ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠲᠦᠷᠢᠮ ᠢ ᠪᠠᠶᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠰᠠᠨᠠᠯ
ᠨᠡᠶᠢᠲᠡᠯᠡᠭᠰᠡᠨ ᠴᠠᠭ᠄
2017/2/28
                             ᠥᠪᠥᠷ ᠵᠠᠰᠠᠭ ᠲᠠᠷᠬᠠᠭᠠᠭᠰᠠᠨ ﹇2016﹈ 122 ᠳ᠋ᠤᠭᠠᠷ ᠲᠤᠭᠠᠳᠤ                                                       11 ᠳ᠋ᠤᠬᠡᠷ ᠰᠠᠷ᠎ᠠ ᠶᠢᠨ 1᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄      ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ︵ᠲᠤᠷᠤᠨᠨᠰᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠬᠡᠵᠦ ᠲᠤᠪᠴᠢᠯᠠᠨ᠎ᠠ︶᠎ ᠤᠨ ᠲᠦᠷᠢᠮ ᠪᠠ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠨᠨᠰᠠᠨ ᠡᠮᠴᠢᠯᠡᠭᠡ ︵ᠲᠤᠷᠤᠨᠨᠰᠢ ᠭᠦᠳᠡᠭᠡ ᠲᠤᠰᠬᠤᠨ ᠤ ᠰᠢᠨ᠎ᠠ ᠬᠤᠷᠰᠢᠨᠨᠰᠠᠨ ᠡᠮᠴᠢᠯᠡᠭᠡ ᠬᠡᠵᠦ ᠲᠤᠪᠴᠢᠯᠠᠨ᠎ᠠ︶᠎ ᠶᠢᠨ ᠲᠦᠷᠢᠮ ᠢ ᠪᠦᠳᠦᠮᠵᠢᠳᠡᠢ ᠡᠮᠬᠢᠯᠡᠨ ᠨᠡᠶᠢᠯᠡᠬᠦᠯᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠲᠤ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠡᠷᠬᠡ ᠠᠰᠢᠭ ᠢ ᠲᠦᠪ ᠭᠤᠤᠯᠴᠢ ᠪᠠᠷ ᠡᠳ᠋ᠯᠡᠬᠦᠯᠬᠦ ᠶᠢ ᠪᠡᠶᠡᠯᠡᠬᠦᠯᠦᠨ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠵᠦ᠂ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠬᠦᠯᠦᠨ᠂ ᠡᠮᠴᠢᠯᠡᠭᠡ ᠶᠢᠨ ᠲᠠᠭᠠᠳᠬᠠᠯ ᠤᠨ ᠠᠵᠢᠯ ᠦᠢᠯᠡᠰ ᠤᠨ ᠦᠷᠬᠦᠯᠵᠢᠯᠡᠨ ᠭᠦᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠡᠶᠢᠬᠡᠮ ᠤᠨ ᠲᠠᠭᠠᠳᠬᠠᠯ ᠤᠨ ᠬᠠᠤᠯᠢ︾᠂ ︽ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠢ ᠡᠮᠬᠢᠯᠡᠨ ᠨᠡᠶᠢᠯᠡᠬᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠷᠦ ᠲᠠᠷᠬᠠᠭᠠᠨᠨᠰᠠᠨ ﹇2016﹈ 3 ᠳ᠋ᠤᠭᠠᠷ ᠲᠤᠭᠠᠳᠤ︶ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠳᠠ ᠪᠠᠯᠭᠠᠰᠤᠨ ᠤ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ︾᠎ ᠢ ᠦᠨᠳᠦᠰᠦᠯᠡᠵᠦ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠲᠦᠷᠢᠮ ᠢ ᠪᠠᠶᠢᠭᠤᠯᠬᠤ ᠪᠠᠷ ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃      ᠨᠢᠬᠡ᠂ ᠦᠨᠳᠦᠰᠦᠨ ᠵᠠᠷᠴᠢᠮ ᠪᠠ ᠬᠠᠷᠠᠯᠳᠠᠳᠤ ᠡᠭᠦᠷᠬᠡ      ︵ᠨᠢᠬᠡ︶ ᠦᠨᠳᠦᠰᠦᠨ ᠵᠠᠷᠴᠢᠮ᠃      ᠨᠡᠶᠢᠳᠡᠮ ᠪᠦᠷᠭᠦᠭᠦᠯᠭᠦ᠂ ᠦᠨᠳᠦᠰᠦ ᠶᠢ ᠪᠠᠳᠤᠯᠠᠬᠤ᠂ ᠤᠯᠠᠨ ᠲᠡᠰ ᠲᠠᠪᠬᠤᠷᠭ᠎ᠠ ᠲᠠᠢ ᠪᠠᠶᠢᠯᠭᠠᠬᠤ᠂ ᠦᠷᠭᠦᠯᠵᠢᠯᠡᠵᠦ ᠪᠤᠯᠬᠤ ᠶᠢ ᠪᠠᠷᠢᠮᠳᠠᠯᠠᠵᠦ᠂ ᠡᠮᠴᠢᠯᠡᠭᠡ ᠶᠢᠨ ᠪᠠᠳᠤᠯᠠᠭ᠎ᠠ ᠶᠢᠨ ᠬᠢᠷᠢ ᠬᠡᠮᠵᠢᠶ᠎ᠡ ᠬᠢᠬᠡᠳ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠬᠢᠷᠢ ᠬᠡᠮᠵᠢᠶ᠎ᠡ ᠯᠦᠭᠡ ᠬᠠᠷᠢᠯᠴᠠᠨ ᠵᠤᠬᠢᠴᠠᠯᠳᠤᠬᠤ ᠶᠢ ᠠᠬᠢᠭᠤᠯᠤᠨ᠎ᠠ︔ ᠪᠡᠯᠡ ᠬᠤᠷᠠᠮᠳᠤᠭᠤᠯᠬᠤ ᠪᠠ ᠤᠯᠭᠤᠮᠵᠢ ᠶᠢ ᠬᠠᠷᠢᠯᠴᠠᠨ ᠬᠤᠯᠪᠤᠨᠨᠳᠠᠭᠤᠯᠬᠤ᠂ ᠡᠷᠬᠡ ᠠᠰᠢᠭ ᠪᠠ ᠡᠭᠦᠷᠬᠡ ᠶᠢ ᠬᠠᠷᠢᠯᠴᠠᠨ ᠲᠡᠩᠴᠡᠭᠦᠷᠢᠰᠢᠬᠦᠯᠬᠦ ᠶᠢ ᠪᠠᠷᠢᠮᠳᠠᠯᠠᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠲᠤ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠤᠯᠭᠤᠮᠵᠢ ᠶᠢ ᠲᠦᠪ ᠭᠤᠤᠯᠴᠢ ᠪᠠᠷ ᠡᠳ᠋ᠯᠡᠬᠦᠯᠬᠦ ᠶᠢ ᠪᠡᠶᠡᠯᠡᠬᠦᠯᠦᠨ᠎ᠡ︔ ᠡᠮᠴᠢᠯᠡᠭᠡ᠂ ᠡᠮᠴᠢᠯᠡᠭᠡ ᠶᠢᠨ ᠲᠠᠭᠠᠳᠬᠠᠯ᠂ ᠡᠮ ᠡᠮᠨᠡᠯᠬᠡ ᠵᠡᠷᠬᠡ ︽ᠡᠮᠴᠢᠯᠡᠭᠡ ᠶᠢᠨ ᠲᠠᠭᠠᠳᠬᠠᠯ ᠡᠷᠡᠭᠦᠯ ᠬᠠᠮᠠᠭᠠᠯᠠᠯ ᠡᠮ ᠤᠨ ᠵᠦᠢᠯ ᠭᠤᠷᠪᠠ︾᠎ ᠶᠢᠨ ᠬᠠᠮᠳᠤᠷᠠᠨ ᠭᠦᠳᠡᠯᠦᠯᠴᠡᠬᠦ ᠶᠢ ᠪᠠᠷᠢᠮᠳᠠᠯᠠᠨ᠎ᠠ︔ ᠦᠨᠳᠦᠰᠦᠨ ᠡᠮᠴᠢᠯᠡᠭᠡ ᠶᠢᠨ ᠲᠠᠭᠠᠳᠬᠠᠯ᠂ ᠭᠦᠨᠳᠦ ᠡᠪᠡᠳᠴᠢᠨ ᠤ ᠲᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠡᠩᠬᠡ ᠶᠢᠨ ᠲᠠᠭᠠᠳᠬᠠᠯ ᠵᠡᠷᠬᠡ ᠲᠦᠷᠢᠮ ᠢ ᠪᠦᠳᠦᠮᠵᠢᠳᠡᠢ ᠵᠤᠯᠭᠠᠯᠳᠤᠭᠤᠯᠬᠤ ᠶᠢ ᠪᠠᠷᠢᠮᠳᠠᠯᠠᠨ᠎ᠠ︔ ᠤᠷᠤᠯᠭ᠎ᠠ ᠪᠠᠷ ᠵᠠᠷᠤᠯᠭ᠎ᠠ ᠶᠢ ᠲᠤᠨᠨᠳᠠᠭᠠᠬᠤ᠂ ᠤᠷᠤᠯᠭ᠎ᠠ ᠵᠠᠷᠤᠯᠭ᠎ᠠ ᠶᠢ ᠲᠡᠩᠴᠡᠭᠦᠷᠢᠳᠡᠢ ᠪᠠᠶᠢᠯᠭᠠᠬᠤ᠂ ᠪᠠᠭᠠᠬᠠᠨ ᠦᠯᠡᠳᠡᠪᠦᠷᠢ ᠲᠠᠢ ᠪᠠᠶᠢᠬᠤ ᠵᠠᠷᠴᠢᠮ ᠢ ᠪᠠᠷᠢᠮᠳᠠᠯᠠᠵᠦ᠂ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢ ᠠᠮᠤᠷ ᠲᠦᠪᠰᠢᠨ ᠲᠤᠨᠨᠳᠠᠪᠤᠷᠢᠳᠠᠢ ᠠᠵᠢᠯᠯᠠᠭᠤᠯᠬᠤ ᠶᠢ ᠪᠠᠳᠤᠯᠠᠨ᠎ᠠ︔ ᠶᠡᠷᠦᠩᠬᠡᠢ ᠴᠤᠨᠨᠴᠠ ᠠᠴᠠ ᠲᠦᠯᠦᠪᠵᠢᠬᠦᠯᠬᠦ᠂ ᠬᠤᠳᠠ ᠭᠦᠳᠡᠭᠡ ᠶᠢ ᠨᠢᠬᠡᠳᠦᠯᠳᠡᠢ ᠲᠦᠯᠦᠪᠵᠢᠬᠦᠯᠬᠦ᠂ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ᠂ ᠦᠷ᠎ᠡ ᠠᠰᠢᠭ ᠢ ᠨᠡᠮᠡᠭᠳᠡᠬᠦᠯᠬᠦ ᠶᠢ ᠪᠠᠷᠢᠮᠳᠠᠯᠠᠵᠤ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠲᠦᠷᠢᠮ ᠢ ᠪᠠᠶᠢᠭᠤᠯᠤᠨ᠎ᠠ᠃      ︵ᠬᠤᠶᠠᠷ︶ ᠬᠠᠷᠠᠯᠳᠠᠳᠤ ᠡᠭᠦᠷᠬᠡ᠃      ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠪᠠ ᠭᠦᠳᠡᠭᠡ ᠲᠤᠰᠬᠤᠨ ᠤ ᠰᠢᠨ᠎ᠠ ᠬᠤᠷᠰᠢᠨᠨᠰᠠᠨ ᠡᠮᠴᠢᠯᠡᠭᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠬᠠᠮᠢᠶᠠᠷᠤᠯᠳᠠ ᠶᠢᠨ ᠰᠢᠰᠲ᠋ᠧᠮᠵᠢ ᠶᠢ ᠪᠠᠶᠢᠭᠤᠯᠤᠨ᠂ ᠪᠦᠷᠭᠦᠭᠦ ᠬᠡᠪᠴᠢᠶ᠎ᠡ᠂ ᠪᠡᠯᠡ ᠬᠤᠷᠠᠮᠳᠤᠭᠤᠯᠬᠤ ᠲᠦᠷᠦ ᠶᠢᠨ ᠪᠤᠳᠤᠯᠭ᠎ᠠ᠂ ᠪᠠᠳᠤᠯᠠᠭ᠎ᠠ ᠶᠢᠨ ᠤᠯᠭᠤᠮᠵᠢ ᠂ ᠡᠮᠴᠢᠯᠡᠭᠡ ᠶᠢᠨ ᠲᠠᠭᠠᠳᠬᠠᠯ ᠤᠨ ᠭᠠᠷᠴᠠᠭ᠂ ᠲᠤᠨᠨᠳ᠋ᠬᠠᠰᠠᠨ ᠴᠢᠬ ᠤᠨ ᠬᠠᠮᠢᠶᠠᠷᠤᠯᠳᠠ ᠪᠠ ᠰᠠᠭᠤᠷᠢ ᠮᠦᠩᠭᠦᠨ ᠤ ᠬᠠᠮᠢᠶᠠᠷᠤᠯᠳᠠ ᠵᠡᠷᠬᠡ ︽ᠵᠢᠷᠭᠤᠭ᠎ᠠ ᠶᠢ ᠨᠢᠬᠡᠳᠦᠬᠦᠯᠬᠦ︾᠎ ᠶᠢ ᠪᠡᠶᠡᠯᠡᠬᠦᠯᠵᠦ᠂ ᠤᠷᠤᠨ ᠤ ᠪᠠᠶᠢᠳᠠᠯ ᠳᠤ ᠵᠤᠬᠢᠴᠠᠭᠤᠯᠤᠨᠨᠰᠠᠨ᠂ ᠬᠤᠳᠠ ᠭᠦᠳᠡᠭᠡ ᠶᠢ ᠨᠢᠬᠡᠳᠦᠯᠳᠡᠢ ᠲᠦᠯᠦᠪᠵᠢᠬᠦᠯᠦᠭᠰᠡᠨ᠂ ᠠᠷᠠᠳ ᠢ ᠢᠪᠡᠬᠡᠵᠦ ᠦᠷ᠎ᠡ ᠠᠰᠢᠭ ᠢ ᠨᠢ ᠶᠡᠭᠡ ᠪᠤᠯᠭᠠᠨᠨᠰᠠᠨ᠂ ᠲᠦᠪ ᠭᠤᠤᠯᠴᠢ ᠪᠠᠷ ᠭᠦᠷᠳᠡᠵᠦ ᠪᠤᠯᠬᠤᠶᠢᠴᠠ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠢ ᠪᠠᠶᠢᠭᠤᠯᠵᠦ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠭᠦᠷᠳᠡᠬᠡᠨ᠎ᠠ᠃ 2017 ᠤᠨ ᠤ 1 ᠳ᠋ᠤᠬᠡᠷ ᠰᠠᠷ᠎ᠠ ᠶᠢᠨ 1᠎ ᠤ ᠡᠳᠦᠷ᠂ ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠤᠨ ᠨᠢᠬᠡᠳᠦᠯᠳᠡᠢ ᠲᠦᠷᠢᠮ ᠢ ᠬᠡᠷᠡᠭᠵᠢᠬᠦᠯᠦᠨ᠎ᠠ᠃      ᠬᠤᠶᠠᠷ᠂ ᠲᠠᠭᠠᠳᠬᠠᠯ ᠳᠤ ᠤᠷᠤᠬᠤ ᠬᠡᠪᠴᠢᠶ᠎ᠡ ᠪᠠ ᠨᠢᠬᠡᠳᠦᠯᠳᠡᠢ ᠲᠦᠯᠦᠪᠵᠢᠬᠦᠯᠬᠦ ᠲᠡᠰ ᠲᠠᠪᠬᠤᠷᠭ᠎ᠠ      ︵ᠨᠢᠬᠡ︶ ᠲᠠᠭᠠᠳᠬᠠᠯ ᠳᠤ ᠤᠷᠤᠬᠤ ᠬᠡᠪᠴᠢᠶ᠎ᠡ᠃      ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠬᠤ ᠬᠡᠪᠴᠢᠶ᠎ᠡ ᠳᠤ ᠬᠠᠷᠢᠶᠠᠯᠬᠠᠳᠠᠬᠤ ᠦᠬᠡᠢ ᠬᠤᠳᠠ ᠭᠦᠳᠡᠭᠡ ᠶᠢᠨ ᠰᠠᠭᠤᠭᠠᠯᠢ ᠠᠷᠠᠳ ᠢ᠂ ᠡᠭᠦᠨ ᠳᠤ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ᠂ ᠬᠤᠳᠠ ᠪᠠᠯᠭᠠᠰᠤ ᠳᠤ ᠠᠵᠢᠯ ᠦᠬᠡᠢ ᠰᠠᠭᠤᠭᠠᠯᠢ ᠠᠷᠠᠳ᠂ ᠡᠯ᠎ᠡ ᠲᠦᠷᠦᠯ ᠤᠨ ᠪᠦᠭᠦᠯᠢ ᠡᠳᠦᠷ ᠤᠨ ᠲᠦᠷᠢᠮᠳᠦ ᠰᠤᠷᠭᠠᠭᠤᠯᠢ ᠳᠤ ᠪᠠᠶᠢᠭ᠎ᠠ ᠰᠤᠷᠤᠨᠨᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ ᠦᠪᠡᠷᠳᠡᠬᠡᠨ ᠵᠠᠰᠠᠬᠤ ᠤᠷᠤᠨ ᠠᠴᠠ ᠲᠤᠨᠨᠳᠠᠭᠠᠨᠨᠰᠠᠨ ᠪᠤᠰᠤᠳ ᠭᠦᠮᠦᠰ ᠢ ᠪᠠᠭᠳᠠᠭᠠᠵᠦ᠂ ᠨᠢᠬᠡᠳᠦᠯᠳᠡᠢ ᠲᠦᠯᠦᠪᠵᠢᠬᠦᠯᠦᠭᠰᠡᠨ ᠭᠠᠵᠠᠷ ᠤᠷᠤᠨ ᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠭᠤᠯᠬᠤ ᠬᠡᠷᠡᠭᠳᠡᠢ᠃ ᠲᠠᠭᠠᠳᠬᠠᠯ ᠳᠤ ᠤᠷᠤᠨᠨᠰᠠᠨ ᠭᠦᠮᠦᠰ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠪᠠ ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠵᠡᠷᠬᠡᠪᠡᠷ ᠤᠷᠤᠵᠦ ᠪᠤᠯᠬᠤ ᠦᠬᠡᠢ᠂ ᠡᠮᠴᠢᠯᠡᠭᠡ ᠶᠢᠨ ᠲᠠᠭᠠᠳᠬᠠᠯ ᠤᠨ ᠤᠯᠭᠤᠮᠵᠢ ᠶᠢ ᠲᠠᠪᠬᠤᠷ ᠭᠦᠷᠳᠡᠵᠦ ᠪᠤᠯᠬᠤ ᠦᠬᠡᠢ᠃      ᠦᠪᠡᠷᠳᠡᠬᠡᠨ ᠵᠠᠰᠬᠠᠤ ᠤᠷᠤᠨ ᠤ ᠲᠤᠳᠤᠷ᠎ᠠ ᠪᠠᠨ ᠤᠨᠳᠤᠤ ᠭᠠᠵᠠᠷ ᠤᠨ ᠲᠠᠭᠠᠳᠬᠠᠯ ᠳᠤ ᠤᠷᠤᠬᠤ ᠲᠦᠷᠢᠮ ᠢ ᠪᠠᠶᠢᠭᠤᠯᠵᠦ᠂ ᠤᠷᠤᠨ ᠤ ᠲᠤᠳᠤᠷᠠᠬᠢ ᠡᠷᠦᠬᠡ ᠠᠮᠠ ᠤᠷᠤᠭᠤᠯᠤᠨᠨᠰᠠᠨ ᠦᠬᠡᠢ ᠭᠠᠵᠠᠷ ᠲᠤ ᠦᠪᠡᠷᠳᠡᠬᠡᠨ ᠵᠠᠰᠠᠬᠤ ᠤᠷᠤᠨ ᠤ ᠤᠷᠤᠰᠢᠨ ᠰᠠᠭᠤᠬᠤ ᠦᠨᠡᠮᠯᠡᠯ ᠤᠯᠤᠨᠨᠰᠠᠨ ᠬᠤᠳᠠ ᠭᠦᠳᠡᠭᠡ ᠶᠢᠨ ᠰᠠᠭᠤᠭᠠᠯᠢ ᠠᠷᠠᠳ ᠨᠢ ᠡᠷᠦᠬᠡ ᠠᠮᠠ ᠪᠠᠶᠢᠭ᠎ᠠ ᠭᠠᠵᠠᠷ ᠪᠤᠶᠤ ᠤᠷᠤᠰᠢᠨ ᠰᠠᠭᠤᠭ᠎ᠠ ᠭᠠᠵᠠᠷ ᠤᠨ ᠠᠯᠢ ᠨᠢᠬᠡ ᠶᠢ ᠨᠢ ᠰᠤᠩᠭᠤᠵᠦ ᠲᠠᠭᠠᠳᠬᠠᠯ ᠳᠤ ᠤᠷᠤᠵᠦ᠂ ᠤᠷᠤᠰᠢᠨ ᠰᠠᠭᠤᠭ᠎ᠠ ᠭᠠᠵᠠᠷ ᠤᠨ ᠢᠶᠠᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠭᠦᠮᠦᠨ ᠲᠠᠢ ᠠᠳᠠᠯᠢᠬᠠᠨ ᠤᠯᠭᠤᠮᠵᠢ ᠭᠦᠷᠳᠡᠨ᠎ᠡ᠃ ᠲᠠᠭᠠᠳᠬᠠᠯ ᠳᠤ ᠤᠷᠤᠨᠨᠰᠠᠨ ᠭᠠᠵᠠᠷ ᠤᠨ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠲᠠᠭᠠᠳᠬᠠᠯ ᠳᠤ ᠤᠷᠤᠨᠨᠰᠠᠨ ᠭᠦᠮᠦᠨ ᠤ ᠪᠠᠷᠢᠮᠵᠢᠶ᠎ᠠ ᠲᠠᠢ ᠬᠠᠷᠢᠴᠠᠭᠤᠯᠵᠦ ᠨᠦᠭᠦᠪᠦᠷᠢ ᠦᠭᠭᠦ ᠬᠡᠷᠡᠭᠳᠡᠢ᠃ ᠡᠷᠦᠬᠡ ᠠᠮᠠ ᠪᠠᠶᠢᠭ᠎ᠠ ᠭᠠᠵᠠᠷ ᠲᠠᠭᠠᠨ ᠨᠢᠬᠡᠨᠳᠡ ᠲᠠᠭᠠᠳᠬᠠᠯ ᠳᠤ ᠤᠷᠤᠨᠨᠰᠠᠨ ᠭᠦᠮᠦᠰ ᠨᠢ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠪᠠᠨ ᠰᠢᠯᠵᠢᠬᠦᠯᠵᠦ ᠵᠠᠯᠭᠠᠭᠤᠯᠬᠤ ᠭᠠᠷᠳᠠᠮ ᠭᠦᠢᠴᠡᠳᠬᠡᠵᠦ ᠪᠠᠶᠢᠭᠠᠳ ᠤᠷᠤᠰᠢᠨ ᠰᠠᠭᠤᠭ᠎ᠠ ᠭᠠᠵᠠᠷ ᠲᠠᠭᠠᠨ ᠲᠠᠭᠠᠳᠬᠠᠯ ᠳᠤ ᠤᠷᠤᠬᠤ ᠶᠢ ᠪᠡᠶᠡᠯᠡᠬᠦᠯᠵᠦ ᠪᠤᠯᠤᠨ᠎ᠠ᠃      ︵ᠬᠤᠶᠠᠷ︶ ᠨᠢᠬᠡᠳᠦᠯᠳᠡᠢ ᠲᠦᠯᠦᠪᠵᠢᠬᠦᠯᠬᠦ ᠲᠡᠰ ᠲᠠᠪᠬᠤᠷᠭ᠎ᠠ᠃      ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠠᠶᠢᠮᠠᠭ ᠬᠤᠳᠠ ᠶᠢᠨ ᠱᠠᠳᠤᠨ ᠤ ᠨᠢᠬᠡᠳᠦᠯᠳᠡᠢ ᠲᠦᠯᠦᠪᠵᠢᠬᠦᠯᠬᠦ ᠶᠢ ᠬᠡᠷᠡᠭᠵᠢᠬᠦᠯᠵᠦ᠂ ᠠᠶᠢᠮᠠᠭ ᠬᠤᠳᠠ ᠪᠠᠷ ᠨᠢᠬᠡᠴᠢ ᠪᠤᠯᠭᠠᠵᠦ ᠪᠡᠯᠡ ᠬᠤᠷᠠᠮᠳᠤᠭᠤᠯᠬᠤ ᠠᠷᠭ᠎ᠠ ᠮᠠᠶ᠋ᠢᠭ᠂ ᠤᠯᠭᠤᠮᠵᠢ ᠶᠢᠨ ᠲᠦᠷᠦ ᠶᠢᠨ ᠪᠤᠳᠤᠯᠭ᠎ᠠ᠂ ᠰᠠᠭᠤᠷᠢ ᠮᠦᠩᠭᠦᠨ ᠤ ᠬᠠᠮᠢᠶᠠᠷᠤᠯᠳᠠ᠂ ᠦᠢᠯᠡᠴᠢᠯᠡᠬᠡᠨ ᠤ ᠬᠢᠨᠠᠯᠳᠠ ᠬᠠᠮᠢᠶᠠᠷᠤᠯᠳᠠ᠂ ᠭᠠᠷᠳᠠᠨ ᠭᠦᠢᠴᠡᠳᠬᠡᠬᠦ ᠴᠤᠪᠤᠷᠠᠯ ᠪᠠ ᠮᠡᠳᠡᠭᠡ ᠵᠠᠩᠬᠢ ᠶᠢᠨ ᠬᠠᠮᠢᠶᠠᠷᠤᠯᠳᠠ ᠶᠢ ᠨᠢᠬᠡᠳᠦᠬᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠱᠠᠳᠤᠨ ᠤ ᠨᠢᠬᠡᠳᠦᠯᠳᠡᠢ ᠲᠦᠯᠦᠪᠵᠢᠬᠦᠯᠬᠦ ᠶᠢ ᠢᠳᠡᠪᠬᠢᠳᠡᠢ ᠰᠦᠪᠡᠭᠴᠢᠯᠡᠬᠦ ᠬᠡᠷᠡᠭᠳᠡᠢ᠃      ᠭᠤᠷᠪᠠ᠂ ᠰᠠᠭᠤᠷᠢ ᠮᠦᠩᠭᠦ ᠬᠤᠷᠠᠮᠳᠤᠭᠤᠯᠵᠦ ᠴᠤᠨᠨᠯᠠᠭᠤᠯᠬᠤ ᠨᠠᠷᠢᠯᠢᠬ ᠪᠤᠳᠤᠯᠳᠠ ᠶᠢ ᠲᠡᠩᠴᠡᠭᠦᠷᠢᠰᠢᠬᠦᠯᠦᠭᠰᠡᠨ ᠰᠠᠭᠤᠷᠢᠨ ᠲᠡᠬᠡᠷ᠎ᠡ᠂ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠬᠢᠷᠢ ᠬᠡᠮᠵᠢᠶ᠎ᠡ᠂ ᠡᠯ᠎ᠡ ᠲᠠᠯ᠎ᠠ ᠶᠢᠨ ᠲᠠᠭᠠᠭᠠᠴᠠ ᠶᠢᠨ ᠴᠢᠳᠠᠪᠤᠷᠢ ᠲᠠᠢ ᠵᠤᠬᠢᠴᠬᠠᠰᠠᠨ ᠪᠡᠯᠡ ᠬᠤᠷᠠᠮᠳᠤᠭᠤᠯᠬᠤ ᠲᠤᠨᠨᠳᠠᠭᠤᠨ ᠲᠤᠨᠨᠳᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠡᠢ᠃      ︵ᠨᠢᠬᠡ︶ ᠰᠠᠭᠤᠷᠢ ᠮᠦᠩᠬᠦ ᠲᠠᠳᠠᠪᠤᠷᠢᠯᠠᠵᠦ ᠲᠤᠰᠢᠶᠠᠬᠤ᠃      ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢ ᠬᠤᠪᠢ ᠭᠦᠮᠦᠨ ᠰᠦᠢᠳᠬᠡᠯ ᠲᠤᠰᠢᠶᠠᠬᠤ᠂ ᠵᠠᠰᠠᠭ ᠤᠨ ᠤᠷᠳᠤᠨ ᠨᠦᠭᠦᠪᠦᠷᠢᠯᠡᠬᠦ ᠶᠢ ᠬᠠᠷᠢᠯᠴᠠᠨ ᠤᠶᠠᠯᠳᠤᠭᠤᠯᠬᠤ ᠪᠠᠷ ᠭᠤᠤᠯᠯᠬᠠᠰᠠᠨ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢᠶᠠᠷ ᠬᠤᠷᠠᠮᠳᠤᠭᠤᠯᠤᠨ ᠴᠤᠨᠨᠯᠠᠭᠤᠯᠵᠦ  ᠬᠠᠮᠳᠤ ᠨᠡᠶᠢᠳᠡ᠂ ᠨᠢᠬᠡᠴᠡ ᠪᠤᠶᠤ ᠪᠤᠰᠤᠳ ᠨᠡᠶᠢᠬᠡᠮ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠲᠡᠮᠵᠢᠯᠬᠡ ᠪᠤᠶᠤ ᠵᠤᠭᠤᠰ ᠢᠶᠠᠷ ᠲᠤᠰᠠᠯᠠᠬᠤ ᠶᠢ ᠵᠤᠷᠢᠨᠨᠵᠢᠭᠤᠯᠤᠨ᠎ᠠ᠃ ᠤᠷᠤᠨ ᠪᠦᠰᠡ ᠶᠢᠨ ᠲᠤᠳᠤᠷ᠎ᠠ ᠪᠠᠨ ᠨᠢᠬᠡᠳᠦᠯᠳᠡᠢ ᠪᠡᠯᠡ ᠬᠤᠷᠠᠮᠳᠤᠭᠤᠯᠬᠤ᠂ ᠤᠯᠭᠤᠮᠵᠢ ᠤᠯᠭᠤᠬᠤ ᠪᠠᠷᠢᠮᠵᠢᠶ᠎ᠠ ᠶᠢ ᠨᠢᠬᠡᠳᠦᠯᠳᠡᠢ ᠲᠦᠯᠦᠪᠵᠢᠬᠦᠯᠵᠦ᠂ ᠬᠡᠪ ᠤᠨ ᠲᠤᠬᠢᠷᠠᠭᠤᠯᠬᠤ ᠲᠤᠨᠨᠳᠠᠴᠠ ᠶᠢ ᠪᠠᠶᠢᠭᠤᠯᠤᠨ᠎ᠠ᠃ ᠬᠤᠪᠢ ᠭᠦᠮᠦᠨ᠂ ᠬᠡᠷ ᠪᠦᠯᠢ ᠪᠤᠶᠤ ᠰᠤᠷᠭᠠᠭᠤᠯᠢ ︵ᠬᠡᠤᠬᠡᠳ ᠤᠨ ᠴᠡᠴᠡᠷᠯᠢᠭ︶᠎ ᠢᠶᠠᠷ ᠨᠢᠬᠡᠴᠢ ᠪᠤᠯᠭᠠᠵᠦ ᠲᠠᠭᠠᠳᠬᠠᠯ ᠳᠤ ᠤᠷᠤᠵᠦ ᠰᠦᠢᠳᠬᠡᠯ ᠲᠤᠰᠢᠶᠠᠵᠦ ᠪᠤᠯᠤᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠡᠩ ᠤᠨ ᠤᠨ ᠢᠶᠠᠷ ᠲᠠᠭᠠᠳᠬᠠᠯ ᠳᠤ ᠤᠷᠤᠨᠨᠰᠠᠨ ᠦᠶᠡᠯᠡᠯ ᠢ ᠲᠤᠭᠠᠴᠠᠨ ᠪᠤᠳᠤᠵᠦ᠂ ᠤᠨ ᠢᠶᠠᠷ ᠤᠷᠢᠳᠴᠢᠯᠠᠨ ᠰᠦᠢᠳᠬᠡᠯ ᠲᠤᠰᠢᠶᠠᠬᠤ ᠲᠦᠷᠢᠮ ᠢ ᠬᠡᠷᠡᠭᠵᠢᠬᠦᠯᠦᠨ᠂ ᠵᠢᠯ ᠪᠦᠷᠢ ᠶᠢᠨ 9 ᠳ᠋ᠤᠬᠡᠷ ᠰᠠᠷ᠎ᠠ ᠠᠴᠠ ᠢᠷᠡᠬᠦ ᠵᠢᠯ ᠤᠨ 2 ᠳ᠋ᠤᠭᠠᠷ ᠰᠠᠷ᠎ᠠ ᠭᠦᠷᠳᠡᠯᠡᠬᠢ ᠶᠢ ᠰᠦᠢᠳᠬᠡᠯ ᠲᠤᠰᠢᠶᠠᠬᠤ ᠬᠤᠭᠤᠴᠠᠭ᠎ᠠ ᠪᠤᠯᠭᠠᠵᠦ᠂ ᠲᠠᠷᠠᠭᠠᠴᠢ ᠶᠢᠨ ᠤᠨ ᠤ ᠬᠤᠪᠢ ᠭᠦᠮᠦᠨ ᠤ ᠲᠠᠭᠠᠳᠬᠠᠯ ᠳᠤ ᠤᠷᠤᠬᠤ ᠵᠠᠷᠤᠳᠠᠯ ᠢ ᠬᠤᠷᠢᠶᠠᠨ ᠲᠤᠰᠢᠶᠠᠯᠭᠠᠨ᠎ᠠ᠃      ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠵᠠᠷᠤᠳᠠᠯ ᠤᠨ ᠲᠠᠳᠠᠪᠤᠷᠢᠯᠠᠵᠦ ᠲᠤᠰᠢᠶᠠᠬᠤ ᠠᠵᠢᠯ ᠢ ᠬᠠᠷᠢᠭᠤᠴᠠᠵᠦ᠂ ᠪᠤᠳᠠᠳᠠᠢ ᠲᠠᠳᠠᠪᠤᠷᠢᠯᠠᠵᠦ ᠲᠤᠰᠢᠶᠠᠬᠤ ᠠᠷᠭ᠎ᠠ ᠶᠢ ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠠᠴᠠ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠯᠴᠠᠨ ᠠᠰᠳᠠᠭᠠᠨ ᠲᠤᠨᠨᠳᠠᠭᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠷᠢᠶᠠᠳᠤ ᠭᠠᠴᠠᠭ᠎ᠠ ᠲᠤᠰᠬᠤᠨ ᠤ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠠᠴᠠ ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠥᠴᠢᠷ ᠢ ᠬᠠᠮᠵᠢᠵᠦ ᠪᠠᠶᠢᠭᠠᠳ ᠬᠠᠷᠢᠶᠠᠳᠤ ᠲᠤᠭᠤᠷᠢᠭ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠤᠨ ᠵᠠᠷᠤᠳᠠᠯ ᠢ ᠤᠷᠤᠯᠠᠨ ᠬᠤᠷᠢᠶᠠᠵᠦ ᠲᠤᠰᠢᠶᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠦᠨᠳᠦᠰᠦᠨ ᠱᠠᠳᠤᠨ ᠤ ᠭᠦᠳᠡᠯᠮᠦᠷᠢ ᠶᠢᠨ ᠪᠠᠳᠤᠯᠠᠭ᠎ᠠ ᠶᠢᠨ ᠦᠷᠳᠡᠭᠡ ︵ᠭᠠᠵᠠᠷ︶᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠨᠢ ᠲᠦᠷᠦ ᠶᠢᠨ ᠪᠤᠳᠤᠯᠭ᠎ᠠ ᠶᠢ ᠤᠬᠠᠭᠤᠯᠬᠤ᠂ ᠯᠠᠪᠯᠠᠵᠦ ᠪᠠᠶᠢᠴᠠᠭᠠᠨ ᠠᠰᠠᠭᠤᠬᠤ ᠵᠡᠷᠬᠡ ᠦᠢᠯᠡᠴᠢᠯᠡᠭᠡ ᠶᠢ ᠬᠠᠮᠵᠢᠯᠴᠠᠨ ᠦᠷᠨᠢᠬᠦᠯᠬᠦ ᠬᠡᠷᠡᠭᠳᠡᠢ᠃ ᠨᠦᠭᠦᠴᠡᠯ ᠲᠠᠢ ᠭᠠᠵᠠᠷ ᠤᠷᠤᠨ ᠳᠤ ᠨᠡᠶᠢᠬᠡᠮ ᠤᠨ ᠪᠠᠳᠤᠯᠠᠭ᠎ᠠ ᠶᠢᠨ ᠺᠠᠷᠲ ᠢᠶᠠᠷ ᠤᠷᠤᠯᠠᠨ ᠬᠠᠰᠤᠬᠤ ᠶᠢᠨ ᠰᠦᠢᠳᠬᠡᠯ ᠲᠤᠰᠢᠶᠠᠬᠤ ᠵᠬᠠᠪᠤᠷ ᠬᠡᠷᠡᠭᠵᠢᠬᠦᠯᠬᠦ ᠶᠢ ᠵᠤᠷᠢᠨᠨᠵᠢᠭᠤᠯᠤᠨ᠎ᠠ᠃      ︵ᠬᠤᠶᠠᠷ︶ ᠡᠳ᠋ ᠤᠨ ᠵᠠᠰᠠᠭ ᠤᠨ ᠨᠦᠭᠦᠪᠦᠷᠢ᠃      ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠨᠦᠭᠦᠪᠦᠷᠢ ᠶᠢᠨ ᠪᠠᠷᠢᠮᠵᠢᠶ᠎ᠠ ᠪᠠ ᠰᠢᠯᠵᠢᠬᠦᠯᠦᠨ ᠤᠯᠭᠤᠬᠤ ᠠᠷᠭ᠎ᠠ ᠮᠠᠶ᠋ᠢᠭ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠪᠠᠶᠢᠳᠠᠯ ᠢ ᠦᠨᠳᠦᠰᠦᠯᠡᠵᠦ ᠲᠤᠬᠢᠷᠬᠠᠰᠠᠨ ᠴᠠᠭ ᠲᠤᠨᠢ ᠲᠤᠬᠢᠷᠠᠭᠤᠯᠤᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠦᠭᠦᠪᠦᠷᠢ ᠶᠢᠨ ᠪᠡᠯᠡ ᠮᠦᠩᠭᠦ ᠶᠢ ᠤᠨ ᠤ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠤᠯᠳᠠ ᠳᠤ ᠤᠷᠤᠭᠤᠯᠬᠤ ᠶᠢᠨ ᠬᠠᠮᠳᠤ᠂ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠡᠳ᠋ ᠤᠨ ᠵᠠᠰᠠᠭ ᠤᠨ ᠨᠦᠭᠦᠪᠦᠷᠢ ᠶᠢᠨ ᠪᠡᠯᠡ ᠮᠦᠩᠭᠦ ᠶᠢ ᠴᠠᠭ ᠲᠤᠬᠠᠢ ᠳᠤᠨᠢ ᠭᠦᠢᠴᠡᠳ ᠰᠠᠯᠭᠠᠵᠦ ᠦᠭᠭᠦ ᠶᠢ ᠪᠠᠳᠤᠯᠠᠬᠤ ᠶᠢᠨ ᠬᠠᠮᠳᠤ ᠰᠠᠭᠤᠷᠢ ᠮᠦᠩᠭᠦᠨ ᠤ ᠲᠤᠰᠬᠠᠢ ᠲᠠᠩᠰᠠᠨ ᠡᠷᠦᠬᠡ ᠳᠤ ᠰᠢᠯᠵᠢᠬᠦᠯᠵᠦ ᠤᠷᠤᠭᠤᠯᠤᠨ᠎ᠠ᠃      ᠤᠯᠤᠰ ᠠᠴᠠ ᠲᠤᠨᠨᠳᠠᠭᠠᠨᠨᠰᠠᠨ ᠡᠳ᠋ ᠤᠨ ᠵᠠᠰᠠᠭ ᠤᠨ ᠨᠦᠭᠦᠪᠦᠷᠢ ᠶᠢᠨ ᠪᠡᠯᠡ ᠮᠦᠩᠭᠦ ᠶᠢᠨ ᠲᠤᠳᠤᠷ᠎ᠠ᠂ ᠲᠦᠪ ᠤᠨ ᠡᠳ᠋ ᠤᠨ ᠵᠠᠰᠠᠭ ᠤᠨ ᠨᠦᠭᠦᠪᠦᠷᠢ ᠠᠴᠠ ᠭᠠᠳᠠᠨ᠎ᠠ᠂ ᠦᠪᠡᠷᠳᠡᠬᠡᠨ ᠵᠠᠰᠠᠬᠤ ᠤᠷᠤᠨ ᠠᠴᠠ ᠡᠯ᠎ᠡ ᠭᠠᠵᠠᠷ ᠤᠨ ᠡᠳ᠋ ᠤᠨ ᠭᠦᠴᠦᠨ ᠢ ᠦᠨᠳᠦᠰᠦᠯᠡᠵᠦ ᠲᠦᠷᠦᠯ ᠲᠡᠰ ᠬᠤᠪᠢᠶᠠᠵᠦ ᠨᠦᠭᠦᠪᠦᠷᠢᠯᠡᠨ᠎ᠡ᠃ 2016 ᠤᠨ ᠤ ᠦᠪᠡᠷᠳᠡᠬᠡᠨ ᠵᠠᠰᠠᠬᠤ ᠤᠷᠤᠨ ᠤ ᠨᠦᠭᠦᠪᠦᠷᠢ ᠶᠢᠨ ᠰᠠᠭᠤᠷᠢ ᠲᠤᠭ᠎ᠠ ᠳᠤ ᠨᠢᠬᠡᠳᠦᠬᠡᠷ ᠲᠦᠷᠦᠯ ᠤᠨ ᠭᠠᠵᠠᠷ ᠤᠷᠤᠨ ᠨᠢ 43 ᠲᠦᠭᠦᠷᠢᠭ᠂ ᠬᠤᠶᠠᠳᠤᠭᠠᠷ ᠲᠦᠷᠦᠯ ᠤᠨ ᠭᠠᠵᠠᠷ ᠤᠷᠤᠨ ᠨᠢ 60 ᠲᠦᠭᠦᠷᠢᠭ᠂ ᠭᠤᠷᠪᠠᠳᠤᠭᠠᠷ ᠲᠦᠷᠦᠯ ᠤᠨ ᠭᠠᠵᠠᠷ ᠤᠷᠤᠨ ᠨᠢ 77 ᠲᠦᠭᠦᠷᠢᠭ ᠪᠠᠶᠢᠵᠦ᠂ ᠲᠠᠷᠠᠭᠠᠴᠢ ᠪᠠᠷ ᠵᠢᠯ ᠪᠤᠯᠭᠠᠨ ᠡᠭᠦᠨ ᠤ ᠰᠠᠭᠤᠷᠢᠨ ᠲᠡᠬᠡᠷ᠎ᠡ᠂ ᠲᠤᠬᠠᠢ ᠶᠢᠨ ᠵᠢᠯ ᠤᠨ ᠨᠡᠮᠡᠭᠳᠡᠭᠰᠡᠨ ᠬᠡᠰᠡᠭ ᠲᠤ᠂ ᠨᠢᠬᠡᠳᠦᠬᠡᠷ ᠲᠦᠷᠦᠯ ᠤᠨ ᠭᠠᠵᠠᠷ ᠤᠷᠤᠨ ᠨᠢ 30%᠎ ᠪᠠᠷ ᠨᠦᠭᠦᠪᠦᠷᠢᠯᠡᠬᠦ᠂ ᠬᠤᠶᠠᠳᠤᠭᠠᠷ ᠲᠦᠷᠦᠯ ᠤᠨ ᠭᠠᠵᠠᠷ ᠤᠷᠤᠨ ᠨᠢ 50%᠎ ᠪᠠᠷ ᠨᠦᠭᠦᠪᠦᠷᠢᠯᠡᠬᠦ᠂ ᠭᠤᠷᠪᠠᠳᠤᠭᠠᠷ ᠲᠦᠷᠦᠯ ᠤᠨ ᠭᠠᠵᠠᠷ ᠤᠷᠤᠨ ᠨᠢ 70%᠎ ᠪᠠᠷ ᠨᠦᠭᠦᠪᠦᠷᠢᠯᠡᠬᠦ ᠶᠢ ᠬᠡᠷᠡᠭᠵᠢᠬᠦᠯᠵᠦ᠂ ᠪᠤᠰᠤᠳ ᠬᠡᠰᠡᠭ ᠢ ᠨᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠡᠳ᠋ ᠤᠨ ᠵᠠᠰᠠᠭ ᠠᠴᠠ ᠱᠠᠳᠤ ᠬᠤᠪᠢᠶᠠᠵᠦ ᠡᠭᠦᠷᠬᠡᠯᠡᠨ᠎ᠠ᠃ ᠭᠠᠵᠠᠷ ᠤᠷᠤᠨ ᠤ ᠡᠳ᠋ ᠤᠨ ᠭᠦᠴᠦᠨ ᠢ ᠲᠦᠷᠦᠯ ᠬᠤᠪᠢᠶᠠᠬᠤ ᠳᠤ᠂ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠤᠰᠬᠠᠢ ᠲᠦᠷᠦᠯ ᠵᠦᠢᠯ ᠢᠶᠠᠷ ᠰᠢᠯᠵᠢᠬᠦᠯᠦᠨ ᠤᠯᠭᠤᠬᠤ ᠭᠠᠵᠠᠷ ᠤᠷᠤᠨ ᠢᠶᠠᠷ ᠲᠦᠷᠦᠯ ᠬᠤᠪᠢᠶᠠᠵᠦ ᠲᠤᠨᠨᠳᠠᠭᠠᠨ᠎ᠠ᠃      ︵ᠭᠤᠷᠪᠠ︶ ᠬᠤᠪᠢ ᠭᠦᠮᠦᠨ ᠤ ᠰᠦᠢᠳᠬᠡᠯ ᠲᠤᠰᠢᠶᠠᠬᠤ᠃      ᠬᠤᠪᠢ ᠭᠦᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠬᠢᠬᠡᠳ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠠᠢ ᠬᠠᠷᠢᠯᠴᠠᠨ ᠵᠣᠯᠭᠠᠯᠳᠤᠭᠤᠯᠬᠤ ᠭᠦᠳᠡᠯᠦᠩᠬᠦᠢ ᠲᠤᠬᠢᠷᠠᠭᠤᠯᠬᠤ ᠲᠤᠨᠨᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠰᠠᠭ ᠤᠨ ᠤᠷᠳᠤᠨ ᠬᠢᠬᠡᠳ ᠬᠤᠪᠢ ᠭᠦᠮᠦᠨ ᠤ ᠪᠡᠯᠡ ᠬᠤᠷᠠᠮᠳᠤᠭᠤᠯᠬᠤ ᠬᠠᠷᠢᠭᠤᠴᠠᠯᠭ᠎ᠠ ᠶᠢ ᠵᠦᠢ ᠵᠤᠬᠢᠰᠳᠠᠢ ᠬᠤᠪᠢᠶᠠᠷᠢᠯᠠᠵᠦ᠂ ᠵᠠᠰᠠᠭ ᠤᠨ ᠤᠷᠳᠤᠨ ᠤ ᠨᠦᠭᠦᠪᠦᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠬᠦ ᠶᠢᠨ ᠬᠠᠮᠳᠤ᠂ ᠬᠤᠪᠢ ᠭᠦᠮᠦᠨ ᠤ ᠰᠦᠢᠳᠬᠡᠯ ᠲᠤᠰᠢᠶᠠᠬᠤ ᠬᠤᠪᠢ ᠶᠢᠨ ᠵᠢᠩ ᠢ ᠵᠤᠬᠢᠬᠤ ᠬᠡᠮᠵᠢᠶ᠎ᠡ ᠪᠠᠷ ᠲᠡᠬᠡᠭᠰᠢᠯᠡᠬᠦᠯᠦᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠢ ᠨᠢᠬᠡᠳᠬᠡᠭᠰᠡᠨ ᠤ ᠲᠠᠷᠠᠭ᠎ᠠ᠂ ᠨᠢᠬᠡᠳᠦᠯᠳᠡᠢ ᠲᠦᠯᠦᠪᠵᠢᠬᠦᠯᠬᠦ ᠨᠦᠭᠦᠴᠡᠯ ᠲᠠᠢ ᠭᠠᠵᠠᠷ ᠤᠷᠤᠨ ᠨᠢ ᠬᠤᠪᠢ ᠭᠦᠮᠦᠨ ᠤ ᠰᠦᠢᠳᠬᠡᠯ ᠲᠤᠰᠢᠶᠠᠬᠤ ᠲᠡᠰ ᠢ ᠨᠢᠬᠡᠳᠦᠯᠳᠡᠢ ᠲᠤᠨᠨᠳᠠᠭᠠᠵᠦ ᠪᠤᠯᠤᠨ᠎ᠠ᠃ ᠲᠦᠷ ᠴᠠᠭ ᠨᠦᠭᠦᠴᠡᠯ ᠪᠦᠷᠢᠯᠳᠦᠭᠦᠯᠦᠭᠰᠡᠨ ᠦᠬᠡᠢ ᠪᠠᠶᠢᠪᠠᠯ ᠰᠦᠢᠳᠬᠡᠯ ᠲᠤᠰᠢᠶᠠᠬᠤ ᠬᠤᠶᠠᠷ ᠲᠡᠰ ᠢᠶᠠᠷ ᠢᠯᠭᠠᠨ ᠲᠤᠨᠨᠳᠠᠭᠠᠵᠦ᠂ ᠠᠳᠠᠯᠢ ᠪᠤᠰᠤ ᠤᠯᠭᠤᠮᠵᠢ ᠶᠢᠨ ᠬᠢᠷᠢ ᠬᠡᠮᠵᠢᠶ᠎ᠡ ᠶᠢ ᠬᠡᠷᠡᠭᠵᠢᠬᠦᠯᠵᠦ ᠪᠤᠯᠤᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠨᠢ ᠵᠠᠷᠴᠢᠮ ᠲᠡᠬᠡᠷ᠎ᠡ ᠪᠠᠨ ᠪᠠᠷᠢᠮᠵᠢᠶ᠎ᠠ ᠪᠠᠷ ᠦᠨᠳᠦᠷ ᠲᠡᠰ ᠢ ᠰᠤᠩᠭᠤᠵᠦ ᠰᠦᠢᠳᠬᠡᠯ ᠲᠤᠰᠢᠶᠠᠵᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠨᠢ ᠡᠭᠦᠨ ᠤ ᠲᠤᠳᠤᠷᠠᠬᠢ ᠨᠢᠬᠡ ᠲᠡᠰ ᠢ ᠰᠤᠩᠭᠤᠵᠦ ᠰᠦᠢᠳᠬᠡᠯ ᠲᠤᠰᠢᠶᠠᠵᠦ ᠪᠤᠯᠤᠨ᠎ᠠ᠂ 2᠎ ᠠᠴᠠ 3 ᠵᠢᠯ ᠤᠨ ᠲᠤᠳᠤᠷ᠎ᠠ ᠰᠦᠢᠳᠬᠡᠯ ᠲᠤᠰᠢᠶᠠᠬᠤ ᠪᠠᠷᠢᠮᠵᠢᠶ᠎ᠠ ᠪᠠ ᠤᠯᠭᠤᠮᠵᠢ ᠶᠢᠨ ᠬᠢᠷᠢ ᠬᠡᠮᠵᠢᠶ᠎ᠡ ᠶᠢ ᠪᠦᠭᠦᠨ ᠢ ᠨᠢᠬᠡᠳᠦᠬᠦᠯᠬᠦ ᠬᠡᠷᠡᠭᠳᠡᠢ᠃      ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢ ᠭᠦᠷᠳᠡᠵᠦ ᠪᠠᠶᠢᠭ᠎ᠠ ᠰᠠᠭᠤᠭᠠᠯᠢ ᠠᠷᠠᠳ᠂ ᠭᠦᠳᠡᠯᠮᠦᠷᠢᠯᠡᠬᠦ ᠴᠢᠳᠠᠪᠤᠷᠢ ᠪᠠᠨ ᠠᠯᠳ᠋ᠬᠠᠰᠠᠨ ᠵᠡᠮᠳᠡᠭᠴᠦᠳ᠂ ᠤᠷᠤᠯᠭ᠎ᠠ ᠪᠠᠭᠠᠳᠠᠢ ᠬᠡᠷ ᠪᠦᠯᠢ ᠶᠢᠨ ᠪᠦᠭᠦᠯᠢ 60 ᠨᠠᠰᠤᠨ ᠠᠴᠠ ᠲᠡᠬᠡᠭᠰᠢᠬᠢ ᠨᠠᠰᠤᠳᠠᠶᠢᠴᠤᠤᠯ ᠪᠠ ᠨᠠᠰᠤᠨ ᠳᠤ ᠦᠯᠦ ᠭᠦᠷᠦᠭᠰᠡᠳ ᠵᠡᠷᠬᠡ ᠬᠦᠮᠦᠰ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠬᠤᠪᠢ ᠭᠦᠮᠦᠨ ᠤ ᠰᠦᠢᠳᠬᠡᠯ ᠲᠤᠰᠢᠶᠠᠬᠤ ᠵᠤᠬᠢᠰᠳᠠᠢ ᠬᠡᠰᠡᠭ ᠲᠤᠨᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠨᠡᠮᠡᠭᠦᠷᠢ ᠤᠯᠭᠤᠵᠦ᠂ ᠨᠡᠮᠡᠭᠦᠷᠢ ᠶᠢᠨ ᠪᠠᠷᠢᠮᠵᠢᠶ᠎ᠠ ᠶᠢ ᠨᠢ ᠤᠤᠯ ᠤᠨ ᠲᠦᠷᠦ ᠶᠢᠨ ᠪᠤᠳᠤᠯᠭ᠎ᠠ ᠪᠠᠷ ᠬᠡᠷᠡᠭᠵᠢᠬᠦᠯᠬᠦ ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠲᠤᠨᠨᠳᠠᠭᠠᠯ ᠳᠤ ᠨᠡᠶᠢᠴᠡᠬᠦ ᠲᠠᠩᠰᠠ ᠡᠪᠬᠡᠮᠡᠯ ᠪᠠ ᠺᠠᠷᠲ ᠲᠠᠢ ᠶᠠᠳᠠᠭᠤ ᠭᠦᠴᠢᠷᠳᠡᠢ ᠭᠦᠮᠦᠨ ᠠᠮᠠ ᠶᠢᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠤᠪᠢ ᠭᠦᠮᠦᠨ ᠤ ᠰᠦᠢᠳᠬᠡᠯ ᠲᠤᠰᠢᠶᠠᠬᠤ ᠵᠤᠬᠢᠰᠳᠠᠢ ᠬᠡᠰᠡᠭ ᠲᠤᠨᠢ ᠡᠳ᠋ ᠤᠨ ᠵᠠᠰᠠᠭ ᠠᠴᠠ ᠨᠡᠮᠡᠭᠦᠷᠢ ᠤᠯᠭᠤᠬᠤ ᠬᠡᠷᠡᠭᠳᠡᠢ᠃ ᠤᠨᠴᠠ ᠭᠦᠴᠢᠷᠳᠡᠢ ᠭᠦᠮᠦᠰ᠂ ᠤᠨᠴᠠ ᠭᠦᠴᠢᠷᠳᠡᠢ ᠭᠦᠮᠦᠰ ᠢ ᠠᠪᠤᠷᠠᠨ ᠲᠤᠰᠠᠯᠠᠵᠦ ᠲᠡᠳᠬᠦᠨ ᠲᠡᠵᠢᠬᠡᠬᠦ ᠬᠡᠪᠴᠢᠶᠡᠨ ᠳᠤ ᠤᠷᠤᠭᠤᠯᠤᠬᠰᠠᠨ ᠬᠡᠤᠬᠡᠳ ᠤᠨ ᠲᠠᠭᠠᠳᠬᠠᠯ ᠳᠤ ᠤᠷᠤᠬᠤ ᠵᠠᠷᠤᠳᠠᠯ ᠳᠤᠨᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠪᠦᠭᠦ ᠲᠤᠭ᠎ᠠ ᠪᠠᠷ ᠨᠢ ᠵᠤᠭᠤᠰ ᠢᠶᠠᠷ ᠲᠤᠰᠠᠯᠠᠬᠤ ᠬᠡᠷᠡᠭᠳᠡᠢ᠃      ︵ᠲᠦᠷᠪᠡ︶ ᠨᠢᠯᠬ᠎ᠠ ᠬᠡᠤᠬᠡᠳ ᠢ ᠲᠠᠭᠠᠳᠬᠠᠯ ᠳᠤ ᠤᠷᠤᠭᠤᠯᠬᠤ᠃      ᠨᠢᠯᠬ᠎ᠠ ᠬᠡᠤᠬᠡᠳ ᠤᠨ ᠡᠴᠢᠬᠡ ᠡᠬᠡ ᠶᠢᠨ ᠠᠯᠢ ᠨᠢᠬᠡ ᠨᠢ ᠦᠪᠡᠷᠳᠡᠬᠡᠨ ᠵᠠᠰᠠᠬᠤ ᠤᠷᠤᠨ ᠤ ᠲᠤᠳᠤᠷᠠᠬᠢ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠪᠦᠬᠡᠳ ᠲᠤᠨᠨᠳᠠᠭᠠᠯ ᠶᠤᠰᠤᠭᠠᠷ ᠰᠦᠢᠳᠬᠡᠯ ᠲᠤᠰᠢᠶᠠᠭᠰᠠᠨ ᠪᠠᠶᠢᠪᠠᠯ᠂ ᠡᠬᠡ ᠶᠢᠨ ᠬᠡᠪᠡᠯᠢ ᠳᠤ ᠪᠠᠶᠢᠨᠨᠰᠠᠨ ᠦᠶ᠎ᠡ ᠳᠠᠬᠢ ᠬᠡᠤᠬᠡᠳ ᠨᠢ ᠡᠴᠢᠬᠡ ᠡᠬᠡ ᠶᠢᠨ ᠢᠶᠠᠨ ᠠᠯᠢ ᠨᠢᠬᠡ ᠶᠢᠨ ᠢᠶᠠᠨ ᠲᠠᠭᠠᠳᠬᠠᠯ ᠳᠤ ᠤᠷᠤᠨᠨᠰᠠᠨ ᠭᠠᠵᠠᠷ ᠲᠤ ᠲᠠᠭᠠᠳᠬᠠᠯ ᠳᠤ ᠤᠷᠤᠨᠨᠰᠠᠨ ᠲᠠᠩᠰᠠᠯᠠᠵᠦ ᠲᠡᠮᠳᠡᠭᠯᠡᠬᠦ ᠭᠠᠷᠳᠠᠮ ᠭᠦᠢᠴᠡᠳᠬᠡᠨ᠎ᠠ᠂ ᠲᠠᠷᠤᠢ ᠨᠢᠯᠬ᠎ᠠ ᠬᠡᠤᠬᠡᠳ ᠢ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠢᠶᠠᠷ ᠬᠠᠨᠳᠤᠵᠦ᠂ ᠲᠤᠬᠠᠢ ᠶᠢᠨ ᠵᠢᠯ ᠤᠨ ᠲᠠᠭᠠᠳᠬᠠᠯ ᠳᠤ ᠤᠷᠤᠨᠨᠰᠠᠨ ᠰᠦᠢᠳᠬᠡᠯ ᠲᠤᠰᠢᠶᠠᠬᠤ ᠠᠴᠠ ᠬᠡᠯᠳᠦᠷᠢᠬᠦᠯᠵᠦ᠂ ᠪᠤᠢ ᠪᠤᠯᠤᠨᠨᠰᠠᠨ ᠡᠮᠴᠢᠯᠡᠭᠡ ᠶᠢᠨ ᠵᠠᠷᠤᠳᠠᠯ ᠢ ᠲᠠᠩᠰᠠᠯᠠᠨ ᠲᠡᠮᠳᠡᠭᠯᠡᠭᠰᠡᠨ ᠭᠠᠵᠠᠷ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠪᠠᠷ ᠲᠠᠮᠵᠢᠭᠤᠯᠵᠦ ᠲᠠᠩᠰᠠᠨ ᠠᠴᠠ ᠲᠠᠶᠢᠯᠵᠦ᠂ ᠢᠷᠡᠬᠦ ᠵᠢᠯ ᠳᠤᠨᠢ ᠨᠢᠯᠬ᠎ᠠ ᠬᠡᠤᠬᠡᠳ ᠤᠨ ᠲᠤᠰ ᠭᠦᠮᠦᠨ ᠤ ᠪᠡᠶ᠎ᠡ ᠭᠠᠷᠤᠯ ᠢᠶᠠᠷ ᠰᠦᠢᠳᠬᠡᠯ ᠲᠤᠰᠢᠶᠠᠵᠦ ᠲᠠᠭᠠᠳᠬᠠᠯ ᠳᠤ ᠤᠷᠤᠭᠤᠯᠬᠤ ᠬᠡᠷᠡᠭᠳᠡᠢ᠃      ᠲᠦᠷᠪᠡ᠂ ᠡᠮᠴᠢᠯᠡᠭᠡ ᠶᠢᠨ ᠲᠠᠭᠠᠳᠬᠠᠯ ᠤᠨ ᠤᠯᠭᠤᠮᠵᠢ      ᠡᠯ᠎ᠡ ᠭᠠᠵᠠᠷ ᠤᠷᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠶᠡᠷᠦᠩᠬᠡᠢ ᠤᠯᠭᠤᠮᠵᠢ ᠶᠢᠨ ᠬᠢᠷᠢ ᠬᠡᠮᠵᠢᠶ᠎ᠡ ᠶᠢ ᠪᠠᠭᠤᠷᠠᠭᠤᠯᠬᠤ ᠦᠬᠡᠢ ᠪᠠᠶᠢᠬᠤ ᠶᠢᠨ ᠬᠠᠮᠳᠤ᠂ ᠠᠵᠦ ᠠᠬᠤᠢ ᠨᠡᠶᠢᠬᠡᠮ ᠤᠨ ᠭᠦᠭᠵᠢᠯᠳᠡ ᠲᠠᠢ ᠬᠠᠷᠢᠯᠴᠠᠨ ᠵᠤᠬᠢᠴᠬᠠᠰᠠᠨ ᠡᠮᠴᠢᠯᠡᠭᠡ ᠶᠢᠨ ᠲᠠᠭᠠᠳᠬᠠᠯ ᠤᠨ ᠤᠯᠭᠤᠮᠵᠢ ᠶᠢᠨ ᠭᠦᠳᠡᠯᠦᠩᠬᠦᠢ ᠲᠤᠬᠢᠷᠠᠭᠤᠯᠬᠤ ᠲᠤᠨᠨᠳᠠᠴᠠ ᠶᠢ ᠠᠯᠬᠤᠮ ᠠᠯᠬᠤᠮ ᠢᠶᠠᠷ ᠪᠠᠶᠢᠭᠤᠯᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠤᠨ ᠪᠠᠳᠤᠯᠠᠭ᠎ᠠ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠦᠨ᠎ᠠ᠃ ᠬᠡᠷᠡᠭᠯᠡᠬᠡᠨ ᠤ ᠮᠤᠩᠭᠤᠯ ᠬᠢᠳᠡᠳ ᠡᠮ ᠡᠮᠨᠡᠯᠬᠡ ᠪᠠ ᠮᠤᠩᠭᠤᠯ ᠬᠢᠳᠡᠳ ᠡᠮᠴᠢᠯᠡᠭᠡ ᠳᠤ ᠲᠤᠬᠢᠷᠠᠬᠤ ᠮᠡᠷᠬᠡᠵᠢᠯ ᠢ ᠶᠡᠬᠡᠪᠡᠷ ᠲᠡᠯᠬᠡᠷᠡᠭᠦᠯᠭᠦ ᠶᠢᠨ ᠬᠠᠮᠳᠤ᠂ ᠮᠤᠩᠭᠤᠯ ᠬᠢᠳᠡᠳ ᠡᠮᠴᠢᠯᠡᠭᠡ ᠲᠡᠰᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠦᠵᠡᠬᠦᠯᠬᠦ ᠬᠡᠷᠡᠭᠳᠡᠢ᠃      ︵ᠨᠢᠬᠡ︶ ᠡᠭᠦᠳᠡᠨ ᠡᠮᠨᠡᠯᠬᠡ ᠶᠢ ᠨᠢᠬᠡᠳᠦᠯᠳᠡᠢ ᠲᠦᠯᠦᠪᠵᠢᠬᠦᠯᠬᠦ᠃      ᠡᠯ᠎ᠡ ᠭᠠᠵᠠᠷ ᠤᠷᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠠᠬᠢ ᠡᠭᠦᠳᠡᠨ ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠦ᠂ ᠡᠭᠦᠳᠡᠨ ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠬᠦ ᠳᠤ ᠡᠩ ᠤᠨ ᠡᠭᠦᠳᠡᠨ ᠡᠮᠨᠡᠯᠬᠡ ᠪᠠ ᠡᠭᠦᠳᠡᠨ ᠡᠮᠨᠡᠯᠬᠡ ᠶᠢᠨ ᠤᠨᠴᠤᠭᠤᠢ ᠠᠷᠬᠠᠭ ᠡᠪᠡᠳᠴᠢᠨ ᠵᠡᠷᠬᠡ ᠶᠢ ᠪᠠᠭᠳᠠᠭᠠᠨ᠎ᠠ᠃ ᠰᠠᠭᠤᠷᠢ ᠮᠦᠩᠭᠦ ᠶᠢᠨ ᠶᠡᠷᠦᠩᠬᠡᠢ ᠬᠡᠮᠵᠢᠶ᠎ᠡ ᠶᠢ ᠦᠨᠳᠦᠰᠦᠯᠡᠵᠦ ᠡᠭᠦᠳᠡᠨ ᠡᠮᠨᠡᠯᠬᠡ ᠳᠤ ᠡᠪᠡᠳᠴᠢᠨ ᠦᠵᠡᠬᠦᠯᠬᠦ ᠭᠦᠮᠦᠨ ᠤ ᠡᠵᠡᠯᠡᠬᠦ ᠬᠠᠷᠢᠴᠠᠯ᠂ ᠡᠬᠢᠯᠡᠵᠦ ᠲᠤᠭᠠᠴᠠᠬᠤ ᠪᠠᠷᠢᠮᠵᠢᠶ᠎ᠠ᠂ ᠦᠭᠴᠤ ᠤᠯᠭᠤᠬᠤ ᠬᠠᠷᠢᠴᠠᠯ ᠵᠢᠴᠢ ᠬᠠᠮᠤᠭ ᠤᠨ ᠶᠡᠭᠡ ᠪᠠᠷ ᠦᠭᠴᠤ ᠤᠯᠭᠤᠬᠤ ᠬᠢᠵᠠᠭᠠᠷ ᠲᠤᠭ᠎ᠠ ᠵᠡᠷᠬᠡ ᠭᠦᠢᠴᠡᠳᠬᠡᠯ ᠲᠤᠭ᠎ᠠ ᠶᠢ ᠵᠤᠬᠢᠰᠳᠠᠢ ᠲᠤᠨᠨᠳᠠᠭᠠᠬᠤ ᠬᠡᠷᠡᠭᠳᠡᠢ᠃ ᠡᠩ ᠤᠨ ᠡᠭᠦᠳᠡᠨ ᠡᠮᠨᠡᠯᠬᠡ ᠶᠢᠨ ᠦᠭᠴᠤ ᠤᠯᠭᠤᠬᠤ ᠬᠠᠷᠢᠴᠠᠯ ᠢ 50%᠎ ᠠᠴᠠ ᠲᠤᠤᠷ᠎ᠠ ᠪᠠᠶᠢᠯᠭᠠᠵᠦ ᠪᠤᠯᠬᠤ ᠦᠬᠡᠢ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠤᠳᠠ ᠶᠢᠨ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ︵ᠦᠷᠳᠡᠭᠡ︶᠎ ᠶᠢ ᠡᠭᠦᠳᠡᠨ ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠵᠦ ᠵᠦᠪᠳᠡᠯᠴᠡᠨ ᠬᠠᠮᠢᠶᠠᠷᠬᠤ ᠡᠮᠴᠢᠯᠡᠬᠡᠨ ᠤ ᠪᠠᠶᠢᠭᠤᠯᠤᠮᠵᠢ ᠪᠤᠯᠭᠠᠵᠦ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ ᠲᠤ ᠡᠭᠦᠳᠡᠨ ᠡᠮᠨᠡᠯᠬᠡ ᠳᠤ ᠡᠪᠡᠳᠴᠢᠨ ᠦᠵᠡᠬᠦᠯᠬᠦ ᠦᠢᠯᠡᠴᠢᠯᠡᠭᠡ ᠬᠠᠩᠭᠠᠬᠤ ᠬᠡᠷᠡᠭᠳᠡᠢ᠃      ︵ᠬᠤᠶᠠᠷ︶ ᠡᠮᠨᠡᠯᠬᠡ ᠳᠤ ᠰᠠᠭᠤᠬᠤ ᠪᠠᠳᠤᠯᠠᠭ᠎ᠠ᠃      ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠡᠮᠨᠡᠯᠬᠡ ᠳᠤ ᠰᠠᠭᠤᠬᠤ ᠡᠮᠴᠢᠯᠡᠭᠡ ᠶᠢᠨ ᠰᠦᠢᠳᠬᠡᠯ ᠤᠨ ᠦᠭᠴᠤ ᠤᠯᠭᠤᠬᠤ ᠲᠤᠮᠳᠠᠴᠢ ᠬᠠᠷᠢᠴᠠᠯ ᠢ 75% ᠤᠷᠴᠢᠮ ᠢᠶᠠᠷ ᠪᠠᠶᠢᠯᠭᠠᠵᠦ᠂ ᠬᠠᠮᠤᠭ ᠤᠨ ᠶᠡᠭᠡ ᠪᠠᠷ ᠦᠭᠴᠤ ᠤᠯᠭᠤᠬᠤ ᠬᠢᠵᠠᠭᠠᠷ ᠲᠤᠭ᠎ᠠ ᠶᠢ ᠲᠤᠬᠠᠢ ᠶᠢᠨ ᠭᠠᠵᠠᠷ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢᠨ 6 ᠲᠠᠬᠢᠨ ᠠᠴᠠ ᠲᠡᠬᠡᠭᠰᠢ ᠳᠤ ᠭᠦᠷᠦᠭᠦᠯᠭᠦ ᠬᠡᠷᠡᠭᠳᠡᠢ᠃ ᠭᠠᠷᠴᠠᠭ ᠠᠴᠠ ᠭᠠᠳᠠᠨᠠᠬᠢ ᠵᠠᠷᠤᠳᠠᠯ ᠢ ᠵᠤᠬᠢᠰᠳᠠᠢ ᠡᠵᠡᠮᠳᠡᠵᠦ᠂ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠦᠭᠴᠤ ᠤᠯᠭᠤᠬᠤ ᠬᠠᠷᠢᠴᠠᠯ ᠬᠢᠬᠡᠳ ᠪᠤᠳᠠᠳᠠᠢ ᠦᠭᠴᠤ ᠤᠯᠭᠤᠬᠤ ᠬᠠᠷᠢᠴᠠᠯ ᠤᠨ ᠵᠦᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ ᠤᠯᠭᠤᠮᠵᠢ ᠶᠢᠨ ᠬᠢᠷᠢ ᠬᠡᠮᠵᠢᠶ᠎ᠡ ᠬᠢᠬᠡᠳ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠠᠷᠢᠯᠴᠠᠨ ᠵᠣᠯᠭᠠᠯᠳᠤᠭᠤᠯᠬᠤ ᠭᠦᠳᠡᠯᠦᠩᠬᠦᠢ ᠲᠤᠬᠢᠷᠠᠭᠤᠯᠬᠤ ᠲᠤᠨᠨᠳᠠᠴᠠ ᠶᠢ ᠪᠠᠶᠢᠭᠤᠯᠬᠤ ᠬᠡᠷᠡᠭᠳᠡᠢ᠃ ᠲᠠᠭᠠᠳᠬᠠᠯ ᠳᠤ ᠤᠷᠤᠨᠨᠰᠠᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡ ᠶᠢᠨ ᠰᠦᠢᠳᠬᠡᠯ ᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠦᠭᠴᠤ ᠤᠯᠭᠤᠬᠤ ᠬᠡᠪᠴᠢᠶᠡᠨ ᠳᠤ ᠤᠷᠤᠭᠤᠯᠤᠨ᠎ᠠ᠂ ᠡᠳ᠋ ᠤᠨ ᠵᠠᠰᠠᠭ ᠤᠨ ᠭᠦᠩᠬᠡᠵᠢᠬᠦ ᠳᠤ ᠨᠦᠭᠦᠪᠦᠷᠢ ᠦᠭᠭᠦ ᠲᠦᠷᠦ ᠶᠢᠨ ᠪᠤᠳᠤᠯᠭ᠎ᠠ ᠶᠢ ᠭᠦᠷᠳᠡᠭᠰᠡᠨ ᠪᠠᠶᠢᠪᠠᠯ᠂ ᠡᠳ᠋ ᠤᠨ ᠵᠠᠰᠠᠭ ᠤᠨ ᠨᠦᠭᠦᠪᠦᠷᠢ ᠤᠯᠭᠤᠨᠨᠰᠠᠨ ᠤ ᠲᠠᠷᠠᠭᠠᠬᠢ ᠭᠦᠩᠬᠡᠵᠢᠬᠦ ᠡᠮᠴᠢᠯᠡᠭᠡ ᠶᠢᠨ ᠦᠯᠡᠬᠦᠦ ᠰᠦᠢᠳᠬᠡᠯ ᠢ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠠᠴᠠ ᠲᠤᠨᠨᠳᠠᠭᠠᠯ ᠶᠤᠰᠤᠭᠠᠷ ᠲᠠᠩᠰᠠᠨ ᠠᠴᠠ ᠲᠠᠶᠢᠯᠤᠨ᠎ᠠ᠃ ᠲᠡᠰ ᠬᠤᠪᠢᠶᠠᠵᠦ ᠤᠨᠤᠰᠢᠯᠠᠨ ᠡᠮᠨᠡᠬᠦ ᠬᠠᠮᠢᠶᠠᠷᠤᠯᠳᠠ ᠶᠢ ᠢᠳᠡᠪᠬᠢᠳᠡᠢ ᠠᠬᠢᠭᠤᠯᠵᠦ᠂ ᠠᠳᠠᠯᠢ ᠪᠤᠰᠤ ᠱᠠᠳᠥ ᠲᠡᠰ ᠤᠨ ᠡᠮᠴᠢᠯᠡᠬᠡᠨ ᠤ ᠪᠠᠶᠢᠭᠤᠯᠤᠮᠵᠢ ᠶᠢᠨ ᠡᠮᠨᠡᠯᠬᠡ ᠳᠤ ᠰᠠᠭᠤᠬᠤ ᠨᠢᠬᠡᠳᠦᠯᠳᠡᠢ ᠲᠦᠯᠦᠪᠵᠢᠬᠦᠯᠬᠦ ᠰᠠᠭᠤᠷᠢ ᠮᠦᠩᠭᠦᠨ ᠤ ᠡᠬᠢᠯᠡᠵᠦ ᠲᠤᠭᠠᠴᠠᠬᠤ ᠪᠠᠷᠢᠮᠵᠢᠶ᠎ᠠ ᠪᠠ ᠦᠭᠴᠤ ᠤᠯᠭᠤᠬᠤ ᠬᠠᠷᠢᠴᠠᠯ ᠤᠨ ᠵᠦᠷᠢᠶ᠎ᠡ ᠶᠢ ᠵᠤᠬᠢᠬᠤ ᠬᠡᠮᠵᠢᠶ᠎ᠡ ᠪᠠᠷ ᠦᠷᠬᠡᠳᠬᠡᠵᠦ᠂ ᠲᠡᠬᠡᠳᠦ ᠱᠠᠳᠤᠨ ᠤ ᠡᠮᠨᠡᠯᠬᠡ ᠳᠤ ᠰᠢᠯᠵᠢᠪᠡᠯ ᠦᠪᠡᠰᠦᠪᠡᠨ ᠮᠦᠩᠭᠦ ᠲᠤᠭᠠᠴᠠᠬᠤ ᠬᠠᠷᠢᠴᠠᠯ ᠢ ᠨᠢ ᠲᠡᠬᠡᠭᠰᠢᠯᠡᠬᠦᠯᠦᠨ᠎ᠠ᠂ ᠲᠡᠬᠡᠭᠰᠢᠯᠡᠬᠦᠯᠬᠦ ᠬᠡᠮᠵᠢᠶ᠎ᠡ ᠶᠢ ᠶᠡᠷᠦ ᠳᠡᠭᠡᠨ 5%᠎ ᠠᠴᠠ ᠲᠤᠷᠤᠨᠨᠰᠢ ᠪᠠᠶᠢᠯᠭᠠᠵᠦ ᠪᠤᠯᠬᠤ ᠦᠬᠡᠢ᠂ ᠬᠤᠳᠠ ᠭᠦᠳᠡᠭᠡ ᠶᠢᠨ ᠰᠠᠭᠤᠭᠠᠯᠢ ᠠᠷᠠᠳ ᠢ ᠭᠦᠳᠦᠯᠦᠨ ᠵᠢᠯᠤᠭᠤᠳᠴᠤ ᠪᠠᠶᠢᠭᠠᠳ ᠦᠨᠳᠦᠰᠦᠨ ᠱᠠᠳᠤᠨ ᠤ ᠡᠮᠴᠢᠯᠡᠬᠡᠨ ᠤ ᠪᠠᠶᠢᠭᠤᠯᠤᠮᠵᠢ ᠳᠤ ᠡᠪᠡᠳᠴᠢᠨ ᠢᠶᠠᠨ ᠡᠮᠨᠡᠬᠦᠯᠵᠦ ᠤᠨᠤᠰᠢᠯᠠᠭᠤᠯᠬᠤ ᠬᠡᠷᠡᠭᠳᠡᠢ᠃      ︵ᠭᠤᠷᠪᠠ︶ ᠭᠦᠨᠳᠦ ᠡᠪᠡᠳᠴᠢᠨ ᠤ ᠲᠠᠭᠠᠳᠬᠠᠯ᠃      ᠡᠯ᠎ᠡ ᠭᠠᠵᠠᠷ ᠤᠷᠤᠨ ᠨᠢ ︽ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠭᠦᠨᠳᠦ ᠡᠪᠡᠳᠴᠢᠨ ᠤ ᠲᠠᠭᠠᠳᠬᠠᠯ ᠢ ᠪᠦᠭᠦ ᠲᠠᠯ᠎ᠠ ᠪᠠᠷ ᠬᠡᠷᠡᠭᠵᠢᠬᠦᠯᠬᠦ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠡᠷᠡᠭᠵᠢᠬᠦᠯᠬᠦ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠨᠨᠰᠠᠨ ﹇2015﹈ 102 ᠳ᠋ᠤᠭᠠᠷ ᠲᠤᠭᠠᠳᠤ︶᠎ ᠤᠨ ᠲᠤᠨᠨᠳᠠᠭᠠᠯ ᠢ ᠦᠨᠳᠦᠰᠦᠯᠡᠵᠦ᠂ ︽ᠭᠦᠨᠳᠦ ᠡᠪᠡᠳᠴᠢᠳᠠᠨ ᠢ ᠪᠠᠳᠤᠯᠠᠬᠤ︾ ᠵᠠᠷᠴᠢᠮ ᠢ ᠲᠤᠪᠤᠶᠢᠯᠭᠠᠨ᠂ ᠬᠤᠳᠠᠯᠳᠤᠭᠠᠨ ᠤ ᠲᠠᠭᠠᠳᠬᠠᠯ ᠤᠨ ᠺᠤᠮᠫᠠᠨᠢ ᠯᠤᠭ᠎ᠠ ᠬᠠᠮᠳᠤᠷᠠᠯᠴᠠᠬᠤ ᠶᠢ ᠴᠢᠩᠭᠠᠳᠬᠠᠵᠦ᠂ ᠵᠠᠰᠠᠭ ᠤᠨ ᠤᠷᠳᠤᠨ ᠤ ᠠᠷᠠᠯᠵᠢᠶᠠᠨ ᠤ ᠲᠡᠪᠴᠡᠩ ᠢᠶᠠᠷ ᠲᠠᠮᠵᠢᠨ ᠬᠤᠳᠠᠯᠳᠤᠭᠠᠨ ᠤ ᠲᠠᠭᠠᠳᠬᠠᠯ ᠤᠨ ᠺᠤᠮᠫᠠᠨᠢ ᠶᠢ ᠰᠤᠩᠭᠤᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠭᠦᠨᠳᠦ ᠡᠪᠡᠳᠴᠢᠨ ᠤ ᠨᠢᠬᠡᠳᠦᠯᠳᠡᠢ ᠲᠠᠭᠠᠳᠬᠠᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠪᠡᠯᠡ ᠬᠤᠷᠠᠮᠳᠤᠭᠤᠯᠬᠤ ᠪᠠᠷᠢᠮᠵᠢᠶ᠎ᠠ ᠪᠠ ᠤᠯᠭᠤᠮᠵᠢ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠦᠨ᠂ ᠭᠦᠨᠳᠦ ᠡᠪᠡᠳᠴᠢᠨ ᠤ ᠲᠠᠭᠠᠳᠬᠠᠯ ᠤᠨ ᠤᠯᠭᠤᠮᠵᠢ ᠶᠢ ᠭᠦᠴᠢᠷᠳᠡᠯᠳᠡᠢ ᠡᠪᠡᠳᠴᠢᠳᠠᠨ ᠪᠠ ᠭᠦᠨᠳᠦ ᠡᠪᠡᠳᠴᠢᠳᠠᠨ ᠲᠡᠰᠢ ᠬᠡᠯᠪᠠᠶᠢᠯᠬᠡᠬᠦ ᠬᠡᠷᠡᠭᠳᠡᠢ᠃ ᠬᠤᠳᠠᠯᠳᠤᠭᠠᠨ ᠤ ᠲᠠᠭᠠᠳᠬᠠᠯ ᠤᠨ ᠪᠠᠶᠢᠭᠤᠯᠤᠮᠵᠢ ᠶᠢ ᠭᠦᠳᠦᠯᠦᠨ ᠵᠢᠯᠤᠭᠤᠳᠬᠤ ᠪᠠ ᠵᠤᠷᠢᠨᠨᠵᠢᠭᠤᠯᠵᠦ ᠪᠠᠶᠢᠭᠠᠳ ᠦᠨᠳᠦᠰᠦᠨ ᠡᠮᠴᠢᠯᠡᠭᠡ ᠶᠢᠨ ᠲᠠᠭᠠᠳᠬᠠᠯ᠂ ᠭᠦᠨᠳᠦ ᠡᠪᠡᠳᠴᠢᠨ ᠤ ᠲᠠᠭᠠᠳᠬᠠᠯ ᠲᠠᠢ ᠬᠠᠷᠢᠯᠴᠠᠨ ᠵᠤᠯᠭᠠᠯᠳᠤᠭᠤᠯᠤᠨᠨᠰᠠᠨ ᠬᠤᠳᠠᠯᠳᠤᠭᠠᠨ ᠤ ᠲᠠᠭᠠᠳᠬᠠᠯ ᠤᠨ ᠨᠡᠷᠡᠳᠬᠦᠨ ᠢ ᠨᠡᠬᠡᠬᠡᠨ ᠭᠦᠭᠵᠢᠬᠦᠯᠵᠦ᠂ ᠬᠡᠨᠡᠳᠳᠡ ᠶᠢᠨ ᠰᠢᠷᠬᠠᠳᠤᠯ ᠤᠨ ᠡᠮᠴᠢᠯᠡᠬᠡᠨ ᠤ ᠲᠠᠭᠠᠳᠬᠠᠯ ᠵᠡᠷᠬᠡ ᠲᠤᠬᠠᠶᠢᠯᠬᠠᠰᠠᠨ ᠠᠵᠢᠯ ᠢ ᠭᠠᠷᠳᠠᠨ ᠭᠦᠢᠴᠡᠳᠬᠡᠬᠦ ᠳᠤ ᠤᠷᠤᠯᠴᠠᠭᠤᠯᠤᠨ᠂ ᠤᠯᠠᠨ ᠲᠡᠰ ᠲᠠᠪᠬᠤᠷᠭᠠᠳᠤ ᠪᠠᠳᠤᠯᠠᠭ᠎ᠠ ᠶᠢᠨ ᠰᠢᠰᠲ᠋ᠧᠮᠵᠢ ᠶᠢ ᠬᠠᠮᠳᠤ ᠪᠠᠷ ᠪᠠᠶᠢᠭᠤᠯᠤᠨ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ ᠤᠨ ᠭᠦᠨᠳᠦ ᠡᠪᠡᠳᠴᠢᠨ ᠤ ᠡᠮᠴᠢᠯᠡᠬᠡᠨ ᠤ ᠵᠠᠷᠤᠳᠠᠯ ᠤᠨ ᠲᠠᠷᠤᠭᠠᠰᠤ ᠶᠢ ᠦᠨᠡᠨᠬᠦ ᠭᠦᠩᠬᠡᠷᠡᠬᠦᠯᠬᠦ ᠬᠡᠷᠡᠭᠳᠡᠢ᠃      ︵ᠲᠦᠷᠪᠡ︶ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ᠃      ᠤᠯᠤᠰ ᠪᠠ ᠦᠪᠡᠷᠳᠡᠬᠡᠨ ᠵᠠᠰᠠᠬᠤ ᠤᠷᠤᠨ ᠤ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠢᠨᠵᠧᠨᠧᠷᠢᠩ ᠤᠨ ᠬᠤᠯᠪᠤᠨᠨᠳᠠᠯ ᠪᠦᠭᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠢᠨᠵᠧᠨᠧᠷᠢᠩ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢᠨ ᠲᠤᠨᠨᠳᠠᠭᠠᠯ ᠳᠤ ᠨᠡᠶᠢᠴᠡᠬᠦ ᠭᠦᠮᠦᠰ ᠤᠨ ᠡᠮᠨᠡᠯᠬᠡ ᠳᠤ ᠰᠠᠭᠤᠵᠦ ᠲᠠᠩᠰᠠᠨ ᠠᠴᠠ ᠲᠠᠶᠢᠯᠬᠤ᠂ ᠡᠭᠦᠳᠡᠨ ᠡᠮᠨᠡᠯᠬᠡ ᠪᠠᠷ ᠨᠢᠬᠡᠳᠦᠯᠳᠡᠢ ᠲᠦᠯᠦᠪᠵᠢᠬᠦᠯᠬᠦ ᠪᠠ ᠭᠦᠨᠳᠦ ᠡᠪᠡᠳᠴᠢᠨ ᠤ ᠲᠠᠭᠠᠳᠬᠠᠯ ᠵᠡᠷᠬᠡ ᠲᠠᠯ᠎ᠠ ᠳᠤ ᠲᠦᠷᠦ ᠶᠢᠨ ᠪᠤᠳᠤᠯᠭ᠎ᠠ ᠪᠠᠷ ᠬᠠᠷᠠᠭᠠᠯᠵᠠᠬᠤ ᠶᠢ ᠬᠡᠷᠡᠭᠵᠢᠬᠦᠯᠬᠦ ᠬᠡᠷᠡᠭᠳᠡᠢ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠲᠠᠢ ᠬᠡᠷ ᠪᠦᠯᠢ ᠶᠢᠨ ᠪᠦᠷᠢᠯᠳᠦᠬᠦᠨ᠂ ᠤᠨᠴᠠ ᠭᠦᠴᠢᠷᠳᠡᠯᠳᠡᠢ ᠭᠦᠮᠦᠰ ᠲᠤ ᠡᠮᠴᠢᠯᠡᠬᠡᠨ ᠤ ᠠᠪᠤᠷᠠᠨ ᠲᠤᠰᠠᠯᠠᠯᠳᠠ ᠶᠢ ᠰᠠᠶᠢᠳᠤᠷ ᠬᠢᠭᠰᠡᠨ ᠰᠠᠭᠤᠷᠢᠨ ᠲᠡᠬᠡᠷ᠎ᠡ᠂ ᠤᠷᠤᠯᠭ᠎ᠠ ᠪᠠᠭᠠᠳᠠᠢ ᠠᠪᠤᠷᠠᠨ ᠲᠤᠰᠠᠯᠠᠭᠤᠯᠬᠤ ᠡᠳᠡᠬᠡᠳ ᠪᠠ ᠡᠪᠡᠳᠴᠢᠨ ᠠᠴᠠ ᠪᠤᠯᠵᠦ ᠶᠠᠳᠠᠭᠤᠷᠬᠠᠰᠠᠨ ᠬᠡᠷ ᠪᠦᠯᠢ ᠶᠢᠨ ᠭᠦᠨᠳᠦ ᠡᠪᠡᠳᠴᠢᠳᠠᠨ ᠢ ᠡᠮᠴᠢᠯᠡᠬᠡᠨ ᠤ ᠠᠪᠤᠷᠠᠨ ᠲᠤᠰᠠᠯᠠᠯᠳᠠ ᠪᠠ ᠭᠦᠨᠳᠦ ᠤᠨᠴᠠ ᠶᠡᠭᠡ ᠡᠪᠡᠳᠴᠢᠨ ᠡᠮᠬᠡᠭ ᠤᠨ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠭᠦᠷᠢᠶ᠎ᠡ ᠬᠡᠪᠴᠢᠶᠡᠨ ᠳᠤ ᠠᠯᠬᠤᠮ ᠠᠯᠬᠤᠮ ᠢᠶᠠᠷ ᠤᠷᠤᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠲᠠᠢ ᠬᠡᠷ ᠪᠦᠯᠢ ᠶᠢᠨ ᠪᠦᠷᠢᠯᠳᠦᠬᠦᠨ ᠪᠠ ᠤᠨᠴᠠ ᠭᠦᠴᠢᠷᠳᠡᠯᠳᠡᠢ ᠭᠦᠮᠦᠰ ᠤᠨ ᠵᠦᠪᠳᠡᠯᠴᠡᠨ ᠬᠠᠮᠢᠶᠠᠷᠴᠤ ᠪᠠᠶᠢᠭ᠎ᠠ ᠡᠮᠴᠢᠯᠡᠬᠡᠨ ᠤ ᠪᠠᠶᠢᠭᠤᠯᠤᠮᠵᠢ ᠳᠠᠬᠢ ᠲᠦᠷᠦ ᠶᠢᠨ ᠪᠤᠳᠤᠯᠭ᠎ᠠ ᠶᠢᠨ ᠬᠡᠪᠴᠢᠶᠡᠨ ᠲᠤᠳᠤᠷᠠᠬᠢ ᠡᠮᠨᠡᠯᠬᠡ ᠳᠤ ᠰᠠᠭᠤᠨᠨᠰᠠᠨ ᠵᠠᠷᠤᠳᠠᠯ ᠢ ᠨᠢ ᠦᠨᠳᠦᠰᠦᠨ ᠡᠮᠴᠢᠯᠡᠬᠡᠨ ᠤ ᠲᠠᠭᠠᠳᠬᠠᠯ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠭᠦᠨᠳᠦ ᠡᠪᠡᠳᠴᠢᠨ ᠤ ᠲᠠᠭᠠᠳᠬᠠᠯ ᠵᠢᠴᠢ ᠡᠯ᠎ᠡ ᠲᠦᠷᠦᠯ ᠤᠨ ᠬᠤᠳᠠᠯᠳᠤᠭᠠᠨ ᠤ ᠨᠦᠭᠦᠪᠦᠷᠢ ᠡᠮᠴᠢᠯᠡᠬᠡᠨ ᠤ ᠲᠠᠭᠠᠳᠬᠠᠯ ᠢᠶᠠᠷ ᠲᠠᠩᠰᠠᠨ ᠠᠴᠠ ᠲᠠᠶᠢᠯᠤᠨᠨᠰᠠᠨ ᠤ ᠲᠠᠷᠠᠭ᠎ᠠ᠂ ᠬᠤᠪᠢ ᠭᠦᠮᠦᠨ ᠤ ᠡᠭᠦᠷᠬᠡᠯᠡᠬᠦ ᠵᠠᠷᠤᠳᠠᠯ ᠢ ᠨᠢ ᠤᠨ ᠤ ᠠᠪᠤᠷᠠᠨ ᠲᠤᠰᠠᠯᠠᠬᠤ ᠶᠢᠨ ᠬᠢᠵᠠᠭᠠᠷᠯᠠᠬᠤ ᠲᠤᠭᠠᠨ ᠤ ᠲᠤᠳᠤᠷ᠎ᠠ 70%᠎ ᠠᠴᠠ ᠲᠤᠤᠷ᠎ᠠ ᠪᠠᠶᠢᠯᠭᠠᠬᠤ ᠦᠬᠡᠢ ᠬᠠᠷᠢᠴᠠᠯ ᠢᠶᠠᠷ ᠠᠪᠤᠷᠠᠨ ᠲᠤᠰᠠᠯᠠᠬᠤ ᠬᠡᠷᠡᠭᠳᠡᠢ᠃      ᠲᠠᠪᠤ᠂ ᠡᠮᠴᠢᠯᠡᠬᠡᠨ ᠤ ᠲᠠᠭᠠᠳᠬᠠᠯ ᠤᠨ ᠬᠠᠮᠢᠶᠠᠷᠤᠯᠳᠠ ᠪᠠ ᠭᠠᠷᠳᠠᠨ ᠬᠢᠬᠦ ᠦᠢᠯᠡᠴᠢᠯᠡᠭᠡ      ︵ᠨᠢᠬᠡ︶ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠭᠠᠷᠴᠠᠭ ᠢ ᠨᠢᠬᠡᠳᠦᠭᠦᠯᠦᠨ᠎ᠠ᠃      ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠬᠡᠷᠡᠭᠵᠢᠬᠦᠯᠬᠦ ᠪᠦᠭᠦ ᠤᠷᠤᠨ ᠤ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠡᠮ ᠤᠨ ᠵᠦᠢᠯ ᠤᠨ ᠭᠠᠷᠴᠠᠭ᠂ ᠤᠨᠤᠰᠢᠯᠠᠨ ᠡᠮᠨᠡᠬᠦ ᠲᠦᠷᠦᠯ ᠵᠦᠢᠯ ᠪᠠ ᠡᠮᠴᠢᠯᠡᠬᠡᠨ ᠤ ᠦᠢᠯᠡᠴᠢᠯᠡᠬᠦ ᠪᠡᠯᠡᠳᠬᠡᠮᠵᠢ ᠶᠢᠨ ᠨᠢᠬᠡᠳᠦᠯᠳᠡᠢ ᠪᠠᠷᠢᠮᠵᠢᠶ᠎ᠠ ᠶᠢ ᠦᠪᠡᠷᠳᠡᠬᠡᠨ ᠵᠠᠰᠠᠬᠤ ᠤᠷᠤᠨ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠠᠴᠠ ᠤᠯᠤᠰ ᠤᠨ ᠲᠤᠨᠨᠳᠠᠭᠠᠯ ᠶᠤᠰᠤᠭᠠᠷ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠯᠴᠠᠨ ᠲᠤᠨᠨᠳᠠᠭᠠᠬᠤ ᠶᠢᠨ ᠬᠠᠮᠳᠤ᠂ ᠭᠦᠳᠡᠯᠦᠩᠭᠦᠢ ᠲᠤᠬᠢᠷᠠᠭᠤᠯᠬᠤ ᠲᠤᠨᠨᠳᠠᠴᠠ ᠶᠢ ᠪᠠᠶᠢᠭᠤᠯᠬᠤ ᠬᠡᠷᠡᠭᠳᠡᠢ᠃      ︵ᠬᠤᠶᠠᠷ︶ ᠡᠮᠴᠢᠯᠡᠬᠡᠨ ᠤ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠵᠦ ᠵᠠᠯᠭᠠᠭᠤᠯᠤᠨ᠎ᠠ᠃      ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠵᠦ ᠵᠠᠯᠭᠠᠭᠤᠯᠬᠤ ᠠᠷᠭ᠎ᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ᠬᠠᠮᠢᠶᠠᠷᠤᠯᠳᠠ ᠶᠢᠨ ᠦᠢᠯᠡᠴᠢᠯᠡᠬᠡᠨ ᠤ ᠠᠵᠢᠯ ᠢ ᠰᠠᠶᠢᠳᠤᠷ ᠬᠢᠵᠦ᠂ ᠠᠳᠠᠯᠢ ᠪᠤᠰᠤ ᠡᠮᠴᠢᠯᠡᠬᠡᠨ ᠤ ᠲᠠᠭᠠᠳᠬᠠᠯ ᠤᠨ ᠲᠦᠷᠢᠮ ᠤᠨ ᠬᠤᠭᠤᠷᠤᠨᠳᠤᠬᠢ ᠰᠦᠢᠳᠬᠡᠯ ᠲᠤᠰᠢᠶᠠᠬᠤ ᠤᠨ ᠤ ᠬᠢᠵᠠᠭᠠᠷ᠂ ᠤᠯᠭᠤᠮᠵᠢ ᠭᠦᠷᠳᠡᠬᠦ ᠵᠡᠷᠬᠡ ᠲᠠᠯ᠎ᠠ ᠪᠠᠷ ᠬᠢ ᠬᠠᠷᠢᠯᠴᠠᠨ ᠵᠤᠯᠭᠠᠯᠳᠤᠬᠤ ᠶᠢ ᠪᠡᠶᠡᠯᠡᠬᠦᠯᠦᠨ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ ᠤᠨ ᠨᠢᠬᠡᠳᠦᠯᠳᠡᠢ ᠲᠦᠯᠦᠪᠵᠢᠬᠦᠯᠦᠭᠰᠡᠨ ᠭᠠᠵᠠᠷ ᠤᠷᠤᠨ ᠪᠤᠶᠤ ᠲᠦᠷᠢᠮ ᠠᠯᠤᠰᠯᠠᠬᠰᠠᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠪᠠᠨ ᠰᠢᠯᠵᠢᠬᠦᠯᠬᠦ ᠬᠠᠤᠯᠢ ᠶᠤᠰᠤᠨ ᠤ ᠡᠷᠬᠡ ᠠᠰᠢᠭ ᠢ ᠪᠠᠳᠤᠯᠠᠬᠤ ᠬᠡᠷᠡᠭᠳᠡᠢ᠃ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠵᠦ ᠵᠠᠯᠭᠠᠭᠤᠯᠬᠤ ᠪᠤᠳᠠᠳᠠᠢ ᠠᠷᠭ᠎ᠠ ᠶᠢ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠠᠴᠠ ᠲᠤᠨᠨᠳᠠᠭᠠᠨ᠎ᠠ᠃ ᠤᠷᠤᠨ ᠤ ᠲᠤᠳᠤᠷ᠎ᠠ ᠪᠠᠨ ᠤᠨᠳᠤᠤ ᠭᠠᠵᠠᠷ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠶᠢ ᠲᠦᠷᠬᠡᠳᠬᠡᠨ ᠠᠬᠢᠭᠤᠯᠬᠤ ᠪᠠ ᠲᠡᠭᠦᠯᠳᠡᠷᠵᠢᠬᠦᠯᠵᠦ᠂ ᠤᠯᠤᠰ ᠤᠨ ᠤᠨᠳᠤᠤ ᠭᠠᠵᠠᠷ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠲᠡᠪᠴᠡᠩ ᠲᠤ ᠲᠦᠰᠢᠭᠯᠡᠨ᠂ 2017 ᠤᠨ ᠤ ᠰᠡᠭᠦᠯᠴᠢ ᠠᠴᠠ ᠡᠮᠤᠨ᠎ᠠ ᠮᠤᠵᠢ ᠠᠯᠤᠰᠯᠠᠵᠦ ᠤᠨᠳᠤᠤ ᠭᠠᠵᠠᠷ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠲᠤᠨᠨᠳᠠᠴᠠ ᠶᠢ ᠪᠠᠶᠢᠭᠤᠯᠬᠤ ᠬᠡᠷᠡᠭᠳᠡᠢ᠃      ︵ᠭᠤᠷᠪᠠ︶ ᠡᠮᠴᠢᠯᠡᠬᠡᠨ ᠤ ᠲᠠᠭᠠᠳᠬᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠬᠠᠮᠢᠶᠠᠷᠤᠯᠳᠠ᠃      ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠮᠢᠶᠠᠷᠤᠯᠳᠠ ᠶᠢᠨ ᠦᠢᠯᠡᠴᠢᠯᠡᠬᠡᠨ ᠤ ᠪᠤᠳᠠᠳᠠᠢ ᠪᠠᠶᠢᠳᠠᠯ ᠪᠠ ᠲᠠᠭᠠᠳᠬᠠᠯ ᠳᠤ ᠤᠷᠤᠨᠨᠰᠠᠨ ᠭᠦᠮᠦᠰ ᠤᠨ ᠡᠪᠡᠳᠴᠢᠨ ᠦᠵᠡᠬᠦᠯᠬᠦ ᠱᠠᠭᠠᠷᠳᠠᠯᠭ᠎ᠠ ᠶᠢ ᠦᠨᠳᠦᠰᠦᠯᠡᠵᠦ᠂ ᠲᠤᠰ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠤ ᠵᠦᠪᠳᠡᠯᠴᠡᠨ ᠬᠠᠮᠢᠶᠠᠷᠴᠤ ᠪᠠᠶᠢᠭ᠎ᠠ ᠡᠮ ᠡᠮᠨᠡᠯᠬᠡ ᠶᠢᠨ ᠦᠢᠯᠡᠴᠢᠯᠡᠬᠡᠨ ᠤ ᠪᠠᠶᠢᠭᠤᠯᠤᠮᠵᠢ ᠶᠢ ᠵᠤᠬᠢᠰᠳᠠᠢ ᠲᠤᠨᠨᠳᠠᠭᠠᠨ᠂ ᠵᠦᠪᠳᠡᠯᠴᠡᠨ ᠬᠠᠮᠢᠶᠠᠷᠬᠤ ᠶᠢ ᠲᠠᠰᠤᠷᠠᠯᠳᠠ ᠦᠬᠡᠢ ᠲᠡᠭᠦᠯᠳᠡᠷᠵᠢᠬᠦᠯᠵᠦ᠂ ᠡᠳᠦᠷ ᠲᠤᠳᠤᠮ ᠤᠨ ᠬᠢᠨᠠᠯᠳᠠ ᠪᠠᠶᠢᠴᠠᠭᠠᠯᠳᠠ ᠶᠢ ᠴᠢᠩᠭᠠᠳᠬᠠᠨ᠂ ᠭᠦᠳᠡᠯᠦᠩᠭᠦᠢ ᠬᠠᠮᠢᠶᠠᠷᠤᠯᠳᠠ ᠶᠢ ᠬᠡᠷᠡᠭᠵᠢᠬᠦᠯᠵᠦ᠂ ᠤᠶᠤᠨᠴᠢ ᠬᠢᠨᠠᠨ ᠡᠵᠡᠮᠳᠡᠬᠦ ᠬᠠᠮᠢᠶᠠᠷᠤᠯᠳᠠ ᠶᠢ ᠪᠦᠭᠦ ᠲᠠᠯ᠎ᠠ ᠪᠠᠷ ᠠᠬᠢᠭᠤᠯᠤᠨ᠂ ᠤᠷᠤᠭᠤᠯᠵᠦ ᠠᠪᠴᠢᠷᠠᠬᠤ ᠶᠢ ᠠᠭᠤᠵᠢᠭᠤ ᠪᠤᠯᠭᠠᠵᠦ᠂ ᠴᠢᠩᠭ᠎ᠠ ᠬᠠᠮᠢᠶᠠᠷᠴᠤ᠂ ᠰᠢᠭᠠᠷᠤ ᠶᠢ ᠨᠢ ᠤᠷᠬᠢᠨᠨᠳᠠᠭᠤᠯᠬᠤ ᠬᠡᠷᠡᠭᠳᠡᠢ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠢᠳᠡᠬᠡᠮᠵᠢ ᠶᠢᠨ ᠲᠡᠰ ᠲᠤᠨᠨᠳᠠᠭᠠᠬᠤ ᠲᠦᠷᠢᠮ ᠢ ᠪᠠᠶᠢᠭᠤᠯᠵᠦ᠂ ᠵᠦᠪᠳᠡᠯᠴᠡᠨ ᠬᠠᠮᠢᠶᠠᠷᠬᠤ ᠳᠤ ᠤᠷᠤᠭᠤᠯᠤᠨᠨᠰᠠᠨ ᠡᠮ ᠡᠮᠨᠡᠯᠬᠡ ᠶᠢᠨ ᠪᠠᠶᠢᠭᠤᠯᠤᠮᠵᠢ᠂ ᠡᠮᠴᠢᠯᠡᠭᠡ ᠶᠢᠨ ᠲᠠᠭᠠᠳᠬᠠᠯ ᠤᠨ ᠠᠵᠢᠯ ᠡᠷᠬᠢᠯᠡᠬᠦ ᠶᠡᠭᠡ ᠡᠮᠴᠢ᠂ ᠡᠮᠴᠢᠯᠡᠭᠡ ᠶᠢᠨ ᠲᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠪᠠ ᠲᠠᠭᠠᠳᠬᠠᠯ ᠳᠤ ᠤᠷᠤᠬᠰᠠᠨ ᠰᠠᠭᠤᠭᠠᠯᠢ ᠠᠷᠠᠳ ᠨᠢ ᠬᠤᠳᠠ ᠭᠦᠳᠡᠭᠡ ᠶᠢᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠮᠢᠶᠠᠷᠤᠯᠳᠠ ᠪᠠ ᠦᠢᠯᠡᠴᠢᠯᠡᠭᠡ ᠳᠤ ᠵᠢᠷᠤᠮᠵᠢᠯ ᠲᠠᠢ ᠪᠠᠷ ᠤᠷᠤᠯᠴᠠᠨ᠂ ᠦᠨᠡᠨᠴᠢ ᠢᠳᠡᠬᠡᠮᠵᠢ ᠶᠢᠨ ᠡᠭᠦᠷᠬᠡ ᠶᠢ ᠰᠠᠶᠢᠨ ᠲᠤᠷ᠎ᠠ ᠠᠴᠠ ᠪᠠᠨ ᠭᠦᠢᠴᠡᠳᠬᠡᠬᠦ ᠬᠡᠷᠡᠭᠳᠡᠢ᠃      ︵ᠲᠦᠷᠪᠡ︶ ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ ᠦᠬᠡᠷᠡᠴᠢᠯᠡᠯᠳᠡ ᠶᠢ ᠠᠬᠢᠭᠤᠯᠤᠨ᠎ᠠ᠃      ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠪᠦᠭᠦ ᠤᠷᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠲᠦᠷᠢᠮ ᠤᠨ ᠦᠬᠡᠷᠡᠴᠢᠯᠡᠯᠳᠡ ᠶᠢᠨ ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠲᠡᠰ ᠬᠤᠪᠢᠶᠠᠵᠦ ᠤᠨᠤᠰᠢᠯᠠᠨ ᠡᠮᠨᠡᠬᠦ᠂ ᠬᠡᠷ᠎ᠡ ᠲᠤᠨᠨᠳᠠᠵᠦ ᠦᠢᠯᠡᠴᠢᠯᠡᠬᠦ᠂ ᠪᠤᠯᠵᠤᠨᠨᠰᠠᠨ ᠡᠳᠦᠷ ᠢᠶᠠᠷ ᠮᠡᠰᠡ ᠵᠠᠰᠠᠯ ᠬᠢᠬᠦ᠂ ᠡᠮᠴᠢᠯᠡᠬᠡᠨ ᠤ ᠠᠷᠭ᠎ᠠ ᠵᠠᠮ ᠵᠡᠷᠬᠡ ᠡᠮᠴᠢᠯᠡᠬᠡᠨ ᠤ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠪᠦᠭᠦ ᠲᠤᠭᠠᠨ ᠤ ᠲᠦᠰᠦᠪ ᠢᠶᠠᠷ ᠰᠦᠢᠳᠬᠡᠯ ᠲᠤᠰᠢᠶᠠᠬᠤ ᠬᠠᠮᠢᠶᠠᠷᠤᠯᠳᠠ ᠲᠤᠤᠷᠠᠭᠢ ᠡᠪᠡᠳᠴᠢᠨ ᠤ ᠲᠦᠷᠦᠯ ︵ᠡᠪᠡᠳᠴᠢᠳᠠᠨ ᠤ ᠲᠤᠭᠤᠶᠢᠯᠠᠩ︶᠎ ᠢᠶᠠᠷ ᠰᠦᠢᠳᠬᠡᠯ ᠲᠤᠰᠢᠶᠠᠬᠤ᠂ ᠭᠦᠮᠦᠨ ᠤ ᠲᠤᠭ᠎ᠠ ᠪᠠᠷ ᠰᠦᠢᠳᠬᠡᠯ ᠲᠤᠰᠢᠶᠠᠬᠤ᠂ ᠡᠪᠡᠳᠴᠢᠳᠠᠨ ᠤ ᠤᠷᠤ ᠪᠠ ᠡᠳᠦᠷ ᠢᠶᠠᠷ ᠰᠦᠢᠳᠬᠡᠯ ᠲᠤᠰᠢᠶᠠᠬᠤ ᠵᠡᠷᠬᠡ ᠦᠭᠴᠤ ᠤᠯᠭᠤᠬᠤ ᠠᠷᠭ᠎ᠠ ᠮᠠᠶ᠋ᠢᠭ ᠤᠨ ᠦᠬᠡᠷᠡᠴᠢᠯᠡᠯᠳᠡ ᠶᠢ ᠪᠦᠭᠦ ᠲᠠᠯ᠎ᠠ ᠪᠠᠷ ᠠᠬᠢᠭᠤᠯᠤᠨ᠂ ᠡᠮᠴᠢᠯᠡᠬᠡᠨ ᠤ ᠪᠠᠶᠢᠭᠤᠯᠤᠮᠵᠢ ᠶᠢᠨ ᠨᠦᠭᠦᠪᠦᠷᠢᠯᠡᠬᠦ ᠲᠤᠨᠨᠳᠠᠴᠠ ᠶᠢ ᠲᠡᠭᠦᠯᠳᠡᠷᠵᠢᠬᠦᠯᠵᠦ᠂ ᠡᠮᠴᠢᠯᠡᠬᠡᠨ ᠤ ᠪᠠᠶᠢᠭᠤᠯᠤᠮᠵᠢ ᠶᠢᠨ ᠦᠪᠡᠷ ᠤᠨ ᠦᠷᠳᠡᠭ ᠢᠶᠠᠨ ᠰᠠᠨᠠᠭᠠᠴᠢᠯᠠᠭ᠎ᠠ ᠠᠴᠠ ᠪᠠᠨ ᠡᠵᠡᠮᠰᠢᠬᠦ ᠶᠢ ᠭᠦᠳᠦᠯᠦᠨ ᠵᠢᠯᠤᠭᠤᠳᠴᠤ᠂ ᠤᠨᠤᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠳᠡᠢ᠃ ᠭᠠᠷᠳᠠᠨ ᠭᠦᠢᠴᠡᠳᠬᠡᠬᠦ ᠪᠠᠶᠢᠭᠤᠯᠤᠮᠵᠢ ᠶᠢ ᠵᠤᠷᠢᠨᠨᠵᠢᠭᠤᠯᠤᠨ ᠵᠦᠪᠳᠡᠯᠴᠡᠨ ᠬᠠᠮᠢᠶᠠᠷᠴᠤ ᠪᠠᠶᠢᠭ᠎ᠠ ᠡᠮᠴᠢᠯᠡᠬᠡᠨ ᠤ ᠪᠠᠶᠢᠭᠤᠯᠤᠮᠵᠢ ᠯᠤᠭ᠎ᠠ ᠬᠡᠯᠡᠯᠴᠡᠨ ᠵᠥᠪᠳᠡᠯᠴᠡᠬᠦ ᠶᠢ ᠦᠷᠨᠢᠬᠦᠯᠵᠦ᠂ ᠲᠦᠭᠰᠢᠭᠦᠷᠢ ᠶᠢ ᠰᠠᠯᠭᠠᠨ ᠡᠭᠦᠷᠬᠡᠯᠡᠬᠦ ᠪᠠ ᠤᠷᠮᠠᠰᠢᠭᠤᠯᠵᠦ ᠬᠢᠵᠠᠭᠠᠷᠯᠠᠬᠤ ᠲᠤᠨᠨᠳᠠᠴᠠ ᠶᠢ ᠪᠠᠶᠢᠭᠤᠯᠤᠨ᠂ ᠡᠮᠴᠢᠯᠡᠬᠡᠨ ᠤ ᠪᠠᠶᠢᠭᠤᠯᠤᠮᠵᠢ ᠪᠠ ᠡᠮᠨᠡᠯᠬᠡ ᠶᠢᠨ ᠠᠵᠢᠯᠳᠠᠨ ᠤ ᠡᠮᠴᠢᠯᠡᠬᠡᠨ ᠤ ᠵᠠᠷᠤᠳᠠᠯ ᠢ ᠵᠤᠬᠢᠰᠳᠠᠢ ᠡᠵᠡᠮᠰᠢᠬᠦ ᠢᠳᠡᠪᠬᠢᠵᠢᠯ ᠢ ᠭᠦᠢᠴᠡᠳ ᠲᠠᠶᠢᠴᠢᠯᠠᠬᠤ ᠬᠡᠷᠡᠭᠳᠡᠢ᠃      ︵ᠲᠠᠪᠤ︶ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃      ︽ᠪᠠᠷᠢᠮᠵᠢᠶ᠎ᠠ ᠶᠢ ᠨᠢᠬᠡᠳᠦᠬᠦᠯᠬᠦ᠂ ᠡᠬᠢ ᠪᠠᠶᠠᠯᠢᠭ ᠢ ᠬᠠᠮᠳᠤ ᠪᠠᠷ ᠭᠦᠷᠳᠡᠬᠡᠬᠦ᠂ ᠲᠤᠭ᠎ᠠ ᠪᠠᠷᠢᠮᠳᠠ ᠶᠢ ᠲᠦᠪᠯᠡᠷᠡᠬᠦᠯᠬᠦ᠂ ᠦᠢᠯᠡᠴᠢᠯᠡᠭᠡ ᠶᠢ ᠦᠷᠬᠡᠳᠬᠡᠬᠦ︾ ᠵᠠᠷᠴᠢᠮ ᠶᠤᠰᠤᠭᠠᠷ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠤᠨ ᠮᠡᠳᠡᠭᠡ ᠵᠠᠩᠬᠢ ᠶᠢᠨ ᠲᠤᠤᠷ ᠰᠦᠯᠵᠢᠶ᠎ᠡ ᠪᠠ ᠲᠤᠭ᠎ᠠ ᠪᠠᠷᠢᠮᠳᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠪᠦᠭᠦ ᠤᠷᠤᠨ ᠳᠠᠬᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠮᠡᠳᠡᠭᠡ ᠵᠠᠩᠬᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠂ ᠪᠦᠭᠦ ᠤᠷᠤᠨ ᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ ︶᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶᠎ ᠢ ᠬᠠᠮᠤᠷᠤᠨᠨᠰᠠᠨ ᠦᠢᠯᠡᠴᠢᠯᠡᠬᠡᠨ ᠤ ᠲᠤᠤᠷ ᠰᠦᠯᠵᠢᠶ᠎ᠡ ᠶᠢ ᠲᠦᠷᠬᠡᠳᠬᠡᠨ ᠪᠠᠶᠢᠭᠤᠯᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠮᠡᠳᠡᠭᠡ ᠵᠠᠩᠬᠢ ᠶᠢᠨ ᠰᠢᠰᠲ᠋ᠧᠮ ᠬᠢᠬᠡᠳ ᠡᠮᠴᠢᠯᠡᠬᠡᠨ ᠤ ᠠᠪᠤᠷᠠᠨ ᠲᠤᠰᠠᠯᠠᠯᠳᠠ᠂ ᠭᠦᠨᠳᠦ ᠡᠪᠡᠳᠴᠢᠨ ᠤ ᠲᠠᠭᠠᠳᠬᠠᠯ᠂ ᠡᠪᠡᠳᠴᠢᠨ ᠡᠮᠬᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠳᠠ᠂ ᠬᠤᠳᠠᠯᠳᠤᠭᠠᠨ ᠤ ᠨᠦᠭᠦᠪᠦᠷᠢ ᠡᠮᠴᠢᠯᠡᠬᠡᠨ ᠤ ᠲᠠᠭᠠᠳᠬᠠᠯ᠂ ᠵᠦᠪᠳᠡᠯᠴᠡᠨ ᠬᠠᠮᠢᠶᠠᠷᠴᠤ ᠪᠠᠶᠢᠭ᠎ᠠ ᠡᠮᠴᠢᠯᠡᠬᠡᠨ ᠤ ᠪᠠᠶᠢᠭᠤᠯᠤᠮᠵᠢ ᠵᠡᠷᠬᠡ ᠶᠢᠨ ᠮᠡᠳᠡᠭᠡ ᠵᠠᠩᠬᠢ ᠶᠢ ᠬᠠᠮᠢᠶᠠᠷᠬᠤ ᠲᠡᠪᠴᠡᠩ ᠤᠨ ᠬᠠᠷᠢᠯᠴᠠᠨ ᠬᠤᠯᠪᠤᠯᠳᠤᠵᠦ ᠬᠠᠷᠢᠯᠴᠠᠨ ᠨᠡᠪᠳᠡᠷᠡᠯᠴᠡᠬᠦ ᠶᠢ ᠰᠠᠶᠢᠳᠤᠷ ᠬᠢᠵᠦ᠂ ︽ᠨᠢᠬᠡ ᠦᠷᠳᠡᠭᠡ ᠪᠠᠷ︾ ᠮᠡᠳᠡᠭᠡ ᠵᠠᠩᠬᠢ ᠰᠤᠯᠢᠯᠴᠠᠬᠤ ᠪᠠ ᠰᠢᠭᠤᠳ ᠳ᠋ᠦᠩᠨᠡᠨ ᠪᠤᠳᠤᠬᠤ ᠶᠢ ᠠᠯᠬᠤᠮ ᠠᠯᠬᠤᠮ ᠢᠶᠠᠷ ᠪᠡᠶᠡᠯᠡᠬᠦᠯᠬᠦ ᠬᠡᠷᠡᠭᠳᠡᠢ᠃ ᠨᠡᠶᠢᠬᠡᠮ ᠤᠨ ᠪᠠᠳᠤᠯᠠᠭ᠎ᠠ ᠶᠢᠨ ᠬᠤᠶᠠᠳᠤᠭᠠᠷ ᠪᠠᠷᠯᠠᠯᠳᠤ ᠺᠠᠷᠲ ᠢ ᠦᠢᠯᠡᠳᠦᠨ ᠤᠯᠭᠤᠬᠤ ᠪᠠ ᠬᠡᠷᠡᠭᠯᠡᠬᠦ ᠠᠵᠢᠯ ᠢ ᠪᠦᠭᠦ ᠲᠠᠯ᠎ᠠ ᠪᠠᠷ ᠦᠷᠨᠢᠬᠦᠯᠵᠦ᠂ ᠨᠢᠬᠡᠨᠳᠡ ᠤᠯᠭᠤᠨᠨᠰᠠᠨ ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠺᠠᠷᠲ ᠢ ᠨᠡᠶᠢᠬᠡᠮ ᠤᠨ ᠪᠠᠳᠤᠯᠠᠭ᠎ᠠ ᠶᠢᠨ ᠺᠠᠷᠲ ᠲᠠᠢ ᠵᠡᠷᠬᠡᠪᠡᠷ ᠬᠡᠷᠡᠭᠯᠡᠬᠦ ᠪᠤᠯᠭᠠᠵᠦ᠂ ᠠᠯᠬᠤᠮ ᠠᠯᠬᠤᠮ ᠢᠶᠠᠷ ᠨᠡᠶᠢᠬᠡᠮ ᠤᠨ ᠪᠠᠳᠤᠯᠠᠭ᠎ᠠ ᠶᠢᠨ ᠺᠠᠷᠲ ᠲᠠᠢ ᠬᠠᠷᠢᠯᠴᠠᠨ ᠨᠡᠪᠳᠡᠷᠡᠯᠴᠡᠬᠦᠯᠵᠦ ᠠᠭᠤᠰᠤᠯᠴᠠᠭᠤᠯᠬᠤ ᠬᠡᠷᠡᠭᠳᠡᠢ᠃      ᠵᠢᠷᠭᠤᠭ᠎ᠠ᠂ ᠰᠠᠭᠤᠷᠢ ᠮᠦᠩᠭᠦᠨ ᠤ ᠬᠠᠮᠢᠶᠠᠷᠤᠯᠳᠠ ᠪᠠ ᠬᠢᠨᠠᠯᠳᠠ ᠲᠠᠯᠪᠢᠯᠳᠠ      ︵ᠨᠢᠬᠡ︶ ᠰᠠᠭᠤᠷᠢ ᠮᠦᠩᠭᠦᠨ ᠤ ᠬᠠᠮᠢᠶᠠᠷᠤᠯᠳᠠ ᠶᠢ ᠨᠢᠬᠡᠳᠦᠬᠦᠯᠬᠦ ᠬᠡᠷᠡᠭᠳᠡᠢ᠃      ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠪᠠ ᠭᠦᠳᠡᠭᠡ ᠲᠤᠰᠬᠤᠨ ᠤ ᠰᠢᠨ᠎ᠠ ᠬᠤᠷᠰᠢᠨᠨᠰᠠᠨ ᠡᠮᠴᠢᠯᠡᠭᠡ ᠶᠢᠨ ᠰᠠᠭᠤᠷᠢ ᠮᠦᠩᠭᠦ ᠶᠢ ᠨᠡᠶᠢᠯᠡᠬᠦᠯᠵᠦ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠪᠤᠯᠭᠠᠵᠦ᠂ ᠰᠠᠭᠤᠷᠢ ᠮᠦᠩᠭᠦᠨ ᠤ ᠬᠠᠮᠢᠶᠠᠷᠤᠯᠳᠠ ᠳᠤ ᠤᠯᠤᠰ ᠤᠨ ᠨᠢᠬᠡᠳᠦᠯᠳᠡᠢ ᠡᠳ᠋ ᠤᠨ ᠶᠠᠪᠤᠳᠠᠯ ᠤᠨ ᠲᠦᠷᠢᠮ᠂ ᠨᠢᠨᠨᠳᠠᠯᠠᠨ ᠪᠤᠳᠤᠬᠤ ᠲᠦᠷᠢᠮ ᠪᠠ ᠲᠦᠰᠦᠪ ᠵᠢᠴᠢ ᠲᠦᠰᠦᠪ ᠤᠨ ᠭᠦᠢᠴᠡᠳᠬᠡᠯ ᠤᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠦᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢ ᠲᠠᠭᠠᠳᠬᠠᠯ ᠳᠤ ᠤᠷᠤᠨᠨᠰᠠᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠳᠤ ᠰᠠᠭᠤᠬᠤ᠂ ᠡᠭᠦᠳᠡᠨ ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠬᠦ ᠪᠠ ᠭᠦᠨᠳᠦ ᠡᠪᠡᠳᠴᠢᠨ ᠤ ᠲᠠᠭᠠᠳᠬᠠᠯ ᠢ ᠬᠤᠳᠠᠯᠳᠤᠨ ᠠᠪᠬᠤ ᠵᠡᠷᠬᠡ ᠵᠠᠷᠤᠯᠭ᠎ᠠ ᠳᠤ ᠬᠡᠷᠡᠭᠯᠡᠨ᠎ᠠ᠂ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯ ᠤᠨ ᠵᠠᠷᠤᠳᠠᠯ ᠵᠡᠷᠬᠡ ᠳᠤ ᠬᠡᠷᠡᠭᠯᠡᠵᠦ ᠪᠤᠯᠬᠤ ᠦᠬᠡᠢ᠃ ᠰᠠᠭᠤᠷᠢ ᠮᠦᠩᠭᠦ ᠶᠢ ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠬᠡ ᠳᠤ ᠤᠷᠤᠭᠤᠯᠤᠨ᠂ ᠲᠤᠰᠠᠭᠠᠷ ᠲᠤᠭᠠᠴᠠᠭ᠎ᠠ ᠬᠢᠵᠦ᠂ ︽ᠤᠷᠤᠯᠭ᠎ᠠ ᠵᠠᠷᠤᠯᠭ᠎ᠠ ᠶᠢ ᠠᠰ ᠲᠤᠨᠢ ᠪᠤᠳᠤᠬᠤ︾᠎ ᠶᠢ ᠬᠡᠷᠡᠭᠵᠢᠬᠦᠯᠦᠨ᠂ ᠶᠠᠮᠠᠷᠪᠠ ᠨᠢᠬᠡᠴᠡ ᠪᠠ ᠬᠤᠪᠢ ᠭᠦᠮᠦᠨ ᠬᠡᠳ ᠰᠢᠬᠠᠨ ᠡᠵᠡᠯᠡᠵᠦ ᠰᠢᠯᠵᠢᠬᠦᠯᠦᠨ ᠬᠡᠷᠡᠭᠯᠡᠵᠦ ᠪᠤᠯᠬᠤ ᠦᠬᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠵᠠᠷᠤᠳᠠᠯ ᠢ ᠪᠠᠳᠤᠯᠠᠬᠤ ᠡᠷᠴᠢᠮ ᠢᠶᠠᠨ ᠴᠢᠩᠭᠠᠷᠠᠭᠤᠯᠵᠦ᠂ ᠵᠠᠰᠠᠭ ᠤᠨ ᠤᠷᠳᠤᠨ ᠠᠴᠠ ᠠᠰᠳᠠᠭᠠᠨ ᠲᠤᠬᠢᠷᠠᠭᠤᠯᠤᠬᠰᠠᠨ ᠪᠡᠯᠡ ᠮᠦᠩᠭᠦ ᠲᠠᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠷᠦᠯ ᠵᠦᠢᠯ᠂ ᠤᠨᠴᠤᠭᠤᠢ ᠭᠦᠮᠦᠰ ᠤᠨ ᠠᠰᠠᠷᠠᠮᠵᠢ ᠶᠢᠨ ᠤᠯᠭᠤᠮᠵᠢ ᠵᠡᠷᠬᠡ ᠶᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦᠨ ᠠᠴᠠ ᠦᠭᠴᠤ ᠪᠤᠯᠬᠤ ᠦᠬᠡᠢ᠃      ︵ᠬᠤᠶᠠᠷ︶ ᠰᠠᠭᠤᠷᠢ ᠮᠦᠩᠭᠦ ᠶᠢ ᠬᠡᠷᠡᠭᠯᠡᠬᠦ ᠦᠷ᠎ᠡ ᠠᠰᠢᠭ ᠢ ᠲᠡᠬᠡᠭᠰᠢᠯᠡᠬᠦᠯᠬᠦ ᠬᠡᠷᠡᠭᠳᠡᠢ᠃      ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠪᠠ ᠲᠦᠰᠦᠪ ᠤᠨ ᠭᠦᠢᠴᠡᠳᠬᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠶᠢᠬᠡᠮ ᠤᠨ ᠪᠠᠳᠤᠯᠠᠭ᠎ᠠ ᠶᠢᠨ ᠲᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠤᠨ ᠬᠠᠮᠢᠶᠠᠷᠤᠯᠳᠠ ᠶᠢᠨ ᠬᠠᠮᠢᠶ᠎ᠠ ᠪᠦᠭᠦᠢ ᠪᠢᠴᠢᠭ ᠮᠠᠲ᠋ᠧᠷᠢᠶᠠᠯ ᠳᠤ ᠲᠤᠨᠨᠳᠠᠭᠠᠨᠨᠰᠠᠨ ᠲᠡᠰ ᠲᠠᠷᠠᠭᠠᠯᠠᠯ ᠢᠶᠠᠷ ᠨᠠᠶᠢᠷᠠᠭᠤᠯᠤᠨ ᠵᠤᠬᠢᠶᠠᠵᠦ᠂ ᠬᠢᠨᠠᠵᠦ ᠵᠦᠪᠰᠢᠶᠡᠷᠡᠭᠦᠯᠦᠨ᠎ᠠ᠃ ᠰᠠᠭᠤᠷᠢ ᠮᠦᠩᠭᠦᠨ ᠤ ᠦᠯᠡᠳᠡᠪᠦᠷᠢ ᠶᠢᠨ ᠨᠤᠷᠮ᠎ᠠ ᠶᠢ ᠵᠤᠬᠢᠰᠳᠠᠢ ᠪᠠᠷ ᠬᠢᠵᠠᠭᠠᠷᠯᠠᠵᠦ᠂ ᠲᠤᠰ ᠵᠢᠯ ᠤᠨ ᠦᠯᠡᠳᠡᠪᠦᠷᠢ ᠶᠢᠨ ᠨᠤᠷᠮ᠎ᠠ ᠶᠢ ᠵᠠᠷᠴᠢᠮ ᠲᠡᠬᠡᠷ᠎ᠡ ᠪᠠᠨ ᠲᠤᠰ ᠵᠢᠯ ᠤᠨ ᠰᠠᠭᠤᠷᠢ ᠮᠦᠩᠭᠦᠨ ᠤ ᠤᠷᠤᠯᠭ᠎ᠠ ᠶᠢᠨ ᠪᠦᠭᠦ ᠲᠤᠭᠠᠨ ᠤ 15%᠎ ᠶᠢᠨ ᠲᠤᠳᠤᠷ᠎ᠠ ᠬᠢᠵᠠᠭᠠᠷᠯᠠᠬᠤ ᠬᠡᠷᠡᠭᠳᠡᠢ᠃ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠪᠦᠭᠦ ᠲᠦᠰᠦᠪ ᠤᠨ ᠬᠠᠮᠢᠶᠠᠷᠤᠯᠳᠠ ᠶᠢ ᠲᠡᠭᠦᠯᠳᠡᠷᠵᠢᠬᠦᠯᠦᠭᠰᠡᠨ ᠰᠠᠭᠤᠷᠢᠨ ᠲᠡᠬᠡᠷ᠎ᠡ᠂ ᠰᠠᠭᠤᠷᠢ ᠮᠦᠩᠭᠦᠨ ᠤ ᠵᠠᠷᠤᠯᠭ᠎ᠠ ᠶᠢᠨ ᠪᠦᠳᠦᠴᠡ ᠶᠢ ᠵᠤᠬᠢᠰᠳᠠᠢ ᠲᠤᠬᠢᠷᠠᠭᠤᠯᠵᠦ᠂ ᠴᠢᠬᠤᠯᠠ ᠪᠦᠭᠦᠢ ᠦᠯᠡᠳᠡᠪᠦᠷᠢ ᠶᠢ ᠬᠠᠰᠤᠨ᠎ᠠ᠂ ᠡᠭᠦᠳᠡᠨ ᠡᠮᠨᠡᠯᠬᠡ ᠶᠢᠨ ᠵᠠᠷᠤᠴᠠᠭᠤᠯᠤᠨᠨᠰᠠᠨ ᠰᠠᠭᠤᠷᠢ ᠮᠦᠩᠭᠦᠨ ᠤ ᠡᠵᠡᠯᠡᠬᠦ ᠬᠠᠷᠢᠴᠠᠯ ᠢ ᠲᠤᠰ ᠵᠢᠯ ᠤᠨ ᠰᠠᠭᠤᠷᠢ ᠮᠦᠩᠭᠦᠨ ᠤ ᠵᠠᠷᠤᠯᠭ᠎ᠠ ᠶᠢᠨ 15%᠎ ᠶᠢᠨ ᠲᠤᠳᠤᠷ᠎ᠠ ᠬᠢᠵᠠᠭᠠᠷᠯᠠᠬᠤ ᠬᠡᠷᠡᠭᠳᠡᠢ᠃      ︵ᠭᠤᠷᠪᠠ︶ ᠰᠠᠭᠤᠷᠢ ᠮᠦᠩᠭᠦᠨ ᠤ ᠬᠢᠨᠠᠯᠳᠠ ᠲᠠᠯᠪᠢᠯᠳᠠ ᠶᠢ ᠴᠢᠩᠭᠠᠳᠬᠠᠬᠤ ᠬᠡᠷᠡᠭᠳᠡᠢ᠃      ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦ ᠲᠤᠨᠨᠳᠠᠴᠠ ᠶᠢ ᠪᠠᠶᠢᠭᠤᠯᠵᠦ᠂ ᠰᠠᠭᠤᠷᠢ ᠮᠦᠩᠭᠦᠨ ᠤ ᠠᠵᠢᠯᠯᠠᠭᠠᠨ ᠳᠤ ᠭᠦᠳᠡᠯᠦᠩᠭᠦᠢ ᠵᠠᠳᠠᠯᠤᠯᠳᠠ ᠪᠠ ᠬᠢᠨᠠᠨ ᠡᠵᠡᠮᠰᠢᠯ ᠢ ᠬᠡᠷᠡᠭᠵᠢᠬᠦᠯᠬᠦ ᠬᠡᠷᠡᠭᠳᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠰᠠᠭᠤᠷᠢ ᠮᠦᠩᠭᠦᠨ ᠤ ᠬᠢᠨᠠᠯᠳᠠ ᠲᠠᠯᠪᠢᠬᠤ ᠠᠷᠭ᠎ᠠ ᠶᠢ ᠲᠤᠨᠨᠳᠠᠭᠠᠵᠦ᠂ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠵᠦᠪᠳᠡᠯᠴᠡᠨ ᠬᠠᠮᠢᠶᠠᠷᠬᠤ ᠪᠠᠶᠢᠭᠤᠯᠤᠮᠵᠢ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ᠂ ᠲᠤᠰᠬᠠᠢ ᠮᠡᠷᠬᠡᠵᠢᠯᠳᠡᠨ ᠵᠡᠷᠬᠡ ᠶᠢᠨ ᠤᠷᠤᠯᠴᠬᠠᠰᠠᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠢ ᠪᠠᠶᠢᠭᠤᠯᠵᠦ᠂ ᠰᠠᠭᠤᠷᠢ ᠮᠦᠩᠭᠦ ᠶᠢ ᠬᠤᠷᠠᠮᠳᠤᠭᠤᠯᠬᠤ᠂ ᠠᠵᠢᠯᠯᠠᠭᠤᠯᠬᠤ᠂ ᠬᠡᠷᠡᠭᠯᠡᠬᠦ ᠪᠠ ᠬᠠᠮᠢᠶᠠᠷᠬᠤ ᠳᠤ ᠬᠢᠨᠠᠯᠳᠠ ᠲᠠᠯᠪᠢᠬᠤ ᠬᠡᠷᠡᠭᠳᠡᠢ᠃ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠨᠢ ᠰᠠᠭᠤᠷᠢ ᠮᠦᠩᠭᠦᠨ ᠤ ᠤᠷᠤᠯᠭ᠎ᠠ ᠵᠠᠷᠤᠯᠭ᠎ᠠ᠂ ᠬᠠᠮᠢᠶᠠᠷᠤᠯᠳᠠ ᠪᠠ ᠪᠡᠯᠡ ᠤᠷᠤᠭᠤᠯᠵᠦ ᠡᠵᠡᠩᠨᠡᠭᠰᠡᠨ ᠪᠠᠶᠢᠳᠠᠯ ᠳᠤ ᠪᠠᠶᠢᠴᠠᠭᠠᠯᠳᠠ ᠬᠢᠵᠦ᠂ ᠨᠡᠶᠢᠬᠡᠮ ᠨᠡᠶᠢᠳᠡ ᠳᠤ ᠰᠠᠭᠤᠷᠢ ᠮᠦᠩᠭᠦᠨ ᠤ ᠤᠷᠤᠯᠭ᠎ᠠ ᠵᠠᠷᠤᠯᠭ᠎ᠠ ᠶᠢᠨ ᠬᠡᠷᠡᠭᠯᠡᠭᠰᠡᠨ ᠪᠠᠶᠢᠳᠠᠯ ᠢ ᠲᠤᠨᠨᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠬᠦ ᠬᠡᠷᠡᠭᠳᠡᠢ᠃ ᠡᠯ᠎ᠡ ᠱᠠᠳᠤᠨ ᠤ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠬᠡ ᠬᠠᠷᠢᠭᠤᠴᠠᠯᠭ᠎ᠠ ᠶᠤᠰᠤᠭᠠᠷ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ ᠵᠠᠷᠤᠯᠭ᠎ᠠ᠂ ᠬᠠᠮᠢᠶᠠᠷᠤᠯᠳᠠ ᠪᠠ ᠪᠡᠯᠡ ᠤᠷᠤᠭᠤᠯᠵᠦ ᠡᠵᠡᠩᠨᠡᠭᠰᠡᠨ ᠪᠠᠶᠢᠳᠠᠯ ᠳᠤ ᠬᠢᠨᠠᠯᠳᠠ ᠲᠠᠯᠪᠢᠬᠤ ᠬᠡᠷᠡᠭᠳᠡᠢ᠃      ᠲᠤᠯᠤᠭ᠎ᠠ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ      ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠲᠦᠷᠢᠮ ᠢ ᠪᠠᠶᠢᠭᠤᠯᠬᠤ ᠪᠤᠯ ᠦᠬᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠬᠡᠶᠢᠷᠡᠭᠦᠯᠭᠦ ᠶᠢᠨ ᠴᠢᠬᠤᠯᠠ ᠠᠭᠤᠯᠭ᠎ᠠ ᠮᠦᠨ᠂ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠨᠠᠷᠢᠨ ᠨᠢᠨᠨᠳᠠ ᠪᠠᠶᠢᠷᠢᠯᠠᠭᠤᠯᠵᠦ᠂ ᠬᠠᠷᠢᠭᠤᠴᠠᠯᠭ᠎ᠠ ᠶᠢ ᠲᠤᠳᠤᠷᠬᠠᠶᠢᠯᠠᠨ᠂ ᠨᠡᠶᠢᠳᠡᠪᠤᠷᠢᠵᠢᠭᠤᠯᠬᠤ ᠶᠢ ᠰᠠᠶᠢᠳᠤᠷ ᠠᠳᠬᠤᠵᠦ᠂ ᠠᠵᠢᠯ ᠤᠨ ᠲᠤᠨᠨᠳᠠᠭᠤᠨ ᠪᠦᠬᠡᠳ ᠠᠯᠬᠤᠮ ᠲᠠᠷᠠᠭ᠎ᠠ ᠲᠠᠢ ᠠᠬᠢᠬᠤ ᠶᠢ ᠪᠠᠳᠤᠯᠠᠬᠤ ᠬᠡᠷᠡᠭᠳᠡᠢ᠃ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠪᠦᠭᠦ ᠲᠠᠯ᠎ᠠ ᠠᠴᠠ ᠡᠭᠦᠰᠴᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠭᠦᠴᠦ ᠬᠠᠮᠳᠤᠳᠬᠠᠨ ᠬᠤᠷᠰᠢᠨ ᠠᠵᠢᠯᠯᠠᠵᠦ᠂ ᠰᠢᠨ᠎ᠠ ᠲᠦᠷᠢᠮ ᠤᠨ ᠲᠤᠨᠨᠳᠠᠭᠤᠨ ᠢᠶᠠᠷ ᠬᠡᠷᠡᠭᠵᠢᠬᠦᠯᠦᠭᠳᠡᠬᠦ ᠶᠢ ᠦᠨᠡᠨᠬᠦ ᠪᠠᠳᠤᠯᠠᠬᠤ ᠬᠡᠷᠡᠭᠳᠡᠢ᠃ ᠬᠠᠮᠳᠤᠷᠠᠨ ᠠᠵᠢᠯᠯᠠᠬᠤ ᠲᠤᠨᠨᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ᠠᠵᠢᠯ ᠲᠤᠬᠢᠷᠠᠭᠤᠯᠬᠤ ᠪᠠ ᠲᠤᠨᠨᠳᠠᠮᠠᠯ ᠬᠤᠭᠤᠴᠠᠭ᠎ᠠ ᠲᠠᠢ ᠮᠡᠳᠡᠬᠡᠯᠡᠬᠦ ᠲᠦᠷᠢᠮ ᠢ ᠪᠠᠶᠢᠭᠤᠯᠤᠨ᠂ ᠰᠢᠨ᠎ᠠ ᠲᠦᠷᠢᠮ ᠢ ᠪᠠᠶᠢᠭᠤᠯᠬᠤ ᠪᠠ ᠬᠡᠷᠡᠭᠵᠢᠬᠦᠯᠬᠦ ᠲᠤᠮᠳᠠ ᠡᠭᠦᠰᠦᠭᠰᠡᠨ ᠰᠢᠨ᠎ᠠ ᠪᠠᠶᠢᠳᠠᠯ᠂ ᠰᠢᠨ᠎ᠠ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠵᠦ᠂ ᠴᠢᠬᠤᠯᠠ ᠶᠡᠭᠡ ᠠᠰᠠᠭᠤᠳᠠᠯ ᠲᠠᠢ ᠪᠤᠯ ᠴᠠᠭ ᠲᠤᠬᠠᠢ ᠳᠤᠨᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠬᠦ ᠬᠡᠷᠡᠭᠳᠡᠢ᠃      ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ︽ᠡᠮᠴᠢᠯᠡᠭᠡ ᠶᠢᠨ ᠲᠠᠭᠠᠳᠬᠠᠯ᠂ ᠡᠷᠡᠭᠦᠯ ᠬᠠᠮᠠᠭᠠᠯᠠᠯ᠂ ᠡᠮ ᠤᠨ ᠵᠦᠢᠯ ᠭᠤᠷᠪᠠ ᠶᠢᠨ ᠬᠠᠮᠳᠤᠷᠠᠨ ᠭᠦᠳᠡᠯᠦᠯᠴᠡᠬᠦ︾᠎ ᠶᠢ ᠢᠳᠡᠪᠬᠢᠳᠡᠢ ᠠᠬᠢᠭᠤᠯᠵᠦ᠂ ᠡᠮᠴᠢᠯᠡᠭᠡ᠂ ᠡᠮ ᠡᠮᠨᠡᠯᠬᠡ ᠶᠢᠨ ᠡᠬᠢ ᠪᠠᠶᠠᠯᠢᠭ ᠶᠢ ᠵᠦᠢ ᠵᠤᠬᠢᠰᠳᠠᠢ ᠲᠤᠬᠢᠷᠠᠭᠤᠯᠬᠤ ᠬᠢᠬᠡᠳ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠳᠠᠬᠢ ᠡᠮᠴᠢᠯᠡᠭᠡ ᠶᠢᠨ ᠲᠠᠭᠠᠳᠬᠠᠯ ᠤᠨ ᠭᠦᠰᠢᠭᠦᠷᠬᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠬᠡ ᠪᠠ ᠬᠠᠷᠢᠭᠤᠴᠠᠯᠭ᠎ᠠ ᠨᠢ ᠨᠢᠬᠡᠳᠦᠯᠳᠡᠢ᠂ ᠬᠠᠮᠳᠤᠪᠠᠷ ᠠᠬᠢᠨᠨᠰᠠᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠨᠢ ᠪᠦᠭᠦ ᠤᠷᠤᠨ ᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠠᠵᠢᠯ ᠢ ᠬᠠᠷᠢᠭᠤᠴᠠᠨ ᠬᠠᠮᠢᠶᠠᠷᠬᠤ ᠬᠡᠷᠡᠭᠳᠡᠢ᠃ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠵᠠᠰᠠᠭ ᠵᠠᠬᠢᠷᠭᠠᠨ ᠤ ᠬᠠᠮᠢᠶᠠᠷᠤᠯᠳᠠ ᠪᠠ ᠲᠤᠬᠠᠶᠢᠯᠬᠠᠰᠠᠨ ᠠᠵᠢᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠡᠭᠦᠷᠬᠡ ᠴᠢᠳᠠᠪᠤᠷᠢ ᠶᠢ ᠨᠢᠬᠡᠳᠦᠬᠦᠯᠵᠦ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠨᠢ ᠲᠤᠰ ᠭᠠᠵᠠᠷ ᠤᠷᠤᠨ ᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠪᠤᠳᠠᠳᠠᠢ ᠬᠠᠮᠢᠶᠠᠷᠤᠯᠳᠠ ᠪᠠ ᠲᠤᠬᠠᠶᠢᠯᠬᠠᠰᠠᠨ ᠠᠵᠢᠯ ᠤᠨ ᠭᠠᠷᠳᠠᠨ ᠭᠦᠢᠴᠡᠳᠬᠡᠬᠦ ᠠᠵᠢᠯ ᠢ ᠬᠠᠷᠢᠭᠤᠴᠠᠨ᠂ ᠤᠳᠤ ᠶᠢᠨ ᠪᠠᠶᠢᠭ᠎ᠠ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ᠂ ᠭᠦᠳᠡᠭᠡ ᠲᠤᠰᠬᠤᠨ ᠤ ᠰᠢᠨ᠎ᠠ ᠬᠤᠷᠰᠢᠨᠨᠰᠠᠨ ᠡᠮᠴᠢᠯᠡᠭᠡ ᠶᠢᠨ ᠭᠠᠷᠳᠠᠨ ᠭᠦᠢᠴᠡᠳᠬᠡᠬᠦ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠲᠤᠳᠤᠭᠠᠳᠤ ᠳᠠᠬᠢ ᠪᠠ ᠭᠠᠳᠠᠷ ᠲᠠᠯ᠎ᠠ ᠶᠢᠨ ᠬᠢᠨᠠᠯᠳᠠ ᠲᠠᠯᠪᠢᠵᠦ ᠬᠢᠵᠠᠭᠠᠷᠯᠠᠬᠤ ᠲᠤᠨᠨᠳᠠᠴᠠ ᠶᠢ ᠲᠡᠭᠦᠯᠳᠡᠷᠵᠢᠬᠦᠯᠵᠦ᠂ ᠲᠤᠬᠠᠶᠢᠯᠬᠠᠰᠠᠨ ᠠᠵᠢᠯ ᠤᠨ ᠪᠤᠯᠪᠠᠰᠤᠷᠠᠭᠤᠯᠤᠯ ᠪᠠ ᠠᠮᠵᠢᠯᠳᠠ ᠪᠦᠳᠦᠮᠵᠢ ᠶᠢᠨ ᠰᠢᠯᠭᠠᠨ ᠬᠢᠨᠠᠬᠤ ᠶᠢ ᠴᠢᠩᠭᠠᠳᠬᠠᠨ᠂ ᠡᠬᠢ ᠪᠠᠶᠠᠯᠢᠭ ᠢ ᠵᠤᠬᠢᠰᠳᠠᠢ ᠲᠤᠬᠢᠷᠠᠭᠤᠯᠵᠦ᠂ ᠡᠩᠨᠡᠬᠡᠨ ᠤ ᠪᠦᠳᠦᠴᠡ ᠶᠢ ᠰᠢᠯᠢᠳᠡᠭᠵᠢᠬᠦᠯᠦᠨ᠂ ᠲᠤᠬᠠᠶᠢᠯᠬᠠᠰᠠᠨ ᠠᠵᠢᠯ ᠤᠨ ᠤᠷ᠎ᠡ ᠮᠡᠷᠬᠡᠰᠢᠯ ᠢ ᠲᠡᠬᠡᠭᠰᠢᠯᠡᠬᠦᠯᠵᠦ᠂ ᠨᠠᠷᠢᠯᠢᠨᠨᠵᠢᠨᠨᠰᠠᠨ ᠬᠠᠮᠢᠶᠠᠷᠤᠯᠳᠠ ᠶᠢ ᠪᠡᠶᠡᠯᠡᠬᠦᠯᠦᠨ᠂ ᠤᠯᠠᠨ ᠲᠦᠮᠡᠨ ᠳᠤ ᠵᠢᠷᠤᠮᠵᠢᠯ ᠲᠠᠢ᠂ ᠴᠢᠨᠠᠷ ᠰᠠᠶᠢᠳᠠᠢ᠂ ᠦᠨᠳᠦᠷ ᠪᠦᠳᠦᠮᠵᠢᠳᠡᠢ᠂ ᠲᠦᠭᠦᠮ ᠲᠦᠳᠡ ᠦᠢᠯᠡᠴᠢᠯᠡᠭᠡ ᠬᠠᠩᠭᠠᠬᠤ ᠬᠡᠷᠡᠭᠳᠡᠢ᠃ ᠡᠯ᠎ᠡ ᠱᠠᠳᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠡᠮᠴᠢᠯᠡᠬᠡᠨ ᠤ ᠪᠠᠶᠢᠭᠤᠯᠤᠮᠵᠢ ᠶᠢᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠦ᠂ ᠡᠮᠨᠡᠯᠬᠡ ᠶᠢᠨ ᠠᠵᠢᠯᠳᠠᠨ ᠤ ᠤᠨᠤᠰᠢᠯᠠᠵᠦ ᠡᠮᠨᠡᠬᠦ ᠠᠵᠢᠯᠯᠠᠭ᠎ᠠ ᠶᠢ ᠤᠯᠠᠮ ᠨᠢᠬᠡ ᠠᠯᠬᠤᠮ ᠵᠢᠷᠤᠮᠵᠢᠭᠤᠯᠤᠨ᠂ ᠡᠮ ᠬᠡᠷᠡᠭᠯᠡᠬᠦ᠂ ᠬᠤᠷᠤᠨᠨᠳᠠᠭᠤᠯᠬᠤ ᠮᠠᠲ᠋ᠧᠷᠢᠶᠠᠯ᠂ ᠠᠨᠠᠭᠠᠬᠤ ᠶᠢᠨ ᠲᠤᠮᠤ ᠬᠡᠯᠪᠡᠷᠢ ᠶᠢᠨ ᠪᠠᠶᠢᠴᠠᠭᠠᠯᠳᠠ ᠵᠡᠷᠬᠡ ᠠᠵᠢᠯᠯᠠᠭ᠎ᠠ ᠶᠢᠨ ᠬᠢᠨᠠᠯᠳᠠ ᠬᠠᠮᠢᠶᠠᠷᠤᠯᠳᠠ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠳᠡᠢ᠃ ᠡᠮᠴᠢᠯᠡᠬᠡᠨ ᠤ ᠪᠠᠶᠢᠭᠤᠯᠤᠮᠵᠢ ᠶᠢᠨ ᠲᠤᠳᠤᠭᠠᠳᠤ ᠳᠠᠬᠢ ᠡᠵᠡᠮᠰᠢᠯ ᠤᠨ ᠲᠦᠷᠢᠮ ᠢ ᠴᠢᠩᠭᠠᠷᠠᠭᠤᠯᠵᠦ᠂ ᠲᠤᠳᠤᠭᠠᠳᠤ ᠶᠢᠨ ᠠᠵᠢᠯᠯᠠᠭᠠᠨ ᠤ ᠦᠷ᠎ᠡ ᠪᠦᠳᠦᠮᠵᠢ ᠶᠢ ᠲᠡᠬᠡᠭᠰᠢᠯᠡᠬᠦᠯᠦᠨ᠂ ᠡᠮᠴᠢᠯᠡᠬᠡᠨ ᠤ ᠪᠠᠶᠢᠭᠤᠯᠤᠮᠵᠢ ᠪᠠ ᠡᠮᠨᠡᠯᠬᠡ ᠶᠢᠨ ᠠᠵᠢᠯᠳᠠᠨ ᠤ ᠵᠢᠷᠤᠮᠵᠢᠯ ᠲᠠᠢ ᠤᠨᠤᠰᠢᠯᠠᠨ ᠡᠮᠨᠡᠬᠦ ᠠᠵᠢᠯᠯᠠᠭ᠎ᠠ ᠶᠢᠨ ᠲᠤᠳᠤᠭᠠᠳᠤ ᠳᠠᠬᠢ ᠤᠷᠮᠠᠰᠢᠭᠤᠯᠬᠤ ᠲᠤᠨᠨᠳᠠᠴᠠ ᠶᠢ ᠪᠠᠶᠢᠭᠤᠯᠵᠦ᠂ ᠡᠮᠴᠢᠯᠡᠬᠡᠨ ᠤ ᠵᠠᠷᠤᠳᠠᠯ ᠤᠨ ᠵᠦᠢ ᠵᠤᠬᠢᠰ ᠦᠬᠡᠢ ᠪᠠᠷ ᠬᠡᠳᠦ ᠲᠦᠷᠬᠡᠨ ᠦᠰᠬᠦ ᠶᠢ ᠪᠦᠳᠦᠮᠵᠢᠳᠡᠢ ᠬᠢᠵᠠᠭᠠᠷᠯᠠᠬᠤ ᠬᠡᠷᠡᠭᠳᠡᠢ᠃      ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠡᠯ᠎ᠡ ᠵᠦᠢᠯ ᠤᠨ ᠤᠬᠠᠭᠤᠯᠬᠤ ᠵᠠᠭᠤᠴᠢᠯᠠᠭᠤᠷ ᠢ ᠠᠰᠢᠨᠨᠯᠠᠵᠦ ᠵᠦᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠭᠦᠳᠦᠯᠦᠨ ᠵᠢᠯᠤᠭᠤᠳᠬᠤ ᠶᠢ ᠴᠢᠩᠭᠠᠳᠬᠠᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠤᠨ ᠨᠢᠬᠡᠳᠦᠯᠳᠡᠢ ᠲᠦᠷᠢᠮ ᠢ ᠪᠠᠶᠢᠭᠤᠯᠬᠤ ᠶᠢᠨ ᠴᠢᠬᠤᠯᠠ ᠠᠴᠢ ᠬᠤᠯᠪᠤᠨᠨᠳᠠᠯ ᠢ ᠴᠢᠬᠤᠯᠠᠴᠢᠯᠠᠨ ᠤᠬᠠᠭᠤᠯᠵᠦ᠂ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠨᠤᠪᠴᠢᠳᠠᠢ ᠤᠬᠠᠭᠤᠯᠤᠨ ᠲᠠᠶᠢᠯᠪᠤᠷᠢᠯᠠᠵᠦ᠂ ᠤᠯᠠᠨ ᠨᠡᠶᠢᠳᠡ ᠶᠢᠨ ᠬᠠᠯᠠᠮᠵᠢᠯᠠᠵᠦ ᠪᠦᠭᠦᠢ ᠵᠦᠢᠯ ᠳᠤ ᠢᠳᠡᠪᠬᠢᠳᠡᠢ ᠪᠠᠷ ᠬᠠᠷᠢᠭᠤ ᠦᠭᠴᠤ᠂ ᠨᠡᠶᠢᠬᠡᠮ ᠤᠨ ᠬᠢᠨ ᠤ ᠭᠦᠰᠡᠯ ᠲᠦᠰᠦᠬᠡᠯᠡᠯ ᠢ ᠵᠤᠬᠢᠰᠳᠠᠢ ᠭᠦᠳᠦᠯᠦᠨ ᠵᠢᠯᠤᠭᠤᠳᠴᠤ᠂ ᠰᠠᠶᠢᠨ ᠰᠠᠶᠢᠬᠠᠨ ᠤᠷᠴᠢᠨ ᠪᠠᠶᠢᠳᠠᠯ ᠢ ᠴᠢᠷᠮᠠᠶᠢᠨ ᠪᠠᠶᠢᠭᠤᠯᠬᠤ ᠬᠡᠷᠡᠭᠳᠡᠢ᠃      ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠲᠤᠰ ᠰᠠᠨᠠᠯ ᠢ ᠦᠨᠳᠦᠰᠦᠯᠡᠵᠦ ᠪᠤᠳᠠᠳᠠᠢ ᠬᠡᠷᠡᠭᠵᠢᠬᠦᠯᠬᠦ ᠨᠠᠷᠢᠨ ᠲᠦᠷᠢᠮ ᠢ ᠲᠤᠨᠨᠳᠠᠭᠠᠬᠤ ᠬᠡᠷᠡᠭᠳᠡᠢ᠃ ᠤᠤᠯ ᠤᠨ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠪᠠ ᠰᠢᠨ᠎ᠠ ᠬᠡᠯᠪᠡᠷᠢ ᠶᠢᠨ ᠮᠠᠯᠵᠢᠬᠤ ᠲᠠᠷᠢᠶᠠᠯᠠᠬᠤ ᠤᠷᠤᠨ ᠤ ᠬᠤᠷᠰᠢᠨᠨᠰᠠᠨ ᠡᠮᠴᠢᠯᠡᠭᠡ ᠶᠢᠨ ᠲᠦᠷᠢᠮ ᠨᠢ ᠲᠤᠰ ᠰᠠᠨᠠᠯ ᠤᠨ ᠲᠤᠨᠨᠳᠠᠭᠠᠯ ᠲᠠᠢ ᠨᠢᠬᠡᠳᠦᠯ ᠦᠬᠡᠢ ᠪᠠᠶᠢᠪᠠᠯ᠂ ᠲᠤᠰ ᠰᠠᠨᠠᠯ ᠢᠶᠠᠷ ᠪᠠᠷᠢᠮᠵᠢᠶ᠎ᠠ ᠪᠤᠯᠭᠠᠬᠤ ᠬᠡᠷᠡᠭᠳᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map