ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠯᠳᠡ ᠶᠢ ᠪᠠᠭᠠᠰᠬᠠᠬᠤ ᠠᠵᠢᠯ ᠢ ᠰᠠᠶᠢᠳᠣᠷ ᠬᠢᠵᠦ ᠭᠡᠷ ᠪᠠᠶᠢᠰᠢᠩ ᠭᠠᠵᠡᠷ ᠬᠦᠷᠦᠩᠭᠡ ᠶᠢᠨ ᠦᠢᠯᠡᠰ ᠤᠨ ᠲᠣᠠᠠᠳᠠᠭᠤᠨ ᠬᠦᠭᠵᠢᠯᠳᠡ ᠶᠢ ᠣᠯᠡᠮ ᠨᠢᠭᠡ ᠠᠯᠬᠤᠮ ᠠᠬᠢᠭᠤᠯᠬᠤ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2016/7/15
              ᠥᠪᠥᠷ ᠵᠠᠰᠠᠭ ᠲᠠᠷᠬᠠᠭᠠᠭᠰᠠᠨ ﹇2016﹈ 26 ᠳ᠋ᠤᠭᠠᠷ ᠲᠤᠭᠠᠳᠤ                      2016 ᠣᠨ ᠤ 2 ᠳ᠋ᠤᠭᠠᠷ ᠰᠡᠷ᠎ᠠ ᠶᠢᠨ 15᠎ ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠡᠯ᠎ᠠ ᠬᠤᠰᠢᠭᠤ ᠰᠢᠶᠡᠨ ᠤ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠣᠯᠡᠨ ᠵᠢᠯ ᠤᠨ ᠲᠣᠷᠰᠢ᠂ ᠮᠠᠨ ᠤ ᠣᠷᠣᠨ ᠤ ᠭᠡᠷ ᠪᠠᠶᠢᠰᠢᠩ ᠭᠠᠵᠡᠷ ᠬᠦᠷᠦᠩᠭᠡ ᠶᠢᠨ ᠦᠢᠯᠡᠰ ᠨᠢ ᠪᠦᠬᠦ ᠣᠷᠣᠨ ᠤ ᠠᠵᠦ ᠠᠬᠤᠢ ᠨᠡᠶᠢᠭᠡᠮ ᠤᠨ ᠳᠦᠷᠭᠡᠨ ᠬᠦᠭᠵᠢᠯᠳᠡ ᠶᠢ ᠠᠬᠢᠭᠤᠯᠬᠤ᠂ ᠰᠢᠨ᠎ᠠ ᠭᠡᠯᠪᠡᠷᠢ ᠶᠢᠨ ᠬᠤᠳᠡ ᠪᠠᠯᠭᠠᠰᠣᠵᠢᠯᠳᠡ ᠶᠢᠨ ᠠᠬᠢᠴᠠ ᠶᠢ ᠠᠬᠢᠭᠤᠯᠬᠤ᠂ ᠬᠤᠳᠡ ᠶᠢᠨ ᠰᠠᠭᠤᠭᠠᠯᠢ ᠠᠷᠡᠳ ᠤᠨ ᠣᠷᠣᠨ ᠰᠠᠭᠤᠴᠠ ᠶᠢᠨ ᠣᠷᠴᠢᠨ ᠲᠤᠭᠤᠷᠢᠨ ᠢ ᠰᠠᠶᠢᠵᠢᠷᠡᠭᠤᠯᠬᠤ᠂ ᠠᠷᠡᠳ ᠣᠯᠡᠨ ᠤ ᠠᠮᠢᠳᠣᠷᠡᠯ ᠤᠨ ᠬᠢᠷᠢ ᠭᠡᠮᠵᠢᠶ᠎ᠠ ᠶᠢ ᠳᠡᠭᠡᠭᠰᠢᠯᠡᠭᠦᠯᠬᠦ ᠳᠤ ᠴᠢᠬᠤᠯᠡ ᠬᠤᠪᠢ ᠨᠡᠮᠡᠷᠢ ᠦᠵᠡᠬᠦᠯᠪᠠ᠃ ᠶᠡᠷᠦᠩᠭᠡᠢ ᠳᠤᠨᠢ ᠦᠵᠡᠪᠡᠯ᠂ ᠣᠳᠣᠬᠠᠨ ᠳᠤ ᠮᠠᠨ ᠤ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠳᠦᠷᠦᠯ ᠤᠨ ᠬᠦᠭᠵᠢᠯᠳᠡ ᠲᠣᠠᠠᠳᠠᠭᠤᠨ᠂ ᠪᠦᠬᠦ ᠨᠡᠶᠢᠭᠡᠮ ᠤᠨ ᠪᠡᠯᠡ ᠣᠷᠣᠭᠤᠯᠥᠯᠳᠡ ᠶᠢᠨ ᠶᠡᠷᠦᠩᠭᠡᠢ ᠭᠡᠮᠵᠢᠶ᠎ᠠ ᠳᠠᠬᠢ ᠭᠡᠷ ᠪᠠᠶᠢᠰᠢᠩ ᠭᠠᠵᠠᠷ ᠬᠦᠷᠦᠩᠭᠡ ᠶᠢᠨ ᠪᠡᠯᠡ ᠣᠷᠣᠭᠤᠯᠥᠯᠳᠡ ᠶᠢᠨ ᠡᠵᠡᠯᠡᠬᠦ ᠬᠠᠷᠢᠴᠠᠯ ᠨᠢ ᠵᠦᠢ ᠵᠤᠬᠢᠰᠳᠡᠢ ᠭᠡᠪᠴᠢᠶᠡᠨ ᠳᠤ ᠪᠠᠶᠢᠵᠦ᠂ ᠳᠡᠸᠡᠷ ᠤᠨ ᠭᠡᠷ ᠪᠠᠶᠢᠰᠢᠩ ᠤᠨ ᠦᠨ᠎ᠠ ᠬᠠᠨᠭ᠍ᠰᠢ ᠶᠢᠨ ᠬᠡᠢ ᠦᠰᠦᠯᠳᠡ ᠶᠢᠨ ᠳᠦᠭᠰᠢᠬᠦᠷᠢ ᠨᠡᠯᠢᠶᠡᠳ ᠲᠣᠣᠷ᠎ᠠ ᠪᠠᠶᠢᠨ᠎ᠠ᠃ ᠭᠡᠪᠡᠴᠥ ᠪᠦᠬᠦ ᠣᠯᠥᠰ ᠤᠨ ᠶᠡᠭᠡ ᠪᠠᠶᠢᠳᠡᠯ ᠲᠠᠢ ᠠᠳᠡᠯᠢ ᠪᠠᠷ ᠮᠠᠨ ᠤ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠬᠦᠷ ᠨᠢ ᠬᠦᠭᠵᠢᠯᠳᠡ ᠶᠢᠨ ᠶᠠᠪᠤᠴᠠ ᠲᠣᠮᠳᠡ ᠪᠠᠨ ᠪᠠᠰᠠ ᠮᠠᠰᠢ ᠣᠯᠡᠨ ᠵᠦᠷᠢᠴᠡᠯ ᠪᠠ ᠠᠰᠠᠭᠤᠳᠡᠯ ᠢ ᠬᠤᠷᠡᠮᠳᠣᠭᠤᠯᠵᠦ᠂ ᠨᠡᠯᠢᠶᠡᠳ ᠲᠣᠪᠤᠶᠢᠮ᠎ᠠ ᠪᠠᠶᠢᠭ᠎ᠠ ᠨᠢ ᠭᠡᠷ ᠪᠠᠶᠢᠰᠢᠩ ᠭᠠᠵᠠᠷ ᠬᠦᠷᠦᠩᠭᠡ ᠶᠢᠨ ᠪᠡᠯᠡ ᠣᠷᠣᠭᠤᠯᠥᠯᠳᠡ ᠦᠷᠬᠦᠯᠵᠢᠯᠡᠨ ᠪᠠᠭᠤᠷᠡᠵᠦ᠂ ᠠᠵᠦ ᠠᠬᠤᠢ ᠶᠢᠨ ᠨᠠᠮᠡᠭᠳᠡᠯ ᠳᠤ ᠦᠵᠡᠬᠦᠯᠬᠦ ᠬᠤᠪᠢ ᠨᠠᠮᠡᠷᠢ ᠶᠢᠨ ᠨᠣᠷᠮ᠎ᠠ ᠨᠢ ᠲᠣᠷᠣᠠᠠᠰᠢᠯᠬᠠᠰᠠᠨ ᠪᠠᠶᠢᠨ᠎ᠠ︔ ᠳᠠᠸᠡᠷ ᠤᠨ ᠭᠡᠷ ᠪᠠᠶᠢᠰᠢᠩ ᠤᠨ ᠬᠠᠳᠠᠭᠠᠯᠠᠯᠳᠡ ᠮᠦᠨ ᠦᠨᠳᠣᠷ ᠪᠠᠶᠢᠷᠢᠨ ᠳᠤ ᠣᠷᠣᠰᠢᠵᠦ᠂ ᠭᠠᠵᠡᠷ ᠣᠷᠣᠨ ᠬᠤᠪᠢᠶ᠋ᠬᠠᠰᠠᠨ ᠬᠠᠳᠠᠭᠠᠯᠠᠯᠳᠡ ᠶᠢᠨ ᠭᠡᠮᠵᠢᠶ᠎ᠠ᠂ ᠬᠤᠳᠠᠯᠳᠤᠭ᠎ᠠ ᠵᠢᠴᠢ ᠠᠵᠢᠯᠯᠠᠬᠤ ᠳᠤ ᠭᠡᠷᠡᠭᠯᠡᠬᠦ ᠭᠡᠷ ᠪᠠᠶᠢᠰᠢᠩ ᠬᠢᠭᠡᠳ ᠳᠡᠸᠡᠷ ᠤᠨ ᠣᠷᠣᠨ ᠰᠠᠭᠤᠴᠠ᠂ ᠳᠡᠸᠡᠷ ᠤᠨ ᠣᠷᠣᠨ ᠰᠠᠭᠤᠴᠠ ᠶᠢᠨ ᠡᠷᠦᠬᠡ ᠭᠡᠯᠪᠡᠷᠢ ᠵᠡᠷᠭᠡ ᠪᠦᠳᠦᠴᠠ ᠶᠢᠨ ᠴᠢᠨᠡᠷᠳᠡᠢ ᠵᠦᠷᠢᠴᠡᠯ ᠢᠯᠡᠷᠭᠡᠢ ᠭᠡᠬᠦ ᠮᠡᠳᠣ ᠪᠠᠶᠢᠨ᠎ᠠ᠃ ᠳᠦᠪ ᠤᠨ ᠪᠠ ᠦᠪᠡᠷᠳᠡᠭᠡᠨ ᠵᠠᠰᠬᠠᠥ ᠣᠷᠣᠨ ᠤ ᠠᠵᠦ ᠠᠬᠤᠢ ᠶᠢᠨ ᠠᠵᠢᠯ ᠤᠨ ᠬᠤᠷᠡᠯ ᠤᠨ ᠵᠤᠷᠢᠭ ᠰᠠᠨᠠᠭ᠎ᠠ ᠶᠢ ᠲᠣᠣᠱᠯᠠᠭᠤᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠯᠳᠡ ᠶᠡᠬᠡᠲᠠᠢ ᠪᠠᠶᠢᠬᠤ ᠳᠤ ᠲᠣᠯᠭᠠᠷᠬᠠᠰᠠᠨ ᠳᠦᠭᠰᠢᠬᠦᠷᠢ ᠶᠢ ᠪᠦᠳᠦᠮᠵᠢᠳᠡᠢ ᠨᠠᠮᠳᠠᠭᠤᠯᠥᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ ᠲᠣᠠᠠᠳᠠᠭᠤᠨ ᠪᠦᠭᠡᠳ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠲᠣᠰᠠᠳᠡ᠂ ᠡᠳᠦᠭᠡ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠯᠳᠡ ᠶᠢ ᠪᠠᠭᠠᠰᠬᠠᠬᠤ ᠠᠵᠢᠯ ᠢ ᠪᠦᠬᠦ ᠳᠡᠯ᠎ᠠ ᠪᠠᠷ ᠰᠠᠶᠢᠳᠣᠷ ᠬᠢᠬᠦ ᠲᠣᠬᠠᠢ ᠲᠣᠣᠷᠡᠬᠢ ᠰᠠᠨᠠᠯ ᠢ ᠲᠣᠷᠡᠳᠪᠠ᠃      ᠨᠢᠭᠡ᠂ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠵᠤᠭᠤᠰᠵᠢᠭᠤᠯᠥᠨ ᠲᠦᠪᠬᠢᠨᠡᠬᠦᠯᠬᠦ ᠬᠠᠷᠢᠴᠡᠯ ᠢ ᠳᠡᠭᠡᠭᠰᠢᠯᠡᠬᠦᠯᠥᠨ᠎ᠠ      ︵ᠨᠢᠭᠡ︶ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠵᠤᠭᠤᠰᠵᠢᠭᠤᠯᠥᠨ ᠲᠦᠪᠬᠢᠨᠡᠬᠦᠯᠬᠦ ᠶᠢ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠯᠳᠡ ᠶᠢ ᠪᠠᠭᠠᠰᠬᠠᠬᠤ ᠶᠢᠨ ᠴᠢᠬᠤᠯᠡ ᠵᠠᠮ ᠮᠦᠷ ᠪᠤᠯᠭᠠᠬᠤ ᠪᠠᠷ ᠪᠠᠷᠢᠮᠳᠡᠯᠡᠵᠦ᠂ ᠣᠷᠣᠨ ᠰᠠᠭᠤᠴᠠ ᠪᠠᠨ ᠳᠡᠳᠡᠪᠦᠷᠢᠯᠬᠠᠳ᠋ᠬᠠᠰᠠᠳ ᠤᠨ ᠵᠤᠭᠤᠰᠵᠢᠭᠤᠯᠬᠤ ᠠᠷᠭ᠎ᠠ ᠮᠠᠶ᠋ᠢᠭ ᠢᠶᠠᠷ ᠲᠦᠪᠬᠢᠨᠡᠬᠦᠯᠬᠦ ᠶᠢ ᠰᠤᠩᠭᠤᠬᠤ ᠶᠢ ᠵᠤᠷᠢᠠᠠᠵᠢᠭᠤᠯᠥᠨ᠂ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠵᠤᠭᠤᠰᠵᠢᠭᠤᠯᠥᠨ ᠲᠦᠪᠬᠢᠨᠡᠬᠦᠯᠬᠦ ᠬᠠᠷᠢᠴᠡᠯ ᠢ ᠣᠯᠡᠮ ᠨᠢᠭᠡ ᠠᠯᠬᠤᠮ ᠳᠡᠭᠡᠭᠰᠢᠯᠡᠬᠦᠯᠥᠨ᠎ᠠ᠃ ᠵᠠᠬ᠎ᠠ ᠳᠡᠯᠭᠡᠬᠦᠷ ᠳᠡᠭᠡᠷᠡᠬᠢ ᠳᠡᠸᠡᠷ ᠤᠨ ᠣᠷᠣᠨ ᠰᠠᠭᠤᠴᠠ ᠶᠢᠨ ᠬᠠᠳᠠᠭᠠᠯᠠᠯᠳᠡ ᠶᠢᠨ ᠭᠡᠮᠵᠢᠶ᠎ᠠ ᠪᠠᠷ ᠨᠡᠯᠢᠶᠡᠳ ᠶᠡᠭᠡ᠂ ᠲᠦᠪᠬᠢᠨᠡᠬᠦᠯᠬᠦ ᠭᠡᠷ ᠪᠠᠶᠢᠰᠢᠩ ᠤᠨ ᠢᠷᠡᠯᠳᠡ ᠶᠢᠨ ᠱᠠᠭᠠᠷᠳᠡᠯᠭ᠎ᠠ ᠶᠢ ᠬᠠᠩᠭᠠᠵᠦ ᠳᠡᠶᠢᠯᠬᠦ ᠭᠠᠵᠡᠷ ᠣᠷᠣᠨ ᠪᠦᠬᠦᠨ ᠳᠤ᠂ ᠡᠩ ᠤᠨ ᠪᠠᠶᠢᠳᠡᠯ ᠲᠣᠣᠷ᠎ᠠ ᠳᠡᠬᠢᠵᠦ ᠰᠢᠨ᠎ᠠ ᠳᠡᠸᠡᠷ ᠤᠨ ᠣᠷᠣᠨ ᠰᠠᠭᠤᠴᠠ ᠶᠢ ᠨᠡᠭᠡᠭᠡᠨ ᠬᠦᠭᠵᠢᠬᠦᠯᠬᠦ ᠳᠦᠷᠦᠯ ᠵᠦᠢᠯ ᠢ ᠬᠢᠨᠡᠨ ᠵᠦᠪᠰᠢᠶᠡᠷᠡᠬᠦ ᠦᠭᠡᠢ︔ ᠬᠤᠳᠡ ᠶᠢᠨ ᠴᠢᠳᠡᠪᠬᠢ ᠶᠢ ᠳᠡᠬᠦᠯᠳᠡᠷᠵᠢᠬᠦᠯᠬᠦ ᠵᠢᠴᠢ ᠬᠠᠳᠠᠭᠠᠯᠬᠠᠳᠠᠵᠦ ᠪᠠᠶᠢᠭ᠎ᠠ ᠳᠡᠸᠡᠷ ᠤᠨ ᠣᠷᠣᠨ ᠰᠠᠭᠤᠴᠠ ᠨᠢ ᠲᠦᠪᠬᠢᠨᠡᠬᠦᠯᠬᠦ ᠭᠡᠷ ᠪᠠᠶᠢᠰᠢᠩ ᠤᠨ ᠢᠷᠡᠯᠳᠡ ᠶᠢᠨ ᠱᠠᠭᠠᠷᠳᠡᠯᠭ᠎ᠠ ᠶᠢ ᠦᠨᠡᠨᠬᠦ ᠬᠠᠩᠭᠠᠵᠦ ᠳᠡᠶᠢᠯᠬᠦ ᠦᠭᠡᠢ ᠪᠠᠶᠢᠳᠡᠯ ᠳᠤ ᠬᠠᠷᠢᠶᠠᠯᠬᠠᠳᠠᠪᠠᠯ᠂ ᠭᠤᠤᠯᠳᠡᠭᠤ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠲᠦᠪᠬᠢᠨᠡᠬᠦᠯᠬᠦ ᠳᠤ ᠭᠡᠷᠡᠭᠯᠡᠬᠦ ᠳᠦᠷᠦᠯ ᠵᠦᠢᠯ ᠢ ᠰᠢᠨ᠎ᠠ ᠪᠠᠷ ᠪᠠᠶᠢᠭᠤᠯᠵᠦ ᠪᠤᠯᠥᠨ᠎ᠠ᠃     ︵ᠬᠤᠶᠡᠷ︶ ᠣᠷᠣᠨ ᠰᠠᠭᠤᠴᠠ ᠪᠠᠨ ᠳᠡᠳᠡᠪᠦᠷᠢᠯᠬᠠᠳ᠋ᠬᠠᠰᠠᠳ ᠵᠤᠭᠤᠰᠵᠢᠭᠤᠯᠥᠨ ᠨᠦᠬᠦᠪᠦᠷᠢᠯᠡᠬᠦᠯᠬᠦ ᠶᠢ ᠰᠣᠩᠭᠤᠠᠠᠰᠠᠨ ᠪᠠᠶᠢᠪᠠᠯ᠂ ᠳᠡᠳᠡᠪᠦᠷᠢᠯᠬᠠᠰᠠᠨ ᠰᠠᠯᠠᠭ᠎ᠠ ᠮᠦᠴᠢᠷ ᠤᠳ ᠨᠢ ᠠᠳᠡᠯᠢ ᠭᠠᠵᠡᠷ᠂ ᠠᠳᠡᠯᠢ ᠵᠡᠷᠬᠡ ᠳᠡᠰ ᠤᠨ ᠪᠡᠷᠢᠯᠭ᠎ᠠ ᠶᠢᠨ ᠳᠡᠯᠡᠪᠡᠢ ᠲᠠᠢ᠂ ᠰᠢᠨ᠎ᠠ ᠪᠠᠷ ᠪᠠᠶᠢᠭᠤᠯᠥᠠᠠᠰᠠᠨ ᠳᠡᠸᠡᠷ ᠤᠨ ᠣᠷᠣᠨ ᠰᠠᠭᠤᠴᠠ ᠶᠢᠨ ᠵᠠᠬ᠎ᠠ ᠳᠡᠯᠭᠡᠬᠦᠷ ᠦᠨ᠎ᠠ ᠬᠠᠩᠰᠢ ᠲᠠᠢ ᠠᠳᠡᠯᠢᠪᠳᠣᠷ ᠪᠠᠶᠢᠯᠭᠠᠬᠤ ᠶᠣᠰᠣᠭᠠᠷ ᠨᠦᠬᠦᠪᠦᠷᠢ ᠣᠯᠭᠤᠨ᠎ᠠ᠃ ᠡᠯ᠎ᠠ ᠠᠶᠢᠮᠠᠭ ᠬᠤᠳᠡ᠂ ᠬᠤᠰᠢᠭᠤ ᠰᠢᠶᠡᠨ ︵ᠬᠤᠳᠡ᠂ ᠲᠤᠭᠤᠷᠢᠭ︶᠎ ᠨᠢ ᠲᠣᠰ ᠭᠠᠵᠡᠷ ᠣᠷᠣᠨ ᠤ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ᠂ ᠬᠠᠭᠤᠴᠢᠨ ᠬᠤᠳᠡ ᠶᠢᠨ ᠲᠤᠭᠤᠷᠢᠭ ᠢ ᠦᠭᠡᠷᠡᠴᠢᠯᠡᠨ ᠵᠠᠰᠠᠵᠦ ᠪᠤᠴᠠᠭᠠᠨ ᠨᠡᠬᠦᠯᠭᠡᠵᠦ ᠲᠦᠪᠬᠢᠨᠡᠬᠦᠯᠬᠦ ᠪᠠ ᠬᠠᠳᠠᠭᠠᠯᠬᠠᠳᠠᠵᠦ ᠪᠠᠶᠢᠭ᠎ᠠ ᠳᠡᠸᠡᠷ ᠤᠨ ᠣᠷᠣᠨ ᠰᠠᠭᠤᠴᠠ ᠶᠢᠨ ᠬᠠᠩᠭᠠᠯᠭ᠎ᠠ ᠭᠡᠷᠡᠭᠴᠡᠭᠡ ᠶᠢᠨ ᠪᠠᠶᠢᠳᠡᠯ ᠢ ᠨᠢᠭᠡᠳᠦᠯᠳᠡᠢ ᠳᠦᠯᠥᠪᠯᠡᠨ ᠪᠤᠳᠣᠯᠬᠢᠯᠡᠵᠦ᠂ ᠣᠷᠣᠨ ᠰᠠᠭᠤᠴᠠ ᠪᠠᠨ ᠳᠡᠳᠡᠪᠦᠷᠢᠯᠬᠠᠳ᠋ᠬᠠᠰᠠᠳ ᠪᠡᠶ᠎ᠠ ᠪᠠᠨ ᠲᠠᠭᠠᠭᠠᠵᠦ ᠬᠤᠳᠠᠯᠳᠣᠨ ᠠᠪᠠᠨ᠋ᠥ᠂ ᠵᠠᠰᠠᠭ ᠤᠨ ᠣᠷᠳᠣᠨ ᠠᠴᠠ ᠭᠡᠷ ᠪᠠᠶᠢᠰᠢᠩ ᠬᠤᠳᠠᠯᠳᠣᠨ ᠠᠪᠠᠨ᠋ᠥ ᠮᠡᠳᠡᠭᠡ ᠵᠠᠩᠬᠢ ᠶᠢᠨ ᠳᠡᠪᠴᠠᠩ ᠪᠠᠶᠢᠭᠤᠯᠬᠤ᠂ ᠵᠠᠰᠠᠭ ᠤᠨ ᠣᠷᠳᠣᠨ ᠬᠠᠳᠠᠭᠠᠯᠬᠠᠳᠠᠵᠦ ᠪᠠᠶᠢᠭ᠎ᠠ ᠳᠡᠸᠡᠷ ᠤᠨ ᠣᠷᠣᠨ ᠰᠠᠭᠤᠴᠠ ᠶᠢ ᠪᠤᠴᠠᠭᠠᠨ ᠬᠤᠳᠠᠯᠳᠣᠨ ᠠᠪᠠᠨ᠋ᠥ ᠵᠡᠷᠭᠡ ᠠᠷᠭ᠎ᠠ ᠮᠠᠶ᠋ᠢᠭ ᠢ ᠭᠡᠷᠡᠭᠯᠡᠨ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ᠂ ᠬᠠᠭᠤᠴᠢᠨ ᠬᠤᠳᠡ ᠶᠢᠨ ᠲᠤᠭᠤᠷᠢᠭ ᠢ ᠦᠭᠡᠷᠡᠴᠢᠯᠠᠨ ᠵᠠᠰᠠᠵᠦ ᠪᠤᠴᠠᠭᠠᠨ ᠨᠡᠬᠦᠯᠭᠡᠵᠦ ᠲᠦᠪᠬᠢᠨᠡᠬᠦᠯᠬᠦ ᠶᠢ ᠰᠢᠢᠳᠪᠦᠷᠢᠯᠡᠵᠦ᠂ ᠳᠡᠸᠡᠷ ᠤᠨ ᠣᠷᠣᠨ ᠰᠠᠭᠤᠴᠠ ᠶᠢᠨ ᠬᠠᠳᠠᠭᠠᠯᠠᠯᠳᠡ ᠶᠢ ᠠᠷᠢᠯᠭᠠᠨ᠎ᠠ᠃      ︵ᠭᠤᠷᠪᠡ︶ ᠬᠤᠪᠢ ᠬᠦᠮᠦᠨ ᠭᠡᠷ ᠪᠠᠶᠢᠰᠢᠩ ᠢᠶᠠᠨ ᠳᠡᠳᠡᠪᠦᠷᠢᠯᠬᠠᠳ᠋ᠬᠠᠰᠠᠨ ᠠᠴᠠ ᠪᠤᠯᠵᠦ ᠵᠤᠭᠤᠰ ᠤᠨ ᠨᠦᠬᠦᠪᠦᠷᠢ ᠣᠯᠬᠤ ᠶᠢᠨ ᠬᠠᠮᠳᠣ ᠲᠡᠬᠦᠨ ᠢᠶᠠᠨ ᠳᠡᠸᠡᠷ ᠤᠨ ᠣᠷᠣᠨ ᠰᠠᠭᠤᠴᠠ ︵ᠭᠠᠷ ᠳᠡᠮᠵᠢᠠᠠᠰᠠᠨ ᠣᠷᠣᠨ ᠰᠠᠭᠤᠴᠠ ᠪᠠᠭᠳᠠᠨ᠎ᠠ︶ ᠬᠤᠳᠠᠯᠳᠣᠨ ᠠᠪᠠᠨ᠋ᠥ ᠳᠤ ᠭᠡᠷᠡᠭᠯᠡᠬᠦ᠂ ᠡᠰᠡᠪᠠᠯ ᠭᠡᠷ ᠪᠠᠶᠢᠰᠢᠩ ᠢᠶᠠᠨ ᠳᠡᠳᠡᠪᠦᠷᠢᠯᠬᠠᠳ᠋ᠬᠠᠰᠠᠨ ᠠᠴᠠ ᠪᠤᠯᠵᠦ ᠭᠡᠷ ᠪᠠᠶᠢᠰᠢᠩ ᠤᠨ ᠦᠮᠴᠢᠯᠡᠬᠦ ᠡᠷᠭᠡ ᠪᠠᠨ ᠰᠣᠯᠢᠬᠤ ᠶᠢᠨ ᠬᠠᠮᠳᠣ ᠦᠭᠡᠷᠡᠴᠢᠯᠡᠨ ᠵᠠᠰᠠᠵᠦ ᠲᠦᠪᠬᠢᠨᠡᠬᠦᠯᠬᠦ ᠣᠷᠣᠨ ᠰᠠᠭᠤᠴᠠ ᠣᠯᠥᠠᠠᠰᠠᠨ ᠪᠠᠶᠢᠪᠠᠯ᠂ ᠲᠣᠰ ᠢᠵᠢ ᠳᠡᠸᠡᠷ ᠤᠨ ᠣᠷᠣᠨ ᠰᠠᠭᠤᠴᠠ ᠶᠢᠨ ᠭᠡᠷ᠎ᠠ ᠶᠢᠨ ᠭᠠᠶᠢᠯᠢ ᠠᠴᠠ ᠭᠡᠯᠳᠦᠷᠢᠬᠦᠯᠬᠦ ᠳᠦᠷᠦ ᠶᠢᠨ ᠪᠤᠳᠣᠯᠭ᠎ᠠ ᠶᠢ ᠬᠦᠷᠳᠡᠵᠦ ᠪᠤᠯᠥᠨ᠎ᠠ᠃      ︵ᠳᠦᠷᠪᠡ︶ ᠵᠠᠬ᠎ᠠ ᠳᠡᠯᠭᠡᠬᠦᠷ ᠲᠠᠬᠢ ᠳᠡᠸᠡᠷ ᠤᠨ ᠣᠷᠣᠨ ᠰᠠᠭᠤᠴᠠ ᠶᠢᠨ ᠬᠠᠳᠡᠭᠠᠯᠠᠯᠳᠡ ᠶᠢᠨ ᠲᠣᠮᠳᠡᠬᠢ ᠲᠣᠮᠥ ᠡᠷᠦᠭᠡ ᠭᠡᠯᠪᠡᠷᠢ ᠶᠢᠨ ᠣᠷᠣᠨ ᠰᠠᠭᠤᠴᠠ ᠨᠢ᠂ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠲᠦᠪᠬᠢᠨᠡᠬᠦᠯᠦᠭᠳᠡᠬᠦ ᠡᠷᠦᠭᠡ ᠳᠤ ᠬᠠᠷᠢᠶᠠᠯᠬᠠᠳᠠᠵᠦ᠂ ᠪᠠᠰᠠ ᠳᠡᠩ ᠡᠷᠦᠭᠡ ᠶᠢᠨ ᠲᠣᠮᠳᠡ ᠲᠦᠪᠬᠢᠨᠡᠬᠦᠯᠬᠦ ᠪᠡᠷᠢᠮᠵᠢᠶ᠎ᠠ ᠠᠴᠠ ᠭᠡᠳᠦᠷᠡᠭᠰᠡᠨ ᠭᠡᠰᠡᠭ ᠲᠤ ᠬᠤᠳᠠᠯᠳᠣᠨ ᠠᠪᠠᠨ᠋ᠥ ᠬᠦᠰᠡᠯ ᠰᠠᠨᠠᠭ᠎ᠠ ᠲᠠᠢ ᠪᠤᠯᠪᠠᠴᠥ ᠳᠦᠷ ᠴᠢᠳᠡᠯ ᠬᠦᠷᠬᠦ ᠦᠭᠡᠢ ᠪᠠᠶᠢᠪᠠᠯ᠂ 5 ᠵᠢᠯ ᠤᠨ ᠳᠣᠳᠣᠷ᠎ᠠ᠂ ᠵᠠᠰᠠᠭ ᠤᠨ ᠣᠷᠳᠣᠨ ᠳᠠᠭᠠᠭᠠᠯᠳᠡ ᠬᠢᠬᠦ᠂ ᠨᠡᠭᠡᠭᠡᠨ ᠬᠦᠭᠵᠢᠬᠦᠯᠥᠭᠰᠡᠨ ᠠᠵᠦ ᠠᠬᠤᠶᠢᠯᠠᠯ ᠦᠮᠴᠢᠯᠡᠬᠦ ᠡᠷᠭᠡ ᠲᠠᠢ ᠪᠠᠶᠢᠬᠤ᠂ ᠣᠯᠡᠨ ᠨᠡᠶᠢᠳᠡ ᠶᠢᠨ ᠳᠦᠷᠢᠶᠡᠰᠦᠯᠡᠬᠦ ᠣᠷᠣᠨ ᠰᠠᠭᠤᠴᠠ ᠶᠢᠨ ᠬᠠᠷᠡᠭᠠᠯᠵᠠᠯᠳᠣ ᠳᠦᠷᠦ ᠶᠢᠨ ᠪᠤᠳᠣᠯᠭ᠎ᠠ ᠶᠢ ᠬᠦᠷᠳᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ ᠭᠡᠷᠡᠭᠯᠡᠵᠦ ᠪᠤᠯᠥᠨ᠎ᠠ︔ ᠰᠠᠶᠢᠵᠢᠷᠡᠭᠤᠯᠬᠤ ᠴᠢᠨᠡᠷᠳᠡᠢ ᠭᠡᠷᠡᠭᠴᠡᠭᠡ ᠱᠠᠭᠠᠷᠳᠡᠯᠭ᠎ᠠ ᠲᠠᠢ ᠣᠷᠣᠨ ᠰᠠᠭᠤᠴᠠ ᠬᠤᠳᠠᠯᠳᠣᠨ ᠠᠪᠤᠠᠠᠰᠡᠳ᠂ ᠭᠡᠷᠪᠡ ᠣᠣᠯ ᠤᠨ ᠣᠷᠣᠨ ᠰᠠᠭᠤᠴᠠ ᠪᠠᠨ ᠨᠢᠭᠡᠨᠳᠡ ᠬᠤᠳᠠᠯᠳᠣᠠᠠᠰᠠᠨ ᠳᠤ ᠬᠠᠷᠢᠶᠡᠯᠬᠠᠳᠠᠪᠠᠯ᠂ ᠵᠦᠪᠭᠡᠨ ᠰᠢᠨ᠎ᠠ ᠪᠠᠷ ᠬᠤᠳᠠᠯᠳᠣᠨ ᠠᠪᠠᠨ᠋ᠥ ᠳᠡᠸᠡᠷ ᠤᠨ ᠣᠷᠣᠨ ᠰᠠᠭᠤᠴᠠ ᠶᠢᠨ ᠣᠣᠯ ᠤᠨ ᠳᠡᠯᠡᠪᠡᠢ ᠶᠢᠨ ᠭᠡᠰᠡᠭ ᠠᠴᠠ ᠳᠡᠪᠠᠭᠰᠠᠨ ᠭᠡᠰᠡᠭ ᠲᠤ ᠭᠡᠷ᠎ᠡ ᠶᠢᠨ ᠭᠠᠶᠢᠯᠢ ᠳᠡᠳᠡᠪᠦᠷᠢᠯᠬᠠᠥ ᠳᠦᠷᠦ ᠶᠢᠨ ᠪᠤᠳᠣᠯᠭ᠎ᠠ ᠶᠢ ᠬᠦᠷᠳᠡᠭᠡᠵᠦ ᠪᠤᠯᠥᠨ᠎ᠠ᠃      ︵ᠲᠠᠪᠤ︶ ᠡᠯ᠎ᠠ ᠭᠠᠵᠡᠷ ᠣᠷᠣᠨ ᠨᠤᠭᠤᠳ ᠡᠯ᠎ᠠ ᠳᠦᠷᠦᠯ ᠤᠨ ᠪᠠᠳᠣᠯᠠᠭ᠎ᠠ ᠶᠢᠨ ᠴᠢᠨᠡᠷᠳᠡᠢ ᠣᠷᠣᠨ ᠰᠠᠭᠤᠴᠠ ᠵᠢᠴᠢ ᠪᠤᠰᠣᠳ ᠰᠢᠨ᠎ᠠ ᠪᠠᠷ ᠪᠠᠶᠢᠭᠤᠯᠥᠠᠠᠰᠠᠨ ᠣᠷᠣᠨ ᠰᠠᠭᠤᠴᠠ ᠶᠢᠨ ᠵᠢᠵᠢᠭ ᠲᠤᠭᠤᠷᠢᠭ ᠤᠨ ᠣᠰᠣ᠂ ᠭᠡᠢ᠂ ᠢᠯᠴᠢ᠂ ᠴᠠᠬᠢᠯᠭᠠᠨ ᠬᠠᠩᠭᠠᠬᠤ᠂ ᠬᠤᠳᠡ ᠶᠢᠨ ᠶᠠᠪᠤᠳᠡᠯ ᠤᠨ ᠵᠠᠮ ᠬᠠᠷᠢᠯᠴᠠᠭ᠎ᠠ ᠵᠢᠴᠢ ᠬᠤᠳᠡ ᠶᠢᠨ ᠣᠯᠡᠨ ᠨᠡᠶᠢᠳᠡ ᠶᠢᠨ ᠵᠠᠮ ᠬᠠᠷᠢᠯᠴᠠᠭᠠᠨ ᠤ ᠦᠷᠳᠡᠭᠡ ᠴᠢᠬ ᠤᠨ ᠪᠦᠳᠦᠭᠡᠨ ᠪᠠᠶᠢᠭᠤᠯᠥᠯᠳᠡ ᠶᠢᠨ ᠡᠷᠴᠢᠮ ᠢᠶᠠᠨ ᠴᠢᠩᠭᠠᠷᠡᠭᠤᠯᠥᠨ᠎ᠠ᠃ ᠰᠢᠨ᠎ᠠ ᠪᠠᠷ ᠪᠠᠶᠢᠭᠤᠯᠥᠠᠠᠰᠠᠨ ᠣᠷᠣᠨ ᠰᠠᠭᠤᠴᠠ ᠶᠢᠨ ᠵᠢᠵᠢᠭ ᠲᠤᠭᠤᠷᠢᠭ ᠤᠨ ᠲᠣᠳᠣᠷ᠎ᠠ ᠭᠠᠳᠠᠨᠠᠬᠢ ᠰᠠᠭᠤᠷᠢ ᠪᠠᠯᠡᠳᠭᠡᠮᠵᠢ ᠶᠢᠨ ᠢᠵᠢ ᠪᠦᠷᠢᠳᠦᠬᠦᠯᠬᠦ ᠪᠦᠳᠦᠭᠡᠨ ᠪᠠᠶᠢᠭᠤᠯᠥᠯᠳᠡ ᠶᠢ ᠳᠡᠬᠦᠯᠳᠡᠷᠵᠢᠬᠦᠯᠬᠦ ᠪᠠᠷ ᠳᠡᠮᠵᠢᠭᠤᠯᠥᠨ᠂ ᠳᠡᠬᠦᠨ ᠢ ᠪᠠᠨ ᠠᠯᠢ ᠳᠦᠷᠭᠡᠨ ᠢᠶᠠᠷ ᠳᠣᠰᠢᠶᠡᠨ ᠦᠭᠴᠦ ᠰᠠᠭᠤᠯᠭᠠᠬᠤ ᠨᠦᠬᠦᠴᠡᠯ ᠢ ᠨᠢ ᠪᠦᠷᠢᠯᠳᠦᠬᠦᠯᠵᠦ᠂ ᠰᠠᠭᠤᠭᠠᠯᠢ ᠠᠷᠡᠳ ᠤᠨ ᠣᠷᠣᠨ ᠰᠠᠭᠤᠴᠠ ᠬᠤᠳᠠᠯᠳᠣᠨ ᠠᠪᠠᠨ᠋ᠥ ᠳᠤ ᠪᠤᠯᠥᠮᠵᠢ ᠪᠠ ᠨᠦᠬᠦᠴᠡᠯ ᠪᠦᠷᠢᠯᠳᠦᠬᠦᠯᠵᠦ᠂ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠵᠤᠭᠤᠰᠵᠢᠭᠤᠯᠥᠨ ᠲᠦᠪᠬᠢᠨᠡᠬᠦᠯᠬᠦ ᠳᠤ ᠨᠡᠩ ᠣᠯᠡᠨ ᠭᠡᠷ ᠪᠠᠶᠢᠰᠢᠩ ᠤᠨ ᠢᠷᠡᠯᠳᠡ ᠬᠠᠩᠭᠠᠨ᠎ᠠ᠃      ︵ᠵᠢᠷᠭᠤᠭ᠎ᠠ︶ ᠡᠯ᠎ᠠ ᠭᠠᠵᠡᠷ ᠣᠷᠣᠨ ᠨᠤᠭᠤᠳ ᠨᠢᠭᠡᠨᠳᠡ ᠪᠡᠷᠢᠵᠦ ᠲᠠᠭᠤᠰᠬᠠᠠᠰᠠᠨ ᠵᠢᠴᠢ ᠪᠠᠶᠢᠭᠤᠯᠵᠦ ᠪᠠᠶᠢᠭ᠎ᠠ ᠳᠡᠸᠡᠷ ᠤᠨ ᠣᠷᠣᠨ ᠰᠠᠭᠤᠴᠠ ᠶᠢᠨ ᠬᠠᠳᠠᠭᠠᠯᠠᠯᠳᠡ ᠶᠢᠨ ᠪᠠᠶᠢᠳᠡᠯ ᠢ ᠣᠶᠢᠯᠠᠭᠠᠬᠤ ᠠᠵᠢᠯ ᠢ ᠦᠨᠡᠨᠬᠦ ᠰᠠᠶᠢᠳᠣᠷ ᠬᠢᠵᠦ᠂ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠵᠤᠭᠤᠰᠵᠢᠭᠤᠯᠥᠨ ᠲᠦᠪᠬᠢᠨᠡᠬᠦᠯᠬᠦ ᠭᠡᠷ ᠪᠠᠶᠢᠰᠢᠩ ᠢ ᠰᠣᠩᠭᠤᠵᠦ ᠬᠤᠳᠠᠯᠳᠣᠨ ᠠᠪᠠᠨ᠋ᠥ ᠮᠡᠳᠡᠭᠡ ᠵᠠᠩᠬᠢ ᠶᠢᠨ ᠳᠡᠪᠴᠠᠩ ᠢ ᠰᠠᠶᠢᠳᠣᠷ ᠪᠠᠶᠢᠭᠤᠯᠵᠦ᠂ ᠬᠠᠩᠭᠠᠯᠭ᠎ᠠ ᠭᠡᠷᠡᠭᠴᠡᠭᠡ ᠬᠤᠶᠡᠷ ᠳᠡᠯ᠎ᠠ ᠶᠢᠨ ᠮᠡᠳᠡᠭᠡ ᠵᠠᠩᠬᠢ ᠶᠢᠨ ᠦᠢᠯᠡᠴᠢᠯᠡᠭᠡᠨ ᠤ ᠠᠵᠢᠯ ᠢ ᠪᠦᠬᠦ ᠳᠡᠯ᠎ᠠ ᠪᠠᠷ ᠰᠠᠶᠢᠳᠣᠷ ᠬᠢᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ ᠤᠨ ᠣᠷᠣᠨ ᠰᠠᠭᠤᠴᠠ ᠪᠠᠨ ᠳᠡᠳᠡᠪᠦᠷᠢᠯᠬᠠᠳ᠋ᠬᠠᠰᠠᠳ ᠤᠨ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠵᠠᠰᠠᠵᠦ ᠵᠤᠭᠤᠰᠵᠢᠭᠤᠯᠥᠨ ᠲᠦᠪᠬᠢᠨᠡᠬᠦᠯᠬᠦ ᠭᠡᠷ ᠪᠠᠶᠢᠰᠢᠩ ᠤᠨ ᠢᠷᠡᠯᠳᠡ ᠠᠴᠠ ᠰᠣᠩᠭᠤᠨ ᠬᠤᠳᠠᠯᠳᠣᠨ ᠠᠪᠠᠨ᠋ᠥ ᠮᠡᠳᠡᠭᠡ ᠵᠠᠩᠬᠢ ᠶᠢᠨ ᠳᠡᠪᠴᠠᠩ ᠳᠠᠬᠢ ᠳᠡᠸᠡᠷ ᠤᠨ ᠣᠷᠣᠨ ᠰᠠᠭᠤᠴᠠ ᠶᠢ ᠰᠤᠩᠭᠤᠨ ᠬᠤᠳᠠᠯᠳᠤᠨ ᠠᠪᠤᠪᠠᠯ ᠱᠠᠩᠨ᠋ᠬᠠᠥ ᠳᠦᠷᠦ ᠶᠢᠨ ᠪᠤᠳᠣᠯᠭ᠎ᠠ ᠲᠣᠠᠠᠳᠠᠭᠠᠬᠤ ᠶᠢ ᠵᠤᠷᠢᠠᠠᠵᠢᠭᠤᠯᠵᠦ᠂ ᠬᠠᠳᠠᠭᠠᠯᠬᠠᠳᠠᠵᠦ ᠪᠠᠶᠢᠭ᠎ᠠ ᠳᠡᠸᠡᠷ ᠤᠨ ᠣᠷᠣᠨ ᠰᠠᠭᠤᠴᠠ ᠶᠢ ᠠᠷᠢᠯᠭᠠᠬᠤ ᠠᠬᠢᠴᠠ ᠶᠢ ᠳᠦᠷᠭᠡᠳᠭᠡᠨ᠎ᠠ᠃      ᠬᠤᠶᠡᠷ᠂ ᠮᠠᠯᠴᠢᠨ ᠳᠡᠷᠢᠶᠡᠴᠢᠨ ᠤ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠠᠨ᠋ᠥ ᠳᠤ ᠳᠦᠷᠦ ᠶᠢᠨ ᠪᠤᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠡᠭᠤᠯᠥᠨ᠎ᠠ      ︵ᠲᠣᠯᠤᠭ᠎ᠠ︶ ᠨᠦᠬᠦᠴᠡᠯ ᠪᠦᠷᠢᠯᠳᠦᠬᠦᠯᠥᠭᠰᠡᠨ ᠪᠦᠭᠡᠳ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠠᠨ᠋ᠥ ᠬᠦᠰᠡᠯ ᠰᠠᠨᠠᠭ᠎ᠠ ᠲᠠᠢ ᠮᠠᠯᠴᠢᠨ ᠳᠡᠷᠢᠶᠡᠴᠢᠨ ᠤ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠠᠨ᠋ᠥ ᠶᠢ ᠵᠤᠷᠢᠠᠠᠵᠢᠭᠤᠯᠥᠨ᠎ᠠ᠃ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠠᠨ᠋ᠥ ᠮᠠᠯᠴᠢᠨ ᠳᠡᠷᠢᠶᠡᠴᠢᠨ ︵ᠪᠤᠰᠣᠳ ᠭᠡᠷ ᠪᠠᠶᠢᠰᠢᠩ ᠬᠤᠳᠠᠯᠳᠣᠨ ᠠᠪᠤᠠᠠᠰᠡᠳ ᠪᠠᠭᠳᠠᠨ᠎ᠠ︶ ᠪᠦᠬᠦᠨ᠂ ᠠᠩᠬ᠎ᠠ ᠣᠲᠠᠭ᠎ᠠ ᠭᠡᠷ ᠪᠠᠶᠢᠰᠢᠩ ᠬᠤᠳᠠᠯᠳᠣᠨ ᠠᠪᠠᠨ᠋ᠥ ᠳᠤ ᠬᠠᠷᠢᠶᠡᠯᠬᠠᠳᠠᠪᠠᠯ᠂ ᠬᠤᠳᠠᠯᠳᠣᠭᠠᠨ ᠤ ᠪᠠᠩᠬᠢ ᠶᠢᠨ ᠵᠢᠭᠡᠯᠡᠯᠭᠡ᠂ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠶᠢᠨ ᠬᠤᠪᠢ ᠬᠦᠮᠦᠨ ᠤ ᠵᠢᠭᠡᠯᠡᠯᠭᠡ ︵ᠭᠡᠷᠡᠭᠯᠡᠬᠦ ᠨᠦᠬᠦᠴᠡᠯ ᠳᠤ ᠨᠡᠶᠢᠴᠡᠭᠰᠡᠨ︶ ᠭᠤᠶᠤᠴᠢᠯᠠᠪᠠᠯ 20%᠎ ᠶᠢᠨ ᠠᠩᠬ᠎ᠠ ᠲᠣᠰᠢᠶ᠋ᠬᠠᠥ ᠬᠠᠷᠢᠴᠠᠯ ᠠᠴᠠ ᠳᠡᠪᠡᠭᠤᠯᠬᠤ ᠦᠭᠡᠢ ᠪᠠᠶᠢᠬᠤ ᠶᠢ ᠭᠡᠷᠡᠭᠵᠢᠬᠦᠯᠦᠨ᠎ᠠ᠃      ︵ᠨᠠᠢᠮᠨ︶ ᠨᠢᠭᠡᠨᠳᠡ ᠬᠤᠳᠡ ᠣᠷᠣᠵᠦ ᠠᠵᠢᠯ ᠬᠢᠭᠰᠡᠨ ᠪᠦᠭᠡᠳ ᠲᠣᠠᠠᠳᠠᠭᠤᠨ ᠬᠦᠳᠡᠯᠮᠥᠷᠢ ᠶᠢᠨ ᠬᠠᠷᠢᠴᠠᠭ᠎ᠠ ᠪᠠᠶᠢᠭᠤᠯᠥᠠᠠᠰᠠᠨ ᠮᠠᠯᠴᠢᠨ ᠳᠡᠷᠢᠶᠡᠴᠢᠨ ᠬᠦᠴᠥ ᠶᠠᠪᠤᠠᠠᠰᠡᠳ ᠲᠤ ᠪᠠᠶᠢᠭ᠎ᠠ ᠨᠢᠭᠡᠴᠡ ᠨᠢ ᠮᠠᠯᠴᠢᠨ ᠳᠡᠷᠢᠶᠡᠴᠢᠨ ᠬᠦᠴᠥ ᠶᠠᠪᠤᠠᠠᠰᠡᠳ ᠤᠨ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠳᠤ ᠣᠷᠣᠯᠴᠬᠠᠥ ᠳᠦᠷᠢᠮ ᠢ ᠪᠦᠬᠦ ᠳᠡᠯ᠎ᠠ ᠪᠠᠷ ᠪᠠᠶᠢᠭᠤᠯᠵᠦ᠂ ᠬᠤᠳᠡ ᠪᠠᠯᠭᠠᠰᠣ ᠶᠢᠨ ᠠᠵᠢᠯᠳᠡᠨ ᠠᠵᠢᠯᠴᠢᠨ ᠲᠠᠢ ᠠᠳᠡᠯᠢ ᠪᠠᠶᠢᠯᠭᠠᠵᠦ᠂ ᠮᠠᠯᠴᠢᠨ ᠳᠡᠷᠢᠶᠡᠴᠢᠨ ᠬᠦᠴᠥ ᠶᠠᠪᠤᠠᠠᠰᠡᠳ ᠲᠤ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠲᠣᠰᠢᠶᠡᠨ ᠬᠠᠳᠠᠭᠠᠯᠠᠨ ᠦᠭᠴᠥ᠂ ᠲᠣᠠᠠᠳ᠋ᠬᠠᠰᠠᠨ ᠴᠠᠭ ᠬᠤᠭᠤᠴᠠᠭ᠎ᠠ ᠨᠢ ᠬᠦᠷᠪᠠᠯ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠶᠢᠨ ᠵᠢᠭᠡᠯᠡᠯᠭᠡ ᠭᠡᠷᠡᠭᠯᠡᠬᠦ ᠪᠠᠷ ᠭᠤᠶᠣᠴᠢᠯᠠᠵᠦ ᠪᠤᠯᠥᠨ᠎ᠠ᠃      ︵ᠶᠢᠰᠦ︶ ᠪᠤᠰᠣᠳ ᠬᠤᠳᠡ ᠣᠷᠣᠵᠦ ᠠᠵᠢᠯ ᠬᠢᠵᠦ ᠪᠠᠶᠢᠭ᠎ᠠ ᠮᠠᠯᠴᠢᠨ ᠳᠡᠷᠢᠶᠡᠴᠢᠨ ᠤ ᠠᠮᠢᠳᠣᠯᠢᠭ ᠢᠶᠠᠷ ᠠᠵᠢᠯ ᠣᠯᠥᠠᠠᠰᠡᠳ᠂ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ᠂ ᠴᠢᠯᠥᠭᠡᠳᠣ ᠠᠵᠢᠯ ᠤᠨ ᠬᠦᠮᠦᠰ ᠤᠨ ᠪᠡᠶ᠎ᠠ ᠶᠢᠨ ᠭᠠᠷᠣᠯ ᠵᠡᠷᠭᠡ ᠪᠠᠷ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠲᠣᠰᠢᠶᠡᠵᠦ ᠬᠠᠳᠠᠭᠠᠯᠬᠠᠥ ᠶᠢ ᠵᠤᠷᠢᠠᠠᠵᠢᠭᠤᠯᠥᠨ᠎ᠠ᠃ ᠪᠤᠳᠡᠳᠡᠢ ᠲᠣᠰᠢᠶᠡᠨ ᠬᠠᠳᠠᠭᠠᠯᠬᠠᠥ ᠰᠠᠭᠤᠷᠢ ᠲᠤᠭ᠎ᠠ ᠪᠠ ᠲᠣᠰᠢᠶᠡᠨ ᠬᠠᠳᠠᠭᠠᠯᠬᠠᠥ ᠬᠠᠷᠢᠴᠠᠯ ᠢ ᠠᠶᠢᠮᠠᠭ ᠬᠤᠳᠡ ᠶᠢᠨ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠶᠢᠨ ᠬᠠᠮᠢᠶᠡᠷᠦᠯᠳᠡ ᠶᠢᠨ ᠵᠦᠪᠯᠡᠯ ᠠᠴᠠ ᠪᠤᠳᠠᠳᠣ ᠪᠠᠶᠢᠳᠡᠯ ᠢ ᠦᠨᠳᠣᠰᠣᠯᠡᠨ ᠲᠣᠠᠠᠳᠠᠭᠠᠨ᠎ᠠ᠃      ︵ᠠᠷᠪᠠ︶ ᠮᠠᠯᠵᠢᠬᠤ ᠳᠡᠷᠢᠶᠡᠯᠬᠠᠥ ᠣᠷᠣᠨ ᠤ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠪᠦᠬᠦ ᠳᠡᠯ᠎ᠠ ᠪᠠᠷ ᠬᠦᠨᠵᠡᠭᠡᠶᠢᠷᠡᠬᠦᠯᠵᠦ᠂ ᠬᠤᠳᠡ ᠣᠷᠣᠵᠦ ᠡᠷᠦᠭᠡ ᠠᠮᠠ ᠪᠠᠨ ᠣᠷᠣᠭᠤᠯᠥᠠᠠᠰᠠᠨ ᠮᠠᠯᠴᠢᠨ ᠳᠡᠷᠢᠶᠡᠴᠢᠨ ᠤ ᠣᠣᠯ ᠤᠨ ᠡᠷᠦᠭᠡ ᠠᠮᠠ ᠪᠠᠶᠢᠭ᠎ᠠ ᠭᠠᠵᠡᠷ ᠤᠨ ᠪᠤᠢ ᠪᠦᠬᠦᠢ ᠬᠠᠦᠯᠢ ᠶᠣᠰᠣᠨ ᠤ ᠡᠷᠭᠡ ᠠᠰᠢᠭ ᠢ ᠬᠠᠮᠠᠭᠠᠯᠠᠵᠦ᠂ ᠮᠠᠯᠴᠢᠨ ᠳᠡᠷᠢᠶᠡᠴᠢᠨ ᠤ ᠡᠯ᠎ᠠ ᠵᠦᠢᠯ ᠤᠨ ᠳᠡᠷᠢᠶᠡᠯᠡᠩ ︵ᠮᠠᠯ ᠠᠵᠦ ᠠᠬᠤᠢ︶᠎ ᠤᠨ ᠬᠠᠷᠡᠭᠠᠯᠵᠠᠯᠳᠣ ᠨᠦᠬᠦᠪᠦᠷᠢ ᠪᠠᠷ ᠢᠶᠠᠨ ᠪᠡᠷᠢᠴᠠᠭᠠᠯᠠᠨ ᠳᠠᠭᠠᠭᠠᠯᠳᠡ ᠬᠢᠵᠦ ᠭᠡᠷ ᠪᠠᠶᠢᠰᠢᠩ ᠬᠤᠳᠠᠯᠳᠣᠨ ᠠᠪᠠᠨ᠋ᠥ ᠵᠢᠭᠡᠯᠡᠯᠭᠡ ᠬᠦᠢᠴᠡᠳᠭᠡᠬᠦ᠂ ᠡᠰᠡᠪᠠᠯ ᠪᠤᠰᠣᠳ ᠬᠦᠮᠦᠨ ᠪᠡᠷᠢᠴᠠᠭᠠᠯᠠᠨ ᠳᠠᠭᠠᠭᠠᠯᠳᠡ ᠬᠢᠵᠦ ᠦᠭᠴᠦ ᠪᠠᠶᠢᠭᠠᠳ ᠭᠡᠷ ᠪᠠᠶᠢᠰᠢᠩ ᠬᠤᠳᠠᠯᠳᠣᠨ ᠠᠪᠠᠨ᠋ᠥ ᠵᠢᠭᠡᠯᠡᠯᠭᠡ ᠬᠦᠢᠴᠡᠳᠭᠡᠬᠦ ᠶᠢ ᠵᠦᠪᠰᠢᠶᠡᠷᠡᠨ᠎ᠠ᠃      ︵ᠠᠷᠪᠠᠨ ᠨᠢᠭᠡ︶ ᠮᠠᠯᠵᠢᠬᠤ ᠳᠡᠷᠢᠶᠡᠯᠬᠠᠥ ᠣᠷᠣᠨ ᠤ ᠭᠡᠷ ᠪᠠᠷᠢᠬᠤ ᠰᠠᠭᠤᠷᠢ ᠭᠠᠵᠡᠷ᠂ ᠳᠠᠭᠠᠭᠠᠴᠢᠯᠬᠠᠰᠠᠨ ᠳᠡᠷᠢᠶᠡᠨ ᠭᠠᠵᠡᠷ᠂ ᠬᠠᠳᠣᠯᠡᠩ ᠪᠠᠯᠴᠢᠭᠡᠷ᠂ ᠣᠢ ᠰᠢᠭᠤᠢ ᠶᠢᠨ ᠡᠷᠭᠡ ᠲᠠᠢ ᠭᠠᠵᠡᠷ ᠵᠡᠷᠭᠡ ᠪᠠᠷ ᠢᠶᠠᠨ ᠪᠠᠷᠢᠴᠠᠭᠠᠯᠬᠠᠥ ᠪᠤᠶᠤ ᠳᠠᠭᠠᠭᠠᠯᠳᠡ ᠬᠢᠵᠦ ᠪᠠᠶᠢᠭᠠᠳ ᠵᠢᠭᠡᠯᠡᠯᠭᠡ ᠳᠡᠯᠪᠢᠬᠤ ᠲᠣᠷᠰᠢᠯᠳᠡ ᠶᠢᠨ ᠭᠡᠪᠴᠢᠶ᠎ᠠ ᠶᠢ ᠦᠷᠭᠡᠳᠭᠡᠬᠦ ᠶᠢ ᠢᠳᠡᠪᠬᠢᠳᠡᠢ ᠰᠦᠪᠡᠭᠴᠢᠯᠡᠵᠦ᠂ ᠮᠠᠯᠴᠢᠨ ᠳᠡᠷᠢᠶᠡᠴᠢᠨ ᠤ ᠭᠡᠷ ᠪᠠᠶᠢᠰᠢᠩ ᠬᠤᠳᠠᠯᠳᠣᠨ ᠠᠪᠠᠨ᠋ᠥ ᠪᠡᠯᠡ ᠮᠦᠡᠭᠬᠦ ᠳᠤ ᠪᠡᠯᠡ ᠲᠣᠬᠢᠷᠡᠭᠤᠯᠬᠤ ᠴᠢᠳᠡᠪᠦᠷᠢ ᠶᠢ ᠴᠢᠩᠭᠠᠷᠡᠭᠤᠯᠵᠦ᠂ ᠰᠠᠶᠢᠨ ᠲᠣᠷ᠎ᠠ ᠠᠴᠠ ᠪᠠᠨ ᠭᠡᠷ ᠪᠠᠷᠢᠬᠤ ᠰᠠᠭᠤᠷᠢ ᠭᠠᠵᠡᠷ ᠢᠶᠠᠨ ᠪᠤᠴᠠᠭᠠᠠᠠᠰᠡᠳ ᠲᠤ ᠬᠤᠯᠪᠤᠠᠠᠳᠡᠯ ᠪᠦᠬᠦᠢ ᠳᠦᠷᠦ ᠶᠢᠨ ᠪᠤᠳᠣᠯᠭ᠎ᠠ ᠶᠢ ᠯᠠᠪᠯᠠᠯᠳᠡ ᠪᠤᠯᠭᠠᠵᠦ ᠪᠠᠶᠢᠭᠠᠳ ᠨᠢᠭᠡ ᠣᠳᠠᠭ᠎ᠠ ᠶᠢᠨ ᠴᠢᠨᠡᠷᠳᠡᠢ ᠨᠦᠬᠦᠪᠦᠷᠢ ᠵᠢᠴᠢ ᠱᠠᠩᠨᠠᠯ ᠣᠯᠭᠤᠵᠤ ᠪᠤᠯᠤᠨ᠎ᠠ᠃      ︵ᠠᠷᠪᠠᠨ ᠬᠤᠶᠡᠷ︶ ᠶᠠᠳᠠᠭᠤ ᠶᠢ ᠳᠡᠳᠬᠦᠬᠦ ᠵᠢᠴᠢ ᠶᠠᠳᠠᠭᠤ ᠶᠢ ᠳᠡᠳᠬᠦᠨ ᠨᠡᠬᠦᠯᠭᠡᠬᠦ᠂ ᠠᠮᠢ ᠠᠬᠤᠢ ᠶᠢᠨ ᠨᠡᠬᠦᠳᠡᠯ ᠠᠷᠡᠳ ᠢ ᠨᠡᠬᠦᠯᠭᠡᠬᠦ᠂ ᠨᠣᠷᠬᠠᠥ ᠠᠶᠣᠯᠳᠡᠢ ᠬᠠᠭᠤᠴᠢᠨ ᠭᠡᠷ ᠪᠠᠶᠢᠰᠢᠩ ᠢ ᠦᠭᠡᠷᠡᠴᠢᠯᠡᠨ ᠵᠠᠰᠬᠠᠥ ᠵᠡᠷᠭᠡ ᠢᠨᠵᠤᠨᠤᠷᠢᠩ ᠲᠠᠢ ᠣᠶᠠᠯᠳᠣᠭᠤᠯᠵᠦ᠂ ᠨᠦᠬᠦᠴᠡᠯ ᠲᠠᠢ ᠭᠠᠵᠡᠷ ᠣᠷᠣᠨ ᠨᠢ ᠵᠤᠭᠤᠰᠵᠢᠭᠤᠯᠥᠨ ᠨᠦᠬᠦᠪᠦᠷᠢ ᠣᠯᠭᠤᠵᠦ ᠪᠤᠯᠤᠨ᠎ᠠ᠂ ᠮᠠᠯᠴᠢᠨ ᠳᠡᠷᠢᠶᠡᠴᠢᠨ ᠤ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠠᠨ᠋ᠥ ᠪᠤᠶᠤ ᠭᠡᠷ ᠪᠠᠶᠢᠰᠢᠩ ᠳᠦᠷᠢᠶᠡᠰᠦᠯᠡᠬᠦ ᠶᠢ ᠵᠤᠷᠢᠠᠠᠵᠢᠭᠤᠯᠥᠨ᠂ ᠠᠳᠠᠯᠢ ᠬᠤᠳᠠᠴᠢᠯᠬᠠᠰᠠᠨ ᠨᠡᠶᠢᠭᠡᠮ ᠤᠨ ᠪᠠᠳᠣᠯᠠᠭ᠎ᠠ ᠶᠢᠨ ᠳᠦᠷᠦ ᠶᠢᠨ ᠪᠤᠳᠣᠯᠭ᠎ᠠ ᠶᠢ ᠬᠦᠷᠳᠡᠭᠡᠨ᠎ᠠ᠃      ︵ᠠᠷᠪᠠᠨ ᠭᠤᠷᠪᠡ︶ ᠬᠤᠳᠡ ᠣᠷᠣᠵᠦ ᠲᠠᠸᠠᠷ ᠤᠨ ᠣᠷᠣᠨ ᠰᠠᠭᠤᠴᠠ ︵ᠭᠠᠷ ᠳᠡᠮᠵᠢᠠᠠᠰᠠᠨ ᠭᠡᠷ ᠪᠠᠶᠢᠰᠢᠩ ᠪᠠᠭᠳᠠᠨ᠎ᠠ︶ ᠬᠤᠳᠠᠯᠳᠣᠨ ᠠᠪᠤᠠᠠᠰᠠᠨ ᠮᠠᠯᠴᠢᠨ ᠳᠡᠷᠢᠶᠡᠴᠢᠨ ︵ᠪᠤᠰᠣᠳ ᠬᠤᠳᠠᠯᠳᠣᠨ ᠠᠪᠤᠠᠠᠰᠡᠳ ᠪᠠᠭᠳᠠᠨ᠎ᠠ︶ ᠪᠦᠬᠦᠨ᠂ ᠠᠩᠬ᠎ᠠ ᠣᠳᠠᠭ᠎ᠠ ᠭᠡᠷ ᠪᠠᠶᠢᠰᠢᠩ ᠬᠤᠳᠠᠯᠳᠣᠨ ᠠᠪᠤᠠᠠᠰᠠᠨ ᠳᠤ ᠬᠠᠷᠢᠶᠡᠯᠬᠠᠳᠠᠪᠠᠯ᠂ ᠲᠣᠰ ᠭᠠᠵᠡᠷ ᠣᠷᠣᠨ ᠤ ᠵᠠᠰᠠᠭ ᠤᠨ ᠣᠷᠳᠣᠨ ᠠᠴᠠ ᠬᠠᠰᠣᠵᠦ ᠭᠡᠯᠳᠦᠷᠢᠬᠦᠯᠬᠦ ᠪᠤᠶᠤ ᠨᠦᠬᠦᠪᠦᠷᠢ ᠦᠭᠬᠦ ᠠᠷᠭ᠎ᠠ ᠮᠠᠶ᠋ᠢᠭ ᠢᠶᠠᠷ ᠳᠡᠮᠵᠢᠭᠤᠯᠥᠨ 50%᠎ ᠶᠢᠨ ᠭᠡᠷ᠎ᠡ ᠶᠢᠨ ᠭᠠᠶᠢᠯᠢ ᠶᠢᠨ ᠨᠦᠬᠦᠪᠦᠷᠢ ᠣᠯᠭᠤᠵᠦ ᠪᠤᠯᠥᠨ᠎ᠠ᠃      ︵ᠠᠷᠪᠠᠨ ᠳᠦᠷᠪᠡ︶ ᠡᠯ᠎ᠠ ᠭᠠᠵᠡᠷ ᠣᠷᠣᠨ ᠨᠢ ᠲᠣᠰ ᠭᠠᠵᠡᠷ ᠣᠷᠤᠨ ᠤ ᠪᠤᠳᠠᠳᠠᠢ ᠪᠠᠨ ᠦᠨᠳᠣᠰᠣᠯᠡᠨ᠂ ᠮᠠᠯᠴᠢᠨ ᠳᠡᠷᠢᠶᠡᠴᠢᠨ ᠵᠢᠴᠢ ᠪᠤᠰᠣᠳ ᠭᠡᠷ ᠪᠠᠶᠢᠰᠢᠩ ᠬᠤᠳᠠᠯᠳᠣᠨ ᠠᠪᠤᠠᠠᠰᠡᠳ ᠤᠨ ᠠᠩᠬ᠎ᠠ ᠣᠳᠠᠭ᠎ᠠ ᠭᠡᠷ ᠪᠠᠶᠢᠰᠢᠩ ᠬᠤᠳᠠᠯᠳᠣᠨ ᠠᠪᠠᠨ᠋ᠥ ᠵᠢᠭᠡᠯᠡᠯᠭᠡ ᠶᠢᠨ ᠬᠦᠥ ᠮᠦᠡᠭᠬᠦ ᠶᠢᠨ ᠬᠠᠷᠡᠭᠠᠯᠵᠠᠯᠳᠣ ᠨᠦᠬᠦᠪᠦᠷᠢ ᠣᠯᠭᠤᠬᠤ ᠳᠦᠷᠦ ᠶᠢᠨ ᠪᠤᠳᠣᠯᠭ᠎ᠠ ᠶᠢ ᠲᠣᠠᠠᠳᠠᠭᠠᠵᠦ᠂ ᠪᠠᠰᠠ ᠠᠩᠬ᠎ᠠ ᠣᠳᠠᠭ᠎ᠠ ᠳᠡᠸᠡᠷ ᠤᠨ ᠣᠷᠣᠨ ᠰᠠᠭᠤᠴᠠ ︵ᠭᠠᠷ ᠳᠡᠮᠵᠢᠠᠠᠰᠠᠨ ᠭᠡᠷ ᠪᠠᠶᠢᠰᠢᠩ ᠪᠠᠭᠳᠠᠨ᠎ᠠ︶ ᠬᠤᠳᠠᠯᠳᠣᠨ ᠠᠪᠤᠬᠰᠠᠨ ᠪᠠᠶᠢᠪᠠᠯ ᠭᠠᠶᠢᠯᠢ ᠳᠡᠳᠡᠪᠦᠷᠢ ᠠᠴᠠ ᠪᠤᠰᠤᠳ ᠨᠢᠭᠡ ᠣᠳᠠᠭ᠎ᠠ ᠶᠢᠨ ᠴᠢᠨᠡᠷᠳᠡᠢ ᠨᠦᠬᠦᠪᠦᠷᠢ ᠦᠭᠬᠦ ᠳᠦᠷᠦ ᠶᠢᠨ ᠪᠤᠳᠣᠯᠭ᠎ᠠ ᠲᠣᠠᠠᠳᠠᠭᠠᠵᠦ ᠪᠤᠯᠥᠨ᠎ᠠ᠃      ︵ᠠᠷᠪᠠᠨ ᠲᠠᠪᠤ︶ ᠮᠠᠨ ᠤ ᠣᠷᠣᠨ ᠤ ᠲᠣᠮᠳᠡ ᠵᠢᠵᠢᠭ ᠬᠤᠳᠡ ᠪᠤᠯᠥᠨ ᠵᠢᠵᠢᠭ ᠬᠤᠳᠡ ᠪᠠᠯᠭᠠᠰᠣ ᠶᠢᠨ ᠬᠤᠳᠡ ᠶᠢᠨ ᠶᠠᠪᠤᠳᠡᠯ ᠤᠨ ᠰᠠᠭᠤᠷᠢ ᠪᠡᠯᠡᠳᠭᠡᠮᠵᠢ᠂ ᠵᠠᠮ ᠬᠠᠷᠢᠯᠴᠠᠭ᠎ᠠ ᠶᠢᠨ ᠪᠡᠯᠡᠳᠭᠡᠮᠵᠢ᠂ ᠣᠷᠴᠢᠨ ᠲᠤᠭᠤᠷᠢᠨ ᠤ ᠪᠡᠯᠡᠳᠭᠡᠮᠵᠢ ᠪᠤᠯᠥᠨ ᠰᠣᠷᠭᠠᠨ ᠬᠦᠮᠦᠵᠢᠯ᠂ ᠡᠮᠴᠢᠯᠡᠭᠡ᠂ ᠰᠣᠶᠣᠯ᠂ ᠪᠡᠶ᠎ᠠ ᠶᠢᠨ ᠳᠡᠮᠢᠷ ᠵᠡᠷᠭᠡ ᠣᠯᠡᠨ ᠨᠡᠶᠢᠳᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠶᠢ ᠳᠦᠷᠭᠡᠳᠭᠡᠵᠦ᠂ ᠲᠣᠮᠳᠡ ᠵᠢᠵᠢᠭ ᠬᠤᠳᠡ ᠪᠤᠯᠥᠨ ᠵᠢᠵᠢᠭ ᠬᠤᠳᠡ ᠪᠠᠯᠭᠠᠰᠣ ᠶᠢᠨ ᠣᠷᠣᠨ ᠰᠠᠭᠤᠴᠠ ᠶᠢᠨ ᠣᠷᠴᠢᠨ ᠲᠤᠭᠤᠷᠢᠨ ᠢ ᠣᠯᠡᠮ ᠨᠢᠭᠡ ᠠᠯᠬᠤᠮ ᠰᠠᠶᠢᠵᠢᠷᠡᠭᠤᠯᠥᠨ᠂ ᠬᠦᠮᠦᠨ ᠠᠮᠠ ᠣᠷᠣᠭᠤᠯᠬᠤ ᠴᠢᠳᠡᠪᠦᠷᠢ ᠶᠢ ᠴᠢᠩᠭᠠᠷᠡᠭᠤᠯᠵᠦ᠂ ᠮᠠᠯᠴᠢᠨ ᠳᠡᠷᠢᠶᠡᠴᠢᠨ ᠤ ᠦᠢᠷ᠎ᠠ ᠬᠠᠪᠢ ᠳᠠᠭᠠᠨ ᠬᠤᠳᠡ ᠣᠷᠣᠵᠦ ᠠᠵᠢᠯ ᠣᠯᠬᠤ᠂ ᠦᠷ᠎ᠠ ᠭᠡᠥᠭᠡᠳ ᠤᠨ ᠰᠣᠷᠭᠠᠭᠤᠯᠢ ᠳᠤ ᠣᠷᠣᠬᠤ᠂ ᠨᠠᠰᠣᠵᠢᠬᠤ ᠵᠡᠷᠭᠡ ᠶᠢᠨ ᠳᠦᠯᠥᠭᠡᠨ᠎ᠠ ᠭᠡᠷ ᠪᠠᠶᠢᠰᠢᠩ ᠬᠤᠳᠠᠯᠳᠣᠨ ᠠᠪᠴᠥ ᠣᠷᠣᠰᠢᠨ ᠰᠠᠭᠤᠬᠤ ᠳᠤ ᠬᠦᠴᠣᠨ ᠳᠡᠬᠦᠯᠳᠡᠷ ᠪᠠᠳᠣᠯᠠᠭ᠎ᠠ ᠬᠠᠩᠭᠠᠨ᠎ᠠ᠃      ︵ᠠᠷᠪᠠᠨ ᠵᠢᠷᠭᠤᠭ᠎ᠠ︶ ᠭᠡᠷ ᠪᠠᠶᠢᠰᠢᠩ ᠬᠤᠳᠠᠯᠳᠣᠨ ᠠᠪᠴᠥ ᠡᠷᠦᠭᠡ ᠠᠮᠠ ᠣᠷᠣᠭᠤᠯᠬᠤ ᠳᠦᠷᠦ ᠶᠢᠨ ᠪᠤᠳᠣᠯᠭ᠎ᠠ ᠶᠢ ᠪᠦᠬᠦ ᠳᠡᠯ᠎ᠠ ᠪᠠᠷ ᠨᠡᠶᠢᠳᠡᠪᠦᠷᠢᠵᠢᠭᠤᠯᠥᠨ᠎ᠠ᠃ ᠦᠪᠡᠷᠳᠡᠭᠡᠨ ᠵᠠᠰᠬᠠᠥ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠲᠣᠳᠣᠷ᠎ᠠ᠂ ᠮᠠᠯᠴᠢᠨ ᠳᠡᠷᠢᠶᠡᠴᠢᠨ ︵ᠪᠤᠰᠣᠳ ᠭᠡᠷ ᠪᠠᠶᠢᠰᠢᠩ ᠬᠤᠳᠠᠯᠳᠣᠨ ᠠᠪᠤᠠᠠᠰᠡᠳ ᠪᠠᠭᠳᠠᠨ᠎ᠠ︶ ᠳᠡᠸᠡᠷ ᠤᠨ ᠣᠷᠣᠨ ᠰᠠᠭᠤᠴᠠ ︵ᠭᠠᠷ ᠳᠡᠮᠵᠢᠠᠠᠰᠠᠨ ᠭᠡᠷ ᠪᠠᠶᠢᠰᠢᠩ ᠪᠠᠭᠳᠠᠨ᠎ᠠ︶ ᠬᠤᠳᠠᠯᠳᠣᠨ ᠠᠪᠠᠨ᠋ᠥ ᠳᠤ᠂ ᠲᠣᠰ ᠬᠦᠮᠦᠨ᠂ ᠬᠠᠨᠢ ᠨᠦᠬᠦᠷ ᠵᠢᠴᠢ ᠬᠤᠶᠡᠷ ᠳᠡᠯ᠎ᠠ ᠶᠢᠨ ᠠᠪᠤ ᠡᠵᠢ᠂ ᠨᠠᠰᠣᠨ ᠳᠤ ᠦᠯᠦ ᠬᠦᠷᠦᠭᠰᠡᠨ ᠦᠷ᠎ᠠ ᠭᠡᠥᠭᠡᠳ ᠨᠢ ᠪᠦᠷ ᠲᠣᠬᠠᠢ ᠶᠢᠨ ᠭᠠᠵᠡᠷ ᠤᠨ ᠡᠷᠦᠭᠡ ᠠᠮᠠ ᠶᠢᠨ ᠬᠠᠷᠢᠶ᠎ᠠ ᠶᠢᠨ ᠳᠦᠷᠦ ᠶᠢᠨ ᠪᠤᠳᠣᠯᠭ᠎ᠠ ᠶᠣᠰᠣᠭᠠᠷ ᠭᠡᠷ ᠪᠠᠶᠢᠰᠢᠩ ᠬᠤᠳᠠᠯᠳᠣᠨ ᠠᠪᠤᠠᠠᠰᠠᠨ ᠰᠠᠭᠤᠭ᠎ᠠ ᠬᠤᠳᠡ ᠪᠠᠯᠭᠠᠰᠣ ᠳᠠᠭᠠᠨ ᠡᠷᠦᠭᠡ ᠠᠮᠠ ᠪᠠᠨ ᠣᠷᠣᠭᠤᠯᠵᠦ ᠪᠤᠯᠥᠨ᠎ᠠ᠂ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠤᠠᠠᠰᠠᠳ ᠤᠨ ᠦᠷ᠎ᠠ ᠭᠡᠥᠭᠡᠳ ᠨᠢ ᠭᠡᠷ ᠪᠠᠶᠢᠰᠢᠩ ᠬᠤᠳᠠᠯᠳᠣᠨ ᠠᠪᠤᠠᠠᠰᠠᠨ ᠭᠠᠵᠡᠷ ᠤᠨ ᠦᠢᠷ᠎ᠠ ᠬᠠᠪᠢ ᠶᠢᠨ ᠭᠡᠥᠭᠡᠳ ᠤᠨ ᠴᠡᠴᠡᠷᠯᠢᠭ ᠪᠠ ᠰᠣᠷᠭᠠᠭᠤᠯᠢ ᠳᠤ ᠣᠷᠣᠵᠦ᠂ ᠡᠯ᠎ᠠ ᠳᠦᠷᠦᠯ ᠤᠨ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠤᠠᠠᠰᠡᠳ ᠨᠢ ᠬᠤᠳᠡ ᠪᠠᠯᠭᠠᠰᠣ ᠶᠢᠨ ᠡᠷᠦᠭᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠡᠳ ᠯᠤᠭ᠎ᠠ ᠠᠳᠡᠯᠢ ᠬᠤᠳᠡ ᠠᠳᠡᠯᠢ ᠵᠡᠷᠬᠡ ᠳᠡᠰ ᠤᠨ ᠳᠦᠷᠦ ᠶᠢᠨ ᠪᠤᠳᠣᠯᠭ᠎ᠠ ᠶᠢᠨ ᠣᠯᠭᠤᠮᠵᠢ ᠬᠦᠷᠳᠡᠬᠦ ᠶᠢ ᠪᠡᠶᠡᠯᠡᠬᠦᠯᠵᠦ᠂ ᠮᠠᠯᠴᠢᠨ ᠳᠡᠷᠢᠶᠡᠴᠢᠨ ᠵᠡᠷᠭᠡ ᠬᠤᠳᠡ ᠣᠷᠣᠠᠠᠰᠡᠳ ᠤᠨ ᠡᠯ᠎ᠠ ᠵᠦᠢᠯ ᠤᠨ ᠡᠷᠡᠭᠡᠯᠵᠡᠯ ᠪᠠ ᠵᠤᠪᠠᠨᠢᠯ ᠢ ᠠᠷᠢᠯᠭᠠᠵᠦ᠂ ᠭᠡᠷ ᠪᠠᠶᠢᠰᠢᠩ ᠬᠤᠳᠠᠯᠳᠣᠨ ᠠᠪᠠᠨ᠋ᠥ ᠬᠦᠰᠡᠯ ᠰᠠᠨᠠᠭ᠎ᠠ ᠶᠢ ᠨᠢ ᠪᠠᠶᠠᠯᠠᠬᠦᠯᠥᠨ᠎ᠠ᠃      ᠭᠤᠷᠪᠡ᠂ ᠳᠡᠸᠡᠷ ᠤᠨ ᠭᠡᠷ ᠪᠠᠶᠢᠰᠢᠩ ᠤᠨ ᠳᠦᠷᠢᠶᠡᠰᠦᠯᠡᠬᠦ ᠵᠠᠬ᠎ᠠ ᠳᠡᠯᠭᠡᠬᠦᠷ ᠢ ᠢᠳᠡᠪᠬᠢᠳᠡᠢ ᠪᠠᠷ ᠪᠤᠶᠢᠵᠢᠭᠤᠯᠥᠨ ᠨᠡᠭᠡᠭᠡᠨ ᠬᠦᠭᠵᠢᠬᠦᠯᠥᠨ᠎ᠠ      ︵ᠠᠷᠪᠠᠨ ᠲᠣᠯᠤᠭ᠎ᠠ︶ ᠣᠯᠡᠨ ᠨᠡᠶᠢᠳᠡ ᠶᠢᠨ ᠳᠦᠷᠢᠶᠡᠰᠦᠯᠡᠬᠦ ᠣᠷᠣᠨ ᠰᠠᠭᠤᠴᠠ ᠶᠢ ᠵᠤᠭᠤᠰᠵᠢᠭᠤᠯᠬᠤ ᠪᠠᠳᠣᠯᠠᠭ᠎ᠠ ᠶᠢᠨ ᠳᠦᠷᠢᠮ ᠢ ᠪᠦᠬᠦ ᠳᠡᠯ᠎ᠠ ᠪᠠᠷ ᠭᠡᠷᠡᠭᠵᠢᠬᠦᠯᠦᠨ᠎ᠠ᠃ 2016 ᠣᠨ ᠠᠴᠠ ᠡᠬᠢᠯᠡᠨ᠂ ᠡᠯ᠎ᠠ ᠭᠠᠵᠡᠷ ᠣᠷᠣᠨ ᠨᠢ ᠣᠯᠡᠨ ᠨᠡᠶᠢᠳᠡ ᠶᠢᠨ ᠳᠦᠷᠢᠶᠡᠰᠦᠯᠡᠬᠦ ᠣᠷᠣᠨ ᠰᠠᠭᠤᠴᠠ ᠶᠢ ᠳᠡᠬᠢᠵᠦ ᠰᠢᠨ᠎ᠠ ᠪᠠᠷ ᠠᠵᠢᠯ ᠡᠬᠢᠯᠡᠬᠦᠯᠥᠨ ᠪᠠᠶᠢᠭᠤᠯᠬᠤ ᠦᠭᠡᠢ᠂ ᠵᠠᠬ᠎ᠠ ᠳᠡᠯᠭᠡᠬᠦᠷ ᠤᠨ ᠳᠦᠷᠢᠶᠡᠰᠣᠨ ᠵᠤᠭᠤᠰ ᠤᠨ ᠦᠨ᠎ᠠ ᠬᠠᠩᠰᠢ ᠶᠢᠨ ᠵᠤᠬᠢᠨ᠋ᠡᠥ ᠬᠠᠷᠢᠴᠡᠯ ᠢ ᠨᠡᠶᠢᠳᠡᠮ ᠭᠡᠷᠡᠭᠵᠢᠬᠦᠯᠵᠦ᠂ ᠳᠦᠷᠦᠯ ᠬᠤᠪᠢᠶᠡᠨ ᠣᠷᠳᠣ ᠬᠤᠭᠤᠴᠠᠭ᠎ᠠ ᠪᠠᠷ ᠵᠤᠭᠤᠰᠵᠢᠭᠤᠯᠥᠨ ᠨᠦᠬᠦᠪᠦᠷᠢ ᠦᠭᠬᠦ ᠳᠦᠷᠦ ᠶᠢᠨ ᠪᠤᠳᠣᠯᠭ᠎ᠠ ᠶᠢ ᠭᠡᠷᠡᠭᠵᠢᠬᠦᠯᠥᠨ᠎ᠠ᠃      ︵ᠠᠷᠪᠠᠨ ᠨᠠᠢᠮᠠ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ ᠨᠢ ᠰᠢᠨ᠎ᠠ ᠪᠠᠷ ᠪᠠᠶᠢᠭᠤᠯᠥᠠᠠᠰᠠᠨ ᠳᠡᠸᠡᠷ ᠤᠨ ᠣᠷᠣᠨ ᠰᠠᠭᠤᠴᠠ ᠪᠠᠨ ︽ᠳᠦᠷᠢᠶᠡᠰᠦᠯᠡᠬᠦ ᠶᠢ ᠬᠤᠳᠠᠯᠳᠣᠬᠤ ᠪᠠᠷ ᠣᠷᠣᠭᠤᠯᠬᠤ︾ ᠠᠷᠭ᠎ᠠ ᠮᠠᠶ᠋ᠢᠭ ᠢᠶᠠᠷ ᠳᠡᠮᠵᠢᠭᠤᠯᠥᠨ ᠣᠷᠢᠳᠴᠢᠯᠡᠨ ᠵᠤᠭᠤᠰ ᠲᠣᠰᠢᠶ᠋ᠬᠠᠥ ᠦᠭᠡᠢ ᠪᠠᠷ ᠰᠢᠭᠤᠳ ᠪᠤᠷᠣᠯᠠᠭᠤᠯᠬᠤ ᠪᠤᠶᠤ ᠡᠳ᠋ ᠬᠦᠷᠦᠩᠭᠡ ᠶᠢᠨ ᠦᠨᠡᠳᠣ ᠳᠡᠮᠳᠡᠭᠵᠢᠬᠦᠯᠬᠦ ᠶᠢ ᠪᠡᠶᠡᠯᠡᠬᠦᠯᠵᠦ᠂ ᠮᠦᠡᠭᠬᠦᠨ ᠬᠦᠢᠯᠭᠡᠭᠡᠨ ᠤ ᠪᠠᠶᠢᠭᠤᠯᠥᠮᠵᠢ᠂ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠶᠢᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠴᠢᠬᠤᠯᠡ ᠪᠦᠬᠦᠢ ᠪᠡᠯᠡ ᠲᠣᠬᠢᠷᠡᠭᠤᠯᠬᠤ ᠪᠠ ᠭᠡᠷ ᠪᠠᠶᠢᠰᠢᠩ ᠳᠦᠷᠢᠶᠡᠰᠦᠯᠡᠬᠦ ᠣᠷᠳᠣ ᠬᠤᠭᠤᠴᠠᠭᠠᠨ ᠤ ᠵᠢᠭᠡᠯᠡᠯᠭᠡ ᠣᠯᠭᠤᠵᠦ ᠳᠡᠮᠵᠢᠯᠭᠡ ᠦᠵᠡᠭᠦᠯᠦᠨ᠎ᠡ᠃      ︵ᠠᠷᠪᠠ ᠶᠢᠰᠣ︶ ᠳᠡᠸᠡᠷ ᠤᠨ ᠣᠷᠣᠨ ᠰᠠᠭᠤᠴᠠ ᠶᠢᠨ ᠬᠠᠳᠠᠭᠠᠯᠠᠯᠳᠡ ᠳᠤ ᠲᠣᠮᠥ ᠡᠷᠦᠭᠡ ᠭᠡᠯᠪᠡᠷᠢ ᠶᠢᠨ ᠭᠡᠷ ᠪᠠᠶᠢᠰᠢᠩ ᠨᠡᠯᠢᠶᠡᠳ ᠠᠷᠪᠢᠨ ᠪᠠᠶᠢᠬᠤ ᠭᠠᠵᠡᠷ ᠣᠷᠣᠨ ᠨᠢ᠂ ᠲᠣᠮᠥ ᠡᠷᠦᠭᠡ ᠭᠡᠯᠪᠡᠷᠢ ᠶᠢᠨ ᠣᠷᠣᠨ ᠰᠠᠭᠤᠴᠠ ᠶᠢ ᠠᠵᠦ ᠠᠬᠤᠶᠢᠯᠠᠯ ᠠᠵᠢᠯ ᠦᠢᠯᠡᠰ ᠤᠨ ᠨᠢᠭᠡᠴᠠ ᠶᠢᠨ ᠠᠯᠪᠠᠨ ᠠᠴᠠ ᠳᠦᠷᠢᠶᠡᠰᠦᠯᠡᠬᠦ ᠳᠤ ᠲᠣᠬᠢᠷᠬᠠᠥ ᠪᠤᠯᠭᠠᠨ ᠳᠦᠬᠦᠷᠵᠢᠬᠦᠯᠵᠦ᠂ ᠣᠶᠣᠳᠠᠳ ᠤᠨ ᠠᠲᠠᠯ ᠦᠢᠯᠡᠰ ᠴᠣᠠᠠᠴᠠᠯᠬᠠᠥ ᠭᠡᠷᠡᠭᠴᠡᠭᠡ ᠱᠠᠭᠠᠷᠳᠡᠯᠭ᠎ᠠ ᠳᠤ ᠲᠣᠬᠢᠷᠬᠠᠥ ᠣᠯᠡᠨ ᠨᠡᠶᠢᠳᠡ ᠶᠢᠨ ᠳᠦᠷᠢᠶᠡᠰᠦᠯᠡᠬᠦ ᠭᠡᠷ ᠪᠠᠶᠢᠰᠢᠩ ᠪᠤᠯᠭᠠᠨ ᠦᠭᠡᠷᠡᠴᠢᠯᠡᠨ ᠵᠠᠰᠠᠵᠦ᠂ ᠵᠠᠰᠠᠭ ᠤᠨ ᠣᠷᠳᠣᠨ ᠤ ᠨᠦᠬᠦᠪᠦᠷᠢ ᠦᠭᠬᠦ ᠬᠦᠷᠢᠶ᠎ᠠ ᠭᠡᠪᠴᠢᠶ᠎ᠠ ᠳᠤ ᠵᠢᠠᠠᠰᠠᠭᠠᠨ ᠣᠷᠣᠭᠤᠯᠥᠨ᠎ᠠ᠃      ︵ᠬᠤᠷᠢ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ ᠨᠢ ᠬᠤᠳᠠᠯᠳᠣᠭᠠᠳᠣᠢ ᠳᠡᠸᠡᠷ ᠤᠨ ᠣᠷᠣᠨ ᠰᠠᠭᠤᠴᠠ ᠪᠠᠨ ᠰᠠᠭᠤᠭᠠᠯᠢ ᠠᠷᠡᠳ ᠲᠤ ᠳᠦᠷᠢᠶᠡᠰᠦᠯᠡᠨ ᠦᠭᠴᠥ ᠣᠷᠣᠨ ᠰᠠᠭᠤᠴᠠ ᠪᠠᠷ ᠭᠡᠷᠡᠭᠯᠡᠬᠦᠯᠥᠭᠰᠡᠨ ᠪᠠᠶᠢᠪᠠᠯ᠂ ᠭᠡᠷ ᠪᠠᠶᠢᠰᠢᠩ ᠳᠦᠷᠢᠶᠡᠰᠦᠯᠡᠬᠦ ᠭᠡᠷ᠎ᠡ ᠵᠡᠷᠭᠡ ᠬᠦᠴᠣᠨ ᠪᠦᠬᠦᠢ ᠭᠡᠷᠡᠴᠢ ᠮᠠᠲ᠋ᠤᠷᠢᠶᠡᠯ ᠢ ᠨᠢ ᠦᠨᠳᠣᠰᠣᠯᠡᠨ᠂ ᠲᠣᠬᠠᠢ ᠶᠢᠨ ᠭᠠᠵᠡᠷ ᠣᠷᠣᠨ ᠤ ᠵᠠᠰᠠᠭ ᠤᠨ ᠣᠷᠳᠣᠨ ᠠᠴᠠ ᠳᠦᠷᠢᠶᠡᠰᠦᠯᠡᠬᠦ ᠴᠠᠭ ᠬᠤᠭᠤᠴᠠᠭ᠎ᠠ ᠶᠢᠨ ᠣᠷᠳᠣ ᠣᠬᠤᠷ ᠢ ᠣᠶᠠᠯᠳᠣᠭᠤᠯᠥᠨ ᠬᠤᠳᠡ ᠶᠢᠨ ᠰᠠᠭᠤᠷᠢ ᠪᠡᠯᠡᠳᠭᠡᠮᠵᠢ ᠶᠢᠨ ᠢᠵᠢ ᠪᠦᠷᠢᠳᠦᠬᠦᠯᠬᠦ ᠵᠠᠷᠣᠳᠡᠯ ᠢ ᠪᠦᠬᠦᠳᠡ ᠪᠤᠶᠤ ᠭᠡᠰᠡᠭ ᠢ ᠨᠢ ᠬᠠᠰᠣᠨ ᠭᠡᠯᠳᠦᠷᠢᠬᠦᠯᠵᠦ ᠡᠭᠡᠬᠦᠯᠥᠨ ᠪᠤᠴᠠᠭᠠᠨ᠎ᠠ᠃      ︵ᠬᠤᠷᠢᠨ ᠨᠢᠭᠡ︶ ᠣᠯᠡᠨ ᠨᠡᠶᠢᠳᠡ ᠶᠢᠨ ᠳᠦᠷᠢᠶᠡᠰᠦᠯᠡᠬᠦ ᠣᠷᠣᠨ ᠰᠠᠭᠤᠴᠠ ᠳᠤ ᠭᠡᠷ ᠬᠦᠷᠦᠩᠭᠡ ᠶᠢᠨ ᠭᠠᠶᠢᠯᠢ ᠶᠢ ᠦᠯᠦ ᠳᠡᠳᠡᠪᠦᠷᠢᠯᠡᠨ᠎ᠠ︔ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ᠂ ᠣᠷᠣᠨ ᠰᠠᠭᠤᠴᠠ ᠳᠦᠷᠢᠶᠡᠰᠦᠯᠡᠨ ᠡᠵᠡᠩᠨᠡᠬᠦ ᠪᠠᠶᠢᠭᠤᠯᠥᠮᠵᠢ ᠶᠢᠨ ᠣᠯᠡᠨ ᠨᠡᠶᠢᠳᠡ ᠶᠢᠨ ᠳᠦᠷᠢᠶᠡᠰᠦᠯᠡᠬᠦ ᠭᠡᠷ ᠪᠠᠶᠢᠰᠢᠩ ᠡᠵᠡᠩᠨᠡᠭᠡᠳ ᠣᠯᠥᠠᠠᠰᠠᠨ ᠳᠦᠷᠢᠶᠡᠰᠦᠨ ᠵᠤᠭᠤᠰᠥᠨ ᠤ ᠣᠷᠣᠯᠭ᠎ᠠ ᠳᠤ ᠡᠵᠡᠩᠨᠡᠯᠳᠡ ᠶᠢᠨ ᠭᠠᠶᠢᠯᠢ ᠪᠠ ᠠᠵᠦ ᠠᠬᠤᠶᠢᠯᠠᠯ ᠤᠨ ᠠᠰᠢᠭ ᠣᠯᠵᠡᠪᠦᠷᠢ ᠶᠢᠨ ᠭᠠᠶᠢᠯᠢ ᠶᠢᠨ ᠣᠷᠣᠨ ᠨᠣᠳᠤᠭ ᠤᠨ ᠬᠤᠪᠢᠶᠡᠨ ᠬᠦᠷᠳᠡᠬᠦ ᠭᠡᠰᠡᠭ ᠢ ᠦᠯᠦ ᠳᠡᠳᠡᠪᠦᠷᠢᠯᠡᠨ᠎ᠠ︔ ᠣᠯᠡᠨ ᠨᠡᠶᠢᠳᠡ ᠶᠢᠨ ᠳᠦᠷᠢᠶᠡᠰᠦᠯᠡᠬᠦ ᠭᠡᠷ ᠪᠠᠶᠢᠰᠢᠩ ᠤᠨ ᠳᠦᠷᠢᠶᠡᠰᠦᠯᠡᠬᠦ ᠬᠤᠶᠡᠷ ᠡᠳᠡᠭᠡᠳ ᠠᠴᠠ ᠳᠦᠷᠢᠶᠡᠰᠦᠯᠡᠬᠦ ᠵᠦᠪᠯᠡᠯᠴᠡᠭᠡᠷ ᠲᠣᠠᠠᠳ᠋ᠬᠠᠥ ᠳᠤ ᠬᠤᠯᠪᠤᠠᠠᠳ᠋ᠬᠠᠥ ᠲᠡᠮᠳᠡᠭᠳᠣ ᠶᠢᠨ ᠭᠠᠶᠢᠯᠢ ᠶᠢᠨ ᠳᠦᠷᠦ ᠶᠢᠨ ᠪᠤᠳᠣᠯᠭ᠎ᠠ ᠶᠢ ᠭᠡᠷᠡᠭᠵᠢᠬᠦᠯᠬᠦ ᠴᠠᠭ ᠬᠤᠭᠤᠴᠠᠭ᠎ᠠ ᠶᠢ 2018 ᠣᠨ ᠤ 12 ᠳ᠋ᠣᠭᠠᠷ ᠰᠡᠷ᠎ᠠ ᠶᠢᠨ 31᠎ ᠤ ᠡᠳᠣᠷ ᠬᠦᠷᠳᠡᠯ᠎ᠠ ᠣᠷᠳᠣᠳᠬᠠᠨ᠎ᠠ᠃      ︵ᠬᠤᠷᠢᠨ ᠬᠤᠶᠡᠷ︶ ᠪᠠᠶᠢᠭᠠᠯᠢᠭ ᠬᠦᠮᠦᠨ ᠪᠠ ᠡᠯ᠎ᠠ ᠳᠦᠷᠦᠯ ᠤᠨ ᠪᠠᠶᠢᠭᠤᠯᠥᠮᠵᠢ ᠶᠢᠨ ᠪᠡᠯᠡ ᠣᠷᠣᠭᠤᠯᠥᠠᠠᠴᠢᠳ ᠤᠨ ᠬᠠᠳᠠᠭᠠᠯᠬᠠᠳᠠᠵᠦ ᠪᠠᠶᠢᠭ᠎ᠠ ᠳᠡᠸᠡᠷ ᠤᠨ ᠭᠡᠷ ᠪᠠᠶᠢᠰᠢᠩ ᠬᠤᠳᠠᠯᠳᠣᠨ ᠠᠪᠴᠥ᠂ ᠳᠦᠷᠢᠶᠡᠰᠦᠯᠡᠬᠦ ᠵᠠᠬ᠎ᠠ ᠳᠡᠯᠭᠡᠬᠦᠷ ᠤᠨ ᠭᠡᠷ ᠪᠠᠶᠢᠰᠢᠩ ᠬᠠᠩᠭᠠᠠᠠᠴᠢ ᠪᠤᠯᠬᠤ ᠶᠢ ᠵᠤᠷᠢᠠᠠᠵᠢᠭᠤᠯᠵᠦ᠂ ᠣᠷᠣᠨ ᠰᠠᠭᠤᠴᠠ ᠲᠦᠷᠢᠶᠡᠰᠦᠯᠡᠬᠦ ᠪᠠᠷ ᠭᠤᠤᠯ ᠡᠵᠡᠩᠨᠡᠬᠦ ᠲᠣᠬᠠᠶᠢᠯᠬᠠᠰᠠᠨ ᠠᠵᠢᠯ ᠪᠤᠯᠭᠠᠠᠠᠰᠠᠨ ᠲᠣᠰᠬᠠᠶᠢᠴᠢᠯᠬᠠᠰᠠᠨ ᠠᠵᠦ ᠠᠬᠤᠶᠢᠯᠠᠯ ᠪᠤᠯᠭᠠᠵᠦ ᠬᠦᠭᠵᠢᠬᠦᠯᠬᠦ ᠶᠢ ᠵᠤᠷᠢᠠᠠᠵᠢᠭᠤᠯᠥᠨ᠎ᠠ᠃ ᠨᠢᠭᠡ ᠣᠳᠠᠭ᠎ᠠ ᠶᠢᠨ ᠴᠢᠨᠡᠷᠳᠡᠢ ᠪᠠᠷ ᠬᠤᠳᠠᠯᠳᠤᠨ ᠠᠪᠤᠬᠰᠠᠨ ᠬᠠᠳᠠᠭᠠᠯᠬᠠᠳᠠᠵᠦ ᠪᠠᠶᠢᠭ᠎ᠠ ᠳᠡᠸᠡᠷ ᠤᠨ ᠭᠡᠷ ᠪᠠᠶᠢᠰᠢᠩ ᠨᠢ 1 ᠳᠦᠮᠡᠨ ᠳᠡᠭᠰᠢ ᠳᠦᠷᠪᠡᠯᠵᠢᠨ ᠮᠧᠲᠷ ᠪᠤᠶᠤ ᠨᠡᠶᠢᠳᠡ 1.5 ᠳᠦᠮᠡᠨ ᠳᠡᠭᠰᠢ ᠳᠦᠷᠪᠡᠯᠵᠢᠨ ᠮᠧᠲᠷ ᠲᠤ ᠬᠦᠷᠦᠭᠰᠡᠨ ᠲᠣᠰᠬᠠᠶᠢᠴᠢᠯᠬᠠᠰᠠᠨ ᠠᠵᠦ ᠠᠬᠤᠶᠢᠯᠠᠯ ᠪᠤᠶᠤ ᠬᠤᠪᠢ ᠬᠦᠮᠦᠨ ᠠᠴᠠ 5 ᠵᠢᠯ ᠡᠵᠡᠮᠰᠢᠵᠦ ᠪᠦᠬᠦᠢ ᠭᠡᠷ ᠪᠠᠶᠢᠰᠢᠩ ᠤᠨ ᠳᠦᠷᠢᠶᠡᠰᠦᠯᠡᠭᠰᠡᠨ ᠣᠷᠣᠯᠭ᠎ᠠ ᠳᠠᠬᠢ ᠡᠯ᠎ᠠ ᠵᠦᠢᠯ ᠤᠨ ᠣᠷᠣᠨ ᠨᠣᠳᠤᠭ ᠤᠨ ᠴᠢᠨᠡᠷᠳᠡᠢ ᠭᠠᠶᠢᠯᠢ ᠳᠡᠳᠡᠪᠦᠷᠢ ᠶᠢ ᠦᠯᠦ ᠳᠡᠳᠡᠪᠦᠷᠢᠯᠡᠨ᠎ᠠ᠃      ᠳᠦᠷᠪᠡ᠂ ᠣᠷᠣᠨ ᠰᠠᠭᠤᠴᠠ ᠶᠢᠨ ᠪᠤᠰᠣ ᠳᠡᠸᠡᠷ ᠤᠨ ᠭᠡᠷ ᠪᠠᠶᠢᠰᠢᠩ ᠤᠨ ᠬᠠᠳᠠᠭᠠᠯᠠᠯᠳᠡ ᠶᠢ ᠪᠠᠭᠠᠰᠬᠠᠬᠤ ᠠᠵᠢᠯ ᠢ ᠳᠡᠭᠡᠳᠣ ᠭᠡᠮᠵᠢᠶ᠎ᠠ ᠪᠠᠷ ᠴᠢᠬᠤᠯᠠᠴᠢᠯᠠᠨ᠎ᠠ      ︵ᠬᠤᠷᠢᠨ ᠭᠤᠷᠪᠡ︶ ᠡᠯ᠎ᠠ ᠭᠠᠵᠡᠷ ᠣᠷᠣᠨ ᠨᠢ ᠵᠠᠰᠠᠭ ᠤᠨ ᠣᠷᠳᠣᠨ ᠳᠦᠷᠢᠶᠡᠰᠦᠯᠡᠨ ᠭᠡᠷᠡᠭᠯᠡᠬᠦ᠂ ᠬᠦᠥ ᠮᠦᠡᠭᠬᠦ ᠶᠢ ᠨᠢ ᠣᠷᠣᠯᠡᠨ ᠦᠭᠬᠦ᠂ ᠨᠦᠬᠦᠪᠦᠷᠢ ᠦᠭᠬᠦ ᠵᠡᠷᠭᠡ ᠠᠷᠭ᠎ᠠ ᠮᠠᠶ᠋ᠢᠭ ᠢ ᠭᠡᠷᠡᠭᠯᠡᠨ᠂ ᠨᠦᠬᠦᠴᠡᠯ ᠳᠤ ᠨᠡᠶᠢᠴᠡᠬᠦ ᠳᠡᠸᠡᠷ ᠤᠨ ᠭᠡᠷ ᠪᠠᠶᠢᠰᠢᠩ ᠪᠤᠯᠥᠨ ᠰᠣᠯᠡ ᠪᠠᠶᠢᠬᠤ ᠦᠢᠯᠡᠳᠪᠦᠷᠢ ᠶᠢᠨ ᠭᠡᠷ ᠪᠠᠶᠢᠰᠢᠩ᠂ ᠰᠡᠩ ᠬᠦᠮᠦᠷᠭᠡ ᠵᠡᠷᠭᠡ ᠭᠡᠷ ᠪᠠᠶᠢᠰᠢᠩ ᠤᠨ ᠪᠡᠷᠢᠯᠭ᠎ᠠ ᠶᠢ ᠡᠯᠧᠺᠲᠷᠤᠨ ᠬᠤᠳᠠᠯᠳᠤᠭ᠎ᠠ ᠶᠢᠨ ᠭᠡᠷᠡᠭᠯᠡᠭᠡᠨ ᠤ ᠭᠡᠷ ᠪᠠᠶᠢᠰᠢᠩ᠂ ︽ᠠᠲᠠᠯ ᠦᠢᠯᠡᠰ ᠴᠣᠠᠠᠴᠠᠯᠬᠠᠴᠢ ᠶᠢᠨ ᠣᠷᠣᠨ ᠵᠠᠢ︾᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠦ ᠠᠬᠤᠶᠢᠯᠠᠯ ᠤᠨ ᠨᠡᠪᠴᠢᠬᠦᠯᠦᠬᠦᠷ᠂ ᠬᠤᠳᠠᠯᠳᠣᠭᠠᠨ ᠤ ᠶᠠᠪᠤᠳᠡᠯ ᠤᠨ ᠣᠷᠣᠨ ᠰᠠᠭᠤᠴᠠ ᠶᠢᠨ ᠨᠡᠶᠢᠯᠡᠮᠡᠯ ᠮᠠᠶ᠋ᠢᠭ ᠤᠨ ᠭᠠᠵᠠᠷ ᠬᠦᠷᠦᠩᠭᠡ᠂ ᠳᠡᠭᠡᠳᠣ ᠳᠡᠰ ᠳᠡᠪᠬᠤᠷᠭ᠎ᠠ ᠶᠢᠨ ᠴᠢᠳᠡᠪᠦᠷᠢᠳᠡᠨ ᠤ ᠨᠡᠶᠢᠳᠡ ᠶᠢᠨ ᠪᠠᠶᠢᠷᠢ ᠪᠤᠯᠭᠠᠨ ᠦᠭᠡᠷᠡᠴᠢᠯᠡᠨ ᠵᠠᠰᠠᠵᠦ᠂ ᠰᠢᠨ᠎ᠠ ᠪᠠᠷ ᠪᠤᠢ ᠪᠤᠯᠥᠠᠠᠰᠠᠨ ᠠᠵᠦ ᠦᠢᠯᠡᠰ ᠤᠨ ᠬᠦᠭᠵᠢᠯᠳᠡ ᠶᠢ ᠠᠬᠢᠭᠤᠯᠬᠤ ᠪᠠᠷ ᠳᠡᠮᠵᠢᠭᠤᠯᠥᠨ᠂ ᠣᠷᠣᠨ ᠰᠠᠭᠤᠴᠠ ᠶᠢᠨ ᠪᠤᠰᠣ ᠳᠡᠸᠡᠷ ᠤᠨ ᠭᠡᠷ ᠪᠠᠶᠢᠰᠢᠩ ᠤᠨ ᠬᠠᠳᠠᠭᠠᠯᠠᠯᠳᠡ ᠶᠢ ᠠᠷᠢᠯᠭᠠᠬᠤ ᠶᠢ ᠪᠠᠶᠠᠯᠠᠬᠦᠯᠥᠨ᠎ᠠ᠃      ︵ᠬᠤᠷᠢᠨ ᠳᠦᠷᠪᠡ︶ ᠦᠭᠡᠷᠡᠴᠢᠯᠡᠨ ᠵᠠᠰᠬᠠᠥ ᠨᠦᠬᠦᠴᠡᠯ ᠳᠤ ᠨᠡᠶᠢᠴᠡᠬᠦ ᠬᠤᠳᠠᠯᠳᠤᠭᠠᠨ ᠤ ᠡᠵᠡᠩᠨᠡᠯᠳᠡ ᠳᠤ ᠭᠡᠷᠡᠭᠯᠡᠬᠦ ᠭᠡᠷ ᠪᠠᠶᠢᠰᠢᠩ ᠪᠤᠯᠥᠨ ᠠᠵᠢᠯᠯᠠᠬᠤ ᠠᠰᠠᠷ ᠢ ᠪᠡᠯᠡ ᠣᠷᠣᠭᠤᠯᠥᠠᠠᠴᠢᠳ᠂ ᠵᠠᠰᠠᠭ ᠤᠨ ᠣᠷᠳᠣᠨ ᠪᠤᠶᠤ ᠪᠤᠰᠣᠳ ᠪᠡᠯᠡ ᠣᠷᠣᠭᠤᠯᠥᠠᠠᠴᠢᠳ ᠠᠴᠠ ᠬᠤᠳᠠᠯᠳᠣᠨ ᠠᠪᠠᠨ᠋ᠥ ᠪᠤᠶᠤ ᠣᠷᠳᠣ ᠬᠤᠭᠤᠴᠠᠭ᠎ᠠ ᠪᠠᠷ ᠳᠦᠷᠢᠶᠡᠰᠦᠯᠡᠨ ᠭᠡᠷᠡᠭᠯᠡᠵᠦ᠂ ᠰᠣᠷᠭᠠᠨ ᠬᠦᠮᠦᠵᠢᠯ ᠤᠨ ᠪᠤᠯᠪᠠᠰᠣᠷᠡᠭᠤᠯᠥᠯ᠂ ᠭᠡᠥᠭᠡᠳ ᠤᠨ ᠴᠡᠴᠡᠷᠯᠢᠭ ᠵᠡᠷᠭᠡ ᠳᠤ ᠭᠡᠷᠡᠭᠯᠡᠬᠦ ᠭᠡᠷ ᠪᠠᠶᠢᠰᠢᠩ ᠪᠤᠯᠭᠠᠨ ᠦᠭᠡᠷᠡᠴᠢᠯᠡᠨ ᠵᠠᠰᠠᠵᠦ ᠪᠤᠯᠬᠤ ᠪᠦᠭᠡᠳ ᠪᠠᠰᠠ ᠪᠠᠭᠤᠳᠡᠯ ᠮᠠᠶ᠋ᠢᠭ ᠤᠨ ᠨᠡᠶᠢᠳᠡ ᠶᠢᠨ ᠪᠠᠶᠢᠷᠢ ᠵᠢᠴᠢ ᠨᠡᠶᠢᠭᠡᠮᠴᠢᠯᠡᠭᠰᠡᠨ ᠨᠠᠰᠣᠳᠡᠶᠢᠴᠣᠳ ᠢ ᠠᠰᠠᠷᠬᠠᠥ᠂ ᠰᠣᠶᠣᠯ᠂ ᠵᠢᠭᠤᠯᠴᠢᠯᠠᠯ᠂ ᠪᠡᠶ᠎ᠠ ᠶᠢᠨ ᠳᠡᠮᠢᠷ ᠤᠨ ᠠᠵᠦ ᠦᠢᠯᠡᠰ ᠵᠡᠷᠭᠡ ᠪᠤᠰᠣᠳ ᠨᠦᠬᠦᠴᠡᠯ ᠳᠤ ᠨᠡᠶᠢᠴᠡᠬᠦ ᠡᠵᠡᠩᠨᠡᠯᠳᠡ ᠶᠢᠨ ᠴᠢᠨᠡᠷᠳᠡᠢ᠂ ᠨᠡᠶᠢᠳᠡ ᠶᠢᠨ ᠠᠰᠠᠷᠡᠮᠵᠢ ᠶᠢᠨ ᠳᠦᠷᠦᠯ ᠳᠤ ᠭᠡᠷᠡᠭᠯᠡᠬᠦ ᠭᠡᠷ ᠪᠠᠶᠢᠰᠢᠩ ᠪᠤᠯᠭᠠᠨ ᠦᠭᠡᠷᠡᠴᠢᠯᠡᠨ ᠵᠠᠰᠠᠵᠦ ᠪᠤᠯᠥᠨ᠎ᠠ᠃      ︵ᠬᠤᠷᠢᠨ ᠲᠠᠪᠤ︶ ᠭᠡᠷ ᠪᠠᠶᠢᠰᠢᠩ ᠤᠨ ᠭᠡᠷᠡᠭᠴᠡᠭᠡ ᠶᠢ ᠬᠤᠪᠢᠷᠡᠭᠤᠯᠬᠤ ᠪᠠᠷ ᠭᠤᠶᠤᠴᠢᠯᠬᠠᠰᠠᠨ ᠪᠠᠶᠢᠪᠠᠯ᠂ ᠪᠠᠭᠳᠠᠭᠠᠮᠵᠢ ᠶᠢᠨ ᠭᠡᠮᠵᠢᠶ᠎ᠠ ᠶᠢ ᠨᠡᠮᠡᠭᠳᠡᠬᠦᠯᠬᠦ ᠦᠭᠡᠢ᠂ ᠬᠤᠳᠡ ᠶᠢᠨ ᠵᠢᠷᠤᠭ ᠳᠦᠯᠥᠪᠯᠡᠭᠡ ᠶᠢ ᠬᠤᠪᠢᠷᠡᠭᠤᠯᠬᠤ ᠦᠭᠡᠢ ᠂ ᠵᠦᠯᠭᠡ ᠭᠠᠵᠡᠷ ᠢ ᠨᠦᠯᠥᠭᠡᠯᠡᠬᠦ ᠦᠭᠡᠢ ᠣᠷᠢᠳᠡᠯ ᠲᠣᠣᠷ᠎ᠠ᠂ ᠡᠯ᠎ᠠ ᠭᠠᠵᠡᠷ ᠣᠷᠣᠨ ᠨᠢ ᠪᠤᠳᠠᠳᠣ ᠪᠠᠶᠢᠳᠡᠯ ᠪᠠ ᠠᠵᠦ ᠠᠬᠤᠶᠢᠯᠠᠯ ᠤᠨ ᠭᠤᠶᠤᠴᠢᠯᠠᠯ ᠢ ᠦᠨᠳᠣᠰᠣᠯᠡᠨ᠂ ᠭᠠᠵᠡᠷ ᠰᠢᠷᠦᠢ ᠭᠡᠷᠡᠭᠯᠡᠬᠦ ᠰᠢᠨᠵᠢ ᠴᠢᠨᠡᠷ᠂ ᠵᠢᠯ ᠬᠤᠭᠤᠴᠠᠭ᠎ᠠ ᠵᠡᠷᠭᠡ ᠬᠠᠮᠢᠶ᠎ᠠ ᠪᠦᠬᠦᠢ ᠳᠦᠷᠦ ᠶᠢᠨ ᠪᠤᠳᠣᠯᠭ᠎ᠠ ᠳᠤ ᠲᠣᠬᠢᠷᠡᠭᠤᠯᠥᠯᠳᠡ ᠬᠢᠵᠦ ᠪᠤᠯᠥᠨ᠎ᠠ᠃      ᠲᠠᠪᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠭᠠᠵᠡᠷ ᠰᠢᠷᠦᠢ ᠭᠡᠷᠡᠭᠯᠡᠬᠦ ᠶᠢᠨ ᠪᠦᠳᠦᠴᠠ ᠶᠢᠨ ᠲᠣᠬᠢᠷᠡᠭᠤᠯᠥᠯᠳᠡ ᠶᠢ ᠳᠦᠷᠭᠡᠳᠭᠡᠨ ᠠᠬᠢᠭᠤᠯᠥᠨ᠎ᠠ      ︵ᠬᠤᠷᠢᠨ ᠵᠢᠷᠭᠤᠭ᠎ᠠ︶ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠯᠳᠡ ᠶᠢ ᠪᠠᠭᠠᠰᠬᠠᠬᠤ ᠶᠢ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠵᠦ ᠪᠦᠳᠦᠭᠡᠨ ᠪᠠᠶᠢᠭᠤᠯᠬᠤ ᠳᠤ ᠭᠡᠷᠡᠭᠯᠡᠬᠦ ᠭᠠᠵᠡᠷ ᠰᠢᠷᠦᠢ ᠯᠤᠭ᠎ᠠ ᠬᠤᠯᠪᠤᠬᠤ ᠳᠦᠷᠢᠮ ᠢ ᠭᠡᠷᠡᠭᠵᠢᠬᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠯᠳᠡ ᠶᠢ ᠪᠠᠭᠠᠰᠬᠠᠬᠤ ᠠᠵᠢᠯ ᠢ ᠪᠠᠶᠠᠯᠠᠬᠦᠯᠥᠭᠰᠡᠨ ᠦᠭᠡᠢ ᠭᠠᠵᠡᠷ ᠣᠷᠣᠨ ᠨᠢ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠵᠦ ᠪᠦᠳᠦᠭᠡᠨ ᠪᠠᠶᠢᠭᠤᠯᠬᠤ ᠳᠤ ᠭᠡᠷᠡᠭᠯᠡᠬᠦ ᠭᠠᠵᠡᠷ ᠰᠢᠷᠦᠢ ᠶᠢᠨ ᠬᠠᠩᠭᠠᠯᠭ᠎ᠠ ᠶᠢ ᠴᠢᠩᠭ᠎ᠠ ᠡᠵᠡᠮᠳᠡᠨ᠎ᠠ᠃ ᠪᠤᠳᠡᠳᠡᠢ ᠠᠷᠭ᠎ᠠ ᠶᠢ ᠦᠪᠡᠷᠳᠡᠭᠡᠨ ᠵᠠᠰᠬᠠᠥ ᠣᠷᠣᠨ ᠤ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠲᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠲᠢᠩᠬᠢᠮ ᠠᠴᠠ ᠲᠣᠠᠠᠳᠠᠭᠠᠨ᠎ᠠ᠃      ︵ᠬᠤᠷᠢᠨ ᠲᠤᠯᠤᠭ᠎ᠠ︶ ᠡᠯ᠎ᠠ ᠭᠠᠵᠡᠷ ᠣᠷᠣᠨ ᠨᠢ ᠲᠣᠰ ᠭᠠᠵᠡᠷ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠬᠦᠷ ᠤᠨ ᠪᠠᠶᠢᠳᠡᠯ ᠢᠶᠠᠨ ᠦᠨᠳᠣᠰᠣᠯᠡᠨ᠂ ᠨᠡᠭᠡᠭᠡᠨ ᠬᠦᠭᠵᠢᠬᠦᠯᠥᠭᠡᠳᠦᠢ ᠭᠡᠷ ᠪᠠᠶᠢᠰᠢᠩ ᠭᠠᠵᠠᠷ ᠬᠦᠷᠦᠩᠭᠡ ᠳᠤ ᠬᠡᠷᠡᠭᠯᠡᠬᠦ ᠭᠠᠵᠡᠷ ᠰᠢᠷᠦᠢ ᠶᠢᠨ ᠭᠡᠷᠡᠭᠴᠡᠭᠡ ᠶᠢ ᠰᠢᠯᠵᠢᠬᠦᠯᠥᠨ ᠬᠤᠪᠢᠷᠡᠭᠤᠯᠬᠤ ᠳᠦᠰᠦᠯ ᠢ ᠰᠣᠳᠣᠯᠥᠨ ᠲᠣᠠᠠᠳᠠᠭᠠᠵᠦ᠂ ᠭᠠᠵᠡᠷ ᠰᠢᠷᠦᠢ ᠶᠢᠨ ᠭᠡᠷᠡᠭᠯᠡᠯᠳᠡ᠂ ᠳᠦᠯᠥᠪᠵᠢᠬᠦᠯᠭᠡ ᠶᠢᠨ ᠠᠭᠤᠯᠭ᠎ᠠ ᠶᠢ ᠲᠣᠬᠢᠷᠡᠭᠤᠯᠬᠤ ᠪᠠᠷ ᠲᠠᠮᠵᠢᠭᠤᠯᠵᠦ᠂ ᠨᠡᠭᠡᠭᠡᠨ ᠬᠦᠭᠵᠢᠬᠦᠯᠥᠭᠡᠳᠦᠢ ᠭᠡᠷ ᠪᠠᠶᠢᠰᠢᠩ ᠭᠠᠵᠠᠷ ᠬᠦᠷᠦᠩᠭᠡ ᠶᠢᠨ ᠭᠡᠷᠡᠭᠯᠡᠬᠦ ᠭᠠᠵᠡᠷ ᠰᠢᠷᠦᠢ ᠶᠢᠨ ᠭᠡᠯᠪᠡᠷᠢ ᠶᠢ ᠨᠢ ᠬᠤᠪᠢᠷᠡᠭᠤᠯᠥᠨ ᠠᠰᠢᠠᠠᠯᠬᠠᠥ ᠶᠢ ᠬᠦᠳᠦᠯᠥᠨ ᠵᠢᠯᠥᠭᠤᠳᠴᠥ ᠪᠠᠶᠢᠭᠠᠳ ᠣᠯᠥᠰ ᠪᠠ ᠦᠪᠡᠷᠳᠡᠭᠡᠨ ᠵᠠᠰᠬᠠᠥ ᠣᠷᠣᠨ ᠤ ᠳᠡᠮᠵᠢᠵᠦ ᠪᠠᠶᠢᠭ᠎ᠠ ᠰᠢᠨ᠎ᠠ ᠪᠠᠷ ᠪᠤᠢ ᠪᠤᠯᠥᠠᠠᠰᠠᠨ ᠠᠵᠦ ᠦᠢᠯᠡᠰ ᠣᠨᠴᠣᠭᠤᠶᠢᠯᠡᠨ ᠨᠡᠰᠣᠳᠡᠶᠢᠴᠣᠳ ᠢ ᠠᠰᠠᠷᠬᠠᠥ᠂ ᠰᠣᠶᠣᠯ᠂ ᠵᠢᠭᠤᠯᠴᠢᠯᠠᠯ᠂ ᠰᠢᠨᠵᠢᠯᠡᠬᠦ ᠣᠬᠠᠭᠠᠨ ᠮᠡᠷᠭᠡᠵᠢᠯ᠂ ᠪᠡᠶ᠎ᠠ ᠶᠢᠨ ᠳᠡᠮᠢᠷ ᠵᠡᠷᠭᠡ ᠠᠵᠦ ᠦᠢᠯᠡᠰ ᠤᠨ ᠨᠡᠭᠡᠭᠡᠨ ᠬᠦᠭᠵᠢᠬᠦᠯᠵᠦ ᠪᠦᠳᠦᠭᠡᠨ ᠪᠠᠶᠢᠭᠤᠯᠬᠤ ᠳᠤ ᠭᠡᠷᠡᠭᠯᠡᠨ᠎ᠠ᠃      ︵ᠬᠤᠷᠢᠨ ᠨᠠᠢᠮᠠ︶ ᠰᠢᠨ᠎ᠠ ᠭᠡᠷᠡᠭᠴᠡᠭᠡ ᠲᠠᠢ ᠪᠤᠶᠤ ᠰᠢᠨ᠎ᠠ ᠪᠠᠷ ᠳᠦᠯᠥᠪᠵᠢᠬᠦᠯᠥᠭᠰᠡᠨ ᠨᠡᠭᠡᠭᠡᠨ ᠬᠦᠭᠵᠢᠬᠦᠯᠵᠦ ᠪᠦᠳᠦᠭᠡᠨ ᠪᠠᠶᠢᠭᠤᠯᠬᠤ ᠳᠦᠷᠦᠯ ᠵᠦᠢᠯ ᠳᠤ᠂ ᠣᠯᠥᠰ ᠤᠨ ᠭᠠᠵᠡᠷ ᠰᠢᠷᠤᠢ ᠡᠬᠢ ᠪᠠᠶᠠᠯᠢᠭ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ᠂ ᠬᠤᠳᠡ ᠬᠦᠳᠡᠭᠡ ᠶᠢᠨ ᠳᠦᠯᠥᠪᠵᠢᠬᠦᠯᠭᠡ ᠶᠢᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠭᠠᠵᠡᠷ ᠰᠢᠷᠦᠢ ᠭᠡᠷᠡᠭᠯᠡᠬᠦ ᠭᠠᠷᠳᠡᠮ ᠢ ᠴᠠᠭ ᠲᠣᠬᠠᠢ ᠳᠤᠨᠢ ᠰᠢᠨ᠎ᠠ ᠪᠠᠷ ᠬᠦᠢᠴᠡᠳᠭᠡᠬᠦ ᠶᠢᠨ ᠬᠠᠮᠳᠣ ᠵᠤᠬᠢᠨ᠋ᠡᠥ ᠭᠠᠵᠡᠷ ᠰᠢᠷᠦᠢ ᠶᠢᠨ ᠦᠨ᠎ᠠ ᠬᠠᠩᠰᠢ ᠶᠢᠨ ᠵᠤᠭᠤᠰ ᠢ ᠳᠡᠬᠢᠵᠦ ᠰᠢᠨ᠎ᠠ ᠪᠠᠷ ᠬᠠᠷᠭᠤᠭᠤᠯᠤᠨ ᠲᠣᠠᠠᠳᠠᠭᠠᠨ᠎ᠠ᠃     ︵ᠬᠤᠷᠢ ᠶᠢᠰᠦ︶ ᠳᠡᠸᠡᠷ ᠤᠨ ᠭᠡᠷ ᠪᠠᠶᠢᠰᠢᠩ ᠤᠨ ᠬᠠᠳᠠᠭᠠᠯᠠᠯᠳᠡ ᠶᠢᠨ ᠭᠡᠮᠵᠢᠶ᠎ᠠ ᠨᠡᠯᠢᠶᠡᠳ ᠶᠡᠭᠡ ᠠᠴᠠ ᠪᠤᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠭᠡᠪᠴᠢᠶ᠎ᠠ ᠶᠢ ᠡᠵᠡᠮᠳᠡᠬᠦ ᠴᠢᠬᠤᠯᠡᠳᠡᠢ ᠭᠠᠵᠡᠷ ᠣᠷᠣᠨ ᠨᠢ᠂ ᠭᠠᠵᠡᠷ ᠰᠢᠷᠦᠢ ᠨᠢᠭᠡᠨᠳᠡ ᠪᠤᠳᠡᠳᠡᠢ ᠬᠠᠩᠭᠠᠠᠠᠰᠠᠨ ᠪᠤᠯᠪᠠᠴᠥ ᠨᠡᠭᠡᠭᠡᠨ ᠬᠦᠭᠵᠢᠬᠦᠯᠵᠦ ᠪᠦᠳᠦᠭᠡᠨ ᠪᠠᠶᠢᠭᠤᠯᠥᠭᠠᠳᠦᠢ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠪᠠᠷ ᠭᠡᠷᠡᠭᠯᠡᠬᠦ ᠭᠠᠵᠡᠷ ᠰᠢᠷᠦᠢ ᠳᠤ᠂ ᠵᠠᠰᠠᠭ ᠤᠨ ᠣᠷᠳᠣᠨ ᠠᠴᠠ ᠡᠭᠡᠬᠦᠯᠥᠨ ᠬᠤᠳᠠᠯᠳᠣᠨ ᠠᠪᠴᠥ ᠭᠠᠵᠡᠷ ᠰᠢᠷᠦᠢ ᠨᠦᠭᠡᠴᠡᠯᠡᠬᠦ ᠳᠤ ᠭᠡᠷᠡᠭᠯᠡᠵᠦ ᠪᠤᠯᠥᠨ᠎ᠠ᠂ ᠪᠤᠳᠡᠳᠡᠢ ᠡᠭᠡᠬᠦᠯᠥᠨ ᠬᠤᠳᠠᠯᠳᠣᠨ ᠠᠪᠠᠨ᠋ᠥ ᠵᠡᠷᠭᠡ ᠳᠦᠷᠦ ᠶᠢᠨ ᠪᠤᠳᠣᠯᠭ᠎ᠠ ᠶᠢ ᠲᠣᠬᠠᠢ ᠶᠢᠨ ᠭᠠᠵᠡᠷ ᠣᠷᠣᠨ ᠤ ᠵᠠᠰᠠᠭ ᠤᠨ ᠣᠷᠳᠣᠨ ᠨᠤᠭᠤᠳ ᠪᠤᠳᠠᠳᠣ ᠪᠠᠶᠢᠳᠡᠯ ᠢᠶᠠᠨ ᠦᠨᠳᠣᠰᠣᠯᠡᠨ ᠲᠣᠠᠠᠳᠠᠭᠠᠨ᠎ᠠ᠃      