ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠲᠦᠷᠢᠮ ᠢ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠰᠠᠨᠠᠯ
ᠨᠡᠶᠢᠲᠡᠯᠡᠭᠰᠡᠨ ᠴᠠᠭ᠄
2017/3/9
                             ᠥᠪᠥᠷ ᠵᠠᠰᠠᠭ ᠲᠠᠷᠬᠠᠭᠠᠭᠰᠠᠨ ﹇2016﹈ 132 ᠳ᠋ᠤᠭᠠᠷ ᠲᠤᠭᠠᠳᠤ                                                     11 ᠳ᠋ᠦ᠋ᠭᠡᠷ ᠰᠠᠷ᠎ᠠ ᠶᠢᠨ 28᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄      ᠬᠡᠤᠬᠡᠳ ᠪᠤᠯ ᠬᠡᠷ ᠪᠦᠯᠢ ᠶᠢᠨ ᠭᠦᠰᠡᠯ᠂ ᠤᠯᠤᠰ ᠪᠠ ᠦᠨᠳᠦᠰᠦᠳᠡᠨ ᠤ ᠢᠷᠡᠬᠡᠳᠦᠢ ᠪᠣᠯᠬᠤ ᠶᠤᠮ᠃ ᠮᠠᠨ ᠤ ᠤᠷᠤᠨ ᠤ ᠬᠡᠤᠬᠡᠳ ᠤᠨ ᠠᠰᠠᠷᠠᠮᠵᠢ ᠶᠢᠨ ᠠᠵᠢᠯ ᠦᠢᠯᠡᠰ ᠤᠨ ᠭᠦᠭᠵᠢᠯᠳᠡ ᠶᠢ ᠤᠯᠠᠮ ᠨᠢᠬᠡ ᠠᠯᠬᠤᠮ ᠠᠬᠢᠭᠤᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠷᠡᠭᠦᠯ ᠡᠩᠬᠡ ᠪᠠᠷ ᠦᠰᠦᠨ ᠪᠤᠶᠢᠵᠢᠬᠤ ᠶᠢ ᠠᠬᠢᠭᠤᠯᠬᠤ ᠶᠢᠨ ᠲᠤᠰᠠᠳᠠ᠂ ︽ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠷᠦ ᠲᠠᠷᠬᠠᠭᠠᠨᠨᠰᠠᠨ ﹇2016﹈ 36 ᠳ᠋ᠤᠭᠠᠷ ᠲᠤᠭᠠᠳᠤ︶᠎ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃      ᠨᠢᠬᠡ᠂ ᠶᠡᠷᠦᠩᠬᠡᠢ ᠱᠠᠭᠠᠷᠳᠠᠯᠭ᠎ᠠ      ︵ᠨᠢᠬᠡ︶ ᠵᠢᠯᠤᠭᠤᠳᠬᠤ ᠦᠵᠡᠯ ᠰᠠᠨᠠᠭ᠎ᠠ᠃      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠲᠦᠷᠢᠮ ᠢ ᠪᠦᠷᠢᠨᠰᠢᠬᠦᠯᠬᠦ︾ ᠲᠤᠬᠠᠢ ᠵᠤᠷᠢᠭ ᠰᠠᠨᠠᠭ᠎ᠠ ᠶᠢ ᠭᠦᠨᠵᠡᠬᠡᠢ ᠲᠤᠤᠱᠯᠠᠭᠤᠯᠵᠦ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠬᠦᠯᠬᠦ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠬᠡᠤᠬᠡᠳ ᠤᠨ ᠪᠦᠭᠦ ᠲᠠᠯ᠎ᠠ ᠶᠢᠨ ᠭᠦᠭᠵᠢᠯᠳᠡ ᠶᠢ ᠠᠬᠢᠭᠤᠯᠬᠤ ᠪᠠᠷ ᠡᠭᠦᠰᠦᠴᠡ ᠪᠠ ᠲᠤᠰᠤᠯᠲᠠ ᠪᠤᠯᠭᠠᠵᠦ᠂ ᠬᠡᠷ ᠪᠦᠯᠢ ᠶᠢᠨ ᠠᠰᠠᠷᠠᠨ ᠲᠡᠵᠢᠬᠡᠬᠦ ᠡᠭᠦᠷᠬᠡ ᠪᠠ ᠬᠠᠷᠠᠭᠠᠯᠵᠠᠵᠦ ᠬᠠᠮᠠᠭᠠᠯᠠᠬᠤ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠪᠠ ᠴᠢᠳᠠᠪᠤᠷᠢ ᠶᠢ ᠴᠢᠩᠭᠠᠷᠠᠭᠤᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠮᠢᠳᠤᠷᠠᠯ᠂ ᠡᠮᠴᠢᠯᠡᠭᠡ᠂ ᠰᠤᠷᠭᠠᠨ ᠭᠦᠮᠦᠵᠢᠯ᠂ ᠬᠠᠷᠠᠭᠠᠯᠵᠠᠵᠦ ᠬᠠᠮᠠᠭᠠᠯᠠᠬᠤ᠂ ᠠᠪᠤᠷᠠᠨ ᠲᠤᠰᠠᠯᠠᠬᠤ ᠵᠡᠷᠬᠡ ᠲᠠᠯ᠎ᠠ ᠪᠠᠷ᠂ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠳᠤ ᠰᠢᠨ᠎ᠠ ᠶᠢ ᠡᠭᠦᠳᠴᠤ᠂ ᠠᠵᠢᠯ ᠤᠨ ᠲᠤᠨᠨᠳᠠᠴᠠ ᠶᠢ ᠲᠡᠭᠦᠯᠳᠡᠷᠵᠢᠬᠦᠯᠦᠨ᠂ ᠪᠦᠳᠦᠮᠵᠢᠳᠡᠢ ᠤᠷᠤᠭᠤᠯᠤᠯᠳᠠ ᠶᠢ ᠨᠡᠮᠡᠭᠳᠡᠬᠦᠯᠵᠦ᠂ ᠮᠠᠨ ᠤ ᠤᠷᠤᠨ ᠤ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠦᠢᠯᠡᠴᠢᠯᠡᠬᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠬᠡᠤᠬᠡᠳ ᠤᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠬᠤ ᠶᠢ ᠪᠡᠶᠡᠯᠡᠬᠦᠯᠦᠨ᠎ᠠ᠃      ︵ᠬᠤᠶᠠᠷ︶ ᠦᠨᠳᠦᠰᠦᠨ ᠵᠠᠷᠴᠢᠮ᠃      ᠤᠨᠴᠤᠭᠤᠢ ᠬᠠᠮᠠᠭᠠᠯᠠᠬᠤ᠂ ᠤᠷᠢᠳᠠᠪᠡᠷ ᠬᠠᠮᠠᠭᠠᠯᠠᠬᠤ ᠶᠢ ᠪᠠᠷᠢᠮᠳᠠᠯᠠᠵᠦ᠂ ᠲᠦᠷᠦ ᠶᠢᠨ ᠪᠤᠳᠤᠯᠭ᠎ᠠ ᠲᠤᠨᠨᠳᠠᠭᠠᠬᠤ᠂ ᠠᠰᠠᠷᠠᠮᠵᠢ ᠬᠠᠩᠭᠠᠬᠤ ᠵᠡᠷᠬᠡ ᠲᠠᠯ᠎ᠠ ᠪᠠᠷ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠰᠢᠭ ᠲᠤᠰᠠ ᠪᠠ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠬᠦᠨ ᠳᠤ ᠪᠤᠳᠤᠯᠬᠢᠯᠠᠬᠤ ᠬᠡᠷᠡᠭᠳᠡᠢ᠃ ᠲᠦᠷᠦᠯ ᠬᠤᠪᠢᠶᠠᠵᠦ ᠪᠠᠳᠤᠯᠠᠬᠤ᠂ ᠵᠤᠬᠢᠬᠤ ᠬᠡᠮᠵᠢᠶ᠎ᠡ ᠪᠠᠷ ᠨᠡᠶᠢᠳᠡᠮ ᠳᠤᠨᠢ ᠬᠠᠷᠠᠭᠠᠯᠵᠠᠬᠤ ᠶᠢ ᠪᠠᠷᠢᠮᠳᠠᠯᠠᠵᠦ᠂ ᠬᠡᠤᠬᠡᠳ ᠤᠨ ᠠᠳᠠᠯᠢ ᠪᠤᠰᠤ ᠨᠡᠶᠢᠲᠡ ᠴᠤᠬᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠤᠨᠴᠠᠯᠢᠭ ᠢ ᠦᠨᠳᠦᠰᠦᠯᠡᠨ᠂ ᠲᠡᠰ ᠲᠠᠪᠬᠤᠷᠭ᠎ᠠ ᠬᠤᠪᠢᠶᠠᠵᠦ ᠨᠢᠬᠡᠳᠦᠯᠳᠡᠢ ᠲᠦᠯᠦᠪᠵᠢᠬᠦᠯᠦᠨ ᠠᠬᠢᠭᠤᠯᠵᠦ᠂ ᠲᠦᠷᠦᠯ ᠬᠡᠯᠪᠡᠷᠢ ᠠᠩᠭᠢᠯᠠᠨ ᠬᠤᠪᠢᠶᠠᠵᠦ ᠪᠠᠷᠢᠮᠵᠢᠶ᠎ᠠ ᠲᠤᠬᠢᠷᠠᠭᠤᠯᠤᠨ᠂ ᠪᠠᠷᠢᠮᠵᠢᠶ᠎ᠠ ᠬᠤᠪᠢᠶᠠᠵᠦ ᠬᠡᠷᠡᠭᠵᠢᠬᠦᠯᠦᠨ ᠪᠠᠳᠤᠯᠠᠬᠤ ᠬᠡᠷᠡᠭᠳᠡᠢ᠃ ᠵᠠᠰᠠᠭ ᠤᠨ ᠤᠷᠳᠤᠨ ᠠᠴᠠ ᠭᠤᠤᠯ ᠵᠢᠯᠤᠭᠤᠳᠴᠤ᠂ ᠨᠡᠶᠢᠬᠡᠮ ᠨᠡᠶᠢᠳᠡ ᠪᠠᠷ ᠤᠷᠤᠯᠴᠠᠬᠤ ᠶᠢ ᠪᠠᠷᠢᠮᠳᠠᠯᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠲᠤᠯᠠᠬᠤ ᠲᠠᠯ᠎ᠠ ᠪᠠᠷ ᠬᠢ ᠵᠠᠰᠠᠭ ᠤᠨ ᠤᠷᠳᠤᠨ ᠤ ᠭᠤᠤᠯ ᠵᠢᠯᠤᠭᠤᠳᠬᠤ ᠦᠢᠯᠡᠳᠦᠯ ᠢ ᠢᠳᠡᠪᠬᠢᠳᠡᠢ ᠪᠠᠳᠠᠷᠠᠭᠤᠯᠤᠨ᠂ ᠬᠡᠷ ᠪᠦᠯᠢ ᠪᠤᠯ ᠬᠡᠤᠬᠡᠳ ᠢ ᠠᠰᠠᠷᠠᠨ ᠲᠡᠵᠢᠬᠡᠵᠦ᠂ ᠰᠤᠷᠭᠠᠨ ᠭᠦᠮᠦᠵᠢᠬᠦᠯᠵᠦ᠂ ᠬᠡᠤᠬᠡᠳ ᠤᠨ ᠪᠤᠶᠢᠵᠢᠯᠲᠠ ᠶᠢ ᠬᠠᠮᠠᠭᠠᠯᠠᠬᠤ ᠶᠢᠨ ᠨᠢᠬᠡᠳᠦᠬᠡᠷ ᠬᠠᠷᠢᠭᠤᠴᠠᠯᠭ᠎ᠠ ᠶᠢᠨ ᠭᠤᠤᠯ ᠴᠤᠨᠨᠴᠠ ᠪᠤᠯᠬᠤ ᠤᠬᠠᠮᠰᠠᠷ ᠢ ᠴᠢᠩᠭᠠᠷᠠᠭᠤᠯᠵᠦ᠂ ᠬᠡᠷ ᠪᠦᠯᠢ ᠶᠢᠨ ᠠᠰᠠᠷᠠᠨ ᠲᠡᠵᠢᠬᠡᠵᠦ ᠬᠠᠷᠠᠭᠠᠯᠵᠠᠵᠦ ᠬᠠᠮᠠᠭᠠᠯᠠᠬᠤ ᠴᠢᠳᠠᠪᠤᠷᠢ ᠪᠠᠨ ᠲᠡᠬᠡᠭᠰᠢᠯᠡᠬᠦᠯᠬᠦ ᠶᠢ ᠶᠡᠬᠡᠪᠡᠷ ᠲᠡᠮᠵᠢᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠷᠡᠭᠦᠯ ᠡᠩᠬᠡ ᠦᠰᠦᠨ ᠪᠤᠶᠢᠵᠢᠬᠤ ᠳᠤ ᠠᠰᠢᠨᠨᠳᠠᠢ ᠬᠡᠷ ᠪᠦᠯᠢ ᠶᠢᠨ ᠤᠷᠴᠢᠨ ᠨᠦᠭᠦᠴᠡᠯ ᠢ ᠪᠤᠢ ᠪᠤᠯᠭᠠᠨ᠂ ᠨᠡᠶᠢᠬᠡᠮ ᠤᠨ ᠭᠦᠴᠦᠨ ᠢ ᠭᠦᠳᠦᠯᠦᠨ ᠵᠢᠯᠤᠭᠤᠳᠴᠤ ᠪᠠᠶᠢᠭᠠᠳ ᠦᠷᠬᠡᠨ ᠢᠶᠠᠷ ᠤᠷᠤᠯᠴᠠᠭᠤᠯᠬᠤ ᠶᠢ ᠵᠤᠷᠢᠨᠨᠵᠢᠭᠤᠯᠵᠦ᠂ ᠬᠡᠤᠬᠡᠳ ᠤᠨ ᠠᠰᠠᠷᠠᠮᠵᠢ ᠶᠢᠨ ᠠᠵᠢᠯ ᠦᠢᠯᠡᠰ ᠤᠨ ᠭᠦᠭᠵᠢᠯᠳᠡ ᠶᠢ ᠬᠠᠮᠳᠤᠪᠠᠷ ᠠᠬᠢᠭᠤᠯᠬᠤ ᠬᠡᠷᠡᠭᠳᠡᠢ᠃      ︵ᠭᠤᠷᠪᠠ︶ ᠠᠵᠢᠯ ᠤᠨ ᠬᠠᠷᠠᠯᠳᠠ᠃      ᠵᠠᠰᠠᠭ ᠤᠨ ᠤᠷᠳᠤᠨ ᠠᠴᠠ ᠭᠤᠤᠯ ᠵᠢᠯᠤᠭᠤᠳᠴᠤ᠂ ᠬᠡᠷ ᠪᠦᠯᠢ ᠠᠴᠠ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠬᠡᠮ ᠨᠡᠶᠢᠳᠡ ᠪᠠᠷ ᠤᠷᠤᠯᠴᠬᠠᠰᠠᠨ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠠᠵᠢᠯ ᠤᠨ ᠪᠠᠶᠢᠷᠢᠰᠢᠯ ᠢ ᠲᠦᠷᠬᠡᠳᠬᠡᠨ ᠪᠤᠢ ᠪᠤᠯᠭᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠲᠦᠷᠦᠯ ᠬᠤᠪᠢᠶᠠᠨ ᠪᠠᠳᠤᠯᠠᠬᠤ ᠲᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠨ ᠤ ᠤᠷᠤᠨ ᠤ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠬᠢᠷᠢ ᠬᠡᠮᠵᠢᠶ᠎ᠡ ᠲᠠᠢ ᠬᠠᠷᠢᠯᠴᠠᠨ ᠲᠤᠬᠢᠷᠠᠬᠤ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠲᠦᠷᠦᠯ ᠬᠤᠪᠢᠶᠠᠨ ᠪᠠᠳᠤᠯᠠᠬᠤ ᠰᠢᠰᠲ᠋ᠧᠮᠵᠢ ᠶᠢ ᠪᠦᠷᠢᠯᠳᠦᠬᠦᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠮᠢᠳᠤᠷᠠᠯ ᠤᠨ ᠪᠠᠳᠤᠯᠠᠭ᠎ᠠ ᠶᠢ ᠤᠯᠠᠮ ᠡᠷᠴᠢᠮᠲᠠᠢ ᠪᠤᠯᠭᠠᠵᠦ᠂ ᠡᠮᠴᠢᠯᠡᠬᠡᠨ ᠡᠷᠡᠭᠦᠯᠵᠢᠯ ᠤᠨ ᠪᠠᠳᠤᠯᠠᠭ᠎ᠠ ᠶᠢ ᠨᠡᠩ ᠢᠯᠡᠬᠦᠦ ᠪᠦᠷᠢᠨᠰᠢᠬᠦᠯᠵᠦ᠂ ᠰᠤᠷᠭᠠᠨ ᠭᠦᠮᠦᠵᠢᠯ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠡᠩ ᠢᠯᠡᠬᠦᠦ ᠲᠡᠭᠦᠯᠳᠡᠷᠵᠢᠬᠦᠯᠵᠦ᠂ ᠬᠢᠨᠠᠯᠳᠠ ᠲᠠᠯᠪᠢᠵᠦ ᠬᠠᠮᠠᠭᠠᠯᠠᠬᠤ ᠲᠦᠷᠢᠮ ᠢ ᠨᠡᠩ ᠢᠯᠡᠬᠦᠦ ᠰᠢᠨᠵᠢᠯᠡᠬᠦ ᠤᠬᠠᠭᠠᠨᠴᠢ ᠪᠤᠯᠭᠠᠵᠦ᠂ ᠬᠡᠤᠬᠡᠳ ᠢ ᠬᠠᠶᠢᠷᠠᠯᠠᠵᠦ ᠬᠠᠷᠠᠭᠠᠯᠵᠠᠬᠤ ᠲᠤᠨᠨᠳᠠᠴᠠ ᠶᠢ ᠨᠡᠩ ᠢᠯᠡᠬᠦᠦ ᠰᠢᠯᠢᠳᠡᠭᠵᠢᠬᠦᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠮᠢᠳᠤᠷᠠᠯ ᠢ ᠨᠡᠩ ᠢᠯᠡᠬᠦᠦ ᠵᠢᠷᠭᠠᠯᠳᠠᠢ ᠪᠤᠯᠭᠠᠨ᠎ᠠ᠃      ᠬᠤᠶᠠᠷ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠩᠭᠢᠯᠠᠯ ᠢ ᠲᠤᠳᠤᠷᠬᠠᠶᠢᠯᠠᠬᠤ ᠬᠡᠷᠡᠭᠲᠡᠢ      ︵ᠨᠢᠬᠡ︶ ᠦᠨᠦᠴᠢᠨ ᠬᠡᠤᠬᠡᠳ᠃ ᠡᠴᠢᠬᠡ ᠡᠬᠡ ᠪᠠᠨ ᠠᠯᠳ᠋ᠬᠠᠰᠠᠨ ᠪᠤᠶᠤ ᠲᠦᠷᠦᠭᠰᠡᠨ ᠡᠴᠢᠬᠡ ᠡᠬᠡ ᠪᠠᠨ ᠡᠷᠢᠵᠦ ᠤᠯᠬᠤ ᠦᠬᠡᠢ ᠪᠦᠭᠦᠯᠢ 18 ᠨᠠᠰᠤ ᠭᠦᠷᠦᠬᠡᠳᠦᠢ ᠪᠠᠶᠢᠭ᠎ᠠ ᠨᠠᠰᠤᠨ ᠳᠤ ᠦᠯᠦ ᠭᠦᠷᠦᠭᠰᠡᠳ ᠢ ᠵᠢᠭᠠᠨ᠎ᠠ᠃      ︵ᠬᠤᠶᠠᠷ︶ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠬᠠᠳ᠋ᠬᠠᠰᠠᠨ ᠬᠡᠤᠬᠡᠳ᠃      ︵ᠭᠤᠷᠪᠠ︶ ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠤᠯᠤᠨᠨᠰᠠᠨ ᠬᠡᠤᠬᠡᠳ᠃ ᠡᠴᠢᠬᠡ ᠡᠬᠡ ᠶᠢᠨ ᠬᠢᠨᠢ ᠨᠢᠬᠡ ᠨᠢ ᠨᠠᠰᠤ ᠪᠠᠷᠠᠵᠦ᠂ ᠨᠦᠭᠦᠬᠡ ᠨᠢ ᠰᠤᠷᠠᠭ ᠲᠠᠰᠤᠷᠬᠠᠰᠠᠨ ᠪᠤᠶᠤ ᠤᠶᠤᠨ ᠮᠡᠳᠡᠷᠡᠯ ᠤᠨ ᠡᠪᠡᠳᠴᠢᠨ ᠳᠤ ᠨᠠᠷᠪᠡᠭᠳᠡᠭᠰᠡᠨ᠂ ᠡᠷᠡᠭᠦᠦ ᠰᠢᠢᠳᠬᠡᠯ ᠭᠦᠢᠴᠡᠳᠬᠡᠬᠦ ᠪᠠ ᠬᠤᠤᠷ ᠲᠠᠳᠠᠬᠤ ᠶᠢ ᠨᠢ ᠠᠯᠪᠠᠳᠠᠯᠭ᠎ᠠ ᠪᠠᠷ ᠵᠤᠨᠨᠰᠤᠭᠠᠬᠤ ᠠᠴᠠ ᠪᠤᠯᠵᠦ ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠤᠯᠤᠨᠨᠰᠠᠨ ᠬᠡᠤᠬᠡᠳ︔ ᠡᠴᠢᠬᠡ ᠡᠬᠡ ᠨᠢ ᠬᠤᠶᠠᠭᠤᠯᠠ ᠪᠠᠨ ᠰᠤᠷᠠᠭ ᠲᠠᠰᠤᠷᠠᠵᠦ᠂ ᠭᠦᠨᠳᠦ ᠵᠡᠮᠳᠡᠭ ︵2 ᠳ᠋ᠤᠭᠠᠷ ᠲᠡᠰ ᠠᠴᠠ ᠲᠡᠬᠡᠭᠰᠢᠬᠢ ᠵᠡᠮᠳᠡᠭ︶᠂ ᠭᠦᠨᠳᠦ ᠡᠪᠡᠳᠴᠢᠨ ︵ᠡᠯ᠎ᠡ ᠭᠠᠵᠠᠷ ᠤᠨ ᠭᠦᠨᠳᠦ ᠶᠡᠭᠡ ᠤᠨᠴᠠ ᠶᠡᠭᠡ ᠡᠪᠡᠳᠴᠢᠨ ᠡᠮᠬᠡᠭ ᠢ ᠠᠪᠤᠷᠠᠨ ᠲᠤᠰᠠᠯᠠᠬᠤ ᠠᠷᠭ᠎ᠠ ᠶᠢᠨ ᠲᠤᠨᠨᠳᠠᠭᠠᠯ ᠢᠶᠠᠷ ᠯᠠᠪᠯᠠᠯᠳᠠ ᠪᠤᠯᠭᠠᠨ᠎ᠠ︶ ᠪᠤᠶᠤ ᠤᠶᠤᠨ ᠮᠡᠳᠡᠷᠡᠯ ᠤᠨ ᠡᠪᠡᠳᠴᠢᠨ ᠳᠤ ᠨᠡᠷᠪᠡᠭᠳᠡᠭᠰᠡᠨ᠂ ᠡᠷᠡᠭᠦᠦ ᠰᠢᠢᠳᠬᠡᠯ ᠭᠦᠢᠴᠡᠳᠬᠡᠬᠦ ᠪᠠ ᠬᠤᠤᠷ ᠲᠠᠳᠠᠬᠤ ᠶᠢ ᠨᠢ ᠠᠯᠪᠠᠳᠠᠯᠭ᠎ᠠ ᠪᠠᠷ ᠵᠤᠨᠨᠰᠤᠭᠠᠬᠤ ᠠᠴᠠ ᠪᠤᠯᠵᠦ ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠤᠯᠤᠨᠨᠰᠠᠨ ᠬᠡᠤᠬᠡᠳ᠃      ︵ᠲᠦᠷᠪᠡ︶ ᠭᠦᠳᠡᠯᠮᠦᠷᠢᠯᠡᠬᠦ ᠴᠢᠳᠠᠪᠤᠷᠢ ᠦᠬᠡᠢ᠂ ᠠᠮᠢᠳᠤᠷᠠᠯ ᠤᠨ ᠢᠷᠡᠯᠳᠡ ᠦᠬᠡᠢ᠂ ᠬᠠᠤᠯᠢ ᠳᠤ ᠲᠤᠨᠨᠳ᠋ᠬᠠᠰᠠᠨ ᠠᠰᠠᠷᠠᠨ ᠲᠡᠵᠢᠬᠡᠬᠦ ᠭᠦᠮᠦᠨ ᠨᠢ ᠠᠰᠠᠷᠠᠵᠦ ᠲᠡᠵᠢᠬᠡᠬᠦ ᠴᠢᠳᠠᠪᠤᠷᠢ ᠦᠬᠡᠢ ᠪᠤᠯᠤᠨᠨᠰᠠᠨ ᠪᠦᠭᠦᠯᠢ 16 ᠨᠠᠰᠤ ᠭᠦᠷᠦᠬᠡᠳᠦᠢ ᠪᠠᠶᠢᠭ᠎ᠠ ᠬᠡᠤᠬᠡᠳ᠃      ︵ᠲᠠᠪᠤ︶ ᠬᠠᠤᠯᠢ ᠳᠤ ᠲᠤᠨᠨᠳ᠋ᠬᠠᠰᠠᠨ ᠠᠰᠠᠷᠠᠵᠦ ᠲᠡᠵᠢᠬᠡᠬᠦ ᠭᠦᠮᠦᠨ ᠨᠢ ᠠᠰᠠᠷᠠᠵᠦ ᠲᠡᠵᠢᠬᠡᠬᠦ ᠴᠢᠳᠠᠪᠤᠷᠢ ᠲᠠᠢ ᠪᠤᠯᠪᠠᠴᠤ ᠬᠡᠷ ᠪᠦᠯᠢ ᠶᠢᠨ ᠠᠵᠦ ᠠᠬᠤᠢ ᠶᠢᠨ ᠭᠦᠴᠢᠷᠳᠡᠯᠳᠡᠢ ᠪᠠᠶᠢᠭ᠎ᠠ ᠪᠠᠶᠢᠳᠠᠯ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠨᠦᠭᠦᠴᠡᠯ ᠳᠤ ᠨᠡᠶᠢᠴᠡᠭᠰᠡᠨ ᠬᠡᠤᠬᠡᠳ᠃      ︵ᠵᠢᠷᠭᠤᠭ᠎ᠠ︶ ᠦᠨᠳᠦᠰᠦᠨ ᠠᠮᠢᠳᠤᠷᠠᠯ ᠨᠢ ᠬᠡᠨᠡᠳᠳᠡ ᠶᠢᠨ ᠴᠢᠨᠠᠷᠳᠠᠢ᠂ ᠲᠤᠯᠭᠠᠮ᠎ᠠ ᠴᠢᠨᠠᠷᠳᠠᠢ᠂ ᠲᠦᠷ ᠴᠠᠭ ᠤᠨ ᠴᠢᠨᠠᠷᠳᠠᠢ ᠭᠦᠴᠢᠷᠳᠡᠯ ᠳᠤ ᠲᠤᠯᠭᠠᠷᠬᠠᠰᠠᠨ ᠬᠡᠷ ᠪᠦᠯᠢ ᠶᠢᠨ ᠬᠡᠤᠬᠡᠳ᠃      ︵ᠲᠤᠯᠤᠭ᠎ᠠ︶ ᠭᠦᠨᠦᠬᠡᠯ ᠪᠠ ᠬᠠᠷᠠᠳᠠᠯ ᠠᠮᠰᠬᠠᠰᠠᠨ ᠬᠡᠤᠬᠡᠳ᠂ ᠠᠮᠢᠳᠤᠷᠠᠯ ᠨᠢ ᠭᠦᠴᠢᠷᠳᠡᠯᠳᠡᠢ ᠦᠨᠦᠴᠢᠨ ᠦᠷᠦᠬᠡᠰᠦᠨ ᠬᠡᠷ ᠪᠦᠯᠢ᠂ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ᠂ ᠬᠡᠷ ᠪᠦᠯᠢ ᠶᠢᠨ ᠠᠮᠢᠳᠤᠷᠠᠯ ᠨᠢ ᠭᠦᠴᠢᠷᠳᠡᠯᠳᠡᠢ ᠬᠡᠷ ᠢᠶᠠᠨ ᠰᠠᠬᠢᠨᠨᠰᠠᠨ ᠪᠤᠶᠤ ᠨᠡᠭᠦᠳᠡᠯᠯᠡᠵᠦ ᠶᠠᠪᠤᠭ᠎ᠠ ᠬᠡᠤᠬᠡᠳ ᠵᠡᠷᠬᠡ ᠪᠤᠰᠤᠳ ᠭᠦᠴᠢᠷᠳᠡᠯ ᠳᠤ ᠲᠤᠯᠭᠠᠷᠬᠠᠰᠠᠨ ᠬᠡᠤᠬᠡᠳ᠃      ᠭᠤᠷᠪᠠ᠂ ᠠᠩᠭᠢᠯᠠᠵᠦ ᠪᠠᠳᠤᠯᠠᠬᠤ ᠶᠢ ᠦᠨᠡᠨᠬᠦ ᠰᠠᠶᠢᠳᠤᠷ ᠬᠢᠬᠦ ᠬᠡᠷᠡᠭᠳᠡᠢ      ︵ᠨᠢᠬᠡ︶ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢ ᠴᠢᠩᠭᠠᠷᠠᠭᠤᠯᠬᠤ ᠬᠡᠷᠡᠭᠳᠡᠢ᠃      ᠦᠨᠦᠴᠢᠨ ᠬᠡᠤᠬᠡᠳ ᠤᠨ ᠦᠨᠳᠦᠰᠦᠨ ᠠᠮᠢᠳᠤᠷᠠᠯ ᠢ ᠭᠦᠴᠦᠯᠡᠨ ᠪᠠᠳᠤᠯᠠᠵᠦ᠂ ︽ᠦᠨᠦᠴᠢᠨ ᠬᠡᠤᠬᠡᠳ ᠤᠨ ᠪᠠᠳᠤᠯᠠᠭ᠎ᠠ ᠶᠢᠨ ᠠᠵᠢᠯ ᠢ ᠴᠢᠩᠭᠠᠳᠬᠠᠬᠤ ᠲᠤᠬᠠᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠡᠷᠡᠭᠵᠢᠬᠦᠯᠬᠦ ᠰᠠᠨᠠᠯ ᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠨᠨᠰᠠᠨ ﹇2011﹈ 35 ᠳ᠋ᠤᠭᠠᠷ ᠲᠤᠭᠠᠳᠤ︶ ᠪᠠ ︽ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠠ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠪᠠᠳᠤᠯᠠᠬᠤ ᠲᠤᠬᠠᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ︵ᠦᠪᠦᠷ ᠠᠷᠠᠳ ᠶᠠᠪᠤᠳᠠᠯ ᠨᠡᠶᠢᠬᠡᠮ ᠠᠰᠠᠷᠠᠮᠵᠢ ﹇2015﹈ 9 ᠳ᠋ᠤᠬᠡᠷ ᠲᠤᠭᠠᠳᠤ︶᠎ ᠤᠨ ᠲᠤᠨᠨᠳᠠᠭᠠᠯ ᠶᠤᠰᠤᠭᠠᠷ᠂ ᠦᠨᠦᠴᠢᠨ ᠬᠡᠤᠬᠡᠳ ᠤᠨ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢᠨ ᠲᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠬᠠᠳ᠋ᠬᠠᠰᠠᠨ ᠬᠡᠤᠬᠡᠳ ᠪᠠ ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠤᠯᠤᠨᠨᠰᠠᠨ ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠦᠨᠦᠴᠢᠨ ᠬᠡᠤᠬᠡᠳ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠨ ᠨᠠᠶᠢᠳᠠᠪᠤᠷᠢᠵᠢᠭᠤᠯᠵᠦ᠂ ᠠᠰᠠᠷᠠᠨ ᠪᠤᠶᠢᠵᠢᠭᠤᠯᠬᠤ ᠪᠠᠷᠢᠮᠵᠢᠶ᠎ᠠ ᠶᠢᠨ ᠠᠶᠠᠨᠳᠠᠭᠠᠨ ᠦᠰᠬᠦ ᠲᠤᠨᠨᠳᠠᠴᠠ ᠶᠢ ᠲᠡᠭᠦᠯᠳᠡᠷᠵᠢᠬᠦᠯᠬᠦ ᠬᠡᠷᠡᠭᠳᠡᠢ᠃ ᠦᠨᠦᠴᠢᠨ ᠬᠡᠤᠬᠡᠳ ᠢ ᠪᠠᠳᠤᠯᠠᠬᠤ ᠬᠡᠪᠴᠢᠶᠡᠨ ᠳᠤ ᠦᠯᠦ ᠤᠷᠤᠭᠤᠯᠤᠨᠨᠰᠠᠨ ᠪᠠᠶᠢᠳᠠᠯ᠂ ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠵᠡᠷᠬᠡ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠬᠤ ᠬᠡᠷᠡᠭᠳᠡᠢ᠃      ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠭᠦᠳᠡᠯᠦᠩᠭᠦᠢ ᠬᠠᠮᠢᠶᠠᠷᠤᠯᠳᠠ ᠶᠢ ᠬᠡᠷᠡᠭᠵᠢᠬᠦᠯᠦᠨ᠎ᠠ᠃ ᠲᠤᠤᠷᠠᠬᠢ ᠪᠠᠶᠢᠳᠠᠯ ᠤᠨ ᠨᠢᠬᠡ ᠨᠢ ᠪᠠᠶᠢᠪᠠᠯ ᠪᠠᠳᠤᠯᠠᠬᠤ ᠬᠡᠪᠴᠢᠶᠡᠨ ᠠᠴᠠ ᠪᠤᠴᠠᠭᠠᠨ ᠭᠠᠷᠭᠠᠬᠤ ᠬᠡᠷᠡᠭᠳᠡᠢ᠃      1. ᠪᠦᠭᠦᠯᠢ 18 ᠨᠠᠰᠤ ᠭᠦᠷᠦᠭᠰᠡᠨ ᠦᠨᠦᠴᠢᠨ ᠬᠡᠤᠬᠡᠳ ︵ᠪᠦᠭᠦᠯᠢ 18 ᠨᠠᠰᠤ ᠭᠦᠷᠬᠦ ᠠᠴᠠ ᠡᠮᠤᠨ᠎ᠠ ᠪᠠᠳᠤᠯᠠᠭ᠎ᠠ ᠶᠢᠨ ᠬᠡᠪᠴᠢᠶᠡᠨ ᠳᠤ ᠤᠷᠤᠨᠨᠰᠠᠨ᠂ ᠪᠦᠭᠦᠯᠢ 18 ᠨᠠᠰᠤ ᠭᠦᠷᠦᠭᠰᠡᠨ ᠤ ᠲᠠᠷᠠᠭ᠎ᠠ ᠮᠦᠨ ᠭᠦ ᠦᠨᠳᠦᠷ ᠲᠤᠮᠳᠠᠳᠤ᠂ ᠲᠡᠬᠡᠳᠦ ᠵᠡᠷᠬᠡ ᠶᠢᠨ ᠠᠵᠢᠯ ᠮᠡᠷᠬᠡᠵᠢᠯ᠂ ᠲᠤᠮᠳᠠ ᠵᠡᠷᠬᠡ ᠶᠢᠨ ᠲᠤᠰᠬᠠᠢ ᠮᠡᠷᠬᠡᠵᠢᠯ᠂ ᠲᠡᠬᠡᠳᠦ ᠵᠡᠷᠬᠡ ᠶᠢᠨ ᠲᠤᠰᠬᠠᠢ ᠮᠡᠷᠬᠡᠵᠢᠯ ᠵᠢᠴᠢ ᠵᠢᠩᠬᠢᠨᠢ ᠠᠩᠬᠢ ᠳᠤ ᠰᠤᠷᠤᠯᠴᠠᠵᠦ ᠪᠠᠶᠢᠭ᠎ᠠ ᠦᠨᠦᠴᠢᠨ ᠬᠡᠤᠬᠡᠳ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢ ᠰᠤᠷᠤᠯᠭ᠎ᠠ ᠲᠡᠭᠦᠰᠳᠡᠯ᠎ᠡ ᠨᠢ ᠦᠷᠭᠦᠯᠵᠢᠯᠡᠨ ᠭᠦᠷᠳᠡᠬᠡᠨ᠎ᠠ︶᠃      2. ᠪᠦᠭᠦᠯᠢ 16 ᠨᠠᠰᠤ ᠭᠦᠷᠦᠭᠰᠡᠨ ᠤᠨᠴᠠ ᠭᠦᠴᠢᠷᠳᠡᠯᠳᠡᠢ ᠬᠡᠤᠬᠡᠳ ︵ᠪᠦᠭᠦᠯᠢ 16 ᠨᠠᠰᠤ ᠭᠦᠷᠬᠦ ᠠᠴᠠ ᠡᠮᠤᠨ᠎ᠠ ᠪᠠᠳᠤᠯᠠᠭ᠎ᠠ ᠶᠢᠨ ᠬᠡᠪᠴᠢᠶᠡᠨ ᠳᠤ ᠤᠷᠤᠨᠨᠰᠠᠨ᠂ ᠪᠦᠭᠦᠯᠢ 16 ᠨᠠᠰᠤ ᠭᠦᠷᠦᠭᠰᠡᠨ ᠤ ᠲᠠᠷᠠᠭ᠎ᠠ ᠮᠦᠨ ᠭᠦ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠵᠦ ᠪᠠᠶᠢᠭ᠎ᠠ ᠪᠤᠶᠤ ᠡᠩ ᠤᠨ ᠦᠨᠳᠦᠷ ᠲᠤᠮᠳᠠᠳᠤ᠂ ᠲᠤᠮᠳᠠ ᠵᠡᠷᠬᠡ ᠶᠢᠨ ᠠᠵᠢᠯ ᠮᠡᠷᠬᠡᠵᠢᠯ ᠤᠨ ᠲᠡᠬᠡᠳᠦ ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠨᠨᠴᠢᠳ ᠲᠤ ᠠᠪᠤᠷᠠᠨ ᠲᠤᠰᠠᠯᠠᠵᠦ ᠲᠡᠳᠬᠦᠨ ᠲᠡᠵᠢᠬᠡᠬᠦ ᠬᠠᠷᠠᠭᠠᠯᠵᠠᠯ ᠢ ᠦᠷᠭᠦᠯᠵᠢᠯᠡᠨ ᠭᠦᠷᠳᠡᠬᠡᠵᠦ ᠪᠤᠯᠤᠨ᠎ᠠ︶᠃      3. ᠬᠠᠤᠯᠢ ᠶᠤᠰᠤᠭᠠᠷ ᠡᠷᠭᠦᠨ ᠲᠡᠵᠢᠬᠡᠭᠳᠡᠭᠰᠡᠨ᠃      4. ᠡᠴᠢᠬᠡ ︵ᠡᠬᠡ︶᠎ ᠨᠢ ᠠᠰᠠᠷᠠᠨ ᠲᠡᠵᠢᠬᠡᠬᠦ ᠡᠭᠦᠷᠬᠡ ᠶᠢ ᠲᠠᠬᠢᠵᠦ ᠰᠢᠨ᠎ᠠ ᠪᠠᠷ ᠭᠦᠢᠴᠡᠳᠬᠡᠭᠰᠡᠨ᠃      5. ᠡᠴᠢᠬᠡ ︵ᠡᠬᠡ︶᠎ ᠶᠢᠨ ᠨᠢᠭᠡᠨ ᠤ ᠬᠢᠨᠢ ᠡᠷᠡᠭᠦᠦ ᠶᠢᠨ ᠬᠤᠭᠤᠴᠠᠭ᠎ᠠ ᠲᠠᠭᠤᠰᠴᠤ ᠰᠤᠯᠠᠯᠬᠠᠳ᠋ᠬᠠᠰᠠᠨ ᠪᠤᠶᠤ ᠬᠤᠤᠷ ᠲᠠᠳᠠᠬᠤ ᠶᠢ ᠠᠯᠪᠠᠳᠠᠯᠭ᠎ᠠ ᠪᠠᠷ ᠵᠤᠨᠨᠰᠤᠭᠠᠬᠤ ᠨᠢ ᠳᠠᠭᠤᠰᠤᠬᠰᠠᠨ᠃      6. ᠭᠡᠷ ᠪᠦᠯᠢ ᠶᠢᠨ ᠠᠮᠢᠳᠤᠷᠠᠯ ᠤᠨ ᠨᠦᠭᠦᠴᠡᠯ ᠨᠢ ᠰᠠᠶᠢᠵᠢᠷᠠᠵᠦ ᠠᠰᠠᠷᠠᠵᠦ ᠲᠡᠵᠢᠬᠡᠬᠦ ᠴᠢᠳᠠᠪᠤᠷᠢ ᠲᠠᠢ ᠪᠤᠯᠤᠨᠨᠰᠠᠨ᠃      7. ᠡᠪᠡᠳᠴᠢᠨ ᠡᠮᠬᠡᠭ ᠲᠠᠢ ᠬᠡᠤᠬᠡᠳ ᠪᠤᠶᠤ ᠡᠴᠢᠬᠡ ︵ᠡᠬᠡ︶᠎ ᠶᠢᠨ ᠬᠢᠨᠢ ᠡᠪᠡᠳᠴᠢᠨ ᠡᠮᠬᠡᠭ ᠨᠢ ᠡᠳᠡᠬᠡᠷᠡᠭᠰᠡᠨ᠃      8. ᠪᠤᠴᠠᠭᠠᠨ ᠭᠠᠷᠭᠠᠪᠠᠰᠦ ᠵᠤᠬᠢᠬᠤ ᠪᠤᠰᠤᠳ ᠪᠠᠶᠢᠳᠠᠯ᠃      ︵ᠬᠤᠶᠠᠷ︶ ᠡᠮᠴᠢᠯᠡᠬᠡᠨ ᠡᠷᠡᠭᠦᠯᠵᠢᠯ ᠤᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠡᠢ᠃      ᠤᠳᠤ ᠶᠢᠨ ᠪᠠᠶᠢᠭ᠎ᠠ ᠡᠮᠴᠢᠯᠡᠬᠡᠨ ᠤ ᠲᠦᠷᠦ ᠶᠢᠨ ᠪᠤᠳᠤᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠮᠴᠢᠯᠡᠬᠡᠨ ᠡᠷᠡᠭᠦᠯᠵᠢᠯ ᠤᠨ ᠪᠠᠲᠤᠯᠭ᠎ᠠ ᠶᠢᠨ ᠨᠡᠶᠢᠯᠡᠮᠡᠯ ᠭᠦᠴᠦᠨ ᠢ ᠤᠯᠠᠮ ᠨᠢᠬᠡ ᠠᠯᠬᠤᠮ ᠪᠤᠢ ᠪᠤᠯᠭᠠᠬᠤ ᠬᠡᠷᠡᠭᠳᠡᠢ᠃ ᠨᠦᠭᠦᠴᠡᠯ ᠳᠤ ᠨᠡᠶᠢᠴᠡᠬᠦ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠳᠤ ᠤᠷᠤᠭᠤᠯᠬᠤ ᠬᠡᠷᠡᠭᠳᠡᠢ᠃ ᠲᠤᠬᠠᠢ ᠶᠢᠨ ᠭᠠᠵᠠᠷ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠲᠠᠭᠠᠳᠬᠠᠯ ᠤᠨ ᠨᠦᠭᠦᠴᠡᠯ ᠳᠤ ᠨᠡᠶᠢᠴᠡᠭᠰᠡᠨ ᠪᠠᠶᠢᠪᠠᠯ᠂ ᠬᠠᠮᠢᠶ᠎ᠠ ᠪᠦᠭᠦᠢ ᠲᠤᠨᠨᠳᠠᠭᠠᠯ ᠶᠤᠰᠤᠭᠠᠷ ᠴᠠᠭ ᠲᠤᠬᠠᠢ ᠳᠤᠨᠢ ᠳ᠋ᠦᠩᠨᠡᠨ ᠪᠤᠳᠤᠬᠤ ᠬᠡᠷᠡᠭᠳᠡᠢ᠃ ᠪᠠᠯᠴᠢᠷ ᠬᠡᠤᠬᠡᠳ ᠤᠨ ᠠᠵᠢᠯᠯᠠᠭᠠᠨ ᠤ ᠰᠤᠨᠤᠷ ᠤᠨ ᠰᠤᠷᠢᠯᠳᠠ᠂ ᠬᠡᠤᠬᠡᠳ ᠤᠨ ᠰᠤᠨᠤᠷ ᠤᠨ ᠰᠠᠭᠠᠳ᠂ ᠬᠡᠯᠡᠨ ᠤ ᠪᠤᠯᠪᠠᠰᠤᠷᠠᠭᠤᠯᠤᠯ ᠵᠡᠷᠬᠡ ᠡᠮᠴᠢᠯᠡᠬᠡᠨ ᠡᠷᠡᠭᠦᠯᠵᠢᠯ ᠤᠨ ᠲᠦᠷᠦᠯ ᠵᠦᠢᠯ ᠢ ᠦᠨᠳᠦᠰᠦᠨ ᠡᠮᠴᠢᠯᠡᠬᠡᠨ ᠤ ᠲᠠᠭᠠᠳᠬᠠᠯ ᠤᠨ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠬᠤ ᠬᠡᠷᠡᠭᠳᠡᠢ᠃ ᠡᠮᠴᠢᠯᠡᠬᠡᠨ ᠤ ᠠᠪᠤᠷᠠᠨ ᠲᠤᠰᠠᠯᠠᠬᠤ ᠨᠦᠭᠦᠴᠡᠯ ᠳᠤ ᠨᠡᠶᠢᠴᠡᠭᠰᠡᠨ ᠬᠡᠤᠬᠡᠳ ᠢ ᠠᠪᠤᠷᠠᠨ ᠲᠤᠰᠠᠯᠠᠬᠤ ᠬᠡᠪᠴᠢᠶᠡᠨ ᠳᠤ ᠤᠷᠤᠭᠤᠯᠵᠦ᠂ ᠲᠤᠬᠠᠢ ᠶᠢᠨ ᠭᠠᠵᠠᠷ ᠤᠨ ᠡᠮᠴᠢᠯᠡᠬᠡᠨ ᠤ ᠠᠪᠤᠷᠠᠨ ᠲᠤᠰᠠᠯᠠᠬᠤ ᠬᠠᠷᠢᠴᠠᠯ ᠪᠠ ᠳᠡᠭᠡᠳᠦ ᠬᠢᠵᠠᠭᠠᠷ ᠱᠤᠭᠤᠮ ᠶᠤᠰᠤᠭᠠᠷ ᠲᠦᠷᠦ ᠶᠢᠨ ᠪᠤᠳᠤᠯᠭ᠎ᠠ ᠶᠢ ᠭᠦᠢᠴᠡᠳ ᠭᠡᠷᠡᠭᠯᠡᠬᠦ ᠬᠡᠷᠡᠭᠳᠡᠢ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠲᠠᠢ ᠬᠡᠷ ᠪᠦᠯᠢ ᠶᠢᠨ ᠬᠡᠤᠬᠡᠳ᠂ ᠭᠦᠨᠳᠦ ᠵᠡᠮᠳᠡᠭ ᠬᠡᠤᠬᠡᠳ ᠲᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠳᠠᠬᠢ ᠬᠤᠪᠢ ᠭᠦᠮᠦᠨ ᠤ ᠰᠦᠢᠳᠬᠡᠯ ᠲᠤᠰᠢᠶᠠᠬᠤ ᠵᠤᠬᠢᠰᠳᠠᠢ ᠬᠡᠰᠡᠭ ᠢᠶᠠᠷ ᠯᠠᠪᠯᠠᠯᠲᠠ ᠪᠤᠯᠭᠠᠵᠦ 50%᠎ ᠠᠴᠠ ᠲᠤᠤᠷ᠎ᠠ ᠪᠠᠶᠢᠯᠭᠠᠬᠤ ᠦᠬᠡᠢ ᠬᠠᠷᠢᠴᠠᠯ ᠢᠶᠠᠷ ᠨᠡᠮᠡᠭᠦᠷᠢ ᠤᠯᠭᠤᠬᠤ ᠬᠡᠷᠡᠭᠳᠡᠢ᠃ ᠤᠨᠴᠠ ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠵᠦ ᠠᠰᠠᠷᠠᠨ ᠲᠡᠵᠢᠬᠡᠬᠦ ᠬᠡᠪᠴᠢᠶᠠᠨ ᠳᠤ ᠤᠷᠤᠭᠤᠯᠤᠨᠨᠰᠠᠨ ᠬᠡᠤᠬᠡᠳ ᠲᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠢᠶᠠᠷ ᠯᠠᠪᠯᠠᠯᠳᠠ ᠪᠤᠯᠭᠠᠵᠦ ᠪᠦᠭᠦ ᠲᠤᠭ᠎ᠠ ᠪᠠᠷ ᠨᠢ ᠵᠤᠭᠤᠰ ᠢᠶᠠᠷ ᠲᠤᠰᠠᠯᠠᠬᠤ ᠬᠡᠷᠡᠭᠳᠡᠢ᠃ ︽ᠢᠷᠡᠭᠡᠳᠦᠢ ᠶᠢᠨ ᠲᠦᠯᠦᠪᠯᠡᠭᠡ︾ ᠬᠡᠮᠡᠬᠦ ᠮᠠᠰᠡ ᠵᠠᠰᠠᠯ ᠢᠶᠠᠷ ᠠᠪᠤᠷᠠᠨ ᠲᠤᠰᠠᠯᠠᠬᠤ ᠲᠦᠷᠦᠯ ᠵᠦᠢᠯ ᠢ ᠦᠷᠬᠡᠳᠬᠡᠵᠦ᠂ ᠠᠰᠠᠷᠠᠮᠵᠢ ᠶᠢᠨ ᠪᠠᠶᠢᠭᠤᠯᠤᠮᠵᠢ ᠶᠢᠨ ᠬᠡᠤᠬᠡᠳ ᠢ ᠮᠠᠰᠡ ᠵᠠᠰᠠᠯ ᠤᠨ ᠪᠤᠰᠤ ᠡᠮᠴᠢᠯᠡᠭᠡ ᠪᠠᠷ ᠡᠮᠨᠡᠨ ᠠᠪᠤᠷᠠᠬᠤ ᠪᠠ ᠪᠡᠶ᠎ᠡ ᠶᠢᠨ ᠪᠠᠶᠢᠴᠠᠭᠠᠯᠳᠠ᠂ ᠡᠷᠡᠬᠦᠯᠵᠢᠬᠦ ᠡᠮᠴᠢᠯᠡᠭᠡ ᠶᠢ ᠨᠢ ᠵᠤᠭᠤᠰ ᠢᠶᠠᠷ ᠲᠤᠰᠠᠯᠠᠬᠤ ᠬᠡᠪᠴᠢᠶᠡᠨ ᠳᠤ ᠤᠷᠤᠭᠤᠯᠵᠦ᠂ ᠬᠡᠤᠬᠡᠳ ᠢ ᠠᠪᠤᠷᠠᠨ ᠡᠳᠡᠬᠡᠷᠡᠬᠦᠯᠬᠦ ᠪᠠᠶᠢᠭᠤᠯᠤᠮᠵᠢ ᠶᠢᠨ ᠲᠤᠳᠤᠭᠠᠳᠤ ᠳᠠᠬᠢ ᠲᠦᠷᠦ ᠶᠢᠨ ᠪᠤᠳᠤᠯᠭ᠎ᠠ ᠪᠠ ᠠᠷᠭ᠎ᠠ ᠬᠢᠳᠡᠯ ᠢᠶᠠᠷ ᠯᠠᠪᠯᠠᠯᠳᠠ ᠪᠤᠯᠭᠠᠵᠦ ᠨᠡᠶᠢᠬᠡᠮ ᠳᠤ ᠲᠠᠷᠠᠬᠠᠢ ᠰᠠᠭᠤᠷᠢᠰᠢᠨᠨᠰᠠᠨ ᠬᠡᠷᠡᠭᠴᠡᠭᠡ ᠱᠠᠭᠠᠷᠳᠠᠯᠭ᠎ᠠ ᠲᠠᠢ ᠦᠨᠦᠴᠢᠨ ᠬᠡᠤᠬᠡᠳ ᠲᠤ ᠡᠮᠴᠢᠯᠡᠬᠡᠨ ᠤ ᠡᠷᠡᠭᠦᠯᠵᠢᠯ ᠬᠡᠷᠡᠭᠵᠢᠬᠦᠯᠬᠦ ᠬᠡᠷᠡᠭᠳᠡᠢ᠃ ᠭᠤᠯᠤᠨᠨᠳ᠋ᠬᠠᠰᠠᠨ ᠬᠡᠤᠬᠡᠳ ᠪᠠ ᠲᠡᠨᠦᠬᠦᠯ ᠭᠤᠶᠤᠯᠭᠠᠴᠢᠨ ᠨᠠᠰᠤᠨ ᠳᠤ ᠭᠦᠷᠦᠬᠡᠳᠦᠢ ᠡᠪᠡᠳᠴᠢᠳᠠᠨ ᠢ ᠤᠯᠵᠦ ᠮᠡᠳᠡᠬᠦ᠂ ᠬᠠᠮᠠᠭᠠᠯᠠᠨ ᠭᠦᠷᠬᠡᠬᠦ᠂ ᠠᠪᠤᠷᠠᠨ ᠵᠠᠰᠠᠬᠤ ᠲᠤᠨᠨᠳᠠᠴᠠ ᠶᠢ ᠨᠠᠶᠢᠳᠠᠪᠤᠷᠢᠵᠢᠭᠤᠯᠵᠦ᠂ ᠭᠤᠯᠤᠨᠨᠳ᠋ᠬᠠᠰᠠᠨ ᠬᠡᠤᠬᠡᠳ ᠪᠠ ᠲᠡᠨᠦᠬᠦᠯ ᠭᠤᠶᠤᠯᠭᠠᠴᠢᠨ ᠨᠠᠰᠤᠨ ᠳᠤ ᠭᠦᠷᠦᠬᠡᠳᠦᠢ ᠡᠪᠡᠳᠴᠢᠳᠠᠨ ᠢ ᠠᠪᠤᠷᠠᠨ ᠵᠠᠰᠠᠬᠤ ᠳᠤ᠂ ᠤᠷᠢᠳᠠᠪᠡᠷ ᠤᠨᠤᠰᠢᠯᠠᠬᠤ ᠬᠠᠷᠢᠭᠤᠴᠠᠯᠭ᠎ᠠ ᠶᠢᠨ ᠲᠦᠷᠢᠮ ᠪᠠ ᠤᠷᠢᠳᠠᠪᠠᠷ ᠠᠪᠤᠷᠠᠨ ᠵᠠᠰᠠᠵᠦ ᠲᠠᠷᠠᠭ᠎ᠠ ᠨᠢ ᠳ᠋ᠦᠩᠨᠡᠨ ᠪᠤᠳᠤᠬᠤ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠬᠦ ᠬᠡᠷᠡᠭᠳᠡᠢ᠃      ︵ᠭᠤᠷᠪᠠ︶ ᠰᠤᠷᠭᠠᠨ ᠭᠦᠮᠦᠵᠢᠯ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠬᠦ ᠬᠡᠷᠡᠭᠳᠡᠢ᠃      ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠵᠤᠭᠤᠰ ᠢᠶᠠᠷ ᠲᠤᠰᠠᠯᠠᠵᠦ ᠰᠤᠷᠭᠠᠭᠤᠯᠢ ᠳᠤ ᠤᠷᠤᠭᠤᠯᠬᠤ ᠪᠠ ᠰᠤᠷᠭᠠᠨ ᠭᠦᠮᠦᠵᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠵᠦ᠂ ᠦᠨᠦᠴᠢᠨ᠂ ᠵᠡᠮᠳᠡᠭ᠂ ᠶᠠᠳᠠᠭᠤ ᠭᠦᠴᠢᠷᠳᠡᠯᠳᠡᠢ ᠬᠡᠤᠬᠡᠳ ᠢ ᠵᠤᠭᠤᠰ ᠢᠶᠠᠷ ᠲᠤᠰᠠᠯᠠᠵᠦ ᠰᠤᠷᠭᠠᠭᠤᠯᠢ ᠳᠤ ᠤᠷᠤᠭᠤᠯᠬᠤ ᠲᠦᠯᠦᠪᠯᠡᠭᠡ ᠶᠢ ᠬᠡᠷᠡᠭᠵᠢᠬᠦᠯᠦᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠡᠩ ᠲᠡᠷᠢᠬᠦᠨ ᠳᠤ ᠵᠤᠭᠤᠰ ᠢᠶᠠᠷ ᠲᠤᠰᠠᠯᠠᠵᠦ ᠰᠤᠷᠭᠠᠨ ᠭᠦᠮᠦᠵᠢᠬᠦᠯᠬᠦ ᠰᠢᠰᠲ᠋ᠧᠮᠵᠢ ᠳᠤ ᠤᠷᠤᠭᠤᠯᠵᠦ᠂ ᠰᠤᠷᠤᠯᠭ᠎ᠠ ᠶᠢᠨ ᠲᠡᠳᠬᠦᠮᠵᠢ ᠶᠢᠨ ᠮᠦᠩᠭᠦ ᠶᠢᠨ ᠲᠦᠷᠢᠮ ᠢ ᠲᠡᠭᠦᠯᠳᠡᠷᠵᠢᠬᠦᠯᠦᠨ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ︽ᠬᠤᠶᠠᠷ ᠠᠴᠠ ᠬᠡᠯᠳᠦᠷᠢᠬᠦᠯᠵᠦ ᠬᠤᠶᠠᠷ ᠢ ᠨᠦᠭᠦᠪᠦᠷᠢᠯᠡᠬᠦ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠦᠨᠦᠴᠢᠨ ᠬᠡᠤᠬᠡᠳ᠂ ᠬᠡᠷ ᠪᠦᠯᠢ ᠶᠢᠨ ᠠᠵᠦ ᠠᠬᠤᠢ ᠨᠢ ᠭᠦᠴᠢᠷᠳᠡᠯᠳᠡᠢ ᠰᠤᠷᠤᠨᠨᠴᠢᠳ ᠲᠤ ᠡᠩ ᠤᠨ ᠲᠡᠬᠡᠳᠦ ᠰᠤᠷᠭᠠᠭᠤᠯᠢ ᠶᠢᠨ ᠰᠢᠨ᠎ᠠ ᠰᠤᠷᠤᠨᠨᠴᠢ ᠶᠢ ᠵᠤᠭᠤᠰ ᠢᠶᠠᠷ ᠲᠤᠰᠠᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ ︵ᠲᠤᠰᠬᠠᠢ ᠠᠩᠬᠢ ᠶᠢᠨ ᠰᠤᠷᠤᠨᠨᠴᠢ ᠳᠤ 3 ᠲᠦᠮᠡᠨ ᠲᠦᠭᠦᠷᠢᠭ᠂ ᠵᠢᠩᠬᠢᠨᠢ ᠠᠩᠬᠢ ᠶᠢᠨ ᠰᠤᠷᠤᠨᠨᠴᠢ ᠳᠤ 4 ᠲᠦᠮᠡᠨ ᠲᠦᠭᠦᠷᠢᠭ ᠤᠨ ᠰᠤᠷᠤᠯᠭ᠎ᠠ ᠶᠢᠨ ᠰᠦᠢᠳᠬᠡᠯ ᠤᠨ ᠲᠤᠰᠠᠯᠠᠮᠵᠢ ᠤᠯᠭᠤᠨ᠎ᠠ︶᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠵᠤᠭᠤᠰ ᠢᠶᠠᠷ ᠲᠤᠰᠠᠯᠠᠬᠤ ᠬᠡᠪᠴᠢᠶ᠎ᠡ ᠶᠢ ᠲᠠᠰᠤᠷᠠᠯᠳᠠ ᠦᠬᠡᠢ ᠦᠷᠬᠡᠳᠬᠡᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠰᠤᠷᠭᠠᠨ ᠭᠦᠮᠦᠵᠢᠯ ᠭᠦᠷᠳᠡᠬᠦ ᠡᠷᠬᠡ ᠠᠰᠢᠭ ᠢ ᠦᠨᠡᠨᠬᠦ ᠪᠠᠳᠤᠯᠠᠬᠤ ᠬᠡᠷᠡᠭᠳᠡᠢ᠃ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠨᠴᠤᠭᠤᠢ ᠰᠤᠷᠭᠠᠨ ᠭᠦᠮᠦᠵᠢᠯ ᠤᠨ ᠠᠩᠬᠢ ᠪᠠ ᠤᠨᠴᠤᠭᠤᠢ ᠰᠤᠷᠭᠠᠨ ᠭᠦᠮᠦᠵᠢᠯ ᠤᠨ ᠰᠤᠷᠭᠠᠭᠤᠯᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠡᠩ ᠤᠨ ᠰᠤᠷᠭᠠᠭᠤᠯᠢ ᠳᠤ ᠰᠤᠷᠤᠯᠴᠠᠬᠤ ᠳᠤ ᠲᠤᠬᠢᠷᠠᠬᠤ ᠦᠬᠡᠢ ᠤᠨᠴᠤᠭᠤᠢ ᠬᠡᠤᠬᠡᠳ ᠢ ᠤᠨᠴᠤᠭᠤᠢ ᠰᠤᠷᠭᠠᠨ ᠭᠦᠮᠦᠵᠢᠯ ᠤᠨ ᠰᠤᠷᠭᠠᠭᠤᠯᠢ ᠳᠤ ᠲᠤᠬᠢᠷᠠᠭᠤᠯᠤᠨ ᠰᠤᠷᠤᠯᠴᠠᠭᠤᠯᠵᠦ᠂ ᠡᠯ᠎ᠡ ᠲᠦᠷᠦᠯ ᠤᠨ ᠡᠩ ᠤᠨ ᠰᠤᠷᠭᠠᠭᠤᠯᠢ ᠶᠢᠨ ᠵᠡᠮᠳᠡᠭ ᠬᠡᠤᠬᠡᠳ᠂ ᠪᠠᠭᠠᠴᠤᠳ ᠢ ᠭᠦᠯᠢᠶᠡᠨ ᠠᠪᠴᠤ ᠰᠤᠷᠭᠠᠭᠤᠯᠢ ᠳᠤ ᠤᠷᠤᠭᠤᠯᠬᠤ ᠶᠢ ᠲᠡᠮᠵᠢᠬᠦ ᠬᠡᠷᠡᠭᠳᠡᠢ᠃ ᠲᠦᠷᠢᠮ ᠤᠨ ᠰᠠᠭᠠᠳ ᠢ ᠠᠷᠢᠯᠭᠠᠵᠦ᠂ ᠲᠡᠨᠦᠬᠦᠯ ᠬᠡᠤᠬᠡᠳ᠂ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠲᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠡᠷᠬᠡ ᠲᠡᠭᠰᠢ ᠪᠠᠷ ᠭᠦᠯᠢᠶᠡᠨ ᠠᠪᠬᠤ ᠳᠤ ᠨᠦᠭᠦᠴᠡᠯ ᠪᠦᠷᠢᠯᠳᠦᠬᠦᠯᠬᠦ ᠬᠡᠷᠡᠭᠳᠡᠢ᠃ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠰᠤᠷᠤᠨᠨᠴᠢᠳ ᠤᠨ ᠰᠤᠷᠤᠯᠭ᠎ᠠ ᠪᠠᠨ ᠲᠤᠷᠭᠤᠨ ᠵᠤᠨᠨᠰᠤᠬᠤ ᠬᠠᠮᠢᠶᠠᠷᠤᠯᠳᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠳᠡᠢ᠃ ᠬᠠᠤᠯᠢ ᠲᠦᠬᠡᠮᠡᠯᠵᠢᠬᠦᠯᠬᠦ ᠭᠦᠮᠦᠵᠢᠯ᠂ ᠵᠤᠷᠢᠭ ᠭᠦᠪᠴᠢᠯᠡᠬᠦ ᠭᠦᠮᠦᠵᠢᠯ ᠤᠨ ᠡᠷᠴᠢᠮ ᠢ ᠴᠢᠩᠭᠠᠷᠠᠭᠤᠯᠵᠦ᠂ ᠬᠠᠮᠢᠶ᠎ᠠ ᠪᠦᠭᠦᠢ ᠨᠤᠮ ᠪᠢᠴᠢᠭ ᠢ ᠲᠠᠷᠬᠠᠭᠠᠬᠤ᠂ ᠺᠢᠨᠤ᠋ ᠵᠤᠬᠢᠶᠠᠨ ᠪᠠᠶᠢᠭᠤᠯᠵᠦ ᠰᠤᠨᠢᠷᠬᠠᠭᠤᠯᠬᠤ ᠵᠡᠷᠬᠡ ᠰᠤᠷᠭᠠᠨ ᠭᠦᠮᠦᠵᠢᠬᠦᠯᠬᠦ ᠬᠡᠯᠪᠡᠷᠢ ᠪᠠᠷ ᠲᠠᠮᠵᠢᠭᠤᠯᠵᠦ᠂ ᠭᠦᠴᠢᠷᠳᠡᠯ ᠳᠤ ᠲᠤᠯᠭᠠᠷᠬᠠᠰᠠᠨ ᠨᠡᠩ ᠤᠯᠠᠨ ᠬᠡᠤᠬᠡᠳ ᠲᠤ ᠬᠠᠤᠯᠢ ᠲᠦᠬᠡᠮᠡᠯᠵᠢᠬᠦᠯᠬᠦ ᠭᠦᠮᠦᠵᠢᠯ ᠢ ᠭᠦᠷᠲᠡᠭᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠦᠪᠡᠷ ᠢ ᠢᠶᠠᠨ ᠬᠠᠮᠠᠭᠠᠯᠠᠬᠤ ᠪᠠ ᠦᠪᠡᠷ ᠢ ᠢᠶᠠᠨ ᠭᠦᠭᠵᠢᠬᠦᠯᠬᠦ ᠴᠢᠳᠠᠪᠤᠷᠢ ᠶᠢ ᠨᠢ ᠲᠡᠬᠡᠭᠰᠢᠯᠡᠬᠦᠯᠦᠨ᠂ ᠡᠶ᠎ᠡ ᠵᠤᠬᠢᠴᠠᠯ ᠲᠠᠢ ᠲᠤᠨᠨᠳᠠᠭᠤᠨ ᠨᠡᠶᠢᠬᠡᠮ ᠤᠨ ᠤᠷᠴᠢᠨ ᠲᠤᠭᠤᠷᠢᠨ ᠢ ᠢᠳᠡᠪᠬᠢᠳᠡᠢ ᠪᠠᠷ ᠡᠭᠦᠳᠦᠨ ᠪᠠᠶᠢᠭᠤᠯᠬᠤ ᠬᠡᠷᠡᠭᠳᠡᠢ᠃      ︵ᠲᠦᠷᠪᠡ︶ ᠬᠢᠨᠠᠯᠳᠠ ᠲᠠᠯᠪᠢᠵᠦ ᠬᠠᠮᠠᠭᠠᠯᠠᠬᠤ ᠲᠦᠷᠢᠮ ᠢ ᠪᠦᠷᠢᠨᠰᠢᠬᠦᠯᠬᠦ ᠬᠡᠷᠡᠭᠳᠡᠢ᠃      ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾᠎ ᠶᠢᠨ ᠤᠬᠠᠭᠤᠯᠬᠤ ᠡᠷᠴᠢᠮ ᠢ ᠴᠢᠩᠭᠠᠷᠠᠭᠤᠯᠵᠦ᠂ ᠨᠠᠰᠤᠨ ᠳᠤ ᠦᠯᠦ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠬᠡᠶᠢᠯᠡᠬᠦ ᠠᠵᠢᠯ ᠢ ᠴᠢᠩᠭᠠᠳᠬᠠᠵᠦ᠂ ᠨᠠᠰᠤᠨ ᠳᠤ ᠦᠯᠦ ᠭᠦᠷᠦᠭᠰᠡᠳ ᠢ ᠵᠠᠰᠠᠭ ᠵᠠᠬᠢᠷᠭᠠᠨ ᠢᠶᠠᠷ ᠬᠠᠮᠠᠭᠠᠯᠠᠬᠤ ᠪᠠ ᠬᠠᠤᠯᠢ ᠴᠠᠭᠠᠵᠠ ᠪᠠᠷ ᠬᠠᠮᠠᠭᠠᠯᠠᠬᠤ ᠠᠵᠢᠯ ᠢ ᠪᠦᠭᠦ ᠲᠠᠯ᠎ᠠ ᠪᠠᠷ ᠦᠷᠨᠢᠬᠦᠯᠬᠦ ᠬᠡᠷᠡᠭᠳᠡᠢ᠃ ᠠᠰᠠᠭᠤᠳᠠᠯ ᠲᠠᠢ ᠬᠡᠷ ᠪᠦᠯᠢ ᠶᠢ ᠵᠢᠨᠨᠰᠠᠭᠠᠨ ᠪᠠᠶᠢᠴᠠᠭᠠᠵᠦ ᠵᠤᠬᠢᠴᠠᠭᠤᠯᠤᠨ ᠡᠮᠬᠢᠯᠡᠬᠦ ᠪᠠ ᠬᠢᠨᠠᠯᠳᠠ ᠲᠠᠯᠪᠢᠨ ᠠᠵᠢᠯ ᠬᠢᠵᠦ᠂ ᠬᠠᠷᠠᠭᠠᠯᠵᠠᠨ ᠬᠠᠮᠠᠭᠠᠯᠬᠠᠴᠢ ᠠᠴᠠ ᠬᠠᠷᠠᠭᠠᠯᠵᠠᠨ ᠬᠠᠮᠠᠭᠠᠯᠠᠬᠤ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠦᠬᠡᠢ ᠪᠤᠶᠤ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠪᠠᠯ᠂ ︽ᠬᠠᠷᠠᠭᠠᠯᠵᠠᠨ ᠬᠠᠮᠠᠭᠠᠯᠬᠠᠴᠢ ᠠᠴᠠ ᠨᠠᠰᠤᠨ ᠳᠤ ᠦᠯᠦ ᠭᠦᠷᠦᠭᠰᠡᠳ ᠤᠨ ᠡᠷᠬᠡ ᠠᠰᠢᠭ ᠲᠤ ᠬᠠᠯᠳ᠋ᠬᠠᠰᠠᠨ ᠦᠢᠯᠡ ᠠᠵᠢᠯᠯᠠᠭ᠎ᠠ ᠠᠰᠠᠭᠤᠳᠠᠯ ᠤᠳ ᠤᠨ ᠲᠤᠬᠠᠢ ᠠᠷᠠᠳ ᠤᠨ ᠲᠡᠬᠡᠳᠦ ᠵᠡᠷᠬᠡ ᠶᠢᠨ ᠰᠢᠬᠦᠬᠦ ᠬᠤᠷᠢᠶ᠎ᠠ ᠠᠷᠠᠳ ᠤᠨ ᠲᠡᠬᠡᠳᠦ ᠵᠡᠷᠬᠡ ᠶᠢᠨ ᠪᠠᠶᠢᠴᠠᠭᠠᠬᠤ ᠬᠤᠷᠢᠶ᠎ᠠ ᠲᠤᠳᠤᠭᠠᠳᠤ ᠶᠢ ᠬᠠᠮᠠᠭᠠᠯᠠᠬᠤ ᠶᠠᠮᠤᠨ ᠠᠷᠠᠳ ᠤᠨ ᠶᠠᠪᠤᠳᠠᠯ ᠤᠨ ᠶᠠᠮᠤᠨ ᠤ ᠰᠠᠨᠠᠯ︾ ︵ᠰᠢᠭᠦᠬᠦ ᠲᠠᠷᠬᠠᠭᠠᠨᠨᠰᠠᠨ ﹇2014﹈ 24 ᠳ᠋ᠤᠬᠡᠷ ᠲᠤᠭᠠᠳᠤ︶᠎ ᠤᠨ ᠶᠤᠰᠤᠭᠠᠷ ᠰᠶᠢᠳᠪᠦᠷᠢᠯᠡᠬᠦ ᠬᠡᠷᠡᠭᠳᠡᠢ᠃      ︵ᠲᠠᠪᠤ︶ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃      ᠡᠴᠢᠬᠡ ᠡᠬᠡ ᠪᠠᠨ ᠠᠯᠳᠠᠬᠰᠠᠨ᠂ ᠲᠦᠷᠦᠭᠰᠡᠨ ᠡᠴᠢᠬᠡ ᠡᠬᠡ ᠪᠠᠨ ᠡᠷᠢᠵᠦ ᠤᠯᠬᠤ ᠪᠠᠨ ᠪᠤᠯᠢᠨᠨᠰᠠᠨ ᠬᠡᠤᠬᠡᠳ ᠢ ᠪᠤᠯ ᠦᠨᠦᠴᠢᠨ ᠬᠡᠤᠬᠡᠳ ᠤᠨ ᠳᠦᠪᠬᠢᠨᠠᠭᠦᠯᠬᠦ ᠠᠷᠭ᠎ᠠ ᠵᠠᠮ ᠳᠤ ᠤᠷᠤᠭᠤᠯᠵᠦ᠂ ᠲᠦᠷᠦᠯ ᠰᠠᠳᠤᠨ ᠨᠢ ᠠᠰᠠᠷᠠᠨ ᠲᠡᠵᠢᠬᠡᠬᠦ᠂ ᠪᠠᠶᠢᠭᠤᠯᠤᠮᠵᠢ ᠠᠴᠠ ᠦᠰᠬᠡᠨ ᠭᠦᠮᠦᠵᠢᠬᠦᠯᠬᠦ᠂ ᠬᠡᠷ ᠪᠦᠯᠢ ᠳᠤ ᠦᠭᠴᠤ ᠲᠡᠵᠢᠬᠡᠯᠬᠡᠬᠦ ᠪᠠ ᠬᠠᠤᠯᠢ ᠶᠤᠰᠤᠭᠠᠷ ᠡᠷᠭᠦᠨ ᠲᠡᠵᠢᠬᠡᠬᠦ ᠠᠷᠭ᠎ᠠ ᠮᠠᠶ᠋ᠢᠭ ᠢᠶᠠᠷ ᠲᠤᠬᠢᠳᠠᠢ ᠳᠦᠪᠬᠢᠨᠡᠭᠦᠯᠬᠦ ᠬᠡᠷᠡᠭᠳᠡᠢ᠃ ᠡᠴᠢᠬᠡ ᠡᠬᠡ ᠨᠢ ᠬᠠᠷᠠᠭᠠᠯᠵᠠᠵᠦ ᠬᠠᠮᠠᠭᠠᠯᠠᠬᠤ ᠴᠢᠳᠠᠪᠤᠷᠢ ᠦᠬᠡᠢ ᠮᠦᠷᠳᠡᠬᠡᠨ ᠪᠤᠰᠤᠳ ᠬᠠᠷᠠᠭᠠᠯᠵᠠᠨ ᠬᠠᠮᠠᠭᠠᠯᠬᠠᠴᠢ ᠦᠬᠡᠢ ᠬᠡᠤᠬᠡᠳ ᠵᠢᠴᠢ ᠠᠷᠠᠳ ᠤᠨ ᠰᠢᠬᠦᠬᠦ ᠬᠤᠷᠢᠶ᠎ᠠ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠬᠠᠷᠠᠭᠠᠯᠵᠠᠨ ᠬᠠᠮᠠᠭᠠᠯᠠᠬᠤ ᠡᠭᠦᠷᠬᠡ ᠶᠢ ᠲᠠᠭᠠᠭᠠᠨ ᠡᠭᠦᠷᠬᠡᠯᠡᠬᠦᠯᠬᠦ ᠪᠠᠷ ᠲᠤᠨᠨᠳ᠋ᠬᠠᠰᠠᠨ ᠬᠡᠤᠬᠡᠳ ᠢ ᠪᠤᠯ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠨᠢ ᠦᠯᠡᠳᠡᠬᠡᠵᠦ ᠠᠰᠠᠷᠠᠨ ᠲᠡᠵᠢᠬᠡᠬᠦ ᠬᠡᠷᠡᠭᠳᠡᠢ᠃ ᠬᠡᠤᠬᠡᠳ ᠤᠨ ᠲᠦᠷᠦᠭᠰᠡᠨ ᠡᠴᠢᠬᠡ ᠡᠬᠡ ᠪᠤᠶᠤ ᠡᠷᠭᠦᠨ ᠲᠡᠵᠢᠬᠡᠬᠦ ᠬᠠᠷᠢᠴᠠᠭ᠎ᠠ ᠲᠠᠢ ᠪᠤᠯᠤᠨᠨᠰᠠᠨ ᠲᠡᠵᠢᠬᠡᠭᠰᠡᠨ ᠡᠴᠢᠬᠡ ᠡᠬᠡ ᠨᠢ ᠬᠠᠷᠠᠭᠠᠯᠵᠠᠵᠦ ᠬᠠᠮᠠᠭᠠᠯᠠᠬᠤ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠦᠬᠡᠢ ᠮᠦᠷᠳᠡᠬᠡᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠤᠷᠭᠠᠨ ᠭᠦᠮᠦᠵᠢᠭᠦᠯᠦᠭᠰᠡᠨ ᠴᠦ ᠵᠠᠰᠠᠷᠠᠬᠤ ᠦᠬᠡᠢ ᠪᠤᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠵᠦ ᠬᠠᠮᠠᠭᠠᠯᠠᠬᠤ ᠪᠠᠶᠢᠭᠤᠯᠤᠮᠵᠢ ᠨᠢ ᠲᠦᠷ ᠴᠠᠭ ᠬᠠᠷᠠᠭᠠᠯᠵᠠᠵᠦ ᠬᠠᠮᠠᠭᠠᠯᠠᠬᠤ ᠶᠢᠨ ᠬᠠᠮᠳᠤ᠂ ᠲᠦᠷᠦᠭᠰᠡᠨ ᠡᠴᠢᠬᠡ ᠡᠬᠡ᠂ ᠲᠡᠵᠢᠬᠡᠭᠰᠡᠨ ᠡᠴᠢᠬᠡ ᠡᠬᠡ ᠶᠢᠨ ᠬᠢᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠬᠡᠷᠡᠭᠳᠡᠢ᠃ ᠵᠠᠰᠠᠭ ᠵᠠᠬᠢᠷᠭᠠᠨ ᠤ ᠲᠦᠷ ᠬᠤᠷᠢᠬᠤ ᠶᠢ ᠬᠡᠷᠡᠭᠵᠢᠬᠦᠯᠬᠦ ᠪᠠᠷ ᠰᠢᠢᠳᠬᠡᠨ ᠲᠤᠷᠭᠠᠬᠳᠠᠬᠤ ᠭᠦᠮᠦᠨ ᠪᠤᠶᠤ ᠡᠷᠡᠭᠦᠦ ᠶᠢᠨ ᠬᠡᠷᠡᠭ ᠤᠨ ᠲᠦᠷ ᠬᠤᠷᠢᠬᠤ ᠵᠡᠷᠬᠡ ᠭᠦᠮᠦᠨ ᠤ ᠪᠡᠶ᠎ᠡ ᠶᠢᠨ ᠡᠷᠬᠡ ᠴᠢᠯᠦᠬᠡ ᠶᠢ ᠨᠢ ᠬᠢᠵᠠᠭᠠᠷᠯᠠᠬᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠭᠦ ᠪᠠᠷ ᠲᠤᠬᠲᠠᠭᠠᠬᠳᠠᠬᠰᠠᠨ ᠶᠠᠯ᠎ᠠ ᠬᠢᠭᠰᠡᠨ ᠰᠡᠵᠢᠭᠳᠡᠨ ᠠᠴᠠ ᠨᠠᠰᠤᠨ ᠳᠤ ᠦᠯᠦ ᠭᠦᠷᠦᠭᠰᠡᠨ ᠦᠷ᠎ᠡ ᠬᠡᠤᠬᠡᠳ ᠢᠶᠠᠨ ᠲᠦᠷᠦᠯ ᠰᠠᠳᠤᠨ᠂ ᠪᠤᠰᠤᠳ ᠨᠠᠰᠤᠨ ᠳᠤ ᠭᠦᠷᠦᠭᠰᠡᠨ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠵᠦ ᠬᠠᠮᠠᠭᠠᠯᠠᠬᠤ ᠪᠠᠶᠢᠭᠤᠯᠤᠮᠵᠢ ᠳᠤ ᠬᠠᠷᠠᠭᠠᠯᠵᠠᠨ ᠬᠠᠮᠠᠭᠠᠯᠠᠭᠤᠯᠬᠤ ᠪᠠᠷ ᠨᠠᠶᠢᠳᠠᠬᠤ ᠴᠢᠬᠤᠯᠠᠳᠠᠢ ᠡᠰᠡᠬᠦ ᠶᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠯᠠᠪᠯᠠᠵᠦ ᠠᠰᠠᠭᠤᠬᠤ ᠶᠢᠨ ᠬᠠᠮᠳᠤ᠂ ᠲᠡᠳᠡᠨ ᠢ ᠬᠠᠮᠵᠢᠵᠦ ᠪᠠᠶᠢᠭᠠᠳ ᠬᠤᠯᠪᠤᠨᠨᠳᠠᠯ ᠪᠦᠭᠦᠢ ᠭᠦᠮᠦᠨ ᠲᠠᠢ ᠬᠠᠷᠢᠴᠠᠵᠦ ᠦᠭᠭᠦ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠤᠬᠢᠷᠠᠭᠤᠯᠬᠤ ᠬᠡᠷᠡᠭᠳᠡᠢ᠃ ᠡᠷᠡᠭᠦᠦ ᠶᠢᠨ ᠰᠢᠳᠬᠡᠯ ᠭᠦᠢᠴᠡᠳᠬᠡᠵᠦ ᠪᠠᠶᠢᠭ᠎ᠠ ᠭᠦᠮᠦᠰ᠂ ᠠᠯᠪᠠᠳᠠᠯᠭ᠎ᠠ ᠪᠠᠷ ᠲᠤᠰᠠᠭᠠᠷᠯᠠᠵᠦ ᠬᠤᠤᠷ ᠲᠠᠳᠠᠬᠤ ᠶᠢ ᠨᠢ ᠵᠤᠨᠨᠰᠤᠭᠠᠯᠭᠠᠵᠦ ᠪᠠᠶᠢᠭ᠎ᠠ ᠭᠦᠮᠦᠰ ᠤᠨ ᠬᠠᠷᠠᠭᠠᠯᠵᠠᠵᠦ ᠬᠠᠮᠠᠭᠠᠯᠠᠬᠤ ᠭᠦᠮᠦᠨ ᠲᠤᠳ᠋ᠬᠠᠳᠠᠵᠦ ᠪᠠᠶᠢᠭ᠎ᠠ ᠨᠠᠰᠤᠨ ᠳᠤ ᠦᠯᠦ ᠭᠦᠷᠦᠭᠰᠡᠨ ᠦᠷ᠎ᠡ ᠬᠡᠤᠬᠡᠳ ᠲᠤ᠂ ᠬᠡᠷᠡᠭᠵᠢᠬᠦᠯᠬᠦ ᠪᠠᠶᠢᠭᠤᠯᠭ᠎ᠠ ᠨᠢ ᠲᠡᠭᠦᠨ ᠤ ᠲᠦᠷᠦᠯ ᠰᠠᠳᠤᠨ᠂ ᠪᠤᠰᠤᠳ ᠨᠠᠰᠤᠨ ᠳᠤ ᠭᠦᠷᠦᠭᠰᠡᠨ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠵᠦ ᠬᠠᠮᠠᠭᠠᠯᠠᠬᠤ ᠪᠠᠶᠢᠭᠤᠯᠤᠮᠵᠢ ᠳᠤ ᠨᠠᠶᠢᠳᠠᠵᠤ ᠬᠠᠷᠠᠭᠠᠯᠵᠠᠵᠦ ᠬᠠᠮᠠᠭᠠᠯᠠᠬᠤ ᠳᠤ ᠬᠠᠪᠰᠤᠷᠤᠯᠭ᠎ᠠ ᠬᠠᠩᠭᠠᠬᠤ ᠬᠡᠷᠡᠭᠳᠡᠢ᠃ ᠬᠠᠤᠯᠢ ᠶᠤᠰᠤᠭᠠᠷ ᠬᠡᠤᠬᠡᠳ ᠡᠷᠭᠦᠨ ᠲᠡᠵᠢᠬᠡᠬᠦ ᠶᠠᠪᠤᠳᠠᠯ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠬᠠᠷᠠᠭᠠᠯᠵᠠᠨ ᠬᠠᠮᠠᠭᠠᠯᠬᠠᠴᠢ ᠶᠢᠨ ᠠᠰᠠᠷᠠᠨ ᠲᠡᠵᠢᠬᠡᠵᠦ ᠬᠠᠷᠠᠭᠠᠯᠵᠠᠵᠦ ᠬᠠᠮᠠᠭᠠᠯᠠᠬᠤ ᠴᠢᠳᠠᠪᠤᠷᠢ ᠶᠢ ᠨᠢ ᠦᠨᠡᠯᠡᠨ ᠵᠢᠱᠢᠬᠦ ᠲᠦᠷᠢᠮ ᠢ ᠲᠡᠭᠦᠯᠳᠡᠷᠵᠢᠬᠦᠯᠦᠨ ᠴᠢᠩᠭᠠᠷᠠᠭᠤᠯᠵᠦ᠂ ᠲᠤᠬᠢᠳᠠᠢ ᠠᠰᠠᠷᠠᠨ ᠲᠡᠵᠢᠬᠡᠵᠦ ᠬᠠᠷᠠᠭᠠᠯᠵᠠᠵᠦ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃      ︵ᠵᠢᠷᠭᠤᠭ᠎ᠠ︶ ᠬᠡᠤᠬᠡᠳ ᠢ ᠬᠠᠯᠠᠮᠵᠢᠯᠠᠵᠦ ᠬᠠᠶᠢᠷᠠᠯᠠᠬᠤ ᠲᠤᠨᠨᠳᠠᠴᠠ ᠶᠢ ᠰᠢᠯᠢᠳᠡᠭᠵᠢᠬᠦᠯᠬᠦ ᠬᠡᠷᠡᠭᠳᠡᠢ᠃      ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠤᠳᠠᠳᠠᠢ ᠬᠡᠷᠡᠭᠴᠡᠭᠡ ᠪᠠ ᠪᠤᠶᠢᠵᠢᠯᠳᠠ ᠶᠢᠨ ᠱᠠᠭᠠᠷᠳᠠᠯᠭ᠎ᠠ ᠳᠤ ᠴᠢᠭᠯᠡᠬᠦᠯᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠤᠳ ᠡᠭᠦᠷᠬᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠦᠨᠳᠦᠰᠦᠨ ᠱᠠᠳᠤᠨ ᠤ ᠬᠡᠤᠬᠡᠳ ᠤᠨ ᠤᠯᠠᠨ ᠨᠡᠶᠢᠳᠡ ᠶᠢᠨ ᠦᠢᠯᠡᠴᠢᠯᠡᠬᠡᠨ ᠤ ᠪᠡᠯᠡᠳᠬᠡᠮᠵᠢ ᠶᠢ ᠪᠠᠶᠢᠭᠤᠯᠤᠨ ᠲᠡᠭᠦᠯᠳᠡᠷᠵᠢᠬᠦᠯᠵᠦ᠂ ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠢᠭᠦᠯᠡᠰᠦᠩᠬᠦᠢ ᠶᠢᠨ ᠪᠠᠶᠢᠭᠤᠯᠤᠮᠵᠢ ᠵᠢᠴᠢ ᠬᠠᠯᠠᠭᠤᠨ ᠰᠡᠳᠬᠢᠯᠳᠦ ᠭᠦᠮᠦᠰ ᠠᠴᠠ ᠬᠡᠤᠬᠡᠳ ᠢ ᠬᠠᠶᠢᠷᠠᠯᠠᠵᠦ ᠬᠠᠯᠠᠮᠵᠢᠯᠠᠬᠤ ᠠᠳᠠᠯᠢ ᠪᠤᠰᠤ ᠬᠡᠯᠪᠡᠷᠢ ᠶᠢᠨ ᠠᠵᠢᠯᠯᠠᠭ᠎ᠠ ᠳᠤ ᠤᠷᠤᠯᠴᠠᠬᠤ ᠪᠤᠶᠤ ᠦᠷᠨᠢᠬᠦᠯᠬᠦ ᠶᠢ ᠶᠡᠬᠡᠪᠡᠷ ᠰᠠᠨᠠᠭᠠᠴᠢᠯᠠᠨ ᠰᠡᠳᠦᠬᠦ ᠬᠡᠷᠡᠭᠳᠡᠢ︔ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠠᠤᠯᠢ ᠴᠠᠭᠠᠵᠠ ᠪᠠᠷ ᠲᠡᠮᠵᠢᠨ ᠲᠤᠰᠠᠯᠠᠬᠤ ᠪᠠ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠲᠤᠨᠨᠳᠠᠴᠠ ᠶᠢ ᠲᠡᠭᠦᠯᠳᠡᠷᠵᠢᠬᠦᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠢᠳᠡᠪᠬᠢᠳᠡᠢ ᠪᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠦ᠂ ᠨᠡᠶᠢᠬᠡᠮ ᠤᠨ ᠪᠦᠯᠭᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠵᠡᠷᠬᠡ ᠶᠢ ᠵᠤᠷᠢᠨᠨᠵᠢᠭᠤᠯᠬᠤ ᠪᠤᠶᠤ ᠲᠡᠮᠵᠢᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠠᠤᠯᠢ ᠪᠠᠷ ᠲᠡᠮᠵᠢᠨ ᠲᠤᠰᠠᠯᠠᠬᠤ ᠠᠵᠢᠯᠯᠠᠭ᠎ᠠ ᠳᠤ ᠤᠷᠤᠯᠴᠠᠭᠤᠯᠬᠤ ᠬᠡᠷᠡᠭᠳᠡᠢ᠃ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠢ ᠬᠠᠤᠯᠢ ᠴᠠᠭᠠᠵᠠ ᠪᠠᠷ ᠲᠡᠮᠵᠢᠨ ᠲᠤᠰᠠᠯᠠᠬᠤ ᠪᠠ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠶᠢᠨ ᠪᠦᠳᠦᠮᠵᠢᠳᠠᠢ ᠵᠤᠯᠭᠠᠭᠤᠯᠬᠤ ᠶᠢ ᠴᠢᠩᠭᠠᠳᠬᠠᠵᠦ᠂ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠤᠨ ᠮᠠᠬᠠᠪᠤᠳ᠂ ᠰᠡᠳᠬᠢᠴᠡ ᠶᠢᠨ ᠤᠨᠴᠠᠯᠢᠭ ᠪᠠ ᠡᠷᠡᠭᠦᠯ ᠡᠩᠬᠡ ᠪᠠᠷ ᠦᠰᠦᠨ ᠪᠤᠶᠢᠵᠢᠬᠤ ᠬᠡᠷᠡᠭᠴᠡᠭᠡ ᠶᠢ ᠦᠨᠳᠦᠰᠦᠯᠡᠨ᠂ ᠨᠡᠶᠢᠬᠡᠮ ᠲᠤᠭᠤᠷᠢᠭ ᠤᠨ ᠵᠠᠰᠠᠨ ᠵᠠᠯᠠᠷᠠᠭᠤᠯᠬᠤ ᠬᠦᠮᠦᠵᠢᠯ ᠢᠶᠠᠷ ᠬᠠᠪᠰᠤᠷᠤᠨ ᠲᠤᠰᠠᠯᠠᠬᠤ ᠲᠦᠷᠢᠮ ᠢ ᠲᠡᠭᠦᠯᠳᠡᠷᠵᠢᠬᠦᠯᠵᠦ᠂ ᠨᠡᠶᠢᠬᠡᠮ ᠲᠤᠭᠤᠷᠢᠭ ᠤᠨ ᠵᠠᠰᠠᠨ ᠵᠠᠯᠠᠷᠠᠭᠤᠯᠬᠤ ᠶᠢᠨ ᠬᠠᠨᠳᠤᠯᠭᠠᠳᠤ ᠴᠢᠨᠠᠷ ᠪᠠ ᠪᠦᠳᠦᠮᠵᠢᠳᠦ ᠴᠢᠨᠠᠷ ᠢ ᠲᠡᠬᠡᠭᠰᠢᠯᠡᠬᠦᠯᠦᠨ᠂ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠤᠨ ᠨᠡᠶᠢᠬᠡᠮ ᠨᠡᠶᠢᠳᠡ ᠲᠠᠢ ᠡᠷᠳᠡᠬᠡᠨ ᠤᠷᠤᠨᠨᠰᠢᠳᠠᠢ ᠨᠡᠶᠢᠯᠡᠯᠳᠦᠬᠦ ᠶᠢ ᠲᠡᠮᠵᠢᠬᠦ ᠬᠡᠷᠡᠭᠳᠡᠢ᠃ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠤᠶᠤᠨ ᠰᠠᠨᠠᠭᠠᠨ ᠤ ᠬᠠᠶᠢᠷ᠎ᠠ ᠬᠠᠯᠠᠮᠵᠢ ᠶᠢ ᠨᠡᠮᠡᠭᠳᠡᠬᠦᠯᠵᠦ᠂ ᠨᠡᠶᠢᠬᠡᠮ ᠤᠨ ᠲᠤᠰᠬᠠᠢ ᠠᠵᠢᠯᠳᠠᠨ ᠢᠶᠠᠷ ᠰᠡᠳᠬᠢᠴᠡ ᠶᠢ ᠨᠢ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠂ ᠡᠷᠡᠭᠦᠯ ᠡᠩᠬᠡ ᠰᠡᠳᠬᠢᠴᠡ ᠪᠠ ᠭᠦᠮᠦᠨ ᠴᠢᠨᠠᠷ ᠤᠨ ᠡᠷᠡᠭᠦᠯ ᠪᠤᠶᠢᠵᠢᠯᠳᠠ ᠶᠢ ᠭᠦᠮᠦᠵᠢᠬᠦᠯᠦᠨ ᠪᠤᠶᠢᠵᠢᠭᠤᠯᠬᠤ ᠬᠡᠷᠡᠭᠳᠡᠢ᠃      ᠲᠦᠷᠪᠡ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ      ︵ᠨᠢᠬᠡ︶ ᠦᠢᠯᠡᠴᠢᠯᠡᠬᠡᠨ ᠤ ᠲᠤᠤᠷ ᠰᠦᠯᠵᠢᠶ᠎ᠡ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠬᠡᠳᠬᠡᠬᠦ ᠬᠡᠷᠡᠭᠳᠡᠢ᠃      ᠡᠯ᠎ᠡ ᠲᠦᠷᠦᠯ ᠤᠨ ᠲᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠲᠦᠷᠪᠡᠨ ᠱᠠᠳᠤᠨ ᠤ ᠬᠠᠮᠳᠤᠷᠠᠨ ᠭᠦᠳᠡᠯᠦᠯᠴᠡᠬᠦ ᠠᠵᠢᠯ ᠤᠨ ᠲᠤᠨᠨᠳᠠᠴᠠ ᠶᠢ ᠪᠦᠷᠢᠯᠳᠦᠬᠦᠯᠵᠦ᠂ ᠭᠦᠨᠳᠡᠯᠡᠨ ᠭᠤᠯᠳᠤ ᠪᠠᠷ ᠦᠷᠭᠡᠵᠢᠨ ᠭᠦᠨᠵᠡᠭᠡᠶᠢᠷᠡᠭᠰᠡᠨ᠂ ᠬᠤᠳᠠ ᠭᠦᠳᠡᠭᠡ ᠶᠢ ᠬᠠᠮᠤᠷᠬᠠᠰᠠᠨ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠦᠢᠯᠡᠴᠢᠯᠡᠬᠡᠨ ᠤ ᠲᠤᠤᠷ ᠰᠦᠯᠵᠢᠶ᠎ᠡ ᠶᠢ ᠪᠠᠶᠢᠭᠤᠯᠬᠤ ᠬᠡᠷᠡᠭᠳᠡᠢ᠃ ᠨᠡᠶᠢᠬᠡᠮ ᠲᠤᠭᠤᠷᠢᠭ ᠤᠨ ᠬᠡᠤᠬᠡᠳ ᠤᠨ ᠠᠰᠠᠷᠠᠮᠵᠢ ᠶᠢᠨ ᠦᠢᠯᠡᠴᠢᠯᠡᠬᠡᠨ ᠤ ᠵᠢᠭᠠᠨ ᠵᠢᠯᠤᠭᠤᠳᠤᠯᠭ᠎ᠠ ᠪᠠ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠴᠢᠳᠠᠮᠵᠢ ᠶᠢ ᠴᠢᠩᠭᠠᠳᠬᠠᠵᠦ᠂ ᠬᠡᠷᠡᠭᠴᠡᠭᠡ ᠱᠠᠭᠠᠷᠳᠠᠯᠭ᠎ᠠ ᠲᠠᠢ ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠬᠡᠷ ᠪᠦᠯᠢ ᠶᠢᠨ ᠬᠢᠨ ᠳᠤᠨᠢ ᠲᠦᠷ ᠴᠠᠭ ᠤᠨ ᠬᠠᠷᠠᠭᠠᠯᠵᠠᠯ᠂ ᠰᠤᠷᠭᠠᠨ ᠭᠦᠮᠦᠵᠢᠯ ᠤᠨ ᠬᠠᠪᠰᠤᠷᠤᠨ ᠵᠢᠯᠤᠭᠤᠳᠤᠯᠭ᠎ᠠ᠂ ᠰᠡᠳᠬᠢᠴᠡ ᠶᠢ ᠨᠢ ᠵᠠᠯᠠᠵᠦ ᠵᠢᠯᠤᠭᠤᠳᠬᠤ᠂ ᠬᠠᠷᠠᠭᠠᠯᠵᠠᠨ ᠬᠠᠮᠠᠭᠠᠯᠠᠬᠤ ᠶᠢᠨ ᠵᠢᠭᠠᠨ ᠵᠢᠯᠤᠭᠤᠳᠤᠯᠭ᠎ᠠ᠂ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ᠂ ᠡᠭᠦᠷᠬᠡ ᠴᠢᠳᠠᠪᠤᠷᠢ ᠪᠠᠨ ᠭᠦᠢᠴᠡᠳᠬᠡᠬᠦ ᠪᠤᠯᠪᠠᠰᠤᠷᠠᠭᠤᠯᠤᠯ ᠵᠡᠷᠬᠡ ᠦᠢᠯᠡᠴᠢᠯᠡᠭᠡ ᠬᠠᠩᠭᠠᠬᠤ ᠬᠡᠷᠡᠭᠳᠡᠢ᠃ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠢᠳᠡᠪᠬᠢᠳᠡᠢ ᠰᠦᠪᠡᠭᠴᠢᠯᠡᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠦᠢᠯᠡᠴᠢᠯᠡᠬᠡᠨ ᠤ ᠠᠵᠢᠯ ᠳᠤ ᠨᠡᠶᠢᠬᠡᠮ ᠤᠨ ᠭᠦᠴᠦᠨ ᠤ ᠤᠷᠤᠯᠴᠠᠬᠤ ᠶᠢ ᠲᠡᠮᠵᠢᠬᠦ ᠬᠡᠷᠡᠭᠳᠡᠢ᠃      ︵ᠬᠤᠶᠠᠷ︶ ᠰᠠᠯᠠᠭ᠎ᠠ ᠮᠦᠴᠢᠷ ᠤᠨ ᠬᠠᠮᠵᠢᠯᠴᠠᠨ ᠠᠵᠢᠯᠯᠠᠵᠦ ᠬᠠᠮᠳᠤᠷᠠᠨ ᠭᠦᠳᠡᠯᠦᠯᠴᠡᠬᠦ ᠲᠤᠨᠨᠳᠠᠴᠠ ᠶᠢ ᠪᠠᠶᠢᠭᠤᠯᠬᠤ ᠬᠡᠷᠡᠭᠳᠡᠢ᠃      ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠡᠮᠡᠭᠳᠡᠶᠢᠴᠦᠳ ᠬᠡᠤᠬᠡᠳ ᠤᠨ ᠠᠵᠢᠯ ᠤᠨ ᠵᠦᠪᠯᠡᠯ ᠤᠨ ᠠᠯᠪᠠᠨ ᠬᠡᠷ ᠤᠳ ᠲᠦᠷᠦᠭᠦᠯᠡᠬᠦ ᠦᠢᠯᠡᠳᠦᠯ ᠢ ᠪᠠᠳᠠᠷᠠᠭᠤᠯᠵᠦ᠂ ᠶᠡᠷᠦᠩᠬᠡᠶᠢᠯᠡᠨ ᠵᠤᠬᠢᠴᠠᠭᠤᠯᠬᠤ᠂ ᠵᠢᠭᠠᠨ ᠵᠢᠯᠤᠭᠤᠳᠴᠤ ᠰᠢᠮᠳᠠᠭᠤᠯᠬᠤ ᠵᠡᠷᠬᠡ ᠠᠵᠢᠯ ᠢ ᠰᠠᠶᠢᠳᠤᠷ ᠬᠢᠵᠦ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ᠂ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠵᠡᠷᠬᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠡᠮᠳᠡᠭᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠳᠠ ᠲᠠᠢ ᠬᠠᠮᠳᠤᠷᠠᠨ᠂ ᠡᠯ᠎ᠡ ᠬᠤᠯᠪᠤᠨᠨᠳᠠᠯ ᠪᠦᠭᠦᠢ ᠲᠠᠯ᠎ᠠ ᠶᠢ ᠠᠬᠢᠭᠤᠯᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠠᠵᠢᠯ ᠢ ᠬᠠᠮᠳᠤᠪᠠᠷ ᠰᠠᠶᠢᠳᠤᠷ ᠬᠢᠬᠦ ᠬᠡᠷᠡᠭᠳᠡᠢ᠃ ᠠᠷᠠᠳ ᠤᠨ ᠶᠠᠪᠤᠳᠠᠯ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ᠂ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠵᠡᠷᠬᠡ ᠨᠡᠶᠢᠬᠡᠮ ᠤᠨ ᠠᠪᠤᠷᠠᠨ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠳ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ︽ᠨᠢᠬᠡ ᠰᠠᠯᠠᠭ᠎ᠠ ᠮᠦᠴᠢᠷ ᠨᠢ ᠭᠦᠯᠢᠶᠡᠨ ᠠᠪᠴᠤ ᠰᠶᠢᠳᠪᠦᠷᠢᠯᠡᠪᠡᠯ᠂ ᠬᠠᠮᠳᠤᠪᠠᠷ ᠬᠠᠮᠵᠢᠯᠴᠠᠨ ᠭᠦᠢᠴᠡᠳᠬᠡᠬᠦ︾ ᠠᠵᠢᠯ ᠤᠨ ᠲᠤᠨᠨᠳᠠᠴᠠ ᠶᠢ ᠪᠦᠷᠢᠨᠰᠢᠬᠦᠯᠦᠨ᠂ ᠨᠦᠭᠦᠴᠡᠯ ᠳᠤ ᠨᠡᠶᠢᠴᠡᠭᠰᠡᠨ ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠲᠡᠳᠡᠨ ᠤ ᠬᠡᠷ ᠪᠦᠯᠢ ᠶᠢᠨ ᠬᠢᠨ ᠳᠤ ᠴᠠᠭ ᠲᠤᠬᠠᠢ ᠳᠤᠨᠢ ᠪᠦᠳᠦᠮᠵᠢᠳᠡᠢ ᠬᠠᠪᠰᠤᠷᠤᠯᠭ᠎ᠠ ᠲᠤᠰᠠᠯᠠᠮᠵᠢ ᠭᠦᠷᠳᠡᠬᠡᠬᠦ ᠶᠢ ᠦᠨᠡᠨᠬᠦ ᠪᠠᠳᠤᠯᠠᠬᠤ ᠬᠡᠷᠡᠭᠳᠡᠢ᠃ ᠠᠷᠠᠳ ᠤᠨ ᠶᠠᠪᠤᠳᠠᠯ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠰᠠᠯᠠᠭ᠎ᠠ ᠮᠦᠴᠢᠷ ᠪᠠ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠬᠡᠤᠬᠡᠳ ᠰᠠᠭᠠᠳᠠᠭᠤᠯᠬᠤ ᠭᠠᠵᠠᠷ᠂ ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠡᠶᠢᠬᠡᠮ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠵᠦ ᠬᠠᠮᠠᠭᠠᠯᠠᠬᠤ ᠪᠠᠶᠢᠭᠤᠯᠤᠮᠵᠢ ᠶᠢ ᠰᠢᠮᠳᠡᠭᠤᠯᠬᠤ ᠪᠠ ᠵᠢᠭᠠᠨ ᠵᠢᠯᠤᠭᠤᠳᠴᠤ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠮᠤᠷ ᠲᠦᠪᠰᠢᠨ ᠢ ᠬᠠᠮᠠᠭᠠᠯᠠᠬᠤ ᠲᠤᠨᠨᠳᠠᠴᠠ ᠶᠢᠨ ᠤᠯᠭᠤᠨᠨᠰᠠᠨ ᠠᠯᠪᠠᠳᠠᠯᠭ᠎ᠠ ᠪᠠᠷ ᠮᠡᠳᠡᠬᠦᠯᠬᠦ᠂ ᠪᠠᠴᠢᠮ ᠪᠠᠶᠢᠳᠠᠯ ᠢ ᠠᠷᠭᠠᠴᠠᠵᠦ ᠰᠶᠢᠳᠪᠦᠷᠢᠯᠡᠬᠦ᠂ ᠦᠨᠡᠯᠡᠨ ᠵᠢᠱᠢᠵᠦ ᠬᠠᠪᠰᠤᠷᠤᠨ ᠲᠡᠳᠬᠦᠬᠦ᠂ ᠬᠠᠷᠠᠭᠠᠯᠵᠠᠨ ᠬᠠᠮᠠᠭᠠᠯᠠᠵᠦ ᠬᠠᠮᠢᠶᠠᠷᠬᠤ ᠵᠡᠷᠬᠡ ᠡᠭᠦᠷᠬᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠯᠭᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠮᠤᠷ ᠲᠦᠪᠰᠢᠨ ᠢ ᠪᠠᠳᠤᠯᠠᠬᠤ ᠬᠡᠷᠡᠭᠳᠡᠢ᠃      ︵ᠭᠤᠷᠪᠠ︶ ᠤᠯᠠᠨ ᠲᠦᠮᠡᠨ ᠤ ᠪᠦᠯᠭᠦᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ᠃      ᠡᠯ᠎ᠡ ᠱᠠᠳᠤᠨ ᠤ ᠤᠯᠠᠨ ᠲᠦᠮᠡᠨ ᠤ ᠪᠦᠯᠭᠦᠮ ᠤᠨ ᠵᠤᠬᠢᠶᠠᠨ ᠪᠠᠶᠢᠭᠤᠯᠤᠯᠳᠠ ᠨᠢ ᠲᠤᠰ ᠪᠡᠶ᠎ᠡ ᠶᠢᠨ ᠲᠠᠪᠠᠭᠤᠯᠢᠭ ᠢᠶᠠᠨ ᠪᠠᠳᠠᠷᠠᠭᠤᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠤᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠳᠤ ᠲᠤᠬᠢᠷᠬᠠᠰᠠᠨ ᠬᠠᠶᠢᠷᠠᠯᠠᠵᠦ ᠬᠠᠯᠠᠮᠵᠢᠯᠠᠬᠤ᠂ ᠬᠠᠪᠰᠤᠷᠤᠨ ᠲᠡᠳᠬᠦᠬᠦ᠂ ᠡᠷᠬᠡ ᠪᠠᠨ ᠬᠠᠮᠠᠭᠠᠯᠠᠬᠤ ᠵᠡᠷᠬᠡ ᠦᠢᠯᠡᠴᠢᠯᠡᠭᠡ ᠶᠢ ᠦᠷᠬᠡᠨ ᠢᠶᠠᠷ ᠦᠷᠨᠢᠬᠦᠯᠵᠦ᠂ ᠵᠢᠱᠢᠶ᠎ᠡ ᠦᠵᠡᠬᠦᠯᠵᠦ ᠲᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠳᠡᠢ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠤᠭᠤᠳ ᠦᠷᠬᠡᠨ ᠤᠯᠠᠨ ᠠᠵᠢᠯᠳᠠᠨ ᠠᠵᠢᠯᠴᠢᠨ᠂ ᠡᠪᠯᠡᠯ ᠤᠨ ᠬᠡᠰᠢᠭᠦᠨ ᠵᠠᠯᠠᠭᠤᠴᠤᠳ᠂ ᠡᠮᠡᠭᠳᠡᠶᠢᠴᠦᠳ ᠵᠡᠷᠬᠡ ᠶᠢ ᠦᠷᠬᠡᠨ ᠢᠶᠠᠷ ᠲᠠᠶᠢᠴᠢᠯᠠᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠠᠷᠠᠭᠠᠯᠵᠠᠵᠦ ᠬᠠᠯᠠᠮᠵᠢᠯᠠᠬᠤ ᠤᠯᠠᠨ ᠬᠡᠯᠪᠡᠷᠢ ᠶᠢᠨ ᠦᠢᠯᠡᠴᠢᠯᠡᠭᠡ ᠦᠷᠨᠢᠬᠦᠯᠵᠦ᠂ ᠠᠵᠢᠯᠳᠠᠨ ᠠᠵᠢᠯᠴᠢᠨ ᠤ ᠬᠠᠨᠢ ᠪᠦᠯᠢ᠂ ᠡᠮᠡᠭᠳᠡᠶᠢᠴᠦᠳ ᠤᠨ ᠬᠠᠨᠢ ᠪᠦᠯᠢ᠂ ᠬᠡᠤᠬᠡᠳ ᠤᠨ ᠬᠠᠨᠢ ᠪᠦᠯᠢ᠂ ᠬᠡᠷ ᠤᠨ ᠠᠬᠠᠮᠠᠳ ᠤᠨ ᠰᠤᠷᠭᠠᠭᠤᠯᠢ᠂ ᠬᠡᠷ ᠪᠦᠯᠢ ᠶᠢᠨ ᠰᠤᠷᠭᠠᠨ ᠭᠦᠮᠦᠵᠢᠯ ᠤᠨ ᠵᠢᠭᠠᠨ ᠵᠢᠯᠤᠭᠤᠳᠬᠤ ᠲᠦᠪ᠂ ᠵᠠᠯᠠᠭᠤ ᠪᠠᠭᠠᠴᠤᠳ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠡᠪᠴᠡᠩ ᠵᠡᠷᠬᠡ ᠳᠤ ᠲᠦᠰᠢᠭᠯᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠲᠡᠳᠡᠨ ᠤ ᠬᠡᠷ ᠪᠦᠯᠢ ᠶᠢ ᠰᠤᠷᠭᠠᠨ ᠭᠦᠮᠦᠵᠢᠬᠦᠯᠵᠦ ᠵᠢᠭᠠᠨ ᠵᠢᠯᠤᠭᠤᠳᠬᠤ ᠪᠠ ᠪᠤᠯᠪᠠᠰᠤᠷᠠᠭᠤᠯᠵᠦ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠳᠡᠢ᠃ ᠵᠡᠮᠳᠡᠭᠴᠦᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠨᠤᠭᠤᠳ ᠵᠡᠮᠳᠡᠭ ᠭᠦᠮᠦᠨ ᠳᠤ ᠦᠢᠯᠡᠴᠢᠯᠡᠬᠦ ᠪᠡᠯᠡᠳᠬᠡᠮᠵᠢ ᠳᠡᠭᠡᠨ ᠲᠦᠰᠢᠭᠯᠡᠨ ᠵᠡᠮᠳᠡᠭ ᠬᠡᠤᠬᠡᠳ ᠤᠨ ᠡᠷᠡᠭᠦᠯᠵᠢᠯ ᠤᠨ ᠰᠤᠷᠭᠠᠭᠤᠯᠢᠯᠠᠯ᠂ ᠤᠨᠴᠤᠭᠤᠢ ᠰᠤᠷᠭᠠᠨ ᠭᠦᠮᠦᠵᠢᠯ ᠵᠡᠷᠬᠡ ᠠᠵᠢᠯ ᠢ ᠴᠢᠩᠭᠠᠳᠬᠠᠵᠦ᠂ ᠵᠡᠮᠳᠡᠭ ᠬᠡᠤᠬᠡᠳ ᠤᠨ ᠡᠷᠡᠭᠦᠯᠵᠢᠬᠦᠯᠵᠦ ᠠᠪᠤᠷᠠᠨ ᠲᠤᠰᠠᠯᠠᠬᠤ ᠲᠦᠷᠢᠮ ᠢ ᠲᠦᠷᠬᠡᠳᠬᠡᠨ ᠪᠠᠶᠢᠭᠤᠯᠵᠦ᠂ ᠵᠡᠮᠳᠡᠭ ᠬᠡᠤᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠦᠳᠦᠬᠡᠨ ᠪᠠᠶᠢᠭᠤᠯᠤᠯᠳᠠ ᠪᠠ ᠡᠷᠡᠭᠦᠯᠵᠢᠬᠦ ᠦᠢᠯᠡᠴᠢᠯᠡᠬᠡᠨ ᠤ ᠲᠤᠰᠬᠠᠢ ᠮᠡᠷᠬᠡᠵᠢᠯ ᠤᠨ ᠠᠵᠢᠯᠳᠠᠨ ᠢ ᠪᠤᠯᠪᠠᠰᠤᠷᠠᠭᠤᠯᠵᠦ ᠭᠦᠮᠦᠵᠢᠬᠦᠯᠬᠦ ᠶᠢ ᠴᠢᠩᠭᠠᠳᠬᠠᠵᠦ᠂ ᠵᠡᠮᠳᠡᠭ ᠬᠡᠤᠬᠡᠳ ᠢ ᠡᠷᠡᠭᠦᠯᠵᠢᠬᠦᠯᠵᠦ ᠠᠪᠤᠷᠠᠨ ᠲᠤᠰᠠᠯᠠᠬᠤ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠡᠷᠡᠭᠦᠯᠵᠢᠬᠦ ᠶᠢ ᠪᠠᠳᠤᠯᠠᠬᠤ ᠬᠢᠷᠢ ᠬᠡᠮᠵᠢᠶ᠎ᠡ ᠪᠠ ᠦᠢᠯᠡᠴᠢᠯᠡᠬᠦ ᠴᠢᠳᠠᠪᠤᠷᠢ ᠶᠢ ᠲᠡᠬᠡᠭᠰᠢᠯᠡᠬᠦᠯᠬᠦ ᠬᠡᠷᠡᠭᠳᠡᠢ᠃ ᠬᠤᠶᠢᠴᠢ ᠦᠶ᠎ᠡ ᠬᠢᠨ ᠢ ᠬᠠᠯᠠᠮᠵᠢᠯᠠᠬᠤ ᠠᠵᠢᠯ ᠤᠨ ᠺᠤᠮᠢᠰ ᠨᠢ ᠦᠷᠬᠡᠨ ᠤᠯᠠᠨ ᠠᠬᠠᠮᠠᠳ ᠺᠠᠳ᠋ᠷ᠂ ᠠᠬᠠᠮᠠᠳ ᠪᠠᠶᠢᠯᠳᠤᠨᠨᠴᠢ᠂ ᠠᠮᠠᠬᠠᠳ ᠮᠡᠷᠬᠡᠵᠢᠯᠳᠡᠨ᠂ ᠠᠬᠠᠮᠠᠳ ᠪᠠᠭᠰᠢ᠂ ᠠᠬᠠᠮᠠᠳ ᠵᠢᠱᠢᠶᠡᠴᠢ ᠵᠡᠷᠬᠡ ᠠᠵᠢᠯ ᠠᠴᠠ ᠪᠠᠨ ᠪᠠᠭᠤᠵᠦ ᠠᠮᠠᠷᠬᠠᠰᠠᠨ ᠠᠬᠠᠮᠠᠳ ᠨᠦᠭᠦᠳ ᠢ ᠵᠤᠬᠢᠶᠠᠨ ᠪᠠᠶᠢᠭᠤᠯᠤᠨ ᠲᠠᠶᠢᠴᠢᠯᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠠᠷᠠᠭᠠᠯᠵᠠᠵᠦ ᠬᠠᠯᠠᠮᠵᠢᠯᠠᠬᠤ ᠦᠢᠯᠡᠴᠢᠯᠡᠬᠡᠨ ᠤ ᠠᠵᠢᠯ ᠢ ᠬᠠᠮᠵᠢᠯᠴᠠᠨ ᠰᠠᠶᠢᠳᠤᠷ ᠬᠢᠬᠦ ᠬᠡᠷᠡᠭᠳᠡᠢ᠃      ︵ᠲᠦᠷᠪᠡ︶ ᠨᠡᠶᠢᠬᠡᠮ ᠤᠨ ᠭᠦᠴᠦᠨ ᠤ ᠤᠷᠤᠯᠴᠠᠬᠤ ᠶᠢ ᠵᠤᠷᠢᠨᠨᠵᠢᠭᠤᠯᠤᠨ ᠲᠡᠮᠵᠢᠬᠦ ᠬᠡᠷᠡᠭᠳᠡᠢ᠃      ᠵᠠᠰᠠᠭ ᠤᠨ ᠤᠷᠳᠤᠨ ᠠᠴᠠ ᠭᠤᠤᠯᠯᠠᠨ ᠵᠢᠯᠤᠭᠤᠳᠬᠤ ᠬᠢᠬᠡᠳ ᠨᠡᠶᠢᠬᠡᠮ ᠨᠡᠶᠢᠳᠡ ᠶᠢᠨ ᠬᠢᠨ ᠤ ᠤᠷᠤᠯᠴᠬᠠᠰᠠᠨ ᠰᠠᠶᠢᠨ ᠰᠠᠶᠢᠬᠠᠨ ᠢᠶᠠᠷ ᠬᠠᠷᠢᠯᠴᠠᠨ ᠭᠦᠳᠡᠯᠦᠯᠴᠡᠬᠦ ᠲᠤᠨᠨᠳᠠᠴᠠ ᠶᠢ ᠪᠠᠶᠢᠭᠤᠯᠬᠤ ᠬᠡᠷᠡᠭᠳᠡᠢ᠃ ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ᠂ ᠨᠢᠭᠦᠯᠡᠰᠦᠩᠬᠦᠢ ᠶᠢᠨ ᠵᠤᠬᠢᠶᠠᠨ ᠪᠠᠶᠢᠭᠤᠯᠤᠯᠳᠠ᠂ ᠰᠠᠶᠢᠨ ᠲᠤᠷ᠎ᠠ ᠶᠢᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢ ᠨᠡᠪᠴᠢᠬᠦᠯᠦᠨ ᠭᠦᠮᠦᠵᠢᠬᠦᠯᠬᠦ ᠶᠢ ᠲᠦᠷᠬᠡᠳᠬᠡᠵᠦ᠂ ᠲᠡᠳᠡᠨ ᠢ ᠭᠦᠳᠦᠯᠦᠨ ᠵᠢᠯᠤᠭᠤᠳᠴᠤ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠦᠨᠳᠦᠰᠦᠨ ᠠᠮᠢᠳᠤᠷᠠᠯ᠂ ᠰᠤᠷᠭᠠᠨ ᠭᠦᠮᠦᠵᠢᠯ᠂ ᠡᠮᠴᠢᠯᠡᠭᠡ᠂ ᠬᠠᠷᠠᠭᠠᠯᠵᠠᠯ᠂ ᠡᠷᠡᠭᠦᠯᠵᠢᠯ ᠵᠡᠷᠬᠡ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠪᠡᠯᠡ ᠮᠦᠩᠭᠦ ᠡᠳ᠋ ᠪᠠᠷᠠᠭ᠎ᠠ ᠬᠠᠨᠳᠢᠪᠯᠡᠨ ᠭᠦᠷᠬᠡᠵᠦ᠂ ᠨᠢᠬᠦᠯᠡᠰᠦᠩᠬᠦᠢ ᠶᠢᠨ ᠲᠦᠷᠦᠯ ᠵᠦᠢᠯ ᠢ ᠬᠡᠷᠡᠭᠵᠢᠬᠦᠯᠵᠦ᠂ ᠲᠤᠰᠬᠠᠢ ᠦᠢᠯᠡᠴᠢᠯᠡᠭᠡ ᠬᠠᠩᠭᠠᠬᠤ ᠬᠡᠷᠡᠭᠳᠡᠢ᠃ ᠤᠯᠤᠰ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠬᠤᠯᠪᠤᠨᠨᠳᠠᠯ ᠪᠦᠭᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠪᠠ ᠨᠡᠶᠢᠬᠡᠮ ᠤᠨ ᠭᠦᠷᠦᠩᠬᠡ ᠶᠢᠨ ᠬᠠᠮᠳᠤᠷᠠᠯᠴᠠᠭ᠎ᠠ ︵PPP︶ ᠵᠡᠷᠬᠡ ᠠᠷᠭ᠎ᠠ ᠮᠠᠶ᠋ᠢᠭ ᠢᠶᠠᠷ ᠲᠠᠮᠵᠢᠵᠦ᠂ ᠨᠡᠶᠢᠬᠡᠮ ᠤᠨ ᠭᠦᠴᠦᠨ ᠤ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠨᠠᠶᠢᠳᠠᠨ ᠲᠡᠵᠢᠬᠡᠯᠬᠡᠬᠦ ᠬᠠᠷᠠᠭᠠᠯᠵᠠᠯ᠂ ᠡᠷᠡᠭᠦᠯᠵᠢᠬᠦ ᠰᠤᠷᠭᠠᠭᠤᠯᠢᠯᠠᠯ ᠵᠡᠷᠬᠡ ᠦᠢᠯᠡᠴᠢᠯᠡᠬᠡᠨ ᠤ ᠪᠠᠶᠢᠭᠤᠯᠤᠮᠵᠢ ᠡᠷᠬᠢᠯᠡᠬᠦ ᠶᠢ ᠲᠡᠮᠵᠢᠬᠦ ᠶᠢᠨ ᠬᠠᠮᠳᠤ᠂ ᠲᠡᠳᠡᠨ ᠢ ᠵᠤᠷᠢᠬᠵᠢᠭᠤᠯᠤᠨ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠶᠢ ᠵᠠᠯᠭᠠᠨ ᠵᠤᠯᠭᠠᠭᠤᠯᠬᠤ ᠳᠤ ᠤᠷᠤᠯᠴᠠᠭᠤᠯᠬᠤ ᠬᠡᠷᠡᠭᠳᠡᠢ᠃ ᠨᠡᠶᠢᠬᠡᠮ ᠤᠨ ᠠᠵᠢᠯᠳᠠᠨ᠂ ᠬᠠᠤᠯᠢ ᠴᠠᠭᠠᠵᠠ ᠶᠢᠨ ᠠᠵᠢᠯᠳᠠᠨ ᠵᠡᠷᠬᠡ ᠲᠤᠰᠬᠠᠢ ᠮᠡᠷᠬᠡᠵᠢᠯ ᠤᠨ ᠠᠵᠢᠯᠳᠠᠨ ᠪᠠ ᠰᠠᠶᠢᠨ ᠲᠤᠷᠠᠴᠤᠳ ᠠᠴᠠ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠳᠠᠯᠢ ᠪᠤᠰᠤ ᠤᠨᠴᠠᠯᠢᠭ ᠲᠤ ᠴᠢᠭᠯᠡᠬᠦᠯᠵᠦ ᠰᠡᠳᠬᠢᠴᠡ ᠶᠢ ᠨᠢ ᠵᠢᠯᠤᠭᠤᠳᠬᠤ᠂ ᠤᠶᠤᠨ ᠤᠬᠠᠭᠠᠨ ᠤ ᠬᠠᠶᠢᠷ᠎ᠠ ᠬᠠᠯᠠᠮᠵᠢᠯᠠᠯ᠂ ᠬᠡᠷ ᠪᠦᠯᠢ ᠶᠢᠨ ᠭᠦᠮᠦᠵᠢᠯ ᠤᠨ ᠵᠢᠭᠠᠨ ᠵᠢᠯᠤᠭᠤᠳᠤᠯᠭ᠎ᠠ᠂ ᠡᠷᠬᠡ ᠠᠰᠢᠭ ᠢ ᠨᠢ ᠬᠠᠮᠠᠭᠠᠯᠠᠬᠤ ᠵᠡᠷᠬᠡ ᠦᠢᠯᠡᠴᠢᠯᠡᠭᠡ ᠬᠠᠩᠭᠠᠬᠤ ᠶᠢ ᠲᠡᠮᠵᠢᠬᠦ ᠬᠡᠷᠡᠭᠳᠡᠢ᠃ ᠦᠷᠦᠪᠴᠢ ᠰᠡᠳᠬᠢᠯ ᠲᠠᠢ ᠬᠡᠷ ᠪᠦᠯᠢ ᠶᠢ ᠵᠤᠷᠢᠬᠵᠢᠭᠤᠯᠵᠦ ᠬᠠᠮᠢᠶ᠎ᠠ ᠪᠦᠭᠦᠢ ᠲᠤᠨᠨᠳᠠᠭᠠᠯ ᠶᠤᠰᠤᠭᠠᠷ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠱᠠᠭᠠᠷᠲᠠᠵᠦ ᠬᠦᠰᠡᠨ ᠪᠦᠬᠦᠢ ᠬᠡᠷ ᠪᠦᠯᠢ ᠳᠤ ᠲᠡᠵᠢᠬᠡᠯᠬᠡᠬᠦ᠂ ᠨᠠᠶᠢᠳᠠᠵᠦ ᠤᠷᠤᠯᠠᠨ ᠲᠡᠵᠢᠬᠡᠯᠬᠡᠬᠦ᠂ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠵᠦ ᠬᠠᠮᠵᠢᠨ ᠲᠡᠵᠢᠬᠡᠬᠦ ᠵᠡᠷᠬᠡ ᠦᠢᠯᠡᠴᠢᠯᠡᠭᠡ ᠶᠢ ᠬᠠᠩᠭᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠲᠤᠰᠠᠯᠠᠵᠦ ᠪᠠᠶᠢᠭᠠᠳ ᠲᠡᠳᠡᠨ ᠳᠤ ᠲᠤᠬᠢᠳᠠᠢ ᠬᠠᠷᠠᠭᠠᠯᠵᠠᠯ ᠪᠠ ᠬᠡᠷ ᠪᠦᠯᠢ ᠶᠢᠨ ᠡᠯᠢᠬᠡᠰᠡᠭ ᠬᠠᠶᠢᠷ᠎ᠠ ᠭᠦᠷᠳᠡᠬᠡᠬᠦ ᠬᠡᠷᠡᠭᠳᠡᠢ᠃ ᠠᠵᠦ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠳᠡᠢ ᠪᠠᠷ ᠤᠷᠢᠶᠠᠯᠠᠵᠦ᠂ ᠨᠢᠬᠡ ᠨᠢᠬᠡ ᠪᠠᠷ ᠳᠠᠭᠠᠭᠠᠨ ᠠᠪᠴᠦ ᠬᠠᠮᠵᠢᠨ ᠲᠤᠰᠠᠯᠠᠬᠤ᠂ ᠨᠢᠭᠦᠯᠡᠰᠦᠩᠬᠦᠢ ᠶᠢᠨ ᠬᠠᠨᠳᠢᠪᠯᠠᠬᠤ᠂ ᠤᠯᠠᠨ ᠨᠡᠶᠢᠳᠡ ᠶᠢᠨ ᠠᠰᠠᠷᠠᠮᠵᠢ ᠶᠢᠨ ᠲᠦᠷᠦᠯ ᠵᠦᠢᠯ ᠢ ᠬᠡᠷᠡᠭᠵᠢᠭᠦᠯᠬᠦ ᠵᠡᠷᠬᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠲᠡᠳᠡᠨ ᠤ ᠬᠡᠷ ᠪᠦᠯᠢ ᠳᠤ ᠨᠡᠩ ᠢᠯᠡᠬᠦᠦ ᠬᠠᠪᠰᠤᠷᠤᠯᠭ᠎ᠠ ᠬᠠᠩᠭᠠᠬᠤ ᠬᠡᠷᠡᠭᠳᠡᠢ᠃      