ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2016/4/7
                ᠥᠪᠥᠷ ᠵᠠᠰᠠᠭ ᠲᠠᠷᠬᠠᠭᠠᠭᠰᠠᠨ ﹇2015﹈ 134 ᠳ᠋ᠤᠭᠡᠷ ᠲᠤᠭᠠᠳᠤ                          12 ᠳ᠋ᠤᠭᠠᠷ ᠰᠠᠷ᠎ᠠ ᠶᠢᠨ 6᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢᠨ ᠵᠢᠷᠤᠮᠵᠢᠯᠳᠠ᠂ ᠰᠢᠨᠵᠢᠯᠡᠬᠦ ᠤᠬᠠᠭᠠᠨᠴᠢᠯᠠᠯᠳᠠ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠵᠦᠩᠨᠡᠯᠳᠣ ᠴᠢᠨᠠᠷ᠂ ᠲᠥᠪ ᠴᠢᠩᠭ᠎ᠠ ᠴᠢᠨᠠᠷ ᠪᠠ ᠬᠢᠵᠠᠭᠠᠷᠯᠠᠬᠤ ᠬᠦᠴᠦᠨ ᠢ ᠳᠡᠭᠡᠭᠰᠢᠯᠡᠭᠦᠯᠭᠦ ᠶᠢᠨ ᠲᠣᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾᠂ ︽ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠲᠤᠷᠰᠢᠨ ᠬᠡᠷᠡᠭᠵᠢᠭᠦᠯᠬᠦ ᠲᠤᠬᠠᠶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2010﹈ 2 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠣᠰᠣᠯᠡᠵᠣ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠪᠠᠨ ᠤᠶᠠᠯᠳᠤᠭᠤᠯᠵᠤ᠂ ᠡᠳᠦᠭᠡ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ ᠲᠣᠬᠠᠢ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ      ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠪᠣᠯ ᠤᠯᠤᠰ ᠤᠨ ᠲᠥᠰᠦᠪ ᠤᠨ ᠬᠠᠮᠢᠶᠠᠷᠤᠯᠲᠠ ᠪᠠ ᠨᠡᠶᠢᠭᠡᠮ ᠤᠨ ᠳᠠᠭᠠᠳᠬᠠᠯ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠳᠠᠭᠠᠯ ᠢ ᠦᠨᠳᠣᠰᠣᠯᠠᠨ ᠲᠣᠭᠲᠠᠭᠠᠭᠰᠠᠨ᠂ ᠲᠦᠷᠢᠮ ᠲᠣᠭᠳᠠᠭᠠᠯ ᠤᠨ ᠳᠡᠰ ᠳᠠᠷᠠᠭᠠᠯᠠᠯ ᠢᠶᠠᠷ ᠬᠢᠨᠠᠨ ᠵᠦᠪᠰᠢᠶᠡᠷᠡᠭᠦᠯᠵᠣ ᠪᠠᠳᠣᠯᠠᠭᠰᠠᠨ᠂ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠣᠷᠣᠯᠭ᠎ᠠ ᠵᠠᠷᠤᠯᠭ᠎ᠠ ᠶᠢ ᠲᠤᠰᠬᠠᠬᠰᠠᠨ ᠣᠨ ᠤ ᠲᠥᠯᠥᠪᠯᠡᠭᠡ᠂ ᠵᠠᠰᠠᠭ ᠤᠨ ᠣᠷᠳᠣᠨ ᠤ ᠲᠥᠰᠦᠪ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ ᠨᠢ᠂ ᠨᠡᠶᠢᠭᠡᠮ ᠤᠨ ᠳᠠᠭᠠᠳᠬᠠᠯ ᠪᠠ ᠲᠥᠰᠦᠪ ᠤᠨ ᠬᠠᠮᠢᠶᠠᠷᠤᠯᠲᠠ ᠶᠢᠨ ᠬᠠᠮᠢᠶ᠎ᠠ ᠪᠦᠭᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠦᠷᠦ ᠶᠢᠨ ᠪᠤᠳᠤᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠬᠠᠮᠢᠶᠠᠷᠤᠯᠲᠠ ᠪᠠ ᠬᠢᠨᠠᠯᠲᠠ ᠲᠠᠯᠪᠢᠬᠤ ᠶᠢ ᠴᠢᠩᠭᠠᠣᠠᠬᠠᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠶ ᠪᠠᠶᠢᠬᠤ ᠪᠠ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠪᠠᠳᠣᠯᠠᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠠᠵᠢᠯᠯᠠᠭᠠᠨ ᠤ ᠦᠷ᠎ᠡ ᠠᠰᠢᠭ ᠢ ᠳᠡᠭᠡᠭᠰᠢᠯᠡᠭᠦᠯᠣᠨ᠂ ᠠᠷᠠᠳ ᠤᠯᠠᠨ ᠤ ᠲᠣᠰ ᠪᠡᠶ᠎ᠡ ᠶᠢᠨ ᠠᠰᠢᠭ ᠲᠤᠰᠠ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠣᠠᠬᠠᠬᠤ ᠶᠢᠨ ᠴᠢᠬᠤᠯᠠ ᠴᠢᠨᠠᠷ ᠤᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃      ᠬᠤᠶᠠᠷ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠠᠶᠢᠷᠠᠭᠤᠯᠤᠨ ᠵᠣᠬᠢᠶᠠᠬᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ      ︵ᠨᠢᠭᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠠᠶᠢᠷᠠᠭᠤᠯᠤᠨ ᠵᠣᠬᠢᠶᠠᠬᠤ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠩᠳᠠᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠲᠥᠰᠦᠯ ᠢ ᠨᠢᠭᠡᠳᠦᠯᠲᠡᠶ ᠲᠥᠯᠥᠪᠯᠡᠬᠦ ᠲᠡᠰ ᠳᠠᠪᠬᠤᠷᠭ᠎ᠠ ᠪᠣᠯᠣᠨ ᠨᠡᠶᠢᠭᠡᠮ ᠤᠨ ᠳᠠᠭᠠᠳᠬᠠᠯ ᠤᠨ ᠲᠦᠷᠣᠯ ᠵᠦᠢᠯ ᠶᠣᠰᠣᠭᠠᠷ ᠲᠤᠰ ᠲᠤᠰ ᠲᠤᠨᠢ ᠨᠠᠶᠢᠷᠠᠭᠤᠯᠤᠨ ᠵᠣᠬᠢᠶᠠᠵᠣ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠶ ᠪᠠᠶᠢᠬᠤ ᠪᠡᠶᠡᠯᠡᠭᠦᠯᠭᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠲᠥᠰᠦᠯ ᠢ ᠨᠢᠭᠡᠳᠦᠯᠲᠡᠶ ᠲᠥᠯᠥᠪᠯᠡᠨ ᠨᠠᠶᠢᠷᠠᠭᠤᠯᠤᠨ ᠵᠣᠬᠢᠶᠠᠬᠤ ᠭᠤᠣᠯ ᠴᠣᠭᠴᠠ ᠮᠥᠨ᠃ ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠦᠨᠳᠣᠰᠣᠯᠡᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢ ᠪᠤᠯ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠣᠳᠠᠲᠠᠶ ᠪᠠᠶᠢᠷᠢᠯᠠᠭᠤᠯᠤᠨ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠬᠠᠮᠲᠤᠷᠠᠨ ᠵᠣᠬᠢᠶᠠᠨ ᠪᠠᠶᠢᠭᠤᠯᠵᠣ ᠨᠠᠶᠢᠷᠠᠭᠤᠯᠤᠨ ᠵᠣᠬᠢᠶᠠᠵᠣ ᠮᠡᠳᠡᠭᠦᠯᠬᠦ ᠬᠡᠷᠡᠭᠲᠡᠶ᠃ ᠬᠡᠨ ᠭᠠᠷᠳᠠᠨ ᠭᠦᠢᠴᠡᠣᠡᠭᠡᠪᠡᠯ ᠬᠡᠨ ᠪᠣᠳᠠᠲᠠᠶ ᠪᠠᠷ ᠨᠠᠶᠢᠷᠠᠭᠤᠯᠤᠨ ᠵᠣᠬᠢᠶᠠᠬᠤ ᠵᠠᠷᠴᠢᠮ ᠶᠣᠰᠣᠭᠠᠷ᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠠᠷᠢᠶ᠎ᠠ ᠪᠦᠬᠦᠢ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ ᠨᠢ ᠨᠡᠶᠢᠭᠡᠮ ᠤᠨ ᠳᠠᠭᠠᠳᠬᠠᠯ ᠤᠨ ᠰᠦᠢᠣᠡᠭᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠯᠦᠭᠡ ᠬᠠᠮᠵᠢᠯᠴᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠮᠡᠳᠡᠭᠦᠯᠣᠯᠳᠠ ᠶᠢᠨ ᠬᠦᠰᠦᠨᠦᠭᠲᠦ ᠶᠢ ᠪᠣᠳᠠᠳᠠᠢ ᠨᠠᠶᠢᠷᠠᠭᠤᠯᠤᠨ ᠵᠣᠬᠢᠶᠠᠬᠤ ᠬᠡᠷᠩᠳᠠᠢ᠃      ︵ᠬᠤᠶᠠᠷ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠠᠶᠢᠷᠠᠭᠤᠯᠤᠨ ᠵᠣᠬᠢᠶᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠩᠳᠠᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠥᠰᠦᠪ ᠢᠶᠠᠨ ᠡᠷᠳ᠋ᠨ ᠨᠠᠶᠢᠷᠠᠭᠤᠯᠵᠣ᠂ ᠨᠠᠷᠢᠨ ᠨᠠᠶᠢᠷᠠᠭᠤᠯᠵᠤ᠂ ᠪᠣᠳᠠᠲᠠᠶ ᠪᠠᠷ ᠨᠠᠶᠢᠷᠠᠭᠤᠯᠬᠤ ᠬᠡᠷᠩᠳᠠᠢ᠂ ᠡᠯ᠎ᠡ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠡᠷᠲᠡ ᠠᠴᠠ ᠣᠬᠠᠭᠠᠯᠠᠨ ᠲᠥᠯᠥᠪᠯᠡᠵᠦ᠂ ᠴᠠᠭ ᠲᠤᠬᠠᠶ ᠳᠤᠨᠢ ᠪᠠᠶᠢᠷᠢᠯᠠᠭᠤᠯᠬᠤ ᠬᠡᠷᠩᠳᠠᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠲᠥᠰᠦᠯ ᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠪᠠ ᠨᠢᠭᠡᠳᠦᠯᠲᠡᠶ ᠲᠥᠯᠥᠪᠯᠡᠬᠦ ᠲᠡᠰ ᠳᠠᠪᠬᠤᠷᠭ᠎ᠠ ᠶᠢᠨ ᠶᠣᠰᠣᠭᠠᠷ᠂ ᠳᠣᠣᠷ᠎ᠠ ᠠᠴᠠ ᠳᠡᠭᠡᠭᠰᠢ᠂ ᠱᠠᠳᠣ ᠱᠠᠳᠣ ᠪᠠᠷ ᠨᠠᠶᠢᠷᠠᠭᠤᠯᠤᠨ ᠵᠣᠬᠢᠶᠠᠵᠣ ᠡᠮᠬᠢᠳᠬᠡᠨ ᠬᠤᠷᠢᠶᠠᠩᠭᠤᠶᠢᠯᠠᠵᠣ᠂ ᠱᠠᠲᠤ ᠳᠠᠷᠠᠭᠠᠯᠠᠨ ᠬᠢᠨᠠᠵᠣ ᠬᠠᠷᠭᠤᠭᠤᠯᠣᠨ ᠳᠡᠭᠡᠭᠰᠢ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ ᠳᠠᠭᠠᠳᠬᠠᠯ ᠤᠨ ᠳᠦᠷᠦᠯ ᠵᠦᠢᠯ ᠤᠨ ᠲᠥᠰᠦᠪ ᠤᠨ ᠲᠥᠰᠦᠯ ᠳᠠᠬᠢ ᠪᠣᠳᠠᠲᠠᠶ ᠨᠠᠢᠷᠠᠭᠤᠯᠤᠨ ᠵᠣᠬᠢᠶᠠᠭᠰᠠᠨ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠯᠦᠭᠡ ᠬᠠᠮᠵᠢᠯᠴᠠᠨ ᠪᠠᠶᠢᠷᠢᠯᠠᠭᠤᠯᠵᠣ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠳᠠᠭᠠᠭᠰᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠠᠶᠢᠷᠠᠭᠤᠯᠣᠨ ᠵᠣᠬᠢᠶᠠᠬᠤ ᠱᠠᠭᠠᠷᠳᠠᠯᠭ᠎ᠠ ᠶᠣᠰᠣᠭᠠᠷ ᠱᠠᠳᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠲᠣᠭᠲᠠᠭᠠᠯ ᠶᠣᠰᠣᠭᠠᠷ ᠵᠢᠯ ᠪᠦᠷᠢ ᠶᠢᠨ ᠬᠤᠶᠠᠳᠤᠭᠠᠷ ᠤᠯᠠᠷᠢᠯ ᠳᠤ ᠲᠠᠷᠠᠭ᠎ᠠ ᠨᠢᠭᠡ ᠵᠢᠯ ᠤᠨ ᠲᠥᠰᠦᠪ ᠢ ᠨᠠᠶᠢᠷᠠᠭᠤᠯᠣᠨ ᠵᠣᠬᠢᠶᠠᠬᠤ ᠠᠵᠢᠯ ᠢᠶᠠᠨ ᠡᠬᠢᠯᠡᠭᠦᠯᠭᠦ ᠬᠡᠷᠩᠳᠠᠢ᠃      ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠴᠢᠩᠳᠠᠯᠠᠬᠤ ᠬᠡᠷᠩᠳᠠᠢ᠃ ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠠᠶᠢᠷᠠᠭᠤᠯᠣᠨ ᠵᠣᠬᠢᠶᠠᠬᠤ ᠳᠤ ᠣᠷᠣᠯᠭ᠎ᠠ ᠶᠢᠨ ᠲᠥᠰᠦᠪ ᠪᠠ ᠵᠠᠷᠤᠯᠭ᠎ᠠ ᠶᠢᠨ ᠲᠥᠰᠦᠪ ᠬᠤᠶᠠᠷ ᠬᠡᠰᠡᠭ ᠢ ᠪᠠᠭᠲᠠᠭᠠᠨ᠎ᠠ᠃      ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠣᠷᠣᠯᠭ᠎ᠠ ᠶᠢᠨ ᠲᠥᠰᠦᠪ ᠢ ᠨᠠᠶᠢᠷᠠᠭᠤᠯᠣᠨ ᠵᠣᠬᠢᠶᠠᠬᠤ ᠳᠠᠭᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠦᠷᠣᠭᠦᠣ ᠵᠢᠯ ᠤᠨ ᠰᠠᠭᠤᠷᠢ ᠮᠦᠩᠭᠦᠨ ᠤ ᠣᠷᠣᠯᠭ᠎ᠠ ᠶᠢᠨ ᠲᠥᠰᠦᠪ ᠢ ᠬᠡᠷᠩᠵᠢᠭᠦᠯᠣᠭ᠍ᠰᠡᠨ ᠪᠠᠶᠢᠳᠠᠯ᠂ ᠲᠥᠰᠦᠪᠯᠡᠭᠰᠡᠨ ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶᠠᠨ ᠤ ᠲᠤᠬᠠᠶ ᠲᠥᠰᠦᠭᠡᠯᠡᠯᠲᠡ᠂ ᠨᠡᠶᠢᠭᠡᠮ ᠤᠨ ᠳᠠᠭᠠᠳᠬᠠᠯ ᠤᠨ ᠳᠦᠷᠦ ᠶᠢᠨ ᠪᠤᠳᠤᠯᠭ᠎ᠠ ᠶᠢᠨ ᠬᠤᠪᠢᠷᠠᠯᠲᠠ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ᠂ ᠰᠦᠢᠳᠬᠡᠯ ᠲᠤᠰᠢᠶᠠᠭᠰᠠᠨ ᠬᠥᠮᠦᠨ ᠤ ᠲᠤᠭ᠎ᠠ᠂ ᠰᠦᠢᠳᠬᠡᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠵᠡᠷᠭᠡ ᠬᠦᠴᠦᠨ ᠵᠦᠢᠯ ᠢ ᠶᠡᠷᠣᠩᠬᠡᠶᠢᠯᠡᠨ ᠪᠣᠳᠣᠯᠬᠢᠯᠠᠬᠤ ᠬᠡᠷᠩᠳᠠᠢ᠃ ᠪᠣᠳᠠᠲᠠᠶ ᠣᠷᠣᠯᠭ᠎ᠠ ᠶᠢᠨ ᠲᠦᠷᠣᠯ ᠵᠦᠢᠯ ᠳᠤ᠄ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠣᠷᠣᠯᠭ᠎ᠠ᠂ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ᠂ ᠬᠦᠦ ᠮᠦᠩᠭᠦ ᠶᠢᠨ ᠣᠷᠣᠯᠭ᠎ᠠ᠂ ᠰᠢᠯᠵᠢᠭᠦᠯᠣᠨ ᠦᠭᠭᠦᠭᠰᠡᠨ ᠣᠷᠣᠯᠭ᠎ᠠ᠂ ᠳᠡᠭᠡᠳᠣ ᠱᠠᠲᠤᠨ ᠠᠴᠠ ᠨᠥᠬᠦᠪᠥᠷᠢ ᠦᠭᠭᠦᠭᠰᠡᠨ ᠣᠷᠣᠯᠭ᠎ᠠ᠂ ᠲᠣᠣᠷᠠᠳᠣ ᠱᠠᠲᠤᠨ ᠤ ᠳᠡᠭᠡᠭᠰᠢ ᠲᠤᠰᠢᠶᠠᠭᠰᠠᠨ ᠣᠷᠣᠯᠭ᠎ᠠ᠂ ᠪᠤᠰᠤᠳ ᠣᠷᠣᠯᠭ᠎ᠠ ᠵᠡᠷᠭᠡ ᠶᠢ ᠪᠠᠭᠳᠠᠭᠠᠨ᠎ᠠ᠃      ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ ᠶᠢᠨ ᠲᠥᠰᠦᠪ ᠢ ᠨᠠᠶᠢᠷᠠᠭᠤᠯᠣᠨ ᠵᠣᠬᠢᠶᠠᠬᠤ ᠳᠠᠭᠠᠨ ᠲᠣᠭᠳᠠᠭᠠᠭᠰᠠᠨ ᠵᠠᠷᠤᠯᠭ᠎ᠠ ᠶᠢᠨ ᠬᠦᠷᠢᠶ᠎ᠡ ᠬᠡᠪᠴᠢᠶ᠎ᠡ᠂ ᠲᠦᠷᠣᠯ ᠵᠦᠢᠯ ᠪᠠ ᠪᠠᠷᠢᠮᠵᠢᠶ᠎ᠠ ᠶᠣᠰᠣᠭᠠᠷ ᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠦᠷᠣᠭᠦᠣ ᠵᠢᠯ ᠤᠨ ᠰᠠᠭᠤᠷᠢ ᠮᠦᠩᠭᠦᠨ ᠤ ᠵᠠᠷᠤᠯᠭ᠎ᠠ ᠶᠢᠨ ᠲᠥᠰᠦᠪ ᠢ ᠬᠡᠷᠩᠵᠢᠭᠦᠯᠣᠭ᠍ᠰᠡᠨ ᠪᠠᠶᠢᠳᠠᠯ᠂ ᠨᠡᠶᠢᠭᠡᠮ ᠤᠨ ᠳᠠᠭᠠᠳᠬᠠᠯ ᠡᠳ᠋ᠯᠡᠬᠦ ᠡᠳᠡᠭᠡᠣᠨ ᠤᠨ ᠬᠥᠮᠦᠨ ᠤ ᠲᠤᠭ᠎ᠠ ᠶᠢᠨ ᠨᠡᠮᠡᠭᠳᠡᠵᠣ ᠬᠠᠰᠤᠭᠳᠠᠭᠰᠠᠨ ᠬᠤᠪᠢᠷᠠᠯᠲᠠ᠂ ᠲᠥᠰᠦᠪᠯᠡᠭᠰᠡᠨ ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠣᠬᠢᠷᠠᠭᠤᠯᠣᠯᠳᠠ ᠵᠢᠴᠢ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠪᠠᠷᠢᠮᠵᠢᠶ᠎ᠠ ᠶᠢᠨ ᠬᠤᠪᠢᠷᠠᠯᠲᠠ ᠵᠡᠷᠭᠡ ᠬᠦᠴᠦᠨ ᠵᠦᠢᠯ ᠢ ᠶᠡᠷᠣᠩᠬᠡᠶᠢᠯᠡᠨ ᠪᠣᠳᠣᠯᠬᠢᠯᠠᠬᠤ ᠬᠡᠷᠩᠳᠠᠢ᠃ ᠪᠣᠳᠠᠲᠠᠶ ᠵᠠᠷᠤᠯᠭ᠎ᠠ ᠶᠢᠨ ᠲᠦᠷᠣᠯ ᠵᠦᠢᠯ ᠳᠤ᠄ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠵᠠᠷᠤᠯᠭ᠎ᠠ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠪᠤᠰᠤ ᠴᠢᠨᠠᠷᠲᠠᠶ ᠵᠠᠷᠤᠯᠭ᠎ᠠ᠂ ᠰᠢᠯᠵᠢᠭᠦᠯᠣᠨ ᠦᠭᠭᠦᠭᠰᠡᠨ ᠵᠠᠷᠤᠯᠭ᠎ᠠ ᠪᠣᠯᠤᠨ ᠪᠤᠰᠤᠳ ᠵᠠᠷᠤᠯᠭ᠎ᠠ᠂ ᠳᠣᠣᠷᠠᠳᠣ ᠱᠠᠲᠤᠨ ᠳᠤ ᠨᠦᠭᠦᠪᠣᠷᠢ ᠦᠭᠭᠦᠭᠰᠡᠨ ᠵᠠᠷᠤᠯᠭ᠎ᠠ᠂ ᠳᠡᠭᠡᠭᠰᠢ ᠲᠤᠰᠢᠶᠠᠬᠰᠠᠨ ᠳᠡᠭᠡᠳᠦ ᠱᠠᠲᠤᠨ ᠤ ᠵᠠᠷᠤᠯᠭ᠎ᠠ᠂ ᠪᠤᠰᠤᠳ ᠵᠠᠷᠤᠯᠭ᠎ᠠ ᠵᠡᠷᠭᠡ ᠶᠢ ᠪᠠᠭᠳᠠᠭᠠᠨ᠎ᠠ᠃ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠵᠠᠷᠤᠯᠭ᠎ᠠ ᠶᠢᠨ ᠲᠥᠰᠦᠪ ᠢ ᠪᠤᠯ ᠲᠦᠷᠣᠭᠦᠣ ᠵᠢᠯ ᠤᠨ ᠨᠡᠶᠢᠭᠡᠮ ᠤᠨ ᠳᠠᠭᠠᠳᠬᠠᠯ ᠤᠨ ᠣᠯᠭᠤᠮᠵᠢ ᠬᠦᠷᠳᠡᠬᠦ ᠡᠲᠡᠭᠡᠳ ᠤᠨ ᠦᠯᠡᠳᠡᠬᠡᠯ ᠤᠨ ᠬᠡᠮᠵᠢᠶ᠎ᠡ᠂ ᠲᠦᠷᠣᠭᠦᠣ ᠵᠢᠯ ᠤᠨ ᠬᠥᠮᠦᠨ ᠪᠦᠷᠢ ᠶᠢᠨ ᠳᠡᠭᠰᠢᠣᠡᠭᠡᠭᠰᠡᠨ ᠨᠡᠶᠢᠭᠡᠮ ᠤᠨ ᠳᠠᠭᠠᠳᠬᠠᠯ ᠤᠨ ᠣᠯᠭᠤᠮᠵᠢ ᠬᠦᠷᠳᠡᠬᠦ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠵᠣ ᠲᠣᠭᠲᠠᠭᠠᠬᠤ ᠶᠢᠨ ᠬᠠᠮᠲᠤ᠂ ᠲᠤᠰ ᠵᠢᠯ ᠤᠨ ᠬᠤᠪᠢᠷᠠᠯᠲᠠ ᠶᠢᠨ ᠪᠠᠶᠢᠳᠠᠯ ᠢ ᠪᠣᠳᠣᠯᠬᠢᠯᠠᠬᠤ ᠬᠡᠷᠩᠳᠠᠢ︔ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠪᠤᠰᠤ ᠴᠢᠨᠠᠷᠲᠠᠶ ᠵᠠᠷᠤᠯᠭ᠎ᠠ ᠶᠢᠨ ᠲᠥᠰᠦᠪ ᠨᠢ ᠨᠡᠶᠢᠭᠡᠮ ᠤᠨ ᠳᠠᠭᠠᠳᠬᠠᠯ ᠤᠨ ᠲᠦᠷᠦ ᠶᠢᠨ ᠪᠤᠳᠤᠯᠭ᠎ᠠ ᠪᠠ ᠬᠠᠮᠢᠶᠠᠷᠤᠯᠲᠠ ᠶᠢᠨ ᠲᠦᠷᠢᠮ ᠲᠣᠭᠳᠠᠭᠠᠯ ᠢ ᠴᠢᠩᠭ᠎ᠠ ᠬᠡᠷᠡᠭᠵᠢᠭᠦᠯᠭᠦ ᠬᠡᠷᠩᠳᠠᠢ᠃      ︵ᠲᠦᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠬᠢᠨᠠᠨ ᠬᠠᠷᠭᠤᠭᠤᠯᠬᠤ ᠪᠠ ᠴᠣᠬᠤᠯᠠᠪᠣᠷᠢᠯᠠᠬᠤ ᠪᠠᠨ ᠴᠢᠩᠭᠠᠷᠠᠭᠤᠯᠬᠤ ᠬᠡᠷᠡᠭᠲᠡᠶ᠃ ᠨᠢᠭᠡᠳᠦᠯᠲᠡᠶ ᠲᠥᠯᠥᠪᠯᠡᠬᠦ ᠭᠠᠵᠡᠷ ᠣᠷᠣᠨ ᠤ ᠬᠠᠷᠢᠶ᠎ᠠ ᠪᠦᠬᠦᠢ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠲᠠᠢ ᠬᠠᠮᠵᠢᠯᠴᠠᠨ ᠨᠠᠶᠢᠷᠠᠭᠤᠯᠤᠨ ᠵᠣᠬᠢᠶᠠᠭᠰᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠮᠡᠳᠡᠭᠦᠯᠬᠦ ᠬᠦᠰᠦᠨᠦᠭᠲᠦ ᠪᠠᠨ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠯᠦᠭᠡ ᠬᠤᠷᠢᠶᠠᠩᠭᠤᠶᠢᠯᠠᠵᠣ᠂ ᠠᠩᠬ᠎ᠠ ᠠᠯᠬᠤᠮ ᠬᠢᠨᠠᠬᠤ ᠪᠠᠷ ᠳᠡᠮᠵᠢᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠬᠢᠨ ᠬᠢᠨᠠᠭᠰᠠᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠲᠦᠰᠣᠯ ᠪᠣᠯᠭᠠᠨ ᠨᠠᠶᠢᠷᠠᠭᠤᠯᠤᠨ ᠵᠣᠬᠢᠶᠠᠵᠣ ᠬᠤᠷᠢᠶᠠᠩᠭᠤᠶᠢᠯᠠᠭᠠᠣᠨ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠶᠢᠴᠠᠭᠠᠯᠭᠠᠬᠤ ᠪᠠ ᠵᠥᠪᠰᠢᠶᠡᠷᠡᠭᠦᠯᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠡᠮᠵᠢᠨ ᠬᠢᠨᠠᠨ ᠪᠠᠶᠢᠴᠠᠭᠠᠬᠤ ᠪᠠ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠠᠳᠠᠯᠢ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠲᠥᠯᠥᠪᠯᠡᠬᠦ ᠲᠡᠰ ᠳᠠᠪᠬᠤᠷᠭ᠎ᠠ ᠶᠣᠰᠣᠭᠠᠷ ᠬᠠᠮᠲᠤᠷᠠᠵᠤ ᠴᠣᠬᠤᠯᠠᠪᠤᠷᠢᠯᠠᠨ ᠪᠠᠭᠤᠯᠭᠠᠵᠣ᠂ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ ᠪᠠ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠪᠣᠳᠠᠲᠠᠶ ᠬᠡᠷᠩᠵᠢᠭᠦᠯᠭᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ ᠳᠠᠭᠠᠳᠬᠠᠯ ᠤᠨ ᠲᠦᠷᠣᠯ ᠵᠦᠢᠯ ᠨᠢ ᠡᠯ᠎ᠡ ᠭᠠᠵᠠᠷ ᠣᠷᠣᠨ ᠤ ᠳᠡᠭᠡᠭᠰᠢ ᠮᠡᠳᠡᠭᠦᠯᠦᠭᠰᠡᠨ ᠰᠠᠭᠤᠷᠢ ᠮᠦᠩᠭᠦᠨ ᠤ ᠲᠥᠰᠦᠪ ᠤᠨ ᠲᠤᠭ᠎ᠠ ᠪᠠᠷᠢᠮᠲᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠨᠢᠭᠡᠳᠦᠯᠲᠡᠶ ᠲᠥᠯᠥᠪᠯᠡᠬᠦ ᠲᠥᠷᠥᠯ ᠵᠦᠢᠯ ᠤᠨ ᠰᠠᠭᠤᠷᠢ ᠮᠥᠩᠭᠦᠨ ᠤ ᠦᠯᠡᠳᠡᠬᠡᠯ ᠤᠨ ᠪᠠᠶᠢᠳᠠᠯ᠂ ᠥᠷᠭᠡᠳᠬᠡᠭᠰᠡᠨ ᠭᠡᠰᠡᠭ ᠤᠨ ᠬᠥᠮᠦᠨ ᠤ ᠲᠤᠭ᠎ᠠ᠂ ᠣᠯᠭᠤᠮᠵᠢ ᠦᠭᠭᠦ᠂ ᠳᠠᠭᠠᠳᠬᠠᠯ ᠳᠤ ᠣᠷᠣᠯᠴᠠᠭᠰᠠᠨ ᠬᠦᠮᠦᠰ᠂ ᠨᠡᠶᠢᠭᠡᠮ ᠤᠨ ᠳᠡᠭᠰᠢᠣᠡᠭᠡᠭᠰᠡᠨ ᠴᠠᠯᠢᠩ ᠤᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠲᠠᠢ ᠣᠶᠠᠯᠳᠣᠭᠤᠯᠵᠣ᠂ ᠡᠯ᠎ᠡ ᠭᠠᠵᠠᠷ ᠣᠷᠣᠨ ᠤ ᠮᠡᠳᠡᠭᠦᠯᠦᠭᠰᠡᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠢᠱᠢᠨ ᠪᠣᠳᠣᠵᠣ ᠬᠢᠨᠠᠨ ᠬᠠᠷᠭᠤᠭᠤᠯᠬᠤ ᠬᠡᠷᠩᠳᠠᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠲᠥᠰᠦᠯ ᠢ ᠴᠢᠩᠭ᠎ᠠ ᠬᠢᠨᠠᠨ ᠲᠣᠭᠲᠠᠭᠠᠬᠤ ᠬᠡᠷᠡᠭᠲᠡᠶ᠂ ᠡᠯ᠎ᠡ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠤᠳ ᠬᠢᠨᠠᠨ ᠬᠠᠷᠭᠤᠭᠤᠯᠬᠤ ᠳᠡᠰ ᠳᠠᠷᠠᠭᠠᠯᠠᠯ ᠢᠶᠠᠨ ᠵᠢᠷᠤᠮᠵᠢᠭᠤᠯᠵᠣ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠢᠨᠠᠨ ᠬᠠᠷᠭᠤᠭᠤᠯᠣᠯᠳᠠ ᠪᠠᠨ ᠴᠢᠩᠭᠠᠷᠠᠭᠤᠯᠣᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠠᠶᠢᠷᠠᠭᠤᠯᠣᠨ ᠵᠣᠬᠢᠶᠠᠬᠤ ᠠᠵᠢᠯ ᠤᠨ ᠤᠷᠤᠭᠰᠢᠲᠠᠶ ᠪᠡᠶᠡᠯᠡᠭᠳᠡᠭᠦ ᠶᠢ ᠦᠨᠡᠡᠭᠦ ᠪᠠᠲᠤᠯᠠᠬᠤ ᠬᠡᠷᠡᠭᠲᠡᠶ᠃      ᠭᠤᠷᠪᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠬᠡᠷᠩᠵᠢᠭᠦᠯᠭᠦ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠩᠳᠠᠢ      ︵ᠨᠢᠭᠡ︶ ᠲᠥᠰᠦᠪ ᠢ ᠬᠡᠷᠩᠵᠢᠭᠦᠯᠭᠦ ᠪᠠ ᠬᠢᠨᠠᠨ ᠰᠢᠨᠵᠢᠭᠦ ᠶᠢ ᠬᠢᠨᠠᠮᠠᠭᠠᠶ ᠰᠠᠶᠢᠲᠤᠷ ᠬᠢᠭᠦ ᠬᠡᠷᠡᠭᠲᠡᠶ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠪᠤᠯ ᠲᠤᠰ ᠱᠠᠳᠣᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ ᠪᠠ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠤᠳ ᠵᠥᠪᠰᠢᠶᠡᠷᠡᠭᠰᠡᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠶᠣᠰᠣᠭᠠᠷ ᠴᠢᠩᠭ᠎ᠠ ᠵᠢᠷᠤᠮᠯᠠᠨ ᠬᠡᠷᠩᠵᠢᠭᠦᠯᠭᠦ ᠬᠡᠷᠡᠭᠲᠡᠶ᠂ ᠰᠠᠷ᠎ᠠ ᠪᠦᠷᠢ ᠠᠳᠠᠯᠢ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠪᠣᠯᠣᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠲᠤ ᠰᠠᠭᠤᠷᠢ ᠮᠦᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠬᠡᠷᠩᠵᠢᠭᠦᠯᠭᠦ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠢᠨᠵᠢᠭᠦ᠂ ᠮᠡᠳᠡᠭᠡᠯᠡᠭᠦ᠂ ᠬᠢᠨᠠᠨ ᠰᠢᠨᠵᠢᠭᠦ ᠪᠠ ᠤᠷᠢᠳᠴᠢᠯᠠᠨ ᠰᠡᠷᠡᠮᠵᠢᠯᠡᠭᠦᠯᠬᠦ ᠲᠦᠷᠢᠮ ᠢ ᠪᠠᠶᠢᠭᠤᠯᠣᠨ ᠪᠦᠷᠢᠨᠰᠢᠭᠦᠯᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠡᠳᠦᠷ ᠲᠤᠳᠤᠮ ᠤᠨ ᠬᠢᠨᠠᠨ ᠰᠢᠨᠵᠢᠬᠦ ᠵᠠᠳᠠᠯᠤᠯᠲᠠ ᠶᠢ ᠰᠠᠶᠢᠲᠤᠷ ᠬᠢᠵᠦ᠂ ᠡᠯ᠎ᠡ ᠲᠦᠷᠣᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠡᠷᠡᠭᠵᠢᠭᠦᠯᠦᠭᠰᠡᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠠᠰᠠᠭᠤᠳᠠᠯ ᠢ ᠴᠠᠭ ᠲᠤᠬᠠᠶ ᠳᠤᠨᠢ ᠰᠡᠷᠡᠵᠣ ᠮᠡᠳᠡᠨ᠂ ᠤᠷᠢᠳᠠᠪᠠᠷ ᠰᠡᠷᠡᠮᠵᠢᠯᠡᠭᠦᠯᠣᠨ ᠰᠡᠷᠭᠡᠶᠢᠯᠡᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠬᠡᠷᠩᠵᠢᠭᠦᠯᠭᠦ ᠶᠢᠨ ᠰᠢᠨᠵᠢᠯᠡᠬᠦ ᠤᠬᠠᠭᠠᠨᠴᠢ ᠴᠢᠨᠠᠷ᠂ ᠬᠦᠯᠢᠶᠡᠰᠦᠯᠡᠬᠦ ᠴᠢᠨᠠᠷ ᠢ ᠦᠨᠡᠡᠭᠦ ᠴᠢᠩᠭᠠᠳᠬᠠᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠪᠦᠲᠦᠮᠵᠢᠲᠡᠶ ᠵᠣᠯᠭᠠᠭᠤᠯᠣᠯᠳᠠ ᠶᠢ ᠠᠬᠢᠭᠤᠯᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠪᠠ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠡᠭᠦ ᠪᠠᠲᠤᠯᠠᠬᠤ ᠬᠡᠷᠡᠭᠲᠡᠶ᠃      ︵ᠬᠤᠶᠠᠷ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠲᠣᠬᠢᠷᠠᠭᠤᠯᠬᠤ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠭᠦ ᠬᠡᠷᠩᠳᠠᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠬᠡᠷᠩᠵᠢᠭᠦᠯᠭᠦ ᠶᠠᠪᠤᠴᠠ ᠳᠤ ᠣᠨᠴᠣᠭᠤᠶ ᠪᠠᠶᠢᠳᠠᠯ ᠪᠤᠶᠤ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠬᠦᠴᠦᠨ ᠵᠦᠢᠯ ᠠᠴᠠ ᠪᠣᠯᠵᠣ ᠦᠨᠡᠡᠭᠦ ᠲᠣᠬᠢᠷᠠᠭᠤᠯᠬᠤ ᠴᠢᠬᠤᠯᠠᠲᠠᠶ ᠪᠠᠶᠢᠪᠡᠯ᠂ ᠲᠥᠰᠦᠪ ᠤᠨ ᠲᠤᠬᠢᠷᠡᠭᠤᠯᠦᠯᠳᠠ ᠬᠢᠬᠦ ᠰᠠᠨᠠᠭᠤᠯᠭ᠎ᠠ ᠪᠠᠨ ᠴᠠᠭ ᠲᠤᠬᠠᠶ ᠳᠤᠨᠢ ᠨᠠᠶᠢᠷᠠᠭᠤᠯᠣᠨ ᠵᠣᠬᠢᠶᠠᠬᠤ ᠶᠢᠨ ᠬᠠᠮᠳᠣ᠂ ᠲᠥᠰᠦᠪ ᠨᠠᠶᠢᠷᠠᠭᠤᠯᠣᠨ ᠵᠣᠬᠢᠶᠠᠵᠣ ᠬᠢᠨᠠᠨ ᠵᠥᠪᠰᠢᠶᠡᠷᠡᠭᠦᠯᠭᠦ ᠳᠡᠰ ᠳᠠᠷᠠᠭᠠᠯᠠᠯ ᠢᠶᠠᠷ ᠮᠡᠳᠡᠭᠦᠯᠣᠨ ᠵᠥᠪᠰᠢᠶᠡᠷᠡᠭᠦᠯᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠳᠠᠳᠠᠪᠣᠷᠢᠯᠠᠭᠰᠠᠨ ᠪᠠᠶᠢᠪᠠᠯ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠣᠷᠣᠯᠭ᠎ᠠ ᠶᠢᠨ ᠲᠥᠰᠦᠪ ᠲᠤ ᠲᠤᠬᠢᠷᠡᠭᠤᠯᠦᠯᠳᠠ ᠬᠢᠬᠦ ᠰᠠᠨᠠᠭᠤᠯᠭ᠎ᠠ ᠶᠢ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠳᠤᠷᠠᠳᠬᠤ ᠬᠡᠷᠡᠭᠲᠡᠶ᠃ ᠵᠥᠪᠰᠢᠶᠡᠷᠡᠭᠦᠯᠦᠭᠰᠡᠨ ᠦᠭᠡᠢ ᠪᠠᠶᠢᠪᠡᠯ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠲᠤ ᠲᠤᠬᠢᠷᠡᠭᠤᠯᠦᠯᠳᠠ ᠬᠢᠵᠦ ᠪᠣᠯᠬᠤ ᠤᠢᠭᠡᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠬᠡᠷᠩᠵᠢᠭᠦᠯᠭᠦ ᠳᠤᠮᠳᠠ᠂ ᠳᠡᠭᠡᠳᠦ ᠱᠠᠲᠤᠨ ᠤ ᠵᠠᠰᠠᠭ ᠤᠨ ᠣᠷᠳᠣᠨ ᠡᠭᠡᠭᠦᠯᠦᠨ ᠪᠤᠴᠠᠭᠠᠭᠰᠠᠨ ᠪᠤᠶᠤ ᠨᠥᠬᠦᠪᠥᠷᠢ ᠥᠭᠭᠦᠭᠰᠡᠨ ᠠᠴᠠ ᠪᠣᠯᠣᠭᠰᠠᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠬᠤᠪᠢᠷᠠᠯᠲᠠ ᠨᠢ ᠲᠥᠰᠦᠪ ᠤᠨ ᠲᠣᠬᠢᠷᠠᠭᠤᠯᠤᠯᠲᠠ ᠳᠤ ᠪᠠᠭᠲᠠᠬᠤ ᠦᠭᠡᠢ᠂ ᠭᠡᠪᠡᠴᠦ ᠡᠭᠡᠭᠦᠯᠦᠨ ᠪᠤᠴᠠᠭᠠᠬᠤ ᠶᠢ ᠭᠦᠯᠢᠶᠡᠭᠰᠡᠨ ᠪᠤᠶᠤ ᠨᠥᠬᠦᠪᠥᠷᠢ ᠦᠭᠭᠦᠭᠰᠡᠨ ᠪᠠᠶᠢᠳᠠᠯ ᠢᠶᠠᠨ ᠴᠠᠭ ᠳᠠᠷᠤᠶ ᠳᠤᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠭᠦ ᠬᠡᠷᠩᠳᠠᠢ᠃      ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠭᠦᠢᠴᠡᠳᠬᠡᠯ ᠢ ᠰᠠᠶᠢᠲᠤᠷ ᠨᠠᠶᠢᠷᠠᠭᠤᠯᠣᠨ ᠵᠣᠬᠢᠶᠠᠬᠤ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠭᠦᠢᠴᠡᠳᠬᠡᠯ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠶᠠᠪᠤᠳᠠᠯ ᠪᠠ ᠨᠢᠭᠲᠠᠯᠠᠨ ᠪᠤᠳᠤᠬᠤ ᠳᠦᠷᠢᠮ ᠤᠨ ᠱᠠᠭᠠᠷᠳᠠᠯᠭ᠎ᠠ ᠶᠢ ᠵᠢᠷᠣᠮᠯᠠᠵᠣ᠂ ᠲᠣᠭᠲᠠᠭᠰᠠᠨ ᠭᠦᠷᠢᠶ᠎ᠡ ᠴᠠᠷᠭ᠎ᠠ᠂ ᠳᠡᠰ ᠳᠠᠷᠠᠭᠠᠯᠠᠯ᠂ ᠬᠡᠯᠪᠡᠷᠢ ᠪᠠ ᠴᠠᠭ ᠬᠤᠭᠤᠴᠠᠭ᠎ᠠ ᠪᠠᠷ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠣᠨ ᠨᠠᠶᠢᠷᠠᠭᠤᠯᠣᠨ ᠵᠣᠬᠢᠶᠠᠵᠣ᠂ ᠣᠷᠣᠯᠭ᠎ᠠ ᠵᠠᠷᠤᠯᠭ᠎ᠠ ᠶᠢᠨ ᠲᠤᠭ᠎ᠠ ᠬᠡᠮᠵᠢᠶ᠎ᠠ ᠨᠢ ᠣᠨᠣᠪᠴᠢᠲᠠᠶ᠂ ᠠᠭᠤᠯᠭ᠎ᠠ ᠨᠢ ᠪᠦᠷᠢᠨ ᠪᠦᠲᠦᠨ᠂ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢ ᠪᠡᠶᠡᠯᠡᠭᠦᠯᠭᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠭᠦᠢᠴᠡᠳᠬᠡᠯ ᠤᠨ ᠡᠬᠡ ᠲᠥᠰᠦᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠣᠨ ᠬᠢᠨᠠᠨ ᠪᠠᠶᠢᠴᠠᠭᠠᠯᠵᠣ ᠵᠥᠪᠰᠢᠶᠡᠷᠡᠭᠦᠯᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠭᠦᠢᠴᠡᠳᠬᠡᠯ ᠢ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠡᠮᠵᠢᠵᠣ ᠵᠦᠪᠰᠢᠶᠡᠷᠡᠭᠦᠯᠣᠭ᠍ᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠲᠣᠭᠲᠠᠭᠰᠠᠨ ᠳᠡᠰ ᠳᠠᠷᠠᠭᠠᠯᠠᠯ ᠢᠶᠠᠷ ᠴᠠᠭ ᠲᠤᠬᠠᠶ ᠳᠤᠨᠢ ᠴᠣᠬᠤᠯᠠᠪᠣᠷᠢᠯᠠᠬᠤ ᠬᠡᠷᠡᠭᠲᠡᠶ᠃      ᠲᠦᠷᠪᠡ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠵᠣ ᠬᠠᠮᠢᠶᠠᠷᠬᠤ ᠶᠢ ᠴᠢᠩᠭᠠᠳᠬᠠᠬᠤ ᠬᠡᠷᠩᠳᠠᠢ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠣᠷᠣᠯᠭ᠎ᠠ ᠶᠢᠨ ᠲᠥᠰᠦᠪ ᠢ ᠴᠢᠩᠭ᠎ᠠ ᠬᠡᠷᠡᠭᠵᠢᠭᠦᠯᠵᠦ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠳᠠᠭᠠᠳᠬᠠᠯ ᠤᠨ ᠰᠦᠢᠳᠬᠡᠯ ᠳᠠᠬᠢ ᠥᠷᠭᠡᠳᠬᠡᠭᠰᠡᠨ ᠬᠡᠰᠡᠭ ᠤᠨ ᠳᠠᠳᠠᠪᠣᠷᠢᠯᠠᠨ ᠲᠣᠰᠢᠶᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠪᠠ ᠳᠦᠷᠢᠮ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ ᠪᠠ ᠨᠡᠶᠢᠭᠡᠮ ᠤᠨ ᠳᠠᠭᠠᠳᠬᠠᠯ ᠤᠨ ᠰᠦᠢᠳᠬᠡᠯ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠤᠯᠢ ᠶᠣᠰᠣᠭᠠᠷ ᠴᠠᠭ ᠲᠤᠬᠠᠶ ᠳᠤᠨᠢ ᠭᠦᠢᠴᠡᠣᠨ ᠲᠤᠭ᠎ᠠ ᠪᠠᠷ ᠬᠠᠷᠭᠤᠭᠤᠯᠣᠨ ᠲᠣᠭᠲᠠᠭᠠᠵᠣ᠂ ᠲᠠᠲᠠᠪᠤᠷᠢᠯᠠᠨ ᠲᠣᠰᠢᠶᠠᠬᠤ ᠬᠡᠷᠩᠳᠠᠢ᠂ ᠲᠠᠲᠠᠪᠤᠷᠢᠯᠠᠨ ᠲᠣᠰᠢᠶᠠᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠲᠠᠲᠠᠪᠤᠷᠢᠯᠠᠨ ᠲᠣᠰᠢᠶᠠᠬᠤ ᠳᠡᠰ ᠳᠠᠷᠠᠭᠠᠯᠠᠯ ᠢᠶᠠᠨ ᠵᠢᠷᠤᠮᠵᠢᠭᠤᠯᠣᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠬᠠᠷᠭᠤᠭᠤᠯᠬᠤ ᠴᠢᠬᠤᠯᠳᠠᠢ ᠶᠢ ᠨᠢ ᠪᠦᠭᠦᠨ ᠢ ᠬᠠᠷᠭᠤᠭᠤᠯᠣᠨ᠂ ᠬᠤᠷᠢᠶᠠᠪᠠᠰᠣ ᠵᠣᠬᠢᠬᠤ ᠶᠢ ᠨᠢ ᠪᠦᠭᠦᠨ ᠢ ᠬᠤᠷᠢᠶᠠᠵᠣ᠂ ᠰᠢᠯᠵᠢᠭᠦᠯᠪᠡᠰᠣ ᠵᠣᠬᠢᠬᠤ ᠶᠢ ᠨᠢ ᠪᠦᠭᠦᠨ ᠢ ᠰᠢᠯᠵᠢᠭᠦᠯᠵᠣ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠣᠭᠳᠠᠭᠠᠯ ᠠᠴᠠ ᠵᠥᠷᠢᠴᠡᠨ ᠬᠤᠷᠢᠶᠠᠬᠤ ᠠᠴᠠ ᠬᠡᠯᠳᠣᠷᠢᠭᠦᠯᠭᠦ᠂ ᠪᠠᠭ᠎ᠠ ᠲᠣᠰᠢᠶᠠᠬᠤ ᠪᠤᠶᠤ ᠢᠯᠡᠭᠦᠦ ᠬᠤᠷᠢᠶᠠᠵᠣ ᠪᠣᠯᠬᠤ ᠦᠭᠡᠢ᠃ ᠬᠥᠮᠦᠨ ᠬᠡᠷᠡᠭᠯᠡᠬᠦ ᠨᠢᠭᠡᠴᠨ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠲᠤᠰᠢᠶᠠᠭᠰᠠᠨ ᠦᠭᠡᠢ ᠪᠠᠶᠢᠪᠠᠯ᠂ ᠬᠤᠭᠤᠴᠠᠭ᠎ᠠ ᠬᠢᠵᠠᠭᠠᠷᠯᠠᠨ ᠲᠤᠰᠢᠶᠠᠯᠭᠠᠬᠤ ᠪᠤᠶᠤ ᠭᠦᠢᠴᠡᠣᠨ ᠨᠥᠬᠦᠭᠦᠯᠭᠦ ᠪᠠᠷ ᠵᠠᠷᠯᠢᠭᠳᠠᠵᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠠᠭᠠᠷ ᠬᠡᠷᠡᠭᠵᠢᠭᠦᠯᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠨᠢ ᠳᠠᠭᠠᠳᠬᠠᠯ ᠳᠤ ᠣᠷᠣᠯᠴᠠᠭᠰᠠᠨ ᠬᠥᠮᠦᠨ ᠬᠡᠷᠡᠭᠯᠡᠬᠦ ᠨᠢᠭᠡᠴᠨ ᠶᠢᠨ ᠪᠡᠯᠡᠨ ᠵᠣᠭᠤᠰ ᠪᠠ ᠪᠡᠯᠡᠨ ᠵᠣᠭᠤᠰᠣᠨ ᠤ ᠪᠠᠷᠢᠮᠳᠠ᠂ ᠠᠯᠣᠰ ᠬᠤᠭᠤᠴᠠᠭᠠᠨ ᠤ ᠫᠢᠶᠣᠣ ᠪᠠᠷᠢᠮᠲᠠ᠂ ᠦᠨᠡᠲᠦ ᠲᠡᠮᠳᠡᠭᠲᠦ ᠵᠡᠷᠭᠡ ᠬᠡᠯᠪᠡᠷᠢ ᠪᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠷ ᠲᠤᠰᠢᠶᠠᠬᠤ ᠶᠢ ᠭᠦᠯᠢᠶᠠᠨ ᠠᠪᠴᠣ ᠪᠣᠯᠬᠤ ᠦᠭᠡᠢ᠃ ᠮᠡᠳᠡᠭᠡ ᠵᠠᠩᠭᠢᠵᠢᠯᠲᠠ ᠵᠡᠷᠭᠡ ᠨᠥᠬᠦᠴᠡᠯ ᠳᠤ ᠬᠢᠵᠠᠭᠠᠷᠯᠠᠭᠳᠠᠬᠤ ᠭᠠᠵᠡᠷ ᠣᠷᠣᠨ ᠳᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠨᠢ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠡᠭᠦ ᠪᠠᠲᠤᠯᠠᠭᠰᠠᠨ ᠤᠷᠢᠲᠠᠯ ᠳᠣᠣᠷ᠎ᠠ ᠵᠢᠷᠤᠮᠵᠢᠯ ᠲᠠᠢ ᠪᠠᠷ ᠲᠠᠲᠠᠪᠤᠷᠢᠯᠠᠨ ᠲᠣᠰᠢᠶᠠᠬᠤ ᠬᠡᠷᠩᠳᠠᠢ᠃ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ ᠪᠠ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠤᠳ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠨ ᠲᠦᠷᠭᠡᠳᠬᠡᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠣᠭᠲᠠᠭᠠᠯ ᠶᠣᠰᠣᠭᠠᠷ ᠴᠠᠭ ᠲᠣᠬᠠᠢ ᠳᠤᠨᠢ ᠡᠳ᠋ ᠤᠨ ᠵᠠᠰᠠᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠤᠰᠬᠠᠶ ᠡᠷᠦᠬᠡ ᠳᠤ ᠰᠢᠯᠵᠢᠭᠦᠯᠣᠨ ᠣᠷᠣᠭᠤᠯᠬᠤ ᠶᠢ ᠪᠠᠳᠣᠯᠠᠬᠤ ᠬᠡᠷᠩᠳᠠᠢ᠂ ᠰᠠᠭᠠᠣᠠᠬᠠᠨ ᠦᠯᠡᠳᠡᠭᠡᠭᠦ ᠪᠣᠶᠣ ᠰᠢᠯᠵᠢᠭᠦᠯᠣᠨ ᠬᠡᠷᠩᠯᠡᠵᠣ ᠪᠣᠯᠬᠤ ᠦᠭᠡᠢ᠃ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠷᠭᠤᠭᠤᠯᠣᠨ ᠲᠣᠭᠲᠠᠭᠠᠵᠣ ᠲᠠᠲᠠᠪᠤᠷᠢᠯᠠᠨ ᠲᠣᠰᠢᠶᠠᠭᠰᠠᠨ ᠪᠠᠶᠢᠳᠠᠯ᠂ ᠬᠥᠮᠦᠨ ᠬᠡᠷᠡᠭᠯᠡᠬᠦ ᠨᠢᠭᠡᠴᠨ ᠪᠣᠯᠤᠨ ᠬᠤᠪᠢ ᠬᠥᠮᠦᠨ ᠤ ᠲᠤᠰᠢᠶᠠᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠠᠰᠠᠭᠤᠳᠠᠯ ᠲᠠᠢ ᠶᠢ ᠨᠢ ᠴᠠᠭ ᠲᠤᠬᠠᠶ ᠳᠤᠨᠢ ᠬᠠᠤᠯᠢ ᠲᠣᠭᠲᠠᠭᠠᠯ ᠶᠣᠰᠣᠭᠠᠷ ᠵᠠᠯᠠᠷᠠᠭᠤᠯᠬᠤ ᠪᠠ ᠰᠢᠢᠣᠡᠪᠣᠷᠢᠯᠡᠭᠦ ᠬᠡᠷᠩᠳᠠᠢ᠃      ᠲᠠᠪᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠩᠳᠠᠢ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ ᠶᠢᠨ ᠲᠥᠰᠦᠪ ᠢ ᠴᠢᠩᠭ᠎ᠠ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠤᠭᠤᠳ ᠲᠣᠭᠲᠠᠭᠰᠠᠨ ᠲᠦᠷᠣᠯ ᠵᠦᠢᠯ ᠪᠠ ᠪᠠᠷᠢᠮᠵᠢᠶ᠎ᠠ ᠶᠣᠰᠣᠭᠠᠷ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠶ ᠳᠤᠨᠢ ᠭᠦᠢᠴᠡᠣᠨ ᠲᠤᠭ᠎ᠠ ᠪᠠᠷ ᠵᠠᠷᠣᠴᠠᠭᠤᠯᠵᠣ᠂ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠲᠣᠷ᠎ᠡ ᠪᠠᠷ ᠢᠶᠠᠨ ᠵᠠᠷᠤᠯᠭ᠎ᠠ ᠶᠢᠨ ᠬᠦᠷᠢᠶ᠎ᠡ ᠴᠠᠷᠠᠭ᠎ᠠ᠂ ᠵᠠᠷᠣᠴᠠᠭᠤᠯᠬᠤ ᠲᠦᠷᠣᠯ ᠵᠦᠢᠯ ᠢ ᠨᠡᠮᠡᠵᠣ ᠬᠠᠰᠤᠬᠤ᠂ ᠵᠠᠷᠣᠴᠠᠭᠤᠯᠬᠤ ᠪᠠᠷᠢᠮᠵᠢᠶ᠎ᠠ ᠶᠢ ᠬᠤᠪᠢᠷᠠᠭᠤᠯᠵᠣ ᠪᠣᠯᠬᠤ ᠦᠭᠡᠢ᠃ ᠳᠡᠰ ᠳᠠᠷᠠᠭᠠᠯᠠᠯ ᠶᠣᠰᠣᠭᠠᠷ ᠰᠠᠭᠤᠷᠢ ᠮᠦᠡᠭᠬᠦᠨ ᠤ ᠤᠯᠭᠤᠬᠤ ᠲᠤᠬᠠᠶᠢᠯᠠᠭᠰᠠᠨ ᠠᠵᠢᠯ ᠢ ᠴᠢᠩᠭ᠎ᠠ ᠭᠦᠢᠴᠡᠳᠬᠡᠭᠦ ᠬᠡᠷᠩᠳᠠᠢ᠃ ᠰᠠᠭᠤᠷᠢ ᠮᠥᠩᠭᠦ ᠤᠯᠭᠤᠬᠤ ᠳᠠᠭᠠᠨ ᠡᠩ ᠤᠨ ᠪᠠᠶᠢᠳᠠᠯ ᠳᠤ ᠰᠢᠭᠤᠣᠨ ᠪᠡᠯᠡᠨ ᠵᠣᠭᠤᠰ ᠵᠠᠷᠣᠬᠤ ᠦᠭᠡᠢ ᠪᠠᠶᠢᠵᠣ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠣᠣᠷ ᠴᠢᠬ ᠨᠢ ᠴᠦ ᠪᠡᠯᠡᠨ ᠵᠣᠭᠤᠰ ᠤᠯᠭᠤᠬᠤ ᠲᠤᠬᠠᠶᠢᠯᠠᠭᠰᠠᠨ ᠠᠵᠢᠯ ᠢ ᠠᠯᠬᠤᠮ ᠠᠯᠬᠤᠮ ᠢᠶᠠᠷ ᠭᠦᠴᠣᠨ ᠦᠭᠡᠢ ᠪᠣᠯᠭᠠᠬᠤ ᠬᠡᠷᠩᠳᠠᠢ᠃ ᠳᠠᠭᠠᠳᠬᠠᠯ ᠳᠤ ᠣᠷᠣᠯᠴᠠᠭᠰᠠᠨ ᠬᠥᠮᠦᠰ ᠤᠨ ᠨᠡᠶᠢᠭᠡᠮ ᠤᠨ ᠳᠠᠭᠠᠳᠬᠠᠯ ᠤᠨ ᠣᠯᠭᠤᠮᠵᠢ ᠬᠦᠷᠳᠡᠬᠦ ᠬᠢᠷᠢ ᠬᠡᠮ ᠢ ᠭᠡᠷᠡᠴᠢᠯᠡᠵᠣ ᠲᠣᠭᠳᠠᠭᠠᠬᠤ ᠠᠵᠢᠯ ᠢᠶᠠᠨ ᠦᠨᠡᠡᠭᠦ ᠰᠠᠶᠢᠳᠣᠷ ᠬᠢᠵᠦ᠂ ᠵᠠᠷᠢᠮ ᠬᠥᠮᠦᠨ ᠭᠡᠷᠡᠴᠢ ᠮᠠᠲ᠋ᠧᠷᠢᠶᠠᠯ ᠬᠠᠭᠤᠷᠮᠠᠭᠯᠠᠨ ᠵᠣᠬᠢᠶᠠᠬᠤ᠂ ᠪᠤᠰᠤᠳ ᠭᠦᠮᠣᠰ ᠤᠨ ᠭᠡᠷᠡᠴᠢ ᠲᠡᠮᠳᠡᠭ ᠢ ᠬᠠᠭᠤᠷᠮᠠᠭᠯᠠᠨ ᠵᠠᠷᠣᠬᠤ᠂ ᠪᠣᠳᠠᠲᠤ ᠶᠠᠪᠤᠳᠠᠯ ᠢᠶᠠᠨ ᠨᠢᠭᠤᠨ ᠳᠠᠯᠳᠠᠯᠠᠬᠤ ᠵᠡᠷᠭᠡ ᠬᠠᠭᠤᠷᠤᠨ ᠮᠡᠬᠡᠯᠡᠬᠦ ᠠᠷᠭ᠎ᠠ ᠪᠠᠷᠢᠯ ᠢᠶᠠᠷ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢ ᠮᠡᠬᠡᠯᠡᠨ ᠠᠪᠬᠤ ᠪᠤᠶᠤ ᠮᠡᠬᠡᠯᠡᠨ ᠠᠪᠬᠤ ᠳᠤ ᠬᠠᠪᠰᠤᠷᠬᠤ ᠵᠢᠴᠢ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠨᠥᠬᠦᠴᠡᠯ ᠪᠤᠶᠤ ᠬᠢᠷᠢ ᠬᠡᠮ ᠢᠶᠠᠨ ᠠᠯᠳᠠᠭᠰᠠᠨ ᠪᠠᠶᠢᠳᠠᠯ᠎ᠠ ᠦᠷᠭᠦᠯᠵᠢᠯᠡᠨ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠦᠵᠡᠭᠳᠡᠯ ᠡᠬᠦᠰᠭᠦ ᠠᠴᠠ ᠰᠡᠷᠭᠡᠶᠢᠯᠡᠭᠦ ᠬᠡᠷᠩᠳᠠᠢ᠃ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠪᠠ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠪᠠᠶᠢᠭᠤᠯᠤᠮᠵᠢ ᠪᠠ ᠬᠤᠪᠢ ᠬᠥᠮᠦᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ ᠪᠤᠶᠤ ᠣᠯᠭᠤᠮᠵᠢ ᠶᠢ ᠮᠡᠬᠡᠯᠡᠨ ᠠᠪᠬᠤ ᠪᠠᠶᠢᠳᠠᠯ ᠣᠷᠣᠰᠢᠵᠣ ᠪᠠᠶᠢᠬᠤ ᠵᠢᠴᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠨᠢᠭᠤᠨ ᠳᠠᠯᠳᠠᠯᠠᠭᠰᠠᠨ᠂ ᠰᠢᠯᠵᠢᠭᠦᠯᠦᠭᠰᠡᠨ᠂ ᠡᠵᠡᠯᠡᠭᠰᠡᠨ᠂ ᠰᠢᠯᠵᠢᠭᠦᠯᠣᠨ ᠵᠠᠷᠣᠭᠰᠠᠨ ᠪᠤᠶᠤ ᠲᠣᠭᠲᠠᠭᠠᠯ ᠠᠴᠠ ᠵᠥᠷᠢᠴᠡᠨ ᠪᠡᠯᠡ ᠣᠷᠣᠭᠤᠯᠣᠨ ᠡᠵᠡᠩᠨᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠨ ᠠᠵᠢᠯᠯᠠᠭ᠎ᠠ ᠶᠢ ᠤᠯᠵᠦ ᠮᠡᠳᠡᠪᠡᠯ᠂ ᠬᠠᠤᠯᠢ ᠶᠣᠰᠣᠭᠠᠷ ᠴᠢᠩᠭ᠎ᠠ ᠰᠢᠢᠣᠡᠪᠣᠷᠢᠯᠡᠭᠦ ᠬᠡᠷᠡᠭᠲᠡᠶ᠃ ᠵ᠊      ᠵᠷᠭᠤᠭ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠤᠰᠬᠠᠶ ᠡᠷᠦᠬᠡ ᠪᠠ ᠦᠯᠡᠳᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠩᠳᠠᠢ      ︵ᠨᠢᠭᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠳᠠᠩᠰᠠᠨ ᠡᠷᠦᠬᠡ ᠶᠢᠨ ᠬᠠᠮᠢᠶᠠᠷᠣᠯᠳᠠ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠡᠳ᠋ ᠤᠨ ᠵᠠᠰᠠᠭ ᠤᠨ ᠲᠤᠰᠬᠠᠶ ᠡᠷᠣᠭᠡ ᠳᠤ ᠣᠷᠣᠭᠤᠯᠣᠨ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠭᠦ ᠶᠢᠨ ᠬᠠᠮᠲᠤ᠂ ᠳᠠᠭᠠᠳᠬᠠᠯ ᠤᠨ ᠲᠥᠷᠥᠯ ᠢᠶᠠᠷ ᠲᠣᠰ ᠲᠣᠰ ᠳᠠᠩᠰᠠ ᠪᠠᠶᠢᠭᠤᠯᠵᠣ᠂ ᠳᠠᠩᠰᠠ ᠬᠤᠪᠢᠶᠠᠨ ᠲᠣᠭᠠᠴᠠᠭ᠎ᠠ ᠬᠢᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠤᠯᠤᠰ ᠤᠨ ᠲᠥᠷᠤ ᠶᠢᠨ ᠪᠤᠲᠤᠯᠭ᠎ᠠ ᠶᠣᠰᠣᠭᠠᠷ ᠲᠡᠩᠰᠠ ᠪᠠᠶᠢᠭᠤᠯᠤᠭᠰᠠᠨ ᠪᠠᠩᠬᠢ ᠶᠢ ᠰᠣᠩᠭᠤᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠡᠳ᠋ ᠤᠨ ᠵᠠᠰᠠᠭ ᠤᠨ ᠲᠤᠰᠬᠠᠶ ᠡᠷᠦᠬᠡ ᠪᠠᠶᠢᠭᠤᠯᠬᠤ ᠬᠡᠷᠡᠭᠳᠡᠢ᠂ ᠡᠳ᠋ ᠤᠨ ᠵᠠᠰᠠᠭ ᠤᠨ ᠶᠠᠮᠤᠨ ᠢᠶᠠᠷ ᠳᠡᠮᠵᠢᠨ ᠬᠠᠷᠭᠤᠭᠤᠯᠬᠤ ᠪᠠᠷ ᠮᠡᠳᠡᠭᠦᠯᠭᠦ ᠴᠢᠬᠤᠯᠠᠲᠠᠶ ᠪᠣᠯ ᠲᠣᠭᠲᠠᠭᠠᠯ ᠶᠣᠰᠣᠭᠠᠷ ᠬᠡᠷᠩᠵᠢᠭᠦᠯᠭᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠵᠠᠷᠤᠯᠭ᠎ᠠ ᠶᠢᠨ ᠡᠷᠦᠬᠡ ᠶᠢ ᠢᠯᠡ᠂ ᠡᠷᠭᠡ ᠳᠡᠭᠰᠢ᠂ ᠲᠥᠪ ᠭᠤᠣᠯᠴᠢ ᠪᠠᠶᠢᠯᠭᠠᠬᠤ ᠵᠠᠷᠴᠢᠮ ᠶᠣᠰᠣᠭᠠᠷ᠂ ᠠᠳᠠᠯᠢ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠤᠨ ᠬᠠᠮᠲᠤᠪᠠᠷ ᠦᠨᠡᠯᠡᠨ ᠲᠣᠭᠲᠠᠭᠠᠭᠰᠠᠨ ᠤᠯᠤᠰ ᠤᠨ ᠥᠮᠴᠢᠯᠡᠯᠳᠣ ︵ᠪᠤᠶᠤ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ︶ ᠪᠠᠩᠬᠢ ᠳᠤ ᠲᠣᠬᠢᠷᠠᠭᠤᠯᠣᠨ ᠪᠠᠶᠢᠭᠤᠯᠵᠣ ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠳᠠᠩᠰᠠᠯᠠᠵᠣ᠂ ᠵᠢᠯ ᠪᠦᠷᠢ ᠣᠨ ᠤ ᠪᠠᠶᠢᠴᠠᠭᠠᠯᠲᠠ ᠬᠢᠬᠦ ᠬᠡᠷᠩᠳᠠᠢ᠃ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠳᠠᠩᠰᠠ ᠪᠠᠶᠢᠭᠤᠯᠤᠭᠰᠠᠨ ᠪᠠᠩᠬᠢ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠣᠭᠲᠠᠮᠠᠯ ᠬᠤᠭᠤᠴᠠᠭ᠎ᠠ ᠲᠠᠢ ᠪᠠᠷ ᠲᠡᠩᠰᠠ ᠬᠠᠷᠭᠤᠭᠤᠯᠬᠤ᠂ ᠳᠠᠩᠰᠠ ᠪᠠ ᠲᠠᠩᠰᠠ᠂ ᠳᠠᠩᠰᠠ ᠪᠠ ᠵᠣᠭᠤᠰ᠂ ᠲᠡᠩᠰᠠ ᠪᠠ ᠬᠦᠰᠦᠨᠦᠭᠲᠦ ᠶᠢᠨ ᠬᠠᠷᠢᠯᠴᠠᠨ ᠨᠡᠶᠢᠴᠡᠬᠦ ᠶᠢ ᠦᠨᠡᠡᠭᠦ ᠪᠠᠳᠣᠯᠠᠬᠤ ᠬᠡᠷᠩᠳᠠᠢ᠃      ︵ᠬᠤᠶᠠᠷ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠡᠭᠬᠦᠨ ᠤ ᠬᠦᠦ ᠮᠦᠩᠭᠦ ᠶᠢᠨ ᠣᠷᠣᠯᠭ᠎ᠠ ᠶᠢᠨ ᠬᠠᠮᠢᠶᠠᠷᠣᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠡᠯ᠎ᠡ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠳᠠᠩᠰᠠ ᠪᠠᠶᠢᠭᠤᠯᠤᠭᠰᠠᠨ ᠪᠠᠩᠬᠢ ︵ᠡᠳ᠋ ᠤᠨ ᠵᠠᠰᠠᠭ ᠤᠨ ᠲᠤᠰᠬᠠᠶ ᠡᠷᠦᠬᠡ᠂ ᠵᠠᠷᠤᠯᠭ᠎ᠠ ᠶᠢᠨ ᠡᠷᠦᠬᠡ ᠶᠢᠨ ᠳᠠᠩᠰᠠ ᠨᠡᠭᠡᠭᠡᠭᠰᠡᠨ ᠪᠠᠩᠬᠢ ᠪᠠᠭᠳᠠᠨ᠎ᠠ︶᠎ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠳᠠᠭᠠᠯᠠᠮᠵᠢ ᠶᠢᠨ ᠬᠠᠷᠠᠭᠠᠯᠵᠠᠬᠤ ᠬᠦᠤ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠦ ᠮᠥᠩᠭᠦ ᠶᠢ ᠴᠠᠭ ᠲᠤᠬᠠᠶ ᠳᠤᠨᠢ ᠳ᠋ᠦᠩᠨᠡᠨ ᠬᠠᠳᠠᠭᠠᠯᠠᠬᠤ ᠬᠡᠷᠩᠳᠠᠢ᠃ ᠡᠯ᠎ᠡ ᠲᠦᠷᠣᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠦᠦ ᠮᠥᠩᠭᠦ ᠶᠢ ᠨᠢ ᠲᠤᠰ ᠲᠤᠰ ᠲᠤᠨᠢ ᠪᠣᠳᠣᠵᠦ᠂ ᠲᠣᠰ ᠲᠣᠰ ᠲᠤᠨᠢ ᠲᠣᠭᠠᠴᠠᠭ᠎ᠠ ᠬᠢᠭᠦ ᠶᠢᠨ ᠬᠠᠮᠳᠣ᠂ ᠴᠠᠭ ᠲᠤᠬᠠᠶ ᠳᠤᠨᠢ ᠬᠦᠦ ᠮᠦᠩᠭᠦ ᠶᠢᠨ ᠣᠷᠣᠯᠭ᠎ᠠ ᠶᠢ ᠵᠣᠬᠢᠬᠤ ᠳᠠᠭᠠᠳᠬᠠᠯ ᠤᠨ ᠲᠥᠷᠥᠯ ᠤᠨ ᠳᠠᠩᠰᠠᠨ ᠡᠷᠣᠭᠡ ᠳᠤ ᠪᠤᠳᠤᠨ ᠣᠷᠣᠭᠤᠯᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠬᠠᠮᠢᠶᠠᠷᠣᠯᠳᠠ ᠳᠤ ᠣᠷᠣᠭᠤᠯᠬᠤ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠪᠠᠩᠬᠢ ᠳᠤ ᠪᠠᠶᠢᠭᠤᠯᠤᠭᠰᠠᠨ ᠲᠡᠩᠰᠠ ᠪᠠ ᠬᠠᠷᠠᠭᠠᠯᠵᠠᠬᠤ ᠬᠦᠤ ᠶᠢᠨ ᠪᠠᠶᠢᠳᠠᠯ ᠳᠤ ᠬᠢᠨᠠᠯᠳᠠ ᠳᠠᠯᠪᠢᠵᠣ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃      ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠦᠯᠡᠳᠡᠪᠦᠷᠢ ᠶᠢᠨ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠦᠯᠡᠳᠡᠪᠦᠷᠢ ᠶᠢ ᠭᠦᠢᠴᠡᠳ ᠦᠯᠡᠳᠡᠭᠡᠵᠦ ᠳᠠᠷᠬᠠᠭᠠᠬᠤ᠂ ᠠᠮᠤᠷ ᠲᠦᠪᠰᠢᠨ ᠢ ᠦᠨᠡᠡᠭᠦ ᠪᠠᠲᠤᠯᠠᠭᠰᠠᠨ ᠪᠠᠶᠢᠳᠠᠯ ᠳᠣᠣᠷ᠎ᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠦᠷᠳᠡᠭ ᠪᠠᠲᠤᠯᠠᠵᠤ ᠦᠷᠳᠡᠭ ᠨᠡᠮᠡᠭᠳᠡᠭᠦ ᠶᠢ ᠪᠡᠶᠡᠯᠡᠭᠦᠯᠭᠦ ᠬᠡᠷᠩᠳᠠᠢ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠡᠳ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠵᠠᠷᠣᠵᠣ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠢ ᠲᠡᠩᠴᠡᠭᠦᠷᠢᠰᠢᠭᠦᠯᠵᠣ᠂ ᠲᠣᠭᠲᠠᠭᠠᠯ ᠠᠴᠠ ᠵᠥᠷᠢᠴᠡᠨ ᠪᠡᠯᠡ ᠣᠷᠣᠭᠤᠯᠣᠨ ᠡᠵᠡᠩᠨᠡᠵᠣ ᠪᠣᠯᠬᠤ ᠦᠭᠡᠢ᠂ ᠠᠵᠢᠯᠳᠠᠨ ᠤ ᠵᠠᠷᠤᠳᠠᠯ᠂ ᠠᠵᠢᠯᠯᠠᠭᠠᠨ ᠤ ᠵᠠᠷᠤᠳᠠᠯ᠂ ᠬᠠᠮᠢᠶᠠᠷᠤᠯᠲᠠ ᠶᠢᠨ ᠵᠠᠷᠤᠳᠠᠯ ᠳᠤ ᠭᠡᠷᠩᠯᠡᠭᠦ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠦᠷᠢᠴᠡᠨ ᠪᠤᠰᠤᠳ ᠵᠦᠢᠯ ᠳᠤ ᠰᠢᠯᠵᠢᠭᠦᠯᠣᠨ ᠵᠠᠷᠣᠵᠣ ᠪᠣᠯᠬᠤ ᠦᠭᠡᠢ᠃ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠤᠳ ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠠᠰᠢᠭ ᠤᠯᠵᠠᠪᠤᠷᠢ ᠶᠢᠨ ᠬᠠᠮᠤᠭ ᠶᠡᠭᠡ ᠪᠤᠯᠬᠤ ᠶᠢ ᠴᠢᠷᠮᠠᠶᠢᠨ ᠪᠡᠶᠡᠯᠡᠭᠦᠯᠵᠦ᠂ ᠦᠯᠡᠳᠡᠪᠦᠷᠢ ᠰᠠᠭᠤᠷᠢ ᠮᠥᠩᠭᠦ ᠶᠢᠨ ᠬᠠᠳᠠᠭᠠᠯᠠᠬᠤ ᠬᠡᠯᠪᠡᠷᠢ᠂ ᠬᠠᠳᠠᠭᠠᠯᠠᠬᠤ ᠪᠠᠩᠬᠢ᠂ ᠬᠠᠳᠠᠭᠠᠯᠠᠬᠤ ᠲᠤᠭ᠎ᠠ ᠬᠡᠮᠵᠢᠶ᠎ᠡ᠂ ᠬᠠᠳᠠᠭᠠᠯᠠᠬᠤ ᠴᠠᠭ ᠬᠤᠭᠤᠴᠠᠭ᠎ᠠ ᠪᠣᠯᠣᠨ ᠠᠰᠢᠭ ᠣᠯᠵᠠᠪᠤᠷᠢ ᠵᠡᠷᠭᠡ ᠪᠠᠶᠢᠳᠠᠯ ᠳᠠᠬᠢ ᠬᠢᠨᠠᠯᠳᠠ ᠪᠠᠶᠢᠴᠠᠭᠠᠯᠳᠠ ᠪᠠᠨ ᠴᠢᠩᠭᠠᠣᠠᠬᠠᠵᠣ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠭᠦ ᠶᠢᠨ ᠬᠠᠮᠳᠣ ᠲᠣᠭᠲᠠᠭᠠᠯ ᠶᠣᠰᠣᠭᠠᠷ ᠰᠢᠢᠣᠡᠪᠣᠷᠢᠯᠡᠭᠦ ᠬᠡᠷᠡᠭᠲᠡᠶ᠃      ᠲᠤᠯᠤᠭ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠰᠢᠯᠭᠠᠨ ᠬᠢᠨᠠᠬᠤ ᠪᠠ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠬᠤ ᠬᠡᠷᠩᠳᠠᠢ      ︵ᠨᠢᠭᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠳᠠ ᠶᠢᠨ ᠰᠠᠭᠤᠷᠢ ᠮᠦᠩᠭᠦᠨ ᠤ ᠲᠥᠰᠦᠪ ᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠰᠢᠯᠭᠠᠨ ᠬᠢᠨᠠᠬᠤ ᠳᠤ ᠴᠢᠨᠠᠷ ᠲᠣᠭᠳᠠᠭᠠᠬᠤ ᠪᠠ ᠭᠡᠮᠵᠢᠶ᠎ᠠ ᠲᠣᠭᠳᠠᠭᠠᠬᠤ ᠶᠢ ᠬᠠᠷᠢᠯᠴᠠᠨ ᠤᠶᠠᠯᠳᠤᠭᠤᠯᠬᠤ᠂ ᠡᠳᠦᠷ ᠲᠤᠳᠤᠮ ᠤᠨ ᠰᠢᠯᠭᠠᠨ ᠬᠢᠨᠠᠬᠤ ᠪᠠ ᠵᠢᠯ ᠤᠨ ᠡᠴᠦᠰ ᠤᠨ ᠰᠢᠯᠭᠠᠨ ᠦᠨᠡᠯᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠬᠤ ᠬᠡᠷᠩᠳᠠᠢ᠃ ᠰᠢᠯᠭᠠᠨ ᠬᠢᠨᠠᠬᠤ ᠠᠭᠤᠯᠭ᠎ᠠ ᠳᠤ ᠭᠤᠣᠯᠳᠠᠭᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠣᠨ ᠵᠣᠬᠢᠶᠠᠬᠤ᠂ ᠲᠥᠰᠦᠪ ᠬᠡᠷᠩᠵᠢᠭᠦᠯᠭᠦ᠂ ᠲᠥᠰᠦᠪ ᠤᠨ ᠬᠢᠨᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠪᠠᠭᠳᠠᠭᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠶᠡᠷᠦᠩᠬᠡᠶᠢᠯᠡᠨ ᠬᠡᠷᠡᠭᠯᠡᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠲᠥᠰᠦᠪ ᠬᠡᠷᠡᠭᠵᠢᠭᠦᠯᠭᠦ ᠦᠢᠯᠡᠳᠣᠯ ᠢ ᠦᠨᠡᠡᠭᠦ ᠪᠠᠲᠤᠯᠠᠬᠤ ᠬᠡᠷᠡᠭᠲᠡᠶ᠃      ︵ᠬᠤᠶᠠᠷ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠤᠳᠠᠭᠳᠠᠭᠰᠠᠨ ᠬᠡᠰᠡᠭ ᠢ ᠬᠤᠪᠢᠶᠠᠨ ᠡᠭᠦᠷᠭᠡᠯᠡᠭᠦ ᠲᠣᠭᠲᠠᠴᠠ ᠶᠢ ᠪᠠᠶᠢᠭᠤᠯᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ ᠳᠠᠭᠠᠳᠬᠠᠯ ᠤᠨ ᠲᠦᠷᠣᠯ ᠵᠦᠢᠯ ᠳᠤ ᠳᠠᠷᠬᠠᠭᠠᠬᠤ ᠶᠢ ᠪᠠᠳᠣᠯᠠᠬᠤ ᠪᠠ ᠲᠣᠭᠲᠠᠭᠤᠨ ᠪᠠᠶᠢᠯᠭᠠᠬᠤ ᠶᠢ ᠪᠠᠳᠣᠯᠠᠬᠤ ᠪᠠᠨ ᠬᠠᠷᠢᠯᠴᠠᠨ ᠤᠶᠠᠯᠳᠤᠭᠤᠯᠬᠤ᠂ ᠳᠡᠭᠡᠳᠣ ᠱᠠᠲᠤᠨ ᠠᠴᠠ ᠨᠥᠬᠦᠪᠥᠷᠢᠯᠡᠭᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠣᠷᠣᠯᠭ᠎ᠠ ᠵᠠᠷᠤᠯᠭ᠎ᠠ ᠶᠢᠨ ᠳᠤᠲᠠᠭᠳᠠᠭᠰᠠᠨ ᠬᠡᠰᠡᠭ ᠢ ᠡᠯ᠎ᠡ ᠱᠠᠲᠤᠨ ᠤ ᠵᠠᠰᠠᠭ ᠤᠨ ᠣᠷᠳᠣᠨ ᠬᠤᠪᠢᠶᠠᠨ ᠡᠭᠦᠷᠭᠡᠯᠡᠭᠦ ᠲᠣᠭᠲᠠᠴᠠ ᠶᠢ ᠪᠠᠶᠢᠭᠤᠯᠬᠤ ᠬᠡᠷᠩᠳᠠᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠨᠡᠶᠢᠭᠡᠮ ᠤᠨ ᠳᠠᠭᠠᠳᠬᠠᠯ ᠤᠨ ᠦᠷᠭᠡᠣᠡᠭᠡᠭᠰᠠᠨ ᠬᠡᠰᠡᠭ ᠢ ᠲᠠᠲᠠᠪᠤᠷᠢᠯᠠᠨ ᠲᠣᠰᠢᠶᠠᠬᠤ᠂ ᠥᠷᠢ ᠦᠭᠴᠡᠭᠡ ᠶᠢ ᠢᠯᠭᠠᠷᠠᠭᠤᠯᠬᠤ᠂ ᠰᠠᠭᠤᠷᠢ ᠮᠦᠩᠭᠦᠨ ᠤ ᠣᠷᠣᠯᠭ᠎ᠠ ᠵᠠᠷᠤᠯᠭ᠎ᠠ ᠶᠢ ᠪᠠᠳᠤᠯᠠᠨ ᠳᠠᠭᠠᠭᠠᠬᠤ ᠪᠠ ᠰᠠᠭᠤᠷᠢ ᠮᠦᠩᠭᠦᠨ ᠤ ᠠᠶᠤᠯ ᠥᠭᠡᠢ ᠡᠷᠬᠢᠯᠳᠣᠭᠦ ᠶᠢᠨ ᠬᠠᠷᠢᠭᠤᠴᠠᠯᠭᠠᠳᠣ ᠭᠤᠣᠯ ᠴᠣᠭᠴᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ ᠤ ᠰᠠᠭᠤᠷᠢ ᠮᠥᠩᠭᠦ ᠲᠠᠲᠠᠪᠤᠷᠢᠯᠠᠨ ᠲᠣᠰᠢᠶᠠᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠂ ᠣᠯᠭᠤᠮᠵᠢ ᠶᠢ ᠲᠣᠬᠢᠷᠠᠭᠤᠯᠭ᠎ᠠ᠂ ᠣᠷᠣᠨ ᠨᠤᠲᠤᠭ ᠤᠨ ᠲᠥᠰᠦᠪ ᠤᠨ ᠲᠣᠬᠢᠷᠠᠭᠤᠯᠤᠯᠳᠠ᠂ ᠰᠠᠭᠤᠷᠢ ᠮᠥᠩᠭᠦᠨ ᠤ ᠦᠯᠡᠳᠡᠪᠦᠷᠢ ᠵᠡᠷᠭᠡ ᠪᠠᠶᠢᠳᠠᠯ ᠢ ᠦᠨᠳᠣᠰᠣᠯᠡᠵᠣ᠂ ᠠᠶᠢᠮᠠᠭ ᠬᠤᠳᠠ ᠳᠤ ᠵᠣᠬᠢᠬᠤ ᠨᠥᠬᠦᠪᠥᠷᠢ ᠦᠭᠭᠦ ᠬᠡᠷᠩᠳᠠᠢ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ 2016 ᠣᠨ ᠠᠴᠠ ᠡᠬᠢᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠰᠠᠭᠤᠷᠢ ᠮᠦᠩᠭᠦᠨ ᠤ ᠲᠦᠰᠣᠪ ᠢ ᠨᠠᠶᠢᠷᠠᠭᠤᠯᠣᠨ ᠵᠣᠬᠢᠶᠠᠬᠤ ᠦᠶ᠎ᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠲᠣᠳᠠᠭᠳᠠᠭᠰᠠᠨ ᠬᠡᠰᠡᠭ ᠵᠢᠴᠢ ᠲᠥᠰᠦᠪ ᠢ ᠬᠡᠷᠩᠵᠢᠭᠦᠯᠭᠦ ᠳᠤᠮᠳᠠ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠨᠡᠶᠢᠳᠡᠯᠡᠭᠰᠡᠨ ᠰᠢᠨ᠎ᠡ ᠵᠠᠷᠤᠯᠭ᠎ᠠ ᠨᠡᠮᠡᠭᠳᠡᠭᠦᠯᠭᠦ ᠬᠦᠴᠦᠨ ᠵᠦᠢᠯ ᠪᠤᠶᠤ ᠳᠠᠭᠠᠭᠠᠵᠣ ᠦᠯᠣ ᠳᠡᠶᠢᠯᠭᠦ ᠬᠦᠴᠦᠨ ᠠᠴᠠ ᠪᠤᠯᠤᠬᠰᠠᠨ ᠣᠷᠣᠯᠭ᠎ᠠ ᠶᠢ ᠲᠣᠳᠠᠭᠤ ᠬᠤᠷᠢᠶᠠᠵᠦ ᠲᠣᠳᠠᠭᠳᠠᠭᠰᠠᠨ ᠬᠡᠰᠡᠭ ᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠠᠴᠠ ᠵᠣᠬᠢᠬᠤ ᠬᠠᠷᠢᠴᠠᠯ ᠢᠶᠠᠷ ᠱᠠᠳᠤ ᠬᠤᠪᠢᠶᠠᠨ ᠡᠭᠦᠷᠭᠡᠯᠡᠬᠦ ᠬᠡᠷᠡᠭᠳᠡᠢ᠂ ᠡᠭᠦᠷᠭᠡᠯᠡᠬᠦ ᠬᠠᠷᠢᠴᠠᠯ ᠢ ᠨᠢᠭᠡᠳᠦᠯᠲᠡᠶ ᠲᠥᠯᠥᠪᠯᠡᠬᠦ ᠲᠥᠷᠥᠯ ᠵᠦᠢᠯ ᠤᠨ ᠰᠠᠭᠤᠷᠢ ᠮᠦᠩᠭᠦᠨ ᠤ ᠦᠯᠡᠳᠡᠪᠦᠷᠢ ᠶᠢᠨ ᠪᠠᠶᠢᠳᠠᠯ ᠪᠠ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠣᠰᠣᠯᠡᠨ ᠴᠠᠭ ᠲᠤᠬᠠᠶ ᠳᠤᠨᠢ ᠲᠣᠬᠢᠷᠠᠭᠤᠯᠬᠤ ᠬᠡᠷᠩᠳᠠᠢ᠂ ᠬᠡᠷᠪᠡ ᠤᠯᠤᠰ ᠠᠴᠠ ᠲᠣᠭᠲᠠᠭᠠᠯ ᠲᠠᠢ ᠪᠣᠯ ᠤᠯᠤᠰ ᠤᠨ ᠲᠥᠷᠥ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠭᠦ ᠬᠡᠷᠩᠳᠠᠢ︔ ᠪᠣᠳᠠᠲᠠᠶ ᠬᠤᠪᠢᠶᠠᠨ ᠡᠭᠦᠷᠭᠡᠯᠡᠬᠦ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠰᠳᠠᠭᠠᠨ ᠲᠣᠭᠲᠠᠭᠠᠬᠤ ᠬᠡᠷᠩᠳᠠᠢ᠃ ᠰᠠᠭᠤᠷᠢ ᠮᠦᠩᠭᠦᠨ ᠤ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠦᠭᠡᠢ ᠠᠴᠠ ᠪᠣᠯᠣᠭᠰᠠᠨ ᠲᠣᠳᠠᠭᠤ ᠬᠤᠷᠢᠶᠠᠯᠳᠠ᠂ ᠣᠷᠣᠨ ᠨᠤᠲᠤᠭ ᠤᠨ ᠥᠪᠡᠰᠦᠪᠡᠨ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠬᠦᠴᠦᠨ ᠵᠦᠢᠯ ᠠᠴᠠ ᠪᠣᠯᠣᠭᠰᠠᠨ ᠲᠣᠳᠠᠭᠳᠠᠭᠰᠠᠨ ᠬᠡᠰᠡᠭ ᠲᠤ ᠥᠪᠡᠷᠲᠡᠭᠡᠨ ᠵᠠᠰᠠᠬᠤ ᠣᠷᠣᠨ ᠠᠴᠠ ᠨᠥᠬᠦᠪᠥᠷᠢ ᠦᠭᠭᠦ ᠦᠭᠡᠢ᠃ ᠬᠢᠨᠠᠨ ᠪᠤᠳᠤᠬᠤ ᠰᠠᠯᠠᠭ᠎ᠠ ᠮᠥᠴᠢᠷ᠂ ᠰᠠᠭᠤᠷᠢ ᠮᠥᠩᠭᠦᠨ ᠤ ᠬᠢᠨᠠᠯᠲᠠ ᠲᠠᠯᠪᠢᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠨ ᠪᠠᠶᠢᠴᠠᠭᠠᠨ ᠰᠢᠢᠣᠡᠪᠣᠷᠢᠯᠡᠭᠰᠠᠨ ᠰᠠᠭᠤᠷᠢ ᠮᠥᠩᠭᠦᠨ ᠤ ᠲᠦᠷᠢᠮ ᠲᠣᠭᠳᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠣᠭᠰᠠᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠨᠦᠭᠦᠪᠤᠷᠢ ᠪᠡᠯᠡ ᠮᠥᠩᠭᠦ ᠯᠦᠭᠡ ᠬᠤᠯᠪᠣᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢᠨ ᠰᠢᠯᠭᠠᠨ ᠦᠨᠡᠯᠡᠭᠰᠡᠨ ᠦᠷ᠎ᠡ ᠳ᠋ᠦᠩ ᠢ ᠠᠶᠢᠮᠠᠭ ᠬᠤᠳᠠ ᠶᠢᠨ ᠨᠦᠭᠦᠪᠤᠷᠢ ᠪᠡᠯᠡ ᠮᠥᠩᠭᠦ ᠯᠦᠭᠡ ᠬᠤᠯᠪᠣᠬᠰᠠᠨ ᠣᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃      ᠨᠠᠢᠮᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠲᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠬᠤ ᠬᠡᠷᠩᠳᠠᠢ      ︵ᠨᠢᠭᠡ︶ ᠰᠠᠭᠤᠷᠢ ᠮᠦᠩᠭᠦᠨ ᠤ ᠲᠥᠰᠦᠪ ᠤᠨ ᠲᠣᠳᠣᠭᠠᠳᠣ ᠳᠠᠬᠢ ᠡᠵᠡᠮᠳ᠋ᠯ ᠤᠨ ᠳᠦᠷᠢᠮ ᠤᠨ ᠪᠠᠶᠢᠭᠤᠯᠣᠯᠳᠠ ᠶᠢ ᠴᠢᠩᠭᠠᠣᠠᠬᠠᠬᠤ ᠬᠡᠷᠡᠭᠲᠡᠶ᠃ ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ᠂ ᠠᠮᠤᠷ ᠲᠦᠪᠰᠢᠨ ᠪᠠ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠣᠨ ᠪᠦᠷᠢᠨᠰᠢᠭᠦᠯᠵᠣ᠂ ᠳᠣᠲᠣᠭᠠᠳᠤ ᠳᠠᠬᠢ ᠡᠵᠡᠮᠳᠠᠯ ᠤᠨ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠲᠦᠮᠵᠢᠲᠡᠶ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠤᠢ ᠪᠣᠯᠭᠠᠬᠤ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠷᠭᠤᠭᠤᠯᠵᠣ ᠲᠣᠭᠲᠠᠭᠠᠬᠤ᠂ ᠲᠠᠲᠠᠪᠤᠷᠢᠯᠠᠨ ᠲᠣᠰᠢᠶᠠᠬᠤ ᠶᠢ ᠲᠣᠯᠭᠠᠨ ᠪᠣᠳᠣᠬᠤ ᠪᠠᠨ ᠴᠢᠩᠭᠠᠳᠬᠠᠵᠤ᠂ ᠭᠠᠷᠳᠠᠨ ᠭᠦᠢᠴᠡᠳᠬᠡᠬᠦ ᠶᠠᠪᠣᠴᠨ ᠶᠢ ᠲᠡᠭᠦᠯᠳᠡᠷᠵᠢᠭᠦᠯᠵᠦ᠂ ᠭᠠᠷᠳᠠᠨ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠣᠨ᠂ ᠠᠵᠢᠯᠯᠠᠭᠠᠨ ᠨᠢ ᠵᠢᠷᠤᠮᠵᠢᠯ ᠲᠠᠢ᠂ ᠬᠠᠮᠢᠶᠠᠷᠣᠯᠳᠠ ᠨᠢ ᠰᠢᠨᠵᠢᠯᠡᠬᠦ ᠤᠬᠠᠭᠠᠨᠴᠢ ᠂ ᠬᠢᠨᠠᠨ ᠡᠵᠡᠮᠳᠡᠬᠦ ᠨᠢ ᠪᠦᠲᠦᠮᠵᠢᠲᠡᠶ᠂ ᠰᠢᠯᠭᠠᠨ ᠦᠨᠡᠯᠡᠬᠦ ᠨᠢ ᠴᠢᠩᠭ᠎ᠠ ᠪᠠᠶᠢᠬᠤ ᠳᠣᠲᠣᠭᠠᠳᠤ ᠶᠢᠨ ᠬᠢᠨᠠᠵᠣ ᠡᠵᠡᠮᠳᠡᠭᠦ ᠰᠢᠰᠲ᠋ᠧᠮ ᠢ ᠴᠢᠷᠮᠠᠶᠢᠨ ᠪᠠᠶᠢᠭᠤᠯᠬᠤ ᠬᠡᠷᠩᠳᠠᠢ᠃ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠰᠠᠯᠠᠭ᠎ᠠ ᠮᠥᠴᠢᠷ ᠤᠳ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠪᠠᠶᠢᠭᠤᠯᠤᠮᠵᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠬᠤ ᠰᠠᠯᠠᠭ᠎ᠠ ᠮᠥᠴᠢᠷ ᠢ ᠬᠠᠷᠭᠤᠭᠤᠯᠣᠨ ᠲᠣᠭᠲᠠᠭᠠᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠣᠰᠢᠶᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠠᠲᠠᠪᠤᠷᠢᠯᠠᠨ ᠲᠣᠰᠢᠶᠠᠬᠤ᠂ ᠤᠯᠭᠤᠬᠤ ᠡᠯ᠎ᠠ ᠵᠠᠩᠭᠢᠯᠠᠭ᠎ᠠ ᠨᠢ ᠬᠠᠤᠯᠢ ᠲᠣᠭᠲᠠᠭᠠᠯ ᠳᠤ ᠨᠡᠶᠢᠴᠡᠭᠰᠡᠨ ᠪᠠᠶᠢᠬᠤ ᠶᠢ ᠦᠨᠡᠡᠭᠦ ᠪᠠᠳᠣᠯᠠᠬᠤ ᠬᠡᠷᠩᠳᠠᠢ᠃      ︵ᠬᠤᠶᠠᠷ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠲᠤ ᠰᠦᠯᠵᠢᠶ᠎ᠠ ᠬᠤᠯᠪᠤᠭᠠᠯᠠᠵᠦ ᠬᠢᠨᠠᠨ ᠬᠠᠮᠢᠶᠠᠷᠬᠤ ᠪᠠᠨ ᠴᠢᠩᠭᠠᠣᠠᠬᠠᠬᠤ ᠬᠡᠷᠡᠭᠲᠡᠶ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢ ᠰᠦᠯᠵᠢᠶ᠎ᠠ ᠬᠤᠯᠪᠤᠭᠠᠯᠠᠵᠦ ᠬᠢᠨᠠᠨ ᠬᠠᠮᠢᠶᠠᠷᠬᠤ ᠶᠢ ᠢᠳᠡᠪᠬᠢᠲᠡᠶ ᠠᠬᠢᠭᠤᠯᠵᠤ᠂ ᠪᠦᠬᠦ ᠣᠷᠣᠨ ᠢ ᠬᠠᠮᠤᠷᠤᠭᠰᠠᠨ᠂ ᠣᠯᠠᠨ ᠳᠠᠭᠠᠳᠬᠠᠯ ᠤᠨ ᠲᠦᠷᠣᠯ ᠢ ᠪᠠᠭᠳᠠᠭᠠᠭᠰᠠᠨ᠂ ᠭᠠᠷᠳᠠᠨ ᠭᠦᠢᠴᠡᠣᠡᠭᠡᠭᠦ ᠶᠢ ᠬᠤᠯᠪᠣᠭᠰᠠᠨ᠂ᠴᠢᠳᠠᠮᠵᠢ ᠨᠢ ᠪᠦᠷᠢᠨ ᠲᠡᠭᠦᠯᠳᠡᠷ᠂ ᠠᠮᠤᠷ ᠲᠦᠪᠰᠢᠨ ᠨᠠᠶᠢᠳᠠᠪᠤᠷᠢᠲᠠᠶ ︽ᠲᠠᠪᠤᠨ ᠳᠠᠭᠠᠳᠬᠠᠯ ᠢ ᠨᠢᠭᠡ ᠪᠣᠯᠭᠠᠭᠰᠠᠨ︾ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠳᠣ ᠳᠠᠭᠠᠨ ᠬᠦᠷᠳᠡᠬᠦ ᠲᠠᠪᠴᠠᠩ ᠢ ᠲᠦᠷᠭᠡᠣᠡᠭᠡᠨ ᠪᠠᠶᠢᠭᠤᠯᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠠᠷᠳᠠᠨ ᠭᠦᠢᠴᠡᠣᠡᠭᠡᠭᠦ ᠪᠠᠶᠢᠭᠤᠯᠤᠮᠵᠢ᠂ ᠮᠥᠩᠭᠦᠨ ᠭᠦᠢᠯᠭᠡᠭᠡ᠂ ᠭᠠᠶᠢᠯᠢ ᠶᠢᠨ ᠶᠠᠪᠣᠳᠠᠯ ᠵᠡᠷᠭᠡ ᠰᠠᠯᠠᠭ᠎ᠠ ᠮᠥᠴᠢᠷ ᠢ ᠵᠠᠯᠭᠠᠯᠳᠣᠭᠤᠯᠣᠨ᠂ ᠣᠯᠠᠨ ᠳᠠᠭᠠᠣᠠᠬᠠᠯ ᠤᠨ ᠲᠦᠷᠣᠯ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠰᠠᠭᠤᠷᠢ ᠲᠤᠭ᠎ᠠ ᠪᠠᠷᠢᠮᠲᠠ ᠶᠢᠨ ᠵᠠᠳᠠᠯᠤᠯᠲᠠ ᠶᠢ ᠬᠠᠩᠭᠠᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠵᠠᠳᠠᠯᠣᠨ ᠲᠦᠰᠦᠬᠡᠯᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠣᠨ᠂ ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠲᠥᠰᠦᠪ ᠤᠨ ᠬᠠᠮᠢᠶᠠᠷᠤᠯᠲᠠ ᠨᠢ ᠨᠠᠷᠢᠯᠢᠠᠠᠵᠢᠬᠰᠠᠨ᠂ ᠦᠢᠯᠡᠴᠢᠯᠡᠭᠡᠨ ᠪᠠ ᠭᠠᠷᠳᠠᠨ ᠭᠦᠢᠴᠡᠣᠡᠭᠡᠭᠦ ᠨᠢ ᠵᠢᠷᠣᠮᠵᠢᠭᠰᠠᠨ᠂ ᠬᠢᠨᠠᠯᠲᠠ ᠲᠠᠯᠪᠢᠨ ᠰᠢᠯᠭᠠᠨ ᠬᠢᠨᠠᠬᠤ ᠨᠢ ᠪᠠᠷᠢᠮᠵᠢᠶᠠᠵᠢᠭᠰᠠᠨ᠂ ᠬᠤᠷᠸ᠎ᠠ ᠰᠢᠢᠣᠡᠪᠣᠷᠢᠳᠣ ᠪᠤᠳᠤᠯᠭ᠎ᠠ ᠨᠢ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠤᠯᠠᠨ ᠲᠠᠯ᠎ᠠ ᠪᠠᠷ ᠬᠠᠮᠲᠤᠷᠠᠨ ᠦᠢᠯᠡᠳᠣᠯᠴᠡᠭᠰᠡᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠬᠤ ᠬᠡᠷᠩᠳᠠᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢᠨ ᠠᠵᠢᠯ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ᠂ ᠨᠡᠶᠢᠭᠡᠮ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠪᠠ ᠬᠢᠨᠠᠨ ᠪᠤᠳᠤᠯᠳᠡ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ︔ ᠤᠯᠠᠨ ᠲᠦᠮᠡᠨ ᠢᠳᠡᠪᠬᠢᠳᠠᠢ ᠪᠠᠷ ᠬᠢᠨᠠᠯᠳᠠ ᠳᠤ ᠣᠷᠣᠯᠴᠠᠬᠤ ᠶᠢ ᠬᠥᠲᠥᠯᠥᠨ ᠵᠢᠯᠣᠭᠤᠳᠴᠤ᠂ ᠳᠠᠭᠠᠳᠬᠠᠯ ᠳᠤ ᠣᠷᠣᠯᠴᠠᠭᠰᠠᠨ ᠬᠥᠮᠦᠰ᠂ ᠬᠥᠮᠦᠨ ᠬᠡᠷᠡᠭᠯᠡᠬᠦ ᠨᠢᠭᠡᠴᠨ᠂ ᠲᠤᠰᠬᠠᠶ ᠮᠡᠷᠭᠡᠵᠢᠯᠲᠡᠨ ᠡᠷᠳᠡᠮᠲᠡᠨ ᠵᠡᠷᠭᠡ ᠡᠯ᠎ᠡ ᠲᠠᠯ᠎ᠠ ᠶᠢᠨ ᠬᠥᠮᠦᠰ ᠤᠨ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠢᠯᠡᠴᠢᠯᠡᠨ ᠮᠡᠳᠡᠭᠦᠯᠵᠣ ᠵᠠᠭᠠᠯᠳᠤᠬᠤ ᠶᠢ ᠵᠣᠷᠢᠬᠵᠢᠭᠤᠯᠣᠨ᠎ᠠ᠃ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠯᠠᠨ ᠲᠦᠮᠡᠨ ᠤ ᠢᠯᠡᠴᠢᠯᠡᠯ ᠵᠠᠭᠠᠯᠳᠣᠯᠭ᠎ᠠ ᠶᠢ ᠴᠠᠭ ᠲᠤᠬᠠᠶ ᠳᠤᠨᠢ ᠬᠦᠯᠢᠶᠡᠨ ᠠᠪᠴᠤ᠂ ᠬᠡᠷᠡᠭ ᠢ ᠪᠠᠶᠢᠴᠠᠭᠠᠨ ᠰᠢᠢᠣᠡᠪᠣᠷᠢᠯᠡᠭᠦ ᠪᠠ ᠰᠢᠮᠳᠠᠭᠤᠯᠵᠣ ᠭᠦᠢᠴᠡᠣᠡᠭᠡᠭᠦ ᠪᠠᠨ ᠴᠢᠩᠭᠠᠣᠠᠬᠠᠵᠣ᠂ ᠰᠠᠭᠤᠷᠢ ᠮᠥᠩᠭᠦᠨ ᠤ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃      ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠪᠣᠯ ᠨᠢᠭᠡᠨ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠡᠪᠲᠡᠷᠡᠯᠴᠡᠭᠡ ᠪᠠᠨ ᠴᠢᠩᠭᠠᠳᠬᠠᠨ ᠂ ᠨᠢᠭᠲᠠ ᠲᠣᠬᠢᠷᠠᠯᠴᠠᠵᠣ᠂ ᠬᠠᠷᠢᠯᠴᠠᠨ ᠲᠡᠮᠵᠢᠨ᠂ ᠬᠠᠷᠢᠯᠴᠠᠨ ᠬᠠᠮᠵᠢᠯᠴᠠᠵᠣ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠵᠣ᠂ ᠤᠯᠠᠨ ᠤ ᠤᠬᠠᠭᠠᠨ ᠬᠠᠮᠲᠤ ᠶᠢᠨ ᠬᠦᠴᠦ ᠪᠠᠷ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠡᠯ᠎ᠡ ᠵᠠᠩᠭᠢᠯᠠᠭ᠎ᠠ ᠨᠢ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠬᠠᠷᠢᠯᠴᠠᠨ ᠠᠪᠴᠠᠯᠳᠣᠭᠤᠯᠬᠤ ᠶᠢ ᠦᠨᠡᠡᠭᠦ ᠪᠠᠳᠣᠯᠠᠵᠣ᠂ ᠰᠠᠯᠠᠭ᠎ᠠ ᠮᠥᠴᠢᠷ ᠤᠳ ᠬᠤᠭᠤᠷᠣᠨᠳᠣᠬᠢ ᠪᠠᠨ ᠬᠠᠷᠢᠯᠴᠠᠨ ᠲᠦᠯᠬᠢᠯᠴᠡᠬᠦ ᠶᠢ ᠡᠷᠡᠰ ᠬᠤᠷᠢᠭᠯᠠᠵᠣ᠂ ᠲᠥᠰᠦᠪ ᠤᠨ ᠲᠤᠭ᠎ᠠ ᠪᠠᠷᠢᠮᠲᠠ ᠶᠢᠨ ᠵᠦᠢ ᠵᠣᠬᠢᠰᠳᠣ ᠴᠢᠨᠠᠷ᠂ ᠲᠥᠰᠦᠪ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠴᠢᠳᠠᠮᠠᠭᠠᠶ ᠴᠢᠨᠠᠷ ᠲᠠᠢ ᠪᠠᠶᠢᠬᠤ ᠶᠢ ᠪᠡᠶᠡᠯᠡᠭᠦᠯᠵᠣ᠂ ᠰᠠᠭᠤᠷᠢ ᠮᠦᠩᠭᠦᠨ ᠤ ᠲᠥᠰᠦᠪ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠪᠣᠳᠠᠳᠠᠢ ᠲᠠᠢ ᠪᠠᠨ ᠤᠶᠠᠯᠳᠤᠭᠤᠯᠵᠣ᠂ ᠲᠤᠰ ᠰᠠᠨᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠢ ᠨᠠᠶᠢᠷᠠᠭᠤᠯᠣᠨ ᠵᠣᠬᠢᠶᠠᠬᠤ᠂ ᠬᠡᠷᠡᠭᠵᠢᠭᠦᠯᠬᠦ ᠂ ᠲᠣᠬᠢᠷᠠᠭᠤᠯᠣᠯᠳᠠ ᠬᠢᠭᠦ ᠪᠠ ᠲᠥᠰᠦᠪ ᠤᠨ ᠭᠦᠢᠴᠡᠳᠬᠡᠯ ᠤᠨ ᠠᠵᠢᠯ ᠢ ᠦᠨᠡᠡᠭᠦ ᠰᠠᠶᠢᠲᠤᠷ ᠠᠳᠬᠤᠵᠤ᠂ ᠲᠤᠰ ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠱᠠᠯᠠᠪᠳᠠᠨ ᠪᠠᠶᠢᠭᠤᠯᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠩᠳᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map