ᠥᠪᠥᠷ ᠮᠣᠩᠭᠤᠯ ᠤᠨ ᠡᠭᠦᠯᠡᠨ ᠪᠣᠳᠣᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2016/2/18
     ᠰᠤᠷᠪᠤᠯᠵᠢᠯᠠᠭᠰᠠᠨ ᠴᠠᠭ᠄      2016 ᠣᠨ ᠤ1 ᠳ᠋ᠦ᠋ᠭᠡᠷ ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ  ᠸᠧᠢ ᠰᠢᠶᠤᠤ ᠮᠢᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠲᠣᠮᠤ ᠬᠡᠯᠪᠡᠷᠢ ᠶᠢᠨ ᠺᠣᠮᠫᠢᠦ᠋ᠲ᠋ᠧᠷ᠂ ᠬᠤᠪᠢ ᠬᠥᠮᠥᠨ ᠤ ᠺᠣᠮᠫᠢᠦ᠋ᠲ᠋ᠧᠷ᠂ ᠢᠨᠲ᠋ᠧᠷ ᠰᠦᠯᠵᠢᠶᠡᠨ  ᠤ ᠳᠠᠷᠠᠭ᠎ᠠ᠂ ᠡᠭᠦᠯᠡᠨ ᠪᠤᠳᠤᠯᠳᠠ ᠨᠢ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠦᠷᠢᠶᠡᠨ ᠳᠠᠬᠢ ᠪᠠᠰᠠ ᠨᠢᠭᠡᠨ ᠴᠠᠭ ᠦᠶ᠎ᠡ ᠶᠢ ᠵᠠᠭᠠᠭᠯᠠᠭᠰᠠᠨ ᠪᠡᠯᠭᠡ ᠲᠡᠮᠳᠡᠭ ᠪᠣᠯᠬᠤ ᠪᠦᠲᠦᠭᠡᠭᠳᠡᠬᠦᠨ ᠪᠣᠯᠣᠭᠰᠠᠨ ᠤ ᠬᠤᠪᠢ ᠳᠤ᠂ ᠨᠢᠭᠡᠨᠲᠡ ᠣᠳᠣᠬᠢ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠪᠣᠯᠤᠨ ᠬᠡᠷᠡᠭᠯᠡᠭᠡᠨ ᠤ ᠰᠢᠨ᠎ᠡ ᠶᠢ ᠡᠭᠦᠳᠬᠦ ᠬᠠᠯᠠᠮᠰᠢᠯ ᠠᠰᠠᠭᠤᠳᠠᠯ ᠪᠣᠯᠵᠤ᠂  ᠳᠥᠷᠪᠡᠳᠦᠭᠡᠷ ᠤᠳᠠᠭᠠᠨ ᠤ ᠮᠡᠳᠡᠭᠡ ᠵᠠᠩᠭᠢᠵᠢᠯᠲᠠ ᠶᠢᠨ ᠬᠤᠪᠢᠰᠬᠠᠯ ᠤᠨ ᠬᠤᠷᠢᠭᠯᠠᠭᠳᠠᠰᠢ ᠦᠭᠡᠢ ᠳᠠᠪᠠᠯᠭᠠᠨ ᠢ ᠪᠣᠢ ᠪᠣᠯᠭᠠᠵᠤ᠂ ᠳᠡᠯᠡᠭᠡᠢ ᠳᠠᠶᠠᠭᠠᠷ᠂ ᠤᠯᠤᠰ ᠤᠨ ᠳᠣᠲᠣᠭᠠᠳᠤ ᠳᠤ ᠴᠥᠮ ᠡᠭᠦᠯᠡᠨ ᠪᠣᠳᠣᠯᠲᠠ ᠶᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠭᠠᠪᠠ᠃ ᠮᠠᠨ ᠤ ᠣᠷᠣᠨ ᠤ ᠡᠭᠦᠯᠡᠨ ᠪᠤᠳᠤᠯᠳᠠ ᠶᠢᠨ ᠠᠵᠤ ᠦᠢᠯᠡᠰ ᠤᠨ ᠬᠥᠭᠵᠢᠯᠲᠡ ᠶᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ  ᠸᠧᠢ ᠰᠢᠶᠤᠤ ᠮᠢᠩ ᠢ ︽ᠳᠤᠮᠳᠠᠳᠤ ᠤᠯᠤᠰ· ᠥᠪᠥᠷ ᠮᠣᠩᠭᠤᠯ︾ ᠰᠦᠯᠵᠢᠶᠡᠨ ᠳᠤ ᠤᠷᠢᠬᠤ ᠪᠠᠷ ᠪᠠᠶᠢᠨ᠎ᠠ᠂ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ  ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕                 ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠰᠦᠯᠵᠢᠶᠡᠨ ᠠᠨᠳᠠ ᠨᠠᠷ ᠮᠢᠨᠢ ᠰᠠᠶᠢᠨ ᠪᠠᠶᠢᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ· ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ ᠸᠧᠢ ᠰᠢᠶᠤᠤ ᠮᠢᠩ ᠢ ᠤᠷᠢᠵᠤ᠂ ᠥᠪᠥᠷ ᠮᠣᠩᠭᠤᠯ ᠤᠨ ᠡᠭᠦᠯᠡᠨ ᠪᠣᠳᠣᠯᠲᠠ ᠶᠢᠨ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠮᠠᠨ ᠳᠤ ᠲᠠᠶᠢᠯᠤᠮᠵᠢ ᠬᠢᠯᠭᠡᠬᠦ ᠪᠠᠷ ᠪᠤᠢ᠃ ᠸᠧᠶ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠸᠧᠢ ᠰᠢᠶᠤᠤ ᠮᠢᠩ᠄      ᠬᠥᠲᠥᠯᠥᠭᠴᠢ ᠰᠠᠶᠢᠨ‌‍ᠣᠣ᠂ ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠤᠤ︕      ᠬᠥᠲᠥᠯᠥᠭᠴᠢ᠄      ᠸᠧᠶ ᠡᠷᠬᠢᠯᠡᠭᠴᠢ᠂ ᠲᠣᠮᠤ ᠬᠡᠯᠪᠡᠷᠢ ᠶᠢᠨ ᠺᠣᠮᠫᠢᠦ᠋ᠲ᠋ᠧᠷ᠂ ᠬᠤᠪᠢ ᠬᠥᠮᠥᠨ ᠤ ᠺᠣᠮᠫᠢᠦ᠋ᠲ᠋ᠧᠷ᠂ ᠢᠨᠲ᠋ᠧᠷ ᠰᠦᠯᠵᠢᠶᠡᠨ  ᠤ ᠳᠠᠷᠠᠭ᠎ᠠ᠂ ᠡᠭᠦᠯᠡᠨ ᠪᠤᠳᠤᠯᠳᠠ ᠨᠢ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠦᠷᠢᠶᠡᠨ ᠳᠠᠬᠢ ᠪᠠᠰᠠ ᠨᠢᠭᠡᠨ ᠴᠠᠭ ᠦᠶ᠎ᠡ ᠶᠢ ᠵᠠᠭᠠᠭᠯᠠᠭᠰᠠᠨ ᠪᠡᠯᠭᠡ ᠲᠡᠮᠳᠡᠭ ᠪᠣᠯᠬᠤ ᠪᠦᠲᠦᠭᠡᠭᠳᠡᠬᠦᠨ ᠪᠣᠯᠣᠭᠰᠠᠨ ᠤ ᠬᠤᠪᠢ ᠳᠤ᠂ ᠨᠢᠭᠡᠨᠲᠡ ᠣᠳᠣᠬᠢ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠪᠣᠯᠤᠨ ᠬᠡᠷᠡᠭᠯᠡᠭᠡᠨ ᠤ ᠰᠢᠨ᠎ᠡ ᠶᠢ ᠡᠭᠦᠳᠬᠦ ᠬᠠᠯᠠᠮᠰᠢᠯ ᠠᠰᠠᠭᠤᠳᠠᠯ ᠪᠣᠯᠵᠤ᠂ ᠳᠥᠷᠪᠡᠳᠦᠭᠡᠷ ᠤᠳᠠᠭᠠᠨ ᠤ ᠮᠡᠳᠡᠭᠡ ᠵᠠᠩᠭᠢᠵᠢᠯᠲᠠ ᠶᠢᠨ ᠬᠤᠪᠢᠰᠬᠠᠯ ᠤᠨ ᠬᠤᠷᠢᠭᠯᠠᠭᠳᠠᠰᠢ ᠦᠭᠡᠢ ᠳᠠᠪᠠᠯᠭᠠᠨ ᠢ ᠪᠣᠢ ᠪᠣᠯᠭᠠᠵᠤ᠂ ᠳᠡᠯᠡᠭᠡᠢ ᠳᠠᠶᠠᠭᠠᠷ᠂ ᠤᠯᠤᠰ ᠤᠨ ᠳᠣᠲᠣᠭᠠᠳᠤ ᠳᠤ ᠴᠥᠮ ᠡᠭᠦᠯᠡᠨ ᠪᠣᠳᠣᠯᠲᠠ ᠶᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠭᠠᠵᠤ᠂ ᠶᠠᠭ ᠳᠣᠭᠰᠢᠨ ᠰᠠᠯᠬᠢ ᠰᠢᠷᠦᠭᠦᠨ ᠪᠣᠷᠣᠭᠠᠨ ᠮᠡᠲᠦ ᠬᠦᠭᠵᠢᠵᠦ ᠪᠠᠶᠢᠨ᠎ᠠ᠂ ᠲᠡᠭᠡᠪᠡᠯ ᠥᠪᠥᠷ ᠮᠣᠩᠭᠤᠯ ᠤᠨ ᠡᠭᠦᠯᠡᠨ ᠪᠣᠳᠣᠯᠲᠠ ᠶᠢᠨ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠶᠠᠮᠠᠷ ᠰᠢᠤ ᠪᠤᠢ︖      ᠸᠧᠢ ᠰᠢᠶᠤᠤ ᠮᠢᠩ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠭᠦᠯᠡᠨ ᠪᠣᠳᠣᠯᠲᠠ ᠶᠢᠨ ᠠᠵᠤ ᠦᠢᠯᠡᠰ ᠤᠨ ᠬᠦᠭᠵᠢᠯᠲᠡ ᠶᠢ ᠮᠠᠰᠢ ᠬᠦᠨᠳᠦᠳᠬᠡᠨ ᠦᠵᠡᠵᠦ᠂ ᠡᠭᠦᠯᠡᠨ ᠪᠤᠳᠤᠯᠳᠠ ᠶᠢᠨ ᠠᠵᠤ ᠦᠢᠯᠡᠰ ᠢ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠬᠤᠯᠠ  ᠭᠠᠷᠳᠠᠴᠠ ᠪᠣᠯᠭᠠᠵᠤ᠂ 2011 ᠣᠨ ᠳᠤ ᠡᠭᠦᠯᠡᠨ ᠪᠣᠳᠣᠯᠲᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠭᠠᠨ᠂ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠎ ᠤ ᠡᠭᠦᠯᠡᠨ ᠪᠤᠳᠤᠯᠳᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2011 — 2020︶︾᠂ ︽ᠥᠪᠡᠷᠲᠡᠭᠡᠨ ᠵᠠᠰᠠᠬᠤ ᠣᠷᠣᠨ  ᠤ ᠡᠭᠦᠯᠡᠨ ᠪᠣᠳᠣᠯᠲᠠ ᠶᠢᠨ ᠭᠡᠷᠡᠯᠯᠢᠭ ᠳᠡᠭᠡᠰᠦᠨ ᠲᠣᠣᠷ ᠰᠦᠯᠵᠢᠶ᠎ᠡ ᠶᠢᠨ ᠬᠦᠭᠵᠢᠯᠲᠡ ᠶᠢᠨ ᠲᠥᠯᠥᠪᠵᠢᠭᠦᠯᠭᠡ︾ ᠵᠢᠴᠢ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠵᠦᠩ ᠰᠢᠩ ᠡᠨᠧᠷᠭᠢ ᠵᠡᠷᠭᠡ ᠨᠢᠭᠡ ᠪᠦᠯᠦᠭ ᠲᠣᠮᠣ ᠬᠡᠯᠪᠡᠷᠢ ᠶᠢᠨ ᠡᠭᠦᠯᠡᠨ ᠪᠤᠳᠤᠯᠳᠠ ᠶᠢᠨ ᠳ᠋ᠠᠶᠢᠲ᠋ᠠ ᠲᠥᠪ ᠨᠢ ᠤᠲᠤ ᠨᠢᠭᠡᠨᠲᠡ ᠪᠠᠶᠢᠭᠤᠯᠤᠭᠳᠠᠨ ᠠᠵᠢᠯᠯᠠᠵᠤ᠂ ᠬᠥᠬᠡᠬᠤᠲᠠ ᠪᠠᠷ  ᠲᠥᠪ ᠪᠣᠯᠭᠠᠭᠰᠠᠨ ᠡᠭᠦᠯᠡᠨ ᠪᠤᠳᠤᠯᠳᠠ ᠶᠢᠨ ᠳ᠋ᠠᠶᠢᠲ᠋ᠠ ᠲᠥᠪ ᠤᠨ ᠰᠠᠭᠤᠷᠢᠨ ᠭᠠᠵᠠᠷ ᠢ ᠪᠦᠷᠢᠯᠳᠦᠭᠦᠯᠵᠦ᠂ ᠵᠢᠯ ᠤᠨ ᠡᠴᠦᠰ ᠲᠤ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠨᠢ 70 ᠲᠦᠮᠡ ᠳᠤ ᠬᠦᠷᠴᠦ᠂ ᠪᠦᠬᠦ ᠤᠯᠤᠰ ᠤᠨ ᠲᠡᠷᠢᠭᠦᠨ ᠳᠤ ᠣᠷᠣᠪᠠ︔ ᠳᠤᠮᠳᠠᠳᠤ ᠮᠣᠩᠭᠤᠯ ᠣᠷᠣᠰ ᠤᠯᠤᠰ ᠤᠨ ᠬᠤᠭᠤᠷᠤᠨᠳᠤᠬᠢ ᠭᠡᠷᠡᠯᠯᠢᠭ ᠳᠡᠭᠡᠰᠦ᠂ ᠬᠥᠬᠡᠬᠤᠲᠠ ᠠᠴᠠ ᠪᠡᠭᠡᠵᠢᠩ ᠳᠤ ᠰᠢᠭᠤᠳ ᠨᠡᠪᠲᠡᠷᠡᠬᠦ ᠭᠡᠷᠡᠯᠯᠢᠭ ᠳᠡᠭᠡᠰᠦ 4᠎ ᠶᠢ ᠪᠠᠶᠢᠭᠤᠯᠵᠤ᠂ ᠤᠯᠠᠨ ᠤᠯᠤᠰ ᠤᠨ ᠬᠤᠭᠤᠷᠤᠨᠳᠤ᠂ ᠤᠯᠤᠰ ᠤᠨ ᠳᠣᠲᠣᠭᠠᠳᠤ ᠳᠤ ᠨᠡᠪᠲᠡᠷᠡᠬᠦ ᠳᠡᠭᠡᠳᠦ ᠬᠤᠷᠳᠤᠴᠠ ᠶᠢᠨ ᠥᠷᠭᠡᠨ ᠪᠦᠰᠡᠲᠦ ᠰᠦᠯᠵᠢᠶ᠎ᠡ ᠶᠢ ᠪᠦᠷᠢᠯᠳᠦᠭᠦᠯᠪᠡ᠂ ᠤᠯᠤᠰ ᠠᠴᠠ ᠨᠢᠭᠡᠨᠲᠡ ᠬᠥᠬᠡᠬᠤᠲᠠ ᠶᠢ ᠣᠯᠠᠨ ᠤᠯᠤᠰ ᠤᠨ ᠴᠢᠮᠡᠭᠡ ᠨᠡᠪᠲᠡᠷᠡᠯᠴᠡᠭᠡ ᠶᠢᠨ ᠲᠣᠬᠠᠶᠢᠯᠠᠭᠰᠠᠨ ᠠᠵᠢᠯ ᠤᠨ ᠣᠷᠣᠵᠤ ᠭᠠᠷᠬᠤ ᠭᠠᠵᠠᠷ ᠎ ᠤᠨ ᠲᠣᠪᠴᠢᠶ᠎ᠠ ᠪᠣᠯᠬᠤ ᠶᠢ ᠴᠤᠬᠤᠯᠠᠪᠤᠷᠢᠯᠠᠵᠤ᠂ ᠣᠳᠣ ᠶᠠᠭ ᠤᠯᠤᠰ ᠠᠴᠠ ᠬᠥᠬᠡᠬᠤᠲᠠ ᠳᠤ ᠢᠨᠲ᠋ᠧᠷ ᠰᠦᠯᠵᠢᠶᠡᠨ ᠤ ᠰᠢᠭᠤᠳ ᠬᠤᠯᠪᠣᠭ᠎ᠠ ᠠᠪᠬᠤ ᠭᠤᠣᠯᠯᠠᠬᠤ ᠴᠢᠭ᠋ ᠨᠡᠮᠡᠵᠦ ᠪᠠᠶᠢᠭᠤᠯᠬᠤ ᠪᠠᠷ ᠭᠤᠶᠤᠴᠢᠯᠠᠵᠤ ᠪᠤᠢ᠂ ᠡᠳᠡᠭᠡᠷ ᠨᠢ ᠴᠥᠮ ᠡᠭᠦᠯᠡᠨ ᠪᠣᠳᠣᠯᠲᠠ ᠶᠢᠨ ᠠᠵᠤ ᠦᠢᠯᠡᠰ ᠤᠨ ᠬᠦᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠸᠧᠢ ᠰᠢᠶᠤᠤ ᠮᠢᠩ᠄      ᠡᠭᠦᠯᠡᠨ ᠪᠤᠳᠤᠯᠳᠠ ᠶᠢᠨ ᠰᠠᠭᠤᠷᠢ ᠪᠡᠯᠡᠳᠬᠡᠮᠵᠢ ᠶᠢ ᠲᠥᠷᠭᠡᠨ ᠪᠦᠳᠦᠬᠡᠨ ᠪᠠᠶᠢᠭᠤᠯᠬᠤ ᠶᠢᠨ ᠬᠠᠮᠲᠤ᠂ ᠡᠭᠦᠯᠡᠨ ᠪᠣᠳᠣᠯᠲᠠ ᠶᠢᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠢᠳᠡᠪᠬᠢᠲᠡᠢ ᠲᠦᠯᠬᠢᠨ ᠠᠬᠢᠭᠤᠯᠵᠤ᠂ ︽ᠥᠪᠥᠷ ᠮᠣᠩᠭᠤᠯ ᠤᠨ ᠡᠭᠦᠯᠡᠨ ᠪᠤᠳᠤᠯᠳᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠠᠵᠢᠯᠯᠠᠭᠠᠨ ᠤ  ᠲᠥᠰᠥᠯ︾᠂ ︽ ︿ᠢᠨᠲ᠋ᠧᠷ ᠰᠦᠯᠵᠢᠶ᠎ᠡ +﹀ ᠠᠵᠢᠯ ᠢ ᠲᠦᠷᠭᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠠ ᠯᠢ ᠪᠠ ᠪᠠ᠂ ᠲᠧᠩ ᠰᠢᠶᠦ᠋ᠨ᠂ ᠪᠠᠶ ᠳ᠋ᠦ᠋᠂ ᠱᠦ ᠭᠤᠸᠠᠩ᠂ ᠰᠸᠤ ᠭᠸᠦ᠂ ᠬᠤᠸᠠ ᠸᠧᠶ᠂ ᠯᠠᠩ ᠴᠤᠤ᠂ ᠳᠤᠮᠳᠠᠳᠤ ᠤᠯᠤᠰ ᠤᠨ ᠬᠤᠸᠠ ᠯᠦ᠂ IBM ᠵᠡᠷᠭᠡ ᠨᠢᠭᠡ ᠪᠦᠯᠦᠭ ᠮᠡᠳᠡᠭᠡ ᠵᠠᠩᠭᠢ ᠶᠢᠨ ᠦᠢᠯᠡᠴᠢᠯᠡᠭᠡᠨ ᠤ ᠬᠤᠳᠠᠯᠳᠤᠭᠠᠴᠢᠳ ᠢ ᠣᠷᠣᠭᠤᠯᠤᠨ ᠠᠪᠴᠢᠷᠠᠵᠤ᠂ ᠡᠭᠦᠯᠡᠨ ᠪᠣᠳᠣᠯᠳᠠ᠂ ᠲᠣᠮᠣ ᠳ᠋ᠠᠶᠢᠲ᠋ᠠ᠂  ᠪᠤᠳᠠᠰᠯᠢᠭ ᠬᠤᠯᠪᠣᠭᠠᠲᠤ ᠰᠦᠯᠵᠢᠶ᠎ᠡ᠂ ︽ᠢᠨᠲ᠋ᠧᠷ ᠰᠦᠯᠵᠢᠶ᠎ᠡ +︾ ᠵᠡᠷᠭᠡ ᠠᠵᠤ ᠦᠢᠯᠡᠰ ᠶᠠᠭ ᠲᠥᠷᠭᠡᠨ ᠬᠦᠭᠵᠢᠵᠦ᠂ ᠥᠪᠥᠷ ᠮᠣᠩᠭᠤᠯ ᠤᠨ ᠡᠯᠧᠺᠲᠷᠤᠨ ᠵᠠᠰᠠᠭ ᠤᠨ ᠶᠠᠪᠤᠳᠠᠯ ᠤᠨ ᠡᠭᠦᠯᠡᠨ ᠲᠥᠪ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠭᠠᠶᠢᠯᠢ ᠲᠠᠲᠠᠪᠤᠷᠢ᠂ ᠢᠲᠡᠭᠡᠮᠵᠢ ᠵᠡᠷᠭᠡ ᠡᠭᠦᠯᠡᠨ ᠲᠠᠪᠴᠠᠩ ᠢ ᠪᠠᠶᠢᠭᠤᠯᠤᠨ᠂ ᠥᠪᠥᠷ ᠮᠣᠩᠭᠤᠯ ᠤᠨ ᠲᠣᠮᠣ ᠳ᠋ᠠᠶᠢᠲ᠋ᠠ ᠠᠷᠠᠯᠵᠢᠶᠠᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠬᠢᠷᠢ ᠲᠥᠪᠰᠢᠨ ᠪᠦᠬᠦ ᠲᠠᠯ᠎ᠠ ᠪᠠᠷ ᠳᠡᠭᠡᠭᠰᠢᠯᠡᠪᠡ︔ ᠬᠥᠬᠡᠬᠤᠲᠠ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠲᠠ ᠪᠠᠷ ᠵᠢᠭᠰᠠᠭᠠᠭᠳᠠᠵᠤ᠂ ᠤᠯᠠᠭᠠᠨᠬᠠᠳᠠ ᠶᠢᠨ ᠬᠤᠨᠭ᠍ᠱᠠᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠵᠤ᠂ ᠨᠢᠭᠡ ᠪᠦᠯᠦᠭ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠪᠣᠯᠣᠨ ᠨᠡᠭᠦᠷᠡᠰᠦ᠂ ᠬᠤᠪᠣᠷ ᠰᠢᠷᠣᠶ᠂ ᠡᠾᠯᠤᠷᠲᠤ ᠡᠲ᠋ᠧᠨ ᠤ ᠪᠦᠭᠡᠭᠡᠨᠡᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠨᠢᠭᠡ ᠪᠦᠯᠦᠭ ᠣᠨᠴᠠᠯᠢᠭ ᠪᠦᠬᠦᠢ ᠦᠢᠯᠡᠳᠬᠦᠨ ᠤ ᠠᠷᠠᠯᠵᠢᠶᠠᠨ ᠤ ᠲᠥᠪ ᠢ ᠪᠠᠶᠢᠭᠤᠯᠵᠤ᠂ ᠳ᠋ᠦᠩ ᠭᠧ e  ᠬᠤᠳᠠᠯᠳᠤᠭ᠎ᠠ᠂  ᠢ ᠴᠢ ᠬᠤᠳᠠᠯᠳᠤᠭᠠᠨ ᠤ ᠲᠠᠯᠠᠪᠤᠷ᠂ ᠳ᠋ᠠ ᠲᠦᠩ ᠢ ᠭᠸᠦ  ᠵᠡᠷᠭᠡ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠪᠣᠶᠢᠵᠢᠭᠤᠯᠤᠭᠠᠳ᠂ ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠨ ᠬᠦᠭᠵᠢᠪᠡ︔ ᠣᠶᠣᠨᠲᠤ ᠬᠤᠳᠠ ᠶᠢᠨ ᠪᠥᠳᠥᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠵᠤ᠂ ᠨᠢᠭᠡ ᠪᠦᠯᠦᠭ ᠣᠶᠣᠨᠲᠤ ᠵᠠᠮ ᠬᠠᠷᠢᠯᠴᠠᠭ᠎ᠠ᠂ ᠣᠶᠣᠨᠲᠦ ᠨᠡᠶᠢᠭᠡᠮ ᠲᠣᠭᠤᠷᠢᠭ᠂ ᠣᠶᠣᠨᠲᠤ ᠡᠮ ᠡᠮᠨᠡᠯᠭᠡ᠂ ᠣᠶᠣᠨᠲᠤ ᠰᠤᠷᠭᠠᠨ ᠬᠥᠮᠦᠵᠢᠯ ᠵᠡᠷᠭᠡ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠭᠪᠤᠷᠰᠢᠯ ᠲᠠᠰᠤᠷᠠᠯᠲᠠ ᠦᠭᠡᠢ ᠰᠢᠨ᠎ᠡ ᠶᠢ ᠡᠭᠦᠳᠪᠡ︔  ᠥᠷᠭᠡᠨ ᠪᠦᠰᠡᠲᠦ ᠬᠥᠳᠡᠭᠡ ᠲᠣᠰᠬᠤᠨ ᠢ ᠲᠦᠷᠭᠡᠨ ᠪᠦᠳᠦᠭᠡᠨ ᠪᠠᠶᠢᠭᠤᠯᠵᠤ᠂ ᠢᠨᠲ᠋ᠧᠷ ᠰᠦᠯᠵᠢᠶᠡᠨ ᠤ ᠲᠧᠯᠸᠢᠰ᠂ ᠠᠯᠤᠰ ᠤᠨ ᠰᠤᠷᠭᠠᠨ ᠬᠥᠮᠦᠵᠢᠯ᠂ ᠠᠯᠤᠰ ᠤᠨ ᠡᠮ ᠡᠮᠨᠡᠯᠭᠡ᠂ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭ᠎ᠠ ᠵᠡᠷᠭᠡ ᠶᠢ ᠬᠦᠴᠦᠯᠡᠨ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠬᠡᠷᠡᠭᠯᠡᠭᠡ ᠶᠢ ᠨᠡᠶᠢᠳᠡᠮ ᠳᠡᠯᠭᠡᠷᠡᠭᠦᠯᠪᠡ︔ ᠠᠵᠤ ᠦᠢᠯᠡᠳᠪᠦᠷᠢᠵᠢᠯᠲᠡ ᠪᠣᠯᠣᠨ ᠮᠡᠳᠡᠭᠡ ᠵᠠᠩᠭᠢᠵᠢᠯᠲᠠ ᠶᠢᠨ ᠠᠭᠤᠰᠤᠯᠴᠠᠯ ᠢ ᠭᠦᠨᠵᠡᠭᠡᠢ ᠠᠬᠢᠭᠤᠯᠵᠤ᠂ ︽ᠲᠠᠷᠢᠶᠠᠯᠠᠩ ᠮᠡᠷᠭᠡᠵᠢᠯ ᠤᠨ ᠡᠷᠳᠡᠨᠢ︾ ᠵᠡᠷᠭᠡ ᠮᠡᠳᠡᠭᠡ ᠵᠠᠩᠭᠢ ᠪᠠᠷ ᠲᠠᠷᠢᠶᠠᠴᠢᠳ ᠲᠤ ᠠᠰᠢᠭ ᠬᠦᠷᠲᠡᠭᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠭᠤᠯᠬᠤ ᠡᠭᠦᠯᠡᠨ ᠰᠠᠭᠤᠷᠢᠨ ᠭᠠᠵᠠᠷ ᠢ ᠲᠦᠷᠭᠡᠨ ᠪᠥᠳᠥᠭᠡᠨ ᠪᠠᠶᠢᠭᠤᠯᠵᠤ᠂ ᠢᠨᠲ᠋ᠧᠷ ᠰᠦᠯᠵᠢᠶ᠎ᠡ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ᠂ ᠰᠣᠶᠣᠯ ᠵᠡᠷᠭᠡ ᠬᠦᠷᠢᠶ᠎ᠡ ᠳᠠᠬᠢ ᠬᠡᠷᠡᠭᠯᠡᠭᠡ ᠥᠷᠭᠡᠵᠢᠪᠡ᠃      ᠬᠥᠲᠥᠯᠥᠭᠴᠢ᠄      ᠥᠪᠥᠷ ᠮᠣᠩᠭᠤᠯ ᠡᠭᠦᠯᠡᠨ ᠪᠣᠳᠣᠯᠲᠠ ᠶᠢᠨ ᠠᠵᠤ ᠦᠢᠯᠡᠰ ᠢ ᠬᠥᠭᠵᠢᠭᠦᠯᠬᠦ ᠳᠤ ᠶᠠᠮᠠᠷ ᠳᠠᠪᠠᠭᠤᠯᠢᠭ ᠲᠠᠢ ᠪᠤᠶ︖      ᠸᠧᠢ ᠰᠢᠶᠤᠤ ᠮᠢᠩ᠄      ᠥᠪᠥᠷ ᠮᠣᠩᠭᠤᠯ ᠡᠭᠦᠯᠡᠨ ᠪᠣᠳᠣᠯᠲᠠ ᠶᠢᠨ ᠠᠵᠤ ᠦᠢᠯᠡᠰ ᠢ ᠬᠥᠭᠵᠢᠭᠦᠯᠬᠦ ᠳᠤ ᠥᠪᠡᠷᠮᠢᠴᠡ ᠳᠠᠪᠠᠭᠤᠯᠢᠭ ᠨᠥᠬᠦᠴᠡᠯ  ᠎ ᠲᠠᠢ᠃ ᠨᠢᠭᠡ ᠳᠤ᠂ ᠠᠭᠤᠷ ᠠᠮᠢᠰᠬᠤᠯ ᠤᠨ ᠨᠥᠬᠦᠴᠡᠯ ᠲᠣᠬᠢᠷᠠᠮᠵᠢᠲᠠᠶ᠃ ᠥᠪᠥᠷ ᠮᠣᠩᠭᠤᠯ ᠰᠡᠷᠢᠭᠦᠨ ᠪᠦᠰᠡ ᠶᠢᠨ ᠡᠬᠡ ᠬᠠᠭᠤᠷᠠᠢ ᠶᠢᠨ ᠴᠢᠨᠠᠷᠲᠠᠶ ᠠᠭᠤᠷ ᠠᠮᠢᠰᠬᠤᠯ ᠢᠶᠠᠷ ᠭᠤᠣᠯ ᠪᠣᠯᠵᠤ᠂ ᠬᠦᠢᠲᠡᠨ ᠬᠤᠭᠤᠴᠠᠭ᠎ᠠ ᠨᠢ ᠨᠡᠯᠢᠶᠡᠳ ᠤᠷᠳᠤ᠂ ᠵᠢᠯ ᠤᠨ ᠳᠤᠮᠳᠠᠴᠢ ᠠᠭᠠᠷ ᠤᠨ ᠳᠤᠯᠠᠭᠠᠨ 0 - 8 ᠼᠧᠯᠰ ᠭᠷᠠᠳᠦ᠋ᠰ᠂ ᠥᠷᠭᠡᠨ ᠬᠡᠪᠴᠢᠶᠡᠨ ᠤ ᠲᠤᠭ᠎ᠠ ᠪᠠᠷᠢᠮᠲᠠ ᠶᠢᠨ ᠲᠥᠪ ᠤᠨ ᠠᠶᠠᠨᠳᠠᠭᠠᠨ ᠤ ᠬᠦᠷᠭᠡᠯᠲᠡ ᠳᠤ ᠲᠣᠬᠢᠷᠠᠨ᠎ᠠ᠃ ᠵᠢᠱᠢᠵᠦ ᠪᠣᠳᠣᠭᠰᠠᠨ ᠢᠶᠠᠷ᠂ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠤᠨ PUE ︵ᠡᠨᠧᠷᠭᠢ ᠶᠢᠨ ᠰᠤᠷᠪᠤᠯᠵᠢ ᠬᠡᠷᠡᠭᠯᠡᠬᠦ ᠦᠷ᠎ᠡ ᠪᠦᠲᠦᠮᠵᠢ ᠶᠢ︶ ᠬᠡᠮᠵᠢᠭᠳᠡᠯ ᠢ 1.4 ᠣᠷᠴᠢᠮ ᠬᠢᠵᠠᠭᠠᠷᠯᠠᠵᠦ  ᠴᠢᠳᠠᠬᠤ ᠪᠣᠯᠬᠤᠷ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 0.8 - 1.6 ᠳᠣᠣᠷ᠎ᠠ ᠪᠠᠶᠢᠳᠠᠭ᠂ ᠡᠵᠡᠩᠨᠡᠯᠲᠡ ᠶᠢᠨ ᠥᠪᠡᠷ ᠤᠨ ᠥᠷᠲᠡᠭ ᠨᠢ ᠬᠠᠷᠢᠴᠠᠩᠭᠤᠶ ᠨᠡᠯᠢᠶᠡᠳ ᠳᠣᠣᠷ᠎ᠠ ᠪᠠᠶᠢᠨ᠎ᠠ᠃ ᠬᠤᠶᠠᠷ ᠲᠤ᠂ ᠭᠠᠵᠠᠷ ᠵᠦᠢ ᠶᠢᠨ ᠣᠷᠴᠢᠨ ᠲᠣᠭᠤᠷᠢᠨ ᠤ ᠳᠠᠪᠠᠭᠤᠯᠢᠭ ᠲᠠᠢ᠃ ᠥᠪᠥᠷ ᠮᠣᠩᠭᠤᠯ ᠤᠨ ᠣᠯᠠᠩᠬᠢ ᠭᠠᠵᠠᠷ ᠣᠷᠣᠨ ᠳᠤ ᠭᠠᠵᠠᠷ ᠰᠢᠨᠵᠢᠯᠡᠭᠡᠨ ᠤ ᠪᠦᠲᠦᠴᠡ ᠨᠡᠯᠢᠶᠡᠳ ᠲᠣᠭᠲᠠᠪᠤᠷᠢᠲᠠᠶ᠂ ᠭᠠᠵᠠᠷ ᠬᠥᠳᠡᠯᠦᠯᠲᠡ ᠶᠢᠨ ᠪᠦᠰᠡ ᠠᠴᠠ ᠬᠤᠯᠠ᠂ ᠲᠡᠦᠬᠡᠨ ᠳᠡᠭᠡᠷ᠎ᠡ ᠡᠪᠳᠡᠯᠡᠭᠡ ᠶᠢᠨ ᠴᠢᠨᠠᠷᠲᠠᠶ ᠭᠠᠵᠠᠷ ᠬᠥᠳᠡᠯᠦᠯᠲᠡ ᠶᠢᠨ ᠭᠠᠮᠰᠢᠭ ᠲᠣᠩ ᠴᠥᠭᠡᠨ ᠭᠠᠷᠴᠤ᠂ ᠲᠤᠮᠤ ᠬᠡᠯᠪᠡᠷᠢ ᠶᠢᠨ ᠳ᠋ᠠᠶᠢᠲ᠋ᠠ ᠶᠢᠨ ᠲᠥᠪ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ ᠴᠢᠳᠠᠬᠤ ᠶᠤᠮ᠃ ᠭᠤᠷᠪᠠ ᠳᠤ᠂ ᠡᠨᠧᠷᠭᠢ ᠶᠢᠨ ᠪᠠᠲᠤᠯᠠᠭ᠎ᠠ ᠲᠠᠢ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠨᠢ ᠪᠦᠬᠦ ᠤᠯᠤᠰ ᠤᠨ ᠲᠡᠷᠢᠭᠦᠨ ᠳᠤ ᠣᠷᠣᠨ᠎ᠠ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ ᠤ ᠲᠣᠣᠷ ᠤᠨ ᠪᠦᠷᠢᠯᠳᠦᠭᠰᠡᠨ ᠨᠢ ᠪᠦᠬᠦ ᠤᠯᠤᠰ ᠤᠨ ᠬᠦᠷᠭᠡᠬᠦ ᠴᠠᠬᠢᠯᠭᠠᠨ ᠲᠦᠭᠡᠭᠡᠬᠦ ᠦᠨ᠎ᠡ ᠬᠠᠩᠰᠢ ᠶᠢᠨ ᠠᠩᠬᠠᠳᠠᠭᠴᠢ ᠮᠤᠵᠢ ᠶᠢᠨ ᠳᠡᠰ ᠤᠨ ᠴᠠᠬᠢᠯᠭᠠᠨ ᠲᠣᠣᠷ ᠤᠨ ᠪᠡᠶ᠎ᠡ ᠪᠠᠨ ᠳᠠᠭᠠᠭᠠᠭᠰᠠᠨ ᠴᠠᠬᠢᠯᠭᠠᠨ ᠰᠢᠰᠲ᠋ᠧᠮ ᠪᠣᠯᠵᠤ᠂ ᠴᠠᠬᠢᠯᠭᠠᠨ ᠳᠠᠮᠵᠢᠭᠤᠯᠬᠤ ᠪᠠ ᠬᠦᠷᠭᠡᠬᠦ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠰᠢᠭᠤᠳ ᠬᠢᠵᠦ ᠪᠣᠯᠤᠨ᠎ᠠ᠃ ᠴᠠᠬᠢᠯᠭᠠᠨ ᠬᠦᠴᠦ ᠨᠡᠯᠢᠶᠡᠳ ᠶᠡᠭᠡ ᠬᠡᠷᠡᠭᠴᠡᠭᠡ ᠲᠠᠢ ᠠᠵᠤ ᠠᠬᠤᠶᠢᠯᠠᠯ ᠤᠳ᠂ ᠪᠠᠰᠠ ᠰᠢᠭᠤᠳ ᠴᠠᠬᠢᠯᠭᠠᠨ ᠬᠠᠩᠭᠠᠬᠤ ᠦᠨ᠎ᠡ ᠬᠠᠩᠰᠢ ᠶᠢ ᠤᠯᠠᠨ ᠲᠠᠯ᠎ᠠ ᠪᠠᠷ ᠠᠷᠠᠯᠵᠢᠶᠠᠯᠠᠵᠤ ᠪᠣᠯᠤᠨ᠎ᠠ᠃ ᠲᠦᠷᠪᠡ ᠳᠤ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠢᠯᠡᠷᠬᠡᠶ᠃ ᠥᠪᠥᠷ ᠮᠣᠩᠭᠤᠯ ᠨᠢ ᠪᠡᠭᠡᠵᠢᠩ ᠲᠢᠶᠠᠨᠵᠢᠨ ᠲᠠᠢ ᠣᠶᠢᠷᠠᠬᠠᠨ ᠪᠠᠶᠢᠵᠤ᠂ ᠨᠠᠢᠮᠠᠨ ᠮᠤᠵᠢ ᠣᠷᠣᠨ ᠲᠠᠢ ᠬᠥᠷᠰᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠭᠤᠶᠢᠳᠠ ᠰᠠᠶᠢᠬᠠᠨ᠂ ᠵᠠᠮ ᠬᠠᠷᠢᠯᠴᠠᠭ᠎ᠠ ᠳᠥᠭᠦᠮ ᠳᠥᠲᠡ᠂ ᠲᠤᠭ᠎ᠠ ᠪᠠᠷᠢᠮᠲᠠ ᠶᠢᠨ ᠳᠠᠮᠵᠢᠯᠭᠠᠨ᠂ ᠮᠡᠳᠡᠭᠡ ᠵᠠᠩᠭᠢ ᠶᠢᠨ ᠦᠢᠯᠡᠴᠢᠯᠡᠭᠡ᠂ ᠴᠢᠳᠠᠪᠤᠷᠢᠲᠠᠨ ᠣᠷᠣᠭᠤᠯᠵᠤ ᠢᠷᠡᠬᠦ ᠵᠡᠷᠭᠡ ᠲᠠᠯ᠎ᠠ ᠪᠠᠷ ᠪᠦᠷ ᠳᠠᠪᠠᠭᠤᠯᠢᠭ ᠲᠠᠯ᠎ᠠ ᠲᠠᠢ᠃ ᠭᠠᠳᠠᠭᠰᠢ ᠪᠠᠨ ᠣᠷᠣᠰ ᠮᠣᠩᠭᠤᠯ ᠲᠠᠢ ᠬᠢᠯᠢᠯᠡᠵᠦ᠂ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠬᠤᠶᠠᠷ ᠬᠥᠭᠦᠷᠭᠡ ᠲᠠᠢ ᠪᠣᠯᠬᠤᠷ᠂ ᠧᠦ᠋ᠷᠣᠫᠠ ᠲᠢᠪ ᠴᠢᠨᠠᠭᠰᠢᠯᠠᠭᠠᠳ ᠪᠦᠬᠦ ᠪᠥᠮᠪᠥᠷᠴᠡᠭ ᠤᠨ ᠡᠭᠦᠯᠡᠨ ᠪᠤᠳᠤᠯᠳᠠ ᠶᠢᠨ ᠤᠯᠠᠨ ᠤᠯᠤᠰ ᠤᠨ ᠦᠢᠯᠡᠴᠢᠯᠡᠭᠡᠨ ᠤ ᠬᠥᠭᠵᠢᠯᠲᠡ ᠳᠤ ᠠᠰᠢᠭᠲᠠᠶ ᠶᠤᠮ᠃      ᠬᠥᠲᠥᠯᠥᠭᠴᠢ᠄      ︽13᠂ 5︾᠎ ᠶᠢᠨ ᠬᠤᠭᠤᠴᠠᠭᠠᠨ ᠳᠤ ᠥᠪᠥᠷ ᠮᠣᠩᠭᠤᠯ ᠤᠨ ᠡᠭᠦᠯᠡᠨ ᠪᠣᠳᠣᠯᠲᠠ ᠶᠢᠨ ᠠᠵᠤ ᠦᠢᠯᠡᠰ ᠢ ᠬᠥᠭᠵᠢᠭᠦᠯᠬᠦ ᠰᠡᠳᠬᠢᠴᠡ᠂ ᠭᠤᠣᠯᠳᠠᠯᠭ᠎ᠠ ᠪᠠ ᠬᠠᠷᠠᠯᠲᠠ ᠨᠢ ᠶᠠᠭᠤ ᠪᠤᠶ︖      ᠸᠧᠢ ᠰᠢᠶᠤᠤ ᠮᠢᠩ᠄      ︽13᠂ 5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠨᠲ᠋ᠧᠷ ᠰᠦᠯᠵᠢᠶ᠎ᠡ ᠪᠣᠯᠤᠨ ᠠᠵᠤ ᠠᠬᠤᠶ ᠨᠡᠶᠢᠭᠡᠮ ᠤᠨ ᠡᠯ᠎ᠡ ᠬᠦᠷᠢᠶᠡᠨ ᠤ ᠠᠭᠤᠰᠤᠯᠴᠠᠯ ᠤᠨ ᠥᠷᠭᠡᠴᠡ ᠪᠠ ᠭᠦᠨᠴᠡ ᠶᠢ ᠥᠷᠭᠡᠳᠬᠡᠵᠦ᠂ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠥᠪᠥᠷ ᠮᠣᠩᠭᠤᠯ ᠢ ᠤᠯᠤᠰ ᠤᠨ ᠴᠢᠬᠤᠯᠠ ᠡᠭᠦᠯᠡᠨ ᠪᠤᠳᠤᠯᠳᠠ ᠶᠢᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠣᠯᠣᠨ᠎ᠠ᠃ ᠨᠢᠭᠡ ᠳᠤ᠂ ᠲᠤᠭ᠎ᠠ ᠪᠠᠷᠢᠮᠲᠠ ᠎ ᠶᠢᠨ ᠲᠥᠪ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠥᠬᠡᠬᠤᠲᠠ ᠪᠤᠭᠤᠲᠤ ᠤᠷᠳᠤᠰ᠂ ᠤᠯᠠᠭᠠᠨᠬᠠᠳᠠ᠂ ᠤᠯᠠᠭᠠᠨᠴᠠᠪ ᠵᠡᠷᠭᠡ ᠣᠷᠣᠨ ᠪᠦᠰᠡ ᠶᠢᠨ ᠴᠢᠨᠠᠷᠲᠠᠶ ᠭᠤᠣᠯ ᠬᠤᠳᠠ ᠪᠠᠷ ᠭᠤᠣᠯᠳᠠᠯᠭ᠎ᠠ ᠪᠣᠯᠭᠠᠨ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠲᠦᠮᠡᠯ ᠬᠤᠯᠪᠣᠭ᠎ᠠ ᠶᠢᠨ ᠺᠣᠮᠫᠠᠨᠢ᠂ ᠵᠦᠩ ᠰᠢᠩ ᠡᠨᠧᠷᠭᠢ᠂ ᠬᠤᠸᠠ ᠸᠧᠶ ᠵᠡᠷᠭᠡ ᠲᠤᠮᠤ ᠬᠡᠯᠪᠡᠷᠢ ᠶᠢᠨ ᠲᠤᠭ᠎ᠠ ᠪᠠᠷᠢᠮᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ 2020 ᠣᠨ ᠪᠣᠯᠬᠤ ᠳᠤ᠂ ᠡᠭᠦᠯᠡᠨ ᠪᠤᠳᠤᠯᠳᠠ ᠶᠢᠨ ᠲᠤᠭ᠎ᠠ ᠪᠠᠷᠢᠮᠲᠠ ᠶᠢᠨ ᠲᠥᠪ ᠦᠢᠯᠡᠴᠢᠯᠡᠭᠦᠷ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 300 ᠲᠦᠮᠡᠨ ᠰᠠᠤᠷᠢ ᠳᠤ ᠬᠦᠷᠦᠭᠦᠯᠵᠦ᠂ ᠮᠠᠨ ᠤ ᠤᠯᠤᠰ ᠤᠨ ᠬᠠᠮᠤᠭ ᠤᠨ ᠲᠣᠮᠣ ᠡᠭᠦᠯᠡᠨ ᠪᠣᠳᠣᠯᠲᠠ ᠶᠢᠨ ᠲᠤᠭ᠎ᠠ ᠪᠠᠷᠢᠮᠲᠠ ᠶᠢᠨ ᠲᠥᠪ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠶᠠᠷ ᠲᠤ᠂ ᠭᠡᠷᠡᠯᠯᠢᠭ ᠳᠡᠭᠡᠰᠦᠨ ᠲᠤᠤᠷ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ᠎ᠡ᠃  ᠤᠯᠤᠰ ᠤᠨ ᠬᠤᠭᠤᠷᠤᠨᠳᠤᠬᠢ᠂ ᠮᠤᠵᠢ ᠶᠢᠨ ᠬᠤᠭᠤᠷᠤᠨᠳᠤᠬᠢ ᠭᠡᠷᠡᠯᠯᠢᠭ ᠳᠡᠭᠡᠰᠦ ᠨᠡᠪᠲᠡᠷᠡᠬᠦ ᠵᠠᠮ᠂ ᠬᠥᠬᠡᠬᠤᠲᠠ ᠶᠢᠨ ᠢᠨᠲ᠋ᠧᠷ ᠰᠦᠯᠵᠢᠶᠡᠨ ᠤ ᠰᠢᠭᠤᠳ ᠬᠤᠯᠪᠣᠭ᠎ᠠ ᠠᠪᠬᠤ ᠭᠤᠣᠯᠯᠠᠬᠤ ᠴᠡᠭ ᠪᠠ ᠥᠪᠥᠷ ᠮᠣᠩᠭᠤᠯ ᠤᠨ ᠣᠯᠠᠨ ᠤᠯᠤᠰ ᠤᠨ ᠭᠠᠳᠠᠭᠠᠳᠤ ᠳᠤ ᠭᠠᠷᠭᠠᠬᠤ ᠲᠣᠪᠴᠢᠶ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠥᠷ ᠮᠣᠩᠭᠤᠯ ᠤᠨ ᠥᠷᠭᠡᠨ ᠪᠦᠰᠡᠲᠦ ᠰᠦᠯᠵᠢᠶᠡᠨ ᠤ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠦᠨ᠎ᠡ᠃ 2020 ᠣᠨ ᠪᠣᠯᠬᠤ ᠳᠤ᠂ ᠪᠦᠬᠦ ᠣᠷᠣᠨ ᠢ ᠬᠠᠮᠤᠷᠤᠭᠰᠠᠨ᠂ ᠤᠯᠤᠰ ᠤᠨ ᠳᠣᠲᠣᠭᠠᠳᠤ ᠳᠤ ᠨᠡᠪᠲᠡᠷᠡᠬᠦ᠂ ᠳᠡᠯᠡᠬᠡᠶ ᠳᠠᠶᠠᠭᠠᠷ ᠲᠤ ᠰᠢᠭᠤᠳ ᠨᠡᠪᠲᠡᠷᠡᠬᠦ ᠪᠦᠷᠢᠨ ᠲᠡᠭᠦᠯᠳᠡᠷ ᠭᠡᠷᠡᠯᠯᠢᠭ ᠲᠣᠣᠷ ᠰᠦᠯᠵᠢᠶ᠎ᠡ ᠶᠢ ᠪᠦᠷᠢᠯᠳᠦᠭᠦᠯᠵᠦ᠂ ᠬᠤᠲᠠ ᠶᠢᠨ ᠥᠷᠭᠡᠨ ᠪᠦᠰᠡᠲᠦ ᠰᠦᠯᠵᠢᠶᠡᠨ ᠤ ᠬᠡᠷᠡᠭᠯᠡᠭᠴᠢᠳ ᠤᠨ ᠳᠤᠮᠳᠠᠴᠢ ᠵᠠᠯᠭᠠᠵᠤ ᠣᠷᠣᠭᠤᠯᠬᠤ ᠴᠢᠳᠠᠪᠤᠷᠢ ᠶᠢ 50Mbps᠎ ᠲᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠳᠤᠮᠳᠠᠴᠢ ᠪᠠᠷ 8Mbps᠎ ᠲᠤ ᠬᠦᠷᠦᠭᠦᠯᠬᠦ ᠪᠣᠯᠣᠨ᠎ᠠ᠃      ᠸᠧᠢ ᠰᠢᠶᠤᠤ ᠮᠢᠩ᠄      ᠭᠤᠷᠪᠠ ᠳᠤ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠦᠯᠦᠪᠯᠡᠭᠡ ᠶᠢ ᠶᠡᠬᠡᠪᠡᠷ ᠬᠡᠷᠡᠭᠵᠢᠭᠦᠯᠬᠦ ᠪᠣᠯᠤᠨ᠎ᠠ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠠᠪᠤᠴᠠ ᠪᠠ ᠲᠤᠬᠠᠶᠢᠯᠠᠭᠰᠠᠨ ᠠᠵᠢᠯ ᠤᠨ ᠶᠠᠪᠤᠴᠠ ᠶᠢᠨ ᠮᠡᠳᠡᠭᠡ ᠵᠠᠩᠭᠢᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠡᠭᠦᠯᠡ ᠶᠢᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠢᠨᠲ᠋ᠧᠷ ᠰᠦᠯᠵᠢᠶᠡᠨ ᠤ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ᠂ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠠᠬᠢ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠪᠦᠬᠦ ᠠᠵᠤ ᠦᠢᠯᠡᠰ ᠤᠨ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠬᠡᠯᠬᠢᠶᠡᠵᠢᠭᠰᠡᠨ ᠰᠢᠰᠲ᠋ᠧᠮ ᠢ ᠪᠠᠶᠢᠭᠤᠯᠵᠤ᠂ ︽ᠢᠨᠲ᠋ᠧᠷ ᠰᠦᠯᠵᠢᠶ᠎ᠡ +︾ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠦᠭᠡᠮᠡᠯ ᠬᠥᠷᠳᠡᠭᠡᠮᠵᠢᠳᠤ ᠮᠥᠩᠭᠦᠨ ᠭᠦᠢᠯᠭᠡᠭᠡ᠂ ᠥᠨᠳᠥᠷ ᠦᠷ᠎ᠡ ᠪᠦᠲᠦᠮᠵᠢᠲᠡᠶ ᠪᠠᠷᠠᠭᠠᠨ ᠤ ᠭᠦᠢᠯᠭᠡᠭᠡ᠂ ᠠᠷᠠᠳ ᠲᠤ ᠠᠰᠢᠭᠲᠠᠢ ᠦᠢᠯᠡᠴᠢᠯᠡᠭᠡᠨ ᠵᠡᠷᠭᠡ ᠬᠦᠷᠢᠶ᠎ᠡ ᠬᠡᠪᠴᠢᠶ᠎ᠡ ᠪᠠᠷ ᠭᠤᠣᠯᠳᠠᠯᠭ᠎ᠠ ᠪᠣᠯᠭᠠᠨ᠂ ︽ᠢᠨᠲ᠋ᠧᠷ ᠰᠦᠯᠵᠢᠶ᠎ᠡ +︾ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠲᠣᠭᠠᠴᠢᠯᠠᠭᠰᠠᠨ ᠰᠣᠶᠣᠯ ᠤᠨ ᠠᠭᠤᠯᠭ᠎ᠠ ᠪᠦᠬᠦᠢ ᠦᠢᠯᠡᠳᠬᠦᠨ ᠪᠠ ᠦᠢᠯᠡᠴᠢᠯᠡᠭᠡᠨ ᠤ ᠨᠡᠬᠡᠬᠡᠨ ᠬᠦᠭᠵᠢᠭᠦᠯᠦᠯᠲᠡ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ +︾ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ 2020 ᠣᠨ ᠪᠣᠯᠬᠤ ᠳᠤ᠂ 5 ᠥᠪᠡᠷᠲᠡᠭᠡᠨ ᠵᠠᠰᠠᠬᠤ ᠣᠷᠣᠨ ᠤ ᠳᠡᠰ ᠤᠨ ᠢᠨᠲ᠋ᠧᠷ ᠰᠦᠯᠵᠢᠶᠡᠨ ᠤ ᠠᠵᠤ ᠠᠬᠤᠶ ᠶᠢᠨ ᠲᠥᠪᠯᠡᠷᠡᠯ ᠤᠨ ᠣᠷᠣᠨ᠂ 10 ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠪᠯᠡᠷᠡᠯ ᠤᠨ ᠣᠷᠣᠨ᠂ 10 ᠶᠡᠭᠡ ᠬᠡᠮᠵᠢᠶᠡᠨ ᠤ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠢᠨᠲ᠋ᠧᠷ ᠰᠦᠯᠵᠢᠶ᠎ᠡ ᠶᠢᠨ ᠦᠢᠯᠡᠴᠢᠯᠡᠭᠡᠨ ᠤ ᠣᠷᠣᠯᠭ᠎ᠠ ᠶᠢ 500 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠲᠦᠷᠪᠡ ᠳᠤ ᠡᠭᠦᠯᠡᠨ ᠪᠤᠳᠤᠯᠳᠠ ᠪᠠ ᠲᠣᠮᠤ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠬᠤ ᠪᠣᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠪᠠ ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠲᠣᠮᠤ ᠳ᠋ᠠᠶᠢᠲ᠋ᠠ ᠶᠢᠨ ᠠᠷᠠᠯᠵᠢᠶᠠᠨ ᠤ ᠲᠠᠪᠴᠠᠩ ᠢ ᠪᠦᠳᠦᠭᠡᠨ ᠪᠠᠶᠢᠭᠤᠯᠤᠨ᠂ ᠠᠵᠢᠯ ᠲᠦᠷᠦᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠲᠤᠷᠠᠯᠴᠠᠬᠤ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠶᠡᠭᠡ ᠲᠤᠭ᠎ᠠ ᠪᠠᠷᠢᠮᠲᠠ ᠶᠢᠨ ᠠᠵᠤ ᠦᠢᠯᠡᠰ ᠢ ᠬᠦᠭᠵᠢᠭᠦᠯᠵᠦ᠂ ᠶᠡᠭᠡ ᠲᠤᠭ᠎ᠠ ᠪᠠᠷᠢᠮᠳᠠ ᠶᠢᠨ ᠰᠤᠳᠤᠯᠤᠨ ᠨᠡᠬᠡᠬᠡᠵᠦ ᠵᠢᠷᠤᠵᠤ ᠲᠦᠯᠦᠪᠯᠡᠬᠦ᠂ ᠦᠢᠯᠡᠳᠪᠦᠷᠢᠯᠡᠬᠦ᠂ ᠡᠵᠡᠩᠨᠡᠨ ᠬᠠᠮᠢᠶᠠᠷᠬᠤ᠂ ᠵᠠᠬ᠎ᠠ ᠳᠡᠯᠭᠡᠭᠦᠷ ᠤᠨ ᠪᠣᠷᠣᠯᠠᠭᠤᠯᠤᠯᠲᠠ᠂ ᠬᠤᠳᠠᠯᠳᠤᠭᠰᠠᠨ ᠤ ᠬᠤᠶᠢᠨᠠᠬᠢ ᠦᠢᠯᠡᠴᠢᠯᠡᠭᠡ ᠵᠡᠷᠭᠡ ᠦᠢᠯᠡᠳᠬᠦᠨ ᠤ ᠪᠦᠬᠦ ᠠᠮᠢ ᠨᠠᠰᠤᠨ ᠤ ᠡᠭᠡᠯᠵᠢᠲᠦ ᠬᠤᠭᠤᠴᠠᠭ᠎ᠠ᠂ ᠠᠵᠤ ᠦᠢᠯᠡᠰ ᠤᠨ ᠬᠡᠯᠬᠢᠶ᠎ᠡ ᠶᠢᠨ ᠪᠦᠬᠦ ᠶᠠᠪᠤᠴᠠ ᠶᠢᠨ ᠡᠯ᠎ᠡ ᠵᠠᠩᠭᠢᠯᠠᠭ᠎ᠠ ᠵᠡᠷᠭᠡ ᠳᠠᠬᠢ ᠬᠡᠷᠡᠭᠯᠡᠯᠲᠡ ᠶᠢ ᠲᠦᠯᠬᠢᠨ ᠠᠬᠢᠭᠤᠯᠵᠤ᠂ ᠲᠣᠮᠤ ᠳ᠋ᠠᠶᠢᠲ᠋ᠠ᠂ ᠪᠣᠳᠠᠰᠯᠢᠭ ᠬᠤᠯᠪᠤᠭᠠᠲᠤ ᠰᠦᠯᠵᠢᠶ᠎ᠡ᠂ ᠡᠭᠦᠯᠡᠨ ᠪᠣᠳᠤᠯᠲᠠ ᠪᠠ 3 D ᠳᠠᠷᠤᠮᠠᠯᠯᠠᠬᠤ ᠮᠡᠷᠭᠡᠵᠢᠯ᠂ ᠥᠪᠡᠷᠮᠢᠴᠡ ᠣᠨᠴᠠᠯᠢᠭᠲᠤ ᠦᠢᠯᠡᠳᠬᠦᠢ ᠵᠡᠷᠭᠡ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠳᠠᠬᠢ ᠬᠤᠷᠠᠮᠠᠯ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠲᠣᠮᠤ ᠳ᠋ᠠᠶᠢᠲ᠋ᠠ ᠶᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠲᠣᠮᠤ ᠳ᠋ᠠᠶᠢᠲ᠋ᠠ ᠶᠢᠨ ᠲᠥᠪ ᠢ ᠪᠠᠶᠢᠭᠤᠯᠤᠨ ᠠᠬᠢᠭᠤᠯᠵᠤ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠂ ᠡᠯ᠎ᠡ ᠬᠦᠷᠢᠶᠡᠨ ᠳᠠᠬᠢ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠲᠤᠪᠠᠷ ᠡᠳ᠋ᠯᠡᠬᠦ ᠨᠡᠬᠡᠬᠡᠯᠲᠡ ᠶᠢ ᠲᠦᠯᠬᠢᠨ ᠠᠬᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠬᠡᠬᠡᠨ ᠠᠭᠤᠳᠠᠯᠯᠠᠵᠤ ᠬᠡᠷᠡᠭᠯᠡᠬᠦ ᠶᠢ ᠴᠢᠩᠭᠠᠳᠬᠠᠨ᠎ᠠ᠃ ᠰᠢᠨ᠎ᠡ ᠪᠠᠷ ᠬᠦᠭᠵᠢᠭᠰᠡᠨ ᠲᠣᠮᠤ ᠳ᠋ᠠᠶᠢᠲ᠋ᠠ ᠶᠢᠨ ᠠᠵᠤ ᠦᠢᠯᠡᠰ ᠢ ᠬᠦᠭᠵᠢᠭᠦᠯᠵᠦ᠂ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡ᠂ ᠲᠤᠭ᠎ᠠ ᠪᠠᠷᠢᠮᠲᠠ ᠶᠢᠨ ᠠᠵᠢᠯ᠂ ᠲᠤᠭ᠎ᠠ ᠪᠠᠷᠢᠮᠲᠠ ᠶᠢ ᠰᠢᠢᠳᠪᠦᠷᠢᠯᠡᠵᠦ ᠵᠠᠳᠠᠯᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠪᠤᠶᠢᠵᠢᠭᠤᠯᠵᠤ᠂ ᠬᠦᠷᠢᠶ᠎ᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠲᠤᠭ᠎ᠠ ᠪᠠᠷᠢᠮᠳᠠ ᠶᠢᠨ ᠠᠭᠤᠰᠤᠯᠴᠠᠯ ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠬᠠᠮᠵᠢᠯᠴᠠᠨ ᠬᠥᠭᠵᠢᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃      ᠬᠦᠲᠦᠯᠦᠭᠴᠢ᠄      ︽13᠂ 5︾᠎ ᠤᠨ ᠡᠭᠦᠯᠡᠨ ᠪᠣᠳᠤᠯᠲᠠ ᠶᠢᠨ ᠠᠵᠤ ᠦᠢᠯᠡᠰ ᠤᠨ ᠬᠦᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠦᠪᠦᠷ ᠮᠣᠩᠭᠤᠯ ᠶᠠᠮᠠᠷ ᠰᠢᠤ ᠪᠣᠳᠠᠲᠠᠢ ᠲᠥᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠠᠪᠤᠭᠰᠠᠨ ᠪᠣᠢ︖      ᠸᠧᠢ ᠰᠢᠶᠤᠤ ᠮᠢᠩ᠄      ᠦᠪᠦᠷ ᠮᠣᠩᠭᠤᠯ ᠪᠣᠯ ᠮᠠᠨ ᠤ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠣᠷᠤᠨ ᠤ ᠦᠪᠡᠷᠲᠡᠭᠡᠨ ᠵᠠᠰᠠᠬᠤ ᠲᠥᠷᠦ ᠶᠢᠨ ᠪᠣᠳᠤᠯᠭ᠎ᠠ ᠶᠢ ᠬᠦᠷᠲᠡᠵᠦ ᠪᠠᠶᠢᠬᠤ ᠴᠣᠷ ᠤᠨ ᠭᠠᠭᠴᠠ ᠣᠷᠤᠨ ᠪᠣᠯᠬᠤ ᠪᠦᠭᠡᠳ ᠪᠠᠰᠠ ᠪᠠᠷᠠᠭᠤᠨ ᠤᠷᠤᠨ ᠢ ᠶᠡᠬᠡᠪᠡᠷ ᠨᠡᠬᠡᠬᠡᠨ ᠬᠦᠭᠵᠢᠭᠦᠯᠬᠦ ᠪᠠ ᠵᠡᠭᠦᠨ ᠬᠤᠶᠢᠲᠤ ᠶᠢ ᠮᠠᠨᠳᠤᠭᠤᠯᠬᠤ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠶᠢ ᠬᠦᠷᠲᠡᠵᠦ ᠪᠠᠶᠢᠬᠤ ᠤᠷᠤᠨ ᠮᠦᠨ᠂ ᠪᠡᠯᠡ ᠣᠷᠤᠭᠤᠯᠤᠯᠲᠠ ᠶᠢᠨ ᠣᠷᠴᠢᠨ ᠲᠣᠭᠤᠷᠢᠨ ᠳᠠᠪᠠᠭᠤᠯᠢᠭ ᠪᠠᠶᠢᠵᠤ᠂ ᠡᠭᠦᠯᠡᠨ ᠪᠣᠳᠤᠯᠲᠠ ᠶᠢᠨ ᠠᠵᠤ ᠦᠢᠯᠡᠰ ᠤᠨ ᠬᠦᠭᠵᠢᠯᠲᠡ ᠳᠤ ᠬᠦᠴᠦᠲᠡᠢ ᠲᠥᠰᠢᠭ ᠲᠤᠯᠭᠠᠭᠤᠷᠢ ᠬᠠᠩᠭᠠᠵᠤ ᠪᠠᠶᠢᠨ᠎ᠠ᠃ ᠭᠠᠶᠢᠯᠢ ᠲᠠᠲᠠᠪᠤᠷᠢ ᠶᠢᠨ ᠲᠠᠯ᠎ᠠ ᠪᠠᠷ᠂ ᠤᠯᠤᠰ ᠤᠨ ︽ᠪᠠᠷᠠᠭᠤᠨ ᠤᠷᠤᠨ ᠢ ᠵᠣᠷᠢᠭᠵᠢᠭᠤᠯᠬᠤ ᠲᠦᠷᠦᠯ ᠤᠨ ᠠᠵᠤ ᠦᠢᠯᠡᠰ ᠤᠨ ᠭᠠᠷᠴᠠᠭ︾᠎ ᠲᠠᠢ ᠨᠡᠶᠢᠴᠡᠭᠰᠡᠨ ᠡᠭᠦᠯᠡᠨ ᠪᠣᠳᠤᠯᠲᠠ ᠶᠢᠨ ᠠᠵᠤ ᠦᠢᠯᠡᠰ ᠤᠨ ᠲᠦᠷᠦᠯ ᠵᠦᠢᠯ ᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ 15%᠎ ᠪᠠᠷ ᠬᠦᠩᠭᠡᠷᠡᠭᠦᠯᠵᠦ ᠪᠣᠯᠤᠨ᠎ᠠ᠃ ᠬᠡᠷᠡᠭᠯᠡᠬᠦ ᠭᠠᠵᠠᠷ ᠣᠷᠤᠨ ᠤ ᠲᠠᠯ᠎ᠠ ᠪᠠᠷ᠂ ᠭᠠᠵᠠᠷ ᠨᠤᠲᠤᠭ ᠤᠨ ᠬᠠᠩᠭᠠᠯᠭ᠎ᠠ ᠪᠦᠷᠢᠨ ᠭᠦᠢᠴᠡᠳ᠂ ᠦᠨ᠎ᠡ ᠬᠠᠩᠰᠢ ᠶᠢᠨ ᠳᠠᠪᠠᠭᠤᠯᠢᠭ ᠢᠯᠡᠷᠬᠡᠢ ᠪᠠᠶᠢᠵᠤ᠂ ᠠᠵᠤ ᠠᠬᠤᠢ ᠨᠡᠯᠢᠶᠡᠳ ᠬᠦᠭᠵᠢᠭᠰᠡᠨ ᠬᠦᠬᠡᠬᠤᠲᠠ ᠪᠣᠭᠤᠲᠤ ᠤᠷᠳᠤᠰ ᠭᠠᠵᠠᠷ ᠤᠷᠤᠨ ᠤ ᠬᠡᠷᠡᠭᠯᠡᠬᠦ ᠭᠠᠵᠠᠷ ᠤᠨ ᠳᠤᠮᠳᠠᠴᠢ ᠦᠨ᠎ᠡ ᠨᠢ ᠳᠠᠯᠠᠢ ᠳᠠᠭᠠᠤ ᠬᠦᠭᠵᠢᠭᠰᠡᠨ ᠮᠤᠵᠢ ᠬᠤᠲᠠ ᠶᠢᠨ ᠬᠠᠭᠠᠰ ᠢ ᠴᠦ ᠬᠦᠷᠬᠦ ᠦᠭᠡᠢ᠃ ᠦᠨ᠎ᠡ ᠬᠠᠩᠰᠢ ᠶᠢᠨ ᠲᠠᠯ᠎ᠠ ᠪᠠᠷ᠂ ᠪᠦᠬᠦ ᠤᠯᠤᠰ ᠲᠤ ᠬᠠᠮᠤᠭ ᠠᠴᠠ ᠳᠣᠣᠷ᠎ᠠ ᠶᠡᠭᠡ ᠬᠡᠯᠪᠡᠷᠢ ᠶᠢᠨ ᠡᠭᠦᠯᠡᠨ ᠪᠣᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠬᠠᠷᠠᠭᠠᠯᠵᠠᠯᠲᠤ ᠴᠠᠬᠢᠯᠭᠠᠨ ᠬᠦᠴᠦᠨ ᠤ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢ ᠲᠣᠭᠲᠠᠭᠠᠵᠤ᠂ ᠬᠡᠷᠡᠭᠯᠡᠬᠦ ᠴᠠᠬᠢᠯᠭᠠᠨ ᠤ ᠦᠨ᠎ᠡ ᠨᠢ ᠭᠷᠠᠳᠦ᠋ᠰ ᠪᠦᠷᠢ ᠳᠡᠭᠡᠨ ᠵᠦᠪᠬᠡᠨ 0.38 ᠲᠦᠭᠦᠷᠢᠭ ᠪᠣᠯᠤᠨ᠎ᠠ᠃ ᠣᠳᠣ ᠶᠠᠭ ᠦᠷᠭᠡᠨ ᠪᠦᠰᠡᠲᠦ ᠰᠦᠯᠵᠢᠶ᠎ᠡ ᠶᠢᠨ ᠬᠠᠷᠠᠭᠠᠯᠵᠠᠯᠲᠤ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢ ᠰᠣᠳᠤᠯᠤᠨ ᠲᠣᠭᠲᠠᠭᠠᠵᠤ᠂ ᠪᠦᠬᠦ ᠤᠯᠤᠰ ᠤᠨ ᠬᠠᠮᠤᠭ ᠤᠨ ᠳᠣᠣᠷ᠎ᠠ ᠬᠡᠮᠵᠢᠶᠡᠨ ᠳᠤ ᠪᠠᠶᠢᠯᠭᠠᠬᠤ ᠪᠠᠷ ᠴᠢᠷᠮᠠᠶᠢᠵᠤ ᠪᠠᠶᠢᠨ᠎ᠠ᠃ ᠴᠢᠳᠠᠪᠤᠷᠢᠲᠠᠨ ᠤ ᠲᠠᠯ᠎ᠠ ᠪᠠᠷ᠂ ︽ᠲᠠᠯ᠎ᠠ ᠨᠤᠲᠤᠭ ᠤᠨ ᠰᠣᠳᠣᠴᠤᠤᠯ︾ ᠵᠡᠷᠭᠡ ᠴᠢᠳᠠᠪᠤᠷᠢᠲᠠᠨ ᠣᠷᠤᠭᠤᠯᠬᠤ ᠲᠥᠷᠦ ᠶᠢᠨ ᠪᠣᠳᠤᠯᠭ᠎ᠠ ᠶᠢ ᠲᠣᠭᠲᠠᠭᠠᠵᠤ᠂ ᠣᠷᠤᠨ ᠰᠠᠭᠤᠴᠠ᠂ ᠡᠷᠦᠬᠡ ᠠᠮᠠ ᠣᠷᠣᠬᠤ᠂ ᠬᠤᠯᠪᠣᠰᠤ ᠪᠠ ᠦᠷ᠎ᠡ ᠬᠡᠤᠬᠡᠳ ᠢ ᠨᠢ ᠲᠥᠪᠬᠢᠨᠡᠭᠦᠯᠬᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠳᠡᠳᠬᠦᠬᠦ᠂ ᠰᠢᠨᠵᠢᠯᠡᠬᠦ ᠤᠬᠠᠭᠠᠨ ᠰᠤᠳᠤᠯᠭᠠᠨ ᠤ ᠲᠦᠷᠦᠯ ᠵᠦᠢᠯ ᠢ ᠭᠤᠶᠤᠴᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠱᠠᠩᠨᠠᠬᠤ ᠵᠡᠷᠭᠡ ᠲᠠᠯ᠎ᠠ ᠪᠠᠷ ᠶᠡᠭᠡ ᠬᠦᠴᠦᠨ ᠢᠶᠠᠷ ᠳᠡᠮᠵᠢᠨ᠎ᠡ᠃      ᠬᠦᠲᠦᠯᠦᠭᠴᠢ᠄      ᠵᠠ᠂ ᠸᠧᠢ ᠡᠷᠬᠢᠯᠡᠭᠴᠢ ᠶᠢᠨ ᠨᠠᠷᠢᠨ ᠲᠠᠶᠢᠯᠤᠮᠵᠢ ᠳᠤ ᠮᠠᠰᠢ ᠲᠠᠯᠠᠷᠬᠠᠯ᠎ᠠ᠂ ᠮᠦᠨᠴᠦ ᠰᠦᠯᠵᠢᠶᠡᠨ ᠤ ᠠᠨᠳᠠ ᠨᠠᠷ ᠤᠨ ᠣᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠳ᠋ᠤᠭᠠᠷ ᠲᠤ ᠪᠠᠨ ᠪᠠᠶᠠᠷᠲᠠᠢ ᠠᠭᠤᠯᠵᠠᠶ᠎ᠠ︕
     2015 ᠣᠨ ᠤ ᠦᠪᠦᠷ ᠮᠣᠩᠭᠤᠯ ᠤᠨ ᠡᠭᠦᠯᠡᠨ ᠪᠣᠳᠤᠯᠲᠠ ᠶᠢᠨ ᠠᠵᠤ ᠦᠢᠯᠡᠰ ᠤᠨ ᠲᠠᠨᠢᠯᠴᠠᠭᠤᠯᠬᠤ ᠬᠤᠷᠠᠯ ᠪᠡᠭᠡᠵᠢᠩ ᠳᠤ ᠬᠤᠷᠠᠯᠳᠤᠪᠠ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map