︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2017/11/9
     ᠰᠤᠷᠪᠤᠯᠵᠢᠯᠠᠭᠰᠠᠨ ᠴᠠᠭ᠄      2017 ᠣᠨ ᠤ 9 ᠳ᠋ᠦ᠋ᠭᠡᠷ ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠦᠦ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢ ᠨᠡᠶᠢᠲᠡᠯᠡᠨ ᠬᠡᠷᠡᠭᠵᠢᠭᠦᠯᠪᠡ᠃ ᠥᠨᠥᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠦᠦ ᠨᠥᠬᠦᠷ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠎ ᠶᠢᠨ ᠰᠦᠯᠵᠢᠶᠡᠨ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠵᠤ᠂ ᠮᠠᠨ ᠤ ᠣᠷᠣᠨ ᠤ ︽13 · 5︾᠎ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠶ ᠣᠯᠠᠨ ᠲᠠᠢ ᠰᠦᠯᠵᠢᠶᠡᠨ ᠳᠤ ᠵᠣᠭᠤᠭ ᠳᠡᠯᠭᠡᠬᠦ ᠪᠣᠯᠤᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠶ᠎ᠠ︕      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠶᠢᠨ ᠰᠦᠯᠵᠢᠶᠡᠨ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠰᠣᠨᠢᠷᠬᠠᠭᠰᠠᠨ ᠳᠤ ᠪᠠᠶᠠᠷᠯᠠᠯ᠎ᠠ᠃ ︽13 · 5︾᠎ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠣᠷᠣᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠱᠠᠲᠦ ᠂ ᠪᠠᠰᠠ ᠴᠦ ᠠᠷᠭ᠎ᠠ ᠬᠡᠯᠪᠡᠷᠢ ᠪᠠᠨ ᠬᠤᠪᠢᠷᠠᠭᠤᠯᠵᠤ ᠪᠦᠲᠦᠴᠡ ᠪᠠᠨ ᠲᠣᠬᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ᠃ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠬᠦ ᠨᠢ ᠮᠠᠨ ᠤ ᠣᠷᠣᠨ ᠤ ᠲᠣᠭᠲᠠᠭᠤᠨ ᠢᠶᠠᠷ ᠨᠡᠮᠡᠭᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠨᠢ ᠮᠠᠨ ᠤ ᠣᠷᠣᠨ ᠤ ᠬᠤᠶᠢᠰᠢᠲᠠ ᠶᠢᠨ ᠲᠠᠪᠤᠨ ᠵᠢᠯ ᠤᠨ ᠲᠤᠷᠰᠢᠬᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠦᠦ ᠨᠥᠬᠦᠷ ᠢ ᠤᠷᠢᠵᠤ ᠮᠠᠨ ᠤ ᠣᠷᠣᠨ ᠤ ︽13 · 5︾᠎ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠠᠮᠢᠶ᠎ᠠ ᠪᠥᠬᠦᠢ ᠠᠭᠤᠯᠭ᠎ᠠ ᠶᠢ ᠣᠯᠠᠨ ᠲᠠᠢ ᠰᠦᠯᠵᠢᠶᠡᠨ ᠳᠤ ᠰᠠᠨᠠᠯ ᠰᠣᠯᠢᠯᠴᠠᠬᠤ ᠪᠣᠯᠣᠭᠰᠠᠨ ᠳᠤ ᠮᠠᠰᠢ ᠪᠠᠶᠠᠷᠲᠠᠢ ᠪᠠᠶᠢᠨ᠎ᠠ᠃ ᠸᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠶ᠎ᠠ︕      ᠸᠠᠩ ᠶᠢᠨ ᠪᠦᠦ᠄      ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠤ ᠪᠠᠶᠠᠷᠲᠠᠶᠢᠬᠠᠨ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠡᠮᠦᠨ᠎ᠡ ᠠᠴᠠ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠵᠢᠯ ᠢ ᠳᠡᠮᠵᠢᠵᠤ᠂ ᠬᠠᠯᠠᠮᠵᠢᠯᠠᠭᠰᠠᠭᠠᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠳᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃      ᠬᠥᠲᠥᠯᠥᠭᠴᠢ᠄      ᠸᠠᠩ ᠡᠷᠬᠢᠯᠡᠭᠴᠢ ᠡ᠂ ᠤᠢᠢᠷ᠎ᠠ ᠶᠢᠨ ᠬᠡᠳᠦᠨ ᠵᠢᠯ ᠳᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠎ ᠠᠴᠠ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠢᠯ ᠢᠶᠠᠷ ᠴᠢᠬᠤᠯᠠᠴᠢᠯᠠᠨ ᠦᠵᠡᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠠᠯᠢ ᠤᠯᠠᠨ ᠨᠡᠶᠢᠲᠡᠯᠡᠵᠤ᠂ ᠮᠠᠨ ᠤ ᠣᠷᠣᠨ  ᠎ ᠤ ᠦᠢᠯᠡᠴᠢᠯᠡᠭᠡᠨ ᠤ ᠦᠢᠯᠡᠰ ᠬᠥᠭᠵᠢᠯᠲᠡ ᠶᠢᠨ ᠰᠢᠨ᠎ᠡ ᠱᠠᠲᠤᠨ ᠳᠤ ᠣᠷᠣᠪᠠ᠃      ᠨᠡᠶᠢᠭᠡᠮ ᠤᠨ ᠡᠯ᠎ᠡ ᠡᠲᠡᠭᠡᠳ ᠤᠨ ᠬᠢᠨ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠮᠠᠰᠢ ᠠᠩᠬᠠᠷᠴᠤ ᠪᠠᠶᠢᠳᠠᠭ᠂ ᠣᠶᠢᠷ᠎ᠠ ᠶᠢᠨ ᠬᠤᠭᠤᠴᠠᠭᠠᠨ ᠳᠤ ︽13 · 5︾᠎ ᠶᠢᠨ ᠦᠢᠯᠡᠴᠢᠯᠡᠭᠡᠨ ᠤ ᠦᠢᠯᠡᠰ ᠎ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠡᠶᠢᠲᠡᠯᠡᠭᠰᠡᠨ ᠨᠢ ᠶᠠᠮᠠᠷ ᠠᠬᠤᠶ ᠪᠠᠶᠢᠳᠠᠯ ᠲᠠᠢ ᠪᠣᠢ︖      ᠸᠠᠩ ᠶᠢᠨ ᠪᠦᠦ᠄      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠣᠷᠣᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠠᠪᠤᠳᠠᠯ ᠢ ᠪᠠᠶᠢᠯᠳᠤᠬᠤ ᠪᠤᠳᠦᠯᠭ᠎ᠠ ᠶᠢᠨ ᠭᠤᠣᠯᠳᠠᠯᠭᠠᠲᠤ ᠡᠭᠦᠷᠭᠡ ᠪᠣᠯᠭᠠᠨ᠂ ᠲᠦᠷᠦ ᠶᠢᠨ ᠪᠤᠳᠤᠯᠭ᠎ᠠ ᠢᠶᠠᠷ ᠠᠬᠢᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠷᠢᠳ ᠬᠤᠵᠢᠳ ︽ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠲᠦᠷᠤ ᠶᠢᠨ ᠪᠤᠳᠤᠯᠭ᠎ᠠ ᠶᠢᠨ ᠲᠣᠭᠲᠠᠭᠠᠯ ᠤᠳ︾᠂ ︽ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠢᠯᠣᠭᠤᠳᠬᠤ ᠰᠠᠨᠠᠯ︾᠂ ︽ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ ᠳᠡᠰ ᠳᠡᠪᠰᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2015 — 2017 ᠣᠨ︶︾ ᠵᠡᠷᠭᠡ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠵᠢᠭᠤᠯᠴᠢᠯᠠᠯ᠂ ᠮᠥᠩᠭᠦᠨ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠰᠣᠶᠣᠯ ᠤᠨ ᠪᠦᠲᠦᠭᠡᠯᠴᠢ ᠲᠥᠰᠥᠪᠯᠡᠯ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠮᠡᠳᠡᠭᠳᠡᠬᠦ᠋ᠢᠴᠡ  ᠲᠦᠷᠭᠡᠰᠦᠨ᠂ ᠬᠡᠪᠴᠢᠶ᠎ᠡ ᠨᠢ ᠦᠳᠲᠡᠷ ᠶᠡᠬᠡᠰᠴᠦ᠂ ᠦᠢᠯᠡᠴᠢᠯᠡᠭᠡᠨ ᠤ ᠦᠢᠯᠡᠰ ᠤᠨ ᠭᠤᠷᠪᠠᠳᠤᠭᠠᠷ ᠠᠵᠤ ᠦᠢᠯᠡᠰ ᠲᠤ ᠡᠵᠡᠯᠡᠬᠦ ᠬᠠᠷᠢᠴᠠᠯ ᠨᠢ ︽13 · 5︾᠎ ᠶᠢᠨ ᠡᠬᠢᠨ ᠤ ᠬᠤᠭᠤᠴᠠᠭᠠᠨ ᠳᠠᠬᠢ 36.1%᠎ ᠠᠴᠠ 2015 ᠣᠨ ᠳᠤ 40% ᠪᠣᠯᠣᠨ ᠳᠡᠭᠡᠭᠰᠢᠯᠡᠵᠦ᠂ ᠵᠢᠯ ᠪᠦᠷᠢ ᠳᠤᠮᠳᠠᠴᠢ ᠪᠠᠷ 8.9%᠎ ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠤᠨ ᠲᠣᠭᠲᠠᠮᠠᠯ ᠬᠦ᠋ᠷᠦᠩᠭᠡ ᠳᠤ ᠪᠡᠯᠡ ᠣᠷᠣᠭᠤᠯᠬᠤ ᠬᠡᠪᠴᠢᠶ᠎ᠡ 6200 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠪᠡᠯᠡ ᠣᠷᠣᠭᠤᠯᠤᠯᠲᠠ ᠶᠢᠨ 45.5%᠎ ᠶᠢ ᠡᠵᠡᠯᠡᠨ᠂ ᠦᠢᠯᠡᠴᠢᠯᠡᠭᠡᠨ ᠤ ᠦᠢᠯᠡᠰ ᠨᠢ ᠰᠢᠨ᠎ᠡ ᠬᠡᠪ ᠪᠠᠶᠢᠳᠠᠯ ᠳᠤ ᠠᠵᠤ ᠠᠬᠤᠶ ᠶᠢᠨ ᠨᠡᠮᠡᠭᠳᠡᠯ ᠢ ᠬᠥᠲᠥᠯᠥᠨ ᠳᠠᠶᠢᠴᠢᠯᠠᠬᠤ ᠰᠢᠨ᠎ᠡ ᠬᠥᠳᠡᠯᠭᠡᠭᠦᠷ ᠪᠠ ᠡᠳ᠋ ᠤᠨ ᠵᠠᠰᠠᠭ ᠤᠨ ᠣᠷᠣᠯᠭ᠎ᠠ ᠪᠠ ᠠᠵᠢᠯ ᠣᠯᠭᠤᠯᠲᠠ ᠶᠢ ᠨᠡᠮᠡᠭᠳᠡᠭᠦᠯᠬᠦ ᠭᠤᠣᠯ ᠬᠦᠴᠦᠨ ᠪᠣᠯᠪᠠ᠃ ᠵᠢᠭᠤᠯᠴᠢᠯᠠᠯ᠂ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ᠂ ᠭᠡᠷ ᠤᠨ ᠠᠳᠠᠯ ᠠᠬᠤᠢ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠢ ᠠᠵᠤ ᠠᠬᠤᠶ ᠶᠢᠨ ᠰᠢᠨ᠎ᠡ ᠨᠡᠮᠡᠭᠳᠡᠯ ᠴᠢᠭ᠋᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠴᠢᠬᠤᠯᠠ ᠲᠦᠯᠬᠢᠴᠡ ᠬᠦᠴᠦᠨ ᠪᠣᠯᠵᠠᠢ᠃ ᠭᠡᠪᠡᠴᠦ ᠪᠦᠬᠦ ᠲᠠᠯ᠎ᠠ ᠠᠴᠠ ᠦᠵᠡᠪᠡᠯ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠢ ᠪᠦᠬᠦ ᠤᠯᠤᠰ ᠪᠣᠯᠤᠨ ᠬᠥᠭᠵᠢᠭᠰᠡᠨ ᠮᠤᠵᠢ ᠬᠤᠲᠠ ᠲᠤᠭᠤᠷᠢᠭ ᠯᠤᠭ᠎ᠠ ᠬᠠᠷᠢᠴᠠᠭᠤᠯᠪᠠᠯ᠂ ᠬᠥᠭᠵᠢᠯᠲᠡ ᠎ ᠨᠢ ᠬᠠᠷᠢᠴᠠᠩᠭᠤᠶ ᠪᠠᠷ ᠬᠤᠴᠣᠷᠤᠩᠭᠤᠶ ᠪᠠᠶᠢᠵᠤ᠂ ᠮᠥᠨ ᠬᠦ ᠵᠣᠬᠢᠬᠤ ᠵᠥᠷᠢᠶ᠎ᠡ ᠣᠷᠣᠰᠢᠨ᠂ ᠭᠤᠤᠯᠳᠠᠭᠤ ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ ᠪᠠᠭ᠎ᠠ᠂ ᠳᠣᠲᠣᠭᠠᠳᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠦᠷᠭᠦᠯᠵᠢᠯᠡᠨ ᠪᠦᠷᠢᠨᠰᠢᠭᠦᠯᠬᠦ ᠵᠡᠷᠭᠡ ᠳᠤ ᠢᠯᠡᠷᠡᠵᠦ ᠪᠣᠢ᠃ ᠭᠡᠪᠡᠴᠦ ᠵᠥᠷᠢᠶ᠎ᠡ ᠢᠯᠭᠠᠭ᠎ᠠ ᠪᠣᠯ ᠬᠥᠭᠵᠢᠯᠲᠡ ᠶᠢᠨ ᠲᠠᠯᠳᠠ ᠬᠦᠴᠦᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠤᠰᠤᠳᠴᠢ ᠬᠡᠷᠡᠭᠴᠡᠭᠡ ᠱᠠᠭᠠᠷᠳᠠᠯᠭ᠎ᠠ ᠪᠠ ᠪᠣᠳᠠᠲᠤ ᠰᠣᠩᠭᠤᠯᠲᠠ ᠮᠥᠨ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠢ ᠲᠦᠷᠭᠡᠨ ᠬᠥᠭᠵᠢᠬᠦ ᠰᠠᠭᠤᠷᠢ ᠪᠠᠨ ᠨᠢᠭᠡᠨᠲᠡ ᠪᠦᠷᠢᠯᠳᠦᠭᠦᠯᠪᠠ᠂ ᠨᠡᠩ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠨᠡᠩ ᠶᠡᠭᠡ ᠬᠤᠪᠢ ᠨᠡᠮᠡᠷᠢ ᠭᠠᠷᠭᠠᠬᠤ ᠴᠢᠬᠤᠯᠠᠲᠠᠢ ᠪᠣᠯᠣᠭᠰᠠᠨ ᠭᠡᠳᠡᠭ ᠲᠤ ᠪᠢᠳᠡ ᠰᠡᠷᠭᠡᠭ ᠢᠶᠠᠷ ᠲᠠᠨᠢᠬᠤ ᠬᠡᠷᠡᠭᠲᠡᠢ᠃ ᠡᠶᠢᠮᠦᠷᠬᠦ ᠠᠬᠤᠶ ᠪᠠᠶᠢᠳᠠᠯ ᠳᠣᠣᠷ᠎ᠠ᠂ ᠬᠤᠶᠢᠰᠢᠳᠠ ᠶᠢᠨ ᠲᠠᠪᠤᠨ ᠵᠢᠯ ᠳᠠᠬᠢ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠲᠠᠢ ᠠᠭᠤᠰᠤᠯᠴᠠᠭᠰᠠᠨ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠲᠠᠢ ᠢᠵᠢ ᠪᠦᠷᠢᠳᠦᠭᠰᠡᠨ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠲᠠᠢ ᠵᠣᠬᠢᠴᠠᠭᠰᠠᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠢ ᠲᠣᠬᠢᠷᠠᠯᠴᠠᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠣᠭᠴᠠᠯᠠᠵᠤ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠶᠢᠨ ᠲᠤᠯᠠᠳᠠ ︽ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ ᠲᠤᠰ ︽ᠲᠥᠯᠥᠪᠵᠢᠭᠦᠯᠭᠡ︾᠎ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃      ᠬᠥᠲᠥᠯᠥᠭᠴᠢ᠄      ︽13·5︾᠎ ᠶᠢᠨ ᠰᠡᠭᠦᠯᠴᠢ ᠶᠢᠨ ᠬᠤᠭᠤᠴᠠᠭ᠎ᠠ ᠪᠤᠯᠲᠠᠯ᠎ᠠ᠂ ᠮᠠᠨ ᠤ ᠣᠷᠣᠨ ᠦᠢᠯᠡᠴᠢᠯᠡᠭᠡᠨ ᠤ ᠦᠢᠯᠡᠰ ᠬᠦᠭᠵᠢᠭᠡᠳ ᠶᠠᠮᠠᠷ ᠬᠢᠷᠢ ᠬᠡᠮᠵᠢᠶᠡᠨ ᠳᠤ ᠬᠦᠷᠳᠡᠭ ᠪᠤᠯ︖      ᠸᠠᠩ ᠶᠢᠨ ᠪᠦᠦ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠪᠤᠢ᠃ ᠯᠢ ᠵᠢᠶ ᠾᠧᠩ ᠱᠦᠵᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠬᠠᠶ ᠤᠯᠠᠨᠲᠠ ᠴᠣᠬᠤᠯᠠᠪᠤᠷᠢ ᠭᠠᠷᠭᠠᠵᠤ᠂ ᠲᠡᠷᠢᠭᠦᠯᠡᠭᠴᠢ ᠪᠦ᠋ ᠰᠢᠶᠤᠤ ᠯᠢᠨ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠵᠡᠷᠭᠡ ᠥᠪᠡᠷᠲᠡᠭᠡᠨ ᠵᠠᠰᠠᠬᠤ ᠣᠷᠣᠨ ᠤ ᠭᠤᠣᠯ ᠤᠳᠤᠷᠢᠳᠤᠯᠭ᠎ᠠ ᠨᠠᠷ ᠣᠳᠣᠬᠠᠨ ᠤ ᠭᠤᠣᠯᠳᠠᠯᠭ᠎ᠠ ᠲᠠᠢ ᠠᠵᠢᠯ ᠢ ᠤᠯᠠᠨᠲᠠ ᠰᠤᠳᠤᠯᠤᠨ ᠪᠠᠶᠢᠷᠢᠯᠠᠭᠤᠯᠪᠠ᠂ ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠣᠷᠣᠨ ᠤ ᠦᠶᠯᠡᠴᠢᠯᠡᠭᠡᠨ ᠤ ᠦᠶᠯᠡᠰ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠢ ᠤᠭᠲᠤᠬᠤ ᠪᠤᠯᠤᠨ᠎ᠠ ᠬᠡᠵᠤ ᠬᠡᠯᠡᠵᠤ ᠪᠤᠯᠤᠮᠠᠷ ᠶᠤᠮ᠃ ᠪᠢᠳᠡ ︽ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢ ᠲᠣᠭᠲᠠᠭᠠᠬᠤ ᠳᠤ ᠪᠠᠨ᠂ ᠬᠤᠶᠢᠰᠢᠳᠠ ᠶᠢᠨ ᠲᠠᠪᠤᠨ ᠵᠢᠯ ᠤᠨ ᠦᠢᠯᠡᠴᠢᠯᠡᠭᠡᠨ ᠤ ᠦᠢᠯᠡᠰ ᠤᠨ ᠬᠠᠷᠠᠯᠲᠠᠲᠤ ᠡᠭᠦᠷᠭᠡ ᠪᠣᠯᠤᠨ ᠠᠵᠢᠯ ᠤᠨ ᠭᠤᠣᠯᠳᠠᠯᠭ᠎ᠠ ᠶᠢ ᠲᠤᠲᠤᠷᠬᠠᠶᠢᠯᠠᠪᠠ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠶᠢᠮᠠᠭ ᠬᠤᠳᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠦᠷᠳᠡᠭ ᠲᠠᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠤᠨ ᠡᠵᠡᠯᠡᠬᠦ ᠬᠤᠪᠢ ᠶᠢᠨ ᠵᠢᠩ ᠢ 45%᠎ ᠶᠢᠨ ᠤᠷᠴᠢᠮ ᠬᠦᠷᠦᠬᠦᠯᠬᠦ ᠪᠠᠷ ᠴᠢᠷᠮᠠᠶᠢᠵᠤ᠂ ᠵᠢᠯ ᠤᠨ ᠨᠡᠮᠡᠭᠳᠡᠯ ᠤᠨ ᠬᠤᠷᠳᠤᠴᠠ ᠶᠢ 8%᠎ ᠠᠴᠠ ᠳᠠᠪᠠᠭᠤᠯᠤᠨ᠂ ᠦᠢᠯᠡᠴᠢᠯᠡᠭᠡᠨ ᠤ ᠦᠢᠯᠡᠰ ᠤᠨ ᠳᠣᠲᠣᠭᠠᠳᠤ ᠪᠦᠲᠦᠴᠡ ᠶᠢ ᠤᠯᠠᠮ ᠰᠢᠯᠢᠳᠡᠭᠵᠢᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠬᠢᠭᠡᠳ ᠦᠢᠯᠡᠳᠬᠦ ᠦᠢᠯᠡᠰ ᠠᠭᠤᠰᠤᠯᠴᠠᠵᠤ ᠦᠢᠯᠡᠳᠦᠯᠴᠡᠬᠦ ᠨᠢ ᠬᠦᠨᠵᠡᠭᠡᠶᠢᠷᠡᠵᠤ᠂ ᠰᠠᠭᠤᠭᠠᠯᠢ ᠠᠷᠠᠳ ᠤᠨ ᠤᠯᠠᠨ ᠳᠡᠰ ᠳᠠᠪᠬᠤᠷᠭ᠎ᠠ ᠪᠠ ᠤᠯᠠᠨ ᠶᠠᠩᠵᠤᠲᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠴᠢᠳᠠᠪᠤᠷᠢ ᠶᠢ ᠳᠡᠭᠡᠭᠰᠢᠯᠡᠭᠦᠯᠦᠨ᠂ ᠨᠢᠭᠡ ᠪᠦᠯᠦᠭ ᠲᠤᠯᠭᠠᠭᠤᠷᠢ ᠠᠵᠤ ᠦᠢᠯᠡᠰ ᠪᠤᠯᠤᠨ ᠲᠤᠮᠤ ᠠᠵᠤ ᠠᠬᠤᠶᠢᠯᠠᠯ ᠲᠤᠮᠤ ᠪᠦᠯᠦᠭᠯᠡᠯ ᠢ ᠪᠤᠶᠢᠵᠢᠭᠤᠯᠵᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠳᠠᠬᠢ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢ ᠢᠯᠡᠳᠲᠡ ᠴᠢᠩᠭᠠᠷᠠᠭᠤᠯᠬᠤ ᠪᠤᠯᠤᠨ᠎ᠠ᠃        ᠬᠥᠲᠥᠯᠥᠭᠴᠢ᠄      ᠡᠮᠦᠨ᠎ᠡ ᠳᠤᠷᠠᠳᠤᠭᠰᠠᠨ ᠬᠠᠷᠠᠯᠲᠠ ᠶᠢ ᠪᠡᠶᠡᠯᠡᠬᠦᠯᠬᠦ ᠶᠢᠨ ᠲᠥᠯᠥᠭᠡ᠂ ᠮᠠᠨ ᠤ ᠣᠷᠣᠨ ᠠᠯᠢ ᠠᠯᠢ ᠬᠦᠷᠢᠶ᠎ᠡ ᠴᠠᠷᠠᠭ᠎ᠠ ᠶᠢ ᠭᠤᠣᠯᠳᠠᠯᠭ᠎ᠠ ᠲᠠᠢ ᠬᠦᠭᠵᠢᠬᠦᠯᠬᠦ ᠪᠠᠷ ᠪᠠᠶᠢᠭ᠎ᠠ ᠪᠤᠢ︖      ᠸᠠᠩ ᠶᠢᠨ ᠪᠦᠦ᠄      ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠪᠢᠳᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ ᠬᠦᠭᠵᠢᠬᠦᠯᠬᠦ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠬᠦᠯᠬᠦ᠂ ᠢᠨᠲ᠋ᠧᠷ ᠰᠦᠯᠵᠢᠶᠡᠨ ᠤ ᠦᠢᠯᠡᠰ ᠢ ᠢᠳᠡᠪᠬᠢᠲᠡᠶ ᠬᠦᠭᠵᠢᠬᠦᠯᠬᠦ᠂ ᠮᠥᠩᠭᠦᠨ ᠭᠦᠢᠯᠭᠡᠭᠡᠨ ᠤ ᠦᠢᠯᠡᠰ ᠲᠤ ᠰᠢᠨ᠎ᠡ ᠶᠢ ᠡᠭᠦᠳᠦᠨ ᠬᠥᠭᠵᠢᠭᠦᠯᠬᠦ ᠵᠡᠷᠭᠡ ᠳᠦᠷᠪᠡᠨ ᠶᠡᠭᠡ ᠬᠦᠷᠢᠶ᠎ᠡ ᠴᠠᠷᠠᠭ᠎ᠠ ᠶᠢ ᠭᠤᠤᠯᠳᠠᠯᠭ᠎ᠠ ᠲᠠᠢ ᠬᠦᠭᠵᠢᠬᠦᠯᠬᠦ ᠪᠠᠷ ᠳᠤᠷᠠᠳᠴᠠᠢ᠃ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ ︽ᠲᠠᠪᠤᠨ ᠶᠡᠭᠡ ᠰᠠᠭᠤᠷᠢᠨ ᠭᠠᠵᠠᠷ︾᠎ ᠤᠨ ᠪᠥᠲᠥᠭᠡᠨ ᠪᠠᠶᠢᠭᠤᠯᠤᠯᠲᠠ ᠶᠢᠨ ᠲᠤᠭᠤᠷᠢᠨ ᠳᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠬᠤ ᠪᠠ ᠦᠷᠳᠡᠭ ᠤᠨ ᠬᠡᠯᠬᠢᠶᠡᠨ ᠤ ᠳᠡᠭᠡᠲᠦ ᠦᠵᠦᠬᠦᠷ ᠲᠡᠰᠢ ᠦᠷᠬᠦᠯᠵᠢᠯᠡᠬᠦᠯᠬᠦ ᠶᠢ ᠠᠬᠢᠭᠤᠯᠵᠤ᠂ ᠦᠢᠯᠡᠳᠬᠦ ᠦᠢᠯᠡᠰ ᠬᠢᠭᠡᠳ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠬᠠᠨᠳᠤᠰᠢ ᠶᠢ ᠳᠠᠭᠠᠭᠤᠯᠤᠨ᠂ ᠦᠢᠯᠡᠳᠬᠦ ᠦᠢᠯᠡᠰ ᠢ ᠦᠢᠯᠡᠳᠪᠦᠷᠢᠯᠡᠬᠦ ᠬᠡᠯᠪᠡᠷᠢ ᠠᠴᠠ ᠦᠢᠯᠡᠳᠪᠦᠷᠢᠯᠡᠵᠤ ᠦᠢᠯᠡᠴᠢᠯᠡᠬᠦ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠵᠤ᠂ ᠤᠳᠤ ᠦᠶ᠎ᠡ ᠶᠢᠨ ᠪᠠᠷᠠᠭᠠᠨ ᠤ ᠬᠦᠢᠯᠬᠡᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠰᠢᠯᠭᠠᠨ ᠪᠠᠶᠢᠴᠠᠭᠠᠵᠤ ᠭᠡᠷᠡᠴᠢᠯᠡᠬᠦ ᠦᠢᠯᠡᠴᠢᠯᠡᠭᠡ᠂ ᠪᠡᠯᠡ ᠲᠤᠬᠢᠷᠠᠭᠤᠯᠵᠤ ᠳᠦᠷᠢᠶᠡᠰᠦᠯᠡᠭᠦᠯᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠯᠲᠠ᠂ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠢᠯᠡᠴᠢᠯᠡᠭᠡ ᠵᠡᠷᠭᠡ 12 ᠲᠤᠮᠤ ᠦᠢᠯᠡᠰ ᠢ ᠭᠤᠣᠯᠳᠠᠯᠭ᠎ᠠ ᠲᠠᠢ ᠬᠦᠭᠵᠢᠬᠦᠯᠬᠦ ᠬᠡᠷᠡᠭᠲᠠᠢ ᠬᠡᠵᠤ ᠳᠤᠷᠠᠳᠪᠠ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ ᠬᠤᠳᠠ ᠪᠠᠯᠭᠠᠰᠤᠵᠢᠯᠳᠡ ᠪᠠ ᠰᠢᠨ᠎ᠡ ᠬᠥᠳᠡᠭᠡ ᠲᠣᠰᠬᠤᠨ ᠮᠠᠯᠵᠢᠬᠤ ᠣᠷᠣᠨ ᠤ ᠪᠠᠶᠢᠭᠤᠯᠤᠯᠲᠠ ᠶᠢᠨ ᠲᠤᠭᠤᠷᠢᠨ ᠳᠤ᠂ ᠠᠷᠠᠳ ᠲᠦᠮᠡᠨ ᠤ ᠬᠡᠷᠡᠭᠯᠡᠭᠡ ᠶᠢ ᠲᠡᠰ ᠳᠡᠪᠰᠢᠬᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠤᠯᠭᠠᠨ᠂ ᠬᠡᠷᠡᠭᠯᠡᠭᠡ ᠶᠢᠨ ᠦᠪᠡᠷᠮᠢᠴᠡ ᠰᠢᠨᠵᠢ᠂ ᠤᠯᠠᠨ ᠶᠠᠩᠵᠤᠲᠤ ᠰᠢᠨᠵᠢ ᠶᠢ ᠡᠵᠡᠮᠰᠢᠵᠤ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠪᠠᠶᠢᠳᠠᠯ ᠢ ᠪᠠᠬᠢᠵᠢᠬᠦᠯᠦᠨ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠳᠥᠭᠦᠮ ᠲᠦᠳᠡᠵᠢᠬᠦᠯᠬᠦ᠂ ᠨᠠᠷᠢᠯᠢᠭᠵᠢᠭᠤᠯᠬᠤ᠂ ᠴᠢᠨᠠᠷᠯᠢᠭᠵᠢᠭᠤᠯᠬᠤ ᠬᠦᠭᠵᠢᠯᠲᠡ ᠶᠢ ᠠᠬᠢᠭᠤᠯᠤᠨ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠬᠦᠢᠯᠭᠡᠭᠡ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠰᠣᠶᠣᠯ ᠤᠨ ᠦᠢᠯᠡᠰ᠂ ᠪᠡᠶ᠎ᠡ ᠶᠢᠨ ᠲᠠᠮᠢᠷ ᠤᠨ ᠦᠢᠯᠡᠰ᠂ ᠰᠠᠭᠤᠭᠠᠯᠢ ᠠᠷᠠᠳ ᠪᠤᠯᠤᠨ ᠭᠡᠷ ᠪᠦᠯᠢ ᠶᠢᠨ ᠦᠢᠯᠡᠴᠢᠯᠡᠭᠡ᠂ ᠡᠷᠡᠭᠦᠯ ᠮᠡᠨᠳᠦ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ 8 ᠶᠡᠭᠡ ᠦᠢᠯᠡᠰ ᠢ ᠭᠤᠣᠯᠳᠠᠯᠭ᠎ᠠ ᠲᠠᠢ ᠬᠦᠭᠵᠢᠬᠦᠯᠬᠦ ᠬᠡᠷᠡᠭᠲᠠᠢ ᠬᠡᠵᠤ ᠳᠤᠷᠠᠳᠪᠠ᠃ ᠢᠨᠲ᠋ᠧᠷ ᠰᠦᠯᠵᠢᠶᠡᠨ ᠤ ᠦᠢᠯᠡᠰ ᠤᠨ ᠲᠠᠯ᠎ᠠ ᠪᠠᠷ᠂ ︽ᠢᠨᠲ᠋ᠧᠷ ᠰᠦᠯᠵᠢᠶ᠎ᠡ +︾ ᠬᠥᠭᠵᠢᠯᠲᠡ ᠶᠢᠨ ᠬᠠᠨᠳᠤᠰᠢ ᠶᠢ ᠲᠠᠭᠠᠵᠤ᠂ ᠮᠠᠨ ᠤ ᠣᠷᠣᠨ ᠤ ᠡᠭᠦᠯᠡᠨ ᠪᠤᠳᠤᠯᠲᠠ ᠶᠢᠨ ᠳ᠋ᠠᠶᠢᠲ᠋ᠠ ᠶᠢᠨ ᠲᠥᠪ ᠤᠨ ᠤᠷᠤᠨ ᠪᠠᠶᠢᠷᠢᠰᠢᠯ ᠪᠣᠯᠤᠨ ᠬᠡᠪᠴᠢᠶᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠢᠨᠲ᠋ᠧᠷ ᠰᠦᠯᠵᠢᠶ᠎ᠡ ᠬᠢᠭᠡᠳ ᠠᠵᠤ ᠠᠬᠤᠶ ᠨᠡᠶᠢᠭᠡᠮ ᠤᠨ ᠡᠯ᠎ᠡ ᠬᠦᠷᠢᠶ᠎ᠡ ᠴᠠᠷᠠᠭ᠎ᠠ ᠲᠠᠢ ᠠᠭᠤᠰᠤᠯᠴᠠᠭᠤᠯᠬᠤ ᠥᠷᠭᠡᠴᠡ ᠪᠠ ᠭᠦᠨᠴᠡ ᠶᠢ ᠶᠡᠬᠡᠪᠡᠷ ᠥᠷᠭᠡᠳᠬᠡᠵᠦ᠂ ᠡᠭᠦᠯᠡᠨ ᠪᠤᠳᠤᠯᠲᠠ᠂ ᠲᠤᠮᠤ ᠳ᠋ᠠᠶᠢᠲ᠋ᠠ᠂ ᠪᠤᠳᠠᠰᠯᠢᠭ ᠬᠤᠯᠪᠤᠭᠠᠲᠤ ᠰᠦᠯᠵᠢᠶᠡᠨ ᠤ ᠦᠢᠯᠡᠰ ᠢ ᠲᠦᠷᠭᠡᠳᠭᠡᠨ ᠬᠦᠭᠵᠢᠬᠦᠯᠵᠤ᠂ ᠮᠡᠳᠡᠭᠡ ᠵᠠᠩᠭᠢ ᠶᠢᠨ ᠰᠠᠭᠤᠷᠢ ᠪᠡᠯᠡᠳᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ︽ᠢᠨᠲ᠋ᠧᠷ ᠰᠦᠯᠵᠢᠶ᠎ᠡ +︾ ᠦᠢᠯᠡᠰ ᠢ ᠶᠡᠬᠡᠪᠡᠷ ᠬᠦᠭᠵᠢᠬᠦᠯᠬᠦ᠂ ᠡᠭᠦᠯᠡᠨ ᠪᠤᠳᠤᠯᠲᠠ ᠶᠢᠨ ᠲᠣᠮᠣ ᠳ᠋ᠠᠶᠢᠲ᠋ᠠ ᠶᠢᠨ ᠦᠶᠯᠡᠰ ᠢ ᠲᠦᠷᠭᠡᠳᠭᠡᠨ ᠬᠦᠭᠵᠢᠬᠦᠯᠬᠦ᠂ ᠪᠤᠳᠠᠰᠯᠢᠭ ᠬᠤᠯᠪᠤᠭᠠᠲᠤ ᠰᠦᠯᠵᠢᠶᠡᠨ ᠤ ᠦᠢᠯᠡᠰ ᠢ ᠢᠳᠡᠪᠬᠢᠲᠡᠶ ᠬᠦᠭᠵᠢᠬᠦᠯᠬᠦ ᠵᠡᠷᠭᠡ ᠶᠢ ᠪᠠᠭᠲᠠᠭᠠᠭᠰᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠲᠠᠯ᠎ᠠ ᠪᠤᠯᠤᠨ ᠰᠢᠨ᠎ᠡ ᠬᠥᠳᠡᠯᠭᠡᠭᠴᠢ ᠬᠦᠴᠦᠨ ᠢ ᠴᠤᠭᠴᠠᠯᠠᠬᠤ ᠬᠡᠷᠡᠭᠲᠠᠢ ᠬᠡᠵᠤ ᠳᠤᠷᠠᠳᠪᠠ᠃ ᠮᠥᠩᠭᠦᠨ ᠭᠦᠢᠯᠭᠡᠭᠡᠨ ᠤ ᠦᠢᠯᠡᠰ ᠤᠨ ᠲᠠᠯ᠎ᠠ ᠪᠠᠷ᠂ ᠮᠥᠩᠭᠦᠨ ᠭᠦᠢᠯᠭᠡᠭᠡᠨ ᠤ ᠦᠢᠯᠡᠰ ᠤᠨ ᠬᠡᠪᠴᠢᠶ᠎ᠡ ᠶᠢ ᠦᠷᠭᠡᠳᠭᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠣᠳᠠᠲᠤ ᠴᠤᠭᠴᠠᠲᠤ ᠠᠵᠤ ᠠᠬᠤᠶ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠤᠯᠭᠠᠨ᠂ ᠲᠦᠷᠦᠯ ᠢᠯᠭᠠᠯ ᠢᠶᠠᠷ ᠪᠦᠷᠢᠨ ᠬᠦᠢᠴᠡᠳ᠂ ᠦᠢᠯᠡᠴᠢᠯᠡᠭᠡ ᠪᠠᠷ ᠥᠨᠳᠥᠷ ᠪᠦᠲᠦᠮᠵᠢᠲᠡᠶ᠂ ᠠᠮᠤᠷ ᠲᠦᠪᠰᠢᠨ ᠪᠦᠭᠡᠳ ᠲᠤᠭᠲᠠᠪᠤᠷᠢᠲᠠᠢ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠤᠯᠠᠨ ᠲᠡᠰ ᠳᠠᠪᠬᠤᠷᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠬᠤ ᠬᠡᠷᠡᠭᠲᠠᠢ᠃ ᠡᠭᠦᠨ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠰᠲ᠋ᠧᠮᠵᠢ ᠶᠢ ᠲᠡᠭᠦᠯᠳᠡᠷᠵᠢᠬᠦᠯᠬᠦ᠂ ᠤᠯᠠᠨ ᠳᠡᠰ ᠳᠠᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠭᠦᠷ ᠢ ᠪᠠᠶᠢᠭᠤᠯᠬᠤ᠂ ᠨᠡᠶᠢᠳᠡᠮ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠠᠬᠢᠭᠤᠯᠬᠤ ᠵᠡᠷᠭᠡ ᠪᠠᠷ ᠭᠤᠤᠯᠳᠠᠯᠭ᠎ᠠ ᠪᠤᠯᠭᠠᠨ᠎ᠠ ᠬᠡᠵᠤ ᠳᠤᠷᠠᠳᠪᠠ᠃      ᠬᠥᠲᠥᠯᠥᠭᠴᠢ᠄      ᠸᠠᠩ ᠡᠷᠬᠢᠯᠡᠭᠴᠢ ᠡ᠂ ᠲᠠᠷᠠᠭᠠᠴᠢ ᠶᠢᠨ ᠠᠯᠬᠤᠮ ᠳᠤ ᠦᠢᠯᠡᠴᠢᠯᠡᠭᠡᠨ ᠤ ᠦᠢᠯᠡᠰ ᠢ ᠪᠠᠷᠢᠮᠵᠢᠶᠠᠵᠢᠭᠤᠯᠬᠤ᠂ ᠲᠦᠷᠦᠯ ᠲᠡᠮᠲᠡᠭᠵᠢᠭᠦᠯᠬᠦ᠂ ᠪᠦᠭᠡᠭᠡᠨᠡᠷᠡᠨ ᠬᠦᠭᠵᠢᠭᠦᠯᠬᠦ ᠶᠢ ᠬᠡᠷᠬᠢᠨ ᠠᠬᠢᠭᠤᠯᠬᠤ ᠪᠠᠷ ᠪᠠᠶᠢᠭ᠎ᠠ ᠪᠤᠢ︖      ᠸᠠᠩ ᠶᠢᠨ ᠪᠦᠦ᠄      ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ ᠳᠠᠷᠠᠭᠠᠴᠢ ᠶᠢᠨ ᠠᠯᠬᠤᠮ ᠳᠤ ᠪᠢᠳᠡ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ᠂ ᠶᠠᠰᠤ ᠴᠢᠨᠠᠷ ᠤᠨ ᠲᠦᠷᠦᠯ ᠲᠡᠮᠳᠡᠭᠲᠦ ᠶᠢᠨ ᠪᠠᠶᠢᠭᠤᠯᠤᠯᠲᠠ᠂ ᠪᠠᠷᠢᠮᠵᠢᠶᠠᠵᠢᠭᠤᠯᠬᠤ ᠪᠠᠶᠢᠭᠤᠯᠤᠯᠲᠠ᠂ ᠭᠤᠤᠯᠳᠠᠯᠭᠠᠲᠤ ᠠᠵᠤ ᠠᠬᠤᠶᠢᠯᠠᠯ ᠢ ᠪᠤᠶᠢᠵᠢᠭᠤᠯᠬᠤ᠂ ᠪᠦᠭᠡᠭᠡᠨᠡᠷᠡᠭᠰᠡᠨ ᠣᠷᠣᠨ ᠤ ᠪᠠᠶᠢᠭᠤᠯᠤᠯᠲᠠ᠂ ᠭᠤᠤᠯᠳᠠᠯᠭᠠᠲᠤ ᠲᠥᠷᠥᠯ ᠵᠦᠢᠯ ᠤᠨ ᠪᠠᠶᠢᠭᠤᠯᠤᠯᠲᠠ ᠵᠡᠷᠭᠡ ᠵᠢᠷᠭᠤᠭᠠᠨ ᠶᠡᠭᠡ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠰᠢᠰᠲ᠋ᠧᠮᠵᠢᠲᠤ ᠢᠨᠵᠧᠨᠧᠷᠢᠩ ᠤᠨ ᠲᠠᠯ᠎ᠠ ᠪᠠᠷ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠦᠷᠦᠩᠭᠡ ᠶᠢᠨ ᠤᠷᠤᠭᠤᠯᠤᠯᠲᠠ ᠶᠢ ᠬᠥᠲᠥᠯᠥᠨ ᠵᠢᠯᠣᠭᠤᠳᠴᠤ᠂ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠳᠤᠷᠠᠳᠪᠠ᠃ ᠶᠠᠰᠤ ᠴᠢᠨᠠᠷ ᠤᠨ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠦᠢᠯᠡᠴᠢᠯᠡᠭᠡᠨ ᠤ ᠦᠢᠯᠡᠰ ᠤᠨ ᠲᠦᠷᠦᠯ ᠲᠡᠮᠳᠡᠭᠲᠦ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭᠲᠦ ᠶᠢ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠬᠤ᠂ ᠲᠦᠷᠦᠯ ᠲᠡᠮᠳᠡᠭᠲᠦ ᠶᠢ ᠨᠡᠭᠡᠭᠡᠨ ᠬᠥᠭᠵᠢᠭᠦᠯᠬᠦ ᠪᠠ ᠲᠦᠷᠦᠯ ᠲᠡᠮᠳᠡᠭᠲᠦ ᠶᠢ ᠡᠵᠡᠩᠨᠡᠬᠦ ᠡᠷᠴᠢᠮ ᠢᠶᠠᠨ ᠴᠢᠩᠭᠠᠷᠠᠭᠤᠯᠵᠤ ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠠ ᠭᠤᠣᠯᠯᠠᠬᠤ ᠥᠷᠢᠰᠥᠯᠳᠦᠬᠦ ᠬᠦᠴᠦᠨ ᠲᠠᠢ ᠳᠠᠪᠠᠭᠤᠯᠢᠭ ᠲᠦᠷᠦᠯ ᠲᠡᠮᠳᠡᠭᠲᠦ ᠠᠵᠤ ᠠᠬᠤᠶᠢᠯᠠᠯ ᠢ ᠲᠡᠳᠬᠦᠨ ᠪᠤᠶᠢᠵᠢᠭᠤᠯᠵᠤ᠂ ᠲᠦᠷᠦᠯ ᠲᠡᠮᠳᠡᠭᠲᠦ ᠶᠢᠨ ᠨᠡᠮᠡᠭᠳᠡᠯ ᠦᠷᠲᠡᠭ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡ᠂ ᠮᠡᠳᠡᠭᠡ ᠵᠠᠩᠭᠢ᠂ ᠰᠢᠨᠵᠢᠯᠡᠭᠡ ᠤᠬᠠᠭᠠᠨ ᠮᠡᠷᠭᠡᠵᠢᠯ᠂ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ᠂ ᠰᠣᠶᠣᠯ᠂ ᠠᠷᠠᠯᠵᠢᠶ᠎ᠠ ᠬᠤᠳᠠᠯᠳᠤᠭ᠎ᠠ᠂ ᠰᠠᠭᠤᠭᠠᠯᠢ ᠠᠷᠠᠳ ᠤᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠠᠬᠢ ᠪᠡᠷᠢᠮᠵᠢᠶᠠᠲᠤ ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠵᠤ᠂ ᠵᠢᠭᠤᠯᠴᠢᠯᠠᠯ ᠤᠨ ᠦᠵᠡᠮᠵᠢᠲᠦ ᠣᠷᠣᠨ ᠬᠢᠭᠡᠳ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠪᠡᠯᠡᠳᠬᠡᠮᠵᠢ᠂ ᠵᠢᠭᠤᠯᠴᠢᠯᠠᠯ ᠤᠨ ᠠᠮᠤᠷ ᠲᠦᠪᠰᠢᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ᠂ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠵᠠᠭᠤᠴᠢ᠂ ᠬᠤᠷᠠᠯ ᠦᠵᠡᠰᠬᠦᠯᠡᠩ ᠤᠨ ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠭᠡᠷ ᠤᠨ ᠠᠳᠠᠯ ᠠᠬᠤᠶ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠎ ᠶᠢᠨ ᠦᠢᠯᠡᠴᠢᠯᠡᠭᠡ᠂ ᠬᠡᠦᠬᠡᠳ ᠰᠠᠭᠠᠲᠠᠭᠤᠯᠬᠤ ᠦᠢᠯᠡᠴᠢᠯᠡᠭᠡ᠂ ᠠᠳᠠᠯ ᠠᠬᠤᠶ ᠶᠢᠨ ᠦᠢᠯᠡᠴᠢᠯᠡᠭᠡ ᠵᠡᠷᠭᠡ ᠭᠤᠤᠯᠳᠠᠯᠭᠠᠲᠤ ᠬᠦᠷᠢᠶ᠎ᠡ ᠴᠠᠷᠠᠭᠠᠨ ᠤ ᠲᠤᠭᠤᠷᠢᠨ ᠳᠤ᠂ ᠨᠢᠭᠡ ᠪᠦᠯᠦᠭ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠤᠭᠲᠠᠭᠠᠨ᠎ᠠ ᠭᠡᠵᠦ ᠳᠤᠷᠠᠳᠪᠠ᠃ ᠭᠤᠣᠯᠳᠠᠯᠭ᠎ᠠ ᠲᠠᠢ ᠠᠵᠤ ᠠᠬᠤᠶᠢᠯᠠᠯ ᠢ ᠪᠤᠶᠢᠵᠢᠭᠤᠯᠬᠤ ᠢᠨᠵᠧᠨᠧᠷᠢᠩ ᠲᠠᠯ᠎ᠠ ᠪᠠᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠲᠠᠲᠠᠨ ᠮᠠᠨ ᠤ ᠤᠷᠤᠨ ᠳᠤ ᠶᠡᠷᠦᠩᠬᠡᠶ ᠬᠡᠯᠲᠡᠰ ᠪᠤᠶᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠤᠭᠤᠯᠵᠤ᠂ ᠤᠯᠤᠰ ᠤᠨ ᠦᠮᠴᠢᠯᠡᠯᠲᠤ ᠠᠵᠤ ᠠᠬᠤᠶ ᠶᠢᠨ ᠤᠳᠤᠷᠢᠳᠬᠤ ᠦᠢᠯᠡᠳᠦᠯ ᠢ ᠪᠠᠳᠠᠷᠠᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ᠂ ᠨᠡᠶᠢᠲᠡ ᠶᠢᠨ ᠦᠮᠴᠢᠯᠡᠯᠲᠤ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠ ᠵᠢᠵᠢᠭ ᠦᠢᠯᠡᠴᠢᠯᠡᠭᠡᠨ ᠤ ᠠᠵᠤ ᠠᠬᠤᠶᠢᠯᠠᠯ ᠤᠨ ᠡᠷᠡᠭᠦᠯ ᠢᠶᠠᠷ ᠬᠦᠭᠵᠢᠬᠦ ᠶᠢ ᠲᠡᠳᠬᠦᠨ ᠳᠡᠮᠵᠢᠨ᠎ᠡ᠃ ᠪᠦᠭᠡᠭᠡᠨᠡᠷᠡᠭᠰᠡᠨ ᠣᠷᠣᠨ ᠤ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠡᠩᠬᠢᠴᠢᠯᠡᠯᠳᠠ᠂ ᠬᠤᠳᠠ ᠪᠠᠯᠭᠠᠰᠤᠵᠢᠯᠲᠠ ᠪᠠ ᠲᠠᠷᠢᠶᠠᠯᠠᠩ ᠮᠠᠯ ᠠᠵᠤ ᠠᠬᠤᠶ ᠶᠢᠨ ᠤᠳᠤᠬᠢᠴᠢᠯᠠᠯᠲᠠ ᠶᠢᠨ ᠪᠠᠶᠢᠭᠤᠯᠤᠯᠲᠠ ᠶᠢᠨ ᠲᠤᠭᠤᠷᠢᠨ ᠳᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠪᠦᠭᠡᠭᠡᠨᠡᠷᠡᠭᠰᠡᠨ ᠤᠷᠤᠨ ᠢ ᠲᠦᠷᠭᠡᠨ ᠪᠠᠶᠢᠭᠤᠯᠬᠤ ᠪᠠ ᠳᠡᠰ ᠵᠡᠷᠭᠡ ᠦᠰᠭᠡᠵᠦ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠦᠢᠯᠡᠴᠢᠯᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠲᠤᠰᠬᠠᠶ ᠮᠡᠷᠭᠡᠵᠢᠯ ᠤᠨ ᠦᠢᠯᠡᠴᠢᠯᠡᠭᠡ᠂ ᠵᠠᠭᠤᠴᠢ ᠦᠢᠯᠡᠴᠢᠯᠡᠭᠡ ᠵᠡᠷᠭᠡ ᠤᠯᠠᠨ ᠨᠡᠶᠢᠲᠡ ᠶᠢᠨ ᠲᠠᠪᠴᠠᠩ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠲᠥᠪᠯᠡᠷᠡᠬᠦ᠂ ᠠᠵᠤ ᠦᠢᠯᠡᠰ ᠤᠨ ᠴᠤᠭᠯᠠᠷᠠᠬᠤ᠂ ᠡᠬᠢ ᠰᠤᠷᠪᠤᠯᠵᠢ ᠶᠢ ᠬᠠᠮᠲᠤ ᠪᠠᠷ ᠬᠦᠷᠲᠡᠬᠦ᠂ ᠡᠵᠡᠩᠨᠡᠯᠲᠡ ᠶᠢ ᠡᠷᠴᠢᠮᠵᠢᠭᠦᠯᠬᠦ ᠶᠢ ᠠᠬᠢᠭᠤᠯᠤᠨ᠎ᠠ ᠭᠡᠵᠦ ᠳᠤᠷᠠᠳᠪᠠ᠃ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠦᠷᠦᠯ ᠵᠦᠢᠯ ᠢᠶᠠᠷ ᠳᠠᠶᠢᠴᠢᠯᠠᠨ ᠳᠠᠭᠠᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠬᠡᠪ ᠵᠠᠭᠪᠤᠷ ᠢ ᠪᠤᠳᠤᠯᠬᠢᠯᠠᠨ᠂ ᠲᠦᠷᠦᠯ ᠵᠦᠢᠯ ᠢᠶᠠᠷ ᠠᠵᠤ ᠦᠢᠯᠡᠰ ᠢ ᠦᠷᠭᠡᠳᠬᠡᠬᠦ᠂ ᠲᠦᠷᠦᠯ ᠵᠦᠢᠯ ᠢᠶᠠᠷ ᠠᠵᠤ ᠦᠢᠯᠡᠰ ᠢ ᠳᠡᠭᠡᠭᠰᠢᠯᠡᠭᠦᠯᠬᠦ᠂ ᠲᠥᠷᠥᠯ ᠵᠦᠢᠯ ᠢᠶᠠᠷ ᠠᠵᠤ ᠦᠢᠯᠡᠰ ᠢ ᠪᠦᠭᠡᠭᠡᠨᠡᠷᠡᠭᠦᠯᠵᠦ᠂ ᠰᠢᠨ᠎ᠡ ᠨᠡᠮᠡᠭᠳᠡᠯ ᠴᠡᠭ ᠢ ᠲᠦᠷᠭᠡᠨ ᠪᠣᠢ ᠪᠤᠯᠭᠠᠨ᠂ ᠦᠢᠯᠡᠴᠢᠯᠡᠭᠡᠨ ᠤ ᠦᠢᠯᠡᠰ ᠢ ᠬᠡᠪᠴᠢᠶᠡᠵᠢᠭᠦᠯᠬᠦ᠂ ᠲᠦᠷᠦᠯ ᠲᠡᠮᠳᠡᠭᠴᠢᠯᠡᠭᠦᠯᠬᠦ᠂ ᠦᠵᠦᠭᠦᠷᠯᠡᠬᠦ ᠬᠦᠭᠵᠢᠯᠲᠡ ᠶᠢ ᠳᠠᠶᠢᠴᠢᠯᠠᠨ ᠳᠠᠭᠠᠭᠤᠯᠤᠨ᠎ᠠ ᠭᠡᠵᠦ ᠳᠤᠷᠠᠳᠪᠠ᠃ ᠴᠢᠳᠠᠪᠤᠷᠢᠲᠠᠨ ᠤ ᠪᠠᠲᠤᠯᠠᠭ᠎ᠠ ᠶᠢᠨ ᠢᠨᠵᠧᠨᠧᠷᠢᠩ ᠤᠨ ᠲᠠᠯ᠎ᠠ ᠪᠠᠷ᠂ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠭᠰᠠᠨ ᠴᠢᠳᠠᠪᠤᠷᠢᠲᠠᠨ ᠤ ᠬᠡᠪᠴᠢᠶ᠎ᠡ ᠶᠢ ᠥᠷᠭᠡᠳᠬᠡᠨ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠳᠡᠭᠡᠳᠦ ᠮᠡᠷᠭᠡᠰᠢᠯ ᠤᠨ ᠴᠢᠳᠠᠪᠤᠷᠢᠲᠠᠨ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶᠢᠵᠢᠭᠤᠯᠵᠤ ᠡᠵᠡᠩᠨᠡᠨ ᠬᠠᠮᠢᠶᠠᠷᠬᠤ ᠪᠦᠯᠬᠦᠮ ᠨᠢᠭᠡᠴᠡ ᠶᠢ ᠪᠤᠶᠢᠵᠢᠭᠤᠯᠤᠨ᠎ᠠ᠃ ᠴᠢᠳᠠᠪᠤᠷᠢᠲᠠᠨ ᠢ ᠪᠣᠯᠪᠠᠰᠤᠷᠠᠭᠤᠯᠬᠤ ᠲᠤᠰᠬᠠᠶ ᠵᠦᠢᠯ ᠤᠨ ᠪᠡᠯᠡ ᠮᠥᠩᠭᠦ ᠶᠢ ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ᠴᠢᠳᠠᠪᠤᠷᠢᠲᠠᠨ ᠤ ᠤᠯᠠᠨ ᠨᠡᠶᠢᠲᠡ ᠶᠢᠨ ᠦᠢᠯᠡᠳᠦᠯᠭᠡ ᠪᠠᠷ ᠪᠣᠯᠪᠠᠰᠤᠷᠠᠭᠤᠯᠬᠤ ᠰᠠᠭᠤᠷᠢᠨ ᠵᠡᠷᠭᠡ ᠶᠢ ᠪᠠᠶᠢᠭᠤᠯᠬᠤ ᠵᠡᠷᠭᠡ ᠶᠢ ᠳᠡᠮᠵᠢᠨ᠎ᠡ ᠭᠡᠵᠦ ᠳᠤᠷᠠᠳᠴᠠᠢ᠃      ᠬᠥᠲᠥᠯᠥᠭᠴᠢ᠄      ᠸᠠᠩ ᠡᠷᠬᠢᠯᠡᠭᠴᠢ ᠡ᠂ ᠤᠯᠤᠰ ᠤᠨ ᠳᠣᠲᠣᠭᠠᠳᠤ ᠭᠠᠳᠠᠭᠠᠳᠤ᠂ ᠣᠷᠣᠨ ᠤ ᠳᠣᠲᠣᠷ᠎ᠠ ᠭᠠᠳᠠᠨᠠᠬᠢ ᠡᠯ᠎ᠡ ᠲᠠᠯ᠎ᠠ ᠶᠢᠨ ᠡᠬᠢ ᠪᠠᠶᠠᠯᠢᠭ ᠪᠠ ᠵᠠᠬ᠎ᠠ ᠳᠡᠯᠭᠡᠭᠦᠷ ᠢ ᠬᠡᠷᠬᠢᠨ ᠨᠡᠩ ᠰᠠᠶᠢᠨ ᠢᠶᠠᠷ ᠠᠰᠢᠭᠯᠠᠵᠤ᠂ ᠨᠡᠩ ᠲᠤᠮᠤ ᠬᠡᠪᠴᠢᠶ᠎ᠡ᠂ ᠨᠡᠩ ᠥᠨᠳᠥᠷ ᠬᠦᠷᠢᠶ᠎ᠡ ᠴᠠᠷᠠᠭ᠎ᠠ᠂ ᠨᠡᠩ ᠥᠨᠳᠥᠷ ᠲᠡᠰ ᠳᠠᠪᠬᠤᠷᠭᠠᠨ ᠳᠤ ᠦᠢᠯᠡᠴᠢᠯᠡᠭᠡᠨ ᠤ ᠦᠢᠯᠡᠰ ᠤᠨ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ ᠳᠤ ᠣᠷᠣᠯᠴᠠᠬᠤ ᠪᠤᠢ︖      ᠸᠠᠩ ᠶᠢᠨ ᠪᠦᠦ᠄      ᠪᠢᠳᠡ ᠦᠢᠯᠡᠴᠢᠯᠡᠭᠡᠨ ᠤ ᠦᠢᠯᠡᠰ ᠢ ᠴᠢᠯᠦᠭᠡᠲᠡᠢ ᠪᠤᠯᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠪᠠᠶᠢᠷᠢᠰᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠨᠡᠭᠡᠭᠡᠯᠲᠡᠲᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠬᠠᠮᠤᠭ ᠤᠨ ᠲᠡᠷᠢᠭᠦᠨ ᠳᠤ᠂ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠦᠷᠭᠡᠳᠬᠡᠵᠦ᠂ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠭᠦᠨᠵᠡᠭᠡᠶ ᠠᠭᠤᠰᠤᠯᠴᠠᠭᠤᠯᠤᠨ᠂ ᠦᠢᠯᠡᠴᠢᠯᠡᠭᠡᠨ ᠤ ᠦᠢᠯᠡᠰ ᠤᠨ ᠨᠡᠭᠡᠭᠡᠯᠲᠡᠲᠤ ᠲᠠᠪᠴᠠᠩ ᠤᠨ ᠠᠴᠢᠶᠠᠯᠠᠭᠴᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠤᠯᠴᠠᠭᠤᠯᠬᠤ ᠭᠤᠤᠯᠳᠠᠯᠭᠠᠲᠤ ᠲᠤᠷᠰᠢᠯᠲᠠ ᠶᠢᠨ ᠣᠷᠣᠨ ᠪᠤᠯᠬᠤ ᠮᠠᠨᠵᠤᠤᠷ᠂ ᠡᠷᠢᠶᠡᠨ ᠬᠤᠲᠠ ᠪᠣᠯᠤᠨ ᠬᠥᠯᠥᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠰᠤᠨᠳᠠᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠲᠤᠭᠤᠷᠢᠭ ᠤᠨ ᠪᠠᠶᠢᠭᠤᠯᠤᠯᠲᠠ ᠶᠢ ᠠᠬᠢᠭᠤᠯᠤᠨ᠂ ᠮᠠᠨᠵᠤᠤᠷ ᠲᠠᠬᠢ ᠳᠤᠮᠳᠠᠳᠤ ᠣᠷᠣᠰ ᠮᠣᠩᠭᠤᠯ ᠤᠨ ᠬᠢᠯᠢ ᠰᠤᠨᠳᠠᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠲᠤᠭᠤᠷᠢᠭ ᠢ ᠭᠤᠤᠯᠴᠢᠯᠠᠨ ᠮᠡᠳᠡᠭᠦᠯᠵᠦ ᠪᠠᠶᠢᠭᠤᠯᠬᠤ ᠠᠬᠢᠴᠠ ᠶᠢ ᠲᠦᠷᠭᠡᠳᠬᠡᠨ᠎ᠡ᠃ ᠳᠤᠮᠳᠠᠳᠤ ᠮᠣᠩᠭᠤᠯ ᠤᠨ ᠦᠵᠡᠭᠦᠯᠦᠯᠭᠡ ᠶᠢᠨ ᠴᠤᠭᠯᠠᠭᠠᠨ᠂ ᠳᠤᠮᠳᠠᠳᠤ ᠮᠣᠩᠭᠤᠯ ᠤᠷᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠵᠦᠪᠳᠡᠯᠴᠡᠬᠦ ᠬᠤᠷᠠᠯ᠂ ᠳᠤᠮᠳᠠᠳᠤ ᠤᠯᠤᠰ ︵ᠮᠠᠨᠵᠤᠤᠷ︶᠎ ᠤᠨ ᠤᠮᠠᠷᠠᠲᠤ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ ᠭᠠᠳᠠᠭᠠᠳᠤ ᠪᠡᠯᠡ ᠮᠥᠩᠭᠦ ᠶᠢ ᠠᠰᠢᠭᠯᠠᠬᠤ ᠦᠢᠯᠡᠴᠢᠯᠡᠭᠡᠨ ᠤ ᠦᠢᠯᠡᠰ ᠤᠨ ᠬᠦᠷᠢᠶ᠎ᠡ ᠴᠠᠷᠠᠭ᠎ᠠ ᠶᠢ ᠦᠷᠭᠡᠳᠬᠡᠵᠦ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠤᠯᠲᠠ ᠶᠢ ᠲᠠᠲᠠᠵᠤ ᠪᠠᠶᠢᠭᠠᠳ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠳ ᠢ ᠵᠤᠷᠢᠭᠵᠢᠭᠤᠯᠵᠤ ᠪᠠᠶᠢᠭᠠᠳ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ ᠳᠤ ᠪᠡᠯᠡ ᠤᠷᠤᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠭᠠᠳᠠᠭᠠᠳᠤ ᠪᠡᠯᠡ ᠶᠢ ᠠᠰᠢᠭᠯᠠᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠭᠠᠳᠠᠭᠠᠳᠤ ᠶᠢᠨ ᠳᠡᠭᠡᠳᠦ ᠳᠡᠰ ᠤᠨ ᠴᠢᠳᠠᠪᠤᠷᠢᠲᠠᠨ ᠢ ᠤᠷᠤᠭᠤᠯᠤᠨ᠂ ᠭᠠᠳᠠᠭᠠᠳᠤ ᠶᠢᠨ ᠬᠠᠷᠭᠠᠯᠵᠠᠲᠤ ᠵᠢᠭᠡᠯᠡᠯᠭᠡ ᠪᠠ ᠤᠯᠠᠨ ᠤᠯᠤᠰ ᠤᠨ ᠬᠤᠳᠠᠯᠳᠤᠭᠠᠨ ᠤ ᠵᠢᠭᠡᠯᠡᠯᠭᠡ ᠶᠢ ᠪᠦᠲᠦᠮᠵᠢᠲᠡᠶ ᠪᠠᠷ ᠠᠰᠢᠭᠯᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠤᠯᠲᠠ ᠶᠢ ᠵᠤᠷᠢᠭᠵᠢᠭᠤᠯᠵᠤ ᠪᠠᠶᠢᠭᠠᠳ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠪᠠᠶᠢᠭᠤᠯᠤᠭᠤᠯᠵᠤ᠂ ᠠᠳᠠᠯ ᠦᠢᠯᠡᠰ ᠴᠤᠭᠴᠠᠯᠠᠬᠤ ᠳᠤ ᠪᠡᠯᠡ ᠤᠷᠤᠭᠤᠯᠬᠤ ᠲᠤᠭᠲᠠᠭᠠᠯ ᠢ ᠪᠦᠷᠢᠨᠰᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠤᠯᠲᠠ ᠶᠢ ᠵᠣᠬᠢᠰᠲᠠᠶ ᠪᠠᠷ ᠬᠥᠲᠥᠯᠥᠨ ᠵᠢᠯᠣᠭᠤᠳᠴᠤ ᠪᠠᠶᠢᠭᠠᠳ ᠪᠡᠯᠡ ᠲᠤᠬᠢᠷᠠᠭᠤᠯᠭ᠎ᠠ ᠳᠠᠭᠠᠭᠠᠯᠲᠠ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠬᠤᠯᠪᠤᠭᠳᠠᠬᠤ ᠠᠵᠤ ᠦᠢᠯᠡᠰ ᠢ ᠬᠦᠭᠵᠢᠭᠦᠯᠦᠨ᠎ᠡ᠃ ︽ᠭᠠᠳᠠᠭᠰᠢ ᠭᠠᠷᠬᠤ︾ ᠪᠠ ︽ᠰᠢᠯᠢᠳᠡᠭ ᠢ ᠣᠷᠣᠭᠤᠯᠵᠤ ᠰᠢᠯᠢᠳᠡᠭ ᠢ ᠭᠠᠷᠭᠠᠬᠤ︾ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠠᠵᠤ ᠠᠬᠤᠶᠢᠯᠠᠯ ᠡᠵᠡᠨ ᠮᠡᠳᠡᠵᠦ ᠰᠢᠢᠳᠪᠦᠷᠢᠲᠦ ᠪᠤᠳᠤᠯᠭ᠎ᠠ ᠲᠤᠭᠲᠠᠭᠠᠬᠤ ᠵᠠᠷᠴᠢᠮ ᠶᠣᠰᠣᠭᠠᠷ᠂ ᠡᠯ᠎ᠡ ᠲᠦᠷᠦᠯ ᠤᠨ ᠦᠮᠴᠢᠯᠡᠯᠲᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠦ ᠬᠢᠯᠢ ᠶᠢᠨ ᠭᠠᠳᠠᠨ᠎ᠠ ᠪᠡᠯᠡ ᠤᠷᠤᠭᠤᠯᠬᠤ ᠶᠢ ᠡᠮᠬᠢ ᠵᠢᠷᠤᠮ ᠲᠠᠢ ᠪᠠᠷ ᠦᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠴᠢᠯᠡᠭᠡ ᠶᠢᠨ ᠭᠠᠳᠠᠭᠠᠳᠤ ᠭᠠᠷᠭᠠᠯᠲᠠ ᠶᠢ ᠦᠷᠭᠡᠳᠬᠡᠨ᠎ᠡ᠃ ᠳᠠᠷᠠᠭᠠᠯᠠᠪᠠᠯ᠂ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠳᠤ ᠢᠳᠡᠪᠬᠢᠲᠡᠶ ᠠᠭᠤᠰᠤᠯᠴᠠᠵᠤ᠂ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠡᠭᠦᠯᠡᠨ ᠪᠤᠳᠤᠯᠳᠠ ᠶᠢᠨ ᠦᠢᠯᠡᠴᠢᠯᠡᠭᠡ᠂ ᠰᠢᠨᠵᠢᠯᠡᠭᠡ ᠤᠬᠠᠭᠠᠨ ᠮᠡᠷᠭᠡᠵᠢᠯ᠂ ᠰᠣᠶᠣᠯ ᠵᠡᠷᠭᠡ ᠠᠵᠤ ᠦᠢᠯᠡᠰ ᠤᠨ ᠰᠢᠯᠵᠢᠬᠦ ᠲᠠᠨᠢ ᠰᠠᠨᠠᠭᠠᠴᠢᠯᠠᠭ᠎ᠠ ᠠᠴᠠ ᠪᠠᠨ  ᠵᠤᠯᠭᠠᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠢ ᠢᠳᠡᠪᠬᠢᠲᠡᠢ ᠪᠠᠷ ᠲᠠᠲᠠᠵᠤ ᠪᠠᠶᠢᠭᠠᠳ ᠮᠠᠨ ᠤ ᠣᠷᠣᠨ ᠳᠤ ᠭᠠᠵᠠᠷ ᠣᠷᠣᠨ ᠳᠤ ᠶᠡᠷᠦᠩᠬᠡᠶ ᠬᠡᠯᠲᠡᠰ᠂ ᠰᠤᠳᠤᠯᠤᠨ ᠬᠦᠭᠵᠢᠭᠦᠯᠬᠦ ᠭᠠᠵᠠᠷ ᠪᠠ ᠪᠣᠷᠣᠯᠠᠭᠤᠯᠬᠤ ᠭᠠᠵᠠᠷ ᠪᠠᠶᠢᠭᠤᠯᠤᠨ᠎ᠠ᠃ ᠲᠢᠶᠠᠨᠵᠢᠨ ᠤ ᠴᠢᠯᠥᠭᠡᠲᠦ ᠠᠷᠠᠯᠵᠢᠶᠠᠨ ᠤ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠣᠷᠣᠨ ᠤ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠤᠨᠴᠤᠭᠤᠢ ᠣᠷᠣᠨ ᠪᠣᠯᠤᠨ ᠭᠠᠶᠢᠯᠢ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠪᠠᠶᠢᠭᠤᠯᠬᠤ ᠶᠢ ᠠᠬᠢᠭᠤᠯᠤᠨ᠎ᠠ᠃ ᠤᠶᠢᠷᠠᠯᠴᠠᠬᠢ ᠮᠤᠵᠢ ᠣᠷᠣᠨ ᠲᠠᠢ ᠬᠠᠮᠲᠤᠷᠠᠯᠴᠠᠬᠤ ᠪᠠᠨ ᠴᠢᠩᠭᠠᠳᠬᠠᠵᠤ᠂ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠶ ᠶᠢᠨ ᠣᠷᠣᠨ ᠤ ᠬᠥᠭᠵᠢᠯᠲᠡ ᠶᠢ ᠶᠡᠬᠡᠪᠡᠷ ᠠᠬᠢᠭᠤᠯᠤᠨ᠂ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ︶᠎ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠤᠷᠤᠨ ᠤ ᠬᠠᠮᠲᠤᠷᠠᠯᠴᠠᠭᠠᠨ ᠤ ᠣᠷᠣᠨ ᠤ ᠪᠠᠶᠢᠭᠤᠯᠤᠯᠲᠠ ᠶᠢ ᠲᠦᠷᠭᠡᠳᠬᠡᠨ᠂ ᠵᠡᠭᠦᠨ ᠬᠤᠶᠢᠲᠤ ᠶᠢᠨ ᠠᠵᠤ ᠠᠬᠤᠶ ᠶᠢᠨ ᠣᠷᠣᠨ ᠤ ᠬᠦᠭᠵᠢᠯᠲᠡ ᠳᠤ ᠵᠡᠭᠦᠨ ᠪᠡᠶ᠎ᠡ ᠶᠢᠨ ᠠᠶᠢᠮᠠᠭ ᠬᠤᠲᠠ ᠶᠢ ᠠᠭᠤᠰᠬᠠᠬᠤ ᠶᠢ ᠠᠬᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠮᠡᠳᠡᠭᠡ ᠵᠠᠩᠭᠢ ᠵᠡᠷᠭᠡ ᠬᠦᠷᠢᠶ᠎ᠡ ᠴᠠᠷᠠᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠤᠨ᠂ ︽ᠳᠤᠮᠳᠠᠳᠤ ᠧᠦ᠋ᠷᠣᠫᠠ ᠶᠢᠨ ᠡᠭᠡᠯᠵᠢᠨ ᠤ ᠴᠤᠪᠤᠭ᠎ᠠ ᠲᠡᠷᠭᠡ︾᠎ ᠶᠢᠨ ᠬᠦᠴᠦᠨ ᠢ ᠠᠰᠢᠭᠯᠠᠵᠤ ᠪᠠᠷᠠᠭᠠᠨ ᠤ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠠᠮᠲᠤᠷᠠᠨ ᠠᠵᠢᠯᠯᠠᠬᠤ ᠶᠢ ᠠᠬᠢᠭᠤᠯᠤᠨ᠎ᠠ᠃      ᠬᠥᠲᠥᠯᠥᠭᠴᠢ᠄      ᠸᠠᠩ ᠡᠷᠬᠢᠯᠡᠭᠴᠢ ᠡ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠰᠠᠭᠠᠳ ᠢ ᠬᠡᠷᠬᠢᠨ ᠠᠷᠢᠯᠭᠠᠬᠤ ᠪᠤᠢ︖      ᠸᠠᠩ ᠶᠢᠨ ᠪᠦᠦ᠄      ᠪᠢᠳᠡ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠦᠢᠯᠡᠰ ᠤᠨ ᠬᠦᠷᠢᠶ᠎ᠠ ᠴᠠᠷᠠᠭᠠᠨ ᠳᠠᠬᠢ ᠥᠭᠡᠷᠡᠴᠢᠯᠡᠯᠲᠡ ᠶᠢ ᠶᠡᠬᠡᠪᠡᠷ ᠠᠬᠢᠭᠤᠯᠤᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠰᠠᠭᠠᠳ ᠢ ᠠᠷᠢᠯᠭᠠᠨ᠎ᠠ ᠭᠡᠵᠦ ᠳᠤᠷᠠᠳᠪᠠ᠃ ᠬᠥᠭᠵᠢᠯᠲᠡ ᠶᠢᠨ ᠲᠥᠷᠥ ᠶᠢᠨ ᠪᠣᠳᠣᠯᠭ᠎ᠠ ᠳᠤ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠠᠰᠢᠭᠲᠠᠶ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠨᠢᠭᠡ ᠳᠤ᠂ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡᠳᠦᠯᠲᠡᠶ᠂ ᠴᠢᠯᠦᠭᠡᠲᠡᠢ᠂ ᠦᠷᠢᠰᠦᠯᠳᠦᠬᠦ᠂ ᠡᠮᠬᠢ ᠵᠢᠷᠤᠮ ᠲᠠᠢ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠢ ᠪᠠᠶᠢᠭᠤᠯᠵᠤ᠂ ᠵᠠᠰᠠᠭ ᠵᠠᠬᠢᠷᠭᠠᠨ ᠤ ᠭᠠᠭᠴᠠᠭᠠᠷ ᠡᠵᠡᠮᠰᠢᠯ᠂ ᠠᠵᠢᠯ ᠲᠦᠷᠦᠯ ᠤᠨ ᠭᠠᠭᠴᠠᠭᠠᠷ ᠡᠵᠡᠮᠰᠢᠯ ᠪᠠ ᠣᠷᠣᠨ ᠨᠤᠲᠤᠭ ᠤᠨ ᠬᠠᠮᠠᠭᠠᠯᠠᠬᠤ ᠦᠵᠡᠯ ᠢ ᠠᠷᠢᠯᠭᠠᠵᠤ ᠂ ᠨᠢᠭᠡᠳᠦᠯᠲᠡᠶ ᠵᠠᠬ᠎ᠠ ᠳᠡᠯᠭᠡᠭᠦᠷ ᠪᠣᠯᠣᠨ ᠲᠥᠪ ᠭᠤᠣᠯᠴᠢ ᠦᠷᠢᠰᠦᠯᠳᠦᠭᠡᠨ ᠪᠦᠷᠢᠯᠳᠦᠬᠦ ᠶᠢ ᠬᠠᠷᠰᠢᠯᠠᠵᠦ ᠪᠠᠶᠢᠭ᠎ᠠ ᠡᠯ᠎ᠡ ᠵᠦᠢᠯ ᠤᠨ ᠲᠣᠭᠲᠠᠭᠠᠯ ᠢ ᠦᠭᠡᠶᠢᠰᠬᠡᠬᠦ ᠶᠢᠨ ᠬᠠᠮᠲᠤ ᠬᠦᠴᠦᠨ ᠦᠬᠡᠢ ᠪᠣᠯᠭᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠬᠡᠷᠡᠭ ᠤᠨ ᠳᠤᠮᠳᠠᠬᠢ ᠪᠠ ᠲᠠᠷᠠᠭᠠᠬᠢ ᠬᠢᠨᠠᠯᠲᠠ ᠬᠠᠮᠢᠶᠠᠷᠤᠯᠳ᠋ᠨ ᠶᠢ ᠴᠢᠩᠭᠠᠳᠬᠠᠨ᠎ᠠ᠃ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠪᠣᠯᠣᠨ ᠬᠤᠳᠠᠯᠳᠤᠭᠠᠨ ᠤ ᠵᠠᠭᠪᠤᠷ ᠢ ᠰᠢᠨᠡᠴᠢᠯᠡᠨ᠂ ᠦᠢᠯᠡᠴᠢᠯᠡᠭᠡᠨ ᠤ ᠬᠠᠩᠭᠠᠯᠭ᠎ᠠ ᠶᠢ ᠰᠠᠶᠢᠵᠢᠷᠠᠭᠤᠯᠵᠤ᠂ ᠴᠤᠬᠠᠭ ᠦᠢᠯᠡᠴᠢᠯᠡᠭᠡ ᠶᠢ ᠨᠡᠮᠡᠭᠳᠡᠭᠦᠯᠦᠨ᠂ ᠰᠢᠨ᠎ᠡ ᠮᠠᠶ᠋ᠢᠭ ᠤᠨ ᠦᠢᠯᠡᠴᠢᠯᠡᠭᠡ ᠶᠢ ᠨᠡᠭᠡᠭᠡᠨ ᠬᠥᠭᠵᠢᠭᠦᠯᠦᠨ᠎ᠡ᠃ ᠤᠯᠤᠰ ᠤᠨ ᠦᠮᠴᠢᠯᠡᠯᠲᠦ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠠᠬᠢᠯᠭᠠᠨ ᠬᠤᠯᠪᠣᠭ᠎ᠠ᠂ ᠵᠠᠮ ᠬᠠᠷᠢᠯᠴᠠᠭ᠎ᠠ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡ ᠵᠡᠷᠭᠡ ᠠᠶᠠᠨᠳᠠᠭᠠᠨ ᠭᠠᠭᠴᠠᠭᠠᠷ ᠡᠵᠡᠮᠰᠢᠬᠦ ᠠᠵᠢᠯ ᠲᠦᠷᠦᠯ ᠤᠨ ᠬᠢᠨ ᠤ ᠥᠷᠢᠰᠥᠯᠳᠦᠭᠡᠨ ᠤ ᠴᠢᠨᠠᠷᠲᠠᠶ ᠲᠤᠬᠠᠶᠢᠯᠠᠭᠰᠠᠨ ᠠᠵᠢᠯ ᠢᠶᠠᠨ ᠴᠢᠯᠥᠭᠡᠲᠡᠶ ᠪᠣᠯᠭᠠᠬᠤ ᠶᠢ ᠠᠬᠢᠭᠤᠯᠵᠤ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠠᠵᠢᠯ ᠦᠢᠯᠡᠰ ᠤᠨ ᠨᠢᠭᠡᠴᠡ ᠶᠢ ᠲᠦᠷᠦᠯ ᠬᠤᠪᠢᠶᠠᠵᠤ ᠦᠭᠡᠷᠡᠴᠢᠯᠡᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠠᠯᠭᠠᠨ ᠲᠤᠰᠠᠭᠠᠷᠯᠠᠬᠤ ᠪᠠ ᠭᠤᠣᠯᠯᠠᠬᠤ ᠪᠣᠰᠤ ᠲᠤᠬᠠᠶᠢᠯᠠᠭᠰᠠᠨ ᠠᠵᠢᠯ ᠢ ᠨᠢ ᠭᠠᠳᠠᠭᠰᠢ ᠳᠠᠭᠠᠭᠠᠴᠢᠯᠠᠭᠤᠯᠬᠤ ᠶᠢ ᠬᠥᠲᠦᠯᠦᠨ ᠵᠢᠯᠣᠭᠤᠳᠴᠤ᠂ ᠦᠢᠯᠡᠴᠢᠯᠡᠭᠡᠨ ᠤ ᠦᠢᠯᠡᠰ ᠢ ᠲᠤᠰᠬᠠᠶᠢᠵᠢᠬᠤ᠂ ᠨᠡᠶᠢᠭᠡᠮᠴᠢᠯᠡᠬᠦ ᠬᠠᠨᠳᠤᠰᠢ ᠲᠡᠰᠢ ᠬᠥᠭᠵᠢᠭᠦᠯᠬᠦ ᠶᠢ ᠠᠬᠢᠭᠤᠯᠤᠨ᠎ᠠ᠃ ᠬᠥᠬᠡᠬᠤᠲᠠ ᠶᠢᠨ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠤᠨ ᠰᠢᠨ᠎ᠡ ᠨᠢᠭᠡᠨ ᠡᠭᠡᠯᠵᠢᠨ ᠤ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢ ᠴᠢᠷᠮᠠᠶᠢᠨ ᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠲᠤᠷᠰᠢᠯᠭ᠎ᠠ ᠪᠠᠨ ᠳ᠋ᠦᠩᠨᠡᠨ ᠲᠦᠭᠡᠮᠡᠯᠵᠢᠭᠦᠯᠦᠨ᠎ᠡ᠃ ᠬᠤᠶᠠᠷ ᠲᠤ᠂ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠲᠦᠷᠦ ᠶᠢᠨ ᠪᠤᠳᠤᠯᠭ᠎ᠠ ᠳᠤ ᠰᠢᠨ᠎ᠡ ᠶᠢ ᠡᠭᠦᠳᠴᠦ᠂ ᠭᠤᠣᠯᠳᠠᠭᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ᠂ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ᠂ ᠭᠠᠵᠠᠷ ᠰᠢᠷᠦᠢ ᠶᠢᠨ ᠲᠥᠷᠥ ᠶᠢᠨ ᠪᠣᠳᠣᠯᠭ᠎ᠠ᠂ ᠪᠡᠯᠡ ᠳᠤᠬᠢᠷᠠᠭᠤᠯᠭ᠎ᠠ ᠶᠢᠨ ᠠᠷᠭ᠎ᠠ ᠵᠠᠮ ᠢ ᠦᠷᠭᠡᠳᠬᠡᠬᠦ ᠲᠠᠯ᠎ᠠ ᠪᠠᠷ ᠰᠢᠨ᠎ᠡ ᠶᠢ ᠡᠭᠦᠳᠴᠦ ᠲᠡᠭᠦᠯᠳᠡᠷᠵᠢᠭᠦᠯᠦᠨ᠎ᠡ᠃ ᠵᠢᠱᠢᠶᠡᠯᠡᠪᠡᠯ᠄ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠳᠤ ᠰᠢᠨ᠎ᠡ ᠶᠢ ᠡᠭᠦᠳᠬᠦ ᠲᠠᠯ᠎ᠠ ᠪᠠᠷ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠤᠯᠤᠰ ᠤᠨ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠤᠨ ᠪᠡᠯᠡ ᠮᠦᠩᠭᠦ ᠶᠢ ᠬᠡᠷᠡᠭᠯᠡᠬᠦ ᠠᠷᠭ᠎ᠠ ᠬᠡᠯᠪᠡᠷᠢ ᠶᠢ ᠰᠢᠨᠡᠴᠢᠯᠡᠨ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠭᠦᠷᠦᠩᠭᠡ ᠶᠢᠨ ᠬᠠᠮᠲᠤᠷᠠᠯᠴᠠᠭᠠᠨ ︵ppp︶᠎ ᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠂ ᠠᠵᠤ ᠦᠢᠯᠡᠰ ᠤᠨ ᠰᠠᠭᠤᠷᠢ ᠮᠥᠩᠭᠦ ᠵᠡᠷᠭᠡ ᠵᠠᠬ᠎ᠠ ᠳᠡᠯᠭᠡᠭᠦᠷᠴᠢᠯᠡᠭᠰᠡᠨ ᠪᠡᠯᠡ ᠳᠤᠬᠢᠷᠠᠭᠤᠯᠭ᠎ᠠ ᠶᠢᠨ ᠠᠷᠭ᠎ᠠ ᠪᠠᠷᠢᠯ ᠢ ᠬᠡᠷᠡᠭᠯᠡᠵᠦ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠨ᠎ᠡ᠃      ᠬᠥᠲᠥᠯᠥᠭᠴᠢ᠄      ᠸᠠᠩ ᠡᠷᠬᠢᠯᠡᠭᠴᠢ ᠡ᠂ ︽13·5︾᠎ ᠶᠢᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠡᠷᠬᠢᠨ ᠪᠠᠲᠤᠯᠠᠬᠤ ᠪᠤᠢ︖      ᠸᠠᠩ ᠶᠢᠨ ᠪᠦᠦ᠄      ᠪᠢᠳᠡ ᠲᠥᠯᠥᠪᠵᠢᠭᠦᠯᠭᠡ ᠶᠢᠨ ᠰᠡᠭᠦᠯᠴᠢ ᠶᠢᠨ ᠪᠦᠯᠦᠭ ᠲᠤ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ᠂ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠦᠬᠦ ᠨᠡᠶᠢᠭᠡᠮ ᠤᠨ ᠢᠳᠡᠪᠬᠢᠵᠢᠯ ᠢ ᠳᠠᠶᠢᠴᠢᠯᠠᠵᠦ᠂ ᠲᠥᠯᠥᠪᠵᠢᠭᠦᠯᠭᠡ ᠶᠢᠨ ᠡᠭᠦᠷᠭᠡ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠪᠠᠷ ᠳᠤᠷᠠᠳᠪᠠ᠃ ᠶᠠᠭᠤᠨ ᠤ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠵᠤ ᠦᠢᠯᠡᠰ ᠤᠨ ᠠᠵᠢᠯ ᠎ ᠤᠨ ᠤᠳᠤᠷᠢᠳᠬᠤ ᠳᠤᠭᠤᠶᠢᠯᠠᠩ ᠨᠢ ᠬᠤᠷᠸ᠎ᠠ ᠵᠢᠯᠤᠭᠤᠳᠤᠯᠭ᠎ᠠ ᠪᠣᠯᠣᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠠᠮᠵᠢᠯᠲᠠ ᠪᠦᠲᠦᠮᠵᠢ ᠭᠠᠷᠭᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ ᠪᠣᠯᠤᠨ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠣᠭᠲᠠᠭᠠᠬᠤ ᠪᠦᠭᠡᠳ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠡᠳᠦᠷ ᠲᠤᠳᠦᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠭᠤᠣᠯ ᠤᠳᠤᠷᠢᠳᠤᠯᠭ᠎ᠠ ᠠᠴᠠ ᠭᠠᠷᠳᠠᠨ ᠰᠤᠳᠤᠯᠵᠦ᠂ ᠭᠠᠷᠳᠠᠨ ᠪᠠᠶᠢᠷᠢᠯᠠᠭᠤᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠵᠦ᠂ ᠬᠠᠷᠠᠯᠲᠠᠲᠤ ᠡᠭᠦᠷᠭᠡ ᠶᠢ ᠪᠣᠳᠠᠲᠠᠶᠢᠵᠢᠭᠤᠯᠬᠤ ᠶᠢ ᠥᠨᠡᠨᠬᠦ ᠪᠠᠲᠤᠯᠠᠨ᠎ᠠ᠃ ᠠᠵᠢᠯ ᠲᠦᠷᠦᠯ ᠤᠨ ᠨᠡᠶᠢᠭᠡᠮᠯᠢᠭ ᠲᠠᠬᠢ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠠᠵᠢᠯ ᠳᠦᠷᠦᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠳᠠᠷᠠᠭ᠎ᠠ ᠨᠢ᠂ ᠦᠢᠯᠡᠴᠢᠯᠡᠭᠡᠨ ᠤ ᠦᠢᠯᠡᠰ ᠤᠨ ᠰᠢᠯᠭᠠᠨ ᠬᠢᠨᠠᠬᠤ ᠲᠥᠷᠢᠮ ᠢ ᠪᠦᠷᠢᠨᠰᠢᠭᠦᠯᠵᠦ᠂ ᠤᠳᠤᠷᠢᠳᠬᠤ ᠺᠠᠳ᠋ᠷ ᠤᠨ ᠠᠵᠢᠯ ᠤᠨ ᠪᠣᠳᠠᠲᠠᠢ ᠪᠦᠲᠦᠮᠵᠢ ᠶᠢᠨ ᠰᠢᠯᠭᠠᠠ ᠬᠢᠨᠠᠯᠲᠠ ᠳᠠᠬᠢ ᠦᠢᠯᠡᠴᠢᠯᠡᠭᠡᠨ ᠤ ᠦᠢᠯᠡᠰ ᠤᠨ ᠡᠷᠬᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠯᠲᠠ ᠪᠠᠶᠢᠴᠠᠭᠠᠯᠲᠠ ᠦᠷᠨᠢᠭᠦᠯᠦᠨ᠎ᠡ᠃ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠪᠠᠶᠢᠳᠠᠯ ᠤᠨ ᠦᠨᠡᠯᠡᠨ ᠵᠢᠱᠢᠬᠦ ᠰᠢᠰᠲ᠋ᠧᠮᠵᠢ ᠶᠢ ᠪᠥᠷᠢᠨᠰᠢᠭᠦᠯᠵᠦ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ᠂ ᠨᠡᠶᠢᠭᠡᠮ ᠠᠴᠠ ᠬᠢᠨᠠᠯᠲᠠ ᠲᠠᠯᠪᠢᠭᠰᠠᠨ ᠦᠨᠡᠯᠡᠯᠲᠡ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠨ᠎ᠡ᠃ ᠳᠠᠬᠢᠪᠠᠯ᠂ ᠦᠢᠯᠡᠴᠢᠯᠡᠭᠡᠨ ᠤ ᠦᠢᠯᠡᠰ ᠤᠨ ᠪᠦᠷᠢᠳᠬᠡᠯ ᠤᠨ ᠭᠦᠢᠴᠡᠳᠬᠡᠯ ᠲᠣᠭᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠲᠦᠷᠢᠮ ᠢ ᠲᠡᠭᠦᠯᠳᠡᠷᠵᠢᠭᠦᠯᠦᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠴᠢᠩᠭᠠᠳᠬᠠᠵᠤ᠂ ᠤᠯᠠᠷᠢᠯ᠂ ᠣᠨ ᠤ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠬᠤᠳᠠᠯᠳᠤᠭᠠᠨ ᠤ ᠰᠢᠨ᠎ᠡ ᠵᠠᠭᠪᠤᠷ ᠢ ᠪᠦᠷᠢᠳᠬᠡᠬᠦ ᠠᠵᠢᠯ ᠢ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠤᠰᠬᠠᠨ᠎ᠠ᠃ ᠦᠢᠯᠡᠴᠢᠯᠡᠭᠡᠨ ᠤ ᠦᠢᠯᠡᠰ ᠤᠨ ᠭᠤᠣᠯᠳᠠᠯᠭᠠᠲᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠣᠯᠪᠠᠰᠤᠷᠠᠭᠤᠯᠤᠯ ᠬᠢᠭᠡᠳ ᠬᠢᠨᠠᠨ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠲᠤᠰᠬᠠᠵᠤ᠂ ᠬᠡᠪᠴᠢᠶᠡᠵᠢᠯ ᠠᠴᠠ ᠳᠣᠭᠤᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠦᠨ᠎ᠡ᠃ ᠡᠴᠦᠰ ᠲᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠦᠢᠯᠡᠴᠢᠯᠡᠭᠡᠨ ᠤ ᠦᠢᠯᠡᠰ ᠤᠨ ᠤᠬᠠᠭᠤᠯᠭ᠎ᠠ ᠶᠢᠨ ᠰᠠᠷ᠎ᠠ᠂ ᠰᠤᠷᠪᠤᠯᠵᠢᠯᠠᠯ᠂ ᠲᠤᠰᠬᠠᠶ ᠰᠡᠳᠦᠪᠲᠦ ᠰᠤᠷᠪᠤᠯᠵᠢᠯᠠᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ ᠂ ᠰᠢᠨ᠎ᠡ ᠵᠠᠭᠪᠤᠷ ᠪᠣᠯᠤᠨ ᠰᠢᠨ᠎ᠡ ᠮᠡᠷᠭᠡᠵᠢᠯ ᠢ ᠥᠷᠭᠡᠨ ᠢᠶᠠᠷ ᠤᠬᠠᠭᠤᠯᠵᠤ᠂ ᠦᠢᠯᠡᠴᠢᠯᠡᠭᠡᠨ ᠤ ᠦᠢᠯᠡᠰ ᠤᠨ ᠬᠦᠷᠢᠶ᠎ᠡ ᠴᠠᠷᠠᠭᠠᠨ ᠳᠠᠬᠢ ᠨᠡᠷ᠎ᠡ ᠠᠯᠳᠠᠷᠰᠢᠭᠰᠠᠨ ᠠᠵᠤ ᠠᠬᠤᠶᠢᠯᠠᠯ᠂ ᠴᠣᠣᠲᠤ ᠲᠠᠸᠠᠷ ᠤᠨ ᠲᠡᠮᠳᠡᠭᠲᠦ ᠪᠣᠯᠤᠨ ᠨᠡᠷᠡᠲᠦ ᠱᠣᠰᠢᠭ᠎ᠠ ᠲᠠᠢ ᠦᠢᠯᠡᠳᠬᠦᠨ ᠢ ᠤᠬᠠᠭᠤᠯᠤᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ ᠡᠯ᠎ᠡ ᠭᠠᠵᠠᠷ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠨᠡᠶᠢᠲᠡᠯᠢᠭ ᠲᠤᠷᠰᠢᠯᠭ᠎ᠠ ᠶᠢ ᠤᠬᠠᠭᠤᠯᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠢ ᠪᠤᠢ ᠪᠣᠯᠭᠠᠨ᠎ᠠ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13·5﹀᠎ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠪᠢᠳᠡ ᠬᠠᠮᠲᠤᠪᠡᠷ ᠴᠢᠷᠮᠠᠶᠢᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠷᠭᠡᠳᠬᠡᠨ᠂ ᠮᠠᠨ ᠤ ᠣᠷᠣᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠱᠠᠲᠤ ᠶᠢ ᠠᠮᠵᠢᠯᠲᠠ ᠲᠠᠢ ᠪᠡᠶᠡᠯᠡᠭᠦᠯᠬᠦ ᠶᠢ ᠬᠦᠰᠡᠨ ᠵᠥᠩᠨᠡᠶ᠎ᠡ᠃      ᠬᠥᠲᠥᠯᠥᠭᠴᠢ᠄      ᠰᠠᠶᠢᠨ ᠪᠣᠯᠣᠯ᠎ᠠ᠂ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠸᠠᠩ ᠡᠷᠬᠢᠯᠡᠭᠴᠢ ᠪᠠ ᠰᠦᠯᠵᠢᠶᠡᠨ ᠠᠨᠳᠠ ᠳᠤ ᠲᠠᠯᠠᠷᠬᠠᠯ ᠳᠡᠪᠰᠢᠭᠦᠯᠦᠯ᠎ᠡ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠥᠨᠳᠥᠷᠯᠡᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map