ᠮᠠᠯᠵᠢᠬᠤ ᠳᠡᠷᠢᠶᠡᠯᠡᠬᠤ ᠣᠷᠣᠨ ᠤ ᠦᠨᠳᠣᠷ ᠬᠦᠥ ᠲᠠᠢ ᠵᠢᠭᠡᠯᠡᠯᠬᠡ ᠶᠢ ᠶᠡᠷᠦᠩᠭᠡᠶᠢᠯᠡᠨ ᠵᠠᠰᠠᠬᠤ ᠠᠷᠭ᠎ᠠ ᠭᠡᠮᠵᠢᠶ᠎ᠠ ᠨᠦᠭᠦᠳ ᠤᠨ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017/11/6
                       ᠥᠪᠥᠷ ᠵᠠᠰᠠᠭ ᠲᠠᠷᠬᠠᠭᠠᠭᠰᠠᠨ ﹇2017﹈ 78 ᠳ᠋ᠤᠭᠠᠷ ᠲᠤᠭᠠᠳᠤ                               6 ᠳ᠋ᠤᠭᠠᠷ ᠰᠠᠷ᠎ᠠ ᠶᠢᠨ 6᠎ ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠮᠠᠯᠵᠢᠬᠤ ᠳᠡᠷᠢᠶᠡᠯᠡᠬᠤ ᠣᠷᠣᠨ ᠤ ᠦᠨᠳᠣᠷ ᠬᠦᠥ ᠲᠠᠢ ᠵᠢᠭᠡᠯᠡᠯᠬᠡ ᠶᠢ ᠶᠡᠷᠦᠩᠭᠡᠶᠢᠯᠡᠨ ᠵᠠᠰᠠᠬᠤ ᠶᠢ ᠣᠯᠡᠮ ᠨᠢᠭᠡ ᠠᠯᠬᠤᠮ ᠴᠢᠩᠭᠠᠳᠬᠠᠨ᠂ ᠠᠷᠡᠳ ᠤᠨ ᠲᠤᠮᠳᠡᠬᠢ ᠵᠢᠭᠡᠯᠡᠯᠬᠡ ᠶᠢᠨ ᠡᠷᠡᠬᠦᠯ ᠢᠶᠠᠷ ᠡᠮᠬᠢ ᠵᠢᠷᠦᠮ ᠲᠠᠢ ᠬᠦᠭᠵᠢᠬᠦ ᠶᠢ ᠬᠦᠳᠦᠯᠥᠨ ᠵᠢᠯᠥᠭᠤᠳᠴᠥ᠂ ᠮᠦᠡᠭᠬᠦᠨ ᠬᠦᠢᠯᠭᠡᠭᠡᠨ ᠤ ᠬᠠᠩᠭᠠᠯᠭ᠎ᠠ ᠶᠢᠨ ᠴᠢᠳᠡᠪᠦᠷᠢ ᠪᠤᠯᠥᠨ ᠦᠢᠯᠡᠴᠢᠯᠡᠬᠡᠨ ᠤ ᠬᠢᠷᠢ ᠳᠥᠪᠰᠢᠨ ᠢ ᠳᠡᠭᠡᠭᠰᠢᠯᠡᠬᠦᠯᠦᠨ᠂ ᠮᠠᠨ ᠤ ᠣᠷᠣᠨ ᠤ ᠮᠠᠯᠵᠢᠬᠤ ᠳᠡᠷᠢᠶᠡᠯᠡᠬᠤ ᠣᠷᠣᠨ ᠤ ᠮᠦᠡᠭᠬᠦᠨ ᠬᠦᠢᠯᠭᠡᠭᠡᠡ ᠤ ᠡᠮᠬᠢ ᠳᠢᠭᠯᠢᠮ ᠪᠤᠯᠥᠨ ᠨᠡᠶᠢᠭᠡᠮ ᠤᠨ ᠲᠤᠠᠠᠳᠠᠭᠤᠨ ᠪᠠᠶᠢᠳᠡᠯ ᠢ ᠦᠨᠡᠨᠬᠦ ᠬᠠᠮᠠᠭᠠᠯᠠᠬᠤ ᠶᠢᠨ ᠳᠣᠰᠡᠳᠡ᠂ ᠡᠳᠦᠬᠡ ᠬᠤᠯᠪᠤᠠᠠᠳᠡᠯ ᠪᠦᠬᠦᠢ ᠣᠴᠢᠷ ᠢ ᠲᠣᠣᠷᠡᠬᠢ ᠮᠡᠳᠣ ᠮᠡᠳᠡᠭᠳᠡᠪᠡ᠄      ᠨᠢᠭᠡ᠂ ᠮᠠᠯᠵᠢᠬᠤ ᠳᠡᠷᠢᠶᠡᠯᠡᠬᠤ ᠣᠷᠣᠨ ᠤ ᠠᠷᠡᠳ ᠤᠨ ᠲᠤᠮᠳᠡᠬᠢ ᠵᠢᠭᠡᠯᠡᠯᠬᠡ ᠪᠠ ᠦᠨᠳᠣᠷ ᠬᠦᠥ ᠲᠠᠢ ᠵᠢᠭᠡᠯᠡᠯᠬᠡ ᠶᠢᠨ ᠠᠰᠠᠭᠤᠳᠡᠯ ᠤᠨ ᠲᠣᠬᠠᠢ ᠳᠡᠨᠢᠯᠳᠡ ᠪᠠᠨ ᠳᠡᠭᠡᠭᠰᠢᠯᠡᠬᠦᠯᠥᠨ᠎ᠠ      ︵ᠨᠢᠭᠡ︶ ᠮᠠᠯᠵᠢᠬᠤ ᠳᠡᠷᠢᠶᠡᠯᠡᠬᠤ ᠣᠷᠣᠨ ᠤ ᠠᠷᠡᠳ ᠤᠨ ᠲᠤᠮᠳᠡᠬᠢ ᠵᠢᠭᠡᠯᠡᠯᠬᠡ ᠶᠢ ᠵᠥᠪ ᠢᠶᠠᠷ ᠬᠦᠳᠦᠯᠥᠨ ᠵᠢᠯᠥᠭᠤᠳᠴᠥ᠂ ᠬᠠᠦᠯᠢ ᠶᠣᠰᠣᠭᠠᠷ ᠵᠢᠷᠦᠮᠵᠢᠭᠤᠯᠥᠨ᠎ᠠ᠃ ᠠᠷᠡᠳ ᠤᠨ ᠲᠤᠮᠳᠡᠬᠢ ᠵᠢᠭᠡᠯᠡᠯᠭᠡ ᠬᠡᠳᠡᠭ ᠨᠢ ᠪᠠᠶᠢᠭᠠᠯᠢ ᠬᠦᠮᠦᠨ᠂ ᠬᠠᠦᠯᠢ ᠶᠢᠨ ᠡᠷᠭᠡᠳᠡᠨ᠂ ᠪᠤᠰᠣᠳ ᠵᠤᠬᠢᠶᠡᠨ ᠪᠠᠶᠢᠭᠤᠯᠥᠯᠳᠡ ᠶᠢᠨ ᠬᠤᠭᠤᠷᠣᠨᠳᠦ ᠵᠢᠴᠢ ᠬᠠᠷᠢᠯᠴᠠᠨ ᠬᠤᠭᠤᠷᠣᠨᠳᠦ ᠪᠠᠨ ᠪᠡᠯᠡ ᠮᠦᠡᠭᠬᠦ ᠬᠦᠢᠯᠭᠡᠭᠡᠬᠦ ᠦᠢᠯᠡ ᠠᠵᠢᠯᠯᠠᠭ᠎ᠠ ᠶᠢ ᠵᠢᠭᠠᠵᠦ ᠪᠣᠢ᠂ ᠲᠡᠷᠡ ᠨᠢ ︽ᠪᠦᠬᠦᠲᠡ ᠨᠠᠶᠢᠷᠡᠮᠳᠠᠬᠤ ᠲᠣᠮᠳᠠᠳᠣ ᠠᠷᠡᠳ ᠣᠯᠥᠰ ᠤᠨ ᠢᠷᠬᠡᠨ ᠤ ᠬᠠᠦᠯᠢ ᠶᠢᠨ ᠶᠡᠷᠦᠩᠭᠡᠢ ᠳᠥᠷᠢᠮ︾ ︽ᠪᠦᠬᠦᠲᠡ ᠨᠠᠶᠢᠷᠡᠮᠳᠠᠬᠤ ᠲᠣᠮᠳᠠᠳᠣ ᠠᠷᠡᠳ ᠣᠯᠥᠰ ᠤᠨ ᠬᠡᠷ᠎ᠠ ᠶᠢᠨ ᠬᠠᠦᠯᠢ︾᠎ ᠶᠢᠨ ᠬᠢᠵᠠᠭᠠᠷᠯᠠᠯ ᠪᠠ ᠬᠠᠮᠠᠭᠠᠯᠠᠯᠳᠡ ᠶᠢ ᠬᠦᠯᠢᠶᠡᠨ᠎ᠠ᠃ ᠦᠢᠷ᠎ᠠ ᠶᠢᠨ ᠵᠢᠯ ᠤᠨ ᠲᠣᠷᠰᠢ᠂ ᠮᠠᠨ ᠤ ᠣᠷᠣᠨ ᠤ ᠠᠷᠡᠳ ᠤᠨ ᠲᠤᠮᠳᠡᠬᠢ ᠵᠢᠭᠡᠯᠡᠯᠭᠡ ᠨᠢ ᠠᠷᠡᠳ ᠤᠨ ᠲᠤᠮᠳᠡᠬᠢ ᠬᠦᠷᠥᠩᠬᠡ ᠶᠢ ᠴᠢᠯᠥᠭᠡᠳᠡᠢ ᠪᠤᠯᠭᠠᠬᠤ᠂ ᠪᠡᠯᠡ ᠮᠦᠡᠭᠬᠦ ᠶᠢᠨ ᠦᠯᠡᠳᠡᠬᠡᠯ ᠪᠠ ᠲᠣᠳᠠᠭᠤᠳᠡᠯ ᠢ ᠲᠣᠬᠢᠷᠠᠭᠤᠯᠬᠤ᠂ ᠣᠯᠡᠨ ᠳᠥᠮᠡᠨ ᠢ ᠬᠠᠪᠰᠣᠷᠣᠨ ᠪᠠᠴᠢᠮ ᠪᠠᠶᠢᠳᠡᠯ ᠢ ᠠᠷᠭᠠᠴᠠᠨ ᠬᠦᠴᠢᠷᠳᠡᠯ ᠢ ᠰᠢᠢᠳᠪᠦᠷᠢᠯᠡᠬᠦ ᠳᠡᠯ᠎ᠠ ᠪᠠᠷ ᠢᠳᠡᠪᠬᠢᠳᠡᠢ ᠦᠢᠯᠡᠳᠣᠯ ᠦᠵᠡᠬᠦᠯᠵᠦ᠂ ᠵᠢᠭᠡᠯᠡᠯᠭᠡ ᠶᠢᠨ ᠵᠠᠬ᠎ᠠ ᠳᠡᠯᠭᠡᠬᠦᠷ ᠤᠨ ᠴᠢᠬᠤᠯᠡ ᠪᠦᠷᠢᠯᠳᠦᠬᠦᠨ ᠭᠡᠰᠡᠭ ᠪᠠ ᠵᠢᠩᠬᠢᠨᠢ ᠮᠦᠡᠭᠬᠦᠨ ᠬᠦᠢᠯᠬᠡᠬᠡᠡ ᠤ ᠠᠰᠢᠭ ᠪᠦᠬᠦᠢ ᠨᠦᠬᠦᠪᠦᠷᠢ ᠪᠤᠯᠪᠡ᠃ ᠡᠯ᠎ᠠ ᠭᠠᠵᠡᠷ ᠣᠷᠣᠨ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠨᠢ ᠠᠷᠡᠳ ᠤᠨ ᠲᠤᠮᠳᠡᠬᠢ ᠵᠢᠭᠡᠯᠡᠯᠬᠡ ᠶᠢᠨ ᠢᠳᠡᠪᠬᠢ ᠦᠢᠯᠡᠳᠣᠯ ᠢ ᠬᠦᠢᠴᠡᠳ ᠪᠠᠳᠡᠷᠡᠭᠤᠯᠵᠦ᠂ ᠵᠥᠪ ᠢᠶᠠᠷ ᠬᠦᠳᠦᠯᠥᠨ ᠵᠢᠯᠥᠭᠤᠳᠬᠤ ᠪᠠ ᠬᠠᠦᠯᠢ ᠶᠣᠰᠣᠭᠠᠷ ᠵᠢᠷᠦᠮᠵᠢᠭᠤᠯᠵᠦ᠂ ᠳᠡᠬᠦᠨ ᠢ ᠮᠠᠯᠴᠢᠨ ᠳᠡᠷᠢᠶᠡᠴᠢᠨ ᠤ ᠦᠢᠯᠡᠳᠪᠦᠷᠢᠯᠡᠯ ᠠᠮᠢᠳᠣᠷᠡᠯ ᠳᠤ ᠨᠡᠩ ᠰᠠᠶᠢᠨ ᠦᠢᠯᠡᠴᠢᠯᠡᠬᠦᠯᠬᠦ ᠭᠡᠷᠡᠭᠳᠡᠢ᠃      ︵ᠬᠤᠶᠡᠷ︶ ᠮᠠᠯᠵᠢᠬᠤ ᠳᠡᠷᠢᠶᠡᠯᠡᠬᠤ ᠣᠷᠣᠨ ᠤ ᠦᠨᠳᠣᠷ ᠬᠦᠥ ᠲᠠᠢ ᠵᠢᠭᠡᠯᠡᠯᠬᠡ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠶᠡᠷᠦᠩᠭᠡᠶᠢᠯᠡᠨ ᠵᠠᠰᠠᠨ᠎ᠠ᠃ ᠦᠨᠳᠣᠷ ᠬᠦᠥ ᠲᠠᠢ ᠵᠢᠬᠡᠯᠡᠯᠬᠡ ᠭᠡᠳᠡᠭ ᠨᠢ ᠣᠨᠴᠥᠭᠤᠢ ᠳᠡᠭᠡᠳᠦ ᠭᠡᠮᠵᠢᠶᠡᠨ ᠤ ᠬᠦᠥ ᠮᠦᠡᠭᠬᠦ ᠠᠪᠬᠤ ᠵᠢᠭᠡᠯᠡᠯᠬᠡ ᠶᠢ ᠵᠢᠭᠠᠵᠦ ᠪᠣᠢ᠂ ᠲᠡᠷᠡ ᠨᠢ ᠭᠡᠳᠦ ᠠᠰᠢᠭ ᠢ ᠬᠦᠭᠡᠭᠡᠴᠡᠯᠳᠣᠨ᠂ ᠳᠡᠭᠡᠳᠦ ᠭᠡᠮᠵᠢᠶᠡᠨ ᠤ ᠬᠦᠥ ᠮᠦᠡᠭᠬᠦ ᠠᠪᠬᠤ ᠪᠠᠷ ᠭᠤᠤᠯ ᠵᠣᠷᠢᠯᠭ᠎ᠠ ᠪᠤᠯᠭᠠᠳᠠᠭ᠃ ᠦᠨᠳᠣᠷ ᠬᠦᠥ ᠲᠠᠢ ᠵᠢᠭᠡᠯᠡᠯᠬᠡ ᠶᠢᠨ ᠠᠰᠠᠭᠤᠳᠡᠯ ᠨᠢ ᠮᠠᠨ ᠤ ᠣᠷᠣᠨ ᠤ ᠭᠡᠰᠡᠭ ᠪᠤᠶᠢᠳᠡ ᠪᠦᠭᠯᠡᠬᠦᠥ ᠮᠠᠯᠵᠢᠬᠤ ᠳᠡᠷᠢᠶᠡᠯᠠᠬᠤ ᠣᠷᠣᠨ ᠳᠤ ᠨᠡᠯᠢᠶᠡᠳ ᠬᠦᠨᠳᠦ ᠨᠣᠴᠢᠳᠡᠢ ᠪᠠᠶᠢᠵᠦ᠂ ᠮᠠᠯᠴᠢᠨ ᠳᠡᠷᠢᠶᠡᠴᠢᠨ ᠤ ᠦᠢᠯᠡᠳᠪᠦᠷᠢᠯᠡᠯ ᠠᠮᠢᠳᠣᠷᠡᠯ ᠢ ᠵᠤᠬᠢᠨ᠋ᠡᠥ ᠭᠡᠮᠵᠢᠶ᠎ᠠ ᠪᠠᠷ ᠨᠦᠯᠥᠭᠡᠯᠡᠵᠦ᠂ ᠮᠦᠡᠭᠬᠦᠨ ᠬᠦᠢᠯᠬᠡᠬᠡᠡ ᠤ ᠡᠮᠬᠢ ᠳᠢᠭᠯᠢᠮ ᠢ ᠰᠠᠮᠠᠭᠤᠷᠡᠭᠤᠯᠵᠦ᠂ ᠨᠡᠶᠢᠭᠡᠮ ᠤᠨ ᠠᠮᠥᠷ ᠳᠥᠪᠰᠢᠨ ᠤ ᠬᠡᠮ ᠰᠣᠭᠤᠭ ᠢ ᠨᠡᠮᠡᠭᠳᠡᠬᠦᠯᠥᠨ᠂ ᠶᠠᠳᠠᠭᠤ ᠠᠴᠠ ᠠᠩᠬᠢᠵᠢᠷᠡᠭᠤᠯᠬᠤ ᠰᠢᠪᠳᠣᠯᠥᠯᠳᠡ ᠶᠢᠨ ᠪᠦᠬᠦᠯᠢ ᠴᠣᠠᠠᠴᠠ ᠶᠢᠨ ᠠᠬᠢᠴᠠ ᠶᠢ ᠬᠠᠷᠰᠢᠯᠡᠪᠡ᠃ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠨᠢ ᠳᠡᠭᠡᠳᠦ ᠭᠡᠮᠵᠢᠶ᠎ᠠ ᠪᠠᠷ ᠴᠢᠬᠤᠯᠠᠴᠢᠯᠡᠵᠦ᠂ ᠲᠣᠯᠭᠠᠮ᠎ᠠ ᠰᠡᠳᠬᠢᠯᠭᠡ ᠪᠠ ᠬᠠᠷᠢᠭᠤᠴᠠᠯᠭᠠᠳᠣ ᠰᠡᠳᠬᠢᠯᠭᠡ ᠪᠠᠨ ᠴᠢᠩᠭᠠᠷᠡᠭᠤᠯᠥᠨ᠂ ᠬᠠᠥᠯᠢᠵᠢᠯᠳᠡ᠂ ᠵᠠᠬ᠎ᠠ ᠳᠡᠯᠬᠡᠬᠦᠷᠵᠢᠯᠳᠡ᠂ ᠣᠯᠡᠨ ᠳᠥᠮᠡᠨᠴᠢᠯᠲᠡ ᠪᠠᠷ ᠣᠳᠣᠷᠢᠳᠣᠮᠵᠢ ᠪᠤᠯᠭᠠᠵᠦ᠂ ᠰᠢᠯᠥᠭᠤᠳᠬᠠᠬᠤ ᠪᠠ ᠬᠤᠷᠢᠠᠠᠯᠠᠬᠤ ᠶᠢ ᠣᠶᠠᠯᠳᠣᠭᠤᠯᠬᠤ᠂ ᠠᠯᠬᠤᠮ ᠬᠤᠪᠢᠶᠡᠨ ᠭᠡᠷᠡᠭᠵᠢᠬᠦᠯᠬᠦ᠂ ᠶᠡᠷᠦᠩᠭᠡᠶᠢᠯᠡᠭᠰᠡᠨ ᠠᠷᠭ᠎ᠠ ᠪᠤᠳᠣᠯᠭ᠎ᠠ ᠭᠡᠷᠡᠭᠵᠢᠬᠦᠯᠬᠦ᠂ ᠬᠠᠷᠢᠶᠡᠳᠦ ᠭᠠᠵᠡᠷ ᠨᠢ ᠬᠠᠮᠢᠶᠡᠷᠬᠤ ᠵᠠᠷᠴᠢᠮ ᠢ ᠪᠡᠷᠢᠮᠳᠡᠯᠡᠵᠦ᠂ ᠪᠤᠳᠡᠳᠡᠢ ᠲᠠᠢ ᠪᠠᠨ ᠣᠶᠠᠯᠳᠣᠭᠤᠯᠥᠨ ᠂ ᠠᠵᠦ ᠠᠬᠤᠢ᠂ ᠵᠠᠰᠠᠭ ᠵᠠᠬᠢᠷᠭᠠᠨ᠂ ᠬᠠᠦᠯᠢ ᠴᠠᠭᠠᠵᠠ ᠵᠡᠷᠭᠡ ᠠᠷᠭ᠎ᠠ ᠪᠡᠷᠢᠯ ᠢ ᠭᠡᠷᠡᠭᠯᠡᠵᠦ ᠪᠠᠶᠢᠭᠠᠳ᠂ ᠮᠠᠯᠵᠢᠬᠤ ᠳᠡᠷᠢᠶᠡᠯᠡᠬᠤ ᠣᠷᠣᠨ ᠤ ᠦᠨᠳᠣᠷ ᠬᠦᠥ ᠲᠠᠢ ᠵᠢᠭᠡᠯᠡᠯᠬᠡ ᠶᠢ ᠶᠡᠷᠦᠩᠭᠡᠶᠢᠯᠡᠨ ᠵᠠᠰᠠᠬᠤ ᠠᠵᠢᠯ ᠢ ᠦᠨᠡᠨᠬᠦ ᠴᠢᠩᠭᠠᠳᠬᠬᠤ ᠭᠡᠷᠡᠭᠳᠡᠢ᠃      ᠬᠤᠶᠡᠷ᠂ ᠮᠠᠯᠵᠢᠬᠤ ᠳᠡᠷᠢᠶᠡᠯᠡᠬᠤ ᠣᠷᠣᠨ ᠤ ᠮᠦᠡᠭᠬᠦᠨ ᠬᠦᠢᠯᠬᠡᠬᠡᠡ ᠤ ᠬᠠᠩᠭᠠᠯᠭ᠎ᠠ ᠪᠠ ᠦᠢᠯᠡᠴᠢᠯᠡᠭᠡᠨ ᠤ ᠴᠢᠳᠡᠪᠦᠷᠢ ᠶᠢ ᠴᠢᠩᠭᠠᠷᠡᠭᠤᠯᠥᠨ᠎ᠠ      ︵ᠨᠢᠭᠡ︶ ᠮᠠᠯᠵᠢᠬᠤ ᠳᠡᠷᠢᠶᠡᠯᠡᠬᠤ ᠣᠷᠣᠨ ᠤ ᠮᠦᠡᠭᠬᠦᠨ ᠬᠦᠢᠯᠬᠡᠬᠡᠡ ᠤ ᠦᠢᠯᠡᠴᠢᠯᠡᠭᠡᠨ ᠤ ᠴᠢᠳᠡᠪᠦᠷᠢ ᠶᠢ ᠣᠯᠡᠮ ᠨᠢᠭᠡ ᠠᠯᠬᠤᠮ ᠳᠡᠬᠦᠯᠳᠡᠷᠵᠢᠬᠦᠯᠦᠨ᠎ᠠ᠃ ᠳᠥᠷᠥ ᠶᠢᠨ ᠪᠤᠳᠣᠯᠭ᠎ᠠ ᠶᠢᠨ ᠴᠢᠨᠡᠷᠳᠡᠢ᠂ ᠬᠤᠳᠠᠯᠳᠣᠭᠠᠨ ᠤ ᠴᠢᠨᠡᠷᠳᠡᠢ᠂ ᠬᠠᠮᠳᠣᠷᠡᠯᠴᠠᠭ᠎ᠠ ᠶᠢᠨ ᠴᠢᠨᠡᠷᠳᠡᠢ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠵᠢᠴᠢ ᠬᠦᠳᠡᠭᠡ ᠲᠣᠰᠬᠤᠨ ᠤ ᠰᠢᠨ᠎ᠡ ᠭᠡᠯᠪᠡᠷᠢ ᠶᠢᠨ ᠮᠦᠡᠭᠬᠦᠨ ᠬᠦᠢᠯᠬᠡᠬᠡᠡ ᠤ ᠵᠤᠬᠢᠶᠡᠨ ᠪᠠᠶᠢᠭᠤᠯᠥᠯᠳᠡ᠂ ᠪᠡᠯᠡ ᠲᠣᠬᠢᠷᠡᠭᠤᠯᠭ᠎ᠠ ᠶᠢᠨ ᠴᠢᠨᠡᠷᠳᠡᠢ ᠳᠠᠭᠠᠭᠠᠯᠳᠡ ᠶᠢᠨ ᠺᠣᠮᠫᠠᠨᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠵᠡᠷᠭᠡ ᠪᠠᠶᠢᠭᠤᠯᠥᠮᠵᠢ ᠶᠢᠨ ᠬᠠᠷᠢᠯᠴᠠᠨ ᠨᠦᠬᠦᠪᠦᠷᠢᠯᠡᠬᠦ᠂ ᠬᠦᠴᠦ ᠬᠠᠮᠳᠣᠳᠬᠠᠨ ᠳᠡᠷᠢᠶᠡᠯᠡᠩ ᠮᠠᠯ ᠠᠵᠦ ᠠᠬᠤᠢ ᠶᠢᠨ ᠦᠢᠯᠡᠳᠪᠦᠷᠢᠯᠡᠯ ᠢ ᠳᠡᠮᠵᠢᠬᠦ ᠦᠢᠯᠡᠳᠣᠯ ᠢ ᠬᠦᠢᠴᠡᠳ ᠪᠡᠳᠡᠷᠡᠭᠤᠯᠥᠨ᠎ᠠ᠃ ᠪᠠᠩᠬᠢ ᠶᠢᠨ ᠦᠢᠯᠡᠰ ᠤᠨ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠶᠢ ᠲᠥᠭᠡᠮᠡᠯ ᠬᠦᠷᠲᠡᠭᠡᠮᠵᠢᠳᠦ ᠮᠦᠡᠭᠬᠦᠨ ᠬᠦᠢᠯᠬᠡᠬᠡᠡ ᠤ ᠠᠵᠢᠯ ᠦᠢᠯᠡᠰ ᠤᠨ ᠭᠡᠯᠳᠡᠰ ᠪᠤᠶᠤ ᠳᠡᠷᠢᠶᠡᠯᠡᠩ ᠳᠡᠷᠢᠶᠠᠯᠠᠬᠤ ᠣᠷᠣᠨ ᠳᠡᠷᠢᠶᠡᠴᠢᠨ ᠤ ᠠᠵᠢᠯ ᠦᠢᠯᠡᠰ ᠤᠨ ᠭᠡᠯᠳᠡᠰ ᠢ ᠪᠠᠶᠢᠭᠤᠯᠬᠤ ᠶᠢ ᠳᠡᠮᠵᠢᠵᠦ᠂ ᠣᠷᠣᠨ ᠨᠣᠳᠤᠭ ᠤᠨ ᠮᠦᠡᠭᠬᠦᠨ ᠬᠦᠢᠯᠭᠡᠭᠡᠡ ᠤ ᠪᠠᠶᠢᠭᠤᠯᠥᠮᠵᠢ ᠶᠢᠨ ᠰᠣᠮᠥ ᠰᠢᠶᠡᠩ ᠪᠠᠯᠭᠠᠰᠣ ᠳᠤ ᠲᠣᠣᠷ ᠴᠢᠬ ᠪᠠᠶᠢᠭᠤᠯᠬᠤ ᠶᠢ ᠳᠡᠮᠵᠢᠨ᠎ᠠ᠃ ᠵᠢᠷᠦᠮᠵᠢᠭᠤᠨ ᠬᠦᠭᠵᠢᠭᠰᠡᠨ ᠪᠠᠭ᠎ᠠ ᠲᠣᠭᠠᠨ ᠤ ᠵᠢᠭᠡᠯᠡᠯᠬᠡ ᠶᠢᠨ ᠺᠣᠮᠫᠠᠨᠢ ᠶᠢᠨ ᠮᠠᠯᠵᠢᠬᠤ ᠳᠡᠷᠢᠶᠡᠯᠡᠬᠤ ᠣᠷᠣᠨ ᠳᠤ ᠡᠵᠡᠩᠨᠡᠯᠳᠡ ᠶᠢᠨ ᠭᠠᠵᠡᠷ ᠪᠠᠶᠢᠭᠤᠯᠬᠤ ᠶᠢ ᠬᠦᠳᠦᠯᠥᠨ ᠵᠢᠯᠥᠭᠤᠳᠴᠥ᠂ ᠦᠪᠤᠷ ᠮᠣᠩᠭᠤᠯ ᠤᠨ ᠵᠦᠡᠭ ᠡᠾᠧ ᠳᠡᠷᠢᠶᠡᠯᠡᠩ ᠤᠨ ᠢᠳᠡᠭᠡᠮᠵᠢ ᠶᠢᠨ ᠬᠦᠳᠡᠭᠡ ᠲᠣᠰᠬᠤᠨ ᠤ ᠪᠠᠭ᠎ᠠ ᠲᠣᠭᠠᠨ ᠤ ᠵᠢᠭᠡᠯᠡᠯᠬᠡ ᠶᠢᠨ ᠺᠣᠮᠫᠠᠨᠢ ᠶᠢᠨ ᠮᠠᠯᠵᠢᠬᠤ ᠳᠡᠷᠢᠶᠡᠯᠡᠬᠤ ᠣᠷᠣᠨ ᠤ ᠲᠤᠮᠳᠡ ᠲᠣᠣᠷ᠎ᠠ ᠣᠷᠣᠯᠭ᠎ᠠ ᠲᠠᠢ ᠡᠮᠡᠭᠳᠡᠢ ᠬᠦᠮᠦᠰ ᠲᠤ ᠦᠢᠯᠡᠴᠢᠯᠡᠭᠰᠡᠨ ᠠᠮᠵᠢᠯᠳᠡ ᠲᠠᠢ ᠲᠣᠷᠰᠢᠯᠭ᠎ᠠ ᠶᠢ ᠳᠡᠯᠭᠡᠷᠡᠬᠦᠯᠥᠨ᠂ ᠣᠷᠣᠨ ᠤ ᠳᠣᠳᠣᠷ᠎ᠠ ᠭᠠᠳᠠᠨᠠᠬᠢ ᠠᠵᠦ ᠠᠬᠤᠶᠢᠯᠠᠯ ᠤᠨ ᠮᠠᠯᠵᠢᠬᠤ ᠳᠡᠷᠢᠶᠡᠯᠡᠬᠤ ᠣᠷᠣᠨ ᠳᠤ ᠪᠠᠭ᠎ᠠ ᠲᠣᠭᠠᠨ ᠤ ᠵᠢᠭᠡᠯᠡᠯᠬᠡ ᠶᠢᠨ ᠺᠣᠮᠫᠠᠨᠢ ᠪᠠᠶᠢᠭᠤᠯᠬᠤ ᠶᠢ ᠳᠡᠮᠵᠢᠨ᠎ᠠ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠪᠡᠯᠡ ᠲᠤᠬᠢᠷᠡᠭᠤᠯᠭ᠎ᠠ ᠶᠢᠨ ᠳᠠᠭᠠᠭᠠᠯᠳᠡ ᠶᠢᠨ ᠠᠵᠢᠯ ᠳᠦᠷᠦᠯ ᠤᠨ ᠬᠦᠭᠵᠢᠯᠳᠡ ᠶᠢᠨ ᠠᠵᠢᠯᠯᠠᠭᠠᠨ ᠤ ᠳᠥᠯᠥᠪᠯᠡᠭᠡ ︵2015 — 2017 ᠣᠨ︶︾ ︵ᠦᠪᠤᠷ ᠵᠠᠰᠠᠭ ᠠᠯᠪᠠᠨ ᠲᠠᠷᠬᠠᠭᠠᠠᠠᠰᠠᠨ ﹇2015﹈ 108 ᠳ᠋ᠣᠭᠠᠷ ᠲᠣᠭᠠᠳᠣ︶᠎ ᠶᠢ ᠨᠡᠶᠢᠳᠡᠪᠦᠷᠢᠵᠢᠭᠤᠯᠵᠦ᠂ ᠰᠢᠶᠡᠨ ᠤ ᠭᠡᠪᠴᠢᠶᠡᠨ ᠤ ᠪᠡᠯᠡ ᠲᠣᠬᠢᠷᠡᠭᠤᠯᠭ᠎ᠠ ᠶᠢᠨ ᠳᠠᠭᠠᠭᠠᠯᠳᠡ ᠶᠢᠨ ᠪᠠᠶᠢᠭᠤᠯᠥᠮᠵᠢ ᠶᠢ ᠪᠦᠬᠦᠨ ᠢ ᠪᠦᠷᠬᠦᠬᠦᠯᠬᠦ ᠶᠢ ᠪᠠᠶᠠᠯᠠᠬᠦᠯᠦᠨ᠎ᠠ᠃ ᠲᠣᠭᠠᠴᠠᠯᠬᠠᠰᠠᠨ ᠳᠥᠭᠡᠮᠡᠯ ᠬᠦᠷᠲᠡᠭᠡᠮᠵᠢᠳᠦ ᠮᠦᠡᠭᠬᠦᠨ ᠬᠦᠢᠯᠬᠡᠬᠡᠡ ᠢ ᠶᠡᠭᠡᠪᠡᠷ ᠬᠦᠭᠵᠢᠬᠦᠯᠵᠦ᠂ ᠳᠠᠰ ᠳᠡᠪᠰᠢᠭᠰᠡᠨ ᠬᠡᠪ ᠤᠨ ︽ᠳᠡᠷᠢᠶᠡᠯᠡᠩ ᠢ ᠲᠣᠰᠠᠯᠠᠬᠤ ᠮᠦᠡᠭᠬᠦᠨ ᠬᠦᠢᠯᠬᠡᠬᠡᠡ ᠤ ᠦᠢᠯᠡᠴᠢᠯᠡᠭᠡᠨ ᠤ ᠴᠢᠬ︾᠎ ᠢ ᠪᠤᠢ ᠪᠤᠯᠭᠠᠵᠦ᠂ ᠦᠢᠯᠡᠴᠢᠯᠡᠭᠡᠨ ᠤ ᠬᠦᠷᠢᠶ᠎ᠠ ᠴᠡᠷᠠᠭ᠎ᠠ ᠪᠠᠨ ᠦᠷᠭᠡᠳᠭᠡᠨ᠂ ᠵᠤᠭᠤᠰ ᠭᠠᠷᠭᠠᠵᠦ ᠠᠪᠠᠨ᠋ᠥ᠂ ᠰᠦᠢᠳᠭᠡᠯ ᠲᠣᠰᠢᠶᠠᠬᠤ᠂ ᠵᠢᠭᠡᠯᠡᠯᠬᠡ ᠵᠡᠷᠭᠡ ᠶᠡᠷᠦᠩᠭᠡᠶᠢᠯᠡᠭᠰᠡᠨ ᠮᠦᠡᠭᠬᠦᠨ ᠬᠦᠢᠯᠬᠡᠬᠡᠡ ᠤ ᠦᠢᠯᠡᠴᠢᠯᠡᠭᠡᠨ ᠢ ᠬᠠᠩᠭᠠᠵᠦ᠂ ︽ᠰᠢᠶᠡᠨ ᠨᠢᠬᠡᠪᠦᠷᠢ ᠰᠢᠰᠲ᠋ᠧᠮᠵᠢᠬᠦ᠂ ᠰᠢᠶᠡᠩ ᠨᠢᠬᠡᠪᠦᠷᠢ ᠪᠠᠶᠢᠭᠤᠯᠥᠮᠵᠢ ᠲᠠᠢ᠂ ᠲᠣᠰᠬᠤᠨ ᠨᠢᠭᠡᠪᠦᠷᠢ ᠦᠢᠯᠡᠴᠢᠯᠡᠭᠡᠨ ᠲᠠᠢ᠂ ᠡᠷᠦᠬᠡ ᠨᠢᠭᠡᠪᠦᠷᠢ ᠳᠡᠩᠰᠡᠨ ᠡᠷᠦᠬᠡ ᠲᠠᠢ ᠪᠤᠯᠬᠤ︾᠎ ᠶᠢ ᠪᠠᠶᠠᠯᠠᠬᠦᠯᠦᠨ᠎ᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠤᠷᠣᠨ ᠤ ᠮᠦᠡᠭᠬᠦᠨ ᠬᠦᠢᠯᠬᠡᠬᠡᠡ ᠤ ᠠᠯᠪᠠᠨ ᠭᠡᠷ᠂ ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠤᠷᠢ ᠪᠠᠩᠬᠢ᠂ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶      ︵ᠬᠤᠶᠡᠷ︶ ᠢᠳᠡᠭᠡᠮᠵᠢᠳᠣ ᠵᠢᠭᠡᠯᠡᠯᠬᠡ ᠶᠢᠨ ᠣᠷᠣᠭᠤᠯᠥᠯᠳᠡ ᠭᠠᠷᠭᠠᠯᠳᠡ ᠶᠢ ᠨᠡᠮᠡᠭᠳᠡᠬᠦᠯᠬᠦ ᠶᠢ ᠵᠣᠷᠢᠠᠠᠵᠢᠭᠤᠯᠥᠨ᠎ᠠ᠃ ᠬᠦᠯᠥᠨ ᠪᠤᠶᠢᠷ ᠬᠤᠳᠡ ᠶᠢᠨ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠠᠬᠦᠨ ᠬᠤᠰᠢᠭᠤ᠂ ᠰᠢᠨ᠎ᠡ ᠪᠠᠷᠭᠤ ᠪᠠᠷᠡᠭᠤᠨ ᠬᠤᠰᠢᠭᠤ᠂ ᠡᠸᠡᠩᠬᠢ ᠦᠨᠳᠣᠰᠣᠳᠡᠨ ᠤ ᠦᠪᠡᠷᠳᠡᠭᠡᠨ ᠵᠠᠰᠠᠬᠤ ᠬᠤᠰᠢᠭᠤ ᠪᠤᠯᠥᠨ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤ᠂ ᠵᠠᠬᠦᠨ ᠦᠵᠣᠮᠦᠴᠢᠨ ᠬᠤᠰᠢᠭᠤ᠂ ᠰᠦᠨᠢᠳ ᠵᠠᠬᠦᠨ ᠬᠤᠰᠢᠭᠤ ᠵᠡᠷᠭᠡ 7 ᠭᠠᠵᠡᠷ ᠣᠷᠣᠨ ᠢ ᠲᠣᠷᠰᠢᠯᠳᠡ ᠶᠢᠨ ᠴᠢᠬ ᠤᠨ ᠭᠠᠵᠡᠷ ᠣᠷᠣᠨ ᠢᠶᠠᠷ ᠲᠣᠠᠠᠳᠠᠭᠠᠵᠦ᠂ ᠮᠠᠯᠴᠢᠨ ᠳᠡᠷᠢᠶᠡᠴᠢᠨ ᠤ ᠵᠦᠪᠰᠢᠶᠡᠷᠡᠯ ᠢ ᠣᠯᠥᠠᠠᠰᠠᠨ ᠣᠷᠢᠳᠡᠯ ᠲᠣᠣᠷ᠎ᠠ᠂ ᠮᠠᠯᠴᠢᠨ ᠳᠡᠷᠢᠶᠡᠴᠢᠨ ᠳᠤ ᠡᠳ᠋ ᠤᠨ ᠵᠠᠰᠠᠭ ᠤᠨ ᠨᠦᠬᠦᠪᠦᠷᠢ ᠦᠭᠴᠥ ᠢᠳᠡᠭᠡᠮᠵᠢ ᠶᠢ ᠨᠡᠮᠡᠭᠳᠡᠬᠦᠯᠬᠦ ᠠᠷᠭ᠎ᠠ ᠮᠠᠶ᠋ᠢᠭ ᠤᠨ ᠵᠢᠭᠡᠯᠡᠯᠬᠡ ᠶᠢ ᠲᠣᠷᠰᠢᠨ ᠬᠢᠵᠦ᠂ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠨᠢ 1᠄ 5᠎ ᠶᠢᠨ ᠬᠠᠷᠢᠴᠡᠯ ᠢᠶᠠᠷ ᠶᠠᠭᠡᠰᠭᠡᠵᠦ᠂ ᠮᠠᠯᠴᠢᠨ ᠳᠡᠷᠢᠶᠡᠴᠢᠨ ᠤ ᠵᠢᠭᠡᠯᠡᠯᠬᠡ ᠬᠢᠵᠦ ᠪᠤᠯᠬᠤ ᠪᠠ ᠵᠢᠭᠡᠯᠡᠯᠬᠡ ᠬᠢᠵᠦ ᠳᠡᠶᠢᠯᠬᠦ ᠶᠢ ᠪᠠᠶᠠᠯᠠᠬᠦᠯᠬᠦ ᠶᠢᠨ ᠬᠠᠮᠳᠣ᠂ ᠲᠣᠷᠰᠢᠯᠳᠡ ᠶᠢᠨ ᠴᠢᠬ ᠤᠨ ᠪᠠᠶᠢᠳᠡᠯ ᠢ ᠦᠨᠳᠣᠰᠣᠯᠡᠨ᠂ ᠲᠣᠷᠰᠢᠯᠳᠡ ᠶᠢᠨ ᠴᠢᠬ ᠤᠨ ᠬᠦᠷᠢᠶ᠎ᠠ ᠭᠡᠪᠴᠢᠶ᠎ᠠ ᠶᠢ ᠠᠯᠬᠤᠮ ᠠᠯᠬᠤᠮ ᠢᠶᠠᠷ ᠦᠷᠭᠡᠳᠭᠡᠨ᠎ᠠ᠃ ᠶᠠᠳᠠᠭᠤ ᠬᠦᠴᠢᠷᠳᠡᠯᠳᠡᠢ ᠬᠤᠰᠢᠭᠤ ᠰᠢᠶᠡᠨ ︵ᠬᠤᠳᠡ᠂ ᠲᠤᠭᠤᠷᠢᠭ︶᠂ ᠮᠠᠯᠵᠢᠬᠤ ᠬᠤᠰᠢᠭᠤ ᠳᠤ ᠡᠳ᠋ ᠤᠨ ᠵᠠᠰᠠᠭ ᠤᠨ ᠬᠠᠳᠠᠭᠠᠯᠠᠮᠵᠢ ᠶᠢᠨ ᠵᠤᠭᠤᠰ ᠢ ᠭᠡᠯᠪᠠᠶᠢᠯᠭᠡᠬᠦ᠂ ᠢᠳᠡᠭᠡᠮᠵᠢᠳᠦ ᠵᠢᠭᠡᠯᠡᠯᠬᠡ ᠶᠢᠨ ᠭᠡᠪᠴᠢᠶ᠎ᠠ ᠪᠠᠷ ᠱᠠᠩᠨᠠᠵᠦ ᠨᠦᠬᠦᠪᠦᠷᠢᠯᠡᠬᠦ᠂ ᠳᠥᠭᠰᠢᠬᠦᠷᠢ ᠶᠢᠨ ᠨᠦᠬᠦᠪᠦᠷᠢ ᠦᠭᠬᠦ ᠰᠠᠭᠤᠷᠢ ᠮᠦᠡᠭᠬᠦ ᠪᠠᠶᠢᠭᠤᠯᠬᠤ ᠵᠡᠷᠭᠡ ᠠᠷᠭ᠎ᠠ ᠭᠡᠮᠵᠢᠶ᠎ᠠ ᠶᠢ ᠠᠪᠴᠥ᠂ ᠪᠠᠩᠬᠢ ᠶᠢᠨ ᠦᠢᠯᠡᠰ ᠤᠨ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠶᠢᠨ ᠬᠤᠰᠢᠭᠤ ᠰᠢᠶᠡᠨ ︵ᠬᠤᠳᠡ᠂ ᠲᠤᠭᠤᠷᠢᠭ︶᠎ ᠤ ᠬᠠᠳᠠᠭᠠᠯᠠᠮᠵᠢ ᠶᠢᠨ ᠵᠤᠭᠤᠰ ᠢ ᠲᠣᠬᠠᠢ ᠶᠢᠨ ᠭᠠᠵᠡᠷ ᠤᠨ ᠵᠢᠭᠡᠯᠡᠯᠬᠡ ᠳᠤ ᠭᠡᠷᠡᠭᠯᠡᠬᠦ ᠶᠢ ᠬᠦᠳᠦᠯᠥᠨ ᠵᠢᠯᠥᠭᠤᠳᠣᠨ᠎ᠠ᠃ ᠠᠷᠡᠳ ᠤᠨ ᠪᠠᠩᠬᠢ ᠶᠢᠨ ᠳᠡᠷᠢᠶᠡᠯᠡᠩ ᠢ ᠳᠡᠮᠵᠢᠬᠦ᠂ ᠵᠢᠵᠢᠭ ᠠᠵᠦ ᠠᠬᠤᠶᠢᠯᠠᠯ ᠪᠠ ᠶᠠᠳᠠᠭᠤ ᠶᠢ ᠳᠡᠳᠬᠦᠬᠦ ᠳᠡᠬᠢᠨ ᠵᠢᠬᠡᠯᠡᠯᠬᠡ ᠶᠢᠨ ᠣᠷᠣᠭᠤᠯᠥᠯᠳᠡ ᠪᠠᠨ ᠴᠢᠩᠭᠠᠷᠡᠭᠤᠯᠵᠦ᠂ ᠳᠡᠷᠢᠶᠡᠯᠡᠩ ᠮᠠᠯ ᠠᠵᠦ ᠠᠬᠤᠢ ᠶᠢ ᠳᠡᠮᠵᠢᠬᠦ ᠪᠡᠯᠡ ᠮᠦᠡᠭᠬᠦ ᠶᠢᠨ ᠢᠷᠡᠯᠳᠡ ᠶᠢ ᠦᠷᠭᠡᠳᠭᠡᠨ᠎ᠠ︔ ᠳᠡᠷᠢᠶᠡᠯᠡᠩ ᠮᠠᠯ ᠠᠵᠦ ᠠᠬᠤᠢ ᠶᠢ ᠳᠡᠮᠵᠢᠬᠦ ᠰᠢᠷᠢᠰ ᠮᠦᠡᠭᠬᠦᠨ ᠬᠦᠢᠯᠬᠡᠬᠡᠡ ᠤ ᠨᠡᠷᠡᠳᠬᠦᠨ ᠤ ᠰᠢᠨ᠎ᠡ ᠶᠢ ᠡᠬᠦᠳᠣᠨ᠂ ︽ᠨᠢᠭᠡᠯᠨ ᠣᠳᠠᠭ᠎ᠠ ᠳᠤ ᠬᠢᠨᠡᠨ ᠲᠣᠠᠠᠳᠠᠭᠠᠬᠤ᠂ ᠭᠡᠵᠢᠶ᠎ᠠ ᠵᠠᠷᠣᠪᠠᠯ ᠭᠡᠵᠢᠶ᠎ᠠ ᠵᠢᠭᠡᠯᠡᠬᠦ᠂ ᠡᠷᠬᠢᠯᠳᠦᠬᠦᠯᠥᠨ ᠭᠡᠷᠡᠭᠯᠡᠬᠦ︾ ᠮᠠᠯᠵᠢᠬᠤ ᠳᠡᠷᠢᠶᠡᠯᠡᠬᠤ ᠡᠷᠦᠬᠡ ᠶᠢᠨ ᠢᠳᠡᠭᠡᠮᠵᠢᠳᠦ ᠵᠢᠭᠡᠯᠡᠯᠬᠡ ᠶᠢᠨ ᠵᠬᠠᠪᠤᠷ ᠢ ᠭᠡᠷᠡᠭᠵᠢᠬᠦᠯᠵᠦ᠂ ᠳᠡᠷᠢᠶᠡᠯᠡᠩ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠯᠤᠭ᠎ᠠ ᠬᠠᠷᠢᠯᠴᠠᠨ ᠵᠤᠬᠢᠴᠬᠠᠰᠠᠨ ᠢᠳᠡᠭᠡᠮᠵᠢᠳᠦ ᠵᠢᠭᠡᠯᠡᠯᠬᠡ ᠶᠢᠨ ᠨᠡᠷᠡᠳᠬᠦᠨ ᠢ ᠬᠦᠭᠵᠢᠬᠦᠯᠥᠨ᠎ᠠ︔ ᠬᠢᠨᠡᠨ ᠵᠦᠪᠰᠢᠶᠡᠷᠡᠬᠦ ᠡᠷᠬᠡ ᠮᠡᠳᠡᠯ ᠤᠨ ᠭᠡᠪᠴᠢᠶ᠎ᠠ ᠶᠢ ᠵᠤᠬᠢᠰᠳᠡᠢ ᠪᠠᠷ ᠲᠣᠷᠣᠠᠠᠰᠢ ᠪᠠᠭᠤᠯᠭᠠᠵᠦ᠂ ᠭᠠᠷᠳᠡᠮ ᠢ ᠲᠤᠪᠴᠢᠯᠠᠨ᠂ ᠰᠦᠢᠳᠭᠡᠯ ᠬᠤᠷᠢᠶᠡᠬᠤ ᠶᠢ ᠵᠢᠷᠦᠮᠵᠢᠭᠤᠯᠵᠦ᠂ ᠳᠦᠬᠦᠮ ᠣᠶᠢᠯᠠᠭᠠᠮᠵᠢᠳᠡᠢ ᠭᠡᠷ᠎ᠠ ᠶᠢᠨ ᠪᠢᠴᠢᠭ ᠬᠠᠷ᠎ᠠ ᠶᠢ ᠭᠡᠷᠡᠭᠯᠡᠨ᠂ ᠮᠣᠩᠭᠤᠯ ᠬᠢᠳᠡᠳ ᠬᠤᠶᠡᠷ ᠬᠡᠯᠡᠨ ᠤ ᠦᠢᠯᠡᠴᠢᠯᠡᠭᠡᠨ ᠬᠠᠩᠭᠠᠨ᠎ᠠ︔ ᠵᠦᠷᠢᠶᠡᠴᠢᠯᠡᠭᠰᠡᠨ ᠰᠢᠯᠭᠠᠨ ᠬᠢᠨᠡᠬᠤ ᠲᠤᠠᠠᠳᠡᠴᠠ ᠶᠢ ᠳᠡᠬᠦᠯᠳᠡᠷᠵᠢᠬᠦᠯᠵᠦ᠂ ᠲᠣᠰᠢᠶᠡᠯ ᠢᠶᠠᠨ ᠬᠦᠢᠴᠡᠳᠭᠡᠪᠠᠯ ᠬᠠᠷᠢᠭᠤᠴᠠᠯᠭ᠎ᠠ ᠭᠡᠯᠳᠦᠷᠢᠬᠦᠯᠬᠦ ᠳᠥᠷᠢᠮ ᠢ ᠪᠠᠶᠢᠭᠤᠯᠬᠤ ᠪᠠ ᠳᠡᠬᠦᠯᠳᠡᠷᠵᠢᠬᠦᠯᠦᠨ᠂ ︽ᠮᠠᠯ ᠠᠵᠦ ᠠᠬᠤᠢ ᠳᠡᠷᠢᠶᠡᠯᠡᠩ ᠮᠠᠯᠵᠢᠬᠤ ᠳᠡᠷᠢᠶᠡᠯᠠᠬᠤ ᠣᠷᠣᠨ ᠮᠠᠯᠴᠢᠨ ᠳᠡᠷᠢᠶᠡᠴᠢᠨ︾᠎ ᠤ ᠢᠳᠡᠭᠡᠮᠵᠢᠳᠦ ᠵᠢᠭᠡᠯᠡᠯᠬᠡ ᠶᠢᠨ ᠣᠷᠣᠭᠤᠯᠥᠯᠳᠡ ᠭᠠᠷᠭᠠᠯᠳᠡ ᠶᠢ ᠪᠠᠭᠳᠠᠭᠠᠠᠠᠰᠠᠨ ᠢᠳᠡᠪᠬᠢᠵᠢᠯ ᠢ ᠳᠡᠶᠢᠴᠢᠯᠠᠨ᠎ᠠ᠃ 2017 ᠣᠨ ᠳᠤ ᠬᠠᠳᠠᠭᠠᠯᠠᠮᠵᠢ ᠶᠢᠨ ᠭᠡᠮᠵᠢᠶ᠎ᠠ ᠶᠢ ᠪᠠᠳᠣᠯᠬᠠᠰᠠᠨ ᠰᠠᠭᠤᠷᠢ ᠳᠡᠭᠡᠷ᠎ᠠ ᠮᠠᠯᠵᠢᠬᠤ ᠳᠡᠷᠢᠶᠡᠯᠡᠬᠤ ᠡᠷᠦᠬᠡ ᠶᠢᠨ 350 ᠳ᠋ᠦᠡᠭᠰᠢᠭᠤᠷ ᠳᠥᠬᠦᠷᠢᠭ ᠤᠨ ᠵᠢᠭᠡᠯᠡᠯᠬᠡ ᠶᠢ ᠰᠢᠨ᠎ᠡ ᠪᠠᠷ ᠨᠡᠮᠡᠭᠳᠡᠬᠦᠯᠬᠦ ᠪᠠᠷ ᠳᠥᠯᠥᠪᠯᠡᠨ᠎ᠠ᠃ ᠪᠠᠭ᠎ᠠ ᠲᠣᠭᠠᠨ ᠤ ᠵᠢᠭᠡᠯᠡᠯᠬᠡ ᠶᠢᠨ ᠪᠠᠳᠣᠯᠠᠭ᠎ᠠ ᠶᠢᠨ ᠲᠠᠭᠠᠳᠬᠠᠯ ᠢ ᠢᠳᠡᠪᠬᠢᠳᠡᠢ ᠪᠠᠷ ᠬᠦᠭᠵᠢᠬᠦᠯᠵᠦ᠂ ︽ᠵᠠᠰᠠᠭ ᠤᠨ ᠣᠷᠳᠣᠨ + ᠪᠠᠩᠬᠢ + ᠲᠠᠭᠠᠳᠬᠠᠯ︾᠎ ᠤᠨ ᠵᠢᠭᠡᠯᠡᠯᠬᠡ ᠶᠢᠨ ᠳᠥᠭᠰᠢᠬᠦᠷᠢ ᠶᠢ ᠬᠤᠪᠢᠷᠢᠶᠡᠯᠡᠨ ᠡᠬᠦᠷᠭᠡᠯᠡᠬᠦ ᠲᠤᠠᠠᠳᠡᠴᠠ ᠶᠢ ᠪᠠᠶᠢᠭᠤᠯᠥᠨ᠎ᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠤᠷᠣᠨ ᠤ ᠡᠳ᠋ ᠤᠨ ᠵᠠᠰᠠᠭ ᠤᠨ ᠳᠢᠩᠬᠢᠮ᠂ ᠮᠦᠡᠭᠬᠦᠨ ᠬᠦᠢᠯᠬᠡᠬᠡᠡ ᠤ ᠠᠯᠪᠠᠨ ᠭᠡᠷ᠂ ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠤᠷᠢ ᠪᠠᠩᠬᠢ᠂ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠭᠠᠳᠬᠠᠯ ᠤᠨ ᠬᠢᠨᠡᠯᠳᠡ ᠬᠠᠮᠢᠶᠠᠷᠤᠯᠲᠠ ᠶᠢᠨ ᠲᠣᠪᠴᠢᠶ᠎ᠠ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶      ︵ᠭᠤᠷᠪᠡ︶ ᠳᠡᠷᠢᠶᠡᠯᠡᠩ ᠮᠠᠯ ᠠᠵᠦ ᠠᠬᠤᠢ ᠳᠤ ᠬᠤᠯᠪᠤᠠᠠᠳ᠋ᠬᠠᠰᠠᠨ ᠠᠵᠦ ᠠᠬᠤᠶᠢᠯᠠᠯ ᠤᠨ ᠰᠢᠭᠤᠳ ᠪᠡᠯᠡ ᠲᠣᠬᠢᠷᠡᠭᠤᠯᠭ᠎ᠠ ᠬᠢᠬᠦ ᠶᠢ ᠠᠬᠢᠭᠤᠯᠥᠨ᠎ᠠ᠃ ᠳᠡᠷᠢᠶᠡᠯᠡᠩ ᠮᠠᠯ ᠠᠵᠦ ᠠᠬᠤᠢ ᠳᠤ ᠬᠤᠯᠪᠤᠠᠠᠳ᠋ᠬᠠᠰᠠᠨ ᠠᠵᠦ ᠠᠬᠤᠶᠢᠯᠠᠯ ᠤᠨ ᠣᠯᠡᠨ ᠳᠡᠰ ᠲᠠᠪᠬᠤᠷᠭ᠎ᠠ ᠶᠢᠨ ᠬᠦᠷᠥᠩᠬᠡ ᠶᠢᠨ ᠵᠠᠬ᠎ᠠ ᠳᠡᠯᠭᠡᠬᠦᠷ ᠢ ᠠᠰᠢᠠᠠᠯᠠᠨ ᠪᠡᠯᠡ ᠲᠣᠬᠢᠷᠡᠭᠤᠯᠭ᠎ᠠ ᠬᠢᠬᠦ ᠶᠢ ᠳᠡᠮᠵᠢᠵᠦ᠂ ᠣᠯᠡᠨ ᠵᠦᠢᠯ ᠤᠨ ᠭᠡᠯᠪᠡᠷᠢ ᠶᠢᠨ ᠬᠠᠪᠰᠣᠷᠣᠨ ᠵᠢᠯᠥᠭᠤᠳᠬᠤ ᠪᠣᠯᠪᠠᠰᠣᠷᠡᠭᠤᠯᠥᠯ ᠢ ᠵᠤᠬᠢᠶᠡᠨ ᠪᠠᠶᠢᠭᠤᠯᠵᠦ᠂ ᠨᠦᠬᠦᠴᠡᠯ ᠳᠤ ᠨᠡᠶᠢᠴᠡᠬᠦ ᠠᠵᠦ ᠠᠬᠤᠶᠢᠯᠠᠯ ᠤᠨ ᠰᠢᠨ᠎ᠡ ᠭᠤᠷᠪᠠᠳᠣᠭᠠᠷ ᠰᠠᠮᠪᠠᠷ᠎ᠠ᠂ ᠠᠳᠡᠯ ᠦᠢᠯᠡᠰ ᠴᠣᠠᠠᠴᠠᠯᠠᠬᠤ ᠰᠠᠮᠪᠠᠷ᠎ᠠ᠂ ᠭᠤᠤᠯ ᠰᠠᠮᠪᠠᠷ᠎ᠠ ᠵᠡᠷᠭᠡ ᠬᠢᠯᠢ ᠶᠢᠨ ᠭᠠᠳᠠᠨ᠎ᠠ ᠫᠠᠶᠢᠰᠠ ᠡᠯᠬᠦᠨ ᠵᠠᠬ᠎ᠠ ᠳᠡᠯᠭᠡᠬᠦᠷ ᠲᠤ ᠭᠠᠷᠬᠤ ᠶᠢ ᠠᠬᠢᠭᠤᠯᠥᠨ᠎ᠠ᠃ ᠳᠡᠷᠢᠶᠡᠯᠡᠩ ᠮᠠᠯ ᠠᠵᠦ ᠠᠬᠤᠢ ᠳᠤ ᠬᠤᠯᠪᠤᠠᠠᠳ᠋ᠬᠠᠰᠠᠨ ᠠᠵᠦ ᠠᠬᠤᠶᠢᠯᠠᠯ ᠤᠨ ᠣᠷᠢᠳᠡᠪᠡᠷ ᠰᠲ᠋ᠥᠺ ᠤᠨ ᠡᠷᠬᠡ ᠶᠢᠨ ᠠᠷᠡᠯᠵᠢᠶᠠᠨ ᠤ ᠲᠥᠪ ᠲᠤ ᠫᠠᠶᠢᠰᠠ ᠡᠯᠬᠦᠨ ᠠᠷᠡᠯᠵᠢᠶᠡᠯᠠᠬᠤ᠂ ᠨᠡᠶᠢᠳᠡᠨ ᠬᠠᠮᠢᠶᠡᠷᠥᠭᠤᠯᠵᠦ ᠨᠡᠶᠢᠳᠡᠯᠡᠬᠦ ᠪᠠ ᠶᠡᠷᠦᠩᠭᠡᠶᠢᠯᠡᠨ ᠳᠡᠯᠬᠡᠨ ᠦᠵᠡᠬᠦᠯᠬᠦ ᠶᠢ ᠳᠡᠮᠵᠢᠨ᠎ᠠ᠃ ᠳᠡᠷᠢᠶᠡᠯᠡᠩ ᠮᠠᠯ ᠠᠵᠦ ᠠᠬᠤᠢ ᠳᠤ ᠬᠤᠯᠪᠤᠠᠠᠳ᠋ᠬᠠᠰᠠᠨ ᠠᠵᠦ ᠠᠬᠤᠶᠢᠯᠠᠯ ᠤᠨ ᠠᠵᠦ ᠠᠬᠤᠶᠢᠯᠠᠯ ᠤᠨ ᠵᠢᠭᠡᠯᠡᠯᠬᠡ᠂ ᠺᠣᠮᠫᠠᠨᠢ ᠶᠢᠨ ᠵᠢᠭᠡᠯᠡᠯᠬᠡ᠂ ᠲᠣᠮᠳᠡ ᠵᠢᠵᠢᠭ ᠠᠵᠥ ᠠᠬᠤᠶᠢᠯᠠᠯ ᠤᠨ ᠵᠢᠭᠡᠯᠡᠯᠬᠡ᠂ ᠲᠤᠮᠳᠡ ᠵᠢᠵᠢᠭ ᠠᠵᠦ ᠠᠬᠤᠶᠢᠯᠠᠯ ᠤᠨ ᠬᠠᠮ ᠫᠢᠶᠥᠥ ᠪᠡᠷᠢᠮᠳᠡ᠂ ᠣᠬᠤᠷ ᠬᠤᠭᠤᠴᠠᠭᠠᠨ ᠤ ᠪᠡᠯᠡ ᠲᠣᠬᠢᠷᠡᠭᠤᠯᠭ᠎ᠠ ᠶᠢᠨ ᠳᠡᠮᠳᠡᠭᠳᠦ᠂ ᠲᠣᠮᠳᠠ ᠬᠤᠭᠤᠴᠠᠭᠠᠨ ᠤ ᠫᠢᠶᠥᠥ ᠪᠡᠷᠢᠮᠳᠡ ᠵᠡᠷᠭᠡ ᠪᠠᠭᠠᠵᠢ ᠪᠠᠷ ᠳᠡᠮᠵᠢᠭᠤᠯᠥᠨ ᠪᠡᠯᠡ ᠲᠣᠬᠢᠷᠡᠭᠤᠯᠭ᠎ᠠ ᠬᠢᠬᠦ ᠶᠢ ᠵᠣᠷᠢᠠᠠᠵᠢᠭᠤᠯᠥᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠤᠷ ᠮᠣᠩᠭᠤᠯ ᠤᠨ ᠳᠡᠮᠳᠡᠭᠳᠦ ᠶᠢᠨ ᠬᠢᠨᠡᠯᠳᠡ ᠬᠠᠮᠢᠶᠠᠷᠤᠯᠲᠠ ᠶᠢᠨ ᠲᠣᠪᠴᠢᠶ᠎ᠠ᠂ ᠦᠪᠡᠷᠳᠡᠭᠡᠨ ᠵᠠᠰᠠᠬᠤ ᠤᠷᠣᠨ ᠤ ᠮᠦᠡᠭᠬᠦᠨ ᠬᠦᠢᠯᠬᠡᠬᠡᠡ ᠤ ᠠᠯᠪᠠᠨ ᠭᠡᠷ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠠᠵᠥ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠤᠷᠢ ᠪᠠᠩᠬᠢ᠂ ᠦᠪᠤᠷ ᠮᠣᠩᠭᠤᠯ ᠤᠨ ᠰᠲ᠋ᠥᠺ ᠤᠨ ᠡᠷᠬᠡ ᠶᠢᠨ ᠠᠷᠡᠯᠵᠢᠶᠠᠨ ᠤ ᠲᠥᠪ︶      ︵ᠳᠥᠷᠪᠡ︶ ᠠᠷᠡᠳ ᠤᠨ ᠲᠣᠮᠳᠡᠬᠢ ᠵᠢᠭᠡᠯᠡᠯᠬᠡ ᠶᠢᠨ ᠳᠡᠩᠰᠡᠯᠡᠨ ᠳᠡᠮᠳᠡᠭᠯᠡᠬᠦ ᠲᠥᠪ ᠢ ᠵᠢᠷᠦᠮᠵᠢᠭᠤᠯᠥᠨ ᠬᠦᠭᠵᠢᠬᠦᠯᠦᠨ᠎ᠠ᠃ ᠬᠦᠯᠥᠨ ᠪᠤᠶᠢᠷ ᠬᠤᠳᠡ ᠪᠤᠯᠥᠨ ᠰᠢᠯᠢ ᠶᠢᠨ ᠭᠤᠤᠯ ᠠᠶᠢᠮᠠᠭ ᠤᠨ ᠲᠣᠷᠰᠢᠯᠳᠡ ᠶᠢᠨ ᠴᠢᠬ ᠲᠤ ᠠᠷᠡᠳ ᠤᠨ ᠲᠣᠮᠳᠡᠬᠢ ᠵᠢᠭᠡᠯᠡᠯᠬᠡ ᠶᠢᠨ ᠳᠡᠩᠰᠡᠯᠡᠨ ᠳᠡᠮᠳᠡᠭᠯᠡᠬᠦ ᠲᠥᠪ ᠢ ᠪᠠᠶᠢᠭᠤᠯᠵᠦ᠂ ᠭᠤᠤᠯᠳᠠᠭᠤ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠠᠬᠦᠨ ᠬᠤᠰᠢᠭᠤ᠂ ᠰᠢᠨ᠎ᠡ ᠪᠠᠷᠭᠤ ᠪᠠᠷᠡᠭᠤᠨ ᠬᠤᠰᠢᠭᠤ᠂ ᠡᠸᠡᠩᠬᠢ ᠬᠤᠰᠢᠭᠤ ᠪᠤᠯᠥᠨ ᠠᠪᠠᠭ᠎ᠠ ᠬᠤᠰᠢᠭᠤ᠂ ᠵᠠᠬᠦᠨ ᠦᠵᠣᠮᠦᠴᠢᠨ ᠬᠤᠰᠢᠭᠤ᠂ ᠰᠦᠨᠢᠳ ᠵᠠᠬᠦᠨ ᠬᠤᠰᠢᠭᠤ ᠳᠤ ᠠᠵᠢᠯ ᠦᠷᠨᠢᠬᠦᠯᠵᠥ᠂ ᠠᠷᠡᠳ ᠤᠨ ᠲᠤᠮᠳᠡᠬᠢ ᠪᠡᠯᠡ ᠣᠷᠣᠭᠤᠯᠵᠦ ᠪᠡᠯᠡ ᠲᠣᠬᠢᠷᠡᠭᠤᠯᠭ᠎ᠠ ᠬᠢᠬᠦ ᠳᠤ ᠵᠢᠭᠡᠯᠡᠯᠬᠡ ᠶᠢᠨ ᠳᠡᠩᠰᠡᠯᠡᠨ ᠳᠡᠮᠳᠡᠭᠯᠡᠬᠦ᠂ ᠭᠡᠷ᠎ᠠ ᠶᠢ ᠬᠢᠨᠡᠨ ᠲᠣᠠᠠᠳᠠᠭᠠᠬᠤ᠂ ᠳᠥᠭᠰᠢᠬᠦᠷᠢ ᠶᠢᠨ ᠯᠠᠪᠯᠠᠯᠭ᠎ᠠ ᠵᠡᠷᠭᠡ ᠦᠢᠯᠡᠴᠢᠯᠡᠭᠡᠨ ᠬᠠᠩᠭᠠᠵᠦ᠂ ᠬᠦᠥ ᠮᠦᠡᠭᠬᠦ ᠶᠢᠨ ᠬᠦᠢᠴᠡᠳᠭᠡᠯ ᠲᠤᠭ᠎ᠠ ᠶᠢᠨ ᠭᠡᠯᠪᠡᠷᠢ ᠪᠠᠷ ᠠᠷᠡᠳ ᠤᠨ ᠲᠤᠮᠳᠡᠬᠢ ᠵᠢᠭᠡᠯᠡᠯᠬᠡ ᠶᠢᠨ ᠬᠦᠥ ᠮᠦᠡᠭᠬᠦ ᠶᠢᠨ ᠳᠡᠭᠡᠷ᠎ᠠ ᠬᠢᠵᠠᠭᠠᠷ ᠢ ᠬᠦᠳᠦᠯᠥᠨ ᠵᠢᠯᠥᠭᠤᠳᠴᠥ᠂ ᠠᠷᠡᠳ ᠤᠨ ᠲᠣᠮᠳᠡᠬᠢ ᠵᠢᠭᠡᠯᠡᠯᠬᠡ ᠶᠢ ᠢᠯᠡ ᠪᠤᠯᠭᠠᠬᠤ᠂ ᠵᠢᠷᠦᠮᠵᠢᠭᠤᠯᠬᠤ ᠶᠢ ᠠᠬᠢᠭᠤᠯᠥᠨ᠎ᠠ᠃ ᠲᠣᠷᠰᠢᠯᠳᠡ ᠶᠢᠨ ᠴᠢᠬ ᠤᠨ ᠪᠠᠶᠢᠳᠡᠯ ᠢ ᠦᠨᠳᠣᠰᠣᠯᠡᠨ᠂ ᠲᠣᠷᠰᠢᠯᠳᠡ ᠶᠢᠨ ᠬᠦᠷᠢᠶ᠎ᠠ ᠭᠡᠪᠴᠢᠶ᠎ᠠ ᠶᠢ ᠠᠯᠬᠤᠮ ᠠᠯᠬᠤᠮ ᠢᠶᠠᠷ ᠦᠷᠭᠡᠳᠭᠡᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠤᠷᠣᠨ ᠤ ᠮᠦᠡᠭᠬᠦᠨ ᠬᠦᠢᠯᠬᠡᠬᠡᠡ ᠤ ᠠᠯᠪᠠᠨ ᠭᠡᠷ︶      ᠭᠤᠷᠪᠡ᠂ ᠮᠠᠯᠵᠢᠬᠤ ᠳᠡᠷᠢᠶᠡᠯᠡᠬᠤ ᠣᠷᠣᠨ ᠤ ᠡᠳ᠋ ᠬᠦᠷᠥᠩᠭᠡ ᠪᠠᠷ ᠪᠠᠷᠢᠴᠠᠭᠠᠯᠠᠨ ︵ᠲᠠᠨᠵᠢᠯᠠᠬᠤ︶ ᠳᠠᠭᠠᠭᠠᠯᠳᠡ ᠬᠢᠬᠦ ᠠᠵᠢᠯ ᠢ ᠠᠬᠢᠭᠤᠯᠥᠨ᠎ᠠ      ︵ᠨᠢᠭᠡ︶ ︽ᠬᠤᠶᠡᠷ ᠡᠷᠬᠡ︾᠎ ᠶᠢᠨ ᠡᠷᠬᠡ ᠶᠢ ᠲᠣᠳᠣᠯᠬᠠᠰᠠᠨ ᠦᠨᠡᠮᠯᠠᠯ ᠣᠯᠭᠤᠬᠤ ᠠᠬᠢᠴᠠ ᠶᠢ ᠳᠥᠷᠭᠡᠳᠭᠡᠨ᠎ᠠ᠃ ᠳᠠᠭᠠᠭᠠᠴᠢᠯᠬᠠᠰᠠᠨ ᠭᠠᠵᠡᠷ ᠳᠡᠷᠢᠶ᠎ᠠ ᠶᠢᠨ ᠳᠡᠯᠡᠪᠡᠢ ᠨᠢ ᠣᠨᠣᠪᠴᠢ ᠦᠭᠡᠢ᠂ ᠳᠥᠷᠪᠡᠡ ᠳᠡᠯ᠎ᠠ ᠨᠢ ᠲᠤᠳᠣᠷᠬᠠᠢ᠂ ᠣᠷᠣᠨ ᠵᠡᠢ ᠶᠢᠨ ᠪᠠᠶᠢᠷᠢ ᠨᠢ ᠲᠣᠳᠣ ᠦᠭᠡᠢ᠂ ᠳᠡᠩᠰᠡᠯᠡᠨ ᠳᠡᠮᠳᠡᠭᠯᠡᠭᠰᠡᠨ ᠳᠡᠪᠲᠡᠷ ᠨᠢ ᠪᠦᠷᠢᠨ ᠦᠭᠡᠢ ᠵᠡᠷᠬᠡ ᠠᠰᠠᠭᠤᠳᠡᠯ ᠢ ᠰᠢᠢᠳᠪᠦᠷᠢᠯᠡᠬᠦ ᠪᠠᠷ ᠭᠤᠤᠯᠳᠡᠯᠭ᠎ᠠ ᠪᠤᠯᠭᠠᠵᠦ᠂ ᠳᠠᠭᠠᠭᠠᠴᠢᠯᠬᠠᠰᠠᠨ ᠭᠠᠵᠡᠷ ᠳᠡᠷᠢᠶ᠎ᠠ ︵ᠬᠠᠳᠣᠯᠡᠩ ᠪᠡᠯᠴᠢᠭᠡᠷ︶᠎ ᠶᠢᠨ ᠡᠵᠡᠮᠰᠢᠬᠦ᠂ ᠭᠡᠷᠡᠭᠯᠡᠬᠦ᠂ ᠠᠰᠢᠭ ᠣᠷᠣᠯᠭ᠎ᠠ ᠣᠯᠬᠤ ᠵᠡᠷᠭᠡ ᠡᠯ᠎ᠠ ᠵᠦᠢᠯ ᠤᠨ ᠡᠷᠬᠡ ᠠᠰᠢᠭ ᠢ ᠲᠣᠳᠣᠯᠠᠨ ᠨᠣᠳᠠᠯᠠᠬᠤ ᠠᠵᠢᠯ ᠢ ᠳᠥᠷᠭᠡᠳᠭᠡᠨ ᠠᠬᠢᠭᠤᠯᠥᠨ᠎ᠠ᠃ ︽ᠬᠤᠶᠡᠷ ᠡᠷᠬᠡ︾᠎ ᠪᠠᠷ ᠪᠠᠷᠢᠴᠠᠭᠠᠯᠠᠬᠤ᠂ ᠦᠨᠡᠯᠡᠨ ᠵᠢᠱᠢᠬᠦ᠂ ᠰᠢᠯᠵᠢᠬᠦᠯᠬᠦ᠂ ᠬᠤᠷᠢᠶᠡᠵᠦ ᠬᠠᠳᠠᠭᠠᠯᠠᠬᠤ ᠲᠣᠰᠬᠠᠶᠢᠵᠢᠠᠠᠰᠠᠨ ᠦᠢᠯᠡᠴᠢᠯᠡᠭᠡᠨ ᠤ ᠴᠣᠪᠤᠷᠡᠯ ᠢ ᠪᠠᠶᠢᠭᠤᠯᠵᠦ᠂ ᠮᠠᠯᠵᠢᠬᠤ ᠳᠡᠷᠢᠶᠡᠯᠡᠬᠤ ᠣᠷᠣᠨ ᠤ ᠦᠮᠴᠢᠯᠡᠯ ᠤᠨ ᠡᠷᠬᠡ ᠶᠢᠨ ᠰᠢᠯᠵᠢᠬᠦᠯᠥᠨ ᠠᠷᠡᠯᠵᠢᠶᠡᠯᠡᠬᠤ ᠳᠡᠪᠴᠠᠩ ᠤᠨ ᠪᠠᠶᠢᠭᠤᠯᠥᠯᠳᠡ ᠶᠢ ᠳᠥᠷᠭᠡᠳᠭᠡᠨ᠎ᠠ᠃ ᠪᠦᠬᠦ ᠣᠷᠣᠨ ᠤ ︽ᠬᠤᠶᠡᠷ ᠡᠷᠬᠡ︾᠎ ᠪᠠᠷ ᠪᠠᠷᠢᠴᠠᠭᠠᠯᠠᠬᠤ ᠲᠣᠷᠰᠢᠯᠳᠡ ᠶᠢᠨ ᠴᠢᠬ ᠤᠨ 10 ᠬᠤᠰᠢᠭᠤ ᠰᠢᠶᠡᠨ ᠳᠤ ᠡᠵᠡᠩᠨᠡᠯᠳᠡ ᠯᠠᠪᠳᠠᠭᠤᠨ᠂ ᠪᠡᠯᠡᠨ ᠵᠤᠭᠤᠰᠣᠨ ᠤ ᠬᠦᠢᠯᠬᠡᠬᠡᠡ ᠲᠣᠠᠠᠳᠠᠭᠤᠨ ᠳᠡᠷᠢᠶᠡᠯᠡᠩ ᠮᠠᠯ ᠠᠵᠦ ᠠᠬᠤᠢ ᠶᠢᠨ ᠠᠵᠦ ᠠᠬᠤᠶᠢᠯᠠᠯ ᠤᠨ ᠳᠠᠭᠠᠭᠠᠴᠢᠯᠬᠠᠰᠠᠨ ᠭᠠᠵᠡᠷ ᠳᠡᠷᠢᠶ᠎ᠠ ︵ᠬᠠᠳᠣᠯᠡᠩ ᠪᠡᠯᠴᠢᠭᠡᠷ᠂ ᠣᠶᠢᠳᠦ ᠭᠠᠵᠡᠷ︶᠎ ᠶᠢᠨ ᠠᠰᠢᠭ ᠣᠷᠣᠯᠭ᠎ᠠ ᠶᠢᠨ ᠡᠷᠬᠡ ᠵᠡᠷᠭᠡ ᠪᠠᠷ ᠢᠶᠠᠨ ᠰᠠᠭᠤᠷᠢ ᠬᠦᠷᠥᠩᠬᠡ ᠪᠤᠯᠭᠠᠨ ᠬᠦᠷᠥᠩᠬᠡ ᠶᠢᠨ ᠳᠡᠮᠳᠡᠭᠵᠢᠬᠦᠯᠥᠯᠳᠡ ᠶᠢᠨ ᠲᠣᠬᠠᠶᠢᠯᠬᠠᠰᠠᠨ ᠠᠵᠢᠯ ᠦᠷᠨᠢᠬᠦᠯᠬᠦ ᠶᠢ ᠵᠣᠷᠢᠠᠠᠵᠢᠭᠤᠯᠥᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠤᠷᠢ ᠪᠠᠩᠬᠢ᠂ ᠦᠪᠡᠷᠳᠡᠭᠡᠨ ᠵᠠᠰᠠᠬᠤ ᠣᠷᠣᠨ ᠤ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠣᠢ ᠰᠢᠭᠤᠢ ᠶᠢᠨ ᠳᠢᠩᠬᠢᠮ᠂ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠡᠮᠳᠡᠭᠳᠦ ᠶᠢᠨ ᠬᠢᠨᠡᠯᠳᠡ ᠬᠠᠮᠢᠶᠠᠷᠤᠯᠲᠠ ᠶᠢᠨ ᠲᠤᠪᠴᠢᠶ᠎ᠠ︶      ︵ᠬᠤᠶᠡᠷ︶ ᠪᠠᠷᠢᠴᠠᠭᠠᠯᠠᠬᠤ ︵ᠳᠡᠨᠵᠢᠯᠠᠬᠤ︶ ᠠᠷᠭ᠎ᠠ ᠮᠠᠶ᠋ᠢᠭ ᠤᠨ ᠰᠢᠨ᠎ᠡ ᠶᠢ ᠡᠬᠦᠳᠣᠨ᠎ᠠ᠃ ᠮᠠᠯᠵᠢᠬᠤ ᠳᠡᠷᠢᠶᠡᠯᠡᠬᠤ ᠣᠷᠣᠨ ᠤ ᠭᠡᠷ ᠪᠦᠯᠢ ᠶᠢᠨ ᠲᠠᠭᠠᠳᠬᠠᠯ ᠤᠨ ᠪᠡᠷᠢᠮᠳᠡ᠂ ᠪᠡᠯᠡᠳᠭᠡᠮᠵᠢᠳᠦ ᠳᠡᠷᠢᠶᠡᠯᠡᠩ᠂ ᠪᠡᠷᠢᠮᠵᠢᠶᠡᠳᠦ ᠬᠦᠮᠦᠷᠬᠡ ᠶᠢᠨ ᠪᠡᠷᠢᠮᠳᠡ᠂ ᠳᠡᠷᠢᠶᠡᠯᠡᠩ ᠮᠠᠯ ᠠᠵᠦ ᠠᠬᠤᠢ ᠶᠢᠨ ᠮᠠᠰᠢᠨ ᠮᠧᠬᠠᠨᠢᠭ ᠤᠨ ᠳᠥᠬᠦᠭᠡᠷᠦᠮᠵᠢ ᠪᠠ ᠳᠡᠭᠡᠭᠡᠪᠦᠷᠢ ᠶᠢᠨ ᠪᠠᠭᠠᠵᠢ ᠵᠡᠷᠭᠡ ᠪᠠᠷ ᠢᠶᠠᠨ ᠪᠠᠷᠢᠴᠠᠭᠠᠯᠠᠨ ︵ᠳᠡᠨᠵᠢᠯᠠᠬᠤ︶ ᠳᠠᠭᠠᠭᠠᠯᠳᠡ ᠬᠢᠬᠦ ᠨᠡᠷᠡᠳᠬᠦᠨ ᠪᠤᠯᠭᠠᠵᠦ ᠪᠡᠯᠡ ᠲᠤᠬᠢᠷᠡᠭᠤᠯᠭ᠎ᠠ ᠬᠢᠬᠦ ᠶᠢ ᠵᠣᠷᠢᠠᠠᠵᠢᠭᠤᠯᠥᠨ᠎ᠠ᠃ ᠬᠦᠯᠥᠨ ᠪᠤᠶᠢᠷ ᠬᠤᠳᠡ ᠪᠤᠯᠥᠨ ᠰᠢᠯᠢ ᠶᠢᠨ ᠭᠤᠤᠯ ᠠᠶᠢᠮᠠᠭ ᠤᠨ ᠲᠣᠷᠰᠢᠯᠳᠡ ᠶᠢᠨ ᠴᠢᠬ ᠤᠨ ᠵᠤᠠᠠᠰᠤᠭ᠎ᠠ ᠮᠠᠯ ᠵᠢᠬᠦᠷᠳᠡᠨ ᠢᠶᠠᠷ ᠢᠶᠠᠨ ᠵᠢᠭᠡᠯᠡᠯᠬᠡ ᠪᠠᠷᠢᠴᠠᠭᠠᠯᠠᠵᠦ᠂ ᠮᠠᠯᠴᠢᠨ ᠳᠡᠷᠢᠶᠡᠴᠢᠨ ᠤ ᠡᠳ᠋ ᠬᠦᠷᠦᠩᠬᠡ ᠶᠢ ᠠᠮᠢᠯᠠᠭᠤᠯᠵᠦ᠂ ᠲᠣᠷᠰᠢᠯᠳᠡ ᠶᠢᠨ ᠴᠢᠬ ᠤᠨ ᠬᠦᠷᠢᠶ᠎ᠡ ᠭᠡᠪᠴᠢᠶ᠎ᠠ ᠶᠢ ᠠᠯᠬᠤᠮ ᠠᠯᠬᠤᠮ ᠢᠶᠠᠷ ᠦᠷᠭᠡᠳᠭᠡᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠭᠠᠳᠬᠠᠯ ᠤᠨ ᠬᠢᠨᠡᠯᠳᠡ ᠬᠠᠮᠢᠶᠠᠷᠤᠯᠲᠠ ᠶᠢᠨ ᠲᠤᠪᠴᠢᠶ᠎ᠠ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ︶      ᠳᠥᠷᠪᠡ᠂ ᠳᠠᠭᠠᠭᠠᠨ ᠪᠠᠳᠣᠯᠠᠬᠤ ᠲᠠᠭᠠᠳᠬᠠᠯ ᠤᠨ ᠬᠢᠷᠢ ᠳᠥᠪᠰᠢᠨ ᠢ ᠳᠡᠭᠡᠭᠰᠢᠯᠡᠬᠦᠯᠦᠨ᠎ᠡ      ︵ᠨᠢᠭᠡ︶ ᠮᠠᠯᠴᠢᠨ ᠳᠡᠷᠢᠶᠡᠴᠢᠨ ᠤ ᠡᠮᠴᠢᠯᠡᠭᠡᠨ ᠤ ᠲᠠᠭᠠᠳᠬᠠᠯ ᠤᠨ ᠪᠠᠳᠣᠯᠠᠭ᠎ᠠ ᠶᠢᠨ ᠬᠢᠷᠢ ᠳᠥᠪᠰᠢᠨ ᠢ ᠳᠠᠰᠣᠷᠡᠯᠳᠡ ᠦᠭᠡᠢ ᠳᠡᠭᠡᠭᠰᠢᠯᠡᠬᠦᠯᠥᠨ᠎ᠠ᠃ ᠮᠠᠯᠵᠢᠬᠤ ᠳᠡᠷᠢᠶᠡᠯᠡᠬᠤ ᠣᠷᠣᠨ ᠤ ᠰᠠᠨᠠᠭᠠᠨ ᠳᠤ ᠦᠭᠡᠢ ᠬᠡᠮᠳᠦᠯ ᠤᠨ ᠲᠠᠭᠠᠳᠬᠠᠯ᠂ ᠬᠦᠨᠳᠦ ᠡᠪᠡᠳᠴᠢᠨ ᠡᠮᠭᠡᠭ ᠲᠤ ᠣᠯᠭᠤᠬᠤ ᠲᠠᠭᠠᠳᠬᠠᠯ᠂ ᠬᠦᠨᠳᠦ ᠡᠪᠡᠳᠴᠢᠨ ᠤ ᠲᠠᠭᠠᠳᠬᠠᠯ ᠵᠡᠷᠭᠡ ᠶᠢ ᠢᠳᠡᠪᠬᠢᠳᠡᠢ ᠪᠠᠷ ᠳᠡᠯᠭᠡᠷᠡᠬᠦᠯᠵᠦ᠂ ᠬᠤᠳᠠᠯᠳᠣᠭᠠᠨ ᠤ ᠲᠠᠭᠠᠳᠬᠠᠯ ᠬᠢᠭᠡᠳ ᠦᠨᠳᠣᠰᠣᠡ ᠡᠮᠴᠢᠯᠡᠭᠡᠨ ᠤ ᠲᠠᠭᠠᠳᠬᠠᠯ ᠢ ᠣᠷᠭᠠᠨᠢᠭ ᠢᠶᠠᠷ ᠣᠶᠠᠯᠳᠣᠭᠤᠯᠬᠤ ᠪᠠᠷ ᠳᠡᠮᠵᠢᠭᠤᠯᠥᠨ᠂ ᠲᠠᠭᠠᠳᠬᠠᠯ ᠳᠤ ᠣᠷᠣᠯᠴᠬᠠᠰᠠᠨ ᠮᠠᠯᠴᠢᠨ ᠲᠠᠷᠢᠶᠠᠴᠢᠨ ᠳᠤ ᠣᠯᠡᠨ ᠳᠡᠰ ᠲᠠᠪᠬᠤᠷᠭ᠎ᠠ ᠶᠢᠨ ᠡᠮᠴᠢᠯᠡᠭᠡᠨ ᠤ ᠪᠠᠳᠣᠯᠠᠭ᠎ᠠ ᠬᠠᠩᠭᠠᠵᠦ᠂ ᠮᠠᠯᠴᠢᠨ ᠳᠡᠷᠢᠶᠠᠴᠢᠨ ᠤ ᠡᠮᠴᠢᠯᠡᠭᠡᠨ ᠤ ᠵᠠᠷᠣᠳᠡᠯ ᠤᠨ ᠡᠬᠦᠷᠭᠡᠯᠡᠯ ᠢ ᠬᠦᠩᠭᠡᠷᠡᠬᠦᠯᠥᠨ᠂ ᠮᠠᠯᠴᠢᠨ ᠳᠡᠷᠢᠶᠡᠴᠢᠨ ᠤ ᠡᠪᠡᠳᠴᠢᠨ ᠡᠮᠭᠡᠭ ᠠᠴᠠ ᠪᠤᠯᠵᠦ ᠶᠠᠳᠠᠭᠤᠷᠡᠬᠤ ᠪᠠ ᠳᠡᠬᠢᠨ ᠶᠠᠳᠠᠭᠤᠷᠡᠬᠤ ᠶᠢ ᠰᠡᠷᠭᠡᠶᠢᠯᠠᠨ ᠬᠤᠷᠢᠠᠠᠯᠠᠨ᠎ᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠣᠷᠣᠨ ᠤ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ᠂ ᠦᠪᠤᠷ ᠮᠣᠩᠭᠤᠯ ᠤᠨ ᠲᠠᠭᠠᠳᠬᠠᠯ ᠤᠨ ᠬᠢᠨᠡᠯᠳᠡ ᠬᠠᠮᠢᠶᠠᠷᠤᠯᠲᠠ ᠶᠢᠨ ᠲᠤᠪᠴᠢᠶ᠎ᠠ︶      ︵ᠬᠤᠶᠡᠷ︶ ᠦᠢᠯᠡᠳᠬᠦᠨ ᠤ ᠦᠷᠲᠡᠭ ᠤᠨ ᠲᠠᠭᠠᠳᠬᠠᠯ ᠢ ᠦᠷᠨᠢᠬᠦᠯᠬᠦ ᠲᠣᠷᠰᠢᠯᠳᠡ ᠬᠢᠨ᠎ᠠ᠃ ᠦᠪᠡᠷᠳᠡᠭᠡᠨ ᠵᠠᠰᠠᠬᠤ ᠣᠷᠣᠨ ᠠᠴᠠ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ ᠠᠷᠭ᠎ᠠ ᠮᠠᠶ᠋ᠢᠭ ᠢ ᠠᠪᠴᠥ᠂ ᠬᠢᠩᠭᠠᠨ ᠠᠶᠢᠮᠠᠭ ᠤᠨ ᠣᠯᠠᠭᠠᠨᠬᠤᠳᠡ᠂ ᠬᠤᠷᠴᠢᠨ ᠪᠠᠷᠡᠭᠤᠨ ᠭᠠᠷᠦᠨ ᠡᠮᠤᠨᠡᠳᠦ ᠬᠤᠰᠢᠭᠤ᠂ ᠣᠯᠠᠭᠠᠨᠬᠠᠳᠡ ᠬᠤᠳᠡ ᠶᠢᠨ ᠪᠠᠭᠠᠷᠢᠨ ᠪᠠᠷᠡᠭᠤᠨ ᠬᠤᠰᠢᠭᠤ᠂ ᠣᠩᠨᠢᠭᠤᠳ ᠬᠤᠰᠢᠭᠤ᠂ ᠣᠯᠠᠭᠠᠨᠴᠠᠪ ᠬᠤᠳᠠ ᠶᠢᠨ ᠳᠥᠷᠪᠡᠳ ᠬᠤᠰᠢᠭᠤ᠂ ᠴᠠᠬᠠᠷ ᠪᠠᠷᠡᠭᠤᠨ ᠭᠠᠷᠦᠨ ᠬᠤᠶᠢᠳᠦ ᠬᠤᠰᠢᠭᠤ 6 ᠬᠤᠰᠢᠭᠤ ︵ᠬᠤᠳᠡ︶᠎ ᠳᠤ ᠦᠢᠯᠡᠳᠬᠦᠨ ᠤ ᠦᠷᠲᠡᠭ ᠤᠨ ᠲᠠᠭᠠᠳᠬᠠᠯ ᠤᠨ ᠲᠣᠷᠰᠢᠯᠳᠡ ᠬᠢᠬᠦ ᠶᠢ ᠳᠡᠮᠵᠢᠨ᠎ᠠ︔ ᠰᠢᠯᠢ ᠶᠢᠨ ᠭᠤᠤᠯ ᠠᠶᠢᠮᠠᠭ ᠤᠨ ᠡᠯ᠎ᠠ ᠬᠤᠰᠢᠭᠤ ᠰᠢᠶᠡᠨ ︵ᠬᠤᠳᠡ︶᠂ ᠬᠦᠯᠥᠨ ᠪᠤᠶᠢᠷ ᠬᠤᠳᠡ ᠶᠢᠨ 4 ᠮᠠᠯᠵᠢᠬᠤ ᠬᠤᠰᠢᠭᠤ ᠳᠤ ᠳᠥᠷᠥ ᠶᠢᠨ ᠪᠤᠳᠣᠯᠭ᠎ᠠ ᠶᠢᠨ ᠴᠢᠨᠡᠷᠳᠡᠢ ᠢᠳᠡᠰᠢᠨ ᠬᠤᠨᠢ᠂ ᠢᠳᠡᠰᠢᠨ ᠦᠬᠡᠷ ᠤᠨ ᠲᠠᠭᠠᠳᠬᠠᠯ ᠤᠨ ᠲᠣᠷᠰᠢᠯᠳᠡ ᠬᠢᠬᠦ ᠶᠢ ᠳᠡᠮᠵᠢᠵᠦ᠂ ᠲᠣᠷᠰᠢᠯᠳᠡ ᠶᠢᠨ ᠴᠢᠬ ᠤᠨ ᠬᠦᠷᠢᠶ᠎ᠡ ᠭᠡᠪᠴᠢᠶ᠎ᠠ ᠶᠢ ᠠᠯᠬᠤᠮ ᠠᠯᠬᠤᠮ ᠢᠶᠠᠷ ᠦᠷᠭᠡᠳᠭᠡᠨ᠎ᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠢᠩᠬᠢᠮ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠦᠪᠤᠷ ᠮᠣᠩᠭᠤᠯ ᠤᠨ ᠲᠠᠭᠠᠳᠬᠠᠯ ᠤᠨ ᠬᠢᠨᠡᠯᠳᠡ ᠬᠠᠮᠢᠶᠠᠷᠤᠯᠲᠠ ᠶᠢᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶      ︵ᠭᠤᠷᠪᠡ︶ ᠮᠠᠯᠵᠢᠬᠤ ᠲᠠᠷᠢᠶᠡᠯᠡᠬᠤ ᠣᠷᠣᠨ ᠤ ᠶᠡᠷᠦᠩᠭᠡᠶᠢᠯᠡᠭᠰᠡᠨ ᠲᠠᠭᠠᠳᠬᠠᠯ ᠤᠨ ᠦᠢᠯᠡᠴᠢᠯᠡᠭᠡᠨ ᠤ ᠬᠢᠷᠢ ᠳᠥᠪᠰᠢᠨ ᠢ ᠳᠡᠭᠡᠭᠰᠢᠯᠡᠬᠦᠯᠦᠨ᠎ᠡ᠃ ᠮᠠᠯᠵᠢᠬᠤ ᠲᠠᠷᠢᠶᠡᠯᠡᠬᠤ ᠣᠷᠣᠨ ᠳᠤ ᠮᠣᠩᠭᠤᠯ ᠬᠢᠳᠡᠳ ᠬᠤᠶᠡᠷ ᠬᠡᠯᠡᠨ ᠤ ᠲᠠᠭᠠᠳᠬᠠᠯ ᠤᠨ ᠬᠡᠷ᠎ᠠ ᠶᠢᠨ ᠪᠢᠴᠢᠭ ᠬᠠᠷ᠎ᠠ ᠶᠢ ᠳᠥᠷᠭᠡᠳᠭᠡᠨ ᠳᠥᠭᠡᠮᠡᠯᠵᠢᠬᠦᠯᠵᠦ᠂ ᠬᠠᠮᠢᠶ᠎ᠠ ᠪᠦᠬᠦᠢ ᠲᠠᠭᠠᠳᠬᠠᠯ ᠤᠨ ᠬᠠᠷᠢᠭᠤᠴᠠᠯᠭ᠎ᠠ᠂ ᠬᠠᠷᠢᠭᠤᠴᠠᠯᠭ᠎ᠠ ᠭᠡᠯᠳᠦᠷᠢᠬᠦᠯᠬᠦ ᠵᠡᠷᠭᠡ ᠴᠢᠬᠤᠯᠡ ᠵᠦᠢᠯ ᠵᠤᠷᠪᠤᠰ ᠢ ᠳᠦᠬᠦᠮ ᠠᠪᠰᠠᠷᠬᠠᠨ ᠢᠶᠠᠷ ᠲᠣᠳᠣᠷᠬᠠᠶᠢᠯᠠᠵᠦ᠂ ᠣᠷᠣᠨ ᠨᠣᠳᠤᠭ ᠤᠨ ᠳᠡᠷᠢᠶᠡᠯᠡᠩ ᠤᠨ ᠲᠠᠭᠠᠳᠬᠠᠯ ᠤᠨ ᠦᠨᠳᠣᠰᠣᠡ ᠱᠠᠳᠣᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠥᠯᠳᠡ ᠶᠢ ᠴᠢᠩᠭᠠᠳᠬᠠᠨ᠂ ᠦᠢᠯᠡᠴᠢᠯᠡᠭᠡᠨ ᠤ ᠬᠢᠷᠢ ᠳᠥᠪᠰᠢᠨ ᠢ ᠳᠠᠰᠣᠷᠡᠯᠳᠡ ᠦᠭᠡᠢ ᠳᠡᠭᠡᠭᠰᠢᠯᠡᠬᠦᠯᠦᠨ᠎ᠡ᠃ ᠲᠠᠭᠠᠳᠬᠠᠯ ᠤᠨ ᠺᠣᠮᠫᠠᠨᠢ ᠨᠢ ︽ᠲᠠᠪᠤ ᠶᠢ ᠢᠯᠡ ᠪᠤᠯᠭᠠᠬᠤ᠂ ᠭᠤᠷᠪᠡ ᠶᠢ ᠡᠷᠦᠬᠡ ᠳᠤ ᠣᠷᠣᠭᠤᠯᠬᠤ︾ ᠦᠢᠯᠡᠴᠢᠯᠡᠭᠡᠨ ᠤ ᠵᠢᠷᠦᠮᠵᠢᠯ ᠢ ᠬᠢᠨᠠᠮᠠᠭᠠᠢ ᠨᠡᠶᠢᠳᠡᠪᠦᠷᠢᠵᠢᠭᠤᠯᠵᠦ᠂ ᠳᠥᠯᠥᠵᠦ ᠦᠭᠬᠦ ᠦᠷ᠎ᠠ ᠪᠦᠳᠦᠮᠵᠢ ᠶᠢ ᠦᠨᠡᠨᠬᠦ ᠳᠡᠭᠡᠭᠰᠢᠯᠡᠬᠦᠯᠦᠨ᠎ᠡ᠃ ︵ᠬᠠᠷᠢᠭᠤᠴᠠᠯᠭᠠᠳᠦ ᠨᠢᠭᠡᠴᠡ᠄ ᠦᠪᠤᠷ ᠮᠣᠩᠭᠤᠯ ᠤᠨ ᠲᠠᠭᠠᠳᠬᠠᠯ ᠤᠨ ᠬᠢᠨᠡᠯᠳᠡ ᠬᠠᠮᠢᠶᠠᠷᠤᠯᠲᠠ ᠶᠢᠨ ᠲᠣᠪᠴᠢᠶ᠎ᠠ︶      ᠲᠠᠪᠤ᠂ ᠮᠠᠯᠴᠢᠨ ᠳᠡᠷᠢᠶᠡᠴᠢᠨ ᠤ ᠡᠳ᠋ ᠬᠦᠷᠥᠩᠬᠡ ᠶᠢᠨ ᠴᠢᠨᠡᠷᠳᠡᠢ ᠣᠷᠣᠯᠭ᠎ᠠ ᠶᠢ ᠨᠡᠮᠡᠭᠳᠡᠬᠦᠯᠥᠨ᠎ᠡ      ︵ᠨᠢᠭᠡ︶ ᠬᠦᠳᠣᠴᠢ ᠠᠵᠦ ᠠᠬᠤᠶᠢᠯᠠᠯ ᠬᠢᠭᠡᠳ ᠶᠠᠳᠠᠭᠤ ᠡᠷᠦᠬᠡ ᠶᠢᠨ ᠠᠰᠢᠭ ᠲᠣᠰᠡ ᠶᠢ ᠬᠤᠯᠪᠤᠬᠤ ᠲᠣᠠᠠᠳᠡᠴᠠ ᠶᠢ ᠳᠡᠬᠦᠯᠳᠡᠷᠵᠢᠬᠦᠯᠦᠨ᠎ᠠ᠃ ︽ᠬᠦᠳᠣᠴᠢ ᠠᠵᠦ ᠠᠬᠤᠶᠢᠯᠠᠯ + ᠰᠠᠭᠤᠷᠢᠨ ᠭᠠᠵᠡᠷ + ᠶᠠᠳᠠᠭᠤ ᠡᠷᠦᠬᠡ ︾᠎ ᠶᠢᠨ ᠵᠬᠠᠪᠤᠷ ᠢᠶᠠᠷ ᠳᠡᠮᠵᠢᠭᠤᠯᠥᠨ᠂ ᠬᠤᠪᠢ ᠣᠷᠣᠭᠤᠯᠥᠨ ᠬᠤᠷᠰᠢᠬᠤ᠂ ᠲᠣᠠᠠᠳᠠᠪᠦᠷᠢᠳᠡᠢ ᠭᠡᠷ᠎ᠠ ᠲᠣᠠᠠᠳᠠᠬᠤ᠂ ᠦᠨ᠎ᠠ ᠬᠠᠩᠰᠢ ᠶᠢ ᠬᠠᠮᠠᠭᠠᠯᠠᠬᠤ᠂ ᠦᠢᠯᠡᠴᠢᠯᠡᠨ ᠬᠠᠮᠵᠢᠯᠴᠠᠬᠤ ᠵᠡᠷᠭᠡ ᠠᠷᠭ᠎ᠠ ᠮᠠᠶ᠋ᠢᠭ ᠢ ᠭᠡᠷᠡᠭᠯᠡᠨ᠂ ᠠᠰᠢᠭ ᠲᠣᠰᠠ ᠶᠢᠨ ᠬᠠᠮᠳᠣ ᠶᠢᠨ ᠴᠣᠠᠠᠴᠠ ᠶᠢ ᠪᠠᠶᠢᠭᠤᠯᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠠᠵᠦ ᠦᠢᠯᠡᠰ ᠤᠨ ᠭᠡᠯᠬᠢᠶᠠᠰᠦ ᠶᠢᠨ ᠨᠡᠮᠡᠭᠳᠡᠯ ᠦᠷᠲᠡᠭ ᠤᠨ ᠲᠣᠮᠳᠡ ᠣᠷᠣᠯᠭ᠎ᠠ ᠶᠢ ᠨᠢ ᠨᠡᠮᠡᠭᠳᠡᠬᠦᠯᠦᠨ᠎ᠠ᠃ ᠶᠠᠳᠠᠭᠤ ᠬᠦᠴᠢᠷᠳᠡᠯᠳᠡᠢ ᠮᠠᠯᠴᠢᠨ ᠳᠡᠷᠢᠶᠡᠴᠢᠨ ᠢ ᠬᠦᠳᠦᠯᠥᠨ ᠵᠢᠯᠥᠭᠤᠳᠴᠥ ᠪᠠᠶᠢᠭᠠᠳ ᠭᠠᠵᠡᠷ ᠳᠠᠷᠢᠶ᠎ᠠ᠂ ᠣᠶᠢᠳᠦ ᠭᠠᠵᠡᠷ᠂ ᠬᠠᠳᠣᠯᠡᠩ ᠪᠡᠯᠴᠢᠭᠡᠷ ᠵᠡᠷᠭᠡ ᠡᠬᠢ ᠪᠠᠶᠠᠯᠢᠭ ᠢᠶᠠᠨ ᠰᠢᠯᠵᠢᠬᠦᠯᠬᠦ ᠪᠠᠷ ᠳᠡᠮᠵᠢᠭᠤᠯᠥᠨ ᠠᠰᠢᠭ ᠣᠷᠣᠯᠭ᠎ᠠ ᠣᠯᠭᠤᠵᠦ᠂ ᠬᠤᠪᠢ ᠣᠷᠣᠭᠤᠯᠥᠬᠠᠰᠠᠨ ᠬᠦᠳᠥᠴᠢ ᠠᠵᠦ ᠠᠬᠤᠶᠢᠯᠠᠯ᠂ ᠲᠣᠰᠬᠠᠢ ᠠᠵᠢᠯ ᠤᠨ ᠬᠤᠷᠰᠢᠶ᠎ᠠ᠂ ᠳᠡᠷᠢᠵᠦ ᠳᠡᠵᠢᠭᠡᠨ ᠦᠷᠡᠵᠢᠬᠦᠯᠬᠦ ᠲᠤᠮᠥ ᠡᠷᠦᠬᠡ ᠶᠢ ᠪᠤᠳᠡᠳᠡᠶᠢᠵᠢᠭᠤᠯᠥᠨ᠂ ᠮᠠᠯᠴᠢᠨ ᠳᠡᠷᠢᠶᠡᠴᠢᠨ ᠳᠤ ᠣᠷᠳᠦ ᠬᠤᠭᠤᠴᠠᠭᠠᠨ ᠤ ᠲᠤᠠᠠᠳᠠᠭᠤᠨ ᠡᠳ᠋ ᠬᠦᠷᠥᠩᠬᠡ ᠶᠢᠨ ᠴᠢᠨᠡᠷᠳᠡᠢ ᠣᠷᠣᠯᠭ᠎ᠠ ᠣᠯᠭᠤᠨ᠎ᠠ᠃ ᠰᠢᠨ᠎ᠡ ᠭᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠳᠡᠷᠢᠶᠡᠴᠢᠨ ᠢ ᠬᠦᠴᠣᠯᠡᠨ ᠬᠦᠮᠦᠵᠢᠬᠦᠯᠵᠦ᠂ ᠳᠡᠳᠡᠡ ᠤ ᠠᠵᠢᠯ ᠣᠯᠬᠤ᠂ ᠠᠳᠡᠯ ᠦᠢᠯᠡᠰ ᠴᠣᠠᠠᠴᠠᠯᠠᠬᠤ ᠶᠢ ᠳᠡᠳᠬᠦᠨ ᠳᠡᠮᠵᠢᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠶᠠᠳᠠᠭᠤ ᠶᠢ ᠳᠡᠳᠬᠦᠬᠦ ᠠᠯᠪᠠᠨ ᠭᠡᠷ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ︶      ︵ᠬᠤᠶᠡᠷ︶ ᠬᠤᠭᠤᠴᠠᠭᠠᠳᠦ ᠪᠠᠷᠡᠭᠠᠨ ᠤ ᠵᠠᠬ᠎ᠠ ᠳᠡᠯᠭᠡᠬᠦᠷ ᠢ ᠠᠰᠢᠠᠠᠯᠠᠨ ᠳᠥᠭᠰᠢᠬᠦᠷᠢ ᠠᠴᠠ ᠵᠠᠶᠢᠯᠠᠰᠬᠢᠨ᠎ᠠ᠃ ᠮᠠᠯᠵᠢᠬᠤ ᠳᠡᠷᠢᠶᠡᠯᠡᠬᠤ ᠣᠷᠣᠨ ᠤ ᠬᠤᠭᠤᠴᠠᠭᠠᠳᠦ ᠪᠠᠷᠡᠭᠠᠨ ᠤ ᠵᠠᠬ᠎ᠠ ᠳᠡᠯᠭᠡᠬᠦᠷ ᠤᠨ ᠮᠡᠳᠡᠭᠡ ᠵᠠᠩᠬᠢ ᠣᠯᠠᠮᠵᠢᠯᠠᠨ ᠳᠡᠮᠵᠢᠭᠤᠯᠬᠤ ᠲᠣᠠᠠᠳᠡᠴᠠ ᠶᠢ ᠪᠠᠶᠢᠭᠤᠯᠥᠨ ᠳᠡᠬᠦᠯᠳᠡᠷᠵᠢᠬᠦᠯᠵᠦ᠂ ᠣᠯᠠᠮᠵᠢᠯᠠᠬᠤ ᠵᠠᠮ ᠮᠦᠷ ᠢ ᠰᠢᠯᠥᠭᠤᠳᠬᠠᠨ᠂ ᠮᠠᠯᠴᠢᠨ ᠳᠡᠷᠢᠶᠡᠴᠢᠨ ᠪᠠ ᠮᠠᠯᠵᠢᠬᠤ ᠳᠡᠷᠢᠶᠡᠯᠡᠬᠤ ᠣᠷᠣᠨ ᠤ ᠦᠢᠯᠡᠳᠪᠦᠷᠢᠯᠡᠯ ᠤᠨ ᠵᠤᠬᠢᠶᠡᠨ ᠪᠠᠶᠢᠭᠤᠯᠥᠯᠳᠡ ᠳᠤ ᠵᠠᠬ᠎ᠠ ᠳᠡᠯᠭᠡᠬᠦᠷ ᠤᠨ ᠦᠨ᠎ᠠ ᠬᠠᠩᠰᠢ ᠶᠢᠨ ᠪᠠᠶᠢᠳᠡᠯ ᠢ ᠴᠠᠭ ᠲᠣᠬᠠᠢ ᠳᠤᠨᠢ ᠣᠶᠢᠯᠠᠭᠠᠭᠤᠯᠵᠦ᠂ ᠵᠠᠬ᠎ᠠ ᠳᠡᠯᠭᠡᠬᠦᠷ ᠤᠨ ᠭᠡᠷᠡᠭᠴᠡᠭᠡ ᠱᠠᠭᠠᠷᠳᠡᠯᠭ᠎ᠠ ᠶᠢ ᠦᠨᠳᠣᠰᠣᠯᠡᠨ ᠵᠤᠬᠢᠶᠡᠨ ᠪᠠᠶᠢᠭᠤᠯᠥᠡ ᠦᠢᠯᠡᠳᠪᠦᠷᠢᠯᠡᠬᠦ ᠦᠵᠡᠯ ᠣᠬᠠᠮᠰᠡᠷ ᠢ ᠴᠢᠩᠭᠠᠷᠡᠭᠤᠯᠥᠨ᠂ ᠳᠡᠷᠢᠶᠡᠯᠡᠩ ᠮᠠᠯ ᠠᠵᠦ ᠠᠬᠤᠢ ᠶᠢᠨ ᠦᠢᠯᠡᠳᠪᠦᠷᠢᠯᠡᠭᠴᠢ ᠠᠴᠠ ᠳᠡᠷᠢᠶᠡᠯᠡᠩ ᠮᠠᠯ ᠠᠵᠦ ᠠᠬᠤᠢ ᠶᠢᠨ ᠡᠵᠡᠩᠨᠡᠭᠴᠢ ᠲᠡᠰᠢ ᠬᠤᠪᠢᠷᠡᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠠ᠃ ᠦᠪᠡᠷᠳᠡᠭᠡᠨ ᠵᠠᠰᠠᠬᠤ ᠣᠷᠣᠨ ᠬᠢᠭᠡᠳ ᠳ᠋ᠠᠯᠢᠶᠡᠨ ᠤ ᠳᠡᠸᠡᠷ ᠤᠨ ᠠᠷᠡᠯᠵᠢᠶᠡᠨ ᠤ ᠭᠠᠵᠡᠷ᠂ ᠵᠧᠩᠵᠸᠥ ᠶᠢᠨ ᠳᠡᠸᠡᠷ ᠤᠨ ᠠᠷᠡᠯᠵᠢᠶᠡᠨ ᠤ ᠭᠠᠵᠡᠷ ᠯᠤᠭ᠎ᠠ ᠭᠠᠷ ᠤᠨ ᠦᠰᠦᠭ ᠵᠢᠷᠣᠠᠠᠰᠠᠨ ᠪᠠᠶᠢᠯᠳᠣᠬᠤ ᠪᠤᠳᠣᠯᠭ᠎ᠠ ᠶᠢᠨ ᠵᠦᠪᠳᠡᠯᠴᠡᠭᠡᠷ ᠢ ᠨᠠᠶᠢᠳᠡᠪᠦᠷᠢᠵᠢᠭᠤᠯᠵᠦ᠂ ᠴᠢᠨᠡᠷ ᠰᠠᠶᠢᠳᠡᠢ ᠳᠥᠮᠥᠰᠦ᠂ ᠦᠬᠡᠷ ᠬᠤᠨᠢᠨ ᠮᠢᠬ᠎ᠠ ᠵᠡᠷᠭᠡ ᠳᠡᠪᠠᠭᠤᠯᠢᠭ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠬᠤᠭᠤᠴᠠᠭᠠᠳᠦ ᠪᠠᠷᠡᠭᠠᠨ ᠤ ᠳᠥᠷᠦᠯ ᠵᠦᠢᠯ ᠪᠤᠯᠭᠠᠵᠦ᠂ ᠳᠡᠷᠢᠶᠡᠯᠡᠩ ᠮᠠᠯ ᠠᠵᠦ ᠠᠬᠤᠢ ᠶᠢᠨ ᠬᠤᠭᠤᠴᠠᠭᠠᠳᠦ ᠪᠠᠷᠡᠭᠠᠨ ᠤ ᠲᠣᠰᠬᠠᠢ ᠠᠵᠢᠯ ᠢ ᠦᠷᠭᠡᠳᠭᠡᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠦᠪᠤᠷ ᠮᠣᠩᠭᠤᠯ ᠤᠨ ᠳᠡᠮᠳᠡᠭᠳᠦ ᠶᠢᠨ ᠬᠢᠨᠠᠯᠳᠡ ᠬᠠᠮᠢᠶᠠᠷᠤᠯᠲᠠ ᠶᠢᠨ ᠲᠤᠪᠴᠢᠶ᠎ᠠ︶      ᠵᠢᠷᠭᠤᠭ᠎ᠠ᠂ ᠦᠨᠳᠣᠷ ᠬᠦᠥ ᠲᠠᠢ ᠵᠢᠭᠡᠯᠡᠯᠬᠡ ᠶᠢ ᠬᠠᠦᠯᠢ ᠲᠣᠠᠠᠳᠠᠭᠠᠯ ᠶᠣᠰᠣᠭᠠᠷ ᠰᠢᠢᠳᠪᠦᠷᠢᠯᠡᠨ᠎ᠠ      ︵ᠨᠢᠭᠡ︶ ᠦᠯᠡᠳᠡᠭᠡᠯ ᠦᠨᠳᠣᠷ ᠬᠦᠥ ᠲᠠᠢ ᠵᠢᠭᠡᠯᠡᠯᠭᠡ ᠶᠢ ᠯᠠᠪᠳᠠᠭᠤᠨ ᠢᠶᠠᠷ ᠰᠢᠢᠳᠪᠦᠷᠢᠯᠡᠨ᠎ᠠ᠃ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠡ᠂ ᠬᠤᠰᠢᠭᠤ ᠰᠢᠶᠡᠨ ︵ᠬᠤᠳᠡ᠂ ᠲᠤᠭᠤᠷᠢᠭ︶ ᠭᠤᠷᠪᠡᠨ ᠱᠠᠳᠣᠨ ᠤ ᠮᠠᠯᠴᠢᠨ ᠳᠡᠷᠢᠶᠡᠴᠢᠨ ᠤ ᠵᠢᠭᠡᠯᠡᠯᠭᠡ ᠶᠢᠨ ᠳᠥᠭᠰᠢᠬᠦᠷᠢ ᠶᠢᠨ ᠨᠦᠬᠦᠵᠦ ᠳᠥᠯᠥᠬᠦ ᠲᠣᠠᠠᠳᠡᠴᠠ ᠶᠢ ᠪᠠᠶᠢᠭᠤᠯᠵᠦ᠂ ᠵᠢᠭᠡᠯᠡᠯᠬᠡ ᠶᠢᠨ ᠳᠡᠮ ᠬᠦᠥ ᠶᠢᠨ ᠳᠥᠷᠥ ᠶᠢᠨ ᠪᠤᠳᠣᠯᠭ᠎ᠠ ᠶᠢ ᠰᠢᠨᠵᠢᠯᠡᠬᠦ ᠣᠬᠠᠭᠠᠨᠴᠢ ᠪᠠᠷ ᠲᠣᠠᠠᠳᠠᠭᠠᠨ᠎ᠠ᠃ ᠬᠦᠯᠥᠨ ᠪᠤᠶᠢᠷ ᠬᠤᠳᠡ ᠪᠤᠯᠥᠨ ᠰᠢᠯᠢ ᠶᠢᠨ ᠭᠤᠤᠯ ᠠᠶᠢᠮᠠᠭ ᠵᠡᠷᠭᠡ ᠭᠤᠤᠯᠳᠡᠯᠭ᠎ᠠ ᠲᠠᠢ ᠭᠠᠵᠡᠷ ᠣᠷᠣᠨ ᠳᠤ ᠦᠨᠳᠣᠷ ᠬᠦᠥ ᠲᠠᠢ ᠵᠢᠭᠡᠯᠡᠯᠭᠡ ᠶᠢᠨ ᠰᠣᠯᠢᠬᠤ ᠠᠵᠢᠯ ᠤᠨ ᠲᠣᠷᠰᠢᠯᠳᠡ ᠬᠢᠨ᠎ᠠ᠃ ᠰᠣᠷᠭᠠᠨ ᠬᠦᠮᠦᠵᠢᠬᠦᠯᠵᠦ ᠡᠶᠡᠳᠡᠬᠦᠯᠥᠭᠡᠳ ᠬᠦᠥ ᠮᠦᠡᠭᠬᠦ ᠶᠢ ᠨᠢ ᠲᠣᠷᠣᠠᠠᠰᠢᠯᠠᠭᠤᠯᠵᠦ ᠦᠷᠬᠦᠯᠵᠢᠯᠡᠨ ᠵᠢᠭᠡᠯᠡᠬᠦᠯᠬᠦ ᠵᠢᠭᠡᠯᠡᠬᠦᠯᠥᠭᠴᠢ᠂ ᠵᠢᠭᠡᠯᠡᠯᠬᠡ ᠳᠡᠯᠪᠢᠬᠤ ᠵᠤᠬᠢᠶᠡᠨ ᠪᠠᠶᠢᠭᠤᠯᠥᠯᠳᠡ ᠳᠤ᠂ ᠲᠣᠷᠰᠢᠯᠳᠡ ᠶᠢᠨ ᠴᠢᠬ ᠤᠨ ᠭᠠᠵᠡᠷ ᠣᠷᠣᠨ ᠨᠢ ᠬᠤᠶᠡᠷ ᠡᠳᠡᠭᠡᠳ ᠢ ᠵᠤᠬᠢᠶᠡᠨ ᠪᠠᠶᠢᠭᠤᠯᠵᠦ ᠪᠠᠶᠢᠭᠠᠳ ᠬᠠᠦᠯᠢ ᠳᠤ ᠨᠡᠶᠢᠴᠡᠬᠦ ᠵᠢᠭᠡᠯᠡᠯᠭᠡ ᠶᠢᠨ ᠭᠡᠷ᠎ᠠ ᠳᠤ ᠳᠡᠬᠢᠨ ᠰᠢᠨ᠎ᠡ ᠪᠠᠷ ᠭᠠᠷ ᠤᠨ ᠦᠰᠦᠭ ᠵᠢᠷᠦᠭᠤᠯᠥᠨ᠎ᠠ︔ ᠢᠳᠡᠭᠡᠮᠵᠢ ᠶᠢᠨ ᠨᠦᠬᠦᠴᠡᠯ ᠳᠤ ᠨᠡᠶᠢᠴᠡᠭᠰᠡᠨ ᠵᠢᠭᠡᠯᠡᠯᠭᠡ ᠵᠢᠭᠡᠯᠡᠭᠴᠢ ᠳᠤ᠂ ᠲᠣᠷᠰᠢᠯᠳᠡ ᠶᠢᠨ ᠴᠢᠬ ᠤᠨ ᠭᠠᠵᠡᠷ ᠣᠷᠣᠨ ᠨᠢ ᠵᠢᠩᠬᠢᠨᠢ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠪᠠᠷ ᠳᠡᠮᠵᠢᠭᠤᠯᠥᠨ ᠵᠢᠭᠡᠯᠡᠯᠬᠡ ᠶᠢ ᠨᠢ ᠠᠯᠬᠤᠮ ᠠᠯᠬᠤᠮ ᠢᠶᠠᠷ ᠰᠤᠯᠢᠨ᠎ᠠ︔ ᠰᠣᠷᠭᠠᠨ ᠬᠦᠮᠦᠵᠢᠬᠦᠯᠵᠦ ᠢᠳᠬᠠᠭᠠᠳ ᠲᠣᠰᠠ ᠪᠤᠯᠥᠠᠠᠰᠠᠨ ᠦᠭᠡᠢ ᠵᠢᠭᠡᠯᠡᠯᠬᠡ ᠳᠡᠯᠪᠢᠠᠠᠴᠢ᠂ ᠵᠢᠭᠡᠯᠡᠯᠬᠡ ᠳᠡᠯᠪᠢᠬᠰᠠᠨ ᠵᠤᠬᠢᠶᠡᠨ ᠪᠠᠶᠢᠭᠤᠯᠥᠯᠳᠡ ᠳᠤ᠂ ᠲᠣᠷᠰᠢᠯᠳᠡ ᠶᠢᠨ ᠴᠢᠬ ᠤᠨ ᠭᠠᠵᠡᠷ ᠣᠷᠣᠨ ᠨᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ︽ᠬᠠᠦᠯᠢ ᠪᠤᠰᠣ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠪᠤᠯᠥᠨ ᠬᠠᠦᠯᠢ ᠪᠣᠰᠥ ᠮᠦᠡᠭᠬᠦᠨ ᠬᠦᠢᠯᠬᠡᠬᠡᠡ ᠤ ᠲᠣᠬᠠᠶᠢᠯᠬᠠᠰᠠᠨ ᠠᠵᠢᠯ ᠤᠨ ᠠᠵᠢᠯᠯᠠᠭ᠎ᠠ ᠶᠢ ᠴᠠᠭᠠᠵᠠᠯᠠᠬᠤ ᠠᠷᠭ᠎ᠠ︾ ︵ᠳᠥᠷᠥ ᠶᠢᠨ ᠶᠠᠪᠤᠳᠡᠯ ᠤᠨ ᠬᠤᠷᠢᠶ᠎ᠠ ᠶᠢᠨ 247 ᠳ᠋ᠣᠭᠠᠷ ᠲᠣᠭᠠᠳᠣ ᠵᠠᠷᠯᠢᠭ︶᠎ ᠶᠢᠨ ᠲᠣᠠᠠᠳᠠᠭᠠᠯ ᠢ ᠦᠨᠳᠣᠰᠣᠯᠡᠨ ᠬᠠᠦᠯᠢ ᠶᠤᠰᠣᠭᠠᠷ ᠰᠢᠢᠳᠪᠦᠷᠢᠯᠡᠨ᠎ᠠ᠃ ᠲᠣᠷᠰᠢᠯᠳᠡ ᠶᠢᠨ ᠴᠢᠬ ᠤᠨ ᠪᠠᠶᠢᠳᠡᠯ ᠢ ᠦᠨᠳᠣᠰᠣᠯᠡᠨ᠂ ᠲᠣᠷᠰᠢᠯᠳᠡ ᠶᠢᠨ ᠴᠢᠬ ᠤᠨ ᠬᠦᠷᠢᠶ᠎ᠡ ᠭᠡᠪᠴᠢᠶ᠎ᠠ ᠶᠢ ᠠᠯᠬᠤᠮ ᠠᠯᠬᠤᠮ ᠢᠶᠠᠷ ᠲᠤᠪᠴᠢᠯᠠᠨ᠎ᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠤᠷᠣᠨ ᠤ ᠡᠳ᠋ ᠤᠨ ᠵᠠᠰᠠᠭ ᠤᠨ ᠳᠢᠩᠬᠢᠮ᠂ ᠮᠦᠡᠭᠬᠦᠨ ᠬᠦᠢᠯᠬᠡᠬᠡᠡ ᠤ ᠠᠯᠪᠠᠨ ᠭᠡᠷ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶      ︵ᠬᠤᠶᠡᠷ︶ ᠬᠠᠦᠯᠢ ᠪᠣᠰᠥ ᠪᠠᠷ ᠥᠷᠢ ᠨᠡᠭᠡᠬᠦ ᠪᠠ ᠵᠣᠷᠢᠭᠤᠳᠡ ᠪᠠᠷ ᠥᠷᠢ ᠠᠴᠠ ᠵᠠᠶᠢᠯᠠᠬᠤ ᠶᠢ ᠴᠢᠩᠭ᠎ᠠ ᠰᠢᠢᠳᠪᠦᠷᠢᠯᠡᠨ᠎ᠠ᠃ ᠪᠣᠰᠣᠳ ᠬᠦᠮᠦᠨ ᠤ ᠬᠡᠪ ᠤᠨ ᠠᠮᠢᠳᠣᠷᠡᠯ ᠢ ᠬᠠᠷᠰᠢᠯᠡᠨ ᠥᠷᠢ ᠨᠡᠭᠡᠭᠴᠢ ᠳᠤ᠂ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠠᠮᠥᠷ ᠢ ᠬᠠᠮᠠᠭᠠᠯᠠᠬᠤ ᠰᠢᠳᠭᠡᠯ ᠦᠭᠭᠦᠨ᠎ᠠ᠃ ᠶᠠᠯ᠎ᠠ ᠳᠤ ᠬᠦᠷᠦᠭᠰᠡᠨ ᠥᠷᠢ ᠨᠡᠭᠡᠭᠴᠢ ᠪᠠ ᠡᠪᠰᠡᠯ ᠪᠦᠯᠥᠭ ᠲᠤ᠂ ᠪᠠᠶᠢᠴᠠᠭᠠᠬᠤ ᠪᠠᠶᠢᠭᠤᠯᠭ᠎ᠠ ᠨᠢ ᠬᠠᠦᠯᠢ ᠶᠣᠰᠣᠭᠠᠷ ᠡᠷᠡᠬᠦᠥ ᠶᠢᠨ ᠭᠡᠷᠩ ᠤᠨ ᠬᠠᠷᠢᠭᠤᠴᠠᠯᠭ᠎ᠠ ᠨᠡᠭᠡᠮᠵᠢᠯᠡᠨ᠎ᠠ᠃ ᠠᠷᠡᠳ ᠤᠨ ᠰᠢᠬᠦᠬᠦ ᠬᠤᠷᠢᠶ᠎ᠠ ᠨᠢ ᠦᠨᠳᠣᠷ ᠬᠦᠥ ᠲᠠᠢ ᠵᠢᠭᠡᠯᠡᠯᠬᠡ ᠶᠢᠨ ᠵᠢᠭᠤᠷᠡᠯᠳᠣᠭᠠᠨ ᠳᠤ ᠳᠥᠷᠬᠡᠨ ᠳᠡᠩᠰᠡᠯᠡᠬᠤ᠂ ᠳᠥᠷᠬᠡᠨ ᠬᠢᠨᠡᠨ ᠰᠢᠢᠳᠪᠦᠷᠢᠯᠡᠬᠦ᠂ ᠳᠥᠷᠬᠡᠨ ᠰᠢᠬᠦᠨ ᠳᠠᠰᠣᠯᠬᠤ᠂ ᠳᠥᠷᠬᠡᠨ ᠭᠡᠷᠡᠭᠵᠢᠬᠦᠯᠵᠦ᠂ ᠴᠢᠬᠤᠯᠡ ᠶᠡᠭᠡ᠂ ᠨᠡᠶᠢᠳᠡᠯᠢᠭ ᠭᠡᠷᠩ ᠢ ᠴᠠᠭ ᠲᠣᠬᠠᠢ ᠳᠤᠨᠢ ᠨᠡᠶᠢᠭᠡᠮ ᠨᠡᠶᠢᠲᠡ ᠳᠤ ᠨᠡᠶᠢᠳᠡᠯᠡᠵᠦ᠂ ᠵᠥᠪ ᠳᠡᠯ᠎ᠠ ᠪᠠᠷ ᠬᠦᠳᠦᠯᠥᠨ ᠵᠢᠯᠥᠭᠤᠳᠬᠤ ᠪᠠ ᠰᠠᠷᠡᠮᠵᠢᠯᠡᠬᠦᠯᠬᠦ ᠬᠦᠮᠦᠵᠢᠯ ᠤᠨ ᠶᠡᠷᠢᠶ᠎ᠠ ᠭᠡᠯᠡᠯᠴᠡᠭᠡᠨ ᠤ ᠣᠷᠴᠢᠨ ᠠᠬᠤᠢ ᠶᠢ ᠪᠦᠷᠢᠯᠳᠦᠬᠦᠯᠦᠨ᠎ᠠ᠃ ︽ᠢᠳᠡᠬᠡᠯ ᠢ ᠵᠢᠷᠦᠮᠯᠠᠬᠤ ᠶᠢ ᠬᠠᠮᠳᠣᠷᠡᠨ ᠵᠣᠷᠢᠠᠠᠵᠢᠭᠤᠯᠬᠤ ᠪᠠ ᠢᠳᠡᠬᠡᠯ ᠠᠯᠳᠠᠬᠤ ᠶᠢ ᠬᠠᠮᠳᠣᠷᠡᠨ ᠵᠠᠯᠬᠠᠭᠠᠬᠤ ᠳᠥᠷᠢᠮ ᠢ ᠪᠠᠶᠢᠭᠤᠯᠥᠨ ᠳᠡᠬᠦᠯᠳᠡᠷᠵᠢᠬᠦᠯᠵᠦ ᠨᠡᠶᠢᠭᠡᠮ ᠤᠨ ᠦᠨᠡᠨᠴᠢ ᠢᠳᠡᠭᠡᠮᠵᠢ ᠶᠢᠨ ᠪᠠᠶᠢᠭᠤᠯᠥᠯᠳᠡ ᠶᠢ ᠠᠬᠢᠭᠤᠯᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠭᠡᠷᠡᠭᠵᠢᠬᠦᠯᠬᠦ ᠰᠠᠨᠠᠯ︾ ︵ᠦᠪᠤᠷ ᠵᠠᠰᠠᠭ ᠲᠠᠷᠬᠠᠭᠠᠠᠠᠰᠠᠨ ﹇2017﹈ 27 ᠳ᠋ᠣᠭᠠᠷ ᠲᠣᠭᠠᠳᠦ︶᠎ ᠢ ᠦᠨᠳᠣᠰᠣᠯᠡᠨ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠨᠢ ᠵᠣᠷᠢᠭᠤᠳᠡ ᠪᠠᠷ ᠥᠷᠢ ᠠᠴᠠ ᠵᠠᠶᠢᠯᠠᠬᠤ ᠥᠷᠢ ᠶᠢ ᠣᠰᠠᠳᠬᠠᠬᠤ ᠬᠤᠪᠢ ᠬᠦᠮᠦᠨ ᠪᠠ ᠵᠤᠬᠢᠶᠡᠨ ᠪᠠᠶᠢᠭᠤᠯᠥᠯᠳᠡ ᠶᠢ ᠢᠳᠡᠭᠡᠯ ᠠᠯᠳ᠋ᠬᠠᠰᠠᠨ ︽ᠬᠠᠷ᠎ᠠ ᠳᠡᠩᠰᠡᠨ︾᠎ ᠳᠤ ᠵᠢᠠᠠᠰᠨᠭᠠᠬᠤ ᠶᠢᠨ ᠬᠠᠮᠳᠣ᠂ ᠦᠪᠡᠷᠳᠡᠭᠡᠨ ᠵᠠᠰᠠᠬᠤ ᠣᠷᠣᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠳᠡᠪᠴᠠᠩ ᠳᠤ ᠳᠡᠨᠢᠯᠴᠠᠭᠤᠯᠥᠨ ᠬᠦᠷᠭᠡᠵᠦ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠨᠢ ᠬᠠᠦᠯᠢ ᠲᠣᠠᠠᠳᠠᠭᠠᠯ ᠶᠣᠰᠣᠭᠠᠷ ᠬᠠᠮᠳᠣᠷᠡᠨ ᠵᠠᠯᠬᠠᠭᠠᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠠᠷᠡᠳ ᠤᠨ ᠦᠨᠳᠣᠷ ᠵᠡᠷᠭᠡ ᠶᠢᠨ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠣᠳᠣᠭᠠᠳᠣ ᠶᠢ ᠬᠠᠮᠠᠭᠠᠯᠠᠬᠤ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ︶      ᠲᠤᠯᠤᠭ᠎ᠠ᠂ ᠮᠠᠯᠵᠢᠬᠤ ᠳᠡᠷᠢᠶᠡᠯᠡᠬᠤ ᠣᠷᠣᠨ ᠤ ᠢᠳᠡᠭᠡᠮᠵᠢ ᠶᠢᠨ ᠰᠢᠰᠲ᠋ᠧᠮᠵᠢ ᠶᠢ ᠳᠡᠬᠦᠯᠳᠡᠷᠵᠢᠬᠦᠯᠦᠨ᠎ᠠ      ︵ᠨᠢᠭᠡ︶ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠥᠯᠳᠡ ᠶᠢ ᠳᠥᠷᠭᠡᠳᠭᠡᠨ᠎ᠠ᠃ ᠢᠳᠡᠭᠡᠮᠵᠢᠳᠦ ᠡᠷᠦᠬᠡ᠂ ᠢᠳᠡᠭᠡᠮᠵᠢᠳᠦ ᠭᠠᠴᠠᠭ᠎ᠠ ᠲᠣᠰᠬᠤᠨ᠂ ᠢᠳᠡᠭᠡᠮᠵᠢᠳᠦ ᠰᠣᠮᠥ ᠰᠢᠶᠡᠩ ᠪᠠᠯᠭᠠᠰᠣ ᠶᠢ ᠦᠨᠡᠯᠡᠨ ᠲᠣᠠᠠᠳᠠᠭᠠᠬᠤ ᠪᠠ ᠡᠬᠦᠳᠣᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠰᠢᠨ᠎ᠡ ᠭᠡᠯᠪᠡᠷᠢ ᠶᠢᠨ ᠳᠡᠷᠢᠶᠡᠯᠡᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠣᠠᠠᠴᠠ ᠶᠢ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠥᠯᠳᠡ ᠶᠢᠨ ᠬᠦᠷᠢᠶ᠎ᠡ ᠭᠡᠪᠴᠢᠶ᠎ᠠ ᠳᠤ ᠣᠷᠣᠭᠤᠯᠥᠨ᠎ᠠ᠃ ᠢᠳᠡᠭᠡᠮᠵᠢ ᠶᠢᠨ ᠳᠡᠰ ᠵᠡᠷᠭᠡ ᠦᠨᠳᠣᠷ ᠭᠤᠤᠯ ᠴᠣᠠᠠᠴᠠ ᠳᠤ ᠢᠳᠡᠭᠡᠮᠵᠢ ᠣᠯᠬᠤ ᠲᠤᠭ᠎ᠠ ᠭᠡᠮᠵᠢᠶ᠎ᠠ ᠶᠢ ᠦᠷᠭᠡᠳᠭᠡᠬᠦ᠂ ᠵᠢᠭᠡᠯᠡᠯᠬᠡ ᠶᠢᠨ ᠬᠤᠭᠤᠴᠠᠭ᠎ᠠ ᠶᠢᠨ ᠬᠢᠵᠠᠭᠠᠷ ᠢ ᠠᠭᠤᠵᠢᠭᠤ ᠳᠡᠯᠪᠢᠬᠤ᠂ ᠬᠦᠥ ᠶᠢᠨ ᠨᠣᠷᠮ᠎ᠠ ᠳᠤᠨᠢ ᠬᠠᠷᠡᠭᠠᠯᠵᠠᠯ ᠦᠵᠡᠬᠦᠯᠬᠦ ᠶᠢ ᠭᠡᠷᠡᠭᠵᠢᠬᠦᠯᠬᠦ᠂ ᠵᠢᠭᠡᠯᠡᠯᠬᠡ ᠶᠢᠨ ᠭᠠᠷᠳᠡᠮ ᠢ ᠲᠤᠪᠴᠢᠯᠠᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠤᠷᠢ ᠪᠠᠩᠬᠢ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ︶      ︵ᠬᠤᠶᠡᠷ︶ ᠮᠠᠯᠵᠢᠬᠤ ᠳᠡᠷᠢᠶᠡᠯᠡᠬᠤ ᠡᠷᠦᠬᠡ ᠶᠢᠨ ᠵᠢᠭᠡᠯᠡᠯᠬᠡ ᠶᠢᠨ ᠦᠨᠳᠣᠰᠣᠡ ᠮᠡᠳᠡᠭᠡ ᠵᠠᠩᠬᠢ ᠶᠢ ᠳᠡᠩᠰᠡᠯᠡᠵᠦ ᠺᠠᠷᠲᠨᠯᠠᠬᠤ ᠶᠢ ᠪᠦᠬᠦᠨ ᠢ ᠪᠦᠷᠬᠦᠬᠦᠯᠬᠦ ᠶᠢ ᠪᠠᠶᠠᠯᠠᠬᠦᠯᠦᠨ᠎ᠠ᠃ ᠳᠡᠷᠢᠶᠡᠯᠡᠩ ᠳᠤ ᠬᠤᠯᠪᠤᠠᠠᠳᠡᠬᠤ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠶᠢᠨ ᠮᠠᠯᠵᠢᠬᠤ ᠳᠡᠷᠢᠶᠡᠯᠡᠬᠤ ᠡᠷᠦᠬᠡ ᠶᠢᠨ ᠵᠢᠭᠡᠯᠡᠯᠬᠡ ᠶᠢᠨ ᠦᠨᠳᠣᠰᠣᠡ ᠮᠡᠳᠡᠭᠡ ᠵᠠᠩᠬᠢ ᠶᠢ ᠳᠡᠩᠰᠡᠯᠡᠵᠦ ᠺᠠᠷᠲ᠋ᠠᠯᠠᠬᠤ ᠠᠵᠢᠯ ᠢ ᠦᠷᠨᠢᠬᠦᠯᠬᠦ ᠶᠢ ᠠᠬᠢᠭᠤᠯᠵᠦ᠂ ᠮᠠᠯᠵᠢᠬᠤ ᠳᠡᠷᠢᠶᠡᠯᠡᠬᠤ ᠡᠷᠦᠬᠡ ᠶᠢᠨ ᠵᠢᠭᠡᠯᠡᠯᠬᠡ᠂ ᠡᠳ᠋ ᠤᠨ ᠵᠠᠰᠠᠭ ᠤᠨ ᠨᠦᠬᠦᠪᠦᠷᠢ ᠪᠠ ᠦᠢᠯᠡᠳᠪᠦᠷᠢᠯᠡᠯ ᠠᠮᠢᠳᠣᠷᠡᠯ ᠤᠨ ᠮᠡᠳᠡᠭᠡ ᠵᠠᠩᠬᠢ ᠵᠡᠷᠭᠡ ᠶᠢ ᠪᠦᠬᠦ ᠳᠡᠯ᠎ᠠ ᠪᠠᠷ ᠡᠵᠡᠮᠰᠢᠵᠦ᠂ ᠮᠡᠳᠡᠭᠡ ᠵᠠᠩᠬᠢ ᠳᠡᠩᠴᠡᠬᠦᠷᠢ ᠦᠭᠡᠢ ᠠᠴᠠ ᠪᠤᠯᠥᠠᠠᠰᠠᠨ ᠮᠠᠯᠵᠢᠬᠤ ᠳᠡᠷᠢᠶᠡᠯᠡᠬᠤ ᠣᠷᠣᠨ ᠤ ᠢᠳᠡᠭᠡᠮᠵᠢᠳᠦ ᠵᠢᠭᠡᠯᠡᠯᠬᠡ ᠶᠢᠨ ᠬᠠᠩᠭᠠᠯᠭ᠎ᠠ ᠭᠡᠷᠡᠭᠴᠡᠭᠡ ᠶᠢᠨ ᠵᠦᠷᠢᠴᠡᠯ ᠢ ᠰᠢᠢᠳᠪᠦᠷᠢᠯᠡᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶      ︵ᠭᠤᠷᠪᠡ︶ ᠮᠠᠯᠴᠢᠳ ᠤᠨ ᠢᠳᠡᠭᠡᠮᠵᠢ ᠣᠯᠬᠤ ᠬᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠰᠦᠪᠡᠭᠴᠢᠯᠠᠨ ᠰᠣᠳᠣᠯᠥᠨ᠎ᠠ᠃ ᠦᠪᠡᠷᠳᠡᠭᠡᠨ ᠵᠠᠰᠠᠬᠤ ᠣᠷᠣᠨ ᠤ ᠮᠦᠡᠭᠬᠦᠨ ᠬᠦᠢᠯᠬᠡᠬᠡᠡ ᠤ ᠠᠯᠪᠠᠨ ᠭᠡᠷ ᠨᠢ ᠬᠤᠯᠪᠤᠠᠠᠳᠡᠯ ᠪᠦᠬᠦᠢ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠪᠠ ᠰᠣᠳᠣᠯᠭᠠᠨ ᠤ ᠪᠠᠶᠢᠭᠤᠯᠥᠮᠵᠢ ᠶᠢ ᠵᠤᠬᠢᠶᠡᠨ ᠪᠠᠶᠢᠭᠤᠯᠥᠨ ᠮᠠᠯᠴᠢᠳ ᠤᠨ ᠦᠢᠯᠡᠳᠪᠦᠷᠢᠯᠡᠯ ᠤᠨ ᠣᠨᠴᠠᠯᠢᠭ᠂ ᠠᠮᠢᠳᠤᠷᠠᠯ ᠤᠨ ᠲᠠᠳᠬᠠᠯ ᠪᠠ ᠭᠡᠷᠡᠭᠯᠡᠭᠡᠨ ᠤ ᠵᠠᠩᠰᠢᠯ ᠵᠡᠷᠭᠡ ᠳᠤ ᠬᠦᠨᠵᠡᠭᠡᠢ ᠪᠠᠶᠢᠴᠠᠭᠠᠨ ᠰᠣᠳᠣᠯᠥᠯᠳᠡ ᠬᠢᠵᠦ᠂ ᠮᠠᠯᠴᠢᠳ ᠤᠨ ᠢᠳᠡᠭᠡᠮᠵᠢ ᠣᠯᠬᠤ ᠬᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠰᠣᠳᠣᠯᠥᠨ ᠵᠢᠷᠣᠠᠠᠯᠠᠨ ᠳᠥᠯᠥᠪᠯᠡᠵᠦ᠂ ᠳᠥᠷᠢᠮ ᠤᠨ ᠳᠡᠯ᠎ᠠ ᠪᠠᠷ ᠮᠠᠯᠵᠢᠬᠤ ᠣᠷᠣᠨ ᠤ ᠳᠥᠬᠡᠮᠡᠯ ᠬᠦᠷᠲᠡᠭᠡᠮᠵᠢᠳᠦ ᠮᠦᠡᠭᠬᠦᠨ ᠬᠦᠢᠯᠬᠡᠬᠡᠡ ᠤ ᠬᠦᠭᠵᠢᠯᠳᠡ ᠶᠢᠨ ᠠᠬᠢᠴᠠ ᠲᠤᠮᠳᠡᠬᠢ ᠦᠨᠳᠣᠰᠣᠡ ᠴᠢᠨᠡᠷᠳᠡᠢ ᠠᠰᠠᠭᠤᠳᠡᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠣᠷᠣᠨ ᠤ ᠮᠦᠡᠭᠬᠦᠨ ᠬᠦᠢᠯᠬᠡᠬᠡᠡ ᠤ ᠠᠯᠪᠠᠨ ᠭᠡᠷ᠂ ᠬᠤᠯᠪᠤᠠᠠᠳᠡᠯ ᠪᠦᠬᠦᠢ ᠮᠦᠡᠭᠬᠦᠨ ᠬᠦᠢᠯᠬᠡᠬᠡᠡ ᠤ ᠪᠠᠶᠢᠭᠤᠯᠥᠮᠵᠢ︶      ᠨᠠᠢᠮᠠ᠂ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ      ︵ᠨᠢᠭᠡ︶ ᠠᠵᠢᠯ ᠤᠨ ᠨᠠᠶᠢᠳᠡᠪᠦᠷᠢᠵᠢᠭᠤᠯᠥᠯᠳᠡ ᠶᠢ ᠴᠢᠩᠭᠠᠷᠡᠭᠤᠯᠥᠨ᠎ᠠ᠃ ᠡᠯ᠎ᠠ ᠭᠠᠵᠡᠷ ᠣᠷᠣᠨ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠳᠡᠷᠢᠶᠡᠯᠡᠬᠤ ᠣᠷᠣᠨ ᠤ ᠦᠨᠳᠣᠷ ᠬᠦᠥ ᠲᠠᠢ ᠵᠢᠬᠡᠯᠡᠯᠬᠡ ᠶᠢᠨ ᠶᠡᠷᠦᠩᠭᠡᠶᠢᠯᠡᠡ ᠵᠠᠰᠠᠬᠤ ᠠᠵᠢᠯ ᠢ ᠡᠳᠣᠷ ᠲᠣᠳᠣᠮ ᠤᠨ ᠴᠢᠬᠤᠯᠡ ᠵᠦᠪᠯᠡᠬᠦ ᠵᠦᠢᠯ ᠳᠡᠭᠡᠨ ᠣᠷᠣᠭᠤᠯᠵᠦ᠂ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ ᠴᠢᠩᠭᠠᠳᠬᠠᠨ᠂ ᠨᠠᠶᠢᠳᠡᠪᠦᠷᠢᠵᠢᠭᠤᠯᠥᠯᠳᠡ ᠶᠢᠨ ᠠᠬᠢᠭᠤᠯᠬᠤ ᠶᠢ ᠬᠦᠴᠣᠳᠡᠢ ᠠᠳᠬᠤᠨ᠎ᠠ᠃ ᠡᠯ᠎ᠠ ᠠᠶᠢᠮᠠᠭ ᠬᠤᠳᠡ ᠨᠤᠭᠤᠳ ᠦᠨᠳᠣᠷ ᠬᠦᠥ ᠲᠠᠢ ᠵᠢᠭᠡᠯᠡᠯᠭᠡ ᠶᠢᠨ ᠲᠣᠰᠬᠠᠢ ᠵᠠᠰᠠᠯᠳᠡ ᠶᠢᠨ ᠠᠵᠢᠯ ᠤᠨ ᠣᠳᠣᠷᠢᠳᠬᠤ ᠲᠤᠭᠤᠶᠢᠯᠡᠩ ᠢ ᠪᠠᠶᠢᠭᠤᠯᠵᠦ᠂ ᠦᠨᠡᠨ ᠪᠠᠶᠢᠳᠡᠯ ᠢ ᠣᠶᠢᠯᠠᠭᠠᠨ ᠵᠢᠠᠠᠰᠠᠭᠠᠨ ᠪᠠᠶᠢᠴᠠᠭᠠᠬᠤ ᠠᠵᠢᠯ ᠢ ᠦᠷᠨᠢᠬᠦᠯᠬᠦ ᠶᠢ ᠪᠠᠶᠢᠷᠢᠯᠡᠭᠤᠯᠵᠦ᠂ ᠲᠣᠰ ᠵᠠᠰᠠᠭ ᠵᠠᠬᠢᠷᠭᠠᠨ ᠤ ᠣᠷᠣᠨ ᠤ ᠲᠣᠳᠣᠷᠡᠬᠢ ᠦᠨᠳᠣᠷ ᠬᠦᠥ ᠲᠠᠢ ᠵᠢᠭᠡᠯᠡᠯᠬᠡ ᠶᠢᠨ ᠪᠠᠶᠢᠳᠡᠯ ᠢ ᠪᠦᠬᠦ ᠳᠡᠯ᠎ᠠ ᠪᠠᠷ ᠡᠵᠡᠮᠰᠢᠨ᠎ᠠ︔ ᠪᠤᠳᠡᠳᠡᠢ ᠭᠡᠷᠡᠭᠵᠢᠬᠦᠯᠬᠦ ᠠᠷᠭ᠎ᠠ ᠶᠢ ᠰᠣᠳᠣᠯᠥᠨ ᠲᠣᠠᠠᠳᠠᠭᠠᠵᠦ᠂ ᠠᠵᠢᠯ ᠤᠨ ᠠᠷᠭ᠎ᠠ ᠭᠡᠮᠵᠢᠶ᠎ᠠ ᠪᠠᠨ ᠪᠤᠳᠡᠳᠡᠶᠢᠵᠢᠭᠤᠯᠥᠨ᠎ᠠ︔ ᠮᠡᠳᠡᠭᠡ ᠵᠠᠩᠬᠢ ᠮᠡᠳᠡᠬᠦᠯᠥᠨ ᠬᠦᠷᠬᠡᠬᠦ ᠵᠠᠮ ᠮᠦᠷ ᠢ ᠰᠢᠯᠥᠭᠤᠳᠬᠠᠨ᠂ ᠪᠠᠶᠢᠳᠡᠯ ᠣᠴᠠᠷᠡᠪᠡᠯ ᠦᠳᠳᠡᠷ ᠳᠥᠷᠬᠡᠨ ᠲᠣᠰᠬᠠᠵᠦ᠂ ᠬᠦᠴᠣᠳᠡᠢ ᠠᠷᠭᠠᠴᠠᠵᠦ᠂ ᠵᠦᠢ ᠵᠣᠬᠢᠰᠳᠡᠢ ᠰᠢᠢᠳᠪᠦᠷᠢᠯᠡᠨ᠎ᠠ᠃ ᠦᠪᠡᠷᠳᠡᠭᠡᠨ ᠵᠠᠰᠠᠬᠤ ᠣᠷᠣᠨ 2017 ᠣᠨ ᠠᠴᠠ ᠡᠬᠢᠯᠡᠨ ᠮᠠᠯᠵᠢᠬᠤ ᠳᠡᠷᠢᠶᠡᠯᠡᠬᠤ ᠣᠷᠣᠨ ᠤ ᠦᠨᠳᠣᠷ ᠬᠦᠥ ᠲᠠᠢ ᠵᠢᠬᠡᠯᠡᠯᠬᠡ ᠶᠢᠨ ᠶᠡᠷᠦᠩᠭᠡᠶᠢᠯᠡᠡ ᠵᠠᠰᠠᠬᠤ ᠠᠵᠢᠯ ᠢ ᠵᠠᠰᠠᠭ ᠤᠨ ᠣᠷᠳᠣᠨ ᠤ ᠭᠤᠤᠯᠳᠡᠯᠭ᠎ᠠ ᠲᠠᠢ ᠰᠢᠮᠳᠡᠭᠤᠯᠥᠨ ᠪᠠᠶᠢᠴᠠᠭᠠᠬᠤ ᠵᠦᠢᠯᠡᠰ ᠲᠤ ᠣᠷᠣᠭᠤᠯᠥᠨ᠎ᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠳᠢᠩᠬᠢᠮ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶      ︵ᠬᠤᠶᠡᠷ︶ ᠠᠵᠢᠯ ᠳᠥᠷᠦᠯ ᠤᠨ ᠬᠢᠨᠡᠯᠳᠡ ᠬᠠᠮᠢᠶᠡᠷᠦᠯᠳᠡ ᠪᠠ ᠦᠪᠡᠷ ᠢ ᠪᠠᠨ ᠱᠠᠭᠠᠷᠳᠡᠬᠤ ᠶᠢ ᠴᠢᠩᠳᠡᠯᠡᠨ᠎ᠠ᠃ ᠡᠯ᠎ᠠ ᠱᠠᠳᠣᠨ ᠤ ᠪᠠᠩᠬᠢ ᠶᠢᠨ ᠬᠢᠨᠡᠯᠳᠡ ᠳᠡᠯᠪᠢᠬᠤ ᠰᠠᠯᠠᠭ᠎ᠠ ᠮᠦᠴᠢᠷ ᠤᠨ ᠠᠵᠢᠯ ᠳᠥᠷᠦᠯ ᠤᠨ ᠬᠢᠨᠡᠯᠳᠡ ᠬᠠᠮᠢᠶᠡᠷᠦᠯᠳᠡ ᠪᠠ ᠪᠠᠩᠬᠢ ᠶᠢᠨ ᠠᠵᠢᠯ ᠳᠥᠷᠦᠯ ᠤᠨ ᠨᠡᠶᠢᠭᠡᠮᠯᠢᠭ ᠤᠨ ᠦᠪᠡᠷ ᠢ ᠪᠠᠨ ᠱᠠᠭᠠᠷᠳᠠᠬᠤ ᠦᠢᠯᠡᠳᠣᠯ ᠢ ᠪᠠᠳᠡᠷᠡᠭᠤᠯᠵᠦ᠂ ᠨᠡᠶᠢᠭᠡᠮᠯᠢᠭ ᠤᠨ ᠪᠦᠷᠢᠯᠳᠦᠬᠦᠨ ᠨᠢᠭᠡᠴᠡ ᠶᠢ ᠵᠤᠬᠢᠶᠡᠨ ᠪᠠᠶᠢᠭᠤᠯᠥᠨ ᠦᠪᠡᠷ ᠢ ᠪᠠᠨ ᠱᠠᠭᠠᠷᠳᠡᠬᠤ ᠨᠡᠶᠢᠲᠡ ᠶᠢᠨ ᠭᠡᠷ᠎ᠠ ᠳᠤ ᠭᠠᠷ ᠤᠨ ᠦᠰᠦᠭ ᠵᠢᠷᠣᠵᠦ᠂ ᠪᠠᠩᠬᠢ ᠶᠢᠨ ᠵᠢᠭᠡᠯᠡᠯᠬᠡ ᠬᠠᠷᠡᠮᠨᠠᠬᠤ᠂ ᠵᠢᠭᠡᠯᠡᠯᠭᠡ ᠳᠡᠪᠴᠢᠬᠦ ᠪᠠ ᠭᠡᠳᠣ ᠢᠳᠡᠭᠡᠮᠵᠢ ᠬᠢᠬᠦ ᠶᠢ ᠰᠡᠷᠭᠡᠶᠢᠯᠡᠨ ᠬᠤᠷᠢᠠᠠᠯᠠᠵᠦ᠂ ᠦᠪᠡᠷ ᠢ ᠪᠠᠨ ᠱᠠᠭᠠᠷᠳᠡᠬᠤ ᠨᠡᠶᠢᠲᠡ ᠶᠢᠨ ᠭᠡᠷ᠎ᠠ ᠶᠢ ᠭᠡᠷᠡᠭᠵᠢᠬᠦᠯᠥᠭᠰᠡᠨ ᠪᠠᠶᠢᠳᠡᠯ ᠢ ᠲᠣᠠᠠᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠂ ᠦᠪᠡᠷ ᠢ ᠪᠠᠨ ᠱᠠᠭᠠᠷᠳᠡᠬᠤ ᠨᠡᠶᠢᠲᠡ ᠶᠢᠨ ᠭᠡᠷ᠎ᠠ ᠶᠢ ᠭᠡᠷᠡᠭᠵᠢᠬᠦᠯᠥᠭᠰᠡᠨ ᠮᠡᠳᠡᠭᠡ ᠵᠠᠩᠬᠢ ᠶᠢ ᠲᠣᠠᠠᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠵᠦ᠂ ᠵᠦᠢ ᠵᠤᠬᠢᠰᠳᠡᠢ ᠡᠮᠬᠢ ᠵᠢᠷᠤᠮ ᠲᠠᠢ ᠮᠦᠡᠭᠬᠦᠨ ᠬᠦᠢᠯᠬᠡᠬᠡᠡ ᠤ ᠵᠠᠬ᠎ᠠ ᠳᠡᠯᠭᠡᠬᠦᠷ ᠤᠨ ᠣᠷᠴᠢᠨ ᠲᠤᠭᠤᠷᠢᠨ ᠢ ᠬᠠᠮᠠᠭᠠᠯᠠᠨ᠎ᠠ᠃ ᠡᠯ᠎ᠠ ᠪᠠᠩᠬᠢ ᠶᠢᠨ ᠠᠵᠢᠯ ᠳᠥᠷᠦᠯ ᠤᠨ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠨᠢ ᠢᠳᠡᠭᠡᠮᠵᠢᠳᠦ ᠵᠢᠭᠡᠯᠡᠯᠬᠡ ᠶᠢᠨ ᠬᠠᠮᠢᠶᠡᠷᠦᠯᠳᠡ ᠶᠢ ᠴᠢᠩᠳᠡᠯᠡᠵᠦ᠂ ᠵᠢᠭᠡᠯᠡᠯᠬᠡ ᠶᠢᠨ ᠬᠤᠶᠢᠨᠡᠬᠢ ᠪᠠᠶᠢᠴᠠᠭᠠᠯᠳᠡ ᠶᠢ ᠴᠢᠩᠭᠠᠳᠬᠠᠨ᠂ ᠦᠨᠳᠣᠷ ᠬᠦᠥ ᠲᠠᠢ ᠵᠢᠬᠡᠯᠡᠯᠬᠡ ᠳᠡᠯᠪᠢᠠᠠᠰᠠᠨ ᠵᠤᠬᠢᠶᠡᠨ ᠪᠠᠶᠢᠭᠤᠯᠥᠯᠳᠡ ᠪᠠ ᠬᠤᠪᠢ ᠬᠦᠮᠦᠨ ᠳᠤ ᠵᠢᠭᠡᠯᠡᠯᠬᠡ ᠪᠤᠶᠤ ᠬᠠᠮᠢᠶ᠎ᠠ ᠪᠦᠬᠦᠢ ᠮᠡᠳᠡᠭᠡ ᠵᠠᠩᠬᠢ ᠬᠠᠩᠭᠠᠬᠤ ᠶᠢ ᠴᠢᠩᠭ᠎ᠠ ᠴᠠᠭᠠᠵᠠᠯᠠᠨ᠎ᠠ᠃ ︵ᠬᠠᠷᠢᠭᠤᠴᠠᠯᠭᠠᠳᠦ ᠨᠢᠭᠡᠴᠡ᠄ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠨᠡᠶᠢᠭᠡᠮᠯᠢᠭ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ︶      ︵ᠭᠤᠷᠪᠡ︶ ᠦᠨᠳᠣᠰᠣᠡ ᠱᠠᠳᠣᠨ ᠤ ᠠᠵᠢᠯ ᠤᠨ ᠳᠡᠪᠡᠭᠤᠯᠢᠭ ᠢ ᠪᠠᠳᠡᠷᠡᠭᠤᠯᠥᠨ᠎ᠠ᠃ ᠦᠨᠳᠣᠰᠣᠡ ᠱᠠᠳᠣᠨ ᠤ ᠵᠤᠬᠢᠶᠡᠨ ᠪᠠᠶᠢᠭᠤᠯᠥᠯᠳᠡ᠂ ᠦᠨᠳᠣᠰᠣᠡ ᠱᠠᠳᠣᠨ ᠤ ᠰᠠᠯᠠᠭ᠎ᠠ ᠮᠦᠴᠢᠷ ᠨᠢᠭᠡᠴᠡ᠂ ᠦᠨᠳᠣᠰᠣᠡ ᠱᠠᠳᠣᠨ ᠤ ᠮᠦᠡᠭᠬᠦᠨ ᠬᠦᠢᠯᠬᠡᠬᠡᠡ ᠤ ᠲᠤᠤᠷ ᠴᠢᠬ ᠤᠨ ᠣᠯᠡᠨ ᠳᠥᠮᠡᠨ ᠲᠠᠢ ᠦᠢᠷᠡᠳᠣᠬᠤ ᠳᠡᠪᠡᠭᠤᠯᠢᠭ ᠢ ᠬᠦᠢᠴᠡᠳ ᠪᠠᠳᠠᠷᠡᠭᠤᠯᠥᠨ᠂ ᠰᠣᠮᠥ ᠰᠢᠶᠡᠩ ᠪᠠᠯᠭᠠᠰᠣ ᠶᠢᠨ ᠠᠷᠡᠳ ᠤᠨ ᠵᠠᠰᠠᠭ ᠤᠨ ᠣᠷᠳᠣᠨ ᠠᠴᠠ ᠮᠠᠯᠵᠢᠬᠤ ᠳᠡᠷᠢᠶᠡᠯᠡᠬᠤ ᠣᠷᠣᠨ ᠤ ᠬᠠᠮᠳᠣ ᠶᠢᠨ ᠠᠵᠦ ᠠᠬᠤᠢ ᠶᠢᠨ ᠵᠤᠬᠢᠶᠡᠨ ᠪᠠᠶᠢᠭᠤᠯᠥᠯᠳᠡ ᠶᠢᠨ ᠬᠠᠷᠢᠭᠤᠴᠠᠯᠭᠠᠳᠡᠨ᠂ ᠳᠡᠷᠢᠶᠡᠯᠡᠩ ᠳᠤ ᠬᠤᠯᠪᠤᠠᠠᠳᠠᠬᠤ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠶᠢᠨ ᠢᠳᠡᠭᠡᠮᠵᠢᠳᠦ ᠵᠢᠭᠡᠯᠡᠯᠬᠡ ᠳᠡᠯᠪᠢᠠᠠᠴᠢ᠂ ᠶᠡᠷᠦᠩᠭᠡᠶᠢᠯᠡᠡ ᠵᠠᠰᠠᠯᠳᠡ ᠶᠢᠨ ᠬᠡᠰᠡᠭᠵᠢᠬᠦᠯᠥᠨ ᠲᠣᠣᠷᠵᠢᠭᠤᠯᠥᠠᠠᠴᠢ᠂ ᠳᠡᠷᠢᠶᠡᠯᠡᠩ ᠤᠨ ᠡᠵᠡᠩᠨᠡᠯᠳᠡ ᠬᠠᠮᠢᠶᠡᠷᠦᠯᠳᠡ ᠶᠢᠨ ᠦᠷᠲᠡᠭᠡ ᠶᠢᠨ ᠬᠢᠨᠡᠨ ᠬᠠᠮᠢᠶᠡᠷᠬᠤ ᠠᠵᠢᠯᠳᠡᠨ᠂ ᠳᠡᠷᠢᠶᠡᠯᠡᠩ ᠮᠠᠯ ᠠᠵᠦ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠣᠨᠴᠠ ᠲᠣᠮᠢᠯᠬᠠᠴᠢ ᠵᠡᠷᠭᠡ ᠶᠢ ᠵᠤᠬᠢᠶᠡᠨ ᠪᠠᠶᠢᠭᠤᠯᠥᠨ ᠮᠠᠯᠴᠢᠨ ᠳᠡᠷᠢᠶᠡᠴᠢᠨ ᠤ ᠦᠢᠯᠡᠳᠪᠦᠷᠢᠯᠡᠯ ᠡᠵᠡᠩᠨᠡᠯᠳᠡ ᠶᠢᠨ ᠬᠤᠯᠪᠤᠠᠠᠳᠡᠯ ᠪᠦᠬᠦᠢ ᠪᠠᠶᠢᠳᠡᠯ ᠢ ᠣᠶᠢᠯᠠᠭᠠᠨ ᠡᠵᠡᠮᠰᠢᠵᠦ᠂ ᠵᠤᠭᠤᠰ ᠢᠶᠠᠨ ᠪᠤᠴᠠᠭᠠᠨ ᠦᠭᠬᠦ ᠴᠢᠳᠡᠪᠦᠷᠢ ᠶᠢ ᠨᠢ ᠦᠨᠡᠯᠡᠨ ᠵᠢᠱᠢᠵᠦ᠂ ᠭᠡᠳᠣ ᠭᠡᠷᠡᠭᠯᠡᠭᠡᠨ ᠬᠢᠬᠦ᠂ ᠵᠢᠭᠡᠯᠡᠯᠬᠡ ᠵᠢᠬᠡᠯᠡᠬᠦ ᠪᠠ ᠬᠤᠭᠤᠴᠠᠭ᠎ᠠ ᠨᠢ ᠲᠤᠯᠥᠭᠠᠳ ᠵᠤᠭᠤᠰ ᠢᠶᠠᠨ ᠪᠤᠴᠠᠭᠠᠬᠤ ᠢᠷᠡᠯᠳᠡ ᠬᠦᠢᠴᠡᠳ ᠦᠭᠡᠢ ᠠᠴᠠ ᠪᠤᠯᠵᠦ ᠦᠨᠳᠣᠷ ᠬᠦᠥ ᠲᠠᠢ ᠵᠢᠭᠡᠯᠡᠯᠬᠡ ᠳᠤ ᠴᠢᠷᠦᠭᠳᠡᠨ ᠤᠷᠤᠬᠤ ᠶᠢ ᠴᠢᠩᠭ᠎ᠠ ᠰᠡᠷᠭᠡᠶᠢᠯᠡᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶      ︵ᠳᠥᠷᠪᠡ︶ ᠰᠣᠷᠭᠠᠨ ᠬᠦᠮᠦᠵᠢᠬᠦᠯᠵᠦ ᠬᠦᠳᠦᠯᠥᠨ ᠵᠢᠯᠥᠭᠤᠳᠬᠤ ᠶᠢ ᠴᠢᠩᠭᠠᠳᠬᠠᠨ᠎ᠠ᠃ ᠮᠠᠯᠴᠢᠨ ᠳᠡᠷᠢᠶᠡᠴᠢᠨ ᠤ ᠮᠦᠡᠭᠬᠦᠨ ᠬᠦᠢᠯᠬᠡᠬᠡᠡ ᠤ ᠶᠡᠷᠦ ᠶᠢᠨ ᠮᠡᠳᠡᠯᠭᠡ ᠪᠠ ᠡᠳ᠋ ᠤᠨ ᠶᠠᠪᠤᠳᠡᠯ ᠤᠨ ᠲᠣᠭᠠᠴᠠᠭ᠎ᠠ ᠬᠢᠬᠦ ᠬᠦᠮᠦᠵᠢᠬᠦᠯᠥᠯ ᠪᠤᠯᠪᠠᠰᠣᠷᠡᠭᠤᠯᠥᠯ ᠢ ᠴᠢᠩᠭᠠᠳᠬᠠᠵᠦ᠂ ᠳᠡᠳᠡᠡ ᠤ ᠰᠢᠨᠵᠢᠯᠡᠬᠦ ᠣᠬᠠᠭᠠᠨᠴᠢ ᠪᠠᠷ ᠡᠳ᠋ ᠠᠬᠤᠶᠢᠯᠠᠬᠤ᠂ ᠵᠤᠬᠢᠬᠤ ᠭᠡᠮᠵᠢᠶᠡᠨ ᠤ ᠵᠢᠭᠡᠯᠡᠯᠬᠡ ᠬᠢᠬᠦ ᠪᠠ ᠳᠥᠭᠰᠢᠬᠦᠷᠢ ᠶᠢ ᠢᠯᠭᠠᠨ ᠳᠡᠨᠢᠬᠤ ᠴᠢᠳᠡᠪᠦᠷᠢ ᠶᠢ ᠳᠡᠭᠡᠭᠰᠢᠯᠡᠬᠦᠯᠦᠨ᠎ᠡ᠃ ︽ᠮᠠᠯᠴᠢᠨ ᠳᠡᠷᠢᠶᠡᠴᠢᠨ ᠤ ᠵᠢᠭᠡᠯᠡᠯᠬᠡ ᠶᠢᠨ ᠵᠦᠭᠯᠡᠬᠦᠷ︾᠎ ᠤᠨ ᠮᠣᠩᠭᠤᠯ ᠬᠢᠳᠡᠳ ᠬᠤᠶᠡᠷ ᠬᠡᠯᠡᠨ ᠤ ᠣᠬᠠᠭᠤᠯᠭ᠎ᠠ ᠶᠢᠨ ᠳᠡᠪᠳᠡᠷ ᠢ ᠨᠡᠶᠢᠷᠡᠭᠤᠯᠥᠨ ᠬᠡᠪᠯᠡᠨ ᠲᠠᠷᠬᠠᠭᠠᠵᠦ᠂ ᠦᠨᠳᠣᠷ ᠬᠦᠥ ᠲᠠᠢ ᠵᠢᠬᠡᠯᠡᠯᠬᠡ ᠶᠢᠨ ᠬᠤᠣᠷ ᠬᠦᠨᠣᠬᠡᠯ ᠢ ᠰᠡᠷᠡᠮᠵᠢᠯᠠᠬᠦᠯᠬᠦ ᠲᠣᠰᠬᠠᠢ ᠫᠢᠯᠢᠮ ᠢ ᠦᠢᠯᠡᠳᠣᠨ ᠨᠡᠪᠳᠡᠷᠡᠬᠦᠯᠵᠦ᠂ ᠮᠠᠯᠵᠢᠬᠤ ᠳᠡᠷᠢᠶᠡᠯᠡᠬᠤ ᠣᠷᠣᠨ ᠤ ᠣᠷᠣᠨ ᠨᠣᠳᠤᠭ ᠤᠨ ᠣᠨᠴᠠᠯᠢᠭ ᠲᠠᠢ᠂ ᠠᠮᠢᠳᠥᠯᠢᠬ ᠳᠦᠷᠢ ᠳᠦᠷᠬᠦ ᠲᠠᠢ᠂ ᠴᠡᠭᠡᠵᠢᠯᠡᠵᠦ ᠣᠶᠢᠯᠠᠭᠠᠬᠤ ᠳᠤ ᠬᠢᠯᠪᠡᠷ ᠳᠦᠬᠦᠮ ᠬᠠᠨ᠎ᠠ ᠶᠢᠨ ᠵᠡᠷ ᠮᠡᠳᠡᠭᠡ ᠶᠢ ᠠᠰᠢᠠᠠᠯᠠᠨ᠂ ᠮᠠᠯᠴᠢᠨ ᠳᠡᠷᠢᠶᠡᠴᠢᠨ ᠢ ᠬᠦᠳᠦᠯᠥᠨ ᠵᠢᠯᠥᠭᠤᠳᠴᠥ ᠪᠠᠶᠢᠭᠠᠳ ᠵᠢᠩᠬᠢᠨᠢ ᠢᠳᠡᠭᠡᠮᠵᠢᠳᠦ ᠵᠢᠭᠡᠯᠡᠯᠬᠡ ᠶᠢᠨ ᠨᠡᠷᠡᠳᠬᠦᠨ ᠢ ᠰᠣᠩᠭᠤᠭᠤᠯᠵᠦ᠂ ᠦᠨᠳᠣᠷ ᠬᠦᠥ ᠲᠠᠢ ᠵᠢᠭᠡᠯᠡᠯᠬᠡ ᠠᠴᠠ ᠬᠤᠯᠠ ᠵᠠᠶᠢᠳᠠᠭᠤᠯᠤᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠰᠣᠨᠢᠨ ᠮᠡᠳᠡᠭᠡ ᠭᠡᠪᠯᠡᠯ ᠷᠡᠳᠢᠤ᠋ ᠲᠧᠯᠸᠢᠰ ᠺᠢᠨᠤ᠋ ᠶᠢᠨ ᠲᠤᠪᠴᠢᠶ᠎ᠠ᠂ ᠡᠯ᠎ᠠ ᠮᠦᠡᠭᠬᠦᠨ ᠬᠦᠢᠯᠬᠡᠬᠡᠡ ᠤ ᠪᠠᠶᠢᠭᠤᠯᠥᠮᠵᠢ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map