ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠬᠦ ᠳᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/2/16
                 ᠥᠪᠥᠷ ᠵᠠᠰᠠᠭ ᠲᠠᠷᠬᠠᠭᠠᠭᠰᠠᠨ ﹇2016﹈ 106 ᠳ᠋ᠤᠭᠠᠷ ᠲᠣᠭᠠᠲᠤ                       2016 ᠣᠨ ᠤ 9 ᠳ᠋ᠤᠭᠡᠷ ᠰᠠᠷ᠎ᠠ ᠶᠢᠨ 12᠎ ᠤᠨ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2016﹈ 14 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠦᠨ᠂ ᠬᠤᠲᠠ ᠬᠥᠳᠡᠭᠡ ᠶᠢᠨ ᠨᠢᠭᠡᠳᠦᠯᠲᠡᠶ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠪᠦᠷᠢᠨᠰᠢᠬᠦᠯᠬᠦ ᠶᠢᠨ ᠲᠤᠰᠠᠳᠠ᠂ ᠮᠠᠨ ᠤ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠳᠡ ᠲᠠᠢ᠂ ᠬᠠᠮᠲᠤ ᠪᠠᠷ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠪᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠮᠠᠨ ᠤ ᠣᠷᠣᠨ ᠤ ᠬᠤᠳᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠦᠰ ᠤᠨ ᠲᠤᠪᠤᠶᠢᠮ᠎ᠠ ᠬᠦᠴᠢᠷᠳᠡᠯ ᠢ ᠰᠢᠢᠳᠪᠦᠷᠢᠯᠡᠬᠦ᠂ ᠬᠤᠳᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠦᠰ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠨ᠂ ᠪᠦᠬᠦᠨ ᠢ ᠪᠠᠳᠤᠯᠠᠵᠦ ᠠᠰᠠᠷᠠᠨ ᠲᠡᠵᠢᠭᠡᠬᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ᠂ ᠵᠣᠬᠢᠰᠲᠠᠶ ᠪᠠᠲᠤᠯᠠᠬᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠬᠦᠷᠲᠡᠬᠦ ᠪᠠᠷ ᠦᠨᠳᠦᠰᠦᠨ ᠵᠠᠷᠴᠢᠮ ᠪᠣᠯᠭᠠᠵᠤ᠂ ᠲᠦᠷᠢᠮ ᠢ ᠪᠦᠷᠢᠨᠰᠢᠭᠦᠯᠬᠦ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠪᠠᠶᠢᠭᠤᠯᠤᠯ ᠢ ᠰᠢᠯᠤᠭᠤᠳᠬᠠᠬᠤ᠂ ᠲᠣᠭᠲᠠᠴᠠ ᠶᠢ ᠪᠦᠷᠢᠨᠰᠢᠭᠦᠯᠬᠦ ᠶᠢ ᠴᠢᠩᠭ᠎ᠠ ᠠᠳᠬᠤᠵᠤ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭᠠᠲᠤ ᠡᠷᠦᠬᠡ ᠶᠢ ᠠᠰᠠᠷᠠᠨ ᠲᠡᠵᠢᠭᠡᠬᠦ ᠪᠠ ᠬᠤᠳᠠ ᠶᠢᠨ ︽ᠭᠤᠷᠪᠠ ᠥᠭᠡᠢ︾ ᠬᠥᠮᠦᠰ ᠤᠨ ᠪᠠᠲᠤᠯᠠᠭ᠎ᠠ ᠶᠢᠨ ᠲᠦᠷᠢᠮ ᠢ ᠬᠤᠲᠠ ᠬᠥᠳᠡᠭᠡ ᠶᠢᠨ ᠨᠢᠭᠡᠳᠦᠯᠲᠡᠶ ᠣᠨᠴᠠ ᠬᠦᠴᠢᠷᠳᠡᠯ ᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠪᠣᠯᠭᠠᠨ ᠨᠢᠭᠡᠳᠬᠡᠨ᠎ᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ᠂ ᠨᠡᠶᠢᠭᠡᠮ ᠤᠨ ᠠᠪᠤᠷᠠᠨ ᠲᠤᠰᠠᠯᠠᠬᠤ ᠪᠤᠰᠤᠳ ᠳᠦᠷᠢᠮ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠰᠠᠷᠠᠮᠵᠢ ᠶᠢᠨ ᠲᠦᠷᠢᠮ ᠲᠠᠢ ᠵᠤᠯᠭᠠᠯᠳᠤᠭᠰᠠᠨ ᠣᠨᠴᠠ ᠬᠦᠴᠢᠷᠳᠡᠯᠳᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠪᠠᠶᠢᠭᠤᠯᠵᠤ᠂ ᠨᠥᠬᠦᠴᠡᠯ ᠲᠤ ᠨᠡᠶᠢᠴᠡᠬᠦ ᠣᠨᠴᠠ ᠬᠦᠴᠢᠷᠳᠡᠯᠲᠡᠢ ᠬᠥᠮᠥᠨ ᠪᠦᠬᠦᠨ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠳᠠᠳᠠᠨ ᠤ ᠠᠮᠢᠳᠤᠷᠠᠯ ᠤᠨ ᠦᠨᠳᠦᠰᠦᠨ ᠡᠷᠬᠡ ᠠᠰᠢᠭ ᠢ ᠦᠨᠡᠨᠬᠦ ᠬᠠᠮᠠᠭᠠᠯᠠᠨ᠎ᠠ᠃      ᠬᠤᠶᠠᠷ᠂ ᠳᠦᠷᠢᠮ ᠤᠨ ᠠᠭᠤᠯᠭ᠎ᠠ      ︵ᠨᠢᠭᠡ︶ ᠡᠲᠡᠭᠡᠳ ᠤᠨ ᠬᠦᠷᠢᠶ᠎ᠡ ᠬᠡᠪᠴᠢᠶ᠎ᠡ᠃ ᠬᠤᠳᠠ ᠬᠥᠳᠡᠭᠡ ᠶᠢᠨ ᠨᠠᠰᠤᠲᠠᠶᠢᠴᠤᠳ᠂ ᠵᠡᠮᠳᠡᠭᠴᠦᠳ ᠵᠢᠴᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠤᠶᠢᠯᠦ ᠬᠦᠷᠦᠭᠰᠡᠦᠠ ᠪᠣᠯᠬᠤ ᠮᠥᠷᠲᠡᠭᠡᠨ ᠳᠣᠣᠷᠠᠬᠢ ᠨᠥᠬᠦᠴᠡᠯ ᠢ ᠬᠠᠮᠲᠤ ᠳᠤᠨᠢ ᠪᠦᠷᠢᠯᠳᠦᠭᠦᠯᠦᠭᠰᠡᠨ ᠪᠠᠶᠢᠪᠠᠯ᠂ ᠣᠨᠴᠠ ᠬᠦᠴᠢᠷᠳᠡᠯᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶ᠎ᠡ ᠳᠤ ᠬᠠᠤᠯᠢ ᠶᠣᠰᠣᠭᠠᠷ ᠣᠷᠣᠭᠤᠯᠤᠨ᠎ᠠ᠃      ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ ᠤᠨ ᠢᠷᠡᠯᠲᠡ ᠦᠭᠡᠢ᠂ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠵᠦ ᠠᠰᠠᠷᠠᠨ ᠲᠡᠵᠢᠭᠡᠬᠦ ᠡᠭᠦᠷᠭᠡ ᠪᠦᠬᠦᠢ ᠬᠥᠮᠦᠨ ᠦᠭᠡᠢ ᠪᠤᠶᠤ ᠲᠡᠳᠡᠨ ᠤ ᠬᠠᠤᠯᠢ ᠪᠠᠷ ᠲᠣᠭᠲᠠᠭᠠᠭᠰᠠᠨ ᠡᠭᠦᠷᠭᠡ ᠪᠦᠬᠦᠢ ᠬᠥᠮᠦᠨ ᠨᠢ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠢ ᠪᠠᠶᠢᠬᠤ᠃      ᠮᠠᠭᠠᠳᠯᠠᠨ ᠲᠣᠭᠲᠠᠭᠠᠬᠤ ᠪᠣᠳᠠᠲᠠᠶ ᠠᠷᠭ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠭᠦᠢᠴᠡᠳᠬᠡᠬᠦ ᠳᠡᠰ ᠳᠠᠷᠠᠭᠠᠯᠠᠯ᠃      1. ᠭᠤᠶᠤᠴᠢᠯᠠᠬᠤ ᠳᠡᠰ ᠳᠠᠷᠠᠭᠠᠯᠠᠯ᠃ ᠣᠨᠴᠠ ᠬᠦᠴᠢᠷᠳᠡᠯᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠶᠢ ᠭᠤᠶᠤᠴᠢᠯᠠᠬᠤ ᠳᠤ᠂ ᠲᠤᠰ ᠬᠦᠮᠦᠨ ᠨᠢ ᠪᠡᠶ᠎ᠡ ᠪᠠᠷ ᠢᠶᠠᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠪᠢᠴᠢᠭ ᠢᠶᠠᠷ ᠭᠤᠶᠤᠴᠢᠯᠠᠯ ᠭᠠᠷᠭᠠᠵᠤ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠬᠥᠳᠡᠯᠮᠦᠷᠢᠯᠡᠬᠦ ᠴᠢᠳᠠᠪᠤᠷᠢ᠂ ᠠᠮᠢᠳᠤᠷᠠᠯ ᠤᠨ ᠢᠷᠡᠯᠲᠡ ᠵᠢᠴᠢ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠲᠤᠲᠤᠷᠬᠠᠶᠢᠯᠠᠨ᠎ᠠ᠃ ᠭᠡᠷᠪᠡ ᠲᠤᠰ ᠬᠦᠮᠦᠨ ᠨᠢ ᠪᠡᠶ᠎ᠡ ᠪᠠᠷ ᠢᠶᠠᠨ ᠭᠤᠶᠤᠴᠢᠯᠠᠯ ᠬᠢᠬᠦ ᠳᠤ ᠬᠦᠴᠢᠷᠲᠡᠶ ᠪᠠᠶᠢᠪᠠᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠤ ᠨᠠᠶᠢᠳᠠᠬᠤ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠪᠤᠶᠤ ᠪᠤᠰᠤᠳ ᠬᠥᠮᠦᠨ ᠲᠡᠭᠦᠨ ᠢ ᠣᠷᠣᠯᠠᠨ ᠭᠤᠶᠤᠴᠢᠯᠠᠵᠤ ᠪᠣᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠭᠤᠶᠤᠴᠢᠯᠠᠭᠴᠢ ᠶᠢᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ ᠳᠤᠰ ᠬᠦᠮᠦᠨ ᠤ ᠭᠤᠶᠤᠴᠢᠯᠠᠭᠰᠠᠨ ᠵᠦᠢᠯ ᠤᠳ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠂ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠲᠡᠷᠡ ᠳᠠᠷᠤᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠭᠤᠶᠤᠴᠢᠯᠠᠭᠰᠠᠨ ᠮᠠᠲ᠋ᠧᠷᠢᠶᠠᠯ ᠨᠢ ᠭᠦᠢᠴᠡᠳ ᠪᠢᠰᠢ ᠪᠠᠶᠢᠪᠠᠯ᠂ ᠭᠤᠶᠤᠴᠢᠯᠠᠭᠴᠢ ᠳᠤ ᠨᠥᠬᠦᠪᠥᠷᠢᠯᠡᠬᠦ ᠴᠢᠬᠤᠯᠠᠲᠠᠶ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ︔ ᠨᠥᠬᠦᠴᠡᠯ ᠳᠤ ᠢᠯᠡᠷᠬᠡᠶ ᠨᠡᠶᠢᠴᠡᠬᠦ ᠦᠭᠡᠢ ᠪᠤᠶᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠬᠤ ᠶᠢᠨ ᠬᠠᠮᠲᠤ ᠲᠡᠭᠦᠨ ᠳᠤ ᠬᠦᠯᠢᠶᠡᠨ ᠠᠪᠴᠤ ᠰᠢᠢᠳᠪᠦᠷᠢᠯᠡᠭᠰᠡᠨ ᠦᠬᠡᠢ ᠪᠠᠶᠢᠬᠤ ᠶᠢᠨ ᠤᠴᠢᠷ ᠰᠢᠯᠲᠠᠭᠠᠨ ᠢ ᠪᠢᠴᠢᠭ ᠢᠶᠠᠷ ᠮᠡᠳᠡᠭᠳᠡᠨ᠎ᠡ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠵᠢᠴᠢ ᠭᠠᠴᠠᠭ᠎ᠠ ᠲᠣᠰᠬᠤᠨ ᠤ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠎ ᠨᠢ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤᠨᠢ ᠤᠶᠢᠢᠯᠠᠭᠠᠨ ᠡᠵᠡᠮᠰᠢᠵᠦ᠂ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠥᠮᠦᠰ ᠤᠨ ᠨᠥᠬᠦᠴᠡᠯ ᠳᠤ ᠨᠡᠶᠢᠴᠡᠭᠰᠡᠨ ᠬᠦᠮᠦᠰ ᠢ ᠮᠡᠳᠡᠪᠡᠯ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠲᠡᠳᠡᠨ ᠳᠤ ᠬᠡᠯᠡᠵᠦ ᠦᠭᠬᠦᠨ᠎ᠡ᠃ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠵᠡᠷᠭᠡ ᠪᠡᠶ᠎ᠡ ᠪᠠᠨ ᠳᠠᠭᠠᠭᠠᠵᠤ ᠭᠤᠶᠤᠴᠢᠯᠠᠬᠤ ᠶᠢᠨ ᠠᠷᠭ᠎ᠠ ᠦᠭᠡᠢ ᠪᠠᠶᠢᠪᠠᠯ᠂ ᠲᠡᠳᠡᠨ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠤᠶᠤᠴᠢᠯᠠᠯ ᠬᠢᠵᠤ ᠦᠭᠴᠤ ᠪᠤᠯᠤᠨ᠎ᠠ᠃      2. ᠬᠢᠨᠠᠨ ᠬᠠᠷᠭᠤᠭᠤᠯᠬᠤ ᠳᠡᠰ ᠳᠠᠷᠠᠭᠠᠯᠠᠯ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠭᠤᠶᠤᠴᠢᠯᠠᠯ ᠢ ᠬᠦᠯᠢᠶᠡᠨ ᠠᠪᠤᠬᠰᠠᠨ ᠤ ᠳᠠᠷᠠᠭ᠎ᠠ᠂ ᠡᠷᠦᠭᠡ ᠳᠤ ᠣᠴᠢᠵᠤ ᠪᠠᠶᠢᠴᠠᠭᠠᠬᠤ᠂ ᠬᠥᠷᠰᠢ ᠵᠡᠷᠭᠡᠯᠡᠳᠡᠭᠡ ᠠᠴᠠ ᠨᠢ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠣᠯᠬᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ᠂ ᠠᠵᠤ ᠠᠬᠤᠶ ᠶᠢᠨ ᠪᠠᠶᠢᠳᠠᠯ ᠢ ᠨᠢ ᠬᠠᠷᠭᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠶᠤᠴᠢᠯᠠᠭᠴᠢ ᠶᠢᠨ ᠣᠷᠣᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠵᠢᠴᠢ ᠪᠤᠰᠤᠳ ᠭᠡᠷᠡᠴᠢ ᠮᠠᠲ᠋ᠧᠷᠢᠶᠠᠯ ᠵᠡᠷᠭᠡ ᠳᠠᠯ᠎ᠠ ᠶᠢ ᠨᠢ ᠪᠠᠶᠢᠴᠠᠭᠠᠨ ᠬᠢᠨᠠᠨ ᠬᠠᠷᠭᠤᠭᠤᠯᠤᠭᠠᠳ᠂ 20 ᠠᠵᠢᠯᠯᠠᠬᠤ ᠡᠳᠦᠷ ᠤᠨ ᠳᠣᠲᠣᠷ᠎ᠠ ᠠᠩᠬ᠎ᠠ ᠬᠢᠨᠠᠬᠰᠠᠨ ᠰᠠᠨᠠᠯ ᠢᠶᠠᠨ ᠳᠤᠷᠠᠳᠬᠤ ᠶᠢᠨ ᠬᠠᠮᠲᠤ᠂ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠠ᠂ ᠢᠯᠡ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠴᠦᠬᠡᠨ ᠪᠠᠶᠢᠯᠭᠠᠵᠤ ᠪᠣᠯᠬᠤ ᠦᠭᠡᠢ᠃ ᠢᠯᠡ ᠨᠡᠶᠢᠲᠡᠯᠡᠬᠦ ᠪᠠᠷ ᠳᠠᠮᠵᠢᠭᠠᠳ ᠮᠠᠳᠠᠭ ᠦᠭᠡᠢ ᠪᠠᠶᠢᠪᠠᠯ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠳᠤ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠦᠨ᠎ᠡ︔ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠤᠴᠢᠷ ᠰᠢᠯᠲᠠᠭᠠᠨ ᠢ ᠨᠢ ᠪᠢᠴᠢᠭ ᠢᠶᠠᠷ ᠮᠡᠳᠡᠭᠳᠡᠨ᠎ᠡ᠃ ᠭᠤᠶᠤᠴᠢᠯᠠᠭᠴᠢ ᠵᠢᠴᠢ ᠬᠤᠯᠪᠣᠭᠳᠠᠯ ᠪᠦᠭᠦᠢ ᠨᠢᠭᠡᠴᠡ᠂ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠨᠢ ᠪᠠᠶᠢᠴᠠᠭᠠᠯᠲᠠ ᠬᠢᠬᠦ ᠳᠤ ᠬᠠᠮᠵᠢᠯᠴᠠᠨ᠂ ᠬᠤᠯᠪᠣᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠬᠠᠩᠭᠠᠨ᠎ᠠ᠃      3. ᠬᠢᠨᠠᠨ ᠵᠥᠪᠰᠢᠶᠡᠷᠡᠬᠦ ᠲᠡᠰ ᠳᠠᠷᠠᠭᠠᠯᠠᠯ᠃ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠮᠡᠳᠡᠭᠦᠯᠦᠭᠰᠡᠨ ᠪᠠᠶᠢᠴᠠᠭᠠᠯᠲᠠ ᠶᠢᠨ ᠮᠠᠲ᠋ᠧᠷᠢᠶᠠᠯ ᠪᠣᠯᠤᠨ ᠬᠢᠨᠠᠨ ᠬᠠᠷᠭᠤᠭᠤᠯᠤᠬᠰᠠᠨ ᠰᠠᠨᠠᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠬᠤ ᠶᠢᠨ ᠬᠠᠮᠲᠤ᠂ ᠲᠠᠰᠢᠷᠠᠮ ᠲᠠᠭᠠᠤ ᠰᠤᠭᠤᠴᠠᠨ ᠪᠠᠶᠢᠴᠠᠭᠠᠯᠲᠠ ᠬᠢᠵᠦ ᠬᠢᠨᠠᠨ ᠬᠠᠷᠭᠤᠭᠤᠯᠤᠭᠠᠳ᠂ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠨ᠎ᠠ᠃ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠥᠪᠰᠢᠶᠡᠷᠡᠬᠦ ᠶᠢᠨ ᠬᠠᠮᠲᠤ᠂ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ︔ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠯ ᠢ ᠵᠥᠪᠰᠢᠶᠡᠷᠡᠬᠦ ᠥᠭᠡᠢ ᠪᠠᠶᠢᠬᠤ ᠶᠢᠨ ᠬᠠᠮᠲᠤ᠂ ᠭᠤᠶᠤᠴᠢᠯᠠᠭᠴᠢ ᠳᠤ ᠤᠴᠢᠷ ᠰᠢᠯᠲᠠᠭᠠᠨ ᠢ ᠨᠢ ᠪᠢᠴᠢᠭ ᠢᠶᠠᠷ ᠲᠣᠲᠤᠷᠬᠠᠶᠢᠯᠠᠵᠤ ᠥᠭᠭᠦᠨ᠎ᠡ᠃      ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠣᠨᠴᠠ ᠬᠦᠴᠢᠷᠳᠡᠯᠲᠡᠢ ᠬᠥᠮᠦᠰ ᠲᠤ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠨᠠᠭᠠᠳᠤ ᠵᠠᠬ᠎ᠠ ᠳᠠᠭᠠᠨ ᠬᠠᠭᠠᠰ ᠵᠢᠯ ᠳᠤ ᠨᠢᠭᠡ ᠤᠳᠠᠭ᠎ᠠ ᠠᠵᠤ ᠠᠬᠤᠶ ᠶᠢᠨ ᠪᠠᠶᠢᠳᠠᠯ ᠢ ᠨᠢ ᠮᠡᠳᠡᠭᠡ ᠵᠠᠩᠭᠢᠵᠢᠭᠤᠯᠤᠨ ᠬᠠᠷᠭᠤᠭᠤᠯᠵᠤ᠂ ᠵᠢᠯ ᠪᠦᠷᠢ ᠨᠢᠭᠡ ᠤᠳᠠᠭ᠎ᠠ ᠬᠡᠷ ᠡᠷᠦᠭᠡ ᠳᠤᠨᠢ ᠣᠴᠢᠨ ᠪᠠᠶᠢᠴᠠᠭᠠᠯᠲᠠ ᠬᠢᠵᠦ᠂ ᠠᠰᠠᠷᠠᠨ ᠲᠡᠵᠢᠭᠡᠬᠦ ᠴᠢᠬᠤᠯᠠᠲᠠᠢ ᠶᠢ ᠨᠢ ᠪᠦᠬᠦᠨ ᠢ ᠠᠰᠠᠷᠠᠨ ᠲᠡᠵᠢᠭᠡᠵᠦ᠂ ᠢᠯᠭᠠᠷᠠᠭᠤᠯᠤᠨ ᠭᠠᠷᠭᠠᠬᠤ ᠴᠢᠬᠤᠯᠠᠲᠠᠢ ᠶᠢ ᠨᠢ ᠪᠦᠬᠦᠨ ᠢ ᠢᠯᠭᠠᠷᠠᠭᠤᠯᠤᠨ ᠭᠠᠷᠭᠠᠨ᠎ᠠ᠃      4. ᠣᠯᠭᠤᠬᠤ ᠳᠡᠰ ᠳᠠᠷᠠᠭᠠᠯᠠᠯ᠃ ᠣᠨᠴᠠ ᠬᠦᠴᠢᠷᠳᠡᠯᠲᠡᠢ ᠬᠦᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠡᠯᠡ ᠮᠥᠩᠭᠦ ᠶᠢ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠲᠤᠭ᠎ᠠ ᠶᠣᠰᠣᠭᠠᠷ ᠰᠠᠯᠭᠠᠨ ᠥᠭᠭᠦᠨ᠎ᠡ᠃ ᠲᠥᠪᠯᠡᠷᠡᠭᠦᠯᠦᠨ ᠠᠰᠠᠷᠠᠨ ᠲᠡᠵᠢᠭᠡᠬᠦ ᠡᠲᠡᠭᠡᠳ ᠤᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠰᠢᠭᠤᠳ ᠰᠠᠯᠭᠠᠨ ᠥᠭᠭᠦᠨ᠎ᠡ᠃ ᠰᠠᠯᠭᠠᠵᠤ ᠠᠰᠠᠷᠠᠨ ᠲᠡᠵᠢᠭᠡᠬᠦ ᠡᠲᠡᠭᠡᠳ ᠤᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠨᠡᠶᠢᠭᠡᠮᠴᠢᠯᠡᠭᠰᠡᠨ ᠣᠯᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠷ᠎ᠠ ᠪᠦᠷᠢ ︵ᠡᠰᠡᠪᠡᠯ ᠤᠯᠠᠷᠢᠯ ᠪᠦᠷᠢ ᠶᠢᠨ ᠲᠦᠷᠦᠭᠦᠦ ᠰᠠᠷ᠎ᠠ︶᠎ ᠶᠢᠨ 10᠎ ᠤ ᠡᠳᠦᠷ ᠠᠴᠠ ᠡᠮᠦᠨ᠎ᠡ ᠠᠰᠠᠷᠠᠨ ᠲᠡᠵᠢᠭᠡᠯᠭᠡᠬᠦ ᠡᠲᠡᠭᠡᠳ ᠤᠨ ᠪᠠᠩᠬᠢ ᠶᠢᠨ ᠳᠠᠩᠰᠠᠨ ᠡᠷᠦᠬᠡ ᠳᠤ ᠤᠷᠤᠭᠤᠯᠵᠦ ᠬᠠᠳᠠᠭᠠᠯᠠᠨ᠎ᠠ᠃      5. ᠵᠣᠭᠰᠤᠭᠠᠬᠤ ᠳᠡᠰ ᠳᠠᠷᠠᠭᠠᠯᠠᠯ᠃ ᠣᠨᠴᠠ ᠬᠦᠴᠢᠷᠳᠡᠯᠲᠡᠢ ᠬᠦᠮᠦᠰ ᠨᠢ ᠲᠠᠬᠢᠵᠤ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠦᠭᠡᠢ ᠪᠣᠯᠣᠭᠰᠠᠨ ᠪᠠᠶᠢᠪᠠᠯ᠂ ᠲᠤᠰ ᠬᠥᠮᠦᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠪᠤᠶᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠴᠠᠭ ᠲᠣᠬᠠᠢ ᠳᠤᠨᠢ ᠮᠡᠳᠡᠭᠳᠡᠵᠦ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠬᠢᠨᠠᠨ ᠬᠠᠷᠭᠤᠭᠤᠯᠬᠤ ᠶᠢᠨ ᠬᠠᠮᠲᠤ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠲᠡᠷᠠᠭ᠎ᠠ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠶᠢ ᠨᠢ ᠵᠣᠭᠰᠤᠭᠠᠬᠤ ᠶᠢᠨ ᠳᠠᠭᠠᠤ ᠢᠯᠡ ᠨᠡᠶᠢᠲᠡᠯᠡᠨ᠎ᠡ᠃      ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠠᠵᠢᠯ ᠤᠨ ᠳᠤᠮᠳᠠ ᠪᠠᠨ ᠣᠨᠴᠠ ᠬᠦᠴᠢᠷᠳᠡᠯᠲᠡᠢ ᠬᠦᠮᠦᠰ ᠨᠢ ᠲᠠᠬᠢᠵᠤ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠦᠭᠡᠢ ᠪᠣᠯᠣᠭᠰᠠᠨ ᠢ ᠮᠡᠳᠡᠪᠡᠯ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠶᠢ ᠨᠢ ᠵᠣᠭᠰᠤᠭᠠᠬᠤ ᠭᠠᠷ ᠭᠦᠢᠴᠡᠳᠬᠡᠯ ᠢ ᠴᠠᠭ ᠲᠤᠬᠠᠶ ᠳᠤᠨᠢ ᠭᠦᠢᠴᠡᠳᠬᠡᠨ᠎ᠡ᠃ ᠣᠨᠴᠠ ᠬᠦᠴᠢᠷᠳᠡᠯᠲᠡᠢ ᠬᠥᠮᠦᠰ ᠤᠨ ᠨᠠᠰᠤᠨ ᠳᠤ ᠦᠯᠤ ᠬᠥᠷᠦᠭᠰᠡᠳ ᠨᠢ ᠪᠦᠬᠦᠯᠢ 16 ᠨᠠᠰᠤ ᠬᠦᠷᠦᠭᠰᠡᠨ ᠤ ᠳᠠᠷᠠᠭ᠎ᠠ ᠮᠦᠨᠬᠦ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠳᠡᠬᠦ ᠪᠤᠶᠤ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠠᠷᠠᠭᠠᠯᠵᠠᠯ ᠢ ᠦᠷᠭᠦᠯᠵᠢᠯᠡᠨ ᠬᠦᠷᠲᠡᠵᠤ ᠪᠣᠯᠤᠨ᠎ᠠ᠃      ︵ᠭᠤᠷᠪᠠ︶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠭᠤᠯᠭ᠎ᠠ᠃ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄      1. ᠠᠮᠢᠳᠤᠷᠠᠯ ᠤᠨ ᠦᠨᠳᠦᠰᠦᠨ ᠨᠥᠬᠦᠴᠡᠯ ᠬᠠᠩᠭᠠᠨ᠎ᠠ᠃ ᠠᠮᠤ ᠪᠤᠳᠠᠭ᠎ᠠ᠂ ᠬᠤᠯᠢᠰᠢᠨ ᠢᠳᠡᠭᠡᠨ᠂ ᠠᠮᠢᠳᠤᠷᠠᠯ ᠳᠤ ᠬᠡᠷᠡᠭᠯᠡᠬᠦ ᠲᠦᠯᠡᠰᠢ᠂ ᠬᠤᠪᠴᠠᠰᠤ ᠬᠤᠨᠠᠷ᠂ ᠬᠥᠨᠵᠢᠯᠡ ᠳᠡᠪᠢᠰᠬᠡᠷ ᠵᠡᠷᠭᠡ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠪᠠ ᠭᠠᠷ ᠤᠨ ᠦᠵᠦᠭᠦᠷ ᠵᠠᠷᠤᠬᠤ ᠵᠣᠭᠤᠰ ᠥᠭᠭᠦᠨ᠎ᠡ᠃ ᠡᠳ᠋ ᠪᠤᠳᠠᠰ ᠪᠤᠶᠤ ᠪᠡᠯᠡᠨ ᠵᠣᠭᠤᠰ ᠤᠨ ᠠᠷᠭ᠎ᠠ ᠮᠠᠶ᠋ᠢᠭ ᠢᠶᠠᠷ ᠲᠠᠮᠵᠢᠭᠤᠯᠤᠨ ᠪᠠᠲᠤᠯᠠᠨ᠎ᠠ᠃      2. ᠠᠮᠢᠳᠤᠷᠠᠯ ᠢᠶᠠᠨ ᠥᠪᠡᠷᠲᠡᠭᠡᠨ ᠠᠷᠭᠠᠴᠠᠵᠤ ᠳᠡᠶᠢᠯᠬᠦ ᠦᠭᠡᠢ ᠬᠦᠮᠦᠰ ᠲᠤ ᠬᠠᠷᠠᠭᠠᠯᠵᠠᠯ ᠦᠵᠡᠭᠦᠯᠦᠨ᠎ᠡ᠃ ᠡᠭᠦᠨ ᠳᠤ ᠡᠳᠦᠷ ᠲᠤᠲᠤᠮ ᠤᠨ ᠠᠮᠢᠳᠤᠷᠠᠯ᠂ ᠡᠮᠨᠡᠯᠭᠡ ᠳᠤ ᠰᠠᠭᠤᠭ᠎ᠠ ᠬᠤᠭᠤᠴᠠᠭᠠᠨ ᠳᠠᠬᠢ ᠴᠢᠬᠤᠯᠠ ᠪᠦᠬᠦᠢ ᠠᠰᠠᠷᠠᠨ ᠬᠠᠷᠠᠭᠠᠯᠵᠠᠬᠤ ᠵᠡᠷᠭᠡ ᠦᠨᠳᠦᠰᠦᠨ ᠦᠢᠯᠡᠴᠢᠯᠡᠭᠡ ᠪᠠᠭᠲᠠᠨ᠎ᠠ᠃ ᠣᠨᠴᠠ ᠬᠦᠴᠢᠷᠳᠡᠯᠲᠡᠢ ᠬᠥᠮᠦᠰ ᠤᠨ ᠠᠮᠢᠳᠤᠷᠠᠯ ᠢᠶᠠᠨ ᠥᠪᠡᠷᠲᠡᠭᠡᠨ ᠠᠷᠭᠠᠴᠠᠬᠤ ᠴᠢᠳᠠᠪᠤᠷᠢ ᠶᠢ ᠨᠢ ᠠᠮᠢᠳᠤᠷᠠᠯ ᠢᠶᠠᠨ ᠪᠦᠷᠢᠨ ᠠᠷᠭᠠᠴᠠᠵᠤ ᠲᠡᠶᠢᠯᠬᠦ ᠴᠢᠳᠠᠪᠤᠷᠢ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠭᠡᠵᠦ ᠭᠤᠷᠪᠠᠨ ᠲᠥᠷᠥᠯ ᠳᠤ ᠬᠤᠪᠢᠶᠠᠨ᠎ᠠ᠃ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠬᠤᠪᠢᠶᠠᠷᠢᠯᠠᠬᠤ ᠳᠠᠭᠠᠨ ᠤᠯᠠᠨ ᠤᠯᠤᠰ ᠤᠨ ᠨᠡᠶᠢᠳᠡᠮ ᠬᠡᠷᠡᠭᠵᠢᠬᠦᠯᠵᠦ ᠪᠠᠶᠢᠢᠭ᠎ᠠ ᠪᠠᠷᠢᠮᠵᠢᠶ᠎ᠠ ᠪᠣᠯᠤᠨ ︽ᠨᠠᠰᠤᠲᠠᠶᠢᠴᠤᠳ ᠤᠨ ᠴᠢᠳᠠᠪᠤᠷᠢ ᠶᠢᠨ ᠦᠨᠡᠯᠡᠨ ᠵᠢᠱᠢᠯᠲᠡ ︵MZ/T039-2013︶︾ ᠵᠡᠷᠭᠡ ᠬᠤᠯᠪᠣᠭᠳᠠᠯ ᠪᠦᠬᠦᠢ ᠪᠠᠷᠢᠮᠵᠢᠶ᠎ᠠ ᠶᠢ ᠦᠨᠳᠦᠰᠦᠯᠡᠨ᠂ ᠪᠡᠶ᠎ᠡ ᠪᠠᠨ ᠳᠠᠭᠠᠭᠠᠵᠤ ᠢᠳᠡᠵᠦ ᠤᠤᠭᠤᠬᠤ᠂ ᠡᠮᠦᠰᠴᠦ ᠵᠡᠭᠦᠬᠦ᠂ ᠣᠷᠣ ᠳᠠᠭᠠᠨ ᠭᠠᠷᠴᠤ ᠪᠠᠭᠤᠬᠤ᠂ ᠪᠡᠶ᠎ᠡ ᠵᠠᠰᠠᠬᠤ᠂ ᠭᠡᠷ ᠲᠤᠲᠤᠷ᠎ᠠ ᠪᠠᠨ ᠠᠯᠬᠤᠬᠤ᠂ ᠪᠡᠶ᠎ᠡ ᠪᠠᠨ ᠤᠬᠢᠶᠠᠬᠤ ᠵᠡᠷᠭᠡ 6 ᠵᠦᠢᠯ ᠤᠨ ᠭᠦᠢᠴᠡᠳᠬᠡᠯ ᠲᠤᠭ᠎ᠠ ᠶᠢ ᠬᠡᠷᠡᠭᠯᠡᠵᠦ ᠪᠠᠶᠢᠭᠠᠳ ᠣᠨᠴᠠ ᠬᠦᠴᠢᠷᠳᠡᠯᠲᠡᠢ ᠬᠥᠮᠦᠰ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠨᠢ ᠦᠨᠡᠯᠡᠨ ᠵᠢᠱᠢᠨ᠎ᠡ᠃ 6 ᠵᠦᠢᠯ ᠢ ᠴᠦᠮ ᠪᠡᠶ᠎ᠡ ᠪᠠᠨ ᠳᠠᠭᠠᠭᠠᠵᠤ ᠭᠦᠢᠴᠡᠳᠬᠡᠵᠦ ᠴᠢᠳᠠᠪᠠᠯ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠪᠦᠷᠢᠨ ᠪᠦᠷᠢᠯᠳᠦᠭᠦᠯᠦᠭᠰᠡᠨ ᠢᠶᠠᠷ ᠮᠠᠭᠠᠳᠯᠠᠨ ᠲᠣᠭᠲᠠᠭᠠᠨ᠎ᠠ︔ 1᠎ ᠠᠴᠠ 3 ᠵᠦᠢᠯ ᠢ ᠪᠡᠶ᠎ᠡ ᠪᠠᠨ ᠳᠠᠭᠠᠭᠠᠵᠤ ᠪᠡᠶᠡᠯᠡᠭᠦᠯᠵᠦ ᠴᠢᠳᠠᠬᠤ ᠦᠭᠡᠢ ᠪᠠᠶᠢᠪᠠᠯ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠢᠶᠠᠷ ᠮᠠᠭᠠᠳᠯᠠᠨ ᠲᠣᠭᠲᠠᠭᠠᠨ᠎ᠠ︔ 4 ᠵᠦᠢᠯ ᠠᠴᠠ ᠳᠡᠭᠡᠭᠰᠢᠬᠢ ︵4 ᠵᠦᠢᠯ ᠪᠠᠭᠲᠠᠨ᠎ᠠ︶᠎ ᠶᠢ ᠪᠡᠶ᠎ᠡ ᠪᠠᠨ ᠳᠠᠭᠠᠭᠠᠵᠤ ᠪᠡᠶᠡᠯᠡᠭᠦᠯᠵᠦ ᠴᠢᠳᠠᠬᠤ ᠦᠭᠡᠢ ᠪᠠᠶᠢᠪᠠᠯ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠭᠡᠵᠦ ᠮᠠᠭᠠᠳᠯᠠᠨ ᠲᠣᠭᠲᠠᠭᠠᠨ᠎ᠠ᠃ ᠨᠥᠬᠦᠴᠡᠯ ᠲᠠᠢ ᠭᠠᠵᠠᠷ ᠣᠷᠣᠨ ᠳᠤ᠂ ᠠᠶᠢᠮᠠᠭ ᠬᠤᠳᠠ ᠪᠤᠶᠤ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠪᠤᠰᠤᠳ ᠲᠤᠰᠬᠠᠶ ᠪᠠᠶᠢᠭᠤᠯᠤᠮᠵᠢ ᠳᠤ ᠨᠠᠶᠢᠳᠠᠨ ᠣᠨᠴᠠ ᠬᠦᠴᠢᠷᠳᠡᠯᠲᠡᠢ ᠬᠥᠮᠦᠰ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠨᠢ ᠦᠨᠡᠯᠡᠨ ᠵᠢᠱᠢᠨ᠎ᠡ᠃      ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠨᠴᠠ ᠬᠦᠴᠢᠷᠳᠡᠯᠲᠡᠢ ᠬᠥᠮᠦᠰ ᠢ ᠬᠠᠷᠠᠭᠠᠯᠵᠠᠨ ᠰᠣᠪᠢᠯᠠᠬᠤ ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠬᠤᠳᠠᠯᠳᠤᠨ ᠠᠪᠴᠤ᠂ ᠨᠠᠶᠢᠳᠠᠨ ᠦᠢᠯᠡᠴᠢᠯᠡᠬᠦ ᠥᠢᠯᠡ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠭᠡᠨ ᠤ ᠲᠥᠷᠥᠯ ᠵᠦᠢᠯ᠂ ᠨᠠᠶᠢᠳᠠᠯᠭ᠎ᠠ ᠶᠢ ᠬᠦᠯᠢᠶᠡᠬᠦ ᠪᠠᠶᠢᠭᠤᠯᠤᠮᠵᠢ᠂ ᠰᠦᠢᠳᠬᠡᠯ ᠤᠨ ᠪᠠᠷᠢᠮᠵᠢᠶ᠎ᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠶᠢ ᠲᠣᠲᠣᠷᠬᠠᠶᠢᠯᠠᠵᠤ᠂ ᠦᠢᠯᠡᠴᠢᠯᠡᠭᠡᠨ ᠤ ᠵᠥᠪᠳᠡᠯᠴᠡᠭᠡᠷ ᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠲᠥᠪᠯᠡᠷᠡᠭᠦᠯᠦᠨ ᠠᠰᠠᠷᠠᠨ ᠲᠡᠵᠢᠭᠡᠬᠦ ᠡᠲᠡᠭᠡᠳ ᠤᠨ ᠬᠠᠷᠠᠭᠠᠯᠵᠠᠵᠤ ᠰᠣᠪᠢᠯᠠᠬᠤ ᠰᠦᠢᠳᠬᠡᠯ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠰᠠᠯᠭᠠᠵᠤ ᠥᠭᠭᠦᠨ᠎ᠡ︔ ᠰᠠᠯᠭᠠᠵᠤ ᠠᠰᠠᠷᠠᠨ ᠲᠡᠵᠢᠭᠡᠬᠦ ᠡᠲᠡᠭᠡᠳ ᠤᠨ ᠬᠠᠷᠠᠭᠠᠯᠵᠠᠵᠤ ᠰᠤᠪᠢᠯᠠᠬᠤ ᠰᠦᠢᠳᠬᠡᠯ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠨᠠᠰᠤᠲᠠᠶᠢᠴᠤᠳ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠠᠶᠢᠭᠤᠯᠤᠮᠵᠢ ᠳᠤ ᠲᠦᠰᠢᠭᠯᠡᠨ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠯᠡᠬᠦ ᠶᠢᠨ ᠬᠠᠮᠲᠤ᠂ ᠬᠠᠷᠠᠭᠠᠯᠵᠠᠵᠤ ᠰᠤᠪᠢᠯᠠᠬᠤ ᠦᠢᠯᠡᠴᠢᠯᠡᠭᠡᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠨ᠎ᠠ᠃      3. ᠡᠪᠡᠳᠴᠢᠨ ᠡᠮᠭᠡᠭ ᠢ ᠨᠢ ᠡᠮᠨᠡᠨ ᠵᠠᠰᠠᠬᠤ ᠦᠢᠯᠡᠴᠢᠯᠡᠭᠡ ᠬᠠᠩᠭᠠᠨ᠎ᠠ᠃ ᠣᠨᠴᠠ ᠬᠦᠴᠢᠷᠳᠡᠯᠲᠡᠢ ᠬᠥᠮᠦᠰ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠲᠤᠰᠢᠶᠠᠬᠤ ᠰᠦᠢᠳᠬᠡᠯ ᠢ ᠲᠤᠭ᠎ᠠ ᠶᠣᠰᠣᠭᠠᠷ ᠢᠶᠠᠷ ᠨᠢ ᠵᠤᠭᠤᠰ ᠢᠶᠠᠷ ᠲᠤᠰᠠᠯᠠᠨ᠎ᠠ ᠃ ᠡᠮᠴᠢᠯᠡᠭᠡᠨ ᠤ ᠰᠦᠢᠳᠬᠡᠯ ᠢ ᠨᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠡᠮᠴᠢᠯᠡᠭᠡᠨ ᠤ ᠪᠠᠲᠤᠯᠠᠭ᠎ᠠ ᠪᠠᠷ ᠲᠦᠯᠦᠵᠦ ᠥᠭᠭᠦᠭᠰᠡᠨ ᠤ ᠳᠠᠷᠠᠭ᠎ᠠ ᠮᠦᠨᠬᠦ ᠬᠦᠷᠦᠯᠴᠡᠬᠦ ᠦᠭᠡᠢ ᠪᠠᠶᠢᠪᠠᠯ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠠᠷᠤᠳᠠᠯ ᠢᠶᠠᠷ ᠳᠡᠮᠵᠢᠨ᠎ᠠ᠂ ᠨᠥᠬᠦᠴᠡᠯ ᠲᠠᠢ ᠭᠠᠵᠠᠷ ᠣᠷᠣᠨ ᠨᠢ ᠠᠰᠠᠷᠠᠨ ᠲᠡᠵᠢᠭᠡᠯᠬᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠲᠤ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠴᠦ ᠪᠣᠯᠣᠨ᠎ᠠ᠃      4. ᠣᠷᠣᠰᠢᠭᠤᠯᠭ᠎ᠠ ᠶᠢᠨ ᠶᠠᠪᠤᠳᠠᠯ ᠢ ᠨᠢ ᠭᠦᠢᠴᠡᠳᠬᠡᠨ᠎ᠡ᠃ ᠣᠨᠴᠠ ᠬᠦᠴᠢᠷᠳᠡᠯᠲᠡᠢ ᠬᠥᠮᠦᠰ ᠨᠠᠰᠤ ᠪᠠᠷᠠᠭᠰᠠᠨ ᠤ ᠳᠠᠷᠠᠭᠠᠬᠢ ᠣᠷᠣᠰᠢᠭᠤᠯᠭ᠎ᠠ ᠶᠢᠨ ᠶᠠᠪᠤᠳᠠᠯ ᠳᠤ᠂ ᠲᠥᠪᠯᠡᠷᠡᠭᠦᠯᠦᠨ ᠠᠰᠠᠷᠠᠨ ᠲᠡᠵᠢᠭᠡᠭᠰᠡᠨ ᠪᠠᠶᠢᠪᠠᠯ ᠠᠰᠠᠷᠠᠨ ᠲᠡᠵᠢᠭᠡᠭᠰᠡᠨ ᠦᠢᠯᠡᠴᠢᠯᠡᠭᠡᠨ ᠤ ᠪᠠᠶᠢᠭᠤᠯᠤᠮᠵᠢ ᠨᠢ ᠭᠦᠢᠴᠡᠳᠬᠡᠵᠦ᠂ ᠰᠠᠯᠭᠠᠵᠤ ᠠᠰᠠᠷᠠᠨ ᠲᠡᠵᠢᠭᠡᠭᠰᠡᠨ ᠪᠠᠶᠢᠪᠠᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠪᠤᠶᠤ ᠲᠡᠳᠡᠨ ᠤ ᠲᠥᠷᠥᠯ ᠰᠠᠳᠤᠨ ᠳᠤ ᠨᠠᠶᠢᠳᠠᠨ ᠭᠦᠢᠴᠡᠳᠬᠡᠨ᠎ᠡ᠃ ᠣᠷᠣᠰᠢᠭᠤᠯᠭ᠎ᠠ ᠶᠢᠨ ᠰᠦᠢᠳᠬᠡᠯ ᠢ ᠣᠨᠴᠠ ᠬᠦᠴᠢᠷᠳᠡᠯᠲᠡᠢ ᠬᠥᠮᠦᠰ ᠤᠨ ᠡᠷᠦᠬᠡ ᠠᠮᠠ ᠶᠢᠨ ᠲᠠᠩᠰᠠ ᠪᠠᠶᠢᠭ᠎ᠠ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠷᠣᠰᠢᠭᠤᠯᠭ᠎ᠠ ᠶᠢᠨ ᠰᠦᠢᠳᠬᠡᠯ ᠤᠨ ᠦᠨᠳᠦᠰᠦᠨ ᠪᠠᠷᠢᠮᠵᠢᠶ᠎ᠠ ᠪᠠᠷ ᠲᠣᠭᠲᠠᠭᠠᠵᠤ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠠᠷᠤᠳᠠᠯ ᠢᠶᠠᠷ ᠳᠡᠮᠵᠢᠯᠭᠡ ᠦᠵᠡᠭᠦᠯᠦᠨ᠎ᠡ᠃      5. ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠬᠠᠩᠭᠠᠨ᠎ᠠ᠃ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠪᠠᠶᠢᠭ᠎ᠠ ᠰᠠᠯᠭᠠᠵᠤ ᠠᠰᠠᠷᠠᠨ ᠲᠡᠵᠢᠭᠡᠭᠰᠡᠨ ᠣᠨᠴᠠ ᠬᠦᠴᠢᠷᠳᠡᠯᠲᠡᠢ ᠬᠥᠮᠦᠰ ᠲᠤ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠤᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢ ᠲᠣᠬᠢᠷᠠᠭᠤᠯᠤᠨ ᠥᠭᠴᠦ ᠲᠦᠷᠢᠶᠡᠰᠦᠯᠡᠭᠦᠯᠬᠦ᠂ ᠣᠷᠣᠨ ᠰᠠᠭᠤᠴᠠ ᠶᠢᠨ ᠲᠦᠷᠢᠶᠡᠰᠦᠨ ᠤ ᠨᠥᠬᠦᠪᠥᠷᠢ ᠮᠥᠩᠭᠦ ᠣᠯᠭᠤᠬᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠵᠡᠷᠭᠡ ᠠᠷᠭ᠎ᠠ ᠮᠠᠶ᠋ᠢᠭ ᠢᠶᠠᠷ ᠤᠷᠢᠳᠠᠪᠡᠷ ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠨ᠎ᠠ᠃ ᠣᠨᠴᠠ ᠬᠦᠴᠢᠷᠳᠡᠯᠲᠡᠢ ᠬᠦᠮᠦᠰ ᠤᠨ ᠣᠷᠣᠨ ᠰᠠᠭᠤᠴᠠ ᠨᠢ ᠨᠤᠷᠠᠬᠤ ᠠᠶᠤᠯᠲᠠᠶ ᠭᠡᠷ ᠪᠠᠶᠢᠰᠢᠩ ᠪᠤᠶᠤ ᠭᠠᠮᠰᠢᠭ ᠠᠴᠠ ᠪᠣᠯᠵᠤ ᠨᠤᠷᠠᠵᠤ ᠡᠪᠳᠡᠷᠡᠭᠰᠡᠨ ᠪᠠᠶᠢᠪᠠᠯ᠂ ᠬᠤᠪᠢ ᠬᠥᠮᠦᠨ ᠤ ᠬᠦᠰᠡᠯ ᠰᠠᠨᠠᠯ ᠢ ᠦᠨᠳᠦᠰᠦᠯᠡᠨ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠰᠠᠭᠤᠯᠭᠠᠬᠤ ᠪᠠᠷ ᠲᠣᠬᠢᠷᠠᠭᠤᠯᠵᠤ ᠲᠥᠪᠯᠡᠷᠡᠭᠦᠯᠦᠨ ᠠᠰᠠᠷᠠᠨ ᠲᠡᠵᠢᠭᠡᠨ᠎ᠡ᠃ ᠲᠡᠳᠡᠨ ᠤ ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠬᠤ ᠨᠥᠬᠦᠪᠥᠷᠢ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠨᠢᠭᠡᠳᠦᠯᠲᠡᠶ ᠬᠡᠷᠡᠭᠯᠡᠵᠦ᠂ ᠭᠤᠣᠯᠳᠠᠭᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠭᠡᠷ ᠪᠠᠶᠢᠰᠢᠩ ᠪᠠᠷᠢᠬᠤ ᠪᠤᠶᠤ ᠰᠡᠯᠪᠢᠨ ᠵᠠᠰᠠᠵᠤ ᠥᠭᠡᠷᠡᠴᠢᠯᠡᠬᠦ ᠵᠠᠷᠤᠯᠭ᠎ᠠ ᠳᠤ ᠬᠡᠷᠡᠭᠯᠡᠨ᠎ᠡ᠃      6. ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠬᠠᠩᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠰᠤᠷᠤᠯᠴᠠᠵᠤ ᠪᠠᠶᠢᠭ᠎ᠠ ᠣᠨᠴᠠ ᠬᠦᠴᠢᠷᠳᠡᠯᠲᠡᠢ ᠬᠥᠮᠦᠰ ᠲᠤ ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠᠭᠲᠠᠨ᠎ᠠ︶᠂ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠳᠤ ᠰᠤᠷᠤᠯᠴᠠᠵᠤ ᠪᠠᠶᠢᠭ᠎ᠠ ᠣᠨᠴᠠ ᠬᠦᠴᠢᠷᠳᠡᠯᠲᠡᠢ ᠬᠥᠮᠦᠰ ᠲᠤ ᠪᠣᠳᠠᠲᠠᠶ ᠪᠠᠶᠢᠳᠠᠯ ᠢ ᠨᠢ ᠦᠨᠳᠦᠰᠦᠯᠡᠨ ᠵᠣᠬᠢᠬᠤ ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠨ᠎ᠠ᠃      ︵ᠲᠦᠷᠪᠡ︶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ᠃      ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠳᠤ ᠦᠨᠳᠦᠰᠦᠨ ᠠᠮᠢᠳᠤᠷᠠᠯ ᠤᠨ ᠪᠠᠷᠢᠮᠵᠢᠶ᠎ᠠ ᠪᠣᠯᠣᠨ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠪᠠᠭᠲᠠᠨ᠎ᠠ᠃      ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠣᠨᠴᠠ ᠬᠦᠴᠢᠷᠳᠡᠯᠲᠡᠢ ᠬᠥᠮᠦᠰ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠲᠤᠬᠠᠶ ᠶᠢᠨ ᠭᠠᠵᠠᠷ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃      ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠣᠨᠴᠠ ᠬᠦᠴᠢᠷᠳᠡᠯᠲᠡᠢ ᠬᠥᠮᠦᠰ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠣᠯᠣᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠦᠷᠢᠶᠡᠴᠢᠯᠡᠭᠰᠡᠨ ᠦᠢᠯᠡᠴᠢᠯᠡᠭᠡ ᠶᠢ ᠬᠡᠷᠡᠭᠵᠢᠭᠦᠯᠵᠦ᠂ ᠲᠤᠬᠠᠶ ᠶᠢᠨ ᠭᠠᠵᠠᠷ ᠤᠨ ᠲᠦᠷᠦᠭᠦᠦ ᠵᠢᠯ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢᠨ ᠵᠣᠬᠢᠬᠤ ᠬᠠᠷᠢᠴᠠᠯ ᠶᠣᠰᠣᠭᠠᠷ ᠲᠡᠰ ᠬᠤᠪᠢᠶᠠᠨ ᠲᠣᠭᠲᠠᠭᠠᠨ᠎ᠠ᠃ ᠵᠠᠷᠴᠢᠮ ᠳᠡᠭᠡᠷ᠎ᠡ ᠪᠠᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠡᠲᠡᠭᠡᠳ ᠲᠤ᠂ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠲᠤᠰ ᠲᠤᠰ ᠲᠦᠷᠦᠭᠦᠦ ᠵᠢᠯ ᠤᠨ ᠪᠦᠬᠦ ᠣᠷᠣᠨ ᠤ ᠬᠠᠮᠤᠭ ᠤᠨ ᠳᠣᠣᠷ᠎ᠠ ᠳᠤᠮᠳᠠᠴᠢ ᠴᠠᠯᠢᠩ ᠤᠨ ᠪᠠᠷᠢᠮᠵᠢᠶ᠎ᠠ ᠶᠢᠨ 25% ᠪᠠ 65%᠎ ᠠᠴᠠ ᠳᠤᠤᠷ᠎ᠠ ᠪᠠᠶᠢᠯᠭᠠᠵᠤ ᠪᠣᠯᠬᠤ ᠦᠭᠡᠢ ᠪᠠᠷ ᠲᠣᠭᠲᠠᠭᠠᠨ᠎ᠠ︔ ᠠᠮᠢᠳᠤᠷᠠᠯ ᠢᠶᠠᠨ ᠪᠦᠷᠢᠨ ᠠᠷᠭᠠᠴᠠᠬᠤ ᠴᠢᠳᠠᠪᠤᠷᠢ ᠲᠠᠢ ᠡᠲᠡᠭᠡᠳ ᠤᠨ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠬᠤᠰᠢᠭᠤ ᠰᠢᠶᠠᠨ ︵ᠬᠤᠳᠠ᠂ ᠲᠣᠭᠤᠷᠢᠭ ︶᠎ ᠤ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ ᠪᠣᠯᠣᠨ ᠣᠨᠴᠠ ᠬᠦᠴᠢᠷᠳᠡᠯᠲᠡᠢ ᠬᠥᠮᠦᠰ ᠤᠨ ᠪᠤᠳᠠᠲᠠᠢ ᠪᠦᠷᠢᠯᠳᠦᠭᠰᠡᠨ ᠠᠰᠠᠷᠠᠨ ᠰᠤᠪᠢᠯᠠᠭᠤᠯᠬᠤ ᠬᠡᠷᠡᠭᠴᠡᠭᠡ ᠶᠢ ᠦᠨᠳᠦᠰᠦᠯᠡᠨ ᠲᠣᠭᠲᠠᠭᠠᠨ᠎ᠠ᠃      ᠥᠪᠡᠷᠲᠡᠭᠡᠨ ᠵᠠᠰᠠᠬᠤ ᠣᠷᠣᠨ ᠠᠴᠠ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠶᠢᠨ ᠵᠢᠯᠣᠭᠤᠳᠬᠤ ᠪᠠᠷᠢᠮᠵᠢᠶ᠎ᠠ ᠶᠢ ᠨᠢ ᠣᠨ ᠢᠶᠠᠷ ᠨᠡᠶᠢᠲᠡᠯᠡᠨ᠎ᠡ᠃ ᠡᠯ᠎ᠡ ᠠᠶᠢᠮᠠᠭ ᠬᠤᠲᠠ ᠨᠢ ᠥᠪᠡᠷᠲᠡᠭᠡᠨ ᠵᠠᠰᠠᠭ ᠣᠷᠣᠨ ᠤ ᠵᠢᠯᠣᠭᠤᠳᠬᠤ ᠪᠠᠷᠢᠮᠵᠢᠶ᠎ᠠ ᠶᠢ ᠦᠨᠳᠦᠰᠦᠯᠡᠨ᠂ ᠭᠠᠵᠠᠷ ᠣᠷᠣᠨ᠂ ᠬᠤᠲᠠ ᠬᠥᠳᠡᠭᠡ ᠶᠢᠨ ᠵᠦᠷᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠲᠤᠰ ᠭᠠᠵᠠᠷ ᠣᠷᠣᠨ ᠤ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠭᠰᠠᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃      ︵ᠲᠠᠪᠤ︶ ᠲᠡᠩᠬᠡᠷᠡᠬᠦᠯᠦᠨ ᠲᠤᠰᠠᠯᠠᠵᠤ ᠠᠰᠠᠷᠠᠨ ᠲᠡᠵᠢᠭᠡᠬᠦ ᠬᠡᠯᠪᠡᠷᠢ᠃      ᠣᠨᠴᠠ ᠬᠦᠴᠢᠷᠳᠡᠯᠲᠡᠢ ᠬᠥᠮᠦᠰ ᠤᠨ ᠲᠡᠩᠬᠡᠷᠡᠭᠦᠯᠦᠨ ᠲᠤᠰᠠᠯᠠᠬᠤ ᠠᠰᠠᠷᠠᠨ ᠲᠡᠵᠢᠭᠡᠬᠦ ᠬᠡᠯᠪᠡᠷᠢ ᠶᠢ ᠭᠡᠷ ᠲᠡᠭᠡᠨ ᠰᠠᠭᠤᠵᠤ ᠰᠠᠯᠭᠠᠨ ᠠᠰᠠᠷᠠᠨ ᠲᠡᠵᠢᠭᠡᠬᠦ ᠪᠠ ᠲᠤᠬᠠᠶ ᠶᠢᠨ ᠭᠠᠵᠠᠷ ᠤᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠲᠥᠪᠯᠡᠷᠡᠭᠦᠯᠦᠨ ᠠᠰᠠᠷᠠᠨ ᠲᠡᠵᠢᠭᠡᠬᠦ ᠭᠡᠵᠦ ᠬᠤᠪᠢᠶᠠᠨ᠎ᠠ᠃ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠪᠠᠯ᠂ ᠲᠡᠳᠡᠨ ᠤ ᠭᠡᠷ ᠲᠡᠭᠡᠨ ᠰᠠᠭᠤᠵᠤ ᠰᠠᠯᠭᠠᠨ ᠠᠰᠠᠷᠠᠨ ᠲᠡᠵᠢᠭᠡᠯᠬᠡᠬᠦ ᠶᠢ ᠵᠣᠷᠢᠬᠵᠢᠭᠤᠯᠤᠨ᠎ᠠ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠬᠦᠨ ᠢ ᠪᠤᠶᠤ ᠬᠡᠰᠡᠭ ᠲᠠᠯ᠎ᠠ ᠪᠠᠷ ᠠᠯᠳᠠᠭᠰᠠᠨ ᠪᠠᠶᠢᠪᠠᠯ᠂ ᠲᠡᠳᠡᠨ ᠳᠤ ᠤᠷᠢᠳᠠᠪᠡᠷ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ ᠶᠢ ᠬᠠᠩᠭᠠᠨ᠎ᠠ᠃      1. ᠰᠠᠯᠭᠠᠵᠤ ᠠᠰᠠᠷᠠᠨ ᠲᠡᠵᠢᠭᠡᠬᠦ᠃ ᠰᠠᠯᠭᠠᠵᠤ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠦᠰ ᠲᠤ᠂ ᠲᠤᠰ ᠬᠥᠮᠦᠨ ᠢᠶᠠᠷ ᠨᠢ ᠵᠥᠪᠰᠢᠶᠡᠷᠡᠭᠦᠯᠦᠭᠡᠳ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠲᠡᠳᠡᠨ ᠤ ᠲᠦᠷᠦᠯ ᠰᠠᠳᠤᠨ ᠨᠠᠶᠢᠵᠠ ᠨᠥᠬᠦᠳ ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠳᠤ ᠨᠠᠶᠢᠳᠠᠨ ᠡᠳᠦᠷ ᠲᠤᠲᠤᠮ ᠤᠨ ᠠᠰᠠᠷᠠᠨ ᠰᠤᠪᠢᠯᠠᠬᠤ᠂ ᠠᠮᠢᠳᠤᠷᠠᠯ ᠢ ᠨᠢ ᠠᠰᠠᠷᠠᠨ ᠬᠠᠷᠠᠭᠠᠯᠵᠠᠬᠤ᠂ ᠡᠮᠨᠡᠯᠭᠡ ᠳᠤ ᠰᠠᠭᠤᠯᠭᠠᠵᠤ ᠬᠠᠷᠠᠵᠤ ᠰᠣᠪᠢᠯᠠᠬᠤ ᠵᠡᠷᠭᠡ ᠦᠢᠯᠡᠴᠢᠯᠡᠭᠡ ᠬᠠᠩᠭᠠᠨ ᠦᠭᠴᠦ ᠪᠤᠯᠤᠨ᠎ᠠ᠃ ᠨᠥᠬᠦᠴᠡᠯ ᠲᠠᠢ ᠭᠠᠵᠠᠷ ᠣᠷᠣᠨ ᠨᠢ ᠰᠠᠯᠭᠠᠵᠤ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠥᠰ ᠲᠤ ᠨᠡᠶᠢᠭᠡᠮ ᠲᠣᠭᠤᠷᠢᠭ ᠤᠨ ᠡᠳᠦᠷ ᠲᠣᠲᠣᠮ ᠤᠨ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠵᠤ ᠪᠣᠯᠣᠨ᠎ᠠ᠃      2. ᠲᠥᠪᠯᠡᠷᠡᠭᠦᠯᠦᠨ ᠠᠰᠠᠷᠠᠨ ᠲᠡᠵᠢᠭᠡᠬᠦ᠃ ᠲᠥᠪᠯᠡᠷᠡᠭᠦᠯᠦᠨ ᠠᠰᠠᠷᠠᠨ ᠲᠡᠵᠢᠭᠡᠬᠦ ᠴᠢᠬᠤᠯᠠᠲᠠᠶ ᠣᠨᠴᠠ ᠬᠦᠴᠢᠷᠳᠡᠯᠲᠡᠶ ᠬᠥᠮᠦᠰ ᠢ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠮᠢᠶᠠᠷᠬᠤ ᠳᠤ ᠲᠥᠬᠦᠮ ᠪᠠᠶᠢᠬᠤ ᠵᠠᠷᠴᠢᠮ ᠶᠣᠰᠣᠭᠠᠷ᠂ ᠤᠶᠢᠢᠷ᠎ᠠ ᠬᠠᠪᠢ ᠶᠢᠨ ᠵᠣᠬᠢᠬᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠲᠣᠬᠢᠷᠠᠭᠤᠯᠤᠨ᠎ᠠ︔ ᠪᠦᠬᠦᠯᠢ 16 ᠨᠠᠰᠤ ᠬᠦᠷᠦᠭᠡᠳᠦᠢ ᠪᠠᠶᠢᠪᠠᠯ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠲᠣᠬᠢᠷᠠᠭᠤᠯᠤᠨ᠎ᠠ᠃ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠣᠬᠢᠴᠠᠭᠤᠯᠭ᠎ᠠ ᠪᠠᠨ ᠴᠢᠩᠭᠠᠳᠬᠠᠨ᠂ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠤᠬᠠᠶ ᠶᠢᠨ ᠭᠠᠵᠠᠷ ᠤᠨ ᠲᠥᠪᠯᠡᠷᠡᠭᠦᠯᠦᠨ ᠠᠰᠠᠷᠠᠨ ᠲᠡᠵᠢᠭᠡᠬᠦ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠪᠤᠶᠤ ᠬᠡᠰᠡᠭ ᠲᠠᠯ᠎ᠠ ᠪᠠᠷ ᠠᠯᠳᠠᠭᠰᠠᠨ ᠪᠥᠭᠡᠳ ᠬᠦᠰᠡᠯ ᠵᠣᠷᠢᠯᠲᠠ ᠲᠠᠢ ᠪᠤᠢ ᠪᠦᠬᠦᠢ ᠣᠨᠴᠠ ᠬᠦᠴᠢᠷᠳᠡᠯᠲᠡᠢ ᠬᠥᠮᠦᠰ ᠲᠤ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ ᠬᠠᠩᠭᠠᠨ᠎ᠠ᠃ ᠬᠠᠯᠳᠠᠪᠤᠷᠢᠲᠤ ᠡᠪᠡᠳᠴᠢᠨ᠂ ᠣᠶᠣᠨ ᠮᠡᠳᠡᠷᠡᠯ ᠤᠨ ᠰᠠᠭᠠᠳ ᠵᠡᠷᠭᠡ ᠡᠪᠡᠳᠴᠢᠨ ᠡᠮᠭᠡᠭ ᠲᠠᠢ ᠠᠴᠠ ᠪᠣᠯᠵᠤ ᠲᠥᠪᠯᠡᠷᠡᠭᠦᠯᠦᠨ ᠠᠰᠠᠷᠠᠨ ᠲᠡᠵᠢᠭᠡᠬᠦ ᠳᠤ ᠲᠣᠬᠢᠷᠠᠬᠤ ᠦᠭᠡᠢ ᠪᠠᠶᠢᠬᠤ ᠠᠴᠠ ᠪᠤᠰᠤᠳ᠂ ᠠᠰᠠᠷᠠᠨ ᠲᠡᠵᠢᠭᠡᠬᠦ ᠨᠥᠬᠦᠴᠡᠯ ᠲᠠᠢ ᠠᠯᠪᠠᠨ ᠠᠴᠠ ᠡᠷᠬᠢᠯᠡᠭᠰᠡᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠣᠨᠴᠠ ᠬᠦᠴᠢᠷᠳᠡᠯᠲᠡᠢ ᠬᠦᠮᠦᠰ ᠢ ᠬᠦᠯᠢᠶᠡᠨ ᠠᠪᠬᠤ ᠦᠭᠡᠢ ᠪᠠᠶᠢᠵᠤ ᠪᠣᠯᠬᠤ ᠦᠭᠡᠢ᠃      ᠮᠡᠳᠡᠷᠡᠯ ᠤᠨ ᠡᠪᠡᠳᠴᠢᠨ᠂ ᠬᠠᠯᠳᠠᠪᠤᠷᠢᠲᠤ ᠡᠪᠡᠳᠴᠢᠨ ᠮᠡᠲᠦ ᠶᠢᠨ ᠡᠪᠡᠳᠴᠢᠨ ᠡᠮᠭᠡᠭ ᠲᠠᠢ ᠲᠥᠪᠯᠡᠷᠡᠭᠦᠯᠦᠨ ᠠᠰᠠᠷᠠᠨ ᠲᠡᠵᠢᠭᠡᠬᠦ ᠳᠤ ᠲᠣᠬᠢᠷᠠᠬᠤ ᠦᠭᠡᠢ ᠣᠨᠴᠠ ᠬᠦᠴᠢᠷᠳᠡᠯᠲᠡᠢ ᠬᠥᠮᠦᠰ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠶᠡᠷᠦᠩᠬᠡᠶᠢᠯᠡᠨ ᠵᠠᠰᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠰᠠᠯᠠᠭ᠎ᠠ ᠮᠥᠴᠢᠷ ᠤᠳ ᠲᠡᠳᠡᠨ ᠳᠤ ᠠᠰᠠᠷᠠᠨ ᠲᠡᠵᠢᠭᠡᠬᠦ ᠪᠠ ᠡᠮᠴᠢᠯᠡᠭᠡᠨ ᠤ ᠦᠢᠯᠡᠴᠢᠯᠡᠭᠡ ᠶᠢ ᠲᠣᠬᠢᠲᠠᠢ ᠲᠣᠬᠢᠷᠠᠭᠤᠯᠵᠤ᠂ ᠴᠢᠬᠤᠯᠠ ᠲᠠᠢ ᠦᠶ᠎ᠡ ᠳᠤ ᠲᠤᠰᠬᠠᠶ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠡᠮᠬᠡᠭ ᠢ ᠨᠢ ᠵᠠᠰᠠᠵᠤ ᠨᠠᠶᠢᠳᠠᠨ ᠬᠠᠮᠢᠶᠠᠷᠤᠭᠤᠯᠬᠤ ᠪᠠᠷ ᠬᠦᠷᠭᠡᠨ᠎ᠡ᠃      ︵ᠵᠢᠷᠭᠤᠭ᠎ᠠ︶ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ᠃      ᠠᠶᠢᠮᠠᠭ ᠬᠤᠲᠠ ᠨᠢ ᠲᠤᠰ ᠭᠠᠵᠠᠷ ᠣᠷᠣᠨ ᠤ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠳᠦᠬᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ᠃ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠬᠠᠤᠯᠢ ᠶᠢᠨ ᠡᠷᠬᠡᠲᠡᠨ ᠤ ᠳᠠᠩᠰᠠᠯᠠᠯ ᠢ ᠬᠠᠣᠯᠢ ᠶᠣᠰᠣᠭᠠᠷ ᠭᠦᠢᠴᠡᠳᠬᠡᠵᠦ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠣᠯᠯᠠᠨ᠂ ᠤᠯᠤᠰ ᠤᠨ ᠦᠮᠴᠢᠯᠡᠯᠲᠦ ᠡᠳ᠋ ᠬᠦᠷᠦᠩᠬᠡ ᠶᠢ ᠠᠰᠢᠭᠯᠠᠨ ᠡᠷᠬᠢᠯᠡᠭᠰᠡᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ︽ᠠᠵᠢᠯ ᠦᠢᠯᠡᠰ ᠤᠨ ᠨᠢᠭᠡᠴᠡ ᠶᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠤᠰ ᠭᠠᠵᠠᠷ ᠣᠷᠣᠨ ᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠡᠯᠡᠳᠬᠡᠮᠵᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠬᠤ ᠵᠥᠪᠰᠢᠶᠡᠷᠡᠯ ᠤᠨ ᠠᠵᠢᠯ ᠪᠠ ᠭᠠᠯ ᠤᠨᠲᠠᠷᠠᠭᠠᠬᠤ ᠵᠥᠪᠰᠢᠶᠡᠷᠡᠯ ᠤᠨ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠵᠤ᠂ ᠣᠨᠴᠠ ᠬᠦᠴᠢᠷᠳᠡᠯᠲᠡᠢ ᠬᠦᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠳᠡᠰ ᠵᠡᠷᠭᠡ ᠶᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠤᠭ᠎ᠠ ᠬᠠᠷᠢᠭᠤᠴᠠᠯᠭ᠎ᠠ ᠶᠢᠨ ᠪᠢᠴᠢᠭ ᠲᠣᠭᠲᠠᠨ᠎ᠠ᠃ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠡᠳᠦᠷ ᠲᠤᠳᠤᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠳᠣᠲᠣᠭᠠᠳᠤ ᠶᠢᠨ ᠬᠠᠮᠢᠶᠠᠷᠤᠯᠲᠠ᠂ ᠠᠮᠤᠷ ᠲᠥᠪᠰᠢᠨ ᠤ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠨᠴᠠ ᠬᠦᠴᠢᠷᠳᠡᠯᠲᠠᠢ ᠬᠥᠮᠦᠰ ᠲᠤ ᠡᠳᠦᠷ ᠲᠤᠲᠤᠮ ᠤᠨ ᠠᠮᠢᠳᠤᠷᠠᠯ ᠤᠨ ᠬᠠᠷᠠᠭᠠᠯᠵᠠᠯ ᠰᠤᠪᠢᠯᠠᠯᠳᠠ᠂ ᠡᠮᠨᠡᠨ ᠵᠠᠰᠠᠬᠤ ᠵᠡᠷᠭᠡ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠦᠨᠳᠦᠰᠦᠨ ᠦᠢᠯᠡᠴᠢᠯᠡᠭᠡ ᠬᠠᠩᠭᠠᠨ᠎ᠠ᠃ ᠣᠨᠴᠠ ᠬᠦᠴᠢᠷᠳᠡᠯᠲᠠᠢ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠬᠡᠷᠡᠭᠴᠡᠭᠡ ᠶᠢ ᠬᠠᠩᠭᠠᠭᠰᠠᠨ ᠤᠷᠢᠲᠠᠯ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠪᠤᠰᠤᠳ ᠣᠷᠣᠯᠭ᠎ᠠ ᠪᠠᠭ᠎ᠠ᠂ ᠥᠨᠳᠥᠷ ᠨᠠᠰᠤᠲᠠᠶ᠂ ᠭᠤᠣᠨᠢ ᠪᠡᠶ᠎ᠡ ᠪᠣᠯᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠬᠠᠷᠠᠭᠠᠯᠵᠠᠨ ᠰᠤᠪᠢᠯᠠᠬᠤ ᠦᠢᠯᠡᠴᠢᠯᠡᠭᠡ ᠬᠠᠩᠭᠠᠨ᠎ᠠ᠃      ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠨᠥᠬᠦᠴᠡᠯ ᠲᠠᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠲᠠᠰᠤᠭ ᠪᠤᠶᠤ ᠰᠤᠪᠢᠯᠠᠬᠤ ᠥᠷᠲᠡᠭᠡ ᠭᠠᠷᠭᠠᠵᠤ ᠪᠣᠯᠤᠨ᠎ᠠ᠃ ᠰᠤᠪᠢᠯᠠᠬᠤ ᠲᠤᠰᠬᠠᠶ ᠲᠣᠭᠤᠷᠢᠭ ᠪᠠᠶᠢᠭᠤᠯᠬᠤ᠂ ᠰᠤᠪᠢᠯᠠᠬᠤ ᠣᠷᠣ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠪᠢᠯᠠᠬᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠠᠰᠠᠷᠠᠨ ᠲᠡᠵᠢᠭᠡᠬᠦ ᠡᠲᠡᠭᠡᠳ ᠲᠤ ᠤᠯᠠᠨ ᠵᠦᠢᠯ ᠤᠨ ᠬᠡᠯᠪᠡᠷᠢ ᠪᠦᠬᠦᠢ ᠬᠠᠷᠠᠭᠠᠯᠵᠠᠵᠤ ᠰᠤᠪᠢᠯᠠᠬᠤ ᠦᠢᠯᠡᠴᠢᠯᠡᠭᠡ ᠬᠠᠩᠭᠠᠨ᠎ᠠ᠃ 2020 ᠣᠨ ᠪᠣᠯᠬᠤ ᠳᠤ᠂ ᠪᠦᠬᠦ ᠣᠷᠣᠨ ᠤ ᠰᠤᠪᠢᠯᠠᠬᠤ ᠬᠡᠯᠪᠡᠷᠢ ᠪᠦᠬᠦᠢ ᠣᠷᠣ ᠶᠢᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠠᠬᠢ ᠣᠷᠣ ᠶᠢᠨ ᠶᠡᠷᠦᠩᠬᠡᠶ ᠲᠤᠭ᠎ᠠ ᠶᠢᠨ ᠡᠵᠡᠯᠡᠬᠦ ᠬᠠᠷᠢᠴᠠᠯ ᠢ 40%᠎ ᠳᠤ ᠬᠦᠷᠦᠭᠦᠯᠦᠨ᠎ᠡ᠃      ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠲᠤᠰᠬᠠᠶ ᠵᠠᠷᠤᠳᠠᠯ ᠲᠣᠬᠢᠷᠠᠭᠤᠯᠤᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠨ᠎ᠠ᠃ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠲᠠᠢ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠲᠥᠪᠯᠡᠷᠡᠭᠦᠯᠦᠨ ᠠᠰᠠᠷᠠᠨ ᠲᠡᠵᠢᠭᠡᠬᠦ ᠡᠲᠡᠭᠡᠳ ᠲᠤ ᠲᠤᠰ ᠲᠤᠰ 1:10᠂ 1:6 ᠪᠣᠯᠤᠨ 1:3᠎ ᠶᠢᠨ ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ ᠪᠠᠷ ᠰᠤᠪᠢᠯᠠᠭᠴᠢ ᠲᠣᠬᠢᠷᠠᠭᠤᠯᠬᠤ ᠶᠢᠨ ᠬᠠᠮᠲᠤ᠂ ᠠᠵᠢᠯᠲᠠᠨ ᠢ ᠲᠠᠰᠤᠷᠠᠯᠲᠠ ᠦᠭᠡᠢ ᠪᠠᠷ ᠪᠦᠷᠢᠨᠰᠢᠭᠦᠯᠵᠦ᠂ ᠲᠤᠰᠬᠠᠶ ᠮᠡᠷᠭᠡᠵᠢᠯ ᠤᠨ ᠨᠡᠶᠢᠭᠡᠮ ᠤᠨ ᠠᠵᠢᠯᠯᠠᠭᠴᠢ ᠶᠢ ᠵᠦᠢ ᠵᠣᠬᠢᠰᠲᠠᠶ ᠲᠣᠬᠢᠷᠠᠭᠤᠯᠤᠨ ᠬᠡᠷᠡᠭᠯᠡᠵᠦ᠂ ︽ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠭᠠᠬᠤ︾᠎ ᠪᠠᠷ ᠳᠠᠮᠵᠢᠨ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ᠂ ᠨᠡᠩ ᠣᠯᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠣᠯᠠᠨ ᠵᠠᠮ ᠮᠦᠷ ᠢᠶᠠᠷ ᠳᠡᠭᠡᠭᠰᠢᠯᠡᠭᠦᠯᠦᠨ᠎ᠡ᠃      ︵ᠲᠤᠯᠤᠭ᠎ᠠ︶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠡᠲᠡᠭᠡᠳ ᠤᠨ ᠳᠠᠩᠰᠠ ᠡᠪᠬᠡᠮᠡᠯ ᠤᠨ ᠬᠠᠮᠢᠶᠠᠷᠤᠯᠲᠠ᠃      ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠬᠤ ᠠᠰᠠᠷᠠᠨ ᠲᠡᠵᠢᠭᠡᠬᠦ ᠡᠲᠡᠭᠡᠳ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠤᠰ ᠭᠠᠵᠠᠷ ᠣᠷᠣᠨ ᠤ ᠣᠨᠴᠠ ᠬᠦᠴᠢᠷᠳᠡᠯᠲᠡᠢ ᠬᠥᠮᠦᠰ ᠢ ᠲᠦᠷᠦᠯ ᠬᠤᠪᠢᠶᠠᠨ ᠬᠠᠮᠢᠶᠠᠷᠬᠤ ᠲᠠᠩᠰᠠ ᠡᠪᠬᠡᠮᠡᠯ ᠢ ᠪᠦᠬᠦ ᠲᠠᠯ᠎ᠠ ᠪᠠᠷ ᠪᠠᠶᠢᠭᠤᠯᠵᠤ᠂ ᠣᠨᠴᠠ ᠬᠦᠴᠢᠷᠳᠡᠯᠲᠡᠢ ᠬᠥᠮᠦᠰ ᠲᠤ ︽ᠨᠢᠭᠡ ᠬᠥᠮᠦᠨ ᠳᠤ ᠨᠢᠭᠡ ᠲᠠᠩᠰᠠ ᠡᠪᠬᠡᠮᠡᠯ︾᠎ ᠲᠠᠢ ᠪᠠᠶᠢᠯᠭᠠᠬᠤ ᠶᠢ ᠬᠡᠷᠡᠭᠵᠢᠭᠦᠯᠦᠨ᠂ ᠴᠠᠭᠠᠰᠤᠨ ᠳᠠᠩᠰᠠ ᠡᠪᠬᠡᠮᠡᠯ ᠢ ᠨᠢ ᠡᠯᠧᠺᠲᠷᠣᠨ ᠲᠠᠩᠰᠠ ᠡᠪᠬᠡᠮᠡᠯ ᠲᠠᠢ ᠨᠢᠭᠡᠳᠦᠯᠲᠡᠶ ᠪᠠᠶᠢᠯᠭᠠᠨ᠎ᠠ᠃      ᠭᠤᠷᠪᠠ᠂ ᠠᠵᠢᠯ ᠤᠨ ᠲᠣᠭᠲᠠᠴᠠ      ︵ᠨᠢᠭᠡ︶ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠡᠯᠡ ᠮᠥᠩᠭᠦ ᠶᠢᠨ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠵᠠᠰᠠᠭ ᠤᠨ ᠣᠷᠳᠣᠨ ᠤ ᠪᠠᠶᠢᠭᠤᠯᠤᠭᠰᠠᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ᠂ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤ ᠬᠡᠷᠡᠭᠰᠡᠬᠦ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠣᠬᠢᠰᠲᠠᠶ ᠲᠤᠰᠠᠯᠠᠮᠵᠢ ᠣᠯᠭᠤᠬᠤ ᠶᠢᠨ ᠬᠠᠮᠲᠤ᠂ ᠭᠤᠣᠯᠳᠠᠯᠭ᠎ᠠ ᠪᠠᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠡᠭᠦᠷᠭᠡ ᠨᠢ ᠬᠦᠨᠳᠦ᠂ ᠡᠳ᠋ ᠤᠨ ᠵᠠᠰᠠᠭ ᠨᠢ ᠬᠦᠴᠢᠷᠳᠡᠯᠲᠡᠢ᠂ ᠠᠵᠢᠯ ᠤᠨ ᠦᠷ᠎ᠡ ᠪᠦᠲᠦᠮᠵᠢ ᠪᠠᠷ ᠳᠤᠪᠤᠶᠢᠮ᠎ᠠ ᠭᠠᠵᠠᠷ ᠣᠷᠣᠨ ᠲᠡᠰᠢ ᠬᠡᠯᠪᠠᠶᠢᠯᠬᠡᠨ᠎ᠡ᠃ ᠡᠯ᠎ᠡ ᠭᠠᠵᠠᠷ ᠣᠷᠣᠨ᠂ ᠪᠤᠳᠠᠲᠠᠢ ᠲᠠᠢ ᠪᠠᠨ ᠤᠶᠠᠯᠳᠤᠭᠤᠯᠤᠨ᠂ ᠲᠥᠪ ᠪᠠ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢᠨ ᠪᠡᠯᠡ ᠮᠥᠩᠭᠦ ᠶᠢ ᠣᠨᠴᠠ ᠬᠦᠴᠢᠷᠳᠡᠯᠲᠡᠢ ᠬᠦᠮᠦᠰ ᠤᠨ ᠦᠨᠳᠦᠰᠦᠨ ᠠᠮᠢᠳᠤᠷᠠᠯ᠂ ᠬᠠᠷᠠᠭᠠᠯᠵᠠᠯ ᠰᠤᠪᠢᠯᠠᠯᠳᠠ᠂ ᠡᠮᠴᠢᠯᠡᠭᠡ ᠵᠠᠰᠠᠯᠲᠠ᠂ ᠣᠷᠣᠰᠢᠭᠤᠯᠭ᠎ᠠ ᠵᠡᠷᠭᠡ ᠵᠠᠷᠤᠯᠭ᠎ᠠ ᠳᠤ ᠬᠡᠷᠡᠭᠯᠡᠨ᠎ᠡ᠃ ᠳᠡᠭᠡᠳᠦ ᠱᠠᠲᠤᠨ ᠤ ᠪᠠᠭᠤᠯᠭᠠᠭᠰᠠᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠣᠯᠣᠨ ᠡᠯ᠎ᠡ ᠱᠠᠲᠤᠨ ᠤ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠤᠪᠢᠶᠠᠨ ᠲᠣᠬᠢᠷᠠᠭᠤᠯᠬᠤ ᠦᠶ᠎ᠡ ᠳᠤ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠠᠢ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠵᠤ᠂ ᠣᠷᠣᠭᠤᠯᠤᠯᠲᠠ ᠶᠢᠨ ᠡᠵᠡᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠵᠡᠷᠭᠡ ᠣᠷᠣᠯᠭ᠎ᠠ ᠲᠠᠢ ᠭᠠᠵᠠᠷ ᠣᠷᠣᠨ ᠨᠢ ᠲᠡᠳᠡᠬᠡᠷ ᠤᠨ ᠲᠤᠳᠤᠷ᠎ᠠ ᠠᠴᠠ ᠪᠡᠯᠡ ᠮᠥᠩᠭᠦ ᠭᠠᠷᠭᠠᠨ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠳᠤ ᠬᠡᠷᠡᠭᠯᠡᠵᠦ ᠪᠣᠯᠤᠨ᠎ᠠ᠃      ︵ᠬᠤᠶᠠᠷ︶ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠤᠨ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠤᠨ ᠠᠮᠵᠢᠯᠲᠠ ᠪᠦᠲᠦᠮᠵᠢ ᠪᠠᠷ ᠨᠢ ᠬᠠᠮᠢᠶᠠᠷᠬᠤ ᠪᠠ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠠᠷᠠᠳ ᠤᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠣᠳᠠᠲᠠᠶ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠣᠯᠣᠨ ᠦᠨᠡᠯᠡᠬᠦ ᠠᠷᠭ᠎ᠠ ᠶᠢ ᠲᠣᠭᠲᠠᠭᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠲᠤᠰᠬᠠᠶ ᠵᠦᠢᠯ ᠤᠨ ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠵᠤ᠂ 2018 ᠣᠨ ᠠᠴᠠ ᠡᠬᠢᠯᠡᠨ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ ᠠᠵᠢᠯ ᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠤᠳᠤᠷᠢᠳᠬᠤ ᠪᠠᠭ ᠤᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃      ︵ᠭᠤᠷᠪᠠ︶ ᠨᠡᠶᠢᠭᠡᠮ ᠤᠨ ᠬᠦᠴᠦᠨ ᠢ ᠣᠷᠣᠯᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠠᠭᠠᠯᠵᠠᠯ ᠦᠵᠡᠬᠦᠯᠬᠦ ᠲᠥᠷᠥ ᠶᠢᠨ ᠪᠤᠳᠤᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠰᠠᠶᠢᠨ ᠳᠤᠷᠠᠴᠤᠳ ᠵᠡᠷᠭᠡ ᠨᠡᠶᠢᠭᠡᠮ ᠤᠨ ᠬᠦᠴᠦᠨ ᠢ ᠵᠣᠷᠢᠬᠵᠢᠭᠤᠯᠵᠤ ᠪᠠᠶᠢᠭᠠᠳ ᠬᠠᠨᠳᠢᠪᠯᠠᠬᠤ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠡᠭᠦᠳᠦᠨ ᠪᠠᠶᠢᠭᠤᠯᠬᠤ᠂ ᠲᠠᠭᠠᠭᠠᠨ ᠠᠪᠴᠤ ᠬᠠᠪᠰᠤᠷᠤᠨ ᠲᠡᠳᠬᠦᠬᠦ᠂ ᠰᠠᠶᠢᠨ ᠳᠤᠷᠠᠴᠤᠳ ᠤᠨ ᠦᠢᠯᠡᠴᠢᠯᠡᠭᠡᠨ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠳᠤ ᠣᠷᠣᠯᠴᠠᠭᠤᠯᠵᠤ᠂ ᠣᠨᠴᠠ ᠬᠦᠴᠢᠷᠳᠡᠯᠲᠡᠢ ᠬᠥᠮᠦᠰ ᠲᠤ ᠲᠤᠰᠬᠠᠶᠢᠵᠢᠭᠰᠠᠨ᠂ ᠥᠪᠡᠷᠮᠢᠴᠡᠵᠢᠭᠰᠡᠨ ᠦᠢᠯᠡᠴᠢᠯᠡᠭᠡ ᠬᠠᠩᠭᠠᠨ᠎ᠠ᠃ ᠨᠠᠶᠢᠳᠠᠬᠤ᠂ ᠳᠠᠭᠠᠭᠠᠴᠢᠯᠠᠭᠤᠯᠬᠤ᠂ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠪᠠ ᠲᠥᠷᠥᠯ ᠵᠦᠢᠯ ᠢ ᠳᠡᠮᠵᠢᠬᠦ ᠡᠷᠴᠢᠮ ᠢ ᠨᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠬᠤ PPP ᠵᠠᠭᠪᠤᠷ ᠢ ᠵᠤᠷᠢᠬᠵᠢᠭᠤᠯᠤᠨ ᠬᠡᠷᠡᠭᠯᠡᠵᠦ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠤ ᠠᠯᠪᠠᠨ ᠠᠴᠠ ᠲᠤᠰᠠᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠳᠡᠮᠵᠢᠨ᠎ᠡ ᠃ ᠣᠨᠴᠠ ᠬᠦᠴᠢᠷᠳᠡᠯᠲᠡᠢ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠬᠡᠷᠡᠭᠴᠡᠭᠡ ᠶᠢ ᠪᠠᠲᠤᠯᠠᠭᠰᠠᠨ ᠤᠷᠢᠲᠠᠯ ᠳᠣᠣᠷ᠎ᠠ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠵᠡᠷᠭᠡ ᠬᠡᠯᠪᠡᠷᠢ ᠪᠦᠬᠦᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠳᠠᠶᠠᠭᠠᠷ ᠲᠤ ᠴᠢᠯᠥᠭᠡᠲᠡᠶ ᠨᠡᠭᠡᠭᠡᠭᠰᠡᠨ ᠣᠷᠣ ᠪᠠᠶᠢᠷᠢ ᠲᠠᠢ ᠪᠤᠯ ᠨᠡᠶᠢᠭᠡᠮ ᠤᠨ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠨᠥᠬᠦᠪᠥᠷᠢ ᠶᠢ ᠬᠦᠷᠲᠡᠵᠦ ᠪᠣᠯᠣᠨ᠎ᠠ᠃      ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃      ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠳᠤ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠢ ᠳᠤᠰ ᠵᠠᠰᠠᠭ ᠵᠠᠬᠢᠷᠭᠠᠨ ᠤ ᠣᠷᠣᠨ ᠤ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠣᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠪᠡᠯᠡ ᠮᠥᠩᠭᠦ ᠣᠷᠣᠭᠤᠯᠬᠤ᠂ ᠠᠵᠢᠯ ᠤᠨ ᠪᠠᠲᠤᠯᠠᠭ᠎ᠠ ᠪᠣᠯᠣᠨ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠭᠤᠶᠤᠴᠢᠯᠠᠯ ᠢ ᠨᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠨᠠᠶᠢᠳᠠᠵᠤ ᠬᠠᠷᠠᠭᠠᠯᠵᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠨ᠎ᠡ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠡᠪᠲᠡᠷᠡᠯᠴᠡᠵᠦ ᠵᠣᠬᠢᠴᠠᠭᠤᠯᠬᠤ ᠪᠠᠨ ᠴᠢᠩᠭᠠᠳᠬᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠡ ᠮᠥᠩᠭᠦ ᠶᠢ ᠬᠠᠮᠢᠶᠠᠷᠬᠤ᠂ ᠲᠠᠷᠬᠠᠭᠠᠬᠤ ᠵᠡᠷᠭᠡ ᠠᠵᠢᠯ ᠢ ᠰᠠᠶᠢᠲᠤᠷ ᠬᠢᠨ᠎ᠡ︔ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢ ᠬᠠᠮᠢᠶ᠎ᠠ ᠪᠥᠬᠦᠢ ᠲᠤᠰᠬᠠᠶ ᠵᠦᠢᠯ ᠤᠨ ᠲᠥᠯᠥᠪᠵᠢᠭᠦᠯᠭᠡ ᠳᠤ ᠣᠷᠣᠭᠤᠯᠵᠤ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠳᠡᠮᠵᠢᠨ᠎ᠡ︔ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠰᠤᠷᠭᠠᠨ ᠬᠥᠮᠦᠵᠢᠯ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠪᠤᠰᠤᠳ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠤᠭᠰᠠᠨ᠂ ᠪᠦᠬᠦᠯᠢ ᠴᠣᠭᠴᠠ ᠪᠠᠷ ᠨᠢ ᠠᠬᠢᠭᠤᠯᠤᠭᠰᠠᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃      ︵ᠬᠤᠶᠠᠷ︶ ᠲᠦᠷᠤ ᠶᠢᠨ ᠪᠤᠳᠤᠯᠭ᠎ᠠ ᠶᠢ ᠠᠪᠴᠠᠯᠳᠤᠭᠤᠯᠬᠤ ᠠᠵᠢᠯ ᠢ ᠰᠠᠶᠢᠲᠤᠷ ᠬᠢᠨ᠎ᠡ᠃      ᠡᠯ᠎ᠡ ᠭᠠᠵᠠᠷ ᠣᠷᠣᠨ ᠨᠤᠭᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠦᠨᠳᠦᠰᠦᠨ ᠡᠮᠴᠢᠯᠡᠭᠡᠨ ᠤ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠠᠰᠠᠷᠠᠮᠵᠢ ᠵᠡᠷᠭᠡ ᠲᠥᠷᠢᠮ ᠯᠦᠭᠡ ᠪᠦᠲᠦᠮᠵᠢᠲᠡᠶ ᠠᠪᠴᠠᠯᠳᠤᠭᠤᠯᠬᠤ ᠠᠵᠢᠯ ᠢ ᠰᠠᠶᠢᠲᠤᠷ ᠠᠳᠬᠤᠨ᠎ᠠ᠃ ᠣᠨᠴᠠ ᠬᠦᠴᠢᠷᠳᠡᠯᠲᠡᠢ ᠡᠲᠡᠭᠡᠳ ᠢᠶᠠᠷ ᠮᠠᠭᠠᠳᠯᠠᠨ ᠲᠣᠭᠲᠠᠭᠠᠬᠤ ᠳᠠᠭᠠᠨ᠂ ᠲᠡᠭᠦᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠦᠨᠳᠦᠰᠦᠨ ᠡᠮᠴᠢᠯᠡᠭᠡᠨ ᠤ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠪᠣᠯᠣᠨ ᠥᠨᠳᠥᠷ ᠨᠠᠰᠤᠨ ᠤ ᠨᠡᠮᠡᠭᠦᠷᠢ ᠵᠡᠷᠭᠡ ᠨᠡᠶᠢᠭᠡᠮ ᠤᠨ ᠠᠰᠠᠷᠠᠮᠵᠢ ᠶᠢᠨ ᠤᠯᠭᠤᠮᠵᠢ ᠶᠢ ᠣᠷᠣᠯᠭ᠎ᠠ ᠳᠤᠨᠢ ᠪᠣᠳᠣᠵᠤ ᠣᠷᠣᠭᠤᠯᠬᠤ ᠦᠭᠡᠢ᠃ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠤᠷᠤᠭᠤᠯᠤᠬᠰᠠᠨ ᠪᠠᠶᠢᠢᠪᠠᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠣᠨ ᠬᠦᠨᠳᠦ ᠵᠡᠮᠳᠡᠭᠴᠦᠳ ᠤᠨ ᠰᠤᠪᠢᠯᠠᠬᠤ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠳᠠᠬᠢᠵᠤ ᠬᠦᠷᠲᠡᠭᠡᠬᠦ ᠦᠭᠡᠢ᠃ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠤᠬᠰᠠᠨ ᠪᠠᠶᠢᠪᠠᠯ᠂ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠳᠠᠬᠢᠵᠤ ᠬᠦᠷᠲᠡᠭᠡᠬᠦ ᠦᠭᠡᠢ᠃      ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃      ᠡᠯ᠎ᠡ ᠭᠠᠵᠠᠷ ᠣᠷᠣᠨ ᠨᠤᠭᠤᠳ ᠣᠨᠴᠠ ᠬᠦᠴᠢᠷᠳᠡᠯᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠢᠨᠠᠨ ᠬᠠᠮᠢᠶᠠᠷᠬᠤ ᠤᠷᠳᠤ ᠬᠤᠭᠤᠴᠠᠭ᠎ᠠ ᠬᠦᠴᠦᠨ ᠲᠠᠢ ᠲᠣᠭᠲᠠᠴᠠ ᠶᠢ ᠪᠠᠶᠢᠭᠤᠯᠵᠤ᠂ ᠲᠤᠰᠬᠠᠢ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠢᠨᠠᠨ ᠪᠤᠳᠤᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠡᠯᠡ ᠮᠥᠩᠭᠦ ᠶᠢ ᠬᠠᠮᠢᠶᠠᠷᠴᠤ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠰᠠᠬᠢᠯᠭ᠎ᠠ ᠪᠠᠲᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ᠎ᠡ᠃ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠨᠡᠶᠢᠲᠡ ᠪᠣᠯᠣᠨ ᠵᠠᠭᠤᠴᠢᠯᠠᠭᠤᠷ ᠤᠨ ᠢᠯᠡᠴᠢᠯᠡᠵᠦ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠲᠡᠯᠡᠨ᠎ᠡ᠃ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠠᠷᠢᠭᠤᠴᠠᠯᠭ᠎ᠠ ᠶᠢᠨ ᠨᠡᠬᠡᠮᠵᠢᠯᠡᠬᠦ ᠲᠦᠷᠢᠮ ᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠡᠷᠴᠢᠮ ᠢ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠦᠯᠦ ᠨᠠᠶᠢᠳᠠᠪᠤᠷᠢᠵᠢᠭᠤᠯᠬᠤ᠂ ᠬᠠᠷᠢᠯᠴᠠᠨ ᠲᠦᠯᠬᠢᠯᠴᠡᠬᠦ᠂ ᠴᠠᠭ ᠲᠤᠬᠠᠶ ᠳᠤᠨᠢ ᠦᠯᠦ ᠰᠢᠢᠳᠪᠦᠷᠢᠯᠡᠬᠦ ᠵᠡᠷᠭᠡ ᠬᠦᠨᠳᠦ ᠨᠣᠴᠢᠲᠠᠶ ᠣᠷᠰᠢᠭ ᠲᠠᠲᠠᠭᠰᠠᠨ ᠨᠢᠭᠡᠴᠡ ᠪᠣᠯᠤᠨ ᠬᠤᠪᠢ ᠬᠥᠮᠦᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠲᠦᠷᠪᠡ︶ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃      ᠡᠯ᠎ᠡ ᠭᠠᠵᠠᠷ ᠣᠷᠣᠨ ᠨᠤᠭᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠪᠣᠯᠤᠨ ᠢᠨᠲ᠋ᠤᠷ ᠰᠦᠯᠵᠢᠶ᠎ᠡ ᠵᠢᠴᠢ ᠤᠯᠠᠨ ᠨᠡᠶᠢᠲᠡ ᠶᠢᠨ ᠤᠩᠰᠢᠯᠭ᠎ᠠ ᠶᠢᠨ ᠲᠠᠰᠤᠭ᠂ ᠮᠠᠲ᠋ᠧᠷᠢᠶᠠᠯ ᠣᠯᠬᠤ ᠴᠢᠬ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠳᠡᠪᠲᠡᠷ᠂ ᠮᠡᠳᠡᠬᠦᠯᠵᠦ ᠤᠶᠢᠢᠯᠠᠭᠠᠭᠤᠯᠬᠤ ᠬᠠᠭᠤᠳᠠᠰᠤ ︵ᠺᠠᠷᠲ︶ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠶᠢ ᠭᠦᠢᠴᠡᠳ ᠠᠰᠢᠭᠯᠠᠨ᠂ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠬᠦᠴᠦᠯᠡᠨ ᠤᠬᠠᠭᠤᠯᠵᠤ᠂ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠨᠴᠠ ᠬᠦᠴᠢᠷᠳᠡᠯᠲᠡᠢ ᠬᠥᠮᠦᠰ ᠢ ᠨᠡᠶᠢᠭᠡᠮ ᠨᠡᠶᠢᠲᠡ ᠪᠠᠷ ᠢᠶᠠᠨ ᠬᠠᠷᠠᠭᠠᠯᠵᠠᠨ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠡᠯ᠎ᠡ ᠠᠶᠢᠮᠠᠭ ᠬᠤᠲᠠ ᠨᠤᠭᠤᠳ ᠲᠤᠰ ᠰᠠᠨᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠬᠠᠶ ᠶᠢᠨ ᠭᠠᠵᠠᠷ ᠤᠨ ᠪᠤᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ 2016 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠦᠨᠳᠦᠰᠦᠨ ᠠᠮᠢᠳᠤᠷᠠᠯ ᠤᠨ ᠪᠠᠷᠢᠮᠵᠢᠶ᠎ᠠ᠂ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠰᠦᠯ ᠵᠡᠷᠭᠡ ᠶᠢ ᠲᠣᠲᠤᠷᠬᠠᠶᠢᠯᠠᠬᠤ ᠬᠡᠷᠡᠭᠳᠡᠢ᠃ ᠳᠠᠭᠠᠯᠳᠤᠭᠤᠯᠤᠯ᠄ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ      ᠳᠠᠭᠠᠯᠳᠤᠭᠤᠯᠤᠯ᠄ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ      ᠬᠥᠰᠥᠨᠥᠭᠲᠦ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map