ᠦᠨᠳᠦᠰᠦᠲᠡᠨ ᠤ ᠰᠤᠷᠭᠠᠨ ᠬᠦᠮᠦᠵᠢᠯ ᠢ ᠲᠦᠷᠭᠡᠳᠭᠡᠨ ᠬᠥᠭᠵᠢᠭᠦᠯᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2016/8/19
                  ᠥᠪᠥᠷ ᠵᠠᠰᠠᠭ ᠲᠠᠷᠬᠠᠭᠠᠭᠰᠠᠨ ﹇2016﹈ 23 ᠳ᠋ᠤᠭᠠᠷ ᠲᠤᠭᠠᠳᠤ                            2 ᠳ᠋ᠤᠭᠠᠷ ᠰᠠᠷ᠎ᠠ ᠶᠢᠨ 6᠎ ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠨᠳᠦᠰᠦᠲᠡᠨ ᠤ ᠰᠤᠷᠭᠠᠨ ᠬᠦᠮᠦᠵᠢᠯ ᠢ ᠲᠦᠷᠭᠡᠳᠭᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2015﹈ 46 ᠳ᠋ᠤᠭᠠᠷ ᠲᠣᠭᠠᠲᠤ︶ ᠪᠠ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢ ᠲᠦᠷᠭᠡᠳᠭᠡᠬᠦ ᠶᠢᠨ ᠲᠤᠰᠠᠳᠠ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠰᠤᠷᠭᠠᠨ ᠬᠦᠮᠦᠵᠢᠯ ᠤᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠭᠦᠯᠬᠦ ᠬᠠᠷᠠᠯᠲᠠ ᠶᠢ ᠤᠯᠠᠮ ᠨᠢᠭᠡ ᠠᠯᠬᠤᠮ ᠲᠣᠳᠤᠷᠬᠠᠶᠢᠯᠠᠨ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃      ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯ ᠶᠣᠰᠣᠭᠠᠷ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠬᠡᠷᠡᠭᠵᠢᠭᠦᠯᠦᠨ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠪᠤᠶᠢᠵᠢᠭᠤᠯᠬᠤ ᠪᠠ ᠪᠠᠳᠠᠷᠠᠭᠤᠯᠵᠦ᠂ ᠶᠤᠰᠤ ᠮᠤᠷᠠᠯ ᠤᠶᠤᠨ ᠤᠬᠠᠭᠠᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠣᠯᠣᠨ ᠨᠠᠶᠢᠳᠠᠪᠤᠷᠢᠲᠠᠢ ᠵᠠᠯᠭᠠᠮᠵᠢᠯᠠᠭᠴᠢ ᠶᠢ ᠬᠦᠮᠦᠵᠢᠭᠦᠯᠦᠨ᠎ᠡ︔ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠢᠯᠡᠴᠢᠯᠡᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ ᠪᠠᠷ ᠴᠢᠬᠤᠯᠠ ᠤᠳᠤᠷᠢᠳᠤᠮᠵᠢ ᠪᠣᠯᠭᠠᠵᠤ᠂ ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠠ ᠤᠯᠤᠰ ᠲᠤ ᠨᠡᠶᠢᠳᠡᠮ ᠬᠡᠷᠡᠭᠯᠡᠭᠳᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠨᠢ ᠪᠠᠲᠤᠯᠠᠨ᠂ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠪᠠ ᠴᠡᠴᠡᠭᠯᠡᠨ ᠬᠥᠭᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠨᠳᠦᠰᠦᠲᠡᠨ ᠤ ᠪᠦᠯᠬᠦᠮᠳᠡᠯ᠂ ᠠᠵᠤ ᠠᠬᠤᠢ ᠨᠡᠶᠢᠭᠡᠮ ᠤᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠰᠢᠨ᠎ᠡ ᠪᠦᠭᠡᠳ ᠨᠡᠩ ᠶᠡᠭᠡ ᠬᠤᠪᠢ ᠨᠡᠮᠡᠷᠢ ᠪᠠᠨ ᠦᠵᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ᠃      ᠰᠤᠷᠭᠠᠭᠤᠯᠢ ᠡᠷᠬᠢᠯᠡᠬᠦ ᠵᠥᠪ ᠣᠨᠣᠪᠴᠢᠲᠠᠢ ᠴᠢᠭᠯᠡᠯ ᠢ ᠪᠠᠷᠢᠮᠲᠠᠯᠠᠨ᠎ᠠ᠃ ᠨᠠᠮ ᠤᠨ ᠤᠯᠤᠰ ᠲᠥᠷᠥ ᠶᠢᠨ ᠤᠳᠤᠷᠢᠳᠤᠯᠭ᠎ᠠ᠂ ᠦᠵᠡᠯ ᠰᠠᠨᠠᠭ᠎ᠠ ᠶᠢᠨ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠤᠨ ᠪᠦᠬᠦ ᠶᠠᠪᠤᠴᠠ ᠳᠤ ᠭᠤᠶᠢᠪᠢᠰᠢ ᠦᠭᠡᠢ ᠲᠤᠤᠱᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠶᠢᠨ ᠴᠢᠭᠯᠡᠯ ᠢ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠡᠬᠡ ᠤᠯᠤᠰ ᠤᠨ ᠨᠢᠭᠡᠲᠦᠯ ᠢ ᠬᠠᠮᠠᠭᠠᠯᠠᠬᠤ ᠶᠢ ᠪᠠᠷᠢᠮᠲᠠᠯᠠᠨ᠂ ᠡᠯ᠎ᠡ ᠦᠨᠳᠦᠰᠦᠲᠡᠨ ᠤ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠨ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃      ᠭᠤᠣᠯᠳᠠᠯᠭ᠎ᠠ ᠶᠢ ᠤᠷᠢᠳᠠᠪᠠᠷ ᠬᠥᠭᠵᠢᠭᠦᠯᠬᠦ ᠴᠢᠭᠯᠡᠯᠲᠡ ᠶᠢ ᠪᠠᠷᠢᠮᠲᠠᠯᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠳᠤ ᠠᠵᠢᠯ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠶᠢ ᠤᠷᠢᠳᠠᠪᠠᠷ ᠪᠤᠳᠤᠯᠬᠢᠯᠠᠬᠤ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠦᠩᠭᠦ ᠶᠢᠨ ᠣᠷᠤᠭᠤᠯᠤᠯᠲᠠ ᠶᠢ ᠤᠷᠢᠳᠠᠪᠠᠷ ᠪᠠᠲᠤᠯᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠷᠢᠳᠠᠪᠠᠷ ᠲᠣᠬᠢᠷᠠᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠬᠢᠭᠡᠳ ᠡᠩ ᠤᠨ ᠰᠤᠷᠭᠠᠨ ᠬᠦᠮᠦᠵᠢᠯ ᠢ ᠵᠣᠬᠢᠴᠠᠯᠳᠤᠭᠤᠯᠤᠨ ᠵᠡᠷᠭᠡᠪᠡᠷ ᠵᠣᠬᠢᠬᠤ ᠬᠡᠮᠵᠢᠶ᠎ᠡ ᠪᠠᠷ ᠤᠷᠢᠳᠴᠢᠯᠠᠨ ᠬᠥᠭᠵᠢᠭᠦᠯᠬᠦ ᠶᠢ ᠦᠨᠡᠨᠬᠦ ᠪᠠᠲᠤᠯᠠᠨ᠎ᠠ᠃      ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠷᠦᠯ ᠬᠤᠪᠢᠶᠠᠨ ᠵᠢᠯᠤᠭᠤᠳᠬᠤ ᠶᠢ ᠪᠠᠷᠢᠮᠲᠠᠯᠠᠨ᠎ᠠ᠃ ᠣᠷᠣᠨ ᠤ ᠪᠠᠶᠢᠳᠠᠯ ᠤᠨ ᠣᠨᠴᠠᠯᠢᠭ ᠢ ᠭᠦᠢᠴᠡᠳ ᠪᠤᠳᠤᠯᠬᠢᠯᠠᠵᠤ᠂ ᠦᠨᠳᠦᠰᠦᠲᠡᠨ ᠤ ᠬᠦᠴᠦᠨ ᠵᠦᠢᠯ ᠪᠣᠯᠣᠨ ᠣᠷᠣᠨ ᠪᠦᠰᠡ ᠶᠢᠨ ᠬᠦᠴᠦᠨ ᠵᠦᠢᠯ ᠢ ᠬᠠᠷᠢᠯᠴᠠᠨ ᠤᠶᠠᠯᠳᠤᠭᠤᠯᠤᠨ᠂ ᠨᠡᠶᠢᠲᠡᠯᠢᠭ ᠴᠢᠨᠠᠷ ᠲᠠᠢ ᠠᠰᠠᠭᠤᠳᠠᠯ ᠬᠢᠭᠡᠳ ᠦᠪᠡᠷᠮᠢᠴᠡ ᠣᠨᠴᠠᠯᠢᠭ ᠢ ᠬᠠᠷᠢᠯᠴᠠᠨ ᠨᠢᠭᠡᠲᠦᠭᠦᠯᠦᠨ᠎ᠡ᠃ ᠲᠦᠭᠡᠮᠡᠯ ᠬᠠᠷᠠᠭᠠᠯᠵᠠᠯᠲᠤ ᠴᠢᠨᠠᠷᠲᠠᠢ ᠲᠥᠷᠥ ᠶᠢᠨ ᠪᠣᠳᠣᠯᠭ᠎ᠠ ᠶᠢ ᠪᠤᠶᠢᠲᠠ ᠪᠦᠭᠯᠡᠭᠦᠦ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾᠎ ᠤ ᠭᠠᠵᠠᠷ ᠣᠷᠣᠨ ᠲᠡᠰᠢ ᠬᠡᠯᠪᠠᠶᠢᠯᠭᠡᠵᠦ᠂ ᠣᠨᠴᠤᠭᠤᠢ ᠴᠢᠨᠠᠷ ᠲᠠᠢ ᠲᠥᠷᠥ ᠶᠢᠨ ᠪᠣᠳᠣᠯᠭ᠎ᠠ ᠪᠠᠷ ᠡᠯ᠎ᠡ ᠱᠠᠲᠤᠨ ᠤ ᠡᠯ᠎ᠡ ᠲᠦᠷᠦᠯ ᠤᠨ ᠬᠤᠣᠰ ᠬᠡᠯᠡᠨ ᠤ ᠰᠤᠷᠭᠠᠨ ᠬᠦᠮᠦᠵᠢᠯ ᠤᠨ ᠰᠤᠷᠭᠠᠭᠤᠯᠢ ᠶᠢ ᠭᠤᠣᠯᠳᠠᠯᠭ᠎ᠠ ᠲᠠᠢ ᠳᠡᠮᠵᠢᠵᠦ᠂ ᠰᠤᠷᠭᠠᠨ ᠬᠦᠮᠦᠵᠢᠯ ᠤᠨ ᠡᠷᠬᠡ ᠲᠡᠭᠰᠢ ᠪᠣᠯᠣᠨ ᠲᠡᠩᠴᠡᠭᠦᠷᠢᠲᠡᠢ ᠬᠥᠭᠵᠢᠯᠲᠡ ᠶᠢ ᠶᠡᠬᠡᠪᠡᠷ ᠠᠬᠢᠭᠤᠯᠤᠨ᠎ᠠ᠃      ᠪᠦᠲᠦᠴᠡ ᠪᠠ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠶᠠᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠲᠤᠯᠬᠤ ᠳᠠᠶᠢᠨ ᠳᠤ ᠢᠯᠠᠯᠲᠠ ᠣᠯᠬᠤ ᠲᠣᠬᠠᠢ ᠲᠥᠪ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠪᠠ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠤᠯᠤᠨ᠂ ᠰᠤᠷᠭᠠᠨ ᠬᠦᠮᠦᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠴᠦᠬᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠪᠣᠯᠣᠨ ᠵᠣᠯ ᠵᠢᠷᠭᠠᠯᠲᠤ ᠠᠮᠢᠳᠤᠷᠠᠯ ᠢ ᠡᠭᠦᠳᠦᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠬᠢᠭᠡᠳ ᠠᠵᠤ ᠠᠬᠤᠢ ᠨᠡᠶᠢᠭᠡᠮ ᠤᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ᠃      ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢᠨ ᠠᠬᠢᠴᠠ ᠳᠤᠮᠳᠠᠬᠢ ᠣᠨᠴᠤᠭᠤᠢ ᠬᠦᠴᠢᠷᠳᠡᠯ ᠪᠣᠯᠣᠨ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠭᠠᠵᠠᠷ ᠣᠷᠣᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠷᠭ᠎ᠠ ᠪᠦᠬᠦᠨ ᠢ ᠰᠦᠪᠡᠭᠴᠢᠯᠡᠨ ᠰᠢᠰᠲ᠋ᠧᠮ ᠢᠶᠠᠷ ᠢᠶᠠᠨ ᠲᠤᠰᠠᠯᠠᠯᠴᠠᠵᠤ᠂ ᠳᠣᠲᠤᠭᠠᠲᠤ ᠶᠢᠨ ᠳᠠᠯᠳᠠ ᠬᠦᠴᠦᠨ ᠢ ᠬᠥᠭᠵᠢᠭᠡᠨ᠂ ᠦᠨᠳᠦᠰᠦᠲᠡᠨ ᠤ ᠭᠠᠵᠠᠷ ᠣᠷᠣᠨ ᠤ ᠦᠪᠡᠷ ᠤᠨ ᠬᠦᠴᠦᠨ ᠢᠶᠠᠷ ᠢᠶᠠᠨ ᠳᠡᠭᠵᠢᠷᠡᠬᠦ ᠶᠢ ᠤᠯᠤᠰ ᠤᠨ ᠳᠡᠮᠵᠢᠯᠭᠡ ᠯᠦᠭᠡ ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠎ᠡ᠃      ᠬᠠᠤᠯᠢ ᠶᠤᠰᠤᠭᠠᠷ ᠰᠤᠷᠭᠠᠨ ᠬᠦᠮᠦᠵᠢᠯ ᠢ ᠵᠠᠰᠠᠬᠤ ᠶᠢ ᠪᠠᠷᠢᠮᠲᠠᠯᠠᠨ᠎ᠠ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠬᠠᠤᠯᠢ ᠪᠠᠷ ᠵᠠᠰᠠᠬᠤ ᠰᠡᠳᠬᠢᠬᠦᠢ ᠪᠣᠯᠣᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ᠦᠨᠳᠦᠰᠦᠲᠡᠨ ᠤ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠬᠠᠤᠯᠢ ᠶᠤᠰᠤᠭᠠᠷ ᠵᠠᠰᠠᠭ ᠶᠠᠪᠤᠭᠤᠯᠬᠤ᠂ ᠰᠤᠷᠭᠠᠭᠤᠯᠢ ᠨᠤᠭᠤᠳ ᠬᠠᠤᠯᠢ ᠶᠤᠰᠤᠭᠠᠷ ᠰᠤᠷᠭᠠᠭᠤᠯᠢ ᠡᠷᠬᠢᠯᠡᠬᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠤᠯᠢ ᠶᠤᠰᠤᠭᠠᠷ ᠣᠷᠣᠯᠴᠠᠬᠤ ᠪᠠ ᠬᠢᠨᠠᠯᠲᠠ ᠲᠠᠯᠪᠢᠭᠰᠠᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃      ︵ᠭᠤᠷᠪᠠ︶ ᠬᠥᠭᠵᠢᠭᠦᠯᠬᠦ ᠬᠠᠷᠠᠯᠲᠠ᠃      2020 ᠣᠨ ᠪᠣᠯᠬᠤ ᠳᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠵᠢᠴᠢ ᠭᠤᠣᠯ ᠭᠦᠢᠴᠡᠳᠭᠡᠯ ᠲᠤᠭ᠎ᠠ ᠶᠢ ᠪᠦᠷ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠠ ᠠᠴᠠ ᠦᠨᠳᠦᠷ ᠪᠣᠯᠭᠠᠬᠤ ᠶᠢᠨ ᠬᠠᠮᠲᠤ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠦᠨᠳᠦᠷ ᠪᠣᠯᠭᠠᠵᠤ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠦᠮᠦᠵᠢᠯ ᠤᠨ ᠦᠢᠯᠡᠴᠢᠯᠡᠭᠡ ᠶᠢᠨ ᠲᠡᠩᠴᠡᠭᠦᠷᠢᠵᠢᠯᠲᠡ ᠶᠢ ᠲᠦᠷᠭᠡᠳᠭᠡᠨ ᠪᠡᠶᠡᠯᠡᠭᠦᠯᠦᠨ᠎ᠡ᠃ 2017 ᠣᠨ ᠪᠣᠯᠬᠤ ᠳᠤ᠂ ᠴᠦᠬᠡᠨ ᠲᠣᠭᠠᠲᠤ ᠦᠨᠳᠦᠰᠦᠲᠡᠨ ᠤ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠤᠨ ᠴᠡᠴᠡᠷᠯᠢᠭ ᠲᠤ ᠣᠷᠤᠬᠤ ᠪᠦᠬᠦ ᠨᠣᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠵᠦ᠂ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠦᠨ᠎ᠡ︔ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠠᠬᠢ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠬᠢᠵᠢᠭᠦᠯᠬᠦ ᠨᠤᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠦᠨ᠂ ᠬᠤᠰᠢᠭᠤ ᠰᠢᠶᠠᠨ ᠤ ᠬᠡᠪᠴᠢᠶᠡᠨ ᠳᠤ ᠲᠡᠩᠴᠡᠭᠦᠷᠢᠲᠡᠢ ᠬᠥᠭᠵᠢᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠮᠤᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠦᠨᠳᠦᠷ ᠳᠤᠮᠳᠠᠳᠤ ᠶᠢᠨ ᠱᠠᠲᠤ ᠦᠶ᠎ᠡ ᠶᠢᠨ ᠰᠤᠷᠭᠠᠨ ᠬᠦᠮᠦᠵᠢᠯ ᠢ ᠦᠨᠳᠦᠷ ᠪᠠᠷᠢᠮᠵᠢᠶ᠎ᠠ ᠪᠠᠷ ᠲᠦᠭᠡᠮᠡᠯᠵᠢᠭᠦᠯᠵᠦ᠂ ᠰᠤᠷᠤᠯᠭ᠎ᠠ ᠶᠢᠨ ᠰᠦᠢᠳᠭᠡᠯ ᠬᠤᠷᠢᠶᠠᠬᠤ ᠦᠭᠡᠢ ᠪᠠ ᠰᠤᠷᠤᠯᠭ᠎ᠠ ᠶᠢ ᠲᠡᠳᠭᠦᠬᠦ ᠬᠠᠷᠠᠭᠠᠯᠵᠠᠯᠲᠤ ᠲᠥᠷᠥ ᠶᠢᠨ ᠪᠣᠳᠣᠯᠭ᠎ᠠ ᠪᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ︔ ᠴᠦᠬᠡᠨ ᠲᠣᠭᠠᠲᠤ ᠦᠨᠳᠦᠰᠦᠲᠡᠨ ᠤ ᠰᠤᠷᠤᠭᠴᠢᠳ ᠢᠯᠠᠩᠭᠤᠶ᠎ᠠ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠦᠨᠳᠦᠷ ᠳᠤᠮᠳᠠᠳᠤ ᠲᠡᠭᠦᠰᠦᠭᠰᠡᠳ ᠤᠨ ᠳᠡᠭᠡᠳᠦ ᠵᠡᠷᠭᠡ ᠶᠢᠨ ᠰᠢᠯᠢᠳᠡᠭ ᠰᠤᠷᠭᠠᠨ ᠬᠦᠮᠦᠵᠢᠯ ᠬᠦᠷᠲᠡᠬᠦ ᠳᠣᠬᠢᠶᠠᠯ ᠢ ᠨᠡᠮᠡᠭᠳᠡᠭᠦᠯᠵᠦ᠂ ᠡᠯᠰᠡᠬᠦ ᠬᠠᠷᠢᠴᠠᠯ ᠢ ᠳᠡᠭᠡᠭᠰᠢᠯᠡᠭᠦᠯᠦᠨ᠎ᠡ︔ ᠣᠷᠣᠨ ᠤ ᠳᠤᠲᠤᠷᠠᠬᠢ ᠳᠡᠭᠡᠳᠦ ᠵᠡᠷᠭᠡ ᠶᠢᠨ ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠬᠦ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢ ᠨᠡᠩ ᠵᠦᠢ ᠵᠣᠬᠢᠰᠲᠠᠢ ᠪᠣᠯᠭᠠᠵᠤ᠂ ᠬᠡᠷᠡᠭᠯᠡᠭᠡᠨ ᠤ ᠮᠠᠶ᠋ᠢᠭ ᠤᠨ᠂ ᠨᠡᠶᠢᠯᠡᠮᠡᠯ ᠬᠡᠯᠪᠡᠷᠢ ᠶᠢᠨ᠂ ᠮᠡᠷᠭᠡᠵᠢᠯ ᠤᠨ ᠪᠠ ᠮᠡᠷᠭᠡᠵᠢᠯ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠬᠦᠮᠦᠵᠢᠭᠦᠯᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ︔ ᠡᠯ᠎ᠡ ᠱᠠᠲᠤᠨ ᠤ ᠡᠯ᠎ᠡ ᠲᠦᠷᠦᠯ ᠤᠨ ᠦᠨᠳᠦᠰᠦᠲᠡᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠬᠠᠮᠢᠶᠠᠷᠤᠯᠲᠠ ᠶᠢᠨ ᠴᠢᠳᠠᠪᠤᠷᠢ ᠪᠣᠯᠣᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠡᠪ ᠴᠢᠨᠠᠷ ᠨᠢ ᠰᠤᠷᠭᠠᠨ ᠬᠦᠮᠦᠵᠢᠯ ᠤᠨ ᠤᠳᠤᠬᠢᠴᠢᠯᠠᠬᠤ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠨ᠎ᠠ︔ ᠪᠦᠬᠦ ᠣᠷᠣᠨ ᠤ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠴᠢᠯᠡᠬᠦ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠪᠠᠷᠠᠭᠤᠨ ᠬᠡᠰᠡᠭ ᠤᠨ ᠭᠠᠵᠠᠷ ᠣᠷᠣᠨ ᠢᠯᠠᠩᠭᠤᠶ᠎ᠠ ᠪᠦᠬᠦ ᠤᠯᠤᠰ ᠤᠨ ᠦᠨᠳᠦᠰᠦᠲᠡᠨ ᠤ ᠭᠠᠵᠠᠷ ᠣᠷᠣᠨ ᠳᠠᠬᠢ ᠲᠡᠷᠢᠭᠦᠨ ᠤ ᠬᠢᠷᠢ ᠬᠡᠮᠵᠢᠶ᠎ᠡ ᠲᠠᠢ ᠪᠠᠶᠢᠬᠤ ᠶᠢ ᠪᠠᠲᠤᠯᠠᠨ᠎ᠠ᠃      ᠬᠤᠶᠠᠷ᠂ ᠦᠨᠳᠦᠰᠦᠲᠡᠨ ᠤ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ      ︵ᠨᠢᠭᠡ︶ ᠦᠵᠠᠯ ᠰᠠᠨᠠᠭ᠎ᠠ ᠤᠯᠤᠰ ᠲᠥᠷᠥ ᠶᠢᠨ ᠬᠦᠮᠦᠵᠢᠯ ᠤᠨ ᠴᠢᠭᠯᠡᠭᠦᠯᠦᠯᠲᠦ ᠴᠢᠨᠠᠷ ᠪᠠ ᠪᠣᠳᠠᠳᠤ ᠦᠷ᠎ᠡ ᠪᠦᠲᠦᠮᠵᠢᠲᠦ ᠴᠢᠨᠠᠷ ᠢ ᠨᠡᠮᠡᠭᠳᠡᠭᠦᠯᠦᠨ᠎ᠡ᠃      ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢ ᠤᠯᠤᠰ ᠠᠷᠠᠳ ᠤᠨ ᠰᠤᠷᠭᠠᠨ ᠬᠦᠮᠦᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ ᠦᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ︽ᠪᠠᠭ᠎ᠠ ᠰᠤᠷᠭᠠᠭᠤᠯᠢ ᠶᠢᠨ ᠢᠷᠭᠡᠳ ᠤᠨ ᠦᠵᠡᠯ ᠤᠬᠠᠮᠰᠠᠷ᠂ ᠠᠩᠬ᠎ᠠ ᠳᠤᠮᠳᠠᠳᠤ ᠶᠢᠨ ᠢᠷᠭᠡᠳ ᠤᠨ ᠪᠣᠯᠪᠠᠰᠤᠷᠠᠯ᠂ ᠦᠨᠳᠦᠷ ᠳᠤᠮᠳᠠᠳᠤ ᠶᠢᠨ ᠬᠢᠷᠢ ᠲᠡᠩᠴᠡᠭᠰᠡᠨ ᠢᠷᠭᠡᠳ᠂ ᠶᠡᠭᠡ ᠰᠤᠷᠭᠠᠭᠤᠯᠢ ᠶᠢᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠨᠠᠶᠢᠳᠠᠪᠤᠷᠢᠲᠠᠢ ᠵᠠᠯᠭᠠᠮᠵᠢᠯᠠᠭᠴᠢ︾ ᠪᠤᠯᠭᠠᠬᠤ ᠰᠤᠷᠭᠠᠨ ᠬᠦᠮᠦᠵᠢᠯ ᠤᠨ ᠬᠡᠷᠡᠭᠵᠢᠭᠦᠯᠬᠦ ᠲᠦᠰᠦᠯ ᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠣᠯᠣᠨ ᠳᠤᠮᠳᠠᠳᠤ ᠶᠢᠨ ᠵᠡᠭᠦᠳᠦ ᠶᠢᠨ ᠤᠬᠠᠭᠤᠯᠭ᠎ᠠ ᠬᠦᠮᠦᠵᠢᠯ ᠢ ᠰᠤᠷᠤᠭᠴᠢᠳ ᠤᠨ ᠰᠤᠷᠤᠯᠭ᠎ᠠ᠂ ᠠᠮᠢᠳᠤᠷᠠᠯ ᠵᠡᠷᠭᠡ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠡᠯ᠎ᠡ ᠦᠨᠳᠦᠰᠦᠲᠡᠨ ᠤ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠳᠦᠷᠢᠮ ᠤᠨ ᠢᠲᠡᠭᠡᠯ ᠢ ᠨᠡᠮᠡᠭᠳᠡᠭᠦᠯᠦᠨ᠂ ᠵᠥᠪ ᠣᠨᠣᠪᠴᠢᠲᠠᠢ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠱᠠᠰᠢᠨ ᠰᠤᠷᠲᠠᠬᠤᠨ ᠤ ᠦᠵᠡᠯᠲᠡ᠂ ᠲᠡᠦᠬᠡ ᠶᠢᠨ ᠦᠵᠡᠯᠲᠡ᠂ ᠰᠤᠶᠤᠯ ᠤᠨ ᠦᠵᠡᠯᠲᠡ ᠶᠢ ᠪᠣᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠨ᠎ᠠ᠃ ᠬᠠᠤᠯᠢ ᠪᠠᠷ ᠵᠠᠰᠠᠬᠤ ᠬᠦᠮᠦᠵᠢᠯ ᠢ ᠤᠯᠤᠰ ᠠᠷᠠᠳ ᠤᠨ ᠰᠤᠷᠭᠠᠨ ᠬᠦᠮᠦᠵᠢᠯ ᠤᠨ ᠰᠢᠰᠲ᠋ᠧᠮᠵᠢ ᠳᠤ ᠣᠷᠤᠭᠤᠯᠵᠤ᠂ ᠡᠯ᠎ᠡ ᠦᠨᠳᠦᠰᠦᠲᠡᠨ ᠤ ᠰᠤᠷᠤᠭᠴᠢᠳ ᠤᠨ ᠦᠵᠡᠯ ᠰᠠᠨᠠᠭᠠᠨ ᠳᠤᠨᠢ ᠦᠨᠳᠦᠰᠦᠲᠡᠨ ᠤ ᠪᠦᠯᠬᠦᠮᠳᠡᠯ ᠪᠣᠯᠣᠨ ᠤᠯᠤᠰ ᠤᠨ ᠨᠢᠭᠡᠲᠦᠯ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠨ᠎ᠠ᠃ ᠰᠤᠷᠭᠠᠨ ᠬᠦᠮᠦᠵᠢᠯ ᠤᠨ ᠠᠴᠢᠶᠠᠯᠠᠪᠤᠷᠢ ᠪᠣᠯᠣᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠯᠠᠨ ᠶᠠᠩᠵᠤ ᠬᠡᠯᠪᠡᠷᠢ ᠶᠢᠨ ᠭᠤᠣᠯ ᠰᠡᠳᠦᠪᠲᠦ ᠰᠤᠷᠭᠠᠨ ᠬᠦᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠪᠦᠯᠬᠦᠮᠳᠡᠯ ᠤᠨ ᠰᠤᠷᠭᠠᠨ ᠬᠦᠮᠦᠵᠢᠯ ᠤᠨ ᠬᠡᠪᠰᠢᠵᠢᠭᠦᠯᠦᠭᠰᠡᠨ ᠲᠣᠭᠲᠠᠴᠠ ᠶᠢ ᠪᠠᠶᠢᠭᠤᠯᠤᠨ᠎ᠠ᠃      ᠡᠬᠡ ᠣᠷᠤᠨᠴᠢ ᠦᠵᠡᠯ ᠤᠨ ᠬᠦᠮᠦᠵᠢᠯ ᠪᠣᠯᠣᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠰᠢᠨᠳᠠᠷᠠᠰᠢ ᠦᠭᠡᠢ ᠦᠷᠨᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠪᠣᠯᠣᠨ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠳᠤᠮᠳᠠ ︽ᠭᠤᠷᠪᠠᠨ ᠰᠠᠯᠵᠤ ᠪᠣᠯᠣᠰᠢ ᠦᠭᠡᠢ︾ ᠦᠵᠡᠯ ᠰᠠᠨᠠᠭ᠎ᠠ ᠦᠵᠡᠯ ᠤᠬᠠᠮᠰᠠᠷ ᠤᠨ ᠬᠦᠮᠦᠵᠢᠯ ᠢ ᠦᠷᠭᠦᠯᠵᠢᠯᠡᠨ ᠠᠬᠢᠭᠤᠯᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠮᠡᠳᠡᠷᠡᠮᠵᠢ ᠲᠠᠨᠢᠯᠳᠠ ᠶᠢ ᠲᠠᠰᠤᠷᠠᠯᠲᠠ ᠦᠭᠡᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠨᠠᠮ ᠤᠨ ᠦᠨᠳᠦᠰᠦᠲᠡᠨ ᠤ ᠲᠤᠬᠠᠢ ᠣᠨᠣᠯ᠂ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠪᠠ ᠨᠡᠶᠢᠭᠡᠮ ᠵᠢᠷᠤᠮ ᠤᠨ ᠰᠢᠨ᠎ᠡ ᠬᠡᠯᠪᠡᠷᠢ ᠶᠢᠨ ᠦᠨᠳᠦᠰᠦᠲᠡᠨ ᠤ ᠬᠠᠷᠢᠴᠠᠭ᠎ᠠ ᠶᠢᠨ ᠬᠠᠮᠢᠶ᠎ᠠ ᠪᠦᠬᠦᠢ ᠮᠡᠳᠡᠯᠭᠡ ᠶᠢ ᠵᠢᠭᠠᠬᠤ ᠮᠠᠲ᠋ᠧᠷᠢᠶᠠᠯ ᠳᠤ ᠣᠷᠤᠭᠤᠯᠬᠤ᠂ ᠬᠢᠴᠢᠶᠡᠯ ᠤᠨ ᠲᠠᠩᠬᠢᠮ ᠳᠤ ᠣᠷᠤᠭᠤᠯᠬᠤ᠂ ᠬᠦᠮᠦᠰ ᠤᠨ ᠲᠠᠷᠢᠬᠢᠨ ᠳᠤ ᠬᠠᠳᠠᠩᠰᠢᠭᠤᠯᠬᠤ ᠠᠵᠢᠯ ᠢ ᠭᠦᠨᠵᠡᠭᠡᠢ ᠠᠬᠢᠭᠤᠯᠤᠨ᠎ᠠ᠃ ᠪᠠᠭ᠎ᠠ ᠰᠤᠷᠭᠠᠭᠤᠯᠢ ᠶᠢᠨ ᠳᠡᠭᠡᠳᠦ ᠣᠨ ᠪᠠ ᠠᠩᠬ᠎ᠠ ᠳᠤᠮᠳᠠᠳᠤ ᠳᠤ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ ᠲᠤᠰᠬᠠᠢ ᠰᠡᠳᠦᠪᠲᠦ ᠬᠢᠴᠢᠶᠡᠯ ᠢ ᠨᠡᠭᠡᠭᠡᠵᠦ᠂ ᠡᠩ ᠤᠨ ᠦᠨᠳᠦᠷ ᠳᠤᠮᠳᠠᠳᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ ᠠᠭᠤᠯᠭ᠎ᠠ ᠶᠢ ᠴᠢᠩᠭᠠᠷᠠᠭᠤᠯᠤᠨ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ᠂ ᠳᠤᠷᠤᠭᠰᠢ ᠠᠳᠠᠯᠢ︶᠎ ᠳᠤ ᠨᠠᠮ ᠤᠨ ᠦᠨᠳᠦᠰᠦᠲᠡᠨ ᠤ ᠲᠤᠬᠠᠢ ᠤᠨᠣᠯ ᠬᠢᠭᠡᠳ ᠲᠥᠷᠥ ᠶᠢᠨ ᠪᠣᠳᠣᠯᠭ᠎ᠠ ᠶᠢᠨ ᠬᠢᠴᠢᠶᠡᠯ ᠢ ᠨᠡᠭᠡᠭᠡᠨ᠎ᠡ᠃ ᠪᠦᠬᠦ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ᠤᠯᠤᠰ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ᠲᠤᠰᠪᠤᠷᠢ ᠨᠢᠭᠡ ᠲᠡᠪᠲᠡᠷ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ ᠵᠢᠭᠠᠬᠤ ᠮᠠᠲ᠋ᠧᠷᠢᠶᠠᠯ ᠢ ᠨᠢᠭᠡᠲᠦᠯᠲᠡᠢ ᠬᠡᠷᠡᠭᠯᠡᠵᠦ᠂ ᠦᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ ᠣᠷᠣᠨ ᠨᠣᠲᠤᠭ ᠤᠨ ᠨᠦᠬᠦᠪᠦᠷᠢ ᠵᠢᠭᠠᠬᠤ ᠮᠠᠲ᠋ᠧᠷᠢᠶᠠᠯ ᠪᠣᠯᠣᠨ ᠣᠳᠣ ᠦᠶ᠎ᠡ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠢᠭᠡᠲᠦᠯᠲᠡᠢ ᠬᠡᠷᠡᠭᠯᠡᠨ᠂ ᠦᠨ᠎ᠡ ᠲᠦᠯᠦᠪᠦᠷᠢ ᠦᠭᠡᠢ ᠰᠤᠷᠬᠤ ᠪᠢᠴᠢᠭ ᠤᠨ ᠬᠡᠪᠴᠢᠶᠡᠨ ᠳᠤ ᠣᠷᠤᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠪᠠᠭᠰᠢ ᠶᠢᠨ ᠳᠡᠭᠡᠳᠦ ᠰᠤᠷᠭᠠᠭᠤᠯᠢ ᠨᠤᠭᠤᠳ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠬᠢᠭᠡᠳ ᠲᠥᠷᠥ ᠶᠢᠨ ᠪᠣᠳᠣᠯᠭ᠎ᠠ ᠶᠢᠨ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠢ ᠲᠣᠬᠢᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ ᠬᠢᠴᠢᠶᠡᠯ ᠤᠨ ᠪᠠᠭᠰᠢᠨᠠᠷ ᠢ ᠬᠦᠮᠦᠵᠢᠭᠦᠯᠦᠨ ᠪᠣᠯᠪᠠᠰᠤᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠰᠢᠮᠳᠠᠭᠤᠯᠤᠨ ᠵᠢᠯᠤᠭᠤᠳᠴᠤ ᠦᠨᠡᠯᠡᠨ ᠵᠢᠱᠢᠬᠦ ᠠᠵᠢᠯ ᠳᠤ ᠣᠷᠤᠭᠤᠯᠤᠨ᠎ᠠ᠃      ︵ᠭᠤᠷᠪᠠ︶ ᠡᠯ᠎ᠡ ᠦᠨᠳᠦᠰᠦᠲᠡᠨ ᠤ ᠰᠤᠶᠤᠯ ᠤᠨ ᠢᠳᠡᠭᠡᠰᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃      ᠨᠡᠶᠢᠭᠡᠮ ᠵᠢᠷᠤᠮ ᠤᠨ ᠲᠡᠷᠢᠭᠦᠨ ᠤ ᠰᠤᠶᠤᠯ ᠢᠶᠠᠷ ᠬᠦᠲᠦᠯᠦᠭᠴᠢ ᠪᠣᠯᠭᠠᠵᠤ᠂ ᠴᠦᠬᠡᠨ ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠵᠠᠯᠭᠠᠮᠵᠢᠯᠠᠨ ᠪᠠᠳᠠᠷᠠᠭᠤᠯᠵᠤ᠂ ᠡᠯ᠎ᠡ ᠦᠨᠳᠦᠰᠦᠲᠡᠨ ᠤ ᠬᠠᠮᠲᠤᠪᠠᠷ ᠡᠳ᠋ᠯᠡᠬᠦ ᠳᠤᠮᠳᠠᠳᠤ ᠶᠢᠨ ᠰᠤᠶᠤᠯ ᠢ ᠴᠡᠴᠡᠭᠯᠡᠨ ᠬᠥᠭᠵᠢᠭᠦᠯᠦᠨ᠎ᠡ᠃ ᠡᠯ᠎ᠡ ᠦᠨᠳᠦᠰᠦᠲᠡᠨ ᠤ ᠰᠤᠶᠤᠯ ᠤᠨ ᠢᠳᠡᠭᠡᠰᠢᠨ ᠰᠢᠨ᠎ᠡ ᠶᠢ ᠡᠭᠦᠳᠬᠦ ᠳᠤᠮᠳᠠᠬᠢ ᠰᠤᠷᠭᠠᠨ ᠬᠦᠮᠦᠵᠢᠯ ᠤᠨ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠤᠶᠤᠯ ᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠪᠣᠯᠣᠨ ᠬᠢᠴᠢᠶᠡᠯ ᠤᠨ ᠵᠢᠭᠠᠨ ᠰᠤᠷᠭᠠᠯᠲᠠ ᠳᠤ ᠠᠭᠤᠰᠤᠯᠴᠠᠭᠤᠯᠵᠤ᠂ ᠦᠨᠳᠦᠰᠦᠲᠡᠨ ᠤ ᠤᠷᠠᠯᠢᠭ᠂ ᠦᠨᠳᠦᠰᠦᠲᠡᠨ ᠤ ᠪᠡᠶ᠎ᠡ ᠶᠢᠨ ᠲᠠᠮᠢᠷ᠂ ᠦᠨᠳᠦᠰᠦᠲᠡᠨ ᠤ ᠦᠭᠡ ᠬᠡᠯᠡ ᠵᠡᠷᠭᠡ ᠰᠤᠩᠭᠤᠨ ᠰᠤᠷᠬᠤ ᠬᠢᠴᠢᠶᠡᠯ ᠢ ᠨᠡᠭᠡᠭᠡᠨ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠦᠭᠡ ᠬᠡᠯᠡ ᠦᠰᠦᠭ ᠪᠢᠴᠢᠭ ᠢᠶᠠᠨ ᠬᠠᠷᠢᠯᠴᠠᠨ ᠰᠤᠷᠤᠯᠴᠠᠬᠤ᠂ ᠰᠤᠶᠤᠯ ᠤᠨ ᠤᠯᠠᠮᠵᠢᠯᠠᠯ ᠪᠣᠯᠣᠨ ᠵᠠᠩ ᠳᠠᠳᠬᠠᠯ ᠢᠶᠠᠨ ᠬᠠᠷᠢᠯᠴᠠᠨ ᠣᠶᠢᠯᠠᠭᠠᠯᠴᠠᠬᠤ ᠵᠡᠷᠭᠡ ᠬᠠᠷᠢᠯᠴᠠᠵᠤ ᠰᠣᠯᠢᠯᠴᠠᠬᠤ ᠲᠡᠪᠴᠡᠩ ᠢ ᠴᠣᠭᠴᠠᠯᠠᠨ ᠪᠠᠶᠢᠭᠤᠯᠤᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ ᠰᠤᠩᠭᠤᠳᠠᠭ ᠰᠢᠯᠦᠭ ᠳᠠᠭᠤᠯᠠᠯ ᠢ ᠤᠩᠰᠢᠨ ᠪᠢᠴᠢᠭᠯᠡᠬᠦ ᠪᠠ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠵᠢᠯᠯᠠᠭ᠎ᠠ ᠶᠢ ᠦᠷᠨᠢᠭᠦᠯᠵᠦ᠂ ᠰᠤᠷᠭᠠᠭᠤᠯᠢ ᠶᠢᠨ ᠬᠦᠷᠢᠶᠡᠯᠡᠩ ᠤᠨ ᠬᠥᠯ ᠪᠦᠮᠪᠦᠭᠡ ᠶᠢᠨ ᠬᠦᠳᠡᠯᠭᠡᠭᠡᠨ ᠳᠤᠮᠳᠠᠬᠢ ᠦᠨᠳᠦᠰᠦᠲᠡᠨ ᠤ ᠰᠤᠷᠭᠠᠭᠤᠯᠢ ᠶᠢᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠪᠠᠳᠠᠷᠠᠭᠤᠯᠤᠨ᠂ ᠣᠨᠴᠠᠯᠢᠭᠲᠤ ᠰᠤᠷᠭᠠᠨ ᠬᠦᠮᠦᠵᠢᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠤᠶᠢᠳᠠ ᠪᠠᠶᠠᠯᠢᠭ ᠪᠠᠶᠢᠬᠤ ᠶᠢ ᠦᠨᠡᠨᠬᠦ ᠪᠠᠲᠤᠯᠠᠨ᠎ᠠ᠃ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠯᠦᠭᠡ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠤᠨ ᠳᠡᠮᠵᠢᠵᠦ᠂ ᠴᠦᠬᠡᠨ ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠰᠢᠨᠵᠢᠯᠡᠭᠡᠨ ᠤ ᠲᠤᠰᠬᠠᠢ ᠮᠡᠷᠭᠡᠵᠢᠯ ᠳᠤ ᠵᠢᠭᠰᠠᠭᠠᠨ ᠣᠷᠤᠭᠤᠯᠵᠤ᠂ ᠵᠢᠭᠠᠨ ᠰᠤᠷᠭᠠᠯᠲᠠ ᠪᠣᠯᠣᠨ ᠰᠤᠳᠤᠯᠭᠠᠨ ᠢ ᠦᠷᠨᠢᠭᠦᠯᠦᠨ᠂ ᠦᠨᠳᠦᠰᠦᠲᠡᠨ ᠤ ᠤᠯᠠᠮᠵᠢᠯᠠᠯᠲᠤ ᠰᠤᠶᠤᠯ ᠤᠨ ᠡᠬᠢ ᠪᠠᠶᠠᠯᠢᠭ ᠢ ᠠᠭᠤᠳᠠᠯᠯᠠᠬᠤ᠂ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ ᠲᠦᠷᠭᠡᠨ ᠠᠪᠤᠷᠠᠬᠤ᠂ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃      ︵ᠳᠥᠷᠪᠡ︶ ᠴᠦᠬᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠬᠦᠮᠦᠵᠢᠭᠦᠯᠬᠦ ᠵᠠᠭᠪᠤᠷ ᠲᠤ ᠰᠢᠨ᠎ᠡ ᠶᠢ ᠡᠭᠦᠳᠦᠨ᠎ᠡ᠃      ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠳᠤ ᠤᠯᠤᠰ ᠠᠴᠠ ᠰᠡᠳᠦᠪ ᠲᠣᠭᠲᠠᠭᠠᠭᠰᠠᠨ ᠲᠣᠷᠰᠢᠯᠲᠠ ᠶᠢᠨ ᠴᠢᠬ ᠤᠨ ᠠᠵᠢᠯ ᠢ ᠢᠳᠡᠪᠬᠢᠲᠡᠢ ᠠᠬᠢᠭᠤᠯᠵᠤ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ︾᠎ ᠤᠨ ᠱᠠᠭᠠᠷᠳᠠᠯᠭ᠎ᠠ ᠶᠤᠰᠤᠭᠠᠷ᠂ ᠡᠯ᠎ᠡ ᠱᠠᠲᠤ ᠦᠶ᠎ᠡ ᠶᠢᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠨ᠎ᠡ᠃ ᠴᠦᠬᠡᠨ ᠲᠣᠭᠠᠲᠤ ᠦᠨᠳᠦᠰᠦᠲᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠷ ᠳᠤᠮᠳᠠᠳᠤ ᠶᠢᠨ ᠱᠠᠲᠤ ᠦᠶ᠎ᠡ ᠶᠢᠨ ᠰᠤᠷᠭᠠᠨ ᠬᠦᠮᠦᠵᠢᠯ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠣᠯᠣᠨ ᠤᠯᠤᠰ ᠲᠤ ᠨᠡᠶᠢᠳᠡᠮ ᠬᠡᠷᠡᠭᠯᠡᠭᠳᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠵᠢᠴᠢ ᠬᠠᠮᠢᠶ᠎ᠠ ᠪᠦᠬᠦᠢ ᠰᠢᠨᠵᠢᠯᠡᠭᠡᠨ ᠤ ᠮᠡᠳᠡᠯᠭᠡ ᠶᠢ ᠡᠵᠡᠮᠰᠢᠬᠦ ᠬᠠᠷᠠᠯᠲᠠ ᠶᠢᠨ ᠱᠠᠭᠠᠷᠳᠠᠯᠭ᠎ᠠ ᠶᠢ ᠲᠣᠭᠲᠠᠭᠠᠨ᠎ᠠ᠃ ᠮᠤᠩᠭᠤᠯ ᠢᠶᠠᠷ ᠬᠢᠴᠢᠶᠡᠯᠯᠡᠬᠦ ᠤᠶᠤᠲᠠᠳ ᠢ ᠣᠯᠠᠨ ᠶᠠᠩᠵᠤᠯᠠᠭᠤᠯᠤᠨ ᠬᠦᠮᠦᠵᠢᠭᠦᠯᠬᠦ ᠵᠠᠭᠪᠤᠷ ᠢ ᠰᠦᠪᠡᠭᠴᠢᠯᠡᠵᠦ᠂ ᠲᠤᠰᠬᠠᠢ ᠮᠡᠷᠭᠡᠵᠢᠯ ᠤᠨ ᠴᠢᠭᠯᠡᠯ ᠢ ᠨᠢ ᠠᠮᠢᠳᠤᠯᠢᠭ ᠢᠶᠠᠷ ᠲᠣᠬᠢᠷᠠᠭᠤᠯᠤᠨ᠂ ᠬᠠᠮ ᠬᠢᠴᠢᠶᠡᠯ ᠲᠦᠷᠦᠯ ᠤᠨ ᠰᠤᠷᠤᠭᠴᠢ ᠡᠯᠰᠡᠬᠦ ᠶᠢ ᠵᠣᠬᠢᠶᠠᠨ ᠪᠠᠶᠢᠭᠤᠯᠤᠨ᠎ᠠ᠃ ᠰᠤᠷᠤᠭᠴᠢᠳ ᠤᠨ ᠰᠠᠭᠤᠷᠢ ᠬᠢᠴᠢᠶᠡᠯ ᠤᠨ ᠰᠤᠷᠤᠯᠴᠠᠯᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠵᠤ᠂ ᠨᠡᠶᠢᠭᠡᠮ ᠤᠨ ᠬᠡᠷᠡᠭᠴᠡᠭᠡ ᠪᠣᠯᠣᠨ ᠬᠤᠪᠢ ᠬᠦᠮᠦᠨ ᠤ ᠬᠦᠰᠡᠯ ᠡᠷᠡᠮᠡᠯᠵᠡᠯ ᠶᠣᠰᠤᠭᠠᠷ ᠠᠳᠠᠯᠢ ᠪᠤᠰᠤ ᠲᠤᠰᠬᠠᠢ ᠮᠡᠷᠭᠡᠵᠢᠯ ᠢ ᠰᠤᠩᠭᠤᠵᠤ ᠰᠤᠳᠤᠯᠤᠨ ᠰᠤᠷᠤᠯᠴᠠᠨ᠎ᠠ᠃ ᠬᠢᠴᠢᠶᠡᠯ ᠲᠣᠬᠢᠷᠠᠭᠤᠯᠬᠤ ᠲᠦᠰᠦᠯ ᠢ ᠰᠢᠯᠢᠳᠡᠭᠵᠢᠭᠦᠯᠵᠦ᠂ ᠰᠤᠷᠤᠯᠭ᠎ᠠ ᠶᠢᠨ ᠬᠤᠪᠢ ᠪᠠᠨ ᠬᠠᠷᠢᠯᠴᠠᠨ ᠮᠡᠳᠡᠷᠡᠬᠦ ᠲᠣᠭᠲᠠᠴᠠ ᠶᠢ ᠪᠠᠶᠢᠭᠤᠯᠤᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠬᠤᠭᠤᠷᠤᠨᠳᠤ᠂ ᠲᠤᠰᠬᠠᠢ ᠮᠡᠷᠭᠡᠵᠢᠯ ᠤᠨ ᠬᠤᠭᠤᠷᠤᠨᠲᠤ᠂ ᠣᠷᠣᠨ ᠪᠦᠰᠡ ᠶᠢᠨ ᠬᠤᠭᠤᠷᠤᠨᠳᠤ ᠪᠠᠨ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠬᠦ ᠪᠠ ᠡᠬᠢ ᠪᠠᠶᠠᠯᠢᠭ ᠢ ᠬᠠᠮᠲᠤᠪᠠᠷ ᠬᠦᠷᠳᠡᠬᠦ ᠶᠢ ᠪᠡᠶᠡᠯᠡᠭᠦᠯᠵᠦ᠂ ᠮᠤᠩᠭᠤᠯ ᠢᠶᠠᠷ ᠬᠢᠴᠢᠶᠡᠯᠯᠡᠬᠦ ᠤᠶᠤᠲᠠᠳ ᠤᠨ ᠰᠤᠷᠭᠠᠨ ᠬᠦᠮᠦᠵᠢᠯ ᠤᠨ ᠰᠢᠯᠢᠳᠡᠭ ᠡᠬᠢ ᠪᠠᠶᠠᠯᠢᠭ ᠢ ᠭᠦᠢᠴᠡᠳ ᠬᠦᠷᠳᠡᠬᠦ ᠳᠣᠬᠢᠶᠠᠯ ᠢ ᠨᠡᠮᠡᠭᠳᠡᠭᠦᠯᠦᠨ᠎ᠡ᠃ ᠮᠤᠩᠭᠤᠯ ᠢᠶᠠᠷ ᠬᠢᠴᠢᠶᠡᠯᠯᠡᠬᠦ ᠤᠶᠤᠲᠠᠳ ᠤᠨ ᠬᠤᠶᠠᠳᠤᠭᠠᠷ ᠡᠷᠳᠡᠮ ᠤᠨ ᠴᠣᠯᠠ᠂ ᠬᠤᠶᠠᠳᠤᠭᠠᠷ ᠲᠤᠰᠬᠠᠢ ᠮᠡᠷᠭᠡᠵᠢᠯ ᠬᠠᠪᠰᠤᠷᠤᠭᠤᠯᠤᠨ ᠳᠠᠪᠲᠠᠬᠤ ᠪᠤᠶᠤ ᠬᠡᠷᠡᠭᠯᠡᠭᠡᠨ ᠤ ᠲᠦᠷᠦᠯ ᠤᠨ ᠬᠢᠴᠢᠶᠡᠯ ᠨᠡᠮᠡᠨ ᠰᠤᠷᠬᠤ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠢᠯᠡᠳᠦᠯᠭᠡ ᠶᠢᠨ ᠴᠢᠳᠠᠪᠤᠷᠢ ᠶᠢ ᠬᠦᠮᠦᠵᠢᠭᠦᠯᠬᠦ ᠶᠢ ᠳᠤᠪᠤᠶᠢᠯᠭᠠᠨ᠂ ᠮᠡᠳᠡᠯᠭᠡ ᠶᠢᠨ ᠪᠦᠲᠦᠴᠡ ᠶᠢᠨ ᠰᠢᠰᠲ᠋ᠧᠮᠵᠢᠲᠦ ᠴᠢᠨᠠᠷ ᠪᠣᠯᠣᠨ ᠪᠤᠳᠠᠳᠤ ᠦᠷ᠎ᠡ ᠪᠦᠲᠦᠮᠵᠢᠲᠦ ᠴᠢᠨᠠᠷ ᠢ ᠴᠢᠩᠭᠠᠷᠠᠭᠤᠯᠤᠨ᠎ᠠ᠃ ᠪᠣᠳᠠᠳᠣ ᠪᠠᠶᠢᠳᠠᠯ ᠢᠶᠠᠨ ᠦᠨᠳᠦᠰᠦᠯᠡᠵᠦ᠂ ᠮᠤᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠤᠨ ᠤᠶᠤᠲᠠᠳ ᠤᠨ ᠭᠠᠳᠠᠭᠠᠲᠤ ᠬᠡᠯᠡ ᠶᠢᠨ ᠲᠡᠭᠦᠰᠬᠦ ᠬᠢᠷᠢ ᠪᠦᠲᠦᠮᠵᠢ ᠶᠢᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠪᠣᠶᠣ ︽ᠳᠤᠮᠳᠠᠳᠤ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡ ᠶᠢᠨ ᠬᠢᠷᠢ ᠬᠡᠮᠵᠢᠶᠡᠨ ᠤ ᠳᠡᠰ ᠤᠨ ᠰᠢᠯᠭᠠᠯᠲᠠ︾᠎ ᠶᠢᠨ ᠳᠦᠷᠪᠡᠳᠦᠭᠡᠷ ᠳᠡᠰ ᠤᠨ ᠦᠨᠡᠮᠯᠡᠯ ᠢᠶᠠᠷ ᠣᠷᠤᠯᠠᠭᠤᠯᠵᠤ᠂ ᠰᠤᠷᠤᠯᠴᠠᠭᠰᠠᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠣᠯᠭᠤᠬᠤ ᠪᠠ ᠦᠨᠡᠮᠰᠢᠨ ᠲᠣᠭᠲᠠᠭᠠᠬᠤ ᠲᠠᠯ᠎ᠠ ᠪᠠᠷ ᠠᠳᠠᠯᠢᠬᠠᠨ ᠦᠢᠯᠡᠳᠦᠯ ᠲᠠᠢ ᠪᠤᠯᠤᠨ᠎ᠠ᠃      ︵ᠲᠠᠪᠤ︶ ᠴᠦᠬᠡᠨ ᠲᠣᠭᠠᠲᠤ ᠦᠨᠳᠦᠰᠦᠲᠡᠨ ᠤ ᠤᠶᠤᠲᠠᠳ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠰᠤᠷᠭᠠᠨ ᠬᠦᠮᠦᠵᠢᠯ ᠢ ᠴᠢᠩᠭᠠᠳᠬᠠᠨ᠎ᠠ᠃      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠦᠰᠦᠯ︾ ︵ᠦᠪᠦᠷ ᠵᠠᠰᠠᠭ ᠠᠯᠪᠠᠨ ᠦᠰᠦᠭ ﹇2015﹈ 229 ᠳ᠋ᠤᠭᠡᠷ ᠲᠣᠭᠠᠲᠤ ᠪᠢᠴᠢᠭ ᠮᠠᠲ᠋ᠧᠷᠢᠶᠠᠯ︶᠎ ᠤᠨ ᠱᠠᠭᠠᠷᠳᠠᠯᠭ᠎ᠠ ᠶᠣᠰᠤᠭᠠᠷ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ᠂ ᠬᠦᠮᠦᠵᠢᠭᠦᠯᠬᠦ᠂ ᠠᠵᠢᠯ ᠣᠯᠭᠤᠵᠣ ᠠᠳᠠᠯ ᠦᠢᠯᠡᠰ ᠴᠣᠭᠴᠠᠯᠠᠬᠤ ᠶᠢᠨ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠴᠦᠬᠡᠨ ᠲᠣᠭᠠᠲᠤ ᠦᠨᠳᠦᠰᠦᠲᠡᠨ ᠤ ᠤᠶᠤᠲᠠᠳ ᠢᠯᠠᠩᠭᠤᠶ᠎ᠠ ᠮᠤᠩᠭᠤᠯ ᠢᠶᠠᠷ ᠬᠢᠴᠢᠶᠡᠯᠯᠡᠭᠰᠡᠨ ᠤᠶᠤᠲᠠᠳ ᠲᠤ ᠠᠵᠢᠯ ᠮᠡᠷᠭᠡᠵᠢᠯ ᠤᠨ ᠠᠮᠢᠳᠤᠷᠠᠯ ᠤᠨ ᠬᠥᠭᠵᠢᠯᠲᠡ ᠶᠢᠨ ᠲᠣᠬᠠᠢ ᠲᠤᠰᠬᠠᠢ ᠰᠤᠷᠭᠠᠨ ᠬᠦᠮᠦᠵᠢᠯ ᠢ ᠴᠢᠩᠭᠠᠷᠠᠭᠤᠯᠵᠤ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ ᠰᠤᠷᠭᠠᠨ ᠬᠦᠮᠦᠵᠢᠯ ᠢ ᠲᠤᠰᠬᠠᠢ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠲᠠ ᠪᠣᠯᠣᠨ ᠴᠢᠳᠠᠪᠤᠷᠢᠲᠠᠨ ᠬᠦᠮᠦᠵᠢᠭᠦᠯᠬᠦ ᠶᠢᠨ ᠪᠦᠬᠦ ᠶᠠᠪᠤᠴᠠ ᠳᠤ ᠠᠭᠤᠰᠤᠯᠴᠠᠭᠤᠯᠤᠨ᠂ ᠰᠤᠷᠤᠭᠴᠢᠳ ᠢ ᠬᠠᠪᠰᠤᠷᠴᠤ ᠪᠠᠶᠢᠭᠠᠳ ᠦᠪᠡᠷ ᠢ ᠪᠠᠨ ᠵᠦᠢ ᠵᠣᠬᠢᠰᠲᠠᠢ ᠲᠠᠨᠢᠨ ᠮᠡᠳᠡᠵᠦ᠂ ᠦᠪᠡᠷ ᠢ ᠪᠠᠨ ᠪᠤᠰᠤᠳᠴᠢ ᠪᠠᠷ ᠦᠨᠡᠯᠡᠨ᠂ ᠠᠵᠢᠯ ᠣᠯᠬᠤ ᠣᠶᠢᠯᠠᠭᠠᠭᠳᠠᠬᠤᠨ ᠢ ᠨᠢ ᠬᠤᠪᠢᠷᠠᠭᠤᠯᠤᠨ᠎ᠠ᠃ ᠮᠤᠩᠭᠤᠯ ᠢᠶᠠᠷ ᠬᠢᠴᠢᠶᠡᠯᠯᠡᠭᠰᠡᠨ ᠲᠤᠰ ᠵᠢᠯ ᠤᠨ ᠲᠡᠭᠦᠰᠦᠭᠰᠡᠳ ᠤᠨ ᠲᠤᠰᠬᠠᠢ ᠡᠬᠡ ᠳᠠᠩᠰᠠ ᠶᠢ ᠪᠠᠶᠢᠭᠤᠯᠵᠤ᠂ ᠲᠤᠰᠬᠠᠶᠢᠯᠠᠨ ᠲᠤᠰᠠᠯᠠᠬᠤ ᠵᠠᠷᠤᠳᠠᠯ ᠢ ᠪᠠᠶᠢᠭᠤᠯᠤᠨ᠂ ᠡᠯ᠎ᠡ ᠲᠦᠷᠦᠯ ᠤᠨ ᠡᠯᠰᠡᠬᠦ ︵ᠤᠷᠢᠬᠤ︶ ᠰᠢᠯᠭᠠᠯᠲᠠ ᠳᠤ ᠣᠷᠤᠯᠴᠠᠬᠤ ᠶᠢᠨ ᠬᠠᠪᠰᠤᠷᠤᠨ ᠵᠢᠯᠤᠭᠤᠳᠬᠤ ᠠᠩᠭᠢ ᠶᠢ ᠦᠨ᠎ᠡ ᠲᠦᠯᠦᠪᠦᠷᠢ ᠦᠭᠡᠢ ᠪᠠᠷ ᠡᠷᠬᠢᠯᠡᠵᠦ᠂ ︽ᠨᠢᠭᠡ ᠳᠤ ᠨᠢᠭᠡ ᠪᠠᠷ ᠨᠢᠭᠤᠷᠳᠠᠨ ᠵᠢᠭᠠᠬᠤ︾ ᠠᠵᠢᠯ ᠮᠡᠷᠭᠡᠵᠢᠯ ᠤᠨ ᠵᠢᠯᠤᠭᠤᠳᠤᠯᠭ᠎ᠠ ᠬᠢᠬᠦ ᠪᠠ ᠭᠤᠣᠯᠳᠠᠯᠭ᠎ᠠ ᠲᠠᠢ ᠲᠡᠳᠭᠦᠬᠦ ᠶᠢ ᠬᠡᠷᠡᠭᠵᠢᠭᠦᠯᠬᠦ ᠶᠢᠨ ᠬᠠᠮᠲᠤ᠂ ᠬᠦᠮᠦᠨ ᠬᠡᠷᠡᠭᠯᠡᠬᠦ ᠨᠢᠭᠡᠴᠡ ᠳᠤ ᠭᠤᠣᠯᠳᠠᠯᠭ᠎ᠠ ᠲᠠᠢ ᠲᠠᠨᠢᠯᠴᠠᠭᠤᠯᠬᠤ ᠪᠣᠶᠣ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠨ ᠲᠦᠪᠬᠢᠨᠡᠭᠦᠯᠦᠨ ᠠᠵᠢᠯ ᠣᠯᠭᠤᠨ᠎ᠠ᠃ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠢ ᠮᠤᠩᠭᠤᠯ ᠢᠶᠠᠷ ᠬᠢᠴᠢᠶᠡᠯᠯᠡᠭᠰᠡᠨ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰ ᠵᠢᠯ ᠤᠨ ᠲᠡᠭᠦᠰᠦᠭᠰᠡᠳ ᠤᠨ ᠬᠠᠷᠢᠯᠴᠠᠵᠤ ᠳᠠᠩᠰᠠᠯᠠᠨ ᠲᠡᠮᠲᠡᠭᠯᠡᠬᠦ ᠠᠵᠢᠯ ᠢ ᠰᠠᠶᠢᠲᠤᠷ ᠬᠢᠵᠦ᠂ ᠮᠦᠷᠳᠡᠨ ᠦᠢᠯᠡᠴᠢᠯᠡᠨ᠎ᠡ᠃ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠬᠤ ᠮᠡᠳᠡᠭᠡ ᠵᠠᠩᠭᠢ ᠶᠢᠨ ᠰᠦᠯᠵᠢᠶᠡᠨ ᠤ ᠲᠡᠪᠴᠡᠩ ᠪᠣᠯᠣᠨ ᠰᠤᠷᠭᠠᠭᠤᠯᠢ ᠶᠢᠨ ᠠᠵᠢᠯ ᠣᠯᠭᠤᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠭᠦᠰᠦᠭᠰᠡᠳ ᠤᠨ ᠠᠵᠢᠯ ᠣᠯᠬᠤ ᠶᠢ ᠠᠬᠢᠭᠤᠯᠬᠤ ᠳᠤ ᠠᠰᠢᠭᠲᠠᠢ ᠠᠯᠢᠪᠠ ᠡᠬᠢ ᠪᠠᠶᠠᠯᠢᠭ ᠢ ᠭᠦᠢᠴᠡᠳ ᠠᠭᠤᠳᠠᠯᠯᠠᠨ᠂ ᠤᠷᠢᠬᠤ ᠠᠵᠢᠯᠯᠠᠭ᠎ᠠ ᠪᠠ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠲᠡᠭᠦᠰᠦᠭᠰᠡᠳ ᠢ ᠬᠦᠲᠦᠯᠦᠨ ᠵᠢᠯᠤᠭᠤᠳᠴᠤ ᠪᠠᠶᠢᠭᠠᠳ ᠦᠨᠳᠦᠰᠦᠨ ᠱᠠᠲᠤ ᠪᠠ ᠠᠵᠤ ᠠᠬᠤᠶᠢᠯᠠᠯ ᠳᠤ ᠣᠴᠢᠵᠤ ᠠᠵᠢᠯ ᠣᠯᠭᠤᠨ᠂ ᠮᠣᠩᠭᠤᠯ ᠢᠶᠠᠷ ᠬᠢᠴᠢᠶᠡᠯᠯᠡᠭᠰᠡᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ ᠠᠩᠬ᠎ᠠ ᠤᠳᠠᠭ᠎ᠠ ᠶᠢᠨ ᠠᠵᠢᠯ ᠣᠯᠭᠤᠬᠤ ᠨᠤᠷᠮ᠎ᠠ ᠪᠣᠯᠣᠨ ᠠᠵᠢᠯ ᠣᠯᠭᠤᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠢ ᠦᠭᠡᠷᠡᠴᠢᠯᠡᠨ᠎ᠡ᠃      ᠤᠯᠤᠰ ᠤᠨ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢᠨ ᠨᠢᠭᠡᠲᠦᠯᠲᠡᠢ ᠱᠠᠭᠠᠷᠳᠠᠯᠭ᠎ᠠ ᠶᠤᠰᠤᠭᠠᠷ᠂ ᠮᠣᠩᠭᠤᠯ ᠦᠨᠳᠦᠰᠦᠲᠡᠨ᠂ ᠣᠷᠴᠤᠨ ᠦᠨᠳᠦᠰᠦᠲᠡᠨ᠂ ᠡᠧᠡᠩᠬᠢ ᠦᠨᠳᠦᠰᠦᠲᠡᠨ᠂ ᠳᠠᠭᠤᠷ ᠦᠨᠳᠦᠰᠦᠲᠡᠨ ᠤ ᠰᠢᠯᠭᠠᠭᠤᠯᠤᠭᠴᠢᠳ ᠲᠤ ᠬᠤᠪᠢ ᠨᠡᠮᠡᠬᠦ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠣᠷᠣᠨ ᠤ ᠳᠣᠲᠤᠷᠠᠬᠢ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠮᠤᠩᠭᠤᠯ ᠢᠶᠠᠷ ᠬᠢᠴᠢᠶᠡᠯᠯᠡᠭᠰᠡᠨ ᠰᠢᠯᠭᠠᠭᠤᠯᠤᠭᠴᠢᠳ ᠢ ᠡᠯᠰᠡᠵᠦ ᠠᠪᠬᠤ ᠳᠠᠭᠠᠨ ᠰᠤᠷᠤᠭᠴᠢ ᠡᠯᠰᠡᠬᠦ ᠲᠦᠯᠦᠪᠯᠡᠭᠡ ᠶᠢ ᠠᠰ ᠲᠤᠨᠢ ᠵᠢᠭᠰᠠᠭᠠᠨ᠂ ᠡᠯᠰᠡᠬᠦ ᠬᠤᠪᠢ ᠶᠢ ᠲᠤᠰᠠᠭᠠᠷ ᠬᠤᠪᠢᠶᠠᠷᠢᠯᠠᠨ ᠲᠣᠭᠲᠠᠭᠠᠵᠤ᠂ ᠨᠢᠭᠡᠲᠦᠯᠲᠡᠢ ᠡᠯᠰᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠮᠤᠩᠭᠤᠯ ᠢᠶᠠᠷ ᠬᠢᠴᠢᠶᠡᠯᠯᠡᠭᠰᠡᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠤᠷᠤᠭᠴᠢᠳ ᠤᠨ ᠣᠷᠣᠨ ᠤ ᠳᠣᠲᠤᠷ᠎ᠠ ᠭᠠᠳᠠᠨᠠᠬᠢ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠲᠠᠳ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠳᠤ ᠬᠠᠪᠰᠤᠷᠭᠠᠨ ᠮᠡᠳᠡᠭᠦᠯᠬᠦ ᠶᠢ ᠵᠥᠪᠰᠢᠶᠡᠷᠡᠨ᠎ᠡ᠃ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠴᠦᠬᠡᠨ ᠲᠣᠭᠠᠲᠤ ᠦᠨᠳᠦᠰᠦᠲᠡᠨ ᠤ ᠪᠡᠯᠡᠳᠭᠡᠯ ᠠᠩᠭᠢ ᠪᠣᠯᠣᠨ ᠦᠨᠳᠦᠰᠦᠲᠡᠨ ᠤ ᠠᠩᠭᠢ ᠶᠢᠨ ᠰᠤᠷᠤᠭᠴᠢ ᠡᠯᠰᠡᠬᠦ ᠲᠦᠯᠦᠪᠯᠡᠭᠡ᠂ ᠪᠠᠷᠠᠭᠤᠨ ᠬᠡᠰᠡᠭ ᠤᠨ ᠭᠠᠵᠠᠷ ᠣᠷᠣᠨ ᠤ ᠰᠤᠷᠤᠭᠴᠢ ᠡᠯᠰᠡᠬᠦ ᠶᠢ ᠲᠤᠰᠠᠯᠠᠨ ᠬᠠᠮᠵᠢᠯᠴᠠᠬᠤ ᠲᠥᠯᠦᠪᠯᠡᠭᠡ᠂ ᠬᠦᠳᠡᠭᠡ ᠲᠤᠰᠬᠤᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ ᠲᠤᠰᠬᠠᠢ ᠲᠦᠯᠦᠪᠯᠡᠭᠡ᠂ ᠰᠤᠷᠭᠠᠨ ᠬᠦᠮᠦᠵᠢᠯ ᠤᠨ ᠶᠠᠮᠦᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠵᠢᠴᠢ ᠪᠤᠰᠤᠳ ᠦᠪᠡᠷ ᠢᠶᠠᠨ ᠡᠵᠡᠨ ᠮᠡᠳᠡᠵᠦ ᠰᠤᠷᠤᠭᠴᠢ ᠡᠯᠰᠡᠬᠦ ᠲᠣᠷᠰᠢᠯᠲᠠ ᠶᠢᠨ ᠴᠢᠬ ᠪᠣᠯᠬᠤ ᠳᠡᠭᠡᠳᠦ ᠵᠡᠷᠭᠡ ᠶᠢᠨ ᠰᠤᠷᠭᠠᠭᠤᠯᠢ ᠶᠢᠨ ᠬᠦᠳᠡᠭᠡ ᠲᠤᠰᠬᠤᠨ ᠤ ᠰᠤᠷᠤᠭᠴᠢ ᠶᠢ ᠡᠯᠰᠡᠬᠦ ᠲᠤᠰᠬᠠᠢ ᠲᠦᠯᠦᠪᠯᠡᠭᠡ᠂ ᠰᠤᠷᠭᠠᠨ ᠬᠦᠮᠦᠵᠢᠯ ᠤᠨ ᠶᠠᠮᠦᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢᠨ ᠮᠤᠵᠢ ᠣᠷᠣᠨ ᠬᠤᠪᠢᠶᠠᠨ ᠰᠤᠷᠤᠭᠴᠢ ᠡᠯᠰᠡᠬᠦ ᠲᠥᠯᠦᠪᠯᠡᠭᠡ ᠵᠡᠷᠭᠡ ᠳᠤ ᠵᠣᠬᠢᠬᠤ ᠬᠠᠷᠢᠴᠠᠯ ᠢ ᠬᠤᠪᠢᠶᠠᠷᠢᠯᠠᠨ ᠭᠠᠷᠭᠠᠵᠤ ᠪᠠᠶᠢᠭᠠᠳ ᠮᠣᠩᠭᠤᠯ ᠢᠶᠠᠷ ᠬᠢᠴᠢᠶᠡᠯᠯᠡᠭᠰᠡᠨ ᠳᠡᠭᠡᠳᠦ ᠰᠤᠷᠭᠠᠭᠤᠯᠢ ᠰᠢᠯᠭᠠᠭᠤᠯᠬᠤ ᠰᠤᠷᠤᠭᠴᠢᠳ ᠢ ᠡᠯᠰᠡᠵᠦ᠂ ᠬᠢᠲᠠᠳ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠳᠤ ᠰᠤᠳᠤᠯᠤᠨ ᠰᠣᠷᠣᠯᠴᠠᠭᠤᠯᠤᠨ᠎ᠠ᠃ ᠮᠤᠩᠭᠤᠯ ᠢᠶᠠᠷ ᠰᠤᠷᠬᠤ ᠪᠠᠷ ᠭᠤᠣᠯᠯᠠᠵᠤ ᠬᠢᠲᠠᠳ ᠬᠡᠯᠡ ᠨᠡᠮᠡᠨ ᠰᠤᠷᠤᠯᠴᠠᠬᠤ ᠦᠨᠳᠦᠷ ᠳᠤᠮᠳᠠᠳᠤ ᠲᠡᠭᠦᠰᠦᠭᠰᠡᠳ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠳᠤ ᠬᠢᠲᠠᠳ ᠬᠡᠯᠡᠨ ᠤ ᠬᠢᠴᠢᠶᠡᠯ ᠲᠦᠷᠦᠯ ᠢ ᠨᠢ ︽ᠳᠤᠮᠳᠠᠳᠤ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡ ᠶᠢᠨ ᠬᠢᠷᠢ ᠬᠡᠮᠵᠢᠶᠡᠨ ᠤ ᠳᠡᠰ ᠤᠨ ᠰᠢᠯᠭᠠᠯᠲᠠ︾᠎ ᠶᠢᠨ ᠭᠤᠷᠪᠠᠳᠤᠭᠠᠷ ᠳᠡᠰ ᠤᠨ ᠬᠢᠷᠢ ᠪᠦᠲᠦᠮᠵᠢ ᠪᠠᠷ ᠣᠷᠤᠯᠠᠵᠤ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠭᠠᠳᠠᠭᠠᠲᠤ ᠬᠡᠯᠡᠨ ᠤ ᠬᠢᠷᠢ ᠪᠦᠲᠦᠮᠵᠢ ᠯᠤᠭ᠎ᠠ 7᠄ 3᠎ ᠶᠢᠨ ᠬᠠᠷᠢᠴᠠᠯ ᠢᠶᠠᠷ ᠨᠢᠭᠡ ᠬᠢᠴᠢᠶᠡᠯ ᠤᠨ ᠬᠢᠷᠢ ᠪᠦᠲᠦᠮᠵᠢ ᠪᠣᠯᠭᠠᠨ ᠨᠤᠭᠤᠯᠤᠨ ᠪᠤᠳᠤᠵᠤ ᠶᠡᠷᠦᠩᠬᠡᠢ ᠬᠤᠪᠢ ᠳᠤᠨᠢ ᠲᠡᠮᠲᠡᠭᠯᠡᠨ ᠣᠷᠤᠭᠤᠯᠤᠨ᠎ᠠ᠃ ᠬᠢᠲᠠᠳ ᠢᠶᠠᠷ ᠬᠢᠴᠢᠶᠡᠯᠯᠡᠬᠦ ᠪᠠᠷ ᠭᠤᠣᠯᠯᠠᠵᠤ ᠮᠣᠩᠭᠤᠯ ᠬᠡᠯᠡ ᠨᠡᠮᠡᠨ ᠰᠤᠷᠤᠯᠴᠠᠬᠤ ᠦᠨᠳᠦᠷ ᠳᠤᠮᠳᠠᠳᠤ ᠲᠡᠭᠦᠰᠦᠭᠰᠡᠳ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠤᠯᠴᠠᠬᠤ ᠳᠤ ᠮᠣᠩᠭᠤᠯ ᠬᠡᠯᠡᠨ ᠤ ᠬᠢᠴᠢᠶᠡᠯ ᠲᠦᠷᠦᠯ ᠢ ᠨᠢ ︽ᠮᠣᠩᠭᠤᠯ ᠬᠡᠯᠡ ᠶᠢᠨ ᠬᠡᠷᠡᠭᠯᠡᠭᠡᠨ ᠤ ᠬᠢᠷᠢ ᠬᠡᠮᠵᠢᠶᠠᠨ ᠤ ᠳᠡᠰ ᠤᠨ ᠰᠢᠯᠭᠠᠯᠲᠠ︾᠎ ᠶᠢᠨ ᠳᠤᠮᠳᠠ ᠵᠡᠷᠭᠡ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠠᠯᠬᠤᠮ ᠠᠯᠬᠤᠮ ᠢᠶᠠᠷ ᠣᠷᠤᠯᠠᠵᠤ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠭᠠᠳᠠᠭᠠᠲᠤ ᠬᠡᠯᠡᠨ ᠤ ᠬᠢᠷᠢ ᠪᠦᠲᠦᠮᠵᠢ ᠯᠤᠭ᠎ᠠ 7᠄ 3᠎ ᠶᠢᠨ ᠬᠠᠷᠢᠴᠠᠯ ᠢᠶᠠᠷ ᠨᠢᠭᠡ ᠬᠢᠴᠢᠶᠡᠯ ᠤᠨ ᠬᠢᠷᠢ ᠪᠦᠲᠦᠮᠵᠢ ᠪᠣᠯᠭᠠᠨ ᠨᠤᠭᠤᠯᠤᠨ ᠪᠤᠳᠤᠵᠤ ᠶᠡᠷᠦᠩᠬᠡᠢ ᠬᠤᠪᠢ ᠳᠤᠨᠢ ᠲᠡᠮᠲᠡᠭᠯᠡᠨ ᠣᠷᠤᠭᠤᠯᠤᠨ᠎ᠠ᠃ ᠳᠡᠭᠡᠳᠦ ᠰᠤᠷᠭᠠᠭᠤᠯᠢ ᠶᠢᠨ ᠰᠢᠯᠭᠠᠯᠲᠠ ᠪᠣᠯᠣᠨ ᠦᠨᠳᠦᠷ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠲᠦᠯᠲᠡᠢ ᠪᠣᠯᠭᠠᠬᠤ ᠳᠤ ᠰᠠᠭᠤᠷᠢᠯᠠᠨ᠂ ᠶᠡᠷᠦᠩᠬᠡᠢ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠭᠰᠠᠨ ᠡᠷᠬᠡ ᠲᠡᠭᠰᠢ᠂ ᠣᠯᠠᠨ ᠡᠰᠢᠲᠦ ᠡᠯᠰᠡᠨ ᠠᠪᠬᠤ ᠲᠣᠭᠲᠠᠴᠠ ᠶᠢ ᠠᠯᠬᠤᠮ ᠠᠯᠬᠤᠮ ᠢᠶᠠᠷ ᠰᠦᠪᠡᠭᠴᠢᠯᠡᠨ ᠪᠠᠶᠢᠭᠤᠯᠤᠨ᠎ᠠ᠃ ᠣᠷᠣᠨ ᠤ ᠳᠤᠲᠤᠷᠠᠬᠢ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠲᠡᠨ ᠤ ᠠᠩᠭᠢ᠂ ᠦᠨᠳᠦᠰᠦᠲᠡᠨ ᠤ ᠪᠡᠯᠡᠳᠭᠡᠯ ᠠᠩᠭᠢ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾᠎ ᠤ ᠪᠡᠯᠡᠳᠭᠡᠯ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠤᠷᠤᠭᠴᠢ ᠡᠯᠰᠡᠬᠦ ᠵᠡᠷᠭᠡ ᠰᠤᠷᠤᠭᠴᠢ ᠡᠯᠰᠡᠬᠦ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠎ᠡ᠃      ︵ᠳᠤᠯᠤᠭ᠎ᠠ︶ ᠴᠦᠬᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠬᠦᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠬᠤᠣᠰ ᠬᠡᠯᠡᠨ ᠤ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠮᠣᠩᠭᠤᠯ ᠦᠭᠡ ᠬᠡᠯᠡ ᠦᠰᠦᠭ ᠪᠢᠴᠢᠭ ᠪᠣᠯᠣᠨ ᠤᠯᠤᠰ ᠲᠤ ᠨᠡᠶᠢᠳᠡᠮ ᠬᠡᠷᠡᠭᠯᠡᠭᠳᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠵᠢᠷᠤᠮᠵᠢᠭᠤᠯᠤᠨ᠎ᠠ᠃ ᠦᠨᠳᠦᠰᠦᠲᠡᠨ ᠤ ᠬᠡᠯᠡ ᠬᠢᠲᠠᠳ ᠬᠡᠯᠡ ᠶᠢ ᠬᠤᠣᠰᠯᠠᠭᠤᠯᠬᠤ ᠪᠠᠷ ᠦᠨᠳᠦᠰᠦᠨ ᠬᠠᠷᠠᠯᠲᠠ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠠᠴᠠ ᠳᠤᠮᠳᠠᠳᠤ ᠪᠠᠭ᠎ᠠ ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠶᠢᠨ ᠡᠯ᠎ᠡ ᠱᠠᠲᠤ ᠦᠶ᠎ᠡ ᠬᠦᠷᠲᠡᠯᠡᠬᠢ ᠶᠢ ᠪᠦᠲᠦᠮᠵᠢᠲᠡᠢ ᠵᠤᠯᠭᠠᠭᠤᠯᠬᠤ᠂ ᠵᠢᠭᠠᠨ ᠰᠤᠷᠭᠠᠬᠤ ᠵᠠᠭᠪᠤᠷ ᠬᠢᠭᠡᠳ ᠰᠤᠷᠤᠭᠴᠢᠳ ᠤᠨ ᠰᠤᠷᠤᠯᠴᠠᠬᠤ ᠴᠢᠳᠠᠪᠤᠷᠢ ᠬᠠᠷᠢᠯᠴᠠᠨ ᠵᠣᠬᠢᠴᠠᠬᠤ᠂ ᠪᠠᠭᠰᠢ ᠶᠢᠨ ᠡᠩᠨᠡᠭᠡ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠨᠢ ᠬᠡᠷᠡᠭᠴᠡᠭᠡ ᠶᠢ ᠬᠠᠩᠭᠠᠭᠰᠠᠨ ᠬᠤᠣᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠲᠤ ᠦᠶ᠎ᠡ ᠳᠤ ᠬᠡᠦᠬᠡᠳ ᠤᠨ ᠲᠤᠰ ᠦᠨᠳᠦᠰᠦᠲᠡᠨ ᠤ ᠦᠭᠡ ᠬᠡᠯᠡ ᠪᠠᠨ ᠰᠤᠷᠤᠯᠴᠠᠬᠤ ᠴᠢᠳᠠᠪᠤᠷᠢ ᠪᠣᠯᠣᠨ ᠬᠢᠲᠠᠳ ᠬᠡᠯᠡ ᠰᠤᠷᠤᠯᠴᠠᠬᠤ ᠳᠤᠷ᠎ᠠ ᠪᠠᠬ᠎ᠠ ᠶᠢ ᠨᠢ ᠬᠦᠮᠦᠵᠢᠭᠦᠯᠦᠨ᠎ᠡ︔ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠤ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠣᠯᠣᠨ ᠬᠢᠲᠠᠳ ᠦᠭᠡ ᠬᠡᠯᠡ ᠦᠰᠦᠭ ᠪᠢᠴᠢᠭ ᠢ ᠦᠨᠳᠦᠰᠦᠨ ᠳᠡᠭᠡᠨ ᠡᠵᠡᠮᠰᠢᠭᠦᠯᠦᠨ᠎ᠡ︔ ᠦᠨᠳᠦᠷ ᠳᠤᠮᠳᠠᠳᠤ ᠶᠢᠨ ᠱᠠᠲᠤ ᠦᠶ᠎ᠡ ᠶᠢᠨ ᠰᠤᠷᠭᠠᠨ ᠬᠦᠮᠦᠵᠢᠯ ᠨᠢ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠣᠯᠣᠨ ᠬᠢᠲᠠᠳ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠬᠡᠷᠡᠭᠯᠡᠭᠦᠯᠦᠨ᠎ᠡ︔ ᠳᠡᠭᠡᠳᠦ ᠵᠡᠷᠭᠡ ᠶᠢᠨ ᠰᠤᠷᠭᠠᠨ ᠬᠦᠮᠦᠵᠢᠯ ᠲᠡᠭᠦᠰᠦᠭᠰᠡᠳ ᠪᠣᠯ ᠨᠡᠯᠢᠶᠡᠳ ᠦᠨᠳᠦᠷ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢ᠂ ᠨᠡᠶᠢᠭᠡᠮ ᠳᠤ ᠵᠣᠬᠢᠴᠠᠬᠤ ᠴᠢᠳᠠᠪᠤᠷᠢ ᠶᠢ ᠪᠦᠷᠢᠯᠳᠦᠭᠦᠯᠵᠦ᠂ ᠦᠨᠳᠦᠰᠦᠲᠡᠨ ᠤ ᠬᠡᠯᠡ ᠬᠢᠲᠠᠳ ᠬᠡᠯᠡ ᠬᠤᠣᠰᠯᠠᠭᠰᠠᠨ ᠦᠨᠳᠦᠷ ᠬᠡᠪ ᠴᠢᠨᠠᠷ ᠲᠠᠢ ᠴᠢᠳᠠᠪᠤᠷᠢᠲᠠᠨ ᠪᠣᠯᠣᠨ᠎ᠠ᠃ ᠳᠡᠭᠡᠳᠦ ᠳᠡᠰ ᠤᠨ ᠴᠢᠳᠠᠪᠤᠷᠢᠲᠠᠨ ᠬᠦᠮᠦᠵᠢᠭᠦᠯᠬᠦ ᠬᠡᠪᠴᠢᠶᠡᠵᠢᠯ ᠢ ᠡᠮᠬᠢ ᠵᠢᠷᠤᠮ ᠲᠠᠢ ᠦᠷᠭᠡᠳᠭᠡᠵᠦ᠂ ︽ᠴᠦᠬᠡᠨ ᠲᠣᠭᠠᠲᠤ ᠦᠨᠳᠦᠰᠦᠲᠡᠨ ᠤ ᠳᠡᠭᠡᠳᠦ ᠳᠡᠰ ᠤᠨ ᠨᠢᠷᠤᠭᠤᠪᠴᠢ ᠴᠢᠳᠠᠪᠤᠷᠢᠲᠠᠨ ᠤ ᠲᠦᠯᠦᠪᠯᠡᠭᠡ︾᠎ ᠶᠢ ᠦᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠭᠡᠭᠵᠢᠭᠦᠯᠬᠦ ᠢᠨᠵᠧᠨᠧᠷᠢᠩ ᠤᠨ ᠨᠢᠭᠡᠲᠦᠯᠲᠡᠢ ᠲᠦᠯᠦᠪᠯᠡᠵᠦ ᠬᠠᠮᠢᠶᠠᠷᠬᠤ ᠳᠤ ᠣᠷᠤᠭᠤᠯᠤᠨ᠂ ᠲᠡᠭᠦᠰᠦᠭᠰᠡᠳ ᠢ ᠲᠠᠨᠢᠯᠴᠠᠭᠤᠯᠤᠨ ᠠᠵᠢᠯ ᠣᠯᠭᠤᠬᠤ ᠠᠵᠢᠯ ᠢ ᠰᠠᠶᠢᠲᠤᠷ ᠬᠢᠨ᠎ᠡ᠃ ᠤᠯᠤᠰ ᠠᠴᠠ ᠬᠡᠷᠡᠭᠵᠢᠭᠦᠯᠦᠭᠰᠡᠨ ︽ᠴᠦᠬᠡᠨ ᠲᠣᠭᠠᠲᠤ ᠦᠨᠳᠦᠰᠦᠲᠡᠨ ᠤ ᠳᠡᠭᠡᠳᠦ ᠦᠵᠦᠬᠦᠷ ᠤᠨ ᠴᠢᠳᠠᠪᠤᠷᠢᠲᠠᠨ ᠬᠦᠮᠦᠵᠢᠭᠦᠯᠬᠦ︾ ᠪᠠ ︽ᠤᠯᠤᠰ ᠤᠨ ᠠᠯᠪᠠᠨ ᠠᠴᠠ ᠲᠣᠮᠢᠯᠠᠨ ᠭᠠᠳᠠᠭᠠᠲᠤ ᠳᠤ ᠰᠤᠷᠤᠯᠴᠠᠭᠤᠯᠬᠤ ᠪᠠᠷᠠᠭᠤᠨ ᠬᠡᠰᠡᠭ ᠤᠨ ᠣᠨᠴᠤᠭᠤᠢ ᠲᠦᠷᠦᠯ ᠵᠦᠢᠯ︾᠎ ᠤᠨ ᠳᠡᠮᠵᠢᠯᠭᠡ ᠶᠢ ᠴᠢᠷᠮᠠᠶᠢᠨ ᠣᠯᠵᠤ᠂ ᠤᠯᠤᠰ ᠲᠥᠷᠥ ᠶᠢᠨ ᠬᠡᠪ ᠴᠢᠨᠠᠷ ᠢᠶᠠᠷ ᠦᠨᠳᠦᠷ᠂ ᠡᠷᠳᠡᠮ ᠰᠢᠨᠵᠢᠯᠡᠭᠡᠨ ᠤ ᠪᠦᠲᠦᠮᠵᠢ ᠪᠠᠷ ᠶᠡᠬᠡᠲᠡᠢ᠂ ᠣᠯᠠᠨ ᠤᠯᠤᠰ ᠤᠨ ᠨᠦᠯᠦᠭᠡᠯᠡᠬᠦ ᠬᠦᠴᠦᠨ ᠪᠠ ᠦᠵᠡᠯᠳᠡ ᠪᠠᠨ ᠶᠠᠷᠢᠵᠦ ᠬᠡᠯᠡᠬᠦ ᠡᠷᠬᠡ ᠲᠠᠢ ᠨᠢᠭᠡ ᠪᠦᠯᠦᠭ ᠴᠦᠬᠡᠨ ᠲᠣᠭᠠᠲᠤ ᠦᠨᠳᠦᠰᠦᠲᠡᠨ ᠤ ᠰᠢᠯᠢᠳᠡᠭ ᠴᠢᠳᠠᠪᠤᠷᠢᠲᠠᠨ ᠢ ᠬᠦᠮᠦᠵᠢᠭᠦᠯᠦᠨ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠲᠡᠭᠦᠯᠳᠡᠷ ᠴᠢᠳᠠᠪᠤᠷᠢᠲᠠᠨ ᠤ ᠳᠡᠮᠵᠢᠯᠭᠡ ᠪᠠ ᠣᠶᠣᠨ ᠤ ᠲᠤᠯᠭᠠᠭᠤᠷᠢᠯᠠᠯ ᠢ ᠬᠠᠩᠭᠠᠨ᠎ᠠ᠃      ᠭᠤᠷᠪᠠ᠂ ᠦᠨᠳᠦᠰᠦᠲᠡᠨ ᠤ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ      ︵ᠨᠢᠭᠡ︶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠷᠭᠡᠳᠭᠡᠨ ᠲᠦᠭᠡᠮᠡᠯᠵᠢᠭᠦᠯᠦᠨ᠎ᠡ᠃      ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠳᠤ ᠠᠯᠪᠠᠨ ᠠᠴᠠ ᠡᠷᠬᠢᠯᠡᠬᠦ ᠪᠠᠶᠢᠭᠤᠯᠤᠯ ᠢ ᠬᠡᠷᠡᠭᠵᠢᠭᠦᠯᠦᠨ᠎ᠡ᠃ ᠪᠤᠶᠢᠲᠠ ᠪᠦᠭᠯᠡᠭᠦᠦ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾᠎ ᠤ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠ ᠮᠤᠩᠭᠤᠯ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ ᠳᠤ ᠮᠣᠩᠭᠤᠯ ᠢᠶᠠᠷ ᠬᠢᠴᠢᠶᠡᠯᠯᠡᠬᠦ ᠪᠠᠷ ᠭᠤᠣᠯᠯᠠᠭᠰᠠᠨ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠲᠤᠰᠠᠭᠠᠷ ᠪᠠᠶᠢᠭᠤᠯᠵᠤ᠂ ᠮᠤᠩᠭᠤᠯ ᠦᠨᠳᠦᠰᠦᠲᠡᠨ ᠲᠠᠷᠬᠠᠵᠤ ᠬᠤᠯᠢᠯᠳᠤᠨ ᠰᠠᠭᠤᠭᠰᠠᠨ ᠭᠠᠵᠠᠷ ᠣᠷᠣᠨ ᠪᠠ ᠪᠤᠰᠤᠳ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ ᠳᠤ ᠵᠣᠬᠢᠬᠤ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠲᠤᠰᠠᠭᠠᠷ ᠪᠠᠶᠢᠭᠤᠯᠬᠤ ᠪᠣᠶᠣ ᠲᠣᠬᠠᠢ ᠶᠢᠨ ᠭᠠᠵᠠᠷ ᠤᠨ ᠡᠩ ᠤᠨ ᠬᠡᠦᠬᠡᠳ ᠤᠨ ᠴᠡᠴᠡᠷᠯᠢᠭ ᠲᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠳᠡᠭ ᠵᠢᠭᠠᠨ ᠰᠤᠷᠭᠠᠬᠤ ᠠᠩᠭᠢ ᠶᠢ ᠨᠡᠭᠡᠭᠡᠵᠦ᠂ ᠴᠦᠬᠡᠨ ᠲᠣᠭᠠᠲᠤ ᠦᠨᠳᠦᠰᠦᠲᠡᠨ ᠤ ᠵᠣᠬᠢᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠣᠷᠤᠪᠠᠰᠤ ᠵᠣᠬᠢᠬᠤ ᠶᠢ ᠨᠢ ᠪᠦᠬᠦᠨ ᠢ ᠣᠷᠤᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ᠂ ᠰᠤᠮᠤ ᠰᠢᠶᠠᠩ ᠪᠠᠯᠭᠠᠰᠤ ᠶᠢᠨ ᠰᠠᠭᠤᠭ᠎ᠠ ᠭᠠᠵᠠᠷ ᠲᠤ ᠲᠤᠰᠠᠭᠠᠷ ᠡᠷᠬᠢᠯᠡᠬᠦ᠂ ᠭᠠᠴᠠᠭ᠎ᠠ ᠲᠤᠰᠬᠤᠨ ᠬᠠᠮᠲᠤᠷᠠᠨ ᠡᠷᠬᠢᠯᠡᠭᠡᠳ ᠠᠮᠵᠢᠯᠲᠠ ᠣᠯᠣᠭᠰᠠᠨ ᠠᠷᠭ᠎ᠠ ᠪᠠᠷᠢᠯ ᠢ ᠳᠡᠯᠭᠡᠷᠡᠭᠦᠯᠬᠦ ᠰᠠᠭᠤᠷᠢᠨ ᠳᠡᠭᠡᠷ᠎ᠡ᠂ ᠮᠠᠯᠵᠢᠬᠤ ᠣᠷᠣᠨ ᠤ ᠣᠯᠠᠨ ᠵᠦᠢᠯ ᠤᠨ ᠬᠡᠯᠪᠡᠷᠢ ᠮᠠᠶ᠋ᠢᠭ ᠤᠨ ᠬᠡᠦᠬᠡᠳ ᠤᠨ ᠴᠡᠴᠡᠷᠯᠢᠭ ᠢ ᠠᠮᠢᠳᠤᠯᠢᠭ ᠢᠶᠠᠷ ᠨᠡᠭᠡᠭᠡᠨ ᠡᠷᠬᠢᠯᠡᠵᠦ ᠪᠣᠯᠣᠨ᠎ᠠ᠂ ᠬᠤᠰᠢᠭᠤ ᠰᠢᠶᠠᠨ ᠤ ᠱᠠᠲᠤᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ ᠲᠠᠢ ᠬᠤᠯᠪᠣᠭᠠᠯᠠᠬᠤ ᠬᠡᠯᠪᠡᠷᠢ ᠪᠠᠷ ᠨᠠᠶᠢᠳᠠᠨ ᠡᠷᠬᠢᠯᠡᠭᠦᠯᠵᠦ ᠨᠠᠶᠢᠳᠠᠨ ᠬᠠᠮᠢᠶᠠᠷᠤᠭᠤᠯᠵᠤ᠂ ᠠᠰᠠᠷᠠᠨ ᠬᠦᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠴᠢᠬᠤᠯᠠ ᠪᠦᠬᠦᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠲᠣᠬᠢᠷᠠᠭᠤᠯᠤᠨ᠂ ᠴᠡᠴᠡᠷᠯᠢᠭ ᠡᠷᠬᠢᠯᠡᠬᠦ ᠪᠠ ᠠᠰᠠᠷᠠᠨ ᠬᠦᠮᠦᠵᠢᠭᠦᠯᠬᠦ ᠨᠦᠬᠦᠴᠡᠯ ᠢ ᠰᠠᠶᠢᠵᠢᠷᠠᠭᠤᠯᠤᠨ᠎ᠠ᠃ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠪᠠᠭ᠎ᠠ ᠰᠤᠷᠭᠠᠭᠤᠯᠢᠵᠢᠭᠤᠯᠬᠤ ᠬᠠᠨᠳᠤᠰᠢ ᠶᠢ ᠴᠢᠩᠭ᠎ᠠ ᠴᠠᠭᠠᠵᠠᠯᠠᠨ᠎ᠠ᠃ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠪᠣᠯᠣᠨ ᠠᠰᠠᠷᠠᠨ ᠬᠦᠮᠦᠵᠢᠭᠦᠯᠬᠦ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠡᠦᠬᠡᠳ ᠤᠨ ᠴᠡᠴᠡᠷᠯᠢᠭ ᠤᠨ ᠠᠰᠠᠷᠠᠨ ᠬᠦᠮᠦᠵᠢᠭᠦᠯᠦᠭᠴᠢ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠬᠡᠦᠬᠡᠳ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠠᠮᠢᠳᠤᠷᠠᠯ ᠤᠨ ᠣᠯᠭᠤᠮᠵᠢ ᠶᠢ ᠨᠢ ᠳᠡᠭᠡᠭᠰᠢᠯᠡᠭᠦᠯᠦᠨ᠂ ᠡᠩᠨᠡᠭᠡ ᠶᠢ ᠲᠣᠭᠲᠠᠭᠤᠨ ᠪᠠᠶᠢᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠶᠠᠰᠤ ᠴᠢᠨᠠᠷ ᠢ ᠦᠨᠡᠨᠬᠦ ᠪᠠᠲᠤᠯᠠᠨ᠎ᠠ᠃      ︵ᠬᠤᠶᠠᠷ︶ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠎ᠠ᠃      ᠴᠦᠬᠡᠨ ᠲᠣᠭᠠᠲᠤ ᠦᠨᠳᠦᠰᠦᠲᠡᠨ ᠤ ᠣᠳᠣ ᠶᠢᠨ ᠪᠠᠶᠢᠭ᠎ᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠶᠢᠷᠢᠰᠢᠭᠤᠯᠤᠯ᠂ ᠬᠡᠪᠴᠢᠶᠡᠵᠢᠯ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠰᠤᠷᠭᠠᠭᠤᠯᠢ ᠡᠷᠬᠢᠯᠡᠬᠦ ᠨᠦᠬᠦᠴᠡᠯ ᠢ ᠪᠠᠷᠢᠮᠵᠢᠶᠠᠵᠢᠭᠤᠯᠬᠤ ᠪᠠ ᠬᠤᠰᠢᠭᠤ ᠰᠢᠶᠠᠨ ᠤ ᠬᠡᠪᠴᠢᠶᠡᠨ ᠳᠤ ᠲᠡᠩᠴᠡᠭᠦᠷᠢᠲᠡᠢ ᠬᠥᠭᠵᠢᠬᠦ ᠶᠢ ᠤᠷᠢᠳᠠᠪᠠᠷ ᠪᠡᠶᠡᠯᠡᠭᠦᠯᠦᠨ᠎ᠡ᠃ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ᠂ ᠠᠮᠢ ᠠᠬᠤᠢ ᠶᠢᠨ ᠨᠡᠭᠦᠳᠡᠯ ᠠᠷᠠᠳ᠂ ᠬᠤᠲᠠ ᠪᠠᠯᠭᠠᠰᠤᠴᠢᠯᠠᠬᠤ ᠪᠦᠲᠦᠭᠡᠨ ᠪᠠᠶᠢᠭᠤᠯᠤᠯᠲᠠ ᠪᠣᠯᠣᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠵᠡᠷᠭᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠴᠢᠬᠤᠯᠠ ᠪᠦᠬᠦᠢ ᠲᠤᠰᠬᠤᠨ ᠤ ᠪᠠᠭ᠎ᠠ ᠰᠤᠷᠭᠠᠭᠤᠯᠢ ᠪᠣᠯᠣᠨ ᠵᠢᠭᠠᠨ ᠰᠤᠷᠭᠠᠯᠲᠠ ᠶᠢᠨ ᠴᠢᠬ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠦᠯᠡᠳᠡᠭᠡᠬᠦ ᠶᠢᠨ ᠬᠠᠮᠲᠤ ᠰᠠᠶᠢᠲᠤᠷ ᠡᠷᠬᠢᠯᠡᠨ᠎ᠡ᠃ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠦᠯᠦᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠢᠴᠢᠶᠡᠯ ᠪᠣᠯᠣᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠦᠨᠳᠦᠰᠦᠲᠡᠨ ᠤ ᠣᠨᠴᠠᠯᠢᠭ ᠲᠠᠢ᠂ ᠣᠷᠣᠨ ᠨᠤᠲᠤᠭ ᠤᠨ ᠣᠨᠴᠠᠯᠢᠭ ᠲᠠᠢ ᠣᠷᠣᠨ ᠨᠤᠲᠤᠭ ᠤᠨ ᠬᠢᠴᠢᠶᠡᠯ ᠪᠣᠯᠣᠨ ᠰᠤᠷᠭᠠᠭᠤᠯᠢ ᠶᠢᠨ ᠬᠢᠴᠢᠶᠡᠯ ᠢ ᠨᠡᠭᠡᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠢᠯᠵᠢᠭᠦᠯᠦᠨ ᠨᠡᠭᠦᠯᠭᠡᠭᠰᠡᠨ ᠬᠦᠮᠦᠨ ᠠᠮᠠ ᠪᠣᠯᠣᠨ ᠪᠤᠰᠤᠳ ᠬᠤᠲᠠ ᠣᠷᠤᠵᠤ ᠬᠦᠴᠦ ᠶᠠᠪᠤᠭᠰᠠᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠬᠠᠤᠯᠢ ᠶᠤᠰᠤᠭᠠᠷ ᠪᠠᠲᠤᠯᠠᠨ᠎ᠠ᠃ ᠰᠤᠷᠤᠯᠭ᠎ᠠ ᠲᠣᠷᠭᠤᠮᠳᠠᠬᠤ ᠶᠢ ᠡᠵᠡᠮᠳᠡᠵᠦ ᠰᠤᠷᠤᠯᠭ᠎ᠠ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠰᠠᠬᠢᠭᠰᠠᠨ ᠬᠡᠦᠬᠡᠳ ᠢ ᠬᠠᠷᠠᠭᠠᠯᠵᠠᠨ ᠬᠠᠶᠢᠷᠠᠯᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠦᠬᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠡᠯᠢᠭᠡᠨ ᠰᠠᠳᠤᠨ ᠤ ᠬᠠᠶᠢᠷ᠎ᠠ ᠶᠢᠨ ᠬᠦᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠢ ᠴᠢᠬᠤᠯᠠᠴᠢᠯᠠᠨ᠂ ᠰᠤᠷᠤᠭᠴᠢᠳ ᠤᠨ ᠪᠠᠶᠠᠷ ᠴᠡᠩᠭᠡᠯ ᠲᠠᠢ ᠦᠰᠦᠨ ᠪᠤᠶᠢᠵᠢᠬᠤ ᠶᠢ ᠠᠬᠢᠭᠤᠯᠤᠨ᠎ᠠ᠃      ︵ᠭᠤᠷᠪᠠ︶ ᠡᠩ ᠤᠨ ᠦᠨᠳᠦᠷ ᠳᠤᠮᠳᠠᠳᠤ ᠰᠤᠷᠭᠠᠭᠤᠯᠢ ᠶᠢ ᠣᠯᠠᠨ ᠶᠠᠩᠵᠤ ᠲᠠᠢ ᠪᠦᠭᠡᠳ ᠣᠨᠴᠠᠯᠢᠭ ᠲᠠᠢ ᠡᠷᠬᠢᠯᠡᠬᠦ ᠶᠢ ᠳᠡᠮᠵᠢᠨ᠎ᠡ᠃      ᠨᠦᠬᠦᠴᠡᠯ ᠪᠦᠷᠢᠯᠳᠦᠬᠦᠯᠵᠦ ᠪᠠᠶᠢᠭᠠᠳ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠ ︽ᠭᠤᠷᠪᠠᠨ ᠴᠦᠬᠡᠨ ᠲᠣᠭᠠᠲᠤ ᠦᠨᠳᠦᠰᠦᠲᠡᠨ︾᠎ ᠤ ᠦᠪᠡᠷᠲᠡᠭᠡᠨ ᠵᠠᠰᠠᠬᠤ ᠬᠤᠰᠢᠭᠤ ᠶᠢᠨ ᠦᠨᠳᠦᠰᠦᠲᠡᠨ ᠤ ᠡᠩ ᠤᠨ ᠦᠨᠳᠦᠷ ᠳᠤᠮᠳᠠᠳᠤ ᠰᠤᠷᠭᠠᠭᠤᠯᠢ ᠶᠢ ᠪᠦᠬᠦᠨ ᠢᠶᠠᠷ ᠨᠢ ᠦᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠰᠢᠯᠢᠳᠡᠭ ᠰᠤᠷᠭᠠᠭᠤᠯᠢ ᠶᠢᠨ ᠡᠩᠨᠡᠭᠡ ᠳᠤ ᠣᠷᠤᠭᠤᠯᠬᠤ ᠶᠢ ᠦᠨᠡᠨᠬᠦ ᠪᠠᠲᠤᠯᠠᠨ᠎ᠠ᠃ ᠤᠯᠤᠰ ᠤᠨ ᠪᠠᠷᠢᠮᠵᠢᠶ᠎ᠠ ᠶᠤᠰᠤᠭᠠᠷ ᠨᠣᠮ ᠪᠢᠴᠢᠭ᠂ ᠲᠣᠷᠰᠢᠯᠲᠠ ᠶᠢᠨ ᠲᠠᠰᠤᠭ᠂ ᠴᠢᠳᠠᠮᠵᠢᠲᠦ ᠠᠩᠭᠢ ᠶᠢᠨ ᠭᠡᠷ᠂ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ ᠲᠥᠭᠦᠭᠡᠷᠦᠮᠵᠢ᠂ ᠪᠡᠶ᠎ᠡ ᠶᠢᠨ ᠲᠠᠮᠢᠷ ᠤᠨ ᠪᠡᠯᠡᠳᠭᠡᠮᠵᠢ ᠶᠢ ᠪᠦᠷᠢᠨ ᠲᠣᠬᠢᠷᠠᠭᠤᠯᠤᠨ᠎ᠠ᠃ ᠬᠢᠴᠢᠶᠡᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠢᠴᠢᠶᠡᠯ ᠤᠨ ᠲᠠᠯ᠎ᠠ ᠪᠠᠷ ᠬᠢ ᠤᠯᠤᠰ ᠤᠨ ᠲᠦᠰᠦᠯ ᠢ ᠨᠠᠶᠢᠳᠠᠪᠤᠷᠢᠵᠢᠭᠤᠯᠤᠨ᠂ ᠰᠤᠩᠭᠤᠨ ᠰᠤᠷᠬᠤ ᠬᠢᠴᠢᠶᠡᠯ ᠪᠣᠯᠣᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠴᠢᠶᠡᠯ ᠰᠤᠩᠭᠤᠨ ᠠᠩᠭᠢ ᠰᠣᠯᠢᠬᠤ ᠶᠢ ᠬᠡᠷᠡᠭᠵᠢᠭᠦᠯᠦᠨ᠎ᠡ᠃ ᠰᠠᠭᠤᠷᠢ ᠮᠡᠳᠡᠯᠭᠡ ᠪᠣᠯᠣᠨ ᠦᠨᠳᠦᠰᠦᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠷᠠᠭᠤᠯᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠪᠣᠯᠣᠨ ᠲᠣᠷᠰᠢᠯᠲᠠ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠴᠢᠩᠭᠠᠳᠬᠠᠨ᠂ ᠰᠤᠳᠤᠯᠭᠠᠨ ᠤ ᠴᠢᠨᠠᠷᠲᠠᠢ ᠰᠤᠷᠤᠯᠴᠠᠯᠭ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠣᠯᠣᠨ ᠨᠡᠶᠢᠭᠡᠮ ᠤᠨ ᠦᠢᠯᠡᠳᠦᠯᠭᠡ ᠶᠢ ᠦᠷᠨᠢᠭᠦᠯᠵᠦ᠂ ᠰᠤᠷᠤᠭᠴᠢᠳ ᠤᠨ ᠪᠦᠬᠦ ᠲᠠᠯ᠎ᠠ ᠶᠢᠨ ᠪᠦᠭᠡᠳ ᠦᠪᠡᠷᠮᠢᠴᠡ ᠴᠢᠨᠠᠷᠲᠠᠢ ᠬᠥᠭᠵᠢᠯᠲᠡ ᠶᠢ ᠠᠬᠢᠭᠤᠯᠤᠨ᠎ᠠ᠃ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠪᠣᠯᠣᠨ ᠶᠡᠷᠦᠩᠬᠡᠶᠢᠯᠡᠭᠭᠰᠡᠨ ᠬᠡᠪ ᠴᠢᠨᠠᠷ ᠤᠨ ᠦᠨᠡᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠩ ᠤᠨ ᠦᠨᠳᠦᠷ ᠳᠤᠮᠳᠠᠳᠤ ᠰᠤᠷᠭᠠᠭᠤᠯᠢ ᠶᠢᠨ ︽ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠦᠮᠦᠵᠢᠭᠦᠯᠬᠦ ᠪᠠ ᠬᠢᠷᠢ ᠲᠡᠩᠴᠡᠭᠰᠡᠨ ᠴᠢᠳᠠᠪᠤᠷᠢᠲᠠᠨ ᠢ ᠬᠦᠷᠭᠡᠬᠦ︾ ᠬᠤᠣᠰ ᠡᠭᠦᠷᠭᠡ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠰᠤᠷᠭᠠᠭᠤᠯᠢ ᠡᠷᠬᠢᠯᠡᠬᠦ ᠶᠠᠪᠤᠴᠠ ᠳᠠᠬᠢ ᠣᠯᠠᠨ ᠶᠠᠩᠵᠤ ᠶᠢᠨ ᠪᠠ ᠦᠪᠡᠷᠮᠢᠴᠡ ᠣᠨᠴᠠᠯᠢᠭ ᠲᠠᠢ ᠬᠥᠭᠵᠢᠯᠲᠡ ᠶᠢ ᠠᠬᠢᠭᠤᠯᠤᠨ᠎ᠠ᠃      ︵ᠳᠥᠷᠪᠡ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠣᠨᠴᠠᠯᠢᠭ ᠢ ᠳᠤᠪᠤᠶᠢᠯᠭᠠᠨ᠎ᠠ᠃      ᠠᠳᠠᠯ ᠦᠢᠯᠡᠰ ᠴᠣᠭᠴᠠᠯᠠᠨ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠵᠤ᠂ ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠭᠡᠬᠦ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠢᠷᠤᠮᠯᠠᠯ ᠪᠣᠯᠭᠠᠨ᠂ ᠦᠨᠳᠦᠰᠦᠲᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠢᠳᠡᠪᠬᠢᠲᠡᠢ ᠬᠥᠭᠵᠢᠭᠦᠯᠦᠨ᠎ᠡ᠃ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠦᠯᠦᠪᠯᠡᠭᠡ᠂ ᠰᠢᠯᠢᠳᠡᠭ ᠪᠦᠭᠡᠳ ᠣᠨᠴᠠᠯᠢᠭ ᠲᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠠᠴᠠ ᠬᠡᠷᠡᠭᠵᠢᠭᠦᠯᠦᠭᠰᠡᠨ ᠲᠦᠷᠦᠯ ᠵᠦᠢᠯ ᠢ ᠦᠨᠳᠦᠰᠦᠲᠡᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠲᠡᠰᠢ ᠬᠡᠯᠪᠠᠶᠢᠯᠭᠡᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠠᠬᠢᠭᠤᠯᠤᠨ᠂ ᠣᠳᠣ ᠶᠢᠨ ᠪᠠᠶᠢᠭ᠎ᠠ ᠦᠨᠳᠦᠰᠦᠲᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠶᠡᠷᠦᠩᠬᠡᠶᠢᠯᠡᠭᠰᠡᠨ ᠦᠨᠳᠦᠷ ᠳᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠠᠩᠭᠢ ᠳᠤ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠭᠠᠷ ᠤᠷᠠᠯᠠᠯ᠂ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ᠂ ᠵᠢᠭᠤᠯᠴᠢᠯᠠᠯ ᠤᠨ ᠦᠢᠯᠡᠳᠭᠦᠨ ᠵᠡᠷᠭᠡ ᠲᠤᠰᠬᠠᠢ ᠮᠡᠷᠭᠡᠵᠢᠯ ᠢ ᠨᠡᠭᠡᠭᠡᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠭᠰᠡᠨ ᠮᠠᠯᠴᠢᠨ ᠲᠠᠷᠢᠶᠠᠴᠢᠳ ᠢ ᠬᠦᠮᠦᠵᠢᠭᠦᠯᠦᠨ᠎ᠡ᠃ ᠪᠠᠭᠰᠢ ᠶᠢᠨ ᠬᠢᠷᠢ ᠭᠡᠮ ᠪᠣᠯᠣᠨ ᠪᠠᠭᠰᠢ ᠶᠢᠨ ᠠᠵᠢᠯ ᠮᠡᠷᠭᠡᠵᠢᠯ ᠤᠨ ᠬᠢᠷᠢ ᠭᠡᠮ ᠢ ᠪᠦᠷᠢᠳᠦᠭᠦᠯᠦᠭᠰᠡᠨ ᠬᠡᠯᠪᠡᠷᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠤᠷ᠎ᠠ ᠮᠡᠷᠭᠡᠰᠢᠯ ᠤᠨ ᠲᠠᠷᠬᠠᠳ᠂ ᠤᠷᠠᠴᠤᠳ᠂ ᠪᠤᠳᠠᠰ ᠤᠨ ᠪᠤᠰᠤ ᠰᠤᠶᠤᠯ ᠤᠨ ᠥᠪ ᠤᠨ ᠵᠠᠯᠭᠠᠮᠵᠢᠯᠠᠭᠴᠢ ᠶᠢ ᠤᠷᠢᠨ ᠲᠤᠰᠢᠶᠠᠯ ᠬᠠᠪᠰᠤᠷᠭᠠᠭᠰᠠᠨ ᠪᠠᠭᠰᠢ ᠪᠣᠯᠭᠠᠨ᠎ᠠ᠃ ᠰᠤᠷᠤᠭᠴᠢ ᠡᠯᠰᠡᠬᠦ ᠪᠠ ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠶᠢ ᠠᠬᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠳᠠᠪᠰᠢᠬᠤ ᠪᠠ ᠰᠢᠰᠲ᠋ᠧᠮ ᠢᠶᠠᠷ ᠢᠶᠠᠨ ᠰᠤᠷᠤᠭᠴᠢ ᠡᠯᠰᠡᠬᠦ ᠨᠢᠭᠡᠴᠡ ᠶᠢᠨ ᠬᠠᠷᠢᠴᠠᠯ ᠢ ᠳᠡᠭᠡᠭᠰᠢᠯᠡᠭᠦᠯᠦᠨ᠂ ᠠᠩᠬ᠎ᠠ ᠦᠨᠳᠦᠷ ᠳᠤᠮᠳᠠᠳᠤ ᠰᠤᠷᠭᠠᠭᠤᠯᠢ ᠶᠢᠨ ᠠᠵᠢᠯ ᠣᠯᠣᠭᠠᠳᠤᠢ ᠲᠡᠭᠦᠰᠦᠭᠰᠡᠳ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠪᠦᠬᠦᠨ ᠳᠤ ᠬᠠᠮᠤᠷᠬᠤ ᠶᠢ ᠪᠡᠶᠡᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠠᠲᠠᠬᠤ ᠬᠦᠴᠦᠨ ᠢ ᠨᠡᠮᠡᠭᠳᠡᠭᠦᠯᠦᠨ᠎ᠡ᠃      ︵ᠲᠠᠪᠤ︶ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠪᠠᠶᠢᠷᠢᠰᠢᠭᠤᠯᠤᠯ ᠤᠨ ᠪᠦᠲᠦᠴᠡ ᠶᠢ ᠰᠢᠯᠢᠳᠡᠭᠵᠢᠭᠦᠯᠦᠨ᠎ᠡ᠃      ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠶᠢᠷᠢᠰᠢᠭᠤᠯᠤᠯ ᠤᠨ ᠲᠦᠯᠦᠪᠵᠢᠭᠦᠯᠭᠡ ᠪᠠ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢᠨ ᠲᠦᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠪᠣᠳᠠᠳᠤ ᠠᠵᠤ ᠠᠬᠤᠢ ᠪᠣᠯᠣᠨ ᠠᠵᠤ ᠦᠢᠯᠡᠰ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠤᠨ᠎ᠠ᠃ ᠡᠩ ᠤᠨ ᠵᠢᠩᠬᠢᠨᠢ ᠠᠩᠭᠢ ᠲᠠᠢ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠢ ᠪᠤᠲᠠᠲᠠᠢ ᠲᠠᠢ ᠪᠠᠨ ᠤᠶᠠᠯᠳᠤᠭᠤᠯᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠵᠦ᠂ ᠠᠭᠤᠯᠤᠭᠳᠠᠬᠤᠨ ᠲᠠᠢ ᠬᠥᠭᠵᠢᠭᠦᠯᠦᠨ᠎ᠡ᠃ ᠶᠡᠷᠦᠩᠬᠡᠶᠢᠯᠡᠭᠰᠡᠨ ᠲᠦᠷᠦᠯ ᠤᠨ ᠶᠡᠭᠡ ᠰᠤᠷᠭᠠᠭᠤᠯᠢ ᠳᠤ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠲᠦᠷᠦᠯ ᠤᠨ ᠲᠤᠰᠬᠠᠢ ᠮᠡᠷᠭᠡᠵᠢᠯ ᠢ ᠬᠥᠭᠵᠢᠭᠦᠯᠬᠦ ᠶᠢᠨ ᠰᠢᠰᠲ᠋ᠧᠮ ᠢᠶᠠᠷ ᠢᠶᠠᠨ ᠳᠡᠮᠵᠢᠬᠦ ᠲᠣᠭᠲᠠᠴᠠ ᠶᠢ ᠪᠠᠶᠢᠭᠤᠯᠤᠨ᠎ᠠ᠃ ᠡᠩ ᠤᠨ ᠵᠢᠩᠬᠢᠨᠢ ᠠᠩᠭᠢ ᠲᠠᠢ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠲᠡᠨ ᠤ ᠠᠩᠭᠢ᠂ ᠦᠨᠳᠦᠰᠦᠲᠡᠨ ᠤ ᠪᠡᠯᠡᠳᠭᠡᠯ ᠠᠩᠭᠢ ᠶᠢᠨ ᠰᠤᠷᠭᠠᠨ ᠬᠦᠮᠦᠵᠢᠯ ᠤᠨ ᠠᠵᠢᠯ ᠢ ᠴᠢᠩᠭᠠᠷᠠᠭᠤᠯᠵᠤ᠂ ᠬᠡᠷᠡᠭᠯᠡᠭᠡᠨ ᠤ ᠬᠡᠯᠪᠡᠷᠢ ᠪᠣᠯᠣᠨ ᠪᠠᠶᠢᠭᠠᠯᠢ ᠲᠧᠭᠨᠢᠭ ᠤᠨ ᠤᠬᠠᠭᠠᠨ ᠤ ᠲᠦᠷᠦᠯ ᠤᠨ ᠴᠢᠳᠠᠪᠤᠷᠢᠲᠠᠨ ᠢ ᠬᠦᠮᠦᠵᠢᠭᠦᠯᠦᠨ᠎ᠡ᠃ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠵᠤ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢ ᠲᠣᠬᠢᠷᠠᠭᠤᠯᠤᠨ᠂ ᠠᠵᠤ ᠦᠢᠯᠡᠳᠪᠦᠷᠢ᠂ ᠲᠠᠷᠢᠶᠠᠯᠠᠩ᠂ ᠡᠮᠨᠡᠯᠭᠡ᠂ ᠬᠠᠮᠢᠶᠠᠷᠤᠯᠲᠠ ᠵᠡᠷᠭᠡ ᠬᠢᠴᠢᠶᠡᠯ ᠰᠢᠨᠵᠢᠯᠡᠭᠡᠨ ᠤ ᠬᠠᠷᠢᠴᠠᠯ ᠢ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠢ ᠰᠠᠶᠢᠲᠤᠷ ᠡᠷᠬᠢᠯᠡᠬᠦ ᠶᠢ ᠳᠡᠮᠵᠢᠵᠦ᠂ ᠦᠨᠳᠦᠰᠦᠲᠡᠨ ᠤ ᠣᠨᠴᠠᠯᠢᠭ ᠲᠠᠢ ᠬᠢᠴᠢᠶᠡᠯ ᠰᠢᠨᠵᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠬᠢᠰᠲ᠋ᠧᠷ ᠳ᠋ᠣᠺᠲ᠋ᠣᠷ ᠤᠨ ᠡᠷᠳᠡᠮ ᠤᠨ ᠴᠣᠯᠠ ᠶᠢᠨ ᠴᠢᠬ ᠤᠨ ᠪᠠᠶᠢᠷᠢᠯᠠᠭᠤᠯᠤᠯᠲᠠ᠂ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠰᠫᠢᠷᠠᠨᠲ ᠡᠯᠰᠡᠬᠦ ᠲᠦᠯᠦᠪᠯᠡᠭᠡ᠂ ᠳᠡᠭᠡᠳᠦ ᠰᠤᠷᠭᠠᠭᠤᠯᠢ ᠶᠢᠨ ᠬᠦᠮᠦᠨ ᠨᠡᠶᠢᠭᠡᠮ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ ᠲᠥᠪ ᠤᠨ ᠡᠳ᠋ ᠤᠨ ᠵᠠᠰᠠᠭ ᠠᠴᠠ ᠣᠷᠣᠨ ᠨᠣᠲᠤᠭ ᠤᠨ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ ᠪᠦᠬᠦᠢ ᠲᠤᠰᠬᠠᠢ ᠪᠡᠯᠡ ᠮᠦᠩᠭᠦ ᠵᠡᠷᠭᠡ ᠶᠢ ᠲᠦᠯᠦᠪᠵᠢᠭᠦᠯᠭᠡ᠂ ᠰᠤᠷᠭᠠᠭᠤᠯᠢ ᠡᠷᠬᠢᠯᠡᠬᠦ ᠨᠦᠬᠦᠴᠡᠯ ᠳᠤ ᠨᠡᠶᠢᠴᠡᠭᠰᠡᠨ ᠪᠠ ᠶᠠᠰᠤ ᠴᠢᠨᠠᠷ ᠨᠢ ᠪᠠᠲᠤᠯᠠᠭ᠎ᠠ ᠲᠠᠢ ᠦᠨᠳᠦᠰᠦᠲᠡᠨ ᠤ ᠳᠡᠭᠡᠳᠦ ᠰᠤᠷᠭᠠᠭᠤᠯᠢ ᠪᠣᠯᠣᠨ ᠮᠤᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠲᠡᠰᠢ ᠬᠡᠯᠪᠠᠶᠢᠯᠭᠡᠨ᠎ᠡ᠃ ᠮᠤᠩᠭᠤᠯ ᠢᠶᠠᠷ ᠬᠢᠴᠢᠶᠡᠯᠯᠡᠬᠦ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠬᠢᠴᠢᠶᠡᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠣᠩᠭᠤᠯ ᠬᠢᠲᠠᠳ ᠬᠤᠶᠠᠷ ᠬᠡᠯᠡ ᠳᠤ ᠨᠡᠪᠲᠡᠷᠡᠭᠰᠡᠨ ᠦᠨᠳᠦᠷ ᠬᠡᠪ ᠴᠢᠨᠠᠷ ᠲᠠᠢ ᠴᠢᠳᠠᠪᠤᠷᠢᠲᠠᠨ ᠬᠦᠮᠦᠵᠢᠭᠦᠯᠬᠦ ᠲᠦᠰᠦᠯ ᠢ ᠲᠡᠭᠦᠯᠳᠡᠷᠵᠢᠭᠦᠯᠦᠨ᠎ᠡ᠃      ︵ᠵᠢᠷᠭᠤᠭ᠎ᠠ︶ ᠦᠷᠭᠦᠯᠵᠢᠯᠡᠭᠰᠡᠨ ᠬᠦᠮᠦᠵᠢᠯ ᠪᠠ ᠣᠨᠴᠤᠭᠤᠢ ᠰᠤᠷᠭᠠᠨ ᠬᠦᠮᠦᠵᠢᠯ ᠢ ᠴᠢᠬᠤᠯᠠᠴᠢᠯᠠᠨ᠎ᠠ᠃      ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠨᠳᠤᠭᠤᠯᠤᠭᠰᠠᠨ ᠦᠷᠭᠦᠯᠵᠢᠯᠡᠭᠰᠡᠨ ᠬᠦᠮᠦᠵᠢᠯ ᠢ ᠢᠳᠡᠪᠬᠢᠲᠡᠢ ᠬᠥᠭᠵᠢᠭᠦᠯᠵᠦ᠂ ᠬᠤᠲᠠ ᠬᠦᠳᠡᠭᠡ ᠨᠡᠶᠢᠭᠡᠮ ᠲᠣᠭᠤᠷᠢᠭ ᠤᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠂ ᠳᠠᠭᠠᠭᠤᠯᠢ ᠣᠳᠣ᠂ ᠢᠨᠲ᠋ᠧᠷ ᠰᠦᠯᠵᠢᠶ᠎ᠡ ᠵᠡᠷᠭᠡ ᠪᠠᠷ ᠠᠴᠢᠶᠠᠯᠠᠪᠤᠷᠢ ᠪᠣᠯᠭᠠᠭᠰᠠᠨ ᠠᠯᠤᠰ ᠡᠵᠡᠮᠰᠢᠯᠲᠦ ᠰᠤᠷᠭᠠᠨ ᠬᠦᠮᠦᠵᠢᠯ ᠵᠢᠴᠢ ᠦᠢᠯᠡᠴᠢᠯᠡᠭᠡᠨ ᠤ ᠲᠡᠪᠴᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠬᠤᠲᠠ ᠲᠣᠭᠤᠷᠢᠭ ᠤᠨ ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠨᠳᠤᠭᠤᠯᠤᠭᠰᠠᠨ ᠰᠤᠶᠤᠯ ᠤᠨ ᠲᠦᠷᠦᠯ᠂ ᠠᠮᠢᠳᠤᠷᠠᠯ ᠤᠨ ᠲᠦᠷᠦᠯ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠦᠷᠦᠯ᠂ ᠦᠵᠡᠯ ᠰᠠᠨᠠᠭ᠎ᠠ ᠶᠢᠨ ᠰᠤᠷᠭᠠᠨ ᠬᠦᠮᠦᠵᠢᠯ ᠤᠨ ᠲᠦᠷᠦᠯ ᠵᠡᠷᠭᠡ ᠰᠤᠷᠤᠯᠴᠠᠭᠰᠠᠨ ᠨᠠᠮᠲᠠᠷ ᠬᠢᠭᠡᠳ ᠰᠤᠷᠤᠯᠴᠠᠭᠰᠠᠨ ᠨᠠᠮᠲᠠᠷ ᠤᠨ ᠪᠤᠰᠤ ᠰᠤᠷᠭᠠᠨ ᠬᠦᠮᠦᠵᠢᠯ ᠢ ᠭᠤᠣᠯᠳᠠᠯᠭ᠎ᠠ ᠲᠠᠢ ᠦᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠨᠳᠤᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠤᠷᠠᠯ ᠤᠨ ᠮᠡᠳᠡᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ᠂ ᠰᠤᠶᠤᠯ ᠤᠨ ᠪᠠᠯᠠᠢ ᠶᠢ ᠠᠷᠢᠯᠭᠠᠬᠤ ᠵᠡᠷᠭᠡ ᠰᠤᠷᠭᠠᠨ ᠬᠦᠮᠦᠵᠢᠯ ᠢ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠲᠤᠰᠬᠠᠢ ᠮᠡᠷᠭᠡᠵᠢᠯ᠂ ᠬᠢᠴᠢᠶᠡᠯ ᠪᠣᠯᠣᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠤᠭᠤᠢ ᠰᠤᠷᠭᠠᠨ ᠬᠦᠮᠦᠵᠢᠯ ᠤᠨ ᠠᠵᠢᠯ ᠢ ᠳᠡᠮᠵᠢᠵᠦ᠂ ᠤᠯᠤᠰ ᠤᠨ ᠱᠠᠭᠠᠷᠳᠠᠯᠭ᠎ᠠ ᠶᠤᠰᠤᠭᠠᠷ ᠣᠨᠴᠤᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢ ᠰᠠᠶᠢᠲᠤᠷ ᠡᠷᠬᠢᠯᠡᠨ᠂ ᠣᠨᠴᠤᠭᠤᠢ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠪᠠᠭᠰᠢ ᠶᠢ ᠪᠦᠷᠢᠨ ᠲᠣᠬᠢᠷᠠᠭᠤᠯᠵᠤ᠂ ᠳᠦᠬᠦᠷᠵᠢᠭᠦᠯᠬᠦ ᠪᠡᠯᠡᠳᠭᠡᠮᠵᠢ ᠶᠢ ᠲᠡᠭᠦᠯᠳᠡᠷᠵᠢᠭᠦᠯᠦᠨ᠎ᠡ᠃ ᠴᠦᠬᠡᠨ ᠲᠣᠭᠠᠲᠤ ᠦᠨᠳᠦᠰᠦᠲᠡᠨ ᠤ ᠵᠡᠮᠳᠡᠭ ᠬᠡᠦᠬᠡᠳ᠂ ᠵᠠᠯᠠᠭᠤᠴᠤᠳ ᠪᠠᠭᠠᠴᠣᠳ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠲᠤᠯᠠᠵᠤ᠂ ᠰᠤᠷᠤᠭᠴᠢᠳ ᠤᠨ ᠠᠮᠢᠳᠤᠷᠠᠯ ᠤᠨ ᠮᠡᠷᠭᠡᠵᠢᠯ ᠴᠢᠳᠠᠪᠤᠷᠢ ᠪᠣᠯᠣᠨ ᠠᠵᠢᠯ ᠣᠯᠬᠤ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ᠎ᠡ᠃      ︵ᠳᠤᠯᠤᠭ᠎ᠠ︶ ᠰᠤᠷᠭᠠᠭᠤᠯᠢ ᠶᠢᠨ ᠦᠨᠳᠦᠷ ᠬᠡᠪ ᠴᠢᠨᠠᠷ ᠲᠠᠢ ᠵᠠᠬᠢᠷᠤᠯ ᠪᠣᠯᠣᠨ ᠪᠠᠭᠰᠢ ᠶᠢᠨ ᠡᠩᠨᠡᠭᠡ ᠶᠢ ᠪᠦᠲᠦᠭᠡᠨ ᠪᠠᠶᠢᠭᠤᠯᠤᠨ᠎ᠠ᠃      ᠰᠤᠷᠭᠠᠭᠤᠯᠢ ᠶᠢᠨ ᠵᠠᠬᠢᠷᠤᠯ ᠪᠣᠯᠣᠨ ᠪᠠᠭᠰᠢᠨᠠᠷ ᠤᠨ ᠪᠣᠯᠪᠠᠰᠤᠷᠠᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠶᠤᠰᠤ ᠮᠤᠷᠠᠯ ᠬᠡᠪ ᠰᠤᠷᠲᠠᠯ ᠤᠨ ᠬᠦᠮᠦᠵᠢᠯ ᠢ ᠴᠢᠩᠭᠠᠳᠬᠠᠨ᠎ᠠ᠃ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ︵ᠴᠡᠴᠡᠷᠯᠢᠭ︶᠎ ᠶᠢᠨ ᠵᠠᠬᠢᠷᠤᠯ ᠪᠣᠯᠣᠨ ᠡᠯ᠎ᠡ ᠡᠷᠳᠡᠮ ᠰᠢᠨᠵᠢᠯᠡᠭᠡᠨ ᠤ ᠲᠤᠰᠬᠠᠢ ᠪᠠᠭᠰᠢ ᠢᠯᠠᠩᠭᠤᠶ᠎ᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠲᠤᠰᠬᠠᠢ ᠪᠠᠭᠰᠢ ᠳᠤ ᠲᠠᠪᠤᠨ ᠵᠢᠯ ᠪᠦᠷᠢ ᠶᠢ ᠨᠢᠭᠡ ᠦᠶᠡᠯᠡᠯ ᠪᠣᠯᠭᠠᠭᠰᠠᠨ ᠦᠪᠡᠷᠲᠡᠭᠡᠨ ᠵᠠᠰᠠᠬᠤ ᠣᠷᠣᠨ ᠤ ᠱᠠᠲᠤᠨ ᠤ᠂ ᠠᠶᠢᠮᠠᠭ ᠬᠤᠲᠠ ᠶᠢᠨ ᠱᠠᠲᠤᠨ ᠤ ᠰᠦᠢᠳᠭᠡᠯ ᠬᠤᠷᠢᠶᠠᠬᠤ ᠦᠭᠡᠢ ᠪᠣᠯᠪᠠᠰᠤᠷᠠᠭᠤᠯᠤᠯ ᠢ ᠬᠦᠷᠲᠡᠭᠡᠵᠦ᠂ ᠰᠤᠷᠭᠠᠭᠤᠯᠢ ︵ᠴᠡᠴᠡᠷᠯᠢᠭ︶᠎ ᠶᠢᠨ ᠵᠠᠬᠢᠷᠤᠯ ᠤᠨ ᠣᠳᠣ ᠦᠶ᠎ᠡ ᠶᠢᠨ ᠰᠤᠷᠭᠠᠨ ᠬᠦᠮᠦᠵᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠤᠰᠬᠠᠢ ᠪᠠᠭᠰᠢᠨᠠᠷ ᠤᠨ ᠲᠤᠰᠬᠠᠶᠢᠵᠢᠭᠰᠠᠨ ᠬᠡᠪ ᠪᠣᠯᠪᠠᠰᠤᠷᠠᠯ ᠪᠣᠯᠣᠨ ᠪᠢᠴᠢᠭ ᠵᠢᠭᠠᠵᠤ ᠬᠦᠮᠦᠨ ᠬᠦᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ᠂ ᠴᠦᠬᠡᠨ ᠲᠣᠭᠠᠲᠤ ᠦᠨᠳᠦᠰᠦᠲᠡᠨ ᠤ ᠪᠡᠯᠡᠳᠭᠡᠯ ᠰᠤᠷᠭᠠᠨ ᠬᠦᠮᠦᠵᠢᠯ᠂ ᠦᠨᠳᠦᠰᠦᠲᠡᠨ ᠤ ᠣᠨᠴᠠᠯᠢᠭ ᠲᠠᠢ ᠬᠡᠷᠡᠭᠯᠡᠭᠡᠨ ᠤ ᠲᠦᠷᠦᠯ ᠤᠨ ᠬᠢᠴᠢᠶᠡᠯ ᠰᠢᠨᠵᠢᠯᠡᠭᠡᠨ ᠤ ᠲᠤᠰᠬᠠᠢ ᠪᠠᠭᠰᠢ ᠶᠢ ᠳᠠᠪᠳᠠᠨ ᠪᠣᠯᠪᠠᠰᠤᠷᠠᠭᠤᠯᠵᠤ ᠳᠡᠭᠡᠭᠰᠢᠯᠡᠭᠦᠯᠬᠦ ᠪᠠ ᠬᠦᠮᠦᠵᠢᠭᠦᠯᠦᠨ ᠬᠡᠷᠡᠭᠯᠡᠬᠦ ᠠᠵᠢᠯ ᠢ ᠴᠢᠬᠤᠯᠠᠴᠢᠯᠠᠨ᠂ ᠮᠣᠩᠭᠤᠯ ᠬᠢᠲᠠᠳ ᠬᠤᠣᠰ ᠬᠡᠯᠡᠨ ᠤ ᠵᠢᠭᠠᠨ ᠰᠤᠷᠭᠠᠯᠲᠠ ᠪᠣᠯᠣᠨ ᠡᠷᠳᠡᠮ ᠰᠢᠨᠵᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠭᠰᠢ ᠬᠦᠮᠦᠵᠢᠭᠦᠯᠬᠦ ᠳᠦᠷᠢᠮ ᠢ ᠪᠦᠷᠢᠨᠰᠢᠭᠦᠯᠵᠦ᠂ ᠪᠠᠭᠰᠢ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠠᠬᠢᠭᠤᠯᠤᠨ᠂ ᠬᠤᠣᠰ ᠬᠡᠯᠡᠨ ᠤ ᠪᠠᠭᠰᠢ᠂ ᠪᠠᠭᠰᠢ ᠶᠢᠨ ᠬᠢᠷᠢ ᠭᠡᠮ ᠪᠣᠯᠣᠨ ᠪᠠᠭᠰᠢ ᠶᠢᠨ ᠠᠵᠢᠯ ᠮᠡᠷᠭᠡᠵᠢᠯ ᠤᠨ ᠬᠢᠷᠢ ᠭᠡᠮ ᠢ ᠪᠦᠷᠢᠳᠦᠭᠦᠯᠦᠭᠰᠡᠨ ᠬᠡᠯᠪᠡᠷᠢ ᠶᠢᠨ ᠪᠠᠭᠰᠢ ᠪᠠ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠳᠠᠭᠤᠤ ᠬᠥᠭᠵᠢᠮ ᠪᠡᠶ᠎ᠡ ᠶᠢᠨ ᠲᠠᠮᠢᠷ ᠭᠤᠸ᠎ᠠ ᠰᠠᠶᠢᠬᠠᠨ ᠵᠡᠷᠭᠡ ᠬᠢᠴᠢᠶᠡᠯ ᠰᠢᠨᠵᠢᠯᠡᠭᠡᠨ ᠤ ᠪᠠᠴᠢᠮ ᠳᠤᠳᠠᠭᠳᠠᠵᠤ ᠪᠠᠶᠢᠭ᠎ᠠ ᠪᠠᠭᠰᠢ ᠶᠢ ᠭᠤᠣᠯᠳᠠᠯᠭ᠎ᠠ ᠲᠠᠢ ᠬᠦᠮᠦᠵᠢᠭᠦᠯᠵᠦ᠂ ᠰᠤᠮᠤ ᠰᠢᠶᠠᠩ ᠪᠠᠯᠭᠠᠰᠤ ᠵᠢᠴᠢ ᠲᠡᠭᠦᠨ ᠠᠴᠠ ᠳᠤᠷᠤᠭᠰᠢᠬᠢ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠳᠤ ᠬᠠᠨᠳᠤᠭᠤᠯᠤᠨ ᠰᠦᠢᠳᠭᠡᠯ ᠦᠯᠦ ᠬᠤᠷᠢᠶᠠᠬᠤ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠢ ᠬᠠᠨᠳᠤᠯᠭ᠎ᠠ ᠲᠠᠢ ᠪᠠᠷ ᠬᠦᠮᠦᠵᠢᠭᠦᠯᠬᠦ ᠠᠵᠢᠯ ᠢ ᠦᠷᠨᠢᠭᠦᠯᠦᠨ᠂ ᠪᠠᠭᠰᠢ ᠬᠦᠮᠦᠵᠢᠭᠦᠯᠵᠦ ᠨᠦᠬᠦᠪᠦᠷᠢᠯᠡᠬᠦ ᠶᠢᠨ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠪᠠᠭᠰᠢᠨᠠᠷ ᠤᠨ ᠠᠵᠢᠯ ᠤᠨ ᠪᠠᠶᠢᠷᠢ ᠳᠤ ᠡᠭᠡᠯᠵᠢᠯᠡᠨ ᠰᠤᠯᠢᠯᠴᠠᠬᠤ ᠳᠦᠷᠢᠮ ᠢ ᠪᠠᠶᠢᠭᠤᠯᠵᠤ᠂ ᠬᠤᠰᠢᠭᠤ ᠰᠢᠶᠠᠨ ᠤ ᠬᠡᠪᠴᠢᠶᠡᠨ ᠳᠤ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠣᠨ ᠲᠤᠰᠬᠠᠢ ᠪᠠᠭᠰᠢᠨᠠᠷ ᠢ ᠲᠣᠬᠠᠢ ᠶᠢᠨ ᠭᠠᠵᠠᠷ ᠣᠷᠣᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠨᠢᠭᠡᠲᠦᠯᠲᠡᠢ ᠬᠠᠮᠢᠶᠠᠷᠤᠨ ᠲᠣᠬᠢᠷᠠᠭᠤᠯᠤᠨ᠎ᠠ᠃ ᠬᠦᠳᠡᠭᠡ ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ ᠬᠡᠷᠡᠭᠵᠢᠭᠦᠯᠦᠨ᠎ᠡ᠃ ᠰᠦᠢᠳᠭᠡᠯ ᠦᠯᠦ ᠬᠤᠷᠢᠶᠠᠬᠤ ᠪᠠᠭᠰᠢ ᠶᠢᠨ ᠰᠤᠷᠭᠠᠨ ᠬᠦᠮᠦᠵᠢᠯ ᠤᠨ ᠲᠡᠭᠦᠰᠦᠭᠰᠡᠳ᠂ ᠪᠠᠭᠰᠢ ᠶᠢᠨ ᠣᠨᠴᠠ ᠠᠵᠢᠯ ᠤᠨ ᠪᠠᠶᠢᠷᠢ ᠶᠢᠨ ᠲᠦᠯᠦᠪᠯᠡᠭᠡ ᠵᠡᠷᠭᠡ ᠪᠠᠷ ᠦᠨᠳᠦᠰᠦᠲᠡᠨ ᠤ ᠰᠤᠷᠭᠠᠨ ᠬᠦᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠬᠠᠩᠭᠠᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠪᠠᠭᠰᠢ ᠶᠢᠨ ᠡᠩᠨᠡᠭᠡ ᠶᠢ ᠬᠦᠮᠦᠵᠢᠭᠦᠯᠦᠨ ᠪᠣᠯᠪᠠᠰᠤᠷᠠᠭᠤᠯᠬᠤ᠂ ᠨᠦᠬᠦᠪᠦᠷᠢᠯᠡᠨ ᠰᠤᠯᠢᠯᠴᠠᠬᠤ ᠵᠡᠷᠭᠡ ᠲᠠᠯ᠎ᠠ ᠪᠠᠷ ᠬᠢ ᠠᠵᠢᠯ ᠤᠨ ᠰᠢᠨᠵᠢᠯᠡᠬᠦ ᠤᠬᠠᠭᠠᠨᠴᠢ ᠵᠢᠷᠤᠮᠵᠢᠭᠤᠯᠤᠭᠰᠠᠨ ᠵᠠᠮ ᠢᠶᠠᠷ ᠵᠠᠮᠨᠠᠬᠤ ᠶᠢ ᠦᠨᠡᠨᠬᠦ ᠪᠠᠲᠤᠯᠠᠨ᠎ᠠ᠃      ︵ᠨᠠᠢᠮᠠ︶ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠠ ᠬᠠᠮᠵᠢᠯᠴᠠᠨ ᠰᠤᠯᠢᠯᠴᠠᠬᠤ ᠠᠵᠢᠯᠯᠠᠭ᠎ᠠ ᠶᠢ ᠦᠷᠨᠢᠭᠦᠯᠦᠨ᠎ᠡ᠃      ᠦᠨᠳᠦᠰᠦᠲᠡᠨ ᠤ ᠰᠤᠷᠭᠠᠨ ᠬᠦᠮᠦᠵᠢᠯ ᠤᠨ ᠬᠦᠷᠢᠶ᠎ᠡ ᠴᠠᠷᠠᠭ᠎ᠠ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠴᠢᠩᠭᠠᠳᠬᠠᠵᠤ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠰᠢᠭᠤᠯᠤᠯ ᠪᠦᠲᠦᠴᠡ ᠶᠢᠨ ᠲᠣᠬᠢᠷᠠᠭᠤᠯᠤᠯᠲᠠ᠂ ᠰᠠᠭᠤᠭᠠᠯᠢ ᠶᠢᠨ ᠳᠦᠷᠢᠮᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠬᠤᠣᠰ ᠬᠡᠯᠡᠨ ᠤ ᠵᠢᠭᠠᠨ ᠰᠤᠷᠭᠠᠯᠲᠠ᠂ ᠪᠠᠭᠰᠢ ᠶᠢᠨ ᠡᠩᠨᠡᠭᠡ ᠶᠢᠨ ᠬᠠᠮᠢᠶᠠᠷᠤᠯᠲᠠ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠣᠳᠣ ᠦᠶ᠎ᠡ ᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠮᠣᠩᠭᠤᠯ ᠬᠢᠲᠠᠳ ᠬᠤᠶᠠᠷ ᠬᠡᠯᠡ ᠳᠤ ᠨᠡᠪᠲᠡᠷᠡᠭᠰᠡᠨ ᠴᠢᠳᠠᠪᠤᠷᠢᠲᠠᠨ ᠢ ᠬᠦᠮᠦᠵᠢᠭᠦᠯᠬᠦ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ ᠶᠢ ᠨᠢ ᠬᠤᠪᠢᠷᠠᠭᠤᠯᠤᠨ ᠬᠥᠭᠵᠢᠭᠦᠯᠬᠦ ᠵᠡᠷᠭᠡ ᠠᠯᠢ ᠣᠯᠠᠨ ᠲᠠᠯ᠎ᠠ ᠳᠤ ᠭᠦᠨᠵᠡᠭᠡᠢ ᠰᠢᠰᠲ᠋ᠧᠮ ᠲᠠᠢ ᠰᠤᠳᠤᠯᠭᠠᠨ ᠢ ᠦᠷᠨᠢᠭᠦᠯᠵᠦ᠂ ᠲᠡᠷᠢᠭᠦᠨ ᠤ ᠣᠨᠣᠯ ᠢᠶᠠᠷ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠤᠨ ᠦᠢᠯᠡᠳᠦᠯᠭᠡ ᠶᠢ ᠵᠢᠯᠤᠭᠤᠳᠤᠨ᠎ᠠ᠃ ᠦᠨᠳᠦᠰᠦᠲᠡᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢ ᠵᠢᠯᠤᠭᠤᠳᠬᠤ ᠠᠵᠢᠯ ᠢᠶᠠᠨ ᠴᠢᠩᠭᠠᠳᠬᠠᠵᠤ᠂ ᠵᠢᠭᠠᠨ ᠰᠤᠳᠤᠯᠬᠤ ᠠᠵᠢᠯᠯᠠᠭ᠎ᠠ ᠶᠢ ᠪᠠᠶᠠᠯᠢᠬᠵᠢᠭᠤᠯᠤᠨ᠂ ᠰᠤᠳᠤᠯᠭᠠᠨ ᠢᠶᠠᠷ ᠵᠢᠭᠠᠨ ᠰᠤᠷᠭᠠᠯᠲᠠ ᠶᠢ ᠠᠬᠢᠭᠤᠯᠵᠤ᠂ ᠵᠢᠭᠠᠬᠤ ᠪᠠ ᠰᠤᠳᠤᠯᠬᠤ ᠶᠢ ᠤᠶᠠᠯᠳᠤᠭᠤᠯᠤᠨ᠂ ᠵᠢᠭᠠᠨ ᠰᠤᠳᠤᠯᠬᠤ ᠡᠩᠨᠡᠭᠡ ᠶᠢᠨ ᠲᠤᠰᠬᠠᠢ ᠮᠡᠷᠭᠡᠵᠢᠯ ᠢ ᠬᠦᠲᠦᠯᠦᠨ ᠵᠢᠯᠤᠭᠤᠳᠬᠤ ᠦᠢᠯᠡᠳᠦᠯ ᠢ ᠨᠢ ᠪᠠᠳᠠᠷᠠᠭᠤᠯᠵᠤ᠂ ᠬᠢᠴᠢᠶᠡᠯ ᠰᠢᠨᠵᠢᠯᠡᠭᠡᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠭᠤᠣᠯᠳᠠᠯᠭ᠎ᠠ ᠲᠠᠢ ᠳᠡᠭᠡᠭᠰᠢᠯᠡᠭᠦᠯᠦᠨ᠎ᠡ᠃ ᠣᠷᠣᠨ ᠤ ᠳᠣᠲᠤᠷᠠᠬᠢ ᠡᠩ ᠤᠨ ᠰᠤᠷᠭᠠᠭᠤᠯᠢ ᠪᠣᠯᠣᠨ ᠬᠥᠭᠵᠢᠭᠰᠡᠨ ᠭᠠᠵᠠᠷ ᠣᠷᠣᠨ ᠤ ᠰᠤᠷᠭᠠᠨ ᠬᠦᠮᠦᠵᠢᠯ ᠯᠦᠭᠡ ᠰᠤᠯᠢᠯᠴᠠᠨ ᠬᠠᠮᠵᠢᠯᠴᠠᠬᠤ ᠶᠢ ᠥᠷᠭᠡᠨ ᠢᠶᠠᠷ ᠦᠷᠨᠢᠭᠦᠯᠵᠦ᠂ ᠲᠡᠷᠢᠭᠦᠨ ᠤ ᠲᠣᠷᠰᠢᠯᠭ᠎ᠠ ᠪᠠ ᠣᠨᠣᠯᠵᠢᠬᠤᠨ ᠢ ᠰᠤᠷᠤᠯᠴᠠᠨ ᠰᠢᠩᠭᠡᠭᠡᠨ᠎ᠡ᠃ ᠮᠣᠩᠭᠤᠯ ᠬᠡᠯᠡ ᠪᠢᠴᠢᠭ ᠤᠨ ᠬᠠᠮᠵᠢᠯᠴᠠᠭᠠᠨ ᠤ ᠮᠤᠵᠢ ᠣᠷᠣᠨ ᠯᠤᠭ᠎ᠠ ᠬᠠᠷᠢᠯᠴᠠᠨ ᠰᠤᠷᠤᠯᠴᠠᠬᠤ᠂ ᠬᠠᠷᠢᠯᠴᠠᠨ ᠬᠠᠮᠵᠢᠯᠴᠠᠬᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠣᠯᠠᠨ ᠤᠯᠤᠰ ᠯᠤᠭ᠎ᠠ ᠶᠢᠨ ᠰᠤᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠢᠳᠡᠪᠬᠢᠲᠡᠢ ᠬᠥᠭᠵᠢᠭᠦᠯᠵᠦ᠂ ᠤᠯᠤᠰ ᠤᠨ ᠬᠢᠯᠢ ᠳᠠᠭᠠᠤ ᠣᠷᠣᠨ ᠢ ᠴᠢᠯᠦᠭᠡᠲᠡᠢ ᠪᠣᠯᠭᠠᠬᠤ ᠪᠠᠶᠢᠯᠳᠤᠬᠤ ᠪᠣᠳᠣᠯᠭ᠎ᠠ ᠶᠢ ᠳᠠᠭᠠᠵᠤ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠡᠯ᠎ᠡ ᠱᠠᠲᠤᠨ ᠤ ᠡᠯ᠎ᠡ ᠲᠦᠷᠦᠯ ᠤᠨ ᠦᠨᠳᠦᠰᠦᠲᠡᠨ ᠤ ᠰᠤᠷᠭᠠᠭᠤᠯᠢ ᠨᠤᠭᠤᠳ ᠤᠨ ᠭᠠᠵᠠᠷ ᠣᠷᠣᠨ ᠤ ᠳᠠᠪᠠᠭᠤᠯᠢᠭ ᠪᠠᠶᠢᠷᠢ ᠪᠣᠯᠣᠨ ᠦᠭᠡ ᠬᠡᠯᠡ ᠦᠰᠦᠭ ᠪᠢᠴᠢᠭ ᠤᠨ ᠨᠦᠬᠦᠴᠡᠯ ᠢᠶᠠᠨ ᠠᠰᠢᠭᠯᠠᠨ ᠬᠤᠯᠪᠣᠭᠳᠠᠯ ᠪᠦᠬᠦᠢ ᠠᠵᠢᠯᠯᠠᠭ᠎ᠠ ᠦᠷᠨᠢᠭᠦᠯᠬᠦ ᠶᠢ ᠵᠣᠷᠢᠬᠵᠢᠭᠤᠯᠤᠨ ᠳᠡᠮᠵᠢᠨ᠎ᠡ᠃      ᠳᠥᠷᠪᠡ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ      ︵ᠨᠢᠭᠡ︶ ᠰᠤᠷᠤᠭᠴᠢ ᠶᠢ ᠵᠤᠭᠤᠰ ᠢᠶᠠᠷ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠠᠴᠠ ᠠᠰᠠᠷᠠᠨ ᠬᠦᠮᠦᠵᠢᠭᠦᠯᠬᠦ ᠵᠠᠷᠤᠳᠠᠯ ᠢ 50% ᠬᠠᠰᠤᠨ ᠬᠤᠷᠢᠶᠠᠵᠤ᠂ ᠲᠥᠪ ᠪᠠ ᠦᠪᠡᠷᠲᠡᠭᠡᠨ ᠵᠠᠰᠠᠬᠤ ᠣᠷᠣᠨ ᠠᠴᠠ ᠰᠠᠶᠢᠨ ᠬᠢᠭᠰᠡᠨ ᠭᠠᠵᠠᠷ ᠣᠷᠣᠨ ᠳᠤ ᠵᠣᠬᠢᠬᠤ ᠬᠡᠮᠵᠢᠶ᠎ᠡ ᠪᠠᠷ ᠱᠠᠩᠨᠠᠯ ᠪᠠ ᠨᠦᠬᠦᠪᠦᠷᠢ ᠣᠯᠭᠤᠨ᠎ᠠ᠃ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ ᠰᠦᠢᠳᠭᠡᠯ ᠬᠤᠷᠢᠶᠠᠬᠤ ᠦᠭᠡᠢ ᠨᠢᠭᠡ ᠢᠵᠢ ᠴᠢᠨᠠᠷ ᠰᠠᠶᠢᠲᠠᠢ ᠰᠤᠷᠭᠠᠨ ᠬᠦᠮᠦᠵᠢᠯ ᠤᠨ ᠬᠠᠪᠰᠤᠷᠤᠮᠵᠢ ᠮᠠᠲ᠋ᠧᠷᠢᠶᠠᠯ ᠢ ᠬᠠᠩᠭᠠᠨ᠎ᠠ᠃ ᠮᠣᠩᠭᠤᠯ ᠬᠢᠲᠠᠳ ︵ᠰᠤᠯᠤᠩᠭᠤᠰ ᠬᠢᠲᠠᠳ︶ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠰᠠᠭᠤᠭᠠᠯᠢ ᠶᠢᠨ ᠳᠦᠷᠢᠮᠲᠦ ᠰᠤᠷᠭᠠᠭᠤᠯᠢ ᠶᠢᠨ ᠰᠤᠷᠤᠭᠴᠢᠳ ᠤᠨ ᠠᠮᠢᠳᠤᠷᠠᠯ ᠤᠨ ᠵᠠᠷᠤᠳᠠᠯ ᠢ ᠨᠦᠬᠦᠪᠦᠷᠢᠯᠡᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠠᠴᠠ ᠰᠤᠷᠤᠯᠭ᠎ᠠ ᠶᠢᠨ ᠰᠦᠢᠳᠭᠡᠯ ᠦᠯᠦ ᠬᠤᠷᠢᠶᠠᠬᠤ ᠪᠠ ᠠᠮᠢᠳᠤᠷᠠᠯ ᠤᠨ ᠵᠠᠷᠤᠳᠠᠯ ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠣᠷᠤᠨ ᠤ ᠳᠤᠲᠤᠷᠠᠬᠢ ᠳᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠨ ᠣᠷᠤᠭᠰᠠᠨ ᠮᠤᠩᠭᠤᠯ ᠢᠶᠠᠷ ᠬᠢᠴᠢᠶᠡᠯᠯᠡᠬᠦ ᠰᠤᠷᠤᠭᠴᠢᠳ ᠠᠴᠠ ᠰᠤᠷᠤᠯᠭ᠎ᠠ ᠶᠢᠨ ᠰᠦᠢᠳᠭᠡᠯ ᠢ 20% ᠬᠠᠰᠤᠨ ᠬᠤᠷᠢᠶᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠣᠷᠣᠨ ᠤ ᠳᠤᠲᠤᠷᠠᠬᠢ ᠳᠡᠭᠡᠳᠦ ᠵᠡᠷᠭᠡ ᠶᠢᠨ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠤᠨ ᠰᠤᠷᠤᠭᠴᠢᠳ ᠤᠨ ᠤᠶᠤᠲᠠᠳ ᠤᠨ ᠬᠤᠶᠠᠳᠤᠭᠠᠷ ᠡᠷᠳᠡᠮ ᠤᠨ ᠴᠣᠯᠠ᠂ ᠬᠤᠶᠠᠳᠤᠭᠠᠷ ᠲᠤᠰᠬᠠᠢ ᠮᠡᠷᠭᠡᠵᠢᠯ ᠬᠠᠪᠰᠤᠷᠭᠠᠨ ᠳᠠᠪᠲᠠᠬᠤ ᠪᠣᠶᠣ ᠬᠡᠷᠡᠭᠯᠡᠭᠡᠨ ᠤ ᠲᠦᠷᠦᠯ ᠤᠨ ᠬᠢᠴᠢᠶᠡᠯ ᠢ ᠨᠡᠮᠡᠨ ᠰᠤᠷᠬᠤ ᠶᠢ ᠵᠣᠷᠢᠬᠵᠢᠭᠤᠯᠤᠨ ᠳᠡᠮᠵᠢᠵᠦ᠂ ᠬᠢᠷᠢ ᠲᠡᠩᠴᠡᠭᠰᠡᠨ ᠦᠨᠡᠮᠯᠡᠯ ᠪᠤᠶᠤ ᠬᠢᠷᠢ ᠪᠦᠲᠦᠮᠵᠢ ᠶᠢᠨ ᠬᠠᠭᠤᠳᠠᠰᠤ ᠪᠠᠨ ᠤᠯᠤᠭᠰᠠᠳ ᠢ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠶᠤᠰᠤᠭᠠᠷ ᠡᠯ᠎ᠡ ᠱᠠᠲᠤᠨ ᠤ ᠡᠳ᠋ ᠤᠨ ᠵᠠᠰᠠᠭ ᠠᠴᠠ ᠰᠤᠷᠤᠭᠴᠢᠳ ᠤᠨ ᠳᠤᠮᠳᠠᠴᠢ ᠲᠣᠭᠲᠠᠭᠠᠭᠰᠠᠨ ᠲᠣᠭᠠᠨ ᠤ ᠨᠦᠬᠦᠪᠦᠷᠢ ᠥᠭᠬᠦ ᠳᠤ ᠣᠷᠤᠭᠤᠯᠤᠨ᠎ᠠ᠃ ᠴᠦᠬᠡᠨ ᠲᠣᠭᠠᠲᠤ ᠦᠨᠳᠦᠰᠦᠲᠡᠨ ᠤ ᠪᠡᠯᠡᠳᠭᠡᠯ ᠠᠩᠭᠢ ᠶᠢᠨ ᠰᠤᠷᠤᠭᠴᠢᠳ ᠲᠤ ᠰᠤᠷᠤᠭᠴᠢᠳ ᠤᠨ ᠢᠷᠡᠯᠲᠡ ᠶᠢᠨ ᠣᠷᠣᠨ ᠤ ᠵᠠᠰᠠᠭ ᠤᠨ ᠣᠷᠳᠣᠨ ᠠᠴᠠ ᠲᠠᠮ ᠬᠦᠦ ᠮᠦᠩᠭᠦ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠴᠦᠬᠡᠨ ᠲᠣᠭᠠᠲᠤ ᠦᠨᠳᠦᠰᠦᠲᠡᠨ ᠤ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ᠂ ᠮᠤᠷᠠᠯ ᠰᠤᠷᠤᠯᠭ᠎ᠠ ᠶᠢ ᠬᠤᠣᠰᠯᠠᠭᠤᠯᠤᠭᠰᠠᠨ ᠰᠤᠷᠤᠭᠴᠢᠳ ᠲᠤ ᠤᠯᠤᠰ ᠪᠠ ᠦᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠲᠡᠳᠭᠦᠬᠦ ᠡᠯ᠎ᠡ ᠵᠦᠢᠯ ᠤᠨ ᠱᠠᠩᠨᠠᠯ ᠢ ᠤᠷᠢᠳᠠᠪᠠᠷ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠨᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠨ ᠣᠷᠤᠭᠰᠠᠨ ᠰᠢᠨ᠎ᠡ ᠰᠤᠷᠤᠭᠴᠢ ᠪᠤᠯᠪᠠᠯ ᠰᠤᠷᠭᠠᠭᠤᠯᠢ ᠳᠤ ᠣᠷᠤᠬᠰᠠᠨ ᠢ ᠨᠢ ᠵᠤᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃      ︵ᠬᠤᠶᠠᠷ︶ ᠵᠠᠷᠤᠳᠠᠯ ᠤᠨ ᠣᠷᠤᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠲᠡᠨ ᠤ ᠰᠤᠷᠭᠠᠨ ᠬᠦᠮᠦᠵᠢᠯ ᠤᠨ ᠣᠷᠤᠭᠤᠯᠤᠯᠲᠠ ᠶᠢ ᠦᠨᠡᠨᠬᠦ ᠨᠡᠮᠡᠭᠳᠡᠭᠦᠯᠵᠦ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠲᠡᠩᠴᠡᠭᠦᠷᠢᠵᠢᠯᠲᠡ ᠶᠢ ᠲᠦᠷᠭᠡᠳᠭᠡᠨ ᠠᠬᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠲᠦᠰᠦᠪ ᠪᠠ ᠲᠤᠰ ᠱᠠᠲᠤᠨ ᠤ ᠡᠳ᠋ ᠤᠨ ᠬᠦᠴᠦ ᠪᠠᠨ ᠲᠣᠬᠢᠷᠠᠭᠤᠯᠬᠤ ᠳᠠᠭᠠᠨ ᠦᠨᠳᠦᠰᠦᠲᠡᠨ ᠤ ᠰᠤᠷᠭᠠᠨ ᠬᠦᠮᠦᠵᠢᠯ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠬᠤᠣᠰ ᠬᠡᠯᠡᠨ ᠤ ᠰᠤᠷᠭᠠᠨ ᠬᠦᠮᠦᠵᠢᠯ᠂ ᠪᠠᠭᠰᠢᠨᠠᠷ ᠤᠨ ᠬᠦᠮᠦᠵᠢᠭᠦᠯᠦᠯ ᠪᠣᠯᠪᠠᠰᠤᠷᠠᠭᠤᠯᠤᠯ᠂ ᠦᠨᠳᠦᠰᠦᠲᠡᠨ ᠤ ᠪᠦᠯᠬᠦᠮᠳᠡᠯ ᠤᠨ ᠬᠦᠮᠦᠵᠢᠯ᠂ ᠦᠨᠳᠦᠰᠦᠲᠡᠨ ᠤ ᠰᠤᠶᠤᠯ ᠤᠨ ᠠᠭᠤᠰᠤᠯᠴᠠᠭ᠎ᠠ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠬᠢ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠲᠦᠪᠯᠡᠷᠡᠭᠦᠯᠦᠨ ᠬᠡᠷᠡᠭᠯᠡᠵᠦ᠂ ᠦᠨᠳᠦᠰᠦᠲᠡᠨ ᠤ ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠢ ᠨᠡᠭᠡᠭᠡᠨ ᠬᠥᠭᠵᠢᠭᠦᠯᠬᠦ᠂ ᠨᠠᠶᠢᠷᠠᠭᠤᠯᠤᠨ ᠣᠷᠴᠢᠭᠤᠯᠵᠤ ᠬᠢᠨᠠᠨ ᠪᠠᠶᠢᠴᠠᠭᠠᠬᠤ ᠪᠠ ᠬᠡᠪᠯᠡᠬᠦ ᠳᠤ ᠳᠡᠮᠵᠢᠯᠭᠡ ᠦᠵᠡᠭᠦᠯᠦᠨ᠎ᠡ᠃ ᠰᠢᠰᠲ᠋ᠧᠮ ᠢᠶᠠᠷ ᠢᠶᠠᠨ ᠲᠤᠰᠠᠯᠠᠭᠰᠠᠨ ᠪᠡᠯᠡ ᠮᠦᠩᠭᠦ ᠶᠢ ᠦᠨᠳᠦᠰᠦᠲᠡᠨ ᠤ ᠰᠤᠷᠭᠠᠨ ᠬᠦᠮᠦᠵᠢᠯ ᠳᠤ ᠤᠷᠢᠳᠠᠪᠠᠷ ᠲᠣᠬᠢᠷᠠᠭᠤᠯᠤᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠬᠦ ᠪᠡᠯᠡ ᠮᠦᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠬᠦᠴᠦᠨ ᠤ ᠦᠨᠳᠦᠰᠦᠲᠡᠨ ᠤ ᠰᠤᠷᠭᠠᠨ ᠬᠦᠮᠦᠵᠢᠯ ᠢ ᠳᠡᠮᠵᠢᠨ ᠬᠥᠭᠵᠢᠭᠦᠯᠬᠦ ᠶᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠣᠷᠤᠭᠤᠯᠤᠯᠲᠠ ᠶᠢ ᠣᠯᠠᠨ ᠵᠠᠮ ᠮᠥᠷ ᠢᠶᠠᠷ ᠨᠡᠮᠡᠭᠳᠡᠭᠦᠯᠦᠨ᠎ᠡ᠃      ︵ᠭᠤᠷᠪᠠ︶ ᠰᠤᠷᠭᠠᠨ ᠬᠦᠮᠦᠵᠢᠯ ᠤᠨ ᠮᠡᠳᠡᠭᠡ ᠵᠠᠩᠬᠢᠵᠢᠯᠲᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃      ᠡᠯ᠎ᠡ ᠱᠠᠲᠤᠨ ᠤ ᠡᠯ᠎ᠡ ᠲᠦᠷᠦᠯ ᠤᠨ ᠦᠨᠳᠦᠰᠦᠲᠡᠨ ᠤ ᠰᠤᠷᠭᠠᠭᠤᠯᠢ ᠶᠢᠨ ᠮᠡᠳᠡᠭᠡ ᠵᠠᠩᠬᠢᠵᠢᠯᠲᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠥᠷᠭᠡᠨ ᠪᠦᠰᠡᠲᠦ ᠰᠦᠯᠵᠢᠶ᠎ᠡ ᠶᠢ ᠰᠤᠷᠭᠠᠭᠤᠯᠢ ᠨᠢᠭᠡᠪᠦᠷᠢ ᠳᠤ ᠨᠡᠪᠲᠡᠷᠡᠭᠦᠯᠬᠦ︾᠂ ︽ᠴᠢᠨᠠᠷ ᠰᠠᠶᠢᠲᠠᠢ ᠡᠬᠢ ᠪᠠᠶᠠᠯᠢᠭ ᠢ ᠠᠩᠭᠢ ᠨᠢᠭᠡᠪᠦᠷᠢ ᠳᠤ ᠬᠦᠷᠭᠡᠬᠦ︾᠂ ︽ᠰᠦᠯᠵᠢᠶ᠎ᠡ ᠳᠡᠭᠡᠷ᠎ᠡ ᠰᠤᠷᠤᠯᠴᠠᠬᠤ ᠣᠷᠣᠨ ᠵᠠᠢ ᠶᠢ ᠬᠦᠮᠦᠨ ᠨᠢᠭᠡᠪᠦᠷᠢ ᠳᠤ ᠣᠯᠭᠤᠬᠤ︾᠎ ᠶᠢ ᠲᠦᠷᠭᠡᠳᠭᠡᠨ ᠠᠬᠢᠭᠤᠯᠤᠨ᠎ᠠ᠃ ᠤᠯᠤᠰ ᠪᠠ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠪᠴᠡᠩ ᠢ ᠡᠩ ᠲᠡᠷᠢᠭᠦᠨ ᠳᠤ ᠪᠤᠶᠢᠲᠠ ᠪᠦᠭᠯᠡᠭᠦᠦ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾᠎ ᠤ ᠭᠠᠵᠠᠷ ᠣᠷᠣᠨ ᠪᠠ ᠦᠨᠳᠦᠰᠦᠲᠡᠨ ᠤ ᠰᠤᠷᠭᠠᠭᠤᠯᠢ ᠲᠡᠰᠢ ᠪᠠᠨ ᠴᠢᠯᠦᠭᠡᠲᠡᠢ ᠪᠣᠯᠭᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢᠨ ᠲᠦᠰᠦᠯ ᠢ ᠲᠣᠭᠲᠠᠭᠠᠵᠤ᠂ ︽ᠦᠪᠦᠷ ᠮᠣᠩᠭᠤᠯ ᠤᠨ ᠰᠠᠭᠤᠷᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠰᠦᠯᠵᠢᠶ᠎ᠡ︾ ︵ᠮᠣᠩᠭᠤᠯ︶᠎ ᠶᠢᠨ ᠬᠢᠴᠢᠶᠡᠯ ᠰᠢᠨᠵᠢᠯᠡᠭᠡᠨ ᠤ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠠᠭᠤᠯᠭ᠎ᠠ ᠶᠢ ᠤᠯᠠᠮ ᠨᠢᠭᠡ ᠠᠯᠬᠤᠮ ᠪᠦᠷᠢᠨ ᠲᠡᠭᠦᠯᠳᠡᠷ ᠪᠣᠯᠭᠠᠵᠤ᠂ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ︽ᠠᠳᠠᠯᠢ ᠬᠠᠷᠠᠭᠠᠰᠤ ᠳᠤ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠲᠠᠩᠬᠢᠮ︾᠎ ᠤᠨ ᠪᠠᠶᠢᠭᠤᠯᠤᠯᠲᠠ ᠬᠢᠭᠡᠳ ᠬᠡᠷᠡᠭᠯᠡᠭᠡᠨ ᠢ ᠠᠬᠢᠭᠤᠯᠤᠨ᠎ᠠ᠃ ︽ᠮᠣᠩᠭᠤᠯ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠡᠪᠴᠡᠩ︾᠎ ᠤᠨ ᠪᠠᠶᠢᠭᠤᠯᠤᠯᠲᠠ ᠶᠢ ᠲᠦᠷᠭᠡᠳᠭᠡᠵᠦ᠂ ᠮᠣᠩᠭᠤᠯ ᠬᠢᠲᠠᠳ ᠬᠤᠣᠰ ᠬᠡᠯᠡᠨ ᠤ ᠵᠢᠭᠠᠨ ᠰᠤᠷᠭᠠᠯᠲᠠ ᠪᠣᠯᠣᠨ ᠪᠠᠭᠰᠢᠨᠠᠷ ᠤᠨ ᠪᠣᠯᠪᠠᠰᠤᠷᠠᠭᠤᠯᠤᠯ ᠵᠢᠴᠢ ᠦᠨᠳᠦᠰᠦᠲᠡᠨ ᠤ ᠰᠤᠶᠤᠯ ᠵᠡᠷᠭᠡ ᠲᠣᠭᠠᠴᠢᠯᠠᠭᠰᠠᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠣᠷᠤᠭᠤᠯᠤᠨ ᠠᠪᠴᠢᠷᠠᠵᠤ᠂ ᠨᠠᠶᠢᠷᠠᠭᠤᠯᠤᠨ ᠣᠷᠴᠢᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ ᠪᠠᠭᠰᠢᠨᠠᠷ ᠤᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ︽ᠪᠦᠬᠦ ᠣᠷᠣᠨ ᠤ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠠᠮᠢᠶᠠᠷᠤᠯᠲᠠ ᠬᠢᠭᠡᠳ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠰᠢᠰᠲ᠋ᠧᠮ︾᠎ ᠤᠨ ᠴᠢᠳᠠᠮᠵᠢ ᠪᠣᠯᠣᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠬᠠᠮᠢᠶᠠᠷᠤᠯᠲᠠ᠂ ᠰᠤᠷᠭᠠᠨ ᠬᠦᠮᠦᠵᠢᠯ ᠤᠨ ᠡᠷᠳᠡᠮ ᠰᠢᠨᠵᠢᠯᠡᠭᠡᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠶᠢ ᠰᠢᠨᠵᠢᠯᠡᠬᠦ ᠤᠬᠠᠭᠠᠨᠵᠢᠭᠤᠯᠬᠤ ᠪᠠ ᠵᠢᠷᠤᠮᠵᠢᠭᠤᠯᠬᠤ ᠶᠢ ᠪᠡᠶᠡᠯᠡᠭᠦᠯᠦᠨ᠎ᠡ᠃      ︵ᠳᠥᠷᠪᠡ︶ ︽ᠬᠤᠶᠠᠷ ᠢᠶᠠᠷ ᠭᠤᠤᠯᠯᠠᠵᠦ ᠠᠯᠪᠠᠨ ᠠᠴᠠ ᠡᠷᠬᠢᠯᠡᠬᠦ︾᠎ ᠶᠢᠨ ᠰᠤᠷᠭᠠᠭᠤᠯᠢ ᠡᠷᠬᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ᠎ᠡ᠃      ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠭᠠᠯᠢ ᠶᠢᠨ ᠳᠦᠷᠢᠮ ᠢᠶᠠᠷ ᠭᠤᠣᠯ ᠪᠣᠯᠭᠠᠭᠰᠠᠨ᠂ ᠰᠤᠷᠤᠯᠭ᠎ᠠ ᠶᠢᠨ ᠲᠡᠳᠭᠦᠮᠵᠢ ᠮᠦᠩᠭᠦ ᠪᠠᠷ ᠭᠤᠣᠯ ᠪᠣᠯᠭᠠᠭᠰᠠᠨ ᠠᠯᠪᠠᠨ ᠠᠴᠠ ᠡᠷᠬᠢᠯᠡᠬᠦ ᠪᠠᠶᠢᠭᠤᠯᠤᠯ ᠢ ᠬᠡᠷᠡᠭᠵᠢᠭᠦᠯᠬᠦ ᠶᠢ ᠪᠠᠷᠢᠮᠲᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠪᠠ ᠪᠤᠶᠢᠲᠠ ᠪᠦᠭᠯᠡᠭᠦᠦ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ ᠤ ᠰᠠᠭᠤᠭᠠᠯᠢ ᠶᠢᠨ ᠳᠦᠷᠢᠮᠲᠦ ᠰᠤᠷᠭᠠᠭᠤᠯᠢ ᠶᠢ ᠭᠤᠣᠯᠳᠠᠯᠭ᠎ᠠ ᠲᠠᠢ ᠪᠠᠶᠢᠭᠤᠯᠤᠨ᠎ᠠ᠃ ᠮᠤᠩᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨᠳᠦᠰᠦᠲᠡᠨ ᠤ ᠰᠠᠭᠤᠭᠠᠯᠢ ᠶᠢᠨ ᠳᠦᠷᠢᠮᠲᠦ ᠰᠤᠷᠭᠠᠭᠤᠯᠢ ᠨᠢᠭᠡᠪᠦᠷᠢ ᠶᠢ ᠰᠠᠶᠢᠲᠤᠷ ᠡᠷᠬᠢᠯᠡᠬᠦ ᠶᠢ ᠳᠡᠮᠵᠢᠵᠦ᠂ ᠪᠠᠷᠢᠮᠵᠢᠶᠠᠵᠢᠭᠤᠯᠬᠤ ᠱᠠᠭᠠᠷᠳᠠᠯᠭ᠎ᠠ ᠳᠤ ᠬᠦᠷᠦᠭᠦᠯᠦᠨ᠎ᠡ᠃ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠤᠰᠤᠭᠠᠷ ᠵᠢᠭᠠᠨ ᠰᠤᠷᠭᠠᠯᠲᠠ ᠶᠢᠨ ᠡᠯ᠎ᠡ ᠲᠦᠷᠦᠯ ᠤᠨ ᠬᠡᠷᠡᠭᠰᠡᠯ ᠢ ᠭᠦᠢᠴᠡᠳ ᠲᠣᠬᠢᠷᠠᠭᠤᠯᠵᠤ᠂ ᠠᠮᠢᠳᠤᠷᠠᠯ ᠤᠨ ᠡᠯ᠎ᠡ ᠲᠦᠷᠦᠯ ᠤᠨ ᠪᠡᠯᠡᠳᠭᠡᠮᠵᠢ ᠶᠢ ᠨᠢ ᠪᠦᠷᠢᠨ ᠲᠣᠬᠢᠷᠠᠭᠤᠯᠵᠤ᠂ ᠵᠢᠭᠠᠨ ᠰᠤᠷᠭᠠᠯᠲᠠ᠂ ᠠᠵᠢᠯᠯᠠᠭ᠎ᠠ᠂ ᠠᠮᠢᠳᠤᠷᠠᠯ ᠤᠨ ᠬᠡᠷᠡᠭᠴᠡᠭᠡ ᠶᠢ ᠭᠦᠢᠴᠡᠳ ᠬᠠᠩᠭᠠᠨ᠎ᠠ᠃ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯᠲᠠᠨ ᠢ ᠵᠦᠢ ᠵᠣᠬᠢᠰᠲᠠᠢ ᠪᠠᠷ ᠲᠣᠬᠢᠷᠠᠭᠤᠯᠤᠨ᠎ᠠ᠃ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠦᠷ ᠲᠥᠪᠰᠢᠨ ᠤ ᠬᠦᠮᠦᠵᠢᠯ ᠢ ᠴᠢᠩᠭᠠᠷᠠᠭᠤᠯᠤᠨ᠂ ᠬᠦᠮᠦᠨ ᠤ ᠬᠦᠴᠦᠨ᠂ ᠪᠣᠳᠠᠰ ᠤᠨ ᠬᠦᠴᠦᠨ᠂ ᠮᠡᠷᠭᠡᠵᠢᠯ ᠢᠶᠠᠷ ᠠᠮᠦᠷ ᠲᠥᠪᠰᠢᠨ ᠤ ᠰᠡᠷᠭᠡᠶᠢᠯᠡᠯᠲᠡ ᠬᠢᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠦᠷ ᠲᠠᠶᠢᠪᠣᠩ ᠪᠦᠭᠡᠳ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠵᠢᠭᠠᠨ ᠰᠤᠷᠭᠠᠯᠲᠠ ᠶᠢᠨ ᠬᠡᠪ ᠤᠨ ᠡᠮᠬᠢ ᠲᠢᠭᠯᠢᠮ ᠢ ᠪᠠᠲᠤᠯᠠᠵᠤ᠂ ᠰᠤᠷᠤᠯᠭ᠎ᠠ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠣᠯᠠᠨ ᠬᠡᠯᠪᠡᠷᠢ ᠮᠠᠶ᠋ᠢᠭ ᠤᠨ᠂ ᠭᠤᠶᠢᠲᠠ ᠪᠠᠶᠠᠯᠢᠭ ᠵᠤᠭ᠎ᠠ ᠴᠡᠩᠭᠡᠯ ᠲᠠᠢ ᠪᠠᠷ ᠬᠦᠮᠦᠵᠢᠯ ᠬᠦᠷᠲᠡᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠡᠩᠬᠡ᠂ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃      ︵ᠲᠠᠪᠤ︶ ᠴᠦᠬᠡᠨ ᠲᠣᠭᠠᠲᠤ ᠦᠨᠳᠦᠰᠦᠲᠡᠨ ᠤ ᠶᠡᠭᠡ ᠰᠤᠷᠭᠠᠭᠤᠯᠢ ᠲᠡᠭᠦᠰᠦᠭᠰᠡᠳ ᠲᠤ ᠭᠦᠢᠴᠡᠳ ᠠᠵᠢᠯ ᠣᠯᠭᠤᠬᠤ ᠶᠢ ᠪᠠᠲᠤᠯᠠᠨ᠎ᠠ᠃      ᠦᠪᠡᠷᠲᠡᠭᠡᠨ ᠵᠠᠰᠠᠬᠤ ᠣᠷᠣᠨ ᠤ ᠠᠯᠪᠠᠲᠠᠨ ᠰᠢᠯᠭᠠᠨ ᠠᠪᠬᠤ᠂ ᠠᠵᠢᠯ ᠦᠢᠯᠡᠰ ᠤᠨ ᠨᠢᠭᠡᠴᠡ ᠠᠵᠢᠯᠲᠠᠨ ᠤᠷᠢᠬᠤ ᠳᠠᠭᠠᠨ ᠵᠢᠯ ᠪᠦᠷᠢ ᠶᠢᠨ ᠡᠯᠰᠡᠬᠦ ︵ᠤᠷᠢᠬᠤ︶ ᠲᠦᠯᠦᠪᠯᠡᠭᠡ ᠶᠢᠨ ᠶᠡᠷᠦᠩᠬᠡᠢ ᠲᠣᠭᠠᠨ ᠤ 15%᠎ ᠠᠴᠠ ᠳᠣᠣᠷ᠎ᠠ ᠪᠠᠶᠢᠯᠭᠠᠬᠤ ᠦᠭᠡᠢ ᠬᠠᠷᠢᠴᠠᠯ ᠢᠶᠠᠷ ᠲᠤᠰᠢᠶᠠᠯ ︵ᠠᠵᠢᠯ ᠤᠨ ᠪᠠᠶᠢᠷᠢ︶᠎ ᠢ ᠬᠤᠪᠢᠶᠠᠷᠢᠯᠠᠨ ᠲᠤᠬᠳᠠᠭᠠᠵᠦ ᠮᠤᠩᠭᠤᠯ ᠢᠶᠠᠷ ᠰᠤᠷᠤᠭᠰᠠᠨ ᠶᠡᠭᠡ ᠰᠤᠷᠭᠠᠭᠤᠯᠢ ᠲᠡᠭᠦᠰᠦᠭᠰᠡᠳ ᠲᠤ ᠬᠡᠷᠡᠭᠯᠡᠨ᠎ᠡ᠃ ᠦᠪᠦᠷ ᠮᠣᠩᠭᠤᠯ ᠳᠤ ᠰᠠᠭᠤᠭ᠎ᠠ ᠲᠥᠪ ᠤᠨ ᠡᠯ᠎ᠡ ᠲᠦᠷᠦᠯ ᠤᠨ ᠠᠵᠤ ᠠᠬᠤᠶᠢᠯᠠᠯ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠮᠤᠩᠭᠤᠯ ᠢᠶᠠᠷ ᠰᠤᠷᠤᠭᠰᠠᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ ᠴᠢᠭᠯᠡᠭᠦᠯᠦᠨ ᠬᠠᠨᠳᠤᠯᠭ᠎ᠠ ᠲᠠᠢ ᠪᠠᠷ ᠡᠯᠰᠡᠬᠦ ᠶᠢ ᠵᠣᠷᠢᠬᠵᠢᠭᠤᠯᠤᠨ᠎ᠠ᠃ ᠤᠯᠤᠰ ᠤᠨ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠡᠯ᠎ᠡ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠤᠳ ᠮᠣᠩᠭᠤᠯ ᠬᠢᠲᠠᠳ ᠬᠤᠶᠠᠷ ᠬᠡᠯᠡ ᠳᠤ ᠨᠡᠪᠲᠡᠷᠡᠭᠰᠡᠨ ᠠᠵᠢᠯᠲᠠᠨ ᠤ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠭᠠᠭᠴᠠ ᠤᠳᠠᠭᠠᠨ ᠤ ᠬᠠᠮᠤᠭ ᠤᠨ ᠶᠡᠭᠡ ᠲᠤᠭ᠎ᠠ ᠬᠡᠮᠵᠢᠶ᠎ᠡ ᠶᠢ 50 ᠲᠦᠮᠡᠨ ᠲᠦᠭᠦᠷᠢᠭ ᠪᠣᠯᠭᠠᠨ ᠳᠡᠭᠡᠭᠰᠢᠯᠡᠭᠦᠯᠵᠦ᠂ ᠮᠣᠩᠭᠤᠯ ᠢᠶᠠᠷ ᠬᠢᠴᠢᠶᠡᠯᠯᠡᠭᠰᠡᠨ ᠶᠡᠭᠡ ᠰᠤᠷᠭᠠᠭᠤᠯᠢ ᠲᠡᠭᠦᠰᠦᠭᠰᠡᠳ ᠢ ᠳᠡᠮᠵᠢᠬᠦ ᠪᠠ ᠡᠯᠰᠡᠵᠦ ᠪᠠᠶᠢᠭᠠᠳ ᠠᠳᠠᠯ ᠦᠢᠯᠡᠰ ᠴᠣᠭᠴᠠᠯᠠᠨ ᠠᠵᠢᠯ ᠣᠯᠭᠤᠬᠤ ᠦᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ︵ᠵᠢᠷᠭᠤᠭ᠎ᠠ︶ ᠪᠠᠭᠰᠢᠨᠠᠷ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ᠪᠠᠭᠰᠢᠨᠠᠷ ᠤᠨ ᠴᠠᠯᠢᠩ ᠣᠯᠭᠤᠮᠵᠢ ᠲᠠᠢ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠴᠠᠯᠢᠩ ᠣᠯᠭᠤᠮᠵᠢ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠨ᠎ᠡ᠃ ᠬᠤᠣᠰ ᠬᠡᠯᠡ ᠪᠠᠷ ᠵᠢᠭᠠᠨ ᠰᠤᠷᠭᠠᠬᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠮᠡᠷᠭᠡᠵᠢᠯ ᠤᠨ ᠴᠣᠯᠠ ︵ᠲᠤᠰᠢᠶᠠᠯ︶ ᠰᠢᠯᠭᠠᠷᠠᠭᠤᠯᠤᠨ ᠲᠣᠭᠲᠠᠭᠠᠵᠤ ᠤᠷᠢᠨ ᠬᠡᠷᠡᠭᠯᠡᠬᠦ᠂ ᠳᠡᠰ ᠳᠡᠪᠰᠢᠬᠦ ᠳᠤ ᠬᠡᠯᠪᠠᠶᠢᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠳᠠᠬᠢ ᠦᠨᠳᠦᠰᠦᠲᠡᠨ ᠤ ᠰᠤᠷᠭᠠᠭᠤᠯᠢ ᠶᠢᠨ ᠪᠠᠭᠰᠢᠨᠠᠷ ᠤᠨ ᠲᠦᠷ ᠲᠤᠬᠢᠷᠠᠭᠤᠯᠤᠨ ᠰᠠᠭᠤᠯᠭᠠᠬᠤ ᠪᠠᠶᠢᠷᠢ ᠶᠢᠨ ᠭᠡᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠢᠯᠢ ᠬᠢᠵᠠᠭᠠᠷ ᠣᠷᠣᠨ᠂ ᠮᠠᠯᠵᠢᠬᠤ ᠲᠠᠷᠢᠶᠠᠯᠠᠬᠤ ᠣᠷᠣᠨ ᠳᠤ ᠨᠤᠲᠤᠭᠰᠢᠭᠰᠠᠨ᠂ ᠤᠷᠲᠤ ᠬᠤᠭᠤᠴᠠᠭ᠎ᠠ ᠪᠠᠷ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠬᠢᠭᠰᠡᠨ ᠤ ᠬᠠᠮᠲᠤ᠂ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠭᠰᠢᠨᠠᠷ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠲᠣᠭᠲᠠᠭᠠᠯ ᠶᠤᠰᠤᠭᠠᠷ ᠰᠠᠶᠢᠰᠢᠶᠠᠨ ᠬᠦᠬᠢᠭᠦᠯᠦᠨ᠎ᠡ᠃      ᠲᠠᠪᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠎ᠠ      ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃      ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢᠨ ᠵᠥᠪ ᠣᠨᠣᠪᠴᠢᠲᠠᠢ ᠴᠢᠭᠯᠡᠯ ᠢ ᠦᠨᠡᠨᠬᠦ ᠪᠠᠲᠤᠯᠠᠬᠤ ᠶᠢᠨ ᠦᠨᠳᠦᠰᠦᠨ ᠪᠠᠲᠤᠯᠠᠭ᠎ᠠ ᠪᠣᠯᠣᠨ᠎ᠠ᠃ ᠨᠠᠮ ᠤᠨ ᠬᠤᠷᠢᠶ᠎ᠠ ᠶᠢᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠤᠳᠤᠷᠢᠳᠤᠯᠭ᠎ᠠ ᠶᠢᠨ ᠪᠠᠶᠢᠭᠤᠯᠤᠯ ᠪᠣᠯᠣᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠳᠤᠮᠳᠠᠬᠢ ᠴᠢᠬᠤᠯᠠ ᠠᠰᠠᠭᠤᠳᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠴᠠᠭ ᠲᠣᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠪᠦᠬᠦ ᠣᠷᠣᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠨ ᠱᠠᠲᠤ ᠶᠢ ᠠᠳᠬᠤᠨ᠂ ᠰᠠᠭᠤᠷᠢ ᠶᠢ ᠴᠣᠭᠴᠠᠯᠠᠬᠤ ᠶᠢ ᠴᠢᠬᠤᠯᠠᠴᠢᠯᠠᠨ᠂ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠨ᠎ᠠ᠃ ᠨᠠᠮ ᠤᠨ ᠭᠡᠰᠢᠭᠦᠳ ᠺᠠᠳ᠋ᠷ ᠤᠨ ᠤᠯᠤᠰ ᠲᠥᠷᠥ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠪᠣᠯᠣᠨ ᠬᠢᠵᠠᠭᠠᠷ ᠱᠤᠭᠤᠮ ᠤᠨ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠦᠨᠡᠨᠬᠦ ᠨᠡᠮᠡᠭᠳᠡᠭᠦᠯᠦᠨ᠎ᠡ᠃      ︵ᠬᠤᠶᠠᠷ︶ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃      ᠪᠦᠬᠦ ᠣᠷᠣᠨ ᠤ ᠠᠵᠤ ᠠᠬᠤᠢ ᠨᠡᠶᠢᠭᠡᠮ ᠤᠨ ᠴᠡᠴᠡᠭᠯᠡᠯ ᠬᠥᠭᠵᠢᠯ ᠪᠠ ᠬᠢᠯᠢ ᠬᠢᠵᠠᠭᠠᠷ ᠣᠷᠣᠨ ᠢ ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠯᠭᠠᠬᠤ ᠳᠤᠮᠳᠠᠬᠢ ᠦᠨᠳᠦᠰᠦᠲᠡᠨ ᠤ ᠰᠤᠷᠭᠠᠨ ᠬᠦᠮᠦᠵᠢᠯ ᠤᠨ ᠰᠠᠭᠤᠷᠢ ᠴᠢᠨᠠᠷ᠂ ᠬᠤᠰᠢᠭᠤᠴᠢ ᠴᠢᠨᠠᠷ᠂ ᠪᠦᠬᠦ ᠲᠠᠯ᠎ᠠ ᠶᠢᠨ ᠴᠢᠨᠠᠷ ᠲᠠᠢ ᠪᠠᠶᠢᠬᠤ ᠦᠢᠯᠡᠳᠦᠯ ᠢ ᠭᠦᠢᠴᠡᠳ ᠲᠠᠨᠢᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠪᠠ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢ ᠠᠬᠢᠭᠤᠯᠬᠤ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠡᠳᠦᠷ ᠳᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ ᠭᠤᠣᠯ ᠤᠳᠤᠷᠢᠳᠤᠯᠭ᠎ᠠ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠣᠲᠠᠲᠠᠢ ᠬᠠᠷᠢᠭᠤᠴᠠᠨ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠦᠷᠦᠭᠦᠯᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠨᠢᠭᠲᠠ ᠬᠠᠮᠵᠢᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠵᠤᠬᠢᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠲᠡᠨ ᠤ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠲᠠ ᠶᠢᠨ ᠰᠤᠳᠤᠯᠭᠠᠨ ᠤ ᠪᠠᠶᠢᠭᠤᠯᠤᠮᠵᠢ ᠪᠠ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠨ᠂ ᠦᠨᠳᠦᠰᠦᠲᠡᠨ ᠤ ᠰᠤᠷᠭᠠᠭᠤᠯᠢ ᠶᠢᠨ ᠠᠮᠦᠷ ᠲᠥᠪᠰᠢᠨ ᠲᠣᠭᠲᠠᠭᠠᠨ ᠪᠠᠶᠢᠯᠭᠠᠬᠤ ᠠᠵᠢᠯ ᠢ ᠴᠢᠩᠭᠠᠳᠬᠠᠬᠤ ᠶᠢᠨ ᠬᠠᠮᠲᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠲᠤᠰᠬᠠᠢ ᠪᠠᠶᠢᠭᠤᠯᠤᠮᠵᠢ ᠪᠠ ᠠᠵᠢᠯᠲᠠᠨ ᠢ ᠲᠣᠳᠤᠷᠬᠠᠶᠢᠯᠠᠨ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠬᠠᠷᠢᠭᠤᠴᠠᠭᠤᠯᠵᠤ᠂ ᠮᠤᠵᠢ ᠣᠷᠣᠨ ᠠᠯᠤᠰᠯᠠᠭᠰᠠᠨ ᠦᠨᠳᠦᠰᠦᠲᠡᠨ ᠤ ᠰᠤᠷᠭᠠᠨ ᠬᠦᠮᠦᠵᠢᠯ ᠤᠨ ᠬᠠᠮᠵᠢᠯᠴᠠᠭ᠎ᠠ ᠪᠠ ᠣᠯᠠᠨ ᠤᠯᠤᠰ ᠤᠨ ᠰᠤᠷᠭᠠᠨ ᠬᠦᠮᠦᠵᠢᠯ ᠤᠨ ᠰᠤᠯᠢᠯᠴᠠᠭ᠎ᠠ ᠬᠠᠮᠲᠤᠷᠠᠯᠴᠠᠭ᠎ᠠ ᠶᠢᠨ ᠵᠢᠯᠤᠭᠤᠳᠤᠯᠭ᠎ᠠ ᠪᠠ ᠬᠠᠮᠢᠶᠠᠷᠤᠯᠲᠠ ᠪᠠᠨ ᠴᠢᠩᠭᠠᠳᠬᠠᠨ᠎ᠠ᠃      ︵ᠭᠤᠷᠪᠠ︶ ᠤᠬᠠᠭᠤᠯᠭ᠎ᠠ ᠬᠦᠮᠦᠵᠢᠯ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ᠃      ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠳ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠲᠡᠷᠢᠭᠦᠨ ᠤ ᠦᠢᠯᠡ ᠶᠠᠪᠤᠳᠠᠯ᠂ ᠲᠡᠷᠢᠭᠦᠨ ᠤ ᠬᠦᠮᠦᠰ ᠢ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠨ᠎ᠠ᠃ ᠶᠠᠷᠢᠶ᠎ᠠ ᠬᠡᠯᠡᠯᠴᠡᠭᠡᠨ ᠢᠶᠠᠷ ᠬᠦᠲᠦᠯᠦᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠪᠠ ᠪᠠᠭᠰᠢ ᠰᠤᠷᠤᠭᠴᠢᠳ ᠤᠨ ᠵᠥᠪ ᠪᠣᠷᠤᠭᠤ ᠶᠢ ᠢᠯᠭᠠᠨ ᠲᠠᠨᠢᠬᠤ᠂ ᠤᠯᠤᠰ ᠤᠨ ᠳᠤᠲᠤᠭᠠᠲᠤ ᠭᠠᠳᠠᠭᠠᠲᠤ ᠶᠢᠨ ᠳᠠᠶᠢᠰᠤᠩᠨᠠᠭᠴᠢ ᠬᠦᠴᠦᠨ ᠤ ᠦᠵᠡᠯ ᠰᠠᠨᠠᠭ᠎ᠠ ᠶᠢᠨ ᠨᠡᠪᠴᠢᠯᠲᠡ ᠶᠢ ᠡᠰᠡᠷᠭᠦᠴᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠭᠡ ᠪᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠲᠣᠭᠲᠠᠭᠠᠬᠤ ᠳᠠᠭᠠᠨ ᠦᠨᠳᠦᠰᠦᠲᠡᠨ ᠤ ᠰᠤᠷᠭᠠᠨ ᠬᠦᠮᠦᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠷᠢᠳᠠᠪᠠᠷ ᠬᠥᠭᠵᠢᠭᠦᠯᠦᠨ᠂ ᠭᠤᠣᠯᠳᠠᠯᠭ᠎ᠠ ᠶᠢ ᠪᠠᠲᠤᠯᠠᠬᠤ ᠶᠢᠨ ᠬᠠᠮᠲᠤ᠂ ᠵᠠᠰᠠᠭ ᠤᠨ ᠣᠷᠳᠣᠨ ᠤ ᠬᠠᠷᠠᠯᠲᠠ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢᠨ ᠲᠤᠰᠬᠠᠢ ᠵᠦᠢᠯ ᠤᠨ ᠲᠦᠯᠦᠪᠵᠢᠭᠦᠯᠭᠡ ᠪᠠ ᠣᠨ ᠤ ᠲᠦᠯᠦᠪᠯᠡᠭᠡ ᠶᠢ ᠰᠤᠳᠤᠯᠤᠨ ᠲᠣᠭᠲᠠᠭᠠᠵᠤ᠂ ᠬᠥᠭᠵᠢᠯᠲᠡ ᠶᠢᠨ ᠬᠠᠷᠠᠯᠲᠠ᠂ ᠠᠵᠢᠯ ᠤᠨ ᠡᠭᠦᠷᠭᠡ᠂ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠲᠦᠷᠦᠯ ᠵᠦᠢᠯ ᠪᠣᠯᠣᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠲᠤᠷᠬᠠᠶᠢᠯᠠᠨ᠎ᠠ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠦᠷᠢᠮ︾᠂ ︽︿ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ﹀᠎ ᠢ ᠬᠡᠷᠡᠭᠵᠢᠭᠦᠯᠬᠦ ᠨᠠᠷᠢᠨ ᠳᠦᠷᠢᠮ︾᠎ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠭᠡᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠪᠣᠯᠣᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ ᠲᠤᠰᠬᠠᠢ ᠰᠢᠮᠳᠠᠭᠤᠯᠤᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map