ᠵᠠᠬ᠎ᠠ ᠲᠡᠯᠭᠡᠭᠦᠷ ᠤᠨ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠤᠨ ᠵᠠᠬ᠎ᠠ ᠲᠡᠯᠭᠡᠭᠦᠷ ᠤᠨ ᠬᠡᠪ ᠤᠨ ᠡᠮᠬᠢ ᠲᠢᠭᠯᠢᠮ ᠢ ᠬᠠᠮᠠᠭᠠᠯᠠᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2016/7/22
                                               ᠥᠪᠥᠷ ᠵᠠᠰᠠᠭ ᠲᠠᠷᠬᠠᠭᠠᠭᠰᠠᠨ ﹇2015﹈ 138 ᠳ᠋ᠤᠭᠠᠷ ᠲᠤᠭᠠᠳᠤ                                12 ᠳ᠋ᠤᠭᠠᠷ ᠰᠠᠷ᠎ᠠ ᠶᠢᠨ 18᠎ ᠤ ᠡᠳᠦᠷᠡᠯ᠎ᠡ ᠠᠶᠢᠮᠠᠭ ᠤᠨ ᠵᠡᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠵᠠᠬ᠎ᠠ ᠲᠡᠯᠭᠡᠭᠦᠷ ᠤᠨ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠤᠨ ᠵᠠᠬ᠎ᠠ ᠲᠡᠯᠭᠡᠭᠦᠷ ᠤᠨ ᠬᠡᠪ ᠤᠨ ᠡᠮᠬᠢ ᠲᠢᠭᠯᠢᠮ ᠢ ᠬᠠᠮᠠᠭᠠᠯᠠᠬᠤ ᠲᠣᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠦᠷᠦ ᠲᠠᠷᠬᠠᠭᠠᠭᠰᠠᠨ ﹇2014﹈ 20 ᠳ᠋ᠣᠭᠠᠷ ᠲᠣᠭᠠᠲᠦ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠬᠦᠯᠵᠦ᠂ ᠵᠠᠬ᠎ᠠ ᠲᠡᠯᠭᠡᠭᠦᠷ ᠤᠨ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠤᠨ᠂ ᠵᠠᠬ᠎ᠠ ᠲᠡᠯᠭᠡᠭᠦᠷ ᠤᠨ ᠬᠡᠪ ᠤᠨ ᠡᠮᠬᠢ ᠲᠢᠭᠯᠢᠮ ᠢ ᠬᠠᠮᠠᠭᠠᠯᠠᠬᠤ ᠶᠢᠨ ᠲᠣᠰᠠᠳᠠ᠂ ᠮᠠᠨ ᠤ ᠣᠷᠣᠨ ᠤ ᠪᠤᠳᠠᠳᠠᠢ ᠲᠠᠢ ᠪᠠᠨ ᠣᠶᠠᠯᠳᠣᠭᠤᠯᠣᠨ᠂ ᠡᠳᠦᠭᠡ ᠲᠣᠣᠷᠠᠬᠢ ᠮᠡᠲᠦ ᠰᠠᠨᠠᠯ ᠢ ᠲᠣᠷᠡᠳᠪᠡ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃      ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠣᠯᠭ᠎ᠠ ᠪᠤᠯᠭᠠᠵᠤ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶ᠎ᠡ ᠶᠢᠨ ᠬᠤᠶᠠᠳᠣᠭᠠᠷ᠂ ᠭᠤᠷᠪᠠᠳᠣᠭᠠᠷ᠂ ᠲᠦᠷᠪᠡᠳᠦᠭᠡᠷ᠂ ᠲᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠥᠢᠯᠠᠭᠠᠵᠦ᠂ ᠨᠠᠮ ᠤᠨ ᠲᠦᠪ ᠬᠤᠷᠢᠶ᠎ᠠ ᠪᠠ ᠲᠦᠷᠦ ᠶᠢᠨ ᠶᠠᠪᠣᠳᠠᠯ ᠤᠨ ᠬᠤᠷᠢᠶ᠎ᠡ ᠶᠢᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠣᠱᠯᠠᠭᠤᠯᠣᠨ ᠨᠠᠶᠢᠳᠠᠪᠦᠷᠢᠵᠢᠭᠤᠯᠵᠤ᠂ ᠡᠬᠢ ᠪᠠᠶᠠᠯᠢᠭ ᠤᠨ ᠲᠣᠬᠢᠷᠠᠭᠤᠯᠣᠯᠳᠠ ᠲᠣᠮᠳᠠᠬᠢ ᠵᠠᠬ᠎ᠠ ᠲᠡᠯᠭᠡᠭᠦᠷ ᠤᠨ ᠰᠢᠢᠳᠪᠦᠷᠢᠯᠡᠬᠦ ᠴᠢᠨᠠᠷᠳᠡᠢ ᠦᠢᠯᠡᠳᠦᠯ ᠦᠵᠡᠬᠦᠯᠬᠦ ᠪᠠ ᠵᠠᠰᠠᠭ ᠤᠨ ᠣᠷᠳᠣᠨ ᠤ ᠦᠢᠯᠡᠳᠦᠯ ᠦᠵᠡᠬᠦᠯᠬᠦ ᠶᠢ ᠨᠡᠩ ᠰᠠᠶᠢᠨ ᠪᠠᠳᠠᠷᠠᠭᠤᠯᠬᠤ ᠶᠢᠨ ᠲᠣᠭᠤᠷᠢᠨ ᠳᠤ ᠵᠠᠬ᠎ᠠ ᠲᠡᠯᠭᠡᠭᠦᠷ ᠤᠨ ᠰᠢᠰᠲ᠋ᠧᠮᠵᠢ ᠲᠡᠭᠦᠯᠳᠡᠷ ᠪᠣᠰᠣ᠂ ᠵᠠᠰᠠᠭ ᠤᠨ ᠣᠷᠳᠣᠨ ᠬᠡᠳᠦᠷᠬᠡᠢ ᠤᠯᠠᠨ ᠭᠠᠷ ᠲᠦᠷᠦᠬᠦ ᠪᠠ ᠬᠢᠨᠠᠯᠳᠠ ᠬᠠᠮᠢᠶᠠᠷᠣᠯᠳᠠ ᠦᠯᠦ ᠬᠦᠷᠦᠯᠴᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠲᠤᠷᠤᠬᠰᠢ ᠪᠠᠭᠤᠯᠭᠠᠬᠤ ᠪᠠ ᠬᠠᠮᠢᠶᠠᠷᠬᠤ ᠶᠢ ᠵᠡᠷᠬᠡᠪᠡᠷ ᠴᠢᠬᠤᠯᠠᠴᠢᠯᠠᠬᠤ ᠶᠢ ᠪᠠᠷᠢᠮᠳᠠᠯᠡᠨ᠂ ᠴᠢᠯᠦᠭᠡᠲᠠᠢ ᠣᠷᠣᠭᠤᠯᠵᠣ ᠴᠢᠩᠭ᠎ᠠ ᠬᠠᠮᠢᠶᠠᠷᠬᠤ ᠶᠢ ᠬᠡᠷᠡᠭᠵᠢᠭᠦᠯᠵᠤ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠬᠠᠣᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠵᠦ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠂ ᠠᠵᠣ ᠠᠬᠤᠢ ᠨᠡᠶᠢᠭᠡᠮ ᠤᠨ ᠦᠷᠭᠦᠯᠵᠢᠡᠯᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ᠃      ᠵᠠᠰᠠᠭ ᠢ ᠴᠣᠮᠬᠠᠳᠬᠠᠨ ᠡᠷᠬᠡ ᠶᠢ ᠳᠣᠷᠤᠭᠰᠢ ᠪᠠᠭᠤᠯᠭᠠᠨ᠎ᠠ᠃ ᠡᠬᠢ ᠪᠠᠶᠠᠯᠢᠭ ᠤᠨ ᠲᠣᠬᠢᠷᠠᠭᠤᠯᠣᠯᠳᠠ ᠲᠣᠮᠳᠠᠬᠢ ᠵᠠᠬ᠎ᠠ ᠲᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠣ᠂ ᠲᠣᠷᠣᠭᠰᠢ ᠪᠠᠭᠤᠯᠭᠠᠬᠤ ᠶᠣᠰᠣᠲᠠᠢ ᠡᠷᠬᠡ ᠶᠢ ᠪᠣᠳᠠᠲᠠᠶᠢᠵᠢᠭᠤᠯᠤᠨ ᠲᠣᠷᠣᠭᠰᠢ ᠪᠠᠭᠤᠯᠭᠠᠵᠣ᠂ ᠵᠥᠪᠰᠢᠶᠡᠷᠡᠨ ᠣᠷᠤᠭᠤᠯᠬᠤ ᠪᠠᠷᠢᠮᠵᠢᠶ᠎ᠠ ᠶᠢ ᠲᠣᠷᠣᠭᠰᠢᠯᠠᠭᠤᠯᠣᠨ᠂ ᠠᠵᠢᠯ ᠣᠯᠭᠤᠵᠣ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠬᠠᠣᠯᠢ ᠪᠠᠷ ᠦᠯᠦ ᠴᠠᠭᠠᠵᠠᠯᠠᠭᠰᠠᠨ ᠪᠠᠶᠢᠪᠠᠯ᠂ ᠵᠠᠬ᠎ᠠ ᠲᠡᠯᠭᠡᠭᠦᠷ ᠤᠨ ᠭᠤᠤᠯ ᠴᠣᠭᠴᠠ ᠨᠢ ᠬᠢᠵᠤ ᠪᠤᠯᠤᠨ᠎ᠠ︔ ᠬᠠᠣᠯᠢ ᠪᠠᠷ ᠡᠷᠬᠡ ᠦᠯᠦ ᠣᠯᠭᠤᠭᠰᠠᠨ ᠪᠠᠶᠢᠪᠠᠯ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠬᠢᠵᠣ ᠪᠣᠯᠬᠤ ᠦᠭᠡᠢ᠃      ᠬᠠᠣᠯᠢ ᠶᠣᠰᠣᠭᠠᠷ ᠬᠢᠨᠠᠨ ᠬᠠᠮᠢᠶᠠᠷᠣᠨ᠎ᠠ᠃ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠣ᠂ ᠬᠠᠣᠯᠢ ᠪᠠᠷ ᠵᠠᠰᠠᠬᠤ ᠰᠡᠳᠭᠢᠬᠦᠢ ᠪᠠ ᠬᠠᠣᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠬᠤ ᠡᠬᠦᠷᠬᠡ ᠴᠢᠳᠠᠪᠤᠷᠢ ᠪᠠᠨ ᠬᠦᠢᠴᠡᠳᠬᠡᠬᠦ ᠶᠢ ᠪᠠᠷᠢᠮᠳᠠᠯᠠᠨ᠂ ᠠᠵᠢᠯ ᠬᠡᠷᠡᠭ ᠤᠨ ᠲᠣᠮᠳᠠ ᠪᠠ ᠠᠵᠢᠯ ᠬᠡᠷᠡᠭ ᠤᠨ ᠲᠠᠷᠠᠭᠠᠬᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠤ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢ ᠲᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠵᠢᠭᠤᠯᠬᠤ ᠶᠢ ᠠᠬᠢᠭᠤᠯᠵᠤ᠂ ᠬᠠᠥᠯᠢᠵᠢᠯ ᠤᠨ ᠵᠠᠬ᠎ᠠ ᠲᠡᠯᠭᠡᠭᠦᠷ ᠤᠨ ᠣᠷᠴᠢᠨ ᠲᠤᠭᠤᠷᠢᠨ ᠢ ᠪᠠᠶᠢᠭᠤᠯᠣᠨ᠎ᠠ᠃      ᠲᠦᠪ ᠭᠤᠤᠯᠴᠢ ᠢᠯᠡ ᠲᠣᠳᠣ ᠪᠠᠶᠢᠯᠭᠠᠨ᠎ᠠ᠃ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠡᠷᠬᠡ ᠠᠰᠢᠭ ᠡᠷᠬᠡ ᠲᠡᠭᠰᠢ᠂ ᠠᠵᠠ ᠲᠤᠬᠢᠶᠠᠯ ᠡᠷᠬᠡ ᠲᠡᠭᠰᠢ᠂ ᠲᠦᠷᠢᠮᠵᠢᠯ ᠡᠷᠬᠡ ᠲᠡᠭᠰᠢ ᠪᠠᠶᠢᠬᠤ ᠶᠢ ᠦᠨᠡᠨᠬᠦ ᠪᠠᠳᠣᠯᠠᠵᠣ᠂ ᠵᠠᠰᠠᠭ ᠤᠨ ᠣᠷᠳᠣᠨ ᠤ ᠬᠢᠨᠠᠯᠳᠠ ᠬᠠᠮᠢᠶᠠᠷᠣᠯᠳᠠ ᠶᠢᠨ ᠪᠠᠷᠢᠮᠵᠢᠶ᠎ᠠ ᠶᠢ ᠢᠯᠡ ᠪᠤᠯᠭᠠᠬᠤ᠂ ᠲᠡᠰ ᠲᠠᠷᠠᠭᠠᠯᠠᠯ ᠢ ᠢᠯᠡ ᠪᠤᠯᠭᠠᠬᠤ᠂ ᠦᠷ᠎ᠡ ᠳ᠋ᠦᠩ ᠢ ᠢᠯᠡ ᠪᠤᠯᠭᠠᠵᠤ᠂ ᠵᠠᠬ᠎ᠠ ᠲᠡᠯᠭᠡᠭᠦᠷ ᠤᠨ ᠭᠤᠤᠯ ᠴᠣᠭᠴᠠ ᠪᠠ ᠨᠡᠶᠢᠭᠡᠮ ᠤᠨ ᠣᠯᠠᠨ ᠨᠡᠶᠢᠳᠡ ᠶᠢᠨ ᠪᠠᠶᠢᠳᠠᠯ ᠣᠶᠢᠯᠭᠠᠬᠤ ᠡᠷᠬᠡ᠂ ᠣᠷᠣᠯᠴᠠᠬᠤ ᠡᠷᠬᠡ᠂ ᠬᠢᠨᠠᠯᠳᠠ ᠲᠠᠯᠪᠢᠬᠤ ᠡᠷᠬᠡ ᠶᠢ ᠪᠠᠳᠣᠯᠠᠨ᠎ᠠ᠃      ᠡᠷᠬᠡ ᠬᠠᠷᠢᠭᠤᠴᠠᠯᠭ᠎ᠠ ᠶᠢ ᠨᠢᠭᠡᠳᠦᠯᠲᠠᠢ ᠪᠠᠶᠢᠯᠭᠠᠨ᠎ᠠ᠃ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠬᠤ ᠡᠭᠦᠷᠬᠡ ᠬᠠᠷᠢᠭᠤᠴᠠᠯᠭ᠎ᠠ ᠶᠢ ᠰᠢᠨᠵᠢᠯᠡᠬᠦ ᠣᠬᠠᠭᠠᠨᠴᠢ ᠪᠠᠷ ᠬᠤᠪᠢᠶᠠᠷᠢᠯᠠᠵᠤ᠂ ᠬᠠᠣᠯᠢ ᠳᠤ ᠲᠤᠭᠳᠠᠭᠠᠭᠰᠠᠨ ᠪᠠᠶᠢᠪᠠᠯ ᠵᠠᠰᠠᠭ ᠤᠨ ᠣᠷᠳᠣᠨ ᠤ ᠰᠠᠯᠠᠭ᠎ᠠ ᠮᠦᠴᠢᠷ ᠡᠷᠬᠡᠪᠰᠢ ᠬᠢᠬᠦ ᠬᠡᠷᠡᠭᠲᠠᠢ᠃ ᠬᠢᠨᠠᠯᠳᠠ ᠬᠠᠮᠢᠶᠠᠷᠣᠯᠳᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠬᠤ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠪᠠ ᠬᠠᠷᠢᠶᠠᠯᠠᠭᠳᠠᠬᠤ ᠭᠠᠵᠠᠷ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠎ᠠ᠃      ᠨᠡᠶᠢᠭᠡᠮ ᠨᠡᠶᠢᠳᠡ ᠬᠠᠮᠳᠤᠪᠡᠷ ᠵᠠᠰᠠᠨ᠎ᠠ᠃ ᠬᠠᠣᠯᠢ ᠴᠠᠭᠠᠵᠠ ᠬᠠᠤᠯᠢ ᠲᠣᠭᠳᠠᠭᠠᠯ ᠤᠨ ᠵᠢᠷᠦᠮᠵᠢᠯ ᠤᠨ ᠦᠢᠯᠡᠳᠦᠯ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠳᠠ ᠶᠢᠨ ᠪᠠᠶ᠎ᠡ ᠪᠠᠨ ᠱᠠᠭᠠᠷᠳᠠᠬᠤ ᠦᠢᠯᠡᠳᠦᠯ᠂ ᠶᠠᠷᠢᠶ᠎ᠠ ᠬᠡᠯᠡᠯᠴᠡᠭᠡ ᠪᠠ ᠨᠡᠶᠢᠭᠡᠮ ᠤᠨ ᠣᠯᠠᠨ ᠨᠡᠶᠢᠳᠡ ᠶᠢᠨ ᠬᠢᠨᠠᠯᠳᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠨᠡᠶᠢᠳᠡ ᠬᠠᠮᠳᠣᠪᠡᠷ ᠵᠠᠰᠠᠬᠤ ᠶᠢ ᠪᠡᠶᠡᠯᠡᠭᠦᠯᠦᠨ᠂ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠦᠪᠡᠷ ᠢ ᠪᠠᠨ ᠬᠦᠯᠢᠶᠡᠰᠦᠯᠡᠬᠦ᠂ ᠦᠨᠡᠨᠴᠢ ᠢᠳᠡᠭᠡᠮᠵᠢᠲᠠᠢ ᠡᠵᠡᠩᠨᠡᠯᠳᠡ ᠬᠢᠬᠦ ᠶᠢ ᠠᠬᠢᠭᠤᠯᠤᠨ᠎ᠠ᠃      ︵ᠭᠤᠷᠪᠠ︶ ᠶᠡᠷᠦᠩᠬᠡᠢ ᠬᠠᠷᠠᠯᠳᠠ      ᠠᠵᠣ ᠠᠬᠤᠶᠢᠯᠠᠯ ᠤᠨ ᠪᠡᠶ᠎ᠡ ᠪᠠᠨ ᠲᠠᠭᠠᠭᠠᠵᠦ ᠡᠵᠡᠩᠨᠡᠬᠦ᠂ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠬᠤ ᠳᠤ ᠰᠠᠭᠤᠷᠢᠯᠠᠨ ᠬᠡᠷᠡᠭᠯᠡᠭᠴᠢᠳ ᠴᠢᠯᠦᠭᠡᠲᠠᠢ ᠰᠣᠩᠭᠤᠵᠣ᠂ ᠪᠡᠶ᠎ᠡ ᠪᠠᠨ ᠲᠠᠭᠠᠭᠠᠨ ᠬᠡᠷᠡᠭᠯᠡᠭᠡ ᠳᠤ ᠤᠷᠤᠯᠴᠠᠨ᠂ ᠲᠠᠸᠠᠷ ᠪᠠ ᠬᠦᠴᠦᠨ ᠵᠦᠢᠯ ᠢ ᠴᠢᠯᠦᠭᠡᠲᠠᠢ ᠭᠦᠢᠯᠭᠡᠭᠡᠵᠣ᠂ ᠡᠷᠬᠡ ᠲᠡᠭᠰᠢ ᠰᠣᠯᠢᠯᠴᠠᠵᠤ᠂ ᠨᠢᠭᠡᠳᠦᠯᠲᠠᠢ ᠪᠦᠬᠡᠳ ᠴᠢᠯᠦᠭᠡᠲᠠᠢ ᠪᠠᠶᠢᠬᠤ᠂ ᠦᠷᠢᠰᠦᠯᠳᠦᠭᠡᠨ ᠲᠠᠢ ᠪᠦᠬᠡᠳ ᠡᠮᠬᠢ ᠵᠢᠷᠦᠮ ᠲᠠᠢ᠂ ᠦᠨᠡᠨᠴᠢ ᠢᠳᠡᠭᠡᠮᠵᠢᠲᠠᠢ ᠪᠦᠬᠡᠳ ᠬᠠᠥᠯᠢ ᠶᠢ ᠰᠠᠬᠢᠬᠤ᠂ ᠬᠢᠨᠠᠯᠳᠠ ᠬᠠᠮᠢᠶᠠᠷᠣᠯᠳᠡ ᠪᠠᠷ ᠬᠦᠴᠦᠡ ᠲᠠᠢ ᠣᠳᠣ ᠦᠶ᠎ᠡ ᠶᠢᠨ ᠵᠠᠬ᠎ᠠ ᠲᠡᠯᠭᠡᠭᠦᠷ ᠤᠨ ᠰᠢᠰᠲ᠋ᠧᠮᠵᠢ ᠶᠢ ᠪᠠᠶᠢᠭᠤᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠷᠬᠡ ᠲᠡᠭᠰᠢ ᠲᠦᠪ ᠭᠤᠣᠯᠴᠢ᠂ ᠢᠯᠡ ᠲᠣᠳᠦ ᠦᠨᠳᠦᠷ ᠦᠷ᠎ᠡ ᠪᠦᠳᠦᠮᠵᠢᠲᠠᠢ᠂ ᠬᠠᠤᠯᠢ ᠪᠠᠷ ᠵᠠᠰᠠᠬᠤ ᠪᠠᠳᠣᠯᠠᠭ᠎ᠠ ᠲᠠᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠢᠨ᠎ᠡ ᠪᠠᠶᠢᠷᠢᠰᠢᠯ ᠢ ᠲᠦᠷᠭᠡᠳᠭᠡᠨ ᠪᠣᠢ ᠪᠣᠯᠭᠠᠵᠣ᠂ 2020 ᠣᠨ ᠪᠣᠯᠬᠤ ᠳᠤ ᠪᠠᠶᠢᠭᠤᠯᠣᠯ ᠨᠢ ᠨᠡᠯᠢᠶᠡᠳ ᠪᠣᠯᠪᠠᠰᠣᠷᠠᠭᠰᠠᠨ᠂ ᠲᠦᠷᠢᠮ ᠨᠢ ᠨᠡᠩ ᠰᠠᠶᠢᠨ ᠲᠡᠭᠦᠯᠳᠡᠷᠵᠢᠭᠰᠡᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠢᠰᠲ᠋ᠧᠮᠵᠢ ᠶᠢ ᠪᠠᠶᠢᠭᠤᠯᠤᠨ᠎ᠠ᠃      ᠬᠤᠶᠠᠷ᠂ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠠᠭᠤᠵᠢᠭᠤ ᠲᠠᠯᠪᠢᠨ᠎ᠠ      ᠵᠠᠬ᠎ᠠ ᠲᠡᠯᠭᠡᠭᠦᠷ ᠤᠨ ᠭᠤᠣᠯ ᠴᠣᠭᠴᠠ ᠪᠦᠬᠦᠨ ᠨᠢ ᠰᠠᠶᠢᠨ ᠲᠣᠷ᠎ᠠ ᠠᠴᠠ ᠪᠠᠨ ᠪᠡᠯᠡ ᠣᠷᠣᠭᠤᠯᠣᠨ ᠡᠵᠡᠩᠨᠡᠬᠦ ᠪᠠ ᠢᠷᠭᠡᠨ ᠤ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠠᠵᠢᠯᠯᠠᠭ᠎ᠠ ᠳᠤ ᠰᠠᠭᠤᠷᠢᠯᠠᠨ᠂ ᠬᠠᠣᠯᠢ ᠴᠠᠭᠠᠵᠠ ᠬᠠᠣᠯᠢ ᠲᠣᠭᠳᠠᠭᠠᠯ ᠳᠤ ᠦᠯᠦ ᠴᠠᠭᠠᠵᠠᠯᠠᠭᠰᠠᠨ ᠪᠣᠶᠣ ᠣᠷᠣᠬᠤ ᠶᠢ ᠦᠯᠦ ᠬᠢᠵᠠᠭᠠᠷᠯᠠᠭᠰᠠᠨ ᠬᠦᠷᠢᠶ᠎ᠡ ᠴᠠᠷᠠᠭ᠎ᠠ ᠳᠤ ᠬᠠᠷᠢᠶᠠᠯᠠᠬᠳᠠᠬᠤ ᠦᠬᠡᠢ᠂ ᠭᠤᠷᠪᠠᠳᠣᠭᠠᠷ ᠡᠳᠡᠭᠡᠳ ᠤᠨ ᠠᠰᠢᠭ ᠲᠤᠰᠠ᠂ ᠨᠡᠶᠢᠭᠡᠮ ᠤᠨ ᠣᠯᠠᠨ ᠨᠡᠶᠢᠳᠡ ᠶᠢᠨ ᠠᠰᠢᠭ ᠲᠣᠰᠠ ᠪᠠ ᠣᠯᠣᠰ ᠤᠨ ᠠᠮᠦᠷ ᠲᠦᠪᠰᠢᠨ ᠢ ᠦᠯᠦ ᠬᠤᠬᠢᠷᠠᠭᠤᠯᠣᠭᠰᠠᠨ ᠪᠠᠶᠢᠪᠠᠯ ᠵᠠᠰᠠᠭ ᠤᠨ ᠣᠷᠳᠣᠨ ᠣᠷᠣᠬᠤ ᠶᠢ ᠬᠢᠵᠠᠭᠠᠷᠯᠠᠵᠤ ᠪᠤᠯᠬᠤ ᠦᠭᠡᠢ᠃      ︵ᠨᠢᠭᠡ︶ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠲᠦᠷᠢᠮ ᠢ ᠦᠭᠡᠷᠡᠴᠢᠯᠡᠨ᠎ᠡ᠃      1. ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠬᠤᠷᠢᠭ᠎ᠠ ᠴᠡᠭᠡᠷ ᠤᠨ ᠨᠠᠷᠢᠨ ᠬᠠᠭᠤᠳᠠᠰᠣ ᠶᠢᠨ ᠲᠦᠷᠢᠮ ᠢ ᠨᠠᠶᠢᠳᠠᠪᠦᠷᠢᠵᠢᠭᠤᠯᠤᠨ᠎ᠠ᠃ ᠵᠠᠬ᠎ᠠ ᠲᠡᠯᠭᠡᠭᠦᠷ ᠲᠤ ᠵᠦᠪᠰᠢᠶᠡᠷᠡᠨ ᠤᠷᠤᠭᠤᠯᠬᠤ ᠶᠢᠨ ᠠᠯᠳᠠᠬᠳᠠᠯ ᠲᠠᠢ ᠵᠦᠢᠯᠡᠰ ᠤᠨ ᠨᠠᠷᠢᠨ ᠬᠠᠭᠤᠳᠠᠰᠦ ᠠᠴᠠ ᠪᠣᠰᠣᠳ ᠠᠵᠢᠯ ᠲᠦᠷᠦᠯ᠂ ᠬᠦᠷᠢᠶ᠎ᠡ ᠴᠠᠷᠠᠭ᠎ᠠ᠂ ᠲᠣᠬᠠᠶᠢᠯᠠᠭᠰᠠᠨ ᠠᠵᠢᠯ ᠵᠡᠷᠭᠡ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠣᠯ ᠴᠣᠭᠴᠠ ᠪᠦᠷ ᠬᠠᠣᠯᠢ ᠶᠣᠰᠣᠭᠠᠷ ᠡᠷᠬᠡ ᠲᠡᠭᠰᠢ ᠪᠠᠷ ᠵᠠᠬ᠎ᠠ ᠲᠡᠯᠭᠡᠭᠦᠷ ᠲᠤ ᠣᠷᠣᠵᠣ ᠪᠣᠯᠣᠨ᠎ᠠ᠃ ︽ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠬᠤᠷᠢᠭ᠎ᠠ ᠴᠡᠭᠡᠷ ᠤᠨ ᠨᠠᠷᠢᠨ ᠬᠠᠭᠤᠳᠠᠰᠣ ᠶᠢᠨ ᠲᠦᠷᠢᠮ ᠢ ᠬᠡᠷᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠷᠦ ᠲᠠᠷᠬᠠᠭᠠᠭᠰᠠᠨ ﹇2015﹈ 55 ᠳ᠋ᠣᠭᠠᠷ ᠲᠣᠭᠠᠲᠦ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠯᠣᠰ ᠤᠨ ᠨᠢᠭᠡᠳᠦᠯᠲᠠᠢ ᠪᠠᠶᠢᠷᠢᠯᠠᠭᠤᠯᠣᠯᠳᠠ ᠶᠢᠨ ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠣᠶᠠᠯᠳᠣᠭᠤᠯᠣᠨ᠂ ᠮᠠᠨ ᠤ ᠣᠷᠣᠨ ᠤ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠠᠯᠳᠠᠬᠳᠠᠯ ᠲᠠᠢ ᠵᠦᠢᠯᠡᠰ ᠤᠨ ᠨᠠᠷᠢᠨ ᠬᠠᠭᠤᠳᠠᠰᠣ ᠶᠢᠨ ᠲᠦᠷᠢᠮ ᠢ ᠬᠡᠷᠡᠭᠵᠢᠭᠦᠯᠬᠦ ᠰᠠᠨᠠᠯ ᠢ ᠲᠤᠷᠠᠳᠤᠨ᠎ᠠ᠃ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ︽ᠬᠤᠶᠠᠷ ᠢ ᠮᠡᠳᠡᠭᠳᠡᠬᠦ︾ ︵ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠭᠤᠣᠯ ᠴᠣᠭᠴᠠ ᠳᠤ ᠦᠨᠡᠮᠯᠡᠯ ᠣᠯᠭᠤᠭᠰᠠᠨ ᠤ ᠲᠠᠷᠠᠭ᠎ᠠ ᠮᠡᠳᠡᠭᠳᠡᠬᠦ᠂ ᠰᠡᠭᠦᠯᠴᠢ ᠶᠢᠨ ᠵᠠᠯᠭᠠᠵᠦ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠦᠨᠡᠮᠯᠡᠯ ᠣᠯᠭᠤᠭᠰᠠᠨ ᠤ ᠲᠠᠷᠠᠭ᠎ᠠ ᠮᠡᠳᠡᠭᠳᠡᠬᠦ︶ ᠲᠦᠷᠢᠮ ᠢ ᠬᠡᠷᠡᠭᠵᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠬᠤᠳᠠᠯᠳᠣᠭᠠᠨ ᠤ ᠶᠠᠪᠣᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ ᠨᠤᠭᠤᠳ ᠡᠬᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠪᠦᠬᠦ ᠶᠠᠪᠤᠴᠠ ᠳᠤ ᠡᠯᠧᠺᠲᠷᠣᠨᠴᠢᠯᠡᠭᠰᠡᠨ ᠲᠡᠮᠳᠡᠭᠯᠡᠨ ᠲᠠᠩᠰᠠᠯᠠᠵᠦ ᠬᠠᠮᠢᠶᠠᠷᠬᠤ ᠶᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠬᠤᠳᠠᠯᠳᠣᠭᠠᠨ ᠤ ᠲᠠᠩᠰᠠᠯᠠᠯ ᠤᠨ ᠲᠦᠭᠦᠮᠴᠢᠭᠦᠯᠦᠭᠰᠡᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠳᠣᠷ ᠬᠢᠬᠦ ᠶᠢᠨ ᠲᠠᠭᠠᠣ ᠲᠠᠰᠣᠷᠠᠯᠳᠠ ᠦᠭᠡᠢ ᠲᠡᠭᠦᠯᠳᠡᠷᠵᠢᠭᠦᠯᠵᠤ᠂ ᠪᠦᠬᠦ ᠶᠠᠪᠤᠴᠠ ᠳᠤ ᠡᠯᠧᠺᠲᠷᠣᠨᠴᠢᠯᠡᠭᠰᠡᠨ ᠲᠡᠮᠳᠡᠭᠯᠡᠨ ᠲᠠᠩᠰᠠᠯᠠᠵᠤ ᠬᠠᠮᠢᠶᠠᠷᠬᠤ ᠪᠠ ᠡᠯᠧᠺᠲᠷᠣᠨ ᠡᠵᠡᠩᠨᠡᠯᠳᠡ ᠶᠢᠨ ᠦᠨᠡᠮᠯᠡᠯ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠨᠡᠷᠡᠶᠢᠳᠦᠯ᠂ ᠡᠵᠡᠩᠨᠡᠬᠦ ᠬᠦᠷᠢᠶ᠎ᠡ ᠬᠡᠪᠴᠢᠶ᠎ᠡ᠂ ᠰᠠᠭᠤᠭ᠎ᠠ ᠭᠠᠵᠠᠷ ︵ᠡᠵᠡᠩᠨᠡᠬᠦ ᠲᠠᠯᠠᠪᠠᠢ ᠭᠠᠵᠠᠷ︶᠎ ᠤᠨ ᠲᠡᠮᠳᠡᠭᠯᠡᠨ ᠲᠠᠩᠰᠠᠯᠠᠬᠤ ᠨᠦᠭᠦᠴᠡᠯ ᠪᠠ ᠲᠡᠰ ᠲᠠᠷᠠᠭᠠᠯᠠᠯ ᠢ ᠴᠢᠯᠦᠭᠡᠲᠠᠢ ᠪᠤᠯᠭᠠᠵᠤ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠨᠡᠩ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠣᠢ ᠪᠣᠯᠭᠠᠨ᠎ᠠ ︵ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠡ ᠠᠴᠠ ᠲᠦᠷᠦᠭᠦᠯᠡᠨ ᠬᠠᠷᠢᠭᠤᠴᠠᠨ᠎ᠠ︶᠃      3. ᠢᠳᠡᠭᠡᠨ ᠤ ᠵᠦᠢᠯ ᠤᠨ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ ᠤᠨ ᠰᠢᠨ᠎ᠡ ᠬᠡᠪᠯᠡᠯ ᠢ ᠡᠬᠢᠯᠡᠨ ᠬᠡᠷᠡᠭᠯᠡᠨ᠎ᠡ᠃ ᠢᠳᠡᠭᠡᠨ ᠤ ᠵᠦᠢᠯᠡᠰ ᠤᠨ ᠭᠦᠢᠯᠭᠡᠭᠡᠨ ᠤ ᠵᠦᠪᠰᠢᠶᠡᠷᠡᠯ ᠪᠠ ᠬᠤᠭᠤᠯᠠ ᠣᠮᠳᠠᠭᠠᠨ ᠤ ᠦᠢᠯᠡᠴᠢᠯᠡᠭᠡᠨ ᠤ ᠵᠦᠪᠰᠢᠶᠡᠷᠡᠯ ᠤᠨ ᠦᠨᠡᠮᠯᠡᠯ ᠢ ︽ᠬᠤᠶᠠᠷ ᠦᠨᠡᠮᠯᠡᠯ ᠢ ᠨᠡᠶᠢᠯᠡᠬᠦᠯᠦᠨ ᠨᠢᠭᠡ ᠪᠤᠯᠭᠠᠬᠤ︾᠎ ᠶᠢ ᠪᠡᠶᠡᠯᠡᠭᠦᠯᠦᠨ᠎ᠡ᠃ ᠮᠠᠨ ᠤ ᠣᠷᠣᠨ ᠤ ᠢᠳᠡᠭᠡᠨ ᠤ ᠵᠦᠢᠯᠡᠰ ᠤᠨ ᠦᠢᠯᠡᠳᠪᠦᠷᠢᠯᠡᠵᠣ ᠡᠵᠡᠩᠨᠡᠬᠦ ᠵᠦᠪᠰᠢᠶᠡᠷᠡᠯ ᠢ ᠬᠢᠨᠠᠨ ᠪᠠᠶᠢᠴᠠᠭᠠᠵᠦ ᠪᠤᠯᠬᠤ ᠶᠢᠨ ᠬᠡᠷᠡᠭᠵᠢᠭᠦᠯᠬᠦ ᠨᠠᠷᠢᠨ ᠲᠦᠷᠢᠮ ᠢ ᠲᠣᠭᠳᠠᠭᠠᠨ᠎ᠠ ︵ᠦᠪᠡᠷᠳᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠨ ᠬᠠᠮᠢᠶᠠᠷᠣᠯᠳᠠ ᠶᠢᠨ ᠲᠤᠪᠴᠢᠶ᠎ᠠ ᠲᠦᠷᠦᠭᠦᠯᠡᠨ ᠠᠴᠠ ᠬᠠᠷᠢᠭᠤᠴᠠᠨ᠎ᠠ︶᠃      4. ᠡᠨᠧᠷᠭᠢ ᠠᠷᠪᠢᠯᠠᠬᠤ᠂ ᠭᠠᠵᠠᠷ ᠠᠷᠪᠢᠯᠠᠬᠤ᠂ ᠣᠰᠣ ᠠᠷᠪᠢᠯᠠᠬᠤ᠂ ᠣᠷᠴᠢᠨ ᠲᠣᠭᠤᠷᠢᠨ᠂ ᠮᠡᠷᠭᠡᠵᠢᠯ᠂ ᠠᠮᠣᠷ ᠲᠦᠪᠰᠢᠨ ᠵᠡᠷᠭᠡ ᠵᠠᠬ᠎ᠠ ᠲᠡᠯᠭᠡᠭᠦᠷ ᠲᠤ ᠣᠷᠣᠬᠤ ᠶᠢ ᠵᠦᠪᠰᠢᠶᠡᠷᠡᠬᠦ ᠪᠠᠷᠢᠮᠵᠢᠶ᠎ᠠ ᠶᠢ ᠲᠡᠭᠦᠯᠳᠡᠷᠵᠢᠭᠦᠯᠬᠦ ᠶᠢᠨ ᠲᠠᠭᠠᠣ ᠴᠠᠭ ᠲᠣᠬᠠᠢ ᠳᠤᠨᠢ ᠨᠠᠶᠢᠭᠡᠮ ᠨᠡᠶᠢᠳᠡ ᠳᠤ ᠨᠡᠶᠢᠳᠡᠯᠡᠵᠤ᠂ ᠬᠢᠨᠠᠯᠳᠠ ᠲᠠᠯᠪᠢᠨ ᠪᠠᠶᠢᠴᠠᠭᠠᠬᠤ ᠶᠢ ᠴᠢᠩᠭᠠᠳᠬᠠᠨ᠂ ᠡᠷᠬᠡ ᠲᠡᠭᠰᠢ ᠡᠮᠬᠢ ᠲᠢᠭᠯᠢᠮ ᠢ ᠬᠠᠮᠠᠭᠠᠯᠠᠨ᠎ᠠ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠲᠦᠷᠦᠭᠦᠯᠡᠨ ᠬᠠᠷᠢᠭᠤᠴᠠᠨ᠎ᠠ︶᠃      5. ᠭᠠᠳᠠᠭᠠᠳᠦ ᠶᠢᠨ ᠬᠤᠳᠠᠯᠳᠣᠭᠠᠴᠢᠨ ᠤ ᠪᠡᠯᠡ ᠣᠷᠣᠭᠤᠯᠵᠤ ᠵᠠᠬ᠎ᠠ ᠲᠡᠯᠭᠡᠭᠦᠷ ᠲᠤ ᠵᠦᠪᠰᠢᠶᠡᠷᠡᠨ ᠤᠷᠤᠬᠤ ᠬᠢᠵᠠᠭᠠᠷᠯᠠᠯ ᠢ ᠴᠢᠯᠦᠭᠡᠲᠠᠢ ᠪᠤᠯᠭᠠᠨ᠎ᠠ᠃ ᠭᠠᠳᠠᠭᠠᠳᠦ ᠶᠢᠨ ᠬᠤᠳᠠᠯᠳᠣᠭᠠᠴᠢᠨ ᠤ ᠪᠡᠯᠡ ᠣᠷᠣᠭᠤᠯᠬᠤ ᠳᠤ ᠵᠥᠪᠰᠢᠶᠡᠷᠡᠨ ᠣᠷᠤᠭᠤᠯᠬᠤ ᠶᠢᠨ ᠡᠮᠦᠨᠡᠬᠢ ᠢᠷᠭᠡᠳ ᠤᠨ ᠬᠠᠷᠠᠭᠠᠯᠵᠠᠯ ᠤᠨ ᠲᠡᠭᠡᠷ᠎ᠡ ᠠᠯᠳᠠᠬᠳᠠᠯ ᠲᠠᠢ ᠵᠦᠢᠯᠡᠰ ᠤᠨ ᠨᠠᠷᠢᠨ ᠬᠠᠭᠤᠳᠠᠰᠦ ᠶᠢ ᠨᠡᠮᠡᠬᠦ ᠬᠠᠮᠢᠶᠠᠷᠣᠯᠳᠠ ᠶᠢᠨ ᠵᠠᠭᠪᠦᠷ ᠢ ᠬᠡᠷᠡᠭᠵᠢᠭᠦᠯᠵᠤ᠂ ᠣᠯᠣᠰ ᠤᠨ ᠲᠣᠭᠳᠠᠭᠠᠯ ᠳᠤ ᠵᠠᠪᠠᠯ ᠬᠠᠷᠭᠤᠭᠤᠯᠤᠨ ᠵᠦᠪᠰᠢᠶᠡᠷᠡᠬᠦ ᠲᠦᠷᠦᠯ ᠵᠦᠢᠯ ᠢ ᠦᠯᠡᠳᠡᠭᠡᠬᠦ ᠠᠴᠠ ᠪᠣᠰᠣᠳ᠂ ᠭᠠᠳᠠᠭᠠᠳᠦ ᠶᠢᠨ ᠬᠤᠳᠠᠯᠳᠣᠭᠠᠴᠢᠨ ᠤ ᠪᠡᠯᠡ ᠣᠷᠣᠭᠤᠯᠬᠤ ᠲᠦᠷᠦᠯ ᠵᠦᠢᠯ ᠳᠤ ᠬᠠᠷᠭᠤᠭᠤᠯᠤᠨ ᠵᠥᠪᠰᠢᠶᠡᠷᠡᠬᠦ ᠳᠦᠷᠢᠮ ᠢ ᠬᠡᠷᠡᠭᠵᠢᠭᠦᠯᠵᠤ ᠪᠠᠶᠢᠭᠰᠠᠨ ᠢᠶᠠᠨ ᠲᠠᠩᠰᠠᠯᠠᠬᠤ ᠲᠦᠷᠢᠮ ᠪᠤᠯᠭᠠᠨ ᠦᠭᠡᠷᠡᠴᠢᠯᠡᠨ᠎ᠡ᠃ ︽ᠭᠠᠳᠠᠭᠠᠳᠦ ᠶᠢᠨ ᠬᠤᠳᠠᠯᠳᠣᠭᠠᠴᠢᠨ ᠤ ᠪᠡᠯᠡ ᠣᠷᠣᠭᠤᠯᠣᠯᠳᠠ ᠶᠢ ᠲᠠᠩᠰᠠᠯᠠᠬᠤ ᠬᠠᠮᠢᠶᠠᠷᠣᠯᠳᠠ ᠶᠢᠨ ᠠᠷᠭ᠎ᠠ︾᠎ ᠶᠢ ᠲᠣᠭᠳᠠᠭᠠᠨ᠎ᠠ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠬᠤᠳᠠᠯᠳᠣᠭᠠᠨ ᠤ ᠶᠠᠪᠣᠳᠠᠯ ᠤᠨ ᠲᠢᠩᠬᠢᠮ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ︵ᠬᠤᠶᠠᠷ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠶᠡᠭᠡᠪᠠᠷ ᠪᠠᠭᠠᠰᠬᠠᠬᠤ ᠪᠠ ᠵᠢᠷᠣᠮᠵᠢᠭᠤᠯᠤᠨ᠎ᠠ᠃      1. ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠣᠯᠠᠮ ᠨᠢᠭᠡ ᠠᠯᠬᠤᠮ ᠬᠦᠴᠦᠨ ᠦᠭᠡᠢ ᠪᠤᠯᠭᠠᠵᠤ᠂ ᠲᠣᠷᠣᠭᠰᠢ ᠪᠠᠭᠤᠯᠭᠠᠬᠤ ᠪᠠ ᠵᠢᠷᠣᠮᠵᠢᠭᠤᠯᠤᠨ᠎ᠠ᠃ ᠵᠠᠬ᠎ᠠ ᠲᠡᠯᠭᠡᠭᠦᠷ ᠤᠨ ᠪᠦᠳᠦᠮᠵᠢᠲᠠᠢ ᠵᠤᠬᠢᠴᠠᠭᠤᠯᠵᠤ ᠲᠡᠶᠢᠯᠬᠦ ᠠᠵᠣ ᠠᠬᠤᠢ ᠶᠢᠨ ᠠᠵᠢᠯᠯᠠᠭ᠎ᠠ ᠳᠤ ᠬᠢᠨᠠᠨ ᠵᠦᠪᠰᠢᠶᠡᠷᠡᠬᠦ ᠵᠦᠢᠯ ᠢ ᠪᠦᠬᠦᠨ ᠢ ᠬᠦᠴᠦᠨ ᠦᠭᠡᠢ ᠪᠤᠯᠭᠠᠨ᠎ᠠ᠂ ᠦᠯᠡᠳᠡᠭᠡᠭᠰᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠲᠤ ᠬᠢᠨᠠᠨ ᠵᠦᠪᠰᠢᠶᠡᠷᠡᠬᠦ ᠵᠢᠷᠦᠮ ᠢ ᠲᠦᠭᠦᠮᠴᠢᠯᠡᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡ ᠠᠵᠢᠯᠯᠠᠭ᠎ᠠ ᠶᠢ ᠵᠢᠷᠣᠮᠵᠢᠭᠤᠯᠵᠦ᠂ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠳᠡᠨ ᠤ ᠠᠵᠢᠯ ᠤᠨ ᠰᠠᠯᠠᠭ᠎ᠠ ᠮᠦᠴᠢᠷ ᠤᠨ ᠡᠷᠬᠡ ᠶᠢᠨ ᠨᠠᠷᠢᠨ ᠬᠠᠭᠤᠳᠠᠰᠦ ᠶᠢᠨ ᠲᠦᠷᠢᠮ ᠢ ᠪᠦᠷᠢᠨᠰᠢᠬᠦᠯᠵᠦ᠂ ᠡᠷᠬᠡ ᠶᠢᠨ ᠠᠵᠢᠯᠯᠠᠭᠠᠨ ᠤ ᠴᠣᠪᠣᠷᠡᠯ ᠢ ᠬᠠᠣᠯᠢ ᠶᠣᠰᠣᠭᠠᠷ ᠢᠯᠡ ᠪᠤᠯᠭᠠᠨ᠂ ᠨᠠᠷᠢᠨ ᠬᠠᠭᠤᠳᠠᠰᠦ ᠠᠴᠠ ᠪᠣᠰᠣᠳ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠨᠢᠬᠡᠴᠤ ᠪᠠᠶᠢᠷᠢᠯᠠᠭᠤᠯᠵᠣ ᠪᠤᠯᠬᠤ ᠦᠭᠡᠢ ︵ᠦᠪᠡᠷᠳᠡᠭᠡᠨ ᠵᠠᠰᠠᠬᠤ ᠣᠷᠣᠨ ᠤ ᠬᠠᠣᠯᠢ ᠲᠦᠷᠢᠮ ᠤᠨ ᠠᠯᠪᠠᠨ ᠭᠡᠷ ᠠᠴᠠ ᠲᠦᠷᠦᠭᠦᠯᠡᠨ ᠬᠠᠷᠢᠭᠤᠴᠠᠨ᠎ᠠ︶᠃      2. ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠷᠢᠳᠤᠬᠢ ᠵᠦᠢᠯᠡᠰ ᠤᠨ ᠦᠭᠡᠷᠡᠴᠢᠯᠡᠯᠳᠡ ᠶᠢ ᠲᠦᠷᠭᠡᠳᠭᠡᠨ᠎ᠡ᠃ ᠣᠳᠣ ᠶᠢᠨ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠷᠢᠳᠤᠬᠢ ᠭᠤᠭᠴᠤᠭ᠎ᠠ ᠶᠢᠨ ᠮᠡᠷᠭᠡᠵᠢᠯ ᠤᠨ ᠬᠢᠨᠠᠨ ᠪᠠᠶᠢᠴᠠᠭᠠᠯᠳᠠ᠂ ᠦᠨᠡᠯᠡᠨ ᠵᠢᠱᠢᠬᠦ᠂ ᠰᠢᠯᠭᠠᠨ ᠭᠡᠷᠡᠴᠢᠯᠡᠬᠦ᠂ ᠠᠰᠠᠭᠤᠨ ᠯᠠᠪᠯᠠᠬᠤ ᠵᠡᠷᠭᠡ ᠦᠨ᠎ᠡ ᠲᠦᠯᠦᠪᠦᠷᠢ ᠲᠠᠢ ᠵᠠᠭᠤᠴᠢ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠢᠯᠭᠠᠷᠠᠭᠤᠯᠵᠣ᠂ ᠬᠦᠴᠦᠨ ᠦᠭᠡᠢ ᠪᠤᠯᠭᠠᠵᠣ ᠲᠡᠶᠢᠯᠬᠦ ᠶᠢ ᠨᠢ ᠲᠠᠷᠦ᠋ᠢᠬᠠᠨ ᠬᠦᠴᠦᠨ ᠦᠭᠡᠢ ᠪᠣᠯᠭᠠᠨ᠎ᠠ︔ ᠦᠨᠡᠬᠡᠷ ᠦᠯᠡᠳᠡᠭᠡᠬᠦ ᠴᠢᠬᠤᠯᠠᠳᠠᠢ ᠪᠠᠶᠢᠪᠠᠯ᠂ ᠴᠠᠭ ᠬᠤᠭᠤᠴᠠᠭ᠎ᠠ ᠪᠠ ᠰᠦᠢᠳᠭᠡᠯ ᠬᠤᠷᠢᠶᠠᠬᠤ ᠶᠢ ᠵᠢᠷᠣᠮᠵᠢᠭᠤᠯᠬᠤ ᠶᠢᠨ ᠲᠠᠭᠠᠤ ᠨᠡᠶᠢᠭᠡᠮ ᠨᠡᠶᠢᠳᠡ ᠳᠤ ᠢᠯᠡ ᠨᠡᠶᠢᠳᠡᠯᠡᠬᠦ ᠬᠡᠷᠡᠭᠲᠠᠢ᠃ ᠬᠡᠯᠪᠡᠷᠢ ᠶᠢ ᠨᠢ ᠦᠭᠡᠷᠡᠳᠦᠭᠦᠯᠦᠨ ᠬᠢᠨᠠᠨ ᠵᠦᠪᠰᠢᠶᠡᠷᠡᠬᠦ ᠶᠢ ᠴᠠᠭᠠᠵᠠᠯᠠᠭᠰᠠᠨ ᠣᠯᠣᠰ ᠤᠨ ᠬᠤᠯᠪᠣᠭᠳᠠᠯ ᠪᠦᠬᠦᠢ ᠲᠣᠭᠳᠠᠭᠠᠯ ᠢ ᠴᠢᠩᠭ᠎ᠠ ᠨᠠᠶᠢᠳᠠᠪᠦᠷᠢᠵᠢᠭᠤᠯᠬᠤ ᠬᠡᠷᠡᠭᠲᠠᠢ ︵ᠦᠪᠡᠷᠳᠡᠭᠡᠨ ᠵᠠᠰᠠᠬᠤ ᠤᠷᠤᠨ ᠤ ᠬᠠᠣᠯᠢ ᠲᠦᠷᠢᠮ ᠤᠨ ᠠᠯᠪᠠᠨ ᠭᠡᠷ᠂ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠪᠤᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      3. ᠵᠠᠬ᠎ᠠ ᠲᠡᠯᠭᠡᠭᠦᠷ ᠢᠶᠠᠷ ᠦᠨ᠎ᠡ ᠬᠠᠩᠰᠢ ᠶᠢ ᠰᠢᠢᠳᠪᠦᠷᠢᠯᠡᠨ ᠲᠤᠭᠳᠠᠭᠠᠯᠭᠠᠬᠤ ᠲᠣᠭᠳᠠᠴᠠ ᠶᠢ ᠲᠡᠭᠦᠯᠳᠡᠷᠵᠢᠭᠦᠯᠦᠨ᠎ᠡ᠃ ᠵᠠᠬ᠎ᠠ ᠲᠡᠯᠭᠡᠭᠦᠷ ᠢᠶᠠᠷ ᠦᠨ᠎ᠡ ᠬᠠᠩᠰᠢ ᠪᠦᠷᠢᠯᠳᠦᠬᠦᠯᠵᠦ ᠲᠡᠶᠢᠯᠬᠦ ᠶᠢ ᠴᠦᠮ ᠵᠠᠬ᠎ᠠ ᠲᠡᠯᠭᠡᠭᠦᠷ ᠲᠤ ᠲᠣᠰᠢᠶᠠᠵᠣ᠂ ᠵᠠᠰᠠᠭ ᠤᠨ ᠣᠷᠳᠣᠨ ᠵᠦᠢ ᠵᠣᠬᠢᠰ ᠦᠭᠡᠢ ᠪᠠᠷ ᠦᠯᠦ ᠭᠠᠷ ᠲᠦᠷᠦᠬᠦ ᠵᠠᠷᠴᠢᠮ ᠶᠤᠰᠤᠭᠠᠷ᠂ ᠦᠷᠢᠰᠦᠯᠳᠦᠬᠦ ᠴᠢᠨᠠᠷᠲᠠᠢ ᠭᠤᠭᠴᠣᠭᠠᠨ ᠤ ᠦᠨ᠎ᠡ ᠬᠠᠩᠰᠢ ᠶᠢ ᠪᠦᠬᠦ ᠲᠠᠯ᠎ᠠ ᠪᠠᠷ ᠴᠢᠯᠦᠭᠡᠲᠠᠢ ᠪᠤᠯᠭᠠᠵᠤ ᠵᠠᠰᠠᠭ ᠤᠨ ᠣᠷᠳᠣᠨ ᠠᠴᠠ ᠦᠨ᠎ᠡ ᠬᠠᠩᠰᠢ ᠶᠢ ᠲᠣᠭᠳᠠᠭᠠᠬᠤ ᠲᠦᠷᠦᠯ ᠬᠡᠯᠪᠡᠷᠢ ᠪᠠ ᠲᠦᠷᠦᠯ ᠵᠦᠢᠯ ᠢ ᠶᠡᠬᠡᠪᠡᠷ ᠪᠠᠭᠠᠰᠬᠠᠨ᠎ᠠ᠃ ᠡᠨᠧᠷᠭᠢ ᠶᠢᠨ ᠦᠨ᠎ᠡ ᠬᠠᠩᠰᠢ ᠶᠢᠨ ᠵᠠᠬ᠎ᠠ ᠲᠡᠯᠭᠡᠭᠦᠷᠵᠢᠯᠳᠡ ᠶᠢ ᠲᠦᠷᠭᠡᠳᠭᠡᠨ ᠠᠬᠢᠭᠤᠯᠵᠤ᠂ ︽ᠲᠣᠮᠳᠠᠬᠢ ᠶᠢ ᠨᠢ ᠬᠠᠮᠢᠶᠠᠷᠴᠣ᠂ ᠬᠤᠶᠠᠷ ᠲᠠᠯ᠎ᠠ ᠶᠢ ᠨᠢ ᠴᠢᠯᠦᠭᠡᠲᠠᠢ ᠲᠠᠯᠪᠢᠬᠤ︾ ᠶᠡᠷᠦᠩᠬᠡᠢ ᠰᠡᠳᠭᠢᠮᠵᠢ ᠶᠢ ᠲᠤᠤᠱᠯᠠᠭᠤᠯᠵᠦ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠳᠠᠮᠠᠬᠠᠢ ᠬᠡᠢ ᠵᠡᠷᠭᠡ ᠡᠨᠧᠷᠭᠢ ᠶᠢᠨ ᠦᠨ᠎ᠡ ᠬᠠᠩᠰᠢ ᠶᠢᠨ ᠦᠭᠡᠷᠡᠴᠢᠯᠡᠯᠳᠡ ᠶᠢ ᠠᠬᠢᠭᠤᠯᠣᠨ᠎ᠠ᠃ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠲᠣᠭᠳᠠᠭᠠᠬᠤ ᠭᠠᠷᠴᠠᠭ︾᠎ ᠢ ᠲᠣᠭᠳᠠᠭᠠᠨ᠎ᠠ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠵᠡᠩᠨᠡᠯᠳᠡ ᠶᠢᠨ ᠴᠢᠨᠠᠷᠳᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠣᠯᠳᠠ ᠶᠢᠨ ᠠᠷᠭ᠎ᠠ︾ ᠪᠠ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ ᠬᠠᠮᠢᠶᠠᠷᠣᠯᠳᠠ ᠶᠢᠨ ᠲᠣᠭᠳᠠᠭᠠᠯ︾᠎ ᠢ ᠲᠠᠷᠦ᠋ᠢᠬᠠᠨ ᠲᠣᠭᠳᠠᠭᠠᠵᠦ᠂ ᠨᠡᠶᠢᠳᠡ ᠶᠢᠨ ᠬᠡᠷᠡᠭᠯᠡᠭᠡᠨ ᠤ ᠠᠵᠢᠯ ᠦᠢᠯᠡᠰ ᠪᠠ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠣᠯᠳᠠ ᠳᠤ ᠰᠢᠨ᠎ᠡ ᠶᠢ ᠡᠭᠦᠳᠦᠨ᠎ᠡ ︵ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠲᠦᠷᠦᠭᠦᠯᠡᠨ ᠬᠠᠷᠢᠭᠤᠴᠠᠨ᠎ᠠ︶᠃      4. ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠠᠮᠢᠶᠠᠷᠣᠯᠳᠠ ᠶᠢᠨ ᠵᠠᠭᠪᠣᠷ ᠲᠤ ᠦᠭᠡᠷᠡᠴᠢᠯᠡᠯᠳᠡ ᠬᠢᠨ᠎ᠡ᠃ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠤᠨ ᠪᠠᠶᠢᠭᠤᠯᠣᠯᠳᠡ ᠪᠠ ᠬᠠᠮᠢᠶᠠᠷᠣᠯᠳᠠ ᠪᠠᠨ ᠴᠢᠩᠭᠠᠳᠬᠠᠵᠤ᠂ ᠪᠦᠬᠦ ᠣᠷᠣᠨ ᠤ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠭᠤᠷᠪᠠᠨ ᠱᠠᠳᠣᠨ ᠤ ᠰᠦᠯᠵᠢᠶᠠᠨ ᠲᠡᠭᠡᠷ᠎ᠡ ᠨᠢᠭᠡᠳᠦᠯᠳᠡᠢ ᠠᠵᠢᠯ ᠬᠡᠷᠡᠭ ᠬᠦᠢᠴᠡᠳᠬᠡᠬᠦ ᠲᠢᠩᠬᠢᠮ ᠢ ᠪᠠᠶᠢᠭᠤᠯᠵᠤ᠂ ᠰᠦᠯᠵᠢᠶᠡᠨ ᠲᠡᠭᠡᠷ᠎ᠡ ᠬᠢᠨᠡᠨ ᠵᠦᠪᠰᠢᠶᠡᠷᠡᠬᠦ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠬᠢᠨᠠᠨ ᠵᠦᠪᠰᠢᠶᠡᠷᠡᠬᠦ ᠪᠠᠷ ᠬᠦᠯᠢᠶᠡᠨ ᠠᠪᠴᠦ ᠰᠢᠢᠳᠪᠦᠷᠢᠯᠡᠬᠦ ᠨᠣᠷᠮ᠎ᠠ ᠪᠠ ᠬᠢᠵᠣ ᠲᠠᠭᠤᠰᠬᠠᠬᠤ ᠨᠣᠷᠮ᠎ᠠ ᠶᠢ ᠲᠡᠭᠡᠭᠰᠢᠯᠡᠭᠦᠯᠵᠤ᠂ ᠵᠠᠰᠠᠭ ᠤᠨ ᠣᠷᠳᠣᠨ ᠤ ᠰᠦᠯᠵᠢᠶᠡᠨ ᠲᠡᠭᠡᠷ᠎ᠡ ᠦᠢᠯᠡᠴᠢᠯᠡᠬᠦ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ ︵ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶᠃      ︵ᠭᠤᠷᠪᠠ︶ ᠣᠷᠣᠨ ᠨᠤᠳᠤᠭ ᠤᠨ ᠪᠢᠳᠡᠭᠦᠮᠵᠢᠯᠡᠯᠳᠡ ᠪᠠ ᠠᠵᠢᠯ ᠲᠦᠷᠦᠯ ᠤᠨ ᠭᠠᠭᠴᠠᠭᠠᠷ ᠡᠵᠡᠮᠰᠢᠬᠦ ᠶᠢ ᠦᠬᠡᠶᠢᠰᠬᠡᠨ᠎ᠠ᠃      1. ᠵᠠᠬ᠎ᠠ ᠲᠡᠯᠭᠡᠭᠦᠷ ᠢ ᠨᠢᠭᠡᠳᠦᠯᠲᠠᠢ ᠪᠠᠶᠢᠭᠤᠯᠬᠤ ᠶᠢ ᠬᠠᠷᠰᠢᠯᠠᠬᠤ ᠬᠤᠷᠢᠭ᠎ᠠ ᠴᠠᠷᠠᠭ᠎ᠠ ᠶᠢ ᠢᠯᠭᠠᠷᠠᠭᠤᠯᠣᠨ᠎ᠠ᠃ ︽ᠬᠡᠨ ᠲᠣᠭᠳᠠᠭᠠᠪᠠᠯ᠂ ᠬᠡᠨ ᠢᠯᠭᠠᠷᠠᠭᠤᠯᠬᠤ︾ ᠵᠠᠷᠴᠢᠮ ᠤᠨ ᠶᠣᠰᠣᠭᠠᠷ᠂ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠨ ᠨᠡᠶᠢᠳᠡᠯᠡᠭᠰᠡᠨ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ᠂ ᠡᠵᠡᠩᠨᠡᠯᠳᠡ ᠶᠢᠨ ᠠᠵᠢᠯᠯᠠᠭᠠᠨ ᠢ ᠵᠢᠷᠣᠮᠵᠢᠭᠤᠯᠬᠤ ᠳᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠵᠣ᠂ ᠵᠠᠬ᠎ᠠ ᠲᠡᠯᠭᠡᠭᠦᠷ ᠢ ᠨᠢᠭᠡᠳᠦᠯᠲᠠᠢ ᠪᠤᠯᠭᠠᠬᠤ ᠪᠠ ᠡᠷᠬᠡ ᠲᠡᠭᠰᠢ ᠪᠠᠷ ᠦᠷᠢᠰᠦᠯᠳᠦᠬᠦ ᠶᠢ ᠬᠠᠷᠰᠢᠯᠠᠬᠤ ᠲᠦᠷᠢᠮ ᠲᠣᠭᠳᠠᠭᠠᠯ ᠪᠣᠯᠣᠨ ᠠᠷᠭ᠎ᠠ ᠪᠠᠷᠢᠯ ᠢ ᠬᠦᠴᠦᠨ ᠦᠭᠡᠢ ᠪᠣᠯᠭᠠᠵᠦ᠂ ᠬᠠᠣᠯᠢ ᠴᠠᠭᠠᠵᠠ ᠬᠠᠣᠯᠢ ᠲᠣᠭᠳᠠᠭᠠᠯ ᠠᠴᠠ ᠵᠦᠷᠢᠴᠠᠨ ᠬᠠᠷᠠᠭᠠᠯᠵᠠᠳᠣ ᠲᠦᠷᠦ ᠶᠢᠨ ᠪᠣᠳᠣᠯᠭ᠎ᠠ ᠶᠢ ᠬᠡᠷᠡᠭᠵᠢᠬᠦᠯᠦᠨ ᠬᠤᠳᠠᠯᠳᠣᠭᠠᠴᠢᠨ ᠣᠷᠢᠬᠤ ᠠᠵᠢᠯᠯᠠᠭ᠎ᠠ ᠶᠢ ᠵᠠᠯᠠᠷᠠᠭᠤᠯᠣᠨ᠂ ᠬᠠᠣᠯᠢ ᠴᠠᠭᠠᠵᠠ ᠬᠠᠣᠯᠢ ᠲᠣᠭᠳᠠᠭᠠᠯ ᠠᠴᠠ ᠵᠦᠷᠢᠴᠡᠨ ᠪᠣᠰᠣᠳ ᠭᠠᠵᠠᠷ ᠤᠨ ᠦᠢᠯᠡᠳᠬᠦᠨ ᠪᠣᠶᠣ ᠦᠢᠯᠡᠴᠢᠯᠡᠭᠡᠨ ᠳᠤ ᠭᠠᠳᠠᠭᠤᠷᠴᠢᠯᠠᠬᠤ ᠴᠢᠨᠠᠷᠳᠠᠢ ᠵᠥᠪᠰᠢᠶᠡᠷᠡᠨ ᠣᠷᠤᠭᠤᠯᠬᠤ ᠨᠦᠭᠦᠴᠡᠯ ᠵᠢᠴᠢ ᠰᠦᠢᠳᠭᠡᠯ ᠬᠤᠷᠢᠶᠠᠬᠤ ᠲᠦᠷᠦᠯ ᠵᠦᠢᠯ᠂ ᠭᠠᠳᠠᠭᠤᠷᠴᠢᠯᠠᠬᠤ ᠴᠢᠨᠠᠷᠳᠠᠢ ᠦᠨ᠎ᠡ ᠬᠠᠩᠰᠢ ᠲᠤᠬᠳᠠᠭᠠᠬᠤ ᠵᠢᠴᠢ ᠵᠢᠭᠠᠨ ᠲᠣᠭᠳᠠᠭᠰᠠᠨ ᠦᠢᠯᠡᠳᠬᠦᠨ᠂ ᠦᠢᠯᠡᠴᠢᠯᠡᠭᠡ ᠬᠤᠳᠠᠯᠳᠣᠨ ᠠᠪᠤᠭᠤᠯᠬᠤ ᠵᠡᠷᠭᠡ ᠠᠵᠢᠯᠯᠠᠭ᠎ᠠ ᠶᠢ ᠵᠠᠯᠠᠷᠠᠭᠤᠯᠣᠨ᠎ᠠ ︵ᠦᠪᠡᠷᠳᠡᠭᠡᠨ ᠵᠠᠰᠠᠬᠤ ᠣᠷᠣᠨ ᠤ ᠬᠠᠣᠯᠢ ᠲᠦᠷᠢᠮ ᠤᠨ ᠠᠯᠪᠠᠨ ᠭᠡᠷ᠂ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠣᠭᠠᠨ ᠤ ᠶᠠᠪᠤᠳᠠᠯ ᠤᠨ ᠲᠢᠩᠬᠢᠮ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃       2. ᠡᠷᠬᠡ ᠲᠡᠭᠰᠢ ᠴᠢᠯᠦᠭᠡᠲᠠᠢ ᠦᠷᠢᠰᠦᠯᠳᠦᠬᠦ ᠡᠮᠬᠢ ᠵᠢᠷᠦᠮ ᠲᠠᠢ ᠵᠠᠬ᠎ᠠ ᠲᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠣᠯᠳᠠ ᠶᠢ ᠠᠬᠢᠭᠤᠯᠣᠨ᠎ᠠ᠃ ᠦᠷᠢᠰᠦᠯᠳᠦᠬᠦ ᠲᠦᠷᠦ ᠶᠢᠨ ᠪᠣᠳᠣᠯᠭ᠎ᠠ ᠶᠢᠨ ᠰᠠᠭᠤᠷᠢ ᠴᠢᠨᠠᠷᠲᠦ ᠪᠠᠶᠢᠷᠢ ᠰᠠᠭᠤᠷᠢ ᠶᠢ ᠢᠳᠡᠭ ᠢᠳᠡᠭ ᠢᠶᠠᠷ ᠲᠣᠭᠳᠠᠭᠠᠵᠣ᠂ ᠡᠷᠬᠡ ᠲᠡᠭᠰᠢ᠂ ᠴᠢᠯᠦᠭᠡᠲᠠᠢ᠂ ᠢᠯᠡ ᠲᠣᠳᠦ ᠵᠠᠬ᠎ᠠ ᠲᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠣᠯᠳᠠ ᠶᠢᠨ ᠶᠤᠰᠤ ᠲᠦᠷᠢᠮ ᠢ ᠪᠠᠶᠢᠭᠤᠯᠤᠨ᠂ ᠦᠷᠢᠰᠦᠯᠳᠦᠬᠦ ᠲᠦᠷᠦ ᠶᠢᠨ ᠪᠣᠳᠣᠯᠭ᠎ᠠ ᠪᠤᠯᠤᠨ ᠠᠵᠦ ᠦᠢᠯᠡᠰ᠂ ᠪᠡᠯᠡ ᠣᠷᠣᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠵᠣᠬᠢᠴᠠᠭᠤᠯᠬᠤ ᠲᠣᠭᠳᠠᠴᠠ ᠶᠢ ᠲᠦᠷᠭᠡᠳᠭᠡᠨ ᠪᠠᠶᠢᠭᠤᠯᠵᠤ᠂ ᠡᠷᠬᠡ ᠲᠡᠭᠰᠢ ᠦᠷᠢᠰᠦᠯᠳᠣᠬᠦ ᠶᠢ ᠬᠢᠨᠠᠨ ᠪᠠᠶᠢᠴᠠᠭᠠᠬᠤ ᠲᠦᠷᠢᠮ ᠢ ᠬᠡᠷᠡᠭᠵᠢᠬᠦᠯᠦᠨ᠎ᠡ᠃ ᠨᠡᠶᠢᠳᠡ ᠶᠢᠨ ᠬᠡᠷᠡᠭᠯᠡᠬᠡᠨ ᠤ ᠠᠵᠢᠯ ᠦᠢᠯᠡᠰ ᠪᠠ ᠴᠢᠬᠤᠯᠠ ᠣᠯᠠᠨ ᠨᠡᠶᠢᠳᠡ ᠶᠢᠨ ᠰᠠᠭᠤᠷᠢ ᠪᠡᠯᠡᠳᠭᠡᠮᠵᠢ ᠶᠢᠨ ᠬᠦᠷᠢᠶᠡᠨ ᠳᠤ ᠣᠨᠴᠣᠭᠤᠢ ᠵᠦᠪᠰᠢᠶᠡᠷᠡᠭᠰᠡᠨ ᠡᠵᠡᠩᠨᠡᠯᠳᠡ ᠬᠢᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠵᠤ᠂ ᠦᠷᠢᠰᠦᠯᠳᠦᠵᠦ ᠪᠣᠯᠬᠤ ᠲᠣᠬᠠᠶᠢᠯᠠᠭᠰᠠᠨ ᠠᠵᠢᠯ ᠳᠤ ᠦᠷᠢᠰᠦᠯᠳᠣᠬᠦ ᠲᠣᠭᠳᠠᠴᠠ ᠶᠢ ᠣᠷᠣᠭᠤᠯᠵᠣ᠂ ᠠᠶᠠᠨᠳᠠᠭᠠᠨ ᠭᠠᠭᠴᠠᠭᠠᠷ ᠡᠵᠡᠮᠰᠢᠬᠦ ᠠᠵᠢᠯ ᠲᠦᠷᠦᠯ ᠤᠨ ᠦᠷᠢᠰᠦᠯᠳᠦᠬᠦ ᠴᠢᠨᠠᠷᠳᠡᠢ ᠠᠵᠢᠯ ᠢ ᠴᠢᠯᠦᠭᠡᠲᠠᠢ ᠪᠤᠯᠭᠠᠨ᠎ᠠ᠃ ︽ᠰᠠᠭᠤᠷᠢ ᠪᠡᠯᠡᠳᠭᠡᠮᠵᠢ ᠪᠠ ᠨᠡᠶᠢᠳᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠣᠭᠤᠢ ᠵᠥᠪᠰᠢᠶᠡᠷᠡᠭᠰᠡᠨ ᠡᠵᠡᠩᠨᠡᠯᠳᠡ ᠬᠠᠮᠢᠶᠠᠷᠣᠯᠳᠠ ᠶᠢᠨ ᠠᠷᠭ᠎ᠠ︾ ︵ᠪᠦᠭᠦᠳᠡ ᠨᠠᠶᠢᠷᠠᠮᠳᠠᠬᠤ ᠲᠤᠮᠳᠠᠲᠦ ᠠᠷᠠᠳ ᠣᠯᠣᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠦᠨ᠂ ᠣᠷᠣᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠦᠨ᠂ ᠣᠰᠣᠨ ᠠᠰᠢᠭᠯᠠᠯᠳᠠ ᠶᠢᠨ ᠶᠠᠮᠦᠨ᠂ ᠲᠣᠮᠳᠠᠳᠦ ᠣᠯᠣᠰ ᠤᠨ ᠠᠷᠠᠳ ᠤᠨ ᠪᠠᠩᠭᠢ ᠶᠢᠨ 2015 ᠣᠨ ᠤ 25 ᠳ᠋ᠤᠭᠠᠷ ᠲᠣᠭᠠᠲᠦ ᠵᠠᠷᠯᠢᠭ︶᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠣᠨᠴᠣᠭᠤᠢ ᠵᠦᠪᠰᠢᠶᠡᠷᠡᠭᠰᠡᠨ ᠡᠵᠡᠩᠨᠡᠯᠳᠡ ᠶᠢᠨ ᠠᠵᠢᠯ ᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠡ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠠ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ︵ᠲᠦᠷᠪᠡ︶ ᠵᠠᠬ᠎ᠠ ᠲᠡᠯᠭᠡᠭᠦᠷ ᠠᠴᠠ ᠪᠣᠴᠠᠭᠠᠨ ᠭᠠᠷᠬᠤ ᠲᠣᠭᠳᠠᠴᠠ ᠶᠢ ᠲᠡᠭᠦᠯᠳᠡᠷᠵᠢᠬᠦᠯᠦᠨ᠎ᠡ᠃      1. ᠠᠯᠪᠠᠳᠠᠯᠭ᠎ᠠ ᠪᠠᠷ ᠪᠣᠴᠠᠭᠠᠨ ᠭᠠᠷᠭᠠᠬᠤ ᠲᠣᠭᠳᠠᠴᠠ ᠶᠢ ᠴᠢᠩᠭᠠᠳᠬᠠᠨ᠎ᠠ᠃ ᠬᠠᠣᠯᠢ ᠴᠠᠭᠠᠵᠠ ᠬᠠᠣᠯᠢ ᠲᠣᠭᠳᠠᠭᠠᠯ ᠤᠨ ᠴᠠᠭᠠᠵᠠᠯᠠᠬᠤ ᠴᠢᠨᠠᠷᠳᠡᠢ ᠲᠣᠭᠳᠠᠭᠠᠯ ᠠᠴᠠ ᠵᠦᠷᠢᠴᠡᠭᠰᠡᠨ ᠵᠠᠬ᠎ᠠ ᠲᠡᠯᠭᠡᠭᠦᠷ ᠤᠨ ᠭᠤᠣᠯ ᠴᠣᠭᠴᠠ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠠᠶᠣᠯ ᠦᠬᠡᠢ ᠦᠢᠯᠡᠳᠪᠦᠷᠢᠯᠡᠯ᠂ ᠢᠳᠡᠭᠡᠨ ᠤ ᠵᠦᠢᠯᠡᠰ᠂ ᠡᠮ ᠤᠨ ᠵᠦᠢᠯᠡᠰ᠂ ᠪᠠᠷᠢᠯᠭ᠎ᠠ ᠶᠢᠨ ᠶᠠᠰᠣ ᠴᠢᠨᠠᠷ ᠵᠡᠷᠭᠡ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠳᠤ ᠬᠦᠷᠴᠣ ᠲᠡᠶᠢᠯᠦᠭᠰᠡᠨ ᠦᠭᠡᠢ ᠵᠠᠬ᠎ᠠ ᠲᠡᠯᠭᠡᠭᠦᠷ ᠤᠨ ᠭᠤᠣᠯ ᠴᠣᠭᠴᠠ ᠶᠢ ᠬᠠᠣᠯᠢ ᠶᠣᠰᠣᠭᠠᠷ ᠬᠦᠴᠦᠨ ᠦᠭᠡᠢ ᠪᠤᠯᠭᠠᠵᠣ᠂ ᠬᠠᠮᠢᠶ᠎ᠠ ᠪᠦᠬᠦᠢ ᠭᠡᠷᠡᠴᠢ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠠᠵᠣ ᠠᠬᠤᠶᠢᠯᠠᠯ ᠤᠨ ᠲᠠᠮᠫᠣᠷᠠᠭᠤᠯᠬᠤ ᠲᠦᠷᠢᠮ ᠢ ᠲᠡᠭᠦᠯᠳᠡᠷᠵᠢᠬᠦᠯᠦᠨ᠎ᠡ᠃ ᠲᠠᠮᠫᠣᠷᠡᠭᠤᠯᠣᠨ ᠲᠠᠬᠢᠨ ᠪᠠᠶᠢᠭᠤᠯᠬᠤ᠂ ᠡᠶᠡᠳᠡᠭᠦᠯᠬᠦ᠂ ᠨᠠᠶᠢᠳᠠᠨ ᠬᠠᠮᠢᠶᠠᠷᠣᠭᠤᠯᠬᠤ᠂ ᠨᠠᠷᠢᠪᠴᠢᠯᠠᠨ ᠲᠤᠭᠠᠴᠠᠭᠠᠯᠠᠬᠤ ᠵᠡᠷᠭᠡ ᠲᠦᠷᠢᠮ ᠪᠠ ᠵᠢᠷᠦᠮ ᠢ ᠰᠢᠯᠢᠳᠡᠭᠵᠢᠭᠦᠯᠵᠤ᠂ ᠦᠭᠴᠡᠭᠡᠳᠡᠨ ᠤ ᠲᠠᠮᠫᠣᠷᠠᠭᠤᠯᠬᠤ ᠨᠠᠷᠢᠪᠴᠢᠯᠠᠨ ᠲᠤᠭᠠᠴᠠᠭᠠᠯᠠᠬᠤ ᠡᠭᠦᠷᠭᠡ ᠶᠢ ᠴᠢᠩᠭᠠᠳᠬᠠᠵᠣ᠂ ᠲᠠᠮᠫᠣᠷᠠᠭᠤᠯᠬᠤ ᠶᠢ ᠬᠠᠮᠢᠶᠠᠷᠬᠤ ᠠᠵᠢᠯᠳᠠᠨ ᠢ ᠦᠷᠢᠰᠦᠯᠳᠦᠭᠦᠯᠦᠨ ᠰᠣᠩᠭᠤᠬᠤ ᠠᠷᠭ᠎ᠠ ᠶᠢ ᠬᠡᠷᠡᠭᠵᠢᠬᠦᠯᠦᠨ᠂ ᠡᠳ᠋ ᠬᠦᠷᠦᠩᠭᠡ ᠶᠢᠨ ᠲᠤᠭ᠎ᠠ ᠪᠠᠷ ᠶᠡᠭᠡ ᠪᠢᠰᠢ᠂ ᠡᠵᠡᠩᠨᠡᠯᠳᠡ ᠶᠢᠨ ᠬᠦᠷᠢᠶ᠎ᠡ ᠬᠡᠪᠴᠢᠶ᠎ᠡ ᠨᠢ ᠦᠷᠭᠡᠨ ᠪᠣᠰᠣ ᠪᠤᠶᠤ ᠣᠨᠴᠣᠭᠤᠢ ᠲᠣᠭᠳᠠᠭᠰᠠᠨ ᠵᠢᠵᠢᠭ ᠪᠢᠴᠢᠯ ᠠᠵᠣ ᠠᠬᠤᠶᠢᠯᠠᠯ ᠳᠤ ᠲᠦᠭᠦᠮ ᠲᠠᠮᠫᠣᠷᠠᠭᠤᠯᠳᠠ ᠶᠢᠨ ᠵᠢᠷᠦᠮ ᠢ ᠬᠡᠷᠡᠭᠵᠢᠬᠦᠯᠬᠦ ᠶᠢ ᠰᠦᠪᠡᠭᠴᠢᠯᠡᠨ᠎ᠡ ︵ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠬᠠᠣᠯᠢ ᠲᠦᠷᠢᠮ ᠤᠨ ᠠᠯᠪᠠᠨ ᠭᠡᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      3. ᠰᠲ᠋ᠣᠺ ᠢᠶᠠᠨ ᠵᠠᠬ᠎ᠠ ᠲᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠵᠠᠬ᠎ᠠ ᠲᠡᠯᠭᠡᠭᠦᠷ ᠠᠴᠠ ᠪᠣᠴᠠᠵᠦ ᠭᠠᠷᠣᠭᠰᠠᠨ ᠤ ᠲᠠᠷᠠᠭᠠᠬᠢ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ᠬᠦᠷᠦᠩᠭᠡ ᠶᠢᠨ ᠵᠠᠬ᠎ᠠ ᠲᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠣᠯᠳᠠ ᠶᠢ ᠰᠢᠯᠢᠳᠡᠭᠵᠢᠬᠦᠯᠦᠨ᠎ᠡ᠃ ᠵᠠᠬ᠎ᠠ ᠲᠡᠯᠭᠡᠭᠦᠷ ᠠᠴᠠ ᠪᠣᠴᠠᠵᠦ ᠭᠠᠷᠬᠤ ᠲᠦᠭᠰᠢᠭᠦᠷᠢᠳᠡᠢ ᠺᠣᠮᠫᠠᠨᠢ ᠶᠢ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠵᠦ᠂ ᠰᠲ᠋ᠣᠺ ᠢᠶᠠᠨ ᠵᠠᠬ᠎ᠠ ᠲᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠵᠠᠬ᠎ᠠ ᠲᠡᠯᠭᠡᠭᠦᠷ ᠠᠴᠠ ᠪᠣᠴᠠᠵᠦ ᠭᠠᠷᠬᠤ ᠡᠯ᠎ᠡ ᠱᠠᠳᠦ ᠦᠶ᠎ᠡ ᠶᠢᠨ ᠲᠦᠭᠰᠢᠭᠦᠷᠢ ᠶᠢ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡᠨ ᠤ ᠣᠬᠠᠭᠤᠯᠭ᠎ᠠ ᠪᠠ ᠲᠣᠭᠳᠠᠭᠤᠨ ᠪᠠᠶᠢᠯᠭᠠᠬᠤ ᠶᠢ ᠬᠠᠮᠠᠭᠠᠯᠠᠬᠤ ᠠᠵᠢᠯ ᠢ ᠢᠳᠡᠪᠬᠢᠲᠠᠢ ᠰᠠᠶᠢᠳᠣᠷ ᠬᠢᠨ᠎ᠡ ︵ᠦᠪᠦᠷ ᠮᠣᠩᠭᠤᠯ ᠤᠨ ᠦᠨᠡᠲᠦ ᠲᠡᠮᠳᠡᠭᠳᠦ ᠶᠢᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠡ ᠠᠴᠠ ᠲᠦᠷᠦᠭᠦᠯᠡᠨ ᠬᠠᠷᠢᠭᠤᠴᠠᠨ᠎ᠠ︶᠃      4. ᠠᠵᠣ ᠠᠬᠤᠶᠢᠯᠠᠯ ᠤᠨ ᠲᠠᠩᠰᠠᠨ ᠠᠴᠠ ᠬᠠᠰᠣᠬᠤ ᠴᠣᠪᠣᠷᠠᠯ ᠢ ᠲᠦᠭᠦᠮᠴᠢᠯᠡᠬᠦ ᠪᠠ ᠲᠡᠭᠦᠯᠳᠡᠷᠵᠢᠭᠦᠯᠦᠨ᠎ᠡ᠃ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ᠂ ᠡᠵᠡᠩᠨᠡᠯᠳᠡ ᠬᠢᠭᠡᠳᠦᠢ ᠠᠵᠣ ᠠᠬᠤᠶᠢᠯᠠᠯ ᠵᠢᠴᠢ ᠦᠭᠴᠡᠭᠡ ᠠᠪᠴᠠᠭ᠎ᠠ ᠦᠭᠡᠢ ᠠᠵᠣ ᠠᠬᠤᠶᠢᠯᠠᠯ ᠳᠤ ᠳᠦᠭᠦᠮᠴᠢᠯᠡᠭᠰᠡᠨ ᠲᠠᠩᠰᠠᠨ ᠠᠴᠠ ᠬᠠᠰᠣᠬᠤ ᠵᠢᠷᠦᠮ ᠢ ᠬᠡᠷᠡᠭᠵᠢᠭᠦᠯᠬᠦ ᠶᠢ ᠲᠣᠷᠰᠢᠨ ᠬᠡᠷᠡᠭᠵᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃      5. ᠠᠵᠢᠯ ᠡᠷᠬᠢᠯᠡᠭᠴᠢᠳ ᠤᠨ ᠬᠠᠮᠢᠶ᠎ᠠ ᠪᠦᠬᠦᠢ ᠲᠦᠷᠢᠮ ᠢ ᠬᠡᠷᠡᠭᠵᠢᠭᠦᠯᠬᠦ ᠪᠠ ᠵᠢᠷᠣᠮᠵᠢᠭᠤᠯᠤᠨ᠎ᠠ᠃ ᠮᠦᠩᠭᠦᠨ ᠭᠦᠢᠯᠭᠡᠭᠡᠨ᠂ ᠢᠳᠡᠭᠡᠨ ᠪᠠ ᠡᠮ ᠤᠨ ᠵᠦᠢᠯᠡᠰ᠂ ᠠᠶᠣᠯ ᠦᠭᠡᠢ ᠦᠢᠯᠡᠳᠪᠦᠷᠢᠯᠡᠯ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠵᠡᠷᠭᠡ ᠬᠦᠷᠢᠶ᠎ᠡ ᠴᠠᠷᠠᠭ᠎ᠠ ᠳᠤ ᠬᠠᠣᠯᠢ ᠠᠴᠠ ᠵᠦᠷᠢᠴᠡᠭᠰᠡᠨ ᠬᠦᠮᠦᠰ ᠤᠨ ᠠᠵᠢᠯ ᠡᠷᠬᠢᠯᠡᠬᠦ ᠶᠢ ᠴᠠᠭᠠᠵᠠᠯᠠᠭᠰᠠᠨ ᠲᠣᠭᠳᠠᠭᠠᠯ ᠢ ᠴᠢᠩᠭ᠎ᠠ ᠬᠡᠷᠡᠭᠵᠢᠭᠦᠯᠵᠤ᠂ ᠠᠵᠢᠯ ᠡᠷᠬᠢᠯᠡᠭᠴᠢᠳ ᠤᠨ ᠦᠨᠡᠨᠴᠢ ᠢᠳᠡᠭᠡᠮᠵᠢᠲᠠᠢ ᠪᠠᠶᠢᠬᠤ ᠲᠠᠩᠰᠠ ᠡᠪᠭᠡᠮᠡᠯ ᠢ ᠪᠠᠶᠢᠭᠤᠯᠤᠨ᠎ᠠ᠃ ᠬᠡᠣᠬᠡᠳ᠂ ᠨᠠᠰᠣᠳᠠᠳ ᠤᠨ ᠬᠡᠷᠡᠭᠰᠡᠯ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠤ ᠬᠠᠥᠯᠢ ᠠᠴᠠ ᠵᠦᠷᠢᠴᠡᠭᠰᠡᠨ ᠬᠦᠮᠦᠰ ᠤᠨ ᠠᠵᠢᠯ ᠡᠷᠬᠢᠯᠡᠭᠰᠡᠨ ᠢ ᠴᠠᠭᠠᠵᠠᠯᠠᠬᠤ ᠲᠣᠭᠳᠠᠭᠠᠯ ᠢ ᠱᠠᠯᠠᠪᠳᠠᠨ ᠲᠣᠭᠳᠠᠭᠠᠵᠤ ᠲᠤᠷᠰᠢᠨ ᠬᠡᠷᠡᠭᠵᠢᠬᠦᠯᠦᠨ᠎ᠠ᠃ ᠠᠵᠢᠯ ᠡᠷᠬᠢᠯᠡᠬᠦ ︵ᠲᠣᠰᠢᠶᠠᠯ ᠬᠠᠷᠢᠭᠤᠴᠠᠬᠤ︶ ᠬᠢᠷᠢ ᠭᠡᠮ ᠤᠨ ᠬᠠᠮᠢᠶᠠᠷᠣᠯᠳᠠ ᠶᠢᠨ ᠡᠷᠴᠢᠮ ᠢ ᠴᠢᠩᠭᠠᠷᠠᠭᠤᠯᠵᠣ᠂ ᠠᠵᠢᠯ ᠲᠦᠷᠦᠯ ᠤᠨ ᠠᠵᠢᠯ ᠡᠷᠬᠢᠯᠡᠭᠴᠢᠳ ᠤᠨ ︽ᠬᠠᠷ᠎ᠠ ᠲᠠᠩᠰᠠ︾᠎ ᠶᠢᠨ ᠲᠦᠷᠢᠮ ᠢ ᠴᠠᠭ ᠳᠤᠨᠢ ᠲᠤᠬᠢᠷᠠᠭᠤᠯᠵᠦ ᠪᠠᠶᠢᠭᠤᠯᠣᠨ᠎ᠠ᠃ ᠪᠠᠶᠢᠭᠤᠯᠤᠮᠵᠢ ᠠᠴᠠ ᠮᠦᠩᠭᠦᠨ ᠭᠦᠢᠯᠭᠡᠭᠡᠨ ᠤ ᠲᠡᠭᠡᠳᠦ ᠲᠡᠰ ᠤᠨ ᠬᠠᠮᠢᠶᠠᠷᠣᠯᠳᠠ ᠳᠤ ᠲᠤᠮᠢᠯᠠᠬᠤ ᠪᠠᠷ ᠪᠠᠶᠢᠭ᠎ᠠ ᠬᠦᠮᠦᠰ ᠨᠢ ᠬᠠᠣᠯᠢ ᠠᠴᠠ ᠵᠦᠷᠢᠴᠡᠭᠰᠡᠨ ᠲᠡᠮᠳᠡᠭᠯᠡᠯ ᠲᠠᠢ ᠪᠠᠶᠢᠪᠠᠯ ᠨᠢᠭᠡ ᠪᠢᠯᠧᠲ ᠢᠶᠠᠷ ᠬᠦᠴᠦᠨ ᠦᠬᠡᠢ ᠪᠤᠯᠭᠠᠬᠤ ᠲᠦᠷᠢᠮ ᠢ ᠬᠡᠷᠡᠭᠵᠢᠭᠦᠯᠦᠨ᠎ᠡ᠃ ᠢᠳᠡᠭᠡᠨ ᠤ ᠵᠦᠢᠯᠡᠰ ᠤᠨ ᠦᠢᠯᠡᠳᠪᠦᠷᠢᠯᠡᠯ ᠤᠨ ᠡᠵᠡᠩᠨᠡᠯᠳᠡ ᠶᠢᠨ ᠵᠦᠪᠰᠢᠶᠡᠷᠡᠯ ᠤᠨ ᠪᠤᠯᠪᠠᠰᠣᠷᠠᠭᠤᠯᠤᠯ᠂ ᠵᠢᠷᠣᠮᠵᠢᠭᠰᠠᠨ ᠵᠦᠪᠰᠢᠶᠡᠷᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠤ᠂ ᠢᠳᠡᠭᠡᠨ ᠤ ᠵᠦᠢᠯᠡᠰ ᠡᠵᠡᠩᠨᠡᠭᠴᠢᠳ ᠤᠨ ᠬᠠᠣᠯᠢ ᠠᠴᠠ ᠵᠦᠷᠢᠴᠡᠭᠰᠡᠨ ᠬᠦᠮᠦᠰ ᠲᠤ ︽ᠲᠠᠪᠤᠨ ᠵᠢᠯ ᠪᠣᠶᠣ ᠨᠠᠰᠣᠨ ᠲᠣᠷᠰᠢᠳᠠ ᠲᠣᠬᠠᠶᠢᠯᠠᠭᠰᠠᠨ ᠠᠵᠢᠯ ᠡᠷᠬᠢᠯᠡᠬᠦ ᠶᠢ ᠴᠠᠭᠠᠵᠠᠯᠠᠬᠤ ᠬᠠᠮᠢᠶ᠎ᠠ ᠪᠦᠬᠦᠢ ᠲᠣᠭᠳᠠᠭᠠᠯ︾᠎ ᠢ ᠴᠢᠩᠭ᠎ᠠ ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠠᠶᠣᠯ ᠦᠭᠡᠢ ᠦᠢᠯᠡᠳᠪᠦᠷᠢᠯᠡᠯ ᠤᠨ ᠬᠠᠣᠯᠢ︾᠎ ᠶᠢᠨ ᠬᠠᠮᠢᠶ᠎ᠠ ᠪᠦᠬᠦᠢ ᠲᠣᠭᠳᠠᠭᠠᠯ ᠢ ᠴᠢᠩᠭ᠎ᠠ ᠬᠡᠷᠡᠭᠵᠢᠭᠦᠯᠵᠣ᠂ ᠬᠦᠨᠳᠤ ᠶᠡᠭᠡ᠂ ᠣᠨᠴᠠ ᠬᠦᠨᠳᠤ ᠶᠡᠭᠡ ᠦᠢᠯᠡᠳᠪᠦᠷᠢᠯᠡᠯ ᠤᠨ ᠠᠮᠦᠷ ᠲᠦᠪᠰᠢᠨ ᠤ ᠬᠡᠷᠡᠭ ᠲᠤ ᠬᠠᠷᠢᠭᠤᠴᠠᠯᠭ᠎ᠠ ᠡᠭᠦᠷᠭᠡᠯᠡᠭᠰᠡᠳ ᠲᠤ ᠨᠠᠰᠣᠨ ᠲᠣᠷᠰᠢᠳᠠ ᠲᠣᠰ ᠠᠵᠢᠯ ᠲᠦᠷᠦᠯ ᠤᠨ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢᠨ ᠭᠤᠣᠯ ᠬᠠᠷᠢᠭᠤᠴᠠᠯᠭᠠᠳᠠᠨ ᠪᠣᠯᠭᠠᠵᠣ ᠪᠣᠯᠬᠤ ᠦᠭᠡᠢ ︵ᠠᠷᠠᠳ ᠤᠨ ᠪᠠᠩᠭᠢ ᠶᠢᠨ ᠬᠦᠬᠡᠬᠤᠳᠠ ᠶᠢᠨ ᠲᠦᠪ ᠰᠠᠯᠪᠦᠷᠢ ᠪᠠᠩᠭᠢ᠂ ᠦᠪᠦᠷ ᠮᠤᠩᠭᠤᠯ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ᠂ ᠦᠨᠡᠲᠦ ᠲᠡᠮᠳᠡᠭᠳᠦ ᠶᠢᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ᠂ ᠲᠠᠭᠠᠳᠬᠠᠯ ᠤᠨ ᠬᠢᠨᠠᠯᠲᠠ ᠬᠠᠮᠢᠶᠠᠷᠣᠯᠳᠠ ᠶᠢᠨ ᠲᠣᠪᠴᠢᠶ᠎ᠠ᠂ ᠦᠪᠡᠷᠳᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ᠂ ᠠᠶᠤᠯ ᠦᠬᠡᠢ ᠶᠢᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠣᠷᠣᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ᠭᠤᠷᠪᠠ᠂ ᠵᠠᠬ᠎ᠠ ᠲᠡᠯᠭᠡᠭᠦᠷ ᠤᠨ ᠠᠵᠢᠯᠯᠠᠭᠠᠨ ᠤ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠣᠨ᠎ᠠ      ᠦᠢᠯᠡᠳᠪᠦᠷᠢᠯᠡᠯ᠂ ᠡᠵᠡᠩᠨᠡᠯᠳᠡ᠂ ᠰᠤᠯᠢᠯᠴᠠᠭ᠎ᠠ ᠠᠷᠠᠯᠵᠢᠶ᠎ᠠ ᠵᠡᠷᠭᠡ ᠵᠠᠬ᠎ᠠ ᠲᠡᠯᠭᠡᠭᠦᠷ ᠤᠨ ᠠᠵᠢᠯᠯᠠᠭ᠎ᠠ ᠶᠢ ᠬᠠᠣᠯᠢ ᠶᠣᠰᠣᠭᠠᠷ ᠵᠢᠷᠣᠮᠵᠢᠭᠤᠯᠵᠣ᠂ ᠬᠢᠨᠠᠨ ᠬᠠᠮᠢᠶᠠᠷᠬᠤ ᠠᠷᠭ᠎ᠠ ᠮᠠᠶ᠋ᠢᠭ ᠲᠤ ᠰᠢᠨ᠎ᠡ ᠶᠢ ᠡᠬᠦᠳᠦᠨ᠂ ᠡᠷᠬᠡ ᠲᠡᠭᠰᠢ ᠦᠷᠢᠰᠦᠯᠳᠦᠬᠦ ᠶᠢ ᠪᠠᠳᠣᠯᠠᠵᠣ᠂ ᠦᠨᠡᠨᠴᠢ ᠢᠳᠡᠭᠡᠮᠵᠢᠲᠠᠢ ᠪᠠᠷ ᠬᠠᠣᠯᠢ ᠰᠠᠬᠢᠬᠤ ᠶᠢ ᠠᠬᠢᠭᠤᠯᠵᠤ᠂ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠎ᠠ᠃      ︵ᠨᠢᠭᠡ︶ ᠦᠢᠯᠡᠳᠪᠦᠷᠢᠯᠡᠨ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠣᠨ᠎ᠠ᠃      ᠬᠠᠮᠢᠶ᠎ᠠ ᠪᠦᠬᠦᠢ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠣᠯᠣᠰ ᠤᠨ ᠨᠢᠭᠡᠳᠣᠯᠳᠡᠢ ᠪᠠᠶᠢᠷᠢᠯᠠᠭᠤᠯᠣᠯᠳᠠ ᠶᠣᠰᠣᠭᠠᠷ᠂ ᠦᠪᠡᠷᠳᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠤᠯᠪᠣᠭᠳᠠᠯ ᠪᠦᠬᠦᠢ ᠲᠦᠷᠢᠮ᠂ ᠲᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠳᠤ ᠱᠠᠯᠠᠪᠳᠠᠨ ᠵᠠᠰᠠᠪᠣᠷᠢ ᠣᠷᠣᠭᠤᠯᠵᠣ᠂ ᠬᠡᠷᠡᠭᠯᠡᠭᠡ ᠶᠢᠨ ᠭᠤᠭᠴᠣᠭᠠᠨ ᠤ ᠡᠵᠡᠩᠨᠡᠭᠴᠢᠳ ᠤᠨ ᠲᠦᠷᠦᠭᠦᠦ ᠡᠵᠡᠩᠨᠡᠭᠴᠢ ᠠᠴᠠ ᠠᠩᠬᠠᠨ ᠤ ᠬᠠᠷᠢᠭᠤᠴᠠᠯᠭ᠎ᠠ ᠬᠡᠯᠡᠯᠴᠡᠬᠦ ᠪᠠ ᠣᠷᠢᠳᠠᠪᠡᠷ ᠲᠦᠯᠦᠭᠦᠯᠬᠦ ᠲᠦᠷᠢᠮ ᠢ ᠲᠡᠭᠦᠯᠳᠡᠷᠵᠢᠭᠦᠯᠵᠦ᠂ ᠠᠵᠦ ᠠᠬᠤᠶᠢᠯᠠᠯ ᠤᠨ ᠦᠢᠯᠡᠳᠭᠦᠨ ᠪᠠ ᠦᠢᠯᠡᠴᠢᠯᠡᠭᠡᠨ ᠤ ᠪᠠᠷᠢᠮᠵᠢᠶ᠎ᠠ ᠳᠤ ᠦᠪᠡᠷ ᠢᠶᠠᠨ ᠢᠯᠡᠷᠭᠡᠶᠢᠯᠡᠬᠦ ᠪᠠ ᠬᠢᠨᠠᠯᠳᠡ ᠲᠠᠯᠪᠢᠬᠤ ᠲᠦᠷᠢᠮ᠂ ᠬᠡᠷᠡᠭᠯᠡᠭᠡ ᠶᠢᠨ ᠵᠦᠢᠯᠡᠰ ᠢ ᠦᠢᠯᠡᠳᠪᠦᠷᠢᠯᠡᠨ ᠡᠵᠡᠩᠨᠡᠬᠦ ᠠᠵᠦ ᠠᠬᠤᠶᠢᠯᠠᠯ ᠤᠨ ᠦᠢᠯᠡᠳᠭᠦᠨ ᠤ ᠠᠮᠦᠷ ᠲᠦᠪᠰᠢᠨ ᠤ ᠠᠳᠡᠯ ᠢ ᠠᠯᠪᠠᠳᠠᠨ ᠮᠡᠳᠡᠭᠦᠯᠬᠦ ᠲᠦᠷᠢᠮ ᠢ ᠪᠠᠶᠢᠭᠤᠯᠵᠦ᠂ ᠦ ᠰᠡᠪ ᠲᠠᠢ ᠦᠢᠯᠡᠳᠭᠦᠨ ᠢ ᠠᠯᠪᠠᠳᠠᠯᠭ᠎ᠠ ᠪᠠᠷ ᠡᠭᠡᠭᠦᠯᠦᠨ ᠪᠣᠴᠠᠭᠠᠬᠤ ᠲᠦᠷᠢᠮ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠬᠤ ᠳᠤ ᠬᠠᠷᠢᠭᠤᠴᠠᠬᠤ ᠲᠦᠷᠢᠮ ᠢ ᠪᠠᠶᠢᠭᠤᠯᠣᠨ᠎ᠠ᠃ ᠢᠳᠡᠭᠡᠨ ᠪᠠ ᠡᠮ ᠤᠨ ᠵᠦᠢᠯᠡᠰ᠂ ᠠᠮᠢ ᠠᠬᠤᠢ ᠶᠢᠨ ᠣᠷᠴᠢᠨ ᠲᠣᠭᠤᠷᠢᠨ᠂ ᠠᠶᠣᠯ ᠦᠭᠡᠢ ᠦᠢᠯᠡᠳᠪᠦᠷᠢᠯᠡᠯ ᠵᠡᠷᠬᠡ ᠬᠦᠷᠢᠶᠡᠨ ᠤ ᠬᠠᠷᠢᠭᠤᠴᠠᠯᠭ᠎ᠠ ᠶᠢᠨ ᠲᠠᠭᠠᠳᠬᠠᠯ ᠢ ᠲᠣᠷᠰᠢᠨ ᠬᠡᠷᠡᠭᠯᠡᠬᠦ ᠶᠢ ᠦᠷᠭᠡᠳᠭᠡᠨ᠂ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠨᠡᠶᠢᠭᠡᠮ ᠤᠨ ᠲᠡᠳᠬᠦᠮᠵᠢ ᠶᠢᠨ ᠲᠣᠭᠳᠠᠴᠠ ᠪᠠ ᠲᠦᠭᠰᠢᠬᠦᠷᠢ ᠶᠢ ᠲᠣᠰᠬᠠᠢ ᠵᠣᠬᠢᠶᠠᠨ ᠪᠠᠶᠢᠭᠤᠯᠣᠠ ᠵᠢᠱᠢᠨ ᠦᠨᠡᠯᠡᠬᠦ᠂ ᠬᠢᠨᠡᠨ ᠡᠵᠡᠮᠳᠡᠬᠦ ᠵᠠᠬ᠎ᠠ ᠲᠡᠯᠭᠡᠭᠦᠷ ᠤᠨ ᠬᠢᠨᠡᠯᠳᠡ ᠲᠠᠯᠪᠢᠬᠤ ᠲᠤᠭᠳᠠᠴᠠ ᠶᠢ ᠪᠦᠷᠢᠯᠳᠦᠭᠦᠯᠦᠨ᠎ᠡ ︵ᠦᠪᠦᠷ ᠮᠣᠩᠭᠤᠯ ᠤᠨ ᠲᠠᠭᠠᠳᠬᠠᠯ ᠤᠨ ᠦᠢᠯᠡᠰ ᠤᠨ ᠬᠢᠨᠠᠯᠳᠠ ᠲᠠᠯᠪᠢᠬᠤ ᠲᠣᠪᠴᠢᠶ᠎ᠠ᠂ ᠦᠪᠡᠷᠳᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠯᠳᠠ ᠬᠠᠮᠢᠶᠠᠷᠣᠯᠳᠡ ᠶᠢᠨ ᠲᠣᠪᠴᠢᠶ᠎ᠠ᠂ ᠠᠵᠦ ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ ᠶᠠᠰᠦ ᠴᠢᠨᠡᠷ ᠲᠤ ᠮᠡᠷᠭᠡᠵᠢᠯ ᠤᠨ ᠬᠢᠨᠡᠯᠳᠡ ᠲᠠᠯᠪᠢᠬᠤ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠢᠩᠬᠢᠮ᠂ ᠣᠢ ᠰᠢᠭᠤᠢ ᠶᠢᠨ ᠲᠢᠩᠬᠢᠮ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ︵ᠬᠤᠶᠡᠷ︶ ᠪᠠᠷᠢᠮᠵᠢᠶᠠᠵᠢᠭᠰᠠᠨ ᠬᠠᠮᠢᠶᠠᠷᠣᠯᠳᠡ ᠶᠢ ᠴᠢᠩᠭᠠᠳᠬᠠᠨ᠎ᠠ᠃ ᠣᠯᠣᠰ ᠤᠨ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠢᠨ ᠬᠠᠮᠢᠶᠠᠷᠣᠯᠳᠡ ᠶᠢ ᠴᠢᠩᠭᠠᠷᠠᠭᠤᠯᠣᠨ᠎ᠠ᠃ ᠵᠠᠬ᠎ᠠ ᠲᠡᠯᠭᠡᠭᠦᠷ ᠤᠨ ᠭᠤᠣᠯ ᠴᠣᠭᠴᠠ ᠨᠢ ᠡᠷᠬᠡᠪᠰᠢ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠨᠢ ᠡᠷᠬᠡᠪᠰᠢ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠢ ᠦᠨᠳᠦᠰᠦᠯᠡᠨ ᠴᠢᠩᠭ᠎ᠠ ᠬᠢᠨᠡᠨ ᠬᠠᠮᠢᠶᠠᠷᠴᠦ ᠬᠠᠥᠯᠢ ᠬᠡᠷᠡᠭᠵᠢᠬᠦᠯᠦᠨ᠎ᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ︿ᠪᠦᠭᠦᠳᠡ ᠨᠡᠶᠢᠷᠡᠮᠳᠠᠬᠤ ᠲᠣᠮᠳᠠᠳᠣ ᠠᠷᠡᠳ ᠣᠯᠣᠰ ᠤᠨ ᠪᠠᠷᠢᠮᠵᠢᠶᠠᠵᠢᠭᠤᠯᠤᠯᠳᠠ ᠶᠢᠨ ᠬᠠᠥᠯᠢ﹀᠎ ᠶᠢ ᠬᠡᠷᠡᠭᠵᠢᠭᠦᠯᠬᠦ ᠠᠷᠭ᠎ᠠ︾ ︵ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ᠤᠨ 51 ᠳ᠋ᠣᠭᠡᠷ ᠲᠣᠭᠠᠳᠦ︶᠎ ᠳᠤ ᠵᠠᠰᠠᠪᠦᠷᠢ ᠣᠷᠣᠭᠤᠯᠬᠤ ᠶᠢ ᠲᠦᠷᠭᠡᠳᠭᠡᠨ ᠠᠬᠢᠭᠤᠯᠵᠦ᠂ ᠪᠠᠷᠢᠮᠵᠢᠶᠠᠵᠢᠭᠤᠯᠤᠯᠳᠠ ᠶᠢᠨ ᠲᠠᠯ᠎ᠠ ᠪᠠᠷ ᠬᠢ ᠬᠠᠮᠢᠶ᠎ᠠ ᠪᠦᠬᠦᠢ ᠵᠠᠰᠠᠭ ᠤᠨ ᠣᠷᠳᠣᠨ ᠤ ᠲᠦᠷᠢᠮ ᠲᠣᠭᠳᠠᠭᠠᠯ ᠪᠣᠯᠣᠨ ᠵᠢᠷᠣᠮᠵᠢᠭᠰᠠᠨ ᠪᠢᠴᠢᠭ ᠮᠠᠲ᠋ᠧᠷᠢᠶᠠᠯ ᠢ ᠲᠣᠭᠳᠠᠭᠠᠬᠤ ᠪᠠ ᠵᠠᠰᠠᠪᠦᠷᠢ ᠣᠷᠣᠭᠤᠯᠵᠣ᠂ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠢᠨ ᠰᠢᠰᠲ᠋ᠧᠮᠵᠢ ᠶᠢᠨ ᠦᠭᠡᠷᠡᠴᠢᠯᠡᠯᠳᠡ ᠶᠢ ᠠᠬᠢᠭᠤᠯᠣᠨ᠎ᠠ ︵ᠦᠪᠡᠷᠳᠡᠭᠡᠨ ᠵᠠᠰᠠᠬᠤ ᠣᠷᠣᠨ ᠤ ᠶᠠᠰᠦ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃      ︵ᠭᠤᠷᠪᠠ︶ ᠭᠠᠭᠴᠠᠭᠠᠷ ᠡᠵᠡᠮᠰᠢᠬᠦ ᠠᠵᠢᠯᠯᠠᠭ᠎ᠠ ᠪᠠ ᠲᠦᠪ ᠪᠣᠰᠣ ᠦᠷᠢᠰᠦᠯᠳᠦᠬᠦ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠨ᠎ᠡ᠃      1. ᠵᠠᠬ᠎ᠠ ᠲᠡᠯᠭᠡᠭᠦᠷ ᠤᠨ ᠡᠮᠬᠢ ᠲᠢᠭᠯᠢᠮ ᠢ ᠶᠡᠬᠡᠪᠡᠷ ᠴᠡᠭᠴᠡᠯᠡᠬᠦ ᠪᠠ ᠵᠢᠷᠣᠮᠵᠢᠭᠤᠯᠤᠨ᠎ᠠ᠃ ︽ᠪᠦᠭᠦᠳᠡ ᠨᠠᠶᠢᠷᠡᠮᠳᠠᠬᠤ ᠲᠣᠮᠳᠠᠳᠦ ᠠᠷᠡᠳ ᠣᠯᠣᠰ ᠤᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠥᠯᠢ︾᠂ ︽ᠪᠦᠭᠦᠳᠡ ᠨᠠᠶᠢᠷᠡᠮᠳᠠᠬᠤ ᠲᠣᠮᠳᠠᠳᠦ ᠠᠷᠡᠳ ᠣᠯᠣᠰ ᠤᠨ ᠲᠦᠪ ᠪᠣᠰᠣ ᠦᠷᠢᠰᠦᠯᠳᠦᠭᠡᠨ ᠢ ᠡᠰᠡᠷᠭᠦᠴᠡᠬᠦ ᠬᠠᠥᠯᠢ︾᠂ ︽ᠪᠦᠭᠦᠳᠡ ᠨᠠᠶᠢᠷᠡᠮᠳᠠᠬᠤ ᠲᠣᠮᠳᠠᠳᠦ ᠠᠷᠡᠳ ᠣᠯᠣᠰ ᠤᠨ ᠦᠨ᠎ᠡ ᠬᠠᠩᠰᠢ ᠶᠢᠨ ᠬᠠᠥᠯᠢ︾᠎ ᠶᠢᠨ ᠬᠠᠮᠢᠶ᠎ᠠ ᠪᠦᠬᠦᠢ ᠲᠣᠭᠳᠠᠭᠠᠯ ᠢ ᠦᠨᠳᠣᠰᠣᠯᠡᠨ᠂ ᠦᠷᠢᠰᠦᠯᠳᠦᠭᠡᠨ ᠢ ᠬᠤᠬᠢᠷᠠᠭᠤᠯᠬᠤ᠂ ᠬᠡᠷᠡᠭᠯᠡᠭᠴᠢᠳ ᠤᠨ ᠡᠷᠬᠡ ᠠᠰᠢᠭ ᠢ ᠬᠤᠬᠢᠷᠠᠭᠤᠯᠬᠤ ᠵᠢᠴᠢ ᠰᠢᠨ᠎ᠡ ᠶᠢ ᠡᠭᠦᠳᠬᠦ ᠪᠠ ᠮᠡᠷᠭᠡᠵᠢᠯ ᠤᠨ ᠲᠠᠪᠰᠢᠯᠳᠠ ᠶᠢ ᠬᠠᠷᠰᠢᠯᠠᠬᠤ ᠭᠠᠭᠴᠠᠭᠠᠷ ᠡᠵᠡᠮᠰᠢᠬᠦ ᠬᠡᠯᠡᠯᠴᠡᠬᠡᠷ ᠪᠣᠯᠣᠨ ᠵᠠᠬ᠎ᠠ ᠲᠡᠯᠭᠡᠭᠦᠷ ᠤᠨ ᠲᠤᠬᠢᠷᠠᠭᠤᠯᠬᠤ ᠪᠠᠶᠢᠷᠢ ᠰᠠᠭᠤᠷᠢ ᠶᠢ ᠲᠣᠷ᠎ᠡ ᠪᠠᠷ ᠬᠡᠷᠡᠭᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠶᠠᠨᠳᠠᠭᠠᠨ ᠤ ᠭᠠᠭᠴᠠᠭᠠᠷ ᠡᠵᠡᠮᠰᠢᠬᠦ ᠠᠵᠢᠯ ᠲᠦᠷᠦᠯ ᠳᠤ ᠬᠢᠨᠠᠯᠳᠠ ᠬᠠᠮᠢᠶᠠᠷᠣᠯᠳᠡ ᠬᠢᠬᠦ ᠠᠷᠭ᠎ᠠ ᠶᠢ ᠦᠭᠡᠷᠡᠴᠢᠯᠡᠵᠦ᠂ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠳᠠ ᠬᠠᠮᠢᠶᠠᠷᠣᠯᠳᠡ ᠪᠠᠨ ᠴᠢᠩᠭᠠᠷᠠᠭᠤᠯᠣᠨ᠎ᠠ᠃ ᠨᠡᠶᠢᠳᠡ ᠶᠢᠨ ᠬᠡᠷᠡᠭᠯᠡᠭᠡᠨ ᠤ ᠠᠵᠦ ᠠᠬᠤᠶᠢᠯᠠᠯ ᠪᠣᠯᠣᠨ ᠬᠠᠤᠯᠢ ᠶᠤᠰᠤᠭᠠᠷ ᠲᠣᠰᠠᠭᠠᠷ ᠡᠵᠡᠯᠡᠬᠦ ᠪᠠᠶᠢᠷᠢ ᠰᠠᠭᠤᠷᠢ ᠲᠠᠢ ᠡᠵᠡᠩᠨᠡᠭᠴᠢ ᠶᠢᠨ ᠦᠷᠢᠰᠦᠯᠳᠦᠭᠡᠨ ᠬᠢᠬᠦ ᠶᠢ ᠬᠢᠵᠠᠭᠠᠷᠯᠠᠬᠰᠠᠨ ᠬᠡᠷᠡᠭ ᠢ ᠪᠠᠶᠢᠴᠠᠭᠠᠨ ᠭᠦᠢᠴᠡᠳᠭᠡᠬᠦ ᠶᠢ ᠴᠢᠩᠭᠠᠳᠬᠠᠨ᠎ᠠ᠃ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ᠂ ᠬᠤᠳᠠᠯ ᠬᠠᠭᠤᠷᠮᠠᠭ ᠢᠶᠠᠷ ᠣᠬᠠᠭᠤᠯᠬᠤ᠂ ᠦᠨ᠎ᠡ ᠬᠠᠩᠰᠢ ᠪᠠᠷ ᠢᠶᠠᠨ ᠮᠡᠬᠡᠯᠡᠬᠦ᠂ ᠬᠤᠳᠠᠯᠳᠣᠭᠠᠨ ᠤ ᠬᠡᠬᠡᠯᠢ ᠬᠠᠭ᠋ᠣᠣᠯᠢ ᠲᠦᠯᠬᠢᠬᠦ᠂ ᠬᠠᠥᠯᠢ ᠠᠴᠠ ᠵᠦᠷᠢᠴᠡᠨ ᠱᠠᠩᠨᠠᠯ ᠲᠠᠢ ᠪᠣᠷᠣᠯᠠᠭᠤᠯᠭ᠎ᠠ ᠬᠢᠬᠦ ᠵᠡᠷᠬᠡ ᠲᠦᠪ ᠪᠣᠰᠣ ᠦᠷᠢᠰᠦᠯᠳᠦᠭᠡᠨ ᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠵᠡᠩᠨᠡᠭᠴᠢᠳ ᠤᠨ ᠲᠦᠪᠯᠡᠷᠡᠨ ᠭᠠᠭᠴᠠᠭᠠᠷ ᠡᠵᠡᠮᠰᠢᠬᠦ ᠶᠢ ᠨᠢ ᠡᠰᠡᠷᠭᠦᠴᠡᠬᠦ ᠶᠢ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠣᠨ᠂ ᠨᠡᠶᠢᠯᠡᠭᠦᠯᠦᠨ ᠬᠤᠳᠠᠯᠳᠣᠨ ᠠᠪᠬᠤ ᠪᠠᠷ ᠲᠠᠮᠵᠢᠨ ᠭᠠᠭᠴᠠᠭᠠᠷ ᠡᠵᠡᠮᠰᠢᠬᠦ ᠪᠠᠶᠢᠷᠢ ᠰᠠᠭᠤᠷᠢ ᠶᠢ ᠣᠯᠬᠤ ᠶᠢᠨ ᠲᠠᠭᠠᠣ ᠵᠠᠬ᠎ᠠ ᠲᠡᠯᠭᠡᠭᠦᠷ ᠤᠨ ᠦᠷᠢᠰᠦᠯᠳᠦᠭᠡᠨ ᠢ ᠬᠤᠬᠢᠷᠠᠭᠤᠯᠬᠤ ᠠᠵᠢᠯᠯᠠᠭ᠎ᠠ ᠶᠢ ᠪᠦᠳᠦᠮᠵᠢᠲᠠᠢ ᠰᠡᠷᠭᠡᠶᠢᠯᠡᠨ᠎ᠡ ︵ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠣᠳᠠᠯ ᠤᠨ ᠲᠢᠩᠬᠢᠮ᠂ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠲᠣᠪᠴᠢᠶ᠎ᠠ ᠵᠡᠷᠬᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ ᠲᠣᠰ ᠲᠣᠰ ᠬᠠᠷᠢᠭᠤᠴᠠᠨ᠎ᠠ︶᠃       2. ᠡᠯ᠎ᠡ ᠲᠦᠷᠦᠯ ᠤᠨ ᠮᠡᠳᠡᠯᠭᠡ ᠶᠢᠨ ᠪᠦᠳᠦᠭᠡᠭᠳᠡᠭᠦᠨ ᠤ ᠦᠮᠴᠢᠯᠡᠬᠦ ᠡᠷᠬᠡ ᠶᠢ ᠬᠠᠣᠯᠢ ᠶᠣᠰᠣᠭᠠᠷ ᠬᠠᠮᠠᠭᠠᠯᠠᠨ᠎ᠠ᠃ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠬᠵᠢᠭᠤᠯᠵᠤ᠂ ᠨᠡᠷᠡᠲᠦ ᠠᠵᠣ ᠠᠬᠤᠶᠢᠯᠠᠯ ᠨᠡᠷᠡᠲᠦ ᠲᠠᠸᠠᠷ ᠤᠨ ᠲᠡᠮᠳᠡᠭ ᠤᠨ ᠮᠡᠳᠡᠯᠭᠡ ᠶᠢᠨ ᠪᠦᠳᠦᠭᠡᠭᠳᠡᠭᠦᠨ ᠤ ᠦᠮᠴᠢᠯᠡᠬᠦ ᠡᠷᠬᠡ ᠶᠢ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ᠃ ᠭᠠᠭᠴᠠ ᠬᠡᠷᠡᠭᠴᠡᠭᠡᠲᠦ ᠬᠤᠳᠠᠯᠳᠣᠭᠠᠨ ᠤ ᠣᠷᠢᠳᠴᠢᠯᠠᠨ ᠦᠭᠭᠦ ᠺᠡᠷᠲ ᠤᠨ ᠬᠠᠮᠢᠶᠠᠷᠣᠯᠳᠠ ᠶᠢ ᠴᠢᠩᠭᠠᠳᠬᠠᠵᠣ᠂ ᠮᠡᠳᠡᠯᠭᠡ ᠶᠢᠨ ᠪᠦᠳᠦᠭᠡᠭᠳᠡᠭᠦᠨ ᠤ ᠦᠮᠴᠢᠯᠡᠬᠦ ᠡᠷᠬᠡ ᠳᠤ ᠬᠠᠯᠳᠠᠬᠤ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢᠯᠡᠳᠦᠨ ᠪᠤᠷᠤᠯᠠᠭᠤᠯᠬᠤ ᠳᠤ ᠴᠣᠬᠢᠯᠲᠠ ᠦᠭᠬᠦ ᠬᠠᠮᠢᠶ᠎ᠠ ᠪᠦᠬᠦᠢ ᠠᠵᠢᠯ ᠢ ᠲᠦᠷᠦᠭᠦᠯᠡᠨ ᠰᠠᠶᠢᠳᠣᠷ ᠬᠢᠵᠤ᠂ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ ᠳᠤ ᠴᠣᠬᠢᠯᠲᠠ ᠥᠭᠬᠦ ᠪᠠ ᠡᠷᠡᠭᠦᠦ ᠶᠢᠨ ᠬᠡᠷᠡᠭ ᠤᠨ ᠬᠠᠥᠯᠢ ᠴᠠᠭᠠᠵᠠ ᠶᠢ ᠵᠤᠯᠭᠠᠭᠤᠯᠬᠤ ᠮᠡᠳᠡᠭᠡ ᠵᠠᠩᠭᠢ ᠶᠢᠨ ᠬᠠᠮᠲᠦ ᠪᠠᠷ ᠬᠦᠷᠳᠡᠬᠦ ᠲᠠᠪᠴᠠᠩ ᠢ ᠪᠠᠶᠢᠭᠤᠯᠤᠨ ᠶᠠᠪᠤᠬᠳᠠᠭᠤᠯᠬᠤ ᠠᠵᠢᠯ ᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ ᠪᠠ ᠡᠷᠡᠭᠦᠦ ᠶᠢᠨ ᠬᠡᠷᠡᠭ ᠤᠨ ᠬᠠᠣᠯᠢ ᠴᠠᠭᠠᠵᠠ ᠶᠢ ᠵᠤᠯᠭᠠᠭᠤᠯᠬᠤ ᠮᠡᠳᠡᠭᠡ ᠵᠠᠩᠭᠢ ᠶᠢᠨ ᠬᠠᠮᠲᠦ ᠪᠠᠷ ᠬᠦᠷᠳᠡᠬᠦ ᠲᠠᠪᠴᠠᠩ ᠢ ᠪᠠᠶᠢᠭᠤᠯᠤᠨ ᠶᠠᠪᠤᠭᠤᠯᠬᠤ ᠠᠵᠢᠯ ᠤᠨ ᠣᠷᠲᠦ ᠬᠤᠭᠤᠴᠠᠭᠠᠨ ᠤ ᠪᠦᠲᠦᠮᠵᠢᠲᠦ ᠲᠣᠭᠳᠠᠴᠠ ᠶᠢ ᠪᠠᠶᠢᠭᠤᠯᠬᠤ ᠶᠢ ᠶᠡᠬᠡᠪᠡᠷ ᠠᠬᠢᠭᠤᠯᠤᠨ᠎ᠠ᠃ ᠡᠯ᠎ᠡ ᠲᠦᠷᠦᠯ ᠤᠨ ᠲᠣᠰᠬᠠᠢ ᠴᠡᠭᠴᠡᠯᠡᠨ ᠵᠠᠰᠠᠬᠤ ᠲᠠᠪᠴᠠᠩ ᠢ ᠭᠦᠢᠴᠡᠳ ᠠᠰᠢᠭᠯᠠᠵᠤ᠂ ᠰᠠᠨᠠᠭᠠᠴᠢᠯᠠᠭ᠎ᠠ ᠠᠴᠠ ᠪᠠᠨ ᠬᠢᠨᠠᠨ ᠰᠢᠨᠵᠢᠵᠤ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠴᠠᠭ ᠲᠣᠬᠠᠢ ᠳᠤᠨᠢ ᠪᠠᠶᠢᠳᠠᠯ ᠢ ᠡᠵᠡᠮᠳᠡᠨ᠂ ᠬᠠᠣᠯᠢ ᠲᠤᠭᠳᠠᠭᠠᠯ ᠶᠣᠰᠣᠭᠠᠷ ᠰᠢᠢᠳᠪᠦᠷᠢᠯᠡᠨ᠎ᠡ︔ ᠢᠯᠡᠴᠢᠯᠡᠨ ᠮᠡᠳᠡᠬᠦᠯᠵᠦ ᠵᠠᠭᠠᠯᠳᠣᠬᠤ ᠶᠢ ᠴᠠᠭ ᠲᠣᠬᠠᠢ ᠳᠤᠨᠢ ᠭᠦᠢᠴᠡᠳᠭᠡᠵᠣ᠂ ᠬᠠᠣᠯᠢ ᠲᠣᠭᠳᠠᠭᠠᠯ ᠶᠣᠰᠣᠭᠠᠷ ᠬᠡᠷᠡᠭ ᠲᠤ ᠬᠤᠯᠪᠣᠭᠳᠠᠭᠰᠠᠨ ᠬᠠᠷᠢᠭᠤᠴᠠᠯᠭᠠᠲᠦ ᠭᠤᠣᠯ ᠴᠣᠭᠴᠠ ᠳᠤ ᠰᠢᠳᠭᠡᠨ ᠰᠢᠢᠳᠪᠦᠷᠢᠯᠡᠨ᠎ᠠ ︵ᠦᠪᠡᠷᠳᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠲᠤᠯᠸᠢᠰ ᠤᠨ ᠲᠤᠪᠴᠢᠶ᠎ᠠ᠂ ᠬᠤᠳᠠᠯᠳᠣᠭᠠᠨ ᠤ ᠶᠠᠪᠣᠳᠠᠯ ᠤᠨ ᠲᠢᠩᠬᠢᠮ᠂ ᠬᠠᠣᠯᠢ ᠲᠦᠷᠢᠮ ᠤᠨ ᠠᠯᠪᠠᠨ ᠭᠡᠷ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ᠂ ᠦᠪᠡᠷᠳᠡᠭᠡᠨ ᠵᠠᠰᠠᠬᠤ ᠣᠷᠣᠨ ᠤ ᠦᠨᠳᠦᠷ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ︵ᠲᠦᠷᠪᠡ︶ ᠲᠦᠭᠰᠢᠭᠦᠷᠢ ᠶᠢᠨ ᠬᠠᠮᠢᠶᠠᠷᠣᠯᠳᠠ ᠶᠢ ᠴᠢᠩᠭᠠᠷᠠᠭᠤᠯᠣᠨ᠎ᠠ᠃     1. ᠲᠦᠭᠰᠢᠭᠦᠷᠢ ᠶᠢ ᠰᠡᠷᠭᠡᠶᠢᠯᠡᠨ ᠡᠵᠡᠮᠳᠡᠵᠤ ᠬᠤᠯᠪᠤᠭᠠᠯᠠᠨ ᠬᠦᠳᠡᠯᠦᠯᠴᠡᠬᠦ ᠲᠣᠭᠳᠠᠴᠠ ᠶᠢ ᠲᠡᠭᠦᠯᠳᠡᠷᠵᠢᠭᠦᠯᠦᠨ᠎ᠡ᠃ ᠵᠠᠬ᠎ᠠ ᠲᠡᠯᠭᠡᠭᠦᠷ ᠤᠨ ᠠᠵᠢᠯᠯᠠᠭᠠᠨ ᠤ ᠲᠦᠭᠰᠢᠭᠦᠷᠢ ᠶᠢ ᠬᠢᠨᠠᠨ ᠰᠢᠨᠵᠢᠬᠦ ᠵᠠᠳᠠᠯᠣᠯᠳᠠ ᠶᠢ ᠴᠢᠩᠭᠠᠳᠬᠠᠵᠣ᠂ ᠠᠶᠣᠯ ᠶᠡᠬᠡᠲᠠᠢ ᠠᠵᠢᠯ ᠲᠦᠷᠦᠯ᠂ ᠭᠤᠣᠯᠳᠠᠯᠭ᠎ᠠ ᠲᠠᠢ ᠢᠨᠵᠧᠨᠧᠷᠢᠩ᠂ ᠴᠢᠬᠤᠯᠠ ᠲᠠᠸᠠᠷ ᠵᠢᠴᠢ ᠦᠢᠯᠡᠳᠪᠦᠷᠢᠯᠡᠯ ᠤᠨ ᠬᠡᠷᠡᠭᠰᠡᠯ᠂ ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ᠂ ᠲᠦᠭᠰᠢᠭᠦᠷᠢ ᠶᠢ ᠬᠢᠨᠠᠨ ᠰᠢᠨᠵᠢᠬᠦ ᠶᠢᠨ ᠣᠷᠢᠳᠴᠢᠯᠠᠨ ᠰᠡᠷᠡᠮᠵᠢᠯᠡᠬᠦ ᠪᠠ ᠮᠦᠷᠳᠡᠬᠦ ᠲᠦᠷᠢᠮ᠂ ᠲᠦᠭᠰᠢᠭᠦᠷᠢ ᠶᠢᠨ ᠬᠠᠮᠢᠶᠠᠷᠣᠯᠳᠠ ᠶᠢᠨ ᠰᠡᠷᠬᠡᠶᠢᠯᠡᠨ ᠡᠵᠡᠮᠳᠡᠵᠣ ᠬᠤᠯᠪᠣᠭᠠᠯᠠᠨ ᠬᠦᠳᠡᠯᠦᠯᠴᠡᠬᠦ ᠲᠣᠭᠳᠠᠴᠠ ᠶᠢ ᠲᠦᠷᠭᠡᠳᠭᠡᠨ ᠪᠠᠶᠢᠭᠤᠯᠤᠨ᠎ᠠ ︵ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠣᠷᠣᠨ ᠪᠦᠰᠡ ᠶᠢᠨ ᠦᠢᠯᠡᠳᠭᠦᠨ ᠤ ᠶᠠᠰᠣ ᠴᠢᠨᠠᠷ ᠪᠠ ᠦᠢᠯᠡᠳᠪᠦᠷᠢᠯᠡᠯ ᠤᠨ ᠠᠮᠦᠷ ᠲᠦᠪᠰᠢᠨ ᠤ ᠠᠳᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠣ ᠵᠠᠰᠠᠬᠤ ᠲᠦᠷᠢᠮ ᠢ ᠲᠡᠭᠦᠯᠳᠡᠷᠵᠢᠭᠦᠯᠦᠨ᠎ᠡ᠃ ᠦᠪᠡᠷᠳᠡᠭᠡᠨ ᠵᠠᠰᠠᠬᠤ ᠣᠷᠣᠨ ᠤ ᠠᠮᠦᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠮᠡᠳᠡᠭᠡ ᠵᠠᠩᠭᠢ ᠶᠢᠨ ᠰᠢᠰᠲ᠋ᠧᠮᠵᠢ ᠵᠢᠴᠢ ᠳ᠋ᠡᠶᠢᠲ᠋ᠠ ᠬᠦᠮᠦᠷᠭᠡ ᠶᠢ ᠪᠠᠶᠢᠭᠤᠯᠤᠨ ᠲᠡᠭᠦᠯᠳᠡᠷᠵᠢᠭᠦᠯᠵᠤ᠂ ᠬᠦᠨᠳᠤ ᠶᠡᠭᠡ ᠭᠡᠮ ᠰᠣᠭᠤᠭ ᠢ ᠨᠡᠷ᠎ᠠ ᠵᠢᠭᠠᠵᠦ ᠰᠢᠮᠳᠠᠭᠤᠯᠣᠨ ᠭᠦᠢᠴᠡᠳᠭᠡᠵᠣ᠂ ᠮᠦᠷᠳᠡᠨ ᠵᠠᠰᠠᠯᠳᠠ ᠬᠢᠨ᠎ᠡ᠃ ᠲᠦᠭᠰᠢᠭᠦᠷᠢ ᠶᠢᠨ ᠮᠡᠳᠡᠭᠡ ᠵᠠᠩᠭᠢ ᠶᠢ ᠴᠣᠭᠯᠠᠭᠤᠯᠬᠤ ᠲᠣᠭᠳᠠᠴᠠ ᠶᠢ ᠪᠠᠶᠢᠭᠤᠯᠤᠨ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽︿ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠶᠣᠯ ᠦᠭᠡᠢ ᠦᠢᠯᠡᠳᠪᠦᠷᠢᠯᠡᠯ ᠳᠤ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠪᠠ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠬᠦᠷᠬᠡᠯᠡᠬᠦ ᠶᠢᠨ ᠲᠦᠷ ᠬᠡᠷᠡᠭᠵᠢᠭᠦᠯᠬᠦ ᠠᠷᠭ᠎ᠠ﹀᠎ ᠶᠢ ᠲᠠᠷᠣᠮᠠᠯᠯᠠᠨ ᠶᠠᠪᠤᠭᠤᠯᠬᠤ ᠲᠣᠬᠠᠢ ᠮᠡᠳᠡᠭᠳᠡᠯ︾ ︵ᠦᠪᠦᠷ ᠨᠠᠮ ᠠᠯᠪᠠᠨ ᠲᠠᠷᠬᠠᠭᠠᠭᠰᠠᠨ ﹇2014﹈ 42 ᠳ᠋ᠣᠭᠠᠷ ᠲᠣᠭᠠᠲᠦ︶᠎ ᠤᠨ ᠲᠣᠭᠳᠠᠭᠠᠯ ᠢ ᠴᠢᠩᠭ᠎ᠠ ᠬᠡᠷᠡᠭᠵᠢᠭᠦᠯᠵᠤ᠂ ᠨᠡᠯᠢᠶᠡᠳ ᠶᠡᠭᠡ ᠬᠡᠷᠡᠭ ᠠᠴᠠ ᠳᠡᠭᠡᠭᠰᠢᠬᠢ ᠡ᠊ᠨᠳᠡᠯ ᠪᠤᠶᠤ ᠬᠦᠨᠳᠤ ᠶᠡᠭᠡ ᠠᠳᠡᠯ ᠤᠨ ᠲᠦᠭᠰᠢᠭᠦᠷᠢ ᠶᠢ ᠡᠵᠡᠮᠳᠡᠭᠰᠡᠨ ᠨᠢ ᠬᠦᠴᠦᠨ ᠦᠭᠡᠢ ᠭᠠᠵᠠᠷ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠳᠠᠨ ᠤ ︽ᠬᠤᠶᠠᠭᠤᠯᠠ ᠲᠠᠢ ᠪᠤᠯᠵᠣᠨ ᠶᠠᠷᠢᠯᠴᠠᠬᠤ︾ ᠲᠦᠷᠢᠮ ᠢ ᠨᠠᠶᠢᠳᠠᠪᠦᠷᠢᠵᠢᠭᠤᠯᠬᠤ ᠶᠢ ᠠᠬᠢᠭᠤᠯᠣᠨ᠎ᠠ ︵ᠦᠪᠡᠷᠳᠡᠭᠡᠨ ᠵᠠᠰᠠᠬᠤ ᠣᠷᠣᠨ ᠤ ᠠᠶᠤᠯ ᠦᠬᠡᠢ ᠶᠢᠨ ᠬᠢᠨᠠᠯᠳᠠ ᠬᠠᠮᠢᠶᠠᠷᠣᠯᠳᠠ ᠶᠢᠨ ᠲᠤᠪᠴᠢᠶ᠎ᠠ᠂ ᠶᠠᠰᠣ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ᠂ ᠡ᠊ᠨᠳᠡᠯ ᠭᠠᠷᠬᠤ ᠨᠣᠷᠮ᠎ᠠ ᠪᠠᠷ ᠦᠨᠳᠦᠷ᠂ ᠬᠤᠬᠢᠷᠠᠯ ᠢᠶᠠᠷ ᠬᠦᠨᠳᠦ ᠶᠡᠭᠡ ᠪᠠᠶᠢᠳᠠᠭ ᠭᠤᠭᠴᠤᠭ᠎ᠠ ᠪᠠ ᠬᠦᠷᠢᠶ᠎ᠡ ᠴᠠᠷᠠᠭ᠎ᠠ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠣᠷᠣᠨ ᠪᠦᠰᠡ ᠶᠢᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ ᠪᠠ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ᠎ᠡ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ︵ᠲᠠᠪᠤ︶ ᠰᠢᠨᠵᠢᠯᠡᠬᠦ ᠣᠬᠠᠭᠠᠨ ᠮᠡᠷᠭᠡᠵᠢᠯ ᠤᠨ ᠠᠷᠭ᠎ᠠ ᠪᠠᠷᠢᠯ ᠢ ᠦᠷᠭᠡᠨ ᠢᠶᠠᠷ ᠬᠡᠷᠡᠭᠯᠡᠨ ᠬᠢᠨᠠᠯᠳᠠ ᠬᠠᠮᠢᠶᠠᠷᠣᠯᠳᠠ ᠶᠢ ᠬᠡᠷᠡᠭᠵᠢᠭᠦᠯᠦᠨ᠎ᠡ᠃      ᠰᠢᠨᠵᠢᠯᠡᠬᠦ ᠣᠬᠠᠭᠠᠨ ᠮᠡᠷᠭᠡᠵᠢᠯ ᠤᠨ ᠬᠢᠨᠠᠯᠳᠠ ᠬᠠᠮᠢᠶᠠᠷᠣᠯᠳᠠ ᠶᠢᠨ ᠰᠢᠰᠲ᠋ᠧᠮᠵᠢ ᠶᠢ ᠪᠠᠶᠢᠭᠤᠯᠬᠤ ᠪᠠ ᠲᠡᠭᠦᠯᠳᠡᠷᠵᠢᠭᠦᠯᠦᠨ᠎ᠡ᠃ ᠣᠳᠣ ᠦᠶ᠎ᠡ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠨᠠᠯᠳᠠ ᠬᠠᠮᠢᠶᠠᠷᠣᠯᠳᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠨ ᠬᠤᠭᠤᠷᠤᠨᠳᠣᠬᠢ ᠮᠡᠳᠡᠭᠡ ᠵᠠᠩᠭᠢ ᠶᠢᠨ ᠰᠠᠭᠠᠳ ᠦᠭᠡᠢ ᠰᠣᠯᠢᠯᠴᠠᠬᠤ᠂ ᠬᠠᠮᠲᠦ ᠬᠦᠷᠳᠡᠬᠦ ᠶᠢ ᠪᠡᠶᠡᠯᠡᠭᠦᠯᠵᠤ᠂ ᠦᠨᠡᠮᠯᠡᠯ ᠭᠡᠷᠡᠴᠢ ᠪᠠᠷ ᠬᠤᠯᠪᠣᠭᠠᠯᠠᠨ ᠬᠦᠳᠡᠯᠦᠯᠴᠡᠬᠦ ᠬᠢᠨᠠᠯᠳᠠ ᠬᠠᠮᠢᠶᠠᠷᠣᠯᠳᠠ ᠶᠢ ᠬᠡᠷᠡᠭᠵᠢᠭᠦᠯᠦᠨ᠎ᠡ᠃ ᠮᠡᠳᠡᠭᠡ ᠵᠠᠩᠭᠢ ᠶᠢᠨ ᠰᠢᠨᠵᠢᠯᠡᠬᠦ ᠣᠬᠠᠭᠠᠨ ᠮᠡᠷᠭᠡᠵᠢᠯ ᠢ ᠭᠦᠢᠴᠡᠳ ᠠᠰᠢᠭᠯᠠᠨ ᠰᠦᠯᠵᠢᠶᠡᠨ ᠲᠡᠭᠡᠷ᠎ᠡ ᠴᠠᠭ ᠳᠤᠨᠢ ᠬᠢᠨᠠᠯᠳᠠ ᠲᠠᠯᠪᠢᠨ ᠬᠢᠨᠠᠨ ᠰᠢᠨᠵᠢᠬᠦ ᠶᠢ ᠪᠡᠶᠡᠯᠡᠭᠦᠯᠵᠤ᠂ ᠲᠣᠬᠠᠢ ᠶᠢᠨ ᠲᠠᠯᠠᠪᠠᠢ ᠶᠢᠨ ᠪᠣᠰᠣ ᠬᠢᠨᠠᠯᠳᠠ ᠬᠠᠮᠢᠶᠠᠷᠣᠯᠳᠠ ᠶᠢᠨ ᠬᠠᠣᠯᠢ ᠬᠡᠷᠡᠭᠵᠢᠭᠦᠯᠦᠯᠳᠡ ᠶᠢ ᠴᠢᠩᠭᠠᠳᠬᠠᠨ᠎ᠠ᠃ ᠨᠡᠭᠦᠳᠡᠯᠯᠡᠨ ᠬᠠᠣᠯᠢ ᠬᠡᠷᠡᠭᠵᠢᠭᠦᠯᠬᠦ᠂ ᠬᠡᠷᠡᠭ ᠤᠨ ᠡᠯᠧᠺᠲᠷᠣᠨ ᠡᠪᠬᠡᠮᠡᠯ ᠵᠡᠷᠭᠡ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠠᠣᠯᠢ ᠬᠡᠷᠡᠭᠵᠢᠭᠦᠯᠬᠦ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠶᠠᠰᠣ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ᠂ ᠠᠶᠤᠯ ᠦᠬᠡᠢ ᠶᠢᠨ ᠬᠢᠨᠠᠯᠳᠠ ᠬᠠᠮᠢᠶᠠᠷᠣᠯᠳᠠ ᠶᠢᠨ ᠲᠤᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠢᠩᠬᠢᠮ᠂ ᠰᠣᠶᠣᠯ ᠤᠨ ᠲᠢᠩᠬᠢᠮ᠂ ᠬᠦᠬᠡᠬᠤᠳᠠ ᠪᠤᠭᠤᠮᠳᠡ ᠵᠡᠷᠭᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ ᠪᠤᠳᠠᠰᠯᠢᠭ ᠬᠤᠯᠪᠤᠭᠠᠳᠤ ᠰᠦᠯᠵᠢᠶ᠎ᠡ ᠶᠢ ᠠᠰᠢᠭᠯᠠᠨ ᠴᠢᠬᠤᠯᠠ ᠦᠢᠯᠡᠳᠭᠦᠨ ᠵᠡᠷᠭᠡ ᠶᠢᠨ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠵᠤ᠂ ︽ᠢᠷᠡᠯᠳᠡ ᠶᠢ ᠪᠠᠶᠢᠴᠠᠭᠠᠵᠤ ᠲᠡᠶᠢᠯᠬᠦ᠂ ᠭᠦᠢᠯᠭᠡᠭᠡ ᠶᠢ ᠮᠦᠷᠳᠡᠵᠤ ᠲᠡᠶᠢᠯᠬᠦ᠂ ᠬᠠᠷᠢᠭᠤᠴᠠᠯᠭ᠎ᠠ ᠶᠢ ᠨᠡᠬᠡᠮᠵᠢᠯᠡᠵᠣ ᠲᠡᠶᠢᠯᠬᠦ︾ ᠮᠡᠳᠡᠭᠡ ᠵᠠᠩᠭᠢ ᠶᠢᠨ ᠬᠡᠯᠬᠢᠶᠡᠰᠦ ᠶᠢ ᠪᠦᠷᠢᠯᠳᠦᠭᠦᠯᠦᠨ᠎ᠡ᠃ ᠮᠢᠬᠠᠨ ᠪᠠ ᠢᠳᠡᠰᠢᠨ ᠨᠤᠭᠤᠭ᠎ᠠ ᠶᠢᠨ ᠮᠦᠷᠳᠡᠬᠦ ᠰᠢᠰᠲ᠋ᠧᠮᠵᠢ ᠶᠢᠨ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠬᠦᠬᠡᠬᠤᠳᠠ᠂ ᠪᠤᠭᠤᠲᠦ ᠬᠤᠳᠠ ᠶᠢᠨ ᠮᠢᠬᠠᠨ ᠪᠠ ᠢᠳᠡᠰᠢᠨ ᠨᠤᠭᠤᠭ᠎ᠠ ᠶᠢᠨ ᠭᠦᠢᠯᠭᠡᠭᠡᠨ ᠤ ᠮᠦᠷᠳᠡᠬᠦ ᠰᠢᠰᠲ᠋ᠧᠮᠵᠢ ᠪᠠ ᠣᠯᠭᠠᠠᠬᠠᠳᠠ ᠬᠤᠳᠠ ᠶᠢᠨ ᠬᠢᠳᠡᠳ ᠡᠮ ᠤᠨ ᠮᠠᠲ᠋ᠧᠷᠢᠶᠠᠯ ᠤᠨ ᠭᠦᠢᠯᠭᠡᠭᠡᠨ ᠤ ᠮᠦᠷᠳᠡᠬᠦ ᠰᠢᠰᠲ᠋ᠧᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠣᠷᠰᠢᠯᠳᠡ ᠶᠢ ᠢᠳᠡᠪᠬᠢᠲᠠᠢ ᠪᠠᠷ ᠠᠬᠢᠭᠤᠯᠤᠨ᠎ᠠ ︵ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠣᠳᠠᠯ ᠤᠨ ᠲᠢᠩᠬᠢᠮ᠂ ᠢᠳᠡᠭᠡᠨ ᠤ ᠠᠮᠦᠷ ᠲᠦᠪᠰᠢᠨ ᠤ ᠠᠯᠪᠠᠨ ᠭᠡᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠲᠣᠰ ᠲᠣᠰ ᠬᠠᠷᠢᠭᠤᠴᠠᠨ᠎ᠠ︶᠃ ᠡᠯᠧᠺᠲᠷᠣᠨ ᠭᠠᠷ ᠤᠨ ᠦᠰᠦᠭ ᠵᠢᠷᠣᠬᠤ ᠬᠠᠣᠯᠢ ᠴᠠᠭᠠᠵᠠ ᠶᠢᠨ ᠬᠦᠴᠦᠨ ᠢ ᠬᠢᠨᠠᠨ ᠲᠣᠭᠳᠠᠭᠠᠵᠣ ᠲᠡᠭᠦᠯᠳᠡᠷᠵᠢᠭᠦᠯᠦᠭᠰᠡᠨ ᠰᠠᠭᠤᠷᠢᠨ ᠲᠡᠭᠡᠷ᠎ᠡ᠂ ᠮᠠᠨ ᠤ ᠣᠷᠣᠨ ᠤ ᠨᠢᠭᠡᠳᠦᠯᠲᠠᠢ ᠡᠯᠧᠺᠲᠷᠣᠨ ᠭᠡᠷᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠬᠠᠣᠯᠢ ᠲᠦᠷᠢᠮ ᠤᠨ ᠠᠯᠪᠠᠨ ᠭᠡᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ᠲᠦᠷᠪᠡ᠂ ᠢᠳᠡᠭᠡᠮᠵᠢ ᠶᠢᠨ ᠬᠢᠨᠠᠯᠳᠠ ᠬᠠᠮᠢᠶᠠᠷᠣᠯᠳᠠ ᠶᠢᠨ ᠰᠠᠭᠤᠷᠢ ᠶᠢ ᠪᠠᠬᠢᠵᠢᠭᠦᠯᠦᠨ᠎ᠡ      ᠮᠡᠳᠡᠭᠡ ᠵᠠᠩᠭᠢ ᠶᠢ ᠢᠯᠡ ᠨᠡᠶᠢᠳᠡᠯᠡᠬᠦ᠂ ᠮᠡᠳᠡᠭᠡ ᠵᠠᠩᠭᠢ ᠶᠢ ᠬᠠᠮᠲᠦᠪᠠᠷ ᠬᠦᠷᠳᠡᠬᠦ ᠪᠠ ᠮᠡᠳᠡᠭᠡ ᠵᠠᠩᠭᠢ ᠶᠢ ᠬᠢᠵᠠᠭᠠᠷᠯᠠᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠦᠨᠡᠨᠴᠢ ᠢᠳᠡᠭᠡᠮᠵᠢᠲᠠᠢ᠂ ᠦᠪᠡᠷ ᠢ ᠪᠠᠨ ᠱᠠᠭᠠᠷᠳᠠᠬᠤ᠂ ᠢᠳᠡᠭᠡᠮᠵᠢᠲᠠᠢ ᠪᠠᠶᠢᠬᠤ᠂ ᠬᠠᠷᠢᠯᠴᠠᠨ ᠢᠳᠡᠭᠡᠬᠦ ᠨᠡᠶᠢᠭᠡᠮ ᠤᠨ ᠢᠳᠡᠭᠡᠮᠵᠢ ᠶᠢᠨ ᠣᠷᠴᠢᠨ ᠲᠣᠭᠤᠷᠢᠨ ᠢ ᠪᠤᠢ ᠪᠤᠯᠭᠠᠨ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠭᠡᠷ᠎ᠡ ᠪᠠᠨ ᠵᠢᠷᠣᠮᠯᠠᠨ ᠰᠠᠬᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃      ︵ᠨᠢᠭᠡ︶ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠳᠠ ᠶᠢ ᠲᠦᠷᠭᠡᠳᠭᠡᠨ᠎ᠡ᠃      1. ᠪᠦᠬᠦ ᠣᠷᠣᠨ ᠤ ᠣᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠭᠡᠳᠭᠡᠨ᠎ᠡ᠃ ᠮᠦᠩᠭᠦᠨ ᠭᠦᠢᠯᠭᠡᠭᠡᠨ᠂ ᠠᠵᠤ ᠦᠢᠯᠡᠳᠪᠦᠷᠢ ᠬᠤᠳᠠᠯᠳᠣᠭᠠᠨ ᠤ ᠲᠠᠩᠰᠠᠯᠠᠯᠳᠠ᠂ ᠭᠠᠶᠢᠯᠢ ᠲᠠᠳᠠᠪᠦᠷᠢᠯᠠᠵᠤ ᠲᠣᠰᠢᠶᠠᠬᠤ᠂ ᠨᠡᠶᠢᠭᠡᠮ ᠤᠨ ᠲᠠᠭᠠᠳᠬᠠᠯ ᠤᠨ ᠵᠠᠷᠣᠳᠠᠯ ᠲᠣᠰᠢᠶᠠᠬᠤ᠂ ᠵᠠᠮ ᠬᠠᠷᠢᠯᠴᠠᠭᠠᠨ ᠤ ᠲᠦᠷᠢᠮ ᠠᠴᠠ ᠵᠦᠷᠢᠴᠡᠬᠦ᠂ ᠲᠤᠭ᠎ᠠ ᠪᠦᠷᠢᠳᠭᠡᠯ ᠵᠡᠷᠭᠡ ᠶᠢ ᠪᠠᠭᠳᠠᠭᠠᠭᠰᠠᠨ ᠪᠤᠢ ᠪᠦᠬᠦᠢ ᠢᠳᠡᠭᠡᠮᠵᠢ ᠶᠢᠨ ᠮᠡᠳᠡᠭᠡ ᠵᠠᠩᠭᠢ ᠶᠢᠨ ᠲᠦᠷᠦᠯ ᠢᠯᠭᠠᠯ᠂ ᠪᠦᠬᠦ ᠢᠳᠡᠭᠡᠮᠵᠢ ᠶᠢᠨ ᠭᠤᠤᠯ ᠴᠣᠭᠴᠠ ᠶᠢ ᠬᠠᠮᠣᠷᠣᠭᠰᠠᠨ ᠪᠦᠬᠦ ᠣᠷᠣᠨ ᠤ ᠣᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ᠢᠳᠡᠭᠡᠮᠵᠢ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠳᠠ ᠶᠢ ᠠᠬᠢᠭᠤᠯᠵᠤ᠂ ᠨᠡᠶᠢᠭᠡᠮ ᠤᠨ ᠢᠳᠡᠭᠡᠮᠵᠢ ᠶᠢᠨ ᠨᠢᠭᠡᠳᠦᠯᠲᠠᠢ ᠣᠷᠣᠯᠠᠬᠤ ᠨᠣᠮᠧᠷ ᠤᠨ ᠲᠦᠷᠢᠮ ᠢ ᠪᠠᠶᠢᠭᠤᠯᠤᠨ᠂ ᠢᠳᠡᠭᠡᠮᠵᠢ ᠶᠢᠨ ᠮᠡᠳᠡᠭᠡ ᠵᠠᠩᠭᠢ ᠶᠢ ᠴᠣᠭᠯᠠᠭᠤᠯᠬᠤ᠂ ᠬᠠᠳᠠᠭᠠᠯᠠᠬᠤ᠂ ᠬᠠᠮᠲᠦᠪᠠᠷ ᠬᠦᠷᠳᠡᠬᠦ ᠪᠠ ᠬᠡᠷᠡᠭᠯᠡᠬᠦ ᠵᠡᠷᠭᠡ ᠭᠤᠭᠴᠣᠭᠠᠨ ᠤ ᠲᠦᠷᠢᠮ ᠢ ᠲᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ ᠣᠷᠣᠨ ᠤ ᠲᠡᠰ ᠤᠨ ᠪᠠ ᠲᠣᠭᠤᠷᠢᠭ ᠪᠠᠶᠢᠭᠤᠯᠤᠬᠰᠠᠨ ᠬᠤᠳᠠ ᠶᠢᠨ ᠣᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠠᠵᠢᠯ ᠲᠦᠷᠦᠯ ᠤᠨ ᠢᠳᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠳᠠ ᠵᠢᠴᠢ ᠬᠠᠷᠢᠯᠴᠠᠨ ᠬᠤᠯᠪᠤᠭᠠᠯᠵᠤ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠣᠷᠣᠨ ᠤ ᠠᠵᠣ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠳᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠤ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠯ ᠢ ᠲᠡᠭᠦᠯᠳᠡᠷᠵᠢᠭᠦᠯᠦᠨ᠂ ᠢᠳᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠨ ᠬᠠᠮᠳᠣᠪᠡᠷ ᠬᠦᠷᠳᠡᠬᠦ ᠲᠣᠭᠳᠠᠴᠠ ᠶᠢ ᠪᠠᠶᠢᠭᠤᠯᠤᠨ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠢᠳᠡᠭᠡᠮᠵᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠳᠡ ᠶᠢᠨ ᠲᠦᠪ ᠰᠠᠯᠪᠦᠷᠢ ᠪᠠᠩᠭᠢ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃     2. ᠢᠲᠡᠭᠡᠮᠵᠢᠲᠡᠢ ᠪᠠᠶᠢᠬᠤ ᠶᠢ ᠵᠢᠷᠣᠮᠯᠠᠨ ᠰᠠᠬᠢᠬᠤ ᠶᠢ ᠣᠷᠮᠠᠰᠢᠭᠤᠯᠬᠤ ᠪᠠ ᠢᠳᠡᠬᠡᠮᠵᠢ ᠠᠯᠳᠠᠭᠰᠠᠳ ᠢ ᠵᠠᠯᠬᠠᠭᠠᠬᠤ ᠲᠣᠭᠳᠠᠴᠠ ᠶᠢ ᠪᠠᠶᠢᠭᠤᠯᠤᠨ ᠲᠡᠭᠦᠯᠳᠡᠷᠵᠢᠬᠦᠯᠦᠨ᠎ᠡ᠃ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠢᠳᠡᠭᠡᠮᠵᠢ ᠶᠢᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠴᠢᠬᠤᠯᠠ ᠯᠠᠪᠯᠠᠯᠳᠠ ᠪᠣᠯᠭᠠᠨ᠎ᠠ᠃ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠢᠳᠡᠭᠡᠮᠵᠢ ᠶᠢᠨ ᠪᠠᠶᠢᠳᠠᠯ ᠳᠤ ᠲᠦᠷᠦᠯ ᠲᠡᠰ ᠬᠤᠪᠢᠶᠠᠬᠤ ᠪᠠ ᠬᠦᠳᠡᠯᠦᠩᠭᠦᠢ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠵᠤ᠂ ᠡᠵᠡᠩᠨᠡᠯᠳᠡ ᠶᠢᠨ ᠬᠡᠪ ᠤᠨ ᠪᠣᠰᠣ ᠨᠡᠷ᠎ᠡ ᠶᠢᠨ ᠵᠢᠭᠰᠠᠭᠠᠯᠳᠠ ᠪᠠ ᠬᠠᠣᠯᠢ ᠠᠴᠠ ᠵᠦᠷᠢᠴᠡᠭᠰᠡᠨ ᠠᠵᠣ ᠠᠬᠤᠶᠢᠯᠠᠯ ᠤᠨ ᠨᠡᠷᠡᠰ ᠤᠨ ᠬᠠᠮᠢᠶᠠᠷᠣᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠵᠠᠬ᠎ᠠ ᠲᠡᠯᠭᠡᠭᠦᠷ ᠤᠨ ᠦᠷᠢᠰᠦᠯᠳᠦᠬᠡᠨ ᠤ ᠵᠠᠷᠴᠢᠮ ᠠᠴᠠ ᠵᠦᠷᠢᠴᠡᠭᠰᠡᠨ ᠪᠠ ᠬᠡᠷᠡᠭᠯᠡᠭᠴᠢᠳ ᠤᠨ ᠬᠠᠣᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠵᠠᠬ᠎ᠠ ᠲᠡᠯᠭᠡᠭᠦᠷ ᠤᠨ ᠭᠤᠣᠯ ᠴᠣᠭᠴᠠ ᠳᠤ ᠬᠢᠨᠡᠯᠳᠡ ᠬᠠᠮᠢᠶᠠᠷᠣᠯᠳᠠ ᠶᠢ ᠴᠢᠩᠭᠠᠳᠬᠠᠨ᠎ᠠ᠃ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃ ᠢᠳᠡᠭᠡᠮᠵᠢᠳᠡᠢ ᠪᠠᠶᠢᠬᠤ ᠶᠢ ᠵᠢᠷᠣᠮᠯᠠᠨ ᠰᠠᠬᠢᠬᠤ ᠭᠤᠣᠯ ᠴᠣᠭᠴᠠ ᠶᠢ ᠲᠡᠮᠵᠢᠬᠦ ᠪᠠ ᠣᠷᠮᠠᠰᠢᠭᠤᠯᠵᠦ᠂ ᠢᠳᠡᠭᠡᠮᠵᠢ ᠠᠯᠳᠠᠭᠰᠠᠨ ᠭᠤᠣᠯ ᠴᠣᠭᠴᠠ ᠶᠢ ᠡᠵᠡᠩᠨᠡᠯᠳᠡ ᠬᠢᠬᠦ᠂ ᠪᠡᠯᠡ ᠲᠣᠬᠢᠷᠠᠭᠤᠯᠬᠤ ᠪᠠ ᠣᠷᠣᠭᠤᠯᠬᠤ᠂ ᠵᠠᠰᠠᠭ ᠤᠨ ᠣᠷᠳᠣᠨ ᠤ ᠬᠠᠩᠭᠠᠬᠤ ᠭᠠᠵᠠᠷ ᠰᠢᠷᠦᠢ᠂ ᠭᠠᠳᠠᠭᠠᠳᠦ ᠠᠴᠠ ᠣᠷᠣᠭᠤᠯᠵᠦ ᠭᠠᠳᠠᠭᠠᠳᠤ ᠳᠤ ᠭᠠᠷᠭᠠᠬᠤ᠂ ᠬᠢᠯᠢ ᠪᠠᠷ ᠣᠷᠣᠵᠣ ᠭᠠᠷᠬᠤ᠂ ᠰᠢᠨ᠎ᠡ ᠺᠣᠮᠫᠠᠨᠢ ᠲᠠᠩᠰᠠᠯᠠᠭᠤᠯᠬᠤ᠂ ᠪᠠᠷᠢᠯᠭ᠎ᠠ ᠶᠢᠨ ᠲᠠᠭᠠᠭᠠᠴᠢᠯᠠᠯᠳᠠ ᠵᠠᠷᠯᠠᠵᠦ ᠲᠠᠭᠠᠭᠠᠴᠢᠯᠠᠯᠳᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠣᠨ ᠠᠪᠬᠤ᠂ ᠢᠷᠠᠭᠤ ᠠᠯᠳᠠᠷ ᠬᠦᠷᠳᠡᠬᠦ᠂ ᠠᠮᠦᠷ ᠲᠦᠪᠰᠢᠨ ᠤ ᠵᠦᠪᠰᠢᠶᠡᠷᠡᠯ᠂ ᠦᠢᠯᠡᠳᠪᠦᠷᠢᠯᠡᠯ ᠤᠨ ᠵᠦᠪᠰᠢᠶᠡᠷᠡᠯ᠂ ᠠᠵᠢᠯ ᠡᠷᠬᠢᠯᠡᠵᠦ ᠲᠣᠰᠢᠶᠠᠯ ᠬᠠᠷᠢᠭᠤᠴᠠᠬᠤ ᠬᠢᠷᠢ ᠭᠡᠮ᠂ ᠬᠢᠷᠢ ᠴᠢᠳᠠᠮᠵᠢ ᠶᠢ ᠬᠢᠨᠠᠨ ᠬᠠᠷᠭᠤᠭᠤᠯᠬᠤ ᠵᠡᠷᠭᠡ ᠲᠠᠯ᠎ᠠ ᠪᠠᠷ ᠬᠠᠣᠯᠢ ᠶᠣᠰᠣᠭᠠᠷ ᠬᠢᠵᠠᠭᠠᠷᠯᠠᠬᠤ ᠪᠣᠶᠣ ᠴᠠᠭᠠᠵᠠᠯᠠᠵᠦ᠂ ᠬᠠᠥᠯᠢ ᠠᠴᠠ ᠬᠦᠨᠳᠦ ᠨᠣᠴᠢᠳᠠᠢ ᠵᠦᠷᠢᠴᠡᠨ ᠢᠳᠡᠭᠡᠮᠵᠢ ᠠᠯᠳᠠᠭᠰᠠᠨ ᠭᠤᠣᠯ ᠴᠣᠭᠴᠠ ᠶᠢᠨ ᠵᠠᠬ᠎ᠠ ᠲᠡᠯᠭᠡᠭᠦᠷ ᠲᠤ ᠣᠷᠣᠬᠤ ᠶᠢ ᠴᠠᠭᠠᠵᠠᠯᠠᠬᠤ ᠲᠦᠷᠢᠮ ᠢ ᠬᠡᠷᠡᠭᠵᠢᠬᠦᠯᠦᠨ᠎ᠡ᠃      ︵ᠬᠤᠶᠠᠷ︶ ᠢᠳᠡᠭᠡᠮᠵᠢ ᠶᠢᠨ ᠮᠡᠳᠡᠭᠡ ᠵᠠᠩᠭᠢ ᠶᠢᠨ ᠨᠡᠶᠢᠭᠡᠮ ᠤᠨ ᠬᠡᠷᠡᠭᠯᠡᠯᠳᠡ ᠶᠢ ᠢᠳᠡᠪᠬᠢᠲᠠᠢ ᠠᠬᠢᠭᠤᠯᠣᠨ᠎ᠠ᠃     ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠬᠤ ᠶᠢ ᠲᠦᠷᠭᠡᠳᠭᠡᠨ ᠠᠬᠢᠭᠤᠯᠣᠨ᠎ᠠ᠃ ᠣᠯᠠᠨ ᠨᠡᠶᠢᠳᠡ ᠶᠢᠨ ᠠᠮᠣᠷ ᠲᠦᠪᠰᠢᠨ᠂ ᠬᠤᠳᠠᠯᠳᠣᠭᠠᠨ ᠤ ᠨᠢᠭᠤᠴᠠ ᠪᠠ ᠬᠤᠪᠢ ᠶᠢᠨ ᠬᠦᠮᠦᠨ ᠤ ᠨᠢᠭᠤᠴᠠ ᠲᠠᠢ ᠬᠤᠯᠪᠣᠭᠳᠠᠭᠰᠠᠨ ᠮᠡᠳᠡᠭᠡ ᠵᠠᠩᠬᠢ ᠶᠢ ᠬᠠᠮᠠᠭᠠᠯᠠᠭᠰᠠᠨ ᠰᠠᠭᠤᠷᠢᠨ ᠲᠡᠭᠡᠷ᠎ᠡ᠂ ᠵᠠᠰᠠᠭ ᠵᠠᠬᠢᠷᠭᠠᠨ ᠤ ᠬᠠᠮᠢᠶᠠᠷᠣᠯᠳᠡ ᠶᠢᠨ ᠲᠣᠮᠳᠡ ᠡᠵᠡᠮᠰᠢᠵᠦ ᠪᠦᠬᠦᠢ ᠢᠳᠡᠭᠡᠮᠵᠢ ᠶᠢᠨ ᠮᠡᠳᠡᠭᠡ ᠵᠠᠩᠬᠢ ᠶᠢ ᠬᠠᠥᠯᠢ ᠶᠣᠰᠣᠭᠠᠷ ᠢᠯᠡ ᠪᠣᠯᠭᠠᠨ᠎ᠠ᠃ ᠢᠳᠡᠭᠡᠮᠵᠢ ᠶᠢᠨ ᠮᠡᠳᠡᠭᠡ ᠵᠠᠩᠬᠢ ᠶᠢ ᠠᠰᠠᠭᠤᠨ ᠯᠠᠪᠯᠠᠬᠤ ᠵᠠᠮ ᠮᠦᠷ ᠢ ᠦᠷᠭᠡᠳᠭᠡᠨ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠰᠠᠭᠤᠷᠢ ᠪᠣᠯᠬᠤ ᠢᠳᠡᠭᠡᠮᠵᠢ ᠶᠢᠨ ᠮᠡᠳᠡᠭᠡ ᠵᠠᠩᠬᠢ ᠪᠠ ᠬᠠᠥᠯᠢ ᠲᠣᠭᠳᠠᠭᠠᠯ ᠠᠴᠠ ᠵᠦᠷᠢᠴᠡᠭᠰᠡᠨ ᠮᠡᠳᠡᠭᠡ ᠵᠠᠩᠬᠢ ᠶᠢ ᠠᠰᠠᠭᠤᠨ ᠯᠠᠪᠯᠠᠬᠤ ᠲᠠᠯ᠎ᠠ ᠪᠠᠷ ᠣᠯᠠᠨ ᠨᠡᠶᠢᠳᠡ ᠳᠤ ᠲᠦᠭᠦᠮ ᠠᠪᠰᠠᠷᠬᠠᠨ ᠦᠨᠳᠣᠷ ᠦᠷ᠎ᠡ ᠪᠦᠳᠦᠮᠵᠢᠳᠦ ᠦᠢᠯᠡᠴᠢᠯᠡᠭᠡ ᠬᠠᠩᠭᠠᠨ᠎ᠠ᠃ ᠢᠳᠡᠭᠡᠮᠵᠢ ᠶᠢᠨ ᠦᠢᠯᠡᠴᠢᠯᠡᠭᠡᠨ ᠤ ᠵᠠᠬ᠎ᠠ ᠲᠡᠯᠭᠡᠭᠦᠷ ᠢ ᠬᠠᠥᠯᠢ ᠶᠣᠰᠣᠭᠠᠷ ᠵᠢᠷᠣᠮᠵᠢᠭᠤᠯᠵᠦ᠂ ᠨᠡᠶᠢᠭᠡᠮ ᠤᠨ ᠢᠳᠡᠭᠡᠮᠵᠢ ᠶᠢᠨ ᠦᠢᠯᠡᠴᠢᠯᠡᠭᠡᠨ ᠤ ᠪᠠᠶᠢᠭᠤᠯᠣᠮᠵᠢ ᠶᠢ ᠪᠤᠶᠢᠵᠢᠭᠤᠯᠬᠤ ᠪᠠ ᠬᠦᠭᠵᠢᠬᠦᠯᠵᠦ᠂ ᠬᠤᠪᠢ ᠬᠦᠮᠦᠨ ᠤ ᠮᠡᠳᠡᠭᠡ ᠵᠠᠩᠬᠢ ᠪᠣᠯᠣᠨ ᠨᠢᠭᠤᠴᠠ ᠶᠢ ᠬᠠᠮᠠᠭᠠᠯᠠᠬᠤ ᠲᠦᠷᠢᠮ ᠲᠣᠭᠳᠠᠭᠠᠯ ᠪᠠᠶᠢᠭᠤᠯᠬᠤ ᠶᠢ ᠠᠬᠢᠭᠤᠯᠵᠦ᠂ ᠢᠳᠡᠭᠡᠮᠵᠢ ᠶᠢᠨ ᠦᠢᠯᠡᠴᠢᠯᠡᠭᠡᠨ ᠤ ᠪᠠᠶᠢᠭᠤᠯᠣᠮᠵᠢ ᠪᠠ ᠠᠵᠢᠯᠳᠠᠨ ᠳᠤ ᠬᠢᠨᠠᠯᠳᠠ ᠬᠠᠮᠢᠶᠠᠷᠣᠯᠳᠡ ᠬᠢᠬᠦ ᠶᠢ ᠴᠢᠩᠭᠠᠳᠬᠠᠨ᠎ᠠ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ ᠠᠷᠡᠳ ᠤᠨ ᠪᠠᠩᠬᠢ ᠶᠢᠨ ᠬᠦᠬᠡᠬᠤᠳᠡ ᠶᠢᠨ ᠲᠦᠪ ᠰᠠᠯᠪᠣᠷᠢ ᠪᠠᠩᠬᠢ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ᠲᠠᠪᠤ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠬᠠᠥᠯᠢ ᠬᠡᠷᠡᠭᠵᠢᠬᠦᠯᠦᠯᠳᠡ ᠶᠢ ᠰᠠᠶᠢᠵᠢᠷᠠᠭᠤᠯᠣᠨ᠎ᠠ      ᠬᠠᠥᠯᠢ ᠬᠡᠷᠡᠭᠵᠢᠬᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠠᠥᠯᠢ ᠬᠡᠷᠡᠭᠵᠢᠬᠦᠯᠵᠦ ᠬᠢᠨᠡᠯᠳᠡ ᠲᠠᠯᠪᠢᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠣᠨ᠂ ᠬᠠᠥᠯᠢ ᠶᠣᠰᠣᠭᠠᠷ ᠬᠠᠥᠯᠢ ᠬᠡᠷᠡᠭᠵᠢᠬᠦᠯᠬᠦ᠂ ᠲᠦᠪ ᠭᠤᠣᠯᠴᠢ ᠪᠠᠷ ᠬᠠᠥᠯᠢ ᠬᠡᠷᠡᠭᠵᠢᠬᠦᠯᠬᠦ᠂ ᠪᠣᠯᠪᠠᠰᠣᠨ ᠢᠶᠠᠷ ᠬᠠᠥᠯᠢ ᠬᠡᠷᠡᠭᠵᠢᠬᠦᠯᠬᠦ ᠶᠢ ᠦᠨᠡᠨᠬᠦ ᠪᠠᠳᠣᠯᠠᠨ᠎ᠠ᠃      ︵ᠨᠢᠭᠡ︶ ᠵᠠᠬ᠎ᠠ ᠲᠡᠯᠭᠡᠭᠦᠷ ᠤᠨ ᠬᠠᠥᠯᠢ ᠬᠡᠷᠡᠭᠵᠢᠬᠦᠯᠬᠦ ᠠᠵᠢᠯᠯᠠᠭ᠎ᠠ ᠶᠢ ᠵᠢᠷᠣᠮᠵᠢᠭᠤᠯᠣᠨ᠎ᠠ᠃      1. ᠬᠠᠥᠯᠢ ᠶᠣᠰᠣᠭᠠᠷ ᠡᠬᠦᠷᠬᠡ ᠬᠠᠷᠢᠭᠤᠴᠠᠯᠭ᠎ᠠ ᠭᠦᠢᠴᠡᠳᠭᠡᠬᠦ ᠶᠢ ᠴᠢᠩᠳᠠᠯᠠᠨ᠎ᠠ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠡᠯᠳᠡ ᠬᠠᠮᠢᠶᠠᠷᠣᠯᠳᠡ ᠶᠢᠨ ᠠᠷᠭ᠎ᠠ︾ ︵ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠵᠠᠷᠯᠢᠭ 208 ᠳ᠋ᠣᠭᠠᠷ ᠲᠣᠭᠠᠳᠦ︶᠎ ᠶᠢ ᠨᠠᠶᠢᠳᠠᠪᠣᠷᠢᠵᠢᠭᠤᠯᠵᠦ᠂ ᠬᠠᠥᠯᠢ ᠳᠤ ᠲᠣᠭᠳᠠᠭᠰᠠᠨ ᠡᠷᠬᠡ ᠮᠡᠳᠡᠯ ᠤᠨ ᠬᠡᠪᠴᠢᠶ᠎ᠡ ᠪᠠ ᠵᠢᠷᠦᠮ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠢᠨᠠᠨ ᠬᠠᠮᠢᠶᠠᠷᠬᠤ ᠵᠠᠭᠠᠭ ᠱᠣᠭᠤᠮ ᠢᠶᠠᠨ ᠴᠢᠩᠭ᠎ᠠ ᠲᠣᠭᠳᠠᠭᠠᠵᠦ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠭᠰᠢᠭᠦᠷᠢ ᠲᠠᠢ ᠴᠢᠬ ᠤᠨ ᠪᠠᠶᠢᠭᠤᠯᠣᠯᠳᠡ ᠶᠢ ᠠᠬᠢᠭᠤᠯᠣᠨ᠎ᠠ᠃ ᠬᠠᠥᠯᠢ ᠴᠠᠭᠠᠵᠠ᠂ ᠬᠠᠥᠯᠢ ᠲᠣᠭᠳᠠᠭᠠᠯ᠂ ᠲᠤᠬᠳᠠᠭᠠᠯ ᠲᠦᠷᠢᠮ ᠤᠨ ᠦᠨᠳᠣᠰᠣ ᠪᠠᠷᠢᠮᠳᠠ ᠦᠭᠡᠢ ᠪᠣᠯ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠦᠯᠳᠡ ᠶᠢᠨ ᠰᠠᠯᠠᠭ᠎ᠠ ᠮᠦᠴᠢᠷ ᠤᠳ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠡᠷᠬᠡ ᠠᠰᠢᠭ ᠢ ᠨᠦᠯᠦᠭᠡᠯᠡᠬᠦ ᠪᠣᠶᠣ ᠲᠡᠭᠦᠨ ᠤ ᠡᠭᠦᠷᠭᠡ ᠶᠢ ᠨᠡᠮᠡᠭᠳᠡᠭᠦᠯᠬᠦ ᠲᠣᠭᠳᠠᠭᠠᠯ ᠭᠠᠷᠭᠠᠵᠦ ᠪᠣᠯᠬᠤ ᠦᠭᠡᠢ︔ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠦᠯᠳᠡ ᠶᠢᠨ ᠰᠠᠯᠠᠭ᠎ᠠ ᠮᠦᠴᠢᠷ ᠤᠳ ᠢᠷᠭᠡᠨ ᠤ ᠬᠡᠷᠡᠭ ᠤᠨ ᠠᠵᠢᠯᠯᠠᠭ᠎ᠠ ᠳᠤ ᠣᠷᠣᠯᠴᠠᠨ᠂ ᠬᠠᠥᠯᠢ ᠶᠣᠰᠣᠭᠠᠷ ᠡᠷᠬᠡ ᠪᠠᠨ ᠬᠡᠷᠡᠭᠵᠢᠬᠦᠯᠵᠦ᠂ ᠡᠭᠦᠷᠭᠡ ᠪᠠᠨ ᠭᠦᠢᠴᠡᠳᠭᠡᠨ᠂ ᠬᠠᠷᠢᠭᠤᠴᠠᠯᠭ᠎ᠠ ᠡᠭᠦᠷᠭᠡᠯᠡᠨ᠎ᠡ ︵ᠦᠪᠡᠷᠳᠡᠭᠡᠨ ᠵᠠᠰᠠᠬᠤ ᠣᠷᠣᠨ ᠤ ᠬᠠᠥᠯᠢ ᠲᠦᠷᠢᠮ ᠤᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠬᠠᠥᠯᠢ ᠬᠡᠷᠡᠭᠵᠢᠭᠦᠯᠬᠦ ᠠᠵᠢᠯᠯᠠᠭ᠎ᠠ ᠶᠢᠨ ᠬᠠᠥᠯᠢᠵᠢᠯᠳᠡ᠂ ᠵᠢᠷᠣᠮᠵᠢᠯᠳᠠ᠂ ᠲᠦᠷᠢᠮᠵᠢᠯᠳᠡ ᠶᠢ ᠴᠢᠩᠭᠠᠳᠬᠠᠨ᠎ᠠ᠃ ᠰᠢᠨᠵᠢᠯᠡᠬᠦ ᠣᠬᠠᠭᠠᠨᠴᠢ ᠬᠢᠨᠠᠯᠳᠠ ᠬᠠᠮᠢᠶᠠᠷᠣᠯᠳᠠ ᠶᠢᠨ ᠲᠦᠷᠢᠮ ᠪᠠ ᠠᠷᠭ᠎ᠠ ᠶᠢ ᠪᠠᠶᠢᠭᠤᠯᠵᠦ᠂ ︽ᠬᠤᠣᠰ ᠲᠠᠰᠢᠷᠠᠮ︾᠎ ᠤᠨ ᠰᠣᠭᠤᠴᠢᠨ ᠪᠠᠶᠢᠴᠠᠭᠠᠯᠳᠠ ᠪᠠᠷ ᠭᠤᠣᠯᠳᠠᠯᠭ᠎ᠠ ᠪᠣᠯᠭᠠᠭᠰᠠᠨ ᠡᠳᠦᠷ ᠲᠣᠳᠣᠮ ᠤᠨ ᠬᠢᠨᠠᠯᠳᠠ ᠪᠠᠶᠢᠴᠠᠭᠠᠯᠳᠠ ᠶᠢᠨ ᠲᠦᠷᠢᠮ ᠢ ᠲᠡᠭᠦᠯᠳᠡᠷᠵᠢᠬᠦᠯᠵᠦ᠂ ᠬᠠᠥᠯᠢ ᠬᠡᠷᠡᠭᠵᠢᠬᠦᠯᠬᠦ ᠠᠵᠢᠯ ᠤᠨ ᠴᠣᠪᠣᠷᠠᠯ ᠢ ᠰᠢᠯᠢᠳᠡᠭᠵᠢᠬᠦᠯᠦᠨ ᠨᠠᠷᠢᠯᠢᠬᠵᠢᠭᠤᠯᠵᠦ᠂ ᠵᠢᠷᠦᠮ ᠤᠨ ᠲᠦᠪ ᠭᠤᠣᠯᠴᠢ ᠪᠠᠶᠢᠬᠤ ᠶᠢ ᠦᠨᠡᠨᠬᠦ ᠪᠠᠳᠣᠯᠠᠵᠦ᠂ ᠬᠠᠥᠯᠢ ᠬᠡᠷᠡᠭᠵᠢᠬᠦᠯᠬᠦ ᠦᠭᠡᠢ᠂ ᠬᠠᠥᠯᠢ ᠶᠢ ᠲᠣᠷ᠎ᠡ ᠪᠠᠷ ᠨᠢ ᠬᠡᠷᠡᠭᠵᠢᠬᠦᠯᠬᠦ᠂ ᠬᠠᠥᠯᠢ ᠬᠡᠷᠡᠭᠵᠢᠬᠦᠯᠬᠦ ᠳᠡᠭᠡᠨ ᠠᠷᠡᠳ ᠢ ᠲᠦᠢᠪᠡᠬᠡᠬᠦ ᠵᠡᠷᠬᠡ ᠠᠰᠠᠭᠤᠳᠠᠯ ᠢ ᠦᠨᠡᠨ ᠪᠣᠳᠠᠳᠠᠢ ᠰᠢᠢᠳᠪᠦᠷᠢᠯᠡᠨ᠎ᠡ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ ᠶᠠᠰᠦ ᠴᠢᠨᠡᠷ ᠲᠤ ᠮᠡᠷᠭᠡᠵᠢᠯ ᠤᠨ ᠬᠢᠨᠠᠯᠳᠡ ᠲᠠᠯᠪᠢᠬᠤ ᠲᠣᠪᠴᠢᠶ᠎ᠠ᠂ ᠠᠶᠤᠯ ᠦᠬᠡᠢ ᠶᠢᠨ ᠬᠢᠨᠠᠯᠲᠠ ᠬᠠᠮᠢᠶᠠᠷᠣᠯᠳᠡ ᠶᠢᠨ ᠲᠣᠪᠴᠢᠶ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠣᠯᠳᠡ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠵᠢᠷᠦᠮ ᠪᠣᠯᠣᠨ ᠲᠦᠷᠢᠮ ᠤᠨ ᠪᠠᠶᠢᠭᠤᠯᠣᠯᠳᠡ ᠶᠢ ᠲᠡᠭᠦᠯᠳᠡᠷᠵᠢᠬᠦᠯᠦᠨ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠦᠯᠳᠡ ᠶᠢᠨ ᠰᠠᠯᠠᠭ᠎ᠠ ᠮᠦᠴᠢᠷ ᠤᠨ ᠲᠣᠳᠣᠭᠠᠳᠣ ᠶᠢᠨ ᠬᠡᠷᠡᠭ ᠪᠠᠶᠢᠴᠠᠭᠠᠬᠤ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠳᠠᠭᠠᠯ ᠢ ᠬᠠᠷᠢᠴᠠᠩᠭᠤᠢ ᠪᠠᠷ ᠰᠠᠯᠭᠠᠬᠤ ᠲᠦᠷᠢᠮ ᠢ ᠪᠦᠷᠢᠨᠰᠢᠬᠦᠯᠵᠦ᠂ ᠬᠠᠥᠯᠢ ᠬᠡᠷᠡᠭᠵᠢᠬᠦᠯᠬᠦ ᠠᠵᠢᠯᠯᠠᠭ᠎ᠠ ᠶᠢ ᠵᠢᠷᠣᠮᠵᠢᠭᠤᠯᠣᠨ᠂ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠣᠷᠢᠵᠢᠭᠤᠯᠣᠨ᠎ᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠴᠢᠯᠦᠭᠡᠳᠡᠢ ᠲᠠᠰᠣᠯᠣᠯᠳᠠ ᠬᠢᠬᠦ ᠰᠠᠭᠤᠷᠢ ᠪᠠᠷᠢᠮᠵᠢᠶᠠᠳᠤ ᠲᠦᠷᠢᠮ ᠢ ᠪᠠᠶᠢᠭᠤᠯᠵᠦ᠂ ᠵᠠᠰᠠᠭ ᠵᠠᠬᠢᠷᠭᠠᠨ ᠤ ᠲᠠᠰᠣᠯᠣᠯᠳᠠ ᠶᠢᠨ ᠡᠷᠬᠡ ᠶᠢ ᠨᠠᠷᠢᠯᠢᠬᠵᠢᠭᠤᠯᠣᠨ ᠬᠡᠮᠵᠢᠶᠡᠵᠢᠬᠦᠯᠵᠦ᠂ ᠲᠠᠰᠣᠯᠣᠯᠳᠠ ᠶᠢᠨ ᠬᠦᠷᠢᠶ᠎ᠡ ᠬᠡᠪᠴᠢᠶ᠎ᠡ᠂ ᠲᠦᠷᠦᠯ ᠵᠦᠢᠯ ᠪᠣᠯᠣᠨ ᠬᠡᠪᠴᠢᠶ᠎ᠠ ᠶᠢ ᠢᠯᠡ ᠪᠣᠯᠭᠠᠨ᠂ ᠲᠠᠰᠣᠯᠣᠯᠳᠠ ᠶᠢᠨ ᠡᠷᠬᠡ ᠬᠡᠷᠡᠭᠵᠢᠬᠦᠯᠬᠦ ᠶᠢ ᠴᠢᠩᠭ᠎ᠠ ᠬᠢᠵᠠᠭᠠᠷᠯᠠᠨ ᠲᠣᠭᠳᠠᠭᠠᠬᠤ ᠪᠠ ᠵᠦᠢ ᠵᠣᠬᠢᠰᠳᠡᠢ ᠵᠢᠷᠣᠮᠵᠢᠭᠤᠯᠣᠨ᠎ᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠶᠠᠪᠣᠴᠠ ᠳᠤ ᠠᠷᠠᠳ ᠢᠷᠭᠡᠳ ᠤᠨ ᠬᠠᠥᠯᠢ ᠶᠣᠰᠣᠨ ᠤ ᠡᠷᠬᠡ ᠠᠰᠢᠭ ᠢ ᠬᠦᠨᠳᠦᠳᠭᠡᠨ᠂ ᠲᠤᠬᠠᠢᠢᠳᠠᠢ ᠬᠦᠮᠦᠨ ᠳᠤ ᠪᠣᠯᠬᠢ ᠪᠦᠳᠦᠭᠦᠯᠢᠭ ᠢᠶᠠᠷ ᠬᠠᠨᠳᠣᠵᠦ ᠪᠣᠯᠬᠤ ᠦᠭᠡᠢ᠂ ᠬᠦᠮᠦᠨ ᠴᠢᠨᠠᠷ ᠨᠡᠷ᠎ᠡ ᠬᠦᠨᠳᠦ ᠶᠢ ᠨᠢ ᠬᠤᠬᠢᠷᠠᠭᠤᠯᠵᠦ ᠪᠣᠯᠬᠤ ᠦᠭᠡᠢ᠃ ᠵᠠᠰᠠᠭ ᠵᠠᠬᠢᠷᠭᠠᠨ ᠤ ᠵᠢᠯᠣᠭᠤᠳᠣᠯᠭ᠎ᠠ᠂ ᠵᠠᠰᠠᠭ ᠵᠠᠬᠢᠷᠭᠠᠨ ᠤ ᠭᠡᠷ᠎ᠡ᠂ ᠵᠠᠰᠠᠭ ᠵᠠᠬᠢᠷᠭᠠᠨ ᠤ ᠱᠠᠩᠨᠠᠯ ᠬᠦᠬᠢᠭᠦᠯᠦᠯ ᠵᠢᠴᠢ ᠵᠠᠰᠠᠭ ᠵᠠᠬᠢᠷᠭᠠᠨ ᠤ ᠡᠶᠡᠳᠡᠭᠦᠯᠬᠡ ᠵᠡᠷᠬᠡ ᠠᠯᠪᠠᠳᠠᠯᠭ᠎ᠠ ᠶᠢᠨ ᠪᠣᠰᠣ ᠠᠷᠭ᠎ᠠ ᠪᠠᠷᠢᠯ ᠢ ᠢᠳᠡᠪᠬᠢᠳᠡᠢ ᠪᠠᠷ ᠬᠡᠷᠡᠭᠵᠢᠬᠦᠯᠵᠦ᠂ ᠲᠣᠬᠠᠢᠢᠳᠠᠢ ᠬᠦᠮᠦᠨ ᠤ ᠬᠠᠥᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      3. ᠬᠢᠨᠠᠯᠳᠠ ᠬᠠᠮᠢᠶᠠᠷᠣᠯᠳᠡ ᠶᠢᠨ ᠬᠠᠥᠯᠢ ᠬᠡᠷᠡᠭᠵᠢᠬᠦᠯᠬᠦ ᠡᠭᠦᠷᠭᠡ ᠴᠢᠳᠠᠪᠤᠷᠢ ᠪᠠ ᠮᠡᠷᠭᠡᠵᠢᠯ ᠢᠶᠠᠷ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠡᠭᠦᠷᠭᠡ ᠴᠢᠳᠠᠪᠤᠷᠢ ᠶᠢ ᠬᠠᠷᠢᠴᠠᠩᠭᠤᠢ ᠪᠠᠷ ᠰᠠᠯᠭᠠᠬᠤ ᠶᠢ ᠠᠬᠢᠭᠤᠯᠣᠨ᠎ᠠ᠃ ᠬᠤᠶᠢᠰᠢᠳᠡ ᠮᠡᠷᠭᠡᠵᠢᠯ ᠢᠶᠠᠷ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠪᠠᠶᠢᠭᠤᠯᠣᠮᠵᠢ ᠨᠢ ᠬᠠᠥᠯᠢ ᠬᠡᠷᠡᠭᠵᠢᠬᠦᠯᠬᠦ ᠡᠭᠦᠷᠭᠡ ᠴᠢᠳᠠᠪᠤᠷᠢ ᠶᠢ ᠡᠭᠦᠷᠭᠡᠯᠡᠵᠤ ᠪᠤᠯᠬᠤ ᠦᠭᠡᠢ᠃ ︽ᠪᠦᠬᠦ ᠣᠷᠣᠨ ᠤ ᠶᠠᠰᠦ ᠴᠢᠨᠠᠷ ᠲᠤ ᠮᠡᠷᠭᠡᠵᠢᠯ ᠤᠨ ᠬᠢᠨᠠᠯᠳᠡ ᠲᠠᠯᠪᠢᠬᠤ ᠰᠢᠰᠲ᠋ᠧᠮ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠬᠡᠷᠡᠴᠢᠯᠡᠬᠦ ᠪᠠᠶᠢᠭᠤᠯᠣᠮᠵᠢ ᠶᠢ ᠨᠡᠶᠢᠯᠡᠬᠦᠯᠬᠦ ᠲᠣᠬᠠᠢ ᠠᠵᠢᠯ ᠤᠨ ᠲᠦᠰᠦᠯ︾᠎ ᠢ ᠲᠣᠭᠳᠠᠭᠠᠨ᠎ᠠ᠃ ︵ᠦᠪᠡᠷᠳᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠶᠠᠰᠦ ᠴᠢᠨᠠᠷ ᠲᠤ ᠮᠡᠷᠭᠡᠵᠢᠯ ᠤᠨ ᠬᠢᠨᠡᠯᠳᠡ ᠲᠠᠯᠪᠢᠬᠤ ᠲᠣᠪᠴᠢᠶ᠎ᠠ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶      4. ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠬᠠᠥᠯᠢ ᠬᠡᠷᠡᠭᠵᠢᠬᠦᠯᠬᠦ ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠱᠠᠳᠣᠨ ᠤ ᠠᠷᠡᠳ ᠤᠨ ᠵᠠᠰᠠᠭ ᠤᠨ ᠣᠷᠳᠣᠨ ᠵᠢᠴᠢ ᠲᠡᠳᠡᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠨ ᠡᠷᠬᠡ ᠶᠢᠨ ᠨᠠᠷᠢᠨ ᠬᠠᠭᠤᠳᠠᠰᠦ ᠶᠢᠨ ᠲᠦᠷᠢᠮ ᠢ ᠬᠡᠷᠡᠭᠵᠢᠬᠦᠯᠵᠦ᠂ ᠡᠷᠬᠡ ᠶᠢᠨ ᠠᠵᠢᠯᠯᠠᠭᠠᠨ ᠤ ᠴᠣᠪᠣᠷᠡᠯ ᠢ ᠬᠠᠥᠯᠢ ᠶᠣᠰᠣᠭᠠᠷ ᠢᠯᠡ ᠪᠣᠯᠭᠠᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠵᠦᠢᠯᠡᠰ ᠤᠨ ᠭᠠᠷᠴᠠᠭ ᠢ ᠢᠯᠡ ᠨᠡᠶᠢᠳᠡᠯᠡᠵᠦ᠂ ᠬᠢᠨᠠᠨ ᠵᠦᠪᠰᠢᠶᠡᠷᠡᠬᠦ ᠦᠨᠳᠣᠰᠦ ᠪᠠᠷᠢᠮᠳᠠ᠂ ᠵᠢᠷᠦᠮ᠂ ᠮᠡᠳᠡᠭᠦᠯᠬᠦ ᠨᠦᠬᠦᠴᠡᠯ ᠵᠡᠷᠭᠡ ᠶᠢ ᠢᠯᠡ ᠪᠣᠯᠭᠠᠨ᠎ᠠ ︵ᠦᠪᠡᠷᠳᠡᠭᠡᠨ ᠵᠠᠰᠠᠬᠤ ᠣᠷᠣᠨ ᠤ ᠬᠠᠥᠯᠢ ᠲᠦᠷᠢᠮ ᠤᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶      5. ᠬᠢᠨᠠᠨ ᠰᠢᠨᠵᠢᠬᠦ᠂ ᠰᠣᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠦᠨᠳᠣᠰᠣ ᠪᠠᠷᠢᠮᠳᠠ᠂ ᠠᠭᠤᠯᠭ᠎ᠠ᠂ ᠪᠠᠷᠢᠮᠵᠢᠶ᠎ᠠ᠂ ᠵᠢᠷᠦᠮ ᠪᠣᠯᠣᠨ ᠦᠷ᠎ᠡ ᠳ᠋ᠦᠩ ᠢ ᠬᠠᠥᠯᠢ ᠶᠣᠰᠣᠭᠠᠷ ᠢᠯᠡ ᠪᠣᠯᠭᠠᠨ᠎ᠠ᠃ ᠬᠠᠥᠯᠢ ᠴᠠᠭᠠᠵᠠ ᠬᠠᠥᠯᠢ ᠲᠣᠭᠳᠠᠭᠠᠯ ᠳᠤ ᠣᠨᠳᠣᠣ ᠲᠣᠭᠳᠠᠭᠠᠯ ᠭᠠᠷᠭᠠᠭᠰᠠᠨ ᠠᠴᠠ ᠪᠣᠰᠣᠳ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠡᠩ ᠤᠨ ᠵᠢᠷᠦᠮ ᠢ ᠬᠡᠷᠡᠭᠯᠡᠵᠦ ᠪᠠᠶᠢᠭᠠᠳ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠰᠢᠢᠳᠪᠦᠷᠢ ᠭᠠᠷᠭᠠᠬᠤ ᠪᠣᠶᠣ ᠰᠢᠳᠬᠡᠯ ᠲᠣᠷᠭᠠᠭᠤᠯᠢ ᠶᠢᠨ ᠰᠢᠢᠳᠪᠦᠷᠢ ᠶᠢ ᠬᠤᠪᠢᠷᠠᠭᠤᠯᠣᠭᠰᠠᠨ ᠡᠳᠦᠷ ᠠᠴᠠ ᠡᠬᠢᠯᠡᠵᠦ 20 ᠠᠵᠢᠯᠯᠠᠬᠤ ᠡᠳᠦᠷ ᠤᠨ ᠲᠣᠳᠣᠷ᠎ᠡ ᠬᠠᠥᠯᠢ ᠬᠡᠷᠡᠭᠵᠢᠬᠦᠯᠦᠭᠰᠡᠨ ᠬᠡᠷᠡᠭ ᠤᠨ ᠭᠤᠣᠯ ᠴᠣᠭᠴᠠ ᠶᠢᠨ ᠮᠡᠳᠡᠭᠡ ᠵᠠᠩᠬᠢ᠂ ᠬᠡᠷᠡᠭ ᠤᠨ ᠰᠢᠯᠳᠠᠭᠠᠨ᠂ ᠰᠢᠳᠬᠡᠨ ᠲᠣᠷᠭᠠᠭᠰᠠᠨ ᠦᠨᠳᠣᠰᠦ ᠪᠠᠷᠢᠮᠳᠠ ᠵᠢᠴᠢ ᠰᠢᠳᠬᠡᠯ ᠲᠤᠷᠭᠠᠭᠤᠯᠢ ᠶᠢᠨ ᠦᠷ᠎ᠡ ᠳ᠋ᠦᠩ ᠢ ᠢᠯᠠ ᠪᠣᠯᠭᠠᠵᠦ᠂ ᠬᠠᠥᠯᠢ ᠭᠡᠷᠡᠭᠵᠢᠬᠦᠯᠬᠦ ᠶᠢᠨ ᠲᠦᠪ ᠭᠤᠣᠯᠴᠢ ᠪᠠᠶᠢᠬᠤ ᠪᠠ ᠣᠯᠠᠨ ᠨᠡᠶᠢᠳᠡ ᠳᠤ ᠢᠳᠡᠭᠡᠭᠦᠯᠬᠦ ᠬᠦᠴᠦᠨ ᠢ ᠲᠡᠭᠡᠭᠰᠢᠯᠡᠭᠦᠯᠦᠨ᠎ᠡ᠃ ᠮᠡᠳᠡᠭᠡ ᠵᠠᠩᠬᠢ ᠶᠢ ᠢᠯᠡ ᠪᠣᠯᠭᠠᠬᠤ ᠲᠣᠳᠣᠭᠠᠳᠣ ᠶᠢᠨ ᠬᠢᠨᠠᠨ ᠰᠢᠯᠭᠠᠬᠤ ᠲᠣᠭᠳᠠᠴᠠ᠂ ᠲᠠᠩᠰᠠ ᠡᠪᠬᠡᠮᠡᠯ ᠤᠨ ᠬᠠᠮᠢᠶᠠᠷᠣᠯᠳᠡ ᠵᠡᠷᠭᠡ ᠶᠢ ᠪᠠᠶᠢᠭᠤᠯᠣᠨ ᠪᠦᠷᠢᠨᠰᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠬᠠᠥᠯᠢ ᠲᠦᠷᠢᠮ ᠤᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠡᠯ ᠶᠣᠰᠣᠭᠠᠷ ᠲᠣᠰ ᠲᠣᠰ ᠬᠠᠷᠢᠭᠤᠴᠠᠨ᠎ᠠ︶᠃      ︵ᠬᠤᠶᠡᠷ︶ ᠬᠠᠥᠯᠢ ᠬᠡᠷᠡᠭᠵᠢᠬᠦᠯᠬᠦ ᠶᠢ ᠰᠢᠯᠭᠠᠨ ᠬᠢᠨᠠᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠳᠬᠠᠨ᠎ᠠ᠃      1. ᠬᠠᠥᠯᠢ ᠬᠡᠷᠡᠭᠵᠢᠬᠦᠯᠬᠦ ᠶᠢ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠱᠠᠳᠣᠨ ᠤ ᠠᠷᠡᠳ ᠤᠨ ᠵᠠᠰᠠᠭ ᠤᠨ ᠣᠷᠳᠣᠨ ᠵᠢᠴᠢ ᠲᠡᠳᠡᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠰᠢᠮᠳᠠᠭᠤᠯᠬᠤ ᠪᠠ ᠬᠢᠵᠠᠭᠠᠷᠯᠠᠨ᠎ᠠ ︵ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠨᠤᠭᠤᠳ ᠬᠠᠷᠢᠭᠤᠴᠠᠨ᠎ᠠ︶᠃      2. ᠬᠠᠥᠯᠢ ᠬᠡᠷᠡᠭᠵᠢᠬᠦᠯᠬᠦ ᠳᠤ ᠬᠢᠨᠠᠯᠳᠠ ᠲᠠᠯᠪᠢᠬᠤ ᠶᠢ ᠴᠢᠩᠳᠠᠯᠠᠨ᠎ᠠ᠃ ᠬᠢᠨᠠᠨ ᠪᠠᠶᠢᠴᠠᠭᠠᠬᠤ᠂ ᠬᠢᠨᠠᠨ ᠪᠣᠳᠣᠬᠤ᠂ ᠵᠠᠰᠠᠭ ᠵᠠᠬᠢᠷᠭᠠᠨ ᠤ ᠲᠠᠬᠢᠨ ᠵᠦᠪᠯᠡᠬᠦ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯ ᠦᠯᠦ ᠬᠢᠬᠦ᠂ ᠲᠣᠷ᠎ᠠ ᠪᠠᠷ ᠢᠶᠠᠨ ᠬᠢᠬᠦ᠂ ᠲᠣᠷᠭᠠᠭᠤᠯᠢ ᠪᠠᠷ ᠬᠠᠮᠢᠶᠠᠷᠣᠯᠳᠡ ᠶᠢ ᠣᠷᠣᠯᠠᠭᠤᠯᠬᠤ ᠵᠡᠷᠬᠡ ᠬᠠᠥᠯᠢ ᠲᠣᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠵᠢᠴᠢ ᠲᠡᠳᠡᠨ ᠤ ᠠᠵᠢᠯᠳᠠᠨ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠣᠰᠣᠭᠠᠷ ᠬᠢᠨᠠᠨ ᠬᠠᠮᠢᠶᠠᠷᠴᠦ ᠬᠠᠥᠯᠢ ᠬᠡᠷᠡᠭᠵᠢᠬᠦᠯᠬᠦ ᠶᠢ ᠴᠢᠩᠭ᠎ᠠ ᠬᠢᠨᠠᠨ ᠬᠠᠮᠢᠶᠠᠷᠣᠭᠰᠠᠨ ᠦᠭᠡᠢ ᠠᠴᠠ ᠪᠣᠯᠵᠦ ᠬᠤᠬᠢᠷᠠᠯ ᠣᠴᠠᠷᠠᠭᠤᠯᠣᠭᠰᠠᠨ ᠪᠠᠶᠢᠪᠠᠯ ᠬᠠᠥᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ︔ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠲᠡᠷᠡ ᠲᠣᠣᠷ᠎ᠡ ᠨᠢ ᠢᠯᠡᠷᠡᠭᠦᠯᠦᠭᠰᠡᠨ ᠦᠭᠡᠢ᠂ ᠬᠤᠷᠢᠭᠯᠠᠭᠰᠠᠨ ᠦᠭᠡᠢ ᠠᠴᠠ ᠪᠣᠯᠵᠦ ᠰᠢᠰᠲ᠋ᠧᠮ ᠤᠨ ᠴᠢᠨᠡᠷᠳᠡᠢ ᠲᠦᠭᠰᠢᠭᠦᠷᠢ ᠡᠭᠦᠰᠭᠡᠭᠰᠡᠨ ᠪᠠᠶᠢᠪᠠᠯ᠂ ᠣᠷᠣᠨ ᠨᠣᠳᠤᠭ ᠤᠨ ᠵᠠᠰᠠᠭ ᠤᠨ ᠣᠷᠳᠣᠨ ᠣᠷᠳᠣ ᠬᠤᠭᠤᠴᠠᠭ᠎ᠠ ᠬᠤᠷᠢᠭᠯᠠᠭᠰᠠᠨ ᠦᠭᠡᠢ ᠠᠴᠠ ᠪᠣᠯᠵᠦ ᠣᠷᠣᠨ ᠪᠦᠰᠡ ᠶᠢᠨ ᠴᠢᠨᠠᠷᠳᠡᠢ ᠲᠦᠭᠰᠢᠭᠦᠷᠢ ᠡᠭᠦᠰᠭᠡᠭᠰᠡᠨ ᠪᠠᠶᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠣᠯᠳᠡ ᠶᠢᠨ ᠰᠠᠯᠠᠭ᠎ᠠ ᠮᠦᠴᠢᠷ ᠴᠢᠨᠠᠭᠰᠢᠯᠠᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠲᠠᠷᠤᠭ᠎ᠠ ᠠᠴᠠ ᠬᠠᠥᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠣᠰᠣᠯ ᠠᠯᠳᠠᠭ᠎ᠠ ᠠᠴᠠ ᠪᠣᠯᠵᠦ ᠬᠢᠨᠠᠯᠲᠠ ᠬᠠᠮᠢᠶᠠᠷᠣᠯᠳᠡ ᠭᠦᠢᠴᠡᠳ ᠰᠠᠶᠢᠨ ᠦᠭᠡᠢ ᠪᠤᠯᠤᠬᠰᠠᠨ ᠤ ᠤᠴᠢᠷ ᠢᠶᠠᠷ ᠢᠳᠡᠭᠡᠨ ᠪᠠ ᠡᠮ ᠤᠨ ᠵᠦᠢᠯᠡᠰ ᠤᠨ ᠠᠮᠣᠷ ᠲᠦᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠤ ᠠᠮᠣᠷ ᠲᠦᠪᠰᠢᠨ᠂ ᠦᠢᠯᠡᠳᠪᠦᠷᠢᠯᠡᠯ ᠤᠨ ᠠᠮᠣᠷ ᠲᠦᠪᠰᠢᠨ ᠵᠡᠷᠭᠡ ᠬᠦᠷᠢᠶᠡᠨ ᠳᠤ ᠡ᠊ᠨᠳᠡᠯ ᠭᠠᠷᠣᠭᠰᠠᠨ ᠪᠠᠶᠢᠪᠠᠯ᠂ ᠭᠡᠳᠡᠷᠭᠦ ᠪᠠᠶᠢᠴᠠᠭᠠᠨ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠭᠠᠷᠪᠠᠯ ᠵᠠᠪᠠᠯ ᠪᠠᠶᠢᠴᠠᠭᠠᠵᠦ᠂ ᠠᠯᠳᠠᠭ᠎ᠠ ᠪᠠᠶᠢᠪᠠᠯ ᠵᠠᠪᠠᠯ ᠰᠢᠳᠭᠡᠵᠦ᠂ ᠬᠠᠷᠢᠭᠤᠴᠠᠯᠭ᠎ᠠ ᠪᠠᠶᠢᠪᠠᠯ ᠵᠠᠪᠠᠯ ᠨᠡᠬᠡᠮᠵᠢᠯᠡᠬᠦ ᠶᠢ ᠭᠦᠢᠴᠡᠳᠭᠡᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢ ᠬᠠᠶᠢᠬᠤᠷᠤᠯ ᠦᠭᠡᠢ ᠪᠠᠷ ᠰᠣᠬᠤᠷ ᠪᠠᠯᠠᠢ ᠪᠠᠷ ᠰᠢᠢᠳᠪᠦᠷᠢᠳᠦ ᠪᠣᠳᠣᠯᠭ᠎ᠠ ᠲᠣᠭᠳᠠᠭᠠᠵᠦ᠂ ᠬᠦᠨᠳᠣ ᠨᠣᠴᠢᠳᠡᠢ ᠣᠷᠰᠢᠭ ᠲᠠᠳᠠᠭᠰᠠᠨ ᠣᠳᠣᠷᠢᠳᠬᠤ ᠺᠠᠳ᠋ᠷ ᠠᠴᠠ ᠨᠠᠰᠣᠨ ᠲᠣᠷᠰᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠨᠡᠶᠢᠳᠡᠯᠢᠭ ᠴᠢᠨᠠᠷᠳᠡᠢ ᠬᠡᠷᠡᠭ ᠢ ᠮᠡᠳᠡᠬᠡᠯᠡᠵᠦ ᠢᠯᠡᠴᠢᠯᠡᠨ᠎ᠡ ︵ᠦᠪᠡᠷᠳᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠲᠢᠩᠬᠢᠮ᠂ ᠬᠢᠨᠠᠨ ᠪᠣᠳᠣᠬᠤ ᠲᠢᠩᠬᠢᠮ᠂ ᠬᠠᠥᠯᠢ ᠲᠦᠷᠢᠮ ᠤᠨ ᠠᠯᠪᠠᠨ ᠭᠡᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ᠵᠢᠷᠭᠤᠭ᠎ᠠ᠂ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠪᠠᠶᠢᠭᠤᠯᠣᠯ ᠢ ᠦᠭᠡᠷᠡᠴᠢᠯᠡᠨ᠎ᠡ      ᠬᠠᠥᠯᠢ ᠬᠡᠷᠡᠭᠵᠢᠬᠦᠯᠬᠦ ᠡᠬᠢ ᠪᠠᠶᠠᠯᠢᠭ ᠢ ᠨᠡᠶᠢᠯᠡᠭᠦᠯᠦᠨ ᠰᠢᠯᠢᠳᠡᠭᠵᠢᠬᠦᠯᠵᠦ᠂ ᠬᠠᠥᠯᠢ ᠬᠡᠷᠡᠭᠵᠢᠬᠦᠯᠬᠦ ᠲᠡᠰ ᠱᠠᠳᠦ ᠶᠢ ᠪᠠᠭᠠᠰᠬᠠᠵᠦ᠂ ᠬᠠᠮᠵᠢᠯᠴᠠᠬᠤ ᠲᠣᠭᠳᠠᠴᠠ ᠶᠢ ᠪᠦᠷᠢᠨᠰᠢᠬᠦᠯᠦᠨ᠂ ᠬᠢᠨᠠᠯᠳᠠ ᠬᠠᠮᠢᠶᠠᠷᠣᠯᠳᠡ ᠶᠢᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃      ︵ᠨᠢᠭᠡ︶ ᠣᠯᠠᠨ ᠲᠠᠯ᠎ᠠ ᠠᠴᠠ ᠬᠠᠥᠯᠢ ᠬᠡᠷᠡᠭᠵᠢᠬᠦᠯᠬᠦ ᠪᠠ ᠣᠯᠠᠨ ᠱᠠᠳᠦ ᠪᠠᠷ ᠲᠠᠪᠬᠤᠷᠳᠠᠭᠤᠯᠵᠦ ᠬᠠᠥᠯᠢ ᠬᠡᠷᠡᠭᠵᠢᠬᠦᠯᠬᠦ ᠠᠰᠠᠭᠤᠳᠠᠯ ᠢ ᠰᠢᠢᠳᠪᠦᠷᠢᠯᠡᠨ᠎ᠡ᠃      1. ᠬᠠᠥᠯᠢ ᠬᠡᠷᠡᠭᠵᠢᠬᠦᠯᠬᠦ ᠡᠷᠬᠡ ᠶᠢ ᠬᠠᠷᠢᠴᠠᠩᠭᠤᠢ ᠪᠠᠷ ᠲᠦᠪᠯᠡᠷᠡᠭᠦᠯᠦᠨ᠎ᠡ᠃      ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠭᠤᠣᠯ ᠴᠣᠭᠴᠠ ᠶᠢ ᠨᠡᠶᠢᠯᠡᠭᠦᠯᠦᠨ ᠵᠢᠷᠣᠮᠵᠢᠭᠤᠯᠵᠦ᠂ ᠬᠤᠳᠠ ᠶᠢᠨ ᠬᠠᠮᠢᠶᠠᠷᠣᠯᠳᠡ᠂ ᠰᠣᠶᠣᠯ ᠵᠡᠷᠬᠡ ᠬᠦᠷᠢᠶᠡᠨ ᠤ ᠰᠠᠯᠠᠭ᠎ᠠ ᠮᠦᠴᠢᠷ ᠪᠠ ᠠᠵᠢᠯ ᠲᠦᠷᠦᠯ ᠠᠯᠣᠰᠯᠠᠨ ᠶᠡᠷᠦᠩᠬᠡᠶᠢᠯᠡᠨ ᠬᠠᠥᠯᠢ ᠬᠡᠷᠡᠭᠵᠢᠬᠦᠯᠬᠦ ᠶᠢ ᠠᠬᠢᠭᠤᠯᠵᠦ᠂ ᠬᠠᠥᠯᠢ ᠬᠡᠷᠡᠭᠵᠢᠬᠦᠯᠬᠦ ᠡᠷᠬᠡ ᠶᠢ ᠬᠠᠷᠢᠴᠠᠩᠭᠤᠢ ᠪᠠᠷ ᠲᠦᠪᠯᠡᠷᠡᠭᠦᠯᠦᠨ᠎ᠡ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠬᠠᠥᠯᠢ ᠬᠡᠷᠡᠭᠵᠢᠬᠦᠯᠬᠦ ᠡᠭᠦᠷᠭᠡ ᠬᠠᠷᠢᠭᠤᠴᠠᠯᠭ᠎ᠠ ᠶᠢ ᠰᠢᠭᠤᠳ ᠲᠠᠭᠠᠭᠠᠨ ᠡᠭᠦᠷᠭᠡᠯᠡᠵᠦ᠂ ᠵᠠᠷᠴᠢᠮ ᠲᠡᠭᠡᠷ᠎ᠡ ᠪᠠᠨ ᠲᠣᠰᠠᠭᠠᠷ ᠢᠶᠠᠨ ᠬᠠᠥᠯᠢ ᠶᠢᠨ ᠡᠷᠬᠡᠳᠡᠨ ᠤ ᠬᠢᠷᠢ ᠭᠡᠮ ᠲᠠᠢ ᠬᠠᠥᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠬᠤ ᠦᠭᠡᠢ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠬ᠎ᠠ ᠲᠡᠯᠭᠡᠭᠦᠷ ᠤᠨ ᠨᠢᠭᠡᠳᠣᠯᠳᠡᠢ ᠬᠢᠨᠠᠯᠳᠠ ᠬᠠᠮᠢᠶᠠᠷᠣᠯᠳᠠ ᠶᠢ ᠲᠦᠷᠭᠡᠳᠭᠡᠬᠦ ᠶᠢᠨ ᠬᠡᠷᠡᠭᠵᠢᠬᠦᠯᠬᠦ ᠲᠦᠰᠦᠯ︾᠎ ᠢ ᠲᠣᠭᠳᠠᠭᠠᠵᠦ᠂ ᠨᠢᠭᠡ ᠰᠠᠯᠠᠭ᠎ᠠ ᠮᠦᠴᠢᠷ ᠲᠤ ᠣᠯᠠᠨ ᠰᠠᠯᠪᠣᠷᠢ ᠬᠠᠥᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠣᠭᠰᠠᠨ ᠪᠠᠶᠢᠪᠠᠯ᠂ ᠲᠤᠬᠠᠢᠢᠯᠠᠬᠰᠠᠨ ᠠᠵᠢᠯ ᠢᠶᠠᠷ ᠣᠶᠢᠷᠡᠯᠴᠠᠭ᠎ᠠ ᠶᠢ ᠨᠢ ᠨᠡᠶᠢᠯᠡᠭᠦᠯᠦᠨ ᠨᠢᠬᠡ ᠰᠠᠯᠪᠣᠷᠢ ᠡᠩᠨᠡᠭᠡ ᠪᠣᠯᠭᠠᠨ᠎ᠠ︔ ᠠᠳᠠᠯᠢ ᠪᠣᠰᠣ ᠰᠠᠯᠠᠭ᠎ᠠ ᠮᠦᠴᠢᠷ ᠤᠨ ᠪᠠᠶᠢᠭᠤᠯᠣᠭᠰᠠᠨ ᠡᠭᠦᠷᠭᠡ ᠬᠠᠷᠢᠭᠤᠴᠠᠯᠭ᠎ᠠ ᠨᠢ ᠣᠶᠢᠷᠡᠯᠴᠠᠭ᠎ᠠ ᠪᠣᠶᠣ ᠠᠳᠠᠯᠢᠪᠳᠣᠷ ᠬᠠᠥᠯᠢ ᠬᠡᠷᠡᠭᠵᠢᠬᠦᠯᠬᠦ ᠡᠩᠨᠡᠭᠡ ᠶᠢ ᠢᠳᠡᠭ ᠢᠳᠡᠭ ᠢᠶᠠᠷ ᠨᠢᠬᠡ ᠰᠠᠯᠪᠣᠷᠢ ᠡᠩᠨᠡᠭᠡ ᠪᠣᠯᠭᠠᠨ᠎ᠠ︔ ᠬᠠᠥᠯᠢ ᠴᠠᠭᠠᠵᠠ ᠬᠠᠥᠯᠢ ᠲᠣᠭᠳᠠᠭᠠᠯ ᠤᠨ ᠦᠨᠳᠣᠰᠣᠯᠡᠯ ᠪᠠᠶᠢᠬᠤ ᠦᠭᠡᠢ᠂ ᠪᠠᠶᠢᠭᠤᠯᠣᠮᠵᠢ ᠣᠷᠣᠨ ᠲᠤᠭ᠎ᠠ ᠶᠢᠨ ᠬᠠᠮᠢᠶᠠᠷᠣᠯᠳᠡ ᠶᠢᠨ ᠲᠣᠭᠳᠠᠭᠠᠯ ᠠᠴᠠ ᠵᠦᠷᠢᠴᠡᠭᠰᠡᠨ ᠬᠠᠥᠯᠢ ᠬᠡᠷᠡᠭᠵᠢᠬᠦᠯᠬᠦ ᠡᠩᠨᠡᠭᠡ ᠶᠢ ᠢᠯᠭᠠᠷᠠᠭᠤᠯᠣᠨ ᠬᠦᠴᠦᠨ ᠦᠭᠡᠢ ᠪᠣᠯᠭᠠᠨ᠎ᠠ ︵ᠦᠪᠡᠷᠳᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠠᠥᠯᠢ ᠲᠦᠷᠢᠮ ᠤᠨ ᠠᠯᠪᠠᠨ ᠭᠡᠷ᠂ ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠣᠯᠠᠨ ᠱᠠᠳᠣ ᠪᠠᠷ ᠲᠠᠪᠬᠤᠷᠳᠠᠭᠤᠯᠣᠨ ᠬᠠᠥᠯᠢ ᠬᠡᠷᠡᠭᠵᠢᠬᠦᠯᠬᠦ ᠶᠢ ᠦᠬᠡᠶᠢᠰᠬᠡᠨ᠎ᠠ᠃ ᠡᠯ᠎ᠡ ᠱᠠᠳᠣᠨ ᠤ ᠠᠷᠡᠳ ᠤᠨ ᠵᠠᠰᠠᠭ ᠤᠨ ᠣᠷᠳᠣᠨ ᠤ ᠬᠡᠷᠡᠭ ᠶᠠᠪᠤᠳᠠᠯ ᠬᠠᠮᠢᠶᠠᠷᠬᠤ ᠡᠷᠬᠡ ᠶᠢ ᠵᠣᠬᠢᠰᠳᠡᠢ ᠬᠤᠪᠢᠶᠠᠷᠢᠯᠠᠵᠦ᠂ ᠢᠳᠡᠭᠡᠨ ᠤ ᠠᠮᠣᠷ ᠲᠦᠪᠰᠢᠨ᠂ ᠠᠷᠠᠯᠵᠢᠶ᠎ᠠ ᠬᠤᠳᠠᠯᠳᠣᠭᠠᠨ ᠤ ᠦᠢᠯᠡᠴᠢᠯᠡᠭᠡ ᠵᠡᠷᠬᠡ ᠶᠢᠨ ᠱᠠᠳᠦ ᠬᠤᠪᠢᠶᠠᠨ ᠬᠠᠮᠢᠶᠠᠷᠬᠤ ᠵᠦᠢᠯᠡᠰ ᠲᠤ ᠬᠠᠷᠢᠶᠠᠳᠦ ᠭᠠᠵᠠᠷ ᠤᠨ ᠬᠠᠮᠢᠶᠠᠷᠣᠯᠳᠠ ᠶᠢ ᠬᠡᠷᠡᠭᠵᠢᠬᠦᠯᠵᠦ᠂ ᠡᠯ᠎ᠡ ᠠᠶᠢᠮᠠᠭ ᠬᠤᠳᠠ᠂ ᠬᠤᠰᠢᠭᠤ ᠰᠢᠶᠡᠨ ︵ᠬᠤᠳᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠬᠢᠨᠠᠯᠳᠠ ᠬᠠᠮᠢᠶᠠᠷᠣᠯᠳᠡ ᠶᠢ ᠲᠣᠳᠣᠷᠬᠠᠢ ᠪᠣᠯᠭᠠᠨ᠎ᠠ᠃ ᠦᠪᠡᠷᠳᠡᠭᠡᠨ ᠵᠠᠰᠠᠬᠤ ᠣᠷᠣᠨ ᠤ ᠣᠷᠣᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠵᠠᠬ᠎ᠠ ᠲᠡᠯᠭᠡᠭᠦᠷ ᠤᠨ ᠬᠠᠥᠯᠢ ᠬᠡᠷᠡᠭᠵᠢᠬᠦᠯᠬᠦ ᠳᠤ ᠬᠢᠨᠠᠯᠳᠠ ᠲᠠᠯᠪᠢᠬᠤ ᠵᠢᠯᠣᠭᠤᠳᠣᠯᠭ᠎ᠠ᠂ ᠣᠷᠣᠨ ᠪᠦᠰᠡ ᠠᠯᠣᠰᠯᠠᠨ ᠬᠠᠥᠯᠢ ᠬᠡᠷᠡᠭᠵᠢᠬᠦᠯᠬᠦ ᠶᠢ ᠵᠣᠬᠢᠴᠠᠭᠤᠯᠬᠤ ᠪᠠ ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠦ᠂ ᠪᠡᠶ᠎ᠡ ᠪᠠᠨ ᠲᠠᠭᠠᠭᠠᠭᠰᠠᠨ ᠬᠠᠥᠯᠢ ᠶᠢᠨ ᠡᠷᠬᠡᠳᠡᠨ ᠤ ᠬᠢᠷᠢ ᠭᠡᠮ ᠲᠠᠢ ᠬᠠᠥᠯᠢ ᠬᠡᠷᠡᠭᠵᠢᠭᠦᠯᠬᠦ ᠡᠩᠨᠡᠭᠡ ᠶᠢ ᠲᠠᠬᠢᠵᠦ ᠰᠢᠨ᠎ᠡ ᠪᠠᠷ ᠪᠠᠶᠢᠭᠤᠯᠬᠤ ᠦᠭᠡᠢ᠃ ᠢᠳᠡᠭᠡᠨ ᠪᠠ ᠡᠮ ᠤᠨ ᠵᠦᠢᠯᠡᠰ᠂ ᠠᠶᠣᠯ ᠦᠭᠡᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ᠂ ᠬᠦᠳᠡᠯᠮᠦᠷᠢ ᠶᠢᠨ ᠪᠠᠳᠣᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠦᠨᠳᠣᠰᠣᠨ ᠱᠠᠳᠣᠨ ᠤ ᠬᠠᠥᠯᠢ ᠬᠡᠷᠡᠭᠵᠢᠬᠦᠯᠬᠦ ᠬᠦᠴᠦᠨ ᠢ ᠴᠢᠩᠭᠠᠳᠬᠠᠬᠤ ᠪᠣᠳᠠᠳᠠᠢ ᠰᠠᠨᠠᠯ ᠢ ᠲᠣᠭᠳᠠᠭᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠪᠠ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠠᠵᠢᠯ ᠲᠠᠢ ᠣᠶᠠᠯᠳᠣᠭᠤᠯᠣᠨ᠂ ᠠᠶᠢᠮᠠᠭ ᠬᠤᠳᠠ ᠶᠢ ᠱᠠᠭᠠᠷᠳᠠᠯᠭ᠎ᠠ ᠶᠣᠰᠣᠭᠠᠷ ᠬᠠᠥᠯᠢ ᠬᠡᠷᠡᠭᠵᠢᠬᠦᠯᠬᠦ ᠡᠩᠨᠡᠭᠡ ᠪᠠᠶᠢᠭᠤᠯᠬᠤ ᠶᠢ ᠰᠢᠮᠳᠠᠭᠤᠯᠣᠨ ᠵᠢᠯᠣᠭᠤᠳᠴᠦ᠂ ᠲᠣᠭᠤᠷᠢᠭ ᠪᠠᠶᠢᠭᠤᠯᠣᠭᠰᠠᠨ ᠬᠤᠳᠠ ᠪᠠ ᠲᠣᠭᠤᠷᠢᠭ ᠤᠨ ᠲᠣᠰ ᠱᠠᠳᠣᠨ ᠤ ᠵᠤᠬᠢᠴᠠᠯᠳᠤᠬᠤ ᠰᠠᠯᠠᠭ᠎ᠠ ᠮᠦᠴᠢᠷ ᠲᠤ ᠲᠠᠪᠬᠤᠷᠳᠠᠭᠤᠨᠯᠤᠨ ᠪᠠᠶᠢᠭᠤᠯᠬᠤ ᠦᠭᠡᠢ ᠮᠦᠷᠳᠡᠬᠡᠨ ᠨᠢᠭᠡᠨᠳᠡ ᠲᠠᠪᠬᠤᠷᠳᠠᠭᠤᠯᠣᠨ ᠪᠠᠶᠢᠭᠤᠯᠣᠭᠰᠠᠨ ᠪᠠᠶᠢᠪᠠᠯ ᠨᠡᠶᠢᠯᠡᠭᠦᠯᠦᠨ᠎ᠡ︔ ᠬᠡᠰᠡᠭ ᠬᠤᠰᠢᠭᠤ ᠰᠢᠶᠡᠨ ︵ᠬᠤᠳᠠ᠂ ᠲᠣᠭᠤᠷᠢᠭ︶᠎ ᠳᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠪᠠᠶᠢᠭᠤᠯᠣᠮᠵᠢ ᠶᠢ ᠶᠡᠷᠦᠩᠬᠡᠶᠢᠯᠡᠨ ᠪᠠᠶᠢᠭᠤᠯᠬᠤ ᠶᠢ ᠰᠦᠪᠡᠭᠴᠢᠯᠡᠵᠦ᠂ ᠵᠠᠷᠴᠢᠮ ᠲᠡᠭᠡᠷ᠎ᠡ ᠪᠠᠨ ᠠᠰᠳᠠᠭᠠᠨ ᠬᠠᠥᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠦᠭᠡᠢ᠃ ᠨᠠᠶᠢᠳᠠᠨ ᠬᠠᠥᠯᠢ ᠬᠡᠷᠡᠭᠵᠢᠬᠦᠯᠬᠦ ᠪᠠ ᠲᠣᠮᠢᠯᠠᠨ ᠬᠠᠥᠯᠢ ᠬᠡᠷᠡᠭᠵᠢᠬᠦᠯᠬᠦ ᠶᠢ ᠵᠢᠷᠣᠮᠵᠢᠭᠤᠯᠵᠦ᠂ ᠠᠵᠦ ᠠᠬᠤᠢ ᠬᠦᠭᠵᠢᠭᠰᠡᠨ᠂ ᠬᠤᠳᠠ ᠪᠠᠯᠭᠠᠰᠣᠵᠢᠯᠳᠠ ᠶᠢᠨ ᠬᠢᠷᠢ ᠬᠡᠮᠵᠢᠶ᠎ᠡ ᠨᠡᠯᠢᠶᠡᠳ ᠦᠨᠳᠣᠷ ᠰᠣᠮᠣ ᠰᠢᠶᠠᠩ ᠪᠠᠯᠭᠠᠰᠣ ᠳᠤ ᠬᠡᠷᠡᠭᠴᠡᠭᠡ ᠪᠠ ᠨᠦᠬᠦᠴᠡᠯ ᠢ ᠦᠨᠳᠣᠰᠣᠯᠡᠨ ᠬᠠᠥᠯᠢ ᠳᠤ ᠲᠣᠭᠳᠠᠭᠰᠠᠨ ᠵᠢᠷᠦᠮ ᠢᠶᠠᠷ ᠲᠠᠮᠵᠢᠭᠤᠯᠣᠨ ᠲᠡᠳᠡᠨ ᠳᠤ ᠬᠡᠰᠡᠭ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠡᠷᠬᠡ ᠣᠯᠭᠤᠬᠤ ᠶᠢ ᠰᠦᠪᠡᠭᠴᠢᠯᠡᠨ᠎ᠡ︔ ᠬᠠᠥᠯᠢ ᠬᠡᠷᠡᠭᠵᠢᠭᠦᠯᠬᠦ ᠨᠦᠬᠦᠴᠡᠯ ᠢ ᠪᠦᠷᠢᠳᠦᠭᠦᠯᠦᠭᠡᠳᠦᠢ ᠦᠨᠳᠣᠰᠣᠨ ᠱᠠᠳᠣᠨ ᠤ ᠨᠢᠭᠡᠴᠡ ᠳᠤ ᠬᠠᠥᠯᠢ ᠬᠡᠷᠡᠭᠵᠢᠬᠦᠯᠬᠦ ᠡᠷᠬᠡ ᠲᠠᠢ ᠬᠠᠥᠯᠢ ᠬᠡᠷᠡᠭᠵᠢᠬᠦᠯᠬᠦ ᠭᠤᠣᠯ ᠴᠣᠭᠴᠠ ᠠᠴᠠ ᠨᠠᠶᠢᠳᠠᠨ ᠬᠠᠥᠯᠢ ᠬᠡᠷᠡᠭᠵᠢᠬᠦᠯᠬᠦ ᠪᠣᠶᠣ ᠲᠣᠮᠢᠯᠠᠨ ᠬᠠᠥᠯᠢ ᠬᠡᠷᠡᠭᠵᠢᠬᠦᠯᠬᠦ ᠠᠷᠭ᠎ᠠ ᠮᠠᠶ᠋ᠢᠭ ᠢᠶᠠᠷ ᠬᠠᠥᠯᠢ ᠬᠡᠷᠡᠭᠵᠢᠬᠦᠯᠦᠨ᠎ᠡ ︵ᠦᠪᠡᠷᠳᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠨ ᠬᠠᠷᠢᠭᠤᠴᠠᠨ᠎ᠠ︶᠃      ︵ᠬᠤᠶᠡᠷ︶ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠶᠢᠨ ᠬᠠᠮᠵᠢᠯᠴᠠᠨ ᠬᠠᠪᠰᠣᠷᠣᠯᠴᠠᠬᠤ ᠲᠣᠭᠳᠠᠴᠠ ᠶᠢ ᠵᠢᠷᠣᠮᠵᠢᠭᠤᠯᠬᠤ ᠪᠠ ᠲᠡᠭᠦᠯᠳᠡᠷᠵᠢᠭᠦᠯᠦᠨ᠎ᠡ᠃      1. ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠮᠡᠳᠡᠭᠡ ᠵᠠᠩᠬᠢ ᠶᠢᠨ ᠬᠠᠮᠳᠣᠷᠠᠯᠴᠠᠭ᠎ᠠ ᠶᠢ ᠠᠬᠢᠭᠤᠯᠣᠨ᠎ᠠ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠨ ᠬᠤᠭᠤᠷᠣᠨᠳᠦ ᠪᠠᠨ ᠲᠣᠰ ᠲᠣᠰ ᠤᠨ ᠲᠣᠰᠢᠶᠠᠯ ᠢᠶᠠᠨ ᠬᠡᠷᠡᠭᠵᠢᠬᠦᠯᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠨ᠂ ᠬᠠᠷᠢᠯᠴᠠᠨ ᠬᠠᠪᠰᠣᠷᠣᠯᠴᠠᠵᠦ᠂ ᠴᠣᠭᠭᠠᠷ ᠠᠳᠬᠤᠵᠦ ᠬᠠᠮᠳᠣᠪᠠᠷ ᠬᠠᠮᠢᠶᠠᠷᠬᠤ ᠠᠵᠢᠯ ᠤᠨ ᠲᠣᠭᠳᠠᠴᠠ ᠶᠢ ᠲᠡᠭᠦᠯᠳᠡᠷᠵᠢᠬᠦᠯᠦᠨ᠎ᠡ᠃ ᠰᠠᠯᠠᠭ᠎ᠠ ᠮᠦᠴᠢᠷ ᠤᠨ ᠬᠤᠭᠤᠷᠣᠨᠳᠦᠬᠢ ᠬᠢᠨᠠᠨ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠮᠡᠳᠡᠭᠡ ᠵᠠᠩᠬᠢ ᠶᠢ ᠬᠠᠮᠳᠣᠪᠡᠷ ᠬᠦᠷᠳᠡᠬᠦ ᠪᠠᠷᠢᠮᠵᠢᠶ᠎ᠠ ᠶᠢ ᠲᠣᠭᠳᠠᠭᠠᠵᠦ᠂ ︽ᠮᠡᠳᠡᠭᠡ ᠵᠠᠩᠬᠢ ᠲᠤᠰᠠᠭᠠᠷᠯᠠᠬᠳᠠᠬᠤ︾ ᠪᠠᠶᠢᠳᠠᠯ ᠭᠠᠷᠬᠤ ᠶᠢ ᠦᠬᠡᠶᠢᠰᠬᠡᠵᠦ᠂ ᠮᠡᠳᠡᠭᠡ ᠵᠠᠩᠬᠢ ᠶᠢᠨ ᠡᠬᠢ ᠪᠠᠶᠠᠯᠢᠭ ᠢ ᠴᠢᠯᠦᠭᠡᠳᠡᠢ ᠪᠣᠯᠭᠠᠨ ᠬᠠᠮᠳᠣᠪᠡᠷ ᠬᠦᠷᠳᠡᠬᠦ᠂ ᠬᠠᠷᠢᠯᠴᠠᠨ ᠬᠤᠯᠪᠣᠭᠠᠯᠠᠵᠦ ᠬᠠᠷᠢᠯᠴᠠᠨ ᠨᠡᠪᠳᠡᠷᠡᠯᠴᠡᠬᠦ ᠶᠢ ᠪᠡᠶᠡᠯᠡᠭᠦᠯᠦᠨ᠎ᠡ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠣᠷᠣᠨ ᠪᠦᠰᠡ ᠠᠯᠣᠰᠯᠠᠨ ᠬᠠᠥᠯᠢ ᠬᠡᠷᠡᠭᠵᠢᠬᠦᠯᠵᠦ ᠬᠠᠮᠵᠢᠯᠴᠠᠨ ᠬᠤᠯᠪᠣᠭᠠᠯᠠᠨ ᠬᠦᠳᠡᠯᠦᠯᠴᠡᠬᠦ ᠲᠣᠭᠳᠠᠴᠠ ᠶᠢ ᠲᠡᠭᠦᠯᠳᠡᠷᠵᠢᠬᠦᠯᠦᠨ᠎ᠡ᠃ ︽ᠣᠷᠣᠨ ᠪᠦᠰᠡ ᠰᠠᠯᠠᠭ᠎ᠠ ᠮᠦᠴᠢᠷ ᠠᠯᠣᠰᠯᠠᠨ ᠶᠡᠷᠦᠩᠬᠡᠶᠢᠯᠡᠨ ᠬᠠᠥᠯᠢ ᠬᠡᠷᠡᠭᠵᠢᠬᠦᠯᠬᠦ ᠲᠣᠷᠰᠢᠯᠳᠠ ᠶᠢᠨ ᠠᠷᠭ᠎ᠠ︾᠎ ᠶᠢ ᠲᠣᠭᠳᠠᠭᠠᠵᠦ᠂ ᠰᠠᠯᠠᠭ᠎ᠠ ᠮᠦᠴᠢᠷ᠂ ᠣᠷᠣᠨ ᠪᠦᠰᠡ ᠠᠯᠤᠰᠯᠠᠨ ᠬᠠᠥᠯᠢ ᠬᠡᠷᠡᠭᠵᠢᠬᠦᠯᠵᠦ ᠬᠠᠮᠵᠢᠯᠴᠠᠨ ᠬᠤᠯᠪᠣᠭᠠᠯᠠᠨ ᠬᠦᠳᠡᠯᠦᠯᠴᠡᠬᠦ ᠲᠣᠭᠳᠠᠴᠠ ᠶᠢ ᠪᠠᠶᠢᠭᠤᠯᠣᠨ ᠪᠦᠷᠢᠨᠰᠢᠬᠦᠯᠵᠦ᠂ ᠬᠤᠯᠪᠣᠭᠠᠯᠠᠨ ᠬᠠᠥᠯᠢ ᠬᠡᠷᠡᠭᠵᠢᠬᠦᠯᠬᠦ᠂ ᠣᠷᠣᠨ ᠪᠦᠰᠡ ᠪᠠᠷ ᠬᠠᠥᠯᠢ ᠬᠡᠷᠡᠭᠵᠢᠬᠦᠯᠬᠦ᠂ ᠰᠣᠯᠪᠢᠴᠠᠨ ᠬᠠᠥᠯᠢ ᠬᠡᠷᠡᠭᠵᠢᠬᠦᠯᠬᠦ ᠶᠢ ᠠᠬᠢᠭᠤᠯᠵᠦ᠂ ᠣᠷᠣᠨ ᠪᠦᠰᠡ ᠠᠯᠣᠰᠯᠠᠨ ᠬᠡᠷᠡᠭ ᠢ ᠰᠢᠯᠵᠢᠬᠦᠯᠬᠦ᠂ ᠭᠡᠷᠡᠴᠢ ᠠᠪᠬᠤ ᠶᠢ ᠨᠢᠬᠳᠠ ᠵᠣᠯᠭᠠᠭᠤᠯᠬᠤ ᠶᠢ ᠪᠡᠶᠡᠯᠡᠬᠦᠯᠵᠦ᠂ ᠣᠷᠣᠨ ᠪᠦᠰᠡ ᠶᠢᠨ ᠴᠢᠨᠠᠷᠳᠡᠢ᠂ ᠰᠢᠰᠲ᠋ᠧᠮ ᠤᠨ ᠴᠢᠨᠡᠷᠳᠡᠢ ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠵᠦ᠂ ᠵᠠᠬ᠎ᠠ ᠲᠡᠯᠭᠡᠭᠦᠷ ᠤᠨ ᠨᠢᠭᠡᠳᠦᠯᠳᠡᠢ ᠡᠮᠬᠢ ᠲᠢᠭᠯᠢᠮ ᠢ ᠬᠠᠮᠠᠭᠠᠯᠠᠨ᠎ᠠ᠃ ᠦᠪᠡᠷᠳᠡᠭᠡᠨ ᠵᠠᠰᠠᠬᠤ ᠣᠷᠣᠨ ᠤ ᠲᠡᠰ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠯ᠎ᠡ ᠮᠣᠵᠢ ︵ᠣᠷᠣᠨ᠂ ᠬᠤᠳᠠ︶᠎ ᠶᠢᠨ ᠵᠤᠬᠢᠴᠠᠯᠳᠤᠬᠰᠠᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠴᠦ ᠬᠠᠥᠯᠢ ᠬᠡᠷᠡᠭᠵᠢᠬᠦᠯᠬᠦ ᠰᠠᠯᠠᠭ᠎ᠠ ᠮᠦᠴᠢᠷ ᠯᠦᠭᠡ ᠬᠠᠥᠯᠢ ᠬᠡᠷᠡᠭᠵᠢᠬᠦᠯᠬᠦ ᠬᠠᠮᠵᠢᠯᠴᠠᠭ᠎ᠠ ᠪᠠᠨ ᠴᠢᠩᠭᠠᠳᠬᠠᠨ᠂ ᠦᠪᠡᠷᠳᠡᠭᠡᠨ ᠵᠠᠰᠠᠬᠤ ᠣᠷᠣᠨ ᠤ ᠲᠣᠳᠣᠷᠡᠬᠢ ᠣᠷᠣᠨ ᠪᠦᠰᠡ ᠠᠯᠣᠰᠯᠠᠨ ᠬᠠᠥᠯᠢ ᠬᠡᠷᠡᠭᠵᠢᠬᠦᠯᠬᠦ ᠶᠢᠨ ᠵᠣᠬᠢᠴᠠᠭᠤᠯᠣᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠣᠨ᠎ᠠ ︵ᠦᠪᠡᠷᠳᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠠᠥᠯᠢ ᠲᠦᠷᠢᠮ ᠤᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠣᠯᠣᠰ ᠲᠦᠷᠦ ᠬᠠᠥᠯᠢ ᠴᠠᠭᠠᠵᠠ ᠶᠢᠨ ᠵᠦᠪᠯᠡᠯ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠡ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ ᠬᠠᠤᠯᠢ ᠶᠤᠰᠤᠭᠠᠷ ᠦᠯᠦ ᠵᠥᠪᠰᠢᠶᠡᠷᠡᠭᠳᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠴᠠᠭ ᠲᠣᠬᠠᠢ ᠳᠤᠨᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ ︵ᠡᠯ᠎ᠡ ᠬᠠᠮᠢᠶ᠎ᠠ ᠪᠦᠬᠦᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠵᠥᠪᠰᠢᠶᠡᠷᠡᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠤᠭᠠᠷ ᠲᠤᠰ ᠲᠤᠰ ᠬᠠᠷᠢᠭᠤᠴᠠᠨ᠎ᠠ︶᠃      3. ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠪᠠ ᠬᠠᠥᠯᠢ ᠴᠠᠭᠠᠵᠠ ᠯᠤᠭ᠎ᠠ ᠶᠢᠨ ᠵᠣᠯᠭᠠᠭᠤᠯᠳᠠ ᠶᠢ ᠰᠠᠶᠢᠳᠣᠷ ᠬᠢᠨ᠎ᠡ᠃ ᠬᠡᠷᠡᠭ ᠢ ᠰᠢᠯᠵᠢᠬᠦᠯᠤᠨ ᠬᠦᠷᠭᠡᠬᠦ ᠪᠠᠷᠢᠮᠵᠢᠶ᠎ᠠ ᠪᠠ ᠵᠢᠷᠦᠮ ᠢ ᠲᠡᠭᠦᠯᠳᠡᠷᠵᠢᠬᠦᠯᠵᠦ᠂ ᠬᠠᠥᠯᠢ ᠬᠡᠷᠡᠭᠵᠢᠬᠦᠯᠬᠦ ᠬᠠᠮᠵᠢᠯᠴᠠᠭᠠᠨ ᠤ ᠬᠠᠮᠢᠶ᠎ᠠ ᠪᠦᠬᠦᠢ ᠲᠣᠭᠳᠠᠭᠠᠯ ᠢ ᠨᠠᠷᠢᠯᠢᠬᠵᠢᠭᠤᠯᠬᠤ ᠶᠢᠨ ᠬᠠᠮᠳᠦ ᠴᠢᠩᠭ᠎ᠠ ᠬᠡᠷᠡᠭᠵᠢᠬᠦᠯᠦᠨ᠎ᠡ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ᠂ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠬᠤᠭᠤᠷᠣᠨᠳᠣ ᠪᠠᠨ ᠬᠡᠷᠡᠭ ᠤᠨ ᠪᠠᠶᠢᠳᠠᠯ ᠢ ᠮᠡᠳᠡᠬᠦᠯᠬᠦ ᠲᠣᠭᠳᠠᠴᠠ ᠶᠢ ᠪᠠᠶᠢᠭᠤᠯᠣᠨ᠎ᠠ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠬᠠᠥᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠳᠤ ᠬᠦᠷᠦᠭᠰᠡᠨ ᠢᠶᠠᠷ ᠰᠡᠵᠢᠭᠯᠡᠭᠳᠡᠭᠰᠡᠨ ᠢ ᠮᠡᠳᠡᠭᠰᠡᠨ ᠪᠠᠶᠢᠪᠠᠯ᠂ ᠬᠠᠥᠯᠢ ᠶᠣᠰᠣᠭᠠᠷ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠬᠦᠯᠬᠦ ᠶᠢᠨ ᠲᠠᠭᠠᠦ ᠠᠳᠠᠯᠢ ᠱᠠᠳᠣᠨ ᠤ ᠪᠠᠶᠢᠴᠠᠭᠠᠬᠤ ᠪᠠᠶᠢᠭᠤᠯᠭ᠎ᠠ ᠳᠤ ᠮᠡᠳᠡᠬᠦᠯᠦᠨ᠎ᠡ᠂ ᠲᠤᠷᠭᠠᠭᠤᠯᠢ ᠪᠠᠷ ᠡᠷᠡᠭᠦᠦ ᠶᠢ ᠣᠷᠣᠯᠠᠭᠤᠯᠵᠦ ᠪᠣᠯᠬᠤ ᠦᠭᠡᠢ᠃ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠬᠡᠷᠡᠭ ᠪᠣᠯᠭᠠᠬᠤ ᠪᠠᠷ ᠲᠣᠭᠳᠠᠭᠠᠭᠰᠠᠨ ᠪᠠᠶᠢᠪᠠᠯ᠂ ᠬᠡᠷᠡᠭ ᠢ ᠰᠢᠯᠵᠢᠬᠦᠯᠦᠭᠰᠡᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠲᠤ ᠪᠢᠴᠢᠭ ᠤᠨ ᠬᠡᠯᠪᠡᠷᠢ ᠪᠠᠷ ᠮᠡᠳᠡᠭᠳᠡᠨ᠎ᠡ᠂ ᠬᠡᠷᠡᠭ ᠪᠣᠯᠭᠠᠬᠤ ᠦᠭᠡᠢ ᠪᠣᠶᠣ ᠬᠦᠴᠦᠨ ᠦᠭᠡᠢ ᠪᠣᠯᠭᠠᠬᠤ ᠪᠠᠷ ᠲᠣᠭᠳᠠᠭᠠᠭᠰᠠᠨ ᠪᠠᠶᠢᠪᠠᠯ᠂ ᠪᠢᠴᠢᠭ ᠤᠨ ᠬᠡᠯᠪᠡᠷᠢ ᠪᠠᠷ ᠰᠢᠯᠳᠠᠭᠠᠨ ᠢ ᠨᠢ ᠲᠠᠶᠢᠯᠪᠣᠷᠢᠯᠠᠬᠤ ᠶᠢᠨ ᠬᠠᠮᠳᠣ᠂ ᠠᠳᠠᠯᠢ ᠱᠠᠳᠣᠨ ᠤ ᠪᠠᠶᠢᠴᠠᠭᠠᠬᠤ ᠬᠤᠷᠢᠶ᠎ᠠ ᠳᠤ ᠮᠡᠳᠡᠬᠡᠯᠡᠨ᠎ᠠ᠃ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠨᠢ ᠬᠠᠥᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠮᠡᠳᠡᠭᠡᠳ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠭᠡᠢ ᠭᠡᠵᠦ ᠦᠵᠡᠭᠰᠡᠨ ᠪᠣᠯᠪᠠᠴᠦ᠂ ᠬᠠᠥᠯᠢ ᠶᠣᠰᠣᠭᠠᠷ ᠵᠠᠰᠠᠭ ᠵᠠᠬᠢᠷᠭᠠᠨ ᠢᠶᠠᠷ ᠰᠢᠢᠳᠪᠦᠷᠢᠯᠡᠬᠦ ᠴᠢᠬᠤᠯᠠᠳᠠᠢ ᠪᠠᠶᠢᠪᠠᠯ᠂ ᠬᠡᠷᠡᠭ ᠢ ᠴᠠᠭ ᠲᠣᠬᠠᠢ ᠳᠤ ᠨᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠲᠤ ᠰᠢᠯᠵᠢᠬᠦᠯᠦᠨ᠎ᠡ ︵ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ ᠲᠦᠷᠦᠭᠦᠯᠡᠨ ᠬᠠᠷᠢᠭᠤᠴᠠᠨ᠎ᠠ︶᠃ ᠰᠢᠬᠦᠬᠦ ᠬᠤᠷᠢᠶ᠎ᠡ ᠶᠢᠨ ᠬᠦᠴᠦᠨ ᠲᠠᠢ ᠪᠣᠯᠣᠭᠰᠠᠨ ᠲᠣᠭᠳᠠᠭᠠᠯᠳᠠ ᠪᠠ ᠲᠠᠰᠣᠯᠣᠯᠳᠡ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠲᠣᠭᠳᠠᠭᠠᠯ ᠤᠨ ᠬᠡᠷᠡᠭᠵᠢᠬᠦᠯᠬᠦ ᠡᠷᠴᠢᠮ ᠢ ᠴᠢᠩᠭᠠᠷᠠᠭᠤᠯᠣᠨ᠎ᠠ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠠᠷᠡᠳ ᠤᠨ ᠰᠢᠬᠦᠬᠦ ᠬᠤᠷᠢᠶ᠎ᠠ ᠶᠢᠨ ᠬᠦᠴᠦᠨ ᠲᠠᠢ ᠪᠣᠯᠣᠭᠰᠠᠨ ᠲᠣᠭᠳᠠᠭᠠᠯᠳᠠ ᠪᠠ ᠲᠠᠰᠣᠯᠣᠯᠳᠡ ᠶᠢ ᠭᠦᠢᠴᠡᠳᠭᠡᠨ᠎ᠡ᠃ ᠲᠤᠬᠠᠢᠢᠳᠠᠢ ᠬᠦᠮᠦᠨ ᠨᠢ ᠵᠠᠰᠠᠭ ᠵᠠᠬᠢᠷᠭᠠᠨ ᠤ ᠲᠣᠭᠳᠠᠭᠠᠯ ᠢ ᠭᠦᠢᠴᠡᠳᠭᠡᠬᠦ ᠦᠭᠡᠢ ᠪᠠᠶᠢᠪᠠᠯ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠨᠢ ᠬᠠᠥᠯᠢ ᠶᠣᠰᠣᠭᠠᠷ ᠠᠯᠪᠠᠳᠠᠨ ᠭᠦᠢᠴᠡᠳᠭᠡᠯᠬᠡᠬᠦ ᠪᠣᠶᠣ ᠰᠢᠭᠦᠬᠦ ᠬᠤᠷᠢᠶ᠎ᠡ ᠳᠤ ᠠᠯᠪᠠᠳᠠᠨ ᠬᠡᠷᠡᠭᠵᠢᠬᠦᠯᠬᠦ ᠪᠠᠷ ᠭᠤᠶᠣᠴᠢᠯᠠᠵᠦ᠂ ᠬᠠᠮᠵᠢᠯᠴᠠᠭ᠎ᠠ ᠪᠠᠨ ᠴᠢᠩᠭᠠᠷᠠᠭᠤᠯᠣᠨ᠂ ᠬᠠᠥᠯᠢ ᠬᠡᠷᠡᠭᠵᠢᠭᠦᠯᠬᠦ ᠶᠢ ᠬᠦᠴᠦᠷᠬᠡᠭᠯᠡᠯ ᠢᠶᠠᠷ ᠡᠰᠡᠷᠭᠦᠴᠡᠬᠦ ᠵᠡᠷᠬᠡ ᠦᠢᠯᠡ ᠠᠵᠢᠯᠯᠠᠭ᠎ᠠ ᠶᠢ ᠪᠦᠳᠦᠮᠵᠢᠳᠡᠢ ᠰᠡᠷᠭᠡᠶᠢᠯᠡᠨ᠎ᠡ᠃ ︽ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠬᠡᠷᠡᠭ ᠢ ᠠᠯᠪᠠᠳᠠᠨ ᠭᠦᠢᠴᠡᠳᠭᠡᠬᠦ ᠠᠷᠭ᠎ᠠ︾᠎ ᠶᠢ ᠲᠣᠭᠳᠠᠭᠠᠨ᠎ᠠ ︵ᠦᠪᠡᠷᠳᠡᠭᠡᠨ ᠵᠠᠰᠠᠬᠤ ᠣᠷᠣᠨ ᠤ ᠦᠨᠳᠦᠷ ᠵᠡᠷᠬᠡ ᠶᠢᠨ ᠠᠷᠡᠳ ᠤᠨ ᠰᠢᠬᠦᠬᠦ ᠬᠤᠷᠢᠶ᠎ᠡ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ᠲᠣᠯᠤᠭ᠎ᠠ᠂ ᠨᠡᠶᠢᠭᠡᠮ ᠤᠨ ᠬᠢᠨᠠᠯᠳᠡ ᠲᠠᠯᠪᠢᠬᠤ ᠲᠣᠭᠳᠠᠴᠠ ᠶᠢ ᠪᠦᠷᠢᠨᠰᠢᠭᠦᠯᠦᠨ᠎ᠡ      ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠳᠠᠬᠢ ᠨᠡᠶᠢᠭᠡᠮ ᠤᠨ ᠬᠦᠴᠦᠨ ᠤ ᠦᠵᠡᠬᠦᠯᠬᠦ ᠦᠢᠯᠡᠳᠦᠯ ᠢ ᠭᠦᠢᠴᠡᠳ ᠪᠠᠳᠠᠷᠠᠭᠤᠯᠵᠦ᠂ ᠠᠯᠢᠪᠠ ᠢᠳᠡᠪᠬᠢ ᠬᠦᠴᠦᠨ ᠵᠦᠢᠯ ᠢ ᠲᠠᠶᠢᠴᠢᠯᠠᠨ᠂ ᠵᠠᠬ᠎ᠠ ᠲᠡᠯᠭᠡᠭᠦᠷ ᠤᠨ ᠦᠪᠡᠷ ᠢ ᠪᠠᠨ ᠬᠠᠮᠢᠶᠠᠷᠬᠤ᠂ ᠦᠪᠡᠷ ᠢ ᠪᠠᠨ ᠵᠢᠷᠣᠮᠵᠢᠭᠤᠯᠬᠤ᠂ ᠦᠪᠡᠷ ᠢ ᠪᠠᠨ ᠴᠡᠪᠡᠷᠰᠢᠭᠦᠯᠬᠦ ᠶᠢ ᠠᠬᠢᠭᠤᠯᠣᠨ᠎ᠠ᠃      ︵ᠨᠢᠬᠡ︶ ᠠᠵᠢᠯ ᠲᠦᠷᠦᠯ ᠤᠨ ᠨᠡᠶᠢᠭᠡᠮᠯᠢᠭ ᠬᠤᠳᠠᠯᠳᠣᠭᠠᠴᠢᠨ ᠤ ᠨᠡᠶᠢᠭᠡᠮᠯᠢᠭ ᠤᠨ ᠪᠡᠶ᠎ᠡ ᠪᠠᠨ ᠱᠠᠭᠠᠷᠳᠠᠬᠤ ᠦᠢᠯᠡᠳᠦᠯ ᠢ ᠪᠠᠳᠠᠷᠠᠭᠤᠯᠣᠨ᠎ᠠ᠃      1. ᠠᠵᠢᠯ ᠲᠦᠷᠦᠯ ᠤᠨ ᠨᠡᠶᠢᠭᠡᠮᠯᠢᠭ ᠤᠨ ᠦᠭᠡᠷᠡᠴᠢᠯᠡᠯᠲᠡ ᠶᠢ ᠠᠬᠢᠭᠤᠯᠣᠨ᠎ᠠ᠃ ᠣᠯᠣᠰ ᠤᠨ ᠨᠢᠭᠡᠳᠦᠯᠳᠡᠢ ᠪᠠᠶᠢᠷᠢᠯᠠᠭᠤᠯᠣᠯᠳᠠ ᠪᠠ ᠮᠠᠨ ᠤ ᠣᠷᠣᠨ ᠤ ᠪᠣᠳᠠᠳᠦ ᠪᠠᠶᠢᠳᠠᠯ ᠢ ᠦᠨᠳᠣᠰᠣᠯᠡᠨ᠂ ᠵᠠᠰᠠᠭ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢ ᠰᠠᠯᠭᠠᠬᠤ ᠶᠢ ᠠᠬᠢᠭᠤᠯᠵᠦ᠂ ︽ᠠᠵᠢᠯ ᠲᠦᠷᠦᠯ ᠤᠨ ᠨᠡᠶᠢᠭᠡᠮᠯᠢᠭ ᠬᠤᠳᠠᠯᠳᠣᠭᠠᠴᠢᠨ ᠤ ᠨᠡᠶᠢᠭᠡᠮᠯᠢᠭ ᠬᠢᠬᠡᠳ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠠᠯᠭᠠᠬᠤ ᠠᠵᠢᠯ ᠤᠨ ᠲᠦᠰᠦᠯ︾᠎ ᠢ ᠲᠣᠭᠳᠠᠭᠠᠵᠣ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠣᠭᠠᠴᠢᠨ ᠤ ᠨᠡᠶᠢᠭᠡᠮᠯᠢᠭ ᠬᠢᠬᠡᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ᠂ ᠡᠭᠦᠷᠭᠡ ᠴᠢᠳᠠᠪᠤᠷᠢ᠂ ᠡᠳ᠋ ᠤᠨ ᠶᠠᠪᠣᠳᠠᠯ ᠪᠠ ᠠᠯᠪᠠᠯᠠᠬᠤ ᠭᠠᠵᠠᠷ ᠵᠡᠷᠭᠡ ᠲᠠᠯ᠎ᠠ ᠪᠠᠷ ᠦᠨᠡᠨᠬᠦ ᠰᠠᠯᠭᠠᠬᠤ ᠶᠢ ᠠᠬᠢᠭᠤᠯᠵᠤ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠣᠭᠠᠴᠢᠨ ᠤ ᠨᠡᠶᠢᠭᠡᠮᠯᠢᠭ ᠤᠨ ᠪᠡᠶ᠎ᠡ ᠪᠠᠨ ᠲᠠᠭᠠᠭᠠᠵᠦ ᠨᠡᠶᠢᠭᠡᠮᠯᠢᠭ ᠡᠷᠬᠢᠯᠡᠬᠦ᠂ ᠪᠡᠶ᠎ᠡ ᠪᠠᠨ ᠱᠠᠭᠠᠷᠳᠠᠵᠤ ᠬᠦᠭᠵᠢᠬᠦ ᠶᠢ ᠪᠡᠶᠡᠯᠡᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠠᠷᠡᠳ ᠤᠨ ᠶᠠᠪᠣᠳᠠᠯ ᠤᠨ ᠲᠢᠩᠬᠢᠮ᠂ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠬᠠᠥᠯᠢ ᠪᠠ ᠵᠠᠭᠠᠯᠳᠣᠯᠭ᠎ᠠ ᠳᠤ ᠬᠤᠯᠪᠣᠭᠳᠠᠭᠰᠠᠨ ᠠᠰᠠᠭᠤᠳᠠᠯ ᠢ ᠶᠡᠬᠡᠪᠡᠷ ᠰᠢᠢᠳᠪᠦᠷᠢᠯᠡᠨ᠎ᠡ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ ᠨᠡᠶᠢᠬᠡᠮ ᠲᠠᠶᠠᠭᠠᠷ ᠬᠠᠮᠵᠢᠯᠴᠠᠨ ᠬᠠᠮᠳᠣ ᠪᠠᠷ ᠵᠠᠰᠠᠬᠤ ᠶᠢ ᠠᠬᠢᠭᠤᠯᠤᠨ᠎ᠠ᠃ ᠬᠡᠷᠡᠭᠯᠡᠭᠴᠢᠳ ᠤᠨ ᠵᠢᠭᠤᠷᠠᠯᠳᠣᠭᠠᠨ ᠢ ᠡᠶᠡᠳᠡᠭᠦᠯᠦᠨ ᠰᠢᠢᠳᠪᠦᠷᠢᠯᠡᠬᠦ ᠬᠡᠷᠡᠭᠯᠡᠭᠴᠢᠳ ᠤᠨ ᠵᠣᠬᠢᠶᠠᠨ ᠪᠠᠶᠢᠭᠤᠯᠣᠯᠳᠡ ᠶᠢᠨ ᠦᠢᠯᠡᠳᠦᠯ ᠢ ᠪᠠᠳᠠᠷᠠᠭᠤᠯᠣᠭᠰᠠᠨ ᠰᠠᠭᠤᠷᠢᠨ ᠲᠡᠭᠡᠷ᠎ᠡ᠂ ᠣᠭ ᠦᠨᠳᠦᠰᠦ ᠠᠴᠠ ᠨᠢ ᠵᠠᠰᠠᠬᠤ ᠲᠣᠭᠳᠠᠴᠠ᠂ ᠡᠷᠬᠡ ᠠᠰᠢᠭ ᠢ ᠬᠠᠮᠭᠠᠯᠠᠬᠤ ᠲᠣᠮᠣ ᠲᠣᠭᠳᠠᠴᠠ ᠶᠢ ᠪᠠᠶᠢᠭᠤᠯᠣᠨ ᠲᠡᠭᠦᠯᠳᠡᠷᠵᠢᠬᠦᠯᠵᠦ᠂ ᠲᠠᠸᠠᠷ ᠪᠠ ᠦᠢᠯᠡᠴᠢᠯᠡᠭᠡᠨ ᠳᠤ ᠨᠡᠶᠢᠭᠡᠮ ᠤᠨ ᠬᠢᠨᠡᠯᠳᠡ ᠲᠠᠯᠪᠢᠬᠤ ᠶᠢ ᠴᠢᠩᠭᠠᠷᠠᠭᠤᠯᠵᠤ᠂ ᠬᠠᠮᠵᠢᠯᠴᠠᠨ ᠬᠠᠮᠳᠣ ᠪᠠᠷ ᠵᠠᠰᠠᠬᠤ ᠶᠢ ᠠᠬᠢᠭᠤᠯᠤᠨ᠂ ᠡᠷᠬᠡ ᠠᠰᠢᠭ ᠢ ᠬᠠᠮᠠᠭᠠᠯᠠᠬᠤ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃ ᠵᠠᠬᠢᠳᠠᠯ ᠰᠣᠷᠪᠣᠯᠵᠢᠯᠠᠯ ᠢᠶᠠᠷ ᠢᠯᠡᠴᠢᠯᠡᠨ ᠮᠡᠳᠡᠭᠦᠯᠬᠦ ᠶᠢᠨ ᠬᠢᠨᠠᠯᠳᠡ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠣᠳᠣᠷᠢᠳᠬᠤ ᠺᠠᠳ᠋ᠷᠴᠤᠳ ᠣᠬᠠᠮᠰᠠᠷ ᠠᠴᠠ ᠪᠠᠨ ᠣᠯᠠᠨ ᠲᠦᠮᠡᠨ ᠤ ᠵᠠᠬᠢᠳᠠᠯ ᠰᠣᠷᠪᠣᠯᠵᠢᠯᠠᠯ ᠢ ᠬᠦᠯᠢᠶᠡᠨ ᠠᠪᠬᠤ᠂ ᠣᠯᠠᠨ ᠲᠦᠮᠡᠨ ᠤ ᠵᠠᠬᠢᠳᠠᠯ ᠢ ᠰᠢᠢᠳᠪᠦᠷᠢᠯᠡᠬᠦ ᠲᠦᠷᠢᠮ ᠢ ᠣᠬᠠᠮᠰᠠᠷ ᠠᠴᠠ ᠪᠠᠨ ᠨᠠᠶᠢᠳᠠᠪᠦᠷᠢᠵᠢᠭᠤᠯᠤᠨ᠎ᠠ᠃ ᠰᠦᠯᠵᠢᠶᠡᠨ ᠲᠡᠭᠡᠷ᠎ᠡ ᠵᠠᠬᠢᠳᠠᠯ ᠰᠣᠷᠪᠣᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠲᠦᠷᠢᠮ ᠢ ᠬᠡᠷᠡᠭᠵᠢᠬᠦᠯᠦᠨ᠂ ᠰᠦᠯᠵᠢᠶᠡᠨ ᠲᠡᠭᠡᠷ᠎ᠡ ᠵᠠᠬᠢᠳᠠᠯ ᠰᠣᠷᠪᠣᠯᠵᠢᠯᠠᠯ ᠬᠢᠬᠦ ᠮᠡᠳᠡᠭᠡ ᠵᠠᠩᠬᠢ ᠶᠢᠨ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠣᠨ᠂ ᠣᠯᠠᠨ ᠲᠦᠮᠡᠨ ᠤ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠴᠠᠭ ᠲᠣᠬᠠᠢ ᠳᠤᠨᠢ ᠲᠣᠰ ᠭᠠᠵᠠᠷ ᠲᠤᠨᠢ ᠰᠢᠢᠳᠪᠦᠷᠢᠯᠡᠬᠦ ᠲᠣᠭᠳᠠᠴᠠ ᠶᠢ ᠪᠦᠷᠢᠨᠰᠢᠭᠦᠯᠦᠨ᠎ᠡ᠃ ᠣᠯᠠᠨ ᠲᠦᠮᠡᠨ ᠢ ᠬᠦᠳᠦᠯᠦᠨ ᠵᠢᠯᠤᠭᠤᠳᠴᠣ ᠪᠠᠶᠢᠭᠠᠳ ᠬᠠᠥᠯᠢ ᠶᠣᠰᠣᠭᠠᠷ ᠲᠣᠰ ᠭᠠᠵᠠᠷ ᠲᠤᠨᠢ ᠬᠦᠰᠡᠯ ᠱᠠᠭᠠᠷᠳᠠᠯᠭ᠎ᠠ ᠶᠢ ᠨᠢ ᠲᠣᠰᠬᠠᠯᠭᠠᠨ᠎ᠠ᠃ ᠵᠠᠬᠢᠳᠠᠯ ᠰᠣᠷᠪᠣᠯᠵᠢᠯᠠᠯ ᠢᠶᠠᠷ ᠢᠯᠡᠴᠢᠯᠡᠨ ᠮᠡᠳᠡᠭᠦᠯᠬᠦ ᠠᠵᠢᠯ ᠤᠨ ᠲᠣᠭᠳᠠᠴᠠ ᠶᠢ ᠲᠠᠰᠣᠷᠠᠯᠳᠠ ᠦᠭᠡᠢ ᠪᠦᠷᠢᠨᠰᠢᠭᠦᠯᠵᠤ᠂ ᠵᠠᠬᠢᠳᠠᠯ ᠰᠣᠷᠪᠣᠯᠵᠢᠯᠠᠭ᠎ᠠ ᠶᠢᠨ ᠵᠠᠮ ᠮᠦᠷ ᠢ ᠪᠦᠳᠦᠮᠵᠢᠳᠡᠢ ᠦᠷᠭᠡᠳᠭᠡᠬᠦ ᠪᠠ ᠰᠢᠯᠤᠭᠤᠳᠬᠠᠨ᠂ ︽ᠵᠠᠬᠢᠳᠠᠯ᠂ ᠰᠣᠷᠪᠣᠯᠵᠢᠯᠠᠯ᠂ ᠰᠦᠯᠵᠢᠶ᠎ᠡ᠂ ᠣᠳᠠᠰᠣ︾ ᠲᠦᠷᠪᠡ ᠶᠢ ᠨᠢᠭᠡ ᠴᠣᠭᠴᠠᠵᠢᠭᠤᠯᠣᠭᠰᠠᠨ᠂ ᠰᠦᠯᠵᠢᠶᠡᠨ ᠲᠡᠭᠡᠷ᠎ᠡ ᠬᠦᠯᠢᠶᠡᠨ ᠠᠪᠴᠣ ᠰᠢᠢᠳᠪᠦᠷᠢᠯᠡᠬᠦ ᠪᠠᠷ ᠭᠤᠤᠯ ᠪᠤᠯᠭᠠᠭᠰᠠᠨ ᠬᠦᠰᠡᠯ ᠱᠠᠭᠠᠷᠳᠠᠯᠭ᠎ᠠ ᠪᠠᠨ ᠢᠯᠡᠳᠭᠡᠬᠦ ᠪᠠᠶᠢᠷᠢᠰᠢᠯ ᠢ ᠪᠠᠶᠢᠭᠤᠯᠤᠨ᠎ᠠ᠃ ᠠᠷᠡᠳ ᠲᠦᠮᠡᠨ ᠤ ᠰᠠᠨᠠᠭᠤᠯᠭ᠎ᠠ ᠶᠢ ᠡᠯᠰᠡᠨ ᠴᠣᠭᠯᠠᠭᠤᠯᠬᠤ ᠲᠦᠷᠢᠮ ᠢ ᠪᠠᠶᠢᠭᠤᠯᠣᠨ ᠪᠦᠷᠢᠨᠰᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠵᠠᠬᠢᠳᠠᠯ ᠰᠣᠷᠪᠣᠯᠵᠢᠯᠠᠯ ᠤᠨ ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃      3. ᠶᠠᠷᠢᠶ᠎ᠠ ᠬᠡᠯᠡᠯᠴᠡᠭᠡᠨ ᠤ ᠬᠢᠨᠠᠯᠳᠠ ᠲᠠᠯᠪᠢᠬᠤ ᠶᠢ ᠴᠢᠩᠭᠠᠷᠠᠭᠤᠯᠣᠨ᠎ᠠ᠃ ᠨᠡᠶᠢᠳᠡᠯᠢᠭ ᠬᠡᠷᠡᠭ ᠢ ᠢᠯᠡᠴᠢᠯᠡᠨ ᠮᠡᠳᠡᠬᠡᠯᠡᠵᠦ᠂ ᠬᠠᠥᠯᠢ ᠠᠴᠠ ᠵᠦᠷᠢᠴᠡᠭᠰᠡᠨ ᠶᠠᠯᠠᠳᠦ ᠦᠢᠯᠡ ᠠᠵᠢᠯᠯᠠᠭ᠎ᠠ ᠳᠤ ᠰᠦᠷ ᠦᠵᠡᠬᠦᠯᠵᠦ᠂ ᠣᠯᠠᠨ ᠨᠡᠶᠢᠳᠡ ᠶᠢᠨ ᠲᠠᠨᠢᠨ ᠮᠡᠳᠡᠷᠡᠬᠦᠢ ᠪᠠ ᠰᠡᠷᠭᠡᠶᠢᠯᠡᠬᠦ ᠴᠢᠳᠠᠪᠣᠷᠢ ᠶᠢ ᠲᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ ᠣᠷᠣᠨ ᠤ ᠲᠡᠰ ᠤᠨ ᠭᠤᠣᠯ ᠪᠣᠯᠬᠤ ᠵᠠᠭᠤᠴᠢᠯᠠᠭᠤᠷ ᠵᠢᠴᠢ ᠲᠡᠳᠡᠨ ᠤ ᠰᠦᠯᠵᠢᠶᠡᠨ ᠲᠡᠭᠡᠷ᠎ᠡ ᠬᠠᠥᠯᠢ ᠠᠴᠠ ᠵᠦᠷᠢᠴᠡᠭᠰᠡᠨ ᠬᠡᠷᠡᠭ ᠤᠨ ᠪᠠᠶᠢᠴᠠᠭᠠᠨ ᠰᠢᠢᠳᠪᠦᠷᠢᠯᠡᠭᠰᠡᠨ ᠢ ᠨᠡᠶᠢᠳᠡᠯᠡᠵᠣ᠂ ᠬᠠᠥᠯᠢ ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠶᠢ ᠢᠯᠡᠴᠢᠯᠡᠵᠣ᠂ ᠨᠡᠶᠢᠳᠡᠯᠢᠭ ᠬᠡᠷᠡᠭ ᠢ ᠵᠠᠳᠠᠯᠵᠣ᠂ ᠰᠦᠷ ᠦᠵᠡᠬᠦᠯᠬᠦ ᠦᠢᠯᠡᠳᠦᠯ ᠨᠦᠯᠦᠬᠡ ᠶᠢ ᠪᠤᠢ ᠪᠤᠯᠭᠠᠨ᠎ᠠ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠣᠨᠢᠨ ᠮᠡᠳᠡᠭᠡᠨ ᠤ ᠠᠵᠢᠯᠳᠠᠳ ᠤᠨ ᠠᠵᠢᠯ ᠮᠡᠷᠭᠡᠵᠢᠯ ᠤᠨ ᠬᠢᠷᠢ ᠭᠡᠮ ᠤᠨ ᠲᠦᠷᠢᠮ︾᠎ ᠢ ᠲᠣᠭᠳᠠᠭᠠᠨ᠎ᠠ᠃ ᠰᠣᠨᠢᠨ ᠮᠡᠳᠡᠭᠡ ᠵᠠᠭᠤᠴᠢᠯᠠᠭᠤᠷ᠂ ᠰᠣᠨᠢᠨ ᠮᠡᠳᠡᠭᠡ ᠰᠤᠷᠪᠤᠯᠵᠢᠯᠠᠵᠦ ᠨᠠᠶᠢᠷᠠᠭᠤᠯᠬᠤ ᠠᠵᠢᠯᠯᠠᠭ᠎ᠠ ᠵᠢᠴᠢ ᠰᠣᠨᠢᠨ ᠮᠡᠳᠡᠭᠡᠨ ᠤ ᠠᠵᠢᠯᠳᠠᠨ ᠳᠤ ᠬᠢᠨᠠᠯᠳᠠ ᠲᠠᠯᠪᠢᠨ ᠪᠠᠶᠢᠴᠠᠭᠠᠬᠤ ᠶᠢ ᠴᠢᠩᠭᠠᠳᠬᠠᠨ᠂ ᠬᠤᠳᠠᠯ ᠬᠠᠭᠤᠷᠮᠠᠭ ᠰᠣᠨᠢᠨ ᠮᠡᠳᠡᠭᠡ᠂ ᠰᠣᠨᠢᠨ ᠮᠡᠳᠡᠭᠡ ᠪᠠᠷ ᠮᠡᠬᠡᠯᠡᠨ ᠬᠢᠬᠠᠬᠤ᠂ ᠲᠦᠯᠦᠪᠦᠷᠢ ᠲᠠᠢ ᠰᠤᠨᠢᠨ ᠮᠡᠳᠡᠭᠡ᠂ ᠦᠢᠯᠡᠳᠪᠦᠷᠢᠯᠡᠯ ᠡᠵᠡᠩᠨᠡᠭᠴᠢᠳ ᠢ ᠮᠠᠭᠤ ᠰᠠᠨᠠᠭ᠎ᠠ ᠪᠠᠷ ᠬᠤᠣᠷᠯᠠᠨ ᠲᠠᠭᠠᠷᠢᠬᠤ ᠪᠠ ᠬᠡᠷᠡᠭᠯᠡᠭᠴᠢᠳ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠂ ᠬᠢᠨᠠᠯᠳᠠ ᠬᠠᠮᠢᠶᠠᠷᠣᠯᠳᠠ ᠳᠤ ᠬᠠᠷᠢᠭᠤᠴᠠᠯᠭ᠎ᠠ ᠠᠯᠳᠠᠭᠰᠠᠨ᠂ ᠡᠭᠦᠷᠭᠡ ᠲᠣᠰᠢᠶᠠᠯ ᠳᠠᠭᠠᠨ ᠣᠰᠣᠯᠳᠣᠵᠣ ᠲᠣᠰᠢᠶᠠᠯ ᠢᠶᠠᠨ ᠭᠤᠳᠣᠭᠠᠭᠰᠠᠨ᠂ ᠦᠮᠦᠭᠯᠡᠨ ᠬᠠᠮᠠᠭᠠᠯᠠᠵᠤ ᠲᠣᠷ᠎ᠠ ᠪᠠᠷ ᠨᠢ ᠲᠠᠯᠪᠢᠵᠤ᠂ ᠴᠢᠨᠠᠭᠰᠢᠯᠠᠨ᠂ ᠬᠠᠣᠯᠢ ᠬᠡᠷᠡᠭᠵᠢᠭᠦᠯᠬᠦ ᠠᠵᠢᠯᠯᠠᠭ᠎ᠠ ᠶᠢ ᠬᠠᠷᠰᠢᠯᠠᠵᠤ᠂ ᠬᠤᠷᠢᠭᠯᠠᠵᠤ ᠰᠠᠭᠠᠳ ᠣᠴᠠᠷᠠᠭᠤᠯᠣᠭᠰᠠᠨ ᠰᠣᠨᠢᠨ ᠮᠡᠳᠡᠭᠡ ᠵᠠᠭᠤᠴᠢᠯᠠᠭᠤᠷ ᠤᠨ ᠬᠠᠷᠢᠭᠤᠴᠠᠯᠭᠠᠳᠠᠨ ᠪᠠ ᠰᠢᠭᠤᠳ ᠬᠠᠷᠢᠭᠤᠴᠠᠯᠭᠠᠳᠠᠨ ᠢ ᠴᠢᠩᠭ᠎ᠠ ᠰᠢᠢᠳᠪᠦᠷᠢᠯᠡᠨ᠎ᠡ ︵ᠦᠪᠡᠷᠳᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃      ᠨᠠᠢᠮᠠ᠂ ᠬᠢᠨᠠᠯᠳᠠ ᠬᠠᠮᠢᠶᠠᠷᠤᠯᠳᠠ ᠶᠢᠨ ᠬᠠᠣᠯᠢ ᠬᠡᠷᠡᠭᠵᠢᠭᠦᠯᠬᠦ ᠪᠠᠳᠣᠯᠠᠭ᠎ᠠ ᠶᠢ ᠲᠡᠭᠦᠯᠳᠡᠷᠵᠢᠭᠦᠯᠦᠨ᠎ᠡ      ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠣ᠂ ᠬᠠᠣᠯᠢ ᠬᠡᠷᠡᠭᠵᠢᠭᠦᠯᠬᠦ ᠴᠢᠳᠠᠪᠦᠷᠢ ᠶᠢᠨ ᠪᠠᠳᠣᠯᠠᠭ᠎ᠠ ᠶᠢ ᠴᠢᠩᠭᠠᠷᠠᠭᠤᠯᠣᠨ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠳᠤ ᠬᠡᠷᠡᠭᠵᠢᠭᠦᠯᠬᠦ ᠠᠴᠠ ᠬᠠᠣᠯᠢ ᠲᠠᠢ᠂ ᠬᠠᠣᠯᠢ ᠬᠡᠷᠡᠭᠵᠢᠭᠦᠯᠬᠦ ᠳᠤ ᠵᠠᠪᠠᠯ ᠴᠢᠩᠭ᠎ᠠ ᠪᠠᠶᠢᠬᠤ᠂ ᠲᠦᠪ ᠭᠤᠣᠯᠴᠢ ᠠᠷᠢᠭᠤᠨ ᠴᠢᠭᠡᠴᠢ᠂ ᠠᠷᠠᠳ ᠤᠨ ᠲᠦᠯᠦᠭᠡ ᠲᠦᠪ ᠴᠢᠭᠡᠴᠢ ᠪᠠᠶᠢᠬᠤ ᠶᠢ ᠦᠨᠡᠨᠬᠦ ᠪᠠᠳᠣᠯᠠᠨ᠎ᠠ᠃      ︵ᠨᠢᠭᠡ︶ ᠬᠠᠮᠢᠶ᠎ᠠ ᠪᠦᠬᠦᠢ ᠬᠠᠣᠯᠢ ᠴᠠᠭᠠᠵᠠ ᠶᠢ ᠲᠡᠭᠦᠯᠳᠡᠷᠵᠢᠭᠦᠯᠦᠨ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠵᠢᠷᠣᠮᠵᠢᠭᠤᠯᠤᠨ ᠪᠦᠷᠢᠨᠰᠢᠭᠦᠯᠦᠨ᠎ᠡ᠃      1. ᠬᠠᠮᠢᠶ᠎ᠠ ᠪᠦᠬᠦᠢ ᠬᠠᠣᠯᠢ ᠴᠠᠭᠠᠵᠠ ᠶᠢᠨ ᠵᠢᠷᠣᠮᠵᠢᠯ ᠢ ᠴᠠᠭ ᠲᠣᠬᠠᠢ ᠳᠤᠨᠢ ᠲᠡᠭᠦᠯᠳᠡᠷᠵᠢᠭᠦᠯᠦᠨ᠎ᠡ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠪᠣᠳᠠᠳᠣ ᠱᠠᠭᠠᠷᠳᠠᠯᠭ᠎ᠠ ᠪᠠ ᠵᠠᠬ᠎ᠠ ᠲᠡᠯᠭᠡᠭᠦᠷ ᠤᠨ ᠬᠤᠪᠢᠷᠠᠯᠳᠠ ᠶᠢᠨ ᠪᠠᠶᠢᠳᠠᠯ ᠢ ᠦᠨᠳᠦᠰᠦᠯᠡᠨ ᠣᠷᠣᠨ ᠨᠣᠳᠤᠭ ᠤᠨ ᠬᠠᠮᠢᠶ᠎ᠠ ᠪᠦᠬᠦᠢ ᠬᠠᠣᠯᠢ ᠲᠣᠭᠳᠠᠭᠠᠯ ᠳᠤ ᠴᠠᠭ ᠲᠣᠬᠠᠢ ᠳᠤᠨᠢ ᠵᠠᠰᠠᠪᠦᠷᠢ ᠣᠷᠣᠭᠤᠯᠣᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ ᠢ ᠡᠮᠬᠢᠯᠡᠨ ᠬᠦᠴᠦᠨ ᠦᠭᠡᠢ ᠪᠤᠯᠭᠠᠬᠤ ᠪᠠ ᠲᠣᠷᠣᠭᠰᠢ ᠪᠠᠭᠤᠯᠭᠠᠵᠤ ᠦᠷᠭᠦᠯᠵᠢᠯᠡᠨ ᠬᠢᠨᠠᠨ ᠬᠠᠮᠢᠶᠠᠷᠬᠤ ᠳᠤ ᠬᠤᠯᠪᠤᠭᠳᠠᠭᠰᠠᠨ ᠣᠷᠣᠨ ᠨᠣᠳᠤᠭ ᠤᠨ ᠬᠠᠣᠯᠢ ᠲᠣᠭᠳᠠᠭᠠᠯ᠂ ᠲᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠢ ᠴᠢᠩᠭᠠᠳᠬᠠᠨ᠂ ᠵᠠᠰᠠᠪᠦᠷᠢ ᠣᠷᠣᠭᠤᠯᠬᠤ ᠪᠠ ᠬᠦᠴᠦᠨ ᠦᠭᠡᠢ ᠪᠤᠯᠭᠠᠬᠤ ᠰᠠᠨᠠᠯ ᠰᠠᠨᠠᠭᠤᠯᠭ᠎ᠠ ᠶᠢ ᠲᠣᠷᠠᠳᠣᠨ᠎ᠠ᠃ ᠮᠡᠷᠭᠡᠵᠢᠯ ᠤᠨ ᠪᠠᠷᠢᠮᠵᠢᠶ᠎ᠠ᠂ ᠢᠳᠡᠭᠡᠮᠵᠢ ᠶᠢᠨ ᠮᠡᠳᠡᠭᠡ ᠵᠠᠩᠭᠢ ᠪᠠ ᠢᠳᠡᠭᠡᠮᠵᠢ ᠶᠢᠨ ᠮᠡᠳᠡᠭᠦᠯᠦᠯᠳᠡ᠂ ᠲᠠᠩᠰᠠᠯᠠᠬᠤ ᠮᠡᠳᠡᠭᠦᠯᠦᠯᠳᠡ ᠵᠡᠷᠭᠡ ᠵᠠᠰᠠᠭ ᠤᠨ ᠣᠷᠳᠣᠨ ᠤ ᠬᠠᠮᠢᠶᠠᠷᠣᠯᠳᠠ ᠶᠢᠨ ᠠᠷᠭ᠎ᠠ ᠮᠠᠶ᠋ᠢᠭ ᠤᠨ ᠬᠡᠷᠡᠭᠯᠡᠭᠡᠨ ᠳᠤ ᠲᠣᠬᠢᠷᠠᠬᠤ ᠲᠦᠷᠢᠮ ᠢ ᠰᠣᠳᠣᠯᠣᠨ᠎ᠠ᠃ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠵᠢᠷᠣᠮᠵᠢᠭᠰᠠᠨ ᠪᠢᠴᠢᠭ ᠮᠠᠲ᠋ᠧᠷᠢᠶᠠᠯ ᠤᠨ ᠬᠠᠣᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠣᠭᠳᠠᠴᠠ ᠶᠢ ᠲᠡᠭᠦᠯᠳᠡᠷᠵᠢᠭᠦᠯᠵᠤ᠂ ᠣᠷᠣᠨ ᠨᠣᠳᠤᠭ ᠤᠨ ᠬᠠᠣᠯᠢ ᠲᠣᠭᠳᠠᠭᠠᠯ᠂ ᠲᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠤᠨ ᠲᠠᠩᠰᠠᠯᠠᠵᠦ ᠬᠢᠨᠠᠨ ᠪᠠᠶᠢᠴᠠᠭᠠᠬᠤ ᠲᠦᠷᠢᠮ ᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠲᠠᠬᠢᠨ ᠵᠦᠪᠯᠡᠬᠦ ᠬᠡᠷᠡᠭ ᠤᠨ ᠰᠢᠭᠦᠨ ᠰᠢᠢᠳᠪᠦᠷᠢᠯᠡᠬᠦ ᠲᠣᠭᠳᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠬᠦᠯᠢᠶᠡᠨ ᠠᠪᠬᠤ ᠬᠡᠪᠴᠢᠶ᠎ᠡ ᠶᠢ ᠦᠷᠭᠡᠳᠭᠡᠬᠦ ᠶᠢ ᠠᠬᠢᠭᠤᠯᠤᠨ᠎ᠠ ︵ᠦᠪᠡᠷᠳᠡᠭᠡᠨ ᠵᠠᠰᠠᠬᠤ ᠣᠷᠣᠨ ᠤ ᠬᠠᠣᠯᠢ ᠲᠦᠷᠢᠮ ᠤᠨ ᠠᠯᠪᠠᠨ ᠭᠡᠷ᠂ ᠡᠯ᠎ᠡ ᠬᠤᠯᠪᠣᠭᠳᠠᠯ ᠪᠦᠬᠦᠢ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      2. ᠬᠠᠣᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠭᠦᠯᠦᠨ᠎ᠡ᠃ ᠢᠳᠡᠭᠡᠨ ᠪᠠ ᠡᠮ ᠤᠨ ᠵᠦᠢᠯᠡᠰ᠂ ᠠᠮᠢ ᠠᠬᠤᠢ ᠶᠢᠨ ᠣᠷᠴᠢᠨ ᠲᠤᠭᠤᠷᠢᠨ᠂ ᠠᠶᠣᠯ ᠦᠭᠡᠢ ᠦᠢᠯᠡᠳᠪᠦᠷᠢᠯᠡᠯ᠂ ᠬᠦᠳᠡᠯᠮᠦᠷᠢ ᠶᠢᠨ ᠪᠠᠳᠣᠯᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠣᠳᠣ ᠶᠢᠨ ᠬᠡᠷᠡᠭᠵᠢᠭᠦᠯᠵᠤ ᠪᠠᠶᠢᠭ᠎ᠠ ᠣᠷᠣᠨ ᠨᠣᠳᠤᠭ ᠤᠨ ᠬᠠᠣᠯᠢ ᠲᠣᠭᠳᠠᠭᠠᠯ ᠳᠠᠬᠢ ᠵᠣᠭᠤᠰ ᠢᠶᠠᠷ ᠲᠣᠷᠭᠠᠬᠤ ᠵᠡᠷᠭᠡ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢᠨ ᠲᠣᠭᠳᠠᠭᠠᠯ ᠢ ᠴᠡᠭᠴᠡᠯᠡᠨ ᠲᠤᠬᠢᠷᠠᠭᠤᠯᠵᠣ᠂ ᠡᠳᠦᠷ ᠢᠶᠠᠷ ᠪᠣᠳᠣᠵᠣ ᠲᠣᠷᠭᠠᠬᠤ ᠵᠡᠷᠭᠡ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢᠨ ᠬᠡᠯᠪᠡᠷᠢ ᠶᠢ ᠰᠦᠪᠡᠭᠴᠢᠯᠡᠨ᠎ᠡ᠃ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠣᠷᠣᠨ ᠨᠣᠳᠤᠭ ᠤᠨ ᠬᠠᠣᠯᠢ ᠲᠣᠭᠳᠠᠭᠠᠯ ᠳᠠᠬᠢ ᠵᠠᠯᠬᠠᠭᠠᠯ ᠤᠨ ᠴᠢᠨᠠᠷᠲᠠᠢ ᠲᠦᠯᠦᠪᠦᠷᠢ ᠶᠢᠨ ᠬᠡᠷᠡᠭᠯᠡᠬᠦ ᠬᠡᠪᠴᠢᠶ᠎ᠡ ᠶᠢ ᠦᠷᠭᠡᠳᠭᠡᠨ᠂ ᠲᠦᠯᠦᠪᠦᠷᠢ ᠶᠢᠨ ᠲᠠᠬᠢᠨ ᠲᠤᠭ᠎ᠠ ᠶᠢ ᠬᠠᠣᠯᠢ ᠶᠣᠰᠣᠭᠠᠷ ᠶᠡᠭᠡ ᠬᠡᠮᠵᠢᠶ᠎ᠡ ᠪᠠᠷ ᠲᠡᠭᠡᠭᠰᠢᠯᠡᠭᠦᠯᠦᠨ᠎ᠡ᠃ ᠲᠣᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠳᠠ ᠶᠢᠨ ᠬᠤᠯᠪᠣᠯᠳᠤᠭᠰᠠᠨ ᠬᠠᠷᠢᠭᠤᠴᠠᠯᠭ᠎ᠠ ᠶᠢ ᠴᠢᠩᠭᠠᠷᠠᠭᠤᠯᠣᠨ᠎ᠠ᠃ ᠵᠠᠰᠠᠭ ᠵᠠᠬᠢᠷᠭᠠᠨ ᠤ ᠨᠦᠬᠦᠪᠦᠷᠢ ᠪᠠ ᠲᠦᠯᠦᠪᠦᠷᠢ ᠦᠭᠬᠦ ᠲᠦᠷᠢᠮ ᠢ ᠪᠦᠷᠢᠨᠰᠢᠭᠦᠯᠦᠨ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠠᠯᠠᠭ᠎ᠠ ᠮᠦᠴᠢᠷ ᠵᠢᠴᠢ ᠲᠡᠳᠡᠨ ᠤ ᠠᠵᠢᠯᠳᠠᠨ ᠡᠷᠬᠡ ᠲᠣᠰᠢᠶᠠᠯ ᠢᠶᠠᠨ ᠬᠡᠷᠡᠭᠵᠢᠭᠦᠯᠵᠤ ᠪᠠᠶᠢᠭᠠᠳ ᠨᠢᠭᠤᠷᠳᠠᠭᠴᠢ ᠬᠠᠷᠢᠴᠠᠩᠭᠤᠢ ᠬᠦᠮᠦᠨ ᠤ ᠬᠠᠣᠯᠢ ᠶᠣᠰᠣᠨ ᠤ ᠡᠷᠭᠡ ᠠᠰᠢᠭ ᠢ ᠬᠤᠬᠢᠷᠠᠭᠤᠯᠬᠤ ᠶᠠᠪᠤᠳᠠᠯ ᠭᠠᠷᠬᠤ ᠦᠶᠡᠰ ᠡᠷᠬᠡᠪᠰᠢ ᠨᠦᠬᠦᠪᠦᠷᠢ ᠪᠠ ᠲᠦᠯᠪᠦᠷᠢ ᠦᠭᠬᠦ ᠬᠠᠷᠢᠭᠤᠴᠠᠯᠭ᠎ᠠ ᠶᠢ ᠭᠦᠢᠴᠡᠳᠭᠡᠨ᠎ᠡ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠤᠷᠤᠨ ᠤ ᠬᠠᠣᠯᠢ ᠲᠦᠷᠢᠮ ᠤᠨ ᠠᠯᠪᠠᠨ ᠭᠡᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃      ︵ᠬᠤᠶᠠᠷ︶ ᠬᠠᠣᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠨ᠎ᠠ᠃      1. ᠬᠠᠣᠯᠢ ᠬᠡᠷᠡᠭᠵᠢᠭᠦᠯᠬᠦ ᠠᠵᠢᠯᠳᠠᠨ ᠤ ᠶᠡᠷᠦᠩᠬᠡᠶᠢᠯᠡᠭᠰᠡᠨ ᠬᠡᠪ ᠴᠢᠨᠠᠷ ᠪᠠ ᠴᠢᠳᠠᠪᠦᠷᠢ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠠᠰᠠᠷᠠᠨ ᠲᠡᠵᠢᠭᠡᠵᠣ ᠪᠠᠶᠢᠭ᠎ᠠ ᠬᠦᠮᠦᠨ ᠤ ᠶᠡᠷᠦᠩᠬᠡᠢ ᠲᠤᠭ᠎ᠠ ᠶᠢ ᠨᠡᠮᠡᠭᠳᠡᠭᠦᠯᠬᠦ ᠦᠭᠡᠢ ᠪᠠᠶᠢᠬᠤ ᠣᠷᠢᠳᠠᠯ ᠲᠤᠤᠷ᠎ᠠ᠂ ᠦᠯᠡᠳᠡᠬᠡᠯ ᠢᠶᠠᠨ ᠬᠦᠢᠯᠬᠡᠬᠡᠨ ᠠᠮᠢᠳᠣᠯᠢᠭ ᠪᠤᠯᠭᠠᠵᠤ᠂ ᠪᠦᠳᠦᠴᠡ ᠪᠠᠨ ᠰᠢᠯᠢᠳᠡᠭᠵᠢᠭᠦᠯᠵᠤ᠂ ᠣᠯᠭᠤᠮᠵᠢ ᠪᠠ ᠰᠣᠩᠭᠤᠨ ᠬᠡᠷᠡᠭᠯᠡᠬᠦ ᠵᠡᠷᠭᠡ ᠣᠷᠮᠠᠰᠢᠭᠤᠯᠣᠯ ᠪᠠᠳᠣᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠬᠠᠣᠯᠢ ᠬᠡᠷᠡᠭᠵᠢᠭᠦᠯᠬᠦ ᠬᠦᠴᠦᠨ ᠢ ᠦᠨᠳᠦᠰᠦᠨ ᠱᠠᠳᠦ ᠪᠠ ᠨᠢᠭᠡᠳᠦᠭᠡᠷ ᠹᠷᠣᠨᠲ ᠵᠦᠭ ᠬᠡᠯᠪᠠᠶᠢᠯᠭᠡᠬᠦ ᠶᠢ ᠠᠬᠢᠭᠤᠯᠤᠨ᠎ᠠ᠃ ᠬᠠᠣᠯᠢ ᠬᠡᠷᠡᠭᠵᠢᠭᠦᠯᠬᠦ ᠠᠵᠢᠯᠳᠠᠨ ᠤ ᠲᠣᠰᠬᠠᠢ ᠮᠡᠷᠭᠡᠵᠢᠯ ᠤᠨ ᠪᠤᠯᠪᠠᠰᠣᠷᠠᠭᠤᠯᠣᠯ ᠪᠠ ᠲᠣᠬᠠᠶᠢᠯᠠᠭᠰᠠᠨ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠵᠣ᠂ ᠴᠢᠬᠤᠯᠠ ᠪᠦᠬᠦᠢ ᠬᠠᠣᠯᠢ ᠬᠡᠷᠡᠭᠵᠢᠭᠦᠯᠬᠦ ᠲᠤᠨᠤᠭ ᠲᠦᠭᠦᠭᠡᠷᠦᠮᠵᠢ ᠶᠢ ᠲᠣᠬᠢᠷᠠᠭᠤᠯᠵᠣ᠂ ᠬᠠᠣᠯᠢ ᠬᠡᠷᠡᠭᠵᠢᠭᠦᠯᠬᠦ ᠠᠵᠢᠯᠳᠠᠨ ᠤ ᠶᠡᠷᠦᠩᠬᠡᠶᠢᠯᠡᠭᠰᠡᠨ ᠬᠡᠪ ᠴᠢᠨᠠᠷ ᠪᠠ ᠴᠢᠳᠠᠪᠦᠷᠢ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠲᠢᠩᠬᠢᠮ᠂ ᠣᠷᠣᠨ ᠲᠤᠭ᠎ᠠ ᠶᠢᠨ ᠠᠯᠪᠠᠨ ᠭᠡᠷ᠂ ᠬᠠᠣᠯᠢ ᠲᠦᠷᠢᠮ ᠤᠨ ᠠᠯᠪᠠᠨ ᠭᠡᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶᠃      2. ᠵᠠᠷᠣᠳᠠᠯ ᠤᠨ ᠪᠠᠳᠣᠯᠠᠭ᠎ᠠ ᠶᠢᠨ ᠲᠦᠷᠢᠮ ᠢ ᠲᠡᠭᠦᠯᠳᠡᠷᠵᠢᠬᠦᠯᠦᠨ᠎ᠡ᠃ ᠡᠳ᠋ ᠤᠨ ᠵᠠᠰᠠᠭ ᠠᠴᠠ ᠬᠠᠣᠯᠢ ᠬᠡᠷᠡᠭᠵᠢᠭᠦᠯᠬᠦ ᠵᠠᠷᠣᠳᠠᠯ ᠢ ᠪᠠᠳᠣᠯᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠠᠵᠢᠯ ᠤᠨ ᠵᠠᠷᠣᠳᠠᠯ ᠪᠠ ᠴᠢᠳᠠᠪᠦᠷᠢ ᠶᠢᠨ ᠪᠠᠶᠢᠭᠤᠯᠤᠯᠳᠠ ᠶᠢᠨ ᠵᠠᠷᠣᠳᠠᠯ ᠢ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠵᠦ ᠪᠠᠳᠣᠯᠠᠨ᠎ᠠ᠃ ᠭᠠᠶᠢᠯᠢ ᠲᠠᠳᠠᠪᠣᠷᠢ ᠶᠢᠨ ᠪᠣᠰᠣ ᠣᠷᠣᠯᠭ᠎ᠠ ᠬᠤᠷᠢᠶᠠᠬᠤ ᠪᠠ ᠲᠣᠰᠢᠶᠠᠬᠤ ᠦᠭᠡᠷᠡᠴᠢᠯᠡᠯᠳᠡ ᠶᠢᠨ ᠠᠵᠢᠯ ᠢ ᠠᠬᠢᠭᠤᠯᠵᠤ᠂ ᠬᠤᠷᠢᠶᠠᠬᠤ ︵ᠲᠣᠷᠭᠠᠬᠤ︶ ᠲᠣᠰᠢᠶᠠᠬᠤ ᠶᠢ ᠰᠠᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ᠂ ᠲᠣᠷᠭᠠᠵᠦ ᠬᠤᠷᠢᠶᠠᠭᠰᠠᠨ ᠣᠷᠣᠯᠭ᠎ᠠ ᠳᠤ ︽ᠨᠢᠭᠡᠴᠡ ᠪᠠᠷᠢᠮᠳᠠ ᠭᠠᠷᠭᠠᠬᠤ᠂ ᠪᠠᠩᠭᠢ ᠣᠷᠣᠯᠠᠨ ᠬᠤᠷᠢᠶᠠᠬᠤ᠂ ᠡᠳ᠋ ᠤᠨ ᠵᠠᠰᠠᠭ ᠨᠢᠭᠡᠳᠦᠯᠲᠠᠢ ᠬᠠᠮᠢᠶᠠᠷᠬᠤ︾ ᠲᠠᠳᠠᠪᠤᠷᠢᠯᠠᠵᠦ ᠬᠠᠮᠢᠶᠠᠷᠬᠤ ᠲᠦᠷᠢᠮ ᠢ ᠬᠡᠷᠡᠭᠵᠢᠭᠦᠯᠵᠤ᠂ ᠪᠡᠯᠡ ᠮᠦᠩᠬᠦ ᠶᠢ ᠴᠠᠭ ᠲᠣᠬᠠᠢ ᠳᠤᠨᠢ᠂ ᠲᠤᠭ᠎ᠠ ᠨᠣᠷᠮ᠎ᠠ ᠭᠦᠢᠴᠡᠳ ᠢᠶᠠᠷ ᠡᠳ᠋ ᠤᠨ ᠵᠠᠰᠠᠭ ᠲᠤ ᠲᠣᠰᠢᠶᠠᠬᠤ ᠶᠢ ᠪᠠᠳᠣᠯᠠᠨ᠂ ᠶᠡᠷᠦᠩᠬᠡᠢ ᠲᠦᠰᠦᠪ ᠤᠨ ᠬᠠᠮᠢᠶᠠᠷᠣᠯᠳᠠ ᠳᠤ ᠣᠷᠣᠭᠤᠯᠣᠨ᠎ᠠ︔ ᠬᠤᠷᠢᠶᠡᠵᠦ ᠲᠣᠷᠭᠠᠬᠤ ᠳᠤ ᠬᠡᠷᠡᠭᠯᠡᠬᠦ ᠡᠳ᠋ ᠤᠨ ᠵᠠᠰᠠᠭ ᠤᠨ ᠫᠢᠶᠣᠣ ᠪᠠᠷᠢᠮᠳᠠ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ︽ᠣᠷᠣᠯᠭ᠎ᠠ ᠵᠠᠷᠣᠯᠭ᠎ᠠ ᠶᠢ ᠠᠰ ᠲᠤᠨᠢ ᠪᠤᠳᠤᠬᠤ︾ ᠲᠦᠷᠢᠮ ᠢ ᠴᠢᠩᠭ᠎ᠠ ᠬᠡᠷᠡᠭᠵᠢᠭᠦᠯᠵᠤ᠂ ᠵᠣᠭᠤᠰ ᠲᠣᠷᠭᠠᠬᠤ ᠡᠭᠦᠷᠭᠡ ᠪᠠᠭᠤᠯᠭᠠᠬᠤ ᠶᠢ ᠴᠢᠩᠭ᠎ᠠ ᠴᠠᠭᠠᠵᠠᠯᠠᠵᠦ᠂ ᠲᠣᠷᠭᠠᠵᠦ ᠬᠤᠷᠢᠶᠠᠭᠰᠠᠨ ᠣᠷᠣᠯᠭ᠎ᠠ ᠠᠴᠠ ᠰᠦᠢᠳᠭᠡᠯ ᠬᠤᠷᠢᠶᠠᠬᠤ ᠳᠠᠭᠠᠨ ᠬᠠᠷᠢᠴᠠᠯ ᠶᠣᠰᠣᠭᠠᠷ ᠪᠣᠴᠠᠭᠠᠨ ᠦᠭᠬᠦ ᠵᠡᠷᠭᠡ ᠰᠠᠯᠠᠭ᠎ᠠ ᠮᠦᠴᠢᠷ ᠤᠨ ᠠᠰᠢᠭ ᠲᠣᠰᠠ ᠯᠤᠭ᠎ᠠ ᠬᠤᠯᠪᠣᠬᠤ ᠪᠣᠶᠣ ᠬᠡᠯᠪᠡᠷᠢ ᠶᠢ ᠨᠢ ᠦᠭᠡᠷᠡᠴᠢᠯᠡᠨ ᠬᠤᠯᠪᠣᠬᠤ ᠶᠢ ᠴᠢᠩᠭ᠎ᠠ ᠴᠠᠭᠠᠵᠠᠯᠠᠨ᠎ᠠ ︵ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ ᠲᠦᠷᠦᠭᠦᠯᠡᠨ ᠬᠠᠷᠢᠭᠤᠴᠠᠨ᠎ᠠ︶᠃      ᠶᠢᠰᠦ᠂ ᠵᠣᠬᠢᠶᠠᠨ ᠪᠠᠶᠢᠭᠤᠯᠤᠯᠳᠠ ᠶᠢᠨ ᠣᠳᠣᠷᠢᠳᠣᠯᠭ᠎ᠠ ᠶᠢ ᠴᠢᠩᠭᠠᠳᠬᠠᠨ᠎ᠠ      ᠵᠠᠬ᠎ᠠ ᠲᠡᠯᠭᠡᠭᠦᠷ ᠤᠨ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠬᠤ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠬᠦ ᠪᠤᠯ ᠨᠢᠭᠡᠨ  ᠰᠢᠰᠲ᠋ᠧᠮᠲᠦ  ᠢᠨᠵᠧᠨᠧᠷᠢᠩ ᠮᠦᠨ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠦᠵᠡᠯ ᠰᠠᠨᠠᠭ᠎ᠠ ᠪᠠᠨ ᠨᠢᠭᠡᠳᠭᠡᠨ᠂ ᠨᠠᠶᠢᠳᠠᠪᠦᠷᠢᠵᠢᠭᠤᠯᠤᠯᠳᠠ ᠶᠢ ᠴᠢᠩᠭ᠎ᠠ ᠠᠳᠬᠤᠵᠣ᠂ ᠪᠣᠳᠠᠳᠦ ᠦᠷ᠎ᠡ ᠪᠦᠳᠦᠮᠵᠢ ᠣᠯᠬᠤ ᠪᠠᠷ ᠴᠢᠷᠮᠠᠶᠢᠨ᠎ᠠ᠃      ︵ᠨᠢᠭᠡ︶ ᠣᠳᠣᠷᠢᠳᠣᠯᠭ᠎ᠠ ᠶᠢ ᠴᠢᠩᠭᠠᠳᠬᠠᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠨ᠎ᠠ᠃      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠣ᠂ ᠲᠣᠰ ᠰᠠᠨᠠᠯ ᠳᠤ ᠲᠣᠷᠠᠳᠣᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠬᠤ ᠬᠡᠷᠡᠭᠲᠠᠢ᠃ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠨᠢ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠣᠳᠣᠷᠢᠳᠣᠯᠭ᠎ᠠ ᠪᠠ ᠵᠣᠬᠢᠴᠠᠭᠤᠯᠬᠤ ᠲᠣᠭᠳᠠᠴᠠ ᠶᠢ ᠪᠠᠶᠢᠭᠤᠯᠣᠨ ᠪᠦᠷᠢᠨᠰᠢᠬᠦᠯᠵᠦ᠂ ᠨᠢᠭᠡᠳᠦᠯᠲᠠᠢ ᠲᠦᠯᠦᠪᠯᠡᠨ ᠵᠣᠬᠢᠴᠠᠭᠤᠯᠵᠦ᠂ ᠰᠢᠮᠳᠠᠭᠤᠯᠣᠨ ᠨᠠᠶᠢᠳᠠᠪᠦᠷᠢᠵᠢᠭᠤᠯᠬᠤ ᠶᠢ ᠴᠢᠩᠭᠠᠳᠬᠠᠵᠣ᠂ ᠰᠠᠯᠠᠭ᠎ᠠ ᠮᠦᠴᠢᠷ ᠤᠨ ᠠᠵᠢᠯ ᠤᠨ ᠬᠤᠪᠢᠶᠠᠷᠢᠯᠠᠯ ᠤᠨ ᠡᠭᠦᠷᠭᠡ ᠪᠠᠨ ᠲᠣᠳᠣᠷᠬᠠᠢ ᠪᠣᠯᠭᠠᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠪᠡᠶ᠎ᠡ ᠶᠢᠨ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ᠂ ᠬᠢᠨᠠᠯᠲᠠ ᠬᠠᠮᠢᠶᠠᠷᠣᠯᠳᠠ ᠶᠢᠨ ᠠᠷᠭ᠎ᠠ ᠬᠡᠮᠵᠢᠶ᠎ᠡ ᠶᠢ ᠨᠠᠷᠢᠯᠢᠬ ᠪᠣᠳᠠᠲᠠᠢ ᠪᠣᠯᠭᠠᠵᠦ᠂ ᠬᠢᠨᠠᠯᠲᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠪᠠ ᠴᠢᠩᠭᠠᠷᠠᠭᠤᠯᠣᠨ᠎ᠠ᠃ ᠰᠣᠨᠢᠨ ᠮᠡᠳᠡᠭᠡ ᠶᠢᠨ ᠣᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠣᠳᠣᠷᠢᠳᠣᠮᠵᠢ ᠶᠢ ᠴᠢᠩᠭᠠᠳᠬᠠᠵᠦ᠂ ᠵᠠᠬ᠎ᠠ ᠲᠡᠯᠭᠡᠭᠦᠷ ᠤᠨ ᠠᠵᠢᠯᠯᠠᠭᠠᠨ ᠤ ᠲᠣᠭᠳᠠᠭᠤᠨ ᠪᠦᠬᠡᠳ ᠡᠮᠬᠢ ᠵᠢᠷᠦᠮ ᠲᠠᠢ ᠪᠠᠶᠢᠬᠤ ᠶᠢ ᠪᠠᠳᠣᠯᠠᠨ᠎ᠠ᠃      ︵ᠬᠤᠶᠠᠷ︶ ᠪᠣᠳᠠᠲᠠᠢ ᠲᠠᠢ ᠪᠠᠨ ᠣᠶᠠᠯᠳᠣᠭᠤᠯᠣᠨ᠂ ᠭᠤᠣᠯᠳᠠᠯᠭ᠎ᠠ ᠪᠠᠨ ᠲᠣᠪᠤᠶᠢᠯᠭᠠᠨ᠎ᠠ᠃      ᠠᠷᠠᠳ ᠣᠯᠠᠨ ᠤ ᠲᠣᠰᠬᠠᠯ ᠴᠢᠩᠭ᠎ᠠ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠳᠤ ᠬᠤᠯᠪᠣᠭᠳᠠᠬᠤ᠂ ᠠᠵᠣ ᠠᠬᠤᠢ ᠨᠡᠶᠢᠭᠡᠮ ᠤᠨ ᠬᠦᠭᠵᠢᠯᠳᠡ ᠳᠤ ᠲᠣᠮᠣ ᠬᠤᠬᠢᠷᠠᠯ ᠣᠴᠠᠷᠠᠭᠤᠯᠵᠦ ᠮᠡᠳᠡᠬᠦ ᠠᠰᠠᠭᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ ᠪᠠ ᠭᠤᠣᠯᠳᠠᠯᠭ᠎ᠠ ᠲᠠᠢ ᠦᠢᠯᠡᠳᠬᠦᠨ ᠤ ᠬᠢᠨᠠᠯᠲᠠ ᠬᠠᠮᠢᠶᠠᠷᠣᠯᠳᠠ ᠶᠢ ᠬᠦᠴᠦᠯᠡᠨ ᠴᠢᠩᠭᠠᠳᠬᠠᠵᠣ᠂ ᠢᠳᠡᠭᠡᠨ ᠪᠠ ᠡᠮ ᠤᠨ ᠵᠦᠢᠯᠡᠰ᠂ ᠠᠮᠢ ᠠᠬᠤᠢ ᠶᠢᠨ ᠣᠷᠴᠢᠨ ᠲᠣᠭᠤᠷᠢᠨ᠂ ᠠᠶᠣᠯ ᠦᠭᠡᠢ ᠦᠢᠯᠡᠳᠪᠦᠷᠢᠯᠡᠯ᠂ ᠮᠦᠩᠭᠦᠨ ᠭᠦᠢᠯᠭᠡᠭᠡᠨ ᠤ ᠦᠢᠯᠡᠴᠢᠯᠡᠭᠡ᠂ ᠲᠣᠣᠷ ᠰᠦᠯᠵᠢᠶ᠎ᠡ ᠶᠢᠨ ᠮᠡᠳᠡᠭᠡ ᠵᠠᠩᠭᠢ᠂ ᠡᠯᠧᠺᠲᠷᠣᠨ ᠬᠤᠳᠠᠯᠳᠣᠭᠠᠨ ᠤ ᠶᠠᠪᠣᠳᠠᠯ᠂ ᠭᠡᠷ ᠪᠠᠶᠢᠰᠢᠩ ᠭᠠᠵᠠᠷ ᠤᠨ ᠬᠦᠷᠦᠩᠭᠡ ᠵᠡᠷᠭᠡ ᠬᠦᠷᠢᠶ᠎ᠡ ᠴᠠᠷᠠᠭ᠎ᠠ ᠶᠢᠨ ᠵᠠᠬ᠎ᠠ ᠲᠡᠯᠭᠡᠭᠦᠷ ᠤᠨ ᠡᠮᠬᠢ ᠵᠢᠷᠦᠮ ᠢ ᠰᠠᠮᠠᠭᠤᠷᠠᠭᠤᠯᠬᠤ᠂ ᠬᠡᠷᠡᠭᠯᠡᠭᠴᠢᠳ ᠤᠨ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠠᠢ᠃      ︵ᠭᠤᠷᠪᠠ︶ ᠰᠢᠮᠳᠠᠭᠤᠯᠣᠨ ᠪᠠᠶᠢᠴᠠᠭᠠᠬᠤ ᠶᠢ ᠴᠢᠩᠭᠠᠳᠬᠠᠵᠣ᠂ ᠪᠣᠳᠠᠳᠦ ᠦᠷ᠎ᠡ ᠪᠦᠳᠦᠮᠵᠢ ᠣᠯᠬᠤ ᠶᠢ ᠡᠷᠬᠢᠮᠯᠡᠨ᠎ᠡ᠃      ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠪᠠ ᠡᠯ᠎ᠡ ᠲᠦᠷᠦᠭᠦᠯᠡᠨ ᠭᠦᠢᠴᠡᠳᠭᠡᠬᠦ ᠨᠢᠭᠡᠴᠡ ᠨᠦᠭᠦᠳ ᠲᠣᠰ ᠰᠠᠨᠠᠯ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯᠳᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠲᠦᠰᠦᠯ ᠪᠠ ᠰᠢᠯᠭᠠᠨ ᠪᠠᠶᠢᠴᠠᠭᠠᠵᠦ ᠪᠣᠯᠬᠤ ᠦᠷ᠎ᠡ ᠪᠦᠳᠦᠮᠵᠢ ᠶᠢᠨ ᠬᠡᠯᠪᠡᠷᠢ ᠶᠢ ᠱᠠᠯᠠᠪᠳᠠᠨ ᠰᠣᠳᠣᠯᠣᠨ ᠲᠣᠷᠠᠳᠴᠦ᠂ ᠡᠭᠦᠷᠭᠡ ᠶᠢ ᠨᠠᠶᠢᠳᠠᠪᠣᠷᠢᠵᠢᠭᠤᠯᠬᠤ ᠴᠠᠭ ᠤᠨ ᠬᠦᠰᠦᠨᠦᠭ᠂ ᠠᠵᠢᠯ ᠤᠨ ᠱᠣᠭᠤᠮ ᠢ ᠪᠣᠳᠠᠶᠢᠵᠢᠭᠤᠯᠵᠦ ᠨᠠᠷᠢᠯᠢᠬᠵᠢᠭᠤᠯᠣᠨ᠎ᠠ᠃ ᠦᠪᠡᠷᠳᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠲᠣᠰ ᠰᠠᠨᠠᠯ ᠤᠨ ᠬᠤᠯᠪᠣᠭᠳᠠᠯ ᠪᠦᠬᠦᠢ ᠠᠵᠢᠯ ᠢ ᠲᠤᠤᠱᠯᠠᠭᠤᠯᠤᠨ ᠨᠠᠶᠢᠳᠠᠪᠣᠷᠢᠵᠢᠭᠤᠯᠬᠤ ᠶᠢ ᠰᠢᠮᠳᠠᠭᠤᠯᠣᠨ ᠪᠠᠶᠢᠴᠠᠭᠠᠵᠦ᠂ ᠡᠯ᠎ᠡ ᠵᠦᠢᠯ ᠤᠨ ᠡᠭᠦᠷᠭᠡ ᠪᠠ ᠠᠷᠭ᠎ᠠ ᠬᠡᠮᠵᠢᠶ᠎ᠡ ᠶᠢ ᠪᠣᠳᠠᠳᠠᠢ ᠨᠠᠶᠢᠳᠠᠪᠦᠷᠢᠵᠢᠭᠤᠯᠬᠤ ᠶᠢ ᠦᠨᠡᠨᠬᠦ ᠪᠠᠳᠣᠯᠠᠬᠤ ᠬᠡᠷᠡᠭᠲᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map