ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠨᠢᠭᠡ ᠪᠥᠯᠥᠭ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠠᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2016/2/19
              ᠥᠪᠥᠷ ᠵᠠᠰᠠᠭ ᠲᠠᠷᠬᠠᠭᠠᠭᠰᠠᠨ ﹇2015﹈ 137 ᠳ᠋ᠤᠭᠠᠷ ᠲᠣᠭᠠᠲᠤ                 2015 ᠣᠨ ᠤ 12 ᠳ᠋ᠤᠭᠠᠷ ᠰᠠᠷ᠎ᠠ ᠶᠢᠨ 17᠎ ᠤ ᠡᠳᠥᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠦ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠪᠦᠷᠢᠳᠬᠡᠨ ᠳᠠᠩᠰᠠᠯᠠᠭᠤᠯᠵᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠵᠠᠷᠯᠢᠭ 191 ᠳ᠋ᠤᠭᠡᠷ ᠲᠣᠭᠠᠲᠤ︶᠎ ᠶᠢᠨ ᠬᠤᠯᠪᠤᠭᠳᠠᠯ ᠪᠥᠬᠦᠢ ᠲᠣᠭᠲᠠᠭᠠᠯ ᠪᠣᠯᠣᠨ ︽ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 61 ᠳ᠋ᠤᠭᠡᠷ ᠲᠣᠭᠠᠲᠤ᠂ ᠳᠣᠷᠣᠭᠰᠢ ︿ᠮᠡᠳᠡᠭᠳᠡᠯ﹀ ᠭᠡᠵᠦ ᠲᠣᠪᠴᠢᠯᠠᠨ᠎ᠠ︾᠎ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠵᠢᠴᠢ ᠵᠠᠰᠠᠭ ᠤᠨ ᠣᠷᠳᠤᠨ ᠤ ᠠᠯᠪᠠᠨ ᠲᠢᠩᠬᠢᠮ ᠤᠨ 2014 ᠣᠨ ᠤ ᠰᠡᠭᠦᠯᠴᠢ ᠠᠴᠠ ᠡᠮᠦᠨ᠎ᠡ ᠨᠡᠶᠢᠲᠡᠯᠡᠭᠰᠡᠨ 131 ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠠᠶᠢᠲᠡᠯᠡᠬᠦ ᠪᠠᠷ ᠲᠣᠭᠲᠠᠭᠠᠪᠠ᠃       ᠨᠢᠭᠡ᠂ ᠲᠤᠰ ᠲᠤᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠦᠮ ᠬᠡᠷᠡᠭᠵᠢᠭᠦᠯᠬᠦ ᠪᠠᠨ ᠵᠣᠭᠰᠤᠭᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠪᠣᠯᠣᠨ ᠨᠢᠭᠡᠴᠡ ᠎ ᠨᠦᠭᠦᠳ ᠡᠳᠡᠭᠡᠷ ᠪᠢᠴᠢᠭ ᠮᠠᠲ᠋ᠧᠷᠢᠶᠠᠯ ᠢᠶᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃       ᠬᠤᠶᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠪᠣᠯᠣᠨ ᠨᠢᠭᠡᠴᠡ ᠨᠦᠭᠦᠳ ᠲᠤᠰ ᠲᠤᠭᠲᠠᠭᠠᠯ ᠢᠶᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠪᠣᠯᠣᠨ ᠨᠢᠭᠡᠴᠡ ᠎ ᠨᠦᠭᠦᠳ ᠤᠨ ᠨᠡᠶᠢᠲᠡᠯᠡᠭᠰᠡᠨ ᠬᠠᠮᠢᠶ᠎ᠡ ᠪᠥᠬᠦᠢ ᠲᠥᠬᠦᠷᠵᠢᠭᠦᠯᠦᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠢᠯᠭᠠᠷᠠᠭᠤᠯᠬᠤ ᠶᠢᠨ ᠬᠠᠮᠲᠤ᠂ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠎ ᠨᠢ ᠨᠠᠶᠢᠲᠡᠯᠡᠬᠦ ᠵᠡᠷᠭᠡ ᠵᠣᠬᠢᠬᠤ ᠰᠢᠢᠳᠪᠦᠷᠢᠯᠡᠯᠲᠡ ᠬᠢᠬᠦ ᠬᠡᠷᠡᠭᠲᠡᠢ᠃       ᠳᠠᠭᠠᠯᠳᠤᠭᠤᠯᠤᠯ᠄       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠠᠶᠢᠲᠡᠯᠡᠬᠦ ᠭᠠᠷᠴᠠᠭᠬᠦᠰᠦᠨᠦᠭᠲᠦ1ᠬᠦᠰᠦᠨᠦᠭᠲᠦ2ᠬᠦᠰᠦᠨᠦᠭᠲᠦ3ᠬᠦᠰᠦᠨᠦᠭᠲᠦ4ᠬᠦᠰᠦᠨᠦᠭᠲᠦ5ᠬᠦᠰᠦᠨᠦᠭᠲᠦ6ᠬᠦᠰᠦᠨᠦᠭᠲᠦ7ᠬᠦᠰᠦᠨᠦᠭᠲᠦ8ᠬᠦᠰᠦᠨᠦᠭᠲᠦ9ᠬᠦᠰᠦᠨᠦᠭᠲᠦ10
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map