ᠨᠠᠮ ᠠᠴᠠ ᠠᠵᠦ ᠠᠬᠤᠢᠢᠯᠠᠯ ᠢ ᠬᠠᠮᠢᠶᠠᠷᠣᠨ᠎ᠠ    ᠣᠯᠣᠰ ᠤᠨ ᠦᠮᠴᠢᠯᠡᠯ ᠤᠨ ᠠᠵᠦ ᠠᠬᠤᠢᠢᠯᠠᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠤᠭ᠎ᠠ ᠲᠦᠰᠥᠪ
ᠨᠡᠶᠢᠲᠡᠯᠡᠭᠰᠡᠨ ᠴᠠᠭ᠄
2016/2/29
     2016 ᠣᠨ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠲᠤᠭᠤᠢᠢᠯᠠᠩ ᠤᠨ ᠠᠩᠬᠠᠳᠤᠭᠠᠷ ᠬᠤᠷᠠᠯ ᠠᠴᠠ ︽ᠲᠦᠪ ᠤᠨ ︿ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠤᠮᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠤᠳ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ︾ ︵ᠶᠠᠷᠢᠯᠴᠠᠬᠤ ᠨᠤᠤᠷᠠᠭ︶ ︵ᠲᠤᠷᠤᠭᠰᠢ ︽ᠶᠠᠷᠢᠯᠴᠠᠬᠤ ᠨᠤᠤᠷᠠᠭ︾ ᠭᠡᠵᠦ ᠲᠣᠪᠴᠢᠯᠠᠨ᠎ᠠ︶᠎ ᠢ ᠬᠢᠨᠠᠨ ᠵᠦᠪᠯᠡᠵᠦ ᠵᠠᠷᠴᠢᠮ ᠲᠡᠭᠡᠷ᠎ᠡ ᠪᠠᠨ ᠪᠠᠲᠤᠯᠠᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠲᠦᠰᠦᠪ᠂ ᠠᠯᠤᠰ ᠬᠡᠲᠦ ᠶᠢᠨ ᠪᠠᠶᠢᠳᠠᠯ ᠪᠣᠯᠣᠨ ᠰᠢᠨ᠎ᠡ ᠬᠠᠷᠠᠯᠲᠠ ᠶᠢ ᠵᠢᠷᠤᠭᠯᠠᠵᠠᠢ᠃      ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠨᠢ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠲᠡ ᠶᠢᠨ ᠤᠯᠤᠰ ᠲᠦᠷᠦ ᠶᠢᠨ ᠴᠢᠭᠯᠡᠯ ᠢ ᠲᠤᠳᠤᠷᠬᠠᠢᠢᠯᠠᠵᠠᠢ      ︽ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠲᠡ ᠪᠤᠯ ᠵᠦᠪᠬᠡᠨ ᠲᠠᠩ ᠴᠤᠯᠭᠤᠢ ᠠᠵᠤ ᠠᠬᠤᠢ ᠶᠢᠨ ᠦᠭᠡᠷᠡᠴᠢᠯᠡᠯᠲᠡ ᠲᠡᠳᠦᠢ ᠪᠢᠰᠢ᠂ ᠲᠡᠷᠡ ᠨᠢ ᠪᠠᠰᠠᠴᠤ ᠨᠡᠶᠢᠭᠡᠮ ᠵᠢᠷᠤᠮᠲᠤ ᠦᠨᠳᠦᠰᠦᠨ ᠠᠵᠤ ᠠᠬᠤᠢ ᠶᠢᠨ ᠲᠦᠷᠢᠮ ᠪᠠ ᠨᠡᠶᠢᠭᠡᠮ ᠵᠢᠷᠤᠮᠲᠤ ᠵᠠᠬ᠎ᠠ ᠲᠡᠯᠭᠡᠭᠦᠷ ᠤᠨ ᠠᠵᠤ ᠠᠬᠤᠢ ᠶᠢᠨ ᠦᠭᠡᠷᠡᠴᠢᠯᠡᠯᠲᠡ ᠶᠢᠨ ᠴᠢᠭᠯᠡᠯ ᠯᠦᠭᠡ ᠬᠤᠯᠪᠤᠭᠳᠠᠵᠤ ᠪᠠᠶᠢᠳᠠᠭ᠃ ᠲᠦᠪ ᠤᠨ ᠲᠤᠭᠳᠠᠭᠠᠭᠰᠠᠨ ︿ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠤᠮᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠤᠳ﹀ ᠪᠤᠯ ᠨᠢᠭᠡᠨ ᠴᠢᠬᠤᠯᠠ ᠲᠤᠭ ᠲᠡᠮᠳᠡᠭ ᠤᠨ ᠴᠢᠨᠠᠷᠲᠠᠢ ᠬᠦᠨᠳᠦ ᠴᠢᠬᠤᠯᠠ ᠠᠴᠢ ᠬᠤᠯᠪᠤᠭᠳᠠᠯ ᠲᠠᠢ ᠪᠢᠴᠢᠭ ᠮᠠᠲ᠋ᠧᠷᠢᠶᠠᠯ ᠪᠠᠶᠢᠵᠤ᠂ ᠲᠡᠷᠡ ᠨᠢ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠲᠡ ᠶᠢᠨ ᠬᠤᠶᠢᠰᠢᠳᠠ ᠶᠢᠨ ᠵᠠᠮ ᠱᠤᠭᠤᠮ ᠢ ᠨᠦᠯᠦᠭᠡᠯᠡᠬᠦ ᠪᠠᠷ ᠦᠯᠦ ᠪᠠᠷᠠᠨ᠂ ᠪᠠᠰᠠ ᠨᠠᠮ ᠠᠴᠠ ᠠᠵᠤ ᠠᠬᠤᠢᠢᠯᠠᠯ ᠢ ᠬᠠᠮᠢᠶᠠᠷᠬᠤ ᠬᠠᠤᠯᠢ ᠴᠠᠭᠠᠵᠠ ᠶᠢᠨ ᠬᠡᠯᠪᠡᠷᠢ ᠶᠢ ᠲᠤᠳᠤᠷᠬᠠᠢᠢᠯᠠᠭᠰᠠᠨ ᠪᠠᠶᠢᠳᠠᠭ᠃︾ ᠦᠪᠡᠷᠳᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯ ᠤᠨ ᠬᠢᠨᠠᠨ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠸᠧᠢ ᠱᠤᠸᠠᠨ ᠱᠢ ᠶᠢᠨ ᠦᠵᠡᠬᠦ ᠪᠠᠷ᠂ ᠨᠠᠮ ᠠᠴᠠ ᠠᠵᠤ ᠠᠬᠤᠢᠢᠯᠠᠯ ᠢ ᠬᠠᠮᠢᠶᠠᠷᠬᠤ ᠪᠠᠶᠢᠷᠢ ᠲᠤᠭᠳᠠᠭᠠᠯᠲᠠ ᠶᠢ ᠲᠤᠳᠤᠷᠬᠠᠢᠢᠯᠠᠬᠤ ᠨᠢ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠦᠨᠳᠦ ᠴᠢᠬᠤᠯᠠ ᠠᠴᠢ ᠬᠤᠯᠪᠤᠭᠳᠠᠯ ᠲᠠᠢ ᠶᠤᠮ ᠭᠡᠵᠠᠢ᠃      ᠤᠯᠤᠰ ᠤᠨ ᠦᠮᠴᠢᠯᠡᠯ ᠤᠨ ᠠᠵᠤ ᠠᠬᠤᠢᠢᠯᠠᠯ ᠪᠤᠯ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠴᠢᠬᠤᠯᠠ ᠬᠦᠴᠦᠨ ᠪᠠᠶᠢᠵᠤ᠂ ᠨᠠᠮ ᠪᠠ ᠤᠯᠤᠰ ᠤᠨ ᠬᠦᠭᠵᠢᠯᠲᠡ ᠶᠢᠨ ᠴᠢᠬᠤᠯᠠ ᠪᠤᠳᠠᠰ ᠤᠨ ᠰᠠᠭᠤᠷᠢ ᠮᠦᠨ᠃ ᠤᠳᠤᠬᠠᠨ ᠳᠤ᠂ ᠮᠠᠨ ᠤ ᠤᠯᠤᠰ ᠤᠨ ᠠᠵᠤ ᠠᠬᠤᠢ ᠰᠢᠨ᠎ᠡ ᠬᠡᠪ ᠪᠠᠶᠢᠳᠠᠯ ᠳᠤ ᠤᠷᠤᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠨᠢ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ ᠪᠠᠶᠢᠨ᠎ᠠ᠂ ᠬᠡᠪᠡᠴᠤ ᠬᠦᠭᠵᠢᠯᠲᠡ ᠶᠢ ᠲᠦᠯᠦᠪᠵᠢᠬᠦᠯᠬᠦ ᠨᠢ ᠨᠠᠮ ᠤᠨ ᠪᠠᠶᠢᠭᠤᠯᠤᠯᠲᠠ ᠶᠢ ᠦᠯᠦ ᠲᠦᠯᠦᠪᠵᠢᠬᠦᠯᠬᠦ ᠬᠡᠰᠡᠨ ᠠᠰᠠᠭᠤᠳᠠᠯ ᠪᠢᠰᠢ ᠶᠤᠮ᠂ ᠨᠠᠮ ᠤᠨ ᠪᠠᠶᠢᠭᠤᠯᠤᠯᠲᠠ ᠶᠢᠨ ᠠᠵᠢᠯ ᠰᠤᠯᠠᠷᠠᠪᠠᠯ᠂ ᠡᠴᠦᠰ ᠤᠨ ᠡᠴᠤᠰ ᠲᠡᠭᠡᠨ ᠠᠵᠤ ᠠᠬᠤᠢᠢᠯᠠᠯ ᠤᠨ ᠬᠦᠭᠵᠢᠯᠲᠡ ᠶᠢᠨ ᠶᠡᠭᠡ ᠲᠠᠯ᠎ᠠ ᠶᠢ ᠨᠦᠯᠦᠭᠡᠯᠡᠬᠦ ᠪᠤᠯᠤᠨ᠎ᠠ᠃      ᠡᠭᠦᠨ ᠤ ᠲᠤᠬᠠᠢ ᠸᠧᠢ ᠱᠤᠸᠠᠨ ᠱᠢ ᠰᠠᠨᠠᠯ ᠨᠢᠭᠡᠳᠴᠤ ᠪᠣᠢ᠃ ᠲᠡᠭᠦᠨ ᠤ ᠦᠵᠡᠬᠦ ᠪᠠᠷ᠂ ᠰᠢᠨ᠎ᠡ ᠪᠠᠶᠢᠳᠠᠯ ᠲᠤᠤᠷ᠎ᠠ ᠲᠦᠪ ᠪᠠ ᠮᠠᠨ ᠤ ᠤᠷᠤᠨ ᠴᠦᠮ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢ ᠠᠬᠢᠭᠤᠯᠬᠤ ᠲᠠᠯ᠎ᠠ ᠪᠠᠷ ᠴᠢᠭᠯᠡᠯ ᠢᠶᠠᠨ ᠲᠤᠳᠤᠷᠬᠠᠢᠢᠯᠠᠵᠠᠢ᠃ ᠵᠦᠪᠬᠡᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠪᠠᠯ ᠰᠠᠶ᠋ᠢ ᠦᠨᠡᠨᠬᠦ ᠠᠵᠢᠯ ᠤᠨ ᠰᠤᠷᠳᠠᠯ ᠢᠶᠠᠨ ᠬᠤᠪᠢᠷᠠᠭᠤᠯᠵᠤ᠂ ᠨᠠᠮ ᠤᠨ ᠨᠢᠭᠳᠠᠷᠠᠯ ᠤᠨ ᠬᠦᠴᠦᠨ ᠢ ᠴᠢᠩᠭᠠᠳᠬᠠᠵᠤ᠂ ᠤᠯᠠᠨ ᠲᠦᠮᠡᠨ ᠢ ᠪᠦᠯᠬᠦᠮᠳᠡᠭᠦᠯᠵᠦ ᠴᠢᠳᠠᠨ᠎ᠠ᠂ ᠢᠡᠭᠬᠢᠪᠡᠯ ᠰᠠᠶ᠋ᠢ ᠠᠵᠤ ᠠᠬᠤᠢᠢᠯᠠᠯ ᠤᠨ ᠬᠦᠭᠵᠢᠯᠲᠡ ᠶᠢ ᠠᠬᠢᠭᠤᠯᠵᠤ᠂ ᠬᠦᠴᠢᠷ ᠪᠡᠷᠬᠡ ᠶᠢ ᠢᠯᠠᠨ ᠲᠠᠪᠠᠵᠤ᠂ ᠦᠭᠡᠷᠡᠴᠢᠯᠡᠯᠲᠡ ᠬᠦᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠡᠭᠦᠷᠭᠡ ᠬᠠᠷᠢᠭᠤᠴᠠᠯᠭ᠎ᠠ᠂ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠪᠠ ᠨᠡᠶᠢᠭᠡᠮ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ ᠴᠢᠳᠠᠨ᠎ᠠ᠃      ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠦᠨᠳᠦᠰᠦᠨ ᠰᠢᠨᠵᠢ ᠲᠡᠮᠳᠡᠭ ᠪᠤᠯᠬᠤ ᠮᠦᠷᠳᠡᠭᠡᠨ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠢᠯᠡ ᠲᠤᠳᠤ ᠲᠠᠪᠠᠭᠤᠯᠢᠭ ᠲᠠᠯ᠎ᠠ ᠪᠤᠯᠬᠤ ᠶᠤᠮ᠃ ᠬᠡᠷᠪᠡ ᠤᠯᠤᠰ ᠤᠨ ᠦᠮᠴᠢᠯᠡᠯ ᠤᠨ ᠠᠵᠤ ᠠᠬᠤᠢᠢᠯᠠᠯ ᠨᠢ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠮᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠴᠢᠩᠭᠠᠳᠬᠠᠵᠤ᠂ ᠦᠭᠡᠷᠡᠴᠢᠯᠡᠵᠦ ᠦᠯᠦ ᠴᠢᠳᠠᠨ᠂ ᠴᠢᠨᠠᠭᠰᠢᠯᠠᠭᠠᠳ ᠨᠠᠮ ᠤᠨ ᠤᠳᠤᠷᠢᠳᠤᠯᠭ᠎ᠠ ᠶᠢ ᠰᠤᠯᠠᠷᠠᠭᠤᠯᠬᠤ ᠪᠤᠶᠤ ᠲᠠᠶᠠᠭᠳᠠᠪᠠᠯ᠂ ᠡᠴᠤᠰ ᠰᠡᠭᠦᠯ ᠳᠤᠨᠢ ᠦᠭᠡᠷᠡᠴᠢᠯᠡᠯᠲᠡ ᠳᠤ ᠬᠦᠨᠳᠦ ᠶᠡᠭᠡ ᠬᠤᠬᠢᠷᠠᠯ ᠤᠴᠠᠷᠠᠭᠤᠯᠬᠤ ᠨᠢ ᠵᠠᠶᠢᠯᠠᠰᠢ ᠦᠭᠡᠢ ᠶᠤᠮ᠃      ᠦᠪᠦᠷ ᠮᠤᠩᠭᠤᠯ ᠤᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠵᠤ ᠰᠢᠨ᠎ᠡ ᠰᠢᠪᠳᠤᠯᠤᠯᠲᠠ ᠶᠢ ᠪᠡᠶᠡᠯᠡᠭᠦᠯᠣᠨ᠎ᠠ      ︽ᠨᠠᠮ ᠠᠴᠠ ᠠᠵᠤ ᠠᠬᠤᠢᠢᠯᠠᠯ ᠢ ᠬᠠᠮᠢᠶᠠᠷᠬᠤ︾᠎ ᠶᠢ ᠦᠨᠡᠨᠬᠦ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠦᠯᠦᠬᠡ᠂ ᠮᠠᠨ ᠤ ᠤᠷᠤᠨ ᠤ ︽ᠶᠠᠷᠢᠯᠴᠠᠬᠤ ᠨᠤᠤᠷᠠᠭ︾᠎ ᠨᠢ ᠲᠦᠪ ᠤᠨ ᠰᠠᠨᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠲᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠤᠲᠠᠲᠤ ᠪᠠᠶᠢᠳᠠᠯ ᠲᠠᠢ ᠪᠠᠨ ᠨᠢᠭᠳᠠ ᠤᠶᠠᠯᠳᠤᠭᠤᠯᠵᠤ᠂ ᠤᠯᠠᠮ ᠭᠦᠨᠵᠡᠭᠡᠶᠢᠷᠡᠭᠦᠯᠵᠦ᠂ ᠨᠠᠷᠢᠯᠢᠬᠵᠢᠭᠤᠯᠵᠤ᠂ ᠪᠤᠲᠠᠲᠠᠶᠢᠵᠢᠭᠤᠯᠵᠤ᠂ ᠰᠢᠨ᠎ᠡ ᠰᠢᠪᠳᠤᠯᠤᠯᠲᠠ ᠶᠢ ᠪᠡᠶᠡᠯᠡᠭᠦᠯᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠢ ᠫᠸᠡᠭ ᠰᠢᠨ ᠵᠢᠭᠠᠵᠤ ᠭᠠᠷᠭᠠᠭᠰᠠᠨ ᠨᠢ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠵᠤᠬᠢᠶᠠᠨ ᠪᠠᠶᠢᠭᠤᠯᠤᠯᠲᠠ ᠨᠢ ᠠᠵᠤ ᠠᠬᠤᠢᠢᠯᠠᠯ ᠤᠨ ᠤᠯᠤᠰ ᠲᠦᠷᠦ ᠶᠢᠨ ᠭᠤᠤᠯ ᠴᠦᠮ᠎ᠡ ᠪᠤᠯᠤᠭᠰᠠᠨ ᠤ ᠬᠤᠪᠢ ᠳᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠦᠷᠨᠢᠭᠦᠯᠬᠦ ᠦᠪᠡᠷᠮᠢᠴᠡ ᠲᠠᠪᠠᠭᠤᠯᠢᠭ ᠲᠠᠯ᠎ᠠ ᠲᠠᠢ ᠪᠠᠶᠢᠵᠤ᠂ ᠡᠯ᠎ᠠ ᠵᠦᠢᠯ ᠤᠨ ᠡᠬᠢ ᠪᠠᠶᠠᠯᠢᠭ ᠢ ᠨᠢᠭᠡᠳᠦᠯᠲᠡᠢ ᠲᠦᠯᠦᠪᠵᠢᠭᠦᠯᠦᠨ᠂ ᠪᠦᠬᠦ ᠡᠳᠡᠭᠡᠳ ᠤᠨ ᠬᠢᠨ ᠲᠠᠢ ᠪᠦᠯᠭᠦᠮᠳᠡᠨ ᠨᠢᠬᠳᠠᠷᠠᠵᠤ᠂ ᠡᠯ᠎ᠠ ᠲᠠᠯ᠎ᠠ ᠶᠢᠨ ᠬᠦᠴᠦᠨ ᠢ ᠨᠢᠭᠳᠠᠷᠠᠭᠤᠯᠤᠨ᠂ ᠠᠵᠤ ᠠᠬᠤᠢᠢᠯᠠᠯ ᠤᠨ ᠬᠦᠭᠵᠢᠯᠲᠡ ᠶᠢ ᠬᠠᠮᠲᠤᠪᠡᠷ ᠠᠬᠢᠭᠤᠯᠵᠤ ᠴᠢᠳᠠᠨ᠎ᠠ ᠭᠡᠵᠠᠢ᠃      ᠡᠭᠦᠨ ᠠᠴᠠ ᠭᠠᠳᠠᠨ᠎ᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠳᠠᠭᠤᠨ ᠢ ᠰᠤᠨᠤᠰᠴᠤ᠂ ᠠᠷᠠᠳ ᠤᠨ ᠡᠷᠡᠮᠡᠯᠵᠡᠯ ᠳᠤ ᠬᠠᠷᠢᠭᠤ ᠦᠭᠬᠦ ᠨᠢ ᠪᠠᠰᠠ ᠮᠠᠨ ᠤ ᠤᠷᠤᠨ ᠤ ᠤᠯᠤᠰ ᠤᠨ ᠦᠮᠴᠢᠯᠡᠯ ᠤᠨ ᠠᠵᠤ ᠠᠬᠤᠢᠢᠯᠠᠯ ᠳᠤ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ ᠶᠢᠨ ᠨᠢᠭᠡᠨ ᠶᠡᠭᠡ ᠰᠢᠪᠳᠤᠯᠤᠯᠳᠠ ᠪᠤᠯᠤᠨ᠎ᠠ᠃ ︽ᠶᠠᠷᠢᠯᠴᠠᠬᠤ ᠨᠤᠤᠷᠠᠭ︾᠎ ᠲᠤ ᠵᠢᠭᠠᠵᠤ ᠭᠠᠷᠭᠠᠭᠰᠠᠨ ᠨᠢ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠤᠮᠫᠠᠨᠢ ᠠᠴᠠ ᠵᠠᠰᠠᠬᠤ ᠶᠢ ᠲᠡᠬᠦᠯᠳᠡᠷᠵᠢᠬᠦᠯᠬᠦ ᠶᠢ ᠨᠢᠭᠡᠳᠬᠡᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠵᠤᠬᠢᠶᠠᠨ ᠪᠠᠶᠢᠭᠤᠯᠤᠯᠳᠠ᠂ ᠺᠤᠮᠫᠠᠨᠢ ᠶᠢᠨ ᠬᠠᠤᠯᠢ ᠶᠢᠨ ᠬᠦᠮᠦᠨ ᠢ ᠵᠠᠰᠠᠨ ᠴᠡᠭᠴᠡᠯᠡᠬᠦ ᠪᠦᠳᠦᠴᠡ ᠳᠠᠬᠢ ᠬᠠᠤᠯᠢ ᠶᠤᠰᠤᠨ ᠤ ᠪᠠᠶᠢᠷᠢ ᠰᠠᠭᠤᠷᠢ ᠶᠢ ᠳᠤᠳᠤᠷᠬᠠᠢ ᠪᠤᠯᠭᠠᠨ᠎ᠠ᠃ ᠢᠩᠬᠢᠪᠡᠯ ᠰᠠᠶ᠋ᠢ ᠤᠳᠦ ᠦᠶ᠎ᠡ ᠶᠢᠨ ᠠᠵᠤ ᠠᠬᠤᠢᠢᠯᠠᠯ ᠤᠨ ᠲᠦᠷᠢᠮ ᠲᠤᠬᠳᠠᠭᠠᠯ ᠲᠠᠢ ᠨᠡᠶᠢᠴᠡᠭᠰᠡᠨ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠶᠠᠯᠠᠯᠠᠨ ᠰᠢᠳᠬᠡᠬᠦ ᠪᠠ ᠢᠯᠵᠢᠷᠠᠯ ᠢ ᠡᠰᠡᠷᠭᠦᠴᠡᠬᠦ ᠰᠢᠰᠲ᠋ᠧᠮ ᠢ ᠪᠠᠶᠢᠭᠤᠯᠵᠤ ᠴᠢᠳᠠᠨ᠎ᠠ︔ ᠤᠮᠠᠷᠠᠳᠤ ᠬᠢᠯᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠳᠠ ᠶᠢᠨ ᠦᠵᠡᠰᠭᠦᠯᠡᠩᠳᠤ ᠰᠠᠶᠢᠬᠠᠨ ᠤᠷᠤᠨ ᠢ ᠪᠠᠶᠢᠭᠤᠯᠬᠤ ᠪᠠᠷ ᠬᠠᠷᠠᠯᠳᠠ ᠪᠤᠯᠭᠠᠵᠤ᠂ ᠨᠠᠷᠢᠨ ᠬᠢᠨᠠᠮᠠᠭᠠᠢ ᠪᠠᠷ ︽︿ᠵᠢᠷᠭᠤᠭᠠᠨ ᠪᠦᠳᠦᠭᠡᠨ ᠪᠠᠶᠢᠭᠤᠯᠤᠯᠳᠠ﹀᠎ ᠶᠢ ᠲᠦᠯᠬᠢᠨ ᠠᠬᠢᠭᠤᠯᠵᠤ ︿ᠬᠤᠶᠠᠷ ᠢ ᠳᠡᠭᠡᠭᠰᠢᠯᠡᠭᠦᠯᠬᠦ﹀᠎ ᠶᠢ ᠪᠡᠶᠡᠯᠡᠭᠦᠯᠬᠦ ᠲᠤᠬᠠᠢ ᠪᠦᠬᠦ ᠤᠷᠤᠨ ᠤ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠ ᠬᠠᠯᠠᠨ ᠰᠠᠶᠢᠵᠢᠷᠠᠭᠤᠯᠬᠤ ᠲᠤᠬᠠᠢ ᠰᠠᠨᠠᠯ︾᠎ ᠢ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠴᠤ᠂ ︽ᠳᠠᠪᠤᠨ ᠰᠠᠶᠢᠨ︾ ᠤᠳᠤᠷᠢᠳᠬᠤ ᠪᠠᠭ᠂ ︽ᠳᠠᠪᠤᠨ ᠰᠠᠶᠢᠨ︾ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠳᠠ᠂ ︽ᠳᠠᠪᠤᠨ ᠰᠢᠯᠢᠳᠡᠭ︾ ᠨᠠᠮ ᠤᠨ ᠬᠡᠰᠢᠬᠦᠨ ᠤ ᠡᠩᠨᠡᠭᠡ᠂ ︽ᠲᠠᠪᠤ ᠪᠠᠶᠢᠬᠤ︾ ᠠᠵᠢᠯᠳᠠᠳ ᠤᠨ ᠡᠩᠨᠡᠭᠡ ᠵᠢᠴᠢ ᠨᠠᠮ ᠤᠨ ᠶᠠᠪᠤᠳᠠᠯ ᠤᠨ ᠠᠵᠢᠯᠳᠠᠳ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠦᠨᠳᠦᠰᠦᠨ ᠱᠠᠳᠤ ᠤᠷᠢᠳᠠᠪᠠᠷ ᠰᠢᠨ᠎ᠠ ᠶᠢ ᠡᠭᠦᠳᠬᠦ ᠵᠤᠷᠢᠭ ᠰᠠᠨᠠᠭ᠎ᠠ ᠶᠢ ᠬᠦᠨᠳᠦᠳᠬᠡᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠳᠠ ᠶᠢᠨ ᠲᠤᠷᠰᠢᠯᠭ᠎ᠠ ᠶᠢ ᠴᠠᠭ ᠲᠤᠬᠠᠢ ᠳ᠋ᠥᠡᠭᠨᠡᠵᠦ᠂ ᠵᠢᠱᠢᠶᠡᠴᠢ ᠳᠠᠭᠠᠭᠤᠯᠭ᠎ᠠ ᠦᠢᠯᠡᠳᠦᠯ ᠢ ᠬᠦᠢᠴᠡᠳ ᠪᠠᠳᠠᠷᠠᠭᠤᠯᠤᠨ᠎ᠠ᠃      ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠬᠦ ︽ᠬᠠᠮᠲᠤᠷᠠᠯ ᠬᠦᠴᠦᠨ︾᠎ ᠳᠠᠬᠢ ᠴᠢᠬᠤᠯᠠ ᠪᠢᠴᠢᠭ ᠮᠠᠲ᠋ᠧᠷᠢᠶᠠᠯ      ᠨᠢᠳᠦᠨᠤᠨ ᠠᠴᠠ ᠨᠠᠰᠢ᠂ ᠲᠦᠪ ᠤᠨ ᠦᠬᠡᠷᠡᠴᠢᠯᠡᠯᠳᠡ ᠶᠢ ᠪᠦᠬᠦ ᠳᠠᠯ᠎ᠡ ᠪᠠᠷ ᠬᠦᠨᠵᠡᠭᠡᠶᠢᠷᠡᠬᠦᠯᠬᠦ ᠤᠳᠤᠷᠢᠳᠬᠤ ᠳᠣᠭᠤᠢᠢᠯᠠᠩ ᠤᠨ ᠬᠤᠷᠠᠯ ︽ᠲᠦᠪ ᠠᠴᠠ ᠠᠵᠤ ᠠᠬᠤᠢᠢᠯᠠᠯ ᠢ ᠬᠠᠮᠢᠶᠠᠷᠬᠤ ᠬᠠᠮᠢᠶᠠᠷᠤᠯᠳᠠ ᠶᠢᠨ ᠭᠤᠤᠯ ᠬᠦᠮᠦᠰ ᠤᠨ ᠴᠠᠯᠢᠩ ᠤᠨ ᠲᠦᠷᠢᠮ ᠤᠨ ᠦᠭᠡᠷᠡᠴᠢᠯᠡᠯᠳᠡ ᠶᠢᠨ ᠲᠦᠰᠦᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠤᠳ ᠢ ᠬᠢᠨᠠᠨ ᠲᠤᠭᠳᠠᠭᠠᠵᠤ᠂ ᠡᠨᠡ ᠨᠢ ︽ᠤᠯᠤᠰ ᠤᠨ ᠠᠵᠤ ᠠᠬᠤᠢᠢᠯᠠᠯ ᠳᠤ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠬᠦ ᠳᠤ ᠨᠠᠮ ᠪᠠᠷ ᠤᠳᠤᠷᠢᠳᠤᠭᠤᠯᠬᠤ ᠶᠢ ᠪᠠᠷᠢᠮᠳᠠᠯᠠᠵᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠯ ᠤᠳ︾᠎ ᠲᠠᠢ ᠬᠠᠮᠳᠤ ᠪᠠᠷ᠂ ᠤᠯᠤᠰ ᠤᠨ ᠠᠵᠤ ᠠᠬᠤᠢᠢᠯᠠᠯ ᠳᠤ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠬᠦ ᠶᠢᠨ ︽ᠬᠠᠮᠳᠤᠷᠠᠯ ᠬᠦᠴᠦᠨ︾ ᠪᠤᠯᠵᠠᠢ᠃      ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠣᠭᠤᠢᠢᠯᠠᠩ ᠪᠠᠰᠠ ᠨᠢᠭᠡ ᠪᠦᠯᠦᠭ ᠲᠦᠪ ᠤᠨ ᠪᠢᠴᠢᠭ ᠮᠠᠲ᠋ᠧᠷᠢᠶᠠᠯ ᠲᠠᠢ ᠬᠠᠷᠠᠭᠠᠯᠵᠠᠭᠰᠠᠨ ᠨᠠᠶᠢᠳᠠᠪᠤᠷᠢᠵᠢᠭᠤᠯᠤᠯᠳᠠ ᠶᠢᠨ ᠰᠠᠨᠠᠯ ᠤᠳ ᠢ ᠬᠢᠨᠡᠨ ᠶᠠᠷᠢᠯᠴᠠᠭᠰᠠᠨ ᠮᠦᠷᠳᠡᠭᠡᠨ ᠦᠨᠳᠦᠰᠦᠨ ᠳᠡᠭᠡᠨ ᠲᠤᠭᠳᠠᠵᠤ᠂ ᠦᠭᠡᠷᠡᠴᠢᠯᠡᠯᠳᠡ ᠶᠢ ᠪᠦᠬᠦ ᠳᠠᠯ᠎ᠡ ᠪᠠᠷ ᠬᠦᠨᠵᠡᠭᠡᠶᠢᠷᠡᠬᠦᠯᠬᠦ ᠶᠢ ᠪᠠᠳᠤᠯᠠᠵᠠᠢ᠃ ᠡᠳᠡᠭᠡᠷ ᠪᠢᠴᠢᠭ ᠮᠠᠲ᠋ᠧᠷᠢᠶᠠᠯ ᠤᠳ ᠲᠤ᠂ ᠨᠠᠮ ᠤᠨ ᠪᠠᠶᠢᠭᠤᠯᠤᠯᠳᠠ ᠶᠢ ᠰᠠᠶᠢᠳᠤᠷ ᠠᠳᠬᠤᠬᠤ ᠨᠢ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢᠨ ᠤᠯᠤᠰ ᠲᠦᠷᠦ ᠶᠢᠨ ᠰᠠᠭᠤᠷᠢ᠂ ᠪᠦᠳᠦᠴᠡ ᠶᠢᠨ ᠰᠠᠭᠤᠷᠢ᠂ ᠠᠮᠢᠵᠢᠷᠠᠯ ᠤᠨ ᠬᠦᠴᠦᠨ ᠤ ᠰᠠᠭᠤᠷᠢ ᠪᠠᠶᠢᠵᠤ᠂ ᠪᠤᠰᠤᠳ ᠪᠢᠴᠢᠭ ᠮᠠᠲ᠋ᠧᠷᠢᠶᠠᠯ ᠲᠠᠢ ᠨᠢᠬᠳᠠ ᠬᠤᠯᠪᠤᠬᠳᠠᠯ ᠲᠠᠢ᠃      ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠳᠤᠯᠭᠠᠨ ᠤ ᠳᠠᠰᠤᠭ ᠤᠨ ᠬᠠᠮᠢᠶ᠎ᠠ ᠪᠦᠬᠦᠢ ᠬᠦᠮᠦᠰ ᠤᠨ ᠦᠵᠡᠬᠦ ᠪᠠᠷ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠵᠤᠬᠢᠶᠠᠨ ᠪᠠᠶᠢᠭᠤᠯᠤᠯᠳᠠ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠪᠠᠶᠢᠵᠤ᠂ ᠮᠠᠰᠢ ᠴᠢᠩᠭ᠎ᠠ ᠰᠠᠬᠢᠯᠭ᠎ᠠ ᠪᠠᠳᠤ ᠲᠠᠢ᠂ ᠰᠢᠯᠢᠳᠡᠭ ᠠᠵᠢᠯ ᠤᠨ ᠰᠤᠷᠳᠠᠯ ᠲᠠᠢ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢᠨ ᠭᠤᠤᠯᠯᠠᠭᠴᠢ ᠬᠦᠴᠦᠨ ᠪᠤᠯᠬᠤ ᠶᠤᠮ᠃ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭ᠎ᠠ ᠠᠳᠬᠤᠬᠤ ᠨᠢ ᠤᠯᠤᠰ ᠤᠨ ᠦᠮᠴᠢᠯᠡᠯ ᠤᠨ ᠠᠵᠤ ᠠᠬᠤᠢᠢᠯᠠᠯ ᠲᠤᠮᠳᠠᠬᠢ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢ ᠨᠠᠩ ᠢᠯᠡᠭᠦᠦ ᠨᠢᠬᠳᠠᠷᠠᠯ ᠤᠨ ᠬᠦᠴᠦᠨ ᠪᠠ ᠤᠷᠢᠶᠠᠯᠠᠬᠤ ᠬᠦᠴᠦᠨ ᠲᠠᠢ ᠪᠤᠯᠭᠠᠵᠤ᠂ ᠡᠬᠦᠨ ᠤ ᠤᠯᠠᠮ ᠠᠴᠠ ᠠᠵᠢᠯ ᠬᠢᠵᠤ ᠦᠢᠯᠡᠰ ᠪᠤᠰᠬᠠᠬᠤ ᠲᠤᠯᠭᠠᠭᠤᠷᠢ ᠬᠦᠴᠦᠨ᠂ ᠬᠦᠴᠢᠷ ᠪᠡᠷᠭᠡ ᠶᠢ ᠲᠤᠭᠤᠯᠬᠤ ᠭᠤᠤᠯ ᠬᠦᠴᠦᠨ ᠪᠤᠯᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠥᠭᠡᠷᠡᠴᠢᠯᠡᠯᠲᠡ ᠶᠢᠨ ᠪᠠᠳᠤ ᠪᠠᠬᠢ ᠭᠤᠤᠯ ᠴᠦᠮ᠎ᠠ ᠨᠢ ᠪᠤᠯᠵᠤ ᠴᠢᠳᠠᠨ᠎ᠠ᠃      ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠬᠦᠰᠢᠬᠡ ᠨᠢᠬᠡᠨᠳᠠ ᠨᠡᠬᠡᠬᠡᠭᠳᠡᠵᠤ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶ ᠪᠤᠯᠤᠨ ᠡᠯ᠎ᠠ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠤᠳᠤᠷᠢᠳᠬᠤ ᠲᠤᠭᠤᠢᠢᠯᠠᠩ ᠤᠨ ᠬᠢᠨ ︵ᠨᠠᠮ ᠤᠨ ᠬᠤᠷᠢᠶ᠎ᠠ︶ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠤᠯᠭ᠎ᠠ ᠪᠤᠯᠤᠨ ᠵᠢᠯᠤᠭᠤᠳᠤᠯᠭ᠎ᠠ ᠪᠠᠨ ᠦᠨᠡᠨᠬᠦ ᠴᠢᠩᠭᠠᠳᠬᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶᠂ ᠱᠦᠵᠢ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠨᠢᠬᠡ ᠨᠢᠬᠡ ᠱᠠᠳᠤ ᠪᠠᠷ ᠨᠠᠶᠢᠳᠠᠪᠤᠷᠢᠵᠢᠭᠤᠯᠤᠯᠳᠠ ᠶᠢ ᠠᠳᠬᠤᠬᠤ ᠨᠠᠮ ᠤᠨ ᠪᠠᠶᠢᠭᠤᠯᠤᠯᠳᠠ ᠶᠢᠨ ᠠᠵᠢᠯ ᠤᠨ ᠪᠠᠶᠢᠷᠢᠯᠠᠭᠤᠯᠤᠯᠳᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠰᠢᠨ᠎ᠠ ᠠᠶᠠᠨ ᠳᠤ ᠲᠠᠷᠪᠠᠭᠤᠯ ᠬᠡᠶᠢᠰᠭᠡᠨ ᠢᠳᠡ ᠬᠦᠭ ᠲᠠᠢ ᠤᠷᠤᠭᠰᠢᠯᠠᠰᠤᠭᠠᠢ︕
                          ︵ᠵᠢᠷᠤᠭ ᠢ ᠳᠠᠷᠤᠪᠠᠯ ᠪᠦᠷᠢᠨ ᠵᠢᠷᠤᠭ ᠢᠯᠡᠷᠡᠨ᠎ᠡ︶
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map