ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2016/4/11
     ᠰᠣᠷᠪᠤᠯᠵᠢᠯᠠᠭᠰᠠᠨ ᠴᠠᠭ᠄      2016 ᠣᠨ ᠤ 3 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠬᠤᠶᠢᠨᠠᠬᠢ 3 ᠴᠠᠭ      ᠰᠣᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠤᠰᠬᠠᠶ ᠲᠣᠮᠢᠯᠠᠭᠰᠠᠨ ᠪᠠᠶᠢᠴᠠᠭᠠᠭᠴᠢ  ᠵᠠᠩ ᠪᠢᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠶᠢᠨ ᠡᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠤᠰᠬᠠᠶ ᠲᠣᠮᠢᠯᠠᠭᠰᠠᠨ ᠪᠠᠶᠢᠴᠠᠭᠠᠭᠴᠢ ᠵᠠᠩ ᠪᠢᠨ ᠢ ︽ᠳᠤᠮᠳᠠᠳᠤ ᠤᠯᠤᠰ᠂ ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠰᠦᠯᠵᠢᠶᠡᠨ ᠳᠡᠭᠡᠷ᠎ᠡ ᠲᠠᠶᠢᠯᠤᠮᠵᠢ ᠬᠢᠯᠭᠡᠬᠦ ᠪᠣᠯᠣᠨ᠎ᠠ᠃ ᠲᠤᠬᠠᠢ ᠶᠢᠨ ᠴᠠᠭ ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ︕      ᠰᠤᠷᠪᠤᠯᠵᠢᠯᠠᠭ᠎ᠠ ᠶᠢᠨ ᠪᠣᠳᠠᠳᠤ ᠲᠡᠮᠳᠡᠭᠯᠡᠯ᠄      ᠬᠦᠳᠤᠯᠦᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠲᠤᠰ ᠬᠤᠭᠤᠴᠠᠭᠠᠨ ᠤ ︽ᠳᠤᠮᠳᠠᠳᠤ ᠤᠯᠤᠰ᠂ ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠦᠨᠦᠳᠤᠷ ᠪᠢᠳᠡᠨ ᠤ ᠤᠷᠢᠭᠰᠠᠨ ᠵᠤᠴᠢᠨ ᠪᠤᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠤᠰᠬᠠᠶ ᠲᠣᠮᠢᠯᠠᠭᠰᠠᠨ ᠪᠠᠶᠢᠴᠠᠭᠠᠭᠴᠢ ᠵᠠᠩ ᠪᠢᠨ ᠪᠤᠯᠤᠨ᠎ᠠ᠂ ᠳᠡᠷᠡ ᠮᠠᠨ ᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠠ ᠪᠥᠬᠦᠨ ᠲᠠᠢ ᠰᠦᠯᠵᠢᠶᠡᠨ ᠳᠡᠭᠡᠷ᠎ᠡ ᠵᠣᠭᠤᠭᠳᠠᠬᠤ ᠪᠣᠯᠣᠨ᠎ᠠ᠃ ᠵᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕      ᠵᠠᠩ ᠪᠢᠨ᠄      ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖      ᠬᠥᠲᠥᠯᠥᠭᠴᠢ᠄      ᠵᠠᠩ ᠡᠷᠬᠢᠯᠡᠭᠴᠢ ᠡ᠂ ᠮᠠᠨ ᠤ ᠣᠷᠣᠨ ᠳᠤ ᠶᠠᠭᠠᠬᠢᠭᠠᠳ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠪᠠᠶᠢᠭᠤᠯᠬᠤ ᠪᠣᠯᠣᠭᠰᠠᠨ ᠢ ᠶᠠᠷᠢᠭᠠᠳ ᠥᠭᠭᠦᠨᠠᠦ︖      ᠵᠠᠩ ᠪᠢᠨ᠄      ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠪᠠᠷ ᠳᠠᠮᠵᠢᠭᠤᠯᠤᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠭᠰᠠᠨ ᠠᠮᠵᠢᠯᠲᠠ ᠶᠢ ᠨᠡᠩ ᠰᠠᠶᠢᠨ ᠪᠠᠲᠤᠳᠬᠠᠨ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠦᠯᠢᠶᠡᠨ ᠠᠪᠴᠤ ᠰᠠᠶᠢᠲᠤᠷ ᠬᠠᠮᠢᠶᠠᠷᠬᠤ ᠪᠠ ᠬᠠᠮᠵᠢᠯᠴᠠᠨ ᠬᠢᠨᠠᠨ ᠬᠠᠮᠢᠶᠠᠷᠬᠤ ᠪᠠᠨ ᠴᠢᠩᠭᠠᠳᠬᠠᠬᠤ ᠶᠢᠨ ᠲᠤᠰᠠᠲᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ︵ᠳᠣᠷᠣᠭᠰᠢ ᠲᠠᠪᠴᠠᠩ ᠭᠡᠵᠦ ᠲᠣᠪᠴᠢᠯᠠᠨ᠎ᠠ︶᠎ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠬᠠᠷᠢᠭᠤᠴᠠᠭᠤᠯᠵᠤ᠂ ᠪᠥᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠬᠠᠮᠵᠢᠯᠴᠠᠨ ᠬᠥᠳᠡᠯᠦᠯᠴᠡᠭᠰᠡᠨ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠣᠭᠲᠠᠴᠠ ᠳᠤ ᠮᠡᠷᠭᠡᠵᠢᠯ ᠤᠨ ᠲᠦᠰᠢᠭ ᠲᠤᠯᠭᠠᠭᠤᠷᠢ ᠬᠠᠩᠭᠠᠵᠤ ᠥᠭᠪᠡ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠠᠪᠴᠠᠩ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ 