ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠪᠠᠶᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2017/12/4
                  ᠥᠪᠥᠷ ᠵᠠᠰᠠᠭ ᠲᠠᠷᠬᠠᠭᠠᠭᠰᠠᠨ ﹇2017﹈ 92 ᠳ᠋ᠤᠭᠠᠷ ᠲᠤᠭᠠᠳᠤ                                           6 ᠳ᠋ᠤᠭᠠᠷ ᠰᠠᠷ᠎ᠠ ᠶᠢᠨ 30᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄      ᠤᠷᠴᠢᠮ ᠤᠨ ᠵᠢᠯ ᠳᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠲᠦᠪ ᠪᠠ ᠦᠪᠡᠷᠳᠡᠬᠡᠨ ᠵᠠᠰᠠᠬᠤ ᠤᠷᠤᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ ᠬᠤᠳᠠ ᠭᠦᠳᠡᠭᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠬᠦᠯᠬᠦ ᠠᠯᠬᠤᠴᠠ ᠶᠢ ᠲᠦᠷᠬᠡᠳᠬᠡᠨ ᠠᠬᠢᠭᠤᠯᠤᠨᠨᠰᠠᠨ ᠠᠴᠠ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢᠯᠡᠳᠳᠡ ᠰᠠᠶᠢᠵᠢᠷᠠᠪᠠ᠂ ᠬᠡᠪᠡᠴᠤ ᠤᠳᠤᠬᠠᠨ ᠳᠤ ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠶᠡᠷᠦᠩᠬᠡᠢ ᠬᠢᠷᠢ ᠬᠡᠮᠵᠢᠶ᠎ᠡ ᠪᠠᠰᠠᠴᠤ ᠨᠡᠯᠢᠶᠡᠳ ᠲᠤᠤᠷ᠎ᠠ ᠪᠠᠶᠢᠵᠦ᠂ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠤᠬᠢᠷ ᠤᠰᠤ ᠶᠢ ᠰᠶᠢᠳᠪᠦᠷᠢᠯᠡᠬᠦ᠂ ᠤᠤᠭᠤᠬᠤ ᠤᠰᠤ ᠶᠢ ᠰᠠᠶᠢᠵᠢᠷᠠᠭᠤᠯᠵᠦ ᠵᠤᠷᠯᠤᠩ ᠢ ᠦᠬᠡᠷᠡᠴᠢᠯᠡᠨ ᠵᠠᠰᠠᠬᠤ ᠪᠠ ᠠᠷᠢᠭᠤᠨ ᠴᠡᠪᠡᠷ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ ᠵᠡᠷᠬᠡ ᠤᠷᠴᠢᠨ ᠨᠦᠭᠦᠴᠡᠯ ᠢ ᠴᠡᠭᠴᠡᠯᠡᠨ ᠵᠠᠰᠠᠬᠤ ᠲᠠᠯ᠎ᠠ ᠬᠢᠬᠡᠳ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠬᠠᠷᠠᠯᠳᠠ ᠶᠢᠨ ᠱᠠᠭᠠᠷᠳᠠᠯᠭ᠎ᠠ ᠲᠠᠢ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠨᠨᠰᠠᠭᠠᠷ ᠶᠤᠮ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠪᠠᠶᠢᠭᠤᠯᠤᠨ᠂ ︽ᠡᠷᠡᠭᠦᠯ ᠡᠩᠬᠡ ᠦᠪᠦᠷ ᠮᠤᠩᠭᠤᠯ︾᠎ ᠤᠨ ᠪᠠᠶᠢᠭᠤᠯᠤᠯᠳᠠ ᠶᠢ ᠠᠬᠢᠭᠤᠯᠬᠤ ᠶᠢᠨ ᠲᠤᠰᠠᠳᠠ᠂ ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃     ᠨᠢᠬᠡ᠂ ᠶᠡᠷᠦᠩᠬᠡᠢ ᠱᠠᠭᠠᠷᠳᠠᠯᠭ᠎ᠠ      ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠶᠡᠷᠥᠩᠬᠡᠢ ᠱᠥᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠪᠠᠷᠢᠬᠤ ᠰᠢᠨ᠎ᠡ ᠣᠨᠣᠯᠵᠢᠬᠤᠨ ᠰᠢᠨ᠎ᠡ ᠥᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠭᠦ ᠤᠯᠤᠰ ᠤᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠰᠠᠶᠢᠵᠢᠷᠠᠭᠤᠯᠬᠤ ᠠᠵᠢᠯ ᠤᠨ ᠬᠤᠷᠠᠯ᠂ ︽ᠭᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠰᠠᠶᠢᠵᠢᠷᠠᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠦᠷᠦ ᠠᠯᠪᠠᠨ ᠲᠠᠷᠬᠠᠭᠠᠨᠨᠰᠠᠨ ﹇2014﹈ 25 ᠳ᠋ᠤᠭᠠᠷ ᠲᠤᠭᠠᠳᠤ︶᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠶᠠᠮᠤᠨ ᠵᠡᠷᠬᠡ ᠠᠷᠪᠠᠨ ᠶᠠᠮᠤᠨ ᠵᠦᠪᠯᠡᠯ ᠤᠨ ︽ᠭᠦᠳᠡᠭᠡ ᠲᠤᠰᠬᠤᠨ ᠤ ᠬᠤᠭ ᠨᠤᠪᠰᠢ ᠶᠢᠨ ᠵᠠᠰᠠᠯᠳᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠪᠠᠶᠢᠭᠤᠯᠤᠯᠳᠠ ᠲᠤᠰᠬᠤᠨ ﹇2015﹈ 170 ᠳ᠋ᠤᠭᠠᠷ ᠲᠤᠭᠠᠳᠤ︶᠎ ᠤᠨ ᠱᠠᠭᠠᠷᠳᠠᠯᠭ᠎ᠠ ᠶᠤᠰᠤᠭᠠᠷ᠂ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠪᠠ ᠨᠡᠶᠢᠬᠡᠮ ᠵᠢᠷᠤᠮ ᠤᠨ ᠰᠢᠨ᠎ᠠ ᠮᠠᠯᠵᠢᠬᠤ ᠲᠠᠷᠢᠶᠠᠯᠠᠬᠤ ᠤᠷᠤᠨ ᠢ ᠪᠦᠳᠦᠬᠡᠨ ᠪᠠᠶᠢᠭᠤᠯᠬᠤ ᠪᠠᠷ ᠬᠠᠷᠠᠯᠳᠠ ᠪᠤᠯᠭᠠᠵᠦ᠂ ᠮᠠᠯᠴᠢᠨ ᠲᠠᠷᠢᠶᠠᠴᠢᠳ ᠤᠨ ᠦᠨᠳᠦᠰᠦᠨ ᠠᠮᠢᠳᠤᠷᠠᠯ ᠤᠨ ᠨᠦᠭᠦᠴᠡᠯ ᠢ ᠪᠠᠳᠤᠯᠠᠬᠤ ᠪᠠᠷ ᠰᠠᠭᠤᠷᠢ ᠱᠤᠭᠤᠮ ᠪᠤᠯᠭᠠᠨ᠂ ᠠᠶᠢᠯ ᠲᠤᠰᠬᠤᠨ ᠤ ᠤᠷᠴᠢᠨ ᠨᠦᠭᠦᠴᠡᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠤᠯᠭᠠᠵᠦ᠂ ᠭᠤᠸ᠎ᠠ ᠦᠵᠡᠰᠭᠦᠯᠡᠩᠳᠦ ᠮᠦᠷᠳᠡᠬᠡᠨ ᠠᠮᠢᠳᠤᠷᠠᠬᠤ ᠳᠤ ᠲᠤᠬᠢᠳᠠᠢ ᠠᠶᠢᠯ ᠲᠤᠰᠬᠤᠨ ᠢ ᠪᠠᠶᠢᠭᠤᠯᠬᠤ ᠪᠠᠷ ᠤᠳᠤᠷᠢᠳᠤᠮᠵᠢ ᠪᠤᠯᠭᠠᠨ᠂ ᠵᠠᠰᠠᠭ ᠤᠨ ᠤᠷᠳᠤᠨ ᠠᠬᠢᠭᠤᠯᠬᠤ᠂ ᠤᠯᠠᠨ ᠲᠦᠮᠡᠨ ᠭᠤᠤᠯᠯᠠᠨ ᠤᠷᠤᠯᠴᠠᠬᠤ᠂ ᠤᠯᠠᠨ ᠡᠰᠢᠳᠦ ᠪᠠᠷ ᠪᠡᠯᠡ ᠤᠷᠤᠭᠤᠯᠬᠤ᠂ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ᠂ ᠨᠡᠶᠢᠬᠡᠮ ᠨᠡᠶᠢᠳᠡ ᠪᠠᠷ ᠤᠷᠤᠯᠴᠠᠬᠤ᠂ ᠰᠠᠯᠠᠭ᠎ᠠ ᠮᠦᠴᠢᠷ ᠤᠨ ᠬᠠᠮᠵᠢᠯᠴᠬᠠᠰᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠪᠠᠶᠢᠷᠢᠰᠢᠯ ᠢ ᠲᠦᠷᠬᠡᠳᠬᠡᠨ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠪᠦᠭᠦ ᠲᠠᠯ᠎ᠠ ᠪᠠᠷ ᠰᠠᠶᠢᠵᠢᠷᠠᠭᠤᠯᠤᠨ᠎ᠠ᠃      ︵ᠬᠤᠶᠠᠷ︶ ᠦᠨᠳᠦᠰᠦᠨ ᠵᠠᠷᠴᠢᠮ᠃     — ᠵᠠᠰᠠᠭ ᠤᠨ ᠤᠷᠳᠤᠨ ᠭᠤᠤᠯᠯᠠᠨ ᠤᠳᠤᠷᠢᠳᠴᠤ᠂ ᠤᠯᠠᠨ ᠲᠦᠮᠡᠨ ᠢ ᠲᠦᠰᠢᠭᠯᠡᠨ᠎ᠠ᠃ ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠡᠭᠦᠷᠬᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠦᠯᠦᠪᠵᠢᠭᠦᠯᠬᠡ ᠶᠢ ᠨᠠᠶᠢᠷᠠᠭᠤᠯᠤᠨ ᠵᠤᠬᠢᠶᠠᠬᠤ᠂ ᠪᠡᠯᠡ ᠮᠦᠩᠭᠦ ᠶᠢᠨ ᠤᠷᠤᠭᠤᠯᠤᠯᠳᠠ᠂ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ ᠠᠵᠢᠯᠯᠠᠭᠠᠨ ᠤ ᠬᠠᠮᠢᠶᠠᠷᠤᠯᠳᠠ ᠵᠡᠷᠬᠡ ᠲᠠᠯ᠎ᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ ᠤᠯᠠᠨ ᠲᠦᠮᠡᠨ ᠤ ᠰᠠᠨᠠᠭᠠᠴᠢᠯᠠᠭᠠᠳᠤ ᠴᠢᠨᠠᠷ ᠢ ᠭᠦᠢᠴᠡᠳ ᠪᠠᠳᠠᠷᠠᠭᠤᠯᠵᠦ᠂ ᠤᠯᠠᠨ ᠲᠦᠮᠡᠨ ᠤ ᠰᠠᠨᠠᠭ᠎ᠠ ᠪᠤᠳᠤᠯ ᠢ ᠭᠦᠨᠳᠦᠳᠬᠡᠨ᠂ ᠲᠤᠰᠬᠤᠨ ᠤ ᠠᠷᠠᠳ ᠤᠨ ᠬᠠᠷᠢᠭᠤᠴᠠᠯᠭ᠎ᠠ ᠪᠠ ᠡᠭᠦᠷᠬᠡ ᠶᠢ ᠲᠤᠳᠤᠷᠬᠠᠶᠢᠯᠠᠵᠦ᠂ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠬᠠᠮᠳᠤᠪᠠᠷ ᠰᠠᠶᠢᠵᠢᠷᠠᠭᠤᠯᠬᠤ ᠪᠠ ᠦᠵᠡᠰᠭᠦᠯᠡᠩ ᠰᠠᠶᠢᠬᠠᠨ ᠬᠡᠷ ᠤᠷᠤᠨ ᠢᠶᠠᠨ ᠪᠦᠳᠦᠬᠡᠨ ᠪᠠᠶᠢᠭᠤᠯᠵᠦ᠂ ︽ᠡᠷᠡᠬᠦᠯ ᠡᠩᠬᠡ ᠦᠪᠦᠷ ᠮᠤᠩᠭᠤᠯ︾᠎ ᠤᠨ ᠪᠠᠶᠢᠭᠤᠯᠤᠯᠳᠠ ᠶᠢ ᠠᠬᠢᠭᠤᠯᠤᠨ᠎ᠠ᠃      — ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠦ᠂ ᠰᠢᠨᠵᠢᠯᠡᠬᠦ ᠤᠬᠠᠭᠠᠨᠴᠢ ᠪᠠᠷ ᠵᠠᠰᠠᠨ᠎ᠠ᠃ ᠡᠯ᠎ᠡ ᠭᠠᠵᠠᠷ ᠤᠷᠤᠨ ᠤ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠪᠤᠳᠠᠳᠤ ᠪᠠᠶᠢᠳᠠᠯ ᠪᠠ ᠪᠠᠶᠢᠭᠠᠯᠢ ᠶᠢᠨ ᠨᠦᠭᠦᠴᠡᠯ ᠢ ᠦᠨᠳᠦᠰᠦᠯᠡᠵᠦ᠂ ᠬᠤᠭ ᠨᠤᠪᠰᠢ ᠪᠤᠬᠢᠷ ᠤᠰᠤ ᠶᠢ ᠬᠤᠤᠷ ᠦᠬᠡᠶᠢᠳᠠᠬᠦᠯᠦᠨ ᠰᠶᠢᠳᠪᠦᠷᠢᠯᠡᠬᠦ ᠵᠡᠷᠬᠡ ᠲᠤᠷᠰᠢᠯᠳᠠ ᠶᠢᠨ ᠵᠢᠱᠢᠶ᠎ᠡ ᠦᠵᠡᠬᠦᠯᠬᠦ ᠲᠦᠷᠦᠯ ᠵᠦᠢᠯ ᠢ ᠬᠡᠷᠡᠭᠵᠢᠬᠦᠯᠦᠨ᠂ ᠭᠠᠵᠠᠷ ᠤᠷᠤᠨ ᠤ ᠪᠤᠳᠠᠳᠠᠢ ᠪᠠᠶᠢᠳᠠᠯ ᠳᠤ ᠲᠤᠬᠢᠷᠬᠠᠰᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠳᠤ ᠦᠪᠡᠷ ᠤᠨ ᠦᠷᠳᠡᠭ ᠢᠶᠠᠷ ᠪᠠᠭ᠎ᠠ᠂ ᠦᠷ᠎ᠡ ᠠᠰᠢᠭ ᠢᠶᠠᠷ ᠶᠡᠭᠡ ᠵᠬᠠᠪᠤᠷ ᠢ ᠢᠳᠡᠪᠬᠢᠳᠡᠢ ᠪᠠᠷ ᠰᠦᠪᠡᠭᠴᠢᠯᠡᠨ ᠭᠦᠭᠵᠢᠬᠦᠯᠦᠨ᠎ᠠ᠃      — ᠪᠦᠭᠦ ᠲᠠᠯ᠎ᠠ ᠪᠠᠷ ᠵᠠᠰᠠᠵᠦ᠂ ᠤᠷᠳᠤ ᠬᠤᠭᠤᠴᠠᠭ᠎ᠠ ᠪᠠᠷ ᠪᠦᠳᠦᠮᠵᠢᠳᠡᠢ ᠪᠠᠶᠢᠯᠭᠠᠬᠤ ᠶᠢ ᠴᠢᠬᠤᠯᠠᠴᠢᠯᠠᠨ᠎ᠠ᠃ ᠪᠦᠭᠦ ᠲᠠᠯ᠎ᠠ ᠪᠠᠷ ᠠᠬᠢᠭᠤᠯᠵᠦ᠂ ᠲᠦᠢᠯᠪᠤᠷᠢᠳᠠᠢ ᠠᠳᠬᠤᠨ᠂ ᠠᠯᠢ ᠨᠢᠬᠡ ᠵᠦᠢᠯ ᠢ ᠤᠷᠬᠢᠨᠨᠳᠠᠭᠤᠯᠬᠤ ᠦᠬᠡᠢ ᠪᠠᠶᠢᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠠᠯᠬᠤᠮ ᠠᠯᠬᠤᠮ ᠢᠶᠠᠷ ᠪᠠᠶᠢᠭᠤᠯᠵᠦ᠂ ᠲᠦᠷᠢ ᠲᠦᠷᠬᠦ ᠶᠢᠨ ᠢᠨᠵᠧᠨᠧᠷᠢᠩ ᠰᠡᠳᠦᠵᠦ᠂ ᠦᠩᠬᠡᠪᠴᠢ ᠠᠵᠢᠯ ᠬᠢᠬᠦ ᠶᠢ ᠡᠷᠡᠰ ᠬᠤᠷᠢᠨᠨᠯᠠᠨ᠂ ᠪᠤᠳᠠᠳᠠᠢ ᠦᠷ᠎ᠡ ᠪᠦᠳᠦᠮᠵᠢ ᠤᠯᠬᠤ ᠶᠢ ᠦᠨᠡᠨᠬᠦ ᠪᠠᠳᠤᠯᠠᠨ᠎ᠠ᠃      — ᠵᠡᠷᠬᠡᠪᠡᠷ ᠠᠳᠬᠤᠨ ᠬᠠᠮᠳᠤᠪᠡᠷ ᠬᠠᠮᠢᠶᠠᠷᠴᠤ᠂ ᠨᠢᠬᠡᠳᠦᠯᠳᠡᠢ ᠲᠦᠯᠦᠪᠯᠡᠵᠦ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠡᠯ᠎ᠡ ᠵᠦᠢᠯ ᠤᠨ ᠠᠵᠢᠯ ᠢ ᠬᠠᠮᠵᠢᠯᠴᠠᠨ ᠠᠬᠢᠭᠤᠯᠵᠦ᠂ ᠠᠵᠢᠯ ᠤᠨ ᠬᠤᠪᠢᠶᠠᠷᠢᠯᠠᠯ ᠢᠶᠠᠷ ᠲᠤᠳᠤᠷᠬᠠᠢ᠂ ᠦᠷ᠎ᠡ ᠠᠰᠢᠭ ᠢᠶᠠᠷ ᠦᠨᠳᠦᠷ ᠪᠦᠬᠡᠳ ᠡᠷᠴᠢᠮᠳᠠᠢ ᠠᠵᠢᠯ ᠤᠨ ᠲᠤᠨᠨᠳᠠᠴᠠ ᠶᠢ ᠪᠦᠷᠢᠯᠳᠦᠬᠦᠯᠦᠨ᠂ ᠭᠦᠮᠦᠨ ᠤ ᠭᠦᠴᠦᠨ ᠪᠤᠳᠠᠰ ᠤᠨ ᠭᠦᠴᠦᠨ ᠡᠳ᠋ ᠤᠨ ᠭᠦᠴᠦᠨ ᠤ ᠤᠷᠤᠭᠤᠯᠤᠯᠳᠠ ᠶᠢ ᠪᠠᠳᠤᠯᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠳᠤ ᠨᠡᠶᠢᠬᠡᠮ ᠤᠨ ᠭᠦᠷᠦᠩᠬᠡ ᠶᠢᠨ ᠤᠷᠤᠯᠴᠠᠬᠤ ᠶᠢ ᠵᠤᠷᠢᠨᠨᠵᠢᠭᠤᠯᠤᠨ᠎ᠠ᠃      ︵ᠭᠤᠷᠪᠠ︶ ᠭᠤᠤᠯ ᠬᠠᠷᠠᠯᠳᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠤᠯᠤᠰ ᠤᠨ ᠶᠡᠷᠦᠩᠬᠡᠢ ᠱᠠᠭᠠᠷᠳᠠᠯᠭ᠎ᠠ ᠶᠤᠰᠤᠭᠠᠷ᠂ ᠬᠤᠭ ᠨᠤᠪᠰᠢ ᠪᠠ ᠪᠤᠬᠢᠷ ᠤᠰᠤ ᠶᠢ ᠵᠠᠰᠠᠬᠤ᠂ ᠤᠤᠭᠤᠬᠤ ᠤᠰᠤ ᠶᠢ ᠰᠠᠶᠢᠵᠢᠷᠠᠭᠤᠯᠵᠦ ᠵᠤᠷᠯᠤᠩ ᠢ ᠦᠬᠡᠷᠡᠴᠢᠯᠡᠨ ᠵᠠᠰᠠᠬᠤ ᠶᠢ ᠭᠤᠤᠯᠳᠠᠯᠭ᠎ᠠ ᠲᠠᠢ ᠦᠷᠨᠢᠭᠦᠯᠦᠨ᠂ ᠠᠶᠢᠯ ᠲᠤᠰᠬᠤᠨ ᠢ ᠨᠤᠭᠤᠭᠠᠷᠠᠭᠤᠯᠬᠤ᠂ ᠠᠶᠢᠯ ᠲᠤᠰᠬᠤᠨ ᠤ ᠵᠠᠮ ᠵᠡᠷᠬᠡ ᠨᠡᠶᠢᠳᠡ ᠶᠢᠨ ᠬᠡᠷᠡᠭᠯᠡᠬᠡᠨ ᠤ ᠪᠡᠯᠡᠳᠬᠡᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢ ᠴᠢᠩᠭᠠᠳᠬᠠᠵᠦ᠂ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠶᠡᠷᠦᠩᠬᠡᠶᠢᠯᠡᠭᠰᠡᠨ ᠵᠠᠰᠠᠯᠳᠠ ᠶᠢ ᠪᠦᠭᠦ ᠲᠠᠯ᠎ᠠ ᠪᠠᠷ ᠠᠬᠢᠭᠤᠯᠤᠨ᠎ᠠ᠃ ᠭᠦᠴᠦᠯᠡᠨ ᠴᠢᠷᠮᠠᠶᠢᠵᠦ ᠪᠠᠶᠢᠭᠠᠳ 2020 ᠤᠨ ᠪᠤᠯᠳᠠᠯ᠎ᠠ᠂ ᠬᠠᠮᠢᠶᠠᠷᠤᠯᠳᠠ ᠶᠢᠨ ᠡᠩᠨᠡᠭᠡ ᠪᠠᠷ ᠲᠤᠨᠨᠳᠠᠪᠤᠷᠢᠳᠠᠢ᠂ ᠪᠡᠯᠡ ᠮᠦᠩᠭᠦ ᠶᠢᠨ ᠪᠠᠳᠤᠯᠠᠭ᠎ᠠ ᠪᠠᠷ ᠤᠷᠳᠤ ᠤᠳᠠᠭᠠᠨ᠂ ᠪᠡᠯᠡᠳᠬᠡᠮᠵᠢ ᠲᠦᠭᠦᠬᠡᠷᠦᠮᠵᠢ ᠪᠠᠷ ᠪᠦᠷᠢᠨ ᠭᠦᠢᠴᠡᠳ᠂ ᠵᠠᠰᠠᠯᠳᠠ ᠶᠢᠨ ᠮᠡᠷᠬᠡᠵᠢᠯ ᠢᠶᠠᠷ ᠪᠤᠯᠪᠠᠰᠤᠷᠠᠩᠭᠤᠢ᠂ ᠬᠢᠨᠠᠯᠳᠠ ᠬᠠᠮᠢᠶᠠᠷᠤᠯᠳᠠ ᠶᠢᠨ ᠲᠦᠷᠢᠮ ᠢᠶᠠᠷ ᠲᠡᠭᠦᠰ ᠲᠡᠭᠦᠯᠳᠡᠷ ᠪᠤᠯᠬᠤ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠦᠨᠳᠦᠰᠦᠨ ᠳᠡᠭᠡᠨ ᠪᠦᠷᠢᠯᠳᠦᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠢᠯᠡᠳᠳᠡ ᠰᠠᠶᠢᠵᠢᠷᠠᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠪᠤᠯᠪᠠᠰᠤᠨ ᠤ ᠬᠢᠷᠢ ᠲᠦᠪᠰᠢᠨ ᠢ ᠮᠡᠳᠡᠭᠳᠡᠮ᠎ᠠ ᠲᠡᠬᠡᠭᠰᠢᠯᠡᠭᠦᠯᠦᠨ᠎ᠠ᠃      ᠬᠤᠶᠠᠷ᠂ ᠭᠤᠤᠯᠳᠠᠯᠭ᠎ᠠ ᠲᠠᠢ ᠠᠵᠢᠯ      ︵ᠨᠢᠬᠡ︶ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠴᠡᠭᠴᠡᠯᠡᠨ ᠵᠠᠰᠠᠬᠤ ᠲᠦᠯᠦᠪᠵᠢᠭᠦᠯᠬᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠨ᠎ᠠ᠃ ᠰᠢᠶᠠᠨ ᠤ ᠬᠡᠪᠴᠢᠶᠡᠨ ᠤ ᠲᠤᠰᠬᠤᠨ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠ ᠲᠡᠭᠦᠯᠳᠡᠷᠵᠢᠬᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠭᠦᠮᠦᠨ ᠠᠮᠠ ᠶᠢᠨ ᠬᠤᠪᠢᠷᠠᠯᠳᠠ ᠵᠡᠷᠬᠡ ᠪᠠᠶᠢᠳᠠᠯ ᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠨᠤᠳᠠᠯᠠᠵᠦ᠂ ᠭᠤᠤᠯᠳᠠᠯᠭ᠎ᠠ ᠲᠠᠢ ᠪᠠᠯᠭᠠᠰᠤ ᠪᠠ ᠡᠩ ᠤᠨ ᠪᠠᠯᠭᠠᠰᠤ᠂ ᠭᠤᠤᠯ ᠪᠤᠯᠬᠤ ᠲᠤᠰᠬᠤᠨ ᠪᠠ ᠡᠩ ᠤᠨ ᠲᠤᠰᠬᠤᠨ ᠤ ᠪᠠᠶᠢᠷᠢᠰᠢᠭᠤᠯᠤᠯᠳᠠ ᠶᠢ ᠲᠤᠳᠤᠷᠬᠠᠶᠢᠯᠠᠨ᠎ᠠ︔ ᠰᠠᠭᠤᠷᠢ ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠬᠡᠨ ᠤ ᠪᠡᠯᠡᠳᠬᠡᠮᠵᠢ ᠶᠢᠨ ᠲᠦᠷᠦᠯ ᠵᠦᠢᠯ ᠬᠢᠬᠡᠳ ᠪᠦᠳᠦᠬᠡᠨ ᠪᠠᠶᠢᠭᠤᠯᠬᠤ ᠪᠠᠷᠢᠮᠵᠢᠶ᠎ᠠ ᠶᠢ ᠵᠤᠬᠢᠰᠳᠠᠢ ᠲᠤᠨᠨᠳᠠᠭᠠᠵᠦ᠂ ᠤᠷᠤᠨ ᠪᠠᠶᠢᠷᠢ ᠪᠠᠷ ᠠᠳᠠᠯᠢ ᠪᠤᠰᠤ᠂ ᠲᠦᠷᠦᠯ ᠬᠡᠯᠪᠡᠷᠢ ᠪᠠᠷ ᠢᠯᠭᠠᠭ᠎ᠠ ᠲᠠᠢ ᠠᠶᠢᠯ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠰᠠᠶᠢᠵᠢᠷᠠᠭᠤᠯᠬᠤ ᠶᠢᠨ ᠭᠤᠤᠯᠳᠠᠯᠭ᠎ᠠ ᠲᠠᠢ ᠲᠦᠷᠦᠯ ᠵᠦᠢᠯ ᠪᠠ ᠪᠦᠳᠦᠬᠡᠨ ᠪᠠᠶᠢᠭᠤᠯᠬᠤ ᠴᠠᠭ ᠤᠨ ᠲᠠᠷᠠᠭᠠᠯᠠᠯ ᠢ ᠲᠤᠳᠤᠷᠬᠠᠶᠢᠯᠠᠨ᠎ᠠ᠃ ᠰᠢᠶᠠᠨ ᠤ ᠬᠡᠪᠴᠢᠶᠡᠨ ᠤ ᠲᠤᠰᠬᠤᠨ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠬᠡ ᠪᠠᠷ ᠦᠨᠳᠦᠰᠦᠯᠡᠯ ᠪᠤᠯᠭᠠᠵᠦ᠂ ᠪᠦᠳᠦᠬᠡᠨ ᠪᠠᠶᠢᠭᠤᠯᠬᠤ ᠠᠵᠢᠯᠯᠠᠭ᠎ᠠ ᠪᠠᠷ ᠨᠡᠯᠢᠶᠡᠳ ᠶᠡᠭᠡ ᠵᠢᠴᠢ ᠬᠠᠮᠠᠭᠠᠯᠠᠯᠳᠠ ᠶᠢ ᠨᠢ ᠴᠢᠩᠭᠠᠳᠬᠠᠬᠤ ᠴᠢᠬᠤᠯᠠᠳᠠᠢ ᠠᠶᠢᠯ ᠲᠤᠰᠬᠤᠨ ᠤ ᠲᠦᠯᠦᠪᠵᠢᠬᠦᠯᠬᠡ ᠶᠢ ᠲᠦᠷᠬᠡᠬᠡᠨ ᠨᠠᠶᠢᠷᠠᠭᠤᠯᠤᠨ ᠵᠤᠬᠢᠶᠠᠵᠦ᠂ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠳᠤ ᠠᠳᠠᠯᠢ ᠪᠤᠰᠤ ᠠᠶᠢᠯ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠤᠳᠤᠬᠢ ᠪᠠᠶᠢᠳᠠᠯ ᠢ ᠦᠨᠳᠦᠰᠦᠯᠡᠵᠦ᠂ ᠤᠷᠳᠤᠪᠳᠤᠷ ᠪᠠ ᠤᠷᠳᠤ ᠬᠤᠭᠤᠴᠠᠭᠠᠨ ᠤ ᠭᠦᠭᠵᠢᠯᠳᠡ ᠶᠢᠨ ᠱᠠᠭᠠᠷᠳᠠᠯᠭ᠎ᠠ ᠶᠢ ᠬᠠᠮᠳᠤ ᠳᠤᠨᠢ ᠬᠠᠷᠠᠭᠠᠯᠵᠠᠨ᠂ ᠴᠡᠭᠴᠡᠯᠡᠨ ᠵᠠᠰᠠᠬᠤ ᠭᠤᠤᠯᠳᠠᠯᠭ᠎ᠠ ᠶᠢ ᠲᠦᠷᠦᠯ ᠬᠤᠪᠢᠶᠠᠨ ᠲᠤᠨᠨᠳᠠᠭᠠᠵᠦ᠂ ᠠᠯᠬᠤᠮ ᠬᠤᠪᠢᠶᠠᠨ ᠬᠡᠷᠡᠭᠵᠢᠭᠦᠯᠦᠨ᠎ᠡ᠃ ᠠᠮᠢᠳᠤᠷᠠᠯ ᠤᠨ ᠦᠨᠳᠦᠰᠦᠨ ᠨᠦᠭᠦᠴᠡᠯ ᠨᠢ ᠬᠠᠷᠠᠬᠠᠨ ᠲᠡᠭᠦᠯᠳᠡᠷᠵᠢᠬᠡᠳᠦᠢ ᠠᠶᠢᠯ ᠲᠤᠰᠬᠤᠨ ᠨᠢ ᠤᠰᠤ ᠴᠠᠬᠢᠯᠭᠠᠨ ᠵᠠᠮ ᠬᠡᠢ ᠬᠡᠷ ᠪᠠᠶᠢᠰᠢᠩ ᠵᠡᠷᠬᠡ ᠰᠠᠭᠤᠷᠢ ᠪᠡᠯᠡᠳᠬᠡᠮᠵᠢ ᠪᠦᠳᠦᠬᠡᠨ ᠪᠠᠶᠢᠭᠤᠯᠬᠤ ᠪᠠᠷ ᠭᠤᠤᠯᠳᠠᠯᠭ᠎ᠠ ᠪᠤᠯᠭᠠᠵᠦ᠂ ᠠᠮᠢᠳᠤᠷᠠᠯ ᠤᠨ ᠦᠨᠳᠦᠰᠦᠨ ᠨᠦᠭᠦᠴᠡᠯ ᠨᠢ ᠨᠡᠯᠢᠶᠡᠳ ᠲᠡᠭᠦᠯᠳᠡᠷᠵᠢᠭᠰᠡᠨ ᠠᠶᠢᠯ ᠲᠤᠰᠬᠤᠨ ᠨᠢ ᠤᠷᠴᠢᠨ ᠨᠦᠭᠦᠴᠡᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠤᠯᠭᠠᠨ᠂ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠶᠠᠰᠤ ᠴᠢᠨᠠᠷ ᠢ ᠪᠦᠭᠦ ᠲᠠᠯ᠎ᠠ ᠪᠠᠷ ᠲᠡᠬᠡᠭᠰᠢᠯᠡᠬᠦᠯᠬᠦ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ︶      ︵ᠬᠤᠶᠠᠷ︶ ᠠᠶᠢᠯ ᠲᠤᠰᠬᠤᠨ ᠤ ᠠᠮᠢᠳᠤᠷᠠᠯ ᠤᠨ ᠤᠷᠴᠢᠨ ᠨᠦᠭᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠶᠡᠬᠡᠪᠡᠷ ᠦᠷᠨᠢᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠠ ᠪᠤᠬᠢᠷ ᠤᠰᠤ ᠶᠢ ᠭᠤᠤᠯᠳᠠᠯᠭ᠎ᠠ ᠲᠠᠢ ᠵᠠᠰᠠᠵᠤ᠂ ᠤᠤᠭᠤᠬᠤ ᠤᠰᠤ ᠶᠢ ᠰᠠᠶᠢᠵᠢᠷᠠᠭᠤᠯᠵᠦ ᠵᠤᠷᠯᠦᠩ ᠢ ᠦᠬᠡᠷᠡᠴᠢᠯᠡᠨ ᠵᠠᠰᠠᠬᠤ ᠠᠯᠬᠤᠴᠠ ᠶᠢ ᠲᠦᠷᠬᠡᠳᠬᠡᠨ᠎ᠠ᠃ ᠰᠢᠶᠠᠨ ᠤ ᠬᠡᠪᠴᠢᠶᠡᠨ ᠤ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠠ ᠪᠤᠬᠢᠷ ᠤᠰᠤᠨ ᠤ ᠵᠠᠰᠠᠯᠳᠠ ᠶᠢᠨ ᠨᠢᠬᠡᠳᠦᠯᠳᠡᠢ ᠲᠦᠯᠦᠪᠵᠢᠬᠦᠯᠬᠡ᠂ ᠨᠢᠬᠡᠳᠦᠯᠳᠡᠢ ᠪᠦᠳᠦᠬᠡᠨ ᠪᠠᠶᠢᠭᠤᠯᠤᠯᠳᠠ᠂ ᠨᠢᠬᠡᠳᠦᠯᠳᠡᠢ ᠠᠵᠢᠯᠯᠠᠭᠠᠨ᠂ ᠨᠢᠬᠡᠳᠦᠯᠳᠡᠢ ᠬᠠᠮᠢᠶᠠᠷᠤᠯᠳᠠ ᠶᠢ ᠠᠬᠢᠭᠤᠯᠵᠦ᠂ ᠨᠦᠭᠦᠴᠡᠯ ᠲᠠᠢ ᠭᠠᠵᠠᠷ ᠤᠷᠤᠨ ᠨᠢ ᠬᠤᠳᠠ ᠪᠠᠯᠭᠠᠰᠤᠨ ᠤ ᠬᠤᠭ ᠨᠤᠪᠰᠢ ᠪᠤᠬᠢᠷ ᠤᠰᠤ ᠶᠢ ᠰᠶᠢᠳᠪᠦᠷᠢᠯᠡᠬᠦ ᠪᠡᠯᠡᠳᠬᠡᠮᠵᠢ ᠪᠠ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠤᠷᠤᠨ ᠲᠡᠰᠢ ᠤᠷᠳᠤᠳᠬᠠᠬᠤ ᠶᠢ ᠠᠬᠢᠭᠤᠯᠤᠨ᠎ᠠ᠃ ᠵᠠᠮ ᠬᠠᠷᠢᠯᠴᠠᠭ᠎ᠠ ᠪᠠᠷ ᠲᠦᠭᠦᠮ ᠲᠦᠳᠡ ᠮᠦᠷᠳᠡᠬᠡᠨ ᠲᠠᠮᠵᠢᠭᠤᠯᠤᠨ ᠲᠡᠬᠡᠬᠡᠪᠦᠷᠢᠯᠡᠬᠦ ᠵᠠᠢ ᠪᠠᠷ ᠨᠡᠯᠢᠶᠡᠳ ᠤᠶᠢᠷᠠᠬᠠᠨ ᠠᠶᠢᠯ ᠲᠤᠰᠬᠤᠨ ᠨᠢ ᠠᠮᠢᠳᠤᠷᠠᠯ ᠤᠨ ᠬᠤᠭ ᠨᠤᠪᠰᠢ ᠶᠢ ︽ᠡᠷᠦᠬᠡ ᠶᠢᠨ ᠬᠢᠨ ᠲᠦᠷᠦᠯ ᠬᠤᠪᠢᠶᠠᠬᠤ᠂ ᠲᠤᠰᠬᠤᠨ ᠤ ᠬᠢᠨ ᠬᠤᠷᠢᠶᠠᠨ ᠴᠤᠨᠨᠯᠠᠭᠤᠯᠬᠤ᠂ ᠪᠠᠯᠭᠠᠰᠤ ᠶᠢᠨ ᠬᠢᠨ ᠲᠠᠮᠵᠢᠭᠤᠯᠤᠨ ᠲᠡᠬᠡᠬᠡᠪᠦᠷᠢᠯᠡᠬᠦ᠂ ᠰᠢᠶᠠᠨ ᠤ ᠬᠢᠨ ᠰᠶᠢᠳᠪᠦᠷᠢᠯᠡᠬᠦ︾ ᠠᠷᠭ᠎ᠠ ᠮᠠᠶ᠋ᠢᠭ ᠶᠤᠰᠤᠭᠠᠷ ᠰᠶᠢᠳᠪᠦᠷᠢᠯᠡᠵᠦ ᠪᠤᠯᠤᠨ᠎ᠠ︔ ᠪᠤᠰᠤᠳ ᠠᠶᠢᠯ ᠲᠤᠰᠬᠤᠨ ᠤ ᠠᠮᠢᠳᠤᠷᠠᠯ ᠤᠨ ᠬᠤᠭ ᠨᠤᠪᠰᠢ ᠶᠢ ᠵᠤᠬᠢᠮᠵᠢᠳᠠᠢ ᠠᠷᠭ᠎ᠠ ᠮᠠᠶ᠋ᠢᠭ ᠢᠶᠠᠷ ᠤᠶᠢᠷ᠎ᠠ ᠤᠷᠴᠢᠮ ᠳᠤᠨᠢ ᠰᠶᠢᠳᠪᠦᠷᠢᠯᠡᠵᠦ ᠪᠤᠯᠤᠨ᠎ᠠ︔ ᠠᠶᠢᠯ ᠲᠤᠰᠬᠤᠨ ᠢ ᠠᠷᠢᠭᠤᠨ ᠴᠡᠪᠡᠷ ᠪᠠᠶᠢᠯᠭᠠᠬᠤ ᠲᠦᠷᠢᠮ ᠢ ᠪᠠᠶᠢᠭᠤᠯᠵᠦ᠂ ᠬᠤᠭ ᠨᠤᠪᠰᠢ ᠶᠢ ᠲᠤᠬᠠᠢ ᠶᠢᠨ ᠭᠠᠵᠠᠷ ᠲᠤᠨᠢ ᠲᠦᠷᠦᠯ ᠬᠤᠪᠢᠶᠠᠬᠤ ᠪᠠᠷ ᠲᠠᠮᠵᠢᠵᠦ ᠬᠡᠮᠵᠢᠶ᠎ᠡ ᠶᠢ ᠨᠢ ᠪᠠᠭᠠᠰᠬᠠᠬᠤ ᠪᠠ ᠡᠬᠢ ᠪᠠᠶᠠᠯᠢᠭ ᠢ ᠪᠤᠴᠠᠭᠠᠨ ᠬᠤᠷᠢᠶᠠᠵᠦ ᠠᠰᠢᠨᠨᠯᠠᠬᠤ ᠶᠢ ᠠᠬᠢᠭᠤᠯᠤᠨ᠎ᠠ᠃ ᠬᠤᠳᠠ ᠪᠠᠯᠭᠠᠰᠤᠨ ᠠᠴᠠ ᠨᠡᠯᠢᠶᠡᠳ ᠵᠠᠶᠢᠳᠠᠢ ᠮᠦᠷᠳᠡᠬᠡᠨ ᠭᠦᠮᠦᠨ ᠠᠮᠠ ᠪᠠᠷ ᠨᠡᠯᠢᠶᠡᠳ ᠤᠯᠠᠨᠳᠠᠢ ᠠᠶᠢᠯ ᠲᠤᠰᠬᠤᠨ ᠨᠢ ᠲᠤᠰᠬᠤᠨ ᠤ ᠱᠠᠳᠤᠨ ᠤ ᠪᠤᠬᠢᠷ ᠤᠰᠤ ᠶᠢ ᠲᠦᠪᠯᠡᠷᠡᠬᠦᠯᠵᠦ ᠰᠶᠢᠳᠪᠦᠷᠢᠯᠡᠬᠦ ᠪᠡᠯᠡᠳᠬᠡᠮᠵᠢ ᠪᠠᠶᠢᠭᠤᠯᠵᠦ ᠪᠤᠯᠤᠨ᠎ᠠ︔ ᠭᠦᠮᠦᠨ ᠠᠮᠠ ᠪᠠᠷ ᠨᠡᠯᠢᠶᠡᠳ ᠴᠦᠬᠡᠪᠳᠦᠷ ᠠᠶᠢᠯ ᠲᠤᠰᠬᠤᠨ ᠨᠢ ᠪᠤᠬᠢᠷ ᠤᠰᠤ ᠰᠶᠢᠳᠪᠦᠷᠢᠯᠡᠬᠦ ᠪᠡᠯᠡᠳᠬᠡᠮᠵᠢ ᠶᠢ ᠡᠷᠦᠬᠡ ᠪᠠᠷ ᠬᠤᠪᠢᠶᠠᠵᠦ᠂ ᠡᠷᠦᠬᠡ ᠨᠦᠭᠦᠳ ᠬᠤᠯᠪᠤᠭᠠᠯᠠᠨ ᠪᠠᠶᠢᠭᠤᠯᠵᠦ ᠪᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠡᠷ ᠪᠦᠯᠢ ᠶᠢᠨ ᠵᠤᠷᠯᠤᠩ ᠢ ᠦᠬᠡᠷᠡᠴᠢᠯᠡᠨ ᠵᠠᠰᠠᠬᠤ ᠶᠢ ᠠᠬᠢᠭᠤᠯᠵᠦ᠂ ᠬᠤᠤᠷ ᠦᠬᠡᠶᠢᠳᠠᠭᠦᠯᠦᠭᠰᠡᠨ ᠠᠷᠢᠭᠤᠨ ᠴᠡᠪᠡᠷ ᠵᠤᠷᠯᠤᠩ ᠪᠤᠯᠭᠠᠵᠦ ᠦᠬᠡᠷᠡᠴᠢᠯᠡᠨ ᠵᠠᠰᠠᠬᠤ ᠡᠭᠦᠷᠬᠡ ᠶᠢ ᠪᠦᠭᠦ ᠲᠠᠯ᠎ᠠ ᠪᠠᠷ ᠪᠡᠶᠡᠯᠡᠭᠦᠯᠦᠨ᠎ᠠ᠃ ᠬᠤᠳᠠ ᠭᠦᠳᠡᠭᠡ ᠶᠢᠨ ᠤᠷᠴᠢᠨ ᠲᠤᠭᠤᠷᠢᠨ ᠢ ᠠᠷᠢᠭᠤᠨ ᠴᠡᠪᠡᠷ ᠪᠠᠶᠢᠯᠭᠠᠬᠤ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠬᠡᠢ ᠦᠷᠨᠢᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ ᠶᠢᠨ ᠠᠰᠢᠨᠨᠯᠠᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠᠨ ᠲᠦᠷᠬᠡᠳᠬᠡᠨ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ ᠶᠢᠨ ᠴᠡᠭᠴᠡᠯᠡᠨ ᠵᠠᠰᠠᠯᠳᠠ ᠶᠢ ᠢᠳᠡᠪᠬᠢᠳᠡᠢ ᠪᠦᠬᠡᠳ ᠯᠠᠪᠳᠠᠭᠤᠨ ᠢᠶᠠᠷ ᠠᠬᠢᠭᠤᠯᠵᠦ᠂ ᠭᠠᠵᠠᠷ ᠰᠢᠷᠦᠢ ᠶᠢ ᠠᠷᠪᠢᠴᠢ ᠪᠠᠷ ᠡᠷᠴᠢᠮᠵᠢᠬᠦᠯᠦᠨ ᠬᠡᠷᠡᠭᠯᠡᠨ᠎ᠡ᠃ ᠠᠶᠢᠯ ᠲᠤᠰᠬᠤᠨ ᠤ ᠤᠯᠠᠨ ᠨᠡᠶᠢᠳᠡ ᠶᠢᠨ ᠤᠷᠤᠨ ᠵᠠᠢ ᠶᠢ ᠴᠡᠭᠴᠡᠯᠡᠨ ᠵᠠᠰᠠᠬᠤ ᠶᠢ ᠲᠦᠷᠬᠡᠳᠬᠡᠵᠦ᠂ ᠲᠤᠷ᠎ᠠ ᠪᠠᠷ ᠤᠪᠤᠭᠠᠯᠠᠵᠦ ᠲᠠᠪᠠ ᠪᠠᠷ ᠲᠠᠯᠪᠢᠬᠤ ᠶᠢ ᠴᠡᠪᠡᠷᠯᠡᠨ᠂ ᠦᠪᠡᠰᠦᠪᠡᠨ ᠲᠤᠷ᠎ᠠ ᠪᠠᠷ ᠢᠶᠠᠨ ᠪᠠᠷᠢᠵᠦ ᠪᠠᠶᠢᠭᠤᠯᠤᠨᠨᠰᠠᠨ ᠢ ᠨᠢ ᠨᠤᠷᠠᠭᠠᠵᠦ᠂ ᠭᠤᠤ ᠵᠢᠵᠢᠭ ᠴᠦᠭᠦᠷᠦᠮ ᠭᠤᠤᠯ ᠤᠨ ᠵᠠᠮ ᠢ ᠴᠡᠪᠡᠷᠯᠡᠨ ᠨᠡᠪᠳᠡᠷᠡᠭᠦᠯᠦᠨ᠎ᠠ᠃ ᠠᠶᠢᠯ ᠲᠤᠰᠬᠤᠨ ᠤ ᠤᠯᠠᠨ ᠨᠡᠶᠢᠳᠡ ᠶᠢᠨ ᠬᠡᠷᠡᠯᠳᠦᠭᠦᠯᠬᠡ ᠶᠢᠨ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠰᠤᠯᠡ ᠪᠠᠶᠢᠭ᠎ᠠ ᠪᠠ ᠠᠰᠢᠨᠨᠯᠠᠯᠳᠠ ᠪᠠᠷ ᠪᠠᠷᠤᠨᠨᠳᠠᠢ ᠭᠠᠵᠠᠷ ᠰᠢᠷᠤᠢ᠂ ᠤᠳᠤ ᠶᠢᠨ ᠪᠠᠶᠢᠭ᠎ᠠ ᠬᠡᠷ ᠪᠠᠶᠢᠰᠢᠩ ᠵᠢᠴᠢ ᠪᠡᠯᠡᠳᠬᠡᠮᠵᠢ ᠵᠡᠷᠬᠡ ᠶᠢ ᠨᠢᠬᠡᠳᠦᠯᠳᠡᠢ ᠲᠦᠯᠦᠪᠯᠡᠨ ᠠᠰᠢᠨᠨᠯᠠᠵᠦ᠂ ᠠᠶᠢᠯ ᠲᠤᠰᠬᠤᠨ ᠤ ᠤᠯᠠᠨ ᠨᠡᠶᠢᠳᠡ ᠶᠢᠨ ᠠᠵᠢᠯᠯᠠᠭᠠᠨ ᠤ ᠲᠠᠯᠠᠪᠤᠷ ᠭᠠᠵᠠᠷ ᠢ ᠦᠬᠡᠷᠡᠴᠢᠯᠡᠬᠦ ᠪᠠ ᠪᠠᠶᠢᠭᠤᠯᠤᠨ᠎ᠠ᠃ ᠠᠮᠢ ᠠᠬᠤᠢ ᠶᠢᠨ ᠴᠡᠪᠡᠷ ᠲᠤᠩᠭᠠᠯᠠᠭ ᠬᠡᠯᠪᠡᠷᠢ ᠪᠦᠭᠦᠢ ᠵᠢᠵᠢᠭ ᠰᠠᠪᠠ ᠭᠠᠵᠠᠷ ᠤᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠦᠷᠨᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠭᠤᠤᠯ ᠤᠨ ᠵᠠᠮ ᠢ ᠶᠡᠷᠦᠩᠬᠡᠶᠢᠯᠡᠨ ᠵᠠᠰᠠᠬᠤ ᠶᠢ ᠪᠦᠭᠦ᠋ᠢᠯᠡ ᠰᠢᠶᠠᠩ ᠪᠠ ᠲᠤᠰᠬᠤᠨ ᠢᠶᠠᠷ ᠠᠬᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠦᠳᠡᠯᠬᠡᠬᠡᠨ ᠤ ᠵᠦᠪᠯᠡᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠤᠰᠤᠨ ᠠᠰᠢᠨᠨᠯᠠᠯᠳᠠ ᠶᠢᠨ ᠲᠢᠩᠬᠢᠮ︶      ︵ᠭᠤᠷᠪᠠ︶ ᠦᠢᠯᠡᠳᠪᠦᠷᠢᠯᠡᠯ ᠤᠨ ᠤᠷᠴᠢᠨ ᠨᠦᠭᠦᠴᠡᠯ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠶᠢ ᠲᠠᠰᠤᠷᠠᠯᠳᠠ ᠦᠬᠡᠢ ᠴᠢᠩᠭᠠᠷᠠᠭᠤᠯᠤᠨ᠎ᠠ᠃ ᠮᠠᠯ ᠵᠢᠭᠦᠷᠳᠡᠨ ᠢ ᠬᠡᠪᠴᠢᠶᠡᠵᠢᠬᠦᠯᠦᠨ ᠲᠡᠵᠢᠬᠡᠨ ᠦᠷᠡᠵᠢᠬᠦᠯᠬᠦ ᠲᠤᠭᠤᠷᠢᠭ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠰᠠᠯᠭᠠᠨ ᠲᠤᠰᠠᠭᠠᠷᠯᠠᠬᠤ ᠶᠢ ᠠᠬᠢᠭᠤᠯᠤᠨ᠂ ᠲᠡᠵᠢᠬᠡᠨ ᠦᠷᠡᠵᠢᠬᠦᠯᠬᠦ ᠦᠢᠯᠡᠰ ᠢ ᠬᠡᠪᠴᠢᠶᠡᠵᠢᠭᠦᠯᠦᠨ ᠭᠦᠭᠵᠢᠬᠦᠯᠬᠦ ᠶᠢ ᠭᠦᠳᠦᠯᠦᠨ ᠵᠢᠯᠤᠭᠤᠳᠴᠤ᠂ ᠬᠡᠪᠴᠢᠶᠡᠵᠢᠬᠦᠯᠦᠭᠰᠡᠨ ᠲᠡᠵᠢᠬᠡᠨ ᠦᠷᠡᠵᠢᠬᠦᠯᠬᠦ ᠲᠠᠯᠠᠪᠠᠢ ᠶᠢᠨ ᠮᠠᠯ ᠵᠢᠭᠦᠷᠳᠡᠨ ᠤ ᠬᠤᠮᠤᠯ ᠬᠤᠷᠭᠤᠯ ᠢ ᠶᠡᠷᠦᠩᠬᠡᠶᠢᠯᠡᠨ ᠵᠠᠰᠠᠬᠤ ᠬᠢᠬᠡᠳ ᠠᠰᠢᠨᠨᠯᠠᠬᠤ ᠶᠢ ᠲᠡᠮᠵᠢᠨ᠎ᠠ᠃ ᠲᠠᠷᠢᠶᠠᠴᠢᠳ ᠢ ᠭᠦᠳᠦᠯᠦᠨ ᠵᠢᠯᠤᠭᠤᠳᠴᠤ ᠪᠠᠶᠢᠭᠠᠳ ᠡᠰᠢ ᠰᠦᠷᠡᠯ ᠢ ᠲᠠᠷᠢᠶᠠᠨ ᠳᠤ ᠡᠬᠡᠭᠦᠯᠭᠦ᠂ ᠡᠰᠢ ᠰᠦᠷᠡᠯ ᠢᠶᠠᠷ ᠮᠠᠯ ᠲᠡᠵᠢᠬᠡᠬᠦ ᠶᠢ ᠦᠷᠨᠢᠭᠦᠯᠵᠦ᠂ ᠡᠰᠢ ᠰᠦᠷᠡᠯ ᠢ ᠡᠬᠢ ᠪᠠᠶᠠᠯᠢᠨᠨᠵᠢᠭᠤᠯᠵᠦ ᠠᠰᠢᠨᠨᠯᠠᠬᠤ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠲᠡᠮᠵᠢᠨ᠂ ᠭᠦᠳᠡᠭᠡ ᠭᠠᠳᠠᠭ᠎ᠠ ᠡᠰᠢ ᠰᠦᠷᠡᠯ ᠰᠢᠳᠠᠭᠠᠬᠤ ᠶᠢ ᠡᠷᠡᠰ ᠬᠤᠷᠢᠨᠨᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠡᠮ ᠬᠢᠵᠢᠭ ᠢᠶᠠᠷ ᠦᠭᠦᠭᠰᠡᠨ ᠠᠮᠢᠳᠠᠨ ᠢ ᠬᠤᠤᠷ ᠦᠬᠡᠶᠢᠳᠠᠬᠦᠯᠵᠦ ᠬᠤᠷᠢᠶᠠᠨ ᠴᠤᠨᠨᠯᠠᠭᠤᠯᠬᠤ ᠪᠠ ᠰᠶᠢᠳᠪᠦᠷᠢᠯᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠦ᠂ ᠬᠤᠤᠷ ᠦᠬᠡᠶᠢᠵᠢᠬᠦᠯᠵᠦ ᠰᠶᠢᠳᠪᠦᠷᠢᠯᠡᠬᠦ ᠲᠠᠯᠠᠪᠤᠷ ᠭᠠᠵᠠᠷ ᠪᠠᠶᠢᠭᠤᠯᠬᠤ ᠶᠢ ᠲᠦᠷᠬᠡᠳᠬᠡᠨ᠎ᠠ᠃ ᠲᠠᠷᠢᠶᠠᠨ ᠡᠮ ᠤᠨ ᠪᠤᠭᠤᠳᠠᠯ ᠪᠠᠭᠯᠠᠭ᠎ᠠ᠂ ᠲᠠᠷᠢᠶᠠᠯᠠᠩ ᠤᠨ ᠵᠤᠯᠤᠮ᠎ᠠ ᠵᠡᠷᠬᠡ ᠬᠠᠶᠠᠭᠳᠠᠮᠠᠯ ᠪᠤᠳᠠᠰ ᠢ ᠵᠤᠬᠢᠰᠳᠠᠢ ᠪᠠᠷ ᠰᠶᠢᠳᠪᠦᠷᠢᠯᠡᠵᠦ᠂ ᠬᠠᠶᠠᠭᠳᠠᠮᠠᠯ ᠪᠤᠳᠠᠰ ᠢ ᠪᠤᠴᠠᠭᠠᠨ ᠬᠤᠷᠢᠶᠠᠵᠦ ᠠᠪᠬᠤ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠮᠠᠯᠵᠢᠬᠤ ᠲᠠᠷᠢᠶᠠᠯᠠᠬᠤ ᠤᠷᠤᠨ ᠢ ᠴᠡᠪᠡᠷᠰᠢᠬᠦᠯᠬᠦ ᠢᠨᠵᠧᠨᠧᠷᠢᠩ ᠢ ᠠᠬᠢᠭᠤᠯᠵᠦ᠂ ᠭᠠᠵᠠᠷ ᠤᠷᠤᠨ ᠳᠤᠨᠢ ᠲᠤᠬᠢᠷᠠᠭᠤᠯᠵᠦ ᠬᠡᠪᠴᠢᠶᠡᠵᠢᠬᠦᠯᠤᠭ᠍ᠰᠡᠨ ᠨᠠᠮᠤᠭ ᠤᠨ ᠬᠡᠢ ᠪᠠ ᠡᠷᠦᠬᠡ ᠳᠤ ᠬᠡᠷᠡᠭᠯᠡᠬᠦ ᠨᠠᠮᠤᠭ ᠤᠨ ᠬᠡᠢ ᠶᠢ ᠭᠦᠭᠵᠢᠭᠦᠯᠦᠨ᠎ᠠ᠃ ᠲᠠᠷᠢᠵᠦ ᠲᠡᠵᠢᠬᠡᠬᠦ ᠲᠤᠮᠤ ᠡᠷᠦᠬᠡ ᠵᠡᠷᠬᠡ ᠰᠢᠨ᠎ᠠ ᠬᠡᠯᠪᠡᠷᠢ ᠪᠦᠭᠦᠢ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠤᠨᠨᠴᠠ ᠶᠢᠨ ᠬᠡᠪᠴᠢᠶᠡᠵᠢᠬᠦᠯᠦᠨ ᠦᠢᠯᠡᠳᠪᠦᠷᠢᠯᠡᠬᠦ ᠱᠠᠭᠠᠷᠳᠠᠯᠭ᠎ᠠ ᠶᠢ ᠪᠤᠳᠤᠯᠬᠢᠯᠠᠨ᠂ ᠡᠬᠡᠬᠡᠵᠦ ᠬᠠᠳᠠᠭᠠᠬᠤ ᠲᠠᠯᠠᠪᠤᠷ᠂ ᠲᠠᠷᠢᠶᠠᠯᠠᠩ ᠤᠨ ᠮᠠᠰᠢᠨ ᠤ ᠫᠧᠩ ᠰᠠᠷᠠᠪᠴᠢ ᠵᠡᠷᠬᠡ ᠦᠢᠯᠡᠳᠪᠦᠷᠢᠯᠡᠯ ᠤᠨ ᠴᠢᠨᠠᠷᠳᠠᠢ ᠨᠡᠶᠢᠳᠡ ᠶᠢᠨ ᠬᠡᠷᠡᠭᠯᠡᠬᠡᠨ ᠤ ᠪᠡᠯᠡᠳᠬᠡᠮᠵᠢ ᠶᠢ ᠨᠢᠬᠡᠳᠦᠯᠳᠡᠢ ᠲᠦᠯᠦᠪᠯᠡᠨ ᠪᠠᠶᠢᠭᠤᠯᠵᠦ᠂ ᠭᠦᠳᠡᠭᠡ ᠲᠤᠰᠬᠤᠨ ᠤ ᠵᠠᠮ ᠳᠤ ᠡᠬᠡᠬᠡᠵᠦ ᠬᠠᠳᠠᠭᠠᠬᠤ᠂ ᠤᠪᠤᠭᠠᠯᠠᠨ ᠲᠠᠯᠪᠢᠬᠤ ᠵᠡᠷᠬᠡ ᠦᠵᠡᠭᠳᠡᠯ ᠢ ᠴᠡᠭᠴᠡᠯᠡᠨ ᠵᠠᠰᠠᠨ᠎ᠠ᠃ ︵ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ︶      ︵ᠲᠦᠷᠪᠡ︶ ᠭᠤᠸ᠎ᠠ ᠦᠵᠡᠰᠭᠦᠯᠡᠩᠳᠦ ᠮᠦᠷᠳᠡᠬᠡᠨ ᠠᠮᠢᠳᠤᠷᠠᠬᠤ ᠳᠤ ᠲᠤᠬᠢᠳᠠᠢ ᠭᠦᠳᠡᠭᠡ ᠲᠤᠰᠬᠤᠨ ᠤ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠤᠨ᠎ᠠ᠃ ᠲᠤᠰᠬᠤᠨ ᠤ ᠬᠡᠪᠴᠢᠶᠡᠨ ᠳᠠᠬᠢ ᠲᠦᠯᠦᠪᠵᠢᠬᠦᠯᠬᠡ ᠬᠠᠮᠢᠶᠠᠷᠤᠯᠳᠠ ᠶᠢ ᠴᠢᠩᠭᠠᠳᠬᠠᠵᠦ᠂ ᠠᠶᠢᠯ ᠲᠤᠰᠬᠤᠨ ᠤ ᠪᠦᠭᠦ᠋ᠢᠯᠡ ᠦᠩᠬᠡ ᠦᠵᠡᠮᠵᠢ ᠬᠢᠬᠡᠳ ᠪᠠᠶᠢᠭᠠᠯᠢ ᠶᠢᠨ ᠤᠷᠴᠢᠨ ᠲᠤᠭᠤᠷᠢᠨ ᠤ ᠬᠠᠷᠢᠯᠴᠠᠨ ᠵᠤᠬᠢᠴᠠᠯᠳᠤᠭᠤᠯᠬᠤ ᠶᠢ ᠪᠠᠷᠢᠮᠳᠠᠯᠠᠨ᠎ᠠ᠃ ᠦᠢᠵᠢᠭᠤᠯᠵᠦ ᠨᠤᠭᠤᠭᠠᠷᠠᠭᠤᠯᠬᠤ ᠪᠠ ᠤᠰᠤ ᠰᠢᠷᠤᠢ ᠶᠢ ᠬᠠᠮᠠᠭᠠᠯᠠᠬᠤ ᠵᠡᠷᠬᠡ ᠢᠨᠵᠧᠨᠧᠷᠢᠩ ᠲᠠᠢ ᠤᠶᠠᠯᠳᠤᠭᠤᠯᠵᠦ᠂ ᠪᠠᠶᠢᠭᠠᠯᠢ ᠶᠢᠨ ᠦᠵᠡᠮᠵᠢ ᠬᠢᠬᠡᠳ ᠭᠦᠳᠡᠭᠡ ᠨᠤᠳᠤᠭ ᠤᠨ ᠦᠵᠡᠮᠵᠢ ᠶᠢ ᠬᠠᠮᠠᠭᠠᠯᠠᠬᠤ ᠪᠠ ᠰᠡᠷᠭᠦᠬᠡᠨ᠎ᠠ᠃ ᠲᠠᠷᠢᠶᠠᠴᠢᠨ ᠤ ᠪᠠᠶᠢᠰᠢᠩ ᠵᠢᠴᠢ ᠭᠦᠷᠢᠶ᠎ᠡ ᠬᠠᠰᠢᠶ᠎ᠠ ᠶᠢᠨ ᠲᠦᠷᠰᠦ ᠲᠦᠯᠦᠪ ᠢ ᠴᠡᠭᠴᠡᠯᠡᠨ ᠵᠠᠰᠠᠬᠤ ᠪᠠ ᠠᠶᠢᠯ ᠲᠤᠰᠬᠤᠨ ᠢ ᠨᠤᠭᠤᠭᠠᠷᠠᠭᠤᠯᠵᠦ ᠭᠤᠶᠤᠵᠢᠭᠤᠯᠬᠤ ᠶᠢ ᠦᠷᠨᠢᠬᠦᠯᠵᠦ᠂ ᠤᠰᠤᠨ ᠴᠦᠭᠦᠷᠤᠮ᠂ ᠭᠤᠤ ᠰᠤᠪᠠᠭ ᠵᠡᠷᠬᠡ ᠪᠡᠯᠡᠳᠬᠡᠮᠵᠢ ᠶᠢ ᠬᠠᠮᠠᠭᠠᠯᠠᠬᠤ ᠪᠠ ᠵᠠᠰᠠᠵᠦ ᠰᠡᠷᠭᠦᠬᠡᠨ᠎ᠠ᠃ ᠰᠡᠯᠡᠭᠦᠴᠡᠯ ᠤᠨ ᠲᠠᠷᠢᠶᠠᠯᠠᠩ ᠮᠠᠯ ᠠᠵᠦ ᠠᠬᠤᠢ᠂ ᠭᠦᠳᠡᠭᠡ ᠨᠤᠳᠤᠭ ᠤᠨ ᠵᠢᠭᠤᠯᠴᠢᠯᠠᠯ᠂ ᠰᠤᠶᠤᠯ ᠤᠨ ᠡᠭᠦᠳᠦᠯᠳᠡ ᠵᠡᠷᠬᠡ ᠠᠵᠦ ᠦᠢᠯᠡᠰ ᠢ ᠭᠦᠭᠵᠢᠭᠦᠯᠦᠨ᠎ᠠ᠃ ᠤᠯᠠᠮᠵᠢᠯᠠᠯᠳᠤ ᠲᠤᠰᠬᠤᠨ ᠢ ᠬᠠᠮᠠᠭᠠᠯᠠᠵᠦ ᠭᠦᠭᠵᠢᠬᠦᠯᠬᠦ ᠲᠦᠯᠦᠪᠵᠢᠭᠦᠯᠬᠡ ᠶᠢ ᠲᠤᠨᠨᠳᠠᠭᠠᠵᠦ᠂ ᠲᠡᠤᠬᠡ ᠰᠤᠶᠤᠯ ᠤᠨ ᠨᠡᠷᠡᠳᠦ ᠲᠤᠰᠬᠤᠨ᠂ ᠤᠯᠠᠮᠵᠢᠯᠠᠯᠳᠤ ᠲᠤᠰᠬᠤᠨ ᠪᠠ ᠰᠠᠭᠤᠭᠠᠯᠢ ᠠᠷᠠᠳ ᠤᠨ ᠨᠡᠷᠡᠶᠢᠳᠦᠯ ᠤᠨ ᠵᠢᠨᠨᠰᠠᠭᠠᠯᠳᠠ ᠶᠢ ᠲᠡᠭᠦᠯᠳᠡᠷᠵᠢᠬᠦᠯᠦᠨ᠂ ᠬᠠᠮᠠᠭᠠᠯᠠᠬᠤ ᠪᠠ ᠬᠢᠨᠠᠵᠦ ᠬᠠᠮᠢᠶᠠᠷᠬᠤ ᠲᠤᠨᠨᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ᠃ ︽ᠦᠷᠬᠡᠨ ᠪᠦᠰᠡᠳᠦ ᠲᠤᠮᠳᠠᠳᠤ ᠤᠯᠤᠰ︾᠎ ᠤᠨ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠢᠨᠲ᠋ᠧᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠂ ᠦᠷᠬᠡᠨ ᠪᠦᠰᠡᠳᠦ ᠰᠦᠯᠵᠢᠶ᠎ᠡ ᠶᠢ ᠪᠦᠭᠦ ᠲᠠᠯ᠎ᠠ ᠪᠠᠷ ᠬᠠᠮᠤᠷᠠᠭᠤᠯᠬᠤ ᠶᠢ ᠠᠬᠢᠭᠤᠯᠤᠨ᠎ᠠ᠃ ᠵᠢᠵᠢᠭ ᠬᠤᠳᠠ ᠪᠠᠯᠭᠠᠰᠤ ᠶᠢᠨ ᠰᠠᠭᠤᠷᠢ ᠪᠡᠯᠡᠳᠬᠡᠮᠵᠢ ᠵᠢᠴᠢ ᠬᠤᠳᠠᠯᠳᠤᠭᠠᠨ ᠤ ᠦᠢᠯᠡᠴᠢᠯᠡᠭᠡ ᠶᠢᠨ ᠪᠡᠯᠡᠳᠬᠡᠮᠵᠢ ᠶᠢ ᠠᠰᠢᠨᠨᠯᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠶᠠᠰᠤ ᠴᠢᠨᠠᠷ ᠢ ᠪᠦᠭᠦᠯᠢ ᠴᠤᠨᠨᠴᠠ ᠪᠠᠷ ᠲᠠᠶᠢᠴᠢᠯᠠᠨ ᠲᠡᠬᠡᠭᠰᠢᠯᠡᠭᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ᠂ ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠰᠤᠨ ᠠᠰᠢᠨᠨᠯᠠᠯᠳᠠ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠵᠢᠭᠤᠯᠴᠢᠯᠠᠯ ᠤᠨ ᠭᠦᠭᠵᠢᠬᠦᠯᠦᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶     ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ      ︵ᠨᠢᠬᠡ︶ ᠤᠯᠠᠨ ᠡᠰᠢᠵᠢᠭᠰᠡᠨ ᠪᠡᠯᠡ ᠤᠷᠤᠭᠤᠯᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠪᠡᠯᠡ ᠤᠷᠤᠭᠤᠯᠤᠯᠳᠠ ᠶᠢᠨ ᠠᠷᠭ᠎ᠠ ᠮᠠᠶ᠋ᠢᠭ ᠲᠤ ᠰᠢᠨ᠎ᠠ ᠶᠢ ᠡᠭᠦᠳᠦᠨ᠂ ᠵᠠᠰᠠᠭ ᠤᠨ ᠤᠷᠳᠤᠨ ᠭᠤᠤᠯᠯᠠᠨ ᠤᠳᠤᠷᠢᠳᠬᠤ᠂ ᠲᠤᠰᠬᠤᠨ ᠤ ᠠᠷᠠᠳ ᠤᠷᠤᠯᠴᠠᠬᠤ᠂ ᠨᠡᠶᠢᠬᠡᠮ ᠨᠡᠶᠢᠳᠡ ᠪᠠᠷ ᠲᠡᠮᠵᠢᠬᠦ ᠤᠯᠠᠨ ᠡᠰᠢᠵᠢᠭᠰᠡᠨ ᠪᠡᠯᠡ ᠤᠷᠤᠭᠤᠯᠬᠤ ᠲᠤᠨᠨᠳᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠷᠤᠨ ᠨᠤᠭᠤᠳ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠲᠦᠯᠦᠪᠵᠢᠭᠦᠯᠬᠡ᠂ ᠬᠤᠭ ᠨᠤᠪᠰᠢ ᠪᠤᠬᠢᠷ ᠤᠰᠤ ᠶᠢᠨ ᠰᠶᠢᠳᠪᠦᠷᠢᠯᠡᠯᠳᠡ ᠵᠢᠴᠢ ᠠᠷᠢᠭᠤᠨ ᠴᠡᠪᠡᠷ ᠵᠤᠷᠯᠦᠩ ᠵᠡᠷᠬᠡ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ ᠠᠵᠢᠯᠯᠠᠭᠠᠨ ᠤ ᠬᠠᠮᠢᠶᠠᠷᠤᠯᠳᠠ ᠶᠢᠨ ᠲᠠᠯ᠎ᠠ ᠳᠤ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠲᠤᠨᠨᠳᠠᠪᠤᠷᠢᠳᠠᠢ ᠲᠤᠨᠨᠳᠠᠴᠠ ᠶᠢ ᠪᠠᠶᠢᠭᠤᠯᠤᠨ᠎ᠠ᠃ ᠮᠠᠯᠴᠢᠨ ᠲᠠᠷᠢᠶᠠᠴᠢᠳ ᠤᠨ ᠡᠵᠡᠨ ᠮᠡᠳᠡᠬᠦ ᠦᠵᠡᠯ ᠤᠬᠠᠮᠰᠠᠷ ᠢ ᠴᠢᠩᠭᠠᠷᠠᠭᠤᠯᠵᠦ᠂ ᠮᠠᠯᠴᠢᠨ ᠲᠠᠷᠢᠶᠠᠴᠢᠳ ᠤᠨ ᠭᠤᠤᠯ ᠴᠤᠨᠨᠴᠠ ᠶᠢᠨ ᠪᠠᠶᠢᠷᠢ ᠶᠢ ᠭᠦᠨᠳᠦᠳᠬᠡᠨ᠂ ᠭᠠᠴᠠᠭ᠎ᠠ ᠲᠤᠰᠬᠤᠨ ᠤ ᠱᠠᠳᠤᠨ ᠤ ᠨᠡᠶᠢᠳᠡ ᠶᠢᠨ ᠠᠰᠠᠷᠠᠮᠵᠢ ᠶᠢᠨ ᠠᠵᠢᠯ ᠦᠢᠯᠡᠰ ᠤᠨ ᠪᠠᠶᠢᠭᠤᠯᠤᠯᠳᠠ ᠳᠤ ︽ᠨᠢᠬᠡ ᠨᠢᠬᠡ ᠤᠴᠢᠷ ᠶᠠᠪᠤᠳᠠᠯ ᠢᠶᠠᠷ ᠵᠦᠪᠯᠡᠵᠦ︾ ᠪᠡᠯᠡ ᠮᠦᠩᠭᠦ ᠭᠦᠳᠡᠯᠮᠦᠷᠢ ᠭᠦᠴᠦᠨ ᠬᠤᠷᠠᠮᠳᠤᠭᠤᠯᠬᠤ ᠲᠦᠷᠦ ᠶᠢᠨ ᠪᠤᠳᠤᠯᠭ᠎ᠠ ᠶᠢ ᠰᠠᠶᠢᠳᠤᠷ ᠠᠮᠢᠳᠤᠯᠢᠭ ᠢᠶᠠᠷ ᠬᠡᠷᠡᠭᠯᠡᠵᠦ᠂ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠳᠤ ᠤᠷᠤᠯᠴᠠᠬᠤ ᠮᠠᠯᠴᠢᠨ ᠲᠠᠷᠢᠶᠠᠴᠢᠳ ᠤᠨ ᠢᠳᠡᠪᠬᠢᠵᠢᠯ ᠢ ᠭᠦᠢᠴᠡᠳ ᠲᠠᠶᠢᠴᠢᠯᠠᠨ᠎ᠠ᠃ ᠭᠦᠳᠦᠯᠦᠨ ᠵᠢᠯᠤᠭᠤᠳᠴᠤ ᠤᠷᠮᠠᠰᠢᠭᠤᠯᠬᠤ ᠲᠤᠨᠨᠳᠠᠴᠠ ᠶᠢ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠳᠤ ᠨᠡᠶᠢᠬᠡᠮ ᠤᠨ ᠭᠦᠷᠦᠩᠬᠡ ᠪᠠ ᠢᠳᠡᠬᠡᠮᠵᠢᠳᠦ ᠵᠢᠬᠡᠯᠡᠯᠬᠡ ᠶᠢᠨ ᠪᠡᠯᠡ ᠮᠦᠩᠭᠦ ᠶᠢᠨ ᠤᠷᠤᠯᠴᠠᠬᠤ ᠶᠢ ᠵᠤᠷᠢᠨᠨᠵᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠤᠬᠢᠷ ᠤᠰᠤ ᠶᠢ ᠵᠠᠰᠠᠬᠤ ᠵᠠᠬ᠎ᠠ ᠲᠡᠯᠬᠡᠭᠦᠷ ᠤᠨ ᠭᠤᠤᠯ ᠴᠤᠨᠨᠴᠠ ᠶᠢ ᠭᠦᠮᠦᠵᠢᠬᠦᠯᠦᠨ ᠭᠦᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠬ᠎ᠠ ᠲᠡᠯᠬᠡᠭᠦᠷᠵᠢᠬᠦ ᠬᠢᠷᠢ ᠬᠡᠮᠵᠢᠶ᠎ᠡ ᠶᠢ ᠦᠨᠡᠨᠬᠦ ᠲᠡᠬᠡᠭᠰᠢᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠴᠢᠳᠠᠪᠤᠷᠢ ᠪᠠ ᠦᠷ᠎ᠡ ᠠᠰᠢᠭ ᠢ ᠪᠦᠭᠦ ᠲᠠᠯ᠎ᠠ ᠪᠠᠷ ᠲᠡᠬᠡᠭᠰᠢᠯᠡᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠦᠳᠡᠯᠬᠡᠬᠡᠨ ᠤ ᠵᠦᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶      ︵ᠬᠤᠶᠠᠷ︶ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ ᠲᠤᠨᠨᠳᠠᠴᠠ ᠶᠢ ᠪᠠᠶᠢᠭᠤᠯᠵᠦ ᠪᠦᠷᠢᠨᠰᠢᠬᠦᠯᠦᠨ᠎ᠠ᠃ ᠠᠶᠢᠯ ᠲᠤᠰᠬᠤᠨ ᠤ ᠵᠠᠮ᠂ ᠤᠰᠤᠨ ᠤ ᠬᠠᠩᠭᠠᠯᠭ᠎ᠠ ᠪᠠ ᠲᠠᠳᠠᠷᠠᠭᠤᠯᠳᠠ᠂ ᠬᠤᠭ ᠨᠤᠪᠰᠢ ᠪᠠ ᠪᠤᠬᠢᠷ ᠤᠰᠤ ᠶᠢᠨ ᠰᠶᠢᠳᠪᠦᠷᠢᠯᠡᠯᠳᠡ᠂ ᠤᠯᠠᠨ ᠨᠡᠶᠢᠳᠡ ᠶᠢᠨ ᠠᠷᠢᠭᠤᠨ ᠴᠡᠪᠡᠷ ᠵᠤᠷᠯᠦᠩ ᠵᠡᠷᠬᠡ ᠨᠡᠶᠢᠳᠡ ᠶᠢᠨ ᠬᠡᠷᠡᠭᠯᠡᠬᠡᠨ ᠪᠠ ᠠᠶᠢᠯ ᠲᠤᠰᠬᠤᠨ ᠤ ᠨᠤᠭᠤᠭᠠᠷᠠᠭᠤᠯᠤᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ ᠲᠦᠷᠢᠮ ᠢ ᠪᠠᠶᠢᠭᠤᠯᠵᠦ᠂ ᠬᠤᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠢ ᠭᠦᠳᠡᠭᠡ ᠲᠡᠰᠢ ᠤᠷᠳᠤᠳᠬᠠᠬᠤ ᠶᠢ ᠰᠦᠪᠡᠭᠴᠢᠯᠡᠨ᠂ ᠬᠤᠳᠠ ᠭᠦᠳᠡᠭᠡ ᠶᠢᠨ ᠬᠠᠮᠢᠶᠠᠷᠤᠯᠳᠠ ᠶᠢ ᠨᠢᠬᠡ ᠴᠤᠨᠨᠴᠠᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠠ᠃ ᠭᠠᠴᠠᠭ᠎ᠠ ᠲᠤᠰᠬᠤᠨ ᠤ ᠱᠠᠳᠤᠨ ᠤ ᠴᠡᠪᠡᠷᠯᠡᠭᠡ ᠬᠢᠬᠦ ᠡᠩᠨᠡᠭᠡ ᠶᠢ ᠪᠠᠶᠢᠭᠤᠯᠤᠨ᠂ ᠭᠤᠷᠪᠠᠳᠠᠬᠢ ᠡᠳᠡᠬᠡᠳ ᠠᠴᠠ ᠵᠠᠰᠠᠬᠤ ᠲᠤᠨᠨᠳᠠᠴᠠ ᠶᠢ ᠰᠦᠪᠡᠭᠴᠢᠯᠡᠨ ᠤᠷᠤᠭᠤᠯᠵᠦ᠂ ᠵᠠᠬ᠎ᠠ ᠲᠡᠯᠬᠡᠭᠦᠷᠴᠢᠯᠡᠭᠰᠡᠨ ᠲᠤᠰᠬᠠᠢ ᠮᠡᠷᠬᠡᠵᠢᠯ ᠤᠨ ᠬᠠᠮᠢᠶᠠᠷᠴᠤ ᠬᠠᠮᠠᠭᠠᠯᠠᠬᠤ ᠡᠩᠨᠡᠭᠡ ᠶᠢ ᠪᠤᠢ ᠪᠤᠯᠭᠠᠨ᠂ ᠬᠠᠮᠢᠶᠠᠷᠴᠤ ᠬᠠᠮᠠᠭᠠᠯᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ᠦᠨᠳᠦᠰᠦᠨ ᠱᠠᠳᠤᠨ ᠤ ᠬᠠᠮᠢᠶᠠᠷᠤᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠲᠤᠰᠬᠤᠨ ᠪᠠᠯᠭᠠᠰᠤᠨ ᠤ ᠲᠦᠯᠦᠪᠵᠢᠬᠦᠯᠬᠡ ᠶᠢᠨ ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠤᠬᠢᠴᠠᠭᠤᠯᠵᠦ ᠠᠬᠢᠭᠤᠯᠬᠤ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶      ︵ᠭᠤᠷᠪᠠ︶ ᠮᠠᠯᠴᠢᠨ ᠲᠠᠷᠢᠶᠠᠴᠢᠳ ᠤᠨ ᠭᠤᠤᠯ ᠴᠤᠨᠨᠴᠠ ᠶᠢᠨ ᠲᠤᠨᠨᠳᠠᠴᠠ ᠶᠢ ᠪᠠᠶᠢᠭᠤᠯᠵᠦ ᠪᠦᠷᠢᠨᠰᠢᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠲᠤᠤᠷᠠᠳᠤ ᠱᠠᠳᠤᠨ ᠠᠴᠠ ᠲᠡᠬᠡᠳᠦ ᠱᠠᠳᠤᠨ ᠲᠡᠰᠢ ᠠᠷᠠᠳᠴᠢᠯᠠᠯ ᠢᠶᠠᠷ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠲᠤᠨᠨᠳᠠᠴᠠ ᠶᠢ ᠪᠠᠶᠢᠭᠤᠯᠵᠦ᠂ ᠤᠯᠠᠩᠬᠢ ᠤᠯᠠᠨ ᠲᠦᠮᠡᠨ ᠤ ᠬᠠᠮᠳᠤ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠨ᠂ ᠲᠤᠰᠬᠤᠨ ᠤ ᠲᠤᠳᠤᠭᠠᠳᠤᠬᠢ ᠠᠵᠢᠯ ᠬᠡᠷᠡᠭ ᠤᠨ ︽ᠲᠤᠰᠬᠤᠨ ᠤ ᠠᠷᠠᠳ ᠵᠦᠪᠯᠡᠵᠦ ᠲᠤᠰᠬᠤᠨ ᠤ ᠠᠷᠠᠳ ᠲᠤᠨᠨᠳᠠᠭᠠᠬᠤ᠂ ᠲᠤᠰᠬᠤᠨ ᠤ ᠠᠷᠠᠳ ᠪᠠᠶᠢᠭᠤᠯᠵᠦ ᠲᠤᠰᠬᠤᠨ ᠤ ᠠᠷᠠᠳ ᠬᠠᠮᠢᠶᠠᠷᠬᠤ︾ ᠬᠡᠷᠡᠭᠵᠢᠬᠦᠯᠦᠯᠳᠡ ᠶᠢᠨ ᠲᠤᠨᠨᠳᠠᠴᠠ ᠶᠢ ᠬᠡᠷᠡᠭᠵᠢᠬᠦᠯᠵᠦ᠂ ᠮᠠᠯᠴᠢᠨ ᠲᠠᠷᠢᠶᠠᠴᠢᠳ ᠢ ᠦᠷᠬᠡᠨ ᠢᠶᠠᠷ ᠲᠠᠶᠢᠴᠢᠯᠠᠵᠦ ᠪᠠᠶᠢᠭᠠᠳ ᠲᠦᠷᠦᠯ ᠵᠦᠢᠯ ᠤᠨ ᠵᠤᠬᠢᠶᠠᠨ ᠪᠠᠶᠢᠭᠤᠯᠤᠨ ᠬᠡᠷᠡᠭᠵᠢᠬᠦᠯᠬᠦ ᠳᠤ ᠤᠷᠤᠯᠴᠠᠭᠤᠯᠤᠨ᠂ ᠮᠠᠯᠴᠢᠨ ᠲᠠᠷᠢᠶᠠᠴᠢᠳ ᠤᠨ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠡᠷᠬᠡ᠂ ᠤᠷᠤᠯᠴᠠᠬᠤ ᠡᠷᠬᠡ ᠪᠠ ᠬᠢᠨᠠᠯᠳᠠ ᠲᠠᠯᠪᠢᠬᠤ ᠡᠷᠬᠡ ᠶᠢ ᠪᠠᠳᠤᠯᠠᠨ᠎ᠠ᠃ ᠲᠤᠰᠬᠤᠨ ᠤ ᠶᠠᠪᠤᠳᠠᠯ ᠤᠨ ᠢᠯᠡ ᠪᠤᠯᠭᠠᠬᠤ ᠲᠦᠷᠢᠮ ᠢ ᠲᠡᠭᠦᠯᠳᠡᠷᠵᠢᠬᠦᠯᠵᠦ᠂ ᠲᠦᠷᠦᠯ ᠵᠦᠢᠯ ᠢ ᠢᠯᠡ ᠪᠤᠯᠭᠠᠬᠤ᠂ ᠬᠡᠷ᠎ᠡ ᠶᠢ ᠢᠯᠡ ᠪᠤᠯᠭᠠᠬᠤ᠂ ᠪᠡᠯᠡ ᠤᠷᠤᠭᠤᠯᠤᠯᠳᠠ ᠶᠢᠨ ᠲᠤᠭ᠎ᠠ ᠶᠢ ᠢᠯᠡ ᠪᠤᠯᠭᠠᠬᠤ ᠶᠢ ᠬᠡᠷᠡᠭᠵᠢᠬᠦᠯᠦᠨ᠂ ᠲᠤᠰᠬᠤᠨ ᠤ ᠠᠷᠠᠳ ᠤᠨ ᠬᠢᠨᠠᠯᠳᠠ ᠲᠠᠯᠪᠢᠬᠤ ᠪᠠ ᠵᠦᠪᠯᠡᠨ ᠲᠤᠨᠨᠳᠠᠭᠠᠬᠤ ᠶᠢ ᠭᠦᠯᠢᠶᠡᠨ ᠠᠪᠤᠨ᠎ᠠ᠃ ᠷᠠᠳᠢᠤ᠋ ᠲᠧᠯᠸᠢᠰ᠂ ᠢᠨᠲ᠋ᠧᠷ ᠰᠦᠯᠵᠢᠶ᠎ᠡ᠂ ᠤᠬᠠᠭᠤᠯᠭ᠎ᠠ ᠶᠢᠨ ᠪᠤᠯᠤᠩ ᠵᠡᠷᠬᠡ ᠠᠴᠢᠶᠠᠯᠠᠪᠤᠷᠢ ᠶᠢ ᠭᠦᠢᠴᠡᠳ ᠬᠡᠷᠡᠭᠯᠡᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠬᠠᠰᠠᠨ ᠲᠡᠷᠢᠬᠦᠨ ᠤ ᠨᠡᠶᠢᠳᠡᠯᠢᠭ ᠢ ᠵᠦᠪ ᠲᠠᠯ᠎ᠠ ᠠᠴᠠ ᠨᠢ ᠤᠬᠠᠭᠤᠯᠬᠤ ᠪᠠᠨ ᠴᠢᠩᠭᠠᠳᠬᠠᠨ᠂ ᠮᠠᠯᠴᠢᠨ ᠲᠠᠷᠢᠶᠠᠴᠢᠳ ᠢ ᠭᠦᠳᠦᠯᠦᠨ ᠤᠳᠤᠷᠢᠳᠴᠤ ᠪᠠᠶᠢᠭᠠᠳ ︽ᠠᠵᠢᠯᠴᠢ ᠭᠦᠳᠡᠯᠮᠦᠷᠢᠴᠢ᠂ ᠰᠢᠷᠭᠠᠭᠤ ᠬᠢᠴᠢᠶᠠᠩᠭᠦᠢ᠂ ᠦᠪᠡᠰᠦᠪᠡᠨ ᠲᠡᠭᠵᠢᠷᠡᠬᠦ︾ ᠵᠤᠷᠢᠭ ᠰᠠᠨᠠᠭ᠎ᠠ ᠶᠢ ᠤᠬᠠᠭᠤᠯᠤᠨ ᠪᠠᠳᠠᠷᠠᠭᠤᠯᠵᠦ᠂ ᠪᠦᠭᠦ ᠨᠡᠶᠢᠬᠡᠮ ᠢᠶᠠᠷ ᠢᠶᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠪᠠ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ ᠳᠤ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶      ︵ᠲᠦᠷᠪᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠪᠠᠶᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠳᠡᠢ᠃ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠲᠤᠰ ᠭᠠᠵᠠᠷ ᠤᠷᠤᠨ ᠤ ᠪᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠬᠡᠯᠡᠵᠦ ᠂ ᠲᠤᠰ ᠭᠠᠵᠠᠷ ᠤᠷᠤᠨ ᠤ ᠪᠠᠨ ᠪᠤᠳᠠᠳᠠᠢ ᠲᠠᠢ ᠤᠶᠠᠯᠳᠤᠭᠤᠯᠤᠨ᠂ ᠪᠤᠳᠠᠳᠠᠢ ᠬᠡᠷᠡᠭᠵᠢᠬᠦᠯᠬᠦ ᠲᠦᠰᠦᠯ ᠰᠤᠳᠤᠯᠤᠨ ᠲᠤᠨᠨᠳᠠᠭᠠᠬᠤ ᠬᠡᠷᠡᠭᠳᠡᠢ᠃ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠠᠷᠠᠳ ᠤᠨ ᠵᠠᠰᠠᠭ ᠤᠨ ᠤᠷᠳᠤᠨ ᠨᠢ ᠲᠤᠰ ᠭᠠᠵᠠᠷ ᠤᠷᠤᠨ ᠤ ᠪᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠠᠵᠢᠯ ᠳᠤ ᠭᠤᠤᠯ ᠴᠤᠨᠨᠴᠠ ᠶᠢᠨ ᠬᠠᠷᠢᠭᠤᠴᠠᠯᠭ᠎ᠠ ᠡᠭᠦᠷᠬᠡᠯᠡᠵᠦ᠂ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ᠂ ᠪᠡᠯᠡ ᠮᠦᠩᠭᠦ ᠶᠢ ᠬᠤᠷᠠᠮᠳᠤᠭᠤᠯᠤᠨ ᠴᠤᠨᠨᠯᠠᠭᠤᠯᠬᠤ᠂ ᠵᠤᠬᠢᠶᠠᠨ ᠪᠠᠶᠢᠭᠤᠯᠵᠦ ᠵᠤᠬᠢᠴᠠᠭᠤᠯᠬᠤ ᠪᠠ ᠬᠢᠨᠠᠯᠳᠠ ᠲᠠᠯᠪᠢᠵᠦ ᠪᠠᠶᠢᠴᠠᠭᠠᠬᠤ ᠵᠡᠷᠬᠡ ᠠᠵᠢᠯ ᠢ ᠴᠢᠩᠭᠠᠳᠬᠠᠬᠤ ᠬᠡᠷᠡᠭᠳᠡᠢ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠ ᠭᠠᠴᠠᠭ᠎ᠠ ᠲᠤᠰᠬᠤᠨ ᠤ ᠵᠦᠪᠯᠡᠯ ︵ᠰᠠᠭᠤᠭᠠᠯᠢ ᠠᠷᠠᠳ ᠤᠨ ᠵᠦᠪᠯᠡᠯ︶ ᠪᠤᠯ ᠲᠤᠰ ᠭᠠᠵᠠᠷ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠠᠵᠢᠯ ᠢ ᠬᠡᠷᠡᠭᠵᠢᠬᠦᠯᠬᠦ ᠭᠤᠤᠯ ᠴᠤᠨᠨᠴᠠ ᠪᠤᠯᠬᠤᠷ ᠠᠵᠢᠯᠳᠠᠨ ᠢ ᠵᠤᠬᠢᠰᠳᠠᠢ ᠪᠠᠷ ᠲᠤᠬᠢᠷᠠᠭᠤᠯᠵᠦ᠂ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠢ ᠵᠤᠬᠢᠶᠠᠨ ᠪᠠᠶᠢᠭᠤᠯᠵᠦ ᠬᠡᠷᠡᠭᠵᠢᠬᠦᠯᠬᠦ ᠶᠢ ᠰᠠᠶᠢᠳᠤᠷ ᠠᠳᠬᠤᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠪᠠ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ ᠡᠯ᠎ᠡ ᠵᠦᠢᠯ ᠤᠨ ᠠᠵᠢᠯ ᠤᠨ ᠪᠤᠳᠠᠳᠠᠶᠢᠵᠢᠬᠤ ᠪᠠ ᠪᠤᠳᠠᠳᠤ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶      ︵ᠲᠠᠪᠤ︶ ᠵᠤᠬᠢᠴᠠᠭᠤᠯᠵᠦ ᠬᠤᠷᠰᠢᠯᠴᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠲᠢᠩᠬᠢᠮ ᠤᠨ ᠬᠤᠭᠤᠷᠤᠨᠳᠤ ᠬᠠᠮᠲᠤᠷᠠᠬᠰᠠᠨ ᠬᠤᠷᠠᠯᠳᠤᠭᠠᠨ ᠤ ᠲᠦᠷᠢᠮ ᠢ ᠪᠠᠶᠢᠭᠤᠯᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠡᠭᠦᠷᠬᠡ ᠬᠠᠷᠢᠭᠤᠴᠠᠯᠭ᠎ᠠ ᠪᠠᠨ ᠵᠤᠯᠭᠠᠯᠳᠤᠭᠤᠯᠬᠤ ᠠᠵᠢᠯ ᠤᠨ ᠠᠰᠠᠭᠤᠳᠠᠯ ᠢ ᠨᠢᠬᠡᠳᠦᠯᠳᠡᠢ ᠲᠦᠯᠦᠪᠯᠡᠵᠦ ᠵᠤᠬᠢᠴᠠᠭᠤᠯᠤᠨ ᠰᠶᠢᠳᠪᠦᠷᠢᠯᠡᠵᠦ᠂ ᠲᠤᠰ ᠲᠤᠰ ᠤᠨ ᠡᠭᠦᠷᠬᠡ ᠲᠤᠰᠢᠶᠠᠯ ᠢᠶᠠᠨ ᠭᠦᠢᠴᠡᠳᠬᠡᠬᠦ᠂ ᠨᠢᠨᠨᠳᠠ ᠬᠠᠮᠵᠢᠯᠴᠠᠬᠤ᠂ ᠮᠡᠳᠡᠭᠡ ᠵᠠᠩᠬᠢ ᠪᠠᠨ ᠬᠠᠷᠢᠯᠴᠠᠨ ᠨᠡᠪᠳᠡᠷᠡᠯᠴᠡᠬᠦ᠂ ᠡᠬᠢ ᠪᠠᠶᠠᠯᠢᠭ ᠢᠶᠠᠨ ᠬᠠᠮᠳᠤᠪᠡᠷ ᠭᠦᠷᠳᠡᠬᠦ᠂ ᠠᠵᠢᠯ ᠤᠨ ᠲᠠᠯ᠎ᠠ ᠪᠠᠷ ᠬᠠᠮᠲᠤᠷᠠᠨ ᠭᠦᠳᠡᠯᠦᠯᠴᠡᠬᠦ ᠶᠢᠨ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢ ᠠᠬᠢᠭᠤᠯᠬᠤ ᠠᠵᠢᠯ ᠤᠨ ᠨᠡᠶᠢᠯᠡᠮᠠᠯ ᠭᠦᠴᠦᠨ ᠢ ᠪᠦᠷᠢᠯᠳᠦᠬᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠰᠠᠯᠠᠭ᠎ᠠ ᠮᠦᠴᠢᠷ ᠪᠠ ᠤᠷᠤᠨ ᠨᠤᠳᠤᠭ ᠤᠨ ᠵᠠᠰᠠᠭ ᠤᠨ ᠤᠷᠳᠤᠨ ᠤ ᠵᠤᠬᠢᠴᠠᠭᠤᠯᠵᠦ ᠬᠠᠮᠲᠤᠷᠠᠨ ᠭᠦᠳᠡᠯᠦᠯᠴᠡᠬᠦ ᠲᠤᠨᠨᠳᠠᠴᠠ ᠶᠢ ᠪᠠᠶᠢᠭᠤᠯᠵᠦ᠂ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠴᠢᠬᠤᠯᠠ ᠠᠰᠠᠭᠤᠳᠠᠯ ᠢ ᠨᠢᠬᠡᠳᠦᠯᠳᠡᠢ ᠲᠦᠯᠦᠪᠯᠡᠨ ᠰᠶᠢᠳᠪᠦᠷᠢᠯᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠢ ᠵᠤᠬᠢᠴᠠᠭᠤᠯᠤᠨ ᠵᠡᠷᠬᠡ ᠳᠤᠨᠢ ᠠᠬᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠦᠳᠡᠯᠬᠡᠬᠡᠨ ᠤ ᠵᠦᠪᠯᠡᠯ᠂ ᠤᠰᠤᠨ ᠠᠰᠢᠨᠨᠯᠠᠯᠳᠠ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠵᠢᠭᠤᠯᠴᠢᠯᠠᠯ ᠤᠨ ᠭᠦᠭᠵᠢᠭᠦᠯᠦᠯᠳᠡ ᠶᠢᠨ ᠵᠦᠪᠯᠡᠯ᠂ ᠤᠢ ᠰᠢᠭᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ︶      ︵ᠵᠢᠷᠭᠤᠭ᠎ᠠ︶ ᠰᠢᠮᠳᠠᠭᠤᠯᠤᠨ ᠪᠠᠶᠢᠴᠠᠭᠠᠵᠦ ᠰᠢᠯᠭᠠᠨ ᠬᠢᠨᠠᠵᠦ ᠱᠠᠩᠨᠠᠨ ᠵᠠᠯᠬᠠᠭᠠᠬᠤ ᠲᠤᠨᠨᠳᠠᠴᠠ ᠶᠢ ᠪᠠᠶᠢᠭᠤᠯᠵᠦ ᠪᠦᠷᠢᠨᠰᠢᠭᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ ᠤᠳ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠠᠵᠢᠯ ᠢ ᠰᠢᠮᠳᠡᠭᠤᠯᠤᠨ ᠪᠠᠶᠢᠴᠠᠭᠠᠬᠤ ᠪᠠᠨ ᠴᠢᠩᠭᠠᠳᠬᠠᠵᠦ᠂ ᠰᠢᠮᠳᠠᠭᠤᠯᠤᠨ ᠪᠠᠶᠢᠴᠠᠭᠠᠬᠤ ᠲᠤᠨᠨᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠂ ᠡᠯ᠎ᠡ ᠠᠶᠢᠮᠠᠭ ᠬᠤᠳᠠ ᠶᠢᠨ ᠤᠨ ᠤ ᠠᠵᠢᠯ ᠤᠨ ᠪᠠᠶᠢᠳᠠᠯ᠂ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠮᠡᠳᠡᠭᠡ ᠵᠠᠩᠬᠢ ᠶᠢᠨ ᠰᠢᠰᠲ᠋ᠧᠮ ᠤᠨ ᠳ᠋ᠠᠶᠢᠲ᠋ᠠ ᠵᠡᠷᠬᠡ ᠶᠢ ᠦᠨᠳᠦᠰᠦᠯᠡᠵᠦ᠂ ᠡᠯ᠎ᠡ ᠠᠶᠢᠮᠠᠭ ᠬᠤᠳᠠ ᠶᠢᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠪᠠᠶᠢᠳᠠᠯ ᠢ ᠴᠠᠭ ᠲᠤᠨᠢ ᠲᠤᠬᠢᠷᠠᠭᠤᠯᠵᠦ ᠰᠢᠮᠳᠠᠭᠤᠯᠤᠨ ᠪᠠᠶᠢᠴᠠᠭᠠᠬᠤ ᠶᠢᠨ ᠬᠠᠮᠳᠤ ᠰᠢᠮᠳᠠᠭᠤᠯᠤᠨ ᠪᠠᠶᠢᠴᠠᠭᠠᠨᠨᠰᠠᠨ ᠦᠷ᠎ᠡ ᠳ᠋ᠦᠩ ᠢ ᠮᠡᠳᠡᠬᠡᠯᠡᠨ ᠨᠡᠶᠢᠳᠡᠯᠡᠬᠦ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠠᠵᠢᠯ ᠢ ᠲᠤᠤᠷ᠎ᠠ ᠨᠢᠬᠡ ᠱᠠᠳᠤᠨ ᠤ ᠵᠠᠰᠠᠭ ᠤᠨ ᠤᠷᠳᠤᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠤᠨ ᠤ ᠠᠵᠢᠯ ᠤᠨ ᠪᠤᠳᠠᠳᠠᠢ ᠠᠮᠵᠢᠯᠳᠠ ᠪᠦᠳᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠤᠷᠤᠭᠤᠯᠵᠦ᠂ ᠵᠠᠰᠠᠭ ᠵᠠᠬᠢᠷᠭᠠᠨ ᠤ ᠲᠤᠰᠬᠤᠨ ᠢᠶᠠᠷ ᠰᠢᠯᠭᠠᠨ ᠬᠢᠨᠠᠬᠤ ᠡᠳᠡᠬᠡᠳ ᠪᠤᠯᠭᠠᠨ᠂ ᠱᠠᠳᠤ ᠬᠤᠪᠢᠶᠠᠵᠦ ᠵᠤᠬᠢᠶᠠᠨ ᠪᠠᠶᠢᠭᠤᠯᠬᠤ᠂ ᠱᠠᠳᠤ ᠬᠤᠪᠢᠶᠠᠵᠦ ᠰᠢᠯᠭᠠᠨ ᠬᠢᠨᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠱᠠᠳᠤ ᠬᠤᠪᠢᠶᠠᠵᠦ ᠰᠢᠯᠭᠠᠨ ᠬᠢᠨᠠᠬᠤ ᠲᠦᠷᠢᠮ ᠢ ᠪᠠᠶᠢᠭᠤᠯᠤᠨ᠂ ᠪᠠᠶᠢᠷᠢᠯᠠᠭᠤᠯᠤᠯᠳᠠ ᠬᠢᠭᠰᠡᠨ ᠨᠢ ᠪᠤᠳᠠᠳᠠᠶᠢᠵᠢᠨᠨᠰᠠᠨ ᠦᠬᠡᠢ᠂ ᠠᠷᠭ᠎ᠠ ᠬᠡᠮᠵᠢᠶ᠎ᠡ ᠠᠪᠤᠨᠨᠰᠠᠨ ᠨᠢ ᠪᠠᠷᠤᠨᠨᠳᠠᠢ᠂ ᠠᠵᠢᠯ ᠢᠶᠠᠨ ᠨᠠᠶᠢᠳᠠᠪᠤᠷᠢᠵᠢᠭᠤᠯᠤᠨᠨᠰᠠᠨ ᠦᠬᠡᠢ ᠪᠠᠶᠢᠪᠠᠯ ᠴᠢᠩᠭ᠎ᠠ ᠬᠠᠷᠢᠭᠤᠴᠠᠯᠭ᠎ᠠ ᠬᠡᠯᠡᠯᠴᠡᠵᠦ᠂ ᠡᠷᠬᠡ ᠪᠠ ᠬᠠᠷᠢᠭᠤᠴᠠᠯᠭ᠎ᠠ ᠨᠢ ᠲᠤᠳᠤᠷᠬᠠᠢ᠂ ᠱᠠᠩᠨᠠᠵᠦ ᠵᠠᠯᠬᠠᠭᠠᠬᠤ ᠨᠢ ᠢᠯᠡ ᠲᠤᠳᠤ ᠪᠠᠶᠢᠬᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠰᠢᠯᠭᠠᠨ ᠬᠢᠨᠠᠬᠤ ᠰᠢᠰᠲ᠋ᠧᠮᠵᠢ ᠶᠢ ᠴᠢᠷᠮᠠᠶᠢᠨ ᠪᠤᠢ ᠪᠤᠯᠭᠠᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ᠂ ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶                       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map