ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠨᠢᠭᠤᠭᠳᠠᠮᠠᠯ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠴᠢᠷᠮᠠᠶᠢᠨ ᠬᠥᠭᠵᠢᠭᠡᠨ᠎ᠡ — ᠦᠪᠡᠷᠲᠡᠭᠡᠨ ᠵᠠᠰᠠᠬᠤ ᠤᠷᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠮᠠᠨ ᠤ ᠤᠷᠤᠨ ᠤ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠬᠡᠷᠬᠢᠨ ᠠᠬᠢᠭᠤᠯᠬᠤ ᠲᠤᠬᠠᠢ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠤᠬᠰᠠᠨ ᠨᠢ ︵ᠳᠡᠭᠡᠲᠦ︶
ᠨᠡᠶᠢᠲᠡᠯᠡᠭᠰᠡᠨ ᠴᠠᠭ᠄
2016/5/31
      ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠳᠡ ᠪᠠ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠶᠡᠷᠦᠨᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠭᠰᠡᠬᠡᠷ ᠢᠷᠡᠵᠠᠢ᠂ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠲᠠᠷᠠᠭ᠎ᠠ᠂ ᠮᠠᠨ ᠤ ᠤᠷᠤᠨ ᠠᠷᠭ᠎ᠠ ᠠᠪᠴᠠᠯ ᠤᠨ ᠰᠢᠨ᠎ᠠ ᠶᠢ ᠡᠬᠦᠳᠬᠦ᠂ ᠤᠷᠴᠢᠨ ᠲᠤᠭᠤᠷᠢᠨ ᠢ ᠰᠠᠶᠢᠵᠢᠷᠠᠭᠤᠯᠬᠤ ᠪᠠ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠪᠠᠷ ᠲᠠᠮᠵᠢᠵᠦ᠂ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠠᠬᠢᠭᠤᠯᠤᠬᠰᠠᠨ ᠪᠠᠶᠢᠨ᠎ᠠ᠃ ᠡᠨᠡ ᠵᠢᠯ ᠠᠴᠠ ᠨᠠᠰᠢ᠂ ᠪᠦᠬᠦᠯᠢ ᠴᠤᠬᠴᠠ ᠶᠢᠨ ᠠᠵᠦ ᠠᠬᠤᠢ ᠶᠢᠨ ᠨᠦᠯᠦᠬᠡᠯᠡᠯ ᠢᠶᠠᠷ ᠮᠠᠨ ᠤ ᠤᠷᠤᠨ ᠤ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢᠨ ᠨᠡᠮᠡᠭᠳᠡᠯ ᠤᠨ ᠨᠤᠷᠮ᠎ᠠ ᠴᠤ ᠪᠠᠭᠤᠷᠠᠵᠠᠢ᠃      ᠤᠢᠢᠷ᠎ᠠ ᠳᠤ᠂ ᠰᠤᠷᠪᠤᠯᠵᠢᠯᠠᠬᠴᠢ ᠮᠠᠨ ᠤ ᠤᠷᠤᠨ ᠬᠡᠷᠭᠢᠨ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠴᠢᠨᠠᠬᠰᠢᠳᠠ ᠠᠬᠢᠭᠤᠯᠬᠤ ᠪᠠ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢᠨ ᠨᠢᠭᠤᠬᠳᠠᠮᠠᠯ ᠬᠦᠴᠦᠨ ᠪᠠ ᠰᠢᠨ᠎ᠠ ᠶᠢ ᠡᠬᠦᠳᠬᠦ ᠠᠮᠢᠵᠢᠷᠠᠯ ᠤᠨ ᠬᠦᠴᠦᠨ ᠢ ᠬᠦᠭᠵᠢᠬᠡᠬᠦ ᠲᠤᠬᠠᠢ ᠦᠪᠡᠷᠲᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠲᠡᠳ᠋ ᠨᠠᠷᠢᠨ ᠪᠢᠴᠢᠭ ᠤᠨ ᠲᠡᠷᠤᠭ᠎ᠠ᠂ ᠰᠤᠨᠢᠨ ᠮᠡᠳᠡᠬᠡᠨ ᠤ ᠦᠬᠦᠯᠡᠭᠴᠢ ᠹᠧᠩ ᠷᠧᠨ ᠹᠧᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠰᠤᠷᠪᠤᠯᠵᠢᠯᠠᠪᠠ᠃      ᠰᠤᠷᠪᠤᠯᠵᠢᠯᠠᠬᠴᠢ᠄ ᠤᠢᠢᠷ᠎ᠠ ᠳᠤ᠂ ᠤᠯᠤᠰ ᠪᠠ ᠦᠪᠡᠷᠲᠡᠭᠡᠨ ᠵᠠᠰᠠᠬᠤ ᠤᠷᠤᠨ ᠠᠴᠠ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠠᠬᠢᠭᠤᠯᠬᠤ ᠠᠰᠠᠭᠤᠳᠠᠯ ᠢ ᠲᠡᠭᠡᠳᠤ ᠬᠡᠮᠵᠢᠶ᠎ᠠ ᠪᠠᠷ ᠠᠩᠬᠠᠷᠴᠤ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠠᠴᠠ ᠲᠠᠷᠠᠭᠠᠴᠢ ᠪᠠᠷ ᠶᠠᠮᠠᠷ ᠰᠢᠤ ᠠᠷᠭ᠎ᠠ ᠠᠪᠴᠠᠯ ᠠᠪᠴᠤ᠂ ᠠᠷᠠᠳ ᠤᠨ ᠲᠤᠮᠳᠠᠬᠢ ᠪᠡᠯᠡ ᠣᠷᠤᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠤᠢ︖      ᠹᠧᠩ ᠷᠧᠨ ᠹᠧᠢ ︵ᠦᠪᠡᠷᠲᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠲᠡᠳ᠋ ᠨᠠᠷᠢᠨ ᠪᠢᠴᠢᠭ ᠤᠨ ᠲᠡᠷᠤᠭ᠎ᠠ᠂ ᠰᠤᠨᠢᠨ ᠮᠡᠳᠡᠬᠡᠨ ᠤ ᠦᠬᠦᠯᠡᠭᠴᠢ︶᠄ ︽12.5︾᠎ ᠶᠢᠨ ᠲᠥᠯᠥᠪᠵᠢᠭᠦᠯᠭᠡ ᠶᠢᠨ ᠰᠡᠬᠦᠯᠴᠢ ᠪᠤᠯᠳᠠᠯ᠎ᠠ᠂ ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ GDP᠎ ᠲᠠᠬᠢ ᠡᠵᠡᠯᠡᠬᠦ ᠬᠠᠷᠢᠴᠠᠯ ᠨᠢᠬᠡᠨᠳᠡ 64.2%᠎ ᠲᠤ ᠬᠦᠷᠴᠦ᠂ ᠠᠷᠠᠳ ᠤᠨ ᠲᠤᠮᠳᠠᠬᠢ ᠪᠡᠯᠡ ᠤᠷᠤᠭᠤᠯᠤᠯᠳᠠ ᠪᠦᠬᠦ ᠨᠡᠶᠢᠬᠡᠮ ᠤᠨ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠬᠠᠭᠠᠰ ᠠᠴᠠ ᠲᠡᠭᠡᠭᠰᠢᠬᠢ ᠶᠢ ᠡᠵᠡᠯᠡᠵᠦ᠂ 53.9%᠎ ᠳᠤ ᠬᠦᠷᠴᠡᠢ᠃ ᠤᠳᠤᠬᠠᠨ ᠤ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢᠨ ᠬᠦᠭᠵᠢᠯᠳᠡ ᠶᠢᠨ ᠲᠤᠳᠠᠭᠤᠳᠠᠯ ᠤᠨ ᠠᠰᠠᠭᠤᠳᠠᠯ ᠳᠤ ᠴᠢᠭᠯᠡᠬᠦᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠤᠢᠢᠷ᠎ᠠ ᠳᠤ ᠪᠦᠬᠦ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠤᠨ᠂ ︽ᠦᠪᠡᠷᠲᠡᠬᠡᠨ ᠵᠠᠰᠠᠬᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠲᠤᠬᠠᠢ ᠲᠤᠭᠳᠠᠭᠠᠯ ᠤᠳ︾᠎ ᠲᠤ ᠪᠠᠰᠠ ᠵᠠᠰᠠᠪᠤᠷᠢ ᠤᠷᠤᠭᠤᠯᠬᠤ ᠪᠠᠷ ᠪᠠᠶᠢᠨ᠎ᠠ᠃ ᠲᠠᠷᠠᠭᠠᠴᠢ ᠪᠠᠷ ᠲᠦᠷᠪᠡᠨ ᠲᠠᠯ᠎ᠠ ᠶᠢᠨ ᠠᠵᠢᠯ ᠢ ᠬᠦᠴᠦᠯᠡᠨ ᠠᠬᠢᠭᠤᠯᠤᠨ᠎ᠠ᠄ ᠨᠢᠬᠡ ᠳᠤ᠂ ᠵᠠᠰᠠᠬ ᠤᠨ ᠤᠷᠳᠤᠨ ᠬᠢᠬᠡᠳ ᠵᠠᠬ᠎ᠠ ᠲᠡᠯᠬᠡᠬᠦᠷ᠂ ᠠᠵᠦ ᠠᠬᠤᠢᠢᠯᠠᠯ ᠤᠨ ᠬᠠᠷᠢᠴᠠᠭ᠎ᠠ ᠶᠢ ᠲᠤᠳᠤᠷᠬᠠᠢ ᠴᠡᠭᠴᠡᠯᠡᠨ᠎ᠠ᠃ ᠬᠤᠶᠠᠷ ᠲᠤ᠂ ᠵᠦᠪᠰᠢᠶᠡᠷᠡᠬᠦ ᠨᠦᠬᠦᠴᠡᠯ ᠤᠨ ᠡᠷᠬᠡ ᠲᠡᠭᠰᠢ ᠶᠢᠨ ᠠᠰᠠᠭᠤᠳᠠᠯ ᠢ ᠰᠢᠢᠳᠪᠦᠷᠢᠯᠡᠨ᠎ᠠ᠃ ᠭᠤᠷᠪᠠ ᠳᠤ᠂ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢᠨ ᠡᠯ᠎ᠠ ᠲᠦᠷᠦᠯ ᠤᠨ ᠦᠪᠡᠷ ᠤᠨ ᠦᠷᠲᠡᠭ ᠢ ᠪᠦᠲᠦᠮᠵᠢᠳᠡᠢ ᠪᠠᠭᠤᠷᠠᠭᠤᠯᠤᠨ᠎ᠠ᠃ ᠲᠦᠷᠪᠡ ᠳᠤ᠂ ᠠᠷᠠᠳ ᠤᠨ ᠲᠤᠮᠳᠠᠬᠢ ᠪᠡᠯᠡ ᠬᠤᠷᠠᠮᠳᠤᠭᠤᠯᠬᠤ ᠪᠤᠭᠤᠮᠢ ᠬᠦᠯᠢᠶᠡᠰᠦᠯᠡᠯ ᠢ ᠬᠦᠴᠦᠯᠡᠨ ᠰᠢᠢᠳᠪᠦᠷᠢᠯᠡᠨ᠎ᠠ᠃      ᠰᠤᠷᠪᠤᠯᠵᠢᠯᠠᠬᠴᠢ᠄ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠮᠠᠨ ᠎ ᠤ ᠤᠷᠤᠨ ᠶᠠᠮᠠᠷᠰᠢᠤ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠣᠭᠲᠠᠭᠠᠭᠰᠠᠨ ᠪᠤᠢ︖      ᠪᠤᠤ ᠮᠠᠨᠳᠠ ︵ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ︶᠄ ᠮᠠᠨ ᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠵᠦ ᠤᠷᠢᠳ ᠬᠤᠵᠢᠳ ︽ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢᠨ ᠡᠷᠡᠬᠦᠯ ᠬᠦᠭᠵᠢᠯᠳᠡ ᠶᠢ ᠵᠤᠷᠢᠬᠵᠢᠭᠤᠯᠬᠤ ᠪᠠ ᠬᠦᠲᠦᠯᠦᠨ ᠲᠠᠭᠠᠭᠤᠯᠬᠤ ᠲᠤᠬᠠᠢ ᠬᠡᠷᠡᠭᠵᠢᠬᠦᠯᠬᠦ ᠰᠠᠨᠠᠯ︾᠂ ︽ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠪᠡᠯᠡ ᠤᠷᠤᠭᠤᠯᠵᠦ ᠪᠡᠯᠡ ᠬᠤᠷᠠᠮᠳᠤᠭᠤᠯᠬᠤ ᠲᠤᠬᠳᠠᠴᠠ ᠶᠢᠨ ᠰᠢᠨ᠎ᠠ ᠶᠢ ᠡᠬᠦᠳᠴᠤ ᠨᠡᠶᠢᠬᠡᠮ ᠤᠨ ᠪᠡᠯᠡ ᠤᠷᠤᠭᠤᠯᠤᠯᠳᠠ ᠶᠢ ᠵᠤᠷᠢᠬᠵᠢᠭᠤᠯᠬᠤ ᠲᠤᠬᠠᠢ ᠬᠡᠷᠡᠭᠵᠢᠬᠦᠯᠬᠦ ᠰᠠᠨᠠᠯ︾ ᠵᠡᠷᠭᠡ ᠠᠷᠠᠳ ᠤᠨ ᠲᠤᠮᠳᠠᠬᠢ ᠪᠡᠯᠡ ᠤᠷᠤᠭᠤᠯᠤᠯᠳᠠ ᠪᠠ ᠨᠡᠶᠢᠳᠡ ᠶᠢᠨ ᠦᠮᠴᠢᠯᠡᠯ ᠎ ᠤᠨ ᠪᠤᠰᠤ ᠠᠵᠦ ᠠᠬᠤᠢ ᠶᠢᠨ ᠬᠦᠭᠵᠢᠯᠳᠡ ᠶᠢ ᠵᠤᠷᠢᠬᠵᠢᠭᠤᠯᠤᠨ ᠲᠡᠮᠵᠢᠬᠦ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠲᠤᠭᠳᠠᠭᠠᠪᠠ᠃      ᠰᠤᠷᠪᠤᠯᠵᠢᠯᠠᠬᠴᠢ᠄ ᠠᠷᠠᠳ ᠤᠨ ᠠᠮᠢᠳᠤᠷᠠᠯ ᠤᠨ ᠦᠨ᠎ᠠ ᠪᠠ ᠰᠦᠢᠳᠬᠡᠯ ᠤᠨ ᠬᠦᠷᠢᠶ᠎ᠠ ᠴᠠᠷᠠᠭ᠎ᠠ ᠳᠠᠬᠢ ᠠᠷᠠᠳ ᠤᠨ ᠲᠤᠮᠳᠠᠬᠢ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠠᠯ᠎ᠠ ᠪᠠᠷ᠂ ᠮᠠᠨ ᠤ ᠤᠷᠤᠨ ᠶᠠᠮᠠᠷ ᠰᠢᠤ ᠠᠷᠭ᠎ᠠ ᠠᠪᠴᠢᠯ ᠠᠪᠤᠭᠰᠠᠨ ᠪᠤᠢ︖      ᠪᠤᠤ ᠮᠠᠨᠳᠠ᠄ ᠨᠢᠬᠡ ᠳᠤ᠂ ᠮᠠᠨ ᠤ ᠤᠷᠤᠨ ᠤ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠴᠢᠨᠠᠬᠰᠢᠳᠠ ᠠᠬᠢᠭᠤᠯᠵᠦ᠂ ᠰᠤᠷᠤᠯᠭ᠎ᠠ ᠶᠢᠨ ᠨᠠᠮᠳᠠᠷ ᠤᠨ ᠪᠤᠰᠤ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠰᠦᠢᠳᠬᠡᠯ ᠬᠤᠷᠢᠶᠠᠬᠤ ᠶᠢ ᠨᠢᠬᠡᠨᠳᠡ ᠴᠢᠯᠦᠭᠡᠳᠠᠢ ᠪᠤᠯᠭᠠᠬᠰᠠᠨ ᠰᠠᠭᠤᠷᠢᠨ ᠲᠡᠭᠡᠷ᠎ᠠ᠂ ᠰᠤᠷᠤᠯᠭ᠎ᠠ ᠶᠢᠨ ᠨᠠᠮᠳᠠᠷ ᠤᠨ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠶᠢ ᠴᠢᠯᠦᠭᠡᠳᠠᠢ ᠪᠤᠯᠭᠠᠪᠠ︔ ᠬᠤᠶᠠᠷ ᠲᠤ᠂ ᠨᠡᠶᠢᠬᠡᠮ ᠠᠴᠠ ᠡᠷᠬᠢᠯᠡᠭᠰᠡᠨ ᠡᠮ ᠡᠮᠨᠡᠯᠬᠡ ᠶᠢᠨ ᠦᠢᠯᠡᠴᠢᠯᠡᠭᠡ ᠳᠤ ᠵᠠᠬ᠎ᠠ ᠲᠡᠯᠬᠡᠬᠦᠷ ᠠᠴᠠ ᠦᠨ᠎ᠠ ᠬᠠᠩᠰᠢ ᠶᠢ ᠲᠤᠬᠢᠷᠠᠭᠤᠯᠬᠤ ᠲᠦᠷᠦ ᠶᠢᠨ ᠪᠤᠳᠤᠯᠭ᠎ᠠ ᠶᠢ ᠦᠷᠬᠦᠯᠵᠢᠯᠨᠨ ᠲᠤᠤᠱᠯᠠᠭᠤᠯᠪᠠ︔ ᠭᠤᠷᠪᠠ ᠳᠤ᠂ ᠠᠷᠠᠳ ᠠᠴᠠ ᠡᠵᠡᠩᠨᠡᠭᠰᠡᠨ ᠲᠡᠮᠦᠷ ᠵᠠᠮ ᠪᠠ ᠵᠠᠰᠠᠮᠠᠯ ᠵᠠᠮ ᠤᠨ ᠬᠦᠭᠵᠢᠯᠳᠡ ᠶᠢ ᠴᠢᠨᠠᠬᠰᠢᠳᠠ ᠠᠬᠢᠭᠤᠯᠪᠠ᠃      ᠰᠤᠷᠪᠤᠯᠵᠢᠯᠠᠬᠴᠢ᠄ ᠠᠷᠠᠳ ᠤᠨ ᠲᠤᠮᠳᠠᠬᠢ ᠬᠦᠷᠦᠩᠬᠡ ᠶᠢᠨ ᠪᠡᠯᠡ ᠤᠷᠤᠭᠤᠯᠤᠯᠳᠠ ᠶᠢᠨ ᠬᠦᠭᠵᠢᠯᠳᠡ ᠶᠢ ᠠᠬᠢᠭᠤᠯᠬᠤ ᠶᠢᠨ ᠲᠦᠯᠦᠬᠡ᠂ ᠮᠠᠨ ᠤ ᠤᠷᠤᠨ ᠦᠨ᠎ᠠ ᠬᠠᠩᠰᠢ ᠶᠢᠨ ᠬᠠᠮᠢᠶᠠᠷᠤᠯᠳᠠ ᠶᠢᠨ ᠲᠠᠯ᠎ᠠ ᠪᠠᠷ ᠶᠠᠮᠠᠷ ᠠᠷᠭ᠎ᠠ ᠠᠪᠴᠢᠯ ᠠᠪᠤᠭᠰᠠᠨ ᠪᠤᠢ︖      ᠪᠤᠤ ᠮᠠᠨᠳᠠ᠄ ᠨᠢᠬᠡ ᠳᠤ᠂ ᠵᠠᠰᠠᠬ ᠢ ᠴᠤᠮᠬᠠᠳᠬᠠᠨ ᠡᠷᠬᠡ ᠶᠢ ᠲᠠᠯᠪᠢᠵᠦ᠂ ᠵᠠᠬ᠎ᠠ ᠲᠡᠯᠬᠡᠬᠦᠷ ᠤᠨ ᠠᠮᠢᠵᠢᠷᠠᠯ ᠎ ᠤᠨ ᠬᠦᠴᠦᠨ ᠢ ᠪᠠᠳᠠᠷᠠᠭᠤᠯᠪᠠ᠃ ᠬᠤᠶᠠᠷ ᠲᠤ᠂ ᠴᠠᠬᠢᠯᠭᠠᠨ ᠤ ᠦᠨ᠎ᠠ ᠶᠢᠨ ᠦᠬᠡᠷᠡᠴᠢᠯᠡᠯᠳᠡ ᠶᠢ ᠶᠠᠪᠤᠭᠳᠠᠭᠤᠯᠵᠦ᠂ ᠠᠵᠦ ᠠᠬᠤᠢᠢᠯᠠᠯ ᠤᠨ ᠦᠪᠡᠷ ᠤᠨ ᠦᠷᠲᠡᠭ ᠢ ᠪᠠᠭᠤᠷᠠᠭᠤᠯᠪᠠ᠃ ᠭᠤᠷᠪᠠ ᠳᠤ᠂ ᠦᠨ᠎ᠠ ᠶᠢᠨ ᠬᠠᠷᠠᠭᠠᠯᠵᠠᠯ ᠬᠦᠷᠳᠡᠭᠡᠵᠦ᠂ ᠦᠢᠯᠡᠴᠢᠯᠡᠬᠡᠨ ᠤ ᠠᠵᠢᠯ ᠲᠦᠷᠦᠯ ᠢ ᠲᠡᠮᠵᠢᠪᠡ᠃      ᠰᠤᠷᠪᠤᠯᠵᠢᠯᠠᠬᠴᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠤᠰ ᠪᠠ ᠦᠪᠡᠷᠲᠡᠭᠡᠨ ᠵᠠᠰᠠᠬᠤ ᠤᠷᠤᠨ ᠠᠴᠠ ᠵᠠᠰᠠᠬ ᠢ ᠴᠤᠮᠬᠠᠳᠬᠠᠨ ᠡᠷᠬᠡ ᠶᠢ ᠲᠠᠯᠪᠢᠬᠤ᠂ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢ ᠬᠦᠴᠦᠳᠡᠢ ᠠᠬᠢᠭᠤᠯᠪᠠ᠃ ᠵᠠᠰᠠᠬ ᠤᠨ ᠤᠷᠳᠤᠨ ᠤ ᠶᠡᠷᠦᠩᠬᠡᠶᠢᠯᠡᠭᠰᠡᠨ ᠠᠵᠦ ᠠᠬᠤᠢ ᠶᠢᠨ ᠰᠠᠯᠠᠭ᠎ᠠ ᠮᠦᠴᠢᠷ ᠪᠤᠯᠤᠬᠰᠠᠨ ᠤ ᠬᠤᠪᠢ ᠳᠤ ᠬᠦᠭᠵᠢᠬᠦᠯᠦᠯᠳᠡ ᠥᠭᠡᠷᠡᠴᠢᠯᠡᠯᠲᠡ ᠶᠢᠨ ᠵᠥᠪᠯᠡᠯ ᠶᠠᠮᠠᠷ ᠰᠢᠤ ᠠᠵᠢᠯ ᠬᠢᠭᠰᠡᠨ ᠪᠤᠢ︖      ᠪᠤᠤ ᠮᠠᠨᠳᠠ᠄ ᠨᠢᠬᠡ ᠳᠤ᠂ ᠶᠡᠭᠡ ᠬᠦᠴᠦ ᠤᠷᠤᠭᠤᠯᠵᠦ ᠵᠠᠰᠠᠬ ᠢ ᠴᠤᠮᠬᠠᠳᠬᠠᠨ ᠡᠷᠬᠡ ᠶᠢ ᠲᠠᠯᠪᠢᠪᠠ︔ ᠬᠤᠶᠠᠷ ᠲᠤ᠂ ᠡᠷᠬᠡ ᠶᠢ ᠲᠠᠯᠪᠢᠬᠤ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠪᠡ︔ ᠭᠤᠷᠪᠠ ᠳᠤ᠂ ᠡᠷᠬᠡ ᠶᠢᠨ ᠨᠠᠷᠢᠨ ᠲᠠᠩᠰᠠ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠠᠬ ᠲᠤᠬᠠᠢ ᠳᠤᠨᠢ ᠢᠯᠡ ᠨᠡᠶᠢᠳᠡᠯᠡᠪᠡ︔ ᠲᠦᠷᠪᠡ ᠳᠤ᠂ ᠰᠦᠯᠵᠢᠶᠡᠨ ᠲᠡᠭᠡᠷ᠎ᠠ ᠬᠢᠨᠠᠨ ᠵᠦᠪᠰᠢᠶᠡᠷᠡᠬᠦ ᠶᠢ ᠢᠳᠡᠪᠬᠢᠳᠡᠢ ᠠᠬᠢᠭᠤᠯᠪᠠ︔ ᠲᠠᠪᠤ ᠳᠤ᠂ ᠲᠤᠰᠴᠤ ᠵᠤᠯᠭᠠᠯᠴᠠᠬᠤ ᠴᠢᠳᠠᠪᠤᠷᠢ ᠪᠠᠨ ᠴᠢᠩᠭᠠᠷᠠᠭᠤᠯᠪᠠ᠃      ᠰᠤᠷᠪᠤᠯᠵᠢᠯᠠᠬᠴᠢ᠄ ᠡᠳ᠋ ᠤᠨ ᠵᠠᠰᠠᠬ ᠠᠴᠠ ᠬᠡᠷᠬᠢᠨ ᠤᠯᠠᠨ ᠲᠡᠰ ᠲᠠᠪᠬᠤᠷᠭᠠᠳᠤ ᠡᠳ᠋ ᠤᠨ ᠵᠠᠰᠠᠬ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠵᠦ᠂ ᠡᠳ᠋ ᠤᠨ ᠵᠠᠰᠠᠬ ᠤᠨ ᠪᠡᠯᠡ ᠮᠦᠩᠬᠦᠨ ᠤ ᠬᠦᠰᠢᠬᠦᠷᠬᠡ ᠶᠢᠨ ᠦᠢᠯᠡᠳᠦᠯ ᠢ ᠪᠠᠳᠠᠷᠠᠭᠤᠯᠤᠨ᠂ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠬᠦᠲᠦᠯᠦᠨ ᠲᠠᠭᠠᠭᠤᠯᠵᠦ ᠠᠬᠢᠭᠤᠯᠤᠭᠰᠠᠨ ᠪᠣᠢ︖      ᠵᠠᠩ ᠬᠤᠸᠠ ︵ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠬ ᠤᠨ ᠲᠢᠩᠬᠢᠮ ᠤᠨ ᠲᠠᠷᠤᠭ᠎ᠠ︶᠄ ᠤᠢᠢᠷ᠎ᠠ ᠶᠢᠨ ᠬᠤᠶᠠᠷ ᠵᠢᠯ ᠳᠤ᠂ ᠦᠪᠡᠷᠲᠡᠬᠡᠨ ᠵᠠᠰᠠᠬᠤ ᠤᠷᠤᠨ ᠤ ᠡᠳ᠋ ᠤᠨ ᠵᠠᠰᠠᠬ ᠠᠴᠠ ᠦᠨ᠎ᠠ ᠲᠦᠯᠦᠪᠦᠷᠢ ᠦᠬᠡᠢ ᠪᠠᠷ ᠨᠦᠬᠦᠪᠦᠷᠢ ᠦᠭᠬᠦ᠂ ᠡᠳ᠋ ᠤᠨ ᠵᠠᠰᠠᠬ ᠠᠴᠠ ᠬᠦᠦ ᠮᠦᠩᠬᠦ ᠶᠢ ᠨᠢ ᠦᠭᠬᠦ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠵᠦ᠂ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠬᠦᠲᠦᠯᠦᠨ ᠲᠠᠭᠠᠭᠤᠯᠪᠠ᠃ ᠭᠤᠤᠯᠳᠠᠭᠤ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ᠂ ᠴᠠᠬᠢᠯᠭᠠᠨ ᠬᠦᠴᠦᠨ ᠵᠡᠷᠭᠡ ᠭᠤᠤᠯᠳᠠᠯᠭ᠎ᠠ ᠲᠠᠢ ᠠᠵᠦ ᠦᠢᠯᠡᠰ ᠤᠨ ᠬᠦᠭᠵᠢᠯᠳᠡ ᠶᠢ ᠲᠡᠮᠵᠢᠵᠦ᠂ ︽ᠬᠠᠳᠠᠭᠠᠯᠠᠮᠵᠢ ᠪᠠᠷ ᠵᠢᠬᠡᠯᠡᠯᠬᠡ ᠶᠢ ᠠᠬᠢᠭᠤᠯᠬᠤ︾᠎ ᠪᠠᠷ ᠲᠠᠮᠵᠢᠵᠦ᠂ ᠠᠵᠦ ᠠᠬᠤᠢᠢᠯᠠᠯ ᠤᠨ ᠪᠡᠯᠡ ᠬᠤᠷᠠᠮᠳᠤᠭᠤᠯᠬᠤ ᠬᠦᠴᠢᠷᠳᠡᠯ ᠢ ᠰᠢᠢᠳᠪᠦᠷᠢᠯᠡᠪᠡ᠃ ᠡᠳ᠋ ᠤᠨ ᠵᠠᠰᠠᠬ ᠤᠨ ᠲᠢᠩᠬᠢᠮ ᠠᠴᠠ ᠬᠤᠳᠠᠯᠳᠤᠭᠠᠨ ᠤ ᠪᠠᠩᠬᠢ ᠶᠢ ᠬᠦᠲᠦᠯᠦᠨ ᠲᠠᠭᠠᠭᠤᠯᠵᠦ ᠡᠯ᠎ᠠ ᠲᠦᠷᠦᠯ ᠤᠨ ᠭᠤᠤᠯᠳᠠᠯᠭ᠎ᠠ ᠲᠠᠢ ᠠᠵᠦ ᠠᠬᠤᠢᠢᠯᠠᠯ ᠳᠤ 568 ᠳ᠋ᠦᠩᠰᠢᠭᠤᠷ ᠲᠦᠬᠦᠷᠢᠭ ᠤᠨ ᠵᠢᠭᠡᠯᠡᠯᠬᠡ ᠤᠯᠭᠤᠵᠦ᠂ ᠪᠤᠳᠠᠳᠤ ᠠᠵᠦ ᠠᠬᠤᠢ ᠶᠢᠨ ᠬᠦᠭᠵᠢᠯᠳᠡ ᠶᠢ ᠲᠡᠮᠵᠢᠵᠦ᠂ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢᠨ ᠨᠡᠮᠡᠭᠳᠡᠯ ᠢ ᠠᠬᠢᠭᠤᠯᠪᠠ᠃      ᠰᠤᠷᠪᠤᠯᠵᠢᠯᠠᠬᠴᠢ᠄ ᠠᠵᠦ ᠠᠬᠤᠢᠢᠯᠠᠯ ᠨᠦᠬᠦᠴᠡᠯ ᠳᠤ ᠨᠡᠶᠢᠴᠡᠭᠰᠡᠨ ᠤᠯᠠᠨ ᠨᠡᠶᠢᠳᠡ ᠶᠢᠨ ᠰᠠᠭᠤᠷᠢ ᠲᠦᠬᠦᠬᠡᠷᠦᠮᠵᠢ᠂ ᠤᠷᠴᠢᠨ ᠲᠤᠭᠤᠷᠢᠨ ᠤ ᠬᠠᠮᠠᠭᠠᠯᠠᠯᠳᠠ᠂ ᠡᠨᠧᠷᠬᠢ ᠠᠷᠪᠢᠯᠠᠬᠤ ᠤᠰᠤ ᠠᠷᠪᠢᠯᠠᠬᠤ ᠲᠦᠷᠦᠯ ᠵᠦᠢᠯ ᠳᠤ ᠣᠷᠣᠯᠴᠠᠪᠠᠯ ᠶᠠᠮᠠᠷ ᠰᠢᠤ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ ᠪᠤᠢ︖      ᠵᠠᠩ ᠬᠦᠸᠧ ᠵᠦᠩ ︵ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠬ ᠤᠨ ᠭᠠᠶᠢᠯᠢ ᠶᠢᠨ ᠲᠤᠪᠴᠢᠶ᠎ᠠ ᠶᠢᠨ ᠲᠠᠷᠤᠭ᠎ᠠ︶᠄ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠪᠡᠯ᠂ ᠰᠠᠭᠤᠭᠠᠯᠢ ᠠᠷᠠᠳ ᠤᠨ ᠠᠵᠦ ᠠᠬᠤᠢᠢᠯᠠᠯ ᠤᠯᠤᠰ ᠠᠴᠠ ᠭᠤᠤᠯᠳᠠᠯᠭ᠎ᠠ ᠲᠠᠢ ᠲᠡᠮᠵᠢᠵᠦ ᠪᠠᠶᠢᠭ᠎ᠠ ᠤᠯᠨᠨ ᠨᠡᠶᠢᠳᠡ ᠶᠢᠨ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ᠂ ᠨᠦᠬᠦᠴᠡᠯ ᠳᠤ ᠨᠡᠶᠢᠴᠡᠭᠰᠡᠨ ᠤᠷᠴᠢᠨ ᠲᠤᠭᠤᠷᠢᠨ ᠤ ᠬᠠᠮᠠᠭᠠᠯᠠᠯᠳᠠ᠂ ᠡᠨᠧᠷᠬᠢ ᠠᠷᠪᠢᠯᠠᠬᠤ ᠤᠰᠤ ᠠᠷᠪᠢᠯᠠᠬᠤ ᠲᠦᠷᠦᠯ ᠵᠦᠢᠯ ᠳᠤ ᠤᠷᠤᠯᠴᠠᠵᠦ ᠤᠯᠤᠬᠰᠠᠨ ᠪᠡᠯᠡ ᠤᠷᠤᠭᠤᠯᠤᠯᠳᠠ ᠡᠵᠡᠩᠨᠡᠯᠳᠡ ᠶᠢᠨ ᠤᠯᠵᠠᠪᠤᠷᠢ ᠶᠢ ᠪᠤᠯ ᠲᠦᠷᠦᠯ ᠵᠦᠢᠯ ᠤᠨ ᠲᠦᠷᠦᠬᠦᠴᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠤᠷᠤᠯᠭ᠎ᠠ ᠳᠤ ᠬᠠᠷᠢᠶᠠᠯᠠᠬᠳᠠᠬᠤ ᠭᠠᠶᠢᠯᠢ ᠲᠤᠰᠢᠶᠠᠬᠤ ᠵᠢᠯ ᠠᠴᠠ ᠡᠬᠢᠯᠡᠨ᠂ ᠨᠢᠬᠡᠳᠦᠬᠡᠷ ᠵᠢᠯ ᠠᠴᠠ ᠭᠤᠷᠪᠠᠳᠤᠭᠠᠷ ᠵᠢᠯ ᠪᠤᠯᠳᠠᠯ᠎ᠠ ᠠᠵᠦ ᠠᠬᠤᠢᠢᠯᠠᠯ ᠎ ᠤᠨ ᠤᠯᠵᠠᠪᠤᠷᠢ ᠶᠢᠨ ᠭᠠᠶᠢᠯᠢ ᠶᠢ ᠬᠡᠯᠲᠦᠷᠢᠬᠦᠯᠦᠨ᠂ ᠲᠦᠷᠪᠡᠳᠦᠬᠡᠷ ᠵᠢᠯ ᠠᠴᠠ ᠵᠢᠷᠭᠤᠳᠤᠭᠠᠷ ᠵᠢᠯ ᠪᠤᠯᠳᠠᠯ᠎ᠠ ᠠᠵᠦ ᠠᠬᠤᠢᠢᠯᠠᠯ ᠤᠨ ᠤᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠤᠷᠢᠶᠠᠨ᠎ᠠ᠃      ᠰᠤᠷᠪᠤᠯᠵᠢᠯᠠᠬᠴᠢ᠄ ᠠᠵᠦ ᠠᠬᠤᠢᠢᠯᠠᠯ ᠲᠦᠬᠦᠮ ᠪᠦᠲᠦᠴᠡᠳᠤ ᠤᠷᠤᠨ ᠰᠠᠭᠤᠴᠡ ᠶᠢᠨ ᠲᠤᠭᠤᠷᠢᠬ ᠢ ᠵᠠᠰᠠᠨ ᠰᠢᠨᠡᠳᠬᠡᠬᠦ ᠳᠤ ᠣᠷᠣᠯᠴᠠᠪᠠᠯ ᠶᠠᠮᠠᠷ ᠭᠠᠶᠢᠯᠢ ᠶᠢᠨ ᠬᠠᠷᠠᠭᠠᠯᠵᠠᠯ ᠬᠦᠷᠲᠡᠬᠦ ᠪᠤᠢ︖      ᠵᠠᠩ ᠬᠦᠸᠧ ᠵᠦᠩ᠄ ᠪᠠᠷᠢᠯᠭ᠎ᠠ ᠶᠢᠨ ᠠᠵᠦ ᠠᠬᠤᠢᠢᠯᠠᠯ ᠲᠦᠬᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠬ ᠢ ᠵᠠᠰᠠᠨ ᠰᠢᠨᠡᠳᠬᠡᠬᠦ ᠲᠦᠷᠦᠯ ᠵᠦᠢᠯ ᠳᠤ ᠤᠷᠤᠯᠴᠠᠭᠠᠳ ᠤᠯᠤᠬᠰᠠᠨ ᠡᠵᠡᠩᠨᠡᠯᠳᠡ ᠶᠢᠨ ᠤᠯᠵᠠᠪᠤᠷᠢ ᠶᠢᠨ ᠭᠠᠶᠢᠯᠢ ᠶᠢᠨ ᠤᠷᠤᠨ ᠨᠤᠳᠤᠬ ᠤᠨ ᠭᠠᠶᠢᠯᠢ ᠶᠢᠨ ᠬᠡᠰᠡᠭ ᠢ ᠬᠡᠯᠲᠦᠷᠢᠬᠦᠯᠦᠨ᠎ᠠ᠃      ᠰᠤᠷᠪᠤᠯᠵᠢᠯᠠᠬᠴᠢ᠄ ᠪᠠᠭ᠎ᠠ ᠵᠢᠵᠢᠭ ᠠᠵᠤ ᠠᠬᠤᠶᠢᠯᠠᠯ ᠶᠠᠮᠠᠷ ᠭᠠᠶᠢᠯᠢ ᠶᠢᠨ ᠬᠠᠷᠠᠭᠠᠯᠵᠠᠯ ᠬᠦᠷᠲᠡᠬᠦ ᠪᠤᠢ︖      ᠵᠠᠩ ᠬᠦᠸᠧ ᠵᠦᠩ᠄ ᠨᠦᠬᠦᠴᠡᠯ ᠳᠤ ᠨᠡᠶᠢᠴᠡᠬᠦ ᠪᠠᠭ᠎ᠠ ᠵᠢᠵᠢᠭ ᠠᠵᠦ ᠠᠬᠤᠢᠢᠯᠠᠯ ᠬᠠᠮᠢᠶ᠎ᠠ ᠪᠦᠬᠦᠢ ᠲᠤᠬᠳᠠᠭᠠᠯ ᠶᠤᠰᠤᠭᠠᠷ ᠨᠡᠮᠡᠭᠳᠡᠯ ᠦᠷᠲᠡᠭ ᠤᠨ ᠭᠠᠶᠢᠯᠢ᠂ ᠠᠵᠦ ᠠᠬᠤᠢᠢᠯᠠᠯ ᠤᠨ ᠤᠯᠵᠠᠪᠤᠷᠢ ᠶᠢᠨ ᠭᠠᠶᠢᠯᠢ᠂ ᠲᠡᠮᠳᠡᠭᠳᠤ ᠶᠢᠨ ᠭᠠᠶᠢᠯᠢ᠂ ᠰᠤᠷᠭᠠᠨ ᠬᠦᠮᠦᠵᠢᠯ ᠤᠨ ᠲᠠᠭᠠᠯᠳᠠ ᠰᠦᠢᠳᠬᠡᠯ᠂ ᠤᠷᠤᠨ ᠨᠤᠲᠤᠬ ᠤᠨ ᠰᠤᠷᠭᠠᠨ ᠬᠦᠮᠦᠵᠢᠯ ᠤᠨ ᠲᠠᠭᠠᠯᠳᠠ ᠰᠦᠢᠳᠬᠡᠯ᠂ ᠤᠰᠤᠨ ᠠᠰᠢᠬᠯᠠᠯᠳᠠ ᠶᠢᠨ ᠪᠦᠲᠦᠬᠡᠨ ᠪᠠᠶᠢᠭᠤᠯᠤᠯᠳᠠ ᠶᠢᠨ ᠰᠠᠭᠤᠷᠢ ᠮᠦᠩᠬᠦ᠂ ᠰᠤᠶᠤᠯ ᠤᠨ ᠦᠢᠯᠡᠰ ᠤᠨ ᠪᠦᠲᠦᠬᠡᠨ ᠪᠠᠶᠢᠭᠤᠯᠤᠯᠳᠠ ᠶᠢᠨ ᠰᠦᠢᠳᠬᠡᠯ᠂ ᠵᠡᠮᠳᠡᠭᠴᠤᠳ ᠤᠨ ᠠᠵᠢᠯ ᠤᠯᠭᠤᠯᠳᠠ ᠶᠢᠨ ᠪᠠᠲᠤᠯᠠᠭ᠎ᠠ ᠶᠢᠨ ᠮᠦᠩᠬᠦ ᠵᠡᠷᠭᠡ ᠤᠯᠠᠨ ᠲᠦᠷᠦᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠳᠡᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
Baidu
map