︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠤᠨᠴᠠ ᠵᠦᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2016/9/19
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠤᠨᠴᠠ ᠵᠦᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ 2016 ᠤᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠬᠡᠷᠡᠭᠵᠢᠬᠦᠯᠪᠡ᠃ ︽ᠠᠷᠭ᠎ᠠ︾᠎ ᠶᠢ ᠬᠡᠷᠡᠭᠵᠢᠭᠦᠯᠦᠭᠰᠡᠨ ᠶᠠᠪᠤᠳᠠᠯ ᠨᠢ ᠮᠠᠨ ᠤ ᠣᠷᠣᠨ ᠤ ᠠᠷᠠᠳ ᠤᠨ ᠪᠡᠯᠡ ᠣᠷᠣᠭᠤᠯᠤᠯᠲᠠ ᠳᠤ ᠨᠡᠩ ᠥᠷᠭᠡᠨ ᠠᠭᠤᠳᠠᠮ ᠣᠷᠣᠨ ᠵᠠᠶ ᠤᠯᠭᠤᠵᠤ᠂ ᠳᠦᠷᠢᠮ ᠤᠨ ᠰᠢᠨᠡᠴᠢᠯᠡᠯᠲᠡ ᠪᠠᠷ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠤᠯᠤᠨ᠎ᠠ᠃      ᠲᠠᠶᠢᠯᠤᠮᠵᠢ 1.  ︽ᠠᠷᠭ᠎ᠠ︾᠎ ᠶᠢ ᠶᠠᠮᠠᠷ ᠪᠠᠶᠢᠳᠠᠯ ᠳᠤᠤᠷ᠎ᠠ ᠨᠡᠶᠢᠲᠡᠯᠡᠨ ᠬᠡᠷᠡᠭᠵᠢᠭᠦᠯᠦᠭᠰᠡᠨ ᠪᠤᠢ︖      ᠮᠠᠨ ᠤ ᠤᠯᠤᠰ ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢ ᠦᠷᠨᠢᠬᠦᠯᠦᠭᠡᠳ ᠨᠢᠭᠡᠨᠲᠡ 30 ᠭᠠᠷᠤᠶ ᠵᠢᠯ ᠪᠤᠯᠪᠠ᠂ ᠡᠯ᠎ᠡ ᠭᠠᠵᠠᠷ ᠣᠷᠣᠨ ᠶᠡᠭᠡ ᠬᠡᠮᠵᠢᠶᠡᠨ ᠤ ᠲᠦᠷᠦᠯ ᠵᠦᠢᠯ ᠢ ᠪᠦᠳᠤᠭᠡᠨ ᠪᠠᠶᠢᠭᠤᠯᠤᠭᠰᠠᠨ ᠤ ᠬᠠᠮᠲᠤ ᠤᠯᠤᠰ ᠪᠤᠯᠤᠨ ᠤᠷᠤᠨ ᠨᠤᠲᠤᠭ ᠴᠤ ᠬᠠᠮᠢᠶ᠎ᠠ ᠪᠦᠬᠦᠢ 60 ᠭᠠᠷᠤᠢ ᠵᠦᠢᠯ ᠤᠨ ᠬᠠᠤᠯᠢ ᠲᠣᠭᠲᠠᠭᠠᠯ᠂ ᠳᠦᠷᠢᠮ ᠪᠤᠶᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠤᠭᠲᠠᠭᠠᠭᠰᠠᠨ ᠪᠠᠶᠢᠨ᠎ᠠ᠃ ᠤᠢᠢᠷ᠎ᠠ ᠶᠢᠨ ᠵᠢᠯ ᠤᠳ ᠲᠤ᠂ ᠬᠤᠯᠪᠣᠭᠳᠠᠯ ᠪᠦᠬᠦᠢ ᠣᠷᠣᠨ ᠨᠤᠲᠤᠭ ᠨᠢ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠬᠤ ᠶᠢᠨ ᠲᠤᠯᠠᠳᠠ᠂ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠦᠷᠦᠯ ᠵᠦᠢᠯ ᠢ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠢᠳᠡᠪᠬᠢᠲᠡᠶ ᠦᠷ᠎ᠡ ᠪᠦᠲᠦᠮᠵᠢ ᠤᠯᠪᠠ᠃ ᠭᠡᠪᠡᠴᠦ ᠪᠣᠳᠠᠲᠠᠶ ᠠᠵᠢᠯᠯᠠᠬᠤ ᠶᠠᠪᠤᠴᠠ ᠳᠤ᠂ ᠲᠣᠳᠣᠷᠬᠠᠶ ᠬᠠᠤᠯᠢ ᠴᠠᠭᠠᠵᠠ ᠶᠢᠨ ᠲᠦᠰᠢᠭ ᠲᠤᠯᠭᠠᠭᠤᠷᠢ ᠲᠤᠲᠠᠮᠠᠭ ᠠᠴᠠ ᠪᠤᠯᠵᠤ᠂ ᠨᠡᠶᠢᠭᠡᠮ ᠤᠨ ᠬᠥᠷᠤᠩᠭᠡ ᠨᠢ ᠬᠤᠳᠠ ᠶᠢᠨ ᠶᠠᠪᠤᠳᠠᠯ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠬᠦᠷᠢᠶᠡᠨ ᠳᠤ ᠤᠷᠤᠬᠤ ᠠᠬᠢᠴᠠ ᠳᠤ ᠮᠥᠨ ᠬᠦ ᠤᠯᠤᠰ ᠤᠨ ᠨᠢᠭᠡᠳᠦᠯᠲᠡᠶ ᠲᠦᠷᠢᠮ ᠤᠨ ᠵᠢᠷᠤᠮᠵᠢᠯ ᠳᠤᠲᠠᠮᠠᠭ᠂ ᠠᠷᠠᠳ ᠤᠨ ᠪᠡᠯᠡ ᠣᠷᠣᠭᠤᠯᠤᠯᠲᠠ ᠶᠢᠨ ᠡᠷᠬᠡ ᠠᠰᠢᠭ ᠢ ᠪᠠᠲᠤᠯᠠᠬᠤ ᠲᠣᠭᠲᠠᠴᠠ ᠲᠡᠭᠦᠯᠳᠡᠷᠵᠢᠭᠡᠳᠦᠶ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠳᠡᠰ ᠳᠠᠷᠠᠭᠠᠯᠠᠯ ᠨᠢ ᠶᠠᠷᠰᠢᠭ ᠲᠦᠪᠡᠭᠲᠡᠶ ᠪᠠᠶᠢᠬᠤ ᠵᠡᠷᠭᠡ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠲᠤᠯᠭᠠᠷᠠᠵᠤ ᠪᠠᠶᠢᠨ᠎ᠠ᠃ ᠲᠥᠪ ᠠᠴᠠ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ  ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠳᠤ ︽ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠣᠨᠴᠠ  ᠵᠦᠪᠰᠢᠶᠡᠷᠡᠯ ᠤᠨ ᠡᠵᠡᠩᠨᠡᠯᠲᠡ ᠶᠢᠨ ᠬᠦᠷᠢᠶᠡᠨ ᠳᠤ ᠣᠷᠣᠭᠤᠯᠬᠤ ᠪᠣᠳᠠᠲᠠᠶ ᠠᠷᠭ᠎ᠠ ᠶᠢ ᠲᠤᠭᠲᠠᠭᠠᠬᠤ ᠬᠡᠷᠡᠭᠲᠠᠢ︾᠂ ︽ᠨᠡᠶᠢᠭᠡᠮ ᠤᠨ ᠬᠦᠷᠦᠩᠭᠡ ᠶᠢ ᠣᠨᠴᠠ ᠵᠦᠪᠰᠢᠶᠡᠷᠡᠯ ᠤᠨ ᠡᠵᠡᠩᠨᠡᠯᠲᠡ ᠵᠡᠷᠭᠡ ᠠᠷᠭ᠎ᠠ ᠬᠡᠯᠪᠡᠷᠢ ᠪᠠᠷ ᠬᠤᠳᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠪᠠ ᠡᠵᠡᠩᠨᠡᠯᠲᠡ ᠳᠤ ᠤᠷᠤᠯᠴᠠᠭᠤᠯᠬᠤ ᠶᠢ ᠵᠦᠪᠰᠢᠶᠡᠷᠡᠨ᠎ᠡ︾ ᠬᠡᠵᠤ ᠲᠣᠳᠣᠷᠬᠠᠶ ᠱᠠᠭᠠᠷᠳᠠᠪᠠ᠃ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2015 ᠣᠨ ᠤ ᠥᠭᠡᠷᠡᠴᠢᠯᠡᠯᠲᠡ ᠶᠢᠨ ᠠᠵᠢᠯ ᠤᠨ ᠲᠤᠪᠴᠢ᠂ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠨ ᠵᠢᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠠᠤᠯᠢ ᠲᠣᠭᠲᠠᠭᠠᠬᠤ ᠲᠥᠯᠥᠪᠯᠡᠭᠡ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠰᠠᠭᠤᠷᠢ  ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠦᠪᠰᠢᠶᠡᠷᠡᠯ ᠤᠨ ᠡᠵᠡᠩᠨᠡᠯᠲᠡ ᠤᠨ ᠬᠠᠤᠯᠢ︾᠎ ᠶᠢ ᠲᠤᠭᠤᠷᠪᠢᠪᠠ᠃ ᠡᠭᠦᠨ ᠤ ᠬᠠᠮᠲᠤ᠂ ᠣᠳᠣᠬᠠᠨ ᠤ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ᠂ ᠠᠵᠤ ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠬᠡᠷᠡᠭᠴᠡᠭᠡ ᠶᠢᠨ ᠡᠭᠦᠷᠭᠡ ᠪᠠᠴᠢᠮ ᠪᠠᠶᠢᠬᠤ ᠶᠢ ᠪᠤᠳᠤᠯᠬᠢᠯᠠᠨ᠂ ᠪᠠᠴᠢᠮ ᠪᠠᠶᠢᠳᠠᠯ ᠳᠤ ᠤᠷᠢᠳᠠᠪᠠᠷ ᠬᠡᠷᠡᠭᠯᠡᠬᠦ ᠵᠠᠷᠴᠢᠮ ᠶᠣᠰᠣᠭᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠤᠰᠦᠠ ᠠᠰᠢᠭᠯᠠᠯᠲᠠ ᠶᠢᠨ ᠶᠠᠮᠤᠨ᠂ ᠠᠷᠠᠳ ᠤᠨ ᠪᠠᠩᠬᠢ ᠲᠠᠢ ᠬᠠᠮᠲᠤᠷᠠᠨ ︽ᠰᠠᠭᠤᠷᠢ  ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠤᠨᠴᠠ ᠵᠦᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾᠎ ᠶᠢ ᠲᠤᠭᠤᠷᠪᠢᠵᠤ᠂ 89 ᠳ᠋ᠤᠭᠡᠷ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠤ ᠮᠡᠳᠡᠭᠦᠯᠵᠤ ᠬᠢᠨᠠᠨ ᠪᠠᠲᠤᠯᠠᠭᠤᠯᠤᠭᠠᠳ᠂ ᠵᠢᠷᠭᠤᠭᠠᠨ ᠶᠠᠮᠤᠨ ᠵᠦᠪᠯᠡᠯ ᠤᠨ 2015 ᠣᠨ ᠤ 25 ᠳ᠋ᠤᠭᠠᠷ ᠲᠣᠭᠠᠲᠤ ᠵᠠᠷᠯᠢᠭ ᠢᠶᠠᠷ ᠨᠡᠶᠢᠲᠡᠯᠡᠨ ᠬᠡᠷᠡᠭᠵᠢᠭᠦᠯᠵᠦ᠂ 2015 ᠤᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠪᠡ᠃ ᠤᠯᠤᠰ ᠤᠨ ︽ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾᠎ ᠶᠢ ᠦᠨᠡᠨ ᠬᠦ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠡᠳ᠋ ᠬᠥᠷᠥᠩᠭᠡ ᠶᠢ ᠵᠣᠷᠢᠭᠵᠢᠭᠤᠯᠤᠨ ᠵᠢᠯᠣᠭᠤᠳᠴᠤ ᠮᠠᠨ ᠤ ᠣᠷᠣᠨ ᠤ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠪᠦᠳᠦᠭᠡᠠ ᠪᠠᠶᠢᠭᠤᠯᠤᠯᠲᠠ ᠶᠢᠨ ᠡᠵᠡᠩᠨᠡᠯᠲᠡ ᠳᠤ ᠣᠷᠣᠯᠴᠠᠭᠤᠯᠵᠤ᠂ ᠮᠠᠨ ᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠵᠠᠮ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠲᠠᠢ ᠬᠠᠮᠲᠤᠷᠠᠨ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠠᠷᠭ᠎ᠠ︾᠎ ᠶᠢ ᠲᠤᠭᠤᠷᠪᠢᠨ ᠪᠢᠴᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠤᠯᠤᠭᠠᠳ᠂ 6 ᠰᠠᠯᠠᠭ᠎ᠠ ᠮᠥᠴᠢᠷ ᠨᠡᠷ᠎ᠡ ᠪᠠᠷ ᠬᠠᠮᠲᠤᠷᠠᠨ ᠲᠠᠷᠬᠠᠭᠠᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠪᠡ᠃      ᠲᠠᠶᠢᠯᠤᠮᠵᠢ 2.  ︽ᠠᠷᠭ᠎ᠠ︾᠎ ᠶᠢᠨ ᠨᠡᠶᠢᠲᠡᠯᠡᠭᠳᠡᠭᠰᠡᠨ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖      ︽ᠠᠷᠭ᠎ᠠ︾ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠠᠴᠠ ᠳᠤᠷᠠᠳᠤᠭᠰᠠᠨ ᠵᠠᠬ᠎ᠠ ᠳᠡᠯᠭᠡᠭᠦᠷ ᠤᠨ ᠬᠠᠤᠯᠢ ᠴᠠᠭᠠᠵᠠ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠬᠦᠷᠢᠶ᠎ᠡ ᠳᠤ ᠣᠷᠣᠭᠤᠯᠬᠤ ᠪᠣᠳᠠᠲᠠᠶ ᠠᠷᠭ᠎ᠠ ᠵᠡᠷᠭᠡ ᠶᠢ ᠲᠤᠭᠲᠠᠭᠠᠬᠤ ᠲᠤᠬᠠᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠴᠢᠬᠤᠯᠠ ᠥᠭᠡᠷᠡᠴᠢᠯᠡᠯᠲᠡ ᠪᠠ ᠲᠦᠷᠢᠮ ᠤᠨ ᠰᠢᠨ᠎ᠡ ᠡᠭᠦᠳᠦᠯᠲᠡ ᠮᠥᠨ᠃      ︽ᠠᠷᠭ᠎ᠠ︾᠎ ᠨᠢ ᠮᠠᠨ ᠤ ᠣᠷᠣᠨ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠂ ᠵᠠᠰᠠᠭ ᠤᠨ ᠣᠷᠳᠣᠨ ᠪᠠ ᠨᠡᠶᠢᠭᠡᠮ ᠤᠨ ᠡᠳ᠋ ᠬᠦᠷᠦᠩᠭᠡ ᠶᠢᠨ ᠬᠤᠷᠰᠢᠯᠴᠠᠭ᠎ᠠ ᠶᠢ ᠠᠬᠢᠭᠤᠯᠬᠤ᠂ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠬᠡ ᠠᠰᠢᠭ ᠢ ᠪᠠᠲᠤᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠵᠤᠷᠢᠭᠵᠢᠭᠤᠯᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠬᠦᠷᠢᠶ᠎ᠡ ᠳᠤ ᠣᠷᠣᠭᠤᠯᠵᠤ᠂ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠲᠣᠬᠢᠷᠠᠭᠤᠯᠬᠤ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠬᠤ᠂ ᠴᠢᠨᠠᠭᠰᠢᠯᠠᠪᠠᠯ ᠠᠵᠤ ᠠᠬᠤᠶ ᠶᠢᠨ ᠲᠣᠭᠲᠠᠭᠤᠨ  ᠨᠡᠮᠡᠭᠳᠡᠯ ᠢ ᠠᠬᠢᠭᠤᠯᠬᠤ ᠳᠤ ᠴᠥᠮ ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ᠃      ︽ᠠᠷᠭ᠎ᠠ︾᠎ ᠶᠢ ᠬᠡᠷᠡᠭᠵᠢᠭᠦᠯᠦᠭᠰᠡᠨ ᠶᠠᠪᠤᠳᠠᠯ ᠨᠢ ᠮᠠᠨ ᠤ ᠣᠷᠣᠨ ᠠᠷᠠᠳ ᠤᠨ ᠪᠡᠯᠡ ᠣᠷᠣᠭᠤᠯᠤᠯᠲᠠ ᠳᠤ ᠨᠡᠩ ᠥᠷᠭᠡᠨ ᠠᠭᠤᠳᠠᠮ ᠣᠷᠣᠨ ᠵᠠᠶ ᠣᠯᠭᠤᠵᠤ᠂ ᠲᠦᠷᠢᠮ ᠤᠨ ᠲᠠᠯ᠎ᠠ ᠶᠢᠨ ᠰᠢᠨ᠎ᠡ ᠡᠭᠦᠳᠦᠯᠲᠡ ᠪᠠᠷ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠣᠯᠣᠨ᠎ᠠ᠃ ᠥᠭᠡᠷᠡᠴᠢᠯᠡᠯᠲᠡ ᠪᠠ ᠳᠦᠷᠢᠮ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠨᠡᠶᠢᠭᠡᠮ ᠤᠨ ᠡᠳ᠋ ᠬᠥᠷᠥᠩᠭᠡ ᠶᠢᠨ ᠠᠮᠢᠯᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠤᠯᠠᠨ ᠨᠡᠶᠢᠲᠡ ᠶᠢᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ ᠬᠠᠯᠠᠭᠤᠨ ᠰᠡᠳᠬᠢᠯ ᠢ ᠤᠯᠠᠮ ᠬᠥᠭᠵᠢᠭᠡᠵᠦ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠲᠠᠢ ᠴᠤᠭ ᠠᠵᠤ ᠠᠬᠤᠶ ᠶᠢᠨ ᠬᠥᠭᠵᠢᠯᠲᠡ ᠶᠢᠨ ︽ᠬᠤᠣᠰ ᠬᠥᠳᠡᠯᠭᠡᠭᠦᠷ︾᠎ ᠢ ᠪᠦᠷᠢᠯᠳᠦᠭᠦᠯᠬᠦ ᠪᠣᠯᠣᠨ᠎ᠠ᠃      ᠲᠠᠶᠢᠯᠤᠮᠵᠢ 3. ︽ᠠᠷᠭ᠎ᠠ︾᠎ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠪᠠᠭᠲᠠᠵᠤ ᠪᠠᠶᠢᠬᠤ ᠪᠤᠢ︖      ︽ᠠᠷᠭ᠎ᠠ︾᠎ ᠳᠤ ᠨᠡᠶᠢᠲᠡ ᠲᠠᠪᠤᠨ ᠪᠦᠯᠦᠭ 41 ᠵᠦᠢᠯ ᠪᠠᠭᠲᠠᠵᠤ᠂ ᠮᠠᠨ ᠤ ᠣᠷᠣᠨ ᠤ ᠰᠠᠭᠤᠷᠢ ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠬᠡᠷᠡᠭᠯᠡᠭᠡᠨ ᠤ ᠬᠡᠪᠴᠢᠶ᠎ᠡ᠂ ᠬᠡᠷᠡᠭᠵᠢᠭᠦᠯᠬᠦ ᠳᠡᠰ ᠳᠠᠷᠠᠭᠠᠯᠠᠯ᠂ ᠲᠥᠷᠥ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠨᠡᠯᠢᠶᠡᠳ ᠪᠦᠬᠦ ᠲᠠᠯ᠎ᠠ ᠶᠢᠨ ᠨᠠᠷᠢᠨ ᠲᠣᠭᠲᠠᠭᠠᠯ ᠭᠠᠷᠭᠠᠵᠠᠶ᠃ ᠭᠤᠣᠯ ᠠᠭᠤᠯᠭ᠎ᠠ ᠳᠤ ᠳᠣᠣᠷᠠᠬᠢ ᠲᠠᠪᠤᠨ ᠲᠠᠯ᠎ᠠ ᠪᠠᠭᠲᠠᠵᠤ ᠪᠠᠶᠢᠨ᠎ᠠ᠄      ᠨᠢᠭᠡ ᠳᠤ ᠲᠥᠷᠥᠯ ᠵᠦᠢᠯ ᠤᠨ ᠬᠡᠷᠡᠭᠯᠡᠬᠦ ᠬᠡᠪᠴᠢᠶ᠎ᠡ ᠶᠢ ᠲᠣᠲᠤᠷᠬᠠᠶᠢᠯᠠᠪᠠ᠃ ︽ᠠᠷᠭ᠎ᠠ︾᠎ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠰᠠᠭᠤᠷᠢ  ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠬᠦᠷᠢᠶᠡᠨ ᠳᠠᠬᠢ ᠠᠵᠢᠯᠯᠠᠭ᠎ᠠ ᠳᠤ ᠲᠣᠬᠢᠷᠠᠨ᠎ᠠ ᠭᠡᠵᠦ ᠲᠣᠲᠤᠷᠬᠠᠢ ᠲᠣᠭᠲᠠᠭᠠᠪᠠ᠃      ᠬᠤᠶᠠᠷ ᠲᠤ ᠳᠦᠷᠦᠯ ᠵᠦᠢᠯ ᠢ ᠨᠣᠲᠠᠯᠠᠨ ᠲᠣᠭᠲᠠᠭᠠᠬᠤ ᠵᠠᠷᠴᠢᠮ ᠢ ᠲᠣᠲᠤᠷᠬᠠᠶᠢᠯᠠᠪᠠ᠃ ︽ᠠᠷᠭ᠎ᠠ︾᠎ ᠳᠤ᠂ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠰᠠᠭᠤᠷᠢ ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠲᠥᠷᠥᠯ ᠵᠦᠢᠯ ᠳᠤ ᠣᠨᠴᠠ ᠵᠥᠪᠰᠢᠶᠡᠷᠡᠯ ᠤᠨ ᠡᠵᠡᠩᠨᠡᠯᠲᠡ ᠶᠢ ᠬᠡᠷᠡᠭᠵᠢᠭᠦᠯᠦᠨ᠎ᠡ ᠭᠡᠵᠦ ᠲᠣᠭᠲᠠᠭᠠᠪᠠ᠄      ︵ᠨᠢᠭᠡ︶ ᠨᠡᠶᠢᠭᠡᠮ ᠤᠨ ᠬᠥᠷᠥᠩᠭᠡ ᠳᠤ ᠲᠤᠰᠬᠠᠶ ᠮᠡᠷᠭᠡᠵᠢᠯ ᠤᠨ ᠳᠠᠪᠠᠭᠤᠯᠢᠭ ᠲᠠᠢ ᠪᠠᠶᠢᠵᠤ᠂ ᠲᠥᠷᠥᠯ ᠵᠦᠢᠯ ᠤᠨ ᠪᠦᠷᠢᠨ ᠠᠮᠢ ᠨᠠᠰᠤᠨ ᠤ ᠦᠶᠡᠯᠡᠯ ᠤᠨ ᠥᠪᠡᠷ ᠤᠨ ᠥᠷᠳᠡᠭ ᠢ ᠮᠡᠳᠡᠭᠳᠡᠬᠦ᠋ᠢᠴᠡ  ᠪᠠᠭᠤᠷᠠᠭᠤᠯᠵᠤ ᠴᠢᠳᠠᠬᠤ ᠪᠤᠶᠤ ᠣᠯᠠᠨ ᠨᠡᠶᠢᠲᠡ ᠶᠢᠨ ᠦᠢᠯᠡᠳᠬᠦᠨ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠳᠡᠶᠢᠯᠬᠦ︔      ︵ᠬᠤᠶᠠᠷ︶ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠲᠣᠳᠣᠷᠬᠠᠶ᠂ ᠠᠵᠢᠯ ᠤᠨ ᠪᠦᠲᠦᠮᠵᠢ ᠶᠢ ᠬᠢᠨᠠᠨ ᠬᠠᠮᠢᠶᠠᠷᠬᠤ ᠱᠠᠭᠠᠷᠳᠠᠯᠭ᠎ᠠ ᠲᠣᠳᠣᠷᠬᠠᠶ ᠪᠠᠶᠢᠬᠤ︔      ︵ᠭᠤᠷᠪᠠ︶ ᠲᠥᠷᠥᠯ ᠵᠦᠢᠯ ᠨᠢ ᠵᠦᠢ ᠵᠣᠬᠢᠰᠲᠠᠶ ᠮᠥᠷᠲᠡᠭᠡᠨ ᠲᠣᠭᠲᠠᠪᠤᠷᠢᠲᠠᠢ ᠵᠢᠱᠢᠭᠰᠡᠨ ᠠᠰᠢᠭ ᠣᠷᠣᠯᠭ᠎ᠠ ᠲᠠᠢ ᠪᠠᠶᠢᠬᠤ᠃      ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠨᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠭᠤᠣᠯ ᠴᠣᠭᠴᠠ ᠶᠢᠨ ᠴᠢᠳᠠᠮᠵᠢᠳᠤ ᠣᠷᠣᠨ ᠤ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠪᠣᠯᠤᠨ ᠠᠶᠤᠯ ᠥᠭᠡᠢ ᠦᠢᠯᠡᠳᠪᠦᠷᠢᠯᠡᠯ ᠤᠨ ᠲᠥᠯᠥᠪᠵᠢᠭᠦᠯᠭᠡ ᠵᠡᠷᠭᠡ ᠲᠤᠰᠬᠠᠶ ᠲᠥᠯᠥᠪᠵᠢᠭᠦᠯᠭᠡ᠂ ᠭᠠᠵᠠᠷ ᠰᠢᠷᠣᠶ ᠶᠢ ᠠᠰᠢᠭᠯᠠᠬᠤ ᠲᠥᠯᠥᠪᠵᠢᠭᠦᠯᠭᠡ᠂ ᠬᠤᠳᠠ ᠬᠥᠳᠡᠭᠡ ᠶᠢᠨ ᠲᠥᠯᠥᠪᠵᠢᠭᠦᠯᠭᠡ᠂ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠵᠡᠷᠭᠡ ᠳᠤ ᠨᠡᠶᠢᠴᠡᠭᠰᠡᠨ ᠪᠠᠶᠢᠬᠤ ᠬᠡᠷᠡᠭᠲᠡᠢ᠃      ᠭᠤᠷᠪᠠ ᠳᠤ ᠲᠥᠷᠥᠯ ᠵᠦᠢᠯ ᠢ ᠬᠡᠷᠡᠭᠵᠢᠭᠦᠯᠬᠦ ᠠᠯᠬᠤᠮ ᠳᠠᠷᠠᠭ᠎ᠠ ᠶᠢ ᠲᠣᠲᠤᠷᠬᠠᠶᠢᠯᠠᠪᠠ᠃ ︽ᠠᠷᠭ᠎ᠠ︾᠎ ᠶᠢᠨ ᠠᠷᠪᠠᠨ ᠲᠠᠪᠤᠳᠤᠭᠠᠷ ᠵᠦᠢᠯ ᠠᠴᠠ ᠭᠤᠴᠢᠨ ᠭᠤᠷᠪᠠᠳᠤᠭᠠᠷ ᠵᠦᠢᠯ ᠬᠦᠷᠲᠡᠯ᠎ᠡ᠂ ᠬᠠᠭᠠᠰ ᠰᠢᠬᠠᠮ ᠬᠡᠮᠵᠢᠶ᠎ᠡ ᠪᠠᠷ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠤᠨ ᠬᠤᠷᠰᠢᠯᠴᠠᠭ᠎ᠠ᠂ ᠵᠥᠪᠳᠡᠯᠴᠡᠭᠡᠷ ᠲᠣᠭᠲᠠᠬᠤ᠂ ᠪᠡᠯᠡ ᠮᠥᠩᠭᠦᠨ ᠤ ᠳᠡᠮᠵᠢᠯᠭᠡ᠂ ᠵᠠᠰᠠᠭ ᠤᠨ ᠣᠷᠳᠣᠨ ᠵᠢᠴᠢ ᠬᠤᠷᠰᠢᠯᠴᠠᠬᠤ ᠲᠠᠯ᠎ᠠ ᠶᠢᠨ ᠪᠣᠯᠵᠤᠭ᠎ᠠ ᠭᠦᠢᠴᠡᠳᠬᠡᠬᠦ ᠡᠭᠦᠷᠭᠡ ᠪᠣᠯᠣᠨ ᠬᠠᠷᠢᠭᠤᠴᠠᠯᠭ᠎ᠠ ᠵᠡᠷᠭᠡ ᠶᠢ ᠨᠠᠷᠢᠨ ᠲᠣᠭᠲᠠᠭᠠᠭᠰᠠᠨ ᠪᠣᠯᠬᠤᠷ ᠮᠠᠨ ᠤ ᠣᠷᠣᠨ ᠤ ᠰᠠᠭᠤᠷᠢ ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠬᠦᠷᠢᠶᠡᠨ ᠳᠠᠬᠢ ᠠᠵᠢᠯᠯᠠᠭ᠎ᠠ ᠶᠢᠨ ᠳᠤᠮᠳᠠᠬᠢ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠣᠳᠠᠲᠠᠶ ᠠᠷᠭ᠎ᠠ ᠪᠣᠯᠣᠨ᠎ᠠ᠃      ᠲᠦᠷᠪᠡ ᠳᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠲᠣᠲᠤᠷᠬᠠᠶᠢᠯᠠᠪᠠ᠃ ︽ᠠᠷᠭ᠎ᠠ︾᠎ ᠳᠤ ᠪᠦᠬᠦ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠠᠴᠠ ᠰᠠᠭᠤᠷᠢ ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠳᠠᠬᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠲᠣᠷᠬᠠᠢ ᠲᠣᠭᠲᠠᠭᠠᠭᠰᠠᠨ ᠨᠢ ᠰᠠᠭᠤᠷᠢ ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠡᠵᠡᠩᠨᠡᠯᠲᠡ ᠶᠢᠨ ᠲᠥᠷᠥᠯ ᠵᠦᠢᠯ ᠢ ᠵᠢᠷᠤᠮᠵᠢᠭᠤᠨ ᠡᠮᠬᠢ ᠳᠠᠷᠠᠭ᠎ᠠ ᠲᠠᠢ ᠪᠥᠳᠥᠭᠡᠨ ᠪᠠᠶᠢᠭᠤᠯᠬᠤ ᠪᠠ ᠡᠵᠡᠩᠨᠡᠬᠦ ᠳᠤ ᠠᠰᠢᠭᠲᠠᠢ ᠶᠤᠮ᠃      ᠲᠠᠶᠢᠯᠤᠮᠵᠢ 4.  ᠣᠨᠴᠠ ᠵᠥᠪᠰᠢᠶᠡᠷᠡᠯ ᠤᠨ ᠡᠵᠡᠩᠨᠡᠯᠲᠡ ᠪᠣᠯᠣᠨ PPP ᠶᠠᠮᠠᠷ ᠬᠠᠷᠢᠴᠠᠭ᠎ᠠ ᠲᠠᠢ ᠪᠤᠶ︖      PPP ᠭᠡᠳᠡᠭ ᠨᠢ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠤᠷᠰᠢᠯᠴᠠᠭ᠎ᠠ ᠶᠢ ᠵᠢᠭᠠᠵᠤ᠂ ᠬᠦᠷᠢᠶ᠎ᠡ ᠬᠡᠪᠴᠢᠶ᠎ᠡ ᠪᠣᠯᠣᠨ ᠠᠭᠤᠯᠤᠭᠳᠠᠬᠤᠨ ᠨᠢ ᠨᠡᠯᠢᠶᠡᠳ ᠥᠷᠭᠡᠨ ᠪᠠᠶᠢᠳᠠᠭ᠂ ᠣᠨᠴᠠ ᠵᠥᠪᠰᠢᠶᠡᠷᠡᠯ ᠤᠨ ᠡᠵᠡᠩᠨᠡᠯᠲᠡ ᠶᠢ ᠪᠠᠭᠲᠠᠭᠠᠬᠤ ᠪᠦᠭᠡᠳ ᠰᠲ᠋ᠣᠺ ᠤᠨ ᠡᠷᠬᠡ ᠶᠢᠨ ᠬᠤᠷᠰᠢᠯᠴᠠᠭ᠎ᠠ ᠲᠠᠢ ᠪᠠᠶᠢᠵᠤ᠂ ᠪᠠᠰᠠ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠬᠡᠯᠪᠡᠷᠢ ᠲᠠᠢ  ᠪᠠᠶᠢᠳᠠᠭ᠃ ᠭᠡᠪᠡᠴᠦ ᠪᠤᠰᠤᠳ ᠤᠯᠤᠰ ᠪᠣᠯᠣᠨ ᠮᠠᠨ ᠤ ᠤᠯᠤᠰ ᠤᠨ ᠪᠣᠳᠠᠲᠤ ᠪᠠᠶᠢᠳᠠᠯ ᠠᠴᠠ ᠠᠪᠴᠤ ᠦᠵᠡᠪᠡᠯ᠂ PPP᠎ ᠨᠢ ᠴᠥᠮ ᠭᠤᠣᠯᠳᠠᠭᠤ ᠰᠠᠭᠤᠷᠢ ᠪᠡᠯᠡᠳᠬᠡᠮᠵᠢ ᠪᠣᠯᠣᠨ ᠤᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠲᠥᠪᠯᠡᠷᠡᠵᠦ᠂ ᠣᠨᠴᠠ ᠵᠥᠪᠰᠢᠶᠡᠷᠡᠯ ᠤᠨ ᠡᠵᠡᠩᠨᠡᠯᠲᠡ ᠪᠠᠷ ᠳᠠᠮᠵᠢᠨ ᠪᠤᠳᠠᠲᠠᠢ ᠬᠡᠷᠡᠭᠵᠢᠭᠦᠯᠦᠭᠳᠡᠵᠦ ᠪᠡᠶᠡᠯᠡᠭᠳᠡᠳᠡᠭ᠃ ᠳᠡᠯᠡᠬᠡᠶ ᠶᠢᠨ ᠪᠠᠩᠬᠢ ᠶᠢᠨ ᠪᠦᠷᠢᠨ ᠪᠤᠰᠤ ᠪᠦᠷᠢᠳᠬᠡᠯ ᠢᠶᠠᠷ ᠪᠣᠯ ᠂  ᠳᠡᠭᠡᠷ᠎ᠡ ᠵᠠᠭᠤᠨ ᠤ ᠶᠡᠷᠡᠭᠡᠳ ᠣᠨ ᠠᠴᠠ ᠨᠠᠰᠢ᠂ ᠮᠠᠨ ᠤ ᠤᠯᠤᠰ ᠵᠠᠮ ᠬᠠᠷᠢᠯᠴᠠᠭ᠎ᠠ᠂ ᠡᠨᠧᠷᠭᠢ᠂ ᠬᠤᠳᠠ ᠶᠢᠨ ᠶᠠᠪᠤᠳᠠᠯ ᠤᠨ ᠬᠦᠷᠢᠶᠡᠨ ᠳᠤ 1000 ᠭᠠᠷᠤᠢ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠭᠰᠠᠨ ᠪᠠᠶᠢᠨ᠎ᠠ᠃ ᠪᠤᠰᠤᠳ ᠠᠩᠬ᠎ᠠ ᠠᠯᠬᠤᠮ ᠤᠨ ᠪᠦᠷᠢᠳᠬᠡᠯ ᠢᠶᠠᠷ ᠪᠣᠯ᠂ ᠳᠤᠮᠳᠠᠳᠤ ᠤᠯᠤᠰ ᠤᠨ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠪᠠ  ᠨᠡᠶᠢᠲᠡ ᠶᠢᠨ ᠬᠡᠷᠡᠭᠯᠡᠭᠡᠨ ᠤ ᠤᠰᠤᠨ ᠤ ᠲᠥᠷᠥᠯ ᠵᠦᠢᠯ ᠳᠤ ᠣᠨᠴᠠ ᠵᠥᠪᠰᠢᠶᠡᠷᠡᠯ ᠤᠨ ᠡᠵᠡᠩᠨᠡᠯᠲᠡ ᠶᠢ ᠬᠡᠷᠡᠭᠵᠢᠭᠦᠯᠦᠭᠰᠡᠨ ᠬᠠᠷᠢᠴᠠᠯ ᠨᠢ 42%  ᠪᠠ 20%᠎ ᠳᠤ ᠬᠦᠷᠪᠡ᠃ ᠡᠶᠢᠮᠦ ᠠᠴᠠ᠂  ᠣᠨᠴᠠ ᠵᠥᠪᠰᠢᠶᠡᠷᠡᠯ ᠤᠨ ᠡᠵᠡᠩᠨᠡᠯᠲᠡ ᠨᠢ PPP᠎ ᠶᠢᠨ ᠬᠠᠮᠤᠭ ᠤᠨ ᠴᠢᠬᠤᠯᠠ ᠠᠭᠤᠯᠭ᠎ᠠ ᠭᠡᠵᠦ ᠬᠡᠯᠡᠵᠦ ᠪᠣᠯᠣᠨ᠎ᠠ᠂ ︽ᠠᠷᠭ᠎ᠠ︾᠎ ᠶᠢ ppp ᠵᠠᠭᠪᠤᠷᠰᠢᠯ ᠢ ᠲᠦᠯᠬᠢᠨ ᠠᠬᠢᠭᠤᠯᠬᠤ  ᠴᠢᠬᠤᠯᠠ ᠲᠦᠷᠢᠮ ᠲᠣᠭᠲᠠᠭᠠᠯ ᠤᠨ ᠵᠢᠷᠤᠭ ᠲᠥᠯᠥᠪᠯᠡᠭᠡ ᠪᠠᠷ ᠦᠵᠡᠵᠦ ᠪᠣᠯᠣᠨ᠎ᠠ᠂ ppp ᠵᠠᠭᠪᠤᠷᠰᠢᠯ ᠤᠨ ᠬᠥᠭᠵᠢᠯᠲᠡ ᠶᠢ ᠠᠬᠢᠭᠤᠯᠬᠤ ᠨᠢᠭᠡᠨ ᠢᠵᠢ ᠪᠦᠷᠢᠨ ᠳᠦᠷᠢᠮ ᠢᠶᠠᠷ ᠦᠵᠡᠭᠰᠡᠨ ᠴᠦ ᠪᠣᠯᠣᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map