ᠴᠠᠭ ᠲᠣᠬᠢᠶᠠᠯ ᠢ ᠠᠮᠵᠢᠨ  ᠰᠠᠨᠠᠭᠠᠴᠢᠯᠠᠭ᠎ᠠ ᠠᠴᠠ ᠪᠠᠨ ᠠᠵᠢᠯᠯᠠᠵᠤ  ᠥᠪᠥᠷ ᠮᠣᠩᠭᠤᠯ ᠤᠨ ᠬᠦᠭᠵᠢᠨ ᠮᠠᠨᠳᠤᠭᠰᠠᠨ ᠰᠢᠨ᠎ᠡ ᠪᠠᠶᠢᠳᠠᠯ ᠢ ᠲᠠᠰᠣᠷᠠᠯᠲᠠ ᠣᠢᠭᠡᠢ ᠪᠤᠢ ᠪᠣᠯᠭᠠᠶ᠎ᠠ
ᠨᠡᠶᠢᠲᠡᠯᠡᠭᠰᠡᠨ ᠴᠠᠭ᠄
2016/8/29
     ᠰᠤᠷᠪᠤᠯᠵᠢᠯᠠᠭᠰᠠᠨ ᠴᠠᠭ᠄      2016 ᠣᠨ ᠤ 8 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ  ᠸᠧᠨ ᠮᠢᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠢ ︽ᠳᠤᠮᠳᠠᠳᠤ ᠤᠯᠤᠰ   ᠥᠪᠥᠷ ᠮᠣᠩᠭᠤᠯ︾ ᠰᠦᠯᠵᠢᠶ᠎ᠡ ᠳᠤ ᠤᠷᠢᠵᠤ᠂ ︽ᠴᠠᠭ ᠲᠣᠬᠢᠶᠠᠯ ᠢ ᠠᠮᠵᠢᠨ   ᠰᠠᠨᠠᠭᠠᠴᠢᠯᠠᠭ᠎ᠠ ᠠᠴᠠ ᠪᠠᠨ ᠠᠵᠢᠯᠯᠠᠵᠤ   ᠥᠪᠥᠷ ᠮᠣᠩᠭᠤᠯ ᠤᠨ ᠬᠦᠭᠵᠢᠨ ᠮᠠᠨᠳᠤᠭᠰᠠᠨ ᠰᠢᠨ᠎ᠡ ᠪᠠᠶᠢᠳᠠᠯ ᠢ ᠲᠠᠰᠣᠷᠠᠯᠲᠠ ᠣᠢᠭᠡᠢ ᠪᠤᠢ ᠪᠣᠯᠭᠠᠶ᠎ᠠ︾ ᠭᠡᠰᠡᠨ ᠭᠤᠣᠯ ᠰᠡᠳᠦᠪ ᠢᠶᠠᠷ ᠰᠦᠯᠵᠢᠶᠡᠨ ᠤ ᠠᠨᠳᠠ ᠨᠠᠷ ᠎ ᠲᠠᠢ ᠶᠠᠷᠢᠯᠴᠠᠭᠤᠯᠬᠤ ᠪᠠᠷ ᠪᠣᠯᠪᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠮᠢᠨᠢ ᠢᠳᠡᠪᠬᠢᠲᠡᠶ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕                     ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ       ᠬᠥᠲᠥᠯᠥᠭᠴᠢ᠄      ᠦᠷᠭᠡᠨ ᠤᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠲᠠᠨ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ   ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠪᠣᠯᠤᠨ᠎ᠠ᠃ ᠸᠧᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠸᠧᠨ ᠮᠢᠨ᠄      ᠬᠥᠲᠥᠯᠥᠭᠴᠢ ᠰᠠᠶᠢᠨ ᠦᠦ᠂ ᠰᠦᠯᠵᠢᠶᠡᠨ ᠤ ᠨᠠᠶᠢᠵᠠ ᠨᠠᠷ ᠲᠠ ᠪᠦᠭᠦᠨ ᠰᠠᠶᠢᠨ ᠪᠠᠶᠢᠵᠠᠭᠠᠨᠠᠤ︕      ᠬᠥᠲᠥᠯᠥᠭᠴᠢ᠄      ᠸᠧᠨ ᠡᠷᠬᠢᠯᠡᠭᠴᠢ ᠡ᠂ ᠣᠶᠢᠷ᠎ᠠ ᠳᠤ᠂ ︽ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾᠎ ᠢ ᠢᠯᠡ ᠪᠠᠷ ᠨᠡᠶᠢᠲᠡᠯᠡᠨ ᠬᠡᠷᠡᠭᠵᠢᠭᠦᠯᠪᠡ᠃ ᠲᠡᠭᠡᠪᠡᠯ᠂ ︽ᠰᠠᠨᠠᠯ ᠤᠳ︾᠎ ᠢ ᠶᠠᠮᠠᠷ ᠠᠬᠤᠢ ᠪᠠᠶᠢᠳᠠᠯ ᠳᠣᠣᠷ᠎ᠠ ᠨᠡᠶᠢᠲᠡᠯᠡᠨ ᠬᠡᠷᠡᠭᠵᠢᠭᠦᠯᠦᠭᠰᠡᠨ ᠪᠤᠢ︖      ᠸᠧᠨ ᠮᠢᠨ᠄      2003 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠭᠠᠷᠭᠠᠪᠠ᠃ 2007 ᠣᠨ ᠤ 8 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠬᠥᠯᠥᠨ ᠪᠤᠶᠢᠷ᠂ ᠬᠢᠩᠭᠠᠨ᠂ ᠲᠦᠩᠯᠢᠶᠣᠤ᠂ ᠤᠯᠠᠭᠠᠨᠬᠠᠳᠠ᠂ ᠰᠢᠯᠢ ᠶᠢᠨ ᠭᠤᠣᠯ ᠵᠡᠷᠭᠡ ᠲᠠᠪᠤᠨ ᠠᠶᠢᠮᠠᠭ ᠬᠤᠲᠠ ᠶᠢ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠬᠦ ᠬᠡᠪᠴᠢᠶᠡᠨ ᠳᠤ ᠵᠢᠩᠬᠢᠨᠢ ᠪᠠᠷ ᠣᠷᠤᠭᠤᠯᠪᠠ᠃      ᠤᠯᠤᠰ ᠠᠴᠠ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠭᠦᠯᠦᠰᠡᠨ ᠠᠴᠠ ᠨᠠᠰᠢ᠂ ᠤᠯᠤᠰ ᠪᠣᠯᠤᠨ ᠣᠷᠣᠨ ᠨᠤᠲᠤᠭ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠠ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ᠂ ᠠᠮᠢ ᠠᠬᠤᠶ ᠶᠢᠨ ᠪᠦᠳᠦᠬᠡᠨ ᠪᠠᠶᠢᠭᠤᠯᠤᠯᠲᠠ ᠵᠡᠷᠭᠡ ᠲᠠᠯ᠎ᠠ ᠪᠠᠷ ᠢᠳᠡᠪᠬᠢᠲᠡᠶ ᠠᠬᠢᠯᠳᠠ ᠲᠠᠢ ᠪᠣᠯᠤᠭᠰᠠᠨ ᠪᠠᠶᠢᠨ᠎ᠠ᠃      2014 ᠣᠨ ᠠᠴᠠ ᠨᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠣᠷᠴᠢᠨ ᠲᠣᠭᠤᠷᠢᠨ ᠪᠣᠯᠤᠨ ᠲᠤᠰ ᠪᠡᠶ᠎ᠡ ᠶᠢᠨ ᠪᠠᠶᠢᠭᠤᠯᠤᠯ ᠲᠣᠭᠲᠠᠴᠠ᠂ ᠠᠵᠤ ᠦᠢᠯᠡᠰ ᠤᠨ ᠪᠦᠲᠦᠴᠡ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠵᠡᠭᠦᠨ ᠬᠤᠶᠢᠲᠤ ᠣᠷᠣᠨ ᠤ ᠠᠵᠤ ᠠᠬᠤᠶ ᠶᠢᠨ ᠬᠥᠭᠵᠢᠯᠲᠡ ᠳᠤ ᠨᠡᠯᠢᠶᠡᠳ ᠶᠡᠭᠡ ᠬᠦᠴᠢᠷᠳᠡᠯ ᠪᠣᠯᠤᠨ ᠥᠷᠢᠰᠥᠯᠳᠦᠭᠡᠨ ᠲᠤᠯᠭᠠᠷᠠᠵᠤ᠂ ᠭᠤᠣᠯ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠢᠯᠡᠳᠲᠡ ᠪᠠᠭᠤᠷᠠᠵᠠᠶ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠠᠰᠠᠭᠤᠳᠠᠯ᠂ ᠰᠢᠨ᠎ᠡ ᠬᠦᠴᠢᠷᠳᠡᠯ᠂ ᠰᠢᠨ᠎ᠡ ᠦᠷᠢᠰᠦᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ᠂ ᠳᠡᠳ᠋ ᠶᠡᠷᠦᠩᠬᠡᠶ ᠰᠠᠶᠢᠳ  ᠵᠠᠩ ᠭᠤᠣ ᠯᠢ ᠵᠡᠷᠭᠡ ᠲᠥᠪ ᠤᠨ ᠤᠳᠤᠷᠢᠳᠬᠤ ᠨᠥᠬᠦᠳ ᠤᠯᠠᠨ ᠤᠳᠠᠭ᠎ᠠ ᠬᠤᠷᠠᠯ ᠬᠤᠷᠠᠯᠳᠤᠭᠤᠯᠤᠭᠰᠠᠨ ᠪᠥᠭᠡᠳ ᠴᠢᠬᠤᠯᠠ ᠴᠣᠬᠤᠯᠠᠪᠤᠷᠢ ᠵᠢᠭᠠᠪᠤᠷᠢ ᠥᠭᠭᠦᠭᠰᠡᠨ ᠪᠠ ᠴᠢᠬᠤᠯᠠ ᠶᠠᠷᠢᠶ᠎ᠠ ᠲᠠᠯᠪᠢᠪᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ︽ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾᠎ ᠢ ᠠᠯᠪᠠᠨ ᠶᠣᠰᠣᠭᠠᠷ ᠢᠯᠡ ᠨᠡᠶᠢᠲᠡᠯᠡᠪᠡ᠃ ︽ᠰᠠᠨᠠᠯ ᠤᠳ︾᠎ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭᠠᠬᠢ ︽ᠭᠤᠷᠪᠠᠨ ᠶᠡᠭᠡ ᠪᠠᠶᠢᠯᠳᠤᠬᠤ ᠪᠤᠳᠤᠯᠭ᠎ᠠ︾᠎ ᠶᠢ ᠭᠠᠷᠭᠠᠪᠠᠯ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠣᠷᠣᠨ ᠪᠦᠰᠡ ᠶᠢᠨ ᠬᠥᠭᠵᠢᠯᠲᠡ ᠳᠤ ᠬᠤᠯᠪᠤᠭᠳᠠᠭᠰᠠᠨ ᠠᠩᠬᠠᠳᠠᠭᠴᠢ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠪᠣᠯᠤᠨ᠎ᠠ᠃ ︽ᠰᠠᠨᠠᠯ ᠤᠳ︾᠎ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠢ ᠵᠠᠰᠠᠵᠤ ᠵᠠᠰᠠᠭ ᠤᠨ ᠶᠠᠪᠤᠳᠠᠯ ᠢ ᠡᠷᠬᠢᠯᠡᠬᠦ ᠰᠢᠨ᠎ᠡ ᠣᠨᠤᠯᠵᠢᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠠᠯᠠᠭᠤᠯᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠶᠡᠷᠦᠩᠬᠡᠶ ᠰᠡᠳᠬᠢᠴᠡ᠂ ᠬᠥᠭᠵᠢᠯᠲᠡ ᠶᠢᠨ ᠬᠠᠷᠠᠯᠲᠠ᠂ ᠭᠤᠣᠯ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠳᠤᠷᠬᠠᠶᠢᠯᠠᠭᠰᠠᠨ ᠪᠣᠯᠬᠤᠷ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠣᠣᠷ᠎ᠠ ᠵᠡᠭᠦᠨ ᠬᠤᠶᠢᠲᠤ ᠣᠷᠣᠨ ᠤ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠲᠡᠷᠡ ᠨᠢ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃      ᠬᠥᠲᠥᠯᠥᠭᠴᠢ᠄      ︽ᠰᠠᠨᠠᠯ ᠤᠳ︾ ᠪᠣᠯ ᠰᠢᠨ᠎ᠡ ᠬᠡᠪ ᠤᠨ ᠪᠠᠶᠢᠳᠠᠯ ᠳᠤᠤᠷ᠎ᠠ ᠵᠡᠭᠦᠨ ᠬᠤᠶᠢᠲᠤ ᠤᠷᠤᠨ ᠢ ᠬᠦᠭᠵᠢᠭᠦᠯᠦᠨ ᠮᠠᠨᠳᠤᠭᠤᠯᠬᠤ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠦᠨ᠃ ᠲᠡᠭᠡᠪᠡᠯ ︽ᠰᠠᠨᠠᠯ ᠤᠳ ︾᠎ ᠨᠢ ᠳᠠᠷᠠᠭᠠᠴᠢ ᠶᠢᠨ ᠠᠯᠬᠤᠮ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠶᠠᠮᠠᠷ ᠬᠠᠷᠠᠯᠲᠠ ᠪᠠ ᠡᠭᠦᠷᠭᠡ ᠶᠢ ᠲᠤᠳᠤᠷᠬᠠᠶᠢᠯᠠᠭᠰᠠᠨ ᠪᠤᠢ︖      ᠸᠧᠡ ᠮᠢᠨ᠄      ︽ᠰᠠᠨᠠᠯ ᠤᠳ︾᠎ ᠲᠤ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠬᠤᠶᠠᠷ ᠱᠠᠲᠤ ᠦᠶ᠎ᠡ ᠶᠢᠨ ᠬᠠᠷᠠᠯᠲᠠ ᠶᠢ ᠲᠤᠳᠤᠷᠬᠠᠶᠢᠯᠠᠵᠡᠢ᠃ 2020 ᠣᠨ ᠪᠤᠯᠬᠤ ᠳᠤ᠂ ᠵᠡᠭᠦᠨ ᠬᠤᠶᠢᠲᠤ ᠣᠷᠣᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠪᠠ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠠᠯ᠎ᠠ ᠪᠠᠷ ᠴᠢᠬᠤᠯᠠ ᠶᠡᠭᠡ ᠠᠬᠢᠴᠠ ᠲᠠᠢ ᠪᠤᠯᠵᠤ᠂ ᠠᠵᠤ ᠦᠢᠯᠡᠰ ᠨᠢ ᠳᠤᠮᠳᠠ ᠳᠡᠭᠡᠳᠦ ᠳᠡᠰ ᠵᠦᠭ ᠳᠠᠪᠰᠢᠵᠤ᠂ ︽ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠤᠳᠤᠬᠢᠵᠢᠯᠠᠯᠲᠠ︾ ᠵᠤᠬᠢᠴᠠᠯᠳᠤᠨ ᠬᠦᠭᠵᠢᠭᠰᠡᠨ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠠᠷᠠᠳ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠶᠢ ᠨᠡᠶᠢᠳᠡᠮ ᠳᠡᠭᠡᠭᠰᠢᠯᠡᠭᠦᠯᠦᠨ᠂ ᠡᠬᠢ ᠪᠠᠶᠠᠯᠢᠭ ᠬᠤᠮᠤᠰᠳᠠᠭᠰᠠᠨ᠂ ᠠᠵᠤ ᠦᠢᠯᠡᠰ ᠪᠠᠭᠤᠷᠠᠭᠰᠠᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠤᠯᠵᠤ᠂ ᠪᠦᠬᠦ ᠤᠯᠤᠰ ᠲᠠᠢ ᠴᠤᠭᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃ ᠳᠠᠬᠢᠭᠠᠳ ᠠᠷᠪᠠᠨ ᠵᠢᠯ ᠣᠷᠴᠢᠮ ᠤᠨ ᠴᠠᠭ ᠬᠡᠷᠡᠭᠯᠡᠨ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠶᠢᠨ ᠬᠥᠭᠵᠢᠯ ᠮᠠᠨᠳᠤᠯ ᠢ ᠪᠡᠶᠡᠯᠡᠭᠦᠯᠵᠦ᠂ ᠪᠦᠬᠦ ᠤᠯᠤᠰ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠶᠢᠨ ᠡᠮᠦᠨ᠎ᠡ ᠡᠩᠨᠡᠭᠡᠨ ᠳᠤ ᠣᠷᠣᠵᠤ᠂ ᠪᠦᠬᠦ ᠤᠯᠤᠰ ᠤᠨ ᠴᠢᠬᠤᠯᠠ ᠠᠵᠤ ᠠᠬᠤᠶ ᠶᠢᠨ ᠲᠤᠯᠭᠠᠭᠤᠷᠢᠯᠠᠬᠤ ᠪᠦᠰᠡ ᠪᠤᠯᠵᠤ᠂ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ ᠲᠠᠢ ᠲᠡᠷᠢᠭᠦᠨ ᠤ ᠲᠣᠨᠣᠭᠯᠠᠯ ᠦᠢᠯᠡᠳᠬᠦ ᠦᠢᠯᠡᠰ ᠤᠨ ᠰᠠᠭᠤᠷᠢᠨ ᠭᠠᠵᠠᠷ ᠪᠣᠯᠤᠨ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ ᠪᠠᠶᠢᠯᠳᠤᠬᠤ ᠪᠤᠳᠤᠯᠭ᠎ᠠ ᠶᠢᠨ ᠰᠠᠭᠤᠷᠢᠨ ᠭᠠᠵᠠᠷ᠂ ᠤᠯᠤᠰ ᠤᠨ ᠰᠢᠨ᠎ᠡ ᠬᠡᠯᠪᠡᠷᠢ ᠶᠢᠨ ᠲᠦᠭᠦᠬᠡᠶ ᠡᠳ᠋ ᠮᠠᠲ᠋ᠧᠷᠢᠶᠠᠯ ᠤᠨ ᠰᠠᠭᠤᠷᠢᠨ ᠭᠠᠵᠠᠷ᠂ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠴᠢᠬᠤᠯᠠ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠰᠤᠳᠤᠯᠤᠨ ᠬᠦᠭᠵᠢᠭᠦᠯᠬᠦ ᠰᠠᠭᠤᠷᠢᠨ ᠭᠠᠵᠠᠷ ᠲᠠᠢ ᠪᠤᠯᠭᠠᠨ᠎ᠠ᠂ ᠪᠠᠭᠴᠠᠭᠠᠯᠠᠳ ᠬᠡᠯᠡᠪᠡᠯ ︽ᠲᠠᠪᠤᠨ ᠰᠠᠭᠤᠷᠢᠨ ᠭᠠᠵᠠᠷ ᠨᠢᠭᠡ ᠲᠤᠯᠭᠠᠭᠤᠷᠢ ᠪᠦᠰᠡ︾᠎ ᠲᠠᠢ ᠪᠤᠯᠭᠠᠨ᠎ᠠ᠃      ︽ᠰᠠᠨᠠᠯ ᠤᠳ︾᠎ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ ᠤᠷᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠵᠡᠭᠦᠨ ᠬᠤᠶᠢᠲᠤ ᠣᠷᠣᠨ ᠤ ᠬᠥᠭᠵᠢᠯᠲᠡ ᠶᠢᠨ ᠪᠣᠳᠠᠲᠠᠶ ᠪᠠᠶᠢᠳᠠᠯ ᠎ ᠲᠠᠢ ᠤᠶᠠᠯᠳᠤᠭᠤᠯᠤᠨ᠂ ᠪᠠᠶᠢᠭᠤᠯᠤᠯ ᠤᠨ ᠲᠣᠭᠲᠠᠴᠠ ᠶᠢ ᠬᠦᠴᠦᠯᠡᠨ ᠪᠦᠷᠢᠨᠰᠢᠭᠦᠯᠬᠦ᠂ ᠪᠦᠲᠦᠴᠡ ᠶᠢᠨ ᠲᠤᠬᠢᠷᠠᠭᠤᠯᠤᠯᠲᠠ ᠶᠢ ᠬᠦᠴᠦᠯᠡᠨ ᠠᠬᠢᠭᠤᠯᠬᠤ᠂ ᠰᠢᠨ᠎ᠡ ᠶᠢ  ᠡᠭᠦᠳᠴᠦ ᠠᠳᠠᠯ ᠦᠢᠯᠡᠰ ᠴᠤᠭᠴᠠᠯᠠᠬᠤ ᠶᠢ ᠬᠦᠴᠦᠯᠡᠨ ᠵᠤᠷᠢᠭᠵᠢᠭᠤᠯᠬᠤ᠂ ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠬᠤ ᠲᠤᠭᠤᠷᠢᠨ ᠎ ᠳᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠲᠦᠷᠭᠡᠳᠬᠡᠬᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠂ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠶᠡᠬᠡᠪᠡᠷ ᠳᠡᠮᠵᠢᠬᠦ᠂ ᠭᠤᠣᠯᠳᠠᠯᠭ᠎ᠠ ᠲᠠᠢ ᠲᠤᠰᠬᠠᠶ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠤᠷᠤᠯᠴᠠᠬᠤ᠂ ᠪᠡᠭᠡᠵᠢᠩ ᠲᠢᠶᠠᠨᠵᠢᠨ ᠡᠾᠧᠪᠸᠢ ᠵᠡᠷᠭᠡ ᠠᠵᠤ ᠠᠬᠤᠶ ᠶᠢᠨ ᠣᠷᠣᠨ ᠤ ᠣᠷᠣᠨ ᠪᠦᠰᠡ ᠲᠠᠢ ᠵᠤᠯᠭᠠᠯᠳᠤᠬᠤ ᠤᠷᠤᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠤᠶ ᠪᠤᠯᠭᠠᠬᠤ᠂ ᠲᠣᠨᠣᠭᠯᠠᠯ ᠦᠢᠯᠡᠳᠬᠦ ᠵᠡᠷᠭᠡ ᠳᠠᠪᠠᠭᠤᠯᠢᠭ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠤᠶᠢᠵᠢᠭᠤᠯᠬᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠤᠳᠤ ᠦᠢᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠬᠦ᠂ ᠣᠳᠣᠬᠢᠴᠢᠯᠠᠭᠰᠠᠨ ᠲᠤᠮᠤ ᠬᠥᠳᠡᠭᠡ ᠠᠵᠤ ᠠᠬᠤᠶ ᠶᠢ ᠲᠦᠷᠭᠡᠪᠴᠢᠯᠡᠨ ᠬᠦᠭᠵᠢᠭᠦᠯᠬᠦ᠂ ᠰᠠᠭᠤᠷᠢ ᠪᠡᠯᠡᠳᠬᠡᠮᠵᠢ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠦᠷᠢᠨᠰᠢᠭᠦᠯᠬᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠪᠠᠶᠢᠭᠤᠯᠤᠮᠵᠢ ᠨᠢ ᠣᠷᠣᠨ ᠪᠦᠰᠡ ᠶᠢᠨ ᠬᠥᠭᠵᠢᠯᠲᠡ ᠲᠠᠢ ᠨᠢᠭᠲᠠ ᠤᠶᠠᠯᠳᠤᠬᠤ ᠶᠢ ᠠᠬᠢᠭᠤᠯᠬᠤ᠂ ᠴᠢᠳᠠᠪᠤᠷᠢᠲᠠᠨ ᠢ ᠬᠥᠮᠦᠵᠢᠭᠦᠯᠬᠦ ᠪᠠ ᠤᠶᠤᠨ ᠤ ᠬᠦᠴᠦ ᠤᠷᠤᠭᠤᠯᠬᠤ ᠡᠷᠴᠢᠮ ᠢ ᠴᠢᠩᠭᠠᠳᠬᠠᠬᠤ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ᠂ ᠳᠥᠭᠦᠮ ᠪᠦᠲᠦᠴᠡᠲᠦ ᠣᠷᠣᠨ ᠰᠠᠭᠤᠴᠠᠳᠤ ᠲᠤᠭᠤᠷᠢᠭ᠂ ᠲᠤᠰᠠᠭᠠᠷ ᠦᠢᠯᠡᠳᠪᠦᠷᠢ ᠠᠭᠤᠷᠬᠠᠶ ᠶᠢᠨ ᠣᠷᠣᠨ ᠢ ᠥᠭᠡᠷᠡᠴᠢᠯᠡᠨ ᠪᠠᠶᠢᠭᠤᠯᠬᠤ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠦᠬᠦ ᠲᠠᠯ᠎ᠠ ᠪᠠᠷ ᠬᠡᠷᠡᠭᠵᠢᠭᠦᠯᠬᠦ᠂ ᠬᠤᠲᠠ ᠶᠢ ᠰᠢᠨᠡᠴᠢᠯᠡᠨ ᠦᠭᠡᠷᠡᠴᠢᠯᠡᠨ ᠪᠠᠶᠢᠭᠤᠯᠬᠤ ᠪᠠ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠬᠤ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ᠂ ᠤᠮᠠᠷᠠᠲᠤ ᠶᠢᠨ ᠠᠮᠢ ᠠᠬᠤᠶ ᠶᠢᠨ ᠬᠠᠯᠬᠠᠪᠴᠢ ᠪᠠ ᠬᠥᠬᠡᠮᠳᠦᠭk ᠠᠭᠤᠯᠠ ᠬᠦᠬᠡᠷᠡᠬᠦ ᠤᠰᠤ ᠲᠠᠢ ᠤᠷᠤᠰᠢᠨ ᠰᠠᠭᠤᠬᠤ ᠳᠤ ᠲᠤᠬᠢᠷᠠᠮᠵᠢᠲᠠᠢ ᠭᠡᠷ ᠤᠷᠤᠨ ᠢ ᠪᠠᠶᠢᠭᠤᠯᠬᠤ ᠵᠡᠷᠭᠡ ᠨᠡᠶᠢᠲᠡ 19 ᠵᠦᠢᠯ ᠤᠨ ᠭᠤᠣᠯ ᠡᠭᠦᠷᠭᠡ ᠶᠢ ᠳᠤᠷᠠᠳᠪᠠ᠃      ᠬᠥᠲᠥᠯᠥᠭᠴᠢ᠄      ︽ᠰᠠᠨᠠᠯ ᠤᠳ︾᠎ ᠢ ᠨᠡᠶᠢᠲᠡᠯᠡᠭᠰᠡᠨ ᠨᠢ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠭᠦᠯᠦᠭᠰᠡᠨ ᠢ ᠬᠠᠷᠠᠭᠤᠯᠪᠠ᠃ ᠸᠧᠡ ᠡᠷᠬᠢᠯᠡᠭᠴᠢ ᠡ᠂ ᠥᠪᠥᠷ ᠮᠣᠩᠭᠤᠯ ᠤᠨ ᠵᠡᠭᠦᠨ ᠬᠡᠰᠡᠭ ᠤᠨ ᠠᠶᠢᠮᠠᠭ ᠬᠤᠳᠠ ᠨᠢ ᠤᠯᠤᠰ ᠤᠨ ᠲᠦᠷᠦᠭᠦᠦ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠳᠠᠮᠵᠢᠨ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠨᠢ ᠵᠡᠭᠦᠨ ᠬᠡᠰᠡᠭ ᠤᠨ ᠠᠶᠢᠮᠠᠭ ᠬᠤᠳᠠ ᠶᠢᠨ ᠬᠥᠭᠵᠢᠯᠲᠡ ᠳᠤ ᠶᠠᠮᠠᠷ ᠶᠠᠮᠠᠷ ᠰᠢᠨ᠎ᠡ ᠠᠵᠠ ᠲᠣᠬᠢᠶᠠᠯ ᠤᠯᠤᠭᠰᠠᠨ ᠪᠤᠢ︖      ᠸᠧᠨ ᠮᠢᠨ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠭᠦᠨ ᠬᠡᠰᠡᠭ ᠤᠨ ᠠᠶᠢᠮᠠᠭ ᠬᠤᠳᠠ ᠶᠢ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠬᠦ ᠬᠡᠪᠴᠢᠶ᠎ᠡ ᠳᠤ ᠤᠷᠤᠭᠤᠯᠤᠭᠰᠠᠨ ᠡᠨᠡ ᠬᠦ ᠴᠢᠬᠤᠯᠠ ᠠᠵᠠ ᠲᠤᠬᠢᠶᠠᠯ ᠢ ᠴᠢᠩᠭ᠎ᠠ ᠠᠳᠬᠤᠵᠤ᠂ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠭᠦᠨ ᠬᠡᠰᠡᠭ ᠤᠨ ᠠᠶᠢᠮᠠᠭ ᠬᠤᠳᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠨᠴᠠᠯᠢᠭᠲᠤ ᠳᠠᠪᠠᠭᠤᠯᠢᠭ ᠠᠵᠤ ᠦᠢᠯᠡᠰ ᠢ ᠠᠯᠬᠤᠮ ᠠᠯᠬᠤᠮ ᠢᠶᠠᠷ ᠪᠤᠢ ᠪᠤᠯᠭᠠᠵᠤ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠣᠷᠴᠢᠨ ᠠᠬᠤᠶ ᠶᠢᠨ ᠬᠠᠮᠠᠭᠠᠯᠠᠯᠲᠠ ᠢᠳᠡᠪᠬᠢ ᠠᠬᠢᠯᠲᠠ ᠲᠠᠢ ᠪᠤᠯᠵᠤ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠤᠯᠠᠮ ᠨᠢᠭᠡ ᠠᠯᠬᠤᠮ ᠬᠦᠭᠵᠢᠵᠦ᠂ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠨᠢᠭᠡᠨ ᠦᠨᠳᠦᠷ ᠳᠡᠭᠲᠡᠷ ᠲᠤ ᠭᠠᠷᠴᠠᠶ᠃ ᠵᠡᠭᠦᠨ ᠬᠡᠰᠡᠭ ᠤᠨ ᠠᠶᠢᠮᠠᠭ ᠬᠤᠳᠠ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ 2007 ᠣᠨ ᠳᠤ 2114.02 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2015 ᠣᠨ ᠪᠤᠯᠬᠤ ᠳᠤ 6839.41 ᠳ᠋ᠦᠩᠰᠢᠭᠤᠷ ᠲᠥᠭᠦᠷᠢᠭ ᠪᠤᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 12.9 %᠎ ᠪᠠᠷ ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠤᠰ ᠲᠤᠰ 2007 ᠣᠨ ᠳᠤ 10010 ᠲᠥᠭᠦᠷᠢᠭ᠂ 3799 ᠲᠥᠭᠦᠷᠢᠭ ᠪᠠᠶᠢᠭᠰᠠᠨ ᠠᠴᠠ ᠪᠠᠨ 2015 ᠣᠨ ᠪᠤᠯᠬᠤ ᠳᠤ 26042 ᠲᠥᠭᠦᠷᠢᠭ᠂ 10263 ᠲᠥᠭᠦᠷᠢᠭ ᠪᠤᠯᠵᠤ ᠨᠡᠮᠡᠭᠳᠡᠪᠡ᠃ ᠮᠠᠨ ᠤ ᠤᠷᠤᠨ ᠪᠠᠰᠠ ᠰᠠᠨᠠᠭᠠᠴᠢᠯᠠᠭ᠎ᠠ ᠠᠴᠠ ᠪᠠᠨ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠲᠦᠰᠢᠭ ᠲᠤᠯᠭᠠᠭᠤᠷᠢ ᠪᠤᠯᠵᠤ ᠦᠭᠭᠦᠭᠰᠡᠨ ᠪᠠᠶᠢᠨ᠎ᠠ᠃ ᠡᠨᠡ ᠦᠶ᠎ᠡ ᠪᠣᠯ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠤ ᠬᠥᠭᠵᠢᠯᠲᠡ ᠪᠠᠷ ᠬᠠᠮᠤᠭ ᠤᠨ ᠲᠦᠷᠭᠡᠨ ᠬᠠᠮᠤᠭ ᠤᠨ ᠰᠠᠶᠢᠨ ᠴᠠᠭ ᠦᠶ᠎ᠡ ᠶᠢᠨ ᠨᠢᠭᠡ ᠪᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠣᠯ ᠪᠦᠷᠢᠮᠦᠰᠦᠨ ᠵᠥᠪ᠂ ᠪᠦᠲᠦᠮᠵᠢ ᠲᠠᠢ ᠶᠤᠮ ᠭᠡᠰᠡᠨ ᠢ ᠭᠦᠢᠴᠡᠳ ᠭᠡᠷᠡᠴᠢᠯᠡᠭᠰᠡᠨ ᠪᠠᠶᠢᠨ᠎ᠠ᠃      ︽ᠰᠠᠨᠠᠯ ᠤᠳ︾᠎ ᠤᠨ ᠨᠡᠶᠢᠲᠡᠯᠡᠨ ᠬᠡᠷᠡᠭᠵᠢᠭᠦᠯᠦᠭᠳᠡᠭᠰᠡᠨ ᠨᠢ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠰᠢᠨ᠎ᠡ ᠠᠶᠠᠨ ᠵᠠᠮ ᠢ ᠡᠬᠢᠯᠡᠭᠦᠯᠵᠦ᠂ ᠮᠠᠨ ᠤ ᠣᠷᠣᠨ ᠤ ᠠᠵᠤ ᠠᠬᠤᠶ ᠶᠢᠨ ᠰᠢᠨ᠎ᠡ ᠬᠡᠪ ᠪᠠᠶᠢᠳᠠᠯ ᠳᠣᠣᠷ᠎ᠠ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠳᠤ ᠨᠢᠭᠡ ᠤᠳᠠᠭᠠᠨ ᠤ ᠴᠢᠬᠤᠯᠠ ᠶᠡᠭᠡ ᠰᠢᠨ᠎ᠡ ᠠᠵᠠ ᠲᠣᠬᠢᠶᠠᠯ ᠢ ᠣᠯᠭᠤᠭᠰᠠᠨ ᠪᠠᠶᠢᠨ᠎ᠠ᠃ ᠵᠢᠱᠢᠶᠡᠯᠡᠪᠡᠯ᠄ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ︽ᠰᠠᠨᠠᠯ ᠤᠳ︾᠎ ᠲᠤ ︽ᠴᠡᠪᠡᠷ ᠡᠨᠧᠷᠭᠢ ᠶᠢ ᠡᠮᠬᠢ ᠵᠢᠷᠤᠮ ᠲᠠᠢ ᠪᠠᠷ ᠬᠥᠭᠵᠢᠭᠦᠯᠦᠨ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠢ ᠪᠣᠬᠢᠷᠲᠤᠯ ᠦᠭᠡᠢ ᠰᠠᠶᠢᠵᠢᠷᠠᠭᠤᠯᠤᠨ ᠲᠡᠰ ᠳᠡᠪᠰᠢᠭᠦᠯᠬᠦ ᠶᠢ ᠲᠥᠯᠬᠢᠨ ᠠᠬᠢᠭᠤᠯᠵᠤ᠂ ᠲᠡᠷᠢᠭᠦᠨ ᠤ ᠲᠣᠨᠣᠭᠯᠠᠯ ᠦᠢᠯᠡᠳᠬᠦ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠤᠳᠤ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠬᠥᠭᠵᠢᠭᠦᠯᠵᠦ᠂ ᠮᠥᠰᠥ ᠴᠠᠰᠤ᠂ ᠤᠢ ᠰᠢᠭᠤᠶ᠂ ᠨᠤᠲᠤᠭ ᠪᠡᠯᠴᠢᠭᠡᠷ᠂ ᠬᠢᠯᠢ ᠬᠢᠵᠠᠭᠠᠷ᠂ ᠵᠠᠩ ᠦᠢᠯᠡ ᠵᠡᠷᠭᠡ ᠳᠠᠪᠠᠭᠤᠯᠢᠭ ᠢ ᠢᠳᠡᠪᠬᠢᠲᠡᠶ ᠪᠠᠳᠠᠷᠠᠭᠤᠯᠤᠨ᠂ ᠵᠢᠭᠤᠯᠴᠢᠯᠠᠯ᠂ ᠰᠡᠯᠡᠭᠦᠴᠡᠯ ᠵᠡᠷᠭᠡ ᠠᠵᠤ ᠦᠢᠯᠡᠰ ᠢ ᠲᠦᠷᠭᠡᠳᠬᠡᠨ ᠬᠥᠭᠵᠢᠭᠦᠯᠬᠦ︾᠎ ᠶᠢ ᠳᠤᠷᠠᠳᠪᠠ᠂ ᠡᠨᠡ ᠨᠢ ᠵᠡᠭᠦᠨ ᠬᠡᠰᠡᠭ ᠤᠨ ᠠᠶᠢᠮᠠᠭ ᠬᠤᠳᠠ ᠶᠢᠨ ︽ᠲᠠᠪᠤᠨ ᠶᠡᠭᠡ ᠰᠠᠭᠤᠷᠢᠨ ᠭᠠᠵᠠᠷ︾᠎ ᠤᠨ ᠪᠥᠳᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠬᠦ ᠪᠣᠯᠣᠨ᠎ᠠ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ︽ᠰᠠᠨᠠᠯ ᠤᠳ︾᠎ ᠲᠤ ︽ᠬᠥᠯᠥᠨ ᠪᠤᠶᠢᠷ ᠰᠢᠯᠢ ᠶᠢᠨ ᠭᠤᠣᠯ ᠵᠡᠷᠭᠡ ᠭᠤᠣᠯᠳᠠᠯᠭ᠎ᠠ ᠲᠠᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠠᠬᠢᠭᠤᠯᠵᠤ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠥᠷᠨᠢᠭᠦᠯᠬᠦ ᠳᠤ ᠳᠡᠮᠵᠢᠯᠭᠡ ᠦᠵᠡᠭᠦᠯᠬᠦ︾᠎ ᠶᠢ ᠳᠤᠷᠠᠳᠪᠠ᠂ ᠡᠨᠡ ᠨᠢ ᠵᠡᠭᠦᠨ ᠬᠡᠰᠡᠭ ᠤᠨ ᠠᠶᠢᠮᠠᠭ ᠬᠤᠳᠠ ᠶᠢᠨ ᠭᠤᠣᠯᠳᠠᠯᠭ᠎ᠠ ᠲᠠᠢ ᠠᠮᠢ ᠠᠬᠤᠶ ᠶᠢᠨ ᠣᠷᠣᠨ ᠢ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠶᠢ ᠪᠦᠲᠦᠮᠵᠢᠲᠡᠶ ᠠᠬᠢᠭᠤᠯᠬᠤ ᠪᠣᠯᠣᠨ᠎ᠠ︔ ᠭᠠᠳᠠᠭᠠᠳᠤ ᠨᠡᠭᠡᠭᠡᠯᠲᠡ ᠶᠢᠨ ᠲᠠᠯ᠎ᠠ ᠪᠠᠷ᠂ ︽ᠰᠠᠨᠠᠯ ᠤᠳ︾᠎ ᠲᠤ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠠ ᠬᠢᠯᠢ ᠳᠠᠭᠠᠤ ᠶᠢᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ︾᠎ ᠶᠢ ᠳᠤᠷᠠᠳᠪᠠ᠂ ᠡ᠊ᠨᠡ ᠨᠢ ᠮᠠᠨ ᠤ ᠣᠷᠣᠨ ᠤ ᠣᠷᠣᠰ᠂ ᠮᠣᠩᠭᠤᠯ ᠳᠤ ᠨᠡᠭᠡᠭᠡᠯᠳᠡ ᠬᠢᠬᠦ ᠲᠠᠯ᠎ᠠ ᠪᠠᠷ ᠬᠠᠮᠲᠤᠷᠠᠨ ᠠᠵᠢᠯᠯᠠᠬᠤ ᠳᠤᠮᠳᠠᠬᠢ ᠳᠠᠪᠠᠭᠤᠯᠢᠭ ᠢ ᠨᠡᠩ ᠰᠠᠶᠢᠨ ᠪᠠᠳᠠᠷᠠᠭᠤᠯᠵᠤ᠂ ᠮᠠᠨᠵᠤᠤᠷ᠂ ᠡᠷᠢᠶᠡᠨ ᠬᠤᠳᠠ ᠶᠢᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠪᠣᠯᠤᠨ ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠵᠡᠷᠭᠡ ᠨᠡᠭᠡᠭᠡᠯᠲᠡ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠣᠨ᠎ᠠ︔ ᠪᠡᠯᠡ ᠣᠷᠣᠭᠤᠯᠤᠯᠲᠠ ᠶᠢᠨ ᠲᠠᠯ᠎ᠠ ᠪᠠᠷ᠂ ︽ᠰᠠᠨᠠᠯ ᠤᠳ︾᠎ ᠲᠤ ︽ᠡᠬᠢ ᠪᠠᠶᠠᠯᠢᠭ ᠨᠢ ᠬᠤᠮᠣᠰᠲᠠᠭᠰᠠᠨ ᠭᠠᠵᠠᠷ ᠣᠷᠣᠨ ᠪᠣᠯᠤᠨ ᠬᠤᠲᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ᠂ ᠪᠡᠶ᠎ᠡ ᠪᠠᠨ ᠳᠠᠭᠠᠭᠠᠭᠰᠠᠨ ᠦᠢᠯᠡᠳᠪᠦᠷᠢ ᠠᠭᠤᠷᠬᠠᠶ ᠶᠢᠨ ᠣᠷᠣᠨ ᠵᠡᠷᠭᠡ ᠬᠦᠴᠢᠷᠳᠡᠯᠲᠡᠶ ᠭᠠᠵᠠᠷ ᠣᠷᠣᠨ ᠳᠤ ᠲᠥᠪ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ︾᠎ ᠶᠢ ᠳᠤᠷᠠᠳᠪᠠ᠃ ᠣᠳᠣᠬᠠᠨ ᠳᠤ᠂ ᠮᠠᠨ ᠤ ᠣᠷᠣᠨ ᠤ ᠷᠠᠰᠢᠶᠠᠨ ᠬᠤᠳᠠ ᠵᠡᠷᠭᠡ 8 ᠣᠷᠣᠨ ᠢ ᠨᠢᠭᠡᠨᠲᠡ ᠤᠯᠤᠰ ᠤᠨ ᠡᠬᠢ ᠪᠠᠶᠠᠯᠢᠭ ᠬᠤᠮᠣᠰᠲᠠᠭᠰᠠᠨ ᠬᠤᠳᠠ ᠶᠢᠨ ᠰᠢᠯᠵᠢᠭᠦᠯᠦᠨ ᠥᠭᠬᠦ ᠳᠡᠮᠵᠢᠯᠭᠡ ᠦᠵᠡᠭᠦᠯᠬᠦ ᠬᠦᠷᠢᠶ᠎ᠡ ᠬᠡᠪᠴᠢᠶ᠎ᠡ ᠳᠤ ᠣᠷᠣᠭᠤᠯᠵᠤ᠂ ᠤᠯᠠᠭᠠᠨᠬᠠᠳᠠ ᠬᠤᠲᠠ ᠶᠢᠨ ᠵᠣᠣ ᠤᠳᠠ ᠵᠡᠷᠭᠡ 3 ᠬᠤᠲᠠ ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ᠪᠣᠯᠤᠨ ᠮᠠᠨᠵᠤᠤᠷ ᠤᠨ ᠵᠠᠯᠠᠶᠢᠨᠠᠭᠤᠷ ᠵᠡᠷᠭᠡ 6 ᠪᠡᠶ᠎ᠡ ᠪᠠᠨ ᠳᠠᠭᠠᠭᠠᠭᠰᠠᠨ ᠦᠢᠯᠡᠳᠪᠦᠷᠢ ᠠᠭᠤᠷᠬᠠᠶ ᠶᠢᠨ ᠣᠷᠣᠨ ᠢ ᠲᠥᠪ ᠤᠨ ᠲᠥᠰᠦᠪ ᠤᠨ ᠳᠣᠲᠣᠷᠠᠬᠢ ᠬᠤᠲᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ᠪᠠ ᠪᠡᠶ᠎ᠡ ᠪᠠᠨ ᠳᠠᠭᠠᠭᠠᠭᠰᠠᠨ ᠦᠢᠯᠡᠳᠪᠦᠷᠢ ᠠᠭᠤᠷᠬᠠᠶ ᠶᠢᠨ ᠣᠷᠣᠨ ᠤ ᠨᠡᠭᠦᠯᠭᠡᠨ ᠥᠭᠡᠷᠡᠴᠢᠯᠡᠬᠦ  ᠳᠡᠮᠵᠢᠯᠭᠡ ᠶᠢᠨ ᠬᠦᠷᠢᠶ᠎ᠡ ᠬᠡᠪᠴᠢᠶᠡᠨ ᠳᠤ ᠣᠷᠣᠭᠤᠯᠵᠤ᠂ ᠳᠠᠷᠠᠭᠠᠴᠢ ᠶᠢᠨ ᠠᠯᠬᠤᠮ ᠳᠤ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠪᠠᠨ ᠤᠯᠤᠰ ᠠᠴᠠ ᠤᠯᠠᠮ ᠨᠢᠭᠡ ᠠᠯᠬᠤᠮ ᠨᠡᠮᠡᠭᠳᠡᠭᠦᠯᠦᠨ᠎ᠡ︔ ᠡᠳ᠋ ᠤᠨ ᠵᠠᠰᠠᠭ ᠤᠨ ᠲᠠᠯ᠎ᠠ ᠪᠠᠷ᠂ ︽ᠰᠠᠨᠠᠯ ᠤᠳ︾᠎ ᠲᠤ ︽ᠲᠥᠪ ᠤᠨ ᠡᠳ᠋ ᠤᠨ ᠵᠠᠰᠠᠭ ᠠᠴᠠ ᠵᠡᠭᠦᠨ ᠬᠤᠶᠢᠲᠤ ᠣᠷᠣᠨ ᠳᠤ ᠡᠩ ᠤᠨ ᠴᠢᠨᠠᠷᠲᠠᠶ ᠰᠢᠯᠵᠢᠭᠦᠯᠦᠨ ᠥᠭᠬᠦ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠵᠢᠯ ᠣᠯᠭᠤᠯᠲᠠ ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠬᠦᠷᠢᠶ᠎ᠡ ᠬᠡᠪᠴᠢᠶᠡᠨ ᠳᠠᠬᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ︾ ᠭᠡᠵᠦ ᠳᠤᠷᠠᠳᠪᠠ᠂ ᠡ᠊ᠨᠡ ᠨᠢ ᠵᠡᠭᠦᠨ ᠬᠡᠰᠡᠭ ᠤᠨ ᠠᠶᠢᠮᠠᠭ ᠬᠤᠳᠠ ᠎ ᠶᠢᠨ ᠳᠤᠲᠠᠮᠠᠭ ᠲᠠᠯ᠎ᠠ ᠪᠠᠨ ᠨᠥᠬᠦᠪᠦᠷᠢᠯᠡᠵᠦ᠂ ᠨᠡᠶᠢᠭᠡᠮ ᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ︔ ᠴᠢᠬᠤᠯᠠ ᠶᠡᠭᠡ ᠲᠥᠷᠥᠯ ᠵᠦᠢᠯ ᠤᠨ ᠲᠠᠯ᠎ᠠ ᠪᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠰᠠᠨᠠᠯ ᠤᠳ︾᠎ ᠢ ᠨᠠᠶᠢᠳᠠᠪᠤᠷᠢᠵᠢᠭᠤᠯᠬᠤ ᠲᠣᠭᠤᠷᠢᠨ ᠎ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠵᠢᠯ ᠥᠩᠬᠡᠷᠡᠭᠦᠯᠦᠨ ᠬᠡᠷᠡᠭᠯᠡᠬᠦ ᠲᠥᠯᠥᠪᠯᠡᠭᠡ ᠶᠢ  ᠶᠠᠭ ᠲᠣᠭᠲᠠᠭᠠᠵᠤ ᠪᠤᠢ᠂ ᠮᠠᠨ ᠤ ᠵᠥᠪᠯᠡᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠢᠳᠡᠪᠬᠢᠲᠡᠢ  ᠵᠣᠯᠭᠠᠯᠳᠤᠵᠤ ᠵᠡᠭᠦᠨ ᠬᠡᠰᠡᠭ ᠤᠨ ᠠᠶᠢᠮᠠᠭ ᠬᠤᠳᠠ ᠶᠢᠨ ᠪᠦᠬᠦ ᠲᠠᠯ᠎ᠠ ᠶᠢᠨ ᠬᠥᠭᠵᠢᠯᠲᠡ ᠳᠤ ᠲᠤᠶᠢᠯ ᠤᠨ ᠴᠢᠬᠤᠯᠠ ᠪᠦᠭᠡᠳ ᠤᠢᠢᠷ᠎ᠠ ᠶᠢᠨ ᠭᠤᠷᠪᠠᠨ ᠵᠢᠯ ᠳᠤ ᠪᠡᠶᠡᠯᠡᠭᠦᠯᠵᠦ ᠴᠢᠳᠠᠬᠤ ᠴᠢᠬᠤᠯᠠ ᠶᠡᠭᠡ ᠲᠥᠷᠥᠯ ᠵᠦᠢᠯ ᠢ ᠤᠯᠤᠰ ᠤᠨ ᠭᠤᠷᠪᠠᠨ ᠵᠢᠯ ᠥᠩᠬᠡᠷᠡᠭᠦᠯᠦᠨ ᠬᠡᠷᠡᠭᠯᠡᠬᠦ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠵᠤ᠂ ᠤᠯᠤᠰ ᠠᠴᠠ ᠵᠡᠭᠦᠨ ᠬᠡᠰᠡᠭ ᠤᠨ ᠠᠶᠢᠮᠠᠭ ᠬᠤᠳᠠ ᠶᠢᠨ ᠴᠢᠬᠤᠯᠠ ᠶᠡᠭᠡ ᠲᠥᠷᠥᠯ ᠵᠦᠢᠯ ᠳᠤ ᠳᠡᠮᠵᠢᠯᠭᠡ ᠦᠵᠡᠭᠦᠯᠬᠦ ᠶᠢ ᠲᠡᠮᠡᠴᠡᠨ ᠣᠯᠬᠤ ᠪᠠᠷ ᠴᠢᠷᠮᠠᠶᠢᠨ᠎ᠠ᠃      ᠬᠥᠲᠥᠯᠥᠭᠴᠢ᠄      ︽ᠰᠠᠨᠠᠯ ᠤᠳ︾᠎ ᠤᠨ ᠨᠡᠶᠢᠲᠡᠯᠡᠭᠳᠡᠭᠰᠡᠨ ᠨᠢ᠂ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠢᠭᠡ ᠤᠳᠠᠭ᠎ᠠ ᠶᠢᠨ ᠴᠢᠬᠤᠯᠠ ᠠᠵᠠ ᠲᠣᠬᠢᠶᠠᠯ ᠣᠯᠭᠤᠪᠠ᠃ ᠥᠪᠡᠷᠲᠡᠭᠡᠨ ᠵᠠᠰᠠᠬᠤ ᠣᠷᠣᠨ ︽ᠰᠠᠨᠠᠯ ᠤᠳ︾᠎ ᠢ ᠨᠠᠶᠢᠳᠠᠪᠤᠷᠢᠵᠢᠭᠤᠯᠬᠤ ᠲᠣᠭᠤᠷᠢᠨ ᠳᠤ ᠶᠠᠮᠠᠷ ᠶᠠᠮᠠᠷ ᠪᠣᠳᠠᠲᠠᠶ ᠠᠵᠢᠯ ᠢ ᠥᠷᠨᠢᠭᠦᠯᠵᠦ ᠪᠠᠶᠢᠬᠤ ᠪᠤᠢ︖ ᠳᠠᠷᠠᠭᠠᠴᠢ ᠶᠢᠨ ᠠᠯᠬᠤᠮ ᠳᠤ ᠠᠯᠢ ᠠᠯᠢ ᠲᠠᠯ᠎ᠠ ᠪᠠᠷ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠨ ᠠᠬᠢᠭᠤᠯᠬᠤ ᠪᠤᠢ︖      ᠸᠧᠨ ᠮᠢᠩ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠠᠨᠠᠯ ᠤᠳ︾ ᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠭᠤᠣᠯ ᠤᠳᠤᠷᠢᠳᠤᠯᠭ᠎ᠠ ︽ᠰᠠᠨᠠᠯ ᠤᠳ︾᠎ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠲᠣᠬᠠᠢ ᠴᠢᠬᠤᠯᠠ ᠴᠣᠬᠤᠯᠠᠪᠤᠷᠢ ᠥᠭᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ︽ᠰᠠᠨᠠᠯ ᠤᠳ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ᠪᠣᠯᠣᠨ ᠭᠤᠣᠯᠳᠠᠯᠭ᠎ᠠ ᠲᠠᠢ ᠡᠭᠦᠷᠭᠡ ᠪᠦᠬᠦᠢ ᠰᠠᠯᠠᠭ᠎ᠠ ᠮᠦᠴᠢᠷ ᠶᠢ ᠠᠵᠢᠯ ᠤᠨ ᠬᠤᠪᠢᠶᠠᠷᠢᠯᠠᠯ ᠤᠨ ᠲᠥᠰᠦᠯ ᠢ ᠶᠠᠭ ᠱᠠᠯᠠᠪᠳᠠᠨ ᠰᠤᠳᠤᠯᠤᠨ ᠲᠣᠭᠲᠠᠭᠠᠵᠤ ᠪᠠᠶᠢᠨ᠎ᠠ᠃      ︽ᠰᠠᠨᠠᠯ ᠤᠳ︾᠎ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠤᠯᠤᠰ ᠲᠦᠷᠦ ᠶᠢᠨ ᠴᠢᠬᠤᠯᠠ ᠡᠭᠦᠷᠭᠡ ᠮᠥᠨ᠂ ᠪᠠᠰᠠ ᠴᠤ ᠬᠥᠭᠵᠢᠯᠲᠡ ᠶᠢᠨ ᠴᠢᠬᠤᠯᠠ ᠶᠡᠭᠡ ᠠᠵᠠ ᠲᠣᠬᠢᠶᠠᠯ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ᠲᠤᠰ ᠪᠡᠶ᠎ᠡ ᠶᠢᠨ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠷᠣᠨ ᠪᠠᠶᠢᠷᠢ ᠪᠠᠨ ᠣᠨᠣᠪᠴᠢᠲᠠᠶ ᠡᠷᠢᠨ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ︽ ᠰᠠᠨᠠᠯ ᠤᠳ︾᠎ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠵᠤ ᠨᠠᠶᠢᠳᠠᠪᠤᠷᠢᠵᠢᠭᠤᠯᠤᠨ᠎ᠠ᠃ ᠪᠠᠶᠢᠭᠤᠯᠤᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠤᠯᠤᠰ ᠤᠨ  ᠦᠮᠴᠢᠯᠡᠯᠲᠦ ᠡᠳ᠋ ᠬᠥᠷᠥᠩᠭᠡ ᠪᠣᠯᠣᠨ ᠤᠯᠤᠰ ᠤᠨ ᠦᠮᠴᠢᠯᠡᠯᠲᠦ ᠠᠵᠤ ᠠᠬᠤᠶᠢᠯᠠᠯ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠤᠯᠤᠰ ᠤᠨ ᠦᠮᠴᠢᠯᠡᠯᠲᠦ ᠭᠤᠣᠯᠳᠠᠯᠭ᠎ᠠ ᠲᠠᠢ ᠰᠢᠭᠤᠶᠢᠲᠤ ᠣᠷᠣᠨ ᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠬᠤᠳᠠ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠵᠠᠰᠠᠯᠲᠠ ᠵᠡᠷᠭᠡ ᠬᠦᠷᠢᠶᠡᠨ ᠳᠤ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢ ᠬᠤᠷᠰᠢᠭᠤᠯᠬᠤ ᠵᠠᠭᠪᠤᠷᠰᠢᠯ ᠢ ᠳᠡᠯᠭᠡᠷᠡᠭᠦᠯᠦᠨ᠎ᠡ᠃ ᠠᠵᠤ ᠦᠢᠯᠡᠰ ᠤᠨ ᠬᠥᠭᠵᠢᠯᠲᠡ ᠶᠢᠨ ᠲᠡᠰ ᠳᠠᠪᠬᠤᠷᠭ᠎ᠠ ᠶᠢ ᠲᠥᠷᠭᠡᠨ ᠳᠡᠭᠡᠭᠰᠢᠯᠡᠭᠦᠯᠦᠨ᠎ᠡ᠃ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠥᠷᠭᠡᠳᠬᠡᠵᠦ᠂ ᠵᠡᠭᠦᠨ ᠬᠡᠰᠡᠭ ᠤᠨ ᠠᠶᠢᠮᠠᠭ ᠬᠤᠳᠠ ᠶᠢ ᠮᠠᠨ ᠤ ᠤᠯᠤᠰ ᠤᠨ ᠴᠡᠪᠡᠷ ᠡᠨᠧᠷᠭᠢ ᠭᠠᠷᠭᠠᠬᠤ ᠴᠢᠬᠤᠯᠠ ᠰᠠᠭᠤᠷᠢᠨ ᠭᠠᠵᠠᠷ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠥᠩᠭᠡᠲᠦ ᠲᠡᠮᠦᠷᠯᠢᠭ ᠦᠢᠯᠡᠳᠪᠦᠷᠢᠯᠡᠵᠦ ᠪᠣᠯᠪᠠᠰᠤᠷᠠᠭᠤᠯᠬᠤ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ᠂ ᠲᠠᠯ᠎ᠠ ᠨᠤᠲᠤᠭ ᠤᠨ ᠰᠣᠶᠣᠯ ᠤᠨ ᠤᠮᠠᠷᠠᠲᠤ ᠬᠢᠯᠢ ᠶᠢᠨ ᠥᠪᠡᠷᠮᠢᠴᠡ ᠣᠨᠴᠠᠯᠢᠭ ᠢ ᠬᠠᠷᠠᠭᠤᠯᠤᠭᠰᠠᠨ ᠵᠤᠭᠠᠴᠠᠨ  ᠲᠣᠭᠤᠷᠢᠵᠤ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠪᠣᠯᠭᠠᠨ ᠴᠣᠭᠴᠠᠯᠠᠨ᠎ᠠ᠃ ︽ᠭᠤᠷᠪᠠ ᠶᠢ ᠦᠭᠡᠶᠢᠰᠭᠡᠵᠦ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠥᠷᠢᠯᠡᠬᠦ︾ ᠲᠠᠪᠤᠨ ᠶᠡᠭᠡ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠢᠯᠡᠰ ᠢ ᠶᠡᠬᠡᠪᠡᠷ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠶ ᠪᠠᠷ ᠪᠤᠶᠢᠵᠢᠭᠤᠯᠵᠤ᠂ ᠵᠢᠭᠤᠯᠴᠢᠯᠠᠯ᠂ ᠮᠥᠩᠭᠦᠨ ᠭᠦᠢᠯᠭᠡᠭᠡᠨ᠂ ᠡᠳ᠋ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠥᠷᠭᠡᠨ ᠬᠦᠭᠵᠢᠭᠦᠯᠦᠨ᠎ᠡ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠬᠦᠴᠦᠲᠡᠢ ᠳᠡᠮᠵᠢᠨ᠎ᠡ᠃ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠤᠳᠤ  ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠮᠧᠬᠠᠨᠢᠭ᠂ ᠤᠳᠦ ᠦᠶ᠎ᠡ ᠶᠢᠨ ᠮᠣᠩᠭᠤᠯ ᠡᠮ ᠡᠮᠨᠡᠯᠭᠡ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠵᠡᠷᠭᠡ ᠬᠦᠷᠢᠶᠡᠨ ᠳᠤ᠂ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ ᠪᠦᠲᠦᠭᠡᠨ ᠪᠠᠶᠢᠭᠤᠯᠤᠨ᠎ᠠ᠃ ᠬᠥᠯᠥᠨ ᠪᠤᠶᠢᠷ ᠬᠤᠳᠠ᠂ ᠲᠦᠩᠯᠢᠶᠣᠤ ᠬᠤᠳᠠ᠂ ᠤᠯᠠᠭᠠᠨᠬᠠᠳᠠ ᠬᠤᠲᠠ ᠳᠤ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠤᠷ᠎ᠠ ᠮᠡᠷᠭᠡᠵᠢᠯᠲᠡᠶ ᠴᠢᠳᠠᠪᠤᠷᠢᠲᠠᠨ ᠢ ᠬᠤᠣᠰ ᠡᠰᠢᠵᠢᠭᠦᠯᠦᠨ ᠪᠣᠶᠢᠵᠢᠭᠤᠯᠬᠤ ᠥᠭᠡᠷᠡᠴᠢᠯᠡᠯᠲᠡ ᠶᠢᠨ ᠲᠤᠷᠰᠢᠯᠲᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠤ ᠲᠦᠰᠢᠭ ᠲᠤᠯᠭᠠᠭᠤᠷᠢ ᠣᠯᠭᠤᠵᠤ ᠥᠭᠭᠦᠨ᠎ᠡ᠃ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃ ᠶᠡᠭᠡ ᠬᠢᠩᠭᠠᠨ ᠳᠠᠪᠠᠭᠠᠨ ᠤ ᠰᠢᠭᠤᠶᠢᠲᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠣᠯᠤᠨ ᠬᠥᠯᠥᠨ ᠪᠤᠶᠢᠷ᠂ ᠰᠢᠯᠢ ᠶᠢᠨ ᠭᠤᠣᠯ ᠵᠡᠷᠭᠡ ᠭᠤᠣᠯᠳᠠᠯᠭ᠎ᠠ ᠲᠠᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠥᠷᠭᠦᠯᠵᠢᠯᠡᠨ ᠲᠦᠯᠬᠢᠨ ᠠᠬᠢᠭᠤᠯᠵᠤ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠪᠣᠯᠣᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠢᠳᠡᠪᠬᠢᠲᠡᠢ ᠦᠷᠨᠢᠭᠦᠯᠵᠦ᠂ ᠡᠬᠡ ᠤᠯᠤᠰ ᠤᠨ ᠤᠮᠠᠷᠠᠲᠤ ᠣᠷᠣᠨ ᠤ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠶᠢᠭᠤᠯᠤᠨ᠎ᠠ᠃ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠪᠠ ᠳᠣᠲᠣᠭᠠᠳᠤ ᠳᠠᠭᠠᠨ ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠲᠠᠢ ᠢᠳᠡᠪᠬᠢᠲᠡᠶ ᠠᠭᠤᠰᠤᠯᠴᠠᠵᠤ᠂ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠵᠦ᠂ ᠮᠠᠨᠵᠤᠤᠷ᠂ ᠡᠷᠢᠶᠡᠨ ᠬᠤᠳᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠪᠣᠯᠤᠨ ᠬᠥᠯᠥᠨ ᠪᠣᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠨ ᠠᠵᠢᠯᠯᠠᠬᠤ ᠬᠤᠰᠢᠭᠤᠴᠢ ᠣᠷᠣᠨ ᠤ ᠪᠦᠳᠦᠬᠡᠨ ᠪᠠᠶᠢᠭᠤᠯᠤᠯᠲᠠ ᠶᠢ ᠲᠥᠷᠭᠡᠳᠬᠡᠵᠦ᠂ ᠣᠯᠠᠨ ᠤᠯᠤᠰ ᠤᠨ ᠬᠤᠭᠤᠷᠣᠨᠳᠣᠬᠢ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭ᠎ᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠭᠦᠯᠵᠦ᠂ ᠵᠡᠭᠦᠨ ᠬᠡᠰᠡᠭ ᠤᠨ ᠠᠶᠢᠮᠠᠭ ᠬᠤᠲᠠ ᠪᠣᠯᠣᠨ ᠪᠡᠭᠡᠵᠢᠩ ᠲᠢᠶᠠᠨᠵᠢᠨ ᠡᠾᠧᠪᠸᠢ ᠶᠢᠨ ᠠᠵᠤ ᠠᠬᠤᠶ ᠶᠢᠨ ᠣᠷᠣᠨ ᠤ ᠨᠡᠶᠢᠯᠡᠯ ᠬᠥᠭᠵᠢᠯᠲᠡ ᠶᠢ ᠲᠦᠯᠬᠢᠨ ᠠᠬᠢᠭᠤᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠪᠬᠢ ᠶᠢᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠠᠪᠤᠨ᠎ᠠ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ᠂ ᠬᠤᠲᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ᠪᠣᠯᠣᠨ ᠪᠡᠶ᠎ᠡ ᠪᠠᠨ ᠳᠠᠭᠠᠭᠠᠭᠰᠠᠨ ᠦᠢᠯᠡᠳᠪᠦᠷᠢ ᠠᠭᠤᠷᠬᠠᠶ ᠶᠢᠨ ᠲᠣᠭᠤᠷᠢᠭ ᠢ ᠨᠡᠭᠦᠯᠭᠡᠵᠦ ᠥᠭᠡᠷᠡᠴᠢᠯᠡᠨ ᠰᠠᠶᠢᠵᠢᠷᠠᠭᠤᠯᠬᠤ᠂ ᠨᠡᠭᠦᠷᠡᠰᠦ ᠮᠠᠯᠲᠠᠭᠠᠳ ᠬᠤᠲᠤᠶᠢᠭᠰᠠᠨ ᠣᠷᠣᠨ ᠢ ᠶᠡᠷᠦᠩᠬᠡᠶᠢᠯᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠥᠷᠭᠦᠯᠵᠢᠯᠡᠨ ᠰᠠᠶᠢᠲᠤᠷ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠥᠷᠭᠦᠯᠵᠢᠯᠡᠨ ᠲᠦᠯᠬᠢᠨ ᠠᠬᠢᠭᠤᠯᠤᠨ᠎ᠠ᠃      ᠥᠪᠥᠷ ᠮᠣᠩᠭᠤᠯ ᠪᠣᠯ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠨᠢ ᠪᠣᠯᠣᠨ᠎ᠠ᠃ ᠪᠢᠳᠠᠨᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠠᠵᠠ ᠲᠣᠬᠢᠶᠠᠯ ᠢ ᠠᠮᠵᠢᠨ ᠠᠳᠬᠤᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭ ᠵᠣᠯᠪᠣᠭ᠎ᠠ ᠲᠠᠢ ᠴᠢᠷᠮᠠᠢᠨ ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠨ᠂ ᠥᠪᠥᠷ ᠮᠣᠩᠭᠤᠯ ᠢᠶᠠᠨ ᠮᠠᠨᠳᠤᠭᠤᠯᠤᠨ ᠬᠥᠭᠵᠢᠭᠦᠯᠬᠦ ᠰᠢᠨ᠎ᠡ ᠪᠠᠶᠢᠳᠠᠯ ᠢ ᠲᠠᠰᠣᠷᠠᠯᠲᠠ ᠣᠢᠭᠡᠢ ᠨᠡᠭᠡᠭᠡᠨ ᠴᠣᠭᠴᠠᠯᠠᠵᠤ᠂ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ᠃      ᠬᠥᠲᠥᠯᠥᠭᠴᠢ᠄      ᠵᠠ᠂ ᠸᠧᠨ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠦᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠪᠠᠶᠠᠷᠲᠠᠶᠢᠬᠠᠨ ᠵᠣᠯᠭᠠᠶ᠎ᠠ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map