ᠵᠢᠷᠭᠤᠭ᠎ᠠ᠂ ᠭᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠳᠦᠷᠦᠯ ᠤᠨ ᠭᠡᠯᠪᠡᠷᠢ ᠪᠠᠨ ᠲᠦᠷᠬᠡᠳᠬᠡᠨ ᠬᠤᠪᠢᠷᠡᠭᠤᠯᠵᠤ ᠬᠦᠭᠵᠢᠬᠦ ᠶᠢ ᠵᠤᠷᠢᠠᠠᠵᠢᠭᠤᠯᠥᠨ ᠳᠡᠮᠵᠢᠨ᠎ᠠ      ︵ᠭᠤᠴᠢ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ ᠤᠨ ᠵᠠᠬ᠎ᠠ ᠳᠡᠯᠭᠡᠬᠦᠷ ᠤᠨ ᠵᠢᠮ᠎ᠠ ᠶᠣᠰᠣ ᠳᠤ ᠵᠤᠬᠢᠴᠠᠭᠤᠯᠥᠨ ᠡᠵᠡᠩᠨᠡᠨ ᠪᠤᠷᠣᠯᠠᠭᠤᠯᠬᠤ ᠠᠷᠭ᠎ᠠ ᠪᠤᠳᠣᠯᠭ᠎ᠠ ᠪᠠᠨ ᠲᠣᠬᠢᠷᠡᠭᠤᠯᠬᠤ ᠶᠢ ᠵᠤᠷᠢᠠᠠᠵᠢᠭᠤᠯᠵᠦ᠂ ᠵᠠᠰᠠᠵᠦ ᠴᠢᠮᠡᠭᠯᠡᠬᠦ ᠵᠦᠢᠯᠡᠰ ᠳᠡᠭᠠᠯᠳᠣᠭᠤᠯᠥᠨ ᠬᠦᠷᠭᠡᠬᠦ᠂ ᠠᠲᠠᠯ ᠠᠬᠤᠢ ᠶᠢᠨ ᠦᠢᠯᠡᠴᠢᠯᠡᠭᠡᠨ ᠢ ᠰᠠᠶᠢᠵᠢᠷᠡᠭᠤᠯᠬᠤ ᠵᠡᠷᠭᠡ ᠠᠷᠭ᠎ᠠ ᠵᠠᠮ ᠢᠶᠠᠷ ᠳᠡᠸᠡᠷ ᠤᠨ ᠣᠷᠣᠨ ᠰᠠᠭᠤᠴᠠ ᠶᠢᠨ ᠴᠢᠨᠡᠷ ᠴᠢᠨᠰᠠᠭ᠎ᠠ ᠶᠢ ᠳᠡᠭᠡᠭᠰᠢᠯᠡᠬᠦᠯᠵᠦ᠂ ᠬᠠᠳᠠᠭᠠᠯᠠᠯᠳᠡ ᠶᠢᠨ ᠭᠡᠮᠵᠢᠶ᠎ᠠ ᠶᠢ ᠠᠷᠢᠯᠭᠠᠬᠤ ᠬᠤᠷᠳᠣᠴᠠ ᠶᠢ ᠳᠦᠷᠭᠡᠳᠭᠡᠵᠦ᠂ ᠴᠢᠨᠡᠷ ᠢ ᠳᠡᠭᠡᠭᠰᠢᠯᠡᠬᠦᠯᠥᠨ ᠭᠡᠮᠵᠢᠶ᠎ᠠ ᠶᠢ ᠨᠡᠮᠡᠭᠳᠡᠬᠦᠯᠬᠦ ᠶᠢ ᠪᠡᠶᠡᠯᠡᠬᠦᠯᠥᠨ᠎ᠠ᠃      ︵ᠭᠤᠴᠢᠨ ᠨᠢᠭᠡ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ ᠤᠨ ᠠᠰᠢᠭ ᠣᠯᠵᠡᠪᠦᠷᠢ ᠶᠢᠨ ᠭᠠᠶᠢᠯᠢ ᠳᠠᠬᠢ ᠣᠷᠢᠳᠴᠢᠯᠡᠨ ᠪᠤᠷᠣᠯᠠᠭᠤᠯᠥᠠᠠᠰᠠᠨ ᠣᠷᠣᠯᠭ᠎ᠠ ᠶᠢᠨ ᠭᠠᠶᠢᠯᠢ ᠪᠤᠳᠣᠬᠤ ᠪᠦᠬᠦ ᠠᠰᠢᠬ ᠤᠨ ᠨᠣᠷᠮ᠎ᠠ ᠶᠢᠨ ᠬᠠᠷᠢᠴᠡᠯ ᠢ ᠣᠳᠣ ᠶᠢᠨ ᠭᠡᠷᠡᠭᠵᠢᠬᠦᠯᠵᠦ ᠪᠠᠶᠢᠭ᠎ᠠ ᠪᠡᠷᠢᠮᠵᠢᠶ᠎ᠠ ᠠᠴᠠ 1/3᠎ ᠪᠠᠷ ᠪᠠᠭᠤᠷᠡᠭᠤᠯᠥᠨ ᠭᠡᠷᠡᠭᠵᠢᠬᠦᠯᠥᠨ᠎ᠠ︔ ᠡᠩ ᠤᠨ ᠣᠷᠣᠨ ᠰᠠᠭᠤᠴᠠ᠂ ᠡᠩ ᠤᠨ ᠪᠤᠰᠣ ᠣᠷᠣᠨ ᠰᠠᠭᠤᠴᠠ᠂ ᠬᠤᠳᠠᠯᠳᠤᠭ᠎ᠠ᠂ ᠳᠡᠷᠭᠡᠨ ᠤ ᠬᠦᠮᠦᠷᠭᠡ ᠶᠢᠨ ᠭᠠᠵᠡᠷ ᠰᠢᠷᠦᠢ ᠶᠢᠨ ᠨᠡᠮᠡᠭᠳᠡᠯ ᠦᠷᠳᠡᠭ ᠤᠨ ᠭᠠᠶᠢᠯᠢ ᠶᠢᠨ ᠣᠷᠢᠳᠴᠢᠯᠡᠨ ᠳᠡᠳᠡᠪᠦᠷᠢᠯᠬᠠᠥ ᠨᠣᠷᠮ᠎ᠠ ᠶᠢ ᠣᠳᠣ ᠶᠢᠨ ᠭᠡᠷᠡᠭᠵᠢᠬᠦᠯᠵᠦ ᠪᠠᠶᠢᠭ᠎ᠠ ᠪᠡᠷᠢᠮᠵᠢᠶ᠎ᠠ ᠠᠴᠠ ᠲᠣᠰ ᠲᠣᠰ 50% ︵ᠲᠣᠬᠢᠷᠡᠭᠤᠯᠥᠠᠠᠰᠠᠨ ᠤ ᠳᠡᠷᠡᠭᠠᠬᠢ ᠣᠷᠢᠳᠴᠢᠯᠡᠨ ᠳᠡᠳᠡᠪᠦᠷᠢᠯᠬᠠᠥ ᠨᠣᠷᠮ᠎ᠠ ᠶᠢ 1%᠎ ᠠᠴᠠ ᠲᠣᠷᠣᠠᠠᠰᠢ 1%᠎ ᠪᠠᠷ ᠭᠡᠷᠡᠭᠵᠢᠬᠦᠯᠥᠨ᠎ᠠ︶᠎ ᠪᠠᠷ ᠭᠡᠷᠡᠭᠵᠢᠬᠦᠯᠵᠦ᠂ ᠠᠵᠦ ᠠᠬᠤᠶᠢᠯᠠᠯ ᠤᠨ ᠠᠵᠢᠯᠯᠠᠭᠠᠨ ᠤ ᠦᠪᠡᠷ ᠤᠨ ᠦᠷᠳᠡᠭ ᠢ ᠣᠯᠡᠮ ᠨᠢᠭᠡ ᠠᠯᠬᠤᠮ ᠬᠦᠩᠭᠡᠷᠡᠬᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠪᠡᠷ ᠤᠨ ᠦᠷᠳᠡᠭ ᠢ ᠪᠠᠭᠤᠷᠡᠭᠤᠯᠬᠤ ᠶᠢ ᠪᠠᠶᠠᠯᠠᠬᠦᠯᠥᠨ᠎ᠠ᠃      ︵ᠭᠤᠴᠢᠨ ᠬᠤᠶᠡᠷ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠳᠦᠷᠦᠯ ᠵᠦᠢᠯ ᠤᠨ ᠪᠦᠳᠦᠭᠡᠨ ᠪᠠᠶᠢᠭᠤᠯᠥᠯᠳᠡ ᠶᠢᠨ ᠬᠤᠷᠳᠣᠴᠠ ᠶᠢ ᠳᠦᠷᠭᠡᠳᠭᠡᠬᠦ ᠶᠢᠨ ᠳᠦᠯᠥᠭᠡ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ ᠤᠨ ᠨᠡᠭᠡᠭᠡᠨ ᠬᠦᠭᠵᠢᠬᠦᠯᠵᠦ ᠪᠦᠳᠦᠭᠡᠨ ᠪᠠᠶᠢᠭᠤᠯᠬᠤ ᠶᠠᠪᠤᠴᠠ ᠳᠠᠬᠢ ᠲᠣᠰᠢᠶ᠋ᠬᠠᠥ ᠵᠠᠰᠠᠭ ᠵᠠᠬᠢᠷᠭᠠᠨ ᠠᠵᠢᠯ ᠦᠢᠯᠡᠰ ᠤᠨ ᠴᠢᠨᠡᠷᠳᠡᠢ ᠰᠦᠢᠳᠭᠡᠯ᠂ ᠰᠠᠭᠤᠷᠢ ᠪᠡᠯᠡᠳᠭᠡᠮᠵᠢ ᠶᠢᠨ ᠳᠦᠬᠦᠷᠵᠢᠬᠦᠯᠬᠦ ᠵᠠᠷᠣᠳᠡᠯ᠂ ᠵᠠᠰᠠᠭ ᠤᠨ ᠣᠷᠳᠣᠨ ᠤ ᠴᠢᠨᠡᠷᠳᠡᠢ ᠰᠠᠭᠤᠷᠢ ᠮᠦᠡᠭᠬᠦ ᠶᠢ ᠪᠤᠯ ᠪᠡᠷᠢᠯᠭ᠎ᠠ ᠲᠠᠭᠤᠰᠴᠥ ᠰᠢᠯᠭᠠᠨ ᠠᠪᠠᠨ᠋ᠥ ᠦᠶᠡᠰ ᠲᠣᠰᠢᠶᠡᠯᠭᠠᠨ᠎ᠠ᠃      ︵ᠭᠤᠴᠢᠨ ᠭᠤᠷᠪᠡ︶ ᠬᠤᠳᠡ ᠶᠢᠨ ᠠᠷᠡᠳ ᠤᠨ ᠵᠠᠰᠠᠭ ᠤᠨ ᠣᠷᠳᠣᠨ ᠵᠢᠴᠢ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠤᠳ ᠭᠡᠷ ᠪᠠᠶᠢᠰᠢᠩ ᠭᠠᠵᠠᠷ ᠬᠦᠷᠦᠩᠭᠡ ᠶᠢᠨ ᠦᠵᠡᠬᠦᠯᠥᠯᠭᠡ ᠠᠷᠡᠯᠵᠢᠶ᠎ᠠ ᠶᠢᠨ ᠴᠣᠠᠠᠯᠠᠭᠠᠨ ᠢ ᠡᠷᠬᠢᠯᠡᠬᠦ ᠪᠠᠨ ᠨᠡᠮᠡᠭᠳᠡᠬᠦᠯᠵᠦ᠂ ᠬᠤᠪᠢᠷᠡᠰᠢ ᠦᠭᠡᠢ ᠴᠢᠨᠡᠷᠳᠡᠢ ᠭᠡᠷ ᠪᠠᠶᠢᠰᠢᠩ ᠬᠤᠳᠠᠯᠳᠣᠨ ᠠᠪᠠᠨ᠋ᠥ ᠭᠡᠷᠡᠭᠴᠡᠭᠡ ᠱᠠᠭᠠᠷᠳᠡᠯᠭ᠎ᠠ ᠪᠠ ᠰᠠᠶᠢᠵᠢᠷᠡᠭᠤᠯᠬᠤ ᠭᠡᠯᠪᠡᠷᠢ ᠶᠢᠨ ᠭᠡᠷ ᠪᠠᠶᠢᠰᠢᠩ ᠬᠤᠳᠠᠯᠳᠣᠨ ᠠᠪᠠᠨ᠋ᠥ ᠭᠡᠷᠡᠭᠴᠡᠭᠡ ᠱᠠᠭᠠᠷᠳᠡᠯᠭ᠎ᠠ ᠶᠢ ᠢᠳᠡᠪᠬᠢᠳᠡᠢ ᠪᠠᠷ ᠬᠦᠳᠦᠯᠥᠨ ᠵᠢᠯᠥᠭᠤᠳᠣᠨ᠎ᠠ᠃      ︵ᠭᠤᠴᠢᠨ ᠳᠦᠷᠪᠡ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠬᠦ ᠠᠵᠦ ᠠᠬᠤᠶᠢᠯᠠᠯ ᠢ ᠨᠡᠶᠢᠯᠡᠬᠦᠯᠵᠦ᠂ ᠳᠡᠬᠢᠨ ᠨᠡᠶᠢᠳᠬᠡᠬᠦ ᠠᠯᠬᠤᠴᠠ ᠶᠢ ᠳᠦᠷᠭᠡᠳᠭᠡᠵᠦ᠂ ᠪᠤᠳᠠᠳᠣ ᠬᠦᠴᠣᠨ ᠲᠠᠢ᠂ ᠢᠳᠡᠭᠡᠮᠵᠢᠳᠡᠢ᠂ ᠰᠢᠨ᠎ᠠ ᠤᠨᠤᠯᠵᠢᠬᠤᠨ ᠲᠠᠢ ᠠᠵᠦ ᠠᠬᠤᠶᠢᠯᠠᠯ ᠢ ᠪᠤᠵᠠᠭᠠᠶᠢᠷᠡᠭᠤᠯᠥᠨ ᠬᠦᠴᠦᠷᠭᠡᠭᠵᠢᠬᠦᠯᠬᠦ ᠶᠢ ᠳᠡᠮᠵᠢᠵᠦ᠂ ᠠᠵᠦ ᠠᠬᠤᠶᠢᠯᠠᠯ ᠤᠨ ᠭᠡᠪᠴᠢᠶᠡᠵᠢᠬᠦᠯᠥᠨ ᠨᠡᠭᠡᠭᠡᠨ ᠬᠦᠭᠵᠢᠬᠦᠯᠬᠦ ᠪᠠ ᠪᠦᠯᠥᠭᠴᠢᠯᠠᠨ ᠠᠵᠢᠯᠯᠬᠠᠥ ᠶᠢ ᠵᠤᠷᠢᠠᠠᠵᠢᠭᠤᠯᠵᠦ᠂ ᠠᠵᠦ ᠠᠬᠤᠶᠢᠯᠠᠯ ᠤᠨ ᠣᠷᠣᠨ ᠪᠦᠰᠡ ᠠᠯᠣᠰᠯᠬᠠᠰᠠᠨ᠂ ᠣᠯᠡᠨ ᠡᠰᠢᠴᠢᠯᠡᠭᠰᠡᠨ ᠪᠠ ᠨᠡᠷᠡᠳᠣ ᠳᠦᠷᠦᠯ ᠳᠡᠮᠳᠡᠭᠵᠢᠬᠦᠯᠥᠨ ᠡᠵᠡᠩᠨᠡᠬᠦ ᠶᠢ ᠳᠡᠮᠵᠢᠵᠦ᠂ ᠠᠵᠦ ᠦᠢᠯᠡᠰ ᠤᠨ ᠲᠦᠪᠯᠡᠷᠡᠯ ᠤᠨ ᠭᠡᠮᠵᠢᠶ᠎ᠠ ᠶᠢ ᠳᠡᠭᠡᠭᠰᠢᠯᠡᠬᠦᠯᠥᠨ᠎ᠠ᠃      ᠲᠣᠯᠤᠭ᠎ᠠ᠂ ᠪᠤᠰᠣᠳ ᠵᠦᠢᠯᠡᠰ      ︵ᠭᠤᠴᠢᠨ ᠲᠠᠪᠤ︶ ᠳᠡᠭᠡᠷ᠎ᠠ ᠲᠣᠷᠡᠳᠣᠠᠠᠰᠠᠨ ᠵᠦᠢᠯ ᠵᠤᠷᠪᠤᠰ ᠲᠤ ᠨᠢᠭᠡᠨᠳᠡ ᠲᠣᠳᠣᠷᠬᠠᠶᠢᠯᠬᠠᠰᠠᠨ ᠬᠠᠮᠢᠶ᠎ᠠ ᠪᠦᠬᠦᠢ ᠳᠦᠷᠦ ᠶᠢᠨ ᠪᠤᠳᠣᠯᠭ᠎ᠠ ᠶᠢᠨ ᠭᠡᠷᠡᠭᠵᠬᠦᠯᠬᠦ ᠴᠠᠭ ᠬᠤᠭᠤᠴᠠᠭ᠎ᠠ ᠠᠴᠠ ᠭᠠᠳᠠᠨ᠎ᠠ᠂ ᠬᠠᠮᠢᠶ᠎ᠠ ᠪᠦᠬᠦᠢ ᠭᠠᠶᠢᠯᠢ ᠰᠦᠢᠳᠭᠡᠯ᠂ ᠭᠠᠵᠡᠷ ᠰᠢᠷᠦᠢ ᠵᠡᠷᠭᠡ ᠬᠠᠷᠡᠭᠠᠯᠵᠠᠵᠦ ᠳᠡᠮᠵᠢᠬᠦ ᠪᠤᠰᠣᠳ ᠳᠦᠷᠦ ᠶᠢᠨ ᠪᠤᠳᠣᠯᠭ᠎ᠠ ᠶᠢ ᠴᠦᠮ 2018 ᠣᠨ ᠤ ᠰᠡᠬᠦᠯᠴᠢ ᠠᠴᠠ ᠡᠮᠤᠨ᠎ᠠ ᠬᠤᠭᠤᠴᠠᠭ᠎ᠠ ᠨᠢ ᠲᠤᠯᠬᠤ ᠪᠠᠷ ᠲᠦᠷ ᠭᠡᠷᠡᠭᠵᠢᠬᠦᠯᠥᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map