ᠬᠠᠤᠯᠢ ᠬᠡᠷᠡᠭᠵᠢᠭᠦᠯᠬᠦ ᠡᠩᠨᠡᠭᠡᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠨ ᠠᠬᠢᠭᠤᠯᠤᠶ᠎ᠠ
ᠨᠡᠶᠢᠲᠡᠯᠡᠭᠰᠡᠨ ᠴᠠᠭ᠄
2017/12/5
     ᠰᠤᠷᠪᠤᠯᠵᠢᠯᠠᠭᠰᠠᠨ ᠴᠠᠭ᠄      2017 ᠣᠨ ᠤ 10 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠴᠢᠶᠣᠤ ᠰᠢᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠰᠢᠶᠳᠪᠦᠷᠢᠲᠦ ᠤᠷᠤᠯᠳᠤᠭᠠᠨ ᠨᠢ 2017 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ ᠶᠠᠪᠤᠭᠳᠠᠬᠤ ᠪᠣᠯᠣᠨ᠎ᠠ᠂ ᠡᠯ᠎ᠡ ᠠᠶᠢᠮᠠᠭ ᠬᠤᠳᠠ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠩᠬᠠᠨ ᠤ ᠣᠷᠣᠯᠳᠤᠭᠠᠨ᠂  ᠬᠤᠶᠠᠷᠳᠠᠬᠢ ᠣᠷᠣᠯᠳᠤᠭᠠᠨ ᠵᠡᠷᠭᠡ ᠭᠤᠭᠴᠤᠭᠠᠨ ᠤ ᠰᠢᠯᠭᠠᠷᠠᠭᠤᠯᠬᠤ ᠣᠷᠣᠯᠳᠤᠭᠠᠨ ᠢᠶᠠᠷ ᠪᠤᠢ ᠪᠣᠯᠤᠭᠰᠠᠨ 30 ᠲᠥᠯᠥᠭᠡᠯᠡᠭᠴᠢᠳ ᠤᠨ ᠠᠩᠭᠢ ᠨᠢ ᠪᠦᠬᠦ ᠣᠷᠣᠨ ᠤ ᠰᠢᠢᠳᠪᠦᠷᠢᠲᠦ ᠣᠷᠣᠯᠳᠤᠭᠠᠨ ᠳᠤ ᠣᠷᠣᠯᠴᠠᠨ᠎ᠠ᠃ ᠲᠤᠰ ᠤᠳᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠢ ᠶᠢᠨ ᠪᠠᠶᠠᠷ ᠤᠨ ᠶᠣᠰᠣᠯᠠᠯ ᠢ ᠣᠭᠲᠤᠬᠤ ᠶᠢᠨ ᠲᠥᠯᠥᠭᠡ ᠦᠷᠨᠢᠭᠦᠯᠦᠭᠰᠡᠨ ᠴᠢᠬᠤᠯᠠ ᠠᠵᠢᠯᠯᠠᠭ᠎ᠠ ᠪᠣᠯᠣᠨ᠎ᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠥᠷᠭᠡᠨ ᠣᠯᠠᠨ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠠᠨ ᠪᠦᠬᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠴᠢᠶᠣᠤ ᠰᠢᠨ ᠢ ᠤᠷᠢᠵᠤ᠂ ᠮᠠᠨ ᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠪᠠᠶᠢᠳᠠᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠣᠨ᠎ᠠ᠃ ᠴᠢᠶᠣᠤ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠴᠢᠶᠣᠤ ᠰᠢᠨ᠄      ᠬᠥᠲᠥᠯᠥᠭᠴᠢ ᠰᠠᠶᠢᠨ ᠤᠤ᠂ ᠰᠦᠯᠵᠢᠶᠡᠨ ᠤ ᠨᠠᠶᠢᠵᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕      ᠬᠥᠲᠥᠯᠥᠭᠴᠢ᠄      ᠶᠠᠭᠤᠨ ᠤ ᠤᠴᠢᠷ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠬᠡᠮᠡᠬᠦ ᠠᠵᠢᠯᠯᠠᠭ᠎ᠠ ᠶᠠᠪᠤᠭᠳᠠᠭᠤᠯᠤᠭᠰᠠᠨ ᠢ ᠲᠠ ᠲᠠᠨᠢᠯᠴᠠᠭᠤᠯᠤᠭᠠᠳ ᠥᠭᠭᠦᠨ᠎ᠡ ᠤᠤ︖      ᠴᠢᠶᠣᠤ ᠰᠢᠨ᠄      ᠲᠤᠰ ᠤᠳᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠎ ᠤᠨ ᠤᠳᠤᠷᠢᠳᠬᠤ ᠳᠤᠭᠤᠶᠢᠯᠠᠩ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠢ ᠶᠢᠨ ᠪᠠᠶᠠᠷ ᠤᠨ ᠶᠣᠰᠣᠯᠠᠯ ᠢ ᠤᠭᠲᠤᠬᠤ ᠶᠢᠨ ᠲᠥᠯᠥᠭᠡ ᠦᠷᠨᠢᠭᠦᠯᠦᠭᠰᠡᠨ ᠴᠢᠬᠤᠯᠠ ᠠᠵᠢᠯᠯᠠᠭ᠎ᠠ ᠪᠣᠯᠣᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠳᠤ ᠣᠷᠣᠯᠴᠠᠭᠤᠯᠬᠤ ᠎ ᠨᠢ ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠠᠬᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠭᠤᠣᠯ ᠰᠡᠳᠦᠪ ᠤᠨ ᠲᠣᠭᠤᠷᠢᠨ ᠳᠤ᠂ ᠤᠨᠤᠯ ᠢ ᠪᠤᠳᠠᠲᠠᠢ ᠲᠠᠢ ᠤᠶᠠᠯᠳᠤᠭᠤᠯᠤᠭᠰᠠᠨ ᠪᠣᠯᠪᠠᠰᠤᠷᠠᠭᠤᠯᠬᠤ ᠠᠷᠭ᠎ᠠ ᠮᠠᠶ᠋ᠢᠭ ᠢᠶᠠᠷ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠬᠠᠤᠯᠢ ᠬᠡᠷᠡᠭᠵᠢᠭᠦᠯᠬᠦ ᠡᠩᠨᠡᠭᠡᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠬᠠᠤᠯᠢ ᠪᠠᠷ ᠣᠷᠣᠨ ᠢᠶᠠᠨ ᠵᠠᠰᠠᠬᠤ᠂ ᠬᠠᠤᠯᠢ ᠪᠠᠷ ᠵᠠᠰᠠᠬᠤ ᠥᠪᠥᠷ ᠮᠣᠩᠭᠤᠯ ᠢ ᠪᠦᠳᠤᠭᠡᠨ ᠪᠠᠶᠢᠭᠤᠯᠬᠤ ᠠᠬᠢᠴᠠ ᠶᠢ ᠲᠥᠷᠭᠡᠳᠬᠡᠨ ᠠᠬᠢᠭᠤᠯᠬᠤ ᠳᠤ ᠠᠴᠢ ᠬᠤᠯᠪᠣᠭᠳᠠᠯ ᠲᠠᠢ ᠶᠤᠮ᠃      ᠬᠥᠲᠥᠯᠥᠭᠴᠢ᠄        ᠡᠨᠡ ᠤᠳᠠᠭᠠᠨ ᠤ ᠤᠷᠤᠯᠳᠤᠭᠠᠨ ᠨᠢ ᠶᠠᠮᠠᠷ ᠶᠠᠮᠠᠷ ᠣᠨᠴᠠᠯᠢᠭ ᠲᠠᠢ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖      ᠴᠢᠶᠣᠤ ᠰᠢᠨ᠄      ᠪᠣᠳᠠᠲᠠᠶ ᠪᠠᠷ ᠬᠡᠯᠡᠪᠡᠯ ᠳᠣᠣᠷᠠᠬᠢ ᠮᠡᠲᠦ ᠭᠤᠷᠪᠠᠨ ᠣᠨᠴᠠᠯᠢᠭ ᠲᠠᠢ ᠭᠡᠵᠦ ᠬᠤᠷᠢᠶᠠᠩᠭᠤᠶᠢᠯᠠᠵᠤ ᠪᠣᠯᠤᠨ᠎ᠠ᠄      ᠨᠢᠭᠡ ᠳᠤ᠂ ᠬᠠᠷᠢᠶ᠎ᠠ ᠭᠠᠵᠠᠷ ᠣᠷᠣᠨ ᠳᠤᠨᠢ ᠬᠠᠮᠢᠶᠠᠷᠠᠭᠤᠯᠵᠤ᠂ ᠱᠠᠲᠤ ᠬᠤᠪᠢᠶᠠᠨ ᠬᠠᠷᠢᠭᠤᠴᠠᠭᠤᠯᠪᠠ᠃  ᠡᠯ᠎ᠡ ᠭᠠᠵᠠᠷ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠰᠢᠭᠤᠳ᠂ ᠬᠠᠭᠠᠰ ᠰᠢᠭᠤᠳ ᠬᠠᠮᠢᠶᠠᠷᠴᠤ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠦᠬᠦᠨ ᠬᠠᠷᠢᠶ᠎ᠠ ᠭᠠᠵᠠᠷ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ ᠲᠤᠰ ᠭᠠᠵᠠᠷ ᠣᠷᠣᠨ ᠤ ᠪᠠᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠳᠤ ᠣᠷᠣᠯᠴᠠᠨ᠎ᠠ᠃      ᠬᠤᠶᠠᠷ ᠲᠤ᠂ ᠨᠢᠭᠡᠴᠡ ᠪᠠᠷ ᠢᠶᠠᠨ ᠤᠷᠤᠯᠳᠤᠭᠠᠨ ᠳᠤ ᠣᠷᠣᠯᠴᠠᠵᠤ᠂ ᠪᠣᠳᠠᠲᠤ ᠠᠮᠵᠢᠯᠲᠠ ᠶᠢ ᠴᠢᠬᠤᠯᠠᠴᠢᠯᠠᠪᠠ᠃ ᠲᠤᠰ ᠤᠳᠠᠭᠠᠨ ᠤ ᠤᠷᠤᠯᠳᠤᠭᠠᠨ ᠨᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠠᠷ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠪᠣᠯᠭᠠᠵᠤ᠂ ᠲᠤᠰ ᠨᠢᠭᠡᠴᠡ ᠶᠢᠨ ᠶᠡᠭᠡ ᠪᠠᠭ᠎ᠠ᠂ ᠬᠠᠤᠯᠢ ᠬᠡᠷᠡᠭᠵᠢᠭᠦᠯᠬᠦ ᠠᠵᠢᠯᠳᠠᠨ ᠬᠡᠳᠦᠶ ᠪᠠᠶᠢᠬᠤ ᠶᠢ ᠬᠠᠮᠢᠶᠠᠷᠬᠤ ᠦᠭᠡᠢ᠂ ᠬᠠᠤᠯᠢ ᠬᠡᠷᠡᠭᠵᠢᠭᠦᠯᠬᠦ ᠭᠤᠣᠯ ᠴᠣᠭᠴᠠ ᠳᠤ ᠲᠣᠭᠠᠴᠠᠭᠳᠠᠳᠠᠭ ᠯᠠ ᠶᠤᠮ ᠪᠣᠯ ᠪᠦᠷ ᠤᠷᠤᠯᠳᠤᠭᠠᠨ ᠳᠤ  ᠣᠷᠣᠯᠴᠠᠵᠤ ᠪᠣᠯᠤᠨ᠎ᠠ᠂ ᠤᠷᠤᠯᠳᠤᠭᠠᠨ ᠳᠤ ᠣᠷᠣᠯᠴᠠᠭᠰᠠᠳ ᠪᠣᠯ ᠡᠷᠬᠡᠪᠰᠢ ᠲᠤᠰ ᠨᠢᠭᠡᠴᠡ ᠶᠢᠨ ᠬᠠᠤᠯᠢ ᠬᠡᠷᠡᠭᠵᠢᠭᠦᠯᠬᠦ ᠠᠵᠢᠯᠳᠠᠨ ᠪᠠᠶᠢᠬᠤ ᠬᠡᠷᠡᠭᠲᠡᠢ᠂ ᠲᠤᠰ ᠰᠢᠰᠲ᠋ᠧᠮ ᠤᠨ ᠢᠶᠠᠨ ᠪᠤᠰᠤᠳ ᠨᠢᠭᠡᠴᠡ ᠪᠤᠶᠤ ᠨᠡᠶᠢᠭᠡᠮ ᠳᠡᠭᠡᠷ᠎ᠡ ᠠᠴᠠ ᠵᠢᠭᠡᠯᠡᠨ ᠬᠡᠷᠡᠭᠯᠡᠬᠦ᠂ ᠤᠷᠢᠵᠤ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠬᠤᠯᠢᠮᠠᠭ ᠳᠤᠭᠤᠶᠢᠯᠠᠩ ᠪᠠᠶᠢᠭᠤᠯᠵᠤ ᠪᠣᠯᠬᠤ ᠦᠭᠡᠢ ᠭᠡᠵᠦ ᠴᠢᠬᠤᠯᠠᠴᠢᠯᠠᠵᠠᠢ᠃      ᠭᠤᠷᠪᠠ ᠳᠤ᠂ ᠥᠷᠭᠡᠨ ᠳᠡᠯᠭᠡᠷ ᠢᠶᠠᠷ ᠣᠷᠣᠯᠴᠠᠬᠤ ᠶᠢ ᠵᠣᠷᠢᠭᠵᠢᠭᠤᠯᠤᠨ᠂ ᠢᠯᠡ ᠪᠥᠭᠡᠳ ᠭᠤᠣᠯᠴᠢ ᠪᠠᠶᠢᠬᠤ ᠶᠢ ᠪᠠᠲᠤᠯᠠᠪᠠ᠃ ᠪᠦᠬᠦ ᠣᠷᠣᠨ ᠤ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠨᠢᠭᠡᠴᠡ ᠶᠢᠨ ᠳᠤᠮᠳᠠ ᠥᠷᠭᠡᠨ ᠢᠶᠠᠷ ᠦᠷᠨᠢᠭᠦᠯᠵᠦ᠂ ᠳᠣᠣᠷ᠎ᠠ ᠠᠴᠠ ᠳᠡᠭᠡᠭᠰᠢ ᠪᠠᠨ᠂ ᠱᠡᠳᠦ ᠱᠡᠳᠦ ᠪᠠᠷ ᠰᠢᠯᠢᠨ ᠰᠤᠩᠭᠤᠵᠠᠢ᠃ ᠪᠦᠷᠢᠳᠬᠡᠭᠰᠡᠨ ᠢᠶᠠᠷ᠂ ᠪᠥᠬᠦ ᠣᠷᠣᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ 1961 ᠨᠢᠭᠡᠴᠡ ᠶᠢᠨ 7844 ᠬᠥᠮᠦᠨ ᠠᠩᠬᠠᠨ ᠤ  ᠰᠢᠯᠭᠠᠷᠠᠭᠤᠯᠤᠯᠲᠠ ᠶᠢᠨ ᠤᠷᠤᠯᠳᠤᠭᠠᠨ ᠳᠤ ᠣᠷᠣᠯᠴᠠᠵᠤ᠂ ᠡᠯ᠎ᠡ ᠭᠠᠵᠠᠷ ᠣᠷᠣᠨ ᠨᠢ ᠠᠩᠬᠠᠨ ᠤ ᠣᠷᠣᠯᠳᠣᠭᠠᠨ᠂ ᠬᠤᠶᠠᠷᠳᠠᠬᠢ ᠤᠷᠤᠯᠳᠤᠭᠠᠨ᠂ ᠰᠢᠶᠳᠪᠦᠷᠢᠲᠦ ᠤᠷᠤᠯᠳᠤᠭᠠᠨ ᠢᠶᠠᠷ ᠳᠠᠮᠵᠢᠭᠠᠳ᠂ ᠣᠳᠣᠬᠠᠨ ᠳᠤ᠂ ᠨᠡᠶᠢᠲᠡ 30 ᠭᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠦᠬᠦ ᠣᠷᠣᠨ ᠤ ᠶᠡᠷᠦᠩᠬᠡᠶ ᠰᠢᠶᠳᠪᠦᠷᠢᠲᠦ ᠤᠷᠤᠯᠳᠤᠭᠠᠨ ᠳᠤ ᠤᠷᠤᠭᠰᠠᠨ ᠪᠠᠶᠢᠨ᠎ᠠ᠃ ᠤᠷᠤᠯᠳᠤᠭᠠᠨ ᠤ ᠲᠡᠰ ᠳᠠᠷᠠᠭᠠᠯᠠᠯ ᠎ ᠨᠢ ᠵᠢᠷᠤᠮᠵᠢᠯ ᠲᠠᠢ᠂ ᠠᠵᠢᠯᠯᠠᠭᠠᠨ ᠨᠢ ᠢᠯᠡ ᠲᠣᠳᠣ᠂ ᠶᠠᠪᠤᠴᠠ ᠨᠢ ᠢᠯᠡ ᠲᠣᠳᠣ᠂ ᠦᠷ᠎ᠡ ᠳ᠋ᠦᠩ ᠨᠢ ᠲᠥᠪ ᠭᠤᠣᠯᠴᠢ ᠪᠠᠶᠢᠬᠤ ᠶᠢ ᠪᠠᠲᠤᠯᠠᠪᠠ᠃      ᠬᠥᠲᠦᠯᠦᠭᠴᠢ᠄      ᠲᠤᠰ ᠤᠳᠠᠭᠠᠨ ᠤ ᠰᠢᠶᠳᠪᠦᠷᠢᠲᠦ ᠤᠷᠤᠯᠳᠤᠭᠠᠨ ᠤ ᠭᠤᠭᠴᠤᠭ᠎ᠠ ᠪᠣᠯᠤᠨ ᠳᠦᠷᠢᠮ ᠨᠢ ᠶᠠᠮᠠᠷ ᠶᠠᠮᠠᠷ ᠪᠠᠶᠢᠳᠠᠭ ᠪᠤᠢ︖      ᠴᠢᠶᠣᠤ ᠰᠢᠨ᠄      ᠡᠨᠡᠬᠦ ᠤᠷᠤᠯᠳᠤᠭᠠᠨ ᠤ ᠰᠢᠶᠳᠪᠦᠷᠢᠲᠦ ᠤᠷᠤᠯᠳᠤᠭᠠᠨ ᠢ ᠨᠡᠶᠢᠲᠡ ᠳᠦᠷᠪᠡᠨ ᠭᠤᠭᠴᠤᠭ᠎ᠠ ᠬᠤᠪᠢᠶᠠᠪᠠ᠄ ᠬᠤᠪᠢ ᠬᠥᠮᠦᠨ ᠤ ᠵᠠᠪᠠᠯ ᠬᠠᠷᠢᠭᠤᠯᠬᠤ᠂ ᠳᠤᠭᠤᠶᠢᠯᠠᠩ ᠤᠨ ᠵᠠᠪᠠᠯ ᠬᠠᠷᠢᠭᠤᠯᠬᠤ᠂ ᠵᠠᠪᠳᠤᠨ ᠬᠠᠷᠢᠭᠤᠯᠬᠤ ᠪᠠ ᠭᠡᠨᠡᠲᠡᠭᠦᠯᠬᠦ ᠰᠡᠳᠦᠪ ᠵᠡᠷᠭᠡ ᠪᠣᠯᠣᠨ᠎ᠠ᠃ ᠬᠡᠷᠪᠡ ᠤᠷᠤᠯᠳᠤᠭᠠᠨ ᠤ ᠳᠦᠷᠪᠡᠨ ᠭᠤᠭᠴᠤᠭ᠎ᠠ ᠳᠠᠭᠤᠰᠬᠤ ᠦᠶ᠎ᠡ ᠠᠳᠠᠯᠢᠬᠠᠨ ᠬᠤᠪᠢ ᠲᠠᠢ ᠪᠠᠶᠢᠳᠠᠯ ᠢᠯᠡᠷᠡᠪᠡᠯ᠂ ᠵᠠᠪᠳᠤᠨ ᠬᠠᠷᠢᠭᠤᠯᠬᠤ ᠬᠡᠯᠪᠡᠷᠢ ᠪᠠᠷ ᠴᠠᠭ ᠨᠡᠮᠡᠨ ᠤᠷᠤᠯᠳᠤᠨ᠎ᠠ᠃      ᠰᠡᠳᠦᠪ ᠬᠠᠷᠢᠭᠤᠯᠬᠤ ᠦᠶ᠎ᠡ ᠳᠤ᠂ ᠡᠯ᠎ᠡ ᠠᠩᠭᠢ ᠶᠢᠨ ᠰᠠᠭᠤᠷᠢ ᠬᠤᠪᠢ ᠨᠢ 100 ᠬᠤᠪᠢ᠂ ᠳᠣᠣᠷᠠᠬᠢ ᠳᠦᠷᠢᠮ ᠢ ᠡᠷᠬᠡᠪᠰᠢ ᠵᠢᠷᠤᠮᠯᠠᠬᠤ ᠬᠡᠷᠡᠭᠲᠡᠶ      ︵ᠨᠢᠭᠡ︶ ᠬᠤᠪᠢ ᠬᠥᠮᠦᠨ ᠤ ᠵᠠᠪᠠᠯ ᠬᠠᠷᠢᠭᠤᠯᠬᠤ ᠭᠤᠭᠴᠤᠭ᠎ᠠ᠄ ᠲᠤᠰ ᠡᠭᠡᠯᠵᠢ ᠳᠤ 19 ᠰᠡᠳᠦᠪ ᠲᠠᠢ᠂ ᠰᠡᠳᠥᠪ ᠤᠨ ᠬᠡᠯᠪᠡᠷᠢ ᠨᠢ ᠬᠠᠭᠠᠯᠲᠠ ᠲᠠᠭᠯᠠᠬᠤ ᠰᠡᠳᠥᠪ᠂ ᠰᠣᠩᠭᠤᠬᠤ ᠰᠡᠳᠥᠪ ᠢᠶᠠᠷ ᠪᠦᠷᠢᠯᠳᠦᠵᠦ᠂ ᠠᠩᠭᠢ ᠪᠦᠷᠢ ᠶᠢᠨ ᠭᠤᠷᠪᠠᠨ ᠰᠢᠯᠢᠳᠡᠭᠴᠦᠳ ᠳᠠᠷᠠᠭᠠᠯᠠᠯ ᠨᠣᠮᠧᠷ ᠶᠣᠰᠣᠭᠠᠷ 19 ᠰᠡᠳᠦᠪ ᠤᠨ ᠳᠤᠮᠳᠠ ᠠᠴᠠ ᠳᠤᠷ᠎ᠠ ᠶᠢᠨ ᠨᠢᠭᠡ ᠶᠢ ᠰᠤᠩᠭᠤᠨ 20 ᠰᠧᠺᠦ᠋ᠨ᠋ᠳ᠋ ᠳᠤ ᠬᠠᠷᠢᠭᠤᠯᠵᠤ ᠳᠠᠭᠤᠰᠬᠠᠬᠤ ᠬᠡᠷᠡᠭᠲᠡᠶ᠂ ᠰᠡᠳᠥᠪ ᠪᠦᠷᠢ 10 ᠬᠤᠪᠢ᠂ ᠪᠤᠷᠤᠭᠤ ᠬᠠᠷᠢᠭᠤᠯᠬᠤ᠂ ᠪᠦᠷᠢᠨ ᠪᠤᠰᠤ ᠬᠠᠷᠢᠭᠤᠯᠬᠤ ᠪᠤᠶᠤ ᠬᠠᠷᠢᠭᠤᠯᠤᠭᠰᠠᠨ ᠦᠭᠡᠢ ᠪᠣᠯ ᠬᠤᠪᠢ ᠨᠡᠮᠡᠵᠦ ᠬᠠᠰᠤᠬᠤ ᠦᠭᠡᠶ︔ ︵ᠬᠤᠶᠠᠷ︶ ᠳᠤᠭᠤᠶᠢᠯᠠᠩ ᠤᠨ ᠵᠠᠪᠠᠯ ᠬᠠᠷᠢᠭᠤᠯᠬᠤ ᠭᠤᠭᠴᠤᠭ᠎ᠠ᠄ ᠲᠤᠰ ᠡᠭᠡᠯᠵᠢ ᠪᠣᠯ ᠬᠥᠲᠥᠯᠦᠭᠴᠢ ᠪᠣᠯᠣᠨ ᠡᠯ᠎ᠡ ᠠᠩᠭᠢ ᠶᠢᠨ ᠲᠥᠯᠥᠭᠡᠯᠡᠭᠴᠢ ᠶᠢᠨ ᠲᠦᠷᠭᠡᠨ ᠠᠰᠠᠭᠤᠵᠤ ᠲᠦᠷᠭᠡᠨ ᠬᠠᠷᠢᠭᠤᠯᠬᠤ ᠭᠤᠭᠴᠤᠭ᠎ᠠ ᠮᠦᠨ᠂ ᠰᠡᠳᠦᠪ ᠤᠨ ᠬᠡᠯᠪᠡᠷᠢ ᠨᠢ ᠮᠠᠭᠠᠳᠯᠠᠬᠤ ᠰᠡᠳᠦᠪ᠂ ᠰᠡᠳᠦᠪ ᠬᠠᠷᠢᠭᠤᠯᠤᠭᠴᠢ ᠡᠷᠬᠡᠪᠰᠢ ᠬᠥᠲᠥᠯᠥᠭᠴᠢ ᠠᠴᠠ ᠰᠡᠳᠦᠪ ᠢ ᠤᠩᠰᠢᠵᠦ ᠳᠠᠭᠤᠰᠤᠭᠰᠠᠨ ᠤ ᠳᠠᠷᠠᠭ᠎ᠠ ᠡᠬᠢᠯᠡᠨ ᠬᠠᠷᠢᠭᠤᠯᠤᠨ᠎ᠠ᠂ ᠵᠥᠪᠬᠡᠨ ᠵᠥᠪ ᠪᠤᠷᠤᠭᠤ ᠶᠢ ᠨᠢ ᠮᠠᠭᠠᠳᠯᠠᠨ᠎ᠠ᠂ ᠰᠡᠳᠦᠪ ᠬᠠᠷᠢᠭᠤᠯᠬᠤ ᠶᠠᠪᠤᠴᠠ ᠳᠤᠮᠳᠠ ᠠᠩᠭᠢ ᠶᠢᠨ ᠭᠡᠰᠢᠭᠦᠨ ᠢᠶᠠᠨ ᠰᠣᠯᠢᠵᠤ ᠪᠣᠯᠤᠨ᠎ᠠ᠃ ᠰᠡᠳᠦᠪ ᠬᠠᠷᠢᠭᠤᠯᠬᠤ ᠴᠠᠭ ᠨᠢ ᠨᠡᠶᠢᠲᠡ 90 ᠰᠧᠺᠦ᠋ᠨ᠋ᠳ᠋ ᠪᠣᠯᠣᠨ᠎ᠠ᠃ ᠬᠥᠲᠥᠯᠥᠭᠴᠢ ᠶᠢᠨ ᠰᠡᠳᠦᠪ ᠤᠩᠰᠢᠬᠤ ᠴᠠᠭ᠂ ᠡᠯ᠎ᠡ ᠠᠩᠭᠢ ᠶᠢᠨ ᠭᠡᠰᠢᠭᠦᠨ ᠢᠶᠠᠨ ᠰᠣᠯᠢᠬᠤ ᠴᠠᠭ ᠢ ᠪᠦᠷ ᠰᠡᠳᠦᠪ ᠬᠠᠷᠢᠭᠤᠯᠬᠤ ᠴᠠᠭ ᠲᠤ ᠪᠤᠳᠤᠵᠤ ᠣᠷᠤᠭᠤᠯᠤᠨ᠎ᠠ᠃ 1 ᠰᠡᠳᠦᠪ ᠵᠥᠪ ᠬᠠᠷᠢᠭᠤᠯᠬᠤ ᠪᠦᠷᠢ 10 ᠬᠤᠪᠢ ᠨᠡᠮᠡᠵᠦ᠂ ᠪᠤᠷᠤᠭᠤ ᠬᠠᠷᠢᠭᠤᠯᠬᠤ ᠪᠤᠶᠤ ᠬᠠᠷᠢᠭᠤᠯᠬᠤ ᠦᠭᠡᠢ ᠪᠣᠯ ᠬᠤᠪᠢ ᠨᠡᠮᠡᠵᠦ ᠬᠠᠰᠤᠬᠤ ᠦᠭᠡᠶ︔ ︵ᠭᠤᠷᠪᠠ︶ ᠵᠠᠪᠳᠤᠨ ᠬᠠᠷᠢᠭᠤᠯᠬᠤ ᠭᠤᠭᠴᠤᠭ᠎ᠠ᠄ ᠲᠤᠰ ᠡᠭᠡᠯᠵᠢ ᠪᠣᠯ ᠵᠠᠪᠳᠤᠨ ᠬᠠᠷᠢᠭᠤᠯᠬᠤ ᠭᠤᠭᠴᠤᠭ᠎ᠠ ᠮᠦᠨ᠂ ᠬᠥᠲᠥᠯᠥᠭᠴᠢ ᠠᠴᠠ ᠰᠡᠳᠦᠪ ᠢ ᠤᠩᠰᠢᠵᠦ᠂ ᠰᠢᠯᠢᠳᠡᠭᠴᠦᠳ ᠬᠥᠲᠥᠯᠥᠭᠴᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠥᠲᠥᠯᠥᠭᠴᠢ ᠰᠡᠳᠥᠪ ᠤᠩᠰᠢᠵᠤ ᠪᠠᠶᠢᠬᠤ ᠦᠶ᠎ᠡ ᠳᠤ ᠴᠠᠭ ᠲᠤᠬᠠᠢ ᠵᠠᠪᠳᠤᠨ ᠬᠠᠷᠢᠭᠤᠯᠵᠦ ᠪᠣᠯᠤᠨ᠎ᠠ᠂ ᠡᠰᠡᠬᠦᠯ᠎ᠡ ᠵᠠᠪᠳᠤᠨ ᠬᠠᠷᠢᠭᠤᠯᠬᠤ ᠪᠠᠭᠠᠵᠢ 3᠂ 2᠂ 1 ᠭᠡᠵᠦ ᠴᠠᠭ ᠢ ᠤᠷᠪᠠᠭᠤ ᠲᠣᠭᠠᠯᠠᠵᠤ ᠳᠠᠭᠤᠰᠤᠭᠰᠠᠨ ᠤ ᠲᠠᠷᠠᠭ᠎ᠠ ᠵᠠᠪᠳᠤᠨ ᠬᠠᠷᠢᠭᠤᠯᠤᠨ᠎ᠠ᠃ ᠰᠡᠳᠦᠪ ᠬᠠᠷᠢᠭᠤᠯᠬᠤ ᠴᠠᠭ ᠨᠢ 30 ᠰᠧᠺᠦ᠋ᠨ᠋ᠳ᠋ ᠪᠣᠯᠤᠨ᠎ᠠ᠃ ᠵᠢᠱᠢᠶᠡᠯᠡᠪᠡᠯ ᠪᠤᠷᠤᠭᠤ ᠬᠠᠷᠢᠭᠤᠯᠬᠤ᠂ ᠪᠦᠷᠢᠨ ᠪᠤᠰᠤ ᠬᠠᠷᠢᠭᠤᠯᠬᠤ ᠪᠤᠶᠤ ᠬᠠᠷᠢᠭᠤᠯᠤᠭᠰᠠᠨ ᠦᠭᠡᠢ ᠪᠣᠯ 10 ᠬᠤᠪᠢ ᠬᠠᠰᠤᠨ᠎ᠠ᠃ ᠬᠥᠲᠥᠯᠥᠭᠴᠢ ᠦᠷᠭᠦᠯᠵᠢᠯᠡᠨ ᠰᠡᠳᠦᠪ ᠤᠩᠰᠢᠵᠦ᠂ ᠡᠯ᠎ᠡ ᠲᠥᠯᠥᠭᠡᠯᠡᠭᠴᠢᠳ ᠤᠨ ᠠᠩᠭᠢ ᠠᠴᠠ ᠠᠯᠢᠪᠠ ᠰᠠᠨᠠᠭᠤᠯᠤᠮᠵᠢ ᠳᠠᠭᠤᠰᠲᠠᠯ᠎ᠠ ᠪᠠᠨ ᠦᠷᠭᠦᠯᠵᠢᠯᠡᠨ ᠵᠠᠪᠳᠤᠨ ᠬᠠᠷᠢᠭᠤᠯᠵᠤ ᠪᠣᠯᠣᠨ᠎ᠠ᠃ ᠵᠠᠪᠳᠤᠨ ᠬᠠᠷᠢᠭᠤᠯᠤᠭᠰᠠᠨ ᠨᠢ ᠵᠥᠪ ᠪᠠᠶᠢᠪᠠᠯ 20 ᠬᠤᠪᠢ ᠨᠡᠮᠡᠨ᠎ᠠ︔ ︵ᠳᠥᠷᠪᠡ︶ ᠭᠡᠨᠡᠲᠡᠭᠦᠯᠬᠦ ᠰᠡᠳᠦᠪ ᠤᠨ ᠭᠤᠭᠴᠤᠭ᠎ᠠ᠄ ᠲᠤᠰ ᠡᠭᠡᠯᠵᠢ ᠶᠢᠨ ᠰᠡᠳᠦᠪ ᠨᠢ 20 ᠬᠤᠪᠢ᠂ 40 ᠬᠤᠪᠢ ᠬᠤᠶᠠᠷ ᠵᠦᠢᠯ ᠤᠨ ᠬᠤᠪᠢ ᠶᠢᠨ ᠬᠡᠮᠵᠢᠭᠳᠡᠯ ᠲᠠᠢ᠃ ᠰᠡᠳᠦᠪ ᠬᠠᠷᠢᠭᠤᠯᠬᠤ ᠴᠠᠭ ᠨᠢ ᠲᠤᠰ ᠲᠤᠰ 120 ᠰᠧᠺᠦ᠋ᠨ᠋ᠳ᠋ ᠪᠣᠯᠣᠨ 180 ᠰᠧᠺᠦ᠋ᠨ᠋ᠳ᠋ ᠪᠣᠯᠣᠨ᠎ᠠ᠃ ᠡᠯ᠎ᠡ ᠠᠩᠭᠢ ᠠᠴᠠ 1 ᠰᠢᠯᠭᠠᠭᠤᠯᠤᠭᠴᠢ ᠲᠣᠮᠢᠯᠠᠨ ᠬᠢᠵᠠᠭᠠᠷᠯᠠᠭᠰᠠᠨ ᠬᠤᠭᠤᠴᠠᠭᠠᠨ ᠳᠤ ᠰᠡᠳᠦᠪ ᠬᠠᠷᠢᠭᠤᠯᠵᠦ᠂ ᠪᠠᠭ ᠤᠨ ᠪᠤᠰᠤᠳ ᠨᠦᠬᠦᠳ ᠨᠢ ᠨᠦᠬᠦᠪᠦᠷᠢᠯᠡᠬᠦ ᠪᠠ ᠵᠠᠰᠠᠪᠤᠷᠢᠯᠠᠵᠤ ᠪᠣᠯᠤᠨ᠎ᠠ᠃ ᠵᠥᠪ ᠬᠠᠷᠢᠭᠤᠯᠪᠠᠯ ᠬᠠᠷᠠᠭᠠᠯᠵᠠᠭᠰᠠᠨ ᠬᠤᠪᠢ ᠶᠢᠨ ᠬᠡᠮᠵᠢᠭᠳᠡᠯ ᠢ ᠨᠢ ᠨᠡᠮᠡᠵᠦ᠂ ᠪᠤᠷᠤᠭᠤ ᠬᠠᠷᠢᠭᠤᠯᠬᠤ᠂ ᠪᠦᠷᠢᠨ ᠪᠤᠰᠤ ᠬᠠᠷᠢᠭᠤᠯᠬᠤ ᠪᠤᠶᠤ ᠬᠠᠷᠢᠭᠤᠯᠤᠭᠰᠠᠨ ᠦᠭᠡᠢ ᠪᠣᠯ ᠬᠠᠷᠠᠭᠠᠯᠵᠠᠭᠰᠠᠨ ᠬᠤᠪᠢ ᠶᠢᠨ ᠬᠡᠮᠵᠢᠭᠳᠡᠯ ᠢ ᠬᠠᠰᠤᠨ᠎ᠠ᠃      ᠡᠭᠦᠨ ᠤ ᠬᠠᠮᠲᠤ᠂ ᠡᠯ᠎ᠡ ᠤᠷᠤᠯᠳᠤᠭᠠᠨ ᠳᠤ ᠣᠷᠤᠯᠴᠠᠭᠰᠠᠳ ᠤᠷᠤᠯᠳᠤᠭᠠᠨ ᠤ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠰᠢᠯᠭᠠᠷᠠᠭᠤᠯᠬᠤ ᠺᠣᠮᠢᠰ ᠤᠨ ᠬᠢᠨᠠᠨ ᠲᠠᠰᠤᠯᠤᠯᠲᠠ ᠶᠢ ᠬᠦᠨᠳᠦᠳᠬᠡᠵᠦ᠂ ᠤᠷᠤᠯᠳᠤᠭᠠᠨ ᠳᠤ ᠪᠣᠯᠪᠠᠰᠤᠨ᠂ ᠵᠢᠷᠤᠮᠵᠢᠭᠤᠨ ᠬᠡᠯᠡᠯᠭᠡ ᠶᠢ ᠬᠡᠷᠡᠭᠯᠡᠵᠦ᠂ ᠤᠷᠤᠯᠳᠤᠭᠠᠨ ᠤ ᠶᠠᠪᠤᠴᠠ ᠳᠤ ᠵᠦᠷᠢᠯᠳᠦᠭᠡᠨ ᠡᠭᠦᠰᠪᠡᠯ ᠤᠷᠤᠯᠳᠤᠭᠠᠨ ᠤ ᠲᠠᠯᠠᠪᠤᠷ ᠲᠤ ᠳᠤᠷᠠᠳᠬᠤ ᠶᠢ ᠤᠭᠲᠤ ᠬᠢᠴᠢᠶᠡᠵᠦ᠂ ᠤᠷᠤᠯᠳᠤᠭᠠᠨ ᠳᠠᠭᠤᠰᠤᠭᠰᠠᠨ ᠤ ᠳᠠᠷᠠᠭ᠎ᠠ ᠬᠠᠮᠢᠶ᠎ᠠ ᠪᠦᠬᠦᠢ ᠠᠵᠢᠯᠲᠠᠨ ᠳᠤ ᠳᠤᠷᠠᠳᠤᠨ ᠰᠠᠨᠠᠭᠤᠯᠵᠤ᠂ ᠰᠢᠯᠭᠠᠷᠠᠭᠤᠯᠬᠤ ᠺᠣᠮᠢᠰ ᠠᠴᠠ ᠰᠢᠢᠳᠪᠦᠷᠢᠯᠡᠨ᠎ᠡ᠃      ᠬᠥᠲᠦᠯᠦᠭᠴᠢ᠄      ᠲᠤᠰ ᠤᠳᠠᠭᠠᠨ ᠤ ᠤᠷᠤᠯᠳᠤᠭᠠᠨ ᠤ ᠠᠭᠤᠯᠭ᠎ᠠ ᠨᠢ ᠠᠯᠢ ᠠᠯᠢ ᠲᠠᠯ᠎ᠠ ᠳᠤ ᠬᠤᠯᠪᠤᠭᠳᠠᠬᠤ ᠪᠤᠢ︖      ᠴᠢᠶᠣᠤ ᠰᠢᠨ᠄      ᠤᠷᠤᠯᠳᠤᠭᠠᠨ ᠳᠤ ᠬᠤᠯᠪᠤᠭᠳᠠᠬᠤ ᠠᠭᠤᠯᠭ᠎ᠠ ᠮᠠᠰᠢ ᠥᠷᠭᠡᠨ ᠳᠡᠯᠭᠡᠷ᠂ ᠭᠤᠣᠯᠳᠠᠭᠤ ᠬᠠᠤᠯᠢ ᠬᠡᠷᠡᠭᠵᠢᠭᠦᠯᠦᠭᠴᠢ ᠶᠢᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠮᠡᠳᠡᠯᠭᠡ ᠴᠢᠳᠠᠪᠤᠷᠢ ᠪᠣᠯᠣᠨ ᠡᠵᠡᠮᠰᠢᠵᠦ ᠪᠠᠶᠢᠭ᠎ᠠ ᠤᠯᠤᠰ ᠤᠨ ᠲᠦᠷᠦ ᠶᠢᠨ ᠪᠤᠳᠤᠯᠭ᠎ᠠ ᠶᠢ ᠰᠢᠯᠭᠠᠨ ᠪᠠᠶᠢᠴᠠᠭᠠᠨ᠎ᠠ᠂ ᠦᠨᠳᠦᠰᠦᠨ ᠬᠠᠤᠯᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠶᠢᠨ ᠠᠭᠤᠯᠭ᠎ᠠ ᠪᠠᠶᠢᠬᠤ ᠪᠠᠷ ᠪᠠᠷᠠᠬᠤ ᠦᠭᠡᠢ᠂ ᠪᠠᠰᠠ ᠵᠠᠰᠠᠭ ᠤᠨ ᠣᠷᠳᠣᠨ ᠤ ᠬᠠᠮᠲᠤ ᠶᠢᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠠᠤᠯᠢ ᠴᠠᠭᠠᠵᠠ ᠶᠢᠨ ᠵᠢᠷᠤᠮᠵᠢᠯ ᠪᠠᠶᠢᠵᠤ᠂ ᠵᠢᠱᠢᠶᠡᠯᠡᠪᠡᠯ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ ᠵᠡᠷᠭᠡ ᠪᠣᠯᠣᠨ᠎ᠠ᠂ ᠡᠭᠦᠨ ᠤ ᠬᠠᠮᠲᠤ ᠪᠠᠰᠠ ᠣᠷᠣᠨ ᠨᠤᠲᠤᠭ ᠤᠨ ᠥᠪᠡᠷᠮᠢᠴᠡ ᠣᠨᠴᠠᠯᠢᠭ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠲᠦᠷᠢᠮ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ᠂ ᠥᠪᠡᠷᠲᠡᠭᠡᠨ ᠵᠠᠰᠠᠭ ᠣᠷᠣᠨ ᠤ ᠵᠠᠰᠠᠭ ᠵᠠᠬᠢᠷᠭᠠᠨ ᠤ ᠡᠷᠬᠡ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠠᠷᠭ᠎ᠠ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠣᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠪᠦᠷ ᠣᠷᠤᠭᠤᠯᠤᠨ᠎ᠠ᠃      ᠬᠥᠲᠦᠯᠦᠭᠴᠢ᠄      ᠲᠤᠰ ᠤᠳᠠᠭ᠎ᠠ ᠶᠢᠨ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠨᠢ ᠶᠠᠮᠠᠷ ᠶᠠᠮᠠᠷ ᠬᠥᠮᠦᠰ ᠢᠶᠠᠷ ᠪᠦᠷᠢᠯᠳᠦᠭᠰᠡᠨ ᠪᠤᠢ︖      ᠴᠢᠶᠣᠤ ᠰᠢᠨ᠄      ᠰᠢᠯᠭᠠᠷᠠᠭᠤᠯᠬᠤ ᠺᠣᠮᠢᠰ ᠤᠨ ᠭᠡᠰᠢᠭᠦᠨ ᠢ ᠵᠣᠬᠢᠶᠠᠨ ᠪᠠᠶᠢᠭᠤᠯᠬᠤ ᠺᠣᠮᠢᠰ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠬᠠᠶ ᠮᠡᠷᠭᠡᠵᠢᠯᠲᠡᠨ ᠤ ᠬᠦᠮᠦᠷᠭᠡ ᠳᠠᠬᠢ ᠨᠡᠷᠡᠲᠦ ᠮᠡᠷᠭᠡᠵᠢᠯᠲᠡᠨ᠂ ᠬᠠᠤᠯᠢᠴᠢ᠂ ᠶᠡᠭᠡ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠫᠷᠣᠹᠧᠰᠰᠣᠷ᠂ ᠰᠣᠨᠢᠨ ᠮᠡᠳᠡᠭᠡᠨ ᠤ ᠵᠠᠭᠤᠴᠢ ᠵᠡᠷᠭᠡ ᠬᠥᠮᠦᠰ ᠤᠨ ᠳᠣᠲᠣᠷ᠎ᠠ ᠠᠴᠠ ᠰᠢᠯᠢᠨ ᠤᠷᠢᠨ᠎ᠠ᠃ ᠪᠡᠯᠡᠳᠬᠡᠯ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠢ 3 ᠬᠦᠮᠦᠨ ᠰᠢᠯᠢᠨ ᠤᠷᠢᠬᠤ ᠪᠠᠷ ᠲᠥᠯᠥᠪᠯᠡᠵᠦ᠂ ᠰᠢᠶᠳᠪᠦᠷᠢᠲᠦ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠢ 5 ᠬᠦᠮᠦᠨ ᠰᠢᠯᠢᠨ ᠤᠷᠢᠬᠤ ᠪᠠᠷ ᠲᠥᠯᠦᠪᠯᠡᠨ᠂ ᠰᠢᠯᠭᠠᠷᠠᠭᠤᠯᠬᠤ ᠺᠣᠮᠢᠰ ᠲᠤ ᠲᠦᠷᠦᠭᠦᠦ ᠭᠡᠰᠢᠭᠦᠨ ᠲᠠᠯᠪᠢᠨ᠎ᠠ᠃ ᠤᠷᠤᠯᠳᠤᠭᠠᠨ ᠤ ᠶᠠᠪᠤᠴᠠ ᠳᠤ᠂ ᠪᠢᠳᠡ ᠪᠡᠯᠡᠳᠬᠡᠯ ᠤᠷᠤᠯᠳᠤᠭᠠᠨ ᠪᠣᠯᠣᠨ ᠰᠢᠶᠳᠪᠦᠷᠢᠲᠦ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠳ ᠤᠨ ᠪᠦᠷᠢᠯᠳᠦᠯ ᠤᠨ ᠬᠠᠷᠢᠴᠠᠩᠭᠤᠶ ᠲᠣᠭᠲᠠᠭᠤᠨ᠂ ᠬᠡᠪᠴᠢᠶ᠎ᠡ ᠪᠠᠷ ᠥᠷᠭᠡᠨ ᠳᠡᠯᠭᠡᠷ ᠪᠠᠶᠢᠬᠤ ᠶᠢ ᠠᠯᠢ ᠴᠢᠳᠠᠬᠤ ᠪᠠᠷ ᠪᠠᠲᠤᠯᠠᠵᠦ᠂ ᠤᠷᠤᠯᠳᠤᠭᠠᠨ ᠤ ᠲᠥᠪ ᠭᠤᠣᠯᠴᠢ ᠶᠢ ᠢᠯᠡᠷᠡᠭᠦᠯᠦᠨ᠎ᠡ᠃      ᠬᠥᠲᠦᠯᠦᠭᠴᠢ᠄      ᠲᠡᠭᠡᠪᠡᠯ ᠰᠢᠶᠳᠪᠦᠷᠢᠲᠦ ᠤᠷᠤᠯᠳᠤᠭᠠᠨ ᠤ ᠪᠡᠯᠡᠳᠬᠡᠯ ᠤᠷᠤᠯᠳᠤᠭᠠᠨ ᠳᠤ ᠣᠷᠤᠯᠴᠠᠬᠤ 30 ᠲᠥᠯᠥᠭᠡᠯᠡᠭᠴᠢᠳ ᠤᠨ ᠠᠩᠭᠢ ᠶᠢᠨ ᠨᠡᠷᠡᠰ ᠢ ᠬᠡᠷᠬᠢᠨ ᠬᠤᠪᠢᠶᠠᠷᠢᠯᠠᠬᠤ ᠪᠤᠢ︖      ᠴᠢᠶᠣᠤ ᠰᠢᠨ᠄      ᠲᠤᠰ ᠤᠳᠠᠭ᠎ᠠ ᠶᠢᠨ ᠤᠷᠤᠯᠳᠤᠭᠠᠨ ᠤ 30 ᠲᠥᠯᠥᠭᠡᠯᠡᠭᠴᠢᠳ ᠤᠨ ᠠᠩᠭᠢ ᠨᠢ ᠡᠯ᠎ᠡ ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢᠨ ᠠᠩᠬᠠᠨ ᠤ ᠣᠷᠤᠯᠳᠤᠭᠠᠨ᠂ ᠬᠤᠶᠠᠳᠠᠬᠢ ᠤᠷᠤᠯᠳᠤᠭᠠᠨ᠂ ᠰᠢᠶᠳᠪᠦᠷᠢᠲᠦ ᠤᠷᠤᠯᠳᠤᠭᠠᠨ ᠵᠡᠷᠭᠡ ᠭᠤᠭᠴᠤᠭ᠎ᠠ ᠶᠢᠨ ᠰᠢᠯᠭᠠᠷᠠᠭᠤᠯᠤᠯᠲᠠ ᠶᠢᠨ ᠰᠠᠭᠤᠷᠢᠨ ᠳᠤ ᠪᠤᠢ ᠪᠣᠯᠤᠭᠰᠠᠨ ᠶᠤᠮ᠂ ᠳᠣᠣᠷ᠎ᠠ ᠠᠴᠠ ᠳᠡᠭᠡᠭᠰᠢ ᠪᠠᠨ ᠱᠡᠳᠦ ᠱᠡᠳᠦ ᠪᠠᠷ ᠰᠢᠯᠢᠨ ᠰᠤᠩᠭᠤᠭᠳᠠᠵᠤ᠂ ᠤᠷᠤᠯᠳᠤᠭᠠᠨ ᠤ ᠨᠡᠷᠡᠰ ᠢ ᠲᠣᠭᠲᠠᠭᠠᠬᠤ ᠦᠶ᠎ᠡ ᠳᠤ᠂ ᠬᠠᠤᠯᠢ ᠬᠡᠷᠡᠭᠵᠢᠭᠦᠯᠬᠦ ᠨᠢᠭᠡᠴᠡ ᠨᠦᠬᠦᠳ ᠤᠨ ᠥᠷᠭᠡᠨ ᠢᠶᠠᠷ ᠣᠷᠣᠯᠴᠠᠬᠤ᠂ ᠡᠷᠬᠡ ᠲᠡᠭᠰᠢ ᠪᠠᠷ ᠥᠷᠢᠰᠥᠯᠳᠦᠬᠦ᠂ ᠢᠯᠡ ᠲᠣᠳᠣ ᠲᠥᠪ ᠭᠤᠣᠯᠴᠢ ᠪᠦᠬᠦᠢ ᠣᠨᠴᠠᠯᠢᠭ ᠢ ᠭᠦᠢᠴᠡᠳ ᠪᠣᠳᠣᠯᠬᠢᠯᠠᠵᠤ᠂ ᠪᠣᠳᠠᠲᠠᠶ ᠨᠡᠷᠡᠰ ᠤᠨ ᠬᠤᠪᠢᠶᠠᠷᠢᠯᠠᠯ ᠨᠢ᠄ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠤ 6︔ ᠠᠶᠢᠮᠠᠭ ᠬᠤᠳᠠ ᠶᠢᠨ ᠱᠠᠲᠤᠨ ᠳᠤ 24 ᠪᠠᠶᠢᠵᠤ᠂ ᠡᠭᠦᠨ ᠳᠤ᠂ ᠭᠠᠵᠠᠷ ᠪᠦᠷᠢ ᠳᠤ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠣᠷᠣᠨ︶᠎ ᠤ ᠬᠠᠤᠯᠢ ᠬᠡᠷᠡᠭᠵᠢᠭᠦᠯᠬᠦ ᠨᠢᠭᠡᠴᠡ ᠶᠢᠨ ᠲᠥᠯᠥᠭᠡᠯᠡᠭᠴᠢᠳ ᠤᠨ ᠠᠩᠭᠢ ᠲᠤᠰᠪᠤᠷᠢ 1 ᠪᠠᠶᠢᠬᠤ ᠬᠡᠷᠡᠭᠲᠡᠢ᠃      ᠬᠥᠲᠦᠯᠦᠭᠴᠢ᠄      ᠡᠯ᠎ᠡ ᠲᠥᠯᠥᠭᠡᠯᠡᠭᠴᠢᠳ ᠤᠨ ᠠᠩᠭᠢ ᠶᠢᠨ ᠪᠦᠷᠢᠯᠳᠦᠯ ᠵᠢᠴᠢ ᠤᠷᠤᠯᠳᠤᠭᠠᠨ ᠳᠤ ᠣᠷᠤᠯᠴᠠᠭᠰᠠᠳ ᠲᠤ ᠪᠣᠳᠠᠲᠠᠶ ᠱᠠᠭᠠᠷᠳᠠᠯᠭ᠎ᠠ ᠪᠠᠶᠢᠳᠠᠭ ᠤᠤ︖      ᠴᠢᠶᠣᠤ ᠰᠢᠨ᠄      ᠱᠠᠭᠠᠷᠳᠠᠯᠭ᠎ᠠ ᠲᠠᠢ ᠪᠠᠶᠢᠳᠠᠭ᠃ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠨᠢᠭᠡᠪᠦᠷᠢ ᠲᠠᠪᠤᠨ ᠬᠥᠮᠦᠨ ᠢᠶᠠᠷ ᠪᠦᠷᠢᠯᠳᠦᠵᠦ᠂ ᠡᠭᠦᠨ ᠳᠤ ᠠᠩᠭᠢ ᠶᠢᠨ ᠲᠠᠭᠠᠭᠤᠯᠤᠭᠴᠢ 1 ᠬᠥᠮᠦᠨ᠂ ᠵᠢᠩᠬᠢᠨᠢ ᠭᠡᠰᠢᠭᠦᠨ 3 ᠬᠥᠮᠦᠨ ︵ᠰᠢᠯᠢᠳᠡᠭᠴᠦᠳ ᠨᠢ ᠵᠣᠬᠢᠬᠤ ᠲᠥᠯᠥᠭᠡᠯᠡᠬᠦ ᠴᠢᠨᠠᠷᠲᠠᠶ ᠪᠠᠶᠢᠵᠤ᠂ ᠨᠠᠭᠠᠳᠤ ᠵᠠᠬ᠎ᠠ ᠳᠠᠭᠠᠨ ᠨᠢᠭᠡ ᠡᠮᠡᠭᠲᠡᠶ ᠪᠠᠶᠢᠬᠤ ᠬᠡᠷᠡᠭᠲᠡᠢ︶᠂ ᠬᠠᠯᠠᠭᠠᠨ ᠤ ᠪᠦᠷᠢᠯᠳᠦᠭᠦᠨ ᠭᠡᠰᠢᠭᠦᠨ 1 ᠬᠦᠮᠦᠨ ᠪᠠᠶᠢᠬᠤ ᠬᠡᠷᠡᠭᠲᠡᠢ᠃ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠨᠢ ᠡᠷᠬᠡᠪᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ᠂ ᠤᠷᠤᠯᠳᠤᠭᠠᠨ ᠳᠤ ᠣᠷᠤᠯᠴᠠᠭᠰᠠᠳ ᠨᠢ ᠡᠷᠬᠡᠪᠰᠢ ᠲᠤᠰ ᠨᠢᠭᠡᠴᠡ ᠶᠢᠨ ᠢᠶᠠᠨ ᠠᠵᠢᠯ ᠤᠨ ᠪᠠᠶᠢᠷᠢ ᠪᠠ ᠣᠷᠣᠨ ᠲᠣᠭᠠᠨ ᠳᠤ ᠪᠠᠶᠢᠭ᠎ᠠ ᠪᠥᠭᠡᠳ ᠬᠠᠤᠯᠢ ᠬᠡᠷᠡᠭᠵᠢᠭᠦᠯᠬᠦ ᠬᠢᠷᠢ ᠬᠡᠮ ᠣᠯᠤᠭᠰᠠᠨ ᠬᠠᠤᠯᠢ ᠬᠡᠷᠡᠭᠵᠢᠭᠦᠯᠦᠭᠴᠢ ᠪᠠᠶᠢᠵᠤ᠂ ᠲᠤᠰ ᠰᠢᠰᠲ᠋ᠧᠮ ᠤᠨ ᠢᠶᠠᠨ ᠪᠤᠰᠤᠳ ᠨᠢᠭᠡᠴᠡ ᠪᠤᠶᠤ ᠨᠡᠶᠢᠭᠡᠮ ᠠᠴᠠ ᠵᠢᠭᠡᠯᠡᠨ ᠬᠡᠷᠡᠭᠯᠡᠬᠦ᠂ ᠤᠷᠢᠵᠤ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠬᠤᠯᠢᠮᠠᠭ ᠳᠤᠭᠤᠶᠢᠯᠠᠩ ᠪᠠᠶᠢᠭᠤᠯᠵᠦ ᠪᠣᠯᠬᠤ ᠦᠭᠡᠢ᠃      ᠬᠦᠲᠦᠯᠦᠭᠴᠢ᠄      ᠱᠠᠩᠨᠠᠯ ᠤᠨ ᠲᠦᠷᠦᠯ ᠵᠦᠢᠯ ᠤᠨ ᠲᠤᠬᠠᠢ ᠨᠠᠷᠢᠨ ᠲᠠᠨᠢᠯᠴᠠᠭᠤᠯᠤᠭᠠᠳ ᠦᠭᠭᠦᠨ᠎ᠡ ᠤᠤ︖      ᠴᠢᠶᠣᠤ ᠰᠢᠨ᠄      ᠱᠠᠩᠨᠠᠯ ᠤᠨ ᠲᠦᠷᠦᠯ ᠵᠦᠢᠯ ᠤᠨ ᠲᠠᠯ᠎ᠠ ᠪᠠᠷ᠂ ᠪᠦᠯᠬᠦᠮ ᠪᠠ ᠬᠤᠪᠢ ᠬᠥᠮᠦᠨ ᠤ ᠱᠠᠩᠨᠠᠯ ᠭᠠᠷᠭᠠᠨ᠎ᠠ᠃ ᠤᠯᠤᠭᠰᠠᠨ ᠬᠤᠪᠢ ᠶᠢᠨ ᠶᠡᠭᠡ ᠪᠠᠭ᠎ᠠ ᠪᠠᠷ ᠨᠢ ᠵᠢᠭᠰᠠᠭᠠᠵᠤ᠂ ᠬᠠᠮᠤᠭ ᠰᠡᠭᠦᠯ ᠳᠤ ᠪᠦᠯᠬᠦᠮ ᠤᠨ ᠱᠠᠩᠨᠠᠯ ᠪᠠ ᠬᠤᠪᠢ ᠬᠥᠮᠦᠨ ᠤ ᠱᠠᠩᠨᠠᠯ ᠢ ᠲᠤᠭᠲᠠᠭᠠᠪᠠ᠃ ᠱᠠᠩᠨᠠᠯ ᠣᠯᠤᠭᠰᠠᠨ ᠨᠢᠭᠡᠴᠡ ᠪᠠ ᠬᠤᠪᠢ ᠬᠥᠮᠦᠨ ᠳᠤ ᠤᠶᠤᠨ ᠰᠠᠨᠠᠭᠠᠨ ᠤ ᠭᠦᠬᠢᠭᠦᠯᠦᠯ ᠤᠯᠭᠤᠨ᠎ᠠ᠃      ᠪᠦᠯᠬᠦᠮ ᠤᠨ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ 1 ᠨᠡᠷ᠎ᠡ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ︔ ᠪᠦᠯᠬᠦᠮ ᠤᠨ ᠰᠢᠯᠢᠳᠡᠭ ᠱᠠᠩᠨᠠᠯ ᠢ 24 ᠨᠡᠷᠡᠰ ᠭᠠᠷᠭᠠᠨ᠎ᠠ᠃ ᠡᠭᠦᠨ ᠤ ᠬᠠᠮᠲᠤ᠂ ᠡᠯ᠎ᠡ ᠭᠠᠵᠠᠷ ᠣᠷᠣᠨ ᠤ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠲᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠣᠯᠭᠤᠨ᠎ᠠ᠃      ᠬᠤᠪᠢ ᠬᠥᠮᠦᠨ ᠤ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ 3 ᠨᠡᠷᠡᠰ᠂ ᠬᠤᠶᠠᠳᠤᠭᠠᠷ ᠳᠡᠰ ᠤᠨ ᠱᠠᠩᠨᠠᠯ 6 ᠨᠡᠷᠡᠰ᠂ ᠭᠤᠷᠪᠠᠳᠤᠭᠠᠷ ᠳᠡᠰ ᠤᠨ ᠱᠠᠩᠨᠠᠯ 9 ᠨᠡᠷᠡᠰ︔ ᠬᠤᠪᠢ ᠬᠥᠮᠦᠨ ᠤ ᠰᠢᠯᠢᠳᠡᠭ ᠰᠠᠶᠢᠨ ᠱᠠᠩᠨᠠᠯ ᠢ 72 ᠨᠡᠷᠡᠰ︔ ᠬᠤᠪᠢ ᠬᠥᠮᠦᠨ ᠤ ᠤᠶᠤᠨ ᠤ ᠪᠤᠯᠪᠠᠰᠤᠨ ᠤ ᠱᠠᠩᠨᠠᠯ ᠢ 30 ᠨᠡᠷᠡᠰ ᠭᠠᠷᠭᠠᠨ᠎ᠠ᠃      ᠬᠥᠲᠥᠯᠥᠭᠴᠢ᠄      ᠡᠨᠡ ᠤᠳᠠᠭ᠎ᠠ ᠪᠥᠬᠦ ᠣᠷᠣᠨ ᠤ ᠡᠶᠢᠮᠦ ᠶᠡᠭᠡ ᠬᠡᠪᠴᠢᠶᠡᠨ ᠤ ᠠᠵᠢᠯᠯᠠᠭ᠎ᠠ ᠶᠢ ᠡᠷᠬᠢᠯᠡᠵᠦ᠂ ᠵᠣᠬᠢᠶᠠᠨ ᠪᠠᠶᠢᠭᠤᠯᠬᠤ ᠺᠤᠮᠢᠰ ᠪᠣᠳᠠᠲᠠᠶ ᠶᠠᠮᠠᠷ ᠶᠠᠮᠠᠷ ᠪᠠᠶᠢᠷᠢᠯᠠᠭᠤᠯᠤᠯᠲᠠ ᠬᠢᠭᠰᠡᠨ ᠪᠤᠢ︖      ᠴᠢᠶᠣᠤ ᠰᠢᠨ᠄      ᠲᠤᠰ ᠤᠳᠠᠭᠠᠨ ᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠳᠤ ᠭᠤᠤᠯᠳᠠᠭᠤ ᠳᠤᠤᠷᠠᠬᠢ ᠠᠷᠭ᠎ᠠ ᠬᠡᠮᠵᠢᠶ᠎ᠡ ᠶᠢ ᠠᠪᠴᠠᠢ᠄      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠲᠤᠰ ᠤᠳᠠᠭᠠᠨ ᠤ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠭᠤᠣᠯᠯᠠᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠠᠴᠠ ᠤᠷᠤᠯᠳᠤᠭᠠᠨ ᠤ ᠵᠣᠬᠢᠶᠠᠨ ᠪᠠᠶᠢᠭᠤᠯᠬᠤ ᠺᠤᠮᠢᠰ ᠢ ᠪᠠᠶᠢᠭᠤᠯᠵᠤ᠂ ᠵᠣᠬᠢᠶᠠᠨ ᠪᠠᠶᠢᠭᠤᠯᠬᠤ᠂ ᠤᠳᠤᠷᠢᠳᠬᠤ ᠠᠵᠢᠯ ᠢ ᠬᠠᠷᠢᠭᠤᠴᠠᠨ᠎ᠠ᠃ ᠵᠣᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠢ ᠡᠭᠦᠷᠭᠡᠯᠡᠨ᠎ᠡ᠃ ᠵᠣᠬᠢᠶᠠᠨ ᠪᠠᠶᠢᠭᠤᠯᠬᠤ ᠺᠤᠮᠢᠰ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤ ᠪᠠᠶᠢᠭᠤᠯᠵᠤ᠂ ᠤᠷᠤᠯᠳᠤᠭᠠᠨ ᠤ ᠡᠯ᠎ᠡ ᠵᠦᠢᠯ ᠤᠨ ᠪᠣᠳᠠᠲᠠᠶ ᠶᠠᠪᠤᠳᠠᠯ ᠢ ᠬᠠᠷᠢᠭᠤᠴᠠᠨ᠎ᠠ᠂ ᠠᠯᠪᠠᠨ ᠭᠡᠷ ᠤᠨ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠤᠨ ᠠᠯᠪᠠᠨ ᠬᠡᠷ ᠤᠨ ᠡᠷᠬᠢᠯᠡᠭᠴᠢ ᠬᠤᠤ ᠽᠧ ᠵᠢᠶᠦ᠋ᠨ ᠲᠤᠰᠢᠶᠠᠯ ᠬᠠᠪᠰᠤᠷᠭᠠᠨ ᠬᠠᠷᠢᠭᠤᠴᠠᠨ᠎ᠠ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠲᠣᠰᠪᠣᠷᠢ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃      ︵ᠬᠤᠶᠠᠷ︶ ᠠᠵᠢᠯ ᠤᠨ ᠲᠥᠰᠦᠯ ᠢᠶᠠᠨ ᠲᠤᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ 2017 ᠣᠨ ᠤ 7 ᠳ᠋ᠤᠭᠠᠷ ᠰᠠᠷ᠎ᠠ ᠶᠢᠨ 5᠎ ᠤ ᠡᠳᠦᠷ ︽︿ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠲᠦᠰᠦᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾᠎ ᠢ ᠪᠠᠭᠤᠯᠭᠠᠵᠤ᠂ ᠤᠷᠤᠯᠳᠤᠭᠠᠨ ᠤ ᠰᠢᠯᠭᠠᠯᠲᠠ ᠶᠢᠨ ᠰᠡᠳᠦᠪ᠂ ᠳᠡᠰ ᠳᠠᠷᠠᠭᠠᠯᠠᠯ᠂ ᠳᠦᠷᠢᠮ᠂ ᠱᠠᠩᠨᠠᠯ ᠤᠨ ᠲᠦᠷᠦᠯ ᠵᠦᠢᠯ ᠤᠨ ᠪᠠᠶᠢᠷᠢᠯᠠᠭᠤᠯᠤᠯᠲᠠ᠂ ᠤᠬᠠᠭᠤᠯᠭ᠎ᠠ ᠵᠡᠷᠭᠡ ᠠᠵᠢᠯ ᠤᠨ ᠶᠠᠪᠤᠴᠠ ᠳᠤ ᠲᠣᠳᠣᠷᠬᠠᠶ ᠪᠥᠭᠡᠳ ᠪᠣᠳᠠᠲᠠᠶ ᠱᠠᠭᠠᠷᠳᠠᠯᠭ᠎ᠠ ᠭᠠᠷᠭᠠᠪᠠ᠃      ︵ᠭᠤᠷᠪᠠ︶ ᠠᠵᠢᠯ ᠤᠨ ᠠᠬᠢᠴᠠ ᠪᠠᠨ ᠲᠤᠳᠤᠷᠬᠠᠶᠢᠯᠠᠨ᠎ᠠ᠃ ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠢ ᠰᠠᠶᠢᠨ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠺᠤᠮᠢᠰ ᠠᠴᠠ ᠡᠯ᠎ᠡ ᠴᠠᠭ ᠬᠤᠭᠤᠴᠠᠭᠠᠨ ᠤ ᠵᠠᠩᠭᠢᠶᠠᠰᠤ ᠶᠢᠨ ᠡᠭᠦᠷᠭᠡ ᠪᠠ ᠠᠵᠢᠯ ᠤᠨ ᠬᠡᠮᠵᠢᠶ᠎ᠡ ᠶᠢ ᠲᠤᠳᠤᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠺᠤᠮᠢᠰ 2017 ᠤᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠯᠲᠠ ᠶᠢᠨ ᠰᠡᠳᠦᠪ ᠭᠠᠷᠭᠠᠬᠤ᠂ ᠲᠥᠰᠦᠯ ᠲᠥᠯᠥᠪᠯᠡᠯᠭᠡ ᠵᠤᠬᠢᠶᠠᠬᠤ᠂ ᠤᠬᠠᠭᠤᠯᠬᠤ ᠵᠡᠷᠭᠡ ᠮᠡᠳᠡᠯᠭᠡ ᠶᠢᠨ ᠤᠷᠤᠯᠳᠤᠭᠠᠨ ᠢ ᠡᠷᠬᠢᠯᠡᠬᠦ ᠡᠮᠦᠨᠡᠬᠢ ᠱᠠᠲᠤᠨ ᠤ ᠪᠡᠯᠡᠳᠬᠡᠯ ᠠᠵᠢᠯ ᠢ ᠭᠤᠷᠪᠠᠳᠠᠬᠢ ᠡᠲᠡᠭᠡᠳ ᠤᠨ ᠵᠤᠬᠢᠶᠠᠨ ᠪᠠᠶᠢᠭᠤᠯᠤᠯᠲᠠ ᠳᠤ ᠨᠠᠶᠢᠳᠠᠨ ᠪᠡᠶᠡᠯᠡᠭᠦᠯᠵᠦ᠂ ᠡᠯ᠎ᠡ ᠠᠶᠢᠮᠠᠭ ᠬᠤᠲᠠ ᠨᠤᠭᠤᠳ 7 ᠳ᠋ᠤᠭᠠᠷ ᠰᠠᠷ᠎ᠠ ᠶᠢᠨ 31᠎ ᠤ ᠡᠳᠦᠷ ᠠᠴᠠ  ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠺᠤᠮᠢᠰ ᠤᠨ ᠠᠯᠪᠠᠨ ᠭᠡᠷ ᠲᠤ ᠲᠤᠰ ᠭᠠᠵᠠᠷ ᠣᠷᠣᠨ ᠤ ᠪᠠᠨ ᠬᠡᠷᠡᠭᠵᠢᠭᠦᠯᠬᠦ ᠲᠦᠰᠦᠯ ᠢ ᠳᠡᠭᠡᠭᠰᠢ ᠮᠡᠳᠡᠭᠦᠯᠵᠦ᠂ ᠬᠡᠷᠡᠭᠵᠢᠭᠦᠯᠬᠦ ᠲᠥᠰᠦᠯ ᠨᠢ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠬᠠᠨᠳᠤᠯᠭᠠᠲᠤ ᠴᠢᠨᠠᠷᠲᠠᠶ ᠪᠠᠶᠢᠬᠤ ᠬᠡᠷᠡᠭᠲᠡᠶ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ 8 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ᠂ ᠲᠤᠰ ᠱᠠᠲᠤᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ᠲᠦᠯᠦᠭᠡᠯᠡᠭᠴᠢᠳ ᠤᠨ ᠠᠩᠭᠢ ᠪᠠᠨ ᠰᠢᠯᠢᠨ ᠰᠤᠩᠭᠤᠬᠤ ᠠᠵᠢᠯ ᠢ ᠳᠠᠭᠤᠰᠬᠠᠬᠤ ᠶᠢᠨ ᠬᠠᠮᠲᠤ ᠠᠶᠢᠮᠠᠭ ᠬᠤᠲᠠ ᠶᠢᠨ ᠤᠷᠤᠯᠳᠤᠭᠠᠨ ᠤ ᠵᠣᠬᠢᠶᠠᠨ ᠪᠠᠶᠢᠭᠤᠯᠬᠤ ᠺᠤᠮᠢᠰ ᠲᠤ ᠬᠤᠶᠠᠷᠳᠠᠬᠢ ᠤᠷᠤᠯᠳᠤᠭᠠᠨ ᠳᠤ ᠤᠷᠤᠯᠴᠠᠬᠤ ᠲᠦᠯᠦᠭᠡᠯᠡᠭᠴᠢᠳ ᠤᠨ ᠠᠩᠭᠢ ᠶᠢᠨ ᠨᠡᠷᠡᠰ ᠢ ᠳᠡᠭᠡᠭᠰᠢ ᠮᠡᠳᠡᠭᠦᠯᠬᠦ ᠬᠡᠷᠡᠭᠲᠡᠢ᠃ ᠡᠯ᠎ᠡ ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠨᠢ 9 ᠳ᠋ᠦ᠋ᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠬᠠᠤᠯᠢ ᠬᠡᠷᠡᠭᠵᠢᠭᠦᠯᠬᠦ ᠨᠢᠭᠡᠴᠡ ᠶᠢᠨ ᠲᠦᠯᠦᠭᠡᠯᠡᠭᠴᠢᠳ ᠤᠨ ᠠᠩᠭᠢ ᠶᠢᠨ ᠬᠤᠶᠠᠷᠳᠠᠬᠢ ᠤᠷᠤᠯᠳᠤᠭᠠᠨ ᠢ ᠳᠠᠭᠤᠰᠬᠠᠬᠤ ᠶᠢᠨ ᠬᠠᠮᠲᠤ ᠦᠪᠡᠷᠲᠡᠭᠡᠨ ᠵᠠᠰᠠᠬᠤ ᠤᠷᠤᠨ ᠤ ᠵᠣᠬᠢᠶᠠᠨ ᠪᠠᠶᠢᠭᠤᠯᠬᠤ ᠺᠤᠮᠢᠰ ᠲᠤ ᠰᠢᠢᠳᠪᠦᠷᠢᠲᠦ ᠤᠷᠤᠯᠳᠤᠭᠠᠨ ᠤ ᠲᠦᠯᠦᠭᠡᠯᠡᠭᠴᠢᠳ ᠤᠨ ᠠᠩᠭᠢ ᠶᠢᠨ ᠨᠡᠷᠡᠰ ᠢ ᠳᠡᠭᠡᠭᠰᠢ ᠮᠡᠳᠡᠭᠦᠯᠬᠦ ᠬᠡᠷᠡᠭᠲᠡᠶ᠃ ᠤᠳᠤᠬᠠᠨ᠂ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢᠨ ᠠᠬᠢᠴᠠ ᠤᠷᠤᠭᠰᠢᠲᠠᠶ ᠪᠠᠶᠢᠵᠤ᠂ ᠡᠯ᠎ᠡ ᠠᠶᠢᠮᠠᠭ ᠬᠤᠲᠠ ᠶᠢᠨ ᠰᠢᠶᠳᠪᠦᠷᠢᠲᠦ ᠤᠷᠤᠯᠳᠤᠭᠠᠨ ᠳᠤ ᠣᠷᠣᠯᠴᠠᠬᠤ ᠠᠩᠭᠢ ᠨᠢᠭᠡᠨᠲᠡ ᠪᠤᠢ ᠪᠤᠯᠵᠤ᠂ ᠰᠢᠶᠳᠪᠦᠷᠢᠲᠦ ᠤᠷᠤᠯᠳᠤᠭᠠᠨ ᠢ ᠶᠠᠭ ᠪᠠᠴᠢᠮ ᠪᠡᠯᠡᠳᠬᠡᠵᠦ ᠪᠠᠶᠢᠨ᠎ᠠ᠃      ︵ᠲᠦᠷᠪᠡ︶ ᠠᠵᠢᠯ ᠤᠨ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ᠎ᠠ᠃ ᠮᠡᠳᠡᠯᠭᠡ ᠶᠢᠨ ᠤᠷᠤᠯᠳᠤᠭᠠᠨ ᠤ ᠰᠢᠶᠳᠪᠦᠷᠢᠲᠦ ᠤᠷᠤᠯᠳᠤᠭᠠᠨ ᠢ ᠰᠠᠶᠢᠲᠤᠷ ᠡᠷᠬᠢᠯᠡᠬᠦ ᠶᠢᠨ ᠲᠦᠯᠦᠭᠡ᠂ ᠠᠵᠢᠯᠯᠠᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠵᠣᠬᠢᠶᠠᠨ ᠪᠠᠶᠢᠭᠤᠯᠬᠤ ᠺᠤᠮᠢᠰ ᠤᠨ ᠠᠯᠪᠠᠨ ᠭᠡᠷ ᠨᠠᠷᠢᠨ ᠲᠣᠳᠣᠷᠬᠠᠶ ︽ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠰᠢᠶᠳᠪᠦᠷᠢᠲᠦ ᠤᠷᠤᠯᠳᠤᠭᠠᠨ ᠤ ᠳᠠᠷᠠᠭᠠᠯᠠᠯ ᠵᠢᠴᠢ ᠠᠵᠢᠯ ᠤᠨ ᠬᠤᠪᠢᠶᠠᠷᠢᠯᠠᠯ ᠤᠨ ᠲᠤᠬᠢᠷᠠᠭᠤᠯᠤᠯᠲᠠ︾᠎ ᠶᠢ ᠲᠤᠭᠲᠠᠭᠠᠵᠤ᠂ ᠪᠡᠯᠡᠳᠬᠡᠯ ᠰᠢᠶᠳᠪᠦᠷᠢᠲᠦ ᠤᠷᠤᠯᠳᠤᠭᠠᠨ ᠪᠠ ᠰᠢᠶᠳᠪᠦᠷᠢᠲᠦ ᠤᠷᠤᠯᠳᠤᠭᠠᠨ ᠤ ᠲᠦᠷᠪᠡᠨ ᠲᠠᠯᠠᠪᠤᠷ ᠤᠷᠤᠯᠳᠤᠭᠠᠨ ᠵᠢᠴᠢ ᠤᠷᠤᠯᠳᠤᠭᠠᠨ ᠤ ᠡᠮᠦᠨᠡᠬᠢ ᠪᠡᠯᠡᠳᠬᠡᠯ ᠠᠵᠢᠯ ᠳᠤ ᠠᠵᠢᠯ ᠤᠨ ᠬᠡᠮᠵᠢᠶ᠎ᠡ ᠪᠠᠷ ᠵᠤᠷᠪᠤᠰᠯᠠᠨ ᠬᠡᠮᠵᠢᠶᠡᠯᠡᠬᠦ ᠵᠢᠭᠰᠠᠭᠠᠯᠲᠠ ᠬᠢᠵᠦ᠂ ᠠᠵᠢᠯᠳᠠᠨ ᠨᠢᠭᠡᠪᠦᠷᠢ ᠬᠦᠷᠲᠡᠯ᠎ᠡ ᠨᠠᠷᠢᠯᠢᠭᠵᠢᠭᠤᠯᠤᠭᠰᠠᠨ ᠪᠦᠭᠡᠳ ᠠᠵᠢᠯ ᠤᠨ ᠲᠤᠬᠢᠷᠠᠭᠤᠯᠤᠯᠲᠠ ᠳᠤ ᠦᠯᠦ ᠬᠠᠮᠤᠷᠤᠭᠰᠠᠨ ᠢ ᠶᠡᠷᠦᠩᠬᠡᠶ ᠲᠤᠯᠤᠭᠠᠶᠢᠯᠠᠭᠴᠢ᠂ ᠶᠡᠷᠦᠩᠬᠡᠶ ᠲᠣᠬᠢᠷᠠᠭᠤᠯᠬᠤ ᠬᠥᠮᠦᠨ ᠠᠴᠠ ᠪᠠᠶᠢᠳᠠᠯ ᠢ ᠨᠢ ᠦᠨᠳᠦᠰᠦᠯᠡᠨ ᠲᠤᠬᠠᠢ ᠶᠢᠨ ᠲᠠᠯᠠᠪᠠᠢ ᠶᠢᠨ ᠭᠡᠨᠡᠳᠲᠡ ᠶᠢᠨ ᠠᠰᠠᠭᠤᠳᠠᠯ ᠢ ᠲᠦᠷ ᠴᠠᠭ ᠲᠤᠬᠢᠷᠠᠭᠤᠯᠤᠨ ᠰᠢᠢᠳᠪᠦᠷᠢᠯᠡᠨ᠎ᠡ᠃      ᠬᠥᠲᠥᠯᠥᠭᠴᠢ᠄      ᠤᠬᠠᠭᠤᠯᠭ᠎ᠠ ᠶᠢ ᠴᠢᠩᠭᠠᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖      ᠴᠢᠶᠣᠤ ᠰᠢᠨ᠄      ᠨᠢᠭᠡᠳᠦᠭᠡᠷ ᠱᠠᠳᠤ ᠨᠢ ᠡᠯ᠎ᠡ ᠭᠠᠵᠠᠷ ᠤᠷᠤᠨ ᠤ ᠰᠢᠯᠭᠠᠷᠠᠭᠤᠯᠬᠤ ᠤᠷᠤᠯᠳᠤᠭᠠᠨ ᠳᠤ ᠤᠬᠠᠭᠤᠯᠭ᠎ᠠ ᠬᠢᠬᠦ ᠪᠤᠯᠤᠨ᠎ᠠ᠃ ᠡᠯ᠎ᠡ ᠠᠶᠢᠮᠠᠭ ᠬᠤᠲᠠ ᠨᠤᠭᠤᠳ ᠲᠤᠬᠠᠶ ᠶᠢᠨ ᠭᠠᠵᠠᠷ ᠤᠨ ᠰᠣᠨᠢᠨ ᠰᠡᠳᠬᠦᠯ᠂ ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠰᠦᠯᠵᠢᠶ᠎ᠡ᠂ ᠪᠢᠴᠢᠯ ᠪᠯᠤᠭ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠬᠢᠵᠦ᠂ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠵᠢᠯ ᠤᠨ ᠠᠯᠪᠠᠨ ᠬᠡᠷ ᠠᠴᠠ ᠤᠮᠠᠷᠠᠲᠤ ᠶᠢᠨ ᠬᠠᠤᠯᠢ ᠲᠦᠷᠢᠮ ᠤᠨ ᠸᠢᠴᠠᠲ ᠤᠨ ᠨᠡᠶᠢᠲᠡ ᠶᠢᠨ ᠳ᠋ᠤᠭᠠᠷ ᠲᠤ ᠲᠤᠰᠬᠠᠶ ᠪᠤᠯᠤᠩ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠ ᠠᠶᠢᠮᠠᠭ ᠬᠤᠳᠠ᠂ ᠬᠤᠰᠢᠭᠤ ᠰᠢᠶᠠᠨ ᠤ ᠰᠢᠯᠭᠠᠷᠠᠭᠤᠯᠬᠤ ᠤᠷᠤᠯᠳᠤᠭᠠᠨ᠂ ᠪᠡᠯᠡᠳᠬᠡᠯ ᠤᠷᠤᠯᠳᠤᠭᠠᠨ ᠵᠢᠴᠢ ᠤᠷᠤᠯᠳᠤᠭᠠᠨ ᠤ ᠵᠢᠪᠬᠤᠭ᠎ᠠ᠂ ᠳᠦᠷᠢ ᠲᠥᠷᠬᠦ ᠶᠢ ᠳᠡᠯᠭᠡᠨ ᠦᠵᠡᠭᠦᠯᠬᠦ ᠵᠡᠷᠭᠡ ᠲᠠᠯ᠎ᠠ ᠶᠢᠨ ᠤᠬᠠᠭᠤᠯᠭ᠎ᠠ ᠶᠢ ᠭᠤᠤᠯᠴᠢᠯᠠᠵᠤ᠂ ᠲᠤᠰᠬᠠᠶ ᠬᠥᠮᠦᠨ ᠲᠤᠭᠲᠠᠭᠠᠵᠤ ᠵᠤᠯᠭᠠᠭᠤᠯᠤᠯᠲᠠ ᠬᠢᠵᠦ᠂ ᠤᠬᠠᠭᠤᠯᠭ᠎ᠠ ᠶᠢᠨ ᠵᠡᠷᠭᠡᠴᠡᠯ ᠪᠠ ᠪᠣᠳᠠᠲᠤ ᠪᠦᠳᠤᠮᠵᠢᠳᠤ ᠴᠢᠨᠠᠷ ᠢ ᠪᠠᠲᠤᠯᠠᠬᠤ ᠬᠡᠷᠡᠭᠲᠡᠶ︔ ᠬᠤᠶᠠᠳᠤᠭᠠᠷ ᠱᠠᠲᠤ ᠨᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠷᠠᠯ ᠳᠤ ᠰᠠᠭᠤᠵᠤ ᠪᠠᠶᠢᠭ᠎ᠠ ᠵᠠᠭᠤᠴᠢᠯᠠᠭᠤᠷ ᠤᠨ ᠬᠢᠨ ᠢ ᠤᠷᠢᠨ ᠤᠬᠠᠭᠤᠯᠤᠨ ᠮᠡᠳᠡᠭᠡᠯᠡᠭᠦᠯᠦᠨ᠎ᠡ︔ ᠭᠤᠷᠪᠠᠳᠤᠭᠠᠷ ᠱᠠᠳᠤ ᠪᠣᠯ ᠪᠥᠬᠦ ᠣᠷᠣᠨ ᠤ ᠰᠢᠶᠳᠪᠦᠷᠢᠲᠦ ᠤᠷᠤᠯᠳᠤᠭᠠᠨ ᠤ ᠪᠡᠯᠡᠳᠬᠡᠯ ᠤᠷᠤᠯᠳᠤᠭᠠᠨ ᠪᠠ ᠶᠡᠷᠦᠩᠬᠡᠢ ᠰᠢᠶᠳᠪᠦᠷᠢᠲᠦ ᠤᠷᠤᠯᠳᠤᠭᠠᠨ ᠢ ᠪᠦᠬᠦ ᠲᠠᠯ᠎ᠠ ᠪᠠᠷ ᠤᠬᠠᠭᠤᠯᠬᠤ ᠪᠤᠯᠤᠨ᠎ᠠ᠃ ᠬᠠᠤᠯᠢ ᠲᠦᠷᠢᠮ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠲᠧᠯᠸᠢᠰ ᠬᠤᠷᠢᠶ᠎ᠠ᠂ ᠷᠠᠳᠢᠣ᠋ ᠬᠤᠷᠢᠶ᠎ᠠ ᠵᠡᠷᠭᠡ ᠭᠤᠣᠯ ᠤᠷᠤᠰᠬᠠᠯ ᠤᠨ ᠵᠠᠭᠤᠴᠢᠯᠠᠭᠤᠷ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠰᠦᠯᠵᠢᠶ᠎ᠡ᠂ ᠤᠮᠠᠷᠠᠲᠤ ᠶᠢᠨ ᠬᠠᠤᠯᠢ ᠲᠦᠷᠢᠮ ᠤᠨ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠶᠢ ᠲᠦᠰᠢᠭᠯᠡᠨ ᠲᠤᠰᠬᠠᠶ ᠮᠡᠳᠡᠭᠡᠯᠡᠯ ᠬᠢᠵᠦ᠂ ᠪᠡᠯᠡᠳᠬᠡᠯ ᠤᠷᠤᠯᠳᠤᠭᠠᠨ ᠪᠠ ᠰᠢᠶᠳᠪᠦᠷᠢᠲᠦ ᠤᠷᠤᠯᠳᠤᠭᠠᠨ ᠤ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠤᠬᠠᠭᠤᠯᠭ᠎ᠠ ᠬᠢᠨ᠎ᠡ᠃      ᠬᠥᠲᠥᠯᠥᠭᠴᠢ᠄      ᠵᠠ᠂ ᠴᠠᠭ ᠤᠨ ᠬᠠᠷᠠᠭ᠎ᠠ ᠠᠴᠠ ᠪᠤᠯᠵᠤ ᠲᠤᠰ ᠤᠳᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠴᠢᠶᠣᠤ ᠡᠷᠬᠢᠯᠡᠭᠴᠢ ᠶᠢᠨ ᠨᠠᠷᠢᠨ ᠲᠠᠨᠢᠯᠴᠠᠭᠤᠯᠭ᠎ᠠ ᠳᠤ ᠮᠠᠰᠢ ᠪᠠᠶᠠᠷᠯᠠᠯ᠎ᠠ᠃ ᠡᠭᠦᠨ ᠤ ᠬᠠᠮᠲᠤ ᠡ᠊ᠨᠳᠡ ᠪᠤᠢ ᠪᠦᠬᠦᠢ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠰᠢᠯᠢᠳᠡᠭ ᠬᠢᠷᠢ ᠪᠦᠲᠦᠮᠵᠢ ᠤᠯᠬᠤ ᠶᠢ ᠵᠥᠩᠨᠡᠨ ᠢᠷᠦᠭᠡᠵᠦ᠂ ᠲᠤᠰ ᠬᠤᠭᠤᠴᠠᠭᠠᠨ ᠤ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠡᠯᠭᠡᠯᠡᠶ᠎ᠡ︕ ᠲᠠᠨᠠᠷ ᠤᠨ ᠬᠦᠯᠢᠶᠡᠨ ᠠᠪᠴᠦ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠳ᠋ᠤᠭᠠᠷ ᠲᠤ ᠪᠠᠶᠠᠷᠲᠠᠶ ᠠᠭᠤᠯᠵᠠᠶ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map