ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/1/3
                      ᠥᠪᠥᠷ ᠵᠠᠰᠠᠭ ᠲᠠᠷᠬᠠᠭᠠᠭᠰᠠᠨ ﹇2016﹈ 75 ᠳ᠋ᠤᠭᠠᠷ ᠲᠤᠭᠠᠳᠤ                          2016 ᠣᠨ ᠤ 6 ᠳ᠋ᠤᠭᠠᠷ ᠰᠠᠷ᠎ᠠ ᠶᠢᠨ 30᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2016﹈ 13 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠦᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠤᠰᠠᠳᠠ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ      ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠬᠡᠦᠬᠡᠳ ᠪᠣᠯ ᠮᠠᠨ ᠤ ᠤᠯᠤᠰ ᠤᠨ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠠᠴᠠ ᠨᠠᠰᠢ ᠢᠯᠡᠷᠡᠭᠰᠡᠨ ᠨᠢᠭᠡᠨ ᠣᠨᠴᠤᠭᠤᠢ ᠪᠦᠯᠦᠭ ᠴᠣᠭᠴᠠ ᠪᠣᠯᠣᠨ᠎ᠠ᠂ ᠭᠤᠣᠯᠳᠠᠭᠤ ᠡᠵᠢ ᠠᠪᠤ ᠬᠤᠶᠠᠷ ᠨᠢ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠪᠣᠶᠣ ᠨᠢᠭᠡ ᠨᠢ ᠭᠠᠳᠠᠭᠰᠢ ᠭᠠᠷᠴᠤ ᠬᠦᠴᠦ ᠶᠠᠪᠤᠵᠤ ᠨᠦᠭᠦᠭᠡᠳᠡᠬᠢ ᠨᠢ ᠦᠵᠡᠵᠦ ᠬᠠᠷᠠᠭᠠᠯᠵᠠᠨ ᠬᠠᠮᠠᠭᠠᠯᠠᠬᠤ ᠴᠢᠳᠠᠪᠤᠷᠢ ᠦᠭᠡᠢ᠂ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠵᠢᠭᠠᠵᠤ ᠪᠣᠢ᠃ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠣᠯ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠤᠯᠪᠣᠭᠳᠠᠬᠤ ᠪᠦᠭᠡᠳ ᠭᠡᠷ ᠪᠦᠯᠢ ᠶᠢᠨ ᠵᠤᠯ ᠵᠢᠷᠭᠠᠯ ᠪᠠ ᠨᠡᠶᠢᠭᠡᠮ ᠤᠨ ᠡᠶ᠎ᠡ ᠵᠣᠬᠢᠴᠠᠯ ᠯᠤᠭ᠎ᠠ ᠬᠤᠯᠪᠣᠭᠳᠠᠬᠤ ᠪᠣᠯᠬᠤᠷ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ᠂ ᠶᠠᠳᠠᠭᠤ ᠠᠴᠠ ᠠᠩᠬᠢᠵᠢᠷᠠᠭᠤᠯᠤᠨ ᠪᠣᠭᠤᠮᠲᠠ ᠰᠢᠪᠲᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠯᠠᠨ ᠵᠢᠯ ᠤᠨ ᠲᠣᠷᠰᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠ ᠬᠠᠮᠠᠭᠠᠯᠠᠯᠲᠠ ᠶᠢᠨ ᠠᠵᠢᠯ ᠢ ᠢᠳᠡᠪᠬᠢᠲᠡᠢ ᠦᠷᠨᠢᠭᠦᠯᠦᠭᠰᠡᠭᠡᠷ ᠪᠠᠶᠢᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠭᠦᠨᠵᠡᠭᠡᠢ ᠦᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠣᠷᠣᠰᠢᠨ ᠲᠣᠭᠲᠠᠨᠢᠯ᠂ ᠬᠠᠮᠠᠭᠠᠯᠠᠯᠲᠠ᠂ ᠬᠥᠭᠵᠢᠯᠲᠡ ᠶᠢᠨ ᠣᠷᠴᠢᠨ ᠲᠣᠭᠤᠷᠢᠨ ᠪᠠ ᠨᠦᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠭᠡᠪᠡᠴᠦ ᠡᠭᠦᠨ ᠤ ᠬᠠᠮᠲᠤ ᠪᠠᠰᠠ ᠵᠠᠷᠢᠮ ᠭᠠᠵᠠᠷ ᠣᠷᠣᠨ ᠳᠤ ᠣᠶᠢᠷ᠎ᠠ ᠶᠢᠨ ᠵᠢᠯ ᠤᠨ ᠲᠣᠷᠰᠢ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠰᠠᠨᠠᠭᠠᠨ ᠳᠤ ᠪᠤᠰᠦ ᠬᠤᠣᠷᠯᠠᠯ᠂ ᠬᠠᠤᠯᠢ ᠪᠤᠰᠤ ᠬᠤᠣᠷ ᠬᠦᠨᠦᠭᠡᠯ ᠳᠤ ᠤᠴᠠᠷᠠᠬᠤ ᠵᠡᠷᠭᠡ ᠬᠦᠮᠦᠨ ᠤ ᠪᠡᠶ᠎ᠡ ᠶᠢᠨ ᠠᠮᠦᠷ ᠲᠥᠪᠰᠢᠨ ᠢ ᠬᠦᠨᠳᠦ ᠨᠣᠴᠢᠲᠠᠢ ᠰᠦᠷᠳᠡᠭᠦᠯᠦᠭᠰᠡᠨ᠂ ᠴᠢᠨᠠᠭᠰᠢᠯᠠᠪᠠᠯ ᠠᠮᠢ ᠬᠤᠷᠤᠭᠠᠬᠤ ᠬᠡᠲᠦᠷᠡᠮᠡᠬᠡᠢ ᠬᠡᠷᠡᠭ ᠬᠠᠶᠠ ᠬᠠᠶᠠ ᠡᠭᠦᠰᠦᠭᠰᠡᠨ ᠢ ᠤᠯᠵᠤ ᠬᠠᠷᠠᠬᠤ ᠬᠡᠷᠡᠭᠲᠡᠢ᠃ ᠣᠳᠣᠬᠠᠨ ᠳᠤ ᠪᠦᠬᠦ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢᠭᠡᠨᠲᠡ 60.3%᠎ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠶᠡᠷᠦᠩᠬᠡᠢ ᠲᠤᠭ᠎ᠠ ᠵᠢᠯ ᠳᠠᠷᠠᠭᠠᠯᠠᠨ ᠨᠡᠮᠡᠭᠳᠡᠬᠦ ᠬᠠᠨᠳᠤᠰᠢ ᠢᠯᠡᠷᠡᠵᠦ᠂ ᠢᠷᠡᠭᠡᠳᠦᠢ ᠶᠢᠨ ᠨᠡᠯᠢᠶᠡᠳ ᠤᠷᠲᠤ ᠬᠤᠭᠤᠴᠠᠭᠠᠨ ᠳᠤ ᠮᠦᠨ ᠬᠦ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦ ᠭᠠᠳᠠᠭᠰᠢ ᠭᠠᠷᠴᠤ᠂ ᠬᠡᠰᠡᠭ ᠬᠡᠦᠬᠡᠳ ᠭᠡᠷ ᠲᠡᠭᠡᠨ ᠬᠤᠴᠤᠷᠬᠤ ᠪᠣᠳᠠᠳᠣ ᠪᠠᠶᠢᠳᠠᠯ ᠳᠤ ᠲᠤᠯᠭᠠᠷᠠᠬᠤ ᠪᠣᠯᠣᠨ᠎ᠠ᠂ ᠡᠶᠢᠮᠦ ᠠᠴᠠ᠂ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠭᠦᠷᠭᠡ ᠲᠦᠢᠯ ᠤᠨ ᠨᠦᠰᠡᠷ ᠬᠦᠨᠳᠦ ᠪᠠᠶᠢᠨ᠎ᠠ᠃      ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠪᠣᠯ ᠪᠤᠰᠤᠳ ᠬᠡᠦᠬᠡᠳ ᠲᠠᠢ ᠠᠳᠠᠯᠢ ᠪᠠᠷ ᠡᠬᠡ ᠤᠯᠤᠰ ᠤᠨ ᠢᠷᠡᠭᠡᠳᠦᠢ ᠪᠠ ᠬᠦᠰᠡᠯ ᠡᠷᠡᠮᠡᠯᠵᠡᠯ ᠪᠣᠯᠬᠤᠷ ᠨᠡᠶᠢᠭᠡᠮ ᠳᠠᠶᠠᠭᠠᠷ ᠬᠠᠮᠲᠤᠪᠠᠷ ᠬᠠᠯᠠᠮᠵᠢᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠨ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠴᠢᠬᠤᠯᠠ ᠡᠭᠦᠷᠭᠡ ᠬᠠᠷᠢᠭᠤᠴᠠᠯᠭ᠎ᠠ ᠪᠦᠭᠡᠳ ᠪᠠᠰᠠ ᠭᠡᠷ ᠪᠦᠯᠢ ᠨᠢᠭᠡᠪᠦᠷᠢ ᠪᠠ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ ᠡᠯ᠎ᠡ ᠭᠠᠵᠠᠷ ᠣᠷᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠦᠴᠦᠲᠡᠢ ᠠᠷᠭ᠎ᠠ ᠬᠡᠮᠵᠢᠶ᠎ᠠ ᠠᠪᠴᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠭᠠᠯᠠᠬᠤ ᠠᠵᠢᠯ ᠢ ᠦᠨᠡᠨᠬᠦ ᠴᠢᠩᠭ᠎ᠠ ᠪᠦᠭᠡᠳ ᠪᠣᠲᠠᠲᠠᠢ ᠪᠠᠷ ᠰᠠᠶᠢᠲᠤᠷ ᠠᠳᠬᠤᠬᠤ ᠬᠡᠷᠡᠭᠲᠡᠢ᠃      ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠷ᠂ ᠭᠤᠷᠪᠠ᠂ ᠳᠥᠷᠪᠡ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠲᠠᠷᠬᠠᠭᠠᠭᠰᠠᠨ ﹇2016﹈ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ ᠡᠭᠦᠰᠦᠴᠡ ᠪᠠ ᠳᠤᠰᠤᠯᠲᠠ ᠪᠣᠯᠭᠠᠵᠤ᠂ ᠬᠠᠤᠯᠢ ᠶᠤᠰᠤᠭᠠᠷ ᠬᠠᠮᠠᠭᠠᠯᠠᠬᠤ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ ᠳᠦᠷᠢᠮ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠡᠷ ᠪᠦᠯᠢ ᠶᠢᠨ ᠠᠰᠠᠷᠠᠨ ᠬᠠᠮᠠᠭᠠᠯᠠᠬᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠭᠡᠷ ᠲᠡᠭᠡᠨ ᠬᠤᠴᠤᠷᠬᠤ ᠦᠵᠡᠭᠳᠡᠯ ᠢ ᠠᠯᠬᠤᠮ ᠠᠯᠬᠤᠮ ᠢᠶᠠᠷ ᠪᠠᠭᠠᠰᠬᠠᠵᠤ᠂ ᠭᠡᠷ ᠪᠦᠯᠢ ᠶᠢᠨ ᠠᠰᠠᠷᠠᠯ ᠬᠠᠮᠠᠭᠠᠯᠠᠯᠲᠠ᠂ ᠰᠤᠷᠭᠠᠭᠤᠯᠢ ᠶᠢᠨ ᠬᠠᠮᠠᠭᠠᠯᠠᠯᠲᠠ᠂ ᠬᠠᠤᠯᠢ ᠴᠠᠭᠠᠵᠠ ᠶᠢᠨ ᠬᠠᠮᠠᠭᠠᠯᠠᠯᠲᠠ᠂ ᠨᠡᠶᠢᠭᠡᠮ ᠤᠨ ᠬᠠᠮᠠᠭᠠᠯᠠᠯᠲᠠ ᠪᠠ ᠤᠯᠤᠰ ᠤᠨ ᠬᠠᠮᠠᠭᠠᠯᠠᠯᠲᠠ ᠶᠢ ᠨᠢᠭᠲᠠ ᠵᠤᠯᠭᠠᠭᠤᠯᠬᠤ ᠶᠢ ᠬᠦᠴᠦᠯᠡᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠠᠮᠦᠷ ᠲᠥᠪᠰᠢᠨ᠂ ᠡᠷᠡᠭᠦᠯ ᠡᠩᠬᠡ᠂ ᠰᠤᠷᠭᠠᠨ ᠬᠦᠮᠦᠵᠢᠯ ᠬᠦᠷᠲᠡᠬᠦ ᠵᠡᠷᠭᠡ ᠡᠷᠬᠡ ᠠᠰᠢᠭ ᠢ ᠪᠦᠲᠦᠮᠵᠢᠲᠡᠢ ᠪᠠᠲᠤᠯᠠᠬᠤ ᠶᠢ ᠦᠨᠡᠨᠬᠦ ᠪᠠᠲᠤᠯᠠᠨ᠎ᠠ᠃      ︵ᠬᠤᠶᠠᠷ︶ ᠶᠡᠷᠦᠩᠬᠡᠢ ᠬᠠᠷᠠᠯᠲᠠ᠃      ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠳᠤ ︽ᠭᠡᠷ ᠪᠦᠯᠢ᠂ ᠨᠡᠶᠢᠭᠡᠮ᠂ ᠵᠠᠰᠠᠭ ᠤᠨ ᠣᠷᠳᠤᠨ︾ ᠭᠤᠷᠮᠤᠰᠤᠨ ᠴᠤᠭᠴᠠ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ ᠶᠢ ᠪᠠᠷᠢᠮᠲᠠᠯᠠᠵᠤ᠂ ᠭᠡᠷ ᠪᠦᠯᠢ᠂ ᠵᠠᠰᠠᠭ ᠤᠨ ᠣᠷᠳᠤᠨ᠂ ᠰᠤᠷᠭᠠᠭᠤᠯᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠨᠡᠶᠢᠭᠡᠮ ᠤᠨ ᠬᠦᠴᠦᠨ ᠢᠳᠡᠪᠬᠢᠲᠡᠢ ᠣᠷᠤᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠰᠢᠰᠲ᠋ᠧᠮᠵᠢ ᠶᠢ ᠪᠣᠢ ᠪᠣᠯᠭᠠᠨ᠎ᠠ᠃ ᠠᠯᠪᠠᠳᠠᠨ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠂ ᠦᠨᠡᠯᠡᠨ ᠵᠢᠱᠢᠵᠦ ᠬᠠᠪᠰᠤᠷᠤᠨ ᠲᠡᠳᠭᠦᠬᠦ᠂ ᠠᠰᠠᠷᠠᠨ ᠬᠠᠮᠠᠭᠠᠯᠠᠬᠤ ᠳᠤ ᠬᠦᠨᠳᠡᠯᠡᠨ ᠠᠴᠠ ᠤᠷᠤᠯᠴᠠᠬᠤ ᠵᠡᠷᠬᠡ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠣᠭᠲᠠᠴᠠ ᠶᠢᠨ ᠪᠦᠲᠦᠮᠵᠢᠲᠡᠢ ᠠᠵᠢᠯᠯᠠᠬᠤ ᠶᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠡᠷᠬᠡ ᠠᠰᠢᠭ ᠲᠤ ᠬᠦᠨᠦᠭᠡᠯᠲᠡᠢ ᠬᠡᠷᠡᠭ ᠡᠭᠦᠰᠬᠦ ᠶᠢ ᠦᠨᠡᠨᠬᠦ ᠰᠡᠷᠭᠡᠶᠢᠯᠡᠨ᠎ᠡ᠃ 2020 ᠣᠨ ᠪᠣᠯᠲᠠᠯ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠲᠣᠭᠲᠠᠭᠠᠯ ᠪᠠ ᠳᠦᠷᠢᠮ ᠤᠨ ᠰᠢᠰᠲ᠋ᠧᠮᠵᠢ ᠶᠢ ᠨᠡᠩ ᠲᠡᠭᠦᠯᠳᠡᠷᠵᠢᠭᠦᠯᠵᠦ᠂ ᠨᠡᠶᠢᠭᠡᠮ ᠳᠠᠶᠠᠭᠠᠷ ᠤᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠦᠵᠡᠯ ᠤᠬᠠᠮᠰᠠᠷ ᠢ ᠨᠡᠶᠢᠳᠡᠮ ᠳᠡᠭᠡᠭᠰᠢᠯᠡᠭᠦᠯᠦᠨ᠂ ᠬᠡᠦᠬᠡᠳ ᠤᠨ ᠦᠰᠦᠨ ᠪᠤᠶᠢᠵᠢᠬᠤ ᠣᠷᠴᠢᠨ ᠲᠣᠭᠤᠷᠢᠨ ᠢ ᠨᠡᠩ ᠰᠠᠶᠢᠵᠢᠷᠠᠭᠤᠯᠵᠤ᠂ ᠠᠮᠦᠷ ᠲᠥᠪᠰᠢᠨ ᠢ ᠨᠡᠩ ᠰᠠᠶᠢᠨ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠬᠡᠦᠬᠡᠳ ᠤᠨ ᠭᠡᠷ ᠲᠡᠭᠡᠨ ᠬᠤᠴᠤᠷᠬᠤ ᠦᠵᠡᠭᠳᠡᠯ ᠢ ᠢᠯᠡᠳᠲᠡ ᠪᠠᠭᠠᠰᠬᠠᠨ᠎ᠠ᠃      ᠨᠢᠭᠡ ᠳᠤ ᠭᠡᠷ ᠪᠦᠯᠢ ᠶᠢᠨ ᠠᠰᠠᠷᠠᠨ ᠬᠠᠮᠠᠭᠠᠯᠠᠬᠤ ᠭᠤᠣᠯ ᠬᠠᠷᠢᠭᠤᠴᠠᠯᠭ᠎ᠠ ᠶᠢ ᠨᠡᠩ ᠲᠤᠳᠤᠷᠬᠠᠢ ᠪᠣᠯᠭᠠᠨ᠎ᠠ᠃ ᠭᠡᠷ ᠪᠦᠯᠢ ᠠᠴᠠ ᠠᠰᠠᠷᠠᠨ ᠬᠠᠮᠠᠭᠠᠯᠠᠬᠤ ᠪᠣᠯ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠶᠢᠨ ᠰᠠᠭᠤᠷᠢ ᠪᠣᠯᠣᠨ᠎ᠠ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ ᠠᠪᠤ ᠨᠢ ᠨᠠᠰᠤᠨ ᠳᠤ ᠦᠯᠦ ᠬᠦᠷᠦᠭᠰᠡᠳ ᠢ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠ ᠠᠰᠠᠷᠠᠨ ᠲᠡᠵᠢᠭᠡᠬᠦ ᠡᠭᠦᠷᠭᠡ ᠪᠠᠨ ᠬᠠᠤᠯᠢ ᠶᠤᠰᠤᠭᠠᠷ ᠭᠦᠢᠴᠡᠳᠭᠡᠨ᠎ᠡ᠃ ᠡᠯ᠎ᠡ ᠭᠠᠵᠠᠷ ᠣᠷᠣᠨ ᠨᠤᠭᠤᠳ ᠭᠡᠷ ᠪᠦᠯᠢ ᠶᠢᠨ ᠬᠢᠨ ᠤ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠵᠢᠯᠤᠭᠤᠳᠴᠤ᠂ ᠳᠡᠮᠵᠢᠬᠦ ᠪᠠ ᠬᠢᠨᠠᠯᠲᠠ ᠲᠠᠯᠪᠢᠵᠤ᠂ ᠭᠡᠷ ᠪᠦᠯᠢ ᠶᠢᠨ ᠬᠥᠭᠵᠢᠯᠲᠡ ᠳᠤ ᠬᠡᠦᠬᠡᠳ ᠤᠨ ᠡᠷᠬᠡ ᠠᠰᠢᠭ ᠢ ᠤᠷᠢᠳᠠᠪᠠᠷ ᠪᠤᠳᠤᠯᠬᠢᠯᠠᠨ᠂ ᠪᠣᠯᠪᠠᠰᠤᠨ ᠠᠷᠭ᠎ᠠ ᠮᠠᠶ᠋ᠢᠭ ᠢᠶᠠᠷ ᠬᠦᠮᠦᠵᠢᠭᠦᠯᠬᠦ ᠶᠢ ᠨᠡᠩ ᠢᠯᠡᠭᠦᠦ ᠴᠢᠬᠤᠯᠠᠴᠢᠯᠠᠵᠤ᠂ ᠭᠡᠷ ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠬᠦ ᠵᠡᠷᠭᠡ ᠬᠦᠨᠦᠭᠡᠬᠦ ᠬᠡᠷᠡᠭ ᠡᠭᠦᠰᠬᠦ ᠶᠢ ᠰᠡᠷᠭᠡᠶᠢᠯᠡᠨ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠲᠣᠬᠢᠲᠠᠢ ᠠᠰᠠᠷᠠᠨ ᠬᠠᠮᠠᠭᠠᠯᠠᠵᠤ ᠬᠠᠷᠠᠭᠠᠯᠵᠠᠨ ᠠᠰᠠᠷᠠᠬᠤ᠂ ᠲᠦᠷᠦᠯ ᠰᠠᠳᠤᠨ ᠤ ᠬᠠᠶᠢᠷ᠎ᠠ ᠬᠠᠯᠠᠮᠵᠢ ᠪᠣᠯᠣᠨ ᠭᠡᠷ ᠪᠦᠯᠢ ᠶᠢᠨ ᠬᠠᠶᠢᠢᠷ᠎ᠠ ᠬᠦᠷᠲᠡᠬᠦ ᠶᠢ ᠦᠨᠡᠨᠬᠦ ᠪᠠᠲᠤᠯᠠᠨ᠎ᠠ᠃      ᠬᠤᠶᠠᠷ ᠲᠤ ᠵᠠᠰᠠᠭ ᠤᠨ ᠣᠷᠳᠤᠨ ᠢᠶᠠᠷ ᠭᠤᠣᠯᠯᠠᠭᠤᠯᠤᠭᠰᠠᠨ ᠬᠠᠮᠠᠭᠠᠯᠠᠯᠲᠠ ᠶᠢᠨ ᠪᠠᠶᠢᠷᠢᠰᠢᠯ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠦᠳᠡᠭᠡ ᠲᠤᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠠᠰᠠᠷᠠᠨ ᠬᠠᠮᠠᠭᠠᠯᠠᠬᠤ ᠠᠵᠢᠯ ᠨᠢ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠳᠣᠣᠷ᠎ᠠ᠂ ᠣᠷᠣᠨ ᠨᠣᠲᠤᠭ ᠢᠶᠠᠷ ᠭᠤᠣᠯ ᠪᠣᠯᠭᠠᠬᠤ᠂ ᠱᠠᠲᠤ ᠬᠤᠪᠢᠶᠠᠨ ᠬᠠᠷᠢᠭᠤᠴᠠᠬᠤ᠂ ᠡᠯ᠎ᠡ ᠰᠠᠯᠠᠭ᠎ᠠ ᠮᠦᠴᠢᠷ ᠬᠠᠮᠵᠢᠯᠴᠠᠨ ᠠᠬᠢᠭᠤᠯᠤᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠵᠦ᠂ ᠡᠯ᠎ᠡ ᠭᠠᠵᠠᠷ ᠣᠷᠣᠨ ᠨᠤᠭᠤᠳ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ ᠵᠠᠰᠠᠭ ᠤᠨ ᠣᠷᠳᠤᠨ ᠢᠶᠠᠷ ᠭᠤᠣᠯᠯᠠᠭᠤᠯᠬᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠦᠷᠦᠭᠦᠯᠡᠬᠦ᠂ ᠰᠠᠯᠠᠭ᠎ᠠ ᠮᠦᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠤᠯᠴᠠᠭᠰᠠᠨ ᠠᠵᠢᠯ ᠤᠨ ᠪᠠᠶᠢᠷᠢᠰᠢᠯ ᠢ ᠪᠣᠢ ᠪᠣᠯᠭᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠰᠢᠰᠲ᠋ᠧᠮᠵᠢ ᠪᠠ ᠠᠪᠤᠷᠠᠨ ᠲᠤᠰᠠᠯᠠᠵᠤ ᠬᠠᠮᠠᠭᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃      ᠭᠤᠷᠪᠠ ᠳᠤ ᠨᠡᠶᠢᠭᠡᠮ ᠤᠨ ᠬᠦᠴᠦᠨ ᠤ ᠢᠳᠡᠪᠬᠢᠲᠡᠢ ᠣᠷᠤᠯᠴᠠᠬᠤ ᠶᠢ ᠶᠠᠪᠤᠬᠤ ᠳᠤᠲᠤᠮ ᠪᠣᠯᠪᠠᠰᠤᠷᠠᠩᠭᠤᠢ ᠪᠣᠯᠭᠠᠨ᠎ᠠ᠃ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ᠂ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠤᠬᠠᠭᠤᠯᠤᠨ᠂ ᠮᠡᠳᠡᠭᠦᠯᠬᠦ ᠪᠠ ᠬᠢᠨᠠᠯᠲᠠ ᠲᠠᠯᠪᠢᠬᠤ ᠶᠢ ᠴᠢᠩᠭᠠᠳᠬᠠᠨ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠲᠤᠰᠬᠠᠢ ᠠᠵᠢᠯᠯᠠᠭᠴᠢ᠂ ᠰᠠᠶᠢᠨ ᠳᠤᠷᠠᠴᠤᠳ ᠵᠡᠷᠭᠡ ᠲᠠᠯ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠠᠮᠢᠳᠤᠷᠠᠬᠤ᠂ ᠠᠰᠠᠷᠠᠨ ᠬᠠᠮᠠᠭᠠᠯᠠᠬᠤ᠂ ᠦᠰᠦᠨ ᠪᠤᠶᠢᠵᠢᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠶᠢᠭᠡᠮ ᠳᠠᠶᠠᠭᠠᠷ ᠭᠡᠷ ᠲᠡᠭᠡᠨ ᠬᠤᠴᠤᠷᠤᠭᠰᠠᠨ ᠬᠡᠦᠬᠡᠳ ᠢ ᠬᠠᠷᠠᠭᠠᠯᠵᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃      ᠳᠥᠷᠪᠡ ᠳᠤ ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠣᠯᠪᠠᠰᠤᠷᠠᠩᠭᠤᠢ ᠪᠣᠯᠭᠠᠨ ᠠᠵᠢᠯᠯᠠᠭᠠᠨ ᠢ ᠨᠢ ᠰᠢᠯᠤᠭᠤᠳᠬᠠᠨ᠎ᠠ᠃ ᠮᠠᠨ ᠤ ᠣᠷᠣᠨ ᠤ ᠪᠣᠲᠠᠲᠠᠢ ᠳᠤ ᠰᠠᠭᠤᠷᠢᠯᠠᠵᠤ᠂ ᠬᠤᠲᠠ ᠬᠦᠳᠡᠭᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠢᠷᠡᠯᠲᠡ ᠠᠴᠠ ᠨᠢ ᠰᠡᠷᠭᠡᠶᠢᠯᠡᠬᠦ᠂ ᠠᠯᠪᠠᠳᠠᠨ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠦᠨᠡᠯᠡᠨ ᠵᠢᠱᠢᠵᠦ ᠬᠠᠪᠰᠤᠷᠤᠨ ᠲᠡᠳᠭᠦᠬᠦ᠂ ᠠᠰᠠᠷᠠᠨ ᠬᠠᠮᠠᠭᠠᠯᠠᠬᠤ ᠳᠤ ᠬᠦᠨᠳᠡᠯᠡᠨ ᠠᠴᠠ ᠤᠷᠤᠯᠴᠠᠬᠤ᠂ ᠲᠠᠭᠠᠨ ᠰᠤᠷᠪᠤᠯᠵᠢᠯᠠᠵᠤ ᠮᠦᠷᠳᠡᠬᠦ ᠵᠡᠷᠭᠡ ᠭᠡᠷ ᠲᠡᠭᠡᠨ ᠬᠤᠴᠤᠷᠤᠭᠰᠠᠨ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠬᠤ ᠪᠠ ᠠᠵᠢᠯᠯᠠᠭᠤᠯᠬᠤ ᠶᠢ ᠠᠬᠢᠭᠤᠯᠵᠤ᠂ ᠮᠠᠨ ᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠦᠨᠡᠨ ᠪᠠᠶᠢᠳᠠᠯ ᠢ ᠲᠤᠳᠤᠷᠬᠠᠢ ᠣᠶᠢᠯᠠᠭᠠᠬᠤ ᠪᠠᠷ ᠬᠦᠴᠦᠯᠡᠨ᠂ ᠨᠢᠭᠡ ᠬᠦᠮᠦᠨ ᠳᠤ ᠨᠢᠭᠡ ᠳᠠᠩᠰᠠ ᠡᠪᠬᠡᠮᠡᠯ ᠲᠠᠢ ᠬᠦᠳᠡᠯᠦᠩᠭᠦᠢ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠵᠤ᠂ ᠲᠦᠢᠯ ᠤᠨ ᠣᠨᠣᠪᠴᠢᠲᠠᠢ ᠪᠠᠷ ᠣᠷᠤᠯᠴᠠᠬᠤ᠂ ᠲᠦᠢᠯ ᠤᠨ ᠣᠨᠣᠪᠴᠢᠲᠠᠢ ᠪᠠᠷ ᠲᠦᠷᠦᠯ ᠬᠤᠪᠢᠶᠠᠬᠤ᠂ ᠲᠦᠢᠯ ᠤᠨ ᠣᠨᠣᠪᠴᠢᠲᠠᠢ ᠪᠠᠷ ᠠᠪᠤᠷᠠᠨ ᠲᠤᠰᠠᠯᠠᠬᠤ᠂ ᠲᠦᠢᠯ ᠤᠨ ᠣᠨᠣᠪᠴᠢᠲᠠᠢ ᠪᠠᠷ ᠬᠠᠪᠰᠤᠷᠤᠨ ᠲᠡᠳᠭᠦᠬᠦ ᠶᠢ ᠪᠡᠶᠡᠯᠡᠭᠦᠯᠬᠦ ᠳᠤ ᠨᠠᠶᠢᠳᠠᠪᠤᠷᠢᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠢ ᠬᠠᠩᠭᠠᠨ᠎ᠠ᠃      ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ      ︵ᠨᠢᠭᠡ︶ ᠭᠡᠷ ᠪᠦᠯᠢ ᠶᠢᠨ ᠪᠣᠯᠪᠠᠰᠤᠨ ᠢᠶᠠᠷ ᠠᠰᠠᠷᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃      ᠭᠡᠷ ᠪᠦᠯᠢ ᠶᠢ ᠰᠢᠮᠳᠠᠭᠤᠯᠤᠨ ᠭᠡᠷ ᠲᠡᠭᠡᠨ ᠬᠤᠴᠤᠷᠤᠭᠰᠠᠨ ᠬᠡᠦᠬᠡᠳ ᠢ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠ ᠠᠰᠠᠷᠠᠨ ᠲᠡᠵᠢᠭᠡᠬᠦ ᠡᠭᠦᠷᠭᠡ ᠶᠢ ᠨᠢ ᠬᠠᠤᠯᠢ ᠶᠤᠰᠤᠭᠠᠷ ᠭᠦᠢᠴᠡᠳᠭᠡᠯᠭᠡᠵᠦ᠂ ᠭᠡᠷ ᠤᠨ ᠠᠬᠠᠮᠠᠳ ᠤᠨ ᠨᠢᠭᠡᠳᠦᠭᠡᠷ ᠠᠰᠠᠷᠠᠨ ᠬᠠᠮᠠᠭᠠᠯᠠᠭᠴᠢ ᠪᠣᠯᠣᠭᠰᠠᠳ ᠤᠨ ᠬᠠᠷᠢᠭᠤᠴᠠᠯᠭᠠᠲᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠬᠡᠦᠬᠡᠳ ᠤᠨ ᠭᠡᠷ ᠤᠨ ᠠᠬᠠᠮᠠᠳ ᠪᠠ ᠪᠤᠰᠤᠳ ᠠᠰᠠᠷᠠᠨ ᠬᠠᠮᠠᠭᠠᠯᠠᠭᠴᠢ ᠶᠢ ᠪᠣᠯᠪᠠᠰᠤᠷᠠᠭᠤᠯᠤᠨ ᠵᠢᠯᠤᠭᠤᠳᠬᠤ ᠶᠢ ᠴᠢᠬᠤᠯᠠᠴᠢᠯᠠᠵᠤ᠂ ᠵᠠᠰᠠᠭ ᠤᠨ ᠣᠷᠳᠣᠨ ᠤ ᠬᠡᠷᠡᠭᠵᠢᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦᠨ ᠤ ᠰᠢᠯᠵᠢᠯᠲᠡ ᠶᠢᠨ ᠪᠣᠯᠪᠠᠰᠤᠷᠠᠭᠤᠯᠤᠯ ᠤᠨ ᠲᠦᠯᠦᠪᠯᠡᠭᠡ ᠵᠡᠷᠭᠡ ᠲᠦᠷᠦᠯ ᠵᠦᠢᠯ ᠳᠤ ᠭᠡᠷ ᠪᠦᠯᠢ ᠶᠢᠨ ᠬᠦᠮᠦᠵᠢᠭᠦᠯᠦᠨ ᠵᠢᠯᠤᠭᠤᠳᠬᠤ ᠠᠭᠤᠯᠭ᠎ᠠ ᠶᠢ ᠨᠡᠮᠡᠭᠳᠡᠭᠦᠯᠦᠨ᠎ᠡ᠃ ᠭᠠᠳᠠᠭᠰᠢ ᠭᠠᠷᠴᠤ ᠬᠦᠴᠦ ᠶᠠᠪᠤᠭᠰᠠᠳ᠂ ᠠᠳᠠᠯ ᠦᠢᠯᠡᠰ ᠴᠣᠭᠴᠠᠯᠠᠭᠰᠠᠳ ᠠᠯᠢ ᠴᠢᠳᠠᠬᠤ ᠪᠠᠷ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠢᠶᠠᠨ ᠳᠠᠭᠠᠭᠤᠯᠤᠨ ᠠᠮᠢᠳᠤᠷᠠᠬᠤ ᠪᠣᠶᠣ ᠡᠵᠢ ᠠᠪᠤ ᠶᠢᠨ ᠨᠢᠭᠡ ᠨᠢ ᠭᠡᠷ ᠲᠡᠭᠡᠨ ᠬᠤᠴᠤᠷᠤᠨ ᠬᠠᠷᠠᠭᠠᠯᠵᠠᠨ ᠠᠰᠠᠷᠠᠵᠤ᠂ ᠲᠦᠷ ᠴᠠᠭ ᠨᠦᠬᠦᠴᠡᠯ ᠨᠢ ᠬᠦᠷᠦᠯᠴᠡᠬᠦ ᠦᠭᠡᠢ ᠪᠣᠯ ᠠᠰᠠᠷᠠᠨ ᠬᠠᠮᠠᠭᠠᠯᠠᠬᠤ ᠴᠢᠳᠠᠪᠤᠷᠢ ᠲᠠᠢ ᠰᠠᠳᠤᠨ ᠲᠦᠷᠦᠯ ᠪᠣᠶᠣ ᠪᠤᠰᠤᠳ ᠨᠠᠰᠤᠨ ᠳᠤ ᠬᠦᠷᠦᠭᠰᠡᠳ ᠲᠤ ᠨᠠᠶᠢᠳᠠᠨ ᠣᠷᠤᠯᠠᠭᠤᠯᠤᠨ ᠠᠰᠠᠷᠠᠨ ᠬᠠᠮᠠᠭᠠᠯᠠᠭᠤᠯᠵᠤ᠂ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠬᠡᠦᠬᠡᠳ ᠢ ᠠᠰᠠᠷᠠᠨ ᠬᠠᠮᠠᠭᠠᠯᠠᠬᠤ ᠠᠴᠠ ᠰᠠᠯᠤᠩᠬᠢᠷᠠᠨ ᠲᠤᠰᠠᠭᠠᠷ ᠰᠠᠭᠤᠯᠭᠠᠨ ᠠᠮᠢᠳᠤᠷᠠᠭᠤᠯᠵᠤ ᠪᠣᠯᠬᠤ ᠦᠭᠡᠢ᠃ ᠡᠵᠢ ᠠᠪᠤ ᠨᠢ ᠭᠠᠳᠠᠭᠰᠢ ᠭᠠᠷᠴᠤ ᠬᠦᠴᠦ ᠶᠠᠪᠤᠬᠤ᠂ ᠠᠳᠠᠯ ᠦᠢᠯᠡᠰ ᠴᠤᠭᠴᠠᠯᠠᠬᠤ ᠬᠤᠭᠤᠴᠠᠭᠠᠨ ᠳᠠᠭᠠᠨ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠨ ᠭᠡᠷ ᠲᠡᠭᠡᠨ ᠬᠤᠴᠤᠷᠤᠭᠰᠠᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠯᠦᠭᠡ ᠦᠷᠭᠦᠯᠵᠢᠳᠡ ᠬᠠᠷᠢᠴᠠᠵᠤ᠂ ᠦᠷ᠎ᠡ ᠬᠡᠦᠬᠡᠳ ᠤᠨ ᠢᠶᠠᠨ ᠰᠤᠷᠤᠯᠭ᠎ᠠ᠂ ᠠᠮᠢᠳᠤᠷᠠᠯ ᠪᠠ ᠰᠡᠳᠬᠢᠴᠡ ᠵᠡᠷᠭᠡ ᠶᠢᠨ ᠪᠠᠶᠢᠳᠠᠯ ᠢ ᠨᠢ ᠴᠠᠭ ᠲᠣᠬᠠᠢ ᠳᠤᠨᠢ ᠣᠶᠢᠯᠠᠭᠠᠬᠤ ᠪᠠ ᠡᠵᠡᠮᠰᠢᠨ᠂ ᠨᠡᠩ ᠣᠯᠠᠨ ᠲᠦᠷᠦᠯ ᠰᠠᠳᠤᠨ ᠤ ᠬᠠᠶᠢᠷ᠎ᠠ ᠬᠠᠯᠠᠮᠵᠢ ᠣᠯᠭᠤᠬᠤ ᠶᠢ ᠵᠣᠷᠢᠬᠵᠢᠭᠤᠯᠤᠨ᠎ᠠ᠃ ᠠᠰᠠᠷᠠᠨ ᠬᠠᠮᠠᠭᠠᠯᠠᠭᠰᠠᠳ ᠤᠨ ᠬᠠᠤᠯᠢ ᠶᠤᠰᠤᠭᠠᠷ ᠠᠰᠠᠷᠠᠨ ᠬᠠᠮᠠᠭᠠᠯᠠᠬᠤ ᠦᠵᠡᠯ ᠤᠬᠠᠮᠰᠠᠷ ᠢ ᠬᠦᠮᠦᠵᠢᠭᠦᠯᠵᠦ᠂ ᠠᠰᠠᠷᠠᠨ ᠬᠠᠮᠠᠭᠠᠯᠠᠭᠰᠠᠳ ᠭᠡᠷ ᠪᠦᠯᠢ ᠶᠢᠨ ᠬᠦᠮᠦᠵᠢᠯ ᠬᠢᠬᠦ ᠳᠡᠭᠡᠨ ᠪᠣᠯᠪᠠᠰᠤᠨ ᠠᠷᠭ᠎ᠠ ᠮᠠᠶ᠋ᠢᠭ ᠢ ᠬᠡᠷᠡᠭᠯᠡᠵᠦ᠂ ᠠᠰᠠᠷᠠᠨ ᠬᠠᠮᠠᠭᠠᠯᠠᠬᠤ ᠪᠠ ᠬᠦᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠤᠭᠠᠷ ᠭᠦᠢᠴᠡᠳᠭᠡᠨ᠂ ᠭᠡᠷ ᠪᠦᠯᠢ ᠶᠢᠨ ᠬᠦᠴᠦᠷᠬᠡᠭᠯᠡᠯ ᠡᠭᠦᠰᠬᠦ ᠶᠢ ᠬᠤᠷᠢᠭᠯᠠᠨ᠎ᠠ᠃ ᠠᠰᠠᠷᠠᠨ ᠬᠠᠮᠠᠭᠠᠯᠠᠭᠴᠢ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠨᠢ ᠲᠤᠰᠬᠤᠨ ᠤ ᠭᠡᠷ᠎ᠡ ᠲᠣᠭᠲᠠᠭᠠᠯ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠲᠤᠰᠠᠯᠠᠬᠤ ᠵᠡᠷᠭᠡ ᠠᠷᠭ᠎ᠠ ᠮᠠᠶ᠋ᠢᠭ ᠢᠶᠠᠷ ᠭᠡᠷ ᠪᠦᠯᠢ ᠶᠢᠨ ᠠᠰᠠᠷᠠᠨ ᠬᠠᠮᠠᠭᠠᠯᠠᠬᠤ ᠶᠢᠨ ᠤᠬᠠᠭᠤᠯᠭ᠎ᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠨ᠎ᠠ ᠃ ᠡᠵᠢ ᠠᠪᠤ ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠨᠢ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠪᠠᠶᠢᠪᠠᠯ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠴᠠᠭ ᠲᠣᠬᠠᠢ ᠳᠤᠨᠢ ᠰᠠᠨᠠᠭᠤᠯᠤᠨ ᠬᠤᠷᠢᠭᠯᠠᠨ᠎ᠠ︔ ᠪᠠᠶᠢᠳᠠᠯ ᠨᠢ ᠬᠦᠨᠳᠦ ᠨᠣᠴᠢᠲᠠᠢ ᠪᠣᠶᠣ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ᠂ ᠳᠣᠲᠤᠭᠠᠲᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠨᠢ ᠲᠡᠳᠡᠨ ᠤ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠎ᠡ᠃      ︵ᠬᠤᠶᠠᠷ︶ ᠬᠤᠲᠠ ᠬᠦᠳᠡᠭᠡ ᠶᠢ ᠬᠠᠮᠤᠷᠤᠭᠰᠠᠨ ᠳᠥᠷᠪᠡᠨ ᠱᠠᠲᠤᠨ ᠤ ᠠᠪᠤᠷᠠᠨ ᠲᠤᠰᠠᠯᠠᠵᠤ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ᠎ᠠ᠃      ᠡᠯ᠎ᠡ ᠭᠠᠵᠠᠷ ᠣᠷᠣᠨ ᠨᠤᠭᠤᠳ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠵᠣᠬᠢᠴᠠᠭᠤᠯᠤᠨ ᠵᠢᠯᠤᠭᠤᠳᠴᠤ᠂ ᠰᠠᠯᠠᠭ᠎ᠠ ᠮᠦᠴᠢᠷ ᠤᠳ ᠤᠨ ᠬᠤᠭᠤᠷᠤᠨᠳᠤ ᠪᠠᠨ ᠣᠶᠢᠯᠠᠭᠠᠯᠴᠠᠨ ᠬᠠᠮᠵᠢᠯᠴᠠᠬᠤ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠵᠤᠯᠭᠠᠭᠤᠯᠲᠠ ᠪᠠ ᠠᠵᠢᠯ ᠤᠨ ᠵᠠᠯᠭᠠᠯᠲᠠ ᠶᠢ ᠴᠢᠩᠭᠠᠳᠬᠠᠵᠤ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨᠬᠦ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠠᠴᠠ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠰᠠᠨᠠᠯ ᠪᠠ ᠠᠬᠢᠭᠤᠯᠬᠤ ᠲᠦᠯᠦᠪᠯᠡᠭᠡ ᠶᠢ ᠬᠠᠷᠢᠭᠤᠴᠠᠨ ᠲᠣᠭᠲᠠᠭᠠᠵᠤ᠂ ᠰᠠᠯᠠᠭ᠎ᠠ ᠮᠦᠴᠢᠷ ᠤᠳ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠡᠯ᠎ᠡ ᠠᠶᠢᠮᠠᠭ ᠬᠤᠲᠠ ᠨᠤᠭᠤᠳ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠲᠣᠰ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠲᠦᠰᠦᠯ ᠢ ᠲᠣᠭᠲᠠᠭᠠᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯᠯᠠᠭ᠎ᠠ ᠦᠷᠨᠢᠭᠦᠯᠬᠦ ᠶᠢ ᠬᠢᠨᠠᠮᠠᠭᠠᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠰᠢᠰᠲ᠋ᠧᠮᠵᠢ ᠪᠣᠯᠣᠨ ᠠᠪᠤᠷᠠᠨ ᠲᠤᠰᠠᠯᠠᠵᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠵᠣᠬᠢᠴᠠᠭᠤᠯᠬᠤ ᠶᠢ ᠲᠣᠰᠬᠠᠶᠢᠯᠠᠨ ᠬᠠᠷᠢᠭᠤᠴᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠵᠦ᠂ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠯᠴᠠᠨ ᠬᠠᠮᠲᠤᠷᠠᠯᠴᠠᠵᠤ᠂ ᠡᠯ᠎ᠡ ᠵᠦᠢᠯ ᠤᠨ ᠪᠣᠲᠠᠲᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠠᠵᠢᠯ ᠤᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠠᠮᠢᠶᠠᠷᠤᠯᠲᠠ ᠶᠢᠨ ᠠᠷᠭ᠎ᠠ ᠳᠤ ᠰᠢᠨ᠎ᠡ ᠶᠢ ᠡᠭᠦᠳᠴᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠡᠬᠡ ᠳᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠦᠷᠢᠨᠰᠢᠭᠦᠯᠵᠦ᠂ ᠠᠵᠢᠯ ᠤᠨ ᠳᠤᠮᠳᠠ ᠣᠷᠤᠰᠢᠵᠤ ᠪᠠᠶᠢᠭ᠎ᠠ ᠳᠤᠪᠤᠶᠢᠮ᠎ᠠ ᠵᠦᠷᠢᠴᠡᠯ ᠪᠣᠯᠣᠨ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠤ ᠦᠷᠨᠢᠭᠦᠯᠦᠭᠰᠡᠨ ᠦᠨᠡᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠪᠠ ᠠᠰᠠᠷᠠᠨ ᠬᠠᠮᠠᠭᠠᠯᠠᠵᠤ ᠬᠢᠨᠠᠯᠲᠠ ᠲᠠᠯᠪᠢᠬᠤ ᠵᠡᠷᠭᠡ ᠠᠵᠢᠯ ᠳᠤ ᠲᠥᠷᠥ ᠶᠢᠨ ᠪᠣᠳᠣᠯᠭ᠎ᠠ ᠶᠢᠨ ᠵᠢᠯᠤᠭᠤᠳᠤᠯᠭ᠎ᠠ ᠪᠠ ᠮᠡᠷᠭᠡᠵᠢᠯ ᠤᠨ ᠳᠡᠮᠵᠢᠯᠭᠡ ᠶᠢ ᠬᠠᠩᠭᠠᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠪᠠ ᠲᠡᠳᠡᠨ ᠤ ᠭᠡᠷ ᠤᠨ ᠠᠬᠠᠮᠠᠳ ᠤᠨ ᠭᠠᠳᠠᠭᠰᠢ ᠭᠠᠷᠴᠤ ᠬᠦᠴᠦ ᠶᠠᠪᠤᠭᠰᠠᠨ ᠪᠠᠶᠢᠳᠠᠯ ᠤᠨ ᠮᠡᠳᠡᠭᠡ ᠵᠠᠩᠭᠢ ᠶᠢ ᠰᠠᠶᠢᠨ ᠮᠡᠳᠡᠬᠦ ᠪᠠ ᠡᠵᠡᠮᠰᠢᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠨᠠᠷᠢᠨ ᠪᠣᠲᠠᠲᠠᠢ ᠪᠦᠷᠢᠨ ᠭᠦᠢᠴᠡᠳ ᠮᠡᠳᠡᠭᠡ ᠵᠠᠩᠭᠢ ᠶᠢᠨ ᠡᠬᠡ ᠳᠠᠩᠰᠠ ᠶᠢ ᠪᠠᠶᠢᠭᠤᠯᠵᠤ᠂ ᠨᠢᠭᠡ ᠬᠦᠮᠦᠨ ᠳᠤ ᠨᠢᠭᠡ ᠳᠠᠩᠰᠠ ᠡᠪᠬᠡᠮᠡᠯ ᠲᠠᠢ ᠪᠠᠶᠢᠯᠭᠠᠨ᠂ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠤᠯᠠᠷᠢᠯ ᠳᠤ ᠨᠢᠭᠡ ᠤᠳᠠᠭ᠎ᠠ ᠪᠠᠶᠢᠴᠠᠭᠠᠨ ᠬᠢᠨᠠᠵᠤ᠂ ᠲᠥᠷᠥ ᠶᠢᠨ ᠪᠣᠳᠣᠯᠭ᠎ᠠ ᠶᠢ ᠲᠦᠢᠯ ᠤᠨ ᠣᠨᠣᠪᠴᠢᠲᠠᠢ ᠪᠠᠷ ᠬᠡᠷᠡᠭᠵᠢᠭᠦᠯᠦᠨ᠎ᠡ︔ ᠡᠭᠦᠨ ᠤ ᠬᠠᠮᠲᠤ᠂ ᠭᠠᠳᠠᠭᠰᠢ ᠭᠠᠷᠴᠤ ᠬᠦᠴᠦ ᠶᠠᠪᠤᠭᠰᠠᠳ ᠪᠠ ᠪᠤᠰᠤᠳ ᠠᠰᠠᠷᠠᠨ ᠬᠠᠮᠠᠭᠠᠯᠠᠭᠰᠠᠳ ᠲᠤ ᠬᠠᠤᠯᠢ ᠳᠦᠷᠢᠮ ᠤᠨ ᠤᠬᠠᠭᠤᠯᠭ᠎ᠠ ᠪᠣᠯᠣᠨ ᠵᠢᠯᠤᠭᠤᠳᠤᠯᠭ᠎ᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠲᠡᠳᠡᠨ ᠢ ᠰᠢᠮᠳᠠᠭᠤᠯᠤᠨ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠯᠭᠡᠨ᠂ ᠠᠰᠠᠷᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠨᠠᠮ ᠤᠨ ᠭᠡᠰᠢᠭᠦᠨ ᠺᠠᠳ᠋ᠷ ᠭᠡᠷ ᠲᠤᠨᠢ ᠣᠴᠢᠵᠤ ᠰᠣᠷᠪᠣᠯᠵᠢᠯᠠᠭ᠎ᠠ ᠬᠢᠬᠦ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠳᠤ ᠰᠠᠭᠤᠭ᠎ᠠ ᠺᠠᠳ᠋ᠷ ᠲᠣᠭᠤᠷᠢᠨ ᠰᠤᠷᠪᠣᠯᠵᠢᠯᠠᠬᠤ᠂ ᠨᠡᠶᠢᠭᠡᠮ ᠤᠨ ᠲᠤᠰᠬᠠᠢ ᠠᠵᠢᠯᠲᠠᠨ ᠲᠠᠭᠠᠨ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠭᠤᠣᠯᠳᠠᠯᠭ᠎ᠠ ᠲᠠᠢ ᠬᠦᠮᠦᠰ ᠢ ᠬᠢᠨᠠᠨ ᠪᠠᠶᠢᠴᠠᠭᠠᠵᠤ᠂ ᠭᠡᠷ ᠲᠡᠭᠡᠨ ᠬᠤᠴᠤᠷᠤᠭᠰᠠᠨ ᠬᠡᠦᠬᠡᠳ ᠢ ᠲᠣᠬᠢᠲᠠᠢ ᠬᠠᠷᠠᠭᠠᠯᠵᠠᠨ ᠠᠰᠠᠷᠠᠬᠤ ᠶᠢ ᠦᠨᠡᠨᠬᠦ ᠪᠠᠲᠤᠯᠠᠨ᠎ᠠ᠃ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠠᠯ︶᠎ ᠤ ᠦᠪᠡᠷᠲᠡᠭᠡᠨ ᠵᠠᠰᠠᠬᠤ ᠦᠢᠯᠡᠳᠦᠯ ᠢ ᠪᠠᠳᠠᠷᠠᠭᠤᠯᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠪᠠ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ ᠠᠵᠢᠯ ᠢ ᠲᠤᠰᠬᠠᠢ ᠬᠦᠮᠦᠨ ᠲᠣᠭᠲᠠᠭᠠᠨ ᠬᠠᠷᠢᠭᠤᠴᠠᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠭᠡᠷ ᠪᠦᠯᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠶᠢᠯᠠᠴᠢᠯᠠᠨ ᠰᠤᠷᠪᠤᠯᠵᠢᠯᠠᠵᠦ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠭᠡᠷ ᠪᠦᠯᠢ ᠶᠢᠨ ᠪᠠᠶᠢᠳᠠᠯ᠂ ᠠᠰᠠᠷᠠᠨ ᠬᠠᠮᠠᠭᠠᠯᠠᠭᠰᠠᠨ ᠪᠠᠶᠢᠳᠠᠯ᠂ ᠰᠤᠷᠭᠠᠭᠤᠯᠢ ᠳᠤ ᠣᠷᠤᠭᠰᠠᠨ ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠭ ᠲᠣᠬᠠᠢ ᠳᠤᠨᠢ ᠡᠵᠡᠮᠰᠢᠬᠦ ᠶᠢᠨ ᠬᠠᠮᠲᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠮᠡᠳᠡᠭᠦᠯᠦᠨ᠎ᠡ᠃      ︵ᠭᠤᠷᠪᠠ︶ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠪᠣᠯᠣᠨ ᠰᠤᠷᠭᠠᠭᠤᠯᠢ ᠶᠢᠨ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃      ᠡᠯ᠎ᠡ ᠭᠠᠵᠠᠷ ᠣᠷᠣᠨ ᠨᠤᠭᠤᠳ ᠰᠣᠷᠤᠯᠭ᠎ᠠ ᠪᠠᠨ ᠲᠠᠰᠤᠯᠠᠬᠤ ᠶᠢ ᠡᠵᠡᠮᠳᠡᠬᠦ ᠪᠠ ᠰᠤᠷᠤᠯᠭ᠎ᠠ ᠶᠢ ᠪᠠᠲᠤᠯᠠᠬᠤ ᠰᠠᠯᠠᠭ᠎ᠠ ᠮᠦᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠠᠴᠠ ᠠᠰᠠᠷᠠᠨ ᠬᠠᠮᠠᠭᠠᠯᠠᠭᠴᠢ ᠶᠢ ᠰᠢᠮᠳᠠᠭᠤᠯᠤᠨ ᠰᠤᠷᠬᠤ ᠨᠠᠰᠤᠨ ᠤ ᠬᠡᠦᠬᠡᠳ᠂ ᠪᠠᠭᠠᠴᠤᠳ ᠢ ᠰᠤᠷᠭᠠᠭᠤᠯᠢ ᠳᠤ ᠣᠷᠤᠭᠤᠯᠬᠤ ᠶᠢᠨ ᠬᠠᠮᠲᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠡᠶᠡᠯᠡᠭᠦᠯᠦᠨ᠎ᠡ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠰᠤᠷᠤᠯᠭ᠎ᠠ ᠶᠢᠨ ᠰᠦᠢᠳᠭᠡᠯ ᠬᠤᠷᠢᠶᠠᠬᠤ ᠦᠭᠡᠢ ᠠᠯᠪᠠᠨ ᠵᠢᠷᠤᠮ ᠤᠨ ᠰᠤᠷᠭᠠᠨ ᠬᠦᠮᠦᠵᠢᠯ ᠪᠠ ᠰᠤᠷᠭᠠᠨ ᠬᠦᠮᠦᠵᠢᠯ ᠢ ᠵᠤᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠶᠠᠳᠠᠭᠤ ᠬᠦᠴᠢᠷᠳᠡᠯᠲᠡᠢ ᠠᠴᠠ ᠪᠣᠯᠵᠤ ᠰᠤᠷᠤᠯᠭ᠎ᠠ ᠠᠯᠳᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠡᠩᠬᠡ ᠶᠢᠨ ᠬᠦᠮᠦᠵᠢᠯ ᠢ ᠴᠢᠩᠭᠠᠳᠬᠠᠬᠤ ᠶᠢ ᠳᠡᠮᠵᠢᠨ ᠵᠢᠯᠤᠭᠤᠳᠴᠤ᠂ ᠰᠤᠷᠤᠭᠴᠢᠳ ᠤᠨ ᠰᠡᠳᠬᠢᠴᠡ᠂ ᠬᠦᠮᠦᠨᠴᠢ ᠴᠢᠨᠠᠷ ᠤᠨ ᠢᠳᠡᠪᠬᠢᠲᠡᠢ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠰᠡᠳᠬᠢᠴᠡ ᠶᠢᠨ ᠠᠰᠠᠭᠤᠳᠠᠯ ᠪᠣᠯᠣᠨ ᠮᠠᠭᠤ ᠦᠢᠯᠡ ᠠᠵᠢᠯᠯᠠᠭ᠎ᠠ ᠶᠢ ᠡᠷᠲᠡ ᠠᠴᠠ ᠢᠯᠡᠷᠡᠭᠦᠯᠬᠦ ᠶᠢᠨ ᠬᠠᠮᠲᠤ ᠵᠠᠯᠠᠷᠠᠭᠤᠯᠤᠨ᠎ᠠ︔ ᠰᠤᠷᠭᠠᠭᠤᠯᠢ ᠶᠢᠨ ᠪᠠᠭᠰᠢ ᠠᠵᠢᠯᠲᠠᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠴᠢᠩᠭᠠᠳᠬᠠᠵᠤ᠂ ᠠᠩᠭᠢ ᠶᠢᠨ ᠡᠷᠬᠢᠯᠡᠭᠴᠢ ᠪᠣᠯᠣᠨ ᠪᠠᠶᠢᠷᠢ ᠶᠢᠨ ᠬᠠᠮᠢᠶᠠᠷᠤᠭᠴᠢ ᠶᠢᠨ ᠭᠡᠷ ᠲᠡᠭᠡᠨ ᠬᠤᠴᠤᠷᠤᠭᠰᠠᠨ ᠬᠡᠦᠬᠡᠳ ᠢ ᠬᠠᠷᠠᠭᠠᠯᠵᠠᠨ ᠠᠰᠠᠷᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠳᠤᠲᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ᠂ ᠡᠪ ᠬᠠᠮᠲᠤ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠠᠮᠦᠷ ᠲᠥᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠵᠢᠯᠤᠭᠤᠳᠤᠨ ᠬᠠᠪᠰᠤᠷᠴᠤ᠂ ᠬᠠᠤᠯᠢ ᠪᠠᠷ ᠵᠠᠰᠠᠬᠤ ᠤᠬᠠᠭᠤᠯᠭ᠎ᠠ ᠪᠣᠯᠣᠨ ᠠᠮᠦᠷ ᠲᠥᠪᠰᠢᠨ ᠤ ᠬᠦᠮᠦᠵᠢᠯ ᠢ ᠰᠠᠶᠢᠲᠤᠷ ᠬᠢᠵᠦ᠂ ᠬᠡᠦᠬᠡᠳ ᠢ ᠬᠠᠪᠰᠤᠷᠴᠤ ᠰᠤᠷᠭᠠᠭᠤᠯᠢ ᠶᠢᠨ ᠬᠦᠷᠢᠶᠡᠨ ᠳᠠᠬᠢ ᠳᠤᠷᠤᠮᠵᠢᠯᠠᠯ ᠵᠡᠷᠭᠡ ᠬᠠᠤᠯᠢ ᠪᠤᠰᠤ ᠬᠦᠨᠦᠭᠡᠯ ᠢ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠰᠠᠨᠠᠭᠠᠨ ᠳᠤ ᠪᠤᠰᠦ ᠬᠤᠣᠷᠯᠠᠯ ᠳᠤ ᠠᠳᠡᠬᠦ ᠶᠢ ᠰᠡᠷᠭᠡᠶᠢᠯᠡᠬᠦ ᠠᠮᠦᠷ ᠲᠥᠪᠰᠢᠨ ᠤ ᠶᠡᠷᠦ ᠶᠢᠨ ᠮᠡᠳᠡᠯᠭᠡ ᠶᠢ ᠡᠵᠡᠮᠰᠢᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠨᠢ ᠭᠡᠷ ᠲᠡᠭᠡᠨ ᠬᠤᠴᠤᠷᠤᠭᠰᠠᠨ ᠬᠡᠦᠬᠡᠳ ᠤᠨ ᠰᠤᠷᠭᠠᠨ ᠬᠦᠮᠦᠵᠢᠯ ᠬᠦᠷᠲᠡᠭᠰᠡᠨ ᠪᠠᠶᠢᠳᠠᠯ ᠳᠤ ᠪᠦᠬᠦ ᠶᠠᠪᠤᠴᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠯᠤᠭ᠎ᠠ ᠣᠶᠢᠯᠠᠭᠠᠯᠴᠠᠨ ᠰᠤᠯᠢᠯᠴᠠᠬᠤ ᠶᠢ ᠴᠢᠩᠭᠠᠳᠬᠠᠨ᠂ ᠠᠰᠠᠷᠠᠨ ᠬᠠᠮᠠᠭᠠᠯᠠᠭᠴᠢ ᠶᠢ ᠬᠠᠪᠰᠤᠷᠴᠤ ᠪᠠᠶᠢᠭᠠᠳ ᠭᠡᠷ ᠲᠡᠭᠡᠨ ᠬᠤᠴᠤᠷᠤᠭᠰᠠᠨ ᠬᠡᠦᠬᠡᠳ ᠤᠨ ᠰᠤᠷᠤᠯᠭ᠎ᠠ ᠶᠢᠨ ᠪᠠᠶᠢᠳᠠᠯ ᠢ ᠡᠵᠡᠮᠰᠢᠭᠦᠯᠵᠦ᠂ ᠠᠰᠠᠷᠠᠨ ᠬᠠᠮᠠᠭᠠᠯᠠᠭᠴᠢ ᠶᠢᠨ ᠬᠠᠷᠢᠭᠤᠴᠠᠯᠭᠠᠲᠤ ᠦᠵᠡᠯ ᠤᠬᠠᠮᠰᠠᠷ ᠪᠠ ᠰᠤᠷᠭᠠᠨ ᠬᠦᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠰᠢᠯᠲᠠᠭᠠᠨ ᠦᠭᠡᠢ ᠪᠠᠷ ᠬᠢᠴᠢᠶᠡᠯ ᠰᠠᠭᠠᠲᠠᠬᠤ ᠭᠡᠷ ᠲᠡᠭᠡᠨ ᠬᠤᠴᠤᠷᠤᠭᠰᠠᠨ ᠬᠡᠦᠬᠡᠳ ᠤᠨ ᠪᠠᠶᠢᠳᠠᠯ ᠢ ᠴᠠᠭ ᠲᠣᠬᠠᠢ ᠳᠤᠨᠢ ᠣᠶᠢᠯᠠᠭᠠᠵᠤ᠂ ᠰᠤᠷᠤᠯᠭ᠎ᠠ ᠪᠠᠨ ᠲᠠᠰᠤᠯᠤᠬᠰᠠᠨ ᠰᠤᠷᠤᠭᠴᠢᠳ ᠢ ᠲᠡᠮᠲᠡᠭᠯᠡᠬᠦ᠂ ᠰᠤᠷᠭᠠᠭᠤᠯᠢ ᠳᠠᠭᠠᠨ ᠪᠣᠴᠠᠵᠤ ᠰᠤᠷᠤᠯᠭ᠎ᠠ ᠪᠠᠨ ᠰᠡᠷᠭᠦᠭᠡᠬᠦ ᠪᠠᠷ ᠢᠳᠬᠠᠬᠤ ᠪᠠ ᠪᠢᠴᠢᠭ ᠤᠨ ᠮᠡᠳᠡᠭᠦᠯᠦᠯᠲᠡ ᠶᠢᠨ ᠳᠦᠷᠢᠮ ᠢ ᠨᠠᠶᠢᠳᠠᠪᠤᠷᠢᠵᠢᠭᠤᠯᠤᠨ᠂ ᠰᠤᠷᠭᠠᠭᠤᠯᠢ ᠳᠠᠭᠠᠨ ᠪᠤᠴᠠᠬᠤ ᠪᠠᠷ ᠢᠳᠬᠠᠭᠠᠳ ᠲᠤᠰᠠ ᠪᠣᠯᠣᠭᠰᠠᠨ ᠦᠭᠡᠢ ᠪᠣᠯ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠪᠣᠯᠣᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠪᠢᠴᠢᠭ ᠢᠶᠠᠷ ᠮᠡᠳᠡᠭᠦᠯᠵᠦ᠂ ᠬᠠᠤᠯᠢ ᠶᠤᠰᠤᠭᠠᠷ ᠠᠷᠭ᠎ᠠ ᠬᠡᠮᠵᠢᠶ᠎ᠡ ᠠᠪᠴᠤ ᠪᠠᠶᠢᠭᠠᠳ ᠰᠤᠷᠭᠠᠭᠤᠯᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠬᠦ ᠪᠠᠷ ᠢᠳᠬᠠᠨ᠎ᠠ︔ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠪᠠᠭᠰᠢ ᠠᠵᠢᠯᠲᠠᠨ ᠤ ᠵᠢᠵᠢᠭᠦᠷ ᠤᠨ ᠳᠦᠷᠢᠮ ᠢ ᠲᠡᠭᠦᠯᠳᠡᠷᠵᠢᠭᠦᠯᠵᠦ᠂ ᠰᠤᠷᠤᠭᠴᠢ ᠶᠢᠨ ᠪᠠᠶᠢᠷᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶ᠎ᠡ ᠶᠢᠨ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠰᠤᠷᠤᠭᠴᠢ ᠶᠢ ᠬᠦᠲᠦᠯᠦᠨ ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ᠂ ᠤᠷᠠᠯᠢᠭ᠂ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠤᠷᠤᠯᠴᠠᠭᠤᠯᠤᠨ᠂ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠠᠲᠠᠬᠤ ᠬᠦᠴᠦᠨ ᠢ ᠨᠡᠮᠡᠭᠳᠡᠭᠦᠯᠦᠨ᠎ᠡ︔ ᠭᠡᠷ ᠲᠡᠭᠡᠨ ᠬᠤᠴᠤᠷᠤᠭᠰᠠᠨ ᠬᠡᠦᠬᠡᠳ ᠢ ᠬᠠᠪᠰᠤᠷᠴᠤ ᠪᠠᠶᠢᠭᠠᠳ ᠤᠲᠠᠰᠦ᠂ ᠬᠠᠷᠠᠭᠠᠨ ᠳᠠᠪᠳᠠᠮᠵᠢ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠭᠡᠷ ᠤᠨ ᠠᠬᠠᠮᠠᠳ ᠲᠠᠢ ᠪᠠᠨ ᠬᠠᠷᠢᠴᠠᠨ ᠣᠶᠢᠯᠠᠭᠠᠯᠴᠠᠵᠤ᠂ ᠰᠤᠷᠭᠠᠭᠤᠯᠢ᠂ ᠭᠡᠷ ᠤᠨ ᠠᠬᠠᠮᠠᠳ᠂ ᠨᠠᠶᠢᠳᠠᠭᠰᠠᠨ ᠠᠰᠠᠷᠠᠨ ᠬᠠᠮᠠᠭᠠᠯᠠᠭᠴᠢ ᠲᠠᠢ ᠬᠠᠮᠲᠤᠪᠠᠷ ᠬᠠᠯᠠᠮᠵᠢᠯᠠᠨ ᠬᠠᠶᠢᠷᠠᠯᠠᠵᠤ ᠪᠤᠶᠢᠵᠢᠭᠤᠯᠬᠤ ᠨᠡᠶᠢᠯᠡᠮᠡᠯ ᠬᠦᠴᠦᠨ ᠢ ᠪᠣᠢ ᠪᠣᠯᠭᠠᠨ᠎ᠠ᠃      ︵ᠳᠥᠷᠪᠡ︶ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠣᠨᠴᠠᠯᠢᠭ ᠢ ᠪᠠᠳᠠᠷᠠᠭᠤᠯᠵᠤ ᠬᠠᠷᠠᠭᠠᠯᠵᠠᠨ ᠬᠠᠶᠢᠷᠠᠯᠠᠬᠤ ᠦᠢᠯᠡᠴᠢᠯᠡᠭᠡ ᠳᠤ ᠣᠷᠤᠯᠴᠠᠭᠤᠯᠤᠨ᠎ᠠ᠃      ᠠᠵᠢᠯᠴᠢᠨ ᠤ ᠡᠪᠯᠡᠯ᠂ ᠡᠪ ᠬᠠᠮᠲᠤ ᠶᠢᠨ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ᠡᠮᠡᠭᠲᠡᠶᠢᠴᠦᠳ ᠬᠡᠦᠬᠡᠳ ᠤᠨ ᠦᠷᠦᠭᠡ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠠ ᠲᠠᠨᠢᠯᠴᠠᠭᠤᠯᠭ᠎ᠠ ᠶᠢᠨ ᠪᠠᠶᠢᠭᠤᠯᠤᠮᠵᠢ ᠵᠡᠷᠭᠡ ᠳᠤ ᠲᠦᠰᠢᠭᠯᠡᠨ ᠭᠡᠷ ᠲᠡᠭᠡᠨ ᠬᠤᠴᠤᠷᠤᠭᠰᠠᠨ ᠬᠡᠦᠬᠡᠳ ᠵᠢᠴᠢ ᠲᠡᠳᠡᠨ ᠤ ᠡᠵᠢ ᠠᠪᠤ ᠳᠤᠨᠢ ᠨᠦᠬᠦᠴᠡᠯ ᠡᠭᠦᠳᠦᠨ ᠥᠭᠴᠦ ᠂ ᠰᠡᠳᠬᠢᠴᠡ ᠶᠢ ᠨᠢ ᠰᠢᠯᠤᠭᠤᠳᠬᠠᠬᠤ᠂ ᠡᠳᠦᠷ ᠲᠤᠳᠤᠮ ᠤᠨ ᠠᠰᠠᠷᠠᠨ ᠬᠠᠷᠠᠭᠠᠯᠵᠠᠬᠤ᠂ ᠬᠢᠴᠢᠶᠡᠯ ᠤᠨ ᠳᠠᠷᠠᠭ᠎ᠠ ᠬᠠᠪᠰᠤᠷᠤᠨ ᠵᠢᠯᠤᠭᠤᠳᠬᠤ᠂ ᠠᠵᠢᠯ ᠣᠯᠭᠤᠬᠤ ᠵᠢᠯᠤᠭᠤᠳᠤᠯᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠶᠢᠨ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠨᠢ ᠥᠷᠭᠡᠨ ᠣᠯᠠᠨ ᠠᠵᠢᠯᠲᠠᠨ ᠠᠵᠢᠯᠴᠢᠨ᠂ ᠡᠪᠯᠡᠯ ᠤᠨ ᠭᠡᠰᠢᠭᠦᠨ ᠵᠠᠯᠠᠭᠤᠴᠤᠳ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠵᠡᠷᠭᠡ ᠶᠢ ᠥᠷᠭᠡᠨ ᠳᠡᠯᠭᠡᠷ ᠢᠶᠠᠷ ᠳᠠᠶᠢᠴᠢᠯᠠᠨ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠣᠯᠠᠨ ᠵᠦᠢᠯ ᠤᠨ ᠬᠡᠯᠪᠡᠷᠢ ᠶᠢᠨ ᠦᠢᠯᠡᠴᠢᠯᠡᠭᠡ ᠪᠠ ᠬᠠᠷᠢᠯᠴᠠᠨ ᠲᠤᠰᠠᠯᠠᠬᠤ ᠠᠵᠢᠯᠯᠠᠭ᠎ᠠ ᠶᠢ ᠦᠷᠨᠢᠭᠦᠯᠦᠨ᠎ᠡ︔ ︽ᠤᠯᠠᠭᠠᠨ ᠪᠦᠴᠡᠲᠡᠨ ᠤ ᠬᠦᠰᠡᠯ ᠵᠡᠭᠦᠳᠦ ᠲᠡᠮᠲᠡᠭᠲᠦ︾ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠡᠪᠴᠡᠩ ᠢ ᠡᠭᠦᠳᠦᠨ ᠪᠠᠶᠢᠭᠤᠯᠬᠤ ᠠᠵᠢᠯ ᠢ ᠲᠦᠷᠭᠡᠳᠭᠡᠨ ᠠᠬᠢᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠳᠤᠮᠳᠠᠬᠢ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ︔ ᠬᠠᠷᠠᠵᠤ ᠬᠠᠮᠠᠭᠠᠯᠠᠬᠤ ᠳᠦᠷᠢᠮ ᠢ ᠠᠯᠬᠤᠮ ᠠᠯᠬᠤᠮ ᠢᠶᠠᠷ ᠰᠦᠪᠡᠭᠴᠢᠯᠡᠨ ᠪᠠᠶᠢᠭᠤᠯᠵᠤ᠂ ᠭᠡᠷ ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠬᠦ᠂ ᠭᠡᠮᠳᠦᠯ ᠬᠤᠣᠷᠯᠠᠯ ᠠᠮᠰᠠᠭᠰᠠᠨ ᠭᠡᠷ ᠲᠡᠭᠡᠨ ᠬᠤᠴᠤᠷᠤᠭᠰᠠᠨ ᠬᠡᠦᠬᠡᠳ ᠪᠠ ᠪᠤᠰᠤᠳ ᠬᠡᠦᠬᠡᠳ ᠲᠤ ᠰᠡᠳᠬᠢᠴᠡ ᠶᠢᠨ ᠲᠠᠯ᠎ᠠ ᠪᠠᠷ ᠵᠢᠭᠠᠨ ᠵᠢᠯᠤᠭᠤᠳᠬᠤ ᠪᠠ ᠰᠢᠨᠵᠢᠨ ᠦᠨᠡᠯᠡᠬᠦ ᠦᠢᠯᠡᠴᠢᠯᠡᠭᠡ ᠶᠢ ᠬᠠᠩᠭᠠᠨ᠎ᠠ︔ ᠡᠮᠡᠭᠲᠡᠶᠢᠴᠦᠳ ᠤᠨ ᠬᠤᠯᠪᠣᠭ᠎ᠠ ᠨᠢ ᠡᠮᠡᠭᠲᠡᠶᠢᠴᠦᠳ ᠬᠡᠦᠬᠡᠳ ᠤᠨ ᠦᠷᠦᠭᠡ ᠳᠤ ᠲᠦᠰᠢᠭᠯᠡᠨ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠪᠤᠰᠤᠳ ᠬᠡᠦᠬᠡᠳ ᠲᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠬᠠᠩᠭᠠᠨ᠎ᠠ᠃ ᠵᠡᠮᠳᠡᠭᠴᠦᠳ ᠤᠨ ᠬᠤᠯᠪᠣᠭ᠎ᠠ ᠨᠢ ᠭᠡᠷ ᠲᠡᠭᠡᠨ ᠬᠤᠴᠤᠷᠤᠭᠰᠠᠨ ᠵᠡᠮᠳᠡᠭ ᠬᠡᠦᠬᠡᠳ ᠢ ᠡᠷᠡᠭᠦᠯᠵᠢᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠨᠢ ᠠᠬᠠᠮᠠᠳ ᠺᠠᠳ᠋ᠷ᠂ ᠠᠬᠠᠮᠠᠳ ᠪᠠᠶᠢᠯᠳᠤᠭᠴᠢ᠂ ᠠᠬᠠᠮᠠᠳ ᠮᠡᠷᠭᠡᠵᠢᠯᠲᠡᠨ᠂ ᠠᠬᠠᠮᠠᠳ ᠪᠠᠭᠰᠢ᠂ ᠠᠬᠠᠮᠠᠳ ᠵᠢᠱᠢᠶᠡᠴᠢ ᠵᠡᠷᠭᠡ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠦᠬᠦᠳ ᠢ ᠵᠣᠬᠢᠶᠠᠨ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠠ ᠦᠢᠯᠡᠴᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃      ︵ᠲᠠᠪᠤ︶ ᠨᠡᠶᠢᠭᠡᠮ ᠤᠨ ᠬᠦᠴᠦᠨ ᠢ ᠶᠡᠬᠡᠪᠡᠷ ᠬᠦᠲᠦᠯᠦᠨ ᠤᠷᠤᠭᠤᠯᠵᠤ ᠪᠠᠶᠢᠭᠠᠳ ᠭᠡᠷ ᠲᠡᠭᠡᠨ ᠬᠤᠴᠤᠷᠤᠭᠰᠠᠨ ᠬᠡᠦᠬᠡᠳ ᠢ ᠬᠠᠮᠠᠭᠠᠯᠠᠬᠤ ᠳᠤ ᠣᠷᠤᠯᠴᠠᠭᠤᠯᠤᠨ᠎ᠠ᠃      ︽ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠤ ᠬᠠᠮᠲᠤᠷᠠᠨ ᠬᠦᠳᠡᠯᠦᠯᠴᠡᠬᠦ︾ ᠲᠣᠭᠲᠠᠴᠠ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠳᠤᠮᠳᠠᠬᠢ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠲᠤᠰᠬᠠᠢ ᠠᠵᠢᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠨᠡᠶᠢᠭᠡᠮ ᠤᠨ ᠲᠤᠰᠬᠠᠢ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠬᠤ ᠶᠢ ᠲᠦᠷᠭᠡᠳᠭᠡᠵᠦ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠡᠳᠬᠢᠴᠡ ᠶᠢᠨ ᠯᠠᠪᠯᠠᠯᠭ᠎ᠠ ᠶᠢᠨ ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠬᠠᠤᠯᠢᠴᠢ ᠶᠢᠨ ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠶᠢ ᠢᠳᠡᠪᠬᠢᠲᠡᠢ ᠬᠦᠲᠦᠯᠦᠨ ᠣᠷᠤᠭᠤᠯᠵᠤ ᠪᠠᠶᠢᠭᠠᠳ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠳᠤ ᠣᠷᠤᠯᠴᠠᠭᠤᠯᠤᠨ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠨ ᠲᠡᠳᠡᠨ ᠤ ᠮᠠᠯᠵᠢᠬᠤ ᠲᠠᠷᠢᠶᠠᠯᠠᠬᠤ ᠣᠷᠣᠨ᠂ ᠰᠤᠷᠭᠠᠭᠤᠯᠢ ᠪᠠ ᠭᠡᠷ ᠪᠦᠯᠢ ᠳᠤ ᠭᠦᠨᠵᠡᠭᠡᠶᠢᠷᠡᠬᠦ ᠶᠢ ᠳᠡᠮᠵᠢᠵᠦ᠂ ᠭᠡᠷ ᠲᠡᠭᠡᠨ ᠬᠤᠴᠤᠷᠤᠭᠰᠠᠨ ᠬᠡᠦᠬᠡᠳ ᠢ ᠠᠰᠠᠷᠠᠨ ᠬᠠᠮᠠᠭᠠᠯᠠᠬᠤ ᠵᠢᠯᠤᠭᠤᠳᠤᠯᠭ᠎ᠠ᠂ ᠰᠡᠳᠬᠢᠴᠡ ᠶᠢ ᠨᠢ ᠰᠢᠯᠤᠭᠤᠳᠬᠠᠬᠤ᠂ ᠬᠠᠤᠯᠢ ᠴᠠᠭᠠᠵᠠ ᠶᠢᠨ ᠯᠠᠪᠯᠠᠯᠭ᠎ᠠ ᠥᠭᠬᠦ᠂ ᠦᠢᠯᠡ ᠠᠵᠢᠯᠯᠠᠭ᠎ᠠ ᠶᠢ ᠨᠢ ᠵᠠᠯᠠᠷᠠᠭᠤᠯᠤᠨ ᠵᠠᠰᠠᠬᠤ᠂ ᠭᠡᠷ ᠪᠦᠯᠢ ᠶᠢᠨ ᠬᠦᠴᠦᠷᠬᠡᠭᠯᠡᠯ ᠠᠴᠠ ᠰᠡᠷᠭᠡᠶᠢᠯᠡᠨ ᠬᠠᠮᠠᠭᠠᠯᠠᠬᠤ᠂ ᠨᠡᠶᠢᠭᠡᠮ ᠯᠦᠭᠡ ᠠᠭᠤᠰᠤᠯᠴᠠᠬᠤ ᠪᠠ ᠭᠡᠷ ᠪᠦᠯᠢ ᠶᠢᠨ ᠬᠠᠷᠢᠴᠠᠭ᠎ᠠ ᠶᠢ ᠲᠣᠬᠢᠷᠠᠭᠤᠯᠤᠨ ᠵᠣᠬᠢᠴᠠᠭᠤᠯᠬᠤ ᠵᠡᠷᠭᠡ ᠲᠤᠰᠬᠠᠢ ᠦᠢᠯᠡᠴᠢᠯᠡᠭᠡ ᠪᠠ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢᠨ ᠪᠣᠯᠪᠠᠰᠤᠷᠠᠭᠤᠯᠤᠯ ᠢ ᠦᠷᠨᠢᠭᠦᠯᠦᠨ᠂ ᠨᠡᠶᠢᠭᠡᠮ ᠤᠨ ᠲᠤᠰᠬᠠᠢ ᠠᠵᠢᠯ ᠤᠨ ᠠᠷᠭ᠎ᠠ ᠮᠠᠶ᠋ᠢᠭ ᠢ ᠬᠡᠷᠡᠭᠯᠡᠨ ᠰᠡᠷᠭᠡᠶᠢᠯᠡᠬᠦ᠂ ᠦᠨᠡᠯᠡᠨ ᠵᠢᠱᠢᠬᠦ᠂ ᠬᠠᠮᠢᠶᠠᠷᠬᠤ ᠵᠡᠷᠭᠡ ᠠᠵᠢᠯ ᠢ ᠬᠢᠨ᠎ᠡ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠢ ᠳᠠᠮᠵᠢᠵᠦ ᠰᠤᠷᠭᠠᠭᠤᠯᠢ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶᠎ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠭᠡᠮᠵᠢ ᠳᠤ ᠲᠦᠰᠢᠭᠯᠡᠨ ᠭᠡᠷ ᠲᠡᠭᠡᠨ ᠬᠤᠴᠤᠷᠤᠭᠰᠠᠨ ᠬᠡᠦᠬᠡᠳ ᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠪᠠᠶᠢᠭᠤᠯᠤᠮᠵᠢ ᠡᠷᠬᠢᠯᠡᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠲᠤ ᠠᠮᠠᠷᠠᠯᠲᠠ ᠶᠢᠨ ᠡᠳᠦᠷ ᠬᠠᠷᠠᠭᠠᠯᠵᠠᠨ ᠠᠰᠠᠷᠠᠬᠤ᠂ ᠬᠢᠴᠢᠶᠡᠯ ᠤᠨ ᠳᠠᠷᠠᠭ᠎ᠠ ᠬᠠᠪᠰᠤᠷᠤᠨ ᠵᠢᠯᠤᠭᠤᠳᠬᠤ᠂ ᠰᠡᠳᠬᠢᠴᠡ ᠶᠢ ᠨᠢ ᠰᠢᠯᠤᠭᠤᠳᠬᠠᠬᠤ ᠵᠡᠷᠭᠡ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠨ᠂ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠦᠴᠢᠷ ᠤᠳ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠤᠯᠢ ᠶᠤᠰᠤᠭᠠᠷ ᠨᠠᠶᠢᠳᠠᠪᠤᠷᠢᠵᠢᠭᠤᠯᠤᠨ᠎ᠠ᠃      ᠳᠥᠷᠪᠡ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠠᠬᠢᠵᠢᠭᠦᠯᠦᠨ᠎ᠡ      ︵ᠨᠢᠭᠡ︶ ᠠᠯᠪᠠᠳᠠᠨ ᠮᠡᠳᠡᠭᠦᠯᠬᠦ ᠲᠣᠭᠲᠠᠴᠠ ᠶᠢ ᠪᠠᠶᠢᠭᠤᠯᠤᠨ᠎ᠠ᠃      ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠴᠢᠯᠡᠭᠡ ᠶᠢᠨ ᠪᠠᠶᠢᠭᠤᠯᠤᠮᠵᠢ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠪᠤᠷᠠᠨ ᠲᠤᠰᠠᠯᠠᠵᠤ ᠬᠠᠮᠢᠶᠠᠷᠬᠤ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠵᠢᠴᠢ ᠲᠡᠳᠡᠭᠡᠷ ᠤᠨ ᠠᠵᠢᠯᠲᠠᠳ ᠮᠡᠳᠡᠭᠦᠯᠬᠦ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠠᠵᠢᠯ ᠤᠨ ᠳᠤᠮᠳᠠ ᠭᠡᠷ ᠲᠡᠭᠡᠨ ᠬᠤᠴᠣᠷᠣᠭᠰᠠᠨ ᠬᠡᠦᠬᠡᠳ ᠠᠰᠠᠷᠠᠨ ᠬᠠᠮᠠᠭᠠᠯᠠᠬᠤ ᠠᠴᠠ ᠰᠠᠯᠤᠩᠬᠢᠷᠠᠨ ᠲᠤᠰᠠᠭᠠᠷ ᠠᠮᠢᠳᠤᠷᠠᠵᠤ ᠪᠠᠶᠢᠢᠬᠤ ᠪᠣᠶᠣ ᠰᠤᠷᠠᠭ ᠦᠭᠡᠢ ᠪᠣᠯᠤᠬᠰᠠᠨ᠂ ᠠᠰᠠᠷᠠᠨ ᠬᠠᠮᠠᠭᠠᠯᠠᠭᠴᠢ ᠨᠢ ᠠᠰᠠᠷᠠᠨ ᠬᠠᠮᠠᠭᠠᠯᠠᠬᠤ ᠴᠢᠳᠠᠪᠤᠷᠢ ᠪᠠᠨ ᠠᠯᠳᠠᠭᠰᠠᠨ ᠪᠤᠶᠤ ᠠᠰᠠᠷᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ᠂ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠰᠡᠵᠢᠭᠯᠡᠯᠲᠡᠢ᠂ ᠰᠠᠨᠠᠭᠠᠨ ᠳᠤ ᠪᠤᠰᠦ ᠬᠤᠣᠷᠯᠠᠯ ᠪᠣᠶᠣ ᠬᠠᠤᠯᠢ ᠪᠤᠰᠤ ᠬᠤᠣᠷ ᠬᠦᠨᠦᠭᠡᠯ ᠳᠤ ᠤᠴᠠᠷᠠᠭᠰᠠᠨ ᠰᠡᠵᠢᠭᠯᠡᠯᠲᠡᠢ ᠪᠠᠶᠢᠳᠠᠯ ᠢ ᠮᠡᠳᠡᠪᠡᠯ᠂ ᠬᠠᠮᠤᠭ ᠲᠡᠷᠢᠭᠦᠨ ᠳᠤ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠨ᠂ ᠠᠯᠪᠠᠳᠠᠨ ᠮᠡᠳᠡᠭᠦᠯᠬᠦ ᠬᠠᠷᠢᠭᠤᠴᠠᠯᠭ᠎ᠠ ᠲᠠᠢ ᠨᠢᠭᠡᠴᠡ ᠪᠣᠯᠣᠨ ᠬᠤᠪᠢ ᠬᠦᠮᠦᠨ ᠮᠡᠳᠡᠭᠦᠯᠬᠦ ᠡᠭᠦᠷᠭᠡ ᠪᠠᠨ ᠦᠯᠦ ᠭᠦᠢᠴᠡᠳᠭᠡᠭᠰᠡᠨ ᠪᠠᠶᠢᠪᠠᠯ᠂ ᠲᠡᠳᠡᠭᠡᠷ ᠤᠨ ᠳᠡᠭᠡᠳᠦ ᠱᠠᠲᠤᠨ ᠤ ᠪᠠᠶᠢᠭᠤᠯᠭ᠎ᠠ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠪᠤᠰᠤᠳ ᠠᠷᠠᠳ ᠢᠷᠭᠡᠳ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠢᠳᠡᠪᠬᠢᠲᠡᠢ ᠪᠠᠷ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠭᠰᠡᠨ ᠪᠠᠶᠢᠪᠠᠯ᠂ ᠴᠠᠭ ᠲᠣᠬᠠᠢ ᠳᠤᠨᠢ ᠰᠠᠶᠢᠰᠢᠶᠠᠵᠤ ᠬᠦᠬᠢᠭᠦᠯᠦᠨ ᠱᠠᠩᠨᠠᠨ᠎ᠠ᠃      ︵ᠬᠤᠶᠠᠷ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃      ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠬᠤᠯᠪᠣᠭᠳᠠᠯ ᠪᠦᠬᠦᠢ ᠮᠡᠳᠡᠭᠦᠯᠦᠯᠲᠡ ᠶᠢ ᠴᠠᠭ ᠲᠣᠬᠠᠢ ᠳᠤᠨᠢ ᠬᠦᠯᠢᠶᠡᠨ ᠠᠪᠴᠤ ᠰᠢᠢᠳᠪᠦᠷᠢᠯᠡᠵᠦ᠂ ᠬᠠᠮᠤᠭ ᠲᠡᠷᠢᠭᠦᠨ ᠳᠤ ᠴᠠᠭᠳᠠᠭ᠎ᠠ ᠲᠣᠮᠢᠯᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠢ ᠬᠡᠷᠡᠭᠯᠡᠨ᠂ ᠠᠪᠤᠷᠠᠨ ᠲᠤᠰᠠᠯᠠᠵᠤ ᠬᠠᠮᠠᠭᠠᠯᠠᠬᠤ ᠠᠯᠪᠠᠳᠠᠨ ᠮᠡᠳᠡᠭᠦᠯᠬᠦ ᠬᠠᠷᠢᠭᠤᠴᠠᠯᠭᠠᠲᠤ ᠬᠦᠮᠦᠨ ᠪᠠ ᠬᠤᠯᠪᠣᠭᠳᠠᠯ ᠪᠦᠬᠦᠢ ᠨᠢᠭᠡᠴᠡ ᠨᠢ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢ ᠬᠠᠪᠰᠤᠷᠴᠤ ᠪᠠᠶᠢᠭᠠᠳ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠭᠡᠷ ᠲᠡᠭᠡᠨ ᠬᠤᠴᠤᠷᠤᠭᠰᠠᠨ ᠬᠡᠦᠬᠡᠳ ᠤᠨ ᠲᠤᠰᠠᠭᠠᠷ ᠠᠮᠢᠳᠤᠷᠠᠵᠤ ᠪᠠᠶᠢᠬᠤ ᠶᠢ ᠮᠡᠳᠡᠪᠡᠯ᠂ ᠡᠵᠢ ᠠᠪᠤ ᠶᠢ ᠨᠢ ᠵᠠᠷᠯᠢᠭᠳᠠᠵᠤ ᠪᠠᠶᠢᠭᠠᠳ ᠳᠠᠷᠦ᠋ᠢᠬᠠᠨ ᠪᠣᠴᠠᠵᠤ ᠢᠷᠡᠭᠦᠯᠬᠦ ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠶᠢ ᠨᠢ ᠲᠣᠭᠲᠠᠭᠠᠬᠤ ᠶᠢᠨ ᠬᠠᠮᠲᠤ᠂ ᠡᠵᠢ ᠠᠪᠤ ᠶᠢ ᠨᠢ ᠢᠳᠬᠠᠨ ᠰᠠᠨᠠᠭᠤᠯᠤᠨ᠎ᠠ︔ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠨᠢ ᠠᠰᠠᠷᠠᠨ ᠬᠠᠮᠠᠭᠠᠯᠠᠬᠤ ᠴᠢᠳᠠᠪᠤᠷᠢ ᠪᠠᠨ ᠠᠯᠳᠠᠭᠰᠠᠨ ᠪᠣᠶᠣ ᠠᠰᠠᠷᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠳᠤ ᠬᠠᠷᠢᠶᠠᠯᠠᠭᠳᠠᠪᠠᠯ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ ᠠᠪᠤ ᠲᠠᠢ ᠨᠢ ᠬᠠᠷᠢᠴᠠᠵᠤ ᠳᠠᠷᠦ᠋ᠢᠬᠠᠨ ᠪᠤᠴᠠᠵᠤ ᠢᠷᠡᠭᠦᠯᠬᠦ ᠪᠣᠶᠣ ᠪᠤᠰᠤᠳ ᠲᠦᠷᠦᠯ ᠰᠠᠳᠤᠨ ᠳᠤᠨᠢ ᠨᠠᠶᠢᠳᠠᠵᠤ ᠬᠠᠷᠠᠭᠠᠯᠵᠠᠨ ᠬᠠᠮᠠᠭᠠᠯᠠᠵᠤ ᠠᠰᠠᠷᠠᠭᠤᠯᠤᠨ᠎ᠠ︔ ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠪᠠᠶᠢᠳᠠᠯ ᠳᠤ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ ᠠᠪᠤ ᠲᠠᠢ ᠨᠢ ᠬᠠᠷᠢᠴᠠᠵᠤ ᠳᠡᠶᠢᠯᠦᠭᠰᠡᠨ ᠦᠭᠡᠢ ᠪᠠᠶᠢᠪᠠᠯ᠂ ᠪᠤᠰᠤᠳ ᠣᠶᠢᠷ᠎ᠠ ᠲᠦᠷᠦᠯ ᠰᠠᠲᠤᠨ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠪᠣᠶᠣ ᠠᠪᠤᠷᠠᠨ ᠲᠤᠰᠠᠯᠠᠵᠤ ᠬᠠᠮᠢᠶᠠᠷᠬᠤ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ ᠳᠤ ᠬᠠᠮᠠᠭᠠᠯᠠᠨ ᠬᠦᠷᠭᠡᠵᠦ ᠲᠦᠷ ᠴᠠᠭ ᠬᠠᠷᠠᠭᠠᠯᠵᠠᠨ ᠬᠠᠮᠠᠭᠠᠯᠠᠵᠤ ᠠᠰᠠᠷᠠᠭᠤᠯᠬᠤ ᠶᠢᠨ ᠬᠠᠮᠲᠤ᠂ ᠬᠠᠪᠰᠤᠷᠴᠦ ᠪᠠᠶᠢᠢᠭᠠᠳ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ ᠠᠪᠤ ᠳᠤᠨᠢ ᠮᠡᠳᠡᠭᠳᠡᠨ ᠳᠠᠷᠦ᠋ᠢᠬᠠᠨ ᠪᠤᠴᠠᠵᠤ ᠢᠷᠡᠭᠦᠯᠬᠦ ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠶᠢ ᠨᠢ ᠳᠠᠬᠢᠵᠤ ᠲᠣᠭᠲᠠᠭᠠᠨ᠎ᠠ᠃ ᠰᠤᠷᠠᠭ ᠦᠭᠡᠢ ᠪᠣᠯᠣᠭᠰᠠᠨ ᠳᠤ ᠬᠠᠷᠢᠶᠠᠯᠠᠭᠳᠠᠪᠠᠯ᠂ ᠬᠡᠦᠬᠡᠳ ᠤᠨ ᠰᠤᠷᠠᠭ ᠦᠭᠡᠢ ᠪᠣᠯᠣᠭᠰᠠᠨ ᠢ ᠲᠥᠷᠭᠡᠨ ᠡᠷᠢᠬᠦ ᠲᠣᠭᠲᠠᠴᠠ ᠶᠣᠰᠤᠭᠠᠷ ᠴᠠᠭ ᠲᠣᠬᠠᠢ ᠳᠤᠨᠢ ᠪᠠᠶᠢᠴᠠᠭᠠᠨ᠎ᠠ᠃ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠳᠤ ᠬᠠᠷᠢᠶᠠᠯᠠᠭᠳᠠᠪᠠᠯ᠂ ᠬᠠᠤᠯᠢ ᠶᠤᠰᠤᠭᠠᠷ ᠬᠤᠷᠢᠭᠯᠠᠵᠤ᠂ ᠴᠢᠬᠤᠯᠠᠲᠠᠢ ᠦᠶ᠎ᠡ ᠳᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢ ᠬᠠᠪᠰᠤᠷᠤᠨ ᠲᠡᠳᠡᠨ ᠢ ᠲᠦᠷ ᠴᠠᠭ ᠤᠨ ᠬᠤᠷᠭᠤᠳᠠᠬᠤ ᠭᠠᠵᠠᠷ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠤᠶᠤ ᠠᠰᠠᠷᠠᠮᠵᠢ ᠶᠢᠨ ᠪᠠᠶᠢᠭᠤᠯᠤᠮᠵᠢ ᠳᠤ ᠲᠦᠪᠬᠢᠨᠡᠭᠦᠯᠦᠨ ᠬᠠᠮᠠᠭᠠᠯᠠᠨ᠎ᠠ︔ ᠪᠤᠰᠤᠳ ᠬᠠᠤᠯᠢ ᠪᠤᠰᠤ ᠬᠦᠨᠦᠭᠡᠯ᠂ ᠰᠠᠨᠠᠭᠠᠨ ᠳᠤ ᠪᠤᠰᠦ ᠬᠤᠣᠷᠯᠠᠯ ᠳᠤ ᠤᠴᠠᠷᠠᠭᠰᠠᠨ ᠳᠤ ᠬᠠᠷᠢᠶᠠᠯᠠᠭᠳᠠᠪᠠᠯ᠂ ᠬᠠᠯᠳᠠᠵᠦ ᠬᠤᠤᠷᠯᠠᠬᠤ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠬᠤᠷᠢᠭᠯᠠᠵᠤ᠂ ᠬᠠᠮᠠᠭᠠᠯᠠᠬᠤ ᠶᠢ ᠬᠡᠷᠡᠭᠵᠢᠭᠦᠯᠦᠨ᠎ᠡ︔ ᠳᠡᠭᠡᠷ᠎ᠡ ᠳᠤᠷᠠᠳᠤᠭᠰᠠᠨ ᠪᠠᠶᠢᠳᠠᠯ ᠳᠤ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠪᠠᠶᠢᠴᠠᠭᠠᠨ ᠭᠡᠷᠡᠴᠢ ᠠᠪᠴᠤ᠂ ᠬᠠᠪᠰᠤᠷᠴᠤ ᠪᠠᠶᠢᠭᠠᠳ ᠳᠡᠲᠡᠨ ᠢ ᠡᠮᠨᠡᠭᠦᠯᠬᠦ᠂ ᠰᠢᠷᠠᠭᠲᠤᠭᠰᠠᠨ ᠪᠠᠶᠢᠳᠠᠯ ᠢ ᠨᠢ ᠬᠢᠨᠠᠨ ᠲᠣᠭᠲᠠᠭᠠᠵᠤ᠂ ᠬᠦᠨᠳᠡᠯᠡᠨ ᠠᠴᠠ ᠤᠷᠤᠯᠴᠠᠵᠦ ᠬᠠᠮᠢᠶᠠᠷᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠬᠡᠷᠡᠭᠯᠡᠬᠦ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠳᠤ ᠰᠠᠭᠤᠷᠢ ᠲᠠᠯᠪᠢᠨ᠎ᠠ᠃ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠪᠠᠶᠢᠳᠠᠯ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠴᠠᠭ ᠲᠣᠬᠠᠢ ᠳᠤᠨᠢ ᠮᠡᠳᠡᠭᠡᠯᠡᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠭᠡᠷ ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠬᠦ᠂ ᠬᠦᠨᠦᠭᠡᠯ ᠳᠤ ᠤᠴᠠᠷᠠᠭᠰᠠᠨ ᠭᠡᠷ ᠲᠡᠭᠡᠨ ᠬᠤᠴᠤᠷᠤᠭᠰᠠᠨ ᠬᠡᠦᠬᠡᠳ ᠲᠤ ᠬᠠᠤᠯᠢ ᠶᠤᠰᠤᠭᠠᠷ ᠬᠠᠤᠯᠢ ᠴᠠᠭᠠᠵᠠ ᠶᠢᠨ ᠲᠤᠰᠠᠯᠠᠮᠵᠢ ᠶᠢ ᠬᠠᠩᠭᠠᠨ᠎ᠠ᠃ ᠭᠡᠷ ᠲᠡᠭᠡᠨ ᠬᠤᠴᠤᠷᠤᠭᠰᠠᠨ ᠬᠡᠦᠬᠡᠳ ᠬᠠᠯᠳᠠᠯᠭ᠎ᠠ ᠬᠤᠤᠷᠯᠠᠯ ᠳᠤ ᠤᠴᠠᠷᠠᠭᠰᠠᠨ ᠵᠡᠷᠭᠡ ᠰᠢᠯᠲᠠᠭᠠᠨ ᠢᠶᠠᠷ ᠰᠤᠷᠭᠠᠭᠤᠯᠢ ᠰᠢᠯᠵᠢᠬᠦ᠂ ᠣᠨᠳᠤᠤ ᠭᠠᠵᠠᠷ ᠤᠨ ᠰᠤᠷᠭᠠᠭᠤᠯᠢ ᠳᠤ ᠣᠷᠤᠵᠤ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠴᠢᠬᠤᠯᠠᠲᠠᠢ ᠪᠠᠶᠢᠪᠠᠯ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠪᠠᠲᠤᠯᠠᠭ᠎ᠠ ᠣᠯᠭᠤᠨ᠎ᠠ᠃      ︵ᠭᠤᠷᠪᠠ︶ ᠦᠨᠡᠯᠡᠨ ᠵᠢᠱᠢᠵᠦ ᠬᠠᠪᠰᠤᠷᠤᠨ ᠲᠡᠳᠭᠦᠬᠦ ᠲᠣᠭᠲᠠᠴᠠ ᠶᠢ ᠪᠦᠷᠢᠨᠰᠢᠭᠦᠯᠦᠨ᠎ᠡ᠃      ᠭᠡᠷ ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠬᠦ᠂ ᠬᠠᠯᠳᠠᠯᠭ᠎ᠠ ᠬᠤᠤᠷᠯᠠᠯ ᠳᠤ ᠤᠴᠠᠷᠠᠬᠰᠠᠨ ᠭᠡᠷ ᠲᠡᠭᠡᠨ ᠬᠤᠴᠤᠷᠤᠭᠰᠠᠨ ᠬᠡᠦᠬᠡᠳ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠢᠶ᠎ᠠ ᠪᠦᠬᠦᠢ ᠪᠠᠶᠢᠳᠠᠯ ᠤᠨ ᠮᠡᠳᠡᠭᠡᠯᠡᠯ ᠢ ᠣᠯᠣᠭᠰᠠᠨ ᠤ ᠳᠠᠷᠠᠭ᠎ᠠ᠂ ᠴᠠᠭ ᠲᠣᠬᠠᠢ ᠳᠤᠨᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠷᠠᠨ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠴᠢᠯᠡᠭᠡ ᠶᠢᠨ ᠪᠠᠶᠢᠭᠤᠯᠤᠮᠵᠢ ᠵᠢᠴᠢ ᠲᠦᠷᠦᠯ ᠰᠠᠲᠤᠨ᠂ ᠨᠡᠶᠢᠭᠡᠮ ᠤᠨ ᠠᠵᠢᠯ ᠤᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠰᠠᠯᠠᠮᠵᠢ ᠳᠣᠣᠷ᠎ᠠ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠠᠮᠦᠷ ᠲᠥᠪᠰᠢᠨ ᠠᠬᠤᠢ ᠪᠠᠶᠢᠳᠠᠯ᠂ ᠠᠰᠠᠷᠠᠨ ᠬᠠᠮᠠᠭᠠᠯᠠᠬᠤ ᠪᠠᠶᠢᠳᠠᠯ᠂ ᠪᠡᠶ᠎ᠡ ᠰᠡᠳᠬᠢᠴᠡ ᠶᠢᠨ ᠡᠷᠡᠭᠦᠯ ᠡᠩᠬᠡ ᠶᠢᠨ ᠪᠠᠶᠢᠳᠠᠯ ᠵᠡᠷᠭᠡ ᠶᠢ ᠪᠠᠶᠢᠴᠠᠭᠠᠨ ᠦᠨᠡᠯᠡᠨ ᠵᠢᠱᠢᠵᠦ᠂ ᠠᠰᠠᠷᠠᠨ ᠬᠠᠮᠠᠭᠠᠯᠠᠬᠤ ᠵᠢᠯᠤᠭᠤᠳᠤᠯᠭ᠎ᠠ᠂ ᠡᠮᠴᠢᠯᠡᠭᠡ ᠬᠢᠵᠦ ᠡᠮᠨᠡᠨ ᠠᠪᠤᠷᠠᠬᠤ᠂ ᠰᠡᠳᠬᠢᠴᠡ ᠶᠢ ᠨᠢ ᠰᠢᠯᠤᠭᠤᠳᠬᠠᠬᠤ᠂ ᠦᠢᠯᠡ ᠠᠵᠢᠯᠯᠠᠭ᠎ᠠ ᠶᠢ ᠨᠢ ᠵᠠᠯᠠᠷᠠᠭᠤᠯᠤᠨ ᠵᠠᠰᠬᠠᠤ ᠂ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠲᠤᠰᠬᠠᠢ ᠦᠢᠢᠯᠡᠴᠢᠯᠡᠭᠡ ᠶᠢ ᠴᠢᠭᠯᠡᠭᠦᠯᠬᠦ ᠴᠢᠨᠠᠷᠲᠠᠢ ᠪᠠᠷ ᠲᠣᠬᠢᠷᠠᠭᠤᠯᠤᠨ᠎ᠠ᠃ ᠠᠰᠠᠷᠠᠨ ᠬᠠᠮᠠᠭᠠᠯᠠᠭᠴᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯ ᠲᠠᠢ ᠮᠦᠷᠲᠡᠭᠡᠨ ᠬᠤᠯᠪᠣᠭᠳᠠᠯ ᠪᠦᠬᠦᠢ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠶᠢᠨ ᠲᠥᠷᠥ ᠶᠢᠨ ᠪᠣᠳᠤᠯᠭ᠎ᠠ ᠳᠤ ᠨᠡᠶᠢᠴᠡᠪᠡᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠢᠴᠢ ᠨᠡᠶᠢᠭᠡᠮ ᠤᠨ ᠪᠤᠰᠤᠳ ᠠᠪᠤᠷᠠᠨ ᠲᠤᠰᠠᠯᠠᠬᠤ ᠰᠠᠯᠠᠭ᠎ᠠ ᠮᠦᠴᠢᠷ ᠠᠴᠠ ᠴᠠᠭ ᠲᠣᠬᠠᠢ ᠳᠤᠨᠢ ᠲᠡᠳᠡᠨ ᠢ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ ᠣᠷᠤᠭᠤᠯᠤᠨ᠎ᠠ᠃      ︵ᠳᠥᠷᠪᠡ︶ ᠠᠰᠠᠷᠠᠨ ᠬᠠᠮᠠᠭᠠᠯᠠᠵᠤ ᠬᠦᠨᠳᠡᠯᠡᠨ ᠠᠴᠠ ᠤᠷᠤᠯᠴᠠᠵᠦ ᠬᠠᠮᠢᠶᠠᠷᠬᠤ ᠲᠣᠭᠲᠠᠴᠠ ᠶᠢ ᠴᠢᠩᠭᠠᠷᠠᠭᠤᠯᠤᠨ᠎ᠠ᠃      ᠭᠡᠷ ᠪᠦᠯᠢ ᠶᠢᠨ ᠬᠦᠴᠦᠷᠬᠡᠭᠯᠡᠯ ᠭᠠᠷᠭᠠᠬᠤ᠂ ᠬᠠᠯᠠ ᠦᠵᠡᠭᠦᠯᠬᠦ ᠪᠣᠶᠣ ᠭᠡᠷ ᠲᠡᠭᠡᠨ ᠬᠤᠴᠤᠷᠤᠭᠰᠠᠨ ᠬᠡᠦᠬᠡᠳ ᠢ ᠭᠤᠯᠤᠵᠤ ᠣᠷᠬᠢᠭᠰᠠᠨ ᠡᠵᠢ ᠠᠪᠤ ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠶᠢ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠭᠦᠮᠵᠢᠯᠡᠨ ᠰᠤᠷᠭᠠᠨ ᠬᠦᠮᠦᠵᠢᠭᠦᠯᠵᠦ᠂ ᠴᠢᠬᠤᠯᠠᠲᠠᠢ ᠦᠶ᠎ᠡ ᠳᠤ ᠠᠮᠦᠷ ᠢ ᠬᠠᠮᠠᠭᠠᠯᠠᠬᠤ ᠬᠠᠮᠢᠶᠠᠷᠤᠯᠲᠠ ᠪᠠᠷ ᠰᠢᠳᠭᠡᠨ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠬᠡᠷᠡᠭ ᠪᠣᠯᠭᠠᠨ ᠲᠠᠩᠨᠠᠨ ᠪᠠᠶᠢᠴᠠᠭᠠᠬᠤ ᠶᠢᠨ ᠬᠠᠮᠲᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠠᠰᠠᠷᠠᠨ ᠬᠠᠮᠠᠭᠠᠯᠠᠭᠴᠢ ᠨᠢ ᠭᠡᠷ ᠲᠡᠭᠡᠨ ᠬᠤᠴᠤᠷᠤᠭᠰᠠᠨ ᠬᠡᠦᠬᠡᠳ ᠢ ᠬᠢᠨᠠᠨ ᠬᠠᠮᠢᠶᠠᠷᠬᠤ ᠪᠠ ᠠᠰᠠᠷᠠᠨ ᠬᠠᠷᠠᠭᠠᠯᠵᠠᠬᠤ ᠬᠦᠮᠦᠨ ᠦᠭᠡᠢ ᠪᠠᠶᠢᠳᠠᠯ ᠳᠤ ᠬᠦᠷᠦᠭᠦᠯᠦᠭᠰᠡᠨ ᠠᠴᠠ ᠪᠣᠯᠵᠤ ᠲᠡᠳᠡᠨ ᠢ ᠠᠶᠤᠯᠲᠠᠢ ᠪᠠᠶᠢᠳᠠᠯ ᠳᠤ ᠤᠴᠠᠷᠠᠭᠤᠯᠵᠤ ᠲᠡᠷᠡᠴᠢᠯᠡᠨ ᠬᠦᠮᠦᠵᠢᠭᠦᠯᠦᠭᠡᠳ ᠪᠠᠰᠠ ᠵᠠᠯᠠᠷᠠᠭᠤᠯᠬᠤ ᠦᠭᠡᠢ᠂ ᠡᠰᠡᠭᠦᠯ᠎ᠡ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ 6 ᠰᠠᠷ᠎ᠠ ᠠᠴᠠ ᠳᠡᠭᠡᠭᠰᠢ ᠭᠦᠢᠴᠡᠳᠭᠡᠭᠰᠡᠨ ᠦᠭᠡᠢ ᠠᠴᠠ ᠪᠣᠯᠵᠤ ᠭᠡᠷ ᠲᠡᠭᠡᠨ ᠬᠤᠴᠤᠷᠤᠭᠰᠠᠨ ᠬᠡᠦᠬᠡᠳ ᠤᠨ ᠠᠮᠢᠳᠤᠷᠠᠯ ᠢ ᠦᠮᠦᠭ ᠲᠦᠰᠢᠭ ᠦᠭᠡᠢ ᠪᠣᠯᠭᠠᠭᠰᠠᠨ᠂ ᠡᠰᠡᠭᠦᠯ᠎ᠡ ᠭᠡᠷ ᠪᠦᠯᠢ ᠶᠢᠨ ᠬᠦᠴᠦᠷᠬᠡᠭᠯᠡᠯ ᠭᠠᠷᠭᠠᠬᠤ᠂ ᠬᠠᠯᠠ ᠦᠵᠡᠭᠦᠯᠬᠦ ᠪᠣᠶᠣ ᠭᠡᠷ ᠲᠡᠭᠡᠨ ᠬᠤᠴᠤᠷᠤᠭᠰᠠᠨ ᠬᠡᠦᠬᠡᠳ ᠢ ᠭᠤᠯᠤᠵᠤ ᠣᠷᠬᠢᠭᠰᠠᠨ ᠠᠴᠠ ᠪᠣᠯᠵᠤ ᠲᠡᠳᠡᠨ ᠤ ᠪᠡᠶ᠎ᠡ ᠰᠡᠳᠬᠢᠴᠡ ᠨᠢ ᠬᠦᠨᠳᠦ ᠨᠣᠴᠢᠲᠠᠢ ᠬᠤᠬᠢᠷᠠᠭᠳᠠᠭᠰᠠᠨ ᠪᠠᠶᠢᠪᠠᠯ᠂ ᠲᠡᠳᠡᠨ ᠤ ᠣᠶᠢᠷ᠎ᠠ ᠲᠦᠷᠦᠯ ᠰᠠᠳᠤᠨ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠡᠷᠭᠡ ᠬᠤᠯᠪᠣᠭᠳᠠᠯ ᠪᠦᠬᠦᠢ ᠬᠦᠮᠦᠰ ᠬᠠᠤᠯᠢ ᠶᠤᠰᠤᠭᠠᠷ ᠠᠷᠠᠳ ᠤᠨ ᠰᠢᠭᠦᠬᠦ ᠬᠤᠷᠢᠶ᠎ᠠ ᠳᠤ ᠠᠰᠠᠷᠠᠨ ᠬᠠᠮᠠᠭᠠᠯᠠᠭᠴᠢ ᠶᠢᠨ ᠬᠢᠷᠢ ᠭᠡᠮ ᠢ ᠬᠦᠴᠦᠨ ᠦᠭᠡᠢ ᠪᠣᠯᠭᠠᠵᠤ ᠂ ᠠᠰᠠᠷᠠᠨ ᠬᠠᠮᠠᠭᠠᠯᠠᠭᠴᠢ ᠶᠢ ᠠᠰᠲᠠᠭᠠᠨ ᠲᠣᠭᠲᠠᠭᠠᠬᠤ ᠪᠠᠷ ᠭᠤᠶᠤᠴᠢᠯᠠᠨ᠎ᠠ᠃ ᠡᠭᠦᠨ ᠤ ᠬᠠᠮᠲᠤ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠡᠷᠦᠬᠡ ᠳᠤ ᠣᠴᠢᠵᠤ ᠪᠠᠶᠢᠴᠠᠭᠠᠨ ᠰᠤᠷᠪᠤᠯᠵᠢᠯᠠᠬᠤ ᠶᠢ ᠬᠠᠮᠵᠢᠨ ᠰᠠᠶᠢᠲᠤᠷ ᠬᠢᠨ᠎ᠡ᠃ ᠭᠡᠷ ᠪᠦᠯᠢ ᠶᠢᠨ ᠬᠦᠴᠦᠷᠬᠡᠭᠯᠡᠯ ᠭᠠᠷᠭᠠᠬᠰᠠᠨ᠂ ᠬᠡᠦᠬᠡᠳ ᠲᠤ ᠬᠠᠯᠠ ᠦᠵᠡᠭᠦᠯᠦᠭᠰᠡᠨ ᠵᠡᠷᠭᠡ ᠦᠢᠯᠡ ᠠᠵᠢᠯᠯᠠᠭ᠎ᠠ ᠶᠢᠨ ᠪᠠᠶᠢᠳᠠᠯ ᠨᠢ ᠨᠡᠯᠢᠶᠡᠳ ᠬᠦᠩᠭᠡᠨ ᠪᠠᠶᠢᠵᠤ᠂ ᠬᠠᠤᠯᠢ ᠶᠤᠰᠤᠭᠠᠷ ᠠᠮᠦᠷ ᠢ ᠬᠠᠮᠠᠭᠠᠯᠠᠬᠤ ᠬᠠᠮᠢᠶᠠᠷᠤᠯᠲᠠ ᠪᠠᠷ ᠰᠢᠳᠭᠡᠨ ᠲᠣᠷᠭᠠᠬᠤ ᠦᠭᠡᠢ ᠪᠠᠶᠢᠪᠠᠯ᠂ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠣᠷᠯᠠᠭᠰᠠᠨ ᠬᠦᠮᠦᠨ ᠢ ᠰᠢᠭᠦᠮᠵᠢᠯᠡᠨ ᠬᠦᠮᠦᠵᠢᠭᠦᠯᠬᠦ ᠪᠣᠶᠣ ᠴᠡᠭᠡᠷᠯᠡᠭᠦᠯᠵᠦ ᠰᠠᠨᠠᠭᠤᠯᠬᠤ ᠪᠢᠴᠢᠭ ᠬᠢᠵᠦ ᠥᠭᠭᠦᠨ᠎ᠡ᠃ ᠴᠡᠭᠡᠷᠯᠡᠭᠦᠯᠵᠦ ᠰᠠᠨᠠᠭᠤᠯᠬᠤ ᠪᠢᠴᠢᠭ ᠢ ᠬᠤᠣᠷᠯᠠᠭᠰᠠᠨ ᠬᠦᠮᠦᠨ ᠪᠠ ᠬᠤᠣᠷᠯᠠᠭᠳᠠᠭᠰᠠᠨ ᠬᠦᠮᠦᠨ ᠳᠤ ᠬᠦᠷᠭᠡᠨ ᠲᠤᠰᠢᠶᠠᠬᠤ ᠶᠢᠨ ᠬᠠᠮᠲᠤ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠭᠡᠰᠢᠭᠦᠨ︶᠎ ᠤ ᠵᠦᠪᠯᠡᠯ ᠳᠤ ᠡᠷᠦᠬᠡ ᠳᠤ ᠣᠴᠢᠵᠤ ᠮᠦᠷᠳᠡᠨ ᠪᠠᠶᠢᠴᠠᠭᠠᠵᠤ ᠰᠤᠷᠪᠤᠯᠵᠢᠯᠠᠬᠤ ᠠᠵᠢᠯ ᠢ ᠰᠠᠶᠢᠲᠤᠷ ᠬᠢᠯᠭᠡᠬᠦ ᠪᠠᠷ ᠮᠡᠳᠡᠭᠳᠡᠨ᠎ᠡ︔ ᠬᠦᠮᠦᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ ᠭᠤᠶᠤᠴᠢᠯᠠᠭᠰᠠᠨ ᠭᠡᠷ ᠲᠡᠭᠡᠨ ᠬᠤᠴᠤᠷᠤᠭᠰᠠᠨ ᠬᠡᠦᠬᠡᠳ ᠲᠤ ᠬᠦᠮᠦᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ ᠭᠤᠶᠤᠴᠢᠯᠠᠭᠴᠢ᠂ ᠭᠤᠶᠤᠴᠢᠯᠠᠭᠳᠠᠭᠴᠢ᠂ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠵᠢᠴᠢ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠳᠤ ᠬᠦᠷᠭᠡᠭᠰᠡᠨ ᠤ ᠳᠠᠷᠠᠭ᠎ᠠ᠂ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠵᠢᠴᠢ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠨᠢ ᠡᠷᠭᠡᠪᠰᠢ ᠬᠠᠮᠵᠢᠨ ᠬᠡᠷᠡᠭᠵᠢᠭᠦᠯᠦᠨ᠎ᠡ︔ ᠬᠠᠮᠵᠢᠨ ᠪᠠᠶᠢᠴᠠᠭᠠᠬᠤ ᠳᠤᠮᠳᠠ ᠴᠡᠭᠡᠷᠯᠡᠭᠦᠯᠵᠦ ᠰᠠᠨᠠᠭᠤᠯᠬᠤ ᠪᠢᠴᠢᠭ᠂ ᠬᠦᠮᠦᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠪᠠ ᠬᠡᠷᠡᠭᠵᠢᠭᠦᠯᠦᠭᠰᠡᠨ ᠦᠭᠡᠢ ᠪᠠᠶᠢᠬᠤ ᠶᠢ ᠮᠡᠳᠡᠪᠡᠯ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠴᠠᠭ ᠲᠣᠬᠠᠢ ᠳᠤᠨᠢ ᠮᠡᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠴᠠᠭ ᠲᠠᠭᠠᠨ ᠪᠦᠲᠦᠮᠵᠢᠲᠡᠢ ᠠᠪᠤᠷᠠᠨ ᠲᠤᠰᠠᠯᠠᠵᠤ ᠬᠠᠮᠠᠭᠠᠯᠠᠯᠲᠠ ᠬᠦᠷᠲᠡᠬᠦ ᠶᠢ ᠦᠨᠡᠨᠬᠦ ᠪᠠᠲᠤᠯᠠᠨ᠎ᠠ᠃      ᠲᠠᠪᠤ᠂ ᠢᠷᠡᠯᠲᠡ ᠠᠴᠠ ᠨᠢ ᠵᠠᠰᠠᠬᠤ ᠶᠢ ᠴᠢᠩᠭᠠᠳᠬᠠᠵᠤ᠂ ᠭᠡᠷ ᠲᠡᠭᠡᠨ ᠬᠤᠴᠤᠷᠬᠤ ᠪᠠᠶᠢᠳᠠᠯ ᠢ ᠪᠠᠭᠠᠰᠬᠠᠬᠤ ᠶᠢᠨ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ᠎ᠠ      ᠡᠯ᠎ᠡ ᠭᠠᠵᠠᠷ ᠣᠷᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠦᠷᠨᠢᠭᠦᠯᠵᠦ᠂ ᠤᠳᠤᠬᠠᠨ ᠤ ᠪᠠᠶᠢᠢᠳᠠᠯ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠲᠤ ᠲᠤᠯᠭᠠᠷᠠᠵᠤ ᠪᠠᠶᠢᠭ᠎ᠠ ᠠᠰᠠᠷᠠᠨ ᠬᠠᠮᠠᠭᠠᠯᠠᠬᠤ ᠶᠠᠪᠤᠳᠠᠯ ᠳᠤᠳᠠᠭᠳᠠᠭᠰᠠᠨ᠂ ᠠᠰᠠᠷᠠᠨ ᠬᠠᠮᠠᠭᠠᠯᠠᠬᠤ ᠵᠣᠬᠢᠰ ᠦᠭᠡᠢ ᠪᠣᠯᠣᠭᠰᠠᠨ᠂ ᠠᠰᠠᠷᠠᠨ ᠬᠠᠮᠠᠭᠠᠯᠠᠬᠤ ᠶᠢ ᠬᠠᠯᠳᠠᠵᠦ ᠡᠪᠳᠡᠭᠰᠡᠨ ᠵᠡᠷᠭᠡ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠮᠦᠷᠲᠡᠭᠡᠨ ᠪᠠᠰᠠ ᠠᠯᠤᠰ ᠢ ᠪᠣᠳᠣᠯᠬᠢᠯᠠᠨ᠂ ᠬᠤᠲᠠ ᠬᠦᠳᠡᠭᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠵᠦ᠂ ᠬᠡᠦᠬᠡᠳ ᠤᠨ ᠭᠡᠷ ᠲᠡᠭᠡᠨ ᠬᠤᠴᠤᠷᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃      ︵ᠨᠢᠭᠡ︶ ᠮᠠᠯᠵᠢᠨ ᠲᠠᠷᠢᠶᠠᠴᠢᠨ ᠬᠦᠴᠦ ᠶᠠᠪᠤᠭᠰᠠᠳ ᠤᠨ ᠬᠤᠲᠠ ᠶᠢᠨ ᠠᠷᠠᠳ ᠪᠣᠯᠬᠤ ᠪᠠ ᠦᠷ᠎ᠡ ᠬᠡᠦᠬᠡᠳ ᠤᠨ ᠬᠢᠨ ᠲᠤᠰ ᠭᠠᠵᠠᠷ ᠲᠤᠨᠢ ᠰᠤᠷᠭᠠᠭᠤᠯᠢ ᠳᠤ ᠣᠷᠤᠬᠤ ᠠᠬᠢᠴᠠ ᠶᠢ ᠲᠦᠷᠭᠡᠳᠭᠡᠨ᠎ᠡ᠃      ᠡᠯ᠎ᠡ ᠭᠠᠵᠠᠷ ᠣᠷᠣᠨ ᠨᠤᠭᠤᠳ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠯᠵᠢᠨ ᠲᠠᠷᠢᠶᠠᠴᠢᠨ ᠬᠦᠴᠦ ᠶᠠᠪᠤᠭᠰᠠᠳ ᠤᠨ ᠦᠷ᠎ᠡ ᠬᠡᠦᠬᠡᠳ ᠢᠶᠠᠨ ᠠᠪᠴᠤ ᠬᠤᠲᠠ ᠣᠷᠤᠵᠤ ᠰᠠᠭᠤᠷᠢᠰᠢᠬᠤ ᠶᠢ ᠳᠡᠮᠵᠢᠨ ᠬᠠᠪᠰᠤᠷᠴᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠷ᠎ᠡ ᠬᠡᠦᠬᠡᠳ ᠲᠤ ᠰᠤᠷᠭᠠᠭᠤᠯᠢ ᠳᠤ ᠣᠷᠤᠬᠤ᠂ ᠡᠮᠴᠢᠯᠡᠭᠡ ᠡᠷᠡᠭᠦᠯ ᠬᠠᠮᠠᠭᠠᠯᠠᠯ᠂ ᠨᠡᠶᠢᠭᠡᠮ ᠤᠨ ᠠᠰᠠᠷᠠᠮᠵᠢ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠬᠤᠲᠠ ᠶᠢᠨ ᠰᠠᠭᠤᠭᠠᠯᠢ ᠠᠷᠠᠳ ᠯᠤᠭ᠎ᠠ ᠠᠳᠠᠯᠢᠬᠠᠨ ᠣᠯᠭᠤᠮᠵᠢ ᠬᠦᠷᠲᠡᠭᠡᠨ᠂ ᠲᠡᠳᠡᠨ ᠤ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠢᠶᠠᠨ ᠬᠠᠷᠠᠭᠠᠯᠵᠠᠨ ᠬᠠᠮᠠᠭᠠᠯᠠᠵᠤ ᠠᠰᠠᠷᠠᠬᠤ ᠳᠤ ᠨᠡᠩ ᠰᠠᠶᠢᠨ ᠨᠦᠬᠦᠴᠡᠯ ᠡᠭᠦᠳᠴᠦ ᠥᠭᠭᠦᠨ᠎ᠡ᠃ ᠳᠤᠲᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠤᠳ ᠬᠤᠲᠠ ᠪᠠᠯᠭᠠᠰᠤ ᠳᠤ ᠠᠵᠢᠯ ᠣᠯᠵᠤ ᠰᠠᠭᠤᠷᠢᠰᠢᠨ ᠰᠠᠭᠤᠭᠰᠠᠨ ᠴᠠᠭ ᠨᠢ ᠤᠷᠲᠤ ᠪᠠ ᠪᠦᠬᠦ ᠭᠡᠷ ᠢᠶᠠᠷ ᠢᠶᠠᠨ ᠨᠡᠭᠦᠨ ᠰᠢᠯᠵᠢᠭᠰᠡᠨ ᠲᠠᠷᠢᠶᠠᠯᠠᠩ ᠮᠠᠯ ᠠᠵᠤ ᠠᠬᠤᠢ ᠶᠢᠨ ᠨᠡᠭᠦᠨ ᠰᠢᠯᠵᠢᠭᠰᠡᠨ ᠬᠦᠮᠦᠨ ᠠᠮᠠ ᠶᠢᠨ ᠡᠷᠦᠬᠡ ᠠᠮᠠ ᠣᠷᠤᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠷᠦᠬᠡ ᠠᠮᠠ ᠣᠷᠤᠬᠤ ᠨᠦᠬᠦᠴᠡᠯ ᠳᠤ ᠨᠡᠶᠢᠴᠡᠪᠡᠯ ᠲᠡᠳᠡᠨ ᠤ ᠲᠤᠰ ᠬᠦᠮᠦᠨ ᠵᠢᠴᠢ ᠭᠡᠷ ᠪᠦᠯᠢ ᠶᠢᠨ ᠡᠷᠦᠬᠡ ᠠᠮᠠ ᠣᠷᠤᠬᠤ ᠶᠢ ᠡᠮᠬᠢ ᠵᠢᠷᠤᠮ ᠲᠠᠢ ᠠᠬᠢᠭᠤᠯᠤᠨ᠎ᠠ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠤᠳ ᠣᠷᠣᠨ ᠰᠠᠭᠤᠴᠠ ᠶᠢᠨ ᠪᠠᠲᠤᠯᠠᠭ᠎ᠠ ᠶᠢᠨ ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠭᠡᠷ ᠪᠦᠯᠢ ᠶᠢ ᠲᠣᠬᠠᠢ ᠶᠢᠨ ᠭᠠᠵᠠᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ ᠣᠷᠤᠭᠤᠯᠵᠤ᠂ ᠭᠡᠷ ᠲᠤᠬᠢᠷᠠᠭᠤᠯᠬᠤ ᠪᠠᠷ ᠣᠯᠠᠨ ᠨᠡᠶᠢᠲᠡ ᠶᠢᠨ ᠳᠦᠷᠢᠶᠡᠰᠦᠯᠡᠬᠦ ᠣᠷᠣᠨ ᠰᠠᠭᠤᠴᠠ ᠶᠢ ᠬᠠᠪᠰᠤᠷᠭᠠᠨ ᠳᠦᠷᠢᠶᠡᠰᠦᠯᠡᠬᠦ ᠪᠣᠶᠣ ᠳᠦᠷᠢᠶᠡᠰᠦᠯᠡᠬᠦ ᠨᠦᠬᠦᠪᠦᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠᠯᠵᠢᠨ ᠲᠠᠷᠢᠶᠠᠴᠢᠨ ᠬᠦᠴᠦ ᠶᠠᠪᠤᠭᠰᠠᠳ ᠤᠨ ᠭᠡᠷ ᠪᠦᠯᠢ ᠶᠢᠨ ᠦᠨᠳᠦᠰᠦᠨ ᠣᠷᠣᠰᠢᠨ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠎ᠡ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠲᠤ ᠨᠡᠶᠢᠳᠡᠮ ᠴᠢᠯᠦᠭᠡᠲᠡᠢ ᠨᠡᠭᠡᠭᠡᠯᠭᠡᠵᠦ᠂ ᠵᠠᠰᠠᠭ ᠤᠨ ᠣᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠶᠢ ᠳᠡᠮᠵᠢᠵᠦ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠳᠤ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠪᠡᠶᠡᠯᠡᠭᠦᠯᠵᠦ᠂ ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠷ᠎ᠡ ᠬᠡᠦᠬᠡᠳ ᠨᠢ ᠣᠴᠢᠭᠰᠠᠨ ᠭᠠᠵᠠᠷ ᠲᠠᠭᠠᠨ ᠦᠨᠳᠦᠷ ᠳᠤᠮᠳᠠᠳᠦ ᠰᠤᠷᠭᠠᠭᠤᠯᠢ ᠳᠤ ᠤᠷᠤᠬᠤ ᠰᠢᠯᠭᠠᠯᠲᠠ᠂ ᠦᠨᠳᠦᠷ ᠳᠤᠮᠳᠠᠳᠤ ᠳᠡᠭᠡᠳᠦ ᠰᠤᠷᠭᠠᠭᠤᠯᠢ ᠳᠤ ᠤᠷᠤᠬᠤ ᠰᠢᠯᠭᠠᠯᠲᠠ ᠳᠤ ᠣᠷᠤᠯᠴᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠬᠦᠮᠦᠨ ᠬᠡᠷᠡᠭᠯᠡᠬᠦ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠲᠤᠰᠬᠠᠢ ᠠᠵᠢᠯᠯᠠᠭᠴᠢ᠂ ᠰᠠᠶᠢᠨ ᠳᠤᠷᠠᠴᠤᠳ ᠤᠨ ᠡᠩᠨᠡᠭᠡ ᠵᠡᠷᠭᠡ ᠨᠡᠶᠢᠭᠡᠮ ᠤᠨ ᠬᠦᠴᠦᠨ ᠨᠦᠭᠦᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠢᠶᠠᠨ ᠠᠰᠠᠷᠠᠨ ᠬᠠᠷᠠᠭᠠᠯᠵᠠᠬᠤ ᠳᠤ ᠳᠦᠭᠦᠮ ᠨᠦᠬᠦᠴᠡᠯ ᠪᠠ ᠨᠡᠩ ᠣᠯᠠᠨ ᠬᠠᠪᠰᠤᠷᠤᠯᠭ᠎ᠠ ᠶᠢ ᠬᠠᠩᠭᠠᠵᠦ ᠦᠭᠬᠦ ᠭᠡᠷᠡᠭᠲᠡᠢ᠃      ︵ᠬᠤᠶᠠᠷ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠨ ᠠᠵᠢᠯ ᠣᠯᠬᠤ ᠶᠢ ᠢᠳᠡᠪᠬᠢᠲᠡᠢ ᠬᠦᠲᠦᠯᠦᠨ ᠵᠢᠯᠤᠭᠤᠳᠴᠤ ᠲᠡᠳᠭᠦᠨ ᠳᠡᠮᠵᠢᠨ᠎ᠡ᠃      ᠡᠯ᠎ᠡ ᠭᠠᠵᠠᠷ ᠣᠷᠣᠨ ᠨᠤᠭᠤᠳ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠬᠡᠪᠡᠷ ᠬᠦᠭᠵᠢᠭᠦᠯᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠨ ᠠᠵᠢᠯ ᠣᠯᠭᠤᠬᠤ ᠶᠢ ᠳᠡᠮᠵᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠂ ᠣᠷᠣᠨ ᠨᠣᠲᠤᠭ ᠤᠨ ᠳᠠᠪᠠᠭᠤᠯᠢᠭ ᠠᠵᠤ ᠦᠢᠯᠡᠰ ᠪᠣᠯᠣᠨ ᠣᠨᠴᠠᠯᠢᠭᠲᠤ ᠠᠵᠤ ᠠᠬᠤᠢ ᠶᠢ ᠲᠦᠷᠭᠡᠳᠭᠡᠨ ᠬᠥᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠲᠤᠰ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠠᠬᠢᠭᠤᠯᠤᠨ᠂ ᠬᠡᠦᠬᠡᠳ ᠤᠨ ᠭᠡᠷ ᠲᠡᠭᠡᠨ ᠬᠤᠴᠤᠷᠬᠤ ᠦᠵᠡᠭᠳᠡᠯ ᠢ ᠢᠷᠡᠯᠲᠡ ᠠᠴᠠ ᠨᠢ ᠪᠠᠭᠠᠰᠬᠠᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠵᠢᠯ ᠣᠯᠵᠣ ᠠᠳᠠᠯ ᠦᠢᠯᠡᠰ ᠴᠤᠭᠴᠠᠯᠠᠬᠤ ᠲᠥᠷᠥ ᠶᠢᠨ ᠪᠣᠳᠤᠯᠭ᠎ᠠ ᠶᠢ ᠥᠷᠭᠡᠨ ᠳᠡᠯᠭᠡᠷ ᠢᠶᠠᠷ ᠤᠬᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦᠨ ᠳᠤ ᠠᠵᠢᠯ ᠣᠯᠭᠤᠵᠣ ᠠᠳᠠᠯ ᠦᠢᠯᠡᠰ ᠴᠤᠭᠴᠠᠯᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠣᠶᠢᠷ᠎ᠠ ᠬᠠᠪᠢ ᠳᠠᠭᠠᠨ ᠲᠣᠬᠠᠢ ᠶᠢᠨ ᠭᠠᠵᠠᠷ ᠲᠠᠭᠠᠨ ᠠᠵᠢᠯ ᠣᠯᠬᠤ ᠬᠦᠰᠡᠯ ᠡᠷᠡᠮᠡᠯᠵᠡᠯ ᠲᠠᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠵᠢᠯ ᠣᠯᠭᠤᠬᠤ ᠵᠢᠯᠤᠭᠤᠳᠤᠯᠭ᠎ᠠ᠂ ᠠᠵᠢᠯᠲᠠᠨ ᠬᠡᠷᠡᠭᠯᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠵᠡᠷᠭᠡ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠴᠢᠭᠯᠡᠭᠦᠯᠬᠦ ᠴᠢᠨᠠᠷᠲᠠᠢ ᠪᠠᠷ ᠬᠠᠩᠭᠠᠨ᠎ᠠ︔ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠰᠡᠯ ᠡᠷᠡᠮᠡᠯᠵᠡᠯ ᠲᠠᠢ ᠪᠦᠭᠡᠳ ᠴᠢᠳᠠᠪᠤᠷᠢ ᠲᠠᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠲᠥᠷᠥ ᠶᠢᠨ ᠪᠣᠳᠣᠯᠭ᠎ᠠ ᠶᠣᠰᠤᠭᠠᠷ ᠠᠳᠠᠯ ᠦᠢᠯᠡᠰ ᠴᠤᠭᠴᠠᠯᠠᠬᠤ ᠵᠢᠯᠤᠭᠤᠳᠤᠯᠭ᠎ᠠ᠂ ᠠᠳᠠᠯ ᠦᠢᠯᠡᠰ ᠴᠤᠭᠴᠠᠯᠠᠬᠤ ᠮᠡᠳᠡᠭᠡ ᠵᠠᠩᠭᠢ ᠪᠠ ᠠᠳᠠᠯ ᠦᠢᠯᠡᠰ ᠴᠤᠭᠴᠠᠯᠠᠬᠤ ᠳᠠᠭᠠᠭᠠᠯᠲᠠ ᠲᠠᠢ ᠵᠢᠭᠡᠯᠡᠯᠭᠡ ᠵᠡᠷᠭᠡ ᠠᠳᠠᠯ ᠦᠢᠯᠡᠰ ᠴᠤᠭᠴᠠᠯᠠᠬᠤ ᠦᠢᠯᠡᠴᠢᠯᠡᠭᠡ ᠶᠢ ᠢᠳᠡᠪᠬᠢᠲᠡᠢ ᠪᠠᠷ ᠬᠠᠩᠭᠠᠨ᠎ᠠ︔ ᠲᠣᠬᠠᠢ ᠶᠢᠨ ᠭᠠᠵᠠᠷ ᠤᠨ ᠠᠵᠢᠯ ᠦᠢᠯᠡᠰ ᠴᠤᠭᠴᠠᠯᠠᠬᠤ ᠨᠡᠪᠴᠢᠭᠦᠯᠦᠭᠦᠷ ᠤᠨ ᠬᠦᠷᠢᠶᠡᠯᠡᠩ ᠲᠣᠭᠤᠷᠢᠭ ᠲᠤ ᠣᠷᠤᠵᠤ ᠰᠠᠭᠤᠭᠰᠠᠨ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠠᠴᠠ ᠨᠡᠪᠴᠢᠭᠦᠯᠦᠭᠦᠷ ᠤᠨ ᠬᠤᠭᠤᠴᠠᠭᠠᠨ ᠳᠤᠲᠤᠷ᠎ᠠ ᠳᠦᠷᠢᠶᠡᠰᠦ᠂ ᠤᠰᠤ ᠴᠠᠬᠢᠯᠭᠠᠨ ᠤ ᠵᠠᠷᠤᠳᠠᠯ᠂ ᠠᠳᠠᠯ ᠠᠬᠤᠢ ᠶᠢᠨ ᠵᠠᠷᠤᠳᠠᠯ᠂ ᠳᠤᠯᠠᠭᠠᠯᠠᠭ᠎ᠠ ᠶᠢᠨ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠦᠨ᠎ᠡ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠦᠴᠢᠷ ᠤᠳ ᠡᠳ᠋ ᠤᠨ ᠵᠠᠰᠠᠭ᠂ ᠮᠦᠩᠭᠦᠨ ᠭᠦᠢᠯᠭᠡᠭᠡᠨ ᠵᠡᠷᠭᠡ ᠬᠠᠷᠠᠭᠠᠯᠵᠠᠯ ᠦᠵᠡᠭᠦᠯᠦᠨ ᠲᠡᠳᠭᠦᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠠᠨᠳᠤᠯᠭᠠᠲᠤ ᠴᠢᠨᠠᠷ ᠲᠠᠢ ᠪᠠᠷ ᠭᠠᠶᠢᠯᠢ ᠬᠦᠩᠭᠡᠯᠡᠬᠦ ᠪᠠ ᠨᠡᠶᠢᠳᠡᠮ ᠴᠢᠨᠠᠷᠲᠠᠢ ᠪᠠᠷ ᠵᠠᠷᠤᠳᠠᠯ ᠢ ᠪᠠᠭᠤᠷᠠᠭᠤᠯᠬᠤ ᠲᠥᠷᠥ ᠶᠢᠨ ᠪᠣᠳᠤᠯᠭ᠎ᠠ ᠶᠢ ᠬᠠᠤᠯᠢ ᠶᠤᠰᠤᠭᠠᠷ ᠨᠠᠶᠢᠳᠠᠪᠤᠷᠢᠵᠢᠭᠤᠯᠤᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠶᠢ ᠨᠢ ᠪᠡᠯᠡ ᠮᠦᠩᠭᠦ ᠪᠠᠷ ᠲᠡᠳᠭᠦᠬᠦ ᠡᠷᠴᠢᠮ ᠢ ᠴᠢᠩᠭᠠᠷᠠᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠪᠠᠷᠢᠮᠵᠢᠶ᠎ᠠ ᠶᠢ ᠪᠠᠭᠤᠷᠠᠭᠤᠯᠤᠨ᠎ᠠ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠪᠦᠲᠦᠮᠵᠢᠲᠡᠢ ᠠᠷᠭ᠎ᠠ ᠮᠠᠶ᠋ᠢᠭ ᠠᠪᠴᠤ ᠪᠠᠶᠢᠭᠠᠳ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠭᠴᠢᠳ ᠲᠤ ᠪᠦᠬᠦ ᠲᠠᠯ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠨ᠎ᠠ᠃      ᠵᠢᠷᠭᠤᠭ᠎ᠠ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ      ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠨᠢ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ ᠂ ᠡᠭᠦᠷᠭᠡ ᠬᠦᠨᠳᠦ ᠪᠠᠶᠢᠳᠠᠭ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠪᠠᠢ ᠵᠣᠬᠢᠶᠠᠨ ᠪᠠᠶᠢᠭᠤᠯᠤᠨ᠂ ᠨᠢᠭᠲᠠ ᠪᠠᠶᠢᠷᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃      ︵ᠨᠢᠭᠡ︶ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃      ᠡᠯ᠎ᠡ ᠭᠠᠵᠠᠷ ᠣᠷᠣᠨ ᠨᠤᠭᠤᠳ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ ᠤᠨ ᠣᠷᠳᠤᠨ ᠠᠴᠠ ᠤᠳᠤᠷᠢᠳᠴᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠠᠴᠠ ᠥᠷᠭᠡᠨ ᠳᠡᠯᠭᠡᠷ ᠢᠶᠠᠷ ᠣᠷᠤᠯᠴᠠᠭᠰᠠᠨ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠤᠳᠤᠷᠢᠳᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠣᠬᠠᠢ ᠳᠤᠨᠢ ᠰᠤᠳᠤᠯᠤᠨ ᠰᠢᠢᠳᠪᠦᠷᠢᠯᠡᠨ᠎ᠡ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢᠶᠠᠨ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠪᠦᠬᠦ ᠪᠠᠶᠢᠳᠠᠯ ᠳᠤ ᠣᠷᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽13 · 5︾᠎ ᠶᠢᠨ ᠲᠦᠯᠦᠪᠵᠢᠭᠦᠯᠭᠡ ᠳᠤ ᠵᠢᠭᠰᠠᠭᠠᠨ ᠣᠷᠤᠭᠤᠯᠵᠤ᠂ ᠭᠤᠣᠯ ᠬᠠᠷᠢᠭᠤᠴᠠᠵᠤ ᠪᠠᠶᠢᠭ᠎ᠠ ᠨᠦᠬᠦᠳ ᠪᠡᠶ᠎ᠡ ᠪᠠᠷ ᠢᠶᠠᠨ ᠠᠰᠠᠭᠤᠨ ᠯᠠᠪᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠨᠦᠬᠦᠳ ᠪᠣᠲᠠᠲᠠᠢ ᠪᠠᠶᠢᠷᠢᠯᠠᠭᠤᠯᠤᠨ᠂ ᠨᠢᠭᠡ ᠱᠠᠲᠤ ᠨᠢ ᠨᠢᠭᠡ ᠱᠠᠲᠤ ᠪᠠᠨ ᠱᠠᠭᠠᠷᠳᠠᠵᠦ᠂ ᠳᠡᠰ ᠳᠡᠰ ᠢᠶᠠᠷ ᠨᠠᠶᠢᠳᠠᠪᠤᠷᠢᠵᠢᠭᠤᠯᠤᠨ᠎ᠠ᠃ ᠠᠷᠠᠳ ᠤᠨ ᠶᠠᠪᠤᠳᠠᠯ᠂ ᠳᠤᠲᠤᠭᠠᠲᠤ ᠶᠢ ᠬᠠᠮᠠᠭᠠᠯᠠᠬᠤ᠂ ᠰᠤᠷᠭᠠᠨ ᠬᠦᠮᠦᠵᠢᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠦᠴᠢᠷ ᠤᠳ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠪᠠ ᠵᠢᠯᠤᠭᠤᠳᠬᠤ ᠪᠠᠨ ᠴᠢᠩᠭᠠᠳᠬᠠᠨ᠂ ᠣᠨᠴᠤᠭᠤᠢ ᠵᠠᠷᠢᠮ ᠬᠡᠷᠡᠭ ᠢ ᠰᠢᠢᠳᠪᠦᠷᠢᠯᠡᠬᠦ ᠶᠢᠨ ᠲᠣᠭᠤᠷᠢᠨ ᠳᠤ ᠦᠵᠡᠭᠦᠯᠪᠡᠰᠦ ᠵᠣᠬᠢᠬᠤ ᠦᠢᠯᠡᠳᠦᠯ ᠢᠶᠠᠨ ᠪᠠᠳᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠭᠡᠷ ᠲᠡᠭᠡᠨ ᠬᠤᠴᠤᠷᠤᠭᠰᠠᠨ ᠬᠡᠦᠬᠡᠳ ᠢ ᠪᠠᠭᠲᠠᠭᠠᠭᠰᠠᠨ ᠨᠠᠰᠤᠨ ᠳᠤ ᠦᠯᠦ ᠬᠦᠷᠦᠭᠰᠡᠳ ᠤᠨ ᠣᠨᠴᠤᠭᠤᠢ ᠬᠡᠷᠡᠭ ᠢ ᠰᠢᠢᠳᠪᠦᠷᠢᠯᠡᠬᠦ ᠶᠢ ᠡᠮᠬᠢᠯᠡᠬᠦ ᠪᠠ ᠳ᠋ᠦ᠋ᠶᠢᠩᠨᠡᠬᠦ ᠪᠠᠨ ᠠᠩᠬᠠᠷᠴᠤ᠂ ᠠᠷᠭᠠᠴᠠᠬᠤ ᠵᠢᠮ᠎ᠡ ᠶᠤᠰᠣ ᠶᠢ ᠡᠷᠢᠯᠬᠢᠯᠡᠨ᠂ ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠵᠤ᠂ ᠠᠵᠢᠯ ᠤᠨ ᠲᠣᠷᠰᠢᠯᠭ᠎ᠠ ᠪᠠᠨ ᠳ᠋ᠦ᠋ᠶᠢᠩᠨᠡᠨ᠂ ᠠᠵᠢᠯ ᠤᠨ ᠨᠡᠶᠢᠯᠡᠮᠡᠯ ᠬᠦᠴᠦᠨ ᠢ ᠪᠣᠢ ᠪᠣᠯᠭᠠᠨ᠎ᠠ᠃      ︵ᠬᠤᠶᠠᠷ︶ ᠪᠠᠶᠢᠴᠠᠭᠠᠵᠤ ᠣᠶᠢᠯᠠᠭᠠᠨ ᠵᠢᠭᠰᠠᠭᠠᠵᠤ᠂ ᠲᠦᠢᠯ ᠤᠨ ᠣᠨᠣᠪᠴᠢᠲᠠᠢ ᠪᠠᠷ ᠬᠠᠪᠰᠤᠷᠤᠨ ᠲᠡᠳᠭᠦᠬᠦ ᠶᠢ ᠪᠡᠶᠡᠯᠡᠭᠦᠯᠦᠨ᠎ᠡ᠃      ᠲᠤᠰ ᠰᠠᠨᠠᠯ ᠪᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠦᠷᠨᠢᠭᠦᠯᠬᠦ ᠶᠢᠨ ᠬᠡᠷᠡᠭᠵᠢᠭᠦᠯᠬᠦ ᠲᠦᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠭᠠᠵᠠᠷ ᠣᠷᠣᠨ ᠨᠤᠭᠤᠳ ᠲᠣᠬᠠᠢ ᠶᠢᠨ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠪᠠ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠬᠦᠴᠢᠷᠳᠡᠯ ᠲᠠᠢ ᠣᠷᠴᠢᠨ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠦᠨᠡᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠬᠢᠨᠠᠮᠠᠭᠠᠢ ᠵᠣᠬᠢᠶᠠᠨ ᠪᠠᠶᠢᠭᠤᠯᠤᠨ ᠦᠷᠨᠢᠭᠦᠯᠵᠦ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠬᠦᠴᠢᠷᠳᠡᠯ ᠲᠠᠢ ᠣᠷᠴᠢᠨ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ᠂ ᠨᠢᠭᠡ ᠬᠦᠮᠦᠨ ᠳᠤ ᠨᠢᠭᠡ ᠳᠠᠩᠰᠠ ᠡᠪᠬᠡᠮᠡᠯ ᠲᠠᠢ ᠬᠦᠳᠡᠯᠦᠩᠭᠦᠢ ᠲᠤᠭ᠎ᠠ ᠪᠦᠷᠢᠳᠭᠡᠯ ᠤᠨ ᠡᠬᠡ ᠳᠠᠩᠰᠠ ᠶᠢ ᠪᠠᠶᠢᠭᠤᠯᠤᠨ᠎ᠠ᠃ ᠰᠤᠷᠭᠠᠭᠤᠯᠢ ᠯᠤᠭ᠎ᠠ ᠬᠠᠮᠲᠤᠷᠠᠯᠴᠠᠵᠤ᠂ ᠪᠦᠬᠦ ᠣᠷᠣᠨ ᠤ ︽ᠭᠤᠷᠪᠠᠨ ᠵᠦᠢᠯ ᠤᠨ ᠭᠡᠷ ᠲᠡᠭᠡᠨ ᠬᠤᠴᠤᠷᠤᠭᠰᠠᠨ︾ ᠬᠦᠮᠦᠰ ︵ᠭᠡᠷ ᠲᠡᠭᠡᠨ ᠬᠤᠴᠤᠷᠤᠭᠰᠠᠨ ᠬᠡᠦᠬᠡᠳ᠂ ᠭᠡᠷ ᠲᠡᠭᠡᠨ ᠬᠤᠴᠤᠷᠤᠭᠰᠠᠨ ᠡᠮᠡᠭᠲᠡᠶᠢᠴᠦᠳ᠂ ᠭᠡᠷ ᠲᠡᠭᠡᠨ ᠬᠤᠴᠤᠷᠤᠭᠰᠠᠨ ᠨᠠᠰᠤᠲᠠᠶᠢᠴᠤᠳ︶ ᠪᠠ ᠬᠦᠴᠢᠷᠳᠡᠯ ᠲᠠᠢ ᠣᠷᠴᠢᠨ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠦᠨᠡᠨ ᠪᠠᠶᠢᠳᠠᠯ ᠢ ᠣᠶᠢᠯᠠᠭᠠᠨ ᠵᠢᠭᠰᠠᠭᠠᠬᠤ ᠠᠵᠢᠯ ᠳᠤ ᠲᠦᠰᠢᠭᠯᠡᠨ᠂ ᠪᠠᠶᠢᠴᠠᠭᠠᠯᠲᠠ ᠬᠢᠵᠦ ᠵᠠᠳᠠᠯᠤᠨ ᠰᠤᠳᠤᠯᠵᠤ᠂ ᠲᠦᠢᠯ ᠤᠨ ᠣᠨᠣᠪᠴᠢᠲᠠᠢ ᠪᠠᠷ ᠬᠠᠪᠰᠤᠷᠤᠨ ᠲᠡᠳᠭᠦᠬᠦ ᠶᠢ ᠬᠡᠷᠡᠭᠵᠢᠭᠦᠯᠬᠦ ᠳᠤ ᠬᠦᠴᠦᠲᠡᠢ ᠳᠡᠮᠵᠢᠯᠭᠡ ᠶᠢ ᠬᠠᠩᠭᠠᠨ᠎ᠠ᠃      ︵ᠭᠤᠷᠪᠠ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠵᠠᠰᠠᠭ ᠤᠨ ᠣᠷᠳᠤᠨ᠂ ᠵᠠᠬ᠎ᠠ ᠳᠡᠯᠭᠡᠭᠦᠷ᠂ ᠨᠡᠶᠢᠭᠡᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠪᠤᠷᠠᠨ ᠲᠤᠰᠠᠯᠠᠵᠤ ᠬᠠᠮᠢᠶᠠᠷᠬᠤ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ ᠶᠢᠨ ᠲᠠᠯᠠᠪᠠᠢ ᠭᠠᠵᠠᠷ ᠤᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠡᠯᠡᠳᠭᠡᠮᠵᠢ᠂ ᠵᠠᠯᠠᠭᠤᠴᠤᠳ ᠤᠨ ᠦᠢᠯᠡᠴᠢᠯᠡᠭᠡᠨ ᠤ ᠪᠡᠯᠡᠳᠭᠡᠮᠵᠢ᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠪᠡᠯᠡᠳᠭᠡᠮᠵᠢ ᠵᠡᠷᠭᠡ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠠᠢ ᠭᠠᠵᠠᠷ ᠢ ᠨᠢᠭᠡᠲᠦᠯᠲᠡᠢ ᠲᠦᠯᠦᠪᠯᠡᠨ ᠠᠰᠢᠭᠯᠠᠵᠤ᠂ ᠪᠠᠴᠢᠮ ᠬᠤᠷᠭᠤᠳᠠᠬᠤ ᠲᠠᠯᠠᠪᠠᠢ ᠭᠠᠵᠠᠷ ᠢ ᠬᠠᠩᠭᠠᠨ᠎ᠠ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠰᠤᠷᠭᠠᠭᠤᠯᠢ ᠳᠤ ᠣᠷᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠣᠳᠣ ᠶᠢᠨ ᠪᠠᠶᠢᠭ᠎ᠠ ᠣᠯᠠᠨ ᠨᠡᠶᠢᠲᠡ ᠶᠢᠨ ᠪᠡᠯᠡᠳᠭᠡᠮᠵᠢ ᠶᠢ ᠠᠰᠢᠭᠯᠠᠨ ᠨᠡᠶᠢᠭᠡᠮ ᠤᠨ ᠠᠵᠢᠯ ᠤᠨ ᠪᠠᠶᠢᠭᠤᠯᠤᠮᠵᠢ᠂ ᠰᠠᠶᠢᠨ ᠳᠤᠷᠠᠴᠤᠳ ᠤᠨ ᠦᠢᠯᠡᠳᠦᠯ ᠢ ᠪᠠᠳᠠᠷᠠᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠢ ᠨᠠᠶᠢᠳᠠᠵᠤ ᠬᠠᠮᠢᠶᠠᠷᠤᠭᠤᠯᠬᠤ ᠳᠤ ᠦᠢᠯᠡᠴᠢᠯᠡᠭᠡ ᠬᠠᠩᠭᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠵᠠᠷᠤᠯᠭ᠎ᠠ ᠶᠢᠨ ᠪᠦᠲᠦᠴᠡ ᠶᠢ ᠢᠳᠡᠪᠬᠢᠲᠡᠢ ᠰᠢᠯᠢᠳᠡᠭᠵᠢᠭᠦᠯᠦᠨ ᠲᠣᠬᠢᠷᠠᠭᠤᠯᠵᠤ᠂ ᠣᠯᠠᠨ ᠵᠠᠮ ᠮᠥᠷ ᠢᠶᠠᠷ ᠪᠡᠯᠡ ᠮᠦᠩᠭᠦ ᠴᠤᠭᠯᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢᠶᠠᠨ ᠰᠠᠶᠢᠢᠲᠦᠷ ᠬᠢᠬᠦ ᠶᠢ ᠳᠡᠮᠵᠢᠨ᠎ᠡ︔ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠳᠡᠪᠬᠢᠲᠠᠢ ᠰᠦᠪᠡᠭᠴᠢᠯᠠᠵᠦ ᠪᠠᠶᠢᠢᠭᠠᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠮᠠᠭᠠᠯᠠᠬᠤ ᠠᠵᠢᠯ ᠢ ᠠᠬᠢᠭᠤᠯᠤᠨ᠎ᠡ︔ ᠲᠥᠪ ᠤᠨ ᠡᠳ᠋ ᠤᠨ ᠵᠠᠰᠠᠭ ᠤᠨ ᠲᠤᠰᠠᠯᠠᠮᠵᠢ ᠶᠢᠨ ᠮᠦᠩᠭᠦ ᠶᠢ ᠵᠦᠢ ᠵᠣᠬᠢᠰᠲᠠᠢ ᠬᠡᠷᠡᠭᠯᠡᠵᠦ᠂ ᠬᠢᠨᠠᠨ ᠬᠠᠮᠢᠶᠠᠷᠬᠤ ᠪᠠ ᠦᠨᠡᠯᠡᠨ ᠵᠢᠱᠢᠬᠦ ᠶᠢ ᠴᠢᠩᠭᠠᠳᠬᠠᠨ᠎ᠠ︔ ᠨᠡᠶᠢᠭᠡᠮ ᠤᠨ ᠪᠡᠯᠡ ᠮᠦᠩᠭᠦ ᠶᠢ ᠬᠦᠲᠦᠯᠦᠨ ᠵᠢᠯᠤᠭᠤᠳᠴᠤ ᠣᠷᠤᠭᠤᠯᠬᠤ ᠶᠢ ᠴᠢᠬᠤᠯᠠᠴᠢᠯᠠᠵᠤ᠂ ᠠᠵᠢᠯ ᠢᠶᠠᠨ ᠦᠷᠨᠢᠭᠦᠯᠬᠦ ᠳᠤ ᠬᠦᠴᠦᠲᠡᠢ ᠲᠤᠯᠭᠠᠭᠤᠷᠢᠯᠠᠯ ᠢ ᠬᠠᠩᠭᠠᠨ᠎ᠠ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠳ ᠢ ᠭᠦᠢᠴᠡᠳ ᠪᠦᠭᠡᠳ ᠴᠢᠩᠭ᠎ᠠ ᠲᠣᠬᠢᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠲᠣᠬᠢᠷᠠᠭᠤᠯᠬᠤ ᠂ ᠨᠡᠶᠢᠭᠡᠮ ᠤᠨ ᠲᠤᠰᠬᠠᠢ ᠠᠵᠢᠯᠲᠠᠨ ᠢ ᠤᠷᠢᠬᠤ᠂ ᠰᠠᠶᠢᠨ ᠳᠤᠷᠠᠴᠤᠳ ᠢ ᠤᠷᠤᠭᠤᠯᠤᠨ ᠠᠮᠢᠳᠤᠯᠢᠭ ᠢᠶᠠᠷ ᠬᠡᠷᠡᠭᠯᠡᠬᠦ ᠵᠡᠷᠭᠡ ᠠᠷᠭ᠎ᠠ ᠵᠠᠮ ᠢᠶᠠᠷ ᠳᠠᠮᠵᠢᠨ᠂ ᠠᠪᠤᠷᠠᠨ ᠲᠤᠰᠠᠯᠠᠵᠤ ᠬᠠᠮᠢᠶᠠᠷᠬᠤ ᠪᠠ ᠠᠰᠠᠷᠠᠮᠵᠢ ᠶᠢᠨ ᠪᠠᠶᠢᠭᠤᠯᠤᠮᠵᠢ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠤ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠬᠦᠴᠦᠨ ᠢ ᠲᠡᠭᠦᠯᠳᠡᠷᠵᠢᠭᠦᠯᠦᠨ᠎ᠡ᠃      ︵ᠳᠥᠷᠪᠡ︶ ᠰᠢᠯᠭᠠᠨ ᠬᠢᠨᠠᠬᠤ ᠶᠢ ᠲᠡᠭᠦᠯᠳᠡᠷᠵᠢᠭᠦᠯᠵᠦ᠂ ᠤᠷᠮᠠᠰᠢᠭᠤᠯᠬᠤ ᠲᠣᠭᠲᠠᠴᠠ ᠶᠢ ᠴᠢᠩᠭᠠᠷᠠᠭᠤᠯᠤᠨ᠎ᠠ      ᠠᠵᠢᠯ ᠤᠨ ᠰᠢᠯᠭᠠᠨ ᠬᠢᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠭᠦᠷᠭᠡ ᠪᠠᠨ ᠬᠢᠨᠠᠮᠠᠭᠠᠢ ᠭᠦᠢᠴᠡᠳᠭᠡᠵᠦ᠂ ᠠᠵᠢᠯ ᠢᠶᠠᠨ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠵᠤ᠂ ᠦᠷ᠎ᠡ ᠪᠦᠲᠦᠮᠵᠢ ᠪᠠᠷ ᠮᠡᠳᠡᠭᠳᠡᠮ᠎ᠡ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠰᠠᠶᠢᠰᠢᠶᠠᠵᠤ ᠬᠦᠬᠢᠭᠦᠯᠦᠨ ᠱᠠᠩᠨᠠᠨ᠎ᠠ︔ ᠠᠵᠢᠯ ᠨᠢ ᠬᠦᠴᠦᠨ ᠦᠭᠡᠢ᠂ ᠠᠷᠭ᠎ᠠ ᠬᠡᠮᠵᠢᠶ᠎ᠡ ᠨᠢ ᠪᠤᠲᠠᠲᠠᠢ ᠪᠢᠰᠢ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠵᠤ᠂ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ᠂ ᠬᠤᠯᠪᠣᠭᠳᠠᠯ ᠪᠦᠬᠦᠢ ᠤᠳᠤᠷᠢᠳᠤᠯᠭ᠎ᠠ ᠪᠠ ᠬᠦᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠤᠪᠢ ᠨᠡᠮᠡᠷᠢ ᠪᠠᠷ ᠳᠣᠪᠤᠶᠢᠮ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠢ ᠵᠦᠢ ᠵᠣᠬᠢᠰᠲᠠᠢ ᠬᠦᠬᠢᠭᠦᠯᠦᠨ ᠱᠠᠩᠨᠠᠨ᠎ᠠ ᠃ ᠡᠭᠦᠨ ᠤ ᠬᠠᠮᠲᠤ᠂ ᠤᠷᠤᠭᠤᠯᠵᠦ ᠢᠷᠡᠭᠰᠡᠨ ᠨᠡᠶᠢᠭᠡᠮ ᠤᠨ ᠠᠵᠢᠯ ᠤᠨ ᠲᠤᠰᠬᠠᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠦᠨᠡᠯᠡᠨ ᠵᠢᠱᠢᠬᠦ ᠪᠠᠨ ᠴᠢᠩᠭᠠᠳᠬᠠᠵᠤ᠂ ᠦᠢᠯᠡᠴᠢᠯᠡᠬᠦ ᠦᠷᠢᠰᠦᠯᠳᠦᠬᠦ‍ ᠰᠢᠭᠰᠢᠭᠳᠡᠭᠦᠯᠬᠦ ᠲᠣᠭᠲᠠᠴᠠ ᠶᠢ ᠪᠠᠶᠢᠭᠤᠯᠤᠨ᠂ ᠬᠤᠪᠢ ᠨᠡᠮᠡᠷᠢ ᠪᠠᠷ ᠳᠤᠪᠤᠶᠢᠮ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠢ ᠵᠦᠢ ᠵᠣᠬᠢᠰᠲᠠᠢ ᠰᠠᠶᠢᠰᠢᠶᠠᠵᠤ ᠬᠦᠬᠢᠭᠦᠯᠦᠨ ᠱᠠᠩᠨᠠᠨ᠎ᠠ᠃      ︵ᠲᠠᠪᠤ︶ ᠤᠬᠠᠭᠤᠯᠭ᠎ᠠ ᠶᠢ ᠰᠠᠶᠢᠲᠤᠷ ᠠᠳᠬᠤᠵᠤ᠂ ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠤᠭᠤᠳᠬᠤ ᠶᠢ ᠰᠠᠶᠢᠲᠤᠷ ᠬᠢᠨ᠎ᠡ᠃      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠲᠥᠷᠥ ᠶᠢᠨ ᠪᠣᠳᠣᠯᠭ᠎ᠠ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠤᠬᠠᠭᠤᠯᠤᠨ ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠮᠠᠶ᠋ᠢᠭ ᠤᠨ ᠤᠬᠠᠭᠤᠯᠤᠯ ᠬᠦᠮᠦᠵᠢᠭᠦᠯᠦᠯ ᠤᠨ ᠠᠵᠢᠯᠯᠠᠭ᠎ᠠ ᠶᠢ ᠦᠷᠨᠢᠭᠦᠯᠦᠨ᠂ ᠭᠡᠷ ᠪᠦᠯᠢ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠵᠠᠰᠠᠭ ᠤᠨ ᠣᠷᠳᠤᠨ ᠢᠶᠠᠷ ᠭᠤᠣᠯᠯᠠᠭᠤᠯᠬᠤ᠂ ᠪᠦᠬᠦ ᠠᠷᠠᠳ ᠢᠶᠠᠷ ᠢᠶᠠᠨ ᠬᠠᠷᠠᠭᠠᠯᠵᠠᠨ ᠬᠠᠶᠢᠷᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ︔ ᠣᠯᠠᠨ ᠤ ᠪᠠᠶᠢᠳᠠᠯ ᠤᠨ ᠰᠡᠷᠡᠮᠵᠢᠯᠡᠭᠦᠯᠬᠦ ᠪᠠ ᠠᠷᠭᠠᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠤᠬᠠᠭᠠᠯᠢᠬ ᠢᠶᠠᠷ ᠬᠦᠲᠦᠯᠦᠨ ᠵᠢᠯᠤᠭᠤᠳᠴᠤ᠂ ᠨᠡᠶᠢᠭᠡᠮ ᠤᠨ ᠠᠩᠬᠠᠷᠤᠯ ᠳᠤ ᠴᠠᠭ ᠲᠣᠬᠠᠢ ᠳᠤᠨᠢ ᠲᠣᠬᠢᠲᠠᠢ ᠬᠠᠷᠢᠭᠤᠯᠲᠠ ᠥᠭᠭᠦᠨ᠎ᠡ᠃ ᠬᠠᠯᠠᠮᠵᠢᠯᠠᠨ ᠬᠠᠶᠢᠷᠠᠯᠠᠵᠤ ᠬᠠᠮᠠᠭᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠮᠡᠳᠡᠭᠡᠯᠡᠬᠦ ᠪᠠᠷ ᠳᠠᠮᠵᠢᠵᠤ᠂ ᠦᠯᠢᠭᠡᠷ ᠳᠠᠭᠤᠷᠢᠶᠠᠯ ᠤᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠬᠦᠲᠦᠯᠦᠨ ᠵᠢᠯᠤᠭᠤᠳᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠳᠤ ᠢᠳᠡᠪᠬᠢᠲᠡᠢ ᠣᠷᠤᠯᠴᠠᠭᠤᠯᠤᠨ᠎ᠠ᠃      ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶᠢᠢᠭ᠎ᠠ ᠪᠤᠯᠬᠤᠷ᠂ ᠡᠯ᠎ᠡ ᠭᠠᠵᠠᠷ ᠣᠷᠣᠨ ᠨᠤᠭᠤᠳ ᠤᠳᠤᠷᠢᠳᠬᠤ ᠲᠣᠭᠲᠠᠴᠠ ᠪᠠᠨ ᠪᠦᠷᠢᠨᠰᠢᠭᠦᠯᠵᠦ᠂ ᠦᠨᠡᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠬᠤ ᠬᠡᠷᠡᠭᠲᠡᠢ᠃ ᠦᠪᠡᠷᠲᠡᠭᠡᠨ ᠵᠠᠰᠬᠠᠤ ᠣᠷᠣᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠲᠤᠰᠬᠠᠶᠢᠯᠠᠨ ᠰᠢᠮᠳᠠᠭᠤᠯᠤᠨ ᠪᠠᠶᠢᠴᠠᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map