︽ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠥᠭᠦ ᠲᠠᠯ᠎ᠠ ᠪᠠᠷ ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠳᠦᠭᠦᠪᠴᠢ ᠵᠦᠪᠳᠡᠯᠴᠡᠬᠡᠷ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2017/1/16
     ᠰᠤᠷᠪᠤᠯᠵᠢᠯᠠᠭᠰᠠᠨ ᠴᠠᠭ᠄      2016 ᠤᠨ ᠤ 12 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠤᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠺᠧ ᠶᠦᠩ ᠬᠦᠸᠧ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠬᠠᠮᠲᠤᠷᠠᠯᠴᠠᠬᠤ ᠶᠠᠪᠤᠳᠠᠯ ᠪᠣᠯ ᠲᠥᠪ ᠤᠨ ᠵᠡᠭᠦᠨ ᠪᠠᠷᠠᠭᠤᠨ ᠪᠦᠰᠡ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠂ ᠦᠨᠳᠦᠰᠦᠲᠡᠨ ᠤ ᠭᠠᠵᠠᠷ ᠣᠷᠣᠨ᠂ ᠪᠠᠷᠠᠭᠤᠨ ᠪᠦᠰᠡ ᠶᠢᠨ ᠭᠠᠵᠠᠷ ᠣᠷᠣᠨ ᠤ ᠬᠥᠭᠵᠢᠯᠲᠡ ᠶᠢ ᠳᠡᠮᠵᠢᠬᠦ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠮᠦᠨ᠂ ᠪᠠᠰᠠ ᠴᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠦᠨ᠃ ᠤᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠺᠧ ᠶᠦᠩ ᠬᠦᠸᠧ ᠢ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠰᠤᠷᠪᠤᠯᠵᠢᠯᠠᠭ᠎ᠠ ᠳᠤ ᠤᠷᠢᠵᠤ᠂ ︽ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠥᠭᠦ ᠲᠠᠯ᠎ᠠ ᠪᠠᠷ ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠳᠦᠭᠦᠪᠴᠢ ᠵᠦᠪᠳᠡᠯᠴᠡᠭᠡᠷ︾᠎ ᠤᠨ ᠲᠤᠬᠠᠢ ᠰᠦᠯᠵᠢᠶᠡᠨ ᠠᠨᠳᠠ ᠲᠠᠢ ᠰᠠᠨᠠᠯ ᠰᠤᠯᠢᠯᠴᠠᠭᠤᠯᠬᠤ ᠪᠠᠷ ᠪᠤᠢ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕                             ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠭᠢᠯᠡᠭᠴᠢ ᠺᠧ ᠶᠦᠡᠭ ᠭᠦᠸᠧ ᠢ ᠤᠷᠢᠵᠤ᠂ ︽ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠥᠭᠦ ᠲᠠᠯ᠎ᠠ ᠪᠠᠷ ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠳᠦᠭᠦᠪᠴᠢ ᠵᠦᠪᠳᠡᠯᠴᠡᠭᠡᠷ︾᠎ ᠤᠨ ᠲᠤᠬᠠᠢ ᠲᠠ ᠪᠦᠬᠦᠨ ᠳᠤ ᠲᠠᠶᠢᠯᠪᠤᠷᠢ ᠬᠢᠯᠬᠡᠬᠦ ᠪᠠᠷ ᠪᠤᠯᠤᠯ᠎ᠠ᠃ ᠺᠧ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ︕      ᠺᠧ ᠶᠦᠩ ᠬᠦᠸᠧ᠄      ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕      ᠬᠥᠲᠥᠯᠥᠭᠴᠢ᠄      ᠲᠠ ᠪᠢᠳᠡᠨ ᠳᠤ ᠥᠪᠡᠷᠲᠡᠭᠡᠨ ᠵᠠᠰᠠᠬᠤ ᠣᠷᠣᠨ ᠪᠣᠯᠤᠨ ᠪᠡᠭᠡᠵᠢᠩ ᠬᠤᠳᠠ ︽ᠪᠦᠳᠦᠬᠦᠪᠴᠢ ᠵᠦᠪᠳᠡᠯᠴᠡᠭᠡᠷ︾᠎ ᠲᠤ ᠬᠠᠮᠲᠤ ᠪᠠᠷ ᠭᠠᠷ ᠤᠨ ᠦᠰᠦᠭ ᠵᠢᠷᠤᠭᠰᠠᠨ ᠠᠬᠤᠶ ᠪᠠᠶᠢᠳᠠᠯ ᠢ ᠶᠠᠷᠢᠭᠠᠳ ᠦᠭᠭᠦᠨ᠎ᠡ ᠤᠤ︖      ᠺᠧ ᠶᠦᠩ ᠬᠦᠸᠧ᠄      ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠬᠠᠮᠲᠤᠷᠠᠯᠴᠠᠬᠤ ᠶᠠᠪᠤᠳᠠᠯ ᠪᠤᠯ ᠲᠥᠪ ᠤᠨ ᠵᠡᠭᠦᠨ ᠪᠠᠷᠠᠭᠤᠨ ᠪᠦᠰᠡ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠂ ᠦᠨᠳᠦᠰᠦᠲᠡᠨ ᠤ ᠭᠠᠵᠠᠷ ᠣᠷᠣᠨ᠂ ᠪᠠᠷᠠᠭᠤᠨ ᠪᠦᠰᠡ ᠶᠢᠨ ᠭᠠᠵᠠᠷ ᠣᠷᠣᠨ ᠤ ᠬᠥᠭᠵᠢᠯᠲᠡ ᠶᠢᠨ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠮᠦᠨ᠂ ᠪᠠᠰᠠ ᠴᠤ  ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠦᠨ᠃ 1996 ᠣᠨ ᠳᠤ ᠤᠯᠤᠰ ᠠᠴᠠ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠲᠤᠭᠲᠠᠭᠠᠭᠰᠠᠨ ᠠᠴᠠ ᠨᠠᠰᠢ᠂ ᠪᠡᠭᠡᠵᠢᠩ ᠬᠤᠲᠠ ᠶᠡᠭᠡ ᠬᠡᠮᠵᠢᠶᠡᠨ ᠤ ᠬᠥᠮᠦᠨ ᠤ ᠬᠦᠴᠦ᠂ ᠡᠳ᠋ ᠤᠨ ᠬᠦᠴᠦ ᠪᠤᠯᠤᠨ ᠪᠣᠳᠠᠰ ᠤᠨ ᠬᠦᠴᠦ ᠤᠷᠤᠭᠤᠯᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠭᠰᠡᠨ ᠪᠠᠶᠢᠨ᠎ᠠ᠃ 2010 ᠣᠨ ᠳᠤ᠂ ᠪᠡᠭᠡᠵᠢᠩ ᠪᠤᠯᠤᠨ ᠥᠪᠥᠷ ᠮᠣᠩᠭᠤᠯ ︽12·5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠤ ᠣᠷᠣᠨ ᠪᠦᠰᠡ ᠶᠢᠨ ᠬᠠᠮᠲᠤᠷᠠᠯᠴᠠᠭᠠᠨ ᠤ ᠪᠦᠳᠦᠭᠦᠪᠴᠢ ᠵᠦᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠪᠡᠭᠡᠵᠢᠩ ᠬᠤᠲᠠ ᠳᠡᠮᠵᠢᠯᠭᠡ ᠦᠵᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠭᠠᠨᠬᠠᠳᠠ ᠪᠤᠯᠤᠨ ᠤᠯᠠᠭᠠᠨᠴᠠᠪ ᠲᠤ ᠬᠠᠪᠰᠤᠷᠤᠨ ᠲᠡᠳᠬᠦᠬᠦ 200 ᠭᠠᠷᠤᠶ ᠲᠥᠷᠥᠯ ᠵᠦᠢᠯ ᠢ ᠬᠠᠨᠳᠤᠯᠭᠠᠲᠤ ᠴᠢᠨᠠᠷᠲᠠᠶ ᠪᠠᠷ ᠬᠡᠷᠡᠭᠵᠢᠭᠦᠯᠵᠦ᠂  ᠪᠡᠭᠡᠵᠢᠩ ᠬᠤᠲᠠ ᠶᠢᠨ ᠠᠵᠤ ᠠᠬᠤᠶᠢᠯᠠᠯ ᠢ ᠵᠣᠷᠢᠭᠵᠢᠭᠤᠯᠤᠨ ᠲᠡᠮᠵᠢᠵᠤ ᠪᠠᠶᠢᠭᠠᠳ ᠥᠪᠥᠷ ᠮᠣᠩᠭᠤᠯ ᠳᠤ 1900 ᠭᠠᠷᠤᠶ ᠲᠦᠷᠦᠯ ᠵᠦᠢᠯ ᠳᠤ ᠪᠡᠯᠡ ᠤᠷᠤᠭᠤᠯᠵᠤ᠂ 5600 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠠᠳ᠂ ᠪᠡᠭᠡᠵᠢᠩ ᠬᠤᠲᠠ ᠨᠢ ᠥᠪᠥᠷ ᠮᠣᠩᠭᠤᠯ ᠳᠤ ᠬᠠᠮᠤᠭ ᠤᠨ ᠶᠡᠭᠡ ᠪᠡᠯᠡ ᠤᠷᠤᠭᠤᠯᠤᠭᠰᠠᠨ ᠭᠠᠵᠠᠷ ᠣᠷᠣᠨ ᠪᠤᠯᠤᠭᠰᠠᠨ ᠪᠠᠶᠢᠨ᠎ᠠ᠃ ᠪᠡᠭᠡᠵᠢᠩ ᠪᠠᠰᠠ ᠵᠠᠬ᠎ᠠ ᠳᠡᠯᠭᠡᠭᠦᠷ ᠤᠨ ᠦᠷᠭᠡᠳᠭᠡᠯ᠂ ᠺᠠᠳ᠋ᠷ ᠤᠨ ᠰᠣᠯᠢᠯᠴᠠᠭ᠎ᠠ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠲᠠᠯ᠎ᠠ ᠪᠠᠷ ᠥᠪᠥᠷ ᠮᠣᠩᠭᠤᠯ ᠳᠤ ᠪᠦᠬᠦ ᠲᠠᠯ᠎ᠠ ᠶᠢᠨ ᠳᠡᠮᠵᠢᠯᠭᠡ ᠦᠵᠡᠬᠦᠯᠪᠡ᠃      ︽13·5︾᠎ ᠶᠢᠨ ᠲᠦᠯᠦᠪᠵᠢᠬᠦᠯᠭᠡ ᠳᠤ ᠬᠠᠨᠳᠤᠭᠤᠯᠤᠨ᠂  ᠶᠡᠷᠦᠩᠬᠡᠶ ᠱᠦᠵᠢ ᠰᠢ ᠶᠢᠨ ᠫᠢᠩ ᠤᠨ ᠵᠡᠭᠦᠨ ᠪᠠᠷᠠᠭᠤᠨ  ᠪᠦᠰᠡ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠪᠤᠯᠤᠨ ᠥᠪᠥᠷ ᠮᠣᠩᠭᠤᠯ ᠬᠤᠶᠠᠷ ᠭᠠᠵᠠᠷ ᠤᠨ ᠪᠦᠬᠦ ᠲᠠᠯ᠎ᠠ ᠶᠢᠨ᠂ ᠣᠯᠠᠨ ᠬᠦᠷᠢᠶᠡᠨ ᠤ᠂ ᠭᠦᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠯᠠᠳᠠ᠂ ᠬᠤᠶᠠᠷ ᠭᠠᠵᠠᠷ ᠤᠨ ᠵᠠᠰᠠᠭ ᠤᠨ ᠣᠷᠳᠣᠨ ︽ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠥᠭᠦ ᠲᠠᠯ᠎ᠠ ᠪᠠᠷ ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠳᠦᠭᠦᠪᠴᠢ ᠵᠦᠪᠳᠡᠯᠴᠡᠭᠡᠷ︾᠎ ᠲᠤ ᠬᠠᠮᠲᠤ ᠪᠠᠷ ᠭᠠᠷ ᠤᠨ ᠦᠰᠦᠭ ᠵᠢᠷᠤᠪᠠ᠃ ᠵᠦᠪᠳᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ᠂ ᠬᠤᠶᠠᠷ ᠭᠠᠵᠠᠷ ᠤᠨ ᠡᠯ᠎ᠡ ᠰᠠᠯᠠᠭ᠎ᠠ ᠮᠥᠴᠢᠷ  ᠂ ᠭᠠᠵᠠᠷ ᠣᠷᠣᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠤᠯᠠᠮ ᠨᠢᠭᠡ ᠠᠯᠬᠤᠮ ᠵᠢᠯᠣᠭᠤᠳᠴᠤ᠂ ᠪᠡᠭᠡᠵᠢᠩ ᠥᠪᠥᠷ ᠮᠣᠩᠭᠤᠯ ᠤᠨ ᠬᠤᠶᠠᠷ ᠭᠠᠵᠠᠷ ᠤᠨ ᠬᠠᠷᠢᠴᠠᠩᠭᠤᠶ ᠳᠠᠪᠠᠭᠤᠯᠢᠭ ᠲᠠᠯ᠎ᠠ ᠶᠢ ᠨᠡᠩ ᠰᠠᠶᠢᠢᠨ ᠪᠠᠳᠠᠷᠠᠭᠤᠯᠵᠤ᠂ ᠨᠡᠩ ᠪᠦᠬᠦ ᠲᠠᠯ᠎ᠠ ᠶᠢ ᠬᠠᠮᠤᠷᠠᠭᠰᠠᠨ᠂ ᠨᠡᠩ ᠨᠢᠭᠲᠠᠷᠠᠭᠰᠠᠨ᠂ ᠨᠡᠩ ᠰᠢᠨᠵᠢᠯᠡᠬᠦ ᠤᠬᠠᠭᠠᠨᠴᠢᠯᠠᠭᠰᠠᠨ ᠬᠠᠮᠲᠤᠷᠠᠯᠴᠠᠭ᠎ᠠ ᠶᠢ ᠥᠷᠨᠢᠭᠦᠯᠵᠦ᠂  ᠨᠡᠩ ᠤᠨᠤᠪᠴᠢᠲᠠᠢ᠂ ᠨᠡᠩ ᠪᠦᠲᠦᠮᠵᠢᠲᠡᠶ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠭᠦᠭᠦ ᠶᠢ ᠬᠡᠷᠡᠭᠵᠢᠬᠦᠯᠵᠤ᠂ ᠬᠤᠶᠠᠷ ᠭᠠᠵᠠᠷ ᠬᠠᠮᠲᠤ ᠪᠠᠷ ᠬᠥᠭᠵᠢᠨ ᠳᠠᠪᠰᠢᠵᠤ᠂ ᠪᠡᠭᠡᠵᠢᠩ ᠪᠤᠯᠤᠨ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠪᠤᠯᠤᠨ᠎ᠠ᠃      ᠬᠥᠲᠥᠯᠥᠭᠴᠢ᠄      ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠡᠭᠡᠵᠢᠩ ᠪᠣᠯᠣᠨ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠳᠤ ᠶᠠᠮᠠᠷ ᠶᠠᠮᠠᠷ ᠠᠵᠠ ᠲᠣᠬᠢᠶᠠᠯ ᠣᠷᠣᠰᠢᠵᠤ ᠪᠠᠶᠢᠬᠤ ᠪᠤᠶ︖      ᠺᠧ ᠶᠦᠩ ᠭᠦᠸᠧ᠄      ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠨᠢ ᠰᠢᠪᠲᠤᠯᠤᠯᠲᠠ ᠶᠢᠨ ᠱᠠᠲᠤᠨ ᠳᠤ ᠣᠷᠣᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠪᠠᠶᠢᠯᠳᠤᠬᠤ ᠪᠤᠳᠤᠯᠭ᠎ᠠ ᠲᠦᠷᠬᠡᠨ ᠠᠬᠢᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠠᠮᠲᠤᠷᠠᠯᠴᠠᠭ᠎ᠠ ᠶᠢᠨ ᠬᠥᠭᠵᠢᠯᠲᠡ ᠳᠤ ᠠᠯᠢ ᠤᠯᠠᠨ ᠴᠢᠬᠤᠯᠠ ᠠᠵᠠ ᠲᠣᠬᠢᠶᠠᠯ ᠣᠷᠣᠰᠢᠵᠤ ᠪᠠᠶᠢᠨ᠎ᠠ᠃      ᠨᠢᠭᠡ ᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠯᠳᠤᠬᠤ ᠪᠤᠳᠤᠯᠭ᠎ᠠ ᠪᠦᠬᠦ ᠲᠠᠯ᠎ᠠ ᠪᠠᠷ ᠬᠡᠷᠡᠭᠵᠢᠭᠦᠯᠦᠭᠳᠡᠨ᠎ᠡ᠃ ᠶᠡᠷᠦᠩᠬᠡᠶ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠲᠣᠳᠣᠷᠬᠠᠶᠢᠯᠠᠨ ᠥᠭᠦᠯᠡᠬᠦ ᠳᠡᠭᠡᠨ ᠴᠢᠬᠤᠯᠠᠴᠢᠯᠠᠭᠰᠠᠨ ᠨᠢ᠂ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠪᠣᠯ ᠮᠠᠨ ᠤ ᠤᠯᠤᠰ ᠤᠨ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠭᠤᠣᠯᠳᠠᠯᠭ᠎ᠠ ᠲᠠᠢ ᠠᠵᠢᠯ ᠮᠥᠨ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠂ ︽ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ︾᠎ ᠶᠢ ᠭᠦᠨᠵᠡᠭᠡᠶ ᠬᠡᠷᠡᠭᠵᠢᠭᠦᠯᠬᠦ ᠬᠡᠷᠡᠭᠲᠡᠢ᠂ ᠬᠦᠴᠢᠷᠳᠡᠯᠲᠡᠶ ᠭᠠᠵᠠᠷ ᠣᠷᠣᠨ ᠪᠣᠯᠤᠨ ᠬᠦᠴᠢᠷᠳᠡᠯᠲᠡᠶ ᠤᠯᠠᠨ ᠲᠦᠮᠡᠨ ᠢ ᠡᠩᠨᠡᠭᠡ ᠠᠴᠠ ᠪᠠᠨ ᠬᠤᠴᠣᠷᠤᠭᠤᠯᠵᠤ ᠤᠭᠳᠤ ᠪᠣᠯᠬᠤ ᠦᠭᠡᠢ ᠭᠡᠵᠡᠢ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠪᠣᠯ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠪᠦᠷᠢᠯᠳᠦᠬᠦᠨ ᠬᠡᠰᠡᠭ ᠮᠥᠨ᠂ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠪᠡᠭᠡᠵᠢᠩ ᠬᠤᠲᠠ ᠮᠠᠨ ᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠪᠠᠷ ᠬᠠᠮᠤᠭ ᠤᠨ ᠣᠯᠠᠨ ᠤᠯᠠᠭᠠᠨᠬᠠᠳᠠ᠂ ᠤᠯᠠᠭᠠᠨᠴᠠᠪ ᠬᠤᠶᠠᠷ ᠬᠤᠳᠠ ᠶᠢ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠨᠢ ᠮᠠᠨ ᠤ ᠣᠷᠣᠨ 2017 ᠣᠨ ᠳᠤ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠪᠠᠨ ᠤᠷᠢᠳᠴᠢᠯᠠᠨ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠎ ᠶᠢᠨ ᠳᠠᠶᠢᠨ ᠳᠤ ᠢᠯᠠᠯᠲᠠ ᠣᠯᠬᠤ ᠶᠢᠨ ᠴᠢᠬᠤᠯᠠ ᠶᠡᠭᠡ ᠠᠵᠠ ᠲᠣᠬᠢᠶᠠᠯ ᠪᠣᠯᠪᠠ᠃      ᠬᠤᠶᠠᠷ ᠲᠤ ︽ᠨᠢᠭᠡ ᠪᠦᠰᠡ ᠨᠢᠭᠡ ᠵᠠᠮ︾᠎ ᠤᠨ ᠨᠡᠭᠡᠭᠡᠯᠲᠡᠲᠦ ᠪᠠᠶᠢᠷᠢᠰᠢᠯ ᠴᠣᠭᠴᠠᠯᠠᠭᠳᠠᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠥᠪᠥᠷ ᠮᠣᠩᠭᠤᠯ ᠣᠷᠣᠰ᠂ ᠮᠣᠩᠭᠤᠯ ᠲᠠᠢ ᠬᠥᠷᠰᠢᠯᠡᠵᠦ᠂ ᠧᠦ᠋ᠷᠣᠫᠠ ᠲᠢᠪ ᠲᠠᠢ ᠨᠡᠪᠲᠡᠷᠡᠯᠴᠡᠵᠦ᠂ ᠤᠯᠤᠰ ᠤᠨ ᠡᠷᠬᠢᠨ ᠲᠣᠭᠤᠷᠢᠨ ᠪᠣᠯᠤᠨ ᠤᠮᠠᠷᠠᠰᠢ ᠨᠡᠭᠡᠭᠡᠯᠲᠡ ᠬᠢᠬᠦ ᠶᠡᠭᠡ ᠪᠠᠶᠢᠷᠢᠰᠢᠯ ᠳᠤ ᠴᠢᠬᠤᠯᠠ ᠪᠠᠶᠢᠷᠢ ᠰᠠᠭᠤᠷᠢ ᠲᠠᠢ ᠪᠠᠶᠢᠳᠠᠭ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠳᠥᠭᠦᠮ ᠳᠥᠲᠡ ᠵᠠᠮ ᠬᠠᠷᠢᠯᠴᠠᠭ᠎ᠠ ᠳᠤ ᠲᠦᠰᠢᠭᠯᠡᠨ᠂ ᠪᠡᠭᠡᠵᠢᠩ ᠤᠨ ᠳᠡᠭᠡᠳᠦ ᠲᠡᠰ ᠤᠨ ᠠᠵᠤ ᠦᠢᠯᠡᠰ ᠤᠨ ᠳᠠᠪᠠᠭᠤᠯᠢᠭ ᠪᠣᠯᠣᠨ ᠥᠪᠥᠷ ᠮᠣᠩᠭᠤᠯ ᠤᠨ ᠡᠯᠪᠡᠭ ᠪᠠᠶᠠᠨ ᠡᠬᠢ ᠪᠠᠶᠠᠯᠢᠭ᠂ ᠪᠣᠭᠤᠮᠲᠠ ᠶᠢᠨ ᠳᠥᠭᠦᠮ ᠳᠥᠲᠡ ᠳᠠᠪᠠᠭᠤᠯᠢᠭ ᠢ ᠪᠠᠳᠠᠷᠠᠭᠤᠯᠵᠤ᠂ ᠠᠵᠤ ᠦᠢᠯᠡᠰ ᠂ ᠡᠬᠢ ᠪᠠᠶᠠᠯᠢᠭ ᠬᠢᠭᠡᠳ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ  ᠨᠥᠬᠦᠪᠦᠷᠢᠯᠡᠭᠰᠡᠨ ᠣᠷᠣᠰ ᠮᠣᠩᠭᠤᠯ ᠬᠢᠭᠡᠳ ᠧᠦ᠋ᠷᠣᠫᠠ ᠳᠤ ᠨᠡᠪᠲᠡᠷᠡᠬᠦ ᠠᠵᠤ ᠠᠬᠤᠶ ᠶᠢᠨ ᠬᠤᠩᠭᠢᠯ ᠢ ᠬᠠᠮᠲᠤᠪᠠᠷ  ᠴᠣᠭᠴᠠᠯᠠᠵᠤ᠂ ︽ᠲᠠᠯ᠎ᠠ ᠨᠤᠲᠤᠭ ᠤᠨ ᠲᠣᠷᠭᠠᠨ ᠵᠠᠮ︾᠎ ᠤᠨ ᠴᠢᠬᠤᠯᠠ ᠠᠵᠤ ᠠᠬᠤᠶ ᠶᠢᠨ ᠵᠠᠮ ᠢ ᠬᠠᠮᠲᠤᠪᠠᠷ ᠪᠠᠶᠢᠭᠤᠯᠬᠤ ᠪᠣᠯᠣᠨ᠎ᠠ᠃       ᠭᠤᠷᠪᠠ ᠳᠤ᠂ ᠪᠡᠭᠡᠵᠢᠩ ᠲᠢᠶᠠᠨᠵᠢᠨ ᠾᠧᠪᠸᠢ ᠬᠠᠮᠵᠢᠯᠴᠠᠨ ᠬᠥᠭᠵᠢᠭᠦᠯᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠬᠤ ᠶᠢ ᠳᠠᠭᠠᠯᠳᠤᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠨᠢ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠭᠴᠢ ᠬᠦᠴᠦᠨ ᠪᠣᠯᠪᠠ᠃ ᠤᠯᠤᠰ ᠠᠴᠠ ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠳᠤᠷᠠᠳᠴᠤ᠂ ᠪᠡᠭᠡᠵᠢᠩ ᠳᠤ ︽ᠳᠥᠷᠪᠡᠨ ᠲᠥᠪ︾᠎ ᠤᠨ ᠰᠢᠨ᠎ᠡ ᠳᠠᠪᠠᠭᠤᠯᠢᠭ ᠢ ᠴᠣᠭᠴᠠᠯᠠᠵᠤ᠂ ᠨᠡᠶᠢᠰᠯᠡᠯ ᠬᠤᠲᠠ ᠶᠢᠨ ᠪᠤᠰᠤ ᠴᠢᠳᠠᠮᠵᠢ ᠶᠢ  ᠲᠦᠷᠭᠡᠳᠬᠡᠨ ᠰᠠᠯᠭᠠᠵᠤ᠂ ᠬᠥᠭᠵᠢᠯᠲᠡ ᠶᠢᠨ ᠣᠷᠴᠢᠨ ᠨᠥᠬᠦᠴᠡᠯ ᠪᠠ ᠣᠷᠣᠨ ᠵᠠᠶ ᠶᠢᠨ ᠪᠠᠶᠢᠷᠢᠰᠢᠭᠤᠯᠤᠯ ᠢᠶᠠᠨ ᠰᠢᠯᠢᠳᠡᠭᠵᠢᠭᠦᠯᠬᠦ ᠶᠢ ᠱᠠᠭᠠᠷᠳᠠᠪᠠ᠃ ᠥᠪᠥᠷ ᠮᠣᠩᠭᠤᠯ ᠪᠡᠭᠡᠵᠢᠩ ᠲᠠᠢ ᠬᠦᠷᠰᠢᠯᠡᠵᠦ᠂ ᠡᠬᠢ ᠪᠠᠶᠠᠯᠢᠭ ᠡᠯᠪᠡᠭ ᠳᠡᠯᠪᠡᠭ᠂ ᠣᠷᠣᠨ ᠵᠠᠶ ᠥᠷᠭᠡᠨ ᠠᠭᠤᠳᠠᠮ ᠪᠣᠯᠬᠤᠷ᠂ ᠪᠡᠭᠡᠵᠢᠩ ᠤᠨ ᠠᠵᠤ ᠦᠢᠯᠡᠰ ᠤᠨ ᠰᠢᠯᠵᠢᠯᠲᠡ ᠪᠠ ᠴᠢᠳᠠᠮᠵᠢ ᠶᠢᠨ ᠰᠠᠯᠭᠠᠯᠲᠠ ᠶᠢ ᠵᠢᠯᠣᠭᠤᠳᠤᠨ ᠵᠣᠬᠢᠴᠠᠭᠤᠯᠬᠤ ᠶᠢ ᠬᠦᠯᠢᠶᠡᠨ ᠠᠪᠴᠤ᠂  ᠪᠡᠭᠡᠵᠢᠩ ᠤᠨ ᠬᠥᠭᠵᠢᠯᠲᠡ ᠶᠢᠨ ᠪᠣᠭᠤᠮᠢ ᠶᠢ ᠰᠢᠪᠲᠤᠯᠬᠤ ᠶᠢ ᠨᠠᠮᠳᠠᠭᠤᠯᠬᠤ ᠳᠤ ᠴᠢᠬᠤᠯᠠ ᠲᠤᠯᠭᠠᠭᠤᠷᠢ ᠬᠠᠩᠭᠠᠵᠤ᠂ ᠬᠤᠶᠠᠷ ᠭᠠᠵᠠᠷ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠰᠢᠨ᠎ᠡ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠪᠣᠯᠣᠨ᠎ᠠ᠃      ᠬᠥᠲᠥᠯᠥᠭᠴᠢ᠄      ︽13·5︾᠎ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠳᠤ ᠶᠠᠮᠠᠷ ᠶᠠᠮᠠᠷ ᠵᠢᠯᠣᠭᠤᠳᠬᠤ ᠦᠵᠡᠯ ᠰᠠᠨᠠᠭ᠎ᠠ ᠶᠢ ᠪᠠᠷᠢᠮᠲᠠᠯᠠᠬᠤ ᠪᠤᠢ︖       ᠺᠧ ᠶᠦᠩ ᠭᠦᠸᠧ᠄      ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠵᠢᠯᠣᠭᠤᠳᠬᠤ ᠦᠵᠡᠯ ᠰᠠᠨᠠᠭ᠎ᠠ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠢᠯᠠᠩᠭᠤᠶ᠎ᠠ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠤᠤᠱᠯᠠᠭᠤᠯᠵᠤ᠂ ᠲᠥᠪ ᠤᠨ ︽ᠳᠥᠷᠪᠡᠨ ᠪᠦᠬᠦ ᠲᠠᠯ᠎ᠠ ᠶᠢᠨ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ︽ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠲᠤᠯ ᠦᠭᠡᠢ᠂ ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ︾ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ︽ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠵᠣᠬᠢᠴᠠᠩᠭᠤᠶ ᠪᠠᠷ ᠬᠥᠭᠵᠢᠭᠦᠯᠬᠦ︾᠎ ᠪᠠᠷ ᠭᠤᠣᠯ ᠰᠡᠳᠦᠪ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠣᠯᠣᠨ ᠣᠷᠣᠨ ᠪᠦᠰᠡ ᠶᠢᠨ ᠬᠥᠭᠵᠢᠯᠲᠡ ᠶᠢ ᠨᠢᠭᠲᠠ ᠤᠶᠠᠯᠳᠤᠭᠤᠯᠤᠨ ᠵᠣᠬᠢᠴᠠᠯᠳᠤᠭᠤᠯᠬᠤ ᠪᠠᠷ ᠭᠤᠣᠯ ᠰᠢᠵᠢᠮ ᠪᠤᠯᠭᠠᠬᠤ ᠶᠢ ᠲᠦᠯᠬᠢᠨ ᠠᠬᠢᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠣᠷᠣᠨ ᠪᠦᠰᠡ ᠶᠢᠨ ᠬᠠᠮᠲᠤᠷᠠᠯᠴᠠᠭᠠᠨ ᠤ ᠵᠠᠭᠪᠤᠷ ᠶᠢᠨ ᠰᠢᠨ᠎ᠡ ᠶᠢ ᠡᠭᠦᠳᠴᠦ᠂ ᠠᠵᠤ ᠦᠢᠯᠡᠰ᠂ ᠰᠠᠭᠤᠷᠢ ᠪᠡᠯᠡᠳᠬᠡᠮᠵᠢ ᠂ ᠨᠡᠶᠢᠭᠡᠮ ᠤᠨ ᠡᠬᠢ ᠪᠠᠶᠠᠯᠢᠭ ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠬᠦᠷᠢᠶᠡᠨ ᠳᠤ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠬᠦ ᠬᠠᠷᠢᠯᠴᠠᠨ ᠨᠥᠬᠦᠪᠥᠷᠢᠯᠡᠬᠦ ᠲᠤᠭᠤᠷᠢᠨ ᠳᠤ ᠲᠤᠶᠢᠯ ᠎ ᠤᠨ ᠣᠨᠣᠪᠴᠢᠲᠠᠢ ᠪᠠᠷ ᠬᠠᠪᠰᠤᠷᠤᠨ ᠲᠡᠳᠬᠦᠬᠦ᠂ ᠠᠵᠤ ᠦᠢᠯᠡᠰ ᠢ ᠵᠣᠯᠭᠠᠭᠤᠯᠬᠤ᠂ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ᠂ ᠠᠮᠢ ᠠᠬᠤᠶ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠪᠦᠷᠢᠨᠰᠢᠭᠦᠯᠬᠦ ᠵᠢᠴᠢ ᠣᠷᠣᠨ ᠪᠦᠰᠡ ᠶᠢᠨ ᠨᠡᠭᠡᠭᠡᠯᠲᠡ ᠬᠢᠵᠤ ᠬᠠᠮᠵᠢᠯᠴᠠᠬᠤ ᠳᠣᠯᠣᠭᠠᠨ ᠶᠡᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠰᠢᠨ᠎ᠡ ᠪᠠᠶᠢᠳᠠᠯ ᠢ ᠪᠤᠢ ᠪᠣᠯᠭᠠᠵᠤ᠂ ᠪᠡᠭᠡᠵᠢᠩ ᠢ ᠳᠡᠯᠡᠬᠡᠶ ᠶᠢᠨ ᠲᠡᠷᠢᠭᠦᠨ ᠤ ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠰᠯᠡᠯ ᠪᠣᠯᠭᠠᠨ ᠪᠠᠶᠢᠭᠤᠯᠬᠤ ᠰᠢᠨ᠎ᠡ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠥᠪᠥᠷ ᠮᠣᠩᠭᠤᠯ ᠢ ᠡᠬᠡ ᠤᠯᠤᠰ ᠤᠨ ᠤᠮᠠᠷᠠᠲᠤ ᠬᠢᠯᠢ ᠶᠢᠨ ᠨᠡᠩ ᠰᠠᠶᠢᠬᠠᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ᠃      ᠬᠥᠲᠥᠯᠥᠭᠴᠢ᠄         ᠺᠧ ᠡᠷᠬᠢᠯᠡᠭᠴᠢ ᠡ ︽13·5︾᠎ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠭᠤᠣᠯ ᠬᠠᠷᠠᠯᠲᠠ ᠨᠢ ᠶᠠᠭᠤ ᠪᠤᠶ︖       ᠺᠧ ᠶᠦᠩ ᠭᠦᠸᠧ᠄      ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠬᠠᠷᠠᠯᠲᠠ ᠶᠢ ᠬᠤᠶᠠᠷ ᠱᠠᠲᠤ ᠬᠤᠪᠢᠶᠠᠵᠤ ᠪᠣᠯᠤᠨ᠎ᠠ᠃      2017 ᠣᠨ ᠪᠣᠯᠬᠤ ᠳᠤ᠂ ᠠᠵᠢᠯ ᠳᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠮᠥᠨ ᠴᠢᠨᠠᠷ ᠤᠨ ᠠᠭᠢᠯᠳᠠ ᠲᠠᠢ ᠪᠣᠯᠭᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠶᠢ ᠬᠠᠪᠰᠤᠷᠤᠨ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠂ ᠬᠠᠷᠢᠴᠠᠯᠠᠰᠢ ᠥᠭᠡᠢ ᠶᠠᠳᠠᠭᠤ ᠶᠢ ᠤᠰᠠᠳᠬᠠᠬᠤ ᠶᠢ ᠠᠬᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠷᠰᠢᠯᠴᠠᠬᠤ ᠪᠠᠶᠢᠭᠤᠯᠤᠯ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠤᠨ᠎ᠠ᠃      2020 ᠣᠨ ᠪᠣᠯᠬᠤ ᠳᠤ᠂ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠳᠤ ᠢᠯᠡᠳᠲᠡ ᠦᠷ᠎ᠡ ᠪᠦᠲᠦᠮᠵᠢ ᠣᠯᠵᠤ᠂ ᠪᠡᠭᠡᠵᠢᠩ ᠠᠴᠠ ᠤᠯᠠᠭᠠᠨᠬᠠᠳᠠ᠂ ᠤᠯᠠᠭᠠᠨᠴᠠᠪ ᠬᠤᠶᠠᠷ ᠬᠤᠳᠠ ᠶᠢ ᠠᠵᠢᠯ ᠲᠥᠷᠥᠯ ᠢᠶᠠᠷ ᠢᠶᠠᠨ ᠬᠠᠪᠰᠤᠷᠤᠨ ᠳᠡᠳᠬᠦᠬᠦ ᠠᠵᠢᠯ ᠢ ᠪᠦᠬᠦ ᠤᠯᠤᠰ ᠤᠨ ᠵᠡᠭᠦᠨ ᠪᠠᠷᠠᠭᠤᠨ ᠪᠦᠰᠡ ᠶᠢᠨ ᠶᠠᠳᠠᠭᠤ ᠶᠢ ᠲᠡᠳᠬᠦᠬᠦ ᠬᠠᠮᠲᠤᠷᠠᠯᠴᠠᠭ᠎ᠠ ᠶᠢᠨ ᠠᠵᠢᠯ ᠳᠤ ᠣᠷᠣᠶᠢᠯᠠᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭᠠᠨ ᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠬᠠᠮᠲᠤᠷᠠᠨ ᠬᠥᠭᠵᠢᠬᠦ ᠪᠠᠶᠢᠭᠤᠯᠤᠯ ᠲᠣᠭᠲᠠᠴᠠ ᠶᠢ ᠨᠡᠩ ᠪᠦᠷᠢᠨᠰᠢᠭᠦᠯᠵᠦ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠬᠠᠮᠵᠢᠯᠴᠠᠨ ᠬᠥᠭᠵᠢᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠬᠠᠮᠲᠤᠷᠠᠯᠴᠠᠬᠤ ᠬᠦᠷᠢᠶ᠎ᠡ ᠬᠡᠪᠴᠢᠶ᠎ᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠨ᠎ᠡ᠃      ᠬᠥᠲᠥᠯᠥᠭᠴᠢ᠄      ︽13·5︾᠎ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠭᠤᠣᠯᠳᠠᠯᠭ᠎ᠠ ᠲᠠᠢ ᠲᠦᠯᠬᠢᠨ ᠠᠬᠢᠭᠤᠯᠬᠤ ᠡᠭᠦᠷᠭᠡ ᠨᠢ ᠶᠠᠭᠤ ᠪᠤᠢ︖      ᠺᠧ ᠶᠦᠩ ᠭᠦᠸᠧ᠄      ᠭᠤᠣᠯᠳᠠᠯᠭ᠎ᠠ ᠲᠠᠢ ᠲᠦᠯᠬᠢᠨ ᠠᠬᠢᠭᠤᠯᠬᠤ ᠡᠭᠦᠷᠭᠡ ᠳᠤ ᠭᠤᠣᠯᠳᠠᠭᠤ ᠳᠣᠣᠷᠠᠬᠢ ᠬᠤᠶᠠᠷ ᠲᠠᠯ᠎ᠠ ᠪᠠᠭᠲᠠᠨ᠎ᠠ᠃      ᠨᠢᠭᠡ ᠳᠤ ᠥᠪᠥᠷ ᠮᠣᠩᠭᠤᠯ ᠤᠨ ᠭᠤᠣᠯᠳᠠᠯᠭ᠎ᠠ ᠲᠠᠢ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠡᠷᠴᠢᠮᠯᠡᠨ ᠠᠬᠢᠭᠤᠯᠬᠤ ᠪᠣᠯᠣᠨ᠎ᠠ᠃ ᠨᠢᠭᠡ ᠲᠠᠯ᠎ᠠ ᠪᠠᠷ ︽ᠨᠢᠭᠡ ᠶᠢ ᠨᠢᠭᠡ ᠳᠤᠨᠢ ᠳᠠᠭᠠᠭᠠᠯᠭᠠᠬᠤ︾ ᠬᠤᠣᠰᠯᠠᠯ ᠪᠣᠯᠵᠤ ᠬᠠᠪᠰᠤᠷᠤᠨ ᠲᠡᠳᠬᠦᠬᠦ ᠬᠠᠷᠢᠴᠠᠭ᠎ᠠ ᠶᠢ ᠲᠣᠬᠢᠷᠠᠭᠤᠯᠤᠨ ᠪᠦᠷᠢᠨᠰᠢᠭᠦᠯᠦᠨ᠎ᠡ᠃ ︽ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ︾ ᠠᠵᠢᠯ ᠤᠨ ᠱᠠᠭᠠᠷᠳᠠᠯᠭ᠎ᠠ ᠪᠣᠯᠣᠨ ︽ᠲᠠᠪᠤᠨ ᠨᠢᠭᠡ ᠪᠦᠯᠦᠭ︾᠎ ᠤᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠵᠠᠮ ᠢᠶᠠᠷ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠶᠢ ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠨ᠎ᠡ᠃ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠦᠨᠳᠦᠰᠦᠨ ᠬᠢᠷᠢ ᠲᠥᠪᠰᠢᠨ ᠢ ᠳᠡᠭᠡᠭᠰᠢᠯᠡᠭᠦᠯᠬᠦ᠂ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ‍ ᠨᠢᠭᠡ ᠪᠦᠯᠦᠭ ᠬᠠᠪᠰᠤᠷᠤᠨ ᠲᠡᠳᠬᠦᠬᠦ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠤᠶᠠᠷ ᠬᠤᠳᠠ ᠶᠢᠨ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠤᠰᠠᠯᠠᠮᠵᠢ ᠦᠵᠡᠭᠦᠯᠦᠨ᠎ᠡ᠃ ᠡᠭᠦᠨ ᠤ ᠬᠠᠮᠲᠤ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠬᠠᠷᠢᠶᠠᠨ ᠳᠠᠬᠢ ᠤᠯᠤᠰ ᠤᠨ ᠶᠠᠳᠠᠭᠤ ᠶᠢ ᠲᠡᠳᠬᠦᠬᠦ ᠠᠵᠢᠯ ᠤᠨ ᠭᠤᠣᠯᠳᠠᠯᠭ᠎ᠠ ᠲᠠᠢ 16 ᠰᠢᠶᠠᠨ ︵ᠬᠤᠰᠢᠭᠤ︶᠎ ᠳᠤ ᠪᠦᠷᠢᠨ ᠪᠦᠷᠬᠦᠭᠦᠯᠬᠦ ᠵᠠᠷᠴᠢᠮ ᠢᠶᠠᠷ᠂ ︽ᠨᠢᠭᠡ ᠶᠢ ᠨᠢᠭᠡ ᠳᠤᠨᠢ ᠳᠠᠭᠠᠭᠠᠯᠭᠠᠬᠤ︾ ᠬᠤᠣᠰᠯᠠᠯ ᠪᠣᠯᠵᠤ ᠲᠡᠳᠬᠦᠬᠦ ᠬᠠᠷᠢᠴᠠᠭ᠎ᠠ ᠶᠢ ᠤᠯᠠᠮ ᠨᠢᠭᠡ ᠠᠯᠬᠤᠮ ᠲᠣᠬᠢᠷᠠᠭᠤᠯᠤᠨ ᠪᠦᠷᠢᠨᠰᠢᠭᠦᠯᠦᠨ᠎ᠡ᠃ ᠨᠦᠬᠦᠭᠡ ᠲᠠᠯ᠎ᠠ ᠪᠠᠷ ᠡᠳ᠋ ᠤᠨ ᠵᠠᠰᠠᠭ ᠤᠨ ᠪᠡᠯᠡ ᠮᠥᠩᠭᠦᠨ ᠤ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ︽13·5︾᠎ ᠶᠢᠨ ᠬᠤᠭᠤᠴᠠᠭᠠᠨ ᠳᠤ᠂ ᠪᠡᠭᠡᠵᠢᠩ ᠬᠤᠲᠠ ᠶᠢᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠲᠤᠰᠬᠠᠶ ᠪᠡᠯᠡ ᠮᠥᠩᠭᠦ ᠲᠣᠬᠢᠷᠠᠭᠤᠯᠬᠤ ᠪᠠᠷᠢᠮᠵᠢᠶ᠎ᠠ ᠶᠢ ︽12·5︾᠎ ᠶᠢᠨ ᠬᠤᠭᠤᠴᠠᠭᠠᠨ ᠤ ᠬᠢ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠮᠠᠨ ᠤ ᠤᠷᠤᠨ 1᠄1᠎ ᠶᠢᠨ ᠬᠠᠷᠢᠴᠠᠯ ᠢᠶᠠᠷ ᠢᠵᠢ ᠪᠦᠷᠢᠳᠦᠭᠰᠡᠨ ᠪᠡᠯᠡ ᠮᠥᠩᠭᠦ ᠲᠣᠬᠢᠷᠠᠭᠤᠯᠤᠨ᠎ᠠ᠃      ᠬᠤᠶᠠᠷ ᠲᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠢᠯᠡᠴᠢᠯᠡᠭᠡᠨ ᠤ ᠦᠢᠯᠡᠰ᠂ ᠴᠡᠪᠡᠷ ᠡᠨᠧᠷᠭᠢ᠂ ᠤᠯᠠᠨ ᠨᠡᠶᠢᠲᠡ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠠᠭᠤᠷᠢ ᠪᠡᠯᠡᠳᠬᠡᠮᠵᠢ ᠪᠣᠯᠤᠨ ᠤᠯᠤᠰ ᠤᠨ ︽ᠨᠢᠭᠡ ᠪᠦᠰᠡ ᠨᠢᠭᠡ ᠵᠠᠮ︾ ᠎ ᠳᠤ ᠦᠢᠯᠡᠴᠢᠯᠡᠬᠦ ᠪᠠᠶᠢᠯᠳᠤᠬᠤ ᠪᠤᠳᠤᠯᠭ᠎ᠠ ᠵᠡᠷᠭᠡ ᠬᠦᠷᠢᠶᠡᠨ ᠳᠠᠬᠢ ᠪᠦᠬᠦ ᠲᠠᠯ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠤᠯᠠᠮ ᠴᠢᠩᠭᠠᠷᠠᠭᠤᠯᠣᠨ᠎ᠠ᠃ ᠨᠢᠭᠡ ᠳᠤ ᠣᠷᠣᠨ ᠪᠦᠰᠡ ᠶᠢᠨ ᠠᠮᠢ ᠠᠬᠤᠶ ᠶᠢᠨ ᠪᠣᠬᠢᠷᠲᠤᠯ ᠦᠭᠡᠢ ᠬᠠᠯᠬᠠᠪᠴᠢ ᠶᠢ ᠬᠦᠴᠦᠯᠡᠨ ᠪᠠᠶᠢᠭᠤᠯᠵᠤ᠂ ᠠᠮᠢ ᠠᠬᠤᠶ ᠶᠢᠨ ᠴᠢᠳᠠᠮᠵᠢᠳᠤ ᠣᠷᠣᠨ ᠤ ᠪᠦᠳᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠂ ᠣᠷᠴᠢᠨ ᠲᠣᠭᠤᠷᠢᠨ ᠤ ᠪᠣᠬᠢᠷᠲᠤᠯ ᠢ ᠬᠠᠮᠲᠤᠪᠠᠷ ᠰᠡᠷᠭᠡᠶᠢᠯᠡᠨ ᠡᠵᠡᠮᠳᠡᠬᠦ ᠶᠢ ᠬᠠᠮᠵᠢᠯᠴᠠᠨ ᠠᠬᠢᠭᠤᠯᠤᠨ᠎ᠠ᠃ ᠬᠤᠶᠠᠷ ᠲᠤ ᠦᠢᠯᠡᠴᠢᠯᠡᠭᠡᠨ ᠤ ᠦᠢᠯᠡᠰ ᠤᠨ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠪᠣᠯᠣᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠷᠪᠠ ᠳᠤ ᠴᠡᠪᠡᠷ ᠡᠨᠧᠷᠭᠢ ᠳᠠᠮᠵᠢᠭᠤᠯᠤᠨ ᠬᠦᠷᠭᠡᠬᠦ ᠪᠠᠲᠤᠯᠠᠭ᠎ᠠ ᠶᠢᠨ ᠴᠢᠳᠠᠪᠤᠷᠢ ᠶᠢ ᠬᠦᠴᠦ ᠲᠠᠯᠪᠢᠨ ᠳᠡᠭᠡᠭᠰᠢᠯᠡᠭᠦᠯᠵᠦ᠂ ᠤᠯᠠᠭᠠᠨᠬᠠᠳᠠ᠂ ᠤᠯᠠᠭᠠᠨᠴᠠᠪ ᠤᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠬᠠᠮᠲᠤ ᠪᠠᠷ ᠪᠦᠳᠤᠭᠡᠨ ᠪᠠᠶᠢᠭᠤᠯᠵᠤ᠂ ᠪᠡᠭᠡᠵᠢᠩ ᠤᠨ ᠬᠠᠮᠢᠶ᠎ᠠ ᠪᠦᠬᠦᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠦᠪᠦᠷ ᠮᠣᠩᠭᠤᠯ ᠤᠨ ᠴᠡᠪᠡᠷ ᠡᠨᠧᠷᠭᠢ᠂ ᠨᠡᠭᠦᠷᠡᠰᠦ ᠴᠠᠬᠢᠯᠭᠠᠨ ᠤ ᠨᠢᠭᠡ ᠴᠣᠭᠴᠠᠵᠢᠯ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠢᠳᠡᠪᠬᠢᠲᠡᠶ ᠤᠷᠤᠯᠴᠠᠭᠤᠯᠤᠨ᠎ᠠ᠃ ᠳᠥᠷᠪᠡ ᠳᠤ ᠨᠡᠶᠢᠭᠡᠮ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠲᠤᠷᠠᠯᠴᠠᠭ᠎ᠠ ᠬᠠᠮᠲᠤ ᠪᠠᠷ ᠬᠥᠷᠲᠡᠬᠦ ᠶᠢ ᠡᠷᠴᠢᠮᠯᠡᠨ ᠠᠬᠢᠭᠤᠯᠵᠤ᠂ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠢᠯᠵᠢᠯᠲᠡ ᠶᠢᠨ ᠬᠠᠮᠲᠤᠷᠠᠯᠴᠠᠭ᠎ᠠ ᠶᠢ ᠡᠷᠴᠢᠮᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠣᠯᠣᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠬᠠᠮᠲᠤᠪᠠᠷ ᠪᠦᠳᠦᠭᠡᠨ ᠪᠠᠶᠢᠭᠤᠯᠵᠤ᠂ ᠪᠡᠭᠡᠵᠢᠩ ᠤᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠥᠪᠥᠷ ᠮᠣᠩᠭᠤᠯ ᠳᠤ ᠤᠯᠠᠷᠢᠭᠤᠯᠬᠤ ᠶᠢ ᠬᠠᠮᠵᠢᠯᠴᠠᠨ ᠠᠬᠢᠭᠤᠯᠤᠨ᠎ᠠ᠃ ᠵᠢᠷᠭᠤᠭ᠎ᠠ ᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠡᠷᠴᠢᠮᠯᠡᠨ ᠭᠦᠨᠵᠡᠭᠡᠶᠢᠷᠡᠭᠦᠯᠵᠦ᠂ ᠨᠡᠶᠢᠰᠯᠡᠯ ᠤᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠬᠠᠮᠵᠢᠯᠴᠠᠨ ᠪᠠᠲᠤᠯᠠᠵᠤ᠂ ᠪᠡᠭᠡᠵᠢᠩ ᠬᠤᠳᠠ ᠶᠢᠨ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠦᠪᠦᠷ ᠮᠣᠩᠭᠤᠯ ᠳᠤ ᠰᠢᠯᠵᠢᠭᠦᠯᠬᠦ ᠶᠢ ᠬᠠᠮᠲᠤ ᠪᠠᠷ ᠲᠦᠯᠬᠢᠨ ᠠᠬᠢᠭᠤᠯᠤᠨ᠎ᠠ᠃ ᠲᠣᠯᠤᠭ᠎ᠠ ᠳᠤ ᠣᠷᠣᠨ ᠪᠦᠰᠡ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠬᠦᠴᠦ ᠲᠠᠯᠪᠢᠨ ᠲᠦᠷᠭᠡᠳᠬᠡᠵᠦ᠂ ᠬᠥᠬᠡᠬᠤᠲᠠ ᠠᠴᠠ ᠪᠡᠭᠡᠵᠢᠩ ᠳᠤ ᠬᠦᠷᠬᠦ ᠵᠡᠷᠭᠡ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠥᠷᠥᠯ ᠵᠦᠢᠯ ᠢ ᠲᠥᠷᠭᠡᠳᠬᠡᠨ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠤᠭᠤᠷᠣᠨᠳᠣᠬᠢ ᠲᠦᠷᠭᠡᠨ ᠬᠤᠷᠳᠤᠴᠠᠲᠤ ᠵᠠᠰᠠᠮᠠᠯ ᠵᠠᠮ ᠤᠨ ᠨᠡᠪᠲᠡᠷᠡᠯ ᠢ ᠬᠠᠮᠲᠤ ᠪᠠᠷ ᠪᠦᠷᠢᠨᠰᠢᠭᠦᠯᠦᠨ᠎ᠡ᠃ ᠨᠠᠢᠮᠠ ᠳᠤ ᠤᠯᠤᠰ ᠤᠨ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠳᠤ ᠬᠦᠴᠦ ᠲᠠᠯᠪᠢᠨ ᠦᠢᠯᠡᠴᠢᠯᠡᠵᠦ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠂ ᠬᠤᠶᠠᠷ ᠭᠠᠵᠠᠷ ᠢ ᠬᠤᠯᠪᠣᠭᠰᠠᠨ᠂ ᠤᠷᠤᠰ ᠮᠣᠩᠭᠤᠯ ᠬᠤᠶᠠᠷ ᠤᠯᠤᠰ ᠎ ᠲᠤ ᠦᠢᠯᠡᠳᠦᠯ ᠦᠵᠡᠭᠦᠯᠬᠦ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠰᠢᠰᠲ᠋ᠧᠮᠵᠢ ᠶᠢ ᠴᠢᠷᠮᠠᠶᠢᠨ ᠪᠠᠶᠢᠭᠤᠯᠤᠨ᠎ᠠ᠃      ᠬᠥᠲᠥᠯᠥᠭᠴᠢ᠄      ᠲᠡᠭᠡᠪᠡᠯ᠂ ︽13·5︾᠎ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠵᠢᠯ ᠢ ᠬᠡᠷᠬᠢᠨ ᠪᠠᠲᠤᠯᠠᠬᠤ ᠪᠤᠢ︖      ᠺᠧ ᠶᠦᠩ ᠭᠦᠸᠧ᠄        ᠨᠢᠭᠡ ᠳᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠵᠣᠬᠢᠴᠠᠭᠤᠯᠬᠤ ᠲᠣᠭᠲᠠᠴᠠ ᠶᠢ ᠤᠯᠠᠮ ᠪᠦᠷᠢᠨᠰᠢᠭᠦᠯᠵᠦ᠂ ᠬᠤᠶᠠᠷ ᠲᠠᠯ᠎ᠠ ᠶᠢᠨ ᠳᠡᠭᠡᠳᠦ ᠳᠠᠪᠬᠤᠷᠭ᠎ᠠ ᠶᠢᠨ ᠤᠳᠤᠷᠢᠳᠤᠯᠭ᠎ᠠ ᠨᠤᠭᠤᠳ ᠤᠨ ᠬᠠᠷᠢᠯᠴᠠᠨ ᠠᠶᠢᠯᠴᠢᠯᠠᠬᠤ ᠪᠠ ᠬᠤᠯᠪᠣᠭᠠᠲᠤ ᠬᠤᠷᠠᠯ ᠤᠨ ᠲᠥᠷᠢᠮ ᠢ ᠪᠠᠶᠢᠭᠤᠯᠵᠤ᠂ ᠪᠡᠭᠡᠵᠢᠩ ᠬᠢᠭᠡᠳ ᠥᠪᠥᠷ ᠮᠣᠩᠭᠤᠯ ᠤᠨ ᠬᠠᠮᠲᠤᠷᠠᠯᠴᠠᠭᠠᠨ ᠤ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠵᠦ  ᠂ ᠬᠠᠮᠲᠤᠷᠠᠯᠴᠠᠭᠠᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠠᠮᠲᠤᠪᠠᠷ ᠰᠣᠳᠤᠯᠣᠨ᠎ᠠ᠃      ᠬᠤᠶᠠᠷ ᠲᠤ ᠴᠢᠬᠤᠯᠠ ᠶᠡᠭᠡ ᠲᠥᠷᠥᠯ ᠵᠦᠢᠯ ᠪᠣᠯᠤᠨ ᠭᠤᠣᠯᠳᠠᠯᠭ᠎ᠠ ᠲᠠᠢ ᠰᠡᠳᠦᠪ ᠤᠨ ᠰᠣᠳᠤᠯᠭᠠᠨ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ︽︿13·5﹀᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠣᠷᠣᠨ ᠪᠦᠰᠡ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ︾᠎ ᠶᠢ ᠬᠠᠮᠲᠤᠪᠠᠷ ᠨᠠᠶᠢᠷᠠᠭᠤᠯᠤᠨ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠪᠣᠯᠤᠨ ᠭᠤᠣᠯᠳᠠᠯᠭ᠎ᠠ ᠲᠠᠢ ᠰᠡᠳᠦᠪ ᠤᠨ ᠰᠣᠳᠤᠯᠭᠠᠨ ᠢ ᠬᠠᠮᠲᠤᠪᠠᠷ ᠥᠷᠨᠢᠭᠦᠯᠵᠦ᠂ ︽ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ︾᠎ ᠶᠢ ︽ᠪᠣᠳᠠᠲᠠᠶ ᠦᠷ᠎ᠡ ᠪᠦᠲᠦᠭᠡᠯ︾ ᠲᠡᠰᠢ ᠰᠢᠯᠵᠢᠭᠦᠯᠬᠦ ᠶᠢ ᠠᠬᠢᠭᠤᠯᠤᠨ᠎ᠠ᠃      ᠭᠤᠷᠪᠠ ᠳᠤ ᠬᠥᠮᠦᠨ ᠤ ᠬᠦᠴᠦᠨ ᠤ ᠡᠬᠢ ᠪᠠᠶᠠᠯᠢᠭ ᠢ ᠬᠠᠮᠲᠤ ᠬᠦᠷᠲᠡᠬᠦ ᠪᠠ ᠬᠠᠷᠢᠯᠴᠠᠨ ᠺᠠᠳ᠋ᠷ ᠲᠣᠮᠢᠯᠠᠨ ᠰᠣᠯᠢᠯᠴᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ︽ᠬᠠᠯᠢᠭᠤᠨ ᠭᠠᠯᠠᠭᠤ ᠶᠢᠨ ᠠᠵᠢᠯᠯᠠᠭ᠎ᠠ︾᠎ ᠶᠢᠨ ᠲᠥᠯᠥᠪᠯᠡᠭᠡ ᠪᠣᠯᠣᠨ ︽ᠪᠡᠭᠡᠵᠢᠩ ᠥᠪᠥᠷ ᠮᠣᠩᠭᠤᠯ ᠤᠨ ᠭᠡᠷᠡᠯ ᠭᠢᠯᠪᠠᠭ᠎ᠠ︾ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠲᠥᠯᠥᠪᠯᠡᠭᠡ ᠪᠠᠷ ᠲᠦᠰᠢᠭ ᠪᠣᠯᠭᠠᠨ᠂ ᠬᠤᠶᠠᠷ ᠲᠠᠯ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠷᠢᠯᠴᠠᠨ ᠺᠠᠳ᠋ᠷ ᠲᠣᠮᠢᠯᠠᠵᠤ ᠲᠤᠰᠢᠶᠠᠯ ᠡᠭᠦᠷᠭᠡᠯᠡᠭᠦᠯᠬᠦ ᠠᠵᠢᠯ ᠤᠨ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠡᠳᠡᠭᠡᠷ ᠲᠤᠰᠢᠶᠠᠯ ᠡᠭᠦᠷᠭᠡᠯᠡᠬᠦ ᠺᠠᠳ᠋ᠷ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ᠬᠥᠲᠥᠯᠥᠭᠴᠢ᠄      ᠵᠠ ᠰᠡᠶᠢᠠ ᠪᠣᠯᠣᠯ᠎ᠠ᠂ ᠺᠧ ᠡᠷᠬᠢᠯᠡᠭᠴᠢ ᠶᠢᠨ ᠲᠠᠶᠢᠯᠤᠮᠵᠢ ᠬᠢᠭᠰᠡᠨ ᠳᠤ ᠲᠤᠩ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠤᠷᠤᠯᠴᠠᠭᠰᠠᠨ ᠳᠤ ᠴᠦ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠳ᠋ᠤᠭᠠᠷ ᠲᠤ ᠪᠠᠶᠠᠷᠲᠠᠶ ᠵᠣᠯᠭᠠᠶ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map