︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2016/6/14
     ᠰᠤᠷᠪᠤᠯᠵᠢᠯᠠᠭᠰᠠᠨ ᠴᠠᠭ᠄      2016 ᠤᠨ ᠤ 6 ᠳ᠋ᠤᠭᠠᠷ ᠰᠠᠷ᠎ᠠ ᠶᠢᠨ 2᠎ ᠤᠨ ᠡᠳᠦᠷ ᠤᠨ ᠦᠳᠡ ᠶᠢᠨ ᠬᠤᠶᠢᠨᠠᠬᠢ 4 ᠴᠠᠭ      ᠰᠤᠷᠪᠤᠯᠵᠢᠯᠠᠭᠰᠠᠨ ᠵᠤᠴᠢᠨ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ ᠵᠢᠶᠠ ᠯᠢ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠢᠳᠡᠭᠡᠨ ᠤ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠰᠠᠭᠤᠳᠠᠯ᠂ ᠠᠵᠤ ᠠᠬᠤᠶ ᠶᠢᠨ ᠠᠰᠠᠭᠤᠳᠠᠯ᠂ ᠨᠡᠶᠢᠭᠡᠮ ᠤᠨ ᠠᠰᠠᠭᠤᠳᠠᠯ᠂ ᠤᠯᠤᠰ ᠲᠦᠷᠦ ᠶᠢᠨ ᠠᠰᠠᠭᠤᠳᠠᠯ ᠮᠥᠨ᠂ ᠲᠡᠷᠡ ᠨᠢ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠪᠤᠯᠤᠨ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠬᠤᠯᠪᠤᠭᠳᠠᠨ᠎ᠠ᠃ ᠠᠮᠢᠳᠤᠷᠠᠯ ᠤᠨ ᠲᠦᠪᠰᠢᠨ ᠲᠠᠰᠤᠷᠠᠯᠲᠠ ᠦᠭᠡᠶ ᠳᠡᠭᠡᠭᠰᠢᠯᠡᠬᠦ ᠶᠢ ᠳᠠᠭᠠᠯᠳᠤᠨ᠂ ᠠᠷᠠᠳ ᠲᠦᠮᠡᠨ ᠢᠳᠡᠭᠡᠨ ᠤ ᠠᠮᠤᠷ ᠲᠦᠪᠰᠢᠨ ᠢ ᠨᠡᠩ ᠠᠩᠬᠠᠷᠴᠤ᠂ ᠠᠮᠤ ᠬᠦᠨᠡᠰᠦ ᠶᠢᠨ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠱᠠᠭᠠᠷᠳᠠᠯᠭ᠎ᠠ ᠨᠡᠩ ᠴᠢᠩᠭᠠᠷᠠᠭᠰᠠᠨ ᠪᠤᠯᠬᠤᠷ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠨᠢ ᠨᠢᠭᠡᠨᠲᠡ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠨᠢᠭᠡᠨ ᠴᠢᠬᠤᠯᠠ ᠮᠦᠷᠲᠡᠭᠡᠨ ᠲᠤᠯᠭᠠᠮ᠎ᠠ ᠡᠭᠦᠷᠭᠡ ᠪᠤᠯᠵᠠᠢ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠢᠳᠡᠭᠡᠨ ᠤ ᠠᠮᠤᠷ ᠲᠦᠪᠰᠢᠨ ᠤ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠣᠯᠠᠨᠲᠠ ᠴᠢᠬᠤᠯᠠ ᠴᠣᠬᠤᠯᠠᠪᠤᠷᠢ ᠭᠠᠷᠭᠠᠵᠤ᠂ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠪᠤᠯ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠶᠢᠯᠠᠰᠢ ᠦᠭᠡᠢ ᠬᠠᠷᠢᠭᠤᠴᠠᠯᠭ᠎ᠠ ᠪᠤᠯᠤᠨ᠎ᠠ ᠬᠡᠵᠤ ᠴᠢᠬᠤᠯᠠᠴᠢᠯᠠᠪᠠ᠃ ᠥᠪᠥᠷ ᠮᠣᠩᠭᠤᠯ ᠪᠣᠯ ᠪᠦᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠶᠡᠭᠡ ᠣᠷᠣᠨ ᠪᠤᠯᠬᠤᠷ᠂ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠨᠢ ᠪᠦᠬᠦ ᠤᠯᠤᠰ ᠤᠨ ᠢᠳᠡᠭᠡᠨ ᠤ ᠁                      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ            ᠬᠥᠲᠥᠯᠥᠭᠴᠢ᠄      ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾᠎ ᠶᠢᠨ ᠬᠠᠤᠯᠢ ᠲᠤᠭᠲᠠᠭᠠᠯᠲᠠ ᠶᠢᠨ ᠠᠬᠤᠶ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖      ᠵᠢᠶᠠ ᠯᠢ᠄      2015 ᠣᠨ ᠪᠤᠯᠬᠤ ᠳᠤ ᠮᠠᠯ ᠠᠵᠤ ᠠᠬᠤᠶ ᠶᠢᠨ ᠣᠨ ᠤ ᠦᠰᠦᠯᠲᠡ ᠶᠢᠨ ᠨᠤᠷᠮ᠎ᠠ 11 ᠵᠢᠯ ᠳᠠᠷᠠᠭᠠᠯᠠᠨ 1 ᠳ᠋ᠦᠡᠭᠰᠢᠭᠤᠷ ᠲᠤᠭ᠎ᠠ ᠲᠤᠯᠤᠭᠠᠢ ᠠᠴᠠ ᠳᠡᠭᠡᠭᠰᠢ ᠪᠠᠶᠢᠬᠤ ᠶᠢ ᠲᠤᠭᠲᠠᠪᠤᠷᠢᠲᠠᠢ ᠪᠠᠲᠤᠯᠠᠵᠤ᠂ 1.36 ᠳ᠋ᠦᠡᠭᠰᠢᠭᠤᠷ ᠲᠤᠭ᠎ᠠ ᠲᠣᠯᠣᠭᠠᠶ ᠳᠤ ᠬᠦᠷᠪᠡ᠃ ᠡᠭᠦᠨ ᠳᠤ ᠬᠤᠨᠢ ᠢᠮᠠᠭ᠎ᠠ 1.07 ᠳ᠋ᠦᠡᠭᠰᠢᠭᠤᠷ ᠲᠤᠯᠤᠭᠠᠢ᠂ ᠠᠯᠠᠰᠢᠨ ᠦᠬᠡᠷ 830 ᠲᠦᠮᠡᠨ ᠲᠤᠯᠤᠭᠠᠢ᠂ ᠭᠠᠭ᠋ᠠᠶ 1490 ᠭᠠᠷᠤᠢ ᠲᠦᠮᠡᠨ ᠲᠤᠯᠤᠭᠠᠢ ᠪᠤᠢ᠃ ᠮᠠᠨ ᠤ ᠣᠷᠣᠨ ᠤ ᠮᠠᠯ ᠨᠢᠲᠤᠯᠬᠤ ᠠᠵᠢᠯ ᠲᠦᠷᠤᠯ ᠤᠨ ᠣᠨᠴᠠᠯᠢᠭ ᠪᠣᠯ ᠦᠬᠡᠷ ᠬᠤᠨᠢ ᠪᠠᠷ ᠭᠤᠣᠯ ᠪᠣᠯᠭᠠᠵᠤ᠂ ᠵᠢᠯ ᠪᠦᠷᠢ ᠨᠢᠲᠤᠯᠠᠵᠤ ᠬᠤᠳᠠᠯᠳᠤᠬᠤ ᠢᠳᠡᠰᠢᠨ ᠮᠠᠯ ᠤᠨ ᠲᠤᠭ᠎ᠠ 7000 ᠲᠦᠮᠡᠨ ᠲᠤᠯᠤᠭᠠᠢ ᠳᠤ ᠤᠶᠢᠷᠠᠲᠤᠵᠤ᠂ ᠦᠬᠡᠷ ᠬᠤᠨᠢ ᠨᠢᠲᠤᠯᠬᠤ ᠶᠡᠷᠦᠩᠬᠡᠶ ᠬᠡᠮᠵᠢᠶᠡᠨ ᠤ 70% ᠰᠢᠬᠠᠮ ᠢ ᠡᠵᠡᠯᠡᠪᠡ᠃ ᠲᠤᠭ᠎ᠠ ᠲᠤᠯᠤᠭᠠᠢ ᠶᠢᠨ ᠨᠡᠮᠡᠭᠳᠡᠬᠦ ᠶᠢᠨ ᠳᠠᠭᠠᠤ ᠳᠤ᠂ ᠤᠯᠠᠭᠠᠨ ᠢᠳᠡᠭᠡᠨ ᠤ ᠶᠠᠰᠤ ᠴᠢᠨᠠᠷ ᠤᠨ ᠠᠰᠠᠭᠤᠳᠠᠯ ᠳᠤ ᠴᠤ ᠳᠠᠯᠳᠠ ᠭᠡᠮ ᠤᠷᠤᠰᠢᠵᠤ᠂ ᠢᠯᠠᠩᠭᠤᠶ᠎ᠠ ᠦᠬᠡᠷ ᠬᠤᠨᠢ ᠨᠢᠲᠤᠯᠬᠤ ᠠᠵᠢᠯ ᠲᠦᠷᠦᠯ ᠳᠤ ᠳᠤᠷ᠎ᠠ ᠪᠠᠷ ᠢᠶᠠᠨ ᠨᠢᠲᠤᠯᠬᠤ᠂ ᠡᠪᠡᠳᠴᠢᠯᠡᠵᠦ ᠦᠭᠦᠭᠰᠡᠨ ᠠᠮᠢᠲᠠᠨ ᠢ ᠨᠢᠲᠤᠯᠬᠤ᠂ ᠤᠰᠤ ᠲᠠᠷᠢᠬᠤ᠂ ᠬᠤᠤᠷ ᠬᠥᠨᠥᠭᠡᠯᠲᠡᠶ ᠬᠠᠤᠯᠢ ᠠᠴᠠ ᠵᠦᠷᠢᠴᠡᠭᠰᠡᠨ ᠢᠳᠡᠭᠡᠨ ᠤ ᠨᠡᠮᠡᠯᠲᠡ ᠪᠤᠳᠠᠰ ᠲᠠᠷᠢᠬᠤ᠂ ᠮᠠᠯ ᠤᠨ ᠡᠮ ᠤᠨ ᠦᠯᠡᠳᠡᠭᠳᠡᠯ ᠪᠤᠳᠠᠰ ᠵᠡᠷᠭᠡ ᠠᠰᠠᠭᠤᠳᠠᠯ ᠣᠷᠣᠰᠢᠵᠤ ᠪᠠᠶᠢᠭ᠎ᠠ ᠨᠢ ᠣᠯᠠᠨ ᠨᠡᠶᠢᠲᠡ ᠶᠢᠨ ᠡᠷᠡᠭᠦᠯ ᠮᠠᠨᠲᠤ ᠶᠢ ᠬᠦᠨᠳᠦ ᠨᠣᠴᠢᠲᠠᠶ ᠰᠦᠷᠳᠡᠭᠦᠯᠵᠦ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠢᠳᠡᠭᠡᠨ ᠤ ᠠᠮᠤᠷ ᠲᠦᠪᠰᠢᠨ ᠤ ᠰᠠᠭᠤᠷᠢ ᠮᠥᠨ ᠬᠦ ᠪᠠᠭᠤᠷᠠᠶ ᠪᠠᠶᠢᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠨ ᠪᠠᠶᠢᠨ ᠭᠠᠷᠴᠤ᠂ ᠢᠳᠡᠭᠡᠨ ᠤ ᠠᠮᠤᠷ ᠲᠦᠪᠰᠢᠨ ᠢ ᠬᠢᠵᠠᠭᠠᠷᠯᠠᠬᠤ ᠭᠦᠨ ᠳᠠᠪᠬᠤᠷᠭ᠎ᠠ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠤ ᠴᠢᠳᠠᠭᠠᠳᠤᠶ ᠪᠠᠶᠢᠭᠰᠠᠭᠠᠷ᠃ ᠡᠶᠢᠮᠦ ᠠᠴᠠ ᠬᠠᠤᠯᠢ ᠲᠣᠭᠲᠠᠭᠠᠬᠤ ᠪᠠᠷ ᠳᠠᠮᠵᠢᠭᠤᠯᠤᠨ ᠦᠬᠡᠷ ᠬᠤᠨᠢ ᠨᠢᠲᠤᠯᠬᠤ ᠠᠵᠢᠯ ᠲᠦᠷᠦᠯ ᠤᠨ ᠬᠥᠭᠵᠢᠯᠲᠡ ᠶᠢ ᠨᠡᠩ ᠰᠠᠶᠢᠲᠤᠷ ᠲᠥᠯᠬᠢᠨ ᠠᠬᠢᠭᠤᠯᠵᠤ᠂ ᠦᠬᠡᠷ ᠬᠤᠨᠢ ᠨᠢᠲᠤᠯᠬᠤ ᠠᠵᠢᠯ ᠳᠦᠷᠣᠯ ᠤᠨ ᠡᠮᠬᠢ ᠲᠢᠭᠯᠢᠮ ᠢ ᠵᠢᠷᠤᠮᠵᠢᠭᠤᠯᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠠᠮᠤᠷ ᠲᠦᠪᠰᠢᠨ ᠢ ᠦᠨᠡᠨ ᠬᠦ ᠪᠠᠲᠤᠯᠠᠵᠤ᠂ ᠥᠪᠥᠷ ᠮᠣᠩᠭᠤᠯ ᠢ ᠦᠨᠡᠨᠬᠦ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠪᠤᠯᠭᠠᠨ ᠴᠤᠭᠴᠠᠯᠠᠬᠤ ᠴᠢᠬᠤᠯᠠ ᠲᠠᠢ ᠪᠠᠶᠢᠨ᠎ᠠ᠃      ᠬᠥᠲᠥᠯᠥᠭᠴᠢ᠄      ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠭᠰᠡᠨ ᠴᠢᠬᠤᠯᠠ ᠠᠴᠢ ᠬᠤᠯᠪᠣᠭᠳᠠᠯ ᠪᠤᠯᠤᠨ ᠦᠢᠯᠡᠳᠦᠯ ᠢ ᠲᠠᠨᠢᠯᠴᠠᠭᠤᠯᠤᠭᠠᠳ ᠦᠭᠭᠦᠨ᠎ᠡ ᠤᠤ︖      ᠵᠢᠶᠠ ᠯᠢ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾᠎ ᠶᠢ 2016 ᠤᠨ ᠤ 2 ᠳ᠋ᠤᠭᠠᠷ ᠰᠠᠷ᠎ᠠ ᠶᠢᠨ 24᠎ ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠷᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠠᠳ᠂ 2016 ᠤᠨ ᠤ 4 ᠳ᠋ᠤᠭᠡᠷ ᠰᠠᠷ᠎ᠠ ᠶᠢᠨ 1᠎ ᠤ ᠡᠳᠦᠷ ᠨᠡᠶᠢᠲᠡᠯᠡᠵᠤ᠂ 2016 ᠤᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠵᠤ᠂ ᠮᠠᠨ ᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠬᠠᠤᠯᠢᠵᠢᠯ ᠤᠨ ᠵᠠᠮ ᠳᠤ ᠤᠷᠤᠭᠰᠠᠨ ᠢ ᠬᠠᠷᠠᠭᠤᠯᠵᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠦᠬᠡᠷ ᠬᠤᠨᠢ ᠢᠮᠠᠭ᠎ᠠ ᠨᠢᠲᠤᠯᠬᠤ ᠠᠵᠢᠯ ᠲᠦᠷᠦᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠳᠤ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠂ ᠡᠭᠦᠨ ᠤ ᠬᠠᠮᠲᠤ ᠪᠠᠰᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠰᠢ ᠰᠢᠯᠵᠢᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠬᠦᠯᠦᠭᠰᠡᠨ ᠦᠬᠡᠷ ᠬᠤᠨᠢ ᠨᠢᠲᠤᠯᠬᠤ ᠬᠠᠮᠢᠶᠠᠷᠤᠯᠲᠠ ᠶᠢ ᠵᠢᠷᠤᠮᠵᠢᠭᠤᠯᠬᠤ ᠪᠦᠬᠦ ᠤᠯᠤᠰ ᠤᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠩᠬᠠᠳᠠᠭᠴᠢ ᠲᠦᠷᠢᠮ ᠲᠣᠭᠲᠠᠭᠠᠯ ᠪᠤᠯᠤᠨ᠎ᠠ᠃      ᠬᠥᠲᠥᠯᠥᠭᠴᠢ᠄      ᠲᠠ ᠣᠳᠣᠬᠠᠨ ᠤ ᠮᠠᠨ ᠤ ᠣᠷᠣᠨ ᠤ ᠮᠠᠯ ᠵᠢᠭᠦᠷᠲᠡᠨ ᠨᠢᠲᠤᠯᠬᠤ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠢ ᠶᠠᠷᠢᠭᠠᠳ ᠥᠭᠭᠦᠨ᠎ᠡ ᠦᠦ᠃      ᠵᠢᠶᠠ ᠯᠢ᠄      ᠮᠠᠨ ᠤ ᠣᠷᠣᠨ ᠤ ᠮᠠᠯ ᠨᠢᠲᠤᠯᠬᠤ ᠠᠵᠢᠯ ᠲᠥᠷᠥᠯ ᠳᠤ ᠲᠤᠯᠭᠠᠷᠠᠵᠤ ᠪᠠᠶᠢᠭ᠎ᠠ ᠪᠠᠶᠢᠳᠠᠯ ᠨᠢ ᠪᠦᠬᠦ ᠤᠯᠤᠰ ᠤᠨ ᠬᠢ ᠲᠠᠢ ᠦᠨᠳᠦᠰᠦᠨ ᠳᠡᠭᠡᠨ ᠠᠳᠠᠯᠢ᠂ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠨᠢ ᠳᠣᠣᠷ᠎ᠠ᠂ ᠬᠡᠪᠴᠢᠶ᠎ᠡ ᠨᠢ ᠪᠠᠭ᠎ᠠ᠂ ᠢᠵᠢᠯᠢᠰᠢᠯ ᠴᠢᠨᠠᠷ ᠨᠢ ᠥᠨᠳᠥᠷ᠂ ᠳᠣᠣᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠦᠲᠦᠭᠡᠨ ᠪᠠᠶᠢᠭᠤᠯᠵᠤ ᠪᠠᠶᠢᠭ᠎ᠠ  ᠪᠠᠶᠢᠳᠠᠯ ᠬᠦᠨᠳᠦ ᠨᠣᠴᠢᠲᠠᠶ ᠣᠷᠣᠰᠢᠵᠤ ᠪᠠᠶᠢᠨ᠎ᠠ︔ ᠮᠠᠨ ᠤ ᠣᠷᠣᠨ ᠤ ᠮᠠᠯ ᠨᠢᠲᠤᠯᠬᠤ ᠠᠵᠢᠯ ᠲᠦᠷᠤᠯ ᠤᠨ ᠣᠨᠴᠠᠯᠢᠭ ᠪᠣᠯ ᠦᠬᠡᠷ ᠬᠤᠨᠢ ᠢᠮᠠᠭ᠎ᠠ ᠨᠢᠲᠤᠯᠬᠤ ᠪᠠᠷ ᠭᠤᠣᠯ ᠪᠣᠯᠭᠠᠵᠤ᠂ ᠪᠥᠬᠦ ᠣᠷᠣᠨ ᠳᠤ 712 ᠮᠠᠯ ᠨᠢᠲᠤᠯᠬᠤ ᠠᠵᠤ ᠠᠬᠤᠶᠢᠯᠠᠯ ᠪᠠᠶᠢᠵᠤ᠂ ᠡᠭᠦᠨ ᠳᠤ ᠭᠠᠭ᠋ᠠᠶ ᠠᠯᠠᠬᠤ ᠠᠵᠤ ᠠᠬᠤᠶᠢᠯᠠᠯ 208᠂ ᠦᠬᠡᠷ ᠬᠤᠨᠢ ᠨᠢᠲᠤᠯᠬᠤ ᠠᠵᠤ ᠠᠬᠤᠶᠢᠯᠠᠯ 466᠂ ᠵᠢᠭᠦᠷᠲᠡᠨ ᠠᠯᠠᠵᠤ ᠨᠢᠲᠤᠯᠬᠤ ᠠᠵᠤ ᠠᠬᠤᠶᠢᠯᠠᠯ 32᠂  ᠪᠤᠰᠤᠳ ᠠᠯᠠᠵᠤ ᠨᠢᠲᠤᠯᠬᠤ ᠠᠵᠤ ᠠᠬᠤᠶᠢᠯᠠᠯ 6 ᠪᠠᠶᠢᠵᠤ᠂ ᠦᠬᠡᠷ ᠬᠤᠨᠢ ᠢᠮᠠᠭ᠎ᠠ ᠨᠢᠲᠤᠯᠬᠤ ᠠᠵᠤ ᠠᠬᠤᠶᠢᠯᠠᠯ ᠨᠢ 65%᠎ ᠶᠢ ᠡᠵᠡᠯᠡᠵᠦ ᠪᠤᠢ᠃ ᠤᠳᠤ ᠪᠠᠶᠢᠭ᠎ᠠ ᠦᠬᠡᠷ ᠬᠤᠨᠢ ᠢᠮᠠᠭ᠎ᠠ ᠨᠢᠲᠤᠯᠬᠤ 466 ᠠᠵᠤ ᠠᠬᠤᠶᠢᠯᠠᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠢ ᠵᠥᠪᠬᠡᠨ 14%᠎ ᠶᠢ ᠡᠵᠡᠯᠡᠵᠦ ᠪᠣᠢ᠂ ᠣᠯᠠᠩᠬᠢ ᠨᠢᠲᠤᠯᠬᠤ ᠠᠵᠤ ᠠᠬᠤᠶᠢᠯᠠᠯ ᠨᠢ ᠮᠥᠨ ᠯᠡ ᠬᠠᠭᠠᠰ ᠮᠠᠰᠢᠨᠴᠢᠯᠠᠭᠰᠠᠨ ᠪᠤᠶᠤ ᠭᠠᠷ ᠢᠶᠠᠷ ᠨᠢᠳᠦᠯᠵᠦ᠂ ᠦᠢᠯᠡᠳᠬᠡᠯ ᠮᠠᠶ᠋ᠢᠭ ᠤᠨ ᠠᠯᠠᠵᠤ ᠨᠢᠲᠤᠯᠬᠤ ᠴᠢᠭ᠋ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠃ ᠦᠢᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠭᠦᠳᠡᠵᠦ᠂ ᠣᠯᠠᠩᠬᠢ ᠨᠢᠲᠤᠯᠬᠤ ᠠᠵᠤ ᠠᠬᠤᠶᠢᠯᠠᠯ ᠤᠨ ᠪᠣᠳᠠᠲᠠᠶ ᠨᠢᠲᠤᠯᠬᠤ ᠬᠡᠮᠵᠢᠶ᠎ᠡ ᠨᠢ ᠲᠥᠯᠥᠪᠯᠡᠭᠰᠡᠨ ᠨᠢᠲᠤᠯᠬᠤ ᠴᠢᠳᠠᠪᠤᠷᠢ ᠶᠢᠨ 1 / 3᠎ ᠳᠤ ᠴᠦ ᠬᠦᠷᠬᠦ ᠦᠭᠡᠢ︔ ᠰᠦᠢᠳᠬᠡᠯ ᠬᠤᠷᠢᠶᠠᠨ ᠣᠷᠣᠯᠠᠨ ᠨᠢᠲᠤᠯᠬᠤ ᠦᠵᠡᠭᠳᠡᠯ ᠨᠡᠶᠢᠳᠡᠮ ᠣᠷᠣᠰᠢᠵᠤ᠂ ᠠᠵᠤ ᠠᠬᠤᠶᠢᠯᠠᠯ ᠢ ᠣᠷᠣᠯᠠᠨ ᠨᠢᠲᠤᠯᠬᠤ ᠬᠠᠷᠢᠴᠠᠯ ᠨᠢ 75% ᠬᠦᠷᠴᠦ᠂ ᠬᠠᠮᠢᠶᠠᠷᠤᠯᠲᠠ ᠪᠠ ᠮᠡᠷᠭᠡᠵᠢᠯ ᠤᠨ ᠬᠢᠷᠢ ᠬᠡᠮᠵᠢᠶ᠎ᠡ ᠨᠢ ᠠᠳᠠᠯᠢ ᠦᠭᠡᠢ ᠪᠠᠶᠢᠨ᠎ᠠ︔ ᠠᠵᠢᠯ ᠲᠦᠷᠦᠯ ᠤᠨ ᠲᠥᠯᠥᠪᠵᠢᠭᠦᠯᠭᠡ ᠪᠣᠯᠤᠨ ᠪᠠᠷᠢᠮᠵᠢᠶ᠎ᠠ ᠶᠢᠨ ᠰᠢᠰᠲ᠋ᠧᠮᠵᠢ ᠲᠡᠭᠦᠯᠳᠡᠷ ᠪᠤᠰᠤ ᠪᠠᠶᠢᠵᠤ᠂ ᠠᠵᠢᠯ ᠲᠥᠷᠥᠯ ᠤᠨ ᠬᠥᠭᠵᠢᠯᠲᠡ ᠶᠢᠨ ᠬᠤᠯᠪᠣᠭᠳᠠᠯ ᠪᠦᠬᠦᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠳᠤᠲᠠᠭᠳᠠᠵᠤ᠂ ᠠᠵᠤ ᠠᠬᠤᠶᠢᠯᠠᠯ ᠢ ᠨᠡᠶᠢᠯᠡᠭᠦᠯᠦᠨ ᠲᠠᠬᠢᠨ ᠵᠣᠬᠢᠶᠠᠨ ᠪᠠᠶᠢᠭᠤᠯᠬᠤ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠥᠯᠬᠢᠨ ᠠᠬᠢᠭᠤᠯᠬᠤ ᠳᠤ ᠶᠡᠭᠡ ᠬᠦᠴᠢᠷᠳᠡᠯ ᠠᠪᠴᠢᠷᠠᠵᠠᠢ᠃       ᠬᠥᠲᠥᠯᠥᠭᠴᠢ᠄      ︽ᠬᠠᠮᠢᠶᠠᠷᠤᠯᠲᠠ ᠶᠢᠨ ᠠᠷᠭ᠎ᠠ︾᠎ ᠨᠢ ᠦᠬᠡᠷ ᠬᠤᠨᠢ ᠢᠮᠠᠭ᠎ᠠ ᠶᠢ ᠴᠢᠭ᠋ ᠲᠣᠭᠲᠠᠭᠠᠨ ᠨᠢᠲᠤᠯᠬᠤ ᠶᠢ ᠬᠡᠷᠬᠢᠨ ᠬᠠᠮᠢᠶᠠᠷᠬᠤ ᠪᠤᠢ︖      ᠵᠢᠶᠠ ᠯᠢ᠄      ᠣᠳᠣᠬᠠᠨ ᠳᠤ᠂ ᠮᠠᠨ ᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶᠎ ᠨᠢ ︽ᠮᠠᠰᠢ ᠣᠯᠠᠨ᠂  ᠵᠠᠮᠪᠠᠷᠠᠭ᠎ᠠ ᠦᠭᠡᠢ᠂ ᠵᠢᠵᠢᠭ ᠪᠦᠭᠡᠳ ᠲᠠᠷᠠᠬᠠᠶ︾ ᠪᠠᠶᠢᠳᠠᠯ ᠵᠡᠷᠭᠡᠪᠡᠷ ᠣᠷᠣᠰᠢᠵᠤ᠂ ᠬᠥᠭᠵᠢᠯᠲᠡ ᠶᠢᠨ ᠬᠢᠷᠢ ᠬᠡᠮᠵᠢᠶ᠎ᠡ ᠨᠢ  ᠲᠡᠭᠰᠢ ᠪᠢᠰᠢ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠡᠷᠬᠡᠲᠡᠶ ᠪᠠᠶᠢᠨ᠎ᠠ᠃ ᠴᠢᠭ᠋ ᠲᠣᠭᠲᠠᠭᠠᠨ ᠨᠢᠲᠤᠯᠬᠤ ᠨᠢ ᠤᠯᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠵᠠᠩᠭᠢᠯᠠᠭ᠎ᠠ ᠪᠣᠯᠵᠤ ᠡᠪᠡᠳᠴᠢᠨ ᠬᠥᠨᠥᠭᠡᠯ ᠲᠠᠢ ᠤᠯᠠᠭᠠᠨ ᠢᠳᠡᠭᠡᠨ ᠵᠠᠬ᠎ᠠ ᠳᠡᠯᠭᠡᠭᠦᠷ ᠲᠤ ᠭᠠᠷᠬᠤ ᠶᠢ ᠬᠤᠷᠢᠭᠯᠠᠬᠤ ᠵᠠᠩᠭᠢᠯᠠᠭ᠎ᠠ ᠪᠠ ᠡᠴᠦᠰ ᠤᠨ ᠬᠠᠯᠬᠠᠪᠴᠢ ᠪᠣᠯᠣᠨ᠎ᠠ᠃ ᠦᠬᠡᠷ ᠬᠤᠨᠢ ᠢᠮᠠᠭ᠎ᠠ ᠶᠢ ᠴᠢᠭ᠋ ᠲᠣᠭᠲᠠᠭᠠᠨ ᠨᠢᠲᠤᠯᠬᠤ ᠦᠢᠯᠡᠳᠪᠦᠷᠢ ︵ᠦᠢᠯᠡᠳᠬᠡᠯ︶ ᠪᠠᠶᠢᠭᠤᠯᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠭᠠᠭ᠋ᠠᠶ ᠠᠯᠠᠬᠤ ᠬᠠᠮᠢᠶᠠᠷᠤᠯᠲᠠ ᠶᠢᠨ ᠲᠦᠷᠢᠮ︾᠎ ᠤᠨ ᠵᠢᠷᠭᠤᠳᠤᠭᠠᠷ ᠵᠦᠢᠯ ᠪᠠ ᠭᠤᠴᠢᠨ ᠬᠤᠶᠠᠳᠤᠭᠠᠷ ᠵᠦᠢᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾᠎ ᠤᠨ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ︽ᠬᠠᠮᠢᠶᠠᠷᠤᠯᠲᠠ ᠶᠢᠨ ᠠᠷᠭ᠎ᠠ︾᠎ ᠶᠢᠨ ᠭᠤᠷᠪᠠᠳᠤᠭᠠᠷ ᠵᠦᠢᠯ ᠳᠤ ᠥᠪᠡᠷᠲᠡᠭᠡᠨ ᠵᠠᠰᠠᠬᠤ ᠣᠷᠣᠨ ᠦᠬᠡᠷ ᠬᠤᠨᠢ ᠢᠮᠠᠭ᠎ᠠ ᠶᠢ ᠴᠢᠭ᠋ ᠲᠣᠭᠲᠠᠭᠠᠨ ᠨᠢᠲᠤᠯᠬᠤ  ᠂ ᠬᠢᠵᠢᠭ ᠤᠨ ᠪᠠᠶᠢᠴᠠᠭᠠᠯᠲᠠ ᠶᠢ ᠲᠥᠪᠯᠡᠷᠡᠭᠦᠯᠦᠨ ᠬᠢᠬᠦ ᠳᠦᠷᠢᠮ ᠢ ᠲᠣᠳᠣᠷᠬᠠᠶᠢᠯᠠᠪᠠ︔ ᠲᠣᠭᠲᠠᠭᠠᠭᠰᠠᠨ ᠪᠢᠰᠢ ᠪᠣᠯ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠦᠬᠡᠷ ᠬᠤᠨᠢ ᠢᠮᠠᠭ᠎ᠠ ᠨᠢᠳᠦᠯᠡᠵᠦ ᠪᠣᠯᠬᠤ ᠦᠭᠡᠢ᠂ ᠮᠠᠯᠵᠢᠬᠤ ᠲᠠᠷᠢᠶᠠᠯᠠᠬᠤ ᠣᠷᠣᠨ ᠤ ᠬᠤᠪᠢ ᠬᠥᠮᠦᠨ ᠥᠪᠡᠰᠦᠪᠡᠨ ᠲᠡᠵᠢᠭᠡᠭᠡᠳ ᠠᠯᠠᠵᠤ ᠢᠳᠡᠬᠦ ᠶᠢ ᠡᠭᠦᠨ ᠳᠤ ᠪᠠᠭᠲᠠᠭᠠᠬᠤ ᠦᠭᠡᠢ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠣᠯᠠᠨ ᠲᠦᠮᠡᠨ ᠳᠤ ᠳᠥᠭᠦᠮ ᠦᠵᠡᠭᠦᠯᠵᠦ᠂ ᠠᠵᠤ ᠠᠬᠤᠶ ᠶᠢ ᠬᠥᠭᠵᠢᠭᠦᠯᠬᠦ ᠵᠠᠷᠴᠢᠮ ᠠᠴᠠ ᠡᠭᠦᠰᠴᠦ᠂ ︽ᠲᠠᠷᠢᠶᠠᠴᠢᠨ ᠠᠶᠢᠯ ᠤᠨ ᠪᠠᠶᠠᠰᠤᠯ︾᠂ ︽ᠮᠠᠯᠴᠢᠨ ᠠᠶᠢᠯ ᠤᠨ ᠵᠢᠭᠤᠯᠴᠢᠯᠠᠯ︾᠎ ᠳᠤ ᠬᠤᠯᠪᠣᠭᠳᠠᠭᠰᠠᠨ ᠦᠬᠡᠷ ᠬᠤᠨᠢ ᠢᠮᠠᠭ᠎ᠠ ᠨᠢᠲᠤᠯᠬᠤ ᠠᠰᠠᠭᠤᠳᠠᠯ ᠳᠤ ᠬᠠᠨᠳᠤᠭᠤᠯᠵᠤ᠂ ︽ᠬᠠᠮᠢᠶᠠᠷᠤᠯᠲᠠ ᠶᠢᠨ ᠠᠷᠭ᠎ᠠ︾᠎ ᠳᠤ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠠᠶ ᠬᠠᠮᠢᠶᠠᠷᠬᠤ ᠠᠷᠭ᠎ᠠ ᠶᠢ ᠲᠣᠭᠲᠠᠭᠠᠨ᠎ᠠ ᠭᠡᠵᠡᠢ᠃      ᠬᠥᠲᠥᠯᠥᠭᠴᠢ᠄      ᠤᠯᠤᠰ ᠤᠨ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ᠂ ︽ᠬᠠᠮᠢᠶᠠᠷᠤᠯᠲᠠ ᠶᠢᠨ ᠠᠷᠭ᠎ᠠ︾᠎ ᠳᠤ ᠬᠡᠷᠬᠢᠨ ᠲᠣᠭᠲᠠᠭᠠᠭᠰᠠᠨ ᠪᠤᠢ︖      ᠵᠢᠶᠠ ᠯᠢ᠄      ᠮᠠᠯ ᠵᠢᠭᠦᠷᠲᠡᠨ ᠨᠢᠲᠤᠯᠬᠤ ᠨᠢ ᠨᠢᠭᠡ ᠲᠠᠯ᠎ᠠ ᠪᠠᠷ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠢ ᠬᠤᠯᠪᠤᠭᠳᠠᠨ᠂ ᠨᠦᠭᠦᠭᠡ ᠲᠠᠯ᠎ᠠ ᠪᠠᠷ ᠤᠯᠠᠭᠠᠨ ᠢᠳᠡᠭᠡᠨ ᠤ ᠬᠡᠷᠡᠭᠯᠡᠭᠡ ᠲᠠᠢ ᠬᠤᠯᠪᠤᠭᠳᠠᠬᠤ ᠪᠣᠯᠬᠤᠷ᠂ ᠮᠠᠯ ᠵᠢᠭᠦᠷᠲᠡᠨ ᠤ ᠠᠰᠢᠭ ᠰᠢᠮ᠎ᠡ ᠶᠢ ᠵᠠᠬ᠎ᠠ ᠳᠡᠯᠭᠡᠭᠦᠷ ᠲᠤ ᠣᠷᠤᠭᠤᠯᠵᠤ ᠠᠷᠠᠳ ᠢᠷᠭᠡᠳ ᠤᠨ ᠬᠤᠭᠤᠯᠠᠨ ᠰᠢᠷᠡᠭᠡᠨ ᠳᠤ ᠭᠠᠷᠭᠠᠬᠤ ᠶᠢᠨ ᠡᠮᠦᠨᠡᠬᠢ ᠴᠢᠬᠤᠯᠠ ᠨᠢᠭᠡ ᠵᠠᠩᠭᠢᠯᠠᠭ᠎ᠠ ᠮᠥᠨ᠂ ᠪᠠᠰᠠᠴᠦ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠᠷ ᠬᠠᠮᠤᠭ ᠤᠨ ᠥᠨᠳᠥᠷ ᠵᠠᠩᠭᠢᠯᠠᠭ᠎ᠠ ᠮᠦᠨ᠂ ᠲᠡᠷᠡ ᠨᠢ ᠤᠯᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠥᠪᠰᠢᠨ ᠳᠤ ᠬᠤᠯᠪᠣᠭᠳᠠᠵᠤ᠂ ᠠᠷᠠᠳ ᠤᠯᠠᠨ ᠤ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠪᠠᠲᠤᠯᠠᠨ᠂ ᠬᠡᠯᠡᠨ ᠳᠡᠭᠡᠷᠡᠬᠢ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠬᠠᠮᠢᠶᠠᠷᠤᠯᠲᠠ ᠶᠢᠨ ᠠᠷᠭ᠎ᠠ︾᠎ ᠳᠤ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠪᠣᠯ  ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠤ ᠬᠠᠷᠢᠭᠤᠴᠠᠯᠭ᠎ᠠ ᠶᠢᠨ ᠪᠡᠶᠡᠴᠢ ᠴᠣᠭᠴᠠ ᠮᠦᠨ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ ᠭᠡᠵᠦ ᠲᠣᠳᠤᠷᠬᠠᠢ ᠲᠣᠭᠲᠠᠭᠠᠪᠠ᠃ ᠡᠭᠦᠨ ᠤ ᠬᠠᠮᠲᠤ ︽ᠬᠠᠮᠢᠶᠠᠷᠤᠯᠲᠠ ᠶᠢᠨ ᠠᠷᠭ᠎ᠠ︾᠎ ᠳᠤ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶᠎ ᠶᠢᠨ ᠬᠢᠵᠢᠭ ᠪᠠᠶᠢᠴᠠᠭᠠᠵᠤ ᠰᠢᠯᠭᠠᠨ ᠪᠠᠶᠢᠴᠠᠭᠠᠬᠤ ᠠᠵᠢᠯᠲᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠠᠯ ᠤᠨ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠬᠢᠵᠢᠭ ᠪᠠᠶᠢᠴᠠᠭᠠᠵᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠭᠠᠷᠭᠠᠨ᠂ ᠬᠢᠵᠢᠭ ᠪᠠᠶᠢᠴᠠᠭᠠᠵᠤ ᠰᠢᠯᠭᠠᠨ ᠪᠠᠶᠢᠴᠠᠭᠠᠬᠤ ᠶᠠᠪᠤᠴᠠ ᠪᠠ ᠦᠷ᠎ᠡ ᠳ᠋ᠦᠩ ᠢ ᠦᠨᠡᠨ ᠮᠠᠭᠠᠳ ᠢᠶᠠᠷ ᠲᠡᠮᠳᠡᠭᠯᠡᠬᠦ ᠪᠥᠭᠡᠳ ᠬᠢᠵᠢᠭ ᠪᠠᠶᠢᠴᠠᠭᠠᠵᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠡᠭᠡᠨ ᠬᠠᠷᠢᠭᠤᠴᠠᠬᠤ ᠶᠣᠰᠤᠲᠠᠢ ᠭᠡᠮᠡᠨ ᠲᠣᠭᠲᠠᠭᠠᠪᠠ᠃ ᠠᠯᠪᠠᠨ ᠤ ᠮᠠᠯ ᠤᠨ ᠡᠮᠴᠢ ᠠᠴᠠ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶᠎ ᠳᠤ ᠬᠢᠵᠦ ᠥᠭᠭᠦᠭᠰᠡᠨ ᠬᠢᠵᠢᠭ ᠪᠠᠶᠢᠴᠠᠭᠠᠵᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠵᠦ᠂ ᠰᠤᠭᠤᠴᠢᠨ ᠠᠪᠴᠤ ᠰᠢᠯᠭᠠᠨ ᠪᠠᠶᠢᠴᠠᠭᠠᠬᠤ᠂ ᠲᠣᠭᠤᠷᠢᠨ ᠬᠢᠨᠠᠬᠤ ᠵᠡᠷᠭᠡ ᠠᠷᠭ᠎ᠠ ᠬᠡᠮᠵᠢᠶ᠎ᠡ ᠲᠠᠢ ᠤᠶᠠᠯᠳᠤᠭᠤᠯᠳ ᠮᠠᠭᠠᠳᠯᠠᠵᠤ᠂ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠮᠠᠯ ᠤᠨ ᠠᠰᠢᠭ ᠰᠢᠮ᠎ᠡ ᠳᠤ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ︾ ᠣᠯᠭᠤᠨ᠂ ᠵᠠᠰᠠᠭ ᠤᠨ ᠤᠷᠳᠤᠨ ᠠᠴᠠ ᠦᠬᠡᠷ ᠬᠤᠨᠢ ᠢᠮᠠᠭ᠎ᠠ ᠨᠢᠲᠤᠯᠬᠤ ᠠᠵᠢᠯ ᠲᠥᠷᠥᠯ ᠳᠤ ᠲᠠᠯᠪᠢᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃      ᠬᠥᠲᠥᠯᠥᠭᠴᠢ᠄        ᠮᠠᠨ ᠤ ᠣᠷᠣᠨ ᠪᠣᠯ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠮᠦᠨ᠂ ᠯᠠᠯᠤ ᠶᠢᠨ ᠱᠠᠰᠢᠨ ᠤ ᠠᠷᠭ᠎ᠠ ᠪᠠᠷ ᠦᠬᠡᠷ ᠬᠤᠨᠢ ᠢᠮᠠᠭ᠎ᠠ ᠨᠢᠲᠤᠯᠬᠤ ᠠᠵᠢᠯ ᠢ ︽ᠬᠠᠮᠢᠶᠠᠷᠤᠯᠲᠠ ᠶᠢᠨ ᠠᠷᠭ᠎ᠠ︾᠎ ᠳᠤ ᠬᠡᠷᠬᠢᠨ ᠲᠣᠭᠲᠠᠭᠠᠭᠰᠠᠨ ᠪᠤᠢ︖          ᠵᠢᠶ᠋ᠨ ᠯᠢ᠄      ᠴᠥᠭᠡᠨ ᠲᠣᠭᠠᠲᠤ ᠦᠨᠳᠦᠰᠦᠲᠡᠨ ᠤ ᠯᠠᠯᠤ ᠶᠢᠨ ᠱᠠᠰᠢᠨᠲᠠᠳ ᠤᠨ ᠢᠳᠡᠭᠡᠨ ᠤᠮᠳᠠᠭᠠᠨ ᠤ ᠵᠠᠩ ᠳᠠᠳᠬᠠᠯ ᠢ ᠬᠦᠨᠳᠦᠳᠬᠡᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠨᠡᠩ ᠰᠠᠶᠢᠨ ᠬᠠᠮᠠᠭᠠᠯᠠᠬᠤ ᠶᠢᠨ ᠲᠤᠰᠠᠳᠠ᠂ ︽ᠬᠠᠮᠢᠶᠠᠷᠤᠯᠲᠠ ᠶᠢᠨ ᠠᠷᠭ᠎ᠠ︾᠎ ᠶᠢᠨ ᠠᠷᠪᠠᠨ ᠨᠢᠭᠡᠳᠦᠭᠡᠷ ᠵᠦᠢᠯ ᠳᠤ ᠯᠠᠯᠤ ᠶᠢᠨ ᠱᠠᠰᠢᠨ ᠤ ᠠᠷᠭ᠎ᠠ ᠪᠠᠷ ᠦᠬᠡᠷ ᠬᠤᠨᠢ ᠢᠮᠠᠭ᠎ᠠ ᠨᠢᠲᠤᠯᠬᠤ ᠠᠵᠢᠯ ᠢ ᠬᠢᠬᠦ ᠳᠤ᠂ ᠲᠤᠰ ᠠᠷᠭ᠎ᠠ ᠶᠢᠨ ᠲᠣᠭᠲᠠᠭᠠᠯ ᠲᠠᠢ ᠨᠡᠶᠢᠴᠡᠬᠦ ᠠᠴᠠ ᠭᠠᠳᠠᠨ᠎ᠠ᠂ ᠪᠠᠰᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠯᠠᠯᠤ ᠶᠢᠨ ᠢᠳᠡᠭᠡᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠠ ᠴᠥᠭᠡᠨ ᠲᠣᠭᠠᠲᠤ ᠦᠨᠳᠦᠰᠦᠲᠡᠨ ᠤ ᠯᠠᠯᠦ ᠶᠢᠨ ᠢᠳᠡᠭᠡᠨ ᠤ ᠵᠠᠩᠰᠢᠯ ᠲᠠᠢ ᠨᠡᠶᠢᠴᠡᠭᠰᠡᠨ ᠪᠠᠶᠢᠬᠤ ᠬᠡᠷᠡᠭᠲᠡᠢ ᠭᠡᠵᠦ ᠲᠣᠭᠲᠠᠭᠠᠪᠠ᠃      ᠬᠥᠲᠥᠯᠥᠭᠴᠢ᠄        ︽ᠬᠠᠮᠢᠶᠠᠷᠤᠯᠲᠠ ᠶᠢᠨ ᠠᠷᠭ᠎ᠠ︾᠎ ᠨᠢ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶᠎ ᠶᠢᠨ ᠲᠤᠬᠠᠢ ᠲᠣᠭᠲᠠᠭᠠᠯ ᠭᠠᠷᠭᠠᠭᠰᠠᠨ ᠦᠦ︖      ᠵᠢᠶᠠ ᠯᠢ᠄      ᠬᠢᠯᠢ ᠬᠢᠵᠠᠭᠠᠷ ᠣᠷᠣᠨ ᠪᠠ ᠵᠠᠮ ᠬᠠᠷᠢᠯᠴᠠᠭ᠎ᠠ ᠳᠥᠭᠦᠮ ᠪᠣᠰᠤ ᠮᠠᠯᠵᠢᠬᠤ ᠲᠠᠷᠢᠶᠠᠯᠠᠬᠤ ᠣᠷᠣᠨ ᠤ ᠦᠬᠡᠷ ᠬᠤᠨᠢ ᠢᠮᠠᠭᠠᠨ ᠤ ᠢᠳᠡᠰᠢᠨ ᠮᠢᠬ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ︽ᠬᠠᠮᠢᠶᠠᠷᠤᠯᠲᠠ ᠶᠢᠨ ᠠᠷᠭ᠎ᠠ︾᠎ ᠶᠢᠨ ᠠᠷᠪᠠᠨ ᠭᠤᠷᠪᠠᠳᠤᠭᠠᠷ ᠵᠦᠢᠯ ᠳᠤ ᠵᠠᠬ᠎ᠠ ᠬᠢᠵᠠᠭᠠᠷ ᠣᠷᠣᠨ ᠪᠠ ᠵᠠᠮ ᠬᠠᠷᠢᠯᠴᠠᠭ᠎ᠠ ᠳᠥᠭᠦᠮ ᠪᠣᠰᠤ ᠮᠠᠯᠵᠢᠬᠤ ᠲᠠᠷᠢᠶᠠᠯᠠᠬᠤ ᠣᠷᠣᠨ ᠳᠤ᠂ ᠵᠥᠪᠬᠡᠨ ᠲᠤᠰ ᠭᠠᠵᠠᠷ ᠣᠷᠣᠨ ᠤ ᠵᠠᠬ᠎ᠠ ᠳᠡᠯᠭᠡᠭᠦᠷ ︵ᠰᠤᠮᠤ ᠰᠢᠶᠠᠩ ᠪᠠᠯᠭᠠᠰᠤ ᠠᠴᠠ ᠳᠣᠷᠣᠭᠰᠢᠬᠢ︶᠎ ᠲᠤ ᠮᠠᠯ ᠤᠨ ᠠᠰᠢᠭ ᠰᠢᠮ᠎ᠡ ᠬᠠᠩᠭᠠᠬᠤ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠲᠤᠯᠬᠤ ᠭᠠᠵᠠᠷ ᠪᠠᠶᠢᠭᠤᠯᠵᠤ ᠪᠣᠯᠤᠨ᠎ᠠ ᠭᠡᠵᠦ ᠲᠣᠭᠲᠠᠭᠠᠭᠰᠠᠨ ᠪᠥᠭᠡᠳ ᠦᠬᠡᠷ ᠬᠤᠨᠢ ᠢᠮᠠᠭ᠎ᠠ ᠨᠢᠲᠤᠯᠬᠤ ᠭᠠᠵᠠᠷ ᠪᠠᠶᠢᠭᠤᠯᠬᠤ ᠶᠢ ᠡᠵᠡᠮᠳᠡᠵᠦ ᠪᠣᠯᠬᠤᠶᠢᠴᠠ ᠪᠠᠶᠢᠯᠭᠠᠬᠤ ᠶᠢᠨ ᠲᠤᠰᠠᠳᠠ᠂ ᠠᠷᠪᠠᠨ ᠳᠥᠷᠪᠡᠳᠦᠭᠡᠷ ᠵᠦᠢᠯ ᠳᠤ ᠪᠠᠰᠠ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠪᠠᠶᠢᠭᠤᠯᠬᠤ ᠳᠤ ᠱᠠᠭᠠᠷᠳᠠᠭᠳᠠᠬᠤ ᠪᠣᠳᠠᠲᠠᠶ ᠨᠥᠬᠦᠴᠡᠯ ᠨᠤᠭᠤᠳ ᠢ ᠲᠣᠭᠲᠠᠭᠠᠪᠠ᠃ ᠡᠨᠡ ᠨᠢ ︽ᠬᠠᠮᠢᠶᠠᠷᠤᠯᠲᠠ ᠶᠢᠨ ᠠᠷᠭ᠎ᠠ︾᠎ ᠳᠤ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠪᠠᠶᠢᠭᠤᠯᠬᠤ ᠨᠥᠬᠦᠴᠡᠯ ᠢ ᠠᠩᠬ᠎ᠠ ᠤᠳᠠᠭ᠎ᠠ ᠲᠣᠳᠤᠷᠬᠠᠶᠢᠯᠠᠵᠤ᠂ ᠤᠯᠠᠨ ᠵᠢᠯ ᠤᠨ ᠲᠤᠷᠰᠢᠬᠢ ᠪᠥᠬᠦ ᠣᠷᠣᠨ ᠤ ᠵᠢᠵᠢᠭ ᠬᠡᠯᠪᠡᠷᠢ ᠶᠢᠨ ᠨᠢᠲᠤᠯᠬᠤ ᠭᠠᠵᠠᠷ ᠪᠠᠶᠢᠭᠤᠯᠬᠤ ᠳᠤ ᠱᠠᠭᠠᠷᠳᠠᠭᠳᠠᠬᠤ ᠨᠥᠬᠦᠴᠡᠯ ᠲᠣᠭᠲᠠᠭᠠᠭᠰᠠᠨ ᠦᠭᠡᠢ ᠪᠠᠶᠢᠳᠠᠯ ᠢ ᠬᠤᠪᠢᠷᠠᠭᠤᠯᠪᠠ᠃      ᠬᠥᠲᠥᠯᠥᠭᠴᠢ᠄      ᠦᠬᠡᠷ ᠬᠤᠨᠢ ᠢᠮᠠᠭ᠎ᠠ ᠨᠢᠲᠤᠯᠬᠤ ᠲᠣᠭᠲᠠᠭᠰᠠᠨ ᠴᠢᠭ᠋ ᠪᠣᠯᠬᠤ ᠦᠢᠯᠡᠳᠪᠦᠷᠢ ︵ᠲᠠᠯᠠᠪᠠᠢ︶᠎ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠤᠬᠠᠢ ︽ᠬᠠᠮᠢᠶᠠᠷᠤᠯᠲᠠ ᠶᠢᠨ ᠠᠷᠭ᠎ᠠ︾᠎ ᠳᠤ ᠬᠡᠷᠬᠢᠨ ᠲᠣᠭᠲᠠᠭᠠᠭᠰᠠᠨ ᠪᠤᠢ︖      ᠵᠢᠶᠠ ᠯᠢ᠄      ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠪᠠᠶᠢᠭᠤᠯᠬᠤ ᠨᠢ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠪᠣᠯᠬᠤᠷ᠂ ᠪᠠᠶᠢᠭᠤᠯᠬᠤ ᠠᠴᠠ ᠡᠮᠦᠨ᠎ᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠠᠴᠠ ᠤᠷᠢᠳᠴᠢᠯᠠᠨ ᠣᠷᠣᠯᠴᠠᠵᠤ᠂ ᠵᠢᠯᠣᠭᠤᠳᠤᠯᠭ᠎ᠠ ᠵᠥᠪᠯᠡᠯᠭᠡ ᠥᠭᠬᠦ ᠬᠡᠷᠡᠭᠲᠡᠢ᠃ ︽ᠬᠠᠮᠢᠶᠠᠷᠤᠯᠲᠠ ᠶᠢᠨ ᠠᠷᠭ᠎ᠠ︾᠎ ᠶᠢᠨ ᠠᠷᠪᠠᠨ ᠲᠠᠪᠤᠳᠤᠭᠠᠷ ᠵᠦᠢᠯ ᠳᠤ ᠦᠬᠡᠷ ᠬᠤᠨᠢ ᠨᠢᠲᠤᠯᠬᠤ ᠲᠣᠭᠲᠠᠭᠰᠠᠨ ᠴᠢᠭ᠋ ᠪᠣᠯᠬᠤ ᠦᠢᠯᠡᠳᠪᠦᠷᠢ ︵ᠲᠠᠯᠠᠪᠠᠢ︶᠎ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠤᠶᠤᠴᠢᠯᠠᠭᠴᠢ ᠨᠢ ᠦᠢᠯᠡᠳᠪᠦᠷᠢ ︵ᠲᠠᠯᠠᠪᠠᠢ︶᠎ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠪᠢᠴᠢᠭ ᠢᠶᠠᠷ ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠠᠷᠭ᠎ᠠ ᠪᠤᠶᠤ ᠨᠢᠲᠤᠯᠬᠤ ᠠᠵᠢᠯ ᠲᠦ᠋ᠷᠦᠯ ᠤᠨ ᠬᠥᠭᠵᠢᠯᠲᠡ ᠶᠢᠨ ᠲᠥᠯᠥᠪᠵᠢᠭᠦᠯᠭᠡ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠵᠤ᠂ ᠪᠢᠴᠢᠭ ᠢᠶᠠᠷ ᠲᠣᠭᠲᠠᠭᠠᠯ ᠭᠠᠷᠭᠠᠵᠤ᠂ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠤᠴᠢᠷ ᠰᠢᠯᠲᠠᠭᠠᠨ ᠢ ᠨᠢ ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠶ᠃ ᠢᠩᠭᠢᠪᠡᠯ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤᠮᠳᠠ ᠭᠠᠷᠤᠭᠰᠠᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠳᠠᠯ ᠠᠴᠠ ᠪᠦᠲᠦᠮᠵᠢᠲᠡᠢ ᠪᠠᠷ ᠵᠠᠶᠢᠯᠠᠰᠬᠢᠵᠤ᠂ ᠪᠦᠳᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠪᠠᠭᠠᠰᠬᠠᠬᠤ ᠪᠣᠯᠣᠨ᠎ᠠ᠃      ᠬᠥᠲᠥᠯᠥᠭᠴᠢ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾ ᠪᠣᠯ 2013 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠢ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠤᠯᠤᠰ ᠲᠠᠬᠢ ᠦᠬᠡᠷ ᠬᠤᠨᠢ ᠢᠮᠠᠭ᠎ᠠ ᠨᠢᠲᠤᠯᠬᠤ ᠶᠢ ᠵᠢᠷᠤᠮᠵᠢᠭᠤᠯᠬᠤ ᠬᠠᠮᠢᠶᠠᠷᠤᠯᠲᠠ ᠶᠢᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠩᠬᠠᠳᠠᠭᠴᠢ ᠳᠦᠷᠢᠮ ᠲᠣᠭᠲᠠᠭᠠᠯ ᠪᠣᠯᠣᠨ᠎ᠠ᠂ ᠲᠡᠭᠡᠪᠡᠯ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠢ ᠠᠯᠢ ᠬᠡᠳᠦᠨ ᠰᠠᠯᠠᠭ᠎ᠠ ᠮᠥᠴᠢᠷ ᠠᠴᠠ ᠪᠣᠳᠠᠲᠠᠶ ᠬᠠᠷᠢᠭᠤᠴᠠᠬᠤ ᠪᠣᠢ︖ ᠡᠯ᠎ᠡ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢ ᠬᠡᠷᠬᠢᠨ ᠵᠠᠯᠭᠠᠬᠤ ᠪᠤᠶ︖      ᠵᠢᠶᠠ ᠯᠢ᠄      2013 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢ ᠥᠭᠡᠷᠡᠴᠢᠯᠡᠬᠦ ᠲᠥᠰᠦᠯ ᠳᠤ ᠬᠤᠳᠠᠯᠳᠤᠭᠠᠨ ᠤ ᠶᠠᠪᠤᠳᠠᠯ ᠤᠨ ᠶᠠᠮᠤᠨ ᠤ ᠡᠭᠦᠷᠭᠡᠯᠡᠵᠦ ᠪᠠᠶᠢᠭᠰᠠᠨ ᠭᠠᠭ᠋ᠠᠶ ᠨᠢᠲᠤᠯᠬᠤ ᠲᠣᠭᠲᠠᠭᠠᠭᠰᠠᠨ ᠴᠢᠭ᠋ ᠢ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠬᠥᠳᠡᠭᠡ ᠠᠵᠤ ᠠᠬᠤᠶ ᠶᠢᠨ ᠶᠠᠮᠤᠨ ᠳᠤ ᠬᠤᠪᠢᠶᠠᠷᠢᠯᠠᠨ ᠥᠭᠬᠦ ᠪᠠᠷ ᠲᠣᠳᠣᠷᠬᠠᠶᠢᠯᠠᠪᠠ᠃ 2014 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠭᠦᠷᠭᠡ ᠴᠢᠳᠠᠪᠤᠷᠢ ᠶᠢᠨ ᠬᠤᠪᠢᠶᠠᠷᠢᠯᠠᠨ ᠰᠢᠯᠵᠢᠭᠦᠯᠬᠦ ᠶᠢ ᠪᠡᠶᠡᠯᠡᠭᠦᠯᠵᠦ᠂ 2015 ᠣᠨ ᠤ 1 ᠳ᠋ᠦ᠋ᠭᠡᠷ  ᠰᠠᠷ᠎ᠠ ᠶᠢᠨ 5᠎ ᠤ ᠡᠳᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠣᠯᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠯᠦᠭᠡ ᠠᠵᠢᠯ ᠢᠶᠠᠨ ᠲᠤᠰᠢᠶᠠᠬᠤ ᠪᠠ ᠬᠦᠯᠢᠶᠠᠨ ᠠᠪᠬᠤ ᠶᠢ ᠪᠡᠶᠡᠯᠡᠭᠦᠯᠪᠡ᠃ ᠤᠳᠤ ᠶᠢᠨ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠤᠯᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠭᠤᠣᠯᠳᠠᠭᠤ ᠲᠠᠷᠢᠶᠠᠯᠠᠩ ᠮᠠᠯ ᠠᠵᠤ ᠠᠬᠤᠶ ᠪᠣᠯᠣᠨ ᠢᠳᠡᠭᠡᠨ ᠡᠮ ᠤᠨ ᠵᠦᠢᠯ ᠬᠤᠶᠠᠷ ᠰᠠᠯᠠᠭ᠎ᠠ ᠮᠥᠴᠢᠷ ᠠᠴᠠ ᠬᠠᠷᠢᠭᠤᠴᠠᠨ᠂ ᠥᠩᠭᠡᠷᠡᠭᠰᠡᠨ ᠤ ᠣᠯᠠᠨ ᠰᠠᠯᠠᠭ᠎ᠠ ᠮᠥᠴᠢᠷ ᠠᠴᠠ ᠬᠠᠮᠢᠶᠠᠷᠴᠤ ᠪᠠᠶᠢᠭᠰᠠᠨ ᠪᠠᠶᠢᠳᠠᠯ ᠢ ᠬᠤᠪᠢᠷᠠᠭᠤᠯᠪᠠ᠃ ᠤᠯᠠᠭᠠᠨ ᠢᠳᠡᠭᠡᠨ ᠢ ᠵᠠᠬ᠎ᠠ ᠳᠡᠯᠭᠡᠭᠦᠷ ᠲᠤ ᠣᠷᠣᠭᠤᠯᠬᠤ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠠᠷᠢᠭᠤᠴᠠᠵᠤ᠂ ᠵᠠᠬ᠎ᠠ ᠳᠡᠯᠭᠡᠭᠦᠷ ᠲᠤ ᠤᠷᠤᠭᠰᠠᠨ ᠤ ᠲᠠᠷᠠᠭ᠎ᠠ ᠵᠢᠴᠢ ᠪᠣᠯᠪᠠᠰᠤᠷᠠᠭᠤᠯᠬᠤ ᠵᠠᠩᠭᠢᠯᠠᠭ᠎ᠠ ᠳᠤ ᠢᠳᠡᠭᠡᠨ ᠪᠠ ᠡᠮ ᠤᠨ ᠵᠦᠢᠯ ᠤᠨ ᠰᠠᠯᠠᠭ᠎ᠠ ᠮᠥᠴᠢᠷ ᠠᠴᠠ ᠬᠠᠷᠢᠭᠤᠴᠠᠬᠤ ᠶᠢ ᠲᠣᠳᠣᠷᠬᠠᠶᠢᠯᠠᠪᠠ᠂ ᠥᠭᠡᠷ᠎ᠡ ᠪᠠᠷ ᠬᠡᠯᠡᠪᠡᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠵᠦ ᠨᠢᠲᠤᠯᠬᠤ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠬᠢᠨᠠᠨ ᠬᠠᠮᠢᠶᠠᠷᠴᠦ᠂ ᠤᠯᠠᠭᠠᠨ ᠢᠳᠡᠭᠡᠨ ᠭᠦᠢᠯᠭᠡᠭᠡᠨ ᠤ ᠵᠠᠩᠭᠢᠯᠠᠭ᠎ᠠ ᠵᠢᠴᠢ ᠪᠣᠯᠪᠠᠰᠤᠷᠠᠭᠤᠯᠤᠨ ᠦᠢᠯᠡᠳᠪᠦᠷᠢᠯᠡᠬᠦ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠣᠷᠣᠬᠤ ᠳᠤ ᠢᠳᠡᠭᠡᠨ ᠪᠠ ᠡᠮ ᠤᠨ ᠵᠦᠢᠯ ᠤᠨ ᠰᠠᠯᠠᠭ᠎ᠠ ᠮᠥᠴᠢᠷ ᠠᠴᠠ ᠬᠢᠨᠠᠨ ᠬᠠᠮᠢᠶᠠᠷᠤᠨ᠎ᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠶ ᠪᠠ ᠢᠳᠡᠭᠡᠨ ᠡᠮ ᠤᠨ ᠵᠦᠢᠯ ᠤᠨ ᠰᠠᠯᠠᠭ᠎ᠠ ᠮᠥᠴᠢᠷ ᠠᠵᠢᠯ ᠢᠶᠠᠨ ᠨᠡᠩ ᠰᠠᠶᠢᠨ ᠵᠠᠯᠭᠠᠯᠳᠤᠭᠤᠯᠬᠤ ᠶᠢᠨ ᠲᠤᠰᠠᠳᠠ᠂ ᠨᠢᠭᠡᠨᠲᠡ ᠬᠤᠶᠠᠷ ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠡᠭᠦᠷᠭᠡ ᠴᠢᠳᠠᠪᠤᠷᠢ ᠪᠠᠨ ᠬᠢᠵᠠᠭᠠᠷ ᠢ ᠲᠣᠳᠣᠷᠬᠠᠶᠢᠯᠠᠪᠠ᠃      ᠬᠥᠲᠥᠯᠥᠭᠴᠢ᠄      ᠡᠳᠦᠷ ᠲᠤᠲᠤᠮ ᠤᠨ ᠠᠮᠢᠳᠤᠷᠠᠯ ᠳᠤᠮᠳᠠ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡᠯ ᠶᠠᠭᠠᠬᠢᠪᠠᠯ ᠵᠣᠬᠢᠬᠤ ᠪᠤᠢ︖       ᠵᠢᠶᠠ ᠯᠢ᠄      ᠮᠠᠨ ᠤ ᠤᠷᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠶᠢᠨ ᠶᠡᠭᠡ ᠣᠷᠣᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠦᠢᠯᠡᠳᠪᠦᠷᠢᠯᠡᠯ ᠢ ᠬᠦᠭᠵᠢᠭᠦᠯᠬᠦ ᠦᠶ᠎ᠡ ᠳᠤ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠭᠠᠷᠪᠠᠯ᠂ ᠬᠡᠷᠡᠭᠯᠡᠭᠴᠢ ᠶᠢ ᠬᠤᠤᠷᠯᠠᠵᠤ᠂ ᠠᠵᠤ ᠠᠬᠤᠶᠢᠯᠠᠯ ᠢᠶᠠᠨ ᠴᠦ ᠦᠭᠡᠢ ᠬᠢᠬᠦ ᠪᠤᠯᠤᠨ᠎ᠠ᠃ ᠬᠡᠯᠡᠨ ᠳᠡᠭᠡᠷᠡᠬᠢ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠠᠵᠤ ᠠᠬᠤᠶᠢᠯᠠᠯ ᠨᠢ ᠵᠠᠪᠠᠯ ᠢᠲᠡᠭᠡᠯ ᠬᠦᠨᠳᠦ ᠶᠢ ᠰᠠᠶᠢᠲᠤᠷ ᠠᠳᠬᠤᠵᠤ᠂ ᠠᠷᠠᠳ ᠤᠯᠠᠨ ᠤ ᠠᠮᠢᠳᠤᠷᠠᠯ ᠳᠤ ᠢᠳᠡᠭᠡᠨ ᠤ ᠠᠮᠤᠷ ᠲᠦᠪᠰᠢᠨ ᠢ ᠬᠠᠩᠭᠠᠬᠤ ᠬᠡᠷᠡᠭᠲᠡᠶ᠃ ᠡᠶᠢᠮᠦ ᠠᠴᠠ ︽ᠬᠠᠮᠢᠶᠠᠷᠤᠯᠲᠠ ᠶᠢᠨ ᠠᠷᠭ᠎ᠠ︾᠎ ᠶᠢᠨ ᠬᠤᠷᠢᠨ ᠨᠠᠢᠮᠠᠳᠤᠭᠠᠷ ᠵᠦᠢᠯ ᠳᠤ᠂ ᠦᠬᠡᠷ ᠬᠤᠨᠢ ᠢᠮᠠᠭ᠎ᠠ ᠨᠢᠲᠤᠯᠬᠤ ᠲᠤᠭᠲᠠᠭᠰᠠᠨ ᠴᠢᠭ᠋ ᠪᠤᠯᠬᠤ ᠦᠢᠯᠡᠳᠪᠦᠷᠢ ︵ᠲᠠᠯᠠᠪᠠᠢ︶᠎ ᠨᠤᠭᠤᠳ ᠮᠠᠯ ᠤᠨ ᠠᠰᠢᠭ ᠰᠢᠮ᠎ᠡ ᠶᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠵᠤ᠂ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠪᠤᠰᠤ ᠳᠠᠯᠳᠠ ᠭᠡᠮ ᠣᠷᠣᠰᠢᠵᠤ ᠪᠠᠶᠢᠬᠤ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ ᠶᠢ ᠤᠯᠵᠤ ᠮᠡᠳᠡᠪᠡᠯ᠂ ᠲᠡᠷᠡ ᠳᠠᠷᠤᠶ ᠳᠤᠨᠢ ᠦᠢᠯᠡᠳᠪᠦᠷᠢᠯᠡᠬᠦ ᠪᠠᠨ ᠵᠣᠭᠰᠣᠭᠠᠵᠤ᠂ ᠪᠣᠷᠣᠯᠠᠭᠤᠯᠤᠭᠴᠢᠳ ᠪᠠ ᠬᠡᠷᠡᠭᠯᠡᠭᠴᠢᠳ ᠲᠤ ᠮᠡᠳᠡᠭᠳᠡᠵᠦ᠂ ᠨᠢᠭᠡᠨᠲᠡ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠪᠠᠶᠢᠭ᠎ᠠ ᠮᠠᠯ ᠤᠨ ᠠᠰᠢᠭ ᠰᠢᠮ᠎ᠡ ᠪᠠᠨ ᠡᠭᠡᠭᠦᠯᠦᠨ ᠠᠪᠴᠢᠷᠠᠬᠤ ᠶᠢᠨ ᠬᠠᠮᠲᠤ ᠡᠭᠡᠭᠦᠯᠦᠨ ᠠᠪᠴᠢᠷᠠᠭᠰᠠᠨ ᠪᠠ ᠮᠡᠳᠡᠭᠳᠡᠭᠰᠡᠨ ᠪᠠᠶᠢᠳᠠᠯ ᠢᠶᠠᠨ ᠲᠡᠮᠳᠡᠭᠯᠡᠵᠦ᠂ ᠡᠭᠡᠭᠦᠯᠵᠦ ᠠᠪᠴᠢᠷᠠᠭᠰᠠᠨ ᠮᠠᠯ ᠤᠨ ᠠᠰᠢᠭ ᠰᠢᠮ᠎ᠡ ᠶᠢ ᠬᠤᠣᠷ ᠦᠭᠡᠢ ᠪᠤᠯᠭᠠᠨ ᠰᠢᠢᠳᠪᠦᠷᠢᠯᠡᠬᠦ ᠬᠡᠷᠡᠭᠲᠡᠶ᠃ ᠡᠨᠡ ᠨᠢ ᠮᠥᠨ ᠴᠦ ︽ᠬᠠᠮᠢᠶᠠᠷᠤᠯᠲᠠ ᠶᠢᠨ ᠠᠷᠭ᠎ᠠ︾᠎ ᠳᠤ ᠮᠠᠯ ᠤᠨ ᠠᠰᠢᠭ ᠰᠢᠮ᠎ᠡ ᠶᠢᠨ ᠲᠤᠬᠠᠢ ᠠᠩᠬ᠎ᠠ ᠤᠳᠠᠭ᠎ᠠ ᠬᠡᠷᠡᠭᠵᠢᠭᠦᠯᠵᠦ ᠪᠠᠶᠢᠭ᠎ᠠ ᠪᠦᠲᠦᠭᠡᠭᠲᠡᠬᠦᠨ ᠢᠶᠠᠨ ᠡᠭᠡᠭᠦᠯᠵᠦ ᠠᠪᠴᠢᠷᠠᠬᠤ ᠳᠦᠷᠢᠮ ᠪᠤᠯᠤᠨ᠎ᠠ᠃      ᠬᠥᠲᠥᠯᠥᠭᠴᠢ᠄      ᠲᠡᠭᠡᠪᠡᠯ ᠡᠩ ᠤᠨ ᠨᠢᠭᠡᠨ ᠬᠡᠷᠡᠭᠯᠡᠭᠴᠢ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠤᠭᠳᠠᠵᠤ ᠪᠠᠶᠢᠭ᠎ᠠ ᠤᠯᠠᠭᠠᠨ ᠮᠢᠬᠠᠨ ᠢᠳᠡᠭᠡᠨ ᠤ ᠬᠢᠷᠢ ᠲᠡᠩᠴᠡᠬᠦ ᠡᠰᠡᠭᠦ ᠶᠢ ᠬᠡᠷᠬᠢᠨ ᠢᠯᠭᠠᠨ ᠲᠠᠨᠢᠬᠤ ᠪᠤᠢ︖      ᠵᠢᠶᠠ ᠯᠢ᠄      ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠬᠢᠷᠢ ᠲᠡᠩᠴᠡᠭᠰᠡᠨ ᠤᠯᠠᠭᠠᠨ ᠢᠳᠡᠭᠡᠨ ᠎ ᠨᠢ ᠡᠷᠬᠡᠪᠰᠢ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠪᠠ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠬᠤ ᠶᠤᠰᠤᠲᠠᠢ᠃ ᠡᠶᠢᠮᠦ ᠠᠴᠠ᠂ ᠵᠠᠬ᠎ᠠ ᠳᠡᠯᠭᠡᠭᠦᠷ ᠳᠡᠭᠡᠷᠡᠬᠢ ᠤᠯᠠᠭᠠᠨ ᠢᠳᠡᠭᠡᠨ ᠤ ᠬᠢᠷᠢ ᠲᠡᠩᠴᠡᠬᠦ ᠡᠰᠡᠭᠦ ᠶᠢ ᠢᠯᠭᠠᠨ ᠲᠠᠨᠢᠬᠤ ᠳᠠᠭᠠᠨ ᠬᠤᠯᠪᠣᠭᠳᠠᠯ ᠪᠦᠬᠦᠢ ᠭᠡᠷᠡᠴᠢ ᠲᠡᠮᠳᠡᠭ ᠢ ᠪᠠᠶᠢᠴᠠᠭᠠᠨ ᠦᠵᠡᠬᠦ ᠠᠷᠭ᠎ᠠ ᠪᠠᠷ ᠳᠠᠮᠵᠢᠵᠤ ᠪᠣᠯᠤᠨ᠎ᠠ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠡᠰᠡᠬᠦ ᠶᠢ ᠪᠠᠶᠢᠴᠠᠭᠠᠭᠰᠠᠨ ᠲᠠᠮᠠᠭ᠎ᠠ ᠪᠠ ᠬᠢᠵᠢᠭ ᠪᠠᠶᠢᠴᠠᠭᠠᠯᠲᠠ ᠶᠢᠨ ᠬᠢᠷᠢ ᠲᠡᠩᠴᠡᠭᠰᠡᠨ ᠡᠰᠡᠭᠦ ᠶᠢ ᠪᠠᠶᠢᠴᠠᠭᠠᠬᠤ ᠶᠢᠨ ᠬᠠᠮᠲᠤ ᠪᠣᠷᠣᠯᠠᠭᠤᠯᠵᠤ ᠪᠠᠶᠢᠭ᠎ᠠ ᠤᠯᠠᠭᠠᠨ ᠢᠳᠡᠭᠡᠨ ᠨᠢ ︽ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ︾ ᠪᠠ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ︾ ︵ᠬᠤᠶᠠᠷ ᠦᠨᠡᠮᠯᠡᠯ ᠬᠤᠶᠠᠷ ᠲᠠᠮᠠᠭ᠎ᠠ ᠭᠡᠵᠦ ᠲᠣᠪᠴᠢᠯᠠᠨ᠎ᠠ︶ ᠳᠠᠭᠠᠯᠳᠤᠭᠤᠯᠤᠭᠰᠠᠨ ᠪᠠᠶᠢᠬᠤ ᠡᠰᠡᠭᠦ᠂ ᠬᠡᠰᠡᠭᠯᠡᠵᠦ᠂ ᠪᠤᠭᠤᠳᠠᠯᠯᠠᠭᠰᠠᠨ ᠠᠮᠢᠲᠠᠨ ᠤ ᠪᠦᠲᠦᠭᠡᠭᠲᠡᠬᠦᠨ ᠳᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠪᠠ ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠪᠠᠶᠢᠬᠤ ᠡᠰᠡᠬᠦ ᠶᠢ ᠦᠵᠡᠨ᠎ᠡ᠃ ᠵᠠᠬ᠎ᠠ ᠳᠡᠯᠭᠡᠭᠦᠷ ᠤᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠳᠡᠭᠡᠷ᠎ᠡ ᠮᠥᠨ ᠯᠡ ︽ᠬᠤᠶᠠᠷ ᠦᠨᠡᠮᠯᠡᠯ ᠬᠤᠶᠠᠷ ᠲᠠᠮᠠᠭ᠎ᠠ︾᠎ ᠶᠢ ᠪᠠᠶᠢᠴᠠᠭᠠᠨ ᠰᠢᠯᠭᠠᠬᠤ ᠪᠠᠷ ᠳᠠᠮᠵᠢᠭᠤᠯᠤᠨ ᠠᠮᠢᠲᠠᠨ ᠤ ᠪᠦᠲᠦᠭᠡᠭᠲᠡᠬᠦᠨ ᠢ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ ᠤᠨ ᠦᠨᠳᠦᠰᠦᠨ ᠨᠥᠬᠦᠴᠡᠯ ᠪᠤᠯᠭᠠᠨ᠎ᠠ᠃ ᠤᠳᠤ ᠮᠠᠰᠢ ᠤᠯᠠᠨ ᠬᠡᠷᠡᠭᠯᠡᠭᠴᠢᠳ ᠠᠮᠢᠳᠡᠠ ᠤ ᠪᠦᠲᠦᠭᠡᠭᠲᠡᠬᠦᠨ ᠤ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠳᠠᠭᠠᠯᠳᠤᠭᠤᠯᠤᠭᠰᠠᠨ ᠪᠠᠶᠢᠪᠠᠯ ᠬᠢᠷᠢ ᠲᠡᠩᠴᠡᠭᠰᠡᠨ ᠪᠦᠲᠦᠭᠡᠭᠲᠡᠬᠦᠨ ᠭᠡᠵᠦ ᠦᠵᠡᠳᠡᠭ ᠪᠠᠶᠢᠨ᠎ᠠ᠂ ᠦᠨᠡᠨ ᠳᠡᠭᠡᠨ ᠡᠨᠡ ᠪᠣᠯ ᠲᠠᠭᠠᠷᠠᠬᠤ ᠦᠭᠡᠢ᠂ ᠦᠨᠡᠨ ᠳᠡᠭᠡᠨ ᠬᠡᠷᠡᠭᠯᠡᠭᠴᠢᠳ ᠡᠩ ᠲᠡᠷᠢᠭᠦᠨ ᠳᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠳᠠᠷᠠᠭ᠎ᠠ ᠨᠢ ᠰᠠᠶ᠋ᠢ ᠠᠮᠢᠳᠡᠠ ᠤ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠪᠠᠶᠢᠬ᠎ᠠ ᠡᠰᠡᠭᠦ ᠶᠢ ᠨᠢ ᠦᠵᠡᠨ᠎ᠡ᠃ ᠤᠴᠢᠷ ᠨᠢ᠂ ᠠᠮᠢᠳᠡᠠ ᠤ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠨᠢ ᠵᠦᠪᠬᠡᠨ ᠠᠮᠢᠲᠠᠨ ᠤ ᠪᠦᠲᠦᠭᠡᠭᠲᠡᠬᠦᠨ ᠳᠤ ᠬᠠᠯᠳᠠᠪᠤᠷᠢᠲᠤ ᠡᠪᠡᠳᠴᠢᠨ ᠪᠠ ᠰᠢᠮᠡᠭᠦᠷ ᠬᠤᠷᠣᠬᠠᠶ ᠶᠢᠨ ᠡᠪᠡᠳᠴᠢᠨ ᠦᠭᠡᠢ ᠭᠡᠰᠡᠨ ᠢ ᠯᠡ ᠲᠦᠯᠦᠭᠡᠯᠡᠨ᠎ᠡ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠨᠢ ᠰᠠᠶ᠋ᠢ ᠶᠠᠰᠤ ᠴᠢᠨᠠᠷ ᠤᠨ ᠬᠢᠷᠢ ᠲᠡᠩᠴᠡᠭᠰᠡᠨ ᠡᠰᠡᠭᠦ ᠶᠢ ᠲᠦᠯᠦᠭᠡᠯᠡᠨ᠎ᠡ᠃ ᠵᠢᠱᠢᠶᠡᠯᠡᠪᠡᠯ᠂ ᠪᠢᠳᠡ ᠴᠥᠮ ᠨᠡᠯᠢᠶᠡᠳ ᠠᠩᠬᠠᠷᠴᠤ ᠪᠠᠶᠢᠭ᠎ᠠ ᠪᠠᠺᠠᠲ᠋ᠧᠷᠢ ᠨᠢ ᠪᠠᠷᠢᠮᠵᠢᠶ᠎ᠠ ᠠᠴᠠ ᠬᠡᠲᠦᠷᠡᠭᠰᠡᠨ᠂ ᠤᠰᠤᠨ ᠤ ᠠᠭᠤᠯᠤᠭᠳᠠᠴᠠ᠂ ᠬᠠᠷ᠎ᠠ ᠮᠢᠬᠠᠯᠠᠭᠤᠯᠬᠤ ᠡᠳ᠋᠂ ᠮᠠᠯ ᠤᠨ ᠡᠮ ᠤᠨ ᠦᠯᠡᠳᠡᠭᠳᠡᠯ᠂ ᠪᠤᠰᠤᠳ ᠬᠤᠣᠷ ᠬᠥᠨᠥᠭᠡᠯ ᠲᠠᠢ ᠪᠣᠳᠠᠰ ᠢ ᠬᠠᠤᠯᠢ ᠪᠤᠰᠤ ᠪᠠᠷ ᠨᠡᠮᠡᠬᠦ ᠨᠢ ᠴᠥᠮ ᠶᠠᠰᠤ ᠴᠢᠨᠠᠷ ᠢ ᠰᠢᠯᠭᠠᠨ ᠪᠠᠶᠢᠴᠠᠭᠠᠬᠤ ᠬᠡᠪᠴᠢᠶ᠎ᠡ ᠳᠤ ᠤᠷᠤᠨ᠎ᠠ᠃
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠬᠠᠮᠠᠭᠠᠯᠠᠬᠤ ᠦᠨᠳᠦᠰᠦᠨ ᠳᠦᠷᠢᠮ︾᠎ ᠤᠨ ᠬᠠᠤᠯᠢ ᠲᠣᠭᠲᠠᠭᠠᠯᠲᠠ ᠶᠢᠨ ᠳᠠᠷᠠᠭᠠᠬᠢ ᠦᠨᠡᠯᠡᠨ ᠵᠢᠱᠢᠯᠲᠡ ᠶᠢᠨ ᠡᠬᠢᠯᠡᠯᠲᠡ ᠶᠢᠨ ᠶᠣᠰᠣᠯᠠᠯ ᠬᠢᠪᠡ
 
     ᠳᠡᠳ᠋ ᠡᠷᠬᠢᠯᠡᠭᠴᠢ ᠵᠢᠶᠠ ᠯᠢ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠬᠠᠤᠯᠢ ᠲᠣᠭᠲᠠᠭᠠᠬᠤ ᠵᠦᠪᠳᠡᠯᠴᠡᠨ ᠶᠠᠷᠢᠯᠴᠠᠬᠤ ᠬᠤᠷᠠᠯ ᠳᠡᠭᠡᠷ᠎ᠡ ᠪᠠᠶᠢᠭ᠎ᠠ ᠨᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map