ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠪᠤᠨ ᠲᠠᠯ᠎ᠠ ᠪᠠᠷ ᠰᠢᠨ᠎ᠡ ᠶᠢ ᠡᠭᠦᠳᠦᠨ ᠬᠦᠭᠵᠢᠭᠦᠯᠬᠦ ᠶᠢ ᠪᠦᠭᠦ ᠬᠦᠴᠦᠨ ᠢᠶᠠᠷ ᠲᠦᠯᠭᠢᠨ ᠠᠬᠢᠭᠤᠯᠪᠠ
ᠨᠡᠶᠢᠲᠡᠯᠡᠭᠰᠡᠨ ᠴᠠᠭ᠄
2016/5/6
     4 ᠳ᠋ᠦ᠋ᠭᠡᠷ ᠰᠠᠷ᠎ᠠ ᠶᠢᠨ 9᠎ ᠤ ᠡᠳᠦᠷ ᠬᠤᠷᠠᠯᠳᠤᠭᠰᠠᠨ ᠪᠦᠬᠦ ᠣᠷᠣᠨ ᠤ ᠭᠤᠣᠯᠳᠠᠯᠭ᠎ᠠ ᠲᠠᠢ ᠠᠵᠢᠯ   ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠬᠤ ᠬᠤᠷᠠᠯ ᠨᠢ ᠮᠠᠨ ᠤ ᠣᠷᠣᠨ ᠰᠢᠨ᠎ᠡ  ᠶᠢ ᠡᠭᠦᠳᠬᠦ ᠶᠢ ᠬᠡᠷᠬᠢᠨ ᠲᠥᠯᠬᠢᠨ ᠠᠬᠢᠭᠤᠯᠬᠤ᠂ ᠡᠯ᠎ᠡ ᠬᠦᠷᠢᠶᠡᠨ ᠤ ᠬᠥᠭᠵᠢᠯᠲᠡ ᠶᠢ ᠬᠡᠷᠬᠢᠨ ᠲᠥᠷᠭᠡᠳᠬᠡᠬᠦ 5 ᠲᠠᠯ᠎ᠠ ᠪᠠᠷ ᠪᠦᠬᠦ ᠲᠠᠯ᠎ᠠ ᠪᠠᠷ ᠪᠠᠶᠢᠷᠢᠯᠠᠭᠤᠯᠪᠠ᠃      ᠶᠠᠭᠤᠨ ᠤ ᠡᠮᠦᠨ᠎ᠡ᠂ ᠰᠢᠨ᠎ᠡ ᠶᠢ ᠡᠭᠦᠳᠬᠦ ᠶᠢ ᠠᠬᠢᠭᠤᠯᠬᠤ ᠳᠤ ᠦᠵᠡᠯ ᠰᠠᠨᠠᠭ᠎ᠠ ᠪᠠᠨ ᠴᠢᠯᠥᠭᠡᠯᠡᠨ᠂  ᠣᠨᠣᠯᠵᠢᠬᠤᠨ ᠢᠶᠠᠨ ᠰᠢᠨᠡᠳᠬᠡᠬᠦ ᠬᠡᠷᠡᠭᠲᠡᠢ᠃      ᠦᠵᠡᠯ ᠰᠠᠨᠠᠭᠠᠨ ᠤ ᠬᠤᠷᠴᠠ ᠰᠡᠷᠭᠡᠭ ᠴᠢᠨᠠᠷ ᠪᠣᠯᠣᠨ ᠴᠢᠯᠦᠭᠡᠵᠢᠯ ᠤᠨ ᠬᠡᠮᠵᠢᠶ᠎ᠡ ᠶᠢ ᠪᠠᠷᠢᠮᠲᠠᠯᠠᠵᠤ᠂ ᠦᠢᠯᠡᠳᠦᠯᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠨᠢᠭᠡᠨᠲᠡ ᠬᠠᠭᠤᠴᠢᠷᠬᠠᠰᠠᠨ ᠦᠵᠡᠯᠲᠡ ᠶᠢ ᠲᠠᠰᠤᠷᠠᠯᠳᠠ ᠦᠭᠡᠢ ᠠᠷᠢᠯᠭᠠᠵᠤ᠂ ᠴᠠᠭ ᠦᠶ᠎ᠡ ᠪᠣᠯᠣᠨ ᠦᠢᠯᠡᠳᠦᠯᠭᠡ ᠶᠢᠨ ᠬᠥᠭᠵᠢᠯᠲᠡ ᠲᠠᠢ  ᠵᠣᠬᠢᠴᠠᠭᠰᠠᠨ ᠰᠡᠳᠬᠢᠬᠦᠶ ᠶᠢᠨ ᠠᠷᠭ᠎ᠠ ᠬᠡᠯᠪᠡᠷᠢ ᠶᠢ ᠦᠨᠡᠨ ᠬᠦ ᠪᠣᠢ ᠪᠣᠯᠭᠠᠵᠤ᠂ ᠡᠭᠦᠨ ᠤ ᠤᠯᠠᠮ ᠢᠶᠠᠷ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠬᠢᠮᠵᠢ᠂ ᠰᠢᠨ᠎ᠡ ᠠᠷᠭ᠎ᠠ᠂ ᠰᠢᠨ᠎ᠡ ᠲᠤᠷᠰᠢᠯᠭ᠎ᠠ ᠶᠢ ᠲᠡᠰᠤᠷᠡᠯᠳᠡ ᠦᠭᠡᠢ ᠡᠭᠦᠳᠴᠦ᠂ ᠠᠵᠤ ᠠᠬᠤᠶ ᠶᠢᠨ ᠠᠵᠢᠯᠯᠠᠭᠠᠨ ᠤ ︽ᠰᠢᠨᠡᠴᠢᠯᠡᠯ ᠤᠨ ᠬᠡᠮᠵᠢᠶ᠎ᠡ︾᠂ ᠥᠭᠡᠷ᠎ᠡ ᠪᠠᠷ ᠬᠡᠯᠡᠪᠡᠯ ︽ᠦᠨ᠎ᠡ ᠴᠡᠨ᠎ᠡ ᠶᠢᠨ ᠬᠡᠮᠵᠢᠶ᠎ᠡ︾᠎ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ  ᠃      ᠳᠠᠷᠠᠭᠠᠯᠠᠪᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠳᠠᠯ ᠤᠨ ᠪᠦᠬᠦ ᠲᠠᠯ᠎ᠠ ᠪᠠᠷ ᠰᠢᠨ᠎ᠡ ᠶᠢ ᠡᠭᠦᠳᠬᠦ ᠳᠤᠮᠳᠠᠬᠢ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃      ︽ᠲᠠᠪᠤᠨ ᠲᠣᠮᠣ ᠰᠠᠭᠤᠷᠢᠨ ᠭᠠᠵᠠᠷ︾᠎ ᠢ ᠪᠦᠳᠦᠭᠡᠨ ᠪᠠᠶᠢᠭᠤᠯᠬᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠪᠣᠯᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠭᠵᠢᠭᠦᠯᠬᠦ ᠶᠢᠨ ᠲᠣᠭᠤᠷᠢᠨ ᠳᠤ᠂ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠲᠥᠪᠯᠡᠷᠡᠩᠭᠦᠢ ᠪᠠᠷ ᠰᠢᠪᠲᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠮᠡᠷᠭᠡᠵᠢᠯ ᠤᠨ ᠪᠠᠭᠤᠷᠠᠢ ᠲᠠᠯ᠎ᠠ ᠪᠣᠯᠣᠨ ᠰᠢᠨ᠎ᠡ ᠶᠢ ᠡᠭᠦᠳᠬᠦ ᠪᠣᠭᠤᠮᠢ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠪᠠᠰᠠ ᠠᠵᠤ ᠦᠢᠯᠡᠰ ᠤᠨ ᠬᠡᠯᠬᠢᠶ᠎ᠡ  ᠎ ᠲᠠᠢ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠪᠠᠨ ᠪᠠᠶᠢᠷᠢᠯᠠᠭᠤᠯᠵᠤ᠂ ᠳᠡᠭᠡᠳᠦ ᠲᠣᠣᠷᠠᠳᠣ ᠤᠶᠠᠯᠳᠤᠭᠰᠠᠨ᠂ ᠳᠡᠭᠡᠳᠦ ᠳᠤᠮᠳᠠ ᠳᠣᠣᠷᠠᠳᠣ ᠵᠣᠯᠭᠠᠯᠳᠤᠭᠰᠠᠨ᠂ ᠲᠣᠮᠣ ᠳᠤᠮᠳᠠ ᠪᠠᠭ᠎ᠠ ᠠᠵᠤ ᠠᠬᠤᠶᠢᠯᠠᠯ ᠵᠣᠬᠢᠴᠠᠯᠳᠤᠭᠰᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠪᠠᠶᠢᠷᠢᠰᠢᠯ ᠢ ᠪᠣᠶᠢᠵᠢᠭᠤᠯᠬᠤ ᠬᠡᠷᠡᠭᠲᠡᠢ᠂ ᠪᠠᠰᠠ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠪᠠᠶᠢᠭᠤᠯᠬᠤ ᠲᠣᠭᠤᠷᠢᠨ ᠳᠤ᠂ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠢ ᠨᠢᠭᠡ ᠴᠣᠭᠴᠠᠵᠢᠨ ᠰᠢᠨ᠎ᠡ ᠶᠢ ᠡᠭᠦᠳᠬᠦ᠂ ᠬᠠᠷᠢᠯᠴᠠᠨ ᠠᠬᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃      ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠠᠬᠢᠴᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠵᠠᠮ ᠢ ᠨᠡᠪᠲᠡᠷᠡᠭᠦᠯᠬᠦ ᠬᠡᠷᠡᠭᠲᠡᠢ᠃ ᠨᠢᠭᠡ ᠲᠠᠯ᠎ᠠ ᠪᠠᠷ ᠡᠯ᠎ᠡ ᠲᠦᠷᠦᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠬᠤᠭᠤᠷᠤᠨᠳᠤ ᠪᠠᠨ ᠬᠠᠮᠳᠤᠷᠠᠯᠴᠠᠬᠤ ᠶᠢ ᠲᠥᠷᠭᠡᠳᠬᠡᠬᠦ ᠬᠡᠷᠡᠭᠲᠡᠶ︔ ᠨᠦᠬᠦᠭᠡ ᠲᠠᠯ᠎ᠠ ᠪᠠᠷ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠵᠠᠬ᠎ᠠ ᠳᠡᠯᠭᠡᠭᠦᠷ ᠲᠠᠢ ᠵᠤᠯᠭᠠᠯᠳᠤᠭᠤᠯᠬᠤ ᠶᠢ ᠲᠥᠷᠭᠡᠳᠬᠡᠵᠦ᠂ ᠮᠡᠳᠡᠯᠭᠡ ᠪᠣᠯᠣᠨ ᠡᠭᠦᠳᠦᠯᠲᠡ ᠶᠢᠨ ᠠᠵᠤ ᠠᠬᠤᠶ ᠶᠢᠨ ᠥᠨ᠎ᠡ ᠥᠷᠲᠡᠭ ᠢ ᠦᠨᠡᠨ ᠬᠦ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠪᠡᠯᠡ ᠣᠷᠣᠭᠤᠯᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠠᠮᠲᠤᠪᠠᠷ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ  ᠪᠠᠶᠢᠭᠤᠯᠵᠤ᠂  ᠬᠦᠷᠢᠶ᠎ᠡ ᠴᠠᠷᠠᠭ᠎ᠠ ᠠᠯᠤᠰᠯᠠᠨ ᠬᠠᠮᠲᠤᠷᠠᠯᠴᠠᠵᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠬᠡᠷᠡᠭᠲᠡᠢ᠃      ᠭᠤᠷᠪᠠᠳᠤᠭᠠᠷ ᠲᠤ᠂ ᠰᠢᠨ᠎ᠡ ᠶᠢ ᠡᠭᠦᠳᠦᠨ ᠬᠦᠭᠵᠢᠭᠦᠯᠬᠦ ᠪᠠᠶᠢᠭᠤᠯᠤᠯ ᠤᠨ ᠲᠣᠭᠲᠠᠴᠠ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃      ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠠᠵᠤ ᠠᠬᠤᠶ ᠨᠡᠶᠢᠭᠡᠮ ᠤᠨ ᠬᠦᠷᠢᠶᠡᠨ ᠤ ᠥᠭᠡᠷᠡᠴᠢᠯᠡᠯᠲᠡ ᠶᠢ ᠵᠡᠷᠭᠡ ᠳᠤᠨᠢ ᠬᠦᠴᠦᠯᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠬᠠᠮᠢᠶᠠᠷᠤᠯᠲᠠ ᠶᠢᠨ ᠰᠢᠨ᠎ᠡ ᠶᠢ  ᠡᠭᠦᠳᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠵᠣᠬᠢᠴᠠᠭᠤᠯᠤᠨ ᠲᠦᠯᠬᠢᠨ ᠠᠬᠢᠭᠤᠯᠵᠤ᠂ ᠡᠷᠬᠡ ᠶᠢ ︽ᠬᠠᠰᠤᠬᠤ ᠠᠷᠭ᠎ᠠ︾ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ︽ᠨᠡᠮᠡᠬᠦ ᠠᠷᠭ᠎ᠠ︾᠎ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠰᠤᠯᠠᠯᠠᠬᠤ ᠬᠡᠷᠡᠭᠲᠡᠢ᠃      ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠪᠦᠷᠢᠨᠰᠢᠭᠦᠯᠵᠦ᠂ ᠠᠵᠤ ᠠᠬᠤᠶᠢᠯᠠᠯ ᠳᠤ ᠠᠵᠢᠯ ᠲᠦᠷᠦᠯ ᠪᠣᠯᠣᠨ ᠮᠡᠷᠭᠡᠵᠢᠯ ᠤᠨ ᠱᠤᠭᠤᠮ ᠤᠨ ᠲᠠᠯ᠎ᠠ ᠪᠠᠷ ᠨᠡᠩ ᠶᠡᠭᠡ ᠡᠵᠡᠨ ᠮᠡᠳᠡᠬᠦ ᠡᠷᠬᠡ ᠶᠢ ᠣᠯᠭᠤᠵᠤ᠂ ᠠᠵᠤ ᠠᠬᠤᠶᠢᠯᠠᠯ ᠢ ᠦᠨᠡᠨ ᠬᠦ ᠰᠢᠨ᠎ᠡ ᠶᠢ ᠡᠭᠦᠳᠬᠦ ᠪᠡᠶᠡᠴᠢ ᠴᠣᠭᠴᠠ ᠪᠣᠯᠭᠠᠬᠤ ᠬᠡᠷᠡᠭᠲᠡᠶ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠰᠤᠳᠤᠯᠤᠨ ᠨᠡᠭᠡᠭᠡᠵᠦ ᠬᠠᠮᠢᠶᠠᠷᠬᠤ ᠠᠴᠠ ᠨᠢ ᠰᠢᠨ᠎ᠡ ᠶᠢ ᠡᠭᠦᠳᠬᠦ ᠦᠢᠯᠡᠴᠢᠯᠡᠭᠡ ᠲᠡᠰᠢ ᠬᠤᠪᠢᠷᠠᠭᠤᠯᠵᠤ᠂ ᠬᠤᠷᠸ᠎ᠠ ᠲᠠᠯ᠎ᠠ ᠶᠢ ᠠᠳᠬᠤᠬᠤ᠂ ᠪᠠᠶᠢᠯᠳᠤᠬᠤ ᠪᠤᠳᠦᠯᠭ᠎ᠠ ᠶᠢ ᠠᠳᠬᠤᠬᠤ᠂ ᠠᠯᠤᠰ ᠤᠨ ᠪᠠᠷᠠᠯᠠᠯ ᠢ ᠠᠳᠬᠤᠬᠤ᠂ ᠰᠠᠭᠤᠷᠢ ᠎ ᠶᠢ ᠠᠳᠬᠤᠬᠤ ᠶᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠲᠠᠯ᠎ᠠ ᠪᠠᠷ᠂ ᠭᠤᠣᠯᠳᠠᠭᠤ ᠵᠠᠬ᠎ᠠ ᠳᠡᠯᠭᠡᠭᠦᠷ ᠠᠴᠠ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ᠂ ᠵᠠᠷᠤᠳᠠᠯ ᠤᠨ ᠬᠤᠪᠢᠶᠠᠷᠢᠯᠠᠯᠲᠠ ᠪᠣᠯᠣᠨ ᠦᠷ᠎ᠡ ᠳ᠋ᠦᠩ ᠢ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠵᠣᠷᠢᠭᠵᠢᠭᠤᠯᠬᠤ᠂ ᠬᠥᠲᠥᠯᠥᠨ ᠵᠢᠯᠣᠭᠤᠳᠬᠤ ᠪᠠ ᠳᠡᠮᠵᠢᠬᠦ ᠪᠠᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃      ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ ᠳᠡᠭᠡᠳᠦ ᠬᠡᠮᠵᠢᠶ᠎ᠡ ᠠᠴᠠ ᠴᠢᠳᠠᠪᠤᠷᠢᠲᠠᠨ ᠤ ᠴᠢᠬᠤᠯᠠ ᠴᠢᠨᠠᠷ ᠢ ᠲᠠᠨᠢᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠬᠡᠷᠡᠭᠯᠡᠬᠦ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠩ ᠣᠯᠠᠨ ᠡᠬᠢ ᠪᠠᠶᠠᠯᠢᠭ ᠢ ︽ᠬᠥᠮᠦᠨ︾᠎ ᠳᠤ ᠣᠷᠣᠭᠤᠯᠵᠤ᠂ ᠴᠢᠳᠠᠪᠤᠷᠢᠲᠠᠨ ᠤ ᠠᠵᠢᠯ ᠤᠨ ᠡᠯ᠎ᠡ ᠲᠠᠯ᠎ᠠ ᠠᠴᠠ ᠰᠢᠰᠲ᠋ᠧᠮ ᠲᠠᠢ ᠲᠣᠬᠢᠷᠠᠭᠤᠯᠬᠤ ᠬᠡᠷᠡᠭᠲᠡᠶ᠃ ᠴᠢᠳᠠᠪᠤᠷᠢᠲᠠᠨ ᠢ ᠦᠨᠡᠯᠡᠬᠦ ᠰᠢᠰᠲ᠋ᠧᠮᠵᠢ ᠶᠢ ᠥᠭᠡᠷᠡᠴᠢᠯᠡᠵᠦ᠂ ᠴᠢᠳᠠᠪᠤᠷᠢ ᠶᠢᠨ ᠠᠮᠵᠢᠯᠲᠠ ᠪᠦᠲᠦᠮᠵᠢ ᠪᠣᠯᠤᠨ ᠠᠵᠢᠯ ᠮᠡᠷᠭᠡᠵᠢᠯ ᠤᠨ ᠵᠣᠷᠢᠭ  ᠰᠠᠨᠠᠭᠠᠨ ᠤ ᠦᠨᠡᠯᠡᠯᠲᠡ ᠶᠢ ᠨᠡᠩ ᠢᠯᠡᠭᠦᠦ ᠴᠢᠬᠤᠯᠠᠴᠢᠯᠠᠵᠤ᠂ ᠨᠢᠭᠡ ᠰᠡᠳᠬᠢᠯ ᠢᠶᠠᠷ ᠰᠤᠳᠤᠯᠭᠠᠨ ᠬᠢᠵᠦ ᠪᠠᠶᠢᠭ᠎ᠠ ᠬᠥᠮᠥᠰ ᠢ ᠰᠡᠳᠬᠢᠯ ᠬᠤᠪᠢᠶᠠᠭᠳᠠᠯ ᠦᠭᠡᠢ᠂ ᠬᠤᠵᠢᠮ ᠤᠨ ᠵᠣᠪᠠᠭᠤᠷᠢ ᠦᠭᠡᠢ ᠪᠠᠶᠢᠯᠭᠠᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠥᠮᠥᠰ ᠢ ᠴᠢᠯᠦᠭᠡᠲᠡᠢ ᠠᠵᠢᠯᠯᠠᠭᠤᠯᠵᠤ᠂ ᠴᠢᠳᠠᠪᠤᠷᠢ ᠪᠠᠨ ᠪᠠᠳᠠᠷᠠᠭᠤᠯᠬᠤ ᠣᠷᠣᠨ ᠵᠠᠶ ᠣᠯᠭᠤᠬᠤ ᠬᠡᠷᠡᠭᠲᠡᠢ᠃ ᠨᠢᠭᠡ ᠯᠡ ᠬᠡᠪᠰᠢᠯ ᠳᠤ ᠪᠠᠷᠢᠭᠳᠠᠬᠤ ᠦᠭᠡᠢ  ᠪᠠᠷ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠴᠢᠳᠠᠪᠤᠷᠢᠲᠠᠨ ᠮᠠᠨ ᠤ ᠣᠷᠣᠨ ᠳᠤ ᠢᠷᠡᠵᠦ ᠠᠳᠠᠯ ᠦᠢᠯᠡᠰ ᠴᠣᠭᠴᠠᠯᠠᠭᠤᠯᠬᠤ ᠪᠠᠷ ᠲᠠᠲᠠᠬᠤ  ᠮᠥᠷᠲᠡᠭᠡᠨ ᠪᠠᠰᠠ ᠨᠤᠲᠤᠭ ᠤᠰᠤᠨ ᠤ ᠴᠢᠳᠠᠪᠤᠷᠢᠲᠠᠨ ᠨᠤᠭᠤᠳ ᠤᠨ ᠡᠷᠳᠡᠮ ᠴᠢᠳᠠᠪᠤᠷᠢ ᠪᠠᠨ ᠪᠠᠳᠠᠷᠠᠭᠤᠯᠬᠤ ᠶᠢ ᠨᠢ ᠳᠡᠮᠵᠢᠬᠦ ᠬᠡᠷᠡᠭᠲᠡᠶ᠃      ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠ ᠬᠠᠮᠠᠭᠠᠯᠠᠬᠤ ᠳᠦᠷᠢᠮ ᠤᠨ ᠰᠢᠰᠲ᠋ᠧᠮᠵᠢ ᠶᠢ ᠲᠦᠷᠭᠡᠨ  ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠶᠢᠨ ᠲᠦᠷᠢᠮ᠂ ᠠᠰᠢᠭ ᠣᠷᠣᠯᠭ᠎ᠠ ᠶᠢ ᠬᠤᠪᠢᠶᠠᠷᠢᠯᠠᠬᠤ ᠳᠦᠷᠢᠮ ᠪᠣᠯᠣᠨ ᠤᠯᠠᠷᠢᠭᠤᠯᠬᠤ ᠲᠣᠭᠲᠠᠴᠠ ᠶᠢ ᠥᠭᠡᠷᠡᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠢᠨ᠎ᠡ ᠪᠠᠷ ᠡᠭᠦᠳᠬᠦ ᠪᠠᠷ ᠳᠠᠮᠵᠢᠨ ᠨᠡᠩ ᠤᠯᠠᠨ ᠠᠰᠢᠭ ᠬᠦᠷᠲᠡᠭᠡᠬᠦ ᠬᠡᠷᠡᠭᠲᠡᠢ᠃      ᠳᠥᠷᠪᠡᠳᠦᠭᠡᠷ ᠲᠤ᠂ ︽ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ︾᠎ ᠶᠢ ᠰᠢᠨ᠎ᠡ ᠶᠢ ᠡᠭᠦᠳᠦᠨ ᠬᠦᠭᠵᠢᠭᠦᠯᠬᠦ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠬᠡᠷᠡᠭᠲᠡᠶ᠃      ᠣᠷᠴᠢᠨ ᠠᠬᠤᠢ ᠶᠢ ᠰᠢᠯᠢᠳᠡᠭᠵᠢᠭᠦᠯᠵᠦ᠂ ︽ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ︾᠎ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠥᠷᠭᠡᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ᠂ ᠳᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠲᠡ ᠶᠢᠨ ᠪᠡᠯᠡ ᠮᠥᠩᠭᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠪᠡᠯᠡ ᠮᠥᠩᠭᠦ ᠵᠡᠷᠭᠡ ᠪᠠᠷ ᠰᠢᠨ᠎ᠡ ᠶᠢ ᠡᠭᠦᠳᠬᠦ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠡᠩ ᠲᠡᠷᠢᠭᠦᠨ ᠳᠤ ᠳᠡᠮᠵᠢᠵᠦ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠠᠳᠠᠯ ᠦᠢᠯᠡᠰ ᠴᠣᠭᠴᠠᠯᠠᠬᠤ ᠦᠢᠯᠡᠳᠪᠦᠷᠢ ᠮᠡᠲᠦ ᠶᠢᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠪᠠᠷ ᠳᠡᠮᠵᠢᠬᠦ ᠬᠡᠷᠡᠭᠲᠡᠢ᠃ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠤᠯᠠᠨ ᠠᠴᠠ ᠴᠤᠭᠯᠠᠭᠤᠯᠬᠤ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠲᠡᠳᠬᠦᠬᠦ ᠵᠡᠷᠭᠡ ᠠᠵᠤ ᠠᠬᠤᠶ ᠶᠢ ᠬᠠᠮᠲᠤ ᠪᠠᠷ ᠡᠳ᠋ᠯᠡᠬᠦ ᠰᠢᠨ᠎ᠡ ᠵᠠᠭᠪᠤᠷᠰᠢᠯ ᠢ ᠵᠣᠷᠢᠭᠵᠢᠭᠤᠯᠤᠨ ᠬᠥᠭᠵᠢᠭᠦᠯᠬᠦ ᠬᠡᠷᠡᠭᠲᠡᠢ᠃      ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠤᠨ ᠪᠠᠳᠠᠷᠠᠭᠤᠯᠬᠤ ᠶᠢ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠵᠤ᠂ ᠤᠯᠤᠰ ᠠᠷᠠᠳ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠠᠳᠠᠯ ᠦᠢᠯᠡᠰ ᠴᠣᠭᠴᠠᠯᠠᠬᠤ ᠠᠵᠢᠯ ᠣᠯᠭᠤᠬᠤ᠂ ᠨᠡᠶᠢᠭᠡᠮ ᠤᠨ ᠬᠠᠮᠢᠶᠠᠷᠤᠯᠲᠠ ᠵᠡᠷᠭᠡ ᠡᠯ᠎ᠡ ᠬᠦᠷᠢᠶᠡᠨ ᠳᠤ ᠰᠢᠨ᠎ᠡ ᠶᠢ ᠡᠭᠦᠳᠬᠦ ᠰᠡᠳᠬᠢᠬᠦᠢ ᠶᠢ ᠵᠣᠷᠢᠭᠵᠢᠭᠤᠯᠵᠤ᠂ ᠴᠢᠷᠮᠠᠶᠢᠨ ᠵᠢᠳᠬᠦᠬᠦ ᠰᠢᠯᠢᠳᠡᠭ ᠢ ᠬᠥᠭᠡᠭᠡᠴᠡᠯᠳᠦᠬᠦ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠰᠠᠨᠠᠭᠠᠴᠢᠯᠠᠬᠤ ᠬᠡᠷᠡᠭᠲᠡᠶ᠃ ᠬᠠᠶᠢᠨ ᠰᠦᠪᠡᠭᠴᠢᠯᠡᠬᠦ ᠶᠢ ᠵᠣᠷᠢᠭᠵᠢᠭᠤᠯᠬᠤ᠂ ᠢᠯᠠᠭᠳᠠᠯ ᠢ ᠠᠭᠤᠴᠢᠯᠠᠬᠤ ᠪᠠ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠬᠡᠪ ᠪᠠᠶᠢᠳᠠᠯ ᠢ ᠶᠡᠬᠡᠪᠡᠷ ᠪᠤᠢ ᠪᠣᠯᠭᠠᠵᠤ᠂ ᠰᠢᠨ᠎ᠡ ᠶᠢ ᠡᠭᠦᠳᠬᠦ ᠶᠠᠪᠤᠳᠠᠯ ᠢ ᠨᠡᠶᠢᠭᠡᠮ ᠤᠨ ᠦᠷᠳᠡᠭ ᠤᠨ ᠤᠳᠤᠷᠢᠳᠤᠮᠵᠢ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠴᠢᠩᠭᠠᠳᠬᠠᠵᠤ᠂ ᠪᠦᠬᠦ ᠠᠷᠠᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠤ ᠤᠶᠤᠨ ᠤ ᠵᠣᠷᠢᠭ ᠰᠠᠨᠠᠭ᠎ᠠ ᠶᠢ ᠪᠣᠢ ᠪᠣᠯᠭᠠᠬᠤ ᠬᠡᠷᠡᠭᠲᠡᠶ᠃      ᠲᠠᠪᠤᠳᠤᠭᠠᠷ ᠲᠤ᠂ ᠰᠢᠨ᠎ᠡ ᠶᠢ ᠡᠭᠦᠳᠬᠦ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ᠃      ᠣᠷᠬᠢᠯᠦᠮ᠎ᠡ ᠬᠠᠯᠠᠭᠤᠨ ᠰᠤᠷᠤᠯᠴᠠᠬᠤ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ ᠢ ᠪᠣᠢ ᠪᠣᠯᠭᠠᠵᠤ᠂ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠵᠣᠭᠰᠤᠨ ᠠᠰᠠᠭᠤᠳᠠᠯ ᠢ ᠪᠣᠳᠣᠯᠬᠢᠯᠠᠵᠤ᠂ ᠠᠵᠢᠯ ᠢᠶᠠᠨ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠨᠡᠨ ᠬᠦ ᠬᠤᠪᠢᠷᠠᠭᠤᠯᠵᠤ᠂ ᠤᠳᠤ ᠦᠶ᠎ᠡ ᠶᠢᠨ᠂ ᠡᠷᠡᠭᠦᠯ ᠡᠩᠬᠡ ᠵᠠᠰᠠᠭ ᠤᠨ ᠶᠠᠪᠤᠳᠠᠯ ᠤᠨ ᠰᠣᠶᠣᠯ ᠪᠣᠯᠣᠨ ᠵᠠᠰᠠᠭ  ᠤᠨ ᠶᠠᠪᠤᠳᠠᠯ ᠤᠨ ᠣᠷᠴᠢᠨ ᠠᠬᠤᠢ ᠎ ᠶᠢ ᠪᠣᠶᠢᠵᠢᠭᠤᠯᠵᠤ᠂ ᠦᠢᠯᠡᠴᠢᠯᠡᠭᠡᠨ ᠤ ᠤᠬᠠᠮᠰᠠᠷ ᠪᠣᠯᠣᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠎ ᠶᠢ ᠡᠭᠦᠳᠬᠦ ᠣᠨᠣᠯᠵᠢᠬᠤᠨ ᠢ ᠪᠣᠶᠢᠵᠢᠭᠤᠯᠬᠤ᠂ ᠰᠢᠨ᠎ᠡ ᠶᠢ ᠡᠭᠦᠳᠬᠦ ᠣᠷᠴᠢᠨ  ᠲᠣᠭᠤᠷᠢᠨ ᠢ ᠪᠤᠢ ᠪᠣᠯᠭᠠᠬᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠰᠢᠨ᠎ᠡ ᠶᠢ  ᠡᠭᠦᠳᠦᠭᠰᠡᠨ ᠦᠷ᠎ᠡ ᠪᠦᠲᠦᠭᠡᠯ ᠢ ᠬᠠᠮᠠᠭᠠᠯᠠᠬᠤ ᠵᠡᠷᠭᠡ ᠲᠠᠯ᠎ᠠ ᠪᠠᠷ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ ᠭᠦᠢᠴᠡᠳᠬᠡᠬᠦ ᠬᠡᠷᠡᠭᠲᠡᠢ᠃      ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯᠯᠠᠭ᠎ᠠ ᠪᠦᠬᠦᠨ ᠢ ᠬᠠᠤᠯᠢ ᠪᠠᠷ ᠵᠠᠰᠠᠬᠤ ᠵᠠᠮ ᠳᠤ ᠣᠷᠣᠭᠤᠯᠬᠤ ᠬᠡᠷᠡᠭᠲᠡᠶ᠃ ᠬᠠᠤᠯᠢ ᠪᠠᠷ ᠵᠠᠰᠠᠬᠤ ᠰᠡᠳᠬᠢᠬᠦᠶ ᠪᠣᠯᠣᠨ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠳᠡᠮᠵᠢᠬᠦ ᠪᠠ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠢᠨᠠᠯᠲᠠ ᠲᠠᠯᠪᠢᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠰᠢᠨ᠎ᠡ ᠶᠢ ᠡᠭᠦᠳᠦᠨ ᠬᠦᠭᠵᠢᠭᠦᠯᠬᠦ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ  ᠲᠣᠭᠤᠷᠢᠨ ᠢ ᠪᠤᠢ ᠪᠣᠯᠭᠠᠨ ᠥᠭᠬᠦ ᠬᠡᠷᠡᠭᠲᠡᠢ᠃     ᠪᠠᠭᠴᠠᠯᠠᠭᠠᠳ ᠬᠡᠯᠡᠪᠡᠯ᠂ ᠰᠢᠨ᠎ᠡ ᠶᠢ ᠡᠭᠦᠳᠦᠨ ᠬᠦᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠰᠢᠨ᠎ᠡ ᠶᠢ ᠡᠭᠦᠳᠦᠨ ᠬᠦᠭᠵᠢᠭᠦᠯᠬᠦ ᠣᠨᠣᠯᠵᠢᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠶᠢ ᠡᠭᠦᠳᠬᠦ ᠶᠢ ᠠᠳᠬᠤᠬᠤ ᠨᠢ ᠳᠠᠷᠤᠶ ᠬᠥᠭᠵᠢᠯᠲᠡ ᠶᠢ ᠠᠳᠬᠤᠵᠤ ᠪᠠᠶᠢᠬᠤ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠎ ᠨᠢ ᠳᠠᠷᠤᠶ ᠠᠯᠤᠰ ᠢᠷᠡᠭᠡᠳᠦᠶ ᠶᠢ ᠰᠦᠪᠡᠭᠴᠢᠯᠡᠵᠦ ᠪᠠᠶᠢᠬᠤ ᠶᠢ ᠢᠮᠠᠭᠲᠠ ᠪᠠᠷᠢᠮᠲᠠᠯᠠᠵᠤ᠂ ᠴᠢᠷᠮᠠᠶᠢᠵᠤ ᠪᠠᠶᠢᠭᠠᠳ ᠡᠯ᠎ᠡ ᠲᠠᠯ᠎ᠠ ᠶᠢᠨ ᠬᠢᠨ ᠤ ᠤᠶᠤᠨ ᠤᠬᠠᠭᠠᠨ ᠪᠣᠯᠣᠨ ᠬᠦᠴᠦᠨ ᠴᠢᠳᠠᠯ ᠢ ᠰᠢᠨ᠎ᠡ ᠶᠢ ᠡᠭᠦᠳᠦᠨ ᠬᠥᠭᠵᠢᠭᠦᠯᠬᠦ ᠳᠡᠭᠡᠷ᠎ᠡ ᠨᠢᠭᠲᠠᠷᠠᠭᠤᠯᠵᠤ᠂ ᠡᠯ᠎ᠡ ᠬᠦᠷᠢᠶᠡᠨ ᠤ ᠬᠥᠭᠵᠢᠯᠲᠡ ᠶᠢ ᠴᠥᠮ ᠠᠮᠢᠯᠠᠯ ᠤᠨ ᠬᠦᠴᠦᠨ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯᠭᠠᠬᠤ ᠬᠡᠷᠡᠭᠲᠡᠢ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map