ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠢᠷᠠᠭᠤ ᠮᠠᠭᠳᠠᠭᠠᠯ
ᠨᠡᠶᠢᠲᠡᠯᠡᠭᠰᠡᠨ ᠴᠠᠭ᠄
2016/2/25
     2015᠎ ᠤᠨ ᠳᠤ᠂ ᠨᠢᠭᠡ ᠪᠦᠯᠦᠭ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ ᠳᠤ ᠨᠡᠶᠢᠴᠡᠭᠰᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠳᠦ ᠪᠠᠶᠢᠳᠠᠯ ᠳᠤ ᠲᠤᠬᠢᠷᠠᠬᠰᠠᠨ᠂ ᠤᠯᠠᠨ ᠲᠦᠮᠡᠨ ᠤ ᠬᠦᠰᠡᠯ ᠳᠤ ᠲᠤᠬᠢᠷᠠᠬᠰᠠᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠭᠡᠷᠡᠭᠵᠢᠬᠦᠯᠦᠯᠳᠡ ᠶᠢᠨ ᠲᠦᠰᠦᠯ ᠵᠠᠯᠭᠠᠪᠡᠷ ᠭᠠᠷᠬᠤ ᠶᠢ ᠲᠠᠭᠠᠯᠳᠤᠨ᠂ ᠦᠪᠦᠷ ᠮᠤᠩᠭᠤᠯ ᠳᠤ ᠪᠦᠬᠦ ᠲᠠᠯ᠎ᠠ ᠪᠠᠷ ᠥᠷᠨᠢᠨ ᠬᠦᠭᠵᠢᠭᠰᠡᠨ ᠪᠠᠶᠢᠳᠠᠯ ᠢᠯᠡᠷᠡᠪᠡ᠃      ᠪᠦᠬᠦ ᠲᠠᠯ᠎ᠠ ᠳᠤ ᠰᠠᠭᠤᠷᠢᠯᠠᠵᠤ ᠨᠢᠬᠡᠳᠦᠯᠳᠡᠢ ᠲᠦᠯᠦᠪᠵᠢᠬᠦᠯᠵᠦ ᠦᠬᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦ ᠶᠢ ᠭᠦᠨᠵᠡᠭᠡᠢ ᠠᠬᠢᠭᠤᠯᠵᠠᠢ      ᠡᠨᠡ ᠨᠢᠭᠡ ᠵᠢᠯ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 14 ᠤᠳᠠᠭᠠᠨ ᠤ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠰᠬᠠᠢ ᠰᠡᠳᠦᠪᠳᠦ ᠪᠠᠶᠢᠡᠭᠭᠤ ᠶᠢᠨ ᠬᠤᠷᠢᠶ᠎ᠠ ᠶᠢᠨ ᠬᠤᠷᠠᠯ᠂ 6 ᠤᠳᠠᠭᠠᠨ ᠤ ᠦᠭᠡᠷᠡᠴᠢᠯᠡᠯᠳᠡ ᠶᠢᠨ ᠤᠳᠤᠷᠢᠳᠬᠤ ᠲᠤᠭᠤᠢᠢᠯᠠᠩ ᠤᠨ ᠬᠤᠷᠠᠯ ᠢ ᠬᠢᠵᠦ᠂ ᠨᠠᠮ ᠤᠨ ᠲᠦᠪ ᠬᠤᠷᠢᠶ᠎ᠠ ᠶᠢᠨ ᠲᠦᠷᠦ ᠶᠢᠨ ᠪᠤᠳᠤᠯᠭ᠎ᠠ ᠲᠠᠢ ᠬᠠᠷᠠᠭᠠᠯᠵᠠᠭᠰᠠᠨ 77 ᠦᠭᠡᠷᠡᠴᠢᠯᠡᠯᠳᠡ ᠶᠢᠨ ᠲᠦᠰᠦᠯ ᠢ ᠲᠤᠬᠳᠠᠭᠠᠨ ᠲᠠᠷᠬᠠᠭᠠᠪᠠ᠃ ᠡᠨᠡ ᠨᠢᠭᠡ ᠵᠢᠯ ᠤᠨ ᠲᠤᠷᠰᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠪᠡᠶ᠎ᠡ ᠪᠠᠷ ᠢᠶᠠᠨ ᠪᠠᠶᠢᠷᠢᠰᠢᠭᠤᠯᠤᠯᠳᠠ᠂ ᠲᠦᠰᠦᠯ᠂ ᠵᠤᠬᠢᠴᠠᠭᠤᠯᠤᠯᠳᠠ᠂ ᠬᠢᠨᠠᠯᠳᠠ ᠶᠢ ᠠᠳᠬᠤᠵᠦ᠂ 40 ᠭᠠᠷᠤᠢ ᠤᠳᠠᠭᠠᠨ ᠤ ᠴᠢᠬᠤᠯᠠ ᠵᠢᠭᠠᠪᠤᠷᠢ ᠬᠢᠵᠦ᠂ ᠦᠭᠡᠷᠡᠴᠢᠯᠡᠯᠳᠡ ᠶᠢᠨ ᠠᠵᠢᠯ ᠢ ᠪᠠᠳᠤᠳᠠᠢ ᠬᠢᠬᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠤᠬᠰᠠᠨ ᠪᠠᠶᠢᠪᠠ᠃      ᠪᠦᠬᠦ ᠲᠠᠯ᠎ᠠ ᠳᠤ ᠰᠠᠭᠤᠷᠢᠯᠠᠵᠤ ᠥᠭᠡᠷᠡᠴᠢᠯᠡᠯᠲᠡ ᠶᠢ ᠲᠦᠯᠦᠪᠵᠢᠬᠦᠯᠪᠡ —      ᠨᠢᠭᠡᠳᠦᠯᠳᠠᠢ ᠲᠦᠯᠤᠪᠵᠢᠬᠦᠯᠬᠦ ᠶᠢ ᠪᠠᠷᠢᠮᠳᠠᠯᠠᠨ᠂ ᠦᠭᠡᠷᠡᠴᠢᠯᠡᠯᠳᠡ ᠶᠢᠨ ᠡᠬᠦᠷᠭᠡ ᠶᠢᠨ ᠲᠠᠩᠰᠠ᠂ ᠣᠨ ᠤ ᠲᠠᠩᠰᠠ ᠪᠤᠯᠤᠨ ᠲᠤᠷᠰᠢᠯᠳᠠ ᠶᠢᠨ ᠴᠢᠭ᠋ ᠤᠨ ᠲᠠᠩᠰᠠ ᠵᠡᠷᠭᠡ 3 ᠲᠠᠩᠰᠠ ᠶᠢᠨ ᠬᠠᠮᠢᠶᠠᠷᠤᠯᠳᠠ ᠶᠢᠨ ᠵᠠᠬᠪᠤᠷ ᠢ ᠪᠦᠷᠢᠯᠳᠦᠬᠦᠯᠵᠦ᠂ ᠦᠭᠡᠷᠡᠴᠢᠯᠡᠯᠳᠡ ᠶᠢᠨ ᠰᠢᠰᠲ᠋ᠧᠮᠳᠦ ᠴᠢᠨᠠᠷ ᠪᠤᠯᠤᠨ ᠵᠤᠬᠢᠴᠠᠯᠳᠦ ᠴᠢᠨᠠᠷ ᠢ ᠨᠡᠮᠡᠭᠳᠡᠬᠦᠯᠪᠡ᠃      ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠶᠠᠪᠤᠬᠳᠠᠭᠤᠯᠤᠨ᠂ ᠦᠭᠡᠷᠡᠴᠢᠯᠡᠯᠳᠡ ᠶᠢ ᠪᠠᠨ ᠠᠯᠬᠤᠮ ᠲᠠᠷᠠᠭ᠎ᠠ ᠲᠠᠢ ᠪᠠᠷ ᠬᠦᠨᠵᠡᠭᠡᠶᠢᠷᠡᠬᠦᠯᠦᠨ᠂ ᠡᠯ᠎ᠡ ᠲᠦᠷᠦᠯ ᠤᠨ ᠦᠭᠡᠷᠡᠴᠢᠯᠡᠯᠳᠡ ᠶᠢᠨ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠳᠦ ᠪᠤᠯᠤᠨ ᠰᠢᠯᠭᠠᠨ ᠪᠠᠶᠢᠴᠠᠭᠠᠵᠦ ᠪᠤᠯᠬᠤᠢᠢᠴᠠ ᠪᠦᠳᠦᠭᠡᠯ ᠤᠨ ᠭᠡᠯᠪᠡᠷᠢ ᠶᠢ ᠲᠤᠳᠤᠷᠬᠠᠢᠢᠯᠠᠨ᠂ ᠲᠤᠯᠤᠭᠠᠢᠢᠯᠠᠬᠴᠢ ᠪᠠᠶᠢᠭᠤᠯᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠤᠬᠢᠴᠠᠯ ᠲᠠᠢ ᠡᠮᠬᠢ ᠲᠠᠷᠠᠭ᠎ᠠ ᠲᠠᠢ ᠦᠭᠡᠷᠡᠴᠢᠯᠡᠯᠳᠡ ᠶᠢᠨ ᠠᠵᠢᠯ ᠤᠨ ᠲᠤᠬᠳᠠᠯᠴᠠᠭ᠎ᠠ ᠶᠢ ᠪᠦᠷᠢᠯᠳᠦᠬᠦᠯᠪᠡ᠃      ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠦᠭᠡᠷᠡᠴᠢᠯᠡᠯᠳᠡ ᠶᠢᠨ ᠲᠦᠰᠦᠯ ᠤᠨ ᠴᠢᠨᠠᠷ ᠴᠢᠨᠰᠠᠭ᠎ᠠ ᠶᠢᠨ ᠪᠤᠭᠤᠮᠳᠠ ᠶᠢ ᠰᠠᠶᠢᠳᠤᠷ ᠠᠳᠬᠤᠵᠦ᠂ ᠡᠯ᠎ᠡ ᠲᠦᠷᠦᠯ ᠤᠨ ᠦᠭᠡᠷᠡᠴᠢᠯᠡᠯᠳᠡ ᠶᠢᠨ ᠠᠷᠭ᠎ᠠ ᠠᠪᠴᠠᠯ ᠤᠨ ᠪᠤᠳᠠᠳᠠᠢ ᠠᠰᠠᠭᠤᠳᠠᠯ ᠢ ᠰᠢᠢᠳᠪᠦᠷᠢᠯᠡᠨ᠂ ᠪᠤᠳᠠᠳᠠᠢᠦᠷ᠎ᠡ ᠠᠰᠢᠭ ᠤᠯᠬᠤ ᠶᠢ ᠪᠠᠳᠤᠯᠠᠪᠠ᠃      ᠲᠤᠷᠰᠢᠯᠳᠠ ᠶᠢᠨ ᠴᠢᠭ᠋ ᠢᠶᠠᠷ ᠡᠬᠢᠯᠡᠯᠳᠡ ᠪᠣᠯᠭᠠᠨ ᠥᠭᠡᠷᠡᠴᠢᠯᠡᠯᠲᠡ ᠶᠢ ᠲᠠᠶᠢᠴᠢᠯᠠᠪᠠ —      ᠲᠤᠷᠰᠢᠯᠳᠠ ᠶᠢᠨ ᠴᠢᠭ᠋ ᠤᠨ ᠪᠦᠬᠦ ᠲᠠᠯ᠎ᠠ ᠶᠢᠨ ᠰᠢᠨᠵᠢᠳᠠᠢ ᠦᠭᠡᠷᠡᠴᠢᠯᠡᠯᠳᠡ ᠲᠠᠬᠢ ᠵᠢᠱᠢᠶ᠎ᠡ ᠲᠠᠭᠤᠷᠢᠶᠠᠯ᠂ ᠰᠢᠪᠳᠤᠯᠤᠯᠳᠠ ᠪᠤᠯᠤᠨ ᠲᠠᠶᠢᠴᠢᠯᠠᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠦᠭᠡᠷᠡᠴᠢᠯᠡᠯᠳᠡ ᠶᠢᠨ ᠴᠢᠭ᠋ ᠤᠨ ᠠᠵᠢᠯ ᠢ ᠴᠢᠩᠭᠠᠳᠬᠠᠬᠤ ᠲᠤᠬᠠᠢ ᠰᠠᠨᠠᠯ ᠢ ᠲᠤᠬᠳᠠᠭᠠᠨ᠂ ᠤᠯᠠᠨ ᠲᠠᠪᠬᠤᠷᠭᠠᠳᠦ ᠤᠯᠠᠨ ᠬᠦᠷᠢᠶ᠎ᠡ ᠴᠠᠷᠠᠭᠠᠨ ᠤ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠲᠤᠬᠳᠠᠯᠴᠠᠭ᠎ᠠ ᠶᠢ ᠪᠦᠷᠢᠯᠳᠦᠬᠦᠯᠪᠡ᠃      ᠰᠢ ᠶᠢᠨ ᠫᠢᠩ ᠶᠡᠷᠦᠩᠭᠡᠢ ᠱᠦᠵᠢ ᠶᠢᠨ ᠵᠠᠬᠢᠬᠰᠠᠨ ᠮᠠᠨ ᠤ ᠤᠷᠤᠨ ᠤ ᠤᠷᠢᠳᠴᠢᠯᠡᠨ ᠲᠤᠷᠰᠢᠨ ᠭᠡᠷᠡᠭᠵᠢᠬᠦᠯᠬᠦ 3 ᠲᠦᠷᠦᠯ ᠤᠨ ᠦᠭᠡᠷᠡᠴᠢᠯᠡᠯᠳᠡ ᠶᠢ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠨ ᠠᠳᠬᠤᠵᠦ᠂ ᠲᠤᠰᠬᠠᠢ ᠬᠦᠴᠦᠨ ᠢ ᠵᠤᠬᠢᠶᠠᠨ ᠪᠠᠶᠢᠭᠤᠯᠵᠦ᠂ ᠲᠤᠰᠬᠠᠢ ᠲᠦᠷᠦᠯ ᠵᠦᠢᠯ ᠢ ᠭᠡᠷᠡᠭᠵᠢᠬᠦᠯᠦᠨ ᠴᠢᠬᠤᠯᠠ ᠱᠠᠳᠤᠴᠢ ᠴᠢᠨᠠᠷᠳᠠᠢ ᠠᠮᠵᠢᠯᠳᠠ ᠶᠢ ᠤᠯᠪᠠ᠃ ᠤᠯᠤᠰ ᠠᠴᠠ ᠮᠠᠨ ᠤ ᠤᠷᠤᠨ ᠳᠤ ᠦᠷᠨᠢᠬᠦᠯᠦᠭᠰᠡᠨ ᠪᠤᠶᠤ ᠵᠦᠪᠰᠢᠶᠡᠷᠡᠨ ᠴᠤᠬᠤᠯᠠᠪᠤᠷᠢᠯᠠᠬᠰᠠᠨ ᠲᠤᠷᠰᠢᠯᠳᠠ ᠶᠢᠨ ᠴᠢᠭ᠋ ᠤᠨ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠦ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠤᠳᠠᠳᠠᠶᠢᠵᠢᠭᠤᠯᠤᠬᠰᠠᠨ ᠠᠷᠭ᠎ᠠ ᠭᠡᠮᠵᠢᠶ᠎ᠡ ᠶᠢ ᠨᠠᠷᠢᠰᠬᠠᠨ᠂ ᠵᠤᠬᠢᠶᠠᠨ ᠪᠠᠶᠢᠭᠤᠯᠵᠦ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠳᠬᠤᠨ᠂ ᠯᠠᠪᠯᠠᠯᠳᠠ ᠪᠤᠯᠭᠠᠨ ᠲᠡᠯᠭᠡᠷᠡᠬᠦᠯᠦᠨ ᠲᠦᠭᠡᠮᠡᠯᠵᠢᠬᠦᠯᠬᠦ ᠦᠭᠡᠷᠡᠴᠢᠯᠡᠯᠳᠡ ᠶᠢᠨ ᠠᠷᠭ᠎ᠠ ᠲᠤᠷᠰᠢᠯᠭ᠎ᠠ ᠶᠢ ᠴᠢᠷᠮᠠᠶᠢᠨ ᠪᠦᠷᠢᠯᠳᠦᠬᠦᠯᠪᠡ᠃      ᠪᠤᠲᠠᠲᠠᠢ ᠠᠴᠠ ᠭᠠᠷᠲᠠᠬᠤ ᠶᠢ ᠪᠠᠷᠢᠮᠲᠠᠯᠠᠨ᠂ ᠨᠢᠬᠡ ᠪᠦᠯᠦᠭ ᠦᠪᠠᠷᠲᠠᠬᠡᠨ ᠵᠠᠰᠠᠬᠤ ᠤᠷᠤᠨ ᠤ ᠦᠬᠡᠷᠠᠴᠢᠯᠠᠯᠲᠠ ᠶᠢᠨ ᠲᠤᠷᠰᠢᠯᠲᠠ ᠶᠢᠨ ᠴᠢᠭ᠋ ᠢ ᠦᠷᠨᠢᠬᠦᠯᠵᠤ᠂ ᠦᠨᠲᠤᠰᠤᠨ ᠱᠠᠲᠤᠨ ᠳᠤ ᠢᠲᠠᠪᠬᠢᠲᠠᠢ ᠪᠠᠷ ᠤᠷᠢᠲᠠᠪᠠᠷ ᠬᠡᠷᠡᠭᠵᠢᠬᠦᠯᠵᠤ ᠤᠷᠢᠲᠠᠪᠠᠷ ᠲᠤᠷᠰᠢᠬᠤ ᠶᠢ ᠵᠤᠷᠢᠡᠡᠵᠢᠭᠤᠯᠤᠨ ᠲᠠᠮᠵᠢᠪᠠ᠃ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠭᠤᠷᠪᠠᠲᠤᠭᠠᠷ ᠪᠦᠬᠦᠲᠠ ᠬᠤᠷᠠᠯ ᠠᠴᠠ ᠨᠠᠰᠢ᠂ ᠪᠦᠬᠦ ᠤᠷᠤᠨ ᠨᠠᠶᠢᠲᠠ ᠦᠪᠠᠷᠲᠠᠬᠡᠨ ᠵᠠᠰᠠᠬᠤ ᠤᠷᠤᠨ ᠤ ᠱᠠᠲᠤᠨ ᠠᠴᠠ ᠲᠠᠬᠡᠭᠰᠢᠬᠢ ᠡᠯ᠎ᠠ ᠲᠦᠷᠦᠯ ᠤᠨ ᠦᠬᠡᠷᠠᠴᠢᠯᠠᠯᠲᠠ ᠶᠢᠨ ᠲᠤᠷᠰᠢᠯᠲᠠ ᠶᠢᠨ ᠴᠢᠭ᠋ 116 ᠵᠦᠢᠯ᠂ ᠡᠯ᠎ᠠ ᠠᠶᠢᠮᠠᠬ ᠬᠤᠲᠠ ᠶᠢᠨ ᠦᠪᠠᠰᠤᠪᠠᠨ ᠦᠷᠨᠢᠬᠦᠯᠦᠭᠰᠡᠨ ᠲᠤᠷᠰᠢᠯᠲᠠ ᠶᠢᠨ ᠴᠢᠭ᠋ 221 ᠵᠦᠢᠯ ᠪᠠᠶᠢᠵᠤ᠂ ᠴᠠᠬᠢᠯᠭᠠᠨ ᠬᠦᠴᠤᠨ ᠤ ᠵᠠᠬ᠎ᠠ ᠲᠠᠯᠬᠡᠬᠦᠷᠵᠢᠯᠲᠠ ᠶᠢᠨ ᠦᠬᠡᠷᠠᠴᠢᠯᠠᠯᠲᠠ᠂ ᠤᠲᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠬᠡ ᠶᠢᠨ ᠲᠤᠰᠢᠶᠠᠯ ᠠᠴᠠ ᠰᠠᠯᠬᠤ ᠳᠤᠨᠢ ᠬᠢᠨᠠᠨ ᠪᠤᠲᠤᠯᠲᠠ ᠬᠢᠬᠦ᠂ ᠤᠰᠤᠨ ᠤ ᠡᠷᠬᠡ ᠶᠢᠨ ᠰᠤᠯᠢᠯᠴᠠᠭ᠎ᠠ᠂ ᠨᠠᠬᠦᠷᠠᠰᠦᠲᠦ᠋ᠷᠦᠭᠴᠢ ᠶᠢ ᠭᠠᠲᠠᠭᠰᠢᠯᠠᠭᠤᠯᠬᠤ ᠡᠷᠬᠡ ᠶᠢᠨ ᠰᠤᠯᠢᠯᠴᠠᠭ᠎ᠠ ᠵᠡᠷᠬᠡ ᠨᠢᠬᠡ ᠪᠦᠯᠦᠭ ᠦᠬᠡᠷᠠᠴᠢᠯᠠᠯᠲᠠ ᠶᠢᠨ ᠲᠤᠷᠰᠢᠯᠲᠠ ᠶᠢᠨ ᠴᠢᠭ᠋ ᠪᠦᠬᠦ ᠤᠯᠤᠰ ᠤᠨ ᠡᠮᠤᠨ᠎ᠠ ᠡᠩᠨᠡᠬᠡᠨ ᠳᠤ ᠵᠢᠭᠰᠠᠵᠠᠢ᠃     ᠦᠬᠡᠷᠠᠴᠢᠯᠠᠯᠲᠠ ᠶᠢ ᠬᠦᠲᠤᠯᠤᠨ ᠲᠠᠭᠠᠭᠤᠯᠵᠤ ᠬᠦᠭᠵᠢᠯᠲᠠ ᠶᠢᠨ ᠲᠠᠰ ᠲᠠᠪᠰᠢᠬᠦ ᠳᠤ ᠬᠦᠴᠤᠷᠬᠡᠭ ᠶᠡᠭᠡ ᠬᠥᠳᠡᠯᠭᠡᠬᠦ ᠢ ᠬᠠᠨᠭ᠍ᠭᠠᠵᠠᠢ      ᠠᠵᠤ ᠠᠬᠤᠢ ᠶᠢᠨ ᠪᠠᠶᠢᠭᠤᠯᠤᠮᠵᠢ ᠶᠢᠨ ᠦᠬᠡᠷᠠᠴᠢᠯᠠᠯᠲᠠ ᠪᠤᠯ ᠦᠬᠡᠷᠠᠴᠢᠯᠠᠯᠲᠠ ᠶᠢ ᠪᠦᠬᠦ ᠲᠠᠯ᠎ᠠ ᠪᠠᠷ ᠬᠦᠨᠵᠡᠬᠡᠶᠢᠷᠠᠬᠦᠯᠬᠦ ᠭᠤᠤᠯ ᠴᠢᠮᠤᠬᠡ ᠪᠠᠶᠢᠵᠤ᠂ ᠵᠠᠬ᠎ᠠ ᠲᠠᠯᠬᠡᠬᠦᠷ ᠤᠨ ᠠᠮᠢᠵᠢᠷᠠᠯ ᠤᠨ ᠬᠦᠴᠤᠨ ᠢ ᠬᠦᠭᠵᠢᠬᠡᠬᠦ ᠵᠠᠩᠬᠢᠯᠠᠭ᠎ᠠ ᠶᠢᠨ ᠠᠷᠭ᠎ᠠ ᠠᠪᠴᠠᠯ ᠶᠤᠮ᠃ ᠮᠠᠨ ᠤ ᠤᠷᠤᠨ ᠵᠤᠷᠢᠭᠲᠠᠢ ᠪᠠᠷ ᠬᠠᠶᠢᠨ ᠰᠦᠪᠡᠭᠴᠢᠯᠠᠵᠤ᠂ ᠤᠷᠢᠲᠠᠪᠠᠷ ᠬᠡᠷᠡᠭᠵᠢᠬᠦᠯᠤᠨ ᠤᠷᠢᠲᠠᠪᠠᠷ ᠲᠤᠷᠰᠢᠵᠤ᠂ ᠦᠬᠡᠷᠠᠴᠢᠯᠠᠯᠲᠠ ᠶᠢᠨ ᠠᠷᠭ᠎ᠠ ᠤᠬᠠᠭᠠᠨ ᠢ ᠬᠦᠭᠵᠢᠯᠲᠠ ᠶᠢᠨ ᠲᠠᠰ ᠲᠠᠪᠰᠢᠬᠦ ᠬᠦᠴᠢᠷ ᠠᠰᠠᠭᠤᠲᠠᠯ ᠢ ᠰᠢᠢᠳᠪᠤᠷᠢᠯᠡᠬᠦ ᠲᠠᠬᠡᠷ᠎ᠠ ᠲᠠᠯᠪᠢᠵᠤ᠂ ᠦᠬᠡᠷᠠᠴᠢᠯᠠᠯᠲᠠ ᠶᠢᠨ ᠠᠰᠢᠭ ᠤᠯᠵᠠᠪᠤᠷᠢ ᠶᠢ ᠬᠤᠪᠢᠷᠠᠭᠤᠯᠤᠨ ᠬᠦᠭᠵᠢᠯᠲᠠ ᠶᠢᠨ ᠲᠠᠰ ᠲᠠᠪᠰᠢᠬᠦ ᠰᠢᠨ᠎ᠠ ᠬᠦᠲᠠᠯᠬᠡᠬᠦᠷ ᠪᠤᠯᠭᠠᠬᠤ ᠪᠠᠷ ᠴᠢᠷᠮᠠᠶᠢᠪᠠ —      ᠦᠷᠬᠦᠯᠵᠢᠯᠠᠨ ᠵᠠᠰᠠᠭ ᠢ ᠴᠤᠮᠬᠠᠳᠬᠠᠨ ᠡᠷᠬᠡ ᠶᠢ ᠲᠠᠯᠪᠢᠵᠤ᠂ ᠬᠤᠲᠠᠯᠲᠤᠭᠠᠨ ᠤ ᠶᠠᠪᠤᠲᠠᠯ ᠤᠨ ᠲᠦᠷᠢᠮ ᠤᠨ ᠦᠬᠡᠷᠠᠴᠢᠯᠠᠯᠲᠠ ᠶᠢ ᠬᠦᠨᠵᠡᠬᠡᠶᠢᠷᠠᠬᠦᠯᠵᠤ᠂ ᠵᠠᠬ᠎ᠠ ᠲᠠᠯᠬᠡᠬᠦᠷ ᠤᠨ ᠰᠢᠨ᠎ᠠ ᠠᠮᠢᠵᠢᠷᠠᠯ ᠤᠨ ᠬᠦᠴᠤᠨ ᠢ ᠬᠦᠭᠵᠢᠬᠡᠵᠠᠢ᠃ ᠦᠪᠠᠷᠲᠠᠬᠡᠨ ᠵᠠᠰᠠᠬᠤ ᠤᠷᠤᠨ᠂ ᠠᠶᠢᠮᠠᠬ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠤᠷᠲᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠦᠬᠦᠨ ᠢ ᠨᠠᠶᠢᠲᠠᠯᠠᠵᠤ᠂ ᠦᠪᠠᠷᠲᠠᠬᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠭᠰᠠᠨ ᠨᠤᠷᠮ᠎ᠠ 45%᠎ ᠳᠤ ᠬᠦᠷᠴᠠᠢ᠃      ᠤᠯᠤᠰ ᠤᠨ ᠦᠮᠴᠢᠯᠠᠯᠲᠤ ᠠᠵᠤ ᠠᠬᠤᠢᠢᠯᠠᠯ ᠪᠠ ᠦᠨ᠎ᠠ ᠬᠠᠨᠭ᠍ᠰᠢ ᠶᠢᠨ ᠦᠬᠡᠷᠠᠴᠢᠯᠠᠯᠲᠠ ᠶᠢ ᠬᠦᠨᠵᠠᠬᠡᠶᠢᠷᠠᠬᠦᠯᠬᠦ ᠶᠢ ᠠᠬᠢᠭᠤᠯᠤᠨ᠂ ᠰᠢᠨ᠎ᠠ ᠬᠦᠲᠠᠯᠬᠡᠬᠡᠨ ᠤ ᠡᠨᠧᠷᠬᠢ ᠶᠢᠨ ᠬᠦᠭᠵᠢᠯᠲᠠ ᠶᠢ ᠢᠯᠭᠠᠷᠠᠭᠤᠯᠪᠠ᠃      ᠡᠳ᠋ ᠤᠨ ᠵᠠᠰᠠᠭ ᠭᠠᠶᠢᠯᠢ ᠮᠦᠡᠭᠬᠦᠨ ᠬᠦᠢᠯᠬᠡᠬᠡᠨ ᠤ ᠦᠬᠡᠷᠠᠴᠢᠯᠠᠯᠲᠠ ᠶᠢ ᠠᠬᠢᠭᠤᠯᠵᠤ᠂ ᠪᠤᠲᠠᠲᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠰᠢᠨ᠎ᠠ ᠲᠤᠭᠲᠠᠴᠠ ᠶᠢ ᠪᠦᠷᠢᠨᠰᠢᠬᠦᠯᠵᠠᠢ᠃ ᠲᠦᠰᠤᠪ ᠤᠨ ᠬᠠᠮᠢᠶᠠᠷᠤᠯᠲᠠ ᠶᠢᠨ ᠲᠦᠷᠢᠮ ᠤᠨ ᠦᠬᠡᠷᠠᠴᠢᠯᠠᠯᠲᠠ ᠶᠢ ᠦᠷᠬᠦᠯᠵᠢᠯᠠᠨ ᠠᠬᠢᠭᠤᠯᠵᠤ᠂ ︽ᠲᠠᠷᠢᠶᠠᠴᠢᠨ ᠢ ᠬᠠᠪᠰᠤᠷᠬᠤ ᠮᠦᠡᠭᠬᠦᠨ ᠬᠦᠢᠯᠬᠡᠬᠡᠨ ᠤ ᠦᠢᠯᠡᠴᠢᠯᠡᠬᠡᠨ ᠤ ᠴᠢᠭ᠋︾᠎ ᠢ ᠪᠦᠬᠦᠨ ᠢ ᠪᠦᠷᠬᠦᠬᠦᠯᠬᠦ ᠶᠢ ᠪᠠᠶᠠᠯᠡᠬᠦᠯᠵᠠᠢ᠃      ᠨᠠᠬᠡᠬᠡᠯᠲᠠᠲᠤ ᠬᠡᠯᠪᠠᠷᠢ ᠶᠢᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢᠨ ᠦᠬᠡᠷᠠᠴᠢᠯᠠᠯᠲᠠ ᠶᠢ ᠲᠦᠷᠬᠡᠳᠬᠡᠨ᠂ ᠦᠨᠲᠤᠷ ᠲᠦᠪᠰᠢᠨ ᠪᠦᠬᠦᠢ ᠨᠠᠬᠡᠬᠡᠯᠲᠠᠲᠤ ᠰᠢᠨ᠎ᠠ ᠲᠤᠭᠲᠠᠯᠴᠠᠭ᠎ᠠ ᠶᠢ ᠡᠬᠦᠲᠤᠨ ᠪᠠᠶᠢᠭᠤᠯᠵᠠᠢ᠃ ᠠᠩᠬᠠᠲᠤᠭᠠᠷ ᠬᠤᠭᠤᠴᠠᠭᠠᠨ ᠤ ᠲᠤᠮᠲᠠᠲᠤ ᠮᠤᠩᠭᠤᠯ ᠤᠨ ᠦᠵᠡᠰᠬᠦᠯᠡᠩ ᠤᠨ ᠴᠤᠭᠯᠠᠭᠠᠨ ᠢ ᠠᠮᠵᠢᠯᠲᠠ ᠲᠠᠢ ᠡᠷᠬᠢᠯᠠᠵᠤ᠂ 166 ᠡᠯ᠎ᠠ ᠲᠦᠷᠦᠯ ᠤᠨ ᠬᠠᠮᠲᠤᠷᠠᠯᠴᠠᠭᠠᠨ ᠤ ᠬᠡᠯᠡᠯᠴᠡᠬᠡᠷ ᠤᠨ ᠪᠢᠴᠢᠭ ᠲᠤ ᠭᠠᠷ ᠤᠨ ᠦᠰᠦᠭ ᠵᠢᠷᠤᠵᠤ᠂ ᠪᠠᠯᠠ ᠤᠷᠤᠭᠤᠯᠤᠯᠲᠠ ᠶᠢᠨ ᠵᠤᠭᠤᠰ ᠤᠨ ᠲᠤᠭ᠎ᠠ 1485.9 ᠳ᠋ᠦᠡᠭᠰᠢᠭᠤᠷ ᠲᠦᠬᠦᠷᠢᠭ ᠲᠤ ᠬᠦᠷᠪᠠ᠃      ᠰᠠᠶᠢᠨ ᠰᠠᠶᠢᠬᠠᠨ ᠠᠮᠢ ᠠᠬᠤᠢ ᠪᠤᠯ ᠦᠪᠤᠷ ᠮᠤᠩᠭᠤᠯ ᠤᠨ ︽ᠠᠯᠲᠠᠨ ᠦᠰᠦᠭᠲᠤ ᠬᠠᠶ᠋ᠶᠢᠭ︾ ᠮᠦᠨ᠂ ᠠᠮᠢ ᠠᠬᠤᠢ ᠶᠢᠨ ᠪᠤᠯᠪᠠᠰᠤᠨ ᠤ ᠭᠤᠤᠯ ᠴᠤᠭᠴᠠ ᠶᠢᠨ ᠴᠢᠲᠠᠮᠵᠢ ᠶᠢᠨ ᠤᠷᠤᠨ ᠤ ᠪᠦᠲᠦᠬᠡᠨ ᠪᠠᠶᠢᠭᠤᠯᠤᠯᠲᠠ ᠤᠯᠤᠰ ᠤᠨ ᠪᠠᠶᠢᠯᠲᠤᠬᠤ ᠪᠤᠲᠤᠯᠭ᠎ᠠ ᠳᠤ ᠲᠠᠪᠰᠢᠭᠰᠠᠨ ᠠᠴᠠ ᠨᠠᠰᠢ᠂ ᠮᠠᠨ ᠤ ᠤᠷᠤᠨ ᠪᠤᠬᠢᠷᠲᠤᠯ ᠦᠬᠡᠢ ᠲᠤᠤᠷ᠎ᠠ ᠨᠠᠬᠦᠷᠠᠰᠤᠲᠦ᠋ᠷᠦᠭᠴᠢᠲᠤ ᠬᠦᠭᠵᠢᠯᠲᠠ ᠪᠠᠷ ᠬᠦᠴᠤᠷᠬᠡᠭ ᠶᠡᠭᠡ ᠬᠦᠲᠠᠯᠬᠡᠭᠴᠢ ᠬᠦᠴᠤᠨ ᠪᠤᠯᠭᠠᠵᠠᠢ᠃      2015᠎ ᠤᠨ ᠳᠤ᠂ ᠮᠠᠨ ᠤ ᠤᠷᠤᠨ ᠤᠯᠤᠰ ᠤᠨ ᠭᠠᠵᠠᠷ ᠰᠢᠷᠤᠢ ᠤᠷᠤᠨ ᠵᠠᠢ ᠶᠢ ᠨᠠᠬᠡᠬᠡᠨ ᠬᠦᠭᠵᠢᠬᠦᠯᠤᠨ ᠬᠠᠮᠠᠭᠠᠯᠠᠬᠤ ᠲᠦᠷᠢᠮ ᠢ ᠪᠠᠶᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠠᠴᠢᠯᠠᠯᠲᠠ ᠰᠢᠨ᠎ᠠ ᠲᠠᠪᠠᠯᠲᠠ ᠶᠢ ᠪᠠᠶᠠᠯᠡᠬᠦᠯᠪᠠ᠃      ᠨᠠᠶᠢᠬᠡᠮ ᠤᠨ ᠬᠠᠯᠠᠮᠵᠢᠯᠠᠯ ᠲᠠᠢ ᠨᠢᠭᠲᠠ ᠤᠶᠠᠯᠲᠤᠭᠤᠯᠵᠤ ᠡᠯ᠎ᠠ ᠬᠦᠷᠢᠶᠠᠨ ᠳᠠᠬᠢ ᠦᠬᠡᠷᠠᠴᠢᠯᠠᠯᠲᠠ ᠭᠠᠵᠠᠷ ᠲᠤᠦᠨᠲᠤᠰᠤᠯᠠᠨ ᠴᠡᠴᠡᠭ ᠲᠠᠯᠬᠡᠷᠠᠵᠡᠢ      — — ᠠᠷᠠᠳᠴᠢᠯᠠᠯ ᠬᠠᠤᠯᠢ ᠳᠦᠷᠢᠮ ᠤᠨ ᠬᠦᠷᠢᠶᠡᠨ ᠳᠠᠬᠢ ᠦᠬᠡᠷᠡᠴᠢᠯᠡᠯᠳᠡ ᠡᠮᠬᠢ ᠴᠡᠭᠴᠡ ᠲᠠᠢ ᠶᠠᠪᠤᠬᠳᠠᠵᠥ᠂ ᠬᠠᠤᠯᠢᠵᠢᠯ ᠦᠪᠦᠷ ᠮᠤᠩᠭᠤᠯ ᠤᠨ ᠪᠠᠶᠢᠭᠤᠯᠤᠯᠳᠠ ᠰᠢᠨ᠎ᠡ ᠠᠯᠬᠤᠭ᠎ᠠ ᠪᠠᠨ ᠠᠯᠬᠤᠪᠠ᠃ ᠦᠪᠡᠷᠳᠡᠬᠡᠨ ᠵᠠᠰᠠᠬᠤ ᠤᠷᠤᠨ᠂ ᠬᠤᠳᠠ᠂ ᠭᠠᠵᠠᠷ ᠤᠷᠤᠨ ᠤ ᠬᠠᠤᠯᠢ ᠳᠤᠬᠳᠠᠭᠠᠬᠤ ᠡᠷᠬᠡ ᠶᠢᠨ ᠦᠬᠡᠷᠡᠴᠢᠯᠡᠯᠳᠡ ᠶᠢ ᠢᠳᠡᠪᠬᠢᠳᠠᠢ ᠳᠦᠯᠬᠢᠨ ᠠᠬᠢᠭᠤᠯᠵᠥ᠂ ᠬᠢᠨᠠᠨ ᠪᠠᠶᠢᠴᠠᠭᠠᠯᠳᠠ ᠠᠴᠠ ᠢᠯᠡᠷᠡᠬᠦᠯᠦᠭᠰᠡᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠱᠠᠯᠠᠪᠳᠠᠨ ᠬᠢᠯᠬᠡᠬᠦ ᠠᠵᠢᠯ ᠤᠨ ᠳᠤᠬᠳᠠᠴᠠ ᠶᠢ ᠵᠠᠰᠠᠨ ᠰᠠᠶᠢᠵᠢᠷᠠᠭᠤᠯᠵᠥ ᠪᠦᠷᠢᠨᠰᠢᠬᠦᠯᠵᠡᠢ᠃      — — ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠪᠠᠳᠤᠳᠠᠢ ᠠᠬᠢᠭᠤᠯᠵᠥ᠂ ᠰᠤᠶᠤᠯ ᠤᠨ ᠡᠬᠦᠳᠬᠦ ᠬᠦᠴᠦᠨ ᠪᠤᠯᠤᠨ ᠨᠦᠯᠦᠬᠡᠯᠡᠬᠦ ᠬᠦᠴᠦᠨ ᠢ ᠤᠯᠠᠮ ᠴᠢᠨᠠᠬᠰᠢᠳᠠ ᠬᠦᠭᠵᠢᠬᠦᠯᠵᠡᠢ᠃ ᠮᠠᠨ ᠤ ᠤᠷᠤᠨ ᠤᠯᠠᠮᠵᠢᠯᠠᠯᠳᠤ ᠵᠠᠭᠤᠴᠢᠯᠠᠭᠤᠷ ᠪᠤᠯᠤᠨ ᠰᠢᠨ᠎ᠡ ᠵᠠᠭᠤᠴᠢᠯᠠᠭᠤᠷ ᠤᠨ ᠠᠭᠤᠰᠤᠯᠴᠠᠨ ᠬᠦᠭᠵᠢᠬᠦ ᠳᠤᠬᠳᠠᠴᠠ ᠵᠡᠷᠬᠡ ᠨᠢᠬᠡ ᠪᠦᠯᠦᠭ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠭᠤᠤᠯᠳᠠᠯᠭ᠎ᠠ ᠲᠠᠢ ᠡᠬᠦᠳᠦᠨ ᠭᠠᠷᠭᠠᠵᠥ᠂ ᠤᠯᠠᠨ ᠨᠡᠶᠢᠳᠡ ᠶᠢᠨ ᠰᠤᠶᠤᠯ ᠤᠨ ᠦᠢᠯᠡᠰ ᠤᠨ ᠠᠮᠢᠵᠢᠷᠠᠯ ᠤᠨ ᠬᠦᠴᠦᠨ ᠢ ᠬᠦᠢᠴᠡᠳ ᠬᠦᠭᠵᠢᠬᠡᠵᠡᠢ᠃      — — ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠯᠠᠪᠳᠠᠭᠤᠨ ᠢᠶᠠᠷ ᠳᠦᠯᠬᠢᠨ ᠠᠬᠢᠭᠤᠯᠵᠥ᠂ ᠬᠠᠤᠯᠢᠵᠢᠯ ᠤᠨ ᠤᠷᠴᠢᠨ ᠤᠯᠠᠮ ᠨᠢᠬᠡ ᠠᠯᠬᠤᠮ ᠴᠢᠩᠭᠠᠷᠠᠵᠠᠢ᠃ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠳᠦᠷᠪᠡᠨ ᠳᠦᠷᠦᠯ ᠤᠨ ᠳᠤᠷᠰᠢᠯᠳᠠ ᠶᠢᠨ ᠴᠢᠬ ᠤᠨ ᠠᠵᠢᠯ ᠢ ᠯᠠᠪᠳᠠᠭᠤᠨ ᠢᠳᠡᠪᠬᠢᠳᠡᠢ ᠳᠦᠯᠬᠢᠨ ᠠᠬᠢᠭᠤᠯᠵᠥ᠂ 56 ᠬᠦᠮᠦᠨ ᠢ ᠰᠤᠩᠭᠤᠨ ᠦᠪᠡᠷᠳᠡᠬᠡᠨ ᠵᠠᠰᠠᠬᠤ ᠤᠷᠤᠨ ᠤ ᠰᠢᠬᠦᠭᠴᠢ᠂ ᠪᠠᠶᠢᠴᠠᠭᠠᠬᠴᠢ ᠶᠢᠨ ᠳᠤᠰᠬᠠᠢ ᠮᠡᠷᠬᠡᠵᠢᠯᠳᠡᠨ ᠤ ᠬᠦᠮᠦᠷᠬᠡ ᠳᠤ ᠳᠤᠮᠢᠯᠠᠵᠥ᠂ ᠠᠷᠠᠳ ᠤᠨ ᠬᠠᠪᠰᠤᠷᠤᠨ ᠰᠢᠬᠦᠭᠴᠢ ᠰᠢᠨ᠎ᠡ ᠪᠠᠷ 2458 ᠬᠦᠮᠦᠨ ᠨᠡᠮᠡᠭᠳᠡᠵᠥ᠂ ᠠᠷᠠᠳ ᠤᠨ ᠬᠢᠨᠠᠬᠴᠢ 458 ᠬᠦᠮᠦᠨ ᠢ ᠰᠤᠩᠭᠤᠨ ᠳᠤᠮᠢᠯᠠᠵᠠᠢ᠃      — — ᠨᠡᠶᠢᠬᠡᠮ ᠤᠨ ᠠᠵᠢᠯ ᠦᠢᠯᠡᠰ ᠤᠨ ᠦᠬᠡᠷᠡᠴᠢᠯᠡᠯᠳᠡ ᠠᠷᠠᠳ ᠤᠨ ᠠᠮᠢᠳᠤᠷᠠᠯ ᠳᠤ ᠳᠦᠪᠯᠡᠷᠡᠵᠥ᠂ ᠠᠷᠠᠳ ᠤᠯᠠᠨ ᠤ ᠬᠦᠷᠲᠡᠬᠦ ᠳᠦᠷᠦᠭᠳᠡᠯ ᠢ ᠴᠢᠩᠭᠠᠳᠬᠠᠵᠠᠢ᠃ ᠦᠬᠡᠷᠡᠴᠢᠯᠡᠯᠳᠡ ᠶᠢᠨ ᠦᠨᠳᠦᠰᠦᠨ ᠡᠬᠢᠯᠡᠯᠲᠡ ᠶᠢᠨ ᠴᠡᠭ ᠢ ᠪᠠᠳᠤ ᠡᠵᠡᠮᠰᠢᠵᠥ᠂ ᠮᠠᠨ ᠤ ᠤᠷᠤᠨ ᠠᠴᠠ ᠨᠢᠬᠡ ᠪᠦᠯᠦᠭ ︽ᠳᠤᠳᠠᠭᠤᠳᠠᠯ ᠢ ᠨᠦᠬᠦᠪᠦᠷᠢᠯᠡᠬᠦ︾᠂ ︽ᠬᠤᠷᠢᠭ᠎ᠠ ᠱᠤᠭᠤᠮ ᠢ ᠪᠠᠳᠤᠯᠠᠬᠤ︾ ᠴᠢᠩᠭ᠎ᠠ ᠠᠷᠭ᠎ᠠ᠂ ᠪᠤᠳᠠᠳᠠᠢ ᠠᠷᠭ᠎ᠠ ᠶᠢ ᠭᠠᠷᠭᠠᠵᠠᠢ᠃      — — ᠨᠠᠮ ᠤᠨ ᠪᠠᠶᠢᠭᠤᠯᠤᠯᠳᠠ ᠶᠢᠨ ᠳᠦᠷᠢᠮ ᠤᠨ ᠦᠬᠡᠷᠡᠴᠢᠯᠡᠯᠳᠡ ᠶᠢ ᠦᠷᠬᠡᠨ ᠬᠦᠨᠵᠡᠬᠡᠢ ᠪᠠᠷ ᠳᠦᠯᠬᠢᠨ ᠠᠬᠢᠭᠤᠯᠵᠥ᠂ ᠬᠠᠮᠢᠶᠠᠷᠤᠯᠳᠠ ᠪᠦᠬᠦ ᠳᠠᠯ᠎ᠠ ᠶᠢᠨ᠂ ᠪᠠᠷᠢᠮᠵᠢᠶ᠎ᠠ ᠴᠢᠩᠭ᠎ᠠ᠂ ᠭᠤᠬᠴᠤᠭ᠎ᠠ ᠵᠠᠯᠭᠠᠯᠳᠤᠬᠰᠠᠨ᠂ ᠠᠷᠭ᠎ᠠ ᠬᠡᠮᠵᠢᠶ᠎ᠡ ᠢᠵᠢ ᠳᠦᠬᠦᠷᠵᠢᠭᠰᠡᠨ᠂ ᠬᠠᠷᠢᠭᠤᠴᠠᠯᠭ᠎ᠠ ᠳᠤᠳᠤᠷᠬᠠᠢ ᠪᠤᠯᠬᠤ ᠺᠠᠳ᠋ᠷ ᠰᠤᠩᠭᠤᠨ ᠬᠡᠷᠡᠭᠯᠡᠬᠦ ᠳᠦᠷᠢᠮ ᠤᠨ ᠬᠡᠯᠬᠢᠶᠠᠰᠤ ᠶᠢ ᠪᠦᠷᠢᠯᠳᠦᠬᠦᠯᠵᠡᠢ᠃      — — ᠨᠠᠮ ᠤᠨ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠳᠠᠷᠦ᠋ᠢᠬᠠᠨ ᠵᠠᠰᠠᠨ ᠰᠢᠯᠢᠳᠡᠭᠵᠢᠬᠦᠯᠵᠥ᠂ ᠰᠤᠷᠳᠠᠯ ᠴᠢᠬᠡᠴᠢ ᠳᠦᠪ ᠭᠤᠤᠯᠴᠢ ᠤᠯᠤᠰ ᠳᠦᠷᠦ ᠶᠢᠨ ᠠᠮᠢ ᠠᠬᠤᠢ ᠶᠢ ᠪᠤᠢ ᠪᠤᠯᠭᠠᠵᠠᠢ᠃ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠥ᠂ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠶᠢᠨ ᠰᠢᠯᠭᠠᠬᠤ ᠬᠤᠪᠢ ᠶᠢᠨ ᠵᠢᠩ ᠢ 5%᠎ ᠠᠴᠠ 20% ᠪᠤᠯᠳᠠᠯ᠎ᠠ ᠨᠡᠮᠡᠭᠳᠡᠬᠦᠯᠵᠡᠢ᠃      ᠁ ᠁      ᠨᠢᠬᠡ ᠪᠦᠯᠦᠭ ᠦᠬᠡᠷᠡᠴᠢᠯᠡᠯᠳᠡ ᠨᠢ ᠬᠦᠮᠦᠰ ᠲᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠦᠬᠡᠷᠡᠴᠢᠯᠡᠯᠳᠡ ᠶᠢ ᠪᠦᠬᠦ ᠳᠠᠯ᠎ᠡ ᠪᠠᠷ ᠬᠦᠨᠵᠡᠬᠡᠶᠢᠷᠡᠬᠦᠯᠬᠦ ᠡᠷᠡᠰ ᠪᠠᠳᠤ ᠰᠦᠰᠦ ᠵᠤᠷᠢᠬ ᠢ ᠬᠠᠷᠠᠭᠤᠯᠵᠥ ᠴᠢᠳᠠᠵᠠᠢ᠃ 2015᠎ ᠤᠨ ᠤ ᠡᠴᠤᠰ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭᠠᠳᠤ ᠦᠬᠡᠷᠡᠴᠢᠯᠡᠯᠳᠡ ᠶᠢᠨ ᠡᠬᠦᠷᠬᠡ ᠪᠦᠬᠦ ᠳᠡᠯ᠎ᠡ ᠪᠠᠷ ᠪᠡᠶᠡᠯᠡᠭᠳᠡᠵᠥ᠂ ᠪᠦᠬᠦ ᠵᠢᠯ ᠢᠶᠠᠷ ᠢᠶᠠᠨ ᠦᠬᠡᠷᠡᠴᠢᠯᠡᠯᠳᠡ ᠶᠢᠨ ᠦᠷ᠎ᠡ ᠪᠦᠳᠦᠮᠵᠢ ᠶᠢ ᠨᠡᠶᠢᠳᠡ 407 ᠵᠤᠷᠪᠤᠰ ᠭᠠᠷᠭᠠᠵᠥ᠂ ᠪᠦᠬᠦ ᠤᠷᠤᠨ ᠢᠶᠠᠷ ᠢᠶᠠᠨ ᠦᠬᠡᠷᠡᠴᠢᠯᠠᠯᠳᠠ ᠶᠢᠨ ᠳᠦᠯᠦᠪᠵᠢᠬᠦᠯᠬᠡ ᠶᠢᠨ ᠳᠠᠩᠰᠠᠯᠠᠬᠰᠠᠨ ᠡᠬᠦᠷᠬᠡ ᠶᠢᠨ 63%᠎ ᠢ ᠨᠢᠬᠡᠨᠳᠡ ᠪᠡᠶᠡᠯᠡᠬᠦᠯᠵᠥ᠂ ᠴᠢᠬᠤᠯᠠ ᠱᠠᠳᠤᠴᠢ ᠴᠢᠨᠠᠷᠳᠠᠢ ᠦᠬᠡᠷᠡᠴᠢᠯᠡᠯᠳᠡ ᠶᠢᠨ ᠦᠷ᠎ᠡ ᠪᠦᠳᠦᠮᠵᠢ ᠶᠢ ᠡᠬᠦᠳᠴᠠᠢ᠃      ︽ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠡᠬᠢᠨ ᠤ 3 ᠵᠢᠯ ᠪᠤᠯ ᠰᠠᠭᠤᠷᠢ ᠶᠢ ᠪᠠᠳᠤᠳᠬᠠᠬᠤ ᠪᠠᠬᠢᠯᠡᠯᠳᠡ ᠶᠢᠨ ᠳᠠᠶᠢᠰᠠ᠂ ᠳᠤᠯᠭᠠᠭᠤᠷᠢ ᠪᠤᠰᠬᠠᠵᠥ ᠨᠢᠷᠤᠭᠤ ᠳᠠᠷᠤᠬᠤ 3 ᠵᠢᠯ ᠪᠤᠯᠤᠨ᠎ᠡ᠂ ᠡᠨᠡ ᠵᠢᠯ ᠳᠤ ᠦᠬᠡᠷᠡᠴᠢᠯᠡᠯᠳᠡ ᠶᠢᠨ ᠭᠤᠤᠯ ᠴᠤᠬᠴᠠ ᠶᠢᠨ ᠳᠦᠯᠦᠪ ᠢ ᠴᠢᠷᠮᠠᠶᠢᠨ ᠡᠬᠦᠳᠬᠦ ᠬᠡᠷᠡᠭᠳᠡᠢ︾᠃ ᠡᠨᠡ ᠵᠢᠯ ᠤᠨ 1 ᠰᠠᠷ᠎ᠠ ᠶᠢᠨ 11᠎ ᠤ ᠡᠳᠤᠷ᠂ ᠶᠡᠷᠦᠩᠬᠡᠢ ᠱᠦᠵᠢ ᠰᠢ ᠶᠢᠨ ᠫᠢᠩ ᠳᠦᠪ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠪᠠᠭ᠎ᠠ ᠳᠤᠭᠤᠢᠢᠯᠠᠩ ᠤᠨ ᠬᠤᠷᠢᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠥ ᠴᠢᠬᠤᠯᠠ ᠶᠠᠷᠢᠶ᠎ᠠ ᠳᠠᠯᠪᠢᠵᠥ᠂ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠦᠭᠰᠡᠨ ᠡᠬᠢᠨ ᠤ 3 ᠵᠢᠯ ᠤᠨ ᠠᠵᠢᠯ ᠢ ᠠᠮᠢᠳᠤᠯᠢᠬ ᠢᠶᠠᠷ ᠳ᠋ᠦᠩᠨᠡᠵᠡᠢ᠃
     ( ᠵᠢᠷᠤᠭ ᠢ ᠳᠠᠷᠤᠪᠠᠯ ᠪᠦᠷᠢᠨ ᠵᠢᠷᠤᠭ ᠢᠯᠡᠷᠡᠨ᠎ᠡ︕︶
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map