︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠭᠦ︶︾᠎ ᠶᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2017/2/3
                    ᠦᠪᠦᠷ ᠵᠠᠰᠠᠭ ᠲᠠᠷᠬᠠᠭᠠᠭᠰᠠᠨ ﹇2016﹈ 99 ᠳ᠋ᠤᠭᠡᠷ ᠲᠤᠭᠠᠳᠤ                                          8 ᠳ᠋ᠤᠭᠠᠷ ᠰᠠᠷ᠎ᠠ ᠶᠢᠨ 14᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄      ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠭᠦ︶︾᠎ ᠶᠢ ᠡᠳᠦᠬᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠬᠡᠢ᠃          ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠯᠵᠢᠶᠠᠨ ᠤ          ᠲᠠᠯᠠᠪᠤᠷ ᠭᠠᠵᠠᠷ ᠤᠨ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠭᠦ︶           ᠨᠢᠬᠡᠳᠦᠬᠡᠷ ᠪᠦᠯᠦᠭ       ᠶᠡᠷᠦᠩᠬᠡᠢ ᠲᠦᠷᠢᠮ      ᠨᠢᠬᠡᠳᠦᠬᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠨ᠂ ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠯᠳᠡ ᠵᠢᠴᠢ ᠬᠠᠮᠢᠶ᠎ᠠ ᠪᠦᠭᠦᠢ ᠠᠵᠢᠯᠯᠠᠭ᠎ᠠ ᠶᠢ ᠵᠢᠷᠤᠮᠵᠢᠭᠤᠯᠵᠦ᠂ ᠵᠠᠬ᠎ᠠ ᠲᠡᠯᠬᠡᠭᠦᠷ ᠲᠤ ᠤᠷᠤᠯᠴᠬᠠᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠮᠦᠩᠭᠦᠨ ᠭᠦᠢᠯᠬᠡᠬᠡᠨ ᠤ ᠲᠦᠭᠰᠢᠭᠦᠷᠢ ᠶᠢ ᠦᠨᠡᠨᠬᠦ ᠰᠡᠷᠬᠡᠶᠢᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠡᠷᠡᠭᠦᠯ ᠭᠦᠭᠵᠢᠯᠳᠡ ᠶᠢ ᠠᠬᠢᠭᠤᠯᠬᠤ ᠶᠢᠨ ᠲᠤᠰᠠᠳᠠ᠂ ︽ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠢ ᠴᠡᠪᠡᠷᠯᠡᠨ ᠴᠡᠭᠴᠡᠯᠡᠵᠦ ᠮᠦᠩᠭᠦᠨ ᠭᠦᠢᠯᠬᠡᠬᠡᠨ ᠤ ᠲᠦᠭᠰᠢᠭᠦᠷᠢ ᠶᠢ ᠦᠨᠡᠨᠬᠦ ᠰᠡᠷᠬᠡᠶᠢᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠨᠨᠳᠠᠭᠠᠯ︾ ︵ᠲᠦᠷᠦ ᠲᠠᠷᠬᠠᠭᠠᠨᠨᠰᠠᠨ ﹇2011﹈ 38 ᠳ᠋ᠤᠭᠠᠷ ᠲᠤᠭᠠᠳᠤ︶᠂ ︽ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠢ ᠴᠡᠪᠡᠷᠯᠡᠨ ᠴᠡᠭᠴᠡᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠭᠦ ᠰᠨᠠᠠᠯ︾ ︵ᠲᠦᠷᠦ ᠠᠯᠪᠠᠨ ᠲᠠᠷᠬᠠᠭᠠᠨᠨᠰᠠᠨ ﹇2012﹈ 37 ᠳ᠋ᠤᠭᠠᠷ ᠲᠤᠭᠠᠳᠤ︶᠎ ᠤᠨ ᠬᠤᠯᠪᠤᠨᠨᠳᠠᠯ ᠪᠦᠭᠦᠢ ᠵᠤᠷᠢᠭ ᠰᠠᠨᠠᠭ᠎ᠠ ᠶᠢ ᠦᠨᠳᠦᠰᠦᠯᠡᠨ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃      ᠬᠤᠶᠠᠳᠤᠭᠠᠷ ᠵᠦᠢᠯ    ᠲᠤᠰ ᠠᠷᠭ᠎ᠠ ᠨᠢ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠨᠢᠬᠡᠨᠳᠡ ᠪᠠᠶᠢᠭᠤᠯᠤᠨᠨᠰᠠᠨ ᠪᠡ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ᠂ ᠤᠨᠳᠤᠤ ᠭᠠᠵᠠᠷ ᠤᠨ ᠠᠷᠠᠯᠵᠢᠶᠠᠨ ᠤ ᠲᠠᠯᠠᠪᠤᠷ ᠭᠠᠵᠠᠷ ᠤᠨ ᠦᠪᠡᠷᠳᠡᠬᠡᠨ ᠵᠠᠰᠠᠬᠤ ᠤᠷᠤᠨ ᠳᠤ ᠪᠠᠶᠢᠭᠤᠯᠤᠨᠨᠰᠠᠨ ᠬᠤᠪᠢᠶᠠᠷᠢ ᠪᠠᠶᠢᠭᠤᠯᠤᠮᠵᠢ ᠵᠢᠴᠢ ᠤᠷᠤᠯᠠᠬᠤ ᠪᠠᠶᠢᠭᠤᠯᠤᠮᠵᠢ ᠳᠤ ᠬᠡᠷᠡᠭᠯᠡᠭᠳᠡᠨ᠎ᠡ᠃      ᠭᠤᠷᠪᠠᠳᠤᠭᠠᠷ ᠵᠦᠢᠯ    ᠲᠤᠰ ᠠᠷᠭ᠎ᠠ ᠳᠤ ᠬᠡᠯᠡᠵᠦ ᠪᠦᠭᠦᠢ ᠠᠷᠠᠯᠵᠢᠶᠠᠨ ᠤ ᠲᠠᠯᠠᠪᠤᠷ ᠭᠠᠵᠠᠷ ᠬᠡᠳᠡᠭ ᠨᠢ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ ᠪᠠᠶᠢᠭᠤᠯᠤᠨᠨᠰᠠᠨ᠂ ᠡᠷᠬᠡ ᠠᠰᠢᠭ ᠤᠨ ᠲᠦᠷᠦᠯ ᠤᠨ ᠠᠷᠠᠯᠵᠢᠶ᠎ᠠ᠂ ᠲᠠᠸᠠᠷ ᠤᠨ ᠪᠡᠯᠡᠨ ᠪᠠᠷᠠᠭ᠎ᠠ ᠶᠢᠨ ᠠᠷᠠᠯᠵᠢᠶ᠎ᠠ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠢ ᠵᠢᠭᠠᠨ᠎ᠠ᠂ ᠬᠡᠪᠡᠴᠤ ᠵᠦᠪᠬᠡᠨ ᠲᠡᠷᠬᠡ ᠭᠦᠰᠬᠡ᠂ ᠬᠡᠷ ᠪᠠᠶᠢᠰᠢᠩ ᠭᠠᠵᠠᠷ ᠭᠦᠷᠦᠩᠬᠡ ᠵᠢᠴᠢ ᠲᠠᠸᠠᠷ ᠤᠨ ᠵᠢᠵᠢᠭᠯᠡᠨ ᠪᠤᠷᠤᠯᠠᠭᠤᠯᠬᠤ ᠪᠤᠳᠠᠳᠤ ᠴᠤᠨᠨᠴᠠᠳᠤ ᠲᠡᠯᠬᠡᠭᠦᠷ᠂ ᠴᠤᠨᠨᠯᠠᠭ᠎ᠠ ᠮᠠᠶᠢᠮᠠᠢ ᠶᠢᠨ ᠵᠠᠬ᠎ᠠ ᠲᠡᠯᠬᠡᠭᠦᠷ᠂ ᠬᠤᠳᠠᠯᠳᠤᠭᠠᠨ ᠤ ᠲᠠᠯᠠᠪᠤᠷ᠂ ᠪᠠᠷᠠᠭ᠎ᠠ ᠬᠤᠳᠠᠯᠳᠤᠨ ᠠᠪᠬᠤ ᠲᠦᠪ᠂ ᠬᠡᠳᠦ ᠲᠡᠯᠬᠡᠭᠦᠷ ᠵᠡᠷᠬᠡ ᠪᠤᠳᠠᠳᠤ ᠡᠳ᠋ ᠤᠨ ᠠᠷᠠᠯᠵᠢᠶ᠎ᠠ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠪᠠᠭᠳᠠᠬᠤ ᠦᠬᠡᠢ ᠪᠦᠬᠡᠳ ᠪᠠᠰᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠦᠩᠭᠦᠨ ᠭᠦᠢᠯᠬᠡᠬᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠢᠨᠠᠨ ᠬᠠᠮᠢᠶᠠᠷᠤᠨᠨᠰᠠᠨ ᠮᠦᠩᠭᠦᠨ ᠭᠦᠢᠯᠬᠡᠬᠡᠨ ᠤ ᠨᠡᠷᠡᠳᠭᠦᠨ ᠤ ᠠᠷᠠᠯᠵᠢᠶ᠎ᠠ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠢ ᠪᠠᠭᠳᠠᠭᠠᠬᠤ ᠦᠬᠡᠢ᠃      ᠡᠷᠬᠡ ᠠᠰᠢᠭ ᠤᠨ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠬᠡᠳᠡᠭ ᠨᠢ᠂ ᠦᠮᠴᠢᠯᠡᠬᠦ ᠡᠷᠬᠡ᠂ ᠰᠲ᠋ᠤᠺ ᠤᠨ ᠡᠷᠬᠡ᠂ ᠦᠭᠴᠡᠬᠡᠨ ᠤ ᠡᠷᠬᠡ᠂ ᠤᠢ ᠰᠢᠭᠤᠢ ᠶᠢᠨ ᠡᠷᠬᠡ᠂ ᠠᠭᠤᠷᠬᠠᠢ ᠶᠢᠨ ᠡᠷᠬᠡ᠂ ᠪᠤᠬᠢᠷᠳᠤᠯ ᠭᠠᠳ᠋ᠬᠠᠰᠢᠯᠠᠭᠤᠯᠬᠤ ᠡᠷᠬᠡ᠂ ᠨᠡᠭᠦᠷᠡᠰᠦᠳᠦ᠋ᠷᠦᠭᠴᠢ ᠭᠠᠳ᠋ᠬᠠᠰᠢᠯᠠᠭᠤᠯᠬᠤ ᠡᠷᠬᠡ᠂ ᠮᠡᠳᠡᠯᠬᠡ ᠶᠢᠨ ᠪᠦᠳᠦᠬᠡᠭᠳᠡᠭᠦᠨ ᠤ ᠦᠮᠴᠢᠯᠡᠬᠦ ᠡᠷᠬᠡ᠂ ᠰᠤᠶᠤᠯ ᠤᠷᠠᠯᠢᠭ ᠤᠨ ᠪᠦᠳᠦᠬᠡᠯ ᠪᠦᠳᠦᠬᠡᠭᠳᠡᠭᠦᠨ ᠤ ᠡᠷᠬᠡ ᠠᠰᠢᠭ᠂ ᠮᠦᠩᠭᠦᠨ ᠭᠦᠢᠯᠬᠡᠬᠡᠨ ᠤ ᠭᠦᠷᠦᠩᠬᠡ ᠶᠢᠨ ᠡᠷᠬᠡ ᠠᠰᠢᠭ ᠵᠡᠷᠬᠡ ᠠᠷᠠᠯᠵᠢᠶᠠᠨ ᠤ ᠠᠵᠢᠯᠯᠠᠭ᠎ᠠ ᠡᠷᠬᠢᠯᠡᠵᠦ ᠪᠠᠶᠢᠭ᠎ᠠ ᠲᠠᠯᠠᠪᠤᠷ ᠭᠠᠵᠠᠷ ᠪᠤᠶᠤ ᠢᠨᠲ᠋ᠧᠷ ᠰᠦᠯᠵᠢᠶ᠎ᠡ ᠶᠢᠨ ᠠᠷᠠᠯᠵᠢᠶᠠᠨ ᠤ ᠲᠡᠪᠴᠡᠩ ᠢ ᠵᠢᠭᠠᠨ᠎ᠠ᠃      ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠬᠡᠳᠡᠭ ᠨᠢ᠂ ᠬᠤᠳᠠᠯᠳᠤᠨᠨᠴᠢ ᠬᠤᠳᠠᠯᠳᠤᠨ ᠠᠪᠤᠨᠨᠴᠢ ᠬᠤᠶᠠᠷ ᠲᠠᠯ᠎ᠠ ᠪᠠᠷ ᠢᠶᠠᠨ ᠢᠯᠡ᠂ ᠪᠠᠶᠢᠩᠭᠤ ᠶᠢᠨ ᠴᠢᠨᠠᠷᠳᠠᠢ ᠪᠤᠶᠤ ᠲᠤᠨᠨᠳᠠᠮᠠᠯ ᠬᠤᠭᠤᠴᠠᠭ᠎ᠠ ᠲᠠᠢ ᠪᠠᠷ ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠠᠵᠢᠯᠯᠠᠭ᠎ᠠ ᠬᠢᠵᠦ᠂ ᠮᠡᠳᠡᠭᠡ ᠵᠠᠩᠬᠢ᠂ ᠪᠠᠷᠠᠭᠠᠨ ᠤ ᠭᠦᠢᠯᠬᠡᠬᠡ ᠵᠡᠷᠬᠡ ᠲᠦᠭᠦᠷ ᠦᠢᠯᠡᠴᠢᠯᠡᠬᠡᠨ ᠤ ᠴᠢᠳᠠᠮᠵᠢ ᠪᠦᠭᠦᠢ ᠲᠠᠯᠠᠪᠤᠷ ᠭᠠᠵᠠᠷ ᠪᠤᠶᠤ ᠢᠨᠲ᠋ᠧᠷ ᠰᠦᠯᠵᠢᠶᠡᠨ ᠤ ᠠᠷᠠᠯᠵᠢᠶᠠᠨ ᠤ ᠲᠡᠪᠴᠡᠩ ᠢ ᠵᠢᠭᠠᠨ᠎ᠠ᠃      ᠲᠦᠷᠪᠡᠳᠦᠬᠡᠷ ᠵᠦᠢᠯ    ᠦᠪᠡᠷᠳᠡᠬᠡᠨ ᠵᠠᠰᠠᠬᠤ ᠤᠷᠤᠨ ᠠᠴᠠ ︽ᠶᠡᠷᠦᠩᠬᠡᠢ ᠬᠡᠮᠵᠢᠶ᠎ᠡ ᠶᠢ ᠨᠢ ᠬᠢᠵᠠᠭᠠᠷᠯᠠᠵᠦ᠂ ᠵᠤᠬᠢᠰᠳᠠᠢ ᠪᠠᠶᠢᠷᠢᠯᠠᠭᠤᠯᠤᠯᠳᠠ ᠬᠢᠵᠦ᠂ ᠪᠤᠯᠭᠤᠮᠵᠢᠳᠠᠢ ᠬᠢᠨᠠᠨ ᠵᠦᠪᠰᠢᠶᠡᠷᠡᠭᠦ︾ ᠵᠠᠷᠴᠢᠮ ᠶᠤᠰᠤᠭᠠᠷ᠂ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠲᠤᠭ᠎ᠠ ᠬᠡᠮᠵᠢᠶ᠎ᠡ᠂ ᠬᠡᠪᠴᠢᠶ᠎ᠡ ᠪᠡ ᠤᠷᠤᠨ ᠤ ᠲᠠᠷᠬᠠᠯᠳᠠ ᠶᠢ ᠨᠢᠬᠡᠳᠦᠯᠳᠡᠢ ᠲᠦᠯᠦᠪᠯᠡᠨ ᠲᠦᠯᠦᠪᠵᠢᠭᠦᠯᠵᠦ᠂ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠪᠤᠯᠭᠤᠮᠵᠢᠳᠠᠢ ᠬᠢᠨᠠᠨ ᠵᠦᠪᠰᠢᠶᠡᠷᠡᠨ᠎ᠠ᠃      ᠲᠠᠪᠤᠳᠤᠭᠠᠷ ᠵᠦᠢᠯ   ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠦᠩᠭᠦᠨ ᠭᠦᠢᠯᠬᠡᠬᠡᠨ ᠤ ᠠᠵᠢᠯ ᠤᠨ ᠠᠯᠪᠠᠨ ᠬᠡᠷ ︵ᠲᠤᠷᠤᠨᠨᠰᠢ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠬᠡᠵᠦ ᠲᠤᠪᠴᠢᠯᠠᠨ᠎ᠠ︶᠎ ᠲᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠡᠷᠬᠡ ᠠᠰᠢᠭ ᠤᠨ ᠴᠢᠨᠠᠷᠳᠠᠢ ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠳᠠ ᠬᠠᠮᠢᠶᠠᠷᠤᠯᠳᠠ ᠬᠢᠯᠬᠡᠭᠦ ᠪᠠᠷ ᠡᠷᠬᠡ ᠤᠯᠭᠤᠨ᠎ᠠ︔ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ︽ᠲᠠᠸᠠᠷ ᠤᠨ ᠪᠡᠯᠡᠨ ᠪᠠᠷᠠᠭᠠᠨ ᠤ ᠵᠠᠬ᠎ᠠ ᠲᠡᠯᠬᠡᠭᠦᠷ ᠤᠨ ᠠᠷᠠᠯᠵᠢᠶᠠᠨ ᠤ ᠤᠨᠴᠤᠭᠤᠢ ᠲᠤᠨᠨᠳᠠᠭᠠᠯ ︵ᠲᠤᠷᠰᠢᠨ ᠬᠡᠷᠡᠭᠵᠢᠭᠦᠯᠭᠦ︶︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠷᠯᠢᠭ ﹇2013﹈ 3 ᠳ᠋ᠤᠭᠠᠷ ᠲᠤᠭᠠᠳᠤ︶ ᠶᠤᠰᠤᠭᠠᠷ᠂ ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠳᠠ ᠬᠠᠮᠢᠶᠠᠷᠤᠯᠳᠠ ᠬᠢᠨ᠎ᠠ᠃      ᠵᠢᠷᠭᠤᠳᠤᠭᠠᠷ ᠵᠦᠢᠯ   ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ ᠶᠢ ᠰᠡᠷᠬᠡᠶᠢᠯᠡᠬᠦ ᠪᠡ ᠰᠶᠢᠳᠪᠦᠷᠢᠯᠡᠬᠦ ᠬᠠᠷᠢᠭᠤᠴᠠᠯᠭ᠎ᠠ ᠶᠢ ᠡᠭᠦᠷᠬᠡᠯᠡᠨ᠎ᠠ᠂ ᠬᠢᠨᠠᠯᠳᠠ ᠬᠠᠮᠢᠶᠠᠷᠤᠯᠳᠠ ᠶᠢᠨ ᠲᠤᠰᠬᠠᠢ ᠰᠠᠯᠠᠭ᠎ᠠ ᠮᠦᠴᠢᠷ ︵ᠲᠤᠷᠤᠨᠨᠰᠢ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠬᠡᠵᠦ ᠲᠤᠪᠴᠢᠯᠠᠨ᠎ᠠ︶᠎ ᠢ ᠲᠤᠳᠤᠷᠬᠠᠶᠢᠯᠠᠵᠦ᠂ ᠲᠦᠭᠰᠢᠭᠦᠷᠢ ᠶᠢ ᠰᠡᠷᠬᠡᠶᠢᠯᠡᠬᠦ ᠪᠡ ᠰᠶᠢᠳᠪᠦᠷᠢᠯᠡᠬᠦ ᠠᠵᠢᠯ ᠢ ᠪᠤᠳᠠᠳᠠᠢ ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠯ ᠲᠠᠢ ᠡᠵᠡᠩᠨᠡᠬᠦ ᠶᠢ ᠪᠠᠳᠤᠯᠠᠨ᠎ᠠ᠃      ᠲᠤᠯᠤᠳᠤᠭᠠᠷ ᠵᠦᠢᠯ    ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠵᠦ ᠠᠬᠤᠶᠢᠯᠠᠯ ᠤᠨ ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ ᠠᠷᠠᠯᠵᠢᠶᠠᠨ ᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠳᠠ ᠬᠠᠮᠢᠶᠠᠷᠤᠯᠳᠠ ᠬᠢᠬᠦ ᠡᠭᠦᠷᠬᠡ ᠬᠠᠷᠢᠭᠤᠴᠠᠯᠭ᠎ᠠ ᠡᠭᠦᠷᠬᠡᠯᠡᠵᠦ᠂ ᠠᠵᠦ ᠠᠬᠤᠶᠢᠯᠠᠯ ᠤᠨ ᠤᠯᠤᠰ ᠤᠨ ᠦᠮᠴᠢᠯᠠᠯ ᠤᠨ ᠦᠮᠴᠢᠯᠡᠬᠦ ᠡᠷᠬᠡ ᠶᠢᠨ ᠠᠷᠠᠯᠵᠢᠶ᠎ᠠ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠨᠢ ᠡᠷᠬᠡᠪᠰᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠮᠠᠭᠠᠳᠯᠠᠨ ᠲᠤᠭᠳᠠᠭᠠᠯᠭᠠᠵᠦ᠂ ᠠᠵᠦ ᠠᠬᠤᠶᠢᠯᠠᠯ ᠤᠨ ᠤᠯᠤᠰ ᠤᠨ ᠦᠮᠴᠢᠯᠡᠯ ᠤᠨ ᠦᠮᠴᠢᠯᠡᠬᠦ ᠡᠷᠬᠡ ᠶᠢ ᠰᠢᠯᠵᠢᠭᠦᠯᠭᠦ ᠬᠠᠮᠢᠶ᠎ᠠ ᠪᠦᠭᠦᠢ ᠲᠤᠨᠨᠳᠠᠭᠠᠯ ᠢ ᠦᠨᠳᠦᠰᠦᠯᠡᠨ ᠠᠷᠠᠯᠵᠢᠶᠠᠨ ᠤ ᠲᠤᠬᠠᠶᠢᠯᠬᠠᠰᠠᠨ ᠠᠵᠢᠯ ᠢ ᠵᠢᠷᠤᠮᠵᠢᠭᠤᠯᠤᠨ ᠦᠷᠨᠢᠭᠦᠯᠦᠨ᠎ᠠ᠃      ᠬᠤᠶᠠᠳᠤᠭᠠᠷ ᠪᠦᠯᠦᠭ    ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠠᠬᠤ ᠪᠡ ᠵᠤᠨᠨᠰᠤᠭᠠᠬᠤ      ᠨᠠᠢᠮᠠᠳᠤᠭᠠᠷ ᠵᠦᠢᠯ    ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠡᠷᠬᠡᠪᠰᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠪᠠᠶᠢᠬᠤ ᠬᠡᠷᠡᠭᠳᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠳᠤ ᠠᠰᠳᠠᠭᠠᠨ ᠲᠤᠨᠨᠳᠠᠭᠠᠯ ᠲᠠᠢ ᠠᠴᠠ ᠪᠤᠰᠤᠳ᠂ ᠵᠦᠪᠰᠢᠶᠡᠷᠡᠭᠦᠯᠦᠭᠰᠡᠨ ᠦᠬᠡᠢ ᠪᠠᠶᠢᠪᠠᠯ᠂ ᠶᠠᠮᠠᠷᠪᠠ ᠨᠢᠬᠡᠴᠡ ᠪᠤᠶᠤ ᠬᠤᠪᠢ ᠭᠦᠮᠦᠨ ᠬᠡᠳ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠵᠦ ᠪᠤᠯᠬᠤ ᠦᠬᠡᠢ᠂ ᠡᠰᠡᠭᠦᠯ᠎ᠡ ᠶᠠᠮᠠᠷᠪᠠ ᠨᠢᠬᠡᠨ ᠬᠡᠯᠪᠡᠷᠢ ᠪᠠᠷ ᠡᠷᠬᠡ ᠠᠰᠢᠭ ᠤᠨ ᠲᠦᠷᠦᠯ᠂ ᠲᠠᠸᠠᠷ ᠤᠨ ᠪᠡᠯᠡᠨ ᠪᠠᠷᠠᠭᠠᠨ ᠤ ᠠᠷᠠᠯᠵᠢᠶ᠎ᠠ ᠶᠢᠨ ᠡᠵᠡᠩᠨᠡᠯᠳᠡ ᠵᠢᠴᠢ ᠬᠠᠮᠢᠶ᠎ᠠ ᠪᠦᠭᠦᠢ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ ᠪᠤᠯᠬᠤ ᠦᠬᠡᠢ᠃ ᠲᠤᠨᠨᠳᠠᠭᠠᠯ ᠠᠴᠠ ᠵᠦᠷᠢᠴᠡᠵᠦ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠢ ᠬᠠᠤᠯᠢ ᠶᠤᠰᠤᠭᠠᠷ ᠭᠦᠴᠦᠨ ᠦᠬᠡᠢ ᠪᠤᠯᠭᠠᠨ᠎ᠠ᠃      ᠶᠢᠰᠦᠳᠦᠬᠡᠷ ᠵᠦᠢᠯ   ᠲᠤᠰ ᠠᠷᠭ᠎ᠠ ᠶᠢ ᠦᠨᠳᠦᠰᠦᠯᠡᠨ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ᠂ ᠨᠡᠷᠡᠶᠢᠳᠦᠯ ᠳᠡᠭᠡᠨ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠦᠪ︾ ᠬᠡᠮᠡᠬᠦ ᠦᠰᠦᠭ ᠬᠠᠳᠠᠨ ᠲᠤᠳᠤᠷᠬᠠᠶᠢᠯᠠᠵᠦ ᠪᠤᠯᠤᠨ᠎ᠠ᠃ ᠨᠡᠷᠡᠶᠢᠳᠦᠯ ᠳᠤᠨᠢ ︽ᠠᠷᠠᠯᠵᠢᠶᠠᠨ ᠤ ᠭᠠᠵᠠᠷ︾ ᠬᠡᠮᠡᠬᠦ ᠦᠰᠦᠭ ᠲᠠᠢ ᠠᠷᠠᠯᠵᠢᠶᠠᠨ ᠤ ᠲᠠᠯᠠᠪᠤᠷ ᠭᠠᠵᠠᠷ ᠨᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠭᠦ ᠠᠴᠠ ᠡᠮᠤᠨ᠎ᠠ᠂ ᠤᠯᠤᠰ ᠤᠨ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠢ ᠴᠡᠪᠡᠷᠯᠡᠵᠦ ᠴᠡᠭᠴᠡᠯᠡᠭᠰᠡᠨ ᠶᠠᠮᠤᠨ ᠤ ᠬᠤᠭᠤᠷᠤᠨᠳᠤᠬᠢ ᠬᠠᠮᠳᠤᠷᠬᠠᠰᠠᠨ ᠬᠤᠷᠠᠯ ᠤᠨ ᠪᠢᠴᠢᠭ ᠤᠨ ᠬᠡᠯᠪᠡᠷᠢ ᠶᠢᠨ ᠬᠠᠷᠢᠭᠤ ᠲᠤᠰᠬᠠᠵᠦ ᠰᠠᠨᠠᠯ ᠢ ᠤᠯᠤᠨᠨᠰᠠᠨ ᠪᠠᠶᠢᠬᠤ ᠬᠡᠷᠡᠭᠳᠡᠢ᠃      ᠠᠷᠪᠠᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠪᠡᠯᠡᠳᠬᠡᠨ ᠪᠠᠶᠢᠭᠤᠯᠬᠤ ᠪᠡ ᠠᠵᠢᠯ ᠡᠬᠢᠯᠡᠬᠦ ᠬᠡᠮᠡᠬᠦ ᠬᠤᠶᠠᠷ ᠱᠠᠳᠤ ᠬᠤᠪᠢᠶᠠᠨ᠎ᠠ᠃      ᠠᠷᠠᠯᠵᠢᠶᠠᠨ ᠤ ᠲᠠᠯᠠᠪᠤᠷ ᠭᠠᠵᠠᠷ ᠪᠡᠯᠡᠳᠬᠡᠨ ᠪᠠᠶᠢᠭᠤᠯᠬᠤ ᠪᠠᠷ ᠭᠤᠶᠤᠴᠢᠯᠠᠬᠤ ᠳᠠᠭᠠᠨ᠂ ᠭᠤᠶᠤᠴᠢᠯᠬᠠᠴᠢ ᠶᠢᠨ ᠪᠠᠶᠢᠭ᠎ᠠ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠩᠬ᠎ᠠ ᠬᠢᠨ᠋ᠬᠠᠰᠠᠨ ᠤ ᠲᠠᠷᠠᠭ᠎ᠠ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ᠂ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠢᠨᠠᠨ ᠵᠦᠪᠰᠢᠶᠡᠷᠡᠭᠰᠡᠨ ᠤ ᠲᠠᠷᠠᠭ᠎ᠠ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠭᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠢᠨᠠᠨ ᠬᠠᠷᠭᠤᠭᠤᠯᠬᠤ ᠶᠢᠨ ᠬᠠᠮᠳᠤ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠰᠠᠨᠠᠯ ᠢ ᠬᠤᠷᠢᠶᠬᠠᠰᠠᠨ ᠤ ᠰᠡᠭᠦᠯᠡᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠦᠯᠤᠨ᠎ᠠ᠃      ᠪᠡᠯᠡᠳᠬᠡᠨ ᠪᠠᠶᠢᠭᠤᠯᠬᠤ ᠠᠵᠢᠯ ᠢᠶᠠᠨ ᠲᠠᠭᠤᠰᠬᠠᠵᠦ ᠠᠵᠢᠯ ᠡᠬᠢᠯᠡᠬᠦ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠨᠢ᠂ ᠪᠡᠯᠡᠳᠬᠡᠨ ᠪᠠᠶᠢᠭᠤᠯᠤᠨᠨᠰᠠᠨ ᠪᠠᠶᠢᠭᠤᠯᠤᠮᠵᠢ ᠠᠴᠠ ᠪᠠᠶᠢᠭ᠎ᠠ ᠠᠶᠢᠮᠠᠭ ᠬᠤᠳᠠ ᠶᠢᠨ ᠢᠶᠠᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠠᠵᠢᠯ ᠡᠬᠢᠯᠡᠬᠦ ᠭᠤᠶᠤᠴᠢᠯᠠᠯ ᠭᠠᠷᠭᠠᠵᠦ᠂ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠰᠢᠯᠭᠠᠨ ᠠᠪᠬᠤ ᠭᠤᠶᠤᠴᠢᠯᠠᠯ ᠲᠤᠷᠠᠳᠤᠨ᠎ᠠ︔ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ ᠬᠢᠵᠦ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠵᠢᠴᠢ ᠪᠠᠶᠢᠭ᠎ᠠ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠯᠦᠭᠡ ᠬᠢᠨᠠᠨ ᠰᠢᠯᠭᠠᠬᠤ ᠠᠵᠢᠯᠯᠠᠬᠤ ᠲᠤᠭᠤᠶᠢᠯᠠᠩ ᠵᠤᠬᠢᠶᠠᠨ ᠪᠠᠶᠢᠭᠤᠯᠵᠦ᠂ ᠠᠵᠢᠯ ᠡᠬᠢᠯᠡᠬᠦ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠠᠬᠤᠢ ᠲᠠᠯᠠᠪᠤᠷ ᠢ ᠪᠠᠶᠢᠴᠠᠭᠠᠨᠨᠰᠠᠨ ᠤ ᠲᠠᠷᠠᠭ᠎ᠠ᠂ ᠠᠵᠢᠯ ᠡᠬᠢᠯᠡᠬᠦ ᠶᠢ ᠵᠦᠪᠰᠢᠶᠡᠷᠡᠭᠦ ᠪᠢᠴᠢᠭ ᠮᠠᠲ᠋ᠧᠷᠢᠶᠠᠯ ᠭᠠᠷᠭᠠᠵᠦ ᠦᠭᠭᠦᠨ᠎ᠠ᠃      ᠠᠷᠪᠠᠨ ᠨᠢᠬᠡᠳᠦᠬᠡᠷ ᠵᠦᠢᠯ    ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ᠂ ᠺᠤᠮᠫᠠᠨᠢ ᠶᠢᠨ ᠲᠦᠷᠢᠮᠳᠦ ᠵᠤᠬᠢᠶᠠᠨ ᠪᠠᠶᠢᠭᠤᠯᠬᠤ ᠬᠡᠯᠪᠡᠷᠢ ᠶᠢ ᠬᠡᠷᠡᠭᠵᠢᠭᠦᠯᠵᠦ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠺᠤᠮᠫᠠᠨᠢ ᠶᠢᠨ ᠬᠠᠤᠯᠢ︾᠎ ᠶᠢᠨ ᠲᠤᠨᠨᠳᠠᠭᠠᠯ ᠳᠤ ᠨᠡᠶᠢᠴᠡᠭᠦ ᠠᠴᠠ ᠪᠤᠰᠤᠳ᠂ ᠪᠠᠰᠠ ᠲᠤᠤᠷᠠᠬᠢ ᠨᠦᠭᠦᠴᠡᠯ ᠢ ᠪᠦᠷᠢᠳᠦᠭᠦᠯᠭᠦ ᠬᠡᠷᠡᠭᠳᠡᠢ᠄      ︵ᠨᠢᠬᠡ︶ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠤᠨ ᠨᠡᠷᠡᠶᠢᠳᠦᠯ ᠳᠤ ︽ᠠᠷᠠᠯᠵᠢᠶᠠᠨ ᠤ ᠭᠠᠵᠠᠷ︾ ᠬᠡᠮᠡᠬᠦ ᠦᠰᠦᠭ ᠬᠡᠷᠡᠭᠯᠡᠭᠰᠡᠨ ᠪᠠᠶᠢᠪᠠᠯ᠂ ᠲᠠᠩᠰᠠᠯᠠᠬᠤ ᠭᠦᠷᠦᠩᠬᠡ ᠮᠦᠩᠭᠦ ᠨᠢ ᠨᠢᠬᠡ ᠳ᠋ᠦᠩᠰᠢᠭᠤᠷ ᠲᠦᠭᠦᠷᠢᠭ ᠠᠷᠠᠳ ᠤᠨ ᠵᠤᠭᠤᠰ ᠠᠴᠠ ᠪᠠᠭ᠎ᠠ ᠪᠠᠶᠢᠵᠦ ᠪᠤᠯᠬᠤ ᠦᠬᠡᠢ︔ ᠰᠲ᠋ᠤᠺ ᠤᠨ ᠡᠷᠬᠡ᠂ ᠦᠭᠴᠡᠬᠡᠨ ᠤ ᠡᠷᠬᠡ᠂ ᠮᠦᠩᠭᠦᠨ ᠭᠦᠢᠯᠬᠡᠬᠡᠨ ᠤ ᠭᠦᠷᠦᠩᠬᠡ ᠶᠢᠨ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠲᠠᠩᠰᠠᠯᠠᠬᠤ ᠭᠦᠷᠦᠩᠬᠡ ᠮᠦᠩᠭᠦ ᠨᠢ 5000 ᠲᠦᠮᠡᠨ ᠲᠦᠭᠦᠷᠢᠭ ᠠᠷᠠᠳ ᠤᠨ ᠵᠤᠭᠤᠰ ᠠᠴᠠ ᠪᠠᠭ᠎ᠠ ᠪᠠᠶᠢᠵᠦ ᠪᠤᠯᠬᠤ ᠦᠬᠡᠢ︔      ︵ᠬᠤᠶᠠᠷ︶ ᠺᠤᠮᠫᠠᠨᠢ ᠶᠢᠨ ᠪᠦᠷᠢᠨ ᠪᠦᠳᠦᠨ ᠵᠠᠰᠠᠯᠳᠠ ᠶᠢᠨ ᠪᠦᠳᠦᠴᠡ᠂ ᠲᠡᠭᠦᠰ ᠲᠡᠭᠦᠯᠳᠡᠷ ᠲᠤᠬᠠᠶᠢᠯᠬᠠᠰᠠᠨ ᠠᠵᠢᠯ ᠤᠨ ᠲᠦᠷᠢᠮ᠂ ᠲᠦᠭᠰᠢᠭᠦᠷᠢ ᠶᠢᠨ ᠬᠠᠮᠢᠶᠠᠷᠤᠯᠳᠠ ᠪᠡ ᠲᠤᠳᠤᠭᠠᠳᠤ ᠶᠢᠨ ᠡᠵᠡᠮᠳᠡᠯ ᠤᠨ ᠲᠦᠷᠢᠮ ᠢ ᠪᠦᠷᠢᠯᠳᠦᠭᠦᠯᠦᠭᠰᠡᠨ ᠪᠠᠶᠢᠬᠤ ᠬᠡᠷᠡᠭᠳᠡᠢ︔      ︵ᠭᠤᠷᠪᠠ︶ ᠱᠠᠭᠠᠷᠳᠠᠯᠭ᠎ᠠ ᠳᠤ ᠨᠡᠶᠢᠴᠡᠭᠦ ᠡᠵᠡᠩᠨᠡᠯᠳᠡ ᠶᠢᠨ ᠲᠠᠯᠠᠪᠤᠷ ᠭᠠᠵᠠᠷ ᠪᠡ ᠠᠮᠤᠷ ᠲᠦᠪᠰᠢᠨ ᠲᠤᠨᠨᠳᠠᠪᠤᠷᠢᠳᠠᠢ ᠠᠷᠠᠯᠵᠢᠶᠠᠨ ᠤ ᠮᠡᠳᠡᠭᠡ ᠵᠠᠩᠬᠢ ᠶᠢᠨ ᠰᠢᠰᠲ᠋ᠧᠮ ᠲᠠᠢ ᠪᠠᠶᠢᠬᠤ ᠬᠡᠷᠡᠭᠳᠡᠢ︔      ︵ᠲᠦᠷᠪᠡ︶ ᠠᠵᠦ ᠠᠬᠤᠢ᠂ ᠮᠦᠩᠭᠦᠨ ᠭᠦᠢᠯᠬᠡᠬᠡ᠂ ᠬᠠᠤᠯᠢ ᠴᠠᠭᠠᠵᠠ᠂ ᠮᠠᠷᠬᠡᠵᠢᠯ ᠵᠡᠷᠬᠡ ᠲᠠᠯ᠎ᠠ ᠶᠢᠨ ᠲᠤᠰᠬᠠᠢ ᠬᠢᠷᠢ ᠬᠡᠮ ᠲᠠᠢ ᠠᠵᠢᠯᠳᠠᠨ ᠲᠠᠢ ᠪᠠᠶᠢᠬᠤ ᠬᠡᠷᠡᠭᠳᠡᠢ︔      ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳ᠋ᠬᠠᠰᠠᠨ ᠪᠤᠰᠤᠳ ᠪᠤᠯᠭᠤᠮᠵᠢᠳᠠᠢ ᠨᠦᠭᠦᠴᠡᠯ ᠲᠠᠢ ᠪᠠᠶᠢᠬᠤ ᠬᠡᠷᠡᠭᠳᠡᠢ᠃      ᠠᠷᠪᠠᠨ ᠬᠤᠶᠠᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠪᠠᠷ ᠭᠤᠶᠤᠴᠢᠯᠠᠬᠤ ᠳᠠᠭᠠᠨ᠂ ᠲᠤᠤᠷᠠᠬᠢ ᠮᠡᠳᠦ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠨ᠎ᠠ᠄      ︵ᠨᠢᠬᠡ︶ ᠭᠤᠶᠤᠴᠢᠯᠠᠯ ᠤᠨ ᠪᠢᠴᠢᠭ ᠲᠤᠭᠤᠷᠪᠢᠨ᠎ᠠ᠂ ᠠᠭᠤᠯᠭ᠎ᠠ ᠶᠢᠨ ᠬᠤᠪᠢ ᠳᠤ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠨᠡᠷᠡᠶᠢᠳᠦᠯ᠂ ᠲᠠᠩᠰᠠᠯᠬᠠᠰᠠᠨ ᠭᠠᠵᠠᠷ᠂ ᠡᠵᠡᠩᠨᠡᠯᠳᠡ ᠶᠢᠨ ᠬᠡᠪᠴᠢᠶ᠎ᠡ᠂ ᠲᠠᠩᠰᠠᠯᠬᠠᠰᠠᠨ ᠭᠦᠷᠦᠩᠬᠡ ᠮᠦᠩᠭᠦ᠂ ᠰᠲ᠋ᠤᠺ ᠤᠨ ᠡᠷᠬᠡ ᠶᠢᠨ ᠪᠦᠳᠦᠴᠡ᠂ ᠠᠷᠠᠯᠵᠢᠶᠠᠨ ᠤ ᠵᠦᠢᠯ᠂ ᠠᠷᠠᠯᠵᠢᠶᠠᠨ ᠤ ᠠᠷᠭ᠎ᠠ ᠮᠠᠶ᠋ᠢᠭ ᠵᠡᠷᠬᠡ ᠦᠨᠳᠦᠰᠦᠨ ᠮᠡᠳᠡᠭᠡ ᠵᠠᠩᠬᠢ ᠶᠢ ᠪᠠᠭᠳᠠᠭᠠᠨ᠎ᠠ︔      ︵ᠬᠤᠶᠠᠷ︶ ᠬᠡᠷᠡᠭᠵᠢᠭᠦᠯᠵᠦ ᠪᠤᠯᠬᠤᠶᠢᠴᠠ ᠰᠤᠳᠤᠯᠭᠠᠨ ᠤ ᠮᠡᠳᠡᠭᠦᠯᠦᠯᠳᠡ᠂ ᠠᠭᠤᠯᠭ᠎ᠠ ᠶᠢᠨ ᠬᠤᠪᠢ ᠳᠤ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠵᠤᠷᠢᠯᠭ᠎ᠠ᠂ ᠪᠤᠯᠤᠯᠴᠠᠭᠠᠳᠤ ᠴᠢᠨᠠᠷ᠂ ᠴᠢᠬᠤᠯᠠ ᠴᠢᠨᠠᠷ᠂ ᠵᠠᠬ᠎ᠠ ᠲᠡᠯᠬᠡᠭᠦᠷ ᠤᠨ ᠨᠦᠭᠦᠴᠡᠯ᠂ ᠠᠷᠠᠯᠵᠢᠶᠠᠨ ᠤ ᠵᠦᠢᠯ ᠤᠨ ᠵᠢᠷᠤᠭ ᠲᠦᠯᠦᠪᠯᠡᠭᠡ᠂ ᠲᠦᠭᠰᠢᠭᠦᠷᠢ ᠶᠢᠨ ᠡᠵᠡᠮᠳᠡᠯ ᠤᠨ ᠴᠢᠳᠠᠪᠤᠷᠢ ᠵᠢᠴᠢ ᠠᠷᠭ᠎ᠠ ᠬᠡᠮᠵᠢᠶ᠎ᠡ᠂ ᠲᠤᠬᠠᠶᠢᠯᠬᠠᠰᠠᠨ ᠠᠵᠢᠯ ᠤᠨ ᠢᠷᠡᠬᠡᠳᠦᠢ ᠶᠢᠨ ᠭᠦᠭᠵᠢᠯᠳᠡ ᠶᠢᠨ ᠲᠦᠯᠦᠪᠵᠢᠭᠦᠯᠬᠡ ᠵᠢᠴᠢ ᠨᠡᠶᠢᠬᠡᠮ ᠠᠵᠦ ᠠᠬᠤᠢ ᠶᠢᠨ ᠦᠷ᠎ᠡ ᠠᠰᠢᠭ ᠤᠨ ᠵᠠᠳᠠᠯᠤᠯᠳᠠ ᠵᠡᠷᠬᠡ ᠶᠢ ᠪᠠᠭᠳᠠᠭᠠᠬᠤ ᠪᠤᠯᠪᠠᠴᠤ ᠡᠭᠦᠨ ᠳᠤ ᠬᠢᠵᠠᠭᠠᠷᠯᠬᠠᠳᠠᠬᠤ ᠦᠬᠡᠢ︔      ︵ᠭᠤᠷᠪᠠ︶ ᠺᠤᠮᠫᠠᠨᠢ ᠶᠢᠨ ᠲᠦᠷᠢᠮ ᠵᠢᠴᠢ ᠲᠤᠳᠤᠭᠠᠳᠤ ᠶᠢᠨ ᠡᠵᠡᠮᠳᠡᠯ ᠤᠨ ᠲᠦᠷᠢᠮ᠂ ᠺᠤᠮᠫᠠᠨᠢ ᠶᠢᠨ ᠲᠦᠷᠢᠮ ᠳᠤ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠲᠤᠳᠤᠭᠠᠳᠤ ᠶᠢᠨ ᠵᠤᠬᠢᠶᠠᠨ ᠪᠠᠶᠢᠭᠤᠯᠤᠯᠳᠠ᠂ ᠪᠠᠶᠢᠭᠤᠯᠬᠤ ᠠᠷᠭ᠎ᠠ ᠮᠠᠶ᠋ᠢᠭ᠂ ᠡᠭᠦᠰᠬᠡᠭᠴᠢ ᠶᠢᠨ ᠪᠠᠶᠢᠳᠠᠯ᠂ ᠬᠡᠷᠡᠭ ᠵᠦᠪᠯᠡᠬᠦ ᠵᠢᠷᠤᠮᠵᠢᠯ᠂ ᠲᠠᠷᠬᠠᠭᠠᠬᠤ ᠤᠴᠢᠷ ᠰᠢᠯᠳᠠᠭᠠᠨ ᠵᠢᠴᠢ ᠢᠯᠭᠠᠷᠠᠭᠤᠯᠤᠨ ᠲᠤᠭᠠᠴᠠᠭ᠎ᠠ ᠬᠢᠭᠦ ᠠᠷᠭ᠎ᠠ ᠵᠡᠷᠬᠡ ᠶᠢ ᠪᠠᠭᠳᠠᠭᠠᠨ᠎ᠠ︔ ᠲᠤᠳᠤᠭᠠᠳᠤ ᠶᠢᠨ ᠡᠵᠡᠮᠳᠡᠯ ᠤᠨ ᠲᠦᠷᠢᠮ ᠳᠤ ᠠᠷᠠᠯᠵᠢᠶᠠᠨ ᠤ ᠵᠢᠷᠤᠮᠵᠢᠯ᠂ ᠠᠷᠠᠯᠵᠢᠶᠠᠨ ᠤ ᠪᠡᠯᠡ ᠮᠦᠩᠭᠦ ᠶᠢᠨ ᠬᠠᠮᠢᠶᠠᠷᠤᠯᠳᠠ ᠶᠢᠨ ᠲᠦᠷᠢᠮ᠂ ᠪᠡᠯᠡ ᠤᠷᠤᠭᠤᠯᠤᠨᠨᠴᠢ ᠶᠢᠨ ᠵᠤᠬᠢᠰᠳᠠᠢ ᠲᠦᠷᠢᠮ᠂ ᠪᠦᠷᠢᠯᠳᠦᠭᠦᠨ ᠤ ᠬᠠᠮᠢᠶᠠᠷᠤᠯᠳᠠ ᠶᠢᠨ ᠲᠦᠷᠢᠮ᠂ ᠮᠡᠳᠡᠭᠡ ᠵᠠᠩᠬᠢ ᠢᠯᠡ ᠨᠡᠶᠢᠳᠡᠯᠡᠬᠦ ᠲᠦᠷᠢᠮ᠂ ᠲᠦᠭᠰᠢᠭᠦᠷᠢ ᠶᠢᠨ ᠬᠠᠮᠢᠶᠠᠷᠤᠯᠳᠠ ᠶᠢᠨ ᠲᠦᠷᠢᠮ᠂ ᠡᠳ᠋ ᠤᠨ ᠶᠠᠪᠤᠳᠠᠯ ᠤᠨ ᠲᠦᠷᠢᠮ᠂ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠲᠦᠰᠦᠯ ᠵᠡᠷᠬᠡ ᠶᠢ ᠪᠠᠭᠳᠠᠭᠠᠨ᠎ᠠ︔      ︵ᠲᠦᠷᠪᠡ︶ ᠡᠭᠦᠰᠬᠡᠭᠴᠢ ︵ᠪᠡᠯᠡ ᠮᠦᠩᠭᠦ ᠭᠠᠷᠭᠠᠨᠨᠴᠢ︶᠎ ᠶᠢᠨ ᠦᠨᠳᠦᠰᠦᠨ ᠪᠠᠶᠢᠳᠠᠯ᠂ ᠡᠭᠦᠨ ᠳᠤ ᠠᠵᠦ ᠠᠬᠤᠶᠢᠯᠠᠯ ᠤᠨ ᠡᠭᠦᠰᠬᠡᠭᠴᠢ ︵ᠪᠡᠯᠡ ᠮᠦᠩᠭᠦ ᠭᠠᠷᠭᠠᠨᠨᠴᠢ︶᠎ ᠶᠢᠨ ᠦᠨᠳᠦᠰᠦᠨ ᠪᠠᠶᠢᠳᠠᠯ ᠳᠤ ᠨᠡᠷᠡᠶᠢᠳᠦᠯ᠂ ᠬᠠᠤᠯᠢ ᠪᠠᠷ ᠲᠤᠨᠨᠳᠠᠭᠠᠨᠨᠰᠠᠨ ᠲᠦᠯᠦᠬᠡᠯᠡᠭᠴᠢ᠂ ᠲᠠᠩᠰᠠᠯᠠᠭᠤᠯᠤᠨᠨᠰᠠᠨ ᠭᠦᠷᠦᠩᠬᠡ ᠮᠦᠩᠭᠦ᠂ ᠪᠤᠳᠠᠳᠠᠢ ᠲᠤᠰᠢᠶᠠᠭᠰᠠᠨ ᠭᠦᠷᠦᠩᠬᠡ ᠮᠦᠩᠭᠦ᠂ ᠲᠠᠩᠰᠠᠯᠠᠭᠤᠯᠤᠨᠨᠰᠠᠨ ᠭᠠᠵᠠᠷ᠂ ᠡᠵᠡᠩᠨᠡᠯᠳᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠲᠡᠮᠳᠡᠭᠯᠡᠬᠦ ᠦᠨᠡᠮᠯᠡᠯ᠂ ᠤᠷᠴᠢᠮ ᠤᠨ ᠬᠤᠶᠠᠷ ᠵᠢᠯ ᠳᠤ ᠬᠢᠨᠠᠨ ᠪᠤᠳᠤᠨᠨᠰᠠᠨ ᠡᠳ᠋ ᠤᠨ ᠶᠠᠪᠤᠳᠠᠯ ᠤᠨ ᠮᠡᠳᠡᠭᠦᠯᠦᠯᠳᠡ᠂ ᠡᠵᠡᠩᠨᠡᠯᠳᠡ ᠭᠦᠭᠵᠢᠯᠳᠡ ᠶᠢᠨ ᠪᠠᠶᠢᠳᠠᠯ᠂ ᠤᠷᠴᠢᠮ ᠤᠨ ᠭᠤᠷᠪᠠᠨ ᠵᠢᠯ ᠤᠨ ᠢᠳᠡᠬᠡᠮᠵᠢ ᠶᠢᠨ ᠪᠠᠶᠢᠳᠠᠯ ᠵᠡᠷᠬᠡ ᠶᠢ ᠪᠠᠭᠳᠠᠭᠠᠨ᠎ᠠ︔ ᠪᠠᠶᠢᠭᠠᠯᠢᠭ ᠡᠭᠦᠰᠬᠡᠭᠴᠢ ᠬᠦᠮᠦᠨ ︵ᠪᠡᠯᠡ ᠮᠦᠩᠭᠦ ᠭᠠᠷᠭᠠᠨᠨᠴᠢ︶᠎ ᠤ ᠦᠨᠳᠦᠰᠦᠨ ᠪᠠᠶᠢᠳᠠᠯ ᠳᠤ ᠬᠤᠪᠢ ᠭᠦᠮᠦᠨ ᠤ ᠲᠤᠪᠴᠢ ᠨᠠᠮᠳᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ ᠭᠦᠮᠦᠨ ᠤ ᠢᠳᠡᠬᠡᠮᠵᠢ ᠶᠢᠨ ᠮᠡᠳᠡᠭᠦᠯᠦᠯᠳᠡ᠂ ᠶᠠᠯ᠎ᠠ ᠦᠯᠦ ᠬᠢᠭᠰᠡᠨ ᠲᠡᠮᠳᠡᠭᠯᠡᠯ ᠤᠨ ᠬᠡᠷᠡᠴᠢ ᠵᠡᠷᠬᠡ ᠶᠢ ᠪᠠᠭᠳᠠᠭᠠᠨ᠎ᠠ︔      ︵ᠲᠠᠪᠤ︶ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ᠂ ᠲᠡᠬᠡᠳᠦ ᠵᠡᠷᠬᠡ ᠶᠢᠨ ᠬᠠᠮᠢᠶᠠᠷᠤᠯᠳᠠ ᠶᠢᠨ ᠠᠵᠢᠯᠳᠠᠨ ᠢᠶᠠᠷ ᠲᠤᠮᠢᠯᠠᠬᠳᠠᠬᠤ ᠬᠦᠮᠦᠰ ᠤᠨ ᠲᠤᠪᠴᠢ ᠨᠠᠮᠳᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ ᠭᠦᠮᠦᠨ ᠤ ᠢᠳᠡᠬᠡᠮᠵᠢ ᠶᠢᠨ ᠮᠡᠳᠡᠭᠦᠯᠦᠯᠳᠡ᠂ ᠶᠠᠯ᠎ᠠ ᠦᠯᠦ ᠬᠢᠭᠰᠡᠨ ᠲᠡᠮᠳᠡᠭᠯᠡᠯ ᠤᠨ ᠬᠡᠷᠡᠴᠢ᠂ ᠰᠤᠷᠤᠯᠴᠠᠬᠰᠠᠨ ᠨᠠᠮᠳᠠᠷ ᠤᠨ ᠦᠨᠡᠮᠯᠡᠯ ᠤᠨ ᠬᠠᠭᠤᠯᠪᠤᠷᠢ ᠵᠡᠷᠬᠡ ᠮᠠᠲ᠋ᠧᠷᠢᠶᠠᠯ︔      ︵ᠵᠢᠷᠭᠤᠭ᠎ᠠ︶ ᠪᠠᠶᠢᠭ᠎ᠠ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠠᠷᠭᠠᠵᠦ ᠦᠭᠭᠦᠭᠰᠡᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ ᠬᠠᠮᠢᠶᠠᠷᠤᠯᠳᠠ᠂ ᠲᠦᠭᠰᠢᠭᠦᠷᠢ ᠶᠢ ᠰᠡᠷᠬᠡᠶᠢᠯᠡᠬᠦ ᠪᠠ ᠰᠶᠢᠳᠪᠦᠷᠢᠯᠡᠬᠦ ᠠᠮᠠᠯᠠᠯᠳᠠ ᠶᠢᠨ ᠪᠢᠴᠢᠭ︔      ︵ᠲᠤᠯᠤᠭ᠎ᠠ︶ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠭᠠᠷᠭᠠᠵᠦ ᠦᠭᠭᠦᠭᠰᠡᠨ ︽ᠠᠵᠦ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠠᠷᠭᠤᠭᠤᠯᠵᠦ ᠵᠦᠪᠰᠢᠶᠡᠷᠡᠭᠰᠡᠨ ᠮᠡᠳᠡᠭᠳᠡᠯ ᠤᠨ ᠪᠢᠴᠢᠭ︾︔      ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠬᠠᠮᠢᠶ᠎ᠠ ᠪᠦᠭᠦᠢ ᠮᠠᠲ᠋ᠧᠷᠢᠶᠠᠯ᠃      ᠠᠷᠪᠠᠨ ᠭᠤᠷᠪᠠᠳᠤᠭᠠᠷ ᠵᠦᠢᠯ    ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠭᠰᠡᠨ ᠪᠡᠯᠡᠳᠬᠡᠨ ᠪᠠᠶᠢᠭᠤᠯᠬᠤ ᠪᠢᠴᠢᠭ ᠮᠠᠲ᠋ᠧᠷᠢᠶᠠᠯ ᠢ ᠭᠠᠷᠳ᠋ᠬᠠᠰᠠᠨ ᠤ ᠲᠠᠷᠠᠭ᠎ᠠ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠡᠳᠡᠨ ᠳᠤ ᠦᠢᠯᠡᠳᠪᠦᠷᠢ ᠬᠤᠳᠠᠯᠳᠤᠭᠠᠨ ᠤ ᠲᠠᠩᠰᠠᠯᠠᠨ ᠲᠡᠮᠳᠡᠭᠯᠡᠬᠦ ᠶᠢ ᠭᠦᠢᠴᠡᠳᠬᠡᠵᠦ ᠪᠤᠯᠤᠨ᠎ᠠ᠃ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡᠳᠬᠡᠨ ᠪᠠᠶᠢᠭᠤᠯᠵᠦ ᠪᠤᠯᠬᠤ ᠪᠠᠷ ᠵᠦᠪᠰᠢᠶᠡᠷᠡᠭᠦᠯᠦᠭᠰᠡᠨ ᠤ ᠲᠠᠷᠠᠭᠠᠬᠢ 6 ᠰᠠᠷ᠎ᠠ ᠶᠢᠨ ᠲᠤᠳᠤᠷ᠎ᠠ ᠪᠡᠯᠡᠳᠬᠡᠨ ᠪᠠᠶᠢᠭᠤᠯᠬᠤ ᠠᠵᠢᠯ ᠢᠶᠠᠨ ᠲᠠᠭᠤᠰᠬᠠᠨ᠎ᠠ᠂ ᠵᠠᠷᠴᠢᠮ ᠲᠡᠬᠡᠷ᠎ᠡ ᠪᠠᠨ ᠪᠡᠯᠡᠳᠬᠡᠨ ᠪᠠᠶᠢᠭᠤᠯᠬᠤ ᠬᠤᠭᠤᠴᠠᠭ᠎ᠠ ᠶᠢ ᠤᠷᠳᠤᠳᠬᠠᠵᠦ ᠪᠤᠯᠬᠤ ᠦᠬᠡᠢ᠃ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡᠳᠬᠡᠨ ᠪᠠᠶᠢᠭᠤᠯᠬᠤ ᠠᠵᠢᠯ ᠢᠶᠠᠨ ᠲᠠᠭᠤᠰᠬᠠᠭᠰᠠᠨ ᠤ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠵᠢᠯ ᠡᠬᠢᠯᠡᠬᠦ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠭᠠᠷᠳ᠋ᠬᠠᠰᠠᠨ ᠤ ᠲᠠᠷᠠᠭ᠎ᠠ᠂ ᠮᠦᠩᠭᠦᠨ ᠭᠦᠢᠯᠬᠡᠬᠡᠨ ᠤ ᠪᠠᠶᠢᠭᠤᠯᠤᠮᠵᠢ ᠠᠴᠠ ᠲᠡᠳᠡᠨ ᠳᠤ ᠲᠠᠩᠰᠠᠨ ᠡᠷᠦᠬᠡ ᠨᠡᠬᠡᠬᠡᠬᠦ ᠭᠠᠷᠳᠠᠮ ᠢ ᠭᠦᠢᠴᠡᠳᠬᠡᠵᠦ ᠪᠤᠯᠤᠨ᠎ᠠ᠃      ᠠᠷᠪᠠᠨ ᠲᠦᠷᠪᠡᠳᠦᠬᠡᠷ ᠵᠦᠢᠯ    ᠤᠨᠳᠤᠤ ᠭᠠᠵᠠᠷ ᠤᠨ ᠠᠷᠠᠯᠵᠢᠶᠠᠨ ᠤ ᠲᠠᠯᠠᠪᠤᠷ ᠭᠠᠵᠠᠷ ᠨᠢ ᠵᠠᠷᠴᠢᠮ ᠲᠡᠬᠡᠷ᠎ᠡ ᠪᠠᠨ ᠦᠪᠡᠷᠳᠡᠬᠡᠨ ᠵᠠᠰᠠᠬᠤ ᠤᠷᠤᠨ ᠳᠤ ᠬᠤᠪᠢᠶᠠᠷᠢ ᠪᠠᠶᠢᠭᠤᠯᠤᠮᠵᠢ ᠵᠢᠴᠢ ᠤᠷᠤᠯᠠᠬᠤ ᠪᠠᠶᠢᠭᠤᠯᠤᠮᠵᠢ ᠪᠠᠶᠢᠭᠤᠯᠵᠦ ᠪᠤᠯᠬᠤ ᠦᠬᠡᠢ᠃ ᠡᠷᠬᠡᠪᠰᠢ ᠪᠠᠶᠢᠭᠤᠯᠬᠤ ᠴᠢᠬᠤᠯᠠᠳᠠᠢ ᠪᠠᠶᠢᠪᠠᠯ᠂ ᠠᠷᠠᠯᠵᠢᠶᠠᠨ ᠤ ᠲᠠᠯᠠᠪᠤᠷ ᠭᠠᠵᠠᠷ ᠤᠨ ᠲᠠᠩᠰᠠᠯᠠᠭᠤᠯᠤᠨᠨᠰᠠᠨ ᠭᠠᠵᠠᠷ ᠤᠨ ᠮᠤᠵᠢ ᠶᠢᠨ ᠲᠡᠰ ᠤᠨ ᠠᠷᠠᠳ ᠤᠨ ᠵᠠᠰᠠᠭ ᠤᠨ ᠤᠷᠳᠤᠨ ᠠᠴᠠ ᠤᠨᠳᠤᠤ ᠭᠠᠵᠠᠷ ᠬᠤᠪᠢᠶᠠᠷᠢ ᠪᠠᠶᠢᠭᠤᠯᠤᠮᠵᠢ ᠪᠠᠶᠢᠭᠤᠯᠬᠤ ᠶᠢ ᠨᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠬᠠᠩᠭᠠᠬᠤ ᠶᠢᠨ ᠬᠠᠮᠳᠤ᠂ ᠲᠤᠰ ᠠᠷᠭ᠎ᠠ ᠳᠤ ᠲᠤᠨᠨᠳᠠᠭᠠᠨᠨᠰᠠᠨ ᠰᠢᠨ᠎ᠠ ᠪᠠᠷ ᠪᠠᠶᠢᠭᠤᠯᠬᠤ ᠠᠷᠠᠯᠵᠢᠶᠠᠨ ᠤ ᠲᠠᠯᠠᠪᠤᠷ ᠭᠠᠵᠠᠷ ᠤᠨ ᠲᠡᠰ ᠲᠠᠷᠠᠭᠠᠯᠠᠯ ᠢ ᠦᠨᠳᠦᠰᠦᠯᠡᠨ ᠬᠠᠮᠢᠶ᠎ᠠ ᠪᠦᠭᠦᠢ ᠭᠠᠷᠳᠠᠮ ᠢ ᠭᠦᠢᠴᠡᠳᠬᠡᠨ᠎ᠠ᠃      ᠠᠷᠪᠠᠨ ᠲᠠᠪᠤᠳᠤᠭᠠᠷ ᠵᠦᠢᠯ    ᠦᠪᠡᠷᠳᠡᠬᠡᠨ ᠵᠠᠰᠠᠬᠤ ᠤᠷᠤᠨ ᠤ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠨᠢ ᠵᠠᠷᠴᠢᠮ ᠲᠡᠬᠡᠷ᠎ᠡ ᠪᠠᠨ ᠮᠤᠵᠢ ︵ᠤᠷᠤᠨ᠂ ᠬᠤᠳᠠ︶ ᠠᠯᠤᠰᠯᠠᠨ ᠬᠤᠪᠢᠶᠠᠷᠢ ᠪᠠᠶᠢᠭᠤᠯᠤᠮᠵᠢ ᠵᠢᠴᠢ ᠤᠷᠤᠯᠠᠬᠤ ᠪᠠᠶᠢᠭᠤᠯᠤᠮᠵᠢ ᠪᠠᠶᠢᠭᠤᠯᠵᠦ ᠡᠵᠡᠩᠨᠡᠯᠳᠡ ᠶᠢᠨ ᠠᠵᠢᠯᠯᠠᠭ᠎ᠠ ᠦᠷᠨᠢᠭᠦᠯᠵᠦ ᠪᠤᠯᠬᠤ ᠦᠬᠡᠢ᠃ ᠡᠷᠬᠡᠪᠰᠢ ᠪᠠᠶᠢᠭᠤᠯᠬᠤ ᠴᠢᠬᠤᠯᠠᠳᠠᠢ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠢᠨᠠᠨ ᠬᠠᠷᠭᠤᠭᠤᠯᠤᠨᠨᠰᠠᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠦᠯᠦᠨ᠎ᠠ᠃      ᠠᠷᠪᠠᠨ ᠵᠢᠷᠭᠤᠳᠤᠭᠠᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠲᠤ ᠲᠤᠤᠷᠠᠬᠢ ᠵᠦᠢᠯᠡᠰ ᠤᠨ ᠨᠢᠬᠡ ᠨᠢ ᠪᠠᠶᠢᠪᠠᠯ᠂ ᠠᠷᠠᠯᠵᠢᠶᠠᠨ ᠤ ᠲᠠᠯᠠᠪᠤᠷ ᠭᠠᠵᠠᠷ ᠤᠨ ᠰᠢᠨᠵᠢ ᠴᠢᠨᠠᠷ ᠢ ᠦᠨᠳᠦᠰᠦᠯᠡᠨ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠷᠭᠤᠭᠤᠯᠤᠨ ᠵᠦᠪᠰᠢᠶᠡᠷᠡᠭᠰᠡᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠵᠦ ᠪᠦᠷᠢᠳᠬᠡᠨ ᠲᠠᠩᠰᠠᠯᠠᠭᠤᠯᠬᠤ ᠪᠠᠷ ᠭᠤᠶᠤᠴᠢᠯᠠᠨ᠎ᠠ᠃      ︵ᠨᠢᠬᠡ︶ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠶᠢ ᠬᠤᠪᠢᠷᠠᠭᠤᠯᠬᠤ︔      ︵ᠬᠤᠶᠠᠷ︶ ᠲᠠᠩᠰᠠᠯᠠᠨ ᠭᠦᠷᠦᠩᠬᠡ ᠮᠦᠩᠭᠦ ᠶᠢ ᠬᠤᠪᠢᠷᠠᠭᠤᠯᠬᠤ︔      ︵ᠭᠤᠷᠪᠠ︶ ᠤᠷᠤᠨ ᠰᠠᠭᠤᠴᠠ ᠶᠢ ᠬᠤᠪᠢᠷᠠᠭᠤᠯᠬᠤ︔      ︵ᠲᠦᠷᠪᠡ︶ ᠬᠠᠤᠯᠢ ᠪᠠᠷ ᠲᠤᠨᠨᠳᠠᠭᠠᠨᠨᠰᠠᠨ ᠲᠦᠯᠦᠬᠡᠯᠡᠭᠴᠢ ᠶᠢ ᠬᠤᠪᠢᠷᠠᠭᠤᠯᠬᠤ︔      ︵ᠲᠠᠪᠤ︶ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ᠂ ᠲᠡᠬᠡᠳᠦ ᠵᠡᠷᠬᠡ ᠶᠢᠨ ᠬᠠᠮᠢᠶᠠᠷᠤᠯᠳᠠ ᠶᠢᠨ ᠠᠵᠢᠯᠳᠠᠨ ᠢ ᠬᠤᠪᠢᠷᠠᠭᠤᠯᠬᠤ︔      ︵ᠵᠢᠷᠭᠤᠭ᠎ᠠ︶ ᠬᠤᠪᠢ ᠤᠷᠤᠭᠤᠯᠤᠨᠨᠴᠢ ᠶᠢ ᠬᠤᠪᠢᠷᠠᠭᠤᠯᠬᠤ︔      ︵ᠲᠤᠯᠤᠭ᠎ᠠ︶ ᠺᠤᠮᠫᠠᠨᠢ ᠶᠢᠨ ᠲᠦᠷᠢᠮ ᠢ ᠬᠤᠪᠢᠷᠠᠭᠤᠯᠬᠤ︔      ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠬᠤᠪᠢᠷᠠᠭᠤᠯᠬᠤ ᠵᠦᠢᠯᠡᠰ ᠲᠠᠢ ᠪᠠᠶᠢᠬᠤ᠃      ᠠᠷᠪᠠᠨ ᠲᠤᠯᠤᠳᠤᠭᠠᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠲᠤ ᠲᠤᠤᠷᠠᠬᠢ ᠮᠡᠳᠦ ᠴᠢᠬᠤᠯᠠ ᠶᠡᠭᠡ ᠵᠦᠢᠯᠡᠰ ᠤᠨ ᠨᠢᠬᠡ ᠨᠢ ᠪᠠᠶᠢᠪᠠᠯ᠂ ᠠᠷᠠᠯᠵᠢᠶᠠᠨ ᠤ ᠲᠠᠯᠠᠪᠤᠷ ᠭᠠᠵᠠᠷ ᠤᠨ ᠰᠢᠨᠵᠢ ᠴᠢᠨᠠᠷ ᠢ ᠦᠨᠳᠦᠰᠦᠯᠡᠨ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠩᠬ᠎ᠠ ᠬᠢᠨ᠋ᠬᠠᠰᠠᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠵᠦ ᠬᠠᠷᠭᠤᠭᠤᠯᠤᠨ ᠵᠦᠪᠰᠢᠶᠡᠷᠡᠭᠦᠯᠭᠦ ᠪᠠᠷ ᠭᠤᠶᠤᠴᠢᠯᠠᠨ᠎ᠠ᠃      ︵ᠨᠢᠬᠡ︶ ᠨᠡᠷᠡᠶᠢᠳᠦᠯ ᠢ ᠬᠤᠪᠢᠷᠠᠭᠤᠯᠬᠤ︔      ︵ᠬᠤᠶᠠᠷ︶ ᠡᠵᠡᠩᠨᠡᠯᠳᠡ ᠶᠢᠨ ᠭᠦᠷᠢᠶ᠎ᠡ ᠬᠡᠪᠴᠢᠶ᠎ᠡ ᠶᠢ ᠲᠤᠬᠢᠷᠠᠭᠤᠯᠬᠤ︔      ︵ᠭᠤᠷᠪᠠ︶ ᠲᠤᠰᠠᠭᠠᠷ ᠪᠠᠶᠢᠭᠤᠯᠬᠤ ᠪᠤᠶᠤ ᠨᠡᠶᠢᠯᠡᠬᠦᠯᠬᠦ︔      ︵ᠲᠦᠷᠪᠡ︶ ᠦᠪᠡᠷᠳᠡᠬᠡᠨ ᠵᠠᠰᠠᠬᠤ ᠤᠷᠤᠨ ᠳᠤ ᠬᠤᠪᠢᠶᠠᠷᠢ ᠪᠠᠶᠢᠭᠤᠯᠤᠮᠵᠢ ᠪᠠᠶᠢᠭᠤᠯᠬᠤ︔      ︵ᠲᠠᠪᠤ︶ ᠠᠷᠠᠯᠵᠢᠶᠠᠨ ᠤ ᠵᠢᠷᠤᠮᠵᠢᠯ ᠢ ᠬᠤᠪᠢᠷᠠᠭᠤᠯᠬᠤ ᠪᠤᠶᠤ ᠠᠷᠠᠯᠵᠢᠶᠠᠨ ᠤ ᠵᠦᠢᠯ ᠢ ᠰᠢᠨ᠎ᠠ ᠪᠠᠷ ᠪᠠᠶᠢᠭᠤᠯᠬᠤ︔      ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠬᠠᠤ ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠬᠤᠪᠢᠷᠠᠭᠤᠯᠬᠤ ᠵᠦᠢᠯᠡᠰ ᠲᠠᠢ ᠪᠠᠶᠢᠬᠤ᠃      ᠠᠷᠪᠠᠨ ᠨᠠᠢᠮᠠᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠲᠤᠤᠷᠠᠬᠢ ᠮᠡᠳᠦ ᠰᠢᠯᠳᠠᠭᠠᠨ ᠠᠴᠠ ᠪᠤᠯᠵᠦ ᠠᠷᠠᠯᠵᠢᠶᠠᠯᠠᠬᠤ ᠪᠠᠨ ᠵᠤᠭᠰᠤᠭᠠᠵᠦ ᠪᠤᠯᠤᠨ᠎ᠠ᠄      ︵ᠨᠢᠬᠡ︶ ᠺᠤᠮᠫᠠᠨᠢ ᠶᠢᠨ ᠲᠦᠷᠢᠮ ᠳᠤ ᠲᠤᠨᠨᠳᠠᠭᠠᠨᠨᠰᠠᠨ ᠡᠵᠡᠩᠨᠡᠯᠳᠡ ᠶᠢᠨ ᠴᠠᠭ ᠤᠨ ᠬᠢᠵᠠᠭᠠᠷ ᠲᠤᠯᠤᠨᠨᠰᠠᠨ ᠪᠤᠶᠤ ᠲᠤᠨᠨᠳᠠᠭᠠᠨᠨᠰᠠᠨ ᠪᠤᠰᠤᠳ ᠲᠠᠷᠬᠠᠭᠠᠬᠤ ᠤᠴᠢᠷ ᠰᠢᠯᠳᠠᠭᠠᠨ ᠡᠬᠦᠰᠦᠭᠰᠡᠨ ᠦᠶᠡᠰ︔      ︵ᠬᠤᠶᠠᠷ︶ ᠬᠤᠪᠢ ᠤᠷᠤᠭᠤᠯᠤᠨᠨᠴᠢ ︵ᠲᠦᠯᠦᠬᠡᠯᠡᠭᠴᠢ︶᠎ ᠶᠢᠨ ᠶᠡᠭᠡ ᠬᠤᠷᠠᠯ ᠠᠴᠠ ᠲᠠᠷᠬᠠᠭᠠᠬᠤ ᠰᠶᠢᠳᠪᠦᠷᠢ ᠭᠠᠷᠭᠠᠭᠰᠠᠨ︔      ︵ᠭᠤᠷᠪᠠ︶ ᠲᠤᠰᠠᠭᠠᠷ ᠪᠠᠶᠢᠭᠤᠯᠬᠤ ᠪᠤᠶᠤ ᠨᠡᠶᠢᠯᠡᠬᠦᠯᠬᠦ ᠠᠴᠠ ᠪᠤᠯᠵᠦ ᠲᠠᠷᠠᠭᠠᠬᠤ ᠴᠢᠬᠤᠯᠠᠳᠠᠢ ᠪᠤᠯᠤᠬᠰᠠᠨ︔      ︵ᠲᠦᠷᠪᠡ︶ ᠠᠷᠠᠳ ᠤᠨ ᠰᠢᠭᠦᠭᠦ ᠬᠤᠷᠢᠶ᠎ᠠ ᠬᠠᠤᠯᠢ ᠶᠤᠰᠤᠭᠠᠷ ᠺᠤᠮᠫᠠᠨᠢ ᠶᠢ ᠲᠠᠷᠬᠠᠭᠠᠬᠤ ᠪᠠᠷ ᠨᠡᠶᠢᠳᠡᠯᠡᠭᠰᠡᠨ︔      ︵ᠲᠠᠪᠤ︶ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭᠤᠯᠬᠤ ᠶᠢ ᠵᠦᠪᠰᠢᠶᠡᠷᠡᠭᠰᠡᠨ ᠪᠡᠯᠡᠳᠬᠡᠨ ᠪᠠᠶᠢᠭᠤᠯᠬᠤ ᠪᠢᠴᠢᠭ ᠮᠠᠲ᠋ᠧᠷᠢᠶᠠᠯ ᠢ ᠭᠠᠷᠳ᠋ᠬᠠᠰᠠᠨ ᠤ ᠲᠠᠷᠠᠭ᠎ᠠ᠂ 6 ᠰᠠᠷ᠎ᠠ ᠶᠢᠨ ᠲᠤᠳᠤᠷ᠎ᠠ ᠪᠡᠯᠡᠳᠬᠡᠨ ᠪᠠᠶᠢᠭᠤᠯᠬᠤ ᠠᠵᠢᠯ ᠢᠶᠠᠨ ᠪᠡᠶᠡᠯᠡᠭᠦᠯᠦᠭᠰᠡᠨ ᠦᠬᠡᠢ ᠪᠠᠶᠢᠪᠠᠯ᠂ ᠲᠡᠳᠡᠬᠡᠷ ᠤᠨ ᠪᠡᠯᠡᠳᠬᠡᠨ ᠪᠠᠶᠢᠭᠤᠯᠬᠤ ᠬᠢᠷᠢ ᠬᠡᠮ ᠢ ᠨᠢ ᠭᠦᠴᠦᠨ ᠦᠬᠡᠢ ᠪᠤᠯᠭᠠᠬᠤ︔      ︵ᠵᠢᠷᠭᠤᠭ᠎ᠠ︶ ᠠᠷᠠᠯᠵᠢᠶᠠᠨ ᠤ ᠲᠠᠯᠠᠪᠤᠷ ᠭᠠᠵᠠᠷ ᠨᠢ ᠠᠵᠢᠯ ᠡᠬᠢᠯᠡᠭᠰᠡᠨ ᠤ ᠲᠠᠷᠠᠭ᠎ᠠ᠂ ᠨᠢᠬᠡ ᠡᠩ ᠤᠨ ᠵᠢᠯ ᠤᠨ ᠲᠤᠳᠤᠷ᠎ᠠ ᠠᠷᠠᠯᠵᠢᠶᠠᠨ ᠤ ᠲᠤᠬᠠᠶᠢᠯᠠᠨᠰᠠᠨ ᠠᠵᠢᠯ ᠬᠢᠭᠰᠡᠨ ᠦᠬᠡᠢ ᠪᠠᠶᠢᠪᠠᠯ᠂ ᠡᠵᠡᠩᠨᠡᠯᠳᠡ ᠶᠢᠨ ᠬᠢᠷᠢ ᠬᠡᠮ ᠢ ᠨᠢ ᠭᠦᠴᠦᠨ ᠦᠬᠡᠢ ᠪᠤᠯᠭᠠᠬᠤ︔      ︵ᠲᠤᠯᠤᠭ᠎ᠠ︶ ᠲᠤᠨᠨᠳᠠᠭᠠᠯ ᠠᠴᠠ ᠵᠦᠷᠢᠴᠡᠨ ᠪᠠᠶᠢᠭᠤᠯᠤᠨᠨᠰᠠᠨ ᠪᠤᠶᠤ ᠲᠤᠨᠨᠳᠠᠭᠠᠯ ᠠᠴᠠ ᠵᠦᠷᠢᠴᠡᠨ ᠡᠵᠡᠩᠨᠡᠬᠡᠳ ᠭᠦᠴᠦᠨ ᠦᠬᠡᠢ ᠪᠤᠯᠭᠠᠬᠤ ᠪᠠᠷ ᠵᠠᠷᠯᠢᠨᠨᠳᠠᠭᠤᠯᠤᠨᠨᠰᠠᠨ ᠪᠠᠶᠢᠪᠠᠯ︔      ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠲᠠᠷᠬᠠᠭᠠᠬᠤ᠂ ᠬᠠᠰᠤᠬᠤ᠂ ᠭᠦᠴᠦᠨ ᠦᠬᠡᠢ ᠪᠤᠯᠭᠠᠬᠤ ᠵᠦᠢᠯᠡᠰ ᠲᠠᠢ ᠪᠠᠶᠢᠬᠤ᠃       ᠠᠷᠪᠠ ᠶᠢᠰᠦᠳᠦᠬᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠢ ᠲᠠᠷᠬᠠᠭᠠᠬᠤ ᠴᠢᠬᠤᠯᠠᠳᠠᠢ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢᠶᠠᠷ ᠵᠦᠪᠰᠢᠶᠡᠷᠡᠭᠦᠯᠭᠦ ᠪᠠᠷ ᠭᠤᠶᠤᠴᠢᠯᠠᠨ᠎ᠠ︔ ᠠᠷᠠᠯᠵᠢᠶᠠᠨ ᠤ ᠲᠠᠯᠠᠪᠤᠷ ᠭᠠᠵᠠᠷ ᠨᠢ ᠬᠠᠰᠤᠬᠳᠠᠨ ᠭᠦᠴᠦᠨ ᠦᠬᠡᠢ ᠪᠤᠯᠤᠬᠰᠠᠨ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠬᠠᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠰᠡᠨ ᠤ ᠲᠠᠷᠠᠭ᠎ᠠ ᠬᠡᠷᠡᠭᠵᠢᠭᠦᠯᠦᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠳᠤ ᠠᠰᠳᠠᠭᠠᠨ ᠲᠤᠨᠨᠳᠠᠭᠠᠯ ᠲᠠᠢ ᠪᠠᠶᠢᠪᠠᠯ ᠡᠭᠦᠨ ᠳᠤ ᠪᠠᠭᠳᠠᠬᠳᠠᠬᠤ ᠦᠬᠡᠢ᠃      ᠬᠤᠷᠢᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠲᠠᠷᠬᠠᠭᠠᠨᠨᠳᠠᠵᠦ᠂ ᠭᠦᠴᠦᠨ ᠦᠬᠡᠢ ᠪᠤᠯᠭᠠᠨᠨᠰᠠᠨ ᠠᠴᠠ ᠪᠤᠯᠵᠦ ᠠᠷᠠᠯᠵᠢᠶᠠᠯᠠᠬᠤ ᠪᠠᠨ ᠵᠤᠨᠨᠰᠤᠨᠨᠰᠠᠨ ᠪᠠᠶᠢᠪᠠᠯ᠂ ᠬᠠᠤᠯᠢ ᠶᠤᠰᠤᠭᠠᠷ ᠢᠯᠭᠠᠷᠠᠭᠤᠯᠤᠨ ᠲᠤᠭᠠᠴᠠᠭ᠎ᠠ ᠬᠢᠭᠦ ᠲᠤᠭᠤᠶᠢᠯᠠᠩ ᠪᠠᠶᠢᠭᠤᠯᠵᠦ᠂ ᠲᠤᠨᠨᠳᠠᠭᠠᠯ ᠶᠤᠰᠤᠭᠠᠷ ᠵᠠᠭᠤᠴᠢᠯᠠᠭᠤᠷ ᠢᠶᠠᠷ ᠠᠯᠪᠠᠨ ᠵᠠᠷ ᠨᠡᠶᠢᠳᠡᠯᠡᠨ᠎ᠠ᠃ ᠢᠯᠭᠠᠷᠠᠭᠤᠯᠤᠨ ᠲᠤᠭᠠᠴᠠᠭ᠎ᠠ ᠬᠢᠭᠦ ᠲᠤᠭᠤᠶᠢᠯᠠᠩ ᠤᠨ ᠲᠤᠨᠨᠳᠠᠭᠠᠨᠨᠰᠠᠨ ᠢᠯᠭᠠᠷᠠᠭᠤᠯᠤᠨ ᠲᠤᠭᠠᠴᠠᠭ᠎ᠠ ᠬᠢᠭᠦ ᠲᠦᠰᠦᠪ ᠢ ᠪᠡᠯᠡ ᠤᠷᠤᠭᠤᠯᠤᠨᠨᠴᠢ ︵ᠬᠤᠪᠢ ᠤᠷᠤᠭᠤᠯᠤᠨᠨᠴᠢᠳ ᠤᠨ ᠵᠦᠪᠯᠡᠯ︶᠎ ᠠᠴᠠ ᠵᠦᠪᠰᠢᠶᠡᠷᠡᠭᠰᠡᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠵᠦ ᠪᠦᠷᠢᠳᠬᠡᠨ ᠲᠠᠩᠰᠠᠯᠠᠭᠤᠯᠤᠨ᠎ᠠ᠃ ᠢᠯᠭᠠᠷᠠᠭᠤᠯᠤᠨ ᠲᠤᠭᠠᠴᠠᠭ᠎ᠠ ᠬᠢᠭᠦ ᠠᠵᠢᠯ ᠲᠠᠭᠤᠰᠤᠨᠨᠰᠠᠨ ᠤ ᠲᠠᠷᠠᠭ᠎ᠠ᠂ ᠠᠷᠠᠯᠵᠢᠶᠠᠨ ᠤ ᠲᠠᠯᠠᠪᠤᠷ ᠭᠠᠵᠠᠷ ᠨᠢ ᠬᠠᠤᠯᠢ ᠶᠤᠰᠤᠭᠠᠷ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠺᠤᠮᠫᠠᠨᠢ ᠪᠠᠨ ᠲᠠᠩᠰᠠᠨ ᠠᠴᠠ ᠬᠠᠰᠤᠵᠦ ᠲᠡᠮᠳᠡᠭᠯᠡᠬᠦᠯᠬᠦ ᠪᠠᠷ ᠭᠤᠶᠤᠴᠢᠯᠠᠨ᠎ᠠ᠃      ᠬᠤᠷᠢᠨ ᠨᠢᠬᠡᠳᠦᠬᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠬᠤᠭᠤᠴᠠᠭ᠎ᠠ ᠲᠤᠯᠤᠨᠨᠰᠠᠨ ᠦᠭᠴᠡᠭᠡ ᠪᠠᠨ ᠲᠦᠯᠦᠵᠦ ᠲᠡᠶᠢᠯᠬᠦ ᠦᠬᠡᠢ ᠪᠦᠬᠡᠳ ᠡᠳ᠋ ᠭᠦᠷᠦᠩᠬᠡ ᠨᠢ ᠪᠦᠭᠦ ᠦᠭᠴᠡᠭᠡ ᠪᠠᠨ ᠲᠦᠯᠦᠵᠦ ᠲᠡᠶᠢᠯᠬᠦ ᠦᠬᠡᠢ ᠪᠤᠶᠤ ᠲᠦᠯᠦᠬᠦ ᠴᠢᠳᠠᠪᠤᠷᠢ ᠢᠯᠡᠳᠳᠡ ᠲᠤᠳ᠋ᠬᠠᠳᠠᠵᠦ ᠪᠠᠶᠢᠪᠠᠯ᠂ ᠬᠠᠤᠯᠢ ᠶᠤᠰᠤᠭᠠᠷ ᠲᠠᠮᠫᠤᠷᠠᠭᠤᠯᠬᠤ ᠶᠢ ᠬᠡᠷᠡᠭᠵᠢᠬᠦᠯᠦᠨ᠎ᠠ᠃      ᠬᠤᠷᠢᠨ ᠬᠤᠶᠠᠳᠤᠭᠠᠷ ᠵᠦᠢᠯ    ᠦᠷᠬᠡᠨ ᠬᠡᠷᠡᠭᠴᠡᠬᠡᠨ ᠤ ᠲᠠᠸᠠᠷ᠂ ᠤᠯᠤᠰ ᠤᠨ ᠦᠮᠴᠢᠯᠡᠯᠳᠦ ᠦᠮᠴᠢᠯᠡᠬᠦ ᠡᠷᠬᠡ᠂ ᠰᠤᠶᠤᠯ ᠤᠨ ᠦᠮᠴᠢᠯᠡᠬᠦ ᠡᠷᠬᠡ᠂ ᠮᠠᠯᠵᠢᠬᠤ ᠲᠠᠷᠢᠶᠠᠯᠠᠬᠤ ᠤᠷᠤᠨ ᠤ ᠦᠮᠴᠢᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠬᠤ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠬᠡ ᠭᠦᠷᠢᠶ᠎ᠡ ᠴᠠᠷᠠᠭ᠎ᠠ ᠶᠢᠨ ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠤᠯᠬᠤ ᠪᠡ ᠵᠤᠨᠨᠰᠤᠭᠠᠬᠤ ᠳᠤ᠂ ᠤᠯᠤᠰ ᠪᠤᠶᠤ ᠦᠪᠡᠷᠳᠡᠬᠡᠨ ᠵᠠᠰᠠᠬᠤ ᠤᠷᠤᠨ ᠠᠴᠠ ᠠᠰᠳᠠᠭᠠᠨ ᠲᠤᠨᠨᠳᠠᠭᠠᠯ ᠲᠠᠢ ᠪᠠᠶᠢᠪᠠᠯ᠂ ᠲᠡᠷᠡᠬᠦ ᠲᠤᠨᠨᠳᠠᠭᠠᠯ ᠢ ᠬᠡᠷᠡᠭᠵᠢᠭᠦᠯᠦᠨ᠎ᠡ᠃             ᠭᠤᠷᠪᠠᠳᠤᠭᠠᠷ ᠪᠦᠯᠦᠭ    ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠬᠦ ᠠᠵᠢᠯᠯᠠᠭᠠᠨ ᠤ ᠵᠢᠷᠤᠮᠵᠢᠯ      ᠬᠤᠷᠢᠨ ᠭᠤᠷᠪᠠᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠡᠷᠬᠡᠪᠰᠢ ᠬᠠᠮᠢᠶ᠎ᠠ ᠪᠦᠭᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠯ ᠢ ᠴᠢᠩᠭ᠎ᠠ ᠰᠠᠬᠢᠨ ᠵᠢᠷᠤᠮᠯᠠᠵᠦ᠂ ᠢᠯᠡ ᠲᠤᠳᠤ᠂ ᠡᠷᠬᠡ ᠲᠡᠭᠰᠢ᠂ ᠲᠦᠪ ᠭᠤᠤᠯᠴᠢ ᠵᠠᠷᠴᠢᠮ ᠢ ᠪᠠᠷᠢᠮᠳᠠᠯᠠᠨ᠂ ᠪᠤᠳᠠᠳᠤ ᠴᠤᠨᠨᠴᠠᠳᠤ ᠠᠵᠦ ᠠᠬᠤᠢ ᠳᠤ ᠦᠢᠯᠡᠴᠢᠯᠡᠬᠦ ᠪᠠᠷ ᠵᠤᠷᠢᠯᠭ᠎ᠠ ᠪᠤᠯᠭᠠᠵᠦ᠂ ᠡᠵᠡᠩᠨᠡᠯᠳᠡ ᠶᠢᠨ ᠠᠵᠢᠯᠯᠠᠭ᠎ᠠ ᠶᠢ ᠦᠨᠡᠨᠬᠦ ᠵᠢᠷᠤᠮᠵᠢᠭᠤᠯᠤᠨ᠂ ᠪᠡᠯᠡ ᠤᠷᠤᠭᠤᠯᠤᠨᠨᠴᠢ ᠳᠤ ᠦᠨᠡᠨᠴᠢ ᠢᠳᠡᠬᠡᠮᠵᠢ ᠶᠢᠨ ᠡᠭᠦᠷᠬᠡ ᠪᠠᠨ ᠬᠢᠨᠠᠮᠠᠭᠠᠢ ᠭᠦᠢᠴᠡᠳᠬᠡᠵᠦ᠂ ᠪᠡᠯᠡ ᠤᠷᠤᠭᠤᠯᠤᠨᠨᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠲᠦᠭᠰᠢᠭᠦᠷᠢ ᠶᠢ ᠪᠦᠳᠦᠮᠵᠢᠳᠡᠢ ᠡᠵᠡᠮᠳᠡᠵᠦ᠂ ᠵᠠᠬ᠎ᠠ ᠲᠡᠯᠬᠡᠭᠦᠷ ᠤᠨ ᠲᠤᠨᠨᠳᠠᠭᠤᠨ ᠢ ᠬᠠᠮᠠᠭᠠᠯᠠᠨ᠎ᠠ᠃      ᠬᠤᠷᠢᠨ ᠲᠦᠷᠪᠡᠳᠦᠬᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠡᠵᠡᠩᠨᠡᠯᠳᠡ ᠶᠢᠨ ᠠᠵᠢᠯᠯᠠᠭ᠎ᠠ ᠦᠷᠨᠢᠭᠦᠯᠭᠦ ᠳᠡᠭᠡᠨ ᠲᠤᠤᠷᠠᠬᠢ ᠮᠡᠳᠦ ᠦᠢᠯᠡ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄      ︵ᠨᠢᠬᠡ︶ ᠶᠠᠮᠠᠷᠪᠠ ᠡᠷᠬᠡ ᠠᠰᠢᠭ ᠢ ᠠᠳᠠᠯᠢ ᠲᠡᠭᠰᠢ ᠬᠤᠪᠢ ᠶᠢᠨ ᠲᠤᠭ᠎ᠠ ᠪᠤᠯᠭᠠᠨ ᠵᠠᠳᠠᠯᠵᠦ ᠢᠯᠡ ᠪᠠᠷ ᠲᠠᠷᠬᠠᠭᠠᠵᠦ ᠪᠤᠯᠬᠤ ᠦᠬᠡᠢ᠃ ᠶᠠᠮᠠᠷᠪᠠ ᠠᠷᠠᠯᠵᠢᠶᠠᠨ ᠤ ᠲᠠᠯᠠᠪᠤᠷ ᠭᠠᠵᠠᠷ ᠨᠢ ᠦᠢᠯᠡᠴᠢᠯᠡᠭᠡ ᠪᠡ ᠪᠡᠯᠡᠳᠬᠡᠮᠵᠢ ᠪᠠᠨ ᠠᠰᠢᠨᠨᠯᠠᠨ᠂ ᠡᠷᠬᠡ ᠠᠰᠢᠭ ᠢᠶᠠᠨ ᠠᠳᠠᠯᠢ ᠲᠡᠭᠰᠢ ᠬᠤᠪᠢ ᠶᠢᠨ ᠲᠤᠭ᠎ᠠ ᠪᠤᠯᠭᠠᠨ ᠵᠠᠳᠠᠯᠵᠦ ᠪᠡᠯᠡ ᠤᠷᠤᠭᠤᠯᠤᠨᠨᠴᠢ ᠳᠤ ᠲᠠᠷᠬᠠᠭᠠᠨ ᠪᠤᠷᠤᠯᠠᠭᠤᠯᠪᠠᠯ᠂ ᠲᠠᠷᠤᠢ ︽ᠠᠳᠠᠯᠢ ᠲᠡᠭᠰᠢ ᠬᠤᠪᠢ ᠶᠢᠨ ᠲᠤᠭ᠎ᠠ ᠪᠠᠷ ᠢᠯᠡ ᠲᠠᠷᠬᠠᠭᠠᠨᠨᠰᠠᠨ︾᠎ ᠳᠤ ᠲᠤᠭᠠᠴᠢᠨᠨᠳᠠᠨ᠎ᠠ᠃ ᠬᠤᠪᠢᠴᠠᠭᠠᠳᠤ ᠺᠤᠮᠫᠠᠨᠢ ᠶᠢᠨ ᠬᠤᠪᠢᠴᠠᠭᠠᠨ ᠤ ᠢᠯᠡ ᠲᠠᠷᠬᠠᠭᠠᠯᠳᠠ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠺᠤᠮᠫᠠᠨᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠡᠳᠦ ᠲᠡᠮᠳᠡᠭᠳᠦ ᠶᠢᠨ ᠬᠠᠤᠯᠢ︾᠎ ᠶᠢᠨ ᠬᠠᠮᠢᠶ᠎ᠠ ᠪᠦᠭᠦᠢ ᠲᠤᠨᠨᠳᠠᠭᠠᠯ ᠳᠤ ᠬᠡᠷᠡᠭᠯᠡᠭᠳᠡᠨ᠎ᠡ︔      ︵ᠬᠤᠶᠠᠷ︶ ᠲᠦᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢ ᠬᠡᠷᠡᠭᠯᠡᠨ ᠠᠷᠠᠯᠵᠢᠶᠠᠯᠠᠵᠦ ᠪᠤᠯᠬᠤ ᠦᠬᠡᠢ᠃ ᠲᠤᠰ ᠠᠷᠭ᠎ᠠ ᠳᠤ ᠵᠢᠭᠠᠵᠦ ᠪᠦᠬᠦᠢ ︽ᠲᠦᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ︾᠎ ᠳᠤ ᠬᠠᠮ ᠦᠷᠢᠰᠦᠯᠳᠦᠬᠡᠨ ᠤ ᠦᠨ᠎ᠠ᠂ ᠦᠷᠭᠦᠯᠵᠢᠯᠡᠭᠰᠡᠨ ᠦᠷᠢᠰᠦᠯᠳᠦᠬᠡᠨ ᠤ ᠦᠨ᠎ᠠ᠂ ᠡᠯᠧᠺᠲᠷᠣᠨ ᠡᠪᠯᠡᠭᠦᠯᠬᠡ᠂ ᠨᠡᠷ᠎ᠡ ᠪᠤᠷᠤᠭᠤᠯᠬᠠᠰᠠᠨ ᠠᠷᠠᠯᠵᠢᠶ᠎ᠠ᠂ ᠰᠲ᠋ᠣᠺ ᠤᠨ ᠲᠤᠰᠠᠭᠠᠷ ᠲᠤᠰᠠᠯᠠᠬᠤ ᠠᠷᠠᠯᠵᠢᠶ᠎ᠠ ᠵᠡᠷᠬᠡ ᠠᠷᠠᠯᠵᠢᠶᠠᠨ ᠤ ᠠᠷᠭ᠎ᠠ ᠮᠠᠶ᠋ᠢᠭ ᠪᠠᠭᠳᠠᠨ᠎ᠠ᠂ ᠬᠡᠪᠡᠴᠤ ᠵᠦᠪᠳᠡᠯᠴᠡᠬᠡᠷ ᠢᠶᠠᠷ ᠰᠢᠯᠵᠢᠭᠦᠯᠦᠨ ᠦᠭᠭᠦ᠂ ᠬᠠᠤᠯᠢ ᠶᠤᠰᠤᠭᠠᠷ ᠦᠨ᠎ᠠ ᠬᠠᠶᠠᠯᠴᠠᠨ ᠬᠤᠳᠠᠯᠳᠤᠬᠤ ᠨᠢ ᠡᠬᠦᠨ ᠳᠤ ᠪᠠᠭᠳᠠᠬᠤ ᠦᠬᠡᠢ︔      ︵ᠭᠤᠷᠪᠠ︶ ᠡᠷᠬᠡ ᠠᠰᠢᠭ ᠢᠶᠠᠨ ᠪᠠᠷᠢᠮᠵᠢᠶᠠᠵᠢᠭᠤᠯᠬᠤ ᠠᠷᠠᠯᠵᠢᠶᠠᠨ ᠤ ᠨᠢᠬᠡᠴᠢ ᠶᠤᠰᠤᠭᠠᠷ ᠦᠷᠭᠦᠯᠵᠢᠯᠡᠨ ᠫᠠᠶᠢᠰᠠ ᠡᠯᠭᠦᠨ ᠠᠷᠠᠯᠵᠢᠶᠠᠯᠠᠵᠦ ᠪᠤᠯᠬᠤ ᠦᠬᠡᠢ᠃ ᠲᠤᠰ ᠠᠷᠭ᠎ᠠ ᠳᠤ ᠬᠡᠯᠡᠵᠦ ᠪᠠᠶᠢᠭ᠎ᠠ ︽ᠪᠠᠷᠢᠮᠵᠢᠶᠠᠵᠢᠭᠤᠯᠬᠤ ᠠᠷᠠᠯᠵᠢᠶᠠᠨ ᠤ ᠨᠢᠬᠡᠴᠢ︾ ᠬᠡᠳᠡᠭ ᠨᠢ ᠰᠲ᠋ᠤᠺ ᠤᠨ ᠡᠷᠬᠡ ᠠᠴᠠ ᠪᠤᠰᠤᠳ ᠡᠷᠬᠡ ᠠᠰᠢᠭ ᠢ ᠬᠠᠮᠤᠭ ᠤᠨ ᠪᠠᠭ᠎ᠠ ᠠᠷᠠᠯᠵᠢᠶᠠᠨ ᠤ ᠨᠢᠬᠡᠴᠢ ᠪᠤᠯᠭᠠᠨ ᠲᠤᠨᠨᠳᠠᠭᠠᠬᠤ ᠶᠢᠨ ᠬᠠᠮᠳᠤ᠂ ᠬᠠᠮᠤᠭ ᠤᠨ ᠪᠠᠭ᠎ᠠ ᠠᠷᠠᠯᠵᠢᠶᠠᠨ ᠤ ᠨᠢᠬᠡᠴᠢ ᠪᠤᠶᠤ ᠲᠡᠭᠦᠨ ᠤ ᠪᠦᠭᠦᠯᠢ ᠲᠤᠭᠠᠨ ᠤ ᠲᠠᠬᠢᠨ ᠢᠶᠠᠷ ᠠᠷᠠᠯᠵᠢᠶᠠᠯᠠᠬᠤ ᠶᠢ ᠵᠢᠭᠠᠵᠦ ᠪᠤᠢ︔ ︽ᠦᠷᠭᠦᠯᠵᠢᠯᠡᠨ ᠫᠠᠶᠢᠰᠠ ᠡᠯᠭᠦᠨ ᠠᠷᠠᠯᠵᠢᠶᠠᠯᠠᠬᠤ︾ ᠬᠡᠳᠡᠭ ᠨᠢ ᠬᠤᠳᠠᠯᠳᠤᠵᠦ ᠠᠪᠤᠨᠨᠰᠠᠨ ᠤ ᠲᠠᠷᠠᠭ᠎ᠠ 5 ᠠᠷᠠᠯᠵᠢᠶᠠᠯᠠᠬᠤ ᠡᠳᠦᠷ ᠤᠨ ᠲᠤᠳᠤᠷ᠎ᠠ ᠢᠵᠢᠯ ᠨᠢᠬᠡ ᠠᠷᠠᠯᠵᠢᠶᠠᠨ ᠤ ᠵᠦᠢᠯ ᠢ ᠫᠠᠶᠢᠰᠠ ᠡᠯᠭᠦᠨ ᠠᠷᠠᠯᠵᠢᠶᠠᠯᠠᠬᠤ ᠪᠤᠶᠤ ᠬᠤᠳᠠᠯᠳᠤᠨᠨᠰᠠᠨ ᠤ ᠲᠠᠷᠠᠭ᠎ᠠ 5 ᠠᠷᠠᠯᠵᠢᠶᠠᠯᠠᠬᠤ ᠡᠳᠦᠷ ᠤᠨ ᠲᠤᠳᠤᠷ᠎ᠠ ᠢᠵᠢᠯ ᠨᠢᠬᠡ ᠠᠷᠠᠯᠵᠢᠶᠠᠨ ᠤ ᠵᠦᠢᠯ ᠢ ᠫᠠᠶᠢᠰᠠ ᠡᠯᠭᠦᠨ ᠬᠤᠳᠠᠯᠳᠤᠵᠦ ᠠᠪᠬᠤ ᠶᠢ ᠵᠢᠭᠠᠵᠦ ᠪᠤᠢ᠃      ︵ᠲᠦᠷᠪᠡ︶ ᠡᠷᠬᠡ ᠠᠰᠢᠭ ᠡᠵᠡᠮᠰᠢᠭᠴᠢ ᠶᠢ ᠨᠡᠶᠢᠳᠡ 200 ᠭᠦᠮᠦᠨ ᠠᠴᠠ ᠬᠡᠳᠦᠷᠡᠬᠦᠯᠵᠦ ᠪᠤᠯᠬᠤ ᠦᠬᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠳᠤ ᠠᠰᠳᠠᠭᠠᠨ ᠲᠤᠨᠨᠳᠠᠭᠠᠯ ᠲᠠᠢ ᠠᠴᠠ ᠪᠤᠰᠤᠳ᠂ ᠶᠠᠮᠠᠷᠪᠠ ᠡᠷᠬᠡ ᠠᠰᠢᠭ ᠤᠨ ᠦᠷᠬᠦᠯᠵᠢᠯᠡᠨ ᠪᠠᠶᠢᠬᠤ ᠬᠤᠭᠤᠴᠠᠭᠠᠨ ᠳᠤ᠂ ᠲᠠᠷᠬᠠᠭᠠᠨ ᠶᠠᠪᠤᠭᠤᠯᠬᠤ ᠡᠰᠡᠭᠦᠯ᠎ᠡ ᠰᠢᠯᠵᠢᠭᠦᠯᠦᠨ ᠦᠭᠭᠦ ᠠᠯᠢ ᠨᠢᠬᠡᠨ ᠲᠠᠯ᠎ᠠ ᠳᠤ ᠴᠤ ᠲᠡᠷᠡ᠂ ᠪᠤᠳᠠᠳᠠᠢ ᠡᠵᠡᠮᠰᠢᠭᠴᠢ ᠶᠢ ᠨᠡᠶᠢᠳᠡ 200 ᠭᠦᠮᠦᠨ ᠠᠴᠠ ᠬᠡᠳᠦᠷᠡᠬᠦᠯᠵᠦ ᠪᠤᠯᠬᠤ ᠦᠬᠡᠢ᠂ ᠢᠳᠡᠬᠡᠮᠵᠢᠯᠡᠬᠦ᠂ ᠨᠠᠶᠢᠳᠠᠵᠦ ᠤᠷᠤᠯᠠᠬᠤ ᠵᠡᠷᠬᠡ ᠠᠷᠭ᠎ᠠ ᠮᠠᠶ᠋ᠢᠭ ᠢᠶᠠᠷ ᠤᠷᠤᠯᠠᠨ ᠭᠠᠷᠳ᠋ᠬᠠᠰᠠᠨ ᠪᠠᠶᠢᠪᠠᠯ᠂ ᠪᠤᠳᠠᠳᠠᠢ ᠡᠵᠡᠮᠰᠢᠭᠴᠢ ᠶᠢᠨ ᠲᠤᠭ᠎ᠠ ᠪᠠᠷ ᠲᠤᠭᠠᠴᠢᠨ ᠪᠤᠳᠤᠨ᠎ᠠ᠃      ︵ᠲᠠᠪᠤ︶ ᠲᠦᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠪᠠᠷᠢᠮᠵᠢᠶᠠᠵᠢᠭᠤᠯᠬᠤ ᠬᠡᠷ᠎ᠡ ᠶᠢᠨ ᠠᠷᠠᠯᠵᠢᠶ᠎ᠠ ᠬᠢᠵᠦ ᠪᠤᠯᠬᠤ ᠦᠬᠡᠢ᠃ ᠲᠤᠰ ᠠᠷᠭ᠎ᠠ ᠳᠤ ᠵᠢᠭᠠᠵᠦ ᠪᠦᠭᠦᠢ ︽ᠪᠠᠷᠢᠮᠵᠢᠶᠠᠵᠢᠭᠤᠯᠬᠤ ᠬᠡᠷ᠎ᠡ︾᠎ ᠳᠤ ᠬᠤᠶᠠᠷ ᠵᠦᠢᠯ ᠤᠨ ᠪᠠᠶᠢᠳᠠᠯ ᠪᠠᠭᠳᠠᠨ᠎ᠠ᠄ ᠨᠢᠬᠡ ᠨᠢ ᠠᠷᠠᠯᠵᠢᠶᠠᠨ ᠤ ᠲᠠᠯᠠᠪᠤᠷ ᠭᠠᠵᠠᠷ ᠠᠴᠠ ᠨᠢᠬᠡᠳᠦᠯᠳᠡᠢ ᠲᠤᠨᠨᠳᠠᠭᠠᠨᠨᠰᠠᠨ᠂ ᠦᠨ᠎ᠠ ᠬᠠᠩᠰᠢ ᠠᠴᠠ ᠪᠤᠰᠤᠳ ᠵᠦᠢᠯ ᠵᠤᠷᠪᠤᠰ ᠨᠢ ᠲᠤᠨᠨᠳᠠᠮᠠᠯ ᠪᠠᠶᠢᠵᠦ᠂ ᠬᠤᠵᠢᠮ ᠤᠨ ᠶᠠᠮᠠᠷ ᠨᠢᠬᠡᠨ ᠴᠠᠭ ᠪᠤᠶᠤ ᠭᠠᠵᠠᠷ ᠤᠷᠤᠨ ᠳᠤ ᠵᠤᠬᠢᠬᠤ ᠲᠤᠭ᠎ᠠ ᠬᠡᠮᠵᠢᠶᠡᠨ ᠤ ᠬᠠᠷᠠᠯᠳᠠᠳᠤ ᠪᠤᠳᠠᠰ ᠰᠢᠯᠵᠢᠭᠦᠯᠦᠨ ᠲᠤᠰᠢᠶᠠᠬᠤ ᠪᠠᠷ ᠲᠤᠨᠨᠳ᠋ᠬᠠᠰᠠᠨ ᠬᠡᠷ᠎ᠡ︔ ᠨᠦᠭᠦᠬᠡ ᠨᠢ ᠠᠷᠠᠯᠵᠢᠶᠠᠨ ᠤ ᠲᠠᠯᠠᠪᠤᠷ ᠭᠠᠵᠠᠷ ᠠᠴᠠ ᠨᠢᠬᠡᠳᠦᠯᠳᠡᠢ ᠲᠤᠨᠨᠳᠠᠭᠠᠨᠨᠰᠠᠨ᠂ ᠬᠤᠳᠠᠯᠳᠤᠨ ᠠᠪᠬᠤ ᠲᠠᠯ᠎ᠠ ᠨᠢ ᠬᠤᠵᠢᠮ ᠤᠨ ᠶᠠᠮᠠᠷ ᠨᠢᠬᠡᠨ ᠴᠠᠭ ᠲᠤ ᠲᠤᠨᠨᠳ᠋ᠬᠠᠰᠠᠨ ᠦᠨ᠎ᠠ ᠪᠠᠷ ᠬᠤᠳᠠᠯᠳᠤᠨ ᠠᠪᠬᠤ ᠪᠤᠶᠤ ᠬᠤᠳᠠᠯᠳᠤᠨ ᠭᠠᠷᠭᠠᠬᠤ ᠪᠠᠷ ᠪᠤᠯᠵᠤᠨᠨᠰᠠᠨ ᠬᠠᠷᠠᠯᠳᠠᠳᠤ ᠡᠳ᠋ ᠤᠨ ᠬᠡᠷ᠎ᠡ ᠪᠤᠯᠤᠨ᠎ᠠ︔      ︵ᠵᠢᠷᠭᠤᠭ᠎ᠠ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠭᠦᠢ ᠮᠦᠩᠭᠦᠨ ᠭᠦᠢᠯᠬᠡᠬᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠦᠬᠡᠢ ᠪᠠᠶᠢᠪᠠᠯ᠂ ᠶᠠᠮᠠᠷᠪᠠ ᠠᠷᠠᠯᠵᠢᠶᠠᠨ ᠤ ᠲᠠᠯᠠᠪᠤᠷ ᠭᠠᠵᠠᠷ ᠨᠢ ᠲᠠᠭᠠᠳᠬᠠᠯ᠂ ᠢᠳᠡᠬᠡᠮᠵᠢᠳᠦ ᠵᠢᠬᠡᠯᠡᠯᠬᠡ᠂ ᠰᠢᠵᠢᠷ ᠠᠯᠳᠠ ᠵᠡᠷᠬᠡ ᠮᠦᠩᠭᠦᠨ ᠭᠦᠢᠯᠬᠡᠬᠡᠨ ᠤ ᠨᠡᠷᠡᠳᠭᠦᠨ ᠤ ᠠᠷᠠᠯᠵᠢᠶ᠎ᠠ ᠡᠷᠬᠢᠯᠡᠵᠦ ᠪᠤᠯᠬᠤ ᠦᠬᠡᠢ᠃      ᠬᠤᠷᠢᠨ ᠲᠠᠪᠤᠳᠤᠭᠠᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠤᠨ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ᠂ ᠲᠡᠬᠡᠳᠦ ᠵᠡᠷᠬᠡ ᠶᠢᠨ ᠬᠠᠮᠢᠶᠠᠷᠤᠯᠳᠠ ᠶᠢᠨ ᠠᠵᠢᠯᠳᠠᠨ ᠨᠢ᠂ ᠬᠠᠮᠢᠶ᠎ᠠ ᠪᠦᠭᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠢ ᠤᠶᠢᠯᠠᠭᠠᠵᠦ᠂ ᠡᠬᠦᠷᠬᠡ ᠬᠠᠷᠢᠭᠤᠴᠠᠯᠭ᠎ᠠ ᠪᠠᠨ ᠭᠦᠢᠴᠡᠳᠬᠡᠭᠦ ᠳᠤ ᠬᠡᠷᠡᠭᠰᠡᠬᠦ ᠡᠵᠡᠩᠨᠡᠯᠳᠡ ᠬᠠᠮᠢᠶᠠᠷᠤᠯᠳᠠ ᠶᠢᠨ ᠴᠢᠳᠠᠪᠤᠷᠢ ᠲᠠᠢ ᠪᠠᠶᠢᠬᠤ ᠬᠡᠷᠡᠭᠳᠡᠢ᠃ ᠠᠷᠠᠯᠵᠢᠶᠠᠨ ᠤ ᠲᠠᠯᠠᠪᠤᠷ ᠭᠠᠵᠠᠷ ᠨᠢ ᠬᠠᠤᠯᠢ ᠰᠠᠬᠢᠯᠭ᠎ᠠ ᠠᠴᠠ ᠵᠦᠷᠢᠴᠡᠭᠰᠡᠨ ᠦᠢᠯᠡ ᠠᠵᠢᠯᠯᠠᠭ᠎ᠠ ᠠᠴᠠ ᠪᠤᠯᠵᠦ ᠲᠤᠰᠢᠶᠠᠯ ᠢᠶᠠᠨ ᠤᠨᠨᠴᠠᠷᠠᠭᠤᠯᠤᠨᠨᠳ᠋ᠬᠠᠰᠠᠨ ᠠᠷᠠᠯᠵᠢᠶᠠᠨ ᠤ ᠲᠠᠯᠠᠪᠤᠷ ᠭᠠᠵᠠᠷ ᠤᠨ ᠲᠤᠬᠠᠶᠢᠯᠬᠠᠰᠠᠨ ᠠᠵᠢᠯ ᠡᠷᠬᠢᠯᠡᠭᠰᠡᠨ ᠭᠦᠮᠦᠰ ᠪᠡ ᠵᠠᠰᠠᠭ ᠵᠠᠬᠢᠷᠭᠠᠨ ᠢᠶᠠᠷ ᠭᠦᠬᠡᠬᠡᠭᠳᠡᠭᠰᠡᠨ ᠤᠯᠤᠰ ᠤᠨ ᠪᠠᠶᠢᠭᠤᠯᠭ᠎ᠠ ᠶᠢᠨ ᠠᠵᠢᠯᠳᠠᠨ ᠢ ᠤᠷᠢᠨ ᠬᠡᠷᠡᠭᠯᠡᠵᠦ ᠪᠤᠯᠬᠤ ᠦᠬᠡᠢ᠃      ᠬᠤᠷᠢᠨ ᠵᠢᠷᠭᠤᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠤᠷᠤᠭᠤᠯᠤᠨᠨᠴᠢ ᠶᠢᠨ ᠵᠤᠬᠢᠰᠳᠤ ᠴᠢᠨᠠᠷᠳᠠᠢ ᠬᠠᠮᠢᠶᠠᠷᠤᠯᠳᠠ ᠶᠢᠨ ᠲᠦᠷᠢᠮ ᠪᠡ ᠪᠡᠯᠡ ᠤᠷᠤᠭᠤᠯᠤᠨᠨᠴᠢ ᠶᠢᠨ ᠤᠷᠤᠭᠤᠯᠬᠤ ᠶᠢ ᠵᠦᠪᠰᠢᠶᠡᠷᠡᠭᠦ ᠱᠠᠭᠠᠷᠳᠠᠯᠭ᠎ᠠ ᠶᠢ ᠲᠤᠨᠨᠳᠠᠵᠦ᠂ ᠲᠤᠨᠨᠳᠠᠮᠠᠯ ᠬᠤᠭᠤᠴᠠᠭ᠎ᠠ ᠲᠠᠢ ᠪᠠᠷ ᠵᠠᠬ᠎ᠠ ᠲᠡᠯᠬᠡᠭᠦᠷ ᠤᠨ ᠲᠦᠭᠰᠢᠭᠦᠷᠢ ᠶᠢᠨ ᠮᠡᠳᠡᠭᠡ ᠵᠠᠩᠬᠢ ᠶᠢᠨ ᠰᠠᠨᠠᠭᠤᠯᠤᠮᠵᠢ ᠦᠭᠴᠤ᠂ ᠪᠡᠯᠡ ᠤᠷᠤᠭᠤᠯᠤᠨᠨᠴᠢ ᠳᠤ ᠭᠦᠮᠦᠵᠢᠭᠦᠯᠦᠯ ᠬᠢᠵᠦ᠂ ᠪᠡᠯᠡ ᠤᠷᠤᠭᠤᠯᠤᠨᠨᠴᠢ ᠶᠢᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃      ᠬᠤᠷᠢᠨ ᠲᠤᠯᠤᠳᠤᠭᠠᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠪᠡᠯᠠ ᠮᠥᠩᠭᠦᠨ ᠤ ᠠᠮᠤᠷ ᠲᠦᠪᠰᠢᠨ ᠢ ᠦᠨᠡᠨᠬᠦ ᠬᠠᠮᠠᠭᠠᠯᠠᠵᠦ᠂ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠳ᠋ᠦ᠋ᠶᠢᠩᠨᠡᠨ ᠪᠤᠳᠦᠬᠰᠡᠠ ᠪᠡᠯᠠ ᠮᠥᠩᠭᠦ ᠶᠢ ᠭᠤᠷᠪᠠᠳᠠᠬᠢ ᠡᠲᠡᠭᠡᠳ ᠲᠤ ᠬᠠᠳᠠᠭᠠᠯᠠᠵᠤ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠴᠢᠨᠠᠷ ᠤᠨ ᠱᠠᠭᠠᠷᠳᠠᠯᠭ᠎ᠠ ᠳᠤ ᠨᠡᠶᠢᠴᠡᠭᠦ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠨᠢ ᠬᠤᠷᠢᠶᠠᠨ ᠠᠪᠤᠨᠨᠰᠠᠨ ᠵᠠᠷᠤᠳᠠᠯ ᠤᠨ ᠲᠤᠳᠤᠷ᠎ᠠ ᠠᠴᠠ ᠵᠣᠬᠢᠬᠤ ᠬᠠᠷᠢᠴᠠᠯ ᠢᠶᠠᠷ ᠲᠦᠭᠰᠢᠭᠦᠷᠢ ᠶᠢ ᠰᠡᠷᠭᠡᠶᠢᠯᠡᠬᠦ ᠪᠡᠯᠡᠳᠬᠡᠯ ᠮᠥᠩᠭᠦ ᠭᠠᠷᠭᠠᠨ ᠠᠪᠴᠤ᠂ ᠲᠤᠰᠠᠭᠠᠷ ᠲᠣᠭᠠᠴᠠᠭ᠎ᠠ ᠬᠢᠵᠦ᠂ ᠲᠤᠰᠬᠠᠶ ᠳᠠᠩᠰᠠ ᠪᠠᠷ ᠬᠠᠮᠢᠶᠠᠷᠤᠨ᠂ ᠪᠡᠯᠡ ᠤᠷᠤᠭᠤᠯᠤᠨᠨᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠢᠴᠢ ᠠᠷᠠᠯᠵᠢᠶᠠᠨ ᠤ ᠲᠠᠯᠠᠪᠤᠷ ᠭᠠᠵᠠᠷ ᠤᠨ ᠴᠢᠬᠤᠯᠠ ᠶᠡᠭᠡ ᠠᠵᠤ ᠠᠬᠤᠶ ᠶᠢᠨ ᠬᠤᠬᠢᠷᠠᠯ ᠢ ᠨᠦᠭᠦᠪᠦᠷᠢᠯᠡᠬᠦ ᠳᠤ ᠬᠡᠷᠡᠭᠯᠡᠵᠦ᠂ ᠠᠷᠠᠯᠵᠢᠶᠠᠨ ᠤ ᠲᠠᠯᠠᠪᠤᠷ ᠭᠠᠵᠠᠷ ᠤᠨ ᠲᠤᠬᠠᠶᠢᠯᠬᠠᠰᠠᠨ ᠠᠵᠢᠯ ᠤᠨ ᠠᠵᠢᠯᠯᠠᠭ᠎ᠠ ᠲᠠᠢ ᠬᠤᠯᠪᠤᠨᠨᠳᠠᠬᠤ ᠴᠢᠬᠤᠯᠠ ᠶᠡᠭᠡ ᠲᠦᠭᠰᠢᠭᠦᠷᠢ ᠶᠢᠨ ᠠᠳᠡᠯ ᠵᠡᠷᠭᠡ ᠶᠢ ᠰᠡᠷᠬᠡᠶᠢᠯᠡᠨ᠎ᠡ᠃      ᠬᠤᠷᠢ ᠶᠢᠰᠦᠳᠦᠬᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠠᠵᠤ ᠠᠬᠤᠶᠢᠯᠠᠯ ᠤᠨ ᠨᠢᠭᠲᠠᠯᠠᠨ ᠪᠤᠳᠤᠬᠤ ᠪᠠᠷᠢᠮᠵᠢᠶ᠎ᠠ ᠵᠡᠷᠭᠡ ᠱᠠᠭᠠᠷᠳᠠᠯᠭ᠎ᠠ ᠶᠣᠰᠣᠭᠠᠷ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠪᠠᠶᠢᠳᠠᠯ᠂ ᠡᠵᠡᠩᠨᠡᠯᠲᠡ ᠶᠢᠨ ᠦᠷ᠎ᠡ ᠪᠦᠲᠦᠭᠡᠯ ᠪᠠ ᠪᠡᠯᠡᠨ ᠵᠣᠭᠤᠰ ᠤᠨ ᠭᠦᠢᠯᠭᠡᠭᠡᠨ ᠤ ᠬᠡᠮᠵᠢᠶ᠎ᠡ ᠶᠢ ᠦᠨᠡᠨ ᠪᠣᠳᠠᠲᠠᠶ ᠪᠠᠷ ᠲᠡᠮᠳᠡᠭᠯᠡᠬᠦ ᠪᠡ ᠲᠤᠰᠬᠠᠬᠤ ᠬᠡᠷᠡᠭᠳᠡᠢ᠃      ᠭᠤᠴᠢᠳᠤᠭᠠᠷ ᠵᠦᠢᠯ    ᠬᠡᠰᠢᠬᠦᠳ ᠤᠨ ᠲᠦᠷᠢᠮ ᠢ ᠬᠡᠷᠡᠭᠵᠢᠭᠦᠯᠦᠭᠰᠡᠨ ᠠᠷᠠᠯᠵᠢᠶᠠᠨ ᠤ ᠲᠠᠯᠠᠪᠤᠷ ᠭᠠᠵᠠᠷ ᠨᠢ᠂ ᠬᠡᠰᠢᠬᠦᠳ ᠤᠨ ᠤᠷᠤᠭᠤᠯᠬᠤ ᠶᠢ ᠵᠦᠪᠰᠢᠶᠡᠷᠡᠭᠦ ᠵᠤᠬᠢᠰᠳᠠᠢ ᠪᠠᠷᠢᠮᠵᠢᠶ᠎ᠠ ᠲᠤᠨᠨᠳᠠᠭᠠᠬᠤ ᠶᠢᠨ ᠬᠠᠮᠳᠤ᠂ ᠬᠡᠰᠢᠬᠦᠳ ᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠰᠢᠬᠦᠳ ᠤᠨ ᠲᠦᠷᠢᠮ ᠳᠤ ᠨᠡᠶᠢᠴᠡᠭᠰᠡᠨ ᠬᠠᠮᠢᠶᠠᠷᠤᠯᠳᠠ ᠶᠢᠨ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠭᠦ ᠬᠡᠷᠡᠭᠳᠡᠢ᠃ ᠠᠷᠠᠯᠵᠢᠶᠠᠨ ᠤ ᠲᠠᠯᠠᠪᠤᠷ ᠭᠠᠵᠠᠷ ᠪᠡ ᠬᠡᠰᠢᠬᠦᠳ ᠨᠢ ᠬᠠᠷᠢᠴᠠᠭᠠᠨ ᠤ ᠡᠷᠦᠬᠡ ᠳᠤ ᠪᠡᠯᠡ ᠤᠷᠤᠭᠤᠯᠤᠨᠨᠰᠠᠨ ᠡᠬᠡ ᠮᠦᠩᠭᠦ ᠨᠢ ᠬᠤᠬᠢᠷᠠᠯ ᠳᠤ ᠦᠯᠦ ᠤᠴᠠᠷᠠᠭᠤᠯᠬᠤ ᠠᠮᠠᠯᠠᠯᠳᠠ ᠬᠢᠭᠦ ᠪᠤᠶᠤ ᠬᠠᠮᠤᠭ ᠪᠠᠭ᠎ᠠ ᠠᠰᠢᠭ ᠤᠯᠵᠠᠪᠤᠷᠢ ᠤᠯᠬᠤ ᠠᠮᠠᠯᠠᠯᠳᠠ ᠬᠢᠵᠦ ᠪᠤᠯᠬᠤ ᠦᠬᠡᠢ᠂ ᠲᠤᠬᠠᠶᠢᠯᠠᠭᠰᠠᠨ ᠠᠵᠢᠯ ᠤᠨ ᠲᠤᠮᠳᠠ ᠪᠠᠨ ᠬᠠᠷᠢᠴᠠᠭᠠᠨ ᠤ ᠡᠷᠦᠬᠡ ᠯᠦᠭᠡ ᠠᠰᠢᠭ ᠤᠯᠵᠠᠪᠤᠷᠢ ᠪᠠᠨ ᠬᠤᠪᠢᠶᠠᠯᠴᠠᠬᠤ ᠪᠤᠶᠤ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠪᠠᠷ ᠪᠤᠯᠵᠤᠵᠦ ᠪᠤᠯᠬᠤ ᠦᠬᠡᠢ᠂ ᠬᠠᠷᠢᠴᠠᠭᠠᠨ ᠤ ᠡᠷᠦᠬᠡ ᠶᠢ ᠣᠷᠣᠯᠠᠵᠤ ᠬᠤᠳᠠᠯᠳᠤᠭᠠᠯᠠᠬᠤ ᠲᠤᠭ᠎ᠠ ᠬᠡᠮᠵᠢᠶ᠎ᠡ᠂ ᠲᠦᠷᠦᠯ᠂ ᠦᠨ᠎ᠡ ᠵᠢᠴᠢ ᠬᠤᠳᠠᠯᠳᠤᠨ ᠠᠪᠬᠤ ᠪᠤᠶᠤ ᠬᠤᠳᠠᠯᠳᠤᠨ ᠭᠠᠷᠭᠠᠬᠤ ᠪᠦᠷᠢᠨ ᠡᠷᠬᠡᠲᠦ ᠨᠠᠶᠢᠳᠠᠯᠭ᠎ᠠ ᠶᠢ ᠬᠦᠯᠢᠶᠡᠨ ᠠᠪᠴᠤ ᠪᠤᠯᠬᠤ ᠦᠬᠡᠢ᠃      ᠭᠤᠴᠢᠨ ᠨᠢᠭᠡᠳᠦᠭᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠲᠦᠭᠰᠢᠭᠦᠷᠢ ᠶᠢᠨ ᠰᠡᠷᠡᠮᠵᠢ᠂ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠲᠦᠭᠰᠢᠭᠦᠷᠢ ᠶᠢ ᠡᠵᠡᠮᠳᠡᠬᠦ ᠳᠦᠷᠢᠮ ᠵᠢᠴᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠦᠯ ᠲᠤᠨᠨᠳᠠᠭᠠᠬᠤ ᠬᠡᠷᠡᠭᠳᠡᠢ᠃      ᠭᠤᠴᠢᠨ ᠬᠤᠶᠠᠳᠤᠭᠠᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠪᠡᠯᠡ ᠤᠷᠤᠭᠤᠯᠤᠨᠨᠴᠢ ᠶᠢᠨ ᠬᠠᠩᠭᠠᠭᠰᠠᠨ ᠮᠡᠳᠡᠭᠡ ᠵᠠᠩᠭᠢ ᠶᠢ ᠠᠰᠢᠨᠨᠯᠠᠵᠦ ᠶᠠᠮᠠᠷᠪᠠ ᠠᠷᠠᠯᠵᠢᠶ᠎ᠠ ᠲᠠᠢ ᠬᠤᠯᠪᠤᠭ᠎ᠠ ᠦᠬᠡᠢ ᠪᠤᠶᠤ ᠪᠡᠯᠡ ᠤᠷᠤᠭᠤᠯᠤᠨᠨᠴᠢ ᠶᠢᠨ ᠠᠰᠢᠭ ᠲᠤᠰᠠ ᠶᠢ ᠬᠤᠬᠢᠷᠠᠭᠤᠯᠬᠤ ᠦᠢᠯᠡ ᠠᠵᠢᠯᠯᠠᠭ᠎ᠠ ᠶᠢ ᠬᠢᠵᠦ ᠪᠣᠯᠬᠤ ᠦᠬᠡᠢ᠃      ᠭᠤᠴᠢᠨ ᠭᠤᠷᠪᠠᠳᠤᠭᠠᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶ᠎ᠠ ᠪᠦᠬᠦᠢ ᠠᠵᠢᠯᠳᠡᠠ ᠵᠢᠴᠢ ᠠᠷᠠᠯᠵᠢᠶᠠᠨ ᠤ ᠲᠠᠯᠠᠪᠤᠷ ᠭᠠᠵᠠᠷ ᠤᠨ ᠬᠤᠪᠢ ᠣᠷᠣᠭᠤᠯᠤᠭᠴᠢ᠂ ᠪᠣᠳᠠᠲᠠᠶ ᠡᠵᠡᠮᠳᠡᠭᠴᠢ ᠨᠢ ᠲᠤᠰ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶᠠᠨ ᠳᠤ ᠣᠷᠣᠯᠴᠠᠵᠤ ᠪᠣᠯᠬᠤ ᠦᠭᠡᠢ᠂ ᠲᠤᠳᠤᠭᠠᠳᠤ ᠶᠢᠨ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠲᠤᠳᠤᠭᠠᠳᠤ ᠶᠢᠨ ᠮᠡᠳᠡᠭᠡ ᠵᠠᠩᠭᠢ ᠶᠢ ᠠᠰᠢᠭᠯᠠᠨ ᠬᠠᠤᠯᠢ ᠪᠤᠰᠤ ᠠᠰᠢᠭ ᠲᠤᠰᠠ ᠤᠯᠵᠦ ᠪᠤᠯᠬᠤ ᠦᠬᠡᠢ᠃      ᠭᠤᠴᠢᠨ ᠳᠥᠷᠪᠡᠳᠦᠭᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠲᠡᠭᠦᠨ ᠤ ᠬᠤᠪᠢ ᠤᠷᠤᠭᠤᠯᠤᠨᠨᠴᠢ᠂ ᠪᠣᠳᠠᠲᠠᠶ ᠡᠵᠡᠮᠳᠡᠭᠴᠢ ᠪᠤᠶᠤ ᠪᠤᠰᠤᠳ ᠬᠤᠯᠪᠣᠭᠳᠠᠬᠤ ᠬᠥᠮᠦᠨ ᠳᠤ ᠪᠡᠯᠡ ᠲᠤᠬᠢᠷᠠᠭᠤᠯᠭ᠎ᠠ ᠬᠠᠩᠭᠠᠵᠦ ᠪᠤᠯᠬᠤ ᠦᠬᠡᠢ᠂ ᠭᠠᠳ᠋ᠬᠠᠰᠢ ᠲᠠᠭᠠᠭᠠᠯᠳᠠ ᠬᠢᠵᠦ ᠪᠣᠯᠬᠤ ᠦᠭᠡᠢ᠂ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠠᠰᠢᠭ ᠲᠤᠰᠠ ᠤᠯᠵᠦ ᠪᠣᠯᠬᠤ ᠦᠭᠡᠢ᠃      ᠭᠤᠴᠢᠨ ᠲᠠᠪᠤᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠦᠪᠡᠷ ᠤᠨ ᠪᠡᠯᠡ ᠮᠦᠩᠭᠦ ᠪᠠᠷ ᠢᠶᠠᠨ ᠪᠡᠯᠡ ᠤᠷᠤᠭᠤᠯᠵᠦ᠂ ᠲᠡᠳᠡᠬᠡᠷ ᠪᠡᠯᠡ ᠤᠷᠤᠭᠤᠯᠤᠨᠨᠰᠠᠨ ᠵᠦᠢᠯ᠂ ᠪᠡᠯᠡ ᠤᠷᠤᠭᠤᠯᠤᠨᠨᠰᠠᠨ ᠬᠢᠵᠠᠭᠠᠷ ᠲᠤᠭ᠎ᠠ ᠵᠡᠷᠭᠡ ᠵᠦᠢᠯᠡᠰ ᠢᠶᠠᠨ ᠺᠤᠮᠫᠠᠨᠢ ᠶᠢᠨ ᠲᠦᠷᠢᠮ ᠳᠤ ᠲᠤᠳᠤᠷᠬᠠᠶᠢᠯᠠᠬᠤ ᠬᠡᠷᠡᠭᠳᠡᠢ᠃                 ᠲᠦᠷᠪᠡᠳᠦᠬᠡᠷ ᠪᠦᠯᠦᠭ    ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ ᠬᠠᠮᠢᠶᠠᠷᠤᠯᠳᠠ      ᠭᠤᠴᠢᠨ ᠵᠢᠷᠭᠤᠳᠤᠭᠠᠷ ᠵᠦᠢᠯ   ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ ᠶᠢ ᠰᠶᠢᠳᠪᠦᠷᠢᠯᠡᠬᠦ ᠪᠡᠯᠡᠳᠬᠡᠯ ᠲᠦᠰᠦᠯ ᠪᠤᠯᠤᠨ ᠬᠡᠨᠡᠳᠳᠡ ᠶᠢᠨ ᠬᠡᠷᠡᠭ ᠢ ᠪᠠᠴᠢᠮ ᠠᠷᠭᠠᠴᠠᠬᠤ ᠪᠡᠯᠡᠳᠬᠡᠯ ᠲᠦᠰᠦᠯ ᠲᠤᠨᠨᠳᠠᠭᠠᠬᠤ ᠶᠢᠨ ᠬᠠᠮᠳᠤ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢ ᠬᠠᠮᠵᠢᠨ ᠠᠷᠠᠯᠵᠢᠶᠠᠨ ᠤ ᠲᠠᠯᠠᠪᠤᠷ ᠭᠠᠵᠠᠷ ᠵᠢᠴᠢ ᠠᠷᠠᠯᠵᠢᠶᠠᠨ ᠤ ᠲᠠᠯᠠᠪᠤᠷ ᠭᠠᠵᠠᠷ ᠤᠨ ᠬᠡᠰᠢᠬᠦᠨ ᠨᠢᠬᠡᠴᠡ ᠳᠤ ᠬᠢᠨᠠᠯᠳᠠ ᠬᠠᠮᠢᠶᠠᠷᠤᠯᠳᠠ ᠬᠢᠨ᠎ᠠ᠃     ᠭᠤᠴᠢᠨ ᠲᠤᠯᠤᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠦᠩᠭᠦᠨ ᠭᠦᠢᠯᠬᠡᠬᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠮᠢᠯᠬᠠᠰᠠᠨ ᠪᠠᠶᠢᠭᠤᠯᠤᠮᠵᠢ ᠨᠢ ᠵᠢᠯᠤᠭᠤᠳᠬᠤ᠂ ᠵᠤᠬᠢᠴᠠᠭᠤᠯᠬᠤ ᠪᠡ ᠬᠢᠨᠠᠯᠳᠠ ᠲᠠᠯᠪᠢᠬᠤ ᠡᠭᠦᠷᠬᠡ ᠬᠠᠷᠢᠭᠤᠴᠠᠯᠭ᠎ᠠ ᠲᠠᠢ᠂ ᠠᠷᠠᠯᠵᠢᠶᠠᠨ ᠤ ᠲᠠᠯᠠᠪᠤᠷ ᠭᠠᠵᠠᠷ ᠲᠤ ᠡᠭᠦᠰᠴᠤ ᠮᠡᠳᠡᠬᠦ ᠮᠦᠩᠭᠦᠨ ᠭᠦᠢᠯᠬᠡᠬᠡᠨ ᠤ ᠲᠦᠭᠰᠢᠭᠦᠷᠢ ᠳᠤ ᠤᠷᠢᠳᠴᠢᠯᠠᠨ ᠰᠡᠷᠡᠮᠵᠢ ᠦᠭᠭᠦ ᠶᠢᠨ ᠬᠠᠮᠳᠤ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠬᠠᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢ ᠬᠠᠮᠵᠢᠨ ᠠᠷᠠᠯᠵᠢᠶᠠᠨ ᠤ ᠲᠠᠯᠠᠪᠤᠷ ᠭᠠᠵᠠᠷ ᠤᠨ ᠮᠦᠩᠭᠦᠨ ᠭᠦᠢᠯᠬᠡᠬᠡᠨ ᠤ ᠬᠠᠤᠯᠢ ᠪᠤᠰᠤ ᠠᠵᠢᠯᠯᠠᠭ᠎ᠠ ᠤᠨ ᠰᠢᠨᠵᠢ ᠴᠢᠨᠠᠷ ᠢ ᠲᠤᠨᠨᠳᠠᠭᠠᠬᠤ ᠪᠡ ᠰᠶᠢᠳᠪᠦᠷᠢᠯᠡᠵᠦ ᠰᠢᠮᠳᠠᠭᠤᠯᠤᠨ ᠵᠢᠯᠤᠭᠤᠳᠬᠤ ᠠᠵᠢᠯ ᠢ ᠰᠠᠶᠢᠳᠤᠷ ᠬᠢᠨ᠎ᠠ᠃      ᠭᠤᠴᠢᠨ ᠨᠠᠢᠮᠠᠳᠤᠭᠠᠷ ᠵᠦᠢᠯ    ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠪᠤᠯᠤᠨ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠠᠢ ᠬᠠᠮᠳᠤᠷᠠᠨ ᠠᠷᠠᠯᠵᠢᠶᠠᠨ ᠤ ᠲᠠᠯᠠᠪᠤᠷ ᠭᠠᠵᠠᠷ ᠲᠤ ᠠᠬᠤᠢ ᠲᠠᠯᠠᠪᠠᠢ ᠵᠢᠴᠢ ᠠᠬᠤᠢ ᠲᠠᠯᠠᠪᠠᠢ ᠶᠢᠨ ᠪᠤᠰᠤ ᠪᠠᠶᠢᠴᠠᠭᠠᠯᠳᠠ ᠬᠢᠭᠦ ᠬᠡᠷᠡᠭᠳᠡᠢ᠃ ᠠᠬᠤᠢ ᠲᠠᠯᠠᠪᠠᠢ ᠶᠢᠨ ᠪᠠᠶᠢᠴᠠᠭᠠᠯᠳᠠ ᠬᠢᠭᠦ ᠦᠶᠡᠰ᠂ ᠲᠤᠤᠷᠠᠬᠢ ᠮᠡᠳᠦ ᠠᠷᠭ᠎ᠠ ᠬᠡᠮᠵᠢᠶ᠎ᠡ ᠶᠢ ᠠᠪᠴᠤ ᠪᠤᠯᠤᠨ᠎ᠠ᠄      ︵ᠨᠢᠬᠡ︶ ᠠᠬᠤᠢ ᠲᠠᠯᠠᠪᠠᠢ ᠳᠤ ᠤᠴᠢᠵᠦ ᠪᠠᠶᠢᠴᠠᠭᠠᠯᠳᠠ ᠬᠢᠵᠦ ᠬᠡᠷᠡᠴᠢ ᠴᠤᠨᠨᠯᠠᠭᠤᠯᠤᠨ᠎ᠠ︔      ︵ᠬᠤᠶᠠᠷ︶ ᠲᠤᠬᠠᠶᠢᠢᠳᠠᠢ ᠭᠦᠮᠦᠨ ᠵᠢᠴᠢ ᠪᠠᠶᠢᠴᠠᠭᠠᠵᠦ ᠪᠠᠶᠢᠭ᠎ᠠ ᠬᠡᠷᠡᠭ ᠯᠦᠭᠡ ᠬᠤᠯᠪᠤᠭ᠎ᠠ ᠲᠠᠢ ᠨᠢᠬᠡᠴᠡ ᠪᠤᠯᠤᠨ ᠬᠤᠪᠢ ᠭᠦᠮᠦᠨ ᠠᠴᠠ ᠠᠰᠠᠭᠤᠨ ᠯᠠᠪᠯᠠᠵᠦ᠂ ᠲᠡᠳᠡᠨ ᠳᠤ ᠪᠠᠶᠢᠴᠠᠭᠠᠵᠦ ᠪᠠᠶᠢᠭ᠎ᠠ ᠬᠡᠷᠡᠭ ᠯᠦᠭᠡ ᠬᠤᠯᠪᠤᠭ᠎ᠠ ᠲᠠᠢ ᠵᠦᠢᠯᠡᠰ ᠲᠤ ᠲᠤᠳᠤᠷᠬᠠᠶᠢᠯᠠᠯᠳᠠ ᠬᠢᠭᠦ ᠶᠢ ᠱᠠᠭᠠᠷᠳᠠᠨ᠎ᠠ︔      ︵ᠭᠤᠷᠪᠠ︶ ᠠᠷᠠᠯᠵᠢᠶᠠᠨ ᠤ ᠲᠠᠯᠠᠪᠤᠷ ᠭᠠᠵᠠᠷ ᠤᠨ ᠲᠡᠬᠡᠳᠦ ᠵᠡᠷᠬᠡ ᠶᠢᠨ ᠠᠵᠢᠯᠳᠠᠨ ᠵᠢᠴᠢ ᠪᠠᠶᠢᠴᠠᠭᠠᠵᠦ ᠪᠠᠶᠢᠭ᠎ᠠ ᠬᠡᠷᠡᠭ ᠯᠦᠭᠡ ᠬᠤᠯᠪᠤᠭ᠎ᠠ ᠲᠠᠢ ᠪᠤᠰᠤᠳ ᠠᠵᠢᠯᠳᠠᠨ ᠲᠠᠢ ᠪᠤᠯᠵᠤᠨ ᠶᠠᠷᠢᠯᠴᠠᠨ᠎ᠠ︔      ︵ᠲᠦᠷᠪᠡ︶ ᠪᠠᠶᠢᠴᠠᠭᠠᠵᠦ ᠪᠠᠶᠢᠭ᠎ᠠ ᠬᠡᠷᠡᠭ ᠯᠦᠭᠡ ᠬᠤᠯᠪᠤᠭ᠎ᠠ ᠲᠠᠢ ᠡᠳ᠋ ᠭᠦᠷᠦᠩᠬᠡ ᠶᠢᠨ ᠡᠷᠬᠡ ᠶᠢᠨ ᠲᠠᠩᠰᠠᠯᠠᠨ ᠲᠡᠮᠳᠡᠭᠯᠡᠭᠰᠡᠨ ᠵᠡᠷᠬᠡ ᠮᠠᠲ᠋ᠧᠷᠢᠶᠠᠯ ᠢ ᠪᠠᠶᠢᠴᠠᠭᠠᠨ ᠦᠵᠡᠵᠦ᠂ ᠬᠠᠭᠤᠯᠠᠪᠤᠷᠢᠯᠠᠨ᠎ᠠ︔      ︵ᠲᠠᠪᠤ︶ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶᠠᠨ ᠤ ᠰᠢᠰᠲ᠋ᠧᠮ ᠵᠢᠴᠢ ᠠᠷᠤ ᠲᠠᠯ᠎ᠠ ᠶᠢᠨ ᠲᠦᠭᠦᠬᠡᠷᠦᠮᠵᠢ ᠶᠢ ᠪᠠᠶᠢᠴᠠᠭᠠᠨ᠎ᠠ︔      ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠠᠷᠭ᠎ᠠ ᠬᠡᠮᠵᠢᠶ᠎ᠡ᠃ ᠠᠷᠠᠯᠵᠢᠶᠠᠨ ᠤ ᠲᠠᠯᠠᠪᠤᠷ ᠭᠠᠵᠠᠷ ᠨᠢ ᠠᠬᠤᠢ ᠲᠠᠯᠠᠪᠠᠢ ᠶᠢᠨ ᠪᠠᠶᠢᠴᠠᠭᠠᠯᠳᠠ ᠳᠤ ᠢᠳᠡᠪᠬᠢᠳᠡᠢ ᠬᠠᠮᠵᠢᠯᠴᠠᠬᠤ ᠬᠡᠷᠡᠭᠳᠡᠢ᠂ ᠲᠡᠪᠴᠢᠬᠦ᠂ ᠬᠠᠷᠰᠢᠯᠠᠬᠤ ᠪᠠ ᠨᠢᠭᠤᠨ ᠲᠠᠯᠳᠠᠯᠠᠵᠦ ᠪᠤᠯᠬᠤ ᠦᠬᠡᠢ᠃      ᠭᠤᠴᠢ ᠶᠢᠰᠦᠳᠦᠬᠡᠷ ᠵᠦᠢᠯ   ᠠᠷᠠᠯᠵᠢᠶᠠᠨ ᠤ ᠲᠠᠯᠠᠪᠤᠷ ᠭᠠᠵᠠᠷ ᠨᠢ ᠲᠤᠨᠨᠳᠠᠭᠠᠯ ᠶᠤᠰᠤᠭᠠᠷ ᠲᠤᠨᠨᠳ᠋ᠬᠠᠰᠠᠨ ᠬᠤᠭᠤᠴᠠᠭᠠᠨ ᠳᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠤᠨ ᠤ ᠡᠵᠡᠩᠨᠡᠯᠳᠡ ᠶᠢᠨ ᠮᠡᠳᠡᠭᠦᠯᠦᠯᠳᠡ᠂ ᠨᠢᠨᠨᠳᠠᠯᠠᠨ ᠪᠤᠳᠤᠨᠨᠰᠠᠨ ᠮᠡᠳᠡᠭᠦᠯᠦᠯᠳᠡ ᠵᠢᠴᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠱᠠᠭᠠᠷᠳ᠋ᠬᠠᠰᠠᠨ ᠪᠤᠰᠤᠳ ᠮᠠᠲ᠋ᠧᠷᠢᠶᠠᠯ ᠢ ᠮᠡᠳᠡᠬᠦᠯᠦᠨ ᠭᠦᠷᠬᠡᠬᠦ ᠬᠡᠷᠡᠭᠳᠡᠢ᠂ ᠴᠢᠬᠤᠯᠠ ᠶᠡᠭᠡ ᠵᠦᠢᠯᠡᠰ ᠢᠶᠠᠨ ᠴᠠᠭ ᠲᠤᠬᠠᠢ ᠳᠤᠨᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ᠎ᠠ᠃      ᠲᠦᠴᠢᠳᠦᠬᠡᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠨᠡᠶᠢᠢᠳᠡᠯᠡᠭᠰᠡᠨ᠂ ᠮᠡᠳᠡᠭᠦᠯᠦᠨ ᠭᠦᠷᠬᠡᠭᠰᠡᠨ ᠪᠤᠶᠤ ᠬᠠᠩᠭᠠᠨᠨᠰᠠᠨ ᠮᠠᠲ᠋ᠧᠷᠢᠶᠠᠯ᠂ ᠮᠡᠳᠡᠭᠡ ᠵᠠᠩᠬᠢ ᠨᠢ ᠦᠨᠡᠨ ᠪᠤᠳᠠᠳᠠᠢ᠂ ᠵᠦᠪ ᠤᠨᠤᠪᠴᠢᠳᠠᠢ᠂ ᠪᠦᠷᠢᠨ ᠪᠦᠳᠦᠨ ᠪᠠᠶᠢᠢᠬᠤ ᠬᠡᠷᠡᠭᠳᠡᠢ᠂ ᠬᠤᠳᠠᠯ ᠬᠠᠭᠤᠷᠮᠠᠭ ᠲᠡᠮᠳᠡᠭᠯᠡᠯ᠂ ᠠᠳᠡᠭᠦᠷᠡᠭᠦᠯᠭᠦ ᠲᠤᠭᠠᠴᠢᠯᠳᠠ ᠪᠤᠶᠤ ᠴᠢᠬᠤᠯᠠ ᠶᠡᠭᠡ ᠤᠷᠬᠢᠨᠨᠳᠠᠯ ᠲᠠᠢ ᠪᠠᠶᠢᠵᠦ ᠪᠤᠯᠬᠤ ᠦᠬᠡᠢ᠃      ᠲᠦᠴᠢᠨ ᠨᠢᠬᠡᠳᠦᠬᠡᠷ ᠵᠦᠢᠯ   ᠬᠤᠳᠠᠯᠳᠤᠭᠠᠨ ᠤ ᠪᠠᠩᠬᠢ᠂ ᠲᠡᠮᠳᠡᠭᠳᠦ ᠶᠢᠨ ᠺᠤᠮᠫᠠᠨᠢ᠂ ᠬᠤᠭᠤᠴᠠᠭᠠᠳᠤ ᠪᠠᠷᠠᠭᠠᠨ ᠤ ᠺᠤᠮᠫᠠᠨᠢ᠂ ᠲᠠᠭᠠᠳᠬᠠᠯ ᠤᠨ ᠺᠤᠮᠫᠠᠨᠢ᠂ ᠢᠳᠡᠬᠡᠮᠵᠢᠳᠦ ᠪᠡᠯᠡ ᠤᠷᠤᠭᠤᠯᠤᠯᠳᠠ ᠶᠢᠨ ᠺᠤᠮᠫᠠᠨᠢ ᠵᠡᠷᠬᠡ ᠮᠦᠩᠭᠦᠨ ᠭᠦᠢᠯᠬᠡᠬᠡᠨ ᠤ ᠪᠠᠶᠢᠭᠤᠯᠤᠮᠵᠢ ᠨᠤᠭᠤᠳ ᠲᠤᠨᠨᠳᠠᠭᠠᠯ ᠠᠴᠠ ᠵᠦᠷᠢᠴᠡᠵᠦ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠲᠤ ᠲᠠᠩᠰᠠᠨ ᠡᠷᠦᠬᠡ ᠨᠡᠬᠡᠬᠡᠬᠦ᠂ ᠲᠠᠭᠠᠭᠠᠴᠢᠯᠠᠨ ᠪᠤᠷᠤᠯᠠᠭᠤᠯᠬᠤ᠂ ᠨᠠᠶᠢᠳᠠᠨ ᠬᠠᠮᠢᠶᠠᠷᠤᠭᠤᠯᠬᠤ᠂ ᠡᠳ᠋ ᠭᠦᠷᠦᠩᠬᠡ ᠬᠤᠪᠢᠶᠠᠷᠢᠯᠠᠨ ᠰᠢᠯᠵᠢᠭᠦᠯᠭᠦ᠂ ᠤᠷᠤᠯᠠᠵᠦ ᠬᠤᠳᠠᠯᠳᠤᠭᠠᠯᠠᠬᠤ᠂ ᠪᠡᠯᠡ ᠤᠷᠤᠭᠤᠯᠤᠯᠳᠠ ᠶᠢᠨ ᠯᠠᠪᠯᠠᠭ᠎ᠠ ᠬᠢᠬᠦ᠂ ᠲᠠᠭᠠᠳᠬᠠᠯ ᠵᠡᠷᠬᠡ ᠦᠢᠯᠡᠴᠢᠯᠡᠭᠡ ᠬᠠᠩᠭᠠᠵᠦ ᠪᠤᠯᠬᠤ ᠦᠬᠡᠢ᠃      ᠲᠦᠴᠢᠨ ᠬᠤᠶᠠᠳᠤᠭᠠᠷ ᠵᠦᠢᠯ    ᠠᠷᠠᠯᠵᠢᠶᠠᠨ ᠤ ᠲᠠᠯᠠᠪᠤᠷ ᠭᠠᠵᠠᠷ ᠨᠢ ᠡᠵᠡᠩᠨᠡᠯᠳᠡ ᠶᠢᠨ ᠶᠠᠪᠤᠴᠠ ᠳᠠᠭᠠᠨ᠂ ᠲᠤᠰ ᠠᠷᠭ᠎ᠠ ᠶᠢ ᠵᠦᠷᠢᠴᠡᠭᠰᠡᠨ ᠪᠤᠶᠤ ᠪᠤᠰᠤᠳ ᠬᠠᠤᠯᠢ ᠲᠤᠨᠨᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠪᠠᠶᠢᠳᠠᠯ ᠤᠨ ᠭᠦᠨᠳᠦ ᠭᠦᠩᠬᠡᠨ ᠢ ᠦᠨᠳᠦᠰᠦᠯᠡᠵᠦ᠂ ᠬᠠᠤᠯᠢ ᠶᠤᠰᠤᠭᠠᠷ ᠲᠤᠤᠷᠠᠬᠢ ᠮᠡᠳᠦ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠠᠪᠤᠨ᠎ᠠ᠄      ︵ᠨᠢᠬᠡ︶ ᠲᠦᠭᠰᠢᠭᠦᠷᠢ ᠶᠢ ᠰᠡᠷᠡᠮᠵᠢᠯᠡᠬᠦᠯᠬᠦ︔      ︵ᠬᠤᠶᠠᠷ︶ ᠬᠢᠨᠠᠯᠳᠠ ᠬᠠᠮᠢᠶᠠᠷᠤᠯᠳᠠ ᠶᠢᠨ ᠶᠠᠷᠢᠯᠴᠠᠭ᠎ᠠ ᠬᠢᠭᠦ︔      ︵ᠭᠤᠷᠪᠠ︶ ᠰᠠᠷᠠᠮᠵᠢ ᠶᠢᠨ ᠪᠢᠴᠢᠭ ᠭᠠᠷᠭᠠᠬᠤ︔      ︵ᠲᠦᠷᠪᠡ︶ ᠲᠤᠨᠨᠳᠠᠭᠠᠯ ᠠᠴᠠ ᠵᠦᠷᠢᠴᠡᠭᠰᠡᠨ ᠠᠷᠠᠯᠵᠢᠶᠠᠨ ᠤ ᠵᠦᠢᠯ ᠢ ᠨᠢ ᠭᠦᠴᠦᠨ ᠦᠬᠡᠢ ᠪᠤᠯᠭᠠᠬᠤ᠂ ᠲᠤᠨᠨᠳᠠᠭᠠᠯ ᠠᠴᠠ ᠵᠦᠷᠢᠴᠡᠭᠰᠡᠨ ᠡᠵᠡᠩᠨᠡᠯᠳᠡ ᠶᠢᠨ ᠠᠵᠢᠯᠯᠠᠭ᠎ᠠ ᠶᠢ ᠨᠢ ᠵᠤᠨᠨᠰᠤᠭᠠᠬᠤ ᠪᠠᠷ ᠵᠠᠷᠯᠢᠨᠨᠳᠠᠬᠤ ᠶᠢᠨ ᠬᠠᠮᠳᠤ᠂ ᠲᠤᠨᠨᠳ᠋ᠬᠠᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠬᠤ︔      ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠤᠨᠨᠳᠠᠭᠠᠨᠨᠰᠠᠨ ᠪᠤᠰᠤᠳ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠮᠵᠢᠶ᠎ᠡ᠃ ᠬᠤᠭᠤᠴᠠᠭ᠎ᠠ ᠨᠢ ᠬᠡᠳᠦᠷᠡᠬᠡᠳ ᠬᠠᠯᠠᠨ ᠰᠠᠶᠢᠵᠢᠷᠠᠭᠤᠯᠤᠨᠨᠰᠠᠨ ᠦᠬᠡᠢ ᠪᠤᠶᠤ ᠴᠡᠭᠴᠡᠯᠡᠨ ᠰᠠᠶᠢᠵᠢᠷᠠᠭᠤᠯᠬᠤ ᠶᠢ ᠲᠡᠪᠴᠢᠵᠦ ᠦᠷᠭᠦᠯᠵᠢᠯᠡᠨ ᠬᠠᠤᠯᠢ ᠲᠤᠨᠨᠳᠠᠭᠠᠯ ᠠᠴᠠ ᠵᠦᠷᠢᠴᠡᠨ ᠡᠵᠡᠩᠨᠡᠯᠳᠡ ᠶᠢᠨ ᠠᠵᠢᠯᠯᠠᠭ᠎ᠠ ᠬᠢᠭᠰᠡᠨ ᠪᠠᠶᠢᠪᠠᠯ᠂ ᠦᠪᠡᠷᠳᠡᠬᠡᠨ ᠵᠠᠰᠬᠠᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ᠂ ᠲᠡᠳᠡᠨ ᠤ ᠡᠵᠡᠩᠨᠡᠯᠳᠡ ᠶᠢᠨ ᠬᠢᠷᠢ ᠬᠡᠮ ᠢ ᠨᠢ ᠭᠦᠴᠦᠨ ᠦᠬᠡᠢ ᠪᠤᠯᠭᠠᠨ᠎ᠠ᠂ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠬᠠᠭᠠᠵᠦ ᠵᠤᠨᠨᠰᠤᠭᠠᠬᠤ ᠪᠤᠶᠤ ᠬᠦᠴᠦᠨ ᠦᠬᠡᠢ ᠪᠤᠯᠭᠠᠨ᠎ᠠ︔ ᠶᠠᠯ᠎ᠠ ᠬᠢᠭᠰᠡᠨ ᠳᠤ ᠭᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ᠃                  ᠲᠠᠪᠤᠳᠤᠭᠠᠷ ᠪᠦᠯᠦᠭ    ᠲᠠᠭᠠᠯᠳᠤᠭᠤᠯᠤᠯ ᠲᠦᠷᠢᠮ      ᠲᠦᠴᠢᠨ ᠭᠤᠷᠪᠠᠳᠤᠭᠠᠷ ᠵᠦᠢᠯ    ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠲᠤᠰ ᠠᠷᠭ᠎ᠠ ᠶᠢ ᠦᠨᠳᠦᠰᠦᠯᠡᠨ ᠡᠷᠬᠡ ᠠᠰᠢᠭ ᠤᠨ ᠲᠦᠷᠦᠯ ᠪᠤᠯᠤᠨ ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ ᠬᠠᠮᠢᠶᠠᠷᠤᠯᠳᠠ ᠶᠢᠨ ᠬᠡᠷᠡᠭᠵᠢᠭᠦᠯᠭᠦ ᠨᠠᠷᠢᠨ ᠲᠦᠷᠢᠮ ᠢ ᠲᠤᠰ ᠲᠤᠰ ᠲᠤᠨᠨᠳᠠᠭᠠᠨ᠎ᠠ᠃      ᠲᠦᠴᠢᠨ ᠲᠦᠷᠪᠡᠳᠦᠬᠡᠷ ᠵᠦᠢᠯ    ᠲᠤᠰ ᠠᠷᠭ᠎ᠠ ᠶᠢ 2016 ᠤᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map