︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠬᠡᠷᠡᠭᠵᠢᠭᠦᠯᠵᠦ  ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2016/12/16
     ᠰᠤᠷᠪᠤᠯᠵᠢᠯᠠᠭᠰᠠᠨ ᠴᠠᠭ᠄      2016 ᠤᠨ ᠤ 11 ᠳ᠋ᠦ᠋ᠭᠡᠷ ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ      ᠰᠤᠷᠪᠤᠯᠵᠢᠯᠠᠭᠰᠠᠨ ᠵᠤᠴᠢᠨ᠄      ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠡᠬᠢᠯᠡᠨ ᠬᠡᠷᠡᠭᠵᠢᠭᠦᠯᠬᠦ ᠶᠢᠨ ᠬᠠᠷᠠᠯᠲᠠ ᠪᠤᠯ ᠲᠠᠪᠤᠨ ᠵᠢᠯ ᠤᠨ ᠬᠤᠭᠤᠴᠠᠭ᠎ᠠ ᠶᠢ ᠠᠰᠢᠭᠯᠠᠨ᠂ ᠪᠥᠬᠦ ᠣᠷᠣᠨ ᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠨᠡᠩ ᠪᠦᠷᠢᠨᠰᠢᠭᠦᠯᠵᠦ᠂ ᠠᠳᠠᠯ ᠦᠢᠯᠡᠰ ᠴᠣᠭᠴᠠᠯᠠᠬᠤ ᠣᠷᠴᠢᠨ ᠨᠦᠭᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠬᠤ ᠠᠮᠢᠳᠤ ᠰᠣᠷᠭᠤᠭ ᠬᠦᠴᠦᠨ ᠴᠢᠳᠠᠯ ᠢ ᠪᠠᠳᠠᠷᠠᠭᠤᠯᠵᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠠᠭᠤᠷ ᠠᠮᠢᠰᠬᠤᠯ ᠢ ᠡᠳᠦᠷ ᠠᠴᠠ ᠡᠳᠦᠷ ᠰᠠᠶᠢᠵᠢᠷᠠᠭᠤᠯᠵᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠤ ᠦᠢᠯᠡᠳᠦᠯ ᠢ ᠨᠡᠩ ᠲᠤᠪᠤᠶᠢᠮ᠎ᠠ ᠪᠤᠯᠭᠠᠭᠠᠳ᠂ 2020 ᠣᠨ ᠪᠤᠯᠬᠤ ᠳᠤ᠂ ᠪᠦᠬᠦ ᠣᠷᠣᠨ ᠳᠤ ᠠᠳᠠᠯ ᠦᠢᠯᠡᠰ ᠴᠤᠭᠴᠠᠯᠠᠬᠤ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ 30 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 100 ᠲᠦᠮᠠ ᠠᠴᠠ ᠳᠡᠭᠡᠭᠰᠢ ᠬᠦᠮᠦᠨ ᠳᠤ ᠠᠵᠢᠯ ᠤᠯᠭᠤᠬᠤ ᠶᠢ ᠳᠠᠶᠢᠴᠢᠯᠠᠬᠤ ᠶᠠᠪᠤᠳᠠᠯ ᠪᠤᠯᠤᠨ᠎ᠠ᠃                   ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠠᠯᠪᠠᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠫᠷᠦᠭᠷᠡᠮ ᠢ ᠬᠦᠯᠢᠶᠡᠨ ᠠᠪᠴᠦ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ ᠢ ᠤᠷᠢᠵᠤ᠂ ᠲᠠ ᠪᠦᠬᠦᠨ ᠲᠠᠢ ᠰᠦᠯᠵᠢᠶᠡᠨ ᠳᠡᠭᠡᠷ᠎ᠡ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠰᠤᠯᠢᠯᠴᠠᠬᠤ ᠶᠢᠨ ᠬᠠᠮᠲᠤ ᠰᠦᠯᠵᠢᠶᠡᠨ ᠠᠨᠳᠠ ᠨᠠᠷ ᠤᠨ ᠠᠰᠠᠭᠤᠳᠠᠯ ᠢ ᠬᠠᠷᠢᠭᠤᠯᠬᠤ ᠪᠠᠷ ᠪᠤᠯᠤᠯ᠎ᠠ᠃      ᠯᠢᠦ ᠬᠤᠤ ᠱᠧᠩ᠄      ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠲᠠ ᠪᠦᠬᠦᠨ ᠰᠠᠶᠢᠨ ᠪᠠᠶᠢᠵᠠᠭᠠᠨ᠎ᠠ ᠤᠤ︕ ᠠᠳᠡ ᠲᠠ ᠪᠦᠬᠦᠨ ᠲᠠᠢ ᠰᠠᠨᠠᠯ ᠢᠶᠠᠨ ᠰᠤᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃  ᠡᠨᠡ ᠬᠦ ᠲᠠᠰᠢᠷᠠᠮ ᠢᠶᠠᠷ᠂ ᠪᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠡᠮᠦᠨ᠎ᠡ ᠠᠴᠠ ᠠᠵᠢᠯ ᠤᠯᠭᠤᠬᠤ ᠠᠳᠠᠯ ᠦᠢᠯᠡᠰ ᠴᠣᠭᠴᠠᠯᠠᠬᠤ ᠠᠵᠢᠯ ᠳᠤ ᠢᠮᠠᠭᠲᠠ ᠰᠡᠳᠬᠢᠯ ᠲᠠᠯᠪᠢᠵᠤ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃      ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠤᠯᠤᠰ ᠣᠷᠣᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠰᠢᠨ᠎ᠡ ᠶᠢ ᠡᠭᠦᠳᠬᠦ ᠶᠠᠪᠤᠳᠠᠯ ᠢᠶᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ︽ᠰᠢᠨ᠎ᠡ ᠬᠥᠳᠡᠯᠭᠡᠭᠦᠷ︾ ᠪᠤᠯᠭᠠᠵᠤ᠂ ᠠᠳᠠᠯ ᠦᠢᠯᠡᠰ ᠴᠣᠭᠴᠠᠯᠠᠬᠤ ᠶᠢ ᠵᠤᠷᠢᠭᠵᠢᠭᠤᠯᠬᠤ ᠶᠠᠪᠤᠳᠠᠯ ᠢ ᠠᠵᠢᠯ ᠣᠯᠭᠤᠯᠲᠠ ᠶᠢ ᠠᠬᠢᠭᠤᠯᠬᠤ ︽ᠰᠢᠨ᠎ᠡ ᠬᠥᠳᠡᠯᠭᠡᠬᠦ ᠬᠦᠴᠦ︾ ᠪᠤᠯᠭᠠᠪᠠ᠃ ᠡᠨᠡ ᠵᠢᠯ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ︾᠎ ᠶᠢ ᠡᠬᠢᠯᠡᠭᠦᠯᠪᠡ᠂ ᠲᠠ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠲᠣᠪᠴᠢᠬᠠᠨ ᠲᠠᠨᠢᠯᠴᠠᠭᠤᠯᠵᠤ ᠦᠭᠭᠦᠨᠡᠦ︖      ᠯᠢᠦ ᠬᠤᠤ ᠱᠧᠩ᠄      ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠪᠠᠶᠢᠳᠠᠯ ᠢ ᠲᠦᠷᠭᠡᠪᠴᠢᠯᠡᠨ ᠪᠣᠢ ᠪᠣᠯᠭᠠᠵᠤ᠂ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢᠨ ᠲᠤᠰᠠᠳᠠ᠂ ᠨᠢᠳᠤᠨᠤᠨ ᠵᠢᠯ ᠤᠨ ᠡᠴᠦᠰ ᠲᠤ᠂ ᠮᠠᠨ ᠤ ᠬᠥᠮᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠨ ᠵᠠᠰᠠᠭ ᠤᠨ ᠤᠷᠳᠤᠨ ᠢ ᠤᠷᠤᠯᠠᠨ ︽︿ᠠᠳᠠᠯ ᠦᠢᠯᠡᠰ ᠴᠣᠭᠴᠠᠯᠠᠬᠤ ᠥᠪᠥᠷ ᠮᠣᠩᠭᠤᠯ﹀ ᠠᠵᠢᠯᠯᠠᠭ᠎ᠠ ᠶᠢᠨ ᠲᠦᠯᠦᠪᠯᠡᠪᠡ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠢ ᠲᠤᠭᠤᠷᠪᠢᠨ ᠪᠢᠴᠢᠵᠦ᠂ ᠡᠨᠡ ᠵᠢᠯ ᠪᠦᠬᠦ ᠤᠷᠤᠨ ᠳᠤ ᠳᠠᠷᠤᠮᠠᠯᠯᠠᠨ ᠲᠠᠷᠬᠠᠭᠠᠨ ᠬᠡᠷᠡᠭᠵᠢᠭᠦᠯᠪᠡ᠂ ᠡᠭᠦᠨ ᠳᠤ ᠭᠤᠣᠯᠳᠠᠭᠤ ᠪᠦᠬᠦ ᠣᠷᠣᠨ ᠳᠤ 6 ᠵᠦᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠄ ᠨᠢᠭᠡ ᠳᠤ ᠰᠢᠨ᠎ᠡ ᠶᠢ ᠡᠭᠦᠳᠬᠦ ᠰᠡᠳᠬᠢᠬᠦ ᠦᠷ᠎ᠡ ᠪᠦᠲᠦᠮᠵᠢ ᠶᠢ ᠤᠯᠠᠷᠢᠭᠤᠯᠬᠤ ᠪᠠ ᠨᠡᠶᠢᠭᠡᠮ ᠤᠨ ᠬᠥᠷᠥᠩᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠲᠤᠭᠤᠷᠢᠨ ᠳᠤ᠂ ︽ᠡᠭᠦᠳᠦᠭᠴᠢ ᠴᠣᠭᠴᠠᠯᠠᠭᠴᠢ ᠶᠢᠨ ᠬᠦᠰᠡᠯ ᠵᠡᠭᠦᠳᠦ ᠪᠠᠨ ᠪᠡᠶᠡᠯᠡᠭᠦᠯᠬᠦ ᠲᠥᠯᠥᠪᠯᠡᠭᠡ︾᠎ ᠶᠢ ᠬᠡᠷᠡᠭᠵᠢᠭᠦᠯᠵᠦ᠂ ᠨᠢᠭᠡ ᠪᠦᠯᠦᠭ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠤᠯᠤᠭᠰᠠᠨ᠂ ᠬᠤᠷᠠᠮᠳᠠᠭᠤᠯᠤᠭᠰᠠᠨ᠂ ᠰᠦᠯᠵᠢᠶᠡᠵᠢᠭᠦᠯᠦᠭᠰᠡᠨ᠂ ᠵᠢᠱᠢᠶ᠎ᠡ ᠦᠵᠡᠭᠦᠯᠬᠦ ᠴᠢᠨᠠᠷᠲᠠᠶ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠪᠠᠶᠢᠭᠤᠯᠤᠨ᠎ᠠ᠃ ᠬᠤᠶᠠᠷ ᠲᠤ ᠠᠳᠠᠯ ᠦᠢᠯᠡᠰ ᠴᠤᠭᠴᠠᠯᠠᠭᠰᠠᠳ ᠲᠤ ᠭᠠᠵᠠᠷ ᠲᠠᠯᠠᠪᠠᠢ ᠶᠢᠨ ᠳᠡᠮᠵᠢᠯᠭᠡ ᠦᠵᠡᠭᠦᠯᠬᠦ ᠲᠤᠭᠤᠷᠢᠨ ᠳᠤ᠂ ︽ᠠᠳᠠᠯ ᠦᠢᠯᠡᠰ ᠴᠣᠭᠴᠠᠯᠠᠬᠤ ᠡᠭᠦᠷ ᠴᠤᠭᠴᠠᠯᠠᠬᠤ ᠲᠥᠯᠥᠪᠯᠡᠭᠡ︾᠎ ᠶᠢ ᠬᠡᠷᠡᠭᠵᠢᠭᠦᠯᠵᠦ᠂ ᠰᠤᠯᠠ ᠰᠡᠯᠡᠭᠦᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ ᠠᠰᠢᠭᠯᠠᠵᠤ᠂ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠ ᠳᠤ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠲᠤᠭᠤᠷᠢᠨ ᠳᠤ᠂ ︽ᠠᠳᠠᠯ ᠦᠢᠯᠡᠰ ᠴᠣᠭᠴᠠᠯᠠᠬᠤ ᠶᠢ ᠳᠠᠭᠠᠭᠤᠯᠬᠤ ᠲᠥᠯᠥᠪᠯᠡᠭᠡ︾᠎ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠬᠤ ᠰᠢᠯᠢᠳᠡᠭ ᠪᠠᠭᠰᠢ ᠶᠢᠨ ᠴᠢᠳᠠᠪᠤᠷᠢᠲᠠᠨ ᠤ ᠬᠥᠮᠥᠷᠭᠡ ᠪᠣᠯᠤᠨ ᠳᠡᠭᠡᠳᠦ ᠬᠢᠷᠢ ᠲᠦᠪᠰᠢᠨ ᠪᠦᠬᠦᠢ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠠᠳᠠᠯ ᠦᠢᠯᠡᠰ ᠴᠤᠭᠴᠠᠯᠠᠬᠤ ᠰᠤᠷᠭᠠᠨ ᠬᠥᠮᠦᠵᠢᠯ ᠪᠠ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠡᠷᠴᠢᠮ ᠢ ᠨᠡᠮᠡᠭᠳᠡᠭᠦᠯᠦᠨ᠎ᠡ᠃ ᠲᠦᠷᠪᠡ ᠳᠤ ᠠᠳᠠᠯ ᠦᠢᠯᠡᠰ ᠴᠣᠭᠴᠠᠯᠠᠬᠤ ᠪᠡᠯᠡ ᠲᠣᠬᠢᠷᠠᠭᠤᠯᠬᠤ ᠳᠤ ᠪᠡᠷᠬᠡᠲᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠤᠭᠤᠷᠢᠨ ᠳᠤ᠂ ︽ᠪᠡᠯᠡ ᠲᠤᠬᠢᠷᠠᠭᠤᠯᠭ᠎ᠠ ᠶᠢ ᠰᠠᠭᠠᠳ ᠦᠭᠡᠢ ᠨᠡᠪᠲᠡᠷᠡᠭᠦᠯᠬᠦ ᠲᠥᠯᠥᠪᠯᠡᠭᠡ︾᠎ ᠶᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠠᠳᠠᠯ ᠦᠢᠯᠡᠰ ᠴᠣᠭᠴᠠᠯᠠᠬᠤ ᠬᠥᠭᠵᠢᠭᠦᠯᠦᠯᠲᠡ ᠶᠢᠨ ᠪᠡᠯᠡ ᠮᠥᠩᠭᠦ ᠪᠠᠶᠢᠭᠤᠯᠬᠤ ᠶᠢᠨ ᠬᠠᠮᠲᠤ ᠨᠡᠶᠢᠭᠡᠮ ᠤᠨ ᠪᠡᠯᠡ ᠮᠥᠩᠭᠦ ᠪᠠ ᠮᠥᠩᠭᠦᠨ ᠭᠦᠢᠯᠭᠡᠭᠡᠨ ᠤ ᠬᠦᠷᠦᠩᠭᠡ ᠶᠢ ᠬᠥᠲᠥᠯᠥᠨ ᠵᠢᠯᠣᠭᠤᠳᠴᠤ ᠠᠳᠠᠯ ᠦᠢᠯᠡᠰ ᠴᠣᠭᠴᠠᠯᠠᠬᠤ ᠠᠵᠢᠯᠯᠠᠭ᠎ᠠ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠪᠤᠵᠠᠭᠠᠶᠢᠷᠠᠭᠤᠯᠵᠤ᠂ ᠠᠳᠠᠯ ᠦᠢᠯᠡᠰ ᠴᠤᠭᠴᠠᠯᠠᠭᠰᠠᠳ ᠲᠤ ᠠᠳᠠᠯ ᠦᠢᠯᠡᠰ ᠴᠣᠭᠴᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠲᠠᠪᠤ ᠳᠤ ᠣᠶᠤᠲᠠᠨ ᠢᠶᠠᠷ ᠭᠤᠣᠯ ᠴᠣᠭᠴᠠ ᠪᠣᠯᠭᠠᠭᠰᠠᠨ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠰᠢᠨ᠎ᠡ ᠶᠢ ᠡᠭᠦᠳᠬᠦ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠬᠦ ᠲᠤᠭᠤᠷᠢᠨ ᠳᠤ᠂ ︽ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠲᠥᠯᠥᠪᠯᠡᠭᠡ︾᠎ ᠶᠢ ᠬᠡᠷᠡᠭᠵᠢᠬᠦᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯ ᠴᠣᠭᠴᠠ ᠪᠣᠯᠭᠠᠭᠰᠠᠨ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠰᠢᠨ᠎ᠡ ᠶᠢ ᠡᠭᠦᠳᠬᠦ ᠶᠢ ᠲᠡᠳᠬᠦᠨ ᠳᠡᠮᠵᠢᠵᠤ᠂ ᠠᠳᠠᠯ ᠦᠢᠯᠡᠰ ᠴᠣᠭᠴᠠᠯᠠᠬᠤ ᠬᠡᠪᠴᠢᠶ᠎ᠡ ᠶᠢ ᠥᠷᠭᠡᠳᠬᠡᠵᠦ᠂ ᠠᠳᠠᠯ ᠦᠢᠯᠡᠰ ᠴᠣᠭᠴᠠᠯᠠᠬᠤ ᠶᠢᠨ ᠠᠮᠵᠢᠯᠲᠠ ᠶᠢᠨ ᠨᠤᠷᠮ᠎ᠠ ᠶᠢ ᠳᠡᠭᠡᠭᠰᠢᠯᠡᠬᠦᠯᠦᠨ᠎ᠡ᠃ ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠲᠤᠭᠤᠷᠢᠨ ᠳᠤ᠂ ︽ᠬᠦᠴᠦ ᠶᠠᠪᠤᠭᠴᠢ ᠮᠠᠯᠴᠢᠨ ᠲᠠᠷᠢᠶᠠᠴᠢᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠲᠥᠯᠥᠪᠯᠡᠭᠡ︾᠎ ᠶᠢ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠣᠷᠣᠨ ᠢᠯᠠᠩᠭᠤᠶ᠎ᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠲᠡᠳᠭᠦᠨ ᠳᠡᠮᠵᠢᠬᠦ ᠪᠠ ᠬᠥᠲᠥᠯᠥᠨ ᠵᠢᠯᠣᠭᠤᠳᠴᠤ᠂ ᠶᠠᠳᠠᠭᠤ ᠬᠦᠴᠢᠷᠳᠡᠯᠲᠡᠶ ᠬᠥᠳᠡᠯᠮᠦᠷᠢᠴᠢᠨ ᠢ ᠤᠢᠢᠷ᠎ᠠ ᠬᠠᠪᠢ ᠳᠤᠨᠢ ᠪᠤᠶᠤ ᠲᠤᠬᠠᠶ ᠶᠢᠨ ᠭᠠᠵᠠᠷ ᠲᠤᠨᠢ ᠰᠢᠯᠵᠢᠬᠦᠯᠦᠨ ᠠᠵᠢᠯ ᠤᠯᠬᠤ ᠶᠢ ᠳᠠᠶᠢᠴᠢᠯᠠᠨ᠎ᠠ᠃      ᠬᠥᠲᠥᠯᠥᠭᠴᠢ᠄      ︽12·5︾᠎ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠢᠨᠵᠧᠨᠧᠷᠢᠩ ᠢ ᠬᠡᠷᠡᠭᠵᠢᠭᠦᠯᠵᠦ᠂ ᠵᠣᠬᠢᠬᠤ ᠠᠮᠵᠢᠯᠲᠠ ᠣᠯᠤᠭᠰᠠᠨ ᠪᠠᠶᠢᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠵᠤ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠦᠷᠨᠢᠬᠦᠯᠬᠦ ᠳᠤ᠂  ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠶᠠᠮᠠᠷ ᠰᠢᠨ᠎ᠡ ᠳᠤᠷᠠᠳᠤᠯᠭ᠎ᠠ ᠪᠤᠶᠤ ᠭᠢᠯᠠᠰ ᠴᠢᠭ᠋ ᠪᠠᠶᠢᠬᠤ ᠪᠤᠢ︖      ᠯᠢᠦ ᠬᠤᠤ ᠱᠧᠩ᠄      ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠡᠬᠢᠯᠡᠬᠦᠯᠦᠨ᠂ ᠵᠢᠷᠭᠤᠭᠠᠨ ᠲᠥᠯᠥᠪᠯᠡᠭᠡ ᠶᠢ ᠬᠡᠷᠡᠭᠵᠢᠬᠦᠯᠬᠦ ᠪᠤᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠠᠶᠢᠳᠠᠪᠤᠷᠢᠵᠢᠭᠤᠯᠬᠤ ᠴᠢᠬᠤᠯᠠ ᠲᠠᠢ ᠠᠵᠢᠯ ᠤᠨ ᠳ᠋ᠦᠩᠨᠡᠯᠲᠡ ᠬᠤᠷᠢᠶᠠᠩᠭᠤᠶᠢᠯᠠᠯ ᠤᠨ ᠲᠤᠬᠠᠢ ᠰᠢᠨ᠎ᠡ ᠳᠤᠷᠠᠳᠤᠯᠭ᠎ᠠ ᠪᠤᠯᠤᠨ᠎ᠠ᠃ ᠵᠢᠷᠭᠤᠭᠠᠨ ᠲᠥᠯᠥᠪᠯᠡᠭᠡ ᠳᠤ᠂ ᠠᠩᠬ᠎ᠠ ᠤᠳᠠᠭ᠎ᠠ ᠳᠤᠤᠷᠠᠬᠢ ᠵᠦᠢᠯᠡᠰ ᠢ ᠳᠤᠷᠠᠳᠤᠨ ᠭᠠᠷᠭᠠᠪᠠ᠄ 1 . ᠠᠳᠠᠯ ᠦᠢᠯᠡᠰ ᠴᠣᠭᠴᠠᠯᠠᠬᠤ ᠪᠡᠯᠠ ᠣᠷᠣᠭᠤᠯᠤᠯᠲᠠ ᠶᠢᠨ ᠪᠠᠶᠢᠭᠤᠯᠤᠮᠵᠢ᠂ ᠲᠤᠰᠬᠠᠶᠢᠵᠢᠭᠰᠠᠨ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ᠂ ᠨᠠᠶᠢᠳᠠᠵᠤ ᠬᠠᠮᠢᠶᠠᠷᠤᠭᠤᠯᠬᠤ ᠵᠡᠷᠭᠡ ᠵᠠᠭᠪᠤᠷᠰᠢᠯ ᠢ ᠠᠪᠴᠤ᠂ ᠠᠶᠢᠮᠠᠭ ᠬᠤᠳᠠ ᠳᠤ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠤᠯᠤᠭᠰᠠᠨ᠂ ᠬᠤᠷᠠᠮᠳᠤᠭᠤᠯᠤᠭᠰᠠᠨ᠂ ᠰᠦᠯᠵᠢᠶᠡᠵᠢᠭᠦᠯᠦᠭᠰᠡᠨ᠂ ᠵᠢᠱᠢᠶ᠎ᠡ ᠦᠵᠡᠭᠦᠯᠬᠦ ᠴᠢᠨᠠᠷᠲᠠᠶ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ 10᠎ ᠠᠴᠠ ᠳᠡᠭᠡᠭᠰᠢ ᠪᠠᠶᠢᠭᠤᠯᠤᠨ᠎ᠠ᠃ 2 . ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠲᠦᠪᠯᠡᠷᠡᠭᠦᠯᠦᠨ ᠪᠤᠯᠪᠠᠰᠤᠷᠠᠭᠤᠯᠵᠤ ᠵᠢᠭᠠᠨ ᠵᠢᠯᠣᠭᠤᠳᠬᠤ᠂ ᠲᠥᠷᠥᠯ ᠵᠦᠢᠯ ᠢ ᠵᠤᠯᠭᠠᠭᠤᠯᠬᠤ᠂ ᠨᠡᠪᠴᠢᠭᠦᠯᠦᠯᠭᠡ ᠳᠤ ᠪᠡᠯᠡ ᠲᠣᠬᠢᠷᠠᠭᠤᠯᠬᠤ ᠵᠡᠷᠭᠡ ᠦᠢᠯᠡᠴᠢᠯᠡᠭᠡᠨ ᠤ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠢ 10 ᠳᠡᠭᠡᠭᠰᠢ ᠴᠤᠭᠴᠠᠯᠠᠨ᠎ᠠ᠃ 3 . 2020 ᠣᠨ ᠪᠣᠯᠬᠤ ᠳᠤ᠂ ᠨᠢᠭᠡ ᠪᠦᠯᠦᠭ ᠲᠤᠰ ᠲᠤᠰ ᠤᠨ ᠣᠨᠴᠠᠯᠢᠭ ᠲᠠᠢ᠂ ᠦᠢᠯᠡᠳᠦᠯ ᠴᠢᠳᠠᠮᠵᠢ ᠨᠢ ᠪᠦᠷᠢᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠢ ᠪᠠᠶᠢᠭᠤᠯᠤᠨ᠎ᠠ᠃ 4 . 1000 ᠬᠥᠮᠦᠨ ᠠᠴᠠ ᠳᠡᠭᠡᠭᠰᠢᠬᠢ ᠳᠡᠭᠡᠳᠦ ᠬᠢᠷᠢ ᠲᠦᠪᠰᠢᠨ ᠪᠦᠬᠦᠢ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ  ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ 5 . ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ ᠶᠣᠰᠣᠭᠠᠷ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠪᠤᠯᠤᠨ ᠳᠠᠭᠠᠭᠠᠯᠲᠠᠲᠤ ᠰᠠᠭᠤᠷᠢ ᠮᠥᠩᠭᠦ ᠳᠤ ᠵᠣᠬᠢᠰᠲᠠᠶ ᠬᠡᠷᠡᠭᠯᠡᠨ᠎ᠡ᠃      ᠬᠥᠲᠥᠯᠥᠭᠴᠢ᠄      ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠶᠢ ᠵᠣᠬᠢᠬᠤ ᠬᠡᠮᠵᠢᠶ᠎ᠡ ᠪᠠᠷ ᠨᠦᠯᠦᠭᠡᠯᠡᠪᠡ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾᠎ ᠳᠤ ᠲᠣᠭᠲᠠᠭᠠᠭᠰᠠᠨ ᠬᠠᠷᠠᠯᠲᠠᠲᠤ ᠡᠭᠦᠷᠭᠡ ᠠᠴᠠ ᠦᠵᠡᠪᠡᠯ᠂ ᠬᠤᠶᠢᠰᠢᠳᠠ ᠶᠢᠨ ᠠᠵᠢᠯ ᠤᠯᠭᠤᠬᠤ ᠠᠳᠠᠯ ᠦᠢᠯᠡᠰ ᠴᠣᠭᠴᠠᠯᠠᠬᠤ ᠡᠭᠦᠷᠭᠡ ᠨᠡᠯᠢᠶᠡᠳ ᠬᠠᠲᠠᠭᠤ ᠪᠡᠷᠬᠡ ᠪᠠᠶᠢᠨ᠎ᠠ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠲᠤᠯᠤᠭᠠᠶᠢᠯᠠᠭᠴᠢ ᠰᠠᠯᠠᠭ᠎ᠠ ᠮᠦᠴᠢᠷ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ  ᠬᠠᠷᠠᠯᠲᠠᠲᠤ ᠡᠭᠦᠷᠭᠡ ᠶᠢᠨ ᠪᠡᠶᠡᠯᠡᠭᠳᠡᠯ ᠢ ᠦᠨᠡᠨ ᠬᠦ ᠪᠠᠲᠤᠯᠠᠬᠤ ᠶᠢᠨ ᠲᠤᠯᠠᠳᠠ᠂ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖      ᠯᠢᠦ ᠬᠤᠤ ᠱᠧᠩ᠄      ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠠᠵᠢᠯᠯᠠᠭ᠎ᠠ ᠶᠢ ᠦᠷᠨᠢᠬᠦᠯᠬᠦ ᠶᠠᠪᠤᠳᠠᠯ ᠨᠢ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠴᠠᠭ ᠦᠶ᠎ᠡ ᠶᠢᠨ ᠱᠠᠭᠠᠷᠳᠠᠯᠭ᠎ᠠ ᠶᠢ ᠠᠬᠢᠭᠤᠯᠬᠤ ᠶᠠᠪᠤᠳᠠᠯ ᠳᠤ ᠨᠡᠶᠢᠴᠡᠬᠦᠯᠵᠤ᠂ ᠰᠢᠨ᠎ᠡ ᠬᠥᠳᠡᠯᠭᠡᠭᠴᠢ ᠴᠢᠳᠠᠪᠬᠢ ᠶᠢ ᠪᠤᠶᠢᠵᠢᠭᠤᠯᠬᠤ᠂ ᠰᠢᠨ᠎ᠡ ᠶᠢ ᠡᠭᠦᠳᠬᠦ ᠳᠠᠯᠳᠠ ᠴᠢᠳᠠᠪᠤᠷᠢ ᠪᠤᠯᠤᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠦᠭᠵᠢᠬᠡᠬᠦ ᠪᠦᠲᠦᠮᠵᠢᠲᠡᠶ ᠠᠷᠭ᠎ᠠ ᠵᠠᠮ ᠪᠤᠯᠬᠤ ᠮᠦᠷᠲᠡᠭᠡᠨ ᠪᠠᠰᠠ ᠠᠵᠢᠯ ᠣᠯᠭᠤᠯᠲᠠ ᠶᠢᠨ ᠳᠠᠷᠤᠭᠠᠰᠤ ᠶᠢ ᠨᠠᠮᠳᠠᠭᠤᠯᠬᠤ ᠴᠢᠬᠤᠯᠠ ᠭᠠᠷᠳᠠᠴᠠ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠠᠶᠢᠳᠠᠪᠤᠷᠢᠵᠢᠭᠤᠯᠬᠤ ᠠᠵᠢᠯ ᠢ ᠲᠠᠪᠤᠨ ᠲᠠᠯ᠎ᠠ ᠪᠠᠷ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠂ ᠨᠢᠭᠡ ᠳᠤ ᠠᠳᠠᠯ ᠦᠢᠯᠡᠰ ᠴᠤᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠬᠤᠶᠠᠷ ᠲᠤ ᠠᠳᠠᠯ ᠦᠢᠯᠡᠰ ᠴᠤᠭᠴᠠᠯᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠳᠤ ᠬᠦᠴᠦᠲᠡᠶ ᠲᠦᠰᠢᠭ ᠲᠤᠯᠭᠠᠭᠤᠷᠢ ᠤᠯᠭᠤᠨ᠎ᠠ᠃ ᠭᠤᠷᠪᠠ ᠳᠤ ᠮᠥᠩᠭᠦᠨ ᠭᠦᠢᠯᠭᠡᠭᠡᠨ ᠢᠶᠠᠷ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠳᠠᠯ ᠦᠢᠯᠡᠰ ᠴᠤᠭᠴᠠᠯᠠᠬᠤ ᠪᠡᠯᠡ ᠲᠣᠬᠢᠷᠠᠭᠤᠯᠬᠤ ᠳᠤ ᠬᠦᠴᠢᠷᠲᠡᠶ  ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ ᠳᠤ ᠭᠤᠣᠯᠳᠠᠯᠭ᠎ᠠ ᠲᠠᠢ ᠪᠦᠯᠦᠭᠯᠡᠯ ᠤᠨ ᠠᠳᠠᠯ ᠦᠢᠯᠡᠰ  ᠴᠤᠭᠴᠠᠯᠠᠬᠤ ᠶᠢ ᠲᠡᠳᠬᠦᠨ ᠳᠡᠮᠵᠢᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ᠃ ᠲᠠᠪᠤ ᠳᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠤ᠂ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠬᠥᠲᠥᠯᠥᠭᠴᠢ᠄      ᠯᠢᠦ ᠲᠢᠩᠬᠢᠮ ᠤᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ︕ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠭᠰᠠᠨ ᠳᠤ ᠲᠠᠯᠠᠷᠬᠠᠵᠤ ᠪᠠᠶᠢᠨ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠤᠯᠭᠠᠶ᠎ᠠ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map