︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2017/4/19
     ᠰᠤᠷᠪᠤᠯᠵᠢᠯᠠᠭᠰᠠᠨ ᠴᠠᠭ᠄      2017 ᠤᠨ ᠤ 3 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ  ᠵᠠᠶ ᠶᠧᠦ ᠵᠢᠶᠦ᠋ᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠤᠯᠡᠠ ᠤ ᠮᠡᠳᠡᠭᠡᠵᠢ ᠪᠠᠷ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ ᠪᠠᠨ ᠠᠯᠳᠠᠬᠤ ᠬᠡᠷᠡᠭ ᠭᠠᠷᠤᠭᠰᠠᠭᠠᠷ ᠯᠡ ᠵᠠᠬ᠎ᠠ ᠳᠡᠯᠭᠡᠭᠦᠷ ᠤᠨ ᠡᠮᠬᠢ ᠵᠢᠷᠤᠮ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ ᠪᠠᠶᠢᠳᠠᠯ ᠎ ᠳᠤ ᠨᠡᠯᠢᠶᠡᠳ ᠶᠡᠭᠡ ᠨᠥᠯᠥᠭᠡ ᠦᠵᠡᠭᠦᠯᠳᠡᠭ᠃ ᠡᠶᠢᠮᠦ ᠠᠴᠠ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠪᠦᠲᠦᠮᠵᠢᠲᠡᠢ ᠰᠡᠷᠭᠡᠶᠢᠯᠡᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠢ ᠲᠤᠭᠲᠠᠭᠠᠨ ᠲᠠᠷᠤᠮᠠᠯᠯᠠ ᠲᠠᠷᠬᠠᠭᠠᠪᠠ᠃ ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ ᠶᠧᠦ ᠵᠢᠶᠦ᠋ᠨ ᠢ ᠤᠷᠢᠨ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠳᠤ ᠲᠠᠶᠢᠯᠤᠮᠵᠢ ᠬᠢᠯᠭᠡᠬᠦ ᠪᠠᠷ ᠪᠤᠯᠤᠯ᠎ᠠ᠂ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃                             ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠲᠠ ᠪᠦᠬᠦᠨ ᠤ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠦ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ ᠶᠧᠦ ᠵᠢᠶᠦ᠋ᠨ ᠪᠤᠯᠤᠨ᠎ᠠ᠂ ᠵᠠᠶ ᠲᠢᠩᠬᠢᠮ ᠤᠨ ᠳᠠᠷᠤᠭ᠎ᠠ᠂ ᠲᠠ ᠰᠠᠶᠢᠨ ᠤᠤ︕      ᠵᠠᠶ ᠶᠧᠦ ᠵᠢᠶᠦ᠋ᠨ᠄      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕      ᠬᠥᠲᠥᠯᠥᠭᠴᠢ᠄      ᠵᠠᠶ ᠲᠢᠩᠬᠢᠮ ᠤᠨ ᠳᠠᠷᠤᠭ᠎ᠠ ᠡ᠂ ᠶᠠᠭᠤᠨ ᠤ ᠡᠮᠦᠨ᠎ᠡ ᠲᠠ ᠶᠠᠭᠤᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠢ ᠲᠤᠭᠲᠠᠭᠠᠭᠰᠠᠨ ᠲᠤᠬᠠᠢ ᠶᠠᠷᠢᠭᠠᠳ ᠥᠭᠭᠦᠨ᠎ᠡ ᠤᠤ︖       ᠵᠠᠶ ᠶᠧᠦ ᠵᠢᠶᠦ᠋ᠨ᠄      ᠤᠯᠡᠠ ᠤ ᠮᠡᠳᠡᠭᠡᠵᠢ ᠪᠠᠷ ᠠᠮᠤ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ ᠪᠠᠨ ᠠᠯᠳᠠᠬᠤ ᠬᠡᠷᠡᠭ ᠭᠠᠷᠤᠭᠰᠠᠭᠠᠷ ᠯᠡ ᠵᠠᠬ᠎ᠠ ᠳᠡᠯᠭᠡᠭᠦᠷ ᠤᠨ ᠡᠮᠬᠢ ᠵᠢᠷᠤᠮ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ ᠪᠠᠶᠢᠳᠠᠯ ᠳᠤ ᠨᠡᠯᠢᠶᠡᠳ ᠶᠡᠭᠡ ᠨᠥᠯᠥᠭᠡ ᠦᠵᠡᠭᠦᠯᠳᠡᠭ᠃ ᠡᠶᠢᠮᠦ ᠠᠴᠠ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠪᠦᠲᠦᠮᠵᠢᠲᠡᠢ ᠰᠡᠷᠭᠡᠶᠢᠯᠡᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢᠨ ᠲᠦᠯᠦᠭᠡ᠂ ᠮᠠᠨ ᠤ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠢ ᠲᠤᠭᠲᠠᠭᠠᠨ ᠳᠠᠷᠤᠮᠠᠯᠯᠠᠨ ᠲᠠᠷᠬᠠᠭᠠᠪᠠ᠃      ᠬᠥᠲᠥᠯᠥᠭᠴᠢ᠄      ᠮᠠᠨ ᠤ ᠣᠶᠢᠯᠠᠭᠠᠭᠰᠠᠨ ᠢᠶᠠᠷ᠂ ᠣᠳᠣᠬᠠᠨ ᠳᠤ ᠳᠠᠷᠤᠮᠠᠯᠯᠠᠨ ᠲᠠᠷᠬᠠᠭᠠᠨ ᠬᠡᠷᠡᠭᠵᠢᠭᠦᠯᠵᠦ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠨᠢ 2005 ᠣᠨ ᠳᠤ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾᠎ ᠤᠨ ᠰᠠᠭᠤᠷᠢᠨ ᠳᠡᠭᠡᠷ᠎ᠡ ᠳᠠᠬᠢᠨ ᠵᠠᠰᠠᠪᠤᠷᠢ ᠤᠷᠤᠭᠤᠯᠤᠨ ᠲᠤᠭᠲᠠᠭᠠᠵᠠᠢ᠂ ᠶᠠᠭᠤᠨ ᠤ ᠤᠴᠢᠷ ᠠᠴᠠ ᠳᠠᠬᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠬᠠᠢ ᠲᠠ ᠶᠠᠷᠢᠭᠠᠳ ᠥᠭᠭᠦᠨ᠎ᠡ ᠤᠤ︖      ᠵᠠᠶ ᠶᠸᠥ ᠵᠢᠶᠦ᠋ᠨ᠄      2005 ᠣᠨ ᠳᠤ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠥᠪᠥᠷ ᠵᠠᠰᠠᠭ ᠠᠷᠠᠯᠵᠢᠶ᠎ᠠ ᠲᠡᠭᠡᠭᠡᠪᠦᠷᠢ ᠦᠰᠦᠭ ﹇2005﹈︶᠎ ᠢ ᠲᠣᠭᠲᠠᠭᠠᠵᠤ᠂ ᠤᠷᠲᠤ ᠬᠤᠭᠤᠴᠠᠭᠠᠨ ᠤ ᠲᠤᠷᠰᠢ ᠵᠣᠬᠢᠬᠤ ᠬᠡᠮᠵᠢᠶᠡᠨ ᠤ ᠵᠢᠯᠣᠭᠤᠳᠬᠤ ᠴᠢᠨᠠᠷ ᠪᠣᠯᠤᠨ ᠬᠠᠨᠳᠤᠯᠭᠠᠲᠤ ᠴᠢᠨᠠᠷ ᠲᠠᠢ ᠪᠠᠶᠢᠭᠰᠠᠨ ᠶᠤᠮ᠃ ᠭᠡᠪᠡᠴᠦ ᠮᠠᠨ ᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠤᠯᠠᠰᠢᠷᠠᠬᠤ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠪᠠᠶᠢᠳᠠᠯ ᠤᠨ ᠬᠦᠭᠵᠢᠨ ᠪᠠᠳᠠᠷᠠᠬᠤ᠂ ᠭᠦᠢᠯᠭᠡᠭᠡᠨ ᠤ ᠬᠡᠪᠴᠢᠶ᠎ᠡ ᠶᠢᠨ ᠪᠤᠵᠠᠭᠠᠶᠢᠷᠠᠬᠤ᠂ ᠭᠦᠢᠯᠭᠡᠭᠡᠨ ᠤ ᠠᠷᠭ᠎ᠠ ᠬᠡᠯᠪᠡᠷᠢ ᠶᠢᠨ ᠬᠤᠪᠢᠷᠠᠭᠤᠯᠬᠤ᠂ ᠬᠤᠳᠡ ᠪᠡᠯᠭᠠᠰᠤᠴᠢᠯᠠᠯᠳᠡ ᠶᠢᠨ ᠠᠬᠢᠴᠠ ᠲᠦᠷᠭᠡᠳᠬᠦ᠂ ᠪᠦᠬᠦ ᠤᠯᠤᠰ ᠤᠨ ᠵᠠᠬ᠎ᠠ ᠳᠡᠯᠭᠡᠭᠦᠷ ᠯᠤᠭ᠎ᠠ ᠲᠦᠷᠭᠡᠪᠴᠢᠯᠡᠨ ᠠᠭᠤᠰᠤᠯᠳᠤᠬᠤ ᠵᠢᠴᠢ ᠵᠠᠰᠠᠭ ᠤᠨ ᠣᠷᠳᠣᠨ ᠤ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠨᠡᠶᠢᠯᠡᠭᠦᠯᠬᠦ᠂ ᠥᠭᠡᠷᠡᠴᠢᠯᠡᠬᠦ ᠶᠢ ᠳᠠᠭᠠᠯᠳᠤᠨ᠂ ᠤᠤᠯ ︽ᠲᠥᠰᠦᠯ︾᠎ ᠨᠢ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠳᠡᠰ ᠬᠤᠪᠢᠶᠠᠬᠤ ᠪᠠᠷᠢᠮᠵᠢᠶ᠎ᠠ᠂ ᠪᠠᠴᠢᠮ ᠠᠷᠭᠠᠴᠠᠬᠤ ᠲᠥᠰᠦᠯ ᠵᠢᠴᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠡᠷᠭᠡ ᠲᠠᠯ᠎ᠠ ᠪᠠᠷ ᠪᠦᠷ ᠥᠨᠥᠳᠦᠷ ᠤᠨ ᠵᠠᠬ᠎ᠠ ᠳᠡᠯᠭᠡᠭᠦᠷ ᠤᠨ ᠬᠤᠪᠢᠷᠠᠯᠲᠠ ᠲᠠᠢ ᠵᠤᠬᠢᠴᠠᠬᠤ ᠦᠭᠡᠢ ᠪᠤᠯᠤᠭᠰᠠᠨ ᠪᠠᠶᠢᠨ᠎ᠠ᠂ ᠡᠶᠢᠮᠦ ᠠᠴᠠ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠰᠢᠨ᠎ᠡ ᠪᠠᠶᠢᠳᠠᠯ ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠪᠢᠳᠡ ᠤᠤᠯ ︽ᠲᠥᠰᠦᠯ︾᠎ ᠤᠨ ᠰᠠᠭᠤᠷᠢᠨ ᠳᠡᠭᠡᠷ᠎ᠡ ᠲᠠᠬᠢᠨ ᠵᠠᠰᠠᠪᠤᠷᠢ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠢᠨ᠎ᠡ ᠪᠡᠯᠡᠳᠬᠡᠯ ᠲᠦᠰᠦᠯ ᠢ ᠪᠤᠢ ᠪᠤᠯᠭᠠᠪᠠ᠃      ᠬᠥᠲᠥᠯᠥᠭᠴᠢ᠄      ᠵᠠᠶ ᠲᠢᠩᠬᠢᠮ ᠤᠨ ᠳᠠᠷᠤᠭ᠎ᠠ ᠡ᠂ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾᠎ ᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ ᠪᠠ ᠲᠣᠬᠢᠷᠠᠬᠤ ᠬᠡᠪᠴᠢᠶ᠎ᠡ ᠶᠢ ᠶᠠᠷᠢᠭᠠᠳ ᠥᠭᠭᠦᠨ᠎ᠡ ᠤᠤ︖      ᠵᠠᠢ ᠶᠸᠥ ᠵᠢᠶᠦ᠋ᠨ᠄      ︽ᠲᠥᠰᠦᠯ︾᠎ ᠢ ᠨᠠᠶᠢᠷᠠᠭᠤᠯᠤᠨ ᠵᠣᠬᠢᠶᠠᠬᠤ ᠳᠤ ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠦᠨᠳᠦᠰᠦᠯᠡᠯ ᠪᠣᠯᠭᠠᠪᠠ᠃      ᠲᠤᠰ ︽ᠲᠥᠰᠦᠯ︾᠎ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠤᠷᠠᠬᠢ ᠪᠠᠶᠢᠭᠠᠯᠢ ᠶᠢᠨ ᠭᠠᠶ ᠭᠠᠮᠰᠢᠭ᠂ ᠠᠳᠡᠯ ᠤᠨ ᠭᠠᠢ ᠵᠣᠪᠠᠯᠠᠩ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠪᠣᠯᠤᠨ ᠨᠡᠶᠢᠭᠡᠮ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠵᠢᠴᠢ ᠪᠤᠰᠤᠳ ᠭᠡᠨᠡᠳᠲᠡ ᠶᠢᠨ ᠰᠢᠯᠲᠠᠭᠠᠨ ᠵᠡᠷᠭᠡ ᠠᠴᠠ ᠪᠤᠯᠵᠤ ᠠᠮᠤ ᠪᠤᠳᠠᠭ᠎ᠠ᠂ ᠢᠳᠡᠰᠢᠨ ᠲᠤᠰᠦ᠂ ᠮᠢᠬᠠᠨ ᠤ ᠵᠦᠢᠯ᠂ ᠨᠣᠭᠤᠭ᠎ᠠ ᠴᠠᠭ᠎ᠠ᠂ ᠥᠨᠳᠡᠭᠡ᠂ ᠴᠠᠭᠠᠨ ᠢᠳᠡᠭᠡᠨ᠂ ᠢᠳᠡᠰᠢᠨ ᠳᠠᠪᠤᠰᠤ᠂ ᠬᠢᠯᠢ ᠬᠢᠵᠠᠭᠠᠷ ᠣᠷᠣᠨ ᠳᠤ ᠪᠣᠷᠣᠯᠠᠭᠤᠯᠬᠤ ᠴᠠᠢ ᠪᠣᠯᠣᠨ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠬᠡᠷᠡᠭᠰᠡᠯ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠬᠦᠨᠳᠦ ᠨᠣᠴᠢᠲᠠᠶ ᠠᠯᠳᠠᠭᠤᠯᠬᠤ᠂ ᠨᠡᠯᠢᠶᠡᠳ ᠶᠡᠭᠡ ᠬᠡᠪᠴᠢᠶᠡᠨ ᠳᠣᠲᠣᠷ᠎ᠠ ᠪᠤᠯᠢᠶᠠᠯᠳᠤᠨ ᠬᠤᠳᠠᠯᠳᠤᠨ ᠠᠪᠬᠤ᠂ ᠦᠨ᠎ᠡ ᠬᠠᠩᠰᠢ ᠶᠡᠬᠡᠪᠡᠷ ᠥᠰᠬᠦ ᠪᠤᠶᠤ ᠲᠠᠸᠠᠷ ᠤᠨ ᠪᠣᠷᠣᠯᠠᠭᠤᠯᠭ᠎ᠠ ᠲᠠᠰᠤᠷᠠᠬᠤ ᠶᠠᠪᠤᠳᠠᠯ ᠭᠠᠷᠴᠤ ᠮᠡᠳᠡᠬᠦ ᠪᠣᠶᠣ ᠭᠠᠷᠤᠭᠠᠳ ᠨᠡᠶᠢᠭᠡᠮ ᠤᠨ ᠲᠣᠭᠲᠠᠭᠤᠨ ᠪᠠᠶᠢᠳᠠᠯ ᠢ ᠨᠦᠯᠦᠭᠡᠯᠡᠨ᠂ ᠳᠠᠷᠤᠶ ᠲᠦᠷᠭᠡᠨ ᠰᠢᠶᠳᠪᠦᠷᠢᠯᠡᠬᠦ ᠴᠢᠬᠤᠯᠠᠲᠠᠶ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠢ ᠠᠷᠭᠠᠴᠠᠬᠤ ᠠᠵᠢᠯ ᠳᠤ ᠲᠣᠬᠢᠷᠠᠨ᠎ᠠ᠃ ᠠᠩᠬᠠᠷᠤᠭᠤᠰᠢᠲᠠᠶ ᠨᠢ᠂ ᠠᠮᠤ ᠲᠤᠰᠤ ᠪᠣᠯᠣᠨ ᠢᠳᠡᠰᠢᠨ ᠳᠠᠪᠤᠰᠦ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠳᠤ ᠰᠠᠯᠠᠭ᠎ᠠ ᠮᠥᠴᠢᠷ ᠤᠨ ᠲᠣᠭᠲᠠᠭᠠᠭᠰᠠᠨ ᠲᠤᠰᠬᠠᠶ ᠪᠡᠯᠡᠳᠬᠡᠯ ᠲᠥᠰᠦᠯ ᠪᠠᠶᠢᠳᠠᠭ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠨᠢ ᠲᠤᠰ ᠲᠤᠰ ︽ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠥᠪᠥᠷ ᠵᠠᠰᠠᠭ ᠦᠰᠦᠭ ﹇2006﹈ 395 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠰᠢᠨ ᠳᠠᠪᠤᠰᠤᠨ ᠤ ᠬᠠᠩᠭᠠᠯᠭ᠎ᠠ ᠵᠢᠴᠢ ᠶᠠᠰᠤ ᠴᠢᠨᠠᠷ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠦᠪᠦᠷ ᠳᠠᠪᠤᠰᠤ ᠲᠣᠪᠴᠢᠶ᠎ᠠ ᠲᠠᠷᠬᠠᠭᠠᠭᠰᠠᠨ ﹇2016﹈ 5 ᠳ᠋ᠤᠭᠠᠷ ᠲᠣᠭᠠᠲᠤ︶᠎ ᠢᠶᠠᠷ ᠬᠡᠷᠡᠭᠵᠢᠭᠦᠯᠬᠦ ᠬᠡᠷᠡᠭᠲᠡᠢ᠃       ᠬᠥᠲᠥᠯᠥᠭᠴᠢ᠄      ᠵᠠᠶ ᠲᠢᠩᠬᠢᠮ ᠤᠨ ᠳᠠᠷᠤᠭ᠎ᠠ ᠡ᠂ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠤᠨ ᠭᠤᠣᠯ ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ︖       ᠵᠠᠢ ᠶᠸᠥ ᠵᠢᠶᠦ᠋ᠨ᠄      ᠪᠢ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠲᠠᠨᠢᠯᠴᠠᠭᠤᠯᠤᠶ᠎ᠠ᠄      ᠨᠢᠭᠡᠳᠦᠭᠡᠷ ᠲᠤ᠂ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠲᠤᠬᠠᠢ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠤ᠂ ᠥᠪᠡᠷᠲᠡᠭᠡᠨ ᠵᠠᠰᠠᠭ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ ᠬᠠᠷᠢᠭᠤᠴᠠᠨ᠂ ᠪᠦᠷᠢᠯᠳᠦᠭᠦᠨ ᠨᠢ ᠬᠤᠳᠠᠯᠳᠤᠭᠠᠨ ᠤ ᠶᠠᠪᠤᠳᠠᠯ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ᠂ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠦᠪᠯᠡᠯ᠂ ᠡᠳ᠋ ᠤᠨ ᠵᠠᠰᠠᠭ ᠵᠡᠷᠭᠡ 18 ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠪᠦᠷᠢᠯᠳᠦᠪᠡ᠂ ᠡᠯ᠎ᠡ ᠰᠠᠯᠠᠭ᠎ᠠ ᠮᠦᠴᠢᠷ ᠨᠢ ︽ᠲᠥᠰᠦᠯ︾᠎ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠦᠴᠢᠷ ᠤᠳ ᠴᠦ ᠲᠤᠰ ᠭᠠᠵᠠᠷ ᠣᠷᠣᠨ ᠤ ᠪᠠᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠪᠥᠭᠡᠳ ᠬᠠᠷᠢᠴᠠᠩᠭᠤᠢ ᠪᠦᠬᠦᠢ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃      ᠬᠤᠶᠠᠳᠤᠭᠠᠷ ᠲᠤ᠂ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠤᠨ ᠲᠡᠰ ᠬᠤᠪᠢᠶᠠᠬᠤ ᠪᠠᠷᠢᠮᠵᠢᠶ᠎ᠠ ᠶᠢᠨ ᠲᠤᠬᠠᠢ᠂ ᠪᠢᠳᠡ ᠥᠪᠡᠷᠲᠡᠭᠡᠨ ᠵᠠᠰᠠᠭ ᠣᠷᠣᠨ ᠤ ᠪᠣᠳᠠᠲᠠᠶ ᠲᠠᠢ ᠤᠶᠠᠯᠳᠤᠭᠤᠯᠤᠨ Ⅰ ᠳᠡᠰ ︵ᠣᠨᠴᠠ ᠶᠡᠭᠡ︶᠂ Ⅱ ᠳᠡᠰ ︵ᠬᠦᠨᠳᠦ ᠶᠡᠭᠡ︶᠂ Ⅲ ᠳᠡᠰ ︵ᠨᠡᠯᠢᠶᠡᠳ ᠶᠡᠭᠡ︶᠂ Ⅳ ᠳᠡᠰ ︵ᠡᠩ ᠤᠨ︶ ᠵᠡᠷᠭᠡ ᠳᠦᠷᠪᠡᠨ ᠳᠡᠰ ᠬᠤᠪᠢᠶᠠᠭᠰᠠᠨ ᠪᠠᠶᠢᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅰ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ ᠭᠤᠣᠯᠳᠠᠭᠤ ᠲᠤᠰ ᠥᠪᠡᠷᠲᠡᠭᠡᠨ ᠵᠠᠰᠠᠬᠤ ᠣᠷᠣᠨ ᠪᠣᠯᠤᠨ 1᠎ ᠠᠴᠠ ᠳᠡᠭᠡᠭᠰᠢᠬᠢ ᠬᠥᠷᠰᠢ ᠵᠡᠷᠭᠡᠯᠡᠳᠡᠭᠡ ᠮᠤᠵᠢ ᠤᠷᠤᠨ ᠤ ᠮᠤᠵᠢ ᠶᠢᠨ ᠲᠥᠪ ᠪᠠᠶᠢᠭ᠎ᠠ ᠬᠤᠳᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ᠂ ᠡᠰᠡᠬᠦᠯ᠎ᠡ ᠳᠤᠰ ᠥᠪᠡᠷᠲᠡᠭᠡᠨ ᠵᠠᠰᠠᠬᠤ ᠣᠷᠣᠨ ᠬᠢᠭᠡᠳ ᠬᠥᠷᠰᠢ ᠵᠡᠷᠭᠡᠯᠡᠳᠡᠭᠡ ᠮᠤᠵᠢ ᠣᠷᠣᠨ ᠤ ᠬᠦᠷᠰᠢᠯᠡᠵᠦ ᠪᠠᠶᠢᠭ᠎ᠠ ᠣᠷᠣᠨ ᠪᠦᠰᠡ ᠳᠤ ᠲᠤᠰᠬᠠᠢ ᠣᠷᠣᠨ ᠤ ᠳᠡᠰ ᠠᠴᠠ ᠳᠡᠭᠡᠭᠰᠢᠬᠢ 2 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ᠂ ᠡᠰᠡᠬᠦᠯ᠎ᠡ ᠪᠦᠬᠦ ᠤᠯᠤᠰ ᠤᠨ ᠬᠡᠳᠦᠨ ᠮᠤᠵᠢ ︵ᠥᠪᠡᠷᠲᠡᠭᠡᠨ ᠵᠠᠰᠠᠬᠤ ᠣᠷᠣᠨ︶᠎ ᠳᠤ ᠬᠡᠪ ᠤᠨ ᠪᠤᠰᠤ ᠬᠡᠯᠪᠡᠯᠵᠡᠯ ᠤᠯᠠᠨ ᠡᠭᠦᠰᠬᠦ ᠬᠠᠨᠳᠤᠰᠢ ᠲᠠᠢ ᠪᠦᠭᠡᠳ ᠳᠤᠰ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠨᠦᠯᠦᠭᠡᠯᠡᠬᠦ ᠶᠢ ᠵᠢᠭᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅱ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠳᠤ ᠤᠷᠤᠨ ᠤ ᠲᠥᠪ ᠬᠥᠬᠡᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ ᠡᠰᠡᠬᠦᠯ᠎ᠡ ᠲᠤᠰᠬᠠᠶ ᠣᠷᠣᠨ ᠤ ᠳᠡᠰ ᠠᠴᠠ ᠳᠡᠭᠡᠭᠰᠢᠬᠢ 2 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠬᠦ ᠪᠠᠭᠲᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅲ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ ᠲᠤᠰᠬᠠᠶ ᠣᠷᠣᠨ ᠤ ᠳᠡᠰ ᠤᠨ 1 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ ᠡᠰᠡᠬᠦᠯ᠎ᠡ ᠲᠤᠰᠬᠠᠶ ᠣᠷᠣᠨ ᠤ ᠲᠠᠰ ᠤᠨ 1 ᠬᠤᠲᠠ ᠶᠢᠨ ᠬᠠᠷᠢᠶᠠᠨ ᠳᠤ 2᠎ ᠠᠴᠠ ᠳᠡᠭᠡᠭᠰᠢ ᠬᠤᠰᠢᠭᠤ ᠰᠢᠶᠠᠨ ︵ᠲᠣᠭᠤᠷᠢᠭ︶᠎ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠬᠦ ᠶᠢ ᠵᠢᠭᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅳ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ 1 ᠬᠤᠰᠢᠭᠤ ᠰᠢᠶᠠᠨ ︵ᠲᠣᠭᠤᠷᠢᠭ︶᠎ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠬᠦ ᠶᠢ ᠵᠢᠭᠠᠨ᠎ᠠ᠃      ᠭᠤᠷᠪᠠᠳᠤᠭᠠᠷ ᠲᠤ᠂  ᠤᠷᠢᠳᠴᠢᠯᠠᠨ ᠵᠢᠱᠢᠬᠦ ᠰᠡᠷᠡᠮᠵᠢᠯᠡᠭᠦᠯᠬᠦ ᠲᠣᠭᠲᠠᠴᠠ ᠶᠢᠨ ᠲᠤᠬᠠᠢ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠤᠨ᠂ ᠶᠡᠷᠦᠩᠬᠡᠶᠢᠯᠡᠨ ᠦᠨᠡᠯᠡᠵᠦ᠂ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠡᠵᠡᠮᠰᠢᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠬᠢᠨᠠᠨ ᠬᠡᠮᠵᠢᠵᠦ ᠣᠯᠣᠭᠰᠠᠨ ᠪᠤᠶᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠮᠡᠳᠡᠭᠦᠯᠦᠯᠲᠡ ᠶᠢ ᠭᠠᠷᠲᠠᠵᠤ ᠣᠯᠤᠭᠰᠠᠨ ᠪᠣᠯ᠂ 2 ᠴᠠᠭ ᠤᠨ ᠳᠣᠲᠣᠷ᠎ᠠ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠮᠥᠷᠲᠡᠭᠡᠨ ᠳᠡᠭᠡᠷ᠎ᠡ ᠨᠢᠭᠡᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠤᠭ ᠎ ᠲᠤᠨᠢ ᠮᠡᠳᠡᠭᠦᠯᠬᠦ ᠬᠡᠷᠡᠭᠲᠡᠶ᠃ ᠲᠤᠮᠤ ᠬᠡᠯᠪᠡᠷᠢ ᠶᠢᠨ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠵᠡᠷᠭᠡ ᠬᠠᠮᠢᠶ᠎ᠠ ᠪᠦᠬᠦᠢ ᠨᠢᠭᠡᠴᠡ ᠨᠦᠭᠦᠳ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ᠂ ᠪᠦᠯᠦᠭᠯᠡᠯ ᠤᠨ ᠴᠢᠨᠠᠷᠲᠠᠶ ᠡᠪᠡᠳᠴᠢᠨ ᠬᠢᠵᠢᠭ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠂ ᠳᠠᠶᠢᠨ ᠳᠠᠵᠢᠨ ᠵᠡᠷᠭᠡ ᠠᠶᠤᠮᠰᠢᠭᠲᠤ ᠬᠡᠷᠡᠭ ᠶᠠᠪᠤᠳᠠᠯ ᠡᠭᠦᠰᠦᠭᠰᠡᠨ ᠢ ᠮᠡᠳᠡᠪᠠᠯ 1 ᠴᠠᠭ ᠤᠨ ᠳᠣᠲᠣᠷ᠎ᠠ ᠬᠡᠷᠡᠭ ᠶᠠᠪᠤᠳᠠᠯ ᠡᠭᠦᠰᠦᠭᠰᠡᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠂ ᠡᠯ᠎ᠡ ᠠᠶᠢᠮᠠᠭ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠦᠯᠦᠯᠲᠡ ᠶᠢ ᠣᠯᠤᠭᠰᠠᠨ 1 ᠴᠠᠭ ᠤᠨ ᠳᠣᠲᠣᠷ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠬᠦ ᠬᠡᠷᠡᠭᠲᠡᠶ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠠᠷᠢᠯᠭᠠᠠᠬᠤ ᠠᠴᠠ ᠡᠮᠦᠨ᠎ᠡ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠴᠥᠮ 24 ᠴᠠᠭ ᠢᠶᠠᠷ ᠮᠡᠳᠡᠭᠦᠯᠬᠦ ᠲᠦᠷᠢᠮ ᠢ ᠬᠡᠷᠡᠭᠵᠢᠭᠦᠯᠬᠦ ᠬᠡᠷᠡᠭᠲᠡᠶ᠃      ᠳᠥᠷᠪᠡᠳᠦᠭᠡᠷ ᠲᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠲᠤᠬᠠᠶ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠴᠦ ᠮᠡᠳᠡᠬᠦ ᠪᠣᠯᠣᠯᠴᠠᠭᠠᠲᠤ ᠴᠢᠨᠠᠷ ᠪᠣᠯᠤᠨ ᠨᠥᠯᠥᠭᠡᠯᠡᠬᠦ ᠬᠡᠮᠵᠢᠶ᠎ᠡ ᠪᠠᠷ ᠤᠷᠢᠳᠴᠢᠯᠠᠨ ᠰᠡᠷᠡᠮᠵᠢᠯᠡᠭᠦᠯᠬᠦ ᠲᠡᠰ ᠢ ᠲᠣᠭᠲᠠᠭᠠᠵᠤ᠂ Ⅰ ᠳᠡᠰ᠂ Ⅱ ᠳᠡᠰ᠂ Ⅲ ᠳᠡᠰ᠂ Ⅳ ᠳᠡᠰ ᠬᠤᠪᠢᠶᠠᠵᠤ᠂ ᠳᠡᠰ ᠳᠠᠷᠠᠭᠠᠯᠠᠯ ᠢᠶᠠᠷ ᠨᠢ ᠤᠯᠠᠭᠠᠨ᠂ ᠤᠯᠠᠪᠤᠷ᠂ ᠰᠢᠷ᠎ᠠ ᠪᠣᠯᠤᠨ ᠬᠥᠭᠡ ᠦᠡᠭᠭᠡ ᠪᠠᠷ ᠢᠯᠡᠷᠬᠡᠶᠢᠯᠡᠨ᠎ᠡ᠂ Ⅰ ᠳᠡᠰ ᠪᠣᠯ ᠬᠠᠮᠤᠭ ᠤᠨ ᠥᠨᠳᠥᠷ ᠲᠡᠰ ᠪᠣᠯᠤᠨ᠎ᠠ᠃ Ⅰ ᠳᠡᠰ᠂ Ⅱ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠥᠮ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ  ᠡᠬᠢᠯᠡᠭᠦᠯᠦᠨ ᠬᠡᠷᠡᠭᠵᠢᠭᠦᠯᠵᠦ᠂ ᠬᠠᠮᠢᠶ᠎ᠠ ᠪᠦᠬᠦᠢ ᠨᠢᠭᠡᠴᠡ ᠨᠦᠭᠦᠳ 1 ᠴᠠᠭ ᠤᠨ ᠳᠣᠲᠣᠷ᠎ᠠ ᠪᠠᠴᠢᠮ ᠪᠠᠶᠢᠳᠠᠯ ᠢ ᠠᠷᠭᠠᠴᠠᠬᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠦᠢᠯᠡᠳᠪᠦᠷᠢᠯᠡᠬᠦ᠂ ᠲᠡᠭᠡᠭᠡᠪᠦᠷᠢᠯᠡᠬᠦ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠬᠤ ᠪᠠ ᠢᠳᠡᠭᠡᠨ ᠤ ᠠᠮᠤᠷ ᠲᠥᠪᠰᠢᠨ ᠵᠢᠴᠢ ᠬᠠᠮᠢᠶ᠎ᠠ ᠪᠥᠬᠦᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠡᠷᠡᠭ ᠶᠠᠪᠤᠳᠠᠯ ᠭᠠᠷᠤᠭᠰᠠᠨ ᠭᠠᠵᠠᠷ ᠤᠨ ᠵᠢᠯᠣᠭᠤᠳᠬᠤ ᠭᠠᠵᠠᠷ ᠨᠢ 1 ᠴᠠᠭ ᠤᠨ ᠳᠣᠲᠣᠷ᠎ᠠ ᠪᠦᠷᠢᠯᠳᠦᠬᠦᠨ ᠨᠢᠭᠡᠴᠡ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠎ ᠳᠤ ᠬᠡᠷᠡᠭᠴᠡᠭᠡ ᠪᠦᠬᠦᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠦᠢᠯᠡᠳᠪᠦᠷᠢᠯᠡᠬᠦ᠂ ᠲᠡᠭᠡᠭᠡᠪᠦᠷᠢᠯᠡᠬᠦ ᠶᠢ ᠪᠠᠲᠤᠯᠠᠨ᠎ᠠ︔ Ⅲ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭ ᠶᠠᠪᠤᠳᠠᠯ ᠭᠠᠷᠤᠭᠰᠠᠨ ᠭᠠᠵᠠᠷ ᠤᠨ ᠠᠶᠢᠮᠠᠭ ᠬᠤᠳᠠ ᠪᠤᠶᠤ ᠬᠤᠰᠢᠭᠤ ᠰᠢᠶᠠᠨ ︵ᠲᠣᠭᠤᠷᠢᠭ︶᠎ ᠤ ᠵᠢᠯᠣᠭᠤᠳᠬᠤ ᠭᠠᠵᠠᠷ ᠠᠴᠠ ᠡᠬᠢᠯᠡᠭᠦᠯᠦᠨ ᠬᠡᠷᠡᠭᠵᠢᠭᠦᠯᠦᠨ᠎ᠡ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠥᠷᠨᠢᠭᠦᠯᠬᠦ ᠳᠤ᠂ ᠲᠣᠭᠲᠠᠭᠠᠯ ᠶᠣᠰᠣᠭᠠᠷ ᠳᠡᠭᠡᠷ᠎ᠡ ᠨᠢᠭᠡᠨ ᠱᠠᠲᠤᠨ ᠤ ᠵᠢᠯᠣᠭᠤᠳᠬᠤ ᠭᠠᠵᠠᠷ ᠵᠢᠴᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠴᠠᠭ ᠲᠤᠬᠠᠶ ᠳᠤᠨᠢ ᠮᠡᠳᠡᠭᠳᠡᠨ᠎ᠡ︔ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭ ᠶᠠᠪᠤᠳᠠᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠵᠢᠯᠣᠭᠤᠳᠬᠤ ᠭᠠᠵᠠᠷ ᠠᠴᠠ ᠡᠬᠢᠯᠡᠭᠦᠯᠦᠨ᠎ᠡ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠥᠷᠨᠢᠭᠦᠯᠬᠦ ᠳᠤ᠂ ᠲᠣᠭᠲᠠᠭᠠᠯ ᠶᠣᠰᠣᠭᠠᠷ ᠳᠡᠭᠡᠷ᠎ᠡ ᠨᠢᠭᠡᠨ ᠱᠠᠲᠤᠨ ᠤ ᠵᠢᠯᠣᠭᠤᠳᠬᠤ ᠭᠠᠵᠠᠷ ᠵᠢᠴᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠴᠠᠭ ᠲᠤᠬᠠᠶ ᠳᠤᠨᠢ ᠮᠡᠳᠡᠭᠳᠡᠨ᠎ᠡ᠃      ᠲᠠᠪᠤᠳᠤᠭᠠᠷ ᠲᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠠᠷᠠᠭ᠎ᠠ ᠲᠠᠰᠤᠯᠳᠠᠬᠤ ᠪᠤᠶᠤ ᠦᠨ᠎ᠡ ᠨᠢ ᠶᠡᠭᠡ ᠪᠠᠷ ᠥᠰᠬᠦ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠤᠬᠠᠢ᠂ ᠳᠣᠣᠷᠠᠬᠢ ᠬᠡᠳᠦᠨ ᠲᠠᠯ᠎ᠠ ᠪᠠᠷ ᠰᠢᠶᠳᠪᠦᠷᠢᠯᠡᠵᠦ ᠪᠣᠯᠤᠨ᠎ᠠ᠄ ᠨᠢᠭᠡ ᠳᠤ ᠮᠡᠳᠡᠭᠡ ᠵᠠᠩᠭᠢ ᠨᠡᠶᠢᠲᠡᠯᠡᠨ᠎ᠠ᠃ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠲᠥᠰᠦᠪᠯᠡᠯ ᠢ ᠵᠥᠪ ᠢᠶᠠᠷ ᠵᠢᠯᠣᠭᠤᠳᠣᠨ᠎ᠠ᠃ ᠬᠤᠶᠠᠷ ᠲᠤ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢ ᠬᠤᠳᠠᠯᠳᠤᠨ ᠠᠪᠤᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠤᠣᠯᠯᠠᠭᠴᠢ ᠭᠦᠢᠯᠭᠡᠭᠡᠨ ᠤ ᠠᠵᠤ ᠠᠬᠤᠶᠢᠯᠠᠯ ᠠᠴᠠ ᠦᠢᠯᠡᠳᠪᠦᠷᠢᠯᠡᠭᠴᠢ᠂ ᠬᠠᠩᠭᠠᠭᠴᠢ ᠬᠤᠳᠠᠯᠳᠤᠭᠠᠴᠢᠨ ᠲᠠᠢ ᠪᠠᠷᠠᠭᠠᠨ ᠤ ᠢᠷᠡᠯᠳᠡ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠬᠤ ᠶᠢ ᠨᠢ ᠰᠢᠮᠳᠠᠭᠤᠯᠵᠤ᠂ ᠬᠤᠳᠠᠯᠳᠤᠭᠠᠨ ᠤ ᠬᠥᠮᠥᠷᠭᠡ ᠶᠢᠨ ᠬᠠᠳᠠᠭᠠᠯᠠᠮᠵᠢ ᠶᠢ ᠬᠥᠳᠡᠯᠭᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠭᠤᠷᠪᠠ ᠳᠤ ᠣᠷᠣᠨ ᠪᠦᠰᠡ ᠶᠢᠨ ᠬᠤᠭᠤᠷᠣᠨᠳᠣ ᠨᠢ ᠲᠣᠬᠢᠷᠠᠭᠤᠯᠤᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠦᠨᠳᠦ ᠶᠡᠭᠡ ᠬᠡᠪ ᠤᠨ ᠪᠤᠰᠤ ᠬᠡᠯᠪᠡᠯᠵᠡᠯ ᠡᠭᠦᠰᠦᠭᠰᠡᠨ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠵᠠᠬ᠎ᠠ ᠳᠡᠯᠭᠡᠭᠦᠷ ᠤᠨ ᠬᠡᠯᠪᠡᠯᠵᠡᠯ ᠡᠭᠦᠰᠦᠭᠰᠡᠨ ᠦᠭᠡᠢ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠲᠠᠸᠠᠷ ᠪᠠᠴᠢᠮ ᠰᠢᠯᠵᠢᠭᠦᠯᠦᠨ ᠵᠥᠭᠡᠭᠡᠪᠦᠷᠢᠯᠡᠵᠦ᠂ ᠪᠤᠰᠤᠳ ᠭᠠᠵᠠᠷ ᠤᠨ ᠲᠠᠸᠠᠷ ᠢᠶᠠᠷ ᠦᠯᠡᠭᠦᠦ ᠳᠤᠲᠠᠭᠤ ᠪᠠᠨ ᠲᠣᠬᠢᠷᠠᠭᠤᠯᠵᠤ ᠪᠣᠯᠣᠨ᠎ᠠ᠃ ᠲᠦᠷᠪᠡ ᠳᠤ ᠨᠥᠭᠡᠴᠡ ᠪᠠᠨ ᠬᠥᠳᠡᠯᠭᠡᠵᠦ ᠬᠡᠷᠡᠭᠯᠡᠨ᠎ᠡ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠨᠡᠯᠢᠶᠡᠳ ᠶᠡᠭᠡ ᠪᠤᠶᠤ ᠬᠦᠨᠳᠦ ᠶᠡᠭᠡ ᠬᠡᠪ ᠤᠨ ᠪᠤᠰᠤ ᠬᠡᠯᠪᠡᠯᠵᠡᠯ  ᠡᠭᠦᠰᠦᠭᠰᠡᠨ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠎ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠲᠣᠭᠲᠠᠭᠰᠠᠨ ᠳᠡᠰ ᠳᠠᠷᠠᠭᠠᠯᠠᠯ ᠪᠠ ᠡᠷᠬᠡ ᠮᠡᠳᠡᠯ ᠢᠶᠠᠷ ᠢᠶᠠᠨ᠂ ᠲᠤᠬᠠᠶ ᠶᠢᠨ ᠭᠠᠵᠠᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠶᠢ ᠴᠠᠭ ᠲᠤᠨᠢ ᠲᠣᠬᠢᠷᠠᠭᠤᠯᠤᠨ ᠬᠡᠷᠡᠭᠯᠡᠵᠦ ᠵᠠᠬ᠎ᠠ ᠳᠡᠯᠭᠡᠭᠦᠷ ᠲᠤ ᠣᠷᠣᠭᠤᠯᠤᠨ᠎ᠠ᠂ ᠲᠤᠬᠠᠶ ᠶᠢᠨ ᠭᠠᠵᠠᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠨᠢ ᠬᠦᠷᠦᠯᠴᠡᠬᠦ ᠦᠭᠡᠢ ᠪᠣᠯ ᠳᠡᠭᠡᠳᠦ ᠱᠠᠲᠤᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠶᠢ ᠬᠡᠷᠡᠭᠯᠡᠬᠦ ᠪᠠᠷ ᠳᠠᠬᠢᠨ ᠭᠤᠶᠤᠴᠢᠯᠠᠨ᠎ᠠ᠃ ᠲᠠᠪᠤ ᠳᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠵᠣᠬᠢᠶᠠᠨ ᠪᠠᠶᠢᠭᠤᠯᠤᠨ᠎ᠠ᠃ ᠤᠯᠤᠰ ᠤᠨ ᠳᠣᠲᠣᠭᠠᠳᠤ ᠶᠢᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠡᠬᠢ ᠪᠠᠶᠠᠯᠢᠭ  ᠬᠦᠷᠦᠯᠴᠡᠬᠦ ᠦᠭᠡᠢ ᠦᠶ᠎ᠡ ᠳᠤ᠂ ᠲᠠᠸᠠᠷ ᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠬᠠᠮᠢᠶᠠᠷᠤᠯᠲᠠ ᠶᠢᠨ ᠠᠷᠭ᠎ᠠ ᠶᠢ ᠵᠢᠷᠤᠮᠯᠠᠨ ᠰᠠᠬᠢᠭᠰᠠᠨ ᠤᠷᠢᠲᠠᠯ ᠳᠣᠣᠷ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠠᠳᠠᠭᠠᠳᠤ ᠠᠴᠠ ᠣᠷᠣᠭᠤᠯᠬᠤ ᠪᠤᠶᠤ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ᠎ᠠ᠃ ᠵᠢᠷᠭᠤᠭ᠎ᠠ ᠳᠤ ᠬᠡᠮᠵᠢᠶ᠎ᠡ ᠲᠠᠢ ᠪᠣᠷᠣᠯᠠᠭᠤᠯᠬᠤ ᠪᠤᠶᠤ ᠬᠡᠮᠵᠢᠶ᠎ᠡ ᠬᠢᠵᠠᠭᠠᠷᠯᠠᠵᠤ ᠪᠣᠷᠣᠯᠠᠭᠤᠯᠤᠨ᠎ᠠ᠃ ᠪᠠᠶᠢᠳᠠᠯ ᠬᠦᠨᠳᠦ ᠨᠣᠴᠢᠲᠠᠶ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠎ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠤᠣᠯᠳᠠᠯᠭ᠎ᠠ ᠲᠠᠢ ᠭᠠᠵᠠᠷ ᠣᠷᠣᠨ ᠳᠤ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠬᠡᠮᠵᠢᠶ᠎ᠡ ᠲᠠᠢ ᠪᠣᠷᠣᠯᠠᠭᠤᠯᠬᠤ ᠪᠤᠶᠤ ᠬᠡᠮᠵᠢᠶ᠎ᠡ ᠬᠢᠵᠠᠭᠠᠷᠯᠠᠵᠤ ᠪᠣᠷᠣᠯᠠᠭᠤᠯᠬᠤ ᠡᠰᠡᠬᠦᠯ᠎ᠡ ᠨᠢᠭᠡᠳᠦᠯᠲᠡᠶ ᠲᠠᠷᠬᠠᠭᠠᠬᠤ ᠪᠠ ᠨᠢᠭᠡᠳᠦᠯᠲᠡᠶ ᠬᠤᠪᠢᠶᠠᠷᠢᠯᠠᠵᠤ ᠪᠣᠯᠣᠨ᠎ᠠ᠃ ᠲᠤᠯᠤᠭ᠎ᠠ ᠳᠤ ᠬᠠᠤᠯᠢ ᠶᠣᠰᠣᠭᠠᠷ ᠲᠠᠲᠠᠪᠤᠷᠢᠯᠠᠵᠤ ᠬᠡᠷᠡᠭᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠎ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠨᠢᠭᠡᠴᠡ ᠪᠣᠯᠣᠨ ᠬᠤᠪᠢ ᠬᠥᠮᠦᠨ ᠠᠴᠠ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ᠂ ᠵᠠᠮ ᠬᠠᠷᠢᠯᠴᠠᠭᠠᠨ ᠤ ᠪᠠᠭᠠᠵᠢ ᠵᠢᠴᠢ ᠬᠤᠯᠪᠣᠭᠳᠠᠯ ᠪᠦᠬᠦᠢ ᠪᠡᠯᠡᠳᠬᠡᠮᠵᠢ᠂ ᠲᠥᠬᠦᠭᠡᠷᠦᠮᠵᠢ ᠶᠢ ᠪᠠᠴᠢᠮ ᠲᠠᠲᠠᠪᠤᠷᠢᠯᠠᠨ ᠬᠡᠷᠡᠭᠯᠡᠵᠦ ᠪᠣᠯᠣᠨ᠎ᠠ᠃      ᠵᠢᠷᠭᠤᠳᠤᠭᠠᠷ ᠲᠤ᠂ ᠪᠠᠴᠢᠮ ᠪᠠᠶᠢᠳᠠᠯ ᠢ ᠠᠷᠭᠠᠴᠠᠵᠤ ᠳᠠᠭᠤᠰᠤᠭᠰᠠᠨ ᠤ ᠳᠠᠷᠠᠭᠠᠬᠢ ᠶᠢ ᠰᠢᠶᠳᠪᠦᠷᠢᠯᠡᠬᠦ ᠲᠤᠬᠠᠶ᠂ ᠭᠤᠣᠯᠳᠠᠭᠤ ᠪᠠᠶᠢᠴᠠᠭᠠᠨ ᠦᠨᠡᠯᠡᠬᠦ᠂ ᠵᠦᠢ ᠶᠣᠰᠣᠨ ᠤ ᠲᠥᠯᠥᠪᠦᠷᠢ ᠥᠭᠬᠦ᠂ ᠰᠡᠷᠭᠦᠭᠡᠨ ᠲᠠᠬᠢᠨ ᠪᠠᠶᠢᠭᠤᠯᠬᠤ ᠵᠡᠷᠭᠡ ᠦᠯᠡᠳᠡᠮᠡᠯ ᠠᠵᠢᠯ ᠢ ᠰᠠᠶᠢᠲᠤᠷ ᠬᠢᠬᠦ ᠶᠠᠪᠤᠳᠠᠯ ᠪᠠᠭᠲᠠᠨ᠎ᠠ᠃      ᠬᠥᠲᠥᠯᠥᠭᠴᠢ᠄        ᠲᠠᠨ ᠤ ᠲᠠᠨᠢᠯᠴᠠᠭᠤᠯᠤᠯᠭ᠎ᠠ ᠶᠢ ᠰᠣᠨᠣᠰᠤᠭᠠᠳ ᠤ ᠳᠠᠷᠠᠭ᠎ᠠ᠂ ︽ᠲᠥᠰᠦᠯ︾᠎ ᠨᠢ ᠦᠨᠡᠬᠡᠷ ᠠᠭᠤᠯᠭ᠎ᠠ ᠨᠢ ᠪᠦᠷᠢᠨ᠂ ᠵᠣᠬᠢᠶᠠᠮᠵᠢ ᠨᠢ ᠴᠢᠩᠭ᠎ᠠ᠂ ᠬᠠᠷᠢᠭᠤᠴᠠᠯᠭ᠎ᠠ ᠨᠢ ᠲᠣᠳᠣᠷᠬᠠᠶ᠂ ᠰᠢᠰᠲ᠋ᠧᠮᠵᠢ ᠨᠢ ᠲᠡᠭᠦᠯᠳᠡᠷ ᠪᠣᠯᠬᠤ ᠶᠢ ᠣᠶᠢᠯᠠᠭᠠᠯ᠎ᠠ᠂ ︽ᠲᠥᠰᠦᠯ︾᠎ ᠢ ᠲᠤᠭᠤᠷᠪᠢᠨ ᠪᠢᠴᠢᠬᠦ ᠦᠶᠡᠰ ᠤᠨ ᠶᠡᠷᠦᠩᠬᠡᠶ ᠪᠣᠳᠣᠯᠬᠢᠯᠠᠯ ᠢᠶᠠᠨ ᠶᠠᠷᠢᠭᠠᠳ ᠥᠭᠭᠦᠨ᠎ᠡ ᠤᠤ᠃      ᠵᠠᠶ ᠶᠸᠥ ᠵᠢᠶᠦ᠋ᠨ᠄      ︽ᠲᠥᠰᠦᠯ︾᠎ ᠢ ᠲᠤᠭᠤᠷᠪᠢᠨ ᠪᠢᠴᠢᠬᠦ ᠦᠶ᠎ᠡ ᠳᠤ ᠭᠤᠣᠯᠳᠠᠭᠤ ᠬᠤᠶᠠᠷ ᠵᠠᠷᠴᠢᠮ ᠢ ᠪᠠᠷᠢᠮᠲᠠᠯᠠᠵᠠᠢ᠃      ᠨᠢᠭᠡ ᠳᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠶᠢᠬᠤ ᠵᠠᠷᠴᠢᠮ ᠢ ᠪᠠᠷᠢᠮᠲᠠᠯᠠᠪᠠ᠃ ᠲᠤᠰ ︽ᠲᠥᠰᠦᠯ︾᠎ ᠨᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠷᠡᠭ ᠢ ᠤᠷᠢᠳᠴᠢᠯᠠᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ᠂ ᠰᠡᠷᠭᠦᠭᠡᠨ ᠳᠠᠬᠢᠨ ᠪᠠᠶᠢᠭᠤᠯᠬᠤ᠂ ᠪᠠᠶᠢᠴᠠᠭᠠᠨ ᠦᠨᠡᠯᠡᠬᠦ᠂ ᠱᠠᠩᠨᠠᠬᠤ ᠲᠣᠷᠭᠠᠬᠤ ᠵᠡᠷᠭᠡ ᠨᠢᠭᠡ ᠢᠵᠢ ᠲᠣᠭᠲᠠᠴᠠ ᠶᠢ ᠪᠠᠶᠢᠭᠤᠯᠵᠤ᠂ ᠬᠡᠷᠡᠭ ᠤᠨ ᠡᠮᠦᠨ᠎ᠡ᠂ ᠬᠡᠷᠡᠭ ᠡᠭᠦᠰᠬᠦ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠵᠡᠷᠭᠡ ᠵᠠᠩᠭᠢᠯᠠᠭ᠎ᠠ ᠨᠤᠭᠤᠳ ᠢ ᠪᠠᠭᠲᠠᠭᠠᠭᠰᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠶᠢᠬᠤ ᠠᠵᠢᠯᠯᠠᠭᠠᠨ ᠤ ᠲᠣᠭᠲᠠᠴᠠ ᠶᠢ ᠪᠤᠢ ᠪᠣᠯᠭᠠᠬᠤ ᠪᠠᠷ ᠵᠣᠷᠢᠯᠭ᠎ᠠ ᠪᠠᠨ ᠪᠣᠯᠭᠠᠪᠠ᠃ ᠵᠢᠱᠢᠶᠡᠯᠡᠪᠡᠯ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠳᠡᠰ ᠬᠤᠪᠢᠶᠠᠬᠤ ᠪᠠᠷᠢᠮᠵᠢᠶ᠎ᠠ ᠶᠢᠨ ᠲᠠᠯ᠎ᠠ ᠪᠠᠷ᠂ ᠮᠠᠨ ᠤ ᠣᠷᠣᠨ ᠤ ᠨᠤᠲᠤᠭ ᠤᠰᠤ ᠥᠷᠭᠡᠨ ᠠᠭᠤᠳᠠᠮ᠂ ᠬᠥᠮᠦᠨ ᠠᠮᠠ ᠦᠯᠡᠮᠵᠢ ᠤᠯᠠᠨ ᠪᠠᠶᠢᠬᠤ ᠪᠤᠳᠠᠲᠠᠢ ᠲᠠᠢ ᠤᠶᠠᠯᠳᠤᠭᠤᠯᠤᠨ᠂ ᠬᠡᠯᠪᠡᠯᠵᠡᠯ ᠤᠨ ᠨᠥᠯᠥᠭᠡ ᠶᠢᠨ ᠬᠡᠪᠴᠢᠶᠡᠨ ᠤ ᠶᠡᠭᠡ ᠪᠠᠭ᠎ᠠ ᠪᠠᠷ ᠨᠢ ᠳᠥᠷᠪᠡᠨ ᠳᠡᠰ ᠬᠤᠪᠢᠶᠠᠵᠤ᠂ ᠵᠠᠰᠠᠭ ᠵᠠᠬᠢᠷᠭᠠᠨ ᠤ ᠣᠷᠣᠨ ᠪᠦᠰᠡ ᠳᠠᠬᠢ ᠪᠤᠢ ᠪᠦᠬᠦᠢ ᠠᠶᠢᠮᠠᠭ ᠬᠤᠳᠠ ᠵᠢᠴᠢ ᠬᠤᠰᠢᠭᠤ ᠰᠢᠶᠠᠨ ︵ᠲᠣᠭᠤᠷᠢᠭ︶᠎ ᠢ ᠪᠠᠭᠲᠠᠭᠠᠭᠰᠠᠨ ᠤ ᠬᠠᠮᠲᠤ ᠬᠥᠷᠰᠢ ᠵᠡᠷᠭᠡᠯᠡᠳᠡᠭᠡ ᠮᠤᠵᠢ ᠣᠷᠣᠨ ᠤ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠵᠦ ᠪᠣᠳᠣᠯᠬᠢᠯᠠᠨ᠂ ᠵᠡᠷᠭᠡᠯᠡᠳᠡᠭᠡ ᠮᠤᠵᠢ ᠣᠷᠣᠨ ᠵᠢᠴᠢ ᠵᠡᠷᠭᠡᠯᠡᠳᠡᠭᠡ ᠮᠤᠵᠢ ᠣᠷᠣᠨ ᠤ ᠵᠡᠷᠭᠡᠯᠡᠳᠡᠭᠡ ᠣᠷᠣᠨ ᠪᠦᠰᠡ ᠶᠢ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠤᠨ ᠬᠡᠪᠴᠢᠶᠡᠨ ᠳᠤ ᠣᠷᠣᠭᠤᠯᠪᠠ᠂ ᠤᠷᠢᠳᠴᠢᠯᠠᠨ ᠰᠡᠷᠡᠮᠵᠢᠯᠡᠭᠦᠯᠬᠦ ᠲᠡᠰ ᠵᠢᠴᠢ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠬᠤ ᠲᠠᠯ᠎ᠠ ᠪᠠᠷ᠂ ᠲᠡᠭᠦᠨ ᠤ ᠰᠢᠨᠵᠢᠯᠡᠬᠦ ᠤᠬᠠᠭᠠᠨᠴᠢ ᠴᠢᠨᠠᠷ ᠪᠣᠯᠤᠨ ᠵᠦᠶ ᠵᠣᠬᠢᠰᠲᠤ ᠴᠢᠨᠠᠷ ᠢ ᠭᠦᠢᠴᠡᠳ ᠪᠣᠳᠣᠯᠬᠢᠯᠠᠵᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠳᠤ ᠵᠢᠷᠤᠮᠯᠠᠬᠤ ᠳᠦᠷᠢᠮ ᠲᠠᠢ᠂ ᠠᠩᠭᠢ ᠢᠯᠭᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠪᠠ᠃      ᠬᠤᠶᠠᠷ ᠲᠤ ᠥᠨᠳᠥᠷ ᠪᠦᠲᠦᠮᠵᠢᠲᠡᠶ ᠬᠡᠷᠡᠭᠵᠢᠭᠦᠯᠦᠭᠦᠰᠢᠲᠡᠢ ᠪᠠᠶᠢᠬᠤ ᠵᠠᠷᠴᠢᠮ ᠢ ᠪᠠᠷᠢᠮᠲᠠᠯᠠᠪᠠ᠃ ︽ᠲᠥᠰᠦᠯ ︾᠎ ᠳᠤ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ᠂ ᠱᠠᠳᠤ ᠬᠤᠪᠢᠶᠠᠨ ᠬᠠᠷᠢᠭᠤᠴᠠᠬᠤ ᠶᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠬᠤ ᠭᠠᠵᠠᠷ ᠪᠠᠶᠢᠭᠤᠯᠤᠨ᠂ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠪᠠᠷ ᠡᠭᠦᠷᠭᠡᠯᠡᠭᠦᠯᠵᠦ᠂  ᠪᠦᠷᠢᠯᠳᠦᠭᠦᠨ ᠢ ᠬᠤᠳᠠᠯᠳᠤᠭᠠᠨ ᠤ ᠶᠠᠪᠤᠳᠠᠯ᠂ ᠥᠭᠡᠷᠡᠴᠢᠯᠡᠯᠲᠡ ᠬᠥᠭᠵᠢᠭᠦᠯᠦᠯᠲᠡ᠂ ᠠᠵᠤ ᠠᠬᠤᠶ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ᠂ ᠠᠵᠤ ᠦᠢᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠵᠡᠷᠭᠡ 18 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶᠎ ᠨᠢ ᠥᠪᠡᠷᠲᠡᠭᠡᠨ ᠵᠠᠰᠠᠬᠤ ᠣᠷᠣᠨ ᠤ ᠬᠢ ᠪᠠᠷ ᠯᠠᠪᠯᠠᠯᠲᠠ ᠪᠣᠯᠭᠠᠵᠤ ᠲᠤᠰ ᠲᠤᠰ ᠲᠠᠭᠠᠨ ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠭᠡᠨᠡᠳᠲᠡ ᠶᠢᠨ ᠬᠡᠷᠡᠭ ᠡᠭᠦᠰᠦᠭᠰᠡᠨ ᠦᠶ᠎ᠡ ᠳᠤ᠂ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠎ ᠤᠳ ᠡᠷᠬᠡᠪᠰᠢ ︽ᠲᠥᠰᠦᠯ︾᠎ ᠳᠠᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠢᠶᠠᠨ ᠡᠷᠬᠢᠯᠡᠭᠰᠡᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠵᠣᠬᠢᠴᠠᠭᠤᠯᠤᠨ ᠬᠠᠮᠵᠢᠯᠴᠠᠵᠤ᠂ ᠪᠦᠲᠦᠮᠵᠢ ᠰᠠᠶᠢᠲᠠᠶ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠭᠲᠠᠭᠠᠵᠠᠢ᠃ ︽ᠲᠥᠰᠦᠯ︾᠎ ᠳᠤ ᠪᠠᠰᠠ ᠡᠳ᠋ ᠪᠣᠳᠠᠰ᠂ ᠵᠠᠷᠤᠳᠠᠯ᠂ ᠵᠠᠮ ᠬᠠᠷᠢᠯᠴᠠᠭ᠎ᠠ ᠵᠡᠷᠭᠡ ᠪᠠᠲᠤᠯᠠᠭ᠎ᠠ ᠶᠢᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠤ᠂ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠠᠷᠭᠠᠴᠠᠬᠤ ᠳᠤ ᠠᠯᠢ ᠴᠢᠳᠠᠬᠤ ᠪᠠᠷ ᠬᠠᠮᠤᠭ ᠤᠨ ᠶᠡᠭᠡ ᠦᠢᠯᠡᠳᠦᠯ ᠦᠵᠡᠭᠦᠯᠬᠦ ᠪᠠᠷ ᠴᠢᠷᠮᠠᠶᠢᠵᠠᠢ᠃      ᠬᠥᠲᠥᠯᠥᠭᠴᠢ᠄      ᠵᠠᠶ ᠳᠠᠷᠤᠭ᠎ᠠ ᠶᠢᠨ ᠲᠠᠶᠢᠯᠪᠤᠷᠢ ᠬᠢᠭᠰᠡᠨ ᠳᠤ ᠲᠣᠩ ᠪᠠᠶᠠᠷᠯᠠᠯ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠢ ᠵᠣᠯᠭᠠᠶ᠎ᠠ︕  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map