ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠳᠦᠷᠢᠮ ᠢ ᠨᠢᠭᠡᠳᠬᠡᠵᠦ  ᠰᠢᠯᠭᠠᠯᠲᠠ ᠳᠤ ᠬᠤᠪᠢ ᠨᠡᠮᠡᠬᠦ ᠵᠦᠢᠯ ᠢ ᠶᠡᠭᠡ ᠬᠡᠮᠵᠢᠶ᠎ᠡ ᠪᠠᠷ ᠪᠠᠭᠠᠰᠬᠠᠨ᠂ ᠴᠢᠩᠭ᠎ᠠ ᠬᠢᠵᠠᠭᠠᠷᠯᠠᠨ᠎ᠠ
ᠨᠡᠶᠢᠲᠡᠯᠡᠭᠰᠡᠨ ᠴᠠᠭ᠄
2016/12/5
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠳᠦᠷᠢᠮ ᠢ ᠨᠢᠭᠡᠳᠬᠡᠬᠦ ᠲᠠᠯ᠎ᠠ ᠳᠤ ᠰᠤᠷᠤᠭᠴᠢ ᠡᠯᠰᠡᠬᠦ ᠲᠣᠭᠲᠠᠴᠠ ᠶᠢ ᠦᠭᠡᠷᠡᠴᠢᠯᠡᠨ᠂ ᠰᠢᠯᠭᠠᠯᠲᠠ ᠳᠤ ᠬᠤᠪᠢ ᠨᠡᠮᠡᠬᠦ ᠵᠦᠢᠯ ᠢ ᠪᠠᠭᠠᠰᠬᠠᠨ ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠶᠢᠨ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠤᠷᠤᠬᠤ ᠬᠥᠮᠦᠨ ᠤ ᠲᠤᠭ᠎ᠠ ᠶᠢ ᠨᠡᠮᠡᠭᠳᠡᠭᠦᠯᠦᠨ ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠯᠲᠡ ᠳᠤ ᠰᠢᠯᠢᠨ ᠰᠣᠩᠭᠤᠬᠤ ᠲᠣᠭᠲᠠᠴᠠ ᠶᠢ ᠪᠦᠷᠢᠨᠰᠢᠭᠦᠯᠬᠦ ᠪᠠᠷ ᠪᠠᠶᠢᠨ᠎ᠠ᠃ ᠡᠨᠡ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠬᠢᠵᠦ ᠰᠤᠷᠤᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠦᠯᠲᠡ ᠶᠢᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶᠎ ᠳᠤ ᠵᠢᠭᠠᠵᠤ ᠭᠠᠷᠭᠠᠭᠰᠠᠨ ᠪᠣᠳᠠᠲᠠᠶ ᠠᠭᠤᠯᠭ᠎ᠠ ᠮᠥᠨ᠃      2018 ᠣᠨ ᠳᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠡᠪ ᠵᠠᠭᠪᠤᠷ ᠤᠨ ᠪᠣᠳᠠᠲᠠᠢ ᠪᠠᠶᠢᠳᠠᠯ ᠢ ᠲᠣᠳᠣᠷᠬᠠᠶᠢᠯᠠᠨ᠎ᠠ      ︽ᠲᠥᠰᠦᠯ︾᠎ ᠳᠤ ᠵᠢᠭᠠᠵᠤ ᠭᠠᠷᠭᠠᠭᠰᠠᠨ ᠨᠢ᠂ ᠰᠤᠷᠤᠭᠴᠢ ᠡᠯᠰᠡᠬᠦ ᠲᠣᠭᠲᠠᠴᠠ ᠶᠢ ᠦᠭᠡᠷᠡᠴᠢᠯᠡᠨ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠶᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ᠂ ᠳᠠᠩᠰᠠ ᠡᠪᠬᠡᠮᠡᠯ ᠳᠡᠪᠰᠢᠭᠦᠯᠦᠨ ᠰᠤᠷᠤᠭᠴᠢ ᠡᠯᠰᠡᠬᠦ ᠬᠡᠪ ᠵᠠᠭᠪᠤᠷ ᠢ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ ᠪᠣᠯᠤᠨ ᠰᠤᠷᠤᠭᠴᠢᠳ ᠤᠨ ᠬᠤᠶᠠᠷ ᠲᠠᠯ᠎ᠠ ᠪᠠᠷ ᠢᠶᠠᠨ ᠰᠢᠯᠢᠨ ᠰᠤᠩᠭᠤᠬᠤ ᠲᠣᠬᠢᠶᠠᠯ ᠢ ᠨᠡᠮᠡᠭᠳᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠪᠣᠳᠠᠲᠠᠶ ᠬᠡᠪ ᠵᠠᠭᠪᠤᠷ ᠢ 2018 ᠣᠨ ᠳᠤ ᠲᠣᠭᠲᠠᠭᠠᠨ ᠨᠡᠶᠢᠲᠡᠯᠡᠬᠦ ︽ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠎ ᠳᠤ ᠲᠣᠳᠤᠷᠬᠠᠶᠢᠯᠠᠨ᠎ᠠ᠃      ᠰᠢᠯᠭᠠᠯᠲᠠ ᠶᠢᠨ ᠬᠤᠪᠢ ᠨᠡᠮᠡᠬᠦ ᠵᠦᠢᠯ ᠢ ᠶᠡᠭᠡ ᠬᠡᠮᠵᠢᠶ᠎ᠡ ᠪᠠᠷ ᠪᠠᠭᠠᠰᠬᠠᠵᠤ᠂ ᠴᠢᠩᠭ᠎ᠠ ᠬᠢᠵᠠᠭᠠᠷᠯᠠᠨ᠎ᠠ      ᠰᠤᠷᠭᠠᠨ ᠬᠥᠮᠦᠵᠢᠯ ᠤᠨ ᠶᠠᠮᠤᠨ ᠵᠡᠷᠭᠡ 5 ᠰᠠᠯᠠᠭ᠎ᠠ ᠮᠥᠴᠢᠷ ᠤᠨ ︽ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠵᠦᠢᠯ ᠪᠣᠯᠤᠨ ᠬᠤᠪᠢ ᠶᠢᠨ ᠬᠡᠮᠵᠢᠭᠳᠡᠯ ᠢ ᠤᠯᠠᠮ ᠨᠢᠭᠡ ᠠᠯᠬᠤᠮ ᠴᠥᠭᠡᠳᠬᠡᠨ ᠵᠢᠷᠤᠮᠵᠢᠭᠤᠯᠬᠤ ᠲᠤᠬᠠᠢ ᠰᠠᠨᠠᠯ︾ ︵ᠵᠢᠭᠠᠨ ᠰᠤᠷᠭᠠᠬᠤ ︿2014﹀ 17 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠲᠤᠤᠱᠯᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠯᠭᠠᠯᠲᠠ ᠶᠢᠨ ᠬᠤᠪᠢ ᠨᠡᠮᠡᠬᠦ ᠵᠦᠢᠯ ᠢ ᠶᠡᠭᠡ ᠬᠡᠮᠵᠢᠶ᠎ᠡ ᠪᠠᠷ ᠪᠠᠭᠠᠰᠬᠠᠵᠤ᠂ ᠴᠢᠩᠭ᠎ᠠ ᠬᠢᠵᠠᠭᠠᠷᠯᠠᠨ᠎ᠠ᠃ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠶᠢᠨ ᠤᠷᠠᠮᠰᠢᠭᠤᠯᠤᠯ ᠤᠨ ᠤᠳᠤᠷᠢᠳᠤᠮᠵᠢ ᠶᠢᠨ ᠴᠢᠳᠠᠪᠤᠷᠢ ᠶᠢ ᠠᠯᠬᠤᠮ ᠠᠯᠬᠤᠮ ᠢᠶᠠᠷ ᠰᠤᠷᠤᠭᠴᠢ ᠶᠢᠨ ᠶᠡᠷᠦᠩᠬᠡᠶ ᠬᠡᠪ ᠴᠢᠨᠠᠷ ᠤᠨ ᠦᠨᠡᠯᠡᠯᠲᠡ ᠳᠤ   ᠰᠢᠯᠵᠢᠭᠦᠯᠦᠨ᠎ᠡ᠃      ᠪᠡᠶ᠎ᠡ ᠶᠢᠨ ᠲᠠᠮᠢᠷ᠂ ᠤᠷᠠᠯᠢᠭ ᠤᠨ ᠣᠨᠴᠠ ᠴᠢᠳᠠᠪᠤᠷᠢᠲᠠᠶ ᠰᠤᠷᠤᠭᠴᠢ ᠳᠤ ᠬᠤᠪᠢ ᠨᠡᠮᠡᠬᠦ ᠵᠦᠢᠯ ᠢ ᠬᠦᠴᠦᠨ ᠦᠭᠡᠢ ᠪᠣᠯᠭᠠᠨ᠎ᠠ︔ ᠮᠤᠵᠢ ᠶᠢᠨ ᠳᠡᠰ ᠤᠨ ᠰᠢᠯᠢᠳᠡᠭ ᠰᠤᠷᠤᠭᠴᠢ᠂ ᠦᠵᠡᠯ ᠰᠠᠨᠠᠭ᠎ᠠ ᠤᠯᠤᠰ ᠲᠥᠷᠥ ᠶᠣᠰᠤ ᠮᠣᠷᠠᠯ ᠤᠨ ᠲᠠᠯ᠎ᠠ ᠪᠠᠷ ᠲᠤᠪᠦ᠋ᠢᠬᠰᠡᠠ ᠤᠢᠢᠯᠠ ᠠᠵᠢᠯᠯᠠᠭ᠎ᠠ ᠲᠠᠢ ᠰᠤᠷᠤᠭᠴᠢ᠂ ᠣᠯᠢᠮᠫᠢᠺ ᠤᠨ ᠤᠷᠤᠯᠳᠤᠭᠠᠨ ᠤ ᠱᠠᠩᠨᠠᠯ ᠬᠦᠷᠲᠡᠭᠰᠡᠳ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠤᠷᠤᠯᠳᠤᠭᠠᠨ ᠤ ᠱᠠᠩᠨᠠᠯ ᠬᠦᠷᠲᠡᠭᠰᠡᠳ ᠵᠢᠴᠢ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠱᠠᠩᠨᠠᠯ ᠬᠦᠷᠲᠡᠭᠰᠡᠳ᠂ ᠬᠤᠶᠠᠳᠤᠭᠠᠷ ᠳᠡᠰ ᠤᠨ ᠲᠠᠮᠢᠷᠴᠢᠨ ᠤ ᠨᠢᠭᠡᠳᠦᠯᠲᠡᠶ ᠰᠢᠯᠭᠠᠯᠲᠠ ᠳᠤ ᠬᠢᠷᠢ ᠲᠡᠩᠴᠡᠭᠰᠡᠳ ᠵᠡᠷᠭᠡ ᠪᠦᠬᠦ ᠤᠯᠤᠰ ᠤᠨ ᠴᠢᠨᠠᠷᠲᠠᠶ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ 6 ᠵᠦᠢᠯ ᠢ ᠬᠦᠴᠦᠨ ᠦᠭᠡᠢ ᠪᠣᠯᠭᠠᠨ᠎ᠠ︔ ᠴᠡᠷᠢᠭ ᠠᠴᠠ ᠪᠠᠭᠤᠭᠰᠠᠳ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠪᠠᠭᠤᠭᠰᠠᠳ᠂ ᠨᠥᠭᠴᠢᠭᠰᠡᠨ ᠪᠠᠭᠠᠲᠤᠷ ᠤᠨ ᠦᠷ᠎ᠡ ᠬᠡᠦᠬᠡᠳ᠂ ᠴᠥᠭᠡᠨ ᠲᠣᠭᠠᠲᠤ ᠦᠨᠳᠦᠰᠦᠲᠡᠨ ᠵᠢᠴᠢ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠂ ᠳᠤᠮᠳᠠᠳᠤ ᠶᠢᠨ ᠬᠠᠷᠢᠶᠠᠲᠤ ᠶᠢᠨ ᠦᠷ᠎ᠡ ᠬᠡᠦᠬᠡᠳ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠦᠷ᠎ᠡ ᠬᠡᠦᠬᠡᠳ ᠪᠣᠯᠤᠨ ᠲᠠᠶᠢᠸᠠᠨ ᠮᠤᠵᠢ ᠳᠤ ᠨᠤᠲᠤᠭ ᠲᠠᠢ ᠰᠢᠯᠭᠠᠭᠤᠯᠤᠭᠰᠠᠳ ᠵᠡᠷᠭᠡ ᠰᠢᠯᠭᠠᠭᠤᠯᠤᠭᠰᠠᠳ ᠲᠤ ᠬᠤᠪᠢ ᠨᠡᠮᠡᠬᠦ ᠬᠢᠷᠢ ᠬᠡᠮ ᠢ ᠲᠦᠷ ᠴᠠᠭ ᠦᠯᠡᠳᠡᠭᠡᠨ᠎ᠡ᠃      ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠶᠢᠨ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠤᠷᠤᠬᠤ ᠬᠥᠮᠦᠨ ᠤ ᠲᠤᠭ᠎ᠠ ᠶᠢ ᠨᠡᠮᠡᠭᠳᠡᠭᠦᠯᠦᠨ᠎ᠡ      ︽ᠲᠥᠰᠦᠯ︾᠎ ᠳᠤ ᠵᠢᠭᠠᠵᠤ ᠭᠠᠷᠭᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠶᠢᠨ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠤᠷᠤᠬᠤ ᠬᠥᠮᠦᠨ ᠤ ᠲᠤᠭ᠎ᠠ ᠶᠢ ᠨᠡᠮᠡᠭᠳᠡᠭᠦᠯᠬᠦ ᠬᠡᠷᠡᠭᠲᠡᠶ ᠭᠡᠵᠡᠢ᠃ ᠰᠤᠷᠤᠭᠴᠢ ᠡᠯᠰᠡᠬᠦ ᠲᠥᠯᠥᠪᠯᠡᠭᠡ ᠶᠢᠨ ᠬᠤᠪᠢᠶᠠᠷᠢᠯᠠᠯᠲᠠ ᠶᠢᠨ ᠬᠡᠯᠪᠡᠷᠢ ᠶᠢ ᠰᠠᠶᠢᠵᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠶᠠᠳᠠᠭᠤ ᠬᠦᠴᠢᠷᠳᠡᠯᠲᠡᠶ ᠭᠠᠵᠠᠷ ᠣᠷᠣᠨ ᠠᠴᠠ ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ ᠲᠤᠰᠬᠠᠶ ᠲᠥᠯᠥᠪᠯᠡᠭᠡ ᠶᠢᠨ ᠡᠷᠴᠢᠮ ᠢ ᠴᠢᠩᠭᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠨᠤᠭᠤᠳ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠣᠷᠣᠨ ᠂ ᠴᠦᠬᠡᠨ ᠲᠣᠭᠠᠲᠤ ᠦᠨᠳᠦᠰᠦᠲᠡᠨ ᠤ ᠭᠠᠵᠠᠷ ᠤᠷᠤᠨ ᠳᠠᠬᠢ ᠮᠠᠯᠵᠢᠬᠤ ᠲᠠᠷᠢᠶᠠᠯᠠᠬᠤ ᠣᠷᠣᠨ ᠤ ᠰᠢᠯᠢᠳᠡᠭ ᠰᠤᠷᠤᠭᠴᠢ ᠶᠢ ᠬᠠᠨᠳᠤᠯᠭ᠎ᠠ ᠲᠠᠢ ᠪᠠᠷ ᠡᠯᠰᠡᠬᠦ ᠬᠠᠷᠢᠴᠠᠯ ᠢ ᠠᠯᠬᠤᠮ ᠠᠯᠬᠤᠮ ᠢᠶᠠᠷ ᠦᠷᠭᠡᠳᠬᠡᠨ᠎ᠡ᠃ 2017 ᠣᠨ ᠳᠤ ᠶᠠᠳᠠᠭᠤ ᠬᠦᠴᠢᠷᠳᠡᠯ ᠲᠠᠢ ᠭᠠᠵᠠᠷ ᠣᠷᠣᠨ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠣᠷᠣᠬᠤ ᠬᠥᠮᠦᠨ ᠤ ᠲᠤᠭ᠎ᠠ ᠶᠢ ᠮᠡᠳᠡᠭᠳᠡᠬᠦ᠋ᠢᠴᠡ ᠨᠡᠮᠡᠭᠳᠡᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠣᠷᠣᠬᠤ ᠶᠢ ᠪᠠᠲᠤᠯᠠᠬᠤ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠦᠨ᠎ᠡ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠯᠲᠡ ᠳᠤ ᠰᠢᠯᠢᠨ ᠰᠤᠩᠭᠤᠬᠤ ᠲᠣᠭᠲᠠᠴᠠ ᠶᠢ ᠪᠦᠷᠢᠨᠰᠢᠭᠦᠯᠦᠨ᠎ᠡ      ︽ᠲᠥᠰᠦᠯ︾᠎ ᠳᠤ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠯᠲᠡ ᠳᠤ ᠰᠢᠯᠢᠨ ᠰᠤᠩᠭᠤᠬᠤ ᠲᠣᠭᠲᠠᠴᠠ ᠶᠢ ᠪᠦᠷᠢᠨᠰᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠨᠤᠭᠤᠳ ᠰᠢᠯᠭᠠᠯᠲᠠ ᠬᠢᠵᠦ ᠰᠤᠷᠤᠭᠴᠢ ᠡᠯᠰᠡᠬᠦ ᠳᠤ ᠬᠤᠯᠪᠣᠭᠳᠠᠬᠤ ᠬᠠᠮᠢᠶ᠎ᠠ ᠪᠦᠬᠦᠢ ᠵᠦᠢᠯᠡᠰ᠂ ᠵᠢᠱᠢᠶᠡᠯᠡᠪᠡᠯ ᠨᠡᠷ᠎ᠡ ᠮᠡᠳᠡᠭᠦᠯᠦᠨ ᠰᠢᠯᠭᠠᠭᠤᠯᠬᠤ ᠨᠥᠬᠦᠴᠡᠯ᠂ ᠶᠡᠷᠦᠩᠬᠡᠶᠢᠯᠡᠭᠰᠡᠨ ᠬᠡᠪ ᠴᠢᠨᠠᠷ ᠢ ᠰᠢᠯᠭᠠᠬᠤ ᠠᠭᠤᠯᠭ᠎ᠠ ᠪᠣᠯᠣᠨ ᠬᠡᠷᠡᠭᠵᠢᠭᠦᠯᠬᠦ ᠠᠷᠭ᠎ᠠ᠂ ᠶᠡᠷᠦᠩᠬᠡᠶᠢᠯᠡᠭᠰᠡᠨ ᠬᠢᠷᠢ ᠪᠦᠲᠦᠮᠵᠢ ᠶᠢᠨ ᠨᠡᠶᠢᠯᠡᠭᠦᠯᠬᠦ ᠬᠠᠷᠢᠴᠠᠯ᠂ ᠰᠤᠷᠤᠭᠴᠢ ᠡᠯᠰᠡᠬᠦ ᠲᠦᠷᠢᠮ ᠪᠣᠯᠣᠨ ᠳᠡᠰ ᠳᠠᠷᠠᠭᠠᠯᠠᠯ ᠵᠡᠷᠭᠡ ᠠᠭᠤᠯᠭ᠎ᠠ ᠤᠳ ᠢ ᠰᠤᠷᠤᠭᠴᠢ ᠡᠯᠰᠡᠬᠦ ᠲᠦᠷᠢᠮ ᠳᠤ ᠰᠢᠯᠭᠠᠭᠤᠯᠤᠭᠰᠠᠳ᠂ ᠭᠡᠷ ᠤᠨ ᠠᠬᠠᠮᠠᠳ ᠪᠣᠯᠤᠨ ᠨᠡᠶᠢᠭᠡᠮ ᠳᠤ ᠤᠷᠢᠳᠴᠢᠯᠠᠨ ᠨᠡᠶᠢᠲᠡᠯᠡᠬᠦ ᠬᠡᠷᠡᠭᠲᠡᠶ ᠭᠡᠪᠡ᠃      ᠰᠤᠷᠭᠠᠭᠤᠯᠢ ᠶᠢᠨ ᠰᠤᠷᠤᠭᠴᠢ ᠡᠯᠰᠡᠬᠦ ᠺᠣᠮᠢᠰ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠶᠢ ᠲᠣᠭᠲᠠᠭᠠᠬᠤ᠂ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠪᠣᠯᠣᠨ ᠲᠦᠷᠢᠮ ᠢ ᠲᠣᠭᠲᠠᠭᠠᠬᠤ᠂ ᠰᠤᠷᠤᠭᠴᠢ ᠡᠯᠰᠡᠬᠦ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ ᠵᠡᠷᠭᠡ ᠲᠠᠯ᠎ᠠ ᠪᠠᠷ ᠰᠤᠷᠤᠭᠴᠢ ᠡᠯᠰᠡᠬᠦ ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠨᠤᠭᠤᠳ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠵᠤ ᠰᠤᠷᠭᠠᠭᠤᠯᠢ ᠶᠢᠨ ᠰᠢᠯᠭᠠᠯᠲᠠ᠂ ᠡᠯᠰᠡᠵᠦ ᠠᠪᠬᠤ ᠲᠤᠬᠠᠶ ᠶᠢᠨ ᠲᠠᠯᠠᠪᠠᠢ ᠶᠢ ᠲᠣᠭᠤᠷᠢᠨ ᠪᠠᠶᠢᠴᠠᠭᠠᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠰᠤᠷᠤᠭᠴᠢ ᠡᠯᠰᠡᠬᠦ ᠠᠵᠢᠯ ᠳᠤ ᠭᠤᠷᠪᠠᠳᠠᠬᠢ ᠡᠲᠡᠭᠡᠳ ᠢᠶᠠᠷ ᠬᠢᠨᠠᠯᠲᠠ ᠲᠠᠯᠪᠢᠭᠤᠯᠵᠤ ᠪᠣᠯᠣᠨ᠎ᠠ᠃ ᠰᠢᠯᠭᠠᠯᠲᠠ ᠪᠠᠷ ᠰᠤᠷᠤᠭᠴᠢ ᠡᠯᠰᠡᠬᠦ ᠶᠢᠨ ᠭᠤᠮᠣᠳᠠᠯ ᠲᠣᠭᠠᠴᠢᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ ᠰᠢᠢᠳᠪᠦᠷᠢᠯᠡᠬᠦ ᠬᠡᠷᠡᠭᠲᠡᠢ᠃ ᠰᠤᠷᠤᠭᠴᠢ ᠡᠯᠰᠡᠬᠦ ᠰᠢᠯᠭᠠᠯᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠤᠯᠭᠠᠬᠤ ᠶᠢ ᠪᠠᠶᠢᠭᠤᠯᠵᠤ᠂ ᠰᠤᠷᠭᠠᠭᠤᠯᠢ ᠶᠢᠨ ᠵᠠᠬᠢᠷᠤᠯ ᠨᠢ ᠡᠯᠰᠡᠬᠦ ᠮᠡᠳᠡᠭᠳᠡᠯ ᠤᠨ ᠪᠢᠴᠢᠭ ᠲᠤ ᠭᠠᠷ ᠤᠨ ᠦᠰᠦᠭ ᠵᠢᠷᠤᠵᠤ᠂ ᠡᠯᠰᠡᠭᠰᠡᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map