ᠨᠤᠲᠤᠭᠰᠢᠨ ᠰᠠᠭᠤᠬᠤ ᠦᠨᠡᠮᠯᠡᠯ ᠪᠦᠬᠦ ᠣᠷᠣᠨ ᠤ ᠬᠡᠪᠴᠢᠶᠡᠨ ᠳᠤ ᠬᠦᠴᠦᠨ ᠲᠠᠢ ᠬᠦᠴᠦᠨ ᠲᠠᠢ | ᠬᠤᠭᠤᠴᠠᠭ᠎ᠠ ᠨᠢ ᠨᠢᠭᠡ ᠵᠢᠯ | 5 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠨᠤᠲᠤᠭᠰᠢᠨ ᠰᠠᠭᠤᠬᠤ ᠦᠨᠡᠮᠯᠡᠯ ᠤᠨ ᠳᠦᠷᠢᠮ ᠢ | ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠲᠤᠬᠠᠶ ᠰᠠᠨᠠᠯ︾ ᠢ ᠨᠡᠶᠢᠲᠡᠯᠡᠪᠡ᠂ ᠡᠨᠡ ᠨᠢ ᠡᠷᠦᠬᠡ | ᠠᠮᠠ ᠶᠢᠨ ᠪᠠᠶᠢᠭ᠎ᠠ ᠭᠠᠵᠠᠷ ᠠᠴᠠ ᠪᠠᠨ ᠰᠠᠯᠵᠤ ᠮᠠᠨ ᠤ ᠣᠷᠣᠨ ᠤ 12 ᠠᠶᠢᠮᠠᠭ ᠬᠤᠲᠠ ᠳᠤ ᠢᠷᠡᠵᠦ ᠨᠤᠲᠤᠭᠰᠢᠨ | ᠰᠠᠭᠤᠬᠤ ᠠᠷᠠᠳ ᠢᠷᠭᠡᠨ᠂ ᠬᠠᠷᠢᠴᠠᠩᠭᠤᠢ ᠨᠥᠬᠦᠴᠡᠯ ᠳᠤ ᠨᠡᠶᠢᠴᠡᠳᠡᠭ ᠯᠡ ᠶᠤᠮ ᠪᠣᠯ ᠲᠡᠳᠡᠨ ᠤ ᠭᠠᠷ ᠲᠤ ᠳᠠᠷᠤᠢ | — ᠨᠤᠲᠤᠭᠰᠢᠨ ᠰᠠᠭᠤᠬᠤ ᠦᠨᠡᠮᠯᠡᠯ ᠲᠠᠢ ᠪᠤᠯᠤᠨ᠎ᠠ᠃ ᠲᠡᠭᠡᠪᠡᠯ ᠨᠤᠲᠤᠭᠰᠢᠨ ᠰᠠᠭᠤᠬᠤ ᠦᠨᠡᠮᠯᠡᠯ ᠢ ᠬᠡᠷᠬᠢᠨ | ᠬᠢᠵᠦ ᠠᠪᠬᠤ ᠪᠤᠢ︖ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠶ ᠪᠤᠢ︖ ᠤᠤᠯ ᠤᠨ ᠲᠦᠷ ᠰᠠᠭᠤᠬᠤ ᠦᠨᠡᠮᠯᠡᠯ | ᠲᠠᠢ ᠶᠠᠮᠠᠷ ᠢᠯᠭᠠᠭ᠎ᠠ ᠲᠠᠢ ᠪᠤᠢ︖ ᠡᠳᠡᠭᠡᠷ ᠨᠢ ᠳᠠᠷᠤᠢ ᠬᠤᠳᠠ ᠶᠢᠨ ᠠᠷᠠᠳ ᠤᠨ ᠨᠡᠶᠢᠳᠡᠮ ᠰᠡᠳᠬᠢᠯ ᠲᠠᠯᠪᠢᠵᠤ | ᠪᠠᠶᠢᠭ᠎ᠠ ᠠᠰᠠᠭᠤᠳᠠᠯ ᠪᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠴᠠᠭᠳᠠᠭ᠎ᠠ ᠹᠧᠩ ᠶᠤᠸᠠᠨ ᠰᠢᠶᠠᠨ ᠪᠦᠬᠦ | ᠲᠠᠯ᠎ᠠ ᠪᠠᠷ ᠲᠠᠶᠢᠯᠪᠤᠷᠢᠯᠠᠭᠰᠠᠨ ᠪᠠᠶᠢᠨ᠎ᠠ᠃ | ᠨᠤᠲᠤᠭᠰᠢᠨ ᠰᠠᠭᠤᠬᠤ ᠦᠨᠡᠮᠯᠡᠯ ᠢ ᠬᠢᠵᠦ ᠠᠪᠬᠤ ᠨᠥᠬᠦᠴᠡᠯ ᠪᠠ ᠮᠠᠲ᠋ᠧᠷᠢᠶᠠᠯ︖ | ᠨᠤᠲᠤᠭᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ ᠦᠶᠡᠰ᠂ ᠲᠤᠰᠢᠶᠠᠬᠤ ᠴᠢᠬᠤᠯᠠᠲᠠᠢ | ᠮᠠᠲ᠋ᠧᠷᠢᠶᠠᠯ ᠤᠳ ᠭᠡᠪᠡᠯ᠄ ᠲᠤᠰ ᠬᠥᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠳᠣᠰ ᠬᠥᠮᠦᠨ ᠤ | ᠰᠡᠭᠦᠳᠡᠷ ᠵᠢᠴᠢ ᠰᠠᠭᠤᠭ᠎ᠠ ᠭᠠᠵᠠᠷ ᠤᠨ ᠬᠠᠶ᠋ᠢᠭ᠂ ᠠᠵᠢᠯᠯᠠᠵᠤ ᠪᠠᠶᠢᠭ᠎ᠠ᠂ ᠰᠤᠷᠤᠯᠴᠠᠵᠤ ᠪᠠᠶᠢᠭ᠎ᠠ ᠵᠡᠷᠭᠡ ᠭᠡᠷᠡᠴᠢ | ᠮᠠᠲ᠋ᠧᠷᠢᠶᠠᠯ᠃ ᠰᠠᠭᠤᠭ᠎ᠠ ᠭᠠᠵᠠᠷ ᠤᠨ ᠬᠠᠶ᠋ᠢᠭ ᠤᠨ ᠭᠡᠷᠡᠴᠢ ᠳᠤ ᠭᠡᠷ ᠪᠠᠶᠢᠰᠢᠩ ᠲᠦᠷᠢᠶᠡᠰᠦᠯᠡᠭᠰᠡᠨ ᠭᠡᠷ᠎ᠡ᠂ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠭᠡᠷᠡᠴᠢ ᠪᠢᠴᠢᠭ᠂ ᠭᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ ᠪᠤᠶᠤ ᠭᠡᠷ | ᠪᠠᠶᠢᠰᠢᠩ ᠲᠦᠷᠢᠶᠡᠰᠦᠯᠡᠭᠦᠯᠦᠭᠴᠢ᠂ ᠬᠥᠮᠦᠨ ᠬᠡᠷᠡᠭᠯᠡᠬᠦ ᠨᠢᠭᠡᠴᠡ᠂ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠬᠢᠵᠦ | ᠥᠭᠭᠦᠭᠰᠡᠨ ᠣᠷᠣᠨ ᠰᠠᠭᠤᠴᠠ ᠶᠢᠨ ᠭᠡᠷᠡᠴᠢ ᠵᠡᠷᠭᠡ ᠪᠠᠭᠲᠠᠨ᠎ᠠ︔ ᠠᠵᠢᠯ ᠣᠯᠭᠤᠯᠲᠠ ᠶᠢᠨ ᠭᠡᠷᠡᠴᠢ ᠳᠤ | ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠬᠥᠳᠡᠯᠮᠦᠷᠢ ᠶᠢᠨ ᠭᠡᠷ᠎ᠡ᠂ ᠬᠥᠮᠦᠨ ᠬᠡᠷᠡᠭᠯᠡᠬᠦ | ᠨᠢᠭᠡᠴᠡ ᠠᠴᠠ ᠬᠢᠵᠦ ᠥᠭᠭᠦᠭᠰᠡᠨ ᠬᠥᠳᠡᠯᠮᠦᠷᠢ ᠶᠢᠨ ᠬᠠᠷᠢᠴᠠᠭᠠᠨ ᠤ ᠭᠡᠷᠡᠴᠢ ᠪᠤᠶᠤ ᠬᠠᠤᠯᠢ ᠶᠤᠰᠤᠨ ᠤ | ᠲᠣᠭᠲᠠᠪᠤᠷᠢᠲᠠᠶ ᠠᠵᠢᠯ ᠲᠠᠢ ᠭᠡᠰᠡᠨ ᠢ ᠭᠡᠷᠡᠴᠢᠯᠡᠵᠦ ᠳᠡᠶᠢᠯᠡᠬᠦ ᠪᠤᠰᠤᠳ ᠮᠠᠲ᠋ᠧᠷᠢᠶᠠᠯ ᠤᠳ ᠪᠠᠭᠲᠠᠨ᠎ᠠ︔ ᠰᠤᠷᠤᠯᠴᠠᠵᠤ | ᠪᠠᠶᠢᠭ᠎ᠠ ᠭᠡᠷᠡᠴᠢ ᠳᠤ ᠰᠤᠷᠤᠭᠴᠢ ᠶᠢᠨ ᠦᠨᠡᠮᠯᠡᠯ᠂ ᠰᠤᠷᠤᠯᠴᠠᠵᠤ ᠪᠠᠶᠢᠭ᠎ᠠ ᠰᠤᠷᠭᠠᠭᠤᠯᠢ ᠠᠴᠠ ᠬᠢᠵᠦ ᠦᠭᠭᠦᠭᠰᠡᠨ | ᠵᠠᠯᠭᠠᠪᠠᠷ ᠰᠤᠷᠤᠯᠴᠠᠭᠰᠠᠨ ᠢ ᠨᠢ ᠭᠡᠷᠡᠴᠢᠯᠡᠵᠦ ᠳᠡᠶᠢᠯᠬᠦ ᠪᠤᠰᠤᠳ ᠮᠠᠲ᠋ᠧᠷᠢᠶᠠᠯ ᠤᠳ ᠪᠠᠭᠲᠠᠨ᠎ᠠ᠃ | ᠪᠦᠬᠦᠯᠢ16 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠪᠣᠯᠤᠨ ᠬᠥᠳᠡᠯᠵᠦ ᠪᠠᠷᠢᠬᠤ ᠳᠤ ᠳᠥᠭᠦᠮ | ᠦᠭᠡᠢ ᠨᠠᠰᠤᠲᠠᠶᠢᠴᠤᠳ᠂ ᠵᠡᠮᠳᠡᠭᠴᠦᠳ ᠪᠤᠯ᠂ ᠲᠡᠳᠡᠨ ᠤ ᠬᠠᠷᠠᠭᠠᠯᠵᠠᠨ ᠬᠠᠮᠠᠭᠠᠯᠠᠭᠴᠢ᠂ ᠤᠢᠢᠷ᠎ᠠ ᠲᠦᠷᠤᠯ ᠰᠠᠳᠤᠨ | ᠲᠡᠭᠦᠨ ᠤ ᠨᠤᠲᠤᠭᠰᠢᠨ ᠰᠠᠭᠤᠬᠤ ᠦᠨᠡᠮᠯᠡᠯ ᠢ ᠣᠷᠣᠯᠠᠨ ᠭᠤᠶᠤᠴᠢᠯᠠᠨ ᠠᠪᠴᠤ ᠪᠤᠯᠤᠨ᠎ᠠ᠃ ᠬᠠᠷᠠᠭᠠᠯᠵᠠᠨ | ᠬᠠᠮᠠᠭᠠᠯᠠᠭᠴᠢ᠂ ᠦᠢᠷ᠎ᠠ ᠲᠦᠷᠤᠯ ᠰᠠᠳᠤᠨ ᠨᠢ ᠣᠷᠣᠯᠠᠨ ᠭᠦᠢᠴᠡᠳᠬᠡᠬᠦ ᠳᠡᠭᠡᠨ ᠡᠷᠬᠡᠪᠰᠢ ᠨᠠᠶᠢᠳᠠᠭᠴᠢ᠂ ᠣᠷᠣᠯᠠᠨ | ᠭᠦᠢᠴᠡᠳᠬᠡᠭᠴᠢ ᠶᠢᠨ ᠬᠠᠤᠯᠢ ᠶᠣᠰᠣᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠢ᠃ | ᠲᠦᠷ ᠰᠠᠭᠤᠬᠤ ᠦᠨᠡᠮᠯᠡᠯ ᠪᠠ ᠨᠤᠲᠤᠭᠰᠢᠨ ᠰᠠᠭᠤᠬᠤ ᠦᠨᠡᠮᠯᠡᠯ ᠨᠢ ᠶᠠᠮᠠᠷ ᠢᠯᠭᠠᠭ᠎ᠠ ᠲᠠᠢ ᠪᠤᠶ︖ | ᠲᠦᠷ ᠰᠠᠭᠤᠬᠤ ᠦᠨᠡᠮᠯᠡᠯ ᠨᠢ ᠭᠤᠣᠯᠳᠠᠭᠤ ᠨᠡᠭᠦᠳᠡᠯ ᠤᠨ ᠬᠥᠮᠦᠨ ᠠᠮᠠ ᠶᠢ ᠳᠠᠩᠰᠠᠯᠠᠵᠤ ᠬᠠᠮᠢᠶᠠᠷᠬᠤ ᠪᠠᠷ | ᠭᠤᠤᠯᠯᠠᠨ᠎ᠠ︔ ᠭᠡᠲᠡᠯ᠎ᠡ ᠨᠤᠲᠤᠭᠰᠢᠨ ᠰᠠᠭᠤᠬᠤ ᠦᠨᠡᠮᠯᠡᠯ ᠲᠠᠢ ᠬᠦᠮᠦᠰ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠪᠠ ᠳᠦᠬᠦᠮ ᠦᠵᠡᠭᠦᠯᠬᠦ ᠶᠢ ᠡᠳ᠋ᠯᠡᠬᠦ ᠡᠷᠬᠡ ᠶᠢ ᠬᠠᠤᠯᠢ ᠲᠤᠭᠲᠠᠭᠠᠬᠤ ᠬᠡᠯᠪᠡᠷᠢ ᠪᠠᠷ | ᠲᠤᠭᠲᠠᠪᠤᠷᠢᠵᠢᠭᠤᠯᠵᠤ᠂ ᠨᠡᠭᠦᠳᠡᠯ ᠤᠨ ᠬᠥᠮᠦᠨ ᠠᠮᠠ ᠶᠢᠨ ᠡᠷᠬᠡ ᠶᠢ ᠪᠠᠲᠤᠯᠠᠭ᠎ᠠ ᠲᠠᠢ ᠪᠤᠯᠭᠠᠨ᠎ᠠ ᠭᠡᠵᠦ ︽ | ᠨᠤᠲᠤᠭᠰᠢᠨ ᠰᠠᠭᠤᠬᠤ ᠦᠨᠡᠮᠯᠡᠯ ᠤᠨ ᠲᠦᠷ ᠬᠡᠷᠡᠭᠵᠢᠭᠦᠯᠬᠦ ᠲᠦᠷᠢᠮ︾ ᠳᠤ ᠲᠤᠳᠤᠷᠬᠠᠢ ᠲᠤᠭᠲᠠᠭᠠᠵᠠᠢ᠃ | ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠵᠦ ᠦᠭᠬᠦ ᠲᠦᠷ ᠰᠠᠭᠤᠬᠤ ᠦᠨᠡᠮᠯᠡᠯ ᠳᠡᠭᠡᠷ᠎ᠡ ᠲᠦᠷ | ᠰᠠᠭᠤᠬᠤ ᠦᠨᠡᠮᠯᠡᠯ ᠳᠤ ᠲᠡᠮᠳᠡᠭᠯᠡᠭᠰᠡᠨ ᠴᠠᠭ ᠬᠤᠭᠤᠴᠠᠭ᠎ᠠ ᠬᠠᠤᠯᠢ ᠶᠤᠰᠤᠨ ᠤ ᠲᠣᠭᠲᠠᠪᠤᠷᠢᠲᠠᠶ ᠠᠵᠢᠯ᠂ ᠬᠠᠤᠯᠢ | ᠶᠤᠰᠤᠨ ᠤ ᠲᠣᠭᠲᠠᠪᠤᠷᠢᠲᠠᠶ ᠣᠷᠣᠨ ᠰᠠᠭᠤᠴᠠ᠂ ᠵᠠᠯᠭᠠᠪᠠᠷ ᠰᠤᠷᠤᠯᠴᠠᠭᠰᠠᠨ ᠭᠤᠷᠪᠠᠨ ᠨᠥᠬᠦᠴᠡᠯ ᠤᠨ ᠨᠢᠭᠡ ᠲᠠᠢ ᠨᠢ | ᠨᠡᠶᠢᠴᠡᠪᠡᠯ ᠳᠠᠷᠤᠢ ᠨᠤᠲᠤᠭᠰᠢᠨ ᠰᠠᠭᠤᠬᠤ ᠦᠨᠡᠮᠯᠡᠯ ᠭᠤᠶᠤᠴᠢᠯᠠᠨ ᠠᠪᠴᠦ ᠪᠣᠯᠤᠨ᠎ᠠ᠃ ᠬᠡᠷᠪᠡ ᠶᠡᠷᠦ ᠠᠴᠠ ᠲᠦᠷ | ᠰᠠᠭᠤᠬᠤ ᠦᠨᠡᠮᠯᠡᠯ ᠬᠢᠵᠦ ᠠᠪᠤᠭᠰᠠᠨ ᠦᠭᠡᠢ ᠪᠠᠶᠢᠪᠠᠯ᠂ ᠠᠷᠠᠳ ᠢᠷᠭᠡᠨ ᠤ ᠤᠳᠤ ᠶᠢᠨ ᠰᠠᠭᠤᠭ᠎ᠠ ᠭᠠᠵᠠᠷ ᠲᠠᠭᠠᠨ | ᠨᠢᠭᠡᠨᠲᠡ ᠬᠠᠭᠠᠰ ᠵᠢᠯ ᠠᠴᠠ ᠳᠡᠭᠡᠭᠰᠢ ᠰᠠᠭᠤᠭᠰᠠᠨ ᠪᠣᠳᠠᠲᠤ ᠶᠠᠪᠤᠳᠠᠯ ᠢ ᠳᠤᠲᠤᠭᠠᠲᠤ ᠶᠢ ᠬᠠᠮᠠᠭᠠᠯᠠᠬᠤ | ᠪᠠᠶᠢᠭᠤᠯᠭ᠎ᠠ ᠠᠴᠠ ᠮᠠᠭᠠᠳᠯᠠᠨ ᠲᠤᠭᠲᠠᠭᠠᠭᠰᠠᠨ ᠮᠦᠷᠲᠡᠭᠡᠨ ᠬᠠᠤᠯᠢ ᠶᠤᠰᠤᠨ ᠤ ᠲᠣᠭᠲᠠᠪᠤᠷᠢᠲᠠᠶ ᠠᠵᠢᠯ ᠲᠠᠢ᠂ | ᠬᠠᠤᠯᠢ ᠶᠤᠰᠤᠨ ᠤ ᠲᠣᠭᠲᠠᠪᠤᠷᠢᠲᠠᠶ ᠣᠷᠣᠨ ᠰᠠᠭᠤᠴᠠ ᠲᠠᠢ᠂ ᠵᠠᠯᠭᠠᠪᠠᠷ ᠰᠤᠷᠤᠯᠴᠠᠭᠰᠠᠨ ᠭᠤᠷᠪᠠᠨ ᠨᠥᠬᠦᠴᠡᠯ ᠤᠨ | ᠨᠢᠭᠡ ᠳᠤᠨᠢ ᠨᠡᠶᠢᠴᠡᠪᠡᠯ᠂ ᠲᠣᠭᠲᠠᠭᠠᠯ ᠶᠣᠰᠣᠭᠠᠷ ᠨᠤᠲᠤᠭᠰᠢᠨ ᠰᠠᠭᠤᠬᠤ ᠦᠨᠡᠮᠯᠡᠯ ᠬᠢᠵᠦ ᠦᠭᠭᠦᠨ᠎ᠡ︾ ᠭᠡᠵᠦ | ᠹᠧᠩ ᠶᠤᠸᠠᠨ ᠰᠢᠶᠠᠨ ᠢᠯᠡᠷᠬᠡᠶᠢᠯᠡᠭᠰᠡᠨ ᠪᠠᠶᠢᠨ᠎ᠠ᠃ | ᠨᠤᠲᠤᠭᠰᠢᠨ ᠰᠠᠭᠤᠬᠤ ᠦᠨᠡᠮᠯᠡᠯ ᠢ ᠪᠦᠬᠦ ᠤᠷᠤᠨ ᠳᠤ ᠨᠡᠶᠢᠳᠡᠮ ᠬᠡᠷᠡᠭᠯᠡᠵᠦ ᠪᠤᠯᠤᠨ᠎ᠠ ᠤᠤ︖ | ᠨᠤᠲᠤᠭᠰᠢᠨ ᠰᠠᠭᠤᠬᠤ ᠦᠨᠡᠮᠯᠡᠯ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠠᠴᠠ ᠨᠢᠭᠡᠳᠦᠯᠲᠡᠶ ᠦᠢᠯᠡᠳᠴᠦ᠂ ᠪᠥᠬᠦ ᠣᠷᠣᠨ ᠤ ᠬᠡᠪᠴᠢᠶᠡᠨ ᠳᠣᠲᠣᠷ᠎ᠠ ᠬᠦᠴᠦᠨ ᠲᠠᠢ᠂ ᠬᠦᠴᠦᠨ ᠲᠠᠢ | ᠬᠤᠭᠤᠴᠠᠭ᠎ᠠ ᠨᠢ ᠨᠢᠭᠡ ᠵᠢᠯ ᠪᠣᠯᠤᠨ᠎ᠠ᠃ ᠭᠡᠪᠡᠴᠦ ᠤᠳᠤᠬᠠᠨ ᠳᠤ ᠦᠯᠢᠭᠡᠷ ᠳᠡᠪᠲᠡᠷ ᠢ ᠬᠠᠷᠠᠬᠠᠨ ᠲᠤᠭᠲᠠᠭᠠᠭᠠᠳᠤᠢ | ᠪᠠᠶᠢᠵᠤ᠂ ᠠᠩᠬ᠎ᠠ ᠠᠯᠬᠤᠮ PVC ᠺᠠᠷᠲ ᠬᠡᠷᠡᠭᠯᠡᠵᠦ᠂ ᠳᠡᠭᠡᠷ᠎ᠡ ᠨᠢ ᠦᠨᠳᠦᠰᠦᠨ ᠮᠡᠳᠡᠭᠡ ᠵᠠᠩᠭᠢ | ᠤᠷᠤᠭᠤᠯᠬᠤ ᠠᠴᠠ ᠭᠠᠳᠠᠨ᠎ᠠ ᠪᠠᠰᠠ ᠳᠠᠬᠢᠨ ᠳᠠᠪᠲᠠᠨ ᠪᠠᠯᠠᠯᠤᠨ ᠪᠢᠴᠢᠵᠦ ᠪᠤᠯᠬᠤ ᠵᠤᠷᠪᠤᠰ ᠤᠷᠤᠭᠤᠯᠬᠤ ᠪᠠᠷ | ᠲᠦᠯᠦᠪᠯᠡᠵᠦ ᠪᠤᠢ᠃ ᠨᠤᠲᠤᠭᠰᠢᠨ ᠰᠠᠭᠤᠬᠤ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠨ ᠠᠪᠬᠤ ᠳᠤ ᠦᠨᠡᠮᠯᠡᠯ ᠤᠨ | ᠦᠷᠳᠡᠭ ᠤᠨ ᠵᠠᠷᠤᠳᠠᠯ ᠠᠪᠬᠤ ᠦᠭᠡᠢ᠂ ᠰᠣᠯᠢᠵᠤ ᠠᠪᠬᠤ᠂ ᠨᠥᠬᠦᠪᠥᠷᠢᠯᠡᠵᠦ ᠠᠪᠬᠤ ᠳᠤ ᠬᠦᠷᠪᠡᠯ ᠦᠷᠳᠡᠭ ᠤᠨ | ᠵᠠᠷᠤᠳᠠᠯ ᠲᠤᠰᠢᠶᠠᠨ᠎ᠠ᠃ ᠨᠤᠲᠤᠭᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ᠂ ᠰᠣᠯᠢᠵᠤ ᠠᠪᠬᠤ᠂ | ᠨᠥᠬᠦᠪᠥᠷᠢᠯᠡᠵᠦ ᠠᠪᠬᠤ ᠳᠤ᠂ ᠬᠦᠯᠢᠶᠡᠨ ᠠᠪᠤᠭᠰᠠᠨ ᠪᠠᠶᠢᠭᠤᠯᠤᠮᠵᠢ ᠨᠢ ᠬᠦᠯᠢᠶᠡᠨ ᠠᠪᠤᠭᠰᠠᠨ ᠲᠡᠷᠡ ᠡᠳᠦᠷ ᠠᠴᠠ | ᠡᠬᠢᠯᠡᠨ 30 ᠡᠳᠦᠷ ᠤᠨ ᠳᠣᠲᠣᠷ᠎ᠠ ᠬᠢᠵᠦ ᠦᠭᠬᠦ ᠬᠡᠷᠡᠭᠲᠡᠶ᠃ | ᠨᠤᠲᠤᠭᠰᠢᠨ ᠰᠠᠭᠤᠬᠤ ᠦᠨᠡᠮᠯᠡᠯ ᠲᠠᠢ ᠬᠦᠮᠦᠨᠰ ᠡᠷᠦᠬᠡ ᠠᠮᠠ ᠪᠠᠨ ᠬᠡᠷᠬᠢᠨ ᠤᠷᠤᠭᠤᠯᠬᠤ ᠪᠤᠢ︖ | ᠹᠧᠩ ᠶᠤᠸᠠᠨ ᠰᠢᠶᠠᠨ ᠢᠯᠡᠷᠬᠡᠶᠢᠯᠡᠭᠰᠡᠨ ᠨᠢ᠂ ᠨᠤᠲᠤᠭᠰᠢᠨ ᠰᠠᠭᠤᠬᠤ ᠦᠨᠡᠮᠯᠡᠯ ᠲᠠᠢ ᠬᠦᠮᠦᠰ ᠡᠷᠦᠬᠡ | ᠠᠮᠠ ᠶᠢᠨ ᠳᠦᠷᠢᠮ ᠤᠨ ᠥᠭᠡᠷᠡᠴᠢᠯᠡᠯᠲᠡ ᠳᠠᠬᠢ ᠡᠷᠦᠬᠡ ᠠᠮᠠ ᠣᠷᠣᠭᠤᠯᠬᠤ ᠬᠤᠯᠪᠤᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠲᠤᠭᠲᠠᠭᠠᠯ ᠳᠤ ᠨᠡᠶᠢᠴᠡᠭᠰᠡᠨ ᠪᠠᠶᠢᠪᠠᠯ ᠰᠠᠭᠤᠭ᠎ᠠ ᠭᠠᠵᠠᠷ ᠲᠠᠭᠠᠨ ᠪᠠᠶᠢᠩᠭᠤ ᠰᠠᠭᠤᠬᠤ ᠡᠷᠦᠬᠡ ᠠᠮᠠ | ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢᠨ | ᠲᠦᠷᠦ ᠶᠢᠨ ᠪᠤᠳᠤᠯᠭ᠎ᠠ ᠶᠢᠨ ᠲᠤᠭᠲᠠᠭᠠᠯ ᠳᠤ᠂ ᠬᠥᠬᠡᠬᠤᠲᠠ᠂ ᠪᠤᠭᠤᠲᠤ ᠬᠤᠲᠠ ᠶᠢ ᠭᠠᠷᠭᠠᠪᠠᠯ᠂ ᠥᠪᠡᠷ ᠤᠨ | ᠦᠮᠴᠢᠯᠡᠯᠲᠤ ᠣᠷᠣᠨ ᠰᠠᠭᠤᠴᠠ ︵ᠲᠦᠷᠢᠶᠡᠰᠦᠯᠡᠭᠰᠡᠨ ᠪᠠᠭᠲᠠᠨ᠎ᠠ︶ ᠲᠠᠢ᠂ ᠬᠠᠤᠯᠢ ᠶᠤᠰᠤᠨ ᠤ ᠲᠣᠭᠲᠠᠪᠤᠷᠢᠲᠠᠶ | ᠠᠵᠢᠯ ᠲᠠᠢ ᠪᠠᠶᠢᠬᠤ ᠨᠥᠬᠦᠴᠡᠯ ᠤᠨ ᠨᠢᠭᠡ ᠳᠤᠨᠢ ᠨᠡᠶᠢᠴᠡᠳᠡᠭ ᠯᠠ ᠶᠤᠮ ᠪᠣᠯ ᠳᠠᠷᠤᠢ ᠡᠷᠦᠬᠡ ᠠᠮᠠ ᠪᠠᠨ | ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠃ | ᠬᠥᠬᠡᠬᠤᠲᠠ᠂ ᠪᠤᠭᠤᠲᠤ ᠬᠤᠳᠠ ᠶᠢᠨ ᠨᠥᠬᠦᠴᠡᠯ ᠨᠢ ᠬᠠᠷᠢᠴᠠᠩᠭᠤᠶ ᠪᠠᠷ ᠴᠢᠩᠭ᠎ᠠ᠂ ᠬᠡᠷᠪᠡ ᠲᠦᠷᠢᠶᠡᠰᠦᠯᠡᠨ | ᠰᠠᠭᠤᠵᠤ ᠪᠠᠶᠢᠭ᠎ᠠ ᠭᠡᠷ ᠪᠠᠶᠢᠰᠢᠩ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠤᠭᠰᠠᠨ ᠪᠠᠶᠢᠯ᠎ᠠ ᠭᠡᠳ ᠪᠠᠰᠠ ᠬᠦᠯᠦᠰᠦᠯᠡᠭᠰᠡᠨ ᠲᠠᠯ᠎ᠠ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ | ᠲᠤᠭᠲᠠᠭᠰᠠᠨ ᠪᠦᠭᠡᠳ ᠴᠠᠭ ᠲᠤᠬᠠᠢ ᠳᠤᠨᠢ ᠲᠤᠰᠢᠶᠠᠭᠰᠠᠨ ᠬᠤᠳᠡ ᠪᠠᠯᠭᠠᠰᠤᠨ ᠤ ᠨᠡᠶᠢᠭᠡᠮ ᠤᠨ ᠳᠠᠭᠠᠳᠬᠠᠯ ᠨᠢ | ᠬᠥᠬᠡᠬᠤᠲᠠ᠂ ᠪᠤᠭᠤᠲᠤ ᠬᠤᠶᠠᠷ ᠬᠤᠳᠠ ᠶᠢᠨ ᠲᠣᠭᠲᠠᠭᠠᠭᠰᠠᠨ ᠵᠢᠯ ᠬᠤᠭᠤᠴᠠᠭ᠎ᠠ ᠳᠤ ᠬᠦᠷᠦᠭᠰᠡᠨ ᠪᠠᠶᠢᠪᠠᠯ ᠡᠷᠦᠬᠡ | ᠠᠮᠠ ᠪᠠᠨ ᠠᠰᠠᠭᠤᠳᠠᠯ ᠦᠭᠡᠢ ᠤᠷᠤᠭᠤᠯᠵᠤ ᠪᠤᠯᠤᠨ᠎ᠠ᠃ ᠣᠶᠢᠯᠠᠭᠠᠭᠰᠠᠨ ᠢᠶᠠᠷ᠂ ᠳᠣᠲᠣᠭᠠᠳᠤ ᠶᠢ ᠬᠠᠮᠠᠭᠠᠯᠠᠬᠤ | ᠲᠢᠩᠬᠢᠮ ᠠᠴᠠ ᠳᠠᠷᠠᠭᠠᠴᠢ ᠶᠢᠨ ᠠᠯᠬᠤᠮ ᠳᠤ ᠬᠠᠮᠲᠤ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ ᠳᠤ | ᠵᠠᠰᠠᠪᠤᠷᠢ ᠤᠷᠤᠭᠤᠯᠵᠤ᠂ ᠬᠠᠮᠲᠤ ᠶᠢᠨ ᠡᠷᠥᠭᠡ ᠠᠮᠠ ᠶᠢ ᠵᠦᠢ ᠵᠣᠬᠢᠰᠲᠠᠶ ᠪᠠᠶᠢᠭᠤᠯᠵᠤ᠂ ᠡᠷᠦᠬᠡ ᠠᠮᠠ ᠤᠷᠤᠬᠤ | ᠨᠥᠬᠦᠴᠡᠯ ᠳᠤ ᠨᠡᠶᠢᠴᠡᠬᠦ ᠪᠣᠯᠪᠠᠴᠤ ᠡᠷᠦᠬᠡ ᠠᠮᠠ ᠪᠠᠨ ᠪᠣᠳᠠᠲᠠᠶ ᠣᠷᠣᠨ ᠰᠠᠭᠤᠴᠠ ᠶᠢᠨ ᠬᠠᠶ᠋ᠢᠭ ᠲᠤ | ᠳᠠᠩᠰᠠᠯᠠᠭᠤᠯᠵᠤ ᠳᠡᠶᠢᠯᠡᠬᠦ ᠦᠭᠡᠢ ᠬᠦᠮᠦᠰ ᠤᠨ ᠡᠷᠦᠬᠡ ᠠᠮᠠ ᠤᠷᠤᠬᠤ ᠶᠢ ᠳᠦᠬᠦᠮᠴᠢᠯᠡᠬᠦ ᠪᠤᠯᠤᠨ᠎ᠠ᠃ |