︽ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢ ᠬᠡᠷᠡᠭᠵᠢᠭᠦᠯᠬᠦ ᠰᠠᠨᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2016/2/1
     ᠰᠤᠷᠪᠤᠯᠵᠢᠯᠠᠭᠰᠠᠨ ᠴᠠᠭ᠄      2015 ᠣᠨ ᠤ 12 ᠳ᠋ᠤᠭᠠᠷ ᠰᠠᠷ᠎ᠠ ᠶᠢᠨ 30᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ  ᠵᠣᠴᠢᠨ᠄        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠸᠡᠭ ᠶᠧ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠲᠡᠳᠬᠦᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠪᠠᠶᠢᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠡᠭᠦᠷᠭᠡ ᠴᠢᠳᠠᠪᠤᠷᠢ ᠶᠢ ᠬᠤᠪᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠶᠣᠰᠣᠭᠠᠷ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠥᠭᠡᠷᠡᠴᠢᠯᠡᠯᠲᠡ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢᠨ ᠴᠢᠨᠠᠷ ᠢ ᠴᠢᠩᠭᠠᠳᠬᠠᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠪᠠᠷ ᠠᠭᠤᠰᠤᠯᠴᠠᠬᠤ ᠶᠢᠨ ᠬᠠᠮᠲᠤ ᠦᠢᠯᠡᠴᠢᠯᠡᠵᠦ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ︽ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢ ᠬᠡᠷᠡᠭᠵᠢᠭᠦᠯᠬᠦ ᠰᠠᠨᠠᠯ︾᠎ ᠢ ᠨᠡᠶᠢᠲᠡᠯᠡᠪᠡ᠃ ︽ᠰᠠᠨᠠᠯ︾᠎ ᠤᠨ ᠬᠤᠯᠪᠣᠭᠳᠠᠯ ᠪᠦᠬᠦᠢ ᠠᠭᠤᠯᠭ᠎ᠠ ᠶᠢ ᠨᠡᠶᠢᠭᠡᠮ ᠨᠡᠶᠢᠲᠡ ᠳᠤ ᠤᠯᠠᠮ ᠨᠢᠭᠡ ᠠᠯᠬᠤᠮ ᠭᠦᠨᠵᠡᠭᠡᠢ ᠣᠶᠢᠯᠠᠭᠠᠬᠤ ᠶᠢᠨ ᠲᠤᠰᠠᠳᠠ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠸᠡᠭ ᠶᠧ  ᠶᠢ  ᠤᠷᠢᠪᠠ᠃                        ᠰᠣᠷᠪᠤᠯᠵᠢᠯᠠᠭᠰᠠᠨ ᠪᠣᠳᠠᠲᠣ ᠠᠭᠤᠯᠭ᠎ᠠ       ᠬᠥᠳᠦᠯᠦᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ· ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠣᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠸᠡᠭ ᠶᠧ ᠶᠢ ᠤᠷᠢᠵᠤ᠂ ᠪᠢᠳᠡᠨ ᠳᠤ ᠰᠦᠯᠵᠢᠶᠡᠨ ᠳᠡᠭᠡᠷ᠎ᠡ ︽ᠰᠠᠨᠠᠯ︾᠎ ᠶᠢᠨ ᠲᠠᠶᠢᠯᠤᠮᠵᠢ ᠬᠢᠬᠦ ᠪᠠᠷ ᠪᠤᠢ᠂ ᠰᠦᠯᠵᠢᠶᠡᠨ ᠠᠨᠳᠠ ᠨᠠᠷ ᠮᠠᠨ ᠤ ᠪᠤᠯᠤᠩ ᠳᠤ ᠢᠳᠡᠪᠬᠢᠲᠡᠢ ᠪᠠᠷ ᠣᠷᠣᠯᠴᠠᠭᠰᠠᠨ ᠢ ᠪᠠᠶᠠᠷᠯᠠᠨ ᠤᠭᠲᠤᠵᠤ ᠪᠠᠶᠢᠨ᠎ᠠ᠃ ᠹᠸᠡᠭ ᠳᠠᠷᠤᠭ᠎ᠠ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠹᠸᠡᠭ ᠶᠧ᠄      ᠬᠥᠲᠥᠯᠥᠭᠴᠢ ᠰᠠᠶᠢᠨ ᠤᠤ︕ ᠰᠦᠯᠵᠢᠶᠡᠨ ᠨᠠᠶᠢᠵᠠ ᠨᠠᠷ ᠰᠠᠶᠢᠨ ᠪᠠᠶᠢᠵᠠᠭᠠᠨᠠᠤ︕  ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠲᠠᠯ᠎ᠠ ᠪᠠᠷ ᠲᠠ ᠪᠦᠬᠦᠨ ᠲᠠᠢ ᠵᠣᠭᠤᠭᠳᠠᠬᠤ ᠲᠣᠬᠢᠶᠠᠯ ᠲᠠᠢ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃      ᠬᠥᠲᠥᠯᠥᠭᠴᠢ᠄      ᠹᠸᠡᠭ ᠳᠠᠷᠤᠭ᠎ᠠ᠂ ᠶᠠᠭᠤᠨ ᠤ ᠡᠮᠦᠨ᠎ᠡ ᠲᠠ ︽ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢ ᠬᠡᠷᠡᠭᠵᠢᠭᠦᠯᠬᠦ ᠰᠠᠨᠠᠯ︾᠎ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ᠃      ᠹᠸᠡᠭ ᠶᠧ᠄      ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠲᠡᠳᠬᠦᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠡᠭᠦᠷᠭᠡ ᠴᠢᠳᠠᠪᠤᠷᠢ ᠶᠢ ᠬᠤᠪᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂  ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠪᠠᠷ ᠠᠭᠤᠰᠤᠯᠴᠠᠬᠤ ᠶᠢᠨ ᠬᠠᠮᠲᠤ ᠦᠢᠯᠡᠴᠢᠯᠡᠵᠦ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ︽ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠡᠶ᠃      ᠬᠥᠲᠥᠯᠥᠭᠴᠢ᠄      ︽ᠰᠠᠨᠠᠯ︾᠎ ᠳᠤ ᠳᠤᠷᠠᠳᠤᠭᠳᠠᠭᠰᠠᠨ ︽ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠬᠤ︾ ᠭᠡᠰᠡᠨ ᠵᠠᠩᠭᠢᠯᠠᠭ᠎ᠠ ᠶᠢᠨ ᠦᠭᠡ ᠨᠢ ᠪᠣᠳᠠᠲᠠᠶ ᠪᠠᠷ ᠶᠠᠭᠤ ᠶᠢ ᠵᠢᠭᠠᠵᠤ ᠪᠠᠶᠢᠭ᠎ᠠ ᠪᠤᠢ︖      ᠹᠸᠡᠭ ᠶᠧ᠄      ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠬᠤ ᠭᠡᠳᠡᠭ ᠨᠢ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠡᠷᠬᠡ ᠶᠢᠨ ᠨᠠᠷᠢᠨ ᠳᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ  ᠪᠠᠶᠢᠭᠤᠯᠵᠤ᠂ ᠵᠠᠰᠠᠭ ᠵᠠᠬᠢᠷᠭᠠᠨ ᠤ ᠡᠷᠬᠡ ᠶᠢ ᠤᠯᠠᠮ ᠨᠢᠭᠡ ᠠᠯᠬᠤᠮ ᠴᠣᠮᠬᠠᠳᠬᠠᠬᠤ ᠶᠢ ᠵᠢᠭᠠᠵᠤ ᠪᠠᠶᠢᠨ᠎ᠠ᠃ ᠤᠯᠤᠰ ᠣᠷᠣᠨ ᠤ ᠠᠮᠤᠷ ᠲᠦᠪᠰᠢᠨ᠂ ᠣᠷᠴᠢᠨ ᠲᠣᠭᠤᠷᠢᠨ ᠤ ᠠᠮᠢ ᠠᠬᠤᠶ ᠶᠢᠨ ᠠᠮᠤᠷ ᠲᠦᠪᠰᠢᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠤᠯᠠᠨ ᠨᠡᠶᠢᠲᠡ ᠶᠢᠨ ᠡᠷᠡᠭᠦᠯ ᠮᠡᠨᠳᠦ ᠵᠡᠷᠭᠡ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠶᠢᠨ ᠶᠠᠪᠤᠳᠠᠯ ᠳᠤ ᠬᠤᠯᠪᠣᠭᠳᠠᠬᠤ ᠠᠴᠠ ᠪᠤᠰᠤᠳ ᠬᠢᠨᠠᠨ ᠵᠥᠪᠰᠢᠶᠡᠷᠡᠬᠦ ᠵᠦᠢᠯᠡᠰ ᠢ ᠵᠠᠷᠴᠢᠮ ᠳᠡᠭᠡᠷ᠎ᠡ ᠪᠠᠨ ᠳᠣᠷᠣᠭᠰᠢ ᠪᠠᠭᠤᠯᠭᠠᠬᠤ ᠪᠠ ᠬᠦᠴᠦᠨ ᠦᠭᠡᠢ ᠪᠣᠯᠭᠠᠬᠤ ᠪᠠᠷ ᠭᠤᠣᠯ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠠᠴᠠ ᠲᠣᠲᠣᠷᠬᠠᠢ ᠵᠠᠷᠯᠢᠭ ᠪᠠᠭᠤᠯᠭᠠᠵᠤ ᠬᠦᠴᠦᠨ ᠦᠭᠡᠢ ᠪᠣᠯᠭᠠᠬᠤ ᠡᠷᠬᠡ ᠶᠢ ᠡᠷᠡᠰ ᠦᠭᠡᠶᠢᠰᠭᠡᠵᠦ᠂ ︽ᠪᠠᠭᠤᠯᠭᠠᠬᠤ︾ ᠴᠢᠬᠤᠯᠠᠲᠠᠢ ᠶᠢ ᠨᠢ ᠲᠦᠢᠯᠪᠤᠷᠢᠲᠠᠶ ᠪᠠᠭᠤᠯᠭᠠᠵᠤ᠂ ︽ᠴᠤᠮᠬᠠᠳᠬᠠᠬᠤ︾ ᠴᠢᠬᠤᠯᠠᠲᠠᠢ ᠶᠢ ᠨᠢ ᠲᠦᠢᠯᠪᠤᠷᠢᠲᠠᠶ ᠬᠠᠰᠤᠵᠤ᠂ ︽ᠦᠭᠡᠶᠢᠰᠭᠡᠬᠦ︾ ᠴᠢᠬᠤᠯᠠᠲᠠᠢ ᠶᠢ ᠨᠢ ᠲᠦᠢᠯᠪᠤᠷᠢᠲᠠᠶ ᠦᠭᠡᠶᠢᠰᠭᠡᠵᠦ᠂ ᠪᠦᠷᠢᠮᠦᠰᠦᠨ ᠲᠤᠶᠢᠯᠪᠤᠷᠢᠲᠠᠢ ᠬᠢᠵᠦ᠂ ᠬᠤᠪᠢᠷᠠᠭᠤᠯᠤᠨ ᠬᠡᠷᠡᠭᠵᠢᠭᠦᠯᠵᠦ ᠣᠭᠲᠣ ᠪᠣᠯᠬᠤ ᠦᠭᠡᠢ᠂ ᠠᠵᠤ ᠠᠬᠤᠶᠢᠯᠠᠯ ᠤᠨ ᠬᠦᠯᠢᠶᠡᠰᠦᠯᠡᠯ ᠢ ᠦᠨᠡᠨ ᠬᠦ ᠠᠯᠲᠠᠷᠭᠠᠵᠤ᠂ ᠳᠠᠷᠤᠭᠠᠰᠤ ᠶᠢ ᠦᠨᠡᠨ ᠬᠦ ᠬᠦᠩᠭᠡᠷᠡᠭᠦᠯᠦᠨ᠎ᠡ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ  ᠎ ᠶᠢᠨ ᠤᠳᠤ ᠪᠠᠶᠢᠭ᠎ᠠ 301 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠰᠠᠭᠤᠷᠢᠨ ᠳᠡᠭᠡᠷ᠎ᠡ᠂ 2015 ᠣᠨ ᠳᠤ 78 ᠵᠦᠢᠯ ᠢ ᠳᠣᠷᠣᠭᠰᠢ ᠪᠠᠭᠤᠯᠭᠠᠵᠤ᠂ 5 ᠵᠦᠢᠯ ᠢ ᠬᠦᠴᠦᠨ ᠦᠭᠡᠢ ᠪᠣᠯᠭᠠᠵᠤ᠂ 37 ᠵᠦᠢᠯ ᠢ ᠨᠡᠶᠢᠯᠡᠭᠦᠯᠦᠨ 16 ᠵᠦᠢᠯ ᠪᠣᠯᠭᠠᠵᠤ᠂ 103 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠵᠤ᠂  ᠦᠢᠯᠡᠳᠪᠦᠷᠢᠯᠡᠯ ᠤᠨ ᠵᠥᠪᠰᠢᠶᠡᠷᠡᠯ ᠪᠣᠯᠣᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠷᠢ ᠴᠢᠳᠠᠮᠵᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭᠠᠨ ᠳᠠᠬᠢ ᠬᠤᠪᠢᠷᠠᠭᠤᠯᠬᠤ ᠵᠦᠢᠯᠡᠰ ᠤᠨ ᠬᠢᠨᠠᠨ ᠵᠥᠪᠰᠢᠶᠡᠷᠡᠯ ᠢ ᠴᠤᠮᠬᠠᠳᠬᠠᠨ ᠳᠣᠷᠣᠭᠰᠢ ᠪᠠᠭᠤᠯᠭᠠᠵᠤ᠂ 2017 ᠣᠨ ᠪᠣᠯᠬᠤ ᠳᠤ150᠎ ᠠᠴᠠ ᠳᠡᠭᠡᠭᠰᠢ ᠵᠠᠰᠠᠭ ᠵᠠᠬᠢᠷᠭᠠᠨ ᠤ ᠡᠷᠬᠡ ᠶᠢ ᠠᠯᠬᠤᠮ ᠠᠯᠬᠤᠮ ᠢᠶᠠᠷ ᠳᠣᠭᠤᠭᠰᠢ ᠪᠠᠭᠤᠯᠭᠠᠵᠤ᠂ ᠬᠦᠴᠦᠨ ᠦᠭᠡᠶ ᠪᠣᠯᠭᠠᠨ᠎ᠠ᠃      ᠬᠥᠲᠥᠯᠥᠭᠴᠢ᠄      ︽ᠰᠠᠨᠠᠯ︾᠎ ᠨᠢ ᠵᠠᠰᠠᠭ ᠵᠠᠬᠢᠷᠭᠠᠨ ᠤ ᠡᠷᠬᠡ ᠶᠢ ᠴᠣᠮᠬᠠᠳᠬᠠᠬᠤ ᠬᠠᠷᠠᠯᠲᠠ ᠶᠢ ᠲᠥᠯᠥᠪᠵᠢᠭᠦᠯᠦᠭᠰᠡᠨ ᠠᠴᠠ ᠭᠠᠳᠠᠨ᠎ᠠ᠂ ᠡᠯ᠎ᠡ ᠱᠠᠲᠤᠨ ᠤ ᠪᠡᠶᠡᠯᠡᠭᠦᠯᠬᠦ ᠴᠠᠭ ᠤᠨ ᠬᠢᠵᠠᠭᠠᠷ ᠲᠤ ᠪᠣᠳᠠᠲᠠᠶ ᠲᠣᠭᠲᠠᠭᠠᠯ ᠪᠠᠶᠢᠨ᠎ᠠ ᠤᠤ︖      ᠹᠸᠡᠭ ᠶᠧ᠄      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢᠨ ᠶᠣᠰᠣᠭᠠᠷ᠂ 2015 ᠣᠨ ᠤ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠᠨ ᠳᠤ ᠲᠣᠲᠣᠷᠬᠠᠶᠢᠯᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢᠶᠠᠷ ᠰᠠᠭᠤᠷᠢ ᠪᠣᠯᠭᠠᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠲᠣᠷᠬᠠᠶᠢᠯᠠᠨ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ︽ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠨ᠎ᠡ︾᠃ ᠡᠯ᠎ᠡ ᠠᠶᠢᠮᠠᠭ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ ᠤᠳ 2016 ᠣᠨ ᠤ ᠳᠡᠭᠡᠳᠦ ᠬᠠᠭᠠᠰ ᠵᠢᠯ ᠳᠤ ᠲᠤᠰ ᠱᠠᠲᠤᠨ ᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ  ᠪᠡᠶᠡᠯᠡᠭᠦᠯᠵᠦ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ ᠤᠳ 2016 ᠣᠨ ᠤ ᠡᠴᠦᠰ ᠠᠴᠠ ᠡᠮᠦᠨ᠎ᠡ ᠳᠤᠰ ᠱᠠᠲᠤᠨ ᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠡᠶᠡᠯᠡᠭᠦᠯᠬᠦ ᠬᠡᠷᠡᠭᠲᠡᠢ᠃      ᠬᠥᠲᠥᠯᠥᠭᠴᠢ᠄      ᠹᠸᠡᠭ ᠳᠠᠷᠤᠭ᠎ᠠ᠂ ᠲᠠᠨ ᠤ ᠰᠠᠶ᠋ᠢ ᠶᠢᠨ ᠳᠤᠷᠠᠳᠤᠭᠰᠠᠨ᠂ 2015 ᠣᠨ ᠳᠤ ᠮᠠᠨ ᠤ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ᠵᠠᠰᠠᠭ ᠵᠠᠬᠢᠷᠭᠠᠨ ᠤ ᠡᠷᠬᠡ ᠶᠢᠨ 78 ᠵᠦᠢᠯ ᠢ ᠳᠣᠷᠣᠭᠰᠢ ᠪᠠᠭᠤᠯᠭᠠᠵᠤ᠂ 5 ᠵᠦᠢᠯ ᠢ ᠬᠦᠴᠦᠨ ᠦᠭᠡᠢ ᠪᠣᠯᠭᠠᠵᠤ᠂  37  ᠵᠦᠢᠯ ᠢ ᠨᠡᠶᠢᠯᠡᠭᠦᠯᠦᠨ 16 ᠵᠦᠢᠯ ᠪᠣᠯᠭᠠᠵᠤ᠂ ᠵᠠᠰᠠᠭ ᠵᠠᠬᠢᠷᠭᠠᠨ ᠤ ᠡᠷᠬᠡ ᠶᠢᠨ 103 ᠵᠦᠢᠯ ᠢ ᠴᠣᠮᠬᠠᠳᠬᠠᠵᠤ᠂ ᠦᠢᠯᠡᠳᠪᠦᠷᠢᠯᠡᠯ ᠤᠨ ᠵᠥᠪᠰᠢᠶᠡᠷᠡᠯ ᠢ ᠴᠣᠮᠬᠠᠳᠬᠠᠨ᠂ ᠳᠣᠷᠣᠭᠰᠢ ᠪᠠᠭᠤᠯᠭᠠᠬᠤ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠷᠢ ᠴᠢᠳᠠᠮᠵᠢ ᠶᠢᠨ ᠦᠨᠡᠮᠯᠡᠯ ᠎ ᠤᠨ ᠬᠦᠴᠦᠨ ᠲᠠᠢ ᠬᠤᠭᠤᠴᠠᠭᠠᠨ ᠳᠤ ᠬᠤᠪᠢᠷᠠᠭᠤᠯᠬᠤ ᠵᠦᠢᠯᠡᠰ ᠢ ᠬᠢᠨᠠᠨ ᠵᠥᠪᠰᠢᠶᠡᠷᠡᠵᠦ᠂ 2017 ᠣᠨ ᠪᠣᠯᠬᠤ ᠳᠤ ᠵᠠᠰᠠᠭ ᠵᠠᠬᠢᠷᠭᠠᠨ ᠤ ᠡᠷᠬᠡ ᠶᠢᠨ 150᠎ ᠠᠴᠠ ᠳᠡᠭᠡᠭᠰᠢ ᠵᠦᠢᠯ ᠢ ᠠᠯᠬᠤᠮ ᠠᠯᠬᠤᠮ ᠢᠶᠠᠷ ᠳᠣᠭᠤᠭᠰᠢ ᠪᠠᠭᠤᠯᠭᠠᠵᠤ᠂ ᠬᠦᠴᠦᠨ ᠦᠭᠡᠶ ᠪᠣᠯᠭᠠᠨ᠎ᠠ᠃ ᠡᠶᠢᠮᠦ ᠠᠷᠪᠢᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ  ᠪᠠᠭᠤᠯᠭᠠᠪᠠᠯ᠂ ᠦᠨᠳᠦᠰᠦᠨ ᠱᠠᠲᠤ ᠲᠤᠰᠴᠤ ᠠᠪᠴᠤ ᠳᠡᠶᠢᠯᠦᠨ᠎ᠡ ᠤᠤ︖ ᠪᠢᠳᠡ ᠳᠤ ᠡᠳᠡᠭᠡᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯ ᠢ ᠵᠠᠶ ᠵᠠᠪᠰᠠᠷ ᠦᠭᠡᠢ ᠵᠤᠯᠭᠠᠯᠳᠤᠭᠤᠯᠬᠤ ᠠᠷᠭ᠎ᠠ ᠬᠡᠮᠵᠢᠶ᠎ᠡ ᠪᠠᠶᠢᠨ᠎ᠠ ᠤᠤ ᠭᠡᠵᠦ ᠠᠰᠠᠭᠤᠮᠠᠷ ᠪᠠᠶᠢᠨ᠎ᠠ︖      ᠹᠸᠡᠭ ᠶᠧ᠄      ᠡᠨᠡ ᠰᠠᠶᠢᠬᠠᠨ ᠠᠰᠠᠭᠤᠯ᠎ᠠ᠂ ᠬᠡᠯᠡᠯᠭᠡᠨ ᠦᠭᠡᠢ ᠡᠨᠡ ᠨᠢ ᠪᠠᠰᠠ ᠴᠤ ᠮᠠᠨ ᠤ ᠣᠳᠣᠬᠠᠨ ᠤ ᠭᠤᠣᠯᠳᠠᠯᠭ᠎ᠠ ᠲᠠᠢ ᠪᠣᠳᠣᠯᠬᠢᠯᠠᠵᠤ ᠪᠠᠶᠢᠭ᠎ᠠ ᠨᠢᠭᠡ ᠠᠰᠠᠭᠤᠳᠠᠯ ᠮᠥᠨ᠃  ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠡᠷᠬᠡ ᠶᠢ ᠳᠣᠷᠣᠭᠰᠢ ᠪᠠᠭᠤᠯᠭᠠᠬᠤ ᠶᠢ ᠵᠤᠯᠭᠠᠭᠤᠯᠬᠤ ᠠᠵᠢᠯ ᠢ ᠰᠠᠶᠢᠲᠤᠷ ᠬᠢᠬᠦ ᠨᠢ᠂  ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠤᠨ ᠬᠠᠷᠢᠴᠠᠭ᠎ᠠ ᠶᠢ ᠰᠢᠯᠤᠭᠤᠳᠬᠠᠵᠤ᠂ ᠬᠤᠮᠠᠬᠢ ᠬᠡᠷᠡᠭ ᠶᠠᠪᠤᠳᠠᠯ ᠤᠨ ᠬᠠᠮᠢᠶᠠᠷᠤᠯᠲᠠ ᠶᠢ ᠪᠠᠭᠠᠰᠬᠠᠬᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠰ ᠪᠡᠶ᠎ᠡ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠪᠣᠯᠭᠠᠵᠤ᠂ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠪᠠᠭᠤᠯᠭᠠᠭᠰᠠᠨ ︽ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠬᠦ ᠨᠢᠭᠡᠴᠡ ᠶᠢᠨ ᠵᠥᠪᠰᠢᠶᠡᠷᠡᠯ︾ ᠵᠡᠷᠭᠡ ᠬᠢᠨᠠᠨ ᠵᠥᠪᠰᠢᠶᠡᠷᠡᠬᠦ ᠵᠦᠢᠯᠡᠰ ᠢ ᠬᠦᠯᠢᠶᠡᠨ ᠠᠪᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠲᠡᠷᠡ ᠶᠠᠩᠵᠤ ᠪᠠᠷ ᠨᠢ ᠵᠠᠯᠭᠠᠵᠤ ᠠᠪᠬᠤ ᠶᠢ ᠪᠠᠲᠤᠯᠠᠬᠤ ᠬᠡᠷᠡᠭᠲᠡᠢ︔ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠨᠢ  ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠶᠢᠨ ᠬᠠᠮᠲᠤ ᠪᠠᠰᠠ ᠲᠥᠷᠥᠯ ᠵᠦᠢᠯ ᠬᠤᠪᠢᠶᠠᠨ ᠵᠤᠯᠭᠠᠯᠳᠤᠬᠤ ᠲᠥᠰᠦᠯ ᠲᠣᠭᠲᠠᠭᠠᠵᠤ᠂ ᠪᠡᠶᠡᠯᠡᠭᠦᠯᠬᠦ ᠬᠤᠭᠤᠴᠠᠭ᠎ᠠ᠂ ᠠᠵᠢᠯ ᠤᠨ ᠱᠠᠭᠠᠷᠳᠠᠯᠭ᠎ᠠ ᠪᠣᠯᠣᠨ ᠡᠷᠬᠡ ᠮᠡᠳᠡᠯ ᠬᠠᠷᠢᠭᠤᠴᠠᠯᠭ᠎ᠠ ᠶᠢ ᠲᠣᠲᠣᠷᠬᠠᠶᠢᠯᠠᠵᠤ᠂ ᠳᠣᠷᠣᠭᠰᠢ ᠪᠠᠭᠤᠯᠭᠠᠭᠰᠠᠨ ᠤ ᠬᠤᠶᠢᠨ᠎ᠠ  ᠳᠠᠭᠠᠯᠳᠤᠭᠤᠯᠤᠯ ᠲᠥᠷᠥᠯ ᠵᠦᠢᠯ ᠵᠡᠷᠭᠡ ᠬᠡᠯᠪᠡᠷᠢ ᠶᠢ ᠨᠢ ᠥᠭᠡᠷᠡᠲᠡᠭᠦᠯᠦᠨ ᠠᠵᠤ ᠠᠬᠤᠢᠯᠠᠯ ᠤᠨ ᠳᠠᠷᠤᠭᠠᠰᠤ ᠶᠢ ᠨᠡᠮᠡᠭᠳᠡᠭᠦᠯᠬᠦ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠵᠤ᠂ ᠦᠨᠡᠨ ᠬᠦ ᠬᠦᠯᠢᠶᠡᠨ ᠠᠪᠴᠤ ᠰᠠᠶᠢᠲᠤᠷ ᠨᠠᠶᠢᠳᠠᠪᠤᠷᠢᠵᠢᠭᠤᠯᠬᠤ  ᠬᠡᠷᠡᠭᠲᠡᠶ᠃      ᠬᠥᠲᠥᠯᠥᠭᠴᠢ᠄      ᠡᠨᠡ ᠤᠳᠠᠭ᠎ᠠ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠭᠰᠠᠨ ᠤ ᠳᠠᠷᠠᠭ᠎ᠠ᠂ ᠠᠷᠠᠳ ᠢᠷᠭᠡᠳ ᠤᠴᠢᠷ  ᠶᠠᠪᠤᠳᠠᠯ ᠰᠢᠢᠳᠪᠦᠷᠢᠯᠡᠬᠦ ᠳᠤ ᠨᠡᠩ ᠳᠥᠭᠦᠮ ᠪᠣᠯᠣᠭᠰᠠᠨ ᠤᠤ︖      ᠹᠸᠡᠭ ᠶᠧ᠄      ᠨᠡᠩ ᠳᠥᠭᠦᠮ ᠪᠣᠯᠣᠭᠰᠠᠨ ᠢᠶᠠᠷ ᠪᠠᠷᠠᠬᠤ ᠦᠭᠡᠢ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠨᠡᠩ  ᠠᠶ᠎ᠠ ᠲᠠᠭᠠᠲᠠᠶ ᠪᠣᠯᠪᠠ᠃ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠭᠰᠠᠨ ᠰᠠᠭᠤᠷᠢᠨ ᠳᠡᠭᠡᠷ᠎ᠡ᠂ ᠪᠢᠳᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠎ ᠢ ᠪᠦᠬᠦ ᠲᠠᠯ᠎ᠠ ᠪᠠᠷ ᠰᠢᠯᠢᠳᠡᠭᠵᠢᠭᠦᠯᠪᠡ᠃ ︽ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠵᠥᠪᠰᠢᠶᠡᠷᠡᠬᠦ︾ ᠭᠤᠷᠪᠠ ᠶᠢ ᠰᠠᠯᠭᠠᠬᠤ ᠳᠦᠷᠢᠮ ᠢ ᠲᠡᠭᠦᠯᠳᠡᠷᠵᠢᠭᠦᠯᠵᠦ᠂ ᠨᠢᠭᠡ ︽ᠴᠣᠩᠬᠤᠪᠴᠢ︾ ᠬᠦᠯᠢᠶᠡᠨ ᠠᠪᠴᠤ ᠰᠢᠢᠳᠪᠦᠷᠢᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ︔ ᠬᠢᠨᠠᠨ ᠪᠠᠶᠢᠴᠠᠭᠠᠬᠤ ᠠᠵᠢᠯ ᠤᠨ ᠨᠠᠷᠢᠨ ᠳᠦᠷᠢᠮ ᠢ ᠲᠣᠭᠲᠠᠭᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠲᠣᠭᠲᠠᠭᠠᠬᠤ᠂ ᠬᠦᠷᠭᠡᠬᠦ ᠵᠡᠷᠭᠡ ᠵᠠᠩᠭᠢᠯᠠᠭ᠎ᠠ ᠶᠢ ᠬᠠᠯᠠᠨ ᠰᠠᠶᠢᠵᠢᠷᠠᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠭᠦᠢᠴᠡᠳᠬᠡᠬᠦ ᠴᠠᠭ  ᠤᠨ ᠬᠢᠵᠠᠭᠠᠷ ᠢ ᠠᠮᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠤᠳᠤ ᠪᠠᠶᠢᠭ᠎ᠠ ᠬᠢᠨᠠᠨ ᠵᠥᠪᠰᠢᠶᠡᠷᠡᠬᠦ ᠵᠦᠢᠯᠡᠰ ᠤᠨ ᠡᠮᠦᠨᠡᠬᠢ ᠵᠠᠩᠭᠢᠯᠠᠭ᠎ᠠ ᠶᠢ ᠢᠯᠭᠠᠷᠠᠭᠤᠯᠤᠨ ᠳᠦᠭᠦᠮᠴᠢᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠭᠦᠢᠴᠡᠳᠬᠡᠵᠦ ᠳᠠᠭᠤᠰᠬᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠵᠤ᠂ ᠨᠡᠶᠢᠭᠡᠮ ᠪᠠ ᠠᠵᠤ ᠠᠬᠤᠶᠢᠯᠠᠯ ᠎ ᠳᠤ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠴᠠᠭ ᠤᠨ ᠬᠢᠵᠠᠭᠠᠷ ᠢ 15 ᠠᠵᠢᠯᠯᠠᠬᠤ ᠡᠳᠦᠷ ᠪᠣᠯᠭᠠᠵᠤ᠂ ᠬᠠᠤᠯᠢ ᠶᠣᠰᠣᠭᠠᠷ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠴᠢᠬᠤᠯᠠᠲᠠᠢ ᠶᠢ ᠨᠢ 30 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠦᠨ᠎ᠡ ᠭᠡᠵᠦ ᠢᠯᠡ ᠪᠠᠷ ᠠᠮᠠᠯᠳᠠᠪᠠ᠃ ᠡᠭᠦᠨ ᠤ ᠬᠠᠮᠲᠤ᠂ ᠪᠢᠳᠡ ᠪᠠᠰᠠ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠨ ᠠᠬᠢᠭᠤᠯᠵᠤ᠂ 2015 ᠣᠨ ᠳᠤ ᠰᠦᠯᠵᠢᠶᠡᠨ ᠳᠡᠭᠡᠷ᠎ᠡ ᠰᠢᠢᠳᠪᠦᠷᠢᠯᠡᠬᠦ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠯᠲᠡ ᠬᠢᠵᠦ ᠪᠦᠲᠦᠭᠡᠨ ᠪᠠᠶᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠤᠷᠢᠳᠴᠢᠯᠠᠨ ᠬᠦᠯᠢᠶᠡᠨ ᠠᠪᠴᠤ ᠰᠢᠢᠳᠪᠦᠷᠢᠯᠡᠬᠦ ᠪᠠ ᠤᠷᠢᠳᠴᠢᠯᠠᠨ ᠬᠢᠨᠠᠨ ᠪᠠᠶᠢᠴᠠᠭᠠᠬᠤ ᠶᠢ ᠪᠡᠶᠡᠯᠡᠭᠦᠯᠵᠦ᠂ 2016 ᠣᠨ ᠪᠣᠯᠬᠤ ᠳᠤ ᠪᠤᠢ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠦᠢᠯ ᠤᠨ ᠪᠦᠬᠦ ᠴᠤᠪᠤᠷᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠪᠠ ᠪᠠᠶᠢᠴᠠᠭᠠᠨ ᠯᠠᠪᠯᠠᠵᠤ ᠮᠡᠳᠡᠭᠳᠡᠬᠦ ᠎ ᠶᠢ ᠪᠡᠶᠡᠯᠡᠭᠦᠯᠦᠨ᠎ᠡ᠃      ᠬᠥᠲᠥᠯᠥᠭᠴᠢ᠄      ᠪᠢ ︽ᠰᠠᠨᠠᠯ︾᠎ ᠳᠤ ᠮᠠᠨ ᠤ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠢᠨᠠᠨ ᠬᠠᠷᠭᠤᠭᠤᠯᠬᠤ ᠲᠥᠪ ᠪᠠᠶᠢᠭᠤᠯᠤᠨ᠎ᠠ ᠭᠡᠰᠡᠨ ᠢ ᠤᠯᠵᠤ ᠬᠠᠷᠠᠪᠠ᠂ ᠬᠤᠯᠪᠣᠭᠳᠠᠯ ᠪᠦᠬᠦᠢ ᠪᠠᠶᠢᠳᠠᠯ ᠢ ᠰᠦᠯᠵᠢᠶᠡᠨ ᠠᠨᠳᠠ ᠨᠠᠷ ᠲᠤ ᠲᠠᠨᠢᠯᠴᠠᠭᠤᠯᠤᠭᠠᠳ ᠦᠭᠭᠦᠨ᠎ᠡ ᠤᠤ︖      ᠹᠧᠩ ᠶᠧ᠄      ᠪᠤᠯᠤᠨ᠎ᠠ᠂ ︽ᠬᠦᠯᠢᠶᠡᠨ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠵᠦᠪᠰᠢᠶᠡᠷᠡᠬᠦ︾ ᠭᠤᠷᠪᠠ ᠶᠢ ᠰᠠᠯᠭᠠᠬᠤ ᠳᠦᠷᠢᠮ ᠢ ᠲᠡᠭᠦᠯᠳᠡᠷᠵᠢᠭᠦᠯᠵᠦ᠂ ︽ᠬᠢᠨᠠᠨ ᠬᠠᠷᠭᠤᠭᠤᠯᠠᠬᠤ︾ ᠡᠨᠡ ᠬᠦ ᠪᠣᠭᠤᠮᠲᠠ ᠶᠢ ᠰᠠᠶᠢᠲᠤᠷ ᠠᠳᠬᠤᠬᠤ ᠶᠢᠨ ᠲᠦᠯᠦᠭᠡ᠂ ᠮᠠᠨ ᠤ ᠲᠣᠪᠴᠢᠶ᠎ᠠ ᠲᠤᠰᠬᠠᠶ ᠬᠢᠨᠠᠨ ᠬᠠᠷᠭᠤᠭᠤᠯᠬᠤ ᠲᠥᠪ ᠪᠠᠶᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠢ ᠡᠷᠬᠢᠯᠡᠨ ᠰᠢᠢᠳᠪᠦᠷᠢᠯᠡᠬᠦ ᠳᠤ ᠬᠡᠷᠡᠭᠰᠡᠬᠦ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ ᠵᠣᠬᠢᠶᠠᠨ ᠪᠠᠶᠢᠭᠤᠯᠤᠯᠲᠠ ᠪᠠ ᠮᠥᠨ ᠴᠢᠨᠠᠷ ᠤᠨ ᠴᠢᠨᠠᠷᠲᠠᠶ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠢᠨᠠᠨ ᠲᠣᠭᠲᠠᠭᠠᠬᠤ ᠶᠠᠪᠤᠴᠠ ᠳᠤ ᠬᠢᠨᠠᠯᠲᠠ ᠲᠠᠯᠪᠢᠵᠤ᠂ ᠬᠢᠨᠠᠨ ᠲᠣᠭᠲᠠᠭᠠᠬᠤ ᠬᠥᠮᠦᠰ ᠢ ᠬᠠᠮᠢᠶᠠᠷᠬᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠢᠴᠢᠭ ᠵᠣᠬᠢᠶᠠᠵᠤ᠂ ᠬᠠᠮᠢᠶᠠᠷᠤᠯᠲᠠ᠂ ᠬᠢᠨᠠᠨ ᠬᠠᠷᠭᠤᠭᠤᠯᠬᠤ ᠮᠠᠲ᠋ᠧᠷᠢᠶᠠᠯ ᠢ ᠬᠠᠳᠠᠭᠠᠯᠠᠨ᠎ᠠ᠃ ᠬᠢᠨᠠᠨ ᠬᠠᠷᠭᠤᠭᠤᠯᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠠᠷ ᠦᠨᠡᠮᠯᠡᠯ ᠬᠢᠬᠦ᠂ ᠬᠢᠨᠠᠨ ᠬᠠᠷᠭᠤᠭᠤᠯᠬᠤ ᠮᠠᠲ᠋ᠧᠷᠢᠶᠠᠯ ᠳᠤ ᠬᠠᠮᠢᠶᠠᠷᠤᠯᠲᠠ᠂ ᠬᠠᠳᠠᠭᠠᠯᠠᠯᠲᠠ ᠬᠢᠨ᠎ᠡ᠃ ᠬᠢᠨᠠᠨ ᠬᠠᠷᠭᠤᠭᠤᠯᠬᠤ ᠲᠦᠪ ᠰᠢᠢᠳᠪᠦᠷᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠪᠦᠷᠢ ᠳᠤ ᠪᠠᠨ ᠬᠡᠷᠡᠭ ᠤᠨ ᠡᠪᠬᠡᠮᠡᠯ ᠪᠠᠶᠢᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠨᠢᠭᠡᠳᠦᠯᠲᠡᠶ ᠳᠠᠩᠰᠠᠯᠠᠵᠤ ᠬᠠᠳᠠᠭᠠᠯᠠᠨ᠎ᠠ᠃      ᠬᠥᠲᠥᠯᠥᠭᠴᠢ᠄      2014 ᠣᠨ ᠤ 7 ᠳ᠋ᠤᠭᠠᠷ ᠰᠠᠷ᠎ᠠ ᠳᠤ ᠨᠡᠶᠢᠲᠡᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠠᠯᠳᠡ ᠶᠢᠨ ᠠᠵᠢᠯ ᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠶᠢ  ᠬᠡᠷᠡᠭᠵᠢᠭᠦᠯᠦᠭᠡᠳ ᠨᠢᠭᠡᠨᠲᠡ ᠨᠢᠭᠡ ᠵᠢᠯ ᠭᠠᠷᠤᠶ ᠪᠣᠯᠵᠠᠶ᠂ ᠲᠡᠭᠡᠭᠡᠪᠡᠯ ᠪᠠᠷᠢᠮᠵᠢᠶᠠᠯᠠᠯᠲᠠ ᠶᠢᠨ ᠠᠵᠢᠯ ᠤᠨ ᠲᠠᠯ᠎ᠠ ᠪᠠᠷ ᠪᠢᠳᠠ ᠪᠠᠰᠠ ᠶᠠᠮᠠᠷ ᠲᠥᠯᠥᠪᠯᠡᠭᠡ ᠲᠤᠭᠲᠠᠭᠠᠬᠤ ᠭᠡᠵᠦ ᠪᠠᠶᠢᠭ᠎ᠠ ᠪᠤᠢ︖      ᠹᠧᠩ ᠶᠧ᠄      ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠠᠯᠳᠡ ᠶᠢᠨ ᠠᠵᠢᠯ ᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠭᠤᠷᠢᠨ ᠳᠡᠭᠡᠷ᠎ᠡ᠂ ᠳᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠤᠨ ᠪᠠᠷᠢᠮᠵᠢᠶᠠᠲᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠃ ︽ᠠᠵᠤ ᠠᠬᠤᠶᠢᠯᠠᠯ ᠤᠨ ᠪᠠᠷᠢᠮᠵᠢᠶ᠎ᠠ ᠶᠢ ᠳᠠᠩᠰᠠᠯᠠᠬᠤ ᠳᠦᠷᠢᠮ︾᠎ ᠢ ᠰᠢᠯᠢᠳᠡᠭᠵᠢᠭᠦᠯᠬᠦ᠂ ᠳᠦᠬᠦᠮᠴᠢᠯᠡᠬᠦ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠪᠠᠷᠢᠮᠵᠢᠶ᠎ᠠ ᠪᠠᠨ ᠥᠪᠡᠷ ᠢᠶᠠᠨ ᠢᠯᠡᠷᠬᠡᠶᠢᠯᠡᠬᠦ ᠶᠢ ᠢᠯᠡ ᠪᠣᠯᠭᠠᠬᠤ ᠪᠠ ᠬᠢᠨᠠᠯᠲᠠ ᠲᠠᠯᠪᠢᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠦᠢᠯᠡᠳᠬᠦᠨ ᠤ ᠪᠠᠷᠢᠮᠵᠢᠶ᠎ᠠ ᠶᠢᠨ ᠳᠠᠩᠰᠠᠯᠠᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ︔ ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠪᠠᠷᠢᠮᠵᠢᠶ᠎ᠠ ᠪᠠᠨ ᠥᠪᠡᠷ ᠢᠶᠠᠨ ᠢᠯᠡᠷᠬᠡᠶᠢᠯᠡᠬᠦ ᠶᠢ ᠢᠯᠡ ᠪᠤᠯᠭᠠᠬᠤ ᠶᠢ ᠦᠷᠨᠢᠭᠦᠯᠵᠦ᠂ ᠦᠢᠯᠡᠳᠬᠦᠨ ᠪᠠ ᠦᠢᠯᠡᠴᠢᠯᠡᠭᠡᠨ ᠤ ᠴᠢᠳᠠᠮᠵᠢ ᠶᠢ ᠱᠠᠭᠠᠷᠳᠠᠯᠭ᠎ᠠ ᠪᠠ ᠮᠡᠷᠭᠡᠵᠢᠯ ᠤᠨ ᠭᠦᠢᠴᠡᠳᠬᠡᠬᠦ ᠲᠤᠭ᠎ᠠ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠶᠢᠨ ᠬᠠᠮᠲᠤ ᠴᠢᠩᠭ᠎ᠠ ᠵᠢᠷᠤᠮᠯᠠᠬᠤ ᠪᠦᠭᠡᠳ ᠬᠠᠷᠢᠭᠤᠴᠠᠵᠤ᠂ ᠨᠡᠶᠢᠭᠡᠮ ᠪᠣᠯᠤᠨ ᠠᠵᠤ ᠠᠬᠤᠶᠢᠯᠠᠯ ᠶᠢᠨ ᠬᠢᠨᠠᠯᠲᠠ ᠶᠢ ᠬᠦᠢᠯᠢᠶᠡᠬᠦ ᠪᠠᠨ ᠢᠯᠡ ᠪᠠᠷ ᠠᠮᠠᠯᠠᠭᠳᠠᠵᠠᠢ᠂ 2016 ᠣᠨ ᠳᠤ ᠡᠬᠢᠯᠡᠨ ᠡᠩ ᠲᠡᠷᠢᠭᠦᠨ ᠳᠤ ᠬᠥᠬᠡᠬᠤᠲᠠ᠂ ᠲᠦᠩᠯᠢᠶᠣᠤ ᠬᠤᠲᠠ ᠥᠪᠡᠷ ᠤᠨ ᠢᠯᠡᠷᠬᠡᠶᠢᠯᠡᠯᠲᠡ ᠪᠠᠨ ᠢᠯᠡ ᠪᠣᠯᠭᠠᠬᠤ ᠳᠦᠷᠢᠮ ᠢ ᠬᠡᠷᠡᠭᠵᠢᠭᠦᠯᠵᠦ᠂ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ ᠠᠯᠬᠤᠮ ᠠᠯᠬᠤᠮ ᠢᠶᠠᠷ ᠪᠦᠬᠦ ᠤᠷᠤᠨ ᠳᠤ ᠳᠡᠯᠭᠡᠷᠡᠭᠦᠯᠦᠨ᠎ᠡ᠃      ᠬᠥᠲᠥᠯᠥᠭᠴᠢ᠄      ᠤᠳᠤ ᠡᠯ᠎ᠡ ᠭᠠᠵᠠᠷ ᠤᠨ ᠵᠠᠰᠠᠭ ᠤᠨ ᠣᠷᠳᠣᠨ ︽ᠨᠢᠭᠡ ᠦᠨᠡᠮᠯᠡᠯ ᠳᠤ ᠨᠢᠭᠡ ᠲᠦᠯᠦᠭᠡᠨ ᠤ ᠨᠤᠮᠧᠷ︾᠎ ᠤᠨ ᠳᠦᠷᠢᠮ ᠢ ᠨᠡᠶᠢᠳᠡᠮ ᠬᠡᠷᠡᠭᠵᠢᠭᠦᠯᠵᠡᠢ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠤ ᠨᠣᠮᠧᠷ ᠤᠨ ᠬᠢᠨᠠᠨ ᠬᠠᠮᠢᠶᠠᠷᠬᠤ ᠨᠢᠭᠡᠴᠡ ᠪᠣᠯᠤᠭᠰᠠᠨ ᠤ ᠬᠤᠪᠢ ᠳᠤ ᠶᠠᠮᠠᠷ ᠬᠥᠳᠡᠯᠦᠯ ᠲᠠᠢ ᠪᠠᠶᠢᠬᠤ ᠪᠤᠢ︖      ᠹᠧᠩ ᠶᠧ᠄      ᠪᠢᠳᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠤ ᠨᠣᠮᠧᠷ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ︽ᠨᠢᠭᠡ ᠦᠨᠡᠮᠯᠡᠯ ᠳᠤ ᠨᠢᠭᠡ ᠲᠦᠯᠦᠭᠡᠨ ᠤ ᠨᠤᠮᠧᠷ︾᠎ ᠲᠠᠢ ᠪᠠᠶᠢᠬᠤ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠨᠢᠭᠡᠳᠦᠯᠲᠡᠢ ᠲᠦᠯᠦᠭᠡᠨ ᠤ ᠨᠤᠮᠧᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠬᠢᠵᠦ᠂ 2017 ᠣᠨ ᠤ ᠡᠴᠦᠰ ᠠᠴᠠ ᠡᠮᠦᠨ᠎ᠡ ᠨᠢᠭᠡᠳᠦᠯᠳᠡᠢ ᠲᠦᠯᠦᠭᠡᠨ ᠤ ᠨᠤᠮᠧᠷ ᠤᠨ ᠳ᠋ᠠᠶᠢᠲ᠋ᠠ ᠶᠢᠨ ᠬᠦᠮᠦᠷᠭᠡ ᠪᠠᠶᠢᠭᠤᠯᠵᠤ᠂ ᠡᠯ᠎ᠡ ᠰᠠᠯᠠᠭ᠎ᠠ ᠮᠥᠴᠢᠷ ᠲᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠨᠢᠭᠡᠳᠦᠯᠲᠡᠶ ᠲᠦᠯᠦᠭᠡᠨ ᠤ ᠨᠤᠮᠧᠷ ᠤᠯᠭᠤᠭᠰᠠᠨ ᠤ ᠳᠠᠷᠠᠭᠠᠬᠢ ᠬᠢᠨᠠᠨ ᠬᠠᠷᠭᠤᠭᠤᠯᠬᠤ ᠠᠵᠢᠯ ᠢ ᠴᠢᠩᠭᠠᠳᠬᠠᠬᠤ ᠶᠢᠨ ᠬᠠᠮᠲᠤ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠨᠤᠮᠧᠷ ᠤᠨ ᠮᠡᠳᠡᠭᠡ ᠵᠠᠩᠭᠢ ᠶᠢᠨ ᠬᠠᠷᠢᠭᠤ ᠳᠠᠮᠵᠢᠭᠤᠯᠬᠤ᠂ ᠪᠠᠷᠢᠮᠵᠢᠶ᠎ᠠ ᠲᠣᠭᠲᠠᠭᠠᠬᠤ ᠪᠠ ᠨᠤᠮᠧᠷ ᠣᠯᠭᠤᠬᠤ ᠠᠵᠢᠯ ᠢ ᠰᠠᠶᠢᠲᠤᠷ ᠬᠢᠬᠦ ᠪᠤᠯᠤᠨ᠎ᠠ᠃      ᠬᠥᠲᠥᠯᠥᠭᠴᠢ᠄      ︽ᠰᠠᠨᠠᠯ︾᠎ ᠳᠤ ᠳᠤᠷᠠᠳᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠳᠠᠪᠲᠠᠨ ᠪᠠᠶᠢᠴᠠᠭᠠᠵᠤ ᠦᠨᠡᠮᠯᠡᠯ ᠰᠣᠯᠢᠬᠤ ᠬᠡᠯᠪᠡᠷᠢ ᠶᠢ ᠲᠡᠭᠦᠯᠳᠡᠷᠵᠢᠭᠦᠯᠦᠨ᠎ᠡ ᠭᠡᠵᠡᠢ᠂ ᠹᠸᠡᠭ ᠲᠣᠪᠴᠢᠶᠠᠨ ᠳᠠᠷᠤᠭ᠎ᠠ ᠡᠨᠡ ᠲᠠᠯ᠎ᠠ ᠶᠢᠨ ᠪᠠᠶᠢᠳᠠᠯ ᠢ ᠲᠠᠨᠢᠯᠴᠠᠭᠤᠯᠵᠤ ᠥᠭᠭᠦᠨ᠎ᠡ ᠤᠤ︖      ᠹᠧᠩ ᠶᠧ᠄      ᠪᠤᠯᠤᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠳᠠᠪᠲᠠᠨ ᠪᠠᠶᠢᠴᠠᠭᠠᠵᠤ ᠦᠨᠡᠮᠯᠡᠯ ᠰᠣᠯᠢᠬᠤ ᠬᠡᠯᠪᠡᠷᠢ ᠶᠢ ᠲᠡᠭᠦᠯᠳᠡᠷᠵᠢᠭᠦᠯᠬᠦ ᠨᠢ ᠳᠠᠷᠤᠶ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠦᠯ ᠵᠦᠢᠯ ᠳᠤ ︽ᠤᠷᠢᠳᠠᠪᠠᠷ ᠦᠨᠡᠮᠯᠡᠯ ᠣᠯᠭᠤᠵᠤ ᠲᠠᠷᠠᠭ᠎ᠠ ᠨᠢ ᠬᠢᠨᠠᠬᠤ︾ ᠲᠦᠷᠢᠮ ᠢ ᠰᠦᠪᠡᠭᠴᠢᠯᠡᠨ ᠪᠠᠶᠢᠭᠤᠯᠵᠤ᠂ ᠭᠤᠶᠤᠴᠢᠯᠠᠭᠴᠢ ᠨᠢ ᠥᠪᠡᠷ ᠤᠨ ᠢᠯᠡᠷᠬᠡᠶᠢᠯᠡᠯᠲᠡ᠂ ᠮᠡᠳᠡᠭᠡ ᠵᠠᠩᠭᠢ ᠶᠢ ᠢᠯᠡ ᠪᠣᠯᠭᠠᠬᠤ᠂ ᠦᠨᠡᠮᠯᠡᠯl ᠤᠯᠭᠤᠭᠰᠠᠨ ᠤ ᠲᠠᠷᠠᠭ᠎ᠠ ᠨᠢ ᠰᠤᠭᠤᠴᠢᠨ ᠪᠠᠶᠢᠴᠠᠭᠠᠬᠤ ᠠᠷᠭ᠎ᠠ ᠶᠢ ᠬᠡᠷᠡᠭᠵᠢᠭᠦᠯᠦᠨ᠎ᠡ᠃ 2016 ᠣᠨ ᠠᠴᠠ ᠡᠬᠢᠯᠡᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠦᠢᠯ ᠶᠢᠨ ᠬᠡᠮᠵᠢᠯᠲᠡ ᠳᠤ ᠲᠤᠷᠰᠢᠯᠲᠠ ᠶᠢᠨ ᠴᠢᠭ᠋ ᠭᠠᠷᠭᠠᠵᠤ᠂ ᠲᠤᠷᠰᠢᠯᠭ᠎ᠠ ᠪᠠᠨ ᠳ᠋ᠦᠩᠨᠡᠨ᠂ ᠲᠦᠷᠢᠮ ᠲᠤᠭᠲᠠᠭᠠᠯ ᠢ ᠲᠡᠭᠦᠯᠳᠡᠷᠵᠢᠭᠦᠯᠵᠦ᠂ ᠪᠤᠰᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠳᠤ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠣᠯᠤᠭᠰᠠᠨ᠂ ᠲᠤᠮᠤ ᠬᠡᠯᠪᠡᠷᠢ ᠶᠢᠨ ᠪᠠ ᠵᠠᠬ᠎ᠠ ᠳᠡᠯᠭᠡᠭᠦᠷ ᠲᠤ ᠭᠠᠷᠭᠠᠬᠤ ᠠᠵᠤ ᠠᠬᠤᠶᠢᠯᠠᠯ ᠳᠤ ︽ᠰᠠᠭᠠᠳ ᠥᠭᠡᠢ ᠨᠡᠪᠲᠡᠷᠡᠬᠦ ᠵᠠᠮ︾ ᠨᠡᠭᠡᠭᠡᠵᠦ᠂ ᠬᠢᠨᠠᠨ ᠵᠦᠪᠰᠢᠶᠡᠷᠡᠯ ᠢ ᠬᠡᠯᠡᠵᠦ ᠦᠭᠬᠦ ᠵᠠᠭᠪᠤᠷ ᠢ ᠬᠠᠶᠢᠨ ᠰᠦᠪᠡᠭᠴᠢᠯᠡᠨ ᠬᠡᠷᠡᠭᠵᠢᠭᠦᠯᠵᠦ᠂ ᠪᠣᠳᠠᠲᠤ ᠭᠠᠵᠠᠷ ᠲᠤ ᠬᠢᠨᠠᠨ ᠪᠠᠶᠢᠴᠠᠭᠠᠯᠲᠠ ᠬᠢᠬᠦ ᠶᠢ ᠬᠡᠯᠲᠦᠷᠢᠭᠦᠯᠵᠦ᠂ ᠥᠷᠭᠡᠳᠬᠡᠬᠦ ᠵᠦᠢᠯ ᠤᠨ ᠬᠢᠨᠠᠨ ᠰᠢᠯᠭᠠᠬᠤ ᠠᠭᠤᠯᠭ᠎ᠠ ᠶᠢ ᠪᠠᠭᠠᠰᠬᠠᠨ᠎ᠠ᠃      ᠬᠥᠲᠥᠯᠥᠭᠴᠢ᠄      ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠲᠠᠯ᠎ᠠ ᠪᠠᠷ ᠪᠢᠳᠡ ᠪᠠᠰᠠ ᠶᠠᠮᠠᠷ ᠠᠷᠭ᠎ᠠ ᠪᠠᠷᠢᠯ ᠠᠪᠤᠭᠰᠠᠨ ᠪᠤᠢ︖      ᠹᠧᠩ ᠶᠧ᠄      ᠪᠢᠳᠡ ᠭᠤᠣᠯᠳᠠᠭᠤ ᠳᠣᠣᠷᠠᠬᠢ ᠮᠡᠲᠦ ᠬᠡᠳᠦᠨ ᠲᠠᠯ᠎ᠠ ᠶᠢᠨ ᠠᠵᠢᠯ ᠢ ᠦᠷᠨᠢᠭᠦᠯᠪᠡ᠃ ᠨᠢᠭᠡ ᠳᠤ ᠶᠠᠪᠤᠭᠤᠯᠵᠤ᠂ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠶᠠᠪᠤᠭᠤᠯᠪᠠ᠃ ᠣᠷᠣᠨ ᠤ ᠲᠤᠪᠴᠢᠶ᠎ᠠ ᠶᠢᠨ ᠡᠯ᠎ᠡ ᠮᠡᠷᠭᠡᠵᠢᠯ ᠤᠨ ᠪᠠᠶᠢᠭᠤᠯᠤᠮᠵᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠲᠢᠩᠬᠢᠮ ᠪᠠᠶᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠵᠠᠭᠪᠤᠷ ᠬᠦᠯᠢᠶᠡᠨ ᠠᠪᠬᠤ᠂ ᠰᠢᠯᠭᠠᠨ ᠪᠠᠶᠢᠴᠠᠭᠠᠬᠤ ᠵᠠᠷᠤᠳᠠᠯ ᠵᠢᠴᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠ ᠦᠨᠡᠮᠯᠡᠯ ᠣᠯᠭᠤᠬᠤ ᠵᠡᠷᠭᠡ ᠳᠤ ︽ᠨᠢᠭᠡ ᠦᠷᠳᠡᠭᠡᠯᠢᠭ︾ ᠦᠢᠯᠡᠴᠢᠯᠡᠭᠡ ᠬᠠᠩᠭᠠᠵᠤ᠂ ︽ᠬᠦᠯᠢᠶᠡᠨ ᠠᠪᠬᠤ ᠴᠣᠩᠬᠤ︾᠎ ᠳᠤ ᠭᠦᠢᠴᠡᠳᠬᠡᠬᠦ ᠶᠠᠪᠤᠴᠠ ᠪᠠ ᠬᠡᠷᠡᠭ ᠡᠷᠬᠢᠯᠡᠬᠦ ᠵᠦᠭᠯᠡᠭᠦᠷ ᠢ ᠵᠠᠷᠯᠠᠵᠤ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ᠂ ᠭᠦᠢᠴᠡᠳᠬᠡᠬᠦ ᠴᠠᠭ ᠤᠨ ᠬᠢᠵᠠᠭᠠᠷ ᠢ ᠢᠯᠡ ᠪᠠᠷ ᠠᠮᠠᠯᠠᠬᠤ᠂ ᠤᠷᠢᠳᠠᠪᠠᠷ ᠭᠠᠷᠳᠠᠭᠴᠢ ᠪᠦᠬᠦᠨ ᠢ ᠬᠠᠷᠢᠭᠤᠴᠠᠬᠤ ᠲᠦᠷᠢᠮ ᠢ ᠶᠠᠪᠤᠭᠤᠯᠤᠨ᠎ᠠ︔ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ᠂ ᠬᠡᠮᠵᠢᠯᠲᠡ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠠᠵᠤ ᠠᠬᠤᠶᠢᠯᠠᠯ᠂ ᠤᠯᠠᠨ ᠲᠦᠮᠡᠨ ᠤ ᠬᠡᠷᠡᠭ ᠢ ᠲᠡᠷᠡ ᠳᠠᠷᠤᠶ ᠳᠤᠨᠢ ᠰᠢᠢᠳᠪᠦᠷᠢᠯᠡᠬᠦ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠭᠡᠯ ᠢᠶᠠᠨ ᠳᠡᠭᠡᠭᠰᠢᠯᠡᠭᠦᠯᠦᠨ᠎ᠡ᠃ ᠬᠤᠶᠠᠷ ᠲᠤ᠂ ᠬᠡᠷᠡᠭᠯᠡᠭᠴᠢ ᠶᠢᠨ ᠬᠠᠨᠤᠮᠵᠢ ᠶᠢᠨ ᠬᠡᠮᠵᠢᠶ᠎ᠡ ᠳᠤ ᠬᠡᠮᠵᠢᠨ ᠲᠣᠭᠲᠠᠭᠠᠯᠲᠠ ᠬᠢᠨ᠎ᠡ᠃ ᠤᠯᠠᠨ ᠵᠦᠢᠯ ᠤᠨ ᠬᠡᠯᠪᠡᠷᠢ ᠶᠢᠨ ᠬᠡᠷᠡᠭᠯᠡᠭᠴᠢᠳ ᠤᠨ ᠬᠠᠷᠢᠭᠤ ᠰᠤᠷᠪᠤᠯᠵᠢᠯᠠᠭ᠎ᠠ ᠦᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠡᠷᠡᠭᠯᠡᠭᠴᠢ ᠲᠠᠢ ᠨᠠᠪᠲᠡᠷᠡᠯᠴᠡᠵᠦ᠂ ᠪᠠᠶᠢᠴᠠᠭᠠᠯᠲᠠ ᠶᠢᠨ ᠬᠦᠰᠦᠨᠦᠭᠲᠦ᠂ ᠳ᠋ᠢᠶᠠᠩᠬᠤᠸᠠ᠂ ᠢᠮᠸᠢᠢᠯ᠂ ᠠᠵᠤ ᠠᠬᠤᠶᠢᠯᠠᠯ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ ᠪᠠᠷ ᠬᠠᠨᠤᠮᠵᠢᠲᠤ ᠬᠡᠮᠵᠢᠶ᠎ᠡ ᠶᠢᠨ ᠬᠢᠨᠠᠨ ᠰᠢᠯᠭᠠᠯᠲᠠ ᠶᠢ ᠥᠷᠨᠢᠭᠦᠯᠬᠦ ᠶᠢᠨ ᠬᠠᠮᠲᠤ ᠬᠢᠨᠠᠨ ᠰᠢᠯᠭᠠᠵᠤ ᠦᠨᠡᠯᠡᠭᠰᠡᠨ ᠦᠷ᠎ᠡ ᠳ᠋ᠦᠩ ᠪᠠ ᠰᠠᠨᠠᠯ ᠰᠠᠨᠠᠭᠤᠯᠭ᠎ᠠ ᠳᠤ ᠵᠠᠳᠠᠯᠤᠯᠲᠠ ᠬᠢᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠷᠪᠠ ᠳᠤ᠂ ᠠᠵᠤ ᠠᠬᠤᠶᠢᠯᠠᠯ ᠳᠤ ᠨᠠᠷᠢᠯᠢᠭ ᠣᠨᠣᠴᠢᠲᠠᠶ ᠪᠠᠷ ᠬᠠᠪᠰᠤᠷᠴᠤ ᠦᠢᠯᠡᠴᠢᠯᠡᠬᠦ ᠶᠢ ᠪᠡᠶᠡᠯᠡᠭᠦᠯᠦᠨ᠎ᠡ᠃ ᠠᠵᠤ ᠦᠢᠯᠡᠰ ᠤᠨ ᠬᠦᠭᠵᠢᠯᠲᠡ ᠪᠠ ᠠᠵᠤ ᠠᠬᠤᠶᠢᠯᠠᠯ ᠤᠨ ᠬᠡᠷᠡᠭᠴᠡᠭᠡ ᠶᠢᠨ ᠲᠤᠭᠤᠷᠢᠨ ᠳᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠲᠤᠰ ᠲᠤᠰ ᠤᠨ ᠮᠡᠷᠭᠡᠵᠢᠯ ᠤᠨ ᠳᠠᠪᠠᠭᠤᠯᠢᠭ ᠲᠠᠯ᠎ᠠ ᠶᠢ ᠤᠶᠠᠯᠳᠤᠭᠤᠯᠵᠤ᠂ ᠢᠳᠡᠪᠬᠢᠲᠡᠶ ᠪᠠᠷ ᠠᠵᠤ ᠠᠬᠤᠶᠢᠯᠠᠯ ᠲᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠮᠡᠷᠭᠡᠵᠢᠯ ᠤᠨ ᠰᠤᠳᠤᠯᠤᠨ ᠨᠡᠭᠡᠭᠡᠬᠦ᠂ ᠪᠠᠷᠢᠮᠵᠢᠶᠠᠲᠤ ᠰᠢᠰᠲ᠋ᠧᠮᠵᠢ ᠶᠢᠨ ᠵᠥᠪᠯᠡᠯᠭᠡ ᠥᠭᠬᠦ᠂ ᠶᠠᠰᠤ ᠴᠢᠨᠠᠷ ᠤᠨ ᠬᠠᠮᠢᠶᠠᠷᠤᠯᠲᠠ ᠪᠠ ᠠᠶᠤᠯ ᠤᠢᠭᠡᠢ ᠶᠢᠨ ᠠᠵᠢᠯᠲᠠᠳ ᠢ ᠪᠤᠯᠪᠠᠰᠤᠷᠠᠭᠤᠯᠤᠭᠰᠠᠨ ᠡᠰᠡᠬᠦ᠂ ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠵᠡᠷᠭᠡ ︽ᠮᠠᠶ᠋ᠢᠭ︾᠎ ᠤᠨ ᠦᠢᠯᠡᠴᠢᠯᠡᠭᠡ ᠬᠠᠩᠭᠠᠬᠤ︔ ᠠᠵᠤ ᠠᠬᠤᠶᠢᠯᠠᠯ ᠪᠠ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠳᠤ ᠭᠦᠨᠵᠡᠭᠡᠶᠢᠷᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠢ ᠬᠠᠪᠰᠤᠷᠴᠤ ᠶᠠᠰᠤ ᠴᠢᠨᠠᠷ ᠤᠨ ᠪᠠᠶᠢᠳᠠᠯ ᠢ ᠵᠠᠳᠠᠯᠵᠤ᠂ ᠦᠢᠯᠡᠳᠬᠦᠨ ᠤ ᠬᠢᠷᠢ ᠲᠡᠩᠴᠡᠬᠦ ᠨᠣᠷᠮ᠎ᠠ ᠶᠢ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠢ ᠬᠠᠪᠰᠤᠷᠴᠤ QC ᠳᠤᠭᠤᠶᠢᠯᠠᠩ ᠢ ᠦᠷᠨᠢᠭᠦᠯᠵᠦ᠂ ᠭᠠᠷᠮᠠᠭᠠᠶ ᠠᠮᠵᠢᠯᠲᠠ ᠪᠦᠲᠦᠮᠵᠢ ᠶᠢᠨ ᠶᠠᠰᠤ ᠴᠢᠨᠠᠷ ᠤᠨ ᠬᠠᠮᠢᠶᠠᠷᠤᠯᠲᠠ ᠵᠡᠷᠭᠡ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠳᠡᠯᠭᠡᠷᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠤᠯᠬᠤ ᠴᠢᠨᠠᠷ ᠢ ᠴᠢᠩᠭᠠᠳᠬᠠᠨ᠎ᠠ᠃      ᠹᠧᠩ ᠶᠧ᠄      ᠲᠦᠷᠪᠡ ᠳᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠬᠢᠨ᠎ᠡ᠃ ᠬᠡᠮᠵᠢᠯᠲᠡ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠷᠢᠮᠵᠢᠶᠡᠭᠤᠯᠬᠤ᠂ ᠬᠡᠮᠵᠢᠬᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠶᠢ ᠤᠶᠠᠯᠳᠤᠭᠤᠯᠤᠭᠰᠠᠨ ᠡᠨᠧᠷᠭᠢ ᠠᠷᠪᠢᠯᠠᠨ ᠬᠤᠷᠤᠭᠳᠠᠯ ᠢ ᠪᠠᠭᠠᠰᠬᠠᠬᠤ ᠦᠢᠯᠡᠴᠢᠯᠡᠭᠡᠨ ᠤ ᠲᠣᠭᠲᠠᠴᠠ ᠶᠤᠰᠤᠭᠠᠷ᠂ ᠦᠨ᠎ᠡ ᠲᠥᠯᠥᠪᠦᠷᠢ ᠦᠭᠡᠢ ᠪᠠᠷ ᠪᠦᠬᠦ ᠣᠷᠣᠨ ᠤ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠤᠨ ᠮᠡᠷᠭᠡᠵᠢᠯ ᠤᠨ ᠡᠨᠧᠷᠭᠢ ᠠᠷᠪᠢᠯᠠᠬᠤ ᠲᠤᠬᠠᠶ ᠵᠥᠪᠯᠡᠯᠭᠡ ᠥᠭᠬᠦ ᠦᠢᠯᠡᠴᠢᠯᠡᠭᠡ ᠬᠠᠩᠭᠠᠬᠤ︔ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠪᠠᠷᠢᠮᠵᠢᠶ᠎ᠠ ᠶᠢ ᠶᠡᠬᠡᠪᠡᠷ ᠳᠡᠯᠭᠡᠷᠡᠭᠦᠯᠵᠦ᠂ ᠨᠡᠭᠦᠷᠡᠰᠦ ᠲᠦᠯᠡᠬᠦ ᠵᠤᠤᠬ᠎ᠠ ᠶᠢᠨ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠶᠢ ᠳᠡᠭᠡᠭᠰᠢᠯᠡᠭᠦᠯᠬᠦ ᠢᠨ᠋ᠵᠧᠨᠧᠷᠢᠩ ᠢ ᠲᠦᠷᠭᠡᠳᠬᠡᠨ ᠠᠬᠢᠭᠤᠯᠵᠤ᠂ ᠨᠡᠭᠦᠷᠡᠰᠦ ᠲᠦᠯᠡᠬᠦ ᠠᠵᠤ ᠦᠢᠯᠡᠳᠪᠦᠷᠢ ᠶᠢᠨ ᠰᠢᠲᠠᠭᠠᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠨᠡᠶᠢᠳᠡᠮ ᠪᠠᠶᠢᠴᠠᠭᠠᠯᠲᠠ ᠥᠷᠨᠢᠭᠦᠯᠬᠦ᠂ ᠰᠢᠲᠠᠭᠠᠯᠭ᠎ᠠ ᠶᠢᠨ ᠰᠢᠰᠲ᠋ᠧᠮ ᠤᠨ ᠠᠮᠤᠷ ᠲᠦᠪᠰᠢᠨ ᠡᠨᠧᠷᠬᠢ ᠠᠷᠪᠢᠯᠠᠬᠤ ᠪᠠᠷᠢᠮᠵᠢᠶᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠳᠡᠭ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠨ᠎ᠠ᠃ ᠲᠠᠪᠤ ᠳᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠶᠡᠷᠦᠩᠬᠡᠶ ᠲᠤᠬᠠᠶᠢᠯᠠᠭᠰᠠᠨ ᠠᠵᠢᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ︽ᠰᠦᠯᠵᠢᠶᠡᠨ ᠳᠡᠭᠡᠷ᠎ᠡ ᠬᠡᠷᠡᠭ ᠡᠷᠬᠢᠯᠡᠬᠦ ᠰᠢᠰᠲ᠋ᠧᠮ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ᠂ ᠬᠡᠷᠡᠭᠯᠡᠬᠦ ᠦᠢᠯᠡᠴᠢᠯᠡᠭᠡᠨ ᠤ ᠰᠢᠰᠲ᠋ᠧᠮ︾ ᠭᠤᠷᠪᠠᠨ ᠶᠡᠭᠡ ᠰᠢᠰᠲ᠋ᠧᠮ ᠢ ᠪᠠᠶᠢᠭᠤᠯᠵᠤ᠂ ᠦᠢᠯᠡᠳᠬᠦᠨ ᠤ ᠶᠠᠰᠤ ᠴᠢᠨᠠᠷ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠᠶᠢᠳᠠᠯ ᠤᠨ ᠬᠢᠨᠠᠯᠲᠠ ᠬᠠᠮᠢᠶᠠᠷᠤᠯᠲᠠ᠂ ᠪᠠᠷᠢᠮᠵᠢᠶᠠᠵᠢᠭᠰᠠᠨ᠂ ᠬᠡᠮᠵᠢᠯᠲᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠵᠠᠳᠠᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠳᠠᠯ ᠬᠠᠭᠤᠷᠮᠠᠭ ᠶᠠᠪᠤᠳᠠᠯ ᠳᠤ ᠴᠤᠬᠢᠯᠲᠠ ᠦᠭᠬᠦ ᠶᠡᠷᠦᠩᠬᠡᠶᠢᠯᠡᠭᠰᠡᠨ ᠮᠡᠳᠡᠭᠡ ᠵᠠᠩᠭᠢ᠂ ︽12365︾ ᠶᠠᠰᠤ ᠴᠢᠨᠠᠷ ᠤᠨ ᠵᠠᠭᠠᠯᠳᠤᠵᠤ ᠴᠤᠬᠢᠯᠲᠠ ᠦᠭᠴᠦ ᠢᠯᠡᠴᠢᠯᠡᠨ ᠮᠡᠳᠡᠭᠦᠯᠬᠦ᠂ ︽96116︾ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠪᠴᠠᠩ ᠵᠡᠷᠭᠡ ᠰᠢᠰᠲ᠋ᠧᠮ ᠢ ᠬᠠᠮᠤᠷᠠᠨ᠎ᠠ᠃ ᠲᠤᠬᠠᠶᠢᠯᠠᠭᠰᠠᠨ ᠠᠵᠢᠯ ᠤᠨ ᠯᠠᠪᠯᠠᠯᠭ᠎ᠠ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠨᠡᠪᠲᠡᠷᠡᠭᠦᠯᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠣᠯᠢᠯᠴᠠᠭ᠎ᠠ᠂ ᠦᠢᠯᠡᠳᠬᠦᠨ ᠤ ᠮᠡᠷᠭᠡᠵᠢᠯ ᠤᠨ ᠤᠨᠤᠰᠢᠯᠠᠯᠲᠠ᠂ ᠰᠦᠯᠵᠢᠶᠡᠨ ᠳᠡᠭᠡᠷ᠎ᠡ ᠠᠯᠤᠰ ᠬᠡᠳᠦ ᠶᠢᠨ ᠪᠤᠯᠪᠠᠰᠤᠷᠠᠭᠤᠯᠤᠯ ᠬᠢᠬᠦ ᠵᠡᠷᠭᠡ ᠢᠨᠲ᠋ᠧᠷ ᠰᠦᠯᠵᠢᠶ᠎ᠡ + ᠦᠢᠯᠡᠴᠢᠯᠡᠭᠡᠨ ᠤ ᠬᠡᠯᠪᠡᠷᠢ ᠶᠢ ᠪᠡᠶᠡᠯᠡᠭᠦᠯᠦᠨ᠎ᠡ᠃ 2016 ᠤᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠡᠶᠡᠯᠡᠭᠦᠯᠵᠦ᠂ 2017 ᠤᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠨ᠎ᠠ᠃      ᠹᠧᠩ ᠶᠧ᠄      ᠵᠢᠷᠭᠤᠭ᠎ᠠ ᠳᠤ᠂ ᠪᠠᠷᠢᠮᠵᠢᠶᠠᠵᠢᠭᠤᠯᠬᠤ᠂ ᠬᠡᠮᠵᠢᠬᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠭᠡᠷᠡᠴᠢᠯᠡᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠬᠡᠷᠡᠭᠵᠢᠭᠦᠯᠵᠦ ᠪᠠᠶᠢᠬᠤ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠳᠤ ᠢᠳᠡᠪᠬᠢᠲᠡᠶ ᠪᠠᠷ ᠦᠢᠯᠡᠴᠢᠯᠡᠵᠦ᠂ ᠬᠥᠬᠡᠬᠤᠲᠠ ᠪᠠᠷ ᠲᠦᠪ ᠪᠤᠯᠭᠠᠨ ᠪᠦᠲᠦᠭᠡᠨ ᠪᠠᠶᠢᠭᠤᠯᠵᠤ᠂ ᠥᠪᠥᠷ ᠮᠣᠩᠭᠤᠯ ᠳᠤ ᠦᠢᠯᠡᠴᠢᠯᠡᠵᠦ᠂ ᠤᠮᠠᠷᠠᠰᠢ ᠨᠡᠭᠡᠭᠡᠬᠦ ᠤᠯᠤᠰ ᠤᠨ ᠲᠡᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠪᠠ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠨᠡᠮᠡᠭᠳᠡᠭᠦᠯᠵᠦ᠂ ᠣᠷᠣᠨ ᠤ ᠳᠣᠲᠣᠷ᠎ᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠡᠮᠬᠢᠯᠡᠨ ᠨᠡᠶᠢᠯᠡᠭᠦᠯᠬᠦ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠳᠡᠯᠡᠬᠡᠶ ᠳᠠᠬᠢ ᠨᠥᠯᠥᠭᠡᠯᠡᠬᠦ ᠬᠦᠴᠦᠨ ᠲᠠᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠭᠡᠷᠡᠴᠢᠯᠡᠯ ᠤᠨ ᠳᠡᠭᠡᠳᠦ ᠮᠡᠷᠭᠡᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠳᠤᠮᠳᠠᠲᠤ᠂ ᠮᠣᠩᠭᠤᠯ᠂ ᠣᠷᠣᠰ ᠤᠨ ᠣᠯᠠᠨ ᠤᠯᠤᠰ ᠤᠨ ᠬᠡᠮᠵᠢᠯᠲᠡ ᠶᠢᠨ ᠲᠥᠪ ᠪᠠᠶᠢᠭᠤᠯᠬᠤ ᠳᠡᠭᠡᠳᠦ ᠱᠠᠲᠤᠨ ᠤ  ᠳᠡᠮᠵᠢᠯᠭᠡ ᠶᠢ ᠲᠡᠮᠡᠴᠡᠨ ᠤᠯᠵᠤ᠂ ᠤᠯᠠᠨ ᠤᠯᠤᠰ ᠤᠨ ᠬᠡᠮᠵᠢᠯᠲᠡ ᠶᠢᠨ ᠨᠢᠭᠡᠴᠢ ᠶᠢᠨ ᠨᠢᠭᠡᠴᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠬᠦ︔ ︽ ᠳᠤᠮᠳᠠᠳᠤ ᠮᠣᠩᠭᠤᠯ ᠤᠨ ᠪᠠᠷᠢᠮᠵᠢᠶᠠᠵᠢᠭᠰᠠᠨ ︵ᠥᠪᠥᠷ ᠮᠣᠩᠭᠤᠯ︶ ᠰᠤᠳᠤᠯᠭᠠᠨ ᠤ ᠲᠥᠪ︾᠂ ︽ᠳᠤᠮᠳᠠᠳᠤ ᠣᠷᠣᠰ ᠤᠨ ᠪᠠᠷᠢᠮᠵᠢᠶᠠᠭᠰᠠᠨ ︵ᠥᠪᠥᠷ ᠮᠣᠩᠭᠤᠯ︶ ᠰᠤᠳᠤᠯᠭᠠᠨ ᠤ ᠲᠥᠪ︾ ᠪᠠᠶᠢᠭᠤᠯᠵᠤ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠠᠷᠢᠮᠵᠢᠶᠠᠵᠢᠭᠰᠠᠨ ᠦᠢᠯᠡᠴᠢᠯᠡᠭᠡ ᠬᠠᠩᠭᠠᠬᠤ︔ ᠤᠯᠤᠰ ᠤᠨ ᠬᠤᠭᠤᠷᠣᠨᠳᠣᠬᠢ ᠣᠷᠣᠨ ᠪᠦᠰᠡ ᠶᠢᠨ ᠴᠢᠨᠠᠷᠲᠠᠶ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠵᠤ᠂ ᠰᠢᠯᠭᠠᠨ ᠪᠠᠶᠢᠴᠠᠭᠠᠵᠤ ᠬᠡᠮᠵᠢᠬᠦ ᠮᠡᠷᠭᠡᠵᠢᠯ ᠳᠤ ᠲᠦᠬᠦᠮᠴᠢᠯᠡᠭᠰᠡᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠵᠤ᠂ ᠮᠠᠨ ᠤ ᠣᠷᠣᠨ ᠤ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠯᠳᠠᠷᠰᠢᠯ ᠪᠠ ᠦᠷᠢᠰᠦᠯᠳᠦᠬᠦ ᠴᠢᠳᠠᠯ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢ ᠠᠬᠢᠭᠤᠯᠤᠨ᠎ᠠ᠃ ᠲᠤᠯᠤᠭ᠎ᠠ ᠳᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠲᠥᠷᠥᠯ ᠵᠦᠢᠯ ᠢ ᠢᠯᠭᠠᠷᠠᠭᠤᠯᠤᠨ᠎ᠠ᠃ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠲᠥᠷᠥᠯ ᠵᠦᠢᠯ ᠢ ᠢᠯᠭᠠᠷᠠᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠳᠠᠩᠰᠠ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠶᠢ ᠲᠤᠰᠬᠠᠶ ᠵᠦᠢᠯ ᠢᠶᠠᠷ ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠤᠨ ᠶᠤᠰᠤᠭᠠᠷ᠂ ᠬᠤᠯᠪᠣᠭᠳᠠᠯ ᠪᠦᠬᠦᠢ ᠰᠦᠢᠳᠬᠡᠯ ᠬᠤᠷᠢᠶᠠᠬᠤ ᠵᠦᠢᠯᠡᠰ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ ᠪᠣᠯᠤᠨ ᠪᠢᠯᠧᠲ ᠪᠠᠷᠢᠮᠲᠠ ᠬᠡᠷᠡᠭᠯᠡᠬᠦ ᠵᠡᠷᠭᠡ ᠶᠢ ᠵᠢᠷᠤᠮᠵᠢᠭᠤᠯᠬᠤ ᠪᠠ ᠶᠠᠰᠤ ᠴᠢᠨᠠᠷ ᠲᠤ ᠬᠢᠨᠠᠯᠲᠠ ᠲᠠᠯᠪᠢᠵᠤ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠰᠦᠢᠳᠬᠡᠯ ᠬᠤᠷᠢᠶᠠᠬᠤ ᠲᠥᠷᠥᠯ ᠵᠦᠢᠯ ᠢ ᠡᠷᠡᠰ ᠬᠦᠴᠦᠨ ᠦᠭᠡᠢ ᠪᠤᠯᠭᠠᠵᠤ᠂ ︽ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠨᠢ ᠲᠣᠳᠣᠷᠬᠠᠶ ᠬᠠᠭᠤᠳᠠᠰᠤ ᠲᠠᠢ ᠪᠠᠶᠢᠬᠤ᠂ ᠲᠣᠳᠣᠷᠬᠠᠶ ᠬᠠᠭᠤᠳᠠᠰᠤ ᠠᠴᠠ ᠪᠤᠰᠤᠳ ᠰᠦᠢᠳᠬᠡᠯ ᠢ ᠤᠭᠲᠤ ᠬᠤᠷᠢᠶᠠᠬᠤ ᠦᠭᠡᠢ︾ ᠪᠠᠶᠢᠬᠤ ᠶᠢ ᠪᠠᠲᠤᠯᠠᠵᠤ᠂ ᠰᠦᠢᠳᠬᠡᠯ ᠬᠤᠷᠢᠶᠠᠬᠤ ᠵᠦᠢᠯᠡᠰ ᠢ ᠡᠷᠬᠡᠪᠰᠢ ᠵᠠᠷᠯᠠᠨ ᠨᠡᠶᠢᠲᠡᠯᠡᠬᠦ ᠬᠡᠷᠡᠭᠲᠡᠢ᠂ ᠨᠡᠶᠢᠲᠡ ᠳᠤ ᠵᠠᠷᠯᠠᠨ ᠨᠡᠶᠢᠲᠡᠯᠡᠭᠰᠡᠨ ᠦᠭᠡᠢ ᠰᠦᠢᠳᠬᠡᠯ ᠬᠤᠷᠢᠶᠠᠬᠤ ᠲᠦᠷᠦᠯ ᠵᠦᠢᠯ ᠠᠴᠠ ᠴᠦᠮ ᠰᠦᠢᠳᠬᠡᠯ ᠬᠤᠷᠢᠶᠠᠵᠤ ᠪᠤᠯᠬᠤ ᠦᠭᠡᠢ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠥᠷᠢᠮ ᠢ ᠪᠠᠶᠢᠭᠤᠯᠤᠨ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠪᠠᠷ ᠲᠣᠭᠲᠠᠭᠠᠭᠰᠠᠨ ᠦᠨᠳᠦᠰᠦ ᠪᠠᠷᠢᠮᠲᠠ ᠦᠭᠡᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠲᠥᠷᠥᠯ ᠵᠦᠢᠯ ᠪᠣᠯᠤᠨ ᠰᠦᠢᠳᠬᠡᠯ ᠬᠤᠷᠢᠶᠠᠬᠤ ᠶᠢ ᠴᠥᠮ ᠬᠦᠴᠦᠨ ᠤᠢᠭᠡᠢ ᠪᠤᠯᠭᠠᠨ᠎ᠠ᠃ ᠠᠵᠢᠯ ᠲᠦᠷᠦᠯ ᠤᠨ ᠨᠡᠶᠢᠭᠡᠮᠯᠢᠭ ᠤᠨ ᠰᠦᠢᠳᠬᠡᠯ ᠬᠤᠷᠢᠶᠠᠬᠤ ᠶᠢ ᠴᠡᠭᠴᠡᠯᠡᠨ ᠵᠢᠷᠤᠮᠵᠢᠭᠤᠯᠵᠤ᠂ ᠠᠵᠤ ᠠᠬᠤᠶᠢᠯᠠᠯ ᠢ ᠠᠯᠪᠠᠲᠠᠵᠤ ᠬᠤᠷᠠᠯ ᠨᠡᠶᠢᠭᠡᠮᠯᠢᠭ ᠳᠤ ᠤᠷᠤᠭᠤᠯᠵᠤ ᠰᠦᠢᠳᠬᠡᠯ ᠬᠤᠷᠢᠶᠠᠬᠤ ᠵᠢᠴᠢ ᠠᠵᠤ ᠠᠬᠤᠶᠢᠯᠠᠯ ᠢ ᠠᠯᠪᠠᠳᠠᠵᠤ ᠵᠠᠷᠤᠳᠠᠯ ᠲᠤᠰᠢᠶᠠᠯᠭᠠᠵᠤ ᠡᠯ᠎ᠡ ᠲᠦᠷᠦᠯ ᠤᠨ ᠬᠤᠷᠠᠯ᠂ ᠪᠤᠯᠪᠠᠰᠤᠷᠠᠭᠤᠯᠤᠯ᠂ ᠳᠡᠯᠭᠡᠨ ᠦᠵᠡᠭᠦᠯᠦᠯᠭᠡ᠂ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠪᠠ ᠠᠯᠪᠠᠳᠠᠯᠭ᠎ᠠ ᠶᠢᠨ ᠴᠢᠨᠠᠷᠲᠠᠶ ᠳᠡᠮᠵᠢᠯᠭᠡ ᠬᠠᠨᠳᠢᠪᠯᠠᠯ ᠡᠷᠭᠦᠬᠦ ᠵᠡᠷᠭᠡ ᠦᠢᠯᠡ ᠠᠵᠢᠯᠯᠠᠭ᠎ᠠ ᠳᠤ ᠤᠷᠤᠯᠴᠠᠭᠤᠯᠬᠤ ᠶᠢ ᠡᠷᠡᠰ ᠬᠤᠷᠢᠭᠯᠠᠨ᠎ᠠ ᠵᠤᠭᠰᠤᠭᠠᠨ᠎ᠠ᠃      ᠹᠸᠡᠭ ᠶᠧ᠄      ᠨᠠᠢᠮᠠ ᠳᠤ ᠵᠠᠷᠤᠳᠠᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠠᠵᠤ ᠠᠬᠤᠶᠢᠯᠠᠯ ᠤᠳ ᠲᠤ ᠵᠠᠷᠤᠳᠠᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠪᠡ᠃ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠥᠯᠥᠭᠡᠯᠡᠯ ᠲᠡᠮᠳᠡᠭ ᠤᠨ ᠦᠨᠡᠮᠯᠡᠯ ᠤᠨ ᠵᠠᠷᠤᠳᠠᠯ᠂ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠢᠨᠠᠨ ᠪᠠᠶᠢᠴᠠᠭᠠᠯᠲᠠ ᠶᠢᠨ ᠵᠠᠷᠤᠳᠠᠯ ᠂ ᠨᠡᠶᠢᠭᠡᠮ ᠤᠨ ᠬᠠᠮᠲᠤ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢᠨ ᠦᠨᠡᠮᠯᠡᠯ ᠤᠨ ᠵᠠᠷᠤᠳᠠᠯ ᠂ ᠪᠠᠷᠢᠮᠵᠢᠶ᠎ᠠ ᠪᠣᠳᠠᠰ ᠤᠨ ᠲᠡᠰ ᠢᠯᠭᠠᠬᠤ ᠦᠨᠡᠮᠯᠡᠯ ᠤᠨ ᠵᠠᠷᠤᠳᠠᠯ ᠂ ᠬᠡᠮᠵᠢᠯᠲᠡ ᠶᠢᠨ ᠪᠠᠭᠠᠵᠢ ᠬᠡᠷᠡᠭᠰᠡᠯ ᠰᠡᠯᠪᠢᠨ ᠵᠠᠰᠠᠬᠤ ᠶᠢ ᠵᠥᠪᠰᠢᠶᠡᠷᠡᠭᠰᠡᠨ ᠬᠢᠨᠠᠨ ᠰᠢᠯᠭᠠᠬᠤ ᠵᠠᠷᠤᠳᠠᠯ᠂ ᠬᠡᠮᠵᠢᠯᠲᠡ ᠶᠢᠨ ᠰᠢᠯᠭᠠᠨ ᠲᠣᠭᠲᠠᠭᠠᠭᠴᠢ ᠶᠢᠨ ᠬᠢᠨᠠᠨ ᠰᠢᠯᠭᠠᠬᠤ ᠵᠠᠷᠤᠳᠠᠯ᠂ ᠬᠡᠮᠵᠢᠯᠲᠡ ᠶᠢᠨ ᠰᠢᠯᠭᠠᠨ ᠲᠣᠭᠲᠠᠭᠠᠭᠴᠢ ᠶᠢᠨ ᠰᠢᠯᠭᠠᠵᠤ ᠬᠢᠨᠠᠬᠤ ᠵᠠᠷᠤᠳᠠᠯ᠂ ᠤᠯᠤᠰ ᠤᠨ ᠳᠣᠲᠣᠭᠠᠳᠤ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠰᠢᠨ᠎ᠡ ᠦᠢᠯᠡᠳᠬᠦᠨ ᠤ ᠶᠠᠩᠵᠤ ᠬᠡᠯᠪᠡᠷᠢ ᠶᠢ ᠵᠥᠪᠰᠢᠶᠡᠷᠡᠬᠦ ᠦᠨᠡᠮᠯᠡᠯ ᠤᠨ ᠵᠠᠷᠤᠳᠠᠯ᠂ ᠬᠡᠮᠵᠢᠯᠲᠡ ᠶᠢᠨ ᠡᠷᠬᠡ ᠣᠯᠭᠤᠬᠤ ᠰᠢᠯᠭᠠᠨ ᠬᠢᠨᠠᠬᠤ ᠵᠠᠷᠤᠳᠠᠯ ᠵᠡᠷᠭᠡ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠵᠠᠷᠤᠳᠠᠯ ᠢ ᠬᠦᠴᠦᠨ ᠦᠭᠡᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠢ ᠢᠳᠡᠪᠬᠢᠲᠡᠢ ᠪᠠᠷ ᠵᠣᠬᠢᠴᠠᠭᠤᠯᠵᠤ᠂ ᠡᠯᠧᠺᠲᠷᠣᠨ ᠲᠥᠯᠥᠭᠡᠯᠡᠯ ᠲᠡᠮᠳᠡᠭ ᠤᠨ ᠦᠨᠡᠮᠯᠡᠯ ᠢᠶᠠᠨ ᠭᠡᠭᠡᠭᠰᠡᠨ ᠢ ᠮᠡᠳᠡᠭᠦᠯᠬᠦ ᠵᠠᠷᠤᠳᠠᠯ ᠢ ᠬᠦᠴᠦᠨ ᠦᠭᠡᠢ ᠪᠣᠯᠭᠠᠵᠤ᠂ ᠭᠦᠢᠯᠭᠡᠭᠡᠨ ᠤ ᠬᠦᠷᠢᠶᠡᠨ ᠳᠠᠬᠢ ᠡᠯᠧᠺᠲᠷᠣᠨ ᠵᠢᠭᠯᠡᠭᠦᠷ ᠵᠡᠷᠭᠡ ᠴᠢᠩᠭ᠎ᠠ ᠪᠠᠶᠢᠴᠠᠭᠠᠬᠤ ᠲᠥᠷᠥᠯ ᠵᠦᠢᠯ ᠤᠨ ᠵᠠᠷᠤᠳᠠᠯ ᠤᠨ ᠪᠠᠷᠢᠮᠵᠢᠶ᠎ᠠ ᠶᠢ 50 %᠎ ᠪᠠᠷ ᠪᠠᠭᠤᠷᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠤᠤᠬᠠᠨ ᠤ ᠳᠠᠷᠤᠯᠲᠠᠲᠤ ᠰᠠᠪᠠ ᠶᠢ ᠲᠣᠬᠢᠷᠠᠭᠤᠯᠬᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠨᠠᠶᠢᠳᠠᠵᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠷᠥᠯ ᠵᠦᠢᠯ ᠤᠨ ᠵᠠᠷᠤᠳᠠᠯ ᠤᠨ ᠪᠠᠷᠢᠮᠵᠢᠶ᠎ᠠ ᠳᠤ᠂ 15 ᠲᠥᠷᠥᠯ ᠤᠨ ᠵᠠᠷᠤᠳᠠᠯ ᠤᠨ ᠪᠠᠷᠢᠮᠵᠢᠶ᠎ᠠ ᠶᠢ ᠲᠡᠭᠰᠢᠳᠬᠡᠭᠡᠳ 30 %᠎ ᠪᠠᠷ ᠪᠠᠭᠤᠷᠠᠭᠤᠯᠬᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠵᠠᠷᠤᠳᠠᠯ ᠢ ᠬᠦᠴᠦᠨ ᠦᠭᠡᠢ ᠪᠣᠯᠭᠠᠬᠤ᠂ ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠪᠠ ᠳᠠᠩᠰᠠ ᠡᠪᠬᠡᠮᠡᠯ ᠢ ᠭᠠᠷᠭᠠᠵᠤ ᠠᠪᠬᠤ ᠵᠠᠷᠤᠳᠠᠯ ᠵᠡᠷᠭᠡ 3 ᠲᠥᠷᠥᠯ ᠤᠨ ᠵᠠᠷᠤᠳᠠᠯ ᠢ ᠬᠦᠴᠦᠨ ᠦᠭᠡᠢ ᠪᠤᠯᠭᠠᠬᠤ ᠶᠢ ᠴᠢᠩᠭ᠎ᠠ ᠬᠡᠷᠡᠭᠵᠢᠭᠦᠯᠪᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠵᠦ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠡᠳᠦ ᠳᠡᠯᠭᠡᠭᠦᠷ᠂ ᠬᠤᠳᠠᠯᠳᠤᠭ᠎ᠠ ᠳᠤ ᠬᠡᠷᠡᠭᠯᠡᠵᠦ ᠪᠠᠶᠢᠭ᠎ᠠ ᠡᠯᠧᠺᠲᠷᠣᠨ ᠵᠢᠭᠯᠡᠭᠦᠷ ᠪᠠ ᠰᠤᠮᠤ ᠰᠢᠶᠠᠩ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠦᠷᠢᠶᠡᠯᠡᠩ ᠳᠤ ᠬᠡᠷᠡᠭᠯᠡᠵᠦ ᠪᠠᠶᠢᠭ᠎ᠠ ᠴᠢᠰᠦᠨ ᠳᠠᠷᠤᠯᠲᠠ ᠶᠢᠨ ᠬᠡᠮᠵᠢᠭᠦᠷ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠬᠡᠮᠵᠢᠭᠦᠷ ᠵᠡᠷᠭᠡ ᠬᠡᠮᠵᠢᠭᠦᠷ ᠪᠠᠭᠠᠵᠢ ᠶᠢᠨ ᠬᠢᠨᠠᠨ ᠲᠤᠭᠲᠠᠭᠠᠬᠤ ᠵᠠᠷᠤᠳᠠᠯ ᠢ ᠡᠯ᠎ᠡ ᠱᠠᠲᠤᠨ ᠤ ᠠᠳᠠᠯᠢ ᠳᠡᠰ ᠤᠨ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠠᠷᠠᠳ ᠤᠨ ᠠᠮᠢᠳᠤᠷᠠᠯ ᠤᠨ ᠬᠡᠮᠵᠢᠯᠲᠡ ᠳᠤ ᠲᠥᠯᠥᠪᠦᠷᠢ ᠦᠭᠡᠢ ᠪᠠᠷ ᠰᠢᠯᠭᠠᠨ ᠲᠣᠭᠲᠠᠭᠠᠬᠤ ᠶᠢ ᠬᠡᠷᠡᠭᠵᠢᠭᠦᠯᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠯᠳᠤᠨ᠂  ᠬᠠᠤᠯᠢ ᠪᠠᠷ ᠲᠣᠭᠲᠠᠭᠠᠭᠰᠠᠨ ᠪᠤᠰᠤᠳ ᠰᠢᠯᠭᠠᠨ ᠪᠠᠶᠢᠴᠠᠭᠠᠬᠤ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠠᠯᠬᠤᠮ ᠠᠯᠬᠤᠮ ᠢᠶᠠᠷ ᠣᠷᠣᠭᠤᠯᠵᠤ᠂ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠬᠤ ᠲᠥᠷᠥᠯ ᠵᠦᠢᠯ ᠢ ᠲᠥᠯᠥᠪᠦᠷᠢ ᠦᠭᠡᠢ ᠪᠠᠷ ᠰᠢᠯᠭᠠᠨ ᠪᠠᠶᠢᠴᠠᠭᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠶᠢᠰᠦ ᠳᠤ᠂ ᠪᠢᠴᠢᠯ ᠠᠵᠤ ᠠᠬᠤᠶᠢᠯᠠᠯ ᠤᠨ ᠠᠩᠬ᠎ᠠ ᠠᠳᠠᠯ ᠦᠢᠯᠡᠰ ᠴᠣᠭᠴᠠᠯᠠᠬᠤ ᠬᠥᠭᠵᠢᠯᠲᠡ ᠶᠢ ᠲᠡᠳᠬᠦᠨ ᠳᠡᠮᠵᠢᠨ᠎ᠡ᠃ ᠪᠢᠴᠢᠯ ᠠᠵᠤ ᠠᠬᠤᠶᠢᠯᠠᠯ ᠪᠠ ᠠᠩᠬ᠎ᠠ ᠠᠳᠠᠯ ᠦᠢᠯᠡᠰ ᠴᠣᠭᠴᠠᠯᠠᠵᠤ ᠪᠠᠶᠢᠭ᠎ᠠ ᠠᠵᠤ ᠠᠬᠤᠶᠢᠯᠠᠯ ᠤᠨ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ᠂ ᠲᠥᠯᠥᠪᠦᠷᠢ ᠦᠭᠡᠢ ᠪᠠᠷ ᠠᠩᠬ᠎ᠠ ᠤᠳᠠᠭᠠᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠰᠢᠨ᠎ᠡ ᠪᠠᠷ ᠨᠡᠮᠡᠭᠳᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠢᠨᠠᠨ ᠲᠣᠭᠲᠠᠭᠠᠵᠤ᠂ ᠬᠤᠶᠠᠳᠠᠭᠢ ᠤᠳᠠᠭ᠎ᠠ ᠰᠢᠯᠭᠠᠨ ᠪᠠᠶᠢᠴᠠᠭᠠᠵᠤ᠂ ᠬᠢᠨᠠᠨ ᠲᠣᠭᠲᠠᠭᠠᠬᠤ ᠳᠤ ᠵᠠᠷᠤᠳᠠᠯ ᠢ ᠬᠠᠭᠠᠰ ᠢᠶᠠᠷ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃      ᠬᠥᠲᠥᠯᠥᠭᠴᠢ᠄      ᠦᠢᠯᠡᠳᠬᠦᠨ ᠤ ᠶᠠᠰᠤ ᠴᠢᠨᠠᠷ ᠢ ᠬᠢᠨᠠᠵᠤ ᠬᠠᠮᠢᠶᠠᠷᠬᠤ ᠲᠠᠯ᠎ᠠ ᠪᠠᠷ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠹᠸᠡᠭ ᠶᠧ᠄      ᠨᠢᠭᠡ ᠳᠤ᠂ ᠥᠪᠡᠷ ᠢᠶᠠᠨ ᠢᠯᠡᠷᠬᠡᠶᠢᠯᠡᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ︽ᠠᠵᠢᠯ ᠮᠡᠷᠭᠡᠵᠢᠯ ᠳᠤ ᠥᠪᠡᠷ ᠢ ᠪᠠᠨ ᠱᠠᠭᠠᠷᠳᠠᠬᠤ᠂ ᠥᠪᠡᠷ ᠢᠶᠠᠨ ᠢᠯᠡᠷᠬᠡᠶᠢᠯᠡᠬᠦ᠂ ᠲᠥᠷᠥᠯ ᠬᠤᠪᠢᠶᠠᠨ ᠬᠢᠨᠠᠬᠤ᠂ ᠨᠡᠶᠢᠭᠡᠮ ᠨᠡᠶᠢᠲᠡ ᠬᠠᠮᠲᠤ ᠪᠠᠷ ᠵᠠᠰᠠᠬᠤ︾ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ︽ᠬᠠᠤᠯᠢ ᠶᠢ ᠰᠠᠬᠢᠵᠤ ᠳᠦᠷᠢᠮ ᠢ ᠵᠢᠷᠤᠮᠯᠠᠬᠤ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠ ᠦᠨᠡᠨᠴᠢ ᠢᠲᠡᠭᠡᠮᠵᠢᠲᠡᠶ ᠪᠠᠶᠢᠬᠤ ᠪᠠᠶᠢᠳᠠᠯ︾᠎ ᠢᠶᠠᠨ ᠥᠪᠡᠷ ᠢᠶᠠᠨ ᠢᠯᠡᠷᠬᠡᠶᠢᠯᠡᠬᠦ ᠶᠢ ᠵᠣᠷᠢᠭᠵᠢᠭᠤᠯᠤᠨ᠎ᠠ᠃ 2016 ᠣᠨ ᠠᠴᠠ ᠡᠬᠢᠯᠡᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ  ᠪᠠᠶᠢᠭᠤᠯᠤᠮᠵᠢ ᠥᠪᠡᠷ ᠢᠶᠠᠨ ᠢᠯᠡᠷᠬᠡᠶᠢᠯᠡᠬᠦ᠂ ︽ᠤᠷᠢᠳᠠᠪᠠᠷ ᠵᠥᠪᠰᠢᠶᠡᠷᠡᠵᠦ ᠳᠠᠷᠠᠭ᠎ᠠ ᠨᠢ ᠰᠢᠯᠭᠠᠬᠤ︾ ︽ᠠᠭᠤᠵᠢᠭᠤ ᠵᠥᠪᠰᠢᠶᠡᠷᠡᠵᠦ ᠴᠢᠩᠭ᠎ᠠ ᠬᠠᠮᠢᠶᠠᠷᠬᠤ︾ ᠵᠠᠭᠪᠤᠷ ᠢ ᠰᠦᠪᠡᠭᠴᠢᠯᠡᠨ᠎ᠡ᠃ ᠦᠢᠯᠡᠳᠬᠦᠨ ᠤ ᠶᠠᠰᠤ ᠴᠢᠨᠠᠷ ᠤᠨ ᠠᠶᠤᠯᠭᠦᠶ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠮᠲᠤᠷᠠᠯᠴᠠᠨ ᠵᠣᠬᠢᠴᠠᠯᠳᠤᠬᠤ ᠪᠠ ᠬᠠᠮᠲᠤᠷᠠᠯᠴᠠᠨ ᠰᠢᠢᠳᠪᠦᠷᠢᠯᠡᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠠᠳᠠᠯᠢ ᠪᠤᠰᠤ ᠠᠶᠤᠯ ᠲᠦᠭᠰᠢᠭᠦᠷᠢ ᠶᠢᠨ ᠲᠥᠷᠥᠯ ᠢᠯᠭᠠᠯ ᠣᠷᠣᠰᠢᠵᠤ ᠪᠠᠶᠢᠭ᠎ᠠ ᠪᠠᠶᠢᠭᠤᠯᠤᠮᠵᠢ᠂ ᠠᠵᠤ ᠠᠬᠤᠶᠢᠯᠠᠯ᠂ ᠠᠵᠢᠯ ᠲᠥᠷᠥᠯ᠂ ᠭᠠᠵᠠᠷ ᠣᠷᠣᠨ᠂ ᠦᠢᠯᠡᠳᠬᠦᠨ ᠵᠢᠴᠢ ᠦᠢᠯᠡᠴᠢᠯᠡᠭᠡᠨ ᠤ ᠬᠢᠨᠠᠨ ᠬᠠᠮᠢᠶᠠᠷᠬᠤ ᠵᠣᠬᠢᠴᠠᠩᠭᠤᠶ ᠠᠷᠭ᠎ᠠ ᠲᠣᠭᠲᠠᠭᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠳᠠᠩᠰᠠ ᠡᠪᠬᠡᠮᠡᠯ ᠪᠠᠶᠢᠭᠤᠯᠤᠨ᠎ᠠ᠃ ᠬᠤᠶᠠᠷ ᠲᠤ᠂ ᠰᠤᠭᠤᠴᠢᠨ ᠪᠠᠶᠢᠴᠠᠭᠠᠯᠲᠠ ᠥᠷᠨᠢᠭᠦᠯᠵᠦ᠂ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠤᠭᠤᠴᠢᠬᠤ ᠪᠠᠶᠢᠴᠠᠭᠠᠯᠲᠠ ᠶᠢ ᠥᠷᠨᠢᠭᠦᠯᠵᠦ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠪᠠᠨ ᠵᠢᠷᠤᠮᠵᠢᠭᠤᠯᠬᠤ ᠲᠤᠬᠠᠢ ᠮᠡᠳᠡᠭᠳᠡᠯ ︾᠎ ᠢ ᠭᠦᠨᠵᠡᠭᠡᠢ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠪᠠᠶᠢᠴᠠᠭᠠᠬᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠪᠠᠶᠢᠴᠠᠭᠠᠬᠤ ᠵᠦᠢᠯ᠂ ᠵᠠᠰᠠᠭ ᠵᠠᠬᠢᠷᠭᠠᠨ ᠤ ᠬᠢᠨᠠᠨ ᠲᠣᠭᠲᠠᠭᠠᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠨᠠᠷᠢᠨ ᠳᠠᠩᠰᠠ ᠶᠢ ᠬᠠᠤᠯᠢ ᠶᠣᠰᠣᠭᠠᠷ ᠡᠮᠬᠢᠯᠡᠨ᠎ᠡ᠃ 2016 ᠣᠨ ᠳᠤ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠠᠶᠢᠴᠠᠭᠠᠯᠲᠠ ᠶᠢᠨ ᠵᠦᠢᠯᠡᠰ ᠢ ᠰᠤᠭᠤᠴᠢᠨ ᠪᠠᠶᠢᠴᠠᠭᠠᠬᠤ ᠨᠠᠷᠢᠨ ᠳᠠᠩᠰᠠ ᠪᠠ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠤᠭᠤᠴᠢᠨ ᠪᠠᠶᠢᠴᠠᠭᠠᠬᠤ ᠬᠥᠮᠥᠷᠭᠡ ᠶᠢ ᠠᠩᠬ᠎ᠠ ᠠᠯᠬᠤᠮ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠲᠤ ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ ᠢ 10 %᠎ ᠠᠴᠠ 20 % ᠎ ᠳᠤ ᠬᠦᠷᠦᠭᠦᠯᠦᠨ᠎ᠡ᠃ ᠭᠤᠷᠪᠠ ᠳᠤ᠂ ᠰᠤᠭᠤᠴᠢᠨ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠶᠢ ᠰᠠᠯᠭᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮ ᠬᠢᠨᠠᠯᠲᠠ ᠶᠢᠨ ᠪᠠᠶᠢᠭᠤᠯᠤᠮᠵᠢ ᠰᠤᠭᠤᠴᠢᠨ ᠪᠠᠶᠢᠴᠠᠭᠠᠬᠤ ᠪᠠ ᠬᠢᠨᠠᠯᠲᠠ ᠲᠠᠯᠪᠢᠬᠤ ᠶᠢ ᠰᠠᠯᠭᠠᠬᠤ ᠳᠦᠷᠢᠮ ᠢ ᠪᠦᠷᠢᠨᠰᠢᠭᠦᠯᠵᠦ᠂ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠪᠦᠷᠢᠨ ᠲᠥᠬᠦᠷ ᠠᠵᠢᠯ ᠤᠨ ᠲᠤᠭᠲᠠᠴᠠ ᠶᠢ ᠪᠠᠶᠢᠭᠤᠯᠵᠤ᠂ ᠰᠤᠭᠤᠴᠢᠨ  ᠪᠠᠶᠢᠴᠠᠭᠠᠭᠴᠢ ᠪᠠ ᠰᠢᠯᠭᠠᠨ ᠪᠠᠶᠢᠴᠠᠭᠠᠭᠴᠢ ᠶᠢ ᠪᠦᠷᠢᠮᠦᠰᠦᠨ ᠰᠠᠯᠭᠠᠵᠤ᠂ ᠦᠯᠢᠭᠡᠷ ᠰᠣᠩᠭᠤᠬᠤ᠂ ᠦᠯᠢᠭᠡᠷ ᠤᠨ ᠮᠡᠳᠡᠭᠡ ᠵᠠᠩᠭᠢ ᠶᠢ ᠣᠷᠣᠭᠤᠯᠬᠤ᠂ ᠰᠢᠯᠭᠠᠨ ᠪᠠᠶᠢᠴᠠᠭᠠᠬᠤ ᠡᠯ᠎ᠡ ᠭᠤᠭᠴᠤᠭ᠎ᠠ ᠳᠤ ᠬᠤᠪᠢ ᠬᠤᠪᠢᠨ ᠤ ᠠᠵᠢᠯ ᠢᠶᠠᠨ ᠬᠠᠮᠢᠶᠠᠷᠴᠤ᠂ ᠴᠢᠬᠤᠯᠠ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠲᠣᠭᠲᠠᠴᠠ ᠪᠠ ︽ᠪᠠᠯᠠᠢ ᠦᠯᠢᠭᠡᠷ︾᠎ ᠤᠨ ᠴᠢᠩᠭ᠎ᠠ ᠳᠦᠷᠢᠮ ᠢ ᠪᠠᠶᠢᠭᠤᠯᠵᠤ᠂ ᠪᠠᠶᠢᠴᠠᠭᠠᠨ ᠬᠡᠮᠵᠢᠬᠦ ᠠᠵᠢᠯ ᠤᠨ ᠪᠤᠰᠤᠳᠴᠢ᠂ ᠰᠢᠨᠵᠢᠯᠡᠬᠦ ᠤᠬᠠᠭᠠᠨᠴᠢ᠂ ᠲᠥᠪ ᠭᠤᠣᠯᠴᠢ ᠶᠢ ᠪᠠᠲᠤᠯᠠᠨ᠎ᠠ᠃ ᠳᠥᠷᠪᠡ ᠳᠤ᠂ ︽ᠨᠠᠷᠠᠨ ᠭᠡᠷᠡᠯᠲᠦ ᠵᠠᠰᠠᠭ ᠵᠠᠬᠢᠷᠭ᠎ᠠ︾᠎ ᠶᠢ ᠲᠦᠯᠬᠢᠨ ᠠᠬᠢᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ᠂ ᠬᠢᠨᠠᠯᠲᠠ ᠲᠠᠯᠪᠢᠵᠤ ᠪᠠᠶᠢᠴᠠᠭᠠᠬᠤ᠂ ᠬᠠᠤᠯᠢ ᠬᠡᠷᠡᠭᠵᠢᠭᠦᠯᠵᠦ ᠬᠡᠷᠡᠭ ᠰᠢᠳᠭᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠡᠷᠭᠡ ᠬᠢᠨᠠᠯᠲᠠ ᠲᠠᠯᠪᠢᠬᠤ ᠦᠢᠯᠡᠴᠢᠯᠡᠭᠡᠨ ᠤ ᠮᠡᠳᠡᠭᠡ ᠵᠠᠩᠭᠢ ᠶᠢ ᠨᠡᠶᠢᠭᠡᠮ ᠳᠤ ᠢᠯᠡ ᠪᠠᠷ ᠨᠡᠶᠢᠲᠡᠯᠡᠨ᠎ᠡ᠃ 2016 ᠣᠨ ᠤ 6 ᠳ᠋ᠤᠭᠠᠷ ᠰᠠᠷ᠎ᠠ ᠎ ᠶᠢᠨ ᠰᠡᠭᠦᠯᠴᠢ ᠠᠴᠠ ᠡᠮᠦᠨ᠎ᠡ᠂ ᠲᠠᠸᠠᠷ ᠤᠨ ᠦᠢᠯᠡᠳᠪᠦᠷᠢᠯᠡᠯ ᠤᠨ ᠵᠥᠪᠰᠢᠶᠡᠷᠡᠯ᠂ ᠣᠨᠴᠠᠭᠠᠢ ᠲᠥᠬᠦᠭᠡᠷᠦᠮᠵᠢ ᠶᠢᠨ ᠦᠢᠯᠡᠳᠪᠦᠷᠢᠯᠡᠯ᠂ ᠬᠡᠷᠡᠭᠯᠡᠭᠡ᠂ ᠠᠷᠠᠴᠢᠯᠠᠨ ᠬᠠᠮᠠᠭᠠᠯᠠᠬᠤ᠂ ᠬᠡᠮᠵᠢᠯᠲᠡ ᠶᠢᠨ ᠬᠢᠨᠠᠨ ᠲᠣᠭᠲᠠᠭᠠᠯᠲᠠ ᠪᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠲᠤ ᠣᠷᠣᠬᠤ ᠨᠥᠬᠦᠴᠡᠯ ᠪᠠ ᠤᠬᠤᠷᠢᠨ ᠭᠠᠷᠬᠤ ᠳᠦᠷᠢᠮ ᠢ ᠨᠡᠶᠢᠭᠡᠮ ᠳᠤ ᠢᠯᠡ ᠪᠠᠷ ᠨᠡᠶᠢᠲᠡᠯᠡᠨ᠎ᠡ︔ ᠬᠢᠨᠠᠯᠲᠠ ᠲᠠᠯᠪᠢᠵᠤ ᠪᠠᠶᠢᠴᠠᠭᠠᠬᠤ ᠲᠥᠷᠥᠯ ᠵᠦᠢᠯ᠂ ᠳᠡᠰ ᠳᠠᠷᠠᠭᠠᠯᠠᠯ ᠬᠢᠭᠡᠳ ᠠᠭᠤᠯᠭ᠎ᠠ᠂ ᠵᠠᠷᠯᠢᠭ ᠤᠨ ᠴᠡᠭᠴᠡᠯᠡᠯᠲᠡ᠂ ᠲᠦᠷ ᠵᠣᠭᠰᠣᠭᠠᠬᠤ᠂ ᠬᠦᠴᠦᠨ ᠦᠭᠡᠢ ᠪᠣᠯᠭᠠᠬᠤ ᠦᠨᠳᠦᠰᠦᠯᠡᠯ ᠢ ᠢᠯᠡ ᠪᠠᠷ ᠨᠡᠶᠢᠲᠡᠯᠡᠨ᠎ᠡ︔ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠠᠸᠠᠷ ᠵᠢᠴᠢ ᠲᠥᠷᠥᠯ ᠵᠦᠢᠯ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠶᠠᠪᠤᠴᠠ ᠪᠠ ᠵᠠᠷᠤᠳᠠᠯ ᠬᠤᠷᠢᠶᠠᠬᠤ ᠪᠠᠷᠢᠮᠵᠢᠶ᠎ᠠ ᠶᠢ ᠢᠯᠡ ᠪᠠᠷ ᠨᠡᠶᠢᠲᠡᠯᠡᠨ᠎ᠡ᠃ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠪᠠ ᠦᠢᠯᠡᠴᠢᠯᠡᠭᠳᠡᠭᠴᠢ ᠶᠢᠨ ᠪᠠᠶᠢᠳᠠᠯ ᠢ ᠮᠡᠳᠡᠬᠦ ᠡᠷᠬᠡ ᠪᠠ  ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ᠲᠠᠪᠤ ᠳᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠤᠰᠠᠯᠠᠨ᠎ᠠ᠃ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2014 —2020︶︾  ᠂ ︽ᠠᠵᠤ ᠠᠬᠤᠢ ᠶᠢᠨ ᠮᠡᠳᠡᠭᠡ ᠵᠠᠩᠭᠢ ᠶᠢᠨ ᠨᠡᠶᠢᠲᠡᠯᠡᠯ ᠤᠨ ᠲᠦᠷ ᠬᠡᠷᠡᠭᠵᠢᠭᠦᠯᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠬᠡᠷᠡᠭᠯᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ 2016 ᠣᠨ ᠠᠴᠠ ᠠᠵᠤ ᠠᠬᠤᠶᠢᠯᠠᠯ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠵᠡᠷᠭᠡ ᠬᠢᠨᠠᠨ ᠬᠠᠮᠢᠶᠠᠷᠤᠭᠳᠠᠭᠴᠢ ᠶᠢᠨ ᠲᠠᠸᠠᠷ ᠪᠠ ᠦᠢᠯᠡᠴᠢᠯᠡᠭᠡᠨ ᠤ ᠶᠠᠰᠤ ᠴᠢᠨᠠᠷ ᠤᠨ ᠮᠡᠳᠡᠭᠡ ᠵᠠᠩᠭᠢ ᠶᠢ ᠨᠡᠶᠢᠭᠡᠮ ᠳᠤ  ᠢᠯᠡ ᠪᠠᠷ ᠨᠡᠶᠢᠲᠡᠯᠡᠵᠦ᠂ ᠢᠲᠡᠭᠡᠯ ᠢ ᠰᠠᠬᠢᠬᠤ ᠵᠣᠷᠢᠭᠵᠢᠭᠤᠯᠤᠯ᠂ ᠢᠲᠡᠭᠡᠯ ᠠᠯᠳᠠᠭᠰᠠᠳ ᠢ ᠵᠠᠯᠬᠠᠭᠠᠨ ᠲᠣᠷᠭᠠᠬᠤ ᠲᠣᠭᠲᠠᠴᠠ᠂ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠮᠵᠢ ᠶᠢᠨ ᠳᠠᠩᠰᠠᠨ ᠡᠪᠬᠡᠮᠡᠯ ᠢ ᠪᠠᠶᠢᠭᠤᠯᠵᠤ᠂ ᠢᠲᠡᠭᠡᠮᠵᠢ ᠶᠢ ᠰᠦᠪᠡᠭᠴᠢᠯᠡᠬᠦ  ᠮᠡᠲᠦ ᠳᠡᠰ ᠢᠯᠭᠠᠭᠰᠠᠨ ᠬᠠᠮᠢᠶᠠᠷᠤᠯᠲᠠ ᠶᠢ ᠪᠠᠶᠢᠭᠤᠯᠤᠨ᠎ᠠ᠃ ᠲᠤᠰᠢᠶᠠᠯ ᠬᠡᠷᠡᠭᠵᠢᠭᠦᠯᠵᠦ ᠪᠠᠶᠢᠭ᠎ᠠ ᠶᠠᠪᠤᠴᠠ ᠳᠤ ᠭᠠᠷᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠤᠪᠢᠷᠠᠯᠲᠠ᠂ ᠦᠷᠭᠦᠯᠵᠢᠯᠡᠭᠰᠡᠨ ᠮᠡᠳᠡᠭᠡ ᠵᠠᠩᠭᠢ ᠪᠠ ᠵᠠᠰᠠᠭ ᠵᠠᠬᠢᠷᠭᠠᠨ ᠤ ᠲᠣᠷᠭᠠᠭᠤᠯᠢ ᠰᠢᠳᠬᠡᠯᠲᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠩᠰᠠᠯᠠᠨ ᠣᠷᠣᠭᠤᠯᠵᠤ᠂ ︽ᠬᠠᠤᠯᠢ ᠶᠢ ᠰᠠᠬᠢᠨ᠂ ᠦᠨᠡᠨᠴᠢ ᠢᠲᠡᠭᠡᠮᠵᠢᠲᠡᠢ︾ ᠠᠵᠤ ᠠᠬᠤᠶᠢᠯᠠᠯ ᠵᠢᠴᠢ ᠦᠢᠯᠡᠴᠢᠯᠡᠭᠡᠨ ᠤ ᠪᠠᠶᠢᠭᠤᠯᠤᠮᠵᠢ ᠶᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠳᠤ ᠳᠦᠭᠦᠮ ᠦᠵᠡᠭᠦᠯᠵᠦ᠂ ᠠᠵᠤ ᠠᠬᠤᠶᠢᠯᠠᠯ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠵᠥᠪ ᠡᠨᠧᠷᠭᠢ ᠶᠢ ᠬᠥᠭᠵᠢᠭᠦᠯᠵᠦ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠬᠥᠲᠥᠯᠥᠭᠴᠢ᠄      ᠵᠠ  ︕  ᠹᠧᠩ ᠲᠣᠪᠴᠢᠶᠠᠨ ᠳᠠᠷᠤᠭ᠎ᠠ ᠶᠢᠨ ᠨᠠᠷᠢᠨ ᠲᠠᠶᠢᠯᠤᠮᠵᠢ ᠳᠤ ᠲᠠᠯᠠᠷᠬᠠᠯ᠎ᠠ᠂ ᠮᠠᠨ ᠤ ᠣᠷᠣᠨ ᠤ ᠶᠠᠰᠤ ᠴᠢᠨᠠᠷ ᠤᠨ  ᠬᠢᠨᠠᠯᠲᠠ ᠲᠠᠯᠪᠢᠬᠤ ᠰᠢᠨ᠎ᠡ ᠨᠢᠭᠡᠨ ᠳᠡᠭᠲᠡᠷ ᠲᠤ ᠭᠠᠷᠬᠤ ᠶᠢ ᠠᠳᠡ ᠴᠢᠩ ᠰᠡᠳᠬᠢᠯ ᠠᠴᠠ ᠪᠠᠨ ᠵᠦᠩᠨᠡᠶ᠎ᠡ᠃ ᠦᠷᠭᠡᠨ ᠤᠯᠠᠨ ᠰᠦᠯᠵᠢᠶᠡᠨ ᠠᠨᠳᠠ ᠨᠠᠷ ᠲᠤ ᠲᠠᠯᠠᠷᠬᠠᠯ᠎ᠠ᠂ ᠲᠤᠰ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠳ᠋ᠤᠭᠠᠷ ᠲᠤ ᠪᠠᠨ ᠪᠠᠶᠠᠷᠲᠠᠢ ᠠᠭᠤᠯᠵᠠᠶ᠎ᠠ  ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map