ᠬᠤᠲᠠ᠂ ᠠᠮᠢᠳᠤᠷᠠᠯ ᠢ ᠨᠡᠩ  ᠭᠤᠶᠤᠵᠢᠭᠤᠯᠤᠨ᠎ᠠ
ᠨᠡᠶᠢᠲᠡᠯᠡᠭᠰᠡᠨ ᠴᠠᠭ᠄
2016/2/25
     ᠬᠤᠳᠠ ᠶᠢᠨ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠬᠡᠢ ᠠᠬᠢᠭᠤᠯᠬᠤ᠂ ᠬᠤᠳᠠ ᠶᠢᠨ ᠬᠠᠮᠢᠶᠠᠷᠣᠯᠳᠠ ᠶᠢᠨ ᠠᠵᠢᠯ ᠢ ᠰᠠᠶᠢᠵᠢᠷᠠᠭᠤᠯᠬᠤ ᠦᠬᠡᠷᠡᠴᠢᠯᠡᠯᠳᠡ ᠶᠢᠨ ᠪᠠᠶᠢᠷᠢᠯᠠᠭᠤᠯᠣᠯᠳᠠ ᠨᠢ ᠲᠠᠷᠣᠢ ᠠᠰᠠᠭᠤᠳᠠᠯ ᠳᠤ ᠵᠦᠪ ᠬᠠᠨᠳᠣᠬᠰᠠᠨ᠂ ᠲᠦᠪᠯᠡᠷᠡᠯ ᠤᠨ ᠴᠡᠭ ᠲᠤ ᠴᠢᠭᠯᠡᠬᠦᠯᠦᠭᠰᠡᠨ ᠬᠠᠶᠢᠯᠳᠠ ᠪᠣᠯᠣᠨ ᠰᠢᠨ᠎ᠡ ᠶᠢ ᠡᠬᠦᠳᠦᠭᠰᠡᠨ ᠦᠢᠯᠡᠳᠦᠯᠭᠡ ᠪᠣᠯᠬᠤ ᠶᠣᠮ᠃     ᠲᠦᠪ ᠤᠨ ᠵᠣᠷᠢᠬ ᠰᠠᠨᠠᠭ᠎ᠠ ᠶᠢ ᠭᠤᠶᠢᠪᠢᠰᠢ ᠦᠭᠡᠢ ᠲᠣᠣᠱᠯᠠᠭᠤᠯᠣᠨ ᠬᠤᠳᠠ ᠶᠢᠨ ᠬᠦᠷᠢᠶ᠎ᠡ ᠬᠡᠪᠴᠢᠶᠡᠨ ᠎ ᠳᠠᠬᠢ ᠦᠬᠡᠷᠡᠴᠢᠯᠡᠯᠳᠡ ᠶᠢᠨ ᠠᠷᠭ᠎ᠠ ᠪᠣᠳᠣᠯᠭ᠎ᠠ ᠵᠦᠪ ᠣᠨᠣᠪᠴᠢᠳᠠᠢ ᠬᠡᠷᠡᠭᠵᠢᠬᠦᠯᠦᠭᠳᠡᠬᠦ ᠶᠢ ᠪᠠᠳᠣᠯᠠᠨ᠎ᠠ      ︽ᠬᠤᠳᠠ᠂ ᠠᠮᠢᠳᠣᠷᠠᠯ ᠢ ᠨᠡᠩ ᠭᠤᠶᠣᠵᠢᠭᠤᠯᠣᠨ᠎ᠠ︾ — ᠰᠡᠳᠬᠢᠯ ᠳᠤ ᠰᠠᠭᠤᠬᠳᠠᠬᠰᠠᠨ ᠡᠨᠡ ᠦᠬᠡ ᠨᠢ ᠬᠦᠮᠦᠰ ᠤᠨ ᠬᠦᠰᠡᠯ ᠡᠷᠡᠮᠡᠯᠵᠡᠯ ᠢ ᠢᠯᠡᠳᠬᠡᠵᠦ᠂ ᠬᠤᠳᠠ ᠶᠢᠨ ᠬᠠᠮᠢᠶᠠᠷᠣᠯᠳᠠ ᠪᠣᠯᠣᠨ ᠪᠦᠳᠦᠬᠡᠨ ᠪᠠᠶᠢᠭᠤᠯᠣᠯᠳᠠ ᠶᠢᠨ ᠲᠦᠪᠰᠢᠨ ᠳᠤ ᠨᠡᠩ ᠦᠨᠳᠦᠷ ᠱᠠᠭᠠᠷᠳᠠᠯᠭ᠎ᠠ ᠲᠠᠯᠪᠢᠬᠰᠠᠨ ᠶᠣᠮ᠃      2015 ᠣᠨ ᠤ 11 ᠳ᠋ᠤᠭᠡᠷ ᠰᠠᠷ᠎ᠠ ᠶᠢᠨ 9᠎ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠤᠨ ᠡᠷᠬᠢᠯᠡᠨ ᠬᠤᠷᠠᠯᠳᠣᠭᠤᠯᠣᠭᠰᠠᠨ ᠲᠦᠪ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠣᠳᠣᠷᠢᠳᠬᠤ ᠲᠣᠭᠤᠢᠢᠯᠠᠩ ᠤᠨ ᠠᠷᠪᠡᠨ ᠨᠡᠢᠮᠡᠳᠦᠭᠠᠷ ᠣᠳᠠᠭ᠎ᠠ ᠶᠢᠨ ᠬᠤᠷᠠᠯ ᠲᠡᠭᠡᠷ᠎ᠡ ︽ᠬᠤᠳᠠ ᠶᠢᠨ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ ᠬᠤᠳᠠ ᠶᠢᠨ ᠬᠠᠮᠢᠶᠠᠷᠣᠯᠳᠠ ᠶᠢᠨ ᠠᠵᠢᠯ ᠢ ᠰᠠᠶᠢᠵᠢᠷᠠᠭᠤᠯᠬᠤ ᠲᠣᠬᠠᠢ ᠵᠢᠯᠣᠭᠤᠳᠬᠤ ᠰᠠᠨᠠᠯ︾᠎ ᠢ ᠬᠢᠨᠠᠨ ᠵᠦᠪᠯᠡᠵᠦ ᠪᠠᠳᠣᠯᠠᠪᠠ᠃      2015 ᠣᠨ ᠤ 12 ᠳ᠋ᠤᠭᠠᠷ ᠰᠠᠷ᠎ᠠ ᠶᠢᠨ 20᠎ ᠤ ᠡᠳᠦᠷ᠂ ᠲᠦᠪ ᠤᠨ ᠬᠤᠳᠠ ᠶᠢᠨ ᠠᠵᠢᠯ ᠤᠨ ᠬᠤᠷᠠᠯ ᠢ 37 ᠵᠢᠯ ᠤᠨ ᠲᠠᠷᠠᠭ᠎ᠠ ᠲᠠᠬᠢᠨᠳᠠ ᠬᠤᠷᠠᠯᠳᠣᠭᠤᠯᠵᠦ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠡ ᠲᠠᠯᠪᠢᠨ ᠬᠤᠳᠠ ᠶᠢᠨ ᠬᠦᠭᠵᠢᠯᠳᠡ ᠳᠤ ᠲᠣᠯᠭᠠᠷᠠᠵᠦ ᠪᠠᠶᠢᠭ᠎ᠠ ᠪᠠᠶᠢᠳᠠᠯ ᠬᠠᠨᠳᠣᠰᠢ ᠶᠢ ᠵᠠᠳᠠᠯᠵᠦ᠂ ᠬᠤᠳᠠ ᠶᠢᠨ ᠠᠵᠢᠯ ᠢ ᠰᠠᠶᠢᠳᠣᠷ ᠬᠢᠬᠦ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠢ ᠰᠡᠳᠬᠢᠮᠵᠢ᠂ ᠭᠤᠣᠯᠳᠠᠯᠭ᠎ᠠ ᠲᠠᠢ ᠡᠬᠦᠷᠭᠡ ᠶᠢ ᠲᠣᠳᠣᠷᠬᠠᠢᠢᠯᠠᠪᠠ᠃      2015 ᠣᠨ ᠤ 12 ᠳ᠋ᠤᠭᠠᠷ ᠰᠠᠷ᠎ᠠ ᠶᠢᠨ 31᠎ ᠤ ᠡᠳᠦᠷ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ ᠬᠤᠳᠠ ᠶᠢᠨ ᠠᠵᠢᠯ ᠤᠨ ᠬᠤᠷᠠᠯ ᠢ ᠬᠤᠷᠠᠯᠳᠣᠭᠤᠯᠵᠦ᠂ ᠲᠦᠪ ᠤᠨ ᠬᠤᠳᠠ ᠶᠢᠨ ᠠᠵᠢᠯ ᠤᠨ ᠬᠤᠷᠠᠯ ᠤᠨ ᠵᠣᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠣᠱᠯᠠᠭᠤᠯᠣᠨ ᠰᠣᠷᠣᠯᠴᠠᠵᠦ᠂ ᠮᠠᠨ ᠤ ᠣᠷᠣᠨ ᠤ ᠬᠤᠳᠠ ᠶᠢᠨ ᠬᠦᠭᠵᠢᠯᠳᠡ ᠶᠢᠨ ᠠᠮᠵᠢᠯᠳᠠ ᠲᠣᠷᠰᠢᠯᠭ᠎ᠠ ᠶᠢ ᠡᠷᠬᠢᠴᠡᠬᠦᠯᠦᠨ ᠳ᠋ᠦᠡᠭᠨᠡᠵᠤ᠂ ᠬᠤᠳᠠ ᠶᠢᠨ ᠬᠦᠭᠵᠢᠯᠳᠡ ᠳᠤ ᠲᠣᠯᠭᠠᠷᠠᠵᠦ ᠪᠠᠶᠢᠭ᠎ᠠ ᠪᠠᠶᠢᠳᠠᠯ ᠢ ᠵᠠᠳᠠᠯᠵᠦ᠂ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠬᠤᠳᠠ ᠶᠢᠨ ᠠᠵᠢᠯ ᠢ ᠪᠠᠶᠢᠷᠢᠯᠠᠭᠤᠯᠣᠨ ᠲᠣᠬᠢᠷᠠᠭᠤᠯᠪᠠ᠃      ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠤᠳᠠ ᠶᠢᠨ ᠠᠵᠢᠯ ᠢ ᠰᠠᠶᠢᠳᠣᠷ ᠬᠢᠬᠦ ᠴᠢᠬᠤᠯᠠ ᠠᠴᠢ ᠬᠤᠯᠪᠣᠭᠳᠠᠯ ᠢ ᠬᠦᠨᠵᠡᠬᠡᠢ ᠲᠣᠭᠠᠴᠢᠵᠦ᠂ ᠬᠤᠳᠠ ᠶᠢᠨ ᠠᠵᠢᠯ ᠳᠤ ᠲᠣᠯᠭᠠᠷᠠᠵᠦ ᠪᠠᠶᠢᠬᠤ ᠬᠠᠨᠳᠣᠰᠢ ᠪᠠᠶᠢᠳᠠᠯ ᠪᠣᠯᠣᠨ ᠣᠷᠣᠰᠢᠵᠦ ᠪᠠᠶᠢᠬᠤ ᠠᠰᠠᠭᠤᠳᠠᠯ ᠢ ᠬᠦᠨᠵᠡᠬᠡᠢ ᠵᠠᠳᠠᠯᠵᠦ᠂ ᠬᠤᠳᠠ ᠶᠢᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠣᠰᠣᠨ ᠰᠡᠳᠬᠢᠴᠡ ᠪᠣᠯᠣᠨ ᠭᠤᠣᠯᠳᠠᠯᠭ᠎ᠠ ᠲᠠᠢ ᠡᠬᠦᠷᠭᠡ ᠪᠣᠯ ᠲᠠᠷᠣᠢ ᠰᠢᠨ᠎ᠠ ᠪᠠᠶᠢᠳᠠᠯ ᠲᠣᠣᠷᠡᠬᠢ ᠬᠤᠳᠠ ᠶᠢᠨ ᠠᠵᠢᠯ ᠢ ᠰᠠᠶᠢᠳᠣᠷ ᠬᠢᠬᠦ ᠬᠦᠳᠦᠯᠪᠦᠷᠢ ᠶᠢᠨ ᠴᠢᠨᠠᠷᠳᠠᠢ ᠪᠢᠴᠢᠭ ᠮᠠᠲ᠋ᠧᠷᠢᠶᠠᠯ ᠪᠣᠯᠬᠤ ᠶᠣᠮ ᠬᠡᠵᠦ ᠲᠣᠳᠣᠷᠬᠠᠢ ᠲᠣᠷᠠᠳᠣᠨ ᠭᠠᠷᠭᠠᠵᠠᠢ︾᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ᠂ ᠪᠦᠬᠦ ᠣᠷᠣᠨ ᠤ ᠡᠯ᠎ᠠ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠦᠷᠭᠡᠨ ᠣᠯᠠᠨ ᠺᠠᠳ᠋ᠷ ᠤᠯᠠᠨ ᠲᠦᠮᠡᠨ ᠵᠠᠪᠠᠯ ᠲᠦᠪ ᠤᠨ ᠬᠤᠳᠠ ᠶᠢᠨ ᠠᠵᠢᠯ ᠤᠨ ᠬᠤᠷᠠᠯ ᠤᠨ ᠵᠣᠷᠢᠬ ᠰᠠᠨᠠᠭ᠎ᠠ ᠶᠢ ᠬᠢᠨᠠᠮᠠᠭᠠᠢ ᠰᠣᠷᠣᠯᠴᠠᠵᠦ ᠬᠦᠨᠵᠡᠬᠡᠢ ᠣᠢᠢᠯᠠᠭᠠᠵᠦ᠂ ᠦᠵᠡᠯ ᠰᠠᠨᠠᠭ᠎ᠠ ᠪᠣᠯᠣᠨ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠤᠳᠠ ᠶᠢᠨ ᠠᠵᠢᠯ ᠤᠨ ᠲᠣᠬᠠᠢ ᠴᠢᠬᠤᠯᠠ ᠲᠣᠭᠠᠴᠢᠯᠳᠠ ᠲᠡᠭᠡᠷ᠎ᠠ ᠦᠨᠡᠨᠬᠦ ᠨᠢᠬᠡᠳᠦᠬᠦᠯᠵᠦ᠂ ᠲᠡᠬᠦᠨ ᠤ ᠲᠣᠳᠣᠷᠠᠬᠢ ᠰᠢᠨ᠎ᠠ ᠰᠡᠳᠬᠢᠮᠵᠢ ᠰᠢᠨ᠎ᠠ ᠣᠢᠢᠯᠠᠭᠠᠬᠳᠠᠬᠤᠨ ᠰᠢᠨ᠎ᠠ ᠪᠠᠶᠢᠯᠳᠣᠬᠤ ᠪᠣᠳᠣᠯᠭ᠎ᠠ ᠶᠢ ᠵᠦᠪ ᠣᠨᠣᠪᠴᠢᠳᠠᠢ ᠣᠢᠢᠯᠠᠭᠠᠨ ᠡᠵᠡᠮᠳᠡᠵᠦ᠂ ᠨᠠᠮ ᠤᠨ ᠲᠦᠪ ᠬᠤᠷᠢᠶᠠᠨ ᠤ ᠰᠢᠢᠳᠪᠦᠷᠢ ᠪᠠᠶᠢᠷᠢᠯᠠᠭᠤᠯᠣᠯᠳᠠ ᠪᠣᠯᠣᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠦ᠂ ᠮᠠᠨ ᠤ ᠣᠷᠣᠨ ᠤ ᠬᠤᠳᠠ ᠶᠢᠨ ᠠᠵᠢᠯ ᠡᠬᠦᠷᠢᠳᠡ ᠵᠦᠪ ᠴᠢᠭᠯᠡᠯ ᠢᠶᠠᠷ ᠣᠷᠣᠭᠰᠢᠯᠠᠬᠤ ᠶᠢ ᠪᠠᠳᠣᠯᠠᠨ᠎ᠠ ᠬᠡᠵᠦ ᠵᠢᠭᠠᠵᠦ ᠭᠠᠷᠭᠠᠪᠠ᠃      ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ︽ᠬᠤᠳᠠ ᠶᠢᠨ ᠬᠦᠭᠵᠢᠯᠳᠡ ᠶᠢᠨ ᠭᠡᠮ ᠠᠷᠬᠠᠬ︾᠎ ᠢ ᠰᠠᠶᠢᠳᠤᠷ ᠵᠠᠰᠠᠨ᠎ᠠ      ᠠᠰᠠᠭᠤᠳᠠᠯ ᠳᠤ ᠰᠢᠭᠤᠤᠨ ᠬᠠᠨᠳᠤᠪᠠᠯ ᠰᠠᠶ᠋ᠢ ᠡᠪᠠᠳᠴᠢᠨ ᠢ ᠨᠢ ᠤᠨᠤᠰᠢᠯᠠᠵᠤ ᠵᠠᠰᠠᠯᠭ᠎ᠠ ᠬᠢᠵᠥ ᠴᠢᠳᠠᠨ᠎ᠠ᠃ ︽ᠬᠤᠳᠠ ᠶᠢᠨ ᠬᠦᠭᠵᠢᠯᠳᠡ ᠶᠢᠨ ᠭᠡᠮ ᠠᠷᠬᠠᠬ︾᠎ ᠢ ᠦᠨᠳᠦᠰᠦ ᠠᠴᠠ ᠨᠢ ᠵᠠᠰᠠᠬᠤ ᠶᠢᠨ ᠵᠠᠩᠭᠢᠯᠠᠭ᠎ᠠ ᠨᠢ ᠡᠪᠡᠳᠴᠢᠨ ᠤ ᠤᠭ ᠦᠨᠳᠦᠰᠦ ᠶᠢ ᠨᠢ ᠤᠯᠬᠤ ᠶᠢᠨ ᠴᠢᠳᠠᠪᠤᠷᠢ ᠪᠠᠶᠢᠬᠤ ᠪᠦᠭᠡᠳ ᠬᠠᠳᠠᠭᠤ ᠠᠴᠠ  ᠠᠶᠤᠬᠤ ᠦᠭᠡᠢ ᠵᠤᠷᠢᠭ ᠪᠠᠶᠢᠬᠤ ᠬᠡᠷᠡᠭᠲᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠤᠳᠤᠷᠢᠳᠬᠤ ᠲᠤᠭᠤᠢᠢᠯᠠᠩ ᠤᠨ ᠵᠠᠷᠴᠢᠮ ᠶᠣᠰᠣᠭᠠᠷ ᠪᠠᠳᠤᠯᠠᠬᠰᠠᠨ ︽ᠬᠤᠳᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠭᠡᠢ ᠲᠦᠯᠬᠢᠨ ᠠᠬᠢᠭᠤᠯᠵᠤ᠂ ᠬᠤᠳᠠ ᠶᠢᠨ ᠬᠠᠮᠢᠶᠠᠷᠤᠯᠳᠠ ᠶᠢᠨ ᠠᠵᠢᠯ ᠢ ᠰᠠᠶᠢᠵᠢᠷᠠᠭᠤᠯᠬᠤ ᠲᠤᠷᠰᠢᠯᠳᠠ ᠶᠢᠨ ᠴᠢᠬ ᠤᠨ ᠲᠦᠰᠦᠯ︾᠎ ᠢ ᠦᠨᠳᠦᠰᠦᠯᠡᠪᠡᠯ᠂ ᠲᠤᠷᠰᠢᠯᠳᠠ ᠶᠢᠨ ᠴᠢᠬ ᠤᠨ ᠭᠠᠵᠠᠷ ᠤᠷᠤᠨ ᠳᠤ ᠬᠤᠳᠠ ᠶᠢᠨ ᠬᠢᠨᠠᠨ ᠬᠠᠮᠢᠶᠠᠷᠤᠯᠳᠠ ᠶᠢᠨ ᠭᠤᠤᠯ ᠲᠤᠰᠢᠶᠠᠯ ᠬᠠᠷᠢᠭᠤᠴᠠᠯᠭ᠎ᠠ ᠨᠢ ᠬᠤᠳᠠ ᠶᠢᠨ ᠶᠠᠪᠤᠳᠠᠯ ᠤᠨ ᠬᠠᠮᠢᠶᠠᠷᠤᠯᠳᠠ᠂ ᠤᠷᠴᠢᠨ ᠲᠤᠭᠤᠷᠢᠨ ᠤ ᠬᠠᠮᠢᠶᠠᠷᠤᠯᠳᠠ᠂ ᠵᠠᠮ ᠬᠠᠷᠢᠯᠴᠠᠭᠠᠨ ᠤ ᠬᠠᠮᠢᠶᠠᠷᠤᠯᠳᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠵᠢᠴᠢ ᠬᠤᠳᠠ ᠶᠢᠨ ᠲᠦᠯᠦᠪᠵᠢᠭᠦᠯᠭᠡ ᠶᠢᠨ ᠬᠡᠷᠡᠭᠵᠢᠭᠦᠯᠤᠯᠳᠠ ᠶᠢᠨ ᠬᠠᠮᠢᠶᠠᠷᠤᠯᠳᠠ ᠵᠡᠷᠭᠡ ᠶᠢ ᠤᠯᠠᠮ ᠨᠢᠭᠡ ᠠᠯᠬᠤᠮ ᠲᠤᠳᠤᠷᠬᠠᠢᠢᠯᠠᠬᠤ ᠪᠤᠯᠤᠨ᠎ᠡ᠃ ᠱᠠᠭᠠᠷᠳᠠᠯᠭ᠎ᠠ ᠶᠢ ᠦᠨᠳᠦᠰᠦᠯᠡᠪᠡᠯ᠂ ᠲᠤᠷᠰᠢᠯᠳᠠ ᠶᠢᠨ ᠴᠢᠬ ᠤᠨ ᠭᠠᠵᠠᠷ ᠤᠷᠤᠨ ᠵᠤᠬᠢᠴᠠᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠤ᠂ 2016᠎ ᠤᠨ ᠤ ᠡᠴᠤᠰ ᠠᠴᠠ ᠡᠮᠦᠨ᠎ᠠ ᠬᠤᠳᠠ ᠶᠢᠨ ᠬᠢᠨᠠᠨ ᠬᠠᠮᠢᠶᠠᠷᠬᠤ  ᠪᠠᠷᠢᠮᠵᠢᠶ᠎ᠠ ᠶᠢᠨ ᠰᠢᠰᠲ᠋ᠧᠮ ᠢ ᠨᠠᠶᠢᠷᠠᠭᠤᠯᠤᠨ ᠵᠤᠬᠢᠶᠠᠵᠤ ᠭᠠᠷᠭᠠᠨ᠎ᠠ᠃      ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠭᠠᠷᠭᠠᠵᠥ᠂ ᠦᠢᠯᠡᠳᠦᠯ ᠴᠢᠳᠠᠪᠬᠢ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠡᠷᠬᠢᠯᠳᠠ ᠶᠢᠨ ᠴᠤᠪᠤᠷᠠᠯ᠂ ᠬᠢᠨᠠᠯᠳᠠ ᠲᠠᠯᠪᠢᠬᠤ ᠠᠷᠭ᠎ᠠ ᠵᠠᠮ᠂ ᠬᠠᠷᠢᠭᠤᠴᠠᠯᠭ᠎ᠠ ᠨᠡᠬᠡᠮᠵᠢᠯᠡᠬᠦ ᠲᠤᠭᠳᠠᠴᠠ ᠶᠢ ᠢᠯᠡ ᠪᠤᠯᠭᠠᠨ᠎ᠡ︔ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠤᠷᠤᠬᠰᠢ ᠰᠢᠯᠵᠢᠭᠦᠯᠵᠤ᠂ ᠬᠤᠳᠠ ᠶᠢᠨ ᠱᠠᠳᠤᠨ ᠤ ᠬᠤᠳᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠤᠳᠠ ᠶᠢᠨ ᠬᠠᠷᠢᠶᠠᠲᠦ ᠲᠤᠭᠤᠷᠢᠭ ᠪᠠ ᠵᠡᠭᠡᠯᠢ ᠭᠤᠳᠤᠮᠵᠢ ᠳᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤᠮᠢᠯᠠᠵᠥ ᠪᠤᠯᠤᠨ᠎ᠡ︔ ᠬᠠᠤᠯᠢ ᠬᠡᠷᠡᠭᠵᠢᠭᠦᠯᠬᠦ ᠬᠦᠴᠦᠨ ᠢᠶᠠᠨ ᠰᠢᠯᠢᠳᠡᠭᠵᠢᠬᠦᠯᠵᠥ᠂ ᠬᠠᠤᠯᠢ ᠬᠡᠷᠡᠭᠵᠢᠭᠦᠯᠬᠦ ᠬᠦᠴᠦᠨ ᠦᠨᠳᠦᠰᠦᠨ ᠱᠠᠳᠤ ᠤᠷᠤᠭᠤ ᠬᠡᠯᠪᠠᠶᠢᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠡᠷᠡᠭᠴᠡᠭᠡ ᠶᠢ ᠪᠠᠳᠤᠯᠠᠨ᠎ᠡ᠃ ᠡᠩᠨᠡᠭᠡ ᠶᠢᠨ ᠬᠠᠮᠢᠶᠠᠷᠤᠯᠳᠠ ᠪᠠᠨ ᠴᠢᠩᠭᠠᠳᠬᠵᠤ᠂ ᠬᠠᠤᠯᠢ ᠬᠡᠷᠡᠭᠵᠢᠭᠦᠯᠦᠭᠴᠢᠳ ᠤᠨ ᠦᠨᠡᠮᠯᠡᠯ ᠲᠠᠢ ᠪᠠᠷ ᠠᠵᠢᠯ ᠳᠠᠭᠠᠨ ᠭᠠᠷᠬᠤ ᠪᠠ ᠬᠢᠷᠢ ᠬᠡᠮ ᠤᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠭᠦᠯᠤᠨ᠎ᠡ᠃ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠬᠠᠤᠯᠢ ᠬᠡᠷᠡᠭᠵᠢᠭᠦᠯᠵᠤ ᠬᠡᠷᠡᠭ ᠰᠢᠳᠬᠡᠬᠦ ᠵᠦᠪᠯᠡᠨ ᠲᠤᠭᠳᠠᠭᠠᠬᠤ ᠲᠦᠷᠢᠮ ᠪᠠ ᠬᠠᠤᠯᠢ ᠬᠡᠷᠡᠭᠵᠢᠭᠦᠯᠬᠦ ᠶᠢ ᠢᠯᠡ ᠪᠤᠯᠭᠠᠬᠤ ᠲᠦᠷᠢᠮ ᠢ ᠶᠠᠪᠤᠭᠤᠯᠵᠤ᠂ ᠬᠦᠨᠳᠦ ᠴᠢᠬᠤᠯᠠ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠬᠡᠷᠡᠭᠵᠢᠭᠦᠯᠦᠨ᠎ᠠ ᠁      ᠦᠭᠡᠷᠡᠴᠢᠯᠡᠯᠲᠡ ᠶᠢᠨ ᠠᠷᠭ᠎ᠠ ᠠᠪᠴᠠᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠬᠤᠲᠠ ᠶᠢ ᠨᠡᠩ  ᠲᠠᠭᠠᠲᠠᠢ ᠦᠵᠡᠰᠭᠦᠯᠡᠩᠲᠦ ᠰᠠᠶᠢᠬᠠᠨ ᠪᠤᠯᠭᠠᠨ᠎ᠡ      ᠦᠪᠡᠷᠲᠡᠭᠡᠨ ᠵᠠᠰᠠᠬᠤ ᠤᠷᠤᠨ ᠤ ᠬᠤᠲᠠ ᠶᠢᠨ ᠬᠠᠤᠯᠢ ᠬᠡᠷᠡᠭᠵᠢᠬᠦᠯᠬᠦ ᠪᠠᠶᠢᠭᠤᠯᠦᠮᠵᠢ ᠶᠢᠨ ᠦᠭᠡᠷᠡᠴᠢᠯᠡᠯᠲᠡ ᠪᠠ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠶᠡᠷᠦᠩᠬᠡᠢ ᠴᠤᠭᠴᠠ ᠶᠢᠨ ᠰᠦᠪᠡᠭᠴᠢᠯᠡᠯ ᠨᠢ ᠰᠢᠯᠢᠳᠡᠭ ᠦᠢᠯᠡᠴᠢᠯᠡᠭᠡᠨ ᠤ ᠵᠢᠯᠤᠭᠤᠳᠤᠮᠵᠢ ᠶᠢ ᠢᠯᠡᠷᠡᠭᠦᠯᠬᠦ ᠶᠢᠨ ᠬᠠᠮᠲᠦ ᠬᠦᠮᠦᠨ ᠢᠶᠠᠷ ᠦᠨᠳᠦᠰᠦ ᠪᠤᠯᠭᠠᠬᠤ ᠠᠭᠤᠯᠬᠤᠨ ᠤ ᠭᠤᠶᠢᠪᠢᠰᠢ ᠦᠭᠡᠢ ᠪᠠᠷᠢᠮᠳᠠᠯᠠᠯ ᠢ ᠢᠯᠡᠷᠡᠭᠦᠯᠵᠦ ᠪᠠᠶᠢᠳᠠᠭ᠃      ᠠᠩᠬ᠎ᠠ ᠠᠯᠬᠤᠮ ᠤᠨ ᠲᠤᠭᠳᠠᠭᠠᠭᠰᠠᠨ ᠵᠠᠮ ᠱᠤᠭᠤᠮ ᠤᠨ ᠵᠢᠷᠤᠭ ᠪᠠ ᠡᠭᠦᠷᠭᠡ ᠶᠢᠨ ᠪᠢᠴᠢᠭ ᠶᠤᠰᠦᠭᠠᠷ 2016᠎ ᠤᠨ ᠤ ᠵᠢᠯ ᠤᠨ ᠡᠴᠦᠰ ᠪᠤᠯᠲᠠᠯ᠎ᠡ ᠲᠤᠷᠰᠢᠯᠲᠠ ᠶᠢᠨ ᠴᠢᠬ ᠤᠨ ᠭᠠᠵᠠᠷ ᠤᠷᠤᠨ ᠨᠢ ᠬᠤᠲᠠ ᠶᠢᠨ ᠤᠯᠠᠨ ᠨᠡᠶᠢᠲᠡ ᠶᠢᠨ ᠮᠡᠳᠡᠭᠡ ᠵᠠᠩᠬᠢ ᠶᠢᠨ ᠲᠠᠪᠴᠠᠩ᠂ ᠪᠤᠳᠠᠰ ᠤᠨ ᠬᠤᠯᠪᠤᠭᠠᠨ ᠤ ᠰᠦᠯᠵᠢᠶ᠎ᠡ᠂ ᠡᠭᠦᠯᠡᠨ ᠪᠤᠳᠤᠯᠲᠠ᠂ ᠶᠡᠭᠡ ᠲᠤᠭ᠎ᠠ ᠪᠠᠷᠢᠮᠲᠠ ᠵᠡᠷᠭᠡ ᠤᠳᠤᠬᠢᠴᠢᠯᠠᠬᠰᠠᠨ ᠮᠡᠳᠡᠭᠡ ᠵᠠᠩᠬᠢ ᠶᠢᠨ ᠮᠡᠷᠭᠡᠵᠢᠯ ᠳᠤ ᠲᠦᠰᠢᠭᠯᠡᠵᠦ ᠲᠤᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠨᠢᠭᠡᠳᠭᠡᠨ ᠪᠦᠷᠢᠯᠳᠦᠭᠦᠯᠵᠦ᠂ ᠬᠦᠮᠦᠨ ᠠᠮᠠ᠂ ᠵᠠᠮ ᠬᠠᠷᠢᠯᠴᠠᠭ᠎ᠠ᠂ ᠡᠨᠧᠷᠬᠢ᠂ ᠪᠦᠲᠦᠭᠡᠨ ᠪᠠᠶᠢᠭᠤᠯᠤᠯᠲᠠ ᠵᠡᠷᠭᠡ ᠤᠯᠠᠨ ᠨᠡᠶᠢᠲᠡ ᠶᠢᠨ ᠲᠦᠭᠦᠭᠡᠷᠦᠮᠵᠢ ᠶᠢᠨ ᠮᠡᠳᠡᠭᠡ ᠵᠠᠩᠬᠢ ᠪᠠ ᠤᠯᠠᠨ ᠨᠡᠶᠢᠲᠡ ᠶᠢᠨ ᠰᠠᠭᠤᠷᠢ ᠦᠢᠯᠡᠴᠢᠯᠡᠭᠡᠨ ᠢ ᠨᠢᠭᠡᠳᠭᠡᠵᠦ᠂ ᠲᠤᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠴᠢᠳᠠᠪᠬᠢ ᠶᠢ ᠦᠷᠭᠡᠳᠭᠡᠬᠦ ᠪᠤᠯᠤᠨ᠎ᠡ᠃      ᠵᠠᠬ᠎ᠠ ᠲᠡᠯᠬᠡᠬᠦᠷ ᠤᠨ ᠲᠤᠭᠳᠠᠴᠠ ᠶᠢ ᠤᠳᠤᠷᠢᠳᠤᠨ ᠤᠷᠤᠭᠤᠯᠵᠦ᠂ ᠬᠤᠲᠠ ᠶᠢᠨ ᠶᠠᠪᠤᠳᠠᠯ ᠤᠨ ᠦᠨᠳᠦᠰᠦᠨ ᠲᠦᠭᠦᠭᠡᠷᠦᠮᠵᠢ᠂ ᠤᠯᠠᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠠᠷᠠᠳ ᠲᠤ ᠲᠦᠭᠦᠮ ᠦᠵᠡᠬᠦᠯᠬᠦ ᠲᠦᠭᠦᠭᠡᠷᠦᠮᠵᠢ ᠶᠢᠨ ᠵᠠᠬ᠎ᠠ ᠲᠡᠯᠭᠡᠭᠦᠷᠵᠢᠭᠰᠡᠨ ᠡᠵᠡᠩᠨᠡᠯᠲᠡ ᠶᠢ ᠲᠦᠯᠬᠢᠨ ᠠᠬᠢᠭᠤᠯᠤᠨ᠎ᠡ︔ ᠲᠤᠤᠷᠵᠢᠯ ᠤᠨ ᠬᠠᠮᠢᠶᠠᠷᠤᠯᠲᠠ ᠶᠢ ᠲᠦᠯᠬᠢᠨ ᠠᠬᠢᠭᠤᠯᠵᠦ᠂ ᠵᠠᠰᠠᠭ ᠤᠨ ᠤᠷᠲᠤᠨ ᠤ ᠨᠡᠶᠢᠭᠡᠮ ᠤᠨ ᠨᠢᠭᠡᠴᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠢ ᠪᠦᠲᠦᠮᠵᠢᠲᠠᠢ ᠪᠠᠷ ᠪᠡᠶᠡᠯᠡᠬᠦᠯᠦᠨ᠎ᠡ︔ ᠤᠯᠠᠨ ᠨᠡᠶᠢᠲᠡ ᠶᠢ ᠲᠠᠶᠢᠴᠢᠯᠠᠵᠦ ᠤᠷᠤᠯᠴᠠᠭᠤᠯᠬᠤ ᠪᠠᠷ ᠲᠠᠮᠵᠢᠭᠤᠯᠵᠦ ᠤᠯᠠᠨ ᠡᠰᠢᠵᠢᠯ ᠤᠨ ᠬᠠᠮᠲᠦ ᠪᠠᠷ ᠵᠠᠰᠠᠬᠤ᠂ ᠢᠳᠡᠪᠬᠢᠳᠡᠢ ᠬᠤᠷᠰᠢᠯ ᠤᠨ ᠬᠤᠲᠠ ᠶᠢ ᠵᠠᠰᠠᠬᠤ ᠵᠠᠭᠪᠤᠷ ᠢ ᠪᠦᠷᠢᠯᠳᠦᠭᠦᠯᠦᠨ᠎ᠡ︔ ᠬᠠᠤᠯᠢ ᠴᠠᠭᠠᠵᠠ ᠬᠠᠤᠯᠢ ᠲᠦᠷᠢᠮ ᠢ ᠲᠡᠭᠦᠯᠳᠡᠷᠵᠢᠬᠦᠯᠵᠦ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠ ᠬᠠᠤᠯᠢ ᠴᠠᠭᠠᠵᠠ ᠶᠢᠨ ᠪᠠᠲᠤᠯᠠᠪᠤᠷᠢ ᠶᠢᠨ ᠤᠷᠭᠠᠨᠢᠭ ᠨᠢᠭᠡᠳᠦᠯ ᠢ ᠪᠡᠶᠡᠯᠡᠬᠦᠯᠦᠨ᠎ᠡ︔ ᠠᠯᠪᠠᠨ ᠵᠠᠷᠤᠲᠠᠯ ᠤᠨ ᠤᠷᠤᠭᠤᠯᠤᠯᠲᠠ ᠶᠢ ᠪᠠᠲᠤᠯᠠᠵᠦ᠂ ᠬᠤᠲᠠ ᠶᠢᠨ ᠬᠠᠮᠢᠶᠠᠷᠤᠯᠲᠠ ᠶᠢᠨ ᠵᠠᠷᠦᠲᠠᠯ ᠪᠠ ᠲᠤᠷᠭᠠᠵᠦ ᠤᠯᠤᠭᠰᠠᠨ ᠤᠷᠤᠯᠭ᠎ᠠ ᠲᠠᠢ ᠬᠤᠯᠪᠤᠭ᠎ᠠ ᠲᠠᠢ ᠪᠠᠶᠢᠯᠭᠠᠵᠦ ᠪᠤᠯᠬᠤ ᠦᠭᠡᠢ︔ ᠬᠠᠤᠯᠢ ᠴᠠᠭᠠᠵᠠ ᠶᠢᠨ ᠵᠤᠯᠭᠠᠭᠤᠯᠤᠯᠳᠠ ᠶᠢ ᠴᠢᠩᠭᠠᠳᠬᠠᠵᠦ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ᠂ ᠪᠠᠶᠢᠴᠠᠭᠠᠬᠤ ᠪᠠᠶᠢᠭᠤᠯᠤᠯᠭ᠎ᠠ᠂ ᠰᠢᠭᠦᠨ ᠲᠠᠰᠦᠯᠬᠤ ᠪᠠᠶᠢᠭᠤᠯᠤᠯᠭ᠎ᠠ ᠶᠢᠨ ᠮᠡᠳᠡᠭᠡ ᠵᠠᠩᠬᠢ ᠶᠢ ᠬᠠᠮᠲᠦ ᠪᠠᠷ ᠡᠳ᠋ᠯᠡᠬᠦ᠂ ᠬᠡᠷᠡᠭ ᠤᠨ ᠪᠠᠶᠢᠳᠠᠯ ᠢ ᠵᠠᠷᠯᠠᠬᠤ᠂ ᠬᠡᠷᠡᠭ ᠢ ᠰᠢᠯᠵᠢᠬᠦᠯᠦᠨ ᠲᠤᠰᠢᠶᠠᠬᠤ ᠵᠡᠷᠭᠡ ᠲᠦᠷᠢᠮ ᠢ ᠪᠠᠶᠢᠭᠤᠯᠤᠨ᠎ᠠ᠃      ᠪᠠᠶᠢᠭᠤᠯᠤᠮᠵᠢ ᠶᠢ ᠬᠡᠷᠬᠢᠨ ᠲᠡᠭᠦᠯᠳᠡᠷᠵᠢᠬᠦᠯᠵᠦ᠂ ᠦᠭᠡᠷᠡᠴᠢᠯᠡᠯᠲᠡ ᠶᠢ ᠤᠬᠲᠤᠬᠤ ᠪᠤᠳᠠᠳᠦ ᠬᠦᠴᠦᠨ ᠪᠤᠯᠭᠠᠬᠤ ᠪᠤᠢ︖ ᠭᠠᠭᠴᠠᠬᠦ ᠦᠢᠯᠡ ᠠᠵᠢᠯᠯᠠᠭ᠎ᠠ ᠳᠤ ᠲᠦᠰᠢᠭᠯᠡᠨ᠎ᠡ︕ ᠪᠤᠳᠠᠳᠠᠢ ᠠᠵᠢᠯ ᠬᠢᠵᠦ ᠤᠷᠤᠭᠰᠢᠯᠠᠵᠦ ᠪᠠᠶᠢᠭ᠎ᠠ ᠦᠪᠦᠷ ᠮᠤᠩᠭᠤᠯ ᠨᠢ ᠬᠤᠲᠠ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ᠂ ᠬᠤᠲᠠ ᠶᠢᠨ ᠦᠷᠢᠰᠦᠯᠳᠦᠬᠦ ᠬᠦᠴᠦᠨ ᠢ ᠲᠠᠰᠦᠷᠠᠯᠲᠠ ᠦᠭᠡᠢ ᠲᠡᠭᠡᠭᠰᠢᠯᠡᠬᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠦᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠡᠭᠡ ᠤᠯᠤᠰ ᠤᠨ ᠤᠮᠠᠷᠠᠲᠦ ᠬᠢᠯᠢ ᠤᠨ ᠦᠵᠡᠮᠵᠢ ᠶᠢᠨ ᠤᠷᠤᠨ ᠢ  ᠨᠡᠩ ᠦᠵᠡᠰᠬᠦᠯᠡᠩᠲᠦ ᠰᠠᠶᠢᠬᠠᠨ ᠪᠤᠯᠭᠠ ᠪᠦᠲᠦᠭᠡᠨ ᠪᠠᠶᠢᠭᠤᠯᠤᠨ᠎ᠡ᠃
     ︵ᠵᠢᠷᠤᠭ ᠢ ᠳᠠᠷᠤᠪᠠᠯ ᠪᠦᠷᠢᠨ ᠵᠢᠷᠤᠭ ᠢᠯᠡᠷᠡᠨ᠎ᠡ︕︶
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map