︽ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠶᠢᠨ ᠬᠥᠲᠥᠯᠪᠦᠷᠢ ︵2016 — 2020 ᠣᠨ︶︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2016/6/16
     ᠰᠤᠷᠪᠤᠯᠵᠢᠯᠠᠭᠰᠠᠨ ᠴᠠᠭ᠄      2016 ᠣᠨ ᠤ 6 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨᠡᠬᠢ 10 ᠴᠠᠭ ᠲᠤ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠧᠨ ᠮᠢᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠬᠥᠬᠡᠬᠤᠲᠠ᠂ ᠪᠤᠭᠤᠲᠤ ᠪᠣᠯᠣᠨ ᠣᠷᠳᠣᠰ ᠭᠤᠷᠪᠠᠨ ᠬᠤᠲᠠ ᠪᠣᠯ ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ᠂ ᠪᠦᠬᠦ ᠤᠯᠤᠰ ᠤᠨ ︽ᠬᠤᠶᠠᠷ ᠬᠦᠠᠲᠠᠯᠠᠨ ᠭᠤᠷᠪᠠᠨ ᠭᠤᠯᠳᠤ︾ ᠬᠤᠳᠠ ᠪᠠᠯᠭᠠᠰᠤᠴᠢᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠤᠨ ᠪᠤᠭᠤᠲᠤ ᠠᠴᠠ ᠺᠦᠨᠮᠢᠩ ᠬᠦᠷᠬᠦ ᠬᠥᠨᠳᠡᠯᠡᠨ ᠭᠤᠯᠳᠤ ᠲᠡᠩᠭᠡᠯᠢᠭ ᠤᠨ ᠤᠮᠠᠷᠠᠲᠤ ᠬᠡᠰᠡᠭ ᠲᠤ ᠪᠠᠶᠢᠷᠢᠯᠠᠵᠤ᠂ ᠤᠯᠤᠰ ᠤᠨ ᠬᠦᠬᠡᠬᠤᠲᠠ ᠪᠤᠭᠤᠲᠤ ᠶᠢᠨᠴᠤᠸᠠᠨ ᠢᠦᠶᠢᠯᠢᠨ ᠤ ᠠᠵᠤ ᠠᠬᠤᠶ ᠶᠢᠨ ᠪᠦᠰᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠡᠨᠧᠷᠭᠢ ᠶᠢᠨ ᠰᠤᠷᠪᠤᠯᠵᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠬᠤᠷᠠᠭᠰᠠᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠭᠤᠣᠯ ᠣᠷᠣᠨ ᠮᠥᠨ᠃ ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠧᠨ ᠮᠢᠨ ᠢ ᠤᠷᠢᠵᠤ᠂ ᠮᠠᠨ ᠤ ᠣᠷᠣᠨ ᠤ ︽ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠶᠢᠨ  ᠬᠥᠲᠥᠯᠪᠦᠷᠢ ︵2016 —2020 ᠣᠨ︶  ︾᠎ ᠶᠢ ᠲᠨ ᠪᠦᠬᠦᠨ ᠳᠤ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠯᠭᠡᠬᠦ ᠪᠠᠷ ᠪᠣᠯᠪᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠦᠦ︕ ᠲᠠ ᠪᠦᠬᠦᠨ ᠤ ᠲᠣᠰ ᠬᠤᠭᠤᠴᠠᠭ᠎ᠠ ᠶᠢᠨ ︽ᠳᠤᠮᠳᠠᠳᠤ ᠤᠯᠤᠰ᠂ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠤᠨ ᠮᠠᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠧᠨ ᠮᠢᠨ ᠪᠣᠯᠣᠨ᠎ᠠ᠃ ᠸᠧᠨ ᠡᠷᠬᠢᠯᠡᠭᠴᠢ ᠲᠠᠨ ᠢ ᠪᠠᠶᠠᠷᠯᠠᠨ ᠤᠭᠲᠤᠵᠤ ᠪᠠᠶᠢᠨ᠎ᠠ︕      ᠸᠧᠨ ᠮᠢᠨ᠄      ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠲᠠ ᠪᠦᠭᠦᠨ ᠰᠠᠶᠢᠨ ᠪᠠᠶᠢᠨ᠎ᠠ ᠦᠦ᠃      ᠬᠥᠲᠥᠯᠥᠭᠴᠢ᠄      ᠸᠧᠨ ᠡᠷᠬᠢᠯᠡᠭᠴᠢ ᠡ᠂ ᠥᠪᠡᠷᠲᠡᠭᠡᠨ ᠵᠠᠰᠠᠬᠤ ᠣᠷᠣᠨ ᠶᠠᠭᠤᠨ ᠳᠤ ︽ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠶᠢᠨ ᠬᠥᠲᠥᠯᠪᠦᠷᠢ ︵2016 —2020 ᠣᠨ︶︾᠎ ᠶᠢ ᠲᠣᠭᠲᠠᠭᠠᠵᠤ ᠳᠠᠷᠤᠮᠠᠯᠯᠠᠨ  ᠲᠠᠷᠬᠠᠭᠠᠭᠰᠠᠨ ᠪᠤᠢ︖      ᠸᠧᠨ ᠮᠢᠨ᠄      ᠬᠥᠬᠡᠬᠤᠲᠠ᠂ ᠪᠤᠭᠤᠲᠤ ᠪᠣᠯᠣᠨ ᠣᠷᠳᠣᠰ ᠭᠤᠷᠪᠠᠨ ᠬᠤᠲᠠ ᠪᠣᠯ ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ᠂ ᠪᠦᠬᠦ ᠤᠯᠤᠰ ᠤᠨ ︽ᠬᠤᠶᠠᠷ ᠬᠦᠠᠲᠠᠯᠠᠨ ᠭᠤᠷᠪᠠᠨ ᠭᠤᠯᠳᠤ︾ ᠬᠤᠳᠠ ᠪᠠᠯᠭᠠᠰᠤᠴᠢᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠤᠨ ᠪᠤᠭᠤᠲᠤ ᠠᠴᠠ ᠺᠦᠨᠮᠢᠩ ᠬᠦᠷᠬᠦ ᠬᠥᠨᠳᠡᠯᠡᠨ ᠭᠤᠯᠳᠤ ᠲᠡᠩᠭᠡᠯᠢᠭ ᠤᠨ ᠤᠮᠠᠷᠠᠲᠤ ᠬᠡᠰᠡᠭ ᠲᠤ ᠪᠠᠶᠢᠷᠢᠯᠠᠵᠤ᠂ ᠤᠯᠤᠰ ᠤᠨ ᠬᠦᠬᠡᠬᠤᠲᠠ ᠪᠤᠭᠤᠲᠤ ᠶᠢᠨᠴᠤᠸᠠᠨ ᠢᠦᠶᠢᠯᠢᠨ ᠤ ᠠᠵᠤ ᠠᠬᠤᠶ ᠶᠢᠨ ᠪᠦᠰᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠡᠨᠧᠷᠭᠢ ᠶᠢᠨ ᠰᠤᠷᠪᠤᠯᠵᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠬᠤᠷᠠᠭᠰᠠᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠭᠤᠣᠯ ᠣᠷᠣᠨ ᠮᠥᠨ᠃ ᠰᠢᠨ᠎ᠡ ᠵᠠᠭᠤᠨ ᠳᠤ ᠤᠷᠤᠭᠰᠠᠨ ᠠᠴᠠ ᠨᠠᠰᠢ᠂ ᠬᠥᠬᠡᠬᠤᠲᠠ ᠪᠤᠭᠤᠲᠤ ᠤᠷᠳᠤᠰ ᠤᠨ ᠠᠵᠤ ᠠᠬᠤᠶ ᠨᠡᠶᠢᠭᠡᠮ ᠦᠳᠲᠡᠷ ᠲᠦᠷᠭᠡᠨ ᠬᠥᠭᠵᠢᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠨᠢ ᠢᠯᠡᠳᠲᠡ ᠴᠢᠩᠭᠠᠷᠠᠵᠤ᠂ ᠥᠪᠥᠷ ᠮᠣᠩᠭᠤᠯ ᠤᠨ ᠠᠵᠤ ᠠᠬᠤᠶ ᠪᠦᠬᠦ ᠤᠯᠤᠰ ᠲᠤ ᠬᠤᠴᠣᠷᠤᠩᠭᠤᠢ ᠪᠠᠶᠢᠭᠰᠠᠨ ᠠᠴᠠ ᠎ ᠪᠠᠨ ᠳᠤᠮᠳᠠᠭᠤᠷ ᠲᠤ ᠣᠷᠣᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠭᠡᠪᠡᠴᠦ ᠠᠵᠤ ᠠᠬᠤᠶ ᠰᠢᠨ᠎ᠡ ᠬᠡᠪ ᠪᠠᠶᠢᠳᠠᠯ ᠳᠤ ᠣᠷᠣᠬᠤ ᠶᠢ ᠳᠠᠭᠠᠯᠳᠤᠨ᠂ ᠣᠷᠣᠨ ᠪᠦᠰᠡ ᠶᠢᠨ ᠬᠥᠭᠵᠢᠯᠲᠡ ᠳᠤ ᠡᠳᠦᠶ ᠲᠡᠳᠦᠶ ᠰᠢᠨ᠎ᠡ ᠠᠰᠠᠭᠤᠳᠠᠯ ᠪᠠ ᠥᠷᠢᠰᠥᠯᠳᠦᠭᠡᠨ ᠲᠤᠯᠭᠠᠷᠠᠪᠠ᠄ ᠬᠥᠭᠵᠢᠯᠲᠡ ᠶᠢᠨ ᠪᠠᠶᠢᠷᠢᠰᠢᠯ᠂ ᠣᠷᠣᠨ ᠵᠠᠶ ᠶᠢᠨ ᠪᠠᠶᠢᠷᠢᠰᠢᠭᠤᠯᠤᠯ ᠎ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠪᠠᠶᠢᠨ᠎ᠠ︔ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ︔ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠥᠷᠢᠶ᠎ᠡ ᠶᠢ ᠪᠠᠰᠠ ᠤᠯᠠᠮ ᠨᠢᠭᠡ ᠠᠯᠬᠤᠮ ᠪᠠᠭᠠᠰᠬᠠᠬᠤ ᠴᠢᠬᠤᠯᠠᠲᠠᠢ︔ ᠰᠢᠨ᠎ᠡ ᠶᠢ ᠡᠭᠦᠳᠬᠦ ᠴᠢᠳᠠᠪᠤᠷᠢ  ᠡᠷᠴᠢᠮ ᠲᠠᠢ ᠪᠢᠰᠢ᠂ ᠠᠵᠤ ᠦᠢᠯᠡᠰ ᠤᠨ ᠬᠠᠮᠵᠢᠯᠴᠠᠭ᠎ᠠ ᠢᠵᠢ ᠪᠦᠷᠢᠳᠦᠭᠡᠳᠦᠢ᠂ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠴᠢᠩᠭ᠎ᠠ ᠪᠢᠰᠢ ᠪᠠᠶᠢᠵᠤ᠂ ᠬᠠᠮᠵᠢᠯᠴᠠᠨ ᠬᠥᠭᠵᠢᠭᠦᠯᠬᠦ ᠪᠠᠷ ᠳᠠᠮᠵᠢᠭᠤᠯᠤᠨ ᠡᠳᠡᠭᠡᠷ ᠠᠰᠠᠭᠤᠳᠠᠯ ᠢ ᠰᠢᠢᠳᠪᠦᠷᠢᠯᠡᠬᠦ  ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃      ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ ᠨᠢ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠵᠦ᠂ ᠬᠥᠮᠦᠨ ᠠᠮᠠ᠂ ᠠᠵᠤ ᠠᠬᠤᠶ᠂ ᠡᠬᠢ ᠪᠠᠶᠠᠯᠢᠭ ᠪᠣᠯᠣᠨ ᠣᠷᠴᠢᠨ ᠠᠬᠤᠶ ᠶᠢᠨ ᠵᠣᠬᠢᠴᠠᠯ ᠢ ᠠᠬᠢᠭᠤᠯᠬᠤ ᠳᠤ ᠠᠰᠢᠭᠲᠠᠶ ᠶᠤᠮ︔ ᠬᠤᠲᠠ ᠶᠢᠨ ᠰᠦᠷᠦᠭᠵᠢᠯ ᠤᠨ ᠪᠠᠶᠢᠷᠢᠰᠢᠯ ᠪᠣᠯᠤᠨ ᠲᠥᠯᠥᠪ ᠪᠠᠶᠢᠳᠠᠯ ᠢ ᠪᠦᠷᠢᠨᠰᠢᠭᠦᠯᠵᠦ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠶᠤᠮ︔ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠳᠤ ᠠᠰᠢᠭᠲᠠᠶ ᠶᠤᠮ︔ ᠠᠵᠤ ᠦᠢᠯᠡᠰ ᠤᠨ ᠬᠤᠪᠢᠶᠠᠷᠢᠯᠠᠯ ᠢ ᠵᠦᠢ ᠵᠣᠬᠢᠰᠲᠠᠶ ᠲᠣᠬᠢᠷᠠᠭᠤᠯᠵᠤ᠂ ᠣᠷᠣᠨ ᠪᠦᠰᠡ ᠶᠢᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ ᠶᠤᠮ︔ ᠣᠷᠣᠨ ᠪᠦᠰᠡ ᠶᠢᠨ ᠰᠠᠭᠤᠷᠢ ᠪᠡᠯᠡᠳᠬᠡᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ︔ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠳᠤ ᠨᠡᠩ ᠰᠠᠶᠢᠨ ᠠᠭᠤᠰᠤᠯᠴᠠᠭᠤᠯᠵᠤ᠂ ᠳᠣᠲᠣᠭᠠᠳᠤ ᠭᠠᠳᠠᠭᠠᠳᠤ ᠎ ᠳᠤ ᠨᠡᠭᠡᠭᠡᠯᠲᠡ ᠬᠢᠬᠦ ᠶᠢ ᠥᠷᠭᠡᠳᠬᠡᠨ ᠭᠦᠨᠵᠡᠭᠡᠶᠢᠷᠡᠭᠦᠯᠬᠦ ᠳᠤ ᠠᠰᠢᠭᠲᠠᠢ ᠶᠤᠮ︔ ᠣᠷᠣᠨ ᠪᠦᠰᠡ ᠶᠢᠨ ᠬᠠᠮᠵᠢᠯᠴᠠᠭᠠᠨ ᠤ ᠪᠠᠶᠢᠭᠤᠯᠤᠯ ᠤᠨ ᠲᠣᠭᠲᠠᠴᠠ ᠶᠢ ᠰᠢᠨᠡᠴᠢᠯᠡᠵᠦ ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠪᠠᠷ ᠬᠠᠮᠵᠢᠯᠴᠠᠨ ᠬᠥᠭᠵᠢᠭᠦᠯᠬᠦ ᠰᠢᠨ᠎ᠡ ᠠᠷᠭ᠎ᠠ ᠵᠠᠮ ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠪᠦᠬᠦ ᠣᠷᠣᠨ ᠤ ᠬᠥᠭᠵᠢᠯᠲᠡ ᠶᠢ ᠳᠠᠶᠢᠴᠢᠯᠠᠬᠤ ᠳᠤ ᠠᠰᠢᠭᠲᠠᠢ ᠶᠤᠮ᠃      ᠬᠦᠲᠦᠯᠦᠭᠴᠢ᠄      ︽13·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠦᠭᠵᠢᠬᠦᠯᠬᠦ ᠳᠤ ᠶᠠᠮᠠᠷ ᠶᠠᠮᠠᠷ ᠠᠵᠠ ᠲᠣᠬᠢᠶᠠᠯ ᠪᠠᠶᠢᠬᠤ ᠪᠤᠢ︖      ᠸᠧᠨ ᠮᠢᠨ᠄      ᠬᠥᠬᠡᠬᠤᠲᠠ ᠪᠤᠭᠤᠲᠤ ᠣᠷᠳᠣᠰ ᠤᠨ ᠭᠠᠵᠠᠷ ᠣᠷᠣᠨ ᠲᠤᠰ ᠪᠡᠶ᠎ᠡ ᠶᠢᠨ ᠢᠶᠠᠨ ᠳᠠᠪᠠᠭᠤᠯᠢᠭ ᠲᠤ ᠰᠠᠭᠤᠷᠢᠯᠠᠵᠤ᠂ ᠬᠥᠭᠵᠢᠯᠲᠡ ᠶᠢᠨ ᠤᠷᠤᠰᠬᠠᠯ ᠢ ᠲᠠᠭᠠᠵᠤ᠂ ᠣᠷᠣᠨ ᠪᠦᠰᠡ ᠪᠠᠷ ᠬᠠᠮᠵᠢᠯᠴᠠᠨ ᠬᠦᠭᠵᠢᠬᠦᠯᠬᠦ ᠶᠢ ᠲᠦᠷᠭᠡᠳᠭᠡᠬᠦ ᠠᠵᠠ ᠲᠣᠬᠢᠶᠠᠯ ᠪᠣᠯ ᠣᠯᠳᠠᠬᠤᠶ᠎ᠠ ᠪᠡᠷᠬᠡ ᠶᠤᠮ᠃ ᠨᠢᠭᠡ ᠳᠤ ᠤᠯᠤᠰ ᠠᠴᠠ ᠣᠷᠣᠨ ᠪᠦᠰᠡ ᠶᠢᠨ ᠬᠠᠮᠵᠢᠯᠴᠠᠨ ᠬᠦᠭᠵᠢᠬᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠨ ᠬᠦᠭᠵᠢᠬᠦᠯᠬᠦ᠂ ᠬᠥᠬᠡᠮᠥ᠋ᠷᠡᠨ ᠤ ᠠᠵᠤ ᠠᠬᠤᠶ ᠶᠢᠨ ᠪᠦᠰᠡ ᠵᠡᠷᠭᠡ ᠣᠷᠣᠨ ᠪᠦᠰᠡ ᠶᠢᠨ ᠬᠦᠭᠵᠢᠯᠲᠡ ᠶᠢᠨ ᠪᠠᠶᠢᠯᠳᠤᠬᠤ ᠪᠤᠲᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠶᠢᠨ  ᠬᠠᠮᠵᠢᠯᠴᠠᠨ ᠬᠦᠭᠵᠢᠬᠦᠯᠬᠦ ᠳᠤ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠃ ᠴᠠᠩᠱᠠ ᠵᠥᠵᠸᠣ ᠰᠢᠶᠠᠩᠲ᠋ᠠᠨ ᠤ ᠬᠤᠶᠠᠷ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠦᠷᠦᠮᠴᠢ ᠴᠠᠩ ᠵᠢᠢ ᠱᠢ ᠡᠾᠧ ᠽᠢ ᠬᠤᠲᠠ ᠶᠢᠨ ᠨᠢᠭᠡ ᠴᠤᠭᠴᠠᠵᠢᠭᠤᠯᠤᠯᠲᠠ ᠵᠡᠷᠭᠡ ᠶᠢᠨ ᠦᠢᠯᠡᠳᠦᠯᠭᠡ ᠨᠢ ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠶᠢᠨ   ᠬᠠᠮᠵᠢᠯᠴᠠᠨ ᠬᠥᠭᠵᠢᠭᠦᠯᠬᠦ ᠳᠤ ᠠᠰᠢᠭᠲᠠᠶ ᠯᠠᠪᠯᠠᠯᠲᠠ ᠤᠯᠭᠤᠪᠠ᠃ ᠬᠤᠶᠠᠷ ᠲᠤ᠂ ᠬᠥᠬᠡᠬᠤᠲᠠ ᠪᠤᠭᠤᠲᠤ ᠤᠷᠳᠤᠰ ᠪᠣᠯ ᠤᠯᠤᠰ ᠤᠨ ᠲᠡᠰ ᠤᠨ ᠭᠤᠣᠯᠳᠠᠯᠭ᠎ᠠ ᠲᠠᠢ ᠪᠤᠶᠢᠵᠢᠭᠤᠯᠬᠤ ᠬᠤᠳᠠ ᠶᠢᠨ ᠰᠦᠷᠦᠭᠯᠡᠯ᠂ ᠰᠢᠨ᠎ᠡ ᠨᠢᠬᠡᠨ ᠡᠭᠡᠯᠵᠢ ᠶᠢᠨ ᠪᠠᠷᠠᠭᠤᠨ ᠬᠡᠰᠡᠭ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠳᠤ ᠲᠣᠭᠲᠠᠭᠠᠭᠰᠠᠨ ᠭᠤᠣᠯᠳᠠᠯᠭ᠎ᠠ ᠲᠠᠢ ᠠᠵᠤ ᠠᠬᠤᠶ ᠶᠢᠨ ᠣᠷᠣᠨ᠂ ᠤᠯᠤᠰ ᠤᠨ ᠲᠡᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ ᠣᠷᠣᠨ ᠪᠦᠰᠡ ᠪᠤᠯᠤᠨ᠎ᠠ᠂ ᠡᠭᠦᠨ ᠤ ᠬᠠᠮᠲᠤ ︽ ᠥᠪᠥᠷ ᠮᠣᠩᠭᠤᠯ ᠤᠨ ᠠᠵᠤ ᠠᠬᠤᠶ ᠨᠡᠶᠢᠭᠡᠮ ᠢ ᠴᠢᠨᠠᠷᠯᠢᠭ ᠪᠥᠭᠡᠳ ᠲᠦᠷᠭᠡᠨ ᠬᠦᠭᠵᠢᠬᠦᠯᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ ᠤᠳ︾᠎ ᠲᠤ᠂ ᠬᠥᠬᠡᠬᠤᠲᠠ ᠪᠤᠭᠤᠲᠤ ᠤᠷᠳᠤᠰ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠳᠡᠮᠵᠢᠵᠦ᠂ ᠬᠥᠬᠡᠬᠤᠲᠠ ᠪᠤᠭᠤᠲᠤ ᠤᠷᠳᠤᠰ ᠤᠨ ᠤᠯᠤᠰ ᠤᠨ ᠬᠥᠭᠵᠢᠯᠲᠡ ᠶᠢᠨ ᠪᠠᠶᠢᠷᠢᠰᠢᠯ ᠳᠠᠬᠢ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠷᠪᠠᠨ ᠬᠤᠳᠠ ᠶᠢᠨ ᠬᠠᠮᠵᠢᠯᠴᠠᠨ ᠬᠥᠭᠵᠢᠭᠦᠯᠬᠦ ᠳᠤ ᠠᠰᠢᠭᠲᠠᠶ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠵᠤ ᠦᠭᠭᠦ ᠪᠠᠷ ᠲᠤᠲᠤᠷᠬᠠᠶᠢᠯᠠᠵᠠᠢ᠃ ᠭᠤᠷᠪᠠ ᠳᠤ ᠥᠪᠡᠷᠲᠡᠭᠡᠨ ᠵᠠᠰᠠᠬᠤ ᠣᠷᠣᠨ ︽8337︾ ᠬᠥᠭᠵᠢᠯᠲᠡ ᠶᠢᠨ ᠰᠡᠳᠬᠢᠮᠵᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾᠂ ︽ᠬᠤᠶᠠᠷ ᠬᠠᠯᠬᠠᠪᠴᠢ︾ ᠪᠤᠯᠤᠨ ︽ᠨᠢᠭᠡ ᠪᠠᠬᠢᠯᠡᠯᠲᠡ ᠨᠢᠬᠡ ᠪᠦᠰᠡ︾᠎ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠭᠤᠷᠪᠠᠨ ᠬᠤᠳᠠ ᠶᠢᠨ ᠠᠵᠤ ᠠᠬᠤᠶ ᠨᠡᠶᠢᠭᠡᠮ ᠤᠨ ᠬᠠᠷᠢᠯᠴᠠᠭ᠎ᠠ ᠶᠢ ᠡᠳᠦᠷ ᠢᠷᠡᠬᠦᠶ᠎ᠡ ᠥᠷᠭᠡᠨ ᠳᠡᠯᠭᠡᠷ ᠪᠤᠯᠭᠠᠵᠤ᠂ ᠬᠤᠲᠠ ᠪᠠᠯᠭᠠᠰᠤᠨ ᠤ ᠲᠥᠪᠯᠡᠷᠡᠯ ᠤᠨ ᠠᠩᠬᠠᠨ ᠤ ᠲᠥᠯᠥᠪ ᠨᠢᠭᠡᠨᠲᠡ ᠪᠦᠷᠢᠯᠳᠦᠵᠤ᠂ ᠵᠠᠮ ᠬᠠᠷᠢᠯᠴᠠᠭ᠎ᠠ ᠤᠯᠠᠮ ᠨᠢᠭᠲᠠᠷᠠᠵᠤ᠂ ᠲᠤᠰ ᠲᠤᠰ ᠤᠨ ᠬᠢᠨᠢ ᠠᠵᠤ ᠦᠢᠯᠡᠰ ᠤᠨ ᠣᠨᠴᠠᠯᠢᠭ ᠠᠩᠬ᠎ᠠ ᠠᠯᠬᠤᠮ ᠪᠤᠢ ᠪᠤᠯᠵᠤ᠂ ᠬᠠᠮᠵᠢᠯᠴᠠᠨ ᠬᠦᠭᠵᠢᠬᠦᠯᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠬᠦᠯᠵᠤ ᠦᠭᠴᠠᠢ᠃ ᠳᠦᠷᠪᠡ ᠳᠤ ᠮᠠᠨ ᠤ ᠤᠯᠤᠰ ᠤᠳᠤ ᠶᠠᠭ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠦᠶ᠎ᠡ ᠳᠤ ᠤᠷᠤᠰᠢᠵᠤ᠂ ᠤᠯᠤᠰ ᠠᠴᠠ ᠥᠭᠡᠷᠡᠴᠢᠯᠡᠯᠲᠡ ᠶᠢᠨ ᠳᠡᠭᠡᠪᠦᠷ ᠵᠢᠷᠤᠭ ᠲᠥᠯᠥᠪᠯᠡᠭᠡ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠠᠴᠠ ᠭᠤᠣᠯᠳᠠᠯᠭ᠎ᠠ ᠲᠠᠢ ᠬᠦᠷᠢᠶ᠎ᠡ ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠠᠯᠬᠤᠮ ᠢ ᠲᠦᠷᠭᠡᠳᠭᠡᠵᠤ᠂  ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠦᠭᠵᠢᠬᠦᠯᠬᠦ ᠳᠤ ᠲᠤᠯᠭᠠᠷᠠᠭᠰᠠᠨ ᠪᠠᠶᠢᠭᠤᠯᠤᠯ ᠤᠨ ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠳᠤ ᠠᠰᠢᠭᠲᠠᠶ ᠪᠤᠯᠭᠠᠵᠠᠢ᠃      ᠬᠥᠲᠥᠯᠥᠭᠴᠢ᠄      ᠲᠡᠭᠡᠪᠡᠯ ︽13·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠬᠥᠬᠡᠬᠤᠲᠠ ᠪᠤᠭᠤᠲᠤ ᠤᠷᠳᠤᠰ ᠤᠨ  ᠬᠠᠮᠵᠢᠯᠴᠠᠨ ᠬᠦᠭᠵᠢᠬᠦᠯᠬᠦ ᠶᠢᠨ ᠵᠢᠯᠣᠭᠤᠳᠬᠤ ᠦᠵᠡᠯ ᠰᠠᠨᠠᠭ᠎ᠠ ᠨᠢ ᠶᠠᠭᠤ ᠪᠤᠶ︖      ᠸᠧᠨ ᠮᠢᠨ᠄      ︽13·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠵᠢᠯᠣᠭᠤᠳᠬᠤ ᠦᠵᠡᠯ ᠰᠠᠨᠠᠭ᠎ᠠ ᠪᠣᠯ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠤᠬᠢᠴᠠᠬᠤ ᠪᠠ ᠲᠡᠭᠦᠨ ᠢ ᠬᠥᠲᠥᠯᠥᠨ ᠳᠠᠭᠠᠭᠤᠯᠵᠤ᠂ ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠤᠯᠤᠨ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠶᠢ ᠡᠭᠦᠳᠬᠦ ᠬᠥᠭᠵᠢᠯᠲᠡ᠂ ᠵᠣᠬᠢᠴᠠᠩᠭᠤᠶ ᠬᠦᠭᠵᠢᠯᠲᠡ᠂ ᠪᠣᠬᠢᠷᠲᠤᠯ ᠦᠭᠡᠢ ᠬᠦᠭᠵᠢᠯᠲᠡ᠂ ᠨᠡᠬᠡᠬᠡᠯᠳᠡ ᠲᠠᠢ ᠬᠦᠭᠵᠢᠯᠲᠡ᠂ ᠬᠠᠮᠲᠤ ᠪᠠᠷ ᠡᠳ᠋ᠯᠡᠬᠦ ᠬᠦᠭᠵᠢᠯᠲᠡ ᠶᠢ ᠪᠠᠷᠢᠮᠲᠠᠯᠠᠵᠤ᠂ ᠬᠠᠷᠠᠯᠲᠠ ᠪᠠᠷ ᠵᠢᠯᠣᠭᠤᠳᠤᠮᠵᠢ ᠪᠤᠯᠭᠠᠬᠤ ᠪᠠ ᠠᠰᠠᠭᠤᠳᠠᠯ ᠢᠶᠠᠷ ᠵᠢᠯᠤᠭᠤᠳᠤᠮᠵᠢ ᠪᠤᠯᠭᠠᠬᠤ ᠶᠢ ᠪᠠᠷᠢᠮᠲᠠᠯᠠᠨ᠂ ᠰᠠᠭᠤᠷᠢ ᠪᠡᠯᠡᠳᠭᠡᠮᠵᠢ ᠶᠢᠨ ᠲᠠᠯ᠎ᠠ ᠪᠠᠷ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠪᠠᠷ ᠰᠠᠭᠤᠷᠢ ᠪᠤᠯᠭᠠᠵᠤ᠂ ᠬᠥᠬᠡᠬᠤᠲᠠ ᠪᠤᠭᠤᠲᠤ ᠤᠷᠳᠤᠰ ᠢ ᠠᠳᠠᠯᠢ ᠬᠤᠲᠠᠴᠢᠯᠠᠬᠤ ᠪᠦᠲᠥᠭᠡᠨ ᠪᠠᠶᠢᠭᠤᠯᠤᠯᠲᠠ ᠪᠠᠷ ᠠᠴᠢᠶᠠᠯᠠᠭᠴᠢ ᠪᠤᠯᠭᠠᠵᠤ᠂ ᠴᠢᠬᠤᠯᠠ ᠡᠯᠧᠮᠧᠨ᠋ᠲ ᠤᠨ ᠲᠤᠬᠢᠷᠠᠭᠤᠯᠤᠯᠳᠡ ᠶᠢ ᠰᠢᠯᠢᠳᠡᠭᠵᠢᠭᠦᠯᠬᠦ ᠪᠠᠷ ᠭᠤᠣᠯ ᠪᠤᠯᠭᠠᠵᠤ᠂ ᠣᠷᠣᠨ ᠪᠦᠰᠡ ᠶᠢᠨ ᠨᠢᠭᠡᠳᠦᠯᠲᠡᠶ ᠵᠠᠬ᠎ᠠ ᠳᠡᠯᠭᠡᠭᠦᠷ ᠢ ᠪᠠᠶᠢᠭᠤᠯᠬᠤ ᠪᠠᠷ ᠭᠤᠣᠯᠳᠠᠯᠭ᠎ᠠ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ︽ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ ︾᠎ ᠪᠠᠷ ᠦᠨᠳᠦᠰᠦᠨ ᠬᠠᠷᠠᠯᠲᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠪᠤᠯᠤᠨ ︽8337︾ ᠬᠥᠭᠵᠢᠯᠲᠡ ᠶᠢᠨ ᠰᠡᠳᠬᠢᠮᠵᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠭᠤᠷᠢ ᠪᠡᠯᠡᠳᠭᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠠᠮᠢ ᠠᠬᠤᠶ ᠶᠢᠨ ᠣᠷᠴᠢᠨ ᠲᠣᠭᠤᠷᠢᠨ ᠢ  ᠬᠠᠮᠲᠤᠷᠠᠨ ᠬᠠᠮᠠᠭᠠᠯᠠᠵᠤ ᠬᠠᠮᠲᠤ ᠪᠠᠷ ᠵᠠᠰᠠᠬᠤ᠂ ᠠᠵᠤ ᠦᠢᠯᠡᠰ ᠢ ᠬᠠᠷᠢᠯᠴᠠᠨ ᠨᠥᠬᠦᠪᠥᠷᠢᠯᠡᠵᠦ ᠬᠠᠮᠲᠤᠷᠠᠨ ᠠᠵᠢᠯᠯᠠᠬᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠬᠦᠴᠦᠯᠡᠨ ᠠᠬᠢᠭᠤᠯᠵᠤ᠂ ᠣᠷᠣᠨ ᠪᠦᠰᠡ ᠶᠢᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠪᠣᠯᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠮᠡᠳᠡᠭᠳᠡᠬᠦ᠋ᠢᠴᠡ ᠳᠡᠭᠡᠭᠰᠢᠯᠡᠭᠦᠯᠵᠦ᠂ ᠪᠦᠬᠦ ᠣᠷᠣᠨ ᠳᠤ ᠡᠩ ᠲᠡᠷᠢᠬᠦᠨ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠤᠨ ᠪᠡᠶᠡᠯᠡᠭᠦᠯᠬᠦ ᠶᠠᠪᠤᠳᠠᠯ ᠪᠤᠯᠤᠨ᠎ᠠ᠃      ᠬᠥᠲᠥᠯᠥᠭᠴᠢ᠄      ︽13· 5︾᠎ ᠶᠢᠨ ᠬᠤᠭᠤᠴᠠᠭᠠᠨ ᠳᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠎ ᠶᠢᠨ ᠭᠤᠣᠯ ᠬᠠᠷᠠᠯᠲᠠ ᠨᠢ ᠶᠠᠭᠤ ᠪᠤᠶ︖      ᠸᠧᠨ ᠮᠢᠩ᠄      ︽13· 5︾᠎ ᠶᠢᠨ ᠬᠤᠭᠤᠴᠠᠭᠠᠨ ᠳᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠎ ᠶᠢᠨ ᠭᠤᠣᠯ ᠬᠠᠷᠠᠯᠲᠠ ᠪᠣᠯ 2017 ᠣᠨ ᠪᠣᠯᠬᠤ ᠳᠤ᠂ ᠬᠠᠮᠵᠢᠯᠴᠠᠨ ᠬᠦᠭᠵᠢᠭᠦᠯᠬᠦ ᠪᠠᠶᠢᠭᠤᠯᠤᠯ ᠶᠢᠨ ᠲᠣᠭᠲᠠᠴᠠ ᠶᠢ ᠪᠠᠶᠢᠭᠤᠯᠵᠤ᠂ ᠬᠠᠮᠵᠢᠯᠴᠠᠨ ᠬᠦᠭᠵᠢᠭᠦᠯᠬᠦ ᠪᠠᠶᠢᠷᠢᠰᠢᠯ ᠢ ᠠᠩᠬ᠎ᠠ ᠠᠯᠬᠤᠮ ᠪᠤᠢ ᠪᠣᠯᠭᠠᠵᠤ᠂ ᠵᠠᠮ ᠬᠠᠷᠢᠯᠴᠠᠭ᠎ᠠ ᠮᠡᠳᠡᠭᠡ ᠬᠤᠯᠪᠣᠭᠠᠨ ᠤ ᠰᠢᠰᠲ᠋ᠧᠮᠵᠢ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠣᠷᠣᠨ ᠤ ᠬᠠᠮᠵᠢᠯᠴᠠᠭ᠎ᠠ᠂ ᠠᠵᠤ ᠦᠢᠯᠡᠰ ᠤᠨ ᠢᠵᠢ ᠪᠦᠷᠢᠳᠦᠭᠦᠯᠦᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠤᠷᠢᠳᠠᠪᠡᠷ ᠰᠢᠪᠲᠤᠯᠤᠯᠲᠠ ᠭᠠᠷᠭᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠤᠷᠢᠳᠴᠢᠯᠠᠨ ᠪᠡᠶᠡᠯᠡᠭᠦᠯᠵᠦ᠂ ᠪᠦᠬᠦ ᠣᠷᠣᠨ ᠳᠤ ᠡᠩ ᠲᠡᠷᠢᠭᠦᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠦᠨ᠎ᠡ᠃      2020 ᠣᠨ ᠪᠣᠯᠬᠤ ᠳᠤ᠂ ᠣᠷᠣᠨ ᠪᠦᠰᠡ ᠶᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠦᠨᠳᠦᠰᠦᠨ ᠳᠡᠭᠡᠨ ᠪᠦᠷᠢᠯᠳᠦᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠷᠬᠡᠶ ᠰᠠᠶᠢᠵᠢᠷᠠᠭᠤᠯᠵᠤ᠂ ᠠᠵᠤ ᠦᠢᠯᠡᠰ ᠢ ᠬᠤᠯᠪᠣᠭᠠᠯᠠᠨ ᠬᠦᠭᠵᠢᠭᠦᠯᠬᠦ ᠶᠢ ᠢᠳᠡᠪᠬᠢ  ᠠᠬᠢᠴᠠ ᠲᠠᠢ ᠪᠣᠯᠭᠠᠵᠤ᠂ ᠠᠵᠢᠯ ᠣᠯᠭᠤᠬᠤ᠂ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠳᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠳᠤ ᠢᠳᠡᠪᠬᠢᠲᠡᠶ ᠦᠷ᠎ᠡ ᠪᠦᠲᠦᠮᠵᠢ ᠣᠯᠵᠤ᠂ ᠬᠠᠮᠵᠢᠯᠴᠠᠨ ᠬᠦᠭᠵᠢᠭᠦᠯᠬᠦ ᠲᠣᠭᠲᠠᠴᠠ ᠶᠢ ᠪᠦᠲᠦᠮᠵᠢᠲᠡᠶ ᠪᠠᠷ ᠠᠵᠢᠯᠯᠠᠭᠤᠯᠵᠤ᠂ ᠡᠯ᠎ᠡ ᠲᠠᠯ᠎ᠠ ᠶᠢᠨ ᠬᠢᠨ ᠤ ᠬᠤᠷᠰᠢᠯᠴᠠᠬᠤ ᠪᠠᠶᠢᠭᠤᠯᠤᠯ ᠢ ᠨᠡᠩ ᠪᠣᠯᠪᠠᠰᠤᠷᠠᠩᠭᠤᠶ᠂ ᠨᠡᠩ ᠬᠡᠯᠪᠡᠷᠢᠰᠢᠯ ᠲᠠᠢ ᠪᠣᠯᠭᠠᠵᠤ᠂  ᠬᠠᠮᠵᠢᠯᠴᠠᠨ ᠬᠦᠭᠵᠢᠭᠦᠯᠬᠦ᠂ ᠬᠠᠷᠢᠯᠴᠠᠨ ᠠᠰᠢᠭᠲᠠᠶ ᠪᠠᠶᠢᠵᠤ ᠬᠠᠮᠲᠤ ᠪᠠᠷ ᠠᠰᠢᠭ ᠬᠦᠷᠲᠡᠬᠦ ᠬᠥᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠣᠢ ᠪᠣᠯᠭᠠᠵᠤ᠂ ᠪᠦᠬᠦ ᠣᠷᠣᠨ ᠳᠤ ᠡᠩ ᠲᠡᠷᠢᠭᠦᠨ ᠳᠤ ᠬᠤᠲᠠ ᠬᠥᠳᠡᠭᠡ ᠶᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠪᠡᠶᠡᠯᠡᠭᠦᠯᠦᠨ᠎ᠡ᠃      2030 ᠣᠨ ᠪᠣᠯᠬᠤ ᠳᠤ᠂ ᠣᠷᠣᠨ ᠪᠦᠰᠡ ᠶᠢᠨ ᠠᠵᠤ ᠠᠬᠤᠶ ᠶᠢᠨ ᠥᠷᠢᠰᠥᠯᠳᠦᠬᠦ ᠬᠦᠴᠦᠨ ᠢᠯᠡᠷᠬᠡᠶ ᠨᠡᠮᠡᠭᠳᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠰᠠᠶᠢᠨ  ᠪᠣᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠢ ᠠᠳᠠᠯᠢ ᠲᠡᠭᠰᠢ ᠪᠣᠯᠭᠠᠵᠤ᠂ ᠠᠵᠤ ᠦᠢᠯᠡᠰ ᠤᠨ ᠬᠠᠮᠵᠢᠯᠴᠠᠨ ᠬᠥᠭᠵᠢᠭᠦᠯᠬᠦ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠨᠢᠭᠡ ᠴᠣᠭᠴᠠᠵᠢᠭᠤᠯᠣᠭᠰᠠᠨ ᠬᠥᠭᠵᠢᠯᠲᠡ ᠶᠢᠨ ᠰᠢᠨ᠎ᠡ ᠱᠠᠲᠤᠨ ᠳᠤ ᠣᠷᠣᠵᠤ᠂ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ  ᠬᠤᠷᠰᠢᠯᠴᠠᠬᠤ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠬᠥᠳᠡᠯᠭᠡᠭᠦᠷ ᠪᠣᠯᠣᠨ ᠪᠦᠬᠦ ᠤᠯᠤᠰ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠦᠯᠢᠭᠡᠷ ᠬᠡᠪ ᠪᠣᠯᠭᠠᠨ᠎ᠠ᠃      ᠬᠥᠲᠥᠯᠥᠭᠴᠢ᠄       ᠸᠧᠨ ᠡᠷᠬᠢᠯᠡᠭᠴᠢ ᠡ᠂ ︽13· 5︾᠎ ᠶᠢᠨ ᠬᠤᠭᠤᠴᠠᠭᠠᠨ ᠳᠠᠬᠢ ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠶᠢ ᠶᠠᠮᠠᠷ ᠶᠡᠷᠦᠩᠬᠡᠶ ᠣᠷᠣᠨ ᠪᠠᠶᠢᠷᠢᠰᠢᠯ ᠲᠠᠢ ᠪᠣᠯᠭᠠᠬᠤ ᠪᠤᠢ︖      ᠸᠧᠨ ᠮᠢᠨ᠄      ︽13· 5︾᠎ ᠶᠢᠨ ᠬᠤᠭᠤᠴᠠᠭᠠᠨ ᠳᠠᠬᠢ ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠶᠢ ᠵᠢᠷᠭᠤᠭᠠᠨ ᠶᠡᠷᠦᠩᠬᠡᠶ ᠣᠷᠣᠨ ᠪᠠᠶᠢᠷᠢᠰᠢᠯ ᠲᠠᠢ ᠪᠣᠯᠭᠠᠨ᠎ᠠ᠂ ᠨᠢᠭᠡ ᠳᠤ ᠤᠯᠤᠰ ᠤᠨ ᠡᠬᠢ ᠪᠠᠶᠠᠯᠢᠭ ᠤᠨ ᠬᠡᠯᠪᠡᠷᠢ ᠪᠥᠬᠦᠢ ᠭᠠᠵᠠᠷ ᠣᠷᠣᠨ ᠤ ᠦᠷᠭᠦᠯᠵᠢᠯᠡᠨ ᠬᠥᠭᠵᠢᠬᠦ ᠲᠤᠷᠰᠢᠯᠲᠠ ᠶᠢᠨ ᠣᠷᠣᠨ ᠪᠣᠯᠭᠠᠨ᠎ᠠ᠃ ᠡᠬᠢ ᠪᠠᠶᠠᠯᠢᠭ ᠢ ᠠᠷᠪᠢᠯᠠᠬᠤ ᠬᠡᠯᠪᠡᠷᠢ ᠪᠣᠯᠣᠨ ᠣᠷᠴᠢᠨ ᠲᠣᠭᠤᠷᠢᠨ ᠤ ᠨᠥᠬᠦᠷᠰᠡᠭ ᠬᠡᠯᠪᠡᠷᠢ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ᠎ᠠ︔ ︽ᠲᠠᠪᠤᠨ ᠶᠡᠭᠡ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠳᠡᠯᠡᠬᠡᠶ ᠶᠢᠨ ᠳᠡᠰ ᠤᠨ ᠰᠢᠨ᠎ᠡ ᠪᠠᠷ ᠬᠥᠭᠵᠢᠭᠰᠡᠨ ᠰᠦ ᠰᠠᠭᠠᠯᠢ ᠶᠢᠨ ᠦᠢᠯᠡᠰ ᠤᠨ ᠰᠠᠭᠤᠷᠢᠨ ᠭᠠᠵᠠᠷ᠂ ︽ᠬᠤᠪᠣᠷ ᠰᠢᠷᠣᠶ +︾᠎ ᠶᠢᠨ ᠰᠠᠭᠤᠷᠢᠨ ᠭᠠᠵᠠᠷ ᠪᠣᠯᠣᠨ ᠤᠯᠤᠰ ᠤᠨ ᠪᠣᠬᠢᠷᠲᠤᠯ ᠦᠭᠡᠶ  ᠲᠠᠷᠢᠶᠠᠯᠠᠩ ᠎ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ᠂ ᠴᠡᠪᠡᠷ ᠡᠨᠧᠷᠭᠢ ᠶᠢᠨ ᠰᠤᠷᠪᠤᠯᠵᠢ ᠶᠢ ᠦᠢᠯᠡᠳᠪᠦᠷᠢᠯᠡᠵᠦ ᠭᠠᠷᠭᠠᠬᠤ ᠰᠠᠭᠤᠷᠢᠨ ᠭᠠᠵᠠᠷ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠲᠤᠭ᠎ᠠ ᠪᠠᠷᠢᠮᠲᠠ ᠶᠢᠨ ᠪᠡᠯᠡᠳᠬᠡᠯ ᠲᠥᠪ ᠢᠶᠠᠷ ᠭᠤᠣᠯᠳᠠᠯᠭ᠎ᠠ  ᠪᠣᠯᠭᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠥᠷᠭᠡᠳᠬᠡᠵᠦ᠂ ᠤᠯᠤᠰ ᠤᠨ ᠡᠬᠢ ᠪᠠᠶᠠᠯᠢᠭ ᠤᠨ ᠬᠡᠯᠪᠡᠷᠢ ᠪᠥᠬᠦᠢ ᠭᠠᠵᠠᠷ ᠣᠷᠣᠨ ᠤ ᠦᠷᠭᠦᠯᠵᠢᠯᠡᠨ ᠬᠦᠭᠵᠢᠬᠦ ᠳᠤ ᠲᠤᠷᠰᠢᠯᠭ᠎ᠠ ᠬᠤᠷᠠᠮᠳᠤᠭᠤᠯᠵᠤ ᠥᠭᠭᠦᠨ᠎ᠡ᠃      ᠬᠤᠶᠠᠷ ᠲᠤ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢ ᠤᠷᠢᠳᠴᠢᠯᠠᠨ ᠬᠡᠷᠡᠭᠵᠢᠭᠦᠯᠬᠦ ᠣᠷᠣᠨ ᠪᠣᠯᠭᠠᠨ᠎ᠠ᠃ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠥᠬᠡᠬᠤᠲᠠ ᠪᠤᠭᠤᠲᠤ ᠤᠷᠳᠤᠰ ᠤᠨ ᠠᠵᠤ ᠦᠢᠯᠡᠰ ᠪᠣᠯᠣᠨ ᠬᠤᠲᠠ ᠶᠢ ᠠᠭᠤᠰᠤᠯᠴᠠᠭᠤᠯᠬᠤ ᠪᠠ ᠮᠡᠳᠡᠭᠡ ᠵᠠᠩᠭᠢᠵᠢᠭᠤᠯᠬᠤ ᠪᠠ ᠠᠵᠤ ᠦᠢᠯᠡᠳᠪᠦᠷᠢᠵᠢᠭᠦᠯᠬᠦ ᠶᠢ ᠠᠭᠤᠰᠤᠯᠴᠠᠭᠤᠯᠬᠤ ᠶᠢ ᠲᠥᠷᠭᠡᠳᠬᠡᠵᠦ᠂ ᠬᠥᠬᠡᠬᠤᠲᠠ ᠪᠤᠭᠤᠲᠤ ᠣᠷᠳᠣᠰ ᠤᠨ ᠲᠥᠪ ᠬᠤᠳᠠ ᠶᠢᠨ ᠳᠠᠭᠠᠭᠠᠴᠠ ᠴᠢᠳᠠᠪᠤᠷᠢ ᠪᠣᠯᠣᠨ ᠨᠥᠯᠥᠭᠡᠯᠡᠬᠦ ᠦᠢᠯᠡᠳᠦᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠷ ᠡᠬᠢᠯᠡᠯᠲᠡ ᠪᠣᠯᠭᠠᠵᠤ᠂ ᠲᠠᠷᠢᠶᠠᠯᠠᠬᠤ ᠣᠷᠣᠨ᠂ ᠮᠠᠯᠵᠢᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠲᠠᠷᠢᠶᠠᠯᠠᠬᠤ ᠣᠷᠣᠨ᠂ ᠰᠢᠨ᠎ᠡ ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠬᠢᠵᠦ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠬᠥᠲᠥᠯᠥᠨ ᠳᠠᠭᠠᠭᠤᠯᠤᠨ᠎ᠠ᠃      ᠭᠤᠷᠪᠠ ᠳᠤ ᠬᠠᠲᠤᠨ ᠭᠤᠣᠯ ᠤᠨ ᠳᠤᠮᠳᠠ ᠳᠡᠭᠡᠳᠦ ᠤᠷᠤᠰᠬᠠᠯ ᠤᠨ ᠠᠮᠢ ᠠᠬᠤᠶ ᠶᠢᠨ ᠣᠷᠴᠢᠨ  ᠲᠣᠭᠤᠷᠢᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ᠎ᠠ᠃ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠪᠠᠷ ᠬᠠᠷᠠᠯᠲᠠ ᠪᠣᠯᠭᠠᠨ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠯᠢ ᠤᠯᠠᠨ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠠᠮᠢ ᠠᠬᠤᠶ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠣᠷᠴᠢᠨ ᠲᠣᠭᠤᠷᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠶᠢ ᠬᠡᠷᠡᠭᠵᠢᠭᠦᠯᠦᠨ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠦᠨᠡᠨ ᠬᠦ ᠲᠦᠯᠬᠢᠨ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠶᠢᠨ ᠤᠰᠤ ᠨᠢ ᠴᠡᠪᠡᠷ᠂ ᠠᠭᠠᠷ ᠨᠢ ᠰᠣᠷᠭᠤᠭ᠂ ᠡᠬᠡ ᠭᠠᠵᠠᠷ ᠨᠢ ᠨᠣᠭᠤᠭᠠᠨ ᠪᠠᠶᠢᠬᠤ ᠶᠢ ᠦᠨᠡᠨ ᠬᠦ ᠪᠠᠲᠤᠯᠠᠵᠤ᠂ ᠠᠵᠢᠯᠯᠠᠵᠤ ᠠᠮᠢᠳᠤᠷᠠᠬᠤ ᠳᠤ ᠲᠣᠬᠢᠲᠠᠢ ᠪᠣᠯᠭᠠᠨ᠎ᠠ᠃      ᠳᠦᠷᠪᠡ ᠳᠤ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠴᠢᠬᠤᠯᠠ ᠲᠤᠯᠭᠠᠭᠤᠷᠢᠯᠠᠬᠤ ᠣᠷᠣᠨ ᠪᠣᠯᠭᠠᠨ᠎ᠠ᠃ ᠮᠣᠩᠭᠤᠯ ᠤᠯᠤᠰ ᠤᠨ ︽ᠲᠠᠯ᠎ᠠ ᠨᠤᠲᠤᠭ ᠤᠨ ᠵᠠᠮ︾᠎ ᠤᠨ ᠰᠠᠨᠠᠭᠠᠴᠢᠯᠠᠭ᠎ᠠ ᠪᠣᠯᠤᠨ ᠣᠷᠣᠰ ᠤᠨ ᠠᠯᠤᠰ ᠳᠣᠷᠣᠨᠠᠲᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠬᠦ ᠶᠢ ᠲᠦᠷᠭᠡᠳᠬᠡᠬᠦ ᠰᠠᠨᠠᠭᠠᠴᠢᠯᠠᠭ᠎ᠠ ᠠᠴᠠ ᠪᠠᠨ ᠵᠠᠯᠭᠠᠯᠳᠤᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠠᠭᠤᠷᠢ ᠲᠥᠬᠦᠭᠡᠷᠦᠮᠵᠢ ᠶᠢ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠴᠢᠩᠭᠠᠳᠬᠠᠵᠤ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠣᠩᠭᠤᠯ ᠣᠷᠣᠰ ᠯᠤᠭ᠎ᠠ ᠶᠢᠨ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠲᠦᠯᠬᠢᠨ ᠤᠷᠤᠭᠰᠢᠯᠠᠭᠤᠯᠵᠤ᠂ ᠭᠠᠳᠠᠭᠰᠢᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠡᠮᠦᠨ᠎ᠡ ᠡᠩᠨᠡᠭᠡ ᠳᠤ ᠤᠷᠤᠭᠰᠢᠯᠠᠨ᠎ᠠ᠃      ᠲᠠᠪᠤ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠪᠠᠷ ᠬᠠᠮᠵᠢᠯᠴᠠᠨ ᠬᠥᠭᠵᠢᠭᠦᠯᠬᠦ ᠦᠯᠢᠭᠡᠷ ᠳᠠᠭᠤᠷᠢᠶᠠᠯ ᠤᠨ ᠣᠷᠣᠨ ᠪᠣᠯᠭᠠᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠯᠬᠤᠴᠠ ᠶᠢ ᠲᠦᠷᠭᠡᠳᠬᠡᠵᠦ᠂ ᠬᠠᠮᠵᠢᠯᠴᠠᠨ ᠬᠥᠭᠵᠢᠭᠦᠯᠬᠦ ᠪᠠᠶᠢᠭᠤᠯᠤᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠵᠢᠯᠴᠠᠨ ᠬᠥᠭᠵᠢᠬᠦ ᠶᠢ ᠬᠢᠵᠠᠭᠠᠷᠯᠠᠬᠤ ᠵᠠᠰᠠᠭ ᠵᠠᠬᠢᠷᠭᠠᠨ ᠤ ᠪᠠᠬᠢᠯᠡᠯᠲᠡ ᠪᠠ ᠲᠥᠷᠢᠮ ᠤᠨ ᠬᠠᠷᠰᠢ ᠶᠢ ᠠᠷᠢᠯᠭᠠᠵᠤ᠂ ᠴᠢᠬᠤᠯᠠ ᠡᠯᠧᠮᠧᠨ᠋ᠲ ᠢ ᠴᠢᠯᠥᠭᠡᠲᠡᠶ ᠡᠷᠭᠢᠯᠳᠦᠭᠦᠯᠬᠦ ᠪᠠ ᠠᠵᠤ ᠦᠢᠯᠡᠰ ᠤᠨ ᠲᠠᠯ᠎ᠠ ᠪᠠᠷ ᠬᠠᠮᠵᠢᠯᠴᠠᠬᠤ ᠶᠢ ᠠᠬᠢᠭᠤᠯᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤᠶᠢᠴᠠ ᠣᠷᠣᠨ ᠪᠦᠰᠡ ᠶᠢᠨ ᠬᠠᠮᠵᠢᠯᠴᠠᠨ ᠬᠥᠭᠵᠢᠭᠦᠯᠬᠦ ᠲᠤᠷᠰᠢᠯᠭ᠎ᠠ ᠶᠢ ᠰᠦᠪᠡᠭᠴᠢᠯᠡᠨ ᠳ᠋ᠦᠩᠨᠡᠵᠦ᠂ ᠪᠦᠬᠦ ᠣᠷᠣᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠳᠤ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠥᠷᠨᠢᠭᠦᠯᠦᠨ᠎ᠡ᠃      ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠦᠨ ᠬᠥᠭᠵᠢᠭᠦᠯᠬᠦ ᠶᠢ ᠬᠥᠲᠥᠯᠥᠨ ᠳᠠᠭᠠᠭᠤᠯᠬᠤ ᠣᠷᠣᠨ ᠪᠣᠯᠭᠠᠨ᠎ᠠ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ ᠪᠠᠷ ᠭᠤᠣᠯ ᠪᠣᠯᠭᠠᠵᠤ᠂ ᠣᠷᠣᠨ ᠪᠦᠰᠡ ᠶᠢᠨ ᠲᠣᠲᠣᠷᠠᠬᠢ ᠰᠢᠨ᠎ᠡ ᠶᠢ ᠡᠭᠦᠳᠬᠦ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠠᠮᠢᠳᠤᠯᠢᠭ ᠬᠦᠴᠦᠨ ᠲᠠᠢ ᠪᠥᠭᠡᠳ ᠦᠷ᠎ᠡ ᠪᠦᠲᠦᠮᠵᠢ ᠲᠠᠢ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠭᠤᠯᠤᠯ ᠤᠨ ᠲᠣᠭᠲᠠᠴᠠ ᠶᠢ ᠲᠦᠷᠭᠡᠨ ᠪᠣᠢ ᠪᠣᠯᠭᠠᠵᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠮᠠᠶ᠋ᠢᠭ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠣᠯᠭᠤᠨ᠎ᠠ᠃      ᠬᠥᠲᠥᠯᠥᠭᠴᠢ᠄      ︽13.5︾᠎ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠶᠢ ᠶᠠᠮᠠᠷ ᠣᠷᠣᠨ ᠵᠠᠢ ᠶᠢᠨ ᠪᠠᠶᠢᠷᠢᠰᠢᠯ ᠲᠠᠢ ᠪᠣᠯᠭᠠᠬᠤ ᠪᠣᠢ︖      ᠸᠧᠨ ᠮᠢᠨ᠄      ᠣᠷᠣᠨ ᠵᠠᠶ ᠶᠢᠨ ᠪᠠᠶᠢᠷᠢᠰᠢᠯ ᠤᠨ ᠲᠠᠯ᠎ᠠ ᠪᠠᠷ ᠣᠷᠣᠨ ᠪᠦᠰᠡ ᠶᠢᠨ ᠬᠠᠮᠵᠢᠯᠴᠠᠭ᠎ᠠ᠂ ᠬᠤᠳᠠ ᠬᠥᠳᠡᠭᠡ ᠶᠢᠨ ᠨᠢᠭᠡ ᠴᠤᠭᠴᠠᠵᠢᠭᠤᠯᠤᠯᠲᠠ ᠶᠢ ᠪᠠᠷᠢᠮᠲᠠᠯᠠᠵᠤ᠂ ᠴᠢᠬᠤᠯᠠ ᠡᠯᠧᠮᠧᠨ᠋ᠲ ᠢ ᠡᠮᠬᠢ ᠵᠢᠷᠤᠮ ᠲᠠᠢ ᠴᠢᠯᠥᠭᠡᠲᠡᠶ ᠡᠷᠭᠢᠯᠳᠦᠭᠦᠯᠬᠦ᠂ ᠪᠡᠶᠡᠴᠢ ᠴᠣᠭᠴᠠ ᠶᠢᠨ ᠴᠢᠳᠠᠮᠵᠢ ᠶᠢ ᠪᠦᠲᠦᠮᠵᠢᠲᠡᠢ ᠬᠢᠵᠠᠭᠠᠷᠯᠠᠬᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠠᠳᠠᠯᠢ ᠲᠡᠭᠰᠢ ᠪᠣᠯᠭᠠᠬᠤ᠂ ᠡᠬᠢ ᠪᠠᠶᠠᠯᠢᠭ ᠤᠨ ᠣᠷᠴᠢᠨ ᠲᠣᠭᠤᠷᠢᠨ ᠢ ᠳᠠᠭᠠᠯᠴᠠ ᠲᠠᠢ ᠪᠤᠯᠭᠠᠠᠬᠤ ᠱᠠᠭᠠᠷᠳᠠᠯᠭ᠎ᠠ ᠶᠣᠰᠣᠭᠠᠷ᠂ ︽ᠨᠢᠭᠡ ᠭᠤᠣᠯ ᠬᠤᠶᠠᠷ ᠵᠢᠭᠦᠷ ᠭᠤᠷᠪᠠᠨ ᠪᠦᠰᠡ ᠳᠥᠷᠪᠡᠨ ᠣᠷᠣᠨ︾᠎ ᠤ ᠣᠷᠣᠨ ᠵᠠᠶ ᠶᠢᠨ ᠪᠠᠶᠢᠷᠢᠰᠢᠯ ᠢ ᠪᠤᠢ ᠪᠣᠯᠭᠠᠨ᠎ᠠ᠃      ︽ᠨᠢᠭᠡ ᠭᠤᠣᠯ ᠬᠤᠶᠠᠷ ᠵᠢᠭᠦᠷ︾ ᠭᠡᠳᠡᠭ ᠨᠢ ᠬᠥᠬᠡᠬᠤᠲᠠ ᠶᠢᠨ ᠭᠤᠣᠯᠯᠠᠬᠤ ᠪᠠᠶᠢᠷᠢ ᠶᠢ ᠲᠣᠪᠣᠶᠢᠯᠭᠠᠵᠤ᠂ ᠲᠥᠪ ᠬᠤᠲᠠ ᠶᠢᠨ ᠠᠵᠤ ᠠᠬᠤᠶ ᠶᠢ ᠲᠦᠷᠭᠡᠨ ᠬᠥᠭᠵᠢᠭᠦᠯᠵᠦ᠂ ᠬᠤᠳᠠ ᠶᠢᠨ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ ᠶᠡᠷᠦᠩᠬᠡᠶᠢᠯᠡᠭᠰᠡᠨ ᠳᠠᠭᠠᠭᠠᠴᠠ ᠪᠣᠯᠤᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠤᠭᠤᠲᠤ᠂ ᠣᠷᠳᠣᠰ ᠤᠨ ᠣᠷᠣᠨ ᠪᠦᠰᠡ ᠶᠢᠨ ᠳᠡᠳ᠋ᠯᠡᠬᠦ ᠪᠠᠶᠢᠷᠢ ᠶᠢ ᠴᠢᠩᠭᠠᠷᠠᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠬᠤ ᠦᠢᠯᠡᠳᠦᠯ ᠢ ᠨᠢ ᠪᠠᠳᠠᠷᠠᠭᠤᠯᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠨᠡᠮᠡᠭᠳᠡᠯ ᠤᠨ ᠲᠦᠢᠯ ᠪᠣᠯᠭᠠᠨ ᠴᠣᠭᠴᠠᠯᠠᠨ᠎ᠠ᠃ ᠵᠡᠭᠦᠨᠭᠠᠷ᠂ ᠲᠡᠯᠡᠦᠠ᠂ ᠲᠦᠮᠡᠳ ᠪᠠᠷᠠᠭᠤᠨ᠂ ᠲᠦᠮᠡᠳ ᠵᠡᠭᠦᠨ᠂ ᠲᠣᠭᠲᠠᠬᠤ᠂ ᠬᠤᠷᠢᠨᠭᠡᠷ ᠵᠡᠷᠭᠡ ᠬᠤᠲᠠ ᠪᠠᠯᠭᠠᠰᠤ ᠶᠢᠨ ᠬᠡᠪᠴᠢᠶᠡᠵᠢᠯ ᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠬᠡᠬᠤᠲᠠ ᠪᠤᠭᠤᠲᠤ ᠤᠷᠳᠤᠰ ᠤᠨ ᠬᠤᠳᠠ ᠶᠢᠨ ᠰᠦᠷᠦᠭᠯᠡᠯ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢ ᠵᠢᠭᠠᠵᠤ ᠪᠣᠢ᠃      ︽ᠭᠤᠷᠪᠠᠨ ᠶᠡᠭᠡ ᠠᠵᠤ ᠦᠢᠯᠡᠰ ᠤᠨ ᠪᠦᠰᠡ︾ ᠭᠡᠳᠡᠭ ᠨᠢ ᠬᠠᠳᠤᠨ ᠭᠤᠣᠯ ᠳᠠᠭᠠᠤ ᠭᠤᠣᠯ ᠱᠤᠭᠤᠮ ᠳᠠᠭᠠᠤ ᠶᠢᠨ ᠠᠵᠤ ᠦᠢᠯᠡᠰ ᠤᠨ ᠪᠦᠰᠡ᠂ ᠮᠤᠨᠢ ᠠᠭᠤᠯᠠ ᠶᠢᠨ ᠠᠷᠤ ᠬᠤᠷᠮᠣᠶ ᠶᠢᠨ ᠰᠢᠨ᠎ᠡ ᠡᠨᠧᠷᠭᠢ ᠰᠤᠷᠪᠤᠯᠵᠢ ᠶᠢᠨ ᠠᠵᠤ ᠦᠢᠯᠡᠰ ᠤᠨ ᠪᠦᠰᠡ ᠪᠠ ᠲᠦᠮᠡᠳ ᠤᠨ ᠲᠠᠯ᠎ᠠ ᠶᠢᠨ ᠪᠣᠬᠢᠷᠲᠤᠯ ᠦᠭᠡᠶ ᠮᠠᠯ ᠲᠠᠷᠢᠶᠠᠯᠠᠩ ᠤᠨ ᠭᠠᠷᠤᠯᠲᠠ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠪᠦᠰᠡ ᠶᠢ ᠵᠢᠭᠠᠵᠤ ᠪᠤᠢ᠃      ︽ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠦᠷᠪᠡᠨ ᠣᠷᠣᠨ︾ ᠬᠡᠳᠡᠭ ᠨᠢ ᠣᠷᠳᠣᠰ ᠢᠶᠠᠷ ᠭᠤᠣᠯ ᠪᠣᠯᠭᠠᠭᠰᠠᠨ ᠲᠤᠪᠤᠴᠢᠬ ᠭᠤᠤ ᠭᠠᠩᠭ᠎ᠠ᠂ ᠡᠯᠡᠰᠦ ᠮᠠᠩᠬ᠎ᠠ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠬᠤ ᠣᠷᠣᠨ︔ ᠴᠢᠩ ᠱᠦᠢ ᠾᠧ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ ᠵᠡᠷᠭᠡ ᠪᠠᠷ ᠭᠤᠣᠯ ᠪᠣᠯᠭᠠᠭᠰᠠᠨ ᠰᠢᠷᠣᠶ ᠴᠢᠯᠠᠭᠤᠨ ᠠᠭᠤᠯᠠ ᠶᠢᠨ ᠠᠮᠢ ᠠᠬᠤᠶ ᠶᠢ ᠵᠠᠰᠠᠬᠤ ᠣᠷᠣᠨ︔ ᠭᠦᠶᠡᠩ ᠰᠢᠶᠠᠨ᠂ ᠦᠴᠦᠸᠠᠨ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠰᠢᠭᠤᠶᠢᠲᠤ ᠲᠣᠭᠤᠷᠢᠭ ᠵᠡᠷᠭᠡ ᠪᠠᠷ ᠭᠤᠣᠯ ᠪᠣᠯᠭᠠᠭᠰᠠᠨ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠣᠷᠣᠨ︔ ᠲᠦᠮᠡᠳ ᠵᠡᠭᠦᠨ ᠬᠤᠰᠢᠭᠤ᠂ ᠬᠤᠲᠣᠩ ᠲᠣᠭᠤᠷᠢᠭ᠂ ᠰᠢᠨ᠎ᠡ ᠬᠤᠲᠠ ᠲᠣᠭᠤᠷᠢᠭ᠂ ᠵᠢᠤ ᠶᠤᠸᠠᠨ ᠲᠣᠭᠤᠷᠢᠭ᠂ ᠴᠢᠩᠱᠠᠨ ᠲᠣᠭᠤᠷᠢᠭ᠂ ᠬᠥᠨᠳᠡᠯᠡᠨ ᠲᠣᠭᠤᠷᠢᠭ᠂ ᠳ᠋ᠦᠩ ᠾᠧ ᠲᠣᠭᠤᠷᠢᠭ᠂ ᠲᠦᠮᠡᠳ ᠪᠠᠷᠠᠭᠤᠨ ᠬᠤᠰᠢᠭᠤ ᠵᠡᠷᠭᠡ ᠪᠠᠷ ᠭᠤᠣᠯ ᠪᠣᠯᠭᠠᠭᠰᠠᠨ ᠳᠠᠯᠠᠨ ᠬᠠᠷ᠎ᠠ ᠠᠭᠤᠯᠠ ᠶᠢᠨ ᠡᠮᠦᠨ᠎ᠡ ᠡᠩᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠵᠢᠭᠠᠵᠤ ᠪᠣᠢ᠃ ᠬᠥᠲᠥᠯᠥᠭᠴᠢ᠄      ᠲᠡᠭᠡᠪᠡᠯ ︽13·5︾᠎ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠦᠭᠵᠢᠭᠦᠯᠬᠦ ᠳᠤ ᠤᠷᠢᠳᠠᠪᠠᠷ ᠠᠯᠢ ᠬᠦᠷᠢᠶᠡᠨ ᠳᠤ ᠰᠢᠪᠲᠤᠯᠤᠯᠲᠠ ᠬᠢᠬᠦ ᠪᠤᠢ︖      ᠸᠧᠡ ᠮᠢᠨ᠄      ᠤᠷᠢᠳᠠᠪᠠᠷ ᠰᠢᠪᠲᠤᠯᠤᠯᠲᠠ ᠬᠢᠬᠦ ᠬᠦᠷᠢᠶᠡᠨ ᠳᠤ ᠬᠤᠶᠠᠷ ᠲᠠᠯ᠎ᠠ ᠶᠢᠨ ᠠᠭᠤᠯᠭ᠎ᠠ ᠪᠠᠭᠲᠠᠨ᠎ᠠ᠂ ᠨᠢᠭᠡ ᠳᠤ ᠰᠠᠭᠤᠷᠢ ᠪᠡᠯᠡᠳᠬᠡᠮᠵᠢ ᠶᠢᠨ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠲᠦᠯᠬᠢᠨ ᠠᠬᠢᠭᠤᠯᠤᠨ᠎ᠠ᠃ ᠣᠷᠣᠨ ᠵᠠᠶ ᠶᠢ ᠥᠷᠭᠡᠳᠬᠡᠵᠦ᠂ ᠳᠤᠲᠠᠭᠤ ᠲᠠᠯ᠎ᠠ ᠪᠠᠨ ᠨᠦᠬᠦᠪᠦᠷᠢᠯᠡᠬᠦ ᠪᠠᠷ ᠬᠠᠷᠠᠯᠲᠠ ᠪᠣᠯᠭᠠᠨ᠂ ᠬᠤᠲᠠ ᠠᠯᠤᠰᠯᠠᠭᠰᠠᠨ ᠴᠢᠬᠤᠯᠠ ᠶᠡᠭᠡ ᠰᠠᠭᠤᠷᠢ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠳᠠᠯᠢ ᠬᠤᠲᠠᠴᠢᠯᠠᠬᠤ᠂  ᠰᠦᠯᠵᠢᠶᠡᠵᠢᠭᠦᠯᠬᠦ᠂ ᠳᠦᠬᠦᠮᠴᠢᠯᠡᠬᠦ ᠪᠠᠷ ᠴᠢᠭᠯᠡᠯ ᠪᠣᠯᠭᠠᠵᠤ᠂ ᠰᠠᠭᠤᠷᠢ ᠪᠡᠯᠡᠳᠬᠡᠮᠵᠢ ᠶᠢᠨ ᠨᠢᠭᠡᠳᠦᠯᠲᠡᠢ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠦᠷᠢᠨ ᠴᠢᠳᠠᠪᠤᠷᠢ ᠲᠠᠢ᠂ ᠰᠢᠯᠤᠭᠤᠨ ᠵᠤᠯᠭᠠᠯᠲᠠ ᠲᠠᠢ᠂ ᠪᠦᠲᠦᠮᠵᠢᠲᠦ ᠠᠵᠢᠯᠯᠠᠭ᠎ᠠ ᠲᠠᠢ᠂ ᠴᠢᠨᠠᠷᠵᠢᠭᠤᠨ ᠦᠢᠯᠡᠴᠢᠯᠡᠭᠡ ᠲᠠᠢ᠂ ᠠᠮᠤᠷ ᠲᠦᠪᠰᠢᠨ ᠣᠷᠴᠢᠨ ᠲᠤᠭᠤᠷᠢᠨ ᠲᠠᠢ ᠨᠢᠭᠡ ᠴᠤᠭᠴᠠᠵᠢᠭᠤᠯᠤᠭᠰᠠᠨ ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠬᠤᠶᠠᠷ ᠲᠤ ᠠᠮᠢ ᠠᠬᠤᠶ ᠶᠢᠨ ᠪᠤᠯᠪᠠᠰᠤᠨ ᠢ ᠬᠠᠮᠲᠤᠷᠠᠨ ᠪᠠᠶᠢᠭᠤᠯᠤᠨ᠎ᠠ᠃ ᠪᠣᠬᠢᠷᠲᠤᠯ ᠦᠭᠡᠢ ᠪᠠᠷ ᠤᠷᠤᠨ ᠢᠶᠠᠨ ᠪᠠᠶᠠᠵᠢᠭᠤᠯᠵᠤ᠂ ᠪᠤᠬᠢᠷᠳᠤᠯ ᠦᠭᠡᠢ ᠪᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠡᠬᠡ ᠪᠠᠶᠢᠭᠠᠯᠢ ᠶᠢ ᠡᠮᠬᠢ ᠵᠢᠷᠤᠮ ᠲᠠᠢ ᠪᠠᠷ ᠠᠰᠢᠭᠯᠠᠨ᠂ ᠲᠠᠷᠢᠶᠠᠯᠠᠩ ᠤᠨ ᠣᠷᠣᠨ ᠵᠠᠶ ᠪᠠ ᠠᠮᠢ ᠠᠬᠤᠶ ᠶᠢᠨ ᠣᠷᠣᠨ ᠵᠠᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠵᠤ᠂ ᠰᠢᠨᠵᠢᠯᠡᠬᠦ ᠤᠬᠠᠭᠠᠨᠴᠢ ᠪᠦᠭᠡᠳ ᠵᠦᠢ ᠵᠣᠬᠢᠰᠲᠠᠶ ᠬᠤᠲᠠᠴᠢᠯᠠᠯᠲᠠ ᠶᠢᠨ ᠬᠡᠪ ᠪᠠᠶᠢᠳᠠᠯ᠂ ᠲᠠᠷᠢᠶᠠᠯᠠᠩ ᠤᠨ ᠬᠥᠭᠵᠢᠯᠲᠡ ᠶᠢᠨ ᠪᠠᠶᠢᠷᠢᠰᠢᠯ ᠪᠠ ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠪᠤᠢ ᠪᠣᠯᠭᠠᠨ᠎ᠠ᠃ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠲᠥᠷᠢᠮ ᠢ ᠬᠡᠷᠡᠭᠵᠢᠭᠦᠯᠵᠦ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠪᠠ ᠪᠣᠬᠢᠷᠲᠤᠯ ᠢ ᠰᠡᠷᠭᠡᠶᠢᠯᠡᠨ ᠵᠠᠰᠠᠬᠤ ᠤᠷᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠤᠷᠪᠠᠨ ᠭᠠᠵᠠᠷ ᠢ ᠰᠢᠪᠲᠤᠯᠤᠭᠰᠠᠨ ᠴᠢᠬᠤᠯᠠ ᠶᠡᠭᠡ ᠠᠮᠢ ᠠᠬᠤᠶ ᠶᠢᠨ ᠰᠢᠰᠲ᠋ᠧᠮᠵᠢ ᠶᠢᠨ ᠵᠠᠰᠠᠨ ᠰᠡᠷᠭᠦᠭᠡᠬᠦ ᠢᠨᠵᠧᠨᠧᠷᠢᠩ ᠢ ᠲᠦᠯᠦᠪᠵᠢᠭᠦᠯᠦᠨ ᠬᠡᠷᠡᠭᠵᠢᠭᠦᠯᠦᠨ᠎ᠡ᠃ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠠᠮᠢ ᠠᠬᠤᠶ ᠶᠢᠨ ᠨᠡᠩ ᠤᠯᠠᠨ ᠴᠢᠨᠠᠷᠯᠢᠭ ᠪᠦᠲᠦᠭᠡᠭᠳᠡᠬᠦᠨ ᠬᠠᠩᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠬᠠᠯᠬᠠᠪᠴᠢ ᠶᠢᠨ ᠴᠢᠬᠤᠯᠠ ᠳᠠᠭᠠᠭᠠᠴᠠ ᠤᠷᠤᠨ ᠢ ᠪᠠᠶᠢᠭᠤᠯᠤᠨ᠎ᠠ᠃      ᠬᠥᠲᠥᠯᠥᠭᠴᠢ᠄      ᠸᠧᠡ ᠡᠷᠬᠢᠯᠡᠭᠴᠢ ᠡ᠂ ︽13·5︾᠎ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠦᠭᠵᠢᠭᠦᠯᠬᠦ ᠳᠤ ᠶᠠᠮᠠᠷ ᠡᠭᠦᠷᠭᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠬᠤ ᠪᠤᠢ︖      ᠸᠧᠡ ᠮᠢᠨ᠄      ᠬᠤᠶᠠᠷ ᠡᠭᠦᠷᠭᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠂ ᠨᠢᠭᠡ ᠳᠤ ᠠᠵᠤ ᠦᠢᠯᠡᠰ ᠤᠨ ᠬᠠᠮᠵᠢᠯᠴᠠᠨ ᠬᠦᠭᠵᠢᠭᠦᠯᠬᠦ ᠶᠢ ᠬᠥᠲᠥᠯᠥᠨ ᠵᠢᠯᠤᠭᠤᠳᠤᠨ᠎ᠠ᠃ ᠡᠯ᠎ᠡ ᠭᠠᠵᠠᠷ ᠤᠨ ᠡᠬᠢ ᠪᠠᠶᠠᠯᠢᠭ ᠤᠨ ᠲᠥᠷᠥᠯᠬᠢ ᠳᠠᠪᠠᠭᠤᠯᠢᠭ ᠪᠠ ᠬᠠᠷᠢᠴᠠᠩᠭᠤᠶ ᠳᠠᠪᠠᠭᠤᠯᠢᠭ ᠲᠤ ᠰᠠᠭᠤᠷᠢᠯᠠᠨ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠪᠠᠷᠢᠮᠵᠢᠶ᠎ᠠ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠲᠦᠷᠭᠡᠳᠬᠡᠵᠦ᠂ ᠡᠵᠡᠨ ᠮᠡᠳᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠪᠦᠬᠦᠢ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠲᠡᠮᠳᠡᠭᠲᠦ ᠶᠢ ᠪᠤᠶᠢᠵᠢᠭᠤᠯᠵᠤ᠂ ᠳᠠᠪᠠᠭᠤᠯᠢᠭ ᠠᠵᠤ ᠦᠢᠯᠡᠰ ᠤᠨ ᠳᠤᠮᠳᠠ ᠳᠡᠭᠡᠳᠦ ᠳᠡᠰ ᠵᠦᠭ ᠳᠠᠪᠰᠢᠬᠤ ᠶᠢ ᠬᠦᠴᠦᠲᠡᠶ ᠲᠦᠯᠬᠢᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠰᠢᠨ᠎ᠡ ᠬᠡᠯᠪᠡᠷᠢᠴᠢᠯᠡᠬᠦ᠂ ᠰᠢᠨ᠎ᠡ ᠮᠠᠶ᠋ᠢᠭ ᠤᠨ ᠠᠵᠤ ᠦᠢᠯᠡᠰ ᠢ ᠬᠡᠪᠴᠢᠶᠡᠵᠢᠭᠦᠯᠬᠦ᠂ ᠲᠤᠯᠭᠠᠭᠤᠷᠢ ᠠᠵᠤ ᠦᠢᠯᠡᠰ ᠢ ᠤᠯᠠᠨ ᠡᠰᠢᠴᠢᠯᠡᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠠᠵᠤ ᠦᠢᠯᠡᠰ ᠤᠨ ᠬᠠᠮᠵᠢᠯᠴᠠᠨ ᠬᠦᠭᠵᠢᠭᠦᠯᠬᠦ ᠪᠠ ᠬᠠᠮᠲᠤᠷᠠᠨ ᠬᠥᠳᠡᠯᠦᠯᠴᠡᠬᠦ ᠲᠣᠭᠲᠠᠴᠠ ᠲᠠᠢ ᠪᠤᠯᠭᠠᠵᠤ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠬᠦ᠂ ᠢᠵᠢ ᠪᠦᠷᠢᠳᠦᠭᠦᠯᠦᠨ ᠵᠤᠬᠢᠴᠠᠭᠤᠯᠬᠤ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠤᠨ ᠰᠢᠰᠲ᠋ᠧᠮᠵᠢ ᠶᠢ ᠪᠠᠶᠢᠭᠤᠯᠤᠨ᠎ᠠ᠃ ᠬᠤᠶᠠᠷ ᠲᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠬᠠᠮᠵᠢᠯᠴᠠᠭᠤᠯᠤᠨ᠎ᠠ᠃ ᠬᠢᠵᠠᠭᠠᠷ ᠱᠤᠭᠤᠮ ᠢ ᠪᠠᠲᠤ ᠰᠠᠬᠢᠵᠤ᠂ ᠳᠦᠷᠢᠮ ᠲᠣᠭᠲᠠᠭᠠᠯ ᠢ ᠪᠦᠷᠢᠨᠰᠢᠭᠦᠯᠵᠦ᠂ ᠵᠢᠱᠢᠯᠲᠡ ᠶᠢ ᠬᠥᠲᠥᠯᠥᠨ ᠵᠢᠯᠣᠭᠤᠳᠴᠤ᠂ ᠰᠠᠭᠤᠷᠢ ᠶᠢ ᠪᠠᠲᠤᠯᠠᠵᠤ᠂ ᠠᠵᠢᠯ ᠤᠯᠭᠤᠬᠤ ᠠᠳᠠᠯ ᠦᠢᠯᠡᠰ ᠴᠤᠭᠴᠠᠯᠠᠬᠤ᠂ ᠰᠤᠷᠭᠠᠨ ᠬᠥᠮᠦᠵᠢᠯ ᠰᠣᠶᠣᠯ ᠪᠣᠯᠪᠠᠰᠤᠷᠠᠯ᠂ ᠡᠮ ᠡᠮᠨᠡᠯᠭᠡ ᠡᠷᠡᠭᠦᠯ ᠮᠡᠨᠳᠦ ᠪᠠ ᠨᠡᠶᠢᠭᠡᠮ ᠤᠨ ᠪᠠᠲᠤᠯᠠᠭ᠎ᠠ ᠪᠠᠷ ᠭᠤᠣᠯᠳᠠᠯᠭ᠎ᠠ ᠪᠤᠯᠭᠠᠨ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠢ ᠰᠢᠨᠡᠴᠢᠯᠡᠵᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠴᠤ ᠬᠠᠩᠭᠠᠵᠤ ᠳᠡᠶᠢᠯᠡᠬᠦ ᠳᠤᠨᠢ ᠵᠠᠰᠠᠭ ᠤᠨ ᠣᠷᠳᠣᠨ ᠳᠠᠬᠢᠨ ᠰᠢᠭᠤᠳ ᠳᠠᠭᠠᠭᠠᠨ ᠭᠦᠢᠴᠡᠳᠬᠡᠬᠦ ᠦᠭᠡᠢ ᠪᠤᠯᠭᠠᠨ᠎ᠠ︔ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠬᠤᠷᠰᠢᠨ ᠬᠠᠩᠭᠠᠵᠤ ᠳᠡᠶᠢᠯᠡᠬᠦ᠂ ᠨᠡᠶᠢᠭᠡᠮ ᠤᠨ ᠥᠷᠭᠡᠨ ᠳᠡᠯᠭᠡᠷ ᠬᠥᠷᠥᠩᠭᠡ ᠶᠢ ᠲᠠᠲᠠᠵᠤ ᠣᠷᠣᠯᠴᠠᠭᠤᠯᠤᠨ᠎ᠠ᠃ ᠭᠤᠷᠪᠠᠨ ᠬᠤᠳᠠ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠢᠭᠡ ᠴᠤᠭᠴᠠᠵᠢᠭᠤᠯᠬᠤ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠪᠠᠶᠢᠭᠤᠯᠬᠤ ᠴᠢᠳᠠᠪᠤᠷᠢ ᠪᠠ ᠬᠠᠮᠲᠤ ᠪᠠᠷ ᠬᠦᠷᠲᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠥᠲᠥᠯᠥᠭᠴᠢ᠄      ︽13 · 5︾᠎ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠤᠷᠳᠤᠰ ᠨᠢ ᠨᠢᠭᠡᠳᠦᠯᠲᠡᠶ ᠲᠦᠯᠦᠪᠯᠡᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠬᠡᠷᠬᠢᠨ ᠪᠡᠶᠡᠯᠡᠭᠦᠯᠬᠦ ᠪᠤᠢ︖      ᠸᠧᠨ ᠮᠢᠨ᠄      ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠨᠢ ᠰᠢᠨ᠎ᠡ ᠶᠢ ᠡᠭᠦᠳᠬᠦ ᠪᠠᠷ ᠬᠦᠭᠵᠢᠯᠲᠡ ᠶᠢ ᠬᠥᠲᠥᠯᠥᠨ ᠳᠠᠭᠠᠭᠤᠯᠬᠤ ᠶᠢᠨ ᠨᠢᠭᠡᠳᠦᠭᠡᠷ ᠬᠥᠳᠡᠯᠭᠡᠬᠦ ᠬᠦᠴᠦᠨ ᠪᠣᠯᠭᠠᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠮᠡᠷᠭᠡᠵᠢᠯ ᠤᠨ ᠲᠠᠪᠠᠯᠳᠠᠳᠤ ᠬᠦᠭᠵᠢᠯᠲᠡ ᠶᠢᠨ ᠪᠠᠶᠢᠯᠳᠤᠬᠤ ᠪᠣᠳᠤᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠷᠭᠡᠨ ᠲᠦᠪᠯᠡᠷᠡᠭᠦᠯᠬᠦ᠂ ᠵᠦᠢ ᠵᠣᠬᠢᠰᠲᠠᠶ ᠲᠣᠬᠢᠷᠠᠭᠤᠯᠬᠤ᠂ ᠨᠡᠬᠡᠬᠡᠨ ᠬᠦᠭᠵᠢᠭᠦᠯᠵᠦ ᠬᠠᠮᠲᠤᠪᠠᠷ ᠬᠦᠷᠲᠡᠬᠦ᠂ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠨ᠎ᠠ᠃ ᠰᠠᠭᠤᠷᠢ ᠰᠤᠳᠤᠯᠤᠯ ᠢ ᠴᠢᠩᠭᠠᠳᠬᠠᠨ᠂ ᠠᠩᠬᠠᠨ ᠤ ᠡᠭᠦᠳᠦᠯᠲᠡ᠂ ᠬᠤᠷᠠᠮᠠᠯ ᠡᠭᠦᠳᠦᠯᠲᠡ ᠪᠠ ᠣᠷᠣᠭᠤᠯᠤᠨ ᠠᠪᠴᠢᠷᠠᠵᠤ ᠰᠢᠩᠭᠡᠭᠡᠨ ᠠᠪᠤᠭᠠᠳ ᠳᠠᠬᠢᠨ ᠰᠢᠨ᠎ᠡ ᠶᠢ ᠡᠭᠦᠳᠬᠦ ᠶᠢ ᠴᠢᠩᠭᠠᠳᠬᠠᠵᠦ᠂ ᠠᠳᠠᠯᠢ ᠠᠵᠢᠯ ᠲᠦᠷᠦᠯ ᠤᠨ ᠮᠡᠷᠭᠡᠵᠢᠯ ᠤᠨ ᠦᠨᠳᠦᠷ ᠲᠥᠪᠰᠢᠨ ᠢ ᠡᠵᠡᠯᠡᠨ᠂ ᠣᠷᠣᠨ ᠪᠦᠰᠡ ᠶᠢᠨ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠬᠦ ᠣᠷᠣᠨ ᠪᠦᠰᠡ ᠎ ᠪᠠᠷ ᠢᠶᠠᠨ ᠬᠠᠮᠵᠢᠯᠴᠠᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠰᠢᠨ᠎ᠡ ᠶᠢ ᠡᠭᠦᠳᠬᠦ ᠬᠠᠮᠲᠤ ᠶᠢᠨ ᠴᠣᠭᠴᠠ ᠪᠣᠯᠤᠨ ᠪᠦᠷᠢᠯᠳᠦᠬᠦ ᠶᠢ ᠠᠬᠢᠭᠤᠯᠤᠨ᠂ ᠰᠢᠨ᠎ᠡ ᠶᠢ ᠡᠭᠦᠳᠬᠦ ᠬᠥᠭᠵᠢᠯᠲᠡ ᠶᠢᠨ ᠤᠷᠬᠢᠯ ᠢ ᠪᠣᠢ ᠪᠣᠯᠭᠠᠨ᠎ᠠ᠃ ᠪᠣᠳᠠᠲᠠᠶ ᠠᠷᠭ᠎ᠠ ᠬᠡᠮᠵᠢᠶ᠎ᠡ ᠨᠢ ᠭᠡᠪᠡᠯ ᠨᠢᠭᠡ ᠳᠤ ᠣᠷᠣᠨ ᠪᠦᠰᠡ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ︔ ᠬᠤᠶᠠᠷ ᠲᠤ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠦᠷᠢᠨᠰᠢᠭᠦᠯᠦᠨ᠎ᠡ︔ ᠭᠤᠷᠪᠠ ᠳᠤ ᠬᠠᠮᠵᠢᠯᠴᠠᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠪᠠᠳᠤᠳᠬᠠᠨ᠎ᠠ᠃      ᠬᠥᠲᠥᠯᠥᠭᠴᠢ᠄      ︽13 · 5︾᠎ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠤᠷᠳᠤᠰ ᠨᠢ ᠥᠭᠡᠷᠡᠴᠢᠯᠡᠯᠲᠡ ᠨᠡᠬᠡᠬᠡᠯᠲᠡ ᠶᠢ ᠬᠡᠷᠬᠢᠨ ᠬᠠᠮᠲᠤ ᠪᠠᠷ ᠲᠦᠯᠬᠢᠨ ᠠᠬᠢᠭᠤᠯᠬᠤ ᠪᠤᠢ︖      ᠸᠧᠨ ᠮᠢᠨ᠄      ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠨᠢ ᠶᠡᠭᠡ ᠲᠠᠯ᠎ᠠ ᠶᠢᠨ ᠤᠬᠠᠮᠰᠠᠷ ᠪᠠ ᠪᠦᠬᠦ ᠲᠠᠯ᠎ᠠ ᠶᠢᠨ ᠦᠵᠡᠯᠲᠡ ᠶᠢ ᠪᠤᠢ ᠪᠣᠯᠭᠠᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠷᠸ᠎ᠠ ᠲᠤᠬᠢᠷᠠᠭᠤᠯᠤᠯ ᠡᠵᠡᠮᠳᠡᠯ ᠤᠨ ᠲᠣᠭᠲᠠᠴᠠ᠂ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠪᠠᠶᠢᠭᠤᠯᠤᠯ᠂ ᠭᠠᠳᠠᠭᠠᠳᠤ ᠨᠡᠬᠡᠬᠡᠯᠲᠡ ᠶᠢᠨ ᠦᠢᠯᠡᠴᠢᠯᠡᠭᠡᠨ ᠬᠢᠭᠡᠳ ᠬᠢᠨᠠᠠ ᠬᠠᠮᠢᠶᠠᠷᠬᠤ ᠬᠡᠪ ᠵᠠᠭᠪᠤᠷ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠯᠤᠰ ᠠᠴᠠ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠴᠢᠬᠤᠯᠠ ᠶᠡᠭᠡ ᠲᠡᠦᠬᠡᠨ ᠠᠵᠠ ᠲᠣᠬᠢᠶᠠᠯ ᠢ ᠠᠳᠬᠤᠨ᠂ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠠᠭᠤᠯᠤᠭᠳᠠᠬᠤᠨ ᠢ ᠪᠠᠶᠠᠯᠢᠭᠵᠢᠭᠤᠯᠵᠤ᠂ ᠤᠯᠠᠨ ᠤᠯᠤᠰ ᠤᠨ ᠳᠡᠳ᠋ ᠣᠷᠣᠨ ᠪᠦᠰᠡ ᠶᠢᠨ ᠬᠠᠮᠲᠤᠷᠠᠯᠴᠠᠭ᠎ᠠ ᠪᠠ ᠤᠯᠤᠰ ᠤᠨ ᠳᠣᠲᠣᠭᠠᠳᠤ ᠶᠢᠨ ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠬᠠᠮᠵᠢᠯᠴᠠᠭ᠎ᠠ ᠶᠢ ᠶᠡᠬᠡᠪᠡᠷ ᠠᠬᠢᠭᠤᠯᠤᠨ᠂ ᠬᠥᠬᠡᠬᠤᠲᠠ ᠪᠤᠭᠤᠲᠤ ᠤᠷᠳᠤᠰ ᠤᠨ ᠣᠷᠣᠨ ᠪᠦᠰᠡ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠴᠢᠬᠤᠯᠠ ᠡᠯᠧᠮᠧᠨ᠋ᠲ ᠢ ᠡᠮᠬᠢ ᠵᠢᠷᠤᠮ ᠲᠠᠢ ᠡᠷᠭᠢᠯᠳᠦᠭᠦᠯᠬᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠲᠣᠬᠢᠷᠠᠭᠤᠯᠬᠤ᠂ ᠵᠠᠬ᠎ᠠ ᠳᠡᠯᠭᠡᠭᠦᠷ ᠢ ᠭᠦᠨᠵᠡᠭᠡᠶ ᠨᠡᠶᠢᠯᠡᠭᠦᠯᠬᠦ ᠶᠢ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠭᠠᠵᠠᠷ ᠣᠷᠣᠨ ᠢ ᠮᠠᠨ ᠤ ᠣᠷᠣᠨ ᠤ ︽ᠤᠮᠠᠷᠠᠰᠢ ᠨᠡᠭᠡᠭᠡᠯᠲᠡ︾᠎ ᠶᠢᠨ ᠲᠥᠪ ᠪᠠ ᠤᠯᠤᠰ ᠤᠨ ᠳᠣᠲᠣᠭᠠᠳᠤ ᠶᠢᠨ ᠬᠠᠮᠵᠢᠯᠴᠠᠭᠠᠨ ᠤ ᠬᠦᠢᠰᠦ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠪᠣᠳᠠᠲᠠᠶ ᠠᠷᠭ᠎ᠠ ᠬᠡᠮᠵᠢᠶ᠎ᠡ ᠨᠢ ᠭᠡᠪᠡᠯ ᠨᠢᠭᠡ ᠳᠤ ᠤᠯᠠᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ᠎ᠡ︔ ᠬᠤᠶᠠᠷ ᠲᠤ ᠤᠯᠠᠨ ᠳᠡᠰ ᠳᠠᠪᠬᠤᠷᠭ᠎ᠠ ᠪᠦᠬᠦᠢ ᠨᠡᠭᠡᠭᠡᠯᠲᠡ ᠶᠢᠨ ᠬᠠᠮᠲᠤᠷᠠᠯᠴᠠᠭᠠᠨ ᠤ ᠰᠢᠨ᠎ᠡ ᠬᠡᠪ ᠪᠠᠶᠢᠳᠠᠯ ᠢ ᠪᠤᠢ ᠪᠣᠯᠭᠠᠨ᠎ᠠ᠃      ᠬᠥᠲᠥᠯᠥᠭᠴᠢ᠄      ︽13 · 5︾᠎ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠶᠢ ᠬᠡᠷᠬᠢᠨ ᠪᠠᠲᠤᠯᠠᠬᠤ ᠪᠤᠢ︖      ᠸᠧᠨ ᠮᠢᠨ᠄      ᠨᠢᠭᠡ ᠳᠤ ᠬᠠᠮᠵᠢᠯᠴᠠᠨ ᠬᠥᠭᠵᠢᠭᠦᠯᠬᠦ ᠠᠵᠢᠯ ᠤᠨ ᠤᠳᠤᠷᠢᠳᠬᠤ ᠪᠠᠶᠢᠭᠤᠯᠤᠯ ᠢ ᠰᠢᠨᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠶᠢ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠤᠨ᠂ ᠬᠥᠬᠡᠬᠤᠲᠠ ᠪᠤᠭᠤᠲᠤ ᠤᠷᠳᠤᠰ ᠬᠤᠯᠪᠤᠭᠠᠲᠤ ᠬᠤᠷᠠᠯ ᠤᠨ ᠲᠥᠷᠢᠮ ᠢ ᠪᠠᠶᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠳᠦᠷᠢᠮ ᠢ ᠲᠣᠭᠲᠠᠭᠠᠨ᠎ᠠ︔ ᠬᠤᠶᠠᠷ ᠲᠤ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ ᠲᠣᠭᠲᠠᠴᠠ ᠶᠢ ᠪᠠᠶᠢᠭᠤᠯᠤᠨ᠎ᠠ᠃ ᠬᠥᠬᠡᠬᠤᠲᠠ ᠪᠤᠭᠤᠲᠤ ᠤᠷᠳᠤᠰ ᠤᠨ ᠭᠤᠷᠪᠠᠨ ᠬᠤᠳᠠ ᠶᠢᠨ ᠰᠠᠯᠠᠭ᠎ᠠ ᠮᠦᠴᠢᠷ ᠤᠨ ᠬᠠᠮᠲᠤᠷᠠᠨ ᠵᠦᠪᠳᠡᠯᠴᠡᠬᠦ ᠲᠣᠭᠲᠠᠴᠠ ᠶᠢ ᠪᠠᠶᠢᠭᠤᠯᠤᠨ᠂ ︽ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠦᠭᠵᠢᠭᠦᠯᠬᠦ ᠲᠤᠰᠬᠠᠶ ᠬᠠᠮᠲᠤᠷᠠᠨ ᠠᠵᠢᠯᠯᠠᠬᠤ ᠳᠤᠭᠤᠶᠢᠯᠠᠩ︾᠎ ᠢ ᠡᠳᠦᠢ ᠲᠡᠳᠦᠢ ᠪᠠᠶᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠠᠵᠢᠯ ᠤᠨ ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠺᠣᠮᠢᠰ ᠢ ᠪᠠᠶᠢᠭᠤᠯᠤᠨ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠦᠭᠵᠢᠭᠦᠯᠬᠦ ᠶᠢᠨ ᠬᠠᠮᠲᠤᠷᠠᠯᠴᠠᠭᠠᠨ ᠤ ᠮᠡᠳᠡᠭᠡ ᠵᠠᠩᠭᠢ ᠶᠢᠨ ᠨᠡᠪᠲᠡᠷᠡᠯᠴᠡᠭᠡ ᠬᠢᠭᠡᠳ ᠰᠣᠯᠢᠯᠴᠠᠬᠤ ᠲᠠᠪᠴᠠᠩ ᠢ ᠪᠠᠶᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠭᠦᠯᠬᠦ ᠪᠡᠯᠡ ᠮᠦᠩᠭᠦᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ︔ ᠭᠤᠷᠪᠠ ᠳᠤ ᠬᠠᠮᠢᠶ᠎ᠠ ᠪᠦᠬᠦᠢ ᠪᠠᠶᠢᠭᠤᠯᠤᠯ ᠤᠨ ᠲᠦᠷᠦ ᠶᠢᠨ ᠪᠤᠳᠤᠯᠭ᠎ᠠ ᠶᠢ ᠲᠣᠬᠢᠷᠠᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠪᠦᠷᠢᠨᠰᠢᠭᠦᠯᠵᠦ᠂ ᠪᠤᠰᠤᠳ ᠲᠦᠷᠦ ᠶᠢᠨ ᠪᠤᠳᠤᠯᠭ᠎ᠠ ᠶᠢ ᠦᠭᠡᠷᠡᠴᠢᠯᠡᠬᠦ ᠪᠠ ᠲᠣᠬᠢᠷᠠᠭᠤᠯᠤᠨ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠦᠭᠵᠢᠭᠦᠯᠬᠦ ᠶᠢ ᠦᠨᠡᠯᠡᠬᠦ᠂ ᠤᠬᠠᠭᠤᠯᠬᠤ ᠪᠠ ᠰᠢᠯᠭᠠᠨ ᠬᠢᠨᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃     ᠬᠥᠲᠥᠯᠥᠭᠴᠢ᠄      ᠵᠠ ᠰᠡᠶᠢᠠ ᠪᠣᠯᠤᠯ᠎ᠠ᠂ ᠸᠧᠨ ᠡᠷᠬᠢᠯᠡᠭᠴᠢ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠳᠠᠷᠠᠭᠠᠴᠢ ᠶᠢᠨ ᠫᠷᠦᠭᠷᠮ ᠢᠶᠠᠷ ᠪᠠᠶᠠᠷᠲᠠᠶ ᠵᠤᠯᠭᠠᠶ᠎ᠠ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map