ᠲᠠᠪᠤ᠂ ᠠᠵᠢᠯ ᠤᠨ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ      ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠳᠡᠢ᠃      ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠲᠦᠷᠢᠮ ᠢ ᠲᠡᠭᠦᠯᠳᠡᠷᠵᠢᠬᠦᠯᠬᠦ ᠪᠠᠨ ᠠᠷᠠᠳ ᠤᠨ ᠠᠮᠢᠳᠤᠷᠠᠯ ᠤᠨ ᠵᠤᠯ ᠵᠢᠷᠭᠠᠯ ᠪᠠ ᠨᠡᠶᠢᠬᠡᠮ ᠤᠨ ᠬᠠᠮᠢᠶᠠᠷᠤᠯᠳᠠ ᠳᠤ ᠰᠢᠨ᠎ᠠ ᠡᠭᠦᠳᠦᠯᠲᠡ ᠲᠠᠢ ᠪᠤᠯᠭᠠᠬᠤ ᠶᠢ ᠠᠬᠢᠭᠤᠯᠬᠤ ᠶᠢᠨ ᠴᠢᠬᠤᠯᠠ ᠶᠡᠭᠡ ᠠᠭᠤᠯᠭ᠎ᠠ ᠪᠤᠯᠭᠠᠵᠦ ᠱᠠᠯᠠᠪᠳᠠᠨ ᠪᠤᠳᠠᠳᠠᠶᠢᠵᠢᠭᠤᠯᠬᠤ ᠬᠡᠷᠡᠭᠳᠡᠢ᠃ ᠭᠦᠭᠵᠢᠬᠦᠯᠦᠯᠳᠡ ᠦᠬᠡᠷᠡᠴᠢᠯᠡᠯᠳᠡ᠂ ᠰᠤᠷᠭᠠᠨ ᠭᠦᠮᠦᠵᠢᠯ᠂ ᠠᠷᠠᠳ ᠤᠨ ᠶᠠᠪᠤᠳᠠᠯ ᠵᠡᠷᠬᠡ ᠰᠠᠯᠠᠭ᠎ᠠ ᠮᠦᠴᠢᠷ ᠤᠳ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠬᠤ ᠬᠠᠮᠢᠶᠠᠷᠤᠯᠳᠠ ᠶᠢᠨ ᠪᠠᠶᠢᠭᠤᠯᠤᠮᠵᠢ ᠪᠠ ᠡᠷᠡᠭᠦᠯᠵᠢᠯ ᠤᠨᠴᠤᠭᠤᠢ ᠰᠤᠷᠭᠠᠨ ᠭᠦᠮᠦᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ ᠲᠤᠬᠢᠷᠠᠭᠤᠯᠵᠦ᠂ ᠰᠤᠷᠭᠠᠨ ᠭᠦᠮᠦᠵᠢᠬᠦᠯᠬᠦ ᠪᠠ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠦᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠮᠢᠳᠤᠷᠠᠯ ᠢ ᠨᠢ ᠪᠠᠳᠤᠯᠠᠬᠤ ᠠᠵᠢᠯ ᠢ ᠬᠢᠨᠠᠮᠠᠭᠠᠢ ᠰᠠᠶᠢᠳᠤᠷ ᠬᠢᠬᠦ ᠬᠡᠷᠡᠭᠳᠡᠢ᠃ ᠡᠳ᠋ ᠤᠨ ᠶᠠᠪᠤᠳᠠᠯ ᠤᠨ ᠰᠠᠯᠠᠭ᠎ᠠ ᠮᠦᠴᠢᠷ ᠤᠳ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠪᠡᠯᠡ ᠮᠦᠩᠭᠦ ᠶᠢ ᠨᠢᠬᠡᠳᠦᠯᠳᠡᠢ ᠲᠦᠯᠦᠪᠵᠢᠬᠦᠯᠦᠨ ᠲᠤᠬᠢᠷᠠᠭᠤᠯᠬᠤ ᠬᠡᠷᠡᠭᠳᠡᠢ᠃ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ᠂ ᠵᠡᠮᠳᠡᠭᠴᠦᠳ ᠤᠨ ᠬᠤᠯᠪᠤᠭ᠎ᠠ ᠵᠡᠷᠬᠡ ᠰᠠᠯᠠᠭ᠎ᠠ ᠮᠦᠴᠢᠷ ᠤᠳ ᠵᠤᠬᠢᠴᠠᠭᠤᠯᠤᠨ ᠬᠠᠮᠵᠢᠯᠴᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠮᠴᠢᠯᠡᠭᠡ ᠡᠷᠡᠭᠦᠯᠵᠢᠯ ᠤᠨ ᠪᠠᠳᠤᠯᠠᠭ᠎ᠠ ᠶᠢᠨ ᠠᠵᠢᠯ ᠢ ᠦᠨᠡᠨᠬᠦ ᠰᠠᠶᠢᠳᠤᠷ ᠬᠢᠬᠦ ᠬᠡᠷᠡᠭᠳᠡᠢ᠃ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠬᠡ ᠠᠷᠠᠳ ᠤᠨ ᠪᠦᠯᠭᠦᠮ ᠤᠳ ᠤᠯᠠᠨ ᠲᠦᠮᠡᠨ ᠤ ᠪᠦᠯᠭᠦᠮ ᠤᠨ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢ ᠪᠠᠳᠠᠷᠠᠭᠤᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠬᠤ ᠬᠡᠷᠡᠭᠳᠡᠢ᠃ ᠡᠯ᠎ᠡ ᠲᠦᠷᠦᠯ ᠤᠨ ᠨᠢᠭᠦᠯᠡᠰᠦᠩᠬᠦᠢ ᠶᠢᠨ ᠵᠤᠬᠢᠶᠠᠨ ᠪᠠᠶᠢᠭᠤᠯᠤᠯᠳᠠ ᠨᠤᠭᠤᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠠᠵᠦ ᠠᠬᠤᠢ ᠪᠠ ᠤᠶᠤᠨ ᠤ ᠲᠤᠰᠠᠯᠠᠮᠵᠢ ᠭᠦᠷᠳᠡᠬᠡᠬᠦ ᠶᠢ ᠴᠢᠩᠭᠠᠳᠬᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠤᠶᠢᠵᠢᠯᠳᠠ ᠳᠤ ᠨᠡᠩ ᠢᠯᠡᠬᠦᠦ ᠦᠢᠯᠡᠴᠢᠯᠡᠭᠡ ᠪᠠ ᠬᠠᠪᠰᠤᠷᠤᠯᠭ᠎ᠠ ᠬᠠᠩᠭᠠᠬᠤ ᠬᠡᠷᠡᠭᠳᠡᠢ᠃      ︵ᠬᠤᠶᠠᠷ︶ ᠬᠢᠨᠠᠯᠳᠠ ᠬᠠᠮᠢᠶᠠᠷᠤᠯᠳᠠ ᠶᠢᠨ ᠦᠢᠯᠡᠴᠢᠯᠡᠭᠡ ᠶᠢ ᠴᠢᠩᠭᠠᠷᠠᠭᠤᠯᠬᠤ ᠬᠡᠷᠡᠭᠳᠡᠢ᠃ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠤᠭᠤᠳ ᠭᠠᠴᠠᠭ᠎ᠠ ᠲᠤᠰᠬᠤᠨ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠢ ᠵᠤᠬᠢᠶᠠᠨ ᠪᠠᠶᠢᠭᠤᠯᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠶᠢᠳᠠᠯ ᠢ ᠪᠠᠶᠢᠴᠠᠭᠠᠨ ᠤᠶᠢᠯᠠᠭᠠᠵᠦ᠂ ᠲᠡᠩᠰᠠ ᠡᠪᠬᠡᠮᠡᠯ ᠪᠠᠶᠢᠭᠤᠯᠵᠦ᠂ ᠪᠠᠳᠤᠯᠠᠬᠤ ᠴᠢᠬᠤᠯᠠᠳᠠᠢ ᠶᠢ ᠨᠢ ᠪᠠᠳᠤᠯᠠᠵᠦ᠂ ᠭᠦᠳᠡᠯᠦᠩᠭᠦᠢ ᠪᠠᠷ ᠬᠠᠮᠢᠶᠠᠷᠬᠤ ᠶᠢ ᠪᠡᠶᠡᠯᠡᠬᠦᠯᠬᠦ ᠬᠡᠷᠡᠭᠳᠡᠢ᠃ ᠭᠠᠴᠠᠭ᠎ᠠ ᠲᠤᠰᠬᠤᠨ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠎ ᠨᠢ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠪᠤᠷᠠᠨ ᠲᠤᠰᠠᠯᠠᠵᠦ ᠬᠠᠮᠠᠭᠠᠯᠠᠵᠦ ᠰᠢᠮᠳᠠᠭᠤᠯᠤᠨ ᠵᠢᠯᠤᠭᠤᠳᠬᠤ ᠲᠦᠷᠢᠮ ᠢ ᠪᠠᠶᠢᠭᠤᠯᠵᠦ᠂ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠨᠨᠰᠠᠨ ᠬᠡᠤᠬᠡᠳ ᠢ ᠠᠪᠤᠷᠠᠨ ᠲᠤᠰᠠᠯᠠᠵᠦ ᠬᠠᠮᠠᠭᠠᠯᠠᠵᠦ ᠰᠢᠮᠳᠠᠭᠤᠯᠤᠨ ᠵᠢᠯᠤᠭᠤᠳᠬᠤ ᠠᠵᠢᠯᠳᠠᠨ ᠤᠷᠢᠬᠤ ᠬᠡᠷᠡᠭᠳᠡᠢ᠃ ᠵᠤᠷᠢᠭᠤᠳᠠ ᠪᠤᠶᠤ ᠮᠠᠭᠤ ᠰᠠᠨᠠᠭ᠎ᠠ ᠡᠪᠦᠷᠯᠡᠵᠦ ᠠᠰᠠᠷᠠᠨ ᠲᠡᠵᠢᠬᠡᠬᠦ ᠡᠭᠦᠷᠬᠡ ᠪᠠᠨ ᠦᠯᠦ ᠭᠦᠢᠴᠡᠳᠬᠡᠭᠰᠡᠨ ᠵᠡᠷᠬᠡ ᠬᠡᠤᠬᠡᠳ ᠤᠨ ᠡᠷᠬᠡ ᠠᠰᠢᠭ ᠲᠤ ᠬᠠᠯᠳ᠋ᠬᠠᠰᠠᠨ ᠡᠯ᠎ᠡ ᠲᠦᠷᠦᠯ ᠤᠨ ᠠᠵᠢᠯᠯᠠᠭ᠎ᠠ ᠳᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠠᠴᠠ ᠬᠠᠤᠯᠢ ᠶᠤᠰᠤᠭᠠᠷ ᠴᠤᠬᠢᠯᠳᠠ ᠦᠭᠴᠤ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠬᠠᠤᠯᠢ ᠴᠠᠭᠠᠵᠠ ᠶᠢᠨ ᠲᠤᠰᠠᠯᠠᠮᠵᠢ ᠶᠢ ᠢᠳᠡᠪᠬᠢᠳᠡᠢ ᠪᠠᠷ ᠬᠠᠩᠭᠠᠵᠦ᠂ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠢ ᠨᠡᠶᠢᠬᠡᠮ ᠲᠤᠭᠤᠷᠢᠭ ᠲᠠᠭᠠᠨ ᠵᠠᠰᠠᠨ ᠵᠠᠯᠠᠷᠠᠭᠤᠯᠬᠤ ᠠᠵᠢᠯ ᠢ ᠰᠠᠶᠢᠳᠤᠷ ᠬᠢᠭᠦ ᠬᠡᠷᠡᠭᠳᠡᠢ᠃      ︵ᠭᠤᠷᠪᠠ︶ ᠨᠡᠶᠢᠬᠡᠮ ᠤᠨ ᠤᠷᠴᠢᠨ ᠨᠦᠭᠦᠴᠡᠯ ᠢ ᠪᠤᠢ ᠪᠤᠯᠭᠠᠬᠤ ᠬᠡᠷᠡᠭᠳᠡᠢ᠃ ᠡᠯ᠎ᠡ ᠭᠠᠵᠠᠷ ᠤᠷᠤᠨ ᠨᠤᠭᠤᠳ ᠬᠡᠤᠬᠡᠳ ᠢ ᠡᠩ ᠲᠡᠷᠢᠬᠦᠨ ᠳᠤ ᠪᠤᠳᠤᠯᠬᠢᠯᠠᠬᠤ ᠪᠠ ᠨᠠᠰᠤᠨ ᠳᠤ ᠦᠯᠦ ᠭᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠭᠤᠤᠯ ᠰᠡᠳᠦᠪᠳᠦ ᠤᠬᠠᠭᠤᠯᠭ᠎ᠠ ᠭᠦᠮᠦᠵᠢᠯ ᠤᠨ ᠠᠵᠢᠯᠯᠠᠭ᠎ᠠ ᠶᠢ ᠦᠷᠬᠡᠨ ᠢᠶᠠᠷ ᠦᠷᠨᠢᠬᠦᠯᠵᠦ᠂ ᠪᠦᠭᠦ ᠨᠡᠶᠢᠬᠡᠮ ᠢᠶᠠᠷ ᠢᠶᠠᠨ ᠬᠡᠤᠬᠡᠳ ᠤᠨ ᠡᠷᠡᠭᠦᠯ ᠡᠩᠬᠡ ᠦᠰᠦᠨ ᠪᠤᠶᠢᠵᠢᠯᠳᠠ ᠶᠢ ᠲᠦᠢᠯ ᠢᠶᠠᠷ ᠬᠠᠯᠠᠮᠵᠢᠯᠬᠠᠰᠠᠨ ᠶᠡᠭᠡ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠲᠦᠷᠢᠮ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠦ᠂ ᠤᠯᠠᠨ ᠵᠦᠢᠯ ᠤᠨ ᠤᠬᠠᠭᠤᠯᠬᠤ ᠬᠡᠯᠪᠡᠷᠢ ᠪᠠᠷ ᠲᠠᠮᠵᠢᠭᠤᠯᠤᠨ᠂ ᠲᠦᠷᠦ ᠶᠢᠨ ᠪᠤᠳᠤᠯᠭ᠎ᠠ ᠶᠢ ᠨᠡᠶᠢᠬᠡᠮ ᠲᠤᠭᠤᠷᠢᠭ᠂ ᠰᠤᠷᠭᠠᠭᠤᠯᠢ᠂ ᠬᠡᠷ ᠪᠦᠯᠢ ᠳᠤ ᠤᠷᠤᠭᠤᠯᠬᠤ ᠶᠢ ᠠᠬᠢᠭᠤᠯᠤᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠳᠡᠢ᠃ ᠡᠯ᠎ᠡ ᠭᠠᠵᠠᠷ ᠤᠷᠤᠨ ᠨᠤᠭᠤᠳ ᠲᠤᠬᠠᠢ ᠶᠢᠨ ᠭᠠᠵᠠᠷ ᠤᠨ ᠢᠶᠠᠨ ᠪᠤᠳᠠᠳᠠᠢ ᠶᠢ ᠦᠨᠳᠦᠰᠦᠯᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠬᠤ ᠪᠠᠨ ᠤᠯᠠᠮ ᠨᠢᠬᠡ ᠠᠯᠬᠤᠮ ᠨᠠᠷᠢᠯᠢᠨᠨᠵᠢᠭᠤᠯᠤᠨ᠂ ᠬᠡᠷᠡᠭᠵᠢᠬᠦᠯᠬᠦ ᠨᠠᠷᠢᠨ ᠲᠦᠷᠢᠮ ᠪᠠ ᠪᠤᠳᠠᠳᠠᠢ ᠠᠷᠭ᠎ᠠ ᠶᠢ ᠲᠤᠨᠨᠳᠠᠭᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠲᠦᠷᠢᠮ ᠤᠨ ᠪᠤᠳᠠᠳᠠᠶᠢᠵᠢᠬᠤ ᠶᠢ ᠦᠨᠡᠨᠬᠦ ᠪᠠᠳᠤᠯᠠᠬᠤ ᠬᠡᠷᠡᠭᠳᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map