︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠳᠠ ᠶᠢᠨ ᠦᠮᠴᠢᠯᠡᠯᠳᠣ ᠪᠤᠰᠤ ᠠᠵᠤ ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠬᠦ ᠲᠤᠬᠠᠶ ᠲᠣᠭᠲᠠᠭᠠᠯ ᠤᠳ︾᠎ ᠢ ᠳᠠᠷᠤᠮᠠᠯᠯᠠᠨ ᠶᠠᠪᠤᠭᠤᠯᠬᠤ ᠲᠤᠬᠠᠶ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2016/12/27
                      ᠥᠪᠥᠷ ᠵᠠᠰᠠᠭ ᠲᠠᠷᠬᠠᠭᠠᠭᠰᠠᠨ ﹇2016﹈ 80 ᠳ᠋ᠤᠭᠠᠷ ᠲᠤᠭᠠᠳᠤ                               7 ᠳ᠋ᠣᠭᠠᠷ ᠰᠠᠷ᠎ᠠ ᠶᠢᠨ 22᠎ ᠤᠨ ᠡᠳᠣᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠳᠠ ᠶᠢᠨ ᠦᠮᠴᠢᠯᠡᠯᠳᠣ ᠪᠤᠰᠤ ᠠᠵᠤ ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠬᠦ ᠲᠤᠬᠠᠶ ᠲᠣᠭᠲᠠᠭᠠᠯ ᠤᠳ︾᠎ ᠢ ᠡᠳᠣᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠳᠠ ᠶᠢᠨ ᠦᠮᠴᠢᠯᠡᠯᠳᠣ ᠪᠤᠰᠤ ᠠᠵᠤ          ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠬᠦ ᠲᠤᠬᠠᠶ ᠲᠣᠭᠲᠠᠭᠠᠯ ᠤᠳ      ᠳᠦᠷᠤ ᠶᠢᠨ ᠪᠤᠲᠣᠯᠭ᠎ᠠ ᠶᠢᠨ ᠳᠡᠮᠵᠢᠭᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶ ᠶᠢ ᠲᠦᠷᠬᠡᠳᠬᠡᠨ ᠭᠦᠭᠵᠢᠭᠦᠯᠭᠦ ᠶᠢ ᠠᠬᠢᠭᠤᠯᠣᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠮᠡᠭᠳᠡᠯ ᠤᠨ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠪᠠ ᠥᠷᠢᠰᠥᠯᠳᠦᠬᠦ ᠬᠦᠴᠦᠨ ᠢ ᠴᠢᠩᠭᠠᠷᠠᠭᠤᠯᠬᠤ ᠶᠢᠨ ᠲᠣᠰᠠᠳᠠ᠂ ᠲᠥᠪ ᠤᠨ ᠵᠣᠷᠢᠭ ᠰᠠᠨᠠᠭ᠎ᠠ ᠪᠠ ︽ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠭᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ﹇2016﹈ 9 ᠳ᠋ᠣᠭᠡᠷ ᠲᠣᠭᠠᠲᠤ︶᠎ ᠢ ᠦᠨᠳᠣᠰᠣᠯᠡᠵᠣ᠂ ᠳᠣᠣᠷᠠᠬᠢ ᠮᠡᠲᠦ ᠲᠣᠭᠲᠠᠭᠠᠯ ᠢ ᠲᠤᠨᠨᠳᠠᠭᠠᠪᠠ᠃      ᠨᠢᠭᠡ᠂ ᠣᠷᠣᠭᠤᠯᠬᠤ ᠶᠢ ᠵᠦᠪᠰᠢᠶᠡᠷᠡᠭᠦ ᠨᠥᠬᠦᠴᠡᠯ ᠢ ᠠᠭᠤᠵᠢᠭᠤ ᠲᠠᠯᠪᠢᠨ᠎ᠠ      ︵ᠨᠢᠭᠡ︶ ︽ᠠᠷᠠᠣᠨ ᠤᠨ ᠲᠤᠮᠳᠠᠬᠢ ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠵᠣᠷᠢᠬᠵᠢᠭᠤᠯᠬᠤ ᠪᠠ ᠬᠥᠲᠥᠯᠥᠨ ᠵᠢᠯᠣᠭᠤᠳᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2012﹈ 86 ᠳ᠋ᠤᠭᠠᠷ ᠲᠣᠭᠠᠲᠤ︶ ᠪᠣᠯᠤᠨ ︽ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢᠨ ᠰᠢᠨ᠎ᠠ ᠶᠢ ᠡᠭᠦᠣᠡᠴᠣ ᠨᠡᠶᠢᠭᠡᠮ ᠤᠨ ᠪᠡᠯᠡ ᠣᠷᠣᠭᠤᠯᠤᠯᠲᠠ ᠶᠢ ᠵᠣᠷᠢᠬᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 150 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠣᠷᠣᠬᠤ ᠶᠢ ᠲᠣᠳᠣᠷᠬᠠᠢ ᠴᠠᠭᠠᠵᠠᠯᠠᠭᠰᠠᠨ ᠦᠭᠡᠢ ᠠᠵᠢᠯ ᠲᠦᠷᠦᠯ ᠪᠠ ᠬᠦᠷᠢᠶᠡᠨ ᠴᠠᠷᠠᠭ᠎ᠠ ᠳᠤ ᠠᠷᠠᠳ ᠤᠨ ᠲᠤᠮᠳᠠᠬᠢ ᠬᠥᠷᠥᠩᠭᠡ ᠶᠢᠨ ᠣᠷᠣᠬᠤ ᠶᠢ ᠪᠦᠷ ᠵᠥᠪᠰᠢᠶᠡᠷᠡᠨ᠎ᠠ︔ ᠨᠢᠭᠡᠨᠲᠡ ᠭᠠᠳᠠᠭᠠᠳᠤ ᠶᠢᠨ ᠭᠦᠷᠣᠩᠭᠡ ᠳᠤ ᠨᠡᠬᠡᠬᠡᠯᠳᠡ ᠬᠢᠭᠦ ᠪᠤᠶᠤ ᠨᠡᠬᠡᠬᠡᠯᠳᠡ ᠬᠢᠭᠦ ᠪᠠᠷ ᠠᠮᠠᠯᠠᠯᠳᠠᠭᠰᠠᠨ ᠬᠦᠷᠢᠶ᠎ᠡ ᠴᠠᠷᠠᠭ᠎ᠠ ᠪᠦᠬᠦᠨ ᠢ ᠴᠥᠮ ᠠᠷᠠᠳ ᠤᠨ ᠲᠤᠮᠳᠠᠬᠢ ᠬᠥᠷᠥᠩᠭᠡ ᠳᠤ ᠴᠢᠯᠦᠬᠡᠳᠡᠢ ᠪᠤᠯᠭᠠᠨ᠎ᠠ︔ ᠠᠷᠠᠳ ᠤᠨ ᠲᠤᠮᠳᠠᠬᠢ ᠬᠥᠷᠥᠩᠭᠡ ᠶᠢᠨ ᠲᠥᠪ ᠭᠤᠣᠯᠴᠢ ᠪᠠᠷ ᠤᠷᠤᠬᠤ ᠪᠠ ᠥᠷᠢᠰᠥᠯᠳᠦᠭᠦ ᠶᠢ ᠨᠦᠯᠣᠭᠡᠯᠡᠭᠦ ᠡᠯ᠎ᠡ ᠵᠦᠢᠯ ᠤᠨ ᠬᠠᠷᠰᠢ ᠰᠠᠭᠠᠳ ᠪᠦᠬᠦᠨ ᠢ ᠴᠥᠮ ᠠᠷᠢᠯᠭᠠᠨ᠎ᠠ᠃      ︵ᠬᠤᠶᠠᠷ︶ ᠵᠠᠬ᠎ᠠ ᠳᠡᠯᠭᠡᠭᠦᠷ ᠲᠤ ᠤᠷᠤᠭᠤᠯᠬᠤ ᠶᠢ ᠵᠥᠪᠰᠢᠶᠡᠷᠡᠬᠦ ᠨᠢᠭᠡᠳᠦᠯᠲᠡᠶ ᠳᠦᠷᠢᠮ ᠢ ᠬᠡᠷᠡᠭᠵᠢᠭᠦᠯᠵᠦ᠂ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠲᠣᠭᠲᠠᠭᠠᠬᠤ ᠶᠢᠨ ᠰᠠᠭᠤᠷᠢᠨ ᠳᠡᠭᠡᠷ᠎ᠡ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠤᠰᠤᠭᠠᠷ ᠨᠠᠷᠢᠨ ᠬᠠᠭᠤᠳᠠᠰᠤ ᠠᠴᠠ ᠭᠠᠳᠠᠨᠠᠬᠢ ᠬᠦᠷᠢᠶ᠎ᠠ ᠴᠠᠷᠠᠭ᠎ᠠ ᠳᠤ ᠣᠷᠣᠬᠤ ᠶᠢ ᠵᠦᠪᠰᠢᠶᠡᠷᠡᠨ᠎ᠠ᠃ ᠵᠠᠬ᠎ᠠ ᠳᠡᠯᠭᠡᠭᠦᠷ ᠲᠤ ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠪᠠᠨ ᠡᠯ᠎ᠡ ᠲᠦᠷᠦᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠳᠤ ᠠᠳᠠᠯᠢ ᠲᠡᠭᠰᠢ ᠪᠠᠷ ᠬᠠᠨᠳᠤᠭᠤᠯᠵᠦ᠂ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠳᠤ ᠨᠡᠮᠡᠯᠲᠡ ᠨᠥᠬᠦᠴᠡᠯ ᠪᠤᠶᠤ ᠤᠷᠤᠭᠤᠯᠬᠤ ᠶᠢ ᠵᠦᠪᠰᠢᠶᠡᠷᠡᠭᠦ ᠪᠠᠷᠢᠮᠵᠢᠶ᠎ᠠ ᠪᠠᠨ ᠠᠰᠳᠠᠭᠠᠨ ᠲᠣᠭᠲᠠᠭᠠᠵᠤ ᠪᠣᠯᠬᠤ ᠦᠭᠡᠢ᠃      ︵ᠭᠤᠷᠪᠠ︶ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠤᠨ ᠪᠡᠯᠡ ᠨᠡᠶᠢᠯᠡᠭᠦᠯᠬᠦ ᠪᠠ ᠬᠠᠮᠳᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ᠂ ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠳᠤ ᠣᠷᠣᠯᠴᠠᠬᠤ ᠶᠢ ᠵᠣᠷᠢᠬᠵᠢᠭᠤᠯᠣᠨ᠎ᠠ᠃ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠤᠨ ᠪᠡᠯᠠ ᠭᠠᠷᠭᠠᠵᠤ ᠰᠲ᠋ᠤᠺ ᠣᠷᠣᠬᠤ᠂ ᠰᠲ᠋ᠤᠺ ᠤᠨ ᠡᠷᠬᠡ ᠶᠢ ᠬᠤᠳᠠᠯᠳᠤᠨ ᠠᠪᠬᠤ᠂ ᠰᠢᠯᠵᠢᠭᠦᠯᠵᠣ ᠪᠣᠯᠬᠤ ᠵᠢᠭᠡᠯᠡᠯᠭᠡ ᠶᠢ ᠬᠤᠳᠠᠯᠳᠤᠨ ᠠᠪᠬᠤ᠂ ᠰᠲ᠋ᠤᠺ ᠤᠨ ᠡᠷᠬᠡ ᠪᠠᠨ ᠰᠣᠯᠢᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠲᠠᠬᠢᠨ ᠵᠣᠬᠢᠶᠠᠨ ᠪᠠᠶᠢᠭᠤᠯᠬᠤ ᠪᠤᠶᠤ ᠤᠯᠤᠰ ᠤᠨ ᠥᠮᠴᠢᠯᠡᠯᠳᠣ ᠰᠲ᠋ᠤᠺ ᠡᠵᠡᠮᠳᠡᠵᠦ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠨᠨᠰᠠᠨ ᠺᠣᠮᠫᠠᠨᠢ ᠶᠢᠨ ᠪᠡᠯᠡ ᠨᠡᠮᠡᠭᠳᠡᠭᠦᠯᠦᠨ ᠰᠲ᠋ᠤᠺ ᠢᠶᠠᠨ ᠥᠷᠭᠡᠳᠬᠡᠬᠦ ᠵᠢᠴᠢ ᠠᠵᠤ ᠠᠬᠤᠶᠢᠯᠠᠯ ᠤᠨ ᠡᠵᠡᠩᠨᠡᠯᠳᠠ ᠬᠠᠮᠢᠶᠠᠷᠤᠯᠳᠠ ᠳᠤ ᠣᠷᠣᠯᠴᠠᠬᠤ ᠶᠢ ᠵᠣᠷᠢᠬᠵᠢᠭᠤᠯᠣᠨ᠎ᠠ᠃ ᠠᠵᠤ ᠠᠬᠤᠶᠢᠯᠠᠯ ᠤᠨ ᠤᠯᠤᠰ ᠤᠨ ᠥᠮᠴᠢᠯᠡᠯᠳᠣ ᠡᠳ᠋ ᠬᠦᠷᠦᠩᠭᠡ ᠶᠢᠨ ᠥᠮᠴᠢᠯᠡᠬᠦ ᠡᠷᠬᠡ ᠪᠤᠶᠤ ᠤᠯᠤᠰ ᠤᠨ ᠥᠮᠴᠢᠯᠡᠯᠳᠣ ᠰᠲ᠋ᠣᠺ ᠤᠨ ᠡᠷᠬᠡ ᠪᠠᠨ ᠰᠢᠯᠵᠢᠭᠦᠯᠵᠣ ᠥᠭᠬᠦ ᠦᠶ᠎ᠡ ᠳᠤ᠂ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠡᠩ ᠤᠨ ᠪᠠᠶᠢᠳᠠᠯ ᠳᠤ ᠰᠢᠯᠵᠢᠭᠦᠯᠦᠨ ᠦᠭᠭᠦ ᠰᠠᠨᠠᠮᠵᠢ ᠲᠠᠢ ᠭᠦᠮᠣᠨ ᠤ ᠬᠢᠷᠢ ᠬᠡᠮ ᠤᠨ ᠨᠥᠬᠦᠴᠡᠯ ᠳᠡᠭᠡᠨ ᠠᠷᠠᠳ ᠤᠨ ᠲᠤᠮᠳᠠᠬᠢ ᠪᠡᠯᠡ ᠣᠷᠣᠭᠤᠯᠤᠯᠲᠠ ᠶᠢᠨ ᠭᠤᠣᠯ ᠴᠣᠭᠴᠠ ᠳᠤ ᠲᠤᠰᠠᠭᠠᠷ ᠨᠡᠮᠡᠯᠲᠡ ᠨᠥᠬᠦᠴᠡᠯ ᠲᠣᠭᠲᠠᠭᠠᠬᠤ ᠦᠭᠡᠢ᠃ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠤᠷᠰᠢᠬᠤ ︵PPP︶ ᠬᠡᠪ ᠵᠠᠭᠪᠤᠷ ᠢ ᠳᠡᠯᠭᠡᠷᠡᠭᠦᠯᠵᠣ᠂ ᠤᠯᠠᠨ ᠨᠡᠶᠢᠲᠡ ᠶᠢᠨ ᠦᠢᠯᠡᠴᠢᠯᠡᠭᠡ᠂ ᠡᠬᠢ ᠪᠠᠶᠠᠯᠢᠭ ᠣᠷᠴᠢᠨ ᠲᠣᠭᠤᠷᠢᠨ᠂ ᠠᠮᠢ ᠠᠬᠤᠶ ᠶᠢᠨ ᠬᠠᠮᠠᠭᠠᠯᠠᠯᠲᠠ᠂ ᠰᠠᠭᠤᠷᠢ ᠪᠡᠯᠡᠳᠬᠡᠮᠵᠢ ᠵᠡᠷᠭᠡ ᠬᠦᠷᠢᠶ᠎ᠠ ᠴᠠᠷᠠᠭ᠎ᠠ ᠳᠤ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠳᠠᠨ ᠣᠷᠣᠭᠤᠯᠣᠨ᠎ᠠ᠃      ︵ᠲᠦᠷᠪᠡ︶ ᠤᠯᠤᠰ ᠤᠨ ᠥᠮᠴᠢᠯᠡᠯᠳᠣ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠰᠢᠭ ᠲᠤᠰᠠ ᠪᠠᠨ ᠬᠤᠯᠪᠣᠬᠤ ᠲᠣᠭᠲᠠᠴᠠ ᠪᠠᠶᠢᠭᠤᠯᠬᠤ ᠶᠢ ᠵᠤᠷᠢᠨᠨᠵᠢᠭᠤᠯᠵᠦ᠂ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ ᠲᠡᠬᠡᠳᠤ ᠲᠤᠤᠷᠠᠳᠤ ᠬᠡᠯᠬᠢᠶ᠎ᠠ ᠪᠠᠨ ᠨᠢᠬᠡ ᠴᠤᠨᠨᠴᠠᠵᠢᠭᠤᠯᠤᠨᠨᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠳᠡᠬᠦ᠂ ᠬᠠᠷᠢᠯᠴᠠᠨ ᠨᠥᠬᠦᠪᠥᠷᠢᠯᠡᠵᠦ ᠬᠥᠭᠵᠢᠬᠦ ᠶᠢ ᠪᠡᠶᠡᠯᠡᠭᠦᠯᠣᠨ᠎ᠠ᠃      ᠬᠤᠶᠠᠷ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ      ︵ᠲᠠᠪᠤ︶ ᠡᠯ᠎ᠡ ᠱᠠᠲᠤᠨ ᠤ ᠵᠠᠰᠠᠭ ᠤᠨ ᠣᠷᠳᠣᠨ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠵᠣᠬᠢᠴᠠᠭᠤᠯᠤᠨ ᠵᠦᠪᠳᠡᠯᠴᠡᠭᠦ ᠲᠣᠭᠲᠠᠴᠠ ᠶᠢ ᠪᠠᠶᠢᠭᠤᠯᠵᠣ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠭᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠭᠠᠷᠣᠭᠰᠠᠨ ᠲᠦᠷ ᠴᠠᠭ ᠤᠨ ᠴᠢᠨᠠᠷᠲᠠᠶ ᠪᠡᠯᠡ ᠮᠥᠩᠭᠦ ᠪᠠᠴᠢᠮ᠂ ᠵᠠᠬ᠎ᠠ ᠳᠡᠯᠭᠡᠭᠦᠷ ᠲᠠᠢ᠂ ᠦᠷ᠎ᠡ ᠠᠰᠢᠭ ᠲᠠᠢ᠂ ᠢᠲᠡᠭᠡᠮᠵᠢ ᠰᠠᠶᠢᠲᠠᠶ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠳᠠᠢ ᠵᠣᠬᠢᠴᠠᠭᠤᠯᠵᠣ ᠪᠠᠶᠢᠭᠠᠳ ︽ᠨᠢᠭᠡ ᠠᠵᠤ ᠠᠬᠤᠶᠢᠯᠠᠯ ᠳᠤ ᠨᠢᠭᠡ ᠵᠦᠢᠯ ᠤᠨ ᠲᠦᠷᠣ ᠶᠢᠨ ᠪᠣᠳᠣᠯᠭ᠎ᠠ ᠲᠠᠢ ᠪᠠᠶᠢᠯᠭᠠᠬᠤ︾ ᠵᠠᠷᠴᠢᠮ ᠶᠤᠰᠤᠭᠠᠷ ᠮᠥᠩᠭᠦᠨ ᠭᠦᠢᠯᠭᠡᠭᠡ ᠪᠠᠷ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠵᠢᠭᠡᠯᠡᠯᠭᠡ ᠰᠤᠭᠤᠴᠠᠬᠤ᠂ ᠵᠢᠭᠡᠯᠡᠯᠭᠡ ᠳᠠᠷᠤᠬᠤ᠂ ᠵᠢᠭᠡᠯᠡᠯᠭᠡ ᠵᠤᠨᠨᠰᠤᠭᠠᠨᠨᠰᠠᠨ ᠠᠴᠠ ᠪᠣᠯᠵᠣ ᠠᠵᠤ ᠠᠬᠤᠶᠢᠯᠠᠯ ᠤᠨ ᠪᠡᠯᠡ ᠮᠥᠩᠭᠦᠨ ᠤ ᠬᠡᠯᠬᠢᠶ᠎ᠡ ᠲᠠᠰᠤᠷᠠᠬᠤ ᠠᠴᠠ ᠵᠠᠶᠢᠯᠠᠰᠬᠢᠨ᠎ᠠ᠃      ︵ᠵᠢᠷᠭᠤᠭ᠎ᠠ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠪᠠᠩᠬᠢ ᠶᠢᠨ ᠵᠢᠭᠡᠯᠡᠯᠭᠡ ᠭᠤᠶᠤᠴᠢᠯᠠᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠤᠯᠤᠰ ᠤᠨ ᠲᠤᠰᠬᠠᠶ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠭᠤᠶᠤᠴᠢᠯᠠᠬᠤ ᠵᠡᠷᠭᠡ ᠳᠤ ᠤᠯᠤᠰ ᠤᠨ ᠥᠮᠴᠢᠯᠡᠯᠳᠣ ᠠᠵᠤ ᠠᠬᠤᠶᠢᠯᠠᠯ ᠲᠠᠢ ᠠᠳᠠᠯᠢ ᠲᠡᠭᠰᠢ ᠬᠠᠷᠠᠭᠠᠯᠵᠠᠯ ᠭᠦᠷᠳᠡᠬᠡᠨ᠎ᠠ᠃      ︵ᠲᠤᠯᠤᠭ᠎ᠠ︶ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠦᠭᠰᠢᠭᠦᠷᠢ ᠶᠢᠨ ᠱᠠᠩᠨᠠᠵᠦ ᠨᠥᠬᠦᠪᠥᠷᠢ ᠦᠭᠭᠦ ᠪᠡᠯᠡ ᠮᠥᠩᠭᠦ ᠶᠢ ᠲᠣᠬᠢᠷᠠᠭᠤᠯᠵᠣ᠂ ᠵᠢᠵᠢᠭ ᠪᠢᠴᠢᠯ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠶᠢᠨ ᠲᠦᠷᠦᠭᠦᠦ ᠵᠢᠯ ᠤᠨ ᠨᠡᠮᠡᠭᠳᠡᠯ ᠤᠨ ᠬᠡᠮᠵᠢᠶ᠎ᠡ ᠠᠴᠠ ᠶᠡᠭᠡ᠂ ᠬᠤᠪᠢ ᠨᠡᠮᠡᠷᠢ ᠨᠢ ᠨᠡᠯᠢᠶᠡᠳ ᠲᠤᠪᠤᠶᠢᠮ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ︵ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠪᠠᠭᠲᠠᠨ᠎ᠠ︶᠎ ᠳᠤ᠂ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠭᠦᠴᠣᠨ ᠢᠶᠠᠨ ᠦᠨᠳᠦᠰᠦᠯᠡᠵᠣ ᠱᠠᠩᠨᠠᠵᠤ ᠨᠦᠭᠦᠪᠣᠷᠢᠯᠡᠨ᠎ᠠ᠃ ᠥᠪᠡᠷᠲᠡᠭᠡᠨ ᠵᠠᠰᠠᠬᠤ ᠣᠷᠣᠨ ᠨᠢ ᠤᠯᠤᠰ ᠤᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢᠨ ᠰᠠᠭᠤᠷᠢ ᠮᠥᠩᠭᠦ ᠶᠢᠨ ᠲᠡᠮᠵᠢᠯᠡᠭᠡ ᠶᠢ ᠤᠯᠬᠤ ᠪᠠᠷ ᠴᠢᠷᠮᠠᠶᠢᠵᠦ᠂ ᠤᠳᠤ ᠶᠢᠨ ᠪᠠᠶᠢᠭ᠎ᠠ ᠬᠠᠮᠢᠶ᠎ᠠ ᠪᠦᠬᠦᠢ ᠲᠤᠰᠬᠠᠶ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢ ᠡᠮᠬᠢᠯᠡᠨ ᠨᠡᠶᠢᠯᠡᠭᠦᠯᠭᠦ ᠪᠠᠷ ᠲᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠭᠦ ᠰᠠᠭᠤᠷᠢ ᠮᠥᠩᠭᠦ ᠶᠢ ᠲᠣᠬᠢᠷᠠᠭᠤᠯᠵᠣ᠂ ᠨᠡᠶᠢᠭᠡᠮ ᠤᠨ ᠭᠦᠷᠦᠩᠭᠡ ᠶᠢᠨ ᠣᠷᠣᠭᠤᠯᠣᠯᠳᠠ ᠶᠢ ᠲᠠᠲᠠᠵᠤ᠂ ᠥᠪᠡᠷᠲᠡᠭᠡᠨ ᠵᠠᠰᠠᠬᠤ ᠣᠷᠣᠨ ᠤ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠬᠢᠬᠦ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠠ᠃ ᠡᠯ᠎ᠡ ᠠᠶᠢᠮᠠᠭ ᠬᠤᠳᠠ ᠪᠣᠯᠤᠨ ᠨᠥᠬᠦᠴᠡᠯ ᠲᠠᠢ ᠬᠤᠰᠢᠭᠤ ᠰᠢᠶᠠᠨ ︵ᠬᠤᠳᠠ᠂ ᠲᠣᠭᠤᠷᠢᠭ︶᠂ ᠨᠡᠭᠡᠭᠡᠯᠳᠠ ᠶᠢᠨ ᠲᠣᠭᠤᠷᠢᠭ ︵ᠬᠦᠷᠢᠶᠡᠯᠡᠩ ᠲᠣᠭᠤᠷᠢᠭ︶᠎ ᠨᠢ ᠦᠪᠡᠷ ᠤᠨ ᠪᠣᠳᠠᠲᠠᠶ ᠪᠠᠨ ᠦᠨᠳᠦᠰᠦᠯᠡᠵᠦ᠂ ᠬᠠᠷᠭᠠᠯᠵᠠᠭᠰᠠᠨ ᠲᠡᠳᠬᠦᠮᠵᠢ ᠶᠢᠨ ᠪᠡᠯᠡ ᠮᠥᠩᠭᠦ ᠶᠢ ᠲᠣᠬᠢᠷᠠᠭᠤᠯᠵᠤ᠂ ᠤᠷᠲᠤ ᠬᠤᠭᠤᠴᠠᠭᠠᠨ ᠤ ᠪᠦᠳᠦᠮᠵᠢᠳᠡᠢ ᠲᠡᠳᠬᠦᠨ ᠳᠡᠮᠵᠢᠬᠦ ᠲᠣᠭᠲᠠᠴᠠ ᠶᠢ ᠪᠠᠶᠢᠭᠤᠯᠣᠨ᠎ᠠ᠃      ︵ᠨᠠᠢᠮᠨ︶ ᠡᠳ᠋ ᠤᠨ ᠵᠠᠰᠠᠭ ᠤᠨ ᠪᠡᠯᠡ ᠮᠥᠩᠭᠦ ᠪᠠᠷ ᠵᠢᠵᠢᠭ ᠪᠢᠴᠢᠯ ᠠᠵᠤ ᠠᠬᠤᠶᠢᠯᠠᠯ ᠤᠨ ᠲᠠᠭᠠᠭᠠᠯᠳᠠ ᠳᠤ ᠲᠤᠰᠠᠯᠠᠬᠤ ᠲᠦᠷᠦᠯ ᠤᠨ ᠪᠡᠯᠡ ᠲᠣᠬᠢᠷᠠᠭᠤᠯᠬᠤ ᠦᠢᠯᠡᠴᠢᠯᠡᠭᠡ ᠶᠢ ᠳᠡᠮᠵᠢᠵᠣ ᠬᠥᠲᠥᠯᠥᠨ ᠵᠢᠯᠣᠭᠤᠳᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠯᠦᠭᠡ ᠶᠢᠨ ᠦᠢᠯᠡᠴᠢᠯᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠣᠨ᠎ᠠ᠃ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠭᠠᠭᠠᠯᠳᠠ ᠳᠤ ᠲᠤᠰᠠᠯᠠᠬᠤ ᠲᠦᠷᠦᠯ ᠤᠨ ᠪᠡᠯᠡ ᠳᠤᠬᠢᠷᠠᠭᠤᠯᠬᠤ ᠦᠢᠯᠡᠴᠢᠯᠡᠭᠡ ᠪᠠ ᠵᠢᠭᠡᠯᠡᠯᠭᠡ ᠶᠢᠨ ᠲᠦᠭᠰᠢᠭᠦᠷᠢ ᠲᠤ ᠨᠦᠭᠦᠪᠦᠷᠢ ᠦᠭᠭᠦ ᠲᠣᠭᠲᠠᠴᠠ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠠᠶᠢᠮᠠᠭ ᠬᠤᠳᠠ ᠶᠢᠨ ᠬᠠᠷᠢᠶ᠎ᠠ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠲᠠᠭᠠᠭᠠᠯᠳᠠ ᠳᠤ ᠲᠤᠰᠠᠯᠠᠬᠤ ᠲᠦᠷᠦᠯ ᠤᠨ ᠪᠡᠯᠡ ᠳᠤᠬᠢᠷᠠᠭᠤᠯᠬᠤ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠭᠦ ᠶᠢ ᠠᠬᠢᠭᠤᠯᠣᠨ᠂ ᠵᠠᠰᠠᠭ ᠤᠨ ᠣᠷᠳᠣᠨ ᠤ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠬᠡᠪᠴᠢᠶ᠎ᠡ ᠶᠢ ᠶᠡᠬᠡᠰᠬᠡᠵᠦ᠂ ᠲᠤᠮᠤᠳᠬᠠᠬᠤ ᠨᠤᠷᠮ᠎ᠠ ᠶᠢ ᠪᠤᠵᠠᠭᠠᠶᠢᠷᠠᠭᠤᠯᠤᠨ᠂ ᠪᠡᠯᠠ ᠲᠣᠬᠢᠷᠠᠭᠤᠯᠬᠤ ᠦᠢᠯᠡᠴᠢᠯᠡᠭᠡᠨ ᠤ ᠪᠦᠷᠭᠦᠭᠦ ᠬᠡᠪᠴᠢᠶ᠎ᠡ ᠶᠢ ᠥᠷᠭᠡᠳᠬᠡᠨ᠎ᠡ᠃ ᠵᠠᠰᠠᠭ ᠤᠨ ᠣᠷᠳᠣᠨ᠂ ᠪᠠᠩᠬᠢ᠂ ᠳᠠᠭᠠᠭᠠᠯᠲᠠ ᠬᠢᠬᠦ ᠪᠠᠶᠢᠭᠤᠯᠤᠮᠵᠢ ᠨᠢ ︽ᠲᠠᠭᠠᠭᠠᠯᠳᠠ ᠳᠤ ᠲᠤᠰᠠᠯᠠᠬᠤ ᠵᠢᠬᠡᠯᠡᠯᠬᠡ + ᠲᠠᠭᠠᠭᠠᠯᠳᠠ ᠬᠢᠭᠦ︾᠎ ᠶᠢᠨ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃      ︵ᠶᠢᠰᠦ︶ ᠡᠳ᠋ ᠤᠨ ᠵᠠᠰᠠᠭ ᠤᠨ ᠪᠡᠯᠡ ᠮᠥᠩᠭᠦ ᠪᠠᠷ ᠣᠷᠣᠨ ᠨᠤᠲᠤᠭ ᠤᠨ ᠪᠠᠩᠬᠢ᠂ ᠠᠳᠠᠯ ᠦᠢᠯᠡᠰ ᠴᠤᠨᠨᠴᠠᠯᠠᠨ ᠪᠡᠯᠠ ᠣᠷᠣᠭᠤᠯᠤᠯᠲᠠ ᠬᠢᠭᠦ ᠠᠵᠤ ᠠᠬᠤᠶᠢᠯᠠᠯ᠂ ᠪᠠᠭ᠎ᠠ ᠲᠣᠭᠠᠨ ᠤ ᠵᠢᠭᠡᠯᠡᠯᠭᠡ ᠲᠠᠯᠪᠢᠬᠤ ᠺᠣᠮᠫᠠᠨᠢ᠂ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠬᠢᠬᠦ ᠺᠣᠮᠫᠠᠨᠢ᠂ ᠰᠠᠭᠤᠷᠢ ᠮᠥᠩᠭᠦᠨ ᠤ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠣᠯᠠᠮ ᠨᠢᠭᠡ ᠠᠯᠬᠤᠮ ᠴᠢᠩᠭᠠᠷᠠᠭᠤᠯᠵᠣ᠂ ᠡᠳ᠋ ᠤᠨ ᠵᠠᠰᠠᠭ ᠤᠨ ᠪᠡᠯᠡ ᠮᠥᠩᠭᠦ ᠪᠠᠷ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶ ᠶᠢ ᠳᠡᠮᠵᠢᠭᠦ ᠨᠦᠯᠣᠭᠡᠯᠡᠯ ᠢ ᠦᠷᠬᠡᠳᠬᠡᠨ᠎ᠠ᠃      ︵ᠠᠷᠪᠠ︶ ᠮᠥᠩᠭᠦᠨ ᠭᠦᠢᠯᠭᠡᠭᠡᠨ ᠤ ᠠᠵᠢᠯ ᠲᠦᠷᠦᠯ ᠤᠳ ᠤᠨ ᠠᠵᠤ ᠠᠬᠤᠶ ᠶᠢᠨ ᠪᠦᠲᠦᠴᠡ ᠶᠢᠨ ᠲᠤᠬᠢᠷᠡᠭᠤᠯᠦᠯᠳᠠ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠳᠡᠮᠵᠢᠭᠦ ᠲᠤᠬᠠᠶ ᠤᠯᠤᠰ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠬᠠᠷᠠᠭᠠᠯᠵᠠᠯ ᠢ ᠨᠡᠮᠡᠭᠳᠡᠭᠦᠯᠵᠦ᠂ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ ᠶᠢ ᠪᠦᠳᠣᠮᠵᠢᠳᠠᠢ ᠳᠡᠭᠡᠭᠰᠢᠯᠡᠭᠦᠯᠬᠦ ᠶᠢᠨ ᠰᠠᠭᠤᠷᠢᠨ ᠳᠡᠭᠡᠷ᠎ᠡ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠬᠦ ᠬᠤᠷᠳᠤᠴᠠ ᠶᠢ ᠡᠯ᠎ᠡ ᠵᠦᠢᠯ ᠤᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠣᠣᠷ᠎ᠠ ᠦᠯᠦ ᠪᠠᠶᠢᠯᠭᠠᠬᠤ᠂ ᠵᠢᠭᠡᠯᠡᠯᠭᠡ ᠵᠢᠭᠡᠯᠡᠬᠦ ᠡᠷᠦᠭᠡ ᠶᠢᠨ ᠲᠤᠭ᠎ᠠ ᠶᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠡᠷᠤᠭᠡ ᠶᠢᠨ ᠲᠤᠭ᠎ᠠ ᠠᠴᠠ ᠳᠣᠣᠷ᠎ᠠ ᠦᠯᠦ ᠪᠠᠶᠢᠯᠭᠠᠵᠦ᠂ ᠵᠢᠭᠡᠯᠡᠯᠭᠡ ᠤᠯᠬᠤ ᠨᠤᠷᠮ᠎ᠠ ᠶᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢᠷᠢ ᠬᠡᠮᠵᠢᠶ᠎ᠡ ᠠᠴᠠ ᠳᠣᠣᠷ᠎ᠠ ᠦᠯᠦ ᠪᠠᠶᠢᠯᠭᠠᠬᠤ ᠶᠢ ᠴᠢᠷᠮᠠᠶᠢᠨ ᠪᠡᠶᠡᠯᠡᠭᠦᠯᠣᠨ᠎ᠠ᠃ ᠠᠷᠠᠣᠨ ᠤᠨ ᠲᠤᠮᠳᠠᠬᠢ ᠬᠥᠷᠥᠩᠭᠡ ᠶᠢ ᠵᠤᠷᠢᠬᠵᠢᠭᠤᠯᠵᠦ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠠᠬᠢᠨ ᠵᠣᠬᠢᠶᠠᠨ ᠪᠠᠶᠢᠭᠤᠯᠵᠤ ᠥᠭᠡᠷᠡᠴᠢᠯᠡᠬᠦ ᠳᠤ ᠣᠷᠣᠯᠴᠠᠭᠤᠯᠵᠦ᠂ ᠠᠷᠠᠣᠨ ᠤᠨ ᠲᠤᠮᠳᠠᠬᠢ ᠬᠦᠷᠦᠩᠬᠡ ᠪᠠᠷ ᠲᠦᠭᠰᠢᠭᠦᠷᠢ ᠪᠠᠨ ᠦᠪᠡᠰᠦᠪᠡᠨ ᠡᠭᠦᠷᠬᠡᠯᠡᠬᠦ ᠠᠷᠠᠳ ᠠᠴᠠ ᠡᠵᠡᠩᠨᠡᠭᠰᠡᠨ ᠪᠠᠩᠬᠢ᠂ ᠮᠥᠩᠭᠦᠨ ᠭᠦᠢᠯᠭᠡᠭᠡᠨ ᠤ ᠲᠦᠷᠢᠶᠡᠰᠦᠯᠡᠯ ᠤᠨ ᠺᠣᠮᠫᠠᠨᠢ᠂ ᠬᠡᠷᠡᠭᠯᠡᠭᠡ ᠶᠢᠨ ᠮᠥᠩᠭᠦᠨ ᠭᠦᠢᠯᠭᠡᠭᠡᠨ ᠤ ᠺᠣᠮᠫᠠᠨᠢ ᠵᠡᠷᠭᠡ ᠳᠤᠮᠳᠠ ᠵᠢᠵᠢᠭ ᠬᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠡᠭᠦᠰᠭᠡᠨ ᠪᠠᠶᠢᠭᠤᠯᠬᠤ ᠶᠢ ᠬᠠᠶᠢᠨ ᠰᠦᠪᠡᠭᠴᠢᠯᠡᠨ᠎ᠠ᠃ ᠠᠷᠠᠣᠨ ᠤᠨ ᠲᠤᠮᠳᠠᠬᠢ ᠬᠥᠷᠥᠩᠭᠡ ᠶᠢ ᠲᠠᠮᠵᠢᠵᠦ ᠲᠣᠰᠬᠤᠨ ᠪᠠᠯᠭᠠᠰᠤ ᠶᠢᠨ ᠪᠠᠩᠬᠢ ᠶᠢ ᠡᠭᠦᠰᠭᠡᠨ ᠪᠠᠶᠢᠭᠤᠯᠬᠤ ᠳᠤ ᠣᠷᠣᠯᠴᠠᠭᠤᠯᠤᠨ᠎ᠠ᠃      ︵ᠠᠷᠪᠠᠨ ᠨᠢᠭᠡ︶ ᠠᠵᠤ ᠠᠬᠤᠶᠢᠯᠠᠯ ᠤᠳ ᠤᠨ ᠭᠤᠣᠯ ᠰᠠᠮᠪᠠᠷ᠎ᠠ᠂ ᠠᠳᠠᠯ ᠦᠢᠯᠡᠰ ᠴᠣᠭᠴᠠᠯᠠᠬᠤ ᠰᠠᠮᠪᠠᠷ᠎ᠠ᠂ ᠳᠤᠮᠳᠠ ᠵᠢᠵᠢᠭ ᠠᠵᠦ ᠠᠬᠤᠢᠢᠯᠠᠯ ᠤᠨ ᠰᠠᠮᠪᠠᠷ᠎ᠠ᠂ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠤ ᠭᠠᠷᠬᠤ᠂ ᠰᠢᠨ᠎ᠠ ᠭᠤᠷᠪᠠᠳᠤᠭᠠᠷ ᠰᠠᠮᠪᠠᠷ᠎ᠠ ᠳᠤ ᠫᠠᠶᠢᠰᠠ ᠡᠯᠭᠦᠭᠦ ᠪᠠᠷ ᠵᠠᠷᠤᠴᠠᠭᠤᠯᠤᠬᠰᠠᠨ ᠡᠮᠦᠨᠡᠬᠢ ᠬᠤᠭᠤᠴᠠᠭᠠᠨ ᠤ ᠵᠠᠷᠤᠳᠠᠯ ᠳᠤᠨᠢ ᠠᠳᠠᠯᠢ ᠱᠠᠲᠤᠨ ᠤ ᠡᠳ᠋ ᠤᠨ ᠵᠠᠰᠠᠭ ᠠᠴᠠ ᠵᠣᠬᠢᠬᠤ ᠨᠥᠬᠦᠪᠥᠷᠢ ᠦᠭᠭᠦᠨ᠎ᠠ᠃ ᠠᠵᠤ ᠠᠬᠤᠶᠢᠯᠠᠯ ᠤᠳ ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠳᠡᠭᠲᠦ ᠲᠠᠷᠬᠠᠭᠠᠬᠤ᠂ ᠤᠷᠲᠤᠪᠲᠤᠷ ᠬᠤᠭᠤᠴᠠᠭᠠᠨ ᠤ ᠫᠢᠶᠣᠣ ᠪᠠᠷᠢᠮᠲᠠ᠂ ᠠᠵᠤ ᠠᠬᠤᠶᠢᠯᠠᠯ ᠤᠨ ᠦᠭᠴᠡᠭᠡ᠂ ᠺᠣᠮᠫᠠᠨᠢ ᠶᠢᠨ ᠦᠭᠴᠡᠭᠡ᠂ ᠨᠡᠶᠢᠯᠡᠮᠡᠯ ᠢᠲᠡᠭᠡᠮᠵᠢ ᠵᠢᠴᠢ ᠳᠤᠮᠳᠠ ᠵᠢᠵᠢᠭ ᠠᠵᠤ ᠠᠬᠤᠶᠢᠯᠠᠯ ᠤᠨ ᠨᠡᠶᠢᠯᠡᠭᠦᠯᠦᠭᠰᠡᠨ ᠫᠢᠶᠣᠣ ᠪᠠᠷᠢᠮᠲᠠ᠂ ᠨᠡᠶᠢᠯᠡᠮᠡᠯ ᠵᠢᠭᠡᠯᠡᠯᠭᠡ ᠶᠢᠨ ᠲᠡᠮᠳᠡᠭᠲᠦ ᠵᠡᠷᠭᠡ ᠶᠢ ᠳᠠᠷᠬᠠᠭᠠᠬᠤ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠬᠤᠶᠠᠷ ᠱᠠᠳᠣ ᠨᠢ ᠲᠡᠳᠡᠨ ᠤ ᠲᠠᠷᠬᠠᠭᠠᠬᠤ ᠲᠤᠭ᠎ᠠ ᠬᠡᠮᠵᠢᠶ᠎ᠠ ᠶᠣᠰᠣᠭᠠᠷ ᠵᠣᠬᠢᠬᠤ ᠱᠠᠩᠨᠠᠯ ᠣᠯᠭᠤᠵᠣ ᠪᠣᠯᠣᠨ᠎ᠠ᠃      ︵ᠠᠷᠪᠠᠨ ᠬᠤᠶᠠᠷ︶ ᠡᠳ᠋ ᠤᠨ ᠵᠠᠰᠠᠭ ᠠᠴᠠ ᠪᠡᠯᠡ ᠤᠷᠤᠭᠤᠯᠬᠤ᠂ ᠠᠷᠠᠣᠨ ᠤᠨ ᠲᠤᠮᠳᠠᠬᠢ ᠬᠥᠷᠥᠩᠭᠡ ᠶᠢ ᠲᠠᠳᠠᠨ ᠣᠷᠣᠭᠤᠯᠵᠤ ᠣᠷᠣᠯᠴᠠᠭᠤᠯᠬᠤ᠂ ᠠᠷᠠᠳ ᠤᠨ ᠲᠤᠮᠳᠠᠬᠢ ᠳᠠᠭᠠᠭᠠᠯᠲᠠ ᠬᠢᠬᠦ ᠪᠠᠶᠢᠭᠤᠯᠤᠮᠵᠢ ᠶᠢ ᠲᠠᠬᠢᠨ ᠵᠣᠬᠢᠶᠠᠨ ᠪᠠᠶᠢᠭᠤᠯᠵᠣ ᠡᠮᠬᠢᠯᠡᠨ ᠨᠡᠶᠢᠯᠡᠭᠦᠯᠭᠦ᠂ ᠲᠤᠰᠬᠠᠶ ᠵᠦᠢᠯ ᠤᠨ ᠪᠡᠯᠡ ᠮᠥᠩᠭᠦ ᠶᠢᠨ ᠲᠡᠳᠬᠦᠮᠵᠢ ᠶᠢ ᠤᠯᠬᠤ ᠪᠠᠷ ᠴᠢᠷᠮᠠᠶᠢᠬᠤ᠂ ᠠᠰᠢᠭ ᠤᠯᠵᠠᠪᠤᠷᠢ ᠬᠤᠷᠠᠮᠳᠤᠭᠤᠯᠵᠣ ᠬᠦᠷᠦᠩᠭᠡ ᠨᠡᠮᠡᠭᠳᠡᠭᠦᠯᠭᠦ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠵᠣ᠂ ᠬᠦᠷᠦᠩᠭᠡ ᠮᠥᠩᠭᠦ ᠶᠢ ᠦᠷᠭᠦᠯᠵᠢᠯᠡᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠂ ᠤᠯᠤᠰ ᠤᠨ ᠦᠮᠴᠢᠯᠡᠯᠳᠣ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠬᠢᠬᠦ ᠪᠠᠶᠢᠭᠤᠯᠤᠮᠵᠢ ᠶᠢ ᠬᠦᠴᠦᠷᠬᠡᠭᠵᠢᠭᠦᠯᠣᠨ ᠪᠤᠵᠠᠭᠠᠶᠢᠷᠠᠭᠤᠯᠵᠣ᠂ ᠠᠶᠢᠮᠠᠭ ᠬᠤᠳᠠ ᠨᠢᠭᠡᠪᠦᠷᠢ ᠨᠢ ᠳᠠᠩᠰᠠᠯᠠᠭᠤᠯᠤᠭᠰᠠᠨ ᠪᠡᠯᠠ ᠮᠥᠩᠭᠦ ᠪᠠᠷ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠤᠯᠤᠰ ᠤᠨ ᠤᠢᠮᠴᠢᠯᠡᠯᠳᠦ ᠰᠲ᠋ᠤᠺ ᠡᠵᠡᠮᠳᠡᠭᠰᠡᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢ ᠨᠢᠬᠡ ᠪᠣᠢ ᠪᠣᠯᠭᠠᠨ᠂ ᠬᠤᠰᠢᠭᠤ ᠰᠢᠶᠠᠨ ︵ᠬᠤᠳᠠ᠂ ᠲᠣᠭᠤᠷᠢᠭ︶ ᠨᠢᠭᠡᠪᠣᠷᠢ ᠨᠢ ᠳᠠᠩᠰᠠᠯᠠᠭᠤᠯᠤᠭᠰᠠᠨ ᠪᠡᠯᠡ ᠮᠥᠩᠭᠦ ᠪᠠᠷ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠤᠯᠤᠰ ᠤᠨ ᠤᠢᠮᠴᠢᠯᠡᠯᠳᠦ ᠰᠲ᠋ᠤᠺ ᠡᠵᠡᠮᠳᠡᠭᠰᠡᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢ ᠨᠢᠬᠡ ᠪᠠᠶᠢᠭᠤᠯᠬᠤ ᠪᠠᠷ ᠴᠢᠷᠮᠠᠶᠢᠨ᠎ᠠ᠃ 3 ᠵᠢᠯ ᠣᠷᠴᠢᠮ ᠤᠨ ᠴᠠᠭ ᠢ ᠠᠰᠢᠭᠯᠠᠵᠣ᠂ ᠡᠳ᠋ ᠤᠨ ᠵᠠᠰᠠᠭ ᠤᠨ ᠪᠡᠯᠡ ᠮᠥᠩᠭᠦ ᠶᠢ ᠣᠷᠣᠭᠤᠯᠬᠤ᠂ ᠤᠯᠤᠰ ᠤᠨ ᠥᠮᠴᠢᠯᠡᠯᠳᠣ ᠬᠦᠷᠦᠩᠬᠡ ᠪᠠ ᠠᠷᠠᠳ ᠠᠴᠠ ᠡᠵᠡᠩᠨᠡᠭᠰᠡᠨ ᠬᠥᠷᠥᠩᠭᠡ ᠶᠢ ᠰᠢᠩᠭᠡᠭᠡᠨ ᠠᠪᠴᠤ ᠬᠤᠪᠢ ᠣᠷᠣᠭᠤᠯᠬᠤ ᠪᠠᠷ ᠳᠡᠮᠵᠢᠭᠤᠯᠵᠣ᠂ ᠬᠦᠷᠦᠩᠭᠡ ᠨᠢ 20 ᠳ᠋ᠦᠩᠰᠢᠭᠤᠷ ᠲᠥᠭᠦᠷᠢᠭ ᠲᠤ ᠬᠦᠷᠣᠭ᠍ᠰᠡᠨ ᠥᠪᠡᠷᠲᠡᠭᠡᠨ ᠵᠠᠰᠠᠬᠤ ᠣᠷᠣᠨ ᠤ ᠲᠠᠬᠢᠨ ᠳᠠᠭᠠᠭᠠᠯᠲᠠ ᠬᠢᠬᠦ ᠪᠠᠶᠢᠭᠤᠯᠤᠮᠵᠢ ᠶᠢ ᠪᠣᠢ ᠪᠣᠯᠭᠠᠬᠤ ᠪᠠᠷ ᠴᠢᠷᠮᠠᠶᠢᠵᠦ᠂ ᠭᠤᠣᠯᠳᠠᠭᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠳᠠᠭᠠᠭᠠᠯᠲᠠ ᠬᠢᠬᠦ ᠪᠠᠶᠢᠭᠤᠯᠤᠮᠵᠢ ᠳᠤ ᠲᠠᠬᠢᠨ ᠳᠠᠭᠠᠭᠠᠯᠲᠠ ᠬᠢᠵᠣ᠂ ᠪᠦᠯᠦᠭᠯᠡᠨ ᠢᠲᠡᠭᠡᠮᠵᠢ ᠪᠠᠨ ᠨᠡᠮᠡᠭᠳᠡᠭᠦᠯᠬᠦ ᠶᠢ ᠪᠡᠶᠡᠯᠡᠭᠦᠯᠵᠣ᠂ ᠲᠡᠬᠢᠠ ᠳᠠᠭᠠᠭᠠᠯᠲᠠ ᠬᠢᠬᠦ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠣᠨ᠎ᠠ᠃ ᠪᠠᠩᠬᠢ ᠶᠢ ᠲᠠᠮᠵᠢᠵᠦ ᠪᠠᠶᠢᠭᠠᠳ ᠡᠯ᠎ᠡ ᠲᠦᠷᠦᠯ ᠤᠨ ᠳᠠᠭᠠᠭᠠᠯᠲᠠ ᠬᠢᠬᠦ ᠪᠠᠶᠢᠭᠤᠯᠤᠮᠵᠢ᠂ ᠠᠵᠤ ᠠᠬᠤᠶᠢᠯᠠᠯ ᠯᠤᠭ᠎ᠠ ᠦᠯᠦ ᠬᠥᠳᠡᠯᠬᠦ ᠬᠦᠷᠦᠩᠭᠡ ᠪᠠ ᠬᠥᠳᠡᠯᠬᠦ ᠬᠦᠷᠦᠩᠬᠡ ᠶᠢ ᠪᠠᠷᠢᠴᠠᠭᠠᠯᠠᠨ ᠳᠠᠨᠵᠢᠯᠠᠬᠤ ᠠᠵᠢᠯ ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠵᠢᠭᠡᠯᠡᠯᠭᠡ ᠶᠢᠨ ᠳᠠᠭᠠᠭᠠᠯᠲᠠ ᠬᠢᠯᠭᠡᠬᠦ ᠵᠠᠷᠤᠳᠠᠯ ᠢ ᠪᠠᠭᠤᠷᠠᠭᠤᠯᠣᠨ᠎ᠠ᠃ ᠲᠠᠸᠠᠷ ᠤᠨ ᠲᠡᠮᠳᠡᠭᠲᠦ ᠶᠢᠨ ᠲᠤᠰᠬᠠᠶ ᠬᠡᠷᠡᠭᠯᠡᠬᠦ ᠡᠷᠬᠡ᠂ ᠲᠤᠰᠬᠠᠶ ᠠᠰᠢᠭ ᠤᠨ ᠡᠷᠬᠡ᠂ ᠵᠣᠬᠢᠶᠠᠯ ᠪᠦᠲᠦᠭᠡᠯ ᠤᠨ ᠡᠷᠬᠡ᠂ ᠭᠦᠮᠦᠷᠬᠡᠯᠡᠬᠦ ᠬᠠᠭᠤᠳᠠᠰᠤ᠂ ᠪᠠᠷᠠᠭ᠎ᠠ ᠭᠠᠷᠭᠠᠵᠤ ᠠᠪᠬᠤ ᠬᠠᠭᠤᠳᠠᠰᠤ᠂ ᠳᠡᠯᠭᠡᠭᠦᠷ ᠡᠵᠡᠩᠨᠡᠬᠦ ᠡᠷᠬᠡ᠂ ᠬᠤᠳᠠᠯᠳᠤᠭᠠᠨ ᠤ ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ᠂ ᠰᠲ᠋ᠣᠺ ᠤᠨ ᠡᠷᠬᠡ᠂ ᠬᠤᠷᠢᠶᠠᠪᠠᠰᠤ ᠵᠣᠬᠢᠬᠤ ᠲᠡᠩᠰᠡᠠ ᠵᠣᠭᠤᠰ᠂ ᠣᠨᠴᠠ ᠵᠥᠪᠰᠢᠶᠡᠷᠡᠭᠰᠡᠨ ᠡᠵᠡᠩᠨᠡᠬᠦ ᠡᠷᠬᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠵᠡᠷᠭᠡ ᠲᠡᠯᠳᠠ ᠬᠦᠷᠦᠩᠬᠡ ᠶᠢ ᠬᠡᠷᠡᠭᠯᠡᠨ ᠵᠢᠭᠡᠯᠡᠯᠭᠡ ᠪᠠᠷᠢᠴᠠᠭᠠᠯᠠᠨ ᠳᠠᠨᠵᠢᠯᠠᠬᠤ ᠶᠢ ᠵᠦᠪᠰᠢᠶᠡᠷᠡᠨ᠎ᠠ᠃      ︵ᠠᠷᠪᠠᠨ ᠭᠤᠷᠪᠠ︶ ᠠᠭᠤᠷᠬᠠᠶ ᠮᠠᠯᠲᠠᠬᠤ ᠡᠷᠬᠡᠲᠦ ᠬᠥᠮᠦᠨ ᠤ ᠥᠮᠴᠢᠯᠡᠵᠦ ᠪᠠᠶᠢᠭ᠎ᠠ ᠠᠭᠤᠷᠬᠠᠶ ᠮᠠᠯᠲᠠᠬᠤ ᠡᠷᠬᠡ ᠪᠠᠷ ᠢᠶᠠᠨ ᠪᠠᠷᠢᠴᠠᠭᠠᠨ ᠤ ᠡᠳ᠋ ᠪᠣᠯᠭᠠᠵᠤ᠂ ᠥᠪᠡᠷ ᠤᠨ ᠪᠡᠶ᠎ᠡ ᠳᠡᠭᠡᠨ ᠪᠤᠶᠤ ᠪᠤᠰᠤᠳ ᠬᠥᠮᠦᠨ ᠤ ᠵᠢᠭᠡᠯᠡᠯᠭᠡ ᠶᠢᠨ ᠥᠷᠢ ᠥᠭᠴᠡᠭᠡ ᠳᠤ ᠳᠠᠭᠠᠭᠠᠯᠲᠠ ᠬᠠᠩᠭᠠᠭᠰᠠᠨ ᠪᠥᠭᠡᠳ ᠪᠠᠷᠢᠴᠠᠭᠠᠯᠠᠬᠤ ᠶᠢ ᠭᠤᠶᠤᠴᠢᠯᠠᠵᠣ ᠳᠠᠩᠰᠠᠯᠠᠭᠤᠯᠬᠤ ᠶᠢ ᠵᠦᠪᠰᠢᠶᠡᠷᠡᠨ᠎ᠠ᠃      ︵ᠠᠷᠪᠠᠨ ᠲᠥᠷᠪᠡ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠤᠷᠤᠨ ᠤ ᠬᠡᠪᠴᠢᠶᠠᠨ ᠳᠤ ᠬᠠᠤᠯᠢ ᠶᠣᠰᠣᠭᠠᠷ ᠣᠯᠤᠭᠰᠠᠨ ᠤᠯᠤᠰ ᠤᠨ ᠥᠮᠴᠢᠯᠡᠯᠳᠣ ᠭᠠᠵᠠᠷ ᠰᠢᠷᠣᠶ ᠶᠢᠨ ᠬᠡᠷᠡᠭᠯᠡᠬᠦ ᠡᠷᠬᠡ ᠵᠢᠴᠢ ᠬᠡᠷ ᠪᠠᠷᠢᠬᠤ ᠰᠠᠭᠤᠷᠢ ᠭᠠᠵᠠᠷ᠂ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠤᠯᠠᠨ ᠨᠡᠶᠢᠲᠡ ᠶᠢᠨ ᠪᠡᠯᠡᠳᠬᠡᠮᠵᠢ ᠠᠴᠠ ᠪᠤᠰᠤᠳ ᠬᠠᠮᠲᠤ ᠨᠡᠶᠢᠳᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠭᠠᠵᠠᠷ ᠰᠢᠷᠣᠢ ᠪᠠᠷ ᠪᠠᠷᠢᠴᠠᠭᠠᠳᠤ ᠵᠢᠭᠡᠯᠡᠯᠭᠡ ᠪᠠ ᠭᠠᠵᠠᠷ ᠰᠢᠷᠣᠶ ᠶᠢᠨ ᠪᠠᠷᠢᠴᠠᠭᠠᠳᠣ ᠳᠡᠩᠰᠠᠯᠠᠯᠳᠠ ᠬᠢᠭᠦ ᠶᠢ ᠵᠥᠪᠰᠢᠶᠡᠷᠡᠨ᠎ᠡ᠃      ᠭᠤᠷᠪᠠ᠂ ᠡᠳ᠋ ᠤᠨ ᠵᠠᠰᠠᠭ ᠤᠨ ᠳᠡᠮᠵᠢᠯᠭᠡ ᠪᠠᠨ ᠨᠡᠮᠡᠭᠳᠡᠭᠦᠯᠦᠨ᠎ᠠ      ︵ᠠᠷᠪᠠᠨ ᠲᠠᠪᠤ︶ ᠠᠵᠤ ᠠᠬᠤᠶᠢᠯᠠᠯ ᠤᠨ ᠪᠡᠯᠨ ᠣᠷᠣᠭᠤᠯᠣᠯᠳᠠ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠴᠢᠭᠯᠡᠯ ᠳᠤ ᠨᠡᠶᠢᠴᠡᠬᠦ ᠴᠢᠬᠤᠯᠠ ᠶᠡᠭᠡ ᠲᠥᠷᠥᠯ ᠵᠦᠢᠯ ᠳᠤ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠶᠢᠯᠢ ᠰᠦᠢᠳᠬᠡᠯ ᠵᠡᠷᠭᠡ ᠲᠥᠷᠥ ᠶᠢᠨ ᠪᠤᠳᠤᠯᠭ᠎ᠠ ᠶᠢᠨ ᠳᠡᠮᠵᠢᠯᠭᠡ ᠣᠯᠭᠤᠨ᠎ᠠ᠃      ︵ᠠᠷᠪᠠᠨ ᠵᠢᠷᠭᠤᠭ᠎ᠠ︶ ᠡᠬᠢ ᠪᠠᠶᠠᠯᠢᠭ ᠤᠨ ᠬᠡᠯᠪᠡᠷᠢ ᠪᠦᠬᠦᠢ ᠠᠵᠤ ᠠᠬᠤᠶᠢᠯᠠᠯ ᠤᠳ ᠬᠡᠯᠪᠡᠷᠢ ᠪᠠᠨ ᠬᠤᠪᠢᠷᠠᠭᠤᠯᠤᠨ ᠭᠦᠭᠵᠢᠭᠦᠯᠭᠦ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠤᠯᠤᠨᠨᠰᠠᠨ ᠠᠵᠤ ᠦᠢᠯᠡᠰ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠳᠤ ᠡᠯ᠎ᠡ ᠱᠠᠲᠤᠨ ᠤ ᠵᠠᠰᠠᠭ ᠤᠨ ᠣᠷᠳᠣᠨ ᠨᠢ ᠬᠦᠷᠦᠩᠭᠡ ᠮᠥᠩᠭᠦ ᠶᠢᠨ ᠣᠷᠣᠭᠤᠯᠤᠯᠲᠠ ᠪᠤᠶᠤ ᠪᠡᠯᠡ ᠣᠷᠣᠭᠤᠯᠤᠯᠲᠠ ᠶᠢᠨ ᠨᠥᠬᠦᠪᠥᠷᠢ᠂ ᠵᠢᠭᠡᠯᠡᠯᠭᠡ ᠶᠢᠨ ᠲᠡᠮ ᠬᠦᠦ ᠥᠭᠬᠦ ᠵᠡᠷᠭᠡ ᠠᠷᠭ᠎ᠠ ᠮᠠᠶ᠋ᠢᠭ ᠢᠶᠠᠷ ᠵᠣᠬᠢᠬᠤ ᠲᠡᠮᠵᠢᠯᠬᠡ ᠤᠯᠭᠤᠨ᠎ᠠ᠃      ︵ᠠᠷᠪᠠᠨ ᠲᠤᠯᠤᠭ᠎ᠠ︶ ᠲᠥᠪ ᠤᠨ ᠪᠡᠯᠡ ᠣᠷᠣᠭᠤᠯᠤᠯᠲᠠ ᠶᠢ ᠤᠯᠬᠤ ᠪᠠᠷ ᠴᠢᠷᠮᠠᠶᠢᠬᠤ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠳᠤ ᠵᠠᠷᠤᠴᠠᠭᠤᠯᠬᠤ ᠡᠯ᠎ᠡ ᠲᠥᠷᠥᠯ ᠤᠨ ᠲᠤᠰᠬᠠᠶ ᠪᠡᠯᠡ ᠮᠥᠩᠭᠦ ᠶᠢ ᠲᠣᠬᠢᠷᠠᠭᠤᠯᠬᠤ ᠦᠶ᠎ᠡ ᠳᠤ᠂ ᠭᠤᠤᠯᠳᠠᠯᠠᠭ᠎ᠠ ᠪᠠᠨ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠲᠡᠰᠢ ᠬᠡᠯᠪᠠᠶᠢᠯᠭᠡᠨ᠎ᠡ᠃ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠴᠢᠨᠠᠷᠲᠠᠶ ᠠᠵᠤ ᠦᠢᠯᠡᠰ ᠤᠨ ᠰᠠᠭᠤᠷᠢ ᠮᠥᠩᠭᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠡᠯ᠎ᠡ ᠲᠦᠷᠦᠯ ᠤᠨ ᠰᠠᠭᠤᠷᠢ ᠮᠥᠩᠭᠦ ᠶᠢ ᠡᠭᠦᠰᠭᠡᠨ ᠪᠠᠶᠢᠭᠤᠯᠬᠤ ᠳᠤ ᠠᠷᠠᠣᠨ ᠤᠨ ᠲᠤᠮᠳᠠᠬᠢ ᠬᠥᠷᠥᠩᠭᠡ ᠶᠢᠨ ᠣᠷᠣᠯᠴᠠᠬᠤ ᠶᠢ ᠵᠣᠷᠢᠬᠵᠢᠭᠤᠯᠵᠣ᠂ ᠠᠷᠠᠣᠨ ᠤᠨ ᠲᠤᠮᠳᠠᠬᠢ ᠬᠦᠷᠦᠩᠬᠡ ᠶᠢᠨ ᠡᠯ᠎ᠡ ᠲᠦᠷᠣᠯ ᠤᠨ ᠰᠠᠭᠤᠷᠢ ᠮᠥᠩᠭᠦ ᠡᠭᠦᠰᠭᠡᠨ ᠪᠠᠶᠢᠭᠤᠯᠬᠤ ᠶᠢ ᠳᠡᠮᠵᠢᠨ᠎ᠠ᠃      ︵ᠠᠷᠪᠠᠨ ᠨᠠᠢᠮᠨ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠤᠰᠬᠠᠶ ᠪᠡᠯᠡ ᠮᠥᠩᠭᠦ ᠲᠣᠬᠢᠷᠠᠭᠤᠯᠣᠨ ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠳᠣᠭᠡᠨ ᠪᠠᠶᠢᠭᠤᠯᠤᠯᠲᠠ ᠳᠤ ᠵᠠᠷᠤᠴᠠᠭᠤᠯᠵᠦ ᠤᠯᠤᠰ ᠤᠨ ᠲᠤᠷᠰᠢᠯᠲᠠ ᠶᠢᠨ ᠴᠢᠬ ᠤᠨ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠤᠯᠡᠠ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ ᠢᠵᠢ ᠪᠦᠷᠢᠳᠦᠭᠦᠯᠬᠦ ᠪᠡᠯᠠ ᠣᠷᠣᠭᠤᠯᠤᠯᠲᠠ ᠣᠯᠭᠤᠨ᠎ᠠ︔ ᠡᠯ᠎ᠡ ᠭᠠᠵᠠᠷ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠣᠯᠤᠨ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠢ ᠡᠭᠦᠰᠭᠡᠨ ᠪᠠᠶᠢᠭᠤᠯᠬᠤ ᠳᠤ ᠨᠥᠬᠦᠪᠥᠷᠢ ᠣᠯᠭᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠡᠮᠵᠢᠭᠤᠯᠵᠣ᠂ ᠦᠢᠯᠡᠴᠢᠯᠡᠭᠡᠨ ᠤ ᠪᠠᠶᠢᠭᠤᠯᠤᠮᠵᠢ ᠨᠢ ᠲᠣᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠭᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠰᠢᠯᠢᠳᠡᠭ ᠦᠢᠯᠡᠴᠢᠯᠡᠭᠡ ᠬᠠᠩᠭᠠᠬᠤ ᠶᠢ ᠬᠥᠲᠥᠯᠥᠨ ᠵᠢᠯᠣᠭᠤᠳᠣᠨ᠎ᠠ᠃      ︵ᠠᠷᠪᠠ ᠶᠢᠰᠦ︶ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠶᠢ ᠬᠠᠤᠯᠢ ᠶᠣᠰᠣᠭᠠᠷ ᠪᠠᠶᠢᠭᠤᠯᠵᠣ᠂ ᠪᠡᠯᠡ ᠮᠥᠩᠭᠦ ᠶᠢᠨ ᠢᠷᠡᠯᠳᠡ ᠳᠤ ᠡᠳ᠋ ᠤᠨ ᠵᠠᠰᠠᠭ ᠤᠨ ᠲᠥᠰᠦᠪ ᠤᠨ ᠲᠤᠬᠢᠷᠡᠭᠤᠯᠦᠯᠳᠠ᠂ ᠤᠯᠤᠰ ᠤᠨ ᠰᠠᠭᠤᠷᠢ ᠮᠥᠩᠭᠦ ᠶᠢᠨ ᠣᠷᠣᠭᠤᠯᠤᠯᠲᠠ᠂ ᠨᠡᠶᠢᠭᠡᠮ ᠤᠨ ᠬᠦᠷᠦᠩᠭᠡ᠂ ᠰᠠᠭᠤᠷᠢ ᠮᠥᠩᠭᠦ ᠶᠢᠨ ᠠᠰᠢᠭ ᠣᠷᠣᠯᠭ᠎ᠠ᠂ ᠲᠤᠰᠠᠯᠠᠵᠦ ᠬᠠᠨᠳᠢᠪᠯᠠᠬᠤ ᠵᠡᠷᠭᠡ ᠪᠠᠭᠲᠠᠨ᠎ᠠ᠃ ᠰᠠᠭᠤᠷᠢ ᠮᠥᠩᠭᠦ ᠶᠢ ᠭᠤᠣᠯᠳᠠᠭᠤ ᠣᠷᠣᠨ ᠨᠤᠲᠤᠭ᠂ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠵᠢᠴᠢ ᠪᠤᠰᠤᠳ ᠨᠡᠶᠢᠭᠡᠮ ᠤᠨ ᠪᠡᠯᠡ ᠮᠥᠩᠭᠦ ᠶᠢᠨ ᠰᠤᠶᠤᠭᠠᠯᠠᠯ ᠤᠨ ᠬᠤᠭᠤᠴᠠᠭ᠎ᠠ᠂ ᠠᠩᠬ᠎ᠠ ᠡᠭᠦᠳᠦᠨ ᠪᠠᠶᠢᠭᠤᠯᠬᠤ ᠬᠤᠭᠤᠴᠠᠭᠠᠨ ᠳᠤ ᠣᠷᠣᠰᠢᠵᠤ ᠪᠦᠭᠦᠢ ᠪᠤᠶᠢᠵᠢᠯᠲᠠ ᠶᠢᠨ ᠬᠡᠯᠪᠡᠷᠢ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠭᠦ ᠵᠡᠷᠭᠡ ᠶᠢ ᠭᠦᠳᠣᠯᠣᠨ ᠵᠢᠯᠣᠭᠤᠣᠠᠬᠤ ᠳᠤ ᠬᠡᠷᠩᠯᠡᠨ᠎ᠠ᠃ ᠰᠠᠭᠤᠷᠢ ᠮᠥᠩᠭᠦ ᠳᠤ ᠪᠡᠯᠠ ᠮᠥᠩᠭᠦ ᠲᠤᠰᠠᠯᠠᠨ ᠬᠠᠨᠳᠢᠪᠯᠠᠬᠤ ᠶᠢ ᠵᠣᠷᠢᠬᠵᠢᠭᠤᠯᠵᠤ᠂ ᠠᠵᠤ ᠠᠬᠤᠶᠢᠯᠠᠯ ᠪᠣᠯᠤᠨ ᠬᠤᠪᠢ ᠬᠥᠮᠦᠨ ᠤ ᠰᠠᠭᠤᠷᠢ ᠮᠥᠩᠭᠦ ᠳᠤ ᠲᠤᠰᠠᠯᠠᠨ ᠬᠠᠨᠳᠢᠪᠯᠬᠠᠰᠠᠨ ᠪᠡᠯᠠ ᠮᠥᠩᠭᠦ ᠨᠢ ᠬᠠᠮᠢᠶ᠎ᠠ ᠪᠥᠬᠦᠢ ᠲᠣᠭᠲᠠᠭᠠᠯ ᠳᠤ ᠨᠡᠶᠢᠴᠡᠪᠡᠯ᠂ ᠠᠵᠤ ᠠᠬᠤᠶᠢᠯᠠᠯ ᠤᠨ ᠣᠨ ᠤ ᠠᠰᠢᠭ ᠤᠯᠵᠠᠪᠤᠷᠢ ᠶᠢᠨ ᠪᠦᠬᠦ ᠲᠤᠭ᠎ᠠ ᠶᠢᠨ 12%᠎ ᠤᠨ ᠳᠣᠲᠣᠷᠠᠬᠢ ᠬᠡᠰᠡᠭ᠂ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠪᠠᠨ ᠮᠡᠳᠡᠭᠦᠯᠭᠦ ᠳᠤ ᠲᠤᠰᠢᠶᠠᠪᠠᠰᠤ ᠵᠣᠬᠢᠬᠤ ᠣᠯᠵᠠᠪᠤᠷᠢ ᠶᠢᠨ ᠲᠤᠭ᠎ᠠ ᠶᠢᠨ 30%᠎ ᠶᠢᠨ ᠳᠣᠲᠣᠷᠠᠬᠢ ᠬᠡᠰᠡᠭ ᠢ ᠨᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠭᠠᠶᠢᠯᠢ ᠶᠢ ᠪᠣᠳᠣᠬᠤ ᠦᠶ᠎ᠡ ᠳᠤ ᠭᠠᠶᠢᠯᠢ ᠲᠤᠰᠢᠶᠠᠬᠤ ᠠᠴᠠ ᠡᠮᠦᠨ᠎ᠡ ᠬᠠᠰᠤᠵᠤ ᠭᠠᠷᠭᠠᠬᠤ ᠶᠢ ᠵᠥᠪᠰᠢᠶᠡᠷᠡᠨ᠎ᠠ᠃      ︵ᠬᠤᠷᠢ︶ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠶᠡᠷᠦᠩᠬᠡᠶ ᠬᠡᠮᠵᠢᠶᠡᠨ ᠤ ᠳᠣᠲᠣᠷ᠎ᠠ 5 ᠳ᠋ᠦᠩᠰᠢᠭᠤᠷ ᠲᠥᠭᠦᠷᠢᠭ ᠲᠣᠬᠢᠷᠠᠭᠤᠯᠵᠣ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠤᠢ ᠪᠤᠯᠤᠨᠨᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠣᠨ᠂ ᠤᠯᠤᠰ ᠤᠨ ᠰᠢᠨ᠎ᠡ ᠪᠠᠷ ᠪᠤᠢ ᠪᠤᠯᠤᠨᠨᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠰᠠᠭᠤᠷᠢ ᠮᠦᠩᠭᠦ ᠯᠦᠭᠡ ᠢᠵᠢ ᠪᠦᠷᠢᠳᠦᠭᠦᠯᠵᠣ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠳᠤ ᠨᠡᠶᠢᠭᠡᠮ ᠤᠨ ᠬᠦᠷᠦᠩᠭᠡ ᠶᠢᠨ ᠳᠡᠮᠵᠢᠬᠦ ᠶᠢ ᠬᠥᠲᠥᠯᠥᠨ ᠵᠢᠯᠣᠭᠤᠳᠣᠨ᠎ᠠ᠃ ᠡᠯ᠎ᠡ ᠠᠶᠢᠮᠠᠭ ᠬᠤᠳᠠ ᠶᠢᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠪᠠᠶᠢᠭᠤᠯᠬᠤ ᠶᠢ ᠵᠣᠷᠢᠬᠵᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠤᠢ ᠪᠤᠯᠤᠨᠨᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢ ᠮᠥᠩᠭᠦ ᠵᠡᠷᠭᠡ ᠶᠢᠨ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠭᠦ ᠶᠢ ᠳᠡᠮᠵᠢᠬᠦ ᠶᠢ ᠵᠣᠷᠢᠬᠵᠢᠭᠤᠯᠣᠨ᠎ᠠ᠃      ︵ᠬᠤᠷᠢᠨ ᠨᠢᠭᠡ︶ ᠡᠯ᠎ᠡ ᠭᠠᠵᠠᠷ ᠣᠷᠣᠨ ᠨᠤᠭᠤᠳ ᠰᠤᠯᠠ ᠪᠠᠶᠢᠭ᠎ᠠ ᠬᠤᠳᠠᠯᠳᠤᠭᠠᠨ ᠳᠤ ᠬᠡᠷᠡᠭᠯᠡᠬᠦ ᠭᠡᠷ᠂ ᠠᠵᠤ ᠦᠢᠯᠡᠳᠪᠦᠷᠢ ᠶᠢᠨ ᠭᠡᠷ ᠪᠠᠶᠢᠰᠢᠩ᠂ ᠠᠵᠤ ᠠᠬᠤᠶᠢᠯᠠᠯ ᠤᠨ ᠰᠠᠩ ᠬᠥᠮᠥᠷᠭᠡ᠂ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠪᠠ ᠭᠡᠷ ᠪᠦᠯᠢ ᠶᠢᠨ ᠣᠷᠣᠨ ᠰᠠᠭᠤᠴᠠ᠂ ᠲᠦᠷᠢᠶᠡᠰᠦᠯᠡᠬᠦ ᠭᠡᠷ ᠪᠠᠶᠢᠰᠢᠩ ᠵᠡᠷᠭᠡ ᠡᠬᠢ ᠪᠠᠶᠠᠯᠢᠭ ᠢ ᠰᠡᠷᠭᠦᠭᠡᠵᠣ᠂ ᠰᠢᠨ᠎ᠡ ᠶᠢ ᠡᠬᠦᠳᠴᠤ ᠦᠢᠯᠡᠳᠬᠦ ᠭᠠᠵᠠᠷ᠂ ᠲᠡᠷᠭᠡᠨ ᠬᠥᠮᠥᠷᠭᠡ ᠶᠢᠨ ᠺᠤᠹᠧ᠂ ᠠᠳᠠᠯ ᠦᠢᠯᠡᠰ ᠴᠣᠭᠴᠠᠯᠠᠭᠴᠢ ᠶᠢᠨ ᠣᠷᠣᠨ ᠵᠠᠶ ᠵᠡᠷᠭᠡ ᠰᠢᠨ᠎ᠡ ᠬᠡᠯᠪᠡᠷᠢ ᠶᠢᠨ ᠨᠡᠪᠴᠢᠭᠦᠯᠦᠬᠦᠷ ᠢ ᠶᠡᠬᠡᠪᠡᠷ ᠬᠥᠭᠵᠢᠭᠦᠯᠵᠦ᠂ ᠠᠳᠠᠯ ᠦᠢᠯᠡᠰ ᠴᠣᠭᠴᠠᠯᠠᠭᠴᠢᠣᠨ ᠲᠤ ᠥᠪᠡᠷ ᠤᠨ ᠥᠷᠲᠡᠭ ᠢᠶᠠᠷ ᠲᠣᠣᠷ᠎ᠡ ᠪᠠᠶᠢᠳᠠᠭ ᠠᠵᠢᠯᠯᠠᠬᠤ ᠭᠠᠵᠠᠷ ᠪᠠ ᠣᠷᠣᠨ ᠰᠠᠭᠤᠴᠠ ᠶᠢᠨ ᠨᠥᠬᠦᠴᠡᠯ ᠢ ᠬᠠᠩᠭᠠᠨ᠎ᠠ᠃ ᠨᠥᠬᠦᠴᠡᠯ ᠲᠠᠢ ᠠᠶᠢᠮᠠᠭ ᠬᠤᠳᠠ ᠨᠢ ᠠᠳᠠᠯ ᠦᠢᠯᠡᠰ ᠴᠣᠭᠴᠠᠯᠠᠬᠤ ᠲᠡᠮᠳᠡᠭᠲᠦ᠂ ᠰᠢᠨ᠎ᠡ ᠶᠢ ᠡᠭᠦᠳᠬᠦ ᠲᠡᠮᠳᠡᠭᠲᠦ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠵᠣ᠂ ᠠᠳᠠᠯ ᠦᠢᠯᠡᠰ ᠴᠣᠭᠴᠠᠯᠠᠭᠴᠢ ᠪᠠ ᠰᠢᠨ᠎ᠡ ᠶᠢ ᠡᠭᠦᠳᠣᠭ᠍ᠴᠢᠣᠨ ᠲᠤ ᠨᠡᠶᠢᠭᠡᠮ ᠤᠨ ᠪᠣᠯᠪᠠᠰᠤᠷᠠᠭᠤᠯᠤᠯ᠂ ᠬᠠᠮᠢᠶᠠᠷᠤᠯᠲᠠ ᠶᠢᠨ ᠯᠠᠪᠯᠠᠭ᠎ᠠ᠂ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠭᠦ᠂ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠭᠦ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠵᠡᠷᠭᠡ ᠦᠢᠯᠡᠴᠢᠯᠡᠭᠡ ᠬᠠᠩᠭᠠᠬᠤ ᠶᠢ ᠬᠠᠶᠢᠨ ᠰᠦᠪᠡᠭᠴᠢᠯᠡᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠳᠠᠯ ᠦᠢᠯᠡᠰ ᠴᠣᠭᠴᠠᠯᠠᠵᠣ ᠠᠵᠢᠯ ᠣᠯᠭᠤᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠭᠦ ᠪᠡᠯᠡ ᠮᠦᠩᠭᠦ ᠠᠴᠠ ᠨᠢᠭᠡ ᠬᠡᠰᠡᠭ ᠪᠡᠯᠡ ᠮᠥᠩᠭᠦ ᠶᠢ ᠲᠣᠬᠢᠷᠠᠭᠤᠯᠵᠤ᠂ ᠡᠯ᠎ᠡ ᠠᠶᠢᠮᠠᠭ ᠬᠤᠲᠠ ᠶᠢᠨ ᠠᠳᠠᠯ ᠦᠢᠯᠡᠰ ᠴᠣᠭᠴᠠᠯᠠᠬᠤ ᠲᠡᠮᠳᠡᠭᠲᠦ᠂ ᠰᠢᠨ᠎ᠡ ᠶᠢ ᠡᠭᠦᠳᠬᠦ ᠲᠡᠮᠳᠡᠭᠲᠦ ᠶᠢᠨ ᠪᠡᠯᠡᠨ ᠵᠣᠭᠤᠰ ᠰᠣᠯᠢᠬᠤ ᠲᠤᠭ᠎ᠠ ᠬᠡᠮᠵᠢᠶ᠎ᠡ ᠶᠢ ᠦᠨᠳᠣᠰᠣᠯᠡᠵᠣ ᠵᠣᠬᠢᠬᠤ ᠬᠠᠷᠢᠴᠠᠯ ᠢᠶᠠᠷ ᠨᠥᠬᠦᠪᠥᠷᠢ ᠤᠯᠭᠤᠨ᠎ᠠ᠃      ︵ᠬᠤᠷᠢᠨ ᠬᠤᠶᠠᠷ︶ ᠠᠵᠤ ᠠᠬᠤᠶᠢᠯᠠᠯ ᠤᠨ ᠢᠨᠵᠧᠨᠧᠷᠢᠩ ︵ᠮᠡᠷᠭᠡᠵᠢᠯ︶᠎ ᠤᠨ ᠰᠤᠳᠤᠯᠤᠯ ᠤᠨ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠠᠶᠢᠭᠤᠯᠵᠣ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠯᠭᠠᠵᠤ ᠬᠤᠷᠢᠶᠠᠨ ᠠᠪᠬᠤ ᠶᠢ ᠲᠠᠮᠵᠢᠨᠨᠰᠠᠨ ᠪᠠᠶᠢᠪᠠᠯ ᠥᠪᠡᠷᠲᠡᠭᠡᠨ ᠵᠠᠰᠠᠬᠤ ᠣᠷᠣᠨ ᠠᠴᠠ ᠵᠣᠬᠢᠬᠤ ᠬᠡᠮᠵᠢᠶᠡᠨ ᠤ ᠱᠠᠩᠨᠠᠯ ᠤᠯᠭᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ︵ᠮᠡᠷᠭᠡᠵᠢᠯ︶᠎ ᠤᠨ ᠰᠤᠳᠤᠯᠤᠯ ᠤᠨ ᠲᠥᠪ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠵᠡᠷᠭᠡ ᠶᠢ ᠨᠡᠶᠢᠭᠡᠮ ᠳᠤ ᠴᠢᠯᠥᠭᠡᠲᠡᠶ ᠨᠡᠭᠡᠭᠡᠭᠦ ᠡᠷᠴᠢᠮ ᠢᠶᠠᠨ ᠴᠢᠩᠭᠠᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠪᠠ ᠠᠳᠠᠯ ᠦᠢᠯᠡᠰ ᠴᠣᠭᠴᠠᠯᠠᠭᠰᠠᠣᠨ ᠲᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ︵ᠬᠤᠷᠢᠨ ᠭᠤᠷᠪᠠ︶ ᠤᠯᠤᠰ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠦ ᠶᠢᠨ ᠪᠤᠳᠤᠯᠭ᠎ᠠ ᠶᠢ ᠲᠠᠭᠠᠵᠦ᠂ ᠵᠢᠭᠤᠯᠴᠢᠯᠠᠯ ᠤᠨ ᠬᠤᠭᠤᠯᠠᠨ ᠬᠡᠷ᠂ ᠦᠵᠡᠮᠵᠢ ᠶᠢᠨ ᠣᠷᠣᠨ ︵ᠦᠵᠡᠮᠵᠢ ᠶᠢᠨ ᠴᠢᠬ︶᠎ ᠤ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠡᠯᠡᠳᠬᠡᠮᠵᠢ ᠶᠢ ᠦᠭᠡᠷᠡᠴᠢᠯᠡᠵᠣ ᠰᠠᠶᠢᠵᠢᠷᠠᠭᠤᠯᠣᠭᠰᠠᠨ ᠪᠠᠶᠢᠪᠠᠯ 25%᠎ ᠠᠴᠠ ᠳᠣᠣᠷ᠎ᠠ ᠦᠯᠦ ᠪᠠᠶᠢᠯᠭᠠᠬᠤ ᠵᠠᠰᠠᠭ ᠤᠨ ᠣᠷᠳᠣᠨ ᠤ ᠨᠥᠬᠦᠪᠥᠷᠢ ᠤᠯᠭᠤᠨ᠎ᠠ᠃      ︵ᠬᠤᠷᠢᠨ ᠲᠥᠷᠪᠡ︶ ᠠᠵᠤ ᠠᠬᠤᠶᠢᠯᠠᠯ ᠤᠨ ᠡᠵᠡᠩᠨᠡᠭᠴᠢᠳ ᠤᠨ ᠪᠣᠯᠪᠠᠰᠤᠷᠠᠭᠤᠯᠤᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠴᠢᠳᠠᠪᠤᠷᠢᠲᠠᠨ ᠪᠣᠯᠪᠠᠰᠤᠷᠠᠭᠤᠯᠬᠤ ᠲᠥᠯᠥᠪᠯᠡᠭᠡ ᠳᠤ ᠣᠷᠣᠭᠤᠯᠵᠣ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠳᠡᠮᠵᠢᠬᠦ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠭᠦᠮᠦᠵᠢᠭᠦᠯᠦᠨ ᠬᠦᠭᠵᠢᠬᠦᠯᠬᠦ᠂ ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ ᠵᠡᠷᠭᠡ ᠲᠤᠰᠬᠠᠶ ᠪᠡᠯᠡ ᠮᠥᠩᠭᠦ ᠶᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠴᠢᠳᠠᠪᠤᠷᠢᠲᠠᠨ ᠤ ᠪᠣᠯᠪᠠᠰᠤᠷᠠᠭᠤᠯᠤᠯ ᠲᠡᠰᠢ ᠬᠡᠯᠪᠠᠶᠢᠯᠭᠡᠬᠦ ᠬᠡᠷᠡᠭᠲᠡᠶ᠃ ᠠᠵᠤ ᠠᠬᠤᠶᠢᠯᠠᠯ ᠨᠢ ᠲᠡᠭᠦᠰᠦᠬᠡᠳ 2 ᠵᠢᠯ ᠤᠨ ᠳᠣᠲᠣᠷ᠎ᠠ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠤᠳᠤᠭ ᠲᠠᠢ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢ 1 ᠡᠯᠰᠡᠬᠦ ᠪᠦᠷᠢ᠂ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠳᠣ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠠᠵᠤ ᠠᠬᠤᠶᠢᠯᠠᠯ ᠤᠨ ᠪᠠᠶᠢᠭ᠎ᠠ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ 2000 ᠲᠥᠭᠦᠷᠢᠭ ᠠᠴᠠ ᠲᠣᠣᠷ᠎ᠡ ᠦᠯᠦ ᠪᠠᠶᠢᠯᠭᠠᠵᠦ ᠨᠢᠭᠡ ᠤᠳᠠᠭ᠎ᠠ ᠶᠢᠨ ᠴᠢᠨᠠᠷᠳᠠᠢ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠭᠤᠯᠤᠯ ᠤᠨ ᠨᠥᠬᠦᠪᠥᠷᠢ ᠤᠯᠭᠤᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠬᠤᠪᠢᠷᠠᠯᠲᠠ ᠭᠠᠷᠬᠤ ᠦᠶ᠎ᠡ ᠳᠤ ᠠᠵᠢᠯᠯᠠᠭᠰᠠᠨ ᠤᠨ ᠵᠢᠯ ᠢ ᠨᠢ ᠦᠷᠭᠦᠯᠵᠢᠯᠡᠨ ᠪᠤᠳᠦᠨ᠎ᠠ᠃      ︵ᠬᠤᠷᠢᠨ ᠲᠠᠪᠤ︶ ᠳᠤᠮᠳᠠᠳᠤ ᠤᠯᠤᠰ ᠤᠨ ᠨᠡᠷᠡᠳᠥ ᠲᠠᠸᠠᠷ ᠤᠨ ᠲᠡᠮᠳᠡᠭ ᠢ ᠰᠢᠨ᠎ᠠ ᠪᠠᠷ ᠣᠯᠤᠭᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 100 ᠲᠦᠮᠡᠨ ᠲᠥᠭᠦᠷᠢᠭ ᠤᠨ ᠨᠢᠬᠡ ᠤᠳᠠᠭ᠎ᠠ ᠶᠢᠨ ᠴᠢᠨᠠᠷᠳᠠᠢ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠪᠡᠯᠭᠡ ᠳᠡᠮᠳᠡᠭᠳᠣ ᠦᠢᠯᠡᠳᠬᠦᠨ᠂ ᠨᠡᠷᠡᠳᠡᠢ ᠲᠠᠸᠠᠷ ᠤᠨ ᠳᠡᠮᠳᠡᠭᠳᠣ᠂ ᠨᠡᠷᠡᠳᠤ ᠦᠢᠯᠡᠳᠬᠦᠨ ᠢ ᠰᠢᠨ᠎ᠠ ᠪᠠᠷ ᠣᠯᠣᠭᠰᠠᠨ ᠠᠵᠤ ᠠᠬᠤᠶᠢᠯᠠᠯ ᠳᠤ ᠡᠯ᠎ᠡ ᠠᠶᠢᠮᠠᠭ ᠬᠤᠳᠠ ᠶᠢᠨ ᠠᠷᠠᠳ ᠤᠨ ᠵᠠᠰᠠᠭ ᠠᠴᠠ 50 ᠲᠦᠮᠡᠨ ᠲᠥᠭᠦᠷᠢᠭ ᠤᠨ ᠨᠢᠬᠡ ᠤᠳᠠᠭ᠎ᠠ ᠶᠢᠨ ᠴᠢᠨᠠᠷᠳᠠᠢ ᠱᠠᠩᠨᠠᠯ ᠣᠯᠭᠤᠨ᠎ᠠ᠃      ︵ᠬᠤᠷᠢᠨ ᠵᠢᠷᠭᠤᠭ᠎ᠠ︶ ᠲᠤᠬᠠᠶ ᠶᠢᠨ ᠭᠠᠵᠠᠷ ᠤᠨ ᠤᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠵᠠᠬ᠎ᠠ ᠳᠡᠯᠭᠡᠭᠦᠷ ᠲᠤ ᠤᠷᠤᠭᠤᠯᠬᠤ ᠶᠢᠨ ᠵᠥᠪᠰᠢᠶᠡᠷᠡᠬᠦ ᠪᠠᠷᠢᠮᠵᠢᠶ᠎ᠠ ᠳᠤ ᠨᠡᠶᠢᠴᠡᠭᠰᠡᠨ ᠠᠵᠤ ᠠᠬᠤᠶᠢᠯᠠᠯ ᠤᠳ ᠤᠨ ᠠᠵᠢᠯᠲᠠᠨ ᠠᠵᠢᠯᠴᠢᠨ ᠢ ᠲᠤᠬᠠᠶ ᠶᠢᠨ ᠭᠠᠵᠠᠷ ᠤᠨ ᠤᠯᠠᠨ ᠨᠡᠶᠢᠳᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠣ᠂ ᠤᠯᠡᠠ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠭᠦᠷᠳᠡᠬᠡᠵᠦ ᠪᠣᠯᠣᠨ᠎ᠠ᠃ ᠠᠵᠤ ᠠᠬᠤᠶᠢᠯᠠᠯ ᠨᠢ ᠠᠵᠢᠯᠳᠡᠠ ᠠᠵᠢᠯᠴᠢᠨ ᠤ ᠨᠡᠶᠢᠲᠡ ᠶᠢᠨ ᠪᠠᠶᠢᠷᠢ ᠶᠢᠨ ᠬᠡᠷ ᠢ ᠦᠪᠡᠷᠳᠡᠬᠡᠨ ᠪᠠᠶᠢᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ ᠲᠣᠭᠳᠠᠭᠠᠯᠭᠠᠵᠣ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠲᠤᠯᠦᠭᠠᠠ ᠶᠠᠮᠤᠨ ᠵᠥᠪᠯᠡᠯ ᠤᠨ ︽ᠤᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠲᠦᠷᠭᠡᠣᠡᠭᠡᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠪᠦᠳᠦᠭᠡᠠ ᠪᠠᠲᠤᠯᠠᠭ᠎ᠠ ﹇2010﹈ 87 ᠳ᠋ᠣᠭᠠᠷ ᠲᠣᠭᠠᠲᠤ︶ ᠪᠣᠯᠤᠨ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠲᠣᠭᠲᠠᠭᠠᠭᠰᠠᠨ ᠪᠣᠳᠠᠲᠠᠶ ᠬᠠᠮᠢᠶᠠᠷᠤᠯᠲᠠ ᠶᠢᠨ ᠠᠷᠭ᠎ᠠ ᠪᠠᠷ ᠬᠠᠮᠢᠶᠠᠷᠴᠤ ᠪᠠᠶᠢᠪᠡᠯ᠂ ᠤᠯᠠᠨ ᠨᠡᠶᠢᠳᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠭᠦᠷᠳᠡᠬᠡᠵᠦ ᠪᠣᠯᠤᠨ᠎ᠠ᠃      ︵ᠬᠤᠷᠢᠨ ᠲᠤᠯᠤᠭ᠎ᠠ︶ ᠰᠠᠯᠠᠭ᠎ᠠ ᠮᠥᠴᠢᠷ ᠤᠨ ᠲᠥᠰᠦᠪ ᠤᠨ ᠤᠷᠤᠨ ᠲᠤᠭᠠᠳᠤ ᠨᠢᠭᠡᠴᠡ ᠨᠦᠭᠦᠳ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠦᠶ᠎ᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠬᠠᠩᠭᠠᠵᠤ ᠳᠡᠶᠢᠯᠬᠦ ᠤᠷᠢᠲᠠᠯ ᠳᠣᠣᠷ᠎ᠠ᠂ ᠲᠤᠰ ᠰᠠᠯᠠᠭ᠎ᠠ ᠮᠥᠴᠢᠷ ᠤᠨ ᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠣᠯ ᠵᠦᠢᠯ ᠤᠨ ᠲᠥᠰᠦᠪ ᠤᠨ ᠶᠡᠷᠦᠩᠬᠡᠶ ᠲᠤᠭ᠎ᠠ ᠶᠢᠨ 18%᠎ ᠠᠴᠠ ᠳᠡᠭᠡᠭᠰᠢᠬᠢ ᠶᠢ ᠤᠷᠢᠳᠴᠢᠯᠠᠨ ᠦᠯᠡᠳᠡᠭᠡᠵᠣ ᠲᠣᠰᠬᠠᠶᠢᠯᠠᠨ ᠵᠢᠵᠢᠭ ᠪᠢᠴᠢᠯ ᠠᠵᠤ ᠠᠬᠤᠶᠢᠯᠠᠯ ᠳᠤ ᠬᠠᠨᠳᠣᠭᠤᠯᠬᠤ ᠬᠡᠷᠩᠳᠠᠢ᠃ ᠵᠢᠵᠢᠭ ᠪᠢᠴᠢᠯ ᠠᠵᠤ ᠠᠬᠤᠶᠢᠯᠠᠯ ᠳᠤ ᠲᠤᠰᠬᠠᠶ ᠬᠠᠨᠳᠤᠭᠤᠯᠤᠭᠰᠠᠨ ᠪᠤᠰᠤ ᠲᠥᠷᠥᠯ ᠵᠦᠢᠯ ᠢ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠤᠶᠤ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ ᠠᠰᠠᠭᠤᠨ ᠯᠠᠪᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠯ ᠭᠠᠷᠭᠠᠬᠤ ᠶᠢᠨ ᠬᠠᠮᠳᠣ᠂ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠬᠦᠨ ᠤ ᠦᠨ᠎ᠡ ᠬᠠᠩᠰᠢ ᠳᠤ 6% — 10%᠎ ᠶᠢᠨ ᠬᠠᠰᠤᠯᠳᠠ ᠤᠯᠭᠤᠵᠦ᠂ ᠬᠠᠰᠤᠨᠨᠰᠠᠨ ᠤ ᠲᠠᠷᠠᠭᠠᠬᠢ ᠦᠨ᠎ᠡ ᠬᠠᠩᠰᠢ ᠪᠠᠷ ᠰᠢᠯᠭᠠᠷᠠᠭᠤᠯᠤᠯᠳᠠ ᠳᠤ ᠤᠷᠤᠯᠴᠠᠭᠤᠯᠤᠨ᠎ᠠ᠃ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠵᠢᠴᠢ ᠪᠤᠰᠤᠳ ᠬᠠᠤᠯᠢ ᠶᠢᠨ ᠡᠷᠭᠡᠳᠠᠨ᠂ ᠪᠠᠶᠢᠭᠠᠯᠢ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠵᠢᠵᠢᠭ ᠪᠢᠴᠢᠯ ᠠᠵᠤ ᠠᠬᠤᠶᠢᠯᠠᠯ ᠯᠤᠭ᠎ᠠ ᠬᠠᠮᠲᠤᠷᠠᠭᠰᠠᠨ ᠴᠣᠭᠴᠠ ᠶᠢ ᠪᠦᠷᠢᠯᠳᠣᠭᠦᠯᠵᠣ᠂ ᠵᠢᠵᠢᠭ ᠪᠢᠴᠢᠯ ᠠᠵᠤ ᠠᠬᠤᠶᠢᠯᠠᠯ ᠳᠤ ᠲᠤᠰᠬᠠᠶ ᠬᠠᠨᠳᠤᠭᠤᠯᠤᠭᠰᠠᠨ ᠪᠤᠰᠤ ᠵᠠᠰᠠᠭ ᠤᠨ ᠣᠷᠳᠣᠨ ᠬᠤᠳᠠᠯᠳᠤᠨ ᠠᠪᠬᠤ ᠠᠵᠢᠯᠯᠠᠭ᠎ᠠ ᠳᠤ ᠬᠠᠮᠲᠤ ᠪᠠᠷ ᠣᠷᠣᠯᠴᠠᠬᠤ ᠦᠶ᠎ᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠵᠦᠪᠳᠡᠯᠴᠡᠭᠰᠡᠨ ᠭᠡᠷ᠎ᠡ ᠶᠢᠨ ᠵᠣᠭᠤᠰᠣᠨ ᠲᠤᠭ᠎ᠠ ᠨᠢ ᠬᠠᠮᠲᠤᠷᠠᠭᠰᠠᠨ ᠴᠣᠭᠴᠠ ᠶᠢᠨ ᠵᠦᠪᠳᠡᠯᠴᠡᠭᠰᠡᠨ ᠭᠡᠷ᠎ᠡ ᠶᠢᠨ ᠶᠡᠷᠦᠩᠬᠡᠶ ᠵᠣᠭᠤᠰᠣᠨ ᠲᠤᠭ᠎ᠠ ᠶᠢᠨ 30%᠎ ᠠᠴᠠ ᠳᠡᠭᠡᠭᠰᠢᠬᠢ ᠶᠢ ᠡᠵᠡᠯᠡᠭᠰᠡᠨ ᠪᠠᠶᠢᠪᠠᠯ᠂ ᠬᠠᠮᠲᠤᠷᠠᠭᠰᠠᠨ ᠴᠣᠭᠴᠠ ᠳᠤ 2% — 3%᠎ ᠶᠢᠨ ᠦᠨ᠎ᠡ ᠬᠠᠩᠰᠢ ᠶᠢᠨ ᠬᠠᠰᠤᠯᠳᠠ ᠬᠢᠵᠦ ᠪᠣᠯᠤᠨ᠎ᠠ᠃      ︵ᠬᠤᠷᠢᠨ ᠨᠠᠢᠮᠨ︶ ᠠᠷᠠᠣᠨ ᠤᠨ ᠲᠤᠮᠳᠠᠬᠢ ᠬᠦᠷᠦᠩᠬᠡ ᠶᠢᠨ ᠪᠡᠯᠠ ᠣᠷᠣᠭᠤᠯᠵᠤ ᠡᠭᠦᠳᠦᠨ ᠪᠠᠶᠢᠭᠤᠯᠤᠭᠰᠠᠨ ᠨᠠᠰᠤᠲᠠᠳ ᠢ ᠠᠰᠠᠷᠠᠬᠤ ᠪᠠᠶᠢᠭᠤᠯᠤᠮᠵᠢ ᠨᠢ ᠣᠨᠴᠠ ᠬᠦᠴᠢᠷᠳᠡᠯᠲᠡᠶ ᠬᠥᠮᠦᠰ ᠢ ᠠᠰᠠᠷᠠᠬᠤ ᠪᠤᠶᠤ ᠠᠰᠠᠷᠠᠨ ᠲᠡᠵᠢᠬᠡᠭᠰᠡᠨ ᠪᠠᠶᠢᠪᠠᠯ᠂ ᠲᠡᠳᠡᠨ ᠤ ᠵᠠᠷᠤᠳᠠᠯ ᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠲᠠᠮᠵᠢᠭᠤᠯᠤᠨ ᠲᠠᠭᠠᠭᠠᠨ ᠡᠭᠦᠷᠭᠡᠯᠡᠨ᠎ᠡ᠃      ᠲᠦᠷᠪᠡ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠦᠨ᠎ᠡ      ︵ᠬᠤᠷᠢ ᠶᠢᠰᠦ︶ ᠮᠠᠨ ᠤ ᠣᠷᠣᠨ ᠳᠤ ᠪᠠᠶᠢᠭᠤᠯᠤᠭᠰᠠᠨ ᠵᠣᠷᠢᠬᠵᠢᠭᠤᠯᠬᠤ ᠲᠦᠷᠦᠯ ᠤᠨ ᠠᠵᠤ ᠠᠬᠤᠶᠢᠯᠠᠯ ︵︽ᠪᠠᠷᠠᠭᠤᠨ ᠬᠡᠰᠡᠭ ᠭᠠᠵᠡᠷ ᠣᠷᠣᠨ ᠤ ᠵᠣᠷᠢᠬᠵᠢᠭᠤᠯᠬᠤ ᠲᠦᠷᠦᠯ ᠤᠨ ᠠᠵᠤ ᠦᠢᠯᠡᠰ ᠤᠨ ᠭᠠᠷᠴᠠᠭ︾᠎ ᠲᠤ ᠲᠣᠭᠲᠠᠭᠠᠭᠰᠠᠨ ᠠᠵᠤ ᠦᠢᠯᠡᠰ ᠤᠨ ᠲᠦᠷᠦᠯ ᠵᠦᠢᠯ ᠢᠶᠠᠷ ᠭᠤᠣᠯ ᠡᠵᠡᠩᠨᠡᠬᠦ ᠲᠤᠬᠠᠶᠢᠯᠠᠭᠰᠠᠨ ᠠᠵᠢᠯ ᠪᠣᠯᠭᠠᠭᠰᠠᠨ ᠪᠥᠭᠡᠳ ᠲᠡᠳᠡᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ ᠠᠵᠤ ᠠᠬᠤᠶᠢᠯᠠᠯ ᠤᠨ ᠣᠷᠣᠯᠭ᠎ᠠ ᠶᠢᠨ ᠶᠡᠷᠦᠩᠬᠡᠶ ᠲᠤᠭ᠎ᠠ ᠶᠢᠨ 70%᠎ ᠠᠴᠠ ᠳᠡᠭᠡᠭᠰᠢᠬᠢ ᠶᠢ ᠡᠵᠡᠯᠡᠬᠦ ᠠᠵᠤ ᠠᠬᠤᠶᠢᠯᠠᠯ ᠢ ᠵᠢᠭᠠᠨ᠎ᠠ︶᠎ ᠠᠴᠠ 15%᠎ ᠶᠢᠨ ᠭᠠᠶᠢᠯᠢ ᠶᠢᠨ ᠨᠤᠷᠮ᠎ᠠ ᠪᠠᠷ ᠬᠠᠰᠤᠵᠦ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠲᠠᠳᠠᠪᠤᠷᠢᠯᠠᠨ᠎ᠠ᠃      ︵ᠭᠤᠴᠢ︶ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠰᠢᠨ᠎ᠠ ᠪᠠᠷ ᠡᠷᠬᠢᠯᠡᠭᠰᠠᠨ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠳ ᠤᠨ ᠦᠢᠯᠡᠳᠪᠦᠷᠢᠯᠡᠵᠦ ᠡᠵᠡᠩᠨᠡᠭᠡᠳ ᠣᠯᠤᠭᠰᠠᠨ ᠠᠩᠬᠠᠳᠠᠬᠴᠢ ᠣᠷᠣᠯᠭ᠎ᠠ ᠶᠢᠨ ᠬᠠᠷᠢᠶ᠎ᠠ ᠪᠥᠬᠦᠢ ᠭᠠᠶᠢᠯᠢ ᠲᠤᠰᠢᠶᠠᠬᠤ ᠣᠨ ᠠᠴᠠ ᠡᠬᠢᠯᠡᠵᠣ᠂ ᠨᠢᠭᠡᠳᠦᠭᠡᠷ ᠵᠢᠯ ᠠᠴᠠ ᠲᠠᠪᠤᠳᠤᠭᠠᠷ ᠵᠢᠯ ᠬᠦᠷᠲᠡᠯ᠎ᠡ ᠨᠢ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠬᠥᠷᠳᠡᠬᠦ ᠬᠡᠰᠡᠭ ᠢ ᠬᠤᠷᠢᠶᠠᠬᠤ ᠠᠴᠠ ᠬᠡᠯᠲᠦᠷᠢᠭᠦᠯᠦᠨ᠎ᠡ᠃      ︵ᠭᠤᠴᠢᠨ ᠨᠢᠭᠡ︶ ᠦᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠢᠬ ᠢ ᠤᠯᠤᠰ ᠠᠴᠠ ᠲᠣᠭᠲᠠᠭᠠᠭᠰᠠᠨ ᠲᠡᠬᠡᠳᠤ ᠬᠢᠵᠠᠭᠠᠷ ᠢᠶᠠᠷ ᠬᠡᠷᠡᠭᠵᠢᠭᠦᠯᠣᠨ᠎ᠠ᠃      ︵ᠭᠤᠴᠢᠨ ᠬᠤᠶᠠᠷ︶ ᠵᠢᠵᠢᠭ ᠬᠡᠯᠪᠠᠷᠢ ᠶᠢᠨ ᠥᠴᠦᠬᠡᠨ ᠠᠰᠢᠭ ᠤᠯᠵᠠᠪᠤᠷᠢ ᠲᠠᠢ ᠠᠵᠤ ᠠᠬᠤᠶᠢᠯᠠᠯ ᠠᠴᠠ ᠲᠡᠳᠡᠨ ᠤ ᠠᠰᠢᠭ ᠣᠯᠵᠠᠪᠤᠷᠢ ᠶᠢ 20%᠎ ᠶᠢᠨ ᠭᠠᠶᠢᠯᠢ ᠶᠢᠨ ᠨᠤᠷᠮ᠎ᠠ ᠪᠠᠷ ᠬᠠᠰᠤᠵᠦ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠲᠠᠳᠠᠪᠤᠷᠢᠯᠠᠨ᠎ᠠ︔ 2017 ᠣᠨ ᠤ 12 ᠳ᠋ᠣᠭᠠᠷ ᠰᠠᠷ᠎ᠠ ᠶᠢᠨ 31᠎ ᠤ ᠡᠳᠣᠷ ᠠᠴᠠ ᠡᠮᠦᠨ᠎ᠡ᠂ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 30 ᠲᠦᠮᠡᠨ ᠲᠥᠭᠦᠷᠢᠭ ᠠᠴᠠ ᠳᠣᠣᠷ᠎ᠠ ᠪᠠᠶᠢᠬᠤ ︵30 ᠲᠦᠮᠡᠨ ᠲᠥᠭᠦᠷᠢᠭ ᠪᠠᠭᠲᠠᠨ᠎ᠠ︶ ᠵᠢᠵᠢᠭ ᠬᠡᠯᠪᠡᠷᠢ ᠶᠢᠨ ᠥᠴᠦᠬᠡᠨ ᠠᠰᠢᠭ ᠤᠯᠵᠠᠪᠤᠷᠢ ᠲᠠᠢ ᠠᠵᠤ ᠠᠬᠤᠶᠢᠯᠠᠯ ᠤᠨ ᠣᠯᠤᠭᠰᠠᠨ ᠠᠰᠢᠭ ᠣᠯᠵᠠᠪᠤᠷᠢ ᠶᠢ 50%᠎ ᠪᠠᠷ ᠭᠠᠶᠢᠯᠢ ᠲᠤᠰᠢᠶᠠᠬᠤ ᠶᠣᠰᠣᠲᠠᠶ ᠠᠰᠢᠭ ᠤᠯᠵᠠᠪᠤᠷᠢ ᠶᠢᠨ ᠲᠤᠭ᠎ᠠ ᠳᠤ ᠪᠤᠳᠤᠵᠦ ᠤᠷᠤᠭᠤᠯᠤᠨ᠂ 20%᠎ ᠶᠢᠨ ᠭᠠᠶᠢᠯᠢ ᠶᠢᠨ ᠨᠤᠷᠮ᠎ᠠ ᠪᠠᠷ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠲᠤᠰᠢᠶᠠᠨ᠎ᠠ᠃ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠬᠥᠷᠳᠡᠬᠦ ᠬᠡᠰᠡᠭ ᠢ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ︽ᠥᠪᠥᠷ ᠵᠠᠰᠠᠭ ᠲᠠᠷᠬᠠᠭᠠᠭᠰᠠᠨ ﹇2012﹈ 88 ᠳ᠋ᠣᠭᠠᠷ ᠲᠣᠭᠠᠲᠤ ᠪᠢᠴᠢᠭ ᠮᠠᠲ᠋ᠧᠷᠢᠶᠠᠯ ᠤᠨ ᠵᠢᠵᠢᠭ ᠬᠡᠯᠪᠡᠷᠢ ᠶᠢᠨ ᠥᠴᠦᠬᠡᠨ ᠠᠰᠢᠭ ᠣᠯᠵᠠᠪᠣᠷᠢ ᠲᠠᠢ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠶᠢᠨ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2014﹈ 87 ᠳ᠋ᠣᠭᠠᠷ ᠲᠣᠭᠠᠲᠤ︶᠎ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ︵ᠭᠤᠴᠢᠨ ᠭᠤᠷᠪᠠ︶ 2014 ᠣᠨ ᠤ 11 ᠳ᠋ᠣᠭᠡᠷ ᠰᠠᠷ᠎ᠠ ᠶᠢᠨ 1᠎ ᠤ ᠡᠳᠣᠷ ᠠᠴᠠ 2017 ᠣᠨ ᠤ 12 ᠳ᠋ᠣᠭᠠᠷ ᠰᠠᠷ᠎ᠠ ᠶᠢᠨ 31᠎ ᠤ ᠡᠳᠣᠷ ᠪᠤᠯᠳᠠᠯ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠯᠤᠭ᠎ᠠ ᠲᠣᠭᠲᠠᠭᠰᠠᠨ ᠵᠤᠭᠤᠰ ᠵᠢᠬᠡᠯᠡᠭᠰᠡᠨ ᠭᠡᠷ᠎ᠡ ᠠᠴᠠ ᠲᠡᠮᠳᠡᠭᠲᠦ ᠶᠢᠨ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠦᠨ᠎ᠡ᠃      ︵ᠭᠤᠴᠢᠨ ᠲᠥᠷᠪᠡ︶ ᠨᠥᠬᠦᠴᠡᠯ ᠳᠤ ᠨᠡᠶᠢᠴᠡᠬᠦ ᠳᠠᠭᠠᠭᠠᠯᠲᠠ ᠬᠢᠬᠦ ᠪᠠᠶᠢᠭᠤᠯᠤᠮᠵᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠳᠠᠭᠠᠭᠠᠯᠲᠠ ᠪᠤᠶᠤ ᠲᠡᠬᠢᠠ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠡᠷᠬᠢᠯᠡᠬᠡᠳ ᠣᠯᠤᠭᠰᠠᠨ ᠣᠷᠣᠯᠭ᠎ᠠ ︵ᠢᠲᠡᠭᠡᠮᠵᠢ ᠶᠢᠨ ᠲᠡᠰ ᠢ ᠦᠨᠡᠯᠡᠭᠦ᠂ ᠯᠠᠪᠯᠠᠯᠭ᠎ᠠ ᠥᠭᠬᠦ᠂ ᠪᠣᠯᠪᠠᠰᠤᠷᠠᠭᠤᠯᠬᠤ ᠵᠡᠷᠭᠡ ᠶᠢᠨ ᠣᠷᠣᠯᠭ᠎ᠠ ᠶᠢ ᠪᠠᠭᠳᠠᠭᠠᠬᠤ ᠦᠭᠡᠢ︶᠎ ᠠᠴᠠ 3 ᠵᠢᠯ ᠤᠨ ᠳᠣᠲᠣᠷ᠎ᠠ ᠦᠷᠳᠡᠭ ᠨᠡᠮᠡᠭᠳᠡᠯ ᠤᠨ ᠭᠠᠶᠢᠯᠢ ᠳᠠᠳᠠᠪᠣᠷᠢᠯᠠᠬᠤ ᠠᠴᠠ ᠬᠡᠯᠲᠦᠷᠢᠭᠦᠯᠣᠨ᠂ ᠭᠠᠶᠢᠯᠢ ᠳᠠᠳᠠᠪᠣᠷᠢᠯᠠᠬᠤ ᠠᠴᠠ ᠬᠡᠯᠲᠦᠷᠢᠭᠦᠯᠬᠦ ᠴᠠᠭ ᠢ ᠳᠠᠩᠰᠠᠯᠠᠭᠤᠯᠬᠤ ᠭᠠᠷ ᠭᠦᠢᠴᠡᠳᠬᠡᠯ ᠢᠶᠠᠨ ᠪᠡᠶᠡᠯᠡᠭᠦᠯᠣᠭ᠍ᠰᠡᠨ ᠡᠳᠦᠷ ᠠᠴᠠ ᠡᠬᠢᠯᠡᠵᠦ ᠪᠤᠳᠦᠨ᠎ᠡ᠃      ︵ᠭᠤᠴᠢᠨ ᠲᠠᠪᠤ︶ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠳ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠠᠷᠭ᠎ᠠ ᠮᠠᠶ᠋ᠢᠭ ᠢ ᠠᠪᠴᠤ ᠵᠠᠬ᠎ᠠ ᠳᠡᠯᠭᠡᠭᠦᠷ ᠲᠤ ᠭᠠᠷᠤᠭᠠᠳᠤᠶ ᠳᠤᠮᠳᠠ ᠵᠢᠵᠢᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 2 ᠵᠢᠯ ︵24 ᠰᠠᠷ᠎ᠠ︶᠎ ᠠᠴᠠ ᠳᠡᠭᠡᠭᠰᠢ ᠪᠡᠯᠨ ᠣᠷᠣᠭᠤᠯᠣᠭᠰᠠᠨ ᠪᠠᠶᠢᠪᠠᠯ ᠲᠡᠳᠡᠨ ᠤ ᠳᠤᠮᠳᠠ ᠵᠢᠵᠢᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠪᠡᠯᠠ ᠣᠷᠣᠭᠤᠯᠤᠭᠰᠠᠨ ᠲᠤᠭ᠎ᠠ ᠶᠢᠨ 70%᠎ ᠪᠠᠷ ᠰᠲ᠋ᠣᠺ ᠤᠨ ᠡᠷᠬᠡ ᠶᠢ ᠡᠵᠡᠮᠰᠢᠵᠦ ᠪᠦᠬᠦᠯᠢ 2 ᠵᠢᠯ ᠪᠣᠯᠣᠭᠰᠠᠨ ᠲᠤᠰ ᠵᠢᠯ ᠳᠤ ᠲᠤᠰ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠶᠢ ᠰᠠᠭᠤᠯᠭᠠᠨ ᠬᠠᠰᠣᠨ᠎ᠠ︔ ᠲᠤᠬᠠᠶ ᠶᠢᠨ ᠵᠢᠯ ᠳᠤ ᠰᠠᠭᠤᠯᠭᠠᠵᠤ ᠬᠠᠰᠤᠬᠤ ᠳᠤ ᠭᠦᠢᠴᠡᠭᠦ ᠦᠭᠡᠢ ᠪᠠᠶᠢᠪᠠᠯ᠂ ᠬᠤᠶᠢᠰᠢᠳᠠ ᠶᠢᠨ ᠭᠠᠶᠢᠯᠢ ᠲᠤᠰᠢᠶᠠᠬᠤ ᠣᠨ ᠳᠤ ᠳ᠋ᠦᠩᠨᠡᠨ ᠰᠢᠯᠵᠢᠭᠦᠯᠵᠣ ᠰᠠᠭᠤᠯᠭᠠᠨ ᠬᠠᠰᠤᠨ᠎ᠠ᠃      ︵ᠭᠤᠴᠢᠨ ᠵᠢᠷᠭᠤᠭ᠎ᠠ︶ ᠨᠢᠭᠡᠳᠦᠯᠲᠡᠶ ᠵᠢᠭᠡᠯᠡᠵᠦ ᠨᠢᠭᠡᠳᠦᠯᠲᠡᠶ ᠪᠤᠴᠠᠭᠠᠬᠤ ᠲᠣᠬᠠᠶᠢᠯᠠᠭᠰᠠᠨ ᠠᠵᠢᠯ ᠤᠨ ᠳᠤᠮᠳᠠ᠂ ᠠᠵᠤ ᠠᠬᠤᠶᠢᠯᠠᠯ ᠤᠨ ᠪᠦᠯᠦᠭᠯᠡᠯ ᠪᠤᠶᠤ ᠠᠵᠤ ᠠᠬᠤᠶᠢᠯᠠᠯ ᠤᠨ ᠪᠦᠯᠦᠭᠯᠡᠯ ᠳᠠᠬᠢ ᠭᠤᠣᠯᠯᠠᠭᠴᠢ ᠠᠵᠤ ᠠᠬᠤᠶᠢᠯᠠᠯ ᠵᠢᠴᠢ ᠪᠦᠯᠦᠭᠯᠡᠯ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠺᠣᠮᠫᠠᠨᠢ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠦᠭᠭᠦ ᠵᠢᠬᠡᠯᠡᠭᠰᠡᠨ ᠵᠤᠭᠤᠰ ᠤᠨ ᠭᠦᠦ ᠮᠦᠩᠭᠦ ᠶᠢᠨ ᠨᠤᠷᠮ᠎ᠠ ᠶᠢᠨ ᠬᠢᠷᠢ ᠬᠡᠮᠵᠢᠶ᠎ᠡ ᠪᠤᠶᠤ ᠥᠭᠬᠦ ᠵᠢᠭᠡᠯᠡᠯᠭᠡ ᠶᠢᠨ ᠲᠡᠮᠳᠡᠭᠲᠦ ᠶᠢᠨ ᠦᠷᠳᠡᠭ ᠤᠨ ᠬᠦᠦ ᠮᠥᠩᠭᠦ ᠶᠢᠨ ᠨᠤᠷᠮ᠎ᠠ ᠠᠴᠠ ᠥᠨᠳᠥᠷ ᠦᠬᠡᠢ ᠪᠠᠷ ᠠᠵᠤ ᠠᠬᠤᠶᠢᠯᠠᠯ ᠤᠨ ᠪᠦᠯᠦᠭᠯᠡᠯ ᠪᠤᠶᠤ ᠪᠦᠯᠦᠭᠯᠡᠯ ᠤᠨ ᠬᠠᠷᠢᠶ᠎ᠠ ᠨᠢᠭᠡᠴᠡ ᠠᠴᠠ ᠬᠤᠷᠢᠶᠠᠭᠰᠠᠨ ᠬᠦᠦ ᠮᠥᠩᠭᠦ ᠠᠴᠠ ᠦᠷᠳᠡᠭ ᠨᠡᠮᠡᠭᠳᠡᠯ ᠤᠨ ᠭᠠᠶᠢᠯᠢ ᠲᠠᠳᠠᠪᠤᠷᠢᠯᠠᠬᠤ ᠠᠴᠠ ᠬᠡᠯᠲᠦᠷᠢᠭᠦᠯᠣᠨ᠎ᠠ᠃      ︵ᠭᠤᠴᠢᠨ ᠲᠤᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠲᠣᠭᠲᠠᠭᠠᠭᠳᠠᠭᠰᠠᠨ ᠪᠠᠶᠢᠪᠠᠯ 15%᠎ ᠶᠢᠨ ᠭᠠᠶᠢᠯᠢ ᠶᠢᠨ ᠨᠤᠷᠮ᠎ᠠ ᠪᠠᠷ ᠬᠠᠰᠤᠵᠦ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠲᠠᠳᠠᠪᠤᠷᠢᠯᠠᠨ᠎ᠠ᠃      ︵ᠭᠤᠴᠢᠨ ᠨᠠᠢᠮᠨ︶ ᠠᠵᠤ ᠠᠬᠤᠶᠢᠯᠠᠯ ᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠨᠡᠬᠡᠬᠡᠨ ᠭᠦᠭᠵᠢᠭᠦᠯᠭᠦ ᠳᠤ ᠵᠠᠷᠤᠴᠠᠭᠤᠯᠤᠬᠰᠠᠨ ᠰᠤᠳᠤᠯᠤᠨ ᠨᠡᠭᠡᠭᠡᠬᠦ ᠵᠠᠷᠤᠳᠠᠯ ᠨᠢ ᠲᠡᠯᠳᠠ ᠬᠦᠷᠦᠩᠬᠡ ᠪᠤᠯᠵᠦ ᠪᠦᠷᠢᠯᠳᠦᠭᠰᠡᠨ ᠦᠭᠡᠢ ᠪᠠᠷ ᠲᠣᠰ ᠬᠤᠭᠤᠴᠠᠭᠠᠨ ᠤ ᠣᠯᠵᠠᠪᠤᠷᠢ ᠠᠯᠳᠠᠪᠤᠷᠢ ᠳᠤ ᠪᠤᠳᠤᠵᠤ ᠣᠷᠣᠭᠤᠯᠣᠭᠰᠠᠨ ᠪᠠᠶᠢᠪᠠᠯ ᠲᠣᠭᠲᠠᠭᠠᠯ ᠶᠣᠰᠣᠭᠠᠷ ᠦᠨᠡᠨ ᠪᠣᠳᠠᠲᠠᠶ ᠪᠠᠷ ᠬᠠᠰᠤᠭᠰᠠᠨ ᠰᠠᠭᠤᠷᠢᠨ ᠳᠡᠭᠡᠷ᠎ᠡ᠂ ᠰᠤᠳᠤᠯᠤᠨ ᠨᠡᠭᠡᠭᠡᠬᠦ ᠵᠠᠷᠤᠳᠠᠯ ᠤᠨ 50%᠎ ᠪᠠᠷ ᠨᠡᠮᠡᠨ ᠪᠤᠳᠤᠵᠤ ᠬᠠᠰᠤᠨ᠎ᠠ︔ ᠲᠡᠯᠳᠠ ᠬᠦᠷᠦᠩᠬᠡ ᠪᠤᠯᠵᠦ ᠪᠦᠷᠢᠯᠳᠦᠭᠰᠡᠨ ᠪᠠᠶᠢᠪᠠᠯ ᠲᠡᠯᠳᠠ ᠬᠦᠷᠦᠩᠬᠡ ᠶᠢᠨ ᠥᠪᠡᠷ ᠤᠨ ᠥᠷᠳᠡᠭ ᠤᠨ 150%᠎ ᠪᠠᠷ ᠲᠡᠰᠬᠡᠨ ᠦᠭᠡᠶᠢᠰᠭᠡᠨ᠎ᠠ᠃      ︵ᠭᠤᠴᠢ ᠶᠢᠰᠦ︶ ᠭᠠᠶᠢᠯᠢ ᠲᠤᠰᠢᠶᠠᠬᠤ ᠨᠢᠬᠡ ᠣᠨ ᠤ ᠳᠣᠲᠣᠷ᠎ᠠ᠂ ᠰᠠᠭᠤᠭᠠᠯᠢ ᠠᠷᠠᠳ ᠤᠨ ᠠᠵᠤ ᠠᠬᠤᠶᠢᠯᠠᠯ ᠤᠨ ᠮᠡᠷᠭᠡᠵᠢᠯ ᠰᠢᠯᠵᠢᠭᠦᠯᠦᠨ ᠦᠭᠭᠦ ᠶᠢ ᠡᠷᠬᠢᠯᠡᠭᠡᠣᠨ ᠣᠯᠣᠭᠰᠠᠨ ᠣᠷᠣᠯᠭ᠎ᠠ ᠶᠢᠨ 500 ᠲᠦᠮᠡᠨ ᠲᠥᠭᠦᠷᠢᠭ ᠠᠴᠠ ᠳᠠᠪᠠᠭᠰᠠᠨ ᠥᠭᠡᠢ ᠬᠡᠰᠡᠭ ᠲᠤ ᠠᠰᠢᠭ ᠤᠯᠵᠠᠪᠤᠷᠢ ᠶᠢᠨ ᠭᠠᠶᠢᠯᠢ ᠶᠢ ᠬᠡᠯᠲᠦᠷᠢᠭᠦᠯᠦᠨ᠎ᠡ︔ 500 ᠲᠦᠮᠡᠨ ᠲᠥᠭᠦᠷᠢᠭ ᠠᠴᠠ ᠳᠠᠪᠠᠭᠰᠠᠨ ᠬᠡᠰᠡᠭ ᠲᠤ ᠠᠰᠢᠭ ᠤᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠣᠵᠣ ᠲᠠᠲᠠᠪᠤᠷᠢᠯᠠᠨ᠎ᠠ᠃ ᠨᠢᠭᠡᠴᠨ ᠪᠤᠶᠤ ᠬᠤᠪᠢ ᠬᠥᠮᠦᠨ ᠤ ᠮᠡᠷᠭᠡᠵᠢᠯ ᠰᠢᠯᠵᠢᠭᠦᠯᠦᠨ ᠥᠭᠬᠦ᠂ ᠮᠡᠷᠭᠡᠵᠢᠯ ᠨᠡᠭᠡᠭᠡᠬᠦ ᠭᠦᠭᠵᠢᠭᠦᠯᠭᠦ ᠲᠤᠬᠠᠶᠢᠯᠠᠭᠰᠠᠨ ᠠᠵᠢᠯ ᠵᠢᠴᠢ ᠲᠡᠭᠦᠨ ᠯᠦᠭᠡ ᠬᠤᠯᠪᠣᠭᠳᠠᠬᠤ ᠮᠡᠷᠭᠡᠵᠢᠯ ᠤᠨ ᠵᠥᠪᠯᠡᠯᠭᠡ ᠥᠭᠬᠦ᠂ ᠮᠡᠷᠭᠡᠵᠢᠯ ᠤᠨ ᠦᠢᠯᠡᠴᠢᠯᠡᠭᠡ ᠬᠢᠬᠦ ᠲᠣᠬᠠᠶᠢᠯᠠᠭᠰᠠᠨ ᠠᠵᠢᠯ ᠢ ᠡᠷᠬᠢᠯᠡᠭᠡᠣᠨ ᠣᠯᠤᠭᠰᠠᠨ ᠣᠷᠣᠯᠭ᠎ᠠ ᠳᠤ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠣᠨ᠎ᠠ᠃      ︵ᠳᠥᠴᠢ︶ ᠵᠢᠵᠢᠭ ᠪᠢᠴᠢᠯ ᠠᠵᠤ ᠠᠬᠤᠶᠢᠯᠠᠯ ᠤᠨ ᠲᠠᠷᠢᠶᠠᠯᠠᠩ᠂ ᠮᠠᠯ ᠠᠵᠤ ᠠᠬᠤᠶ᠂ ᠤᠢ ᠰᠢᠭᠤᠶ᠂ ᠤᠰᠦᠠ ᠭᠠᠷᠣᠯᠳᠠ ᠶᠢᠨ ᠠᠵᠤ ᠦᠢᠯᠡᠰ ᠤᠨ ᠦᠢᠯᠡᠳᠪᠦᠷᠢᠯᠡᠯ ᠡᠷᠬᠢᠯᠡᠭᠰᠡᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢ ᠲᠣᠭᠲᠠᠭᠠᠯ ᠶᠣᠰᠣᠭᠠᠷ ᠠᠵᠦ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠳᠡᠳᠠᠪᠣᠷᠢᠯᠠᠬᠤ ᠠᠴᠠ ᠬᠡᠯᠳᠦᠷᠢᠭᠦᠯᠭᠦ ᠪᠡ ᠬᠠᠰᠣᠵᠣ ᠲᠠᠲᠠᠪᠤᠷᠢᠯᠠᠨ᠎ᠠ᠃      ︵ᠳᠥᠴᠢᠨ ᠨᠢᠭᠡ︶ ︽ᠬᠦᠳᠡᠭᠡ ᠠᠶᠢᠯ ᠤᠨ ᠵᠤᠭᠠᠴᠠᠯ︾᠂ ︽ᠮᠠᠯᠴᠢᠨ ᠠᠶᠢᠯ ᠤᠨ ᠵᠤᠭᠠᠴᠠᠯ︾᠎ ᠤᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠬᠥᠷᠳᠡᠬᠦ ᠬᠡᠰᠡᠭ ᠢ ᠳᠠᠳᠠᠪᠣᠷᠢᠯᠠᠬᠤ ᠠᠴᠠ ᠬᠡᠯᠳᠡᠷᠢᠭᠦᠯᠣᠨ᠎ᠠ᠃ ᠲᠡᠭᠦᠬᠦ᠂ ᠦᠵᠡᠭᠦᠯᠦᠯᠭᠡ ᠶᠢᠨ ᠲᠠᠷᠢᠶᠠᠯᠠᠩ ᠤᠨ ᠠᠵᠣ ᠠᠬᠤᠢ ᠡᠷᠬᠢᠯᠡᠵᠣ ᠪᠠᠶᠢᠭ᠎ᠠ ᠨᠢᠭᠡᠴᠡ ᠪᠠ ᠬᠤᠪᠢ ᠬᠥᠮᠦᠨ ᠠᠴᠠ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠲᠠᠲᠠᠪᠤᠷᠢᠯᠠᠬᠤ ᠠᠴᠠ ᠬᠡᠯᠳᠦᠷᠢᠭᠦᠯᠦᠨ᠎ᠠ᠃      ︵ᠳᠥᠴᠢᠨ ᠬᠤᠶᠠᠷ︶ 2014 ᠣᠨ ᠤ 1 ᠳ᠋ᠣᠭᠡᠷ ᠰᠠᠷ᠎ᠠ ᠶᠢᠨ 1᠎ ᠤ ᠡᠳᠣᠷ ᠠᠴᠠ 2018 ᠣᠨ ᠤ 12 ᠳ᠋ᠣᠭᠠᠷ ᠰᠠᠷ᠎ᠠ ᠶᠢᠨ 31᠎ ᠤ ᠡᠳᠣᠷ ᠪᠤᠯᠳᠠᠯ᠎ᠠ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠳ ︽ᠵᠢᠭᠡᠯᠡᠯᠭᠡ ᠶᠢᠨ ᠲᠦᠭᠰᠢᠭᠦᠷᠢ ᠶᠢ ᠲᠥᠷᠥᠯ ᠬᠤᠪᠢᠶᠠᠬᠤ ᠵᠢᠯᠤᠭᠤᠳᠤᠮᠵᠢ︾ ︵ᠪᠠᠩᠬᠢ ᠬᠢᠨᠠᠯᠲᠠ ᠲᠠᠷᠬᠠᠭᠠᠭᠰᠠᠨ ﹇2007﹈ 54 ᠳ᠋ᠣᠭᠡᠷ ᠲᠣᠭᠠᠲᠤ︶᠎ ᠶᠢᠨ ᠲᠣᠭᠳᠠᠭᠠᠯ ᠶᠣᠰᠣᠭᠠᠷ᠂ ᠲᠡᠳᠡᠨ ᠤ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠪᠠ ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠳᠤ ᠲᠦᠭᠰᠢᠭᠦᠷᠢ ᠶᠢᠨ ᠲᠥᠷᠥᠯ ᠬᠤᠪᠢᠶᠠᠭᠰᠠᠨ ᠤ ᠳᠠᠷᠠᠭ᠎ᠠ᠂ ᠲᠣᠭᠲᠠᠭᠠᠭᠰᠠᠨ ᠬᠠᠷᠢᠴᠠᠯ ᠢᠶᠠᠷ ᠪᠣᠳᠣᠵᠣ ᠭᠠᠷᠭᠠᠨ ᠠᠪᠬᠤ ᠵᠢᠭᠡᠯᠡᠯᠭᠡ ᠶᠢᠨ ᠬᠤᠬᠢᠷᠠᠯ ᠤᠨ ᠪᠡᠯᠡᠳᠬᠡᠯ ᠮᠥᠩᠭᠦ ᠶᠢ ᠭᠠᠶᠢᠯᠢ ᠲᠤᠰᠢᠶᠠᠬᠤ ᠶᠣᠰᠣᠲᠠᠶ ᠠᠰᠢᠭ ᠤᠯᠵᠠᠪᠤᠷᠢ ᠶᠢᠨ ᠲᠤᠭ᠎ᠠ ᠶᠢ ᠪᠤᠳᠤᠬᠤ ᠦᠶ᠎ᠡ ᠳᠤ ᠰᠠᠭᠤᠯᠭᠠᠨ ᠬᠠᠰᠤᠬᠤ ᠶᠢ ᠵᠥᠪᠰᠢᠶᠡᠷᠡᠨ᠎ᠡ᠃      ︵ᠳᠥᠴᠢᠨ ᠭᠤᠷᠪᠠ︶ ᠠᠵᠤ ᠠᠬᠤᠶᠢᠯᠠᠯ ᠤᠳ ᠤᠯᠤᠰ ᠠᠴᠠ ᠭᠤᠣᠯᠳᠠᠯᠭ᠎ᠠ ᠲᠠᠢ ᠲᠡᠳᠬᠦᠬᠦ ᠤᠯᠡᠠ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠳᠤ ᠪᠡᠯᠡ ᠣᠷᠣᠭᠤᠯᠵᠤ ᠡᠵᠡᠩᠨᠡᠭᠰᠡᠨ ᠠᠰᠢᠭ ᠣᠯᠵᠠᠪᠤᠷᠢ ᠶᠢ ᠲᠥᠷᠥᠯ ᠵᠦᠢᠯ ᠤᠨ ᠦᠢᠯᠡᠳᠪᠦᠷᠢᠯᠡᠵᠦ ᠡᠵᠡᠩᠨᠡᠭᠡᠳ ᠠᠩᠬᠠᠳᠠᠭᠴᠢ ᠣᠯᠤᠭᠰᠠᠨ ᠣᠷᠣᠯᠭ᠎ᠠ ᠶᠢᠨ ᠬᠠᠷᠢᠶ᠎ᠠ ᠪᠥᠬᠦᠢ ᠭᠠᠶᠢᠯᠢ ᠲᠤᠰᠢᠶᠠᠬᠤ ᠣᠨ ᠠᠴᠠ ᠡᠬᠢᠯᠡᠨ᠂ ᠨᠢᠭᠡᠳᠦᠭᠡᠷ ᠵᠢᠯ ᠠᠴᠠ ᠭᠤᠷᠪᠠᠳᠤᠭᠠᠷ ᠵᠢᠯ ᠭᠦᠷᠳᠡᠯ᠎ᠠ ᠨᠢ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠠᠴᠠ ᠬᠡᠯᠲᠦᠷᠢᠭᠦᠯᠦᠨ᠎ᠡ᠂ ᠳᠥᠷᠪᠡᠳᠦᠭᠡᠷ ᠵᠢᠯ ᠠᠴᠠ ᠵᠢᠷᠭᠤᠳᠤᠭᠠᠷ ᠵᠢᠯ ᠬᠦᠷᠲᠡᠯ᠎ᠡ ᠨᠢ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠤᠵᠦ ᠲᠠᠲᠠᠪᠤᠷᠢᠯᠠᠨ᠎ᠠ᠃      ︵ᠳᠥᠴᠢᠨ ᠲᠦᠷᠪᠡ︶ ︽ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠪᠠᠷ ᠠᠷᠠᠣᠨ ᠤᠨ ᠲᠤᠮᠳᠠᠬᠢ ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦᠯᠬᠦ ᠶᠢ ᠠᠬᠢᠭᠤᠯᠬᠤ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠠᠨᠠᠯ︾ ︵ᠤᠯᠤᠰ ᠭᠠᠶᠢᠯᠢ ᠲᠠᠷᠬᠠᠭᠠᠭᠰᠠᠨ ﹇2012﹈ 53 ᠳ᠋ᠣᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠣ ᠶᠢᠨ ᠬᠡᠷᠩᠵᠢᠭᠦᠯᠵᠣ ᠪᠠᠶᠢᠭ᠎ᠠ ᠰᠠᠭᠤᠷᠢ ᠠᠵᠤ ᠦᠢᠯᠡᠰ ᠪᠠ ᠰᠠᠭᠤᠷᠢ ᠪᠡᠯᠡᠳᠬᠡᠮᠵᠢ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠪᠣᠯᠤᠨ ᠲᠥᠷᠥ ᠶᠢᠨ ᠪᠤᠳᠤᠯᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠠᠵᠢᠯ ᠦᠢᠯᠡᠰ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠷᠠᠯᠵᠢᠶ᠎ᠡ ᠬᠤᠳᠠᠯᠳᠤᠭ᠎ᠠ ᠶᠢᠨ ᠭᠦᠢᠯᠬᠡᠬᠡᠨ ᠵᠡᠷᠭᠡ ᠬᠦᠷᠢᠶᠡᠨ ᠳᠤ ᠠᠷᠠᠳ ᠤᠨ ᠲᠣᠮᠳᠠᠬᠢ ᠪᠡᠯᠡ ᠣᠷᠣᠭᠤᠯᠤᠯᠲᠠ ᠶᠢᠨ ᠣᠷᠣᠬᠤ ᠶᠢ ᠵᠣᠷᠢᠬᠵᠢᠭᠤᠯᠬᠤ ᠪᠠ ᠭᠦᠳᠣᠯᠣᠨ ᠵᠢᠯᠣᠭᠤᠣᠠᠬᠤ ᠵᠢᠴᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠭᠦ ᠵᠡᠷᠭᠡ ᠲᠠᠯ᠎ᠠ ᠪᠠᠷ ᠬᠢ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠣᠨ᠎ᠠ᠃      ᠲᠠᠪᠤ᠂ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠣᠨ᠎ᠠ      ︵ᠳᠥᠴᠢᠨ ᠲᠠᠪᠤ︶ ᠠᠷᠠᠣᠨ ᠤᠨ ᠲᠤᠮᠳᠠᠬᠢ ᠬᠦᠷᠦᠩᠬᠡ ᠪᠠᠷ ᠪᠡᠯᠠ ᠣᠷᠣᠭᠤᠯᠵᠤ ᠪᠠᠶᠢᠭᠠᠳ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠡᠭᠦᠳᠦᠨ ᠡᠷᠬᠢᠯᠡᠭᠰᠡᠨ ᠪᠠᠶᠢᠪᠠᠯ᠂ ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠡᠵᠡᠨ ᠮᠡᠳᠡᠵᠦ ᠰᠦᠢᠳᠬᠡᠯ ᠬᠤᠷᠢᠶᠠᠬᠤ ᠲᠦᠷᠦᠯ ᠵᠦᠢᠯ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠨ᠎ᠠ᠃ ᠲᠡᠳᠡᠨ ᠤ ᠤᠰᠤ ᠬᠡᠷᠡᠭᠯᠡᠬᠦ᠂ ᠬᠡᠢ ᠬᠡᠷᠡᠭᠯᠡᠬᠦ ᠶᠢ ᠲᠤᠰ ᠲᠤᠰ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠤᠰᠤᠨ ᠤ ᠦᠨ᠎ᠡ ᠪᠣᠯᠤᠨ ᠬᠡᠢ ᠶᠢᠨ ᠦᠨ᠎ᠡ ᠶᠢᠨ ᠳᠤᠮᠳᠠᠴᠢ ᠬᠢᠷᠢ ᠲᠦᠪᠰᠢᠨ ᠢᠶᠠᠷ ᠬᠡᠷᠡᠭᠵᠢᠭᠦᠯᠣᠨ᠎ᠠ ︵ᠣᠰᠣᠨ ᠤ ᠱᠠᠲᠤᠯᠢᠭ ᠦᠨ᠎ᠡ᠂ ᠬᠡᠢ ᠶᠢᠨ ᠱᠠᠲᠤᠯᠢᠭ ᠦᠨ᠎ᠡ ᠶᠢ ᠬᠡᠷᠡᠭᠵᠢᠭᠦᠯᠦᠬᠡᠳᠦᠢ ᠭᠠᠵᠠᠷ ᠣᠷᠣᠨ ᠳᠤ ᠪᠣᠯ ᠡᠩ ᠤᠨ ᠰᠠᠭᠤᠭᠠᠯᠢ ᠠᠷᠠᠳ ᠤᠨ ᠤᠰᠤ ᠬᠡᠷᠡᠭᠯᠡᠬᠦ᠂ ᠬᠡᠢ ᠬᠡᠷᠡᠭᠯᠡᠬᠦ ᠦᠨ᠎ᠡ ᠬᠠᠩᠰᠢ ᠶᠢ ᠲᠦᠷ ᠬᠡᠷᠩᠵᠢᠭᠦᠯᠣᠨ᠎ᠠ︶᠂ ᠴᠠᠬᠢᠯᠭᠠᠨ ᠬᠡᠷᠡᠭᠯᠡᠬᠦ ᠳᠤ ᠰᠠᠭᠤᠭᠠᠯᠢ ᠠᠷᠠᠳ ᠤᠨ ᠬᠠᠮᠲᠤᠷᠠᠭᠰᠠᠨ ᠬᠡᠮᠵᠢᠭᠦᠷ ᠲᠠᠢ ᠬᠡᠷᠡᠭᠯᠡᠭᠴᠢ ᠡᠷᠣᠭᠡ ᠶᠢᠨ ᠴᠠᠬᠢᠯᠭᠠᠨ ᠤ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃      ︵ᠳᠥᠴᠢᠨ ᠵᠢᠷᠭᠤᠭ᠎ᠠ︶ ᠠᠷᠠᠣᠨ ᠤᠨ ᠲᠤᠮᠳᠠᠬᠢ ᠬᠦᠷᠦᠩᠬᠡ ᠪᠠᠷ ᠪᠡᠯᠠ ᠣᠷᠣᠭᠤᠯᠵᠤ ᠪᠠᠶᠢᠭᠠᠳ ᠡᠮᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠡᠭᠦᠳᠦᠨ ᠡᠷᠬᠢᠯᠡᠭᠰᠡᠨ ᠪᠠᠶᠢᠪᠠᠯ᠂ ᠠᠰᠢᠭ ᠤᠯᠵᠠᠪᠤᠷᠢ ᠶᠢᠨ ᠪᠤᠰᠤ ᠡᠮᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠡᠮᠴᠢᠯᠡᠭᠡ ᠶᠢᠨ ᠦᠢᠯᠡᠴᠢᠯᠡᠭᠡᠨ ᠪᠣᠯᠤᠨ ᠡᠮ ᠤᠨ ᠵᠦᠢᠯ ᠳᠤᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠠᠰᠢᠭ ᠤᠯᠵᠠᠪᠤᠷᠢ ᠶᠢᠨ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠡᠮᠴᠢᠯᠡᠭᠡ ᠶᠢᠨ ᠦᠢᠯᠡᠴᠢᠯᠡᠭᠡ ᠳᠤ ᠡᠵᠡᠨ ᠮᠡᠳᠡᠨ ᠦᠨ᠎ᠡ ᠲᠣᠭᠲᠠᠭᠠᠬᠤ ᠶᠢ ᠬᠡᠷᠩᠵᠢᠭᠦᠯᠣᠨ᠎ᠠ᠃ ᠠᠷᠠᠣᠨ ᠤᠨ ᠲᠤᠮᠳᠠᠬᠢ ᠬᠥᠷᠥᠩᠭᠡ ᠪᠠᠷ ᠨᠠᠰᠤᠲᠠᠳ ᠢ ᠠᠰᠠᠷᠠᠬᠤ ᠪᠠᠶᠢᠭᠤᠯᠤᠮᠵᠢ ᠶᠢ ᠡᠭᠦᠳᠦᠨ ᠡᠷᠬᠢᠯᠡᠭᠰᠡᠠ ᠪᠠᠶᠢᠪᠠᠯ᠂ ᠲᠡᠳᠡᠨ ᠤ ᠤᠰᠤ ᠬᠡᠷᠡᠭᠯᠡᠬᠦ᠂ ᠬᠡᠢ ᠬᠡᠷᠡᠭᠯᠡᠬᠦ ᠶᠢ ᠲᠤᠰ ᠲᠤᠰ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠤᠰᠤᠨ ᠤ ᠦᠨ᠎ᠡ ᠪᠣᠯᠤᠨ ᠬᠡᠢ ᠶᠢᠨ ᠦᠨ᠎ᠡ ᠶᠢᠨ ᠳᠤᠮᠳᠠᠴᠢ ᠬᠢᠷᠢ ᠬᠡᠮᠵᠢᠶ᠎ᠡ ᠪᠠᠷ ᠬᠡᠷᠡᠭᠵᠢᠭᠦᠯᠣᠨ᠎ᠠ ︵ᠣᠰᠣᠨ ᠤ ᠱᠠᠲᠤᠯᠢᠭ ᠦᠨ᠎ᠡ᠂ ᠬᠡᠢ ᠶᠢᠨ ᠱᠠᠲᠤᠯᠢᠭ ᠦᠨ᠎ᠡ ᠶᠢ ᠬᠡᠷᠡᠭᠵᠢᠭᠦᠯᠦᠬᠡᠳᠦᠢ ᠭᠠᠵᠠᠷ ᠣᠷᠣᠨ ᠳᠤ ᠪᠣᠯ ᠡᠩ ᠤᠨ ᠰᠠᠭᠤᠭᠠᠯᠢ ᠠᠷᠠᠳ ᠤᠨ ᠤᠰᠤ ᠬᠡᠷᠡᠭᠯᠡᠬᠦ᠂ ᠬᠡᠢ ᠬᠡᠷᠡᠭᠯᠡᠬᠦ ᠦᠨ᠎ᠡ ᠬᠠᠩᠰᠢ ᠶᠢ ᠲᠦᠷ ᠬᠡᠷᠩᠵᠢᠭᠦᠯᠣᠨ᠎ᠠ︶᠂ ᠴᠠᠬᠢᠯᠭᠠᠨ ᠬᠡᠷᠡᠭᠯᠡᠬᠦ ᠳᠤ ᠰᠠᠭᠤᠭᠠᠯᠢ ᠠᠷᠠᠳ ᠤᠨ ᠬᠠᠮᠲᠤᠷᠠᠭᠰᠠᠨ ᠬᠡᠮᠵᠢᠭᠦᠷ ᠲᠠᠢ ᠬᠡᠷᠡᠭᠯᠡᠭᠴᠢ ᠡᠷᠣᠭᠡ ᠶᠢᠨ ᠴᠠᠬᠢᠯᠭᠠᠨ ᠤ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠢᠯᠴᠢ ᠬᠡᠷᠡᠭᠯᠡᠬᠦ ᠳᠤ ᠰᠠᠭᠤᠭᠠᠯᠢ ᠠᠷᠠᠳ ᠤᠨ ᠦᠨ᠎ᠡ ᠬᠠᠩᠰᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠣᠨ᠎ᠠ᠃      ︵ᠳᠥᠴᠢᠨ ᠲᠤᠯᠤᠭ᠎ᠠ︶ ᠠᠷᠠᠳ ᠤᠨ ᠲᠤᠮᠳᠠᠬᠢ ᠬᠦᠷᠦᠩᠬᠡ ᠨᠢ ᠣᠨᠴᠠ ᠵᠥᠪᠰᠢᠶᠡᠷᠡᠯ ᠲᠠᠢ ᠡᠵᠡᠩᠨᠡᠬᠦ ᠠᠷᠭ᠎ᠠ ᠮᠠᠶ᠋ᠢᠭ ᠢᠶᠠᠷ ᠲᠠᠮᠵᠢᠨ ᠬᠤᠲᠠ ᠶᠢᠨ ᠤᠰᠤ ᠬᠠᠩᠭᠠᠬᠤ᠂ ᠭᠡᠢ ᠬᠠᠩᠭᠠᠬᠤ᠂ ᠢᠯᠴᠢ ᠬᠠᠩᠭᠠᠬᠤ ᠪᠠ ᠪᠣᠬᠢᠷ ᠤᠰᠤ ᠶᠢ ᠰᠢᠢᠣᠡᠪᠣᠷᠢᠯᠡᠭᠦ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠳᠠ᠂ ᠡᠵᠡᠩᠨᠡᠯᠳᠠ ᠪᠠ ᠬᠠᠮᠢᠶᠠᠷᠤᠯᠲᠠ ᠳᠤ ᠣᠷᠣᠯᠴᠠᠭᠰᠠᠨ ᠪᠠᠶᠢᠪᠠᠯ᠂ ᠣᠯᠣᠰ ᠤᠨ ᠤᠢᠮᠴᠢᠯᠡᠯᠳᠦ ᠬᠦᠷᠦᠩᠬᠡ ᠯᠦᠭᠡ ᠠᠳᠠᠯᠢ ᠣᠯᠭᠤᠮᠵᠢ ᠶᠢ ᠭᠦᠷᠳᠡᠬᠡᠵᠣ᠂ ᠲᠡᠳᠡᠨ ᠤ ᠦᠨ᠎ᠡ ᠶᠢᠨ ᠪᠠᠷᠢᠮᠵᠢᠶ᠎ᠠ ᠶᠢ ᠥᠪᠡᠷ ᠤᠨ ᠦᠷᠳᠡᠭ ᠢ ᠨᠢ ᠨᠦᠭᠦᠪᠣᠷᠢᠯᠡᠭᠦ᠂ ᠵᠦᠢ ᠵᠣᠬᠢᠰᠲᠠᠶ ᠠᠰᠢᠭ ᠣᠷᠣᠯᠭ᠎ᠠ ᠲᠠᠢ ᠪᠠᠶᠢᠯᠭᠠᠬᠤ ᠵᠠᠷᠴᠢᠮ ᠶᠣᠰᠣᠭᠠᠷ ᠲᠣᠭᠲᠠᠭᠠᠨ᠎ᠠ᠃      ︵ᠳᠥᠴᠢᠨ ᠨᠠᠢᠮᠨ︶ ᠠᠷᠠᠳ ᠤᠨ ᠲᠤᠮᠳᠠᠬᠢ ᠬᠦᠷᠦᠩᠬᠡ ᠨᠢ ᠣᠷᠣᠨ ᠨᠣᠳᠤᠭ ᠤᠨ ᠳᠡᠮᠣᠷ ᠵᠠᠮ ᠳᠤ ᠪᠡᠯᠨ ᠣᠷᠣᠭᠤᠯᠵᠣ᠂ ᠡᠵᠡᠩᠨᠡᠭᠦ ᠪᠠ ᠬᠠᠮᠢᠶᠠᠷᠤᠨᠨᠰᠠᠨ ᠪᠠᠶᠢᠪᠠᠯ᠂ ᠬᠡᠪ ᠤᠨ ᠡᠵᠡᠩᠨᠡᠯᠳᠠ ᠬᠠᠮᠠᠭᠠᠯᠠᠯᠳᠠ ᠶᠢᠨ ᠬᠡᠷᠡᠭᠴᠡᠭᠡ ᠶᠢ ᠬᠦᠢᠴᠡᠳ ᠬᠠᠩᠭᠠᠬᠤ ᠶᠢᠨ ᠬᠠᠮᠲᠤ ᠵᠦᠢ ᠵᠣᠬᠢᠰᠲᠠᠶ ᠡᠵᠡᠩᠨᠡᠯᠲᠡ ᠶᠢᠨ ᠠᠴᠢ ᠬᠠᠷᠢᠭᠤᠯᠲᠠ ᠲᠠᠢ ᠪᠠᠶᠢᠯᠭᠠᠬᠤ ᠵᠠᠷᠴᠢᠮ ᠶᠣᠰᠣᠭᠠᠷ ᠲᠡᠭᠡᠭᠡᠪᠦᠷᠢ ᠶᠢᠨ ᠦᠨ᠎ᠡ ᠶᠢ ᠬᠠᠷᠭᠤᠭᠤᠯᠤᠨ ᠲᠣᠭᠳᠠᠭᠠᠨ᠎ᠠ᠃      ︵ᠳᠥᠴᠢ ᠶᠢᠰᠦ︶ ᠠᠷᠠᠳ ᠤᠨ ᠲᠤᠮᠳᠠᠬᠢ ᠬᠦᠷᠦᠩᠬᠡ ᠨᠢ ᠤᠰᠤᠨ ᠠᠰᠢᠭᠯᠠᠯᠲᠠ ᠶᠢᠨ ᠪᠠᠷᠢᠯᠭ᠎ᠠ ᠳᠤ ᠪᠡᠯᠠ ᠣᠷᠣᠭᠤᠯᠣᠭᠰᠠᠨ ᠪᠠᠶᠢᠪᠠᠯ᠂ ᠤᠰᠤ ᠬᠠᠩᠭᠠᠬᠤ ᠦᠨ᠎ᠡ ᠳᠤ ᠥᠪᠡᠷ ᠤᠨ ᠦᠷᠳᠡᠭ ᠢ ᠨᠢ ᠨᠥᠬᠦᠪᠥᠷᠢᠯᠡᠬᠦ᠂ ᠵᠦᠢ ᠵᠣᠬᠢᠰᠲᠠᠶ ᠠᠰᠢᠭ ᠣᠷᠣᠯᠭ᠎ᠠ ᠲᠠᠢ ᠪᠠᠶᠢᠯᠭᠠᠬᠤ ᠵᠠᠷᠴᠢᠮ ᠶᠤᠰᠤᠭᠠᠷ᠂ ᠵᠠᠰᠠᠭ ᠤᠨ ᠣᠷᠳᠣᠨ ᠠᠴᠠ ᠵᠢᠯᠣᠭᠤᠳᠬᠤ ᠦᠨ᠎ᠡ ᠬᠠᠩᠰᠢ ᠶᠢᠨ ᠬᠠᠮᠢᠶᠠᠷᠤᠯᠲᠠ ᠶᠢ ᠬᠡᠷᠡᠭᠵᠢᠭᠦᠯᠭᠦ ᠶᠢᠨ ᠬᠠᠮᠳᠣ᠂ ᠰᠠᠭᠤᠷᠢ ᠪᠠᠷᠢᠮᠵᠢᠶᠠᠲᠤ ᠦᠨ᠎ᠡ ᠬᠠᠩᠰᠢ ᠶᠢᠨ ᠰᠠᠭᠤᠷᠢᠨ ᠳᠡᠭᠡᠷ᠎ᠡ ᠨᠡᠯᠢᠶᠡᠳ ᠶᠡᠭᠡ ᠭᠦᠪᠦᠮᠡᠯ ᠬᠡᠮᠵᠢᠶ᠎ᠡ ᠲᠠᠢ ᠪᠠᠷ ᠲᠣᠭᠲᠠᠭᠠᠵᠤ ᠪᠤᠯᠤᠨ᠎ᠠ᠃      ︵ᠲᠠᠪᠢ︶ ᠵᠢᠵᠢᠭ ᠪᠢᠴᠢᠯ ᠠᠵᠤ ᠠᠬᠤᠶᠢᠯᠠᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠷᠣᠳᠠᠯ ᠤᠨ ᠨᠡᠮᠡᠯᠲᠡ᠂ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ᠂ ᠰᠣᠶᠣᠯ ᠤᠨ ᠠᠵᠢᠯ ᠦᠢᠯᠡᠰ ᠤᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ᠂ ᠵᠡᠮᠳᠡᠭᠴᠦᠳ ᠤᠨ ᠠᠵᠢᠯ ᠤᠯᠬᠤ ᠪᠠᠲᠤᠯᠠᠭ᠎ᠠ ᠶᠢᠨ ᠮᠥᠩᠭᠦ ᠵᠡᠷᠭᠡ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠵᠢᠴᠢ ᠴᠠᠭ ᠠᠭᠤᠷ᠂ ᠲᠡᠦᠬᠡ ᠶᠢᠨ ᠳᠤᠷᠠᠰᠬᠠᠯᠲᠤ ᠵᠦᠢᠯᠡᠰ᠂ ᠨᠣᠭᠤᠭᠠᠷᠠᠭᠤᠯᠤᠯᠲᠠ᠂ ᠭᠠᠯ ᠤᠨᠲᠠᠷᠠᠭᠠᠬᠤ᠂ ᠭᠠᠵᠠᠷ ᠬᠥᠳᠡᠯᠦᠯᠲᠡ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠠᠴᠠ ᠬᠡᠯᠳᠤᠷᠢᠭᠦᠯᠣᠨ᠎ᠠ᠃ ᠡᠵᠡᠩᠨᠡᠯᠲᠡ ᠦᠢᠯᠡᠴᠢᠯᠡᠬᠡᠨ ᠤ ᠴᠢᠨᠠᠷᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠤᠤᠷᠡᠳᠦ ᠬᠢᠵᠠᠭᠠᠷ ᠲᠠᠢ ᠪᠠᠶᠢᠪᠠᠯ᠂ ᠴᠥᠮ ᠲᠤᠤᠷᠡᠳᠦ ᠬᠢᠵᠠᠭᠠᠷ ᠢᠶᠠᠷ ᠬᠤᠷᠢᠶᠠᠵᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠡᠭᠦᠯᠦᠨ ᠪᠠᠷᠢᠮᠵᠢᠶ᠎ᠠ ᠶᠢ ᠳᠡᠭᠡᠭᠰᠢᠯᠡᠭᠦᠯᠵᠣ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠢᠩᠭ᠎ᠠ ᠬᠤᠷᠢᠭᠯᠠᠨ᠎ᠠ᠃      ︵ᠲᠠᠪᠢᠨ ᠨᠢᠭᠡ︶ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠠᠪᠤᠴᠠ ᠳᠤᠮᠳᠠᠬᠢ ᠳᠠᠭᠠᠭᠠᠯᠲᠠ ᠬᠢᠭᠦ᠂ ᠦᠨᠡᠯᠡᠨ ᠵᠢᠱᠢᠬᠦ᠂ ᠲᠡᠮᠳᠡᠭᠯᠡᠨ ᠳᠠᠩᠰᠠᠯᠠᠭᠤᠯᠬᠤ᠂ ᠬᠢᠨᠠᠨ ᠪᠤᠳᠤᠬᠤ᠂ ᠳᠠᠭᠠᠳᠬᠠᠯ ᠵᠡᠷᠭᠡ ᠵᠠᠭᠤᠴᠢ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠥᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠢᠬᠤᠯᠠ ᠪᠤᠰᠤ ᠪᠡᠯᠡ ᠮᠥᠩᠭᠦ ᠶᠢᠨ ︽ᠨᠡᠪᠲᠡᠷᠡᠬᠦ ᠵᠠᠮ︾ ᠪᠠ ︽ᠲᠠᠮᠵᠢᠨ ᠥᠩᠭᠡᠷᠡᠬᠦ︾ ᠭᠤᠨᠴᠤᠭ᠎ᠠ ᠶᠢᠨ ᠰᠦᠢᠳᠬᠡᠯ ᠬᠤᠷᠢᠶᠠᠬᠤ ᠶᠢ ᠢᠯᠭᠠᠷᠠᠭᠤᠯᠤᠨ᠎ᠠ᠃      ᠵᠢᠷᠭᠤᠭ᠎ᠠ᠂ ᠭᠠᠵᠠᠷ ᠰᠢᠷᠣᠶ ᠠᠭᠤᠷᠬᠠᠶ ᠶᠢᠨ ᠭᠠᠷᠤᠯᠲᠠ ᠶᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ      ︵ᠲᠠᠪᠢᠨ ᠬᠤᠶᠠᠷ︶ ᠠᠵᠤ ᠠᠬᠤᠶᠢᠯᠠᠯ ᠤᠨ ᠬᠡᠷᠩᠯᠡᠭᠦ ᠭᠠᠵᠠᠷ ᠨᠢ ᠤᠯᠤᠰ ᠤᠨ ︽ᠬᠤᠪᠢᠶᠠᠷᠢᠯᠠᠨ ᠦᠭᠴᠣ ᠬᠡᠷᠡᠭᠯᠡᠭᠦ ᠭᠠᠵᠠᠷ ᠤᠨ ᠭᠠᠷᠴᠠᠭ︾᠎ ᠤᠨ ᠲᠣᠭᠲᠠᠭᠠᠯ ᠳᠤ ᠨᠠᠶᠢᠴᠡᠪᠡᠯ᠂ ᠬᠤᠪᠢᠶᠠᠷᠢᠯᠠᠨ ᠦᠭᠭᠦ ᠠᠷᠭ᠎ᠠ ᠮᠠᠶ᠋ᠢᠭ ᠢ ᠬᠡᠷᠡᠭᠯᠡᠨ ᠭᠠᠵᠠᠷ ᠬᠠᠩᠭᠠᠵᠦ ᠪᠣᠯᠤᠨ᠎ᠠ᠃      ︵ᠲᠠᠪᠢᠨ ᠭᠤᠷᠪᠠ︶ ᠠᠵᠤ ᠠᠬᠤᠶᠢᠯᠠᠯ ᠤᠳ ᠤᠯᠤᠰ ᠤᠨ ᠥᠮᠴᠢᠯᠡᠯᠳᠤ ᠠᠰᠢᠭᠯᠠᠭᠠᠳᠤᠶ ᠭᠠᠵᠠᠷ ᠰᠢᠷᠣᠶ ᠶᠢ ᠨᠡᠭᠡᠭᠡᠨ ᠠᠰᠢᠭᠯᠠᠵᠤ ᠲᠠᠷᠢᠶᠠᠯᠠᠩ᠂ ᠮᠠᠯ ᠠᠵᠤ ᠠᠬᠤᠶ᠂ ᠤᠢ ᠰᠢᠭᠤᠶ᠂ ᠤᠰᠦᠠ ᠤ ᠭᠠᠷᠣᠯᠳᠠ ᠶᠢᠨ ᠠᠵᠤ ᠦᠢᠯᠡᠰ ᠤᠨ ᠦᠢᠯᠡᠳᠪᠦᠷᠢᠯᠡᠯ ᠡᠷᠬᠢᠯᠡᠭᠰᠡᠨ ᠪᠠᠶᠢᠪᠠᠯ᠂ ᠲᠦᠯᠦᠪᠦᠷᠢᠳᠡᠢ ᠰᠢᠯᠵᠢᠬᠦᠯᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠣᠯᠵᠤ ᠪᠣᠯᠤᠨ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠭᠠᠵᠠᠷ ᠰᠢᠷᠣᠶ ᠲᠦᠯᠦᠪᠦᠷᠢᠳᠡᠢ ᠰᠢᠯᠵᠢᠬᠦᠯᠦᠭᠰᠡᠨ ᠮᠥᠩᠭᠦ ᠬᠤᠷᠢᠶᠠᠬᠤ ᠠᠴᠠ ᠬᠡᠯᠲᠦᠷᠢᠭᠦᠯᠵᠦ ᠪᠣᠯᠤᠨ᠎ᠠ᠂ ᠬᠡᠷᠡᠭᠯᠡᠬᠦ ᠵᠢᠯ ᠬᠤᠭᠤᠴᠠᠭ᠎ᠠ ᠶᠢ 50 ᠵᠢᠯ ᠠᠴᠠ ᠬᠡᠲᠦᠷᠡᠭᠦᠯᠵᠦ ᠪᠣᠯᠬᠤ ᠦᠭᠡᠢ᠃ ᠬᠡᠷᠡᠭᠯᠡᠯᠲᠡ ᠶᠢ ᠨᠢ ᠦᠨᠡᠨᠬᠦ ᠬᠤᠪᠢᠷᠠᠭᠤᠯᠵᠣ ᠲᠠᠷᠢᠶᠠᠯᠠᠩ ᠤᠨ ᠪᠤᠰᠤ ᠪᠥᠳᠥᠭᠡᠨ ᠪᠠᠶᠢᠭᠤᠯᠤᠯᠲᠠ ᠡᠷᠬᠢᠯᠡᠭᠦ ᠴᠢᠬᠤᠯᠠᠲᠠᠶ ᠪᠠᠶᠢᠪᠠᠯ᠂ ᠭᠠᠵᠠᠷ ᠰᠢᠷᠣᠶ ᠲᠦᠯᠦᠪᠦᠷᠢᠳᠡᠢ ᠰᠢᠯᠵᠢᠭᠦᠯᠦᠭᠰᠡᠨ ᠮᠥᠩᠭᠦ ᠲᠤᠰᠢᠶᠠᠭᠰᠠᠨ ᠤ ᠳᠠᠷᠠᠭ᠎ᠠ᠂ ᠬᠠᠮᠢᠶ᠎ᠠ ᠪᠦᠬᠦᠢ ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠣᠡᠭᠡᠵᠣ ᠪᠣᠯᠤᠨ᠎ᠠ᠃      ︵ᠲᠠᠪᠢᠨ ᠲᠦᠷᠪᠡ︶ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠪᠡᠯᠡ ᠣᠷᠣᠭᠤᠯᠤᠭᠰᠠᠨ ᠠᠵᠤ ᠠᠬᠤᠶᠢᠯᠠᠯ ᠨᠢ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠬᠡᠯ ᠭᠠᠵᠠᠷ ᠢ ᠬᠤᠳᠠᠯᠳᠤᠨ ᠠᠪᠬᠤ ᠴᠢᠬᠤᠯᠠ ᠲᠠᠢ ᠪᠠᠶᠢᠪᠠᠯ᠂ ᠤᠯᠤᠰ ᠤᠨ ᠬᠡᠷᠡᠭᠵᠢᠭᠦᠯᠭᠦ ᠶᠢ ᠵᠦᠪᠰᠢᠶᠡᠷᠡᠭᠰᠡᠨ ᠬᠠᠮᠤᠭ ᠲᠣᠣᠷ᠎ᠡ ᠦᠨ᠎ᠡ ᠶᠢᠨ ᠪᠠᠷᠢᠮᠵᠢᠶ᠎ᠠ ᠶᠢᠨ ᠲᠦᠷᠦ ᠶᠢᠨ ᠪᠤᠳᠤᠯᠭ᠎ᠠ ︵ᠤᠯᠤᠰ ᠤᠨ ᠬᠠᠮᠤᠭ ᠲᠣᠣᠷ᠎ᠡ ᠦᠨ᠎ᠡ ᠶᠢᠨ ᠪᠠᠷᠢᠮᠵᠢᠶ᠎ᠠ ᠪᠠᠶᠢᠬᠤ ᠦᠭᠡᠢ ᠬᠡᠷᠡᠭᠯᠡᠬᠦ ᠭᠠᠵᠠᠷ ᠢ ᠲᠣᠬᠠᠢ ᠶᠢᠨ ᠭᠠᠵᠠᠷ ᠤᠨ ᠥᠪᠡᠷ ᠤᠨ ᠤᠢᠷᠳᠡᠭ ᠤᠨ ᠦᠨ᠎ᠡ ᠠᠴᠠ ᠲᠣᠣᠷ᠎ᠡ ᠪᠠᠶᠢᠯᠭᠠᠵᠦ ᠪᠤᠯᠬᠤ ᠦᠭᠡᠢ︶᠎ ᠠᠴᠠ ᠳᠣᠣᠷ᠎ᠠ ᠪᠠᠶᠢᠯᠭᠠᠬᠤ ᠦᠭᠡᠶ ᠤᠷᠢᠲᠠᠯ ᠳᠣᠣᠷ᠎ᠠ᠂ ᠭᠠᠵᠠᠷ ᠰᠢᠷᠣᠶ ᠲᠦᠯᠦᠪᠦᠷᠢᠳᠡᠢ ᠰᠢᠯᠵᠢᠭᠦᠯᠬᠦ ᠦᠨ᠎ᠡ ᠬᠠᠩᠰᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠦᠷᠳᠡᠬᠡᠨ᠎ᠡ᠃ ᠵᠦᠪᠰᠢᠶᠡᠷᠡᠭᠦᠯᠭᠦ ᠪᠠᠷ ᠲᠠᠮᠵᠢᠭᠠᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠭᠰᠠᠨ ᠠᠵᠤ ᠠᠬᠤᠶᠢᠯᠠᠯ ᠨᠢ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠵᠦ ᠪᠣᠯᠤᠨ᠎ᠠ᠃      ︵ᠲᠠᠪᠢᠨ ᠲᠠᠪᠤ︶ ᠠᠵᠤ ᠠᠬᠤᠶᠢᠯᠠᠯ ᠤᠨ ᠪᠡᠯᠨ ᠣᠷᠣᠭᠤᠯᠣᠭᠰᠠᠨ ᠠᠵᠤ ᠦᠢᠯᠡᠳᠪᠦᠷᠢ ᠶᠢᠨ ᠲᠦᠷᠦᠯ ᠵᠦᠢᠯ ᠨᠢ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠬᠡᠪᠴᠢᠶᠡᠨ ᠳᠠᠬᠢ ᠤᠯᠤᠰ ᠤᠨ ᠥᠮᠴᠢᠯᠡᠯᠳᠣ ᠠᠰᠢᠭᠯᠠᠭᠠᠳᠤᠶ ᠭᠠᠵᠠᠷ ᠰᠢᠷᠦᠢ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠶ ᠶᠢ ᠲᠦᠯᠦᠪᠦᠷᠢᠳᠡᠢ ᠰᠢᠯᠵᠢᠭᠦᠯᠦᠭᠰᠡᠨ ᠦᠨ᠎ᠡ ᠬᠠᠩᠰᠢ ᠶᠢ ᠨᠢ ᠪᠠᠶᠢᠭ᠎ᠠ ᠭᠠᠵᠠᠷ ᠰᠢᠷᠣᠶ ᠶᠢᠨ ᠲᠡᠰ ᠢᠯᠭᠠᠯ ᠯᠤᠭ᠎ᠠ ᠬᠠᠷᠢᠯᠴᠠᠨ ᠵᠣᠬᠢᠴᠠᠯᠳᠤᠬᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠦᠢ ᠶᠢ ᠲᠦᠯᠦᠪᠦᠷᠢᠳᠡᠢ ᠰᠢᠯᠵᠢᠭᠦᠯᠬᠦ ᠬᠠᠮᠤᠭ ᠳᠣᠣᠷ᠎ᠠ ᠦᠨ᠎ᠠ ᠬᠠᠩᠰᠢ ᠶᠢᠨ ᠪᠠᠷᠢᠮᠵᠢᠶ᠎ᠠ︾᠎ ᠶᠢᠨ 50%᠎ ᠪᠠᠷ ᠬᠡᠷᠩᠵᠢᠭᠦᠯᠣᠨ᠎ᠠ︔ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠬᠡᠪᠴᠢᠶᠡᠨ ᠠᠴᠠ ᠪᠤᠰᠤᠳ᠂ ᠭᠠᠵᠠᠷ ᠰᠢᠷᠣᠶ ᠶᠢᠨ ᠡᠮᠦᠨᠡᠬᠢ ᠬᠤᠭᠤᠴᠠᠭᠠᠨ ᠤ ᠨᠡᠭᠡᠭᠡᠨ ᠬᠥᠭᠵᠢᠭᠦᠯᠬᠦ ᠶᠢ ᠦᠪᠡᠰᠦᠪᠡᠨ ᠪᠡᠶᠡᠯᠡᠭᠦᠯᠣᠭ᠍ᠰᠡᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠰᠢᠷᠦᠢ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠶ ᠶᠢ ᠲᠦᠯᠦᠪᠦᠷᠢᠳᠡᠢ ᠰᠢᠯᠵᠢᠬᠦᠯᠦᠭᠰᠡᠨ ᠦᠨ᠎ᠡ ᠬᠠᠩᠰᠢ ᠶᠢ ᠨᠢ ᠪᠠᠶᠢᠭ᠎ᠠ ᠭᠠᠵᠠᠷ ᠰᠢᠷᠣᠶ ᠶᠢᠨ ᠲᠡᠰ ᠢᠯᠭᠠᠯ ᠯᠤᠭ᠎ᠠ ᠬᠠᠷᠢᠯᠴᠠᠨ ᠵᠣᠬᠢᠴᠠᠯᠳᠤᠬᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠦᠢ ᠶᠢ ᠲᠦᠯᠦᠪᠦᠷᠢᠳᠡᠢ ᠰᠢᠯᠵᠢᠭᠦᠯᠬᠦ ᠬᠠᠮᠤᠭ ᠳᠣᠣᠷ᠎ᠠ ᠦᠨ᠎ᠠ ᠬᠠᠩᠰᠢ ᠶᠢᠨ ᠪᠠᠷᠢᠮᠵᠢᠶ᠎ᠠ︾᠎ ᠶᠢᠨ 60%᠎ ᠪᠠᠷ ᠬᠡᠷᠩᠵᠢᠭᠦᠯᠣᠨ᠎ᠠ᠂ ᠡᠭᠦᠨ ᠤ ᠳᠣᠲᠣᠷ᠎ᠠ᠂ ᠤᠯᠤᠰ ᠤᠨ ᠦᠮᠴᠢᠯᠡᠯᠳᠦ ᠠᠰᠢᠭᠯᠠᠭᠠᠳᠤᠶ ᠭᠠᠵᠠᠷ ᠰᠢᠷᠦᠢ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠶ ᠲᠦᠯᠦᠪᠦᠷᠢᠳᠡᠢ ᠰᠢᠯᠵᠢᠬᠦᠯᠦᠭᠰᠡᠨ ᠦᠨ᠎ᠡ ᠬᠠᠩᠰᠢ ᠶᠢ ᠨᠢ ᠪᠠᠶᠢᠭ᠎ᠠ ᠭᠠᠵᠠᠷ ᠰᠢᠷᠣᠶ ᠶᠢᠨ ᠲᠡᠰ ᠢᠯᠭᠠᠯ ᠯᠤᠭ᠎ᠠ ᠬᠠᠷᠢᠯᠴᠠᠨ ᠵᠣᠬᠢᠴᠠᠯᠳᠤᠬᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠦᠢ ᠶᠢ ᠲᠦᠯᠦᠪᠦᠷᠢᠳᠡᠢ ᠰᠢᠯᠵᠢᠭᠦᠯᠬᠦ ᠬᠠᠮᠤᠭ ᠳᠣᠣᠷ᠎ᠠ ᠦᠨ᠎ᠠ ᠬᠠᠩᠰᠢ ᠶᠢᠨ ᠪᠠᠷᠢᠮᠵᠢᠶ᠎ᠠ︾᠎ ᠶᠢᠨ 15%᠎ ᠪᠠᠷ ᠬᠡᠷᠩᠵᠢᠭᠦᠯᠣᠨ᠎ᠠ᠃      ︵ᠲᠠᠪᠢᠨ ᠵᠢᠷᠭᠤᠭ᠎ᠠ︶ ᠠᠵᠤ ᠠᠬᠤᠶᠢᠯᠠᠯ ᠤᠳ ᠪᠡᠯᠨ ᠣᠷᠣᠭᠤᠯᠵᠤ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠪᠦᠲᠦᠭᠡᠨ ᠪᠠᠶᠢᠭᠤᠯᠬᠤ ᠲᠦᠷᠦᠯ ᠵᠦᠢᠯ ᠪᠠ ᠤᠯᠤᠰ ᠤᠨ ᠥᠮᠴᠢᠯᠡᠯᠳᠣ ᠠᠵᠤ ᠠᠬᠤᠶᠢᠯᠠᠯ ᠢ ᠪᠦᠬᠦᠯᠢ ᠴᠤᠨᠨᠴᠠ ᠪᠠᠷ ᠨᠢ ᠬᠤᠳᠠᠯᠳᠤᠨ ᠠᠪᠤᠭᠰᠠᠨ ᠪᠠᠶᠢᠪᠠᠯ᠂ ᠬᠡᠷᠡᠭᠯᠡᠬᠦ ᠰᠢᠷᠦᠢ ᠭᠠᠵᠠᠷ ᠲᠤ ᠲᠦᠯᠦᠪᠦᠷᠢᠳᠡᠢ ᠰᠢᠯᠵᠢᠭᠦᠯᠬᠦ ᠠᠷᠭ᠎ᠠ ᠮᠠᠶ᠋ᠢᠭ ᠢ ᠠᠪᠴᠤ ᠪᠣᠯᠤᠨ᠎ᠠ᠂ ᠲᠦᠷᠢᠶᠡᠰᠦᠯᠡᠭᠦᠯᠬᠦ ᠠᠷᠭ᠎ᠠ ᠮᠠᠶ᠋ᠢᠭ ᠢ ᠴᠦ ᠠᠪᠴᠤ ᠪᠣᠯᠤᠨ᠎ᠠ᠂ ᠭᠠᠵᠠᠷ ᠰᠢᠷᠣᠶ ᠲᠦᠯᠦᠪᠦᠷᠢᠳᠡᠢ ᠰᠢᠯᠵᠢᠬᠦᠯᠦᠭᠰᠡᠨ ᠮᠥᠩᠭᠦ ᠪᠤᠶᠤ ᠲᠦᠷᠢᠶᠡᠰᠦᠨ ᠮᠥᠩᠭᠦ ᠶᠢ ᠤᠳᠦ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠵᠣᠬᠢᠰᠲᠠᠶ ᠳᠣᠷᠣᠭᠰᠢᠯᠠᠭᠤᠯᠵᠤ᠂ ᠬᠠᠮᠤᠭ ᠳᠣᠣᠷ᠎ᠠ ᠳᠠᠭᠠᠨ ᠬᠠᠤᠯᠢ ᠶᠣᠰᠣᠭᠠᠷ ᠨᠤᠲᠠᠯᠠᠨ ᠲᠤᠬᠳᠠᠭᠠᠭᠰᠠᠨ ᠭᠠᠵᠠᠷ ᠰᠢᠷᠣᠶ ᠶᠢ ᠲᠦᠯᠦᠪᠦᠷᠢᠳᠡᠢ ᠰᠢᠯᠵᠢᠭᠦᠯᠬᠦ ᠮᠥᠩᠭᠦ ᠪᠤᠶᠤ ᠲᠦᠷᠢᠶᠡᠰᠦᠨ ᠮᠥᠩᠭᠦ ᠶᠢᠨ 70%᠎ ᠠᠴᠠ ᠲᠣᠣᠷ᠎ᠠ ᠪᠠᠶᠢᠵᠤ ᠪᠣᠯᠬᠤ ᠦᠭᠡᠢ᠃      ︵ᠲᠠᠪᠢᠨ ᠲᠤᠯᠤᠭ᠎ᠠ︶ ᠠᠵᠤ ᠠᠬᠤᠶᠢᠯᠠᠯ ᠤᠳ ᠭᠠᠵᠠᠷ ᠰᠢᠷᠣᠶ ᠶᠢ ᠡᠮᠬᠢᠯᠡᠨ ᠵᠠᠰᠠᠬᠤ ᠲᠥᠯᠥᠪᠵᠢᠭᠦᠯᠭᠡ ᠶᠢ ᠦᠨᠳᠦᠰᠦᠯᠡᠨ ᠪᠡᠯᠡ ᠣᠷᠣᠭᠤᠯᠤᠭᠰᠠᠨ ᠭᠠᠵᠠᠷ ᠰᠢᠷᠣᠶ ᠶᠢ ᠡᠮᠬᠢᠯᠡᠨ ᠵᠠᠰᠠᠬᠤ ᠲᠥᠷᠥᠯ ᠵᠦᠢᠯ ᠨᠢ᠂ ᠡᠳ᠋ ᠤᠨ ᠵᠠᠰᠠᠭ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠨᠦᠭᠦᠪᠦᠷᠢ ᠣᠯᠭᠤᠨ᠎ᠠ᠃ ᠡᠮᠬᠢᠯᠡᠨ ᠵᠠᠰᠠᠭᠰᠠᠨ ᠤ ᠳᠠᠷᠠᠭᠠᠬᠢ ᠭᠠᠵᠠᠷ ᠰᠢᠷᠣᠶ ᠨᠢ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠪᠠᠯ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠨ ᠲᠠᠷᠢᠶᠠᠴᠢᠳ ᠤᠨ ᠵᠥᠪᠰᠢᠶᠡᠷᠡᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠲᠠᠮᠵᠢᠭᠠᠳ᠂ ᠭᠠᠵᠠᠷ ᠰᠢᠷᠣᠶ ᠶᠢᠨ ᠬᠡᠷᠡᠭᠯᠡᠯᠳᠡ ᠶᠢ ᠬᠤᠪᠢᠷᠠᠭᠤᠯᠬᠤ ᠤᠢᠭᠡᠢ ᠪᠠᠶᠢᠬᠤ ᠤᠷᠢᠲᠠᠯ ᠳᠣᠣᠷ᠎ᠠ᠂ ᠳᠠᠭᠠᠭᠠᠴᠢᠯᠠᠬᠤ ᠪᠤᠶᠤ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠵᠦ ᠪᠣᠯᠤᠨ᠎ᠠ᠃      ︵ᠲᠠᠪᠢᠨ ᠨᠠᠢᠮᠨ︶ ᠠᠵᠤ ᠠᠬᠤᠶᠢᠯᠠᠯ ᠤᠳ ᠲᠦᠯᠦᠪᠦᠷᠢᠳᠡᠢ ᠰᠢᠯᠵᠢᠭᠦᠯᠬᠦ ᠠᠷᠭ᠎ᠠ ᠮᠠᠶ᠋ᠢᠭ ᠢᠶᠠᠷ ᠣᠯᠤᠭᠰᠠᠨ ᠭᠠᠵᠠᠷ ᠰᠢᠷᠣᠶ ᠪᠠᠨ ᠬᠠᠤᠯᠢ ᠶᠣᠰᠣᠭᠠᠷ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠬᠠᠩᠰᠢᠯᠠᠵᠤ ᠪᠡᠯᠠ ᠭᠠᠷᠭᠠᠨ ᠬᠤᠪᠢ ᠣᠷᠣᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠵᠦ ᠬᠦᠢᠯᠬᠡᠬᠡᠨ ᠠᠰᠢᠨᠨᠯᠠᠵᠦ ᠪᠣᠯᠣᠨ᠎ᠠ᠃ ᠭᠠᠵᠠᠷ ᠰᠢᠷᠣᠶ ᠶᠢᠨ ᠬᠡᠷᠡᠭᠯᠡᠯᠳᠡ ᠶᠢ ᠦᠨᠡᠨᠬᠦ ᠬᠤᠪᠢᠷᠠᠭᠤᠯᠬᠤ ᠴᠢᠬᠤᠯᠠᠳᠠᠢ ᠪᠠᠶᠢᠪᠠᠯ᠂ ᠤᠤᠯ ᠤᠨ ᠭᠠᠵᠠᠷ ᠰᠢᠷᠣᠶ ᠶᠢ ᠲᠦᠯᠦᠪᠦᠷᠢᠳᠡᠢ ᠰᠢᠯᠵᠢᠭᠦᠯᠦᠭᠰᠡᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠭᠦ ᠶᠢᠨ ᠬᠠᠮᠲᠤ᠂ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢᠶᠠᠷ ᠬᠠᠮᠢᠶ᠎ᠠ ᠪᠦᠬᠦᠢ ᠭᠠᠷᠳᠠᠮ ᠢ ᠭᠦᠢᠴᠡᠣᠡᠭᠡᠨ᠎ᠠ᠂ ᠡᠭᠦᠨ ᠤ ᠳᠣᠲᠣᠷ᠎ᠠ᠂ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠲᠤᠭᠤᠷᠢᠭ ᠲᠤᠳᠤᠷᠠᠬᠢ ᠭᠠᠵᠠᠷ ᠰᠢᠷᠣᠶ ᠶᠢᠨ ᠬᠡᠷᠡᠭᠯᠡᠯᠲᠡ ᠶᠢ ᠬᠤᠪᠢᠷᠠᠭᠤᠯᠤᠨᠨᠰᠠᠨ ᠪᠠᠶᠢᠪᠠᠯ᠂ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠤᠷᠢᠳᠠᠪᠠᠷ ᠬᠤᠳᠠ ᠶᠢᠨ ᠲᠥᠯᠥᠪᠵᠢᠭᠦᠯᠭᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ ᠲᠥᠯᠥᠪᠵᠢᠭᠦᠯᠭᠡ ᠳᠤ ᠨᠡᠶᠢᠴᠡᠵᠣ᠂ ᠣᠣᠯ ᠤᠨ ᠬᠡᠷᠡᠭᠯᠡᠯᠲᠡ ᠶᠢ ᠨᠢ ᠦᠯᠦ ᠬᠤᠪᠢᠷᠠᠭᠤᠯᠬᠤ ᠤᠷᠢᠲᠠᠯ ᠳᠣᠣᠷ᠎ᠠ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢᠨ ᠪᠠᠭᠲᠠᠭᠠᠮᠵᠢ ᠶᠢᠨ ᠨᠤᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ ᠭᠠᠵᠠᠷ ᠰᠢᠷᠣᠶ ᠶᠢᠨ ᠲᠦᠯᠦᠪᠦᠷᠢᠳᠡᠢ ᠰᠢᠯᠵᠢᠭᠦᠯᠬᠦ ᠦᠨ᠎ᠡ ᠶᠢᠨ ᠵᠣᠭᠤᠰ ᠢ ᠳᠠᠬᠢᠵᠣ ᠨᠡᠮᠡᠵᠣ ᠬᠤᠷᠢᠶᠠᠬᠤ ᠦᠭᠡᠢ᠃ ᠠᠵᠤ ᠠᠬᠤᠶᠢᠯᠠᠯ ᠤᠨ ᠰᠢᠯᠵᠢᠭᠦᠯᠦᠨ ᠥᠭᠬᠦ ᠠᠷᠭ᠎ᠠ ᠮᠠᠶ᠋ᠢᠭ ᠢᠶᠠᠷ ᠣᠯᠤᠭᠰᠠᠨ ᠭᠠᠵᠠᠷ ᠰᠢᠷᠣᠶ ᠶᠢ ᠵᠥᠪᠰᠢᠶᠡᠷᠡᠬᠦ ᠡᠷᠬᠡ ᠲᠠᠢ ᠠᠷᠠᠳ ᠤᠨ ᠵᠠᠰᠠᠭ ᠤᠨ ᠣᠷᠳᠣᠨ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠡᠳ᠂ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠬᠢᠵᠦ᠂ ᠭᠠᠵᠠᠷ ᠰᠢᠷᠣᠶ ᠶᠢ ᠲᠦᠯᠦᠪᠦᠷᠢᠳᠡᠢ ᠰᠢᠯᠵᠢᠭᠦᠯᠬᠦ ᠮᠥᠩᠭᠦ ᠪᠠᠨ ᠨᠥᠬᠦᠪᠥᠷᠢᠯᠡᠨ ᠲᠤᠰᠢᠶᠠᠭᠰᠠᠨ ᠤ ᠳᠠᠷᠠᠭ᠎ᠠ᠂ ᠡᠵᠡᠩᠨᠡᠯᠲᠡ ᠶᠢᠨ ᠴᠢᠨᠠᠷᠲᠠᠶ ᠨᠡᠬᠡᠬᠡᠯᠳᠡ ᠬᠢᠵᠦ ᠪᠦᠳᠦᠭᠡᠠ ᠪᠠᠶᠢᠭᠤᠯᠬᠤ ᠪᠤᠶᠤ ᠰᠢᠯᠵᠢᠭᠦᠯᠦᠨ ᠬᠤᠳᠠᠯᠳᠤᠬᠤ ᠳᠤ ᠬᠡᠷᠡᠭᠯᠡᠵᠦ ᠪᠣᠯᠤᠨ᠎ᠠ᠃      ︵ᠲᠠᠪᠢ ᠶᠢᠰᠦ︶ ᠠᠷᠠᠳ ᠤᠨ ᠲᠤᠮᠳᠠᠬᠢ ᠬᠦᠷᠦᠩᠬᠡ ᠨᠢ ᠲᠡᠬᠢᠠ ᠬᠠᠭᠠᠯᠪᠦᠷᠢᠯᠡᠬᠰᠠᠨ ᠢ ᠵᠠᠰᠠᠬᠤ ᠶᠢ ᠡᠭᠦᠷᠭᠡᠳᠣ ᠬᠦᠮᠣᠨ ᠢ ᠨᠢ ᠲᠤᠭᠳᠠᠭᠠᠬᠤ ᠶᠢᠨ ᠠᠷᠭ᠎ᠠ ᠦᠬᠡᠢ ᠲᠡᠦᠬᠡᠨ ᠠᠴᠠ ᠦᠯᠡᠳᠡᠭᠳᠡᠵᠣ ᠢᠷᠡᠭᠰᠡᠨ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠪᠠ ᠡᠵᠡᠨ ᠤᠢᠭᠡᠢ ᠪᠤᠯᠤᠬᠰᠠᠨ ᠲᠥᠯᠥᠪᠯᠡᠭᠡᠲᠦ ᠠᠵᠤ ᠠᠬᠤᠶ ᠶᠢᠨ ᠦᠶ᠎ᠡ ᠠᠴᠠ ᠦᠯᠡᠳᠡᠭᠳᠡᠵᠣ ᠢᠷᠡᠭᠰᠡᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠲᠦᠷᠦᠯ ᠵᠦᠢᠯ ᠳᠤ ᠪᠡᠯᠨ ᠤᠷᠤᠭᠤᠯᠤᠨᠨᠰᠠᠨ ᠪᠠᠶᠢᠪᠠᠯ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠵᠦ ᠬᠤᠷᠢᠶᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠵᠣᠬᠢᠬᠤ ᠬᠡᠮᠵᠢᠶᠡᠨ ᠤ ᠡᠳ᠋ ᠤᠨ ᠵᠠᠰᠠᠭ ᠤᠨ ᠨᠥᠬᠦᠪᠥᠷᠢ ᠣᠯᠭᠤᠨ᠎ᠠ︔ ᠳᠠᠬᠢᠨ ᠬᠠᠭᠠᠯᠪᠤᠷᠢᠯᠠᠭᠰᠠᠨ ᠤ ᠳᠠᠷᠠᠭ᠎ᠠ ᠲᠠᠷᠢᠶᠠᠯᠠᠩ᠂ ᠮᠡᠯ ᠠᠵᠤ ᠠᠬᠤᠶ᠂ ᠤᠢ ᠰᠢᠭᠤᠶ᠂ ᠤᠰᠦᠠ ᠭᠠᠷᠣᠯᠳᠠ ᠶᠢᠨ ᠠᠵᠤ ᠦᠢᠯᠡᠰ ᠤᠨ ᠦᠢᠯᠡᠳᠪᠦᠷᠢᠯᠡᠯ ᠡᠷᠬᠢᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠠᠬᠢᠨ ᠬᠠᠭᠠᠯᠪᠤᠷᠢᠯᠠᠬᠰᠠᠨ ᠢ ᠵᠠᠰᠠᠬᠤ ᠨᠢᠭᠡᠴᠨ ᠪᠤᠶᠤ ᠬᠤᠪᠢ ᠬᠥᠮᠦᠨ ᠳᠤ ᠤᠷᠢᠳᠠᠪᠠᠷ ᠬᠡᠷᠩᠯᠡᠭᠦᠯᠵᠣ ᠪᠣᠯᠣᠨ᠎ᠠ᠃      ︵ᠵᠢᠷᠠ︶ ᠠᠵᠤ ᠠᠬᠤᠶᠢᠯᠠᠯ ᠨᠢ ᠦᠢᠯᠡᠴᠢᠯᠡᠭᠡᠨ ᠤ ᠠᠵᠣ ᠦᠢᠯᠡᠰ ᠲᠦᠪᠯᠡᠷᠡᠭᠰᠡᠨ ᠲᠤᠭᠤᠷᠢᠭ ᠢ ᠪᠡᠯᠨ ᠣᠷᠣᠭᠤᠯᠵᠣ ᠪᠦᠳᠣᠭᠡᠨ ᠪᠠᠶᠢᠭᠤᠯᠤᠨᠨᠰᠠᠨ ᠪᠠᠶᠢᠪᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠤᠨ ᠦᠨ᠎ᠡ ᠪᠠᠷ ᠬᠡᠷᠡᠭᠵᠢᠭᠦᠯᠣᠨ᠎ᠠ᠃ ᠠᠰᠢᠭ ᠤᠯᠵᠠᠪᠤᠷᠢ ᠶᠢᠨ ᠪᠤᠰᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠬᠡᠭᠳᠡᠭᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠰᠢᠨ᠎ᠡ ᠪᠠᠷ ᠪᠡ ᠥᠷᠭᠡᠳᠬᠡᠨ ᠪᠠᠶᠢᠭᠤᠯᠤᠨᠨᠰᠠᠨ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠲᠤ ᠬᠡᠷᠡᠭᠯᠡᠬᠦ ᠭᠠᠵᠠᠷ ᠰᠢᠷᠦᠢ ᠶᠢᠨ ᠲᠦᠷᠦ ᠶᠢᠨ ᠪᠤᠳᠦᠯᠭ᠎ᠠ ᠶᠢ ᠬᠡᠷᠡᠭᠵᠢᠭᠦᠯᠣᠨ᠎ᠠ᠃      ︵ᠵᠢᠷᠠᠨ ᠨᠢᠭᠡ︶ ᠠᠷᠠᠳ ᠤᠨ ᠲᠤᠮᠳᠠᠬᠢ ᠬᠦᠷᠦᠩᠬᠡ ᠪᠠᠷ ᠲᠠᠭᠠᠯᠳᠠ ᠠᠭᠤᠷᠬᠠᠢ᠂ ᠦᠯᠡᠳᠡᠭᠳᠡᠯ ᠠᠭᠤᠷᠬᠠᠢ ᠪᠠ ᠴᠢᠨᠠᠷ ᠪᠠᠷᠣᠭᠳᠠᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠪᠡᠯᠠ ᠣᠷᠣᠭᠤᠯᠵᠤ ᠨᠡᠭᠡᠭᠡᠨ ᠭᠦᠭᠵᠢᠭᠦᠯᠦᠭᠰᠡᠨ ᠪᠠᠶᠢᠪᠠᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠥᠬᠦᠪᠥᠷᠢ ᠵᠠᠷᠤᠳᠠᠯ ᠵᠡᠷᠭᠡ ᠲᠠᠯ᠎ᠠ ᠪᠠᠷ᠂ ᠤᠯᠤᠰ ᠤᠨ ᠥᠮᠴᠢᠯᠡᠯᠳᠣ ᠠᠭᠤᠷᠬᠠᠶ ᠶᠢᠨ ᠠᠵᠤ ᠠᠬᠤᠶᠢᠯᠠᠯ ᠲᠠᠢ ᠠᠳᠠᠯᠢ ᠪᠠᠷ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃      ︵ᠵᠢᠷᠠᠨ ᠬᠤᠶᠠᠷ︶ ᠠᠭᠤᠷᠬᠠᠶ ᠶᠢᠨ ᠠᠵᠤ ᠠᠬᠤᠶᠢᠯᠠᠯ ᠨᠢ ᠰᠢᠨ᠎ᠡ ᠮᠡᠷᠭᠡᠵᠢᠯ᠂ ᠰᠢᠨ᠎ᠡ ᠤᠷᠠᠯᠠᠯ ᠪᠠ ᠰᠢᠨ᠎ᠡ ᠲᠤᠨᠤᠬ ᠲᠥᠬᠦᠭᠡᠷᠦᠮᠵᠢ ᠶᠢ ᠬᠡᠷᠡᠭᠯᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠬᠡᠬᠡᠵᠦ ᠲᠠᠬᠢᠨ ᠮᠠᠯᠲᠠᠬᠤ ᠨᠤᠷᠮ᠎ᠠ᠂ ᠬᠦᠳᠡᠷ ᠰᠢᠯᠢᠵᠦ ᠪᠤᠴᠠᠭᠠᠨ ᠬᠤᠷᠢᠶᠠᠬᠤ ᠨᠣᠷᠮ᠎ᠠ ᠪᠣᠯᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠲᠡᠬᠡᠭᠰᠢᠯᠡᠭᠦᠯᠦᠭᠰᠡᠨ ᠪᠠᠶᠢᠪᠠᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠵᠤ ᠶᠡᠷᠦᠩᠬᠡᠶᠢᠯᠡᠨ ᠠᠰᠢᠭᠯᠠᠭᠰᠠᠨ ᠳᠤᠨᠢ ᠱᠠᠩᠨᠠᠯ ᠢᠶᠠᠷ ᠨᠦᠭᠦᠪᠣᠷᠢ ᠦᠭᠭᠦ ᠶᠢ ᠤᠷᠤᠯᠠᠭᠤᠯᠬᠤ᠂ ᠵᠢᠱᠢᠶ᠎ᠡ ᠦᠵᠡᠭᠦᠯᠬᠦ ᠢᠨᠵᠧᠨᠧᠷᠢᠩ ᠤᠨ ᠲᠤᠰᠬᠠᠶ ᠵᠦᠢᠯ ᠤᠨ ᠪᠡᠯᠡ ᠮᠥᠩᠭᠦ ᠵᠢᠴᠢ ᠪᠣᠬᠢᠷᠲᠤᠯ ᠤᠢᠭᠡᠢ ᠠᠭᠤᠷᠬᠠᠶ ᠶᠢ ᠰᠢᠯᠭᠠᠷᠠᠭᠤᠯᠬᠤ ᠵᠡᠷᠭᠡ ᠲᠠᠯ᠎ᠠ ᠪᠠᠷ ᠤᠷᠢᠳᠠᠪᠠᠷ ᠳᠡᠮᠵᠢᠯᠭᠡ ᠦᠵᠡᠭᠦᠯᠦᠨ᠎ᠡ᠃      ︵ᠵᠢᠷᠠᠨ ᠭᠤᠷᠪᠠ︶ ᠠᠷᠠᠳ ᠤᠨ ᠲᠤᠮᠳᠠᠬᠢ ᠬᠦᠷᠦᠩᠬᠡ ᠶᠢᠨ ᠪᠡᠶ᠎ᠡ ᠪᠠᠨ ᠳᠠᠭᠠᠭᠠᠵᠤ ᠬᠠᠶᠢᠨ ᠪᠠᠶᠢᠴᠠᠭᠠᠬᠤ ᠨᠢᠭᠡᠴᠡ ᠵᠣᠬᠢᠶᠠᠨ ᠪᠠᠶᠢᠭᠤᠯᠵᠤ᠂ ᠬᠠᠶᠢᠨ ᠪᠠᠶᠢᠴᠠᠭᠠᠬᠤ ᠬᠢᠷᠢ ᠬᠡᠮ ᠢ ᠭᠤᠶᠤᠴᠢᠯᠠᠬᠤ᠂ ︽ᠠᠭᠤᠷᠬᠠᠶ ᠬᠠᠶᠢᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ︾᠎ ᠳᠤ ᠣᠷᠣᠯᠴᠠᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ ᠥᠷᠨᠢᠭᠦᠯᠭᠦ ᠶᠢ ᠵᠦᠪᠰᠢᠶᠡᠷᠡᠨ᠎ᠠ᠃ ᠠᠷᠠᠳ ᠤᠨ ᠲᠤᠮᠳᠠᠬᠢ ᠬᠦᠷᠦᠩᠬᠡ ᠪᠣᠯᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠰᠠᠭᠤᠷᠢ ᠮᠥᠩᠭᠦ ᠬᠤᠷᠰᠢᠠ ᠪᠡᠯᠠ ᠣᠷᠣᠭᠤᠯᠵᠤ ᠪᠤᠢ ᠪᠣᠯᠤᠭᠰᠠᠨ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠡᠯᠡ ᠣᠷᠣᠭᠤᠯᠤᠯᠲᠠ ᠶᠢᠨ ᠬᠠᠷᠢᠴᠠᠯ ᠪᠠ ᠭᠡᠷ᠎ᠡ ᠶᠢᠨ ᠪᠣᠯᠵᠣᠯ ᠶᠣᠰᠣᠭᠠᠷ ᠰᠢᠯᠵᠢᠭᠦᠯᠦᠨ ᠬᠤᠳᠠᠯᠳᠤᠬᠰᠠᠨ ᠪᠠᠶᠢᠪᠠᠯ᠂ ᠠᠳᠠᠯᠢ ᠨᠥᠬᠦᠴᠡᠯ ᠤᠨ ᠳᠣᠣᠷ᠎ᠠ ᠠᠷᠠᠳ ᠤᠨ ᠲᠤᠮᠳᠠᠬᠢ ᠪᠡᠯᠡ ᠣᠷᠣᠭᠤᠯᠤᠭᠰᠠᠨ ᠡᠲᠡᠭᠡᠳ ᠨᠢ ᠤᠷᠢᠳᠠᠪᠠᠷ ᠬᠤᠳᠠᠯᠳᠤᠨ ᠠᠪᠬᠤ ᠡᠷᠬᠡ ᠲᠠᠢ᠃      ︵ᠵᠢᠷᠠᠨ ᠲᠦᠷᠪᠡ︶ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠤᠳ ᠳᠠᠮᠫᠤᠷᠠᠭᠰᠠᠨ ᠪᠤᠶᠤ ᠡᠵᠡᠩᠨᠡᠯᠲᠡ ᠪᠠᠷᠣᠭᠳᠠᠢ ᠤᠯᠤᠰ ᠤᠨ ᠥᠮᠴᠢᠯᠡᠯᠳᠣ ᠠᠭᠤᠷᠬᠠᠶ ᠶᠢᠨ ᠠᠵᠤ ᠠᠬᠤᠶᠢᠯᠠᠯ ᠢ ᠬᠤᠳᠠᠯᠳᠤᠨ ᠠᠪᠴᠣ᠂ ᠨᠡᠶᠢᠯᠡᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠣᠭᠡᠣᠨ᠂ ᠠᠭᠤᠷᠬᠠᠶ ᠶᠢᠨ ᠭᠠᠷᠤᠯᠲᠠ ᠲᠠᠬᠢ ᠨᠢᠭᠡᠨᠲᠡ ᠦᠨᠡᠯᠡᠨ ᠵᠢᠱᠢᠭᠡᠳ ᠬᠠᠩᠰᠢᠯᠠᠬᠰᠠᠨ ᠤ ᠬᠠᠮᠲᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠳᠤ ᠬᠡᠷᠡᠭᠯᠡᠭᠰᠡᠨ ᠬᠡᠰᠡᠭ ᠢ ᠠᠭᠤᠷᠬᠠᠶ ᠶᠢᠨ ᠦᠢᠯᠡᠰ ᠤᠨ ᠡᠷᠬᠡ ᠶᠢᠨ ᠵᠣᠭᠤᠰᠣᠨ ᠳᠤ ᠲᠤᠯᠭᠠᠨ ᠪᠣᠳᠣᠵᠣ ᠪᠣᠯᠤᠨ᠎ᠠ᠃      ᠲᠤᠯᠤᠭ᠎ᠠ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠣᠨ᠎ᠠ      ︵ᠵᠢᠷᠠᠨ ᠲᠠᠪᠤ︶ ᠡᠯ᠎ᠡ ᠲᠥᠷᠥᠯ ᠤᠨ ᠠᠵᠤ ᠠᠬᠤᠶᠢᠯᠠᠯ ᠤᠨ ᠰᠲ᠋ᠣᠺ ᠤᠨ ᠡᠷᠬᠡ᠂ ᠬᠤᠭᠤᠴᠠᠭᠠᠲᠤ ᠡᠷᠬᠡ᠂ ᠠᠰᠢᠭ ᠣᠷᠣᠯᠭ᠎ᠠ ᠬᠤᠪᠢᠶᠠᠬᠤ ᠵᠡᠷᠭᠡ ᠤᠷᠮᠠᠰᠢᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠵᠣ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠬᠦ ᠢᠳᠡᠪᠬᠢᠵᠢᠯ ᠢ ᠳᠠᠶᠢᠴᠢᠯᠠᠬᠤ ᠶᠢ ᠵᠣᠷᠢᠬᠵᠢᠭᠤᠯᠣᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠵᠢᠯ ᠦᠢᠯᠡᠰ ᠤᠨ ᠨᠢᠭᠡᠴᠨ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤᠷᠢᠬᠳᠠᠭᠰᠠᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠭᠰᠡᠨ ᠤᠷᠢᠲᠠᠯ ᠳᠣᠣᠷ᠎ᠠ᠂ ᠠᠵᠤ ᠠᠬᠤᠶᠢᠯᠠᠯ ᠳᠤ ᠤᠴᠢᠵᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ ᠤᠨ ᠪᠤᠭᠤᠮᠳᠠ ᠰᠢᠪᠳᠣᠯᠭᠦ ᠠᠵᠢᠯ ᠳᠤ ᠲᠤᠰᠢᠶᠠᠯ ᠬᠠᠪᠰᠤᠷᠭᠠᠪᠠᠯ ᠣᠯᠤᠭᠰᠠᠨ ᠣᠷᠣᠯᠭ᠎ᠠ ᠶᠢ ᠬᠤᠪᠢ ᠬᠥᠮᠦᠨ ᠪᠠ ᠨᠢᠭᠡᠴᠨ ᠨᠢ ᠵᠥᠪᠳᠡᠯᠴᠡᠵᠣ ᠪᠠᠶᠢᠭᠠᠣᠨ ᠬᠤᠪᠢᠶᠠᠷᠢᠯᠠᠨ᠎ᠠ᠃      ︵ᠵᠢᠷᠠᠨ ᠵᠢᠷᠭᠤᠭ᠎ᠠ︶ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠨᠢ ᠠᠵᠢᠯᠯᠠᠵᠣ ᠪᠠᠶᠢᠭ᠎ᠠ ᠨᠢᠭᠡᠴᠨ ᠪᠠᠷ ᠢᠶᠠᠨ ᠵᠥᠪᠰᠢᠶᠡᠷᠡᠭᠦᠯᠦᠭᠡᠳ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠣᠯ ᠵᠦᠢᠯ ᠪᠠ ᠦᠷ᠎ᠡ ᠪᠦᠲᠦᠭᠡᠯ ᠢᠶᠠᠨ ᠠᠪᠴᠣ ᠠᠵᠢᠯ ᠤᠨ ᠪᠠᠶᠢᠷᠢ ᠠᠴᠠ ᠪᠠᠨ ᠰᠠᠯᠵᠦ ᠠᠳᠠᠯ ᠦᠢᠯᠡᠰ ᠴᠣᠭᠴᠠᠯᠠᠵᠣ ᠪᠤᠯᠤᠨ᠎ᠠ᠂ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠬᠤ ᠬᠤᠭᠤᠴᠠᠭ᠎ᠠ ᠶᠢ 3 ᠵᠢᠯ ᠢᠶᠠᠷ ᠨᠢᠭᠡ ᠬᠤᠭᠤᠴᠠᠭ᠎ᠠ ᠪᠤᠯᠭᠠᠵᠦ᠂ ᠬᠠᠮᠤᠭ ᠤᠷᠳᠤ ᠳᠠᠭᠠᠨ ᠬᠤᠶᠠᠷ ᠬᠤᠭᠤᠴᠠᠭ᠎ᠠ ᠠᠴᠠ ᠬᠡᠲᠦᠷᠡᠵᠣ ᠪᠣᠯᠬᠤ ᠦᠭᠡᠢ᠃ ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠤᠭᠤᠴᠠᠭᠠᠨ ᠳᠤ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠭᠴᠢ ᠨᠢ ᠤᠤᠯ ᠨᠢᠭᠡᠴᠨ ᠯᠦᠭᠡ ᠠᠵᠢᠯᠳᠠᠨ ᠤ ᠶᠠᠪᠤᠳᠠᠯ ᠤᠨ ᠬᠠᠷᠢᠴᠠᠭ᠎ᠠ ᠪᠠ ᠦᠨᠳᠦᠰᠦᠨ ᠤᠯᠭᠤᠮᠵᠢ ᠪᠠᠨ ᠤᠤᠯ ᠶᠤᠰᠤᠭᠠᠷ ᠪᠠᠶᠢᠯᠭᠠᠨ᠂ ᠤᠤᠯ ᠨᠢᠭᠡᠴᠨ ᠨᠢ ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠤᠭᠤᠴᠠᠭᠠᠨ ᠤ ᠨᠡᠶᠢᠭᠡᠮ ᠤᠨ ᠳᠠᠭᠠᠳᠬᠠᠯ ᠢ ᠨᠢ ᠣᠷᠣᠯᠠᠨ ᠲᠤᠰᠢᠶᠠᠵᠤ᠂ ᠬᠡᠷᠡᠭᠰᠡᠵᠦ ᠪᠦᠭᠦᠢ ᠵᠠᠷᠤᠳᠠᠯ ᠢ ᠨᠢ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠭᠴᠢ ᠪᠠ ᠠᠵᠢᠯᠯᠠᠵᠣ ᠪᠠᠶᠢᠭ᠎ᠠ ᠠᠵᠤ ᠠᠬᠤᠶᠢᠯᠠᠯ ᠬᠠᠮᠲᠤ ᠳᠠᠭᠠᠨ ᠡᠭᠦᠷᠭᠡᠯᠡᠨ᠎ᠡ︔ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠭᠴᠢ ᠨᠢ ᠤᠤᠯ ᠨᠢᠭᠡᠴᠨ ᠶᠢᠨ ᠠᠵᠢᠯ ᠤᠨ ᠪᠠᠶᠢᠷᠢ ᠳᠠᠭᠠᠨ ᠪᠠᠶᠢᠭ᠎ᠠ ᠪᠤᠰᠤᠳ ᠬᠥᠮᠦᠰ ᠲᠠᠢ ᠠᠳᠠᠯᠢ ᠪᠠᠷ ᠲᠤᠰᠬᠠᠶ ᠮᠡᠷᠭᠡᠵᠢᠯ ᠤᠨ ᠲᠤᠰᠢᠶᠠᠯ ᠢ ᠰᠢᠯᠭᠠᠨ ᠲᠣᠭᠲᠠᠭᠠᠵᠤ ᠤᠷᠢᠨ ᠬᠡᠷᠡᠭᠯᠡᠬᠦ ᠪᠠ ᠠᠵᠢᠯ ᠤᠨ ᠪᠠᠶᠢᠷᠢ ᠶᠢᠨ ᠵᠡᠷᠭᠡ ᠳᠡᠰ ᠢ ᠳᠡᠪᠰᠢᠭᠦᠯᠬᠦ ᠳᠤ ᠤᠷᠤᠯᠴᠠᠬᠤ ᠡᠷᠬᠡ ᠲᠠᠢ︔ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠤᠨᠨᠴᠠᠯᠬᠠᠴᠢᠳ ᠨᠡᠶᠢᠭᠡᠮ ᠤᠨ ᠳᠠᠭᠠᠳᠬᠠᠯ ᠢ ᠲᠣᠭᠲᠠᠭᠠᠯ ᠶᠣᠰᠣᠭᠠᠷ ᠲᠣᠰᠢᠶᠠᠭᠰᠠᠨ ᠪᠠᠶᠢᠪᠠᠯ᠂ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠬᠤ ᠬᠤᠭᠤᠴᠠᠭᠠᠨ ᠤ ᠠᠵᠢᠯᠯᠠᠭᠰᠠᠨ ᠤᠨ ᠵᠢᠯ ᠢ ᠨᠢ ᠦᠷᠭᠦᠯᠵᠢᠯᠡᠨ ᠪᠤᠳᠦᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠡᠭᠦᠷᠬᠡ ᠴᠢᠳᠠᠪᠤᠷᠢᠳᠤ ᠰᠠᠯᠠᠭ᠎ᠠ ᠮᠥᠴᠢᠷ ᠤᠨ ᠤᠳᠤᠷᠢᠳᠬᠤ ᠲᠤᠰᠢᠶᠠᠯ ᠢ ᠡᠭᠦᠷᠭᠡᠯᠡᠭᠴᠢ ᠨᠢ᠂ ᠤᠳᠤᠷᠢᠳᠬᠤ ᠲᠤᠰᠢᠶᠠᠯ ᠠᠴᠠ ᠪᠠᠨ ᠰᠠᠯᠤᠬᠰᠠᠨ ᠤ ᠳᠠᠷᠠᠭ᠎ᠠ᠂ ᠰᠢᠨᠵᠢᠯᠡᠬᠦ ᠤᠬᠠᠭᠠᠨ ᠰᠤᠳᠤᠯᠭᠠᠨ ᠤ ᠠᠵᠢᠯᠲᠠᠨ ᠤ ᠪᠡᠶ᠎ᠡ ᠭᠡᠮ ᠢᠶᠠᠷ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠤᠨᠨᠴᠠᠯᠠᠵᠦ ᠪᠣᠯᠤᠨ᠎ᠠ᠃ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠣᠣᠯ ᠨᠢᠬᠡᠴᠡ ᠳᠡᠭᠡᠨ ᠪᠤᠴᠠᠭᠰᠠᠨ ᠪᠠᠶᠢᠪᠠᠯ᠂ ᠨᠢᠭᠡᠴᠨ ᠨᠢ ᠵᠤᠬᠢᠬᠤ ᠲᠤᠰᠬᠠᠶ ᠮᠡᠷᠭᠡᠵᠢᠯ ᠤᠨ ᠲᠤᠰᠢᠶᠠᠯ ᠶᠣᠰᠣᠭᠠᠷ ᠠᠵᠢᠯ ᠤᠨ ᠪᠠᠶᠢᠷᠢ ᠳᠤ ᠤᠷᠢᠨ ᠲᠣᠮᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠳ ᠢ ᠵᠤᠷᠢᠬᠵᠢᠭᠤᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠡᠭᠦᠳᠦᠨ ᠪᠠᠶᠢᠭᠤᠯᠬᠤ ᠶᠢᠨ ᠬᠠᠮᠳᠣ᠂ ᠠᠵᠤ ᠠᠬᠤᠶᠢᠯᠠᠯ ᠤᠨ ᠰᠲ᠋ᠣᠺ ᠤᠨ ᠡᠷᠬᠡ ᠲᠠᠢ ᠪᠤᠯᠭᠠᠨ᠎ᠠ᠃      ︵ᠵᠢᠷᠠᠨ ᠲᠤᠯᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠮᠲᠤᠪᠠᠷ ᠭᠦᠷᠳᠡᠭᠦ ᠨᠢᠭᠡᠳᠦᠯᠲᠡᠶ ᠲᠠᠪᠴᠠᠩ ᠢ ᠪᠠᠶᠢᠭᠤᠯᠵᠣ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠣᠨ᠂ ᠨᠡᠶᠢᠭᠡᠮ᠂ ᠠᠵᠤ ᠠᠬᠤᠶᠢᠯᠠᠯ ᠳᠤ ᠠᠵᠢᠯ ᠬᠡᠷᠡᠭ ᠬᠦᠢᠴᠡᠳᠬᠡᠬᠦ ᠲᠡᠰ ᠳᠠᠷᠠᠭᠠᠯᠠᠯ ᠪᠣᠯᠤᠨ ᠴᠠᠭ ᠬᠤᠭᠤᠴᠠᠭ᠎ᠠ ᠪᠠᠨ ᠢᠯᠡ ᠪᠣᠯᠭᠠᠵᠣ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠤᠳᠤᠯᠭ᠎ᠠ᠂ ᠪᠡᠯᠡ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ᠂ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ᠂ ᠰᠦᠢᠳᠬᠡᠯ ᠬᠤᠷᠢᠶᠠᠬᠤ ᠲᠦᠷᠦᠯ ᠵᠦᠢᠯ ᠵᠢᠴᠢ ᠪᠠᠷᠢᠮᠵᠢᠶ᠎ᠠ᠂ ᠪᠦᠷᠢᠳᠬᠡᠨ ᠳᠠᠩᠰᠠᠯᠠᠭᠤᠯᠬᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ ᠶᠢ ᠴᠠᠭ ᠲᠣᠬᠠᠢ ᠳᠤᠨᠢ ᠨᠠᠶᠢᠳᠡᠯᠡᠨ᠎ᠠ᠃      ︵ᠵᠢᠷᠠᠨ ᠨᠠᠢᠮᠨ︶ ᠭᠡᠷᠡᠴᠢ ᠦᠨᠡᠮᠯᠡᠯ ᠢ ᠭᠦᠢᠴᠡᠳᠬᠡᠬᠦ ᠴᠠᠭ ᠢ ᠨᠢ ᠪᠣᠭᠤᠨᠢᠰᠬᠠᠨ᠎ᠠ᠃ ᠢᠳᠡᠭᠡᠨ ᠤ ᠭᠦᠢᠯᠬᠡᠬᠡᠨ ᠤ ᠵᠥᠪᠰᠢᠶᠡᠷᠡᠯ ᠠᠴᠠ ᠪᠤᠰᠤᠳ᠂ ᠡᠯ᠎ᠡ ᠲᠥᠷᠥᠯ ᠤᠨ ᠠᠵᠤ ᠠᠬᠤᠶᠢᠯᠠᠯ ᠤᠨ ᠳᠠᠩᠰᠠᠯᠠᠭᠤᠯᠤᠨ ᠵᠥᠪᠰᠢᠶᠡᠷᠡᠭᠦᠯᠬᠦ ᠭᠤᠶᠤᠴᠢᠯᠠᠯ ᠢ 7 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠭᠦ ᠬᠡᠷᠡᠭᠲᠡᠶ᠃ ᠠᠵᠤ ᠠᠬᠤᠶᠢᠯᠠᠯ ᠪᠠᠶᠢᠭᠤᠯᠵᠦ ᠲᠠᠩᠰᠠᠯᠠᠭᠤᠯᠬᠤ᠂ ᠲᠠᠩᠰᠠᠯᠠᠯ ᠢᠶᠠᠨ ᠬᠤᠪᠢᠷᠠᠭᠤᠯᠬᠤ ᠶᠢ ᠭᠦᠢᠴᠡᠳᠬᠡᠯᠬᠡᠭᠦ ᠪᠠᠷ ᠭᠤᠶᠤᠴᠢᠯᠠᠬᠰᠠᠨ ᠨᠢ ᠨᠥᠬᠦᠴᠡᠯ ᠲᠤ ᠨᠡᠶᠢᠴᠡᠭᠰᠡᠨ ᠪᠠᠶᠢᠪᠠᠯ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ︔ ᠨᠡᠷᠡᠶᠢᠳᠦᠯ ᠳᠠᠩᠰᠠᠯᠠᠭᠤᠯᠬᠤ ᠪᠠᠷ ᠭᠤᠶᠤᠴᠢᠯᠠᠭᠰᠠᠨ ᠪᠠᠶᠢᠪᠠᠯ᠂ ᠲᠤᠰ ᠡᠳᠦᠷ ᠲᠤᠨᠢ ᠬᠦᠯᠢᠶᠡᠠ ᠠᠪᠴᠤ ᠰᠶᠢᠳᠪᠦᠷᠢᠯᠡᠵᠦ᠂ ᠲᠤᠰ ᠡᠳᠦᠷ ᠲᠤᠨᠢ ᠬᠠᠷᠭᠤᠭᠤᠯᠤᠨ ᠵᠥᠪᠰᠢᠶᠡᠷᠡᠵᠦ᠂ ᠲᠡᠷᠡ ᠳᠠᠷᠤᠶ ᠳᠤᠨᠢ ᠬᠦᠢᠴᠡᠳᠬᠡᠵᠦ ᠲᠠᠭᠤᠰᠬᠠᠬᠤ ᠲᠦᠷᠢᠮ ᠢ ᠬᠡᠷᠩᠵᠢᠭᠦᠯᠣᠨ᠎ᠠ᠃      ︵ᠵᠢᠷᠠ ᠶᠢᠰᠦ︶ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠨ᠎ᠠ᠃ ᠬᠢᠨᠠᠨ ᠵᠥᠪᠰᠢᠶᠡᠷᠡᠭᠦ᠂ ᠬᠠᠷᠭᠤᠭᠤᠯᠣᠨ ᠵᠦᠪᠰᠢᠶᠡᠷᠡᠬᠦ ᠲᠦᠷᠦᠯ ᠵᠦᠢᠯ ᠤᠨ ᠴᠢᠬᠤᠯᠠ ᠮᠠᠲ᠋ᠧᠷᠢᠶᠠᠯ ᠪᠠ ᠭᠠᠷᠳᠠᠮ ᠨᠢ ᠪᠦᠷᠢᠨ ᠭᠦᠢᠴᠡᠳ ᠪᠠᠶᠢᠪᠠᠯ᠂ 15 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠭᠦ᠂ ᠬᠠᠷᠭᠤᠭᠤᠯᠣᠨ ᠵᠦᠪᠰᠢᠶᠡᠷᠡᠬᠦ ᠶᠢ ᠪᠡᠶᠡᠯᠡᠭᠦᠯᠣᠨ᠎ᠠ︔ ᠪᠦᠷᠢᠳᠬᠡᠨ ᠳᠠᠩᠰᠠᠯᠠᠭᠤᠯᠬᠤ ᠲᠦᠷᠦᠯ ᠤᠨ ᠲᠦᠷᠦᠯ ᠵᠦᠢᠯ ᠳᠤ ᠶᠠᠮᠠᠷᠪᠠ ᠤᠷᠢᠳᠠᠴᠢ ᠨᠥᠬᠦᠴᠡᠯ ᠲᠤᠷᠠᠳᠬᠤ ᠤᠢᠭᠡᠢ ᠪᠠᠶᠢᠵᠦ᠂ 5 ᠠᠵᠢᠯᠯᠠᠬᠤ ᠡᠳᠦᠷ ᠤᠨ ᠳᠣᠲᠣᠷ᠎ᠠ ᠪᠦᠷᠢᠳᠬᠡᠨ ᠳᠠᠩᠰᠠᠯᠠᠭᠤᠯᠬᠤ ᠶᠢ ᠪᠡᠶᠡᠯᠡᠭᠦᠯᠣᠨ᠎ᠠ︔ ᠣᠯᠣᠰ ᠤᠨ ᠠᠵᠤ ᠦᠢᠯᠡᠰ ᠤᠨ ᠲᠥᠷᠥ ᠶᠢᠨ ᠪᠤᠳᠤᠯᠭ᠎ᠠ ᠳᠤ ᠨᠠᠶᠢᠴᠡᠭᠰᠡᠨ 500 ᠲᠦᠮᠡᠨ ᠲᠥᠭᠦᠷᠢᠭ ᠠᠴᠠ ᠳᠣᠷᠣᠭᠰᠢ ᠪᠡᠯᠡ ᠣᠷᠣᠭᠤᠯᠤᠭᠰᠠᠨ ᠲᠦᠷᠦᠯ ᠵᠦᠢᠯ ᠳᠤ ᠪᠦᠷᠢᠳᠬᠡᠨ ᠳᠠᠩᠰᠠᠯᠠᠭᠤᠯᠵᠤ ᠮᠡᠳᠡᠭᠳᠡᠬᠦ ᠶᠢ ᠬᠡᠷᠡᠭᠵᠢᠭᠦᠯᠣᠨ᠎ᠠ᠃      ︵ᠲᠡᠯᠠ︶ ᠲᠤᠰᠠᠭᠠᠷ ᠪᠠᠶᠢᠴᠨ ᠰᠣᠩᠭᠤᠬᠤ ᠨᠥᠬᠦᠴᠡᠯ ᠳᠤ ᠨᠡᠶᠢᠴᠡᠬᠦ ᠭᠠᠵᠠᠷ ᠬᠡᠷᠡᠭᠯᠡᠬᠦ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷᠯᠠᠯ ᠳᠤ ᠪᠠᠶᠢᠪᠡᠯ᠂ ᠭᠠᠵᠠᠷ ᠰᠢᠷᠣᠶ ᠳᠠᠳᠠᠪᠣᠷᠢᠯᠠᠨ ᠰᠢᠯᠵᠢᠭᠦᠯᠭᠦ ᠶᠢ ᠬᠠᠮᠲᠤ ᠳᠤᠨᠢ ᠭᠦᠢᠴᠡᠣᠡᠭᠡᠭᠦ ᠶᠢ ᠬᠡᠷᠩᠵᠢᠭᠦᠯᠣᠨ᠎ᠠ︔ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠪᠠᠯᠭᠠᠰᠤ ᠶᠢᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠷᠢᠶ᠎ᠡ ᠬᠡᠪᠴᠢᠶ᠎ᠡ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠦᠢᠯᠡᠴᠢᠯᠡᠭᠡᠨ ᠤ ᠦᠢᠯᠡᠰ ᠲᠦᠪᠯᠡᠷᠡᠭᠰᠡᠨ ᠲᠤᠭᠤᠷᠢᠭ ᠤᠨ ᠭᠦᠷᠢᠶ᠎ᠡ ᠬᠡᠪᠴᠢᠶ᠎ᠡ ᠳᠤ ᠪᠠᠶᠢᠪᠠᠯ᠂ ᠪᠦᠯᠦᠭ ᠣᠳᠠᠭ᠎ᠠ ᠬᠤᠪᠢᠶᠠᠨ ᠭᠠᠵᠠᠷ ᠬᠡᠷᠡᠭᠯᠡᠬᠦ ᠠᠷᠭ᠎ᠠ ᠮᠠᠶ᠋ᠢᠭ ᠶᠤᠰᠤᠭᠠᠷ ᠮᠡᠳᠡᠭᠦᠯᠦᠨ ᠵᠥᠪᠰᠢᠶᠡᠷᠡᠭᠦᠯᠵᠦ᠂ ᠲᠠᠬᠢᠭᠠᠳ ᠪᠣᠳᠠᠲᠠᠶ ᠲᠦᠷᠦᠯ ᠵᠦᠢᠯ ᠶᠤᠰᠤᠭᠠᠷ ᠭᠠᠵᠠᠷ ᠬᠠᠩᠭᠠᠬᠤ ᠭᠠᠷᠳᠠᠮ ᠢ ᠭᠦᠢᠴᠡᠳᠬᠡᠨ᠎ᠠ︔ ᠬᠡᠷᠡᠭᠯᠡᠬᠦ ᠭᠠᠵᠠᠷ ᠢ ᠬᠢᠨᠠᠨ ᠪᠠᠶᠢᠴᠠᠭᠠᠬᠤ᠂ ᠬᠢᠨᠠᠨ ᠵᠥᠪᠰᠢᠶᠡᠷᠡᠬᠦ᠂ ᠳᠠᠩᠰᠠᠯᠠᠵᠤ ᠲᠡᠮᠳᠡᠭᠯᠡᠬᠦ᠂ ᠦᠨᠡᠮᠯᠡᠯ ᠣᠯᠭᠤᠬᠤ ᠵᠡᠷᠭᠡ ᠴᠢᠬᠤᠯᠠ ᠮᠠᠲ᠋ᠧᠷᠢᠶᠠᠯ ᠪᠠ ᠭᠠᠷᠳᠠᠮ ᠨᠢ ᠪᠦᠷᠢᠨ ᠭᠦᠢᠴᠡᠳ ᠪᠠᠶᠢᠪᠠᠯ 15 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃      ︵ᠳᠠᠯᠠᠨ ᠨᠢᠭᠡ︶ ᠤᠷᠢᠳᠴᠢᠯᠠᠨ ᠤᠷᠤᠯᠴᠠᠬᠤ᠂ ᠮᠥᠷᠳᠡᠨ ᠰᠢᠮᠳᠠᠭᠤᠯᠵᠦ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠶᠢ ᠠᠪᠴᠣ᠂ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢᠨ ᠭᠦᠢᠴᠡᠳᠬᠡᠬᠦ ᠲᠤᠭ᠎ᠠ ᠶᠢ ᠡᠵᠡᠮᠰᠢᠭᠰᠡᠨ᠂ ᠬᠦᠨᠳᠦ ᠲᠡᠮᠦᠷᠯᠢᠭ᠂ ᠠᠶᠤᠯᠳᠣ ᠬᠢᠮᠢ ᠶᠢᠨ ᠵᠦᠢᠯ ᠵᠢᠴᠢ ᠬᠦᠨᠳᠡᠬᠦᠷ ᠭᠠᠵᠠᠷ ᠣᠷᠣᠨ ᠳᠤ ᠦᠯᠦ ᠬᠤᠯᠪᠣᠭᠳᠠᠬᠤ ᠲᠦᠷᠣᠯ ᠵᠦᠢᠯ ᠳᠤ ᠤᠷᠴᠢᠨ ᠨᠦᠭᠦᠴᠡᠯ ᠢ ᠦᠨᠡᠯᠡᠵᠣ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠎ᠠ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ᠂ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠨᠢ ᠲᠤᠰ ᠲᠤᠰ 30 ᠪᠡ 15 ᠠᠵᠢᠯᠯᠠᠬᠤ ᠡᠳᠦᠷ ᠪᠣᠯᠭᠠᠨ ᠪᠣᠭᠤᠨᠢᠰᠬᠠᠵᠣ᠂ ᠲᠠᠩᠰᠠᠯᠠᠵᠦ ᠲᠡᠮᠳᠡᠭᠯᠡᠬᠦ ᠬᠦᠰᠦᠨᠦᠭᠳᠣ ᠶᠢᠨ ᠲᠥᠷᠥᠯ ᠵᠦᠢᠯ ᠢ ᠳᠠᠬᠢᠨ ᠬᠢᠨᠠᠨ ᠵᠥᠪᠰᠢᠶᠡᠷᠡᠬᠦ ᠦᠭᠡᠢ ᠪᠠᠶᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠪᠡᠯ ᠪᠣᠯᠴᠢᠬᠠᠨ᠎ᠠ᠃      ︵ᠳᠠᠯᠠᠨ ᠬᠤᠶᠠᠷ︶ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠦᠷᠦᠯ ᠵᠦᠢᠯ ᠨᠢ ᠨᠢᠭᠡᠨᠳᠠ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠵᠡᠷᠭᠡ ᠬᠠᠮᠢᠶ᠎ᠠ ᠪᠦᠬᠦᠢ ᠭᠠᠷᠳᠠᠮ ᠢᠶᠠᠨ ᠭᠦᠢᠴᠡᠳᠬᠡᠵᠣ᠂ ᠪᠠᠷᠢᠯᠭ᠎ᠠ ᠪᠠᠷᠢᠬᠤ ᠠᠵᠤ ᠠᠬᠤᠶᠢᠯᠠᠯ ᠢᠶᠠᠨ ᠨᠢᠭᠡᠨᠲᠡ ᠲᠣᠭᠲᠠᠵᠣ᠂ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠳᠠ ᠵᠠᠪᠠᠯ ᠬᠢᠭᠦ ᠲᠦᠷᠦᠯ ᠵᠦᠢᠯ ᠤᠨ ᠰᠢᠷᠣᠶ ᠮᠣᠳᠣᠨ ᠤ ᠪᠠᠷᠢᠯᠭ᠎ᠠ ᠪᠠᠷᠢᠬᠤ ᠵᠢᠷᠤᠭ ᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ 3 ᠠᠵᠢᠯᠯᠠᠬᠤ ᠡᠳᠦᠷ ᠤᠨ ᠳᠣᠲᠣᠷ᠎ᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠦ ᠳᠠᠭᠤᠰᠬᠠᠬᠤ ᠬᠡᠷᠩᠳᠠᠢ᠃ ᠪᠠᠷᠢᠯᠭ᠎ᠠ ᠪᠠᠷᠢᠬᠤ ᠶᠢ ᠵᠥᠪᠰᠢᠶᠡᠷᠡᠭᠰᠡᠨ ᠤ ᠲᠡᠷᠠᠭ᠎ᠠ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠪᠠᠷᠢᠯᠭ᠎ᠠ ᠪᠠᠷᠢᠬᠤ ᠶᠠᠪᠤᠴᠠ ᠳᠠᠬᠢ ᠶᠠᠰᠤ ᠴᠢᠨᠠᠷ ᠲᠤ ᠬᠢᠨᠠᠯᠲᠠ ᠳᠠᠯᠪᠢᠵᠣ ᠬᠠᠮᠢᠶᠠᠷᠬᠤ ᠪᠠᠨ ᠴᠢᠩᠭᠠᠣᠠᠬᠠᠬᠤ ᠬᠡᠷᠩᠳᠠᠢ᠃      ︵ᠳᠠᠯᠠᠨ ᠭᠤᠷᠪᠠ︶ ᠶᠠᠮᠠᠷᠪᠠ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠡᠯ᠎ᠡ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠤᠳ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ ᠵᠠᠷᠤᠳᠠᠯ ᠰᠦᠢᠳᠬᠡᠯ ᠲᠡᠰᠬᠡᠨ ᠬᠤᠷᠢᠶᠠᠬᠤ ᠶᠢ ᠴᠢᠩᠭ᠎ᠠ ᠬᠤᠷᠢᠬᠯᠠᠨ᠎ᠠ᠂ ᠬᠠᠤᠯᠢ ᠲᠣᠭᠲᠠᠭᠠᠯ ᠠᠴᠠ ᠵᠥᠷᠢᠴᠡᠵᠣ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠥᠷᠨᠢᠭᠦᠯᠭᠦ ᠶᠢ ᠴᠢᠩᠭ᠎ᠠ ᠬᠤᠷᠢᠬᠯᠠᠨ᠎ᠠ᠂ ᠲᠤᠰᠬᠠᠶ ᠬᠡᠷᠡᠭᠯᠡᠬᠡᠨ ᠤ ᠦᠢᠯᠡᠳᠬᠦᠨ ᠢ ᠠᠯᠪᠠᠳᠠᠨ ᠵᠢᠭᠠᠵᠦ ᠬᠤᠳᠠᠯᠳᠤᠨ ᠠᠪᠤᠭᠤᠯᠬᠤ ᠪᠠ ᠲᠥᠯᠥᠪᠦᠷᠢᠲᠦ ᠦᠢᠯᠡᠴᠢᠯᠡᠭᠡ ᠬᠦᠯᠢᠶᠡᠠ ᠠᠪᠤᠭᠤᠯᠬᠤ ᠶᠢ ᠴᠢᠩᠭ᠎ᠠ ᠬᠤᠷᠢᠬᠯᠠᠨ᠎ᠠ᠃ ᠡᠯ᠎ᠡ ᠲᠦᠷᠦᠯ ᠤᠨ ᠬᠢᠨᠠᠨ ᠪᠣᠳᠣᠬᠤ᠂ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ ᠵᠡᠷᠭᠡ ᠶᠢ ᠨᠡᠶᠢᠲᠡ ᠶᠢᠨ ᠥᠮᠴᠢᠯᠡᠯᠳᠣ ᠪᠣᠰᠣ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯᠳᠣ ᠠᠵᠤ ᠠᠬᠤᠶᠢᠯᠠᠯ ᠳᠤ ᠠᠳᠠᠯᠢ ᠲᠡᠭᠰᠢ ᠪᠠᠷ ᠶᠠᠪᠤᠭᠤᠯᠤᠨ᠎ᠠ᠃ ︽ᠬᠤᠣᠰ ᠢ ᠲᠠᠰᠢᠷᠠᠮ ᠢᠶᠠᠷ ᠬᠦᠢᠴᠡᠳᠬᠡᠵᠦ᠂ ᠨᠢᠭᠡ ᠶᠢ ᠢᠯᠡ ᠪᠣᠯᠭᠠᠬᠤ︾ ᠬᠢᠨᠠᠯᠳᠠ ᠬᠠᠮᠢᠶᠠᠷᠣᠯᠳᠠ ᠶᠢᠨ ᠠᠷᠭ᠎ᠠ ᠮᠠᠶ᠋ᠢᠭ ᠢ ᠲᠦᠷᠬᠡᠳᠬᠡᠨ ᠬᠡᠷᠡᠭᠵᠢᠭᠦᠯᠵᠦ᠂ ᠪᠠᠶᠢᠴᠠᠭᠠᠠᠬᠤ ᠡᠲᠡᠭᠡᠳ ᠢᠶᠠᠨ ᠳᠠᠰᠢᠷᠠᠮ ᠲᠠᠭᠠᠤ ᠰᠤᠩᠭᠤᠵᠦ᠂ ᠬᠠᠤᠯᠢ ᠬᠡᠷᠡᠭᠵᠢᠭᠦᠯᠵᠣ ᠪᠠᠶᠢᠴᠠᠭᠠᠬᠤ ᠠᠵᠢᠯᠳᠡᠠ ᠢᠶᠠᠨ ᠲᠠᠰᠢᠷᠠᠮ ᠲᠠᠭᠠᠤ ᠰᠣᠩᠭᠤᠨ ᠲᠣᠮᠢᠯᠠᠵᠤ᠂ ᠪᠠᠶᠢᠴᠠᠭᠠᠨ ᠰᠢᠢᠣᠡᠪᠣᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠲᠡᠯᠡᠵᠣ᠂ ᠬᠢᠨᠠᠯᠳᠠ ᠬᠠᠮᠢᠶᠠᠷᠣᠯᠳᠠ ᠶᠢᠨ ᠡᠷᠭᠡ ᠳᠡᠭᠰᠢ ᠴᠢᠨᠠᠷ᠂ ᠵᠢᠷᠤᠮᠵᠢᠯᠳᠣ ᠴᠢᠨᠠᠷ ᠪᠠ ᠲᠦᠭᠦᠮ ᠠᠪᠰᠠᠷ ᠴᠢᠨᠠᠷ ᠲᠠᠢ ᠪᠠᠶᠢᠬᠤ ᠶᠢ ᠪᠡᠶᠡᠯᠡᠭᠦᠯᠣᠨ᠎ᠠ᠃      ︵ᠳᠠᠯᠠᠨ ᠳᠦᠷᠪᠡ︶ ᠵᠡᠭᠠᠯᠳᠦᠬᠤ ᠲᠣᠭᠲᠠᠴᠠ ᠶᠢ ᠪᠦᠷᠢᠡᠰᠢᠬᠦᠯᠣᠨ᠂ ᠡᠯ᠎ᠡ ᠱᠠᠲᠤᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠷᠬᠡ ᠠᠰᠢᠭ ᠢ ᠬᠠᠮᠠᠭᠠᠯᠠᠬᠤ ᠵᠡᠭᠠᠯᠳᠦᠬᠤ ᠲᠥᠪ ᠨᠢ ᠠᠵᠤ ᠠᠬᠤᠶᠢᠯᠠᠯ ᠤᠨ ᠵᠡᠭᠠᠯᠳᠦᠵᠦ ᠢᠯᠡᠴᠢᠯᠡᠨ ᠮᠡᠳᠡᠭᠦᠯᠦᠭᠰᠡᠨ ᠵᠦᠢᠯ ᠢ ᠴᠠᠭ ᠲᠤᠬᠠᠶ ᠳᠤᠨᠢ ᠬᠦᠯᠢᠶᠡᠨ ᠠᠪᠴᠤ ᠰᠶᠢᠳᠪᠦᠷᠢᠯᠡᠨ᠂ ᠲᠣᠭᠲᠠᠭᠰᠠᠨ ᠴᠠᠭ ᠬᠤᠭᠤᠴᠠᠭ᠎ᠠ ᠳᠤ ᠵᠡᠭᠠᠯᠳᠦᠬᠰᠡᠠ ᠵᠦᠢᠯᠡᠰ ᠢ ᠰᠢᠢᠣᠡᠪᠣᠷᠢᠯᠡᠭᠰᠡᠨ ᠪᠠᠶᠢᠳᠠᠯ ᠤᠨ ᠬᠠᠷᠢᠭᠤᠯᠳᠠ ᠦᠭᠭᠦ ᠬᠡᠷᠩᠳᠠᠢ᠃ ᠪᠠᠶᠢᠴᠠᠭᠠᠨ ᠰᠤᠷᠪᠤᠯᠵᠢᠯᠠᠬᠤ ᠪᠡ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠵᠣ᠂ ︽ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠲᠡᠰᠬᠡᠬᠦ︾ ᠤᠢᠢᠯᠠ ᠠᠵᠢᠯᠯᠠᠭ᠎ᠠ ᠪᠠ ᠪᠠᠶᠢᠭᠤᠯᠭ᠎ᠠ ᠶᠢᠨ ︽ᠡᠭᠦᠳᠡᠨ ᠳᠤᠨᠢ ᠣᠷᠣᠬᠤ ᠳᠤ ᠭᠦᠴᠢᠷᠳᠡᠢ᠂ ᠴᠢᠷᠠᠢ ᠶᠢ ᠨᠢ ᠬᠠᠷᠠᠬᠤ ᠠᠴᠠ ᠵᠢᠷᠦᠬᠡᠰᠢᠶᠡᠭᠦ᠂ ᠠᠵᠢᠯ ᠬᠡᠷᠡᠭ ᠬᠦᠢᠴᠡᠳᠬᠡᠬᠦ ᠳᠤ ᠪᠡᠷᠬᠡ︾᠂ ︽ᠳᠤᠷ᠎ᠠ ᠪᠠᠷ ᠢᠶᠠᠨ ᠦᠢᠯᠡᠳᠬᠦ᠂ ᠠᠵᠢᠯ ᠢᠶᠠᠨ ᠦᠯᠦ ᠬᠢᠬᠦ︾᠂ ︽ᠢᠳᠡᠵᠦ ᠠᠪᠴᠤ ᠭᠠᠴᠢᠵᠦ ᠨᠡᠬᠡᠬᠦ︾ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠵᠣ᠂ ᠵᠣᠷᠢᠭᠤᠳᠠ ᠭᠠᠴᠢᠬᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠬᠠᠷᠰᠢᠯᠠᠭᠰᠠᠨ ᠠᠴᠠ ᠪᠤᠯᠵᠦ ᠬᠦᠨᠳᠤ ᠨᠤᠴᠢᠳᠠᠢ ᠨᠥᠯᠥᠭᠡ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠰᠢᠢᠣᠡᠪᠣᠷᠢᠯᠡᠨ᠎ᠠ᠃      ︵ᠳᠠᠯᠠᠨ ᠲᠠᠪᠤ︶ ᠬᠠᠤᠯᠢ ᠲᠣᠭᠲᠠᠭᠠᠨ ᠬᠠᠮᠠᠭᠠᠯᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠬᠦ ᠭᠠᠵᠠᠷ ᠲᠥᠯᠥᠪᠵᠢᠭᠦᠯᠬᠦ ᠪᠠ ᠪᠠᠶᠢᠭᠤᠯᠬᠤ ᠳᠤ᠂ ᠲᠡᠳᠡᠨ ᠤ ᠬᠠᠤᠯᠢ ᠶᠣᠰᠣᠭᠠᠷ᠂ ᠲᠣᠭᠲᠠᠭᠠᠯ ᠳᠤ ᠨᠡᠶᠢᠴᠡᠭᠦᠯᠦᠨ᠂ ᠡᠮᠬᠢ ᠵᠢᠷᠤᠮ ᠲᠠᠢ ᠡᠵᠡᠩᠨᠡᠬᠦ ᠶᠢ ᠬᠥᠲᠥᠯᠥᠨ ᠵᠢᠯᠣᠭᠤᠳᠣᠨ᠎ᠠ᠃ ᠢᠳᠡᠭᠡᠨ ᠤ ᠠᠮᠣᠷ ᠲᠦᠪᠰᠢᠨ᠂ ᠡᠮᠴᠢᠯᠡᠭᠡᠨ ᠤ ᠠᠮᠣᠷ ᠲᠦᠪᠰᠢᠨ᠂ ᠡᠮ ᠤᠨ ᠵᠦᠢᠯ ᠤᠨ ᠠᠮᠣᠷ ᠲᠦᠪᠰᠢᠨ᠂ ᠠᠶᠤᠯ ᠤᠢᠭᠡᠢ ᠦᠢᠯᠡᠳᠪᠦᠷᠢᠯᠡᠯ᠂ ᠤᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠬᠤ ᠲᠦᠷᠦᠯ ᠵᠦᠢᠯ ᠪᠠ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠪᠠ ᠬᠢᠨᠠᠯᠳᠠ ᠳᠠᠯᠪᠢᠵᠣ ᠬᠠᠮᠢᠶᠠᠷᠬᠤ ᠶᠢ ᠴᠢᠩᠳᠡᠯᠡᠨ᠎ᠠ᠃      ︵ᠳᠠᠯᠠᠨ ᠵᠢᠷᠭᠤᠭ᠎ᠠ︶ ᠲᠤᠰ ᠲᠣᠭᠲᠠᠭᠠᠯ ᠳᠤ ᠬᠠᠮᠤᠷᠤᠭᠳᠠᠬᠰᠠᠨ ᠦᠭᠡᠢ ᠵᠦᠢᠯᠡᠰ ᠢ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠤᠰᠤᠳ ᠲᠦᠷᠦ ᠶᠢᠨ ᠪᠤᠳᠤᠯᠭ᠎ᠠ ᠳᠤ ᠲᠤᠨᠨᠳᠠᠭᠠᠯ ᠲᠠᠢ ᠪᠠᠶᠢᠪᠠᠯ᠂ ᠲᠡᠳᠡᠬᠡᠷ ᠲᠦᠷᠦ ᠶᠢᠨ ᠪᠤᠳᠤᠯᠭ᠎ᠠ ᠪᠠᠷ ᠵᠢᠷᠤᠮᠯᠠᠨ ᠬᠡᠷᠡᠭᠵᠢᠭᠦᠯᠣᠨ᠎ᠠ᠃      ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2013 ᠣᠨ ᠳᠤ ᠳᠠᠷᠤᠮᠠᠯᠯᠠᠨ ᠶᠠᠪᠤᠭᠤᠯᠤᠨᠨᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠬᠦ ᠲᠣᠭᠲᠠᠭᠠᠯ ᠤᠳ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ ﹇2013﹈ 61 ᠳ᠋ᠤᠭᠡᠷ ᠲᠣᠭᠠᠲᠤ︶᠎ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map