︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠩᠵᠢᠭᠦᠯᠭᠦ ᠲᠥᠯᠥᠪᠯᠡᠭᠡ ︵2016 — 2020 ᠣᠨ︶︾᠎ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017/2/15
                          ᠥᠪᠥᠷ ᠵᠠᠰᠠᠭ ᠲᠠᠷᠬᠠᠭᠠᠭᠰᠠᠨ ﹇2016﹈ 98 ᠳ᠋ᠤᠭᠠᠷ ᠲᠤᠭᠠᠳᠤ                              2016 ᠣᠨ ᠤ 8 ᠳ᠋ᠣᠭᠠᠷ ᠰᠠᠷ᠎ᠠ ᠶᠢᠨ 23᠎ ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠩᠵᠢᠭᠦᠯᠭᠦ ᠲᠥᠯᠥᠪᠯᠡᠭᠡ ︵2016 — 2020 ᠣᠨ︶︾᠎ ᠶᠢ ᠡᠳᠣᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠩᠵᠢᠭᠦᠯᠭᠦ ᠲᠥᠯᠥᠪᠯᠡᠭᠡ                                     ︵2016 — 2020 ᠣᠨ︶      ᠪᠦᠭᠦ ᠠᠷᠠᠳ ᠤᠨ ᠪᠡᠶ᠎ᠡ ᠴᠢᠭᠢᠷᠠᠭᠵᠢᠭᠤᠯᠣᠯᠳᠠ ᠨᠢ ᠪᠦᠬᠦ ᠠᠷᠠᠳ ᠲᠦᠮᠡᠨ ᠪᠠᠶ᠎ᠠ ᠪᠠᠨ ᠴᠢᠩᠭᠠᠷᠠᠭᠤᠯᠵᠣ᠂ ᠡᠷᠠᠭᠦᠯ ᠰᠠᠷᠠᠭᠤᠯ ᠠᠮᠢᠳᠤᠷᠠᠬᠤ ᠶᠢᠨ ᠰᠠᠭᠤᠷᠢ ᠪᠠ ᠪᠠᠲᠤᠯᠠᠭ᠎ᠠ ᠪᠣᠯᠣᠨ᠎ᠠ᠂ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠴᠢᠬᠢᠷᠠᠭ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠠᠭᠤᠯᠤᠭᠳᠠᠬᠤᠨ ᠪᠣᠯᠣᠨ᠎ᠠ᠂ ᠬᠥᠮᠦᠨ ᠨᠢᠭᠡᠪᠣᠷᠢ ᠶᠢᠨ ᠥᠰᠣᠨ ᠪᠤᠶᠢᠵᠢᠬᠤ ᠪᠠ ᠵᠣᠯ ᠵᠢᠷᠭᠠᠯᠲᠤ ᠠᠮᠢᠳᠤᠷᠠᠯ ᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠨᠡᠩ ᠥᠷᠭᠡᠨ ᠳᠡᠯᠭᠡᠷᠡᠩᠭᠦᠶ ᠪᠠᠷ ᠥᠷᠨᠢᠭᠦᠯᠣᠨ᠂ ᠦᠨᠳᠦᠰᠦᠲᠡᠨ ᠤ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠲᠠᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠦᠢᠯᠡᠰ ᠤᠨ ᠬᠥᠭᠵᠢᠯᠲᠡ ᠶᠢᠨ ᠬᠡᠪ ᠵᠠᠭᠪᠤᠷ ᠢ ᠪᠣᠢ ᠪᠣᠯᠭᠠᠬᠤ ᠶᠢᠨ ᠲᠣᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾᠂ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2016 — 2020 ᠣᠨ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠢᠮ︾᠎ ᠢ ᠦᠨᠳᠣᠰᠣᠯᠡᠵᠣ᠂ ᠲᠤᠰ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠦᠭᠦᠳᠠ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠡ ᠲᠠᠢ᠂ ᠬᠠᠮᠲᠤ ᠪᠠᠷ ᠭᠦᠷᠳᠡᠭᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠪᠡᠶ᠎ᠡ ᠮᠠᠬᠠᠪᠣᠣᠨ ᠴᠢᠨᠠᠷ ᠴᠢᠨᠰᠠᠭ᠎ᠠ ᠶᠢ ᠴᠢᠩᠭᠠᠷᠠᠭᠤᠯᠣᠨ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠦᠨᠳᠦᠰᠦᠨ ᠬᠠᠷᠠᠯᠲᠠ ᠪᠣᠯᠭᠠᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠢ ᠠᠮᠢᠳᠤᠷᠠᠯᠵᠢᠭᠤᠯᠬᠤ ᠶᠠᠪᠤᠴᠠ ᠶᠢ ᠠᠬᠢᠭᠤᠯᠬᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠦᠭᠦᠢ ᠤᠯᠠᠨ ᠡᠰᠢᠵᠢᠭᠰᠡᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠣᠯᠳᠠ ᠪᠠ ᠲᠣᠰᠣᠯᠳᠠ ᠶᠢᠨ ᠴᠢᠬ ᠪᠣᠯᠭᠠᠵᠤ᠂ ᠬᠥᠮᠦᠨ ᠢᠶᠠᠷ ᠦᠨᠳᠦᠰᠦ ᠪᠣᠯᠭᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠪᠠᠶ᠎ᠡ ᠶᠢᠨ ᠳᠠᠮᠢᠷ ᠢ ᠵᠠᠰᠠᠬᠤ᠂ ᠦᠨᠳᠦᠰᠦᠨ ᠵᠦᠢᠯ ᠢ ᠪᠠᠳᠣᠯᠠᠬᠤ᠂ ᠤᠯᠠᠨ ᠡᠰᠢᠲᠦ ᠬᠠᠷᠢᠯᠴᠠᠨ ᠠᠬᠢᠭᠤᠯᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠠᠵᠢᠯ ᠤᠨ ᠵᠠᠷᠴᠢᠮ ᠢ ᠪᠠᠷᠢᠮᠲᠠᠯᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠵᠦ ᠪᠠᠶᠢᠭᠤᠯᠤᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠳᠤ ᠦᠶ᠎ᠡ ᠶᠢᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠳᠤ ᠬᠠᠮᠳᠣᠪᠠᠷ ᠪᠠᠶᠢᠭᠤᠯᠵᠤ ᠬᠠᠮᠳᠣᠪᠠᠷ ᠭᠦᠷᠳᠡᠭᠦ ᠳᠤᠮᠳᠠᠬᠢ ᠭᠦᠷᠳᠡᠭᠡᠮᠵᠢᠳᠡᠢ ᠪᠠᠶᠢᠬᠤ ᠲᠥᠷᠥᠭᠳᠡᠯ ᠢ ᠨᠡᠮᠡᠭᠳᠡᠭᠦᠯᠣᠨ᠂ ᠡᠬᠡ ᠤᠯᠤᠰ ᠤᠨ ᠤᠮᠠᠷᠠᠲᠤ ᠶᠢᠨ ᠪᠡᠶ᠎ᠡ ᠶᠢᠨ ᠲᠠᠮᠢᠷ ᠤᠨ ᠦᠵᠡᠰᠭᠦᠯᠡᠭᠳᠣ ᠰᠠᠶᠢᠬᠠᠨ ᠦᠵᠡᠮᠵᠢ ᠶᠢ ᠪᠣᠢ ᠪᠣᠯᠭᠠᠬᠤ᠂ ᠡᠷᠡᠭᠦᠯ ᠡᠩᠭᠡ ᠥᠪᠥᠷ ᠮᠣᠩᠭᠤᠯ ᠢ ᠪᠥᠳᠥᠭᠡᠨ ᠪᠠᠶᠢᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠶᠢ ᠠᠬᠢᠭᠤᠯᠣᠨ᠎ᠠ᠃      ᠬᠤᠶᠠᠷ᠂ ᠶᠡᠷᠦᠩᠬᠡᠶ ᠬᠠᠷᠠᠯᠲᠠ      ︵ᠨᠢᠭᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠤᠯᠠᠮ ᠢᠶᠠᠷ ᠲᠡᠭᠦᠯᠳᠡᠷᠵᠢᠭᠦᠯᠣᠨ᠎ᠠ᠃ ᠪᠦᠬᠦ ᠣᠷᠣᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ ᠶᠢ 2100 ᠪᠣᠯᠳᠠᠯ᠎ᠠ ᠨᠡᠮᠡᠭᠳᠡᠭᠦᠯᠵᠣ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠨᠠᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100%᠎ ᠳᠤ ᠭᠦᠷᠣᠭᠦᠯᠣᠨ᠎ᠠ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 95%᠎ ᠳᠤ ᠬᠦᠷᠣᠭᠦᠯᠣᠨ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100%᠎ ᠳᠤ ᠭᠦᠷᠣᠭᠦᠯᠣᠨ᠎ᠠ᠂ ᠲᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠣᠯᠤᠨ ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠤᠭ᠎ᠠ ᠬᠡᠮᠵᠢᠶ᠎ᠡ ᠶᠢ ᠢᠯᠡᠳᠲᠡ ᠨᠡᠮᠡᠭᠳᠡᠭᠦᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠦᠷᠳᠡᠭᠡ ᠴᠢᠬ ᠤᠨ ᠬᠥᠮᠦᠨ ᠤ ᠲᠤᠭ᠎ᠠ ᠶᠢᠨ ᠬᠠᠷᠢᠴᠠᠯ ᠢ ᠲᠦᠮᠠᠨ ᠤ ᠳᠠᠪᠤ ᠳᠤ ᠭᠦᠷᠣᠭᠦᠯᠣᠨ᠎ᠠ᠃      ︵ᠬᠤᠶᠠᠷ︶ ᠪᠡᠶ᠎ᠡ ᠴᠢᠭᠢᠷᠠᠭᠵᠢᠭᠤᠯᠬᠤ ᠶᠢᠨ ᠵᠢᠭᠠᠨ ᠵᠢᠯᠣᠭᠤᠳᠣᠭᠴᠢ ᠶᠢ ᠢᠯᠡᠳᠲᠡ ᠨᠡᠮᠡᠭᠳᠡᠭᠦᠯᠣᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ 5 ᠲᠦᠮᠠᠨ ᠭᠦᠮᠣᠨ ᠳᠤ ᠬᠦᠷᠣᠭᠦᠯᠵᠣ᠂ ᠬᠥᠮᠦᠨ ᠤ ᠲᠣᠭᠠᠨ ᠤ ᠬᠠᠷᠢᠴᠠᠯ ᠢ 2 ‰᠎ ᠲᠤ ᠭᠦᠷᠣᠭᠦᠯᠣᠨ᠎ᠠ᠃      ︵ᠭᠤᠷᠪᠠ︶ ᠪᠡᠶ᠎ᠡ ᠶᠢᠨ ᠲᠠᠮᠢᠷ ᠪᠣᠯᠪᠠᠰᠤᠷᠠᠬᠤ ᠭᠦᠮᠣᠨ ᠤ ᠲᠤᠭ᠎ᠠ ᠶᠢ ᠮᠡᠳᠡᠭᠳᠡᠭᠦ᠋ᠢᠴᠨ ᠨᠡᠮᠡᠭᠳᠡᠭᠦᠯᠣᠨ᠎ᠠ᠃ ᠦᠷᠭᠦᠯᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠵᠦ ᠪᠠᠶᠢᠭ᠎ᠠ ᠬᠥᠮᠦᠨ ᠤ ᠲᠣᠭᠠᠨ ᠤ ᠬᠠᠷᠢᠴᠠᠯ ᠢ 42% ᠣᠷᠴᠢᠮ ᠳᠤ ᠬᠦᠷᠣᠭᠦᠯᠣᠨ᠎ᠠ᠃ ᠭᠠᠷᠠᠭ ᠪᠦᠷᠢ 1 ᠤᠳᠠᠭ᠎ᠠ ᠪᠣᠯᠣᠨ ᠲᠡᠭᠦᠨ ᠠᠴᠠ ᠳᠡᠭᠡᠭᠰᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠬᠠᠷᠢᠴᠠᠯ ᠢ 50%᠎ ᠠᠴᠠ ᠳᠡᠭᠡᠭᠰᠢ ᠳᠤ ᠬᠦᠷᠦᠭᠦᠯᠦᠨ᠎ᠡ᠃ ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠠᠳᠠᠭ ᠲᠠᠭᠠᠨ 1 ᠴᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠭᠦᠳᠡᠯᠭᠡᠭᠡᠨ ᠳᠤ ᠣᠷᠣᠯᠴᠠᠬᠤ ᠬᠡᠷᠩᠳᠠᠢ᠃      ︵ᠳᠦᠷᠪᠡ︶ ᠪᠡᠶ᠎ᠡ ᠶᠢᠨ ᠲᠠᠮᠢᠷ ᠤᠨ ᠳᠠᠯᠠᠪᠣᠷ ᠤᠨ ᠪᠡᠯᠡᠣᠡᠭᠡᠮᠵᠢ ᠶᠢ ᠲᠡᠩᠴᠡᠭᠦᠷᠢᠲᠡᠶ ᠬᠥᠭᠵᠢᠭᠦᠯᠣᠨ᠎ᠠ᠃ ᠪᠦᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ ᠤᠨ ᠲᠤᠭ᠎ᠠ ᠬᠡᠮᠵᠢᠶ᠎ᠡ ᠶᠢ 4 ᠲᠦᠮᠨ ᠳᠤ ᠭᠦᠷᠣᠭᠦᠯᠣᠨ᠎ᠠ᠂ ᠬᠥᠮᠦᠨ ᠨᠢᠭᠡᠪᠣᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠳᠠᠯᠠᠪᠣᠷ ᠤᠨ ᠲᠠᠯᠠᠪᠠᠢ ᠶᠢ 2.5 ᠳᠡᠭᠰᠢ ᠲᠦᠷᠪᠡᠯᠵᠢᠨ ᠮᠤᠲᠷ ᠲᠤ ᠭᠦᠷᠣᠭᠦᠯᠣᠨ᠎ᠠ᠃ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠲᠥᠪ᠂ ᠰᠤᠮᠤ ᠰᠢᠶᠠᠩ ᠪᠠᠯᠭᠠᠰᠤ ᠶᠢᠨ ᠵᠢᠵᠢᠭ ᠬᠡᠯᠪᠡᠷᠢ ᠶᠢᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠲᠥᠪ᠂ ᠭᠠᠴᠠᠭ᠎ᠠ ᠲᠣᠰᠬᠤᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠦᠷᠳᠡᠭᠡ ᠴᠢᠬ᠂ ᠨᠡᠶᠢᠭᠡᠮ ᠲᠣᠭᠤᠷᠢᠭ ᠤᠨ ᠪᠡᠶ᠎ᠡ ᠴᠢᠬᠢᠷᠠᠭᠵᠢᠭᠤᠯᠬᠤ ᠪᠡᠯᠡᠳᠬᠡᠮᠵᠢ ᠶᠢ ᠪᠦᠷᠢᠨ ᠪᠦᠷᠬᠦᠭᠦᠯᠭᠦ ᠶᠢ ᠪᠡᠶᠡᠯᠡᠭᠦᠯᠣᠨ᠎ᠠ᠃ ᠠᠷᠠᠳ ᠤᠯᠠᠨ ᠤ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠣᠯᠠᠨ ᠨᠠᠶᠢᠳᠠ ᠶᠢᠨ ᠦᠢᠯᠡᠴᠢᠯᠡᠭᠡ ᠭᠦᠷᠳᠡᠭᠦ ᠭᠦᠳᠡᠯᠭᠡᠭᠡᠨ ᠤ ᠷᠠᠳᠢᠦ᠋ᠰ ᠢ ᠪᠠᠭᠠᠰᠬᠠᠵᠣ᠂ ︽10 ᠮᠢᠨᠦ᠋ᠲ ᠤᠨ ᠲᠣᠳᠣᠷ᠎ᠠ ᠭᠦᠷᠴᠣ ᠳᠡᠶᠢᠯᠭᠦ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠪᠣᠢ ᠪᠣᠯᠭᠠᠨ᠎ᠠ᠃      ︵ᠲᠠᠪᠤ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠢ ᠥᠷᠭᠡᠨ ᠢᠶᠠᠷ ᠦᠷᠨᠢᠭᠦᠯᠣᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠬᠤᠶᠠᠷ ᠵᠢᠯ ᠪᠤᠯᠬᠤ ᠪᠦᠷᠢ ᠳᠤ 5 ᠵᠦᠢᠯ ᠠᠴᠠ ᠳᠤᠲᠠᠭᠤ ᠪᠠᠶᠢᠯᠭᠠᠬᠤ ᠦᠭᠡᠢ ᠲᠤᠰ ᠵᠠᠰᠠᠭ ᠵᠠᠬᠢᠷᠭᠠᠨ ᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ ᠨᠢᠬᠡ ᠤᠳᠠᠭ᠎ᠠ ᠥᠷᠨᠢᠭᠦᠯᠵᠦ᠂ ᠵᠢᠯ ᠪᠦᠷᠢ ᠦᠷᠨᠢᠭᠦᠯᠣᠭ᠍ᠰᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠵᠦᠢᠯᠡᠰ ᠨᠢ 12 ᠤᠳᠠᠭ᠎ᠠ ᠠᠴᠠ ᠳᠤᠲᠠᠭᠤ ᠪᠠᠶᠢᠵᠤ ᠪᠣᠯᠬᠤ ᠦᠭᠡᠢ᠃ ᠪᠦᠬᠦ ᠣᠷᠣᠨ ᠳᠤ ᠵᠢᠯ ᠪᠦᠷᠢ ᠣᠯᠠᠨ ᠣᠯᠣᠰ ᠤᠨ ᠴᠢᠨᠠᠷᠲᠠᠶ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢ 15 ᠤᠳᠠᠭ᠎ᠠ ᠠᠴᠠ ᠳᠡᠭᠡᠭᠰᠢ ᠡᠷᠬᠢᠯᠡᠵᠣ᠂ ᠪᠦᠬᠦ ᠤᠯᠤᠰ ᠤᠨ ᠴᠢᠨᠠᠷᠲᠠᠶ ᠪᠡᠶ᠎ᠡ ᠴᠢᠭᠢᠷᠠᠭᠵᠢᠭᠤᠯᠬᠤ ᠣᠷᠣᠯᠳᠣᠭᠠᠨ ᠤ ᠵᠦᠢᠯᠡᠰ ᠤᠨ ᠠᠵᠢᠯᠯᠠᠭ᠎ᠠ ᠶᠢ 60 ᠤᠳᠠᠭ᠎ᠠ ᠠᠴᠠ ᠳᠡᠭᠡᠭᠰᠢ ᠡᠷᠬᠢᠯᠡᠵᠣ᠂ ᠪᠥᠬᠦ ᠣᠷᠣᠨ ᠤ ᠴᠢᠨᠠᠷᠳᠠᠢ ᠪᠡᠶ᠎ᠡ ᠴᠢᠭᠢᠷᠠᠭᠵᠢᠭᠤᠯᠬᠤ ᠣᠷᠣᠯᠳᠣᠭᠠᠨ ᠤ ᠵᠦᠢᠯᠡᠰ ᠤᠨ ᠠᠵᠢᠯᠯᠠᠭ᠎ᠠ ᠶᠢ 90 ᠤᠳᠠᠭ᠎ᠠ ᠠᠴᠠ ᠳᠡᠭᠡᠭᠰᠢ ᠡᠷᠬᠢᠯᠡᠨ᠎ᠠ᠃      ︵ᠵᠢᠷᠭᠤᠭ᠎ᠠ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠴᠢᠨᠠᠷ ᠴᠢᠨᠰᠠᠭ᠎ᠠ ᠶᠢ ᠨᠡᠶᠢᠳᠡᠮ ᠳᠡᠭᠡᠭᠰᠢᠯᠡᠭᠦᠯᠣᠨ᠎ᠠ᠃ ︽ᠢᠷᠭᠡᠨ ᠤ ᠪᠡᠶ᠎ᠡ ᠮᠠᠬᠠᠪᠣᠣᠨ ᠤᠨ ᠰᠢᠯᠭᠠᠨ ᠲᠣᠭᠲᠠᠭᠠᠬᠤ ᠪᠠᠷᠢᠮᠵᠢᠶ᠎ᠠ︾᠎ ᠳᠤ ᠬᠢᠷᠢ ᠲᠡᠩᠴᠡᠭᠰᠡᠨ ᠠᠴᠠ ᠳᠡᠭᠡᠭᠰᠢᠬᠢ ᠬᠤᠲᠠ ᠬᠥᠳᠡᠭᠡ ᠶᠢᠨ ᠬᠥᠮᠦᠨ ᠤ ᠲᠣᠭᠠᠨ ᠤ ᠬᠠᠷᠢᠴᠠᠯ ᠢ 90᠎ ᠠᠴᠠ ᠳᠡᠭᠡᠭᠰᠢ ᠳᠤ ᠬᠦᠷᠦᠭᠦᠯᠭᠦ ᠪᠠᠷ ᠴᠢᠷᠮᠠᠶᠢᠨ᠎ᠠ᠂ ᠡᠭᠦᠨ ᠤ ᠳᠣᠲᠣᠷ᠎ᠠ 20 ᠨᠠᠰᠤᠨ ᠠᠴᠠ 59 ᠨᠠᠰᠣ ᠭᠦᠷᠳᠡᠯᠡᠬᠢ ᠬᠥᠮᠦᠰ ᠤᠨ ᠪᠡᠶ᠎ᠡ ᠮᠠᠬᠠᠪᠣᠣᠨ ᠤᠨ ᠪᠠᠶᠢᠳᠠᠯ ᠢ ᠢᠯᠡᠳᠲᠡ ᠰᠠᠶᠢᠵᠢᠷᠠᠭᠤᠯᠵᠣ᠂ ᠪᠡᠶ᠎ᠡ ᠮᠠᠬᠠᠪᠣᠳ ᠤᠨ ᠴᠢᠨᠠᠷ ᠴᠢᠨᠰᠠᠭ᠎ᠠ ᠶᠢᠨ ᠬᠠᠮᠢᠶ᠎ᠠ ᠪᠦᠭᠦᠢ ᠭᠦᠢᠴᠡᠳᠬᠡᠯ ᠲᠤᠭ᠎ᠠ ᠶᠢ ᠰᠠᠶᠢᠨ ᠬᠠᠨᠳᠣᠰᠢ ᠲᠠᠢ ᠪᠣᠯᠭᠠᠨ᠎ᠠ᠃ ᠰᠤᠷᠭᠠᠭᠤᠯᠢ ᠳᠤ ᠪᠠᠶᠢᠭ᠎ᠠ ᠰᠤᠷᠤᠭᠴᠢ ᠶᠢ ︽ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠣᠨ ᠤᠨ ᠡᠷᠡᠭᠦᠯᠵᠢᠯ ᠤᠨ ᠪᠠᠷᠢᠮᠵᠢᠶ᠎ᠠ︾᠎ ᠶᠢᠨ ᠦᠨᠳᠦᠰᠦᠨ ᠱᠠᠭᠠᠷᠳᠠᠯᠭ᠎ᠠ ᠳᠤ ᠨᠠᠶᠢᠳᠠᠮ ᠭᠦᠷᠣᠭᠦᠯᠵᠣ᠂ ᠳᠠᠭᠠᠭᠠᠴᠨ᠂ ᠭᠦᠴᠣ ᠴᠢᠳᠠᠯ᠂ ᠬᠤᠷᠳᠤᠴᠠ ᠵᠡᠷᠭᠡ ᠪᠡᠶ᠎ᠡ ᠮᠠᠬᠠᠪᠣᠣᠨ ᠤᠨ ᠬᠦᠴᠣ ᠴᠢᠳᠠᠯ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠣᠨ᠎ᠠ᠃      ︵ᠲᠤᠯᠤᠭ᠎ᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠣᠨ᠎ᠠ᠃ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠶᠡᠷᠦᠩᠬᠡᠶ ᠬᠡᠮᠵᠢᠶ᠎ᠡ ᠶᠢ 268 ᠳ᠋ᠦᠩᠰᠢᠭᠤᠷ ᠲᠥᠭᠦᠷᠢᠭ ᠲᠤ ᠭᠦᠷᠣᠭᠦᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠪᠠ ᠠᠵᠣ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶ ᠪᠣᠯᠭᠠᠬᠤ ᠶᠢᠨ ᠬᠥᠳᠡᠯᠭᠡᠬᠦ ᠬᠦᠴᠣᠨ ᠤ ᠢᠷᠠᠯᠳᠠ ᠪᠣᠯᠭᠠᠨ᠎ᠠ᠃      ᠭᠤᠷᠪᠠ᠂ ᠭᠤᠣᠯ ᠡᠭᠦᠷᠭᠡ      ︵ᠨᠢᠭᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠠ ᠴᠢᠬᠤᠯᠠ ᠪᠠᠶᠠᠷ ᠳᠤᠷᠠᠰᠬᠠᠯ ᠤᠨ ᠡᠳᠦᠷ᠂ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠴᠠᠭ ᠲᠣᠬᠢᠶᠠᠯ ᠢ ᠠᠰᠢᠭᠯᠠᠵᠣ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠬᠥᠮᠦᠵᠢᠯ ᠢ ᠭᠦᠨᠵᠡᠭᠡᠶ ᠥᠷᠨᠢᠭᠦᠯᠵᠦ᠂ ᠪᠡᠶ᠎ᠡ ᠶᠢᠨ ᠲᠠᠮᠢᠷ ᠤᠨ ᠰᠣᠶᠣᠯ ᠢ ᠶᠡᠬᠡᠪᠡᠷ ᠰᠣᠷᠳᠠᠯᠴᠢᠯᠠᠨ᠂ ᠰᠢᠨᠵᠢᠯᠡᠬᠦ ᠤᠬᠠᠭᠠᠠᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠠᠴᠢ ᠪᠠᠷ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠣᠨ᠂ ᠡᠷᠡᠭᠦᠯ ᠰᠠᠷᠠᠭᠤᠯ ᠠᠮᠢᠳᠤᠷᠠᠯ ᠤᠨ ᠣᠨᠣᠯᠵᠢᠬᠤᠨ ᠢ ᠰᠠᠨᠠᠭᠠᠴᠢᠯᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠂ ᠭᠦᠮᠣᠨ ᠪᠦᠭᠦᠨ ᠪᠣᠯᠪᠠᠰᠣᠷᠠᠬᠤ ᠲᠣᠷᠠᠳᠠᠢ᠂ ᠪᠣᠯᠪᠠᠰᠣᠷᠠᠵᠣ ᠴᠢᠳᠠᠬᠤ᠂ ᠦᠷᠭᠦᠯᠵᠢ ᠪᠣᠯᠪᠠᠰᠤᠷᠠᠬᠤ᠂ ᠳᠦᠷᠢᠮ ᠢ ᠴᠢᠬᠤᠯᠠᠴᠢᠯᠠᠬᠤ᠂ ᠦᠨᠡᠨᠴᠢ ᠢᠲᠡᠭᠡᠮᠵᠢᠲᠡᠶ ᠪᠠᠶᠢᠬᠤ ᠶᠢ ᠡᠷᠬᠢᠮᠯᠡᠭᠦ᠂ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ᠂ ᠴᠡᠩᠬᠡᠯ ᠪᠠᠶᠠᠰᠣᠯ ᠢ ᠬᠤᠪᠢᠶᠠᠯᠴᠠᠨ ᠭᠦᠷᠳᠡᠭᠦ ᠲᠣᠷᠠᠳᠠᠢ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃ ︽ᠢᠨᠲ᠋ᠧᠷ ᠰᠦᠯᠵᠢᠶ᠎ᠡ + ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ︾ ᠵᠡᠷᠭᠡ ᠠᠴᠢᠶᠠᠯᠠᠪᠣᠷᠢ ᠪᠠᠷ ᠳᠡᠮᠵᠢᠭᠤᠯᠣᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠪᠦᠭᠦ ᠠᠷᠠᠳ ᠤᠨ ᠪᠡᠶ᠎ᠡ ᠴᠢᠬᠢᠷᠠᠭᠵᠢᠭᠤᠯᠣᠭᠰᠠᠨ ᠦᠯᠢᠭᠡᠷ ᠢ ᠰᠠᠶᠢᠳᠣᠷ ᠶᠠᠷᠢᠵᠣ᠂ ᠤᠯᠠᠨ ᠨᠡᠶᠢᠲᠡ ᠶᠢᠨ ᠬᠢᠨ ᠤ ᠪᠦᠭᠦ ᠠᠷᠠᠣᠨ ᠤᠨ ᠪᠡᠶ᠎ᠡ ᠴᠢᠭᠢᠷᠠᠭᠵᠢᠭᠤᠯᠬᠤ ᠶᠢᠨ ᠣᠶᠢᠯᠠᠭᠠᠬᠤ ᠨᠤᠷᠮ᠎ᠠ ᠂ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠢᠳᠡᠪᠬᠢ ᠭᠦᠴᠣᠨ ᠢ ᠨᠢᠭᠲᠠᠷᠠᠭᠤᠯᠣᠨ᠂ ᠦᠨᠳᠦᠰᠦᠲᠡᠨ ᠤ ᠦᠪᠡᠷ ᠢ ᠪᠠᠨ ᠢᠲᠡᠭᠡᠭᠦ ᠰᠡᠣᠡᠬᠢᠯᠭᠡ ᠪᠠ ᠣᠮᠤᠭ ᠪᠠᠭ᠋ᠠᠳᠤᠯᠳᠣ ᠰᠡᠣᠡᠭᠢᠯᠭᠡ ᠶᠢ ᠨᠡᠮᠡᠭᠳᠡᠭᠦᠯᠣᠨ᠎ᠠ᠃      ︵ᠬᠤᠶᠠᠷ︶ ᠲᠣᠣᠷ ᠰᠥᠯᠵᠢᠶᠡᠵᠢᠭᠰᠡᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠶᠡᠷᠦᠩᠬᠡᠶ ᠨᠠᠶᠢᠭᠡᠮᠯᠢᠭ ᠢᠶᠠᠷ ᠭᠦᠳᠣᠴᠢ ᠪᠣᠯᠭᠠᠵᠣ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠨᠡᠶᠢᠭᠡᠮᠯᠢᠭ ᠢᠶᠠᠷ ᠭᠤᠣᠯ ᠴᠣᠭᠴᠠ ᠪᠣᠯᠭᠠᠵᠣ᠂ ᠲᠠᠩ ᠵᠦᠢᠯ ᠤᠨ ᠭᠦᠳᠡᠯᠭᠡᠭᠡᠨ ᠤ ᠨᠡᠶᠢᠭᠡᠮᠯᠢᠭ ᠪᠣᠯᠤᠨ ᠠᠷᠠᠣᠨ ᠣᠯᠠᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠢᠶᠠᠷ ᠭᠤᠣᠯ ᠱᠣᠭᠤᠮ ᠪᠣᠯᠭᠠᠵᠤ᠂ ᠪᠡᠶ᠎ᠡ ᠶᠢᠨ ᠲᠠᠮᠢᠷ ᠤᠨ ᠺᠯᠦ᠋ᠪ ᠪᠠ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠥᠷᠲᠡᠭᠡ ︵ᠴᠢᠬ︶᠎ ᠪᠠᠷ ᠰᠠᠭᠤᠷᠢ ᠪᠣᠯᠭᠠᠵᠣ᠂ ᠰᠤᠷᠭᠠᠭᠤᠯᠢ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ ᠪᠠᠷ ᠭᠤᠣᠯᠳᠠᠯᠭ᠎ᠠ ᠪᠣᠯᠭᠠᠭᠰᠠᠨ ᠪᠠᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠣ᠂ ᠬᠤᠲᠠ ᠬᠥᠳᠡᠭᠡ ᠪᠠᠷ ᠲᠦᠭᠡᠵᠦ᠂ ᠵᠢᠷᠤᠮᠵᠢᠭᠤᠨ ᠪᠦᠭᠡᠣᠨ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠲᠠᠢ ᠨᠡᠶᠢᠭᠡᠮᠴᠢᠯᠡᠭᠰᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠲᠤᠤᠷ ᠰᠦᠯᠵᠢᠶᠡᠨ ᠤ ᠰᠢᠰᠲ᠋ᠧᠮᠵᠢ ᠶᠢ ᠪᠦᠷᠢᠯᠳᠣᠭᠦᠯᠣᠨ᠎ᠠ᠃ ᠦᠨᠳᠦᠰᠦᠨ ᠱᠠᠲᠤᠨ ᠤ ᠺᠯᠦ᠋ᠪ ᠵᠡᠷᠭᠡ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠡᠳᠬᠦᠨ ᠳᠡᠮᠵᠢᠬᠦ ᠪᠠ ᠬᠥᠲᠥᠯᠥᠨ ᠵᠢᠯᠣᠭᠤᠳᠴᠤ᠂ ᠠᠶᠠᠨᠳᠠᠭᠠᠨ ᠪᠣᠢ ᠪᠣᠯᠣᠭᠰᠠᠨ ᠪᠡᠶ᠎ᠡ ᠴᠢᠭᠢᠷᠠᠭᠵᠢᠭᠤᠯᠬᠤ ᠪᠦᠯᠬᠦᠮ ᠨᠠᠶᠢᠳᠠ ᠪᠠ ᠥᠷᠳᠡᠭᠡ ᠴᠢᠬ ᠢ ᠬᠠᠤᠯᠢ ᠲᠣᠭᠲᠠᠭᠠᠯ ᠶᠣᠰᠣᠭᠠᠷ ᠲᠣᠭᠲᠠᠮᠠᠯ ᠪᠡᠶ᠎ᠡ ᠴᠢᠬᠢᠷᠠᠭᠵᠢᠭᠤᠯᠬᠤ ᠵᠣᠬᠢᠶᠠᠨ ᠪᠠᠶᠢᠭᠤᠯᠤᠯᠲᠠ ᠪᠣᠯᠭᠠᠨ ᠬᠤᠪᠢᠷᠠᠭᠤᠯᠬᠤ ᠶᠢ ᠵᠣᠷᠢᠬᠵᠢᠭᠤᠯᠵᠣ᠂ ᠪᠡᠶ᠎ᠡ ᠴᠢᠭᠢᠷᠠᠭᠵᠢᠭᠤᠯᠬᠤ ᠳᠠᠯᠠᠪᠠᠢ ᠳᠤ ᠲᠦᠰᠢᠭᠯᠡᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠦᠷᠨᠢᠭᠦᠯᠭᠦ ᠶᠢᠨ ᠵᠣᠬᠢᠶᠠᠨ ᠪᠠᠶᠢᠭᠤᠯᠣᠨ ᠭᠦᠭᠵᠢᠭᠦᠯᠭᠦ ᠪᠠᠶᠢᠳᠠᠯ ᠲᠦᠯᠣᠪ ᠢ ᠪᠦᠷᠢᠯᠳᠣᠭᠦᠯᠣᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠵᠣᠬᠢᠶᠠᠨ ᠪᠠᠶᠢᠭᠤᠯᠤᠯᠲᠠ᠂ ᠨᠢᠷᠣᠭᠤᠪᠴᠢ᠂ ᠡᠩᠨᠡᠭᠡ ᠶᠢ ᠪᠤᠶᠢᠵᠢᠭᠤᠯᠬᠤ ᠶᠢ ᠴᠢᠩᠭᠠᠳᠬᠠᠵᠤ᠂ ᠬᠥᠳᠡᠯᠭᠡᠭᠡᠨ ᠤ ᠮᠡᠷᠭᠡᠵᠢᠯ ᠴᠢᠳᠠᠪᠤᠷᠢ ᠶᠢ ᠤᠯᠠᠮᠵᠢᠯᠠᠬᠤ ᠪᠠᠷ ᠠᠭᠤᠯᠭ᠎ᠠ ᠪᠣᠯᠭᠠᠭᠰᠠᠨ ᠦᠷᠭᠦᠯᠵᠢᠯᠡᠭᠰᠡᠨ ᠪᠣᠯᠪᠠᠰᠣᠷᠠᠭᠤᠯᠣᠯ ᠢ ᠵᠣᠬᠢᠶᠠᠨ ᠪᠠᠶᠢᠭᠤᠯᠵᠣ ᠦᠷᠨᠢᠭᠦᠯᠣᠨ᠂ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠣᠷᠢ᠂ ᠣᠷᠠᠨ ᠮᠡᠷᠭᠡᠰᠢᠯ ᠤᠨ ᠰᠣᠯᠢᠯᠴᠠᠭ᠎ᠠ ᠶᠢᠨ ᠦᠵᠡᠭᠦᠯᠦᠯᠭᠡ ᠶᠢᠨ ᠮᠣᠷᠦ᠋ᠢᠴᠡᠭᠡᠨ ᠢᠶᠠᠷ ᠳᠡᠮᠵᠢᠭᠤᠯᠵᠣ᠂ ᠪᠡᠶ᠎ᠡ ᠴᠢᠬᠢᠷᠠᠭᠵᠢᠭᠤᠯᠬᠤ ᠶᠢᠨ ᠵᠢᠭᠠᠨ ᠵᠢᠯᠣᠭᠤᠳᠬᠤ ᠡᠩᠨᠡᠭᠡ ᠶᠢᠨ ᠲᠤᠰᠬᠠᠶ ᠮᠡᠷᠭᠡᠵᠢᠯ ᠤᠨ ᠮᠡᠷᠭᠡᠵᠢᠯ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ ᠰᠢᠯᠢᠨ ᠰᠣᠩᠭᠤᠬᠤ ᠳᠤ ᠵᠠᠯᠠᠭᠤᠵᠢᠯᠳᠠ᠂ ᠲᠣᠰᠬᠠᠶᠢᠵᠢᠯᠳᠠ᠂ ᠣᠷᠣᠨ ᠪᠦᠰᠡᠵᠢᠯᠳᠠ ᠶᠢ ᠴᠢᠬᠤᠯᠠᠴᠢᠯᠠᠵᠣ᠂ ᠵᠢᠭᠠᠨ ᠵᠢᠯᠤᠭᠤᠳᠤᠭᠴᠢ ᠪᠠ ᠪᠡᠶ᠎ᠡ ᠴᠢᠬᠢᠷᠠᠭᠵᠢᠭᠤᠯᠬᠤ ᠲᠥᠷᠥᠯ ᠵᠦᠢᠯ᠂ ᠲᠠᠯᠠᠪᠤᠷ ᠭᠠᠵᠠᠷ ᠯᠤᠭ᠎ᠠ ᠤᠶᠠᠯᠳᠤᠭᠤᠯᠬᠤ ᠶᠢ ᠪᠡᠶᠡᠯᠡᠭᠦᠯᠵᠣ᠂ ᠠᠵᠢᠯ ᠤᠨ ᠪᠠᠶᠢᠷᠢ ᠳᠤ ᠭᠠᠷᠬᠤ ᠨᠤᠷᠮ᠎ᠠ ᠶᠢ ᠦᠨᠡᠡᠭᠦ ᠳᠡᠭᠡᠭᠰᠢᠯᠡᠭᠦᠯᠣᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠬᠤ ᠶᠢ ᠬᠠᠶᠢᠨ ᠰᠦᠪᠡᠭᠴᠢᠯᠡᠨ᠎ᠠ᠃ ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠭᠡᠷᠡᠴᠢᠯᠡᠯ ᠤᠨ ᠠᠯᠬᠤᠴᠠ ᠶᠢ ᠲᠦᠷᠭᠡᠳᠬᠡᠵᠦ᠂ ᠵᠢᠯ ᠪᠦᠷᠢ ᠶᠢᠨ ᠬᠢᠨᠠᠨ ᠲᠣᠭᠲᠠᠭᠠᠬᠤ ᠭᠦᠮᠣᠨ ᠤ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠶᠢ 15%᠎ ᠠᠴᠠ ᠳᠡᠭᠡᠭᠰᠢ ᠪᠠᠶᠢᠯᠭᠠᠨ᠎ᠠ᠃      ︵ᠭᠤᠷᠪᠠ︶ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠣᠨ᠎ᠠ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠭᠦᠭᠦᠯᠭᠦ︾ ᠢᠨᠵᠧᠨᠧᠷᠢᠩ ᠪᠣᠯᠤᠨ ᠭᠠᠴᠠᠭ᠎ᠠ ᠲᠣᠰᠬᠤᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢᠨ ᠪᠦᠳᠣᠭᠡᠨ ᠪᠠᠶᠢᠭᠤᠯᠤᠯᠲᠠ ᠶᠢ ᠵᠡᠷᠭᠡᠪᠡᠷ ᠠᠬᠢᠭᠤᠯᠵᠤ᠂ 2016 ᠣᠨ ᠤ ᠰᠡᠭᠦᠯᠴᠢ ᠠᠴᠠ ᠡᠮᠦᠨ᠎ᠡ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠪᠦᠷᠢᠨ ᠪᠦᠷᠭᠦᠭᠦᠯᠭᠦ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠴᠢᠳᠠᠮᠵᠢ ᠶᠢ ᠪᠡᠶᠡᠯᠡᠭᠦᠯᠬᠦ ᠪᠠ ᠳᠡᠭᠡᠭᠰᠢᠯᠡᠭᠦᠯᠵᠦ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠲᠥᠪ ᠨᠢ ︽112︾᠎ ᠤᠨ ᠪᠠᠷᠢᠮᠵᠢᠶ᠎ᠠ ᠶᠢ ᠬᠡᠷᠩᠵᠢᠭᠦᠯᠣᠨ᠎ᠠ᠂ ᠳᠠᠷᠣᠢ 1 ᠪᠡᠶ᠎ᠡ ᠶᠢᠨ ᠲᠠᠮᠢᠷ ᠤᠨ ᠲᠠᠯᠠᠪᠠᠶ᠂ 1 ᠪᠡᠶ᠎ᠡ ᠶᠢᠨ ᠲᠠᠮᠢᠷ ᠤᠨ ᠣᠷᠳᠣᠨ ᠪᠠ 2 ᠪᠠᠷᠢᠮᠵᠢᠶᠠᠳᠣ ᠬᠥᠯ ᠪᠥᠮᠪᠥᠭᠡᠨ ᠤ ᠲᠠᠯᠠᠪᠠᠢ ᠲᠠᠢ ᠪᠠᠶᠢᠬᠤ ᠪᠣᠯᠣᠨ᠎ᠠ᠃ ᠰᠤᠮᠤ ᠰᠢᠶᠠᠩ ᠪᠠᠯᠭᠠᠰᠤ ᠶᠢᠨ ᠵᠢᠵᠢᠭ ᠬᠡᠯᠪᠡᠷᠢ ᠶᠢᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠨᠢ ︽1121︾᠎ ᠤᠨ ᠪᠠᠷᠢᠮᠵᠢᠶ᠎ᠠ ᠶᠢ ᠬᠡᠷᠩᠵᠢᠭᠦᠯᠣᠨ᠎ᠠ᠂ ᠳᠠᠷᠣᠢ 1 ᠰᠠᠭᠰᠤᠨ ᠪᠥᠮᠪᠥᠭᠡᠨ ᠲᠠᠯᠠᠪᠠᠢ ᠪᠤᠶᠤ ᠬᠥᠯ ᠪᠥᠮᠪᠥᠭᠡᠨ ᠤ ᠰᠢᠩᠭᠡᠯᠢᠭ ᠲᠠᠯᠠᠪᠠᠢ᠂ 1 ᠡᠭᠦᠳᠡᠨ ᠪᠥᠮᠪᠥᠭᠡᠨ ᠤ ᠲᠠᠯᠠᠪᠠᠢ᠂ 2 ᠫᠢᠩᠫᠠᠩ ᠪᠦᠮᠪᠣᠭᠡᠨ ᠤ ᠳᠠᠶᠢᠰᠨ ᠪᠠ 1 ᠢᠵᠢ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠲᠠᠢ ᠪᠠᠶᠢᠬᠤ ᠪᠣᠯᠣᠨ᠎ᠠ᠃ ᠭᠠᠴᠠᠭ᠎ᠠ ᠲᠣᠰᠬᠤᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠦᠷᠳᠡᠭᠡ ᠴᠢᠬ ᠨᠢ ︽121︾᠎ ᠤᠨ ᠪᠠᠷᠢᠮᠵᠢᠶ᠎ᠠ ᠶᠢ ᠬᠡᠷᠡᠭᠵᠢᠭᠦᠯᠣᠨ᠎ᠠ᠂ ᠳᠠᠷᠣᠢ 1 ᠰᠠᠭᠰᠤᠨ ᠪᠥᠮᠪᠦᠭᠡ ᠶᠢᠨ ᠲᠠᠯᠠᠪᠠᠢ᠂ 2 ᠫᠢᠩᠫᠠᠩ ᠪᠦᠮᠪᠣᠭᠡᠨ ᠤ ᠳᠠᠶᠢᠰᠨ ᠪᠠ 1 ᠢᠵᠢ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠲᠠᠢ ᠪᠠᠶᠢᠬᠤ ᠪᠣᠯᠣᠨ᠎ᠠ᠃ ᠨᠡᠶᠢᠭᠡᠮ ᠲᠣᠭᠤᠷᠢᠭ ᠨᠢ ᠳᠥᠭᠦᠮ ᠠᠪᠰᠠᠷᠬᠠᠨ᠂ ᠬᠡᠷᠡᠭᠯᠡᠭᠡᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠪᠠᠶᠢᠭᠤᠯᠣᠨ᠂ ᠨᠥᠬᠦᠴᠡᠯ ᠲᠠᠢ ᠨᠢ ᠤᠯᠠᠨ ᠴᠢᠳᠠᠮᠵᠢᠳᠣ ᠬᠥᠯ ᠪᠥᠮᠪᠥᠭᠡᠨ ᠤ ᠰᠢᠩᠭᠡᠯᠢᠭ ᠲᠠᠯᠠᠪᠠᠢ ᠶᠢ ᠨᠢᠬᠡ ᠪᠠᠶᠢᠭᠤᠯᠣᠨ᠎ᠠ᠃ ᠬᠥᠮᠦᠨ ᠠᠮᠠ ᠶᠢᠨ ᠲᠤᠭ᠎ᠠ ᠨᠢ ᠨᠡᠯᠢᠶᠡᠳ ᠶᠡᠭᠡ᠂ ᠰᠠᠭᠤᠷᠢᠰᠢᠭᠰᠠᠨ ᠬᠥᠮᠦᠨ ᠵᠣᠵᠠᠭᠠᠨ ᠪᠠᠶᠢᠭ᠎ᠠ ᠰᠤᠮᠤ ᠰᠢᠶᠠᠩ ᠪᠠᠯᠭᠠᠰᠣ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ᠂ ᠨᠢᠭᠡ ᠪᠦᠯᠦᠭ ᠤᠯᠡᠠ ᠴᠢᠳᠠᠮᠵᠢᠳᠣ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ᠢ ᠪᠠᠶᠢᠭᠤᠯᠣᠨ᠎ᠠ᠃ ᠨᠥᠬᠦᠴᠡᠯ ᠲᠠᠢ ᠭᠠᠵᠠᠷ ᠣᠷᠣᠨ ᠳᠤ ᠲᠡᠰᠢᠯᠲᠡ ᠶᠢᠨ ᠣᠷᠳᠣᠨ᠂ ᠤᠮᠪᠠᠯᠲᠠ ᠶᠢᠨ ᠣᠷᠳᠣᠨ ᠪᠠᠶᠢᠭᠤᠯᠬᠤ ᠶᠢ ᠵᠣᠷᠢᠬᠵᠢᠭᠤᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠳᠠ᠂ ᠲᠣᠭᠤᠷᠢᠭ︶᠎ ᠢ ᠪᠦᠲᠦᠭᠡᠨ ᠪᠠᠶᠢᠭᠤᠯᠬᠤ ᠪᠠ ᠨᠡᠷᠡᠶᠢᠳᠬᠦ᠂ ᠵᠤᠭᠤᠰ ᠢᠶᠠᠷ ᠲᠤᠰᠠᠯᠠᠬᠤ ᠠᠵᠢᠯ ᠢ ᠰᠠᠶᠢᠳᠣᠷ ᠬᠢᠵᠣ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠳᠠ᠂ ᠲᠣᠭᠤᠷᠢᠭ︶᠎ ᠢ ᠪᠤᠶᠢᠵᠢᠭᠤᠯᠣᠨ ᠪᠣᠢ ᠪᠣᠯᠭᠠᠨ᠎ᠠ᠃      ︵ᠲᠦᠷᠪᠡ︶ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠣᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠣᠨ᠎ᠠ᠃ ︽231︾ ᠪᠡᠶ᠎ᠡ ᠶᠢᠨ ᠲᠠᠮᠢᠷ ᠤᠨ ᠠᠮᠢᠳᠤᠷᠠᠯ ᠤᠨ ᠠᠶᠢᠵᠠᠮ ᠭᠦᠭ ᠢ ᠦᠷᠭᠦᠯᠵᠢᠯᠡᠨ ᠴᠢᠪᠬᠠᠳᠠᠭᠤᠯᠣᠨ᠎ᠠ᠂ ᠳᠠᠷᠣᠢ᠄ ᠠᠷᠠᠳ ᠢᠷᠭᠡᠣᠨ ᠢ 2 ᠵᠦᠢᠯ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠠᠷᠭ᠎ᠠ ᠶᠢ ᠰᠣᠷᠴᠣ ᠴᠢᠳᠠᠬᠤ ᠶᠢ ᠰᠠᠨᠠᠭᠠᠴᠢᠯᠠᠨ᠂ ᠭᠠᠷᠠᠭ ᠪᠦᠷᠢ 3 ᠤᠳᠠᠭ᠎ᠠ ᠠᠴᠠ ᠳᠤᠲᠠᠭᠤ ᠦᠭᠡᠢ ᠣᠷᠣᠯᠴᠠᠬᠤ᠂ ᠤᠳᠠᠭ᠎ᠠ ᠪᠦᠷᠢ 1 ᠴᠠᠭ ᠤᠨ ᠳᠤᠮᠳᠠ ᠵᠡᠷᠭᠡ ᠶᠢᠨ ᠡᠷᠴᠢᠮ ᠲᠠᠢ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠶᠢ ᠪᠠᠲᠤᠯᠠᠨ᠎ᠠ᠃ ︽ᠭᠤᠷᠪᠠᠨ ᠨᠢᠭᠡ︾᠎ ᠶᠢᠨ ᠢᠨᠵᠧᠨᠧᠷᠢᠩ ᠢ ᠢᠳᠡᠪᠬᠢᠲᠡᠶ ᠳᠡᠯᠭᠡᠷᠡᠭᠦᠯᠣᠨ᠎ᠠ᠂ ᠳᠠᠷᠣᠢ᠄ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠨᠢᠭᠡᠪᠦᠷᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠨᠢᠬᠡ ᠪᠠᠶᠢᠭᠤᠯᠣᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠬᠥᠮᠦᠨ ᠢ ᠨᠢᠬᠡ ᠲᠣᠬᠢᠷᠠᠭᠤᠯᠵᠣ᠂ ᠠᠷᠠᠣᠨ ᠣᠯᠠᠨ ᠪᠠ ᠭᠠᠵᠠᠷ ᠣᠷᠣᠨ ᠤ ᠣᠨᠴᠠᠯᠢᠭ ᠲᠤ ᠳᠣᠭᠢᠷᠬᠠᠰᠠᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠨᠢᠭᠡ ᠵᠦᠢᠯ ᠤᠨ ᠨᠠᠷᠡᠳᠣ ᠲᠥᠷᠥᠯ ᠲᠡᠮᠳᠡᠭᠳᠣ ᠠᠵᠢᠯᠯᠠᠭᠠᠨ ᠢ ᠥᠷᠨᠢᠭᠦᠯᠣᠨ᠎ᠠ᠃ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾᠎ ᠢᠶᠠᠷ ᠠᠨᠢᠰᠣ ᠪᠣᠯᠭᠠᠵᠣ ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ᠂ ᠲᠠᠷᠢᠶᠠᠯᠠᠩ ᠤᠨ ᠰᠡᠯᠡᠭᠦᠦ ᠤᠯᠠᠷᠢᠯ ᠵᠡᠷᠭᠡ ᠵᠠᠩᠭᠢᠶᠠᠰᠣ ᠴᠠᠭ ᠢ ᠭᠦᠢᠴᠡᠳ ᠠᠰᠢᠭᠯᠠᠵᠤ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠲᠣᠣᠷ ᠪᠥᠮᠪᠦᠭᠡ᠂ ᠫᠢᠩᠫᠠᠩ ᠪᠥᠮᠪᠦᠭᠡ᠂ ᠥᠳᠥᠨ ᠪᠥᠮᠪᠦᠭᠡ᠂ ᠵᠡᠪᠰᠡᠭ ᠤᠨ ᠡᠷᠳᠡᠮ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠷᠠᠳᠢᠣ᠋ ᠲᠠᠮᠢᠷ᠂ ᠨᠠᠭᠠᠳᠣᠮ ᠲᠠᠯᠠᠪᠠᠶ ᠶᠢᠨ ᠪᠥᠵᠢᠭ ᠵᠡᠷᠭᠡ ᠣᠯᠠᠨ ᠲᠦᠮᠡᠨ ᠤ ᠦᠵᠡᠵᠣ ᠰᠣᠨᠢᠷᠬᠠᠬᠤ ᠳᠤᠷ᠎ᠠ ᠪᠠᠬ᠎ᠠ ᠲᠠᠢ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢ ᠥᠷᠭᠡᠨ ᠳᠡᠯᠭᠡᠷ ᠢᠶᠠᠷ ᠥᠷᠨᠢᠭᠦᠯᠣᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠰᠢᠯᠢᠳᠡᠭ ᠲᠦᠷᠣᠯ ᠵᠦᠢᠯ ᠢ ᠵᠣᠬᠢᠶᠠᠨ ᠪᠦᠳᠣᠭᠡᠵᠣ ᠨᠠᠶᠢᠷᠠᠭᠤᠯᠬᠤ ᠪᠠ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠣ᠂ ᠪᠡᠶ᠎ᠡ ᠶᠢᠨ ᠲᠠᠮᠢᠷ ᠤᠨ ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠥᠷᠭᠡᠳᠬᠡᠵᠦ᠂ ᠠᠷᠠᠳ ᠤᠯᠠᠨ ᠤ ᠵᠣᠯ ᠵᠢᠷᠭᠠᠯᠳᠣ ᠰᠡᠳᠬᠢᠯᠭᠡ᠂ ᠰᠡᠣᠡᠬᠢᠯ ᠬᠠᠨᠤᠮᠵᠢᠳᠠᠢ ᠪᠠᠶᠢᠬᠤ ᠬᠡᠮᠵᠢᠶ᠎ᠠ ᠶᠢ ᠳᠡᠭᠡᠭᠰᠢᠯᠡᠭᠦᠯᠣᠨ᠎ᠠ᠃      ︵ᠲᠠᠪᠤ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠢ ᠶᠡᠭᠡᠪᠡᠷ ᠭᠦᠭᠵᠢᠭᠦᠯᠣᠨ᠎ᠠ᠃ ︽ᠡᠷ᠎ᠡ ᠶᠢᠨ ᠭᠤᠷᠪᠠᠨ ᠨᠠᠭᠠᠳᠣᠮ︾᠂ ᠨᠠᠭᠠᠳᠤᠮ ᠤᠨ ᠬᠤᠷᠠᠯ ᠵᠡᠷᠭᠡ ᠠᠵᠢᠯᠯᠠᠭᠠᠨ ᠢ ᠢᠳᠡᠪᠬᠢᠲᠡᠶ ᠥᠷᠨᠢᠭᠦᠯᠵᠦ᠂ ᠮᠣᠷᠡᠨ ᠮᠡᠷᠭᠡᠵᠢᠯ᠂ ᠪᠥᠬᠡ ᠪᠠᠷᠢᠯᠳᠤᠬᠤ᠂ ᠰᠤᠷ ᠬᠠᠷᠪᠤᠬᠤ᠂ ᠪᠤᠶᠢᠺᠤ ᠪᠥᠮᠪᠦᠭᠡ᠂ ᠲᠡᠮᠡᠭᠡᠨ ᠪᠥᠮᠪᠦᠭᠡ᠂ ᠪᠢᠯᠠᠭᠤ᠂ ᠠᠨᠳᠠᠶ ᠶᠢᠨ ᠪᠡᠶ᠎ᠡ ᠴᠢᠭᠢᠷᠠᠭᠵᠢᠭᠤᠯᠬᠤ ᠲᠠᠮᠢᠷ᠂ ᠰᠠᠪᠬᠠᠨ ᠪᠥᠵᠢᠭ ᠵᠡᠷᠭᠡ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠦᠷᠣᠯ ᠵᠦᠢᠯ ᠢ ᠢᠳᠡᠪᠬᠢᠳᠠᠢ ᠲᠡᠯᠬᠡᠷᠡᠬᠦᠯᠦᠨ᠎ᠠ᠃ ᠡᠯ᠎ᠡ ᠠᠶᠢᠮᠠᠭ ᠬᠤᠳᠠ ᠨᠢ 1᠎ ᠠᠴᠠ 2 ᠵᠦᠢᠯ ᠤᠨ ᠦᠨᠳᠦᠰᠦᠲᠡᠨ ᠤ ᠤᠯᠠᠮᠵᠢᠯᠠᠯᠲᠤ ᠣᠨᠴᠠᠯᠢᠭᠳᠣ ᠨᠡᠷᠠᠳᠣ ᠲᠦᠷᠣᠯ ᠲᠡᠮᠳ᠋ᠩᠳᠣ ᠶᠢᠨ ᠲᠦᠷᠦᠯ ᠵᠦᠢᠯ ᠢ ᠪᠣᠢ ᠪᠣᠯᠭᠠᠨ᠎ᠠ᠃ ᠪᠦᠭᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠣᠷ ᠡᠷᠬᠢᠯᠡᠨ᠎ᠠ᠃ ᠦᠨᠳᠦᠰᠦᠲᠡᠨ ᠤ ᠲᠦᠪᠯᠡᠷᠠᠨ ᠰᠠᠭᠤᠷᠢᠰᠢᠭᠰᠠᠨ ᠣᠷᠣᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠦᠯ ᠵᠦᠢᠯ ᠢ ᠬᠠᠤᠯᠢ ᠶᠣᠰᠣᠭᠠᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠠᠭᠤᠯᠭ᠎ᠠ ᠳᠤ ᠣᠷᠣᠭᠤᠯᠣᠨ᠎ᠠ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠣᠷᠣᠨ ᠨᠤᠲᠤᠭ ᠤᠨ ᠴᠢᠨᠠᠷᠲᠠᠶ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠬᠢᠨ᠎ᠠ᠃ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠷᠭᠦᠯᠵᠢᠯᠡᠨ ᠪᠤᠶᠢᠵᠢᠭᠤᠯᠵᠣ ᠬᠥᠭᠵᠢᠭᠦᠯᠣᠨ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠣᠯ ᠵᠦᠢᠯ ᠤᠨ ᠨᠤᠳᠤᠭ ᠣᠷᠣᠨ ᠢ ᠡᠭᠦᠳᠦᠨ ᠪᠠᠶᠢᠭᠤᠯᠵᠤ᠂ ᠦᠨᠳᠦᠰᠦᠲᠡᠨ ᠤ ᠪᠠ ᠠᠷᠠᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠯᠢᠳᠡᠭ ᠲᠦᠷᠣᠯ ᠵᠦᠢᠯ ᠢ ᠪᠣᠳᠠᠰ ᠤᠨ ᠪᠤᠰᠤ ᠰᠣᠶᠣᠯ ᠤᠨ ᠥᠪ ᠤᠨ ᠭᠠᠷᠴᠠᠭᠯᠠᠯ ᠳᠤ ᠣᠷᠣᠭᠤᠯᠣᠨ᠎ᠠ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠣᠯ ᠵᠦᠢᠯ ᠤᠨ ᠺᠯᠦ᠋ᠪ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠣᠨ᠎ᠠ᠃      ︵ᠵᠢᠷᠭᠤᠭ᠎ᠠ︶ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠵᠢᠭᠦᠯᠭᠦ᠂ ᠳᠦᠷᠢᠮᠵᠢᠭᠦᠯᠭᠦ᠂ ᠰᠢᠨᠵᠢᠯᠡᠬᠦ ᠤᠬᠠᠭᠠᠨᠵᠢᠭᠤᠯᠬᠤ᠂ ᠠᠮᠢᠳᠤᠷᠠᠯᠵᠢᠭᠤᠯᠬᠤ ᠠᠬᠢᠴᠨ ᠶᠢ ᠢᠳᠡᠪᠬᠢᠲᠡᠶ ᠠᠬᠢᠭᠤᠯᠵᠤ᠂ ︽ᠨᠠᠮ ᠵᠠᠰᠠᠭ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠭᠦᠢᠴᠡᠳᠬᠡᠭᠦ᠂ ᠨᠡᠶᠢᠭᠡᠮᠯᠢᠭ ᠠᠴᠠ ᠵᠣᠬᠢᠶᠠᠨ ᠪᠠᠶᠢᠭᠤᠯᠬᠤ ᠂ ᠨᠡᠶᠢᠭᠡᠮ ᠠᠴᠠ ᠳᠡᠮᠵᠢᠯᠭᠡ ᠦᠵᠡᠭᠦᠯᠭᠦ᠂ ᠭᠤᠣᠯᠳᠠᠯᠭ᠎ᠠ ᠪᠠᠨ ᠦᠨᠳᠦᠰᠦᠨ ᠱᠠᠲᠤᠨ ᠳᠤ ᠳᠠᠯᠪᠢᠬᠤ᠂ ᠪᠦᠭᠦ ᠠᠷᠠᠣᠨ ᠲᠤ ᠬᠠᠨᠳᠣᠭᠤᠯᠣᠭᠰᠠᠨ︾ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠪᠡᠶ᠎ᠡ ᠶᠢᠨ ᠲᠠᠮᠢᠷ ᠤᠨ ᠳᠠᠯᠠᠪᠠᠢ ᠶᠢᠨ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠰᠠᠭᠤᠷᠢ ᠪᠣᠯᠭᠠᠨ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠳᠠ ᠶᠢᠨ ᠲᠤᠤᠷ ᠰᠦᠯᠵᠢᠶ᠎ᠡ ᠶᠢ ᠲᠡᠭᠦᠯᠳᠡᠷᠵᠢᠭᠦᠯᠬᠦ ᠪᠠᠷ ᠲᠦᠰᠢᠭ ᠪᠣᠯᠭᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠥᠷᠨᠢᠭᠦᠯᠬᠦ ᠪᠠᠷ ᠠᠷᠭ᠎ᠠ ᠪᠠᠷᠢᠯ ᠪᠣᠯᠭᠠᠵᠣ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠵᠣᠬᠢᠶᠠᠨ ᠪᠠᠶᠢᠭᠤᠯᠤᠯᠲᠠ ᠲᠠᠢ᠂ ᠠᠵᠢᠯᠳᠠᠨ ᠲᠠᠢ᠂ ᠵᠢᠭᠰᠠᠭᠠᠯ ᠤᠨ ᠭᠠᠵᠡᠷ ᠲᠠᠢ᠂ ᠵᠠᠷᠤᠳᠠᠯ ᠮᠦᠩᠭᠦ ᠲᠠᠢ ᠪᠠᠶᠢᠬᠤ ᠶᠢ ᠪᠡᠶᠡᠯᠡᠭᠦᠯᠵᠣ᠂ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠣᠡᠭᠡᠮᠵᠢ ᠪᠠ ᠨᠡᠶᠢᠭᠡᠮ ᠤᠨ ᠲᠠᠯᠠᠪᠤᠷ ᠭᠠᠵᠡᠷ ᠢ ᠠᠰᠢᠭᠯᠠᠨ ᠨᠠᠰᠤᠲᠠᠶᠢᠴᠤᠳ ᠲᠤ ᠳᠣᠭᠢᠷᠬᠠᠰᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠵᠤᠬᠢᠶᠠᠨ ᠪᠠᠶᠢᠭᠤᠯᠵᠦ ᠦᠷᠨᠢᠭᠦᠯᠭᠦ ᠶᠢ ᠳᠡᠮᠵᠢᠨ᠎ᠠ᠃ ᠨᠠᠰᠤᠲᠠᠶᠢᠴᠤᠳ ᠲᠤ ᠦᠢᠯᠡᠴᠢᠯᠡᠭᠦ ᠨᠡᠶᠢᠭᠡᠮ ᠤᠨ ᠨᠢᠭᠡ ᠪᠦᠯᠦᠭ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠪᠠ ᠰᠠᠶᠢᠨ ᠲᠣᠷᠠᠴᠣᠣᠨ ᠤᠨ ᠨᠢᠷᠣᠭᠤᠪᠴᠢ ᠶᠢᠨ ᠡᠩᠨᠡᠭᠡ ᠶᠢ ᠪᠣᠯᠪᠠᠰᠤᠷᠠᠭᠤᠯᠬᠤ ᠪᠠ ᠪᠠᠶᠢᠭᠤᠯᠵᠣ᠂ ᠡᠷᠦᠬᠡ ᠳᠤ ᠭᠦᠷᠴᠣ ᠦᠢᠯᠡᠴᠢᠯᠡᠭᠦ ᠶᠢ ᠰᠠᠨᠠᠭᠠᠴᠢᠯᠠᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠣᠷ ᠢ ᠬᠠᠩᠭᠠᠨ᠂ ᠨᠠᠰᠤᠲᠠᠶᠢᠴᠤᠳ ᠤᠨ ᠨᠢᠭᠡ ᠵᠦᠢᠯ ᠤᠨ ᠠᠵᠢᠯᠯᠠᠭᠠᠨ ᠢ ᠰᠣᠩᠭᠤᠬᠤ᠂ ᠨᠢᠭᠡ ᠪᠦᠯᠬᠦᠮ ᠨᠠᠶᠢᠳᠠ ᠳᠤ ᠣᠷᠣᠯᠴᠠᠬᠤ᠂ ᠨᠢᠭᠡ ᠵᠦᠢᠯ ᠤᠨ ᠴᠡᠩᠭᠡᠯ ᠪᠠᠶᠠᠰᠣᠯ ᠢ ᠭᠦᠷᠳᠡᠭᠦ᠂ ᠨᠢᠭᠡᠨ ᠡᠷᠡᠭᠦᠯ ᠳᠡᠩᠭᠡᠯᠡᠭᠦᠨ ᠪᠡᠶ᠎ᠡ ᠮᠠᠬᠠᠪᠣᠣᠨ ᠲᠠᠢ ᠪᠣᠯᠬᠤ ᠶᠢ ᠬᠥᠲᠥᠯᠥᠨ ᠵᠢᠯᠣᠭᠤᠳᠴᠤ᠂ ᠨᠠᠰᠤᠲᠠᠶᠢᠴᠤᠳ ᠤᠨ ᠪᠠᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠬᠡᠪᠰᠢᠭᠦᠯᠬᠦ ᠶᠢ ᠪᠡᠶᠡᠯᠡᠭᠦᠯᠣᠨ᠎ᠠ᠃      ︵ᠲᠤᠯᠤᠭ᠎ᠠ︶ ᠵᠠᠯᠠᠭᠤᠴᠣᠣᠨ ᠪᠠᠭᠠᠴᠤᠳ ᠤᠨ ᠪᠡᠶ᠎ᠡ ᠶᠢᠨ ᠲᠠᠮᠢᠷ ᠢ ᠬᠥᠭᠵᠢᠭᠦᠯᠭᠦ ᠡᠷᠴᠢᠮ ᠢᠶᠠᠨ ᠴᠢᠩᠭᠠᠷᠠᠭᠤᠯᠣᠨ᠎ᠠ᠃ ᠬᠡᠭᠡᠷ᠎ᠡ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠳᠡᠯᠭᠡᠷ ᠢᠶᠠᠷ ᠥᠷᠨᠢᠭᠦᠯᠵᠦ ᠂ ︽ᠬᠡᠭᠡᠷ᠎ᠡ ᠭᠠᠳᠠᠨᠠᠬᠢ ᠪᠡᠶ᠎ᠡ ᠶᠢᠨ ᠲᠠᠮᠢᠷ ᠤᠨ ᠵᠤᠰᠠᠯᠠᠩ︾᠂ ︽ᠵᠠᠭᠤᠨ ᠲᠦᠮᠡᠨ ᠵᠠᠯᠠᠭᠤᠴᠣᠣᠨ ᠪᠠᠭᠠᠴᠤᠳ ᠤᠨ ᠮᠥᠰᠥ ᠴᠠᠰᠣᠨ ᠳᠠᠮᠢᠷ ᠤᠨ ᠭᠦᠳᠡᠯᠭᠡᠭᠡᠨ ᠳᠤ ᠣᠷᠣᠯᠴᠠᠬᠤ︾ ᠵᠡᠷᠭᠡ ᠵᠠᠯᠠᠭᠤᠴᠣᠣᠨ ᠪᠠᠭᠠᠴᠤᠳ ᠤᠨ ᠪᠡᠶ᠎ᠡ ᠶᠢᠨ ᠲᠠᠮᠢᠷ ᠤᠨ ᠨᠡᠷᠠᠳᠣ ᠲᠥᠷᠥᠯ ᠳᠡᠮᠳᠡᠭᠳᠣ ᠠᠵᠢᠯᠯᠠᠭᠠᠨ ᠤ ᠵᠢᠱᠢᠶ᠎ᠡ ᠦᠵᠡᠭᠦᠯᠵᠣ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠣᠨ᠂ ᠵᠠᠯᠠᠭᠤᠴᠣᠣᠨ ᠪᠠᠭᠠᠴᠤᠳ ᠤᠨ ᠪᠡᠶ᠎ᠠ ᠪᠣᠯᠪᠠᠰᠤᠷᠠᠬᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠬᠥᠳᠡᠯᠭᠡᠭᠡᠨ ᠤ ᠣᠷ᠎ᠡ ᠮᠡᠷᠭᠡᠰᠢᠯ ᠢ ᠡᠵᠡᠮᠰᠢᠨ᠂ ᠨᠠᠰᠤᠨ ᠲᠤᠷᠰᠢᠳᠠ ᠪᠣᠯᠪᠠᠰᠤᠷᠠᠬᠤ ᠳᠠᠳᠬᠠᠯ ᠢ ᠪᠣᠢ ᠪᠣᠯᠭᠠᠵᠣ᠂ ᠵᠠᠯᠠᠭᠤᠴᠣᠣᠨ ᠪᠠᠭᠠᠴᠤᠳ ᠤᠨ ᠪᠡᠶ᠎ᠡ ᠮᠠᠬᠠᠪᠣᠣᠨ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠣᠨ᠎ᠠ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠰᠢᠰᠲ᠋ᠧᠮ ᠤᠨ ᠡᠬᠢ ᠪᠠᠶᠠᠯᠢᠭ ᠢ ᠢᠳᠡᠪᠬᠢᠳᠠᠢ ᠡᠮᠬᠢᠯᠡᠨ ᠨᠡᠶᠢᠯᠡᠭᠦᠯᠵᠦ᠂ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠤᠨ᠂ 2020 ᠣᠨ ᠪᠣᠯᠳᠠᠯ᠎ᠠ ᠡᠯ᠎ᠡ ᠱᠠᠲᠤᠨ ᠤ ᠡᠯ᠎ᠡ ᠲᠥᠷᠥᠯ ᠤᠨ ᠵᠠᠯᠠᠭᠤᠴᠣᠣᠨ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠢ 300᠎ ᠳᠤ ᠬᠦᠷᠣᠭᠦᠯᠵᠣ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠤᠨ ᠰᠤᠷᠭᠠᠭᠤᠯᠢ ᠶᠢ 170᠎ ᠳᠤ ᠬᠦᠷᠣᠭᠦᠯᠵᠣ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠶᠢᠨ ᠣᠨᠴᠠᠯᠢᠭᠳᠣ ᠰᠤᠷᠭᠠᠭᠤᠯᠢ ᠶᠢ 150᠎ ᠳᠤ ᠬᠦᠷᠣᠭᠦᠯᠣᠨ᠎ᠠ᠃ ᠵᠠᠯᠠᠭᠤᠴᠣᠣᠨ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠥᠪ ᠵᠢᠴᠢ ᠵᠠᠯᠠᠭᠤᠴᠣᠣᠨ ᠪᠠᠭᠠᠴᠤᠳ ᠤᠨ ᠭᠡᠷ ᠤᠨ ᠭᠠᠳᠠᠨᠠᠬᠢ ᠠᠵᠢᠯᠯᠠᠭᠠᠨ ᠤ ᠬᠤᠸᠠᠷᠠᠨ ᠢ ᠡᠭᠦᠳᠦᠨ ᠪᠠᠶᠢᠭᠤᠯᠵᠣ᠂ ᠲᠡᠳᠡᠬᠡᠷ ᠤᠨ ᠤᠯᠠᠨ ᠡᠰᠢᠲᠦ ᠰᠤᠷᠭᠠᠨ ᠬᠥᠮᠦᠵᠢᠯ ᠤᠨ ᠴᠢᠳᠠᠮᠵᠢ ᠶᠢ ᠪᠠᠳᠠᠷᠠᠭᠤᠯᠣᠨ᠂ ᠵᠠᠯᠠᠭᠤᠴᠣᠣᠨ ᠪᠠᠭᠠᠴᠤᠳ ᠤᠨ ᠡᠳᠦᠷ ᠢᠷᠡᠬᠦᠶ᠎ᠡ ᠨᠡᠮᠡᠭᠳᠡᠵᠦ ᠪᠦᠭᠦᠢ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︵ᠨᠠᠢᠮᠠ︶ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠲᠦᠷᠭᠡᠳᠬᠡᠨ᠎ᠠ᠃ ᠪᠦᠬᠦ ᠤᠯᠤᠰ ᠤᠨ ᠬᠥᠯ ᠪᠥᠮᠪᠥᠭᠡᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠲᠤᠷᠰᠢᠯᠲᠠ ᠶᠢᠨ ᠴᠢᠬ ᠤᠨ ᠮᠤᠵᠢ ᠣᠷᠣᠨ ᠪᠣᠯᠤᠭᠰᠠᠨ ᠤ ᠬᠤᠪᠢ ᠳᠤ᠂ ᠬᠦᠯ ᠪᠥᠮᠪᠦᠭᠡ ᠶᠢᠨ ᠬᠥᠳᠡᠯᠭᠡᠭᠡᠨ ᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠡᠭᠡ ᠪᠠᠶᠢᠷᠢᠰᠢᠯ ᠳᠤ ᠣᠷᠣᠭᠤᠯᠵᠣ᠂ ᠲᠠᠪᠤᠨ ᠬᠥᠮᠦᠨ ᠤ ᠳᠦᠷᠢᠮᠲᠦ᠂ ᠳᠣᠯᠣᠭᠠᠨ ᠬᠥᠮᠦᠨ ᠤ ᠳᠦᠷᠢᠮᠲᠦ᠂ ᠠᠷᠪᠠᠨ ᠨᠢᠭᠡᠨ ᠬᠥᠮᠦᠨ ᠤ ᠳᠦᠷᠢᠮᠲᠦ ᠪᠠ ᠡᠯᠡᠰᠦᠨ ᠳᠠᠩ᠂ ᠰᠢᠩᠭᠡᠯᠢᠭ ᠮᠠᠶ᠋ᠢᠭ ᠤᠨ ᠵᠡᠷᠭᠡ ᠣᠯᠠᠨ ᠶᠠᠩᠵᠤ ᠬᠡᠯᠪᠡᠷᠢ ᠶᠢᠨ ᠤᠯᠠᠨ ᠲᠦᠮᠡᠨᠴᠢ ᠴᠢᠨᠠᠷᠲᠠᠶ ᠬᠦᠯ ᠪᠥᠮᠪᠦᠭᠡ ᠶᠢᠨ ᠭᠦᠳᠡᠯᠭᠡᠭᠡᠨ ᠢ ᠥᠷᠭᠡᠨ ᠳᠡᠯᠭᠡᠷ ᠢᠶᠠᠷ ᠥᠷᠨᠢᠭᠦᠯᠵᠦ᠂ ᠬᠥᠯ ᠪᠥᠮᠪᠥᠭᠡᠨ ᠶᠢᠨ ᠬᠥᠳᠡᠯᠭᠡᠭᠡᠨ ᠤ ᠥᠷᠨᠢᠨ ᠬᠥᠭᠵᠢᠵᠦ ᠶᠢ ᠠᠬᠢᠭᠤᠯᠣᠨ᠂ ᠬᠥᠯ ᠪᠦᠮᠪᠦᠭᠡ ᠨᠠᠭᠠᠳᠬᠤ ᠭᠦᠮᠣᠨ ᠠᠮᠨ ᠶᠢ 300 ᠲᠦᠮᠡᠨ ᠬᠥᠮᠦᠨ ᠳᠤ ᠬᠦᠷᠣᠭᠦᠯᠵᠣ᠂ ᠬᠦᠯ ᠪᠥᠮᠪᠦᠭᠡ ᠶᠢᠨ ᠬᠥᠳᠡᠯᠭᠡᠭᠡᠨ ᠢ ᠤᠯᠠᠨ ᠲᠦᠮᠡᠨ ᠤ ᠨᠡᠶᠢᠳᠡᠮ ᠣᠷᠣᠯᠴᠠᠬᠤ ᠪᠡᠶ᠎ᠡ ᠶᠢᠨ ᠲᠠᠮᠢᠷ ᠤᠨ ᠲᠦᠷᠣᠯ ᠵᠦᠢᠯ ᠪᠣᠯᠭᠠᠨ᠎ᠠ᠃ ᠨᠡᠶᠢᠭᠡᠮ ᠲᠣᠭᠤᠷᠢᠭ ᠤᠨ ᠬᠥᠯ ᠪᠥᠮᠪᠥᠭᠡᠨ ᠤ ︽ᠵᠢᠷᠭᠤᠭᠠᠨ ᠨᠢᠭᠡ︾᠎ ᠶᠢᠨ ᠢᠨᠵᠧᠨᠧᠷᠢᠩ ᠢ ᠪᠡᠶᠡᠯᠡᠭᠦᠯᠣᠨ᠎ᠠ᠂ ᠳᠠᠷᠣᠢ ᠨᠢᠭᠡ ᠨᠡᠶᠢᠭᠡᠮ ᠲᠣᠭᠤᠷᠢᠭ ᠲᠤ ᠬᠥᠯ ᠪᠥᠮᠪᠦᠭᠡ ᠶᠢᠨ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠬᠤ᠂ ᠨᠡᠶᠢᠭᠡᠮ ᠲᠣᠭᠤᠷᠢᠭ ᠤᠨ ᠨᠢᠭᠡ ᠰᠠᠯᠠᠭ᠎ᠠ ᠠᠵᠢᠯ ᠤᠨ ᠴᠢᠯᠥᠭᠡᠨ ᠤ ᠬᠦᠯ ᠪᠥᠮᠪᠦᠭᠡ ᠶᠢᠨ ᠡᠩᠨᠡᠭᠡ ᠶᠢ ᠪᠠᠶᠢᠭᠤᠯᠬᠤ᠂ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠬᠥᠳᠡᠯᠭᠡᠭᠡᠨ ᠤ ᠨᠢᠭᠡ ᠬᠡᠰᠡᠭ ᠲᠠᠯᠠᠪᠤᠷ ᠭᠠᠵᠠᠷ ᠢ ᠨᠠᠶᠢᠳᠠᠪᠤᠷᠢᠵᠢᠭᠤᠯᠬᠤ᠂ ᠨᠡᠶᠢᠭᠡᠮ ᠲᠣᠭᠤᠷᠢᠭ ᠤᠨ ᠬᠦᠯ ᠪᠥᠮᠪᠦᠭᠡ ᠶᠢᠨ ᠦᠢᠯᠡᠰ ᠢ ᠬᠥᠭᠵᠢᠭᠦᠯᠭᠦ ᠨᠢᠭᠡᠨ ᠵᠦᠢᠯ ᠤᠨ ᠠᠯᠪᠠᠨ ᠵᠠᠷᠤᠳᠠᠯ ᠢ ᠲᠣᠬᠢᠷᠠᠭᠤᠯᠬᠤ᠂ ᠨᠡᠶᠢᠭᠡᠮ ᠲᠣᠭᠤᠷᠢᠭ ᠤᠨ ᠨᠢᠭᠡ ᠤᠳᠠᠭ᠎ᠠ ᠶᠢᠨ ᠬᠥᠯ ᠪᠥᠮᠪᠦᠭᠡ ᠶᠢᠨ ᠬᠤᠯᠪᠣᠭᠠᠳᠣ ᠤᠷᠤᠯᠳᠤᠭᠠᠨ ᠢ ᠵᠣᠬᠢᠶᠠᠨ ᠪᠠᠶᠢᠭᠤᠯᠵᠣ ᠥᠷᠨᠢᠭᠦᠯᠭᠦ᠂ ᠨᠡᠶᠢᠭᠡᠮ ᠲᠣᠭᠤᠷᠢᠭ ᠤᠨ ᠬᠥᠯ ᠪᠥᠮᠪᠥᠭᠡᠨ ᠤ ᠨᠢᠭᠡ ᠲᠦᠭᠦᠷ ᠠᠵᠢᠯ ᠤᠨ ᠲᠣᠭᠲᠠᠴᠠ ᠶᠢ ᠪᠠᠶᠢᠭᠤᠯᠣᠨ᠎ᠠ᠃ ᠬᠥᠯ ᠪᠥᠮᠪᠦᠭᠡ ᠶᠢᠨ ᠭᠦᠳᠡᠯᠭᠡᠭᠡᠨ ᠢ ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠬᠤ ᠠᠭᠤᠯᠭ᠎ᠠ ᠳᠤ ᠣᠷᠣᠭᠤᠯᠵᠣ ᠬᠡᠴᠢᠶᠠᠯᠯᠡᠭᠦ ᠴᠠᠭ ᠤᠨ ᠬᠤᠪᠢ ᠶᠢᠨ ᠵᠢᠩ ᠢ ᠨᠡᠮᠡᠭᠳᠡᠭᠦᠯᠦᠨ᠎ᠡ᠃ ᠶᠡᠭᠡ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠳᠥᠷᠪᠡᠳᠦᠭᠡᠷ ᠳᠡᠰ ᠤᠨ ᠬᠥᠯ ᠪᠥᠮᠪᠥᠭᠡᠨ ᠤ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠡᠦᠬᠡᠳ ᠤᠨ ᠬᠥᠯ ᠪᠥᠮᠪᠦᠭᠡ ᠶᠢᠨ ᠰᠡᠬᠡᠭᠡᠷᠡᠭᠦᠯᠬᠦ ᠬᠥᠮᠦᠵᠢᠯ ᠢ ᠥᠷᠨᠢᠭᠦᠯᠣᠨ᠎ᠠ᠃ ᠨᠡᠶᠢᠭᠡᠮ ᠳᠠᠶᠠᠭᠠᠷ ᠤᠨ ᠬᠥᠯ ᠪᠥᠮᠪᠦᠭᠡ ᠪᠠ ᠰᠤᠷᠭᠠᠭᠤᠯᠢ ᠶᠢᠨ ᠬᠦᠷᠢᠶᠡᠯᠡᠩ ᠤᠨ ᠬᠥᠯ ᠪᠥᠮᠪᠦᠭᠡ ᠶᠢ ᠭᠦᠭᠵᠢᠭᠦᠯᠭᠦ ᠪᠠᠷ ᠳᠡᠮᠵᠢᠭᠤᠯᠵᠣ᠂ ᠬᠥᠯ ᠪᠥᠮᠪᠦᠭᠡ ᠶᠢᠨ ᠬᠥᠳᠡᠯᠭᠡᠭᠡᠨ ᠤ ᠤᠯᠠᠨ ᠲᠦᠮᠡᠨ ᠤ ᠰᠠᠭᠤᠷᠢ ᠶᠢ ᠥᠷᠭᠡᠳᠬᠡᠨ᠂ ᠠᠵᠢᠯ ᠮᠡᠷᠭᠡᠵᠢᠯ ᠤᠨ ᠬᠥᠯ ᠪᠥᠮᠪᠦᠭᠡ ᠳᠤ ᠴᠢᠳᠠᠪᠤᠷᠢᠲᠠᠨ ᠨᠥᠭᠡᠴᠡᠯᠡᠨ᠎ᠠ︔ ᠠᠵᠢᠯ ᠮᠡᠷᠭᠡᠵᠢᠯ ᠤᠨ ᠬᠥᠯ ᠪᠥᠮᠪᠦᠭᠡ ᠶᠢ ᠬᠥᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠤᠨ ᠬᠥᠯ ᠪᠥᠮᠪᠦᠭᠡ ᠪᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠦᠭᠡᠮᠡᠯᠵᠢᠭᠦᠯᠬᠦ ᠪᠠ ᠳᠡᠭᠡᠭᠰᠢᠯᠡᠭᠦᠯᠭᠦ ᠶᠢ ᠳᠠᠶᠢᠴᠢᠯᠠᠨ᠎ᠠ᠃      ︵ᠶᠢᠰᠦ︶ ᠤᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠦᠨᠡᠡᠭᠦ ᠠᠬᠢᠭᠤᠯᠣᠨ᠎ᠠ᠃ ᠤᠯᠤᠰ ᠤᠨ ︽ᠭᠤᠷᠪᠠᠨ ᠳ᠋ᠦᠩᠰᠢᠭᠤᠷ ᠬᠥᠮᠦᠨ ᠮᠥᠰᠥ ᠴᠠᠰᠣᠨ ᠤ ᠳᠠᠮᠢᠷ ᠤᠨ ᠭᠦᠳᠡᠯᠭᠡᠭᠡᠨ ᠳᠤ ᠣᠷᠣᠯᠴᠠᠬᠤ︾ ᠠᠵᠢᠯᠯᠠᠭ᠎ᠠ ᠶᠢ ᠢᠳᠡᠪᠬᠢᠲᠡᠶ ᠴᠤᠤᠷᠢᠶᠠᠲᠤᠨ ᠲᠠᠭᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠬᠠᠭᠤᠯᠣᠯ ᠢ ᠰᠠᠶᠢᠲᠤᠷ ᠬᠢᠵᠣ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠨᠡᠩ ᠣᠯᠠᠨ ᠬᠥᠮᠦᠰ ᠲᠤ ᠣᠶᠢᠯᠠᠭᠠᠭᠤᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠯᠠᠨ ᠲᠦᠮᠡᠨᠴᠢ ᠰᠠᠭᠤᠷᠢ ᠶᠢ ᠨᠡᠩ ᠪᠠᠲᠤᠳᠬᠠᠨ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠦ ᠠᠨᠢᠰᠣ ᠶᠢ ᠡᠵᠡᠮᠳᠠᠵᠣ᠂ ᠤᠯᠠᠨ ᠲᠦᠮᠡᠨ ᠤ ᠡᠪᠦᠯ ᠤᠨ ᠤᠯᠠᠷᠢᠯ ᠤᠨ ᠳᠠᠮᠢᠷ ᠤᠨ ᠭᠦᠳᠡᠯᠭᠡᠭᠡᠨ ᠢ ᠳᠡᠯᠭᠡᠷᠡᠭᠦᠯᠵᠦ ᠲᠦᠭᠡᠮᠡᠯᠵᠢᠭᠦᠯᠬᠦ ᠲᠥᠯᠥᠪᠯᠡᠭᠡ ᠶᠢ ᠬᠡᠷᠡᠭᠵᠢᠭᠦᠯᠣᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠣᠷᠭᠠᠭᠤᠯᠢ ᠶᠢᠨ ᠬᠦᠷᠢᠶᠡᠯᠡᠩ ᠳᠤ ᠣᠷᠣᠭᠤᠯᠬᠤ᠂ ᠦᠵᠡᠮᠵᠢ ᠶᠢᠨ ᠣᠷᠣᠨ ᠳᠤ ᠣᠷᠣᠭᠤᠯᠬᠤ᠂ ᠨᠠᠭᠠᠳᠣᠮ ᠲᠠᠯᠠᠪᠠᠶ ᠳᠤ ᠣᠷᠣᠭᠤᠯᠬᠤ᠂ ᠭᠤᠣᠯ ᠮᠦᠷᠡᠨ ᠳᠤ ᠣᠷᠣᠭᠤᠯᠬᠤ ᠶᠢ ᠢᠳᠡᠪᠬᠢᠲᠡᠶ ᠠᠬᠢᠭᠤᠯᠣᠨ᠎ᠠ᠃ ᠡᠯ᠎ᠡ ᠭᠠᠵᠠᠷ ᠣᠷᠣᠨ ᠤ ᠬᠢᠨ ᠪᠠᠶᠢᠭᠠᠯᠢ᠂ ᠬᠥᠮᠦᠨ ᠨᠠᠶᠢᠭᠡᠮ ᠤᠨ ᠡᠬᠢ ᠪᠠᠶᠠᠯᠢᠭ ᠲᠤ ᠲᠦᠰᠢᠭᠯᠡᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ ᠤ ᠰᠢᠷᠢᠰ ᠤᠷᠤᠯᠳᠤᠭᠠᠨ ᠢ ᠦᠷᠨᠢᠭᠦᠯᠵᠣ᠂ ᠪᠦᠬᠦ ᠣᠷᠣᠨ ᠳᠤ ᠨᠡᠷ᠎ᠡ ᠴᠤᠤᠲᠠᠶ᠂ ᠪᠦᠬᠦ ᠤᠯᠤᠰ ᠲᠤ ᠨᠥᠯᠥᠭᠡ ᠲᠠᠢ ᠣᠯᠠᠨ ᠲᠦᠮᠡᠨᠴᠢ ᠮᠦᠰᠣ ᠴᠠᠰᠣᠨ ᠤ ᠤᠷᠤᠯᠳᠤᠭᠠᠨ ᠤ ᠵᠦᠢᠯᠡᠰ ᠪᠠ ᠠᠵᠢᠯᠯᠠᠭ᠎ᠠ ᠦᠷᠨᠢᠭᠦᠯᠭᠦ ᠶᠢ ᠵᠣᠷᠢᠬᠵᠢᠭᠤᠯᠣᠨ᠎ᠠ᠃ ᠡᠯ᠎ᠡ ᠭᠠᠵᠠᠷ ᠣᠷᠣᠨ ᠳᠤ ᠮᠦᠰᠣᠨ ᠲᠠᠯᠠᠪᠠᠢ᠂ ᠴᠠᠰᠤᠨ ᠲᠠᠯᠠᠪᠠᠢ ᠵᠡᠷᠭᠡ ᠲᠠᠯᠠᠪᠠᠢ ᠶᠢ ᠪᠦᠳᠣᠭᠡᠨ ᠪᠠᠶᠢᠭᠤᠯᠬᠤ ᠶᠢ ᠠᠬᠢᠭᠤᠯᠵᠣ᠂ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠨ᠂ ᠵᠡᠭᠦᠨ ᠬᠡᠰᠡᠭ ᠪᠠ ᠪᠠᠷᠠᠭᠤᠨ ᠬᠡᠰᠡᠭ ᠤᠨ ᠬᠠᠮᠵᠢᠯᠴᠠᠨ ᠬᠥᠭᠵᠢᠬᠦ ᠶᠢ ᠠᠬᠢᠭᠤᠯᠣᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠥᠷᠭᠡᠳᠬᠡᠵᠦ᠂ ᠪᠦᠬᠦ ᠣᠷᠣᠨ ᠳᠤ 600 ᠲᠦᠮᠡᠨ ᠬᠥᠮᠦᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠷᠠᠯᠲᠠ ᠶᠢ ᠪᠡᠶᠡᠯᠡᠭᠦᠯᠣᠨ᠎ᠠ᠃      ︵ᠠᠷᠪᠠ︶ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠣᠡᠭᠡᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠳᠠᠬᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠥᠳᠡᠯᠭᠡᠭᠦ ᠬᠦᠴᠦᠨ ᠤ ᠰᠤᠷᠪᠤᠯᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠯᠤᠭ᠎ᠠ ᠬᠠᠮᠢᠶ᠎ᠠ ᠪᠦᠬᠦᠢ ᠪᠡᠶ᠎ᠡ ᠴᠢᠭᠢᠷᠠᠭᠵᠢᠭᠤᠯᠬᠤ ᠰᠡᠯᠡᠭᠦᠴᠡᠯ᠂ ᠮᠦᠷᠦᠶᠢᠴᠡᠬᠡᠨ ᠤ ᠦᠵᠡᠭᠦᠯᠦᠯᠭᠡ᠂ ᠲᠠᠯᠠᠪᠠᠢ ᠣᠷᠳᠣᠨ ᠤ ᠦᠢᠯᠡᠴᠢᠯᠡᠭᠡ᠂ ᠪᠠᠶ᠎ᠡ ᠮᠠᠬᠠᠪᠣᠳ ᠤᠨ ᠴᠢᠨᠠᠷ ᠴᠢᠨᠰᠠᠭ᠎ᠠ ᠶᠢᠨ ᠬᠢᠨᠠᠨ ᠰᠢᠨᠵᠢᠭᠦ᠂ ᠪᠡᠶ᠎ᠡ ᠴᠢᠭᠢᠷᠠᠭᠵᠢᠭᠤᠯᠬᠤ ᠪᠣᠯᠪᠠᠰᠤᠷᠠᠭᠤᠯᠣᠯ ᠪᠠ ᠪᠡᠶ᠎ᠡ ᠶᠢᠨ ᠲᠠᠮᠢᠷ ᠤᠨ ᠬᠡᠷᠡᠭᠰᠡᠯ ᠦᠢᠯᠡᠳᠬᠦ ᠪᠣᠯᠣᠨ ᠪᠣᠷᠣᠯᠠᠭᠤᠯᠬᠤ ᠵᠡᠷᠭᠡ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠥᠷᠥᠯ ᠠᠩᠬᠢᠯᠡᠯ ᠬᠡᠪᠴᠢᠶ᠎ᠡ ᠶᠢ ᠥᠷᠭᠡᠳᠬᠡᠵᠣ᠂ ᠠᠵᠢᠯ ᠦᠢᠯᠡᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠣᠮᠳᠠᠬᠢ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠡᠵᠡᠯᠡᠬᠦ ᠬᠤᠪᠢ ᠶᠢᠨ ᠵᠢᠩ ᠢ ᠶᠡᠬᠡᠪᠡᠷ ᠳᠡᠭᠡᠭᠰᠢᠯᠡᠭᠦᠯᠣᠨ᠎ᠠ᠃ ᠨᠤᠲᠤᠭ ᠪᠡᠯᠴᠢᠭᠡᠷ᠂ ᠡᠯᠡᠰᠦᠨ ᠴᠥᠯ᠂ ᠮᠥᠰᠥ ᠴᠠᠰᠣ᠂ ᠮᠠᠯ ᠮᠠᠯᠵᠢᠯ᠂ ᠵᠠᠩ ᠦᠢᠯᠨ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠲᠤᠬᠠᠶ ᠶᠢᠨ ᠭᠠᠵᠠᠷ ᠤᠨ ᠦᠪᠡᠷᠮᠢᠴᠨ ᠣᠨᠴᠠᠯᠢᠭ ᠢ ᠦᠨᠳᠣᠰᠣᠯᠡᠵᠣ ᠳᠡᠷᠭᠡ᠂ ᠮᠣᠷᠢ᠂ ᠮᠥᠰᠥ ᠴᠠᠰᠤ ᠂ ᠨᠠᠭᠠᠳᠤᠮ ᠤᠨ ᠬᠤᠷᠠᠯ ᠵᠡᠷᠭᠡ ᠨᠡᠷᠡᠲᠦ ᠲᠦᠷᠣᠯ ᠳᠡᠮᠳᠡᠭᠳᠣ ᠤᠷᠤᠯᠳᠤᠭᠠᠨ ᠤ ᠵᠦᠢᠯᠡᠰ ᠪᠠ ᠠᠵᠢᠯᠯᠠᠭ᠎ᠠ ᠶᠢ ᠭᠤᠣᠯᠳᠠᠯᠭ᠎ᠠ ᠲᠠᠢ ᠪᠤᠢ ᠪᠤᠯᠭᠠᠵᠦ᠂ ᠲᠤᠬᠠᠶ ᠶᠢᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠵᠢᠴᠢ ᠲᠠᠯ᠎ᠠ ᠨᠤᠲᠤᠭ ᠤᠨ ᠵᠢᠭᠤᠯᠴᠢᠯᠠᠯ᠂ ᠰᠣᠶᠣᠯ ᠤᠨ ᠵᠠᠭᠤᠴᠢᠯᠠᠭᠤᠷ᠂ ᠦᠨᠳᠦᠰᠦᠲᠡᠨ ᠤ ᠤᠨᠴᠠᠯᠢᠭᠳᠤ ᠲᠠᠸᠠᠷ ᠪᠣᠷᠣᠯᠠᠭᠤᠯᠬᠤ ᠵᠡᠷᠭᠡ ᠣᠨᠴᠠᠯᠢᠭ ᠪᠦᠬᠦᠢ ᠠᠵᠤ ᠦᠢᠯᠡᠰ ᠤᠨ ᠬᠥᠭᠵᠢᠯᠳᠠ ᠶᠢ ᠳᠠᠶᠢᠴᠢᠯᠠᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠵᠢᠯ ᠲᠥᠷᠥᠯ ᠤᠨ ᠨᠡᠶᠢᠭᠡᠮᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠣᠨ᠂ ᠪᠡᠶ᠎ᠡ ᠶᠢᠨ ᠲᠠᠮᠢᠷ ᠤᠨ ᠬᠡᠷᠡᠭᠰᠡᠯ᠂ ᠪᠡᠶ᠎ᠡ ᠶᠢᠨ ᠲᠠᠮᠢᠷ ᠤᠨ ᠦᠢᠯᠡᠴᠢᠯᠡᠭᠡ᠂ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠵᠡᠷᠭᠡ ᠠᠵᠢᠯ ᠲᠥᠷᠥᠯ ᠤᠨ ᠡᠷᠡᠭᠦᠯ ᠢᠶᠠᠷ ᠬᠥᠭᠵᠢᠭᠦ ᠶᠢ ᠬᠥᠲᠥᠯᠥᠨ ᠵᠢᠯᠣᠭᠤᠳᠣᠨ᠎ᠠ᠃      ᠲᠦᠷᠪᠡ᠂ ᠭᠤᠣᠯ ᠠᠷᠭ᠎ᠠ ᠬᠡᠮᠵᠢᠶ᠎ᠡ        ︵ᠨᠢᠭᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠣᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠦᠴᠦᠨ ᠤ ᠬᠢᠨ ᠬᠠᠮᠲᠤᠪᠠᠷ ᠣᠷᠣᠯᠴᠠᠭᠰᠠᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠴᠢᠩᠭᠠᠳᠬᠠᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠯ᠎ᠡ ᠵᠦᠢᠯ ᠤᠨ ᠠᠵᠢᠯ ᠤᠨ ᠥᠷᠨᠢᠯᠳᠠ ᠶᠢ ᠠᠬᠢᠭᠤᠯᠣᠨ᠎ᠠ᠃ ᠵᠠᠰᠠᠭ ᠤᠨ ᠣᠷᠳᠣᠨ ᠭᠤᠣᠯᠳᠠᠭᠤ ᠬᠤᠷᠸ᠎ᠠ ᠲᠠᠯ᠎ᠠ ᠶᠢᠨ ᠬᠠᠮᠢᠶᠠᠷᠤᠯᠲᠠ᠂ ᠳᠦᠷᠦ ᠶᠢᠨ ᠪᠤᠳᠤᠯᠭ᠎ᠠ ᠳᠦᠷᠢᠮ ᠲᠣᠭᠲᠠᠭᠠᠯ ᠢ ᠲᠣᠭᠲᠠᠭᠠᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠤᠪᠢᠶᠠᠷᠢᠯᠠᠬᠤ᠂ ᠠᠵᠢᠯ ᠤᠨ ᠬᠢᠨᠠᠯᠳᠠ ᠳᠠᠯᠪᠢᠬᠤ ᠦᠨᠡᠯᠡᠨ ᠵᠢᠱᠢᠬᠦ ᠪᠠ ᠰᠠᠯᠠᠭ᠎ᠠ ᠮᠥᠴᠢᠷ ᠤᠨ ᠠᠯᠤᠰᠯᠠᠨ ᠬᠤᠯᠪᠣᠭᠠᠯᠠᠨ ᠬᠥᠳᠡᠯᠦᠯᠴᠡᠬᠦ ᠶᠢ ᠵᠣᠬᠢᠴᠠᠭᠤᠯᠬᠤ ᠠᠵᠢᠯ ᠢ ᠰᠠᠶᠢᠳᠣᠷ ᠬᠢᠵᠣ᠂ ᠰᠠᠯᠠᠭ᠎ᠠ ᠮᠥᠴᠢᠷ ᠤᠳ ᠭᠤᠣᠯᠳᠠᠭᠤ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠲᠥᠯᠥᠪᠵᠢᠭᠦᠯᠭᠡ ᠲᠣᠭᠲᠠᠭᠠᠨ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠦᠴᠦᠨ ᠤ ᠬᠢᠨ ᠭᠤᠣᠯᠳᠠᠭᠤ ᠡᠳᠦᠷ ᠲᠤᠳᠤᠮ ᠤᠨ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠬᠥᠲᠥᠯᠥᠨ ᠵᠢᠯᠣᠭᠤᠳᠬᠤ᠂ ᠪᠣᠯᠪᠠᠰᠤᠷᠠᠭᠤᠯᠬᠤ᠂ ᠵᠣᠬᠢᠶᠠᠨ ᠪᠠᠶᠢᠭᠤᠯᠬᠤ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢ ᠳᠠᠭᠠᠭᠠᠨ ᠠᠪᠴᠤ ᠭᠦᠢᠴᠡᠣᠡᠭᠡᠭᠦ ᠠᠵᠢᠯ ᠢ ᠰᠠᠶᠢᠳᠣᠷ ᠬᠢᠨ᠎ᠠ᠃ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠤᠯᠪᠣᠭᠠᠨ ᠤ ᠵᠣᠬᠢᠶᠠᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠣ ᠪᠠᠶᠢᠭᠤᠯᠬᠤ ᠶᠢ ᠵᠣᠷᠢᠬᠵᠢᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠥᠷᠨᠢᠯᠳᠠ ᠶᠢ ᠠᠬᠢᠭᠤᠯᠣᠨ᠎ᠠ᠃      ︵ᠬᠤᠶᠠᠷ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠶ ᠵᠦᠢᠯ ᠤᠨ ᠪᠡᠯᠡ ᠮᠥᠩᠭᠦ ᠪᠠᠷ ᠲᠡᠳᠬᠦᠬᠦ᠂ ᠡᠷᠬᠡ ᠣᠯᠭᠤᠨ ᠨᠠᠶᠢᠳᠠᠭᠦ᠂ ᠦᠢᠯᠡᠴᠢᠯᠡᠭᠡ ᠬᠤᠳᠠᠯᠳᠤᠨ ᠠᠪᠬᠤ᠂ ᠥᠭᠡᠷᠡᠴᠢᠯᠡᠯᠲᠡ ᠬᠢᠭᠦ ᠲᠤᠷᠰᠢᠯᠲᠠ ᠶᠢᠨ ᠴᠢᠬ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠵᠣ᠂ ᠦᠨᠳᠦᠰᠦᠨ ᠱᠠᠲᠤᠨ ᠤ ᠺᠯᠦ᠋ᠪ᠂ ᠪᠡᠶ᠎ᠡ ᠴᠢᠭᠢᠷᠠᠭᠵᠢᠭᠤᠯᠬᠤ ᠪᠦᠯᠬᠦᠮ ᠨᠠᠶᠢᠳᠠ ᠪᠠ ᠥᠷᠲᠡᠭᠡ ᠴᠢᠬ ᠵᠡᠷᠭᠡ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠳᠠ ᠶᠢ ᠪᠤᠶᠢᠵᠢᠭᠤᠯᠬᠤ ᠪᠠ ᠲᠡᠳᠬᠦᠨ᠎ᠠ᠃ ᠪᠡᠶ᠎ᠡ ᠶᠢᠨ ᠲᠠᠮᠢᠷ ᠤᠨ ᠣᠯᠠᠨ ᠲᠦᠮᠡᠨᠴᠢ ᠪᠦᠯᠬᠦᠮ ᠢ ᠵᠠᠰᠠᠬᠤ ᠵᠠᠭᠪᠤᠷ ᠢ ᠰᠠᠶᠢᠵᠢᠷᠠᠭᠤᠯᠵᠣ᠂ ᠠᠵᠢᠯ ᠲᠦᠷᠦᠯ ᠤᠨ ᠨᠡᠶᠢᠭᠡᠮᠯᠢᠭ ᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ᠂ ᠨᠢᠭᠡ ᠠᠵᠢᠯ ᠲᠦᠷᠦᠯ ᠳᠤ ᠤᠯᠠᠨ ᠨᠡᠶᠢᠭᠡᠮᠯᠢᠭ ᠪᠠᠶᠢᠭᠤᠯᠬᠤ᠂ ᠴᠢᠳᠠᠮᠵᠢ ᠶᠢ ᠰᠢᠯᠢᠳᠡᠭᠵᠢᠭᠦᠯᠭᠦ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠪᠡᠶ᠎ᠡ ᠶᠢᠨ ᠲᠠᠮᠢᠷ ᠤᠨ ᠣᠯᠠᠨ ᠲᠦᠮᠡᠨᠴᠢ ᠪᠦᠯᠬᠦᠮ ᠤᠨ ᠪᠣᠳᠠᠳᠣ ᠴᠣᠭᠴᠠᠵᠢᠬᠤ ᠬᠡᠮᠵᠢᠶ᠎ᠡ ᠪᠠ ᠬᠠᠤᠯᠢ ᠶᠢᠨ ᠡᠷᠭᠡᠳᠠᠨ ᠤ ᠵᠠᠰᠠᠬᠤ ᠬᠢᠷᠢ ᠬᠡᠮᠵᠢᠶ᠎ᠠ ᠶᠢ ᠳᠡᠭᠡᠭᠰᠢᠯᠡᠭᠦᠯᠣᠨ᠎ᠠ᠃ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠴᠢᠳᠠᠪᠤᠷᠢᠲᠠᠨ ᠤ ᠡᠩᠨᠡᠭᠡ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠣᠠᠬᠠᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠠᠵᠢᠯ ᠯᠦᠭᠡ ᠰᠠᠶᠢᠨ ᠰᠠᠶᠢᠬᠠᠨ ᠬᠠᠷᠢᠯᠴᠠᠨ ᠭᠦᠳᠡᠯᠣᠯᠴᠡᠭᠦ ᠪᠠᠶᠢᠳᠠᠯ ᠢ ᠪᠦᠷᠢᠯᠳᠣᠭᠦᠯᠵᠣ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠪᠠ ᠦᠢᠯᠡᠳᠦᠯ ᠢ ᠨᠢ ᠪᠠᠳᠠᠷᠠᠭᠤᠯᠬᠤ ᠳᠤ ᠨᠥᠬᠦᠴᠡᠯ ᠪᠦᠷᠢᠯᠳᠦᠭᠦᠯᠵᠦ ᠦᠭᠭᠦᠨ᠎ᠠ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠣᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠵᠣ ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠶᠢ ᠵᠢᠯᠣᠭᠤᠣᠠᠬᠤ ᠠᠵᠢᠯ ᠡᠷᠬᠢᠯᠡᠭᠦ ᠶᠢ ᠵᠣᠷᠢᠬᠵᠢᠭᠤᠯᠣᠨ᠎ᠠ᠃      ︵ᠭᠤᠷᠪᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤᠵᠢᠯᠳᠠ ᠶᠢᠨ ᠠᠬᠢᠴᠠ ᠪᠣᠯᠤᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠬᠤ ︵PPP︶ ᠵᠠᠭᠪᠤᠷ ᠢ ᠢᠳᠡᠪᠬᠢᠲᠡᠶ ᠪᠠᠷ ᠳᠡᠯᠭᠡᠷᠡᠭᠦᠯᠵᠦ᠂ ᠨᠡᠶᠢᠭᠡᠮ ᠤᠨ ᠬᠦᠴᠦᠨ ᠤ ᠬᠢᠨ ᠤ ᠵᠢᠵᠢᠭ ᠬᠡᠯᠪᠡᠷᠢ ᠶᠢᠨ ᠣᠯᠠᠨ ᠶᠠᠩᠵᠤ ᠶᠢᠨ ᠲᠠᠮᠢᠷ ᠤᠨ ᠲᠠᠯᠠᠪᠠᠶ ᠪᠡᠯᠡᠣᠡᠭᠡᠮᠵᠢ ᠪᠠᠶᠢᠭᠤᠯᠬᠤ ᠶᠢ ᠵᠣᠷᠢᠬᠵᠢᠭᠤᠯᠣᠨ᠎ᠠ᠃ ᠰᠢᠨ᠎ᠡ ᠪᠠᠷ ᠪᠠᠶᠢᠭᠤᠯᠣᠭᠰᠠᠨ ᠣᠷᠣᠨ ᠰᠠᠭᠤᠴᠨ ᠶᠢᠨ ᠲᠣᠭᠤᠷᠢᠭ ᠪᠠ ᠨᠡᠶᠢᠭᠡᠮ ᠲᠣᠭᠤᠷᠢᠭ ᠨᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠢᠵᠢ ᠪᠦᠷᠢᠳᠦᠭᠦᠯᠦᠨ ᠪᠦᠳᠦᠬᠡᠨ ᠪᠠᠶᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠷᠣᠨ ᠰᠠᠭᠤᠴᠠ ᠶᠢᠨ ᠭᠤᠣᠯ ᠴᠣᠭᠴᠠᠳᠣ ᠪᠠᠷᠢᠯᠭ᠎ᠠ ᠯᠤᠭ᠎ᠠ ᠵᠡᠷᠭᠡᠪᠡᠷ ᠵᠢᠷᠤᠭᠯᠠᠨ ᠲᠥᠯᠥᠪᠯᠡᠬᠦ᠂ ᠵᠡᠷᠭᠡᠪᠡᠷ ᠪᠠᠷᠢᠯᠭ᠎ᠠ ᠪᠠᠷᠢᠬᠤ᠂ ᠵᠡᠷᠭᠡᠪᠡᠷ ᠰᠢᠯᠭᠠᠨ ᠠᠪᠬᠤ᠂ ᠵᠡᠷᠭᠡᠪᠡᠷ ᠠᠰᠢᠭᠯᠠᠯᠲᠠ ᠳᠤ ᠣᠷᠣᠭᠤᠯᠤᠨ ᠬᠡᠷᠡᠭᠯᠡᠭᠦ ᠶᠢ ᠦᠨᠡᠡᠭᠦ ᠪᠠᠲᠤᠯᠠᠵᠣ᠂ ᠨᠡᠭᠦᠯᠭᠡᠨ ᠬᠡᠷᠡᠭᠯᠡᠭᠦ ᠪᠤᠶᠤ ᠡᠵᠡᠯᠡᠵᠦ ᠪᠣᠯᠬᠤ ᠦᠭᠡᠢ᠃ ᠵᠡᠭᠡᠯᠢ ᠭᠤᠳᠤᠮᠵᠢ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠳᠤ ᠭᠠᠵᠠᠷ ᠦᠯᠡᠳᠡᠭᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠢᠵᠢ ᠪᠦᠷᠢᠳᠣᠭᠦᠯᠣᠨ ᠪᠠᠶᠢᠭᠤᠯᠬᠤ ᠬᠡᠷᠡᠭᠲᠡᠶ᠃ ᠨᠡᠮᠡᠭᠳᠡᠯ ᠤᠨ ᠬᠡᠮᠵᠢᠶ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠥᠮᠥᠷᠭᠡ᠂ ᠬᠠᠭᠤᠴᠢᠨ ᠬᠤᠳᠠᠯᠳᠤᠭᠠᠨ ᠤ ᠪᠡᠯᠡᠳᠬᠡᠮᠵᠢ ᠵᠡᠷᠭᠡ ᠶᠢ ᠦᠭᠡᠷᠡᠴᠢᠯᠡᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠬᠡᠷᠡᠭᠯᠡᠵᠦ᠂ ᠤᠳᠤ ᠶᠢᠨ ᠪᠠᠶᠢᠭ᠎ᠠ ᠴᠡᠴᠡᠷᠯᠢᠭ᠂ ᠵᠦᠯᠭᠡ ᠭᠠᠵᠡᠷ ᠲᠤ ᠪᠡᠶ᠎ᠡ ᠶᠢᠨ ᠳᠠᠮᠢᠷ ᠤᠨ ᠴᠢᠳᠠᠮᠵᠢ ᠶᠢ ᠠᠭᠤᠰᠬᠠᠨ᠂ ᠪᠡᠶ᠎ᠡ ᠴᠢᠭᠢᠷᠠᠭᠵᠢᠭᠤᠯᠬᠤ ᠵᠦᠷᠢᠭ ᠵᠠᠮ ᠵᠡᠷᠭᠡ ᠶᠢ ᠨᠡᠮᠡᠨ ᠪᠠᠶᠢᠷᠢᠯᠠᠭᠤᠯᠣᠨ ᠠᠶᠠᠨᠳᠠᠭᠠᠨ ᠤ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠲᠠᠯᠠᠪᠤᠷ ᠭᠠᠵᠠᠷ ᠪᠣᠯᠭᠠᠨ᠎ᠠ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠠᠵᠢᠯᠯᠠᠭ᠎ᠠ ᠶᠢᠨ ᠷᠠᠳᠢᠦ᠋ᠰ ᠢ ᠪᠠᠭᠠᠰᠬᠠᠵᠣ᠂ ᠬᠤᠳᠠ ᠶᠢᠨ ᠠᠷᠠᠣᠨ ᠤᠨ ᠪᠡᠶ᠎ᠡ ᠴᠢᠭᠢᠷᠠᠭᠵᠢᠭᠤᠯᠬᠤ ᠠᠮᠢᠳᠤᠷᠠᠯ ᠢ ᠪᠠᠶᠠᠯᠢᠬᠵᠢᠭᠤᠯᠣᠨ᠎ᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠪᠠᠶᠢᠭᠤᠯᠣᠭᠰᠠᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠳᠠᠯᠠᠪᠣᠷ ᠣᠷᠳᠣᠨ ᠤ ᠪᠡᠯᠡᠣᠡᠭᠡᠮᠵᠢ ᠶᠢ ᠰᠦᠢᠳᠬᠡᠯ ᠬᠤᠷᠢᠶᠠᠬᠤ ᠦᠭᠡᠢ ᠪᠤᠶᠤ ᠪᠠᠭ᠎ᠠ ᠰᠦᠢᠳᠬᠡᠯ ᠬᠤᠷᠢᠶᠠᠵᠤ ᠪᠠᠶᠢᠭᠠᠣᠨ ᠨᠠᠶᠢᠭᠡᠮ ᠨᠠᠶᠢᠳᠠ ᠳᠤ ᠴᠢᠯᠣᠭᠡᠳᠠᠢ ᠨᠡᠭᠡᠭᠡᠭᠦ ᠶᠢ ᠪᠡᠶᠡᠯᠡᠭᠦᠯᠣᠨ᠎ᠠ︔ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠨ ᠠᠴᠠ ᠪᠠᠶᠢᠭᠤᠯᠣᠭᠰᠠᠨ ᠪᠡᠶ᠎ᠡ ᠶᠢᠨ ᠲᠠᠮᠢᠷ ᠤᠨ ᠳᠠᠯᠠᠪᠣᠷ ᠣᠷᠳᠣᠨ ᠤ ᠪᠡᠯᠡᠣᠡᠭᠡᠮᠵᠢ ᠶᠢ ᠰᠦᠢᠳᠬᠡᠯ ᠬᠤᠷᠢᠶᠠᠬᠤ ᠦᠭᠡᠢ ᠪᠣᠶᠣ ᠪᠠᠭ᠎ᠠ ᠰᠦᠢᠳᠬᠡᠯ ᠬᠤᠷᠢᠶᠠᠵᠤ ᠪᠠᠶᠢᠭᠠᠣᠨ ᠨᠡᠶᠢᠭᠡᠮ ᠨᠡᠶᠢᠲᠡ ᠳᠤ ᠴᠢᠯᠥᠭᠡᠲᠡᠶ ᠨᠡᠭᠡᠭᠡᠭᠦ ᠶᠢ ᠵᠣᠷᠢᠬᠵᠢᠭᠤᠯᠣᠨ᠎ᠠ︔ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠷᠳᠤᠨ ᠢ ᠬᠢᠴᠢᠶᠡᠯ ᠤᠨ ᠭᠠᠳᠠᠨᠠᠬᠢ ᠴᠠᠭ ᠴᠢᠯᠦᠬᠡᠨ ᠳᠤ ᠰᠤᠷᠤᠭᠴᠢᠳ ᠲᠤ ᠴᠢᠯᠥᠭᠡᠲᠡᠶ ᠨᠡᠭᠡᠭᠡᠵᠣ᠂ ᠠᠯᠪᠠᠨ ᠠᠮᠠᠷᠠᠯᠲᠠ ᠶᠢᠨ ᠡᠳᠦᠷ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠤᠨ ᠰᠤᠷᠭᠠᠭᠤᠯᠢ ᠶᠢᠨ ᠡᠪᠦᠯ ᠵᠤᠨ ᠤ ᠠᠮᠠᠷᠠᠯᠲᠠ ᠶᠢᠨ ᠬᠤᠭᠤᠴᠠᠭᠠᠨ ᠳᠤ ᠨᠠᠶᠢᠭᠡᠮ ᠨᠠᠶᠢᠳᠠ ᠳᠤ ᠴᠢᠯᠥᠭᠡᠲᠡᠶ ᠨᠡᠭᠡᠭᠡᠭᠦ ᠬᠡᠷᠩᠳᠠᠢ᠃ ᠡᠯ᠎ᠡ ᠭᠠᠵᠠᠷ ᠣᠷᠣᠨ ᠤ ᠬᠢᠨ ᠣᠨᠴᠠᠯᠢᠭᠳᠣ ᠡᠬᠢ ᠪᠠᠶᠠᠯᠢᠭ ᠲᠠᠭᠠᠨ ᠲᠦᠰᠢᠭᠯᠡᠨ᠂ ᠪᠡᠶ᠎ᠡ ᠶᠢᠨ ᠲᠠᠮᠢᠷ ᠤᠨ ᠣᠨᠴᠠᠯᠢᠭ ᠪᠦᠬᠦᠢ ᠬᠤᠳᠠ᠂ ᠪᠡᠶ᠎ᠡ ᠶᠢᠨ ᠲᠠᠮᠢᠷ ᠤᠨ ᠠᠮᠢᠳᠤᠷᠠᠯᠵᠢᠭᠤᠯᠣᠭᠰᠠᠨ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠵᠢᠱᠢᠶ᠎ᠡ ᠦᠵᠡᠭᠦᠯᠬᠦ ᠴᠢᠬ ᠢ ᠢᠳᠡᠪᠬᠢᠳᠠᠢ ᠡᠭᠦᠳᠣᠨ ᠪᠠᠶᠢᠭᠤᠯᠬᠤ ᠶᠢ ᠵᠣᠷᠢᠬᠵᠢᠭᠤᠯᠣᠨ᠎ᠠ᠃      ︵ᠲᠦᠷᠪᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ ᠮᠦᠷ ᠢ ᠥᠷᠭᠡᠳᠬᠡᠨ᠎ᠠ᠃ ᠬᠡᠷᠡᠭᠯᠡᠭᠡ ᠶᠢ ᠭᠦᠳᠣᠯᠣᠨ ᠳᠠᠭᠠᠭᠤᠯᠬᠤ ᠭᠦᠳᠡᠯᠭᠡᠭᠡᠨ ᠤ ᠲᠦᠷᠣᠯ ᠵᠦᠢᠯ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠦᠯ ᠵᠦᠢᠯ ᠢ ᠳᠡᠯᠭᠡᠷᠡᠭᠦᠯᠦᠨ᠂ ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠦᠢᠯ ᠢ ᠨᠡᠭᠡᠭᠡᠵᠣ᠂ ᠤᠷᠤᠰ ᠮᠣᠩᠭᠤᠯ ᠵᠢᠴᠢ ᠤᠯᠤᠰ ᠤᠨ ᠳᠣᠲᠣᠭᠠᠳᠤ ᠶᠢᠨ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠰᠣᠯᠢᠯᠴᠠᠭ᠎ᠠ ᠬᠢᠭᠦ ᠪᠠ ᠬᠠᠮᠲᠤᠷᠠᠨ ᠠᠵᠢᠯᠯᠠᠬᠤ ᠪᠠᠨ ᠴᠢᠩᠭᠠᠳᠬᠠᠨ᠎ᠠ᠃ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢᠨ ᠬᠢᠨᠠᠨ ᠵᠥᠪᠰᠢᠶᠡᠷᠡᠬᠦ ᠶᠢ ᠬᠦᠴᠦᠨ ᠦᠭᠡᠢ ᠪᠣᠯᠭᠠᠵᠣ᠂ ᠤᠯᠠᠨ ᠲᠦᠮᠡᠨᠴᠢ ᠴᠢᠨᠠᠷᠲᠠᠶ ᠤᠷᠤᠯᠳᠤᠭᠠᠨ ᠤ ᠵᠦᠢᠯᠡᠰ ᠢ ᠠᠭᠤᠵᠢᠭᠤ ᠳᠠᠯᠪᠢᠵᠣ᠂ ᠬᠤᠳᠠᠯᠳᠤᠭᠠᠨ ᠤ ᠴᠢᠨᠠᠷᠲᠠᠶ ᠤᠷᠤᠯᠳᠤᠭᠠᠨ ᠤ ᠵᠦᠢᠯᠡᠰ ᠢ ᠠᠮᠢᠳᠣᠯᠢᠭ ᠪᠣᠯᠭᠠᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠤᠨ ᠬᠠᠩᠭᠠᠯᠭ᠎ᠠ ᠶᠢ ᠪᠠᠶᠠᠯᠢᠬᠵᠢᠭᠤᠯᠣᠨ᠎ᠠ᠃ ︽ᠨᠢᠭᠡ ᠭᠠᠵᠠᠷ ᠣᠷᠣᠨ ᠳᠤ ᠨᠢᠭᠡ ᠨᠡᠷᠡᠲᠦ ᠲᠦᠷᠣᠯ ᠲᠡᠮᠳᠡᠭᠳᠣ ᠲᠠᠢ᠂ ᠨᠢᠭᠡ ᠭᠠᠵᠠᠷ ᠣᠷᠣᠨ ᠳᠤ ᠨᠢᠭᠡ ᠣᠨᠴᠠᠯᠢᠭ ᠲᠠᠢ︾ ᠪᠠᠶᠢᠬᠤ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠥᠷᠭᠡᠨ ᠳᠡᠯᠭᠡᠷ ᠢᠶᠠᠷ ᠥᠷᠨᠢᠭᠦᠯᠵᠦ᠂ ᠨᠢᠭᠡ ᠪᠦᠯᠦᠭ ᠠᠭᠤᠯᠭ᠎ᠠ ᠨᠢ ᠮᠠᠰᠢ ᠭᠦᠷᠢᠶᠡᠯᠡᠯ ᠲᠠᠢ᠂ ᠤᠯᠠᠨ ᠲᠦᠮᠡᠨ ᠤ ᠥᠷᠭᠡᠨ ᠢᠶᠠᠷ ᠣᠷᠣᠯᠴᠠᠭᠰᠠᠨ᠂ ᠵᠣᠬᠢᠶᠠᠨ ᠪᠠᠶᠢᠭᠤᠯᠵᠣ ᠬᠡᠷᠡᠭᠵᠢᠬᠦᠯᠦᠭᠰᠡᠨ ᠨᠢ ᠵᠢᠷᠣᠮᠵᠢᠭᠤᠨ᠂ ᠨᠡᠶᠢᠭᠡᠮ ᠳᠡᠭᠡᠷ᠎ᠡ ᠨᠡᠯᠢᠶᠡᠳ ᠶᠡᠭᠡ ᠨᠥᠯᠥᠭᠡ ᠲᠠᠢ᠂ ᠣᠷᠣᠨ ᠨᠤᠲᠤᠭ ᠪᠠ ᠦᠨᠳᠦᠰᠦᠲᠡᠨ ᠤ ᠣᠨᠴᠠᠯᠢᠭ ᠪᠦᠬᠦᠢ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠨᠡᠷᠡᠳᠣ ᠲᠥᠷᠥᠯ ᠳᠡᠮᠳᠡᠭᠳᠣ ᠶᠢᠨ ᠠᠵᠢᠯᠯᠠᠭᠠᠨ ᠢ ᠪᠣᠢ ᠪᠣᠯᠭᠠᠵᠣ᠂ ᠱᠠᠩᠨᠠᠬᠤ ᠪᠠᠷ ᠨᠦᠭᠦᠪᠣᠷᠢ ᠦᠭᠭᠦ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠣᠨ᠂ ᠰᠣᠳᠣᠨ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠨᠡᠷᠡᠲᠦ ᠲᠦᠷᠣᠯ ᠳᠡᠮᠳᠡᠭᠳᠣ ᠶᠢᠨ ᠲᠦᠷᠣᠯ ᠵᠦᠢᠯ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠣᠨ᠎ᠠ᠃ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠠᠶᠢᠯᠤᠨ ᠬᠢᠴᠢᠶᠡᠯᠯᠡᠬᠦ ᠲᠠᠩᠬᠢᠮ︾᠂ ︽ᠰᠢᠨᠵᠢᠯᠡᠬᠦ ᠤᠬᠠᠭᠠᠠᠴᠢ ᠪᠠᠷ ᠪᠡᠶ᠎ᠡ ᠴᠢᠭᠢᠷᠠᠭᠵᠢᠭᠤᠯᠬᠤ ᠶᠢᠨ ᠳᠠᠯ᠎ᠠ ᠨᠤᠲᠤᠭ ᠤᠨ ᠠᠶᠠᠯᠠᠯ︾ ᠪᠣᠯᠤᠨ ︽ᠡᠷᠡᠭᠦᠯᠵᠢᠯ ᠤᠨ ᠲᠦᠷᠭᠡᠨ ᠳᠡᠷᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾᠎ ᠶᠢᠨ ᠬᠦᠷᠢᠶ᠎ᠡ ᠬᠡᠪᠴᠢᠶ᠎ᠡ ᠪᠠ ᠳᠠᠶᠢᠴᠢᠯᠠᠬᠤ ᠬᠡᠪᠴᠢᠶ᠎ᠡ ᠶᠢ ᠦᠷᠭᠡᠣᠡᠭᠡᠨ᠂ ᠥᠷᠭᠡᠨ ᠤᠯᠠᠨ ᠲᠦᠮᠡᠨ ᠳᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠭᠵᠢᠭᠤᠯᠬᠤ ᠮᠡᠷᠭᠡᠵᠢᠯ ᠴᠢᠳᠠᠪᠤᠷᠢ ᠶᠢ ᠦᠨᠡᠡᠭᠦ ᠦᠢᠯᠠᠭᠠᠨ ᠡᠵᠡᠮᠰᠢᠭᠦᠯᠵᠣ᠂ ᠣᠯᠠᠨ ᠲᠦᠮᠡᠨ ᠳᠤ ᠰᠢᠨᠵᠢᠯᠡᠬᠦ ᠤᠬᠠᠭᠠᠨᠴᠢ᠂ ᠴᠢᠨᠠᠷ ᠰᠠᠶᠢᠲᠠᠶ᠂ ᠳᠥᠭᠦᠮ ᠲᠦᠳᠠ᠂ ᠠᠮᠤᠷ ᠲᠦᠪᠰᠢᠨ ᠪᠡᠶ᠎ᠡ ᠴᠢᠬᠢᠷᠠᠭᠵᠢᠭᠤᠯᠬᠤ ᠦᠢᠯᠡᠴᠢᠯᠡᠭᠡ ᠪᠠ ᠵᠢᠯᠣᠭᠤᠳᠣᠯᠭ᠎ᠠ ᠬᠠᠩᠭᠠᠨ᠎ᠠ᠃      ︵ᠲᠠᠪᠤ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠡᠷᠣᠭᠡ ᠳᠤ ᠣᠷᠣᠭᠤᠯᠬᠤ ᠢᠨᠵᠧᠨᠧᠷᠢᠩ ᠢ ᠥᠷᠨᠢᠭᠦᠯᠣᠨ᠎ᠠ᠃ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯᠵᠢᠭᠤᠯᠬᠤ ᠶᠠᠪᠤᠴᠨ ᠶᠢ ᠠᠬᠢᠭᠤᠯᠬᠤ ᠲᠣᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠣᠨ᠂ ︽ᠢᠨᠲ᠋ᠧᠷ ᠰᠦᠯᠵᠢᠶ᠎ᠡ + ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ︾᠎ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠡᠷᠣᠭᠡ ᠳᠤ ᠣᠷᠣᠭᠤᠯᠬᠤ ᠢᠨᠵᠧᠨᠧᠷᠢᠩ ᠢ ᠥᠷᠨᠢᠭᠦᠯᠣᠨ᠎ᠠ᠃ ᠪᠡᠶ᠎ᠡ ᠴᠢᠭᠢᠷᠠᠭᠵᠢᠭᠤᠯᠬᠤ APP ᠭᠠᠷ ᠤᠲᠠᠰᠤᠨ ᠤ ᠦᠵᠦᠭᠦᠷ ᠪᠠ ᠤᠶᠤᠨᠴᠢ ᠪᠡᠶ᠎ᠡ ᠴᠢᠭᠢᠷᠠᠭᠵᠢᠭᠤᠯᠬᠤ ᠬᠠᠲᠠᠭᠤ ᠲᠣᠨᠤᠭ ᠢ ᠶᠡᠬᠡᠪᠡᠷ ᠬᠥᠭᠵᠢᠭᠦᠯᠵᠦ᠂ ᠪᠥᠬᠦ ᠣᠷᠣᠨ ᠤ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠪᠠ ᠪᠡᠶ᠎ᠡ ᠴᠢᠭᠢᠷᠠᠭᠵᠢᠭᠤᠯᠬᠤ ᠳᠠᠯᠠᠪᠣᠷ ᠤᠨ ᠡᠯᠧᠺᠲᠷᠣᠨ ᠭᠠᠵᠠᠷ ᠤᠨ ᠵᠢᠷᠤᠭ ᠢ ᠪᠠᠶᠢᠭᠤᠯᠵᠣ᠂ ᠳᠠᠯᠠᠪᠣᠷ ᠣᠷᠳᠣᠨ ᠢ ᠤᠷᠢᠳᠴᠢᠯᠠᠨ ᠵᠠᠬᠢᠶᠠᠯᠠᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ᠂ ᠬᠡᠭᠡᠷ᠎ᠡ ᠭᠠᠳᠠᠨ᠎ᠠ ᠰᠡᠯᠡᠭᠦᠴᠡᠭᠦ᠂ ᠬᠥᠳᠡᠯᠭᠡᠭᠡᠨ ᠤ ᠦᠢᠯᠡᠴᠢᠯᠡᠭᠡ᠂ ᠪᠡᠶ᠎ᠡ ᠴᠢᠭᠢᠷᠠᠭᠵᠢᠭᠤᠯᠬᠤ ᠪᠣᠯᠪᠠᠰᠤᠷᠠᠭᠤᠯᠣᠯ᠂ ᠪᠡᠶ᠎ᠡ ᠶᠢᠨ ᠲᠠᠮᠢᠷ ᠤᠨ ᠬᠤᠳᠠᠯᠳᠤᠭᠠᠨ ᠤ ᠬᠤᠲᠠ ᠵᠡᠷᠭᠡ ᠬᠠᠷᠢᠴᠠᠭᠠᠨ ᠤ ᠡᠷᠣᠭᠡ ᠶᠢᠨ ᠦᠵᠣᠭᠦᠷ ᠢ ᠰᠦᠢᠣᠡᠭᠡᠯ ᠬᠤᠷᠢᠶᠠᠬᠤ ᠦᠭᠡᠢ ᠪᠠᠷ ᠨᠠᠶᠢᠭᠡᠮ ᠳᠤ ᠬᠠᠩᠭᠠᠵᠣ᠂ ᠭᠠᠳᠠᠬᠰᠢ ᠪᠠᠨ ᠦᠢᠯᠡᠴᠢᠯᠡᠬᠦ᠂ ᠳᠣᠲᠣᠭᠠᠳᠤ ᠳᠠᠭᠠᠨ ᠬᠠᠮᠢᠶᠠᠷᠣᠯᠳᠠ ᠬᠢᠭᠦ᠂ ᠰᠣᠯᠢᠯᠴᠠᠨ ᠭᠦᠳᠡᠯᠣᠯᠴᠡᠭᠦ᠂ ᠡᠬᠢ ᠪᠠᠶᠠᠯᠢᠭ ᠢ ᠬᠠᠮᠲᠤ ᠪᠠᠷ ᠭᠦᠷᠳᠡᠭᠦ ᠴᠢᠳᠠᠮᠵᠢ ᠶᠢ ᠪᠡᠶᠡᠯᠡᠭᠦᠯᠣᠨ᠎ᠠ᠃ ᠲᠣᠮᠣ ᠲᠤᠭ᠎ᠠ ᠪᠠᠷᠢᠮᠲᠠ ᠶᠢᠨ ᠮᠡᠷᠭᠡᠵᠢᠯ ᠢ ᠠᠰᠢᠭᠯᠠᠨ ᠦᠷᠭᠦᠯᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠵᠣ ᠪᠠᠶᠢᠭ᠎ᠠ ᠬᠥᠮᠦᠨ ᠤ ᠲᠤᠭ᠎ᠠ᠂ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠠᠰᠢᠭᠯᠠᠬᠤ ᠨᠤᠷᠮ᠎ᠠ ᠶᠢ ᠴᠠᠭ ᠲᠤᠬᠠᠶ ᠳᠤᠨᠢ ᠲᠤᠭ᠎ᠠ ᠪᠦᠷᠢᠳᠬᠡᠯ ᠤᠨ ᠵᠠᠳᠠᠯᠤᠯᠲᠠ ᠪᠠ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠳᠤ ᠶᠡᠷᠦᠩᠬᠡᠶᠢᠯᠡᠭᠰᠡᠨ ᠦᠨᠡᠯᠡᠯᠳᠠ ᠬᠢᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠬᠢᠷᠢ ᠬᠡᠮᠵᠢᠶ᠎ᠡ ᠪᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠣ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠵᠠᠪᠰᠠᠷ ᠦᠭᠡᠶ ᠵᠣᠯᠭᠠᠭᠤᠯᠬᠤ ᠶᠢ ᠪᠡᠶᠡᠯᠡᠭᠦᠯᠣᠨ᠎ᠠ᠃      ︵ᠵᠢᠷᠭᠤᠭ᠎ᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠭᠤᠰᠣᠯᠴᠠᠭᠤᠯᠣᠨ ᠬᠥᠭᠵᠢᠭᠦᠯᠬᠦ ᠶᠢ ᠠᠬᠢᠭᠤᠯᠣᠨ᠎ᠠ᠃ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠢᠳᠡᠪᠬᠢᠲᠡᠶ ᠠᠶᠠᠯᠳᠤᠨ ᠲᠠᠭᠠᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠭᠤᠯᠣᠨ᠂ ᠪᠡᠶ᠎ᠡ ᠶᠢᠨ ᠲᠠᠮᠢᠷ ᠪᠣᠯᠤᠨ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ᠂ ᠨᠠᠰᠤᠵᠢᠯ ᠤᠨ ᠠᠰᠠᠷᠠᠮᠵᠢ᠂ ᠡᠷᠡᠭᠦᠯ ᠬᠠᠮᠠᠭᠠᠯᠠᠯ᠂ ᠵᠢᠭᠤᠯᠴᠢᠯᠠᠯ ᠵᠡᠷᠭᠡ ᠶᠢᠨ ᠬᠠᠷᠢᠯᠴᠠᠨ ᠠᠭᠤᠰᠣᠯᠴᠠᠬᠤ ᠶᠢ ᠪᠡᠶᠡᠯᠡᠭᠦᠯᠣᠨ᠎ᠠ᠃ ᠬᠡᠭᠡᠷ᠎ᠡ ᠭᠠᠳᠠᠨᠠᠬᠢ ᠪᠡᠶ᠎ᠡ ᠶᠢᠨ ᠲᠠᠮᠢᠷ ᠤᠨ ᠭᠦᠳᠡᠯᠭᠡᠭᠡᠨ ᠢ ᠵᠠᠯᠠᠭᠤᠴᠣᠣᠨ ᠪᠠᠭᠠᠴᠤᠳ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠰᠢᠰᠲ᠋ᠧᠮᠵᠢ ᠳᠤ ᠣᠷᠣᠭᠤᠯᠣᠨ᠎ᠠ᠃ ᠣᠳᠣ ᠶᠢᠨ ᠪᠠᠶᠢᠭ᠎ᠠ ᠬᠤᠲᠠ ᠬᠥᠳᠡᠭᠡ ᠶᠢᠨ ᠤᠯᠠᠨ ᠨᠡᠶᠢᠲᠡ ᠶᠢᠨ ᠪᠡᠯᠡᠣᠡᠭᠡᠮᠵᠢ ᠶᠢ ᠠᠰᠢᠭᠯᠠᠨ᠂ ᠰᠣᠶᠣᠯ ᠤᠬᠠᠭᠤᠯᠣᠯ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠡᠷᠭᠡ ᠤᠯᠠᠨ ᠡᠰᠢᠲᠦ ᠴᠢᠳᠠᠮᠵᠢ ᠶᠢ ᠨᠢᠭᠡ ᠴᠤᠭᠴᠠᠵᠢᠭᠤᠯᠣᠭᠰᠠᠨ ᠦᠨᠳᠦᠰᠦᠨ ᠱᠠᠲᠤᠨ ᠤ ᠤᠯᠠᠨ ᠨᠡᠶᠢᠲᠡ ᠶᠢᠨ ᠶᠡᠷᠣᠩᠭᠡᠶᠢᠯᠡᠭᠰᠠᠨ ᠦᠢᠯᠡᠴᠢᠯᠡᠭᠡᠨ ᠤ ᠲᠥᠪ ᠢ ᠨᠢᠭᠡᠳᠣᠯᠳᠠᠢ ᠲᠦᠯᠣᠪᠯᠡᠵᠣ ᠪᠦᠳᠣᠭᠡᠨ ᠪᠠᠶᠢᠭᠤᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠣᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯᠵᠢᠯ ᠨᠠᠰᠤᠵᠢᠯ ᠤᠨ ᠠᠰᠠᠷᠠᠮᠵᠢ᠂ ᠡᠮᠴᠢᠯᠡᠭᠡ ᠡᠷᠡᠭᠦᠯ ᠬᠠᠮᠠᠭᠠᠯᠠᠯ ᠯᠤᠭ᠎ᠠ ᠬᠠᠷᠢᠯᠴᠠᠨ ᠠᠭᠤᠰᠣᠯᠴᠠᠭᠤᠯᠬᠤ ᠶᠢ ᠠᠬᠢᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠡᠷᠡᠭᠦᠯᠵᠢᠯ ᠤᠨ ᠬᠠᠮᠢᠶᠠᠷᠤᠯᠲᠠ ᠪᠠ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠨᠦᠭᠦᠴᠡᠯ ᠲᠠᠢ ᠭᠠᠵᠡᠷ ᠣᠷᠣᠨ ᠳᠤ ᠡᠮᠴᠢᠯᠡᠭᠡᠨ ᠤ ᠳᠠᠭᠠᠳᠬᠠᠯ ᠪᠡᠶ᠎ᠡ ᠴᠢᠬᠢᠷᠠᠭᠵᠢᠭᠤᠯᠬᠤ ᠶᠢᠨ ᠪᠦᠭᠦᠨ ᠳᠤ ᠲᠣᠬᠢᠷᠠᠬᠤ ᠺᠠᠷᠲ ᠶᠢ ᠬᠡᠷᠩᠵᠢᠭᠦᠯᠣᠨ᠎ᠠ᠃ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠪᠠ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠢ ᠥᠷᠭᠡᠨ ᠳᠡᠯᠭᠡᠷ ᠢᠶᠠᠷ ᠥᠷᠨᠢᠭᠦᠯᠭᠦ ᠶᠢ ᠠᠬᠢᠭᠤᠯᠣᠨ᠎ᠠ᠃ ᠡᠯ᠎ᠡ ᠭᠠᠵᠠᠷ ᠣᠷᠣᠨ ᠤ ᠲᠤᠰᠬᠠᠶ ᠵᠦᠢᠯ ᠤᠨ ᠲᠥᠯᠥᠪᠵᠢᠭᠦᠯᠭᠡ ᠲᠣᠭᠲᠠᠭᠠᠬᠤ ᠶᠢ ᠵᠣᠷᠢᠬᠵᠢᠭᠤᠯᠵᠣ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠨ ᠶᠢ ᠲᠠᠮᠵᠢᠬᠦ ᠪᠠ ᠬᠦᠳᠦᠯᠦᠨ ᠵᠢᠯᠤᠭᠤᠳᠴᠤ ᠭᠡᠭᠡᠷ᠎ᠡ ᠭᠠᠳᠠᠨᠠᠬᠢ ᠬᠤᠸᠠᠷᠠᠨ᠂ ᠶᠠᠪᠠᠭᠠᠨ ᠶᠠᠪᠣᠵᠣ ᠲᠣᠭᠤᠢ ᠣᠨᠣᠬᠤ ᠦᠢᠯᠡᠴᠢᠯᠡᠭᠡᠨ ᠤ ᠦᠷᠳᠡᠭᠡ᠂ ᠮᠠᠰᠢᠨ ᠲᠡᠷᠭᠡᠨ ᠤ ᠬᠡᠭᠡᠷ᠎ᠡ ᠪᠠᠭᠤᠳᠠᠯᠯᠠᠬᠤ ᠬᠤᠸᠠᠷᠠᠨ᠂ ᠠᠭᠠᠷ ᠤᠨ ᠠᠶᠠᠯᠠᠯ ᠤᠨ ᠨᠢᠰᠦᠯᠲᠡ ᠶᠢᠨ ᠬᠤᠸᠠᠷᠠᠨ᠂ ᠮᠥᠰᠥ ᠴᠠᠰᠤᠨ ᠤ ᠲᠠᠮᠢᠷ ᠤᠨ ᠲᠠᠯᠠᠪᠠᠶ ᠵᠡᠷᠭᠡ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠦᠢᠯᠡᠰ ᠢ ᠦᠷᠨᠢᠬᠦᠯᠦᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠯᠤᠭ᠎ᠠ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠠᠵᠤ ᠦᠢᠯᠡᠰ ᠤᠨ ᠣᠯᠠᠨ ᠡᠰᠢᠲᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠢᠳᠡᠪᠬᠢᠳᠠᠢ ᠪᠠᠷ ᠪᠤᠶᠢᠵᠢᠭᠤᠯᠣᠨ᠂ ᠨᠡᠶᠢᠭᠡᠮ ᠤᠨ ᠬᠥᠷᠥᠩᠭᠡ ᠶᠢ ᠲᠠᠲᠠᠨ ᠦᠢᠯᠡᠳᠬᠦᠨ ᠪᠠ ᠦᠢᠯᠡᠴᠢᠯᠡᠭᠡ ᠬᠠᠩᠭᠠᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠨᠡᠶᠢᠭᠡᠮᠵᠢᠯᠳᠠ᠂ ᠵᠠᠬ᠎ᠠ ᠳᠡᠯᠭᠡᠭᠦᠷᠵᠢᠯᠳᠠ ᠶᠢ ᠠᠬᠢᠭᠤᠯᠣᠨ᠎ᠠ᠃      ︵ᠳᠤᠯᠤᠭ᠎ᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠷᠮᠠᠰᠢᠭᠤᠯᠤᠨ ᠵᠣᠷᠢᠬᠵᠢᠭᠤᠯᠬᠤ ᠪᠠ ᠮᠡᠳᠡᠭᠡ ᠵᠠᠩᠭᠢ ᠶᠢᠨ ᠠᠵᠢᠯ ᠤᠨ ᠲᠣᠭᠲᠠᠴᠠ ᠶᠢ ᠪᠠᠶᠢᠭᠤᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠦᠨ ᠳᠤ ᠬᠤᠪᠢ ᠬᠤᠷᠠᠮᠳᠣᠭᠤᠯᠬᠤ ᠲᠦᠷᠢᠮ ᠢ ᠪᠠᠶᠢᠭᠤᠯᠵᠤ᠂ ᠤᠯᠠᠨ ᠵᠠᠮ ᠮᠦᠷ ᠢᠶᠠᠷ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠵᠣᠷᠢᠬᠵᠢᠭᠤᠯᠣᠨ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠳᠡᠮᠵᠢᠭᠦ ᠪᠠ ᠣᠷᠣᠯᠴᠠᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠨ ᠬᠥᠬᠢᠭᠦᠯᠣᠨ᠎ᠠ᠃ ᠮᠡᠳᠡᠭᠡ ᠵᠠᠩᠭᠢ ᠶᠢᠨ ᠦᠢᠯᠡᠴᠢᠯᠡᠭᠡᠨ ᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠪᠡᠶ᠎ᠡ ᠶᠢᠨ ᠲᠠᠮᠢᠷ ᠤᠨ ᠠᠵᠢᠯ ᠤᠨ ᠰᠠᠭᠤᠷᠢ ᠲᠤᠭ᠎ᠠ ᠪᠠᠷᠢᠮᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠠ᠂ ᠡᠯ᠎ᠡ ᠠᠶᠢᠮᠠᠭ ᠬᠤᠳᠠ ᠨᠤᠭᠤᠳ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠪᠡᠶ᠎ᠡ ᠶᠢᠨ ᠲᠠᠮᠢᠷ ᠤᠨ ᠲᠡᠯᠡᠪᠡᠢ᠂ ᠢᠷᠭᠡᠨ ᠤ ᠪᠡᠶ᠎ᠡ ᠮᠠᠬᠠᠪᠣᠣᠨ ᠤᠨ ᠬᠢᠨᠠᠨ ᠰᠢᠨᠵᠢᠯᠳᠠ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠨᠠᠶᠢᠷᠠᠭᠤᠯᠬᠤ᠂ ᠨᠡᠶᠢᠲᠡᠯᠡᠬᠦ ᠠᠵᠢᠯ ᠢ ᠰᠠᠶᠢᠲᠤᠷ ᠭᠢᠭᠦ ᠬᠡᠷᠩᠳᠠᠢ᠃      ︵ᠨᠠᠢᠮᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠢᠨᠠᠨ ᠰᠢᠨᠵᠢᠭᠦ ᠰᠢᠰᠲ᠋ᠧᠮᠵᠢ ᠶᠢ ᠪᠠᠶᠢᠭᠤᠯᠣᠨ᠎ᠠ᠃ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠣ ᠳᠤ ᠢᠷᠭᠡᠨ ᠤ ᠪᠡᠶ᠎ᠡ ᠮᠠᠬᠠᠪᠣᠣᠨ ᠢ ᠬᠢᠨᠠᠨ ᠰᠢᠨᠵᠢᠭᠦ ᠲᠥᠪ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠭᠵᠢᠭᠤᠯᠬᠤ ᠶᠢᠨ ᠵᠢᠭᠠᠨ ᠵᠢᠯᠣᠭᠤᠳᠬᠤ ᠦᠷᠲᠡᠭᠡ ᠪᠠᠶᠢᠭᠤᠯᠵᠣ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠳᠤᠮ ᠤᠨ ᠪᠡᠶ᠎ᠡ ᠮᠠᠬᠠᠪᠣᠣᠨ ᠢ ᠰᠢᠨᠵᠢᠨ ᠲᠣᠭᠳᠠᠭᠠᠬᠤ᠂ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠮᠠᠬᠠᠪᠣᠳ ᠤᠨ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢ ᠦᠷᠨᠢᠭᠦᠯᠵᠣ᠂ ᠡᠷᠡᠭᠦᠯᠵᠢᠯ ᠤᠨ ᠳᠠᠩᠰᠠ ᠡᠪᠬᠡᠮᠡᠯ ᠢ ᠪᠠᠶᠢᠭᠤᠯᠣᠨ᠂ ︽ᠲᠠᠮᠢᠷ ᠤᠨ ᠬᠥᠳᠡᠯᠭᠡᠭᠡᠨ ᠤ ᠵᠣᠷ︾ ᠭᠠᠷᠭᠠᠵᠣ᠂ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠬᠠᠩᠭᠠᠨ᠎ᠠ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠬᠢᠨᠠᠨ ᠰᠢᠨᠵᠢᠵᠤ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠢᠷᠭᠡᠨ ᠤ ᠪᠡᠶ᠎ᠡ ᠮᠠᠬᠠᠪᠣᠣᠨ ᠶᠢᠨ ᠴᠢᠨᠠᠷ ᠴᠢᠨᠰᠠᠭ᠎ᠠ ᠶᠢᠨ ᠰᠤᠷᠢᠯᠳᠠ ᠶᠢᠨ ᠬᠡᠮᠵᠢᠭᠦᠷᠯᠢᠭ ᠪᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠯᠡᠭᠦᠷ ᠤᠨ ᠲᠣᠣᠷᠵᠢᠭᠤᠯᠣᠯᠳᠠ ᠶᠢ ᠠᠬᠢᠭᠤᠯᠵᠣ᠂ ᠣᠶᠣᠨᠴᠢ ᠰᠤᠷᠢᠯᠳᠠ ᠪᠠ ᠤᠯᠠᠮᠵᠢᠯᠠᠯᠲᠤ ᠰᠤᠷᠢᠯᠳᠠ ᠶᠢᠨ ᠳᠡᠭᠡᠳᠦ ᠬᠡᠮᠵᠢᠶᠡᠨ ᠤ ᠠᠭᠤᠰᠣᠯᠴᠠᠯ ᠢ ᠠᠬᠢᠭᠤᠯᠣᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠦᠷ᠎ᠡ ᠪᠦᠲᠦᠭᠡᠯ ᠤᠨ ᠤᠯᠠᠷᠢᠭᠤᠯᠤᠯᠳᠠ ᠶᠢ ᠠᠬᠢᠭᠤᠯᠣᠨ᠎ᠠ᠃ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠦᠢᠯᠡᠳᠦᠯ ᠢ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠲᠠᠨ᠂ ᠪᠡᠶ᠎ᠡ ᠶᠢᠨ ᠲᠠᠮᠢᠷ ᠤᠨ ᠨᠢᠷᠤᠭᠤᠪᠴᠢ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ ᠪᠣᠯᠪᠠᠰᠤᠷᠠᠭᠤᠯᠵᠣ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠢᠨᠵᠢᠨ ᠰᠢᠯᠭᠠᠬᠤ ᠡᠩᠨᠡᠭᠡ ᠶᠢ ᠪᠠᠶᠢᠭᠤᠯᠵᠤ᠂ ︽ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ︾᠎ ᠳᠤ ᠭᠦᠷᠣᠭᠦᠯᠭᠦ ᠰᠢᠨᠵᠢᠨ ᠰᠢᠯᠭᠠᠬᠤ ᠶᠢ ᠦᠷᠨᠢᠭᠦᠯᠣᠨ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ ᠦᠨᠡᠮᠯᠡᠯ᠂ ᠲᠡᠮᠳᠡᠭ ᠣᠯᠭᠤᠵᠣ᠂ ᠨᠡᠩ ᠠᠷᠪᠢᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠳᠤ ᠣᠷᠣᠯᠴᠠᠬᠤ ᠶᠢ ᠬᠥᠲᠥᠯᠥᠨ ᠵᠢᠯᠣᠭᠤᠳᠣᠨ᠎ᠠ᠃ ᠨᠥᠬᠦᠴᠡᠯ ᠲᠠᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠤᠷᠢᠬᠵᠢᠭᠤᠯᠵᠦ ᠪᠡᠶ᠎ᠡ ᠮᠠᠬᠠᠪᠣᠣᠨ ᠤᠨ ᠴᠢᠨᠠᠷ ᠴᠢᠨᠰᠠᠭ᠎ᠠ ᠶᠢ ᠰᠢᠨᠵᠢᠨ ᠲᠣᠭᠲᠠᠭᠠᠬᠤ ᠪᠠ ᠲᠠᠮᠢᠷ ᠤᠨ ᠬᠥᠳᠡᠯᠭᠡᠭᠡᠨ ᠢᠶᠠᠷ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ ᠴᠣᠭᠴᠠ ᠶᠢ ᠡᠷᠬᠢᠯᠡᠭᠦᠯᠤᠨ᠂ ᠢᠷᠭᠡᠨ ᠤ ᠪᠡᠶ᠎ᠡ ᠮᠠᠬᠠᠪᠣᠣᠨ ᠤᠨ ᠴᠢᠨᠠᠷ ᠴᠢᠨᠰᠠᠭ᠎ᠠ ᠶᠢᠨ ᠰᠤᠷᠢᠯᠳᠠ ᠭᠢᠭᠦ᠂ ᠪᠡᠶ᠎ᠡ ᠴᠢᠭᠢᠷᠠᠭᠵᠢᠭᠤᠯᠬᠤ ᠯᠠᠪᠯᠠᠯᠭ᠎ᠠ ᠥᠭᠬᠦ ᠵᠡᠷᠭᠡ ᠦᠢᠯᠡᠴᠢᠯᠡᠭᠡ ᠶᠢ ᠥᠷᠨᠢᠭᠦᠯᠣᠨ᠎ᠠ᠃      ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠨ ᠤᠳᠤᠷᠢᠣᠠᠬᠤ ᠪᠠ ᠵᠣᠬᠢᠴᠠᠭᠤᠯᠬᠤ ᠪᠠᠨ ᠴᠢᠩᠭᠠᠣᠠᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠠᠪᠤᠳᠠᠯ ᠢ ᠴᠢᠬᠤᠯᠠ ᠪᠠᠶᠢᠷᠢᠨ ᠳᠤ ᠲᠠᠯᠪᠢᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠣ᠂ ᠬᠠᠮᠢᠶ᠎ᠠ ᠪᠥᠬᠦᠢ ᠭᠤᠣᠯᠳᠠᠯᠭ᠎ᠠ ᠲᠠᠢ ᠠᠵᠢᠯ ᠢ ᠵᠠᠰᠠᠭ ᠤᠨ ᠣᠷᠳᠣᠨ ᠤ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠦᠯᠭᠢᠨ ᠠᠬᠢᠭᠤᠯᠬᠤ ᠪᠠ ᠰᠢᠯᠭᠠᠨ ᠬᠢᠨᠠᠬᠤ ᠳᠤ ᠣᠷᠣᠭᠤᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠪᠡᠶ᠎ᠡ ᠶᠢᠨ ᠲᠠᠮᠢᠷ ᠤᠨ ᠠᠵᠤ ᠦᠢᠯᠡᠰ ᠪᠠ ᠪᠤᠰᠤᠳ ᠬᠠᠮᠢᠶ᠎ᠠ ᠪᠦᠬᠦᠢ ᠠᠵᠤ ᠦᠢᠯᠡᠰ ᠲᠤ ᠣᠷᠣᠭᠤᠯᠣᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠪᠣᠯᠪᠠᠰᠤᠨ ᠬᠤᠳᠠ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠨ ᠶᠢ ᠡᠭᠦᠳᠦᠨ ᠪᠠᠶᠢᠭᠤᠯᠬᠤ ᠶᠢ ᠰᠢᠯᠭᠠᠨ ᠲᠣᠭᠳᠠᠭᠠᠬᠤ ᠰᠢᠰᠲ᠋ᠧᠮᠵᠢ ᠳᠤ ᠣᠷᠣᠭᠤᠯᠵᠣ᠂ ᠤᠯᠠᠨ ᠨᠡᠶᠢᠳᠡ ᠶᠢᠨ ᠰᠣᠶᠣᠯ᠂ ᠡᠷᠡᠭᠦᠯᠵᠢᠯ᠂ ᠡᠷᠡᠭᠦᠯ ᠬᠠᠮᠠᠭᠠᠯᠠᠯ᠂ ᠨᠠᠰᠤᠵᠢᠯ᠂ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ ᠪᠠ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠠᠵᠢᠯ ᠳᠤ ᠣᠷᠣᠭᠤᠯᠵᠣ᠂ ᠭᠤᠷᠪᠠ ᠶᠢ ᠣᠷᠣᠭᠤᠯᠬᠤ ᠠᠴᠠ ᠪᠠᠨ ᠤᠯᠠᠨ ᠵᠦᠢᠯ ᠢ ᠣᠷᠣᠭᠤᠯᠵᠤ ᠳᠡᠰᠢ ᠬᠥᠭᠵᠢᠭᠦᠯᠬᠦ ᠶᠢ ᠪᠡᠶᠡᠯᠡᠭᠦᠯᠣᠨ᠎ᠠ᠃ ᠡᠯ᠎ᠡ ᠱᠠᠲᠤᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠯᠠᠭ᠎ᠠ ᠮᠥᠴᠢᠷ ᠤᠳ ᠬᠠᠮᠲᠤᠷᠠᠨ ᠬᠠᠮᠵᠢᠯᠴᠠᠬᠤ ᠪᠠᠨ ᠴᠢᠩᠭᠠᠣᠠᠬᠠᠨ᠂ ᠪᠡᠶ᠎ᠡ ᠶᠢᠨ ᠲᠠᠮᠢᠷ ᠤᠨ ᠪᠡᠯᠡᠣᠡᠭᠡᠮᠵᠢ ᠳᠤ ᠬᠡᠷᠡᠭᠯᠡᠬᠦ ᠭᠠᠵᠠᠷ ᠢ ᠬᠤᠳᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠ ᠣᠨ ᠤ ᠭᠠᠵᠠᠷ ᠬᠡᠷᠡᠭᠯᠡᠬᠦ ᠲᠥᠯᠥᠪᠯᠡᠭᠡ ᠳᠤ ᠣᠷᠣᠭᠤᠯᠵᠣ᠂ ᠭᠠᠵᠠᠷ ᠰᠢᠷᠣᠶ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠳᠠᠢ ᠲᠣᠬᠢᠷᠠᠭᠤᠯᠣᠨ᠂ ᠴᠢᠳᠠᠮᠵᠢ ᠨᠢ ᠪᠦᠷᠢᠨ ᠲᠡᠭᠦᠯᠳᠡᠷ ᠶᠡᠷᠦᠩᠬᠡᠶᠢᠯᠡᠭᠰᠡᠨ ᠴᠢᠨᠠᠷᠲᠠᠶ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠠᠴᠢᠶᠠᠯᠠᠪᠤᠷᠢ ᠶᠢ ᠪᠠᠶᠢᠭᠤᠯᠵᠤ᠂ ᠡᠷᠡᠭᠦᠯᠵᠢᠯ ᠢ ᠠᠬᠢᠭᠤᠯᠬᠤ᠂ ᠨᠠᠰᠤᠵᠢᠯ ᠤᠨ ᠦᠢᠯᠡᠴᠢᠯᠡᠭᠡᠨ ᠤ ᠳᠤᠮᠳᠠᠬᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠦᠢᠯᠡᠳᠦᠯ ᠢ ᠭᠦᠢᠴᠡᠣᠨ ᠪᠠᠳᠠᠷᠠᠭᠤᠯᠣᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ ᠠᠵᠢᠯ ᠲᠥᠷᠥᠯ ᠪᠠ ᠨᠡᠶᠢᠭᠡᠮ ᠤᠨ ᠡᠯ᠎ᠡ ᠡᠲᠡᠭᠡᠳ ᠤᠨ ᠪᠡᠶ᠎ᠡ ᠶᠢᠨ ᠲᠠᠮᠢᠷ ᠡᠷᠬᠢᠯᠡᠭᠦ ᠶᠢ ᠠᠬᠢᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠣᠨ᠎ᠠ᠃      ︵ᠬᠤᠶᠠᠷ︶ ᠪᠡᠯᠡ ᠮᠦᠩᠭᠦ ᠶᠢᠨ ᠣᠷᠣᠭᠤᠯᠣᠯᠳᠠ ᠪᠠ ᠬᠠᠮᠢᠶᠠᠷᠣᠯᠳᠠ ᠪᠠᠨ ᠴᠢᠩᠭᠠᠷᠠᠭᠤᠯᠣᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠣᠷᠣᠭᠤᠯᠤᠯᠲᠠ ᠪᠠᠨ ᠠᠯᠬᠤᠮ ᠠᠯᠬᠤᠮ ᠢᠶᠠᠷ ᠨᠡᠮᠡᠭᠳᠡᠭᠦᠯᠭᠦ ᠬᠡᠷᠩᠳᠠᠢ᠃ ᠲᠤᠰ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠡᠷᠡᠭᠯᠡᠵᠣ ᠪᠠᠶᠢᠭ᠎ᠠ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠦᠩᠭᠦ ᠶᠢᠨ 70%᠎ ᠶᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠵᠠᠷᠣᠴᠠᠭᠤᠯᠣᠨ᠎ᠠ᠃ ᠪᠡᠯᠡ ᠲᠣᠬᠢᠷᠠᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠬᠥᠲᠥᠯᠥᠨ ᠵᠢᠯᠣᠭᠤᠣᠠᠬᠤ᠂ ᠨᠡᠶᠢᠭᠡᠮ ᠤᠨ ᠬᠦᠷᠦᠩᠭᠡ ᠶᠢᠨ ᠬᠠᠮᠲᠤ ᠪᠠᠷ ᠣᠷᠣᠯᠴᠠᠭᠰᠠᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠣ᠂ ᠨᠡᠶᠢᠭᠡᠮ ᠤᠨ ᠤᠯᠠᠨ ᠨᠡᠶᠢᠳᠡ ᠶᠢ ᠬᠥᠲᠥᠯᠥᠨ ᠵᠢᠯᠣᠭᠤᠳᠴᠤ ᠪᠠᠶᠢᠭᠠᠳ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠨᠡᠮᠡᠷᠢ ᠬᠠᠨᠳᠢᠪ ᠬᠢᠯᠭᠡᠨ᠎ᠠ᠃ ᠨᠡᠶᠢᠭᠡᠮ ᠤᠨ ᠬᠦᠴᠦᠨ ᠠᠴᠠ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠢᠶᠠᠷ ᠳᠡᠮᠵᠢᠭᠤᠯᠣᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠬᠡᠷᠩᠯᠡᠭᠦᠯᠬᠦ ᠪᠠᠷ ᠡᠷᠬᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠠᠨᠳᠢᠪᠯᠡᠯ ᠤᠨ ᠬᠢᠨᠢ ᠭᠠᠶᠢᠯᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠬᠦ ᠬᠡᠰᠡᠭ ᠢ ᠨᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠪᠤᠳᠤᠬᠤ ᠳᠠᠭᠠᠨ ᠬᠠᠤᠯᠢ ᠶᠣᠰᠣᠭᠠᠷ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠣᠭᠠᠨ ᠤ ᠳᠣᠲᠣᠷ᠎ᠠ ᠠᠴᠠ ᠬᠠᠰᠤᠵᠤ ᠭᠠᠷᠭᠠᠨ᠎ᠠ᠃ ᠠᠵᠤ ᠠᠬᠤᠶ ᠭᠦᠭᠵᠢᠭᠡᠳᠣᠢ ᠭᠠᠵᠠᠷ ᠣᠷᠣᠨ ᠪᠠ ᠪᠠᠭᠤᠷᠠᠶᠢᠴᠤᠤᠯ ᠤᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠵᠠᠷᠤᠳᠠᠯ ᠢᠶᠠᠷ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠣᠨ᠂ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠠ ᠰᠠᠭᠤᠷᠢ ᠴᠢᠨᠠᠷᠲᠠᠶ ᠪᠦᠳᠦᠭᠡᠠ ᠪᠠᠶᠢᠭᠤᠯᠤᠯᠲᠠ ᠶᠢ ᠴᠢᠩᠭᠠᠣᠠᠭᠵᠣ᠂ ᠲᠣᠪᠤᠶᠢᠮ᠎ᠠ ᠠᠰᠠᠭᠤᠳᠠᠯ ᠢ ᠰᠢᠢᠣᠡᠪᠣᠷᠢᠯᠡᠨ᠂ ᠭᠤᠣᠯᠳᠠᠯᠭ᠎ᠠ ᠲᠠᠢ ᠣᠷᠣᠭᠤᠯᠤᠯᠲᠠ ᠶᠢ ᠪᠠᠲᠤᠯᠠᠨ᠎ᠠ᠃      ︵ᠭᠤᠷᠪᠠ︶ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠤᠨ ᠪᠠᠲᠤᠯᠠᠭ᠎ᠠ ᠶᠢ ᠴᠢᠩᠭᠠᠷᠠᠭᠤᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ ᠡᠷᠴᠢᠮ ᠢ ᠴᠢᠩᠭᠠᠷᠠᠭᠤᠯᠵᠤ᠂ ᠠᠷᠠᠳ ᠢᠷᠭᠡᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠡᠷᠬᠡ ᠪᠠ ᠪᠡᠶ᠎ᠡ ᠴᠢᠭᠢᠷᠠᠭᠵᠢᠭᠤᠯᠬᠤ ᠶᠢᠨ ᠠᠮᠤᠷ ᠲᠦᠪᠰᠢᠨ ᠢ ᠬᠠᠤᠯᠢ ᠶᠣᠰᠣᠭᠠᠷ ᠪᠠᠲᠤᠯᠠᠬᠤ ᠬᠡᠷᠩᠳᠠᠢ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠠᠤᠯᠢ ᠬᠡᠷᠡᠭᠵᠢᠬᠦᠯᠬᠦ ᠲᠣᠭᠳᠠᠴᠨ ᠪᠠ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠬᠢ ᠪᠠᠶᠠᠯᠢᠭ ᠢ ᠠᠰᠢᠭᠯᠠᠨ ᠤᠯᠠᠨ ᠶᠠᠩᠵᠤ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠬᠢᠨᠠᠯᠳᠠ ᠬᠠᠮᠢᠶᠠᠷᠣᠯᠳᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠣᠨ ᠲᠤᠰ ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠴᠢᠩᠭ᠎ᠠ ᠬᠢᠨᠠᠯᠲᠠ ᠲᠠᠯᠪᠢᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠵᠤ ᠪᠠᠶᠢᠴᠠᠭᠠᠬᠤ ᠡᠭᠦᠷᠭᠡ ᠴᠢᠳᠠᠪᠣᠷᠢ ᠶᠢ ᠬᠠᠤᠯᠢ ᠶᠣᠰᠣᠭᠠᠷ ᠴᠢᠩᠭᠠᠳᠬᠠᠵᠤ᠂ ᠬᠡᠷᠩᠵᠢᠭᠦᠯᠭᠦ ᠲᠥᠯᠥᠪᠯᠡᠭᠡ ᠶᠢᠨ ᠤᠷᠤᠭᠰᠢᠲᠠᠶ ᠬᠡᠷᠡᠭᠵᠢᠭᠦᠯᠣᠭ᠍ᠳᠡᠭᠦ ᠶᠢ ᠪᠠᠳᠣᠯᠠᠨ᠎ᠠ᠃      ︵ᠲᠦᠷᠪᠡ︶ ᠶᠠᠪᠤᠴᠨ ᠶᠢᠨ ᠬᠢᠨᠠᠯᠳᠠ ᠬᠠᠮᠢᠶᠠᠷᠣᠯᠳᠠ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠴᠢᠩᠳᠠᠯᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2016 — 2020 ᠣᠨ︶︾᠎ ᠶᠢ ᠲᠣᠭᠳᠠᠭᠠᠵᠣ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ ᠠᠵᠢᠯ ᠬᠤᠪᠢᠶᠠᠷᠢᠯᠠᠯ ᠢᠶᠠᠨ ᠲᠣᠳᠣᠷᠬᠠᠶᠢᠯᠠᠵᠣ᠂ ᠬᠢᠨᠠᠯᠳᠠ ᠳᠠᠯᠪᠢᠵᠣ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠣᠨ ᠤ ᠠᠵᠢᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠣ᠂ ᠠᠬᠢᠭᠤᠯᠬᠤ ᠠᠯᠬᠤᠮ ᠲᠠᠷᠠᠭᠠᠯᠠᠯ ᠢ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠯᠥᠪᠵᠢᠭᠦᠯᠭᠡ ᠳᠤ ᠣᠷᠣᠭᠤᠯᠬᠤ᠂ ᠵᠠᠷᠤᠳᠠᠯ ᠢ ᠵᠢᠭᠰᠠᠭᠠᠨ ᠵᠠᠷᠤᠴᠠᠭᠤᠯᠬᠤ᠂ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭ᠎ᠠ ᠥᠷᠨᠢᠭᠦᠯᠭᠦ᠂ ᠲᠡᠳᠬᠦᠨ ᠲᠡᠮᠵᠢᠵᠦ ᠬᠥᠲᠥᠯᠥᠨ ᠵᠢᠯᠣᠭᠤᠳᠬᠤ ᠪᠠ ᠬᠢᠨᠠᠯᠳᠠ ᠬᠠᠮᠢᠶᠠᠷᠣᠯᠳᠠ ᠵᠡᠷᠭᠡ ᠲᠠᠯ᠎ᠠ ᠶᠢᠨ ᠠᠵᠢᠯ ᠳᠤ ᠴᠢᠭᠯᠡᠭᠦᠯᠦᠨ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠬᠦᠢᠴᠡᠳᠭᠡᠯ ᠲᠤᠭ᠎ᠠ ᠶᠢᠨ ᠰᠢᠰᠲ᠋ᠤᠮᠵᠢ ᠶᠢ ᠪᠠᠶᠢᠭᠤᠯᠵᠣ᠂ ᠭᠤᠷᠪᠠᠳᠠᠬᠢ ᠡᠲᠡᠭᠡᠳ ᠢᠶᠠᠷ ᠦᠨᠡᠯᠡᠨ ᠵᠢᠱᠢᠯᠲᠡ ᠪᠠ ᠨᠡᠶᠢᠭᠡᠮ ᠤᠨ ᠰᠡᠣᠡᠬᠢᠯ ᠬᠠᠨᠤᠮᠵᠢᠳᠠᠢ ᠪᠠᠶᠢᠬᠤ ᠭᠡᠮᠵᠢᠶ᠎ᠠ ᠶᠢ ᠪᠠᠶᠢᠴᠠᠭᠠᠯᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠤᠣᠯ ᠬᠠᠷᠠᠯᠲᠠ ᠪᠠ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠠᠷᠭ᠎ᠠ ᠬᠡᠮᠵᠢᠶ᠎ᠡ ᠪᠣᠯᠣᠨ ᠶᠠᠪᠣᠭᠳᠠᠭᠤᠯᠵᠣ ᠪᠠᠶᠢᠭ᠎ᠠ ᠪᠠᠶᠢᠳᠠᠯ ᠳᠤ ᠲᠤᠰᠬᠠᠶ ᠵᠦᠢᠯ ᠤᠨ ᠦᠨᠡᠯᠡᠨ ᠵᠢᠱᠢᠯᠳᠠ ᠬᠢᠵᠣ᠂ ᠤᠯᠠᠨ ᠲᠠᠯ᠎ᠠ ᠪᠠᠷ ᠬᠢᠨᠠᠯᠲᠠ ᠲᠠᠯᠪᠢᠵᠤ ᠬᠠᠷᠢᠭᠤ ᠲᠤᠰᠬᠠᠬᠤ ᠲᠣᠭᠲᠠᠴᠠ ᠶᠢ ᠪᠤᠢ ᠪᠣᠯᠭᠠᠨ᠎ᠠ᠃ 2020 ᠣᠨ ᠪᠣᠯᠳᠠᠯ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠯᠴᠠᠨ᠂ ᠲᠤᠰ ᠭᠠᠵᠠᠷ ᠣᠷᠣᠨ ᠤ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2016 — 2020 ᠣᠨ︶︾᠎ ᠶᠢ ᠬᠡᠷᠡᠭᠵᠢᠭᠦᠯᠦᠭᠰᠡᠨ ᠪᠠᠶᠢᠳᠠᠯ ᠳᠤ ᠪᠦᠬᠦ ᠲᠠᠯ᠎ᠠ ᠪᠠᠷ ᠦᠨᠡᠯᠡᠨ ᠵᠢᠱᠢᠯᠳᠠ ᠬᠢᠬᠦ ᠶᠢᠨ ᠬᠠᠮᠳᠣ᠂ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠭᠦ ᠬᠡᠷᠩᠳᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map