ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠪᠠ ᠬᠦᠨᠳᠦ ᠵᠡᠮᠳᠡᠭᠴᠦᠳ ᠢ ᠰᠣᠪᠢᠯᠠᠬᠤ ᠨᠦᠬᠦᠪᠦᠷᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2016/4/21
                      ᠥᠪᠥᠷ ᠵᠠᠰᠠᠭ ᠲᠠᠷᠬᠠᠭᠠᠭᠰᠠᠨ ﹇2015﹈ 135 ᠳ᠋ᠤᠭᠠᠷ ᠲᠤᠭᠠᠳᠤ                       12 ᠳ᠋ᠤᠭᠠᠷ ᠰᠠᠷ᠎ᠠ ᠶᠢᠨ 11᠎ ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠪᠠ ᠬᠦᠨᠳᠦ ᠵᠡᠮᠳᠡᠭᠴᠦᠳ ᠢ ᠰᠣᠪᠢᠯᠠᠬᠤ ᠨᠦᠬᠦᠪᠦᠷᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2015﹈ 52 ᠳ᠋ᠤᠭᠠᠷ ᠲᠣᠭᠠᠲᠤ᠂ ᠳᠣᠷᠤᠭᠰᠢ ︽ᠰᠠᠨᠠᠯ︾ ᠭᠡᠵᠦ ᠲᠣᠪᠴᠢᠯᠠᠨ᠎ᠠ︶᠎ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠵᠡᠮᠳᠡᠭᠴᠦᠳ ᠤᠨ ᠠᠮᠢᠳᠤᠷᠠᠯ ᠤᠨ ᠣᠨᠴᠠ ᠬᠦᠴᠢᠷᠳᠡᠯ ᠪᠠ ᠬᠠᠷᠠᠭᠠᠯᠵᠠᠨ ᠠᠰᠠᠷᠠᠬᠤ ᠳᠤ ᠬᠦᠴᠢᠷᠲᠡᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠣᠣᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠪᠠ ᠬᠦᠨᠳᠦ ᠵᠡᠮᠳᠡᠭᠴᠦᠳ ᠢ ᠰᠣᠪᠢᠯᠠᠬᠤ ᠨᠦᠬᠦᠪᠦᠷᠢ ᠶᠢᠨ ᠳᠦᠷᠢᠮ ︵ᠳᠣᠷᠤᠭᠰᠢ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠢ ᠪᠦᠬᠦ ᠲᠠᠯ᠎ᠠ ᠪᠠᠷ ᠪᠠᠶᠢᠭᠤᠯᠬᠤ ᠳᠤ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠭᠠᠮᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯ ᠢ ᠵᠣᠬᠢᠴᠠᠭᠤᠯᠤᠨ ᠠᠬᠢᠭᠤᠯᠬᠤ ᠪᠠᠷ ᠶᠡᠷᠦᠩᠬᠡᠢ ᠬᠦᠲᠦᠯᠦᠭᠴᠢ ᠪᠣᠯᠭᠠᠨ᠂ ᠵᠡᠮᠳᠡᠭᠴᠦᠳ ᠢ ᠴᠢᠨᠡᠭᠡᠯᠢᠭᠵᠢᠭᠦᠯᠬᠦ ᠠᠬᠢᠴᠠ ᠶᠢ ᠲᠦᠷᠭᠡᠳᠭᠡᠨ ᠠᠬᠢᠭᠤᠯᠬᠤ ᠪᠠᠷ ᠬᠠᠷᠠᠯᠲᠠ ᠪᠣᠯᠭᠠᠵᠤ᠂ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠡᠮᠳᠡᠭᠴᠦᠳ ᠤᠨ ᠲᠤᠰᠬᠠᠢ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠪᠠᠶᠢᠭᠤᠯᠤᠨ ᠪᠦᠷᠢᠨᠰᠢᠭᠦᠯᠵᠦ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃      ︵ᠬᠤᠶᠠᠷ︶ ᠦᠨᠳᠦᠰᠦᠨ ᠵᠠᠷᠴᠢᠮ᠃      ᠦᠨᠳᠦᠰᠦ ᠶᠢ ᠪᠠᠲᠤᠯᠠᠵᠤ᠂ ᠪᠠᠷᠢᠮᠵᠢᠶ᠎ᠠ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠪᠠᠷᠢᠮᠲᠠᠯᠠᠬᠤ ᠬᠡᠷᠡᠭᠲᠡᠢ᠃ ᠵᠡᠮᠳᠡᠭᠴᠦᠳ ᠤᠨ ᠬᠠᠮᠤᠭ ᠤᠨ ᠦᠨᠳᠦᠰᠦᠨ ᠬᠠᠮᠤᠭ ᠤᠨ ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠠᠴᠠ ᠭᠠᠷᠳᠠᠵᠤ᠂ ᠵᠡᠮᠳᠡᠭᠴᠦᠳ ᠤᠨ ᠵᠡᠮᠳᠡᠭ ᠠᠴᠠ ᠪᠣᠯᠵᠤ ᠪᠣᠢ ᠪᠣᠯᠣᠭᠰᠠᠨ ᠠᠮᠢᠳᠤᠷᠠᠯ ᠤᠨ ᠢᠯᠡᠭᠦᠴᠡ ᠵᠠᠷᠤᠯᠭ᠎ᠠ ᠪᠣᠯᠣᠨ ᠤᠷᠲᠤ ᠬᠤᠭᠤᠴᠠᠭ᠎ᠠ ᠬᠠᠷᠠᠭᠠᠯᠵᠠᠨ ᠠᠰᠠᠷᠠᠬᠤ ᠵᠠᠷᠤᠯᠭ᠎ᠠ ᠶᠢᠨ ᠬᠦᠴᠢᠷᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠳᠤ ᠰᠠᠭᠤᠷᠢᠯᠠᠵᠤ᠂ ᠪᠠᠲᠤᠯᠠᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠭᠲᠠᠭᠠᠨ᠂ ᠠᠯᠬᠤᠮ ᠠᠯᠬᠤᠮ ᠢᠶᠠᠷ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠭᠡᠵᠦ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃      ᠲᠥᠷᠥ ᠶᠢᠨ ᠪᠣᠳᠣᠯᠭ᠎ᠠ ᠶᠢ ᠵᠤᠯᠭᠠᠭᠤᠯᠵᠤ᠂ ᠳᠦᠷᠢᠮ ᠢ ᠪᠦᠬᠦ ᠲᠠᠯ᠎ᠠ ᠪᠠᠷ ᠪᠦᠷᠭᠦᠭᠦᠯᠬᠦ ᠶᠢ ᠪᠠᠷᠢᠮᠲᠠᠯᠠᠬᠤ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠳᠠᠭᠠᠳᠬᠠᠯ᠂ ᠣᠯᠠᠨ ᠨᠡᠶᠢᠲᠡ ᠶᠢᠨ ᠠᠰᠠᠷᠠᠮᠵᠢ ᠶᠢᠨ ᠪᠣᠶᠠᠨ ᠤ ᠦᠢᠯᠡᠰ ᠯᠦᠭᠡ ᠪᠦᠲᠦᠮᠵᠢᠲᠡᠢ ᠵᠤᠯᠭᠠᠭᠤᠯᠬᠤ ᠶᠢ ᠴᠢᠬᠤᠯᠠᠴᠢᠯᠠᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠬᠠᠮᠲᠤᠷᠠᠯ ᠤᠨ ᠬᠦᠴᠦᠨ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠨᠦᠬᠦᠪᠦᠷᠢᠯᠡᠪᠡᠰᠦ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠨᠦᠬᠦᠪᠦᠷᠢᠯᠡᠵᠦ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠤᠨ ᠪᠣᠢ ᠪᠦᠬᠦᠢ ᠨᠦᠬᠦᠴᠡᠯ ᠳᠤ ᠨᠡᠶᠢᠴᠡᠬᠦ ᠵᠡᠮᠳᠡᠭ ᠬᠦᠮᠦᠨ ᠢ ᠪᠦᠬᠦᠨ ᠢ ᠬᠠᠮᠤᠷᠬᠤ ᠪᠠᠨ ᠦᠨᠡᠨᠬᠦ ᠪᠠᠲᠤᠯᠠᠬᠤ ᠬᠡᠷᠡᠭᠲᠡᠢ᠃      ᠢᠯᠡ ᠪᠦᠭᠡᠳ ᠭᠤᠣᠯᠴᠢ ᠪᠠᠶᠢᠯᠭᠠᠵᠤ᠂ ᠳᠡᠰ ᠳᠠᠷᠠᠭᠠᠯᠠᠯ ᠢ ᠵᠢᠷᠤᠮᠵᠢᠯ ᠲᠠᠢ ᠡᠮᠬᠢ ᠲᠢᠭᠯᠢᠮ ᠲᠠᠢ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠪᠠᠷᠢᠮᠵᠢᠶ᠎ᠠ ᠨᠢ ᠨᠢᠭᠡᠲᠦᠯᠲᠡᠢ᠂ ᠠᠷᠠᠳ ᠲᠤ ᠳᠦᠭᠦᠮ ᠦᠵᠡᠭᠦᠯᠦᠨ ᠠᠰᠢᠭ ᠬᠦᠷᠲᠡᠭᠡᠬᠦ ᠶᠢᠨ ᠭᠤᠶᠤᠴᠢᠯᠠᠬᠤ᠂ ᠬᠢᠨᠠᠨ ᠬᠠᠷᠭᠤᠭᠤᠯᠬᠤ᠂ ᠨᠦᠬᠦᠪᠦᠷᠢ ᠤᠯᠭᠤᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠯᠡ ᠲᠤᠳᠤ᠂ ᠪᠤᠰᠤᠳᠴᠢ ᠭᠤᠣᠯᠴᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠦᠨᠡᠯᠡᠨ ᠵᠢᠱᠢᠬᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠳᠦᠷᠢᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠡᠮᠳᠡᠭᠴᠦᠳ ᠲᠤ ᠦᠨᠡᠨᠬᠦ ᠠᠰᠢᠭ ᠲᠤᠰᠠ ᠬᠦᠷᠲᠡᠭᠡᠬᠦ ᠶᠢ ᠪᠠᠲᠤᠯᠠᠬᠤ ᠬᠡᠷᠡᠭᠲᠡᠢ᠃      ᠰᠠᠶᠢᠨ ᠳᠤᠷ᠎ᠠ ᠠᠴᠠ ᠪᠠᠨ ᠭᠤᠶᠤᠴᠢᠯᠠᠵᠤ᠂ ᠪᠠᠲᠤᠯᠠᠬᠤ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ ᠶᠢ ᠪᠠᠷᠢᠮᠲᠠᠯᠠᠬᠤ ᠬᠡᠷᠡᠭᠲᠡᠢ᠃ ᠵᠡᠮᠳᠡᠭᠴᠦᠳ ᠤᠨ ᠰᠠᠶᠢᠨ ᠳᠤᠷ᠎ᠠ ᠠᠴᠠ ᠪᠠᠨ ᠨᠦᠬᠦᠪᠦᠷᠢ ᠭᠤᠶᠤᠴᠢᠯᠠᠬᠤ ᠵᠠᠷᠴᠢᠮ ᠢ ᠪᠠᠷᠢᠮᠲᠠᠯᠠᠵᠤ᠂ ᠭᠡᠷ ᠪᠦᠯᠢ᠂ ᠨᠡᠶᠢᠭᠡᠮ᠂ ᠵᠠᠰᠠᠭ ᠤᠨ ᠣᠷᠳᠣᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠭᠡᠷ ᠪᠦᠯᠢ ᠨᠢ ᠴᠢᠳᠠᠮᠠᠭᠠᠢ ᠪᠠᠷ ᠡᠭᠦᠷᠭᠡ ᠪᠠᠨ ᠪᠡᠶᠡᠯᠡᠭᠦᠯᠬᠦ᠂ ᠨᠡᠶᠢᠭᠡᠮ ᠠᠴᠠ ᠢᠳᠡᠪᠬᠢᠲᠡᠢ ᠲᠡᠳᠭᠦᠬᠦ᠂ ᠵᠠᠰᠠᠭ ᠤᠨ ᠣᠷᠳᠣᠨ ᠠᠴᠠ ᠰᠠᠭᠤᠷᠢ ᠶᠢ ᠪᠠᠲᠤᠯᠬᠠᠤ ᠬᠠᠷᠢᠭᠤᠴᠠᠯᠭ᠎ᠠ ᠶᠢ ᠬᠠᠮᠲᠤ ᠡᠭᠦᠷᠭᠡᠯᠡᠭᠰᠡᠨ ᠪᠠᠶᠢᠳᠠᠯ ᠢ ᠪᠣᠢ ᠪᠣᠯᠭᠠᠬᠤ ᠬᠡᠷᠡᠭᠲᠡᠢ᠃      ᠬᠤᠶᠠᠷ᠂ ᠭᠤᠣᠯ ᠠᠭᠤᠯᠭ᠎ᠠ      ︽ᠰᠠᠨᠠᠯ︾᠎ ᠤᠨ ᠱᠠᠭᠠᠷᠳᠠᠯᠭ᠎ᠠ ᠶᠤᠰᠤᠭᠠᠷ᠂ ᠦᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠣᠣᠯ ᠤᠨ ᠠᠰᠠᠷᠠᠮᠵᠢ ᠶᠢᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠨᠦᠬᠦᠪᠦᠷᠢ ᠬᠦᠷᠳᠡᠬᠦ ᠡᠲᠡᠭᠡᠳ᠂ ᠨᠦᠬᠦᠪᠦᠷᠢ ᠥᠭᠬᠦ ᠪᠠᠷᠢᠮᠵᠢᠶ᠎ᠠ ᠪᠣᠯᠣᠨ ᠨᠦᠬᠦᠪᠦᠷᠢ ᠥᠭᠬᠦ ᠬᠡᠯᠪᠡᠷᠢ ᠮᠠᠶ᠋ᠢᠭ ᠢ ᠤᠯᠠᠮ ᠨᠢᠭᠡ ᠠᠯᠬᠤᠮ ᠲᠣᠳᠤᠷᠬᠠᠶᠢᠯᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠵᠤᠯᠭᠠᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠢ᠃      ︵ᠨᠢᠭᠡ︶ ᠨᠦᠬᠦᠪᠦᠷᠢ ᠬᠦᠷᠳᠡᠬᠦ ᠡᠲᠡᠭᠡᠳ᠃      ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠨᠢ ᠭᠤᠣᠯᠳᠠᠭᠤ ᠵᠡᠮᠳᠡᠭ ᠠᠴᠠ ᠪᠣᠯᠵᠤ ᠪᠣᠢ ᠪᠣᠯᠣᠭᠰᠠᠨ ᠠᠮᠢᠳᠤᠷᠠᠯ ᠤᠨ ᠢᠯᠡᠭᠦᠴᠡ ᠵᠠᠷᠤᠯᠭ᠎ᠠ ᠶᠢ ᠨᠦᠬᠦᠪᠦᠷᠢᠯᠡᠵᠦ᠂ ᠨᠦᠬᠦᠪᠦᠷᠢ ᠬᠦᠷᠳᠡᠬᠦ ᠡᠲᠡᠭᠡᠳ ᠪᠣᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠠᠬᠢ ᠵᠡᠮᠳᠡᠭᠴᠦᠳ ᠪᠣᠯᠣᠨ᠎ᠠ᠃ ᠨᠦᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠤᠭᠤᠳ ᠣᠷᠣᠯᠭ᠎ᠠ ᠪᠠᠭᠠᠲᠠᠢ ᠵᠡᠮᠳᠡᠭᠴᠦᠳ ᠵᠢᠴᠢ ᠪᠤᠰᠤᠳ ᠬᠦᠴᠢᠷᠳᠡᠯᠲᠡᠢ ᠵᠡᠮᠳᠡᠭᠴᠦᠳ ᠢ ᠪᠠᠭᠲᠠᠭᠠᠬᠤ ᠪᠠᠷ ᠠᠯᠬᠤᠮ ᠠᠯᠬᠤᠮ ᠢᠶᠠᠷ ᠥᠷᠭᠡᠳᠭᠡᠵᠦ ᠪᠣᠯᠣᠨ᠎ᠠ᠃ ᠣᠷᠣᠯᠭ᠎ᠠ ᠪᠠᠭᠠᠲᠠᠢ ᠵᠡᠮᠳᠡᠭᠴᠦᠳ ᠵᠢᠴᠢ ᠪᠤᠰᠤᠳ ᠬᠦᠴᠢᠷᠳᠡᠯᠲᠡᠢ ᠵᠡᠮᠳᠡᠭᠴᠦᠳ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠠᠮᠢᠶ᠎ᠠ ᠪᠦᠬᠦᠢ ᠲᠣᠭᠲᠠᠭᠠᠯ ᠢ ᠯᠠᠪᠯᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠬᠡᠷᠡᠭᠲᠡᠢ᠃      ᠬᠦᠨᠳᠦ ᠵᠡᠮᠳᠡᠭᠴᠦᠳ ᠤᠨ ᠰᠣᠪᠢᠯᠠᠯᠲᠠ ᠶᠢᠨ ᠨᠦᠬᠦᠪᠦᠷᠢ ᠨᠢ ᠭᠤᠣᠯᠳᠠᠭᠤ ᠵᠡᠮᠳᠡᠭ ᠠᠴᠠ ᠪᠣᠯᠵᠤ ᠪᠣᠢ ᠪᠣᠯᠣᠭᠰᠠᠨ ᠬᠠᠷᠠᠭᠠᠯᠵᠠᠨ ᠠᠰᠠᠷᠠᠬᠤ ᠢᠯᠡᠭᠦᠴᠡ ᠵᠠᠷᠤᠯᠭ᠎ᠠ ᠶᠢ ᠨᠦᠬᠦᠪᠦᠷᠢᠯᠡᠵᠦ᠂ ᠨᠦᠬᠦᠪᠦᠷᠢ ᠬᠦᠷᠳᠡᠬᠦ ᠡᠲᠡᠭᠡᠳ ᠪᠣᠯ ᠵᠡᠮᠳᠡᠭ ᠤᠨ ᠳᠡᠰ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠭᠡᠵᠦ ᠬᠢᠨᠠᠨ ᠲᠣᠭᠲᠠᠭᠠᠭᠳᠠᠭᠰᠠᠨ ᠬᠦᠨᠳᠦ ᠵᠡᠮᠳᠡᠭᠴᠦᠳ ᠪᠣᠯᠣᠨ᠎ᠠ᠃ ᠨᠦᠬᠦᠴᠡᠯ ᠲᠠᠢ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶᠎ ᠨᠤᠭᠤᠳ ᠬᠦᠨᠳᠦ ᠪᠤᠰᠤ ᠤᠶᠤᠨ ᠤ᠂ ᠤᠶᠤᠨ ᠮᠡᠳᠡᠷᠡᠯ ᠤᠨ ᠵᠡᠮᠳᠡᠭᠴᠦᠳ ᠪᠣᠯᠣᠨ ᠪᠤᠰᠤᠳ ᠵᠡᠮᠳᠡᠭᠴᠦᠳ ᠢ ᠪᠠᠭᠲᠠᠭᠠᠬᠤ ᠪᠠᠷ ᠥᠷᠭᠡᠳᠭᠡᠵᠦ ᠪᠣᠯᠣᠨ᠎ᠠ᠃      ᠡᠯ᠎ᠡ ᠭᠠᠵᠠᠷ ᠣᠷᠣᠨ ᠤ ᠬᠢᠨ ᠡᠭᠦᠨ ᠠᠴᠠ ᠤᠷᠢᠳᠤᠬᠢ ᠲᠥᠷᠥ ᠶᠢᠨ ᠪᠣᠳᠤᠯᠭ᠎ᠠ ᠳᠠᠬᠢ ᠨᠦᠬᠦᠪᠦᠷᠢ ᠬᠦᠷᠳᠡᠬᠦ ᠡᠲᠡᠭᠡᠳ ᠨᠢ ᠲᠤᠰ ᠰᠠᠨᠠᠯ ᠯᠤᠭ᠎ᠠ ᠨᠡᠶᠢᠴᠡᠬᠦ ᠦᠭᠡᠢ ᠪᠠᠶᠢᠪᠠᠯ᠂ ᠲᠤᠰ ᠰᠠᠨᠠᠯ ᠤᠨ ᠶᠤᠰᠤᠭᠠᠷ ᠬᠡᠷᠡᠭᠵᠢᠭᠦᠯᠬᠦ ᠬᠡᠷᠡᠭᠲᠡᠢ᠃      ︵ᠬᠤᠶᠠᠷ︶ ᠨᠦᠬᠦᠪᠦᠷᠢ ᠥᠭᠬᠦ ᠪᠠᠷᠢᠮᠵᠢᠶ᠎ᠠ᠃      ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠠ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠬᠠᠷᠠᠭᠠᠯᠵᠠᠨ ᠠᠰᠠᠷᠠᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠨᠢᠭᠡᠲᠦᠯᠲᠡᠢ ᠲᠦᠯᠦᠪᠯᠡᠨ ᠲᠣᠭᠲᠠᠭᠠᠬᠤ ᠶᠢᠨ ᠬᠠᠮᠲᠤ᠂ ᠴᠠᠭ ᠲᠤᠨᠢ ᠵᠣᠬᠢᠴᠠᠭᠤᠯᠤᠨ ᠲᠣᠬᠢᠷᠠᠭᠤᠯᠬᠤ ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠪᠠᠷᠢᠮᠵᠢᠶ᠎ᠠ ᠨᠢ ᠬᠤᠲᠠ ᠬᠦᠳᠡᠭᠡ ᠶᠢ ᠨᠢᠭᠡᠲᠦᠯᠲᠡᠢ ᠲᠦᠯᠦᠪᠯᠡᠬᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠶᠢ ᠪᠡᠶᠡᠯᠡᠭᠦᠯᠵᠦ᠂ ᠨᠦᠬᠦᠴᠡᠯ ᠲᠠᠢ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠵᠡᠮᠳᠡᠭᠴᠦᠳ ᠤᠨ ᠠᠳᠠᠯᠢ ᠪᠤᠰᠤ ᠬᠦᠴᠢᠷᠳᠡᠯ ᠤᠨ ᠬᠡᠮᠵᠢᠶ᠎ᠠ ᠶᠤᠰᠤᠭᠠᠷ ᠳᠡᠰ ᠬᠤᠪᠢᠶᠠᠨ ᠨᠦᠬᠦᠪᠦᠷᠢᠯᠡᠬᠦ ᠪᠠᠷᠢᠮᠵᠢᠶ᠎ᠠ ᠶᠢ ᠲᠣᠭᠲᠠᠭᠠᠨ᠂ ᠬᠤᠲᠠ ᠬᠦᠳᠡᠭᠡ ᠶᠢᠨ ᠵᠡᠮᠳᠡᠭᠴᠦᠳ ᠤᠨ ᠨᠦᠬᠦᠪᠦᠷᠢ ᠶᠢᠨ ᠪᠠᠷᠢᠮᠵᠢᠶ᠎ᠠ ᠶᠢ ᠨᠢᠭᠡᠳᠭᠡᠵᠦ ᠪᠣᠯᠣᠨ᠎ᠠ᠃      ︵ᠭᠤᠷᠪᠠ︶ ᠨᠦᠬᠦᠪᠦᠷᠢ ᠥᠭᠬᠦ ᠬᠡᠯᠪᠡᠷᠢ ᠮᠠᠶ᠋ᠢᠭ᠃      ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠮᠦᠩᠭᠦ ᠶᠢ ᠡᠳ᠋ ᠤᠨ ᠵᠠᠰᠠᠭ ᠤᠨ ᠨᠦᠬᠦᠪᠦᠷᠢ ᠶᠢᠨ ᠮᠦᠩᠭᠦ ᠶᠢᠨ ︽ᠪᠦᠬᠦᠨ ᠳᠤ ᠲᠣᠬᠢᠷᠠᠬᠤ ᠺᠠᠷᠲ︾᠎ ᠢᠶᠠᠷ ᠳᠡᠮᠵᠢᠨ ᠡᠷᠦᠬᠡ ᠳᠤ ᠤᠯᠭᠤᠭᠠᠬᠤ ᠬᠡᠷᠡᠭᠲᠡᠢ᠃ ᠨᠦᠬᠦᠪᠦᠷᠢᠯᠡᠬᠦ ᠬᠢᠷᠢ ᠬᠡᠮ ᠢ ᠬᠢᠨᠠᠨ ᠲᠣᠭᠲᠠᠭᠠᠳ ᠬᠢᠷᠢ ᠲᠡᠩᠴᠡᠭᠰᠡᠨ ᠵᠡᠮᠳᠡᠭᠴᠦᠳ ᠲᠤ ᠭᠤᠶᠤᠴᠢᠯᠠᠯ ᠲᠤᠰᠢᠶᠠᠭᠰᠠᠨ ᠲᠤᠰ ᠰᠠᠷ᠎ᠠ ᠠᠴᠠ ᠨᠢ ᠨᠦᠬᠦᠪᠦᠷᠢ ᠶᠢ ᠪᠤᠳᠤᠵᠤ ᠲᠠᠷᠬᠠᠭᠠᠨ᠎ᠠ᠃      ︵ᠳᠥᠷᠪᠡ︶ ᠲᠥᠷᠥ ᠶᠢᠨ ᠪᠣᠳᠣᠯᠭ᠎ᠠ ᠶᠢᠨ ᠵᠤᠯᠭᠠᠭᠤᠯᠲᠠ᠃      ᠨᠦᠬᠦᠴᠡᠯ ᠳᠤ ᠨᠡᠶᠢᠴᠡᠭᠰᠡᠨ ᠵᠡᠮᠳᠡᠭᠴᠦᠳ ᠨᠢ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠪᠣᠯᠣᠨ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠦᠬᠦᠪᠦᠷᠢ ᠶᠢ ᠵᠡᠷᠭᠡᠪᠡᠷ ᠭᠤᠶᠤᠴᠢᠯᠠᠨ ᠠᠪᠴᠤ ᠪᠣᠯᠣᠨ᠎ᠠ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠨᠦᠬᠦᠴᠡᠯ ᠳᠤ ᠨᠡᠶᠢᠴᠡᠭᠰᠡᠨ ᠮᠦᠷᠲᠡᠭᠡᠨ᠂ ᠪᠠᠰᠠ ᠨᠠᠰᠤᠲᠠᠢ ᠬᠦᠮᠦᠨ᠂ ᠠᠯᠪᠠᠨ ᠠᠴᠠ ᠪᠣᠯᠵᠤ ᠵᠡᠮᠳᠡᠭ ᠪᠣᠯᠣᠭᠰᠠᠨ᠂ ᠠᠵᠢᠯ ᠠᠴᠠ ᠪᠠᠨ ᠠᠮᠠᠷᠠᠭᠰᠠᠨ ᠵᠡᠷᠭᠡ ᠠᠰᠠᠷᠠᠮᠵᠢ ᠶᠢᠨ ᠴᠢᠨᠠᠷᠲᠠᠢ ᠠᠮᠢᠳᠤᠷᠠᠯ ᠤᠨ ᠨᠦᠬᠦᠪᠦᠷᠢ ︵ᠨᠡᠮᠡᠭᠦᠷᠢ ᠵᠤᠭᠤᠰ︶᠂ ᠰᠤᠪᠢᠯᠠᠯᠲᠠ ᠶᠢᠨ ᠨᠦᠬᠦᠪᠦᠷᠢ ︵ᠨᠡᠮᠡᠭᠦᠷᠢ ᠵᠤᠭᠤᠰ︶᠎ ᠶᠢᠨ ᠨᠦᠬᠦᠴᠡᠯ ᠳᠤ ᠨᠡᠶᠢᠴᠡᠭᠰᠡᠨ ᠵᠡᠮᠳᠡᠭᠴᠦᠳ ᠪᠣᠯ ᠲᠡᠭᠦᠨ ᠤ ᠳᠤᠲᠤᠷᠠᠬᠢ ᠨᠢᠭᠡ ᠲᠦᠷᠦᠯ ᠤᠨ ᠠᠮᠢᠳᠤᠷᠠᠯ ᠤᠨ ᠨᠦᠬᠦᠪᠦᠷᠢ ︵ᠨᠡᠮᠡᠭᠦᠷᠢ ᠵᠤᠭᠤᠰ︶᠂ ᠰᠤᠪᠢᠯᠠᠯᠲᠠ ᠶᠢᠨ ᠨᠦᠬᠦᠪᠦᠷᠢ ︵ᠨᠡᠮᠡᠭᠦᠷᠢ ᠵᠤᠭᠤᠰ︶᠎ ᠶᠢ ᠦᠨᠳᠦᠷ ᠠᠴᠠ ᠨᠢ ᠰᠤᠩᠭᠤᠵᠤ ᠭᠤᠶᠤᠴᠢᠯᠠᠨ ᠠᠪᠴᠤ ᠪᠣᠯᠣᠨ᠎ᠠ᠃ ᠦᠨᠦᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠦᠷᠲᠡᠳᠡᠭ ᠵᠡᠮᠳᠡᠭ ᠬᠡᠦᠬᠡᠳ ᠨᠢ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠶᠢ ᠬᠦᠷᠲᠡᠬᠦ ᠦᠭᠡᠢ᠂ ᠬᠦᠨᠳᠦ ᠵᠡᠮᠳᠡᠭᠴᠦᠳ ᠢ ᠰᠤᠪᠢᠯᠠᠬᠤ ᠨᠦᠬᠦᠪᠦᠷᠢ ᠶᠢ ᠬᠦᠷᠲᠡᠵᠦ ᠪᠣᠯᠣᠨ᠎ᠠ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠬᠤᠲᠠ ᠬᠦᠳᠡᠭᠡ ᠶᠢᠨ ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠣᠷᠣᠯᠭ᠎ᠠ ᠳᠤ ᠪᠣᠳᠤᠵᠤ ᠣᠷᠤᠭᠤᠯᠬᠤ ᠦᠭᠡᠢ᠃ ᠠᠵᠢᠯ ᠠᠴᠠ ᠪᠤᠯᠤᠭᠰᠠᠨ ᠭᠡᠮᠳᠦᠯ ᠤᠨ ᠳᠠᠭᠠᠳᠬᠠᠯ ᠤᠨ ᠠᠮᠢᠳᠤᠷᠠᠯ ᠤᠨ ᠰᠣᠪᠢᠯᠠᠯᠲᠠ ᠶᠢᠨ ᠵᠠᠷᠤᠳᠠᠯ ᠢ ᠭᠤᠶᠤᠴᠢᠯᠠᠵᠤ ᠠᠪᠤᠭᠰᠠᠨ᠂ ᠣᠨᠴᠠ ᠬᠦᠴᠢᠷᠳᠡᠯᠲᠡᠢ ᠬᠦᠮᠦᠰ ᠢ ᠠᠰᠠᠷᠠᠨ ᠪᠠᠲᠤᠯᠠᠬᠤ ᠳᠤ ᠣᠷᠤᠭᠤᠯᠤᠭᠰᠠᠨ ᠵᠡᠮᠳᠡᠭᠴᠦᠳ ᠲᠤ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠬᠦᠷᠲᠡᠭᠡᠬᠦ ᠦᠭᠡᠢ᠃      ᠭᠤᠷᠪᠠ᠂ ᠭᠤᠶᠤᠴᠢᠯᠠᠨ ᠠᠪᠬᠤ ᠳᠡᠰ ᠳᠠᠷᠠᠭᠠᠯᠠᠯ ᠪᠠ ᠬᠠᠮᠢᠶᠠᠷᠤᠯᠲᠠ ᠶᠢᠨ ᠱᠠᠭᠠᠷᠳᠠᠯᠭ᠎ᠠ      ︽ᠰᠠᠨᠠᠯ︾᠎ ᠤᠨ ᠱᠠᠭᠠᠷᠳᠠᠯᠭ᠎ᠠ ᠶᠤᠰᠤᠭᠠᠷ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠪᠣᠯᠣᠨ ᠵᠡᠮᠳᠡᠭᠴᠦᠳ ᠤᠨ ᠣᠣᠯ ᠤᠨ ᠠᠰᠠᠷᠠᠮᠵᠢ ᠶᠢᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠤᠯᠭᠤᠵᠦ ᠬᠠᠮᠢᠶᠠᠷᠬᠤ ᠠᠷᠭ᠎ᠠ ᠵᠢᠴᠢ ᠬᠠᠮᠢᠶ᠎ᠠ ᠪᠦᠬᠦᠢ ᠨᠠᠷᠢᠨ ᠳᠦᠷᠢᠮ ᠢ ᠲᠣᠭᠲᠠᠭᠠᠨ ᠨᠡᠶᠢᠲᠡᠯᠡᠬᠦ ᠬᠡᠷᠡᠭᠲᠡᠢ᠃ ᠡᠭᠦᠨ ᠳᠤ ᠭᠤᠶᠤᠴᠢᠯᠠᠨ ᠠᠪᠬᠤ ᠦᠨᠳᠦᠰᠦᠨ ᠳᠡᠰ ᠳᠠᠷᠠᠭᠠᠯᠠᠯ ᠪᠠ ᠬᠠᠮᠢᠶᠠᠷᠤᠯᠲᠠ ᠶᠢᠨ ᠱᠠᠭᠠᠷᠳᠠᠯᠭ᠎ᠠ ᠨᠢ ᠳᠣᠣᠷᠠᠬᠢ ᠮᠡᠲᠦ ᠪᠤᠯᠤᠨ᠎ᠠ᠄      ︵ᠨᠢᠭᠡ︶ ᠰᠠᠶᠢᠨ ᠳᠤᠷ᠎ᠠ ᠠᠴᠠ ᠪᠠᠨ ᠭᠤᠶᠤᠴᠢᠯᠠᠨ᠎ᠠ᠃      ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠵᠡᠮᠳᠡᠭᠴᠦᠳ ᠠᠴᠠ ᠡᠷᠦᠬᠡ ᠠᠮᠠ ᠶᠢᠨ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠶᠣ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠤ ᠠᠷᠠᠳ ᠤᠨ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠳᠤ ᠪᠢᠴᠢᠭ ᠤᠨ ᠭᠤᠶᠤᠴᠢᠯᠠᠭ᠎ᠠ ᠶᠢ ᠲᠤᠰᠢᠶᠠᠬᠤ ᠬᠡᠷᠡᠭᠲᠡᠢ᠃ ᠵᠡᠮᠳᠡᠭ ᠬᠦᠮᠦᠨ ᠤ ᠬᠠᠤᠯᠢ ᠪᠠᠷ ᠲᠣᠭᠲᠠᠭᠠᠰᠠᠨ ᠬᠠᠷᠠᠭᠠᠯᠵᠠᠨ ᠬᠠᠮᠠᠭᠠᠯᠠᠭᠴᠢ᠂ ᠬᠠᠤᠯᠢ ᠪᠠᠷ ᠲᠣᠭᠲᠠᠭᠠᠭᠰᠠᠨ ᠠᠰᠠᠷᠠᠨ ᠬᠠᠷᠠᠭᠠᠯᠵᠠᠬᠤ᠂ ᠠᠰᠠᠷᠠᠨ ᠲᠡᠵᠢᠭᠡᠬᠦ᠂ ᠠᠰᠠᠷᠠᠨ ᠲᠡᠳᠭᠦᠬᠦ ᠡᠬᠦᠷᠬᠡᠳᠤ ᠬᠦᠮᠦᠨ᠂ ᠪᠠᠶᠢᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠪᠣᠶᠣ ᠪᠤᠰᠤᠳ ᠨᠠᠶᠢᠳᠠᠯᠭ᠎ᠠ ᠶᠢᠨ ᠬᠦᠮᠦᠨ ᠠᠴᠠ ᠭᠤᠶᠤᠴᠢᠯᠠᠬᠤ ᠵᠦᠢᠯᠡᠰ ᠢ ᠣᠷᠣᠯᠠᠨ ᠭᠦᠢᠴᠡᠳᠭᠡᠵᠦ ᠪᠣᠯᠣᠨ᠎ᠠ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠭᠤᠶᠤᠴᠢᠯᠠᠬᠤ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠳᠤᠭᠠᠷ ᠦᠶ᠎ᠡ ᠶᠢᠨ ᠵᠡᠮᠳᠡᠭᠴᠦᠳ ᠤᠨ ᠦᠨᠡᠮᠯᠡᠯ ᠢ ᠠᠪᠴᠤ ᠤᠴᠢᠬᠤ ᠶᠢᠨ ᠬᠠᠮᠲᠤ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠃      ︵ᠬᠤᠶᠠᠷ︶ ᠱᠠᠲᠤ ᠳᠠᠷᠠᠭᠠᠯᠠᠨ ᠬᠢᠨᠠᠨ ᠬᠠᠷᠭᠤᠭᠤᠯᠤᠨ᠎ᠠ᠃      1.ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠨᠡᠶᠢᠭᠡᠮ ᠤᠨ ᠠᠪᠤᠷᠠᠯᠲᠠ ᠲᠤᠰᠠᠯᠠᠮᠵᠢ᠂ ᠨᠡᠶᠢᠭᠡᠮ ᠤᠨ ᠦᠢᠯᠡᠴᠢᠯᠡᠭᠡ ᠶᠢᠨ ︽ᠨᠢᠭᠡ ᠰᠠᠯᠠᠭ᠎ᠠ ᠮᠦᠴᠢᠷ ᠠᠴᠠ ᠬᠦᠯᠢᠶᠡᠨ ᠠᠪᠴᠤ ᠰᠢᠢᠳᠪᠦᠷᠢᠯᠡᠵᠦ᠂ ᠬᠠᠮᠵᠢᠯᠴᠠᠨ ᠭᠦᠢᠴᠡᠳᠭᠡᠬᠦ︾ ᠲᠣᠭᠲᠠᠴᠠ ᠳᠤ ᠲᠦᠰᠢᠭᠯᠡᠨ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠭᠤᠶᠤᠴᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠵᠦ᠂ 20 ᠠᠵᠢᠯᠯᠠᠬᠤ ᠡᠳᠦᠷ ᠤᠨ ᠲᠤᠳᠤᠷ᠎ᠠ ᠠᠩᠬᠠᠨ ᠤ ᠬᠢᠨᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ᠂ 10 ᠠᠵᠢᠯᠯᠠᠬᠤ ᠡᠳᠦᠷ ᠤᠨ ᠨᠡᠶᠢᠲᠡ ᠳᠤ ᠵᠠᠷᠯᠠᠬᠤ ᠳᠡᠰ ᠳᠠᠷᠠᠭᠠᠯᠠᠯ ᠢ ᠦᠩᠭᠡᠷᠡᠭᠡᠬᠦ ᠬᠡᠷᠡᠭᠲᠡᠢ᠃      2.ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠵᠡᠮᠳᠡᠭᠴᠦᠳ ᠤᠨ ᠬᠤᠯᠪᠣᠭ᠎ᠠ ᠳᠤ ᠮᠡᠳᠡᠭᠦᠯᠦᠨ ᠬᠦᠷᠭᠡᠵᠦ ᠵᠡᠮᠳᠡᠭ ᠬᠦᠮᠦᠨ ᠤ ᠦᠨᠡᠮᠯᠡᠯ ᠤᠨ ᠬᠦᠴᠦᠨ ᠲᠠᠢ ᠴᠢᠨᠠᠷ ᠪᠣᠯᠣᠨ ᠬᠦᠨᠳᠦ ᠵᠡᠮᠳᠡᠭᠴᠦᠳ ᠤᠨ ᠨᠦᠬᠦᠴᠡᠯ ᠢ ᠮᠠᠭᠠᠳᠯᠠᠨ ᠲᠣᠭᠲᠠᠭᠠᠵᠤ᠂ 10 ᠠᠵᠢᠯᠯᠠᠬᠤ ᠡᠳᠦᠷ ᠤᠨ ᠲᠤᠳᠤᠷ᠎ᠠ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ᠃      3.ᠬᠤᠰᠢᠭᠤ ᠰᠢᠶᠠᠨ ︵ᠬᠤᠲᠠ᠂ ᠲᠣᠭᠤᠷᠢᠭ︶᠎ ᠤ ᠵᠡᠮᠳᠡᠭᠴᠦᠳ ᠤᠨ ᠬᠤᠯᠪᠣᠭ᠎ᠠ ᠠᠴᠠ ᠬᠢᠨᠠᠨ ᠬᠠᠷᠭᠤᠭᠤᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠠᠳᠠᠯᠢ ᠱᠠᠲᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠰᠢᠯᠵᠢᠭᠦᠯᠦᠨ ᠬᠦᠷᠭᠡᠵᠦ ᠬᠢᠨᠠᠨ ᠲᠣᠭᠲᠠᠭᠠᠯᠭᠠᠬᠤ ᠬᠡᠷᠡᠭᠲᠡᠢ᠃ ᠭᠤᠶᠤᠴᠢᠯᠠᠭᠴᠢ ᠠᠴᠠ ᠰᠠᠨᠠᠭᠠᠴᠢᠯᠠᠭ᠎ᠠ ᠲᠠᠢ ᠪᠠᠷ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠵᠡᠮᠳᠡᠭᠴᠦᠳ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠰᠠᠭᠤᠭᠠᠯᠢ ᠠᠷᠠᠳ ᠤᠨ ᠬᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠳᠤ ᠲᠦᠰᠢᠭᠯᠡᠨ ᠬᠢᠨᠠᠨ ᠬᠠᠷᠭᠤᠭᠤᠯᠵᠤ᠂ ᠲᠥᠷᠥ ᠶᠢᠨ ᠪᠣᠳᠣᠯᠭ᠎ᠠ ᠶᠢ ᠵᠤᠯᠭᠠᠭᠤᠯᠬᠤ ᠳᠤ ᠬᠤᠯᠪᠣᠭᠳᠠᠭᠰᠠᠨ ᠨᠦᠬᠦᠪᠦᠷᠢ ᠬᠦᠷᠳᠡᠬᠦ ᠡᠲᠡᠭᠡᠳ ᠤᠨ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠵᠤ᠂ 20 ᠠᠵᠢᠯᠯᠠᠬᠤ ᠡᠳᠦᠷ ᠤᠨ ᠳᠣᠲᠤᠷ᠎ᠠ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠬᠦ ᠬᠡᠷᠡᠭᠲᠡᠢ᠃      4.ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠦᠨᠳᠦᠰᠦᠯᠡᠵᠦ ᠠᠳᠠᠯᠢ ᠱᠠᠲᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠪᠡᠯᠡ ᠮᠦᠩᠭᠦ ᠰᠠᠯᠭᠠᠨ ᠥᠭᠬᠦ ᠪᠠᠷ ᠭᠤᠶᠤᠴᠢᠯᠠᠬᠤ ᠬᠡᠷᠡᠭᠲᠡᠢ᠃      ︵ᠭᠤᠷᠪᠠ︶ ᠨᠦᠬᠦᠪᠦᠷᠢ ᠤᠯᠭᠤᠨ᠎ᠠ᠃      ᠨᠦᠬᠦᠪᠦᠷᠢᠯᠡᠬᠦ ᠬᠢᠷᠢ ᠭᠡᠮ ᠨᠢ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠵᠡᠮᠳᠡᠭᠴᠦᠳ ᠲᠤ ᠭᠤᠶᠤᠴᠢᠯᠠᠭ᠎ᠠ ᠪᠠᠨ ᠲᠤᠰᠢᠶᠠᠭᠰᠠᠨ ᠲᠤᠰ ᠰᠠᠷ᠎ᠠ ᠠᠴᠠ ᠨᠢ ᠡᠬᠢᠯᠡᠨ ᠨᠦᠬᠦᠪᠦᠷᠢ ᠶᠢ ᠪᠤᠳᠤᠵᠤ ᠤᠯᠭᠤᠬᠤ ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠰᠠᠷ᠎ᠠ ᠪᠠᠷ ᠤᠯᠭᠤᠵᠦ᠂ ᠤᠯᠭᠤᠬᠤ ᠴᠠᠭ ᠬᠤᠭᠤᠴᠠᠭ᠎ᠠ ᠨᠢ ᠰᠠᠷ᠎ᠠ ᠪᠦᠷᠢ ᠶᠢᠨ 10᠎ ᠤ ᠡᠳᠦᠷ ᠠᠴᠠ ᠡᠮᠦᠨ᠎ᠡ ᠪᠠᠶᠢᠵᠤ᠂ ᠣᠨᠴᠤᠭᠤᠢ ᠪᠠᠶᠢᠳᠠᠯ ᠳᠣᠣᠷ᠎ᠠ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠤᠯᠠᠷᠢᠯ ᠢᠶᠠᠷ ᠤᠯᠭᠤᠵᠦ᠂ ᠤᠯᠭᠤᠬᠤ ᠴᠠᠭ ᠬᠤᠭᠤᠴᠠᠭ᠎ᠠ ᠨᠢ ᠤᠯᠠᠷᠢᠯ ᠪᠦᠷᠢ ᠶᠢᠨ ᠨᠢᠭᠡᠳᠦᠭᠡᠷ ᠰᠠᠷ᠎ᠠ ᠶᠢᠨ 10᠎ ᠤ ᠡᠳᠦᠷ ᠠᠴᠠ ᠡᠮᠦᠨ᠎ᠡ ᠪᠠᠶᠢᠬᠤ ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠨᠡᠶᠢᠭᠡᠮᠴᠢᠯᠡᠭᠰᠡᠨ ᠬᠡᠯᠪᠡᠷᠢ ᠶᠢ ᠠᠪᠴᠤ ᠪᠠᠶᠢᠭᠠᠳ ᠤᠯᠭᠤᠵᠦ᠂ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠭᠦ ᠶᠢᠨ ︽ᠪᠦᠬᠦᠨ ᠳᠤ ᠲᠣᠬᠢᠷᠠᠬᠤ ᠺᠠᠷᠲ︾᠎ ᠢᠶᠠᠷ ᠳᠠᠮᠵᠢᠨ ᠡᠷᠦᠬᠡ ᠳᠤ ᠤᠯᠭᠤᠬᠤ ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠣᠨᠴᠤᠭᠤᠢ ᠪᠠᠶᠢᠳᠠᠯ ᠠᠴᠠ ᠪᠣᠯᠵᠤ ᠪᠡᠯᠡᠨ ᠵᠤᠭᠤᠰ ᠢ ᠰᠢᠭᠤᠳ ᠤᠯᠭᠤᠬᠤ ᠴᠢᠬᠤᠯᠠᠲᠠᠢ ᠪᠠᠶᠢᠪᠠᠯ᠂ ᠲᠤᠰᠬᠠᠢ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠱᠠᠲᠤ ᠱᠠᠳᠤ ᠪᠠᠷ ᠲᠡᠪᠰᠢᠬᠦᠯᠦᠨ ᠮᠡᠳᠡᠭᠦᠯᠵᠦ ᠪᠥᠷᠢᠳᠭᠡᠨ ᠳᠠᠩᠰᠠᠯᠠᠭᠤᠯᠬᠤ ᠶᠢᠨ ᠬᠠᠮᠲᠤ᠂ ᠡᠯ᠎ᠡ ᠱᠠᠲᠤᠨ ᠤ ᠪᠡᠯᠡ ᠮᠦᠩᠭᠦ ᠳᠤ ᠪᠠᠶᠢᠴᠠᠭᠠᠯᠲᠠ ᠬᠢᠬᠦ ᠭᠤᠣᠯᠳᠠᠯᠭ᠎ᠠ ᠪᠣᠯᠭᠠᠵᠤ᠂ ᠬᠠᠭᠤᠷᠮᠠᠭᠯᠠᠨ ᠠᠪᠬᠤ᠂ ᠳᠠᠬᠢᠨ ᠳᠠᠪᠳᠠᠨ ᠭᠤᠶᠤᠴᠢᠯᠠᠨ ᠠᠪᠬᠤ᠂ ᠦᠯᠡᠳᠡᠭᠡᠵᠦ ᠠᠪᠬᠤ ᠪᠠᠶᠢᠳᠠᠯ ᠡᠭᠦᠰᠬᠦ ᠶᠢ ᠡᠷᠡᠰ ᠬᠤᠷᠢᠬᠯᠠᠬᠤ ᠬᠡᠷᠡᠭᠲᠡᠢ᠃      ︵ᠳᠥᠷᠪᠡ︶ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠭᠤᠯᠤᠨ᠎ᠠ᠃      ᠵᠡᠮᠳᠡᠭ ᠬᠦᠮᠦᠨ ᠠᠴᠠ ᠰᠠᠨᠠᠭᠠᠴᠢᠯᠠᠭ᠎ᠠ ᠲᠠᠢ ᠪᠠᠷ ᠭᠤᠶᠤᠴᠢᠯᠠᠨ ᠮᠡᠳᠡᠭᠦᠯᠬᠦ ᠪᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠠᠨ ᠪᠠᠶᠢᠴᠠᠭᠠᠬᠤ ᠶᠢ ᠤᠶᠠᠯᠳᠤᠭᠤᠯᠤᠭᠰᠠᠨ ᠠᠷᠭ᠎ᠠ ᠮᠠᠶ᠋ᠢᠭ ᠢ ᠠᠪᠴᠤ ᠪᠠᠶᠢᠭᠠᠳ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠨᠦᠬᠦᠪᠦᠷᠢᠯᠡᠪᠡᠰᠦ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠨᠦᠬᠦᠪᠦᠷᠢᠯᠡᠬᠦ᠂ ᠪᠤᠴᠠᠭᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠤᠴᠠᠭᠠᠬᠤ ᠬᠦᠳᠡᠯᠦᠩᠭᠦᠢ ᠪᠠᠶᠢᠳᠠᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠭᠤᠯᠬᠤ ᠠᠭᠤᠯᠭ᠎ᠠ ᠳᠤ ᠭᠤᠶᠤᠴᠢᠯᠠᠭᠴᠢ ᠶᠢᠨ ᠬᠢᠷᠢ ᠭᠡᠮ ᠤᠨ ᠨᠦᠬᠦᠴᠡᠯ ᠳᠤ ᠬᠤᠪᠢᠷᠠᠯᠲᠠ ᠭᠠᠷᠤᠭᠰᠠᠨ ᠡᠰᠡᠬᠦ᠂ ᠨᠦᠬᠦᠪᠦᠷᠢ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠭᠦᠢᠴᠡᠳ ᠣᠯᠭᠤᠭᠰᠠᠨ ᠡᠰᠡᠬᠦ ᠵᠡᠷᠭᠡ ᠪᠠᠭᠲᠠᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠰᠠᠨᠠᠯ︾᠎ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠡᠭᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠡᠭᠦᠷᠭᠡ ᠪᠣᠯᠭᠠᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠳᠤ ᠣᠷᠤᠭᠤᠯᠵᠤ᠂ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠤᠨ᠂ ᠵᠠᠰᠠᠭ ᠤᠨ ᠣᠷᠳᠤᠨ ᠠᠴᠠ ᠤᠳᠤᠷᠢᠳᠬᠤ᠂ ᠠᠷᠠᠳ ᠤᠨ ᠶᠠᠪᠤᠳᠠᠯ ᠠᠴᠠ ᠲᠦᠷᠦᠭᠦᠯᠡᠬᠦ᠂ ᠵᠡᠮᠳᠡᠭᠴᠦᠳ ᠤᠨ ᠬᠤᠯᠪᠣᠭ᠎ᠠ ᠠᠴᠠ ᠬᠠᠮᠵᠢᠯᠴᠠᠬᠤ᠂ ᠡᠳ᠋ ᠤᠨ ᠵᠠᠰᠠᠭ ᠠᠴᠠ ᠪᠠᠲᠤᠯᠠᠬᠤ᠂ ᠨᠡᠶᠢᠭᠡᠮ ᠤᠨ ᠬᠢᠨ ᠣᠷᠤᠯᠴᠠᠬᠤ ᠠᠵᠢᠯ ᠤᠨ ᠲᠣᠭᠲᠠᠴᠠ ᠶᠢ ᠦᠨᠡᠨᠬᠦ ᠲᠡᠭᠦᠯᠳᠡᠷᠵᠢᠭᠦᠯᠦᠨ᠂ ᠳᠦᠬᠦᠷᠵᠢᠭᠦᠯᠬᠦ ᠠᠷᠭ᠎ᠠ ᠪᠠ ᠠᠷᠭ᠎ᠠ ᠬᠡᠮᠵᠢᠶ᠎ᠡ ᠶᠢ ᠳᠠᠷᠦ᠋ᠢᠬᠠᠨ ᠲᠣᠭᠲᠠᠭᠠᠵᠤ᠂ ᠪᠦᠬᠦ ᠣᠷᠣᠨ ᠤ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ 2016 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠳ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ ᠪᠡᠶᠡᠯᠡᠭᠦᠯᠦᠨ᠂ ᠨᠦᠬᠦᠪᠦᠷᠢ ᠤᠯᠭᠤᠭᠰᠠᠨ ᠪᠠᠶᠢᠳᠠᠯ ᠢ ᠵᠢᠯ ᠪᠦᠷᠢ ᠨᠢᠭᠡ ᠤᠳᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠬᠡᠷᠡᠭᠲᠡᠢ᠃      ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠬᠤ ᠬᠡᠷᠡᠭᠲᠡᠢ᠃      ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠬᠢᠨᠠᠨ ᠲᠣᠭᠲᠠᠭᠠᠬᠤ᠂ ᠨᠦᠬᠦᠪᠦᠷᠢ ᠶᠢ ᠤᠯᠭᠤᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠪᠤᠲᠠᠲᠠᠢ ᠬᠠᠷᠢᠭᠤᠴᠠᠬᠤ ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ ᠬᠠᠮᠢᠶ᠎ᠠ ᠪᠦᠬᠦᠢ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠠᠪᠤᠷᠠᠯᠲᠠ ᠲᠤᠰᠠᠯᠠᠮᠵᠢ᠂ ᠨᠡᠶᠢᠭᠡᠮ ᠤᠨ ᠳᠠᠭᠠᠳᠬᠠᠯ ᠤᠨ ᠳᠦᠷᠢᠮ ᠯᠦᠭᠡ ᠤᠷᠭᠠᠨᠢᠭ ᠢᠶᠠᠷ ᠵᠤᠯᠭᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃      ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠡᠯᠡ ᠮᠦᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠪᠡᠯᠡ ᠮᠦᠩᠭᠦ ᠶᠢ ᠡᠯ᠎ᠡ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠂ ᠨᠦᠬᠦᠪᠦᠷᠢ ᠶᠢᠨ ᠪᠡᠯᠡ ᠮᠦᠩᠭᠦ ᠵᠢᠴᠢ ᠠᠵᠢᠯ ᠤᠨ ᠵᠠᠷᠤᠳᠠᠯ ᠢ ᠴᠠᠭ ᠲᠣᠬᠠᠢ ᠳᠤᠨᠢ ᠲᠤᠭ᠎ᠠ ᠶᠤᠰᠤᠭᠠᠷ ᠭᠦᠢᠴᠡᠳ ᠲᠣᠬᠢᠷᠠᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ ᠤᠨ ᠶᠤᠰᠤᠭᠠᠷ ᠲᠦᠷᠦᠯ ᠬᠤᠪᠢᠶᠠᠨ ᠨᠦᠬᠦᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ᠃      ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠨᠢ ︽ᠲᠦᠯᠦᠭᠡᠯᠡᠬᠦ᠂ ᠦᠢᠯᠡᠴᠢᠯᠡᠬᠦ᠂ ᠬᠠᠮᠢᠶᠠᠷᠬᠤ︾ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠳᠡᠨ᠂ ᠵᠡᠮᠳᠡᠭ ᠬᠦᠮᠦᠨ ᠤ ᠦᠨᠡᠮᠯᠡᠯ ᠢ ᠲᠠᠷᠬᠠᠭᠠᠨ ᠬᠠᠮᠢᠶᠠᠷᠬᠤ ᠶᠢ ᠴᠢᠩᠳᠠᠯᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠠᠢ ᠢᠳᠡᠪᠬᠢᠲᠡᠢ ᠬᠠᠮᠵᠢᠯᠴᠠᠨ ᠵᠡᠮᠳᠡᠭ ᠬᠦᠮᠦᠨ ᠤ ᠦᠨᠡᠮᠯᠡᠯ ᠤᠨ ᠬᠦᠴᠦᠨ ᠲᠠᠢ ᠴᠢᠨᠠᠷ ᠪᠣᠯᠣᠨ ᠬᠦᠨᠳᠦ ᠵᠡᠮᠳᠡᠭᠴᠦᠳ ᠤᠨ ᠠᠰᠠᠷᠠᠮᠵᠢ ᠶᠢᠨ ᠨᠦᠬᠦᠴᠡᠯ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠮᠡᠳᠡᠭᠡ ᠵᠠᠩᠭᠢ ᠶᠢᠨ ᠳ᠋ᠡᠶᠢᠲ᠋ᠠ ᠶᠢᠨ ᠳᠡᠮᠵᠢᠯᠭᠡ ᠶᠢ ᠬᠠᠩᠭᠠᠨ᠂ ᠵᠡᠮᠳᠡᠭᠴᠦᠳ ᠤᠨ ᠣᠣᠯ ᠤᠨ ᠪᠠᠶᠢᠭ᠎ᠠ ᠠᠰᠠᠷᠠᠮᠵᠢ ᠶᠢᠨ ᠲᠥᠷᠥ ᠶᠢᠨ ᠪᠣᠳᠤᠯᠭ᠎ᠠ ᠳᠠᠬᠢ ᠨᠦᠬᠦᠪᠦᠷᠢ ᠬᠦᠷᠳᠡᠬᠦ ᠡᠲᠡᠭᠡᠳ ᠤᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠳ᠋ᠡᠶᠢᠲ᠋ᠠ ᠶᠢ ᠤᠷᠤᠭᠰᠢᠲᠠᠢ ᠵᠠᠯᠭᠠᠭᠤᠯᠬᠤ ᠶᠢ ᠦᠨᠡᠨᠬᠦ ᠪᠡᠶᠡᠯᠡᠭᠦᠯᠵᠦ ᠪᠠᠶᠢᠭᠠᠳ ᠪᠦᠬᠦ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠬᠡᠷᠡᠭᠲᠡᠢ᠃      ︵ᠭᠤᠷᠪᠠ︶ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠠᠵᠢᠯ ᠢ ᠣᠨ ᠤ ᠰᠢᠯᠭᠠᠨ ᠬᠢᠨᠠᠬᠤ ᠠᠭᠤᠯᠭ᠎ᠠ ᠳᠠᠭᠠᠨ ᠣᠷᠣᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠵᠣᠬᠢᠰᠲᠠᠢ ᠬᠡᠯᠪᠡᠷᠢ ᠪᠠᠷ ᠳᠠᠮᠵᠢᠨ ᠳᠡᠭᠡᠷ᠎ᠡ ᠵᠢᠯ ᠤᠨ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠪᠡᠯᠡ ᠮᠦᠩᠭᠦ ᠶᠢ ᠤᠯᠭᠤᠨ ᠬᠡᠷᠡᠭᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠯᠲᠠ᠂ ᠬᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ ᠰᠢᠬᠠᠨ ᠡᠵᠡᠯᠡᠬᠦ᠂ ᠰᠢᠯᠵᠢᠭᠦᠯᠦᠨ ᠬᠡᠷᠡᠭᠯᠡᠬᠦ᠂ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠪᠠᠶᠢᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠵᠡᠮᠳᠡᠭᠴᠦᠳ ᠤᠨ ᠬᠤᠯᠪᠣᠭ᠎ᠠ ᠲᠠᠢ ᠬᠠᠮᠲᠤᠪᠠᠷ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠠᠵᠢᠯ ᠤᠨ ᠠᠮᠵᠢᠯᠲᠠ ᠪᠦᠳᠦᠮᠵᠢ ᠶᠢ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠵᠡᠮᠳᠡᠭᠴᠦᠳ ᠵᠢᠴᠢ ᠪᠤᠰᠤᠳ ᠣᠯᠠᠨ ᠲᠦᠮᠡᠨ ᠤ ᠵᠠᠭᠠᠯᠳᠤᠯᠭ᠎ᠠ ᠰᠠᠨᠠᠭᠤᠯᠭ᠎ᠠ ᠶᠢ ᠴᠠᠭ ᠲᠣᠬᠠᠢ ᠳᠤᠨᠢ ᠰᠢᠢᠳᠪᠦᠷᠢᠯᠡᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠠᠵᠢᠯ ᠤᠨ ᠨᠢᠭᠡᠲᠦᠯᠲᠡᠢ ᠰᠦᠯᠵᠢᠶ᠎ᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠡᠪᠴᠡᠩ ᠢ ᠲᠦᠯᠦᠪᠯᠡᠨ ᠪᠠᠶᠢᠭᠤᠯᠵᠤ᠂ ᠦᠨᠳᠦᠰᠦᠨ ᠮᠡᠳᠡᠭᠡ ᠵᠠᠩᠭᠢ ᠶᠢ ᠴᠠᠭ ᠲᠣᠬᠠᠢ ᠳᠤᠨᠢ ᠬᠢᠨᠠᠨ ᠬᠡᠮᠵᠢᠬᠦ᠂ ᠬᠠᠷᠢᠴᠠᠭᠤᠯᠬᠤ᠂ ᠬᠤᠷᠢᠶᠠᠩᠭᠤᠶᠢᠯᠠᠨ ᠵᠠᠳᠠᠯᠬᠤ ᠪᠠ ᠬᠦᠳᠡᠯᠦᠩᠭᠦᠢ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠰᠤᠷᠤᠯᠴᠠᠭᠤᠯᠤᠨ ᠪᠣᠯᠪᠠᠰᠤᠷᠠᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠤᠨ ᠠᠭᠤᠯᠭ᠎ᠠ ᠵᠢᠴᠢ ᠬᠠᠮᠢᠶ᠎ᠠ ᠪᠦᠬᠦᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠠ ᠶᠢᠨ ᠡᠮᠬᠢ ᠵᠢᠷᠤᠮ ᠲᠠᠢ ᠪᠦᠲᠦᠮᠵᠢᠲᠡᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ ᠨᠢ ᠡᠯ᠎ᠡ ᠭᠠᠵᠠᠷ ᠣᠷᠣᠨ ᠤ ᠦᠷᠨᠢᠭᠦᠯᠦᠭᠰᠡᠨ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠨᠢᠭᠡᠲᠦᠯᠲᠡᠢ ᠲᠦᠯᠦᠪᠯᠡᠨ ᠵᠢᠯᠤᠭᠤᠳᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠨᠤᠭᠤᠳ ᠲᠤᠰ ᠭᠠᠵᠠᠷ ᠣᠷᠣᠨ ᠤ ᠲᠥᠷᠥ ᠶᠢᠨ ᠪᠣᠳᠣᠯᠭ᠎ᠠ ᠤᠬᠠᠭᠤᠯᠬᠤ ᠠᠵᠢᠯ ᠢ ᠪᠤᠲᠠᠲᠠᠢ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠷᠦᠯ ᠤᠨ ᠵᠠᠭᠤᠴᠢ ᠶᠢ ᠭᠦᠢᠴᠡᠳ ᠠᠰᠢᠭᠯᠠᠨ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ ᠤᠬᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠨ᠂ ᠪᠦᠬᠦ ᠨᠡᠶᠢᠭᠡᠮ ᠢ ᠬᠦᠲᠦᠯᠦᠨ ᠵᠢᠯᠤᠭᠤᠳᠴᠤ ᠪᠠᠶᠢᠭᠠᠳ ᠵᠡᠮᠳᠡᠭᠴᠦᠳ ᠲᠤ ᠨᠡᠩ ᠢᠯᠡᠭᠦᠦ ᠬᠠᠯᠠᠮᠵᠢᠯᠠᠵᠦ᠂ ᠬᠠᠷᠠᠭᠠᠯᠵᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠶᠢᠨ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠵᠡᠮᠳᠡᠭᠴᠦᠳ ᠤᠨ ᠮᠡᠳᠡᠭᠡ ᠵᠠᠩᠭᠢ ᠣᠯᠬᠤ ᠣᠨᠴᠤᠭᠤᠢ ᠱᠠᠭᠠᠷᠳᠠᠯᠭ᠎ᠠ ᠪᠣᠯᠣᠨ ᠪᠤᠳᠠᠳᠤ ᠬᠦᠴᠢᠷᠳᠡᠯ ᠢ ᠭᠦᠢᠴᠡᠳ ᠪᠣᠳᠣᠯᠬᠢᠯᠠᠵᠤ᠂ ᠠᠮᠢᠳᠤᠯᠢᠬ ᠪᠦᠬᠡᠳ ᠤᠯᠠᠨ ᠵᠦᠢᠯ ᠤᠨ ᠬᠡᠯᠪᠡᠷᠢ ᠶᠢ ᠬᠡᠷᠡᠭᠯᠡᠨ ᠤᠬᠠᠭᠤᠯᠵᠦ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠤᠨ ᠠᠭᠤᠯᠭ᠎ᠠ ᠶᠢ ᠮᠡᠳᠡᠭᠦᠯᠵᠦ᠂ ᠭᠤᠶᠤᠴᠢᠯᠠᠨ ᠠᠪᠬᠤ ᠦᠨᠳᠦᠰᠦᠨ ᠳᠡᠰ ᠳᠠᠷᠠᠭᠠᠯᠠᠯ ᠪᠣᠯᠣᠨ ᠱᠠᠭᠠᠷᠳᠠᠯᠭ᠎ᠠ ᠶᠢ ᠣᠶᠢᠯᠠᠭᠠᠭᠤᠯᠤᠨ᠂ ᠵᠡᠮᠳᠡᠭᠴᠦᠳ ᠢ ᠬᠠᠪᠰᠤᠷᠤᠨ ᠬᠠᠮᠢᠶ᠎ᠠ ᠪᠦᠬᠦᠢ ᠭᠠᠷᠳᠠᠮ ᠢ ᠭᠦᠢᠴᠡᠳᠭᠡᠬᠦ ᠳᠤ ᠳᠦᠭᠦᠮ ᠳᠦᠳᠡ ᠦᠵᠡᠭᠦᠯᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map