ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠪᠠᠭ᠎ᠠ | ᠵᠢᠵᠢᠭ ᠠᠵᠤ ᠠᠬᠤᠢᠢᠯᠠᠯ ᠤᠨ ᠬᠦᠭᠵᠢᠯᠳᠡ ᠶᠢ ᠲᠦᠷᠭᠡᠳᠭᠡᠬᠦ ᠶᠢ ᠴᠢᠨᠠᠭᠰᠢᠳᠠ ᠲᠡᠳᠬᠦᠬᠦ ᠳᠤᠬᠠᠢ ᠨᠠᠢᠮᠠᠨ ᠵᠤᠷᠪᠤᠰ | ᠠᠷᠭ᠎ᠠ ᠬᠡᠮᠵᠢᠶ᠎ᠠ︾ ᠶᠢ ᠳᠤᠭᠳᠠᠭᠠᠬᠰᠠᠨ ᠨᠢ ᠮᠠᠨ ᠤ ᠤᠷᠤᠨ ᠤ ᠠᠷᠠᠳ ᠤᠨ ᠳᠤᠮᠳᠠᠬᠢ ᠪᠡᠯᠡ ᠤᠷᠤᠭᠤᠯᠤᠯᠤᠳᠠ ᠶᠢ | ᠠᠬᠢᠭᠤᠯᠬᠤ ᠳᠤ ᠶᠠᠮᠠᠷ ᠰᠢᠤ ᠦᠢᠯᠡᠳᠦᠯ ᠭᠠᠷᠭᠠᠭᠰᠠᠨ ᠪᠤᠢ︖ | ᠸᠠᠩ ᠪᠢᠩ ᠵᠢᠶᠦ᠋ᠨ ︵ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ ᠵᠠᠩᠬᠢᠵᠢᠯᠳᠡ ᠶᠢᠨ | ᠵᠦᠪᠯᠡᠯ ᠤᠨ ᠡᠷᠬᠢᠯᠡᠭᠴᠢ︶᠄ ᠭᠤᠤᠯᠳᠠᠭᠤ ᠵᠦᠪᠰᠢᠶᠡᠷᠡᠯ ᠤᠯᠬᠤ ᠬᠢᠵᠠᠭᠠᠷᠯᠠᠯ ᠢ ᠰᠤᠯᠠᠳᠬᠠᠵᠤ᠂ ᠭᠠᠶᠢᠯᠢ | ᠰᠦᠢᠳᠭᠡᠯ ᠢ ᠬᠠᠰᠤᠵᠤ ᠬᠡᠯᠳᠦᠷᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠬᠤᠷᠠᠮᠳᠤᠭᠤᠯᠬᠤ | ᠦᠢᠯᠡᠴᠢᠯᠡᠭᠡ ᠶᠢᠨ ᠰᠢᠨ᠎ᠠ ᠶᠢ ᠡᠭᠦᠳᠴᠦ᠂ ᠤᠶᠤᠳᠠᠳ ᠤᠨ ᠦᠢᠯᠡᠰ ᠪᠤᠰᠬᠠᠵᠤ ᠰᠢᠨ᠎ᠠ ᠶᠢ ᠡᠭᠦᠳᠭᠦ ᠶᠢ | ᠵᠤᠷᠢᠭᠵᠢᠭᠤᠯᠵᠤ᠂ ᠠᠵᠢᠯ ᠤᠯᠭᠤᠬᠤ ᠪᠠᠳᠤᠯᠠᠪᠤᠷᠢ ᠶᠢ ᠴᠢᠩᠭᠠᠳᠬᠠᠵᠤ᠂ ᠤᠯᠠᠨ ᠨᠡᠶᠢᠳᠡ ᠶᠢᠨ ᠦᠢᠯᠡᠴᠢᠯᠡᠭᠡ ᠶᠢ | ᠴᠢᠩᠭᠠᠳᠬᠠᠵᠤ᠂ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠳᠡᠮᠵᠢᠵᠤ᠂ ᠮᠡᠳᠡᠭᠡ ᠵᠠᠩᠬᠢ ᠶᠢᠨ ᠳᠠᠪᠴᠠᠩ | ᠢ ᠳᠡᠭᠦᠯᠳᠡᠷᠵᠢᠭᠦᠯᠵᠤ᠂ ᠳᠤᠮᠳᠠ ᠪᠠᠭ᠎ᠠ ᠵᠢᠵᠢᠭ ᠠᠵᠤ ᠠᠬᠤᠢᠢᠯᠠᠯ ᠤᠨ ᠭᠦᠭᠵᠢᠯᠳᠡ ᠳᠤ ᠨᠦᠭᠦᠴᠡᠯ ᠪᠦᠷᠢᠯᠳᠦᠭᠦᠯᠦᠨ | ᠦᠭᠴᠦ᠂ ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ | ᠰᠤᠷᠪᠤᠯᠵᠢᠯᠠᠭᠴᠢ᠄ ᠮᠦᠩᠭᠦᠨ ᠬᠦᠢᠯᠭᠡᠭᠡ ᠪᠠᠷ ᠠᠷᠠᠳ ᠤᠨ ᠳᠤᠮᠳᠠᠬᠢ ᠪᠡᠯᠡ ᠤᠷᠤᠭᠤᠯᠤᠯᠳᠠ ᠪᠠ ᠠᠷᠠᠳ | ᠤᠨ ᠳᠤᠮᠳᠠᠬᠢ ᠪᠡᠯᠡ ᠤᠷᠤᠭᠤᠯᠤᠯᠳᠠ ᠶᠢᠨ ᠵᠠᠮ ᠢ ᠰᠢᠯᠤᠭᠤᠳᠬᠠᠬᠤ ᠶᠢ ᠲᠡᠮᠵᠢᠬᠦ ᠳᠠᠯ᠎ᠠ ᠳᠤ᠂ ᠦᠪᠡᠷᠳᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠭᠤᠤᠯᠳᠠᠭᠤ ᠶᠠᠮᠠᠷ ᠠᠷᠭ᠎ᠠ ᠬᠡᠮᠵᠢᠶ᠎ᠠ ᠠᠪᠤᠭᠰᠠᠨ ᠪᠤᠢ︖ | ᠵᠢᠶᠠᠩ ᠬᠤᠸᠠ ︵ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ | ︶᠄ ᠭᠤᠤᠯᠳᠠᠭᠤ ︽ᠳᠠᠪᠤᠨ ᠬᠦᠳᠦᠯᠦᠨ ᠳᠠᠭᠠᠭᠤᠯᠬᠤ︾ ᠪᠠᠷ ᠭᠠᠷᠳᠠᠴᠠ ᠪᠤᠯᠭᠠᠵᠤ᠂ ᠠᠷᠠᠳ ᠤᠨ ᠳᠤᠮᠳᠠᠬᠢ ᠪᠡᠯᠡ | ᠤᠷᠤᠭᠤᠯᠤᠯᠳᠠ ᠶᠢᠨ ᠵᠠᠮ ᠢ ᠰᠢᠯᠤᠭᠤᠳᠬᠠᠪᠠ᠄ ᠠᠷᠠᠳ ᠤᠨ ᠳᠤᠮᠳᠠᠬᠢ ᠡᠳ᠋ ᠬᠦᠷᠦᠩᠭᠡ ᠶᠢ ᠤᠷᠤᠨ ᠨᠤᠳᠤᠭ ᠤᠨ | ᠮᠦᠩᠭᠦᠨ ᠬᠦᠢᠯᠭᠡᠭᠡ ᠳᠤ ᠤᠷᠤᠭᠤᠯᠬᠤ ᠶᠢ ᠬᠦᠳᠦᠯᠦᠨ ᠳᠠᠭᠠᠭᠤᠯᠵᠤ᠂ ᠤᠷᠤᠨ ᠨᠤᠳᠤᠭ ᠤᠨ ᠮᠦᠩᠭᠦᠨ ᠬᠦᠢᠯᠭᠡᠭᠡᠨ | ᠤ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠠᠷᠠᠳ ᠠᠴᠠ ᠡᠵᠡᠩᠨᠡᠭᠰᠡᠨ ᠡᠳ᠋ ᠬᠦᠷᠦᠩᠭᠡ ᠶᠢ | ᠳᠠᠳᠠᠵᠤ ᠮᠦᠩᠭᠦᠨ ᠬᠦᠢᠯᠭᠡᠭᠡᠨ ᠤ ᠬᠦᠷᠢᠶ᠎ᠠ ᠴᠠᠷᠠᠭ᠎ᠠ ᠳᠤ ᠤᠷᠤᠭᠤᠯᠬᠤ ᠶᠢᠨ ᠳᠠᠭᠠᠤ ᠵᠢᠭᠡᠯᠡᠯᠭᠡ ᠳᠠᠯᠪᠢᠬᠤ ᠵᠡᠷᠭᠡ | ᠠᠵᠢᠯ ᠲᠦᠷᠦᠯ ᠢᠶᠠᠷ ᠪᠠᠭ᠎ᠠ ᠵᠢᠵᠢᠭ ᠠᠵᠤ ᠠᠬᠤᠢᠢᠯᠠᠯ ᠤᠨ ᠭᠦᠭᠵᠢᠯᠳᠡ ᠶᠢ ᠳᠡᠮᠵᠢᠪᠡ︔ ᠠᠷᠠᠳ ᠤᠨ ᠳᠤᠮᠳᠠᠬᠢ | ᠵᠢᠭᠡᠯᠡᠯᠭᠡ ᠳᠠᠯᠪᠢᠬᠤ ᠶᠢ ᠢᠯᠡ ᠪᠤᠯᠭᠠᠬᠤ ᠶᠢ ᠬᠦᠳᠦᠯᠦᠨ ᠳᠠᠭᠠᠭᠤᠯᠪᠠ︔ ᠠᠷᠠᠳ ᠠᠴᠠ ᠡᠵᠡᠩᠨᠡᠭᠰᠡᠨ ᠡᠳ᠋ | ᠬᠦᠷᠦᠩᠭᠡ ᠶᠢ ᠪᠡᠯᠡ ᠬᠤᠷᠠᠮᠳᠤᠭᠤᠯᠬᠤ ᠴᠢᠨᠠᠷᠳᠠᠢ ᠪᠠᠳᠤᠯᠠᠭᠠᠨ ᠤ ᠬᠦᠷᠢᠶ᠎ᠠ ᠴᠠᠷᠠᠭ᠎ᠠ ᠳᠤ ᠤᠷᠤᠬᠤ ᠶᠢ ᠬᠦᠳᠦᠯᠦᠨ | ᠳᠠᠭᠠᠭᠤᠯᠪᠠ︔ ᠠᠷᠠᠳ ᠤᠨ ᠳᠤᠮᠳᠠᠬᠢ ᠡᠳ᠋ ᠬᠦᠷᠦᠩᠭᠡ ᠶᠢ ᠤᠷᠤᠨ ᠪᠦᠰᠡ ᠶᠢᠨ ᠴᠢᠨᠠᠷᠳᠠᠢ ᠰᠲ᠋ᠤᠺ ᠤᠨ ᠡᠷᠭᠡ ᠶᠢᠨ | ᠵᠠᠬ᠎ᠠ ᠳᠡᠯᠭᠡᠭᠦᠷ ᠲᠤ ᠤᠷᠤᠬᠤ ᠶᠢ ᠬᠦᠳᠦᠯᠦᠨ ᠳᠠᠭᠠᠭᠤᠯᠵᠤ᠂ ᠠᠷᠠᠳ ᠤᠨ ᠳᠤᠮᠳᠠᠬᠢ ᠪᠡᠯᠡ ᠤᠷᠤᠭᠤᠯᠬᠤ ᠪᠡᠯᠡ | ᠬᠤᠷᠠᠮᠳᠤᠭᠤᠯᠬᠤ ᠳᠤ ᠤᠷᠤᠨ ᠪᠦᠰᠡ ᠶᠢᠨ ᠰᠤᠯᠢᠯᠴᠠᠭᠠᠨ ᠤ ᠳᠠᠪᠴᠠᠩ ᠬᠠᠩᠭᠠᠪᠠ︔ ᠠᠷᠠᠳ ᠤᠨ ᠳᠤᠮᠳᠠᠬᠢ ᠡᠳ᠋ | ᠬᠦᠷᠦᠩᠭᠡ ᠪᠠᠷ ᠰᠲ᠋ᠤᠺ ᠤᠨ ᠡᠷᠭᠡ ᠶᠢᠨ ᠪᠡᠯᠡ ᠤᠷᠤᠭᠤᠯᠤᠯᠳᠠ ᠬᠢᠭᠦ ᠶᠢ ᠬᠦᠳᠦᠯᠦᠨ ᠳᠠᠭᠠᠭᠤᠯᠵᠤ᠂ ᠡᠳ᠋ | ᠬᠦᠷᠦᠩᠭᠡ ᠶᠢᠨ ᠵᠠᠬ᠎ᠠ ᠳᠡᠯᠭᠡᠭᠦᠷ ᠲᠤ ᠤᠷᠤᠵᠤ᠂ ᠰᠢᠭᠤᠳ ᠪᠡᠯᠡ ᠬᠤᠷᠠᠮᠳᠤᠭᠤᠯᠬᠤ ᠬᠡᠪᠴᠢᠶ᠎ᠠ ᠶᠢ ᠥᠷᠭᠡᠳᠬᠡᠪᠡ᠃ | ᠰᠤᠷᠪᠤᠯᠵᠢᠯᠠᠭᠴᠢ᠄ ᠠᠷᠠᠳ ᠤᠨ ᠳᠤᠮᠳᠠᠬᠢ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ | ᠰᠠᠭᠤᠷᠢ ᠮᠦᠩᠭᠦᠨ ᠤ ᠪᠡᠯᠡ ᠤᠷᠤᠭᠤᠯᠬᠤ ᠶᠢ ᠳᠡᠮᠵᠢᠭᠦ ᠪᠤᠯ ᠨᠢᠭᠡᠨ ᠴᠢᠬᠤᠯᠠ ᠭᠤᠭᠴᠤᠭ᠎ᠠ ᠪᠤᠯᠤᠨ᠎ᠠ᠂ ᠦᠪᠡᠷᠳᠡᠭᠡᠨ | ᠵᠠᠰᠠᠬᠤ ᠤᠷᠤᠨ ᠠᠴᠠ ᠶᠠᠮᠠᠷ ᠶᠠᠮᠠᠷ ᠠᠷᠭ᠎ᠠ ᠬᠡᠮᠵᠢᠶ᠎ᠠ ᠠᠪᠴᠦ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ | ᠡᠷᠭᠡ ᠶᠢᠨ ᠰᠠᠭᠤᠷᠢ ᠮᠦᠩᠭᠦᠨ ᠤ ᠬᠦᠭᠵᠢᠯᠳᠡ ᠶᠢ ᠳᠡᠮᠵᠢᠵᠤ ᠪᠠᠶᠢᠬᠤ ᠪᠤᠢ︖ | ᠵᠢᠶᠠᠩ ᠬᠤᠸᠠ ︵ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ | ︶᠄ 2015 ᠣᠨ ᠤ 10 ᠳ᠋ᠤᠭᠠᠷ ᠰᠠᠷ᠎ᠠ ᠳᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ | ᠳᠢᠩᠬᠢᠮ ︽ᠦᠪᠡᠷᠳᠡᠭᠡᠨ ᠵᠠᠰᠠᠬᠤ ᠤᠷᠤᠨ ᠤ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠪᠡᠯᠡ | ᠤᠷᠤᠭᠤᠯᠤᠯᠳᠠ ᠶᠢᠨ ᠰᠠᠭᠤᠷᠢ ᠮᠦᠩᠭᠦ ᠶᠢ ᠪᠤᠢ ᠪᠤᠯᠭᠠᠬᠤ ᠲᠦᠰᠦᠯ ᠤᠨ ᠳᠤᠬᠠᠢ ᠮᠡᠳᠡᠭᠳᠡᠯ︾ ᠳᠤᠭᠳᠠᠭᠠᠵᠤ᠂ | ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠪᠡᠯᠡ ᠤᠷᠤᠭᠤᠯᠤᠯᠳᠠ ᠶᠢᠨ ᠰᠠᠭᠤᠷᠢ ᠮᠦᠩᠭᠦᠨ ᠤ | ᠵᠠᠬ᠎ᠠ ᠳᠡᠯᠭᠡᠭᠦᠷ ᠤᠨ ᠭᠤᠤᠯ ᠴᠤᠭᠴᠠ ᠶᠢ ᠬᠦᠮᠦᠵᠢᠭᠦᠯᠬᠦ ᠠᠵᠢᠯ᠂ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ᠂ | ᠵᠤᠬᠢᠴᠠᠭᠤᠯᠭ᠎ᠠ ᠶᠢᠨ ᠪᠠᠶᠢᠭᠤᠯᠤᠮᠵᠢ ᠵᠡᠷᠭᠡ ᠵᠢᠷᠭᠤᠭᠠᠨ ᠳᠠᠯ᠎ᠠ ᠶᠢᠨ ᠪᠤᠳᠠᠳᠠᠢ ᠠᠷᠭ᠎ᠠ ᠬᠡᠮᠵᠢᠶ᠎ᠠ ᠠᠪᠴᠦ ᠦᠪᠡᠷ | ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠰᠠᠭᠤᠷᠢ ᠮᠦᠩᠭᠦᠨ ᠤ ᠬᠦᠭᠵᠢᠯᠳᠡ ᠶᠢ ᠳᠡᠮᠵᠢᠵᠤ ᠪᠤᠢ᠃ | ᠰᠤᠷᠪᠤᠯᠵᠢᠯᠠᠭᠴᠢ᠄ ᠪᠡᠯᠡ ᠬᠤᠷᠠᠮᠳᠤᠭᠤᠯᠭ᠎ᠠ ᠶᠢ ᠪᠠᠳᠤᠯᠠᠨ ᠲᠠᠭᠠᠭᠠᠬᠤ ᠠᠵᠢᠯ ᠲᠦᠷᠦᠯ ᠢ ᠬᠦᠭᠵᠢᠭᠦᠯᠬᠦ ᠨᠢ | ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢ ᠳᠡᠮᠵᠢᠭᠦ᠂ ᠪᠡᠯᠡ ᠮᠦᠩᠭᠦᠨ ᠤ ᠲᠦᠭᠰᠢᠭᠦᠷᠢ ᠶᠢ ᠪᠠᠭᠠᠰᠬᠠᠬᠤ ᠳᠤ | ᠴᠢᠬᠤᠯᠠ ᠪᠦᠬᠦᠢ ᠦᠢᠯᠡᠳᠦᠯ ᠲᠠᠢ ᠪᠠᠶᠢᠳᠠᠭ᠂ ᠦᠪᠡᠷᠳᠡᠭᠡᠨ ᠵᠠᠰᠠᠬᠤ ᠤᠷᠤᠨ ᠠᠴᠠ ᠶᠠᠮᠠᠷ ᠶᠠᠮᠠᠷ ᠠᠷᠭ᠎ᠠ ᠬᠡᠮᠵᠢᠶ᠎ᠠ | ᠳᠤᠭᠳᠠᠭᠠᠵᠤ ᠪᠡᠯᠡ ᠬᠤᠷᠠᠮᠳᠤᠭᠤᠯᠭ᠎ᠠ ᠶᠢ ᠪᠠᠳᠤᠯᠠᠨ ᠲᠠᠭᠠᠭᠠᠬᠤ ᠠᠵᠢᠯ ᠲᠦᠷᠦᠯ ᠢ ᠵᠢᠷᠤᠮᠵᠢᠭᠤᠯᠤᠨ | ᠬᠥᠭᠵᠢᠭᠦᠯᠬᠦ ᠶᠢ ᠳᠡᠮᠵᠢᠵᠦ ᠪᠠᠶᠢᠬᠤ ᠪᠤᠢ︖ | ᠵᠢᠶᠠᠩ ᠬᠤᠸᠠ ︵ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ | ︶᠄ ᠮᠠᠨ ᠤ ᠤᠷᠤᠨ 2015 ᠣᠨ ᠤ 3 ᠳ᠋ᠤᠭᠠᠷ ᠰᠠᠷ᠎ᠠ ᠳᠤ ︽ᠪᠦᠬᠦ ᠤᠷᠤᠨ ᠤ ᠪᠡᠯᠡ ᠬᠤᠷᠠᠮᠳᠤᠭᠤᠯᠭ᠎ᠠ ᠶᠢ | ᠪᠠᠳᠤᠯᠠᠨ ᠲᠠᠭᠠᠭᠠᠬᠤ ᠠᠵᠢᠯ ᠲᠦᠷᠦᠯ ᠢ ᠦᠷᠭᠦᠯᠵᠢᠯᠡᠨ ᠵᠢᠷᠤᠮᠵᠢᠭᠤᠯᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ | ᠳᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠵᠢᠯᠤᠭᠤᠳᠬᠤ ᠰᠠᠨᠠᠯ︾ ᠢ ᠳᠠᠷᠬᠠᠭᠠᠪᠠ᠃ ᠦᠪᠡᠷᠳᠡᠭᠡᠨ ᠵᠠᠰᠠᠬᠤ ᠤᠷᠤᠨ ᠠᠴᠠ ᠦᠪᠦᠷ ᠮᠤᠩᠭᠤᠯ ᠤᠨ ᠳᠠᠬᠢᠨᠳᠠ | ᠪᠠᠳᠤᠯᠠᠨ ᠲᠠᠭᠠᠭᠠᠬᠤ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢ ᠪᠠᠶᠢᠭᠤᠯᠵᠤ᠂ ᠡᠯ᠎ᠠ ᠠᠶᠢᠮᠠᠭ | ᠬᠤᠳᠠ ᠶᠢᠨ ᠬᠢᠨ ᠡᠳ᠋ ᠬᠦᠷᠦᠩᠭᠡ ᠶᠢᠨ ᠡᠭᠡ ᠮᠦᠩᠭᠦ ᠶᠢᠨ ᠪᠡᠯᠡ ᠤᠷᠤᠭᠤᠯᠤᠯᠳᠠ ᠶᠢ ᠨᠡᠮᠡᠭᠳᠡᠭᠦᠯᠭᠦ᠂ ᠳᠠᠬᠢᠨ | ᠪᠠᠶᠢᠭᠤᠯᠬᠤ ᠵᠡᠷᠭᠡ ᠠᠷᠭ᠎ᠠ ᠵᠠᠮ ᠢᠶᠠᠷ ᠪᠡᠯᠡ ᠬᠤᠷᠠᠮᠳᠤᠭᠤᠯᠭ᠎ᠠ ᠶᠢ ᠪᠠᠳᠤᠯᠠᠨ ᠲᠠᠭᠠᠭᠠᠬᠤ ᠠᠵᠢᠯ ᠲᠦᠷᠦᠯ ᠤᠨ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠪᠠ᠃ | ᠰᠤᠷᠪᠤᠯᠵᠢᠯᠠᠭᠴᠢ᠄ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠬᠢᠨ ᠤ ᠰᠢᠨᠵᠢᠯᠡᠭᠦ ᠤᠬᠠᠭᠠᠨ | ᠮᠡᠷᠭᠡᠵᠢᠯ ᠤᠨ ᠰᠤᠳᠤᠯᠭᠠᠨ ᠤ ᠳᠠᠪᠴᠠᠩ ᠢ ᠪᠠᠶᠢᠭᠤᠯᠬᠤ ᠶᠢ ᠬᠦᠳᠦᠯᠦᠨ ᠳᠠᠭᠠᠭᠤᠯᠬᠤ ᠳᠠᠯ᠎ᠠ ᠳᠤ ᠶᠠᠮᠠᠷ ᠶᠠᠮᠠᠷ | ᠠᠷᠭ᠎ᠠ ᠬᠡᠮᠵᠢᠶ᠎ᠠ ᠠᠪᠴᠤ ᠪᠠᠶᠢᠬᠤ ᠪᠤᠢ︖ | ᠯᠢ ᠪᠢᠩ ᠷᠦᠩ ︵ᠦᠪᠡᠷᠳᠡᠭᠡᠨ ᠵᠠᠰᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠳᠢᠩᠬᠢᠮ ᠤᠨ | ᠳᠠᠷᠤᠭ᠎ᠠ︶᠄ 2013 ᠣᠨ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠠᠴᠠ ᠵᠠᠰᠠᠭ ᠤᠨ ᠤᠷᠳᠤᠨ᠂ ᠠᠵᠤ | ᠠᠬᠤᠢᠢᠯᠠᠯ᠂ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠭᠠᠵᠠᠷ᠂ ᠡᠬᠢ ᠪᠠᠶᠠᠯᠢᠭ ᠢᠶᠠᠨ | ᠬᠠᠮᠳᠤᠳᠬᠠᠨ ᠰᠢᠨ᠎ᠠ ᠶᠢ ᠡᠭᠦᠳᠭᠦ ᠶᠢ ᠠᠬᠢᠭᠤᠯᠵᠤ᠂ ᠲᠦᠪᠯᠡᠷᠡᠭᠦᠯᠬᠦ᠂ ᠦᠢᠯᠡᠳᠪᠦᠷᠢᠯᠡᠭᠦ᠂ ᠰᠤᠷᠭᠠᠨ ᠬᠦᠮᠦᠵᠢᠯ᠂ | ᠰᠤᠳᠤᠯᠭᠠᠨ ᠢ ᠨᠢᠭᠡ ᠴᠤᠭᠴᠠᠵᠢᠭᠤᠯᠵᠤ᠂ ᠭᠤᠤᠯᠳᠠᠭᠤ ᠠᠵᠤ ᠠᠬᠤᠢᠢᠯᠠᠯ ᠳᠤ ᠲᠦᠰᠢᠭᠯᠡᠨ ᠨᠢᠭᠡᠨ ᠪᠦᠯᠦᠭ ᠰᠢᠨ᠎ᠠ | ᠬᠡᠯᠪᠡᠷᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠤᠳᠤᠯᠭᠠᠨ ᠤ ᠨᠡᠭᠡᠭᠡᠨ ᠬᠦᠭᠵᠢᠭᠦᠯᠦᠯᠳᠡ ᠶᠢᠨ ᠪᠠᠶᠢᠭᠤᠯᠤᠮᠵᠢ ᠶᠢ | ᠪᠠᠶᠢᠭᠤᠯᠪᠠ᠃ ᠡᠭᠦᠨ ᠢᠶᠠᠷ ᠳᠠᠮᠵᠢᠭᠤᠯᠤᠨ ᠠᠵᠤ ᠠᠬᠤᠢᠢᠯᠠᠯ ᠤᠨ ᠦᠪᠡᠷ ᠢᠶᠠᠨ ᠡᠵᠡᠨ ᠮᠡᠳᠡᠵᠤ ᠰᠢᠨ᠎ᠠ ᠶᠢ ᠡᠭᠦᠳᠭᠦ | ᠴᠢᠳᠠᠪᠤᠷᠢ ᠶᠢ ᠳᠠᠰᠤᠷᠠᠯᠳᠠ ᠦᠭᠡᠢ ᠲᠡᠭᠡᠭᠰᠢᠯᠡᠭᠦᠯᠦᠭᠰᠡᠨ ᠤ ᠬᠠᠮᠳᠤ᠂ ᠠᠵᠢᠯ ᠲᠦᠷᠦᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃ | ᠰᠤᠷᠪᠤᠯᠵᠢᠯᠠᠭᠴᠢᠢ᠄ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠷᠠᠳ | ᠤᠨ ᠳᠤᠮᠳᠠᠬᠢ ᠪᠡᠯᠡ ᠤᠷᠤᠭᠤᠯᠤᠯᠳᠠ ᠳᠤ ᠠᠭᠤᠵᠢᠭᠤ ᠲᠠᠯᠪᠢᠭᠤ ᠡᠷᠭᠡ ᠳᠡᠭᠰᠢ ᠤᠷᠴᠢᠨ ᠳᠤᠭᠤᠷᠢᠨ ᠢ ᠪᠤᠢ | ᠪᠤᠯᠭᠠᠬᠤ ᠳᠠᠯ᠎ᠠ ᠳᠤ ᠶᠠᠮᠠᠷ ᠶᠠᠮᠠᠷ ᠠᠵᠢᠯ ᠬᠢᠭᠰᠡᠨ ᠪᠤᠢ︖ | ᠴᠧᠨ ᠵᠢᠶᠧ ︵ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ | ᠳᠤᠪᠴᠢᠶ᠎ᠠ ᠶᠢᠨ ᠳᠠᠷᠤᠭ᠎ᠠ︶᠄ ᠭᠤᠤᠯᠳᠠᠭᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ | ᠬᠡᠷᠡᠭᠵᠢᠭᠦᠯᠪᠡ᠃ ᠳᠠᠩᠰᠠᠯᠠᠭᠤᠯᠬᠤ ᠡᠳ᠋ ᠬᠦᠷᠦᠩᠭᠡ ᠶᠢ ᠪᠤᠳᠠᠳᠠᠢ ᠳᠤᠰᠢᠶᠠᠵᠤ ᠪᠠᠶᠢᠭᠰᠠᠨ ᠠᠴᠠ ᠪᠠᠨ | ᠬᠡᠷᠡᠴᠢᠯᠡᠭᠦᠯᠦᠨ ᠳᠤᠰᠢᠶᠠᠬᠤ ᠪᠤᠯᠤᠭᠰᠠᠨ᠂ ᠳᠠᠩᠰᠠᠯᠠᠭᠤᠯᠬᠤ ᠡᠳ᠋ ᠬᠦᠷᠦᠩᠭᠡ ᠶᠢᠨ ᠬᠠᠮᠤᠭ ᠪᠠᠭ᠎ᠠ ᠬᠢᠵᠠᠭᠠᠷᠯᠠᠯ ᠢ | ᠬᠦᠴᠤᠨ ᠦᠭᠡᠢ ᠪᠤᠯᠭᠠᠭᠰᠠᠨ᠂ ᠠᠵᠤ ᠠᠬᠤᠢᠢᠯᠠᠯ ᠤᠨ ᠭᠠᠵᠠᠷ ᠤᠷᠤᠨ ᠢ ᠲᠦᠭᠦᠮᠴᠢᠯᠡᠨ ᠳᠠᠩᠰᠠᠯᠠᠭᠤᠯᠬᠤ᠂ ᠣᠨ ᠤ | ᠪᠠᠶᠢᠴᠠᠭᠠᠯᠳᠠ ᠶᠢ ᠣᠨ ᠤ ᠮᠡᠳᠡᠭᠦᠯᠦᠯᠳᠡ ᠪᠤᠯᠭᠠᠭᠰᠠᠨ᠂ ︽ᠭᠤᠷᠪᠠᠨ ᠦᠨᠡᠮᠯᠡᠯ ᠢ ᠨᠢᠭᠡᠳᠭᠡᠵᠤ᠂ ᠨᠢᠭᠡ ᠦᠨᠡᠮᠯᠡᠯ | ᠨᠢᠭᠡ ᠨᠤᠮᠧᠷ︾ ᠪᠤᠯᠭᠠᠭᠰᠠᠨ ᠵᠡᠷᠭᠡ ᠦᠭᠡᠷᠡᠴᠢᠯᠡᠯᠳᠡ ᠶᠢ ᠬᠢᠪᠡ᠃ ᠳᠤᠷᠰᠢᠯᠳᠠ ᠶᠢᠨ ᠴᠢᠬ ᠲᠤ ᠦᠢᠯᠡᠳᠪᠦᠷᠢ | ᠬᠤᠳᠠᠯᠳᠤᠭᠠᠨ ᠤ ᠳᠠᠩᠰᠠᠯᠠᠭᠤᠬᠤ ᠪᠦᠬᠦ ᠶᠠᠪᠤᠴᠠ ᠶᠢ ᠡᠯᠧᠺᠲᠷᠤᠨ ᠢᠶᠠᠷ ᠰᠢᠢᠳᠪᠦᠷᠢᠯᠡᠵᠤ᠂ ᠡᠯᠧᠺᠲᠷᠤᠨ | ᠡᠵᠡᠩᠨᠡᠯᠳᠡ ᠶᠢᠨ ᠬᠡᠷᠡᠴᠢ ᠶᠢ ᠬᠡᠷᠡᠭᠵᠢᠭᠦᠯᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠳᠠᠩᠰᠠᠯᠠᠭᠤᠯᠬᠤ ᠶᠢ ︽ | ᠠᠳᠠᠯᠢ ᠬᠤᠳᠠ ᠳᠤ ᠨᠡᠶᠢᠳᠡᠮ ᠳᠤᠨᠢ ᠬᠦᠢᠴᠡᠳᠭᠡᠵᠤ ᠪᠤᠯᠬᠤ︾᠂ ᠠᠵᠤ ᠠᠬᠤᠢᠢᠯᠠᠯ ᠤᠨ ᠨᠡᠷᠡᠶᠢᠳᠦᠯ ᠢ ᠬᠢᠨᠠᠨ | ᠵᠦᠪᠰᠢᠶᠡᠷᠡᠵᠤ ᠲᠡᠶᠢᠯᠬᠦ ᠵᠡᠷᠭᠡ ᠥᠭᠡᠷᠡᠴᠢᠯᠡᠯᠲᠡ ᠶᠢᠨ ᠠᠵᠢᠯᠯᠠᠭ᠎ᠠ ᠥᠷᠨᠢᠭᠦᠯᠵᠡᠢ᠃ |