︽13·5︾᠎ ᠶᠢ ᠪᠠᠷᠠᠯᠠᠵᠤ  ᠥᠪᠥᠷ ᠮᠣᠩᠭᠤᠯ ᠠᠵᠤ ᠠᠬᠤᠶ ᠶᠢᠨ ᠬᠥᠭᠵᠢᠯᠲᠡ ᠶᠢᠨ ᠵᠠᠯᠭᠠᠭᠤᠷ ᠢᠶᠠᠨ ᠰᠣᠯᠢᠭᠠᠳ ᠬᠤᠷᠳᠤᠴᠠ ᠪᠠᠨ ᠠᠯᠲᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2016/3/11
     3 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠡᠮᠦᠨ᠎ᠡ᠂ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠥᠬᠦ ᠪᠦᠯᠬᠦᠮ ᠤᠨ ᠬᠤᠷᠠᠯ ᠬᠢᠪᠡ᠂ ᠬᠤᠷᠠᠯ ᠳᠤ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠢ ᠴᠢᠯᠤᠭᠡᠲᠡᠢ ᠣᠷᠣᠯᠴᠠᠭᠤᠯᠪᠠ᠃ ︽ᠠᠷᠠᠳ ᠤᠨ ᠡᠳᠦᠷ ᠤᠨ ᠰᠣᠨᠢᠨ︾᠂ ᠰᠢᠨᠬᠤᠸᠠ ᠬᠤᠷᠢᠶ᠎ᠠ᠂ ᠲᠥᠪ ᠤᠨ ᠠᠷᠠᠳ ᠤᠨ ᠷᠠᠳᠢᠤ᠋ ᠨᠡᠪᠲᠡᠷᠡᠭᠦᠯᠭᠡ ᠶᠢᠨ ᠬᠤᠷᠢᠶ᠎ᠠ᠂ ᠲᠥᠪ ᠤᠨ ᠲᠧᠯᠸᠢᠰ ᠬᠤᠷᠢᠶ᠎ᠠ᠂ ᠰᠢᠶᠠᠩᠭᠠᠩ ᠤᠨ ︽ᠳ᠋ᠠ ᠬᠥᠩ ᠪᠦᠦ ᠰᠣᠨᠢᠨ︾ ᠪᠠ ᠷᠥᠲ᠋ᠧᠷᠰ ᠬᠤᠷᠢᠶ᠎ᠠ᠂ ︽ᠸᠤᠯ ᠵᠡᠭᠡᠯᠢ ᠶᠢᠨ ᠡᠳᠦᠷ ᠤᠨ ᠰᠣᠨᠢᠨ︾᠂ ᠶᠠᠫᠣᠨ ᠤ ᠨᠢᠭᠡᠳᠦᠭᠰᠡᠨ ᠴᠢᠮᠡᠭᠡᠯᠡᠯ ᠤᠨ ᠬᠤᠷᠢᠶ᠎ᠠ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ 38 ᠵᠠᠭᠤᠴᠢᠯᠠᠭᠤᠷ ᠤᠨ ᠰᠤᠷᠪᠤᠯᠵᠢᠯᠠᠭᠴᠢ ᠨᠢᠭᠡ ᠲᠠᠩᠬᠢᠮ ᠳᠤ ᠴᠤᠭᠯᠠᠷᠠᠵᠤ᠂ ᠥᠪᠥᠷ ᠮᠣᠩᠭᠤᠯ ᠳᠤ ᠶᠢᠰᠤᠨ ᠠᠰᠠᠭᠤᠯᠲᠠ ᠲᠠᠯᠪᠢᠪᠠ᠂ ᠲᠥᠯᠥᠭᠡᠯᠡᠭᠴᠢᠳ ᠠᠴᠠ ᠡᠯ᠎ᠡ ᠵᠠᠭᠤᠴᠢᠯᠠᠭᠤᠷ ᠤᠨ ᠬᠢᠨ ᠳᠤ ᠂ ᠪᠦᠬᠦ ᠤᠯᠤᠰ ᠤᠨ ᠠᠷᠠᠳ ᠲᠦᠮᠡᠨ ᠳᠤ᠂ ᠪᠦᠬᠦ ᠳᠡᠯᠡᠬᠡᠶ ᠳᠤ ᠬᠠᠷᠢᠭᠤᠯᠲᠠ ᠥᠭᠭᠦᠭᠰᠡᠨ ᠪᠠᠶᠢᠨ᠎ᠠ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ ︽ᠠᠵᠤ ᠠᠬᠤᠶ ᠶᠢᠨ ᠡᠳᠦᠷ ᠤᠨ ᠰᠣᠨᠢᠨ︾᠎ ᠤ ᠰᠤᠷᠪᠤᠯᠵᠢᠯᠠᠭᠴᠢ ᠶᠢᠨ ᠳᠤᠷᠠᠳᠤᠭᠰᠠᠨ ︽13·5︾᠎ ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠲᠤᠬᠠᠢ ᠠᠰᠠᠭᠤᠯᠲᠠ ᠶᠢ ᠬᠠᠷᠢᠭᠤᠯᠬᠤ ᠳᠠᠭᠠᠨ ᠬᠡᠯᠡᠭᠰᠡᠨ ᠨᠢ᠄ ︽ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︿13·5﹀᠎ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ ᠲᠣᠭᠲᠠᠭᠠᠵᠤ᠂ ᠵᠢᠷᠭᠤᠭᠠᠨ ᠲᠠᠯ᠎ᠠ ᠶᠢᠨ ᠬᠠᠷᠠᠯᠲᠠ ᠵᠢᠴᠢ ᠬᠥᠭᠵᠢᠯᠲᠡ ᠶᠢᠨ ᠭᠤᠣᠯᠳᠠᠯᠭ᠎ᠠ ᠲᠠᠢ ︿ᠵᠢᠷᠭᠤᠭᠠᠨ ᠲᠠᠯ᠎ᠠ ᠪᠠᠷ ᠬᠦᠴᠦᠯᠡᠬᠦ﹀᠎ ᠶᠢ ᠲᠣᠭᠲᠠᠭᠠᠵᠤ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠵᠠᠯᠭᠠᠭᠤᠷ ᠢᠶᠠᠨ ᠰᠣᠯᠢᠭᠠᠳ ᠬᠤᠷᠳᠤᠴᠠ ᠪᠠᠨ ᠠᠯᠲᠠᠬᠤ ᠦᠭᠡᠢ ᠪᠠᠶᠢᠬᠤ ᠶᠢ ᠪᠠᠲᠤᠯᠠᠨ᠎ᠠ︾ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map