ᠶᠠᠮᠠᠷ ᠬᠦᠮᠦᠰ ᠤᠯᠤᠰ ᠤᠨ ᠨᠢᠭᠡᠳᠦᠯᠲᠡᠢ ᠬᠠᠣᠯᠢ ᠴᠠᠭᠠᠵᠠ ᠶᠢᠨ ᠲᠣᠬᠠᠶᠢᠯᠠᠭᠰᠠᠨ ᠠᠵᠢᠯ ᠤᠨ ᠬᠢᠷᠢ ᠭᠡᠮ ᠣᠯᠬᠤ ᠵᠠᠪᠰᠢᠶᠠᠨ ᠲᠠᠢ ᠪᠣᠢ
ᠨᠡᠶᠢᠲᠡᠯᠡᠭᠰᠡᠨ ᠴᠠᠭ᠄
2016/2/29
     ᠨᠢᠭᠡᠳᠦᠯᠳᠠᠢ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠠᠴᠠ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠬᠦᠷᠳᠡᠯ᠎ᠡ᠂ ᠮᠠᠨ ᠤ ᠤᠷᠤᠨ ᠤ ᠬᠠᠤᠯᠢ ᠴᠠᠭᠠᠵᠠ ᠶᠢᠨ ᠰᠢᠯᠭᠠᠯᠳᠠ ᠶᠢᠨ ᠦᠭᠡᠷᠡᠴᠢᠯᠡᠯᠳᠡ ᠨᠢ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠦᠭᠡᠷᠡᠴᠢᠯᠡᠯᠳᠡ ᠳᠤ ᠬᠦᠭ ᠨᠡᠮᠡᠷᠢᠯᠡᠨ ᠢᠳᠡᠷᠡᠬᠦᠨ ᠠᠯᠬᠤᠭ᠎ᠠ ᠪᠠᠨ ᠠᠯᠬᠤᠯ᠎ᠠ᠃ ᠳᠠᠬᠢᠨᠳᠠ ᠵᠤᠬᠢᠴᠠᠭᠤᠯᠬᠤ ᠪᠠᠷ ᠪᠠᠶᠢᠨ᠎ᠠ ᠭᠡᠰᠡᠨ ᠮᠡᠳᠡᠭᠡ ᠨᠢ ᠨᠢᠭᠡᠳᠦᠯᠳᠠᠢ ᠬᠠᠤᠯᠢ ᠴᠠᠭᠠᠵᠠ ᠶᠢᠨ ᠰᠢᠯᠭᠠᠯᠳᠠ ᠳᠤ ᠳᠠᠰᠤᠭᠰᠠᠨ ᠪᠠ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠳᠤ ᠪᠠᠭ᠋ᠠᠳᠠᠢ ᠰᠢᠯᠭᠠᠭᠰᠠᠳ ᠲᠤ ᠠᠪᠴᠦ ᠬᠡᠯᠡᠪᠡᠯ ᠨᠢᠭᠡᠨ ᠬᠡᠮᠵᠢᠶᠡᠨ ᠤ ᠨᠦᠯᠦᠭᠡ ᠦᠵᠡᠬᠦᠯᠦᠭᠰᠡᠨ ᠪᠠᠶᠢᠳᠠᠭ᠃ ᠨᠢᠭᠡ ᠲᠠᠯ᠎ᠠ ᠪᠠᠷ᠂ ᠰᠢᠯᠭᠠᠬᠤ ᠪᠠᠷ ᠪᠡᠯᠡᠳᠭᠡᠵᠦ ᠪᠠᠶᠢᠭ᠎ᠠ ᠰᠢᠯᠭᠠᠭᠰᠠᠳ ᠰᠢᠯᠭᠠᠭᠤᠯᠬᠤ ᠳᠤᠬᠢᠶᠠᠯ ᠢᠶᠠᠨ ᠠᠯᠳᠠᠵᠠᠢ᠂ ᠨᠦᠬᠦᠭᠡ ᠲᠠᠯ᠎ᠠ ᠪᠠᠷ᠂ ᠰᠢᠨ᠎ᠡ ᠳᠦᠷᠢᠮ ᠨᠢ ᠶᠠᠷᠢᠶᠠᠨ ᠦᠭᠡᠢ ᠢᠷᠡᠭᠡᠳᠦᠢ ᠶᠢᠨ ᠬᠠᠤᠯᠢ ᠪᠠᠷ ᠤᠷᠤᠨ ᠢᠶᠠᠨ ᠵᠠᠰᠠᠬᠤ ᠳᠤ ᠰᠢᠯᠢᠳᠡᠭ ᠴᠢᠳᠠᠪᠤᠷᠢᠳᠠᠨ ᠤ ᠰᠠᠭᠤᠷᠢ ᠶᠢ ᠲᠠᠯᠪᠢᠨ ᠦᠭᠴᠡᠢ᠃      2 ᠳ᠋ᠤᠭᠠᠷ ᠰᠠᠷ᠎ᠠ ᠶᠢᠨ 16᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠢᠢᠯᠠᠩ ᠤᠨ ᠠᠷᠪᠠᠨ ᠬᠤᠶᠠᠳᠤᠭᠠᠷ ᠬᠤᠷᠠᠯ ᠳᠡᠭᠡᠷ᠎ᠡ ᠶᠠᠷᠢᠯᠴᠠᠭᠰᠠᠨ ︽ᠦᠪᠡᠷᠳᠡᠭᠡᠨ ᠵᠠᠰᠠᠬᠤ ᠤᠷᠤᠨ ᠤ ︿ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠳᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠢ ᠲᠡᠭᠦᠯᠳᠡᠷᠵᠢᠬᠦᠯᠬᠦ ᠲᠤᠬᠠᠢ ᠰᠠᠨᠠᠯ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠬᠦᠯᠬᠦ ᠰᠠᠨᠠᠯ︾᠎ ᠨᠢ ᠬᠠᠤᠯᠢ ᠴᠠᠭᠠᠵᠠ ᠶᠢᠨ ᠦᠭᠡᠷᠡᠴᠢᠯᠡᠯᠳᠡ ᠎ ᠶᠢ ᠭᠦᠨᠵᠡᠭᠡᠶᠢᠷᠡᠬᠦᠯᠬᠦ ᠶᠢ ᠲᠦᠷᠭᠡᠳᠬᠡᠨ ᠠᠬᠢᠭᠤᠯᠵᠠᠢ᠃ ︽ᠰᠠᠨᠠᠯ︾᠎ ᠳᠤ ᠠᠯᠢ ᠬᠡᠳᠦᠨ ᠲᠠᠯ᠎ᠠ ᠶᠢᠨ ᠠᠭᠤᠯᠭ᠎ᠠ ᠶᠢ ᠶᠠᠷᠢᠯᠴᠠᠭᠰᠠᠨ ᠪᠤᠢ︖ ᠮᠠᠨ ᠤ ᠤᠷᠤᠨ ᠤ ᠬᠠᠤᠯᠢ ᠪᠠᠷ ᠤᠷᠤᠨ ᠢᠶᠠᠨ ᠵᠠᠰᠠᠬᠤ ᠪᠠᠶᠢᠭᠤᠯᠤᠯᠳᠠ ᠳᠤ ᠶᠠᠮᠠᠷᠰᠢᠤ ᠨᠥᠯᠥᠭᠡ ᠦᠵᠡᠭᠦᠯᠳᠡᠭ ᠪᠤᠯ︖      ᠬᠠᠤᠯᠢᠵᠢᠯ ᠤᠨ ᠠᠵᠢᠯ ᠤᠨ ᠡᠩᠨᠡᠭᠡᠨ ᠤ ᠳᠦᠷᠢᠮᠵᠢᠭᠰᠡᠨ᠂ ᠲᠤᠰᠬᠠᠢ ᠮᠡᠷᠭᠡᠵᠢᠭᠰᠡᠨ᠂ ᠠᠵᠢᠯ ᠳᠦᠷᠦᠯᠵᠢᠭᠰᠡᠨ ᠪᠠᠶᠢᠬᠤ ᠶᠢ ᠠᠬᠢᠭᠤᠯᠤᠨ᠎ᠠ      ︽ᠰᠠᠨᠠᠯ︾᠎ ᠳᠤ ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠳᠤᠳᠤᠷᠬᠠᠢᠢᠯᠠᠵᠦ᠂ ᠤᠯᠤᠰ ᠎ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠭᠡᠮ ᠤᠨ ᠳᠦᠷᠢᠮ ᠳᠤ ᠴᠢᠭᠯᠡᠯ ᠢ ᠳᠤᠳᠤᠷᠬᠠᠢᠢᠯᠠᠵᠠᠢ᠃ ᠬᠤᠷᠠᠯ ᠳᠤ ᠤᠷᠤᠯᠴᠠᠭᠰᠠᠨ ᠬᠠᠤᠯᠢ ᠴᠠᠭᠠᠵᠠ ᠶᠢᠨ ᠬᠦᠷᠢᠶᠡᠨ ᠤ ᠠᠵᠢᠯᠳᠠᠨ ᠤ ᠬᠡᠯᠡᠬᠦ ᠪᠠᠷ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠤᠨ ᠬᠠᠷᠠᠯᠳᠠ ᠨᠢ ᠲᠦᠢᠯ ᠤᠨ ᠳᠤᠳᠤᠷᠬᠠᠢ᠂ ᠨᠡᠶᠢᠭᠡᠮ ᠵᠢᠷᠦᠮ ᠤᠨ ᠬᠠᠤᠯᠢᠵᠢᠯ ᠤᠨ ᠠᠵᠢᠯ ᠤᠨ ᠡᠩᠨᠡᠭᠡ ᠶᠢ ᠪᠤᠶᠢᠵᠢᠭᠤᠯᠵᠦ ᠬᠦᠭᠵᠢᠬᠦᠯᠬᠦ ᠪᠤᠯᠤᠨ᠎ᠠ᠂ ︽ᠨᠠᠮ ᠳᠠᠭᠠᠨ ᠦᠨᠡᠨᠴᠢ᠂ ᠤᠯᠤᠰ ᠲᠠᠭᠠᠨ ᠦᠨᠡᠨᠴᠢ᠂ ᠠᠷᠠᠳ ᠲᠦᠮᠡᠨ ᠳᠡᠭᠡᠨ ᠦᠨᠡᠨᠴᠢ᠂ ᠬᠠᠤᠯᠢ ᠴᠠᠭᠠᠵᠠ ᠎ ᠳᠠᠭᠠᠨ ᠦᠨᠡᠨᠴᠢ︾ ᠪᠤᠯ ᠳᠠᠷᠤᠢ ᠬᠠᠤᠯᠢᠵᠢᠯ ᠤᠨ ᠠᠵᠢᠯ ᠤᠨ ᠡᠩᠨᠡᠭᠡ ᠳᠤ ᠲᠠᠯᠪᠢᠭᠰᠠᠨ ᠦᠨᠳᠦᠰᠦᠨ ᠱᠠᠭᠠᠷᠳᠠᠯᠭ᠎ᠠ ᠪᠤᠯᠬᠤ ᠶᠤᠮ ᠭᠡᠪᠡ᠃      ︽ᠰᠠᠨᠠᠯ︾᠎ ᠳᠤ ᠴᠢᠬᠤᠯᠠᠴᠢᠯᠠᠭᠰᠠᠨ ᠨᠢ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠢ ᠳᠡᠭᠦᠯᠳᠡᠷᠵᠢᠬᠦᠯᠬᠦ ᠳᠤ᠂ ᠳᠤᠤᠷᠠᠬᠢ ᠬᠡᠳᠦᠨ ᠲᠠᠯ᠎ᠠ ᠶᠢᠨ ᠦᠨᠳᠦᠰᠦᠨ ᠵᠠᠷᠴᠢᠮ ᠢ ᠵᠢᠷᠦᠮᠯᠡᠨ᠎ᠡ᠄ ᠨᠢᠭᠡ᠂ ᠵᠦᠪ ᠴᠢᠭᠯᠡᠯ ᠢ ᠪᠠᠷᠢᠮᠳᠠᠯᠠᠨ᠎ᠠ︔ ᠬᠤᠶᠠᠷ᠂ ᠪᠦᠬᠦᠯᠢ ᠴᠤᠭᠴᠠ ᠶᠢᠨ ᠲᠦᠯᠦᠪᠵᠢᠬᠦᠯᠭᠡ ᠶᠢ ᠪᠠᠷᠢᠮᠳᠠᠯᠠᠨ᠎ᠠ︔ ᠭᠤᠷᠪᠠ᠂ ᠵᠢᠷᠤᠮᠯᠠᠬᠤ ᠵᠢᠮ᠎ᠡ ᠬᠠᠤᠯᠢ ᠶᠢ ᠪᠠᠷᠢᠮᠳᠠᠯᠠᠨ᠎ᠠ︔ ᠳᠦᠷᠪᠡ᠂ ᠢᠳᠡᠪᠬᠢᠳᠠᠢ ᠯᠠᠪᠳᠠᠭᠤᠨ ᠢ ᠪᠠᠷᠢᠮᠳᠠᠯᠠᠨ᠎ᠠ᠃      ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠤᠨ 4 ᠦᠨᠳᠦᠰᠦᠨ ᠵᠠᠷᠴᠢᠮ ᠨᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠴᠢᠳᠠᠪᠤᠷᠢᠳᠠᠨ ᠢ ᠰᠤᠩᠭᠤᠵᠦ ᠬᠦᠮᠦᠵᠢᠬᠦᠯᠬᠦ ᠱᠠᠭᠠᠷᠳᠠᠯᠭ᠎ᠠ ᠶᠢ ᠵᠢᠭᠠᠵᠦ ᠭᠠᠷᠭᠠᠭᠰᠠᠨ ᠪᠦᠭᠡᠳ ᠬᠠᠭᠤᠴᠢᠨ ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠠᠷᠭ᠎ᠠ ᠭᠡᠵᠦ ︽ᠬᠠᠭᠤᠴᠢᠨ ᠬᠦᠮᠦᠨ︾᠎ ᠤ ᠰᠡᠳᠬᠢᠯ ᠢ ᠠᠮᠤᠷᠵᠢᠭᠤᠯᠤᠭᠰᠠᠨ ᠲᠡᠳᠦᠢ ᠦᠭᠡᠢ ᠰᠢᠨ᠎ᠡ ᠬᠦᠮᠦᠨ ᠤ ᠢᠳᠡᠭᠡᠯ ᠵᠤᠷᠢᠭ ᠢ ᠴᠦ ᠬᠦᠪᠴᠢᠯᠡᠵᠠᠢ᠃ ︽ᠦᠨᠳᠦᠰᠦᠨ ᠵᠠᠷᠴᠢᠮ ᠤᠨ ᠲᠠᠯ᠎ᠠ ᠠᠴᠠ᠂ ᠡᠨᠡᠬᠦ ᠳᠦᠷᠢᠮ ᠨᠢ ᠬᠠᠤᠯᠢ ᠪᠠᠷ ᠤᠷᠤᠨ ᠢᠢᠡᠨ ᠬᠦᠴᠦᠷᠭᠡᠭᠵᠢᠬᠦᠯᠬᠦ ᠪᠠᠶᠢᠭᠤᠯᠤᠯᠳᠠ ᠳᠤ ᠳᠦᠷᠢᠮᠵᠢᠭᠰᠡᠨ᠂ ᠲᠤᠰᠬᠠᠢ ᠮᠡᠷᠭᠡᠵᠢᠭᠰᠡᠨ᠂ ᠠᠵᠢᠯ ᠳᠦᠷᠦᠯᠵᠢᠭᠰᠡᠨ ᠴᠢᠳᠠᠪᠤᠷᠢᠳᠠᠨ ᠰᠤᠩᠭᠤᠵᠦ ᠬᠦᠮᠦᠵᠢᠬᠦᠯᠬᠦ ᠵᠢᠷᠤᠭ ᠢ ᠵᠢᠷᠤᠭᠯᠠᠵᠠᠢ︾ ᠭᠡᠵᠦ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠨᠢᠭᠡᠨ ᠺᠠᠳ᠋ᠷ ᠶᠠᠷᠢᠨ᠎ᠠ᠃      ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠬᠡᠷᠬᠢᠨ ᠤᠯᠬᠤ ᠪᠤᠢ︖      ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠨᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠤ ᠬᠡᠪᠴᠢᠶ᠎ᠡ ᠶᠢ ᠲᠤᠭᠳᠠᠭᠠᠵᠠᠢ᠂ ᠬᠤᠶᠢᠰᠢᠳᠠ ᠶᠠᠮᠠᠷ ᠬᠡᠳᠦᠨ ᠲᠦᠷᠦᠯ ᠤᠨ ᠠᠵᠢᠯ ᠲᠦᠷᠦᠯ ᠢ ᠡᠷᠬᠢᠯᠡᠬᠦ ᠳᠤ ᠡᠷᠭᠡᠪᠰᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠭᠡᠮ ᠤᠨᠦᠨᠡᠮᠯᠡᠯ ᠢ ᠤᠯᠬᠤ ᠪᠠᠷ ᠤᠷᠢᠳᠠᠯ ᠪᠤᠯᠭᠠᠬᠤ ᠭᠡᠳᠡᠭ ᠢ ᠳᠤᠳᠤᠷᠬᠠᠢᠢᠯᠠᠵᠠᠢ᠃      ︽ᠰᠠᠨᠠᠯ︾᠎ ᠳᠤ ᠵᠢᠭᠠᠵᠦ ᠭᠠᠷᠭᠠᠭᠰᠠᠨ ᠨᠢ᠂ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠪᠤᠯ ᠬᠠᠮᠳᠦ ᠶᠢᠨ ᠤᠯᠤᠰ ᠲᠦᠷᠦ ᠶᠢᠨ ᠭᠡᠪ ᠪᠤᠯᠪᠠᠰᠤᠷᠠᠯ᠂ ᠲᠤᠬᠠᠢᠢᠯᠠᠭᠰᠠᠨ ᠠᠵᠢᠯ ᠤᠨ ᠴᠢᠳᠠᠪᠤᠷᠢ᠂ ᠲᠤᠬᠠᠢᠢᠯᠠᠭᠰᠠᠨ ᠠᠵᠢᠯ ᠤᠨ ᠶᠤᠰᠤ ᠰᠤᠷᠳᠠᠬᠤᠨ ᠪᠠ ᠠᠵᠢᠯ ᠦᠢᠯᠡᠰ ᠡᠷᠬᠢᠯᠡᠬᠦ ᠬᠢᠷᠢ ᠬᠡᠮ ᠤᠨ ᠱᠠᠭᠠᠷᠳᠠᠯᠭ᠎ᠠ ᠶᠢ ᠪᠦᠷᠢᠯᠳᠦᠬᠦᠯᠵᠦ᠂ ᠲᠤᠰᠬᠠᠢᠢᠯᠠᠨ ᠬᠠᠤᠯᠢ ᠲᠤᠭᠳᠠᠭᠠᠬᠤ᠂ ᠬᠠᠤᠯᠢ ᠶᠢ ᠬᠡᠷᠡᠭᠵᠢᠬᠦᠯᠬᠦ᠂ ᠬᠠᠤᠯᠢ ᠴᠠᠭᠠᠵᠠ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠰᠤᠷᠭᠠᠨ ᠬᠦᠮᠦᠵᠢᠯ ᠵᠡᠷᠭᠡ ᠠᠵᠢᠯ ᠢ ᠡᠷᠬᠢᠯᠡᠵᠦ ᠪᠦᠬᠦᠢ ᠠᠵᠢᠯ ᠲᠦᠷᠦᠯ ᠎ ᠤᠨ ᠪᠦᠯᠬᠦᠮ ᠨᠢᠭᠡᠴᠡ ᠶᠢ ᠵᠢᠭᠠᠵᠦ ᠪᠤᠢ᠃      ᠦᠩᠭᠡᠷᠡᠭᠰᠡᠨ ᠤ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠲᠠᠢ ᠠᠳᠠᠯᠢ ᠦᠭᠡᠢ ᠨᠢ᠂ ︽ᠰᠠᠨᠠᠯ︾᠎ ᠳᠤ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠤᠯᠬᠤ ᠳᠤ ᠡᠷᠭᠡᠪᠰᠢ ᠵᠡᠷᠭᠡᠪᠡᠷ ᠪᠦᠷᠢᠯᠳᠦᠬᠦᠯᠬᠦ ᠨᠦᠬᠦᠴᠡᠯ ᠢ ᠲᠤᠳᠤᠷᠬᠠᠢᠢᠯᠠᠵᠠᠢ᠄ ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠦ᠂ ᠤᠯᠤᠰ ᠲᠦᠷᠦ᠂ ᠲᠤᠬᠠᠢᠢᠯᠠᠭᠰᠠᠨ ᠠᠵᠢᠯ ᠤᠨ ᠰᠢᠯᠢᠳᠡᠭ ᠭᠡᠪ ᠪᠤᠯᠪᠠᠰᠤᠷᠠᠯ ᠪᠠ ᠶᠤᠰᠤ ᠰᠤᠷᠳᠠᠬᠤᠨ ᠮᠤᠷᠠᠯ ᠰᠤᠷᠳᠠᠯ ᠢ ᠪᠦᠷᠢᠯᠳᠦᠬᠦᠯᠦᠨ᠎ᠡ︔ ᠪᠦᠬᠦᠯᠢ ᠡᠳᠦᠷ ᠤᠨ ᠳᠦᠷᠢᠮᠳᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠤᠯᠠ ᠶᠢ ᠪᠦᠷᠢᠳᠦᠬᠦᠯᠦᠨ᠎ᠠ᠂ ᠡᠰᠡᠬᠦᠯ᠎ᠡ ᠪᠦᠬᠦᠯᠢ ᠡᠳᠦᠷ ᠤᠨ ᠳᠦᠷᠢᠮᠳᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠪᠤᠰᠦ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠳᠠᠷ ᠲᠠᠢ ᠪᠦᠭᠡᠳ ᠬᠠᠤᠯᠢ ᠴᠠᠭᠠᠵᠠ ᠎ ᠶᠢᠨ ᠮᠠᠰᠲ᠋ᠧᠷ᠂ ᠬᠠᠤᠯᠢ ᠴᠠᠭᠠᠵᠠ ᠶᠢᠨ ᠤᠬᠠᠭᠠᠨ ᠤ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠤᠯᠠ ᠤᠯᠤᠭᠰᠠᠨ ᠪᠤᠶᠤ ᠪᠤᠰᠤᠳ ᠬᠠᠷᠠᠭᠠᠯᠵᠠᠭᠰᠠᠨ ᠡᠷᠳᠡᠮ ᠤᠨ ᠴᠤᠯᠠ ᠤᠯᠤᠭᠰᠠᠨ ᠪᠦᠭᠡᠳ ᠬᠠᠤᠯᠢ ᠴᠠᠭᠠᠵᠠ ᠶᠢᠨ ᠠᠵᠢᠯ ᠢ ᠬᠢᠬᠡᠳ 3 ᠵᠢᠯ ᠠᠴᠠ ᠳᠡᠭᠡᠭᠰᠢ ᠪᠤᠯᠵᠦ ᠪᠠᠶᠢᠭ᠎ᠠ︔ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ ᠳᠤ ᠤᠷᠤᠯᠴᠠᠭᠰᠠᠨ ᠪᠦᠭᠡᠳ ᠥᠩᠭᠡᠷᠡᠭᠰᠡᠨ ᠵᠡᠷᠭᠡ ᠪᠠᠭᠳᠠᠨ᠎ᠠ᠃      ︽ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠵᠦᠪᠰᠢᠶᠠᠷᠡᠯ ᠳᠤ᠂ ᠬᠠᠮᠤᠭ ᠠᠩᠬᠠᠨ ᠎ ᠤ ᠬᠠᠤᠯᠢ ᠴᠠᠭᠠᠵᠠ ᠶᠢᠨ ᠰᠢᠯᠭᠠᠯᠳᠠ ᠳᠤ ᠦᠨᠳᠦᠰᠦᠨ ᠲᠡᠭᠡᠨ ᠰᠤᠷᠤᠯᠭ᠎ᠠ ᠶᠢᠨ ᠨᠠᠮᠳᠠᠷ ᠲᠤᠰᠬᠠᠢ ᠮᠡᠷᠭᠡᠵᠢᠯ ᠤᠨ ᠱᠠᠭᠠᠷᠳᠠᠯᠭ᠎ᠠ ᠦᠭᠡᠢ ᠪᠠᠶᠢᠭᠰᠠᠨ ᠠᠴᠠ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ ᠪᠠᠶᠢᠬᠤ ᠶᠢ ᠱᠠᠭᠠᠷᠳᠠᠵᠦ᠂ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠎ ᠶᠢᠨ ᠭᠤᠶᠤᠴᠢᠯᠠᠯ ᠢᠶᠠᠷ ᠵᠦᠪᠰᠢᠶᠡᠷᠡᠭᠦ ᠠᠴᠠ ᠰᠢᠯᠭᠠᠯᠳᠠ ᠪᠠᠷ ᠵᠦᠪᠰᠢᠶᠡᠷᠡᠭᠦ ᠬᠦᠷᠳᠡᠯ᠎ᠡ᠂ ᠰᠤᠷᠤᠯᠭ᠎ᠠ ᠶᠢᠨ ᠨᠠᠮᠳᠠᠷ ᠎ ᠤᠨ ᠱᠠᠭᠠᠷᠳᠠᠯᠭ᠎ᠠ ᠡᠳᠦᠷ ᠢᠷᠡᠬᠦᠶ᠎ᠡ ᠳᠡᠭᠡᠭᠰᠢᠯᠡᠵᠠᠢ᠃ ᠬᠠᠤᠯᠢ ᠴᠠᠭᠠᠵᠠ ᠶᠢᠨ ᠰᠢᠯᠭᠠᠯᠳᠠ ᠳᠤ ᠰᠤᠷᠤᠯᠭ᠎ᠠ ᠶᠢᠨ ᠨᠠᠮᠳᠠᠷ ᠤᠨ ᠱᠠᠭᠠᠷᠳᠠᠯᠭ᠎ᠠ ᠶᠢ ᠨᠢᠭᠡᠨᠳᠡ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠢᠶᠠᠷ ᠬᠠᠤᠯᠢᠵᠢᠭᠤᠯᠵᠦ ᠲᠤᠭᠳᠠᠭᠠᠵᠠᠢ᠃      ᠤᠳᠤᠬᠠᠨ ᠳᠤ᠂ ᠳᠡᠭᠡᠷ᠎ᠠ ᠶᠠᠷᠢᠭᠰᠠᠨ 3 ︿ᠡᠷᠭᠡᠪᠰᠢ ᠵᠡᠷᠭᠡᠪᠡᠷ ᠪᠦᠷᠢᠯᠳᠦᠬᠦᠯᠬᠦ ᠨᠦᠬᠦᠴᠡᠯ﹀᠎ ᠨᠢ ᠳᠠᠬᠢᠨᠳᠠ ᠵᠦᠪᠰᠢᠶᠡᠷᠡᠯ ᠤᠨ ᠨᠦᠬᠦᠴᠡᠯ ᠢ ᠳᠡᠭᠡᠭᠰᠢᠯᠡᠬᠦᠯᠵᠠᠢ᠃ ᠨᠢᠭᠡ ᠪᠦᠯᠦᠭ ᠰᠤᠷᠤᠯᠭ᠎ᠠ ᠶᠢᠨ ᠨᠠᠮᠳᠠᠷ ᠨᠡᠩ ᠦᠨᠳᠦᠷ᠂ ᠬᠠᠤᠯᠢ ᠴᠠᠭᠠᠵᠠ ᠶᠢᠨ ᠬᠡᠪ ᠪᠤᠯᠪᠠᠰᠤᠷᠠᠯ ᠨᠡᠩ ᠦᠨᠳᠦᠷ ᠲᠤᠰᠬᠠᠢ ᠮᠡᠷᠭᠡᠵᠢᠯ ᠤᠨ ᠴᠢᠨᠠᠷᠳᠠᠢ ᠴᠢᠳᠠᠪᠤᠷᠢᠳᠠᠨ ᠬᠠᠤᠯᠢ ᠴᠠᠭᠠᠵᠠ ᠶᠢᠨ ᠡᠷᠭᠡ ᠶᠢ ᠠᠳᠬᠤᠬᠤ ᠪᠤᠯᠤᠨ᠎ᠠ᠃ ᠡᠨᠡ ᠪᠤᠯ ᠬᠠᠤᠯᠢ ᠴᠠᠭᠠᠵᠠ ᠶᠢᠨ ᠦᠭᠡᠷᠡᠴᠢᠯᠡᠯᠳᠡ ᠶᠢᠨ ᠤᠷᠤᠭᠰᠢᠯᠠᠭᠰᠠᠨ ᠳᠤᠮᠤ ᠠᠯᠬᠤᠮ ᠪᠤᠯᠤᠨ᠎ᠠ︾ ᠭᠡᠵᠦ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠭᠡᠨ ᠲᠤᠰᠬᠠᠢ ᠮᠡᠷᠭᠡᠵᠢᠯᠳᠠᠨ ᠶᠠᠷᠢᠨ᠎ᠠ᠃      ᠰᠢᠯᠭᠠᠯᠳᠠ ᠠᠴᠠ ᠭᠠᠳᠠᠨ᠎ᠠ᠂ ᠶᠠᠮᠠᠷ ᠬᠦᠮᠦᠰ ᠪᠠᠰᠠ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠤᠯᠵᠦ ᠴᠢᠳᠠᠬᠤ ᠪᠤᠢ︖      ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠪᠤᠯᠬᠤ ᠭᠡᠪᠡᠯ᠂ ᠪᠠᠰᠠ ᠴᠢᠬᠤᠯᠠ ᠨᠢᠭᠡᠨ ᠵᠠᠩᠬᠢᠯᠠᠭ᠎ᠠ ᠪᠤᠢ — ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ᠃      ︽ᠰᠠᠨᠠᠯ︾᠎ ᠳᠤ ᠲᠤᠭᠳᠠᠭᠠᠭᠰᠠᠨ ᠨᠢ᠂ ᠤᠯᠤᠰ ᠠᠴᠠ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠢ ᠤᠯᠤᠰ ᠤᠨ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ ᠶᠢᠨ ᠳᠦᠷᠢᠮ ᠪᠤᠯᠭᠠᠨ ᠵᠤᠬᠢᠴᠠᠭᠤᠯᠵᠦ᠂ ᠪᠦᠬᠦ ᠤᠯᠤᠰ ᠢᠶᠠᠷ ᠢᠢᠡᠨ ᠨᠢᠭᠡᠳᠦᠯᠳᠠᠢ ᠵᠤᠬᠢᠶᠠᠨ ᠪᠠᠶᠢᠭᠤᠯᠬᠤ᠂ ᠨᠢᠭᠡᠳᠦᠯᠳᠠᠢ ᠰᠡᠳᠦᠪ ᠭᠠᠷᠭᠠᠬᠤ ᠂ ᠨᠢᠭᠡᠳᠦᠯᠳᠠᠢ ᠪᠠᠷᠢᠮᠵᠢᠶ᠎ᠠ ᠲᠤᠭᠳᠠᠭᠠᠬᠤ᠂ ᠨᠢᠭᠡᠳᠦᠯᠳᠠᠢ ᠡᠯᠰᠡᠬᠦ ᠰᠢᠯᠭᠠᠯᠳᠠ ᠶᠢᠨ ᠬᠡᠯᠪᠡᠷᠢ ᠶᠢ ᠭᠡᠷᠡᠭᠵᠢᠬᠦᠯᠵᠦ᠂ ᠨᠢᠭᠡ ᠵᠢᠯ ᠳᠤ ᠨᠢᠭᠡ ᠤᠳᠠᠭ᠎ᠠ ᠰᠢᠯᠭᠠᠬᠤ ᠪᠤᠯᠵᠠᠢ᠃      ᠰᠤᠷᠪᠤᠯᠵᠢᠯᠠᠭᠴᠢ ᠶᠢᠨ ᠤᠢᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠶᠠᠷᠢᠯᠴᠠᠭᠰᠠᠨ ︽ᠰᠠᠨᠠᠯ︾᠎ ᠳᠤ ᠬᠠᠮᠤᠭ ᠰᠡᠬᠦᠯ ᠳᠤ ᠵᠢᠭᠠᠵᠦ ᠭᠠᠷᠭᠠᠭᠰᠠᠨ ᠨᠢ᠂ 2016 ᠣᠨ᠂ 2017 ᠣᠨ ᠳᠤ ᠦᠪᠦᠷ ᠮᠤᠩᠭᠤᠯ ᠤᠨ ᠰᠢᠯᠭᠠᠯᠳᠠ ᠶᠢᠨ ᠲᠤᠭᠤᠷᠢᠭ ᠲᠠᠬᠢ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠠᠵᠢᠯ ᠢ ᠦᠷᠬᠦᠯᠵᠢᠯᠡᠨ ᠰᠠᠶᠢᠳᠤᠷ ᠵᠤᠬᠢᠶᠠᠨ ᠪᠠᠶᠢᠭᠤᠯᠬᠤ ᠭᠡᠷᠡᠭᠳᠠᠢ᠃ 2017 ᠣᠨ ᠤ ᠡᠴᠦᠰ ᠪᠤᠯᠳᠠᠯ᠎ᠠ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠭᠡᠮ ᠤᠨ ᠳᠦᠷᠢᠮ ᠤᠨ ᠡᠯ᠎ᠡ ᠲᠦᠷᠦᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠲᠤᠰ ᠳᠦᠷᠢᠮ ᠢ ᠴᠢᠩᠭ᠎ᠠ ᠭᠡᠷᠡᠭᠵᠢᠬᠦᠯᠦᠨ᠎ᠡ ᠭᠡᠵᠡᠢ᠃ ᠡᠨᠡ ᠨᠢ ᠡᠨᠡ ᠵᠢᠯ ᠳᠤ ᠮᠠᠨ ᠤ ᠤᠷᠤᠨ ᠦᠷᠬᠦᠯᠵᠢᠯᠡᠨ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠢ ᠭᠡᠷᠡᠭᠵᠢᠬᠦᠯᠬᠦ ᠶᠢ ᠬᠠᠷᠠᠭᠤᠯᠵᠦ ᠪᠠᠶᠢᠨ᠎ᠠ᠃      ᠤᠳᠤᠬᠠᠨ ᠳᠤ᠂ ᠮᠠᠨ ᠤ ᠤᠷᠤᠨ ᠶᠠᠭ ᠤᠯᠤᠰ ᠤᠨ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠡᠷᠬᠢᠯᠡᠬᠦ ᠱᠠᠭᠠᠷᠳᠠᠯᠭ᠎ᠠ ᠶᠤᠰᠤᠭᠠᠷ ᠪᠦᠬᠦ ᠤᠷᠤᠨ ᠤ ᠵᠢᠯ ᠤᠨ ᠬᠢᠷᠢ ᠬᠦᠷᠦᠭᠰᠡᠨ ᠨᠤᠷᠮ᠎ᠠ ᠪᠠ ᠲᠦᠷᠦ ᠶᠢᠨ ᠪᠤᠳᠤᠯᠭ᠎ᠠ ᠶᠢᠨ ᠠᠭᠤᠵᠢᠭᠤ ᠲᠠᠯᠪᠢᠬᠤ ᠨᠦᠬᠦᠴᠡᠯ ᠢ ᠰᠢᠨᠵᠢᠯᠡᠨ ᠰᠤᠳᠤᠯᠵᠦ ᠪᠤᠢ᠃ ᠡᠭᠦᠨ ᠠᠴᠠ ᠭᠠᠳᠠᠨ᠎ᠠ᠂ ︽ᠰᠠᠨᠠᠯ︾᠎ ᠳᠤ ᠤᠨᠴᠠᠭᠠᠢ ᠬᠠᠤᠯᠢ ᠴᠠᠭᠠᠵᠠ ᠶᠢᠨ ᠴᠢᠳᠠᠪᠤᠷᠢᠳᠠᠨ ᠢ ᠰᠢᠯᠢᠨ ᠳᠡᠪᠰᠢᠬᠦᠯᠬᠦ ᠲᠠᠯ᠎ᠠ ᠪᠠᠷ ᠪᠠᠰᠠ ᠰᠢᠨ᠎ᠡ ᠲᠤᠭᠳᠠᠭᠠᠯ ᠭᠠᠷᠭᠠᠵᠠᠢ᠃       ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠨᠢ ᠪᠤᠳᠠᠳᠠᠢ ᠠᠵᠢᠯᠯᠠᠬᠤ ᠴᠢᠳᠠᠪᠤᠷᠢ ᠶᠢ ᠨᠡᠩ ᠴᠢᠬᠤᠯᠠᠴᠢᠯᠠᠨ᠎ᠠ      ︽ᠰᠠᠨᠠᠯ︾᠎ ᠳᠤ ᠴᠢᠬᠤᠯᠠᠴᠢᠯᠠᠭᠰᠠᠨ ᠨᠢ᠂ ᠠᠵᠢᠯ ᠳᠤ ᠤᠷᠤᠬᠤ ᠠᠴᠠ ᠡᠮᠦᠨᠡᠬᠢ ᠨᠢᠭᠡᠳᠦᠯᠳᠠᠢ ᠪᠤᠯᠪᠠᠰᠤᠷᠠᠯ ᠎ ᠤᠨ ᠳᠦᠷᠢᠮ ᠢ ᠪᠠᠶᠢᠭᠤᠯᠤᠨ᠎ᠠ᠃ ︽ᠨᠢᠭᠡᠳᠦᠯᠳᠠᠢ ᠪᠠᠷᠢᠮᠵᠢᠶ᠎ᠠ᠂ ᠰᠢᠰᠲ᠋ᠧᠮ ᠬᠤᠪᠢᠶᠠᠵᠦ ᠭᠡᠷᠡᠭᠵᠢᠬᠦᠯᠬᠦ︾ ᠵᠠᠷᠴᠢᠮ ᠶᠤᠰᠤᠭᠠᠷ᠂ ᠪᠦᠬᠦ ᠤᠷᠤᠨ ᠤ ᠬᠠᠤᠯᠢ ᠴᠠᠭᠠᠵᠠ ᠶᠢᠨ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠤᠨ ᠳᠦᠷᠢᠮ ᠢ ᠪᠠᠶᠢᠭᠤᠯᠤᠨ᠎ᠠ᠃ ︽ᠤᠷᠢᠳᠠᠪᠠᠷ ᠰᠤᠩᠭᠤᠵᠦ ᠳᠠᠷᠠᠭ᠎ᠠ ᠨᠢ ᠬᠦᠮᠦᠵᠢᠬᠦᠯᠬᠦ︾ ᠵᠠᠭᠪᠤᠷ ᠢ ᠭᠡᠷᠡᠭᠵᠢᠬᠦᠯᠵᠦ᠂ ᠪᠤᠯᠪᠠᠰᠤᠷᠠᠯ ᠳᠤ ᠬᠢᠷᠢ ᠬᠦᠷᠪᠡᠯ ᠰᠠᠶ᠋ᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠡᠷᠬᠢᠯᠡᠬᠦ ᠶᠢ ᠨᠢ ᠵᠦᠪᠰᠢᠶᠡᠷᠡᠨ᠎ᠡ᠃ ︽ᠬᠡᠨ ᠰᠤᠩᠭᠤᠪᠠᠯ ᠬᠡᠨ ᠬᠦᠮᠦᠵᠢᠬᠦᠯᠬᠦ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠵᠢᠴᠢ ᠬᠦᠮᠦᠵᠢᠬᠦᠯᠵᠦ ᠬᠢᠨᠠᠨ ᠰᠢᠯᠭᠠᠬᠤ ᠶᠢ ᠰᠤᠩᠭᠤᠨ ᠲᠤᠮᠢᠯᠠᠬᠤ ᠰᠠᠯᠠᠭ᠎ᠠ ᠮᠦᠴᠢᠷ ᠠᠴᠠ ᠬᠠᠷᠢᠭᠤᠴᠠᠬᠤ ᠪᠤᠯᠤᠨ᠎ᠠ᠃ ︽ᠤᠷᠢᠳᠠᠪᠠᠷ ᠰᠤᠩᠭᠤᠵᠦ ᠳᠠᠷᠠᠭ᠎ᠠ ᠨᠢ ᠬᠦᠮᠦᠵᠢᠬᠦᠯᠬᠦ︾ ᠵᠠᠭᠪᠤᠷ ᠨᠢ ᠤᠤᠯ ᠤᠨ ᠤᠷᠢᠳᠠᠪᠠᠷ ᠠᠵᠢᠯ ᠤᠨ ᠪᠠᠶᠢᠷᠢ ᠳᠤ ᠭᠠᠷᠴᠦ ᠳᠠᠷᠠᠭ᠎ᠠ ᠨᠢ ᠬᠦᠮᠦᠵᠢᠬᠦᠯᠵᠦ ᠪᠠᠶᠢᠭᠰᠠᠨ ᠪᠠᠶᠢᠳᠠᠯ ᠢ ᠠᠮᠵᠢᠯᠳᠠ ᠲᠠᠢ ᠬᠤᠪᠢᠷᠠᠭᠤᠯᠵᠦ ᠴᠢᠳᠠᠵᠠᠢ᠃      ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠤᠨ ᠵᠤᠬᠢᠶᠠᠨ ᠪᠠᠶᠢᠭᠤᠯᠤᠯᠳᠠ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠲᠤᠰᠠᠳᠠ᠂ ᠮᠠᠨ ᠤ ᠤᠷᠤᠨ ᠪᠠᠰᠠ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠢ ᠵᠢᠯᠤᠭᠤᠳᠬᠤ ᠵᠦᠪᠯᠡᠯ ᠢ ᠪᠠᠶᠢᠭᠤᠯᠬᠤ ᠪᠠᠷ ᠪᠤᠯᠵᠦ᠂ ᠪᠦᠬᠦ ᠤᠷᠤᠨ ᠤ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠤᠨ ᠬᠠᠮᠢᠶᠠᠷᠤᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠵᠤᠬᠢᠴᠠᠭᠤᠯᠵᠦ᠂ ᠡᠯ᠎ᠠ ᠰᠠᠯᠠᠭ᠎ᠠ ᠮᠦᠴᠢᠷ ᠢ ᠵᠢᠭᠠᠨ ᠵᠢᠯᠤᠭᠤᠳᠴᠦ ᠱᠠᠭᠠᠷᠳᠠᠨ ᠪᠠᠶᠢᠴᠠᠭᠠᠵᠦ᠂ ᠲᠤᠰ ᠰᠢᠰᠲ᠋ᠧᠮ ᠤᠨ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠤᠨ ᠠᠵᠢᠯ ᠢ ᠰᠠᠶᠢᠳᠤᠷ ᠬᠢᠬᠦ ᠪᠤᠯᠤᠨ᠎ᠠ᠃
                     ︵ᠵᠢᠷᠤᠭ ᠢ ᠳᠠᠷᠤᠪᠠᠯ ᠪᠦᠷᠢᠨ ᠵᠢᠷᠤᠭ ᠢᠯᠡᠷᠡᠨ᠎ᠡ︶
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map