ᠮᠠᠨ ᠤ ᠤᠷᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢᠨ ᠵᠢᠷᠤᠮᠵᠢᠯ ᠪᠠ ᠲᠣᠬᠢᠷᠠᠭᠤᠯᠤᠯᠲᠠ ᠶᠢᠨ ᠪᠠᠶᠢᠳᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2016/2/5
     ᠰᠤᠷᠪᠤᠯᠵᠢᠯᠠᠭᠰᠠᠨ ᠴᠠᠭ᠄      2016 ᠣᠨ ᠤ 1 ᠳ᠋ᠦ᠋ᠭᠡᠷ ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨᠠᠬᠢ 3 ᠴᠠᠭ      ᠰᠤᠷᠪᠤᠯᠵᠢᠯᠠᠭᠰᠠᠨ ᠵᠣᠴᠢᠨ᠄      ᠦᠪᠡᠷᠲᠡᠭᠡᠨ ᠵᠠᠰᠠᠬᠤ ᠤᠷᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ    ᠸᠠᠩ ᠶᠢᠨ ᠪᠤᠣ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠤᠶᠢᠷ᠎ᠠ ᠳᠤ᠂ ᠪᠢᠳᠡ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠣ ᠶᠢ ︽ᠳᠤᠮᠳᠠᠳᠤ ᠤᠯᠤᠰ   ᠦᠪᠦᠷ ᠮᠣᠩᠭᠤᠯ︾ ᠰᠦᠯᠵᠢᠶᠡᠨ ᠳᠡᠭᠡᠨ ᠤᠷᠢᠵᠤ᠂ ᠮᠠᠨ ᠤ ᠤᠷᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢᠨ ᠵᠢᠷᠤᠮᠵᠢᠯ ᠪᠠ ᠲᠣᠬᠢᠷᠠᠭᠤᠯᠤᠯᠲᠠ ᠶᠢᠨ ᠲᠤᠬᠠᠢ ᠬᠤᠯᠪᠤᠭᠳᠠᠯ ᠪᠦᠬᠦᠢ ᠪᠠᠶᠢᠳᠠᠯ ᠳᠤ ᠲᠠᠶᠢᠯᠤᠮᠵᠢ ᠬᠢᠯᠭᠡᠬᠦ ᠪᠠᠷ ᠪᠠᠶᠢᠨ᠎ᠠ᠃ ᠲᠤᠬᠠᠢ ᠶᠢᠨ ᠦᠶ᠎ᠡ ᠳᠤ᠂ ᠰᠦᠯᠵᠢᠶᠡᠨ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠣᠭᠲᠤᠵᠤ ᠪᠠᠶᠢᠨ᠎ᠠ︕                      ᠰᠤᠷᠪᠤᠯᠵᠢᠯᠠᠭᠰᠠᠨ ᠪᠣᠳᠠᠲᠤ ᠲᠡᠮᠳᠡᠭᠯᠡᠯ      ᠬᠦᠲᠦᠯᠦᠭᠴᠢ᠄      ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨ᠎ᠠ ᠤᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠥ ᠶᠢ ᠤᠷᠢᠵᠤ᠂ ᠮᠠᠨ ᠤ ᠤᠷᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢᠨ ᠵᠢᠷᠤᠮᠵᠢᠯ ᠪᠠ ᠲᠣᠬᠢᠷᠠᠭᠤᠯᠤᠭᠰᠠᠨ ᠪᠠᠶᠢᠳᠠᠯ ᠤᠨ ᠲᠤᠬᠠᠢ ᠲᠠ ᠪᠦᠬᠦᠨ ᠳᠤ ᠰᠦᠯᠵᠢᠶᠡᠨ ᠳᠡᠭᠡᠷ᠎ᠡ ᠲᠠᠶᠢᠯᠤᠮᠵᠢ ᠬᠢᠬᠦ ᠪᠠᠷ ᠪᠠᠶᠢᠨ᠎ᠠ᠂ ᠦᠷᠭᠡᠨ ᠤᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠤᠭᠲᠤᠵᠤ ᠪᠠᠶᠢᠨ᠎ᠠ᠃ ᠸᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠸᠠᠩ ᠶᠢᠨ ᠪᠣᠥ᠄      ᠬᠦᠲᠦᠯᠦᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠤᠤ︕ ᠰᠤᠷᠪᠤᠯᠵᠢᠯᠠᠭ᠎ᠠ ᠶᠢᠨ ᠳᠡᠯᠭᠡᠴᠡ ᠎ ᠳᠤ ᠳᠠᠬᠢᠨᠲᠠ ᠢᠷᠡᠵᠦ ᠲᠠ ᠨᠠᠷ ᠲᠠᠢ ᠵᠣᠭᠤᠭᠳᠠᠬᠤ ᠪᠣᠯᠤᠭᠰᠠᠨ ᠳᠠᠭᠠᠨ ᠲᠦᠢᠯ ᠤᠨ ᠶᠡᠭᠡ ᠪᠠᠷ ᠪᠠᠶᠠᠷᠯᠠᠵᠤ ᠪᠠᠶᠢᠨ᠎ᠠ᠃      ᠬᠦᠲᠦᠯᠦᠭᠴᠢ᠄      ᠸᠠᠩ ᠡᠷᠬᠢᠯᠡᠭᠴᠢ ᠡ᠂ ᠲᠠ ᠶᠠᠭᠤᠨ ᠤ ᠡᠮᠦᠨ᠎ᠡ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠵᠢᠷᠤᠮᠵᠢᠯ ᠪᠠ ᠲᠣᠬᠢᠷᠠᠭᠤᠯᠤᠯᠲᠠ ᠶᠢᠨ ᠠᠬᠤᠢ ᠪᠠᠶᠢᠳᠠᠯ ᠪᠠ ᠠᠴᠢ ᠬᠤᠯᠪᠤᠭᠳᠠᠯ ᠢ ᠲᠠᠨᠢᠯᠴᠠᠭᠤᠯᠤᠭᠠᠳ ᠦᠭᠭᠦᠨᠡᠦ︖      ᠸᠠᠩ ᠶᠢᠨ ᠪᠣᠥ᠄      ᠲᠡᠭᠡᠶ᠎ᠡ᠃ ᠲᠡᠭᠦᠨ ᠤ ᠠᠬᠤᠢ ᠪᠠᠶᠢᠳᠠᠯ ᠪᠠ ᠦᠨᠳᠦᠰᠦᠯᠡᠯ ᠨᠢ ᠬᠤᠶᠠᠷ ᠲᠠᠯ᠎ᠠ ᠪᠠᠷ ᠢᠯᠡᠷᠡᠨ᠎ᠡ᠂ ᠤᠯᠤᠰ ᠠᠴᠠ ᠱᠠᠭᠠᠷᠳᠠᠭᠰᠠᠨ ᠳᠡᠰ ᠳᠠᠪᠬᠤᠷᠭ᠎ᠠ ᠠᠴᠠ ᠦᠵᠡᠪᠡᠯ᠄ ︵ᠨᠢᠭᠡ︶ 2015 ᠣᠨ ᠤ 5 ᠳ᠋ᠤᠭᠠᠷ ᠰᠠᠷ᠎ᠠ ᠳᠤ᠂ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠷᠡᠭᠦᠯ ᠬᠠᠮᠠᠭᠠᠯᠠᠯ ᠤᠨ ᠶᠠᠮᠤᠨ ᠪᠠ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠵᠢᠴᠢ ᠬᠤᠯᠪᠤᠭᠳᠠᠯ ᠪᠦᠬᠦᠢ ᠠᠰᠠᠭᠤᠳᠠᠯ ᠢ ᠵᠢᠷᠤᠮᠵᠢᠭᠤᠯᠬᠤ ᠲᠤᠬᠠᠢ ᠮᠡᠳᠡᠭᠳᠡᠯ︾ ︵ᠬᠦᠭᠵᠢᠭᠦᠯᠦᠯᠲᠡ ᠦᠭᠡᠷᠡᠴᠢᠯᠡᠯᠲᠡ ᠦᠨ᠎ᠡ ﹇2012﹈ 1170 ᠲᠣᠭᠠᠲᠤ︶ ᠪᠠ ︽ᠪᠦᠬᠦ ᠤᠯᠤᠰ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠦᠷᠦᠯ ᠵᠦᠢᠯ ᠤᠨ ᠵᠢᠷᠤᠮᠵᠢᠯ ︵2012 ᠣᠨ ᠤ ᠬᠡᠪᠯᠡᠯ︶ ︾᠎ ᠢ ᠳᠠᠷᠤᠮᠠᠯᠯᠠᠨ ᠲᠠᠷᠬᠠᠭᠠᠵᠤ᠂ ᠡᠯ᠎ᠡ ᠮᠤᠵᠢ ᠨᠤᠭᠤᠳ ᠢ ᠤᠯᠤᠰ ᠤᠨ ᠱᠠᠭᠠᠷᠳᠠᠯᠭ᠎ᠠ ᠶᠣᠰᠤᠭᠠᠷ᠂ ᠲᠤᠰ ᠮᠤᠵᠢ ᠶᠢᠨ ᠣᠳᠣᠬᠢ ᠬᠡᠷᠡᠭᠯᠡᠵᠦ ᠪᠠᠶᠢᠭ᠎ᠠ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠢ ᠵᠢᠷᠤᠮᠵᠢᠭᠤᠯᠤᠨ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠳᠤ ᠵᠣᠬᠢᠴᠠᠩᠭᠤᠢ ᠲᠣᠬᠢᠷᠠᠭᠤᠯᠤᠯᠲᠠ ᠬᠢᠬᠦ ᠶᠢ ᠱᠠᠭᠠᠷᠳᠠᠪᠠ᠃ ︵ᠬᠤᠶᠠᠷ︶ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠪᠠ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ᠂ ᠡᠮ ᠤᠨ ᠵᠦᠢᠯ ᠤᠨ ᠨᠡᠮᠡᠯᠲᠡ ᠦᠨ᠎ᠡ ᠶᠢ ᠨᠢᠭᠡᠨᠲᠡ ᠪᠦᠬᠦᠨ ᠢ ᠦᠭᠡᠶᠢᠰᠭᠡᠭᠰᠡᠨ ᠪᠣᠶᠤ ᠦᠭᠡᠶᠢᠰᠬᠡᠬᠦ ᠪᠠᠷ ᠪᠠᠶᠢᠵᠤ᠂ ᠦᠭᠡᠷᠡᠴᠢᠯᠡᠯᠲᠡ ᠶᠢᠨ ᠲᠥᠷᠦ ᠶᠢᠨ ᠪᠣᠳᠤᠯᠭ᠎ᠠ ᠨᠢ ᠪᠢᠳᠡ ᠨᠠᠷ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠵᠢᠷᠤᠮᠵᠢᠯ ᠪᠠ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠡᠷᠬᠡᠪᠰᠢ ᠢᠵᠢᠯ ᠠᠯᠬᠤᠮ ᠢᠶᠠᠷ ᠤᠷᠤᠭᠰᠢᠯᠠᠬᠤ ᠶᠢ ᠱᠠᠭᠠᠷᠳᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠷᠤᠯᠭ᠎ᠠ ᠶᠢᠨ ᠪᠠᠶᠢᠷᠢᠰᠢᠯ ᠢ ᠴᠠᠭ ᠲᠤᠬᠠᠢ ᠳᠤᠨᠢ ᠲᠣᠬᠢᠷᠠᠭᠤᠯᠬᠤ ᠬᠡᠷᠡᠭᠲᠡᠢ ᠪᠣᠯᠵᠠᠢ᠃      ᠦᠪᠡᠷᠲᠡᠭᠡᠨ ᠵᠠᠰᠠᠬᠤ ᠤᠷᠤᠨ ᠤ ᠪᠣᠳᠠᠲᠤ ᠳᠡᠰ ᠳᠠᠪᠬᠤᠷᠭ᠎ᠠ ᠠᠴᠠ ᠦᠵᠡᠪᠡᠯ᠂ ᠮᠠᠨ ᠤ ᠤᠷᠤᠨ ᠤ ᠣᠳᠣᠬᠢ ᠬᠡᠷᠡᠭᠯᠡᠵᠦ ᠪᠠᠶᠢᠭ᠎ᠠ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠪᠠ ᠦᠨ᠎ᠡ ᠬᠠᠩᠰᠢ ᠪᠣᠯ 2004 ᠣᠨ ᠎ ᠳᠤ ᠲᠣᠭᠲᠠᠭᠠᠭᠠᠳ᠂ ᠨᠢᠭᠡᠨᠲᠡ ᠠᠷᠪᠠᠨ ᠬᠡᠳᠦᠨ ᠵᠢᠯ ᠬᠡᠷᠡᠭᠯᠡᠪᠡ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠠᠷᠢᠮᠵᠢᠶ᠎ᠠ ᠨᠡᠯᠢᠶᠡᠳ ᠳᠣᠣᠷ᠎ᠠ ᠪᠠᠶᠢᠵᠤ᠂ ᠦᠨ᠎ᠡ ᠬᠠᠩᠰᠢ ᠶᠢᠨ ᠪᠦᠲᠦᠴᠡ ᠪᠦᠷᠢᠮᠦᠰᠦᠨ ᠵᠣᠬᠢᠰᠲᠠᠢ ᠎ ᠪᠠᠷ ᠪᠠᠷᠠᠬᠤ ᠦᠭᠡᠢ᠂ ᠡᠮ ᠡᠮᠨᠡᠯᠭᠡ ᠶᠢᠨ ᠮᠡᠷᠭᠡᠵᠢᠯ ᠤᠨ ᠬᠦᠭᠵᠢᠯᠲᠡ ᠶᠢ ᠳᠠᠭᠠᠯᠳᠤᠨ᠂ ᠰᠢᠨ᠎ᠡ ᠪᠠᠷ ᠨᠡᠮᠡᠭᠳᠡᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠯᠠᠨ ᠪᠠᠶᠢᠵᠤ᠂ ᠨᠢᠭᠡᠳᠦᠯᠲᠡᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠴᠠᠭ ᠲᠤᠬᠠᠢ ᠳᠤᠨᠢ ᠲᠣᠭᠲᠠᠭᠠᠬᠤ ᠴᠢᠬᠤᠯᠲᠠᠢ ᠪᠣᠯᠤᠭᠰᠠᠨ ᠪᠠᠶᠢᠨ᠎ᠠ᠃      ᠸᠠᠩ ᠶᠢᠨ ᠪᠣᠤ᠄      ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠢᠷᠤᠮᠵᠢᠭᠤᠯᠬᠤ ᠪᠠ ᠲᠣᠬᠢᠷᠠᠭᠤᠯᠬᠤ ᠠᠴᠢ ᠬᠤᠯᠪᠤᠭᠳᠠᠯ ᠭᠡᠪᠡᠯ᠄ ᠨᠢᠭᠡ ᠳᠤ ᠡᠮᠨᠡᠯᠭᠡ ᠶᠢᠨ ᠬᠤᠷᠢᠶᠠᠨ ᠤ ᠣᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠠᠰᠢᠭᠲᠠᠢ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠠᠶᠢᠨ ᠡᠷᠭᠢᠯᠲᠡ ᠪᠠ ᠦᠷᠭᠦᠯᠵᠢᠯᠡᠨ ᠬᠦᠭᠵᠢᠬᠦ ᠶᠢ ᠪᠡᠶᠡᠯᠡᠭᠦᠯᠦᠨ᠎ᠡ᠃ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠣᠬᠢᠰᠲᠠᠢ ᠲᠣᠬᠢᠷᠠᠭᠤᠯᠬᠤ ᠪᠠᠷ ᠳᠠᠮᠵᠢᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠣᠷᠤᠯᠭ᠎ᠠ ᠶᠢᠨ ᠪᠦᠲᠦᠴᠡ ᠶᠢ ᠬᠤᠪᠢᠷᠠᠭᠤᠯᠵᠤ᠂ ᠲᠤᠬᠠᠶᠢᠯᠠᠭᠰᠠᠨ ᠠᠵᠢᠯ ᠤᠨ ᠣᠷᠤᠯᠭ᠎ᠠ ᠳᠤᠮᠳᠠᠬᠢ ᠮᠡᠷᠭᠡᠵᠢᠯ ᠤᠨ ᠴᠢᠨᠠᠷᠲᠠᠢ ᠣᠷᠤᠯᠭ᠎ᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠡᠮ ᠤᠨ ᠵᠦᠢᠯ ᠪᠠ ᠬᠤᠷᠤᠭᠳᠠᠯ ᠮᠠᠲ᠋ᠧᠷᠢᠶᠠᠯ ᠤᠨ ᠣᠷᠤᠯᠭ᠎ᠠ ᠶᠢᠨ ᠬᠤᠪᠢ ᠶᠢᠨ ᠵᠢᠩ ᠢ ᠳᠣᠷᠤᠭᠰᠢᠯᠠᠭᠤᠯᠵᠤ᠂ ᠰᠢᠨᠵᠢᠯᠡᠬᠦ ᠤᠬᠠᠭᠠᠨᠴᠢ ᠵᠣᠬᠢᠰᠲᠠᠢ ᠨᠦᠬᠦᠪᠦᠷᠢᠯᠡᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠪᠠ ᠲᠡᠭᠦᠯᠳᠡᠷᠵᠢᠭᠦᠯᠦᠨ᠎ᠡ᠃ ᠬᠤᠶᠠᠷ ᠲᠤ ᠡᠮ ᠡᠮᠨᠡᠯᠭᠡ ᠶᠢᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠳᠤ ᠠᠰᠢᠭᠲᠠᠢ᠂ ᠡᠪᠡᠳᠴᠢᠲᠡᠨ ᠤ ᠬᠠᠤᠯᠢ ᠶᠣᠰᠤᠨ ᠤ ᠦᠨ᠎ᠡ ᠬᠠᠩᠰᠢ ᠶᠢᠨ ᠡᠷᠬᠡ ᠠᠰᠢᠭ ᠢ ᠬᠠᠮᠠᠭᠠᠯᠠᠨ᠎ᠠ᠃ ᠰᠢᠨ᠎ᠡ ᠪᠠᠷ ᠬᠡᠪᠯᠡᠭᠰᠡᠨ ᠲᠦᠷᠦᠯ ᠵᠦᠢᠯ ᠤᠨ ᠦᠨ᠎ᠡ ᠬᠠᠩᠰᠢ ᠳᠣᠲᠤᠷᠠᠬᠢ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠨᠡᠷᠡᠶᠢᠳᠦᠯ᠂ ᠠᠭᠤᠯᠤᠭᠳᠠᠬᠤᠨ᠂ ᠡᠭᠦᠨ ᠠᠴᠠ ᠭᠠᠳᠠᠨᠠᠬᠢ ᠠᠭᠤᠯᠭ᠎ᠠ ᠳᠤ ᠨᠠᠷᠢᠨ ᠲᠣᠳᠤᠷᠬᠠᠢ ᠵᠠᠭᠠᠭᠯᠠᠨ ᠲᠣᠳᠤᠷᠬᠠᠶᠢᠯᠠᠯᠲᠠ ᠬᠢᠵᠦ ᠂ ᠲᠡᠷᠡᠴᠢᠯᠡᠨ ᠡᠮᠴᠢᠯᠡᠭᠡᠨ ᠤ ᠠᠵᠢᠯᠯᠠᠭ᠎ᠠ ᠶᠢᠨ ᠡᠴᠦᠰ ᠤᠨ ᠲᠥᠷᠥᠯ ᠵᠦᠢᠯ ᠳᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠳᠠᠬᠢᠨ ᠳᠤᠷ᠎ᠠ ᠪᠠᠷ ᠢᠶᠠᠨ ᠵᠠᠳᠠᠯᠤᠨ ᠬᠤᠪᠢᠶᠠᠷᠢᠯᠠᠬᠤ ᠶᠢ ᠵᠦᠪᠰᠢᠶᠡᠷᠡᠬᠦ ᠦᠭᠡᠢ᠂ ᠡᠨᠡ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ ᠦᠨ᠎ᠡ ᠬᠠᠩᠰᠢ ᠶᠢ ᠵᠢᠷᠤᠮᠵᠢᠭᠤᠯᠬᠤ ᠦᠢᠯᠡ ᠠᠵᠢᠯᠯᠠᠭ᠎ᠠ ᠳᠤ ᠠᠰᠢᠭᠲᠠᠢ ᠪᠠᠶᠢᠵᠤ ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ ᠭᠤᠷᠪᠠ ᠳᠤ ᠲᠤᠰᠠᠭᠠᠷ ᠰᠦᠢᠳᠬᠡᠯ ᠬᠤᠷᠢᠶᠠᠵᠤ ᠪᠣᠯᠬᠤ ᠬᠤᠷᠣᠭᠳᠠᠯ ᠮᠠᠲ᠋ᠧᠷᠢᠶᠠᠯ ᠤᠨ ᠲᠦᠷᠦᠯ ᠵᠦᠢᠯ ᠪᠠ ᠲᠤᠭ᠎ᠠ ᠶᠢ ᠴᠢᠩᠭ᠎ᠠ ᠡᠵᠡᠮᠳᠡᠵᠦ᠂ ᠡᠩ ᠤᠨ ᠬᠡᠷᠡᠭᠯᠡᠳᠡᠭ ᠳᠣᠣᠷ᠎ᠠ ᠦᠷᠲᠡᠭ ᠤᠨ ᠨᠢᠭᠡ ᠯᠡ ᠤᠳᠠᠭᠠᠨ ᠤ ᠴᠢᠨᠠᠷᠲᠠᠶ ᠡᠮᠴᠢᠯᠡᠭᠡᠨ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠢ ᠪᠣᠭᠤᠳᠠᠯᠯᠠᠨ ᠰᠦᠢᠳᠬᠡᠯ ᠬᠤᠷᠢᠶᠠᠬᠤ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ ᠥᠪᠡᠷ ᠤᠨ ᠦᠷᠳᠡᠭ ᠢᠶᠠᠨ ᠡᠵᠡᠮᠳᠡᠬᠦ ᠳᠤ ᠠᠰᠢᠭᠲᠠᠢ ᠪᠠᠶᠢᠵᠤ᠂ ᠴᠢᠬᠤᠯᠠ ᠦᠭᠡᠢ ᠬᠤᠷᠤᠭᠳᠠᠯ ᠮᠠᠲ᠋ᠧᠷᠢᠶᠠᠯ ᠢ ᠬᠡᠷᠡᠭᠯᠡᠬᠦ ᠪᠠ ᠰᠦᠢᠳᠭᠡᠯ ᠬᠤᠷᠢᠶᠠᠬᠤ ᠶᠢ ᠪᠠᠭᠠᠰᠬᠠᠨ᠎ᠠ᠃ ᠳᠥᠷᠪᠡ ᠳᠤ ᠡᠮ ᠡᠮᠨᠡᠯᠭᠡ ᠶᠢᠨ ᠪᠠᠶᠢᠭᠤᠯᠤᠮᠵᠢ ᠶᠢᠨ ᠳᠣᠲᠤᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠬᠤ ᠳᠤ ᠠᠰᠢᠭᠲᠠᠢ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠨᠡᠩ ᠠᠰᠢᠭᠲᠠᠢ ᠶᠤᠮ᠃ ᠡᠨᠡ ᠤᠳᠠᠭᠠᠨ ᠤ ᠲᠣᠬᠢᠷᠠᠭᠤᠯᠤᠯᠲᠠ ᠨᠢ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠣᠷᠤᠨ ᠲᠤᠭ᠎ᠠ᠂ ᠲᠦᠷᠦᠯ ᠵᠦᠢᠯ ᠤᠨ ᠨᠡᠷᠡᠶᠢᠳᠦᠯ᠂ ᠡᠮᠴᠢᠯᠡᠭᠡᠨ ᠤ ᠠᠵᠢᠯᠯᠠᠭ᠎ᠠ ᠶᠢᠨ ᠲᠦᠷᠦᠯᠴᠢᠯᠡᠯ ᠢ ᠨᠢᠭᠡᠲᠦᠭᠦᠯᠵᠦ᠂ ᠠᠵᠢᠯᠯᠠᠭ᠎ᠠ ᠶᠢᠨ ᠶᠠᠪᠤᠴᠠ᠂ ᠭᠤᠣᠯ ᠵᠠᠮ᠂ ᠠᠷᠭ᠎ᠠ ᠮᠠᠶ᠋ᠢᠭ᠂ ᠠᠯᠬᠤᠮ ᠳᠠᠷᠠᠭ᠎ᠠ ᠶᠢᠨ ᠢᠯᠡᠳᠭᠡᠮᠵᠢ ᠨᠢ ᠲᠣᠳᠤᠷᠬᠠᠢ᠂ ᠰᠦᠢᠳᠭᠡᠯ ᠬᠤᠷᠢᠶᠠᠬᠤ ᠨᠢ ᠢᠯᠡ ᠲᠣᠳᠣ ᠪᠠᠶᠢᠬᠤ ᠬᠡᠮᠵᠢᠶ᠎ᠡ ᠶᠢ ᠤᠯᠠᠮ ᠳᠡᠭᠡᠭᠰᠢᠯᠡᠭᠦᠯᠬᠦ ᠶᠢᠨ ᠲᠤᠰᠠᠳᠠ᠂ ᠮᠡᠳᠡᠭᠡ ᠵᠠᠩᠬᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠳᠤ ᠰᠢᠨ᠎ᠡ ᠨᠦᠭᠦᠴᠡᠯ ᠢ ᠪᠣᠢ ᠪᠣᠯᠭᠠᠪᠠ᠃      ᠬᠦᠲᠦᠯᠦᠭᠴᠢ᠄      ᠡᠨᠡ ᠤᠳᠠᠭᠠᠨ ᠤ ᠵᠢᠷᠤᠮᠵᠢᠯ ᠪᠠ ᠲᠣᠬᠢᠷᠠᠭᠤᠯᠤᠯᠲᠠ ᠶᠢᠨ ᠵᠠᠷᠴᠢᠮ ᠪᠠ ᠪᠣᠳᠠᠲᠤ ᠠᠭᠤᠯᠭ᠎ᠠ ᠨᠢ ᠶᠠᠭᠤ ᠪᠣᠢ︖      ᠸᠠᠩ ᠶᠢᠨ ᠪᠣᠤ᠄      ᠡᠨᠡ ᠤᠳᠠᠭ᠎ᠠ ᠮᠠᠨ ᠤ ᠤᠷᠤᠨ ᠤ ᠡᠮ ᠡᠮᠨᠡᠯᠭᠡ ᠶᠢᠨ ᠲᠦᠷᠦᠯ ᠵᠦᠢᠯ ᠤᠨ ᠵᠢᠷᠤᠮᠵᠢᠯ ᠪᠠ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠵᠢᠷᠤᠮᠯᠠᠬᠤ ᠦᠨᠳᠦᠰᠦᠨ ᠵᠠᠷᠴᠢᠮ ᠭᠡᠪᠡᠯ᠄ ᠨᠢᠭᠡ ᠳᠤ ︽ᠶᠡᠷᠦᠩᠬᠡᠢ ᠬᠡᠮᠵᠢᠶ᠎ᠡ ᠶᠢ ᠡᠵᠡᠮᠰᠢᠬᠦ᠂ ᠪᠦᠲᠦᠴᠡ ᠶᠢ ᠲᠣᠬᠢᠷᠠᠭᠤᠯᠬᠤ᠂ ᠥᠰᠦᠯᠲᠡ ᠲᠠᠢ ᠪᠠᠭᠤᠷᠠᠯᠲᠠ ᠲᠠᠢ᠂ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ︾ ᠪᠣᠯᠤᠨ᠎ᠠ︔ ᠡᠪᠡᠳᠴᠢᠨ ᠪᠠᠶᠢᠴᠠᠭᠠᠬᠤ᠂ ᠠᠰᠠᠷᠠᠨ ᠰᠤᠪᠢᠯᠠᠬᠤ᠂ ᠮᠡᠰᠡ ᠵᠠᠰᠠᠯ ᠂ ᠬᠢᠲᠠᠳ ᠡᠮᠨᠡᠯᠭᠡ ᠶᠢᠨ ᠲᠦᠷᠦᠯ ᠵᠡᠷᠭᠡ ᠲᠦᠷᠦᠯ ᠵᠦᠢᠯ ᠤᠨ ᠦᠨ᠎ᠡ ᠬᠠᠩᠰᠢ ᠶᠢ ᠦᠰᠭᠡᠬᠦ ᠪᠠᠷ ᠳᠠᠮᠵᠢᠨ᠂ ᠵᠠᠷᠢᠮ ᠲᠣᠮᠤ ᠬᠡᠯᠪᠡᠷᠢ ᠶᠢᠨ ᠲᠦᠬᠦᠬᠡᠷᠦᠮᠵᠢ ᠪᠠᠷ ᠰᠢᠯᠭᠠᠨ ᠪᠠᠶᠢᠴᠠᠭᠠᠬᠤ ᠵᠡᠷᠭᠡ ᠲᠦᠷᠦᠯ ᠵᠦᠢᠯ ᠤᠨ ᠦᠨ᠎ᠡ ᠬᠠᠩᠰᠢ ᠶᠢ ᠪᠠᠭᠤᠷᠠᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠤᠯᠠᠮ ᠡᠮᠬᠢ ᠵᠠᠮᠪᠠᠷᠠᠭ᠎ᠠ ᠲᠠᠢ ᠪᠣᠯᠭᠠᠵᠤ᠂ ᠡᠮᠨᠡᠯᠭᠡ ᠶᠢᠨ ᠠᠵᠢᠯᠳᠠᠨ ᠤ ᠬᠦᠳᠡᠯᠮᠦᠷᠢ ᠦᠢᠯᠡᠴᠢᠯᠡᠭᠡ ᠶᠢᠨ ᠦᠷᠲᠡᠭ ᠢ ᠪᠦᠬᠦ ᠲᠠᠯ᠎ᠠ ᠎ ᠪᠠᠷ ᠳᠡᠭᠡᠭᠰᠢᠯᠡᠭᠦᠯᠦᠨ᠎ᠡ᠃ ᠬᠤᠶᠠᠷ ᠲᠤ ︽ᠦᠪᠡᠷ ᠤᠨ ᠦᠷᠲᠡᠭ ᠢ ᠨᠦᠬᠦᠪᠦᠷᠢᠯᠡᠬᠦ᠂ ᠬᠤᠷᠤᠭᠳᠠᠯ ᠮᠠᠲ᠋ᠧᠷᠢᠶᠠᠯ ᠢ ᠡᠵᠡᠮᠰᠢᠬᠦ᠂ ᠲᠤᠷᠰᠢᠯᠲᠠ ᠶᠢᠨ ᠴᠢᠭ᠋ ᠲᠤ ᠤᠷᠢᠳᠠᠪᠡᠷ ᠬᠡᠷᠡᠭᠯᠡᠬᠦ᠂ ᠬᠥᠳᠡᠯᠦᠩᠭᠦᠶ ᠪᠠᠷ ᠲᠣᠬᠢᠷᠠᠭᠤᠯᠬᠤ︾ ᠪᠣᠯᠤᠨ᠎ᠠ᠃ ᠨᠢᠭᠡ ᠪᠦᠯᠦᠭ ᠭᠠᠵᠠᠷ ᠤᠷᠤᠨ ᠳᠤ ᠲᠤᠷᠰᠢᠯᠲᠠ ᠶᠢᠨ ᠴᠢᠭ᠋ ᠦᠷᠨᠢᠭᠦᠯᠬᠦ ᠪᠠᠷ ᠳᠠᠮᠵᠢᠨ᠂ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠦᠨ᠎ᠡ ᠬᠠᠩᠰᠢ ᠶᠢ ᠲᠣᠭᠲᠠᠭᠤᠨ ᠢᠶᠠᠷ ᠰᠢᠯᠵᠢᠭᠦᠯᠵᠦ᠂ ᠳᠠᠷᠠᠭᠠᠴᠢ ᠶᠢᠨ ᠠᠯᠬᠤᠮ ᠤᠨ ᠪᠦᠬᠦ ᠲᠠᠯ᠎ᠠ ᠪᠠᠷ ᠬᠡᠷᠡᠭᠵᠢᠭᠦᠯᠬᠦ ᠳᠤ ᠰᠠᠭᠤᠷᠢ ᠲᠠᠯᠪᠢᠵᠤ ᠦᠭᠴᠡᠢ᠃      ᠪᠣᠳᠠᠲᠠᠢ ᠠᠭᠤᠯᠭ᠎ᠠ᠄ ᠮᠠᠨ ᠤ ᠤᠷᠤᠨ ᠤ ︽ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ︵2012 ᠬᠡᠪᠯᠡᠯ︶︾᠎ ᠶᠢᠨ ᠵᠢᠷᠤᠮᠵᠢᠯ ᠪᠠ ᠲᠣᠬᠢᠷᠠᠭᠤᠯᠤᠯᠲᠠ ᠶᠢᠨ ᠲᠦᠷᠦᠯ ᠵᠦᠢᠯ ᠨᠡᠶᠢᠲᠡ ᠠᠷᠪᠠᠨ ᠨᠢᠭᠡᠨ ᠶᠡᠭᠡ ᠲᠦᠷᠦᠯ᠂ 8754 ᠵᠦᠢᠯ ᠪᠠᠶᠢᠨ᠎ᠠ᠃ ᠶᠡᠷᠦᠩᠬᠡᠶᠢᠯᠡᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ 163 ᠵᠦᠢᠯ᠂ ᠢᠮᠡᠭᠧ ᠰᠡᠭᠦᠳᠡᠷ ᠤᠨ ᠰᠤᠳᠤᠯᠤᠯ ᠤᠨ ᠣᠨᠣᠰᠢᠯᠠᠯᠲᠠ ᠶᠢᠨ ᠲᠦᠷᠦᠯ 590 ᠵᠦᠢᠯ᠂ ᠡᠪᠡᠳᠴᠢᠨ ᠤ ᠣᠨᠣᠰᠢᠯᠠᠯᠲᠠ ᠶᠢᠨ ᠲᠦᠷᠦᠯ 43 ᠵᠦᠢᠯ᠂ ᠲᠤᠰᠠᠯᠠᠬᠤ ᠠᠵᠢᠯᠯᠠᠭ᠎ᠠ ᠶᠢᠨ ᠲᠦᠷᠦᠯ 17 ᠵᠦᠢᠯ᠂ ᠡᠮᠴᠢᠯᠡᠭᠡ ᠶᠢᠨ ᠮᠡᠰᠡ ᠵᠠᠰᠠᠯ ᠤᠨ ᠲᠦᠷᠦᠯ 4843 ᠵᠦᠢᠯ᠂ ᠲᠤᠷᠰᠢᠯᠲᠠ ᠶᠢᠨ ᠳᠠᠰᠤᠭ ᠤᠨ ᠣᠨᠣᠰᠢᠯᠠᠯᠲᠠ ᠶᠢᠨ ᠲᠦᠷᠦᠯ 1104 ᠵᠦᠢᠯ᠂ ᠡᠮᠴᠢᠯᠡᠭᠡᠨ ᠤ ᠮᠡᠰᠡ ᠵᠠᠰᠠᠯ ᠤᠨ ᠪᠣᠰᠤ ᠲᠦᠷᠦᠯ 416 ᠵᠦᠢᠯ᠂ ᠡᠮᠴᠢᠯᠡᠭᠡᠨ ᠤ ᠣᠨᠣᠰᠢᠯᠠᠯᠲᠠ ᠶᠢᠨ ᠲᠦᠷᠦᠯ 868 ᠵᠦᠢᠯ᠂ ᠡᠷᠡᠭᠦᠯᠵᠢᠭᠦᠯᠬᠦ ᠡᠮᠴᠢᠯᠡᠭᠡᠨ ᠤ ᠲᠦᠷᠦᠯ 150 ᠵᠦᠢᠯ᠂ ᠡᠮᠴᠢᠯᠡᠭᠡᠨ ᠤ ᠹᠢᠽᠢᠺ ᠤᠨ ᠡᠮᠴᠢᠯᠡᠭᠡ ᠶᠢᠨ ᠲᠦᠷᠦᠯ 233 ᠵᠦᠢᠯ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ 327 ᠵᠦᠢᠯ ᠢ ᠪᠠᠭᠲᠠᠭᠠᠨ᠎ᠠ᠃ ᠡᠭᠦᠨ ᠤ ᠳᠣᠲᠤᠷ᠎ᠠ ᠢᠮᠡᠭᠧ ᠰᠡᠭᠦᠳᠡᠷ ᠤᠨ ᠰᠤᠳᠤᠯᠤᠯ ᠤᠨ ᠣᠨᠣᠰᠢᠯᠠᠯᠲᠠ ᠶᠢᠨ ᠲᠦᠷᠦᠯ ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ ᠨᠢ 15%᠂ ᠲᠤᠷᠰᠢᠯᠲᠠ ᠶᠢᠨ ᠳᠠᠰᠤᠭ ᠤᠨ ᠣᠨᠣᠰᠢᠯᠠᠯᠲᠠ ᠶᠢᠨ ᠲᠦᠷᠦᠯ ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ ᠨᠢ 10%᠂ ᠶᠡᠷᠦᠩᠬᠡᠶᠢᠯᠡᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ ᠨᠢ 70%᠂ ᠡᠮᠴᠢᠯᠡᠭᠡ ᠶᠢᠨ ᠮᠡᠰᠡ ᠵᠠᠰᠠᠯ ᠤᠨ ᠲᠦᠷᠦᠯ ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ ᠨᠢ 60%᠂ ᠡᠮᠴᠢᠯᠡᠭᠡᠨ ᠤ ᠮᠡᠰᠡ ᠵᠠᠰᠠᠯ ᠤᠨ ᠪᠣᠰᠤ ᠲᠦᠷᠦᠯ᠂ ᠡᠮᠴᠢᠯᠡᠭᠡᠨ ᠤ ᠣᠨᠣᠰᠢᠯᠠᠯᠲᠠ ᠶᠢᠨ ᠲᠦᠷᠦᠯ ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ ᠨᠢ 20%᠂ ᠡᠮᠴᠢᠯᠡᠭᠡᠨ ᠤ ᠹᠢᠽᠢᠺ ᠤᠨ ᠡᠮᠴᠢᠯᠡᠭᠡ ᠶᠢᠨ ᠲᠦᠷᠦᠯ᠂ ᠡᠷᠡᠭᠦᠯᠵᠢᠭᠦᠯᠬᠦ ᠡᠮᠴᠢᠯᠡᠭᠡᠨ ᠤ ᠲᠦᠷᠦᠯ ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ ᠨᠢ 30%᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ ᠨᠢ 50% ᠪᠣᠯᠤᠨ᠎ᠠ᠃ ᠰᠢᠨ᠎ᠡ ᠨᠡᠮᠡᠭᠳᠡᠭᠰᠡᠨ ᠲᠦᠷᠦᠯ 508 ᠵᠦᠢᠯ᠂ ᠵᠡᠷᠭᠡᠴᠡᠭᠡ ᠰᠢᠯᠵᠢᠯᠲᠡ ᠶᠢᠨ ᠲᠦᠷᠦᠯ 657 ᠵᠦᠢᠯ ᠪᠠᠶᠢᠨ᠎ᠠ᠃      ᠬᠦᠲᠦᠯᠦᠭᠴᠢ᠄      ᠰᠢᠨ᠎ᠡ ᠬᠡᠪᠯᠡᠭᠰᠡᠨ ᠦᠨ᠎ᠡ ᠬᠠᠩᠰᠢ ᠶᠢᠨ ᠭᠠᠷᠴᠠᠭ ᠳᠣᠲᠤᠷ᠎ᠠ ᠶᠡᠷᠦᠩᠬᠡᠶᠢᠯᠡᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢ ᠳᠡᠭᠡᠭᠰᠢᠯᠡᠭᠦᠯᠦᠭᠰᠡᠨ ᠬᠡᠮᠵᠢᠶ᠎ᠡ ᠨᠢ 70% ᠪᠠᠶᠢᠵᠤ᠂  ᠡᠮᠴᠢᠯᠡᠭᠡ ᠶᠢᠨ ᠮᠡᠰᠡ ᠵᠠᠰᠠᠯ ᠤᠨ ᠲᠦᠷᠦᠯ ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ ᠨᠢ 60%᠂ ᠲᠤᠮᠤ ᠬᠡᠯᠪᠡᠷᠢ ᠶᠢᠨ ᠲᠥᠬᠦᠭᠡᠷᠦᠮᠵᠢ ᠪᠠᠷ ᠪᠠᠶᠢᠴᠠᠭᠠᠬᠤ᠂ ᠰᠢᠯᠭᠠᠨ ᠪᠠᠶᠢᠴᠠᠭᠠᠬᠤ ᠶᠢᠨ ᠳᠣᠷᠤᠭᠰᠢᠯᠠᠭᠤᠯᠤᠭᠰᠠᠨ ᠬᠡᠮᠵᠢᠶ᠎ᠡ ᠨᠢ ᠲᠤᠰᠪᠦᠷᠢ 15% ᠪᠠ 10% ᠪᠣᠯᠤᠨ᠎ᠠ᠂ ᠡᠳᠡᠭᠡᠷ ᠲᠣᠬᠢᠷᠠᠭᠤᠯᠤᠯᠲᠠ ᠶᠢᠨ ᠬᠡᠮᠵᠢᠶ᠎ᠡ ᠶᠢ ᠶᠠᠭᠤ ᠪᠠᠷ ᠦᠨᠳᠦᠰᠦ ᠪᠠᠷᠢᠮᠳᠠ ᠪᠣᠯᠭᠠᠨ ᠲᠣᠭᠲᠠᠭᠠᠭᠰᠠᠨ ᠪᠣᠢ︖ ᠲᠤᠭ᠎ᠠ ᠪᠠᠷᠢᠮᠳᠠ ᠠᠴᠠ ᠦᠵᠡᠪᠡᠯ᠂ ᠳᠡᠭᠡᠭᠰᠢᠯᠡᠯᠲᠡ ᠨᠢ ᠳᠣᠷᠤᠭᠰᠢᠯᠠᠭᠤᠯᠤᠭᠰᠠᠨ ᠵᠦᠢᠯ ᠠᠴᠠ ᠠᠷᠪᠢᠨ ᠪᠠᠶᠢᠨ᠎ᠠ᠃      ᠸᠠᠩ ᠶᠢᠨ ᠪᠣᠤ᠄      ᠶᠡᠷᠦᠩᠬᠡᠶᠢᠯᠡᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠨᠢ ᠤᠯᠠᠨ ᠰᠠᠯᠠᠭ᠎ᠠ ᠲᠠᠰᠤᠭ ᠤᠨ ᠬᠠᠮᠲᠤᠪᠡᠷ ᠬᠡᠷᠡᠭᠯᠡᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠦᠷᠦᠯ ᠵᠦᠢᠯ ᠢ ᠬᠡᠯᠡᠨ᠎ᠡ᠂ ᠭᠤᠣᠯ ᠨᠢ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ᠂ ᠣᠷᠣ᠂ ᠵᠡᠭᠦᠦ ᠲᠠᠷᠢᠯᠭ᠎ᠠ᠂ ᠤᠰᠦᠠ ᠡᠮ ᠶᠡᠭᠦᠯᠡᠬᠦ᠂ ᠡᠮ ᠰᠣᠯᠢᠬᠤ ᠵᠡᠷᠭᠡ ᠶᠢ ᠪᠠᠭᠲᠠᠭᠠᠵᠤ᠂ ᠭᠤᠣᠯᠳᠠᠭᠤ ᠡᠮᠴᠢ ᠪᠠ ᠰᠤᠪᠢᠯᠠᠭᠴᠢ ᠶᠢᠨ ᠬᠥᠳᠡᠯᠮᠦᠷᠢ ᠦᠢᠯᠡᠴᠢᠯᠡᠭᠡᠨ ᠤ ᠮᠡᠷᠭᠡᠵᠢᠯ ᠤᠨ ᠦᠨ᠎ᠡ ᠦᠷᠲᠡᠭ ᠢ ᠢᠯᠡᠷᠡᠭᠦᠯᠦᠨ᠎ᠡ᠃ ᠶᠡᠷᠦᠩᠬᠡᠶᠢᠯᠡᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠤᠨ ᠦᠨ᠎ᠡ ᠬᠠᠩᠰᠢ ᠶᠢᠨ ᠳᠡᠭᠡᠭᠰᠢᠯᠡᠭᠰᠡᠨ ᠬᠡᠮᠵᠢᠶ᠎ᠡ ᠨᠢ 70% ᠪᠠᠶᠢᠵᠤ᠂ ᠰᠢᠯᠵᠢᠯᠲᠡ ᠶᠢᠨ ᠬᠡᠮᠵᠢᠶ᠎ᠡ ᠨᠢ ᠨᠡᠯᠢᠶᠡᠳ ᠶᠡᠭᠡ ᠪᠠᠶᠢᠬᠤ ᠶᠢᠨ ᠭᠤᠣᠯ ᠰᠢᠯᠲᠠᠭᠠᠨ ᠨᠢ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠯᠭᠠᠬᠤ ᠵᠠᠷᠤᠳᠠᠯ ᠢ ᠳᠡᠭᠡᠭᠰᠢᠯᠡᠭᠦᠯᠦᠭᠰᠡᠨ ᠳᠤ ᠣᠷᠤᠰᠢᠨ᠎ᠠ᠃ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠯᠭᠠᠬᠤ ᠵᠠᠷᠤᠳᠠᠯ 2 ᠲᠦᠭᠦᠷᠢᠭ ᠪᠠᠶᠢᠭᠰᠠᠨ ᠠᠴᠠ 5 ᠲᠦᠭᠦᠷᠢᠭ ᠪᠣᠯᠭᠠᠨ ᠲᠣᠬᠢᠷᠠᠭᠤᠯᠵᠦ᠂ ᠳᠡᠳ᠋ ᠡᠷᠬᠢᠯᠡᠬᠦ ᠡᠮᠴᠢ ᠶᠢᠨ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠯᠭᠠᠬᠤ ᠵᠠᠷᠤᠳᠠᠯ 3 ᠲᠦᠭᠦᠷᠢᠭ ᠪᠠᠶᠢᠭᠰᠠᠨ ᠠᠴᠠ 10 ᠲᠦᠭᠦᠷᠢᠭ ᠪᠣᠯᠭᠠᠨ ᠲᠣᠬᠢᠷᠠᠭᠤᠯᠵᠤ᠂ ᠡᠷᠬᠢᠯᠡᠬᠦ ᠡᠮᠴᠢ ᠶᠢᠨ ᠡᠭᠦᠳᠡᠨ ᠡᠮᠨᠡᠯᠭᠡ ᠶᠢᠨ ᠡᠪᠡᠳᠴᠢᠨ ᠪᠠᠶᠢᠯᠭᠠᠬᠤ ᠵᠠᠷᠤᠳᠠᠯ 4 ᠲᠦᠭᠦᠷᠢᠭ ᠪᠠᠶᠢᠭᠰᠠᠨ ᠠᠴᠠ 15 ᠲᠦᠭᠦᠷᠢᠭ ᠪᠣᠯᠭᠠᠨ ᠲᠣᠬᠢᠷᠠᠭᠤᠯᠵᠤ᠂ ᠨᠡᠷᠡᠲᠦ ᠲᠤᠰᠬᠠᠢ ᠮᠡᠷᠭᠡᠵᠢᠯᠲᠡᠨ ᠤ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠯᠭᠠᠬᠤ ᠵᠠᠷᠤᠳᠠᠯ 15 ᠲᠦᠭᠦᠷᠢᠭ ᠪᠠᠶᠢᠭᠰᠠᠨ ᠠᠴᠠ 20— 30 ᠲᠦᠭᠦᠷᠢᠭ ᠪᠣᠯᠭᠠᠨ ᠲᠣᠬᠢᠷᠠᠭᠤᠯᠵᠤ᠂ ᠳ᠋ᠤᠭᠠᠷᠯᠠᠬᠤ ᠵᠠᠷᠤᠳᠠᠯ ᠢ ᠬᠦᠴᠦᠨ ᠦᠭᠡᠢ ᠪᠣᠯᠭᠠᠪᠠ᠃ ᠡᠭᠦᠨ ᠤ ᠬᠠᠮᠲᠤ ᠳᠦᠭᠦᠮ ᠡᠭᠦᠳᠡᠨ ᠡᠮᠨᠡᠯᠭᠡ ᠶᠢᠨ ᠵᠠᠷᠤᠳᠠᠯ ᠢ ᠦᠯᠡᠳᠡᠭᠡᠨ᠂ ᠬᠡᠷᠪᠡ ᠵᠦᠪᠬᠡᠨ ᠡᠮ ᠠᠪᠤᠪᠠᠯ᠂ 1 ᠲᠦᠭᠦᠷᠢᠭ ᠤᠨ ᠳᠦᠭᠦᠮ ᠡᠭᠦᠳᠡᠨ ᠡᠮᠨᠡᠯᠭᠡ ᠶᠢᠨ ᠵᠠᠷᠤᠳᠠᠯ ᠲᠤᠰᠢᠶᠠᠭᠰᠠᠭᠠᠷ ᠪᠣᠯᠴᠢᠬᠠᠨ᠎ᠠ᠃ ᠡᠶᠢᠮᠦᠷᠬᠦ ᠲᠣᠬᠢᠷᠠᠭᠤᠯᠤᠯᠲᠠ ᠨᠢ ᠭᠤᠣᠯᠳᠠᠭᠤ ᠡᠮ ᠡᠮᠨᠡᠯᠭᠡ ᠶᠢᠨ ᠮᠡᠷᠭᠡᠵᠢᠯ ᠤᠨ ᠦᠢᠯᠡᠴᠢᠯᠡᠭᠡᠨ ᠤ ᠦᠷᠲᠡᠭ ᠢ ᠭᠦᠢᠴᠡᠳ ᠢᠯᠡᠷᠡᠭᠦᠯᠵᠤ᠂ ᠡᠮ ᠡᠮᠨᠡᠯᠭᠡ ᠶᠢᠨ ᠮᠡᠷᠭᠡᠵᠢᠯᠲᠡᠨ ᠤ ᠢᠳᠡᠪᠬᠢᠵᠢᠯ ᠢ ᠳᠠᠶᠢᠴᠢᠯᠠᠬᠤ ᠶᠢ ᠪᠣᠳᠤᠯᠬᠢᠯᠠᠪᠠ︔ ᠡᠭᠦᠨ ᠤ ᠬᠠᠮᠲᠤ᠂ ᠣᠨᠣᠰᠢᠯᠠᠨ ᠡᠮᠨᠡᠬᠦ ᠵᠠᠷᠤᠳᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠨᠢ ᠮᠦᠨ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠪᠠᠶᠢᠭᠤᠯᠬᠤ ᠳᠤ ᠠᠰᠢᠭᠲᠠᠢ ᠪᠠᠶᠢᠵᠤ᠂ ᠡᠪᠡᠳᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠯᠭᠠᠨ ᠡᠮᠴᠢᠯᠡᠭᠦᠯᠦᠨ᠎ᠡ᠃      ᠡᠮᠴᠢᠯᠡᠭᠡ ᠶᠢᠨ ᠮᠡᠰᠡ ᠵᠠᠰᠠᠯ ᠤᠨ ᠵᠠᠷᠤᠳᠠᠯ ᠭᠡᠳᠡᠭ ᠪᠣᠯ ᠮᠡᠰᠡ ᠵᠠᠰᠠᠯ ᠤᠨ ᠠᠵᠢᠯᠯᠠᠭ᠎ᠠ ᠶᠢᠨ ᠵᠠᠷᠤᠳᠠᠯ ᠢ ᠵᠢᠭᠠᠵᠤ ᠪᠣᠢ᠂ ᠡᠮᠴᠢ ᠶᠢᠨ ᠴᠣᠯᠤ ᠮᠡᠷᠭᠡᠵᠢᠯ ᠤᠨ ᠦᠨ᠎ᠡ ᠦᠷᠲᠡᠭ ᠤᠨ ᠢᠯᠡᠷᠡᠯ ᠪᠣᠯᠤᠨ᠎ᠠ᠃ 60%᠎ ᠪᠠᠷ ᠳᠡᠭᠡᠭᠰᠢᠯᠡᠭᠦᠯᠦᠭᠰᠡᠨ ᠤ ᠭᠤᠣᠯ ᠰᠢᠯᠲᠠᠭᠠᠨ ᠪᠣᠯ ᠮᠠᠨ ᠤ ᠤᠷᠤᠨ ᠤ 2004 ᠣᠨ ᠳᠤ ᠬᠡᠪᠯᠡᠭᠰᠡᠨ ᠮᠡᠰᠡ ᠵᠠᠰᠠᠯ ᠤᠨ ᠵᠠᠷᠤᠳᠠᠯ ᠨᠢ ᠨᠡᠯᠢᠶᠡᠳ ᠳᠣᠣᠷ᠎ᠠ ᠪᠠᠶᠢᠵᠤ᠂ ᠪᠦᠬᠦ ᠤᠯᠤᠰ ᠤᠨ ᠳᠤᠮᠳᠠᠴᠢ ᠲᠥᠪᠰᠢᠨ ᠠᠴᠠ ᠳᠣᠣᠷ᠎ᠠ ᠪᠠᠶᠢᠳᠠᠭ᠃ ᠵᠢᠱᠢᠶᠡᠯᠡᠪᠡᠯ ᠮᠤᠬᠤᠷ ᠣᠯᠣᠭᠠᠶ ᠶᠢ ᠣᠭᠲᠣᠯᠵᠤ ᠠᠪᠬᠤ ᠵᠠᠰᠠᠯ ᠤᠨ ᠣᠳᠣᠬᠢ ᠬᠡᠷᠡᠭᠵᠢᠭᠦᠯᠵᠦ ᠪᠠᠶᠢᠭ᠎ᠠ ᠤᠳᠠᠭ᠎ᠠ ᠪᠦᠷᠢ 270 ᠲᠦᠭᠦᠷᠢᠭ᠂ ᠭᠡᠲᠡᠯ᠎ᠡ ᠪᠦᠬᠦ ᠤᠯᠤᠰ ᠤᠨ ᠳᠤᠮᠳᠠᠴᠢ ᠦᠨ᠎ᠡ ᠨᠢ 500 ᠭᠠᠷᠤᠢ ᠲᠦᠭᠦᠷᠢᠭ ᠪᠣᠯᠤᠨ᠎ᠠ᠃ ᠨᠢᠭᠡᠨ ᠤᠳᠠᠭ᠎ᠠ ᠶᠢᠨ ᠮᠤᠬᠤᠷ ᠣᠯᠤᠭᠠᠢ ᠶᠢᠨ ᠮᠡᠰᠡ ᠵᠠᠰᠠᠯ ᠳᠤ ᠣᠷᠤᠯᠴᠠᠬᠤ ᠡᠮᠴᠢ ᠰᠣᠪᠢᠯᠠᠭᠴᠢ ᠨᠢ 3 —4 ᠬᠦᠮᠦᠨ᠂ 1.5᠎ ᠠᠴᠠ 2 ᠴᠠᠭ ᠤᠨ ᠬᠤᠭᠤᠴᠠᠭ᠎ᠠ ᠵᠠᠷᠤᠴᠠᠭᠤᠯᠤᠭᠠᠳ᠂ ᠵᠦᠪᠬᠡᠨ 270 ᠲᠦᠭᠦᠷᠢᠭ ᠎ ᠤᠨ ᠵᠠᠷᠤᠳᠠᠯ ᠬᠤᠷᠢᠶᠠᠬᠤ ᠨᠢ᠂ ᠦᠨ᠎ᠡ ᠦᠷᠲᠡᠭ ᠠᠴᠠ ᠬᠡᠳᠦ ᠬᠤᠯᠠᠳᠠᠨ᠎ᠠ᠃ ᠡᠶᠢᠮᠦ ᠠᠴᠠ ᠪᠢᠳᠡ ᠮᠡᠰᠡ ᠵᠠᠰᠠᠯ ᠤᠨ ᠵᠠᠷᠤᠳᠠᠯ ᠵᠡᠷᠭᠡ᠂ ᠦᠨ᠎ᠡ ᠬᠠᠩᠰᠢ ᠨᠢ ᠦᠨᠡᠬᠡᠷ ᠳᠣᠣᠷ᠎ᠠ ᠪᠠᠶᠢᠬᠤ ᠲᠦᠷᠦᠯ ᠵᠦᠢᠯ ᠤᠨ ᠦᠨ᠎ᠡ ᠬᠠᠩᠰᠢ ᠎ ᠳᠤ ᠶᠡᠭᠡ ᠬᠡᠮᠵᠢᠶᠡᠨ ᠤ ᠲᠣᠬᠢᠷᠠᠭᠤᠯᠤᠯᠲᠠ ᠬᠢᠪᠡ᠂ ᠳᠠᠷᠤᠢ ᠡᠮᠨᠡᠯᠭᠡ ᠶᠢᠨ ᠠᠵᠢᠯᠲᠠᠳ ᠤᠨ ᠬᠦᠳᠡᠯᠮᠦᠷᠢ ᠦᠢᠯᠡᠴᠢᠯᠡᠭᠡᠨ ᠤ ᠮᠡᠷᠭᠡᠵᠢᠯ ᠤᠨ ᠦᠨ᠎ᠡ ᠦᠷᠲᠡᠭ ᠢ ᠨᠡᠩ ᠰᠠᠶᠢᠨ ᠬᠠᠷᠠᠭᠤᠯᠵᠤ᠂ ᠡᠮᠨᠡᠯᠭᠡ ᠶᠢᠨ ᠠᠵᠢᠯᠲᠠᠳ ᠢ ᠨᠡᠩ ᠰᠠᠶᠢᠨ ᠰᠡᠳᠭᠢᠯ ᠲᠦᠪᠯᠡᠷᠡᠭᠦᠯᠦᠨ ᠡᠪᠡᠳᠴᠢᠲᠡᠨ ᠳᠤ ᠦᠢᠯᠡᠴᠢᠯᠡᠭᠦᠯᠦᠨ᠎ᠡ᠃      ᠸᠠᠩ ᠶᠢᠨ ᠪᠤᠣ᠄      ᠮᠠᠨ ᠤ ᠲᠣᠬᠢᠷᠠᠭᠤᠯᠤᠯᠲᠠ ᠳᠤᠮᠳᠠᠬᠢ ᠳᠣᠷᠤᠭᠰᠢᠯᠠᠭᠤᠯᠤᠭᠰᠠᠨ ᠬᠡᠰᠡᠭ ᠨᠢ᠂ ᠵᠢᠱᠢᠶᠡᠯᠡᠪᠡᠯ ᠢᠮᠡᠭᠧ ᠰᠡᠭᠦᠳᠡᠷ ᠤᠨ ᠲᠦᠷᠦᠯ ᠤᠨ ᠪᠠᠶᠢᠴᠠᠭᠠᠯᠲᠠ ︵ᠲᠣᠮᠣ ᠬᠡᠯᠪᠡᠷᠢ ᠶᠢᠨ ᠲᠥᠬᠦᠭᠡᠷᠦᠮᠵᠢ ᠶᠢᠨ ᠰᠣᠷᠢᠨᠵᠢᠨ᠂ CT ᠪᠠᠶᠢᠴᠠᠭᠠᠯᠲᠠ ᠪᠠ ᠪᠤᠳᠤᠭᠲᠤ ᠳ᠋ᠣᠫᠯᠧᠷ ᠪᠠᠶᠢᠴᠠᠭᠠᠯᠲᠠ ᠶᠢ ᠪᠠᠭᠲᠠᠭᠠᠨ᠎ᠠ︶᠎ ᠶᠢᠨ ᠤᠳᠠᠭ᠎ᠠ ᠪᠦᠷᠢ ᠳᠤᠮᠳᠠᠴᠢ ᠪᠠᠷ 15%᠎ ᠶᠢᠨ ᠬᠡᠮᠵᠢᠶ᠎ᠡ ᠪᠠᠷ ᠳᠣᠷᠤᠭᠰᠢᠯᠠᠭᠤᠯᠵᠤ᠂ ᠰᠣᠷᠢᠨᠵᠢᠨ ᠪᠠᠶᠢᠴᠠᠭᠠᠯᠲᠠ ᠨᠢ 950 ᠲᠦᠭᠦᠷᠢᠭ ᠪᠠᠶᠢᠭᠰᠠᠨ ᠢ ᠳᠣᠷᠤᠭᠰᠢᠯᠠᠭᠤᠯᠤᠭᠠᠳ 750 ᠲᠦᠭᠦᠷᠢᠭ ᠪᠣᠯᠭᠠᠵᠤ᠂ ᠳᠣᠷᠤᠭᠰᠢᠯᠠᠭᠤᠯᠤᠭᠰᠠᠨ ᠬᠡᠮᠵᠢᠶ᠎ᠡ ᠨᠢ 21% ᠪᠣᠯᠤᠨ᠎ᠠ︔ ᠲᠣᠯᠤᠭᠠᠢ ᠶᠢᠨ ᠬᠡᠰᠡᠭ ᠤᠨ CT ᠪᠠᠶᠢᠴᠠᠭᠠᠯᠲᠠ ᠨᠢ 320 ᠲᠦᠭᠦᠷᠢᠭ ᠪᠠᠶᠢᠭᠰᠠᠨ ᠢ ᠳᠣᠷᠤᠭᠰᠢᠯᠠᠭᠤᠯᠤᠭᠠᠳ 260 ᠲᠦᠭᠦᠷᠢᠭ ᠪᠣᠯᠭᠠᠵᠤ᠂ ᠳᠣᠷᠤᠭᠰᠢᠯᠠᠭᠤᠯᠤᠭᠰᠠᠨ ᠬᠡᠮᠵᠢᠶ᠎ᠡ ᠨᠢ 18% ᠪᠣᠯᠤᠨ᠎ᠠ︔ ᠪᠤᠳᠤᠭᠲᠤ ᠳ᠋ᠣᠫᠯᠧᠷ ᠬᠡᠪ ᠤᠨ ᠪᠠᠶᠢᠴᠠᠭᠠᠯᠲᠠ ᠨᠢ 120 ᠲᠦᠭᠦᠷᠢᠭ ᠪᠠᠶᠢᠭᠰᠠᠨ ᠢ ᠳᠣᠷᠤᠭᠰᠢᠯᠠᠭᠤᠯᠤᠭᠠᠳ 110 ᠲᠦᠭᠦᠷᠢᠭ ᠪᠣᠯᠭᠠᠵᠤ᠂ ᠳᠣᠷᠤᠭᠰᠢᠯᠠᠭᠤᠯᠤᠭᠰᠠᠨ ᠬᠡᠮᠵᠢᠶ᠎ᠡ ᠨᠢ 8% ᠪᠣᠯᠤᠨ᠎ᠠ᠃ ᠵᠢᠱᠢᠶᠡᠯᠡᠪᠡᠯ ᠰᠢᠯᠭᠠᠨ ᠪᠠᠶᠢᠴᠠᠭᠠᠬᠤ ᠲᠦᠷᠦᠯ ᠵᠦᠢᠯ ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ ᠨᠢ 10% ᠪᠠᠶᠢᠵᠤ᠂ ᠦᠷᠭᠦᠯᠵᠢ ᠬᠡᠷᠡᠭᠯᠡᠳᠡᠭ ᠬᠠᠯᠳᠠᠪᠤᠷᠢᠲᠤ ᠶᠢᠨ ᠳᠥᠷᠪᠡᠨ ᠵᠦᠢᠯ ᠨᠢ 320 ᠲᠦᠭᠦᠷᠢᠭ ᠪᠠᠶᠢᠭᠰᠠᠨ ᠢ ᠳᠣᠷᠤᠭᠰᠢᠯᠠᠭᠤᠯᠤᠭᠠᠳ 270 ᠲᠦᠭᠦᠷᠢᠭ ᠪᠣᠯᠭᠠᠵᠤ᠂ ᠳᠣᠷᠤᠭᠰᠢᠯᠠᠭᠤᠯᠤᠭᠰᠠᠨ ᠬᠡᠮᠵᠢᠶ᠎ᠡ ᠨᠢ 15.6% ᠪᠣᠯᠤᠨ᠎ᠠ᠂ ᠴᠢᠰᠤ ᠪᠠᠶᠢᠴᠠᠭᠠᠬᠤ ᠬᠡᠪ ᠤᠨ ᠭᠤᠷᠪᠠᠨ ᠲᠦᠷᠦᠯ ᠤᠨ ᠪᠠᠶᠢᠴᠠᠭᠠᠯᠲᠠ ᠨᠢ 18 ᠲᠦᠭᠦᠷᠢᠭ ᠪᠠᠶᠢᠭᠰᠠᠨ ᠢ ᠳᠣᠷᠤᠭᠰᠢᠯᠠᠭᠤᠯᠤᠭᠠᠳ 15 ᠲᠦᠭᠦᠷᠢᠭ ᠪᠣᠯᠭᠠᠵᠤ᠂ ᠲᠠᠪᠤᠨ ᠲᠦᠷᠦᠯ ᠤᠨ ᠪᠠᠶᠢᠴᠠᠭᠠᠯᠲᠠ ᠨᠢ 30 ᠲᠦᠭᠦᠷᠢᠭ ᠪᠠᠶᠢᠭᠰᠠᠨ ᠢ ᠳᠣᠷᠤᠭᠰᠢᠯᠠᠭᠤᠯᠤᠭᠠᠳ 25 ᠲᠦᠭᠦᠷᠢᠭ ᠪᠣᠯᠭᠠᠵᠤ᠂ ᠳᠣᠷᠤᠭᠰᠢᠯᠠᠭᠤᠯᠤᠭᠰᠠᠨ ᠬᠡᠮᠵᠢᠶ᠎ᠡ ᠨᠢ 16.6% ᠪᠣᠯᠤᠨ᠎ᠠ᠂ ᠡᠯ᠎ᠡ ᠲᠦᠷᠦᠯ ᠤᠨ ᠰᠢᠬᠢᠷ ᠤᠨ ᠲᠦᠷᠦᠯ ᠤᠨ ᠥᠳᠥᠭᠡᠭᠴᠢ ᠶᠢᠨ ᠬᠡᠮᠵᠢᠯᠲᠡ ᠨᠢ 95 ᠲᠦᠭᠦᠷᠢᠭ ᠪᠠᠶᠢᠭᠰᠠᠨ ᠢ ᠳᠣᠷᠤᠭᠰᠢᠯᠠᠭᠤᠯᠤᠭᠠᠳ 90 ᠲᠦᠭᠦᠷᠢᠭ ᠪᠣᠯᠭᠠᠵᠤ ᠂ ᠳᠣᠷᠤᠭᠰᠢᠯᠠᠭᠤᠯᠤᠭᠰᠠᠨ ᠬᠡᠮᠵᠢᠶ᠎ᠡ ᠨᠢ 5.2% ᠪᠣᠯᠤᠨ᠎ᠠ᠃      ᠬᠡᠳᠦᠶᠢᠪᠡᠷ ᠶᠡᠷᠦᠩᠬᠡᠶᠢᠯᠡᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠪᠠ ᠮᠡᠰᠡ ᠵᠠᠰᠠᠯ ᠤᠨ ᠲᠦᠷᠦᠯ ᠤᠨ ᠳᠡᠭᠡᠭᠰᠢᠯᠡᠭᠦᠯᠦᠭᠰᠡᠨ ᠬᠡᠮᠵᠢᠶ᠎ᠡ ᠨᠢ ᠶᠡᠭᠡ ᠪᠣᠯᠪᠠᠴᠤ᠂ ᠣᠷᠤᠯᠭ᠎ᠠ ᠶᠢᠨ ᠶᠡᠷᠦᠩᠬᠡᠢ ᠬᠡᠮᠵᠢᠶ᠎ᠡ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ ᠣᠷᠤᠯᠭ᠎ᠠ ᠶᠢᠨ ᠶᠡᠷᠦᠩᠬᠡᠢ ᠬᠡᠮᠵᠢᠶᠡᠨ ᠤ 8.1% ᠪᠠ 3.5% ᠡᠵᠡᠯᠡᠵᠦ᠂ ᠢᠮᠡᠭᠧ ᠰᠡᠭᠦᠳᠡᠷ ᠤᠨ ᠪᠠᠶᠢᠴᠠᠭᠠᠬᠤ ᠲᠦᠷᠦᠯ ᠪᠠ ᠰᠢᠯᠭᠠᠨ ᠪᠠᠶᠢᠴᠠᠭᠠᠬᠤ ᠲᠦᠷᠦᠯ ᠤᠨ ᠳᠣᠷᠤᠭᠰᠢᠯᠠᠭᠤᠯᠤᠭᠰᠠᠨ ᠬᠡᠮᠵᠢᠶ᠎ᠡ ᠨᠢ ᠨᠡᠯᠢᠶᠡᠳ ᠪᠠᠭ᠎ᠠ᠂ ᠭᠡᠪᠡᠴᠦ ᠣᠷᠤᠯᠭ᠎ᠠ ᠶᠢᠨ ᠶᠡᠷᠦᠩᠬᠡᠢ ᠬᠡᠮᠵᠢᠶ᠎ᠡ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ ᠣᠷᠤᠯᠭ᠎ᠠ ᠶᠢᠨ ᠶᠡᠷᠦᠩᠬᠡᠢ ᠬᠡᠮᠵᠢᠶᠡᠨ ᠤ 13.29% ᠪᠠ 11.15%᠎ ᠶᠢ ᠡᠵᠡᠯᠡᠬᠦ ᠮᠦᠷᠲᠡᠭᠡᠨ ᠢᠮᠡᠭᠧ ᠰᠡᠭᠦᠳᠡᠷ ᠤᠨ ᠪᠠᠶᠢᠴᠠᠭᠠᠬᠤ ᠲᠦᠷᠦᠯ ᠪᠠ ᠰᠢᠯᠭᠠᠨ ᠪᠠᠶᠢᠴᠠᠭᠠᠬᠤ ᠲᠦᠷᠦᠯ ᠵᠦᠢᠯ ᠨᠢ ᠪᠠᠷᠤᠭ ᠯᠠ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠡᠪᠡᠳᠴᠢᠲᠡᠨ ᠨᠢᠭᠡᠪᠦᠷᠢ ᠳᠤ ᠬᠤᠯᠪᠣᠭᠳᠠᠬᠤ ᠲᠦᠷᠦᠯ ᠵᠦᠢᠯ ᠮᠦᠨ᠂ ᠬᠠᠷᠢᠨ ᠮᠡᠰᠡ ᠵᠠᠰᠠᠯ ᠤᠨ ᠲᠦᠷᠦᠯ ᠤᠨ ᠡᠮᠴᠢᠯᠡᠭᠡ ᠪᠣᠯ ᠨᠢᠭᠡ ᠬᠡᠰᠡᠭ ᠡᠪᠡᠳᠴᠢᠲᠡᠨ ᠳᠤ ᠬᠤᠯᠪᠤᠭᠳᠠᠬᠤ ᠲᠦᠷᠦᠯ ᠵᠦᠢᠯ ᠮᠦᠨ᠂ ᠡᠶᠢᠮᠦ ᠠᠴᠠ ᠨᠡᠮᠡᠵᠦ ᠬᠠᠰᠤᠭᠰᠠᠨ ᠬᠡᠮᠵᠢᠶ᠎ᠡ ᠨᠢ ᠶᠡᠷᠦᠩᠬᠡᠢ ᠳᠡᠭᠡᠨ ᠲᠡᠩᠴᠡᠭᠦᠷᠢᠲᠡᠢ ᠪᠣᠯᠤᠨ᠎ᠠ᠃      ᠸᠠᠩ ᠶᠢᠨ ᠪᠣᠣ᠄      ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠮ ᠤᠨ ᠵᠦᠢᠯ ᠤᠨ ᠨᠡᠮᠡᠯᠲᠡ ᠦᠨ᠎ᠡ ᠶᠢ ᠬᠦᠴᠦᠨ ᠦᠭᠡᠶ ᠪᠣᠯᠭᠠᠬᠤ ᠵᠣᠷᠢᠯᠭ᠎ᠠ ᠪᠣᠯ ᠡᠮ ᠤᠨ ᠣᠷᠣᠯᠭ᠎ᠠ ᠪᠠᠷ ᠡᠮᠨᠡᠯᠭᠡ ᠶᠢᠨ ᠬᠤᠷᠢᠶ᠎ᠠ ᠶᠢ ᠲᠡᠵᠢᠭᠡᠬᠦ ᠲᠣᠭᠲᠠᠴᠠ ᠶᠢ ᠡᠪᠳᠡᠵᠦ᠂ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠴᠢᠳᠠᠮᠵᠢ ᠶᠢ ᠰᠡᠷᠭᠦᠭᠡᠨ᠂ ᠡᠮᠨᠡᠯᠭᠡ ᠶᠢᠨ ᠠᠵᠢᠯᠲᠠᠳ ᠤᠨ ᠮᠡᠷᠭᠡᠵᠢᠯ ᠬᠦᠴᠦ ᠬᠥᠳᠡᠯᠮᠦᠷᠢ ᠶᠢᠨ ᠦᠷᠳᠡᠭ ᠢ ᠢᠯᠡᠷᠡᠭᠦᠯᠵᠦ᠂ ᠡᠮᠴᠢ ᠶᠢ ᠡᠮ ᠤᠨ ᠵᠦᠢᠯ ᠪᠣᠯᠣᠨ ᠬᠤᠷᠣᠭᠳᠠᠬᠤ ᠮᠠᠲ᠋ᠧᠷᠢᠶᠠᠯ ᠤᠨ ᠬᠦᠴᠦ ᠶᠠᠪᠤᠭᠴᠢ ᠪᠣᠯᠭᠠᠬᠤ ᠦᠭᠡᠢ ᠶᠢᠨ ᠲᠥᠯᠦᠭᠡ ᠶᠤᠮ᠃      ᠦᠨ᠎ᠡ ᠬᠠᠩᠰᠢ ᠶᠢ ᠲᠣᠬᠢᠷᠠᠭᠤᠯᠤᠭᠰᠠᠨ ᠤ ᠲᠠᠷᠠᠭ᠎ᠠ᠂ ᠬᠡᠷᠪᠡ ᠡᠮ ᠡᠮᠨᠡᠯᠭᠡ ᠶᠢᠨ ᠦᠢᠯᠡᠴᠢᠯᠡᠭᠡ ᠪᠣᠯᠣᠨ ᠵᠠᠷᠤᠳᠠᠯ ᠬᠤᠷᠢᠶᠠᠬᠤ ᠲᠠᠯ᠎ᠠ ᠪᠠᠷ ᠵᠢᠭᠤᠷᠠᠯᠳᠤᠭᠠᠨ ᠭᠠᠷᠪᠠᠯ᠂ ᠪᠢᠳᠡ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠶᠢ ᠲᠤᠷᠰᠢᠨ ᠬᠡᠷᠡᠭᠵᠢᠭᠦᠯᠬᠦ ᠠᠵᠢᠯ ᠢ ᠳᠥᠯᠭᠢᠨ ᠠᠬᠢᠭᠤᠯᠬᠤ ᠳᠤᠭᠤᠶᠢᠯᠠᠩ ᠤᠨ ᠲᠣᠭᠲᠠᠭᠠᠭᠰᠠᠨ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠣᠰᠣᠭᠠᠷ᠂ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠶ ᠳᠤᠨᠢ ᠠᠷᠭᠠᠴᠠᠬᠤ ᠪᠣᠯᠣᠨ᠎ᠠ᠃ ᠲᠤᠷᠰᠢᠨ ᠬᠡᠷᠡᠭᠵᠢᠭᠦᠯᠦᠭᠰᠡᠨ ᠪᠠᠶᠢᠳᠠᠯ ᠢᠶᠠᠷ ᠳᠠᠮᠵᠢᠭᠤᠯᠤᠨ᠂ ᠦᠨ᠎ᠡ ᠬᠠᠩᠰᠢ ᠶᠢᠨ ᠵᠥᠷᠢᠶ᠎ᠡ ᠪᠤᠶᠤ ᠦᠨ᠎ᠡ ᠬᠠᠩᠰᠢ ᠶᠢᠨ ᠵᠥᠷᠢᠴᠡᠯ ᠢᠯᠡᠷᠡᠭᠰᠡᠨ ᠠᠰᠠᠭᠤᠳᠠᠯ ᠳᠤ ᠴᠠᠭ ᠲᠤᠬᠠᠶ ᠳᠤᠨᠢ ᠬᠥᠳᠡᠯᠦᠩᠭᠦᠶ ᠲᠤᠬᠢᠷᠠᠭᠤᠯᠤᠯᠳᠠ ᠬᠢᠬᠦ ᠪᠣᠯᠣᠨ᠎ᠠ᠃      ᠬᠥᠲᠥᠯᠥᠭᠴᠢ᠄      ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠢᠷᠤᠮᠵᠢᠭᠤᠯᠤᠨ ᠲᠣᠬᠢᠷᠠᠭᠤᠯᠤᠭᠰᠠᠨ ᠤ ᠳᠠᠷᠠᠭ᠎ᠠ ᠡᠮ ᠡᠮᠨᠡᠯᠭᠡ ᠶᠢᠨ ᠪᠠᠶᠢᠭᠤᠯᠤᠮᠵᠢ ᠳᠤ ᠶᠠᠮᠠᠷ ᠨᠥᠯᠥᠭᠡ ᠲᠠᠢ ᠪᠤᠢ︖        ᠸᠠᠩ ᠶᠢᠨ ᠪᠣᠣ᠄      ᠲᠤᠰ ᠤᠳᠠᠭ᠎ᠠ ᠶᠢᠨ ᠦᠨ᠎ᠡ ᠬᠠᠩᠰᠢ ᠶᠢᠨ ᠲᠤᠬᠢᠷᠠᠭᠤᠯᠤᠯᠳᠠ ᠨᠢ ᠶᠡᠷᠦᠩᠬᠡᠶ ᠲᠥᠯᠥᠪᠯᠡᠭᠡ ᠳᠡᠭᠡᠷ᠎ᠡ ᠪᠠᠨ ᠡᠮᠨᠡᠯᠭᠡ ᠶᠢᠨ ᠬᠤᠷᠢᠶᠠᠨ ᠤ ᠣᠷᠣᠯᠭ᠎ᠠ ᠶᠢᠨ ᠶᠡᠷᠦᠩᠬᠡᠶ ᠨᠡᠮᠡᠭᠳᠡᠯ ᠤᠨ 5%᠎ ᠪᠠᠷ ᠵᠢᠱᠢᠨ ᠪᠣᠳᠣᠪᠠ᠃ ᠨᠢᠭᠡ ᠳᠤ᠂ ᠲᠤᠬᠢᠷᠠᠭᠤᠯᠤᠯᠳᠠ ᠬᠢᠬᠦ ᠪᠠᠷ ᠳᠠᠮᠵᠢᠭᠤᠯᠤᠨ᠂ ᠮᠠᠨ ᠤ ᠣᠷᠣᠨ ᠤ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠨᠭ᠍ᠰᠢ ᠶᠢᠨ ᠪᠦᠲᠦᠴᠡ ᠶᠢᠨ ᠪᠠᠷᠢᠮᠵᠢᠶ᠎ᠠ ᠨᠢ ᠡᠷᠬᠢᠨ ᠲᠣᠭᠤᠷᠢᠨ ᠤ ᠮᠤᠵᠢ ᠣᠷᠣᠨ ᠲᠠᠢ ᠬᠠᠷᠢᠴᠠᠭᠤᠯᠪᠠᠯ ᠶᠡᠷᠦᠩᠬᠡᠶ ᠳᠡᠭᠡᠨ ᠳᠣᠣᠷ᠎ᠠ ᠪᠠᠶᠢᠬᠤ ᠣᠳᠣᠬᠢ ᠪᠠᠶᠢᠳᠠᠯ ᠢ ᠬᠤᠪᠢᠷᠠᠭᠤᠯᠤᠨ᠎ᠠ︔ ᠬᠤᠶᠠᠷ ᠲᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠲᠠᠢ ᠬᠠᠮᠵᠢᠯᠴᠠᠨ᠂ ᠡᠮ ᠤᠨ ᠵᠦᠢᠯ ᠤᠨ ᠨᠡᠮᠡᠯᠲᠡ ᠦᠨ᠎ᠡ ᠶᠢ ᠬᠦᠴᠦᠨ ᠦᠭᠡᠶ ᠪᠣᠯᠭᠠᠭᠰᠠᠨ ᠤ ᠲᠠᠷᠠᠭ᠎ᠠ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠶᠢ ᠲᠣᠬᠢᠷᠠᠭᠤᠯᠬᠤ ᠪᠠᠷ ᠳᠠᠮᠵᠢᠭᠤᠯᠤᠨ ᠨᠥᠬᠦᠪᠥᠷᠢ ᠣᠯᠭᠤᠨ᠎ᠠ᠃ ᠮᠠᠨ ᠤ ᠣᠷᠣᠨ ᠤ 2014 ᠣᠨ ᠤ ᠪᠥᠬᠦ ᠣᠷᠣᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠣᠷᠣᠯᠭ᠎ᠠ ᠪᠠᠷ ᠰᠠᠭᠤᠷᠢ ᠲᠤᠭ᠎ᠠ ᠪᠣᠯᠭᠠᠵᠤ ᠵᠢᠱᠢᠨ ᠪᠣᠳᠣᠪᠠᠯ᠂ ᠲᠤᠰ ᠤᠳᠠᠭᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠤᠭᠰᠠᠨ ᠤ ᠲᠠᠷᠠᠭ᠎ᠠ᠂ ᠪᠦᠬᠦ ᠣᠷᠣᠨ ᠤ ᠡᠯ᠎ᠡ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠤᠨ 15.35 ᠳ᠋ᠥᠡᠭᠰᠢᠭᠤᠷ ᠲᠥᠭᠦᠷᠢᠭ ᠪᠣᠯᠣᠨ ᠨᠡᠮᠡᠭᠳᠡᠵᠦ ᠮᠡᠳᠡᠨ᠎ᠡ᠂ ᠡᠮ ᠤᠨ ᠵᠦᠢᠯ ᠤᠨ ᠨᠡᠮᠡᠯᠲᠡ ᠦᠨ᠎ᠡ ᠶᠢ ᠬᠦᠴᠦᠨ ᠦᠭᠡᠶ ᠪᠣᠯᠭᠠᠪᠠᠯ 13.58 ᠳ᠋ᠦᠡᠭᠰᠢᠭᠤᠷ ᠲᠥᠭᠦᠷᠢᠭ ᠤᠨ ᠣᠷᠣᠯᠭ᠎ᠠ ᠶᠢ ᠬᠠᠰᠤᠭᠳᠠᠭᠤᠯᠵᠤ᠂ ᠡᠮ ᠡᠮᠨᠡᠯᠭᠡ ᠶᠢᠨ ᠣᠷᠣᠯᠭ᠎ᠠ ᠶᠢᠨ ᠪᠣᠳᠠᠲᠠᠶ ᠨᠡᠮᠡᠭᠳᠡᠯ ᠨᠢ 1.77 ᠳ᠋ᠦᠩᠰᠢᠭᠤᠷ ᠲᠥᠭᠦᠷᠢᠭ ᠬᠦᠷᠬᠦ ᠪᠣᠯᠤᠨ᠎ᠠ᠃ ᠨᠡᠮᠡᠭᠳᠡᠯ ᠤᠨ ᠬᠠᠷᠢᠴᠠᠯ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶ ᠣᠷᠣᠯᠭ᠎ᠠ ᠶᠢᠨ 0.5% ᠣᠷᠴᠢᠮ ᠢ ᠡᠵᠡᠯᠡᠵᠦ᠂ ᠦᠨᠳᠦᠰᠦᠨ ᠳᠡᠭᠡᠨ ᠥᠩᠭᠡᠷᠡᠭᠰᠡᠨ ᠤ ᠬᠢ ᠲᠠᠢ ᠠᠳᠠᠯᠢ ᠪᠠᠶᠢᠨ᠎ᠠ᠃ ᠭᠡᠪᠡᠴᠦ ᠡᠮᠨᠡᠯᠭᠡ ᠶᠢᠨ ᠬᠤᠷᠢᠶᠠᠨ ᠤ ᠳᠣᠲᠣᠭᠠᠳᠤ ᠳᠤ ᠨᠡᠯᠢᠶᠡᠳ ᠵᠦᠢ ᠵᠣᠬᠢᠰᠲᠠᠶ ᠬᠤᠪᠢᠶᠠᠷᠢᠯᠠᠯᠲᠠ ᠶᠢᠨ ᠤᠷᠮᠠᠰᠢᠭᠤᠯᠬᠤ ᠲᠣᠭᠲᠠᠴᠠ ᠪᠦᠷᠢᠯᠳᠦᠵᠦ᠂ ᠮᠡᠷᠭᠡᠵᠢᠯ ᠬᠦᠴᠦ ᠬᠥᠳᠡᠯᠮᠦᠷᠢ ᠶᠢᠨ ᠦᠷᠳᠡᠭ ᠢ ᠢᠯᠡᠷᠡᠭᠦᠯᠬᠦ ᠪᠣᠯᠣᠨ᠎ᠠ᠃      ᠬᠥᠲᠥᠯᠥᠭᠴᠢ᠄      ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠢᠷᠤᠮᠵᠢᠭᠤᠯᠤᠨ ᠲᠣᠬᠢᠷᠠᠭᠤᠯᠤᠭᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠳᠤ ᠶᠠᠮᠠᠷ ᠨᠥᠯᠥᠭᠡ ᠲᠠᠢ ᠪᠤᠢ︖      ᠸᠠᠩ ᠶᠢᠨ ᠪᠣᠣ᠄      ᠮᠠᠨ ᠤ ᠣᠷᠣᠨ ᠤ 2014 ᠣᠨ ᠤ ᠪᠥᠬᠦ ᠣᠷᠣᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠣᠷᠣᠯᠭ᠎ᠠ ᠪᠠᠷ ᠰᠠᠭᠤᠷᠢ ᠲᠤᠭ᠎ᠠ ᠪᠣᠯᠭᠠᠵᠤ ᠵᠢᠱᠢᠨ ᠪᠣᠳᠣᠪᠠᠯ᠂ ᠶᠡᠷᠦᠩᠬᠡᠶᠢᠯᠡᠭᠰᠡᠨ ᠡᠮ ᠡᠮᠨᠡᠯᠭᠡ ᠶᠢᠨ ᠪᠠᠶᠢᠭᠤᠯᠤᠮᠵᠢ ᠶᠢᠨ ᠣᠷᠣᠯᠭ᠎ᠠ ᠶᠢᠨ ᠨᠡᠮᠡᠭᠳᠡᠵᠦ ᠬᠠᠰᠤᠭᠳᠠᠬᠤ ᠬᠦᠴᠦᠨ ᠵᠦᠢᠯ ᠢᠶᠠᠷ ᠵᠢᠱᠢᠪᠠᠯ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠢ ᠵᠠᠷᠤᠯᠭ᠎ᠠ ᠨᠢ 1.77 ᠳ᠋ᠦᠩᠰᠢᠭᠤᠷ ᠲᠥᠭᠦᠷᠢᠭ ᠨᠡᠮᠡᠭᠳᠡᠵᠦ ᠮᠡᠳᠡᠨ᠎ᠡ᠃ ᠮᠠᠨ ᠤ ᠣᠷᠣᠨ ᠤ 2014 ᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠳ᠋ᠦᠡᠭᠨᠡᠭᠰᠡᠨ ᠦᠯᠡᠳᠡᠪᠦᠷᠢ 20.57 ᠳ᠋ᠦᠩᠰᠢᠭᠤᠷ ᠲᠥᠭᠦᠷᠢᠭ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠳ᠋ᠦᠡᠭᠨᠡᠭᠰᠡᠨ ᠦᠯᠡᠳᠡᠪᠦᠷᠢ 87.30 ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠠᠭᠤᠷᠢ ᠮᠥᠩᠭᠦ ᠶᠢᠨ ᠣᠷᠣᠯᠭ᠎ᠠ ᠶᠢᠨ ᠨᠡᠶᠢᠲᠡ ᠳ᠋ᠦᠡᠭᠨᠡᠭᠰᠡᠨ ᠦᠯᠡᠳᠡᠪᠦᠷᠢ 67.04 ᠳ᠋ᠦᠩᠰᠢᠭᠤᠷ ᠲᠥᠭᠦᠷᠢᠭ ᠪᠠᠶᠢᠵᠤ᠂ ᠨᠡᠮᠡᠭᠳᠡᠭᠰᠡᠨ ᠡᠮ ᠡᠮᠨᠡᠯᠭᠡ ᠶᠢᠨ ᠳᠠᠭᠠᠳᠬᠠᠯ ᠤᠨ ᠵᠠᠷᠤᠯᠭ᠎ᠠ ᠶᠢᠨ ᠵᠣᠭᠤᠰᠣᠨ ᠲᠤᠭ᠎ᠠ ᠨᠢ ᠡᠮ ᠡᠮᠨᠡᠯᠭᠡ ᠶᠢᠨ ᠳᠠᠭᠠᠳᠬᠠᠯ ᠪᠣᠯᠣᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠠᠭᠤᠷᠢ ᠮᠥᠩᠭᠦ ᠶᠢᠨ ᠳᠠᠭᠠᠭᠠᠵᠤ ᠳᠡᠶᠢᠯᠬᠦ ᠬᠡᠪᠴᠢᠶᠡᠨ ᠳᠣᠲᠣᠷ᠎ᠠ ᠪᠠᠶᠢᠨ᠎ᠠ᠃ ᠬᠡᠷᠪᠡ ᠰᠢᠨ᠎ᠡ ᠨᠢᠭᠡ ᠡᠭᠡᠯᠵᠢ ᠶᠢᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠵᠦᠢᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠦᠨ᠎ᠡ ᠶᠢ ᠶᠡᠭᠡ ᠬᠡᠮᠵᠢᠶ᠎ᠡ ᠪᠠᠷ ᠪᠠᠭᠤᠷᠠᠭᠤᠯᠬᠤ ᠬᠦᠴᠦᠨ ᠵᠦᠢᠯ ᠢ ᠪᠣᠳᠣᠯᠬᠢᠯᠠᠪᠠᠯ᠂ ᠦᠨ᠎ᠡ ᠪᠠᠭᠤᠷᠠᠭᠤᠯᠤᠭᠰᠠᠨ ᠬᠡᠮᠵᠢᠶ᠎ᠡ ᠠᠴᠠ ᠦᠨ᠎ᠡ ᠬᠠᠨᠭ᠍ᠰᠢ ᠶᠢ ᠲᠣᠬᠢᠷᠠᠭᠤᠯᠵᠤ ᠥᠰᠬᠡᠭᠰᠡᠨ ᠬᠡᠮᠵᠢᠶ᠎ᠡ ᠶᠢ ᠪᠦᠷᠢᠮᠦᠰᠦᠨ ᠲᠣᠯᠭᠠᠨ ᠬᠠᠰᠤᠵᠤ ᠪᠣᠯᠤᠨ᠎ᠠ᠂ ᠪᠣᠳᠠᠲᠠᠶ ᠡᠮ ᠡᠮᠨᠡᠯᠭᠡ ᠶᠢᠨ ᠳᠠᠭᠠᠳᠬᠠᠯ ᠤᠨ ᠵᠠᠷᠤᠯᠭ᠎ᠠ ᠶᠢᠨ ᠨᠡᠮᠡᠭᠳᠡᠯ ᠢ ᠴᠦ ᠲᠤᠯᠭᠠᠨ ᠬᠠᠰᠤᠵᠤ ᠪᠣᠯᠣᠨ᠎ᠠ᠃ ᠡᠭᠦᠨ ᠤ ᠬᠠᠮᠲᠤ᠂ ᠡᠩ ᠤᠨ ᠬᠡᠷᠡᠭᠯᠡᠭᠡᠨ ᠤ ᠨᠢᠭᠡ ᠤᠳᠠᠭ᠎ᠠ ᠶᠢᠨ ᠴᠢᠨᠠᠷᠲᠠᠶ ᠡᠮᠴᠢᠯᠡᠭᠡᠨ ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ ᠤᠨ ᠦᠨ᠎ᠡ ᠶᠢ ᠪᠠᠨ ᠡᠮ ᠡᠮᠨᠡᠯᠭᠡ ᠶᠢᠨ ᠥᠪᠡᠷ ᠤᠨ ᠥᠷᠳᠡᠭ ᠲᠤ ᠨᠢᠭᠡᠨᠲᠡ ᠨᠡᠶᠢᠯᠡᠭᠦᠯᠦᠨ ᠪᠤᠳᠤᠵᠤ ᠣᠷᠤᠭᠤᠯᠤᠭᠠᠳ᠂ ᠡᠮ ᠡᠮᠨᠡᠯᠭᠡ ᠶᠢᠨ ᠵᠠᠷᠤᠳᠠᠯ ᠤᠨ ᠵᠦᠢ ᠵᠤᠬᠢᠰ ᠦᠭᠡᠢ ᠪᠦᠷᠢᠯᠳᠦᠬᠦᠨ ᠢ ᠬᠢᠵᠠᠭᠠᠷᠯᠠᠭᠰᠠᠨ ᠨᠢ ᠪᠠᠰᠠ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠬᠢᠵᠠᠭᠠᠷᠯᠠᠬᠤ ᠶᠢ ᠪᠡᠶᠡᠯᠡᠭᠦᠯᠬᠦ ᠳᠤ ᠠᠰᠢᠭᠲᠠᠶ ᠶᠤᠮ᠃      ᠬᠥᠲᠥᠯᠥᠭᠴᠢ᠄      ᠡᠪᠡᠳᠴᠢᠲᠡᠨ ᠳᠤ ᠶᠠᠮᠠᠷ ᠨᠥᠯᠥᠭᠡ ᠲᠠᠢ ᠪᠤᠢ︖      ᠸᠠᠩ ᠶᠢᠨ ᠪᠣᠣ᠄      ᠲᠤᠰ ᠤᠳᠠᠭᠠᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠨᠢ ᠡᠪᠡᠳᠴᠢᠲᠡᠨ ᠤ ᠵᠠᠷᠤᠯᠭ᠎ᠠ ᠶᠢ ᠶᠡᠷᠦᠩᠬᠡᠶ ᠳᠡᠭᠡᠨ ᠨᠡᠮᠡᠭᠳᠡᠭᠦᠯᠦᠭᠰᠡᠨ ᠦᠭᠡᠢ᠃ ᠨᠢᠭᠡ ᠳᠤ᠂ ᠡᠭᠦᠳᠡᠨ ᠡᠮᠨᠡᠯᠭᠡ ᠶᠢᠨ ᠡᠪᠡᠳᠴᠢᠲᠡᠨ ᠳᠤ ᠠᠪᠴᠤ ᠬᠡᠯᠡᠪᠡᠯ᠂ ᠪᠠᠶᠢᠴᠠᠭᠠᠨ ᠣᠨᠣᠰᠢᠯᠠᠬᠤ ᠵᠠᠷᠤᠳᠠᠯ ᠤᠨ ᠪᠠᠷᠢᠮᠵᠢᠶ᠎ᠠ ᠢᠯᠡᠷᠬᠡᠶ ᠳᠡᠭᠡᠭᠰᠢᠯᠡᠵᠦ᠂ ᠵᠠᠷᠤᠯᠭ᠎ᠠ ᠨᠢ ᠵᠣᠬᠢᠬᠤ ᠬᠡᠮᠵᠢᠶ᠎ᠡ ᠪᠠᠷ ᠨᠡᠮᠡᠭᠳᠡᠪᠡ᠃ ᠤᠤᠯ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠳ᠋ᠤᠭᠠᠷᠯᠠᠨ ᠡᠪᠡᠳᠴᠢᠨ ᠪᠠᠶᠢᠴᠠᠭᠠᠬᠤ ᠵᠠᠷᠤᠳᠠᠯ ᠨᠢ ᠳᠤᠮᠳᠠᠴᠢ ᠪᠠᠷ 6.6 ᠲᠥᠭᠦᠷᠢᠭ / ᠬᠥᠮᠦᠨ ᠤᠳᠠᠭ᠎ᠠ ᠪᠠᠶᠢᠵᠤ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠳ᠋ᠤᠭᠠᠷᠯᠠᠬᠤ ᠵᠠᠷᠤᠳᠠᠯ ᠢ ᠦᠭᠡᠶᠢᠰᠬᠡᠵᠦ ᠨᠡᠶᠢᠯᠡᠭᠦᠯᠦᠭᠡᠳ ᠡᠪᠡᠳᠴᠢᠨ ᠪᠠᠶᠢᠴᠠᠭᠠᠬᠤ ᠵᠠᠷᠤᠳᠠᠯ ᠪᠣᠯᠭᠠᠭᠰᠠᠨ ᠨᠢ ᠳᠤᠮᠳᠠᠴᠢ ᠪᠠᠷ 16 ᠲᠥᠭᠦᠷᠢᠭ / ᠬᠥᠮᠦᠨ ᠤᠳᠠᠭ᠎ᠠ ᠪᠣᠯᠵᠤ᠂ ᠬᠥᠮᠦᠨ ᠪᠦᠷᠢ ᠳᠤ ᠳᠤᠮᠳᠠᠴᠢ ᠪᠠᠷ 9.4 ᠲᠥᠭᠦᠷᠢᠭ ᠨᠡᠮᠡᠭᠳᠡᠪᠡ᠃ ᠭᠤᠣᠯ ᠪᠣᠳᠣᠯᠬᠢᠯᠠᠭᠰᠠᠨ ᠵᠦᠢᠯ ᠭᠡᠪᠡᠯ ᠡᠮ ᠡᠮᠨᠡᠯᠭᠡ ᠶᠢᠨ ᠮᠡᠷᠭᠡᠵᠢᠯ ᠤᠨ ᠦᠢᠯᠡᠴᠢᠯᠡᠭᠡᠨ ᠤ ᠦᠷᠳᠡᠭ ᠢ ᠭᠦᠢᠴᠡᠳ ᠢᠯᠡᠷᠡᠭᠦᠯᠵᠦ᠂ ᠡᠮ ᠡᠮᠨᠡᠯᠭᠡ ᠶᠢᠨ ᠮᠡᠷᠭᠡᠵᠢᠯᠲᠡᠨ ᠤ ᠢᠳᠡᠪᠬᠢᠵᠢᠯ ᠢ ᠳᠠᠶᠢᠴᠢᠯᠠᠬᠤ ᠶᠢᠨ ᠲᠥᠯᠦᠭᠡ ᠣᠨᠣᠰᠢᠯᠠᠨ ᠡᠮᠨᠡᠬᠦ ᠵᠠᠷᠤᠳᠠᠯ ᠤᠨ ᠪᠠᠷᠢᠮᠵᠢᠶ᠎ᠠ ᠶᠢ ᠶᠡᠬᠡᠰᠬᠡᠭᠰᠡᠨ ᠪᠥᠭᠡᠳ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠣᠭᠲᠠᠭᠠᠵᠤ᠂ ᠡᠪᠡᠳᠴᠢᠲᠡᠨ ᠪᠥᠯᠥᠭ ᠬᠤᠪᠢᠶᠠᠨ ᠡᠮᠴᠢᠯᠡᠭᠦᠯᠬᠦ ᠶᠢ ᠬᠥᠲᠦᠯᠦᠨ ᠵᠢᠯᠣᠭᠤᠳᠬᠤ ᠳᠤ ᠠᠰᠢᠭᠲᠠᠢ ᠪᠣᠯᠭᠠᠪᠠ᠃ ᠨᠦᠬᠦᠭᠡ ᠲᠠᠯ᠎ᠠ ᠪᠠᠷ᠂ ᠡᠮ ᠤᠨ ᠵᠦᠢᠯ ᠤᠨ ᠨᠡᠮᠡᠯᠲᠡ ᠦᠨ᠎ᠡ ᠶᠢ ᠬᠦᠴᠦᠨ ᠦᠭᠡᠶ ᠪᠣᠯᠭᠠᠭᠰᠠᠨ ᠨᠢ ᠡᠭᠦᠳᠡᠨ ᠡᠮᠨᠡᠯᠭᠡ ᠶᠢᠨ ᠡᠪᠡᠳᠴᠢᠲᠡᠨ ᠳᠤ ᠡᠮ ᠵᠠᠷᠤᠬᠤ ᠵᠠᠷᠤᠯᠭ᠎ᠠ ᠶᠢ ᠪᠠᠭᠠᠰᠬᠠᠵᠤ᠂ ᠲᠤᠮᠤ ᠬᠡᠯᠪᠡᠷᠢ ᠶᠢᠨ ᠲᠥᠬᠦᠭᠡᠷᠦᠮᠵᠢ ᠪᠠᠷ ᠪᠠᠶᠢᠴᠠᠭᠠᠯᠲᠠ ᠬᠢᠬᠦ᠂ ᠰᠢᠨᠵᠢᠯᠡᠨ ᠰᠢᠯᠭᠠᠬᠤ ᠵᠡᠷᠭᠡ ᠵᠠᠷᠤᠳᠠᠯ ᠢ ᠳᠣᠷᠣᠭᠰᠢᠯᠠᠭᠤᠯᠵᠤ᠂ ᠪᠦᠬᠦ ᠲᠠᠯ᠎ᠠ ᠶᠢᠨ ᠳᠠᠷᠤᠭᠠᠰᠤ ᠮᠡᠳᠡᠭᠳᠡᠬᠦ᠋ᠢᠴᠡ ᠬᠥᠡᠭᠭᠡᠷᠡᠪᠡ᠃ ᠬᠤᠶᠠᠷ ᠲᠤ ᠂ ᠡᠮᠨᠡᠯᠭᠡ ᠳᠤ ᠰᠠᠭᠤᠭᠰᠠᠨ ᠡᠪᠡᠳᠴᠢᠲᠡᠨ ᠳᠤ ᠠᠪᠴᠤ ᠬᠡᠯᠡᠪᠡᠯ᠂ ᠬᠡᠳᠦ᠋ᠢᠪᠡᠷ ᠮᠡᠰᠡ ᠵᠠᠰᠠᠯ ᠬᠢᠬᠦ ᠵᠠᠷᠤᠳᠠᠯ ᠨᠢ 60%᠎ ᠪᠠᠷ ᠳᠡᠭᠡᠭᠰᠢᠯᠡᠭᠰᠡᠨ ᠪᠣᠯᠪᠠᠴᠤ ᠠᠮᠠᠨ ᠬᠥᠨᠳᠡᠶ᠂ ᠲᠦᠷᠢ ᠵᠠᠰᠠᠬᠤ᠂ ᠦᠷᠡᠵᠢᠬᠦ ᠰᠢᠰᠲ᠋ᠧᠮ ᠵᠡᠷᠭᠡ ᠡᠪᠡᠳᠴᠢᠨ ᠡᠮᠭᠡᠭ ᠤᠨ ᠪᠣᠰᠤ ᠡᠮᠨᠡᠨ ᠵᠠᠰᠠᠬᠤ ᠮᠡᠰᠡ ᠵᠠᠰᠠᠯ ᠤᠨ ᠲᠥᠷᠥᠯ ᠵᠦᠢᠯ ᠢ ᠭᠠᠷᠭᠠᠪᠠᠯ᠂ ᠶᠡᠬᠡᠩᠬᠢ ᠲᠥᠷᠥᠯ ᠵᠦᠢᠯ ᠨᠢ ᠴᠥᠮ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠨ ᠥᠭᠬᠦ ᠬᠡᠪᠴᠢᠶᠡᠨ ᠳᠤ ᠣᠷᠣᠭᠰᠠᠨ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠪᠤᠰᠤᠳ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠴᠤ ᠠᠯᠬᠤᠮ ᠠᠯᠬᠤᠮ ᠢᠶᠠᠷ ᠳᠡᠭᠡᠭᠰᠢᠯᠡᠵᠦ᠂ ᠲᠠᠩᠰᠠ ᠲᠠᠶᠢᠯᠬᠤ ᠬᠡᠪᠴᠢᠶ᠎ᠡ ᠨᠢ ᠠᠯᠬᠤᠮ ᠠᠯᠬᠤᠮ ᠢᠶᠠᠷ ᠥᠷᠭᠡᠳᠴᠦ ᠪᠣᠢ᠃ ᠡᠭᠦᠨ ᠤ ᠬᠠᠮᠲᠤ᠂ ᠡᠮ ᠤᠨ ᠵᠦᠢᠯ ᠤᠨ ᠦᠨ᠎ᠡ ᠬᠠᠩᠰᠢ ᠶᠢ ᠠᠯᠬᠤᠮ ᠠᠯᠬᠤᠮ ᠢᠶᠠᠷ ᠪᠠᠭᠤᠷᠠᠭᠤᠯᠬᠤ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ ᠢ ᠪᠣᠭᠤᠳᠠᠯᠯᠠᠨ ᠦᠨ᠎ᠡ ᠲᠣᠭᠲᠠᠭᠠᠬᠤ ᠠᠴᠠ ᠪᠣᠯᠵᠤ᠂ ᠡᠮᠨᠡᠯᠭᠡ ᠳᠤ ᠰᠠᠭᠤᠭᠰᠠᠨ ᠵᠠᠷᠤᠳᠠᠯ ᠤᠨ ᠥᠰᠥᠯᠲᠡ ᠶᠢ ᠴᠦ ᠬᠢᠵᠠᠭᠠᠷᠯᠠᠬᠤ ᠪᠣᠯᠤᠨ᠎ᠠ᠃ ᠭᠤᠷᠪᠠ ᠳᠤ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠲᠡᠨ ᠢ ᠡᠮᠴᠢᠯᠡᠬᠦ ᠪᠠᠷᠢᠮᠵᠢᠶ᠎ᠠ ᠬᠤᠪᠢᠷᠬᠠᠰᠠᠨ ᠦᠭᠡᠶ᠂ ᠡᠨᠡ ᠬᠡᠰᠡᠭ ᠡᠪᠡᠳᠴᠢᠲᠡᠨ ᠤ ᠵᠠᠷᠤᠳᠠᠯ ᠢ ᠨᠡᠮᠡᠭᠳᠡᠭᠦᠯᠬᠦ ᠦᠭᠡᠢ᠃      ᠬᠥᠲᠥᠯᠥᠭᠴᠢ᠄        ᠰᠢᠨ᠎ᠡ ᠦᠨ᠎ᠡ ᠬᠠᠩᠰᠢ ᠨᠡᠶᠢᠲᠡᠯᠡᠭᠳᠡᠭᠰᠡᠨ ᠤ ᠳᠠᠷᠠᠭ᠎ᠠ ᠶᠠᠮᠠᠷ ᠶᠠᠮᠠᠷ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠠᠪᠤᠭᠰᠠᠨ ᠪᠤᠢ︖      ᠸᠠᠩ ᠶᠢᠨ ᠪᠣᠣ᠄        ᠨᠢᠭᠡ ᠳᠤ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠠᠬᠢᠭᠤᠯᠬᠤ ᠲᠣᠭᠲᠠᠴᠠ ᠶᠢ ᠪᠠᠶᠢᠭᠤᠯᠪᠠ᠃ ᠦᠨ᠎ᠡ ᠬᠠᠩᠰᠢ᠂ ᠡᠷᠡᠭᠦᠯ ᠬᠠᠮᠠᠭᠠᠯᠠᠯ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠨᠭ᠍ᠰᠢ ᠶᠢ ᠲᠤᠷᠰᠢᠨ ᠬᠡᠷᠡᠭᠵᠢᠭᠦᠯᠬᠦ ᠠᠵᠢᠯ ᠢ ᠳᠥᠯᠭᠢᠨ ᠠᠬᠢᠭᠤᠯᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ ᠲᠥᠰᠦᠯ ᠲᠣᠭᠲᠠᠭᠠᠨ᠂ ᠠᠵᠢᠯ ᠬᠤᠪᠢᠶᠠᠷᠢᠯᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠲᠤᠷᠰᠢᠨ ᠬᠡᠷᠡᠭᠵᠢᠭᠦᠯᠬᠦ ᠳᠤᠮᠳᠠ ᠭᠠᠷᠤᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠪᠡ᠃      ᠬᠤᠶᠠᠷ ᠲᠤ ᠣᠷᠣᠯᠭ᠎ᠠ ᠪᠠᠭᠠᠲᠠᠢ ᠡᠷᠦᠬᠡ ᠪᠣᠯᠣᠨ ᠣᠨᠴᠠᠭᠠᠶ ᠬᠥᠮᠦᠰ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠭᠦᠢᠴᠡᠳ ᠪᠣᠳᠣᠯᠬᠢᠯᠠᠪᠠ᠃ ︽ᠦᠨᠳᠦᠰᠦᠨ ᠵᠦᠢᠯ ᠢ ᠪᠠᠲᠤᠯᠠᠬᠤ᠂ ᠨᠠᠭᠠᠲᠤ ᠵᠠᠬ᠎ᠠ ᠶᠢᠨ ᠠᠮᠢᠳᠤᠷᠠᠯ ᠢ ᠪᠠᠲᠤᠯᠠᠬᠤ᠂ ᠲᠥᠪ ᠭᠤᠣᠯᠴᠢ ᠶᠢ ᠠᠬᠢᠭᠤᠯᠬᠤ︾ ᠵᠠᠷᠴᠢᠮ ᠶᠣᠰᠣᠭᠠᠷ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠵᠢᠯ ᠪᠦᠷᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠥᠰᠥᠯᠲᠡ ᠶᠢᠨ ᠬᠢᠷᠢ ᠬᠡᠮᠵᠢᠶ᠎ᠡ ᠲᠠᠢ ᠤᠶᠠᠯᠳᠤᠭᠤᠯᠤᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠡᠮ ᠡᠮᠨᠡᠯᠭᠡ ᠶᠢᠨ ᠨᠥᠬᠦᠪᠥᠷᠢ ᠳᠠᠭᠠᠳᠬᠠᠯ ᠵᠢᠴᠢ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠵᠡᠷᠭᠡ ᠤᠯᠠᠨ ᠳᠠᠪᠬᠤᠷᠭᠠᠲᠤ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠥᠮᠡᠨ ᠡᠪᠡᠳᠴᠢᠨ ᠲᠠᠢ ᠡᠪᠡᠳᠴᠢᠲᠡᠨ᠂ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠲᠠᠢ ᠡᠪᠡᠳᠴᠢᠲᠡᠳ ᠤᠨ ᠡᠮ ᠡᠮᠨᠡᠯᠭᠡ ᠶᠢᠨ ᠵᠠᠷᠤᠳᠠᠯ ᠢ ᠡᠭᠦᠳᠡᠨ ᠡᠮᠨᠡᠯᠭᠡ ᠠᠴᠠ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠨᠡᠮᠡᠭᠳᠡᠭᠦᠯᠵᠦ᠂ ᠣᠷᠣᠯᠭ᠎ᠠ ᠪᠠᠭᠠᠲᠠᠶ ᠡᠷᠦᠬᠡ ᠪᠣᠯᠣᠨ ᠣᠨᠴᠠᠭᠠᠶ ᠡᠪᠡᠳᠴᠢᠨ ᠦᠵᠡᠭᠦᠯᠦᠭᠰᠡᠳ ᠤᠨ ᠳᠠᠷᠤᠭᠠᠰᠤ ᠶᠢ ᠨᠡᠮᠡᠭᠳᠡᠭᠦᠯᠬᠦ ᠥᠭᠡᠢ ᠪᠠᠶᠢᠬᠤ ᠶᠢ ᠦᠨᠡᠨᠬᠦ ᠪᠠᠲᠤᠯᠠᠪᠠ᠃      ᠭᠤᠷᠪᠠ ᠳᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠵᠤ᠂ ᠣᠨᠣᠰᠢᠯᠠᠨ ᠡᠮᠨᠡᠬᠦ ᠥᠢᠯᠡ ᠠᠵᠢᠯᠯᠠᠭ᠎ᠠ ᠪᠣᠯᠣᠨ ᠡᠮᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠡᠷᠡᠭᠦᠯ ᠬᠠᠮᠠᠭᠠᠯᠠᠯ ᠪᠣᠯᠣᠨ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ᠂ ᠡᠮᠨᠡᠯᠭᠡ ᠳᠤ ᠰᠠᠭᠤᠭᠰᠠᠨ ᠳᠤᠮᠳᠠᠴᠢ ᠵᠠᠷᠤᠳᠠᠯ ᠵᠡᠷᠭᠡ ᠶᠢ ᠬᠡᠮᠵᠢᠶᠡᠯᠡᠨ ᠡᠵᠡᠮᠰᠢᠪᠡ᠃ ᠡᠮᠦᠨ᠎ᠡ ᠭᠤᠷᠪᠠᠨ ᠵᠢᠯ ᠤᠨ ᠡᠯ᠎ᠡ ᠡᠮ ᠡᠮᠨᠡᠯᠭᠡ ᠶᠢᠨ ᠪᠠᠶᠢᠭᠤᠯᠤᠮᠵᠢ ᠶᠢᠨ ᠳᠤᠮᠳᠠᠴᠢ ᠵᠠᠷᠤᠳᠠᠯ ᠤᠨ ᠨᠡᠮᠡᠭᠳᠡᠯ ᠤᠨ ᠬᠢᠷᠢ ᠬᠡᠮᠵᠢᠶ᠎ᠡ ᠶᠣᠰᠣᠭᠠᠷ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠢᠯᠡᠳᠬᠡᠭᠴᠢ ᠲᠤᠭ᠎ᠠ ᠶᠢ ᠪᠣᠳᠣᠯᠬᠢᠯᠠᠵᠤ᠂ ᠡᠯ᠎ᠡ ᠡᠮ ᠡᠮᠨᠡᠯᠭᠡ ᠶᠢᠨ ᠪᠠᠶᠢᠭᠤᠯᠤᠮᠵᠢ ᠶᠢᠨ ᠣᠨ ᠤ ᠳᠤᠮᠳᠠᠴᠢ ᠵᠠᠷᠤᠳᠠᠯ ᠤᠨ ᠬᠢᠵᠠᠭᠠᠷᠯᠠᠬᠤ ᠭᠦᠢᠴᠡᠳᠬᠡᠯ ᠲᠤᠭ᠎ᠠ ᠶᠢ ᠬᠠᠮᠲᠤ ᠪᠠᠷ ᠬᠢᠨᠠᠨ ᠲᠣᠭᠲᠠᠭᠠᠵᠤ᠂ ᠵᠠᠷᠤᠳᠠᠯ ᠤᠨ ᠳᠡᠭᠡᠭᠰᠢᠯᠡᠯᠲᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠪᠠ᠃ ᠳᠤᠮᠳᠠᠴᠢ ᠵᠠᠷᠤᠳᠠᠯ ᠲᠠᠢ ᠤᠶᠠᠯᠳᠤᠭᠤᠯᠤᠨ ᠬᠢᠨᠠᠨ ᠰᠢᠯᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠱᠠᠩᠨᠠᠨ ᠲᠣᠷᠭᠠᠬᠤ ᠲᠥᠷᠢᠮ ᠢ ᠬᠡᠷᠡᠭᠵᠢᠭᠦᠯᠦᠨ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠡᠳᠦᠷ ᠢ ᠪᠣᠭᠤᠨᠢᠰᠬᠠᠵᠤ᠂ ᠶᠡᠭᠡ ᠪᠠᠷ ᠵᠣᠷᠯᠠᠬᠤ᠂ ᠬᠡᠲᠦᠷᠬᠡᠶ ᠪᠠᠶᠢᠴᠠᠭᠠᠨ ᠡᠮᠴᠢᠯᠡᠬᠦ ᠵᠡᠷᠭᠡ ᠵᠦᠢ ᠵᠤᠬᠢᠰ ᠦᠭᠡᠢ ᠵᠠᠷᠤᠳᠠᠯ ᠭᠠᠷᠬᠤ ᠶᠢ ᠡᠵᠡᠮᠳᠡᠪᠡ᠃      ᠸᠠᠩ ᠶᠢᠨ ᠪᠣᠣ᠄      ᠲᠦᠷᠪᠡ ᠳᠤ ᠡᠮ ᠤᠨ ᠵᠦᠢᠯ ᠪᠣᠯᠣᠨ ᠡᠮᠴᠢᠯᠡᠭᠡᠨ ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ ᠢ ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠪᠠ᠃ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠡᠮ ᠤᠨ ᠵᠦᠢᠯ ᠪᠣᠯᠣᠨ ᠡᠮᠴᠢᠯᠡᠭᠡᠨ ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ ᠢ ᠬᠤᠳᠠᠯᠳᠤᠨ ᠠᠪᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠢᠯᠡ ᠪᠠᠷ ᠬᠤᠳᠠᠯᠳᠤᠨ ᠠᠪᠬᠤ ᠶᠢ ᠬᠡᠷᠡᠭᠵᠢᠭᠦᠯᠵᠦ᠂ ᠶᠠᠰᠤ ᠴᠢᠨᠠᠷ ᠢ ᠪᠠᠲᠤᠯᠠᠬᠤ ᠶᠢᠨ ᠬᠠᠮᠲᠤ ᠬᠤᠳᠠᠯᠳᠤᠨ ᠠᠪᠬᠤ ᠦᠨ᠎ᠡ ᠶᠢ ᠪᠠᠭᠤᠷᠠᠭᠤᠯᠪᠠ᠃ ᠡᠭᠦᠨ ᠤ ᠬᠠᠮᠲᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠡᠮ ᠤᠨ ᠵᠦᠢᠯ ᠤᠨ ᠨᠡᠮᠡᠯᠲᠡ ᠦᠨ᠎ᠡ ᠶᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ ᠡᠮ ᠤᠨ ᠣᠷᠣᠯᠭ᠎ᠠ ᠪᠠᠷ ᠡᠮᠨᠡᠯᠭᠡ ᠶᠢᠨ ᠬᠤᠷᠢᠶ᠎ᠠ ᠶᠢ ᠲᠡᠵᠢᠭᠡᠬᠦ ᠲᠣᠭᠲᠠᠴᠠ ᠶᠢ ᠡᠪᠳᠡᠵᠦ ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠮᠢᠶ᠎ᠡ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠥᠪᠡᠷ ᠤᠨ ᠦᠷᠳᠡᠭ ᠢ ᠵᠦᠢ ᠵᠤᠬᠢᠰ ᠦᠭᠡᠢ ᠪᠠᠷ ᠨᠡᠮᠡᠭᠳᠡᠭᠦᠯᠬᠦ ᠶᠢ ᠡᠬᠢ ᠡᠭᠦᠰᠦᠯ ᠠᠴᠠ ᠨᠢ ᠬᠢᠵᠠᠭᠠᠷᠯᠠᠪᠠ᠃      ᠲᠠᠪᠤ ᠳᠤ ᠦᠨ᠎ᠡ ᠬᠠᠩᠰᠢ ᠶᠢᠨ ᠰᠠᠯᠠᠭ᠎ᠠ ᠮᠥᠴᠢᠷ ᠠᠴᠠ ᠮᠠᠨ ᠤ ᠣᠷᠣᠨ ᠤ ︽ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ︵2012 ᠣᠨ ᠤ ᠬᠡᠪᠯᠡᠯ︶︾᠎ ᠳᠤ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠤᠨ ᠦᠨ᠎ᠡ ᠬᠠᠩᠰᠢ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠥᠷᠳᠡᠨ ᠦᠨᠡᠯᠡᠨ ᠵᠢᠱᠢᠬᠦ ᠪᠠ ᠬᠥᠳᠡᠯᠦᠩᠭᠦᠶ ᠲᠤᠬᠢᠷᠠᠭᠤᠯᠤᠯᠳᠠ ᠬᠢᠵᠦ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠣᠷᠣᠯᠭ᠎ᠠ ᠲᠣᠭᠲᠠᠪᠤᠷᠢᠵᠢᠭᠤᠯᠵᠤ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠳᠠᠭᠠᠭᠠᠵᠤ ᠳᠡᠶᠢᠯᠦᠬᠦᠶᠢᠴᠡ᠂ ᠤᠯᠠᠨ ᠲᠦᠮᠡᠨ ᠤ ᠡᠮᠴᠢᠯᠡᠭᠡ ᠬᠦᠯᠢᠶᠡᠬᠦ ᠵᠠᠷᠤᠳᠠᠯ ᠤᠨ ᠡᠭᠦᠷᠭᠡᠯᠡᠯ ᠢ ᠨᠡᠮᠡᠭᠳᠡᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠪᠠ᠃ ᠡᠭᠦᠨ ᠤ ᠬᠠᠮᠲᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠪᠠ᠃      ᠵᠢᠷᠭᠤᠭ᠎ᠠ ᠳᠤ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠲᠣᠬᠢᠷᠠᠭᠤᠯᠬᠤ ᠴᠢᠬᠤᠯᠠ ᠴᠢᠨᠠᠷ᠂ ᠠᠭᠤᠯᠤᠭᠳᠠᠬᠤᠨ᠂ ᠠᠴᠢ ᠬᠤᠯᠪᠣᠭᠳᠠᠯ ᠪᠣᠯᠣᠨ ᠡᠯ᠎ᠡ ᠲᠠᠯ᠎ᠠ ᠶᠢᠨ ᠪᠣᠳᠠᠲᠤ ᠨᠥᠯᠥᠭᠡ ᠶᠢ ᠭᠦᠢᠴᠡᠳ ᠣᠶᠢᠯᠠᠭᠠᠭᠤᠯᠪᠠ᠃      ᠬᠥᠲᠥᠯᠥᠭᠴᠢ᠄      2004 ᠣᠨ ᠤ ᠬᠡᠪᠯᠡᠯ ᠤᠨ ᠦᠨ᠎ᠡ ᠬᠠᠩᠰᠢ ᠶᠢᠨ ᠭᠠᠷᠴᠠᠭ ᠲᠠᠢ ᠬᠠᠷᠢᠴᠠᠭᠤᠯᠪᠠᠯ᠂ ᠰᠢᠨ᠎ᠡ ᠬᠡᠪᠯᠡᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠭᠠᠷᠴᠠᠭ ᠶᠠᠮᠠᠷ ᠶᠠᠮᠠᠷ ᠬᠤᠪᠢᠷᠠᠯᠲᠠ ᠪᠣᠯᠣᠨ ᠣᠨᠴᠠᠯᠢᠭ ᠲᠠᠢ ᠪᠤᠶ︖ ᡼      ᠸᠠᠩ ᠶᠢᠨ ᠪᠣᠣ᠄      ᠰᠢᠨ᠎ᠡ ᠬᠡᠪᠯᠡᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠭᠠᠷᠴᠠᠭ ᠲᠤ ᠲᠥᠷᠥᠯ ᠵᠦᠢᠯ ᠤᠨ ᠨᠣᠮᠧᠷ᠂ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠭᠤᠯᠤᠭᠳᠠᠬᠤᠨ᠂ ᠠᠭᠤᠯᠤᠭᠳᠠᠬᠤᠨ ᠤ ᠨᠢᠭᠡ ᠯᠡ ᠤᠳᠠᠭ᠎ᠠ ᠶᠢᠨ ᠴᠢᠨᠠᠷᠲᠠᠶ ᠬᠤᠷᠣᠭᠳᠠᠬᠤ ᠮᠠᠲ᠋ᠧᠷᠢᠶᠠᠯ᠂ ᠡᠭᠦᠨ ᠳᠤ ᠪᠠᠭᠲᠠᠬᠤ ᠤᠢᠭᠡᠢ ᠠᠭᠤᠯᠭ᠎ᠠ᠂ ᠲᠥᠷᠥᠯ ᠵᠦᠢᠯ ᠤᠨ ᠦᠨ᠎ᠡ ᠬᠠᠩᠰᠢ᠂ ᠦᠨ᠎ᠡ ᠪᠣᠳᠣᠬᠤ ᠨᠢᠭᠡᠴᠢ᠂ ᠦᠨ᠎ᠡ ᠪᠤᠳᠤᠬᠤ ᠲᠣᠳᠣᠷᠬᠠᠶᠢᠯᠠᠯᠲᠠ ᠵᠡᠷᠭᠡ ᠨᠠᠢᠮᠠᠨ ᠬᠡᠰᠡᠭ ᠢ ᠪᠠᠭᠲᠠᠭᠠᠵᠤ᠂ ᠪᠦᠲᠦᠴᠡ ᠨᠢ 2004 ᠣᠨ ᠤ ᠬᠡᠪᠯᠡᠯ ᠲᠠᠢ ᠦᠨᠳᠦᠰᠦᠨ ᠳᠡᠭᠡᠨ ᠠᠳᠠᠯᠢᠬᠠᠨ ᠪᠣᠯᠪᠠᠴᠣ ᠪᠠᠰᠠ ᠢᠯᠭᠠᠭ᠎ᠠ ᠲᠠᠢ ᠵᠦᠢᠯ ᠪᠠᠶᠢᠨ᠎ᠠ᠄ ᠨᠢᠭᠡ ᠳᠤ ︽ ᠠᠭᠤᠯᠤᠭᠳᠠᠬᠤᠨ ᠤ ᠨᠢᠭᠡ ᠯᠡ ᠤᠳᠠᠭ᠎ᠠ ᠶᠢᠨ ᠴᠢᠨᠠᠷᠲᠠᠶ ᠬᠤᠷᠣᠭᠳᠠᠬᠤ ᠮᠠᠲ᠋ᠧᠷᠢᠶᠠᠯ︾ ᠭᠡᠬᠦ ᠪᠣᠯᠣᠩ ᠢ ᠨᠡᠮᠡᠪᠡ᠃ ᠪᠢᠳᠡ ᠦᠨ᠎ᠡ ᠲᠣᠭᠲᠠᠭᠠᠬᠤ ᠳᠠᠭᠠᠨ᠂ ᠡᠮᠴᠢᠯᠡᠭᠡᠨ ᠤ ᠦᠢᠯᠡᠴᠢᠯᠡᠭᠡᠨ ᠤ ᠶᠠᠪᠤᠴᠠ ᠳᠠᠬᠢ ᠡᠩ ᠤᠨ ᠬᠡᠷᠡᠭᠯᠡᠬᠦ‍ ᠨᠢᠭᠡ ᠯᠡ ᠤᠳᠠᠭ᠎ᠠ ᠶᠢᠨ ᠴᠢᠨᠠᠷᠲᠠᠶ ᠬᠤᠷᠣᠭᠳᠠᠬᠤ ᠮᠠᠲ᠋ᠧᠷᠢᠶᠠᠯ ᠢ ᠪᠣᠭᠤᠳᠠᠯᠯᠠᠨ ᠥᠪᠡᠷ ᠤᠨ ᠦᠷᠳᠡᠭ ᠲᠤ ᠪᠣᠳᠣᠨ ᠣᠷᠤᠭᠤᠯᠪᠠ᠂ ᠵᠢᠱᠢᠶᠡᠯᠡᠪᠡᠯ ᠨᠢᠭᠡ ᠯᠡ ᠤᠳᠠᠭ᠎ᠠ ᠶᠢᠨ ᠴᠢᠨᠠᠷᠲᠠᠶ ᠲᠠᠷᠢᠯᠭ᠎ᠠ ᠶᠢᠨ ᠬᠡᠷᠡᠭᠰᠡᠯ᠂ ᠰᠢᠩᠭᠡᠨ ᠤ ᠶᠡᠭᠦᠯᠡᠭᠦᠷ᠂ ᠨᠢᠭᠡ ᠯᠡ ᠤᠳᠠᠭ᠎ᠠ ᠬᠡᠷᠡᠭᠯᠡᠬᠦ ᠴᠠᠬᠢᠯᠭᠠᠨ ᠬᠢᠲᠤᠭᠠᠨ ᠤ ᠦᠵᠦᠭᠦᠷ ᠵᠡᠷᠭᠡ ᠨᠢ ᠲᠥᠷᠥᠯ ᠵᠦᠢᠯ ᠤᠨ ᠦᠨ᠎ᠡ ᠬᠠᠨᠭ᠍ᠰᠢ ᠶᠢᠨ ᠳᠣᠲᠣᠷ᠎ᠠ ᠪᠠᠭᠲᠠᠵᠤ᠂ ᠠᠰᠲᠠᠭᠠᠨ ᠵᠠᠷᠤᠳᠠᠯ ᠬᠤᠷᠢᠶᠠᠬᠤ ᠦᠭᠡᠢ᠂ ᠡᠶᠢᠮᠦᠷᠬᠦ ᠬᠢᠳᠡᠯ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ ᠥᠪᠡᠷ ᠤᠨ ᠦᠷᠳᠡᠭ ᠢᠶᠠᠨ ᠬᠢᠵᠠᠭᠠᠷᠯᠠᠵᠤ᠂ ᠡᠮ ᠡᠮᠨᠡᠯᠭᠡ ᠶᠢᠨ ᠵᠠᠷᠤᠳᠠᠯ ᠬᠤᠷᠢᠶᠠᠬᠤ ᠥᠢᠯᠡ ᠠᠵᠢᠯᠯᠠᠭ᠎ᠠ ᠶᠢ ᠵᠢᠷᠤᠮᠵᠢᠭᠤᠯᠬᠤ ᠳᠤ ᠠᠰᠢᠭᠲᠠᠢ ᠶᠤᠮ︔ ᠬᠤᠶᠠᠷ ᠲᠤ ᠲᠥᠷᠥᠯ ᠵᠦᠢᠯ ᠤᠨ ᠠᠭᠤᠯᠤᠭᠳᠠᠬᠤᠨ ᠨᠢ 2004 ᠣᠨ ᠤ ᠬᠡᠪᠯᠡᠯ ᠠᠴᠠ ᠨᠠᠷᠢᠯᠢᠭ᠂ ᠲᠥᠷᠥᠯ ᠵᠦᠢᠯ ᠨᠢᠭᠡᠪᠦᠷᠢ ᠶᠢᠨ ᠠᠵᠢᠯᠯᠠᠭ᠎ᠠ ᠶᠢ ᠨᠠᠷᠢᠨ ᠲᠣᠳᠣᠷᠬᠠᠶ ᠵᠠᠭᠠᠭᠯᠠᠨ ᠲᠣᠭᠲᠠᠭᠠᠵᠤ ᠲᠣᠳᠣᠷᠬᠠᠶᠢᠯᠠᠭᠰᠠᠨ ᠪᠥᠭᠡᠳ ᠰᠢᠨ᠎ᠡ ᠬᠡᠪᠯᠡᠯ ᠤᠨ ᠲᠥᠷᠥᠯ ᠵᠦᠢᠯ ᠨᠢ ᠡᠮᠴᠢᠯᠡᠭᠡᠨ ᠤ ᠠᠵᠢᠯᠯᠠᠭ᠎ᠠ ᠶᠢᠨ ᠬᠠᠮᠤᠭ ᠤᠨ ᠰᠢᠨ᠎ᠡ ᠲᠥᠷᠥᠯ ᠵᠦᠢᠯ ᠪᠣᠯᠬᠤᠷ ᠡᠮ ᠡᠮᠨᠡᠯᠭᠡ ᠶᠢᠨ ᠪᠠᠶᠢᠭᠤᠯᠤᠮᠵᠢ ᠠᠴᠠ ᠳᠤᠷ᠎ᠠ ᠪᠠᠷ ᠢᠶᠠᠨ ᠵᠠᠳᠠᠯᠤᠨ ᠰᠠᠯᠭᠠᠬᠤ ᠶᠢ ᠵᠥᠪᠰᠢᠶᠡᠷᠡᠬᠦ ᠦᠭᠡᠢ ᠪᠠᠶᠢᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠷᠤᠳᠠᠯ ᠬᠤᠷᠢᠶᠠᠬᠤ ᠥᠢᠯᠡ ᠠᠵᠢᠯᠯᠠᠭ᠎ᠠ ᠶᠢ ᠵᠢᠷᠤᠮᠵᠢᠭᠤᠯᠬᠤ ᠳᠤ ᠠᠰᠢᠭᠲᠠᠶ ᠶᠤᠮ᠃      ᠬᠥᠲᠥᠯᠥᠭᠴᠢ᠄      ᠰᠢᠨ᠎ᠡ ᠬᠡᠪᠯᠡᠯ ᠤᠨ ᠦᠨ᠎ᠡ ᠬᠠᠩᠰᠢ ᠶᠢᠨ ᠭᠠᠷᠴᠠᠭ ᠲᠠᠬᠢ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠲᠤᠭ᠎ᠠ 8000 ᠭᠠᠷᠤᠶ ᠪᠠᠶᠢᠨ᠎ᠠ᠂ ᠮᠠᠨ ᠤ ᠣᠷᠣᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠷᠤᠳᠠᠯ ᠬᠤᠷᠢᠶᠠᠬᠤ ᠲᠥᠷᠥᠯ ᠵᠦᠢᠯ ᠢ ᠴᠥᠮ ᠲᠡᠭᠦᠨ ᠤ ᠳᠣᠲᠣᠷ᠎ᠠ ᠣᠷᠣᠭᠤᠯᠣᠨ᠎ᠠ ᠦᠦ︖ ᠠᠳᠠᠯᠢ ᠪᠤᠰᠤ ᠳᠡᠰ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠷᠤᠳᠠᠯ ᠬᠤᠷᠢᠶᠠᠬᠤ ᠪᠠᠷᠢᠮᠵᠢᠶ᠎ᠠ ᠶᠢ ᠬᠡᠷᠬᠢᠨ ᠲᠣᠭᠲᠠᠭᠠᠬᠤ ᠪᠤᠢ︖      ᠸᠠᠩ ᠶᠢᠨ ᠪᠣᠣ᠄      ᠤᠯᠤᠰ ᠠᠴᠠ ᠳᠣᠷᠣᠭᠰᠢ ᠪᠠᠭᠤᠯᠭᠠᠭᠰᠠᠨ ︽ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠵᠢᠷᠤᠮᠵᠢᠯ ᠤᠨ 2012 ᠣᠨ ᠤ ᠬᠡᠪᠯᠡᠯ︾᠎ ᠳᠤ ᠨᠡᠶᠢᠳᠠ 9365 ᠲᠥᠷᠥᠯ ᠵᠦᠢᠯ ᠠᠭᠤᠯᠤᠭᠳᠠᠵᠤ᠂ ᠮᠠᠨ ᠤ ᠣᠷᠣᠨ ᠤ 2012 ᠣᠨ ᠤ ᠬᠡᠪᠯᠡᠯ ᠤᠨ ᠲᠥᠷᠥᠯ ᠵᠦᠢᠯ 8754 ᠪᠠᠶᠢᠵᠤ᠂ ᠮᠠᠨ ᠤ ᠣᠷᠣᠨ ᠤ ᠣᠳᠣᠬᠢ ᠱᠠᠲᠤᠨ ᠤ ᠪᠣᠢ ᠪᠦᠬᠦᠢ ᠲᠦᠷᠥᠯ ᠵᠦᠢᠯ ᠢ ᠲᠥᠪᠯᠡᠷᠡᠭᠦᠯᠪᠡ᠃ ᠡᠮ ᠡᠮᠨᠡᠯᠭᠡ ᠶᠢᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂  ᠵᠠᠯᠭᠠᠯᠳᠤᠭᠠᠪᠠᠷ ᠪᠠᠰᠠ ᠰᠢᠨ᠎ᠡ ᠲᠥᠷᠥᠯ ᠵᠦᠢᠯ ᠮᠠᠨ ᠤ ᠣᠷᠣᠨ ᠤ ᠰᠢᠨ᠎ᠡ ᠬᠡᠪᠯᠡᠯ ᠤᠨ ᠦᠨ᠎ᠡ ᠬᠠᠩᠰᠢ ᠳᠤ ᠨᠥᠬᠦᠪᠦᠷᠢᠯᠡᠭᠳᠡᠵᠦ ᠣᠷᠣᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠡᠮᠨᠡᠯᠭᠡ ᠶᠢᠨ ᠬᠤᠷᠢᠶᠠᠨ ᠤ ᠵᠡᠷᠭᠡ ᠳᠡᠰ ᠤᠨ ᠲᠣᠭᠲᠠᠭᠠᠯᠲᠠ ᠶᠣᠰᠣᠭᠠᠷ᠂ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ︵ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ︶  ᠭᠡᠵᠦ ᠬᠤᠪᠢᠶᠠᠨ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠪᠠᠰᠠ ᠡᠮᠨᠡᠯᠭᠡ ᠶᠢᠨ ᠬᠤᠷᠢᠶᠠᠨ ᠤ ᠵᠡᠷᠭᠡ ᠳᠡᠰ ᠢᠶᠠᠷ ᠬᠠᠨᠭ᠍ᠰᠢᠯᠠᠵᠤ ᠪᠣᠯᠤᠨ᠎ᠠ᠃ ᠭᠤᠷᠪᠠᠳᠤᠭᠠᠷ ᠳᠡᠰ ᠤᠨ ᠦᠨ᠎ᠡ ᠬᠠᠩᠰᠢ ᠬᠠᠮᠤᠭ ᠥᠨᠳᠥᠷ ᠪᠠᠶᠢᠵᠤ᠂ ᠬᠤᠶᠠᠳᠤᠭᠠᠷ ᠳᠡᠰ᠂ ᠨᠢᠭᠡᠳᠦᠭᠡᠷ ᠳᠡᠰ ᠨᠢ ᠳᠤᠮᠳᠠᠴᠢ ᠪᠠᠷ 10%᠎ ᠪᠠᠷ ᠱᠠᠲᠦ ᠳᠠᠷᠠᠭᠠᠯᠠᠨ ᠳᠣᠷᠣᠭᠰᠢᠯᠠᠵᠤ᠂ ᠨᠢᠭᠡᠳᠦᠭᠡᠷ ᠳᠡᠰ ᠤᠨ ᠡᠮᠨᠡᠯᠭᠡ ᠶᠢᠨ ᠬᠤᠷᠢᠶ᠎ᠠ ︵ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ︶᠎ ᠶᠢᠨ ᠥᠷᠨᠢᠭᠦᠯᠵᠦ ᠳᠡᠶᠢᠯᠬᠦ ᠲᠥᠷᠥᠯ ᠵᠦᠢᠯ ᠨᠢ ᠲᠦᠢᠯ ᠤᠨ ᠬᠢᠵᠠᠭᠠᠷ ᠲᠠᠢ ᠪᠠᠶᠢᠵᠤ᠂ ᠭᠤᠣᠯᠳᠠᠭᠤ ᠵᠡᠭᠦᠦ ᠲᠠᠷᠢᠯᠭ᠎ᠠ᠂ ᠰᠢᠩᠭᠡᠨ ᠶᠡᠭᠦᠯᠡᠬᠦ᠂ ᠡᠮ ᠰᠣᠯᠢᠬᠤ ᠪᠠᠷ ᠭᠤᠣᠯᠯᠠᠭᠤᠯᠤᠨ᠎ᠠ᠃      ᠬᠥᠲᠥᠯᠥᠭᠴᠢ᠄      ᠶᠠᠭᠠᠬᠢᠭᠠᠳ ᠬᠥᠬᠡᠬᠤᠲᠠ᠂ ᠲᠦᠩᠯᠢᠶᠣᠤ᠂ ᠣᠷᠳᠣᠰ ᠪᠣᠯᠣᠨ ᠦᠬᠠᠶ ᠬᠤᠳᠠ ᠶᠢ ᠰᠣᠩᠭᠤᠵᠤ ᠰᠢᠨ᠎ᠡ ᠬᠡᠪᠯᠡᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠪᠣᠯᠭᠠᠭᠰᠠᠨ ᠪᠤᠢ︖      ᠸᠠᠩ ᠶᠢᠨ ᠪᠣᠣ᠄      ᠳᠡᠭᠡᠷ᠎ᠡ ᠳᠤᠷᠠᠳᠤᠭᠰᠠᠨ ᠭᠠᠵᠠᠷ ᠣᠷᠣᠨ ᠢ ᠰᠣᠩᠭᠤᠨ ᠲᠤᠷᠰᠢᠯᠲᠠ ᠴᠢᠭ᠋ ᠪᠣᠯᠭᠠᠭᠰᠠᠨ ᠭᠤᠣᠯ ᠪᠣᠳᠣᠯᠬᠢᠯᠠᠯ ᠭᠡᠪᠡᠯ᠄ ᠡᠨᠡ ᠲᠦ᠋ᠷᠪᠡᠨ ᠭᠠᠵᠠᠷ ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠳᠤ ᠬᠠᠷᠢᠶᠠᠯᠠᠭᠳᠠᠵᠤ᠂ 15%᠎ ᠶᠢᠨ ᠡᠮ ᠤᠨ ᠵᠦᠢᠯ ᠤᠨ ᠨᠡᠮᠡᠯᠲᠡ ᠦᠨ᠎ᠡ ︵ᠦᠨᠡᠨ ᠳᠡᠭᠡᠨ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠥᠬᠡᠬᠤᠲᠠ ᠣᠷᠣᠨ ᠤ ᠪᠤᠶ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠴᠦᠮ ᠨᠡᠮᠡᠯᠲᠡ ᠦᠨ᠎ᠡ ᠶᠢ ᠬᠦᠴᠦᠨ ᠦᠭᠡᠢ ᠪᠣᠯᠭᠠᠪᠠ︶᠎ ᠶᠢ ᠨᠢᠭᠡᠳᠦᠯᠲᠡᠶ ᠬᠦᠴᠦᠨ ᠦᠭᠡᠢ ᠪᠣᠯᠭᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠪᠣᠳᠠᠲᠠᠶ ᠣᠷᠣᠯᠭ᠎ᠠ ᠡᠭᠦᠨ ᠠᠴᠠ ᠪᠣᠯᠵᠤ ᠪᠠᠭᠤᠷᠠᠭᠰᠠᠨ ᠪᠣᠯᠬᠤᠷ ᠲᠦᠷᠦ ᠶᠢᠨ ᠪᠤᠳᠤᠯᠭ᠎ᠠ ᠶᠢᠨ ᠬᠠᠷᠭᠠᠯᠵᠠᠯ ᠢᠶᠠᠷ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠰᠤᠭᠳᠠᠭᠰᠠᠨ ᠣᠷᠣᠯᠭ᠎ᠠ ᠶᠢ ᠨᠥᠬᠦᠪᠥᠷᠢᠯᠡᠬᠦ ᠴᠢᠬᠤᠯᠡ ᠎ ᠲᠠᠢ᠃ ᠰᠢᠨ᠎ᠡ ᠬᠡᠪᠯᠡᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠨᠢ ᠥᠭᠡᠷᠡᠴᠢᠯᠡᠯᠲᠡ ᠶᠢᠨ ᠢᠵᠢ ᠪᠥᠷᠢᠳᠥᠭᠰᠡᠨ ᠲᠥᠷᠥ ᠶᠢᠨ ᠪᠣᠳᠣᠯᠭ᠎ᠠ ᠪᠣᠯᠤᠭᠰᠠᠨ ᠤ ᠬᠤᠪᠢ ᠳᠤ ᠰᠢᠨ᠎ᠡ ᠲᠤᠷᠰᠢᠯᠲᠠ ᠶᠢᠨ ᠴᠢᠭ᠋ ᠤᠨ ᠭᠠᠵᠠᠷ ᠣᠷᠣᠨ ᠳᠤ ᠤᠷᠢᠳᠠᠪᠠᠷ ᠬᠡᠷᠡᠭᠵᠢᠭᠦᠯᠵᠦ᠂ ᠦᠨ᠎ᠡ ᠬᠠᠩᠰᠢ ᠲᠣᠭᠲᠠᠭᠠᠬᠤ ᠰᠢᠨᠵᠢᠯᠡᠬᠦ ᠤᠬᠠᠭᠠᠨᠴᠢ ᠴᠢᠨᠠᠷ ᠢ ᠰᠢᠯᠭᠠᠨ ᠪᠠᠲᠤᠯᠠᠬᠤ ᠶᠢᠨ ᠬᠠᠮᠲᠤ ᠪᠠᠰᠠ ᠡᠮ ᠤᠨ ᠵᠦᠢᠯ ᠤᠨ ᠬᠤᠪᠢᠳᠠᠯ ᠨᠡᠮᠡᠯᠲᠡ ᠶᠢ ᠬᠦᠴᠦᠨ ᠦᠭᠡᠢ ᠪᠣᠯᠭᠠᠭᠰᠠᠨ ᠠᠴᠠ ᠡᠭᠦᠰᠦᠭᠰᠡᠨ ᠥᠷᠢ ᠰᠢᠷᠢ ᠶᠢ ᠦᠨᠳᠦᠰᠦᠨ ᠳᠡᠭᠡᠨ ᠨᠥᠬᠦᠪᠥᠷᠢᠯᠡᠵᠦ ᠪᠣᠯᠤᠨ᠎ᠠ᠃      ᠬᠥᠲᠥᠯᠥᠭᠴᠢ᠄      ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠲᠣᠬᠢᠷᠠᠭᠤᠯᠤᠯᠲᠠ ᠨᠢ ᠤᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠶᠢ ᠨᠥᠯᠦᠭᠡᠯᠡᠨ᠎ᠡ ᠦᠦ︖      ᠸᠠᠩ ᠶᠢᠨ ᠪᠣᠣ᠄      ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠲᠣᠬᠢᠷᠠᠭᠤᠯᠤᠯᠲᠠ ᠨᠢ ᠤᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠶᠢ ᠨᠥᠯᠥᠭᠡᠯᠡᠬᠦ ᠦᠭᠡᠢ ᠶᠤᠮ᠃ 2016 ᠣᠨ ᠠᠴᠠ ᠡᠬᠢᠯᠡᠨ᠂ ᠮᠠᠨ ᠤ ᠣᠷᠣᠨ ᠳᠤ 2004 ᠣᠨ ᠤ ᠬᠡᠪᠯᠡᠯ ᠪᠣᠯᠣᠨ 2012 ᠣᠨ ᠤ ᠬᠡᠪᠯᠡᠯ ᠤᠨ ᠣᠨᠣᠰᠢᠯᠠᠨ ᠡᠮᠨᠡᠬᠦ ᠲᠥᠷᠥᠯ ᠵᠦᠢᠯ ᠢ ᠵᠡᠷᠭᠡ ᠪᠠᠷ ᠬᠡᠷᠡᠭᠯᠡᠬᠦ ᠪᠠᠶᠢᠳᠠᠯ ᠡᠭᠦᠰᠬᠦ ᠪᠣᠯᠣᠨ᠎ᠠ᠃ ᠡᠭᠦᠨ ᠳᠤ ᠬᠥᠬᠡᠬᠤᠲᠠ᠂ ᠲᠦᠩᠯᠢᠶᠣᠤ ᠬᠤᠳᠠ᠂ ᠤᠷᠳᠤᠰ ᠬᠤᠳᠠ ᠪᠣᠯᠣᠨ ᠦᠬᠠᠶ ᠬᠤᠳᠠ 2012 ᠣᠨ ᠤ ᠬᠡᠪᠯᠡᠯ ᠤᠨ ᠣᠨᠣᠰᠢᠯᠠᠨ ᠡᠮᠨᠡᠬᠦ ᠲᠥᠷᠥᠯ ᠵᠦᠢᠯ ᠤᠨ ᠭᠠᠷᠴᠠᠭ ᠢ ᠬᠡᠷᠡᠭᠯᠡᠬᠦ ᠶᠢᠨ ᠬᠠᠮᠲᠤ᠂ ᠪᠤᠰᠤᠳ 8 ᠠᠶᠢᠮᠠᠭ ᠬᠤᠳᠠ ᠨᠤᠭᠤᠳ 2004 ᠣᠨ ᠤ ᠬᠡᠪᠯᠡᠯ ᠤᠨ ᠣᠨᠣᠰᠢᠯᠠᠨ ᠡᠮᠨᠡᠬᠦ ᠲᠥᠷᠥᠯ ᠵᠦᠢᠯ ᠤᠨ ᠭᠠᠷᠴᠠᠭ ᠢ ᠦᠷᠭᠦᠯᠵᠢᠯᠡᠨ ᠬᠡᠷᠡᠭᠯᠡᠨ᠎ᠡ᠃ 2004 ᠣᠨ ᠤ ᠬᠡᠪᠯᠡᠯ᠂ 2012 ᠣᠨ ᠤ ᠬᠡᠪᠯᠡᠯ ᠤᠨ ᠣᠨᠣᠰᠢᠯᠠᠨ ᠡᠮᠨᠡᠬᠦ ᠲᠥᠷᠥᠯ ᠵᠦᠢᠯ ᠢ ᠵᠡᠷᠭᠡᠪᠡᠷ ᠬᠡᠷᠡᠭᠯᠡᠪᠡᠯ 2012 ᠣᠨ ᠤ ᠬᠡᠪᠯᠡᠯ ᠤᠨ ᠣᠨᠣᠰᠢᠯᠠᠨ ᠡᠮᠨᠡᠬᠦ ᠲᠥᠷᠥᠯ ᠵᠦᠢᠯ ᠤᠨ ᠲᠤᠭ᠎ᠠ ᠪᠣᠯᠣᠨ ᠠᠭᠤᠯᠭ᠎ᠠ ᠶᠢᠨ ᠬᠤᠪᠢᠷᠠᠯᠲᠠ ᠨᠡᠯᠢᠶᠡᠳ ᠶᠡᠭᠡ ᠶᠤᠮ᠂ ᠡᠯ᠎ᠡ ᠠᠶᠢᠮᠠᠭ ᠬᠤᠲᠠ ᠶᠢᠨ ᠡᠮ ᠡᠮᠨᠡᠯᠭᠡ ᠶᠢᠨ ᠳᠠᠭᠠᠳᠬᠠᠯ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠶᠢᠨ  ᠬᠠᠮᠲᠤ ᠣᠷᠣᠨ ᠤ ᠳᠣᠲᠣᠷᠠᠬᠢ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠡᠭᠨᠡᠨ ᠪᠤᠳᠤᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠢᠨ᠎ᠡ ᠬᠡᠪᠯᠡᠯ ᠤᠨ ᠦᠢᠯᠡᠴᠢᠯᠡᠭᠡᠨ ᠤ ᠲᠥᠷᠥᠯ ᠵᠦᠢᠯ ᠤᠨ ᠳ᠋ᠠᠶᠢᠲ᠋ᠠ ᠬᠥᠮᠥᠷᠭᠡ ᠪᠣᠯᠤᠨ ᠰᠢᠨ᠎ᠡ ᠮᠡᠳᠡᠭᠡ ᠵᠠᠩᠭᠢ ᠶᠢᠨ ᠰᠢᠰᠲ᠋ᠧᠮ ᠢ ᠡᠷᠬᠡᠪᠰᠢ ᠪᠠᠶᠢᠭᠤᠯᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠡᠮ ᠡᠮᠨᠡᠯᠭᠡ ᠶᠢᠨ ᠳᠠᠭᠠᠳᠬᠠᠯ ᠤᠨ ︽ᠭᠤᠷᠪᠠᠨ ᠭᠠᠷᠴᠠᠭ︾᠎ ᠤᠨ ᠬᠠᠮᠢᠶᠠᠷᠤᠯᠲᠠ ᠪᠣᠯᠣᠨ ᠵᠠᠷᠤᠳᠠᠯ ᠤᠨ ᠳ᠋ᠦᠡᠭᠨᠡᠨ ᠪᠣᠳᠣᠯᠲᠠ ᠳᠤ ᠲᠣᠬᠢᠷᠠᠭᠤᠯᠤᠯᠲᠠ ᠬᠢᠵᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠮᠴᠢᠯᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠪᠣᠯᠣᠨ ᠡᠮᠨᠡᠯᠭᠡ ᠶᠢᠨ ᠬᠤᠷᠢᠶ᠎ᠠ ᠠᠴᠠ ᠰᠢᠨ᠎ᠡ ᠬᠡᠪᠯᠡᠯ ᠤᠨ ᠦᠢᠯᠡᠴᠢᠯᠡᠭᠡᠨ ᠤ ᠲᠥᠷᠥᠯ ᠵᠦᠢᠯ ᠤᠨ ᠳ᠋ᠠᠶᠢᠲ᠋ᠠ ᠬᠥᠮᠥᠷᠭᠡ ᠪᠣᠯᠤᠨ ᠰᠢᠨ᠎ᠡ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠡᠯ᠎ᠡ ᠠᠶᠢᠮᠠᠭ ᠬᠤᠳᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠤᠭᠤᠷᠣᠨᠳᠣᠬᠢ ᠵᠢᠴᠢ ᠡᠯ᠎ᠡ ᠲᠣᠭᠲᠠᠭᠰᠠᠨ ᠴᠢᠭ᠋ ᠤᠨ ᠡᠮᠨᠡᠯᠭᠡ ᠶᠢᠨ ᠬᠤᠷᠢᠶᠠᠨ ᠤ ᠮᠡᠳᠡᠭᠡ ᠵᠠᠩᠭᠢ ᠶᠢᠨ ᠰᠢᠰᠲ᠋ᠧᠮ ᠤᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠰᠢᠯᠭᠠᠯᠲᠠ ᠶᠢ ᠶᠠᠪᠤᠭᠳᠠᠭᠤᠯᠵᠤ᠂ ᠬᠡᠮᠵᠢᠨ ᠰᠢᠯᠭᠠᠭᠠᠳ ᠲᠣᠭᠲᠠᠭᠤᠨ ᠪᠣᠯᠣᠭᠰᠠᠨ ᠤ ᠳᠠᠷᠠᠭ᠎ᠠ᠂ ᠰᠢᠨ᠎ᠡ ᠦᠨ᠎ᠡ ᠬᠠᠩᠰᠢ ᠰᠠᠶ᠋ᠢ ᠵᠢᠩᠬᠢᠨᠢ ᠪᠠᠷ ᠡᠬᠢᠯᠡᠵᠦ ᠶᠠᠪᠤᠭᠤᠯᠤᠨ᠎ᠠ᠃ ᠰᠢᠨ᠎ᠡ ᠦᠨ᠎ᠡ ᠬᠠᠩᠰᠢ ᠶᠢ ᠶᠠᠪᠤᠭᠤᠯᠬᠤ ᠠᠴᠠ ᠡᠮᠦᠨ᠎ᠡ᠂ ᠤᠤᠯ ᠤᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠰᠢᠰᠲ᠋ᠧᠮ ᠬᠡᠪ ᠤᠨ ᠶᠣᠰᠣᠭᠠᠷ ᠠᠵᠢᠯᠯᠠᠬᠤ ᠪᠣᠯᠣᠨ᠎ᠠ᠃      ᠬᠥᠲᠥᠯᠥᠭᠴᠢ᠄      ᠰᠢᠨ᠎ᠡ ᠬᠡᠪᠯᠡᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠬᠡᠷᠡᠭᠵᠢᠭᠦᠯᠦᠭᠰᠡᠨ ᠤ ᠳᠠᠷᠠᠭ᠎ᠠ᠂ ᠶᠠᠮᠠᠷ ᠶᠠᠮᠠᠷ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠵᠡᠷᠭᠡᠪᠡᠷ ᠬᠦᠴᠦᠨ ᠦᠭᠡᠢ ᠪᠣᠯᠭᠠᠭᠰᠠᠨ ᠪᠤᠢ︖      ᠸᠠᠩ ᠶᠢᠨ ᠪᠣᠣ᠄      ᠲᠤᠷᠰᠢᠯᠲᠠ ᠶᠢᠨ ᠴᠢᠬ ᠤᠨ ᠪᠤᠰᠤ ᠭᠠᠵᠠᠷ ᠣᠷᠣᠨ ᠤ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠤᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠮᠥᠨ ᠯᠡ ᠤᠳᠦ ᠶᠢᠨ ᠲᠦᠷᠦ ᠶᠢᠨ ᠪᠤᠳᠦᠯᠭ᠎ᠠ ᠶᠢ ᠬᠡᠷᠡᠭᠵᠢᠭᠦᠯᠵᠦ ᠪᠠᠶᠢᠨ᠎ᠠ᠂ ᠡᠶᠢᠮᠦ ᠠᠴᠠ ᠡᠮᠦᠨᠡᠬᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠦᠭᠡᠢ᠂ ︽ᠲᠥᠷᠥᠯ ᠵᠦᠢᠯ ᠤᠨ ︵ᠲᠤᠷᠰᠢᠨ ᠬᠡᠷᠡᠭᠵᠢᠭᠦᠯᠬᠦ︶ 2012 ᠣᠨ ᠤ ᠬᠡᠪᠯᠡᠯ︾ ᠪᠦᠬᠦ ᠲᠠᠯ᠎ᠠ ᠪᠠᠷ ᠬᠡᠷᠡᠭᠵᠢᠭᠦᠯᠦᠭᠳᠡᠭᠰᠡᠨ ᠤ ᠳᠠᠷᠠᠭ᠎ᠠ᠂ ᠪᠤᠰᠤᠳ ᠭᠠᠵᠠᠷ ᠣᠷᠣᠨ ᠢ ᠳᠠᠬᠢᠵᠤ ᠰᠢᠨ᠎ᠡ ᠦᠨ᠎ᠡ ᠬᠠᠨᠭ᠍ᠰᠢ ᠲᠠᠢ ᠵᠣᠯᠭᠠᠯᠳᠤᠭᠤᠯᠬᠤ ᠪᠣᠯᠣᠨ᠎ᠠ᠃      ᠬᠥᠲᠥᠯᠥᠭᠴᠢ᠄      ᠤᠯᠠᠨ ᠲᠦᠮᠡᠨ ᠶᠠᠮᠠᠷ ᠶᠠᠮᠠᠷ ᠠᠷᠭ᠎ᠠ ᠵᠠᠮ ᠢᠶᠠᠷ ᠳᠠᠮᠵᠢᠭᠤᠯᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠪᠣᠲᠠᠲᠠᠢ ᠵᠠᠷᠤᠳᠠᠯ ᠬᠤᠷᠢᠶᠠᠬᠤ ᠲᠦᠷᠦᠯ ᠵᠦᠢᠯ ᠪᠣᠯᠣᠨ ᠦᠨ᠎ᠡ ᠬᠠᠩᠰᠢ ᠶᠢᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠯᠠᠪᠯᠠᠨ ᠠᠰᠠᠭᠤᠵᠤ ᠪᠣᠯᠬᠤ ᠪᠣᠢ︖      ᠸᠠᠩ ᠶᠢᠨ ᠪᠣᠣ᠄      ᠪᠢᠳᠡ ᠡᠯ᠎ᠡ ᠲᠤᠷᠰᠢᠯᠲᠠ ᠶᠢᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠠᠴᠠ ᠵᠠᠷᠤᠳᠠᠯ ᠬᠤᠷᠢᠶᠠᠬᠤ ᠭᠠᠵᠠᠷ ᠪᠤᠶᠤ ᠢᠯᠡ ᠬᠠᠷᠠᠭᠳᠠᠬᠤ ᠣᠷᠣᠨ ᠪᠠᠶᠢᠷᠢ ᠳᠤ ︽ᠲᠥᠷᠥᠯ ᠵᠦᠢᠯ ᠶᠢᠨ ᠦᠨ᠎ᠡ ᠬᠠᠨᠭ᠍ᠰᠢ ᠶᠢᠨ ︵ᠲᠤᠷᠰᠢᠨ ᠬᠡᠷᠡᠭᠵᠢᠭᠦᠯᠬᠦ︶ 2012 ᠣᠨ ᠤ ᠬᠡᠪᠯᠡᠯ︾᠎ ᠢ ᠡᠷᠬᠡᠪᠰᠢ ᠨᠡᠶᠢᠲᠡ ᠳᠤ ᠰᠠᠮᠪᠠᠷᠯᠠᠨ ᠵᠠᠷᠯᠠᠬᠤ ᠶᠢᠨ ᠬᠠᠮᠲᠤ 12358 ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠨᠡᠶᠢᠲᠡᠯᠡᠬᠦ ᠶᠢ ᠱᠠᠭᠠᠷᠳᠠᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠰᠦᠯᠵᠢᠶᠡᠨ ᠳᠡᠭᠡᠷ᠎ᠡ ᠪᠠᠰᠠ ᠰᠢᠨ᠎ᠡ ᠬᠡᠪᠯᠡᠯ ᠤᠨ ᠦᠨ᠎ᠡ ᠬᠠᠩᠰᠢ ᠶᠢ ᠨᠡᠶᠢᠲᠡᠯᠡᠵᠦ᠂ ᠤᠯᠠᠨ ᠲᠦᠮᠡᠨ ᠠᠰᠠᠭᠤᠨ ᠯᠠᠪᠯᠠᠬᠤ ᠳᠤ ᠳᠥᠭᠦᠮ ᠦᠵᠡᠭᠦᠯᠪᠡ᠃      ᠬᠥᠲᠥᠯᠥᠭᠴᠢ᠄      ᠵᠠ᠂ ᠸᠠᠩ ᠡᠷᠬᠢᠯᠡᠭᠴᠢ ᠠᠴᠠ ᠪᠢᠳᠡᠨ ᠳᠤ ᠮᠠᠰᠢ ᠨᠠᠷᠢᠯᠢᠭ ᠲᠣᠳᠣᠷᠬᠠᠢ ᠲᠠᠶᠢᠯᠪᠤᠷᠢᠯᠠᠨ ᠥᠭᠴᠦ᠂ ᠲᠤᠰ ᠤᠳᠠᠭᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠨᠭ᠍ᠰᠢ ᠶᠢᠨ ᠵᠢᠷᠤᠮᠵᠢᠯ ᠪᠣᠯᠣᠨ ᠲᠣᠬᠢᠷᠠᠭᠤᠯᠤᠯᠲᠠ ᠳᠤ ᠨᠡᠩ ᠢᠯᠡᠭᠦᠦ ᠪᠥᠬᠦ ᠲᠠᠯ᠎ᠠ ᠪᠠᠷ ᠭᠦᠨᠵᠡᠭᠡᠢ ᠣᠶᠢᠯᠠᠭᠠᠭᠤᠯᠤᠭᠰᠠᠨ ᠳᠤ ᠲᠠᠯᠠᠷᠬᠠᠵᠤ ᠪᠠᠶᠢᠨ᠎ᠠ᠃ ᠮᠥᠨᠴᠦ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠯ᠎ᠠ᠃ ᠲᠤᠰ ᠬᠤᠭᠤᠴᠠᠭ᠎ᠠ ᠶᠢᠨ ᠰᠤᠷᠪᠤᠯᠵᠢᠯᠠᠭ᠎ᠠ ᠶᠠᠷᠢᠯᠴᠠᠭ᠎ᠠ ᠡᠶᠢᠨᠬᠦ ᠦᠨᠳᠦᠷᠯᠡᠯ᠎ᠡ᠂ ᠳᠠᠷᠠᠭᠠᠴᠢ ᠶᠢᠨ ᠳ᠋ᠤᠭᠠᠷ ᠲᠤ ᠪᠠᠶᠠᠷᠲᠠᠢ ᠵᠣᠯᠭᠠᠶ᠎ᠠ︕
ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠣᠨᠢᠨ ᠮᠡᠳᠡᠭᠡᠨ ᠤ ᠵᠠᠭᠤᠴᠢᠯᠠᠭᠤᠷ ᠤᠨ ᠨᠡᠶᠢᠲᠡᠯᠡᠬᠦ ᠬᠤᠷᠠᠯ ᠢ ᠬᠤᠷᠠᠯᠳᠤᠭᠤᠯᠵᠤ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠨᠭ᠍ᠰᠢ ᠶᠢᠨ ᠵᠢᠷᠤᠮᠵᠢᠯ ᠪᠣᠯᠣᠨ ᠲᠣᠬᠢᠷᠠᠭᠤᠯᠤᠯᠲᠠ ᠶᠢᠨ ᠪᠠᠶᠢᠳᠠᠯ ᠢ ᠮᠡᠳᠡᠭᠳᠡᠪᠡ᠂ png
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map