ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/1/18
                             ᠥᠪᠥᠷ ᠵᠠᠰᠠᠭ ᠲᠠᠷᠬᠠᠭᠠᠭᠰᠠᠨ ﹇2016﹈ 86 ᠳ᠋ᠤᠭᠠᠷ ᠲᠤᠭᠠᠳᠤ                                           8 ᠳ᠋ᠤᠭᠠᠷ ᠰᠠᠷ᠎ᠠ ᠶᠢᠨ 4᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2016﹈ 4 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠦᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠵᠠᠯᠭᠠᠨ ᠵᠣᠯᠭᠠᠭᠤᠯᠵᠤ᠂ ᠮᠠᠨ ᠤ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠰᠠᠨᠠᠯ ᠤᠳ ᠢ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠴᠢᠯᠦᠭᠡᠲᠡᠢ ᠪᠠᠶᠢᠬᠤ᠂ ᠬᠠᠮᠳᠤᠪᠠᠷ ᠬᠦᠷᠲᠡᠬᠦ ᠬᠦᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠪᠡᠯᠡᠳᠭᠡᠮᠵᠢ᠂ ᠴᠢᠳᠠᠮᠵᠢ ᠲᠥᠬᠦᠷᠵᠢᠭᠦᠯᠥᠭᠰᠡᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠ ᠠᠵᠤ ᠦᠢᠯᠡᠰ ᠤᠨ ᠬᠦᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠪᠠᠳᠤᠯᠠᠭ᠎ᠠ ᠪᠣᠯᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠣᠭᠤᠮᠲᠠ ᠶᠢᠨ ᠣᠨᠴᠣᠭᠤᠢ ᠬᠢᠨᠠᠨ ᠬᠠᠮᠢᠶᠠᠷᠬᠤ ᠣᠷᠣᠨ ᠪᠦᠰᠡ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢᠶᠠᠷ ᠭᠤᠣᠯ ᠠᠴᠢᠶᠠᠯᠠᠪᠤᠷᠢ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠣᠳᠠᠲᠤ ᠬᠦᠴᠦᠨ ᠲᠠᠢ᠂ ᠮᠡᠷᠭᠡᠵᠢᠯ ᠲᠠᠢ᠂ ᠨᠡᠷᠡᠲᠦ ᠲᠦᠷᠦᠯ ᠲᠡᠮᠳᠡᠭ ᠲᠠᠢ᠂ ᠵᠠᠬ᠎ᠠ ᠳᠡᠯᠭᠡᠭᠦᠷ ᠲᠠᠢ ᠠᠵᠤ ᠠᠬᠤᠶᠢᠯᠠᠯ ᠤᠳ ᠢ ᠲᠠᠲᠠᠨ ᠣᠷᠣᠭᠤᠯᠵᠤ ᠮᠠᠨ ᠤ ᠣᠷᠣᠨ ᠳᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠡᠷᠬᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠵᠤ ᠦᠢᠯᠡᠰ ᠢ ︽ᠪᠠᠶᠠᠰᠤᠩᠭᠤᠢ ᠱᠣᠭᠤᠮ︾᠎ ᠤᠨ ᠳᠠᠭᠠᠤ ᠳᠤ ᠬᠤᠶᠠᠷ ᠦᠵᠦᠭᠦᠷ ᠲᠡᠰᠢ ᠤᠷᠲᠤᠳᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠢ ᠵᠣᠷᠢᠬᠵᠢᠭᠤᠯᠤᠨ ᠦᠨ᠎ᠡ ᠦᠷᠲᠡᠭ ᠤᠨ ᠬᠡᠯᠬᠢᠶ᠎ᠡ ᠶᠢᠨ ᠳᠡᠭᠡᠲᠦ ᠦᠵᠦᠭᠦᠷᠯᠢᠭ ᠲᠡᠰᠢ ᠬᠦᠭᠵᠢᠭᠦᠯᠵᠦ᠂ ᠭᠤᠣᠯᠯᠠᠬᠤ ᠪᠣᠰᠤ ᠲᠤᠬᠠᠶᠢᠯᠠᠭᠰᠠᠨ ᠠᠵᠢᠯ ᠢ ᠰᠠᠯᠭᠠᠬᠤ ᠪᠠ ᠭᠠᠳᠠᠭᠰᠢ ᠳᠠᠭᠠᠭᠠᠴᠢᠯᠠᠭᠤᠯᠵᠤ᠂ ᠦᠢᠯᠡᠳᠪᠦᠷᠢᠯᠡᠵᠦ ᠦᠢᠯᠡᠳᠬᠦ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠪᠠᠨ ᠲᠦᠷᠭᠡᠳᠭᠡᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠲᠦᠬᠦᠷᠵᠢᠭᠰᠡᠨ ᠠᠵᠤ ᠦᠢᠯᠡᠰ ᠢ ᠶᠡᠬᠡᠪᠡᠷ ᠬᠦᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠤᠷᠳᠤᠳᠬᠠᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠪᠥᠭᠡᠭᠡᠨᠡᠷᠡᠵᠢᠯᠲᠡ ᠶᠢ ᠪᠡᠶᠡᠯᠡᠭᠦᠯᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠪᠴᠢᠶᠡᠵᠢᠯ ᠢᠶᠠᠨ ᠲᠠᠰᠤᠷᠠᠯᠲᠠ ᠦᠭᠡᠢ ᠦᠷᠭᠡᠳᠭᠡᠨ᠂ ᠪᠦᠬᠦ ᠣᠷᠣᠨ ᠤ ᠭᠠᠳᠠᠭᠠᠳᠤ ᠳᠤ ᠭᠠᠷᠭᠠᠬᠤ ᠭᠠᠳᠠᠭᠠᠳᠤ ᠠᠴᠠ ᠣᠷᠤᠭᠤᠯᠬᠤ ᠶᠡᠷᠦᠩᠬᠡᠢ ᠲᠣᠭᠠᠨ ᠳᠠᠬᠢ ᠡᠳ᠋ᠰᠢᠭᠦᠯᠵᠦ ᠪᠣᠯᠪᠠᠰᠤᠷᠠᠭᠤᠯᠬᠤ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃      ︵ᠬᠤᠶᠠᠷ︶ ᠭᠤᠣᠯ ᠬᠠᠷᠠᠯᠲᠠ᠃ 2016 — 2020 ᠣᠨ ᠳᠤ᠂ ᠪᠦᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠵᠢᠯ ᠳᠤ ᠳᠤᠮᠳᠠᠴᠢ ᠪᠠᠷ 10%᠎ ᠠᠴᠠ ᠳᠡᠭᠡᠭᠰᠢ ᠨᠡᠮᠡᠭᠳᠡᠭᠦᠯᠦᠨ᠎ᠡ᠃ ︽13 · 5 ︾᠎ ᠶᠢᠨ ᠲᠦᠯᠦᠪᠵᠢᠭᠦᠯᠭᠡ ᠶᠢᠨ ᠰᠡᠭᠦᠯᠴᠢ ᠪᠣᠯᠬᠤ ᠳᠤ᠂ ᠪᠦᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠣᠨ ᠤ ᠭᠠᠳᠠᠭᠠᠳᠤ ᠳᠤ ᠭᠠᠷᠭᠠᠬᠤ ᠭᠠᠳᠠᠭᠠᠳᠤ ᠠᠴᠠ ᠣᠷᠣᠭᠤᠯᠬᠤ ᠲᠤᠭ᠎ᠠ ᠨᠢ ᠳ᠋ᠦᠩᠰᠢᠭᠤᠷ ᠳ᠋ᠣᠯᠯᠠᠷ ᠠᠴᠠ ᠬᠡᠲᠦᠷᠡᠭᠰᠡᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ 3 — 5 ᠪᠣᠯᠭᠠᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠳᠤ ᠭᠠᠷᠭᠠᠬᠤ ᠭᠠᠳᠠᠭᠠᠳᠤ ᠠᠴᠠ ᠣᠷᠣᠭᠤᠯᠬᠤ ᠶᠡᠷᠦᠩᠬᠡᠢ ᠲᠤᠭ᠎ᠠ ᠨᠢ 10 ᠳ᠋ᠦᠩᠰᠢᠭᠤᠷ ᠳ᠋ᠣᠯᠯᠠᠷ ᠳᠠᠪᠠᠭᠰᠠᠨ ᠪᠠᠶᠢᠬᠤ ᠬᠡᠷᠡᠭᠲᠡᠢ᠃      ᠬᠤᠶᠠᠷ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠦᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ      ︵ᠭᠤᠷᠪᠠ︶ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠲᠦᠷᠦᠯ ᠤᠨ ᠬᠦᠷᠢᠶᠡᠯᠡᠩ ᠲᠣᠭᠤᠷᠢᠭ ᠤᠨ ᠲᠤᠯᠤᠭ᠎ᠠ ᠶᠢ ᠨᠡᠪᠲᠡᠷᠡᠭᠦᠯᠵᠦ ᠨᠢᠭᠡ ᠶᠢ ᠴᠡᠪᠡᠷᠯᠡᠨ ᠲᠡᠭᠰᠢᠯᠡᠬᠦ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠵᠡᠷᠭᠡ ᠰᠠᠭᠤᠷᠢ ᠪᠡᠯᠡᠳᠭᠡᠮᠵᠢ ᠵᠢᠴᠢ ᠴᠢᠳᠠᠮᠵᠢ ᠶᠢᠨ ᠴᠢᠨᠠᠷᠲᠠᠢ ᠲᠦᠬᠦᠷᠵᠢᠭᠰᠡᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠤᠯᠠᠨ ᠨᠡᠶᠢᠲᠡ ᠶᠢᠨ ᠮᠡᠳᠡᠭᠡ ᠵᠠᠩᠭᠢ᠂ ᠣᠯᠠᠨ ᠨᠡᠶᠢᠲᠡ ᠶᠢᠨ ᠲᠤᠷᠰᠢᠯᠲᠠ᠂ ᠣᠯᠠᠨ ᠨᠡᠶᠢᠲᠡ ᠶᠢᠨ ᠪᠠᠶᠢᠴᠠᠭᠠᠨ ᠬᠡᠮᠵᠢᠬᠦ᠂ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ ᠮᠡᠷᠭᠡᠵᠢᠯ ᠤᠨ ᠦᠨᠡᠯᠡᠨ ᠵᠢᠱᠢᠬᠦ᠂ ᠪᠠᠶᠢᠴᠠᠭᠠᠨ ᠬᠡᠮᠵᠢᠵᠦ ᠦᠨᠡᠮᠰᠢᠨ ᠨᠣᠲᠠᠯᠠᠬᠤ᠂ ᠦᠮᠴᠢᠯᠡᠬᠦ ᠡᠷᠬᠡ ᠶᠢᠨ ᠠᠷᠠᠯᠵᠢᠶᠠᠯᠠᠬᠤ᠂ ᠦᠷ᠎ᠡ ᠪᠦᠲᠦᠭᠡᠯ ᠢᠶᠠᠨ ᠤᠯᠠᠷᠢᠭᠤᠯᠬᠤ ᠵᠡᠷᠭᠡ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠤᠨ ᠬᠦᠭᠵᠢᠭᠦᠯᠵᠦ᠂ ᠴᠢᠳᠠᠮᠵᠢ ᠪᠠᠷ ᠪᠦᠷᠢᠨᠰᠢᠭᠰᠡᠨ ᠵᠠᠯᠭᠠᠨ ᠵᠣᠯᠭᠠᠭᠤᠯᠬᠤ ᠲᠠᠪᠴᠠᠩ ᠢ ᠪᠠᠶᠢᠭᠤᠯᠬᠤ ᠬᠡᠷᠡᠭᠲᠡᠢ᠃      ︵ᠳᠥᠷᠪᠡ︶ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠪᠡᠯᠡ ᠮᠦᠩᠭᠦ ᠪᠠᠷ ᠳᠡᠮᠵᠢᠬᠦ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠵᠦᠢᠯ ᠤᠨ ᠲᠡᠳᠭᠦᠨ ᠳᠡᠮᠵᠢᠬᠦ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠵᠤ᠂ ᠵᠠᠯᠭᠠᠨ ᠵᠣᠯᠭᠠᠭᠤᠯᠬᠤ ᠭᠠᠵᠠᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠬᠠᠮᠢᠶ᠎ᠠ ᠪᠦᠬᠦᠢ ᠠᠵᠢᠯ ᠤᠳ ᠢ ᠳᠡᠮᠵᠢᠬᠦ ᠬᠡᠷᠡᠭᠲᠡᠢ᠃ ᠨᠦᠬᠦᠴᠡᠯ ᠲᠠᠢ ᠭᠠᠵᠠᠷ ᠣᠷᠣᠨ ᠨᠢ ᠵᠠᠯᠭᠠᠨ ᠵᠣᠯᠭᠠᠭᠤᠯᠬᠤ ᠶᠢᠨ ᠰᠢᠯᠵᠢᠭᠦᠯᠬᠦ ᠲᠤᠰᠬᠠᠢ ᠪᠡᠯᠡ ᠮᠦᠩᠭᠦ ᠪᠠᠶᠢᠭᠤᠯᠵᠤ᠂ ᠬᠠᠮᠢᠶ᠎ᠠ ᠪᠦᠬᠦᠢ ᠠᠬᠢᠭᠤᠯᠬᠤ ᠠᠵᠢᠯ ᠳᠤ ᠬᠡᠷᠡᠭᠯᠡᠵᠦ ᠪᠣᠯᠣᠨ᠎ᠠ᠃ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠢᠳᠡᠪᠬᠢᠲᠡᠢ ᠵᠣᠬᠢᠴᠠᠭᠤᠯᠵᠤ᠂ ᠡᠯ᠎ᠡ ᠲᠦᠷᠦᠯ ᠤᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠳ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠯᠦᠪᠯᠡᠭᠡ ᠳᠤ ᠵᠢᠭᠰᠠᠭᠠᠨ ᠣᠷᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢᠨ ᠳᠡᠮᠵᠢᠯᠭᠡ ᠶᠢ ᠣᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠢ ᠳᠡᠮᠵᠢᠵᠤ ᠪᠠᠶᠢᠭᠠᠳ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭ᠎ᠠ ︵PPP︶᠎ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠨᠦᠬᠦᠴᠡᠯ ᠳᠤ ᠨᠡᠶᠢᠴᠡᠬᠦ PPP᠎ ᠤᠨ ᠲᠥᠷᠥᠯ ᠵᠦᠢᠯ ᠤᠳ ᠲᠤ ᠪᠡᠯᠡ ᠲᠣᠬᠢᠷᠠᠭᠤᠯᠬᠤ ᠳᠡᠮᠵᠢᠯᠭᠡ ᠣᠯᠭᠤᠵᠤ᠂ ᠨᠡᠶᠢᠭᠡᠮ ᠤᠨ ᠬᠦᠷᠦᠩᠭᠡ ᠶᠢ ᠲᠠᠲᠠᠨ ᠣᠷᠣᠭᠤᠯᠵᠤ ᠪᠠᠶᠢᠭᠠᠳ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠤᠯᠵᠤ ᠡᠵᠡᠩᠨᠡᠬᠦ ᠳᠤ ᠣᠷᠣᠯᠴᠠᠭᠤᠯᠵᠤ᠂ ᠪᠡᠯᠡ ᠮᠦᠩᠭᠦ ᠬᠦᠷᠦᠯᠴᠡᠬᠦ ᠦᠭᠡᠢ ᠪᠠᠶᠢᠭ᠎ᠠ ᠬᠦᠴᠢᠷᠳᠡᠯ ᠢ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠶᠢᠨ ᠠᠵᠢᠯᠯᠠᠭᠤᠯᠵᠤ ᠡᠵᠡᠩᠨᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃     ︵ᠲᠠᠪᠤ︶ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠪᠣᠭᠤᠮᠲᠠ ᠪᠠᠷ ᠦᠩᠭᠡᠷᠡᠭᠦᠯᠬᠦ ᠶᠢ ᠳᠥᠭᠦᠮᠴᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠶᠡᠭᠡ ᠪᠠᠶᠢᠭ᠎ᠠ ᠬᠢᠯᠢ ᠶᠢᠨ ᠪᠣᠭᠤᠮᠲᠠ᠂ ᠪᠣᠭᠤᠮᠲᠠ ᠶᠢᠨ ᠬᠢᠨᠠᠨ ᠬᠠᠮᠢᠶᠠᠷᠬᠤ ᠭᠠᠵᠠᠷ ᠲᠠᠯᠠᠪᠠᠢ ᠳᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠤᠰᠬᠠᠢ ᠬᠡᠷᠡᠭᠯᠡᠬᠦ ᠴᠣᠩᠬᠤ ᠪᠠᠶᠢᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠷ ᠳᠡᠪᠲᠡᠷ ᠬᠢᠬᠦ᠂ ᠬᠤᠪᠢᠷᠠᠭᠤᠯᠬᠤ ᠵᠢᠴᠢ ᠬᠢᠨᠠᠵᠤ ᠭᠠᠷᠭᠠᠬᠤ ᠵᠡᠷᠭᠡ ᠲᠤᠬᠠᠶᠢᠯᠠᠭᠰᠠᠨ ᠠᠵᠢᠯ ᠤᠳ ᠢ ᠲᠦᠪᠯᠡᠷᠡᠭᠦᠯᠦᠨ ᠭᠦᠢᠴᠡᠳᠭᠡᠵᠦ᠂ ᠵᠠᠯᠭᠠᠨ ᠵᠣᠯᠭᠠᠭᠤᠯᠬᠤ ᠠᠵᠤ ᠦᠢᠯᠡᠰ ᠤᠨ ᠰᠢᠯᠵᠢᠯᠲᠡ ᠶᠢᠨ ᠲᠦᠬᠦᠷᠵᠢᠭᠦᠯᠦᠭᠰᠡᠨ ᠪᠣᠭᠤᠮᠲᠠ ᠪᠠᠷ ᠦᠩᠭᠡᠷᠡᠭᠦᠯᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠡᠯᠧᠺᠲᠷᠣᠨ ᠬᠢᠯᠢ ᠶᠢᠨ ᠪᠣᠭᠤᠮᠲᠠ ᠶᠢ ᠲᠥᠷᠭᠡᠬᠡᠨ ᠪᠠᠶᠢᠭᠤᠯᠵᠤ᠂ ︽ᠭᠤᠷᠪᠠᠨ ᠨᠢᠭᠡ︾ ︵ᠪᠣᠭᠤᠮᠲᠠ ᠬᠢᠭᠡᠳ ᠬᠢᠯᠢ ᠪᠠᠷ ᠣᠷᠣᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠤᠨ ︽ᠨᠢᠭᠡ ᠤᠳᠠᠭ᠎ᠠ ᠳᠤ ᠭᠤᠶᠤᠴᠢᠯᠠᠵᠤ ᠮᠡᠳᠡᠭᠦᠯᠬᠦ᠂ ᠨᠢᠭᠡ ᠤᠳᠠᠭ᠎ᠠ ᠳᠤ ᠪᠠᠶᠢᠴᠠᠭᠠᠵᠤ ᠰᠢᠯᠭᠠᠬᠤ᠂ ᠨᠢᠭᠡ ᠤᠳᠠᠭ᠎ᠠ ᠳᠤ ᠦᠩᠭᠡᠷᠡᠭᠦᠯᠬᠦ︾ ᠪᠣᠭᠤᠮᠲᠠ ᠪᠠᠷ ᠦᠩᠭᠡᠷᠡᠭᠦᠯᠵᠦ ᠠᠵᠢᠯᠯᠠᠬᠤ ᠵᠠᠭᠪᠤᠷ ᠢ ᠬᠡᠷᠡᠭᠵᠢᠭᠦᠯᠦᠨ᠎ᠡ︶᠂ ︽ᠬᠠᠷᠢᠯᠴᠠᠨ ᠰᠣᠯᠢᠯᠴᠠᠬᠤ᠂ ᠬᠠᠷᠢᠯᠴᠠᠨ ᠮᠡᠳᠡᠷᠡᠬᠦ᠂ ᠬᠠᠷᠢᠯᠴᠠᠨ ᠬᠠᠪᠰᠤᠷᠬᠤ︾ ︵︽ᠭᠠᠭᠴᠠ ᠴᠣᠩᠬᠤᠪᠴᠢ︾᠎ ᠶᠢᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠬᠤ ᠶᠢ ᠪᠡᠶᠡᠯᠡᠭᠦᠯᠬᠦ ᠪᠠᠨ ᠠᠬᠢᠭᠤᠯᠬᠤ︔ ᠪᠣᠭᠤᠮᠲᠠ ᠪᠠᠷ ᠦᠩᠭᠡᠷᠡᠭᠦᠯᠬᠦ ᠶᠢ ᠨᠢᠭᠡ ᠴᠣᠭᠴᠠᠵᠢᠭᠤᠯᠬᠤ ᠬᠠᠮᠢᠶᠠᠷᠤᠯᠲᠠ ᠶᠢᠨ ᠪᠠᠶᠢᠷᠢᠰᠢᠯ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠪᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠬᠦ ᠪᠠᠨ ᠠᠬᠢᠭᠤᠯᠬᠤ︔ ᠬᠢᠯᠢ ᠶᠢᠨ ᠪᠣᠭᠤᠮᠲᠠ ᠶᠢᠨ ᠬᠤᠯᠪᠣᠭᠠᠯᠠᠭᠰᠠᠨ ᠰᠡᠷᠭᠡᠶᠢᠯᠡᠨ ᠡᠵᠡᠮᠳᠡᠬᠦ ᠲᠣᠭᠲᠠᠴᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠳᠤ ᠬᠠᠷᠢᠯᠴᠠᠨ ᠬᠠᠪᠰᠤᠷᠬᠤ ᠶᠢ ᠪᠡᠶᠡᠯᠡᠭᠦᠯᠬᠦ ᠪᠠᠨ ᠠᠬᠢᠭᠤᠯᠬᠤ︶ ᠪᠠ ᠣᠷᠣᠨ ᠪᠦᠰᠡ ᠶᠢᠨ ᠪᠣᠭᠤᠮᠲᠠ ᠪᠠᠷ ᠦᠩᠭᠡᠷᠡᠬᠦᠯᠬᠦ ᠵᠠᠭᠪᠤᠷ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠶᠢᠴᠠᠭᠠᠨ ᠥᠩᠭᠡᠷᠡᠭᠦᠯᠬᠦ ᠲᠣᠭᠲᠠᠴᠠ ᠪᠠᠨ ᠲᠥᠷᠭᠡᠳᠭᠡᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠪᠠᠶᠢᠴᠠᠭᠠᠯᠭᠠᠬᠤ ᠪᠠᠷ ᠮᠡᠳᠡᠭᠦᠯᠬᠦ ᠶᠢ ᠤᠷᠢᠳᠠᠪᠠᠷ ᠬᠦᠯᠢᠶᠡᠨ ᠠᠪᠴᠤ ᠰᠢᠢᠳᠪᠦᠷᠢᠯᠡᠬᠦ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠢ ᠤᠷᠢᠳᠠᠪᠠᠷ ᠬᠡᠷᠡᠭᠵᠢᠭᠦᠯᠬᠦ᠂ ᠪᠦᠯᠦᠭ ᠬᠤᠪᠢᠶᠠᠨ ᠬᠢᠨᠠᠵᠤ ᠭᠠᠷᠭᠠᠬᠤ ᠳᠤ ᠪᠣᠭᠤᠮᠲᠠ ᠪᠠᠷ ᠳᠥᠭᠦᠮ ᠲᠦᠲᠡ ᠦᠩᠭᠡᠷᠡᠭᠦᠯᠬᠦ ᠬᠠᠷᠠᠭᠠᠯᠵᠠᠯ ᠦᠵᠡᠭᠦᠯᠬᠦ ᠬᠡᠷᠡᠭᠲᠡᠢ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠤᠨ ᠬᠤᠭᠤᠷᠣᠨᠳᠤ ᠶᠢᠨ ᠮᠡᠳᠡᠭᠡ ᠵᠠᠩᠭᠢ ᠪᠠᠨ ᠬᠠᠮᠳᠤᠪᠠᠷ ᠬᠦᠷᠲᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠣᠭᠤᠮᠲᠠ ᠥᠩᠭᠡᠷᠡᠬᠦ ᠦᠷ᠎ᠡ ᠪᠦᠳᠦᠮᠵᠢ ᠶᠢ ᠨᠢ ᠳᠡᠭᠡᠭᠰᠢᠯᠡᠭᠦᠯᠬᠦ ᠬᠡᠷᠡᠭᠲᠡᠢ᠃      ︵ᠵᠢᠷᠭᠤᠭ᠎ᠠ︶ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠪᠠᠷᠠᠭᠠᠨ ᠤ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠭᠡᠵᠦ᠂ ᠳᠡᠭᠡᠲᠦ ᠬᠤᠷᠳᠤ ᠶᠢᠨ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠲᠡᠭᠡᠭᠡᠪᠦᠷᠢ ᠵᠡᠷᠭᠡ ᠰᠠᠭᠤᠷᠢ ᠪᠠᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠵᠦᠢᠯ ᠤᠨ ᠳᠡᠭᠡᠭᠡᠪᠦᠷᠢ ᠶᠢᠨ ᠬᠡᠪ ᠮᠠᠶ᠋ᠢᠭ ᠢᠶᠠᠷ ᠨᠢᠭᠲᠠ ᠵᠠᠯᠭᠠᠯᠳᠤᠭᠤᠯᠤᠭᠰᠠᠨ ᠬᠤᠷᠳᠤᠨ ᠳᠦᠭᠦᠮ᠂ ᠦᠨᠳᠦᠷ ᠪᠦᠲᠦᠮᠵᠢᠲᠡᠢ᠂ ᠥᠪᠡᠷ ᠤᠨ ᠦᠷᠲᠡᠭ ᠢᠶᠠᠷ ᠳᠣᠣᠷ᠎ᠠ ᠪᠣᠯᠬᠤ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠣᠢ ᠪᠣᠯᠭᠠᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ᠂ ᠬᠢᠯᠢ ᠶᠢᠨ ᠪᠣᠭᠤᠮᠲᠠ᠂ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠮ ᠬᠠᠷᠢᠯᠴᠠᠭ᠎ᠠ ᠳᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠦᠴᠢᠷ ᠤᠳ ᠵᠣᠬᠢᠴᠠᠭᠤᠯᠤᠨ ᠵᠣᠯᠭᠠᠭᠤᠯᠬᠤ ᠪᠠᠨ ᠴᠢᠩᠭᠠᠳᠬᠠᠵᠤ᠂ ᠲᠡᠮᠦᠷ ᠵᠠᠮ ᠳᠠᠯᠠᠢ ᠠᠭᠠᠷ ᠤᠨ ᠬᠤᠯᠪᠣᠭᠠᠯᠠᠨ ᠲᠡᠭᠡᠭᠡᠪᠦᠷᠢᠯᠡᠬᠦ ᠵᠠᠮ ᠱᠣᠭᠤᠮ ᠪᠠ ᠡᠷᠬᠢᠯᠡᠨ ᠭᠦᠢᠴᠡᠳᠭᠡᠬᠦ ᠦᠷᠲᠡᠭᠡ ᠪᠠᠶᠢᠭᠤᠯᠬᠤ ᠶᠢ ᠰᠦᠪᠡᠭᠴᠢᠯᠡᠬᠦ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠠᠬᠢ ᠲᠡᠮᠦᠷ ᠵᠠᠮ ᠤᠨ ᠲᠤᠰᠬᠠᠢ ᠱᠣᠭᠤᠮ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠠᠵᠤ ᠠᠬᠤᠶᠢᠯᠠᠯ ᠤᠳ ᠢ ᠬᠦᠲᠦᠯᠦᠨ ᠵᠢᠯᠣᠭᠤᠳᠴᠤ ᠪᠠᠶᠢᠭᠠᠳ ᠣᠯᠠᠨ ᠵᠦᠢᠯ ᠤᠨ ᠬᠤᠯᠪᠣᠭᠠᠯᠠᠨ ᠲᠡᠭᠡᠭᠡᠪᠦᠷᠢᠯᠡᠬᠦ ᠠᠷᠭ᠎ᠠ ᠮᠠᠶ᠋ᠢᠭ ᠢ ᠠᠪᠴᠤ ᠭᠠᠳᠠᠭᠠᠳᠤ ᠠᠷᠠᠯᠵᠢᠶ᠎ᠠ ᠶᠢᠨ ᠲᠡᠭᠡᠭᠡᠪᠦᠷᠢ ᠦᠷᠨᠢᠭᠦᠯᠬᠦ ᠶᠢ ᠵᠣᠷᠢᠬᠵᠢᠭᠤᠯᠵᠤ᠂ ᠵᠠᠰᠠᠮᠠᠯ ᠵᠠᠮ ᠲᠡᠮᠦᠷ ᠵᠠᠮ ᠳᠠᠯᠠᠢ ᠠᠭᠠᠷ ᠤᠨ ᠬᠤᠭᠤᠷᠣᠨᠳᠤ ᠶᠢᠨ ᠲᠦᠷᠭᠡᠨ ᠳᠠᠮᠵᠢᠭᠤᠯᠬᠤ ᠪᠠ ᠨᠢᠭᠲᠠ ᠵᠠᠯᠭᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠮᠠᠯ ᠵᠠᠮ ᠤᠨ ᠴᠢᠷᠦᠭᠦᠯ ᠲᠡᠷᠭᠡ ᠪᠠᠨ ᠰᠣᠯᠢᠵᠤ ᠲᠡᠭᠡᠭᠡᠪᠦᠷᠢᠯᠡᠬᠦ ᠶᠢ ᠬᠦᠭᠵᠢᠭᠦᠯᠵᠦ᠂ ᠠᠴᠢᠶ᠎ᠠ ᠲᠡᠭᠡᠭᠡᠪᠦᠷᠢ ᠶᠢᠨ ᠦᠷᠲᠡᠭᠡ ᠲᠠᠯᠠᠪᠠᠢ ᠶᠢᠨ ᠪᠦᠲᠦᠭᠡᠨ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠡᠯᠡ ᠮᠦᠩᠭᠦ ᠶᠢᠨ ᠣᠷᠤᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠠᠯᠤᠨ᠂ ᠳᠡᠰ ᠳᠠᠪᠬᠤᠷᠭ᠎ᠠ ᠪᠠᠷ ᠢᠯᠭᠤᠮ ᠲᠣᠳᠣ᠂ ᠴᠢᠳᠠᠮᠵᠢ ᠪᠠᠷ ᠪᠦᠷᠢᠨ ᠲᠡᠭᠦᠯᠳᠡᠷ᠂ ᠵᠣᠯᠭᠠᠭᠤᠯᠤᠯᠲᠠ ᠪᠠᠷ ᠰᠠᠭᠠᠳ ᠦᠭᠡᠢ᠂ ᠦᠷᠲᠡᠭᠡ ᠲᠠᠯᠠᠪᠠᠢ ᠶᠢᠨ ᠵᠠᠩᠭᠢᠯᠠᠭ᠎ᠠ ᠴᠢᠬ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ᠳᠠᠯᠠᠢ ᠳᠠᠭᠠᠤ ᠭᠠᠵᠠᠷ ᠣᠷᠣᠨ ᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠲᠣᠮᠤ ᠬᠡᠯᠪᠡᠷᠢ ᠶᠢᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠢ ᠣᠷᠤᠭᠤᠯᠬᠤ ᠪᠠ ᠬᠦᠮᠦᠵᠢᠭᠦᠯᠦᠨ ᠪᠤᠶᠢᠵᠢᠭᠤᠯᠵᠤ᠂ ᠣᠯᠠᠨ ᠤᠯᠤᠰ ᠤᠨ ᠪᠠᠷᠠᠭ᠎ᠠ ᠠᠴᠢᠶᠠᠨ ᠤ ᠣᠷᠤᠯᠠᠭᠴᠢ ᠠᠵᠤ ᠠᠬᠤᠶᠢᠯᠠᠯ ᠬᠢᠭᠡᠳ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠬᠤᠭᠤᠷᠣᠨᠳᠤ ᠶᠢᠨ ᠵᠠᠯᠭᠠᠯᠳᠤᠭᠤᠯᠬᠤ ᠶᠢ ᠴᠢᠩᠭᠠᠳᠬᠠᠵᠤ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠨᠢ ᠪᠠᠭᠤᠷᠠᠭᠤᠯᠬᠤ ᠬᠡᠷᠡᠭᠲᠡᠢ᠃      ︵ᠳᠣᠯᠤᠭ᠎ᠠ︶ ᠨᠡᠬᠡᠭᠡᠯᠲᠡ ᠲᠠᠢ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠦᠢᠯᠡᠴᠢᠯᠡᠭᠡᠨ ᠤ ᠰᠢᠰᠲ᠋ᠧᠮᠵᠢ ᠪᠠ ᠲᠥᠬᠦᠷ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠦᠨᠳᠦᠷ ᠬᠢᠷᠢ ᠬᠡᠮᠵᠢᠶ᠎ᠡ ᠲᠠᠢ᠂ ᠴᠢᠨᠠᠷᠯᠢᠭ ᠰᠠᠶᠢᠨ ᠢᠶᠠᠷ ᠪᠤᠭᠤᠲᠤ᠂ ᠣᠷᠳᠣᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠴᠠ ᠲᠠᠢ ᠪᠠᠷ ᠰᠢᠯᠵᠢᠬᠦ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠰᠢᠨ᠎ᠡ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠴᠠ ᠲᠠᠢ ᠪᠠᠷ ᠰᠢᠯᠵᠢᠭᠦᠯᠬᠦ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠢᠳᠡᠪᠬᠢᠲᠡᠢ ᠮᠡᠳᠡᠭᠦᠯᠵᠦ ᠭᠤᠶᠤᠴᠢᠯᠠᠬᠤ ᠬᠡᠷᠡᠭᠲᠡᠢ᠃ ᠪᠦᠬᠦ ᠣᠷᠣᠨ ᠳᠤ 3 — 5 ᠠᠶᠢᠮᠠᠭ ᠬᠤᠲᠠ ᠶᠢ ᠰᠤᠩᠭᠤᠵᠤ ᠵᠠᠯᠭᠠᠨ ᠵᠣᠯᠭᠠᠭᠤᠯᠬᠤ ᠠᠵᠤ ᠦᠢᠯᠡᠰ ᠤᠨ ᠰᠢᠯᠵᠢᠭᠦᠯᠬᠦ ᠭᠤᠣᠯᠳᠠᠯᠭ᠎ᠠ ᠲᠠᠢ ᠭᠠᠵᠠᠷ ᠣᠷᠣᠨ ᠪᠣᠯᠭᠠᠵᠤ᠂ ᠲᠡᠳᠡᠭᠡᠷ ᠤᠨ ᠵᠠᠯᠭᠠᠨ ᠵᠣᠯᠭᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠳᠭᠦᠬᠦ ᠬᠡᠷᠡᠭᠲᠡᠢ᠃ ᠪᠣᠭᠤᠮᠲᠠ ᠶᠢᠨ ᠣᠨᠴᠣᠭᠤᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠠᠬᠢ ᠭᠠᠶᠢᠯᠢ ᠪᠠᠳᠤᠯᠠᠨ ᠡᠳ᠋ᠰᠢᠭᠦᠯᠵᠦ ᠪᠣᠯᠪᠠᠰᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠬᠦᠬᠡᠬᠤᠲᠠ ᠳᠠᠬᠢ ᠭᠠᠳᠠᠭᠠᠳᠤ ᠳᠤ ᠭᠠᠷᠭᠠᠬᠤ ᠪᠠᠷ ᠡᠳ᠋ᠰᠢᠭᠦᠯᠵᠦ ᠪᠣᠯᠪᠠᠰᠤᠷᠠᠭᠤᠯᠬᠤ ᠲᠣᠭᠤᠷᠢᠭ ᠬᠡᠯᠪᠡᠷᠢ ᠪᠠᠨ ᠬᠤᠪᠢᠷᠠᠭᠤᠯᠤᠭᠠᠳ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠣᠷᠣᠨ ᠪᠣᠯᠬᠤ ᠶᠢ ᠠᠬᠢᠭᠤᠯᠬᠤ ᠬᠡᠷᠡᠭᠲᠡᠢ᠃      ︵ᠨᠠᠢᠮᠠ︶ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠥᠬᠦᠷ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠦᠢᠯᠡᠳᠪᠦᠷᠢᠯᠡᠯ ᠨᠢ ᠲᠦᠬᠦᠷ ᠴᠢᠳᠠᠪᠤᠷᠢ ᠶᠢᠨ ᠱᠠᠭᠠᠷᠳᠠᠯᠭ᠎ᠠ ᠪᠠᠷ ᠦᠨᠳᠦᠷ ᠪᠠᠶᠢᠬᠤ ᠣᠨᠴᠠᠯᠢᠭ ᠲᠤ ᠴᠢᠭᠯᠡᠭᠦᠯᠦᠨ᠂ ᠮᠠᠰᠢᠨ ᠴᠠᠬᠢᠯᠭᠠᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠬᠥᠩᠭᠡᠨ ᠨᠡᠬᠡᠮᠡᠯ᠂ ᠲᠣᠨᠤᠭ ᠲᠦᠬᠦᠭᠡᠷᠦᠮᠵᠢ ᠦᠢᠯᠡᠳᠬᠦ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠳ ᠭᠠᠳᠠᠭᠠᠳᠤ ᠳᠤ ᠡᠳ᠋ᠰᠢᠭᠦᠯᠵᠦ ᠪᠣᠯᠪᠠᠰᠤᠷᠠᠭᠤᠯᠬᠤ ᠣᠨᠴᠠᠯᠢᠭᠲᠤ ᠠᠵᠤ ᠦᠢᠯᠡᠰ ᠤᠨ ᠠᠩᠬ᠎ᠠ ᠬᠡᠪᠴᠢᠶᠡᠵᠢᠯ ᠪᠦᠷᠢᠯᠳᠤᠭᠦᠯᠬᠦ ᠶᠢ ᠨᠢ ᠲᠥᠷᠬᠡᠳᠭᠡᠨ ᠠᠬᠢᠭᠤᠯᠵᠤ᠂ ᠲᠥᠬᠦᠷ ᠠᠵᠤ ᠠᠬᠤᠶᠢᠯᠠᠯ ᠤᠨ ᠪᠦᠯᠦᠭᠰᠢᠷᠡᠯ᠂ ᠠᠵᠤ ᠦᠢᠯᠡᠰ ᠤᠨ ᠪᠦᠯᠦᠭᠰᠢᠷᠡᠯ ᠤᠨ ᠪᠣᠢ ᠪᠣᠯᠬᠤ ᠪᠠ ᠲᠥᠪᠯᠡᠷᠡᠬᠦ ᠶᠢ ᠠᠬᠢᠭᠤᠯᠤᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠥᠬᠦᠷ ᠠᠵᠤ ᠦᠢᠯᠡᠰ ᠢ ᠴᠢᠩᠭᠠᠳᠬᠠᠵᠤ᠂ ᠭᠤᠣᠯ ᠤᠳᠤᠷᠢᠳᠤᠮᠵᠢᠲᠤ ᠠᠵᠤ ᠦᠢᠯᠡᠰ ᠵᠢᠴᠢ ᠣᠨᠴᠠᠯᠢᠭᠲᠤ ᠠᠵᠤ ᠦᠢᠯᠡᠰ ᠤᠨ ᠪᠣᠢ ᠪᠣᠯᠬᠤ ᠪᠠ ᠬᠦᠭᠵᠢᠬᠦ ᠶᠢ ᠠᠬᠢᠭᠤᠯᠬᠤ ᠬᠡᠷᠡᠭᠲᠡᠢ᠃      ᠭᠤᠷᠪᠠ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ      ︵ᠶᠢᠰᠦ︶ ᠠᠵᠤ ᠦᠢᠯᠡᠰ ᠤᠨ ᠬᠤᠳᠠᠯᠳᠤᠭᠠᠴᠢᠨ ᠤᠷᠢᠬᠤ ᠶᠢ ᠠᠬᠢᠭᠤᠯᠬᠤ ᠬᠡᠷᠡᠭᠲᠡᠢ᠃ ᠬᠢᠯᠢ ᠶᠢᠨ ᠭᠠᠳᠠᠨᠠᠬᠢ ᠪᠣᠯᠣᠨ ᠳᠠᠯᠠᠢ ᠳᠠᠭᠠᠤ ᠬᠦᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠵᠠᠯᠭᠠᠨ ᠵᠣᠯᠭᠠᠭᠤᠯᠬᠤ ᠬᠡᠷᠡᠭᠲᠡᠢ᠃ ᠬᠦᠭᠵᠢᠭᠰᠡᠨ ᠣᠷᠣᠨ ᠤ ᠪᠦᠬᠦᠯᠢ ᠮᠠᠰᠢᠨ ᠤ ᠦᠢᠯᠡᠳᠪᠦᠷᠢᠯᠡᠯ᠂ ᠰᠡᠯᠪᠢᠭ ᠲᠣᠨᠤᠭ᠂ ᠲᠦᠭᠦᠬᠡᠢ ᠮᠠᠲ᠋ᠧᠷᠢᠶᠠᠯ ᠤᠨ ᠲᠦᠬᠦᠷ ᠡᠳ᠋ᠰᠢᠭᠦᠯᠵᠦ ᠪᠣᠯᠪᠠᠰᠤᠷᠠᠭᠤᠯᠬᠤ ᠶᠢ ᠣᠷᠤᠭᠤᠯᠤᠨ ᠠᠪᠴᠤ᠂ ᠠᠵᠤ ᠦᠢᠯᠡᠰ ᠤᠨ ᠪᠥᠭᠡᠭᠡᠨᠡᠷᠡᠯ ᠢ ᠪᠦᠷᠢᠯᠳᠦᠭᠦᠯᠬᠦ ᠬᠡᠷᠡᠭᠲᠡᠢ᠃ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠤᠯᠤᠰ ᠠᠯᠤᠰᠯᠠᠭᠰᠠᠨ ᠨᠡᠷᠡᠲᠡᠢ ᠺᠤᠮᠫᠠᠨᠢ ᠪᠣᠯᠣᠨ ᠣᠯᠠᠨ ᠤᠯᠤᠰ ᠤᠨ ᠬᠡᠯᠬᠢᠶᠡᠵᠢᠭᠰᠡᠨ ᠬᠡᠲᠦ ᠳᠡᠯᠭᠡᠭᠦᠷ ᠢ ᠲᠠᠲᠠᠨ ᠣᠷᠣᠭᠤᠯᠵᠤ ᠮᠠᠨ ᠤ ᠣᠷᠣᠨ ᠳᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠡᠷᠬᠢᠯᠡᠭᠦᠯᠦᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠳᠦᠮᠵᠢ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ︵ᠠᠷᠪᠠ︶ ᠣᠷᠣᠨ ᠪᠦᠰᠡ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠣᠳᠠᠲᠤ ᠲᠠᠢ ᠪᠠᠨ ᠤᠶᠠᠯᠳᠤᠭᠤᠯᠤᠨ᠂ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠪᠠ ᠬᠦᠭᠵᠢᠯᠲᠡ ᠶᠢᠨ ᠳᠠᠪᠠᠭᠤᠯᠢᠭ ᠲᠤ ᠰᠠᠭᠤᠷᠢᠯᠠᠵᠤ᠂ ᠣᠨᠴᠠᠯᠢᠭ ᠢᠶᠠᠨ ᠳᠣᠪᠤᠶᠢᠯᠭᠠᠨ᠂ ᠡᠬᠢ ᠪᠠᠶᠠᠯᠢᠭ ᠢᠶᠠᠷ ᠠᠷᠪᠢᠲᠠᠢ᠂ ᠣᠷᠴᠢᠨ ᠲᠣᠭᠤᠷᠢᠨ ᠢᠶᠠᠷ ᠰᠠᠶᠢᠨ ᠰᠠᠶᠢᠬᠠᠨ ᠲᠥᠷᠥᠯ ᠵᠦᠢᠯ ᠢ ᠢᠳᠡᠪᠬᠢᠲᠡᠢ ᠵᠠᠯᠭᠠᠨ ᠵᠣᠯᠭᠠᠭᠤᠯᠬᠤ ᠬᠡᠷᠡᠭᠲᠡᠢ᠃ ᠣᠷᠣᠨ ᠪᠦᠰᠡ ᠶᠢᠨ ᠣᠨᠴᠠᠯᠢᠭ ᠢᠶᠠᠨ ᠪᠠᠳᠠᠷᠠᠭᠤᠯᠬᠤ ᠬᠢᠭᠡᠳ ᠠᠵᠤ ᠦᠢᠯᠡᠰ ᠤᠨ ᠳᠠᠪᠠᠭᠤᠯᠢᠭ ᠢᠶᠠᠨ ᠳᠡᠭᠡᠭᠰᠢᠯᠡᠭᠦᠯᠬᠦ ᠯᠦᠭᠡ ᠤᠶᠠᠯᠳᠤᠭᠤᠯᠬᠤ ᠶᠢ ᠪᠠᠷᠢᠮᠲᠠᠯᠠᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠪᠴᠢᠶ᠎ᠡ ᠪᠠᠨ ᠦᠷᠭᠡᠳᠭᠡᠬᠦ ᠬᠢᠭᠡᠳ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠯᠤᠭ᠎ᠠ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠬᠦᠳᠡᠯᠮᠦᠷᠢ ᠨᠢᠭᠲᠠᠷᠠᠭᠰᠠᠨ ᠬᠡᠯᠪᠡᠷᠢ ᠬᠢᠭᠡᠳ ᠪᠡᠯᠡ ᠮᠦᠩᠭᠦ ᠬᠤᠷᠠᠭᠰᠠᠨ ᠬᠡᠯᠪᠡᠷᠢ ᠶᠢᠨ ᠲᠥᠷᠥᠯ ᠵᠦᠢᠯ ᠢ ᠢᠳᠡᠪᠬᠢᠲᠡᠢ ᠣᠷᠤᠭᠤᠯᠬᠤ ᠶᠢᠨ ᠬᠠᠮᠲᠤ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ᠂ ᠦᠢᠯᠡᠳᠪᠦᠷᠢᠯᠡᠯ ᠪᠣᠯᠣᠨ ᠦᠢᠯᠡᠴᠢᠯᠡᠭᠡᠨ ᠤ ᠠᠭᠤᠰᠤᠴᠠᠯ ᠢ ᠠᠬᠢᠭᠤᠯᠬᠤ᠂ ᠠᠵᠤ ᠦᠢᠯᠡᠰ ᠤᠨ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦᠯᠡᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠨᠡᠩ ᠦᠨᠳᠦᠷ ᠮᠡᠷᠭᠡᠵᠢᠯ ᠤᠨ ᠬᠢᠷᠢ ᠬᠡᠮᠵᠢᠶ᠎ᠡ᠂ ᠨᠡᠩ ᠶᠡᠭᠡ ᠦᠷᠲᠡᠭ ᠨᠡᠮᠡᠭᠳᠡᠯ ᠤᠨ ᠠᠭᠤᠯᠤᠭᠳᠠᠴᠠ ᠲᠠᠢ ᠳᠡᠰ ᠳᠡᠪᠰᠢᠬᠦ ᠲᠡᠰᠢ ᠠᠬᠢᠭᠤᠯᠬᠤ ᠬᠡᠷᠡᠭᠲᠡᠢ᠃      ᠲᠥᠷᠪᠡ᠂ ᠠᠵᠤ ᠠᠬᠤᠶᠢᠯᠠᠯ ᠢ ᠵᠢᠯᠣᠭᠤᠳᠴᠤ ᠤᠯᠤᠰ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠦᠯᠬᠦ ᠬᠡᠷᠡᠭᠲᠡᠢ      ︵ᠠᠷᠪᠠᠨ ᠨᠢᠭᠡ︶ ᠤᠯᠤᠰ ᠠᠴᠠ ᠵᠣᠷᠢᠬᠵᠢᠭᠤᠯᠵᠤ ᠪᠠᠶᠢᠭ᠎ᠠ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠢ ᠢᠳᠡᠪᠬᠢᠲᠡᠢ ᠦᠷᠨᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠵᠦᠷᠢᠯᠳᠦᠨ ᠰᠤᠯᠪᠢᠴᠠᠬᠤ ᠶᠢ ᠭᠦᠢᠴᠡᠳ ᠠᠰᠢᠭᠯᠠᠵᠤ ᠠᠵᠤ ᠦᠢᠯᠡᠰ ᠤᠨ ᠤᠳᠤᠷᠢᠳᠤᠮᠵᠢ ᠪᠠᠨ ᠲᠣᠭᠲᠠᠭᠠᠵᠤ᠂ ᠠᠳᠠᠯᠢ ᠪᠣᠰᠤ ᠠᠵᠤ ᠦᠢᠯᠡᠰ ᠵᠢᠴᠢ ᠠᠳᠠᠯᠢ ᠨᠢᠭᠡᠨ ᠠᠵᠤ ᠦᠢᠯᠡᠰ ᠤᠨ ᠠᠳᠠᠯᠢ ᠪᠣᠰᠤ ᠦᠨ᠎ᠡ ᠦᠷᠲᠡᠭ ᠡᠭᠦᠳᠬᠦ ᠶᠠᠪᠤᠴᠠ ᠳᠠᠬᠢ ᠠᠳᠠᠯᠢ ᠪᠣᠰᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠴᠢᠭᠯᠡᠭᠦᠯᠦᠨ᠂ ᠠᠵᠤ ᠠᠬᠤᠶᠢᠯᠠᠯ ᠢ ᠵᠢᠯᠣᠭᠤᠳᠴᠤ ᠤᠯᠤᠰ ᠠᠴᠠ ᠵᠣᠷᠢᠬᠵᠢᠭᠤᠯᠵᠤ ᠪᠠᠶᠢᠭ᠎ᠠ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠢ ᠢᠳᠡᠪᠬᠢᠲᠡᠢ ᠦᠷᠨᠢᠭᠦᠯᠬᠦ ᠬᠡᠷᠡᠭᠲᠡᠢ᠃ ᠠᠵᠤ ᠠᠬᠤᠶᠢᠯᠠᠯ ᠤᠳ ᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠠᠷᠠᠯᠵᠢᠶ᠎ᠠ ᠪᠠᠷ ᠬᠤᠰᠢᠭᠤᠷᠠᠬᠤ᠂ ᠦᠷ᠎ᠡ ᠠᠰᠢᠭ ᠢᠶᠠᠷ ᠭᠤᠣᠯᠯᠠᠭᠤᠯᠬᠤ ᠶᠢ ᠵᠣᠷᠢᠬᠵᠢᠭᠤᠯᠤᠨ᠂ ᠣᠳᠣ ᠶᠢᠨ ᠪᠠᠶᠢᠭ᠎ᠠ ᠲᠦᠬᠦᠭᠡᠷᠦᠮᠵᠢ ᠪᠠ ᠪᠣᠯᠪᠠᠰᠤᠷᠠᠩᠭᠤᠢ ᠮᠡᠷᠭᠡᠵᠢᠯ ᠢ ᠠᠰᠢᠭᠯᠠᠨ ᠨᠦᠬᠦᠴᠡᠯ ᠲᠠᠢ ᠤᠯᠤᠰ ᠪᠣᠯᠣᠨ ᠭᠠᠵᠠᠷ ᠣᠷᠣᠨ ︵ᠣᠨᠴᠣᠭᠤᠶᠢᠯᠠᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ︶᠎ ᠳᠤ ᠬᠦᠷᠴᠦ ᠬᠠᠮᠢᠶ᠎ᠠ ᠪᠦᠬᠦᠢ ᠬᠢᠯᠢ ᠶᠢᠨ ᠭᠠᠳᠠᠨᠠᠬᠢ ᠡᠳ᠋ᠰᠢᠭᠦᠯᠵᠦ ᠪᠣᠯᠪᠠᠰᠤᠷᠠᠭᠤᠯᠬᠤ ᠶᠢᠨ ᠲᠤᠬᠠᠶᠢᠯᠠᠭᠰᠠᠨ ᠠᠵᠢᠯ ᠢ ᠦᠷᠨᠢᠭᠦᠯᠬᠦ ᠬᠡᠷᠡᠭᠲᠡᠢ᠃      ︵ᠠᠷᠪᠠᠨ ᠬᠤᠶᠠᠷ︶ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠠ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠬᠤ ᠬᠡᠷᠡᠭᠲᠡᠢ᠃ ᠭᠤᠣᠯᠳᠠᠯᠭ᠎ᠠ ᠪᠠᠨ ᠲᠣᠪᠤᠶᠢᠯᠭᠠᠨ᠂ ᠴᠢᠬ ᠢᠶᠠᠷ ᠪᠦᠬᠦ ᠲᠠᠯ᠎ᠠ ᠶᠢ ᠳᠠᠶᠢᠴᠢᠯᠠᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠳᠠᠪᠠᠭᠤᠯᠢᠭ ᠠᠵᠤ ᠦᠢᠯᠡᠰ ᠤᠨ ᠲᠣᠭᠲᠠᠭᠤᠨ ᠢᠶᠠᠷ ᠬᠦᠭᠵᠢᠬᠦ ᠪᠣᠯᠣᠨ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠦᠬᠦ ᠲᠠᠯ᠎ᠠ ᠪᠠᠷ ᠳᠡᠯᠭᠡᠷᠡᠭᠦᠯᠬᠦ ᠪᠠᠨ ᠦᠨᠡᠨᠬᠦ ᠰᠠᠶᠢᠳᠤᠷ ᠬᠢᠬᠦ ᠬᠡᠷᠡᠭᠲᠡᠢ᠃ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢᠶᠠᠨ ᠳᠡᠭᠡᠭᠰᠢᠯᠡᠭᠦᠯᠦᠨ ᠳᠣᠪᠤᠶᠢᠯᠭᠠᠬᠤ ᠶᠢ ᠪᠠᠷᠢᠮᠲᠠᠯᠠᠵᠤ᠂ ᠨᠡᠬᠡᠮᠡᠯ ᠬᠤᠪᠴᠠᠰᠤ ᠬᠤᠨᠠᠷ᠂ ᠮᠤᠬᠠᠨᠢᠭ ᠦᠢᠯᠡᠳᠬᠦ᠂ ᠮᠣᠳᠣᠨ ᠮᠠᠲ᠋ᠧᠷᠢᠶᠠᠯ ᠦᠢᠯᠡᠳᠪᠦᠷᠢᠯᠡᠬᠦ ᠵᠡᠷᠭᠡ ᠬᠦᠳᠡᠯᠮᠦᠷᠢ ᠪᠠᠷ ᠨᠢᠭᠲᠠᠷᠠᠭᠰᠠᠨ ᠬᠡᠯᠪᠡᠷᠢ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠦᠢᠯᠡᠰ ᠢ ᠦᠷᠭᠦᠯᠵᠢᠯᠡᠨ ᠬᠦᠭᠵᠢᠭᠦᠯᠦᠨ᠎ᠡ︔ ᠡᠯᠧᠺᠲᠷᠣᠨ ᠮᠡᠳᠡᠭᠡ ᠵᠠᠩᠭᠢ᠂ ᠰᠢᠯᠵᠢᠭᠡ ᠮᠡᠳᠡᠭᠡ ᠬᠤᠯᠪᠣᠭ᠎ᠠ᠂ ᠠᠮᠢᠳᠤ ᠪᠣᠳᠤᠰ ᠤᠨ ᠡᠮ ᠡᠮᠨᠡᠯᠭᠡ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠬᠦᠳᠦᠯᠦᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠪᠠᠷ ᠬᠦᠳᠦᠯᠦᠨ ᠵᠢᠯᠣᠭᠤᠳᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢ ᠠᠰᠢᠭᠯᠠᠨ᠂ ᠵᠠᠩᠭᠢᠯᠠᠭ᠎ᠠ ᠪᠣᠯᠬᠤ ᠰᠡᠯᠪᠢᠭ ᠲᠣᠨᠤᠭ ᠪᠠ ᠲᠦᠭᠦᠬᠡᠢ ᠮᠠᠲ᠋ᠧᠷᠢᠶᠠᠯ ᠤᠳ ᠢ ᠭᠤᠣᠯᠳᠠᠯᠭ᠎ᠠ ᠲᠠᠢ ᠪᠠᠷ ᠭᠠᠳᠠᠭᠠᠳᠤ ᠠᠴᠠ ᠣᠷᠤᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠷᠭ᠎ᠠ ᠮᠠᠶ᠋ᠢᠭ ᠢᠶᠠᠷ ᠭᠠᠳᠠᠭᠠᠳᠤ ᠭᠠᠷᠭᠠᠯᠲᠠ ᠪᠠᠨ ᠦᠷᠭᠡᠳᠭᠡᠬᠦ ᠬᠡᠷᠡᠭᠲᠡᠢ᠃ ᠠᠵᠤ ᠠᠬᠤᠶᠢᠯᠠᠯ ᠤᠳ ᠤᠨ ᠮᠡᠷᠭᠡᠵᠢᠯ ᠪᠠ ᠪᠡᠯᠡᠳᠭᠡᠮᠵᠢ ᠶᠢᠨ ᠰᠠᠶᠢᠵᠢᠷᠠᠭᠤᠯᠬᠤ ᠠᠵᠢᠯ ᠢᠶᠠᠨ ᠴᠢᠩᠭᠠᠳᠬᠠᠬᠤ ᠶᠢ ᠳᠡᠮᠵᠢᠵᠦ᠂ ᠠᠵᠤ ᠠᠬᠤᠶᠢᠯᠠᠯ ᠤᠨ ᠭᠤᠣᠯ ᠦᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃      ︵ᠠᠷᠪᠠᠨ ᠭᠤᠷᠪᠠ︶ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠢᠶᠠᠨ ᠰᠢᠨ᠎ᠡ ᠪᠠᠷ ᠡᠭᠦᠳᠴᠦ ᠬᠦᠭᠵᠢᠭᠦᠯᠬᠦ ᠬᠡᠷᠡᠭᠲᠡᠢ᠃ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠤᠭᠠᠷ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠠᠵᠤ ᠦᠢᠯᠡᠰ ᠢ ᠬᠠᠯᠠᠮᠵᠢᠯᠠᠨ ᠠᠩᠬᠠᠷᠴᠤ᠂ ᠪᠣᠳᠠᠳᠠᠢ ᠲᠠᠢ ᠪᠠᠨ ᠤᠶᠠᠯᠳᠤᠭᠤᠯᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠴᠠᠭᠠᠵᠠᠯᠠᠨ ᠬᠢᠵᠠᠭᠠᠷᠯᠠᠬᠤ ᠲᠠᠸᠠᠷ ᠤᠨ ᠭᠠᠷᠴᠠᠭ ᠢ ᠰᠣᠳᠤᠯᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ ᠬᠠᠪᠰᠤᠷᠤᠯᠴᠠᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠠᠰᠢᠭᠯᠠᠨ ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠬᠤᠶᠠᠷ ᠴᠢᠭᠯᠡᠯ ᠲᠡᠰᠢ ᠬᠦᠴᠦᠯᠡᠵᠦ᠂ ᠡᠬᠢ ᠪᠠᠶᠠᠯᠢᠭ ᠤᠨ ᠰᠢᠯᠢᠳᠡᠭᠵᠢᠭᠦᠯᠦᠨ ᠲᠣᠬᠢᠷᠠᠭᠤᠯᠬᠤ ᠴᠢᠳᠠᠮᠵᠢ ᠪᠠᠨ ᠪᠠᠳᠠᠷᠠᠭᠤᠯᠤᠨ᠂ ᠦᠯᠡᠬᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠵᠤ᠂ ᠭᠠᠳᠠᠭᠠᠳᠤ ᠭᠠᠷᠭᠠᠯᠲᠠ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠪᠦᠲᠦᠴᠡ ᠶᠢᠨ ᠲᠣᠬᠢᠷᠠᠭᠤᠯᠤᠯᠲᠠ ᠪᠠ ᠬᠤᠷᠳᠤ ᠪᠠᠨ ᠲᠣᠬᠢᠷᠠᠭᠤᠯᠤᠨ ᠳᠡᠰ ᠳᠡᠪᠰᠢᠭᠦᠯᠬᠦ ᠶᠢ ᠨᠢ ᠠᠬᠢᠭᠤᠯᠬᠤ ᠬᠡᠷᠡᠭᠲᠡᠢ᠃ ︽ᠬᠢᠯᠢ ᠳᠠᠭᠠᠤ ᠶᠢᠨ ᠭᠤᠣᠯᠳᠠᠯᠭ᠎ᠠ ᠲᠠᠢ ᠭᠠᠵᠠᠷ ᠣᠷᠣᠨ ᠢ ᠨᠡᠬᠡᠭᠡᠨ ᠬᠦᠭᠵᠢᠭᠦᠯᠵᠦ ᠴᠢᠯᠦᠭᠡᠲᠡᠢ ᠪᠠᠶᠢᠯᠭᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ︾ ︵ᠲᠥᠷᠥ ᠲᠠᠷᠬᠠᠭᠠᠭᠰᠠᠨ ﹇2015﹈ 72 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠯᠢ ᠳᠠᠭᠠᠤ ᠶᠢᠨ ᠭᠤᠣᠯᠳᠠᠯᠭ᠎ᠠ ᠲᠠᠢ ᠭᠠᠵᠠᠷ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠦᠷᠨᠢᠭᠦᠯᠬᠦ ᠶᠢ ᠳᠡᠮᠵᠢᠵᠦ᠂ ᠨᠡᠯᠢᠶᠡᠳ ᠳᠠᠪᠠᠭᠤᠯᠢᠭ ᠲᠠᠯ᠎ᠠ ᠲᠠᠢ ᠠᠮᠤ ᠪᠤᠳᠠᠭ᠎ᠠ᠂ ᠨᠣᠣᠰᠤ ᠨᠣᠣᠯᠤᠭᠤᠷ᠂ ᠵᠢᠮᠢᠰ ᠨᠣᠭᠤᠭ᠎ᠠ᠂ ᠮᠢᠬᠠᠨ ᠤ ᠵᠦᠢᠯ ᠵᠡᠷᠭᠡ ᠲᠠᠸᠠᠷ ᠤᠨ ᠡᠳ᠋ᠰᠢᠭᠦᠯᠬᠦ ᠠᠷᠠᠯᠵᠢᠶ᠎ᠠ ᠶᠢᠨ ᠬᠦᠭᠵᠢᠯᠲᠡ ᠶᠢ ᠬᠠᠤᠯᠢ ᠶᠣᠰᠤᠭᠠᠷ ᠳᠡᠮᠵᠢᠬᠦ ᠬᠡᠷᠡᠭᠲᠡᠢ᠃      ᠲᠠᠪᠤ᠂ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ      ︵ᠠᠷᠪᠠᠨ ᠲᠥᠷᠪᠡ︶ ᠡᠳ᠋ ᠤᠨ ᠵᠠᠰᠠᠭ ᠭᠠᠶᠢᠯᠢ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ 2016 ᠣᠨ ᠠᠴᠠ ᠡᠬᠢᠯᠡᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠰᠢᠯᠵᠢᠯᠳᠡ ᠶᠢᠨ ᠱᠠᠩᠨᠠᠯ ᠤᠨ ᠪᠡᠯᠡ ᠮᠦᠩᠭᠦ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠪᠡᠯᠡ ᠮᠦᠩᠭᠦ ᠠᠴᠠ ᠵᠤᠬᠢᠬᠤ ᠪᠡᠯᠡ ᠮᠦᠩᠭᠦ ᠲᠣᠬᠢᠷᠠᠭᠤᠯᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠳᠡᠮᠵᠢᠵᠤ᠂ ᠭᠤᠣᠯᠳᠠᠭᠤ ᠨᠦᠬᠦᠴᠡᠯ ᠳᠤ ᠵᠣᠬᠢᠴᠠᠭᠰᠠᠨ᠂ ᠬᠦᠭᠵᠢᠭᠰᠡᠨ ᠭᠠᠵᠠᠷ ᠣᠷᠣᠨ ᠠᠴᠠ ᠥᠪᠡᠷᠲᠡᠭᠡᠨ ᠵᠠᠰᠠᠬᠤ ᠣᠷᠣᠨ ᠳᠤ ᠰᠢᠯᠵᠢᠭᠦᠯᠦᠨ ᠣᠷᠤᠭᠤᠯᠤᠭᠰᠠᠨ ᠪᠦᠭᠡᠳ ᠨᠤᠳᠤᠭᠯᠠᠨ ᠰᠠᠭᠤᠭᠰᠠᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠥᠷᠥᠯ ᠵᠦᠢᠯ ᠢ ᠳᠡᠳᠭᠦᠬᠦ᠂ ᠵᠢᠴᠢ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠳ ᠰᠣᠳᠤᠯᠤᠨ ᠨᠡᠭᠡᠭᠡᠬᠦ ᠲᠥᠪ ᠪᠠᠶᠢᠭᠤᠯᠬᠤ᠂ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠵᠤ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠠᠵᠢᠯᠯᠠᠭ᠎ᠠ ᠦᠷᠨᠢᠭᠦᠯᠬᠦ ᠵᠡᠷᠭᠡ ᠶᠢ ᠳᠡᠮᠵᠢᠬᠦ ᠳᠤ ᠬᠡᠷᠡᠭᠯᠡᠨ᠎ᠡ᠃ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠲᠡ ᠬᠢᠬᠦ ᠲᠥᠷᠥᠯ ᠵᠦᠢᠯ ᠳᠤ ᠭᠠᠳᠠᠭᠠᠳᠤ ᠠᠴᠠ ᠤᠷᠤᠭᠤᠯᠤᠬᠰᠠᠨ ᠲᠥᠬᠦᠭᠡᠷᠦᠮᠵᠢ ᠬᠤᠳᠠᠯᠳᠤᠨ ᠠᠪᠬᠤ ᠭᠠᠶᠢᠯᠢ ᠲᠠᠲᠠᠪᠤᠷᠢ ᠶᠢᠨ ᠲᠤᠬᠠᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠳ᠋ᠰᠢᠭᠦᠯᠵᠦ ᠪᠣᠯᠪᠠᠰᠤᠷᠠᠭᠤᠯᠬᠤ ᠠᠵᠤ ᠠᠬᠤᠶᠢᠯᠠᠯ ᠤᠳ ᠮᠡᠷᠭᠡᠵᠢᠯ ᠤᠨ ᠦᠭᠡᠷᠡᠴᠢᠯᠡᠯᠲᠡ ᠬᠢᠬᠦ ᠪᠠᠷ ᠳᠠᠮᠵᠢᠭᠤᠯᠵᠤ ᠬᠡᠪᠴᠢᠶ᠎ᠡ ᠪᠠᠨ ᠳᠡᠭᠡᠭᠰᠢᠯᠡᠭᠦᠯᠬᠦ᠂ ᠳᠡᠰ ᠳᠡᠪᠰᠢᠭᠦᠯᠬᠦ ᠪᠠ ᠦᠢᠯᠡᠳᠬᠦᠨ ᠤ ᠨᠡᠮᠡᠯᠲᠡ ᠦᠷᠲᠡᠭ ᠢᠶᠠᠨ ᠳᠡᠭᠡᠭᠰᠢᠯᠡᠭᠦᠯᠬᠦ ᠶᠢ ᠵᠣᠷᠢᠬᠵᠢᠭᠤᠯᠬᠤ ᠬᠡᠷᠡᠭᠲᠡᠢ᠃      ︵ᠠᠷᠪᠠᠨ ᠲᠠᠪᠤ︶ ᠮᠦᠩᠭᠦᠨ ᠭᠦᠢᠯᠭᠡᠭᠡᠨ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠠᠩᠬᠢ ᠶᠢᠨ ᠦᠢᠯᠡᠰ ᠮᠦᠩᠭᠦᠨ ᠭᠥᠢᠯᠭᠡᠭᠡᠨ ᠤ ᠪᠠᠶᠢᠭᠤᠯᠤᠮᠵᠢ ᠨᠤᠭᠤᠳ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠵᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠬᠦᠭᠵᠢᠭᠦᠯᠬᠦ ᠳᠤ ᠢᠲᠡᠭᠡᠮᠵᠢᠲᠦ ᠵᠢᠭᠡᠯᠡᠯᠭᠡ ᠶᠢᠨ ︽ᠰᠠᠭᠠᠳ ᠦᠭᠡᠢ ᠨᠡᠪᠲᠡᠷᠡᠬᠦ ᠵᠠᠮ︾ ᠨᠡᠬᠡᠬᠡᠬᠦ ᠶᠢ ᠵᠣᠷᠢᠬᠵᠢᠭᠤᠯᠵᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠶᠢᠨ ᠨᠦᠬᠦᠴᠡᠯ ᠳᠤ ᠵᠣᠬᠢᠴᠠᠭᠰᠠᠨ ᠰᠢᠯᠵᠢᠭᠦᠯᠬᠦ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠵᠢᠭᠡᠯᠡᠯᠭᠡ ᠶᠢᠨ ᠪᠠᠷᠢᠴᠠᠭᠠᠵᠤ ᠳᠠᠭᠠᠭᠠᠯᠲᠠ ᠬᠢᠬᠦ ᠨᠦᠬᠦᠴᠡᠯ ᠢᠶᠠᠨ ᠠᠭᠤᠵᠢᠭᠤ ᠲᠠᠯᠪᠢᠬᠤ ᠬᠡᠷᠡᠭᠲᠡᠢ︔ ᠵᠠᠬ᠎ᠠ ᠳᠡᠯᠭᠡᠭᠦᠷ ᠲᠠᠢ᠂ ᠦᠷ᠎ᠡ ᠠᠰᠢᠭ ᠲᠠᠢ᠂ ᠢᠲᠡᠭᠡᠮᠵᠢ ᠲᠠᠢ ᠰᠢᠯᠵᠢᠭᠦᠯᠬᠦ ᠠᠵᠤ ᠠᠬᠤᠶᠢᠯᠠᠯ ᠳᠤ ᠬᠥᠦ ᠶᠢᠨ ᠨᠣᠷᠮ᠎ᠠ ᠶᠢᠨ ᠲᠠᠯ᠎ᠠ ᠪᠠᠷ ᠵᠣᠬᠢᠬᠤ ᠬᠡᠮᠵᠢᠶ᠎ᠡ ᠪᠠᠷ ᠬᠠᠷᠠᠭᠠᠯᠵᠠᠯ ᠦᠵᠡᠭᠦᠯᠬᠦ ᠬᠡᠷᠡᠭᠲᠡᠢ᠃ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠪᠠᠨ ᠴᠢᠩᠭᠠᠳᠬᠠᠵᠤ᠂ ᠮᠠᠨ ᠤ ᠣᠷᠣᠨ ᠳᠤ ᠨᠤᠲᠤᠭᠰᠢᠨ ᠰᠠᠭᠤᠭᠰᠠᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠳ ᠢ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠳᠠᠬᠢ ᠵᠠᠰᠠᠭ ᠤᠨ ᠣᠷᠳᠣᠨ ᠤ ᠳᠠᠭᠠᠳᠬᠠᠯ ᠤᠨ ᠬᠠᠮᠤᠷᠠᠨ ᠳᠡᠮᠵᠢᠬᠦ ᠬᠦᠷᠢᠶ᠎ᠡ ᠬᠡᠪᠴᠢᠶᠡᠨ ᠳᠤ ᠣᠷᠤᠭᠤᠯᠬᠤ ᠬᠡᠷᠡᠭᠲᠡᠢ︔ ᠲᠦᠯᠦᠵᠦ ᠰᠢᠢᠳᠪᠦᠷᠢᠯᠡᠬᠦ ︽ᠰᠠᠭᠠᠳ ᠦᠭᠡᠢ ᠨᠡᠪᠲᠡᠷᠡᠬᠦ ᠵᠠᠮ︾᠎ ᠢ ᠨᠡᠭᠡᠭᠡᠵᠦ ᠲᠦᠷᠭᠡᠨ ᠢᠶᠠᠷ ᠲᠦᠯᠦᠵᠦ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ︔ ᠳᠤᠮᠳᠠ ᠵᠢᠵᠢᠭ ᠲᠦᠬᠦᠷ ᠠᠵᠤ ᠠᠬᠤᠶᠢᠯᠠᠯ ᠤᠳ ᠤᠨ ᠡᠷᠴᠢᠮᠵᠢᠭᠦᠯᠦᠨ ᠳᠠᠭᠠᠳᠬᠠᠭᠤᠯᠬᠤ ᠶᠢ ᠳᠡᠮᠵᠢᠵᠦ᠂ ᠬᠠᠮᠢᠶ᠎ᠠ ᠪᠦᠬᠦᠢ ᠲᠣᠭᠲᠠᠭᠠᠯ ᠤᠳ ᠢ ᠦᠨᠳᠦᠰᠦᠯᠡᠨ ᠳᠠᠭᠠᠳᠬᠠᠯ ᠤᠨ ᠵᠠᠷᠤᠳᠠᠯ ᠳᠤ ᠵᠣᠬᠢᠬᠤ ᠬᠡᠮᠵᠢᠶᠡᠨ ᠤ ᠬᠠᠷᠠᠭᠠᠯᠵᠠᠯ ᠦᠵᠡᠭᠦᠯᠬᠦ ᠬᠡᠷᠡᠭᠲᠡᠢ︔ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠠᠵᠤ ᠠᠬᠤᠢ ᠶᠢᠨ ᠨᠦᠬᠦᠵᠦ ᠲᠦᠯᠦᠬᠦ᠂ ᠵᠠᠬ᠎ᠠ ᠳᠡᠯᠭᠡᠭᠦᠷ ᠢ ᠨᠡᠬᠡᠬᠡᠨ ᠦᠷᠭᠡᠳᠭᠡᠬᠦ᠂ ᠲᠦᠭᠰᠢᠭᠦᠷᠢ ᠶᠢᠨ ᠬᠠᠮᠢᠶᠠᠷᠤᠯᠲᠠ᠂ ᠳᠦᠭᠦᠮ ᠠᠪᠰᠠᠷᠬᠠᠨ ᠪᠡᠯᠡ ᠲᠣᠬᠢᠷᠠᠭᠤᠯᠭ᠎ᠠ ᠵᠡᠷᠭᠡ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ᠃ ᠦᠨᠡᠨ ᠪᠣᠳᠠᠲᠠᠢ ᠠᠷᠠᠯᠵᠢᠶ᠎ᠠ ᠶᠢᠨ ᠠᠬᠤᠢ ᠪᠠᠶᠢᠳᠠᠯ ᠲᠠᠢ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠭᠤᠪᠢᠭᠤᠯᠭ᠎ᠠ ᠬᠡᠷᠡᠭᠯᠡᠬᠦ ᠬᠡᠷᠡᠭᠴᠡᠭᠡ ᠶᠢ ᠭᠦᠢᠴᠡᠳ ᠬᠠᠩᠭᠠᠵᠤ᠂ ᠭᠤᠪᠢᠭᠤᠯᠭ᠎ᠠ ᠶᠢ ᠲᠠᠰᠤᠯᠤᠨ ᠪᠣᠳᠣᠵᠤ ᠬᠤᠳᠠᠯᠳᠤᠬᠤ ᠶᠢ ᠭᠦᠢᠴᠡᠳᠭᠡᠬᠦ ᠶᠠᠪᠤᠴᠠ ᠪᠠᠨ ᠰᠢᠯᠢᠳᠡᠭᠵᠢᠭᠦᠯᠦᠨ᠂ ᠪᠡᠯᠡ ᠮᠦᠩᠭᠦ ᠶᠢᠨ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃      ︵ᠠᠷᠪᠠᠨ ᠵᠢᠷᠭᠤᠭ᠎ᠠ︶ ᠴᠢᠳᠠᠪᠤᠷᠢᠲᠡᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠮᠡᠷᠭᠡᠵᠢᠯ ᠤᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠨᠡᠬᠡᠬᠡᠯᠲᠡ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠮᠡᠳᠡᠭᠡ ᠵᠠᠩᠭᠢ ᠶᠢᠨ ᠯᠠᠪᠯᠠᠯᠭ᠎ᠠ ᠪᠠ ᠠᠵᠢᠯᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠪᠠᠷ ᠳᠡᠳᠭᠦᠬᠦ ᠡᠷᠴᠢᠮ ᠢᠶᠠᠨ ᠴᠢᠩᠭᠠᠷᠠᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠡᠩᠨᠡᠭᠡ ᠪᠠᠨ ᠪᠣᠵᠠᠭᠠᠶᠢᠷᠠᠭᠤᠯᠬᠤ ᠬᠡᠷᠡᠭᠲᠡᠢ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠦᠯᠳᠡ ᠶᠢᠨ ᠲᠠᠪᠴᠠᠩ ᠢᠳᠡᠪᠬᠢᠲᠡᠢ ᠪᠠᠶᠢᠭᠤᠯᠬᠤ ᠶᠢ ᠳᠡᠮᠵᠢᠵᠦ᠂ ᠳᠡᠭᠡᠲᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠦᠮᠦᠵᠢᠭᠦᠯᠬᠦ ᠲᠠᠪᠴᠠᠩ ᠪᠠ ᠨᠡᠪᠴᠢᠭᠦᠯᠬᠦ ᠰᠠᠭᠤᠷᠢᠨ ᠭᠠᠵᠠᠷ ᠪᠠᠶᠢᠭᠤᠯᠬᠤ ᠬᠡᠷᠡᠭᠲᠡᠢ︔ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠪᠠ ᠲᠦᠭᠰᠢᠭᠦᠷᠢ ᠶᠢᠨ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠶᠢ ᠲᠠᠲᠠᠨ ᠣᠷᠣᠭᠤᠯᠵᠤ᠂ ᠠᠵᠤ ᠠᠬᠤᠶᠢᠯᠠᠯ᠂ ᠶᠡᠭᠡ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠪᠠᠶᠢᠭᠤᠯᠤᠮᠵᠢ ᠵᠢᠴᠢ ᠪᠣᠰᠣᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠰ ᠬᠦᠷᠢᠶᠡᠯᠡᠩ ᠲᠣᠭᠤᠷᠢᠭ ᠲᠤ ᠠᠳᠠᠯ ᠦᠢᠯᠡᠰ ᠴᠤᠴᠠᠯᠠᠬᠤ ᠦᠢᠯᠡᠴᠢᠯᠡᠭᠡᠨ ᠤ ᠲᠥᠪ ᠵᠢᠴᠢ ᠪᠣᠰᠣᠳ ᠬᠡᠯᠪᠡᠷᠢ ᠶᠢᠨ ᠶᠡᠷᠦᠩᠬᠡᠶᠢᠯᠡᠭᠰᠡᠨ ᠨᠡᠪᠴᠢᠭᠦᠯᠦᠭᠦᠷ ᠪᠣᠶᠤ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠨᠡᠪᠴᠢᠭᠦᠯᠦᠭᠦᠷ ᠡᠷᠬᠢᠯᠡᠨ ᠬᠢᠬᠦ ᠶᠢ ᠠᠬᠢᠭᠤᠯᠵᠤ᠂ ᠳᠡᠭᠡᠲᠦ ᠰᠢᠨ᠎ᠡ ᠮᠡᠷᠭᠡᠵᠢᠯ ᠤᠨ ᠰᠣᠳᠤᠯᠤᠯ᠂ ᠨᠡᠬᠡᠬᠡᠨ ᠬᠦᠭᠵᠢᠭᠦᠯᠬᠦ ᠪᠠ ᠠᠵᠤ ᠦᠢᠯᠡᠰᠵᠢᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠪᠡᠯᠡ ᠮᠦᠩᠭᠦ ᠶᠢᠨ ᠣᠷᠤᠭᠤᠯᠤᠯᠲᠠ ᠪᠠᠨ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠠᠭᠠᠯᠠᠯᠲᠠ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠲᠤᠰᠬᠠᠢ ᠵᠦᠢᠯ ᠤᠨ ᠰᠠᠭᠤᠷᠢ ᠮᠦᠩᠭᠦ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠤᠷᠰᠢᠯᠴᠠᠬᠤ ᠶᠢ ᠵᠣᠷᠢᠬᠵᠢᠭᠤᠯᠤᠨ᠂ ᠵᠢᠷᠤᠭ ᠲᠥᠯᠦᠪᠯᠡᠭᠡ᠂ ᠪᠦᠲᠦᠭᠡᠯᠴᠢ ᠲᠦᠰᠦᠪᠯᠡᠯ᠂ ᠮᠦᠩᠭᠦᠨ ᠭᠥᠢᠯᠭᠡᠭᠡ᠂ ᠪᠠᠷᠠᠭᠠᠨ ᠤ ᠭᠥᠢᠯᠭᠡᠭᠡ ᠵᠡᠷᠭᠡ ᠲᠠᠯ᠎ᠠ ᠪᠠᠷ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠶᠡᠬᠡᠪᠡᠷ ᠬᠦᠮᠦᠵᠢᠭᠦᠯᠬᠦ ᠪᠠ ᠲᠠᠲᠠᠨ ᠣᠷᠤᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠤᠭᠤᠯᠬᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ︔ ᠵᠠᠬᠢᠶᠠᠯᠠᠯᠭ᠎ᠠ ᠲᠠᠢ᠂ ᠬᠠᠨᠳᠤᠯᠭ᠎ᠠ ᠲᠠᠢ᠂ ᠠᠵᠢᠯ ᠤᠨ ᠪᠠᠶᠢᠷᠢ ᠲᠠᠢ ᠪᠠ ︽ᠠᠵᠢᠯᠲᠠᠨ ᠡᠯᠰᠡᠬᠦ᠂ ᠠᠵᠢᠯ ᠣᠯᠭᠤᠬᠤ᠂ ᠪᠣᠯᠪᠠᠰᠤᠷᠠᠭᠤᠯᠬᠤ︾ ᠭᠤᠷᠮᠣᠰᠤᠨ ᠴᠣᠭᠴᠠᠵᠢᠭᠤᠯᠤᠭᠰᠠᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠨᠢᠭᠦᠯᠵᠦ᠂ ᠪᠣᠯᠪᠠᠰᠤᠷᠠᠭᠤᠯᠤᠯ ᠤᠨ ᠨᠦᠬᠦᠪᠦᠷᠢ᠂ ᠨᠡᠶᠢᠭᠡᠮ ᠤᠨ ᠳᠠᠭᠠᠳᠬᠠᠯ ᠤᠨ ᠨᠦᠬᠦᠪᠦᠷᠢ ᠪᠠ ᠠᠵᠢᠯ ᠤᠨ ᠪᠠᠶᠢᠷᠢ ᠶᠢᠨ ᠨᠦᠬᠦᠪᠦᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠬᠦᠭᠵᠢᠭᠦᠯᠬᠦ ᠳᠤ ᠬᠦᠳᠡᠯᠮᠦᠷᠢ ᠶᠢᠨ ᠬᠦᠴᠦᠨ ᠤ ᠡᠬᠢ ᠪᠠᠶᠠᠯᠢᠭ ᠪᠠ ᠳᠡᠭᠡᠲᠦ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠪᠠᠳᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ      ︵ᠠᠷᠪᠠᠨ ᠲᠣᠯᠤᠭ᠎ᠠ︶ ᠤᠳᠤᠷᠢᠳᠤᠯᠭ᠎ᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠬᠤᠳᠠᠯᠳᠤᠭᠠᠨ ᠤ ᠶᠠᠪᠤᠳᠠᠯ᠂ ᠬᠦᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠠᠷᠠᠳ ᠤᠨ ᠪᠠᠩᠬᠢ᠂ ᠭᠠᠳᠠᠭᠠᠳᠤ ᠭᠤᠪᠢᠭᠤᠯᠭ᠎ᠠ᠂ ᠬᠢᠯᠢ ᠶᠢᠨ ᠪᠣᠭᠤᠮᠲᠠ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠰᠠᠯᠠᠭ᠎ᠠ ᠮᠦᠴᠢᠷ ᠪᠠ ᠨᠢᠭᠡᠴᠡ ᠶᠢᠨ ᠣᠷᠣᠯᠴᠠᠭᠰᠠᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠳᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠠᠯᠠᠭ᠎ᠠ ᠮᠦᠴᠢᠷ ᠤᠨ ᠬᠠᠮᠲᠤᠷᠠᠭᠰᠠᠨ ᠬᠤᠷᠠᠯᠳᠤᠭᠠᠨ ᠢ ᠲᠣᠭᠲᠠᠭᠰᠠᠨ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠪᠠᠶᠢᠳᠠᠯ ᠢᠶᠠᠨ ᠮᠡᠳᠡᠭᠡᠯᠡᠨ᠂ ᠲᠥᠷᠥ ᠶᠢᠨ ᠪᠣᠳᠣᠯᠭ᠎ᠠ ᠶᠢ ᠶᠠᠷᠢᠯᠴᠠᠨ ᠰᠣᠳᠤᠯᠬᠤ ᠬᠡᠷᠡᠭᠲᠡᠢ᠃ ᠶᠡᠷᠦᠩᠬᠡᠶᠢᠯᠡᠨ ᠵᠣᠬᠢᠴᠠᠭᠤᠯᠬᠤ ᠳᠥᠷᠢᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠬᠦᠭᠵᠢᠭᠦᠯᠬᠦ ᠳᠤᠮᠳᠠ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠤᠳ ᠢ ᠴᠠᠭ ᠲᠤᠬᠠᠢ ᠳᠤᠨᠢ ᠪᠦᠲᠦᠮᠵᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠦᠢᠯᠡᠴᠢᠯᠡᠭᠡᠨ ᠤ ᠶᠠᠰᠦ ᠴᠢᠨᠠᠷ ᠪᠠ ᠠᠵᠢᠯ ᠬᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃      ︵ᠠᠷᠪᠠᠨ ᠨᠠᠢᠮᠠ︶ ᠠᠵᠤ ᠦᠢᠯᠡᠰ ᠤᠨ ᠰᠢᠯᠵᠢᠯᠲᠡ ᠬᠢᠭᠡᠳ ᠵᠠᠯᠭᠠᠨ ᠵᠣᠯᠭᠠᠭᠤᠯᠵᠤ ᠬᠠᠮᠲᠤᠷᠠᠯᠴᠠᠨ ᠰᠣᠯᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠠᠨᠳᠤᠯᠭᠠᠲᠤ ᠴᠢᠨᠠᠷ ᠢᠶᠠᠷ ᠴᠢᠩᠭ᠎ᠠ᠂ ᠠᠵᠢᠯᠯᠠᠬᠤ ᠳᠤ ᠳᠦᠭᠦᠮ ᠪᠠᠶᠢᠬᠤ ᠵᠠᠷᠴᠢᠮ ᠤᠨ ᠶᠣᠰᠤᠭᠠᠷ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠯᠵᠢᠭᠦᠯᠦᠨ ᠭᠠᠷᠭᠠᠬᠤ ᠭᠠᠵᠠᠷ ᠤᠨ ᠮᠤᠵᠢ ᠶᠢᠨ ᠬᠤᠭᠤᠷᠣᠨᠳᠤ ᠪᠠ ᠡᠯ᠎ᠡ ᠬᠤᠲᠠ ᠶᠢᠨ ᠬᠤᠭᠤᠷᠣᠨᠳᠤ ᠯᠤᠭ᠎ᠠ ᠶᠢᠨ ᠲᠣᠭᠲᠠᠭᠰᠠᠨ ᠬᠤᠭᠤᠴᠠᠭᠠᠨ ᠤ ᠬᠠᠷᠢᠯᠴᠠᠬᠤ ᠳᠥᠷᠢᠮ ᠢ ᠪᠠᠶᠢᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠯᠵᠢᠭᠦᠯᠦᠨ ᠭᠠᠷᠭᠠᠬᠤ ᠭᠠᠵᠠᠷ ᠤᠨ ᠬᠤᠭᠤᠷᠣᠨᠳᠤ ᠶᠢᠨ ᠠᠵᠤ ᠦᠢᠯᠡᠰ ᠤᠨ ᠬᠠᠮᠳᠤᠷᠠᠯᠴᠠᠭ᠎ᠠ᠂ ᠠᠵᠤ ᠦᠢᠯᠡᠰ ᠤᠨ ᠬᠠᠷᠢᠯᠴᠠᠨ ᠨᠥᠬᠦᠪᠦᠷᠢᠯᠡᠬᠦ ᠲᠥᠷᠥᠯ ᠵᠦᠢᠯ ᠤᠨ ᠡᠬᠢ ᠪᠠᠶᠠᠯᠢᠭ ᠤᠨ ᠬᠦᠮᠦᠷᠭᠡ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠠᠰᠢᠭ ᠲᠤᠰᠠ ᠪᠠᠨ ᠬᠠᠮᠳᠤ ᠪᠠᠷ ᠬᠦᠷᠲᠡᠬᠦ ᠶᠢ ᠪᠡᠶᠡᠯᠡᠭᠦᠯᠵᠦ᠂ ᠲᠥᠷᠥᠯ ᠵᠦᠢᠯ ᠤᠨ ᠪᠣᠳᠠᠲᠠᠶᠢᠵᠢᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ᠃      ︵ᠠᠷᠪᠠ ᠶᠢᠰᠦ︶ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠵᠢᠯ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠭᠠᠷᠭᠠᠯᠭ᠎ᠠ ᠶᠢᠨ ᠲᠤᠭ᠎ᠠ ᠨᠢ ᠵᠣᠬᠢᠬᠤ ᠬᠡᠪᠴᠢᠶᠡᠵᠢᠯ ᠳᠤ ᠬᠦᠷᠦᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠪᠣᠯᠭᠠᠨ ᠵᠢᠭᠰᠠᠭᠠᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠢ ᠵᠢᠭᠠᠨ ᠲᠣᠭᠲᠠᠭᠠᠵᠤ ᠪᠠᠶᠢᠭᠠᠳ ᠰᠢᠰᠲ᠋ᠧᠮ ᠢᠶᠠᠷ ᠬᠠᠷᠢᠯᠴᠠᠬᠤ ᠶᠢ ᠪᠡᠶᠡᠯᠡᠭᠦᠯᠦᠨ᠂ ᠲᠤᠰᠬᠠᠢ ᠬᠦᠮᠦᠨ ᠲᠣᠭᠲᠠᠭᠠᠨ ᠬᠠᠷᠢᠭᠤᠴᠠᠭᠤᠯᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠬᠦᠭᠵᠢᠭᠦᠯᠬᠦ ᠳᠤ ᠲᠤᠯᠭᠠᠷᠠᠭᠰᠠᠨ ᠠᠵᠤ ᠠᠬᠤᠶᠢᠯᠠᠯ ᠤᠨ ᠬᠦᠴᠢᠷᠳᠡᠯ ᠪᠠ ᠠᠰᠠᠭᠤᠳᠠᠯ ᠤᠳ ᠢ ᠨᠢ ᠳᠠᠷᠦ᠋ᠢᠬᠠᠨ ᠣᠶᠢᠯᠠᠭᠠᠵᠤ ᠪᠠ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠪᠣᠳᠠᠲᠠᠢ ᠲᠠᠢ ᠪᠠᠨ ᠤᠶᠠᠯᠳᠤᠭᠤᠯᠤᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠨ᠎ᠡ ᠶᠢ ᠡᠬᠦᠳᠬᠦ ᠬᠦᠭᠵᠢᠯᠳᠡ ᠶᠢ ᠠᠬᠢᠭᠤᠯᠬᠤ ᠪᠣᠳᠠᠲᠠᠢ ᠠᠵᠢᠯ ᠤᠨ ᠲᠦᠰᠦᠯ ᠢᠶᠠᠨ ᠬᠢᠨᠠᠮᠠᠭᠠᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠦᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠳᠠᠷᠦ᠋ᠢᠬᠠᠨ ᠰᠣᠳᠣᠯᠣᠨ ᠰᠢᠢᠳᠪᠦᠷᠢᠯᠡᠵᠦ᠂ ᠮᠠᠨ ᠤ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠦᠷᠭᠦᠯᠵᠢᠯᠡᠨ ᠡᠷᠡᠭᠦᠯ ᠢᠶᠠᠷ ᠲᠦᠷᠭᠡᠨ ᠬᠦᠭᠵᠢᠬᠦ ᠶᠢ ᠠᠬᠢᠭᠤᠯᠬᠤ ᠬᠡᠷᠡᠭᠲᠡᠢ᠃      ᠳᠠᠭᠠᠯᠳᠤᠭᠤᠯᠤᠯ᠄ ᠡᠭᠦᠷᠭᠡ ᠠᠵᠢᠯ ᠤᠨ ᠬᠤᠪᠢᠶᠠᠷᠢᠯᠠᠯ ᠵᠢᠴᠢ ᠠᠵᠢᠯ ᠤᠨ ᠠᠬᠢᠴᠠ ᠶᠢᠨ ᠬᠦᠰᠦᠨᠦᠭᠲᠦ      ᠬᠦᠰᠦᠨᠦᠭᠲᠦ 1      ᠬᠦᠰᠦᠨᠦᠭᠲᠦ 2
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map