2015 ᠣᠨ ᠤ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠠᠵᠢᠯ ᠤᠨ ᠲᠥᠰᠦᠯ︾᠎ ᠤᠨ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠯᠭᠡᠬᠦ ᠲᠥᠷᠥᠯ ᠵᠦᠢᠯ ᠢᠶᠠᠷ ᠲᠣᠭᠲᠠᠭᠠᠬᠤ ᠶᠢᠨ ᠬᠠᠮᠲᠤ 2015 ᠣᠨ ᠤ ᠡᠴᠦᠰ ᠲᠤ ᠲᠥᠪ ᠲᠠᠪᠴᠠᠩ ᠪᠣᠯᠤᠨ ᠡᠯ᠎ᠡ ᠮᠤᠵᠢ ᠣᠷᠣᠨ ᠤ ᠲᠠᠪᠴᠠᠩ ᠭᠤᠯᠳᠤ ᠪᠠᠷ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶ ᠱᠠᠭᠠᠷᠳᠠᠪᠠ᠃  ᠴᠢᠷᠮᠠᠶᠢᠯᠭ᠎ᠠ ᠪᠠᠷ ᠳᠠᠮᠵᠢᠨ᠂ 2015 ᠣᠨ ᠤ 11 ᠳ᠋ᠤᠭᠡᠷ ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ ᠪᠠᠷ ᠨᠡᠪᠲᠡᠷᠡᠨ ᠠᠵᠢᠯᠯᠠᠵᠤ᠂ ᠲᠥᠪ ᠲᠠᠪᠴᠠᠩ ᠲᠠᠢ ᠭᠤᠯᠳᠤ ᠪᠠᠷ ᠨᠡᠪᠲᠡᠷᠡᠯᠴᠡᠬᠦ ᠶᠢ ᠴᠠᠭ ᠲᠤᠬᠠᠶ ᠳᠤᠨᠢ ᠪᠡᠶᠡᠯᠡᠭᠦᠯᠵᠦ᠂ ᠵᠠᠯᠭᠠᠬᠤ ᠪᠠ ᠲᠤᠭ᠎ᠠ ᠪᠠᠷᠢᠮᠲᠠ ᠳᠠᠮᠵᠢᠭᠤᠯᠬᠤ ᠶᠢ ᠴᠠᠭ ᠲᠤᠬᠠᠶ ᠳᠤᠨᠢ ᠬᠢᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠲᠠᠪᠴᠠᠩ ᠤᠨ ᠰᠢᠯᠢᠳᠡᠭᠵᠢᠭᠦᠯᠦᠯᠲᠡ᠂ ᠠᠵᠢᠯ ᠤᠨ ᠲᠡᠭᠦᠯᠳᠡᠷᠵᠢᠭᠦᠯᠦᠯᠲᠡ ᠶᠢ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠵᠠᠢ᠃      ᠬᠥᠲᠥᠯᠥᠭᠴᠢ᠄      ᠲᠡᠭᠡᠪᠡᠯ ᠲᠠ ᠪᠢᠳᠡᠨ ᠳᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠲᠠᠨᠢᠯᠴᠠᠭᠤᠯᠤᠭᠠᠳ ᠥᠭᠭᠦᠨᠡᠦ︖      ᠵᠠᠩ ᠪᠢᠨ᠄      ᠪᠢᠳᠡ ᠭᠤᠣᠯᠳᠠᠭᠤ ᠳᠣᠣᠷᠠᠬᠢ ᠠᠵᠢᠯ ᠤᠳ ᠢ ᠪᠡᠶᠡᠯᠡᠭᠦᠯᠦᠭᠰᠡᠨ ᠪᠠᠶᠢᠨ᠎ᠠ᠄      ᠨᠢᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠥᠷᠢᠮ ᠤᠨ ᠥᠭᠡᠷᠡᠴᠢᠯᠡᠯᠲᠡ ᠶᠢᠨ ᠴᠢᠬᠤᠯᠠ ᠨᠢᠭᠡᠨ ᠡᠭᠦᠷᠭᠡ ᠪᠣᠯᠭᠠᠨ ᠲᠣᠭᠲᠠᠭᠠᠵᠤ᠂ ᠣᠷᠴᠢᠮᠬᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠠᠵᠢᠯ ᠤᠨ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 120 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ᠃  ᠪᠠᠶᠢᠩᠭᠤ ᠶᠢᠨ ᠳᠡᠳ᠋ ᠲᠡᠷᠢᠭᠦᠯᠡᠭᠴᠢ ᠹᠦ᠋ ᠲᠠᠢ ᠽᠸᠡᠭ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠭᠦᠯᠦᠨ᠂ ᠡᠯ᠎ᠡ ᠬᠤᠯᠪᠤᠭᠳᠠᠯ ᠪᠥᠬᠦᠢ ᠲᠢᠩᠬᠢᠮ ᠲᠣᠪᠴᠢᠶ᠎ᠠ᠂ ᠠᠶᠢᠮᠠᠭ ᠬᠤᠳᠠ ᠪᠣᠯᠤᠨ ᠬᠤᠰᠢᠭᠤ ᠰᠢᠶᠠᠨ ᠢ ᠵᠣᠬᠢᠴᠠᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠣᠯᠣᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠵᠢᠭᠠᠪᠤᠷᠢᠯᠠᠪᠠ᠃      ᠵᠠᠩ ᠪᠢᠨ᠄      ᠬᠤᠶᠠᠷ᠂ ᠲᠠᠪᠴᠠᠩ ᠤᠨ ᠪᠠᠶᠢᠭᠤᠯᠤᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠵᠠᠩᠭᠢᠶᠠᠰᠤ ᠡᠭᠦᠷᠭᠡ ᠶᠢ ᠤᠷᠤᠭᠰᠢᠲᠠᠶ ᠪᠡᠶᠡᠯᠡᠭᠦᠯᠪᠡ      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ 8 ᠳ᠋ᠤᠭᠠᠷ ᠰᠠᠷ᠎ᠠ ᠶᠢᠨ 26᠎ ᠤ ᠡᠳᠦᠷ ᠬᠤᠪᠸᠢ ᠶᠢᠨ ᠦᠬᠠᠨ ᠳᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠢ ᠭᠤᠯᠳᠤ ᠪᠠᠷ ᠨᠡᠪᠲᠡᠷᠡᠯᠴᠡᠭᠦᠯᠬᠦ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠣᠷᠣᠨ ᠠᠵᠢᠯ ᠤᠨ ᠰᠡᠳᠬᠢᠮᠵᠢ ᠪᠠᠨ ᠲᠡᠷᠡ ᠳᠠᠷᠤᠶ ᠳᠤᠨᠢ ᠲᠣᠬᠢᠷᠠᠭᠤᠯᠵᠤ᠂ ᠥᠪᠡᠰᠦᠪᠡᠨ ᠪᠠᠶᠢᠭᠤᠯᠬᠤ ᠶᠢ ᠥᠭᠡᠷᠡᠴᠢᠯᠡᠭᠡᠳ ᠬᠤᠪᠸᠢ ᠶᠢᠨ ᠬᠡᠪ ᠮᠠᠶ᠋ᠢᠭ ᠢ ᠰᠢᠯᠵᠢᠭᠦᠯᠦᠨ ᠠᠰᠢᠭᠯᠠᠬᠤ ᠪᠠᠷ ᠲᠣᠭᠲᠠᠭᠠᠵᠠᠢ᠃ ᠲᠠᠪᠴᠠᠩ ᠤᠨ ᠡᠯ᠎ᠡ ᠵᠠᠩᠭᠢᠶᠠᠰᠤ ᠶᠢᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠠᠪᠴᠠᠩ ᠤᠨ ᠪᠠᠶᠢᠭᠤᠯᠤᠯᠲᠠ ᠭᠡᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠰᠠᠶᠢᠲᠤᠷ ᠬᠢᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠲᠦᠷᠦᠭᠦᠯᠡᠨ ᠰᠠᠨᠠᠭᠠᠴᠢᠯᠠᠭ᠎ᠠ ᠲᠠᠢ ᠪᠠᠷ ᠢᠳᠡᠪᠬᠢᠲᠡᠢ ᠠᠵᠢᠯᠯᠠᠵᠤ᠂ ᠲᠠᠪᠴᠠᠩ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃      ︵ᠨᠢᠭᠡ︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠳᠡᠪᠬᠢᠲᠡᠶ ᠪᠠᠷ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠣᠬᠢᠴᠠᠭᠤᠯᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠭᠠᠭᠴᠠ ᠢᠷᠡᠯᠳᠡ ᠠᠴᠠ ᠬᠤᠳᠠᠯᠳᠤᠨ ᠠᠪᠬᠤ ᠪᠠ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦᠨ ᠤ ᠶᠠᠪᠤᠳᠠᠯ ᠢ ᠨᠠᠶᠢᠳᠠᠪᠤᠷᠢᠵᠢᠭᠤᠯᠵᠤ᠂ ᠨᠢᠭᠡ ᠲᠠᠯ᠎ᠠ ᠪᠠᠷ ᠲᠠᠪᠴᠠᠩ ᠢ ᠳᠠᠭᠠᠭᠠᠴᠢᠯᠠᠨ ᠪᠠᠶᠢᠭᠤᠯᠵᠤ ᠪᠠᠶᠢᠭ᠎ᠠ ᠨᠢᠭᠡᠴᠡ ᠲᠠᠢ ᠵᠣᠬᠢᠴᠠᠭᠤᠯᠤᠨ ᠤᠷᠢᠳᠠᠪᠠᠷ ᠪᠡᠯᠡ ᠮᠥᠩᠭᠦ ᠪᠠ ᠲᠥᠬᠦᠭᠡᠷᠦᠮᠵᠢ ᠣᠷᠣᠯᠠᠨ ᠥᠭᠬᠦ ᠪᠠᠷ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠳᠡᠮᠵᠢᠭᠦᠯᠪᠡ᠃ ᠡᠭᠦᠨ ᠤ ᠬᠠᠮᠲᠤ ᠠᠵᠢᠯ ᠤᠨ ᠬᠦᠴᠦᠨ ᠢᠶᠠᠨ ᠲᠥᠪᠯᠡᠷᠡᠭᠦᠯᠦᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠠᠯᠢ ᠣᠯᠠᠨ ᠪᠠᠶᠢᠴᠠᠭᠠᠨ ᠰᠤᠳᠤᠯᠤᠯᠲᠠ᠂ ᠵᠣᠬᠢᠴᠠᠭᠤᠯᠭ᠎ᠠ᠂ ᠡᠯ᠎ᠡ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠡᠮᠬᠢᠯᠡᠬᠦ ᠪᠠ ᠮᠡᠷᠭᠡᠵᠢᠯ ᠤᠨ ᠲᠣᠬᠢᠷᠠᠭᠤᠯᠤᠨ ᠲᠤᠷᠰᠢᠬᠤ ᠵᠡᠷᠭᠡ ᠠᠵᠢᠯ ᠢ ᠥᠷᠨᠢᠭᠦᠯᠪᠡ᠃      ︵ᠬᠤᠶᠠᠷ︶ ᠡᠯ᠎ᠡ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠭᠤᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠪᠠ᠃ 2015 ᠣᠨ ᠤ 11 ᠳ᠋ᠦ᠋ᠭᠡᠷ ᠰᠠᠷ᠎ᠠ ᠶᠢᠨ 10᠎ ᠤ ᠡᠳᠦᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ︵ᠲᠥᠯᠥᠪᠵᠢᠭᠦᠯᠭᠡ︶ ᠵᠡᠷᠭᠡ 18 ᠬᠠᠮᠲᠤᠷᠠᠨ ᠬᠢᠨᠠᠬᠤ ᠨᠢᠭᠡᠴᠡ ᠶᠢ ᠴᠤᠭᠯᠠᠭᠤᠯᠤᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠣᠭ᠎ᠠ ᠠᠪᠬᠤ ᠲᠣᠭᠲᠠᠴᠠ ᠶᠢ ᠪᠤᠢ ᠪᠣᠯᠭᠠᠪᠠ᠃ 11᠎ ᠤ ᠡᠳᠦᠷ ᠠᠴᠠ 15᠎ ᠤ ᠡᠳᠦᠷ ᠪᠣᠯᠲᠠᠯ᠎ᠠ ᠡᠯ᠎ᠡ ᠰᠠᠯᠠᠭ᠎ᠠ ᠮᠥᠴᠢᠷ ᠤᠨ ᠬᠦᠴᠦ ᠪᠠᠨ ᠨᠢᠭᠡᠳᠬᠡᠨ ᠬᠠᠮᠵᠢᠯᠴᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠵᠦᠢᠯᠡᠰ ᠤᠨ ᠡᠮᠬᠢᠯᠡᠬᠦ ᠠᠵᠢᠯ ᠢ ᠪᠡᠶᠡᠯᠡᠭᠦᠯᠵᠦ᠂ ᠨᠡᠶᠢᠳᠡ 129 ᠵᠦᠢᠯ ᠤᠨ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ᠤᠨ ᠬᠤᠭᠤᠷᠣᠨᠳᠣ ︽ᠬᠥᠨᠳᠡᠯᠡᠨ ᠢᠶᠠᠷ ᠬᠤᠯᠪᠣᠭᠠᠯᠠᠬᠤ︾᠎ ᠶᠢ ᠪᠡᠶᠡᠯᠡᠭᠦᠯᠪᠡ᠃      ᠪᠦᠬᠦ ᠠᠵᠢᠯᠲᠠᠳ ᠤᠨ ᠴᠠᠭ ᠨᠡᠮᠡᠵᠦ ᠴᠠᠭ ᠢᠶᠠᠨ ᠤᠷᠲᠤᠳᠬᠠᠨ ᠦᠷᠭᠦᠯᠵᠢᠯᠡᠨ ᠪᠠᠶᠢᠯᠳᠤᠬᠤ ᠪᠠᠷ ᠳᠠᠮᠵᠢᠭᠠᠳ ᠂ ᠡᠴᠦᠰ ᠲᠡᠭᠡᠨ 11 ᠳ᠋ᠦ᠋ᠭᠡᠷ ᠰᠠᠷ᠎ᠠ ᠶᠢᠨ 26᠎ ᠤ ᠡᠳᠦᠷ ᠤᠨ 20 ᠴᠠᠭ ᠲᠤ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠵᠦᠢᠯᠡᠰ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠢ ᠲᠤᠷᠰᠢᠨ ᠦᠵᠡᠬᠦ ᠣᠷᠴᠢᠨ ᠲᠣᠭᠤᠷᠢᠨ ᠠᠴᠠ ᠦᠢᠯᠡᠳᠪᠦᠷᠢᠯᠡᠯ ᠤᠨ ᠣᠷᠴᠢᠨ ᠲᠣᠭᠤᠷᠢᠨ ᠳᠤ ᠰᠢᠯᠵᠢᠭᠦᠯᠵᠦ᠂ 27᠎ ᠤ ᠡᠳᠦᠷ ᠤᠨ ᠣᠷᠣᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠ ᠮᠡᠳᠡᠭᠡ ᠵᠠᠩᠭᠢ ᠶᠢᠨ ᠲᠥᠪ ᠠᠴᠠ ᠨᠤᠲᠠᠯᠠᠨ ᠲᠣᠭᠲᠠᠭᠠᠭᠰᠠᠨ ᠨᠢ᠂ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠪᠡᠶᠡᠯᠡᠭᠳᠡᠭᠰᠡᠨ ᠢ ᠬᠠᠷᠠᠭᠤᠯᠵᠤ᠂ ᠨᠢᠭᠤᠴᠠ ᠳᠤ ᠬᠤᠯᠪᠣᠭᠳᠠᠬᠤ ᠦᠭᠡᠢ ᠪᠡᠯᠡ ᠣᠷᠣᠭᠤᠯᠤᠯᠲᠠ ᠶᠢᠨ ᠵᠦᠢᠯᠡᠰ ᠢ ᠲᠠᠪᠴᠠᠩ ᠳᠡᠭᠡᠷ᠎ᠡ ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢ ᠲᠤᠷᠰᠢᠨ ᠬᠡᠷᠡᠭᠵᠢᠭᠦᠯᠪᠡ᠃      ᠵᠠᠩ ᠪᠢᠨ᠄      ︵ᠭᠤᠷᠪᠠ︶ ᠬᠠᠮᠲᠤᠷᠠᠨ ᠬᠢᠨᠠᠬᠤ ᠠᠵᠢᠯᠳᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠴᠦ ᠵᠥᠪᠰᠢᠶᠡᠷᠡᠭᠦᠯᠦᠭᠡᠳ᠂ ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ ᠠᠴᠠ ᠲᠤᠬᠠᠶᠢᠯᠠᠭᠰᠠᠨ ᠠᠵᠢᠯ ᠤᠨ ᠠᠵᠢᠯᠲᠠᠳ ᠲᠤ ᠲᠠᠪᠴᠠᠩ ᠤᠨ ᠠᠵᠢᠯᠯᠠᠭ᠎ᠠ ᠶᠢ ᠲᠦᠷᠭᠡᠬᠡᠨ ᠡᠵᠡᠮᠰᠢᠭᠦᠯᠵᠦ᠂ ᠠᠵᠢᠯ ᠢᠶᠠᠨ ᠨᠡᠩ ᠰᠠᠶᠢᠨ ᠥᠷᠨᠢᠭᠦᠯᠬᠦ ᠳᠤ ᠳᠥᠭᠦᠮ ᠦᠵᠡᠭᠦᠯᠵᠦ᠂ ᠲᠠᠪᠴᠠᠩ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ 21᠎ ᠤ ᠡᠳᠦᠷ ᠠᠴᠠ 28᠎ ᠤ ᠡᠳᠦᠷ ᠪᠣᠯᠲᠠᠯ᠎ᠠ᠂ ᠪᠥᠬᠦ ᠣᠷᠣᠨ ᠤ ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ 2221 ᠠᠵᠢᠯᠲᠠᠳ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠪᠠ᠃ ᠡᠭᠦᠨ ᠤ ᠬᠠᠮᠲᠤ ᠡᠯ᠎ᠡ ᠠᠶᠢᠮᠠᠭ ᠬᠤᠲᠠ ᠬᠤᠰᠢᠭᠤ ᠰᠢᠶᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠤᠨ ᠬᠦᠰᠦᠨᠦᠭᠲᠦ ᠪᠠ ᠮᠡᠳᠡᠭᠡ ᠵᠠᠩᠭᠢ ᠶᠢ ᠢᠯᠡ ᠪᠣᠯᠭᠠᠬᠤ ᠬᠦᠰᠦᠨᠦᠭᠲᠦ ᠶᠢ ᠴᠤᠭᠯᠠᠭᠤᠯᠵᠤ᠂ ᠣᠳᠣᠬᠠᠨ ᠳᠤ ᠪᠣᠯᠲᠠᠯ᠎ᠠ ᠪᠦᠬᠦ ᠣᠷᠣᠨ ᠤ ᠬᠠᠭᠠᠰ ᠢᠯᠡᠭᠦᠦ ᠬᠠᠮᠲᠤᠷᠠᠨ ᠬᠢᠨᠠᠬᠤ ᠰᠠᠯᠠᠭ᠎ᠠ ᠮᠥᠴᠢᠷ ᠢ ᠨᠢᠭᠡᠨᠲᠡ ᠨᠤᠲᠠᠯᠠᠨ ᠲᠣᠭᠲᠠᠭᠠᠵᠤ᠂ ᠪᠤᠰᠤᠳ ᠰᠠᠯᠠᠭ᠎ᠠ ᠮᠥᠴᠢᠷ ᠴᠤ ᠵᠠᠯᠭᠠᠭᠠᠪᠡᠷ ᠳᠡᠭᠡᠭᠰᠢ ᠮᠡᠳᠡᠭᠦᠯᠵᠦ ᠪᠤᠢ᠃      ︵ᠲᠦᠷᠪᠡ︶ ᠲᠠᠪᠴᠠᠩ ᠤᠨ ᠠᠵᠢᠯᠯᠠᠭ᠎ᠠ ᠲᠣᠭᠲᠠᠭᠤᠨ ᠪᠥᠭᠡᠳ ᠤᠷᠤᠭᠰᠢᠲᠠᠶ ᠪᠠᠶᠢᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠤᠨ ᠭᠤᠣᠯ ᠴᠣᠭᠴᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠠᠵᠢᠯ ᠢ ᠨᠢᠭᠡᠨᠲᠡ ᠪᠡᠶᠡᠯᠡᠭᠦᠯᠵᠦ᠂ ᠥᠪᠡᠷᠲᠡᠭᠡᠨ ᠵᠠᠰᠠᠭ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠥᠪᠡᠷᠲᠡᠭᠡᠨ ᠵᠠᠰᠠᠬᠤ ᠣᠷᠣᠨ ᠤ 18 ᠰᠠᠯᠠᠭ᠎ᠠ ᠮᠥᠴᠢᠷ᠂ 14 ᠠᠶᠢᠮᠠᠭ ᠬᠤᠳᠠ᠂ 102 ᠬᠤᠰᠢᠭᠤ ᠰᠢᠶᠠᠨ ᠲᠣᠭᠤᠷᠢᠭ ᠲᠠᠢ ᠬᠤᠯᠪᠣᠭᠠᠯᠠᠨ᠂ ᠨᠢᠭᠤᠴᠠ ᠳᠤ ᠬᠤᠯᠪᠣᠭᠳᠠᠬᠤ ᠦᠭᠡᠢ ᠪᠡᠯᠡ ᠣᠷᠣᠭᠤᠯᠤᠯᠲᠠ ᠶᠢᠨ ᠵᠦᠢᠯᠡᠰ ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠬᠠᠮᠲᠤᠷᠠᠨ ᠬᠢᠨᠠᠨ ᠵᠥᠪᠰᠢᠶᠡᠷᠡᠬᠦ ᠶᠢ ᠠᠩᠬ᠎ᠠ ᠠᠯᠬᠤᠮ ᠪᠡᠶᠡᠯᠡᠭᠦᠯᠪᠡ᠃      ᠥᠨᠥᠳᠦᠷ ᠪᠣᠯᠲᠠᠯ᠎ᠠ᠂ 50 ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠠᠵᠢᠯ ᠢ ᠨᠢᠭᠡᠨᠲᠡ ᠪᠡᠶᠡᠯᠡᠭᠦᠯᠵᠦ᠂ ᠲᠠᠪᠴᠠᠩ ᠤᠨ ᠡᠷᠭᠢᠯᠲᠡ ᠶᠢᠨ ᠪᠠᠶᠢᠳᠠᠯ ᠲᠣᠭᠲᠠᠭᠤᠨ ᠪᠠᠶᠢᠨ᠎ᠠ᠃      ᠬᠥᠲᠥᠯᠥᠭᠴᠢ᠄      ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠰᠠᠶᠢᠬᠠᠨ ᠠᠵᠢᠯᠯᠠᠬᠤ ᠪᠣᠯᠣᠭᠰᠠᠨ ᠨᠢ ᠤᠯᠠᠨ ᠲᠠᠯ᠎ᠠ ᠶᠢᠨ ᠰᠠᠶᠢᠨ ᠦᠢᠯᠡᠳᠦᠯ ᠭᠠᠷᠭᠠᠵᠠᠢ᠂ ᠠᠯᠢ ᠠᠯᠢ ᠲᠠᠯ᠎ᠠ ᠪᠠᠷ ᠢᠯᠡᠷᠡᠵᠦ ᠪᠠᠶᠢᠬᠤ ᠶᠢ ᠲᠠ ᠪᠢᠳᠡᠨ ᠳᠤ ᠪᠣᠳᠠᠲᠠᠶ ᠶᠠᠷᠢᠭᠠᠳ ᠥᠭᠭᠦᠨ᠎ᠡ ᠤᠤ︖      ᠵᠠᠩ ᠪᠢᠨ᠄      ᠡᠳᠡᠭᠡᠷ ᠰᠠᠶᠢᠨ ᠦᠢᠯᠡᠳᠦᠯ ᠭᠡᠪᠡᠯ᠄ ︵ᠨᠢᠭᠡ︶ ᠬᠢᠨᠠᠨ ᠵᠥᠪᠰᠢᠶᠡᠷᠡᠬᠦ ᠶᠠᠪᠤᠴᠠ ᠶᠢ ᠰᠠᠶᠢᠵᠢᠷᠠᠭᠤᠯᠵᠤ᠂ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠲᠠᠪᠴᠠᠩ ᠢ ᠪᠦᠳᠦᠭᠡᠨ ᠪᠠᠶᠢᠭᠤᠯᠬᠤ ᠶᠠᠪᠤᠴᠠ ᠳᠤᠮᠳᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠡᠮᠬᠢᠯᠡᠵᠦ᠂ ᠠᠳᠠᠯᠢ ᠨᠢᠭᠡᠨ ᠱᠠᠳᠤ᠂ ᠠᠳᠠᠯᠢ ᠨᠢᠭᠡ ᠰᠠᠯᠠᠭ᠎ᠠ ᠮᠥᠴᠢᠷ ᠠᠴᠠ ᠣᠯᠠᠨᠲᠠ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠨ ᠨᠡᠶᠢᠯᠡᠭᠦᠯᠵᠦ᠂ ︽ᠨᠢᠭᠡ ᠴᠣᠩᠬᠤ ᠪᠠᠷ ᠬᠦᠯᠢᠶᠡᠨ ᠠᠪᠴᠤ᠂ ᠨᠡᠶᠢᠯᠡᠭᠦᠯᠦᠨ ᠰᠢᠢᠳᠪᠦᠷᠢᠯᠡᠬᠦ ᠶᠢ ᠪᠡᠶᠡᠯᠡᠭᠦᠯᠵᠡᠢ᠃ ᠨᠢᠭᠡ ᠵᠦᠢᠯ ᠳᠤ ᠨᠢᠭᠡ ᠨᠣᠮᠧᠷ᠂ ᠨᠢᠭᠡ ᠬᠦᠰᠦᠨᠦᠭᠲᠦ ᠪᠠᠷ ᠳᠠᠮᠵᠢᠭᠤᠯᠵᠤ᠂ ᠬᠤᠭᠤᠴᠠᠭᠠᠯᠠᠨ ᠰᠢᠢᠳᠪᠦᠷᠢᠯᠡᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠨ᠎ᠡ᠃ ᠬᠠᠷᠢᠭᠤᠴᠠᠯᠭ᠎ᠠ ᠶᠣᠰᠣᠭᠠᠷ ᠬᠢᠨᠠᠨ ᠬᠠᠮᠢᠶᠠᠷᠴᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ︾᠎ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ ᠪᠡᠶᠡᠯᠡᠭᠦᠯᠪᠡ᠃ ᠲᠦᠭᠦᠮ ᠢᠶᠠᠷ ᠬᠡᠯᠡᠪᠡᠯ᠂ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠪᠣᠯ ᠳᠠᠷᠤᠶ ᠢᠨᠲ᠋ᠧᠷ ᠰᠦᠯᠵᠢᠶ᠎ᠡ ᠶᠢ ᠲᠦᠰᠢᠭᠯᠡᠨ ᠲᠠᠪᠴᠠᠩ ᠤᠨ ᠦᠢᠯᠡᠴᠢᠯᠡᠭᠡᠨ ᠤ ᠴᠣᠩᠬᠤ ᠪᠠᠶᠢᠭᠤᠯᠵᠤ᠂ ᠨᠢᠭᠤᠴᠠ ᠳᠤ ᠬᠤᠯᠪᠣᠭᠳᠠᠬᠤ ᠦᠭᠡᠢ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠥᠷᠥᠯ ᠵᠦᠢᠯ ᠤᠨ ᠬᠢᠨᠠᠨ ᠵᠥᠪᠰᠢᠶᠡᠷᠡᠬᠦ᠂ ᠳᠠᠩᠰᠠᠯᠠᠭᠤᠯᠵᠤ ᠭᠤᠶᠤᠴᠢᠯᠠᠬᠤ ᠶᠢ ᠨᠢᠭᠡᠳᠦᠯᠲᠡᠶ ᠬᠦᠯᠢᠶᠡᠨ ᠰᠢᠢᠳᠪᠦᠷᠢᠯᠡᠵᠦ᠂ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠲᠦᠰᠢᠭᠯᠡᠨ ᠬᠠᠮᠲᠤᠷᠠᠨ ᠬᠢᠨᠠᠨ ᠵᠥᠪᠰᠢᠶᠡᠷᠡᠬᠦ ᠰᠢᠰᠲ᠋ᠧᠮ ᠲᠠᠢ ᠨᠡᠶᠢᠯᠡᠭᠦᠯᠦᠨ ᠬᠠᠮᠲᠤᠷᠠᠨ ᠬᠢᠨᠠᠨ ᠵᠥᠪᠰᠢᠶᠡᠷᠡᠬᠦ ᠠᠵᠢᠯ ᠢ ᠢᠵᠢᠯᠢ ᠠᠯᠬᠤᠮ ᠢᠶᠠᠷ ᠥᠷᠨᠢᠭᠦᠯᠬᠦ ᠪᠣᠯᠣᠨ᠎ᠠ᠃      ᠵᠠᠩ ᠪᠢᠨ  ᠄      ︵ᠬᠤᠶᠠᠷ︶ ᠠᠵᠤ ᠠᠬᠤᠶᠢᠯᠠᠯ ᠤᠨ ᠭᠤᠶᠤᠴᠢᠯᠠᠯ ᠮᠡᠳᠡᠭᠦᠯᠬᠦ ᠳᠤ ᠳᠥᠭᠦᠮ ᠦᠵᠡᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡ ᠶᠢ ᠰᠢᠯᠢᠳᠡᠭᠵᠢᠭᠦᠯᠪᠡ᠃ ᠰᠦᠯᠵᠢᠶᠡᠨ ᠳᠡᠭᠡᠷ᠎ᠡ ᠳᠠᠩᠰᠠᠯᠠᠬᠤ᠂ ᠭᠦᠢᠴᠡᠳᠬᠡᠬᠦ᠂ ︽ᠨᠢᠭᠡ ᠥᠷᠲᠡᠭᠡᠯᠢᠭ ᠤᠨ ᠦᠢᠯᠡᠴᠢᠯᠡᠭᠡ︾᠎ ᠶᠢᠨ ᠬᠢᠨᠠᠯᠲᠠ ᠲᠠᠯᠪᠢᠬᠤ ᠲᠠᠪᠴᠠᠩ ᠬᠠᠩᠭᠠᠪᠠ᠃ ᠠᠵᠤ ᠠᠬᠤᠶᠢᠯᠠᠯ ᠲᠥᠷᠥᠯ ᠵᠦᠢᠯ ᠢᠶᠠᠨ ᠲᠠᠪᠴᠠᠩ ᠳᠡᠭᠡᠷ᠎ᠡ ᠳᠠᠩᠰᠠᠯᠠᠬᠤ᠂ ᠠᠵᠢᠯ ᠭᠦᠢᠴᠡᠳᠬᠡᠬᠦ ᠵᠦᠭᠯᠡᠭᠦᠷ ᠢ ᠰᠢᠯᠵᠢᠭᠦᠯᠦᠨ ᠤᠩᠰᠢᠬᠤ ᠶᠢ ᠬᠡᠵᠢᠶ᠎ᠡ ᠭᠡᠳ ᠬᠢᠵᠦ ᠪᠣᠯᠣᠨ᠎ᠠ᠂  ᠴᠤᠷ ᠤᠨ ᠭᠠᠭᠴᠠ ᠲᠥᠷᠥᠯ ᠵᠦᠢᠯ ᠤᠨ ᠺᠣᠳ᠋ ᠢ ᠦᠨᠳᠦᠰᠦᠯᠡᠨ ᠠᠬᠢᠴᠠ ᠶᠢᠨ ᠪᠠᠶᠢᠳᠠᠯ ᠢ ᠮᠡᠳᠡᠵᠦ ᠪᠣᠯᠣᠨ᠎ᠠ᠂ ᠲᠠᠪᠴᠠᠩ ᠠᠵᠤ ᠠᠬᠤᠶᠢᠯᠠᠯ ᠤᠨ ᠬᠠᠮᠢᠶ᠎ᠠ ᠪᠦᠬᠦᠢ ᠠᠬᠢᠴᠠ ᠶᠢᠨ ᠪᠠᠶᠢᠳᠠᠯ ᠢ ᠰᠠᠨᠠᠭᠠᠴᠢᠯᠠᠭ᠎ᠠ ᠲᠠᠢ ᠪᠠᠷ ᠠᠵᠤ ᠠᠬᠤᠶᠢᠯᠠᠯ ᠳᠤ ᠮᠡᠳᠡᠭᠳᠡᠨ᠎ᠡ᠃ ᠲᠠᠪᠴᠠᠩ ᠠᠴᠠ ᠲᠥᠷᠥᠯ ᠵᠦᠢᠯ ᠨᠢᠭᠡᠪᠦᠷᠢ ᠳᠤ ᠴᠣᠷ ᠤᠨ ᠭᠠᠭᠴᠠ ᠺᠣᠳ᠋ ᠣᠯᠭᠤᠵᠤ᠂ ᠲᠥᠷᠥᠯ ᠵᠦᠢᠯ ᠤᠨ ᠪᠦᠬᠦ ᠶᠠᠪᠤᠴᠠ ᠶᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠳᠤ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠱᠠᠭᠠᠷᠳᠠᠯᠭ᠎ᠠ ᠪᠦᠬᠦᠢ ᠴᠠᠭ ᠤᠨ ᠬᠢᠵᠠᠭᠠᠷ ᠳᠣᠲᠣᠷ᠎ᠠ ᠬᠢᠨᠠᠨ ᠵᠥᠪᠰᠢᠶᠡᠷᠡᠬᠦ ᠲᠤᠬᠠᠶ ᠰᠠᠨᠠᠯ ᠳᠤᠷᠠᠳᠴᠤ᠂ ᠲᠠᠪᠴᠠᠩ ᠨᠢ ᠲᠥᠷᠥᠯ ᠵᠦᠢᠯ ᠢ ᠰᠢᠢᠳᠪᠦᠷᠢᠯᠡᠵᠦ ᠪᠠᠶᠢᠭ᠎ᠠ ᠠᠬᠢᠴᠠ ᠶᠢ ᠰᠦᠯᠵᠢᠶᠡᠨ ᠳᠡᠭᠡᠷ᠎ᠡ ᠰᠠᠨᠠᠭᠤᠯᠬᠤ᠂ ᠬᠢᠨᠠᠨ ᠡᠵᠡᠮᠳᠡᠬᠦ ᠵᠡᠷᠭᠡ ᠴᠢᠳᠠᠮᠵᠢ ᠲᠠᠢ︔᡽ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ᠦᠨᠳᠦᠰᠦᠨ ᠡᠯᠧᠮᠧᠨ᠋ᠲ ᠤᠨ ᠮᠡᠳᠡᠭᠡ ᠵᠠᠩᠭᠢ ᠪᠠ ᠪᠤᠰᠤᠳ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠰᠠᠨᠠᠯ ᠢ ᠪᠠᠶᠢᠴᠠᠭᠠᠨ ᠯᠠᠪᠯᠠᠬᠤ ᠪᠠ ᠬᠠᠮᠲᠤ ᠪᠠᠷ ᠡᠳ᠋ᠯᠡᠵᠦ ᠪᠣᠯᠣᠨ᠎ᠠ᠃      ︵ᠭᠤᠷᠪᠠ︶ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠪᠡᠶ᠎ᠡ ᠪᠠᠨ ᠱᠠᠭᠠᠷᠳᠠᠬᠤ ᠶᠢ ᠴᠢᠩᠭᠠᠷᠠᠭᠤᠯᠪᠠ᠃ ᠲᠠᠪᠴᠠᠩ ᠨᠢ ᠲᠥᠷᠥᠯ ᠵᠦᠢᠯ ᠤᠨ ᠺᠣᠳ᠋ ᠢ ᠨᠢᠭᠡᠳᠦᠭᠦᠯᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦ᠋ᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠪᠠ ᠰᠠᠯᠠᠭ᠎ᠠ ᠮᠥᠴᠢᠷ ᠬᠥᠨᠳᠡᠯᠡᠨ ᠭᠤᠯᠳᠤ ᠬᠤᠯᠪᠣᠯᠳᠤᠨ ᠬᠠᠮᠵᠢᠯᠴᠠᠬᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠳᠣᠪᠣᠶᠢᠯᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠡᠷᠬᠡ ᠪᠠᠨ ᠠᠰᠢᠭᠯᠠᠵᠤ ᠠᠰᠢᠭ ᠡᠷᠢᠬᠦ ᠪᠠ ᠠᠵᠤ ᠠᠬᠤᠶᠢᠯᠠᠯ ᠤᠨ ᠵᠠᠪᠰᠢᠨ ᠳᠠᠯᠢᠮᠳᠠᠭᠤᠯᠬᠤ ᠣᠷᠣᠨ ᠵᠠᠶ ᠶᠢ ᠪᠠᠭᠠᠰᠬᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠴᠥᠮ ᠲᠠᠪᠴᠠᠩ ᠢᠶᠠᠷ ᠳᠠᠮᠵᠢᠭᠤᠯᠵᠤ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠵᠣᠬᠢᠴᠠᠩᠭᠤᠶ ᠪᠠᠷ ᠰᠢᠢᠳᠪᠦᠷᠢᠯᠡᠬᠦ ᠪᠥᠭᠡᠳ ᠠᠵᠤ ᠠᠬᠤᠶᠢᠯᠠᠯ ᠤᠨ ᠢᠲᠡᠭᠡᠮᠵᠢ ᠶᠢᠨ ᠲᠠᠩᠰᠠ ᠡᠪᠬᠡᠮᠡᠯ ᠳᠤ ᠣᠷᠣᠭᠤᠯᠵᠤ᠂ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠢᠭᠡᠳᠦᠯᠲᠡᠶ ᠲᠠᠪᠴᠠᠩ ᠳᠤ ᠨᠡᠶᠢᠲᠡᠯᠡᠵᠦ᠂ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠠᠶᠤᠯ ᠲᠦᠭᠰᠢᠭᠦᠷᠢ ᠶᠢᠨ ᠥᠷᠲᠡᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠪᠡᠶ᠎ᠡ ᠪᠠᠨ ᠵᠢᠷᠤᠮᠵᠢᠭᠤᠯᠬᠤ ᠶᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠪᠡ᠃      ᠬᠥᠲᠥᠯᠥᠭᠴᠢ᠄      ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠢ ᠶᠠᠭ ᠪᠠᠶᠢᠭᠤᠯᠵᠤ ᠪᠣᠢ᠂ ᠳᠠᠷᠠᠭᠠᠴᠢ ᠶᠢᠨ ᠠᠯᠬᠤᠮ ᠤᠨ ᠪᠦᠳᠦᠭᠡᠨ ᠪᠠᠶᠢᠭᠤᠯᠤᠯᠲᠠ ᠳᠤ ᠶᠠᠮᠠᠷ ᠶᠠᠮᠠᠷ ᠲᠦᠯᠬᠢᠨ  ᠠᠬᠢᠭᠤᠯᠬᠤ ᠰᠡᠳᠬᠢᠮᠵᠢ ᠲᠠᠢ ᠪᠠᠶᠢᠬᠤ ᠪᠣᠢ︖      ᠵᠠᠩ ᠪᠢᠨ᠄      ᠡᠷᠬᠡ ᠶᠢᠨ ᠲᠣᠳᠣᠷᠬᠠᠶ ᠬᠠᠭᠤᠳᠠᠰᠤᠲᠤ ᠳᠦᠷᠢᠮ ᠢ ᠬᠢᠨᠠᠨ ᠬᠠᠮᠢᠶᠠᠷᠬᠤ ᠠᠵᠢᠯᠯᠠᠭ᠎ᠠ ᠶᠢ ᠪᠠᠲᠤᠯᠠᠬᠤ ᠳᠦᠷᠢᠮ ᠵᠡᠷᠭᠡ ᠶᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠵᠦ︔ ᠬᠢᠨᠠᠨ ᠵᠥᠪᠰᠢᠶᠡᠷᠡᠬᠦ ᠵᠦᠢᠯᠡᠰ ᠢ ᠨᠠᠷᠢᠯᠢᠬᠵᠢᠭᠤᠯᠤᠨ ᠂ ᠮᠡᠳᠡᠭᠡ ᠵᠠᠩᠭᠢ ᠶᠢᠨ ᠬᠦᠰᠦᠨᠦᠭᠲᠦ ᠶᠢ ᠱᠠᠭᠠᠷᠳᠠᠨ ᠲᠠᠭᠯᠠᠭᠤᠯᠵᠤ᠂ ᠲᠠᠪᠴᠠᠩ ᠤᠨ ᠦᠢᠯᠡᠴᠢᠯᠡᠭᠡᠨ ᠤ ᠠᠭᠤᠯᠭ᠎ᠠ ᠪᠠ ᠴᠢᠳᠠᠪᠤᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠪᠴᠠᠩ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ  ᠪᠠᠲᠤᠯᠠᠨ᠎ᠠ᠃ ᠡᠨᠡ ᠪᠣᠯ ᠮᠠᠨ ᠤ ᠳᠠᠷᠠᠭᠠᠴᠢ ᠶᠢᠨ ᠠᠯᠬᠤᠮ ᠤᠨ ᠠᠵᠢᠯ ᠢ ᠲᠦᠯᠬᠢᠨ ᠠᠬᠢᠭᠤᠯᠬᠤ ᠰᠡᠳᠬᠢᠴᠡ ᠮᠥᠨ᠃      ᠪᠣᠳᠠᠲᠠᠶ ᠪᠠᠷ ᠳᠤᠷᠠᠳᠪᠠᠯ᠄ ᠨᠢᠭᠡ ᠳᠤ᠂ ᠬᠢᠨᠠᠨ ᠵᠥᠪᠰᠢᠶᠡᠷᠡᠬᠦ ᠵᠦᠢᠯᠡᠰ ᠪᠠ ᠬᠡᠷᠡᠭ ᠡᠷᠬᠢᠯᠡᠬᠦ ᠵᠦᠭᠯᠡᠭᠦᠷ ᠢ ᠲᠡᠭᠦᠯᠳᠡᠷᠵᠢᠭᠦᠯᠦᠨ᠎ᠡ᠃ ᠡᠮᠬᠢᠯᠡᠨ ᠲᠢᠭᠯᠡᠬᠦ ᠵᠦᠢᠯᠡᠰ ᠪᠠ ᠴᠤᠪᠤᠷᠠᠯ ᠪᠣᠯ ᠲᠠᠪᠴᠠᠩ ᠤᠨ ᠶᠡᠷᠦᠩᠬᠡᠶ ᠵᠢᠷᠤᠭ ᠲᠥᠯᠥᠪᠯᠡᠭᠡ ᠶᠢ ᠵᠣᠬᠢᠶᠠᠬᠤ᠂ ᠡᠷᠭᠢᠯᠲᠡ ᠶᠢᠨ ᠶᠠᠪᠤᠴᠠ ᠪᠠ ᠬᠡᠷᠡᠭᠯᠡᠭᠡᠨ ᠤ ᠦᠷ᠎ᠡ ᠳ᠋ᠦᠩ ᠳᠤ ᠬᠤᠯᠪᠣᠭᠳᠠᠬᠤ ᠪᠣᠯᠬᠤᠷ᠂ ᠪᠦᠬᠦ᠋ᠢᠯᠡ ᠲᠠᠪᠴᠠᠩ ᠤᠨ ᠪᠠᠶᠢᠭᠤᠯᠤᠯᠲᠠ ᠶᠢᠨ ᠭᠤᠣᠯᠳᠠᠯᠭ᠎ᠠ ᠪᠠ ᠪᠡᠷᠬᠡᠲᠡᠶ ᠲᠠᠯ᠎ᠠ ᠪᠣᠯᠬᠤ ᠶᠤᠮ᠃ ᠡᠭᠦᠨ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠬᠦ ᠠᠵᠢᠯ ᠳᠠᠭᠤᠰᠴᠤ᠂ ᠪᠣᠯᠪᠠᠰᠤᠷᠠᠯ ᠤᠨ ᠳᠤᠮᠳᠠ ᠡᠯ᠎ᠡ ᠠᠶᠢᠮᠠᠭ ᠬᠤᠲᠠ ᠬᠤᠰᠢᠭᠤ ᠰᠢᠶᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠤᠨ ᠬᠦᠰᠦᠨᠦᠭᠲᠦ᠂ ᠮᠡᠳᠡᠭᠡ ᠵᠠᠩᠭᠢ ᠶᠢ ᠢᠯᠡ ᠪᠣᠯᠭᠠᠬᠤ ᠬᠦᠰᠦᠨᠦᠭᠲᠦ ᠶᠢ ᠴᠤᠭᠯᠠᠭᠤᠯᠵᠤ᠂ ᠳᠡᠭᠡᠭᠰᠢ ᠮᠡᠳᠡᠭᠦᠯᠦᠭᠰᠡᠨ ᠦᠭᠡᠢ ᠰᠠᠯᠠᠭ᠎ᠠ ᠮᠥᠴᠢᠷ ᠢ ᠱᠠᠯᠠᠪᠳᠠᠵᠤ ᠪᠠᠶᠢᠭᠠᠳ ᠲᠣᠰ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ ᠬᠦᠰᠦᠨᠦᠭᠲᠦ ᠶᠢ ᠳᠠᠷᠤᠶ ᠲᠦᠷᠭᠡᠨ ᠳᠡᠭᠡᠭᠰᠢ ᠮᠡᠳᠡᠭᠦᠯᠵᠡᠢ᠃ ᠢᠨᠵᠧᠨᠧᠷᠢᠩ ᠤᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠦᠴᠦᠨ ᠢᠶᠠᠨ ᠲᠥᠪᠯᠡᠷᠡᠭᠦᠯᠦᠨ ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠨᠤᠲᠠᠯᠠᠰᠠᠨ ᠲᠣᠭᠲᠠᠭᠠᠭᠰᠠᠨ ᠬᠦᠰᠦᠨᠦᠭᠲᠦ ᠶᠢ ᠲᠠᠪᠴᠠᠩ ᠤᠨ ᠰᠢᠰᠲ᠋ᠧᠮ ᠲᠠᠢ ᠬᠤᠯᠪᠣᠭᠰᠠᠨ ᠪᠠᠶᠢᠨ᠎ᠠ᠃      ᠵᠠᠩ ᠪᠢᠨ᠄      ᠬᠤᠶᠠᠷ ᠲᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠨ ᠬᠢᠨᠠᠨ ᠵᠥᠪᠰᠢᠶᠡᠷᠡᠬᠦ ᠲᠠᠪᠴᠠᠩ ᠎ ᠤᠨ ᠠᠵᠢᠯᠯᠠᠭᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠲᠦᠷᠭᠡᠪᠴᠢᠯᠡᠨ ᠲᠣᠭᠲᠠᠭᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ᠂ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠦᠬᠦ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠨ ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠵᠤ ᠬᠢᠨᠠᠨ ᠵᠥᠪᠰᠢᠶᠡᠷᠡᠬᠦ  ᠲᠠᠪᠴᠠᠩ ᠤᠨ ᠪᠦᠲᠦᠮᠵᠢ ᠰᠠᠶᠢᠲᠠᠶ ᠠᠵᠢᠯᠯᠠᠬᠤ ᠶᠢ ᠪᠠᠲᠤᠯᠠᠵᠤ᠂ ︽ᠨᠢᠭᠡᠳᠦᠯᠲᠡᠶ ᠪᠥᠭᠡᠳ ᠵᠢᠷᠤᠮᠵᠢᠭᠤᠨ᠂  ᠬᠤᠯᠪᠣᠭᠠᠯᠠᠨ ᠠᠵᠢᠯᠯᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠪᠦᠲᠦᠮᠵᠢᠲᠡᠶ ᠮᠥᠷᠲᠡᠭᠡᠨ ᠳᠥᠲᠡ᠂ ᠢᠯᠠ ᠭᠦᠢᠴᠡᠳᠬᠡᠬᠦ᠂ ᠪᠦᠬᠦ ᠶᠠᠪᠤᠴᠠ ᠳᠤ ᠬᠢᠨᠠᠯᠲᠠ ᠲᠠᠯᠪᠢᠬᠤ︾ ᠬᠠᠷᠠᠯᠲᠠ ᠶᠢ ᠪᠡᠶᠡᠯᠡᠭᠦᠯᠵᠦ ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠤᠪᠸᠢ ᠮᠤᠵᠢ ᠶᠢᠨ ᠵᠠᠰᠠᠭ ᠤᠨ ᠶᠠᠪᠤᠳᠠᠯ ᠢ ᠺᠣᠮᠫᠢᠦ᠋ᠲ᠋ᠧᠷ ᠢᠶᠠᠷ ᠭᠦᠢᠴᠡᠳᠬᠡᠬᠦ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠮᠠᠨ ᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠵᠢᠯ ᠤᠨ ᠪᠣᠳᠠᠲᠠᠶ ᠲᠠᠢ ᠤᠶᠠᠯᠳᠤᠭᠤᠯᠤᠨ ᠬᠠᠮᠢᠶᠠᠷᠤᠯᠲᠠ ᠶᠢᠨ ᠠᠷᠭ᠎ᠠ ᠶᠢ ᠲᠦᠷᠭᠡᠪᠴᠢᠯᠡᠨ ᠲᠣᠭᠲᠠᠭᠠᠨ᠎ᠠ᠃ ᠣᠳᠣᠬᠠᠨ ᠳᠤ᠂ ᠤᠯᠤᠰ ᠤᠨ ᠳᠡᠰ ᠤᠨ ᠬᠠᠮᠢᠶᠠᠷᠤᠯᠲᠠ ᠶᠢᠨ ᠠᠷᠭ᠎ᠠ ᠶᠢᠨ ᠲᠤᠬᠠᠢ ᠡᠯ᠎ᠡ ᠮᠤᠵᠢ ᠣᠷᠣᠨ ᠠᠴᠠ ᠨᠢᠭᠡᠨᠲᠡ ᠰᠠᠨᠠᠯ ᠬᠤᠷᠢᠶᠠᠵᠤ᠂ ᠤᠳᠠᠯ ᠦᠭᠡᠶ ᠨᠡᠶᠢᠲᠡᠯᠡᠬᠦ ᠪᠣᠯᠤᠨ᠎ᠠ᠃      ᠭᠤᠷᠪᠠ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠎ ᠤᠨ ᠡᠮᠦᠨᠡᠬᠢ ᠬᠤᠭᠤᠴᠠᠭᠠᠨ ᠤ ᠲᠥᠰᠥᠪᠯᠡᠯ᠂ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠠᠴᠠ ᠠᠪᠤᠭᠠᠳ ᠠᠵᠢᠯ ᠳᠠᠭᠤᠰᠴᠤ  ᠠᠰᠢᠭᠯᠠᠯᠲᠠ ᠳᠤ ᠣᠷᠣᠭᠤᠯᠬᠤ ᠬᠦᠷᠲᠡᠯ᠎ᠡ᠂ ᠴᠥᠮ ᠥᠪᠡᠷᠲᠡᠭᠡᠨ ᠵᠠᠰᠠᠬᠤ ᠣᠷᠣᠨ ᠤ ᠤᠯᠠᠨ ᠲᠢᠩᠬᠢᠮ ᠲᠣᠪᠴᠢᠶ᠎ᠠ ᠳᠤ  ᠬᠤᠯᠪᠣᠭᠳᠠᠬᠤ ᠪᠣᠯᠬᠤᠷ᠂ ᠬᠠᠮᠢᠶ᠎ᠠ  ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠪᠡᠯ ᠰᠠᠶ᠋ᠢ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠨ᠎ᠠ᠃ ᠪᠣᠯᠪᠠᠰᠤᠷᠠᠩᠭᠤᠶ ᠬᠢᠨᠠᠨ ᠵᠥᠪᠰᠢᠶᠡᠷᠡᠬᠦ ᠰᠢᠰᠲ᠋ᠧᠮ ᠢ ᠨᠢᠭᠡᠨᠲᠡ ᠪᠠᠶᠢᠭᠤᠯᠤᠭᠰᠠᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠲᠤᠭ᠎ᠠ ᠪᠠᠷᠢᠮᠲᠠ ᠶᠢᠨ ᠰᠣᠯᠢᠯᠴᠠᠭ᠎ᠠ ᠪᠠᠷ ᠳᠠᠮᠵᠢᠭᠤᠯᠤᠨ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠵᠦ ᠪᠣᠯᠣᠨ᠎ᠠ︔ ᠥᠪᠡᠷ ᠢᠶᠠᠨ ᠳᠣᠲᠣᠭᠠᠳᠤ ᠶᠢᠨ ᠬᠢᠨᠠᠨ ᠵᠥᠪᠰᠢᠶᠡᠷᠡᠬᠦ ᠰᠢᠰᠲ᠋ᠧᠮ ᠦᠭᠡᠢ ᠰᠠᠯᠠᠭ᠎ᠠ ᠮᠥᠴᠢᠷ ᠤᠳ ᠴᠦ ᠥᠪᠡᠷᠲᠡᠭᠡᠨ ᠵᠠᠰᠠᠬᠤ ᠣᠷᠣᠨ ᠤ ᠲᠠᠪᠴᠠᠩ ᠳᠤ ᠭᠠᠷᠴᠤ ᠰᠢᠭᠤᠳ ᠲᠤᠬᠠᠶᠢᠯᠠᠭᠰᠠᠨ ᠠᠵᠢᠯ ᠡᠷᠬᠢᠯᠡᠵᠦ ᠪᠣᠯᠤᠨ᠎ᠠ᠃ ᠡᠶᠢᠮᠦ ᠲᠣᠭᠲᠠᠴᠠ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠰᠠᠨᠠᠭᠠᠴᠢᠯᠠᠭᠠᠲᠠᠶ ᠪᠠᠷ ᠮᠡᠳᠡᠭᠡ ᠵᠠᠩᠭᠢ ᠶᠢᠨ ᠲᠠᠪᠴᠠᠩ ᠳᠤ ᠬᠦᠷᠭᠡᠵᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠵᠦ ᠪᠣᠯᠣᠨ᠎ᠠ᠃      ᠳᠡᠭᠡᠷ᠎ᠡ ᠳᠤᠷᠠᠳᠤᠭᠰᠠᠨ ᠡᠳᠡᠭᠡᠷ ᠠᠵᠢᠯ ᠢ ᠪᠡᠶᠡᠯᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠰᠠᠨᠠᠭᠤᠯᠵᠤ ᠨᠢᠭᠤᠴᠠ ᠳᠤ ᠥᠯᠥ ᠬᠤᠯᠪᠣᠭᠳᠠᠬᠤ ᠲᠥᠷᠥᠯ ᠵᠦᠢᠯ ᠪᠦᠬᠦᠨ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠭᠦ ᠶᠢ ᠠᠯᠪᠠᠳᠠᠯᠭ᠎ᠠ ᠪᠠᠷ ᠱᠠᠭᠠᠷᠳᠠᠬᠤ ᠪᠣᠯᠤᠨ᠎ᠠ᠃      ᠬᠥᠲᠥᠯᠥᠭᠴᠢ᠄      ᠵᠠ᠂ ᠵᠠᠩ ᠡᠷᠬᠢᠯᠡᠭᠴᠢ ᠶᠢᠨ ᠬᠦᠯᠢᠴᠡᠩᠭᠦᠶ ᠪᠠᠷ ᠬᠠᠷᠢᠭᠤᠯᠲᠠ ᠥᠭᠭᠦᠭᠰᠡᠨ ᠳᠤ ᠲᠠᠯᠠᠷᠬᠠᠯ᠎ᠠ᠂ ᠰᠦᠯᠵᠢᠶᠡᠨ ᠎ ᠤ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ  ᠥᠨᠳᠥᠷᠯᠡᠯ᠎ᠡ᠂ ᠪᠠᠶᠠᠷᠲᠠᠢ᠃
     ᠥᠪᠡᠷᠲᠡᠭᠡᠨ ᠵᠠᠰᠠᠬᠤ ᠣᠷᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ ᠪᠠᠷ ᠨᠡᠪᠲᠡᠷᠡᠪᠡ
     ᠥᠪᠡᠷᠲᠡᠭᠡᠨ ᠵᠠᠰᠠᠬᠤ ᠣᠷᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ ᠪᠠᠷ ᠨᠡᠪᠲᠡᠷᠡᠪᠡ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map