ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠣᠷᠴᠢᠮᠬᠠᠨ ︽ ︿ᠠᠳᠠᠯ ᠦᠢᠯᠡᠰ ᠴᠣᠭᠴᠠᠯᠠᠬᠤ ᠥᠪᠥᠷ ᠮᠣᠩᠭᠤᠯ﹀ ᠠᠵᠢᠯᠯᠠᠭᠠᠨ ᠤ ᠲᠥᠯᠥᠪᠯᠡᠭᠡ ︵ | 2016 ᠣᠨ - 2020 ᠣᠨ︶ ᠶᠢ ᠳᠠᠷᠤᠮᠠᠯᠯᠠᠨ ᠲᠠᠷᠬᠠᠭᠠᠬᠤ ᠲᠣᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵︽ᠲᠥᠯᠥᠪᠯᠡᠭᠡ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠤᠯᠠᠮ ᠴᠢᠨᠠᠭᠰᠢᠳᠠ ᠲᠦᠯᠬᠢᠨ ᠠᠬᠢᠭᠤᠯᠵᠤ᠂ ᠦᠢ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠰᠠᠶᠢᠨ ᠰᠠᠶᠢᠬᠠᠨ | ᠪᠠᠶᠢᠳᠠᠯ ᠢ ᠲᠥᠷᠭᠡᠨ ᠪᠤᠢ ᠪᠣᠯᠭᠠᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠨ᠂ | ᠠᠵᠢᠯ ᠣᠯᠭᠤᠯᠲᠠ ᠶᠢᠨ ᠣᠷᠣᠨ ᠵᠠᠶ ᠶᠢ ᠢᠳᠡᠪᠬᠢᠲᠡᠢ ᠪᠠᠷ ᠥᠷᠭᠡᠳᠭᠡᠬᠦ ᠬᠡᠷᠡᠭᠲᠡᠢ ᠭᠡᠵᠦ ᠳᠤᠷᠠᠳᠪᠠ᠃ | ︽ᠲᠥᠯᠥᠪᠯᠡᠭᠡ︾ ᠳᠤ ᠡᠭᠦᠳᠦᠨ ᠴᠣᠭᠴᠠᠯᠠᠭᠴᠢ ᠶᠢᠨ ᠬᠦᠰᠡᠯ ᠢ ᠲᠡᠷᠭᠡᠯᠰᠢᠭᠦᠯᠬᠦ ᠲᠥᠯᠥᠪᠯᠡᠭᠡ ᠂ ᠠᠳᠠᠯ | ᠦᠢᠯᠡᠰ ᠴᠣᠭᠴᠠᠯᠠᠬᠤ ᠳᠤ ᠨᠡᠪᠴᠢᠭᠦᠯᠦᠭᠦᠷ ᠪᠠᠶᠢᠭᠤᠯᠬᠤ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠳᠤ ᠵᠠᠮ | ᠳᠠᠭᠠᠭᠤᠯᠬᠤ ᠲᠥᠯᠥᠪᠯᠡᠭᠡ᠂ ᠪᠡᠯᠡ ᠲᠤᠬᠢᠷᠠᠭᠤᠯᠭ᠎ᠠ ᠶᠢ ᠰᠢᠯᠤᠭᠤᠨ ᠨᠡᠪᠲᠡᠷᠡᠭᠦᠯᠬᠦ ᠲᠥᠯᠥᠪᠯᠡᠭᠡ᠂ ᠵᠠᠯᠠᠭᠤᠴᠤᠳ ᠤᠨ | ᠠᠳᠠᠯ ᠦᠢᠯᠡᠰ ᠴᠣᠭᠴᠠᠯᠠᠬᠤ ᠲᠥᠯᠥᠪᠯᠡᠭᠡ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ ᠤ ᠠᠳᠠᠯ | ᠦᠢᠯᠡᠰ ᠴᠣᠭᠴᠠᠯᠠᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠃ ᠪᠦᠬᠦ ᠣᠷᠣᠨ ᠤ ᠡᠯ᠎ᠡ | ᠱᠠᠲᠤᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠢᠳᠡᠪᠬᠢᠲᠡᠶ | ᠬᠦᠳᠡᠯᠦᠯᠴᠡᠵᠦ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠳᠤ ᠬᠥᠲᠥᠯᠥᠨ ᠳᠠᠭᠠᠭᠤᠯᠬᠤ ᠪᠠ | ᠲᠡᠳᠡᠨ ᠳᠤ ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠳᠤᠷᠠᠳᠪᠠ᠃ | ᠥᠪᠡᠷᠲᠡᠭᠡᠨ ᠵᠠᠰᠠᠬᠤ ᠣᠷᠣᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠯᠢ ᠤᠯᠠᠨ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠨᠡᠶᠢᠲᠡᠯᠡᠵᠡᠢ᠂ ᠤᠩᠰᠢᠭᠴᠢᠳ ᠡᠳᠡᠭᠡᠷ ᠲᠦᠷᠦ ᠶᠢᠨ ᠪᠤᠳᠤᠯᠭ᠎ᠠ ᠶᠢ ᠨᠡᠩ | ᠰᠠᠶᠢᠲᠤᠷ ᠣᠶᠢᠯᠭᠠᠬᠤ ᠳᠤ ᠬᠠᠪᠰᠤᠷᠤᠮᠵᠢ ᠪᠣᠯᠭᠠᠬᠤ ᠶᠢᠨ ᠲᠥᠯᠥᠭᠡ᠂ ᠪᠢᠳ᠋ᠨ 30 ᠴᠢᠬᠤᠯᠠ ᠵᠦᠢᠯ ᠰᠣᠩᠭᠤᠵᠤ᠂ | ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠲᠠᠶᠢᠯᠪᠤᠷᠢᠯᠠᠬᠤ ᠪᠣᠯᠪᠠ᠃ | 1 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ | ᠶᠠᠮᠠᠷ ᠶᠠᠮᠠᠷ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠬᠥᠷᠲᠡᠬᠦ ᠪᠤᠢ︖ | ᠬᠠᠷᠢᠭᠤᠯᠲᠠ᠄ ᠨᠢᠭᠡ ᠳᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠣᠯᠤᠨ ᠳᠠᠮ ᠬᠦᠦ | ᠲᠠᠢ ᠳᠡᠮᠵᠢᠯᠭᠡ ᠣᠯᠭᠤᠨ᠎ᠠ︔ ᠬᠤᠶᠠᠷ ᠲᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠬᠤᠯᠪᠣᠭᠳᠠᠯ | ᠪᠦᠬᠦᠢ ᠰᠦᠢᠳᠬᠡᠯ ᠢ ᠦᠯᠦ ᠬᠤᠷᠢᠶᠠᠨ᠎ᠠ︔ ᠭᠤᠷᠪᠠ ᠳᠤ ᠪᠣᠯᠪᠠᠰᠤᠷᠠᠭᠤᠯᠤᠯ ᠤᠨ ᠨᠥᠬᠦᠪᠥᠷᠢ ᠬᠦᠷᠲᠡᠨ᠎ᠡ︔ | ᠳᠥᠷᠪᠡ ᠳᠤ ᠠᠳᠠᠯ ᠦᠢᠯᠡᠰ ᠪᠤᠰᠬᠠᠬᠤ ᠦᠢᠯᠡᠴᠢᠯᠡᠭᠡ ᠶᠢ ᠰᠦᠢᠳᠬᠡᠯ ᠲᠤᠰᠢᠶᠠᠬᠤ ᠦᠭᠡᠢ ᠪᠠᠷ ᠬᠦᠷᠲᠡᠨ᠎ᠡ᠃ | 2 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠮᠵᠢᠯᠲᠠ ᠲᠠᠢ ᠠᠳᠠᠯ ᠦᠢᠯᠡᠰ ᠴᠣᠭᠴᠠᠯᠠᠭᠴᠢ ᠳᠤ | ᠶᠠᠮᠠᠷ ᠶᠠᠮᠠᠷ ᠤᠷᠮᠠᠰᠢᠭᠤᠯᠤᠯ ᠤᠨ ᠲᠦᠷᠦ ᠶᠢᠨ ᠪᠣᠳᠤᠯᠭ᠎ᠠ ᠪᠠᠶᠢᠬᠤ ᠪᠤᠢ︖ | ᠬᠠᠷᠢᠭᠤᠯᠲᠠ᠄ ᠡᠯ᠎ᠡ ᠱᠠᠲᠤᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠳ ᠠᠳᠠᠯ ᠦᠢᠯᠡᠰ ᠴᠣᠭᠴᠠᠯᠠᠬᠰᠠᠨ ᠨᠡᠶᠢᠲᠡᠯᠢᠭ ᠵᠢᠱᠢᠶ᠎ᠡ ᠨᠦᠭᠦᠳ ᠤᠨ ᠬᠥᠲᠥᠯᠥᠨ ᠳᠠᠭᠠᠭᠤᠯᠵᠤ ᠵᠢᠱᠢᠶ᠎ᠡ | ᠦᠵᠡᠭᠦᠯᠬᠦ ᠦᠢᠯᠡᠳᠦᠯ ᠢ ᠨᠢ ᠪᠠᠳᠠᠷᠠᠭᠤᠯᠬᠤ ᠶᠢᠨ ᠲᠥᠯᠥᠭᠡ᠂ ᠵᠢᠯ ᠪᠦᠷᠢ ᠨᠡᠶᠢᠭᠡᠮ ᠠᠴᠠ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ᠂ ᠤᠢᠰᠦᠠ ᠪᠤᠶᠢᠵᠢᠬᠤ ᠴᠢᠨᠠᠷ ᠢᠶᠠᠷ ᠰᠡᠶᠢᠠ᠂ ᠠᠵᠢᠯ ᠣᠯᠭᠤᠯᠲᠠ ᠪᠠᠷ | ᠤᠯᠠᠨ ᠨᠢᠭᠡ ᠪᠦᠯᠦᠭ ᠠᠳᠠᠯ ᠦᠢᠯᠡᠰ ᠴᠣᠭᠴᠠᠯᠠᠬᠤ ᠲᠦᠷᠦᠯ ᠵᠦᠢᠯ ᠢ ᠰᠤᠩᠭᠤᠵᠤ᠂ ︽ ᠱᠠᠩᠨᠠᠯ ᠢᠶᠠᠷ | ᠨᠥᠬᠦᠪᠦᠷᠢ ᠶᠢ ᠣᠷᠣᠯᠠᠭᠤᠯᠬᠤ︾ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠣᠬᠢᠬᠤ ᠲᠣᠭᠠᠨ ᠤ ᠪᠡᠯᠡ ᠮᠥᠩᠭᠦ ᠶᠢᠨ | ᠳᠡᠮᠵᠢᠯᠭᠡ ᠦᠵᠡᠭᠦᠯᠦᠨ᠎ᠡ᠃ | 3 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠤᠢ︖ | ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠳᠠᠯ ᠦᠢᠯᠡᠰ ᠴᠣᠭᠴᠠᠯᠠᠬᠤ ᠳᠤ ᠬᠠᠮᠤᠭ ᠤᠨ | ᠦᠨᠳᠦᠷ ᠲᠡᠭᠡᠨ 50 ᠲᠦᠮᠡᠨ ᠲᠦᠬᠦᠷᠢᠭ ᠤᠨ ᠭᠠᠭᠴᠠ ᠤᠳᠠᠭᠠᠨ ᠤ ᠳᠠᠭᠠᠭᠠᠯᠲᠠ ᠶᠢᠨ ᠵᠢᠭᠡᠯᠡᠯᠭᠡ ᠣᠯᠵᠤ ᠪᠣᠯᠤᠨ᠎ᠠ᠂ | ᠭᠡᠪᠡᠴᠦ ᠠᠳᠠᠯ ᠦᠢᠯᠡᠰ ᠴᠣᠭᠴᠠᠯᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠦᠬᠦᠨ 50 ᠲᠦᠮᠡᠨ | ᠲᠥᠭᠦᠷᠢᠭ ᠤᠨ ᠠᠳᠠᠯ ᠦᠢᠯᠡᠰ ᠴᠣᠭᠴᠠᠯᠠᠬᠤ ᠭᠠᠭᠴᠠ ᠤᠳᠠᠭᠠᠨ ᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ | ᠪᠣᠯᠬᠤ ᠪᠢᠰᠢ᠂ ᠬᠠᠷᠢᠨ ᠠᠳᠠᠯ ᠦᠢᠯᠡᠰ ᠴᠣᠭᠴᠠᠯᠠᠬᠤ ᠲᠥᠷᠥᠯ ᠵᠦᠢᠯ᠂ ᠠᠵᠢᠯ ᠣᠯᠭᠤᠬᠤ ᠴᠢᠳᠠᠪᠤᠷᠢ᠂ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ᠂ ᠠᠵᠤ ᠠᠬᠤᠶ ᠨᠡᠶᠢᠭᠡᠮ ᠤᠨ ᠳᠠᠯᠳᠠ ᠦᠷ᠎ᠡ ᠠᠰᠢᠭ᠂ ᠵᠠᠬ᠎ᠠ | ᠳᠡᠯᠭᠡᠭᠦᠷ ᠤᠨ ᠬᠦᠭᠵᠢᠯᠲᠡ ᠶᠢᠨ ᠢᠷᠡᠭᠡᠳᠦᠶ ᠵᠡᠷᠭᠡ ᠶᠢ ᠨᠢ ᠦᠨᠳᠦᠰᠦᠯᠡᠨ᠂ ᠵᠢᠭᠡᠯᠡᠯᠭᠡ ᠶᠢᠨ ᠮᠥᠩᠭᠦ ᠶᠢ ᠵᠦᠢ | ᠵᠣᠬᠢᠰᠲᠠᠶ ᠲᠣᠭᠲᠠᠭᠠᠨ᠎ᠠ᠃ | 4 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠵᠢᠯᠲᠠ ᠲᠠᠢ ᠠᠳᠠᠯ ᠦᠢᠯᠡᠰ ᠴᠣᠭᠴᠠᠯᠠᠭᠠᠳ᠂ | ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠬᠡᠭᠰᠡᠨ ᠤ ᠳᠠᠷᠠᠭ᠎ᠠ᠂ ᠪᠠᠭ᠎ᠠ ᠲᠣᠭᠠᠨ ᠤ ᠳᠠᠭᠠᠭᠠᠯᠲᠠ ᠶᠢᠨ ᠵᠢᠭᠡᠯᠡᠯᠭᠡ ᠶᠢ | ᠬᠤᠶᠠᠷ ᠤᠳᠠᠭ᠎ᠠ ᠠᠴᠠ ᠳᠡᠭᠡᠭᠰᠢ ᠭᠤᠶᠤᠴᠢᠯᠠᠬᠤ ᠳᠤ ᠶᠠᠮᠠᠷ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠬᠦᠷᠲᠡᠬᠦ ᠪᠤᠢ︖ | ᠬᠠᠷᠢᠭᠤᠯᠲᠠ᠄ ᠬᠡᠷᠪᠡ ᠳᠠᠬᠢᠨᠲᠠ ᠠᠵᠢᠯ ᠣᠯᠭᠤᠭᠰᠠᠨ ᠬᠥᠮᠦᠨ ᠤ ᠲᠤᠭ᠎ᠠ ᠨᠢ ᠪᠦᠬᠦ ᠠᠵᠢᠯᠲᠠᠨ ᠤ ᠶᠡᠷᠦᠩᠬᠡᠶ | ᠲᠣᠭᠠᠨ ᠤ 30% ᠠᠴᠠ ᠳᠡᠭᠡᠭᠰᠢ ᠳᠤ ᠬᠦᠷᠦᠭᠰᠡᠨ ᠪᠣᠯ᠂ ᠠᠩᠬᠠᠳᠠᠭᠴᠢ ᠵᠢᠭᠡᠯᠡᠯᠭᠡ ᠶᠢᠨ ᠲᠣᠭᠠᠨ ᠤ ᠨᠢᠭᠡ | ᠳᠠᠬᠢᠨ ᠠᠴᠠ ᠳᠡᠭᠡᠭᠰᠢ ᠪᠠᠭ᠎ᠠ ᠲᠣᠭᠠᠨ ᠤ ᠵᠢᠭᠡᠯᠡᠯᠭᠡ ᠶᠢᠨ ᠲᠡᠳᠬᠦᠮᠵᠢ ᠣᠯᠭᠤᠨ᠎ᠠ᠃ | 5 . ᠤᠶᠤᠲᠠᠳ ᠠᠳᠠᠯ ᠦᠢᠯᠡᠰᠴᠣᠭᠴᠠᠯᠠᠬᠤ ᠳᠤ ᠶᠠᠮᠠᠷ ᠶᠠᠮᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ | ᠥᠭᠬᠦ ᠲᠦᠷᠦ ᠶᠢᠨ ᠪᠤᠳᠤᠯᠭ᠎ᠠ ᠶᠢ ᠬᠦᠷᠲᠡᠬᠦ ᠪᠤᠢ︖ | ᠬᠠᠷᠢᠭᠤᠯᠲᠠ᠄ ᠭᠡᠷ ᠪᠦᠯᠢ ᠶᠢᠨ ᠠᠮᠢᠳᠤᠷᠠᠯ ᠨᠢ ᠬᠦᠴᠢᠷᠲᠡᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠬᠤᠪᠢ ᠶᠢᠨ ᠡᠵᠡᠩᠨᠡᠯᠲᠡ ᠬᠢᠬᠦ ᠪᠤᠶᠤ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠦᠭᠡᠳ | ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠴᠠᠭ ᠲᠣᠬᠠᠢ ᠳᠤᠨᠢ ᠭᠦᠢᠴᠡᠳ ᠲᠤᠰᠢᠶᠠᠭᠰᠠᠨ ᠪᠣᠯ᠂ ᠠᠵᠢᠯ | ᠤᠯᠬᠤ ᠳᠤ ᠬᠦᠴᠢᠷᠲᠡᠶ ᠬᠥᠮᠦᠰ ᠤᠨ ᠬᠦᠷᠲᠡᠵᠦ ᠪᠠᠶᠢᠬᠤ ᠨᠠᠰᠤᠵᠢᠯ ᠤᠨ ᠦᠨᠳᠦᠰᠦᠨ ᠳᠠᠭᠠᠳᠬᠠᠯ ᠪᠣᠯᠣᠨ ᠡᠮ | ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠪᠠᠷ ᠯᠠᠪᠯᠠᠯᠲᠠ ᠪᠣᠯᠭᠠᠵᠤ ᠪᠣᠯᠣᠨ᠎ᠠ᠂ | ᠨᠥᠬᠦᠪᠥᠷᠢ ᠥᠭᠬᠦ ᠬᠤᠭᠤᠴᠠᠭ᠎ᠠ ᠶᠢ 3 ᠵᠢᠯ ᠠᠴᠠ ᠬᠡᠲᠦᠷᠡᠭᠦᠯᠬᠦ ᠦᠭᠡᠢ᠃ ᠨᠥᠬᠦᠴᠡᠯ ᠳᠤ ᠨᠡᠶᠢᠴᠡᠬᠦ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠪᠡᠶ᠎ᠡ ᠶᠢᠨ ᠦᠨᠡᠮᠯᠡᠯ᠂ ᠡᠷᠤᠭᠡ ᠠᠮᠠ ᠶᠢᠨ ᠲᠠᠩᠰᠠ ᠶᠢᠨ ᠳᠡᠪᠲᠡᠷ᠂ ᠠᠵᠤ ᠦᠢᠯᠡᠳᠪᠦᠷᠢ | ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠵᠢᠴᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ | ᠭᠡᠷᠡᠴᠢ ᠪᠠᠨ ᠠᠪᠤᠭᠠᠳ᠂ ᠠᠳᠠᠯ ᠦᠢᠯᠡᠰ ᠴᠣᠭᠴᠠᠯᠠᠬᠤ ᠪᠠᠶᠢᠭ᠎ᠠ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠣᠴᠢᠵᠤ ᠭᠤᠶᠤᠴᠢᠯᠠᠯ ᠳᠡᠪᠰᠢᠭᠦᠯᠦᠨ᠎ᠡ᠂ ᠭᠤᠶᠤᠴᠢᠯᠠᠨ | ᠠᠪᠬᠤ ᠴᠤᠪᠤᠷᠠᠯ᠂ ᠨᠥᠬᠦᠪᠥᠷᠢ ᠶᠢᠨ ᠪᠠᠷᠢᠮᠵᠢᠶ᠎ᠠ᠂ ᠪᠡᠯᠡ ᠮᠥᠩᠭᠦ ᠰᠠᠯᠭᠠᠨ ᠥᠭᠬᠦ ᠵᠡᠷᠭᠡ ᠶᠢ ᠪᠣᠯ ᠠᠵᠢᠯ ᠤᠯᠬᠤ ᠳᠤ | ᠬᠦᠴᠢᠷᠲᠡᠶ ᠬᠥᠮᠦᠰ ᠲᠤ ᠠᠮᠢᠳᠤᠯᠢᠭ ᠠᠵᠢᠯ ᠣᠯᠭᠤᠠ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠬᠦᠷᠲᠡᠭᠡᠬᠦ | ᠬᠤᠯᠪᠣᠭᠳᠠᠯ ᠪᠦᠬᠦᠢ ᠲᠣᠭᠲᠠᠭᠠᠯ ᠢᠶᠠᠷ ᠬᠡᠷᠡᠭᠵᠢᠭᠦᠯᠵᠦ᠂ ᠬᠡᠷᠡᠭᠰᠡᠬᠦ ᠪᠡᠯᠡ ᠮᠥᠩᠭᠦ ᠶᠢ ᠠᠵᠢᠯ ᠣᠯᠭᠤᠬᠤ ᠲᠤᠰᠬᠠᠶ | ᠪᠡᠯᠡ ᠮᠥᠩᠭᠦ ᠠᠴᠠ ᠭᠠᠷᠭᠠᠨ᠎ᠠ᠃ | 6 . ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ | ᠦᠢᠯᠡᠰ ᠴᠣᠭᠴᠠᠯᠠᠬᠤ ᠳᠤ ᠠᠳᠠᠯ ᠦᠢᠯᠡᠰ ᠴᠣᠭᠴᠠᠯᠠᠬᠤ ᠨᠥᠬᠦᠪᠥᠷᠢ ᠶᠢ ᠬᠦᠷᠲᠡᠨ᠎ᠡ ᠤᠤ ᠦᠭᠡᠢ ᠦᠦ︖ | ᠬᠠᠷᠢᠭᠤᠯᠲᠠ᠄ ᠲᠡᠭᠦᠰᠦᠭᠡᠳ 5 ᠵᠢᠯ ᠪᠣᠯᠣᠭᠠᠳᠤᠢ ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠳ ︵ | ᠲᠡᠭᠦᠰᠬᠦ ᠵᠢᠯ ᠤᠨ ᠰᠤᠷᠭᠠᠭᠤᠯᠢ ᠳᠤ ᠪᠠᠶᠢᠭ᠎ᠠ ᠣᠶᠣᠲᠠᠨ ᠪᠠᠭᠲᠠᠨ᠎ᠠ︶᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ ᠲᠣᠭᠲᠠᠭᠠᠭᠰᠠᠨ ᠠᠳᠠᠯ ᠦᠢᠯᠡᠰ ᠴᠣᠭᠴᠠᠯᠠᠬᠤ | ᠨᠡᠪᠴᠢᠭᠦᠯᠦᠭᠦᠷ ᠤᠨ ᠰᠠᠭᠤᠷᠢᠨ ᠭᠠᠵᠠᠷ ᠲᠤ ᠠᠮᠵᠢᠯᠲᠠ ᠲᠠᠢ ᠠᠳᠠᠯ ᠦᠢᠯᠡᠰ ᠴᠣᠭᠴᠠᠯᠠᠭᠰᠠᠨ ᠪᠦᠭᠡᠳ1 ᠵᠢᠯ ᠠᠴᠠ | ᠳᠡᠭᠡᠭᠰᠢ ᠲᠣᠭᠲᠠᠪᠤᠷᠢᠲᠠᠢ ᠡᠵᠡᠩᠨᠡᠭᠰᠡᠨ ᠪᠣᠯ᠂ 1 ᠲᠦᠮᠡᠨ ᠲᠥᠭᠦᠷᠢᠭ ᠠᠴᠠ ᠳᠡᠭᠡᠭᠰᠢ ᠠᠳᠠᠯ ᠦᠢᠯᠡᠰ | ᠴᠣᠭᠴᠠᠯᠠᠬᠤ ᠨᠥᠬᠦᠪᠥᠷᠢ ᠣᠯᠭᠤᠨ᠎ᠠ᠂ ᠪᠣᠳᠠᠲᠠᠶ ᠨᠥᠬᠦᠪᠥᠷᠢ ᠣᠯᠭᠤᠬᠤ ᠪᠠᠷᠢᠮᠵᠢᠶ᠎ᠠ ᠶᠢ ᠡᠯ᠎ᠡ ᠠᠶᠢᠮᠠᠭ ᠬᠤᠲᠠ | ᠥᠪᠡᠰᠦᠪᠡᠨ ᠲᠣᠭᠲᠠᠭᠠᠨ᠎ᠠ᠃ ᠠᠳᠠᠯᠢ ᠨᠢᠭᠡ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠵᠥᠪᠬᠡᠨ ᠨᠢᠭᠡ ᠯᠡ | ᠤᠳᠠᠭ᠎ᠠ ᠨᠥᠬᠦᠪᠥᠷᠢ ᠬᠦᠷᠲᠡᠨ᠎ᠡ᠃ ᠭᠡᠬᠦ ᠳᠡᠭᠡᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠪᠠᠶᠢᠬᠤ ᠬᠡᠷᠡᠭᠲᠡᠢ᠃ | 7 . ᠨᠥᠬᠦᠴᠡᠯ ᠳᠤ ᠨᠡᠶᠢᠴᠡᠬᠦ ᠤᠶᠤᠲᠠᠳ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠡᠭᠡᠨ ᠠᠳᠠᠯ | ᠦᠢᠯᠡᠰ ᠴᠣᠭᠴᠠᠯᠠᠬᠤ ᠨᠥᠬᠦᠪᠥᠷᠢ ᠶᠢ ᠬᠡᠷᠬᠢᠨ ᠭᠤᠶᠤᠴᠢᠯᠠᠬᠤ ᠪᠤᠢ︖ | ᠬᠠᠷᠢᠭᠤᠯᠲᠠ᠄ ᠨᠥᠬᠦᠴᠡᠯ ᠳᠤ ᠨᠡᠶᠢᠴᠡᠭᠰᠡᠨ ᠤᠶᠤᠲᠠᠳ ᠠᠳᠠᠯ ᠦᠢᠯᠡᠰ ᠴᠣᠭᠴᠠᠯᠠᠬᠤ ᠲᠥᠷᠥᠯ | ᠵᠦᠢᠯ ᠳᠡᠭᠡᠨ ᠪᠠᠶᠢᠭ᠎ᠠ ᠭᠠᠵᠠᠷ ᠤᠨ ᠢᠶᠠᠨ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠳᠠᠯ ᠦᠢᠯᠡᠰ ᠴᠣᠭᠴᠠᠯᠠᠬᠤ ᠨᠥᠬᠦᠪᠥᠷᠢ ᠭᠤᠶᠤᠴᠢᠯᠠᠵᠤ ᠪᠣᠯᠣᠨ᠎ᠠ ︵ | ᠶᠡᠭᠡ ᠳᠡᠭᠡᠳᠦ ᠰᠤᠷᠭᠠᠭᠤᠯᠢ ᠲᠡᠭᠡᠨ ᠠᠳᠠᠯ ᠦᠢᠯᠡᠰ ᠴᠣᠭᠴᠠᠯᠠᠬᠤ ᠲᠠᠪᠴᠠᠩ ᠲᠤ ᠨᠡᠪᠴᠢᠭᠦᠯᠦᠭᠰᠡᠨ ᠣᠶᠣᠲᠠᠳ ᠤᠨ | ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠠᠳᠠᠯ ᠦᠢᠯᠡᠰ ᠴᠣᠭᠴᠠᠯᠠᠬᠤ ᠨᠥᠬᠦᠪᠦᠷᠢ ᠭᠤᠶᠤᠴᠢᠯᠠᠬᠤ ᠳᠤ | ᠶᠡᠭᠡ ᠳᠡᠭᠡᠳᠦ ᠰᠤᠷᠭᠠᠭᠤᠯᠢ ᠨᠢ ᠬᠤᠷᠢᠶᠠᠩᠭᠤᠶᠢᠯᠠᠭᠰᠠᠨ ᠤ ᠲᠡᠷᠠᠭ᠎ᠠ᠂ ᠶᠡᠭᠡ ᠳᠡᠭᠡᠳᠦ ᠰᠤᠷᠭᠠᠭᠤᠯᠢ ᠶᠢᠨ ᠡᠳ᠋ ᠤᠨ | ᠵᠠᠰᠠᠭ ᠤᠨ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠨ᠎ᠠ︶︔ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠠᠳ᠂ ᠨᠡᠶᠢᠭᠡᠮ ᠨᠡᠶᠢᠲᠡ ᠳᠤ ᠵᠠᠷᠯᠠᠨ | ᠨᠡᠶᠢᠲᠡᠯᠡᠬᠦ ᠶᠢᠨ ᠬᠠᠮᠲᠤ ᠬᠢᠨᠠᠯᠲᠠ ᠶᠢ ᠬᠦᠯᠢᠶᠡᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠠᠨ | ᠨᠡᠶᠢᠲᠡᠯᠡᠭᠡᠳ ᠣᠨᠳᠣᠣ ᠰᠠᠨᠠᠯ ᠥᠭᠡᠢ ᠲᠥᠷᠥᠯ ᠵᠦᠢᠯ ᠳᠤ ᠲᠣᠭᠲᠠᠭᠠᠯ ᠶᠣᠰᠣᠭᠠᠷ ᠨᠥᠬᠦᠪᠥᠷᠢ ᠮᠥᠩᠭᠦ ᠰᠠᠯᠭᠠᠨ | ᠥᠭᠭᠦᠨ᠎ᠡ᠃ | 8 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ | ᠶᠠᠮᠠᠷ ᠠᠭᠤᠯᠭ᠎ᠠ ᠪᠠᠶᠢᠬᠤ ᠪᠤᠢ︖ | ᠬᠠᠷᠢᠭᠤᠯᠲᠠ᠄ ᠪᠣᠯᠪᠠᠰᠤᠷᠠᠭᠤᠯᠤᠯ ᠤᠨ ᠠᠭᠤᠯᠭ᠎ᠠ ᠨᠢ ᠭᠡᠪᠡᠯ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ | ᠰᠤᠷᠭᠠᠨ ᠬᠥᠮᠦᠵᠢᠯ ᠤᠨ ᠶᠠᠮᠤᠨ ᠠᠴᠠ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠲᠦᠭᠡᠮᠡᠯᠵᠢᠭᠦᠯᠬᠦ ᠢ ᠹᠠᠩ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ᠂ ᠤᠶᠤᠲᠠᠳ ᠲᠤ ᠰᠤᠳᠤᠯᠤᠨ ᠨᠡᠭᠡᠭᠡᠭᠰᠡᠨ ᠠᠳᠠᠯ ᠦᠢᠯᠡᠰ | ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠪᠣᠯᠣᠨ᠎ᠠ᠃ ᠪᠣᠯᠪᠠᠰᠤᠷᠠᠭᠤᠯᠤᠯ ᠨᠢ ᠠᠳᠠᠯ | ᠦᠢᠯᠡᠰ ᠴᠣᠭᠴᠠᠯᠠᠬᠤ ᠡᠮᠦᠨᠡᠬᠢ ᠬᠤᠭᠤᠴᠠᠭᠠᠨ ᠤ ᠪᠡᠯᠡᠳᠬᠡᠯ᠂ ᠠᠳᠠᠯ ᠦᠢᠯᠡᠰ ᠴᠣᠭᠴᠠᠯᠠᠬᠤ ᠴᠢᠳᠠᠪᠤᠷᠢ ᠶᠢᠨ | ᠪᠦᠲᠦᠭᠡᠯᠲᠡ᠂ ᠥᠪᠡᠷ ᠤᠨ ᠠᠵᠤ ᠠᠬᠤᠶᠢᠯᠠᠯ ᠤᠨ ᠪᠠᠶᠢᠭᠤᠯᠤᠯᠲᠠ᠂ ᠥᠪᠡᠷ ᠤᠨ ᠠᠵᠤ ᠠᠬᠤᠶᠢᠯᠠᠯ ᠤᠨ ᠡᠵᠡᠩᠨᠡᠡᠬᠦ | ᠲᠥᠷᠪᠡᠨ ᠶᠡᠭᠡ ᠬᠡᠰᠡᠭ ᠬᠤᠪᠢᠶᠠᠨ᠎ᠠ᠃ ᠪᠣᠯᠪᠠᠰᠤᠷᠠᠭᠤᠯᠤᠯ ᠳᠤ ᠠᠳᠠᠯ ᠦᠢᠯᠡᠰ ᠴᠣᠭᠴᠠᠯᠠᠬᠤ ᠤᠬᠠᠭᠳᠠᠬᠤᠨ ᠪᠠ | ᠠᠳᠠᠯ ᠦᠢᠯᠡᠰ ᠴᠣᠭᠴᠠᠯᠠᠭᠴᠢ ᠶᠢᠨ ᠬᠡᠪ ᠪᠣᠯᠪᠠᠰᠤᠷᠠᠯ᠂ ᠠᠳᠠᠯ ᠦᠢᠯᠡᠰ ᠴᠣᠭᠴᠠᠯᠠᠬᠤ ᠴᠢᠳᠠᠪᠤᠷᠢ᠂ ᠠᠳᠠᠯ | ᠦᠢᠯᠡᠰ ᠴᠣᠭᠴᠠᠯᠠᠬᠤ ᠲᠥᠯᠥᠪᠯᠡᠭᠡ ᠶᠢᠨ ᠪᠢᠴᠢᠭ᠂ ᠠᠵᠤ ᠠᠬᠤᠶᠢᠯᠠᠯ ᠡᠭᠦᠳᠦᠨ ᠪᠠᠶᠢᠭᠤᠯᠬᠤ᠂ ᠡᠳ᠋ ᠤᠨ | ᠶᠠᠪᠤᠳᠠᠯ ᠤᠨ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ᠂ ᠡᠵᠡᠩᠨᠡᠨ | ᠪᠣᠷᠣᠯᠠᠭᠤᠯᠬᠤ ᠬᠠᠮᠢᠶᠠᠷᠤᠯᠲᠠ ᠵᠢᠴᠢ ᠡᠯᠧᠺᠲᠷᠤᠨ ᠬᠤᠳᠠᠯᠳᠤᠭᠠᠨ ᠤ ᠶᠠᠪᠤᠳᠠᠯ᠂ ᠬᠤᠳᠠᠯᠳᠤᠭᠠᠨ ᠤ ᠶᠠᠪᠤᠳᠠᠯ ᠤᠨ | ᠬᠡᠯᠡᠯᠴᠡᠭᠡᠷ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠬᠢᠭᠡᠳ ᠡᠵᠡᠩᠨᠡᠯᠲᠡ ᠶᠢᠨ ᠳᠠᠳᠤᠯᠭ᠎ᠠ | ᠪᠣᠯᠪᠠᠰᠤᠷᠠᠭᠤᠯᠤᠯ᠂ ᠠᠵᠤ ᠠᠬᠤᠶᠢᠯᠠᠯ ᠤᠨ ᠡᠵᠡᠩᠨᠡᠯᠲᠡ ᠶᠢᠨ ᠤᠷᠤᠯᠳᠤᠭᠠᠨ ᠵᠡᠷᠭᠡ 10 ᠨᠢᠭᠡᠴᠡ ᠪᠠᠭᠲᠠᠨ᠎ᠠ᠃ | 9 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ | ᠣᠷᠣᠯᠴᠠᠭᠰᠠᠳ ᠤᠨ ᠲᠠᠯ᠎ᠠ ᠪᠠᠷ ᠶᠠᠮᠠᠷ ᠶᠠᠮᠠᠷ ᠲᠣᠭᠲᠠᠭᠠᠯ ᠪᠠᠶᠢᠬᠤ ᠪᠣᠢ︖ | ᠬᠠᠷᠢᠭᠤᠯᠲᠠ᠄ ᠲᠡᠭᠦᠰᠦᠭᠰᠡᠨ ᠵᠢᠯ ᠠᠴᠠ ᠠᠪᠤᠭᠠᠳ 5 ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ | ᠳᠡᠭᠡᠳᠦ ᠰᠤᠷᠭᠠᠭᠤᠯᠢ ᠶᠢᠨ ᠲᠡᠭᠦᠰᠦᠭᠰᠡᠳ ᠴᠦᠮ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠵᠤ | ᠪᠣᠯᠣᠨ᠎ᠠ᠃ | 10 . ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠤᠷᠤᠯᠴᠠᠬᠤ ᠨᠢ ᠶᠠᠮᠠᠷ ᠦᠢᠯᠡᠳᠦᠯ ᠲᠠᠢ ᠪᠤᠢ︖ | ᠬᠠᠷᠢᠭᠤᠯᠲᠠ᠄ ᠠᠳᠠᠯ ᠦᠢᠯᠡᠰ ᠴᠣᠭᠴᠠᠯᠠᠬᠤ ᠪᠤᠯᠪᠠᠰᠤᠷᠠᠭᠤᠯᠤᠯ ᠬᠢᠬᠦ ᠶᠢᠨ ᠵᠣᠷᠢᠯᠭ᠎ᠠ ᠪᠣᠯ | ᠪᠤᠯᠪᠠᠰᠤᠷᠠᠭᠤᠯᠤᠯ ᠢᠶᠠᠷ ᠳᠠᠮᠵᠢᠭᠤᠯᠤᠨ ᠠᠳᠠᠯ ᠦᠢᠯᠡᠰ ᠴᠤᠭᠴᠠᠯᠠᠬᠤ ᠬᠦᠰᠡᠯᠡᠩ ᠲᠠᠢ ᠠᠳᠠᠯ ᠦᠢᠯᠡᠰ | ᠴᠤᠭᠴᠠᠯᠠᠭᠠᠳᠤᠢ ᠬᠦᠮᠦᠰ ᠲᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠢ ᠨᠢ ᠪᠤᠢ ᠪᠤᠯᠭᠠᠵᠤ᠂ ᠨᠢᠭᠡᠨᠲᠡ | ᠠᠳᠠᠯ ᠦᠢᠯᠡᠰ ᠴᠤᠭᠴᠠᠯᠠᠭᠰᠠᠳ ᠤᠨ ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠤ ᠠᠬᠤᠶᠢᠯᠠᠯ ᠤᠨ | ᠡᠵᠡᠩᠨᠡᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠳᠠᠯ ᠦᠢᠯᠡᠰ ᠴᠤᠭᠴᠠᠯᠠᠭᠴᠢᠳ ᠤᠨ ᠠᠵᠤ ᠠᠬᠤᠶᠢᠯᠠᠯ | ᠡᠷᠬᠢᠯᠡᠬᠦ᠂ ᠡᠵᠡᠩᠨᠡᠯᠲᠡ ᠶᠢᠨ ᠶᠠᠪᠤᠴᠠ ᠳᠤᠨᠢ ᠠᠳᠠᠯ ᠦᠢᠯᠡᠰ ᠴᠤᠭᠴᠠᠯᠠᠬᠤ ᠵᠢᠯᠤᠭᠤᠳᠤᠯᠭ᠎ᠠ ᠪᠠ ᠮᠦᠷᠳᠡᠯ | ᠦᠢᠯᠡᠴᠢᠯᠡᠭᠡ ᠬᠠᠨᠭ᠍ᠭᠠᠵᠤ᠂ ᠵᠢᠵᠢᠭ ᠠᠵᠤ ᠠᠬᠤᠶᠢᠯᠠᠯ ᠤᠳ ᠤᠨ ᠣᠷᠣᠰᠢᠨ ᠲᠣᠭᠲᠠᠨᠢᠬᠤ ᠪᠠ ᠬᠥᠭᠵᠢᠬᠦ ᠪᠤᠯᠭᠠᠵᠤ᠂ | ᠠᠳᠠᠯ ᠦᠢᠯᠡᠰ ᠴᠤᠭᠴᠠᠯᠠᠭᠰᠠᠳ ᠲᠤᠰ ᠪᠡᠶ᠎ᠡ ᠶᠢᠨ ᠠᠵᠢᠯ ᠤᠯᠬᠤ ᠠᠰᠠᠭᠤᠳᠠᠯ ᠢᠶᠠᠨ ᠰᠢᠢᠳᠪᠦᠷᠢᠯᠡᠬᠦ ᠶᠢᠨ ᠬᠠᠮᠲᠤ | ᠨᠡᠩ ᠠᠷᠪᠢᠨ ᠠᠵᠢᠯ ᠣᠯᠭᠤᠬᠤ ᠠᠵᠢᠯ ᠤᠨ ᠪᠠᠶᠢᠷᠢ ᠶᠢ ᠡᠭᠦᠳᠦᠨ ᠪᠦᠲᠦᠭᠡᠬᠦ ᠪᠠ ᠬᠠᠩᠭᠠᠵᠤ᠂ ᠨᠡᠩ ᠤᠯᠠᠨ | ᠬᠥᠮᠦᠰ ᠢ ᠬᠠᠪᠰᠤᠷᠴᠤ ᠠᠵᠢᠯ ᠣᠯᠭᠤᠬᠤ ᠶᠢ ᠪᠡᠶᠡᠯᠡᠭᠦᠯᠬᠦ ᠶᠠᠪᠤᠳᠠᠯ ᠪᠤᠯᠤᠨ᠎ᠠ᠃ | 11 . ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠲᠠᠳ ᠰᠤᠷᠭᠠᠭᠤᠯᠢ ᠶᠢᠨ ᠬᠠᠷᠢᠶ᠎ᠠ ᠪᠠᠨ ᠦᠯᠡᠳᠡᠭᠡᠨ | ᠠᠳᠠᠯ ᠦᠢᠯᠡᠰ ᠴᠤᠭᠴᠠᠯᠠᠵᠤ ᠪᠣᠯᠤᠨ᠎ᠠ ᠤᠤ︖ | ᠬᠠᠷᠢᠭᠤᠯᠲᠠ᠄ ᠥᠪᠥᠷ ᠮᠣᠩᠭᠤᠯ ᠤᠨ ᠠᠳᠠᠯ ᠦᠢᠯᠡᠰ ᠴᠤᠭᠴᠠᠯᠠᠬᠤ ᠶᠡᠭᠡ ᠰᠤᠷᠭᠠᠭᠤᠯᠢ ᠶᠢᠨ ᠣᠶᠤᠲᠠᠨ ᠳᠤ | ᠤᠶᠠᠨ ᠬᠠᠳᠠᠨ ᠴᠢᠨᠠᠷᠲᠠᠶ ᠰᠤᠷᠭᠠᠭᠤᠯᠢ ᠶᠢᠨ ᠳᠦᠷᠢᠮ ᠢ ᠬᠡᠷᠡᠭᠵᠢᠬᠦᠯᠵᠤ᠂ ᠰᠤᠷᠤᠭᠴᠢᠳ ᠤᠨ ᠰᠤᠷᠤᠯᠴᠠᠬᠤ ᠵᠢᠯ | ᠬᠤᠭᠤᠴᠠᠭ᠎ᠠ ᠶᠢ ᠠᠭᠤᠵᠢᠭᠤ ᠲᠠᠯᠪᠢᠵᠤ᠂ ᠰᠤᠷᠭᠠᠭᠤᠯᠢ ᠳᠤ ᠪᠠᠶᠢᠭ᠎ᠠ ᠶᠡᠭᠡ ᠰᠤᠷᠭᠠᠭᠤᠯᠢ ᠶᠢᠨ ᠤᠶᠤᠲᠠᠳ | ᠰᠤᠷᠤᠯᠭ᠎ᠠ ᠶᠢᠨ ᠠᠬᠢᠴᠠ ᠪᠠᠨ ᠲᠣᠬᠢᠷᠠᠭᠤᠯᠵᠤ ᠪᠤᠯᠬᠤ ᠶᠢ ᠵᠦᠪᠰᠢᠶᠡᠷᠡᠵᠤ᠂ ᠰᠤᠷᠭᠠᠭᠤᠯᠢ ᠶᠢᠨ ᠬᠠᠷᠢᠶ᠎ᠠ ᠪᠠᠨ | ᠦᠯᠡᠳᠡᠭᠡᠨ ᠰᠤᠷᠤᠯᠭ᠎ᠠ ᠠᠴᠠ ᠪᠠᠨ ᠲᠦᠷ ᠵᠤᠭᠰᠤᠵᠤ ᠠᠳᠠᠯ ᠦᠢᠯᠡᠰ ᠴᠤᠭᠴᠠᠯᠠᠵᠤ ᠪᠤᠯᠤᠨ᠎ᠠ᠃ | 12 . ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ | ᠬᠠᠩᠭᠠᠬᠤ ᠴᠢᠬᠤᠯᠠ ᠲᠠᠢ ᠪᠤᠢ︖ | ᠬᠠᠷᠢᠭᠤᠯᠲᠠ᠄ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ ᠵᠢᠭᠡᠯᠡᠭᠴᠢ ᠠᠴᠠ | ᠬᠠᠨᠭ᠍ᠭᠠᠬᠤ ᠴᠢᠬᠤᠯᠠ ᠲᠠᠢ ᠮᠠᠲ᠋ᠧᠷᠢᠶᠠᠯ ᠬᠡᠪᠡᠯ᠄ ᠲᠡᠭᠦᠰᠦᠭᠰᠡᠨ ᠦᠨᠡᠮᠯᠡᠯ ︵ᠲᠡᠭᠦᠰᠬᠦ ᠣᠨ ᠤ ᠣᠶᠤᠲᠠᠨ | ᠰᠤᠷᠭᠠᠭᠤᠯᠢ ᠶᠢᠨ ᠬᠡᠷᠡᠴᠢ ᠲᠠᠢ ᠪᠠᠶᠢᠬᠤ ᠬᠡᠷᠡᠭᠲᠠᠢ︶︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ︽ᠠᠵᠢᠯ ᠤᠯᠤᠭᠰᠠᠨ ᠪᠠ ᠠᠵᠢᠯ ᠠᠯᠳᠠᠭᠰᠠᠨ | ᠳᠠᠩᠰᠠᠯᠠᠯ ᠤᠨ ᠦᠨᠡᠮᠯᠡᠯ︾ ᠪᠤᠶᠤ ︽ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠦᠨᠡᠮᠯᠡᠯ︾᠂ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ︽ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠦᠨᠡᠮᠯᠡᠯ︾ ᠪᠤᠶᠤ | ︽ᠠᠳᠠᠯ ᠦᠢᠯᠡᠰ ᠴᠤᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠤᠷᠤᠯᠭᠠᠲᠠᠨ ᠤ ᠬᠢᠷᠢ ᠲᠡᠩᠴᠡᠭᠰᠡᠨ | ᠦᠨᠡᠮᠯᠡᠯ︾︔ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ | ᠣᠯᠭᠤᠭᠰᠠᠨ ︽ᠡᠵᠡᠩᠨᠡᠯᠲᠡ ᠶᠢᠨ ᠦᠨᠡᠮᠯᠡᠯ︾ ︽ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ︾︔ | ᠳᠠᠭᠠᠭᠠᠨ ᠭᠦᠢᠴᠡᠳᠬᠡᠬᠦ ᠪᠠᠩᠬᠢ ᠶᠢᠨ ᠲᠣᠭᠲᠠᠭᠠᠭᠰᠠᠨ ᠪᠤᠰᠤᠳ ᠪᠢᠴᠢᠭ ᠮᠠᠲ᠋ᠧᠷᠢᠶᠠᠯ ᠵᠡᠷᠭᠡ ᠪᠤᠯᠤᠨ᠎ᠠ᠃ | 13 . ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠬᠤᠭᠤᠴᠠᠭ᠎ᠠ ᠨᠢ ᠬᠡᠳᠦᠨ ᠵᠢᠯ ᠪᠤᠢ︖ | ᠬᠠᠷᠢᠭᠤᠯᠲᠠ᠄ ᠵᠢᠭᠡᠯᠡᠯᠭᠡ ᠶᠢᠨ ᠬᠤᠭᠤᠴᠠᠭ᠎ᠠ ᠨᠢ 2 ᠵᠢᠯ ᠪᠣᠯᠤᠨ᠎ᠠ᠂ ᠲᠣᠭᠲᠠᠭᠠᠯ ᠶᠣᠰᠣᠭᠠᠷ ᠳᠠᠮ ᠬᠦᠦ | ᠮᠥᠩᠭᠦ ᠤᠯᠭᠤᠨ᠎ᠠ᠃ | 14 . ᠭᠠᠳᠠᠭᠠᠳᠤ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠭᠡᠳ ᠪᠤᠴᠠᠵᠤ ᠢᠷᠡᠭᠰᠡᠳ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ | ᠴᠤᠭᠴᠠᠯᠠᠬᠤ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠶᠢ ᠬᠦᠷᠲᠡᠵᠤ ᠪᠤᠯᠤᠨ᠎ᠠ ᠤᠤ︖ | ᠬᠠᠷᠢᠭᠤᠯᠲᠠ᠄ ᠭᠠᠳᠠᠭᠠᠳᠤ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠭᠡᠳ ᠪᠤᠴᠠᠵᠤ ᠢᠷᠡᠭᠰᠡᠳ᠂ | ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠨ ᠰᠤᠷᠤᠯᠭ᠎ᠠ ᠶᠢᠨ ᠨᠠᠮᠲᠠᠷ ᠪᠤᠯᠤᠨ ᠡᠷᠳᠡᠮ ᠤᠨ | ᠴᠣᠯᠠ ᠶᠢᠨ ᠬᠡᠷᠡᠴᠢ ᠲᠠᠢ ᠪᠤᠯ᠂ ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠳᠤ ᠬᠦᠷᠲᠡᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠷ | ᠯᠠᠪᠯᠠᠯᠲᠠ ᠪᠤᠯᠭᠠᠨ᠎ᠠ᠃ | 15 . ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠦᠷ᠎ᠡ ᠪᠦᠲᠦᠭᠡᠯ ᠢ ᠤᠯᠠᠷᠢᠭᠤᠯᠤᠭᠠᠳ ᠣᠯᠤᠭᠰᠠᠨ ᠠᠰᠢᠭ ᠣᠯᠵᠠᠪᠤᠷᠢ ᠶᠢ | ᠰᠢᠨᠵᠢᠯᠡᠬᠦ ᠤᠬᠠᠭᠠᠨ ᠤ ᠰᠤᠳᠤᠯᠭᠠᠨ ᠤ ᠬᠠᠷᠢᠭᠤᠴᠠᠯᠭᠠᠲᠠᠨ᠂ ᠭᠤᠣᠯᠯᠠᠭᠴᠢ ᠮᠡᠷᠭᠡᠵᠢᠯ ᠤᠨ ᠠᠵᠢᠯᠳᠡᠠ ᠵᠡᠷᠭᠡ | ᠴᠢᠬᠤᠯᠠ ᠬᠤᠪᠢ ᠨᠡᠮᠡᠷᠢ ᠦᠵᠡᠭᠦᠯᠦᠭᠰᠡᠨ ᠬᠥᠮᠦᠰ ᠪᠤᠯᠤᠨ ᠪᠦᠯᠬᠦᠮ ᠢ ᠶᠠᠮᠠᠷ ᠬᠠᠷᠢᠴᠠᠯ ᠢᠶᠠᠷ ᠱᠠᠩᠨᠠᠬᠤ ᠪᠤᠶ︖ | ᠬᠠᠷᠢᠭᠤᠯᠲᠠ᠄ ᠬᠠᠷᠢᠴᠠᠯ ᠢ 70 % ᠠᠴᠠ ᠳᠤᠤᠷ᠎ᠠ ᠪᠠᠶᠢᠯᠭᠠᠬᠤ ᠦᠭᠡᠢ᠃ | 16 . ᠠᠳᠠᠯ ᠦᠢᠯᠡᠰ ᠴᠣᠭᠴᠠᠯᠠᠬᠤ ᠬᠥᠭᠵᠢᠭᠦᠯᠦᠯᠲᠡ ᠶᠢᠨ ᠪᠡᠯᠡ ᠮᠥᠩᠭᠦ ᠶᠢ ᠭᠤᠣᠯᠳᠠᠭᠤ ᠠᠯᠢ ᠠᠯᠢ | ᠲᠠᠯ᠎ᠠ ᠳᠤ ᠬᠡᠷᠡᠭᠯᠡᠬᠦ ᠪᠤᠢ︖ | ᠬᠠᠷᠢᠭᠤᠯᠲᠠ᠄ ᠭᠤᠣᠯᠳᠠᠭᠤ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠠᠳᠠᠯ | ᠦᠢᠯᠡᠰ ᠴᠤᠭᠴᠠᠯᠠᠬᠤ ᠬᠡᠯᠪᠡᠷᠢ ᠶᠢᠨ ᠬᠤᠳᠠ ᠶᠢ ᠪᠠᠶᠢᠭᠤᠯᠤᠭᠰᠠᠨ ᠱᠠᠩᠨᠠᠯ ᠳᠤ ᠬᠡᠷᠡᠭᠯᠡᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠤᠭᠴᠠᠯᠠᠬᠤ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ | ᠪᠠ ᠠᠳᠠᠯ ᠦᠢᠯᠡᠰ ᠴᠤᠭᠴᠠᠯᠠᠬᠤ ᠦᠢᠯᠡᠴᠢᠯᠡᠭᠡ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠶᠢ | ᠳᠠᠶᠢᠴᠢᠯᠠᠭᠰᠠᠨ ᠱᠠᠩᠨᠠᠯ ᠪᠤᠯᠤᠨ ᠤᠬᠠᠭᠤᠯᠭ᠎ᠠ᠂ ᠦᠢᠯᠡᠰ ᠴᠤᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠠᠳᠠᠯ ᠦᠢᠯᠡᠰ ᠴᠤᠭᠴᠠᠯᠠᠬᠤ | ᠨᠡᠪᠴᠢᠭᠦᠯᠦᠭᠦᠷ ᠤᠨ ᠰᠠᠭᠤᠷᠢᠨ ᠭᠠᠵᠠᠷ ᠤᠨ ᠱᠠᠩᠨᠠᠯ ᠨᠦᠬᠦᠪᠦᠷᠢ᠂ ᠠᠳᠠᠯ ᠦᠢᠯᠡᠰ ᠴᠣᠭᠴᠠᠯᠠᠬᠤ ᠨᠡᠶᠢᠲᠡᠯᠢᠭ | ᠵᠢᠱᠢᠶ᠎ᠡ ᠶᠢᠨ ᠱᠠᠩᠨᠠᠯ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠤᠷᠤᠯᠳᠤᠭᠠᠨ ᠤ ᠵᠠᠷᠤᠳᠠᠯ ᠵᠡᠷᠭᠡ ᠶᠢ | ᠲᠡᠳᠭᠦᠨ ᠳᠡᠮᠵᠢᠨ᠎ᠡ᠃ | 17 . ᠶᠠᠮᠠᠷ ᠶᠠᠮᠠᠷ ᠬᠥᠳᠡᠯᠮᠦᠷᠢᠴᠢᠳ ᠠᠳᠠᠯ ᠦᠢᠯᠡᠰ ᠴᠣᠭᠴᠠᠯᠠᠬᠤ ᠳᠤ ᠠᠳᠠᠯ ᠦᠢᠯᠡᠰ ᠴᠣᠭᠴᠠᠯᠠᠬᠤ | ᠳᠠᠭᠠᠭᠠᠯᠲᠠᠲᠤ ᠵᠢᠭᠡᠯᠡᠯᠭᠡ ᠪᠠᠷ ᠲᠡᠳᠬᠦᠬᠦ ᠲᠦᠷᠦ ᠶᠢᠨ ᠪᠣᠳᠤᠯᠭ᠎ᠠ ᠶᠢ ᠬᠦᠷᠲᠡᠵᠤ ᠪᠤᠯᠬᠤ ᠪᠤᠢ︖ | ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠬᠢᠵᠠᠭᠠᠷ ᠳᠣᠲᠣᠷ᠎ᠠ ᠠᠳᠠᠯ ᠦᠢᠯᠡᠰ ᠴᠤᠭᠴᠠᠯᠠᠬᠤ ᠠᠵᠢᠯ | ᠠᠯᠳᠠᠭᠰᠠᠳ ᠢᠶᠠᠷ ᠳᠠᠩᠰᠠᠯᠠᠭᠤᠯᠤᠭᠰᠠᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ | ᠬᠦᠴᠢᠷᠲᠡᠶ ᠬᠥᠮᠦᠰ᠂ ᠴᠡᠷᠢᠭ ᠤᠨ ᠬᠠᠯᠠᠭᠳᠠᠭᠰᠠᠳ ᠰᠢᠯᠵᠢᠭᠰᠡᠳ ᠪᠠᠭᠤᠭᠰᠠᠳ᠂ ᠡᠷᠡᠭᠦᠦ ᠶᠢᠨ ᠬᠤᠭᠤᠴᠠᠭ᠎ᠠ ᠨᠢ | ᠳᠦᠭᠦᠷᠴᠦ ᠬᠥᠮᠦᠵᠢᠭᠦᠯᠬᠦ ᠪᠠᠷ ᠰᠤᠯᠠᠯᠠᠭᠳᠠᠭᠰᠠᠳ᠂ ᠮᠠᠯᠴᠢᠨ ᠲᠠᠷᠢᠶᠠᠴᠢᠳ ᠤᠨ ᠪᠡᠶ᠎ᠡ ᠪᠠᠨ ᠳᠠᠭᠠᠭᠠᠵᠤ ᠠᠳᠠᠯ | ᠦᠢᠯᠡᠰ ᠴᠣᠭᠴᠠᠯᠠᠬᠤ ᠬᠤᠳᠠ ᠬᠥᠳᠡᠭᠡ ᠶᠢᠨ ᠬᠦᠳᠡᠯᠮᠦᠷᠢᠴᠢᠳ ᠪᠦᠬᠦᠨ ᠴᠦᠮ 2 ᠵᠢᠯ ᠤᠨ ᠬᠤᠭᠤᠴᠠᠭ᠎ᠠ ᠲᠠᠢ | ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠡᠳᠭᠦᠮᠵᠢ ᠶᠢᠨ ᠲᠦᠷᠦ ᠶᠢᠨ ᠪᠤᠳᠤᠯᠭ᠎ᠠ ᠶᠢ | ᠬᠦᠷᠲᠡᠵᠤ ᠪᠤᠯᠤᠨ᠎ᠠ᠂ ᠵᠢᠬᠡᠯᠡᠭᠴᠢ ᠬᠤᠭᠤᠴᠠᠭ᠎ᠠ ᠪᠠᠨ ᠤᠷᠲᠤᠳᠬᠠᠬᠤ ᠴᠢᠬᠤᠯᠠ ᠲᠠᠢ ᠦᠶᠡᠰ ᠨᠢᠭᠡ ᠤᠳᠠᠭ᠎ᠠ | ᠬᠤᠭᠤᠴᠠᠭ᠎ᠠ ᠪᠠᠨ ᠤᠷᠲᠤᠰᠬᠠᠬᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠶᠢ ᠬᠠᠮᠤᠭ ᠣᠷᠳᠣ ᠳᠠᠭᠠᠨ 1 | ᠵᠢᠯ ᠠᠴᠠ ᠬᠡᠲᠦᠷᠡᠬᠦᠯᠵᠤ ᠪᠤᠯᠬᠤ ᠦᠭᠡᠶ᠂ ᠬᠤᠭᠤᠴᠠᠭ᠎ᠠ ᠶᠢ ᠤᠷᠲᠤᠳᠬᠠᠬᠤ ᠳᠤ ᠳᠠᠮ ᠬᠦᠦ ᠮᠥᠩᠭᠦ ᠦᠭᠭᠦ ᠦᠭᠡᠢ᠃ | 18 . ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠴᠦ᠂ ᠦᠢ ᠣᠯᠠᠨ ᠢᠶᠠᠷ ᠢᠶᠠᠨ ᠠᠳᠠᠯ ᠦᠢᠯᠡᠰ | ᠴᠤᠭᠴᠠᠯᠠᠬᠤ ᠣᠷᠣᠨ ᠵᠠᠶ ᠶᠢ ᠪᠠᠶᠢᠭᠤᠯᠬᠤ ᠳᠤ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠦᠷᠲᠡᠬᠦ | ᠪᠤᠢ︖ | ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠣᠯ ᠵᠢᠯᠣᠭᠤᠳᠬᠤ ᠴᠢᠨᠠᠷᠲᠠᠶ ᠰᠠᠨᠠᠯ | ᠪᠤᠯᠤᠨ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠴᠦ᠂ | ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ ᠣᠷᠣᠨ ᠵᠠᠶ ᠶᠢᠨ ᠭᠡᠷ ᠤᠨ ᠲᠦᠷᠢᠶᠡᠰᠦ᠂ ᠥᠷᠭᠡᠨ ᠪᠦᠰᠡᠲᠦ | ᠰᠦᠯᠵᠢᠶ᠎ᠡ᠂ ᠣᠯᠠᠨ ᠨᠡᠶᠢᠲᠡ ᠶᠢᠨ ᠵᠥᠭᠡᠯᠡᠨ ᠲᠤᠨᠤᠭᠯᠠᠯ ᠵᠡᠷᠭᠡ ᠳᠤ ᠲᠤᠬᠢᠲᠠᠢ ᠨᠥᠬᠦᠪᠥᠷᠢ ᠤᠯᠭᠤᠨ᠎ᠠ᠃ ᠪᠣᠳᠠᠲᠠᠶ | ᠨᠥᠬᠦᠪᠥᠷᠢ ᠣᠯᠭᠤᠬᠤ ᠪᠠᠷᠢᠮᠵᠢᠶ᠎ᠠ ᠪᠤᠯᠤᠨ ᠪᠤᠰᠤᠳ ᠬᠠᠷᠠᠭᠠᠯᠵᠠᠯ ᠤᠨ ᠴᠢᠨᠠᠷᠲᠠᠶ ᠲᠦᠷᠦ ᠶᠢᠨ ᠪᠤᠳᠤᠯᠭ᠎ᠠ ᠶᠢ ᠡᠯ᠎ᠡ | ᠭᠠᠵᠠᠷ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ | 19 . ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ | ᠠᠵᠢᠯ ᠦᠢᠯᠡᠰ ᠤᠨ ᠨᠢᠬᠡᠴᠡ ᠶᠢᠨ ᠲᠤᠰᠬᠠᠶ ᠮᠡᠷᠭᠡᠵᠢᠯ ᠤᠨ ᠠᠵᠢᠯᠳᠠᠨ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ | ᠦᠢᠯᠡᠰ ᠴᠣᠭᠴᠠᠯᠠᠬᠤ ᠳᠤ ᠶᠠᠮᠠᠷ ᠲᠦᠷᠦ ᠶᠢᠨ ᠪᠤᠳᠤᠯᠭ᠎ᠠ ᠪᠠᠶᠢᠬᠤ ᠪᠤᠶ︖ | ᠬᠠᠷᠢᠭᠤᠯᠲᠠ᠄ ᠡᠷᠬᠡᠪᠰᠢ ᠤᠤᠯ ᠤᠨ ᠨᠢᠭᠡᠴᠡ ᠪᠠᠷ ᠢᠶᠠᠨ ᠵᠦᠪᠰᠢᠶᠡᠷᠡᠭᠦᠯᠦᠭᠰᠡᠨ ᠤᠷᠢᠲᠠᠯ ᠳᠣᠣᠷ᠎ᠠ᠂ 3 | ᠵᠢᠯ ᠤᠨ ᠳᠣᠲᠣᠷ᠎ᠠ ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠᠨ ᠦᠯᠡᠳᠡᠭᠡᠵᠤ᠂ ᠤᠤᠯ ᠤᠨ ᠨᠢᠬᠡᠴᠡ ᠶᠢᠨ | ᠠᠵᠢᠯ ᠤᠨ ᠪᠠᠶᠢᠷᠢ ᠳᠤ ᠪᠠᠶᠢᠭ᠎ᠠ ᠪᠤᠰᠤᠳ ᠬᠥᠮᠦᠰ ᠲᠠᠢ ᠠᠳᠠᠯᠢ ᠲᠡᠭᠰᠢ ᠪᠠᠷ ᠲᠤᠰᠬᠠᠶ ᠮᠡᠷᠭᠡᠵᠢᠯᠲᠡᠨ ᠤ ᠲᠥᠷᠥᠯ | ᠵᠦᠢᠯ ᠰᠢᠯᠭᠠᠷᠠᠭᠤᠯᠬᠤ᠂ ᠮᠡᠷᠭᠡᠵᠢᠯ ᠤᠨ ᠴᠣᠯᠠ ᠦᠨᠡᠯᠡᠬᠦ ᠪᠠ ᠤᠷᠢᠵᠤ ᠬᠡᠷᠡᠭᠯᠡᠬᠦ᠂ ᠠᠵᠢᠯ ᠤᠨ ᠪᠠᠶᠢᠷᠢ ᠶᠢᠨ ᠵᠡᠷᠭᠡ | ᠳᠡᠰ ᠢ ᠳᠡᠪᠰᠢᠬᠦᠯᠬᠦ ᠪᠠ ᠨᠡᠶᠢᠭᠡᠮ ᠤᠨ ᠳᠠᠭᠠᠳᠬᠠᠯ ᠵᠡᠷᠭᠡ ᠳᠤ ᠣᠷᠣᠯᠴᠠᠬᠤ ᠡᠷᠬᠡ ᠲᠠᠢ᠃ ᠤᠤᠯ ᠤᠨ ᠨᠢᠭᠡᠴᠡ ᠨᠢ | ᠲᠤᠰᠬᠠᠶ ᠮᠡᠷᠭᠡᠵᠢᠯ ᠤᠨ ᠠᠵᠢᠯᠲᠠᠳ ᠤᠨ ᠠᠳᠠᠯ ᠦᠢᠯᠡᠰ ᠴᠤᠭᠴᠠᠯᠠᠬᠤ ᠪᠣᠳᠠᠲᠤ ᠪᠠᠶᠢᠳᠠᠯ ᠢ ᠦᠨᠳᠦᠰᠦᠯᠡᠨ᠂ ᠲᠡᠭᠦᠨ | ᠯᠦᠭᠡ ᠤᠷᠢᠵᠤ ᠬᠡᠷᠡᠭᠯᠡᠬᠦ ᠭᠡᠷ᠎ᠡ ᠲᠤᠭᠲᠠᠬᠤ ᠪᠤᠶᠤ ᠭᠡᠷ᠎ᠡ ᠶᠢ ᠬᠤᠪᠢᠷᠠᠭᠤᠯᠵᠤ᠂ ᠡᠷᠬᠡ ᠪᠠ ᠡᠭᠦᠷᠭᠡ ᠶᠢ | ᠲᠣᠳᠣᠷᠬᠠᠶᠢᠯᠠᠨ᠎ᠠ᠃ | 20 . ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ | ᠦᠨᠡᠮᠰᠢᠭᠦᠯᠦᠭᠰᠡᠨ ᠠᠳᠠᠯ ᠦᠢᠯᠡᠰ ᠴᠤᠭᠴᠠᠯᠠᠬᠤ ᠬᠦᠷᠢᠶᠡᠯᠡᠩ᠂ ᠠᠳᠠᠯ ᠦᠢᠯᠡᠰ ᠴᠤᠭᠴᠠᠯᠠᠬᠤ ᠨᠡᠪᠴᠢᠭᠦᠯᠦᠬᠦᠷ ᠤᠨ | ᠰᠠᠭᠤᠷᠢᠨ ᠭᠠᠵᠠᠷ ᠲᠤ ᠤᠷᠤᠵᠤ ᠰᠠᠭᠤᠭᠰᠠᠨ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠮᠦᠰ | ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠵᠡᠷᠭᠡ | ᠬᠠᠷᠠᠭᠠᠯᠵᠠᠯ ᠶᠢᠨ ᠲᠦᠷᠦ ᠶᠢᠨ ᠪᠤᠳᠤᠯᠭ᠎ᠠ ᠶᠢ ᠬᠦᠷᠲᠡᠬᠦ ᠠᠴᠠ ᠭᠠᠳᠠᠨ᠎ᠠ ᠪᠠᠰᠠ ᠶᠠᠮᠠᠷ ᠬᠠᠷᠠᠭᠠᠯᠵᠠᠯ ᠤᠨ ᠲᠦᠷᠦ ᠶᠢᠨ | ᠪᠣᠳᠤᠯᠭ᠎ᠠ ᠪᠠᠶᠢᠬᠤ ᠪᠤᠢ︖ | ᠬᠠᠷᠢᠭᠤᠯᠲᠠ᠄ ᠨᠡᠪᠴᠢᠬᠦᠯᠬᠦ ᠬᠤᠭᠤᠴᠠᠭᠠᠨ ᠳᠤ ᠶᠡᠷᠦᠩᠭᠡᠢ ᠳᠡᠭᠡᠨ ᠪᠠᠰᠠ ᠲᠦᠷᠢᠶᠡᠰᠦᠨ ᠮᠥᠩᠭᠦ᠂ ᠤᠰᠤ | ᠴᠠᠬᠢᠯᠭᠠᠨ ᠤ ᠵᠠᠷᠤᠳᠠᠯ᠂ ᠠᠳᠠᠯ ᠠᠬᠤᠶ ᠶᠢᠨ ᠵᠠᠷᠤᠳᠠᠯ᠂ ᠳᠤᠯᠠᠭᠠᠯᠠᠯᠭ᠎ᠠ ᠶᠢᠨ ᠰᠦᠢᠳᠬᠡᠯ ᠵᠡᠷᠭᠡ ᠬᠠᠮᠢᠶ᠎ᠠ ᠪᠦᠬᠦᠢ | ᠵᠠᠷᠤᠳᠠᠯ ᠢ ᠨᠢ ᠬᠠᠰᠤᠵᠤ ᠬᠡᠯᠲᠦᠷᠢᠬᠦᠯᠵᠤ ᠪᠤᠯᠤᠨ᠎ᠠ᠂ ᠬᠡᠬᠦ ᠳᠡᠭᠡᠨ ᠡᠯ᠎ᠡ ᠠᠶᠢᠮᠠᠭ ᠬᠤᠳᠠ ᠪᠣᠯᠤᠨ ᠬᠤᠰᠢᠭᠤ ᠰᠢᠶᠠᠨ | ︵ᠲᠣᠭᠤᠷᠢᠭ︶ ᠪᠠᠭ᠎ᠠ ᠰᠠᠭ᠎ᠠ ᠵᠥᠷᠢᠶ᠎ᠡ ᠲᠠᠢ ᠪᠠᠶᠢᠵᠤ ᠮᠡᠳᠡᠨ᠎ᠡ᠃ | 21 . ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ | ᠨᠡᠪᠴᠢᠬᠦᠯᠦᠬᠦᠷ ᠤᠨ ᠰᠠᠭᠤᠷᠢᠨ ᠭᠠᠵᠠᠷ ᠤᠨ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠲᠥᠷᠥᠯ ᠵᠦᠢᠯ ᠤᠨ | ᠪᠡᠯᠡ ᠮᠥᠩᠭᠦ ᠶᠢ ᠭᠤᠣᠯᠳᠠᠭᠤ ᠶᠠᠭᠤᠨ ᠳᠤ ᠬᠡᠷᠡᠭᠯᠡᠬᠦ ᠪᠤᠢ︖ | ᠬᠠᠷᠢᠭᠤᠯᠲᠠ᠄ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠱᠠᠩᠨᠠᠯ ᠤᠨ ᠪᠡᠯᠡ ᠮᠥᠩᠭᠦ ᠶᠢ | ᠭᠤᠣᠯᠳᠠᠭᠤ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠪᠠᠶᠢᠭᠤᠯᠬᠤ᠂ ᠠᠳᠠᠯ ᠦᠢᠯᠡᠰ | ᠴᠤᠭᠴᠠᠯᠠᠬᠤ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠪᠠ ᠠᠳᠠᠯ ᠦᠢᠯᠡᠰ ᠴᠤᠭᠴᠠᠯᠠᠬᠤ | ᠬᠠᠮᠢᠶ᠎ᠠ ᠪᠦᠬᠦᠢ ᠦᠢᠯᠡᠴᠢᠯᠡᠭᠡ ᠤᠯᠭᠤᠬᠤ ᠵᠡᠷᠭᠡ ᠳᠤ ᠬᠡᠷᠡᠭᠯᠡᠨ᠎ᠡ᠃ | 22 . ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ | ᠰᠠᠭᠤᠷᠢᠨ ᠭᠠᠵᠠᠷ ᠨᠢ ᠠᠳᠠᠯ ᠦᠢᠯᠡᠰ ᠴᠣᠭᠴᠠᠯᠠᠭᠴᠢ ᠳᠤ ᠶᠠᠮᠠᠷ ᠦᠢᠯᠡᠳᠦᠯ ᠲᠠᠢ ᠪᠤᠢ︖ | ᠬᠠᠷᠢᠭᠤᠯᠲᠠ᠄ ᠠᠳᠠᠯ ᠦᠢᠯᠡᠰ ᠴᠣᠭᠴᠠᠯᠠᠬᠤ ᠬᠦᠷᠢᠶᠡᠯᠡᠩ ᠨᠡᠪᠴᠢᠭᠦᠯᠤᠤᠷ ᠤᠨ ᠰᠠᠭᠤᠷᠢᠨ ᠭᠠᠵᠠᠷ ᠢ ᠪᠣᠯ | ᠵᠠᠰᠠᠭ ᠤᠨ ᠣᠷᠳᠣᠨ ᠬᠥᠲᠥᠯᠥᠨ ᠵᠢᠯᠣᠭᠤᠳᠴᠤ ᠲᠡᠳᠬᠦᠨ ᠳᠡᠮᠵᠢᠵᠦ᠂ ᠵᠠᠬ᠎ᠠ ᠳᠡᠯᠭᠡᠭᠦᠷ ᠤᠨ ᠲᠣᠭᠲᠠᠴᠠ ᠪᠠᠷ | ᠠᠵᠢᠯᠯᠠᠭᠤᠯᠵᠤ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠵᠤ᠂ ᠰᠢᠨ᠎ᠡ ᠪᠠᠶᠢᠭᠤᠯᠬᠤ ᠪᠠ ᠰᠤᠯᠠ | ᠪᠠᠶᠢᠬᠤ ᠦᠢᠯᠡᠳᠪᠦᠷᠢ ᠶᠢᠨ ᠪᠠᠶᠢᠰᠢᠩ᠂ ᠲᠠᠯᠠᠪᠤᠷ ᠢ ᠥᠭᠡᠷᠡᠴᠢᠯᠡᠨ ᠪᠠᠶᠢᠭᠤᠯᠬᠤ ᠪᠠᠷ ᠳᠠᠮᠵᠢᠭᠤᠯᠬᠤ ᠪᠤᠶᠤ ᠤᠳᠤ | ᠶᠢᠨ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠣᠷᠣᠨ | ᠲᠣᠭᠤᠷᠢᠭ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠵᠢᠵᠢᠭ ᠠᠵᠤ ᠠᠬᠤᠶᠢᠯᠠᠯ | ᠤᠨ ᠨᠡᠪᠴᠢᠭᠦᠯᠦᠦᠷ ᠬᠦᠷᠢᠶᠡᠯᠡᠩ᠂ ᠲᠤᠰᠬᠠᠶ ᠵᠠᠬ᠎ᠠ ᠳᠡᠯᠭᠡᠭᠦᠷ ᠪᠠ ᠬᠤᠳᠠᠯᠳᠤᠭᠠᠨ ᠤ ᠲᠠᠯᠠᠪᠤᠷ ᠤᠨ ᠨᠢᠭᠡ ᠬᠡᠰᠡᠭ ᠢ | ᠰᠠᠯᠭᠠᠨ ᠠᠪᠴᠤ ᠪᠠᠶᠢᠭᠤᠯᠤᠭᠠᠳ᠂ ᠠᠳᠠᠯ ᠦᠢᠯᠡᠰ ᠴᠣᠭᠴᠠᠯᠠᠬᠤ ᠭᠤᠣᠯ ᠴᠣᠭᠴᠠ ᠶᠢ ᠬᠥᠮᠦᠵᠢᠭᠦᠯᠬᠦ ᠪᠠᠷ | ᠬᠠᠷᠠᠯᠲᠠ ᠪᠣᠯᠭᠠᠨ᠂ ᠡᠯ᠎ᠡ ᠲᠥᠷᠥᠯ ᠤᠨ ᠭᠠᠵᠠᠷ ᠲᠠᠯᠠᠪᠤᠷ ᠢ ᠭᠦᠢᠴᠡᠳ ᠠᠰᠢᠭᠯᠠᠵᠤ᠂ ᠬᠦᠷᠢᠶᠡᠯᠡᠩ | ᠲᠤᠭᠤᠷᠢᠭ ᠤᠳ ᠲᠤ ᠣᠷᠣᠵᠣ ᠰᠠᠭᠤᠭᠰᠠᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠳᠤ ᠲᠦᠷᠢᠶᠡᠰᠦᠨ | ᠮᠥᠩᠭᠦ ᠬᠢᠮᠳᠠ᠂ ᠵᠠᠷᠤᠳᠠᠯ ᠤᠨ ᠨᠤᠷᠮ᠎ᠠ ᠪᠠᠭ᠎ᠠ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠬᠠᠩᠭᠠᠨ | ᠥᠭᠬᠦ ᠪᠦᠭᠡᠳ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠬᠢᠬᠦ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠦᠨᠡᠯᠡᠨ | ᠵᠢᠱᠢᠬᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ᠂ ᠪᠡᠯᠡ ᠲᠣᠬᠢᠷᠠᠭᠤᠯᠬᠤ᠂ ᠠᠵᠢᠯ ᠡᠬᠢᠯᠡᠭᠦᠯᠬᠦ ᠳᠤ | ᠵᠢᠯᠤᠭᠤᠳᠤᠯᠭ᠎ᠠ ᠬᠢᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠠᠵᠤ ᠠᠬᠤᠶᠢᠯᠠᠯ ᠤᠨ ᠬᠠᠮᠢᠶᠠᠷᠤᠯᠲᠠ᠂ | ᠬᠤᠯᠪᠣᠭᠳᠠᠯ ᠪᠦᠬᠦᠢ ᠬᠡᠷᠡᠭ ᠶᠠᠪᠤᠳᠠᠯ ᠢ ᠲᠥᠯᠥᠭᠡᠯᠡᠨ ᠭᠦᠢᠴᠡᠳᠬᠡᠬᠦ ᠵᠡᠷᠭᠡ ᠲᠤᠰᠬᠠᠶᠢᠵᠢᠭᠰᠠᠨ ᠦᠢᠯᠡᠴᠢᠯᠡᠭᠡ ᠶᠢ | ᠲᠠᠲᠠᠨ ᠣᠷᠣᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠲᠡᠬᠢᠠ ᠢᠶᠠᠷ ᠨᠡᠮᠡᠭᠳᠡᠭᠦᠯᠬᠦ | ᠦᠢᠯᠡᠳᠦᠯ ᠢ ᠭᠦᠢᠴᠡᠳ ᠪᠠᠳᠠᠷᠠᠭᠤᠯᠳᠠᠭ᠃ | 23 . ᠥᠪᠥᠷ ᠮᠣᠩᠭᠤᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠳᠤ ᠂ ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ ᠬᠦᠷᠢᠶᠡᠯᠡᠩ ᠲᠣᠭᠤᠷᠢᠭ ᠲᠤ | ᠣᠷᠣᠵᠤ ᠰᠠᠭᠤᠭᠠᠳ ᠬᠦᠷᠲᠡᠵᠦ ᠪᠠᠶᠢᠭᠰᠠᠨ ᠡᠯ᠎ᠡ ᠵᠦᠢᠯ ᠤᠨ ᠨᠥᠬᠦᠪᠥᠷᠢ ᠮᠥᠩᠭᠦ ᠠᠴᠠ ᠭᠠᠳᠠᠨ᠎ᠠ ᠪᠠᠰᠠ ᠥᠭᠡᠷ᠎ᠡ | ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠦᠷᠲᠡᠵᠦ ᠪᠣᠯᠬᠤ ᠪᠤᠢ︖ | ᠬᠠᠷᠢᠭᠤᠯᠲᠠ᠄ ᠨᠡᠪᠴᠢᠭᠦᠯᠤᠤᠷ ᠤᠨ ᠬᠤᠭᠤᠴᠠᠭᠠᠨ ᠳᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ | ᠠᠳᠠᠯ ᠠᠬᠤᠶ ᠶᠢᠨ ᠰᠦᠢᠳᠬᠡᠯ᠂ ᠤᠰᠤ ᠴᠠᠬᠢᠯᠭᠠᠨ ᠤ ᠵᠠᠷᠤᠳᠠᠯ ᠵᠡᠷᠭᠡ ᠨᠥᠬᠦᠪᠥᠷᠢ ᠬᠦᠷᠲᠡᠬᠦ ᠠᠴᠠ ᠭᠠᠳᠠᠨ᠎ᠠ | ᠪᠠᠰᠠ ᠲᠦᠷᠦ ᠶᠢᠨ ᠪᠤᠲᠤᠯᠭ᠎ᠠ ᠶᠢᠨ ᠲᠣᠭᠲᠠᠭᠠᠯ ᠳᠤ ᠨᠡᠶᠢᠴᠡᠵᠦ ᠪᠠᠶᠢᠪᠠᠯ᠂ ᠠᠵᠤ ᠠᠬᠤᠶᠢᠯᠠᠯ ᠤᠨ ᠣᠯᠵᠠᠪᠤᠷᠢ ᠶᠢᠨ | ᠭᠠᠶᠢᠯᠢ ᠶᠢ ᠬᠠᠰᠤᠵᠤ ᠲᠠᠲᠠᠪᠤᠷᠢᠯᠠᠬᠤ᠂ ᠦᠷᠳᠡᠭ ᠤᠨ ᠨᠡᠮᠡᠭᠳᠡᠯ ᠤᠨ ᠭᠠᠶᠢᠯᠢ ᠂ ᠡᠵᠡᠩᠨᠡᠯᠲᠡ ᠶᠢᠨ ᠭᠠᠶᠢᠯᠢ᠂ | ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ᠂ ᠤᠰᠤᠨ | ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ᠂ ᠰᠣᠶᠣᠯ ᠤᠨ ᠦᠢᠯᠡᠰ ᠤᠨ ᠪᠥᠳᠥᠭᠡᠨ | ᠪᠠᠶᠢᠭᠤᠯᠤᠯᠲᠠ ᠶᠢᠨ ᠵᠠᠷᠤᠳᠠᠯ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠵᠡᠷᠭᠡ ᠭᠠᠶᠢᠯᠢ | ᠰᠦᠢᠳᠬᠡᠯ ᠢ ᠬᠠᠰᠤᠵᠤ ᠬᠡᠯᠲᠦᠷᠢᠭᠦᠯᠬᠦ ᠪᠠ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ | ᠬᠠᠰᠤᠵᠤ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃ ᠨᠤᠲᠤᠭ ᠲᠠᠭᠠᠨ | ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠡᠭᠦᠰᠭᠡᠨ ᠪᠠᠶᠢᠭᠤᠯᠤᠭᠰᠠᠨ ᠰᠢᠨ᠎ᠡ ᠮᠠᠶ᠋ᠢᠭ ᠤᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠨᠢ᠂ ᠲᠠᠷᠢᠶᠠᠯᠠᠩ ᠤᠨ ᠨᠥᠬᠦᠪᠥᠷᠢ ᠣᠯᠭᠤᠬᠤ ᠲᠥᠷᠥ ᠶᠢᠨ ᠪᠤᠳᠤᠯᠭ᠎ᠠ ᠶᠢᠨ | ᠳᠡᠮᠵᠢᠯᠭᠡ ᠦᠵᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ ᠪᠠᠰᠠ ᠬᠠᠷᠢᠴᠠᠩᠭᠤᠢ ᠪᠦᠬᠦᠢ ᠲᠦᠷᠦ ᠶᠢᠨ | ᠪᠤᠳᠤᠯᠭ᠎ᠠ ᠶᠢᠨ ᠳᠡᠮᠵᠢᠯᠭᠡ ᠶᠢ ᠲᠣᠭᠲᠠᠭᠠᠯ ᠶᠣᠰᠣᠭᠠᠷ ᠠᠳᠠᠯᠢ ᠲᠡᠭᠰᠢ ᠪᠠᠷ ᠬᠦᠷᠲᠡᠵᠦ ᠪᠣᠯᠣᠨ᠎ᠠ᠃ | 24 . ᠬᠥᠳᠡᠯᠮᠦᠷᠢᠴᠢᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠪᠠᠨ ᠬᠡᠷᠬᠢᠨ | ᠳᠡᠭᠡᠭᠰᠢᠯᠡᠭᠦᠯᠬᠦ ᠪᠤᠢ︖ | ᠬᠠᠷᠢᠭᠤᠯᠲᠠ᠄ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠬᠦᠰᠡᠯ ᠲᠠᠢ ᠬᠥᠳᠡᠯᠮᠦᠷᠢᠴᠢᠳ᠂ | ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠵᠤ᠂ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠤᠨ ᠤᠨᠤᠯ ᠤᠨ ᠰᠤᠷᠤᠯᠴᠠᠯᠭ᠎ᠠ ᠪᠠ ᠠᠳᠠᠯ ᠦᠢᠯᠡᠰ ᠴᠣᠭᠴᠠᠯᠠᠬᠤ ᠳᠠᠳᠤᠯᠭ᠎ᠠ | ᠪᠣᠯᠪᠠᠰᠤᠷᠠᠭᠤᠯᠤᠯ ᠤᠨ ᠰᠣᠷᠢᠯᠲᠠ ᠶᠢᠨ ᠦᠢᠯᠡᠳᠦᠯᠭᠡ ᠶᠢ ᠬᠦᠯᠢᠶᠡᠵᠦ᠂ ᠠᠵᠤ ᠠᠬᠤᠶᠢᠯᠠᠯ ᠡᠭᠦᠳᠦᠨ ᠴᠣᠭᠴᠠᠯᠠᠬᠤ | ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ ᠠᠳᠠᠯ ᠦᠢᠯᠡᠰ ᠴᠣᠭᠴᠠᠯᠠᠬᠤ ᠲᠥᠯᠥᠪᠯᠡᠭᠡ ᠪᠠᠨ ᠪᠦᠷᠢᠨᠰᠢᠭᠦᠯᠵᠦ᠂ | ᠠᠵᠤ ᠠᠬᠤᠶᠢᠯᠠᠯ ᠤᠨ ᠠᠰᠢᠭ ᠬᠤᠨᠵᠢᠪᠣᠷᠢ ᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ | ᠪᠠᠭᠠᠰᠬᠠᠵᠤ᠂ ᠠᠳᠠᠯ ᠦᠢᠯᠡᠰ ᠴᠣᠭᠴᠠᠯᠠᠬᠤ ᠠᠮᠵᠢᠯᠲᠠ ᠪᠦᠲᠦᠭᠡᠯ ᠢᠶᠠᠨ ᠠᠬᠢᠭᠤᠯᠬᠤ ᠪᠣᠯᠣᠨ᠎ᠠ᠃ | 25 . ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠠᠵᠤ ᠠᠬᠤᠶᠢᠯᠠᠯ ᠡᠭᠦᠰᠬᠡᠨ | ᠪᠠᠶᠢᠭᠤᠯᠤᠭᠠᠳ ᠠᠵᠢᠯ ᠣᠯᠭᠤᠬᠤ ᠲᠠᠯ᠎ᠠ ᠪᠠᠷ ᠶᠠᠮᠠᠷ ᠬᠠᠷᠠᠭᠠᠯᠵᠠᠯ ᠪᠠᠶᠢᠬᠤ ᠪᠤᠢ︖ | ᠬᠠᠷᠢᠭᠤᠯᠲᠠ᠄ ᠠᠵᠤ ᠠᠬᠤᠶᠢᠯᠠᠯ ᠨᠢ ᠠᠵᠢᠯ ᠤᠯᠬᠤ ᠳᠤ ᠬᠦᠴᠢᠷᠲᠡᠶ ᠬᠥᠮᠦᠰ᠂ ᠲᠣᠰ ᠵᠢᠯ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠪᠣᠯ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ | ᠨᠥᠬᠦᠪᠥᠷᠢ ᠣᠯᠭᠤᠨ᠎ᠠ᠃ | 26 . ᠬᠥᠳᠡᠯᠮᠦᠷᠢᠴᠢᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ ᠲᠦᠷᠦᠯ ᠵᠦᠢᠯ | ᠣᠯᠳᠠᠬᠤ ᠦᠭᠡᠢ ᠪᠣᠯ ᠵᠠᠰᠠᠭ ᠤᠨ ᠣᠷᠳᠣᠨ ᠤ ᠠᠵᠢᠯ ᠣᠯᠭᠤᠬᠤ ᠦᠢᠯᠡᠴᠢᠯᠡᠭᠡᠨ ᠤ ᠰᠠᠯᠠᠭ᠎ᠠ ᠮᠥᠴᠢᠷ ᠶᠠᠮᠠᠷ | ᠦᠢᠯᠡᠴᠢᠯᠡᠭᠡ ᠬᠦᠷᠲᠡᠭᠡᠬᠦ ᠪᠣᠢ︖ | ᠬᠠᠷᠢᠭᠤᠯᠲᠠ᠄ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠢᠯᠡ ᠪᠠᠷ ᠴᠤᠭᠯᠠᠭᠤᠯᠬᠤ ᠪᠤᠶᠤ ᠵᠠᠰᠠᠭ | ᠤᠨ ᠣᠷᠳᠣᠨ ᠬᠤᠳᠠᠯᠳᠤᠨ ᠠᠪᠬᠤ ᠲᠠᠲᠠᠨ ᠣᠷᠣᠭᠤᠯᠬᠤ᠂ ᠲᠠᠨᠢᠯᠴᠠᠭᠤᠯᠬᠤ ᠠᠷᠭ᠎ᠠ ᠪᠠᠷ ᠳᠠᠮᠵᠢᠭᠤᠯᠤᠨ᠂ ᠠᠳᠠᠯ | ᠦᠢᠯᠡᠰ ᠴᠣᠭᠴᠠᠯᠠᠬᠤ ᠲᠥᠷᠥᠯ ᠵᠦᠢᠯ ᠤᠨ ᠡᠬᠢ ᠪᠠᠶᠠᠯᠢᠭ ᠤᠨ ᠬᠥᠮᠥᠷᠭᠡ ᠪᠠᠶᠢᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠂ ᠠᠶᠢᠮᠠᠭ ᠬᠤᠳᠠ ᠶᠢᠨ ᠬᠥᠮᠥᠷᠭᠡ ᠳᠤ ᠣᠷᠣᠭᠤᠯᠬᠤ ᠠᠳᠠᠯ ᠦᠢᠯᠡᠰ ᠴᠣᠭᠴᠠᠯᠠᠬᠤ | ᠲᠥᠷᠥᠯ ᠵᠦᠢᠯ ᠨᠢ ᠶᠡᠷᠦᠩᠬᠡᠶ ᠳᠡᠭᠡᠨ 1000 ᠠᠴᠠ ᠳᠤᠲᠠᠭᠤ ᠪᠠᠶᠢᠵᠤ ᠪᠣᠯᠬᠤ ᠦᠭᠡᠢ᠂ ᠬᠤᠰᠢᠭᠤ ᠰᠢᠶᠠᠨ ︵ | ᠲᠣᠭᠤᠷᠢᠭ᠂ ᠬᠤᠲᠠ︶ ᠤ ᠬᠢ ᠲᠥᠷᠥᠯ ᠵᠦᠢᠯ ᠢ 300 ᠠᠴᠠ ᠳᠤᠲᠠᠭᠤ ᠪᠠᠶᠢᠵᠤ ᠪᠣᠯᠬᠤ ᠦᠭᠡᠢ᠂ ᠲᠥᠷᠥᠯ | ᠵᠦᠢᠯ ᠲᠠᠨᠢᠯᠴᠠᠭᠤᠯᠬᠤ᠂ ᠲᠥᠷᠥᠯ ᠵᠦᠢᠯ ᠢ ᠲᠣᠭᠤᠷᠢᠨ ᠦᠵᠡᠬᠦ᠂ ᠮᠡᠳᠡᠭᠡ ᠵᠠᠩᠭᠢ ᠨᠡᠶᠢᠲᠡᠯᠡᠬᠦ ᠵᠡᠷᠭᠡ ᠬᠡᠯᠪᠡᠷᠢ ᠪᠠᠷ | ᠳᠠᠮᠵᠢᠭᠤᠯᠤᠨ ᠠᠳᠠᠯ ᠦᠢᠯᠡᠰ ᠴᠣᠭᠴᠠᠯᠠᠭᠴᠢᠳ ᠲᠤ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠥᠷᠭᠡᠨ | ᠳᠡᠯᠭᠡᠷ ᠲᠠᠨᠢᠯᠴᠠᠭᠤᠯᠤᠨ᠎ᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠨᠢ | ᠴᠥᠮ ᠠᠵᠢᠯ ᠣᠯᠬᠤ ᠠᠳᠠᠯ ᠦᠢᠯᠡᠰ ᠴᠣᠭᠴᠠᠯᠠᠬᠤ ᠵᠢᠯᠣᠭᠤᠳᠬᠤ ᠲᠥᠪ ᠪᠠᠶᠢᠭᠤᠯᠵᠤ᠂ ᠠᠳᠠᠯ ᠦᠢᠯᠡᠰ | ᠴᠣᠭᠴᠠᠯᠠᠭᠴᠢᠳ ᠲᠤ ᠲᠤᠰᠬᠠᠶᠢᠯᠠᠨ ᠠᠳᠠᠯ ᠦᠢᠯᠡᠰ ᠴᠣᠭᠴᠠᠯᠠᠬᠤ ᠲᠥᠷᠥ ᠶᠢᠨ ᠪᠤᠳᠤᠯᠭ᠎ᠠ ᠶᠢᠨ ᠯᠠᠪᠯᠠᠭ᠎ᠠ ᠥᠭᠬᠦ᠂ | ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ᠂ ᠠᠳᠠᠯ ᠦᠢᠯᠡᠰ ᠴᠣᠭᠴᠠᠯᠠᠬᠤ ᠵᠢᠯᠤᠭᠤᠳᠤᠯᠭ᠎ᠠ᠂ ᠲᠥᠷᠥᠯ | ᠵᠦᠢᠯ ᠨᠡᠭᠡᠭᠡᠨ ᠬᠥᠭᠵᠢᠭᠦᠯᠬᠦ᠂ ᠲᠥᠰᠦᠯ ᠵᠢᠷᠤᠭᠯᠠᠨ ᠲᠥᠯᠥᠪᠯᠡᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ | ᠠᠵᠢᠯ ᠡᠬᠢᠯᠡᠭᠦᠯᠬᠦ ᠵᠢᠯᠤᠭᠤᠳᠤᠯᠭ᠎ᠠ ᠥᠭᠬᠦ᠂ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠣᠯᠭᠤᠬᠤ᠂ ᠮᠥᠷᠳᠡᠨ | ᠲᠠᠭᠠᠵᠤ ᠲᠡᠳᠬᠦᠬᠦ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ | ᠬᠦᠷᠲᠡᠭᠡᠨ᠎ᠡ᠃ | 27 . ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠡᠷᠦᠬᠡ ᠠᠮᠠ ᠶᠢᠨ ᠳᠠᠩᠰᠠᠨ ᠲᠠᠢ ᠠᠳᠠᠯ ᠦᠢᠯᠡᠰ | ᠴᠣᠭᠴᠠᠯᠠᠭᠴᠢᠳ ᠥᠪᠥᠷ ᠮᠣᠩᠭᠤᠯ ᠳᠤ ᠪᠣᠳᠠᠲᠤ ᠴᠣᠭᠴᠠ ᠪᠠᠶᠢᠭᠤᠯᠤᠭᠰᠠᠨ ᠪᠦᠭᠡᠳ ᠪᠤᠳᠠᠳᠤ ᠴᠤᠭᠴᠠ ᠶᠢᠨ | ᠡᠵᠡᠩᠨᠡᠯᠲᠡ ᠶᠢᠨ ᠬᠡᠪᠴᠢᠶ᠎ᠡ ᠪᠠᠨ ᠰᠠᠶᠢᠵᠢᠷᠠᠭᠤᠯᠬᠤ ᠪᠤᠶᠤ ᠥᠷᠭᠡᠳᠬᠡᠬᠦ ᠬᠦᠰᠡᠯ ᠲᠠᠢ ᠪᠣᠯ᠂ ᠥᠪᠥᠷ ᠮᠣᠩᠭᠤᠯ ᠤᠨ | ᠬᠠᠮᠢᠶ᠎ᠠ ᠪᠦᠬᠦᠢ ᠠᠳᠠᠯ ᠦᠢᠯᠡᠰ ᠴᠣᠭᠴᠠᠯᠠᠬᠤ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ ᠦᠦ︖ | ᠬᠠᠷᠢᠭᠤᠯᠲᠠ᠄ ᠡᠷᠦᠬᠡ ᠠᠮᠠ ᠨᠢ ᠥᠪᠥᠷ ᠮᠣᠩᠭᠤᠯ ᠳᠤ ᠪᠠᠶᠢᠭ᠎ᠠ ᠬᠥᠮᠥᠰ ᠲᠠᠢ ᠠᠳᠠᠯᠢ ᠲᠡᠭᠰᠢ ᠪᠠᠷ ᠠᠳᠠᠯ | ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠨ᠎ᠡ᠃ ᠪᠣᠳᠠᠲᠠᠶ | ᠪᠠᠷ ᠬᠡᠯᠡᠪᠡᠯ᠄ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠮᠠᠯᠵᠢᠬᠤ ᠲᠠᠷᠢᠶᠠᠯᠠᠬᠤ ᠣᠷᠣᠨ | ᠤ ᠰᠢᠯᠵᠢᠭᠦᠯᠦᠨ ᠠᠵᠢᠯ ᠣᠯᠣᠭᠰᠠᠨ ᠬᠥᠳᠡᠯᠮᠦᠷᠢᠴᠢᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠳᠠ | ᠬᠥᠳᠡᠭᠡ ᠶᠢᠨ ᠦᠷᠭᠦᠯᠵᠢᠯᠡᠨ ᠰᠤᠷᠭᠠᠭᠤᠯᠢ ᠲᠠᠪᠰᠢᠭᠰᠠᠨ ᠥᠭᠡᠢ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ ᠠᠴᠠ ᠪᠠᠭᠤᠭᠰᠠᠳ | ᠵᠡᠷᠭᠡ ᠲᠠᠪᠤᠨ ᠲᠥᠷᠥᠯ ᠤᠨ ᠬᠥᠮᠦᠰ ᠪᠠᠭᠲᠠᠨ᠎ᠠ᠃ | 28 . ᠰᠦᠯᠵᠢᠶᠡᠨ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠡᠯ᠎ᠡ ᠵᠦᠢᠯ ᠤᠨ ᠠᠳᠠᠯ ᠦᠢᠯᠡᠰ | ᠴᠣᠭᠴᠠᠯᠠᠬᠤ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ ᠦᠦ︖ | ᠬᠠᠷᠢᠭᠤᠯᠲᠠ᠄ ᠦᠢᠯᠡᠳᠪᠦᠷᠢ ᠬᠤᠳᠠᠯᠳᠤᠭᠠᠨ ᠤ ᠬᠢᠨ ᠳᠤ ᠳᠠᠩᠰᠠᠯᠠᠭᠤᠯᠤᠭᠰᠠᠨ ᠪᠠᠶᠢᠪᠠᠯ ᠠᠳᠠᠯ ᠦᠢᠯᠡᠰ | ᠴᠣᠭᠴᠠᠯᠠᠬᠤ ᠶᠢ ᠲᠡᠳᠬᠦᠨ ᠳᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠠᠳᠠᠯᠢ | ᠲᠡᠭᠰᠢ ᠪᠠᠷ ᠬᠦᠷᠲᠡᠨ᠎ᠡ᠂ ᠦᠢᠯᠡᠳᠪᠦᠷᠢ ᠬᠤᠳᠠᠯᠳᠤᠭᠠᠨ ᠤ ᠬᠢᠨ ᠳᠤ ᠳᠠᠩᠰᠠᠯᠠᠭᠤᠯᠤᠠ ᠪᠦᠷᠢᠳᠬᠡᠯᠭᠡᠭᠰᠡᠨ ᠦᠭᠡᠢ ᠪᠣᠯ | ᠠᠮᠢᠳᠤᠯᠢᠭ ᠢᠶᠠᠷ ᠠᠵᠢᠯ ᠣᠯᠤᠭᠰᠠᠳ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ | ᠬᠦᠷᠳᠡᠨ᠎ᠡ᠃ | 29 . ᠰᠦᠯᠵᠢᠶᠡᠨ ᠳᠡᠭᠡᠷ᠎ᠡ ᠠᠳᠠᠯ ᠦᠢᠯᠡᠰ ᠴᠣᠭᠴᠠᠯᠠᠭᠴᠢ ᠠᠳᠠᠯ ᠦᠢᠯᠡᠰ ᠴᠣᠭᠴᠠᠯᠠᠬᠤ ᠳᠠᠭᠭᠠᠯᠲᠠᠲᠤ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ ᠦᠦ︖ | ᠬᠠᠷᠢᠭᠤᠯᠲᠠ᠄ ᠰᠦᠯᠵᠢᠶᠡᠨ ᠲᠠᠪᠴᠠᠩ ᠳᠡᠭᠡᠷ᠎ᠡ ᠦᠨᠡᠨ ᠨᠡᠷ᠎ᠡ ᠪᠠᠷ ᠢᠶᠠᠨ ᠳᠠᠩᠰᠠᠯᠠᠵᠤ᠂ ᠡᠵᠡᠩᠨᠡᠯᠲᠡ ᠨᠢ | ᠲᠣᠭᠲᠠᠭᠤᠨ ᠪᠥᠭᠡᠳ ᠢᠲᠡᠭᠡᠯ ᠬᠦᠨᠳᠦ ᠪᠠᠷ ᠰᠠᠶᠢᠨ ᠰᠦᠯᠵᠢᠶᠡᠨ ᠬᠤᠳᠠᠯᠳᠤᠭᠠᠨ ᠤ ᠠᠳᠠᠯ ᠦᠢᠯᠡᠰ | ᠴᠣᠭᠴᠠᠯᠠᠭᠴᠢᠳ ᠠᠳᠠᠯ ᠦᠢᠯᠡᠰ ᠴᠣᠭᠴᠠᠯᠠᠬᠤ ᠳᠠᠭᠭᠠᠯᠲᠠᠲᠤ ᠵᠢᠭᠡᠯᠡᠯᠭᠡ ᠵᠢᠴᠢ ᠳᠠᠮ ᠬᠦᠦ ᠥᠭᠬᠦ ᠲᠦᠷᠦ ᠶᠢᠨ | ᠪᠤᠳᠤᠯᠭ᠎ᠠ ᠶᠢᠨ ᠬᠠᠷᠠᠭᠠᠯᠵᠠᠯ ᠢ ᠲᠣᠭᠲᠠᠭᠠᠯ ᠶᠣᠰᠣᠭᠠᠷ ᠬᠦᠷᠲᠡᠵᠦ ᠪᠣᠯᠣᠨ᠎ᠠ᠃ | 30 . ᠬᠥᠳᠡᠯᠮᠦᠷᠢ ᠨᠢᠭᠲᠠᠷᠬᠠᠰᠠᠨ ᠵᠢᠵᠢᠭ ᠠᠵᠤ ᠠᠬᠤᠶᠢᠯᠠᠯ ᠳᠤ ᠬᠠᠮᠤᠭ ᠠᠷᠪᠢᠨ ᠳᠠᠭᠠᠨ ᠬᠡᠳᠦᠢ ᠲᠣᠭᠠᠨ | ᠤ ᠵᠢᠭᠡᠯᠡᠯᠭᠡ ᠣᠯᠭᠤᠬᠤ ᠪᠤᠶ︖ | ᠬᠠᠷᠢᠭᠤᠯᠲᠠ᠄ ᠨᠥᠬᠦᠴᠡᠯ ᠳᠤ ᠨᠡᠶᠢᠴᠡᠭᠰᠡᠨ ᠬᠥᠳᠡᠯᠮᠦᠷᠢ ᠨᠢᠭᠲᠠᠷᠬᠠᠰᠠᠨ ᠵᠢᠵᠢᠭ ᠠᠵᠤ ᠠᠬᠤᠶᠢᠯᠠᠯ ᠤᠨ | ᠵᠢᠭᠡᠯᠡᠯᠭᠡ ᠶᠢ ᠬᠠᠮᠤᠭ ᠠᠷᠪᠢᠨ ᠳᠠᠭᠠᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠲᠠᠮ ᠬᠦᠦ ᠥᠭᠬᠦ | ᠲᠦᠷᠦ ᠶᠢᠨ ᠪᠤᠳᠤᠯᠭ᠎ᠠ ᠶᠢ ᠤᠯᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ |