ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠲᠦᠷᠭᠡᠳᠭᠡᠨ ᠬᠦᠭᠵᠢᠭᠦᠯᠬᠦ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2016/8/22
                   ᠥᠪᠥᠷ ᠵᠠᠰᠠᠭ ᠲᠠᠷᠬᠠᠭᠠᠭᠰᠠᠨ ﹇2016﹈ 24 ᠳ᠋ᠤᠭᠡᠷ ᠲᠤᠭᠠᠳᠤ                            2 ᠳ᠋ᠤᠭᠠᠷ ᠰᠠᠷ᠎ᠠ ᠶᠢᠨ 5᠎ ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠥᠢᠯᠡᠰ ᠤᠨ ᠨᠢᠭᠡᠴᠡ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠲᠦᠷᠭᠡᠳᠭᠡᠨ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠪᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ          ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ          ᠲᠦᠷᠭᠡᠳᠭᠡᠨ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ          ︽ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠲᠦᠷᠭᠡᠳᠭᠡᠨ ᠬᠦᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2014﹈ 13 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠬᠰᠠᠨ ᠰᠤᠶᠣᠯ ᠤᠨ ᠠᠷᠠᠯᠵᠢᠶ᠎ᠠ ᠶᠢᠨ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ ᠲᠤᠰ ᠲᠥᠰᠥᠯ ᠢ ᠲᠤᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠲᠦᠷᠭᠡᠳᠭᠡᠨ ᠬᠦᠭᠵᠢᠭᠦᠯᠬᠦ ᠲᠤᠬᠠᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠰᠢᠨᠠᠴᠢᠯᠡᠯᠲᠡ ᠪᠠᠷ ᠬᠦᠳᠡᠯᠭᠡᠬᠦ ᠬᠦᠴᠦᠨ ᠪᠣᠯᠭᠠᠨ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠦᠭᠵᠢᠯᠲᠡ ᠶᠢᠨ ᠣᠷᠴᠢᠨ ᠠᠬᠤᠢ ᠶᠢ ᠲᠡᠭᠦᠯᠳᠡᠷᠵᠢᠭᠦᠯᠬᠦ ᠪᠠᠷ ᠪᠠᠲᠤᠯᠠᠭ᠎ᠠ ᠪᠣᠯᠭᠠᠵᠤ᠂ ᠨᠢᠭᠡᠳᠦᠯᠲᠡᠢ ᠲᠦᠯᠦᠪᠯᠡᠨ ᠬᠦᠭᠵᠢᠭᠦᠯᠬᠦ᠂ ᠲᠥᠷᠥ ᠶᠢᠨ ᠪᠣᠳᠣᠯᠭ᠎ᠠ ᠪᠠᠷ ᠬᠦᠳᠦᠯᠦᠨ ᠵᠢᠯᠤᠭᠤᠳᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠵᠠᠷᠴᠢᠮ ᠢ ᠪᠠᠷᠢᠮᠲᠠᠯᠠᠵᠤ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠪᠦᠳᠦᠴᠡ ᠶᠢ ᠰᠢᠯᠢᠳᠡᠭᠵᠢᠭᠦᠯᠦᠨ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠦᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠰᠣᠶᠣᠯ ᠤᠨ ︽ᠭᠠᠷᠴᠤ ᠶᠠᠪᠤᠬᠤ︾᠎ ᠶᠢ ᠠᠬᠢᠭᠤᠯᠬᠤ ᠳᠤ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ᠂ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠪᠠᠨ ᠥᠷᠭᠡᠳᠭᠡᠵᠦ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠳᠡᠯᠡᠬᠡᠢ ᠳᠠᠬᠢ ᠨᠥᠯᠥᠭᠡᠯᠡᠬᠦ ᠬᠦᠴᠦᠨ ᠢᠶᠠᠨ ᠳᠡᠭᠡᠭᠰᠢᠯᠡᠭᠦᠯᠵᠦ᠂ ᠦᠨᠳᠦᠰᠦᠲᠡᠨ ᠤ ᠰᠣᠶᠣᠯ ᠤᠨ ᠴᠡᠴᠡᠭᠯᠡᠨ ᠬᠦᠭᠵᠢᠬᠦ ᠶᠢ ᠠᠬᠢᠭᠤᠯᠵᠤ᠂ ᠮᠠᠨ ᠤ ᠣᠷᠣᠨ ᠢᠶᠠᠨ ᠦᠨᠳᠦᠰᠦᠲᠡᠨ ᠤ ᠰᠣᠶᠣᠯ ᠤᠨ ᠲᠣᠮᠤ ᠣᠷᠣᠨ ᠠᠴᠠ ᠦᠨᠳᠦᠰᠦᠲᠡᠨ ᠤ ᠰᠣᠶᠣᠯ ᠤᠨ ᠠᠷᠠᠯᠵᠢᠶ᠎ᠠ ᠶᠢᠨ ᠬᠦᠴᠦᠷᠬᠡᠭ ᠣᠷᠣᠨ ᠲᠡᠰᠢ ᠬᠦᠭᠵᠢᠨ ᠳᠠᠪᠠᠭ᠋ᠤ ᠶᠢ ᠪᠡᠶᠡᠯᠡᠭᠦᠯᠬᠦ ᠬᠡᠷᠡᠭᠲᠡᠢ᠃      ᠬᠤᠶᠠᠷ᠂ ᠬᠦᠭᠵᠢᠯᠲᠡ ᠶᠢᠨ ᠬᠠᠷᠠᠯᠲᠠ      2020 ᠣᠨ ᠪᠣᠯᠲᠠᠯ᠎ᠠ᠂ ᠨᠢᠭᠡ ᠪᠦᠯᠦᠭ ᠳᠡᠯᠡᠬᠡᠢ ᠶᠢᠨ ᠨᠦᠯᠦᠭᠡᠯᠡᠬᠦ ᠬᠦᠴᠦᠨ ᠲᠠᠢ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠠᠵᠤ ᠠᠬᠤᠶᠢᠯᠠᠯ ᠤᠳ ᠢ ᠪᠤᠶᠢᠵᠢᠭᠤᠯᠵᠤ᠂ ᠨᠢᠭᠡ ᠪᠦᠯᠦᠭ ᠦᠨᠳᠦᠰᠦᠲᠡᠨ ᠤ ᠰᠣᠶᠣᠯ ᠤᠨ ᠣᠨᠴᠠᠯᠢᠭ ᠪᠦᠬᠦᠢ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠲᠡᠳᠭᠦᠵᠦ᠂ ᠮᠠᠨ ᠤ ᠣᠷᠣᠨ ᠤ ᠦᠨᠳᠦᠰᠦᠲᠡᠨ ᠤ ᠰᠣᠶᠣᠯ ᠤᠨ ᠬᠦᠭᠵᠢᠯᠲᠡ ᠳᠤ ᠠᠰᠢᠭᠲᠠᠢ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠡᠳᠦᠢ ᠳᠡᠳᠦᠢ ᠲᠠᠪᠴᠠᠩ ᠪᠠᠶᠢᠭᠤᠯᠵᠤ᠂ ᠨᠢᠭᠡ ᠪᠦᠯᠦᠭ ᠮᠠᠨ ᠤ ᠣᠷᠣᠨ ᠤ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠪᠠ ᠰᠣᠶᠣᠯ ᠤᠨ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠱᠠᠭᠠᠷᠳᠠᠯᠭ᠎ᠠ ᠳᠤ ᠵᠣᠬᠢᠴᠠᠭᠰᠠᠨ ᠭᠠᠳᠠᠭᠠᠳᠤ ᠳᠤ ᠡᠵᠡᠩᠨᠡᠨ ᠪᠣᠷᠤᠯᠠᠭᠤᠯᠬᠤ ᠲᠣᠣᠷ ᠰᠦᠯᠵᠢᠶ᠎ᠡ ᠪᠠᠶᠢᠭᠤᠯᠵᠤ᠂ ᠨᠢᠭᠡ ᠪᠦᠯᠦᠭ ᠳᠡᠭᠡᠲᠥ ᠮᠡᠳᠡᠯᠭᠡ ᠪᠣᠯᠪᠠᠰᠤᠷᠠᠯ ᠲᠠᠢ ᠭᠠᠳᠠᠭᠠᠳᠤ ᠲᠠᠢ ᠬᠤᠯᠪᠣᠭᠳᠠᠬᠤ ᠰᠣᠶᠣᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠵᠦ᠂ ᠨᠢᠭᠡ ᠪᠦᠯᠦᠭ ᠭᠤᠣᠯᠯᠠᠬᠤ ᠦᠷᠢᠰᠦᠯᠳᠦᠬᠦ ᠬᠦᠴᠦᠨ ᠲᠠᠢ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠢ ᠪᠤᠢ ᠪᠣᠯᠭᠠᠵᠤ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠶᠡᠷᠦᠩᠬᠡᠢ ᠲᠤᠭ᠎ᠠ ᠶᠢᠨ ᠬᠤᠪᠢ ᠶᠢᠨ ᠵᠢᠩ ᠳᠠᠬᠢ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠦᠷᠭᠡᠨ ᠬᠦᠭᠵᠢᠯᠲᠡ ᠶᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ᠃      ᠭᠤᠷᠪᠠ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠭᠤᠣᠯ ᠴᠣᠭᠴᠠ ᠶᠢ ᠪᠤᠶᠢᠵᠢᠭᠤᠯᠬᠤ ᠬᠡᠷᠡᠭᠲᠡᠢ᠃ ᠤᠯᠤᠰ ᠤᠨ ᠦᠮᠴᠢᠯᠠᠯᠳᠤ᠂ ᠠᠷᠠᠳ ᠠᠴᠠ ᠡᠵᠡᠩᠨᠡᠭᠰᠡᠨ ᠪᠠ ᠭᠠᠳᠠᠭᠠᠳᠤ ᠪᠡᠯᠡ ᠶᠢᠨ ᠵᠡᠷᠭᠡ ᠡᠯ᠎ᠡ ᠵᠦᠢᠯ ᠤᠨ ᠦᠮᠴᠢᠯᠠᠯ ᠤᠨ ᠳᠦᠷᠢᠮᠲᠦ ᠰᠣᠶᠣᠯ ᠤᠨ ᠠᠵᠤ ᠠᠬᠤᠶᠢᠯᠠᠯ ᠤᠳ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠡᠵᠡᠩᠨᠡᠬᠦ ᠶᠢ ᠵᠦᠪᠰᠢᠶᠡᠷᠡᠭᠰᠡᠨ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠢ ᠡᠷᠬᠢᠯᠡᠨ ᠬᠢᠬᠦ ᠶᠢ ᠵᠣᠷᠢᠬᠵᠢᠭᠤᠯᠤᠨ ᠳᠡᠮᠵᠢᠬᠦ ᠶᠢᠨ ᠬᠠᠮᠲᠤ ᠠᠳᠠᠯᠢ ᠬᠠᠷᠠᠭᠠᠯᠵᠠᠯ ᠬᠦᠷᠲᠡᠭᠡᠬᠦ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠠᠷᠪᠠᠨ ᠰᠠᠯᠠᠭ᠎ᠠ ᠮᠦᠴᠢᠷ ᠤᠨ ᠬᠠᠮᠳᠤᠷᠠᠨ ᠨᠡᠶᠢᠲᠡᠯᠡᠭᠰᠡᠨ ︽ᠰᠣᠶᠣᠯ ᠤᠨ ᠪᠦᠲᠦᠭᠡᠭᠳᠡᠬᠦᠨ ᠪᠠ ᠥᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠵᠢᠯᠤᠭᠤᠳᠬᠤ ᠭᠠᠷᠴᠠᠭ︾᠎ ᠢ ᠥᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠭᠠᠳᠠᠭᠠᠳᠤ ᠳᠤ ᠭᠠᠷᠭᠠᠬᠤ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠴᠠᠭ︾᠎ ᠢ ᠲᠣᠭᠲᠠᠭᠠᠵᠤ᠂ ᠰᠤᠩᠭᠤᠭᠳᠠᠭᠰᠠᠨ ᠰᠣᠶᠣᠯ ᠤᠨ ᠠᠵᠤ ᠠᠬᠤᠶᠢᠯᠠᠯ ᠤᠳ ᠢ ᠭᠤᠣᠯᠳᠠᠯᠭ᠎ᠠ ᠲᠠᠢ ᠳᠡᠳᠭᠦᠬᠦ ᠬᠡᠷᠡᠭᠲᠡᠢ᠃ ᠨᠣᠮ ᠪᠢᠴᠢᠭ᠂ ᠰᠣᠨᠢᠨ᠂ ᠰᠡᠳᠭᠦᠯ᠂ ᠳᠠᠭᠤ ᠲᠦᠷᠰᠦ ᠰᠢᠩᠭᠡᠭᠡᠯᠲᠡ ᠶᠢᠨ ᠪᠥᠲᠦᠭᠡᠭᠳᠡᠬᠦᠨ ᠢ ᠬᠢᠯᠢ ᠶᠢᠨ ᠭᠠᠳᠠᠨ᠎ᠠ ᠬᠡᠪᠯᠡᠨ ᠨᠡᠶᠢᠲᠡᠯᠡᠬᠦ᠂ ᠢᠯᠠᠩᠭᠤᠶ᠎ᠠ ᠮᠣᠩᠭᠤᠯ ᠨᠣᠮ ᠪᠢᠴᠢᠭ᠂ ᠰᠣᠨᠢᠨ᠂ ᠰᠡᠳᠭᠦᠯ᠂ ᠲᠠᠭᠤ ᠲᠦᠷᠰᠦ ᠰᠢᠩᠭᠡᠭᠡᠯᠲᠡ ᠶᠢᠨ ᠪᠥᠲᠦᠭᠡᠭᠳᠡᠬᠦᠨ ᠢ ᠬᠢᠯᠢ ᠶᠢᠨ ᠭᠠᠳᠠᠨ᠎ᠠ ᠬᠡᠪᠯᠡᠨ ᠨᠡᠶᠢᠲᠡᠯᠡᠬᠦ᠂ ᠮᠣᠩᠭᠤᠯ ᠬᠡᠯᠡᠨ ᠤ ᠷᠠᠳᠢᠣ᠋ ᠲᠧᠯᠸᠢᠰ᠂ ᠺᠢᠨᠣ᠋ ᠶᠢᠨ ᠦᠢᠯᠡᠴᠢᠯᠡᠭᠡ ᠶᠢ ᠬᠢᠯᠢ ᠶᠢᠨ ᠭᠠᠳᠠᠨ᠎ᠠ ᠨᠡᠪᠲᠡᠷᠡᠭᠦᠯᠬᠦ ᠶᠢ ᠳᠡᠮᠵᠢᠬᠦ ᠬᠡᠷᠡᠭᠲᠡᠢ᠃ ᠰᠣᠶᠣᠯ ᠤᠨ ᠪᠦᠳᠦᠭᠡᠯᠴᠢ ᠲᠦᠰᠦᠪᠯᠡᠯ ᠤᠨ ᠵᠢᠷᠤᠭ ᠲᠦᠯᠦᠪᠯᠡᠭᠡᠨ ᠤ ᠦᠢᠯᠡᠴᠢᠯᠡᠭᠡ ᠶᠢ ᠬᠦᠮᠦᠵᠢᠭᠦᠯᠦᠨ ᠬᠦᠭᠵᠢᠭᠦᠯᠵᠦ᠂ ᠰᠣᠶᠣᠯ ᠤᠨ ᠪᠦᠳᠦᠭᠡᠯᠴᠢ ᠲᠦᠰᠦᠪᠯᠡᠯ᠂ ᠲᠤᠭᠠᠴᠢᠳᠤ ᠬᠡᠪᠯᠡᠯ᠂ ᠺᠠᠷᠲ᠋ᠤᠨ ᠵᠢᠷᠤᠭᠳᠤ ᠲᠤᠬᠯᠠᠭᠠᠮ ᠤᠨ ᠵᠦᠭᠡᠯᠡᠨ ᠲᠣᠨᠤᠭ ᠵᠡᠷᠭᠡ ᠰᠢᠨ᠎ᠡ ᠮᠠᠶ᠋ᠢᠭ ᠤᠨ ᠰᠣᠶᠣᠯ ᠢ ᠭᠠᠳᠠᠭᠠᠳᠤ ᠳᠤ ᠭᠠᠷᠭᠠᠬᠤ ᠶᠢ ᠳᠡᠮᠵᠢᠬᠦ ᠪᠠ ᠬᠦᠳᠦᠯᠦᠨ ᠵᠢᠯᠣᠭᠤᠳᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠲᠢᠣ᠋ ᠲᠧᠯᠸᠢᠰ ᠤᠨ ᠲᠣᠪᠴᠢᠶ᠎ᠠ᠂ ᠬᠦᠬᠡᠬᠤᠲᠠ ᠪᠣᠭᠤᠮᠲᠠ ᠠᠴᠠ ᠬᠠᠷᠢᠭᠤᠴᠠᠨ᠎ᠠ᠃ ᠣᠨᠴᠠᠭᠠᠶᠢᠯᠠᠨ ᠲᠣᠳᠣᠷᠬᠠᠶᠢᠯᠠᠭᠰᠠᠨ ᠠᠴᠠ ᠪᠣᠰᠣᠳ᠂ ᠲᠡᠷᠢᠭᠦᠨ ᠪᠠᠶᠢᠷᠢᠨ ᠳᠤ ᠵᠢᠭᠰᠠᠭᠠᠭᠰᠠᠨ ᠨᠢᠭᠡᠴᠡ ᠪᠠᠷ ᠲᠣᠯᠤᠭᠠᠶᠢᠯᠠᠬᠤ ᠨᠢᠭᠡᠴᠡ ᠪᠣᠯᠭᠠᠵᠤ᠂ ᠪᠣᠰᠣᠳ ᠨᠢ ᠣᠷᠤᠯᠴᠠᠬᠤ ᠨᠢᠭᠡᠴᠡ ᠪᠣᠯᠣᠨ᠎ᠠ᠂ ᠳᠣᠷᠤᠭᠰᠢ ᠠᠳᠠᠯᠢ︶      ︵ᠬᠤᠶᠠᠷ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠠᠨ ᠤ ᠣᠷᠣᠨ ᠤ ᠣᠳᠣ ᠶᠢᠨ ᠪᠠᠶᠢᠭ᠎ᠠ ᠡᠯ᠎ᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠵᠦ᠂ ᠨᠢᠭᠡ ᠪᠦᠯᠦᠭ ᠵᠣᠬᠢᠬᠤ ᠬᠡᠮᠵᠢᠶᠡᠨ ᠤ ᠭᠠᠳᠠᠭᠠᠳᠤ ᠳᠤ ᠭᠠᠷᠭᠠᠬᠤ ᠬᠡᠪᠴᠢᠶ᠎ᠡ ᠲᠠᠢ᠂ ᠭᠠᠳᠠᠭᠠᠳᠤ ᠳᠤ ᠭᠠᠷᠭᠠᠬᠤ ᠲᠥᠬᠦᠷ ᠨᠥᠬᠦᠴᠡᠯ ᠢᠶᠠᠷ ᠨᠡᠯᠢᠶᠡᠳ ᠰᠠᠶᠢᠨ ᠪᠣᠯᠬᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠦᠪᠯᠡᠷᠡᠯ ᠤᠨ ᠣᠷᠣᠨ ᠢ ᠪᠤᠢ ᠪᠤᠯᠭᠠᠵᠦ᠂ ᠳᠡᠯᠡᠬᠡᠢ ᠳᠤ ᠵᠣᠬᠢᠬᠤ ᠬᠡᠮᠵᠢᠶᠡᠨ ᠤ ᠨᠦᠯᠦᠭᠡ ᠲᠠᠢ᠂ ᠠᠵᠢᠯ ᠲᠦᠷᠦᠯ ᠤᠨ ᠲᠠᠶᠢᠴᠢᠯᠠᠬᠤ ᠬᠦᠴᠦᠨ ᠢᠶᠠᠷ ᠴᠢᠩᠭ᠎ᠠ ᠪᠣᠯᠬᠤ ᠭᠠᠳᠠᠭᠰᠢᠯ ᠰᠣᠶᠣᠯ ᠤᠨ ᠠᠵᠤ ᠠᠬᠤᠶᠢᠯᠠᠯ ᠪᠣᠯᠣᠨ ᠪᠠᠶᠢᠭᠤᠯᠤᠮᠵᠢ ᠨᠤᠭᠤᠳ ᠣᠷᠣᠵᠤ ᠰᠠᠭᠤᠬᠤ ᠶᠢ ᠵᠣᠷᠢᠬᠵᠢᠭᠤᠯᠬᠤ ᠪᠠ ᠬᠦᠳᠦᠯᠦᠨ ᠵᠢᠯᠣᠭᠤᠳᠴᠤ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠡᠪᠴᠢᠶ᠎ᠡ ᠪᠠ ᠶᠡᠷᠦᠩᠬᠡᠢ ᠬᠡᠮᠵᠢᠶ᠎ᠡ ᠪᠠᠨ ᠤᠯᠠᠮ ᠨᠢᠭᠡ ᠠᠯᠬᠤᠮ ᠶᠡᠬᠡᠳᠭᠡᠵᠦ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠡᠪᠴᠢᠶᠡᠵᠢᠭᠦᠯᠬᠦ᠂ ᠡᠷᠴᠢᠮᠵᠢᠭᠦᠯᠬᠦ ᠪᠠ ᠲᠤᠰᠬᠠᠶᠢᠵᠢᠭᠤᠯᠬᠤ ᠬᠦᠭᠵᠢᠯᠲᠡ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠬᠦᠬᠡᠬᠤᠲᠠ ᠪᠣᠭᠤᠮᠲᠠ ᠠᠴᠠ ᠬᠠᠷᠢᠭᠤᠴᠠᠨ᠎ᠠ︶      ︵ᠭᠤᠷᠪᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠠᠪᠴᠠᠩ ᠢ ᠡᠭᠦᠳᠦᠨ ᠪᠠᠶᠢᠭᠤᠯᠬᠤ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠳᠤᠮᠳᠠᠲᠤ ᠤᠯᠤᠰ — ᠮᠣᠩᠭᠤᠯ ᠤᠯᠤᠰ ᠤᠨ ᠦᠵᠡᠰᠬᠦᠯᠡᠩ ᠵᠡᠷᠭᠡ ᠬᠢᠯᠢ ᠶᠢᠨ ᠲᠣᠲᠣᠷ᠎ᠠ ᠭᠠᠳᠠᠨᠠᠬᠢ ᠴᠢᠬᠤᠯᠠ ᠪᠤᠯᠬᠤ ᠣᠯᠠᠨ ᠤᠯᠤᠰ ᠤᠨ ᠴᠢᠨᠠᠷᠲᠠᠢ ᠦᠵᠡᠰᠭᠦᠯᠡᠩ ᠳᠤ ᠣᠷᠣᠯᠴᠠᠬᠤ ᠶᠢ ᠳᠡᠮᠵᠢᠵᠤ᠂ ᠡᠯ᠎ᠡ ᠵᠦᠢᠯ ᠤᠨ ᠣᠯᠠᠨ ᠤᠯᠤᠰ ᠤᠨ ᠴᠢᠨᠠᠷᠲᠠᠢ ᠦᠵᠡᠰᠬᠦᠯᠡᠩ ᠢ ᠠᠰᠢᠭᠯᠠᠵᠤ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠢᠯᠢ ᠶᠢᠨ ᠭᠠᠳᠠᠨᠠᠬᠢ ᠺᠢᠨᠣ᠋ ᠲᠧᠯᠸᠢᠰ ᠳᠠᠭᠤ ᠳᠦᠷᠰᠦ ᠰᠢᠩᠭᠡᠭᠡᠯᠲᠡ᠂ ᠰᠦᠯᠵᠢᠶ᠎ᠡ ᠶᠢᠨ ᠺᠠᠷᠲ᠋ᠣᠨ ᠵᠢᠷᠤᠭ᠂ ᠬᠡᠪᠯᠡᠭᠳᠡᠬᠦᠨ᠂ ᠤᠷᠠᠨ ᠰᠠᠶᠢᠬᠠᠨ ᠤ ᠲᠣᠭᠯᠠᠯᠲᠠ ᠵᠡᠷᠭᠡ ᠤᠯᠠᠨ ᠤᠯᠤᠰ ᠤᠨ ᠡᠵᠡᠩᠨᠡᠨ ᠪᠣᠷᠤᠯᠠᠭᠤᠯᠬᠤ ᠲᠣᠣᠷ ᠰᠦᠯᠵᠢᠶ᠎ᠡ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠭᠠᠳᠠᠨᠠᠬᠢ ᠰᠢᠯᠢᠳᠡᠭ ᠰᠣᠶᠣᠯ ᠤᠨ ᠡᠳ᠋ ᠬᠦᠷᠦᠩᠭᠡ ᠶᠢᠨ ᠬᠡᠪᠴᠢᠶ᠎ᠡ ᠪᠠᠨ ᠦᠷᠭᠡᠳᠭᠡᠨ᠂ ᠭᠠᠳᠠᠭᠠᠳᠤ ᠶᠢᠨ ᠣᠯᠠᠨ ᠲᠦᠮᠡᠨ ᠲᠤᠷᠠᠲᠠᠶᠢᠶ᠎ᠠ ᠬᠦᠯᠢᠶᠡᠬᠦ ᠰᠣᠶᠣᠯ ᠤᠨ ᠪᠦᠲᠦᠭᠡᠭᠳᠡᠬᠦᠨ ᠪᠣᠯᠣᠨ ᠦᠢᠯᠡᠴᠢᠯᠡᠭᠡ ᠶᠢ ᠨᠡᠬᠡᠭᠡᠨ ᠬᠦᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠣᠶᠣᠯ ᠤᠨ ᠤᠯᠠᠮᠵᠢᠯᠠᠨ ᠳᠡᠯᠭᠡᠷᠡᠭᠦᠯᠬᠦ ᠪᠠ ᠨᠦᠯᠦᠭᠡᠯᠡᠬᠦ ᠬᠦᠴᠦᠨ ᠢ ᠠᠬᠢᠭᠤᠯᠤᠨ ᠦᠷᠭᠡᠳᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶      ︵ᠲᠥᠷᠪᠡ︶ ᠰᠣᠶᠣᠯ ᠤᠨ ᠠᠵᠤ ᠠᠬᠤᠶᠢᠯᠠᠯ ᠤᠨ ︽ᠭᠠᠷᠴᠤ ᠶᠠᠪᠤᠬᠤ︾᠎ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠠᠵᠤ ᠠᠬᠤᠶᠢᠯᠠᠯ ᠤᠳ ᠰᠢᠨ᠎ᠡ ᠪᠠᠷ ᠪᠠᠶᠢᠭᠤᠯᠬᠤ᠂ ᠬᠤᠳᠠᠯᠳᠤᠨ ᠠᠪᠬᠤ ᠪᠠ ᠬᠠᠮᠳᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ᠂ ᠬᠢᠯᠢ ᠶᠢᠨ ᠭᠠᠳᠠᠨᠠᠬᠢ ᠰᠣᠶᠣᠯ ᠤᠨ ᠬᠦᠷᠢᠶ᠎ᠡ ᠬᠡᠪᠴᠢᠶ᠎ᠡ ᠳᠤ ᠪᠡᠯᠡ ᠣᠷᠤᠭᠤᠯᠤᠨ ᠬᠠᠮᠳᠤᠷᠠᠯᠴᠠᠬᠤ ᠶᠢ ᠵᠣᠷᠢᠬᠵᠢᠭᠤᠯᠬᠤ ᠬᠡᠷᠡᠭᠲᠡᠢ᠃ ᠣᠷᠣᠰ ᠮᠣᠩᠭᠤᠯ ᠵᠡᠷᠭᠡ ᠬᠥᠷᠰᠢ ᠵᠡᠷᠭᠡᠯᠡᠳᠡᠭᠡ ᠤᠯᠤᠰ ᠯᠤᠭ᠎ᠠ ᠶᠢᠨ ᠰᠣᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ ᠰᠣᠶᠣᠯ ᠤᠨ ᠠᠵᠤ ᠠᠬᠤᠶᠢᠯᠠᠯ ᠤᠳ ᠢ ᠳᠡᠮᠵᠢᠵᠦ ᠪᠠᠶᠢᠭᠠᠳ ᠣᠷᠣᠰ ᠮᠣᠩᠭᠤᠯ ᠬᠤᠶᠠᠷ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠬᠡᠭᠡᠯᠭᠡᠵᠦ᠂ ᠥᠪᠥᠷ ᠮᠣᠩᠭᠤᠯ ᠤᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ︾᠎ ᠶᠢᠨ ᠴᠢᠬᠤᠯᠠ ᠵᠠᠩᠭᠢᠯᠠᠭ᠎ᠠ ᠪᠠ ᠮᠣᠩᠭᠤᠯ ᠲᠠᠢ ᠬᠠᠮᠳᠤᠷᠠᠯᠴᠠᠬᠤ ᠬᠦᠭᠦᠷᠭᠡ ᠶᠢᠨ ᠦᠢᠯᠡᠳᠦᠯ ᠢᠶᠠᠨ ᠪᠠᠳᠠᠷᠠᠭᠤᠯᠵᠤ᠂ ᠳᠡᠯᠡᠭᠡᠢ ᠳᠤ ᠨᠦᠯᠦᠭᠡᠯᠡᠬᠦ ᠬᠦᠴᠦᠨ ᠲᠠᠢ ᠰᠣᠶᠣᠯ ᠤᠨ ᠨᠡᠷᠡᠲᠦ ᠲᠦᠷᠦᠯ ᠲᠡᠮᠳᠡᠭᠲᠦ ᠶᠢ ᠪᠤᠢ ᠪᠤᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶      ︵ᠲᠠᠪᠤ︶ ᠰᠣᠶᠣᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠨ ᠬᠦᠭᠵᠢᠬᠦ ᠶᠢ ᠳᠡᠮᠵᠢᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠢ ᠵᠣᠷᠢᠬᠵᠢᠭᠤᠯᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠦᠷᠨᠢᠭᠦᠯᠵᠦ᠂ ᠭᠠᠳᠠᠭᠠᠳᠤ ᠳᠤ ᠭᠠᠷᠭᠠᠬᠤ ᠰᠣᠶᠣᠯ ᠤᠨ ᠪᠦᠲᠦᠭᠡᠭᠳᠡᠬᠦᠨ ᠪᠣᠯᠣᠨ ᠦᠢᠯᠡᠴᠢᠯᠡᠭᠡᠨ ᠢ ᠰᠣᠳᠤᠯᠤᠨ ᠬᠦᠭᠵᠢᠭᠦᠯᠬᠦ ᠣᠷᠤᠭᠤᠯᠤᠯᠲᠠ ᠪᠠᠨ ᠨᠡᠮᠡᠭᠳᠡᠭᠦᠯᠵᠦ᠂ ᠮᠡᠳᠡᠯᠭᠡ ᠶᠢᠨ ᠪᠦᠳᠦᠭᠡᠭᠳᠡᠬᠦᠨ ᠤ ᠡᠵᠡᠨ ᠮᠡᠳᠡᠭᠰᠡᠨ ᠦᠮᠴᠢᠯᠡᠬᠦ ᠡᠷᠬᠡ ᠶᠢᠨ ᠵᠠᠩᠭᠢᠯᠠᠭ᠎ᠠ ᠶᠢᠨ ᠮᠡᠷᠭᠡᠵᠢᠯ ᠪᠣᠯᠣᠨ ᠭᠤᠤᠯᠯᠠᠬᠤ ᠮᠡᠷᠭᠡᠵᠢᠯ ᠢ ᠨᠡᠭᠡᠭᠡᠨ ᠬᠦᠭᠵᠢᠭᠦᠯᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠤᠨ ᠦᠨᠳᠦᠰᠦᠲᠡᠨ ᠤ ᠰᠣᠶᠣᠯ ᠤᠨ ᠣᠨᠴᠠᠯᠢᠭᠲᠤ ᠡᠬᠢ ᠪᠠᠶᠠᠯᠢᠭ ᠢ ᠭᠦᠨᠵᠡᠭᠡᠢ ᠢᠯᠡᠷᠡᠭᠦᠯᠦᠨ ᠭᠠᠷᠭᠠᠬᠤ ᠶᠢ ᠳᠡᠮᠵᠢᠵᠤ᠂ ᠳᠡᠭᠡᠲᠥ ᠰᠢᠨ᠎ᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠮᠠᠨ ᠤ ᠣᠷᠣᠨ ᠤ ᠰᠣᠶᠣᠯ ᠤᠨ ᠭᠠᠳᠠᠭᠠᠳᠤ ᠳᠤ ᠭᠠᠷᠭᠠᠬᠤ ᠪᠦᠲᠦᠭᠡᠭᠳᠡᠬᠦᠨ ᠤ ᠢᠯᠡᠷᠡᠬᠦᠯᠬᠦ ᠬᠡᠯᠪᠡᠷᠢ ᠮᠠᠶ᠋ᠢᠭ ᠲᠤ ᠰᠢᠨ᠎ᠡ ᠶᠢ ᠡᠭᠦᠳᠴᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠤᠨ ᠰᠣᠶᠣᠯ ᠤᠨ ᠪᠦᠲᠦᠭᠡᠭᠳᠡᠬᠦᠨ ᠪᠣᠯᠣᠨ ᠦᠢᠯᠡᠴᠢᠯᠡᠭᠡ ᠶᠢᠨ ᠰᠢᠨ᠎ᠠ ᠶᠢ ᠡᠬᠦᠳᠬᠦ ᠳᠤ ᠬᠡᠷᠡᠭᠯᠡᠬᠦ ᠳᠡᠷᠢᠭᠦᠨ ᠤ ᠮᠡᠷᠭᠡᠵᠢᠯ ᠬᠢᠭᠡᠳ ᠲᠦᠬᠦᠭᠡᠷᠦᠮᠵᠢ ᠣᠷᠤᠭᠤᠯᠬᠤ ᠶᠢ ᠳᠡᠮᠵᠢᠵᠦ᠂ ᠰᠢᠩᠭᠡᠬᠦ᠂ ᠬᠡᠷᠡᠭᠯᠡᠬᠦ ᠪᠠ ᠳᠠᠬᠢᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠮᠠᠶ᠋ᠢᠭ ᠤᠨ ᠬᠡᠪ ᠵᠠᠭᠪᠤᠷ ᠢ ᠠᠰᠢᠭᠯᠠᠵᠤ ᠣᠯᠠᠨ ᠤᠯᠤᠰ ᠤᠨ ᠲᠤᠬᠠᠶᠢᠯᠠᠭᠰᠠᠨ ᠠᠵᠢᠯ ᠢᠶᠠᠨ ᠨᠡᠭᠡᠭᠡᠨ ᠦᠷᠭᠡᠳᠭᠡᠬᠦ ᠶᠢ ᠵᠣᠷᠢᠬᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶      ︵ᠵᠢᠷᠭᠤᠭ᠎ᠠ︶ ᠰᠣᠶᠣᠯ ᠮᠥᠩᠭᠦᠨ ᠭᠥᠢᠯᠭᠡᠭᠡᠨ ᠤ ᠬᠠᠮᠳᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠤᠯᠤᠰ ᠤᠨ ᠰᠣᠶᠣᠯ ᠮᠥᠩᠭᠦᠨ ᠭᠦᠢᠯᠭᠡᠭᠡᠨ ᠤ ᠬᠠᠮᠳᠤᠷᠠᠯᠴᠠᠭ᠎ᠠ ᠶᠢ ᠭᠥᠨᠵᠡᠭᠡᠢ ᠠᠬᠢᠭᠤᠯᠬᠤ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠤᠨ ᠵᠢᠯᠤᠭᠤᠳᠴᠤ ᠰᠣᠶᠣᠯ ᠤᠨ ᠠᠵᠤ ᠠᠬᠤᠶᠢᠯᠠᠯ ᠳᠤ ᠦᠵᠡᠭᠦᠯᠬᠦ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠡᠷᠡᠳᠬᠦᠨ ᠢ ᠰᠢᠨ᠎ᠡ ᠪᠠᠷ ᠡᠭᠦᠳᠴᠦ᠂ ᠢᠲᠡᠭᠡᠮᠵᠢᠲᠦ ᠵᠢᠭᠡᠯᠡᠯᠭᠡ ᠣᠯᠭᠤᠬᠤ ᠲᠤᠭ᠎ᠠ ᠬᠡᠮᠵᠢᠶ᠎ᠡ᠂ ᠵᠢᠭᠡᠯᠡᠯᠭᠡ ᠶᠢᠨ ᠨᠥᠬᠦᠴᠡᠯ᠂ ᠬᠢᠨᠠᠨ ᠵᠥᠪᠰᠢᠶᠡᠷᠡᠬᠦ ᠶᠠᠪᠤᠴᠠ᠂ ᠪᠠᠷᠢᠴᠠᠭᠠᠯᠠᠵᠤ ᠳᠠᠨᠵᠢᠯᠠᠬᠤ ᠪᠠ ᠭᠠᠳᠠᠭᠰᠢ ᠳᠠᠭᠠᠭᠠᠯᠲᠠ ᠬᠢᠬᠦ᠂ ᠡᠳ᠋ ᠤᠨ ᠶᠠᠪᠤᠳᠠᠯ ᠢ ᠵᠦᠪᠯᠡᠬᠦ ᠵᠡᠷᠭᠡ ᠲᠠᠯ᠎ᠠ ᠪᠠᠷ ᠰᠣᠶᠣᠯ ᠤᠨ ᠠᠵᠤ ᠠᠬᠤᠶᠢᠯᠠᠯ ᠪᠠ ᠲᠥᠷᠥᠯ ᠵᠦᠢᠯ ᠳᠤ ᠬᠠᠷᠠᠭᠠᠯᠵᠠᠯ ᠪᠤᠯᠤᠨ ᠳᠡᠮᠵᠢᠯᠭᠡ ᠦᠵᠡᠬᠦᠯᠬᠦ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠰᠣᠶᠣᠯ ᠤᠨ ᠠᠵᠤ ᠠᠬᠤᠶᠢᠯᠠᠯ ᠤᠳ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ᠂ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ᠂ ᠳᠤᠮᠳᠠ ᠵᠢᠵᠢᠭ ᠠᠵᠤ ᠠᠬᠤᠶᠢᠯᠠᠯ ᠤᠨ ᠬᠤᠪᠢ ᠪᠠᠷ ᠢᠶᠠᠨ ᠴᠤᠭᠯᠠᠭᠤᠯᠬᠤ ᠵᠢᠭᠡᠯᠡᠯᠭᠡ ᠶᠢᠨ ᠲᠡᠮᠳᠡᠭᠲᠦ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠤᠷᠳᠤᠪᠳᠤᠷ ᠬᠤᠭᠤᠴᠠᠭᠠᠨ ᠤ ᠫᠢᠶᠣᠣ ᠪᠠᠷᠢᠮᠲᠠ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ ᠰᠢᠭᠤᠳ ᠪᠡᠯᠡ ᠲᠣᠬᠢᠷᠠᠭᠤᠯᠭ᠎ᠠ ᠬᠢᠬᠦ ᠶᠢ ᠳᠡᠮᠵᠢᠬᠦ ᠬᠡᠷᠡᠭᠲᠡᠢ᠃ ᠮᠥᠩᠭᠦᠨ ᠭᠥᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠤᠳ ᠢ ᠵᠤᠷᠢᠬᠵᠢᠭᠤᠯᠵᠦ ᠲᠥᠭᠰᠢᠭᠦᠷᠢ ᠶᠢ ᠡᠵᠡᠮᠳᠡᠵᠦ ᠴᠢᠳᠠᠬᠤ᠂ ᠬᠤᠳᠠᠯᠳᠤᠭ᠎ᠠ ᠶᠢ ᠦᠷᠭᠦᠯᠵᠢᠯᠡᠭᠦᠯᠬᠦ ᠵᠠᠷᠴᠢᠮ ᠤᠨ ᠶᠣᠰᠤᠭᠠᠷ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠣᠨᠴᠠᠯᠢᠭ ᠲᠤ ᠲᠣᠬᠢᠷᠠᠬᠤ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠪᠣᠯᠣᠨ ᠵᠢᠭᠡᠯᠡᠯᠭᠡ ᠶᠢᠨ ᠬᠡᠪ ᠵᠠᠭᠪᠤᠷ ᠢ ᠰᠦᠪᠡᠭᠴᠢᠯᠡᠵᠤ᠂ ᠬᠠᠩᠭᠠᠯᠭ᠎ᠠ ᠶᠢᠨ ᠬᠡᠯᠬᠢᠶᠡᠲᠦ ᠪᠡᠯᠡ ᠲᠣᠬᠢᠷᠠᠭᠤᠯᠭ᠎ᠠ᠂ ᠭᠠᠳᠠᠭᠠᠳᠤ ᠳᠤ ᠨᠡᠶᠢᠯᠡᠭᠦᠯᠦᠨ ᠬᠤᠳᠠᠯᠳᠤᠨ ᠠᠪᠬᠤ ᠪᠡᠯᠡ ᠲᠣᠬᠢᠷᠠᠭᠤᠯᠭ᠎ᠠ᠂ ᠬᠤᠷᠢᠶᠠᠬᠤ ᠴᠢᠬᠤᠯᠠᠲᠠᠢ ᠳᠠᠩᠰᠠᠨ ᠵᠣᠭᠤᠰᠤᠨ ᠤ ᠳᠠᠨᠵᠢᠯᠠᠭ᠎ᠠ ᠶᠢᠨ ᠵᠢᠭᠡᠯᠡᠯᠭᠡ᠂ ᠰᠠᠩ ᠬᠦᠮᠦᠷᠭᠡ ᠶᠢᠨ ᠳᠠᠩᠰᠠ ᠶᠢᠨ ᠳᠠᠨᠵᠢᠯᠠᠭ᠎ᠠ ᠶᠢᠨ ᠵᠢᠭᠡᠯᠡᠯᠭᠡ᠂ ᠪᠡᠯᠡ ᠲᠣᠬᠢᠷᠠᠭᠤᠯᠭ᠎ᠠ ᠪᠠᠷ ᠲᠥᠷᠢᠶᠡᠰᠥᠯᠡᠬᠦ᠂ ᠪᠠᠩᠬᠢ ᠶᠢᠨ ᠪᠦᠯᠦᠭᠯᠡᠯ ᠤᠨ ᠵᠢᠭᠡᠯᠡᠯᠭᠡ᠂ ᠬᠠᠮᠳᠤᠷᠠᠨ ᠳᠠᠭᠠᠭᠠᠯᠲᠠ ᠬᠢᠬᠦ ᠵᠢᠭᠡᠯᠡᠯᠭᠡ ᠵᠡᠷᠭᠡ ᠲᠤᠬᠠᠶᠢᠯᠠᠭᠰᠠᠨ ᠠᠵᠢᠯ ᠢ ᠦᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠮᠥᠩᠭᠦᠨ ᠭᠥᠢᠯᠭᠡᠭᠡᠨ ᠤ ᠠᠯᠪᠠᠨ ᠭᠡᠷ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠡᠳ᠋ ᠤᠨ ᠵᠠᠰᠠᠭ ᠤᠨ ᠲᠢᠩᠬᠢᠮ᠂ ᠰᠣᠶᠣᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠲᠥᠪ ᠰᠠᠯᠪᠤᠷᠢ ᠪᠠᠩᠬᠢ ᠠᠴᠠ ᠬᠠᠷᠢᠭᠤᠴᠠᠨ᠎ᠠ︶      ︵ᠲᠣᠯᠤᠭ᠎ᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠳᠤ ᠭᠠᠳᠠᠭᠠᠳᠤ ᠶᠢᠨ ᠮᠡᠳᠡᠯᠭᠡ ᠶᠢᠨ ᠪᠥᠳᠥᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠯᠠᠪᠯᠠᠯᠭ᠎ᠠ ᠶᠢ ᠢᠳᠡᠪᠬᠢᠲᠡᠢ ᠬᠠᠩᠭᠠᠵᠤ᠂ ᠠᠵᠤ ᠠᠬᠤᠶᠢᠯᠠᠯ ᠤᠳ ᠲᠤᠰᠬᠠᠢ ᠠᠰᠢᠭ ᠤᠨ ᠳᠥᠷᠢᠮ ᠢ ᠬᠡᠷᠡᠭᠯᠡᠵᠦ ᠰᠣᠶᠣᠯ ᠤᠨ ᠪᠥᠳᠥᠭᠡᠯᠴᠢ ᠲᠥᠰᠥᠪᠯᠡᠯ ᠤᠨ ᠦᠢᠯᠡᠳᠬᠦᠨ ᠵᠢᠴᠢ ᠦᠢᠯᠡᠳᠬᠦ ᠠᠷᠭ᠎ᠠ᠂ ᠤᠷᠠᠯᠠᠯ ᠳᠤ ᠬᠠᠮᠠᠭᠠᠯᠠᠯᠲᠠ ᠬᠢᠬᠦ ᠶᠢ ᠵᠢᠯᠣᠭᠤᠳᠤᠨ ᠳᠡᠮᠵᠢᠵᠤ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠮᠡᠳᠡᠯᠭᠡ ᠶᠢᠨ ᠪᠥᠳᠥᠭᠡᠭᠳᠡᠬᠦᠨ ᠤ ᠥᠮᠴᠢᠯᠡᠬᠦ ᠡᠷᠬᠡ ᠶᠢᠨ ᠵᠦᠪᠯᠡᠨ ᠲᠣᠭᠲᠠᠭᠠᠬᠤ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠤᠳ ᠤᠨ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠪᠥᠳᠥᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠦᠷᠨᠢᠭᠦᠯᠬᠦ ᠶᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠰᠣᠶᠣᠯ ᠤᠨ ᠲᠢᠩᠬᠢᠮ᠂ ᠮᠡᠳᠡᠯᠭᠡ ᠶᠢᠨ ᠪᠥᠳᠥᠭᠡᠭᠳᠡᠬᠦᠨ ᠤ ᠦᠮᠴᠢᠯᠡᠬᠦ ᠡᠷᠬᠡ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠠᠴᠠ ᠬᠠᠷᠢᠭᠤᠴᠠᠨ᠎ᠠ︶      ︵ᠨᠠᠢᠮᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠳᠠᠪᠤᠷᠢᠲᠠᠨ ᠢ ᠬᠦᠮᠦᠵᠢᠭᠦᠯᠬᠦ ᠪᠠ ᠲᠠᠲᠠᠨ ᠣᠷᠤᠭᠤᠯᠬᠤ ᠬᠡᠷᠡᠭᠲᠡᠢ᠃ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠳᠠᠪᠤᠷᠢᠲᠠᠨ ᠢ ᠬᠦᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠳᠡᠭᠡᠲᠦ ᠰᠤᠷᠭᠠᠭᠤᠯᠢ ᠶᠢ ᠵᠣᠷᠢᠬᠵᠢᠭᠤᠯᠵᠤ ᠪᠠᠶᠢᠭᠠᠳ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠯᠤᠭ᠎ᠠ ᠬᠤᠯᠪᠣᠭᠳᠠᠬᠤ ᠭᠤᠣᠯᠳᠠᠯᠭ᠎ᠠ ᠲᠠᠢ ᠲᠣᠰᠬᠠᠢ ᠮᠡᠷᠭᠡᠵᠢᠯ ᠪᠠ ᠬᠢᠴᠢᠶᠡᠯ ᠲᠥᠷᠥᠯ ᠪᠠᠶᠢᠭᠤᠯᠵᠤ᠂ ᠬᠡᠰᠡᠭ ᠳᠡᠭᠡᠲᠥ ᠰᠤᠷᠭᠠᠭᠤᠯᠢ ᠨᠤᠭᠤᠳ ᠢ ᠰᠤᠩᠭᠤᠵᠤ ᠰᠣᠶᠣᠯ ᠤᠨ ᠭᠠᠳᠠᠭᠠᠳᠤ ᠳᠤ ᠭᠠᠷᠭᠠᠬᠤ ᠲᠤᠰᠬᠠᠢ ᠴᠢᠳᠠᠪᠤᠷᠢᠲᠠᠨ ᠢ ᠬᠦᠮᠦᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠭᠠᠵᠤ᠂ ᠨᠢᠭᠡ ᠪᠦᠯᠦᠭ ᠳᠡᠭᠡᠲᠦ ᠳᠠᠪᠬᠤᠷᠠᠭ᠎ᠠ ᠶᠢᠨ ᠲᠤᠰᠬᠠᠢ ᠮᠡᠷᠭᠡᠵᠢᠯ ᠤᠨ ᠬᠠᠮ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠳᠠᠪᠤᠷᠢᠲᠠᠨ ᠢ ᠲᠠᠲᠠᠨ ᠣᠷᠤᠭᠤᠯᠬᠤ ᠡᠷᠴᠢᠮ ᠢᠶᠠᠨ ᠴᠢᠩᠭᠠᠷᠠᠭᠤᠯᠵᠦ᠂ ᠰᠣᠶᠣᠯ ᠤᠨ ᠪᠦᠲᠦᠭᠡᠯᠴᠢ ᠲᠦᠰᠦᠪᠯᠡᠯ ᠢ ᠤᠬᠠᠭᠠᠯᠠᠨ ᠰᠡᠲᠥᠬᠦ᠂ ᠵᠢᠷᠤᠭᠯᠠᠨ ᠲᠦᠯᠦᠪᠯᠡᠬᠦ᠂ ᠰᠣᠶᠣᠯ ᠤᠨ ᠠᠵᠤ ᠦᠢᠯᠡᠰ ᠤᠨ ᠡᠵᠡᠩᠨᠡᠨ ᠬᠠᠮᠢᠶᠠᠷᠬᠤ ᠵᠡᠷᠭᠡ ᠴᠢᠳᠠᠪᠤᠷᠢᠲᠠᠳ ᠮᠠᠨ ᠤ ᠣᠷᠣᠨ ᠳᠤ ᠢᠷᠡᠵᠦ ᠪᠡᠯᠡ ᠣᠷᠤᠭᠤᠯᠤᠨ ᠠᠳᠠᠯ ᠦᠢᠯᠡᠰ ᠴᠣᠭᠴᠠᠯᠠᠬᠤ ᠶᠢ ᠵᠣᠷᠢᠬᠵᠢᠭᠤᠯᠬᠤ ᠬᠡᠷᠡᠭᠲᠡᠢ᠃ ᠮᠠᠨ ᠤ ᠣᠷᠣᠨ ᠳᠤ ᠢᠷᠡᠵᠦ ᠭᠠᠳᠠᠭᠠᠳᠣ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠠᠵᠢᠯ ᠢ ᠡᠷᠬᠢᠯᠡᠭᠰᠡᠳ ᠲᠤ᠂ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠲᠠᠲᠠᠨ ᠣᠷᠤᠭᠤᠯᠬᠤ ᠬᠠᠮᠢᠶ᠎ᠠ ᠪᠦᠬᠦᠢ ᠲᠣᠭᠲᠠᠭᠠᠯ ᠶᠣᠰᠤᠭᠠᠷ ᠬᠤᠯᠪᠣᠭᠳᠠᠯ ᠪᠦᠬᠦᠢ ᠬᠠᠷᠠᠭᠠᠯᠵᠠᠯ ᠢ ᠬᠦᠷᠲᠡᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶      ︵ᠶᠢᠰᠥ︶ ᠲᠤᠮᠳᠠᠲᠤ ᠣᠷᠣᠰ ᠮᠣᠩᠭᠤᠯ ᠤᠨ ᠭᠠᠳᠠᠭᠠᠳᠤ ᠳᠤ ᠬᠠᠨᠳᠤᠭᠤᠯᠤᠬᠰᠠᠨ ᠰᠣᠶᠣᠯ ᠤᠨ ᠠᠷᠠᠯᠵᠢᠶ᠎ᠠ ᠶᠢᠨ ᠬᠠᠮᠳᠤᠷᠠᠯᠴᠠᠭ᠎ᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠮᠠᠨ ᠤ ᠣᠷᠣᠨ ᠤ ᠬᠥᠷᠰᠢ ᠵᠡᠷᠭᠡᠯᠡᠳᠡᠭᠡ ᠣᠷᠣᠰ ᠮᠣᠩᠭᠤᠯ ᠬᠤᠶᠠᠷ ᠤᠯᠤᠰ ᠤᠨ ᠳᠠᠪᠠᠭᠤᠯᠢᠭ ᠢ ᠪᠠᠳᠠᠷᠠᠭᠤᠯᠵᠤ᠂ ᠮᠠᠨ ᠤ ᠣᠷᠣᠨ ᠤ ᠭᠤᠣᠯ ᠵᠠᠭᠤᠴᠢᠯᠠᠭᠤᠷ ᠨᠢ ᠣᠷᠣᠰ ᠤᠨ ᠵᠡᠭᠦᠨ ᠰᠢᠪᠧᠷᠢᠶ᠎ᠠ᠂ ᠠᠯᠤᠰ ᠲᠣᠷᠤᠨᠠᠲᠤ ᠶᠢᠨ ᠭᠠᠵᠠᠷ ᠣᠷᠣᠨ ᠪᠠ ᠮᠣᠩᠭᠤᠯ ᠤᠯᠤᠰ ᠢ ᠬᠠᠮᠤᠷᠴᠤ ᠪᠦᠷᠬᠦᠬᠦᠯᠬᠦ ᠶᠢ ᠳᠡᠮᠵᠢᠬᠦ ᠬᠡᠷᠡᠭᠲᠡᠢ᠃ ᠳᠠᠭᠠᠭᠤᠯᠢ ᠣᠳᠣᠨ ᠤ ᠳᠠᠪᠲᠠᠮᠵᠢ ᠪᠠᠷ ᠨᠡᠪᠲᠡᠷᠡᠭᠦᠯᠬᠦ᠂ ᠰᠣᠶᠣᠯ ᠤᠨ ᠰᠣᠯᠢᠯᠴᠠᠭ᠎ᠠ ᠬᠢᠬᠦ᠂ ᠬᠠᠮᠲᠤ ᠪᠠᠷ ᠰᠣᠶᠣᠯ ᠤᠨ ᠠᠷᠠᠯᠵᠢᠶ᠎ᠠ ᠶᠢᠨ ᠦᠵᠡᠭᠦᠯᠦᠯᠭᠡ ᠬᠢᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠵᠤ᠂ ᠮᠠᠨ ᠤ ᠣᠷᠣᠨ ᠪᠣᠯᠣᠨ ᠣᠷᠣᠰ ᠮᠣᠩᠭᠤᠯ ᠬᠤᠶᠠᠷ ᠤᠯᠤᠰ ᠯᠤᠭ᠎ᠠ ᠶᠢᠨ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠬᠠᠮᠳᠤᠷᠠᠯᠴᠠᠭ᠎ᠠ ᠶᠢ ᠠᠬᠢᠭᠤᠯᠵᠤ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠡᠬᠢ ᠪᠠᠶᠠᠯᠢᠭ ᠢ ᠬᠠᠮᠳᠤᠪᠠᠷ ᠡᠳ᠋ᠯᠡᠬᠦ ᠶᠢ ᠠᠬᠢᠭᠤᠯᠵᠤ᠂ ᠳᠤᠮᠳᠠᠳᠤ ᠣᠷᠣᠰ ᠮᠣᠩᠭᠤᠯ ᠤᠨ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠬᠠᠮᠳᠤᠷᠠᠯᠴᠠᠭ᠎ᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ ᠠᠴᠠ ᠬᠠᠷᠢᠭᠤᠴᠠᠨ᠎ᠠ︶      ︵ᠠᠷᠪᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠰᠢᠨ᠎ᠡ ᠡᠭᠦᠳᠦᠯᠲᠡ ᠶᠢ ᠳᠡᠮᠵᠢᠬᠦ ᠬᠡᠷᠡᠭᠲᠡᠢ᠃ ᠲᠥᠷᠥ ᠲᠠᠷᠬᠠᠭᠠᠭᠰᠠᠨ ﹇2014﹈ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠤᠷᠠᠳᠤᠭᠰᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢᠨ ᠱᠠᠭᠠᠷᠳᠠᠯᠭ᠎ᠠ ᠶᠢᠨ ᠶᠣᠰᠣᠭᠠᠷ᠂ ᠲᠥᠷᠥ ᠶᠢᠨ ᠬᠤᠯᠪᠣᠭᠳᠠᠯ ᠪᠦᠬᠦᠢ ᠰᠠᠯᠠᠭ᠎ᠠ ᠮᠦᠴᠢᠷ ᠯᠤᠭ᠎ᠠ ᠶᠢᠨ ᠨᠡᠪᠲᠡᠷᠡᠭᠦᠯᠦᠨ ᠵᠤᠬᠢᠴᠠᠭᠤᠯᠬᠤ ᠪᠠᠨ ᠴᠢᠩᠭᠠᠳᠬᠠᠵᠤ᠂ ᠲᠥᠬᠦᠷ ᠬᠡᠷᠡᠭᠵᠢᠭᠦᠯᠬᠦ ᠨᠠᠷᠢᠨ ᠳᠦᠷᠢᠮ ᠨᠡᠶᠢᠳᠡᠯᠡᠬᠦ ᠶᠢ ᠠᠬᠢᠭᠤᠯᠬᠤ ᠶᠢᠨ ᠬᠠᠮᠳᠤ ᠮᠠᠨ ᠤ ᠣᠷᠣᠨ ᠳᠠᠭᠠᠨ ᠤᠷᠢᠳᠠᠪᠠᠷ ᠲᠤᠷᠰᠢᠨ ᠬᠡᠷᠡᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠣᠶᠣᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠬᠦᠬᠡᠬᠤᠲᠠ ᠪᠣᠭᠤᠮᠲᠠ ᠠᠴᠠ ᠬᠠᠷᠢᠭᠤᠴᠠᠨ᠎ᠠ︶      ᠲᠥᠷᠪᠡ᠂ ᠪᠠᠳᠤᠯᠠᠭ᠎ᠠ ᠶᠢᠨ ᠠᠷᠭ᠎ᠠ ᠬᠡᠮᠵᠢᠶ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ᠂ ᠤᠬᠠᠭᠤᠯᠬᠤ᠂ ᠰᠣᠶᠣᠯ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠂ ᠭᠠᠳᠠᠭᠠᠳᠤ ᠶᠠᠪᠤᠳᠠᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠮᠥᠩᠭᠦᠨ ᠭᠥᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠪᠣᠭᠤᠮᠲᠠ᠂ ᠲᠤᠭ᠎ᠠ ᠪᠥᠷᠢᠳᠭᠡᠯ᠂ ᠭᠠᠳᠠᠭᠠᠳᠤ ᠭᠤᠪᠢᠭᠤᠯᠭ᠎ᠠ ᠵᠡᠷᠭᠡ ᠰᠠᠯᠠᠭ᠎ᠠ ᠮᠦᠴᠢᠷ ᠤᠳ ᠢᠶᠠᠷ ᠪᠥᠷᠢᠯᠳᠥᠭᠰᠡᠨ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠪᠥᠷᠢᠨᠰᠢᠭᠦᠯᠵᠦ᠂ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠮᠢᠶ᠎ᠠ ᠪᠦᠬᠦᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠦᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠲᠡᠯ ᠢ ᠵᠣᠬᠢᠴᠠᠭᠤᠯᠤᠨ ᠰᠶᠢᠳᠪᠦᠷᠢᠯᠡᠬᠦ ᠬᠡᠷᠡᠭᠲᠡᠢ᠃ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠤᠭ᠎ᠠ ᠪᠦᠷᠢᠳᠭᠡᠯ ᠤᠨ ᠠᠵᠢᠯ ᠢ ᠴᠢᠩᠭᠠᠳᠬᠠᠵᠤ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠤᠭ᠎ᠠ ᠪᠦᠷᠢᠳᠭᠡᠯ ᠤᠨ ᠰᠢᠰᠲ᠋ᠧᠮᠵᠢ ᠶᠢ ᠪᠠᠶᠢᠭᠤᠯᠤᠨ ᠪᠥᠷᠢᠨᠰᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠡᠯ᠎ᠡ ᠬᠤᠯᠪᠣᠭᠳᠠᠯ ᠪᠥᠬᠦᠢ ᠰᠠᠯᠠᠭ᠎ᠠ ᠮᠦᠴᠢᠷ᠂ ᠨᠢᠭᠡᠴᠡ ᠲᠠᠢ ᠬᠠᠮᠳᠤᠷᠠᠨ ᠬᠠᠷᠢᠭᠤᠴᠠᠨ᠎ᠠ︶      ︵ᠬᠤᠶᠠᠷ︶ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠳᠠᠬᠢ ᠰᠣᠶᠣᠯ ᠤᠨ ᠠᠵᠤ ᠦᠢᠯᠡᠰ ᠤᠨ ᠬᠦᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠬᠦᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠪᠦᠳᠦᠭᠡᠭᠳᠡᠬᠦᠨ ᠪᠠ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ᠂ ᠬᠢᠯᠢ ᠶᠢᠨ ᠭᠠᠳᠠᠨ᠎ᠠ ᠪᠡᠯᠡ ᠣᠷᠤᠭᠤᠯᠬᠤ᠂ ᠵᠠᠬ᠎ᠠ ᠳᠡᠯᠭᠡᠭᠦᠷ ᠨᠡᠭᠡᠭᠡᠬᠦ᠂ ᠡᠵᠡᠩᠨᠡᠨ ᠪᠣᠷᠤᠯᠠᠭᠤᠯᠬᠤ ᠵᠠᠮ ᠮᠦᠷ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠳᠠᠪᠤᠷᠢᠲᠠᠨ ᠬᠦᠮᠦᠵᠢᠭᠦᠯᠬᠦ ᠵᠡᠷᠭᠡ ᠲᠠᠯ᠎ᠠ ᠪᠠᠷ ᠳᠡᠮᠵᠢᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠬᠢᠯᠢ ᠠᠴᠠ ᠭᠠᠷᠴᠤ ᠥᠵᠡᠭᠦᠯᠦᠯᠭᠡ ᠳᠤ ᠣᠷᠣᠯᠴᠠᠬᠤ᠂ ᠬᠤᠳᠠᠯᠳᠤᠭᠠᠨ ᠤ ᠲᠣᠭᠯᠠᠯᠲᠠ ᠥᠷᠨᠢᠭᠦᠯᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠰᠣᠶᠣᠯ ᠤᠨ ᠪᠦᠳᠦᠭᠡᠭᠳᠡᠬᠦᠨ ᠪᠠ ᠦᠢᠯᠡᠴᠢᠯᠡᠭᠡᠨ ᠢ ᠰᠣᠳᠤᠯᠤᠨ ᠬᠦᠭᠵᠢᠭᠦᠯᠵᠦ ᠰᠢᠨ᠎ᠡ ᠶᠢ ᠡᠭᠦᠳᠬᠦ ᠵᠡᠷᠭᠡ ᠶᠢ ᠦᠷᠨᠢᠭᠦᠯᠬᠦ ᠶᠢ ᠨᠢ ᠳᠡᠮᠵᠢᠬᠦ ᠬᠡᠷᠡᠭᠲᠡᠢ︔ ᠰᠣᠶᠣᠯ ᠤᠨ ᠠᠵᠤ ᠠᠬᠤᠶᠢᠯᠠᠯ ᠤᠳ ᠣᠯᠠᠨ ᠤᠯᠤᠰ ᠤᠨ ᠬᠠᠮᠢᠶᠠᠷᠤᠯᠲᠠ ᠶᠢᠨ ᠰᠢᠰᠲ᠋ᠧᠮᠵᠢ ᠎ ᠶᠢᠨ ᠭᠡᠷᠡᠴᠢᠯᠡᠭᠡ ᠬᠢᠬᠦ᠂ ᠪᠥᠳᠥᠭᠡᠭᠳᠡᠬᠦᠨ ᠤ ᠭᠡᠷᠡᠴᠢᠯᠡᠭᠡ ᠬᠢᠬᠦ᠂ ᠬᠢᠯᠢ ᠶᠢᠨ ᠭᠠᠳᠠᠨᠠᠬᠢ ᠲᠤᠰᠬᠠᠢ ᠠᠰᠢᠭ ᠭᠤᠶᠤᠴᠢᠯᠠᠬᠤ᠂ ᠬᠢᠯᠢ ᠶᠢᠨ ᠭᠠᠳᠠᠨ᠎ᠠ ᠵᠠᠷ ᠮᠡᠳᠡᠭᠡ ᠶᠢᠨ ᠤᠬᠠᠭᠤᠯᠭ᠎ᠠ ᠬᠢᠬᠦ ᠪᠠ ᠲᠠᠸᠠᠷ ᠤᠨ ᠲᠡᠮᠳᠡᠭ ᠢᠶᠠᠨ ᠳᠠᠩᠰᠠᠯᠠᠬᠤ᠂ ᠬᠢᠯᠢ ᠶᠢᠨ ᠭᠠᠳᠠᠨ᠎ᠠ ᠮᠡᠷᠭᠡᠵᠢᠯ ᠬᠤᠳᠠᠯᠳᠤᠨ ᠠᠪᠬᠤ ᠵᠡᠷᠭᠡ ᠶᠢ ᠦᠷᠨᠢᠭᠦᠯᠬᠦ ᠳᠤ ᠲᠡᠳᠬᠦᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠤᠯᠤᠰ ᠤᠨ ᠵᠣᠷᠢᠬᠵᠢᠭᠤᠯᠤᠨ ᠬᠦᠭᠵᠢᠭᠦᠯᠬᠦ ᠰᠣᠶᠣᠯ ᠤᠨ ᠲᠥᠷᠥᠯ ᠵᠦᠢᠯ ᠢ ᠡᠷᠬᠢᠯᠡᠨ ᠬᠢᠵᠦ᠂ ᠥᠪᠡᠷ ᠢᠶᠠᠨ ᠬᠡᠷᠡᠭᠯᠡᠬᠦ ᠪᠦᠭᠡᠳ ᠤᠯᠤᠰ ᠤᠨ ᠳᠣᠲᠣᠭᠠᠳᠤ ᠳᠤ ᠦᠢᠯᠡᠳᠪᠦᠷᠢᠯᠡᠵᠦ ᠲᠡᠶᠢᠯᠬᠦ ᠦᠭᠡᠢ ᠲᠥᠬᠦᠭᠡᠷᠦᠮᠵᠢ ᠶᠢ ᠭᠠᠳᠠᠭᠠᠳᠤ ᠠᠴᠠ ᠣᠷᠤᠭᠤᠯᠬᠤ᠂ ᠵᠢᠴᠢ ᠭᠡᠷ᠎ᠡ ᠶᠢᠨ ᠲᠣᠭᠲᠠᠭᠠᠯ ᠶᠣᠰᠤᠭᠠᠷ ᠲᠥᠬᠦᠭᠡᠷᠦᠮᠵᠢ ᠳᠤ ᠳᠠᠭᠠᠯᠳᠤᠭᠤᠯᠤᠨ ᠣᠷᠤᠭᠤᠯᠤᠭᠰᠠᠨ ᠮᠡᠷᠭᠡᠵᠢᠯ ᠵᠢᠴᠢ ᠲᠥᠬᠦᠷ ᠲᠣᠨᠤᠭ᠂ ᠪᠡᠯᠡᠳᠭᠡᠯ ᠲᠣᠨᠤᠭ ᠤᠳ ᠲᠤ ᠲᠥᠷᠥ ᠶᠢᠨ ᠪᠣᠳᠣᠯᠭ᠎ᠠ ᠶᠢᠨ ᠲᠣᠭᠲᠠᠭᠠᠭᠰᠠᠨ ᠬᠦᠷᠢᠶ᠎ᠡ ᠬᠡᠪᠴᠢᠶᠡᠨ ᠤ ᠳᠣᠲᠣᠷ᠎ᠠ ᠭᠠᠳᠠᠭᠠᠳᠤ ᠠᠴᠠ ᠣᠷᠤᠭᠤᠯᠬᠤ ᠪᠣᠭᠤᠮᠲᠠ ᠶᠢᠨ ᠭᠠᠶᠢᠯᠢ ᠲᠠᠲᠠᠪᠤᠷᠢᠯᠠᠬᠤ ᠦᠭᠡᠢ᠃ ᠣᠯᠠᠨ ᠤᠯᠤᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢᠨ ᠦᠷᠲᠡᠭ ᠨᠡᠮᠡᠭᠳᠡᠯ ᠤᠨ ᠭᠠᠶᠢᠯᠢ ᠶᠢᠨ ᠲᠡᠭ ᠭᠠᠶᠢᠯᠢ ᠶᠢᠨ ᠨᠣᠷᠮ᠎ᠠ ᠪᠠ ᠭᠠᠶᠢᠯᠢ ᠠᠴᠠ ᠬᠡᠯᠲᠦᠷᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠳᠡᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢᠨ ᠵᠢᠱᠢᠶ᠎ᠠ ᠦᠵᠡᠭᠦᠯᠬᠦ ᠬᠤᠲᠠ ᠶᠢᠨ ᠬᠦᠷᠢᠶ᠎ᠠ ᠬᠡᠪᠴᠢᠶᠡᠨ ᠳᠤ ᠣᠷᠤᠭᠰᠠᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ ᠬᠤᠲᠠ ᠨᠤᠭᠤᠳ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠡᠷᠬᠢᠯᠡᠵᠦ ᠪᠠᠶᠢᠭ᠎ᠠ ᠰᠣᠶᠣᠯ ᠤᠨ ᠠᠵᠤ ᠠᠬᠤᠶᠢᠯᠠᠯ ᠤᠳ ᠨᠢ ᠲᠡᠷᠢᠭᠦᠨ ᠤ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠨᠥᠬᠦᠴᠡᠯ ᠳᠤ ᠨᠡᠶᠢᠴᠡᠭᠰᠡᠨ ᠪᠣᠯ᠂ ᠲᠣᠭᠲᠠᠭᠠᠯ ᠶᠣᠰᠤᠭᠠᠷ ᠬᠠᠮᠢᠶ᠎ᠠ ᠪᠥᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠣᠷᠣᠨ ᠨᠣᠳᠤᠭ ᠤᠨ ᠭᠠᠶᠢᠯᠢ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠲᠣᠪᠴᠢᠶ᠎ᠠ ᠠᠴᠠ ᠬᠠᠷᠢᠭᠤᠴᠠᠨ᠎ᠠ︶      ︵ᠭᠤᠷᠪᠠ︶ ᠬᠢᠨᠠᠨ ᠵᠥᠪᠰᠢᠶᠡᠷᠡᠬᠦ ᠭᠠᠷᠳᠠᠮ ᠢ ᠲᠦᠬᠦᠮᠴᠢᠯᠡᠬᠦ ᠬᠡᠷᠡᠭᠲᠡᠢ᠃ ᠲᠥᠪ ᠤᠨ ᠪᠠ ᠮᠠᠨ ᠤ ᠣᠷᠣᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠭᠠᠷᠬᠤ ᠬᠠᠮᠢᠶᠠᠷᠤᠯᠲᠠ ᠶᠢᠨ ᠲᠤᠬᠠᠢ ᠲᠣᠭᠲᠠᠭᠠᠯ ᠢ ᠦᠨᠳᠦᠰᠦᠯᠡᠨ᠂ ᠰᠣᠶᠣᠯ ᠤᠨ ᠭᠠᠳᠠᠭᠠᠳᠤ ᠠᠷᠠᠯᠵᠢᠶ᠎ᠠ ᠶᠢ ᠡᠷᠬᠢᠯᠡᠵᠦ ᠪᠠᠶᠢᠭ᠎ᠠ ᠨᠠᠶᠢᠷᠠᠭᠤᠯᠤᠨ ᠵᠣᠬᠢᠶᠠᠬᠤ᠂ ᠲᠣᠭᠯᠠᠯᠲᠠ ᠭᠠᠷᠭᠠᠬᠤ ᠠᠵᠢᠯᠲᠠᠨ᠂ ᠡᠵᠡᠩᠨᠡᠨ ᠪᠣᠷᠤᠯᠠᠭᠤᠯᠬᠤ ᠬᠦᠮᠦᠰ ᠵᠡᠷᠭᠡ ᠶᠢᠨ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠭᠠᠷᠬᠤ ᠶᠢ ᠬᠢᠨᠠᠨ ᠵᠦᠪᠰᠢᠶᠡᠷᠡᠬᠦ ᠭᠠᠷᠳᠠᠮ ᠢ ᠲᠦᠬᠦᠮᠴᠢᠯᠡᠵᠦ᠂ ᠬᠢᠨᠠᠨ ᠵᠦᠪᠰᠢᠶᠡᠷᠡᠬᠦ ᠬᠤᠷᠳᠤᠴᠠ ᠪᠠᠨ ᠲᠦᠷᠭᠡᠳᠭᠡᠬᠦ ᠬᠡᠷᠡᠭᠲᠡᠢ᠃ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠭᠠᠳᠠᠭᠠᠳᠤ ᠬᠡᠯᠡᠨ ᠤ ᠬᠡᠪᠯᠡᠭᠳᠡᠬᠦᠨ ᠢ ᠦᠢᠯᠡᠳᠪᠦᠷᠢᠯᠡᠨ ᠪᠣᠷᠤᠯᠠᠭᠤᠯᠬᠤ ᠠᠷᠠᠳ ᠠᠴᠠ ᠡᠵᠡᠩᠨᠡᠭᠰᠡᠨ ᠰᠣᠶᠣᠯ ᠤᠨ ᠠᠵᠤ ᠠᠬᠤᠶᠢᠯᠠᠯ ᠤᠳ ᠲᠤ ᠵᠦᠪᠰᠢᠶᠡᠷᠡᠯ ᠢᠶᠠᠷ ᠳᠠᠮᠵᠢᠨ ᠲᠤᠰᠬᠠᠢ ᠵᠦᠢᠯ ᠤᠨ ᠬᠡᠪᠯᠡᠯ ᠤᠨ ᠡᠷᠬᠡ ᠣᠯᠭᠤᠵᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠲᠠᠶᠢᠸᠠᠨ ᠤ ᠠᠵᠢᠯ ᠤᠨ ᠠᠯᠪᠠᠨ ᠭᠡᠷ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠲᠤᠰ ᠲᠤᠰ ᠬᠠᠷᠢᠭᠤᠴᠠᠨ᠎ᠠ︶      ︵ᠲᠥᠷᠪᠡ︶ ᠪᠣᠭᠤᠮᠲᠠ ᠪᠠᠷ ᠥᠩᠭᠡᠷᠡᠬᠦ ᠶᠢ ᠳᠦᠭᠦᠮ ᠲᠦᠲᠡ ᠪᠣᠯᠭᠠᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠬᠡᠷᠡᠭᠲᠡᠢ᠃ ᠰᠣᠶᠣᠯ ᠤᠨ ᠪᠦᠳᠦᠭᠡᠭᠳᠡᠬᠦᠨ ᠪᠠ ᠦᠢᠯᠡᠴᠢᠯᠡᠭᠡᠨ ᠤ ᠭᠠᠳᠠᠭᠠᠳᠤ ᠭᠠᠷᠭᠠᠯᠳᠠ ᠶᠢᠨ ᠪᠣᠭᠤᠮᠲᠠ ᠪᠠᠷ ᠥᠩᠭᠡᠷᠡᠬᠦ ᠶᠢ ᠲᠦᠭᠦᠮᠴᠢᠯᠡᠬᠦ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠥᠲᠥᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠨᠣᠮ ᠪᠢᠴᠢᠭ᠂ ᠰᠣᠨᠢᠨ᠂ ᠰᠡᠳᠭᠦᠯ ᠵᠡᠷᠭᠡ ᠲᠥᠷᠥᠯ ᠵᠦᠢᠯ ᠢᠶᠠᠷ ᠣᠯᠠᠨ᠂ ᠬᠤᠭᠤᠴᠠᠭᠠᠲᠤ ᠴᠢᠨᠠᠷ ᠢᠶᠠᠷ ᠴᠢᠩᠭ᠎ᠠ᠂ ᠭᠠᠳᠠᠭᠠᠳᠤ ᠳᠤ ᠣᠯᠠᠨ ᠭᠠᠷᠭᠠᠬᠤ ᠰᠣᠶᠣᠯ ᠤᠨ ᠪᠦᠳᠦᠭᠡᠭᠳᠡᠬᠦᠨ ᠢ ᠪᠣᠯ ᠪᠣᠭᠤᠮᠲᠠ ᠪᠠᠷ ᠵᠥᠪᠰᠢᠶᠡᠷᠡᠭᠦᠯᠦᠭᠡᠳ ᠲᠦᠪᠯᠡᠷᠡᠭᠦᠯᠦᠨ ᠭᠤᠶᠤᠴᠢᠯᠠᠨ ᠮᠡᠳᠡᠭᠦᠯᠵᠦ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠰᠣᠶᠣᠯ ᠤᠨ ᠪᠦᠳᠦᠭᠡᠭᠳᠡᠬᠦᠨ ᠳᠤ 24 ᠴᠠᠭ ᠤᠨ ᠪᠣᠭᠤᠮᠲᠠ ᠪᠠᠷ ᠥᠩᠭᠡᠷᠡᠬᠦ ᠪᠣᠯᠵᠣᠯ ᠦᠢᠯᠡᠴᠢᠯᠡᠭᠡ ᠵᠡᠷᠭᠡ ᠲᠥᠭᠦᠮ ᠦᠵᠡᠭᠦᠯᠬᠦ ᠠᠷᠭ᠎ᠠ ᠬᠡᠮᠵᠢᠶ᠎ᠡ ᠬᠠᠩᠭᠠᠬᠤ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠨ ᠬᠢᠯᠢ ᠠᠴᠠ ᠭᠠᠷᠴᠤ ᠲᠣᠭᠯᠠᠯᠲᠠ ᠭᠠᠷᠭᠠᠬᠤ᠂ ᠦᠵᠡᠭᠦᠯᠦᠯᠭᠡ ᠬᠢᠬᠦ᠂ ᠺᠢᠨᠣ᠋ ᠲᠧᠯᠸᠢᠰ ᠤᠨ ᠫᠷᠦᠭᠷᠡᠮ ᠦᠢᠯᠡᠳᠬᠦ ᠪᠠ ᠰᠡᠭᠦᠯᠴᠢ ᠶᠢᠨ ᠬᠤᠭᠤᠴᠠᠭᠠᠨ ᠤ ᠦᠢᠯᠡᠳᠬᠦ ᠵᠡᠷᠭᠡ ᠬᠡᠷᠡᠭᠴᠡᠭᠡ ᠠᠴᠠ ᠲᠦᠷ ᠴᠠᠭ ᠬᠢᠯᠢ ᠪᠠᠷ ᠣᠷᠤᠭᠤᠯᠵᠤ ᠭᠠᠷᠭᠠᠬᠤ ᠡᠳ᠋ ᠪᠠᠷᠠᠭ᠎ᠠ ᠶᠢ ᠲᠣᠭᠲᠠᠭᠠᠯ ᠶᠣᠰᠤᠭᠠᠷ ᠲᠥᠷᠭᠡᠨ ᠰᠢᠯᠭᠠᠨ ᠪᠠᠶᠢᠴᠠᠭᠠᠵᠤ ᠶᠠᠪᠤᠭᠤᠯᠬᠤ ᠬᠡᠷᠡᠭᠲᠡᠢ᠃ ᠲᠦᠷ ᠴᠠᠭ ᠬᠢᠯᠢ ᠪᠠᠷ ᠭᠠᠷᠬᠤ ᠡᠳ᠋ ᠪᠠᠷᠠᠭ᠎ᠠ ᠳᠤ ᠭᠠᠶᠢᠯᠢ ᠠᠴᠠ ᠬᠡᠯᠳᠦᠷᠢᠭᠦᠯᠬᠦ ᠶᠢ ᠲᠦᠷ ᠵᠦᠪᠰᠢᠶᠡᠷᠡᠭᠰᠡᠨ ᠭᠠᠳᠠᠭᠠᠳᠤ ᠠᠴᠠ ᠣᠷᠤᠭᠤᠯᠬᠤ ᠬᠠᠭᠤᠳᠠᠰᠤᠳᠤ ᠬᠡᠷᠡᠴᠢᠯᠡᠭᠡ ᠶᠢᠨ ᠪᠢᠴᠢᠭ ︵ATA ᠬᠠᠭᠤᠳᠠᠰᠤᠳᠤ ᠬᠡᠷᠡᠴᠢᠯᠡᠭᠡ ᠶᠢᠨ ᠪᠢᠴᠢᠭ︶᠎ ᠢ ᠬᠡᠷᠡᠭᠯᠡᠵᠦ ᠪᠣᠭᠤᠮᠲᠠ ᠳᠤ ᠭᠤᠶᠤᠴᠢᠯᠠᠨ ᠮᠡᠳᠡᠭᠦᠯᠦᠭᠰᠡᠨ ᠪᠣᠯ ᠪᠣᠭᠤᠮᠲᠠ ᠳᠤ ᠪᠣᠰᠣᠳ ᠲᠠᠯ᠎ᠠ ᠶᠢᠨ ᠳᠠᠭᠠᠭᠠᠯᠲᠠ ᠬᠠᠩᠭᠠᠬᠤ ᠠᠴᠠ ᠬᠡᠯᠳᠦᠷᠢᠭᠦᠯᠬᠦ ᠬᠡᠷᠡᠭᠲᠡᠢ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠠᠴᠠ ᠬᠠᠷᠢᠭᠤᠴᠠᠨ᠎ᠠ︶      ︵ᠲᠠᠪᠤ︶ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢ ᠳᠦᠭᠦᠮ ᠲᠦᠲᠡ ᠪᠣᠯᠭᠠᠬᠤ ᠶᠢ ᠠᠬᠢᠭᠤᠯᠬᠤ ᠬᠡᠷᠡᠭᠲᠡᠢ᠃ ᠰᠣᠶᠣᠯ ᠤᠨ ᠠᠷᠠᠯᠵᠢᠶ᠎ᠠ ᠶᠢᠨ ᠪᠡᠯᠡ ᠣᠷᠤᠭᠤᠯᠤᠯᠲᠠ ᠳᠠᠬᠢ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢ ᠳᠥᠭᠦᠮ ᠲᠥᠲᠡ ᠪᠣᠯᠭᠠᠬᠤ ᠶᠢ ᠠᠬᠢᠭᠤᠯᠵᠤ᠂ ᠰᠣᠶᠣᠯ ᠤᠨ ᠭᠠᠳᠠᠭᠠᠳᠤ ᠳᠤ ᠭᠠᠷᠭᠠᠬᠤ ᠬᠢᠯᠢ ᠠᠯᠤᠰᠯᠠᠨ ᠥᠭᠴᠦ ᠠᠪᠬᠤ ᠪᠠ ᠭᠤᠪᠢᠭᠤᠯᠭ᠎ᠠ ᠶᠢᠨ ᠰᠠᠭᠠᠳ ᠦᠭᠡᠢ ᠪᠠᠶᠢᠬᠤ ᠶᠢ ᠦᠨᠡᠨᠬᠦ ᠪᠠᠳᠤᠯᠠᠵᠤ᠂ ᠰᠣᠶᠣᠯ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠪᠠ ᠬᠢᠯᠢ ᠠᠯᠤᠰᠯᠠᠭᠰᠠᠨ ᠪᠡᠯᠡ ᠣᠷᠤᠭᠤᠯᠤᠯᠲᠠ ᠳᠤ ᠬᠡᠷᠡᠭᠯᠡᠬᠦ ᠭᠤᠪᠢᠭᠤᠯᠭ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠭᠠᠳᠠᠭᠠᠳᠤ ᠳᠤ ᠭᠠᠷᠭᠠᠭᠰᠠᠨ ᠣᠷᠣᠯᠭ᠎ᠠ ᠪᠠᠨ ᠬᠢᠯᠢ ᠶᠢᠨ ᠭᠠᠳᠠᠨ᠎ᠠ ᠬᠠᠳᠠᠭᠠᠯᠠᠨ ᠲᠠᠯᠪᠢᠬᠤ ᠵᠡᠷᠭᠡ ᠠᠷᠭ᠎ᠠ ᠮᠠᠶ᠋ᠢᠭ ᠢ ᠠᠪᠴᠤ ᠭᠠᠳᠠᠭᠠᠳᠤ ᠭᠤᠪᠢᠭᠤᠯᠭ᠎ᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠥᠳᠥᠮᠵᠢ ᠪᠠᠨ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠢ᠃ ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠳ᠋ᠦᠩᠨᠡᠨ ᠪᠣᠳᠣᠬᠤ ᠲᠤᠬᠠᠶᠢᠯᠠᠭᠰᠠᠨ ᠠᠵᠢᠯ ᠤᠨ ᠶᠠᠪᠤᠴᠠ ᠶᠢ ᠲᠦᠬᠦᠮᠴᠢᠯᠡᠵᠦ᠂ ᠳ᠋ᠦᠩᠨᠡᠨ ᠪᠣᠳᠣᠬᠤ ᠳᠤ ᠳᠥᠭᠦᠮ ᠦᠵᠡᠭᠦᠯᠵᠤ᠂ ᠭᠤᠪᠢᠭᠤᠯᠤᠮᠵᠢ ᠶᠢᠨ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠢ᠃ ᠬᠢᠯᠢ ᠶᠢᠨ ᠳᠣᠲᠤᠷᠠᠬᠢ ᠮᠥᠩᠭᠦᠨ ᠭᠥᠢᠯᠭᠡᠭᠡᠨ ᠤ ᠪᠠᠶᠢᠭᠤᠯᠤᠮᠵᠢ ᠨᠤᠭᠤᠳ ᠬᠢᠯᠢ ᠶᠢᠨ ᠭᠠᠳᠠᠨᠠᠬᠢ ᠲᠦᠷᠦᠯ ᠵᠦᠢᠯ ᠤᠨ ᠠᠷᠠᠳ ᠤᠨ ᠵᠣᠭᠤᠰ ᠤᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠬᠵᠢᠭᠤᠯᠵᠤ᠂ ᠨᠥᠬᠦᠴᠡᠯ ᠳᠤ ᠵᠣᠬᠢᠴᠠᠭᠰᠠᠨ ᠰᠣᠶᠣᠯ ᠤᠨ ᠠᠵᠤ ᠠᠬᠤᠶᠢᠯᠠᠯ ᠤᠳ ᠬᠢᠯᠢ ᠶᠢᠨ ᠭᠠᠳᠠᠨ᠎ᠠ ᠪᠡᠯᠡ ᠣᠷᠤᠭᠤᠯᠬᠤ ᠠᠵᠢᠯ ᠢ ᠡᠷᠬᠢᠯᠡᠨ ᠬᠢᠬᠦ ᠪᠠ ᠬᠢᠯᠢ ᠶᠢᠨ ᠭᠠᠳᠠᠨ᠎ᠠ ᠵᠣᠭᠤᠰ ᠵᠢᠭᠡᠯᠡᠭᠦᠯᠬᠦ ᠲᠤᠬᠠᠶᠢᠯᠠᠭᠰᠠᠨ ᠠᠵᠢᠯ ᠦᠷᠨᠢᠭᠦᠯᠬᠦ ᠶᠢ ᠳᠡᠮᠵᠢᠬᠦ ᠬᠡᠷᠡᠭᠲᠡᠢ᠃ ︵ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶      ︵ᠵᠢᠷᠭᠤᠭ᠎ᠠ︶ ᠢᠲᠡᠭᠡᠮᠵᠢ ᠶᠢᠨ ᠳᠠᠭᠠᠭᠠᠯᠲᠠᠳᠤ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠲᠥᠷᠥᠯ ᠵᠦᠢᠯ ᠪᠠ ᠲᠤᠬᠠᠶᠢᠯᠠᠭᠰᠠᠨ ᠠᠵᠢᠯ ᠳᠤ ᠰᠢᠨ᠎ᠡ ᠶᠢ ᠡᠭᠦᠳᠴᠦ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠳᠠᠭᠠᠳᠬᠠᠯ᠂ ᠤᠷᠠᠨ ᠲᠣᠭᠯᠠᠯᠲᠠ᠂ ᠦᠵᠡᠭᠦᠯᠦᠯᠭᠡ᠂ ᠺᠠᠷᠲ᠋ᠤᠨ ᠵᠢᠷᠤᠭ ᠤᠨ ᠲᠣᠭᠯᠠᠭᠠᠮ᠂ ᠬᠡᠪᠯᠡᠭᠳᠡᠬᠦᠨ ᠤ ᠳᠠᠷᠤᠮᠠᠯᠯᠠᠵᠤ ᠳᠠᠬᠢᠨ ᠪᠠᠭᠤᠯᠭᠠᠨ ᠲᠠᠷᠬᠠᠭᠠᠬᠤ ᠪᠠ ᠷᠠᠳᠢᠣ᠋ ᠺᠢᠨᠣ᠋ ᠲᠧᠯᠸᠢᠰ ᠤᠨ ᠪᠦᠳᠦᠭᠡᠭᠳᠡᠬᠦᠨ ᠤ ᠪᠡᠶᠡᠯᠡᠭᠦᠯᠦᠭᠰᠡᠨ ᠳᠠᠭᠠᠳᠬᠠᠯ ᠪᠠ ᠬᠤᠬᠢᠷᠠᠯ ᠤᠨ ᠳᠠᠭᠠᠳᠬᠠᠯ᠂ ᠪᠥᠯᠬᠦᠮ ᠤᠨ ᠰᠠᠨᠠᠭᠠᠨ ᠳᠤ ᠦᠭᠡᠢ ᠰᠢᠷᠬᠠᠳᠤᠯ ᠤᠨ ᠳᠠᠭᠠᠳᠬᠠᠯ᠂ ᠣᠨᠴᠠ ᠲᠣᠭᠲᠠᠭᠰᠠᠨ ᠲᠣᠭᠯᠠᠭᠴᠢᠳ ᠤᠨ ᠬᠦᠮᠦᠨ ᠤ ᠪᠡᠶ᠎ᠡ ᠮᠠᠬᠠᠪᠣᠳ ᠤᠨ ᠰᠠᠨᠠᠭᠠᠨ ᠳᠤ ᠦᠭᠡᠢ ᠰᠢᠷᠬᠠᠳᠤᠯ ᠤᠨ ᠳᠠᠭᠠᠳᠬᠠᠯ ᠵᠡᠷᠭᠡ ᠰᠢᠨ᠎ᠡ ᠮᠠᠶ᠋ᠢᠭ ᠤᠨ ᠳᠠᠭᠠᠳᠬᠠᠯ ᠤᠨ ᠲᠥᠷᠥᠯ ᠪᠣᠯᠣᠨ ᠲᠤᠬᠠᠶᠢᠯᠠᠭᠰᠠᠨ ᠠᠵᠢᠯ ᠤᠳ ᠢ ᠡᠷᠬᠢᠯᠡᠨ ᠬᠢᠬᠦ ᠶᠢ ᠵᠣᠷᠢᠬᠵᠢᠭᠤᠯᠵᠤ᠂ ᠰᠣᠶᠣᠯ ᠤᠨ ᠠᠵᠤ ᠠᠬᠤᠶᠢᠯᠠᠯ ᠪᠠ ᠲᠥᠷᠥᠯ ᠵᠦᠢᠯ ᠳᠤ ᠭᠠᠳᠠᠭᠠᠳᠤ ᠭᠠᠷᠭᠠᠯᠳᠠ ᠶᠢᠨ ᠢᠳᠡᠬᠡᠮᠵᠢᠳᠤ ᠳᠠᠭᠠᠳᠬᠠᠯ ᠤᠨ ᠦᠢᠯᠡᠴᠢᠯᠡᠭᠡ᠂ ᠳᠠᠭᠠᠳᠬᠠᠯ ᠤᠨ ᠬᠠᠭᠤᠳᠠᠰᠤ ᠶᠢᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠵᠡᠷᠭᠡ ᠶᠢ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠳᠤ ᠭᠠᠷᠭᠠᠬᠤ ᠢᠲᠡᠭᠡᠮᠵᠢᠲᠦ ᠳᠠᠭᠠᠳᠬᠠᠯ ᠤᠨ ᠥᠪᠥᠷ ᠮᠣᠩᠭᠤᠯ ᠤᠨ ᠲᠤᠰᠬᠠᠢ ᠠᠵᠢᠯ ᠤᠨ ᠠᠯᠪᠠᠨ ᠭᠡᠷ ᠠᠴᠠ ᠬᠠᠷᠢᠭᠤᠴᠠᠨ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map