︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾᠎ ᠶᠢᠨ ᠠᠵᠢᠯ ᠢ ᠲᠥᠷᠭᠡᠳᠬᠡᠨ ᠠᠬᠢᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/11/10
                     ᠥᠪᠥᠷ ᠵᠠᠰᠠᠭ ᠲᠠᠷᠬᠠᠭᠠᠭᠰᠠᠨ ﹇2017﹈ 40 ᠳ᠋ᠤᠭᠡᠷ ᠲᠤᠭᠠᠳᠤ                                    3 ᠳ᠋ᠤᠭᠠᠷ ᠰᠠᠷ᠎ᠠ ᠶᠢᠨ 28᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ ᠳᠤ᠄      ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾᠎ ᠶᠢ ᠠᠬᠢᠭᠤᠯᠵᠦ᠂ ᠮᠡᠳᠡᠭᠡ ᠵᠠᠩᠭᠢ ᠶᠢ ᠬᠠᠮᠲᠤᠪᠡᠷ ᠭᠦᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠬᠤ ᠨᠢ ᠪᠠᠶᠢᠭᠤᠯᠤᠯ ᠤᠨ ᠰᠢᠨ᠎ᠡ ᠶᠢ ᠡᠭᠦᠳᠬᠦ᠂ ᠵᠠᠰᠠᠭ ᠤᠨ ᠤᠷᠳᠤᠨ ᠤ ᠥᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠤᠯᠤᠨ᠎ᠠ᠃ ︽︿ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ﹀᠎ ᠶᠢᠨ ᠠᠵᠢᠯ ᠢ ᠲᠥᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠦᠷᠦ ᠲᠠᠷᠬᠠᠭᠠᠭᠰᠠᠨ ﹇2016﹈ 55 ᠳ᠋ᠤᠭᠠᠷ ᠲᠤᠭᠠᠲᠤ︶᠎ ᠤᠨ ᠵᠤᠷᠢᠭ ᠰᠠᠨᠠᠭ᠎ᠠ ᠶᠢ ᠭᠥᠨᠵᠡᠭᠡᠢ ᠲᠤᠤᠱᠯᠠᠭᠤᠯᠤᠨ᠂ ᠵᠠᠰᠠᠭ ᠢ ᠴᠣᠮᠬᠠᠳᠬᠠᠨ ᠡᠷᠭᠡ ᠶᠢ ᠲᠤᠷᠤᠨᠨᠰᠢ ᠪᠠᠭᠤᠯᠭᠠᠬᠤ᠂ ᠲᠤᠷᠤᠨᠨᠰᠢ ᠪᠠᠭᠤᠯᠭᠠᠬᠤ ᠪᠡ ᠬᠠᠮᠢᠶᠠᠷᠬᠤ ᠶᠢ ᠤᠶᠠᠯᠳᠤᠭᠤᠯᠬᠤ᠂ ᠥᠢᠯᠡᠴᠢᠯᠡᠭᠡᠨ ᠢ ᠰᠢᠯᠢᠳᠡᠭᠵᠢᠭᠦᠯᠬᠦ ᠦᠭᠡᠷᠡᠴᠢᠯᠡᠯᠲᠡ ᠶᠢ ᠤᠯᠠᠮ ᠨᠢᠭᠡ ᠠᠯᠬᠤᠮ ᠭᠥᠨᠵᠡᠭᠡᠶᠢᠷᠡᠭᠦᠯᠵᠤ᠂ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠨᠢᠭᠡᠳᠥᠯᠲᠠᠢ ᠰᠢᠰᠲ᠋ᠧᠮᠵᠢ ᠶᠢ ᠡᠮᠬᠢᠯᠡᠨ ᠨᠡᠶᠢᠯᠡᠭᠦᠯᠵᠦ ᠪᠣᠢ ᠪᠣᠯᠭᠠᠨ᠂ ᠰᠠᠯᠠᠭ᠎ᠠ ᠮᠥᠴᠢᠷ ᠤᠨ ᠬᠤᠭᠤᠷᠤᠨᠳᠥᠬᠢ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠵᠢᠴᠢ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠳ᠋ᠠᠶᠢᠲ᠋ᠠ ᠶᠢ ᠬᠠᠮᠲᠤᠪᠠᠷ ᠭᠦᠷᠳᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠠᠰᠤ ᠴᠢᠨᠠᠷ ᠬᠢᠭᠡᠳ ᠪᠤᠳᠠᠳᠤ ᠦᠷ᠎ᠡ ᠪᠥᠲᠥᠮᠵᠢ ᠶᠢ ᠥᠨᠡᠨᠬᠦ ᠳᠡᠭᠡᠭᠰᠢᠯᠡᠭᠦᠯᠬᠦ ᠶᠢᠨ ᠲᠤᠰᠠᠲᠠ᠂ ᠡᠳᠥᠭᠡ ᠳᠤᠤᠷᠠᠬᠢ ᠮᠡᠳᠥ ᠰᠠᠨᠠᠯ ᠢ ᠳᠤᠷᠠᠳᠪᠠ᠃      ᠨᠢᠭᠡ᠂ ᠶᠡᠷᠥᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠥᠵᠡᠯ ᠰᠠᠨᠠᠭ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠵᠢᠴᠢ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠥᠷᠪᠡᠳᠥᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠪᠤᠯᠤᠨ ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠤᠱᠯᠠᠭᠤᠯᠤᠨ᠂ ᠶᠡᠷᠥᠩᠬᠡᠢ ᠱᠥᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠤᠯᠤᠰ ᠢ ᠵᠠᠰᠠᠵᠤ ᠵᠠᠰᠠᠭ ᠪᠠᠷᠢᠬᠤ ᠰᠢᠨ᠎ᠡ ᠣᠨᠣᠯᠵᠢᠬᠤᠨ ᠰᠢᠨ᠎ᠡ ᠥᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠥᠨᠵᠡᠭᠡᠢ ᠰᠤᠷᠤᠯᠴᠠᠵᠤ᠂ ᠶᠡᠷᠥᠩᠬᠡᠢ ᠱᠥᠵᠢ ᠰᠢ ᠶᠢᠨ ᠫᠢᠩ ᠤᠨ ᠥᠪᠥᠷ ᠮᠤᠩᠭᠤᠯ ᠢ ᠰᠢᠨᠵᠢᠯᠡᠨ ᠪᠠᠶᠢᠴᠠᠭᠠᠬᠤ ᠳᠠᠭᠠᠨ ᠶᠠᠷᠢᠨᠨᠰᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠪᠥᠬᠦ ᠲᠡᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠥᠩᠬᠡᠢ ᠪᠠᠶᠢᠷᠢᠰᠢᠭᠤᠯᠤᠯᠳᠠ ᠬᠢᠬᠡᠳ ︽ᠳᠥᠷᠪᠡᠨ ᠪᠥᠬᠦ ᠲᠠᠯ᠎ᠠ ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠤᠰᠤᠭᠠᠷ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠤᠬᠢᠷᠳᠤᠯ ᠥᠭᠡᠢ᠂ ᠨᠡᠭᠡᠭᠡᠯᠲᠡ ᠲᠠᠢ᠂ ᠬᠠᠮᠲᠤᠪᠡᠷ ᠭᠦᠷᠳᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠤᠯᠭᠠᠨ᠂ ᠲᠥᠷᠥ ᠲᠠᠷᠬᠠᠭᠠᠭᠰᠠᠨ 55 ᠳ᠋ᠤᠭᠠᠷ ᠲᠣᠭᠠᠲᠦ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠳᠤ ᠶᠢᠨ ᠪᠠᠶᠢᠭ᠎ᠠ ᠡᠯᠧᠺᠲᠷᠣᠨ ᠵᠠᠰᠠᠭ ᠤᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠬᠡᠷᠡᠭᠯᠡᠯᠲᠡ ᠶᠢᠨ ᠦᠷ᠎ᠡ ᠪᠥᠲᠥᠮᠵᠢ ᠶᠢ ᠳᠡᠭᠡᠭᠰᠢᠯᠡᠭᠦᠯᠬᠦ᠂ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠠᠷ ᠭᠦᠷᠳᠡᠨ ᠠᠰᠢᠭᠯᠠᠬᠤ ᠶᠢ ᠠᠬᠢᠭᠤᠯᠬᠤ ᠪᠠᠷ ᠭᠤᠤᠯ ᠵᠤᠷᠢᠯᠭ᠎ᠠ ᠪᠤᠯᠭᠠᠵᠤ᠂ ᠵᠠᠰᠠᠭ ᠤᠨ ᠤᠷᠳᠤᠨ ᠤ ᠡᠭᠦᠷᠭᠡ ᠲᠤᠰᠢᠶᠠᠯ ᠢᠶᠠᠨ ᠭᠥᠢᠴᠡᠳᠬᠡᠬᠦ ᠬᠡᠷᠡᠭᠴᠡᠭᠡ ᠱᠠᠭᠠᠷᠳᠠᠯᠭ᠎ᠠ ᠪᠠ ᠠᠷᠠᠳ ᠤᠯᠠᠨ ᠳᠤ ᠥᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠤᠯᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠠᠵᠢᠯᠯᠠᠬᠤ ᠲᠤᠬᠠᠶᠢᠯᠠᠭᠰᠠᠨ ᠠᠵᠢᠯ ᠤᠨ ᠲᠠᠪᠴᠠᠩ ᠢ ᠪᠥᠬᠦ ᠬᠥᠴᠥᠨ ᠢᠶᠠᠷ ᠢᠶᠠᠨ ᠪᠤᠢ ᠪᠤᠯᠭᠠᠨ᠂ ᠪᠥᠬᠦ ᠤᠷᠤᠨ ᠤ ᠨᠢᠭᠡᠲᠥᠯᠲᠡᠢ ᠰᠥᠯᠵᠢᠶ᠎ᠡ ᠶᠢᠨ ᠰᠢᠰᠲ᠋ᠧᠮᠵᠢ ᠶᠢ ᠬᠢᠨᠠᠮᠠᠭᠠᠢ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠨᠢᠭᠡᠲᠥᠯᠲᠡᠢ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠲᠥᠪ ᠤᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠎ᠠ᠃ ᠬᠠᠮᠢᠶ᠎ᠠ ᠪᠥᠬᠦᠢ ᠬᠠᠤᠯᠢ ᠲᠤᠭᠲᠠᠭᠠᠯ ᠳᠦᠷᠢᠮ ᠪᠠ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠥᠨ᠂ ᠳ᠋ᠠᠶᠢᠲ᠋ᠠ ᠶᠢ ᠬᠠᠮᠲᠤᠪᠠᠷ ᠭᠦᠷᠳᠡᠬᠦ ᠶᠢ ᠠᠬᠢᠭᠤᠯᠵᠦ᠂ ᠮᠡᠳᠡᠭᠡ ᠵᠠᠩᠬᠢ ᠶᠢᠨ ᠲᠤᠰᠠᠭᠠᠷᠯᠠᠯ ᠢ ᠡᠪᠳᠡᠨ᠂ ᠢᠯᠡ ᠲᠤᠳᠤ ᠥᠢᠯᠡᠴᠢᠯᠡᠭᠡᠨ ᠢ ᠬᠡᠷᠡᠭᠵᠢᠬᠦᠯᠵᠦ᠂ ᠳᠥᠷᠢᠮ ᠤᠨ ᠴᠢᠨᠠᠷᠳᠠᠢ ᠠᠷᠠᠯᠵᠢᠶ᠎ᠠ ᠶᠢᠨ ᠦᠪᠡᠷ ᠤᠨ ᠦᠷᠲᠡᠭ ᠢ ᠪᠠᠭᠤᠷᠠᠭᠤᠯᠤᠨ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠠᠶᠢᠵᠢᠷᠠᠭᠤᠯᠵᠤ᠂ ᠰᠥᠯᠵᠢᠶ᠎ᠡ ᠶᠢᠨ ᠡᠬᠢ ᠪᠠᠶᠠᠯᠢᠭ᠂ ᠬᠡᠷᠡᠭᠯᠡᠯᠲᠡ ᠶᠢᠨ ᠲᠠᠪᠴᠠᠩ᠂ ᠮᠡᠷᠭᠡᠵᠢᠯ ᠤᠨ ᠬᠥᠴᠥᠨ ᠵᠡᠷᠭᠡ ᠪᠦᠲᠥᠭᠡᠨ ᠪᠠᠶᠢᠭᠤᠯᠤᠯᠲᠠ ᠶᠢᠨ ᠬᠦᠴᠥᠨ ᠵᠦᠢᠯ ᠢ ᠨᠢᠭᠡᠲᠥᠯᠲᠡᠢ ᠲᠥᠯᠥᠪᠵᠢᠭᠦᠯᠥᠨ᠂ ᠡᠬᠢ ᠪᠠᠶᠠᠯᠢᠭ ᠤᠨ ᠲᠤᠬᠢᠷᠠᠭᠤᠯᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠤ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠭᠥᠷᠲᠡᠭᠡᠨ ᠠᠷᠠᠳ ᠲᠤ ᠳᠦᠭᠦᠮ ᠦᠵᠡᠭᠦᠯᠵᠦ᠂ ᠠᠵᠤ ᠠᠬᠤᠶᠢᠯᠠᠯ ᠪᠡ ᠤᠯᠠᠨ ᠲᠥᠮᠡᠨ ᠢ ᠲᠤᠲᠠᠭᠤ ᠵᠦᠳᠡᠬᠡᠬᠦ᠂ ᠠᠵᠢᠯ ᠬᠡᠷᠡᠭ ᠢ ᠨᠢ ᠰᠠᠶᠢᠳᠤᠷ ᠰᠶᠢᠳᠪᠦᠷᠢᠯᠡᠨ ᠦᠭᠴᠤ᠂ ᠬᠠᠷᠰᠢ ᠰᠠᠭᠠᠳ ᠤᠴᠠᠷᠠᠭᠤᠯᠬᠤ ᠥᠭᠡᠢ ᠪᠠᠶᠢᠯᠭᠠᠨ᠂ ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾᠎ ᠶᠢᠨ ᠥᠷ᠎ᠡ ᠪᠦᠲᠥᠭᠡᠯ ᠢ ᠬᠠᠮᠳᠤᠪᠡᠷ ᠭᠦᠷᠳᠡᠵᠦ᠂ ᠤᠬᠠᠭᠠᠯᠢᠭ ᠥᠪᠥᠷ ᠮᠤᠩᠭᠤᠯ ᠤᠨ ᠪᠦᠳᠦᠬᠡᠨ ᠪᠠᠶᠢᠭᠤᠯᠤᠯᠲᠠ ᠶᠢ ᠬᠥᠴᠥᠯᠡᠨ ᠠᠬᠢᠭᠤᠯᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ᠂ ᠰᠢᠨ᠎ᠡ ᠶᠢ ᠡᠭᠦᠳᠬᠦ ᠵᠠᠰᠠᠭ ᠤᠨ ᠤᠷᠳᠤᠨ᠂ ᠠᠷᠢᠭᠤᠨ ᠴᠢᠭᠡᠴᠢ ᠵᠠᠰᠠᠭ ᠤᠨ ᠤᠷᠳᠤᠨ ᠪᠠ ᠥᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠤ ᠪᠠᠶᠢᠭᠤᠯᠤᠯᠲᠠ ᠶᠢ ᠪᠥᠲᠥᠮᠵᠢᠲᠡᠢ ᠪᠠᠷ ᠠᠬᠢᠭᠤᠯᠤᠨ᠎ᠠ᠃      ︵ᠬᠤᠶᠠᠷ︶ ᠥᠨᠳᠥᠰᠥᠨ ᠵᠠᠷᠴᠢᠮ᠃      — ᠦᠵᠦ ᠵᠢᠷᠤᠭ ᠲᠦᠯᠦᠪᠯᠡᠭᠡ ᠬᠢᠵᠦ᠂ ᠨᠢᠬᠡᠳᠬᠡᠬᠦ ᠪᠠ ᠰᠠᠯᠭᠠᠬᠤ ᠶᠢ ᠤᠶᠠᠯᠳᠤᠭᠤᠯᠤᠨ᠎ᠠ᠃ ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾᠎ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠥᠩᠬᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ︽ᠪᠠᠭᠤᠯᠭᠠᠬᠤ ᠬᠠᠮᠢᠶᠠᠷᠬᠤ ᠥᠢᠯᠡᠴᠢᠯᠡᠬᠦ︾ ᠥᠭᠡᠷᠡᠴᠢᠯᠡᠯᠲᠠ ᠶᠢᠨ ᠡᠯ᠎ᠡ ᠵᠥᠢᠯ ᠤᠨ ᠡᠭᠦᠷᠭᠡ ᠯᠦᠭᠡ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠ ᠡᠯᠧᠺᠲᠷᠣᠨ ᠵᠠᠰᠠᠭ ᠤᠨ ᠶᠠᠪᠤᠳᠠᠯ ᠤᠨ ᠭᠥᠭᠵᠢᠯᠲᠡ ᠶᠢᠨ ᠲᠣᠭᠤᠷᠢᠨ ᠳᠤ ᠪᠠᠶᠢᠷᠢᠰᠢᠭᠤᠯᠤᠯᠲᠠ ᠬᠢᠵᠦ᠂ ᠪᠠᠶᠢᠯᠳᠤᠬᠤ ᠪᠤᠳᠤᠯᠭ᠎ᠠ᠂ ᠲᠤᠬᠠᠶᠢᠯᠠᠭᠰᠠᠨ ᠠᠵᠢᠯ ᠪᠠ ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠵᠠᠰᠠᠭ ᠤᠨ ᠶᠠᠪᠤᠳᠠᠯ ᠤᠨ ᠡᠬᠢ ᠪᠠᠶᠠᠯᠢᠭ ᠢ ᠳᠠᠬᠢᠨ ᠪᠠᠶᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾᠎ ᠶᠢᠨ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠥᠭᠯᠡᠭᠦᠷ ᠢ ᠥᠨᠳᠥᠰᠥᠯᠡᠨ᠂ ᠪᠥᠬᠦ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠢ ︽ᠪᠦᠭᠦᠨ ᠢᠶᠠᠷ ᠢᠶᠠᠨ ᠵᠤᠬᠢᠴᠠᠯᠳᠤᠨ ᠦᠢᠯᠡᠴᠢᠯᠡᠬᠦ︾᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ ᠱᠠᠭᠠᠷᠳᠠᠯᠭ᠎ᠠ ᠪᠠᠷ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢ ᠨᠢᠭᠡᠳᠥᠯᠲᠡᠢ ᠵᠢᠷᠤᠭ ᠲᠦᠯᠦᠪᠯᠡᠭᠡ ᠪᠠ ᠪᠠᠷᠢᠮᠵᠢᠶ᠎ᠠ ᠶᠣᠰᠤᠭᠠᠷ ᠱᠠᠳᠤ ᠪᠠ ᠳᠠᠪᠬᠤᠷᠭ᠎ᠠ ᠬᠤᠪᠢᠶᠠᠨ ᠬᠡᠷᠡᠭᠵᠢᠬᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠡ᠂ ᠡᠯᠧᠺᠲᠷᠣᠨ ᠬᠢᠨᠠᠨ ᠪᠠᠶᠢᠴᠠᠭᠠᠯᠳᠠ᠂ ᠠᠷᠠᠳ ᠲᠤ ᠳᠥᠭᠦᠮ ᠥᠵᠡᠭᠦᠯᠬᠦ ᠥᠢᠯᠡᠴᠢᠯᠡᠭᠡ᠂ ᠵᠠᠭᠤᠴᠢ ᠥᠢᠯᠡᠴᠢᠯᠡᠭᠡ ᠵᠡᠷᠭᠡ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠦᠢᠯᠡᠰ ᠤᠨ ᠰᠥᠯᠵᠢᠶ᠎ᠡ ᠪᠠᠷ ᠭᠥᠢᠴᠡᠳᠬᠡᠭᠦ ᠨᠡᠪᠲᠡᠷᠡᠯ ᠵᠠᠮ ᠪᠠ ᠠᠵᠢᠯᠯᠠᠭᠠᠨ ᠤ ᠳ᠋ᠠᠶᠢᠲ᠋ᠠ ᠶᠢ ᠱᠠᠲᠦ ᠳᠠᠷᠠᠭᠠᠯᠠᠨ ᠵᠠᠯᠭᠠᠵᠦ ᠣᠷᠣᠭᠤᠯᠤᠨ᠂ ᠪᠥᠬᠦ ᠤᠷᠤᠨ ᠢᠶᠠᠷ ᠢᠶᠠᠨ ︽ᠨᠢᠭᠡ ᠰᠦᠯᠵᠢᠶ᠎ᠡ︾᠎ ᠪᠠᠷ ᠬᠤᠯᠪᠤᠭᠠᠯᠠᠨ ᠭᠦᠳᠡᠯᠦᠯᠴᠡᠬᠦ ᠠᠵᠢᠯᠯᠠᠭᠠᠨ ᠢ ᠠᠬᠢᠭᠤᠯᠤᠨ᠎ᠠ᠃      — ᠠᠰᠠᠭᠤᠳᠠᠯ ᠢᠶᠠᠷ ᠤᠳᠤᠷᠢᠳᠤᠮᠵᠢ ᠪᠤᠯᠭᠠᠵᠦ᠂ ᠠᠯᠬᠤᠮ ᠬᠤᠪᠢᠶᠠᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠥᠢᠯᠡᠴᠢᠯᠡᠭᠡᠨ ᠳᠠᠬᠢ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠬᠥᠷᠢᠶ᠎ᠡ ᠴᠠᠷᠠᠭ᠎ᠠ ᠠᠯᠤᠰᠯᠠᠭᠰᠠᠨ ᠰᠠᠭᠤᠷᠢ ᠴᠢᠨᠠᠷᠲᠠᠢ᠂ ᠨᠡᠶᠢᠳᠡᠮ ᠤᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠥᠨ᠎ᠡ᠃ ᠠᠵᠤ ᠠᠬᠤᠶᠢᠯᠠᠯ ᠪᠠ ᠤᠯᠠᠨ ᠨᠡᠶᠢᠲᠡ ᠶᠢᠨ ᠪᠤᠳᠠᠲᠠᠢ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠠᠵᠢᠯ ᠶᠠᠪᠤᠳᠠᠯ ᠢ ᠭᠦᠢᠴᠡᠳᠬᠡᠬᠦ ᠨᠢ ᠭᠦᠴᠢᠷᠳᠡᠢ ᠪᠠᠶᠢᠬᠤ᠂ ᠠᠵᠢᠯ ᠶᠠᠪᠤᠳᠠᠯ ᠢ ᠭᠦᠢᠴᠡᠳᠬᠡᠬᠦ ᠨᠢ ᠤᠳᠠᠭᠠᠨ ᠪᠠᠶᠢᠬᠤ᠂ ᠠᠵᠢᠯ ᠶᠠᠪᠤᠳᠠᠯ ᠢ ᠭᠦᠢᠴᠡᠳᠬᠡᠬᠦ ᠨᠢ ᠶᠠᠷᠰᠢᠭ ᠲᠠᠢ ᠪᠠᠶᠢᠬᠤ ᠵᠡᠷᠭᠡ ᠠᠰᠠᠭᠤᠳᠠᠯ ᠢ ᠰᠢᠢᠳᠪᠥᠷᠢᠯᠡᠬᠦ ᠠᠴᠠ ᠭᠠᠷᠳᠠᠨ᠂ ᠠᠵᠢᠯ ᠶᠠᠪᠤᠳᠠᠯ ᠢ ᠭᠦᠢᠴᠡᠳᠬᠡᠬᠦ ᠴᠤᠪᠤᠷᠠᠯ ᠢ ᠲᠥᠭᠦᠮᠴᠢᠯᠡᠨ ᠰᠢᠯᠢᠳᠡᠭᠵᠢᠭᠦᠯᠵᠥ᠂ ᠰᠦᠯᠵᠢᠶᠡᠨ ᠲᠡᠬᠡᠷᠡᠬᠢ ᠪᠡ ᠰᠦᠯᠵᠢᠶᠡᠨ ᠤ ᠭᠠᠳᠠᠭᠤᠷᠬᠢ ᠠᠭᠤᠰᠤᠯᠴᠠᠯ ᠢ ᠠᠬᠢᠭᠤᠯᠵᠦ᠂ ᠵᠠᠮ ᠮᠦᠷ ᠤᠯᠠᠨ ᠶᠠᠩᠵᠤ ᠶᠢᠨ ᠪᠠ ᠳᠥᠭᠦᠮ ᠲᠦᠳᠡ ᠬᠡᠷᠡᠭᠯᠡᠬᠦ ᠳᠤ ᠬᠢᠯᠪᠠᠷ ᠵᠠᠰᠠᠭ ᠤᠨ ᠶᠠᠪᠤᠳᠠᠯ ᠤᠨ ᠥᠢᠯᠡᠴᠢᠯᠡᠭᠡ ᠬᠠᠩᠭᠠᠨ᠎ᠠ᠃ ᠦᠢᠯᠡᠴᠢᠯᠡᠬᠦᠯᠬᠦ ᠡᠲᠡᠭᠡᠳ ᠢᠶᠠᠷ ᠭᠤᠤᠯ ᠪᠤᠯᠭᠠᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠢᠷᠤᠭ ᠲᠦᠯᠦᠪᠯᠡᠭᠡ ᠶᠢ ᠰᠢᠯᠢᠳᠡᠭᠵᠢᠭᠦᠯᠵᠤ᠂ ᠠᠵᠢᠯ ᠤᠨ ᠲᠤᠭᠲᠠᠴᠠ ᠶᠢ ᠲᠡᠭᠦᠯᠳᠡᠷᠵᠢᠭᠦᠯᠥᠨ᠂ ᠮᠡᠳᠡᠭᠡ ᠵᠠᠩᠬᠢ ᠶᠢᠨ ᠬᠤᠷᠢᠭ᠎ᠠ ᠶᠢ ᠨᠡᠪᠲᠡᠷᠡᠭᠦᠯᠵᠤ᠂ ᠨᠢᠬᠡ ᠨᠢ ᠨᠦᠭᠦᠴᠡᠯ ᠪᠦᠷᠢᠯᠳᠦᠬᠦᠯᠪᠡᠯ᠂ ᠲᠡᠭᠦᠨ ᠢ ᠨᠢ ᠲᠠᠨᠢᠯᠴᠠᠭᠤᠯᠤᠨ ᠭᠠᠷᠭᠠᠵᠦ ᠬᠡᠷᠡᠭᠵᠢᠭᠦᠯᠦᠨ᠎ᠡ᠃       — ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠮᠲᠤᠪᠠᠷ ᠭᠦᠷᠳᠡᠵᠦ ᠬᠠᠮᠵᠢᠯᠴᠠᠨ᠎ᠠ᠃ ᠨᠢᠭᠡᠨᠲᠠ ᠪᠠᠶᠢᠭ᠎ᠠ ᠡᠬᠢ ᠪᠠᠶᠠᠯᠢᠭ ᠤᠨ ᠪᠡᠯᠡᠳᠭᠡᠮᠵᠢ ᠶᠢ ᠭᠥᠢᠴᠡᠳ ᠠᠰᠢᠭᠯᠠᠨ᠂ ᠡᠷᠴᠢᠮᠵᠢᠭᠦᠯᠥᠨ ᠪᠦᠲᠥᠭᠡᠨ ᠪᠠᠶᠢᠭᠤᠯᠬᠤ ᠶᠢ ᠴᠢᠩᠭᠠᠳᠬᠠᠵᠦ᠂ ᠤᠤᠯ ᠤᠨ ᠪᠠᠶᠢᠨᠨᠰᠠᠨ ᠮᠡᠳᠡᠭᠡ ᠵᠠᠩᠬᠢᠵᠢᠨᠨᠰᠠᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ ᠰᠢᠯᠢᠳᠡᠭᠵᠢᠬᠦᠯᠦᠨ᠂ ᠨᠢᠭᠡᠨᠲᠠ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠦᠷᠬᠡᠳᠬᠡᠵᠦ᠂ ᠤᠷᠳᠤᠳᠬᠠᠵᠦ᠂ ᠲᠡᠭᠦᠯᠳᠡᠷᠵᠢᠭᠦᠯᠵᠤ᠂ ᠪᠠᠶᠢᠷᠢ ᠶᠢ ᠨᠢ ᠨᠥᠬᠦᠪᠥᠷᠢᠯᠡᠭᠦ ᠠᠴᠠ ᠪᠢᠰᠢ ᠪᠠᠶᠢᠷᠢ ᠠᠴᠠ ᠨᠢ ᠳᠠᠪᠠᠭᠤᠯᠬᠤ ᠥᠭᠡᠢ ᠪᠠᠶᠢᠯᠭᠠᠵᠦ᠂ ᠳᠠᠪᠬᠤᠷᠳᠠᠭᠤᠯᠤᠨ ᠪᠠᠶᠢᠭᠤᠯᠬᠤ ᠠᠴᠠ ᠵᠠᠶᠢᠯᠠᠰᠬᠢᠨ᠂ ᠪᠥᠬᠦ ᠤᠷᠤᠨ ᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠨᠢᠭᠡᠲᠥᠯᠲᠡᠢ ᠲᠠᠪᠴᠠᠩ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠡᠬᠢ ᠪᠠᠶᠠᠯᠢᠭ ᠪᠠ ᠮᠡᠳᠡᠭᠡ ᠵᠠᠩᠬᠢ ᠶᠢᠨ ᠰᠢᠰᠲ᠋ᠧᠮ ᠤᠨ ᠠᠵᠢᠯ ᠲᠦᠷᠦᠯ ᠪᠠ ᠭᠠᠵᠠᠷ ᠤᠷᠤᠨ ᠤ ᠲᠤᠰᠠᠭᠠᠷᠯᠬᠠᠰᠠᠨ ᠪᠠᠶᠢᠳᠠᠯ ᠢ ᠡᠪᠳᠡᠨ᠂ ᠬᠠᠮᠵᠢᠯᠴᠠᠨ ᠲᠤᠬᠢᠷᠠᠯᠴᠠᠬᠤ ᠪᠡ ᠠᠵᠢᠯ ᠤᠨ ᠬᠤᠯᠪᠤᠭᠠᠯᠠᠨ ᠭᠦᠳᠡᠯᠦᠯᠴᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠨ᠂ ᠭᠠᠵᠠᠷ ᠤᠷᠤᠨ ᠠᠯᠤᠰᠯᠠᠨ᠂ ᠲᠡᠰ ᠱᠠᠲᠦ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠪᠥᠬᠦᠯᠢ ᠴᠤᠭᠴᠠ ᠪᠠᠷ ᠨᠢ ᠠᠬᠢᠭᠤᠯᠬᠤ ᠶᠢ ᠪᠡᠶᠡᠯᠡᠭᠦᠯᠵᠤ᠂ ᠮᠡᠳᠡᠭᠡ ᠵᠠᠩᠬᠢ ᠶᠢ ᠬᠠᠮᠲᠤᠪᠠᠷ ᠭᠦᠷᠳᠡᠬᠦ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠥᠢᠯᠡᠴᠢᠯᠡᠭᠡ ᠶᠢᠨ ᠳ᠋ᠠᠶᠢᠲ᠋ᠠ ᠶᠢᠨ ᠬᠤᠷᠢᠶᠠᠨ ᠴᠤᠨᠨᠯᠠᠭᠤᠯᠬᠤ ᠪᠠ ᠬᠠᠮᠲᠤᠪᠡᠷ ᠭᠦᠷᠳᠡᠬᠦ ᠶᠢ ᠪᠠᠶᠠᠯᠠᠭᠦᠯᠥᠨ᠎ᠡ᠃ ᠳᠥᠷᠢᠮ ᠤᠨ ᠵᠣᠯᠭᠠᠭᠤᠯᠭ᠎ᠠ ᠶᠢ ᠰᠠᠶᠢᠲᠤᠷ ᠬᠢᠵᠤ᠂ ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾᠎ ᠳᠤ ᠳᠥᠷᠢᠮ ᠪᠠ ᠲᠣᠭᠲᠠᠴᠠ ᠶᠢᠨ ᠪᠠᠲᠤᠯᠠᠭ᠎ᠠ ᠬᠠᠩᠭᠠᠨ᠎ᠠ᠃      — ᠥᠢᠯᠡᠴᠢᠯᠡᠭᠡ ᠪᠠᠷ ᠬᠦᠳᠡᠯᠭᠡᠭᠦᠷ ᠪᠤᠯᠭᠠᠵᠦ᠂ ᠨᠡᠭᠡᠭᠡᠯᠲᠡ ᠬᠢᠵᠦ ᠰᠢᠨ᠎ᠡ ᠶᠢ ᠡᠭᠦᠳᠥᠨ᠎ᠡ᠃ ᠤᠷᠢᠳᠠᠪᠠᠷ ᠬᠡᠷᠡᠭᠵᠢᠬᠦᠯᠵᠦ ᠤᠷᠢᠳᠡᠪᠡᠷ ᠲᠤᠷᠰᠢᠬᠤ ᠶᠢ ᠵᠤᠷᠢᠬᠵᠢᠭᠤᠯᠤᠨ᠂ ᠰᠢᠨ᠎ᠡ ᠨᠢᠬᠡ ᠥᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠳᠠᠯᠳᠠ ᠬᠥᠴᠥᠨ ᠢ ᠪᠠᠳᠠᠷᠠᠭᠤᠯᠵᠤ᠂ ᠢᠨᠲ᠋ᠧᠷ ᠰᠥᠯᠵᠢᠶ᠎ᠡ᠂ ᠲᠤᠮᠤ ᠳ᠋ᠠᠶᠢᠲ᠋ᠠ ᠶᠢᠨ ᠰᠡᠳᠬᠢᠭᠦᠢ ᠶᠢ ᠬᠡᠷᠡᠭᠯᠡᠨ᠂ ᠥᠢᠯᠡᠴᠢᠯᠡᠭᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠥᠢᠯᠡᠴᠢᠯᠡᠭᠡ ᠶᠢᠨ ᠵᠠᠮ ᠮᠦᠷ ᠢ ᠦᠷᠬᠡᠳᠬᠡᠨ᠂ ᠥᠢᠯᠡᠴᠢᠯᠡᠭᠡ ᠶᠢᠨ ᠡᠬᠢ ᠪᠠᠶᠠᠯᠢᠭ ᠢ ᠴᠢᠯᠥᠭᠡᠲᠡᠢ ᠲᠠᠯᠪᠢᠵᠦ᠂ ᠰᠢᠨ᠎ᠡ ᠬᠡᠯᠪᠡᠷᠢ ᠶᠢᠨ ᠤᠬᠠᠭᠠᠯᠢᠭ ᠬᠤᠲᠠ ᠶᠢᠨ ᠪᠦᠳᠦᠬᠡᠨ ᠪᠠᠶᠢᠭᠤᠯᠤᠯᠲᠠ ᠶᠢ ᠱᠠᠳᠤ ᠲᠥᠷᠥᠯ ᠬᠤᠪᠢᠶᠠᠨ ᠠᠬᠢᠭᠤᠯᠤᠨ᠎ᠠ᠃ ᠤᠯᠠᠨ ᠲᠥᠮᠡᠨ ᠤ ᠬᠡᠷᠡᠭᠴᠡᠭᠡ ᠱᠠᠭᠠᠷᠳᠠᠯᠭ᠎ᠠ ᠪᠠᠷ ᠡᠭᠦᠰᠦᠴᠡ ᠪᠤᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ᠂ ᠳ᠋ᠠᠶᠢᠲ᠋ᠠ ᠶᠢ ᠴᠢᠯᠥᠭᠡᠲᠡᠢ ᠪᠠᠶᠢᠯᠭᠠᠬᠤ ᠪᠠᠷ ᠭᠦᠴᠦᠯᠡᠴᠡ ᠪᠤᠯᠭᠠᠵᠤ᠂ ᠵᠠᠰᠠᠭ ᠤᠨ ᠤᠷᠳᠤᠨ ᠬᠢᠭᠡᠳ ᠨᠡᠶᠢᠭᠡᠮ ᠤᠨ ᠬᠥᠴᠥᠨ ᠢ ᠭᠥᠢᠴᠡᠳ ᠠᠰᠢᠭᠯᠠᠨ᠂ ᠦᠵᠦ ᠵᠢᠷᠤᠭ ᠲᠦᠯᠦᠪᠯᠡᠭᠡ ᠪᠠ ᠤᠷᠤᠨ ᠨᠤᠲᠤᠭ ᠤᠨ ᠥᠢᠯᠡᠳᠥᠯᠭᠡ ᠶᠢᠨ ᠬᠠᠮᠳᠤᠷᠠᠯᠴᠠᠨ ᠭᠥᠳᠡᠯᠥᠯᠴᠡᠭᠦ ᠶᠢ ᠪᠦᠷᠢᠯᠳᠦᠬᠦᠯᠵᠦ᠂ ᠤᠷᠢᠳᠠᠪᠠᠷ ᠬᠡᠷᠡᠭᠵᠢᠬᠦᠯᠬᠦ ᠬᠢᠬᠡᠳ ᠲᠠᠪᠴᠠᠩ ᠢᠶᠠᠷ ᠲᠤᠯᠭᠠᠭᠤᠷᠢᠯᠠᠬᠤ ᠶᠢ ᠬᠠᠷᠢᠯᠴᠠᠨ ᠨᠦᠬᠦᠪᠥᠷᠢᠯᠡᠭᠰᠡᠨ᠂ ᠵᠠᠰᠠᠭ ᠤᠨ ᠤᠷᠳᠤᠨ ᠢᠶᠠᠷ ᠭᠤᠣᠯᠯᠠᠭᠤᠯᠤᠭᠰᠠᠨ ᠬᠢᠬᠡᠳ ᠨᠠᠶᠢᠭᠡᠮ ᠤᠨ ᠬᠢᠨ ᠤ ᠤᠷᠤᠯᠴᠠᠬᠰᠠᠨ ᠨᠡᠭᠡᠭᠡᠯᠲᠡ ᠲᠠᠢ᠂ ᠬᠠᠮᠲᠤᠪᠠᠷ ᠭᠦᠷᠳᠡᠬᠦ ᠪᠠᠶᠢᠭᠤᠯᠤᠯᠲᠠ ᠶᠢᠨ ᠲᠥᠯᠥᠪ ᠪᠠᠶᠢᠳᠠᠯ ᠢ ᠵᠢᠷᠤᠮᠵᠢᠭᠤᠯᠤᠨ᠎ᠠ᠃      ︵ᠭᠤᠷᠪᠠ︶ ᠠᠵᠢᠯ ᠤᠨ ᠬᠠᠷᠠᠯᠲᠠ᠃      2017 ᠤᠨ ᠤ ᠰᠡᠭᠦᠯᠴᠢ ᠠᠴᠠ ᠡᠮᠥᠨ᠎ᠡ᠂ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠪᠠ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠠᠵᠢᠯᠯᠠᠬᠤ ᠲᠤᠬᠠᠶᠢᠯᠠᠭᠰᠠᠨ ᠠᠵᠢᠯ ᠤᠨ ᠲᠠᠪᠴᠠᠩ ᠢ ᠥᠨᠳᠥᠰᠥᠨ ᠳᠡᠭᠡᠨ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠥᠢᠯᠡᠰ ᠢ ᠪᠥᠬᠦ ᠲᠠᠯ᠎ᠠ ᠪᠠᠷ ᠢᠯᠡ ᠪᠤᠯᠭᠠᠨ᠂ ᠵᠠᠰᠠᠭ ᠤᠨ ᠶᠠᠪᠤᠳᠠᠯ ᠤᠨ ᠭᠤᠤᠯ ᠪᠤᠯᠬᠤ ᠠᠵᠢᠯᠯᠠᠬᠤ ᠲᠤᠬᠠᠶᠢᠯᠠᠭᠰᠠᠨ ᠠᠵᠢᠯ ᠢ ᠨᠠᠶᠢᠳᠡᠮ ᠳᠤᠨᠢ ᠬᠠᠮᠵᠢᠯᠴᠠᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠦ ᠪᠠ ᠵᠠᠰᠠᠭ ᠤᠨ ᠶᠠᠪᠤᠳᠠᠯ ᠤᠨ ᠠᠵᠢᠯᠯᠠᠬᠤ ᠶᠢᠨ ᠪᠠᠷᠢᠮᠵᠢᠶᠠᠵᠢᠭᠤᠯᠤᠯᠲᠠ᠂ ᠰᠦᠯᠵᠢᠶᠡᠵᠢᠭᠦᠯᠥᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠥᠨ᠎ᠡ᠃ 2018 ᠤᠨ ᠤ ᠰᠡᠭᠦᠯᠴᠢ ᠠᠴᠠ ᠡᠮᠥᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠬᠦ ᠪᠠ ᠵᠠᠰᠠᠭ ᠤᠨ ᠶᠠᠪᠤᠳᠠᠯ ᠤᠨ ᠠᠵᠢᠯᠯᠠᠬᠤ ᠳᠤ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠭᠤᠷᠪᠠᠨ ᠱᠠᠲᠦ ᠪᠠᠷ ᠬᠤᠯᠪᠤᠭᠠᠯᠠᠨ ᠭᠦᠳᠡᠯᠦᠯᠴᠡᠬᠦ ᠠᠵᠢᠯᠯᠠᠭᠠᠨ ᠢ ᠪᠡᠶᠡᠯᠡᠬᠦᠯᠵᠦ᠂ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠲᠥᠪ ᠢ ᠥᠨᠳᠥᠰᠥᠨ ᠳᠡᠭᠡᠨ ᠪᠠᠶᠢᠭᠤᠯᠤᠨ᠎ᠠ᠃ 2020 ᠤᠨ ᠤ ᠰᠡᠭᠦᠯᠴᠢ ᠠᠴᠠ ᠡᠮᠥᠨ᠎ᠡ᠂ ᠵᠠᠰᠠᠭ ᠤᠨ ᠶᠠᠪᠤᠳᠠᠯ ᠤᠨ ᠥᠢᠯᠡᠴᠢᠯᠡᠭᠡ ᠶᠢ ᠢᠨᠲ᠋ᠧᠷ ᠰᠥᠯᠵᠢᠶ᠎ᠡ ᠯᠦᠭᠡ ᠶᠢᠨ ᠭᠦᠨᠵᠡᠭᠡᠢ ᠠᠭᠤᠰᠤᠯᠴᠠᠬᠤ ᠶᠢ ᠪᠡᠶᠡᠯᠡᠭᠦᠯᠥᠨ᠂ ᠪᠥᠬᠦ ᠤᠷᠤᠨ ᠢ ᠬᠠᠮᠤᠷᠤᠭᠰᠠᠨ ᠪᠥᠬᠦᠯᠢ ᠴᠤᠭᠴᠠ ᠪᠠᠷ ᠢᠶᠠᠨ ᠬᠤᠯᠪᠤᠭᠠᠯᠠᠨ ᠭᠦᠳᠡᠯᠦᠯᠴᠡᠭᠰᠡᠨ᠂ ᠰᠠᠯᠠᠭ᠎ᠠ ᠮᠥᠴᠢᠷ ᠢᠶᠠᠷ ᠢᠶᠠᠨ ᠬᠠᠮᠵᠢᠯᠴᠠᠭᠰᠠᠨ᠂ ᠥᠪᠡᠷᠲᠡᠭᠡᠨ ᠵᠠᠰᠠᠬᠤ ᠤᠷᠤᠨ ᠠᠴᠠ ᠨᠢᠭᠡᠳᠥᠯᠲᠡᠢ ᠲᠦᠯᠦᠪᠯᠡᠭᠰᠡᠨ᠂ ᠨᠢᠭᠡᠯᠡ ᠰᠦᠯᠵᠢᠶ᠎ᠡ ᠪᠠᠷ ᠭᠦᠢᠴᠡᠳᠭᠡᠭᠰᠡᠨ ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾᠎ ᠶᠢᠨ ᠰᠢᠰᠲ᠋ᠧᠮᠵᠢ ᠶᠢ ᠪᠠᠶᠢᠭᠤᠯᠤᠨ᠎ᠠ︔ ᠵᠠᠰᠠᠭ ᠤᠨ ᠶᠠᠪᠤᠳᠠᠯ ᠤᠨ ᠠᠵᠢᠯᠯᠠᠬᠤ ᠳᠤ ᠪᠢᠴᠢᠭ ᠮᠠᠲ᠋ᠧᠷᠢᠶᠠᠯ ᠰᠢᠢᠳᠪᠤᠷᠢᠯᠡᠬᠦ᠂ ᠬᠤᠷᠠᠯ ᠤᠨ ᠶᠠᠪᠤᠳᠠᠯ ᠢ ᠡᠷᠬᠢᠯᠡᠨ ᠭᠦᠢᠴᠡᠳᠭᠡᠬᠦ᠂ ᠠᠵᠢᠯ ᠶᠠᠪᠤᠳᠠᠯ ᠰᠢᠢᠳᠪᠥᠷᠢᠯᠡᠭᠦ ᠶᠢ ᠨᠢᠭᠡ ᠴᠤᠨᠨᠴᠠᠵᠢᠭᠤᠯᠵᠦ ᠬᠠᠮᠵᠢᠯᠴᠠᠨ ᠠᠵᠢᠯᠯᠠᠬᠤ ᠶᠢ ᠪᠡᠶᠡᠯᠡᠭᠦᠯᠥᠨ᠎ᠡ︔ ᠵᠠᠰᠠᠭ ᠤᠨ ᠶᠠᠪᠤᠳᠠᠯ ᠤᠨ ᠥᠢᠯᠡᠴᠢᠯᠡᠭᠡ᠂ ᠵᠠᠰᠠᠭ ᠤᠨ ᠤᠷᠳᠤᠨ ᠤ ᠬᠠᠮᠢᠶᠠᠷᠤᠯᠲᠠ ᠪᠠ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠰᠢᠢᠳᠪᠥᠷᠢᠲᠥ ᠪᠤᠳᠤᠯᠭ᠎ᠠ ᠲᠣᠭᠲᠠᠭᠠᠬᠤ ᠲᠠᠯ᠎ᠠ ᠪᠠᠷ ᠬᠢ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠴᠢᠬᠤᠯᠠ ᠥᠢᠯᠡᠳᠥᠯ ᠢ ᠪᠠᠳᠠᠷᠠᠭᠤᠯᠤᠨ᠎ᠠ︔ ᠵᠠᠰᠠᠭ ᠤᠨ ᠶᠠᠪᠤᠳᠠᠯ ᠤᠨ ᠥᠢᠯᠡᠴᠢᠯᠡᠭᠡ ᠪᠠ ᠵᠠᠰᠠᠭ ᠤᠨ ᠶᠠᠪᠤᠳᠠᠯ ᠤᠨ ᠠᠵᠢᠯᠯᠠᠬᠤ ᠶᠢᠨ ᠴᠠᠭ ᠬᠤᠭᠤᠴᠠᠭᠠᠲᠤ ᠴᠢᠨᠠᠷ᠂ ᠪᠤᠳᠠᠳᠤ ᠦᠷ᠎ᠡ ᠪᠥᠲᠥᠮᠵᠢᠲᠥ ᠴᠢᠨᠠᠷ ᠪᠠ ᠤᠬᠠᠭᠠᠯᠢᠨᠨᠵᠢᠨᠨᠰᠠᠨ ᠬᠢᠷᠢ ᠲᠦᠪᠰᠢᠨ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠥᠨ᠎ᠡ᠃      ᠬᠤᠶᠠᠷ᠂ ᠭᠤᠤᠯ ᠡᠭᠦᠷᠭᠡ      ︵ᠨᠢᠭᠡ︶ ᠰᠥᠯᠵᠢᠶ᠎ᠡ ᠶᠢᠨ ᠰᠠᠭᠤᠷᠢ ᠪᠡᠯᠡᠳᠭᠡᠮᠵᠢ ᠶᠢ ᠲᠡᠭᠦᠯᠳᠡᠷᠵᠢᠭᠦᠯᠥᠨ᠎ᠡ᠃ ᠨᠡᠶᠢᠲᠡ ᠤᠯᠠᠨ ᠤ ᠰᠦᠯᠵᠢᠶᠡᠨ ᠳᠤ ᠭᠠᠷᠬᠤ ᠤᠷᠴᠢᠨ ᠲᠤᠭᠤᠷᠢᠨ ᠢ ᠰᠢᠯᠢᠳᠡᠭᠵᠢᠭᠦᠯᠤᠨ᠎ᠡ᠃ ᠳᠡᠭᠡᠳᠦ ᠬᠤᠷᠳᠤᠴᠠ ᠲᠠᠢ ᠪᠦᠭᠡᠳ ᠰᠠᠭᠠᠳ ᠥᠭᠡᠢ ᠨᠡᠪᠲᠡᠷᠡᠭᠰᠡᠨ᠂ ᠬᠤᠲᠠ ᠬᠥᠳᠡᠭᠡ ᠶᠢ ᠬᠠᠮᠤᠷᠤᠭᠰᠠᠨ᠂ ᠴᠢᠨᠠᠷ ᠰᠠᠶᠢᠲᠠᠢ ᠪᠦᠭᠡᠳ ᠦᠨ᠎ᠡ ᠨᠢ ᠬᠢᠮᠳᠠ᠂ ᠥᠢᠯᠡᠴᠢᠯᠡᠭᠡ ᠨᠢ ᠳᠥᠭᠦᠮ ᠠᠪᠰᠠᠷᠬᠠᠨ ᠪᠦᠬᠦᠢ ᠰᠥᠯᠵᠢᠶ᠎ᠡ ᠶᠢᠨ ᠰᠠᠭᠤᠷᠢ ᠪᠡᠯᠡᠳᠭᠡᠮᠵᠢ ᠶᠢ ᠪᠦᠲᠥᠭᠡᠨ ᠪᠠᠶᠢᠭᠤᠯᠤᠨ᠎ᠠ᠃ ᠴᠢᠮᠡᠭᠡ ᠬᠤᠯᠪᠤᠭᠠᠨ ᠤ ᠰᠠᠭᠤᠷᠢ ᠪᠡᠯᠡᠳᠭᠡᠮᠵᠢ ᠶᠢᠨ ᠪᠦᠲᠥᠭᠡᠨ ᠪᠠᠶᠢᠭᠤᠯᠤᠯᠲᠠ ᠶᠢ ᠤᠷᠤᠨ ᠨᠤᠲᠤᠭ ᠤᠨ ᠬᠤᠲᠠ ᠬᠦᠳᠡᠭᠡ ᠶᠢᠨ ᠲᠥᠯᠥᠪᠵᠢᠭᠦᠯᠭᠡ ᠳᠤ ᠤᠷᠤᠭᠤᠯᠤᠨ᠂ ᠪᠤᠢ ᠪᠥᠬᠦᠢ ᠲᠤᠭᠤᠷᠢᠭ ᠪᠠᠶᠢᠭᠤᠯᠤᠨᠨᠰᠠᠨ ᠬᠤᠲᠠ ᠳᠤ ᠭᠡᠷᠡᠯ ᠰᠢᠷᠭᠡᠭ ᠤᠨ ᠰᠥᠯᠵᠢᠶ᠎ᠡ ᠶᠢ ᠪᠥᠬᠦᠨ ᠢ ᠪᠦᠷᠭᠦᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠵᠠᠰᠠᠭ ᠵᠠᠬᠢᠷᠭᠠᠨ ᠤ ᠲᠤᠰᠬᠤᠨ ︵ᠭᠠᠴᠠᠭ᠎ᠠ︶᠎ ᠳᠤ ᠭᠡᠷᠡᠯ ᠰᠢᠷᠭᠡᠭ ᠨᠡᠪᠲᠡᠷᠡᠭᠦᠯᠬᠦ ᠶᠢ ᠠᠬᠢᠭᠤᠯᠤᠨ᠎ᠠ᠃ ᠨᠢᠷᠤᠭᠤᠪᠴᠢ ᠰᠥᠯᠵᠢᠶ᠎ᠡ ᠶᠢᠨ ᠪᠠᠭᠲᠠᠭᠠᠮᠵᠢ ᠪᠠ ᠰᠥᠯᠵᠢᠶ᠎ᠡ ᠶᠢᠨ ᠬᠤᠭᠤᠷᠤᠨᠳᠤ ᠪᠠᠨ ᠬᠠᠷᠢᠯᠴᠠᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠬᠦᠯᠥᠨ᠂ ᠰᠦᠯᠵᠢᠶᠡᠨ ᠳᠤ ᠭᠠᠷᠬᠤ ᠵᠠᠷᠤᠳᠠᠯ ᠢ ᠶᠡᠭᠡ ᠬᠡᠮᠵᠢᠶ᠎ᠡ ᠪᠠᠷ ᠪᠠᠭᠤᠷᠠᠭᠤᠯᠤᠨ᠂ ᠰᠤᠮᠤ ᠰᠢᠶᠠᠩ ᠪᠠᠯᠭᠠᠰᠤ ︵ᠵᠠᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶᠎ ᠤ ᠢᠨᠲ᠋ᠧᠷ ᠰᠥᠯᠵᠢᠶ᠎ᠡ ᠳᠤ ᠭᠠᠷᠬᠤ ᠬᠤᠷᠳᠤᠴᠠ ᠶᠢ ᠳᠡᠭᠡᠭᠰᠢᠯᠡᠭᠦᠯᠥᠨ᠎ᠡ᠃ ᠨᠢᠭᠡ ᠪᠥᠯᠥᠭ ᠭᠡᠷᠡᠯ ᠰᠢᠷᠬᠡᠭ ᠤᠨ ᠰᠦᠯᠵᠢᠶᠡᠲᠦ ᠬᠤᠲᠠ ᠶᠢ ᠲᠥᠷᠭᠡᠳᠬᠡᠨ ᠪᠠᠶᠢᠭᠤᠯᠵᠤ᠂ ᠲᠥᠷᠪᠡᠳᠥᠭᠡᠷ ᠥᠶ᠎ᠡ ᠶᠢᠨ ᠰᠢᠯᠵᠢᠮᠡᠯ ᠴᠢᠮᠡᠭᠡ ᠬᠤᠯᠪᠤᠭᠠᠨ ᠤ ︵4G︶ ᠰᠥᠯᠵᠢᠶ᠎ᠠ ᠶᠢ ᠬᠤᠲᠠ ᠪᠡ ᠬᠥᠳᠡᠭᠡ ᠲᠤᠰᠬᠤᠨ ᠳᠤ ᠪᠥᠬᠦᠨ ᠢ ᠪᠦᠷᠭᠦᠭᠦᠯᠦᠨ᠎ᠠ᠃ ᠥᠪᠡᠷᠲᠡᠭᠡᠨ ᠵᠠᠰᠠᠬᠤ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠥᠯᠵᠢᠶ᠎ᠡ ᠶᠢᠨ ᠬᠡᠷᠡᠭᠯᠡᠯᠲᠡ ᠶᠢᠨ ᠳᠠᠭᠠᠭᠠᠴᠠ ᠶᠢ ᠠᠬᠢᠭᠤᠯᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠮᠡᠳᠡᠭᠡ ᠵᠠᠩᠬᠢ ᠶᠢᠨ ᠰᠢᠰᠲ᠋ᠧᠮ ᠢ ᠡᠮᠬᠢᠯᠡᠨ ᠲᠢᠭᠯᠡᠵᠦ᠂ ᠨᠥᠭᠦᠴᠡᠯ ᠪᠦᠷᠢᠯᠳᠦᠭᠦᠯᠦᠭᠰᠡᠨ ᠢ ᠨᠢ ᠥᠪᠡᠷᠲᠡᠭᠡᠨ ᠵᠠᠰᠠᠬᠤ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠥᠯᠵᠢᠶ᠎ᠡ ᠶᠢᠨ ᠡᠭᠦᠯᠡᠨ ᠪᠤᠳᠤᠯᠲᠠ ᠶᠢᠨ ᠲᠥᠪ ᠲᠤ ᠠᠯᠬᠤᠮ ᠠᠯᠬᠤᠮ ᠢᠶᠠᠷ ᠰᠢᠯᠵᠢᠭᠦᠯᠥᠨ ᠠᠵᠢᠯᠯᠠᠭᠤᠯᠵᠦ᠂ ᠰᠦᠯᠵᠢᠶᠡᠨ ᠵᠠᠰᠠᠭ ᠤᠨ ᠶᠠᠪᠤᠳᠠᠯ ᠤᠨ ᠥᠢᠯᠡᠴᠢᠯᠡᠭᠡ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ ᠲᠤᠮᠤ ᠳ᠋ᠠᠶᠢᠲ᠋ᠠ ᠶᠢᠨ ᠬᠥᠭᠵᠢᠭᠦᠯᠥᠯᠲᠡ ᠬᠠᠮᠢᠶᠠᠷᠤᠯᠲᠠ ᠶᠢᠨ ᠲᠤᠪᠴᠢᠶ᠎ᠠ᠂ ᠭᠥᠭᠵᠢᠭᠦᠯᠥᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠥᠪᠥᠷ ᠮᠤᠩᠭᠤᠯ ᠤᠨ ᠴᠢᠮᠡᠭᠡ ᠬᠤᠯᠪᠤᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ︶      ︵ᠬᠤᠶᠠᠷ︶ ᠰᠥᠯᠵᠢᠶᠡᠨ ᠳᠡᠭᠡᠷᠡᠬᠢ ᠥᠢᠯᠡᠴᠢᠯᠡᠭᠡᠨ ᠤ ᠵᠦᠢᠯᠡᠰ ᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠡᠯ᠎ᠡ ᠰᠠᠯᠠᠭ᠎ᠠ ᠮᠥᠴᠢᠷ ᠤᠳ ᠬᠠᠤᠯᠢ ᠪᠠᠷ ᠲᠤᠭᠲᠠᠭᠠᠭᠰᠠᠨ ᠡᠭᠦᠷᠭᠡ ᠴᠢᠳᠠᠪᠤᠷᠢ ᠶᠢ ᠥᠨᠳᠥᠰᠥᠯᠡᠨ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠠᠨ ᠨᠡᠶᠢᠲᠠ ᠶᠢᠨ ᠠᠵᠤ ᠠᠬᠤᠶᠢᠯᠠᠯ ᠠᠵᠢᠯ ᠥᠢᠯᠡᠰ ᠤᠨ ᠨᠢᠭᠡᠴᠡ ᠶᠢᠨ ᠬᠢᠨ ᠤ ᠨᠡᠶᠢᠭᠡᠮ ᠤᠨ ᠤᠯᠠᠨ ᠨᠡᠶᠢᠲᠠ ᠳᠤ ᠰᠢᠭᠤᠳ ᠬᠠᠨᠳᠤᠭᠤᠯᠤᠨ ᠬᠠᠩᠭᠠᠨᠨᠰᠠᠨ ᠪᠤᠳᠠᠳᠠᠢ ᠠᠵᠢᠯ ᠬᠡᠷᠡᠭ ᠭᠦᠢᠴᠡᠳᠬᠡᠬᠦ ᠥᠢᠯᠡᠴᠢᠯᠡᠭᠡᠨ ᠤ ᠵᠦᠢᠯᠡᠰ ᠢ ᠡᠮᠬᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠭᠠᠷᠴᠠᠭ ᠢ ᠨᠠᠶᠢᠷᠠᠭᠤᠯᠤᠨ ᠵᠤᠬᠢᠶᠠᠵᠤ᠂ 2017 ᠤᠨ ᠤ ᠰᠡᠭᠦᠯᠴᠢ ᠠᠴᠠ ᠡᠮᠥᠨ᠎ᠡ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠥᠯᠵᠢᠶ᠎ᠡ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠢᠶᠠᠷ ᠲᠠᠮᠵᠢᠭᠤᠯᠵᠦ ᠲᠥᠪᠯᠡᠷᠡᠭᠦᠯᠥᠨ ᠢᠯᠡ ᠨᠡᠶᠢᠲᠡᠯᠡᠬᠦ ᠶᠢᠨ ᠬᠠᠮᠲᠤ᠂ ᠴᠠᠭ ᠲᠤᠬᠠᠢ ᠳᠤᠨᠢ ᠰᠢᠨᠡᠳᠬᠡᠨ᠂ ᠬᠦᠳᠡᠯᠥᠩᠭᠦᠢ ᠪᠠᠷ ᠬᠠᠮᠢᠶᠠᠷᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠺᠤᠳ᠋ᠯᠠᠨ ᠬᠠᠮᠢᠶᠠᠷᠬᠤ ᠶᠢ ᠭᠡᠷᠡᠭᠵᠢᠭᠦᠯᠵᠦ᠂ ᠵᠦᠢᠯᠡᠰ ᠤᠨ ᠨᠡᠷᠡᠶᠢᠳᠥᠯ᠂ ᠨᠥᠬᠦᠴᠡᠯ᠂ ᠮᠠᠲ᠋ᠧᠷᠢᠶᠠᠯ᠂ ᠴᠤᠪᠤᠷᠠᠯ᠂ ᠴᠠᠭ ᠤᠨ ᠬᠢᠵᠠᠭᠠᠷ ᠵᠡᠷᠭᠡ ᠶᠢ ᠵᠢᠷᠤᠮᠵᠢᠭᠤᠯᠤᠨ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠠᠭᠡᠯᠢ ᠭᠤᠳᠤᠮᠵᠢ︶᠎ ᠨᠤᠭᠤᠳ ᠠᠯᠬᠤᠮ ᠠᠯᠬᠤᠮ ᠢᠶᠠᠷ ︽ᠠᠳᠠᠯᠢ ᠨᠢᠭᠡᠨ ᠵᠦᠢᠯᠡᠰ᠂ ᠠᠳᠠᠯᠢ ᠨᠢᠭᠡᠨ ᠪᠠᠷᠢᠮᠵᠢᠶ᠎ᠡ᠂ ᠠᠳᠠᠯᠢ ᠨᠢᠭᠡᠨ ᠺᠣᠳ᠋︾᠎ ᠲᠠᠢ ᠪᠣᠯᠭᠠᠨ᠂ ᠮᠡᠳᠡᠭᠡ ᠵᠠᠩᠬᠢ ᠶᠢ ᠬᠠᠮᠲᠤᠪᠡᠷ ᠭᠦᠷᠳᠡᠬᠦ ᠪᠡ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠪᠡᠶᠡᠯᠡᠭᠦᠯᠬᠦ ᠳᠤ᠂ ᠢᠯᠭᠠᠭ᠎ᠠ ᠵᠥᠷᠢᠶ᠎ᠡ ᠥᠭᠡᠢ᠂ ᠲᠡᠩᠴᠡᠭᠦᠷᠢᠵᠢᠭᠦᠯᠥᠭᠰᠡᠨ ᠵᠠᠰᠠᠭ ᠤᠨ ᠶᠠᠪᠤᠳᠠᠯ ᠤᠨ ᠥᠢᠯᠡᠴᠢᠯᠡᠭᠡ ᠬᠠᠩᠭᠠᠬᠤ ᠳᠤ ᠰᠠᠭᠤᠷᠢ ᠲᠠᠯᠪᠢᠬᠤ ᠬᠡᠷᠡᠭᠲᠡᠢ᠃ ︵ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ᠂ ᠤᠷᠤᠨ ᠲᠤᠭ᠎ᠠ ᠶᠢᠨ ᠠᠯᠪᠠᠨ ᠭᠡᠷ᠂ ᠬᠠᠤᠯᠢ ᠳᠥᠷᠢᠮ ᠤᠨ ᠠᠯᠪᠠᠨ ᠭᠡᠷ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ︶      ︵ᠭᠤᠷᠪᠠ︶ ᠵᠠᠰᠠᠭ ᠵᠠᠬᠢᠷᠭᠠᠨ ᠤ ᠡᠷᠭᠡ ᠶᠢᠨ ᠵᠦᠢᠯᠡᠰ ᠢ ᠵᠢᠷᠤᠮᠵᠢᠭᠤᠯᠤᠨ ᠡᠮᠬᠢᠯᠡᠵᠦ ᠲᠢᠭᠯᠡᠨ᠎ᠡ᠃ ᠤᠯᠤᠰ ᠠᠴᠠ ᠬᠡᠷᠡᠭᠵᠢᠬᠦᠯᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠪᠠᠷᠢᠮᠵᠢᠶᠠᠵᠢᠭᠤᠯᠬᠤ ᠪᠡ ︽ᠵᠠᠰᠠᠭ ᠵᠠᠬᠢᠷᠭᠠᠨ ᠤ ᠵᠥᠪᠰᠢᠶᠡᠷᠡᠯ ᠢ ᠪᠠᠷᠢᠮᠵᠢᠶᠠᠵᠢᠭᠤᠯᠬᠤ ᠶᠢᠨ ᠵᠢᠯᠤᠭᠤᠳᠤᠮᠵᠢ ︵2016 ᠣᠨ ᠤ ᠬᠡᠪᠯᠡᠯ︶︾᠎ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠥᠷᠢᠮ ᠤᠨ ᠥᠭᠡᠷᠡᠴᠢᠯᠡᠯᠲᠠ ᠶᠢ ᠥᠷᠭᠦᠯᠵᠢᠯᠡᠨ ᠭᠥᠨᠵᠡᠭᠡᠶᠢᠷᠡᠭᠦᠯᠵᠤ᠂ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠭᠤᠶᠤᠴᠢᠯᠠᠭᠰᠠᠨ ᠡᠯ᠎ᠡ ᠵᠥᠢᠯ ᠤᠨ ᠵᠠᠰᠠᠭ ᠵᠠᠬᠢᠷᠭᠠᠨ ᠤ ᠡᠷᠭᠡ ᠶᠢᠨ ᠠᠵᠢᠯᠯᠠᠭᠠᠨ ᠤ ᠴᠤᠪᠤᠷᠠᠯ ᠤᠨ ᠵᠢᠷᠤᠭ ᠪᠠ ᠥᠢᠯᠡᠴᠢᠯᠡᠭᠡᠨ ᠤ ᠵᠥᠭᠯᠡᠭᠦᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠬᠢᠨᠠᠨ ᠵᠥᠪᠰᠢᠶᠡᠷᠡᠬᠦ ᠥᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠡᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠦ ᠶᠢᠨ ᠬᠥᠳᠡᠯᠥᠩᠭᠦᠢ ᠲᠤᠬᠢᠷᠠᠭᠤᠯᠬᠤ ᠲᠤᠭᠲᠠᠴᠠ ᠶᠢ ᠪᠠᠶᠢᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠦᠴᠦᠨ ᠦᠬᠡᠢ ᠪᠤᠯᠭᠠᠨᠨᠰᠠᠨ ᠪᠠ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠥᠷᠭᠦᠯᠵᠢᠯᠡᠨ ᠵᠤᠯᠭᠠᠭᠤᠯᠬᠤ ᠶᠢ ᠰᠠᠶᠢᠲᠤᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠭᠤᠷᠪᠠᠨ ᠱᠠᠲᠤᠨ ᠤ ᠡᠷᠭᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠦ ᠶᠢ ᠴᠠᠭ ᠲᠤᠬᠠᠢ ᠳᠤᠨᠢ ᠲᠤᠬᠢᠷᠠᠭᠤᠯᠤᠨ ᠲᠡᠭᠦᠯᠳᠡᠷᠵᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠠᠯᠪᠠᠨ ᠭᠡᠷ᠂ ᠬᠠᠤᠯᠢ ᠳᠥᠷᠢᠮ ᠤᠨ ᠠᠯᠪᠠᠨ ᠭᠡᠷ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ︶  ᠁      ︵ᠲᠦᠷᠪᠡ︶ ᠦᠪᠡᠷᠳᠡᠬᠡᠨ ᠵᠠᠰᠠᠬᠤ ᠤᠷᠤᠨ ᠤ ᠨᠢᠬᠡᠳᠦᠯᠳᠡᠢ ᠡᠯᠧᠺᠲᠷᠤᠨ ᠦᠨᠡᠮᠯᠡᠯ ᠤᠨ ᠭᠦᠮᠦᠷᠬᠡ ᠶᠢ ᠪᠠᠶᠢᠭᠤᠯᠤᠨ᠎ᠠ᠃ ᠲᠠᠩᠰᠠᠯᠠᠨ ᠲᠡᠮᠳᠡᠭᠯᠡᠬᠦ ᠲᠦᠷᠢᠮ ᠤᠨ ᠦᠬᠡᠷᠡᠴᠢᠯᠡᠯᠳᠡ ᠶᠢ ᠦᠷᠭᠦᠯᠵᠢᠯᠡᠨ ᠠᠬᠢᠭᠤᠯᠵᠦ᠂ ︽ᠲᠠᠪᠤᠨ ᠦᠨᠡᠮᠯᠡᠯ ᠢ ᠨᠡᠶᠢᠯᠡᠬᠦᠯᠦᠨ ᠨᠢᠬᠡ ᠪᠤᠯᠭᠠᠬᠤ᠂ ᠨᠢᠭᠡ ᠦᠨᠡᠮᠯᠡᠯ ᠳᠤ ᠨᠢᠬᠡ ᠨᠤᠮᠧᠷ ᠲᠠᠢ ᠪᠠᠶᠢᠯᠭᠠᠬᠤ︾᠎ ᠶᠢ ᠭᠦᠨᠵᠡᠬᠡᠢ ᠠᠬᠢᠭᠤᠯᠵᠦ᠂ ︽ᠨᠢᠭᠡ ᠬᠠᠶ᠋ᠢᠭ ᠲᠤ ᠤᠯᠠᠨ ᠦᠨᠡᠮᠯᠡᠯ ᠲᠠᠢ︾᠂ ︽ᠨᠢᠭᠡ ᠦᠨᠡᠮᠯᠡᠯ ᠳᠤ ᠤᠯᠠᠨ ᠬᠠᠶ᠋ᠢᠭ ᠲᠠᠢ︾ ᠪᠠᠶᠢᠯᠭᠠᠬᠤ ᠵᠡᠷᠬᠡ ᠲᠤᠷᠰᠢᠯᠳᠠ ᠶᠢᠨ ᠦᠬᠡᠷᠡᠴᠢᠯᠡᠯᠳᠡ ᠶᠢ ᠢᠳᠡᠪᠬᠢᠳᠡᠢ ᠪᠠᠷ ᠰᠦᠪᠡᠭᠴᠢᠯᠡᠨ ᠦᠷᠨᠢᠬᠦᠯᠦᠨ᠎ᠠ᠃ ᠬᠤᠪᠢ ᠶᠢᠨ ᠠᠵᠦ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠡᠵᠡᠩᠨᠡᠯᠳᠡ ᠶᠢᠨ ᠦᠨᠡᠮᠯᠡᠯ ᠪᠠ ᠭᠠᠶᠢᠯᠢ ᠶᠢᠨ ᠶᠠᠪᠤᠳᠠᠯ ᠤᠨ ᠲᠡᠩᠰᠠᠯᠠᠨ ᠲᠡᠮᠳᠡᠭᠯᠡᠬᠦ ᠦᠨᠡᠮᠯᠡᠯ ᠢ ︽ᠬᠤᠶᠠᠷ ᠦᠨᠡᠮᠯᠡᠯ ᠢ ᠨᠡᠶᠢᠯᠡᠬᠦᠯᠦᠨ ᠨᠢᠬᠡ ᠪᠤᠯᠭᠠᠬᠤ︾᠎ ᠶᠢ ᠠᠬᠢᠭᠤᠯᠵᠦ᠂ ᠲᠡᠩᠰᠠᠯᠠᠨ ᠲᠡᠮᠳᠡᠭᠯᠡᠬᠦ ᠪᠦᠭᠦ ᠶᠠᠪᠤᠴᠠ ᠶᠢ ᠡᠯᠧᠺᠲᠷᠤᠨᠴᠢᠯᠡᠬᠦ᠂ ᠡᠯᠧᠺᠲᠷᠤᠨ ᠡᠵᠡᠩᠨᠡᠯᠳᠡ ᠶᠢᠨ ᠦᠨᠡᠮᠯᠡᠯ ᠪᠠ ᠲᠡᠮᠳᠡᠭᠯᠡᠭᠦᠯᠥᠭᠰᠡᠨ ᠢᠶᠠᠨ ᠲᠦᠭᠦᠮ ᠠᠪᠰᠠᠷᠬᠠᠨ ᠢᠶᠠᠷ ᠭᠦᠴᠦᠨ ᠦᠬᠡᠢ ᠪᠣᠯᠭᠠᠬᠤ ᠲᠦᠷᠢᠮ ᠤᠨ ᠦᠬᠡᠷᠡᠴᠢᠯᠡᠯᠳᠡ ᠶᠢ ᠰᠦᠪᠡᠭᠴᠢᠯᠡᠨ ᠬᠡᠷᠡᠭᠵᠢᠬᠦᠯᠦᠨ᠎ᠠ᠃ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠵᠦ ᠠᠬᠤᠶᠢᠯᠠᠯ ᠤᠨ ᠲᠡᠩᠰᠠᠯᠠᠨ ᠲᠡᠮᠳᠡᠭᠯᠡᠬᠦ᠂ ᠨᠡᠶᠢᠬᠡᠮ ᠤᠨ ᠶᠠᠪᠤᠳᠠᠯ᠂ ᠪᠡᠯᠡ ᠤᠷᠤᠭᠤᠯᠤᠯᠳᠠ ᠶᠢ ᠬᠢᠨᠠᠨ ᠵᠦᠪᠰᠢᠶᠡᠷᠡᠬᠦ ᠵᠡᠷᠬᠡ ᠠᠵᠢᠯ ᠲᠦᠷᠦᠯ ᠤᠨ ᠲᠤᠭᠤᠷᠢᠨ ᠳᠤ ᠭᠤᠤᠯᠳᠠᠭᠤᠯᠵᠦ᠂ ᠡᠯ᠎ᠡ ᠰᠠᠯᠠᠭ᠎ᠠ ᠮᠦᠴᠢᠷ ᠤᠨ ᠬᠢᠨ ᠳ᠋ᠠᠶᠢᠲ᠋ᠠ ᠶᠢ ᠬᠠᠮᠳᠤᠪᠡᠷ ᠭᠦᠷᠳᠡᠬᠦ᠂ ᠲᠤᠬᠠᠶᠢᠯᠬᠠᠰᠠᠨ ᠠᠵᠢᠯ ᠤᠨ ᠲᠠᠯ᠎ᠠ ᠪᠠᠷ ᠬᠠᠮᠵᠢᠯᠴᠠᠬᠰᠠᠨ ᠰᠠᠭᠤᠷᠢᠨ ᠲᠡᠬᠡᠷ᠎ᠡ ᠨᠢᠭᠡᠲᠥᠯᠲᠡᠢ ᠡᠯᠧᠺᠲᠷᠤᠨ ᠦᠨᠡᠮᠯᠡᠯ ᠤᠨ ᠬᠡᠷᠡᠭᠯᠡᠯᠲᠡ ᠶᠢᠨ ᠦᠢᠯᠡᠴᠢᠯᠡᠬᠡᠨ ᠢ ᠪᠠᠶᠢᠭᠤᠯᠤᠨ᠂ ᠰᠢᠨ᠎ᠠ ᠪᠠᠷ ᠨᠡᠮᠡᠭᠳᠡᠭᠰᠡᠨ ᠴᠠᠭᠠᠰᠥᠨ ᠦᠨᠡᠮᠯᠡᠯ ᠳᠤ ᠭᠠᠷ ᠤᠨ ᠦᠰᠦᠭ ᠵᠢᠷᠤᠵᠦ ᠣᠯᠭᠤᠬᠤ ᠬᠢᠬᠡᠳ ᠡᠯᠧᠺᠲᠷᠤᠨ ᠦᠨᠡᠮᠯᠡᠯ ᠢ ᠵᠡᠷᠭᠡ ᠳᠤᠨᠢ ᠭᠦᠴᠦᠨ ᠲᠠᠢ ᠪᠤᠯᠭᠠᠬᠤ ᠶᠢ ᠪᠡᠶᠡᠯᠡᠬᠦᠯᠵᠦ᠂ ᠤᠳᠤ ᠶᠢᠨ ᠪᠠᠶᠢᠭ᠎ᠠ ᠴᠠᠭᠠᠰᠤᠨ ᠦᠨᠡᠮᠯᠡᠯ ᠢ ᠠᠯᠬᠤᠮ ᠠᠯᠬᠤᠮ ᠢᠶᠠᠷ ᠡᠯᠧᠺᠲᠷᠤᠨᠴᠢᠯᠡᠬᠦ ᠶᠢ ᠪᠡᠶᠡᠯᠡᠬᠦᠯᠦᠨ᠎ᠠ᠃ ᠬᠠᠮᠤᠭ ᠡᠴᠦᠰ ᠲᠤ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠲᠦ ᠶᠢ ᠪᠦᠭᠦᠨ ᠢ ᠬᠠᠮᠤᠷᠤᠭᠰᠠᠨ ᠠᠵᠢᠯ ᠲᠦᠷᠦᠯ᠂ ᠭᠠᠵᠠᠷ ᠤᠷᠤᠨ᠂ ᠰᠠᠯᠠᠭ᠎ᠠ ᠮᠦᠴᠢᠷ ᠠᠯᠤᠰᠯᠬᠠᠰᠠᠨ ᠪᠠᠷᠢᠮᠵᠢᠶ᠎ᠠ ᠨᠢ ᠨᠢᠬᠡᠳᠦᠯᠳᠡᠢ᠂ ᠬᠡᠪ ᠬᠡᠯᠪᠡᠷᠢ ᠨᠢ ᠵᠢᠷᠤᠮᠵᠢᠭᠰᠠᠨ ᠡᠯᠧᠺᠲᠷᠤᠨ ᠦᠨᠡᠮᠯᠡᠯ ᠤᠨ ᠭᠦᠮᠦᠷᠬᠡ ᠶᠢ ᠪᠠᠶᠢᠭᠤᠯᠤᠨ᠂ ᠡᠯᠧᠺᠲᠷᠤᠨ ᠦᠨᠡᠮᠯᠡᠯ ᠢ ᠬᠠᠮᠳᠤᠪᠡᠷ ᠭᠦᠷᠳᠡᠵᠦ ᠬᠠᠷᠢᠯᠴᠠᠨ ᠬᠡᠷᠡᠭᠯᠡᠬᠦ ᠶᠢ ᠪᠡᠶᠡᠯᠡᠬᠦᠯᠵᠦ᠂ ᠠᠵᠦ ᠠᠬᠤᠶᠢᠯᠠᠯ᠂ ᠤᠯᠠᠨ ᠲᠦᠮᠡᠨ ᠢ ᠲᠤᠳᠠᠭᠤ ᠵᠦᠳᠡᠬᠡᠵᠦ᠂ ᠳ᠋ᠠᠶᠢᠲ᠋ᠠ ᠶᠢ ᠢᠯᠡᠬᠦᠦ ᠬᠡᠷᠡᠭᠯᠡᠨ᠎ᠡ᠃ ︵ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠠ᠂ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ᠂ ᠦᠪᠦᠷ ᠮᠤᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶      ︵ᠲᠠᠪᠤ︶ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠢ ᠡᠮᠬᠢᠯᠡᠨ ᠨᠡᠶᠢᠯᠡᠬᠦᠯᠵᠦ ᠪᠠᠶᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠢᠬᠡᠨᠳᠡ ᠪᠠᠶᠢᠭᠤᠯᠤᠨᠨᠰᠠᠨ ᠰᠦᠯᠵᠢᠶ᠎ᠡ ᠪᠠ ᠡᠯᠧᠺᠲᠷᠤᠨ ᠲᠡᠪᠴᠡᠩ ᠤᠨ ᠡᠬᠢ ᠪᠠᠶᠠᠯᠢᠭ ᠢ ᠭᠦᠢᠴᠡᠳ ᠠᠰᠢᠨᠨᠯᠠᠬᠤ ᠪᠠ ᠡᠮᠬᠢᠯᠡᠨ ᠨᠡᠶᠢᠯᠡᠬᠦᠯᠵᠦ᠂ ᠡᠯᠧᠺᠲᠷᠤᠨ ᠦᠨᠡᠮᠯᠡᠯ ᠤᠨ ᠭᠦᠮᠦᠷᠬᠡ᠂ ᠡᠯᠧᠺᠲᠷᠤᠨ ᠲᠠᠮᠠᠭ᠎ᠠ ᠶᠢᠨ ᠰᠢᠰᠲ᠋ᠧᠮ ᠵᠢᠴᠢ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠭᠦᠮᠦᠷᠬᠡ ᠵᠡᠷᠬᠡ ᠪᠠᠷ ᠰᠠᠭᠤᠷᠢ ᠲᠤᠯᠭᠠᠭᠤᠷᠢᠯᠠᠯ ᠪᠤᠯᠭᠠᠵᠦ᠂ ᠡᠯᠧᠺᠲᠷᠤᠨ ᠬᠢᠨᠠᠨ ᠪᠠᠶᠢᠴᠠᠭᠠᠬᠤ᠂ ᠲᠤᠭᠠᠴᠠᠯᠬᠠᠰᠠᠨ ᠬᠡᠷᠡᠴᠢᠯᠡᠭᠡ ᠬᠢᠬᠦ ᠵᠡᠷᠬᠡ ᠰᠢᠰᠲ᠋ᠧᠮ ᠢᠶᠠᠷ ᠪᠠᠳᠤᠯᠠᠭ᠎ᠠ ᠪᠤᠯᠭᠠᠨ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠪᠠᠷ ᠨᠢᠬᠡᠳᠦᠯᠳᠡᠢ ᠫᠤᠷᠲ᠋ᠧᠯ ᠪᠤᠯᠭᠠᠵᠦ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠨᠢᠬᠡ ᠴᠤᠨᠨᠴᠠᠵᠢᠭᠤᠯᠤᠨᠨᠰᠠᠨ ᠵᠠᠰᠠᠭ ᠤᠨ ᠶᠠᠪᠤᠳᠠᠯ ᠤᠨ ᠡᠷᠬᠡ ᠰᠦᠷᠳᠦ᠂ ᠲᠦᠭᠦᠮ ᠲᠦᠳᠡ ᠦᠢᠯᠡᠴᠢᠯᠡᠬᠡᠨ ᠤ ᠲᠡᠪᠴᠡᠩ ᠢ ᠲᠦᠷᠬᠡᠳᠬᠡᠨ ᠪᠠᠶᠢᠭᠤᠯᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠶᠢᠨ ᠪᠠ ᠰᠦᠯᠵᠢᠶᠡᠨ ᠠᠴᠠ ᠭᠠᠳᠠᠭᠤᠷᠬᠢ ᠬᠤᠯᠪᠤᠭᠠᠯᠠᠨ ᠭᠦᠳᠡᠯᠦᠯᠴᠡᠭᠰᠡᠨ ᠦᠢᠯᠡᠴᠢᠯᠡᠬᠡᠨ ᠢ ᠠᠯᠬᠤᠮ ᠠᠯᠬᠤᠮ ᠢᠶᠠᠷ ᠠᠬᠢᠭᠤᠯᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠢ ᠨᠢ ᠵᠠᠯᠭᠠᠯᠳᠤᠭᠤᠯᠬᠤ ᠶᠢ ᠰᠠᠨᠠᠭᠠᠴᠢᠯᠠᠭ᠎ᠠ ᠠᠴᠠ ᠪᠠᠨ ᠰᠠᠶᠢᠳᠤᠷ ᠬᠢᠵᠦ᠂ ᠨᠢᠬᠡᠳᠦᠯᠳᠡᠢ ᠤᠷᠤᠴᠠ ᠶᠢ ᠪᠣᠢ ᠪᠣᠯᠭᠠᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠢᠨ ᠤ ᠡᠯ᠎ᠡ ᠲᠤᠬᠠᠶᠢᠯᠬᠠᠰᠠᠨ ᠠᠵᠢᠯ ᠤᠨ ᠰᠢᠰᠲ᠋ᠧᠮ ᠬᠢᠬᠡᠳ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠡᠪᠴᠡᠩ ᠤᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠵᠦ᠂ ᠲᠡᠪᠴᠡᠩ ᠤᠨ ᠬᠤᠭᠤᠷᠤᠨᠳᠦ ᠪᠠᠨ ᠵᠠᠯᠭᠠᠯᠳᠤᠵᠦ ᠬᠤᠯᠪᠤᠭᠠᠯᠠᠨ ᠭᠦᠳᠡᠯᠦᠯᠴᠡᠬᠦ ᠶᠢ ᠴᠢᠩᠭᠠᠳᠬᠠᠨ᠂ CA ᠦᠨᠡᠮᠯᠡᠯ ᠢ ᠬᠠᠷᠢᠯᠴᠠᠨ ᠮᠡᠳᠡᠷᠡᠬᠦ ᠶᠢ ᠬᠡᠷᠡᠭᠵᠢᠭᠦᠯᠵᠦ᠂ ᠬᠡᠷᠡᠭᠴᠡᠭᠡ ᠶᠤᠰᠤᠭᠠᠷ ᠳ᠋ᠠᠶᠢᠲ᠋ᠠ ᠶᠢ ᠬᠠᠮᠳᠤᠪᠡᠷ ᠭᠦᠷᠳᠡᠨ᠂ ︽ᠨᠢᠬᠡ ᠴᠢᠬ ᠲᠤ ᠲᠠᠩᠰᠠᠯᠠᠭᠤᠯᠪᠠᠯ᠂ ᠪᠦᠭᠦ ᠰᠦᠯᠵᠢᠶ᠎ᠡ ᠳᠤ ᠨᠡᠶᠢᠳᠡᠮ ᠭᠦᠢᠴᠡᠳᠬᠡᠵᠦ ᠪᠤᠯᠬᠤ︾᠎ ᠶᠢ ᠪᠡᠶᠡᠯᠡᠬᠦᠯᠦᠨ᠎ᠠ᠃ ᠵᠠᠰᠠᠭ ᠤᠨ ᠶᠠᠪᠤᠳᠠᠯ ᠤᠨ ᠨᠢᠬᠡᠳᠦᠯᠳᠡᠢ ᠦᠢᠯᠡᠴᠢᠯᠡᠬᠡᠨ ᠤ ᠡᠬᠢ ᠪᠠᠶᠠᠯᠢᠭ ᠢ ᠠᠰᠢᠨᠨᠯᠠᠨ᠂ ᠲᠡᠪᠴᠡᠩ ᠤᠨ ᠦᠢᠯᠡᠴᠢᠯᠡᠬᠡᠨ ᠢ ᠨᠡᠭᠦᠳᠡᠯ ᠦᠵᠦᠭᠦᠷ᠂ ᠦᠪᠡᠰᠦᠪᠡᠨ ᠰᠤᠩᠭᠤᠬᠤ ᠦᠵᠦᠭᠦᠷ᠂ ᠰᠢᠭᠤᠳ ᠲᠤᠰᠬᠠᠬᠤ ᠳ᠋ᠢᠶᠠᠩᠬᠤᠸᠠ ᠵᠡᠷᠬᠡ ᠲᠡᠰᠢ ᠤᠷᠳᠤᠳᠬᠠᠵᠦ᠂ ᠠᠵᠦ ᠠᠬᠤᠶᠢᠯᠠᠯ ᠪᠠ ᠤᠯᠠᠨ ᠲᠦᠮᠡᠨ ᠤ ᠠᠵᠢᠯ ᠭᠡᠷᠡᠭ ᠭᠦᠢᠴᠡᠳᠬᠡᠬᠦ ᠳᠤᠨᠢ ᠤᠯᠠᠨ ᠶᠠᠩᠵᠦ ᠶᠢᠨ ᠲᠦᠭᠦᠮ ᠲᠦᠳᠡ ᠵᠠᠮ ᠮᠦᠷ ᠬᠠᠩᠭᠠᠵᠦ᠂ ᠤᠯᠠᠨ ᠨᠡᠶᠢᠳᠡ ᠶᠢᠨ ᠦᠢᠯᠡᠴᠢᠯᠡᠬᠡᠨ ᠤ ᠬᠠᠩᠭᠠᠯᠭ᠎ᠠ ᠳᠤ ᠰᠢᠨ᠎ᠠ ᠶᠢ ᠡᠭᠦᠳᠬᠦ ᠶᠢ ᠠᠬᠢᠭᠤᠯᠤᠨ᠎ᠠ᠃ ᠡᠯ᠎ᠡ ᠰᠠᠯᠠᠭ᠎ᠠ ᠮᠦᠴᠢᠷ ᠤᠨ ᠤᠳᠤ ᠶᠢᠨ ᠪᠠᠶᠢᠭ᠎ᠠ ᠵᠠᠰᠠᠭ ᠪᠠ ᠠᠷᠠᠳ ᠬᠠᠷᠢᠯᠴᠠᠨ ᠭᠦᠳᠡᠯᠦᠯᠴᠡᠬᠦ ᠵᠠᠮ ᠮᠦᠷ ᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠬᠦᠯᠵᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠨᠢᠬᠡᠳᠦᠯᠳᠡᠢ ᠰᠢᠭᠤᠳ ᠲᠤᠰᠬᠠᠬᠤ ᠳ᠋ᠢᠶᠠᠩᠬᠤᠸᠠ ᠶᠢ ᠪᠠᠶᠢᠭᠤᠯᠤᠨ᠂ ᠨᠡᠶᠢᠬᠡᠮ ᠨᠡᠶᠢᠳᠡ ᠶᠢᠨ ᠬᠢᠨ ᠤ ᠯᠠᠪᠯᠠᠯᠭ᠎ᠠ ᠠᠪᠬᠤ᠂ ᠲᠤᠰᠠᠯᠠᠮᠵᠢ ᠭᠤᠶᠤᠬᠤ᠂ ᠰᠠᠨᠠᠯ᠂ ᠰᠠᠨᠠᠭᠤᠯᠭ᠎ᠠ ᠪᠠ ᠵᠠᠭᠠᠯᠳᠤᠯᠭ᠎ᠠ ᠬᠢᠬᠦ ᠶᠢ ᠲᠦᠪᠯᠡᠷᠡᠭᠦᠯᠦᠨ ᠭᠦᠯᠢᠶᠡᠨ ᠠᠪᠴᠤ᠂ ︽ᠨᠢᠬᠡ ᠰᠢᠭᠤᠳ ᠲᠤᠰᠬᠬᠠᠤ ᠳ᠋ᠢᠶᠠᠩᠬᠤᠸᠠ ᠪᠠᠶᠢᠷᠢᠯᠠᠭᠤᠯᠬᠤ᠂ ᠬᠦᠰᠡᠯ ᠱᠠᠭᠠᠷᠳᠠᠯᠭ᠎ᠠ ᠶᠢ ᠬᠤᠷᠢᠶᠠᠩᠭᠤᠶᠢᠯᠠᠬᠤ᠂ ᠲᠦᠷᠦᠯ ᠬᠤᠪᠢᠶᠠᠨ ᠰᠶᠢᠳᠪᠦᠷᠢᠯᠡᠬᠦ᠂ ᠨᠢᠬᠡᠳᠦᠯᠳᠡᠢ ᠵᠤᠬᠢᠴᠠᠭᠤᠯᠬᠤ᠂ ᠡᠯ᠎ᠡ ᠲᠠᠯ᠎ᠠ ᠪᠠᠷ ᠢᠶᠠᠨ ᠬᠤᠯᠪᠤᠭᠠᠯᠠᠨ ᠭᠦᠳᠡᠯᠦᠯᠴᠡᠬᠦ᠂ ᠴᠠᠭ ᠬᠤᠭᠤᠴᠠᠭ᠎ᠠ ᠬᠢᠵᠠᠭᠠᠷᠯᠠᠨ ᠬᠠᠷᠢᠭᠤ ᠦᠭᠬᠦ︾᠎ ᠶᠢ ᠪᠡᠶᠡᠯᠡᠬᠦᠯᠦᠨ᠎ᠠ᠃ ︵ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ᠂ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶      ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠢᠬᠡ ᠴᠤᠨᠨᠴᠠᠵᠢᠭᠤᠯᠤᠨᠨᠰᠠᠨ ᠡᠯᠧᠺᠲᠷᠤᠨ ᠬᠢᠨᠠᠨ ᠪᠠᠶᠢᠴᠠᠭᠠᠯᠳᠠ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠡᠷᠬᠡ ᠳᠤ ᠬᠢᠨᠠᠯᠳᠠ ᠲᠠᠯᠪᠢᠬᠤ ᠶᠢ ᠴᠢᠩᠭᠠᠷᠠᠭᠤᠯᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠤᠨ ᠡᠯᠧᠺᠲᠷᠤᠨ ᠬᠢᠨᠠᠨ ᠪᠠᠶᠢᠴᠠᠭᠠᠯᠳᠠ ᠶᠢᠨ ᠵᠦᠬᠡᠯᠡᠨ ᠬᠡᠷᠡᠭᠰᠡᠯ ᠤᠨ ᠬᠠᠮᠵᠢᠯᠴᠠᠵᠦ ᠬᠠᠮᠳᠤᠷᠠᠯᠴᠠᠨ ᠭᠦᠳᠡᠯᠦᠯᠴᠡᠬᠦ ᠶᠢ ᠠᠬᠢᠭᠤᠯᠵᠦ᠂ ᠡᠯ᠎ᠡ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠬᠡ ᠶᠡᠷᠦᠩᠬᠡᠶᠢᠯᠡᠭᠰᠡᠨ ᠲᠡᠪᠴᠡᠩ ᠤᠨ ᠬᠠᠷᠠᠭᠠᠨ ᠲᠠᠪᠳᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠠᠭᠤᠰᠤᠯᠴᠠᠭᠤᠯᠤᠨ ᠵᠠᠯᠭᠠᠯᠳᠤᠭᠤᠯᠵᠦ᠂ ᠡᠯᠧᠺᠲᠷᠤᠨ ᠬᠢᠨᠠᠨ ᠪᠠᠶᠢᠴᠠᠭᠠᠯᠳᠠ ᠶᠢᠨ ᠬᠠᠮ ᠲᠠᠯᠠᠳᠤ ᠰᠢᠰᠲ᠋ᠧᠮᠵᠢ ᠶᠢ ᠪᠠᠶᠢᠭᠤᠯᠵᠦ᠂ ᠪᠦᠭᠦ ᠤᠷᠤᠨ ᠤ ᠨᠢᠬᠡᠳᠦᠯᠳᠡᠢ ᠡᠯᠧᠺᠲᠷᠤᠨ ᠬᠢᠨᠠᠨ ᠪᠠᠶᠢᠴᠠᠭᠠᠯᠳᠠ ᠶᠢᠨ ᠲᠡᠪᠴᠡᠩ ᠢ ᠡᠮᠬᠢᠯᠡᠨ ᠨᠡᠶᠢᠯᠡᠬᠦᠯᠵᠦ ᠪᠦᠷᠢᠯᠳᠦᠭᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ᠂ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶      ︵ᠲᠤᠯᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ ᠲᠡᠬᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢᠨ ᠨᠢᠬᠡ ᠴᠤᠨᠨᠴᠠᠵᠢᠭᠤᠯᠤᠨᠨᠰᠠᠨ ᠬᠠᠮᠢᠶᠠᠷᠤᠯᠳᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠪᠠᠶᠢᠭᠤᠯᠤᠯᠳᠠ ᠪᠠ ᠬᠠᠮᠢᠶᠠᠷᠤᠯᠳᠠ ᠶᠢ ᠤᠯᠠᠮ ᠨᠢᠬᠡ ᠠᠯᠬᠤᠮ ᠵᠢᠷᠤᠮᠵᠢᠭᠤᠯᠵᠦ᠂ ᠡᠯ᠎ᠡ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠡᠭᠦᠷᠬᠡ ᠴᠢᠳᠠᠪᠤᠷᠢ ᠪᠠ ᠡᠭᠦᠷᠬᠡ ᠬᠠᠷᠢᠭᠤᠴᠠᠯᠭ᠎ᠠ ᠶᠢ ᠲᠤᠳᠤᠷᠬᠠᠶᠢᠯᠠᠨ᠂ ᠰᠦᠯᠵᠢᠶ᠎ᠠ ᠶᠢᠨ ᠪᠠ ᠰᠦᠯᠵᠢᠶᠡᠨ ᠠᠴᠠ ᠭᠠᠳᠠᠭᠤᠷᠬᠢ ᠶᠢᠨ ᠨᠢᠬᠡ ᠴᠤᠨᠨᠴᠠᠵᠢᠭᠤᠯᠤᠨᠨᠰᠠᠨ ᠦᠢᠯᠡᠴᠢᠯᠡᠬᠡᠨ ᠪᠠ ᠬᠠᠮᠢᠶᠠᠷᠤᠯᠳᠠ ᠶᠢᠨ ᠲᠤᠨᠨᠳᠠᠴᠠ ᠶᠢ ᠪᠦᠷᠢᠯᠳᠦᠬᠦᠯᠦᠨ᠎ᠠ᠃ ᠵᠠᠰᠠᠭ ᠤᠨ ᠶᠠᠪᠤᠳᠠᠯ ᠤᠨ ᠪᠤᠳᠠᠳᠤ ᠴᠣᠭᠴᠠ ᠪᠦᠬᠦᠢ ᠲᠢᠩᠬᠢᠮ ᠤᠨ ᠴᠢᠳᠠᠮᠵᠢ ᠶᠢ ᠲᠡᠰ ᠲᠡᠪᠰᠢᠬᠦᠯᠬᠦ ᠶᠢ ᠲᠦᠷᠬᠡᠳᠬᠡᠨ᠂ ᠤᠯᠠᠨ ᠨᠡᠶᠢᠳᠡ ᠶᠢᠨ ᠦᠢᠯᠡᠴᠢᠯᠡᠬᠡᠨ ᠤ ᠵᠦᠢᠯᠡᠰ ᠢ ᠤᠷᠤᠭᠤᠯᠬᠤ ᠶᠢ ᠢᠳᠡᠪᠬᠢᠳᠡᠢ ᠪᠠᠷ ᠠᠬᠢᠭᠤᠯᠵᠦ᠂ ᠵᠠᠰᠠᠭ ᠤᠨ ᠶᠠᠪᠤᠳᠠᠯ ᠤᠨ ᠪᠤᠳᠠᠳᠤ ᠴᠣᠭᠴᠠ ᠪᠦᠬᠦᠢ ᠲᠢᠩᠬᠢᠮ ᠤᠨ ᠦᠢᠯᠡᠴᠢᠯᠡᠬᠡᠨ ᠤ ᠴᠢᠳᠠᠪᠤᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠰᠠᠯᠠᠭ᠎ᠠ ᠮᠦᠴᠢᠷ ᠤᠨ ᠰᠠᠯᠭᠠᠵᠦ ᠪᠠᠶᠢᠷᠢᠯᠠᠭᠤᠯᠤᠨᠨᠰᠠᠨ ᠠᠵᠢᠯ ᠶᠠᠪᠤᠳᠠᠯ ᠭᠦᠢᠴᠡᠳᠬᠡᠬᠦ ᠴᠤᠩᠬᠤᠪᠴᠢ ᠶᠢ ᠡᠮᠬᠢᠯᠡᠨ ᠨᠡᠶᠢᠯᠡᠬᠦᠯᠵᠦ ᠶᠡᠷᠦᠩᠬᠡᠶᠢᠯᠡᠭᠰᠡᠨ ᠴᠤᠩᠬᠤᠪᠴᠢ ᠪᠤᠯᠭᠠᠬᠤ ᠶᠢ ᠰᠦᠪᠡᠭᠴᠢᠯᠡᠨ᠂ ᠰᠠᠯᠠᠭ᠎ᠠ ᠮᠦᠴᠢᠷ ᠤᠨ ᠴᠤᠩᠬᠤᠪᠴᠢ ᠳᠤ ᠠᠵᠢᠯᠯᠠᠵᠦ ᠪᠠᠶᠢᠨᠨᠰᠠᠨ ᠤᠤᠯ ᠤᠨ ᠠᠵᠢᠯᠳᠠᠨ ᠢ ᠠᠷᠤ ᠲᠠᠯ᠎ᠠ ᠶᠢᠨ ᠳᠠᠪᠴᠠᠩ ᠳᠤᠨᠢ ᠰᠢᠯᠵᠢᠬᠦᠯᠥᠨ ᠬᠢᠨᠠᠨ ᠵᠦᠪᠰᠢᠶᠡᠷᠡᠬᠦᠯᠬᠦ ᠠᠵᠢᠯ ᠢ ᠲᠤᠰᠬᠠᠶᠢᠯᠠᠨ ᠬᠢᠯᠬᠡᠵᠦ᠂ ︽ᠤᠯᠠᠨ ᠭᠠᠵᠠᠷ ᠲᠤ ᠭᠦᠯᠢᠶᠡᠨ ᠠᠪᠴᠤ ᠰᠶᠢᠳᠪᠦᠷᠢᠯᠡᠬᠦ︾᠎ ᠶᠢ ︽ᠨᠢᠬᠡ ᠴᠤᠩᠬᠤᠪᠴᠢ ᠳᠤ ᠭᠦᠯᠢᠶᠡᠨ ᠠᠪᠴᠤ ᠰᠶᠢᠳᠪᠦᠷᠢᠯᠡᠬᠦ︾ ᠪᠤᠯᠭᠠᠨ ᠬᠤᠪᠢᠷᠠᠭᠤᠯᠵᠦ᠂ ᠤᠯᠠᠨ ᠲᠦᠮᠡᠨ ᠳᠤ ᠲᠦᠷᠦᠯ ᠵᠦᠢᠯ ᠨᠢ ᠪᠦᠷᠢᠨ᠂ ᠪᠠᠷᠢᠮᠵᠢᠶ᠎ᠠ ᠨᠢ ᠨᠢᠬᠡᠳᠦᠯᠳᠡᠢ᠂ ᠲᠦᠭᠦᠮ ᠲᠦᠳᠡ ᠦᠨᠳᠦᠷ ᠦᠷ᠎ᠡ ᠪᠦᠳᠦᠮᠵᠢᠳᠡᠢ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠪᠤᠳᠠᠳᠤ ᠴᠣᠭᠴᠠ ᠪᠦᠬᠦᠢ ᠲᠢᠩᠬᠢᠮ ᠤᠨ ᠬᠠᠮᠢᠶᠠᠷᠤᠯᠳᠠ ᠶᠢᠨ ᠪᠠᠶᠢᠭᠤᠯᠤᠮᠵᠢ ᠨᠢ ᠨᠢᠬᠡᠴᠡ ᠨᠦᠭᠦᠳ ᠤᠨ ᠤᠷᠤᠵᠦ ᠰᠠᠭᠤᠬᠤ᠂ ᠠᠵᠢᠯ ᠶᠠᠪᠤᠳᠠᠯ ᠡᠷᠬᠢᠯᠡᠨ ᠭᠦᠢᠴᠡᠳᠬᠡᠬᠦ᠂ ᠴᠤᠪᠤᠷᠠᠯ ᠢ ᠰᠢᠯᠢᠳᠡᠭᠵᠢᠬᠦᠯᠬᠦ᠂ ᠰᠦᠯᠵᠢᠶᠡᠨ ᠳᠡᠭᠡᠷ᠎ᠡ ᠠᠵᠢᠯᠯᠠᠭᠠᠤᠯᠬᠤ᠂ ᠲᠠᠯᠠᠪᠤᠷ ᠲᠤ ᠰᠠᠭᠤᠭ᠎ᠠ ᠵᠠᠭᠤᠴᠢ ᠪᠠᠶᠢᠭᠤᠯᠤᠮᠵᠢ ᠨᠤᠭᠤᠳ ᠲᠤ ᠬᠢᠨᠠᠯᠳᠠ ᠲᠠᠯᠪᠢᠵᠦ ᠬᠠᠮᠢᠶᠠᠷᠬᠤ ᠶᠢ ᠴᠢᠩᠭᠠᠷᠠᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠢᠯᠡ ᠪᠦᠭᠡᠳ ᠵᠢᠷᠤᠮᠵᠢᠯ ᠲᠠᠢ ᠠᠵᠢᠯᠯᠠᠭᠤᠯᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠳᠤ ᠲᠡᠰᠢ ᠤᠷᠳᠤᠳᠬᠠᠬᠤ ᠶᠢ ᠠᠬᠢᠭᠤᠯᠤᠨ᠎ᠠ᠃ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶᠎ ᠤ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠴᠢᠬ ︵ᠤᠷᠤᠯᠠᠨ ᠭᠦᠢᠴᠡᠳᠬᠡᠬᠦ ᠴᠢᠬ︶᠎ ᠤᠨ ᠪᠠᠶᠢᠭᠤᠯᠤᠯᠳᠠ ᠶᠢ ᠴᠢᠩᠭᠠᠳᠬᠠᠵᠦ᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ︶ ᠪᠠ ᠨᠦᠭᠦᠴᠡᠯ ᠲᠠᠢ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶᠎ ᠲᠤ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠴᠢᠬ ︵ᠤᠷᠤᠯᠠᠨ ᠭᠦᠢᠴᠡᠳᠬᠡᠬᠦ ᠴᠢᠬ︶᠎ ᠢ ᠦᠨᠳᠦᠰᠦᠨ ᠳᠤᠨᠢ ᠪᠦᠷᠭᠦᠭᠦᠯᠭᠦ ᠶᠢ ᠪᠡᠶᠡᠯᠡᠬᠦᠯᠦᠨ᠎ᠠ᠃ ᠭᠦᠳᠡᠯᠮᠦᠷᠢ ᠠᠵᠢᠯ ᠤᠯᠭᠤᠯᠳᠠ᠂ ᠨᠡᠶᠢᠬᠡᠮ ᠤᠨ ᠲᠠᠭᠠᠳᠬᠠᠯ᠂ ᠨᠡᠶᠢᠬᠡᠮ ᠤᠨ ᠠᠪᠤᠷᠠᠨ ᠲᠤᠰᠠᠯᠠᠬᠤ᠂ ᠶᠠᠳᠠᠭᠤ ᠶᠢ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠵᠡᠷᠬᠡ ᠭᠦᠷᠢᠶ᠎ᠡ ᠴᠠᠷᠠᠭ᠎ᠠ ᠶᠢᠨ ᠲᠤᠭᠤᠷᠢᠨ ᠢᠶᠠᠷ ᠭᠤᠤᠯᠳᠠᠭᠤᠯᠵᠦ᠂ ᠬᠠᠮᠳᠤᠪᠡᠷ ᠭᠦᠷᠳᠡᠬᠦ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠬᠢ ᠪᠠᠶᠠᠯᠢᠭ ᠢ ᠭᠦᠢᠴᠡᠳ ᠠᠰᠢᠨᠨᠯᠠᠨ᠂ ᠦᠨᠳᠦᠰᠦᠨ ᠱᠠᠳᠤᠨ ᠤ ᠦᠢᠯᠡᠴᠢᠯᠡᠬᠦ ᠰᠦᠯᠵᠢᠶᠡᠨ ᠴᠢᠬ ᠢ ᠰᠦᠯᠵᠢᠶᠡᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠯᠤᠭ᠎ᠠ ᠨᠢᠨᠨᠳᠠ ᠵᠠᠯᠭᠠᠯᠳᠤᠭᠤᠯᠬᠤ ᠠᠵᠢᠯ ᠢ ᠬᠡᠷᠡᠭᠵᠢᠭᠦᠯᠵᠦ᠂ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠭᠦᠯᠢᠶᠡᠨ ᠠᠪᠴᠤ ᠰᠶᠢᠳᠪᠦᠷᠢᠯᠡᠬᠦ ᠴᠤᠩᠬᠤᠪᠴᠢ ᠶᠢ ᠲᠤᠷᠤᠨᠨᠰᠢ ᠪᠠᠭᠤᠯᠭᠠᠬᠤ ᠶᠢ ᠠᠬᠢᠭᠤᠯᠵᠦ᠂ ︽ᠦᠨᠳᠦᠰᠦᠨ ᠱᠠᠳᠤᠨ ᠤ ᠴᠤᠩᠬᠤᠪᠴᠢ ᠳᠤ ᠭᠦᠯᠢᠶᠡᠨ ᠠᠪᠴᠤ᠂ ᠮᠠᠲ᠋ᠧᠷᠢᠶᠠᠯ ᠢ ᠰᠦᠯᠵᠢᠶ᠎ᠡ ᠪᠠᠷ ᠲᠠᠮᠵᠢᠭᠤᠯᠬᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠨᠠᠨ ᠵᠦᠪᠰᠢᠶᠡᠷᠡᠬᠦ᠂ ᠦᠨᠳᠦᠰᠦᠨ ᠱᠠᠳᠤᠨ ᠤ ᠴᠤᠩᠬᠤᠪᠴᠢ ᠪᠠᠷ ᠬᠠᠷᠢᠭᠤ ᠲᠤᠰᠬᠠᠬᠤ︾ ᠠᠵᠢᠯ ᠶᠠᠪᠤᠳᠠᠯ ᠭᠦᠢᠴᠡᠳᠬᠡᠬᠦ ᠵᠬᠠᠪᠤᠷ ᠢ ᠪᠠᠶᠢᠭᠤᠯᠤᠨ᠂ ᠤᠯᠠᠨ ᠲᠦᠮᠡᠨ ᠢ ᠦᠨᠳᠦᠰᠦᠨ ᠱᠠᠳᠤᠨ ᠤ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠲᠦᠪ ᠢᠶᠠᠷ ᠤᠶᠢᠷ᠎ᠠ ᠬᠠᠪᠢ ᠳᠠᠭᠠᠨ ᠠᠵᠢᠯ ᠶᠠᠪᠤᠳᠠᠯ ᠭᠦᠢᠴᠡᠳᠬᠡᠯᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠡᠴᠦᠰ ᠤᠨ ᠨᠢᠬᠡ ᠺᠢᠯᠤᠮᠧᠲᠷ︾᠎ ᠢ ᠨᠡᠪᠳᠡᠷᠡᠬᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠡᠯ᠎ᠡ ᠱᠠᠳᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠵᠢᠴᠢ ᠪᠤᠳᠠᠳᠤ ᠴᠣᠭᠴᠠ ᠪᠦᠬᠦᠢ ᠠᠵᠢᠯ ᠶᠠᠪᠤᠳᠠᠯ ᠭᠦᠢᠴᠡᠳᠬᠡᠬᠦ ᠲᠢᠩᠬᠢᠮ ᠨᠢ ᠰᠦᠯᠵᠢᠶ᠎ᠡ ᠶᠢᠨ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠶᠠᠪᠤᠳᠠᠯ ᠭᠦᠢᠴᠡᠳᠬᠡᠬᠦ ᠮᠤᠩᠭᠤᠯ ᠬᠡᠪᠯᠡᠯ ᠤᠨ ᠵᠦᠭᠯᠡᠭᠦᠷ ᠬᠠᠩᠭᠠᠬᠤ ᠶᠢ ᠲᠦᠷᠬᠡᠳᠬᠡᠬᠦ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ﹇ᠭᠡᠷ﹈᠂ ᠡᠯ᠎ᠡ ᠬᠤᠰᠢᠭᠤ ᠰᠢᠶᠠᠨ ﹇ᠬᠤᠳᠠ᠂ ᠲᠤᠭᠤᠷᠢᠭ﹈᠎ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠬᠠᠮᠵᠢᠯᠴᠠᠨ᠎ᠠ︶      ︵ᠨᠠᠢᠮᠠ︶ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠠᠵᠢᠯᠯᠠᠬᠤ ᠲᠤᠬᠠᠶᠢᠯᠬᠠᠰᠠᠨ ᠠᠵᠢᠯ ᠤᠨ ᠲᠡᠪᠴᠡᠩ ᠢ ᠡᠮᠬᠢᠯᠡᠨ ᠨᠡᠶᠢᠯᠡᠬᠦᠯᠵᠦ ᠪᠠᠶᠢᠭᠤᠯᠤᠨ᠎ᠠ᠃ ᠣᠳᠣᠬᠠᠨ ᠤ ᠡᠯᠧᠺᠲᠷᠤᠨ ᠠᠯᠪᠠᠨ ᠪᠢᠴᠢᠭ ᠤᠨ ᠨᠢᠬᠡ ᠴᠤᠨᠨᠴᠠᠵᠢᠭᠤᠯᠤᠨᠨᠰᠠᠨ ᠲᠡᠪᠴᠡᠩ ᠤᠨ ᠠᠵᠢᠯᠯᠠᠭᠠᠨ ᠤ ᠰᠠᠭᠤᠷᠢ ᠶᠢ ᠭᠦᠢᠴᠡᠳ ᠠᠰᠢᠨᠨᠯᠠᠨ᠂ ᠪᠠᠷᠢᠮᠵᠢᠶ᠎ᠠ ᠨᠢ ᠵᠢᠷᠤᠮᠵᠢᠨᠨᠰᠠᠨ ᠨᠢᠬᠡᠳᠦᠯᠳᠡᠢ ᠰᠢᠰᠲ᠋ᠧᠮᠵᠢ ᠶᠢ ᠪᠠᠶᠢᠭᠤᠯᠬᠤ ᠪᠠᠷ ᠲᠠᠮᠵᠢᠭᠤᠯᠤᠨ᠂ ᠡᠯᠧᠺᠲᠷᠤᠨ ᠲᠠᠮᠠᠭ᠎ᠠ᠂ ᠡᠯᠧᠺᠲᠷᠤᠨ ᠪᠢᠴᠢᠭ ᠮᠠᠲ᠋ᠧᠷᠢᠶᠠᠯ᠂ ᠬᠤᠶᠠᠷ ᠬᠡᠮᠵᠢᠯᠳᠦ ᠵᠢᠷᠤᠭᠠᠰᠤᠨ ᠲᠡᠮᠳᠡᠭ᠂ ᠲᠤᠭᠠᠴᠠᠯᠬᠠᠰᠠᠨ ᠬᠡᠷᠡᠴᠢᠯᠡᠭᠡ᠂ ᠠᠯᠪᠠᠨ ᠪᠢᠴᠢᠭ ᠤᠨ ᠪᠤᠰᠤᠭ᠎ᠠ ᠴᠤᠬᠴᠠᠳᠤ ᠰᠤᠯᠢᠯᠴᠠᠭ᠎ᠠ ᠵᠡᠷᠬᠡ ᠶᠢ ᠪᠠᠷᠢᠮᠵᠢᠶᠠᠵᠢᠭᠤᠯᠬᠤ ᠪᠠᠷ ᠰᠠᠭᠤᠷᠢ ᠪᠤᠯᠭᠠᠨ᠂ ᠠᠯᠪᠠᠨ ᠪᠢᠴᠢᠭ᠂ ᠬᠤᠷᠠᠯ ᠴᠤᠨᠨᠯᠠᠭᠠᠨ᠂ ᠰᠢᠮᠳᠠᠭᠤᠯᠤᠨ ᠪᠠᠶᠢᠴᠠᠭᠠᠯᠳᠠ᠂ ᠮᠡᠳᠡᠭᠡ ᠵᠠᠩᠬᠢ ᠵᠡᠷᠬᠡ ᠠᠵᠢᠯᠯᠠᠬᠤ ᠲᠤᠬᠠᠶᠢᠯᠬᠠᠰᠠᠨ ᠠᠵᠢᠯ ᠤᠨ ᠰᠢᠰᠲ᠋ᠧᠮ ᠢ ᠰᠢᠯᠢᠳᠡᠭᠵᠢᠬᠦᠯᠦᠨ ᠡᠮᠬᠢᠯᠡᠨ ᠨᠡᠶᠢᠯᠡᠬᠦᠯᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠠᠳᠠᠯᠢ ᠪᠤᠰᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠨᠡᠶᠢᠯᠡᠯᠳᠦᠬᠦ ᠪᠠ ᠬᠠᠮᠵᠢᠯᠴᠠᠨ ᠠᠵᠢᠯᠯᠠᠬᠤ ᠶᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠫᠤᠷᠲ᠋ᠧᠯ ᠰᠦᠯᠵᠢᠶ᠎ᠠ ᠪᠠᠷ ᠲᠡᠪᠴᠡᠩ ᠪᠤᠯᠭᠠᠵᠦ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠠᠷᠭ᠎ᠠ ᠮᠠᠶ᠋ᠢᠭ ᠲᠤ ᠰᠢᠨ᠎ᠠ ᠶᠢ ᠡᠭᠦᠳᠴᠦ᠂ ᠵᠠᠰᠠᠭ ᠤᠨ ᠤᠷᠳᠤᠨ ᠤ ᠠᠵᠢᠯᠯᠠᠭᠠᠨ ᠤ ᠭᠦᠴᠦᠨ ᠴᠢᠳᠠᠪᠤᠷᠢ ᠶᠢ ᠲᠡᠬᠡᠭᠰᠢᠯᠡᠬᠦᠯᠥᠨ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠤ ᠠᠵᠢᠯᠯᠠᠬᠤ ᠲᠤᠬᠠᠶᠢᠯᠬᠠᠰᠠᠨ ᠠᠵᠢᠯ ᠤᠨ ᠨᠡᠶᠢᠯᠡᠯᠳᠦᠬᠦ᠂ ᠬᠠᠮᠵᠢᠯᠴᠠᠬᠤ᠂ ᠦᠨᠳᠦᠷ ᠦᠷ᠎ᠡ ᠪᠦᠳᠦᠮᠵᠢᠳᠡᠢ ᠠᠵᠢᠯᠯᠠᠬᠤ ᠶᠢ ᠠᠬᠢᠭᠤᠯᠤᠨ᠎ᠠ᠃ ᠡᠭᠦᠯᠡᠨ ᠪᠤᠳᠤᠯᠳᠠ᠂ ᠲᠤᠮᠤ ᠳ᠋ᠠᠶᠢᠲ᠋ᠠ᠂ ᠤᠷᠤᠨ ᠵᠠᠢ ᠶᠢᠨ ᠭᠠᠵᠠᠷ ᠵᠦᠢ ᠶᠢᠨ ᠮᠡᠳᠡᠭᠡ ᠵᠠᠩᠬᠢ ᠪᠠ ᠰᠢᠯᠵᠢᠮᠡᠯ ᠴᠢᠮᠡᠭᠡ ᠬᠤᠯᠪᠤᠭ᠎ᠠ ᠶᠢᠨ ᠢᠨᠲ᠋ᠧᠷ ᠰᠦᠯᠵᠢᠶ᠎ᠡ ᠵᠡᠷᠬᠡ ᠮᠡᠳᠡᠭᠡ ᠵᠠᠩᠬᠢ ᠶᠢᠨ ᠮᠡᠷᠬᠡᠵᠢᠯ ᠢ ᠭᠦᠢᠴᠡᠳ ᠬᠡᠷᠡᠭᠯᠡᠨ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠤ ᠵᠠᠰᠠᠭ ᠤᠨ ᠤᠷᠳᠤᠨ ᠤ ᠠᠵᠢᠯᠯᠠᠬᠤ ᠲᠤᠬᠠᠶᠢᠯᠬᠠᠰᠠᠨ ᠠᠵᠢᠯ ᠢ ᠡᠷᠴᠢᠮᠵᠢᠬᠦᠯᠦᠨ ᠲᠡᠯᠬᠡᠷᠡᠭᠦᠯᠭᠦ ᠪᠠ ᠴᠤᠮᠬᠠᠳᠬᠠᠵᠢᠭᠤᠯᠤᠨ ᠬᠡᠷᠡᠭᠯᠡᠬᠦ ᠶᠢ ᠪᠡᠶᠡᠯᠡᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ﹇ᠭᠡᠷ﹈᠂ ᠡᠯ᠎ᠡ ᠬᠤᠰᠢᠭᠤ ᠰᠢᠶᠠᠨ ﹇ᠬᠤᠳᠠ᠂ ᠲᠤᠭᠤᠷᠢᠭ﹈᠎ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠬᠠᠮᠵᠢᠯᠴᠠᠨ᠎ᠠ︶      ︵ᠶᠢᠰᠦ︶ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠲᠦᠪ ᠢ ᠪᠠᠶᠢᠭᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠪᠠᠷ ᠭᠦᠷᠳᠡᠬᠦ ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠠᠷᠭ᠎ᠠ︾ ︵ᠲᠦᠷᠦ ᠲᠠᠷᠬᠠᠭᠠᠨᠨᠰᠠᠨ ﹇2016﹈ 51 ᠳ᠋ᠤᠬᠡᠷ ᠲᠤᠭᠠᠳᠤ︶᠎ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠤᠬᠢᠶᠠᠬᠤ᠂ ᠦᠪᠡᠷᠳᠡᠬᠡᠨ ᠵᠠᠰᠠᠬᠤ ᠤᠷᠤᠨ ᠤ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠡᠷ ᠭᠦᠷᠳᠡᠬᠡᠵᠦ ᠰᠤᠯᠢᠯᠴᠠᠬᠤ ᠲᠡᠪᠴᠡᠩ ᠢ ᠪᠠᠶᠢᠭᠤᠯᠬᠤ ᠪᠠᠷ ᠰᠠᠭᠤᠷᠢ ᠪᠤᠯᠭᠠᠨ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠨᠢᠬᠡᠳᠦᠯᠳᠡᠢ ᠰᠢᠰᠲ᠋ᠧᠮᠵᠢ ᠶᠢ ᠪᠠᠶᠢᠭᠤᠯᠵᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠰᠠᠭᠤᠷᠢ ᠲᠡᠪᠴᠡᠩ ᠢ ᠪᠠᠶᠢᠭᠤᠯᠤᠨ᠎ᠠ᠃ ᠵᠠᠰᠠᠭ ᠤᠨ ᠣᠷᠳᠤᠨ ᠤ ᠰᠠᠯᠠᠭ᠎ᠠ ᠮᠦᠴᠢᠷ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠵᠢᠴᠢ ᠪᠤᠰᠤᠳ ᠤᠯᠠᠨ ᠨᠡᠶᠢᠳᠡ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠳ᠋ᠠᠶᠢᠲ᠋ᠠ ᠶᠢ ᠨᠢᠬᠡᠳᠦᠯᠳᠡᠢ ᠲᠦᠯᠦᠪᠯᠡᠨ ᠬᠠᠮᠢᠶᠠᠷᠬᠤ ᠪᠠᠨ ᠴᠢᠩᠭᠠᠳᠬᠠᠨ᠂ ᠵᠠᠰᠠᠭ ᠤᠨ ᠤᠷᠳᠤᠨ ᠤ ᠳ᠋ᠠᠶᠢᠲ᠋ᠠ ᠶᠢᠨ ᠴᠢᠯᠦᠬᠡᠳᠡᠢ ᠪᠠᠶᠢᠯᠭᠠᠬᠤ ᠪᠠᠷᠢᠮᠵᠢᠶ᠎ᠠ ᠶᠢᠨ ᠵᠢᠷᠤᠮᠵᠢᠯ ᠢ ᠲᠤᠨᠨᠳᠠᠭᠠᠨ ᠬᠡᠷᠡᠭᠵᠢᠬᠦᠯᠵᠦ᠂ ᠳ᠋ᠠᠶᠢᠲ᠋ᠠ ᠶᠢᠨ ᠰᠤᠯᠢᠯᠴᠠᠬᠤ ᠪᠠᠷᠢᠮᠵᠢᠶ᠎ᠠ ᠪᠠ ᠳ᠋ᠠᠶᠢᠲ᠋ᠠ ᠶᠢᠨ ᠰᠤᠯᠢᠯᠴᠠᠬᠤ ᠲᠦᠯᠦᠪᠯᠡᠭᠡ ᠶᠢ ᠨᠡᠶᠢᠲᠡᠯᠡᠨ᠂ ᠳ᠋ᠠᠶᠢᠲ᠋ᠠ ᠶᠢ ᠰᠤᠯᠢᠯᠴᠠᠬᠤ ᠵᠢᠴᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠡᠳᠡᠭᠡ ᠵᠠᠩᠬᠢ ᠶᠢᠨ ︽ᠰᠠᠯᠭᠠᠨ ᠲᠤᠰᠠᠭᠠᠷᠯᠠᠬᠤ︾᠎ ᠶᠢ ᠠᠷᠢᠯᠭᠠᠨ᠂ ᠮᠡᠳᠡᠭᠡ ᠵᠠᠩᠬᠢ ᠶᠢᠨ ︽ᠲᠠᠰᠤᠷᠬᠠᠢ ᠪᠠᠶᠢᠭ᠎ᠠ︾᠎ ᠶᠢ ᠨᠡᠪᠳᠡᠷᠡᠬᠦᠯᠦᠨ᠂ ᠲᠤᠬᠠᠶᠢᠯᠬᠠᠰᠠᠨ ᠠᠵᠢᠯ ᠤᠨ ᠳ᠋ᠠᠶᠢᠲ᠋ᠠ ᠶᠢᠨ ᠵᠠᠯᠭᠠᠰᠤ ᠶᠢ ᠬᠡᠷᠡᠭᠴᠡᠭᠡ ᠶᠣᠰᠤᠭᠠᠷ ᠴᠢᠯᠦᠬᠡᠳᠡᠢ ᠨᠡᠬᠡᠬᠡᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠤ ᠳ᠋ᠠᠶᠢᠲ᠋ᠠ ᠶᠢᠨ ᠮᠡᠳᠡᠭᠡ ᠵᠠᠩᠬᠢ ᠶᠢᠨ ᠲᠠᠯ᠎ᠠ ᠪᠠᠷ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ᠂ ᠬᠠᠮᠳᠤᠪᠡᠷ ᠭᠦᠢᠴᠡᠳ ᠭᠦᠷᠳᠡᠬᠦ ᠶᠢ ᠪᠡᠶᠡᠯᠡᠬᠦᠯᠦᠨ᠎ᠠ᠃ ᠣᠨᠴᠠ ᠵᠠᠷᠢᠮ ᠬᠡᠷᠡᠭᠯᠡᠯᠲᠡ ᠳᠤ ᠳ᠋ᠠᠶᠢᠲ᠋ᠠ ᠶᠢᠨ ᠬᠤᠷᠢᠶᠠᠨ ᠴᠤᠨᠨᠯᠠᠭᠤᠯᠬᠤ ᠶᠢ ᠠᠰ ᠲᠤᠨᠢ ᠬᠡᠷᠡᠭᠵᠢᠬᠦᠯᠬᠦ ᠪᠠᠨ ᠪᠤᠯᠢᠵᠦ᠂ ᠳ᠋ᠠᠶᠢᠲ᠋ᠠ ᠶᠢ ᠲᠠᠬᠢᠨ ᠲᠠᠪᠳᠠᠨ ᠬᠤᠷᠢᠶᠠᠨ ᠴᠤᠨᠨᠯᠠᠭᠤᠯᠬᠤ᠂ ᠲᠠᠬᠢᠨ ᠲᠠᠪᠳᠠᠨ ᠰᠤᠩᠭᠤᠵᠦ ᠴᠤᠭᠯᠠᠷᠠᠭᠤᠯᠬᠤ ᠶᠢ ᠪᠠᠭᠠᠰᠬᠠᠨ᠂ ᠰᠠᠯᠠᠭ᠎ᠠ ᠮᠦᠴᠢᠷ᠂ ᠤᠯᠠᠨ ᠲᠦᠮᠡᠨ ᠪᠠ ᠦᠨᠳᠦᠰᠦᠨ ᠱᠠᠳᠤᠨ ᠤ ᠬᠢᠨ ᠤ ᠳ᠋ᠠᠶᠢᠲ᠋ᠠ ᠶᠢᠨ ᠰᠤᠯᠢᠯᠴᠠᠬᠤ ᠲᠠᠷᠤᠭᠠᠰᠤ ᠶᠢ ᠬᠦᠩᠭᠡᠷᠡᠭᠦᠯᠥᠨ᠎ᠡ᠃ ᠴᠢᠯᠦᠬᠡᠳᠡᠢ ᠨᠡᠬᠡᠬᠡᠭᠰᠡᠨ ᠳ᠋ᠠᠶᠢᠲ᠋ᠠ ᠶᠢᠨ ᠭᠠᠷᠴᠠᠭ ᠵᠢᠴᠢ ᠨᠡᠶᠢᠳᠡᠮ ᠴᠢᠯᠦᠬᠡᠳᠡᠢ ᠨᠡᠬᠡᠬᠡᠭᠰᠡᠨ ᠳ᠋ᠠᠶᠢᠲ᠋ᠠ ᠶᠢᠨ ᠲᠡᠭᠦᠪᠦᠷᠢ ᠶᠢ ᠴᠠᠭ ᠲᠤᠨᠢ ᠲᠣᠬᠢᠷᠠᠭᠤᠯᠤᠨ ᠨᠡᠶᠢᠳᠡᠯᠡᠵᠦ᠂ ᠡᠮᠴᠢᠯᠡᠭᠡ᠂ ᠡᠷᠡᠭᠦᠯ ᠬᠠᠮᠠᠭᠠᠯᠠᠯ᠂ ᠤᠷᠴᠢᠨ ᠲᠤᠭᠤᠷᠢᠨ᠂ ᠵᠠᠮ ᠬᠠᠷᠢᠯᠴᠠᠭ᠎ᠠ᠂ ᠵᠢᠭᠤᠯᠴᠢᠯᠠᠯ᠂ ᠰᠤᠶᠤᠯ᠂ ᠶᠠᠰᠦ ᠴᠢᠨᠠᠷ᠂ ᠴᠠᠭ ᠠᠭᠤᠷ ᠵᠡᠷᠬᠡ ᠶᠢᠨ ᠵᠠᠰᠠᠭ ᠤᠨ ᠤᠷᠳᠤᠨ ᠤ ᠳ᠋ᠠᠶᠢᠲ᠋ᠠ ᠶᠢ ᠨᠡᠶᠢᠬᠡᠮ ᠤᠨ ᠬᠢᠨ ᠳᠤ ᠴᠢᠯᠦᠬᠡᠳᠡᠢ ᠨᠡᠬᠡᠬᠡᠬᠦ ᠶᠢ ᠤᠷᠢᠳᠠᠪᠡᠷ ᠠᠬᠢᠭᠤᠯᠤᠨ᠎ᠠ᠃ ᠴᠠᠬᠢᠯᠭᠠᠨ ᠭᠦᠴᠦᠨ᠂ ᠰᠢᠲᠠᠮᠠᠬᠠᠢ ᠬᠡᠢ᠂ ᠴᠢᠮᠡᠭᠡ ᠬᠤᠯᠪᠤᠭ᠎ᠠ᠂ ᠷᠠᠳᠢᠤ᠋ ᠲᠧᠯᠸᠢᠰ ᠵᠡᠷᠬᠡ ᠶᠢᠨ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠪᠠ ᠪᠤᠰᠤᠳ ᠤᠯᠠᠨ ᠨᠡᠶᠢᠳᠡ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠡᠭᠦᠷᠬᠡ ᠲᠤᠰᠢᠶᠠᠯ ᠢᠶᠠᠨ ᠭᠦᠢᠴᠡᠳᠬᠡᠬᠦ ᠶᠠᠪᠤᠴᠠ ᠳᠤ ᠪᠦᠷᠢᠯᠳᠦᠭᠰᠡᠨ ᠳ᠋ᠠᠶᠢᠲ᠋ᠠ ᠶᠢᠨ ᠡᠬᠢ ᠪᠠᠶᠠᠯᠢᠭ ᠢ ᠠᠯᠬᠤᠮ ᠠᠯᠬᠤᠮ ᠢᠶᠠᠷ ᠴᠢᠯᠦᠬᠡᠳᠡᠢ ᠨᠡᠬᠡᠬᠡᠨ᠎ᠠ᠃ ︵ᠦᠪᠡᠷᠳᠡᠬᠡᠨ ᠵᠠᠰᠠᠬᠤ ᠤᠷᠤᠨ ᠤ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶       ︵ᠠᠷᠪᠠ︶ ᠰᠢᠨ᠎ᠠ ᠬᠡᠯᠪᠡᠷᠢ ᠶᠢᠨ ᠤᠬᠠᠭᠠᠯᠢᠭ ᠬᠤᠳᠠ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠤᠭᠠᠳᠤ ᠰᠦᠯᠵᠢᠶ᠎ᠡ᠂ ᠬᠠᠷᠠᠭᠠᠨ ᠲᠠᠪᠳᠠᠮᠵᠢᠳᠦ ᠰᠦᠯᠵᠢᠶ᠎ᠡ᠂ ᠡᠭᠦᠯᠡᠨ ᠪᠤᠳᠤᠯᠳᠠ ᠪᠠ ᠲᠤᠮᠤ ᠳ᠋ᠠᠶᠢᠲ᠋ᠠ ᠵᠡᠷᠬᠡ ᠮᠡᠷᠬᠡᠵᠢᠯ ᠢ ᠬᠡᠷᠡᠭᠯᠡᠨ᠂ ︽ᠲᠤᠷᠪᠢᠯᠢᠬ᠂ ᠤᠶᠤᠨᠴᠢ᠂ ᠪᠤᠬᠢᠷᠳᠤᠯ ᠦᠬᠡᠢ᠂ ᠨᠡᠭᠦᠷᠡᠰᠦᠳᠦ᠋ᠷᠤᠭ᠍ᠴᠢ ᠪᠠᠭ᠎ᠠ︾ ᠬᠤᠳᠠ ᠪᠠᠯᠭᠠᠰᠤᠵᠢᠭᠤᠯᠤᠨ ᠭᠦᠭᠵᠢᠭᠦᠯᠭᠦ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠦᠪᠡᠷᠳᠡᠬᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ ᠤᠬᠠᠭᠠᠯᠢᠭ ᠬᠤᠳᠠ ᠶᠢᠨ ᠪᠦᠲᠥᠭᠡᠨ ᠪᠠᠶᠢᠭᠤᠯᠤᠯᠳᠠ ᠶᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠤ ᠪᠠᠶᠢᠳᠠᠯ ᠳᠤ ᠨᠡᠶᠢᠴᠡᠭᠰᠡᠨ ᠬᠤᠳᠠ ᠶᠢᠨ ᠭᠦᠭᠵᠢᠯᠳᠡ ᠶᠢᠨ ᠵᠠᠮ ᠢ ᠨᠡᠬᠡᠬᠡᠨ᠎ᠠ᠃ ᠮᠡᠳᠡᠭᠡ ᠵᠠᠩᠬᠢ ᠪᠠᠷ ᠠᠷᠠᠳ ᠲᠤ ᠠᠰᠢᠭ ᠭᠦᠷᠳᠡᠬᠡᠬᠦ ᠲᠤᠷᠰᠢᠯᠳᠠ ᠶᠢᠨ ᠠᠵᠢᠯ ᠢ ᠦᠨᠡᠨᠬᠦ ᠰᠠᠶᠢᠳᠤᠷ ᠠᠳᠬᠤᠵᠦ᠂ 2017 ᠤᠨ ᠤ ᠰᠡᠭᠦᠯᠴᠢ ᠠᠴᠠ ᠡᠮᠤᠨ᠎ᠠ᠂ ᠮᠡᠳᠡᠭᠡ ᠵᠠᠩᠬᠢ ᠪᠠᠷ ᠠᠷᠠᠳ ᠲᠤ ᠠᠰᠢᠭ ᠭᠦᠷᠳᠡᠬᠡᠬᠦ ᠤᠯᠤᠰ ᠤᠨ ᠲᠤᠷᠰᠢᠯᠳᠠ ᠶᠢᠨ ᠴᠢᠬ ᠪᠤᠯᠬᠤ ᠭᠦᠬᠡᠬᠤᠳᠠ᠂ ᠦᠬᠠᠢ 2 ᠬᠤᠳᠠ ᠳᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠬᠡ ᠨᠤᠮᠧᠷ ᠢᠶᠠᠷ ᠭᠤᠶᠤᠴᠢᠯᠠᠬᠤ᠂ ᠨᠢᠬᠡ ᠴᠤᠩᠬᠤᠪᠴᠢ ᠪᠠᠷ ᠭᠦᠯᠢᠶᠡᠨ ᠠᠪᠬᠤ᠂ ᠨᠢᠬᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠪᠡᠶᠡᠯᠡᠬᠦᠯᠦᠨ᠂ ᠲᠠᠭᠤᠷᠢᠶᠠᠵᠦ ᠲᠡᠯᠬᠡᠷᠡᠭᠦᠯᠵᠦ ᠪᠤᠯᠬᠤᠶᠢᠴᠠ ᠲᠤᠷᠰᠢᠯᠭ᠎ᠠ ᠶᠢ ᠪᠣᠢ ᠪᠣᠯᠭᠠᠨ᠂ ᠠᠯᠬᠤᠮ ᠠᠯᠬᠤᠮ ᠢᠶᠠᠷ ᠪᠦᠭᠦ ᠤᠷᠤᠨ ᠳᠤ ᠬᠡᠷᠡᠭᠵᠢᠭᠦᠯᠵᠦ᠂ 2020 ᠤᠨ ᠤ ᠵᠢᠯ ᠤᠨ ᠰᠡᠭᠦᠯᠴᠢ ᠠᠴᠠ ᠡᠮᠤᠨ᠎ᠠ᠂ ᠢᠯᠡ ᠲᠣᠳᠤ ᠤᠨᠴᠠᠯᠢᠭ ᠲᠠᠢ ᠤᠬᠠᠭᠠᠯᠢᠭ ᠬᠤᠳᠠ ᠶᠢ 5 ᠪᠦᠳᠦᠬᠡᠨ ᠪᠠᠶᠢᠭᠤᠯᠤᠨ᠎ᠠ᠃ ᠭᠦᠮᠦᠨ ᠠᠮᠠ᠂ ᠪᠠᠷᠢᠯᠭ᠎ᠠ᠂ ᠵᠡᠬᠡᠯᠢ ᠭᠤᠳᠤᠮᠵᠢ᠂ ᠬᠤᠭᠤᠯᠠᠢ ᠭᠤᠤᠷᠰᠤ ᠶᠢᠨ ᠲᠤᠤᠷ᠂ ᠤᠷᠴᠢᠨ ᠲᠤᠭᠤᠷᠢᠨ᠂ ᠵᠠᠮ ᠬᠠᠷᠢᠯᠴᠠᠭ᠎ᠠ ᠵᠡᠷᠬᠡ ᠰᠠᠭᠤᠷᠢ ᠳ᠋ᠠᠶᠢᠲ᠋ᠠ ᠶᠢᠨ ᠭᠦᠮᠦᠷᠬᠡ ᠶᠢ ᠬᠠᠮᠳᠤᠪᠡᠷ ᠭᠦᠷᠳᠡᠨ ᠬᠠᠮᠳᠤᠪᠡᠷ ᠪᠠᠶᠢᠭᠤᠯᠬᠤ ᠶᠢ ᠤᠯᠠᠮ ᠨᠢᠬᠡ ᠠᠯᠬᠤᠮ ᠲᠦᠷᠬᠡᠳᠬᠡᠵᠦ᠂ ᠲᠤᠮᠤ ᠳ᠋ᠠᠶᠢᠲ᠋ᠠ ᠶᠢᠨ ᠲᠤᠰᠠᠯᠠᠬᠤ ᠰᠶᠢᠳᠪᠦᠷᠢᠳᠤ ᠪᠤᠳᠤᠯᠭ᠎ᠠ ᠪᠠᠷ ᠲᠠᠮᠵᠢᠭᠤᠯᠤᠨ ᠬᠤᠳᠠ ᠶᠢᠨ ᠬᠠᠮᠢᠶᠠᠷᠤᠯᠳᠠ ᠶᠢ ᠨᠠᠷᠢᠯᠢᠨᠨᠵᠢᠭᠤᠯᠬᠤ ᠶᠢ ᠪᠡᠶᠡᠯᠡᠬᠦᠯᠦᠨ᠎ᠠ᠃ ᠰᠤᠷᠭᠠᠨ ᠭᠦᠮᠦᠵᠢᠯ᠂ ᠡᠮᠴᠢᠯᠡᠭᠡ᠂ ᠡᠷᠡᠭᠦᠯ ᠬᠠᠮᠠᠭᠠᠯᠠᠯ᠂ ᠨᠡᠶᠢᠬᠡᠮ ᠤᠨ ᠪᠠᠳᠤᠯᠠᠭ᠎ᠠ᠂ ᠤᠷᠤᠨ ᠰᠠᠭᠤᠴᠠ᠂ ᠵᠠᠮ ᠬᠠᠷᠢᠯᠴᠠᠭ᠎ᠠ ᠵᠡᠷᠬᠡ ᠭᠦᠷᠢᠶ᠎ᠡ ᠴᠠᠷᠠᠭ᠎ᠠ ᠳᠤ᠂ ᠨᠡᠩ ᠲᠦᠭᠦᠮ ᠲᠦᠳᠡ᠂ ᠴᠠᠭ ᠲᠤᠨᠢ᠂ ᠦᠨᠳᠦᠷ ᠦᠷ᠎ᠡ ᠪᠦᠳᠦᠮᠵᠢᠳᠡᠢ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠨ᠂ ᠲᠦᠬᠡᠮᠡᠯ ᠭᠦᠷᠳᠡᠬᠡᠮᠵᠢᠳᠤ ᠤᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠵᠦ᠂ ᠨᠡᠶᠢᠳᠡ ᠤᠯᠠᠨ ᠢᠶᠠᠷ ᠢᠶᠠᠨ ᠤᠯᠠᠨ ᠨᠡᠶᠢᠳᠡ ᠶᠢᠨ ᠦᠢᠯᠡᠴᠢᠯᠡᠭᠡ ᠭᠦᠷᠳᠡᠬᠦ ᠳᠤ ᠨᠡᠩ ᠲᠦᠭᠦᠮ ᠪᠤᠯᠭᠠᠨ᠎ᠠ᠃ ᠴᠠᠬᠢᠯᠭᠠᠨ ᠭᠦᠴᠦᠨ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠪᠠᠷᠠᠭᠠᠨ ᠤ ᠭᠦᠢᠯᠭᠡᠭᠡᠨ ᠵᠡᠷᠬᠡ ᠨᠠᠶᠢᠳᠠ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢᠨ ᠮᠡᠳᠡᠭᠡ ᠵᠠᠩᠬᠢᠵᠢᠯᠳᠠ᠂ ᠤᠶᠤᠨᠴᠢᠯᠳᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠵᠦ᠂ ᠬᠠᠮᠢᠶᠠᠷᠤᠯᠳᠠ ᠶᠢᠨ ᠲᠠᠯ᠎ᠠ ᠪᠠᠷ ᠨᠠᠷᠢᠯᠢᠨᠨᠵᠢᠭᠤᠯᠬᠤ᠂ ᠬᠠᠮᠵᠢᠯᠴᠠᠬᠤ ᠶᠢ ᠪᠡᠶᠡᠯᠡᠬᠦᠯᠦᠨ᠎ᠠ᠃ ᠤᠰᠤ᠂ ᠠᠭᠠᠷ ᠮᠠᠨᠳᠠᠯ᠂ ᠭᠦᠷᠦᠰᠦ ᠰᠢᠷᠦᠢ᠂ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠵᠡᠷᠬᠡ ᠭᠦᠷᠢᠶ᠎ᠡ ᠴᠠᠷᠠᠭ᠎ᠠ ᠳᠤ ᠤᠶᠤᠨᠴᠢ ᠬᠢᠨᠠᠨ ᠰᠢᠨᠵᠢᠬᠦ ᠰᠢᠰᠲ᠋ᠧᠮᠵᠢ ᠶᠢ ᠪᠠᠶᠢᠭᠤᠯᠵᠦ᠂ ᠤᠷᠤᠰᠢᠨ ᠠᠮᠢᠳᠤᠷᠠᠬᠤ ᠤᠷᠴᠢᠨ ᠠᠬᠤᠢ ᠪᠠᠨ ᠠᠯᠬᠤᠮ ᠠᠯᠬᠤᠮ ᠢᠶᠠᠷ ᠰᠠᠶᠢᠵᠢᠷᠠᠭᠤᠯᠤᠨ᠂ ᠠᠮᠢᠳᠤᠷᠠᠯ ᠤᠨ ᠤᠷᠴᠢᠨ ᠠᠬᠤᠢ ᠶᠢ ᠰᠠᠭᠤᠷᠢᠰᠢᠬᠤ ᠳᠤ ᠲᠤᠬᠢᠷᠠᠮᠵᠢᠳᠠᠢ ᠪᠤᠯᠭᠠᠬᠤ ᠶᠢ ᠪᠡᠶᠡᠯᠡᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶      ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ      ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠠᠵᠢᠯ ᠤᠨ ᠤᠳᠤᠷᠢᠳᠬᠤ ᠲᠤᠭᠤᠶᠢᠯᠠᠩ ᠢ ᠵᠤᠬᠢᠶᠠᠨ ᠪᠠᠶᠢᠭᠤᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ᠡᠯᠧᠺᠲᠷᠤᠨ ᠵᠠᠰᠠᠭ ᠤᠨ ᠶᠠᠪᠤᠳᠠᠯ᠂ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢᠨ ᠪᠠᠶᠢᠭᠤᠯᠤᠯᠳᠠ ᠵᠡᠷᠬᠡ ᠠᠵᠢᠯ ᠢ ᠨᠢᠬᠡᠳᠦᠯᠳᠡᠢ ᠲᠦᠯᠦᠪᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠤᠳᠤᠷᠢᠳᠬᠤ ᠲᠤᠭᠤᠶᠢᠯᠠᠩ ᠳᠤ ᠠᠯᠪᠠᠨ ᠬᠡᠷ ᠪᠠᠶᠢᠷᠢᠯᠠᠭᠤᠯᠵᠦ᠂ ᠠᠯᠪᠠᠨ ᠬᠡᠷ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠳᠤ ᠪᠠᠶᠢᠷᠢᠯᠠᠭᠤᠯᠤᠨ᠂ ᠡᠷᠬᠢᠯᠡᠭᠴᠢ ᠶᠢᠨ ᠲᠤᠰᠢᠶᠠᠯ ᠢ ᠠᠯᠪᠠᠨ ᠲᠢᠩᠬᠢᠮ ᠤᠨ ᠡᠷᠬᠢᠯᠡᠭᠴᠢ ᠬᠠᠪᠰᠤᠷᠭᠠᠵᠦ᠂ ᠵᠤᠬᠢᠶᠠᠨ ᠪᠠᠶᠢᠭᠤᠯᠵᠦ ᠠᠬᠢᠭᠤᠯᠬᠤ᠂ ᠰᠢᠮᠳᠠᠭᠤᠯᠤᠨ ᠪᠠᠶᠢᠴᠠᠭᠠᠵᠦ ᠨᠠᠶᠢᠳᠠᠪᠤᠷᠢᠵᠢᠭᠤᠯᠬᠤ᠂ ᠬᠢᠨᠠᠯᠳᠠ ᠲᠠᠯᠪᠢᠵᠦ ᠰᠢᠯᠭᠠᠨ ᠬᠢᠨᠠᠬᠤ ᠵᠡᠷᠬᠡ ᠠᠵᠢᠯ ᠢ ᠬᠠᠷᠢᠭᠤᠴᠠᠨ᠎ᠠ︔ ᠪᠠᠶᠢᠳᠠᠯ ᠢᠶᠠᠨ ᠰᠤᠯᠢᠯᠴᠠᠬᠤ ᠪᠠ ᠠᠵᠢᠯ ᠢᠶᠠᠨ ᠮᠡᠳᠡᠬᠡᠯᠡᠬᠦ ᠲᠤᠨᠨᠳᠠᠴᠠ ᠶᠢ ᠰᠤᠳᠤᠯᠤᠨ ᠪᠠᠶᠢᠭᠤᠯᠵᠦ᠂ ᠲᠤᠨᠨᠳᠠᠮᠠᠯ ᠬᠤᠭᠤᠴᠠᠭ᠎ᠠ ᠲᠠᠢ ᠪᠠᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠬᠡᠯᠡᠵᠦ᠂ ᠠᠵᠢᠯ ᠤᠨ ᠵᠢᠯᠤᠭᠤᠳᠤᠯᠭ᠎ᠠ ᠪᠠ ᠲᠤᠬᠠᠶᠢᠯᠬᠠᠰᠠᠨ ᠠᠵᠢᠯ ᠤᠨ ᠪᠤᠯᠪᠠᠰᠤᠷᠠᠭᠤᠯᠤᠯ ᠢ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ︵ᠭᠡᠷ︶᠎ ᠨᠢ ᠲᠤᠰ ᠭᠠᠵᠠᠷ ᠤᠷᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠠᠵᠢᠯ ᠢ ᠨᠢᠬᠡᠳᠦᠯᠳᠡᠢ ᠲᠦᠯᠦᠪᠯᠡᠨ ᠬᠢᠨᠠᠯᠳᠠ ᠲᠠᠯᠪᠢᠵᠦ ᠵᠤᠬᠢᠴᠠᠭᠤᠯᠬᠤ ᠶᠢ ᠲᠦᠷᠦᠭᠦᠯᠡᠨ ᠬᠠᠷᠢᠭᠤᠴᠠᠵᠦ᠂ ᠠᠵᠢᠯ ᠤᠨ ᠪᠠᠶᠢᠭᠤᠯᠤᠮᠵᠢ᠂ ᠠᠵᠢᠯᠳᠠᠨ ᠪᠠ ᠡᠭᠦᠷᠬᠡ ᠬᠠᠷᠢᠭᠤᠴᠠᠯᠭ᠎ᠠ ᠶᠢ ᠲᠤᠳᠤᠷᠬᠠᠶᠢᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠠᠯᠠᠭ᠎ᠠ ᠮᠦᠴᠢᠷ᠂ ᠮᠡᠳᠡᠭᠡ ᠵᠠᠩᠬᠢᠵᠢᠯᠳᠠ ᠶᠢᠨ ᠰᠠᠯᠠᠭ᠎ᠠ ᠮᠦᠴᠢᠷ ᠪᠣᠯᠣᠨ ᠬᠠᠮᠢᠶ᠎ᠠ ᠪᠦᠭᠦᠢ ᠲᠤᠬᠠᠶᠢᠯᠬᠠᠰᠠᠨ ᠠᠵᠢᠯ ᠤᠨ ᠨᠢᠬᠡᠴᠡ ᠶᠢᠨ ᠠᠵᠢᠯ ᠤᠨ ᠬᠤᠪᠢᠶᠠᠷᠢᠯᠠᠯ ᠨᠢ ᠲᠤᠳᠤᠷᠬᠠᠢ᠂ ᠵᠤᠬᠢᠴᠠᠭᠤᠯᠭ᠎ᠠ ᠨᠢ ᠬᠦᠴᠥᠨ ᠲᠡᠭᠦᠯᠳᠡᠷ ᠠᠵᠢᠯ ᠤᠨ ᠲᠤᠨᠨᠳᠠᠴᠠ ᠶᠢ ᠪᠠᠶᠢᠭᠤᠯᠤᠨ᠂ ᠲᠤᠰ ᠪᠡᠶ᠎ᠡ ᠶᠢᠨ ᠪᠤᠳᠠᠳᠠᠢ ᠲᠠᠢ ᠪᠠᠨ ᠨᠢᠨᠨᠳᠠ ᠤᠶᠠᠯᠳᠤᠭᠤᠯᠵᠦ᠂ ᠠᠷᠭ᠎ᠠ ᠬᠡᠮᠵᠢᠶ᠎ᠡ ᠲᠠᠢ᠂ ᠡᠷᠴᠢᠮ ᠲᠠᠢ᠂ ᠰᠢᠨ᠎ᠠ ᠡᠭᠦᠳᠦᠯᠳᠡ ᠲᠠᠢ ᠪᠠᠷ ᠬᠠᠮᠢᠶ᠎ᠠ ᠪᠦᠭᠦᠢ ᠭᠤᠤᠯᠳᠠᠯᠭ᠎ᠠ ᠲᠠᠢ ᠠᠵᠢᠯ ᠢ ᠬᠡᠷᠡᠭᠵᠢᠭᠦᠯᠭᠦ ᠶᠢ ᠰᠠᠶᠢᠳᠤᠷ ᠠᠳᠬᠤᠬᠤ ᠬᠡᠷᠡᠭᠲᠡᠢ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠨᠢ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠳᠤ ᠰᠢᠮᠳᠠᠭᠤᠯᠤᠨ ᠵᠢᠯᠤᠭᠤᠳᠬᠤ ᠶᠢ ᠬᠠᠷᠢᠭᠤᠴᠠᠵᠦ᠂ ᠰᠢᠮᠳᠠᠭᠤᠯᠤᠨ ᠪᠠᠶᠢᠴᠠᠭᠠᠵᠦ ᠦᠨᠡᠯᠡᠨ ᠵᠢᠱᠢᠬᠦ ᠶᠢ ᠦᠷᠨᠢᠬᠦᠯᠦᠨ᠂ ᠡᠯ᠎ᠡ ᠵᠦᠢᠯ ᠤᠨ ᠠᠵᠢᠯ ᠤᠨ ᠪᠤᠳᠠᠳᠤ ᠦᠷ᠎ᠡ ᠪᠦᠲᠥᠮᠵᠢ ᠤᠯᠬᠤ ᠶᠢ ᠠᠬᠢᠭᠤᠯᠤᠨ᠎ᠠ᠃      ︵ᠬᠤᠶᠠᠷ︶ ᠰᠦᠯᠵᠢᠶ᠎ᠡ ᠪᠠ ᠮᠡᠳᠡᠭᠡ ᠵᠠᠩᠬᠢ ᠶᠢᠨ ᠠᠮᠤᠷ ᠲᠦᠪᠰᠢᠨ ᠢ ᠴᠢᠬᠤᠯᠠᠴᠢᠯᠠᠨ᠎ᠠ᠃ ᠰᠦᠯᠵᠢᠶᠡᠨ ᠤ ᠮᠡᠳᠡᠭᠡ ᠵᠠᠩᠬᠢ ᠶᠢᠨ ᠠᠮᠤᠷ ᠲᠦᠪᠰᠢᠨ ᠤ ᠪᠠᠳᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠠ᠃ ᠱᠠᠳᠤ ᠬᠤᠪᠢᠶᠠᠨ ᠬᠠᠮᠠᠭᠠᠯᠠᠬᠤ ᠪᠠ ᠵᠡᠷᠬᠡ ᠲᠡᠰ ᠢᠶᠠᠷ ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠠᠮᠤᠷ ᠲᠦᠪᠰᠢᠨ ᠤ ᠪᠠᠳᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠯ᠎ᠡ ᠲᠡᠪᠴᠡᠩ᠂ ᠡᠯ᠎ᠡ ᠰᠢᠰᠲ᠋ᠧᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠠᠮᠢᠶ᠎ᠠ ᠪᠦᠭᠦᠢ ᠠᠮᠤᠷ ᠲᠦᠪᠰᠢᠨ ᠤ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠱᠠᠳᠤ ᠬᠤᠪᠢᠶᠠᠨ ᠬᠠᠮᠠᠭᠠᠯᠠᠬᠤ ᠪᠠ ᠲᠡᠰ ᠲᠤᠨᠨᠳᠠᠭᠠᠵᠦ ᠪᠦᠷᠢᠳᠬᠡᠨ ᠲᠠᠩᠰᠠᠯᠠᠬᠤ᠂ ᠵᠡᠷᠬᠡ ᠲᠡᠰ ᠢᠶᠠᠷ ᠰᠢᠨᠵᠢᠨ ᠦᠨᠡᠯᠡᠬᠦ ᠵᠡᠷᠬᠡ ᠠᠵᠢᠯ ᠢ ᠦᠷᠨᠢᠬᠦᠯᠵᠦ᠂ ᠡᠯ᠎ᠡ ᠲᠠᠯ᠎ᠠ ᠶᠢᠨ ᠬᠢᠨ ᠬᠠᠮᠵᠢᠯᠴᠠᠨ ᠵᠤᠬᠢᠴᠠᠯᠳᠤᠨᠨᠰᠠᠨ ᠮᠡᠳᠡᠭᠡ ᠵᠠᠩᠬᠢ ᠶᠢᠨ ᠠᠮᠤᠷ ᠲᠦᠪᠰᠢᠨ ᠢ ᠰᠡᠷᠬᠡᠶᠢᠯᠡᠬᠦ᠂ ᠬᠢᠨᠠᠨ ᠰᠢᠨᠵᠢᠬᠦ᠂ ᠮᠡᠳᠡᠬᠡᠯᠡᠭᠦ᠂ ᠤᠷᠢᠶᠠᠯᠠᠨ ᠲᠠᠭᠠᠬᠤ ᠪᠠ ᠰᠶᠢᠳᠪᠦᠷᠢᠯᠡᠬᠦ ᠲᠤᠨᠨᠳᠠᠴᠠ ᠶᠢ ᠪᠠᠶᠢᠭᠤᠯᠤᠨ᠎ᠠ᠃ ᠡᠯᠧᠺᠲᠷᠤᠨ ᠦᠨᠡᠮᠯᠡᠯ᠂ ᠪᠡᠶ᠎ᠡ ᠭᠠᠷᠤᠯ ᠤᠨ ᠬᠡᠷᠡᠴᠢᠯᠡᠭᠡ᠂ ᠰᠦᠯᠵᠢᠶ᠎ᠡ ᠪᠠᠷ ᠲᠤᠭᠠᠴᠠᠭ᠎ᠠ ᠬᠢᠬᠦ ᠵᠡᠷᠬᠡ ᠴᠢᠬᠤᠯᠠ ᠰᠢᠰᠲ᠋ᠧᠮ ᠪᠠ ᠵᠠᠩᠬᠢᠯᠠᠭ᠎ᠠ ᠶᠢᠨ ᠲᠠᠯ᠎ᠠ ᠶᠢᠨ ᠠᠮᠤᠷ ᠲᠦᠪᠰᠢᠨ ᠤ ᠬᠢᠨᠠᠨ ᠡᠵᠡᠮᠳᠡᠬᠦ ᠶᠢ ᠴᠢᠩᠭᠠᠳᠬᠠᠨ᠎ᠠ᠃ ᠡᠯ᠎ᠡ ᠲᠡᠪᠴᠡᠩ᠂ ᠡᠯ᠎ᠡ ᠰᠢᠰᠲ᠋ᠧᠮ ᠤᠨ ᠠᠮᠤᠷ ᠲᠦᠪᠰᠢᠨ ᠤ ᠰᠡᠷᠬᠡᠶᠢᠯᠡᠨ ᠬᠠᠮᠠᠭᠠᠯᠠᠬᠤ ᠴᠢᠳᠠᠪᠤᠷᠢ ᠶᠢ ᠲᠡᠬᠡᠭᠰᠢᠯᠡᠬᠦᠯᠵᠦ᠂ ᠠᠮᠤᠷ ᠲᠦᠪᠰᠢᠨ ᠤ ᠭᠦᠷᠦᠯᠴᠡᠬᠦ ᠦᠬᠡᠢ ᠵᠦᠢᠯ ᠢ ᠪᠠᠶᠢᠴᠠᠭᠠᠨ ᠨᠦᠭᠦᠪᠦᠷᠢᠯᠡᠵᠦ᠂ ᠭᠠᠢ ᠠᠴᠠ ᠰᠡᠷᠬᠡᠶᠢᠯᠡᠵᠦ ᠪᠡᠯᠡᠳᠬᠡᠨ ᠨᠦᠬᠡᠴᠡᠯᠡᠬᠦ ᠶᠢ ᠰᠠᠶᠢᠳᠤᠷ ᠬᠢᠨ᠎ᠠ᠃ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠦᠮᠥᠨ ᠤ ᠨᠢᠭᠤᠴᠠ ᠵᠡᠷᠬᠡ ᠳᠤ ᠬᠤᠯᠪᠤᠨᠨᠳᠠᠬᠤ ᠴᠢᠬᠤᠯᠠ ᠳ᠋ᠠᠶᠢᠲ᠋ᠠ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠮᠡᠳᠡᠭᠡ ᠵᠠᠩᠬᠢ ᠶᠢᠨ ᠠᠮᠤᠷ ᠲᠦᠪᠰᠢᠨ ᠢ ᠲᠤᠯᠭᠠᠭᠤᠷᠢᠯᠠᠵᠦ ᠪᠠᠳᠤᠯᠠᠬᠤ ᠬᠢᠷᠢ ᠬᠡᠮᠵᠢᠶ᠎ᠡ ᠪᠠ ᠲᠦᠭᠰᠢᠭᠦᠷᠢ ᠶᠢ ᠰᠡᠷᠬᠡᠶᠢᠯᠡᠨ ᠬᠠᠮᠠᠭᠠᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃      ︵ᠭᠤᠷᠪᠠ︶ ᠦᠢᠯᠡᠴᠢᠯᠡᠬᠡᠨ ᠤ ᠮᠡᠳᠡᠭᠡ ᠵᠠᠩᠬᠢ ᠶᠢ ᠪᠦᠭᠦ ᠲᠠᠯ᠎ᠠ ᠪᠠᠷ ᠢᠯᠡ ᠪᠤᠯᠭᠠᠨ᠎ᠠ᠃ ᠦᠪᠡᠷᠳᠡᠬᠡᠨ ᠵᠠᠰᠬᠠᠤ ᠤᠷᠤᠨ ᠤ ᠲᠤᠰ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠢ ᠲᠦᠷᠬᠡᠳᠬᠡᠨ ᠪᠠᠶᠢᠭᠤᠯᠵᠦ᠂ ᠰᠦᠯᠵᠢᠶ᠎ᠡ ᠪᠠᠷ ᠭᠦᠢᠴᠡᠳᠬᠡᠬᠦ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ︽ᠰᠦᠯᠵᠢᠶᠡᠨ ᠳᠤ ᠭᠠᠷᠭᠠᠵᠦ ᠪᠤᠯᠬᠤ ᠶᠢ ᠪᠦᠭᠦᠨ ᠢ ᠰᠦᠯᠵᠢᠶᠡᠨ ᠳᠤ ᠭᠠᠷᠭᠠᠵᠦ᠂ ᠪᠦᠭᠦ ᠶᠠᠪᠤᠴᠠ ᠶᠢ ᠰᠦᠯᠵᠢᠶᠡᠨ ᠳᠤ ᠪᠠᠶᠢᠯᠭᠠᠬᠤ︾᠎ ᠶᠢ ᠭᠦᠢᠴᠡᠳᠭᠡᠨ᠎ᠡ᠃ ᠤᠯᠠᠨ ᠰᠠᠯᠠᠭ᠎ᠠ ᠮᠦᠴᠢᠷ ᠯᠦᠭᠡ ᠬᠤᠯᠪᠤᠨᠨᠳᠠᠬᠤ ᠵᠦᠢᠯᠡᠰ ᠲᠤ ᠨᠢᠬᠡ ᠲᠠᠯ᠎ᠠ ᠨᠢ ᠭᠦᠯᠢᠶᠡᠨ ᠠᠪᠬᠤ᠂ ᠰᠦᠯᠵᠢᠶ᠎ᠡ ᠪᠠᠷ ᠠᠵᠢᠯᠯᠠᠭᠤᠯᠬᠤ᠂ ᠵᠡᠷᠬᠡᠪᠡᠷ ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠵᠦ ᠲᠠᠭᠤᠰᠬᠠᠬᠤ ᠶᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠮᠤ ᠳ᠋ᠠᠶᠢᠲ᠋ᠠ ᠶᠢᠨ ᠵᠠᠳᠠᠯᠤᠨ ᠰᠢᠨᠵᠢᠯᠡᠬᠦ ᠶᠢ ᠦᠷᠨᠢᠬᠦᠯᠵᠦ᠂ ᠨᠡᠶᠢᠳᠡ ᠤᠯᠠᠨ ᠤ ᠠᠵᠢᠯ ᠬᠡᠷᠡᠭ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠬᠦ ᠪᠠ ᠤᠷᠢᠳᠴᠢᠯᠠᠨ ᠮᠠᠭᠠᠳᠯᠠᠵᠦ᠂ ᠤᠶᠤᠨᠴᠢᠯᠬᠠᠰᠠᠨ᠂ ᠦᠪᠡᠷᠮᠢᠴᠡᠵᠢᠭᠰᠡᠨ ᠦᠢᠯᠡᠴᠢᠯᠡᠭᠡ ᠬᠠᠩᠭᠠᠨ᠂ ᠰᠠᠨᠠᠭᠠᠴᠢᠯᠠᠭᠠᠲᠦ ᠪᠣᠰᠦ ᠪᠠᠷ ᠦᠢᠯᠡᠴᠢᠯᠡᠵᠦ ᠪᠠᠶᠢᠨᠨᠰᠠᠨ ᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠤᠯᠭᠠᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠵᠠᠰᠠᠭ ᠤᠨ ᠤᠷᠳᠤᠨ ᠤ ᠫᠤᠷᠲ᠋ᠧᠯ ᠰᠦᠯᠵᠢᠶᠡᠨ ᠦᠷᠳᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ ᠦᠷᠳᠡᠭᠡ ᠪᠠ ᠪᠤᠳᠠᠳᠤ ᠴᠣᠭᠴᠠ ᠪᠦᠬᠦᠢ ᠵᠠᠰᠠᠭ ᠤᠨ ᠶᠠᠪᠤᠳᠠᠯ ᠤᠨ ᠲᠢᠩᠬᠢᠮ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠯᠦᠭᠡ ᠬᠠᠮᠢᠶ᠎ᠠ ᠲᠠᠢ ᠬᠠᠤᠯᠢ ᠴᠠᠭᠠᠵᠠ ᠬᠠᠤᠯᠢ ᠲᠤᠨᠨᠳᠠᠭᠠᠯ᠂ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ᠂ ᠮᠡᠳᠡᠭᠳᠡᠯ ᠵᠠᠷᠯᠠᠯ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠬᠢᠨᠠᠨ ᠪᠠᠶᠢᠴᠠᠭᠠᠬᠤ ᠨᠠᠷᠢᠨ ᠲᠦᠷᠢᠮ᠂ ᠪᠠᠶᠢᠩᠭᠤ ᠲᠣᠬᠢᠶᠠᠯᠳᠤᠬᠤ ᠠᠰᠠᠭᠤᠳᠠᠯ᠂ ᠬᠢᠨᠠᠯᠳᠠ ᠲᠠᠯᠪᠢᠵᠦ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠪᠠ ᠰᠦᠯᠵᠢᠶ᠎ᠡ ᠪᠠᠷ ᠭᠦᠢᠴᠡᠳᠬᠡᠵᠦ ᠪᠤᠯᠬᠤ ᠬᠡᠮᠵᠢᠶ᠎ᠡ᠂ ᠵᠢᠴᠢ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠳᠤ ᠬᠤᠯᠪᠤᠨᠨᠳ᠋ᠬᠠᠰᠠᠨ ᠵᠠᠭᠤᠴᠢ ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ᠂ ᠪᠠᠶᠢᠭᠤᠯᠤᠮᠵᠢ ᠶᠢᠨ ᠨᠡᠷᠡᠶᠢᠳᠦᠯ ᠤᠨ ᠵᠢᠨᠨᠰᠠᠭᠠᠯᠳᠠ ᠵᠡᠷᠬᠡ ᠶᠢᠨ ᠮᠡᠳᠡᠭᠡ ᠵᠠᠩᠬᠢ ᠶᠢ ᠲᠦᠪᠯᠡᠷᠡᠬᠦᠯᠦᠨ ᠪᠦᠭᠦ ᠲᠠᠯ᠎ᠠ ᠪᠠᠷ ᠢᠯᠡ ᠪᠣᠯᠭᠠᠬᠤ ᠶᠢᠨ ᠬᠠᠮᠳᠤ᠂ ᠭᠦᠳᠡᠯᠦᠩᠭᠦᠢ ᠲᠤᠬᠢᠷᠠᠭᠤᠯᠤᠯᠳᠠ ᠬᠢᠬᠦ ᠶᠢ ᠬᠡᠷᠡᠭᠵᠢᠬᠦᠯᠦᠨ᠂ ᠰᠦᠯᠵᠢᠶ᠎ᠠ ᠶᠢᠨ ᠪᠠ ᠰᠦᠯᠵᠢᠶᠡᠨ ᠠᠴᠠ ᠭᠠᠳᠠᠭᠤᠷᠬᠢ ᠠᠭᠤᠯᠭ᠎ᠠ ᠶᠢᠨ ᠤᠨᠤᠪᠴᠢᠳᠠᠢ ᠪᠦᠭᠡᠳ ᠨᠢᠬᠡᠳᠦᠯᠳᠡᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠢ᠃      ︵ᠲᠦᠷᠪᠡ︶ ᠪᠠᠷᠢᠮᠵᠢᠶ᠎ᠠ ᠶᠢ ᠵᠢᠷᠤᠮᠵᠢᠭᠤᠯᠬᠤ ᠪᠠᠶᠢᠭᠤᠯᠤᠯᠳᠠ ᠶᠢ ᠴᠢᠩᠭᠠᠷᠠᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠵᠦ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠤᠭᠤᠷᠤᠨᠳᠤᠬᠢ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠡᠷ ᠭᠦᠷᠳᠡᠬᠦ ᠪᠠᠷᠢᠮᠵᠢᠶ᠎ᠠ ᠪᠠ ᠲᠤᠬᠠᠶᠢᠯᠬᠠᠰᠠᠨ ᠠᠵᠢᠯ ᠤᠨ ᠬᠠᠮᠵᠢᠯᠴᠠᠬᠤ ᠪᠠᠷᠢᠮᠵᠢᠶ᠎ᠠ ᠶᠢ ᠲᠦᠷᠬᠡᠳᠬᠡᠨ ᠪᠠᠶᠢᠭᠤᠯᠤᠨ᠎ᠠ᠃ ᠮᠡᠳᠡᠭᠡ ᠵᠠᠩᠬᠢ ᠶᠢ ᠬᠠᠮᠳᠤᠪᠡᠷ ᠭᠦᠷᠳᠡᠬᠦ᠂ ᠲᠤᠮᠤ ᠳ᠋ᠠᠶᠢᠲ᠋ᠠ ᠶᠢᠨ ᠬᠡᠷᠡᠭᠯᠡᠯᠲᠡ᠂ ᠮᠡᠳᠡᠭᠡ ᠵᠠᠩᠬᠢ ᠶᠢᠨ ᠡᠬᠢ ᠪᠠᠶᠠᠯᠢᠭ ᠢ ᠲᠦᠷᠦᠯ ᠬᠤᠪᠢᠶᠠᠬᠤ᠂ ᠰᠤᠯᠢᠯᠴᠠᠬᠤ ᠵᠠᠯᠭᠠᠰᠤ᠂ ᠡᠯᠧᠺᠲᠷᠤᠨ ᠦᠨᠡᠮᠯᠡᠯ᠂ ᠡᠯᠧᠺᠲᠷᠤᠨ ᠠᠯᠪᠠᠨ ᠪᠢᠴᠢᠭ᠂ ᠡᠯᠧᠺᠲᠷᠤᠨ ᠲᠠᠮᠠᠭ᠎ᠠ᠂ ᠪᠡᠶ᠎ᠡ ᠭᠠᠷᠤᠯ ᠤᠨ ᠬᠡᠷᠡᠴᠢᠯᠡᠭᠡ᠂ ᠵᠠᠰᠠᠭ ᠤᠨ ᠶᠠᠪᠤᠳᠠᠯ ᠤᠨ ᠡᠭᠦᠯᠡᠨ ᠲᠡᠪᠴᠡᠩ᠂ ᠠᠮᠤᠷ ᠲᠦᠪᠰᠢᠨ ᠤ ᠨᠢᠭᠤᠴᠠ ᠶᠢᠨ ᠬᠠᠮᠠᠭᠠᠯᠠᠯᠳᠠ ᠵᠡᠷᠬᠡ ᠵᠠᠩᠬᠢᠯᠠᠭ᠎ᠠ ᠶᠢᠨ ᠨᠡᠶᠢᠳᠡᠴᠢ ᠴᠢᠨᠠᠷᠲᠠᠢ ᠪᠠᠷᠢᠮᠵᠢᠶ᠎ᠠ ᠶᠢ ᠲᠤᠨᠨᠳᠠᠭᠠᠬᠤ ᠪᠠ ᠬᠡᠷᠡᠭᠵᠢᠬᠦᠯᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠬᠠᠮᠢᠶ᠎ᠠ ᠪᠦᠭᠦᠢ ᠬᠠᠮᠢᠶᠠᠷᠤᠯᠳᠠ ᠶᠢᠨ ᠲᠦᠷᠢᠮ ᠪᠠ ᠦᠢᠯᠡᠴᠢᠯᠡᠬᠡᠨ ᠤ ᠵᠢᠷᠤᠮᠵᠢᠯ ᠢ ᠲᠤᠨᠨᠳᠠᠭᠠᠨ ᠲᠡᠭᠦᠯᠳᠡᠷᠵᠢᠬᠦᠯᠵᠦ᠂ ︽ᠦᠢᠯᠡᠴᠢᠯᠡᠬᠡᠨ ᠤ ᠴᠤᠪᠤᠷᠠᠯ ᠢ ᠬᠠᠤᠯᠢ ᠲᠤᠨᠨᠳᠠᠭᠠᠯ ᠳᠤ ᠨᠡᠶᠢᠴᠡᠭᠦᠯᠭᠦ᠂ ᠤᠯᠠᠨ ᠲᠦᠮᠡᠨ ᠠᠵᠢᠯ ᠶᠠᠪᠤᠳᠠᠯ ᠭᠦᠢᠴᠡᠳᠬᠡᠬᠦ ᠳᠤ ᠭᠦᠴᠢᠷᠳᠡᠯ ᠶᠡᠭᠡ ᠲᠠᠢ ᠪᠠᠶᠢᠬᠤ︾ ᠵᠡᠷᠬᠡ ᠠᠰᠠᠭᠤᠳᠠᠯ ᠢ ᠭᠦᠴᠦᠯᠡᠨ ᠰᠶᠢᠳᠪᠦᠷᠢᠯᠡᠨ᠎ᠠ᠃ ᠪᠠᠷᠢᠮᠵᠢᠶ᠎ᠠ ᠪᠠᠷ ᠰᠢᠯᠭᠠᠨ ᠭᠡᠷᠡᠴᠢᠯᠡᠬᠦ ᠪᠠ ᠬᠡᠷᠡᠭᠯᠡᠯᠲᠡ ᠶᠢᠨ ᠲᠤᠷᠰᠢᠵᠦ ᠵᠢᠱᠢᠶ᠎ᠡ ᠦᠵᠡᠬᠦᠯᠬᠦ ᠶᠢ ᠦᠷᠨᠢᠬᠦᠯᠵᠦ᠂ ᠦᠢᠯᠡᠴᠢᠯᠡᠬᠡᠨ ᠤ ᠵᠠᠬ᠎ᠠ ᠲᠡᠯᠬᠡᠭᠦᠷ ᠢ ᠪᠤᠶᠢᠵᠢᠭᠤᠯᠬᠤ᠂ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠬᠦ᠂ ᠦᠢᠯᠡᠴᠢᠯᠡᠬᠡᠨ ᠤ ᠬᠠᠮᠢᠶᠠᠷᠤᠯᠳᠠ ᠶᠢ ᠲᠡᠮᠵᠢᠬᠦ ᠵᠡᠷᠬᠡ ᠲᠠᠯ᠎ᠠ ᠳᠤ ᠦᠵᠡᠭᠦᠯᠬᠦ ᠪᠠᠷᠢᠮᠵᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠲᠠᠪᠤ︶ ᠠᠵᠢᠯ ᠤᠨ ᠠᠮᠵᠢᠯᠳᠠ ᠪᠦᠳᠦᠮᠵᠢ ᠶᠢ ᠦᠨᠡᠯᠡᠨ ᠵᠢᠱᠢᠬᠦ ᠲᠤᠨᠨᠳᠠᠴᠠ ᠶᠢ ᠲᠡᠭᠦᠯᠳᠡᠷᠵᠢᠬᠦᠯᠦᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠦᠷ᠎ᠡ ᠴᠢᠳᠠᠮᠵᠢ ᠶᠢ ᠦᠨᠡᠯᠡᠨ ᠵᠢᠱᠢᠬᠦ ᠪᠠ ᠬᠢᠨᠠᠯᠳᠠ ᠲᠠᠯᠪᠢᠵᠦ ᠰᠢᠯᠭᠠᠨ ᠬᠢᠨᠠᠬᠤ ᠲᠤᠨᠨᠳᠠᠴᠠ ᠶᠢ ᠪᠠᠶᠢᠭᠤᠯᠵᠦ᠂ ᠵᠠᠰᠠᠭ ᠤᠨ ᠤᠷᠳᠤᠨ ᠤ ᠠᠵᠢᠯ ᠤᠨ ᠠᠮᠵᠢᠯᠳᠠ ᠪᠦᠳᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠤᠷᠤᠭᠤᠯᠤᠨ᠂ ᠰᠢᠯᠭᠠᠨ ᠬᠢᠨᠠᠬᠤ ᠶᠢᠨ ᠴᠢᠬᠤᠯᠠᠴᠢᠯᠬᠠᠳᠠᠬᠤ ᠬᠡᠮᠵᠢᠶ᠎ᠡ ᠶᠢ ᠨᠡᠮᠡᠭᠳᠡᠬᠦᠯᠵᠦ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠵᠦᠢᠯᠡᠰ ᠲᠤ ᠵᠢᠨᠨᠰᠠᠭᠠᠨ ᠤᠷᠤᠭᠤᠯᠵᠦ᠂ ᠦᠪᠡᠷᠳᠡᠬᠡᠨ ᠵᠠᠰᠬᠠᠤ ᠤᠷᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠨᠢ ᠠᠵᠢᠯ ᠤᠨ ᠠᠬᠢᠴᠠ ᠪᠠ ᠦᠷ᠎ᠡ ᠪᠦᠳᠦᠮᠵᠢ ᠶᠢ ᠲᠤᠨᠨᠳᠠᠮᠠᠯ ᠬᠤᠭᠤᠴᠠᠭ᠎ᠠ ᠲᠠᠢ ᠪᠠᠷ ᠮᠡᠳᠡᠬᠡᠯᠡᠬᠦ ᠶᠢᠨ ᠬᠠᠮᠳᠤ ᠢᠯᠡ ᠪᠤᠯᠭᠠᠨ᠎ᠠ᠃ ᠡᠯ᠎ᠡ ᠲᠦᠷᠦᠭᠦᠯᠡᠨ ᠬᠢᠬᠦ ᠨᠢᠬᠡᠴᠡ ᠪᠠ ᠬᠠᠷᠢᠭᠤᠴᠠᠬᠤ ᠨᠢᠬᠡᠴᠡ ᠨᠢ ᠬᠡᠷᠡᠭᠵᠢᠬᠦᠯᠬᠦ ᠲᠦᠯᠦᠪᠯᠡᠭᠡ ᠶᠢ ᠱᠠᠯᠠᠪᠳᠠᠨ ᠲᠤᠨᠨᠳᠠᠭᠠᠬᠤ ᠶᠢᠨ ᠬᠠᠮᠳᠤ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠢ᠃ ᠨᠡᠶᠢᠬᠡᠮ ᠤᠨ ᠬᠢᠨ ᠤ ᠬᠢᠨᠠᠯᠳᠠ ᠲᠠᠯᠪᠢᠬᠤ ᠪᠠ ᠶᠠᠷᠢᠶ᠎ᠠ ᠬᠡᠯᠡᠯᠴᠡᠬᠡᠨ ᠢᠶᠠᠷ ᠬᠢᠨᠠᠯᠳᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠤᠯᠠᠨ ᠲᠦᠮᠡᠨ ᠤ ᠵᠠᠭᠠᠯᠳᠤᠵᠦ ᠢᠯᠡᠴᠢᠯᠡᠨ ᠮᠡᠳᠡᠬᠦᠯᠬᠦ ᠵᠠᠮ ᠮᠦᠷ ᠢ ᠰᠢᠯᠤᠭᠤᠳᠬᠠᠨ᠂ ᠢᠯᠡᠴᠢᠯᠡᠨ ᠮᠡᠳᠡᠬᠦᠯᠥᠭᠰᠡᠨ ᠢ ᠭᠦᠯᠢᠶᠡᠨ ᠠᠪᠬᠤ᠂ ᠰᠶᠢᠳᠪᠦᠷᠢᠯᠡᠬᠦ ᠪᠠ ᠬᠠᠷᠢᠭᠤ ᠲᠤᠰᠬᠠᠬᠤ ᠲᠦᠷᠢᠮ ᠢ ᠲᠡᠭᠦᠯᠳᠡᠷᠵᠢᠬᠦᠯᠵᠦ᠂ ᠤᠯᠠᠨ ᠲᠦᠮᠡᠨ ᠤ ᠲᠤᠰᠬᠠᠨᠨᠰᠠᠨ ᠠᠰᠠᠭᠤᠳᠠᠯ ᠢ ᠦᠨᠡᠨᠬᠦ ᠰᠶᠢᠳᠪᠦᠷᠢᠯᠡᠨ᠂ ᠨᠡᠶᠢᠬᠡᠮ ᠤᠨ ᠬᠢᠨ ᠤ ᠠᠩᠬᠠᠷᠴᠤ ᠪᠦᠭᠦᠢ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠦᠭᠭᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶᠡᠨ ᠦᠷᠳᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ ᠦᠷᠳᠡᠭᠡ ᠳᠤ ᠢᠯᠡᠷᠡᠬᠦᠯᠦᠨ ᠢᠯᠡᠴᠢᠯᠡᠬᠦ ᠪᠠ ᠠᠯᠳᠠᠭ᠎ᠠ ᠵᠠᠯᠠᠷᠠᠭᠤᠯᠬᠤ ᠪᠤᠯᠤᠩ ᠨᠡᠬᠡᠬᠡᠵᠦ᠂ ᠤᠯᠠᠨ ᠲᠦᠮᠡᠨ ᠤ ᠲᠤᠰᠬᠠᠨᠨᠰᠠᠨ ᠠᠵᠢᠯ ᠬᠡᠷᠡᠭ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠭᠦᠴᠢᠷᠳᠡᠯ ᠪᠠ ᠠᠰᠠᠭᠤᠳᠠᠯ ᠢ ᠢᠯᠡ ᠪᠤᠯᠭᠠᠨ᠂ ᠰᠶᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠬᠠᠷᠢᠭᠤ ᠲᠤᠰᠬᠠᠨ᠎ᠠ᠃ ᠵᠦᠪ ᠲᠠᠯ᠎ᠠ ᠠᠴᠠ ᠤᠷᠮᠠᠰᠢᠭᠤᠯᠬᠤ ᠲᠤᠨᠨᠳᠠᠴᠠ ᠪᠠ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠭᠤᠷᠪᠠᠳᠠᠬᠢ ᠡᠳᠡᠬᠡᠳ ᠤᠨ ᠦᠨᠡᠯᠡᠨ ᠵᠢᠱᠢᠬᠦ ᠠᠷᠭ᠎ᠠ ᠪᠠᠷᠢᠯ ᠢ ᠢᠳᠡᠪᠬᠢᠳᠡᠢ ᠪᠠᠷ ᠬᠡᠷᠡᠭᠯᠡᠵᠦ ᠪᠠᠶᠢᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠯᠡᠨ ᠵᠢᠱᠢᠵᠦ ᠦᠨᠡᠯᠡᠯᠳᠡ ᠬᠢᠬᠦ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠦᠨᠡᠯᠡᠯᠳᠡ ᠬᠢᠵᠦ ᠰᠢᠯᠭᠠᠨ ᠬᠢᠨᠠᠬᠤ ᠪᠠᠷ ᠠᠷᠭ᠎ᠠ ᠪᠠᠷᠢᠯ ᠪᠤᠯᠭᠠᠨ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠲᠠᠰᠤᠷᠠᠯᠳᠠ ᠦᠬᠡᠢ ᠲᠡᠬᠡᠭᠰᠢᠯᠡᠬᠦᠯᠬᠦ ᠶᠢ ᠠᠬᠢᠭᠤᠯᠤᠨ᠎ᠠ᠃      ︵ᠵᠢᠷᠭᠤᠭ᠎ᠠ︶ ᠪᠤᠯᠪᠠᠰᠤᠷᠠᠭᠤᠯᠤᠯ ᠪᠠ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠠᠵᠢᠯ ᠤᠨ ᠲᠤᠭᠤᠷᠢᠨ ᠳᠤ ᠪᠤᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠤᠨ ᠦᠷᠨᠢᠬᠦᠯᠵᠦ᠂ ᠰᠦᠯᠵᠢᠶ᠎ᠡ ᠶᠢᠨ ᠪᠠ ᠰᠦᠯᠵᠢᠶ᠎ᠡ ᠠᠴᠠ ᠭᠠᠳᠠᠭᠤᠷᠬᠢ ᠶᠢ ᠤᠶᠠᠯᠳᠤᠭᠤᠯᠤᠨᠨᠰᠠᠨ ᠠᠯᠪᠠᠨ ᠠᠵᠢᠯᠳᠠᠨ ᠤ ᠭᠦᠮᠦᠵᠢᠯ ᠪᠤᠯᠪᠠᠰᠤᠷᠠᠭᠤᠯᠤᠯ ᠤᠨ ᠰᠢᠰᠲ᠋ᠧᠮᠵᠢ ᠶᠢ ᠪᠠᠶᠢᠭᠤᠯᠤᠨ᠎ᠠ᠃ ᠦᠵᠡᠯ ᠰᠠᠨᠠᠭᠠᠨ ᠤ ᠦᠵᠡᠯ ᠤᠬᠠᠮᠰᠠᠷ ᠢᠶᠠᠨ ᠬᠤᠪᠢᠷᠠᠭᠤᠯᠵᠦ᠂ ᠰᠠᠨᠠᠭᠠᠴᠢᠯᠠᠭᠠᠳᠤ ᠪᠤᠰᠤ ᠪᠠᠷ ᠦᠢᠯᠡᠴᠢᠯᠡᠵᠦ ᠪᠠᠶᠢᠨᠨᠰᠠᠨ ᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠤᠯᠭᠠᠨ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠡᠮᠡᠭᠳᠡᠭᠦᠯᠵᠦ᠂ ᠦᠢᠯᠡᠴᠢᠯᠡᠬᠦ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠂ ᠲᠤᠬᠠᠶᠢᠯᠬᠠᠰᠠᠨ ᠠᠵᠢᠯ ᠤᠨ ᠴᠢᠳᠠᠪᠤᠷᠢ ᠪᠠ ᠠᠵᠢᠯ ᠬᠡᠷᠡᠭ ᠭᠦᠢᠴᠡᠳᠬᠡᠬᠦ ᠦᠷ᠎ᠡ ᠪᠦᠲᠥᠮᠵᠢ ᠶᠢ ᠳᠡᠭᠡᠭᠰᠢᠯᠡᠭᠦᠯᠥᠨ᠎ᠡ᠃ ᠲᠤᠰᠬᠠᠢ ᠮᠡᠷᠬᠡᠵᠢᠯ ᠤᠨ ᠴᠢᠳᠠᠪᠤᠷᠢᠳᠠᠨ ᠤ ᠡᠩᠨᠡᠭᠡ ᠶᠢ ᠪᠤᠯᠪᠠᠰᠤᠷᠠᠭᠤᠯᠤᠨ ᠭᠦᠮᠦᠵᠢᠬᠦᠯᠬᠦ ᠶᠢ ᠴᠢᠩᠭᠠᠳᠬᠠᠵᠦ᠂ ᠢᠨᠲ᠋ᠧᠷ ᠰᠦᠯᠵᠢᠶᠡᠨ ᠤ ᠰᠡᠳᠭᠢᠬᠦᠢ ᠬᠢᠬᠡᠳ ᠮᠡᠷᠬᠡᠵᠢᠯ ᠢ ᠪᠦᠷᠢᠳᠥᠭᠦᠯᠥᠭᠰᠡᠨ ᠪᠦᠬᠡᠳ ᠵᠠᠰᠠᠭ ᠤᠨ ᠶᠠᠪᠤᠳᠠᠯ ᠤᠨ ᠦᠢᠯᠡᠴᠢᠯᠡᠬᠡᠨ ᠳᠤ ᠨᠡᠪᠳᠡᠷᠡᠭᠰᠡᠨ ᠨᠢᠭᠡᠨ ᠰᠠᠯᠠᠭ᠎ᠠ ᠲᠤᠰᠬᠠᠶᠢᠵᠢᠨᠨᠰᠠᠨ ᠡᠩᠨᠡᠭᠡ ᠶᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠤᠬᠠᠭᠤᠯᠤᠨ ᠵᠢᠯᠤᠭᠤᠳᠬᠤ ᠠᠵᠢᠯ ᠢ ᠰᠠᠶᠢᠳᠤᠷ ᠬᠢᠵᠦ᠂ ᠨᠡᠩ ᠤᠯᠠᠨ ᠠᠵᠦ ᠠᠬᠤᠶᠢᠯᠠᠯ ᠪᠠ ᠤᠯᠠᠨ ᠲᠦᠮᠡᠨ ᠤ ᠠᠳᠠᠯᠢ ᠪᠤᠰᠤ ᠵᠠᠮ ᠮᠦᠷ ᠢᠶᠠᠷ ᠲᠠᠮᠵᠢᠵᠦ ᠰᠦᠯᠵᠢᠶ᠎ᠡ ᠳᠤ ᠵᠠᠯᠭᠠᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠭᠦᠷᠳᠡᠬᠦ ᠳᠤ ᠲᠦᠭᠦᠮ ᠦᠵᠡᠬᠦᠯᠦᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠨᠡᠶᠢᠬᠡᠮ ᠤᠨ ᠬᠢᠨ ᠤ ᠲᠠᠨᠢᠨ ᠮᠡᠳᠡᠷᠡᠬᠦ ᠪᠠ ᠤᠯᠠᠨ ᠲᠦᠮᠡᠨ ᠤ ᠮᠡᠳᠡᠷᠡᠨ ᠵᠦᠪᠰᠢᠶᠡᠷᠡᠬᠦ ᠶᠢ ᠲᠡᠬᠡᠭᠰᠢᠯᠡᠬᠦᠯᠦᠨ᠎ᠠ᠃      ︵ᠲᠤᠯᠤᠭ᠎ᠠ︶ ᠠᠵᠢᠯᠯᠠᠭᠤᠯᠵᠦ ᠪᠠᠳᠤᠯᠠᠨ ᠬᠠᠮᠢᠶᠠᠷᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠤᠯ ᠬᠤᠯᠪᠤᠨᠨᠳᠠᠬᠤ ᠰᠠᠯᠠᠭ᠎ᠠ ᠮᠦᠴᠢᠷ ᠢᠶᠠᠷ ᠣᠯᠠᠨ᠂ ᠲᠤᠬᠠᠶᠢᠯᠬᠠᠰᠠᠨ ᠠᠵᠢᠯ ᠤᠨ ᠬᠡᠪᠴᠢᠶ᠎ᠡ ᠪᠠᠷ ᠦᠷᠬᠡᠨ ᠰᠢᠰᠲ᠋ᠧᠮᠵᠢᠳᠤ ᠢᠨᠵᠧᠨᠧᠷᠢᠩ ᠪᠤᠯᠤᠨ᠎ᠠ᠂ ᠨᠢᠬᠡᠳᠦᠯᠳᠡᠢ ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠬᠤ᠂ ᠴᠤᠪᠤᠷᠠᠯ ᠢ ᠵᠢᠷᠤᠮᠵᠢᠯ ᠲᠠᠢ ᠪᠠᠶᠢᠯᠭᠠᠬᠤ᠂ ᠠᠮᠤᠷ ᠲᠦᠪᠰᠢᠨ ᠪᠦᠭᠡᠳ ᠦᠨᠳᠦᠷ ᠦᠷ᠎ᠡ ᠪᠦᠳᠦᠮᠵᠢᠳᠡᠢ ᠠᠵᠢᠯᠯᠠᠭᠤᠯᠵᠦ ᠪᠠᠳᠤᠯᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠠᠵᠢᠯᠯᠠᠭᠤᠯᠵᠦ ᠪᠠᠳᠤᠯᠠᠬᠤ ᠠᠵᠢᠯ ᠢ ᠵᠢᠷᠤᠮᠵᠢᠭᠤᠯᠬᠤ᠂ ᠲᠦᠷᠢᠮᠵᠢᠬᠦᠯᠬᠦ᠂ ᠴᠤᠪᠤᠷᠠᠯᠵᠢᠭᠤᠯᠬᠤ ᠪᠠ ᠡᠵᠡᠮᠳᠡᠵᠦ ᠪᠤᠯᠬᠤᠶᠢᠴᠠ ᠶᠢ ᠪᠡᠶᠡᠯᠡᠬᠦᠯᠵᠦ᠂ ᠠᠵᠢᠯᠯᠠᠭᠤᠯᠵᠦ ᠪᠠᠳᠤᠯᠠᠨ ᠬᠠᠮᠢᠶᠠᠷᠬᠤ ᠪᠠ ᠦᠢᠯᠡᠴᠢᠯᠡᠭᠡ ᠶᠢ ᠪᠠᠳᠤᠯᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ ᠤ ᠮᠡᠳᠡᠭᠡ ᠵᠠᠩᠬᠢᠵᠢᠯᠳᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠵᠢᠯᠯᠠᠭᠤᠯᠵᠦ ᠪᠠᠳᠤᠯᠠᠬᠤ ᠡᠬᠢ ᠪᠠᠶᠠᠯᠢᠭ ᠢ ᠨᠢᠬᠡᠳᠦᠯᠳᠡᠢ ᠲᠦᠯᠦᠪᠯᠡᠨ ᠲᠦᠯᠦᠪᠵᠢᠭᠦᠯᠵᠦ᠂ ᠰᠢᠯᠢᠳᠡᠭᠵᠢᠬᠦᠯᠦᠨ ᠲᠤᠬᠢᠷᠠᠭᠤᠯᠵᠦ᠂ ᠠᠵᠢᠯᠯᠠᠭᠤᠯᠵᠦ ᠪᠠᠳᠤᠯᠠᠬᠤ ᠲᠦᠷᠦᠯ ᠵᠦᠢᠯ ᠢ ᠡᠮᠬᠢᠯᠡᠨ ᠨᠡᠶᠢᠯᠡᠬᠦᠯᠵᠦ᠂ ᠠᠵᠢᠯᠯᠠᠭᠤᠯᠵᠦ ᠪᠠᠳᠤᠯᠠᠬᠤ ᠠᠭᠤᠯᠭ᠎ᠠ᠂ ᠦᠢᠯᠡᠴᠢᠯᠡᠬᠡᠨ ᠤ ᠱᠠᠭᠠᠷᠳᠠᠯᠭ᠎ᠠ ᠶᠢ ᠲᠢᠭᠯᠡᠨ ᠡᠮᠬᠢᠯᠡᠵᠦ᠂ ᠠᠵᠢᠯᠯᠠᠭᠤᠯᠵᠦ ᠪᠠᠳᠤᠯᠠᠬᠤ ᠴᠤᠪᠤᠷᠠᠯ ᠪᠠ ᠦᠢᠯᠡᠴᠢᠯᠡᠬᠦ ᠪᠠᠷᠢᠮᠵᠢᠶ᠎ᠠ ᠶᠢ ᠨᠢᠭᠡᠲᠥᠯᠲᠡᠢ ᠪᠠᠶᠢᠯᠭᠠᠨ᠂ ᠠᠵᠢᠯᠯᠠᠭᠤᠯᠵᠦ ᠪᠠᠳᠤᠯᠠᠬᠤ ᠶᠢ ᠲᠦᠪᠯᠡᠷᠡᠬᠦᠯᠥᠨ ᠬᠠᠮᠢᠶᠠᠷᠬᠤ ᠶᠢ ᠪᠡᠶᠡᠯᠡᠭᠦᠯᠦᠨ᠎ᠠ᠃ ᠠᠮᠤᠷ ᠲᠦᠪᠰᠢᠨ ᠢ ᠦᠨᠡᠨᠬᠦ ᠪᠠᠳᠤᠯᠬᠠᠰᠠᠨ ᠰᠠᠭᠤᠷᠢᠨ ᠲᠡᠬᠡᠷ᠎ᠡ᠂ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠲᠠᠮᠵᠢᠭᠤᠯᠤᠨ᠂ ᠠᠵᠢᠯᠯᠠᠭᠤᠯᠵᠦ ᠪᠠᠳᠤᠯᠠᠬᠤ ᠦᠢᠯᠡᠴᠢᠯᠡᠭᠡ ᠶᠢ ᠭᠠᠳ᠋ᠬᠠᠰᠢ ᠲᠠᠭᠠᠭᠠᠴᠢᠯᠠᠭᠤᠯᠬᠤ ᠲᠤᠨᠨᠳᠠᠴᠠ ᠶᠢ ᠤᠷᠤᠭᠤᠯᠤᠨ ᠠᠪᠴᠢᠷᠠᠵᠦ᠂ ᠵᠤᠬᠢᠬᠤ ᠬᠠᠮᠢᠶᠠᠷᠤᠯᠳᠠ ᠶᠢᠨ ᠦᠪᠡᠷ ᠤᠨ ᠦᠷᠳᠡᠭ ᠢ ᠪᠠᠭᠤᠷᠠᠭᠤᠯᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠮᠡᠳᠡᠭᠡ ᠵᠠᠩᠬᠢᠵᠢᠯᠳᠠ ᠶᠢᠨ ᠵᠠᠷᠤᠳᠠᠯ ᠤᠨ ᠪᠠᠳᠤᠯᠠᠬᠤ ᠡᠷᠴᠢᠮ ᠢ ᠴᠢᠩᠭᠠᠷᠠᠭᠤᠯᠵᠦ᠂ ᠠᠵᠢᠯᠯᠠᠭᠤᠯᠵᠦ ᠪᠠᠳᠤᠯᠠᠬᠤ ᠵᠠᠷᠤᠳᠠᠯ ᠢ ᠠᠳᠠᠯᠢ ᠱᠠᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠂ ᠪᠡᠯᠡ ᠮᠦᠩᠭᠦ ᠶᠢ ᠪᠤᠳᠠᠳᠠᠶᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ᠲᠤᠰ ᠰᠠᠨᠠᠯ ᠤᠨ ᠱᠠᠭᠠᠷᠳᠠᠯᠭ᠎ᠠ ᠶᠢ ᠦᠨᠳᠦᠰᠦᠯᠡᠨ ᠡᠭᠦᠷᠬᠡ ᠪᠠᠨ ᠱᠠᠯᠠᠪᠳᠠᠨ ᠢᠯᠭᠠᠨ ᠬᠤᠪᠢᠶᠠᠷᠢᠯᠠᠵᠦ᠂ ᠬᠠᠷᠢᠭᠤᠴᠠᠯᠭᠠᠳᠤ ᠨᠢᠭᠡᠴᠡ ᠪᠠ ᠠᠬᠢᠴᠠ ᠶᠢᠨ ᠲᠤᠬᠢᠷᠠᠭᠤᠯᠤᠯᠳᠠ ᠶᠢ ᠲᠤᠳᠤᠷᠬᠠᠶᠢᠯᠠᠨ᠂ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠦ᠂ ᠡᠳ᠋ ᠤᠨ ᠵᠠᠰᠠᠭ ᠤᠨ ᠲᠡᠮᠵᠢᠯᠬᠡ ᠶᠢ ᠨᠡᠮᠡᠭᠳᠡᠬᠦᠯᠦᠨ᠂ ᠨᠠᠶᠢᠳᠠᠪᠤᠷᠢᠵᠢᠭᠤᠯᠤᠯᠳᠠ ᠶᠢ ᠬᠢᠨᠠᠮᠠᠭᠠᠢ ᠰᠠᠶᠢᠳᠤᠷ ᠠᠳᠬᠤᠬᠤ ᠬᠡᠷᠡᠭᠳᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map