ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ  ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠠᠶᠢᠬᠠᠨ ᠬᠤᠲᠠ ᠶᠢ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2016/2/24
     
     ᠰᠤᠷᠪᠤᠯᠵᠢᠯᠠᠭᠰᠠᠨ ᠴᠠᠭ᠄      2016 ᠣᠨ ᠤ 1 ᠳ᠋ᠦ᠋ᠭᠡᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠣᠴᠢᠨ᠄      ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠳᠡᠳ᠋ ᠳᠠᠷᠤᠭ᠎ᠠ ᠸᠠᠩ ᠹᠦ᠋ ᠱᠦᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠡᠨᠡ ᠵᠢᠯ ᠪᠣᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠰᠢᠨ᠎ᠡ ᠰᠠᠭᠤᠴᠠ ᠳᠤ ᠰᠢᠯᠵᠢᠭᠰᠡᠨ ᠠᠷᠪᠠᠨ ᠨᠢᠭᠡᠳᠡᠬᠢ ᠵᠢᠯ ᠪᠣᠯᠣᠨ᠎ᠠ᠂ ᠠᠷᠪᠠ ᠭᠠᠷᠤᠶ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠬᠤᠷᠴᠢᠨ ᠪᠠᠯᠭᠠᠰᠤ ᠨᠢ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭ ᠰᠢᠶᠠᠨ ᠤ ᠬᠤᠲᠠ ᠪᠣᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠨᠢ ᠴᠦ ᠬᠥᠮᠥᠨ ᠪᠦᠬᠦᠨ ᠤ ᠨᠢᠳᠦᠨ ᠳᠤ ᠢᠯᠡᠷᠬᠡᠢ ᠪᠠᠶᠢᠭ᠎ᠠ ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠠᠷᠪᠠ ᠭᠠᠷᠤᠶ ᠵᠢᠯ ᠤᠨ ᠲᠤᠷᠰᠢᠬᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠠ ᠳᠤ᠂ ᠪᠢᠳᠡ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠳᠡᠳ᠋ ᠳᠠᠷᠤᠭ᠎ᠠ ᠸᠠᠩ ᠹᠦ᠋ ᠱᠦᠨ ᠢ ᠤᠷᠢᠨ ︽ᠳᠤᠮᠳᠠᠳᠤ ᠤᠯᠤᠰ · ᠥᠪᠥᠷ ᠮᠣᠩᠭᠤᠯ ︾ ᠰᠦᠯᠵᠢᠶᠡᠨ ᠳᠡᠭᠡᠷ᠎ᠡ ᠲᠠ ᠪᠦᠬᠦᠨ ᠲᠠᠢ ︽ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠠᠶᠢᠬᠠᠨ ᠬᠤᠲᠠ ᠶᠢ ᠬᠡᠷᠬᠢᠨ ᠴᠣᠭᠴᠠᠯᠠᠬᠤ︾ ᠭᠡᠰᠡᠨ ᠭᠤᠣᠯ ᠰᠡᠳᠦᠪ ᠢᠶᠠᠷ ᠶᠠᠷᠢᠯᠴᠠᠭᠤᠯᠬᠤ ᠪᠣᠯᠪᠠ᠃ ᠲᠤᠬᠠᠶ ᠶᠢᠨ ᠦᠶ᠎ᠡ ᠳᠤ᠂ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕                              ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠣᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠤ ᠪᠠᠶᠢᠨ᠎ᠠ᠃ ᠪᠢᠳᠠᠨ ᠤ ᠦᠨᠦᠳᠦᠷ ᠤᠨ ᠤᠷᠢᠭᠰᠠᠨ ᠵᠣᠴᠢᠨ ᠪᠣᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠳᠡᠳ᠋ ᠳᠠᠷᠤᠭ᠎ᠠ ᠸᠠᠩ ᠹᠦ᠋ ᠱᠦᠨ ᠪᠣᠯᠣᠨ᠎ᠠ᠂ ᠲᠡᠷᠡ ︽ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠠᠶᠢᠬᠠᠨ ᠬᠤᠲᠠ ᠶᠢ ᠴᠣᠭᠴᠠᠯᠠᠵᠤ ᠪᠤᠢ︾ ᠭᠡᠬᠦ ᠭᠤᠣᠯ ᠰᠡᠳᠦᠪ ᠢᠶᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠵᠣᠭᠤᠭᠳᠠᠬᠤ ᠪᠣᠯᠣᠨ᠎ᠠ᠃ ᠸᠠᠩ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠸᠠᠩ ᠹᠦ᠋ ᠱᠦᠨ᠄      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠃      ᠬᠥᠲᠥᠯᠥᠭᠴᠢ᠄      ᠸᠠᠩ ᠬᠤᠰᠢᠭᠤ ᠳᠠᠷᠤᠭ᠎ᠠ ᠡ᠂ ᠡᠨᠡ ᠵᠢᠯ ᠪᠣᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠰᠢᠨ᠎ᠡ ᠰᠠᠭᠤᠴᠠ ᠳᠤ ᠰᠢᠯᠵᠢᠭᠰᠡᠨ ᠠᠷᠪᠠᠨ ᠨᠢᠭᠡᠳᠡᠬᠢ ᠵᠢᠯ ᠪᠣᠯᠣᠨ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯ ᠤᠯᠠᠨ ᠤ ᠨᠢᠳᠤᠨ ᠳᠤ ᠢᠯᠡᠭᠡᠨ ᠪᠠᠶᠢᠨ᠎ᠠ᠂ ᠠᠷᠪᠠ ᠭᠠᠷᠤᠶ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠬᠤᠷᠴᠢᠨ ᠪᠠᠯᠭᠠᠰᠤ ᠨᠢ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭ ᠰᠢᠶᠠᠨ ᠤ ᠬᠤᠲᠠ ᠪᠣᠯᠪᠠ᠂ ᠲᠠ ᠥᠨᠥᠳᠦᠷ ᠤᠨ ᠡ᠊ᠨᠡ ᠲᠣᠬᠢᠶᠠᠯ ᠢᠶᠠᠷ ᠥᠷᠭᠡᠨ ᠣᠯᠠᠨ ᠰᠦᠯᠵᠢᠶᠡᠨ ᠠᠨᠳᠠ ᠨᠠᠷ ᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠰᠢᠨ᠎ᠡ ᠪᠠᠭᠤᠴᠠ ᠳᠠᠭᠠᠨ ᠨᠡᠭᠦᠭᠰᠡᠨ ᠠᠴᠠ ᠨᠠᠰᠢᠬᠢ ᠪᠦᠳᠤᠭᠡᠨ ᠪᠠᠶᠢᠭᠤᠯᠤᠯᠲᠠ ᠶᠢᠨ ᠪᠠᠶᠢᠳᠠᠯ ᠢ ᠲᠣᠪᠴᠢ ᠲᠠᠨᠢᠯᠴᠠᠭᠤᠯᠤᠭᠠᠳ ᠥᠭᠭᠦᠨ᠎ᠡ ᠤᠤ︖      ᠸᠠᠩ ᠹᠦ᠋ ᠱᠦᠨ᠄      2005 ᠣᠨ ᠤ 11 ᠳ᠋ᠦ᠋ᠭᠡᠷ ᠰᠠᠷ᠎ᠠ ᠶᠢᠨ 12᠎ ᠤᠨ ᠡᠳᠦᠷ᠂ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠢᠶᠠᠷ ᠵᠥᠪᠰᠢᠶᠡᠷᠡᠭᠦᠯᠦᠭᠡᠳ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠤᠯᠠᠭᠠᠨᠬᠤᠲᠠ ᠠᠴᠠ ᠣᠳᠣ ᠶᠢᠨ ᠬᠤᠷᠴᠢᠨ ᠪᠠᠯᠭᠠᠰᠤ ᠳᠤ ᠨᠡᠭᠦᠭᠡᠳ᠂ ᠨᠢᠭᠡ ᠭᠠᠵᠠᠷ ᠲᠤ ᠭᠤᠷᠪᠠᠨ ᠵᠠᠰᠠᠭ ᠤᠨ ᠣᠷᠳᠣᠨ ᠪᠠᠶᠢᠬᠤ ᠲᠡᠦᠬᠡᠨ ᠪᠠᠶᠢᠳᠠᠯ ᠢ ᠡᠴᠦᠰᠯᠡᠭᠦᠯᠪᠡ᠃ ᠤᠢᠢᠷ᠎ᠠ ᠶᠢᠨ ᠵᠢᠯ ᠤᠳ ᠲᠤ᠂ ᠪᠢᠳᠠ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠥᠨᠳᠥᠷ ᠲᠦᠪᠰᠢᠨ ᠢᠶᠠᠷ ᠣᠷᠣᠨ ᠪᠠᠶᠢᠷᠢ ᠲᠣᠭᠲᠠᠭᠠᠵᠤ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ ᠪᠣᠷᠣ ᠲᠥᠯᠥᠪ ᠢ ᠤᠯᠠᠮ ᠨᠢᠭᠡ ᠠᠯᠬᠤᠮ ᠶᠡᠬᠡᠰᠬᠡᠵᠦ᠂ ᠰᠢᠨ᠎ᠡ ᠰᠠᠭᠤᠴᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠲᠠᠯᠠᠪᠠᠢ ᠶᠢ 30 ᠲᠡᠭᠰᠢ ᠳᠥᠷᠪᠡᠯᠵᠢᠨ ᠺᠢᠯᠣᠮᠧᠲᠷ ᠪᠣᠯᠭᠠᠨ ᠦᠷᠭᠡᠵᠢᠭᠦᠯᠵᠦ᠂ ᠬᠤᠲᠠ ᠶᠢᠨ ᠲᠣᠭᠤᠷᠢᠭ ᠤᠨ ᠬᠥᠮᠦᠨ ᠠᠮᠠ ᠶᠢ ᠤᠶᠢᠷ᠎ᠠ ᠶᠢᠨ ᠬᠤᠭᠤᠴᠠᠭᠠᠨ ᠳᠤ 2.6 ᠲᠦᠮᠡ ᠪᠠᠷ ᠲᠥᠯᠥᠪᠵᠢᠭᠦᠯᠵᠦ᠂ ᠬᠤᠵᠢᠮ ᠳᠠᠭᠠᠨ15 ᠲᠦᠮᠡ ᠳᠤ ᠬᠦᠷᠦᠭᠦᠯᠬᠦ ᠪᠠᠷ ᠲᠥᠯᠥᠪᠵᠢᠭᠦᠯᠪᠡ᠃ ᠬᠤᠳᠠ ᠶᠢᠨ ᠣᠷᠣᠨ ᠪᠠᠶᠢᠷᠢ ᠶᠢ ᠠᠭᠤᠯᠠ ᠤᠰᠤ ᠴᠡᠴᠡᠷᠯᠢᠭᠲᠦ ᠬᠤᠲᠠ ᠪᠣᠯᠭᠠᠨ ᠲᠣᠭᠲᠠᠭᠠᠵᠤ᠂ ᠭᠤᠣᠯᠳᠠᠭᠤ ᠬᠥᠮᠦᠨ ᠰᠣᠶᠦᠯ᠂ ᠠᠮᠢ ᠠᠬᠤᠶ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠲᠠᠭᠠᠯᠠᠮᠵᠢᠲᠠᠶ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠢ ᠢᠯᠡᠷᠡᠭᠦᠯᠵᠦ᠂ ︽ᠬᠤᠶᠠᠷ ᠭᠤᠣᠯ ᠭᠤᠷᠪᠠᠨ ᠡᠷᠭᠢ᠂ ᠵᠢᠷᠭᠤᠭᠠᠨ ᠬᠥᠭᠦᠷᠭᠡ ᠭᠤᠷᠪᠠᠨ ᠲᠣᠭᠤᠷᠢᠭ︾᠎ ᠲᠠᠢ ᠬᠤᠲᠠ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠤᠢ ᠪᠣᠯᠭᠠᠪᠠ᠃      ᠬᠤᠲᠠ ᠶᠢᠨ ᠶᠠᠪᠤᠳᠠᠯ ᠵᠠᠮ ᠱᠤᠭᠤᠮ ᠤᠨ ᠲᠠᠯ᠎ᠠ ᠪᠠᠷ᠂ ᠡᠨᠡ ᠬᠡᠳᠦᠨ ᠵᠢᠯ ᠳᠤ ᠨᠡᠶᠢᠲᠡ 25 ᠵᠤᠷᠪᠤᠰ ᠪᠦᠬᠦ ᠣᠷᠳᠣ ᠨᠢ ᠪᠠᠷᠤᠭ 67.1 ᠺᠢᠯᠣᠮᠧᠲᠷ ᠤᠨ ᠭᠤᠣᠯ ᠳᠡᠳ᠋ ᠵᠡᠭᠡᠯᠢ ᠶᠢᠨ ᠵᠠᠮ ᠳᠡᠪᠢᠰᠴᠦ᠂ 5000 ᠭᠠᠷᠤᠢ ᠰᠠᠭᠤᠷᠢ ᠵᠠᠮ ᠤᠨ ᠳ᠋ᠧᠩ 5000 ᠪᠤᠰᠬᠠᠪᠠ᠃ ᠨᠡᠶᠢᠳᠡ 26 ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠴᠤ᠂ 3 ᠵᠤᠷᠪᠤᠰ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠭᠠᠳᠠᠭᠰᠢ ᠭᠠᠷᠬᠤ ᠱᠠᠭᠠᠷᠳᠠᠯᠭ᠎ᠠ ᠶᠢ ᠭᠦᠢᠴᠡᠳ ᠬᠠᠩᠭᠠᠪᠠ᠃ ᠴᠡᠴᠡᠷᠯᠢᠭ ᠣᠶᠢᠵᠢᠭᠤᠯᠤᠯᠲᠠ ᠶᠢᠨ ᠲᠠᠯ᠎ᠠ ᠪᠠᠷ᠂ ᠨᠡᠶᠢᠲᠡ 6.5 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ 40 ᠭᠠᠷᠤᠶ ᠲᠥᠷᠥᠯ ᠤᠨ ᠡᠯ᠎ᠡ ᠵᠦᠢᠯ ᠤᠨ ᠮᠣᠳᠣ ᠲᠠᠷᠢᠵᠤ᠂ ᠡᠯ᠎ᠡ ᠲᠥᠷᠥᠯ ᠤᠨ ᠲᠤᠷᠤᠭ ᠮᠣᠳᠣ 39 ᠲᠦᠮᠡᠨ ᠰᠠᠭᠤᠷᠢ ᠰᠠᠭᠤᠯᠭᠠᠵᠤ᠂ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠢ ᠶᠢ 445 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠰᠢᠨ᠎ᠡ ᠰᠠᠭᠤᠴᠠ ᠶᠢᠨ ᠬᠤᠳᠠ ᠲᠣᠭᠤᠷᠢᠭ ᠤᠨ ᠣᠶᠢᠵᠢᠭᠤᠯᠤᠭᠰᠠᠨ ᠪᠦᠷᠬᠦᠴᠡ ᠨᠤᠷᠮ᠎ᠠ ᠶᠢ 42.17%  ᠎ ᠳᠤ ᠬᠦᠷᠦᠭᠦᠯᠵᠦ᠂ ᠬᠥᠮᠦᠨ ᠪᠦᠷᠢ ᠳᠤ ᠲᠡᠭᠰᠢᠳᠬᠡᠭᠰᠡᠨ ᠤᠯᠠᠨ ᠨᠡᠶᠢᠲᠡ ᠶᠢᠨ ᠣᠶᠢᠵᠢᠭᠤᠯᠤᠭᠰᠠᠨ ᠭᠠᠵᠠᠷ ᠤᠨ ᠲᠠᠯᠠᠪᠠᠢ 35 ᠲᠡᠭᠰᠢ ᠳᠥᠷᠪᠡᠯᠵᠢᠨ ᠮᠧᠲᠷ ᠲᠤ ᠬᠦᠷᠦᠭᠦᠯᠪᠡ᠃ ᠬᠤᠳᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠢᠯᠴᠢ ᠶᠢᠨ ᠲᠣᠣᠷ ᠢ 83 ᠺᠢᠯᠣᠮᠧᠲᠷ ᠳᠡᠪᠢᠰᠴᠦ᠂ ᠢᠯᠴᠢ ᠬᠠᠩᠭᠠᠬᠤ ᠴᠢᠳᠠᠪᠤᠷᠢ ᠶᠢ 260 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠪᠡ᠃ 500 ᠲᠦᠮᠡᠨ ᠲᠡᠭᠰᠢ ᠳᠥᠷᠪᠡᠯᠵᠢᠨ ᠮᠧᠲᠷ ᠤᠨ ᠰᠢᠨ᠎ᠡ ᠰᠠᠭᠤᠴᠠ ᠶᠢᠨ ᠬᠤᠶᠠᠳᠤᠭᠠᠷ ᠢᠯᠴᠢ ᠡᠭᠦᠰᠭᠡᠭᠴᠢ ᠶᠢᠨ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠡᠬᠢᠯᠡᠨ ᠪᠠᠶᠢᠭᠤᠯᠪᠠ᠃ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠰᠢᠭᠤ ᠶᠢᠨ ᠬᠤᠶᠠᠳᠤᠭᠠᠷ ᠤᠰᠤᠨ ᠤ ᠦᠢᠯᠡᠳᠪᠦᠷᠢ ᠶᠢ ᠡᠬᠢᠯᠡᠵᠦ ᠪᠠᠶᠢᠭᠤᠯᠪᠠ᠃ ᠲᠦᠭᠡᠭᠡᠯ ᠤᠰᠤᠨ ᠤ ᠦᠢᠯᠡᠳᠪᠦᠷᠢ ᠪᠣᠯᠣᠨ ᠳᠦᠬᠦᠷᠵᠢᠭᠦᠯᠦᠭᠰᠡᠨ ᠤᠰᠤ ᠬᠠᠩᠭᠠᠬᠤ ᠬᠤᠭᠤᠯᠠᠶ ᠲᠣᠣᠷ ᠤᠨ ᠢᠨᠵᠧᠨᠧᠷᠢᠩ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠵᠢᠴᠢ ᠬᠤᠷᠴᠢᠨ ᠠᠭᠤᠳᠠᠮ ᠲᠠᠯᠠᠪᠠᠢ ᠶᠢ ᠪᠠᠶᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠳᠦᠬᠦᠷ ᠦᠢᠯᠡᠴᠢᠯᠡᠭᠡᠨ ᠤ ᠲᠥᠬᠦᠭᠡᠷᠦᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠪᠡ᠃ ᠭᠡᠷ ᠭᠠᠵᠠᠷ ᠤᠨ ᠭᠦᠷᠦᠩᠭᠡ ᠶᠢ ᠨᠡᠭᠡᠭᠡᠨ ᠠᠰᠢᠭᠯᠠᠬᠤ ᠪᠠ ᠪᠠᠲᠤᠯᠠᠪᠤᠷᠢ ᠶᠢᠨ ᠴᠢᠨᠠᠷᠲᠠᠶ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠤᠨ ᠲᠠᠯ᠎ᠠ ᠪᠠᠷ᠂ ᠭᠡᠷ ᠭᠠᠵᠠᠷ  ᠤᠨ ᠬᠦᠷᠦᠩᠭᠡ ᠶᠢ ᠨᠡᠭᠡᠭᠡᠨ ᠠᠰᠢᠭᠯᠠᠭᠰᠠᠨ ᠲᠠᠯᠠᠪᠠᠢ ᠨᠢ ᠨᠡᠶᠢᠲᠡ 340 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠪᠡ᠃ 432 ᠢᠵᠢ ᠬᠢᠮᠳᠠ ᠲᠦᠷᠢᠶᠡᠰᠦᠨ ᠭᠡᠷ᠂ 144 ᠢᠵᠢ ᠤᠯᠠᠨ ᠨᠡᠶᠢᠲᠡ ᠶᠢᠨ ᠲᠦᠷᠢᠶᠡᠰᠦᠨ ᠭᠡᠷ ᠪᠠᠷᠢᠪᠠ᠃ ᠪᠢᠳᠠ ᠪᠠᠰᠠ 23 ᠲᠦᠮᠡᠨ ᠲᠡᠭᠰᠢ ᠳᠥᠷᠪᠡᠯᠵᠢᠨ ᠮᠧᠲᠷ ᠤᠨ ᠠᠮᠢ ᠠᠬᠤᠶ ᠶᠢᠨ ᠨᠡᠭᠦᠳᠡᠯᠴᠢᠳ ᠤᠨ ᠲᠣᠭᠤᠷᠢᠭ ᠪᠠᠶᠢᠭᠤᠯᠪᠠ᠂ ᠢᠩᠬᠢᠭᠰᠡᠨ ᠢᠶᠠᠷ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠵᠤ᠂ ᠭᠠᠮᠰᠢᠭ ᠢ ᠰᠡᠷᠭᠡᠶᠢᠯᠡᠵᠦ ᠲᠦᠭᠰᠢᠭᠦᠷᠢ ᠠᠴᠠ ᠵᠠᠶᠢᠯᠠᠬᠤ᠂ ᠠᠮᠢ ᠠᠬᠤᠶ ᠶᠢ ᠬᠠᠮᠠᠭᠠᠯᠠᠬᠤ᠂ ᠠᠷᠠᠳ ᠢ ᠪᠠᠶᠠᠵᠢᠭᠤᠯᠵᠤ ᠠᠮᠤᠷᠵᠢᠭᠤᠯᠬᠤ ᠶᠡᠷᠦᠩᠬᠡᠶ ᠦᠷ᠎ᠡ ᠠᠰᠢᠭ ᠣᠯᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠡᠳᠡᠭᠡᠷ ᠵᠢᠯ ᠤᠳ ᠲᠤ ᠣᠯᠤᠭᠰᠠᠨ ᠠᠮᠵᠢᠯᠲᠠ ᠪᠦᠲᠦᠮᠵᠢ ᠨᠢ ᠥᠷᠭᠡᠨ ᠤᠯᠠᠨ ᠲᠦᠮᠡᠨ ᠪᠣᠯᠣᠨ ᠰᠦᠯᠵᠢᠶᠡᠨ ᠤ ᠠᠨᠳᠠ ᠨᠠᠷ ᠤᠨ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠲᠠ ᠪᠦᠬᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠤ ᠮᠣᠷᠢᠯᠠᠨ ᠰᠠᠭᠠᠲᠠᠬᠤ ᠶᠢ ᠪᠢᠳᠡ ᠪᠦᠭᠦᠳᠡᠭᠡᠷ ᠪᠠᠶᠠᠷᠯᠠᠨ ᠤᠭᠲᠤᠵᠤ ᠪᠠᠶᠢᠨ᠎ᠠ᠃      ᠬᠥᠲᠥᠯᠥᠭᠴᠢ᠄      ᠰᠠᠶ᠋ᠢ ᠸᠠᠩ ᠳᠠᠷᠤᠭ᠎ᠠ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠬᠤᠳᠠ ᠶᠢᠨ ᠪᠦᠳᠦᠭᠡᠠ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠤᠭᠰᠠᠨ ᠢ ᠰᠣᠨᠣᠰᠣᠭᠠᠳ ᠮᠠᠰᠢ ᠰᠣᠨᠢᠷᠬᠠᠯᠲᠠᠶ ᠪᠠᠶᠢᠨ᠎ᠠ᠃  ᠣᠳᠣ ᠲᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠦᠵᠡᠮᠵᠢᠲᠦ ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠤᠭᠰᠠᠨ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠤᠭᠰᠠᠨ ᠢ ᠲᠠᠨᠢᠯᠴᠠᠭᠤᠯᠤᠭᠠᠳ ᠦᠭᠭᠦᠨ᠎ᠡ ᠤᠤ︖      ᠸᠠᠩ ᠹᠦ᠋ ᠱᠦᠨ᠄      ᠬᠤᠭᠤᠴᠠᠭ᠎ᠠ ᠪᠦᠷᠢ ᠶᠢᠨ ᠤᠳᠤᠷᠢᠳᠬᠤ ᠪᠠᠭ᠂ ᠪᠦᠭᠦ ᠬᠤᠰᠢᠭᠤ ᠶᠢᠨ ᠠᠷᠠᠳ ᠲᠦᠮᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠪᠢᠳᠠᠨ ᠵᠣᠬᠢᠬᠤ ᠠᠮᠵᠢᠯᠲᠠ ᠣᠯᠤᠭᠰᠠᠨ ᠪᠠᠶᠢᠨ᠎ᠠ᠂ ᠵᠢᠱᠢᠶᠡᠯᠡᠪᠡᠯ ︽ᠪᠦᠬᠦ ᠤᠯᠤᠰ ᠤᠨ ᠪᠣᠬᠢᠷᠲᠤᠯ ᠦᠭᠡᠢ ᠨᠡᠷᠡᠲᠦ ᠬᠤᠰᠢᠭᠤ︾᠎ ᠶᠢᠨ ᠴᠣᠯᠠ ᠬᠦᠷᠲᠡᠪᠡ︔ ᠬᠤᠳᠠ ᠶᠢᠨ ᠭᠤᠣᠯ ᠦᠵᠡᠮᠵᠢ ᠶᠢᠨ ᠪᠦᠰᠡ ᠶᠢᠨ ᠵᠢᠷᠤᠭ ᠲᠥᠯᠥᠪᠯᠡᠭᠡ ᠨᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠦᠵᠡᠮᠵᠢ ᠶᠢᠨ ᠵᠢᠷᠤᠭ ᠲᠥᠯᠥᠪᠯᠡᠭᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠪᠡ︔ 2012 ᠣᠨ ᠳᠤ ᠰᠢᠨ᠎ᠡ ᠰᠠᠭᠤᠴᠠ ᠶᠢᠨ ᠴᠡᠴᠡᠷᠯᠢᠭ ᠣᠶᠢᠵᠢᠭᠤᠯᠤᠯᠲᠠ ᠶᠢᠨ ᠲᠥᠷᠥᠯ ᠵᠦᠢᠯ ᠨᠢ ︽ᠥᠪᠡᠷᠲᠡᠭᠡᠨ ᠵᠠᠰᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠱᠠᠩᠨᠠᠯ︾ ᠬᠦᠷᠲᠡᠪᠡ︔ 2013 ᠣᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭᠲᠦ ᠰᠢᠶᠠᠨ ᠤ ᠬᠤᠲᠠ ᠪᠠᠷ ᠦᠨᠡᠯᠡᠭᠳᠡᠪᠡ︔ 2014 ᠣᠨ ᠳᠤ ᠪᠠᠰᠠ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠠᠯᠳᠠᠷ ᠴᠣᠯᠠ ᠶᠢ ᠣᠯᠤᠭᠰᠠᠨ ᠪᠠᠶᠢᠨ᠎ᠠ᠃      ᠪᠢᠳᠡ ︽ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠴᠢᠭ᠋ ᠢᠶᠠᠷ ᠪᠦᠬᠦ ᠲᠠᠯ᠎ᠠ ᠶᠢ ᠳᠠᠭᠠᠭᠤᠯᠬᠤ᠂ ᠪᠦᠬᠦ ᠲᠠᠯ᠎ᠠ ᠪᠠᠷ ᠬᠥᠭᠵᠢᠭᠦᠯᠬᠦ︾ ᠵᠠᠮ ᠢ ᠦᠷᠭᠦᠯᠵᠢᠯᠡᠨ ᠪᠠᠷᠢᠮᠲᠠᠯᠠᠵᠤ᠂ ᠢᠯᠠᠩᠭᠤᠶ᠎ᠠ ᠰᠢᠨ᠎ᠡ ᠰᠠᠭᠤᠴᠠ ᠶᠢᠨ ᠬᠤᠳᠠ ᠶᠢᠨ ᠲᠣᠭᠤᠷᠢᠭ᠂ ᠲᠥᠪ ᠪᠠᠯᠭᠠᠰᠤ᠂ ᠭᠤᠣᠯ ᠲᠣᠰᠬᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠰᠢᠨ᠎ᠡ ᠰᠠᠭᠤᠴᠠ ᠶᠢᠨ ᠬᠤᠲᠠ ᠶᠢᠨ ᠲᠣᠭᠤᠷᠢᠭ᠂ ᠭᠤᠣᠯᠳᠠᠯᠭ᠎ᠠ ᠲᠠᠢ ᠪᠠᠯᠭᠠᠰᠤ᠂ ᠭᠤᠣᠯ ᠲᠣᠰᠬᠤᠨ ᠢ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠭᠠᠷᠳᠠᠬᠤ ᠴᠢᠭ᠋ ᠪᠣᠯᠭᠠᠵᠤ᠂ ᠵᠠᠮ᠂ ᠣᠶᠢᠵᠢᠭᠤᠯᠤᠯᠲᠠ᠂ ᠲᠥᠪᠯᠡᠷᠡᠭᠦᠯᠦᠨ ᠤᠰᠤ ᠬᠠᠩᠭᠠᠬᠤ᠂ ᠲᠥᠪᠯᠡᠷᠡᠭᠦᠯᠦᠨ ᠢᠯᠴᠢ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠢᠳᠪᠦᠷᠢᠯᠡᠬᠦ᠂ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠲᠡᠰᠢ ᠲᠥᠪᠯᠡᠷᠡᠭᠦᠯᠵᠦ᠂ ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠵᠦ᠂ ᠬᠤᠳᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠠᠮᠢᠶᠠᠷᠴᠤ᠂ ᠰᠠᠭᠤᠭᠠᠯᠢ ᠠᠷᠠᠳ ᠤᠨ ᠰᠣᠶᠣᠯ ᠤᠨ ᠬᠡᠪ ᠴᠢᠨᠠᠷ ᠪᠣᠯᠣᠨ ᠰᠣᠶᠣᠯ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ᠂ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠭᠡᠵᠦ᠂ ᠰᠣᠶᠣᠯ ᠪᠣᠯᠪᠠᠰᠤᠷᠠᠯ ᠤᠨ ᠬᠢᠷᠢ ᠬᠡᠮᠵᠢᠶ᠎ᠡ᠂ ᠬᠥᠮᠦᠨ ᠰᠤᠶᠤᠯ ᠤᠨ ᠣᠷᠴᠢᠨ ᠲᠣᠭᠤᠷᠢᠨ᠂ ᠪᠠᠶᠢᠭᠤᠯᠤᠯ ᠤᠨ ᠲᠣᠭᠲᠠᠴᠠ ᠵᠡᠷᠭᠡ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤᠵᠢᠭᠤᠯᠬᠤ ᠨᠤᠷᠮ᠎ᠠ ᠶᠢᠨ ᠲᠠᠯ᠎ᠠ ᠪᠠᠷ ᠵᠢᠯ ᠪᠦᠷᠢ 1%᠎ ᠶᠢᠨ ᠬᠤᠷᠳᠤᠴᠠ ᠪᠠᠷ ᠨᠡᠮᠡᠭᠳᠡᠭᠦᠯᠵᠦ᠂ 42%᠎ ᠳᠤ ᠬᠦᠷᠦᠭᠦᠯᠦᠨ᠎ᠡ᠃      ᠬᠥᠲᠥᠯᠥᠭᠴᠢ᠄      ᠸᠠᠩ ᠳᠠᠷᠤᠭ᠎ᠠ ᠡ᠂ ᠮᠠᠨ ᠤ ᠮᠡᠳᠡᠭᠡᠵᠢ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽8337︾ ᠬᠥᠭᠵᠢᠯᠲᠡ ᠶᠢᠨ ᠰᠡᠳᠬᠢᠴᠡ ᠶᠢ ᠳᠤᠷᠠᠳᠤᠭᠰᠠᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷ ᠤᠨ ᠣᠨᠴᠠᠯᠢᠭ ᠲᠠᠢ ᠪᠠᠨ ᠤᠶᠠᠯᠳᠤᠭᠤᠯᠤᠨ ᠮᠠᠰᠢ ᠤᠯᠠᠨ ᠴᠢᠬᠤᠯᠠ ᠶᠡᠭᠡ ᠲᠣᠬᠢᠷᠠᠭᠤᠯᠤᠯᠲᠠ ᠪᠠ ᠥᠭᠡᠷᠡᠴᠢᠯᠡᠯᠲᠡ ᠬᠢᠵᠡᠢ᠂ ᠦᠵᠡᠰᠬᠦᠯᠡᠩᠲᠦ ᠰᠠᠶᠢᠬᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠠᠶᠢᠭᠤᠯᠬᠤ ᠲᠠᠯ᠎ᠠ ᠪᠠᠷ ᠬᠡᠷᠬᠢᠨ ᠪᠣᠳᠠᠲᠠᠶ ᠨᠠᠶᠢᠳᠠᠪᠤᠷᠢᠵᠢᠭᠤᠯᠤᠭᠰᠠᠨ ᠢᠶᠠᠨ ᠲᠠᠨᠢᠯᠴᠠᠭᠤᠯᠤᠭᠠᠳ ᠥᠭᠭᠦᠨ᠎ᠡ ᠦᠦ᠃      ᠸᠠᠩ ᠹᠦ᠋ ᠱᠦᠨ᠄      ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠴᠡ ᠪᠠ ︽ᠲᠠᠪᠤᠨ ᠡᠷᠴᠢᠮ ᠢ ᠴᠢᠩᠭᠠᠷᠠᠭᠤᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠳᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠠᠮᠢᠶᠠᠷᠤᠯᠲᠠ ᠪᠠᠷ ᠭᠠᠵᠠᠷ ᠣᠷᠣᠨ ᠤ ᠪᠣᠳᠠᠲᠤ ᠬᠦᠴᠦᠨ ᠢᠶᠠᠨ ᠨᠡᠮᠡᠭᠳᠡᠭᠦᠯᠬᠦ᠂ ᠬᠤᠳᠠ ᠶᠢᠨ ᠳᠦᠷᠢ ᠲᠥᠷᠬᠦ ᠶᠢ ᠰᠠᠶᠢᠵᠢᠷᠠᠭᠤᠯᠬᠤ᠂ ᠬᠤᠳᠠ ᠶᠢᠨ ᠬᠥᠮᠦᠰ ᠢ ᠨᠢᠭᠲᠠᠷᠠᠭᠤᠯᠬᠤ᠂ ᠤᠯᠠᠨ ᠲᠦᠮᠡᠨ ᠤ ᠠᠵᠠ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠰᠢᠨ᠎ᠡ ᠰᠠᠭᠤᠴᠠ ᠶᠢᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠪᠡ᠃ ᠨᠢᠭᠡ ᠳᠤ᠂ ᠥᠨᠳᠥᠷ ᠪᠠᠷᠢᠮᠵᠢᠶ᠎ᠠ᠂ ᠥᠨᠳᠥᠷ ᠡᠬᠢᠯᠡᠯᠲᠡ ᠪᠠᠷ ᠵᠢᠷᠤᠭᠯᠠᠨ ᠲᠥᠯᠥᠪᠯᠡᠪᠡ᠃ ᠬᠤᠳᠠ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠠᠪᠤᠴᠠ ᠳᠤᠮᠳᠠ᠂ ᠪᠢᠳᠠ ᠲᠤᠰᠬᠠᠶ ᠮᠡᠷᠭᠡᠵᠢᠯᠲᠡᠨ ᠢ ᠤᠷᠢᠵᠤ ᠵᠢᠯᠣᠭᠤᠳᠤᠭᠤᠯᠤᠨ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠤᠭᠰᠠᠨ ᠪᠠ ᠬᠦᠯᠢᠶᠡᠨ ᠠᠪᠴᠤ᠂ ᠪᠦᠭᠦ ᠬᠤᠰᠢᠭᠤᠨ ᠤ ᠠᠵᠤ ᠠᠬᠤᠶ ᠶᠢᠨ ᠬᠥᠭᠵᠢᠯ ᠤᠨ ᠠᠯᠤᠰ ᠭᠡᠳᠤ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠵᠤ᠂ ᠬᠠᠷᠠᠯᠲᠠᠲᠤ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠲᠤᠩ ᠬᠢᠵᠠᠭᠠᠷ ᠲᠠᠢ ᠪᠡᠯᠡ ᠮᠥᠩᠭᠦ ᠶᠢᠨ ᠬᠠᠮᠤᠭ ᠤᠨ ᠶᠡᠭᠡ ᠦᠢᠯᠡᠳᠦᠯ ᠢ ᠨᠢ ᠪᠠᠳᠠᠷᠠᠭᠤᠯᠵᠤ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢ ᠡᠩ ᠲᠡᠷᠢᠭᠦᠨ ᠳᠤ ᠲᠣᠬᠢᠷᠠᠭᠤᠯᠤᠯᠪᠡ᠃ ᠬᠤᠶᠠᠷ ᠲᠤ᠂ ᠭᠤᠷᠪᠠᠨ ᠬᠤᠪᠢᠷᠠᠯᠲᠠ ᠶᠢ ᠦᠨᠡᠨ ᠬᠦ ᠪᠡᠶᠡᠯᠡᠭᠦᠯᠪᠡ᠃ ᠦᠵᠡᠰᠬᠦᠯᠡᠩᠲᠦ ᠰᠠᠶᠢᠬᠠᠨ ᠬᠤᠳᠠ ᠶᠢ ᠴᠣᠭᠴᠠᠯᠠᠬᠤ ᠳᠤ᠂ ᠡᠷᠬᠡᠪᠰᠢ ᠬᠥᠮᠦᠨ ᠬᠢᠭᠡᠳ ᠪᠠᠶᠢᠭᠠᠯᠢ ᠶᠢᠨ ᠬᠤᠪᠢᠰᠤᠩᠭᠤᠶ ᠬᠠᠷᠢᠴᠠᠭ᠎ᠠ ᠶᠢ ᠵᠥᠪ ᠢᠶᠠᠷ ᠲᠠᠨᠢᠨ ᠰᠢᠢᠳᠪᠦᠷᠢᠯᠡᠵᠦ᠂ ᠤᠤᠯ ᠤᠨ ᠨᠢᠭᠡ ᠯᠡ ᠬᠦᠭ ᠢᠶᠠᠷ ᠶᠡᠭᠡ ᠪᠠᠷ ᠪᠡᠯᠡ ᠣᠷᠣᠭᠤᠯᠬᠤ᠂ ᠶᠡᠭᠡ ᠪᠠᠷ ᠬᠤᠷᠣᠭᠳᠠᠭᠤᠯᠬᠤ᠂ ᠶᠡᠭᠡ ᠪᠠᠷ ᠪᠣᠬᠢᠷᠲᠤᠭᠤᠯᠬᠤ᠂ ᠥᠴᠥᠬᠡᠨ ᠠᠰᠢᠭ ᠣᠯᠬᠤ ᠭᠠᠳᠠᠭᠰᠢᠯ ᠴᠢᠨᠠᠷᠲᠠᠢ ᠠᠵᠤ ᠠᠬᠤᠶ ᠶᠢᠨ ᠨᠡᠮᠡᠭᠳᠡᠯ ᠤᠨ ᠬᠡᠪ ᠵᠠᠭᠪᠤᠷ ᠢ ᠲᠠᠶᠠᠭᠳᠠᠵᠤ᠂ ᠭᠤᠷᠪᠠᠨ ᠵᠦᠢᠯ ᠤᠨ ᠬᠤᠪᠢᠷᠠᠯᠲᠠ ᠶᠢ ᠡᠷᠬᠡᠪᠰᠢ ᠪᠡᠶᠡᠯᠡᠭᠦᠯᠬᠦ ᠬᠡᠷᠡᠭᠲᠡᠶ᠄ ᠨᠢᠭᠡᠳᠦᠭᠡᠷ ᠲᠤ ᠬᠥᠮᠦᠨ ᠪᠠᠶᠢᠭᠠᠯᠢ ᠶᠢ ᠨᠣᠶᠠᠷᠬᠠᠬᠤ ᠬᠠᠷᠢᠴᠠᠭ᠎ᠠ ᠶᠢ ᠡᠶ᠎ᠡ ᠵᠣᠬᠢᠴᠠᠯ ᠲᠠᠢ ᠨᠢᠭᠡᠳᠦᠯᠲᠡᠶ ᠬᠠᠮᠲᠤᠪᠠᠷ ᠣᠷᠣᠰᠢᠬᠤ ᠬᠠᠷᠢᠴᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ︔ ᠬᠤᠶᠠᠳᠤᠭᠠᠷ ᠲᠤ ᠪᠠᠶᠢᠭᠠᠯᠢ ᠠᠴᠠ ᠳᠠᠩ ᠴᠤᠯᠭᠤᠢ ᠪᠠᠷ ᠠᠪᠴᠤ ᠪᠠᠶᠢᠭᠰᠠᠨ ᠢ ᠨᠥᠬᠦᠬᠦ ᠪᠠ ᠠᠪᠬᠤ ᠶᠢ ᠤᠶᠠᠯᠳᠤᠭᠤᠯᠬᠤ ᠪᠣᠯᠭᠠᠨ ᠬᠤᠪᠢᠷᠠᠭᠤᠯᠬᠤ ᠬᠡᠷᠡᠭᠲᠡᠢ︔ ᠭᠤᠷᠪᠠᠳᠤᠭᠠᠷ ᠲᠤ ᠪᠠᠶᠢᠭᠠᠯᠢ ᠳᠠᠬᠢ ᠬᠥᠮᠥᠨ ᠤ ᠡᠷᠬᠡ ᠪᠠ ᠡᠭᠦᠷᠭᠡ ᠶᠢ ᠨᠢᠭᠡᠳᠦᠭᠦᠯᠬᠦ ᠬᠡᠷᠡᠭᠲᠡᠢ᠂ ᠡᠭᠦᠨ ᠳᠤ ᠪᠠᠶᠢᠭᠠᠯᠢ ᠶᠢ ᠠᠰᠢᠭᠯᠠᠬᠤ ᠪᠠᠭᠲᠠᠬᠤ ᠮᠥᠷᠲᠡᠭᠡᠨ ᠪᠠᠶᠢᠭᠠᠯᠢ ᠶᠢ ᠬᠠᠮᠠᠭᠠᠯᠠᠬᠤ ᠪᠠᠭᠲᠠᠨ᠎ᠠ᠃ ᠭᠠᠭᠴᠠ ᠬᠦ ᠢᠩᠭᠢᠪᠡᠯ ᠰᠠᠶ᠋ᠢ ᠬᠤᠳᠠ ᠶᠢᠨ ᠬᠢᠵᠠᠭᠠᠷ ᠲᠠᠢ ᠡᠬᠢ ᠪᠠᠶᠠᠯᠢᠭ ᠢ ᠭᠦᠢᠴᠡᠳ ᠠᠰᠢᠭᠯᠠᠬᠤ ᠪᠠ ᠬᠠᠮᠠᠭᠠᠯᠠᠵᠤ ᠴᠢᠳᠠᠨ᠎ᠠ᠃      ᠸᠠᠩ ᠹᠦ᠋ ᠱᠦᠨ᠄      ᠭᠤᠷᠪᠠ ᠳᠤ᠂ ᠪᠦᠬᠦ ᠬᠦᠴᠦ ᠪᠠᠷ ᠢᠶᠠᠨ ᠬᠤᠳᠠ ᠶᠢᠨ ᠣᠨᠴᠠᠯᠢᠭ ᠪᠦᠬᠦᠢ ᠦᠵᠡᠮᠵᠢ ᠶᠢ ᠡᠭᠦᠳᠪᠡ᠃ ᠪᠢᠳᠡ ᠤᠳᠤ ᠪᠠᠶᠢᠭ᠎ᠠ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠰᠢᠨ᠎ᠡ ᠰᠠᠭᠤᠴᠠ ᠶᠢᠨ ᠲᠣᠭᠤᠷᠢᠭ ᠢᠶᠠᠷ ᠭᠤᠣᠯ ᠪᠣᠯᠭᠠᠵᠤ᠂ ᠤᠯᠠᠨ ᠨᠡᠶᠢᠳᠡ ᠶᠢᠨ ᠨᠣᠭᠤᠭᠠᠷᠠᠭᠤᠯᠤᠯᠲᠠ ᠪᠠᠷ ᠭᠤᠣᠯᠳᠠᠯᠭ᠎ᠠ ᠪᠣᠯᠭᠠᠵᠤ ᠪᠠᠶᠢᠭᠤᠯᠪᠠ︔ ᠭᠤᠣᠯ ᠳᠠᠭᠠᠤ ᠵᠠᠮ ᠳᠠᠭᠠᠤ ᠶᠢᠨ ᠨᠣᠭᠤᠭᠠᠷᠠᠭᠤᠯᠤᠯᠲᠠ ᠪᠠᠷ ᠨᠢᠷᠤᠭᠤᠪᠴᠢ ᠪᠣᠯᠭᠠᠭᠰᠠᠨ︔ ᠴᠡᠴᠡᠷᠯᠢᠭ᠂ ᠨᠣᠭᠤᠭᠠᠨ ᠬᠥᠷᠥᠰᠥ᠂ ᠠᠭᠤᠳᠠᠮ ᠲᠠᠯᠠᠪᠠᠶ ᠪᠠᠷ ᠲᠥᠪ  ᠪᠣᠯᠭᠠᠪᠠ︔ ᠴᠢᠭ᠋ ᠬᠠᠪᠲᠠᠭᠠᠶ ᠶᠢ ᠤᠶᠠᠯᠳᠤᠭᠤᠯᠤᠭᠰᠠᠨ ᠬᠤᠲᠠ ᠶᠢᠨ ᠨᠣᠭᠤᠭᠠᠷᠠᠭᠤᠯᠤᠯᠲᠠ ᠶᠢᠨ ᠰᠢᠰᠲ᠋ᠧᠮ ᠨᠢ ᠮᠠᠨ ᠤ ᠬᠤᠳᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠪᠠᠷ ᠰᠠᠶᠢᠵᠢᠷᠠᠭᠤᠯᠪᠠ᠃ ᠡᠭᠦᠨ ᠤ ᠵᠡᠷᠭᠡᠪᠡᠷ᠂ ᠬᠤᠳᠠ ᠶᠢᠨ ᠪᠠᠷᠢᠯᠭ᠎ᠠ ᠶᠢ ᠨᠢᠭᠡᠨ ᠵᠦᠢᠯ ᠤᠨ ᠤᠷᠠᠯᠢᠭ ᠤᠨ ᠪᠦᠲᠦᠭᠡᠯ ᠢᠶᠠᠷ ᠡᠭᠦᠳᠦᠨ ᠪᠦᠲᠦᠭᠡᠵᠦ᠂ ᠳᠤᠲᠠᠭᠳᠠᠭᠤᠯᠬᠤ ᠠᠴᠠ ᠪᠢᠰᠢ ᠤᠯᠠᠳᠠᠭᠤᠯᠬᠤ ᠦᠭᠡᠢ ᠪᠠᠶᠢᠬᠤ᠂ ᠠᠵᠢᠯ ᠳᠠᠭᠠᠨ ᠨᠠᠷᠢᠨ ᠨᠢᠮᠪᠠᠶ ᠪᠠᠶᠢᠬᠤ ᠶᠢ ᠪᠠᠷᠢᠮᠲᠠᠯᠠᠪᠠ᠂ ᠢᠩᠭᠢᠭᠰᠡᠨ ᠢᠶᠠᠷ ᠬᠤᠳᠠ ᠶᠢᠨ ᠰᠣᠶᠣᠯ ᠤᠨ ᠣᠨᠴᠠᠯᠢᠭ ᠢ ᠳᠣᠪᠣᠶᠢᠯᠭᠠᠵᠤ᠂ ᠬᠤᠳᠠ ᠶᠢᠨ ᠠᠭᠤᠯᠤᠭᠳᠠᠬᠤᠨ ᠢ ᠠᠭᠤᠳᠠᠯᠵᠤ᠂ ᠬᠤᠳᠠ ᠶᠢᠨ ᠰᠣᠶᠣᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠲᠦᠷᠪᠡ ᠳᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃ ᠪᠢᠳᠡ ᠤᠯᠠᠨ ᠲᠦᠮᠡᠨ ᠤ ᠬᠦᠰᠡᠯ ᠡᠷᠡᠮᠡᠯᠵᠡᠯ ᠢᠶᠠᠷ ᠴᠢᠷᠮᠠᠶᠢᠬᠤ ᠴᠢᠭᠯᠡᠯ ᠢᠶᠠᠨ ᠪᠣᠯᠭᠠᠬᠤ ᠶᠢ ᠪᠠᠷᠢᠮᠲᠠᠯᠠᠵᠤ᠂ ᠥᠪᠡᠷ ᠤᠨ ᠭᠡᠷ ᠢᠶᠠᠨ ᠬᠠᠶᠢᠷᠠᠯᠠᠳᠠᠭ ᠰᠢᠭ ᠮᠠᠨ ᠤ ᠬᠤᠳᠠ ᠢᠶᠠᠨ ᠬᠠᠶᠢᠷᠠᠯᠠᠨ ᠬᠠᠮᠠᠭᠠᠯᠠᠪᠠ᠃ ︽ᠡᠮᠦᠨᠡᠲᠦ ᠬᠤᠰᠢᠭᠤᠨ ᠤ ᠵᠣᠷᠢᠭ ᠰᠠᠨᠠᠭ᠎ᠠ︾᠎ ᠪᠠᠷ ᠠᠴᠢᠶᠠᠯᠠᠪᠤᠷᠢ ᠪᠣᠯᠭᠠᠨ᠂ ᠰᠠᠭᠤᠭᠠᠯᠢ ᠠᠷᠠᠳ ᠢ ᠬᠥᠮᠥᠵᠢᠭᠦᠯᠬᠦ ᠪᠠ ᠬᠥᠲᠥᠯᠥᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ ᠠᠮᠢ ᠠᠬᠤᠶ ᠶᠢᠨ ᠬᠤᠲᠠ ᠶᠢ ᠴᠣᠭᠴᠠᠯᠠᠬᠤ᠂ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠡᠷᠬᠢᠯᠡᠬᠦ ᠳᠤ ᠲᠣᠬᠢᠷᠠᠮᠵᠢᠲᠠᠢ ᠬᠤᠲᠠ᠂ ᠵᠤᠭᠠᠴᠠᠨ ᠰᠡᠯᠡᠭᠦᠴᠡᠬᠦ ᠬᠤᠲᠠ ᠶᠢᠨ ᠡᠩᠨᠡᠭᠡᠨ ᠳᠤ ᠤᠬᠠᠮᠰᠠᠷ ᠠᠴᠠ ᠨᠢ ᠣᠷᠣᠯᠴᠠᠭᠤᠯᠵᠤ᠂ ᠬᠤᠲᠠ ᠶᠢ ᠪᠦᠳᠦᠭᠡᠨ ᠪᠠᠶᠢᠭᠤᠯᠬᠤ᠂ ᠬᠤᠳᠠ ᠶᠢ ᠬᠠᠮᠢᠶᠠᠷᠬᠤ᠂ ᠬᠤᠲᠠ ᠶᠢ ᠭᠤᠶᠣᠯᠠᠨ ᠵᠠᠰᠠᠬᠤ᠂ ᠬᠤᠳᠠ ᠶᠢ ᠤᠬᠠᠭᠤᠯᠬᠤ᠂ ᠬᠤᠳᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠡᠭᠦᠷᠭᠡ ᠲᠤᠰᠢᠶᠠᠯ ᠬᠠᠷᠢᠭᠤᠴᠠᠯᠭ᠎ᠠ ᠶᠢ ᠬᠤᠲᠠ ᠶᠢᠨ ᠠᠷᠠᠳ ᠤᠬᠠᠮᠰᠠᠷ ᠪᠠᠨ ᠡᠭᠦᠷᠭᠡᠯᠡᠬᠦ ᠪᠣᠯᠭᠠᠵᠤ᠂ ᠮᠠᠨ ᠤ ᠰᠢᠨ᠎ᠡ ᠰᠠᠭᠤᠴᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠦᠰᠡᠯ ᠡᠷᠡᠮᠡᠯᠵᠡᠯ ᠢᠶᠠᠷ ᠪᠢᠯᠬᠠᠮ ᠪᠣᠯᠭᠠᠪᠠ᠃      ᠬᠥᠲᠥᠯᠥᠭᠴᠢ᠄      ᠪᠢᠳᠡᠨ ᠤ ᠮᠡᠳᠡᠭᠡᠵᠢ ᠪᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠩᠭᠡ ᠦᠵᠡᠮᠵᠢ ᠭᠤᠶᠣ᠂ ᠣᠷᠣᠰᠢᠨ ᠰᠠᠭᠤᠬᠤ ᠬᠤᠳᠠᠯᠳᠤᠭ᠎ᠠ ᠡᠷᠬᠢᠯᠡᠬᠦ ᠠᠵᠢᠯᠯᠠᠬᠤ ᠳᠤ ᠲᠣᠬᠢᠷᠠᠮᠵᠢᠲᠠᠶ᠂ ᠡᠳᠦᠷ ᠨᠢ ᠰᠠᠶᠢᠬᠠᠨ ᠢᠶᠠᠷ ᠪᠠᠷᠠᠬᠤ ᠦᠭᠡᠶ᠂ ᠰᠥᠨᠢ ᠶᠢᠨ ᠦᠵᠡᠮᠵᠢ ᠴᠦ ᠭᠤᠶᠣ ᠰᠠᠶᠢᠬᠠᠨ ᠪᠦᠳᠦᠭᠡᠨ ᠪᠠᠶᠢᠭᠤᠯᠤᠭᠰᠠᠨ ᠪᠠᠶᠢᠳᠠᠭ᠂ ᠲᠠ ᠣᠳᠣ ᠬᠤᠣᠰ ᠣᠢᠭᠡᠢ ᠰᠠᠶᠢᠬᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠡᠴᠡᠷᠯᠢᠭ ᠨᠣᠭᠤᠭᠠᠷᠠᠭᠤᠯᠤᠯᠲᠠ ᠪᠠ ᠭᠡᠷᠡᠯᠲᠦᠭᠦᠯᠦᠭᠡ ᠶᠢᠨ ᠲᠠᠯ᠎ᠠ ᠶᠢᠨ ᠲᠤᠪᠤᠶᠢᠮ᠎ᠠ ᠠᠮᠵᠢᠯᠲᠠ ᠪᠦᠲᠦᠮᠵᠢ ᠪᠠ ᠠᠮᠵᠢᠯᠲᠠᠲᠠᠶ ᠲᠤᠷᠰᠢᠯᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖      ᠸᠠᠩ ᠹᠦ᠋ ᠱᠦᠨ᠄      ᠨᠣᠭᠤᠭᠠᠷᠠᠭᠤᠯᠬᠤ ᠠᠵᠢᠯ ᠤᠨ ᠲᠠᠯ᠎ᠠ ᠪᠠᠷ᠂ ᠰᠢᠨ᠎ᠡ ᠰᠠᠭᠤᠴᠠ ᠶᠢ ᠠᠩᠬ᠎ᠠ ᠪᠦᠳᠦᠭᠡᠠ ᠪᠠᠶᠢᠭᠤᠯᠬᠤ ᠦᠶ᠎ᠡ ᠎ ᠳᠤ᠂ ᠪᠢᠳᠡ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠳᠤ ᠨᠠᠶᠢᠳᠠᠵᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠰᠠᠭᠤᠴᠠ ᠶᠢᠨ ᠬᠤᠲᠠ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ︾᠎ ᠶᠢ ᠨᠠᠶᠢᠷᠠᠭᠤᠯᠤᠨ ᠵᠣᠬᠢᠶᠠᠵᠤ᠂ ᠰᠢᠨ᠎ᠡ ᠰᠠᠭᠤᠴᠠ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠰᠠᠭᠤᠴᠠ ᠬᠤᠲᠠ ᠶᠢᠨ ︽ᠬᠥᠬᠡᠮᠳᠦᠭ ᠠᠭᠤᠯᠠ᠂ ᠲᠤᠩᠭᠠᠯᠠᠭ ᠤᠰᠤ ᠭᠡᠷᠡᠯᠲᠦ ᠨᠠᠷᠠ ᠲᠠᠢ︾ ᠠᠭᠤᠯᠠ ᠤᠰᠤ ᠴᠡᠴᠡᠷᠯᠢᠭᠲᠦ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠲᠦᠢᠮᠣ ᠲᠥᠰᠦᠪ ᠢ ᠵᠢᠷᠤᠭᠯᠠᠪᠠ᠃ ᠡᠭᠦᠨ ᠤ ᠵᠡᠷᠭᠡᠪᠡᠷ᠂ ᠪᠢᠳᠡ ᠬᠦᠴᠦᠨ ᠴᠢᠳᠠᠯ ᠢᠶᠠᠨ ᠰᠢᠪᠬᠠᠨ ᠰᠠᠭᠤᠷᠢᠰᠢᠯ ᠠᠵᠢᠯ ᠦᠢᠯᠡ ᠡᠷᠬᠢᠯᠡᠬᠦ ᠎ ᠳᠤ ᠲᠣᠬᠢᠷᠠᠮᠵᠢᠲᠠᠢ ᠰᠢᠨ᠎ᠡ ᠮᠠᠶ᠋ᠢᠭ ᠤᠨ ᠬᠤᠳᠠ ᠶᠢᠨ ᠲᠣᠭᠤᠷᠢᠭ ᠢ ᠴᠢᠷᠮᠠᠶᠢᠨ ᠴᠣᠭᠴᠠᠯᠠᠵᠤ᠂ ᠴᠡᠴᠡᠷᠯᠢᠭ᠂  ᠠᠭᠤᠳᠠᠮ ᠲᠠᠯᠠᠪᠠᠶ᠂ ᠲᠣᠭᠤᠷᠢᠭ ᠠᠷᠠᠯ᠂ ᠴᠡᠴᠡᠷᠯᠢᠭ ᠢᠶᠠᠷ ᠵᠤᠭᠠᠴᠠᠬᠤ ᠭᠠᠵᠠᠷ ᠪᠣᠯᠭᠠᠭᠰᠠᠨ︔ ᠭᠤᠣᠯ ᠳᠡᠳ᠋ ᠵᠡᠭᠡᠯᠢ ᠶᠢᠨ ᠵᠠᠮ ᠢᠶᠠᠷ ᠱᠤᠭᠤᠮ ᠪᠣᠯᠭᠠᠭᠰᠠᠨ︔ ᠪᠠᠶᠢᠭᠤᠯᠭ᠎ᠠ ᠵᠢᠴᠢ ᠣᠷᠣᠨ ᠰᠠᠭᠤᠴᠠ ᠶᠢᠨ ᠪᠠᠭ᠎ᠠ ᠲᠣᠭᠤᠷᠢᠭ ᠤᠨ ᠬᠦᠷᠢᠶ᠎ᠡ ᠬᠠᠰᠢᠶ᠎ᠠ ᠪᠠᠷ ᠨᠢᠭᠤᠷ ᠪᠣᠯᠭᠠᠭᠰᠠᠨ ᠬᠤᠳᠠ ᠶᠢᠨ ᠶᠡᠷᠦᠩᠬᠡᠶᠢᠯᠡᠨ ᠣᠶᠢᠵᠢᠭᠤᠯᠤᠭᠰᠠᠨ ᠪᠠᠶᠢᠷᠢᠰᠢᠯ ᠢ ᠪᠤᠢ ᠪᠣᠯᠭᠠᠪᠠ᠃ ᠡᠨᠡ ᠬᠡᠳᠦᠨ ᠵᠢᠯ ᠤᠨ ᠬᠥᠭᠵᠢᠯᠲᠡ ᠪᠠᠷ ᠳᠠᠮᠵᠢᠵᠤ᠂ ᠰᠢᠨ᠎ᠡ ᠰᠠᠭᠤᠴᠠ ᠶᠢᠨ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠶ ᠨᠢ 445 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠡ ᠰᠠᠭᠤᠴᠠ ᠬᠤᠳᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠨᠢ 42.17 %᠎ ᠳᠤ ᠬᠦᠷᠴᠦ᠂ ᠤᠰᠤᠨ ᠦᠵᠡᠮᠵᠢ ᠶᠢᠨ ᠴᠡᠴᠡᠷᠯᠢᠭ ᠵᠡᠷᠭᠡ 4 ᠲᠣᠮᠣ ᠬᠡᠯᠪᠡᠷᠢ ᠶᠢᠨ ᠴᠡᠴᠡᠷᠯᠢᠭ ᠪᠠ 9 ᠵᠢᠵᠢᠭ ᠬᠡᠯᠪᠡᠷᠢ ᠶᠢᠨ ᠵᠤᠭᠠᠴᠠᠬᠤ ᠴᠡᠴᠡᠷᠯᠢᠭ ᠢ ᠤᠷᠢᠳ ᠬᠤᠵᠢᠳ ᠪᠠᠶᠢᠭᠤᠯᠪᠠ ᠂ ᠡᠯ᠎ᠡ ᠵᠦᠢᠯ ᠤᠨ ᠮᠣᠳᠣ 60 ᠭᠠᠷᠤᠢ ᠲᠥᠷᠥᠯ᠂ ᠡᠯ᠎ᠡ ᠲᠥᠷᠥᠯ ᠤᠨ ᠲᠤᠷᠤᠭ ᠮᠣᠳᠣ 41 ᠲᠦᠮᠡᠨ ᠰᠠᠭᠤᠷᠢ᠂ ᠪᠣᠳᠠ ᠮᠣᠳᠣ 300 ᠲᠦᠮᠡᠨ ᠪᠤᠲᠠ᠂ ᠵᠦᠯᠭᠡ 30 ᠲᠦᠮᠡᠨ ᠲᠡᠭᠰᠢ ᠳᠥᠷᠪᠡᠯᠵᠢᠨ ᠮᠧᠲᠷ ᠵᠠᠶᠢᠯᠠᠵᠤ ᠲᠠᠷᠢᠪᠠ᠃      ᠭᠡᠷᠡᠯᠲᠦᠭᠦᠯᠦᠭᠡ ᠶᠢᠨ ᠲᠠᠯ᠎ᠠ ᠪᠠᠷ᠂ ᠪᠢᠳᠡ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠴᠢᠨᠠᠷᠯᠢᠭ ᠪᠦᠲᠦᠭᠡᠨ ᠪᠠᠶᠢᠭᠤᠯᠵᠤ᠂ ᠥᠨᠳᠥᠷ ᠲᠦᠪᠰᠢᠨ ᠢᠶᠠᠷ ᠬᠠᠮᠢᠶᠠᠷᠴᠤ᠂ ᠨᠢᠭᠡ ᠪᠦᠯᠦᠭ ᠣᠬᠢ ᠰᠢᠯᠢᠳᠡᠭ ᠢᠨᠵᠧᠨᠧᠷᠢᠩ ᠢ ᠪᠠᠶᠢᠭᠤᠯᠵᠤ᠂ ᠣᠳᠣ ᠦᠶ᠎ᠡ ᠶᠢᠨ ᠬᠤᠲᠠ ᠶᠢᠨ ᠥᠪᠡᠷᠮᠢᠴᠡ ᠲᠠᠲᠠᠬᠤ ᠬᠦᠴᠦᠨ ᠢ ᠬᠠᠷᠠᠭᠤᠯᠪᠠ᠃ ᠣᠳᠣᠬᠠᠨ ᠳᠤ᠂ ᠮᠠᠨ ᠤ ᠰᠢᠨ᠎ᠡ ᠰᠠᠭᠤᠴᠠ ᠶᠢᠨ ᠪᠦᠬᠦᠶᠢᠯᠡ ᠨᠢᠭᠡᠴᠡ ᠶᠢᠨ ᠠᠯᠪᠠᠨ ᠠᠰᠠᠷ ᠪᠣᠯᠤᠨ ᠵᠡᠭᠡᠯᠢ ᠳᠠᠭᠠᠤ ᠠᠵᠤ ᠠᠬᠤᠶᠢᠯᠠᠯ᠂ ᠬᠤᠳᠠᠯᠳᠤᠭ᠎ᠠ᠂ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠳᠡᠯᠭᠡᠭᠦᠷ ᠢ ᠪᠦᠭᠦᠳᠡ ᠶᠢ ᠭᠡᠷᠡᠯᠲᠦᠭᠦᠯᠬᠦ ᠶᠢ ᠪᠡᠶᠡᠯᠡᠭᠦᠯᠪᠡ᠃ ᠬᠤᠲᠠ ᠲᠣᠭᠤᠷᠢᠭ ᠤᠨ ᠪᠠᠶᠢᠭᠤᠯᠤᠭᠰᠠᠨ ᠪᠤᠶ ᠪᠦᠬᠦᠢ ᠵᠠᠮ ᠳᠡᠭᠡᠷ᠎ᠡ ᠴᠥᠮ ᠵᠠᠮ ᠤᠨ ᠳ᠋ᠧᠩ ᠤᠭᠰᠠᠷᠠᠵᠤ᠂ ᠭᠡᠷᠡᠯᠲᠦᠭᠦᠯᠦᠭᠡ ᠶᠢᠨ ᠵᠠᠮ ᠤᠨ ᠪᠦᠬᠦ ᠣᠷᠳᠣ ᠨᠢ 67 ᠲᠦᠮᠡᠨ ᠺᠢᠯᠣᠮᠧᠲᠷ ᠲᠤ ᠬᠦᠷᠪᠡ᠃ ᠪᠢᠳᠡ ᠪᠠᠰᠠ ᠪᠦᠬᠦ ᠴᠡᠴᠡᠷᠯᠢᠭ᠂ ᠪᠠᠭ᠎ᠠ ᠴᠡᠴᠡᠷᠯᠢᠭ᠂ ᠠᠭᠤᠳᠠᠮ ᠲᠠᠯᠠᠪᠠᠶ᠂ ᠮᠤᠷᠤᠢ ᠵᠠᠮ ᠳᠡᠭᠡᠷ᠎ᠡ ᠬᠡᠯᠬᠢᠶᠡᠲᠦ ᠲᠣᠮᠣ ᠳ᠋ᠧᠩ᠂ ᠦᠵᠡᠮᠵᠢ ᠶᠢᠨ ᠴᠢᠯᠠᠭᠤ᠂ ᠮᠣᠳᠣᠨ ᠴᠥᠭᠦᠷᠥᠮ ᠤᠨ ᠳ᠋ᠧᠩ ᠪᠠ ᠡᠯ᠎ᠡ ᠵᠦᠢᠯ ᠤᠨ ᠳᠦᠷᠰᠦ ᠪᠦᠲᠦᠭᠡᠯᠲᠡ ᠶᠢᠨ ᠳ᠋ᠧᠩ ᠢ ᠤᠭᠰᠠᠷᠠᠵᠤ ᠬᠤᠳᠠ ᠶᠢᠨ ᠷᠣᠮᠠᠨᠲ᠋ᠢᠭ ᠰᠡᠳᠬᠢᠯᠭᠡ ᠶᠢ ᠢᠯᠡᠷᠡᠭᠦᠯᠪᠡ᠃      ᠬᠥᠲᠥᠯᠥᠭᠴᠢ᠄      ᠦᠵᠡᠬᠦ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠦᠨᠡᠬᠡᠷ ᠥᠩᠭᠡ ᠦᠵᠡᠮᠵᠢ ᠦᠵᠡᠰᠬᠦᠯᠡᠩᠲᠦ ᠰᠠᠶᠢᠬᠠᠨ ᠪᠣᠯᠣᠭᠰᠠᠨ ᠪᠠᠶᠢᠨ᠎ᠠ᠃ ᠸᠠᠩ ᠳᠠᠷᠤᠭ᠎ᠠ ᠡ ᠮᠢᠨᠦ ᠣᠶᠢᠯᠠᠭᠠᠭᠰᠠᠨ ᠢᠶᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠪᠦᠬᠦᠯᠢ ᠴᠣᠭᠴᠠ ᠶᠢᠨ ᠭᠤᠶᠣ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠢ ᠪᠣᠯᠭᠠᠭᠰᠠᠨ ᠢᠶᠠᠷ ᠪᠠᠷᠠᠬᠤ ᠦᠭᠡᠢ ᠨᠡᠩ ᠴᠤ ᠴᠡᠴᠡᠷᠯᠢᠭ ᠤᠨ ᠰᠡᠯᠡᠭᠦᠴᠡᠬᠦ ᠲᠣᠭᠤᠷᠢᠭ ᠢ ᠭᠤᠶᠢᠳᠠ ᠰᠠᠶᠢᠬᠠᠨ ᠪᠦᠲᠦᠭᠡᠨ ᠪᠠᠶᠢᠭᠤᠯᠵᠠᠢ᠂ ᠡᠨᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠲᠠᠨᠢᠯᠴᠠᠭᠤᠯᠤᠭᠠᠳ ᠥᠭᠭᠦᠨ᠎ᠡ ᠦᠦ︖      ᠸᠠᠩ ᠹᠦ᠋ ᠱᠦᠨ᠄      ᠰᠢᠨ᠎ᠡ ᠰᠠᠭᠤᠴᠠ ᠶᠢᠨ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠨᠣᠭᠤᠭᠠᠷᠠᠭᠤᠯᠬᠤ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠢᠳᠡ ᠰᠣᠳᠣᠨ ᠢᠨᠵᠧᠨᠧᠷᠢᠩ ᠢ ᠰᠠᠶᠢᠲᠤᠷ ᠬᠢᠬᠦ ᠶᠢ ᠨᠡᠩ ᠴᠢᠬᠤᠯᠠᠴᠢᠯᠠᠵᠤ᠂ ᠵᠢᠵᠢᠭ ᠰᠠᠵᠢᠭ ᠲᠠᠯ᠎ᠠ ᠪᠠᠷ ᠴᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠳᠡᠰ ᠤᠨ ᠲᠦᠪᠰᠢᠨ ᠢ ᠬᠠᠷᠠᠭᠤᠯᠪᠠ᠃ ᠤᠷᠢᠳ ᠬᠤᠵᠢᠳ ᠲᠤᠮᠤ ᠬᠡᠯᠪᠡᠷᠢ ᠶᠢᠨ ᠴᠡᠴᠡᠷᠯᠢᠭ 4 ᠰᠠᠭᠤᠷᠢ᠂ ᠲᠤᠬᠠᠶᠢᠯᠠᠪᠠᠯ ᠠᠷᠤ ᠶᠢᠨ ᠠᠭᠤᠯᠠ ᠶᠢᠨ ᠤᠷᠭᠤᠮᠠᠯ ᠤᠨ ᠬᠦᠷᠢᠶᠡᠯᠡᠩ᠂ ᠤᠰᠦᠠ ᠦᠵᠡᠮᠵᠢ ᠶᠢᠨ ᠴᠡᠴᠡᠷᠯᠢᠭ᠂ ᠬᠤᠷᠴᠢᠨ ᠴᠡᠴᠡᠷᠯᠢᠭ ᠪᠠ ᠲᠠᠶᠢᠨᠢᠩ ᠵᠡᠭᠡᠯᠢ ᠶᠢᠨ ᠲᠥᠪ ᠴᠡᠴᠡᠷᠯᠢᠭ ᠢ ᠪᠠᠶᠢᠭᠤᠯᠵᠤ᠂ ᠲᠣᠮᠣ ᠬᠡᠯᠪᠡᠷᠢ ᠶᠢᠨ ᠬᠤᠷᠴᠢᠨ ᠠᠭᠤᠳᠠᠮ ᠲᠠᠯᠠᠪᠠᠢ ᠶᠢ ᠪᠠᠶᠢᠭᠤᠯᠵᠤ᠂ ᠵᠤᠭᠠᠴᠠᠯ ᠴᠡᠴᠡᠷᠯᠢᠭ 9 ᠰᠠᠭᠤᠷᠢ ᠶᠢ ᠪᠠᠶᠢᠭᠤᠯᠵᠤ᠂ ᠰᠠᠷᠠᠪᠴᠢ᠂ ᠬᠤᠨᠭ᠍ᠬᠢᠯ ᠵᠠᠮ᠂ ᠬᠥᠭᠦᠷᠭᠡ᠂ ᠲᠠᠪᠴᠠᠩ ᠵᠣᠬᠢᠶᠠᠮᠠᠯ ᠠᠷᠠᠯ᠂ ᠱᠤᠭᠤᠮᠠᠯ ᠵᠡᠷᠭᠡ ᠦᠵᠡᠮᠵᠢ ᠬᠢᠭᠡᠳ ᠰᠡᠯᠡᠭᠦᠴᠡᠯ᠂ ᠪᠡᠶ᠎ᠡ ᠴᠢᠭᠢᠷᠠᠭᠵᠢᠭᠤᠯᠬᠤ ᠵᠡᠷᠭᠡ ᠲᠥᠬᠦᠭᠡᠷᠦᠮᠵᠢ ᠶᠢ ᠲᠣᠬᠢᠷᠠᠭᠤᠯᠪᠠ᠃ ᠴᠡᠴᠡᠷᠯᠢᠭ᠂ ᠵᠤᠭᠠᠴᠠᠯ ᠬᠦᠷᠢᠶᠡᠯᠡᠩ ᠢ ᠨᠣᠭᠤᠭᠠᠷᠠᠭᠤᠯᠬᠤ ᠳᠤᠮᠳᠠ᠂ ᠰᠣᠨᠢᠨ ᠬᠡᠯᠪᠡᠷᠢᠲᠦ ᠮᠣᠳᠣ᠂ ᠵᠢᠮᠢᠰ ᠤᠨ ᠮᠣᠳᠣ᠂ ᠦᠵᠡᠮᠵᠢ ᠶᠢᠨ ᠮᠣᠳᠣ ᠵᠡᠷᠭᠡ 50 ᠭᠠᠷᠤᠢ ᠵᠦᠢᠯ ᠤᠨ ᠮᠣᠳᠣ ᠶᠢ ᠭᠤᠣᠯᠳᠠᠯᠭ᠎ᠠ ᠲᠠᠢ ᠰᠣᠩᠭᠤᠨ ᠬᠡᠷᠡᠭᠯᠡᠵᠦ᠂ ᠰᠢᠨ᠎ᠡ ᠰᠠᠭᠤᠴᠠ ᠶᠢᠨ ᠨᠣᠭᠤᠭᠠᠷᠠᠭᠤᠯᠤᠯᠲᠠ ᠶᠢ ᠬᠠᠪᠤᠷ ᠨᠠᠪᠴᠢᠲᠤ ᠦᠵᠡᠮᠵᠢ ᠰᠣᠨᠢᠷᠬᠠᠬᠤ᠂ ᠵᠤᠨ ᠴᠡᠴᠡᠭ ᠬᠤᠸᠠᠷ ᠰᠣᠨᠢᠷᠬᠠᠬᠤ᠂ ᠨᠠᠮᠤᠷ ᠠᠯᠢᠮ᠎ᠠ ᠵᠢᠮᠢᠰ ᠠᠮᠲᠠᠯᠠᠬᠤ᠂ ᠡᠪᠦᠯ ᠴᠠᠰᠤᠲᠤ ᠨᠠᠷᠠᠰᠤ ᠰᠣᠨᠢᠷᠬᠠᠬᠤ ᠦᠷ᠎ᠡ ᠪᠦᠲᠦᠮᠵᠢ ᠳᠤ ᠬᠦᠷᠦᠭᠦᠯᠪᠡ᠃ ᠰᠢᠨ᠎ᠡ ᠰᠠᠭᠤᠴᠠ ᠪᠠᠷ ᠥᠩᠭᠡᠷᠡᠬᠦ ᠤᠶᠢᠯᠠᠷ ᠭᠤᠣᠯ᠂ ᠤᠳᠠᠨ ᠭᠤᠣᠯ ᠤᠨ ᠡᠮᠦᠨ᠎ᠡ ᠬᠤᠶᠢᠨᠠᠬᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠶᠠᠷ ᠡᠷᠭᠢ ᠶᠢᠨ ᠵᠤᠭᠠᠴᠠᠯ ᠤᠨ ᠬᠦᠷᠢᠶᠡᠯᠡᠩ ᠪᠣᠯᠤᠨ ᠤᠰᠤᠨ ᠦᠵᠡᠮᠵᠢ ᠶᠢᠨ ᠴᠡᠴᠡᠷᠯᠢᠭ ᠬᠠᠷᠢᠯᠴᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠣᠰᠣᠨ ᠰᠢᠰᠲ᠋ᠧᠮ ᠳᠠᠭᠠᠤ ᠴᠡᠴᠡᠷᠯᠢᠭ ᠤᠨ ᠦᠵᠡᠮᠵᠢᠲᠦ ᠪᠦᠰᠡ ᠶᠢ ᠪᠦᠷᠢᠯᠳᠦᠭᠦᠯᠪᠡ᠃      ᠬᠥᠲᠥᠯᠥᠭᠴᠢ᠄      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠤᠯ ᠲᠡᠷᠡ ᠴᠢᠭ ᠢᠶᠠᠷ ᠢᠶᠠᠨ ᠲᠤᠮᠤ ᠴᠡᠴᠡᠷᠯᠢᠭ ᠪᠤᠯᠬᠤ ᠪᠦᠭᠡᠳ ᠦᠨᠡᠬᠡᠷ ᠭᠤᠶᠢᠲᠠ ᠰᠠᠶᠢᠬᠠᠨ ᠡᠮᠦᠨᠡᠲᠦ ᠬᠤᠰᠢᠭᠤ ᠪᠠᠶᠢᠨ᠎ᠠ᠃ ᠲᠡᠭᠡᠪᠡᠯ ᠬᠤᠳᠠ ᠶᠢ ᠲᠦᠯᠦᠪᠵᠢᠭᠦᠯᠦᠨ ᠪᠦᠲᠦᠭᠡᠨ ᠪᠠᠶᠢᠭᠤᠯᠬᠤ ᠲᠠᠯ᠎ᠠ ᠪᠠᠷ ᠭᠤᠣᠯᠳᠠᠭᠤ ᠶᠠᠮᠠᠷ ᠶᠠᠮᠠᠷ ᠠᠵᠢᠯ ᠬᠢᠭᠰᠡᠨ ᠪᠤᠢ︖      ᠸᠠᠩ ᠹᠦ᠋ ᠱᠦᠨ᠄      ᠦᠨᠡᠨ ᠳᠡᠭᠡᠨ ᠪᠢᠳᠡ ᠣᠷᠣᠨ ᠪᠦᠰᠡ ᠶᠢᠨ ᠲᠥᠪ ᠬᠤᠳᠠ ᠶᠢ ᠴᠤᠭᠴᠠᠯᠠᠨ ᠪᠠᠶᠢᠭᠤᠯᠬᠤ ᠳᠤ᠂ ᠡᠮᠦᠨᠡᠲᠦ ᠬᠤᠰᠢᠭᠤᠨ ᠤ ᠰᠢᠨ᠎ᠡ ᠰᠠᠭᠤᠴᠠ ᠶᠢᠨ ᠶᠡᠷᠦᠩᠬᠡᠶᠢᠯᠡᠭᠰᠡᠨ ᠳᠠᠭᠠᠭᠠᠴᠠ ᠬᠦᠴᠦᠨ᠂ ᠰᠢᠩᠭᠡᠭᠡᠨ ᠪᠠᠭᠲᠠᠭᠠᠬᠤ ᠬᠦᠴᠦᠨ᠂ ᠳᠠᠶᠢᠴᠢᠯᠠᠬᠤ ᠬᠦᠴᠦᠨ ᠪᠠ ᠨᠥᠯᠥᠭᠡᠯᠡᠬᠦ ᠬᠦᠴᠦᠨ ᠢ ᠭᠦᠢᠴᠡᠳ ᠪᠠᠳᠠᠷᠠᠭᠤᠯᠤᠭᠰᠠᠨ ᠶᠤᠮ᠃      ᠡᠩ ᠲᠡᠷᠢᠭᠦᠨ ᠳᠤ᠂ ᠲᠥᠯᠥᠪᠵᠢᠭᠦᠯᠭᠡ ᠪᠠᠨ ᠰᠠᠶᠢᠲᠤᠷ ᠬᠢᠵᠦ ᠬᠥᠲᠥᠯᠥᠨ ᠵᠢᠯᠤᠭᠤᠳᠪᠠ᠃ ᠤᠢᠢᠷ᠎ᠠ ᠶᠢᠨ ᠵᠢᠯ ᠤᠳ ᠲᠤ᠂ ᠪᠢᠳᠡ ᠬᠤᠲᠠ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠠ ᠡᠵᠡᠮᠰᠢᠯ ᠤᠨ ᠴᠢᠨᠠᠷᠲᠠᠢ ᠨᠠᠷᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠬᠤᠳᠠ ᠶᠢᠨ ᠭᠤᠣᠯ ᠵᠠᠮ ᠤᠨ ᠵᠢᠷᠤᠭ ᠲᠥᠯᠥᠪᠯᠡᠭᠡ ᠪᠠ ᠦᠵᠡᠮᠵᠢ ᠶᠢᠨ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠬᠤᠲᠠ ᠶᠢᠨ ᠲᠤᠭᠤᠷᠢᠭ ᠤᠨ 30 ᠲᠡᠭᠰᠢ ᠳᠥᠷᠪᠡᠯᠵᠢᠨ ᠺᠢᠯᠣᠮᠧᠲᠷ ᠬᠡᠪᠴᠢᠶᠡᠨ ᠳᠠᠬᠢ ᠬᠤᠳᠠᠯᠳᠤᠭ᠎ᠠ᠂ ᠤᠳᠬ᠎ᠠ ᠤᠷᠠᠯᠢᠭ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠢ ᠲᠣᠬᠢᠷᠠᠭᠤᠯᠬᠤ ᠬᠡᠪᠴᠢᠶ᠎ᠡ᠂ ᠬᠡᠷᠡᠭᠯᠡᠬᠦ ᠭᠠᠵᠠᠷ ᠤᠨ ᠣᠷᠣᠨ ᠪᠠᠶᠢᠷᠢ ᠵᠡᠷᠭᠡ ᠳᠤ ᠴᠦᠮ ᠲᠣᠳᠣᠷᠬᠠᠶ ᠱᠠᠭᠠᠷᠳᠠᠯᠭ᠎ᠠ ᠲᠤᠷᠠᠳᠴᠤ᠂ ᠬᠤᠲᠠ ᠶᠢᠨ ᠭᠤᠷᠪᠠᠳᠤᠭᠠᠷ ᠠᠵᠤ ᠦᠢᠯᠡᠰ ᠢ ᠬᠥᠭᠵᠢᠭᠦᠯᠬᠦ ᠳᠤ ᠨᠡᠯᠢᠶᠡᠳ ᠰᠠᠶᠢᠨ ᠬᠥᠲᠥᠯᠥᠨ ᠵᠢᠯᠣᠭᠤᠳᠬᠤ ᠦᠢᠯᠡᠳᠦᠯ ᠦᠵᠡᠭᠦᠯᠪᠡ᠃      ᠲᠠᠷᠠᠭ᠎ᠠ ᠳᠤᠨᠢ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠰᠠᠶᠢᠲᠤᠷ ᠬᠢᠪᠡ᠃ ᠪᠢᠳᠡ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠶᠡᠬᠡᠪᠡᠷ ᠲᠦᠯᠬᠢᠨ ᠠᠬᠢᠭᠤᠯᠬᠤ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠴᠢᠬᠤᠯᠠ ᠠᠴᠠ ᠴᠢᠬᠤᠯᠠ ᠶᠠᠪᠤᠳᠠᠯ ᠪᠤᠯᠭᠠᠨ ᠠᠳᠬᠤᠵᠤ᠂ ︽ᠬᠠᠮᠤᠭ ᠤᠨ ᠶᠡᠭᠡ ᠶᠢ ᠬᠦᠰᠡᠬᠦ ᠪᠢᠰᠢ᠂ ᠬᠠᠷᠢᠨ ᠬᠠᠮᠤᠭ ᠤᠨ ᠰᠠᠶᠢᠨ ᠢ ᠱᠠᠭᠠᠷᠳᠠᠬᠤ︾ ᠱᠠᠭᠠᠷᠳᠠᠯᠭ᠎ᠠ ᠶᠤᠰᠤᠭᠠᠷ᠂ ᠤᠷᠢᠳ ᠬᠤᠵᠢᠳ ᠰᠢᠩ ᠺᠧ᠂ ᠢᠦᠢ ᠺᠧ᠂ ᠪᠢ ᠭᠦᠢ ᠶᠤᠸᠠᠨ ᠵᠡᠷᠭᠡ ᠲᠤᠮᠤ ᠬᠡᠯᠪᠡᠷᠢ ᠶᠢᠨ ᠪᠠᠭ᠎ᠠ ᠲᠣᠭᠤᠷᠢᠭ ᠢ ᠡᠮᠦᠨᠡᠲᠦ ᠬᠤᠰᠢᠭᠤᠨ ᠳᠤ ᠣᠷᠣᠭᠤᠯᠤᠨ ᠠᠪᠴᠢᠷᠠᠵᠤ᠂ ᠰᠢᠨ᠎ᠡ ᠰᠠᠭᠤᠴᠠ ᠶᠢᠨ ᠭᠡᠷ ᠭᠠᠵᠠᠷ ᠬᠦᠷᠦᠩᠭᠡ ᠶᠢᠨ ᠦᠢᠯᠡᠰ ᠤᠨ ᠨᠢᠰᠬᠦ ᠮᠡᠲᠦ ᠲᠦᠷᠭᠡᠨ ᠬᠦᠭᠵᠢᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠭᠤᠷᠪᠠ ᠳᠤ᠂ ᠣᠷᠴᠢᠨ ᠠᠬᠤᠶ ᠶᠢᠨ ᠳᠠᠪᠠᠭᠤᠯᠢᠭ ᠢ ᠪᠠᠳᠠᠷᠠᠭᠤᠯᠪᠠ᠃ ᠮᠠᠨ ᠤ ᠬᠤᠰᠢᠭᠤᠨ ᠤ ᠳᠠᠪᠠᠭᠤᠯᠢᠭ ᠲᠠᠯ᠎ᠠ ᠨᠢ ᠪᠠᠶᠢᠭᠠᠯᠢ ᠶᠢᠨ ᠣᠷᠴᠢᠨ ᠲᠣᠭᠤᠷᠢᠨ ᠤ ᠲᠠᠯ᠎ᠠ ᠪᠠᠷ ᠳᠤᠪᠤᠶᠢᠮ᠎ᠠ ᠪᠠᠶᠢᠳᠠᠭ᠂ ᠬᠡᠳᠦ᠋ᠢᠪᠡᠷ ᠲᠤᠬᠠᠶ ᠶᠢᠨ ᠦᠶ᠎ᠡ ᠳᠤ ᠤᠯᠠᠨ ᠨᠡᠶᠢᠲᠡ ᠶᠢᠨ ᠦᠢᠯᠡᠴᠢᠯᠡᠭᠡ᠂ ᠬᠤᠳᠠᠯᠳᠤᠭᠠᠨ ᠤ ᠣᠷᠴᠢᠨ ᠨᠥᠬᠦᠴᠡᠯ ᠵᠡᠷᠭᠡ ᠮᠠᠰᠢ ᠤᠯᠠᠨ ᠲᠠᠯ᠎ᠠ ᠪᠠᠷ ᠤᠯᠠᠭᠠᠨᠬᠤᠲᠠ ᠲᠠᠢ ᠠᠳᠠᠯᠢᠳᠬᠠᠬᠤ ᠶᠢᠨ ᠠᠷᠭ᠎ᠠ ᠦᠭᠡᠢ ᠪᠠᠶᠢᠭᠰᠠᠨ ᠪᠤᠯᠪᠠᠴᠤ ᠵᠠᠮ ᠬᠠᠷᠢᠯᠴᠠᠭ᠎ᠠ᠂ ᠨᠣᠭᠤᠭᠠᠷᠠᠭᠤᠯᠤᠯᠲᠠ᠂ ᠬᠥᠭᠵᠢᠯᠲᠡ ᠶᠢᠨ ᠣᠷᠣᠨ ᠵᠠᠶ ᠂ ᠠᠭᠠᠷ ᠮᠠᠨᠳᠠᠯ ᠤᠨ ᠶᠠᠰᠤ ᠴᠢᠨᠠᠷ ᠵᠡᠷᠭᠡ ᠲᠠᠯ᠎ᠠ ᠪᠠᠷ ᠥᠪᠡᠷᠮᠢᠴᠡ ᠳᠠᠪᠠᠭᠤᠯᠢᠭ ᠲᠠᠯ᠎ᠠ ᠲᠠᠢ ᠪᠠᠶᠢᠵᠤ᠂ ᠬᠥᠮᠦᠰ ᠤᠨ ᠠᠵᠢᠯ ᠠᠮᠢᠳᠤᠷᠠᠯ ᠳᠤ ᠮᠠᠰᠢ ᠲᠣᠬᠢᠷᠠᠮᠵᠢᠲᠠᠶ ᠪᠠᠶᠢᠭᠰᠠᠨ ᠶᠤᠮ᠃ ᠡᠶᠢᠮᠦ ᠠᠴᠠ᠂ ᠪᠢᠳᠡ ᠰᠢᠨ᠎ᠡ ᠰᠠᠭᠤᠴᠠ ᠪᠠᠨ ᠪᠠᠶᠢᠭᠠᠯᠢ ᠶᠢᠨ ᠣᠷᠴᠢᠨ ᠲᠣᠭᠤᠷᠢᠨ ᠲᠠᠭᠠᠲᠠᠶ ᠠᠭᠤᠯᠠ ᠤᠰᠤ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠲᠦᠷᠦᠯ ᠤᠨ ᠰᠢᠨ᠎ᠡ ᠬᠤᠲᠠ ᠪᠤᠯᠭᠠᠨ ᠪᠠᠶᠢᠭᠤᠯᠵᠤ᠂ ᠬᠥᠮᠦᠨ ᠠᠮᠠ ᠶᠢ ᠲᠦᠪᠯᠡᠷᠡᠭᠦᠯᠦᠯ ᠪᠠ ᠭᠡᠷ ᠭᠠᠵᠠᠷ ᠬᠥᠷᠤᠩᠭᠡ ᠶᠢᠨ ᠬᠦᠭᠵᠢᠯᠲᠡ ᠶᠢ ᠤᠯᠠᠮ ᠨᠢᠭᠡ ᠠᠯᠬᠤᠮ ᠠᠬᠢᠭᠤᠯᠪᠠ᠃      ᠢᠯᠠᠩᠭᠤᠶ᠎ᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠪᠠ ᠠᠮᠢ ᠠᠬᠤᠶ ᠶᠢᠨ ᠨᠡᠭᠦᠳᠡᠯ ᠠᠷᠠᠳ ᠤᠨ ᠪᠠᠭ᠎ᠠ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠴᠢᠬᠤᠯᠠᠴᠢᠯᠠᠪᠠ᠃ ᠮᠠᠨ ᠤ ᠬᠤᠰᠢᠭᠤ ᠢᠮᠠᠭᠲᠠ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠵᠢᠷᠤᠮᠲᠤ ᠰᠢᠨ᠎ᠡ ᠲᠠᠷᠢᠶᠠᠯᠠᠬᠤ ᠲᠣᠰᠬᠤᠨ ᠰᠢᠨ᠎ᠡ ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠶᠢ ᠲᠦᠷᠭᠡᠳᠬᠡᠬᠦ‍ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠣᠷᠣᠭᠤᠯᠤᠯᠲᠠ ᠪᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠰᠢᠪᠲᠤᠯᠵᠤ᠂ ᠮᠠᠨ ᠤ ᠬᠤᠰᠢᠭᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ  ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠵᠠᠢ᠃ 2009 - 2014 ᠤᠨ ᠳᠤ ᠨᠡᠶᠢᠲᠡ 15300 ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠶᠢ ᠪᠡᠶᠡᠯᠡᠭᠦᠯᠵᠦ᠂ ᠢᠯᠠᠩᠭᠤᠶ᠎ᠠ 2015 ᠣᠨ ᠳᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠭᠦᠢᠴᠡᠳᠬᠡᠯ ᠲᠤᠭ᠎ᠠ ᠦᠭᠡᠢ ᠪᠠᠶᠢᠳᠠᠯ ᠳᠣᠣᠷ᠎ᠠ᠂ ᠮᠠᠨ ᠤ ᠬᠤᠰᠢᠭᠤ ᠠᠷᠪᠠ ᠶᠢ ᠪᠦᠷᠢᠨ ᠪᠦᠷᠬᠦᠭᠦᠯᠬᠦ ᠢᠨᠵᠧᠨᠧᠷᠢᠩ ᠲᠠᠢ ᠤᠶᠠᠯᠳᠤᠭᠤᠯᠤᠨ 5814 ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠨ ᠰᠠᠭᠤᠴᠠ ᠶᠢᠨ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃      ᠬᠤᠳᠠ ᠪᠠᠯᠭᠠᠰᠤᠴᠢᠯᠠᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠬᠤᠳᠠ ᠪᠠᠯᠭᠠᠰᠤᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠨ᠂ ᠮᠠᠯᠴᠢᠨ ᠲᠠᠷᠢᠶᠠᠴᠢᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠶᠢᠨ ᠲᠦᠯᠦᠭᠡ᠂ ᠪᠢᠳᠡ 2012 ᠣᠨ ᠳᠤ 23 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠠᠮᠢ ᠠᠬᠤᠶ ᠶᠢᠨ ᠠᠷᠠᠳ ᠢ ᠨᠡᠭᠦᠯᠭᠡᠬᠦ ᠪᠠᠭ᠎ᠠ ᠲᠣᠭᠤᠷᠢᠭ ᠪᠠᠶᠢᠭᠤᠯᠪᠠ᠃ ᠪᠠᠭ᠎ᠠ ᠲᠣᠭᠤᠷᠢᠭ ᠤᠨ ᠲᠥᠯᠥᠪᠵᠢᠭᠦᠯᠭᠡ ᠶᠢᠨ ᠡᠵᠡᠯᠡᠬᠦ ᠲᠠᠯᠠᠪᠠᠶ ᠨᠢ 230 ᠮᠥ᠂ ᠪᠠᠷᠢᠯᠭ᠎ᠠ ᠶᠢᠨ ᠲᠠᠯᠠᠪᠠᠶ ᠨᠢ ᠪᠠᠷᠤᠭ 23 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 4.7 ᠳ᠋ᠦᠩᠰᠢᠭᠤᠷ ᠲᠥᠭᠦᠷᠢᠭ ᠪᠠᠶᠢᠵᠤ᠂ 2800 ᠡᠷᠦᠬᠡ᠂ 10000 ᠬᠥᠮᠦᠨ ᠢ ᠪᠠᠭᠲᠠᠭᠠᠵᠤ ᠴᠢᠳᠠᠪᠠ᠃ ᠠᠮᠢ ᠠᠬᠤᠶ ᠶᠢᠨ ᠠᠷᠠᠳ ᠢ ᠨᠡᠭᠦᠯᠭᠡᠬᠦ ᠵᠢᠵᠢᠭ ᠲᠣᠭᠤᠷᠢᠭ ᠤᠨ ᠣᠷᠣᠨ ᠰᠠᠭᠤᠴᠠ ᠶᠢᠨ ᠠᠰᠠᠷ ᠢ ᠬᠤᠳᠠᠯᠳᠤᠬᠤ ᠳᠤ ᠵᠠᠰᠠᠭ ᠤᠨ ᠣᠷᠳᠣᠨ ᠦᠨ᠎ᠡ ᠲᠤᠭᠲᠠᠭᠠᠵᠤ᠂ ︽ᠬᠢᠮᠳᠠ ᠲᠦᠷᠢᠶᠡᠰᠦᠨ ᠣᠷᠣᠨ ᠰᠠᠭᠤᠴᠠ ᠠᠴᠠ ᠦᠨᠡᠲᠡᠢ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠦᠨ᠎ᠡ ᠠᠴᠠ ᠬᠢᠮᠳᠠ ᠪᠠᠶᠢᠯᠭᠠᠬᠤ︾ ᠵᠠᠷᠴᠢᠮ ᠶᠣᠰᠣᠭᠠᠷ ᠬᠤᠳᠠᠯᠳᠤᠬᠤ ᠦᠨ᠎ᠡ ᠶᠢ ᠲᠤᠭᠲᠠᠭᠠᠪᠠ᠂ ᠢᠩᠭᠢᠭᠰᠡᠨ ᠢᠶᠠᠷ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠵᠤ᠂ ᠭᠠᠮᠰᠢᠭ ᠢ ᠰᠡᠷᠭᠡᠶᠢᠯᠡᠵᠦ ᠲᠦᠭᠰᠢᠭᠦᠷᠢ ᠠᠴᠠ ᠵᠠᠶᠢᠯᠠᠬᠤ᠂ ᠠᠮᠢ ᠠᠬᠤᠶ ᠶᠢ ᠬᠠᠮᠠᠭᠠᠯᠠᠬᠤ᠂ ᠠᠷᠠᠳ ᠢ ᠪᠠᠶᠠᠵᠢᠭᠤᠯᠵᠤ ᠠᠷᠠᠳ ᠢ ᠠᠮᠤᠷᠵᠢᠭᠤᠯᠬᠤ ᠶᠡᠷᠦᠩᠬᠡᠶ ᠦᠷ᠎ᠡ ᠠᠰᠢᠭ ᠢ ᠪᠡᠶᠡᠯᠡᠭᠦᠯᠪᠡ᠃      ᠬᠥᠲᠥᠯᠥᠭᠴᠢ᠄      ᠳᠠᠷᠠᠭᠠᠴᠢ ᠶᠢᠨ ᠠᠯᠬᠤᠮ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠪᠥᠳᠥᠭᠡᠨ ᠪᠠᠶᠢᠭᠤᠯᠤᠯᠲᠠ ᠶᠢᠨ ᠲᠠᠯ᠎ᠠ ᠪᠠᠷ ᠬᠡᠷᠬᠢᠨ ᠲᠦᠯᠦᠪᠯᠡᠵᠦ ᠪᠠᠶᠢᠬᠤ ᠪᠤᠢ︖      ᠸᠠᠩ ᠹᠦ᠋ ᠱᠦᠨ᠄      ᠢᠷᠡᠭᠡᠳᠦᠶ ᠶᠢᠨ ᠬᠡᠳᠦᠨ ᠵᠢᠯ ᠳᠤ᠂ ᠪᠢᠳᠡ ᠦᠷᠭᠦᠯᠵᠢᠯᠡᠨ ᠵᠠᠮ᠂ ᠨᠤᠭᠤᠭᠠᠷᠠᠭᠤᠯᠤᠯᠲᠠ᠂ ᠲᠥᠪᠯᠡᠷᠡᠭᠦᠯᠦᠨ ᠤᠰᠤ ᠬᠠᠩᠭᠠᠬᠤ᠂ ᠲᠥᠪᠯᠡᠷᠡᠭᠦᠯᠦᠨ ᠢᠯᠴᠢ ᠬᠠᠩᠭᠠᠬᠤ᠂ ᠪᠣᠬᠢᠷ ᠤᠰᠤ ᠰᠢᠢᠳᠪᠦᠷᠢᠯᠡᠬᠦ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ᠂ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠪᠣᠯᠪᠠᠰᠤᠷᠠᠯ ᠤᠨ ᠬᠢᠷᠢ ᠬᠡᠮᠵᠢᠶ᠎ᠡ᠂ ᠬᠥᠮᠦᠨ ᠨᠡᠶᠢᠭᠡᠮ ᠤᠨ ᠣᠷᠴᠢᠨ ᠨᠥᠬᠦᠴᠡᠯ᠂ ᠪᠠᠶᠢᠭᠤᠯᠤᠯ ᠶᠢᠨ ᠲᠣᠭᠲᠠᠴᠠ ᠵᠡᠷᠭᠡ ᠵᠥᠭᠡᠯᠡᠨ ᠪᠣᠳᠠᠲᠤ ᠬᠦᠴᠦᠨ ᠢ ᠶᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃      ᠨᠢᠭᠡ ᠳᠤ᠂ ᠰᠢᠨ᠎ᠡ ᠰᠠᠭᠤᠴᠠ ᠶᠢᠨ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ ᠳᠠᠬᠢᠨ45 ᠺᠢᠯᠣᠮᠧᠲᠷ ᠢᠯᠴᠢ ᠬᠠᠩᠭᠠᠬᠤ ᠬᠤᠭᠤᠯᠠᠶ ᠲᠣᠣᠷ ᠳᠡᠪᠢᠰᠴᠦ᠂ 47 ᠰᠠᠭᠤᠷᠢ ᠢᠯᠴᠢ ᠰᠤᠯᠢᠬᠤ ᠥᠷᠲᠡᠭᠡ ᠰᠢᠨ᠎ᠡ ᠪᠠᠷ ᠪᠠᠶᠢᠭᠤᠯᠵᠤ᠂ 640 ᠲᠦᠮᠡᠨ ᠲᠣᠨ ᠢᠯᠴᠢ ᠬᠠᠩᠭᠠᠬᠤ ᠵᠤᠤᠬ᠎ᠠ ᠶᠢ ᠰᠢᠨ᠎ᠡ ᠪᠠᠷ ᠨᠡᠮᠡᠭᠳᠡᠭᠦᠯᠵᠦ᠂ ᠢᠯᠴᠢ ᠬᠠᠩᠭᠠᠬᠤ ᠶᠡᠷᠦᠩᠬᠡᠶ ᠲᠠᠯᠠᠪᠠᠶ ᠶᠢ 800 ᠲᠦᠮᠡᠨ ᠲᠡᠭᠰᠢ ᠳᠥᠷᠪᠡᠯᠵᠢᠨ ᠮᠧᠲᠷ ᠎ ᠲᠤ ᠬᠦᠷᠦᠭᠦᠯᠬᠦ ᠪᠠᠷ ᠲᠦᠯᠦᠪᠯᠡᠵᠦ ᠪᠠᠶᠢᠨ᠎ᠠ᠃ ᠬᠤᠲᠠ ᠶᠢᠨ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠶ ᠲᠣᠣᠷ ᠢ 30.5 ᠺᠢᠯᠣᠮᠧᠲᠷ ᠳᠡᠪᠢᠰᠴᠦ᠂ ᠳᠠᠷᠤᠯᠲᠠ ᠲᠣᠬᠢᠷᠠᠭᠤᠯᠬᠤ᠂ ᠰᠠᠯᠬᠢ ᠲᠤᠬᠢᠷᠠᠭᠤᠯᠬᠤ ᠲᠥᠬᠦᠭᠡᠷᠦᠮᠵᠢ 40 ᠭᠠᠵᠠᠷ ᠨᠡᠮᠡᠵᠦ᠂ ᠰᠢᠲᠠᠮᠠᠬᠠᠶ ᠬᠡᠢ ᠬᠡᠷᠡᠭᠯᠡᠬᠦ ᠡᠷᠣᠬᠡ 2.5 ᠲᠦᠮᠡᠨ ᠡᠷᠦᠬᠡ ᠰᠢᠨ᠎ᠡ ᠨᠡᠮᠡᠭᠳᠡᠭᠦᠯᠬᠦ ᠪᠠᠷ ᠲᠦᠯᠦᠪᠡᠯᠡᠵᠦ ᠪᠠᠶᠢᠨ᠎ᠠ᠃ ᠤᠤᠯ ᠤᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ ᠤᠳᠤ ᠡᠳᠦᠷ ᠲᠤ 1.2 ᠲᠦᠮᠡᠨ ᠲᠣᠨ ᠰᠢᠢᠳᠪᠦᠷᠢᠯᠡᠵᠦ ᠪᠠᠶᠢᠬᠤ ᠴᠢᠳᠠᠪᠤᠷᠢ ᠨᠢ 2.67 ᠲᠦᠮᠡᠨ ᠲᠣᠨ ᠪᠤᠯᠭᠠᠨ ᠨᠡᠮᠡᠭᠳᠡᠭᠦᠯᠵᠦ᠂ 10 ᠲᠦᠮᠡᠨ ᠲᠣᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠳᠠᠬᠢᠨ ᠠᠰᠢᠭᠯᠠᠬᠤ ᠤᠰᠤᠨ ᠤ ᠦᠢᠯᠡᠳᠪᠦᠷᠢ ᠶᠢ ᠲᠤᠰᠠᠪᠤᠷᠢ 1᠎ ᠶᠢ ᠰᠢᠨ᠎ᠡ ᠪᠠᠷ ᠪᠠᠶᠢᠭᠤᠯᠵᠤ᠂ ᠢᠵᠢ ᠪᠦᠷᠢᠯᠳᠦᠭᠦᠯᠦᠭᠰᠡᠨ ᠬᠤᠭᠤᠯᠠᠶ ᠲᠣᠣᠷ ᠢ 41 ᠺᠢᠯᠣᠮᠧᠲᠷ ᠲᠡᠪᠢᠰᠦᠨ᠎ᠡ᠃      ᠬᠤᠶᠠᠷ ᠲᠤ᠂ ᠰᠢᠨ᠎ᠡ ᠰᠠᠭᠤᠴᠠ ᠶᠢᠨ ᠨᠣᠭᠤᠭᠠᠷᠠᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠲᠠᠶᠢᠨᠢᠩ ᠪᠠᠷᠠᠭᠤᠨ ᠵᠡᠭᠡᠯᠢ ᠵᠡᠷᠭᠡ 8 ᠵᠤᠷᠪᠤᠰ ᠵᠠᠮ ᠱᠤᠭᠤᠮ ᠢ ᠨᠣᠭᠤᠭᠠᠷᠠᠭᠤᠯᠬᠤ ᠠᠵᠢᠯ ᠢ ᠪᠡᠶᠡᠯᠡᠭᠦᠯᠵᠦ᠂ ᠰᠢᠨ᠎ᠡ ᠰᠠᠭᠤᠴᠠ ᠶᠢᠨ ᠴᠡᠴᠡᠷᠯᠢᠭ᠂ ᠵᠤᠭᠠᠴᠠᠯ ᠤᠨ ᠬᠦᠷᠢᠶᠡᠯᠡᠩ᠂ ᠵᠢᠵᠢᠭ ᠲᠣᠭᠤᠷᠢᠭ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ ᠬᠠᠰᠢᠶ᠎ᠠ ᠵᠢᠴᠢ ᠮᠣᠵᠢ ᠶᠢᠨ ᠬᠤᠭᠤᠷᠣᠨᠳᠣᠬᠢ ᠰᠢᠭᠤᠳ ᠵᠠᠮ ᠤᠨ ᠬᠤᠶᠠᠷ ᠬᠠᠵᠠᠭᠤ ᠪᠠᠷ ᠬᠠᠯᠬᠠᠪᠴᠢ ᠤᠢ ᠶᠢᠨ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠵᠤ᠂ ᠶᠡᠷᠦᠩᠬᠡᠶ ᠲᠠᠯᠠᠪᠠᠶ ᠶᠢ 210.6 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠪᠠᠷᠤᠭ 7.6 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠃ ᠡᠭᠦᠨ ᠤ ᠬᠠᠮᠲᠤ᠂ ᠤᠰᠤᠨ ᠦᠵᠡᠮᠵᠢ ᠶᠢᠨ ᠴᠡᠴᠡᠷᠯᠢᠭ ᠤᠨ ᠨᠢᠭᠡᠨᠲᠡ ᠪᠠᠶᠢᠭᠤᠯᠤᠭᠰᠠᠨ ᠬᠡᠰᠡᠭ ᠢ ᠨᠦᠬᠦᠪᠦᠷᠢᠯᠡᠬᠦ᠂ ᠤᠰᠤᠨ ᠦᠵᠡᠮᠵᠢ ᠶᠢᠨ ᠴᠡᠴᠡᠷᠯᠢᠭ ᠤᠨ ᠪᠠᠷᠠᠭᠤᠨᠰᠢ ᠦᠷᠬᠦᠯᠵᠢᠯᠡᠭᠦᠯᠬᠦ ᠦᠵᠡᠮᠵᠢ᠂ ᠭᠦᠢᠯᠡᠷ ᠭᠤᠤᠯ ᠵᠠᠮ ᠤᠨ ᠨᠦᠢᠲᠠᠨ ᠭᠠᠵᠠᠷ ᠤᠨ ᠴᠡᠴᠡᠷᠯᠢᠭ ᠪᠣᠯᠤᠨ ᠪᠠᠷᠠᠭᠤᠨ ᠠᠭᠤᠯᠠᠨ ᠤ ᠴᠡᠴᠡᠷᠯᠢᠭ ᠤᠨ ᠬᠠᠲᠠᠭᠤ ᠦᠵᠡᠮᠵᠢ ᠶᠢ ᠪᠦᠷᠢᠨᠰᠢᠭᠦᠯᠦᠨ᠎ᠡ᠃      ᠭᠤᠷᠪᠠ ᠳᠤ᠂ ᠬᠤᠳᠠ ᠬᠥᠳᠡᠭᠡ ᠶᠢᠨ ᠨᠢᠭᠡᠳᠦᠯᠲᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠩᠭᠠᠳᠬᠠᠨ᠎ᠠ᠃ ᠶᠡᠷᠦᠩᠬᠡᠶ ᠲᠥᠯᠥᠪᠵᠢᠭᠦᠯᠭᠡ ᠶᠢ ᠵᠠᠰᠠᠵᠤ ᠨᠠᠶᠢᠷᠠᠭᠤᠯᠬᠤ ᠂ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠪᠦᠳᠤᠭᠡᠨ ᠪᠠᠶᠢᠭᠤᠯᠤᠯᠲᠠ ᠶᠢᠨ ᠣᠷᠣᠨ ᠪᠠ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠭᠤᠣᠯᠳᠠᠯᠭ᠎ᠠ ᠲᠠᠢ ᠭᠠᠵᠠᠷ ᠬᠡᠰᠡᠭ ᠢ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠶᠢ ᠪᠡᠶᠡᠯᠡᠭᠦᠯᠦᠨ᠎ᠡ᠃ 30 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠦᠬᠦᠢ ᠬᠤᠷᠴᠢᠨ ᠪᠠᠯᠭᠠᠰᠤ ᠶᠢᠨ ᠵᠠᠮ ᠤᠨ ᠪᠣᠰᠤᠭ᠎ᠠ ᠴᠢᠭᠯᠡᠯ ᠤᠨ ᠲᠥᠯᠥᠪᠵᠢᠭᠦᠯᠭᠡ ᠶᠢ ᠵᠢᠷᠤᠵᠤ ᠲᠥᠯᠥᠪᠯᠡᠬᠦ ᠠᠵᠢᠯ ᠢ ᠪᠡᠶᠡᠯᠡᠭᠦᠯᠦᠨ᠎ᠡ᠃ ᠡᠯ᠎ᠡ ᠪᠠᠯᠭᠠᠰᠤ ᠶᠢ ᠵᠢᠭᠠᠨ ᠵᠢᠯᠤᠭᠤᠳᠴᠤ ᠪᠠᠶᠢᠭᠠᠳ ᠲᠡᠭᠦᠨ ᠤ ᠭᠤᠣᠯᠳᠠᠯᠭ᠎ᠠ ᠲᠠᠢ ᠭᠠᠵᠠᠷ ᠬᠡᠰᠡᠭ ᠤᠨ ᠨᠠᠷᠢᠨ ᠲᠥᠯᠥᠪᠵᠢᠭᠦᠯᠭᠡ ᠶᠢ ᠰᠠᠶᠢᠲᠤᠷ ᠬᠢᠯᠭᠡᠬᠦ ᠪᠥᠭᠡᠳ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠪᠡᠶᠡᠯᠡᠭᠦᠯᠬᠦ ᠪᠠ ᠵᠢᠴᠢ ᠬᠤᠲᠠ ᠶᠢᠨ ᠲᠣᠭᠤᠷᠢᠭ ᠤᠨ ᠪᠤᠰᠤᠳ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠲᠥᠯᠥᠪᠵᠢᠭᠦᠯᠭᠡ ᠶᠢ ᠪᠡᠶᠡᠯᠡᠭᠦᠯᠦᠨ᠎ᠡ᠃      ᠲᠦᠷᠪᠡ ᠳᠤ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠬᠦᠴᠦᠲᠡᠶ ᠳᠥᠯᠭᠢᠨ ᠠᠬᠢᠭᠤᠯᠤᠨ᠎ᠠ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠭᠤᠣᠯᠳᠠᠯᠭ᠎ᠠ ᠪᠤᠯᠭᠠᠵᠤ᠂ ᠬᠢᠮᠳᠠ ᠬᠡᠷᠡᠭᠴᠡᠭᠡᠲᠦ ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠯᠠᠵᠤ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠦᠷᠬᠦᠴᠡ ᠶᠢ ᠥᠷᠭᠡᠳᠬᠡᠵᠦ᠂ 6 ᠲᠦᠮᠡᠨ ᠲᠡᠭᠰᠢ ᠳᠥᠷᠪᠡᠯᠵᠢᠨ ᠮᠧᠲᠷ ᠤᠨ ᠬᠢᠮᠳᠠ ᠲᠦᠷᠢᠶᠡᠰᠦᠲᠦ ᠣᠷᠣᠨ ᠰᠠᠭᠤᠴᠠ ᠪᠠ 118 ᠡᠷᠦᠬᠡ ᠤᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠤᠶᠢᠰᠢᠳᠠ ᠶᠢᠨ ᠲᠠᠪᠤᠨ ᠵᠢᠯ ᠳᠤ ᠭᠡᠷ ᠭᠠᠵᠠᠷ ᠬᠦᠷᠦᠩᠭᠡ ᠶᠢᠨ ᠨᠡᠭᠡᠭᠡᠨ ᠠᠰᠢᠭᠯᠠᠬᠤ ᠲᠠᠯᠠᠪᠠᠢ ᠶᠢ 140 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠬᠦ ᠪᠠᠷ ᠴᠢᠷᠮᠠᠶᠢᠵᠤ᠂ ᠠᠷᠠᠳ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠦᠨᠡᠨ ᠬᠦ ᠳᠡᠭᠡᠭᠰᠢᠯᠡᠭᠦᠯᠦᠨ ᠰᠠᠶᠢᠵᠢᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠰᠠᠭᠤᠴᠠ ᠶᠢᠨ ᠲᠤᠭᠤᠷᠢᠭ ᠢ ᠴᠢᠳᠠᠮᠵᠢ ᠪᠠᠷ ᠪᠦᠷᠢᠨ ᠭᠦᠢᠴᠡᠳ᠂ ᠪᠡᠯᠡᠳᠬᠡᠮᠵᠢ ᠪᠠᠷ ᠪᠦᠷᠢᠨ ᠲᠡᠭᠦᠯᠳᠡᠷ᠂ ᠠᠮᠤᠷ ᠲᠦᠪᠰᠢᠨ ᠲᠠᠭᠠᠯᠠᠮᠵᠢᠲᠠᠶ ᠡᠶ᠎ᠡ ᠵᠣᠬᠢᠴᠠᠯ ᠲᠠᠢ ᠭᠡᠷ ᠣᠷᠣᠨ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃      ᠬᠥᠲᠥᠯᠥᠭᠴᠢ᠄      ᠵᠠ ᠰᠡᠶᠢᠠ ᠪᠤᠯᠤᠯ᠎ᠠ᠂ ᠸᠠᠩ ᠬᠤᠰᠢᠭᠤᠨ ᠳᠠᠷᠤᠭ᠎ᠠ ᠶᠢᠨ ᠬᠠᠯᠠᠰᠢᠷᠠᠯ ᠦᠭᠡᠢ ᠬᠠᠷᠢᠭᠤᠯᠤᠭᠰᠠᠨ ᠪᠠ ᠭᠤᠶᠢᠳᠠ ᠰᠠᠶᠢᠬᠠᠨ ᠲᠠᠶᠢᠯᠤᠮᠵᠢ ᠳᠤ ᠲᠠᠯᠠᠷᠬᠠᠵᠤ ᠪᠠᠶᠢᠨ᠎ᠠ᠃ ᠡᠯ᠎ᠡ ᠲᠠᠯ᠎ᠠ ᠶᠢᠨ ᠬᠢᠨ ᠤ ᠬᠦᠴᠦᠲᠡᠶ ᠳᠡᠮᠵᠢᠯᠭᠡ ᠳᠣᠣᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠳᠣᠣᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠠᠷᠠᠳ ᠢᠷᠭᠡᠳ ᠨᠢ ᠠᠮᠤᠷ ᠲᠦᠪᠰᠢᠨ ᠭᠤᠶᠤ ᠰᠠᠶᠢᠬᠠᠨ ᠭᠠᠷᠤᠨ ᠡᠮᠦᠨᠡᠲᠦ ᠬᠤᠰᠢᠭᠤ ᠪᠤᠯᠬᠤ ᠳᠤ ᠢᠲᠡᠭᠡᠵᠦ ᠪᠠᠶᠢᠨ᠎ᠠ᠃ ᠰᠦᠯᠵᠢᠶᠡᠨ ᠤ ᠨᠠᠶᠢᠵᠠ ᠨᠠᠷ ᠤᠨ ᠬᠦᠯᠢᠶᠡᠨ ᠠᠪᠴᠦ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠡᠯ᠎ᠠ᠂ ᠳᠠᠷᠠᠭᠠᠴᠢ ᠶᠢᠨ ᠫᠷᠦᠭᠷᠡᠮ ᠳᠤ ᠲᠠᠬᠢᠨ ᠵᠤᠯᠭᠠᠶ᠎ᠠ︕
                 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠨᠡᠭᠦᠳᠡᠯ ᠪᠠᠭ᠎ᠠ ᠲᠣᠭᠤᠷᠢᠭ
             ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠤᠰᠦᠠ ᠤ ᠦᠵᠡᠮᠵᠢ ᠶᠢᠨ ᠴᠡᠴᠡᠷᠯᠢᠭ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map