ᠴᠢᠯᠥᠭᠡᠲᠡᠶ ᠶᠠᠪᠤᠯᠴᠠᠬᠤ ᠪᠤᠯ ᠴᠡᠴᠡᠭᠯᠡᠨ ᠬᠥᠭᠵᠢᠬᠦ ᠶᠢᠨ ᠵᠠᠪᠠᠯ ᠶᠠᠪᠤᠬᠤ ᠵᠠᠮ ᠮᠥᠨ᠃ ︽ᠴᠢᠯᠦᠭᠡᠲᠠᠢ | ᠶᠠᠪᠤᠯᠴᠠᠬᠤ ᠶᠢ ᠥᠷᠭᠡᠳᠬᠡᠬᠦ ᠪᠠᠷ ᠲᠠᠮᠵᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠪᠣᠭᠤᠮᠲᠠ ᠶᠢᠨ ᠠᠵᠤ | ᠠᠬᠤᠶ ᠶᠢ ᠬᠦᠭᠵᠢᠬᠦᠯᠵᠤ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰ᠂ | ᠮᠣᠩᠭᠤᠯ ᠤᠯᠤᠰ ᠯᠤᠭ᠎ᠠ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠪᠦᠷᠢᠨᠰᠢᠭᠦᠯᠵᠤ᠂ ᠡᠯ᠎ᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠬᠥᠭᠦᠷᠭᠡᠨ ᠪᠠᠬᠢᠯᠡᠯᠲᠡ ᠪᠤᠯᠭᠠᠬᠤ ᠬᠡᠷᠡᠭᠲᠠᠢ︾ ᠬᠡᠰᠡᠨ ᠦᠭᠡ ᠪᠤᠯ ᠶᠡᠷᠦᠩᠬᠡᠶ ᠱᠦᠵᠢ ᠰᠢ ᠶᠢᠨ ᠫᠢᠩ ᠤᠨ | ᠮᠠᠨ ᠤ ᠣᠷᠣᠨ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠪᠤᠯᠤᠨ᠎ᠠ᠃ ᠡᠨᠡ ᠵᠢᠯ ᠪᠣᠯ ︽13 · | 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠥᠪᠡᠷᠲᠡᠭᠡᠨ ᠵᠠᠰᠠᠬᠤ ᠣᠷᠣᠨ ᠠᠴᠠ ᠴᠢᠯᠥᠭᠡᠲᠡᠶ | ᠶᠠᠪᠤᠯᠴᠠᠬᠤ ᠶᠢ ᠬᠡᠷᠬᠢᠨ ᠲᠦᠯᠬᠢᠨ ᠠᠬᠢᠭᠤᠯᠵᠤ᠂ ᠡᠯ᠎ᠡ ᠬᠦᠷᠢᠶᠡᠨ ᠤ ᠬᠥᠭᠵᠢᠯᠲᠡ ᠶᠢ ᠬᠡᠷᠬᠢᠨ ᠲᠦᠷᠭᠡᠳᠭᠡᠬᠦ ᠲᠤᠬᠠᠢ | 6 ᠲᠠᠯ᠎ᠠ ᠪᠠᠷ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠶᠠᠭᠤᠨ ᠤ ᠡᠮᠦᠨ᠎ᠡ᠂ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠭᠦᠨᠵᠡᠭᠡᠶ | ᠠᠭᠤᠰᠤᠯᠴᠠᠭᠤᠯᠬᠤ ᠬᠡᠷᠡᠭᠲᠠᠢ᠃ | ᠣᠳᠣᠬᠠᠨ ᠳᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠶ | ᠲᠦᠯᠬᠢᠨ ᠠᠬᠢᠭᠤᠯᠬᠤ ᠳᠤ᠂ ᠮᠠᠨ ᠤ ᠣᠷᠣᠨ ᠤ ᠤᠯᠤᠰ ᠤᠨ ᠪᠦᠬᠦ ᠲᠠᠯ᠎ᠠ ᠪᠠᠷ ᠨᠡᠭᠡᠭᠡᠯᠲᠡ ᠬᠢᠬᠦ ᠪᠠᠶᠢᠷᠢᠰᠢᠯ ᠳᠠᠬᠢ | ᠴᠢᠬᠤᠯᠠ ᠪᠠᠶᠢᠷᠢ ᠰᠠᠭᠤᠷᠢ ᠶᠢ ᠭᠦᠢᠴᠡᠳ ᠲᠠᠨᠢᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠳᠤ ᠭᠦᠨᠵᠡᠭᠡᠶ ᠤᠷᠤᠯᠴᠠᠬᠤ ᠬᠡᠷᠡᠭᠲᠠᠢ᠃ ᠤᠷᠤᠰ ᠮᠣᠩᠭᠤᠯ ᠯᠤᠭ᠎ᠠ ᠶᠢᠨ ᠬᠤᠷᠰᠢᠯᠴᠠᠭ᠎ᠠ ᠶᠢ | ᠭᠦᠨᠵᠡᠭᠡᠶᠢᠷᠡᠭᠦᠯᠵᠦ᠂ ᠣᠷᠣᠰ ᠤᠨ ︽ᠧᠦ᠋ᠷᠣᠫᠠ ᠠᠽᠢᠶ᠎ᠠ ᠶᠢᠨ ᠠᠵᠤ ᠠᠬᠤᠶ ᠶᠢᠨ ᠬᠤᠯᠪᠣᠭ᠎ᠠ︾᠂ ᠮᠣᠩᠭᠤᠯ | ᠤᠯᠤᠰ ᠤᠨ ︽ᠲᠠᠯ᠎ᠠ ᠨᠤᠲᠤᠭ ᠤᠨ ᠵᠠᠮ︾ ᠤᠨ ᠰᠠᠨᠠᠭᠤᠯᠭ᠎ᠠ ᠯᠤᠭ᠎ᠠ ᠰᠠᠨᠠᠭᠠᠴᠢᠯᠠᠭ᠎ᠠ ᠠᠴᠠ ᠪᠠᠨ ᠵᠤᠯᠭᠠᠯᠳᠤᠵᠤ᠂ | ᠤᠷᠤᠰ ᠮᠣᠩᠭᠤᠯ ᠯᠤᠭ᠎ᠠ ᠶᠢᠨ ᠰᠠᠭᠤᠷᠢ ᠪᠡᠯᠡᠳᠬᠡᠮᠵᠢ᠂ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ | ᠠᠵᠤ ᠠᠬᠤᠶ ᠠᠷᠠᠯᠵᠢᠶ᠎ᠠ ᠵᠡᠷᠭᠡ ᠬᠦᠷᠢᠶᠡᠨ ᠳᠠᠬᠢ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠲᠥᠯᠬᠢᠨ ᠠᠬᠢᠭᠤᠯᠵᠤ᠂ ᠬᠢᠯᠢ ᠶᠢᠨ ᠠᠷᠠᠯᠵᠢᠶ᠎ᠠ ᠶᠢ ᠬᠥᠭᠵᠢᠭᠦᠯᠦᠨ᠂ ᠡᠩ ᠤᠨ ᠠᠷᠠᠯᠵᠢᠶ᠎ᠠ ᠶᠢ ᠬᠦᠴᠦᠷᠭᠡᠭᠵᠢᠬᠦᠯᠦᠨ᠂ | ᠡᠳ᠋ᠰᠢᠭᠦᠯᠬᠦ ᠠᠷᠠᠯᠵᠢᠶ᠎ᠠ ᠶᠢ ᠳᠡᠭᠡᠭᠰᠢᠯᠡᠭᠦᠯᠵᠦ᠂ ᠪᠠᠷᠠᠭᠠᠨ ᠤ ᠠᠷᠠᠯᠵᠢᠶ᠎ᠠ ᠪᠤᠯᠤᠨ ᠦᠢᠯᠡᠴᠢᠯᠡᠭᠡᠨ ᠤ ᠠᠷᠠᠯᠵᠢᠶ᠎ᠠ ᠶᠢᠨ | ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ ᠶᠢ | ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠪᠠᠷᠢᠯᠭ᠎ᠠ ᠪᠣᠯᠤᠨ ᠵᠠᠩᠭᠢᠯᠠᠭ᠎ᠠ ᠶᠢᠨ ᠵᠠᠮ ᠢ ᠠᠳᠬᠤᠵᠤ᠂ ᠳᠤᠲᠠᠭᠤ | ᠵᠠᠮ ᠢ ᠨᠡᠪᠲᠡᠷᠡᠭᠦᠯᠵᠦ᠂ ᠵᠦᠷᠢᠭ ᠵᠠᠮ ᠢ ᠨᠡᠪᠲᠡᠷᠡᠭᠦᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠢᠯᠭᠡᠭᠡᠨ ᠤ ᠬᠠᠮᠳᠤᠷᠠᠯᠴᠭᠠ ᠪᠠᠨ | ᠴᠢᠩᠭᠠᠳᠬᠠᠵᠤ᠂ ᠬᠢᠯᠢ ᠠᠯᠤᠰᠯᠠᠨ ᠠᠷᠠᠳ ᠤᠨ ᠵᠤᠭᠤᠰ ᠢᠶᠠᠷ ᠲᠣᠭᠠᠴᠠᠭ᠎ᠠ ᠬᠢᠬᠦ ᠶᠢ ᠦᠷᠭᠡᠳᠭᠡᠵᠤ᠂ ᠳᠤᠮᠳᠠᠳᠤ | ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ᠂ ᠳᠤᠮᠳᠠᠳᠤ ᠤᠯᠤᠰ ᠤᠨ | ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠺᠣᠮᠫᠠᠨᠢ ᠶᠢ ᠲᠦᠷᠭᠡᠬᠡᠨ ᠲᠠᠲᠠᠨ ᠣᠷᠣᠭᠤᠯᠵᠤ᠂ | ᠠᠽᠢᠶ᠎ᠠ ᠲᠢᠪ ᠤᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠯᠤᠭ᠎ᠠ ᠶᠢᠨ ᠬᠠᠮᠲᠤᠷᠠᠯᠴᠠᠭ᠎ᠠ | ᠪᠠᠨ ᠢᠳᠡᠪᠬᠢᠲᠡᠶ ᠲᠦᠯᠬᠢᠨ ᠠᠬᠢᠭᠤᠯᠵᠤ᠂ ᠭᠠᠳᠠᠭᠠᠳᠤ ᠠᠷᠠᠯᠵᠢᠶ᠎ᠠ ᠶᠢᠨ ᠬᠦᠭᠵᠢᠯᠲᠡ ᠳᠤ ᠬᠦᠴᠦᠨ ᠢᠶᠠᠨ | ᠬᠠᠨᠳᠢᠪᠯᠠᠬᠤ ᠬᠡᠷᠡᠭᠲᠡᠶ᠃ | ᠳᠠᠷᠠᠭᠠᠯᠠᠪᠠᠯ᠂ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠦᠭᠵᠢᠬᠦᠯᠬᠦ ᠬᠡᠷᠡᠭᠲᠠᠢ᠃ | ᠪᠣᠭᠤᠮᠲᠠ ᠶᠢᠨ ᠠᠵᠤ ᠠᠬᠤᠶ ᠪᠣᠯ ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢᠨ ᠬᠠᠮᠤᠭ ᠤᠨ ᠶᠡᠭᠡ | ᠳᠠᠪᠠᠭᠤᠯᠢᠭ ᠡᠬᠢ ᠪᠠᠶᠠᠯᠢᠭ ᠪᠣᠯᠤᠨ᠎ᠠ᠂ ᠮᠠᠨ ᠤ ᠣᠷᠣᠨ ᠤ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ | ᠬᠢᠷᠢ ᠬᠡᠮᠵᠢᠶ᠎ᠡ ᠶᠢ ᠬᠦᠴᠦ ᠲᠠᠯᠪᠢᠨ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ ᠳᠤ ᠬᠦᠴᠦᠨ ᠲᠠᠢ ᠪᠦᠬᠦᠢ ᠲᠦᠰᠢᠭ | ᠲᠤᠯᠭᠠᠭᠤᠷᠢ ᠤᠯᠭᠤᠬᠤ ᠬᠡᠷᠡᠭᠲᠡᠶ᠃ ᠪᠣᠭᠤᠮᠲᠠ ᠶᠢᠨ ᠣᠨᠴᠠᠯᠢᠭ ᠪᠦᠬᠦᠢ ᠠᠵᠤ ᠦᠢᠯᠡᠰ ᠤᠨ ᠰᠢᠰᠲ᠋ᠧᠮᠵᠢ ᠶᠢ | ᠪᠤᠶᠢᠵᠢᠭᠤᠯᠵᠤ᠂ ᠪᠣᠭᠤᠮᠲᠠ ᠶᠢᠨ ᠭᠤᠤᠯ ᠪᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠪᠣᠭᠤᠮᠲᠠ ᠪᠠᠷ ᠥᠩᠭᠡᠷᠡᠬᠦ ᠳᠤ ᠳᠦᠭᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠳᠠᠬᠢ ᠰᠦᠢᠳᠬᠡᠯ ᠬᠤᠷᠢᠶᠠᠬᠤ ᠶᠢ | ᠢᠯᠭᠠᠷᠠᠭᠤᠯᠤᠨ ᠵᠢᠷᠤᠮᠵᠢᠭᠤᠯᠵᠤ᠂ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠᠨ ᠤ ᠬᠠᠮᠢᠶᠠᠷᠤᠯᠲᠠ ᠶᠢ | ᠬᠡᠷᠡᠭᠵᠢᠬᠦᠯᠵᠤ᠂ ᠠᠷᠠᠯᠵᠢᠶ᠎ᠠ ᠬᠢᠬᠦ ᠳᠤ ᠳᠦᠭᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠷᠤᠰ | ᠮᠣᠩᠭᠤᠯ ᠯᠤᠭ᠎ᠠ ᠶᠢᠨ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠲᠠᠯ᠎ᠠ ᠶᠢᠨ | ᠬᠠᠮᠲᠤᠷᠠᠯᠴᠠᠭ᠎ᠠ ᠶᠢ ᠢᠳᠡᠪᠬᠢᠲᠡᠶ ᠪᠠᠷ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠰᠢᠰᠲ᠋ᠧᠮᠵᠢ ᠶᠢ | ᠪᠠᠶᠢᠭᠤᠯᠵᠤ᠂ ᠪᠣᠭᠤᠮᠲᠠ ᠪᠠᠷ ᠥᠩᠭᠡᠷᠡᠭᠦᠯᠬᠦ ᠠᠵᠢᠯ ᠤᠨ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠬᠦᠯᠬᠦ | ᠬᠡᠷᠡᠭᠲᠠᠢ᠃ | ᠭᠤᠷᠪᠠᠳᠤᠭᠠᠷ ᠲᠤ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠬᠦᠴᠦ ᠲᠠᠯᠪᠢᠨ ᠴᠢᠩᠭᠠᠳᠬᠠᠬᠤ | ᠬᠡᠷᠡᠭᠲᠠᠢ᠃ | ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠣᠯ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠴᠢᠬᠤᠯᠠ | ᠠᠷᠭ᠎ᠠ ᠪᠠᠷᠢᠯ ᠮᠥᠨ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠮᠠᠨ ᠤ | ᠣᠷᠣᠨ ᠤ ᠣᠷᠣᠨ ᠪᠠᠶᠢᠷᠢ᠂ ᠡᠬᠢ ᠪᠠᠶᠠᠯᠢᠭ᠂ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠰᠢᠶᠠᠩᠭᠠᠩ ᠣᠣᠮᠧᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠡᠭᠦᠨ ᠬᠤᠶᠢᠲᠤ | ᠠᠽᠢᠶ᠎ᠠ᠂ ᠧᠦ᠋ᠷᠣᠫᠠ ᠠᠮᠧᠷᠢᠺᠠ ᠶᠢᠨ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢ | ᠥᠷᠭᠡᠳᠬᠡᠵᠦ᠂ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠢ ᠤᠯᠠᠨ ᠡᠰᠢᠵᠢᠬᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠳᠡᠯᠡᠬᠡᠶ ᠶᠢᠨ ᠵᠠᠬ᠎ᠠ ᠳᠡᠯᠭᠡᠭᠦᠷ ᠢ ᠨᠡᠩ ᠶᠡᠭᠡ ᠬᠡᠪᠴᠢᠶᠡᠨ᠎ᠡ ᠨᠡᠭᠡᠭᠡᠬᠦ ᠬᠡᠷᠡᠭᠲᠡᠶ᠃ ᠭᠠᠳᠠᠭᠠᠳᠤ | ᠠᠷᠠᠯᠵᠢᠶ᠎ᠠ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ︽ᠲᠠᠪᠤᠨ ᠶᠡᠭᠡ ᠰᠠᠭᠤᠷᠢᠨ ᠭᠠᠵᠠᠷ︾ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ | ᠲᠣᠨᠣᠭᠯᠠᠯ ᠦᠢᠯᠡᠳᠬᠦ᠂ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ | ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠲᠦᠯᠬᠢᠨ ᠠᠬᠢᠭᠤᠯᠵᠤ᠂ ᠭᠠᠳᠠᠭᠠᠳᠤ ᠳᠤ | ᠭᠠᠷᠭᠠᠬᠤ ᠬᠤᠪᠢ ᠶᠢᠨ ᠵᠢᠩ ᠢ ᠥᠷᠭᠡᠳᠬᠡᠬᠦ ᠬᠡᠷᠡᠭᠲᠡᠶ᠃ ︽ᠭᠠᠷᠭᠠᠬᠤ︾ ᠪᠠ ︽ᠣᠷᠣᠭᠤᠯᠬᠤ︾ ᠶᠢ ᠭᠦᠨᠵᠡᠭᠡᠶ | ᠬᠡᠷᠡᠭᠵᠢᠭᠦᠯᠵᠦ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠨ ᠠᠵᠢᠯᠯᠠᠬᠤ ᠬᠢᠷᠢ ᠬᠡᠮᠵᠢᠶ᠎ᠡ ᠶᠢ ᠪᠦᠲᠦᠮᠵᠢᠲᠡᠢ | ᠳᠡᠭᠡᠭᠰᠢᠯᠡᠭᠦᠯᠵᠦ᠂ ᠪᠡᠭᠡᠵᠢᠩ ᠲᠢᠶᠠᠨᠵᠢᠨ ᠡᡁᠧᠪᠸᠢ ᠂ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠬᠥᠭᠵᠢᠯᠲᠡ | ᠲᠠᠢ ᠢᠳᠡᠪᠬᠢᠲᠡᠶ ᠠᠭᠤᠰᠤᠯᠴᠠᠬᠤ ᠬᠡᠷᠡᠭᠲᠡᠢ᠃ | ᠳᠥᠷᠪᠡᠳᠦᠭᠡᠷ ᠲᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠲᠠᠪᠴᠠᠩ ᠢ ᠪᠦᠬᠦ ᠬᠦᠴᠦ ᠪᠠᠷ ᠢᠶᠠᠨ ᠪᠠᠶᠢᠭᠤᠯᠬᠤ | ᠬᠡᠷᠡᠭᠲᠡᠶ᠃ | ᠮᠠᠨᠵᠤᠤᠷ᠂ ᠡᠷᠢᠶᠡᠨ ᠬᠤᠳᠠ ᠶᠢᠨ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ | ᠪᠣᠯᠤᠨ ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ | ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠢᠯᠢ ᠶᠢᠨ ᠬᠠᠮᠲᠤᠷᠠᠯᠴᠠᠭᠠᠨ ᠤ | ᠣᠷᠣᠨ ᠤ ᠴᠢᠳᠠᠮᠵᠢ ᠶᠢ ᠪᠦᠷᠢᠨᠰᠢᠭᠦᠯᠵᠦ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠣᠷᠣᠨ ᠤ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠᠨ ᠲᠦᠷᠭᠡᠳᠬᠡᠬᠦ ᠶᠢ ᠲᠦᠯᠬᠢᠨ ᠠᠬᠢᠭᠤᠯᠬᠤ ᠬᠡᠷᠡᠭᠲᠡᠶ᠃ | ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠤ ᠪᠦᠳᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠵᠠᠬ᠎ᠠ ᠶᠢᠨ ᠠᠷᠠᠯᠵᠢᠶᠠᠨ ᠤ ᠣᠷᠣᠨ ᠤ ᠭᠦᠨᠵᠡᠭᠡᠶ ᠴᠢᠯᠥᠭᠡᠲᠡᠶ ᠶᠠᠪᠤᠯᠴᠠᠬᠤ᠂ ᠬᠠᠷᠢᠯᠴᠠᠨ ᠨᠡᠪᠲᠡᠷᠡᠭᠦᠯᠬᠦ ᠶᠢ ᠲᠦᠯᠬᠢᠨ | ᠠᠬᠢᠭᠤᠯᠵᠤ᠂ ᠨᠢᠭᠡ ᠪᠦᠯᠦᠭ ᠪᠣᠭᠤᠮᠲᠠ ᠶᠢᠨ ᠭᠠᠶᠢᠯᠢ ᠬᠡᠯᠲᠦᠷᠢᠭᠦᠯᠬᠦ ᠳᠡᠯᠭᠡᠭᠦᠷ ᠢ ᠵᠦᠢ ᠵᠣᠬᠢᠰᠲᠠᠶ ᠪᠠᠷ ᠨᠡᠮᠡᠨ | ᠪᠠᠶᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠦᠵᠡᠭᠦᠯᠦᠯᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠳᠤᠮᠳᠠᠳᠤ ᠮᠣᠩᠭᠤᠯ ᠤᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠢ ᠮᠠᠨ ᠤ ᠤᠯᠤᠰ ᠤᠨ ᠤᠮᠠᠷᠠᠰᠢ ᠨᠡᠭᠡᠭᠡᠯᠳᠡ | ᠬᠢᠬᠦ ᠴᠢᠬᠤᠯᠠ ᠲᠠᠪᠴᠠᠩ ᠪᠣᠯᠭᠠᠵᠤ᠂ ᠡᠷᠢᠶᠡᠨ ᠬᠤᠳᠠ ᠶᠢᠨ ᠳᠤᠮᠳᠠᠳᠤ ᠮᠣᠩᠭᠤᠯ ᠣᠷᠣᠰ ᠤᠨ ᠠᠵᠤ ᠠᠬᠤᠶ | ᠠᠷᠠᠯᠵᠢᠶᠠᠨ ᠤ ᠬᠠᠮᠲᠤᠷᠠᠯᠴᠠᠭ᠎ᠠ ᠶᠢᠨ ᠵᠥᠪᠳᠡᠯᠴᠡᠬᠦ ᠬᠤᠷᠠᠯ ᠢ ᠤᠯᠤᠰ ᠤᠨ ᠲᠡᠰ ᠤᠨ ᠳᠡᠯᠭᠡᠨ | ᠦᠵᠡᠭᠦᠯᠦᠯᠭᠡ ᠪᠣᠯᠭᠠᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠬᠠᠶᠢᠯᠠᠷ ᠤᠨ ᠳᠤᠮᠳᠠᠳᠤ ᠣᠷᠣᠰ | ᠮᠣᠩᠭᠤᠯ ᠤᠨ ᠠᠵᠤ ᠠᠬᠤᠶ ᠠᠷᠠᠯᠵᠢᠶᠠᠨ ᠤ ᠵᠥᠪᠳᠡᠯᠴᠡᠭᠡᠨ ᠤ ᠬᠤᠷᠠᠯ ᠵᠡᠷᠭᠡ ᠦᠵᠡᠭᠦᠯᠦᠯᠭᠡ ᠶᠢᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠦᠷᠭᠦᠯᠵᠢᠯᠡᠨ ᠣᠷᠣᠰ᠂ ᠮᠣᠩᠭᠤᠯ ᠤᠯᠤᠰ ᠤᠨ ᠭᠤᠣᠯ ᠬᠤᠲᠠᠳ ᠲᠤ | ᠥᠷᠭᠡᠨ ᠬᠡᠪᠴᠢᠶᠡᠨ ᠤ ᠳᠡᠭᠡᠳᠦ ᠲᠡᠰ ᠳᠠᠪᠬᠤᠷᠭ᠎ᠠ ᠪᠦᠬᠦᠢ ᠪᠡᠯᠡ ᠣᠷᠣᠭᠤᠯᠤᠯᠲᠠ ᠶᠢᠨ ᠠᠷᠠᠯᠵᠢᠶᠠᠨ ᠤ | ᠵᠥᠪᠳᠡᠯᠴᠡᠭᠡ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠣᠰ ᠮᠣᠩᠭᠤᠯ | ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ | ᠲᠠᠪᠤᠳᠤᠭᠠᠷ ᠲᠤ᠂ ᠬᠥᠮᠦᠨ ᠰᠣᠶᠣᠯ ᠤᠨ ᠰᠣᠯᠢᠯᠴᠠᠭ᠎ᠠ ᠶᠢ ᠲᠡᠰᠦᠷᠡᠯᠳᠠ ᠤᠢᠭᠡᠢ ᠴᠢᠩᠭᠠᠳᠬᠠᠬᠤ ᠬᠡᠷᠡᠭᠲᠡᠢ᠃ | ᠬᠥᠮᠦᠨ ᠰᠣᠶᠣᠯ ᠤᠨ ᠰᠣᠯᠢᠯᠴᠠᠭ᠎ᠠ ᠪᠣᠯ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ | ᠬᠤᠯᠪᠣᠭᠠᠰᠤ ᠮᠥᠨ᠂ ᠣᠷᠣᠰ ᠮᠣᠩᠭᠤᠯ ᠯᠤᠭ᠎ᠠ ᠶᠢᠨ ᠪᠦᠬᠦ ᠲᠠᠯ᠎ᠠ ᠶᠢᠨ᠂ ᠥᠷᠭᠡᠨ ᠬᠦᠷᠢᠶᠡᠨ ᠤ ᠬᠥᠮᠦᠨ | ᠰᠣᠶᠣᠯ ᠤᠨ ᠰᠣᠯᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠰᠣᠶᠣᠯ ᠭᠡᠭᠡᠷᠡᠯ ᠰᠤᠷᠭᠠᠨ ᠬᠥᠮᠦᠵᠢᠯ᠂ ᠡᠮ | ᠡᠮᠨᠡᠯᠭᠡ ᠡᠷᠡᠭᠦᠯ ᠬᠠᠮᠠᠭᠠᠯᠠᠯ᠂ ᠰᠢᠨᠵᠢᠯᠡᠬᠦ ᠣᠬᠠᠭᠠᠨ ᠮᠡᠷᠭᠡᠵᠢᠯ ᠤᠨ ᠵᠢᠭᠤᠯᠴᠢᠯᠠᠯ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠶ᠃ | ᠣᠷᠣᠰ ᠮᠣᠩᠭᠤᠯ ᠤᠯᠤᠰ ᠤᠨ ᠰᠣᠶᠣᠯ ᠤᠨ ᠭᠠᠷᠠᠭ᠂ ᠰᠣᠶᠣᠯ ᠤᠨ ᠡᠳᠦᠷ ᠤᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠰᠣᠶᠣᠯ ᠤᠨ ᠨᠥᠯᠥᠭᠡᠯᠡᠬᠦ ᠬᠦᠴᠦᠨ ᠪᠠ ᠤᠯᠠᠮᠵᠢᠯᠠᠬᠤ ᠬᠦᠴᠦᠨ ᠢ | ᠴᠢᠩᠭᠠᠳᠬᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠬᠠᠮᠲᠤᠷᠠᠨ ᠰᠤᠷᠭᠠᠭᠤᠯᠢ | ᠡᠷᠬᠢᠯᠡᠬᠦ᠂ ᠬᠠᠷᠢᠯᠴᠠᠨ ᠪᠠᠭᠰᠢ ᠲᠣᠮᠢᠯᠠᠬᠤ ᠪᠠ ᠭᠠᠳᠠᠭᠠᠳᠤ ᠳᠤ ᠰᠣᠷᠣᠯᠴᠠᠬᠤ ᠰᠤᠷᠤᠭᠴᠢ ᠶᠢᠨ ᠬᠡᠪᠴᠢᠶ᠎ᠡ ᠶᠢ | ᠥᠷᠭᠡᠳᠬᠡᠬᠦ ᠬᠡᠷᠡᠭᠲᠡᠢ᠃ ᠡᠮ ᠡᠮᠨᠡᠯᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠣᠯᠠᠨ | ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠣᠩᠭᠤᠯ ᠤᠯᠤᠰ ᠲᠤ ᠡᠮᠴᠢᠯᠡᠭᠡᠨ ᠤ ᠪᠠᠶᠢᠭᠤᠯᠤᠮᠵᠢ | ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠦᠯᠭᠡ | ᠡᠷᠬᠢᠯᠡᠬᠦ ᠪᠠᠷ ᠳᠠᠮᠵᠢᠭᠤᠯᠤᠨ᠂ ᠤᠷᠤᠰ ᠮᠣᠩᠭᠤᠯ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠤᠷᠤᠰ᠂ ᠮᠣᠩᠭᠤᠯ ᠯᠤᠭ᠎ᠠ ᠤᠷᠤᠯᠳᠤᠭᠠᠨ᠂ | ᠪᠣᠯᠪᠠᠰᠤᠷᠠᠭᠤᠯᠤᠯ ᠬᠢᠬᠦ ᠵᠡᠷᠭᠡ ᠲᠠᠯ᠎ᠠ ᠶᠢᠨ ᠰᠣᠯᠢᠯᠴᠠᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ | ᠥᠷᠭᠡᠳᠬᠡᠵᠦ᠂ ᠤᠷᠤᠰ᠂ ᠮᠣᠩᠭᠤᠯ ᠯᠤᠭ᠎ᠠ ᠬᠢᠯᠢ ᠠᠯᠤᠰᠯᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ | ᠬᠠᠮᠲᠤ ᠪᠠᠷ ᠪᠤᠶᠢᠵᠢᠭᠤᠯᠬᠤ ᠬᠡᠷᠡᠭᠲᠡᠢ᠃ | ᠵᠢᠷᠭᠤᠳᠤᠭᠠᠷ ᠲᠤ᠂ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠭᠠᠳᠠᠭᠠᠳᠤ ᠨᠡᠭᠡᠭᠡᠯᠳᠡ ᠬᠢᠬᠦ ᠪᠣᠯ ᠨᠢᠭᠡᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠮᠥᠨ᠂ ᠡᠯ᠎ᠡ ᠠᠶᠢᠮᠠᠭ | ᠬᠤᠳᠠ᠂ ᠡᠯ᠎ᠡ ᠰᠠᠯᠠᠭ᠎ᠠ ᠮᠥᠴᠢᠷ ᠤᠳ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠠᠵᠢᠯ ᠢ ᠨᠡᠩ ᠴᠢᠬᠤᠯᠠ | ᠪᠠᠶᠢᠷᠢᠨ ᠳᠤ ᠲᠠᠯᠪᠢᠵᠤ ᠠᠳᠬᠤᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠵᠤ᠂ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠯᠡᠯ ᠬᠦᠴᠦᠨ ᠢ ᠪᠤᠢ ᠪᠣᠯᠭᠠᠵᠤ᠂ ᠭᠠᠳᠠᠭᠠᠳᠤ ᠲᠠᠢ | ᠴᠢᠯᠥᠭᠡᠲᠡᠶ ᠶᠠᠪᠤᠯᠴᠠᠬᠤ ︽ᠬᠥᠯᠭᠡ ᠰᠢᠳᠡᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ | ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠤᠯᠤᠰᠴᠢᠯᠠᠭᠰᠠᠨ᠂ | ᠬᠠᠤᠯᠢᠵᠢᠭᠤᠯᠤᠭᠰᠠᠨ᠂ ᠳᠥᠭᠦᠮᠴᠢᠯᠡᠭᠰᠡᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ |