︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2016/8/17
     ᠰᠤᠷᠪᠤᠯᠵᠢᠯᠠᠭᠰᠠᠨ ᠴᠠᠭ᠄      2016 ᠤᠨ ᠤ 7 ᠳ᠋ᠤᠭᠠᠷ ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠤᠴᠢᠨ᠄      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠸᠡᠭ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠮᠠᠨ ᠤ ᠤᠯᠤᠰ ᠪᠣᠯ ᠨᠢᠭᠡᠨ ᠤᠯᠠᠨ ᠦᠨᠳᠦᠰᠦᠲᠡᠨ ᠲᠠᠢ ᠤᠯᠤᠰ ᠮᠥᠨ᠂ ᠤᠯᠠᠨ ᠦᠨᠳᠦᠰᠦᠲᠡᠨ ᠲᠠᠢ ᠤᠯᠤᠰ ᠤᠨ ᠦᠨᠳᠦᠰᠦᠨ ᠪᠠᠶᠢᠳᠠᠯ ᠨᠢ ᠦᠨᠳᠦᠰᠦᠲᠡᠨ ᠤ ᠠᠵᠢᠯ ᠤᠨ ᠳᠤᠮᠳᠠᠬᠢ ᠠᠷᠠᠳ ᠢᠷᠬᠡᠨ ᠤ ᠦᠨᠳᠦᠰᠦᠲᠡᠨ ᠤ ᠪᠦᠷᠢᠯᠳᠦᠬᠦᠨ ᠢ  ᠲᠡᠮᠳᠡᠭᠯᠡᠨ ᠬᠠᠮᠢᠶᠠᠷᠬᠤ ᠠᠵᠢᠯ ᠤᠨ ᠴᠢᠬᠤᠯᠠ ᠪᠠᠶᠢᠷᠢ ᠰᠠᠭᠤᠷᠢ ᠪᠤᠯᠤᠨ ᠦᠢᠯᠡᠳᠦᠯ ᠢ ᠲᠤᠭᠲᠠᠭᠠᠵᠠᠢ᠂ ︽ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠯᠠᠳᠠ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢ ᠲᠤᠭᠤᠷᠪᠢᠨ ᠲᠤᠭᠲᠠᠭᠠᠭᠰᠠᠨ ᠤ ᠬᠠᠮᠲᠤ᠂ ᠡᠨᠡ ᠵᠢᠯ ᠤᠨ 2 ᠳ᠋ᠤᠭᠠᠷ ᠰᠠᠷ᠎ᠠ ᠶᠢᠨ 4᠎ ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠬᠦᠯᠪᠡ᠃ ᠤᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠸᠡᠭ ᠢ ᠤᠷᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢᠨ ᠲᠤᠬᠠᠢ ᠣᠯᠠᠨ ᠳᠤ ᠨᠠᠷᠢᠨ ᠲᠠᠶᠢᠯᠤᠮᠵᠢ ᠬᠢᠯᠭᠡᠬᠦ ᠪᠤᠯᠤᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠶ᠎ᠠ︕                         ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ            ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠤᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠶ᠎ᠠ︕ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠸᠡᠭ ᠢ ᠤᠷᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢᠨ ᠲᠤᠬᠠᠢ ᠣᠯᠠᠨ ᠳᠤ ᠨᠠᠷᠢᠨ ᠲᠠᠶᠢᠯᠪᠤᠷᠢᠯᠠᠯᠲᠠ ᠬᠢᠬᠦ ᠪᠠᠷ ᠪᠠᠶᠢᠨ᠎ᠠ᠃ ᠶᠦᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠶᠦᠨ ᠭᠦᠸᠧ ᠱᠸᠡᠭ᠄      ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠨᠥᠳᠦᠷ ᠲᠠ ᠣᠯᠠᠨ ᠲᠠᠢ ᠰᠦᠯᠵᠢᠶᠡᠨ ᠳᠡᠭᠡᠷ᠎ᠡ ᠶᠠᠷᠢᠯᠴᠠᠬᠤ ᠪᠠᠷ ᠪᠤᠯᠤᠭᠰᠠᠨ ᠳᠤ ᠰᠡᠳᠬᠢᠯ ᠮᠠᠰᠢ ᠦᠨᠳᠦᠷ ᠪᠠᠶᠢᠨ᠎ᠠ᠃ ᠰᠦᠯᠵᠢᠶᠡᠨ ᠠᠨᠳᠠ ᠨᠠᠷ  ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠪᠠᠶᠠᠷᠯᠠᠵᠤ ᠪᠠᠶᠢᠨ᠎ᠠ︕      ᠬᠥᠲᠥᠯᠥᠭᠴᠢ᠄      ᠮᠠᠨ ᠤ ᠣᠷᠣᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠯᠠᠳᠠ᠂ ᠮᠠᠨ ᠤ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢ ᠲᠤᠭᠤᠷᠪᠢᠨ ᠲᠤᠭᠲᠠᠭᠠᠭᠰᠠᠨ ᠤ ᠬᠠᠮᠲᠤ ᠡᠨᠡ ᠵᠢᠯ ᠤᠨ 2 ᠳ᠋ᠤᠭᠠᠷ ᠰᠠᠷ᠎ᠠ ᠶᠢᠨ 4᠎ ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠬᠦᠯᠪᠡ᠃ ᠲᠡᠭᠡᠪᠡᠯ ᠶᠠᠭᠤᠨ ᠤ ᠡᠮᠦᠨ᠎ᠡ ︽ᠬᠡᠷᠡᠭᠵᠢᠭᠦᠯᠬᠦ ᠠᠷᠭ᠎ᠠ︾᠎ ᠶᠢ ᠲᠣᠭᠲᠠᠭᠠᠭᠰᠠᠨ ᠠᠬᠤᠶ ᠪᠠᠶᠢᠳᠠᠯ ᠢ ᠶᠠᠷᠢᠭᠠᠳ ᠦᠭᠭᠦᠨ᠎ᠡ ᠤᠤ︖      ᠶᠦᠨ ᠭᠦᠸᠧ ᠱᠸᠡᠭ᠄      ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠪᠤᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 55 ᠦᠨᠳᠦᠰᠦᠲᠡᠨ ᠲᠠᠢ᠂ ᠤᠯᠠᠨ ᠦᠨᠳᠦᠰᠦᠲᠡᠨ ᠲᠠᠢ ᠤᠯᠤᠰ ᠤᠨ ᠦᠨᠳᠦᠰᠦᠨ ᠪᠠᠶᠢᠳᠠᠯ ᠪᠣᠯᠤᠨ ᠣᠷᠣᠨ ᠤ ᠪᠠᠶᠢᠳᠠᠯ ᠨᠢ ᠦᠨᠳᠦᠰᠦᠲᠡᠨ ᠤ ᠠᠵᠢᠯ ᠤᠨ ᠳᠤᠮᠳᠠᠬᠢ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠨ ᠬᠠᠮᠢᠶᠠᠷᠬᠤ ᠠᠵᠢᠯ ᠤᠨ ᠴᠢᠬᠤᠯᠠ ᠪᠠᠶᠢᠷᠢ ᠰᠠᠭᠤᠷᠢ ᠪᠤᠯᠤᠨ ᠦᠢᠯᠡᠳᠦᠯ ᠢ ᠲᠤᠭᠲᠠᠭᠠᠪᠠ᠃ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠨ ᠬᠠᠮᠢᠶᠠᠷᠬᠤ ᠠᠵᠢᠯ ᠎ ᠨᠢ ᠦᠨᠳᠦᠰᠦᠲᠡᠨ ᠨᠢᠭᠡᠪᠦᠷᠢ᠂ ᠠᠷᠠᠳ ᠢᠷᠭᠡᠨ ᠨᠢᠭᠡᠪᠦᠷᠢ ᠶᠢᠨ ᠬᠠᠶᠢᠷ᠎ᠠ ᠰᠡᠳᠬᠢᠯᠭᠡ᠂ ᠪᠣᠳᠠᠲᠤ ᠡᠷᠬᠡ ᠠᠰᠢᠭ ᠲᠠᠢ ᠨᠢᠭᠲᠠ ᠬᠠᠷᠢᠴᠠᠭ᠎ᠠ ᠲᠠᠢ ᠮᠦᠷᠲᠡᠭᠡᠨ ᠪᠠᠰᠠ ᠤᠯᠤᠰ ᠤᠨ ᠤᠯᠤᠰ ᠲᠦᠷᠦ ᠶᠢᠨ ᠦᠨᠳᠦᠰᠦᠨ ᠪᠠᠶᠢᠭᠤᠯᠤᠯ ᠪᠤᠯᠤᠨ ᠤᠯᠤᠰ ᠲᠦᠷᠦ ᠶᠢᠨ ᠦᠨᠳᠦᠰᠦᠨ ᠪᠠᠶᠢᠭᠤᠯᠤᠯ ᠲᠠᠢ ᠨᠢᠭᠲᠠ ᠬᠤᠯᠪᠣᠭ᠎ᠠ ᠲᠠᠢ ᠶᠤᠮ᠂ ᠡᠭᠦᠨ ᠤ ᠬᠠᠮᠲᠤ ᠪᠠᠰᠠ ᠦᠨᠳᠦᠰᠦᠲᠡᠨ ᠤ ᠬᠠᠷᠢᠴᠠᠭ᠎ᠠ ᠶᠢᠨ ᠣᠳᠣᠬᠢ ᠪᠠᠶᠢᠳᠠᠯ ᠢ ᠲᠤᠰᠬᠠᠬᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠳ᠋ᠦᠡᠭ ᠢ ᠦᠨᠡᠯᠡᠨ ᠵᠢᠱᠢᠬᠦ᠂ ᠦᠨᠳᠦᠰᠦᠲᠡᠨ ᠤ ᠠᠵᠢᠯ ᠤᠨ ᠴᠢᠳᠠᠪᠤᠷᠢ ᠪᠤᠯᠤᠨ ᠠᠵᠢᠯ ᠤᠨ ᠰᠤᠷᠲᠠᠯ ᠢ ᠲᠤᠰᠬᠠᠬᠤ ᠴᠢᠬᠤᠯᠠ ᠠᠷᠭ᠎ᠠ ᠵᠠᠮ ᠪᠤᠯᠬᠤ ᠪᠦᠭᠡᠳ ᠨᠢᠭᠡᠨ ᠮᠠᠰᠢ ᠴᠢᠬᠤᠯᠠ ᠰᠠᠭᠤᠷᠢ ᠴᠢᠨᠠᠷᠲᠠᠶ ᠠᠵᠢᠯ ᠪᠤᠯᠤᠨ᠎ᠠ᠃ ᠡᠨᠡ ᠠᠵᠢᠯ ᠢ ᠰᠠᠶᠢᠲᠤᠷ ᠬᠢᠬᠦ ᠨᠢ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠬᠥᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      2016 ᠣᠨ ᠠᠴᠠ ᠡᠮᠦᠨ᠎ᠡ᠂ ᠮᠠᠨ ᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠤ ᠬᠠᠮᠢᠶᠠᠷᠤᠯᠲᠠ ᠶᠢᠨ ᠠᠵᠢᠯ ᠨᠢ ᠭᠤᠤᠯᠳᠠᠭᠤ 2009 ᠣᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠴᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠨᠤᠲᠠᠯᠠᠨ ᠲᠤᠭᠲᠠᠭᠠᠬᠤ ᠲᠤᠬᠠᠶ ᠲᠣᠭᠲᠠᠭᠠᠯ︾ ︵ᠦᠨᠳᠦᠰᠦᠲᠡᠨ ᠵᠦᠪᠯᠡᠯ ︿ᠵᠠᠰᠠᠭ﹀ ᠦᠰᠦᠭ ﹇1990﹈ 217 ᠳ᠋ᠤᠭᠠᠷ ᠲᠣᠭᠠᠲᠤ︶ ᠪᠣᠯᠤᠨ ︽ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠠᠵᠢᠯ ᠢ ᠴᠢᠩᠭ᠎ᠠ ᠬᠡᠷᠡᠭᠵᠢᠬᠦᠯᠬᠦ ᠬᠤᠯᠪᠣᠭᠳᠠᠯ ᠪᠦᠬᠦᠢ ᠲᠣᠭᠲᠠᠭᠠᠯ ᠤᠨ ᠲᠤᠬᠠᠶ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠯᠪᠠᠨ ᠲᠢᠩᠬᠢᠮ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠦᠨᠳᠦᠰᠦᠲᠡᠨ ᠠᠯᠪᠠᠨ ︿ᠤᠯᠤᠰ ᠲᠦᠷᠤ ᠬᠠᠤᠯᠢ ᠴᠠᠭᠠᠵᠠ﹀ ᠲᠠᠷᠬᠠᠭᠠᠭᠰᠠᠨ ﹇2009﹈ 121 ᠳ᠋ᠦ᠋ᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠠᠮᠲᠤ ᠪᠠᠷ ᠲᠤᠭᠲᠠᠭᠠᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠤᠭᠲᠠᠭᠠᠬᠤ ᠲᠤᠬᠠᠶ ᠲᠣᠭᠲᠠᠭᠠᠯ﹀᠎ ᠢ ᠬᠡᠷᠡᠭᠵᠢᠬᠦᠯᠬᠦ ᠠᠷᠭ᠎ᠠ︾᠎ ᠪᠠᠷ ᠬᠠᠮᠢᠶᠠᠷᠴᠤ ᠪᠠᠶᠢᠪᠠ᠃ ᠡᠨᠡ ᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠳ ᠡᠨᠡ ᠠᠷᠭ᠎ᠠ ᠶᠢ ᠴᠢᠩᠭ᠎ᠠ ᠵᠢᠷᠤᠮᠯᠠᠨ ᠬᠡᠷᠡᠭᠵᠢᠬᠦᠯᠦᠭᠰᠡᠨ ᠪᠠᠶᠢᠨ᠎ᠠ᠃      2015 ᠣᠨ ᠤ 6 ᠳ᠋ᠤᠭᠠᠷ ᠰᠠᠷ᠎ᠠ ᠶᠢᠨ 23᠎ ᠤ ᠡᠳᠦᠷ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ ᠬᠠᠮᠲᠤᠷᠠᠨ ︽ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ  ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ  ᠳᠣᠲᠣᠭᠠᠳᠤ ᠶᠢ ᠬᠠᠮᠠᠭᠠᠯᠠᠬᠤ ᠶᠠᠮᠤᠨ  2 ᠳ᠋ᠤᠭᠠᠷ ᠲᠣᠭᠠᠲᠤ ᠵᠠᠷᠯᠢᠭ︶᠎ ᠶᠢ ᠳᠠᠷᠤᠮᠠᠯᠯᠠᠨ ᠲᠠᠷᠬᠠᠭᠠᠵᠤ᠂ 2016 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠲᠤᠰ ︽ᠠᠷᠭ᠎ᠠ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠪᠢᠳᠡ ᠤᠯᠤᠰ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶᠎ ᠶᠢ ᠲᠤᠭᠤᠷᠪᠢᠨ ᠲᠣᠭᠲᠠᠭᠠᠭᠠᠳ᠂ ᠡᠨᠡ ᠵᠢᠯ ᠤᠨ 2 ᠳ᠋ᠤᠭᠠᠷ ᠰᠠᠷ᠎ᠠ ᠶᠢᠨ 4᠎ ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠬᠥᠲᠥᠯᠥᠭᠴᠢ᠄      ᠶᠦᠨ ᠡᠷᠬᠢᠯᠡᠭᠴᠢ ᠡ᠂ ︽ᠬᠡᠷᠡᠭᠵᠢᠭᠦᠯᠬᠦ ᠠᠷᠭ᠎ᠠ︾᠎ ᠶᠢ ᠲᠤᠭᠤᠷᠪᠢᠬᠤ ᠠᠵᠢᠯ ᠳᠤ ᠶᠠᠮᠠᠷ ᠦᠨᠳᠦᠰᠦᠨ ᠵᠠᠷᠴᠢᠮ ᠢ ᠵᠢᠷᠤᠮᠯᠠᠭᠰᠠᠨ ᠪᠤᠢ︖      ᠶᠦᠨ ᠭᠦᠸᠧ ᠱᠧᠩ᠄      ᠬᠡᠷᠡᠭᠵᠢᠭᠦᠯᠬᠦ ᠠᠷᠭ᠎ᠠ ᠶᠢ ᠲᠤᠭᠤᠷᠪᠢᠨ ᠪᠢᠴᠢᠬᠦ ᠶᠠᠪᠤᠴᠠ ᠳᠤ᠂ ᠪᠢᠳᠡ ᠳᠣᠣᠷᠠᠬᠢ ᠬᠡᠳᠦᠨ ᠦᠨᠳᠦᠰᠦᠨ ᠵᠠᠷᠴᠢᠮ ᠢ ᠪᠠᠷᠢᠮᠲᠠᠯᠠᠪᠠ᠄      ᠨᠢᠭᠡ ᠳᠤ ᠬᠠᠤᠯᠢ ᠪᠠᠷ ᠲᠣᠭᠲᠠᠭᠠᠬᠤ ᠵᠠᠷᠴᠢᠮ ᠢ ᠪᠠᠷᠢᠮᠲᠠᠯᠠᠪᠠ᠃ ᠬᠡᠷᠡᠭᠵᠢᠭᠦᠯᠬᠦ ᠠᠷᠭ᠎ᠠ ᠨᠢ ︽ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾᠎ ᠶᠢᠨ ᠲᠣᠭᠲᠠᠭᠠᠯ ᠢ ᠴᠢᠩᠭ᠎ᠠ ᠵᠢᠷᠤᠮᠯᠠᠨ ᠲᠤᠭᠤᠷᠪᠢᠵᠤ᠂ ᠵᠦᠢᠯ ᠵᠤᠷᠪᠤᠰ ᠤᠨ ᠠᠭᠤᠯᠭ᠎ᠠ ᠶᠢ ᠤᠯᠤᠰ ᠤᠨ ᠦᠨᠳᠦᠰᠦᠨ ᠲᠦᠷᠦ ᠶᠢᠨ ᠪᠤᠳᠤᠯᠭ᠎ᠠ ᠲᠠᠢ ᠨᠡᠶᠢᠴᠡᠭᠦᠯᠬᠦ ᠶᠢ ᠦᠨᠡᠨ ᠬᠦ ᠪᠠᠲᠤᠯᠠᠭᠰᠠᠨ ᠤ ᠬᠠᠮᠲᠤ ᠲᠤᠭᠤᠷᠪᠢᠨ ᠪᠢᠴᠢᠬᠦ ᠳᠡᠰ ᠳᠠᠷᠠᠭᠠᠯᠠᠯ ᠢ ᠥᠪᠡᠷᠲᠡᠭᠡᠨ ᠵᠠᠰᠠᠬᠤ ᠣᠷᠣᠨ ᠤ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠲᠡᠮᠳᠡᠭᠯᠡᠭᠦᠯᠬᠦ ᠬᠢᠨᠠᠯᠲᠠ ᠲᠠᠯᠪᠢᠬᠤ ᠠᠷᠭ᠎ᠠ︾᠎ ᠶᠢᠨ ᠲᠣᠭᠲᠠᠭᠠᠯ ᠤᠨ ᠴᠤᠪᠤᠷᠠᠯ ᠲᠠᠢ ᠨᠡᠶᠢᠴᠡᠭᠦᠯᠪᠡ᠃      ᠬᠤᠶᠠᠷ ᠲᠤ ᠬᠠᠤᠯᠢ ᠪᠠᠷ ᠵᠠᠰᠠᠭ ᠶᠠᠪᠤᠭᠤᠯᠬᠤ ᠵᠠᠷᠴᠢᠮ ᠢ ᠪᠠᠷᠢᠮᠲᠠᠯᠠᠪᠠ᠃ ᠠᠵᠢᠯ ᠤᠨ ᠴᠤᠪᠤᠷᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠳᠡᠰ ᠳᠠᠷᠠᠭᠠᠯᠠᠯ ᠢ ᠳᠥᠭᠦᠮᠴᠢᠯᠡᠬᠦ ᠶᠢ ᠪᠠᠷᠢᠮᠲᠠᠯᠠᠬᠤ ᠪᠠ ᠴᠢᠩᠭ᠎ᠠ ᠬᠠᠮᠢᠶᠠᠷᠬᠤ ᠶᠢ ᠪᠦᠲᠦᠮᠵᠢᠲᠡᠶ ᠲᠡᠩᠴᠡᠭᠦᠯᠵᠦ᠂ ᠬᠠᠤᠯᠢ ᠪᠠᠷ ᠵᠠᠰᠠᠭ ᠶᠠᠪᠤᠭᠤᠯᠬᠤ ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠎ ᠶᠢᠨ ᠱᠠᠭᠠᠷᠳᠠᠯᠭ᠎ᠠ ᠶᠢ ᠲᠣᠪᠣᠶᠢᠯᠭᠠᠪᠠ᠃      ᠭᠤᠷᠪᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠠᠷᠴᠢᠮ ᠢ ᠪᠠᠷᠢᠮᠲᠠᠯᠠᠪᠠ ᠃ ᠲᠣᠭᠲᠠᠮᠠᠯ ᠬᠤᠭᠤᠴᠠᠭ᠎ᠠ ᠲᠠᠢ ᠪᠠᠷ ᠲᠡᠮᠳᠡᠭᠯᠡᠭᠦᠯᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠵᠠᠰᠠᠭ ᠵᠠᠬᠢᠷᠭᠠᠨ ᠤ ᠠᠪᠤᠷᠠᠨ ᠲᠤᠰᠠᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠪᠦᠷᠢᠯᠳᠦᠬᠦᠨ ᠢ ᠲᠣᠭᠲᠠᠭᠠᠬᠤ᠂ ᠲᠡᠮᠳᠡᠭᠯᠡᠬᠦ᠂ ᠬᠤᠪᠢᠷᠠᠭᠤᠯᠬᠤ ᠬᠤᠷᠸ᠎ᠠ ᠬᠢᠨᠠᠨ ᠬᠠᠮᠢᠶᠠᠷᠤᠯᠲᠠ ᠪᠠ ᠬᠤᠮᠬᠢ ᠬᠢᠨᠠᠨ ᠡᠵᠡᠮᠳᠡᠯ ᠢ ᠴᠢᠩᠭᠠᠳᠬᠠᠬᠤ ᠶᠢᠨ ᠲᠥᠯᠥᠭᠡ᠂ ᠨᠡᠯᠢᠶᠡᠳ ᠯᠠᠪᠳᠠᠭᠤᠨ ᠪᠠᠲᠤᠲᠠᠶ ᠲᠣᠭᠲᠠᠴᠠ ᠶᠢᠨ ᠪᠠᠲᠤᠯᠠᠭ᠎ᠠ ᠶᠢ ᠪᠠᠶᠢᠭᠤᠯᠪᠠ᠃      ᠲᠦᠷᠪᠡ ᠳᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠵᠠᠷᠴᠢᠮ ᠢ ᠪᠠᠷᠢᠮᠲᠠᠯᠠᠪᠠ᠃ ᠡᠷᠬᠡ ᠣᠯᠭᠤᠭᠰᠠᠨ ᠠᠶᠢᠮᠠᠭ ᠬᠤᠳᠠ ᠶᠢᠨ ᠬᠡᠷᠡᠭ ᠡᠷᠬᠢᠯᠡᠬᠦ ᠵᠥᠪᠯᠡᠯ ︵ᠦᠨᠳᠦᠰᠦᠲᠡᠨ ᠤ ᠲᠣᠪᠴᠢᠶ᠎ᠠ︶᠎ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠬᠡᠷᠡᠭᠵᠢᠭᠦᠯᠬᠦ ᠠᠷᠭ᠎ᠠ︾᠎ ᠶᠢᠨ ᠦᠨᠳᠦᠰᠦᠨ ᠵᠠᠷᠴᠢᠮ ᠪᠠ ᠭᠤᠣᠯ ᠵᠦᠢᠯ ᠵᠤᠷᠪᠤᠰ ᠢ ᠵᠥᠷᠢᠴᠡᠬᠦ ᠦᠭᠡᠶ ᠪᠠᠶᠢᠬᠤ ᠤᠷᠢᠲᠠᠯ ᠳᠣᠣᠷ᠎ᠠ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠪᠠ᠃      ᠬᠥᠲᠥᠯᠥᠭᠴᠢ᠄      ︽ᠬᠡᠷᠡᠭᠵᠢᠭᠦᠯᠬᠦ ᠠᠷᠭ᠎ᠠ︾᠎ ᠶᠢᠨ ᠲᠤᠭᠤᠷᠪᠢᠬᠤ ᠠᠵᠢᠯ ᠨᠢ ᠶᠠᠮᠠᠷ ᠶᠠᠮᠠᠷ ᠶᠠᠪᠤᠴᠠ ᠶᠢ ᠥᠩᠭᠡᠷᠡᠭᠡᠭᠰᠡᠨ ᠪᠣᠢ︖      ᠶᠦᠨ ᠭᠦᠸᠧ ᠱᠧᠩ᠄      ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠣᠲᠣᠭᠠᠳᠤ ᠶᠢ ᠬᠠᠮᠠᠭᠠᠯᠠᠬᠤ ᠶᠠᠮᠤᠨ  2 ᠳ᠋ᠤᠭᠠᠷ ᠲᠣᠭᠠᠲᠤ ᠵᠠᠷᠯᠢᠭ︶᠎ ᠶᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ ᠤᠨ ᠵᠣᠷᠢᠭ ᠰᠠᠨᠠᠭ᠎ᠠ ᠶᠢ ᠨᠡᠩ ᠰᠠᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠵᠥᠪᠯᠡᠯ ᠨᠢ ᠮᠠᠨ ᠤ ᠣᠷᠣᠨ ᠤ ᠪᠣᠳᠠᠲᠤ ᠪᠠᠶᠢᠳᠠᠯ ᠳᠤ ᠳᠣᠭᠢᠷᠬᠠᠰᠠᠨ ︽ᠬᠡᠷᠡᠭᠵᠢᠭᠦᠯᠬᠦ ᠠᠷᠭ᠎ᠠ︾᠎ ᠶᠢ ᠲᠤᠭᠤᠷᠪᠢᠨ ᠪᠢᠴᠢᠬᠦ ᠠᠵᠢᠯ ᠢᠶᠠᠨ ᠡᠬᠢᠯᠡᠭᠦᠯᠪᠡ᠃      ᠶᠠᠭᠤᠨ ᠤ ᠡᠮᠦᠨ᠎ᠡ 2015 ᠣᠨ ᠤ 10 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ᠵᠣᠬᠢᠴᠠᠭᠤᠯᠬᠤ ᠬᠤᠷᠠᠯ ᠬᠢᠵᠦ᠂ ᠲᠤᠭᠤᠷᠪᠢᠨ ᠪᠢᠴᠢᠬᠦ ᠠᠴᠠ ᠡᠮᠦᠨᠡᠬᠢ ᠪᠡᠯᠡᠳᠬᠡᠯ ᠠᠵᠢᠯ ᠢ ᠥᠪᠡᠷᠰᠡᠳ ᠤᠨ ᠠᠵᠢᠯ ᠤᠨ ᠬᠦᠷᠢᠶ᠎ᠡ ᠬᠡᠪᠴᠢᠶ᠎ᠡ ᠪᠠ ᠡᠭᠦᠳᠡᠨ ᠠᠴᠠ ᠭᠦᠨᠵᠡᠭᠡᠢ ᠰᠣᠯᠢᠯᠴᠠᠨ ᠶᠠᠷᠢᠯᠴᠠᠪᠠ᠂ ᠬᠤᠷᠠᠯ ᠠᠴᠠ ᠮᠠᠨ ᠤ ᠣᠷᠣᠨ ᠤ ᠬᠡᠷᠡᠭᠵᠢᠭᠦᠯᠬᠦ ᠠᠷᠭ᠎ᠠ ᠶᠢ ᠮᠠᠨ ᠤ ᠵᠥᠪᠯᠡᠯ ᠲᠦᠷᠦᠭᠦᠯᠡᠨ ᠨᠢᠭᠡᠳᠦᠯᠲᠡᠶ ᠲᠥᠯᠥᠪᠵᠢᠭᠦᠯᠦᠨ ᠲᠤᠭᠤᠷᠪᠢᠨ ᠪᠢᠴᠢᠬᠦ ᠶᠢᠨ ᠬᠠᠮᠲᠤ ᠪᠢᠴᠢᠭ ᠮᠠᠲ᠋ᠧᠷᠢᠶᠠᠯ ᠳᠤ ᠰᠠᠨᠠᠯ ᠬᠤᠷᠢᠶᠠᠬᠤ᠂ ᠲᠤᠰᠬᠠᠶ ᠮᠡᠷᠭᠡᠵᠢᠯᠲᠡᠨ ᠢᠶᠠᠷ ᠶᠠᠷᠢᠯᠴᠠᠭᠤᠯᠬᠤ ᠵᠡᠷᠭᠡ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠠᠵᠢᠯ ᠤᠨ ᠴᠤᠪᠤᠷᠠᠯ ᠢ ᠲᠣᠭᠲᠠᠭᠠᠬᠤ ᠶᠢ ᠬᠠᠷᠢᠭᠤᠴᠠᠬᠤ ᠬᠡᠷᠡᠭᠲᠡᠢ ᠭᠡᠵᠦ ᠲᠣᠭᠲᠠᠭᠠᠪᠠ᠃      11 ᠳ᠋ᠦ᠋ᠭᠡᠷ ᠰᠠᠷ᠎ᠠ ᠳᠤ᠂ ᠮᠠᠨ ᠤ ᠵᠥᠪᠯᠡᠯ ᠠᠵᠢᠯᠲᠠᠨ ᠲᠣᠮᠢᠯᠠᠵᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠵᠤᠷᠭᠠᠨ ᠤ ᠵᠣᠬᠢᠶᠠᠨ ᠪᠠᠶᠢᠭᠤᠯᠤᠭᠰᠠᠨ ︽ ︿ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ﹀᠎ ᠶᠢ ᠬᠡᠷᠡᠭᠵᠢᠭᠦᠯᠬᠦ ᠵᠢᠯᠤᠭᠤᠳᠤᠯᠭ᠎ᠠ ᠶᠢᠨ ᠪᠣᠯᠪᠠᠰᠤᠷᠠᠭᠤᠯᠤᠯ ᠤᠨ ᠠᠩᠬᠢ︾᠎ ᠳᠤ ᠣᠷᠣᠯᠴᠠᠭᠤᠯᠪᠠ᠃ ᠪᠣᠯᠪᠠᠰᠤᠷᠠᠯ ᠤᠨ ᠠᠩᠭᠢ ᠳᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠵᠤᠷᠭᠠᠨ ᠤ ᠤᠳᠤᠷᠢᠳᠤᠯᠭ᠎ᠠ ᠪᠠ ᠲᠤᠭᠤᠷᠪᠢᠨ ᠪᠢᠴᠢᠬᠦ ᠠᠵᠢᠯᠲᠠᠨ  ᠲᠤᠭᠤᠷᠪᠢᠨ ᠪᠢᠴᠢᠭᠰᠡᠨ ᠠᠬᠤᠶ ᠪᠠᠶᠢᠳᠠᠯ ᠪᠠ ᠭᠤᠣᠯ ᠠᠭᠤᠯᠭ᠎ᠠ ᠳᠤ ᠲᠠᠶᠢᠯᠪᠤᠷᠢᠯᠠᠯᠲᠠ ᠬᠢᠭᠰᠡᠨ ᠪᠥᠭᠡᠳ ᠵᠦᠢᠯ ᠵᠤᠷᠪᠤᠰ ᠤᠨ ᠪᠣᠳᠠᠲᠠᠶ ᠬᠡᠷᠡᠭᠯᠡᠯᠲᠡ ᠳᠠᠬᠢ ᠮᠠᠳᠠᠭ ᠲᠠᠢ ᠠᠰᠠᠭᠤᠳᠠᠯ ᠳᠤ ᠲᠠᠶᠢᠯᠪᠤᠷᠢᠯᠠᠯᠲᠠ ᠬᠢᠪᠡ᠃ ᠮᠠᠨ ᠤ ᠣᠷᠣᠨ ᠤ ᠬᠡᠷᠡᠭᠵᠢᠭᠦᠯᠬᠦ ᠠᠷᠭ᠎ᠠ ᠶᠢ ᠲᠤᠭᠤᠷᠪᠢᠨ ᠪᠢᠴᠢᠬᠦ ᠳᠤ ᠨᠡᠩ ᠨᠠᠷᠢᠨ ᠣᠨᠣᠪᠴᠢᠲᠠᠶ ᠲᠦᠷᠦ ᠶᠢᠨ ᠪᠤᠳᠤᠯᠭ᠎ᠠ ᠪᠣᠯᠤᠨ ᠣᠨᠣᠯ ᠤᠨ ᠡᠰᠢ ᠪᠠᠷᠢᠮᠲᠠ  ᠣᠯᠭᠤᠬᠤ ᠶᠢᠨ ᠲᠣᠰᠠᠳᠠ ᠪᠠᠰᠠ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠣᠯᠵᠤ ᠰᠤᠷᠤᠯᠴᠠᠪᠠ᠃ ᠪᠣᠯᠪᠠᠰᠤᠷᠠᠯ ᠳᠠᠭᠤᠰᠤᠭᠰᠠᠨ ᠤ ᠲᠠᠷᠠᠭ᠎ᠠ᠂ ᠮᠠᠨ ᠤ ᠵᠥᠪᠯᠡᠯ ︽ᠬᠡᠷᠡᠭᠵᠢᠭᠦᠯᠬᠦ ᠠᠷᠭ᠎ᠠ︾᠎ ᠶᠢᠨ ᠡᠬᠡ ᠨᠤᠤᠷᠠᠭ ᠢ ᠲᠤᠭᠤᠷᠪᠢᠨ ᠪᠢᠴᠢᠪᠡ᠃      12 ᠳ᠋ᠤᠭᠠᠷ ᠰᠠᠷ᠎ᠠ ᠶᠢᠨ ᠡᠬᠢ ᠪᠠᠷ᠂ ᠮᠠᠨ ᠤ ᠵᠥᠪᠯᠡᠯ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠯᠲᠠ ᠶᠢᠨ ᠬᠤᠷᠠᠯ ᠬᠢᠵᠦ᠂ ︽ᠬᠡᠷᠡᠭᠵᠢᠭᠦᠯᠬᠦ ᠠᠷᠭ᠎ᠠ︾᠎ ᠶᠢᠨ ᠡᠬᠡ ᠨᠣᠣᠷᠠᠭ ᠢ ᠨᠤᠲᠠᠯᠠᠵᠤ ᠰᠤᠳᠤᠯᠤᠨ ᠨᠤᠲᠠᠯᠠᠪᠠ᠃ ᠡᠬᠡ ᠨᠤᠤᠷᠠᠭ ᠲᠠᠬᠢ ᠬᠤᠪᠢᠷᠠᠭᠤᠯᠬᠤ ᠨᠥᠬᠦᠴᠡᠯ᠂ ᠬᠤᠪᠢᠷᠠᠭᠤᠯᠬᠤ ᠴᠤᠪᠤᠷᠠᠯ᠂ ᠭᠡᠷᠡᠴᠢ ᠮᠠᠲ᠋ᠧᠷᠢᠶᠠᠯ ᠂ ᠬᠤᠪᠢᠷᠠᠭᠤᠯᠬᠤ ᠴᠠᠭ ᠤᠨ ᠬᠢᠵᠠᠭᠠᠷ ᠪᠠ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ ᠵᠣᠬᠢᠶᠠᠬᠤ ᠵᠡᠷᠭᠡ ᠪᠣᠳᠠᠲᠠᠶ ᠠᠭᠤᠯᠭ᠎ᠠ ᠶᠢ ᠤᠢᠢᠷ᠎ᠠ ᠶᠢᠨ ᠵᠢᠯ ᠤᠳ ᠤᠨ ᠠᠵᠢᠯ ᠤᠨ ᠳᠤᠮᠳᠠ ᠭᠠᠷᠤᠭᠰᠠᠨ ᠪᠣᠳᠠᠲᠤ ᠵᠢᠱᠢᠶ᠎ᠡ ᠨᠦᠭᠦᠳ ᠲᠠᠢ ᠤᠶᠠᠯᠳᠤᠭᠤᠯᠤᠨ ᠢᠳᠡᠪᠬᠢᠲᠡᠶ ᠪᠠᠷ ᠶᠠᠷᠢᠯᠴᠠᠨ ᠰᠤᠳᠤᠯᠪᠠ᠃ ᠬᠤᠷᠠᠯ ᠤᠨ ᠳᠠᠷᠠᠭ᠎ᠠ᠂ ᠨᠤᠲᠠᠯᠠᠯᠲᠠ ᠶᠢᠨ ᠬᠤᠷᠠᠯ ᠤᠨ ᠦᠷ᠎ᠡ ᠳ᠋ᠦᠩ ᠢ ᠦᠨᠳᠦᠰᠦᠯᠡᠨ ᠡᠭᠡ ᠨᠤᠤᠷᠠᠭ ᠲᠤ ᠳᠠᠬᠢᠨᠲᠠ ᠵᠠᠰᠠᠪᠤᠷᠢ ᠣᠷᠣᠭᠤᠯᠵᠤ᠂ ︽ᠬᠡᠷᠡᠭᠵᠢᠭᠦᠯᠬᠦ ᠠᠷᠭ᠎ᠠ︾᠎ ᠶᠢᠨ ᠰᠠᠨᠠᠯ ᠬᠤᠷᠢᠶᠠᠬᠤ ᠲᠥᠰᠥᠯ ᠢ ᠪᠤᠶ ᠪᠣᠯᠭᠠᠪᠠ᠃      ᠶᠦᠨ ᠭᠦᠸᠧ ᠱᠧᠩ᠄      12 ᠳ᠋ᠤᠭᠠᠷ ᠰᠠᠷ᠎ᠠ ᠶᠢᠨ ᠳᠤᠮᠳᠠᠴᠢ ᠪᠠᠷ᠂ ᠮᠠᠨ ᠤ ᠵᠥᠪᠯᠡᠯ ︽ᠬᠡᠷᠡᠭᠵᠢᠭᠦᠯᠬᠦ ᠠᠷᠭ᠎ᠠ︾᠎ ᠶᠢᠨ ᠰᠠᠨᠠᠯ ᠬᠤᠷᠢᠶᠠᠬᠤ ᠡᠬᠡ ᠨᠣᠣᠷᠠᠭ ᠲᠤ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠦᠯᠵᠢᠶᠡᠨ ᠳᠡᠭᠡᠷ᠎ᠡ ᠵᠢᠩᠬᠢᠨᠢ ᠪᠠᠷ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠥᠭᠡᠳ ᠮᠡᠳᠡᠭᠳᠡᠯ ᠪᠠᠭᠤᠯᠭᠠᠵᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠦᠬᠦ ᠣᠷᠣᠨ ᠤ ᠡᠯ᠎ᠡ ᠠᠶᠢᠮᠠᠭ ᠬᠤᠲᠠ ︵ᠡᠷᠢᠶᠡᠨ ᠬᠤᠳᠠ᠂ ᠮᠠᠨᠵᠤᠤᠷ ᠬᠤᠳᠠ ᠪᠠᠭᠲᠠᠨ᠎ᠠ︶ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠦᠨᠳᠦᠰᠦᠲᠡᠨ ᠤ ᠲᠣᠪᠴᠢᠶ᠎ᠠ︶᠎ ᠠᠴᠠ ᠰᠠᠨᠠᠯ ᠬᠤᠷᠢᠶᠠᠪᠠ᠃ ᠡᠯ᠎ᠡ ᠬᠤᠯᠪᠣᠭᠳᠠᠯ ᠪᠦᠬᠦᠢ ᠨᠢᠭᠡᠴᠡ ᠨᠠᠷᠢᠨ ᠲᠣᠳᠣᠷᠬᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠂ ᠪᠢᠳᠡ ᠤᠯᠤᠰ ᠤᠨ ᠵᠣᠷᠢᠭ ᠰᠠᠨᠠᠭ᠎ᠠ ᠪᠠ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ ᠵᠠᠷᠢᠮ ᠬᠡᠰᠡᠭ ᠢ ᠨᠢ ᠰᠢᠩᠭᠡᠭᠡᠨ ᠠᠪᠤᠪᠠ᠃      2016 ᠣᠨ ᠤ 1 ᠳ᠋ᠦ᠋ᠭᠡᠷ ᠰᠠᠷ᠎ᠠ ᠳᠤ᠂ ᠮᠠᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠲᠤᠰᠬᠠᠢ ᠰᠡᠳᠦᠪᠲᠦ ᠬᠤᠷᠠᠯ ᠬᠢᠵᠦ ︽ᠬᠡᠷᠡᠭᠵᠢᠭᠦᠯᠬᠦ ᠠᠷᠭ᠎ᠠ︾᠎ ᠶᠢᠨ ᠠᠭᠤᠯᠭ᠎ᠠ ᠶᠢ ᠶᠠᠷᠢᠯᠴᠠᠵᠤ᠂ ᠮᠠᠨ ᠤ ᠵᠥᠪᠯᠡᠯ ᠤᠨ ᠤᠳᠤᠷᠢᠳᠤᠯᠭ᠎ᠠ ︽ᠬᠡᠷᠡᠭᠵᠢᠭᠦᠯᠬᠦ ᠠᠷᠭ᠎ᠠ︾᠎ ᠶᠢᠨ ᠠᠭᠤᠯᠭ᠎ᠠ ᠶᠢ ᠵᠦᠢᠯ ᠵᠤᠷᠪᠦᠰ ᠳᠠᠷᠠᠭᠠᠯᠠᠨ ᠰᠤᠳᠤᠯᠤᠨ ᠶᠠᠷᠢᠯᠴᠠᠵᠤ᠂ ᠡᠴᠦᠰ ᠤᠨ ᠵᠠᠰᠠᠪᠤᠷᠢ ᠣᠷᠣᠭᠤᠯᠤᠨ᠂ ︽ᠬᠡᠷᠡᠭᠵᠢᠭᠦᠯᠬᠦ ᠠᠷᠭ᠎ᠠ︾᠎ ᠶᠢ ᠬᠠᠮᠲᠤ ᠪᠠᠷ ᠪᠠᠲᠤᠯᠠᠪᠠ᠃      2 ᠳ᠋ᠤᠭᠠᠷ ᠰᠠᠷ᠎ᠠ ᠶᠢᠨ 4᠎ ᠤ ᠡᠳᠦᠷ ︽ᠬᠡᠷᠡᠭᠵᠢᠭᠦᠯᠬᠦ ᠠᠷᠭ᠎ᠠ︾᠎ ᠶᠢ ᠵᠢᠩᠬᠢᠨᠢ ᠪᠠᠷ ᠳᠠᠷᠤᠮᠠᠯᠯᠠᠨ ᠲᠠᠷᠬᠠᠭᠠᠭᠰᠠᠨ ᠪᠥᠭᠡᠳ ᠡᠬᠢᠯᠡᠨ ᠬᠡᠷᠡᠭᠵᠢᠭᠦᠯᠪᠡ᠃      ᠮᠠᠨ ᠤ ᠣᠷᠣᠨ ᠤ ︽ᠬᠡᠷᠡᠭᠵᠢᠭᠦᠯᠬᠦ ᠠᠷᠭ᠎ᠠ︾᠎ ᠶᠢ ᠲᠤᠭᠤᠷᠪᠢᠬᠤ ᠠᠵᠢᠯ ᠨᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠶᠢᠮᠠᠭ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠶᠢ ᠣᠯᠪᠠ᠃ ᠠᠳᠡ ᠪᠢ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠮᠦᠨ᠎ᠡ ᠠᠴᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠤᠯᠠᠨ ᠢᠶᠠᠷ ᠢᠶᠠᠨ ᠥᠩᠭᠡᠷᠡᠭᠰᠡᠨ ᠲᠠᠢ ᠪᠠᠨ ᠠᠳᠠᠯᠢᠬᠠᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢᠵᠢᠭᠤᠯᠬᠤ ᠠᠬᠢᠴᠠ ᠶᠢ ᠬᠠᠷᠠᠭᠠᠯᠵᠠᠬᠤ ᠶᠢ ᠬᠦᠰᠡᠵᠦ ᠪᠠᠶᠢᠨ᠎ᠠ᠃      ᠬᠥᠲᠥᠯᠥᠭᠴᠢ᠄      ᠶᠦᠨ ᠡᠷᠬᠢᠯᠡᠭᠴᠢ ᠡ᠂ ︽ᠬᠡᠷᠡᠭᠵᠢᠭᠦᠯᠬᠦ ᠠᠷᠭ᠎ᠠ︾᠎ ᠳᠤ ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠤᠢ︖      ᠶᠦᠨ ᠭᠦᠸᠧ ᠱᠧᠩ᠄      ᠬᠡᠷᠡᠭᠵᠢᠭᠦᠯᠬᠦ ᠠᠷᠭ᠎ᠠ ᠳᠤ ᠨᠡᠶᠢᠳᠡ 22 ᠵᠦᠢᠯ ᠪᠤᠢ᠃ ᠨᠢᠭᠡᠳᠦᠭᠡᠷ ᠵᠦᠢᠯ ᠠᠴᠠ ᠳᠥᠷᠪᠡᠳᠦᠭᠡᠷ ᠨᠢ ᠭᠤᠣᠯᠳᠠᠭᠤ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠭᠤᠣᠯ ᠤᠬᠠᠭᠳᠠᠬᠤᠨ ᠪᠠ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠤᠬᠠᠶ ᠲᠣᠭᠲᠠᠭᠠᠯ ᠪᠣᠯᠤᠨ᠎ᠠ᠃ ᠲᠠᠪᠤᠳᠤᠭᠠᠷ ᠵᠦᠢᠯ ᠠᠴᠠ ᠳᠣᠯᠣᠳᠤᠭᠠᠷ ᠵᠦᠢᠯ ᠨᠢ ᠠᠷᠠᠳ ᠡᠷᠡᠭᠡᠳ ᠤᠨ ᠦᠨᠳᠦᠰᠦᠲᠡᠨ ᠤ ᠪᠦᠷᠢᠯᠳᠦᠬᠦᠨ ᠢ ᠨᠤᠲᠠᠯᠠᠨ ᠲᠣᠭᠲᠠᠭᠠᠬᠤ᠂ ᠲᠡᠮᠳᠡᠭᠯᠡᠬᠦ ᠪᠠ ᠬᠤᠪᠢᠷᠠᠭᠤᠯᠬᠤ ᠦᠨᠳᠦᠰᠦᠨ ᠵᠠᠷᠴᠢᠮ ᠤᠨ ᠲᠤᠬᠠᠶ ᠬᠤᠯᠪᠣᠭᠳᠠᠯ ᠪᠦᠬᠦᠢ ᠲᠣᠭᠲᠠᠭᠠᠯ ᠪᠣᠯᠤᠨ᠎ᠠ᠃ ᠨᠠᠢᠮᠠᠳᠤᠭᠠᠷ ᠵᠦᠢᠯ ᠠᠴᠠ ᠠᠷᠪᠠᠨ ᠨᠢᠭᠡᠳᠦᠭᠡᠷ ᠵᠦᠢᠯ ᠨᠢ ᠭᠤᠣᠯᠳᠠᠭᠤ ᠬᠤᠪᠢᠷᠠᠭᠤᠯᠬᠤ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠪᠣᠳᠠᠲᠠᠶ ᠱᠠᠭᠠᠷᠳᠠᠯᠭ᠎ᠠ ᠪᠣᠯᠣᠨ ᠭᠤᠶᠤᠴᠢᠯᠠᠬᠤ ᠳᠡᠰ ᠳᠠᠷᠠᠭᠠᠯᠠᠯ ᠤᠨ ᠲᠤᠬᠠᠶ ᠬᠤᠯᠪᠣᠭᠳᠠᠯ ᠪᠦᠬᠦᠢ ᠲᠣᠭᠲᠠᠭᠠᠯ ᠪᠣᠯᠣᠨ᠎ᠠ᠂ ᠠᠷᠪᠠᠨ ᠬᠤᠶᠠᠳᠤᠭᠠᠷ ᠵᠦᠢᠯ ᠠᠴᠠ ᠠᠷᠪᠠᠨ ᠲᠠᠪᠤᠳᠤᠭᠠᠷ ᠵᠦᠢᠯ ᠨᠢ ᠭᠤᠣᠯᠳᠠᠭᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠳᠠᠩᠰᠠᠯᠠᠭᠤᠯᠬᠤ᠂ ᠬᠠᠮᠵᠢᠯᠴᠠᠬᠤ᠂ ᠬᠢᠨᠠᠯᠲᠠ ᠲᠠᠯᠪᠢᠬᠤ ᠲᠡᠳᠬᠦᠬᠦ ᠲᠣᠭᠲᠠᠴᠠ ᠶᠢᠨ ᠲᠤᠬᠠᠶ ᠬᠤᠯᠪᠣᠭᠳᠠᠯ ᠪᠦᠬᠦᠢ ᠲᠣᠭᠲᠠᠭᠠᠯ ᠪᠣᠯᠤᠨ᠎ᠠ᠃ ᠠᠷᠪᠠᠨ ᠵᠢᠷᠭᠤᠳᠤᠭᠠᠷ ᠵᠦᠢᠯ ᠠᠴᠠ ᠠᠷᠪᠠᠨ ᠨᠠᠢᠮᠠᠳᠤᠭᠠᠷ ᠵᠦᠢᠯ ᠨᠢ ᠭᠤᠣᠯᠳᠠᠭᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠶ ᠲᠣᠭᠲᠠᠭᠠᠯ ᠪᠣᠯᠤᠨ᠎ᠠ᠃ ᠠᠷᠪᠠ ᠶᠢᠰᠦᠳᠦᠭᠡᠷ ᠵᠦᠢᠯ ᠠᠴᠠ ᠬᠤᠷᠢᠳᠤᠭᠠᠷ ᠵᠦᠢᠯ ᠨᠢ ᠭᠤᠣᠯᠳᠠᠭᠤ ᠦᠨᠳᠦᠰᠦᠲᠡᠨ ᠤ ᠪᠦᠷᠢᠯᠳᠦᠬᠦᠨ ᠢ ᠨᠢ ᠲᠣᠭᠲᠠᠭᠠᠳᠤᠶ ᠠᠷᠠᠳ ᠢᠷᠭᠡᠳ᠂ ᠭᠠᠳᠠᠭᠠᠳᠤ ᠶᠢᠨ ᠬᠥᠮᠦᠨ ᠪᠣᠯᠣᠨ ᠳᠤᠮᠳᠠᠳᠤ ᠤᠯᠤᠰ ᠤᠨ ᠠᠷᠠᠳ ᠢᠷᠭᠡᠨ ᠤᠷᠤᠭᠯᠠᠭᠠᠳ ᠲᠦᠷᠦᠭᠰᠡᠠ ᠦᠷ᠎ᠡ ᠬᠡᠦᠬᠡᠳ ᠲᠤ ᠳᠤᠮᠳᠠᠳᠤ ᠤᠯᠤᠰ ᠤᠨ ᠬᠠᠷᠢᠶ᠎ᠠ ᠣᠯᠭᠤᠬᠤ᠂ ᠭᠠᠳᠠᠭᠠᠳᠤ ᠤᠯᠤᠰ ᠤᠨ ᠬᠥᠮᠦᠨ ᠳᠤ ᠳᠤᠮᠳᠠᠳᠤ ᠤᠯᠤᠰ ᠤᠨ ᠤᠯᠤᠰ ᠤᠨ ᠬᠠᠷᠢᠶ᠎ᠠ ᠣᠯᠭᠤᠬᠤ ᠵᠡᠷᠭᠡ ᠭᠤᠷᠪᠠᠨ ᠵᠦᠢᠯ ᠤᠨ ᠣᠨᠴᠠᠭᠠᠶ ᠪᠠᠶᠢᠳᠠᠯ ᠤᠨ ᠲᠤᠬᠠᠶ ᠲᠣᠭᠲᠠᠭᠠᠯ ᠪᠣᠯᠤᠨ᠎ᠠ᠃ ᠬᠤᠷᠢᠨ ᠨᠢᠭᠡᠳᠦᠭᠡᠷ ᠵᠦᠢᠯ ᠨᠢ ᠭᠤᠣᠯᠳᠠᠭᠤ ᠬᠤᠯᠪᠣᠭᠳᠠᠯ ᠪᠦᠬᠦᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠯ ᠪᠣᠯᠣᠨ᠎ᠠ᠃ ᠬᠤᠷᠢᠨ ᠬᠤᠶᠠᠳᠤᠭᠠᠷ ᠵᠦᠢᠯ ᠨᠢ ᠭᠤᠣᠯᠳᠠᠭᠤ ᠬᠤᠯᠪᠣᠭᠳᠠᠯ ᠪᠦᠬᠦᠢ ᠲᠦᠷᠢᠮ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠶᠢᠨ ᠲᠤᠬᠠᠶ ᠲᠣᠭᠲᠠᠭᠠᠯ ᠪᠣᠯᠤᠨ᠎ᠠ᠃      ᠬᠥᠲᠥᠯᠥᠭᠴᠢ᠄      ᠠᠷᠠᠳ ᠢᠷᠭᠡᠳ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠦᠨᠳᠦᠰᠦ ᠪᠠᠷᠢᠮᠲᠠ ᠨᠢ ᠶᠠᠭᠤ ᠪᠤᠢ︖      ᠶᠦᠨ ᠭᠦᠸᠧ ᠱᠧᠩ᠄      ︽ᠬᠡᠷᠡᠭᠵᠢᠭᠦᠯᠬᠦ ᠠᠷᠭ᠎ᠠ︾᠎ ᠶᠢᠨ ᠲᠠᠪᠤᠳᠤᠭᠠᠷ ᠵᠦᠢᠯ ᠳᠤ ᠲᠣᠳᠣᠷᠬᠠᠶ ᠲᠣᠭᠲᠠᠭᠠᠭᠰᠠᠨ ᠨᠢ᠄ ᠠᠷᠠᠳ ᠢᠷᠭᠡᠳ ᠤᠨ ᠦᠨᠳᠦᠰᠦᠲᠡᠨ ᠤ ᠪᠦᠷᠢᠯᠳᠦᠬᠦᠨ ᠶᠢ ᠵᠥᠪᠬᠡᠨ ᠲᠡᠭᠦᠨ ᠤ ᠡᠴᠢᠭᠡ ᠪᠤᠶᠤ ᠡᠭᠡ ᠶᠢᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠨᠤᠲᠠᠯᠠᠨ ᠲᠣᠭᠲᠠᠭᠠᠬᠤ᠂ ᠲᠡᠮᠳᠡᠭᠯᠡᠬᠦ ᠪᠠ ᠬᠤᠪᠢᠷᠠᠭᠤᠯᠣᠨ᠎ᠠ᠃ ᠠᠳᠡ ᠬᠡᠯᠡᠵᠦ ᠪᠠᠶᠢᠭ᠎ᠠ ᠡᠴᠢᠭᠡ ᠡᠬᠡ ᠭᠡᠳᠡᠭ ᠨᠢ ᠲᠥᠷᠥᠭᠰᠡᠨ ᠡᠴᠢᠭᠡ ᠡᠬᠡ᠂ ᠲᠡᠵᠢᠭᠡᠭᠰᠡᠨ ᠡᠴᠢᠭᠡ ᠡᠬᠡ ᠪᠠ ᠳᠠᠭᠠᠭᠤᠯᠢ ᠦᠷ᠎ᠡ ᠬᠡᠦᠬᠡᠳ ᠢ ᠠᠰᠠᠷᠠᠨ ᠲᠡᠵᠢᠭᠡᠵᠦ ᠰᠤᠷᠭᠠᠨ ᠬᠥᠮᠦᠵᠢᠭᠦᠯᠬᠦ ᠬᠠᠷᠢᠴᠠᠭ᠎ᠠ ᠪᠦᠬᠦᠢ ᠬᠤᠶᠢᠲᠤ ᠡᠴᠢᠭᠡ ᠡᠬᠡ ᠶᠢ ᠵᠢᠭᠠᠵᠤ ᠪᠤᠢ᠃      ᠬᠥᠲᠥᠯᠥᠭᠴᠢ᠄      ᠶᠦᠨ ᠡᠷᠬᠢᠯᠡᠭᠴᠢ ᠡ᠂ ᠬᠡᠷᠪᠡ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠰᠠᠨᠠᠭ᠎ᠠ ᠲᠠᠢ ᠪᠣᠯ ᠶᠠᠮᠠᠷ ᠨᠥᠬᠦᠴᠡᠯ ᠪᠠᠶᠢᠬᠤ ᠪᠤᠢ︖      ᠶᠦᠨ ᠭᠦᠸᠧ ᠱᠧᠩ᠄      ︽ᠬᠡᠷᠡᠭᠵᠢᠭᠦᠯᠬᠦ ᠠᠷᠭ᠎ᠠ︾᠎ ᠳᠤ ᠬᠤᠶᠠᠷ ᠵᠦᠢᠯ ᠤᠨ ᠠᠳᠠᠯᠢ ᠪᠤᠰᠤ ᠨᠠᠰᠤᠨ ᠤ ᠱᠠᠲᠤᠨ ᠳᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠨᠥᠬᠦᠴᠡᠯ ᠢ ᠲᠣᠭᠲᠠᠭᠠᠪᠠ᠂ ᠲᠤᠬᠠᠶᠢᠯᠠᠪᠠᠯ᠄ ᠠᠷᠠᠳ ᠢᠷᠭᠡᠳ ᠤᠨ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠤᠪᠢᠷᠠᠭᠤᠯᠬᠤ ᠨᠥᠬᠦᠴᠡᠯ ᠪᠠ ᠠᠷᠪᠠᠨ ᠨᠠᠢᠮᠠ ᠠᠴᠠ ᠬᠤᠷᠢᠨ ᠨᠠᠰᠤ ᠬᠦᠷᠲᠡᠯᠡᠬᠢ ᠬᠤᠪᠢᠷᠠᠭᠤᠯᠬᠤ ᠨᠥᠬᠦᠴᠡᠯ ᠪᠣᠯᠣᠨ᠎ᠠ᠃ ︽ᠬᠡᠷᠡᠭᠵᠢᠭᠦᠯᠬᠦ ᠠᠷᠭ᠎ᠠ︾᠎ ᠶᠢᠨ ᠳᠣᠯᠣᠳᠤᠭᠠᠷ ᠵᠦᠢᠯ ᠳᠤ ᠢᠩᠭᠢᠵᠦ ᠲᠣᠭᠲᠠᠭᠠᠭᠰᠠᠨ ᠪᠠᠶᠢᠳᠠᠭ᠄ ᠠᠷᠠᠳ ᠢᠷᠭᠡᠳ ᠦᠨᠳᠦᠰᠦᠲᠡᠨ ᠤ ᠪᠦᠷᠢᠯᠳᠦᠬᠦᠨ ᠢᠶᠠᠨ ᠨᠤᠲᠠᠯᠠᠨ ᠲᠡᠮᠳᠡᠭᠯᠡᠭᠦᠯᠦᠭᠰᠡᠨ ᠤ ᠲᠠᠷᠠᠭ᠎ᠠ᠂ ᠶᠡᠷᠦᠩᠬᠡᠢ ᠳᠡᠭᠡᠨ ᠬᠤᠪᠢᠷᠠᠭᠤᠯᠵᠤ ᠪᠣᠯᠬᠤ ᠤᠢᠭᠡᠢ᠃ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠠᠷᠠᠳ ᠢᠷᠭᠡᠳ ᠲᠤ ᠳᠣᠣᠷᠠᠬᠢ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠭᠤᠶᠤᠴᠢᠯᠠᠯ ᠢ ᠨᠢᠭᠡ ᠤᠳᠠᠭ᠎ᠠ ᠭᠠᠷᠭᠠᠵᠤ ᠪᠣᠯᠤᠨ᠎ᠠ᠃ ︵ᠨᠢᠭᠡ︶ ᠡᠴᠢᠭᠡ ᠡᠭᠡ ᠶᠢᠨ ᠬᠢᠨᠢ ᠤᠷᠤᠬ ᠤᠨ ᠬᠠᠷᠢᠴᠠᠭᠠᠨ ᠳᠤ ᠬᠤᠪᠢᠷᠠᠯᠲᠠ ᠭᠠᠷᠴᠤ᠂ ᠲᠡᠭᠦᠨ ᠤ ᠦᠨᠳᠦᠰᠦᠲᠡᠨ ᠤ ᠪᠦᠷᠢᠯᠳᠦᠬᠦᠨ ᠨᠢ ᠰᠢᠭᠤᠳ ᠠᠰᠠᠷᠠᠨ ᠲᠡᠵᠢᠭᠡᠵᠦ ᠪᠠᠶᠢᠭ᠎ᠠ ᠨᠢᠭᠡ ᠡᠲᠡᠭᠡᠳ ᠤᠨ ᠬᠢ ᠲᠠᠢ ᠠᠳᠠᠯᠢ ᠪᠤᠰᠤ ᠪᠠᠶᠢᠭ᠎ᠠ᠃ ︵ᠬᠤᠶᠠᠷ︶ ᠡᠴᠢᠭᠡ ᠡᠭᠡ ᠶᠢᠨ ᠬᠢᠨᠢ ᠤᠷᠤᠬ ᠤᠨ ᠬᠠᠷᠢᠴᠠᠭᠠᠨ ᠳᠤ ᠬᠤᠪᠢᠷᠠᠯᠲᠠ ᠭᠠᠷᠴᠤ᠂ ᠲᠡᠭᠦᠨ ᠤ ᠦᠨᠳᠦᠰᠦᠲᠡᠨ ᠤ ᠪᠦᠷᠢᠯᠳᠦᠬᠦᠨ ᠨᠢ ᠬᠤᠶᠢᠲᠤ ᠡᠴᠢᠭᠡ ︵ᠡᠬᠡ︶᠎ ᠶᠢᠨ ᠦᠨᠳᠦᠰᠦᠲᠡᠨ ᠤ ᠪᠦᠷᠢᠯᠳᠦᠬᠦᠨ ᠯᠦᠭᠡ ᠠᠳᠠᠯᠢ ᠪᠤᠰᠤ ᠪᠠᠶᠢᠭ᠎ᠠ︔ ︵ᠭᠤᠷᠪᠠ︶ ᠲᠡᠭᠦᠨ ᠤ ᠦᠨᠳᠦᠰᠦᠲᠡᠨ ᠤ ᠪᠦᠷᠢᠯᠳᠦᠬᠦᠨ ᠨᠢ ᠲᠡᠵᠢᠭᠡᠭᠰᠡᠨ ᠡᠴᠢᠭᠡ ︵ᠡᠬᠡ︶᠎ ᠶᠢᠨ ᠦᠨᠳᠦᠰᠦᠲᠡᠨ ᠤ ᠪᠦᠷᠢᠯᠳᠦᠬᠦᠨ ᠲᠠᠢ ᠠᠳᠠᠯᠢ ᠪᠤᠰᠤ ᠪᠠᠶᠢᠭ᠎ᠠ᠃ ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ ᠠᠷᠠᠳ ᠢᠷᠭᠡᠳ ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ᠂ ᠲᠥᠷᠥᠭᠰᠡᠨ ᠡᠴᠢᠭᠡ ᠪᠤᠶᠤ ᠲᠥᠷᠥᠭᠰᠡᠨ ᠡᠬᠡ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠦᠨᠳᠦᠰᠦᠲᠡᠨ ᠤ ᠪᠦᠷᠢᠯᠳᠦᠭᠦᠨ ᠢᠶᠠᠨ ᠬᠤᠪᠢᠷᠠᠭᠤᠯᠬᠤ ᠪᠠᠷ ᠨᠢᠭᠡ ᠤᠳᠠᠭ᠎ᠠ ᠭᠤᠶᠣᠴᠢᠯᠠᠵᠤ ᠪᠣᠯᠣᠨ᠎ᠠ᠃      ᠬᠥᠲᠥᠯᠥᠭᠴᠢ᠄      ︽ᠬᠡᠷᠡᠭᠵᠢᠭᠦᠯᠬᠦ ᠠᠷᠭ᠎ᠠ︾᠎ ᠶᠢ ᠬᠡᠷᠡᠭᠵᠢᠭᠦᠯᠦᠭᠰᠡᠨ ᠤ ᠲᠠᠷᠠᠭ᠎ᠠ᠂ ᠠᠷᠠᠳ ᠢᠷᠭᠡᠨ ᠤ ᠳᠣᠲᠣᠷ᠎ᠠ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠡᠷᠥᠭᠡ ᠠᠮᠠ ᠪᠠᠨ ᠳᠠᠩᠰᠠᠯᠠᠭᠤᠯᠤᠨ ᠦᠨᠳᠦᠰᠦᠲᠡᠨ ᠤ ᠪᠦᠷᠢᠯᠳᠦᠬᠦᠨ ᠢᠶᠠᠨ ᠲᠡᠮᠳᠡᠭᠯᠡᠭᠦᠯᠬᠦ ᠦᠶ᠎ᠡ ᠶᠠᠭᠤ ᠶᠢ ᠠᠩᠬᠠᠷᠬᠤ ᠴᠢᠬᠤᠯᠠᠲᠠᠶ ᠪᠣᠢ︖      ᠶᠦᠨ ᠭᠦᠸᠧ ᠱᠧᠩ᠄      ︽ᠬᠡᠷᠡᠭᠵᠢᠭᠦᠯᠬᠦ ᠠᠷᠭ᠎ᠠ︾᠎ ᠳᠤ ᠲᠣᠳᠣᠷᠬᠠᠶ ᠲᠣᠭᠲᠠᠭᠠᠭᠰᠠᠨ ᠨᠢ᠄ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠡᠷᠥᠭᠡ ᠠᠮᠠ ᠶᠢᠨ ᠳᠠᠩᠰᠠ ᠶᠢ ᠲᠡᠮᠳᠡᠭᠯᠡᠬᠦ ᠦᠶ᠎ᠡ ᠳᠤ᠂ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠡᠴᠢᠭᠡ ᠡᠭᠡ ᠶᠢᠨ ᠬᠢᠨᠢ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ᠂ ᠲᠡᠭᠦᠨ ᠤ ᠦᠨᠳᠦᠰᠦᠲᠡᠨ ᠤ ᠪᠦᠷᠢᠯᠳᠦᠬᠦᠨ ᠢ ᠨᠢ ᠨᠤᠲᠠᠯᠠᠨ ᠲᠣᠭᠲᠠᠭᠠᠬᠤ ᠬᠡᠷᠡᠭᠲᠡᠢ᠃ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠡᠴᠢᠭᠡ ᠡᠭᠡ ᠶᠢᠨ ᠬᠢᠨᠢ ᠦᠨᠳᠦᠰᠦᠲᠡᠨ ᠤ ᠪᠦᠷᠢᠯᠳᠦᠬᠦᠨ ᠨᠢ ᠠᠳᠠᠯᠢ ᠤᠢᠭᠡᠢ ᠪᠣᠯ᠂ ᠲᠡᠭᠦᠨ ᠤ ᠡᠴᠢᠭᠡ ᠡᠬᠡ ᠶᠢᠨ ᠬᠢᠨᠢ ᠬᠠᠮᠲᠤ ᠪᠠᠷ ᠭᠠᠷ ᠤᠨ ᠦᠰᠦᠭ ᠵᠢᠷᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠦᠨᠳᠦᠰᠦᠲᠡᠨ ᠤ ᠪᠦᠷᠢᠯᠳᠦᠬᠦᠨ ᠢ ᠨᠤᠲᠠᠯᠠᠨ ᠲᠣᠭᠲᠠᠭᠠᠬᠤ ᠪᠢᠴᠢᠭ︾᠎ ᠢ ᠦᠨᠳᠦᠰᠦᠯᠡᠨ ᠵᠥᠪ ᠣᠨᠣᠪᠴᠢᠲᠠᠶ ᠲᠠᠭᠯᠠᠵᠦ ᠲᠡᠮᠳᠡᠭᠯᠡᠬᠦ ᠬᠡᠷᠡᠭᠲᠡᠶ᠃ ᠨᠤᠲᠠᠯᠠᠨ ᠲᠣᠭᠲᠠᠭᠠᠭᠰᠠᠨ ᠤ ᠳᠠᠷᠠᠭ᠎ᠠ᠂ ᠪᠦᠬᠦᠯᠢ 18 ᠨᠠᠰᠤ ᠬᠦᠷᠬᠦ ᠠᠴᠠ ᠡᠮᠦᠨ᠎ᠡ ᠲᠡᠭᠦᠨ ᠤ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠵᠤ ᠪᠣᠯᠬᠤ ᠦᠭᠡᠶ ᠭᠡᠵᠡᠢ᠃      ᠬᠥᠲᠥᠯᠥᠭᠴᠢ᠄      ᠶᠦᠨ ᠡᠷᠬᠢᠯᠡᠭᠴᠢ ᠡ᠂ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠳᠤ ᠶᠠᠮᠠᠷ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠᠲᠠᠶ ᠪᠤᠢ︖      ᠶᠦᠨ ᠭᠦᠸᠧ ᠱᠧᠩ᠄      ︽ᠬᠡᠷᠡᠭᠵᠢᠭᠦᠯᠬᠦ ᠠᠷᠭ᠎ᠠ︾᠎ ᠶᠢᠨ ᠶᠢᠰᠦᠳᠦᠭᠡᠷ ᠵᠦᠢᠯ ᠳᠤ᠄ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠪᠠᠯ᠂ ᠳᠣᠣᠷᠠᠬᠢ ᠮᠡᠲᠦ ᠲᠠᠪᠤᠨ ᠵᠦᠢᠯ ᠤᠨ ᠭᠡᠷᠡᠴᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠶ᠄ ︵ᠨᠢᠭᠡ︶ ᠠᠷᠠᠳ ᠢᠷᠭᠡᠨ ᠤ ᠲᠥᠷᠥᠭᠰᠡᠨ ᠡᠴᠢᠭᠡ ︵ᠡᠬᠡ︶᠂ ᠲᠡᠵᠢᠭᠡᠭᠰᠡᠨ ᠡᠴᠢᠭᠡ ︵ᠡᠬᠡ︶᠂ ᠬᠤᠶᠢᠲᠤ ᠡᠴᠢᠭᠡ ︵ᠡᠬᠡ︶᠎ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠨ ᠮᠡᠳᠡᠭᠦᠯᠦᠨ᠎ᠡ︔ ︵ᠬᠤᠶᠠᠷ︶ ᠠᠷᠠᠳ ᠢᠷᠭᠡᠨ ᠤ ᠲᠤᠰ ᠪᠡᠶ᠎ᠡ ᠵᠢᠴᠢ ᠠᠷᠠᠳ ᠢᠷᠭᠡᠨ ᠤ ᠲᠦᠷᠦᠭᠰᠡᠨ ︵ᠲᠡᠵᠢᠭᠡᠭᠰᠡᠨ᠂ ᠬᠤᠶᠢᠲᠤ︶ ᠡᠴᠢᠭᠡ ︵ᠡᠬᠡ︶᠎ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ︔ ︵ᠭᠤᠷᠪᠠ︶ ᠲᠥᠷᠥᠭᠰᠡᠨ ᠡᠴᠢᠭᠡ ︵ᠡᠬᠡ︶᠎ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠬᠤᠪᠢᠷᠠᠭᠤᠯᠬᠤ ᠪᠠᠷ ᠭᠤᠶᠤᠴᠢᠯᠠᠪᠠᠯ᠂ ᠤᠷᠤᠭ ᠰᠠᠯᠤᠭᠰᠠᠨ ᠦᠨᠡᠮᠯᠡᠯ᠂ ᠰᠢᠭᠦᠬᠦ ᠬᠤᠷᠢᠶ᠎ᠠ ᠶᠢᠨ ᠲᠠᠰᠤᠯᠤᠯᠲᠠ ᠶᠢᠨ ᠪᠢᠴᠢᠭ ︵ᠪᠤᠶᠤ ᠤᠷᠤᠭ ᠰᠠᠯᠬᠤ ᠵᠦᠪᠳᠡᠯᠴᠡᠭᠡᠷ ᠤᠨ ᠪᠢᠴᠢᠭ︶᠎ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ ᠢ ᠬᠠᠩᠭᠠᠬᠤ ᠴᠢᠬᠤᠯᠠᠲᠠᠢ︔ ᠬᠤᠶᠢᠲᠤ ᠡᠴᠢᠭᠡ ︵ᠡᠬᠡ︶᠎ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠬᠤᠪᠢᠷᠠᠭᠤᠯᠬᠤ ᠪᠠᠷ ᠭᠤᠶᠤᠴᠢᠯᠠᠪᠠᠯ᠂ ᠲᠥᠷᠥᠭᠰᠡᠨ ᠡᠴᠢᠭᠡ ︵ᠡᠬᠡ︶ ᠬᠢᠭᠡᠳ ᠬᠤᠶᠢᠲᠤ ᠡᠬᠡ ︵ᠡᠴᠢᠭᠡ︶᠎ ᠶᠢᠨ ᠢᠶᠠᠨ ᠤᠷᠤᠭ ᠤᠨ ᠬᠠᠷᠢᠴᠠᠭ᠎ᠠ ᠶᠢᠨ ᠭᠡᠷᠡᠴᠢᠯᠡᠯ ᠤᠨ ᠣᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ ᠢ ᠬᠠᠩᠭᠠᠬᠤ ᠴᠢᠬᠤᠯᠠᠲᠠᠢ︔ ᠲᠡᠵᠢᠭᠡᠭᠰᠡᠨ ᠡᠴᠢᠭᠡ ︵ᠡᠬᠡ︶᠎ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠬᠤᠪᠢᠷᠠᠭᠤᠯᠬᠤ ᠪᠠᠷ ᠭᠤᠶᠤᠴᠢᠯᠠᠪᠠᠯ᠂ ᠡᠷᠭᠦᠨ ᠲᠡᠵᠢᠭᠡᠭᠰᠡᠨ ᠭᠡᠷᠡᠴᠢᠯᠡᠯ ᠤᠨ ᠣᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ ᠢ ᠬᠠᠩᠭᠠᠬᠤ ᠴᠢᠬᠤᠯᠠᠲᠠᠢ︔ ︵ᠳᠥᠷᠪᠡ︶ ᠬᠡᠷᠪᠡ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ ᠨᠢ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠬᠠᠷᠠᠭᠤᠯᠵᠤ ᠴᠢᠳᠠᠬᠤ ᠦᠭᠡᠢ ᠪᠣᠯ᠂ ︽ᠲᠥᠷᠦᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ︾᠎ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ ᠢ ᠬᠠᠩᠭᠠᠬᠤ ᠴᠢᠬᠤᠯᠠᠲᠠᠢ︔ ᠬᠡᠷᠪᠡ ︽ᠲᠦᠷᠦᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ︾ ᠪᠠᠶᠢᠬᠤ ᠦᠭᠡᠢ ᠪᠣᠯ᠂ ᠠᠷᠠᠳ ᠢᠷᠭᠡᠨ ᠤ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ ᠤᠨ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠢᠵᠦ ᠥᠭᠭᠦᠭᠰᠡᠨ ᠡᠴᠢᠭᠡ ᠡᠭᠡ ᠦᠷ᠎ᠡ ᠬᠡᠦᠬᠡᠳ ᠤᠨ ᠬᠠᠷᠢᠴᠠᠭᠠᠨ ᠤ ᠭᠡᠷᠡᠴᠢᠯᠡᠯ ᠤᠨ ᠤᠭ ᠮᠠᠲ᠋ᠧᠷᠢᠶᠠᠯ ᠢ ᠲᠤᠰᠢᠶᠠᠬᠤ ᠴᠢᠬᠤᠯᠠᠲᠠᠢ︔ ︵ᠲᠠᠪᠤ︶ ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠢ ᠭᠡᠵᠦ ᠲᠣᠭᠲᠠᠭᠠᠵᠠᠢ᠃      ︽ᠬᠡᠷᠡᠭᠵᠢᠭᠦᠯᠬᠦ ᠠᠷᠭ᠎ᠠ︾᠎ ᠶᠢᠨ ᠠᠷᠪᠠᠳᠤᠭᠠᠷ ᠵᠦᠢᠯ ᠳᠤ᠄ ᠪᠦᠬᠦᠯᠢ ᠠᠷᠪᠠᠨ ᠨᠠᠢᠮᠠᠨ ᠨᠠᠰᠤᠨ ᠳᠤ ᠬᠦᠷᠦᠭᠰᠡᠠ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠪᠠᠯ᠂ ᠳᠣᠣᠷᠠᠬᠢ ᠮᠡᠲᠦ ᠲᠠᠪᠤᠨ ᠵᠦᠢᠯ ᠤᠨ ᠭᠡᠷᠡᠴᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠶ᠄ ︵ᠨᠢᠭᠡ︶ ᠲᠤᠰ ᠬᠥᠮᠦᠨ ᠨᠢ ᠲᠠᠭᠯᠠᠨ ᠮᠡᠳᠡᠭᠦᠯᠵᠦ ᠭᠠᠷ ᠤᠨ ᠦᠰᠦᠭ ᠵᠢᠷᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠎ ᠶᠢ ᠨᠢᠭᠡ ᠬᠡᠯᠪᠡᠷᠢ ᠶᠢᠨ ᠳᠦᠷᠪᠡᠨ ᠬᠤᠪᠢ︔ ︵ᠬᠤᠶᠠᠷ︶ ᠠᠷᠠᠳ ᠢᠷᠭᠡᠨ ᠤ ᠲᠤᠰ ᠬᠥᠮᠦᠨ ᠵᠢᠴᠢ ᠲᠡᠭᠦᠨ ᠤ ᠡᠴᠢᠭᠡ ᠡᠬᠡ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ︔ ︵ᠭᠤᠷᠪᠠ︶ ᠠᠷᠠᠳ ᠢᠷᠭᠡᠨ ᠤ ᠲᠤᠰ ᠬᠥᠮᠦᠨ ᠤ ︽ᠲᠦᠷᠦᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ︾᠎ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ︔ ᠬᠡᠷᠪᠡ ︽ᠲᠦᠷᠦᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ︾ ᠪᠠᠶᠢᠬᠤ ᠦᠭᠡᠢ ᠪᠣᠯ᠂ ᠠᠷᠠᠳ ᠢᠷᠭᠡᠨ ᠤ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ ᠤᠨ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠢᠵᠦ ᠥᠭᠭᠦᠭᠰᠡᠨ ᠡᠴᠢᠭᠡ ᠡᠭᠡ ᠦᠷ᠎ᠡ ᠬᠡᠦᠬᠡᠳ ᠤᠨ ᠬᠠᠷᠢᠴᠠᠭᠠᠨ ᠤ ᠭᠡᠷᠡᠴᠢᠯᠡᠯ ᠤᠨ ᠤᠭ ᠮᠠᠲ᠋ᠧᠷᠢᠶᠠᠯ ᠢ ᠲᠤᠰᠢᠶᠠᠬᠤ ᠴᠢᠬᠤᠯᠠᠲᠠᠢ︔ ︵ᠳᠥᠷᠪᠡ︶ ᠠᠷᠠᠳ ᠢᠷᠭᠡᠨ ᠤ ᠲᠥᠷᠥᠭᠰᠡᠨ ᠡᠴᠢᠭᠡ ᠡᠬᠡ ᠶᠢᠨ ᠤᠷᠤᠭ ᠤᠨ ᠬᠠᠷᠢᠴᠠᠭᠠᠨ ᠤ ᠭᠡᠷᠡᠴᠢᠯᠡᠯ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ︔ ︵ᠲᠠᠪᠤ︶ ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠢ ᠭᠡᠵᠦ ᠲᠣᠭᠲᠠᠭᠠᠵᠠᠢ᠃      ᠬᠥᠲᠥᠯᠥᠭᠴᠢ᠄      ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠬᠤ ᠳᠠᠭᠠᠨ᠂ ᠶᠠᠮᠠᠷ ᠬᠡᠳᠦᠨ ᠳᠡᠰ ᠳᠠᠷᠠᠭᠠᠯᠠᠯ ᠢᠶᠠᠷ ᠭᠦᠢᠴᠡᠳᠬᠡᠬᠦ ᠴᠢᠬᠤᠯᠠᠲᠠᠶ ᠪᠤᠢ︖      ᠶᠦᠨ ᠭᠦᠸᠧ ᠱᠧᠩ᠄      ︽ᠬᠡᠷᠡᠭᠵᠢᠭᠦᠯᠬᠦ ᠠᠷᠭ᠎ᠠ︾᠎ ᠶᠢᠨ ᠠᠷᠪᠠᠨ ᠨᠢᠭᠡᠳᠦᠭᠡᠷ ᠵᠦᠢᠯ ᠳᠤ᠄ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠬᠤ ᠳᠤ ᠳᠣᠣᠷᠠᠬᠢ ᠳᠡᠰ ᠳᠠᠷᠠᠭᠠᠯᠠᠯ ᠢᠶᠠᠷ ᠭᠦᠢᠴᠡᠳᠬᠡᠬᠦ ᠬᠡᠷᠡᠭᠲᠡᠢ ᠭᠡᠵᠦ ᠲᠣᠭᠲᠠᠭᠠᠵᠠᠢ᠄      ︵ᠨᠢᠭᠡ︶ ᠭᠤᠶᠤᠴᠢᠯᠠᠭᠴᠢ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠢᠶᠠᠨ ᠬᠤᠰᠢᠭᠤ᠂ ᠰᠢᠶᠠᠨ ︵ᠬᠤᠳᠠ᠂ ᠲᠣᠭᠤᠷᠢᠭ︶᠎ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠶ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠎ ᠶᠢ ᠠᠪᠤᠨ ᠲᠠᠭᠯᠠᠨ ᠮᠡᠳᠡᠭᠦᠯᠬᠦ ᠪᠥᠭᠡᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ︔      ︵ᠬᠤᠶᠠᠷ︶ ᠬᠤᠰᠢᠭᠤ᠂ ᠰᠢᠶᠠᠨ ︵ᠬᠤᠳᠠ᠂ ᠲᠣᠭᠤᠷᠢᠭ︶᠎ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠤᠪᠢᠷᠠᠭᠤᠯᠬᠤ ᠭᠤᠶᠤᠴᠢᠯᠠᠯ ᠳᠤ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ᠂ ᠨᠥᠬᠦᠴᠡᠯ ᠳᠤ ᠨᠡᠶᠢᠴᠡᠬᠦ ᠦᠬᠡᠢ ᠭᠤᠶᠤᠴᠢᠯᠠᠯ ᠢ ᠪᠤᠴᠠᠭᠠᠬᠤ ᠪᠥᠭᠡᠳ ᠦᠯᠦ ᠬᠦᠯᠢᠶᠡᠨ ᠠᠪᠴᠤ ᠰᠢᠢᠳᠪᠦᠷᠢᠯᠡᠭᠰᠡᠨ ᠰᠢᠯᠲᠠᠭᠠᠨ ᠢᠶᠠᠨ ᠪᠢᠴᠢᠭ ᠢᠶᠠᠷ ᠲᠤᠳᠤᠷᠬᠠᠶᠢᠯᠠᠨ᠎ᠠ︔ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠠᠯᠪᠠᠨ ᠪᠢᠴᠢᠭ ᠤᠨ ᠬᠡᠯᠪᠡᠷᠢ ᠪᠠᠷ ᠠᠶᠢᠮᠠᠭ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠦᠴᠢᠷ ᠲᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃      ᠠᠷᠪᠠᠨ ᠠᠵᠢᠯᠯᠠᠬᠤ ᠡᠳᠦᠷ ᠤᠨ ᠳᠣᠲᠣᠷ᠎ᠠ ᠠᠩᠬ᠎ᠠ ᠬᠢᠨᠠᠭᠰᠠᠨ ᠰᠠᠨᠠᠯ ᠳᠤᠷᠠᠳᠴᠤ ᠳᠡᠶᠢᠯᠬᠦ ᠦᠭᠡᠢ ᠪᠤᠯ᠂ ᠬᠤᠰᠢᠭᠤ᠂ ᠰᠢᠶᠠᠨ ︵ᠬᠤᠳᠠ᠂ ᠲᠣᠭᠤᠷᠢᠭ︶᠎ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠠᠷᠪᠠᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ︔      ︵ᠭᠤᠷᠪᠠ︶ ᠠᠶᠢᠮᠠᠭ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾ ︵ᠳᠠᠭᠠᠯᠳᠤᠭᠤᠯᠤᠯ ᠬᠦᠰᠦᠨᠦᠭᠲᠦ ᠭᠤᠷᠪᠠ᠂ ᠳᠣᠷᠣᠭᠰᠢ ︽ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾ ᠭᠡᠵᠦ ᠲᠣᠪᠴᠢᠯᠠᠨ᠎ᠠ︶᠎ ᠢ ᠬᠢᠵᠦ ᠦᠭᠬᠦ ᠶᠢᠨ ᠬᠠᠮᠲᠤ ᠬᠤᠰᠢᠭᠤ᠂ ᠰᠢᠶᠠᠨ ︵ᠬᠤᠳᠠ᠂ ᠲᠣᠭᠤᠷᠢᠭ︶᠎ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠦᠴᠢᠷ ᠲᠤ ᠬᠠᠷᠢᠭᠤ ᠲᠤᠰᠬᠠᠨ᠎ᠠ᠃      ᠠᠷᠪᠠᠨ ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠳᠤᠷᠠᠳᠴᠤ ᠳᠡᠶᠢᠯᠡᠬᠦ ᠦᠭᠡᠢ ᠪᠤᠯ᠂ ᠠᠶᠢᠮᠠᠭ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠠᠷᠪᠠᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ︔      ︵ᠲᠥᠷᠪᠡ︶ ᠬᠤᠰᠢᠭᠤ᠂ ᠰᠢᠶᠠᠨ ︵ᠬᠤᠳᠠ᠂ ᠲᠣᠭᠤᠷᠢᠭ︶᠎ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ︽ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾᠎ ᠢ ᠤᠯᠵᠤ ᠠᠪᠤᠭᠰᠠᠨ ᠠᠴᠠ ᠪᠠᠨ ᠠᠷᠪᠠᠨ ᠠᠵᠢᠯᠯᠠᠬᠤ ᠡᠳᠦᠷ ᠤᠨ ᠳᠣᠲᠣᠷ᠎ᠠ᠂ ᠬᠢᠨᠠᠨ ᠵᠥᠪᠰᠢᠶᠡᠷᠡᠬᠦ ᠰᠠᠨᠠᠯ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠭᠤᠶᠤᠴᠢᠯᠠᠯ ᠢ ᠬᠢᠨᠠᠨ ᠵᠦᠪᠰᠢᠶᠡᠷᠡᠭᠰᠡᠨ ᠪᠤᠯ ︽ᠬᠢᠨᠠᠨ ᠵᠦᠪᠰᠢᠶᠡᠷᠡᠬᠦ ᠰᠠᠨᠠᠯ ᠤᠨ ᠪᠢᠴᠢᠭ︾᠎ ᠢ ᠬᠤᠰᠢᠭᠤ᠂ ᠰᠢᠶᠠᠨ ︵ᠬᠤᠳᠠ᠂ ᠲᠣᠭᠤᠷᠢᠭ︶᠎ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃      ︵ᠲᠠᠪᠤ︶ ᠬᠤᠰᠢᠭᠤ᠂ ᠰᠢᠶᠠᠨ ︵ᠬᠤᠲᠠ᠂ ᠲᠣᠭᠤᠷᠢᠭ︶᠎ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠥᠭᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠪᠤᠨ ᠠᠵᠢᠯᠯᠠᠬᠤ ᠡᠳᠦᠷ ᠤᠨ ᠳᠣᠲᠣᠷ᠎ᠠ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠦᠴᠢᠷ ᠤᠨ ︽ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾᠎ ᠢ ᠠᠶᠢᠮᠠᠭ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠠᠶᠢᠮᠠᠭ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠥᠮᠦᠨ ᠠᠮᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠣᠨᠢᠰᠤ ᠶᠢ ᠨᠡᠭᠡᠭᠡᠬᠦ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠤᠨ ᠪᠠᠭᠤᠯᠭᠠᠪᠤᠷᠢ ᠶᠢ ᠬᠠᠳᠠᠭᠠᠯᠠᠨ ᠦᠯᠡᠳᠡᠭᠡᠬᠦ ᠬᠡᠷᠡᠭᠲᠡᠢ᠃ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠰᠠᠨᠠᠯ᠂ ᠠᠷᠠᠳ ᠢᠷᠭᠡᠨ ᠤ ᠭᠤᠶᠤᠴᠢᠯᠠᠯ ᠤᠨ ᠪᠢᠴᠢᠭ ᠢ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠲᠤᠰᠢᠶᠠᠨ ᠲᠠᠩᠰᠠ ᠡᠪᠬᠡᠮᠡᠯ ᠳᠤ ᠬᠠᠳᠠᠭᠠᠯᠠᠵᠤ᠂ ᠲᠣᠮᠢᠯᠠᠭᠰᠠᠨ ᠰᠠᠯᠪᠤᠷᠢ ᠨᠢ ᠲᠠᠪᠤᠨ ᠠᠵᠢᠯᠯᠠᠬᠤ ᠡᠳᠦᠷ ᠤᠨ ᠳᠣᠲᠣᠷ᠎ᠠ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠤᠭᠰᠠᠨ ᠢ ᠲᠡᠮᠳᠡᠭᠯᠡᠨ ᠠᠪᠬᠤ ᠬᠡᠷᠡᠭᠲᠡᠶ᠃      ᠬᠥᠲᠥᠯᠥᠭᠴᠢ᠄      ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠡᠷᠦᠬᠡ ᠠᠮᠠ ᠶᠢᠨ ᠬᠠᠮᠢᠶᠠᠷᠤᠯᠲᠠ ᠶᠢᠨ ᠶᠠᠪᠤᠴᠠ ᠳᠤ ᠪᠤᠷᠤᠭᠤ ᠪᠠᠷ ᠮᠡᠳᠡᠭᠦᠯᠦᠭᠰᠡᠨ᠂ ᠪᠤᠷᠤᠭᠤ ᠲᠡᠮᠳᠡᠭᠯᠡᠭᠦᠯᠦᠭᠰᠡᠨ ᠪᠤᠯ ᠶᠠᠭᠠᠬᠢᠵᠤ ᠵᠠᠯᠠᠷᠠᠭᠤᠯᠬᠤ ᠪᠤᠶ︖      ᠶᠦᠨ ᠭᠦᠸᠧ ᠱᠧᠩ᠄      ︽ᠬᠡᠷᠡᠭᠵᠢᠭᠦᠯᠬᠦ ᠠᠷᠭ᠎ᠠ︾᠎ ᠶᠢᠨ ᠠᠷᠪᠠᠨ ᠨᠠᠢᠮᠠᠳᠤᠭᠠᠷ ᠵᠦᠢᠯ ᠳᠤ᠄ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠡᠷᠦᠬᠡ ᠠᠮᠠ ᠶᠢᠨ ᠬᠠᠮᠢᠶᠠᠷᠤᠯᠲᠠ ᠶᠢᠨ ᠶᠠᠪᠤᠴᠠ ᠳᠤ ᠪᠤᠷᠤᠭᠤ ᠪᠠᠷ ᠮᠡᠳᠡᠭᠦᠯᠦᠭᠰᠡᠨ᠂ ᠪᠤᠷᠤᠭᠤ ᠲᠡᠮᠳᠡᠭᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠤ ᠦᠨᠳᠦᠰᠦᠲᠡᠨ ᠤ ᠪᠦᠷᠢᠯᠳᠦᠬᠦᠨ ᠢ ᠨᠢ ᠵᠠᠯᠠᠷᠠᠭᠤᠯᠵᠤ ᠦᠭᠬᠦ ᠬᠡᠷᠡᠭᠲᠡᠢ᠃ ᠡᠷᠦᠬᠡ ᠠᠮᠠ ᠶᠢᠨ ᠳᠠᠩᠰᠠ ᠨᠢ ᠪᠠᠶᠢᠭ᠎ᠠ ᠲᠣᠮᠢᠯᠠᠭᠰᠠᠨ ᠰᠠᠯᠪᠤᠷᠢ ᠨᠢ ᠭᠤᠶᠤᠴᠢᠯᠠᠭᠴᠢ ᠶᠢᠨ ᠵᠠᠯᠠᠷᠠᠭᠤᠯᠬᠤ ᠭᠤᠶᠤᠴᠢᠯᠠᠯ ᠤᠨ ᠪᠢᠴᠢᠭ ᠪᠤᠶᠤ ᠳᠣᠲᠣᠭᠠᠳᠤ ᠶᠢ ᠬᠠᠮᠠᠭᠠᠯᠠᠬᠤ ᠰᠠᠯᠪᠤᠷᠢ ᠶᠢᠨ ᠪᠤᠷᠤᠭᠤ ᠲᠡᠮᠳᠡᠭᠯᠡᠭᠰᠡᠨ ᠢᠶᠠᠨ ᠲᠤᠳᠤᠷᠬᠠᠶᠢᠯᠠᠭᠰᠠᠨ ᠮᠠᠲ᠋ᠧᠷᠢᠶᠠᠯ᠂ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠵᠢᠴᠢ ᠬᠤᠪᠢᠷᠠᠭᠤᠯᠬᠤ ᠵᠠᠯᠠᠷᠠᠭᠤᠯᠬᠤ ᠬᠢᠨᠠᠨ ᠵᠥᠪᠰᠢᠶᠡᠷᠡᠭᠦᠯᠬᠦ ᠬᠦᠰᠦᠨᠦᠭᠲᠦ ᠶᠢ ᠠᠶᠢᠮᠠᠭ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠱᠠᠳᠤ ᠳᠠᠷᠠᠭᠠᠯᠠᠨ ᠮᠡᠳᠡᠭᠦᠯᠦᠨ ᠬᠢᠨᠠᠨ ᠵᠦᠪᠰᠢᠶᠡᠷᠡᠭᠦᠯᠵᠦ᠂ ᠠᠶᠢᠮᠠᠭ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠶᠢᠨ ᠬᠠᠮᠲᠤ ᠬᠥᠮᠦᠨ ᠠᠮᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠤᠨᠢᠰᠤ ᠶᠢ ᠨᠡᠭᠡᠭᠡᠭᠰᠡᠨ ᠤ ᠳᠠᠷᠠᠭ᠎ᠠ᠂ ᠡᠷᠦᠬᠡ ᠠᠮᠠ ᠶᠢᠨ ᠳᠠᠩᠰᠠ ᠨᠢ ᠪᠠᠶᠢᠭ᠎ᠠ ᠲᠣᠮᠢᠯᠠᠭᠰᠠᠨ ᠰᠠᠯᠪᠤᠷᠢ ᠨᠢ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠨᠢ ᠵᠠᠯᠠᠷᠠᠭᠤᠯᠵᠤ ᠦᠭᠬᠦ ᠶᠢᠨ ᠬᠠᠮᠲᠤ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ ᠭᠡᠵᠦ ᠲᠤᠳᠤᠷᠬᠠᠢ ᠲᠤᠭᠲᠠᠭᠠᠪᠠ  ᠃      ᠬᠥᠲᠥᠯᠥᠭᠴᠢ᠄      ᠠᠷᠠᠳ ᠢᠷᠭᠡᠨ ᠪᠤᠯᠤᠨ ᠲᠦᠷᠦ ᠶᠢᠨ ᠪᠠᠶᠢᠭᠤᠯᠭ᠎ᠠ ᠶᠢᠨ ᠠᠵᠢᠯᠳᠡᠠ ᠤ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠶᠠᠭᠠᠬᠢᠨ ᠶᠠᠯᠠᠯᠠᠨ ᠰᠢᠳᠬᠡᠬᠦ ᠪᠤᠢ︖      ᠶᠦᠨ ᠭᠦᠸᠧ ᠱᠧᠩ᠄      ︽ᠬᠡᠷᠡᠭᠵᠢᠭᠦᠯᠬᠦ ᠠᠷᠭ᠎ᠠ︾᠎ ᠳᠤ ᠲᠤᠳᠤᠷᠬᠠᠢ ᠲᠤᠭᠲᠠᠭᠰᠠᠨ ᠨᠢ᠄ ᠠᠷᠠᠳ ᠢᠷᠭᠡᠨ ᠦᠨᠡᠨ ᠪᠣᠳᠠᠲᠠᠶ ᠪᠠᠶᠢᠳᠠᠯ ᠢᠶᠠᠨ ᠨᠢᠭᠤᠨ ᠳᠠᠯᠳᠠᠯᠠᠵᠤ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭᠠᠵᠤ᠂ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠭᠰᠠᠨ ᠪᠤᠯ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠢᠨᠠᠨ ᠵᠦᠪᠰᠢᠶᠡᠷᠡᠬᠦ ᠰᠠᠨᠠᠯ ᠢᠶᠠᠨ ᠬᠦᠴᠦᠨ ᠦᠭᠡᠢ ᠪᠤᠯᠭᠠᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠬᠤᠪᠢᠷᠠᠭᠤᠯᠤᠭᠰᠠᠨ ᠲᠡᠮᠳᠡᠭᠯᠡᠯ ᠢᠶᠠᠨ ᠬᠦᠴᠦᠨ ᠦᠬᠡᠢ ᠪᠤᠯᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠨ ᠲᠤᠰ ᠠᠷᠠᠳ ᠢᠷᠭᠡᠨ ᠤ ᠬᠤᠳᠠᠯ ᠬᠠᠭᠤᠷᠮᠠᠭ ᠦᠨᠳᠦᠰᠦᠲᠡᠨ ᠤ ᠪᠦᠷᠢᠯᠳᠦᠬᠦᠨ ᠢᠶᠠᠷ ᠬᠦᠷᠲᠡᠵᠦ ᠪᠠᠶᠢᠭ᠎ᠠ ᠬᠤᠯᠪᠣᠭᠳᠠᠯ ᠪᠦᠬᠦᠢ ᠡᠷᠬᠡ ᠠᠰᠢᠭ ᠢ ᠬᠤᠷᠢᠶᠠᠨ ᠠᠪᠬᠤ ᠬᠡᠷᠡᠭᠲᠡᠢ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠤᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠦᠭᠬᠦ ᠬᠡᠷᠡᠭᠲᠡᠢ︔ ᠶᠠᠯ᠎ᠠ ᠳᠤ ᠬᠦᠷᠦᠭᠰᠡᠨ ᠪᠤᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ ᠶᠢᠨ ᠠᠵᠢᠯᠳᠡᠠ ᠦᠨᠳᠦᠰᠦᠲᠡᠨ ᠤ ᠪᠦᠷᠢᠯᠳᠦᠬᠦᠨ ᠤ ᠬᠠᠮᠢᠶᠠᠷᠤᠯᠲᠠ ᠶᠢᠨ ᠠᠵᠢᠯ ᠤᠨ ᠳᠤᠮᠳᠠ ᠬᠠᠤᠯᠢ ᠶᠢ ᠵᠥᠷᠢᠴᠡᠨ ᠰᠠᠬᠢᠯᠭ᠎ᠠ ᠶᠢ ᠰᠠᠮᠠᠭᠤᠷᠠᠭᠤᠯᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠲᠤᠰᠢᠶᠠᠯ ᠢᠶᠠᠨ ᠭᠤᠲᠤᠭᠠᠵᠤ ᠡᠷᠬᠡ ᠪᠠᠨ ᠳᠤᠷ᠎ᠠ ᠪᠠᠷ ᠬᠡᠷᠡᠭᠯᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠨ ᠲᠣᠭᠲᠠᠭᠠᠯ ᠠᠴᠠ ᠵᠥᠷᠢᠴᠡᠭᠰᠡᠨ ᠬᠡᠷᠡᠭ ᠪᠦᠬᠦᠨ ᠢ ᠵᠠᠪᠠᠯ ᠪᠠᠶᠢᠴᠠᠭᠠᠬᠤ ᠬᠡᠷᠡᠭᠲᠡᠶ ᠭᠡᠵᠦ ᠲᠤᠳᠤᠷᠬᠠᠶᠢᠯᠠᠵᠡᠢ᠃      ᠬᠥᠲᠥᠯᠥᠭᠴᠢ᠄      ᠵᠠ ᠰᠠᠶᠢᠨ ᠪᠤᠯᠤᠯ᠎ᠠ᠂ ᠶᠦᠨ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠪᠤᠷᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠮᠠᠨ ᠤ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠶ᠎ᠠ᠂ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠢ ᠵᠤᠯᠭᠠᠶ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map