ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠦᠯᠦᠪᠯᠡᠨ ᠲᠣᠭᠲᠠᠭᠠᠭᠰᠠᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠲᠡᠭᠯᠡᠬᠦ ᠶᠢᠨ ᠤᠷᠢᠳᠠᠴᠢ ᠬᠢᠨᠠᠨ ᠵᠥᠪᠰᠢᠶᠡᠷᠡᠬᠦ ᠵᠦᠢᠯᠡᠰ ᠲᠤ ᠲᠣᠬᠢᠷᠠᠭᠤᠯᠤᠯᠲᠠ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2016/7/13
             ᠥᠪᠥᠷ ᠵᠠᠰᠠᠭ ᠲᠠᠷᠬᠠᠭᠠᠭᠰᠠᠨ ﹇2016﹈ 11 ᠳ᠋ᠤᠭᠡᠷ ᠲᠤᠭᠠᠳᠤ               2016 ᠣᠨ ᠤ 1 ᠳ᠋ᠤᠭᠡᠷ ᠰᠠᠷ᠎ᠠ ᠶᠢᠨ 22᠎ ᠤᠨ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠷᠢᠳᠠᠪᠠᠷ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠣᠯᠭᠤᠬᠤ ᠦᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠤᠰᠤᠭᠠᠷ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ 4 ᠵᠦᠢᠯ ᠤᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠲᠡᠭᠯᠡᠬᠦ ᠶᠢᠨ ᠤᠷᠢᠳᠠᠴᠢ ᠬᠢᠨᠠᠨ ᠵᠥᠪᠰᠢᠶᠡᠷᠡᠬᠦ ᠵᠦᠢᠯᠡᠰ ᠢ ᠲᠠᠷᠠᠭ᠎ᠠ ᠨᠢ ᠬᠢᠨᠠᠨ ᠵᠥᠪᠰᠢᠶᠡᠷᠡᠬᠦ ︵ᠳᠠᠭᠠᠯᠳᠤᠭᠤᠯᠤᠯ ᠳᠤ ᠦᠵᠡ︶ ᠪᠣᠯᠭᠠᠨ ᠦᠭᠡᠷᠡᠴᠢᠯᠡᠬᠦ ᠪᠠᠷ ᠲᠣᠭᠲᠠᠭᠠᠪᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠭᠤᠶᠢᠪᠢᠰᠢ ᠦᠭᠡᠢ ᠠᠬᠢᠭᠤᠯᠵᠤ᠂ ᠵᠠᠰᠠᠭ ᠢ ᠴᠤᠮᠬᠠᠳᠬᠠᠵᠤ ᠡᠷᠬᠡ ᠶᠢ ᠳᠤᠷᠤᠭᠰᠢ ᠪᠠᠭᠤᠯᠭᠠᠬᠤ᠂ ᠲᠤᠷᠤᠬᠰᠢ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠭᠦᠨᠵᠡᠭᠡᠢ ᠠᠬᠢᠭᠤᠯᠤᠨ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠬᠤ ᠠᠵᠢᠯ ᠤᠨ ᠳᠦᠭᠦᠮᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠠᠵᠢᠯ ᠬᠡᠷᠡᠭ ᠤᠨ ᠳᠤᠮᠳᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠤᠯᠤᠭᠰᠠᠨ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠳᠠᠭᠠᠯᠳᠤᠭᠤᠯᠤᠯ᠄ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠠᠷᠠᠭ᠎ᠠ ᠨᠢ ᠬᠢᠨᠠᠨ ᠵᠥᠪᠰᠢᠶᠡᠷᠡᠬᠦ ᠪᠣᠯᠭᠠᠨ ᠦᠭᠡᠷᠡᠴᠢᠯᠡᠬᠦ ᠪᠠᠷ ᠲᠣᠭᠲᠠᠭᠠᠭᠰᠠᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠲᠡᠭᠯᠡᠬᠦ ᠶᠢᠨ ᠤᠷᠢᠳᠠᠴᠢ ᠬᠢᠨᠠᠨ ᠵᠥᠪᠰᠢᠶᠡᠷᠡᠬᠦ ᠵᠦᠢᠯᠡᠰ ᠤᠨ ᠭᠠᠷᠴᠠᠭ ︵ᠨᠡᠶᠢᠲᠡ 4 ᠵᠦᠢᠯ︶ᠬᠦᠰᠦᠨᠦᠭᠲᠦ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map