᠡᠴᠡ ᠪᠠ ᠡᠮᠴᠢᠯᠡᠭᠡᠨ ᠤ ᠪᠠᠶᠢᠭᠤᠯᠤᠮᠵᠢ ᠠᠴᠠ ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠠᠮᠢᠶ᠎ᠠ ᠪᠦᠬᠦᠢ ᠠᠯᠳᠠᠷᠲᠤ ᠲᠤᠰᠬᠠᠢ ᠮᠡᠷᠭᠡᠵᠢᠯᠲᠡᠨ ᠪᠠ ᠳᠡᠭᠡᠳᠦ ᠵᠡᠷᠭᠡ ᠶᠢᠨ ᠲᠤᠰᠬᠠᠢ ᠴᠢᠳᠠᠪᠤᠷᠢᠲᠠᠨ ᠢ ᠰᠤᠩᠭᠤᠨ ᠤᠷᠢᠵᠤ᠂ ᠡᠮᠴᠢᠯᠡᠭᠡ ᠶᠢᠨ ᠪᠠᠭᠠᠵᠢ ᠬᠡᠷᠡᠭᠰᠡᠯ ᠤᠨ ᠳᠠᠩᠰᠠᠯᠠᠯ ᠢ ᠬᠢᠨᠠᠨ ᠦᠨᠡᠯᠡᠭᠰᠡᠨ ᠳᠤ ᠳᠠᠬᠢᠵᠤ ᠬᠢᠨᠠᠬᠤ ᠺᠤᠮᠢᠰ ᠢ ᠪᠠᠶᠢᠭᠤᠯᠤᠨ᠂ ᠮᠠᠷᠭᠤᠭᠠᠨ ᠲᠠᠢ ᠬᠢᠨᠠᠨ ᠦᠨᠡᠯᠡᠭᠰᠡᠨ ᠦᠷ᠎ᠡ ᠳ᠋ᠦᠩ ᠢ ᠴᠠᠭ ᠲᠣᠬᠠᠢ ᠳᠤᠨᠢ ᠳᠠᠬᠢᠨᠲᠠ ᠬᠢᠨᠠᠨ᠎ᠠ᠃ ᠡᠮᠴᠢᠯᠡᠭᠡ ᠶᠢᠨ ᠪᠠᠭᠠᠵᠢ ᠬᠡᠷᠡᠭᠰᠡᠯ ᠤᠨ ᠡᠮᠴᠢᠯᠡᠭᠡᠨ ᠤ ᠲᠣᠷᠰᠢᠯᠲᠠ ᠶᠢᠨ ᠲᠤᠰᠬᠠᠢ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠡᠮᠴᠢᠯᠡᠭᠡᠨ ᠤ ᠲᠣᠷᠰᠢᠯᠲᠠ ᠶᠢᠨ ᠲᠤᠭ᠎ᠠ ᠪᠠᠷᠢᠮᠲᠠ ᠶᠢᠨ ᠦᠨᠡᠨ ᠪᠤᠳᠠᠳᠤ ᠴᠢᠨᠠᠷ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠮᠴᠢᠯᠡᠭᠡᠨ ᠤ ᠲᠣᠷᠰᠢᠯᠲᠠ ᠶᠢᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠦᠨᠡᠨ ᠪᠣᠲᠠᠲᠠᠢ᠂ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ︶      ︵ᠠᠷᠪᠠᠨ ᠨᠠᠢᠮᠠ︶ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠬᠢᠷᠠᠭᠤᠯᠤᠨ᠎ᠠ᠃ ᠣᠷᠣᠯᠭ᠎ᠠ ᠵᠠᠷᠤᠯᠭ᠎ᠠ ᠶᠢ ᠶᠡᠷᠦᠩᠬᠡᠢ ᠳᠡᠭᠡᠨ ᠲᠡᠩᠴᠡᠭᠦᠷᠢᠲᠡᠢ ᠪᠠᠶᠢᠯᠭᠠᠬᠤ ᠵᠠᠷᠴᠢᠮ ᠶᠤᠰᠤᠭᠠᠷ᠂ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠬᠤ ᠳᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ 5 ᠵᠢᠯ ᠳᠤ ᠨᠢᠭᠡ ᠤᠳᠠᠭ᠎ᠠ ᠲᠣᠬᠢᠷᠠᠭᠤᠯᠤᠨ᠎ᠠ᠃ ᠰᠦᠢᠳᠭᠡᠯ ᠬᠤᠷᠢᠶᠠᠭᠰᠠᠨ ᠣᠷᠤᠯᠭ᠎ᠠ ᠶᠢ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ ᠣᠷᠣᠯᠭ᠎ᠠ ᠵᠠᠷᠤᠯᠭ᠎ᠠ ᠶᠢ ᠠᠰ ᠲᠤᠨᠢ ᠪᠤᠳᠤᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠢᠶᠠᠷ ᠳᠠᠮᠵᠢᠨ ᠲᠣᠬᠢᠷᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ︶      ︵ᠠᠷᠪᠠ ᠶᠢᠰᠦ︶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠤᠳ ᠰᠢᠨ᠎ᠡ ᠶᠢ ᠡᠭᠦᠳᠦᠭᠰᠡᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠬᠤ ᠪᠠᠷ ᠭᠤᠶᠤᠴᠢᠯᠠᠪᠠᠯ ᠰᠦᠢᠳᠭᠡᠯ ᠬᠤᠷᠢᠶᠠᠬᠤ ᠳᠠᠭᠠᠨ ᠵᠣᠬᠢᠬᠤ ᠬᠠᠷᠠᠭᠠᠯᠵᠠᠯ ᠦᠵᠡᠭᠦᠯᠦᠨ᠎ᠡ᠃ ᠨᠢᠭᠡᠲᠦᠯᠲᠦ ᠴᠢᠨᠠᠷᠲᠠᠢ ᠦᠨᠡᠯᠡᠯᠲᠡ ᠪᠠᠷ ᠳᠠᠮᠵᠢᠭᠰᠠᠨ ᠳᠠᠭᠤᠷᠢᠶᠠᠮᠠᠯ ᠡᠮ ᠳᠤ᠂ ᠳᠤᠲᠤᠷᠬᠠᠶᠢᠯᠠᠯᠲᠠ ᠪᠠ ᠲᠡᠮᠲᠡᠭ ᠳᠡᠭᠡᠷ᠎ᠡ ᠨᠢ ᠳᠤᠲᠤᠷᠬᠠᠶᠢᠯᠠᠬᠤ ᠶᠢ ᠵᠥᠪᠰᠢᠶᠡᠷᠡᠵᠦ᠂ ᠡᠮᠴᠢᠯᠡᠭᠡᠨ ᠤ ᠬᠡᠷᠡᠭᠯᠡᠭᠡᠨ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠡᠮᠴᠢᠯᠡᠭᠡᠨ ᠤ ᠳᠠᠭᠠᠳᠬᠠᠯ ᠠᠴᠠ ᠵᠠᠷᠤᠴᠠᠭᠤᠯᠬᠤ ᠵᠡᠷᠭᠡ ᠲᠠᠯ᠎ᠠ ᠪᠠᠷ ᠳᠡᠮᠵᠢᠯᠭᠡ ᠣᠯᠭᠤᠨ᠂ ᠡᠮᠴᠢᠯᠡᠭᠡᠨ ᠤ ᠪᠠᠶᠢᠭᠤᠯᠤᠮᠵᠢ ᠨᠢ ᠤᠷᠢᠳᠠᠪᠠᠷ ᠬᠤᠳᠠᠯᠳᠤᠨ ᠠᠪᠬᠤ ᠶᠢᠨ ᠬᠠᠮᠲᠤ᠂ ᠡᠮᠴᠢᠯᠡᠭᠡᠨ ᠳᠤ ᠤᠷᠢᠳᠠᠪᠠᠷ ᠰᠤᠩᠭᠤᠨ ᠬᠡᠷᠡᠭᠯᠡᠨ᠎ᠡ᠃ ᠠᠳᠠᠯᠢ ᠲᠦᠷᠦᠯ ᠤᠨ ᠡᠮ ᠤᠨ ᠵᠦᠢᠯ ᠳᠤ ᠨᠢᠭᠡᠲᠦᠯᠲᠦ ᠴᠢᠨᠠᠷᠲᠠᠢ ᠦᠨᠡᠯᠡᠯᠲᠡ ᠪᠠᠷ ᠳᠠᠮᠵᠢᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ 3᠎ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠡᠮ ᠤᠨ ᠵᠦᠢᠯ ᠬᠤᠳᠠᠯᠳᠤᠨ ᠠᠪᠬᠤ ᠵᠡᠷᠭᠡ ᠲᠠᠯ᠎ᠠ ᠳᠤ ᠨᠢᠭᠡᠲᠦᠯᠲᠦ ᠴᠢᠨᠠᠷᠲᠠᠢ ᠦᠨᠡᠯᠡᠯᠲᠡ ᠪᠠᠷ ᠳᠠᠮᠵᠢᠭᠰᠠᠨ ᠦᠭᠡᠢ ᠲᠦᠷᠦᠯ ᠢ ᠳᠠᠬᠢᠵᠤ ᠰᠤᠩᠭᠤᠨ ᠬᠡᠷᠡᠭᠯᠡᠵᠦ ᠪᠤᠯᠬᠤ ᠦᠭᠡᠢ᠃ ᠨᠢᠭᠡᠲᠦᠯᠲᠦ ᠴᠢᠨᠠᠷᠲᠠᠢ ᠦᠨᠡᠯᠡᠯᠲᠡ ᠪᠠᠷ ᠳᠠᠮᠵᠢᠭᠰᠠᠨ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠮᠡᠷᠭᠡᠵᠢᠯ ᠤᠨ ᠦᠭᠡᠷᠡᠴᠢᠯᠡᠯᠲᠡ ᠬᠢᠬᠦ᠂ ᠬᠤᠯᠪᠣᠭᠳᠠᠯ ᠪᠦᠬᠦᠢ ᠨᠦᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠬᠠᠮᠢᠶ᠎ᠠ ᠪᠦᠬᠦᠢ ᠪᠡᠯᠡ ᠮᠦᠩᠭᠦ ᠶᠢᠨ ᠳᠡᠮᠵᠢᠯᠭᠡ ᠶᠢ ᠭᠤᠶᠤᠴᠢᠯᠠᠵᠤ ᠪᠣᠯᠣᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ︶      ︵ᠬᠤᠷᠢ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠬᠢᠨᠠᠨ ᠦᠨᠡᠯᠡᠬᠦ᠂ ᠪᠠᠶᠢᠴᠠᠭᠠᠯᠲᠠ ᠬᠢᠬᠦ ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ ᠪᠠᠶᠢᠴᠠᠭᠠᠬᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠢᠨᠠᠨ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠦᠮᠦᠨ ᠬᠡᠷᠡᠭᠯᠡᠬᠦ ᠳᠦᠷᠢᠮ ᠳᠤ ᠦᠭᠡᠷᠡᠴᠢᠯᠡᠯᠲᠡ ᠬᠢᠵᠦ᠂ ᠨᠡᠶᠢᠭᠡᠮ ᠳᠤ ᠬᠠᠨᠳᠤᠭᠤᠯᠤᠨ ᠮᠡᠷᠭᠡᠵᠢᠯ ᠤᠨ ᠬᠢᠨᠠᠨ ᠦᠨᠡᠯᠡᠬᠦ ᠠᠵᠢᠯᠲᠠᠨ ᠢ ᠤᠷᠢᠨ ᠠᠵᠢᠯ ᠡᠭᠦᠷᠭᠡᠯᠡᠬᠦ ᠬᠢᠷᠢ ᠭᠡᠮ ᠢ ᠰᠢᠯᠭᠠᠷᠠᠭᠤᠯᠤᠨ ᠲᠣᠭᠲᠠᠭᠠᠬᠤ ᠰᠢᠰᠲ᠋ᠧᠮᠵᠢ ᠶᠢ ᠪᠠᠶᠢᠭᠤᠯᠤᠨ᠎ᠠ᠃ ᠠᠵᠢᠯ ᠮᠡᠷᠭᠡᠵᠢᠯᠵᠢᠭᠦᠯᠦᠭᠰᠡᠨ ᠬᠢᠨᠠᠨ ᠦᠨᠡᠯᠡᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠮᠡᠷᠭᠡᠵᠢᠯ ᠤᠨ ᠬᠢᠨᠠᠨ ᠦᠨᠡᠯᠡᠬᠦ ᠬᠦᠴᠦᠨ ᠢ ᠲᠡᠭᠦᠯᠳᠡᠷᠵᠢᠭᠦᠯᠦᠨ᠂ ᠨᠡᠶᠢᠭᠡᠮ ᠳᠤ ᠬᠠᠨᠳᠤᠭᠤᠯᠤᠨ ᠴᠢᠳᠠᠪᠤᠷᠢᠲᠠᠨ ᠤᠷᠢᠵᠤ᠂ ᠭᠡᠷ᠎ᠡ ᠪᠠᠷ ᠬᠠᠮᠢᠶᠠᠷᠬᠤ ᠶᠢ ᠬᠡᠷᠡᠭᠵᠢᠭᠦᠯᠦᠨ᠂ ᠲᠡᠲᠡᠨ ᠤ ᠴᠠᠯᠢᠩ ᠪᠠ ᠨᠡᠶᠢᠭᠡᠮ ᠤᠨ ᠪᠠᠲᠤᠯᠠᠭ᠎ᠠ ᠶᠢ ᠤᠯᠤᠰ ᠪᠠ ᠦᠪᠡᠷᠲᠡᠭᠡᠨ ᠵᠠᠰᠬᠠᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠦᠨ᠎ᠡ᠃ ᠲᠣᠬᠠᠢ ᠶᠢᠨ ᠲᠠᠯᠠᠪᠠᠢ ᠶᠢᠨ ᠳᠠᠩᠰᠠᠯᠠᠯ ᠢ ᠬᠠᠷᠭᠤᠭᠤᠯᠤᠨ ᠪᠠᠶᠢᠴᠠᠭᠠᠭᠴᠢ ᠪᠠ GMP ︵ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠯᠡᠯ︶ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠲᠦᠷᠦᠭᠦᠴᠢ ᠲᠤᠰᠬᠠᠢ ᠠᠵᠢᠯ ᠤᠨ ᠪᠠᠶᠢᠷᠢ ᠶᠢᠨ ᠳᠦᠷᠢᠮ ᠢ ᠪᠠᠶᠢᠭᠤᠯᠵᠤ᠂ ᠠᠵᠢᠯ ᠤᠨ ᠪᠠᠶᠢᠷᠢ ᠶᠢᠨ ᠰᠢᠰᠲ᠋ᠧᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠡᠭᠦᠷᠭᠡ᠂ ᠠᠵᠢᠯ ᠤᠨ ᠪᠠᠷᠢᠮᠵᠢᠶ᠎ᠠ ᠪᠣᠯᠣᠨ ᠠᠵᠢᠯ ᠡᠭᠦᠷᠭᠡᠯᠡᠬᠦ ᠨᠦᠬᠦᠴᠡᠯ ᠵᠡᠷᠭᠡ ᠶᠢ ᠲᠤᠳᠤᠷᠬᠠᠶᠢᠯᠠᠵᠤ᠂ ᠠᠵᠢᠯ ᠤᠨ ᠪᠠᠶᠢᠷᠢ ᠪᠠᠷ ᠠᠵᠢᠯᠲᠠᠨ ᠤᠷᠢᠨ᠎ᠠ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠪᠦᠷᠢᠨᠰᠢᠭᠦᠯᠵᠦ᠂ ᠮᠡᠷᠭᠡᠵᠢᠯ ᠤᠨ ᠠᠵᠢᠯᠲᠠᠨ ᠪᠠ ᠡᠩᠨᠡᠭᠡ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠲᠤᠭ᠎ᠠ ᠶᠢᠨ ᠠᠯᠪᠠᠨ ᠭᠡᠷ︶      ᠦᠪᠡᠷᠲᠡᠭᠡᠨ ᠵᠠᠰᠬᠠᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠠᠬᠢ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠨ ᠨᠦᠬᠦᠴᠡᠯ ᠳᠤ ᠨᠡᠶᠢᠴᠡᠬᠦ ᠬᠢᠨᠠᠨ ᠦᠨᠡᠯᠡᠬᠦ ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠰᠤᠳᠤᠯᠭᠠᠨ ᠤ ᠪᠠᠶᠢᠭᠤᠯᠤᠮᠵᠢ ᠳᠤ ᠨᠠᠶᠢᠳᠠᠵᠤ ᠤᠯᠤᠰ ᠠᠴᠠ ᠡᠷᠬᠡ ᠣᠯᠭᠤᠭᠰᠠᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠮᠡᠷᠭᠡᠵᠢᠯ ᠤᠨ ᠴᠢᠨᠠᠷᠲᠠᠢ ᠬᠢᠨᠠᠨ ᠦᠨᠡᠯᠡᠬᠦ ᠠᠵᠢᠯ ᠳᠤ ᠣᠷᠤᠯᠴᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠬᠤᠷᠢᠨ ᠨᠢᠭᠡ︶ ᠬᠤᠳᠠᠯ ᠬᠡᠯᠡᠵᠦ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠰᠤᠳᠤᠯᠤᠨ ᠬᠥᠭᠵᠢᠭᠦᠯᠬᠦ ᠪᠠ ᠭᠤᠶᠤᠴᠢᠯᠠᠬᠤ ᠶᠠᠪᠤᠴᠠ ᠳᠠᠬᠢ ᠬᠤᠳᠠᠯ ᠬᠡᠯᠡᠵᠦ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠤᠶᠤᠴᠢᠯᠠᠭᠴᠢ ᠵᠢᠴᠢ ᠬᠠᠮᠢᠶ᠎ᠠ ᠪᠦᠬᠦᠢ ᠬᠠᠷᠢᠴᠠᠭᠤᠯᠭ᠎ᠠ ᠲᠠᠢ ᠬᠦᠮᠦᠨ ᠤ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠂ ᠰᠢᠳᠭᠡᠨ ᠲᠣᠷᠭᠠᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠲᠡᠯᠡᠨ᠎ᠡ᠃ ᠬᠤᠳᠠᠯ ᠬᠠᠭᠤᠷᠮᠠᠭ ᠮᠠᠲ᠋ᠧᠷᠢᠶᠠᠯ ᠪᠣᠯᠣᠨ ᠵᠠᠬᠪᠤᠷ ᠵᠦᠢᠯ ᠢ ᠮᠡᠳᠡᠭᠦᠯᠦᠨ ᠬᠦᠷᠭᠡᠭᠰᠡᠨ ᠭᠤᠶᠤᠴᠢᠯᠠᠭᠴᠢ ᠳᠤ ᠨᠦᠯᠦᠭᠡ ᠮᠠᠭᠤᠲᠠᠢ ᠦᠢᠯᠡ ᠠᠵᠢᠯᠯᠠᠭ᠎ᠠ ᠶᠢᠨ ᠲᠡᠮᠲᠡᠭᠯᠡᠯ ᠢ ᠪᠠᠶᠢᠭᠤᠯᠵᠤ᠂ 5 ᠵᠢᠯ ᠳᠤᠲᠤᠷ᠎ᠠ ᠲᠡᠳᠡᠨ ᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map