ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠬᠤᠯᠪᠣᠭᠳᠠᠯ ᠪᠦᠭᠦᠢ ᠬᠠᠷᠢᠭᠤᠴᠠᠯᠭᠠᠲᠠᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠲᠤᠬᠠᠢ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2016/12/26
      ︽ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠵᠦ ᠬᠠᠤᠯᠢ ᠶᠣᠰᠣᠭᠠᠷ ᠥᠮᠴᠢᠯᠡᠯ ᠤᠨ ᠡᠷᠬᠡ ᠶᠢ ᠬᠠᠮᠠᠭᠠᠯᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠦᠷᠤ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾᠎ ᠳᠤ ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠨ ᠠᠪᠤᠪᠠ᠃      ᠥᠮᠴᠢᠯᠡᠯ ᠤᠨ ᠡᠷᠬᠡ ᠶᠢᠨ ᠲᠦᠷᠢᠮ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠠᠭᠤᠷᠢ ᠮᠥᠨ      ᠠᠰᠠᠭᠤᠯᠲᠠ᠄ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠨᠢ ᠶᠠᠮᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠤᠢ︖      ᠬᠠᠷᠢᠭᠤᠯᠲᠠ᠄ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠦᠷᠢᠨᠰᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠦᠨ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠦᠷᠢᠨᠰᠢᠭᠦᠯᠬᠦ ᠳᠤ ᠡᠷᠬᠡᠪᠰᠢ ᠬᠠᠮᠲᠤ ᠥᠮᠴᠢᠯᠡᠯ ᠢᠶᠠᠷ ᠭᠤᠣᠯ ᠴᠣᠭᠴᠠ ᠪᠣᠯᠭᠠᠭᠰᠠᠨ᠂ ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠠᠵᠤ ᠠᠬᠤᠶ ᠶᠢᠨ ᠦᠨᠳᠦᠰᠦᠨ ᠪᠠᠶᠢᠭᠤᠯᠤᠯ ᠢ ᠪᠠᠷᠢᠮᠳᠠᠯᠠᠬᠤ ᠪᠠ ᠪᠦᠷᠢᠨᠰᠢᠭᠦᠯᠵᠦ᠂ ᠬᠠᠮᠲᠤ ᠶᠢᠨ ᠥᠮᠴᠢᠯᠡᠯ ᠤᠨ ᠠᠵᠤ ᠠᠬᠤᠶ ᠶᠢ ᠥᠴᠦᠬᠡᠨ ᠴᠦ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠬᠠᠮᠲᠤ ᠶᠢᠨ ᠥᠮᠴᠢᠯᠡᠯ ᠤᠨ ᠪᠣᠰᠤ ᠠᠵᠤ ᠠᠬᠤᠶ ᠶᠢᠨ ᠬᠥᠭᠵᠢᠯᠲᠡ ᠶᠢ ᠥᠴᠦᠬᠡᠨ ᠴᠦ ᠭᠤᠶᠢᠪᠢᠰᠢ ᠦᠭᠡᠢ ᠪᠠᠷ ᠵᠣᠷᠢᠭᠵᠢᠭᠤᠯᠤᠨ᠂ ᠳᠡᠮᠵᠢᠵᠦ᠂ ᠬᠥᠲᠥᠯᠥᠨ ᠵᠢᠯᠤᠭᠤᠳᠬᠤ ᠬᠡᠷᠡᠭᠲᠡᠢ᠃ ᠥᠮᠴᠢᠯᠡᠯ ᠤᠨ ᠡᠷᠬᠡ ᠪᠣᠯ ᠥᠮᠴᠢᠯᠡᠯ ᠤᠨ ᠳᠦᠷᠢᠮ ᠤᠨ ᠴᠢᠮᠦᠭᠡ ᠮᠥᠨ᠂ ᠥᠮᠴᠢᠯᠡᠯ ᠤᠨ ᠡᠷᠬᠡ ᠶᠢ ᠬᠠᠮᠠᠭᠠᠯᠠᠬᠤ ᠪᠣᠯ ᠬᠤᠶᠠᠷ ︽ᠥᠴᠦᠬᠡᠨ ᠴᠦ ᠭᠤᠶᠢᠪᠢᠰᠢ ᠦᠭᠡᠢ︾᠎ ᠶᠢ ᠨᠠᠶᠢᠳᠠᠪᠤᠷᠢᠵᠢᠭᠤᠯᠬᠤ ᠶᠢᠨ ᠰᠠᠭᠤᠷᠢ ᠮᠥᠨ᠃ ᠥᠭᠡᠷᠡᠴᠢᠯᠡᠯᠲᠡ ᠨᠡᠭᠡᠭᠡᠯᠳᠡ ᠶᠢᠨ ᠭᠦᠨᠵᠡᠭᠡᠶᠢᠷᠡᠬᠦ ᠶᠢ ᠳᠠᠭᠠᠯᠳᠤᠨ᠂ ᠬᠠᠮᠲᠤ ᠶᠢᠨ ᠥᠮᠴᠢᠯᠡᠯ ᠢᠶᠠᠷ ᠭᠤᠣᠯ ᠴᠣᠭᠴᠠ ᠪᠣᠯᠭᠠᠭᠰᠠᠨ᠂ ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂ ᠡᠯ᠎ᠡ ᠵᠦᠢᠯ ᠤᠨ ᠬᠦᠷᠦᠩᠭᠡ ᠶᠢ ᠡᠷᠭᠢᠯᠳᠦᠭᠦᠯᠬᠦ᠂ ᠳᠠᠬᠢᠨ ᠵᠣᠬᠢᠶᠠᠨ ᠪᠠᠶᠢᠭᠤᠯᠬᠤ᠂ ᠨᠡᠶᠢᠯᠡᠭᠦᠯᠬᠦ ᠶᠠᠪᠤᠳᠠᠯ ᠡᠳᠦᠷ ᠢᠷᠡᠬᠦᠶ᠎ᠡ ᠣᠯᠠᠰᠢᠷᠠᠵᠤ᠂ ᠡᠯ᠎ᠡ ᠳᠦᠷᠦᠯ ᠤᠨ ᠡᠳ᠋ ᠬᠦᠷᠦᠩᠬᠡ ᠶᠢᠨ ᠡᠷᠬᠡ ᠨᠢ ᠴᠥᠮ ᠪᠦᠷᠢᠨ ᠲᠡᠭᠦᠯᠳᠡᠷ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢᠶᠠᠷ ᠪᠠᠲᠤᠯᠠᠬᠤ ᠶᠢ ᠱᠠᠭᠠᠷᠳᠠᠵᠤ ᠪᠠᠶᠢᠨ᠎ᠠ᠃      ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠪᠣᠯ ᠰᠠᠶᠢᠨ ᠰᠠᠶᠢᠬᠠᠨ ᠵᠢᠱᠢᠯᠲᠡ ᠶᠢ ᠡᠭᠦᠳᠦᠨ ᠪᠦᠲᠦᠭᠡᠵᠦ᠂ ᠨᠡᠶᠢᠭᠡᠮ ᠤᠨ ᠢᠲᠡᠭᠡᠯ ᠢ ᠨᠡᠮᠡᠭᠳᠡᠭᠦᠯᠬᠦ ᠶᠢᠨ ᠪᠣᠳᠠᠲᠤ ᠬᠡᠷᠡᠭᠴᠡᠭᠡ ᠮᠥᠨ᠃ ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠵᠤ᠂ ᠠᠵᠤ ᠠᠬᠤᠶ ᠶᠢᠨ ᠨᠡᠮᠡᠭᠳᠡᠯ ᠬᠤᠷᠳᠤᠴᠠ ᠪᠠᠨ ᠰᠣᠯᠢᠨ᠂ ᠪᠦᠲᠦᠴᠡ ᠶᠢᠨ ᠲᠣᠬᠢᠷᠠᠭᠤᠯᠤᠯᠲᠠ ᠡᠮᠵᠡᠭᠯᠡᠯ ᠤᠨ ᠱᠠᠲᠤᠨ ᠳᠤ ᠤᠷᠤᠵᠤ᠂ ᠰᠢᠨ᠎ᠡ ᠬᠠᠭᠤᠴᠢᠨ ᠬᠦᠳᠡᠯᠭᠡᠭᠦᠷ ᠴᠢᠳᠠᠪᠬᠢ ᠶᠢᠨ ᠬᠤᠪᠢᠷᠠᠯᠲᠠ ᠬᠠᠷᠢᠯᠴᠠᠨ ᠰᠣᠯᠪᠢᠴᠠᠵᠤ᠂ ᠠᠵᠤ ᠠᠬᠤᠶ ᠶᠢᠨ ᠪᠠᠭᠤᠷᠠᠬᠤ ᠳᠠᠷᠤᠯᠲᠠ ᠨᠡᠮᠡᠭᠳᠡᠵᠦ ᠪᠠᠶᠢᠨ᠎ᠠ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠣᠣᠷ᠎ᠠ᠂ ᠡᠯ᠎ᠡ ᠵᠦᠢᠯ ᠤᠨ ᠥᠷᠢᠰᠥᠯᠳᠦᠭᠡᠨ ᠢ ᠪᠦᠲᠦᠮᠵᠢᠲᠡᠶ ᠪᠠᠷ ᠠᠷᠭᠠᠴᠠᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠨᠢ ᠨᠡᠶᠢᠭᠡᠮ ᠤᠨ ᠵᠢᠱᠢᠯᠲᠡ ᠶᠢ ᠲᠣᠭᠲᠠᠪᠤᠷᠢᠲᠠᠶ ᠪᠠᠶᠢᠯᠭᠠᠵᠤ᠂ ᠨᠡᠶᠢᠭᠡᠮ ᠤᠨ ᠢᠲᠡᠭᠡᠯ ᠢ ᠨᠡᠮᠡᠭᠳᠡᠭᠦᠯᠬᠦ ᠬᠡᠷᠡᠭᠲᠡᠢ᠃ ᠡᠭᠦᠨ ᠢ ᠪᠡᠶᠡᠯᠡᠭᠦᠯᠬᠦ ᠳᠤ᠂ ᠦᠮᠴᠢᠯᠡᠯ ᠤᠨ ᠡᠷᠬᠡ ᠶᠢ ᠰᠠᠶᠢᠲᠤᠷ ᠬᠠᠮᠠᠭᠠᠯᠠᠬᠤ ᠶᠢᠨ ᠵᠠᠩᠭᠢᠯᠠᠭ᠎ᠠ ᠪᠣᠯᠤᠨ᠎ᠠ᠃ ᠵᠣᠷᠢᠭ ᠪᠠᠶᠢᠪᠠᠯ ᠵᠠᠪᠠᠯ ᠵᠣᠷᠢᠭᠰᠠᠨ ᠳᠠᠭᠠᠨ ᠬᠦᠷᠬᠦ ᠬᠡᠷᠡᠭᠲᠡᠢ᠃      ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠥᠪ ᠭᠤᠣᠯᠴᠢ ᠪᠠᠶᠢᠬᠤ ᠪᠣᠯ ᠥᠮᠴᠢᠯᠡᠯ ᠤᠨ ᠡᠷᠬᠡ ᠶᠢ ᠬᠠᠮᠠᠭᠠᠯᠠᠬᠤ ᠭᠤᠣᠯ ᠵᠠᠷᠴᠢᠮ ᠮᠦᠨ᠃ ᠠᠷᠠᠳ ᠢᠷᠭᠡᠳ ᠤᠨ ᠡᠳ᠋ ᠬᠥᠷᠤᠩᠭᠡ ᠶᠢᠨ ᠡᠷᠬᠡ ᠶᠢ ᠡᠷᠬᠡ ᠲᠡᠭᠰᠢ ᠪᠦᠲᠦᠮᠵᠢᠲᠡᠶ ᠪᠠᠷ ᠬᠠᠮᠠᠭᠠᠯᠠᠬᠤ ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠦᠨᠳᠦᠰᠦᠨ ᠠᠭᠤᠯᠬᠤᠨ ᠪᠣᠯᠤᠨ ᠴᠢᠬᠤᠯᠠ ᠢᠯᠡᠷᠡᠯ ᠮᠥᠨ᠃ ᠮᠠᠨ ᠤ ᠤᠯᠤᠰ ᠤᠨ ᠠᠵᠤ ᠠᠬᠤᠶ ᠨᠡᠶᠢᠭᠡᠮ ᠲᠦᠷᠭᠡᠨ ᠬᠦᠭᠵᠢᠵᠦ᠂ ᠨᠡᠶᠢᠭᠡᠮ ᠤᠨ ᠡᠳ᠋ ᠪᠠᠶᠠᠯᠢᠭ ᠳᠠᠰᠤᠷᠠᠯ ᠦᠭᠡᠢ ᠪᠠᠷ ᠬᠤᠷᠠᠮᠳᠤᠨ ᠪᠤᠵᠠᠭᠠᠶᠢᠷᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠪᠥᠯᠦᠭᠯᠡᠯ ᠡᠳᠦᠷ ᠢᠷᠡᠬᠦᠶ᠎ᠡ ᠥᠷᠭᠡᠳᠴᠦ᠂ ᠬᠥᠮᠦᠰ ᠤᠨ ᠥᠮᠴᠢᠯᠡᠯ ᠤᠨ ᠡᠷᠬᠡ ᠶᠢᠨ ᠠᠮᠤᠷ ᠲᠥᠪᠰᠢᠨ ᠤ ᠲᠠᠯ᠎ᠠ ᠪᠠᠷ ᠬᠢ ᠱᠠᠭᠠᠷᠳᠠᠯᠭ᠎ᠠ ᠤᠯᠠᠮ ᠠᠴᠠ ᠤᠯᠠᠮ ᠲᠤᠯᠭᠠᠮ᠎ᠠ ᠪᠣᠯᠵᠤ ᠪᠠᠶᠢᠨ᠎ᠠ᠃ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠪᠠᠶᠢᠭᠠᠯᠢ ᠬᠥᠮᠦᠨ ᠤ ᠡᠳ᠋ ᠬᠥᠷᠤᠩᠭᠡ ᠶᠢᠨ ᠡᠷᠬᠡ ᠶᠢᠨ ᠬᠠᠮᠠᠭᠠᠯᠠᠯᠲᠠ ᠶᠢ ᠡᠷᠬᠡᠪᠰᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠠᠷᠠᠳ ᠢᠷᠭᠡᠳ ᠤᠨ ᠦᠮᠴᠢᠯᠡᠯ ᠤᠨ ᠡᠷᠬᠡ ᠶᠢᠨ ᠡᠷᠬᠡ ᠠᠰᠢᠭ ᠪᠣᠯᠣᠨ ᠰᠢᠨ᠎ᠡ ᠶᠢ ᠡᠭᠦᠳᠬᠦ ᠠᠰᠢᠭ ᠣᠷᠣᠯᠭ᠎ᠠ ᠶᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠢᠷᠭᠡᠳ ᠤᠨ ᠡᠳ᠋ ᠬᠥᠷᠥᠩᠭᠡ ᠡᠳ᠋ ᠪᠠᠶᠠᠯᠢᠭ ᠤᠨ ᠠᠮᠤᠷ ᠲᠦᠪᠰᠢᠨ ᠤ ᠲᠦᠷᠦᠭᠳᠡᠯ ᠢ ᠨᠢ ᠨᠡᠮᠡᠭᠳᠡᠭᠦᠯᠵᠦ᠂ ᠡᠷᠬᠡ ᠲᠡᠭᠰᠢ ᠲᠥᠪ ᠭᠤᠣᠯᠴᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃      ᠦᠮᠴᠢᠯᠡᠯ ᠤᠨ ᠡᠷᠬᠡ ᠶᠢ ᠬᠠᠮᠠᠭᠠᠯᠠᠬᠤ ᠲᠤᠪᠤᠶᠢᠮ᠎ᠠ ᠠᠰᠠᠭᠤᠳᠠᠯ ᠢ ᠡᠷᠴᠢᠮᠯᠡᠨ ᠰᠢᠢᠳᠪᠦᠷᠢᠯᠡᠬᠦ ᠬᠡᠷᠡᠭᠲᠡᠢ      ᠠᠰᠠᠭᠤᠯᠲᠠ᠄ ᠮᠠᠨ ᠤ ᠤᠯᠤᠰ ᠤᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠳᠤ ᠶᠠᠮᠠᠷ ᠶᠠᠮᠠᠷ ᠭᠤᠣᠯ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠠᠶᠢᠬᠤ ᠪᠤᠢ︖      ᠬᠠᠷᠢᠭᠤᠯᠲᠠ᠄ ᠨᠢᠭᠡ ᠳᠤ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶ ᠶᠢᠨ ᠦᠮᠴᠢᠯᠡᠯ ᠤᠨ ᠡᠷᠬᠡ ᠪᠣᠯᠣᠨ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠳᠤ ᠦᠮᠴᠢᠯᠡᠯ ᠤᠨ ᠡᠷᠬᠡ ᠶᠢ ᠬᠠᠮᠠᠭᠠᠯᠠᠬᠤ ᠲᠠᠯ᠎ᠠ ᠪᠠᠷ ᠲᠣᠳᠣᠷᠬᠠᠶ ᠲᠣᠭᠲᠠᠭᠠᠯ ᠲᠣᠭᠲᠠᠭᠠᠭᠰᠠᠨ ᠪᠠᠶᠢᠳᠠᠯ᠂ ᠭᠡᠪᠡᠴᠦ ᠲᠡᠦᠬᠡᠨ ᠰᠢᠯᠲᠠᠭᠠᠨ ᠠᠴᠠ ᠪᠣᠯᠤᠭᠠᠳ᠂ ᠵᠠᠷᠢᠮ ᠬᠠᠤᠯᠢ ᠴᠠᠭᠠᠵᠠ ᠶᠢᠨ ᠲᠦᠷᠢᠮ ᠲᠣᠭᠲᠠᠭᠠᠯ ᠪᠣᠯᠣᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠦᠢᠯᠡᠳᠦᠯᠭᠡ ᠨᠢ ᠠᠳᠠᠯᠢ ᠪᠤᠰᠤ ᠥᠮᠴᠢᠯᠡᠯ ᠤᠨ ᠳᠦᠷᠢᠮ ᠤᠨ ᠥᠮᠴᠢᠯᠡᠬᠦ ᠡᠷᠬᠡ ᠶᠢᠨ ᠬᠠᠮᠠᠭᠠᠯᠠᠯᠲᠠ ᠳᠤ ᠳᠡᠩᠰᠢ ᠪᠣᠰᠤ ᠪᠠᠶᠢᠬᠤ ᠪᠠᠶᠢᠳᠠᠯ ᠮᠦᠨ ᠯᠠ ᠤᠷᠤᠰᠢᠵᠤ᠂ ᠨᠢᠭᠡ ᠲᠠᠯ᠎ᠠ ᠪᠠᠷ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠠᠯᠳᠠᠭᠳᠠᠵᠤ ᠭᠡᠭᠡᠭᠳᠡᠬᠦ ᠠᠰᠠᠭᠤᠳᠠᠯ ᠮᠥᠨ ᠯᠡ ᠣᠷᠣᠰᠢᠵᠤ᠂ ᠨᠦᠬᠦᠭᠡ ᠲᠠᠯ᠎ᠠ ᠪᠠᠷ᠂ ᠬᠠᠮᠲᠤ ᠶᠢᠨ ᠪᠤᠰᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠨᠢ ᠬᠠᠮᠲᠤ ᠶᠢᠨ ᠥᠮᠴᠢᠯᠡᠯ ᠢᠯᠠᠩᠭᠤᠶ᠎ᠠ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠶᠢᠨ ᠬᠠᠮᠠᠭᠠᠯᠠᠯᠲᠠ ᠠᠴᠠ ᠪᠠᠭᠤᠷᠠᠢ ᠪᠠᠶᠢᠨ᠎ᠠ᠃ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠳᠤ ︽ᠠᠳᠠᠯᠢ ᠲᠡᠭᠰᠢ ᠬᠠᠮᠠᠭᠠᠯᠠᠯᠲᠠ︾᠎ ᠶᠢᠨ ᠪᠠᠷᠢᠮᠵᠢᠶ᠎ᠠ ᠶᠣᠰᠤᠭᠠᠷ ᠠᠯᠬᠤᠮ ᠠᠯᠬᠤᠮ ᠢᠶᠠᠷ ᠲᠣᠬᠢᠷᠠᠭᠤᠯᠤᠨ ᠪᠦᠷᠢᠨᠰᠢᠭᠦᠯᠵᠦ᠂ ᠪᠣᠳᠠᠲᠠᠶ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠠᠵᠢᠯᠯᠠᠭ᠎ᠠ ᠨᠢ ︽ᠠᠳᠠᠯᠢ ᠲᠡᠭᠰᠢ ᠬᠠᠮᠠᠭᠠᠯᠠᠯᠲᠠ︾᠎ ᠶᠢᠨ ᠱᠠᠭᠠᠷᠳᠠᠯᠭ᠎ᠠ ᠶᠣᠰᠣᠭᠠᠷ ᠤᠯᠠᠮ ᠵᠢᠷᠤᠮᠵᠢᠭᠤᠯᠬᠤ ᠬᠡᠷᠡᠭᠲᠡᠶ ᠪᠠᠶᠢᠨ᠎ᠠ᠃      ᠬᠤᠶᠠᠷ ᠲᠤ ᠥᠮᠴᠢᠯᠡᠯ ᠤᠨ ᠡᠷᠬᠡ ᠳᠤ ᠬᠤᠯᠪᠣᠭᠳᠠᠭᠰᠠᠨ ᠪᠤᠷᠤᠭᠤ ᠬᠢᠯᠢᠰ ᠬᠡᠷᠡᠭ ᠢ ᠢᠯᠭᠠᠨ ᠲᠤᠳᠤᠯᠠᠬᠤ ᠪᠠ ᠵᠠᠯᠠᠷᠠᠭᠤᠯᠬᠤ ᠬᠡᠷᠡᠭᠲᠡᠶ᠃ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠰᠢ᠂ ᠮᠠᠨ ᠤ ᠤᠯᠤᠰ ᠤᠨ ᠬᠠᠤᠯᠢ ᠴᠠᠭᠠᠵᠠ ᠶᠢᠨ ᠪᠠᠶᠢᠭᠤᠯᠤᠯ ᠲᠠᠰᠤᠷᠠᠯᠳᠠ ᠦᠭᠡᠢ ᠪᠦᠷᠢᠨᠰᠢᠵᠤ᠂ ᠬᠠᠤᠯᠢ ᠴᠠᠭᠠᠵᠠ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠡᠷᠴᠢᠮ ᠲᠠᠰᠤᠷᠠᠯᠳᠠ ᠦᠭᠡᠢ ᠴᠢᠩᠭᠠᠷᠠᠪᠠ᠂ ᠭᠡᠪᠡᠴᠦ ᠵᠠᠷᠢᠮ ᠭᠠᠵᠠᠷ ᠤᠨ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠨᠢ ᠲᠥᠪ ᠭᠤᠣᠯᠴᠢ ᠪᠠᠷ ᠳᠤᠲᠠᠮᠠᠭ᠂ ᠵᠢᠷᠤᠮᠵᠢᠯ ᠢᠶᠠᠷ ᠬᠦᠷᠦᠯᠴᠡᠬᠦ ᠦᠭᠡᠢ ᠠᠴᠠ ᠪᠣᠯᠣᠭᠠᠳ ᠥᠮᠴᠢᠯᠡᠯ ᠤᠨ ᠡᠷᠬᠡ ᠬᠠᠯᠳᠠᠯᠭ᠎ᠠ ᠳᠤ ᠤᠴᠠᠷᠠᠬᠤ ᠦᠵᠡᠭᠳᠡᠯ ᠮᠥᠨᠬᠦ ᠣᠷᠣᠰᠢᠭᠰᠠᠭᠠᠷ ᠪᠠᠶᠢᠨ᠎ᠠ᠃ ᠬᠠᠤᠯᠢ ᠴᠠᠭᠠᠵᠠ ᠶᠢᠨ ᠨᠡᠷ᠎ᠡ ᠬᠦᠨᠳᠦ ᠪᠣᠯᠣᠨ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠶᠢᠨ ᠲᠣᠰᠠᠳᠠ᠂ ᠠᠵᠤ ᠠᠬᠤᠶ ᠶᠢᠨ ᠬᠡᠷᠡᠭ ᠲᠠᠬᠢ ᠪᠤᠷᠤᠭᠤ ᠬᠢᠯᠢᠰ ᠬᠡᠷᠡᠭ ᠂ ᠢᠯᠠᠩᠭᠤᠶ᠎ᠠ ᠨᠡᠶᠢᠭᠡᠮ ᠤᠨ ᠲᠤᠰᠬᠠᠯ ᠶᠡᠬᠡᠲᠡᠢ᠂ ᠰᠡᠵᠢᠭ ᠣᠯᠠᠨᠲᠠᠢ ᠬᠡᠷᠡᠭ ᠢ ᠬᠠᠤᠯᠢ ᠶᠣᠰᠣᠭᠠᠷ ᠵᠠᠯᠠᠷᠠᠭᠤᠯᠵᠤ ᠬᠡᠷᠡᠭᠲᠡᠢ᠂ ᠵᠠᠷᠢᠮ ᠨᠡᠶᠢᠲᠡᠯᠢᠭ ᠴᠢᠨᠠᠷᠲᠠᠶ ᠬᠡᠷᠡᠭ ᠢ ᠢᠯᠭᠠᠨ ᠲᠤᠳᠦᠯᠡᠬᠤ ᠪᠠ ᠵᠠᠯᠠᠷᠠᠭᠤᠯᠬᠤ ᠨᠢ᠂ ᠨᠡᠶᠢᠭᠡᠮ ᠳᠤ ᠬᠠᠤᠯᠢ ᠪᠠᠷ ᠵᠠᠰᠠᠬᠤ ᠵᠢᠯᠣᠭᠤᠳᠤᠮᠵᠢ ᠥᠭᠬᠦ ᠳᠤ ᠠᠰᠢᠭᠲᠠᠶ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠬᠢᠨ ᠢ ᠥᠮᠴᠢᠯᠡᠬᠦ ᠡᠷᠬᠡ ᠪᠠᠨ ᠬᠠᠮᠠᠭᠠᠯᠠᠬᠤ ᠲᠦᠭᠡᠮᠡᠯ ᠲᠠᠨᠢᠨ ᠮᠡᠳᠡᠷᠡᠬᠦᠢ ᠎ ᠲᠠᠢ ᠪᠣᠯᠭᠠᠵᠤ᠂ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠣ ᠶᠢ  ᠲᠥᠷᠥᠭᠳᠡᠭᠦᠯᠬᠦ ᠪᠣᠯᠣᠨ᠎ᠠ᠃      ᠭᠤᠷᠪᠠ ᠳᠤ ᠠᠵᠤ ᠠᠬᠤᠶᠢᠯᠠᠯ ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠩᠭᠡᠷᠡᠭᠰᠡᠨ ᠎ ᠳᠤ ᠡᠵᠡᠩᠨᠡᠯᠲᠡ ᠨᠢ ᠵᠢᠷᠤᠮᠵᠢᠯ ᠦᠭᠡᠢ ᠪᠠᠶᠢᠭᠰᠠᠨ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠲᠡᠢ᠃ ᠤᠷᠲᠤ ᠬᠤᠭᠤᠴᠠᠭᠠᠨ ᠤ ᠲᠤᠷᠰᠢ᠂ ᠡᠯ᠎ᠡ ᠲᠥᠷᠥᠯ ᠤᠨ ᠠᠵᠤ ᠠᠬᠤᠶᠢᠯᠠᠯ ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠬᠥᠭᠵᠢᠯᠲᠡ ᠶᠢᠨ ᠶᠠᠪᠤᠴᠠ ᠳᠤᠨᠢ ᠲᠣᠭᠲᠠᠭᠠᠯ ᠠᠴᠠ ᠵᠥᠷᠢᠴᠡᠨ ᠡᠵᠡᠩᠨᠡᠬᠦ ᠢᠯᠠᠩᠭᠤᠶ᠎ᠠ ᠬᠠᠤᠯᠢ ᠶᠢ ᠵᠥᠷᠢᠴᠡᠭᠰᠡᠨ ᠳᠤ ᠬᠤᠯᠪᠣᠭᠳᠠᠬᠤ ᠦᠢᠯᠡ ᠠᠵᠢᠯᠯᠠᠭ᠎ᠠ ᠤᠳ ᠣᠷᠣᠰᠢᠭᠰᠠᠭᠠᠷ ᠢᠷᠡᠪᠡ᠃ ᠡᠭᠦᠨ ᠳᠤ ᠵᠠᠷᠢᠮ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠶᠡᠬᠡᠳᠡ ᠰᠠᠨᠠᠭ᠎ᠠ ᠠᠯᠭᠠᠰᠠᠵᠤ᠂ ᠪᠠᠰᠠ ᠵᠠᠷᠢᠮ ᠬᠥᠮᠦᠰ ᠤᠨ ᠰᠠᠨᠠᠭ᠎ᠠ ᠰᠡᠳᠬᠢᠯ ᠢ ᠲᠣᠭᠲᠠᠪᠤᠷᠢ ᠠᠯᠳᠠᠭᠤᠯᠵᠤ᠂ ᠪᠡᠯᠡ ᠣᠷᠣᠭᠤᠯᠬᠤ ᠬᠦᠰᠡᠯ ᠰᠠᠨᠠᠭ᠎ᠠ ᠶᠢ ᠨᠢ ᠭᠤᠶᠢᠪᠢᠯᠵᠠᠭᠤᠯᠵᠤ ᠪᠠᠶᠢᠨ᠎ᠠ᠃ ᠡᠨᠡ ᠬᠦ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠨᠢ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠳᠥᠷᠪᠡ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠬᠡᠷᠡᠭ ᠲᠤ ᠬᠠᠤᠯᠢ ᠴᠠᠭᠠᠵᠠ ᠶᠢᠨ ᠵᠢᠷᠤᠮᠵᠢᠯ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠪᠠ ᠠᠷᠠᠳ ᠢᠷᠭᠡᠨ ᠤ ᠡᠳ᠋ ᠬᠥᠷᠦᠩᠭᠡ ᠶᠢᠨ ᠡᠷᠬᠡ ᠬᠠᠯᠳᠠᠯᠭ᠎ᠠ ᠳᠤ ᠤᠴᠠᠷᠠᠵᠤ ᠪᠠᠶᠢᠭ᠎ᠠ ᠶᠢᠨ ᠴᠢᠬᠤᠯᠠ ᠨᠢᠭᠡᠨ ᠰᠢᠯᠲᠠᠭᠠᠨ ᠨᠢ ᠪᠣᠯ ᠳᠠᠷᠤᠢ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠵᠢᠷᠤᠮᠵᠢᠯ ᠦᠭᠡᠢ ᠪᠠᠶᠢᠬᠤ ᠶᠠᠪᠤᠳᠠᠯ ᠪᠣᠯᠤᠨ᠎ᠠ᠃ ᠢᠯᠠᠩᠭᠤᠶ᠎ᠠ ᠴᠥᠭᠡᠨ ᠲᠣᠭᠠᠨ ᠤ ᠣᠷᠣᠨ ᠨᠤᠲᠤᠭ ᠲᠤ ᠬᠠᠤᠯᠢ ᠶᠢ ᠳᠤᠷ᠎ᠠ ᠪᠠᠷ ᠢᠶᠠᠨ ᠬᠡᠷᠡᠭᠵᠢᠭᠦᠯᠬᠦ᠂ ᠵᠠᠰᠠᠭ ᠵᠠᠬᠢᠷᠭᠠᠨ ᠠᠴᠠ ᠬᠠᠤᠯᠢ ᠴᠠᠭᠠᠵᠠ ᠳᠤ ᠭᠠᠷ ᠲᠦᠷᠦᠭᠦ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢᠶᠠᠷ ᠡᠩ ᠤᠨ ᠠᠵᠤ ᠠᠬᠤᠶ ᠶᠢᠨ ᠵᠢᠭᠤᠷᠠᠯᠳᠤᠭᠠᠨ ᠳᠤ ᠭᠠᠷ ᠲᠦᠷᠦᠭᠦ᠂ ᠳᠤᠷ᠎ᠠ ᠪᠠᠷ ᠢᠶᠠᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ᠂ ᠡᠳ᠋ ᠬᠦᠷᠦᠩᠭᠡ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠳᠤ ᠬᠠᠤᠯᠢ ᠶᠣᠰᠣᠨ ᠤ ᠡᠳ᠋ ᠬᠦᠷᠦᠩᠭᠡ ᠳᠤ ᠳᠤᠷ᠎ᠠ ᠪᠠᠷ ᠢᠶᠠᠨ ᠬᠤᠯᠪᠣᠭᠳᠠᠭᠤᠯᠬᠤ ᠵᠡᠷᠭᠡ ᠡᠳᠡᠭᠡᠷ ᠤᠢᠢᠯᠠ ᠠᠵᠢᠯᠯᠠᠭ᠎ᠠ ᠨᠢ ᠠᠵᠤ ᠠᠬᠤᠶᠢᠯᠠᠯ ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠵᠤ ᠠᠬᠤᠶᠢᠯᠠᠯ ᠤᠨ ᠡᠵᠡᠨ ᠬᠥᠮᠥᠨ ᠤ ᠡᠳ᠋ ᠬᠥᠷᠦᠩᠭᠡ ᠶᠢᠨ ᠡᠷᠬᠡ ᠳᠤ ᠬᠠᠯᠳᠠᠯᠭ᠎ᠠ ᠤᠴᠠᠷᠠᠭᠤᠯᠵᠤ ᠪᠤᠢ᠃ ᠬᠠᠤᠯᠢ ᠴᠠᠭᠠᠵᠠ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢ ᠥᠮᠴᠢᠯᠡᠬᠦ ᠡᠷᠬᠡ ᠶᠢ ᠬᠠᠮᠠᠭᠠᠯᠠᠬᠤ ᠶᠢᠨ ᠬᠦᠴᠦᠲᠡᠶ ᠪᠠᠲᠤᠯᠠᠭ᠎ᠠ ᠪᠣᠯᠭᠠᠬᠤ ᠬᠡᠷᠡᠭᠲᠡᠢ᠃      ᠲᠠᠪᠤ ᠳᠤ ᠥᠮᠴᠢᠯᠡᠯ ᠤᠨ ᠡᠷᠬᠡ ᠶᠢ ᠬᠠᠮᠠᠭᠠᠯᠠᠬᠤ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠥᠮᠴᠢᠯᠡᠯ ᠤᠨ ᠡᠷᠬᠡ ᠶᠢ ᠬᠠᠮᠠᠭᠠᠯᠠᠬᠤ ᠨᠢ ᠠᠵᠤ ᠠᠬᠤᠶᠢᠯᠠᠯ ᠪᠠ ᠠᠷᠠᠳ ᠢᠷᠭᠡᠨ ᠨᠢᠭᠡᠪᠦᠷᠢ ᠶᠢᠨ ᠶᠢᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠲᠤᠯᠠ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ ᠴᠢᠬᠤᠯᠠᠲᠠᠶ᠃ ᠨᠢᠭᠡ ᠪᠦᠯᠦᠭ ᠥᠮᠴᠢᠯᠡᠯ ᠤᠨ ᠡᠷᠬᠡ ᠶᠢ ᠬᠠᠤᠯᠢ ᠶᠤᠰᠤᠭᠠᠷ ᠪᠦᠲᠦᠮᠵᠢᠲᠡᠢ ᠬᠠᠮᠠᠭᠠᠯᠠᠭᠰᠠᠨ ᠰᠠᠶᠢᠨ ᠠᠷᠭ᠎ᠠ᠂ ᠰᠠᠶᠢᠨ ᠲᠤᠷᠰᠢᠯᠭ᠎ᠠ᠂ ᠰᠠᠶᠢᠨ ᠬᠡᠷᠡᠭ ᠤᠨ ᠵᠢᠱᠢᠶ᠎ᠡ ᠶᠢ ᠳ᠋ᠦᠩᠨᠡᠨ ᠤᠬᠠᠭᠤᠯᠬᠤ ᠪᠠᠷ ᠳᠠᠮᠵᠢᠭᠤᠯᠵᠤ᠂ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ᠂ ᠠᠵᠢᠯᠴᠢ ᠬᠥᠳᠡᠯᠮᠦᠷᠢᠴᠢ ᠪᠠᠷ ᠪᠠᠶᠠᠵᠢᠨ ᠴᠢᠨᠡᠭᠡᠯᠢᠭᠵᠢᠬᠦ᠂ ᠥᠮᠴᠢᠯᠡᠯ ᠤᠨ ᠡᠷᠬᠡ ᠶᠢ ᠬᠠᠮᠠᠭᠠᠯᠠᠬᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠎ ᠶᠢ ᠴᠢᠩᠭᠠᠳᠬᠠᠵᠤ᠂ ᠡᠷᠬᠡ ᠲᠡᠭᠰᠢ ᠪᠠᠷ ᠬᠠᠮᠠᠭᠠᠯᠠᠬᠤ᠂ ᠪᠦᠬᠦ ᠲᠠᠯ᠎ᠠ ᠪᠠᠷ ᠬᠠᠮᠠᠭᠠᠯᠠᠬᠤ᠂ ᠬᠠᠤᠯᠢ ᠶᠣᠰᠣᠭᠠᠷ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠦᠨᠡᠨᠴᠢ ᠢᠲᠡᠭᠡᠮᠵᠢᠲᠡᠶ᠂ ᠭᠡᠷ᠎ᠡ ᠶᠢ ᠵᠢᠷᠤᠮᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠬᠤ᠂ ᠥᠮᠴᠢᠯᠡᠬᠦ ᠡᠷᠬᠡ ᠶᠢ ᠬᠠᠮᠠᠭᠠᠯᠠᠬᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃      ᠵᠠᠰᠠᠭ ᠤᠨ ᠶᠠᠪᠤᠳᠠᠯ ᠦᠨᠡᠨᠴᠢ ᠢᠲᠡᠭᠡᠮᠵᠢᠲᠡᠢ ᠪᠠᠶᠢᠬᠤ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ      ᠠᠰᠠᠭᠤᠯᠲᠠ᠄ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠳᠤ ᠵᠠᠰᠠᠭ ᠤᠨ ᠣᠷᠳᠣᠨ ᠤ ᠠᠵᠢᠯᠯᠠᠭ᠎ᠠ ᠶᠢ ᠬᠡᠷᠬᠢᠨ ᠵᠢᠷᠤᠮᠵᠢᠭᠤᠯᠬᠤ ᠪᠣᠢ︖      ᠬᠠᠷᠢᠭᠤᠯᠲᠠ᠄ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢ ᠬᠥᠭᠵᠢᠭᠦᠯᠬᠦ ᠳᠤ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠲᠣᠬᠢᠷᠠᠭᠤᠯᠬᠤ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠬᠤ ᠴᠢᠬᠤᠯᠠᠲᠠᠢ ᠪᠦᠭᠡᠳ ᠪᠠᠰᠠ ᠴᠦ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠶ ᠶᠤᠮ᠃ ᠥᠮᠴᠢᠯᠡᠯ ᠤᠨ ᠡᠷᠬᠡ ᠶᠢ ᠬᠠᠮᠠᠭᠠᠯᠠᠬᠤ ᠪᠣᠯ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠴᠢᠬᠤᠯᠠ ᠠᠭᠤᠯᠭ᠎ᠠ ᠮᠥᠨ᠃ ᠭᠡᠪᠡᠴᠦ ᠦᠢᠯᠡᠳᠦᠯᠭᠡ ᠶᠢᠨ ᠳᠤᠮᠳᠠ᠂ ᠵᠠᠷᠢᠮ ᠣᠷᠣᠨ ᠨᠤᠲᠤᠭ ᠤᠨ ᠵᠠᠰᠠᠭ ᠤᠨ ᠣᠷᠳᠣᠨ ᠥᠮᠴᠢᠯᠡᠯ ᠤᠨ ᠡᠷᠬᠡ ᠶᠢ ᠬᠠᠮᠠᠭᠠᠯᠠᠬᠤ ᠦᠢᠯᠡᠳᠦᠯ ᠢᠶᠠᠨ ᠪᠠᠳᠠᠷᠠᠭᠤᠯᠬᠤ ᠲᠠᠯ᠎ᠠ ᠪᠠᠷ ᠳᠤᠲᠠᠮᠠᠭ ᠪᠠᠶᠢᠬᠤ ᠪᠠ ᠢᠯᠠᠩᠭᠤᠶ᠎ᠠ ᠵᠠᠰᠠᠭ ᠤᠨ ᠣᠷᠳᠣᠨ ᠤ ᠲᠤᠰ ᠪᠡᠶ᠎ᠡ ᠶᠢᠨ ᠵᠦᠢ ᠪᠤᠰᠤ ᠦᠢᠯᠡ ᠠᠵᠢᠯᠯᠠᠭ᠎ᠠ ᠨᠢ ᠠᠵᠤ ᠠᠬᠤᠶᠢᠯᠠᠯ ᠪᠠ ᠠᠷᠠᠳ ᠢᠷᠭᠡᠨ ᠤ ᠡᠳ᠋ ᠬᠥᠷᠦᠩᠭᠡ ᠶᠢᠨ ᠡᠷᠬᠡ ᠳᠤ ᠬᠠᠯᠳᠠᠯᠭ᠎ᠠ ᠤᠴᠠᠷᠠᠭᠤᠯᠵᠤ ᠪᠠᠶᠢᠭ᠎ᠠ ᠦᠵᠡᠭᠳᠡᠯ ᠣᠷᠣᠰᠢᠵᠤ ᠪᠠᠶᠢᠨ᠎ᠠ᠃      ᠥᠮᠴᠢᠯᠡᠯ ᠤᠨ ᠡᠷᠬᠡ ᠶᠢ ᠬᠠᠮᠠᠭᠠᠯᠠᠬᠤ ᠳᠤ ᠵᠠᠰᠠᠭ ᠤᠨ ᠣᠷᠳᠣᠨ ᠡᠷᠬᠡᠪᠰᠢ ᠪᠡᠶ᠎ᠡ ᠪᠠᠷ ᠢᠶᠠᠨ ᠲᠦᠷᠦᠭᠦᠯᠡᠨ ᠤᠢᠯᠢᠭᠡᠷ ᠳᠠᠭᠤᠷᠢᠶᠠᠯ ᠪᠣᠯᠬᠤ ᠬᠡᠷᠡᠭᠲᠡᠶ᠃ ᠨᠢᠭᠡ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠨᠡᠶᠢᠭᠡᠮ ᠨᠡᠶᠢᠲᠡ ᠵᠢᠴᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠳᠤ ᠬᠠᠤᠯᠢ ᠶᠣᠰᠣᠭᠠᠷ ᠭᠠᠷᠭᠠᠭᠰᠠᠨ ᠲᠦᠷᠤ ᠶᠢᠨ ᠪᠤᠳᠤᠯᠭ᠎ᠠ ᠶᠢᠨ ᠠᠮᠠᠯᠠᠯᠲᠠ ᠪᠠᠨ ᠴᠢᠩᠭ᠎ᠠ ᠪᠣᠳᠠᠲᠠᠶᠢᠵᠢᠭᠤᠯᠬᠤ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠤᠷᠰᠢᠬᠤ ᠵᠡᠷᠭᠡ ᠠᠵᠢᠯᠯᠠᠭ᠎ᠠ ᠳᠤ ᠪᠡᠯᠡ ᠣᠷᠣᠭᠤᠯᠤᠯᠲᠠ ᠶᠢᠨ ᠭᠤᠣᠯ ᠴᠣᠭᠴᠠ ᠲᠠᠢ ᠬᠠᠤᠯᠢ ᠶᠣᠰᠣᠭᠠᠷ ᠲᠣᠭᠲᠠᠭᠠᠭᠰᠠᠨ ᠡᠯ᠎ᠡ ᠵᠦᠢᠯ ᠤᠨ ᠭᠡᠷ᠎ᠡ ᠪᠠᠨ ᠨᠠᠷᠢᠨ ᠬᠢᠨᠠᠮᠠᠭᠠᠶ ᠭᠦᠢᠴᠡᠳᠭᠡᠬᠦ ᠬᠡᠷᠡᠭᠲᠡᠢ᠂ ᠵᠠᠰᠠᠭ ᠤᠨ ᠣᠷᠳᠣᠨ ᠬᠤᠭᠤᠴᠠᠭ᠎ᠠ ᠰᠣᠯᠢᠭᠰᠠᠨ ᠂ ᠤᠳᠤᠷᠢᠳᠬᠤ ᠬᠥᠮᠦᠰ ᠰᠣᠯᠢᠭᠳᠠᠭᠰᠠᠨ ᠵᠡᠷᠭᠡ ᠰᠢᠯᠲᠠᠭᠠᠨ ᠢᠶᠠᠷ ᠭᠡᠷ᠎ᠡ ᠶᠢ ᠵᠥᠷᠢᠴᠡᠵᠦ ᠭᠡᠷ᠎ᠡ ᠶᠢ ᠡᠪᠳᠡᠵᠦ ᠪᠣᠯᠬᠤ ᠦᠭᠡᠢ᠃ ᠦᠨᠡᠬᠡᠷ ᠤᠯᠤᠰ ᠣᠷᠣᠨ ᠤ ᠠᠰᠢᠭ ᠲᠤᠰᠠ᠂ ᠣᠯᠠᠨ ᠨᠡᠶᠢᠲᠡ ᠶᠢᠨ ᠠᠰᠢᠭ ᠲᠤᠰᠠ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠤᠴᠢᠷ ᠰᠢᠯᠲᠠᠭᠠᠨ ᠢᠶᠠᠷ ᠵᠠᠰᠠᠭ ᠤᠨ ᠣᠷᠳᠣᠨ ᠤ ᠠᠮᠠᠯᠠᠯᠲᠠ ᠪᠠ ᠭᠡᠷ᠎ᠡ ᠪᠠᠨ ᠬᠤᠪᠢᠷᠠᠭᠤᠯᠬᠤ ᠴᠢᠬᠤᠯᠠ ᠲᠠᠢ ᠪᠣᠯ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠳᠡᠰ ᠳᠠᠷᠠᠭᠠᠯᠠᠯ ᠶᠤᠰᠤᠭᠠᠷ ᠭᠦᠢᠴᠡᠳᠬᠡᠬᠦ ᠶᠢᠨ ᠬᠠᠮᠲᠤ ᠠᠵᠤ ᠠᠬᠤᠶᠢᠯᠠᠯ ᠪᠠ ᠪᠡᠯᠡ ᠣᠷᠣᠭᠤᠯᠤᠭᠴᠢ ᠳᠤ ᠡᠭᠦᠨ ᠠᠴᠠ ᠪᠣᠯᠣᠭᠰᠠᠨ ᠡᠳ᠋ ᠬᠦᠷᠦᠩᠭᠡ ᠶᠢᠨ ᠬᠤᠬᠢᠷᠠᠯ ᠢ ᠨᠢ ᠬᠠᠤᠯᠢ ᠶᠣᠰᠣᠭᠠᠷ  ᠲᠥᠯᠥᠵᠦ ᠥᠭᠬᠦ ᠬᠡᠷᠡᠭᠲᠡᠶ᠃ ᠬᠤᠶᠠᠷ ᠲᠤ ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ ᠠᠵᠢᠯᠯᠠᠭ᠎ᠠ ᠳᠤ ᠭᠠᠷ ᠲᠦᠷᠦᠭᠦ ᠶᠢ ᠰᠡᠷᠭᠡᠶᠢᠯᠡᠬᠦ ᠲᠦᠷᠢᠮ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠺᠠᠳ᠋ᠷ ᠤᠨ ᠬᠠᠤᠯᠢ ᠴᠠᠭᠠᠵᠠ ᠶᠢᠨ ᠵᠢᠭᠤᠷᠠᠭᠠᠨ ᠳᠤ ᠣᠷᠣᠯᠴᠠᠬᠤ᠂ ᠪᠣᠳᠠᠲᠠᠶ ᠬᠡᠷᠡᠭ ᠢ ᠰᠢᠢᠳᠪᠦᠷᠢᠯᠡᠬᠦ ᠳᠤ ᠭᠠᠷ ᠲᠦᠷᠦᠭᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠭᠤᠷᠪᠠ ᠳᠤ ᠡᠳ᠋ ᠬᠦ᠋ᠷᠦᠩᠭᠡ ᠶᠢ ᠲᠠᠲᠠᠪᠤᠷᠢᠯᠠᠨ ᠬᠤᠷᠢᠶᠠᠬᠤ ᠲᠠᠲᠠᠪᠤᠷᠢᠯᠠᠨ ᠬᠡᠷᠡᠭᠯᠡᠬᠦ ᠲᠦᠷᠢᠮ ᠢ ᠪᠦᠷᠢᠨᠰᠢᠭᠦᠯᠬᠦ ᠬᠡᠷᠡᠭᠲᠡᠢ᠃ ᠲᠠᠲᠠᠪᠤᠷᠢᠯᠠᠨ ᠬᠤᠷᠢᠶᠠᠬᠤ ᠲᠠᠲᠠᠪᠤᠷᠢᠯᠠᠨ ᠬᠡᠷᠡᠭᠯᠡᠬᠦ ᠳᠤᠮᠳᠠ ᠤᠯᠠᠨ ᠨᠡᠶᠢᠲᠡ ᠶᠢᠨ ᠠᠰᠢᠭ ᠲᠤᠰᠠ ᠶᠢ ᠥᠷᠭᠡᠳᠬᠡᠬᠦ᠂ ᠳᠡᠰ ᠳᠠᠷᠠᠭᠠᠯᠠᠯ ᠨᠢ ᠵᠢᠷᠤᠮᠵᠢᠯ ᠦᠭᠡᠢ ᠪᠠᠶᠢᠬᠤ᠂ ᠲᠥᠯᠥᠪᠦᠷᠢ ᠥᠭᠬᠦ ᠨᠢ ᠵᠦᠢ ᠵᠤᠬᠢᠰ ᠦᠭᠡᠢ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map