ᠵᠠᠬ᠎ᠠ ᠳᠡᠯᠭᠡᠭᠦᠷ ᠤᠨ ᠰᠢᠰᠲ᠋ᠧᠮᠵᠢ ᠳᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/5/15
                   ᠥᠪᠥᠷ ᠵᠠᠰᠠᠭ ᠲᠠᠷᠬᠠᠭᠠᠭᠰᠠᠨ ﹇2017﹈ 15 ᠳ᠋ᠤᠭᠠᠷ ᠲᠤᠭᠠᠳᠤ                           1 ᠳ᠋ᠤᠭᠡᠷ ᠰᠠᠷ᠎ᠠ ᠶᠢᠨ10᠎ ᠤ ᠡᠳᠦᠷ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2016﹈ 34 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯᠯᠠᠭ᠎ᠠ ᠶᠢ ᠵᠢᠷᠤᠮᠵᠢᠭᠤᠯᠵᠤ᠂ ᠥᠷᠢᠰᠦᠯᠳᠡᠭᠡᠨ ᠢ ᠠᠷᠢᠯᠭᠠᠬᠤ᠂ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠶᠢ ᠰᠡᠷᠭᠡᠶᠢᠯᠡᠵᠦ᠂ ᠭᠤᠣᠯᠴᠢ ᠥᠷᠢᠰᠦᠯᠳᠦᠭᠡᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠶᠢᠨ ᠲᠣᠰᠠᠳᠠ᠂ ᠡᠳᠦᠭᠡ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠳᠥᠷᠢᠮ ᠪᠠᠶᠢᠭᠤᠯᠬᠤ ᠪᠠᠷ ᠳᠣᠣᠷᠠᠬᠢ ᠮᠡᠲᠦ ᠰᠠᠨᠠᠯ ᠢ ᠳᠤᠷᠠᠳᠪᠠ᠄      ᠨᠢᠭᠡ᠂ ᠶᠡᠷᠦᠩᠬᠡᠢ ᠱᠠᠭᠠᠷᠳᠠᠯᠭ᠎ᠠ ᠪᠠ ᠦᠨᠳᠦᠰᠦᠨ ᠵᠠᠷᠴᠢᠮ      ︵ᠨᠢᠭᠡ︶ ᠶᠡᠷᠦᠩᠭᠡᠢ ᠱᠠᠭᠠᠷᠳᠠᠯᠭ᠎ᠠ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠪᠠᠶᠢᠭᠤᠯᠬᠤ ᠳᠤ᠂ ᠨᠢᠭᠡᠳᠦᠯᠲᠡᠢ ᠪᠦᠭᠡᠳ ᠴᠢᠯᠦᠭᠡᠲᠡᠢ᠂ ᠦᠷᠢᠰᠦᠯᠳᠦᠭᠡᠨ ᠢᠶᠠᠷ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠱᠠᠭᠠᠷᠳᠠᠯᠭ᠎ᠠ ᠶᠣᠰᠤᠭᠠᠷ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠯᠠᠭ᠎ᠠ ᠨᠢ ᠭᠤᠣᠯᠴᠢ ᠥᠷᠢᠰᠦᠯᠳᠦᠭᠡᠨ ᠤ ᠱᠠᠭᠠᠷᠳᠠᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠵᠤ᠂ ᠭᠤᠣᠯᠴᠢ ᠥᠷᠢᠰᠦᠯᠳᠦᠭᠡᠨ ᠤ ᠡᠮᠬᠢ ᠲᠢᠭᠯᠢᠮ ᠢ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠨᠤᠭᠤᠳ ᠦᠢᠯᠡᠳᠪᠦᠷᠢᠯᠡᠬᠦ ᠬᠦᠴᠦᠨ ᠵᠦᠢᠯ ᠢ ᠡᠷᠬᠡ ᠳᠡᠭᠰᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠭᠤᠣᠯᠴᠢ ᠪᠠᠷ ᠣᠷᠣᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠪᠠᠷ ᠬᠦᠷᠲᠡᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠡᠬᠢ ᠪᠠᠶᠠᠯᠢᠭ ᠲᠣᠬᠢᠷᠠᠭᠤᠯᠬᠤ ᠲᠠᠯ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠳᠤ ᠠᠰᠢᠭᠲᠠᠢ ᠪᠠᠶᠢᠯᠭᠠᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃      ︵ᠬᠤᠶᠠᠷ︶ ᠦᠨᠳᠦᠰᠦᠨ ᠵᠠᠷᠴᠢᠮ᠃      ᠵᠠᠬ᠎ᠠ ᠳᠡᠯᠭᠡᠭᠦᠷ ᠢ ᠡᠷᠬᠢᠮᠯᠡᠵᠦ᠂ ᠥᠷᠢᠰᠦᠯᠳᠦᠭᠡᠨ ᠢ ᠲᠡᠷᠢᠭᠦᠨ ᠳᠤ ᠪᠠᠶᠢᠯᠭᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠤ ᠶᠢ ᠡᠷᠬᠢᠮᠯᠡᠵᠦ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠦᠴᠦᠯᠡᠨ ᠬᠤᠪᠢᠷᠠᠭᠤᠯᠵᠤ᠂ ᠪᠢᠴᠢᠯ ᠠᠵᠤ ᠠᠬᠤᠢ ᠳᠤ ᠨᠥᠯᠥᠭᠡ ᠦᠵᠡᠭᠦᠯᠬᠦ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠤᠣᠯᠴᠢ ᠥᠷᠢᠰᠦᠯᠳᠦᠭᠡᠨ ᠢ ᠠᠬᠢᠭᠤᠯᠬᠤ ᠪᠠ ᠬᠠᠮᠠᠭᠠᠯᠠᠵᠤ᠂ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷ ᠤᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃      ᠪᠦᠬᠦ ᠲᠠᠯ᠎ᠠ ᠳᠤ ᠰᠠᠭᠤᠷᠢᠯᠠᠵᠤ᠂ ᠨᠢᠭᠡᠳᠦᠯᠲᠡᠢ ᠲᠦᠯᠦᠪᠯᠡᠨ ᠨᠡᠶᠢᠲᠡ ᠳᠤᠨᠢ ᠬᠠᠷᠠᠭᠠᠯᠵᠠᠬᠤ ᠬᠡᠷᠡᠭᠲᠡᠢ᠃ ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠭᠠᠵᠠᠷ ᠣᠷᠣᠨ ᠤ ᠪᠢᠲᠡᠭᠦᠮᠵᠢᠯᠡᠬᠦ ᠪᠠ ᠠᠵᠢᠯ ᠲᠦᠷᠦᠯ ᠤᠨ ᠭᠠᠭᠴᠠᠭᠠᠷ ᠡᠵᠡᠮᠰᠢᠯ ᠢ ᠬᠦᠴᠦᠯᠡᠨ ᠡᠪᠳᠡᠵᠦ᠂ ᠵᠠᠬ᠎ᠠ ᠳᠡᠯᠭᠡᠭᠦᠷ ᠤᠨ ᠬᠤᠷᠢᠭ᠎ᠠ ᠴᠠᠷᠠᠭ᠎ᠠ ᠶᠢ ᠠᠷᠢᠯᠭᠠᠵᠤ᠂ ᠲᠠᠸᠠᠷ ᠪᠠ ᠴᠢᠬᠤᠯᠠ ᠵᠦᠢᠯ ᠤᠨ ᠴᠢᠯᠦᠭᠡᠲᠡᠢ ᠭᠥᠢᠯᠭᠡᠭᠡᠨ ᠢ ᠠᠬᠢᠭᠤᠯᠬᠤ ᠬᠡᠷᠡᠭᠲᠡᠢ᠃ ᠤᠯᠤᠰ ᠤᠨ ᠠᠰᠢᠭ ᠲᠤᠰᠠ ᠪᠠ ᠠᠵᠤ ᠠᠬᠤᠢ ᠶᠢᠨ ᠠᠮᠤᠷ ᠲᠦᠪᠰᠢᠨ᠂ ᠣᠷᠣᠨ ᠪᠦᠰᠡ ᠶᠢᠨ ᠵᠣᠬᠢᠴᠠᠭᠤᠯᠤᠨ ᠬᠦᠭᠵᠢᠬᠦ ᠪᠠ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠡᠷᠭᠡ ᠣᠯᠠᠨ ᠲᠠᠯ᠎ᠠ ᠶᠢᠨ ᠬᠠᠷᠠᠯᠲᠠ ᠶᠢᠨ ᠬᠡᠷᠡᠭᠴᠡᠭᠡ ᠶᠢ ᠨᠢᠭᠡᠳᠦᠯᠲᠡᠢ ᠲᠦᠯᠦᠪᠯᠡᠨ ᠪᠣᠳᠣᠯᠬᠢᠯᠠᠵᠤ᠂ ᠳᠦᠷᠢᠮ ᠤᠨ ᠬᠡᠷᠡᠭᠵᠢᠭᠦᠯᠦᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃      ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠠᠯᠬᠤᠮ ᠬᠤᠪᠢᠶᠠᠨ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠠᠴᠠ ᠭᠠᠷᠳᠠᠬᠤ ᠶᠢ ᠪᠠᠷᠢᠮᠲᠠᠯᠠᠵᠤ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠲᠦᠰᠦᠯ ᠢ ᠰᠣᠳᠣᠯᠣᠨ ᠲᠣᠭᠲᠠᠭᠠᠬᠤ ᠬᠡᠷᠡᠭᠲᠡᠢ︔ ᠬᠠᠭᠤᠴᠢᠨ ᠢ ᠨᠢ ᠬᠦᠴᠦᠨ ᠦᠭᠡᠢ ᠪᠣᠯᠭᠠᠵᠤ ᠰᠢᠨ᠎ᠡ ᠪᠠᠷ ᠪᠠᠶᠢᠭᠤᠯᠬᠤ ᠶᠢ ᠤᠶᠠᠯᠳᠤᠭᠤᠯᠵᠤ᠂ ᠨᠡᠮᠡᠭᠳᠡᠬᠦ ᠲᠥᠷᠥ ᠶᠢᠨ ᠪᠣᠳᠣᠯᠭ᠎ᠠ ᠶᠢ ᠵᠢᠷᠤᠮᠵᠢᠭᠤᠯᠬᠤ ᠶᠢᠨ ᠬᠠᠮᠳᠤ᠂ ᠳᠥᠷᠦᠯ ᠬᠤᠪᠢᠶᠠᠨ ᠰᠢᠢᠳᠪᠦᠷᠢᠯᠡᠬᠦ᠂ ᠦᠩᠭᠡᠷᠡᠭᠰᠡᠨ ᠢᠶᠠᠷ ᠦᠵᠡᠵᠦ ᠤᠬᠤᠴᠢᠯᠠᠬᠤ ᠦᠭᠡᠢ᠂ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠦᠯᠡᠳᠡᠭᠳᠡᠵᠦ ᠪᠠᠶᠢᠭ᠎ᠠ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠢᠯᠭᠠᠷᠠᠭᠤᠯᠤᠨ ᠬᠦᠴᠦᠨ ᠦᠭᠡᠢ ᠪᠣᠯᠭᠠᠬᠤ ᠬᠡᠷᠡᠭᠲᠡᠢ︔ ᠠᠯᠤᠰ ᠢᠷᠡᠭᠡᠳᠦᠢ ᠳᠤ ᠬᠠᠨᠳᠤᠭᠤᠯᠵᠤ᠂ ᠪᠦᠬᠦᠯᠢ ᠴᠣᠭᠴᠠ ᠶᠢᠨ ᠲᠦᠯᠦᠪᠵᠢᠭᠦᠯᠭᠡ ᠪᠠᠨ ᠰᠠᠶᠢᠲᠤᠷ ᠬᠢᠵᠦ᠂ ᠦᠢᠯᠡᠳᠦᠯᠭᠡ ᠶᠢᠨ ᠳᠤᠮᠳᠠ ᠱᠠᠲᠤ ᠦᠶ᠎ᠡ ᠬᠤᠪᠢᠶᠠᠵᠤ᠂ ᠠᠯᠬᠤᠮ ᠬᠤᠪᠢᠶᠠᠵᠤ ᠪᠠᠶᠢᠭᠠᠳ ᠠᠬᠢᠭᠤᠯᠬᠤ ᠪᠠ ᠲᠡᠭᠦᠯᠳᠡᠷᠵᠢᠭᠦᠯᠬᠦ ᠬᠡᠷᠡᠭᠲᠡᠢ᠃      ᠬᠠᠤᠯᠢ ᠶᠣᠰᠤᠭᠠᠷ ᠬᠢᠨᠠᠨ ᠪᠠᠶᠢᠴᠠᠭᠠᠵᠤ᠂ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠢ᠃ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢᠨ ᠰᠢᠰᠲ᠋ᠧᠮᠵᠢ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠯᠤᠭ᠎ᠠ ᠶᠢᠨ ᠵᠣᠯᠭᠠᠭᠤᠯᠬᠤ ᠶᠢ ᠴᠢᠩᠭᠠᠳᠬᠠᠵᠤ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠠᠯ᠎ᠠ ᠶᠢᠨ ᠡᠷᠬᠡ ᠬᠦᠨᠳᠦ ᠪᠠ ᠬᠦᠴᠦᠨ ᠴᠢᠳᠠᠪᠦᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠠᠬᠢ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷ ᠤᠨ ᠬᠢᠨᠠᠨ ᠪᠠᠶᠢᠴᠠᠭᠠᠯᠲᠠ ᠪᠠ ᠭᠠᠳᠠᠨᠠᠬᠢ ᠬᠢᠨᠠᠯᠲᠠ ᠲᠠᠯᠪᠢᠯᠲᠠ ᠶᠢ ᠤᠶᠠᠯᠳᠤᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠪᠠ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠵᠦ ᠥᠷᠢᠰᠥᠯᠳᠦᠬᠦ ᠠᠵᠢᠯᠯᠠᠭ᠎ᠠ ᠶᠢ ᠠᠷᠢᠯᠭᠠᠬᠤ ᠪᠠ ᠬᠢᠵᠠᠭᠠᠷᠯᠠᠬᠤ ᠶᠢ ᠨᠢ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃      ᠬᠤᠶᠠᠷ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠥᠷᠢᠮ ᠤᠨ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ      ︵ᠨᠢᠭᠡ︶ ᠬᠢᠨᠠᠨ ᠪᠠᠶᠢᠴᠠᠭᠠᠬᠤ ᠬᠦᠷᠢᠶ᠎ᠡ ᠬᠡᠪᠴᠢᠶ᠎ᠡ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠬᠡᠷᠡᠭ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠪᠠᠨ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠭᠡᠵᠦ ᠶᠡᠷᠦᠩᠬᠡᠶᠢᠯᠠᠨ ᠨᠡᠷᠡᠶᠢᠳᠦᠨ᠎ᠡ︶᠎ ᠠᠴᠠ ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠬᠤ᠂ ᠠᠵᠤ ᠦᠢᠯᠡᠰ ᠤᠨ ᠬᠦᠭᠵᠢᠬᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠬᠢᠷᠢ ᠴᠢᠳᠠᠮᠵᠢ ᠶᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠲᠥᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠪᠣᠰᠣᠳ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ︵ᠳᠣᠷᠣᠭᠰᠢ ᠪᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠭᠡᠵᠦ ᠶᠡᠷᠦᠩᠬᠡᠶᠢᠯᠠᠨ ᠨᠡᠷᠡᠶᠢᠳᠦᠨ᠎ᠡ︶᠎ ᠢ ᠲᠣᠭᠲᠠᠭᠠᠬᠤ ᠳᠤ᠂ ᠭᠤᠣᠯᠴᠢ ᠥᠷᠢᠰᠥᠯᠳᠥᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃      ︵ᠬᠤᠶᠠᠷ︶ ᠬᠢᠨᠠᠨ ᠪᠠᠶᠢᠴᠠᠭᠠᠯᠲᠠ ᠶᠢᠨ ᠭᠤᠣᠯ ᠴᠣᠭᠴᠠ᠃ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠪᠣᠶᠤ ᠵᠠᠰᠠᠭ ᠤᠨ ᠣᠷᠳᠣᠨ ᠤ ᠠᠯᠪᠠᠨ ᠲᠢᠩᠬᠢᠮ ︵ᠠᠯᠪᠠᠨ ᠭᠡᠷ︶᠎ ᠤᠨ ᠨᠡᠷ᠎ᠡ ᠪᠠᠷ ᠳᠠᠷᠤᠮᠠᠯᠯᠠᠨ ᠶᠠᠪᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢᠨ ᠪᠢᠴᠢᠭ ᠮᠠᠲ᠋ᠧᠷᠢᠶᠠᠯ‌ᠢ ᠪᠣᠯ᠂ ᠲᠣᠭᠤᠷᠪᠢᠨ ᠪᠢᠴᠢᠭᠰᠡᠨ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠤᠨ ᠨᠡᠷ᠎ᠡ ᠪᠠᠷ ᠳᠠᠷᠤᠮᠠᠯᠯᠠᠨ ᠶᠠᠪᠤᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠢ ᠪᠤᠯ ᠂ ᠲᠤᠬᠳᠠᠭᠠᠬᠰᠠᠨ ᠰᠠᠯᠠᠭ᠎ᠠ ᠮᠦᠴᠢᠷ ᠠᠴᠠ ᠦᠪᠡᠰᠦᠪᠠᠨ ᠬᠢᠨᠠᠨ ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠢ᠃ ᠣᠯᠠᠨ ᠰᠠᠯᠠᠭ᠎ᠠ ᠮᠦᠴᠢᠷ ᠤᠳ ᠤᠨ ᠨᠡᠷ᠎ᠡ ᠪᠠᠷ ᠬᠤᠯᠪᠣᠭᠠᠯᠠᠨ ᠳᠠᠷᠤᠮᠠᠯᠯᠠᠵᠤ ᠶᠠᠪᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠢ ᠪᠣᠯ᠂ ᠲᠦᠷᠦᠭᠦᠯᠡᠨ ᠬᠢᠬᠦ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠪᠣᠰᠣᠳ ᠰᠠᠯᠠᠭ᠎ᠠ ᠮᠦᠴᠢᠷ ᠤᠳ ᠬᠠᠮᠵᠢᠯᠴᠠᠬᠤ ᠬᠡᠷᠡᠭᠲᠡᠢ᠃      ︵ᠭᠤᠷᠪᠠ︶ ᠬᠢᠨᠠᠨ ᠪᠠᠶᠢᠴᠠᠭᠠᠬᠤ ᠠᠷᠭ᠎ᠠ ᠬᠡᠯᠪᠡᠷᠢ᠃ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠲᠣᠭᠲᠠᠭᠠᠬᠤ ᠶᠠᠪᠤᠴᠠ ᠳᠤ᠂ ᠬᠢᠨᠠᠨ ᠪᠠᠶᠢᠴᠠᠭᠠᠬᠤ ᠪᠠᠷᠢᠮᠵᠢᠶ᠎ᠠ ᠶᠣᠰᠣᠭᠠᠷ ᠥᠪᠡᠷ ᠤᠨ ᠬᠢᠨᠠᠨ ᠪᠠᠶᠢᠴᠠᠭᠠᠯᠲᠠ ᠪᠠᠨ ᠴᠢᠩᠭ᠎ᠠ ᠬᠢᠬᠦ ᠬᠡᠷᠡᠭᠲᠡᠢ᠃ ᠬᠢᠨᠠᠨ ᠪᠠᠶᠢᠴᠠᠭᠠᠯᠲᠠ ᠪᠠᠷ ᠳᠠᠮᠵᠢᠵᠤ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠦᠷ᠎ᠡ ᠳ᠋ᠦᠡᠭ ᠦᠭᠡᠢ ᠬᠡᠮᠡᠨ ᠦᠵᠡᠭᠰᠡᠨ ᠪᠠᠶᠢᠪᠠᠯ᠂ ᠬᠡᠷᠡᠭᠵᠢᠭᠦᠯᠵᠦ ᠪᠣᠯᠣᠨ᠎ᠠ︔ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠦᠷ᠎ᠡ ᠳ᠋ᠦᠡᠭ ᠲᠠᠢ ᠪᠠᠶᠢᠪᠠᠯ᠂ ᠨᠡᠶᠢᠲᠡᠯᠡᠵᠦ ᠪᠣᠯᠬᠤ ᠦᠭᠡᠢ᠂ ᠡᠰᠡᠭᠦᠯ᠎ᠡ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠦᠯᠵᠦ ᠲᠣᠬᠢᠷᠠᠭᠤᠯᠤᠭᠰᠠᠨ ᠤ ᠳᠠᠷᠠᠭ᠎ᠠ ᠨᠡᠶᠢᠲᠡᠯᠡᠵᠦ ᠪᠣᠯᠣᠨ᠎ᠠ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠣᠯ᠂ ᠨᠡᠶᠢᠲᠡᠯᠡᠵᠦ ᠪᠣᠯᠬᠤ ᠦᠭᠡᠢ᠃ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠥᠪᠡᠷ ᠤᠨ ᠬᠢᠨᠠᠨ ᠪᠠᠶᠢᠴᠠᠭᠠᠯᠲᠠ ᠬᠢᠬᠦ ᠶᠠᠪᠤᠴᠠ ᠳᠤ᠂ ᠴᠢᠬᠤᠯᠠ ᠲᠠᠢ ᠭᠡᠵᠦ ᠦᠵᠡᠭᠰᠡᠨ ᠪᠣᠯ᠂ ᠡᠷᠬᠡᠪᠰᠢ ᠠᠳᠠᠯᠢ ᠱᠠᠲᠤᠨ ᠤ ᠬᠦᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠬᠤᠳᠠᠯᠳᠤᠭ᠎ᠠ᠂ ᠬᠤᠳᠠᠯᠳᠤᠭᠠᠨ ᠤ ᠶᠠᠪᠤᠳᠠᠯ᠂ ᠬᠠᠤᠯᠢ ᠳᠦᠷᠢᠮ ᠤᠨ ᠰᠠᠯᠠᠭ᠎ᠠ ᠮᠦᠴᠢᠷ ᠤᠳ ᠤᠨ ᠰᠠᠨᠠᠯ ᠢ ᠠᠪᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠲᠣᠭᠲᠠᠭᠠᠬᠤ ᠵᠢᠴᠢ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠦᠷᠨᠢᠭᠦᠯᠬᠦ ᠳᠤ ᠠᠰᠢᠭ ᠬᠤᠣᠷ ᠤᠨ ᠬᠠᠷᠢᠴᠠᠭ᠎ᠠ ᠲᠠᠢ ᠬᠦᠮᠦᠰ ᠤᠨ ᠰᠠᠨᠠᠯ ᠢ ᠰᠣᠨᠣᠰᠬᠤ ᠬᠡᠷᠡᠭᠲᠡᠢ᠂ ᠡᠰᠡᠭᠦᠯ᠎ᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠳᠥᠷᠢᠮ ᠲᠣᠭᠲᠠᠭᠠᠯ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ ᠬᠡᠷᠡᠭᠲᠡᠢ ᠪᠣᠯ᠂ ᠭᠡᠷᠡᠴᠢᠯᠡᠭᠡ ᠰᠣᠨᠣᠰᠬᠤ ᠳᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠭᠤᠯᠭ᠎ᠠ ᠨᠡᠮᠡᠵᠦ ᠣᠷᠤᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠤ ᠳᠠᠷᠠᠭ᠎ᠠ᠂ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠥᠷᠢᠮ︾᠎ ᠤᠨ ᠱᠠᠭᠠᠷᠳᠠᠯᠭ᠎ᠠ ᠶᠣᠰᠤᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ᠃      ︵ᠳᠥᠷᠪᠡ︶ ᠬᠢᠨᠠᠨ ᠪᠠᠶᠢᠴᠠᠭᠠᠯᠲᠠ ᠶᠢᠨ ᠪᠠᠷᠢᠮᠵᠢᠶ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠮᠠᠭᠠᠯᠠᠬᠤ ᠲᠠᠯ᠎ᠠ ᠠᠴᠠ ᠳᠣᠣᠷᠠᠬᠢ ᠪᠠᠷᠢᠮᠵᠢᠶ᠎ᠠ ᠶᠣᠰᠤᠭᠠᠷ ᠬᠢᠨᠠᠨ ᠪᠠᠶᠢᠴᠠᠭᠠᠯᠲᠠ ᠬᠢᠬᠦ ᠬᠡᠷᠡᠭᠲᠡᠢ᠄      1. ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠬᠤ ᠪᠠ ᠪᠤᠴᠠᠭᠠᠨ ᠭᠠᠷᠭᠠᠬᠤ ᠪᠠᠷᠢᠮᠵᠢᠶ᠎ᠠ᠃      ︵1︶ ᠵᠦᠢ ᠵᠣᠬᠢᠰ ᠦᠭᠡᠢ ᠪᠠ ᠭᠠᠳᠠᠭᠤᠷᠴᠢᠯᠠᠬᠤ ᠴᠢᠨᠠᠷᠲᠠᠢ ᠵᠦᠪᠰᠢᠶᠡᠷᠡᠨ ᠣᠷᠣᠬᠤ ᠪᠠ ᠪᠤᠴᠠᠭᠠᠨ ᠭᠠᠷᠭᠠᠬᠤ ᠨᠦᠬᠦᠴᠡᠯ ᠪᠠᠶᠢᠷᠢᠯᠠᠭᠤᠯᠵᠤ ᠪᠣᠯᠬᠤ ᠦᠭᠡᠢ︔      ︵2︶ ᠣᠨᠴᠠ ᠵᠦᠪᠰᠢᠶᠡᠷᠡᠯ ᠲᠠᠢ ᠡᠵᠡᠩᠨᠡᠯᠲᠡ ᠶᠢᠨ ᠡᠷᠬᠡ ᠶᠢᠨ ᠭᠠᠷᠴᠠᠭ ᠤᠨ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠳᠤ᠂ ᠭᠤᠣᠯᠴᠢ ᠥᠷᠢᠰᠦᠯᠳᠦᠭᠡᠨ ᠢᠶᠠᠷ ᠳᠠᠮᠵᠢᠭᠰᠠᠨ ᠦᠭᠡᠢ ᠪᠣᠯ᠂ ᠡᠵᠡᠩᠨᠡᠭᠴᠢᠳ ᠲᠤ ᠣᠨᠴᠠ ᠵᠦᠪᠰᠢᠶᠡᠷᠡᠯ ᠲᠠᠢ ᠡᠵᠡᠩᠨᠡᠯᠲᠡ ᠶᠢᠨ ᠡᠷᠬᠡ ᠣᠯᠭᠤᠵᠤ ᠪᠣᠯᠬᠤ ᠦᠭᠡᠢ︔      ︵3︶ ᠤᠨᠴᠤᠭᠤᠢ ᠲᠣᠭᠲᠠᠭᠠᠭᠰᠠᠨ ᠡᠵᠡᠩᠨᠡᠭᠴᠢᠳ ᠤᠨ ᠬᠠᠩᠭᠠᠭᠰᠠᠨ ᠲᠠᠸᠠᠷ ᠪᠣᠯᠣᠨ ᠦᠢᠯᠡᠴᠢᠯᠡᠭᠡ ᠳᠤ ᠡᠵᠡᠩᠨᠡᠬᠦ᠂ ᠬᠤᠳᠠᠯᠳᠤᠨ ᠠᠪᠬᠤ᠂ ᠬᠡᠷᠡᠭᠯᠡᠬᠦ ᠶᠢ ᠬᠢᠵᠠᠭᠠᠷᠯᠠᠵᠤ ᠪᠣᠯᠬᠤ ᠦᠭᠡᠢ︔      ︵4︶ ᠬᠠᠤᠯᠢ ᠴᠠᠭᠠᠵᠠ ᠬᠠᠤᠯᠢ ᠲᠣᠭᠳᠠᠭᠠᠯ ᠤᠨ ᠦᠨᠳᠦᠰᠦᠯᠡᠯ ᠦᠭᠡᠢ ᠪᠤᠯ ᠬᠢᠨᠠᠨ ᠵᠦᠪᠰᠢᠶᠡᠷᠡᠬᠦ ᠪᠣᠶᠤ ᠠᠵᠢᠯ ᠬᠡᠷᠡᠭ ᠤᠨ ᠡᠮᠦᠨ᠎ᠡ ᠪᠦᠷᠢᠳᠭᠡᠨ ᠳᠠᠩᠰᠠᠯᠠᠬᠤ ᠶᠢᠨ ᠵᠢᠷᠤᠮ ᠢ ᠪᠠᠶᠢᠭᠤᠯᠵᠤ ᠪᠣᠯᠬᠤ ᠦᠭᠡᠢ︔      ︵5︶ ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠬᠤ ᠶᠢᠨ ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ ᠲᠠᠢ ᠠᠴᠠ ᠪᠣᠰᠣᠳ ᠠᠵᠢᠯ ᠲᠥᠷᠥᠯ᠂ ᠬᠦᠷᠢᠶ᠎ᠡ ᠴᠠᠷᠠᠭ᠎ᠠ᠂ ᠲᠤᠬᠠᠶᠢᠯᠠᠭᠰᠠᠨ ᠠᠵᠢᠯ ᠵᠡᠷᠭᠡ ᠳᠤ ᠬᠢᠨᠠᠨ ᠵᠦᠪᠰᠢᠶᠡᠷᠡᠬᠦ ᠵᠢᠷᠤᠮ ᠪᠠᠶᠢᠭᠤᠯᠵᠤ ᠪᠣᠯᠬᠤ ᠦᠭᠡᠢ᠃      2. ᠲᠠᠸᠠᠷ ᠪᠠ ᠴᠢᠬᠤᠯᠠ ᠵᠦᠢᠯ ᠤᠨ ᠴᠢᠯᠦᠭᠡᠲᠡᠢ ᠭᠦᠢᠯᠭᠡᠭᠡᠨ ᠤ ᠪᠠᠷᠢᠮᠵᠢᠶ᠎ᠠ᠃      ︵1︶ ᠭᠠᠳᠠᠷ ᠣᠷᠣᠨ ᠪᠠ ᠭᠠᠳᠠᠭᠠᠳᠤ ᠠᠴᠠ ᠣᠷᠤᠭᠤᠯᠬᠤ ᠲᠠᠸᠠᠷ᠂ ᠦᠢᠯᠡᠴᠢᠯᠡᠭᠡ ᠳᠤ ᠭᠠᠳᠠᠭᠤᠷᠴᠢᠯᠠᠬᠤ ᠴᠢᠨᠠᠷᠲᠠᠢ ᠦᠨ᠎ᠡ ᠬᠠᠩᠰᠢ ᠪᠠ ᠭᠠᠳᠠᠭᠤᠷᠴᠢᠯᠠᠬᠤ ᠴᠢᠨᠠᠷᠲᠠᠢ ᠨᠡᠮᠡᠭᠦᠷᠢ ᠶᠢᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠣᠯᠬᠤ ᠦᠭᠡᠢ︔      ︵2︶ ᠭᠠᠳᠠᠷ ᠣᠷᠣᠨ ᠪᠠ ᠭᠠᠳᠠᠭᠠᠳᠤ ᠠᠴᠠ ᠣᠷᠤᠭᠤᠯᠬᠤ ᠲᠠᠸᠠᠷ᠂ ᠦᠢᠯᠡᠴᠢᠯᠡᠭᠡ ᠶᠢ ᠲᠣᠰ ᠭᠠᠵᠠᠷ ᠤᠨ ᠵᠠᠬ᠎ᠠ ᠳᠡᠯᠭᠡᠭᠦᠷ ᠲᠤ ᠣᠷᠤᠵᠤ ᠢᠷᠡᠬᠦ ᠶᠢ ᠨᠢ ᠬᠢᠵᠠᠭᠠᠷᠯᠠᠬᠤ ᠪᠣᠶᠤ ᠲᠣᠰ ᠭᠠᠵᠠᠷ ᠤᠨ ᠲᠠᠸᠠᠷ ᠢ ᠭᠠᠳᠠᠭᠰᠢ ᠲᠡᠭᠡᠭᠡᠪᠦᠷᠢᠯᠡᠬᠦ᠂ ᠦᠢᠯᠡᠴᠢᠯᠡᠭᠡ ᠶᠢ ᠭᠠᠳᠠᠭᠰᠢ ᠭᠠᠷᠭᠠᠬᠤ ᠶᠢ ᠨᠢ ᠬᠠᠷᠰᠢᠯᠠᠵᠤ ᠪᠣᠯᠬᠤ ᠦᠭᠡᠢ︔      ︵3︶ ᠭᠠᠳᠠᠷ ᠣᠷᠣᠨ ᠤ ᠡᠵᠡᠩᠨᠡᠭᠴᠢᠳ ᠤᠨ ᠲᠣᠰ ᠭᠠᠵᠠᠷ ᠣᠷᠣᠨ ᠳᠤ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠠᠵᠢᠯᠯᠠᠭ᠎ᠠ ᠳᠤ ᠣᠷᠣᠯᠴᠠᠬᠤ ᠶᠢ ᠠᠳᠠᠯᠠᠬᠤ ᠪᠣᠶᠤ ᠬᠢᠵᠠᠭᠠᠷᠯᠠᠵᠤ ᠪᠣᠯᠬᠤ ᠦᠭᠡᠢ︔      ︵4︶ ᠭᠠᠳᠠᠷ ᠣᠷᠣᠨ ᠤ ᠡᠵᠡᠩᠨᠡᠭᠴᠢᠳ ᠤᠨ ᠲᠣᠰ ᠭᠠᠵᠠᠷ ᠣᠷᠣᠨ ᠳᠤ ᠪᠡᠯᠡ ᠣᠷᠤᠭᠤᠯᠬᠤ ᠪᠣᠶᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠠᠳᠠᠯᠠᠬᠤ᠂ ᠬᠢᠵᠠᠭᠠᠷᠯᠠᠬᠤ ᠪᠣᠶᠤ ᠠᠯᠪᠠᠳᠠᠵᠤ ᠪᠣᠯᠬᠤ ᠦᠭᠡᠢ︔      ︵5︶ ᠭᠠᠳᠠᠷ ᠣᠷᠣᠨ ᠤ ᠡᠵᠡᠩᠨᠡᠭᠴᠢᠳ ᠤᠨ ᠲᠣᠰ ᠣᠷᠣᠨ ᠳᠤ ᠪᠡᠯᠡ ᠣᠷᠤᠭᠤᠯᠬᠤ ᠪᠣᠶᠤ ᠪᠠᠶᠢᠭᠤᠯᠤᠭᠰᠠᠨ ᠬᠤᠪᠢᠶᠠᠷᠢ ᠰᠠᠯᠪᠤᠷᠢ ᠪᠠᠶᠢᠭᠤᠯᠤᠮᠵᠢ ᠳᠤ ᠭᠠᠳᠠᠭᠤᠷᠴᠢᠯᠠᠬᠤ ᠴᠢᠨᠠᠷᠲᠠᠢ ᠬᠠᠷᠠᠭᠠᠯᠵᠠᠯ ᠬᠡᠷᠡᠭᠵᠢᠭᠦᠯᠵᠦ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠲᠤᠨᠢ ᠬᠠᠯᠳᠠᠵᠤ ᠪᠣᠯᠬᠤ ᠦᠭᠡᠢ᠃      3. ᠦᠢᠯᠡᠳᠪᠦᠷᠢᠯᠡᠵᠦ ᠡᠵᠡᠩᠨᠡᠬᠦ ᠥᠪᠡᠷ ᠤᠨ ᠥᠷᠲᠡᠭ ᠢ ᠨᠥᠯᠦᠭᠡᠯᠡᠬᠦ ᠪᠠᠷᠢᠮᠵᠢᠶ᠎ᠠ᠃      ︵1︶ ᠣᠨᠴᠣᠭᠤᠢ ᠲᠣᠭᠲᠠᠭᠠᠭᠰᠠᠨ ᠡᠵᠡᠩᠨᠡᠭᠴᠢᠳ ᠲᠤ ᠬᠠᠤᠯᠢ ᠠᠴᠠ ᠵᠦᠷᠢᠴᠡᠵᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠵᠤ ᠪᠣᠯᠬᠤ ᠦᠭᠡᠢ︔      ︵2︶ ᠡᠳ᠋ ᠤᠨ ᠵᠠᠰᠠᠭ ᠤᠨ ᠵᠠᠷᠤᠯᠭ᠎ᠠ ᠲᠣᠬᠢᠷᠠᠭᠤᠯᠵᠤ ᠪᠠᠶᠢᠭᠠᠳ ᠡᠩ ᠤᠨ ᠪᠠᠶᠢᠳᠠᠯ ᠳᠤ ᠠᠵᠤ ᠠᠬᠤᠶᠢᠯᠠᠯ ᠤᠨ ᠲᠤᠰᠢᠶᠠᠭᠰᠠᠨ ᠭᠠᠶᠢᠯᠢ ᠶᠢᠨ ᠣᠷᠣᠯᠭ᠎ᠠ ᠪᠣᠶᠤ ᠭᠠᠶᠢᠯᠢ ᠶᠢᠨ ᠪᠣᠰᠤ ᠣᠷᠣᠯᠭ᠎ᠠ ᠲᠠᠢ ᠬᠤᠯᠪᠣᠭᠳᠠᠭᠤᠯᠵᠤ ᠪᠣᠯᠬᠤ ᠦᠭᠡᠢ︔      ︵3︶ ᠣᠨᠴᠣᠭᠤᠢ ᠲᠣᠭᠲᠠᠭᠠᠭᠰᠠᠨ ᠡᠵᠡᠩᠨᠡᠭᠴᠢᠳ ᠤᠨ ᠲᠣᠰᠢᠶᠠᠬᠤ ᠴᠢᠬᠤᠯᠠᠲᠠᠢ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠬᠠᠤᠯᠢ ᠠᠴᠠ ᠵᠦᠷᠢᠴᠡᠨ ᠬᠡᠯᠲᠦᠷᠢᠭᠦᠯᠵᠦ ᠪᠣᠯᠬᠤ ᠦᠭᠡᠢ︔      ︵4︶ ᠬᠠᠤᠯᠢ ᠴᠠᠭᠠᠵᠠ ᠶᠢᠨ ᠲᠣᠭᠲᠠᠭᠠᠯ ᠠᠴᠠ ᠭᠠᠳᠠᠨ᠎ᠠ᠂ ᠡᠵᠡᠩᠨᠡᠭᠴᠢᠳ ᠲᠤ ᠡᠯ᠎ᠡ ᠲᠥᠷᠥᠯ ᠤᠨ ᠪᠠᠲᠤᠯᠠᠭ᠎ᠠ ᠶᠢᠨ ᠮᠦᠩᠭᠦ ᠬᠠᠩᠭᠠᠬᠤ ᠶᠢ ᠱᠠᠭᠠᠷᠳᠠᠬᠤ ᠪᠣᠶᠤ ᠲᠡᠭᠦᠨ ᠢ ᠨᠢ ᠰᠠᠭᠤᠯᠭᠠᠨ ᠠᠪᠴᠤ ᠪᠣᠯᠬᠤ ᠦᠭᠡᠢ᠃      4. ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠨᠥᠯᠦᠭᠡᠯᠡᠬᠦ ᠪᠠᠷᠢᠮᠵᠢᠶ᠎ᠠ᠃      ︵1︶ ᠡᠵᠡᠩᠨᠡᠭᠴᠢᠳ ᠢ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ︾᠎ ᠳᠤ ᠲᠣᠭᠲᠠᠭᠠᠭᠰᠠᠨ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠲᠠᠢ ᠠᠵᠢᠯ ᠬᠢᠯᠭᠡᠬᠦ ᠪᠠᠷ ᠠᠯᠪᠠᠳᠠᠵᠤ ᠪᠣᠯᠬᠤ ᠦᠭᠡᠢ︔      ︵2︶ ᠦᠢᠯᠡᠳᠪᠦᠷᠢᠯᠡᠵᠦ ᠡᠵᠡᠩᠨᠡᠬᠦ ᠶᠢᠨ ᠰᠡᠷᠭᠡᠭ ᠮᠡᠳᠡᠭᠡ ᠵᠠᠩᠭᠢ ᠶᠢ ᠬᠠᠤᠯᠢ ᠠᠴᠠ ᠵᠦᠷᠢᠴᠡᠵᠦ ᠨᠡᠶᠢᠲᠡᠯᠡᠭᠦᠯᠬᠦ ᠪᠣᠶᠤ ᠡᠵᠡᠩᠨᠡᠭᠴᠢᠳ ᠢ ᠱᠠᠭᠠᠷᠳᠠᠨ ᠨᠡᠶᠢᠲᠡᠯᠡᠭᠦᠯᠵᠦ᠂ ᠡᠵᠡᠩᠨᠡᠭᠴᠢᠳ ᠤᠨ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠲᠠᠢ ᠠᠵᠢᠯᠯᠠᠬᠤ ᠳᠤ ᠳᠦᠭᠦᠮ ᠨᠦᠬᠦᠴᠡᠯ ᠬᠠᠩᠭᠠᠨ ᠦᠭᠴᠦ ᠪᠣᠯᠬᠤ ᠦᠭᠡᠢ︔      ︵3︶ ᠦᠨ᠎ᠡ ᠲᠣᠭᠲᠠᠭᠠᠬᠤ ᠡᠷᠬᠡ ᠶᠢᠨ ᠬᠢᠵᠠᠭᠠᠷ ᠠᠴᠠ ᠳᠠᠪᠠᠵᠤ ᠵᠠᠰᠠᠭ ᠤᠨ ᠣᠷᠳᠣᠨ ᠤ ᠲᠣᠭᠲᠠᠭᠠᠬᠤ ᠦᠨ᠎ᠡ ᠶᠢ ᠲᠣᠭᠲᠠᠭᠠᠵᠤ ᠪᠣᠯᠬᠤ ᠦᠭᠡᠢ︔      ︵4︶ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠷᠡᠭᠵᠢᠭᠦᠯᠦᠭᠰᠡᠨ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠢᠷᠢ ᠲᠦᠪᠰᠢᠨ ᠢ ᠬᠠᠤᠯᠢ ᠠᠴᠠ ᠵᠦᠷᠢᠴᠡᠵᠦ ᠬᠠᠷᠰᠢᠯᠠᠨ ᠨᠦᠯᠦᠭᠡᠯᠡᠵᠦ ᠪᠣᠯᠬᠤ ᠦᠭᠡᠢ᠃      ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠪᠣᠯ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠪᠣᠶᠤ ᠲᠡᠳᠡᠨ ᠤ ᠡᠭᠦᠷᠭᠡ ᠶᠢ ᠨᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠪᠣᠯᠬᠤ ᠦᠭᠡᠢ︔ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ︾᠎ ᠠᠴᠠ ᠵᠦᠷᠢᠴᠡᠵᠦ᠂ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠠᠭᠤᠯᠭ᠎ᠠ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠪᠣᠯᠬᠤ ᠦᠭᠡᠢ᠃      ︵ᠲᠠᠪᠤ︶ ᠣᠨᠴᠣᠭᠤᠢ ᠵᠦᠢᠯ ᠤᠨ ᠲᠣᠭᠲᠠᠭᠠᠯ᠃ ᠳᠣᠣᠷᠠᠬᠢ ᠪᠠᠶᠢᠳᠠᠯ ᠳᠤ ᠬᠠᠷᠢᠶᠠᠯᠠᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠬᠡᠷᠪᠡ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠦᠷ᠎ᠡ ᠳ᠋ᠦᠡᠭ ᠲᠠᠢ ᠪᠣᠯ᠂ ᠲᠣᠭᠲᠠᠭᠠᠯ ᠳᠤ ᠨᠡᠶᠢᠴᠡᠭᠰᠡᠨ ᠪᠠᠶᠢᠳᠠᠯ ᠳᠣᠣᠷ᠎ᠠ ᠬᠡᠷᠡᠭᠵᠢᠭᠦᠯᠵᠦ ᠪᠣᠯᠣᠨ᠎ᠠ᠄      1. ᠤᠯᠤᠰ ᠤᠨ ᠠᠵᠤ ᠠᠬᠤᠢ ᠶᠢᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ ᠢ ᠬᠠᠮᠠᠭᠠᠯᠠᠬᠤ ᠪᠣᠶᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ︔      2. ᠶᠠᠳᠠᠭᠤ ᠶᠢ ᠳᠡᠳᠬᠦᠵᠦ ᠨᠡᠬᠡᠭᠡᠨ ᠬᠦᠭᠵᠢᠭᠦᠯᠬᠦ᠂ ᠭᠠᠮᠰᠢᠭ ᠠᠴᠠ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠵᠣᠷᠢᠯᠭ᠎ᠠ ᠶᠢ ᠪᠡᠶᠡᠯᠡᠭᠦᠯᠬᠦ ᠶᠢᠨ ᠲᠥᠯᠥᠭᠡ ᠪᠠᠶᠢᠬᠤ︔      3. ᠡᠨᠧᠷᠬᠢ ᠶᠢᠨ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠨᠡᠶᠢᠭᠡᠮ ᠨᠡᠶᠢᠲᠡ ᠶᠢᠨ ᠠᠰᠢᠭ ᠲᠤᠰᠠ ᠶᠢ ᠪᠡᠶᠡᠯᠡᠭᠦᠯᠬᠦ ᠶᠢᠨ ᠲᠥᠯᠥᠭᠡ ᠪᠠᠶᠢᠬᠤ︔      4. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠣᠰᠣᠳ ᠪᠠᠶᠢᠳᠠᠯ᠃      ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠠᠴᠠ ᠲᠥᠷᠥ ᠶᠢᠨ ᠪᠣᠳᠣᠯᠭ᠎ᠠ ᠶᠢᠨ ᠵᠣᠷᠢᠯᠭ᠎ᠠ ᠶᠢ ᠪᠡᠶᠡᠯᠡᠭᠦᠯᠬᠦ ᠳᠤ ᠳᠤᠲᠠᠭᠳᠠᠵᠤ ᠪᠣᠯᠣᠰᠢ ᠦᠭᠡᠢ ᠮᠦᠷᠲᠡᠭᠡᠨ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠬᠦᠴᠦᠲᠡᠢ ᠠᠷᠢᠯᠭᠠᠬᠤ ᠪᠠ ᠬᠢᠵᠠᠭᠠᠷᠯᠠᠬᠤ ᠦᠭᠡᠢ ᠪᠠᠶᠢᠬᠤ ᠶᠢ ᠲᠣᠳᠣᠷᠬᠠᠶᠢᠯᠠᠬᠤ ᠶᠢᠨ ᠬᠠᠮᠲᠤ᠂ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠢᠶᠠᠨ ᠲᠣᠳᠣᠷᠬᠠᠶᠢᠯᠠᠬᠤ ᠬᠡᠷᠡᠭᠲᠡᠢ᠃      ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠳ᠋ᠦᠡᠭ ᠳᠤ ᠵᠢᠯ ᠳᠠᠷᠠᠭᠠᠯᠠᠨ ᠦᠨᠡᠯᠡᠨ ᠵᠢᠱᠢᠯᠲᠡ ᠬᠢᠨ᠎ᠡ᠃ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠨᠢ ᠲᠤᠯᠤᠭᠰᠠᠨ ᠪᠣᠶᠤ ᠵᠢᠱᠢᠭᠰᠡᠨ ᠦᠷ᠎ᠡ ᠳ᠋ᠦᠡᠭ ᠳᠤ ᠥᠯᠥ ᠬᠦᠷᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠨ ᠳᠠᠷᠦ᠋ᠢᠬᠠᠨ ᠵᠣᠭᠰᠣᠭᠠᠬᠤ ᠪᠣᠶᠤ ᠲᠡᠭᠦᠨ ᠳᠤ ᠲᠣᠬᠢᠷᠠᠭᠤᠯᠤᠯᠲᠠ ᠬᠢᠬᠦ ᠬᠡᠷᠡᠭᠲᠡᠢ᠃      ᠭᠤᠷᠪᠠ᠂ ᠭᠤᠣᠯᠴᠢ ᠥᠷᠢᠰᠥᠯᠳᠥᠭᠡᠨ ᠤ ᠬᠢᠨᠠᠨ ᠪᠠᠶᠢᠴᠠᠭᠠᠬᠤ ᠲᠥᠷᠢᠮ ᠢ ᠡᠮᠬᠢ ᠵᠢᠷᠤᠮ ᠲᠠᠢ ᠬᠡᠷᠡᠭᠵᠢᠭᠦᠯᠬᠦ ᠬᠡᠷᠡᠭᠲᠡᠢ      ︵ᠨᠢᠭᠡ︶ ᠠᠵᠢᠯ ᠤᠨ ᠲᠣᠭᠲᠠᠴᠠ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠥᠷᠥᠭᠦᠯᠡᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ᠂ ᠬᠤᠳᠠᠯᠳᠤᠭᠠᠨ ᠤ ᠶᠠᠪᠣᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠢᠶᠠᠷ ᠭᠡᠰᠢᠭᠦᠨ ᠨᠢᠭᠡᠴᠡ ᠪᠤᠯᠭᠠᠬᠰᠠᠨ ᠥᠪᠡᠷᠲᠡᠭᠡᠨ ᠵᠠᠰᠠᠬᠤ ᠣᠷᠣᠨ ᠤ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠳᠥᠷᠢᠮ ᠢ ᠪᠠᠶᠢᠭᠤᠯᠬᠤ ᠬᠡᠷᠡᠭᠲᠡᠢ᠃ ᠬᠠᠮᠲᠤᠷᠠᠭᠰᠠᠨ ᠬᠤᠷᠠᠯᠳᠤᠭᠠᠨ ᠤ ᠭᠡᠰᠢᠭᠦᠨ ᠨᠢᠭᠡᠴᠡ ᠨᠢ ᠠᠵᠢᠯ ᠤᠨ ᠲᠣᠭᠲᠠᠴᠠ ᠪᠠᠨ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠ ᠠᠷᠭ᠎ᠠ ᠶᠢ ᠰᠣᠳᠣᠯᠣᠨ ᠲᠣᠭᠲᠠᠭᠠᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠦᠷᠨᠢᠭᠦ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠳᠤᠷᠠᠭᠰᠠᠨ ᠬᠤᠷᠠᠯᠳᠤᠭᠠᠨ ᠤ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠳᠤ ᠪᠠᠶᠢᠭᠤᠯᠵᠤ᠂ ᠬᠠᠮᠳᠤᠷᠠᠭᠰᠠᠨ ᠬᠤᠷᠠᠯᠳᠤᠭᠠᠨ ᠤ ᠡᠳᠦᠷ ᠳᠣᠲᠣᠮ ᠤᠨ ᠠᠵᠢᠯ ᠢ ᠡᠭᠦᠷᠭᠡᠯᠡᠵᠦ᠂ ᠬᠠᠮᠳᠤᠷᠠᠭᠰᠠᠨ ᠬᠤᠷᠠᠯᠳᠤᠭᠠᠨ ᠤ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠨ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠦᠷᠨᠢᠭᠦᠯᠬᠦ ᠶᠢ ᠰᠢᠮᠳᠠᠭᠤᠯᠤᠨ ᠵᠢᠯᠣᠭᠤᠳᠴᠦ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠲᠣᠭᠲᠠᠭᠠᠯ ᠠᠴᠠ ᠵᠦᠷᠢᠴᠡᠭᠰᠡᠨ ᠲᠠᠯ᠎ᠠ ᠶᠢᠨ ᠢᠯᠡᠴᠢᠯᠡᠨ ᠮᠡᠳᠡᠭᠦᠯᠬᠦ ᠶᠢ ᠬᠦᠯᠢᠶᠡᠨ ᠭᠦᠢᠴᠡᠳᠭᠡᠵᠦ᠂ ᠠᠵᠢᠯ ᠤᠨ ᠲᠣᠣᠷ ᠰᠦᠯᠵᠢᠶ᠎ᠡ ᠶᠢᠨ ᠭᠠᠳᠠᠭᠰᠢ ᠬᠠᠷᠢᠯᠴᠠᠬᠤ ᠶᠢ ᠬᠠᠷᠢᠭᠤᠴᠠᠵᠤ᠂ ᠤᠬᠠᠭᠤᠯᠤᠨ ᠪᠣᠯᠪᠠᠰᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠶᠠᠷᠢᠶ᠎ᠠ ᠬᠡᠯᠡᠯᠴᠡᠭᠡ ᠪᠠᠷ ᠬᠦᠳᠦᠯᠦᠨ ᠵᠢᠯᠣᠭᠤᠳᠬᠤ ᠶᠢ ᠵᠣᠬᠢᠶᠠᠨ ᠪᠠᠶᠢᠭᠤᠯᠵᠤ᠂ ᠮᠡᠳᠡᠭᠡ ᠵᠠᠩᠭᠢ ᠶᠢᠨ ᠢᠯᠡ ᠨᠠᠶᠢᠲᠡᠯᠡᠬᠦ ᠶᠢ ᠠᠬᠢᠭᠤᠯᠵᠤ᠂ ᠦᠷ᠎ᠡ ᠪᠦᠲᠦᠮᠵᠢ ᠪᠠ ᠲᠤᠷᠰᠢᠭ᠎ᠠ ᠪᠠᠨ ᠴᠠᠭ ᠲᠤᠬᠠᠢ ᠳᠤᠨᠢ ᠳ᠋ᠦᠡᠭᠨᠡᠵᠤ᠂ ᠳᠥᠷᠢᠮ ᠤᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠠᠬᠢᠭᠤᠯᠬᠤ ᠬᠡᠷᠡᠭᠲᠡᠢ᠃      ︵ᠬᠤᠶᠠᠷ︶ ᠴᠠᠭ ᠲᠤᠬᠠᠢ ᠳᠤᠨᠢ ᠵᠢᠷᠤᠮᠵᠢᠭᠤᠯᠤᠨ ᠨᠡᠮᠡᠭᠳᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠥᠪᠡᠷ ᠤᠨ ᠬᠢᠨᠠᠨ ᠪᠠᠶᠢᠴᠠᠭᠠᠯᠲᠠ ᠶᠢ ᠬᠦᠭᠵᠢᠭᠦᠯᠦᠯᠲᠡ ᠥᠭᠡᠷᠡᠴᠢᠯᠡᠯᠲᠡ᠂ ᠬᠠᠤᠯᠢ ᠳᠦᠷᠢᠮ᠂ ᠬᠤᠳᠠᠯᠳᠤᠭᠠᠨ ᠤ ᠶᠠᠪᠤᠳᠠᠯ ᠪᠠ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠯᠲᠠ ᠯᠤᠭ᠎ᠠ ᠬᠠᠷᠢᠯᠴᠠᠨ ᠤᠶᠠᠯᠳᠤᠭᠤᠯᠬᠤ ᠵᠠᠷᠴᠢᠮ ᠶᠣᠰᠤᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠲᠣᠭᠲᠠᠴᠠ ᠶᠢ ᠱᠠᠯᠠᠪᠳᠠᠨ ᠰᠣᠳᠣᠯᠣᠨ ᠪᠠᠶᠢᠭᠤᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠠᠪᠤᠴᠠ ᠳᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠬᠡᠷᠡᠭᠵᠢᠭᠦᠯᠬᠦ ᠬᠡᠷᠡᠭᠲᠡᠢ᠃ 2017 ᠣᠨ ᠠᠴᠠ ᠡᠬᠢᠯᠡᠨ᠂ ᠪᠦᠬᠦ ᠣᠷᠣᠨ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠥᠷᠢᠮ ᠤᠨ ᠲᠣᠭᠲᠠᠭᠠᠨ ᠨᠡᠶᠢᠲᠡᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠬᠦ ᠬᠡᠷᠡᠭᠲᠡᠢ᠃      ︵ᠭᠤᠷᠪᠠ︶ ᠦᠯᠡᠳᠡᠭᠳᠡᠵᠦ ᠪᠠᠶᠢᠭ᠎ᠠ ᠵᠦᠢᠯᠡᠰ ᠢ ᠡᠮᠬᠢ ᠵᠢᠷᠤᠮ ᠲᠠᠢ ᠪᠠᠷ ᠢᠯᠭᠠᠷᠠᠭᠤᠯᠬᠤ ᠬᠡᠷᠡᠭᠲᠡᠢ᠃ ︽ᠬᠡᠨ ᠲᠣᠭᠲᠠᠭᠠᠭᠰᠠᠨ ᠪᠣᠯ᠂ ᠬᠡᠨ ᠢᠯᠭᠠᠷᠠᠭᠤᠯᠬᠤ︾ ᠵᠠᠷᠴᠢᠮ ᠶᠣᠰᠤᠭᠠᠷ᠂ ᠡᠯ᠎ᠡ ᠭᠠᠵᠠᠷ ᠣᠷᠣᠨ ᠵᠢᠴᠢ ᠬᠠᠷᠢᠶᠠᠯᠠᠭᠳᠠᠬᠤ ᠰᠠᠯᠠᠭ᠎ᠠ ᠮᠦᠴᠢᠷ ᠤᠳ ᠨᠢ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠪᠦᠬᠦ ᠦᠯᠡᠳᠡᠭᠳᠡᠵᠦ ᠪᠠᠶᠢᠭ᠎ᠠ ᠪᠣᠳᠠᠲᠠᠢ ᠪᠠᠶᠢᠳᠠᠯ ᠢ ᠡᠵᠡᠮᠰᠢᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠢ ᠠᠳᠠᠯᠢ ᠪᠣᠰᠤ ᠪᠠᠶᠢᠳᠠᠯ ᠢᠶᠠᠷ ᠬᠤᠪᠢᠶᠠᠷᠢᠯᠠᠨ ᠥᠪᠡᠷ ᠤᠨ ᠪᠠᠶᠢᠴᠠᠭᠠᠯᠲᠠ ᠬᠢᠬᠦ ᠶᠢ ᠦᠷᠨᠢᠭᠦᠯᠵᠦ᠂ ᠠᠵᠢᠯ ᠤᠨ ᠶᠠᠪᠣᠴᠠ ᠪᠠᠨ ᠲᠣᠭᠲᠠᠭᠤᠨ ᠢᠶᠠᠷ ᠡᠵᠡᠮᠳᠡᠵᠦ᠂ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠦᠷᠢᠰᠦᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠣᠯᠣᠨ ᠬᠢᠳᠡᠯ ᠢ ᠡᠮᠬᠢ ᠵᠢᠷᠦᠮ ᠲᠠᠢ ᠪᠠᠷ ᠢᠯᠭᠠᠷᠠᠭᠤᠯᠬᠤ ᠪᠠ ᠬᠦᠴᠦᠨ ᠦᠭᠡᠢ ᠪᠣᠯᠭᠠᠬᠤ ᠶᠢᠨ ᠬᠠᠮᠳᠤ᠂ ᠦᠯᠡᠳᠡᠭᠳᠡᠵᠦ ᠪᠠᠶᠢᠭ᠎ᠠ ᠪᠢᠴᠢᠭ ᠮᠠᠲ᠋ᠧᠷᠢᠶᠠᠯ ᠢ ᠢᠯᠭᠠᠷᠠᠭᠤᠯᠬᠤ ᠴᠠᠭ ᠪᠠ ᠠᠵᠢᠯ ᠤᠨ ᠠᠬᠢᠴᠠ ᠶᠢᠨ ᠬᠦᠰᠦᠨᠦᠭᠲᠦ ᠵᠣᠬᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠳ ᠵᠠᠷᠴᠢᠮ ᠳᠡᠭᠡᠷ᠎ᠡ ᠪᠠᠨ 2017 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠢᠯᠭᠠᠷᠠᠭᠤᠯᠬᠤ ᠠᠵᠢᠯ ᠢᠶᠠᠨ ᠪᠡᠶᠡᠯᠡᠭᠦᠯᠬᠦ ᠬᠡᠷᠡᠭᠲᠡᠢ︔ ᠡᠯ᠎ᠡ ᠭᠠᠵᠠᠷ ᠣᠷᠣᠨ ᠵᠢᠴᠢ ᠬᠠᠷᠢᠶᠠᠯᠠᠭᠳᠠᠬᠤ ᠰᠠᠯᠠᠭ᠎ᠠ ᠮᠦᠴᠢᠷ ᠤᠳ ᠵᠠᠷᠴᠢᠮ ᠳᠡᠭᠡᠷ᠎ᠡ ᠪᠠᠨ 2017 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠢᠯᠭᠠᠷᠠᠭᠤᠯᠬᠤ ᠠᠵᠢᠯ ᠢᠶᠠᠨ ᠪᠡᠶᠡᠯᠡᠭᠦᠯᠬᠦ ᠬᠡᠷᠡᠭᠲᠡᠢ᠃ ᠡᠭᠦᠨ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠯᠲᠠ ᠪᠠᠷ ᠨᠡᠯᠢᠶᠡᠳ ᠴᠢᠩᠭ᠎ᠠ᠂ ᠠᠰᠠᠭᠤᠳᠠᠯ ᠤᠨ ᠢᠯᠡᠷᠡᠯᠲᠡ ᠪᠠᠷ ᠨᠡᠯᠢᠶᠡᠳ ᠲᠦᠪᠯᠡᠷᠡᠭᠰᠡᠨ᠂ ᠨᠦᠯᠦᠭᠡ ᠪᠠᠷ ᠨᠡᠯᠢᠶᠡᠳ ᠳᠣᠪᠤᠶᠢᠮ᠎ᠡ ᠪᠣᠯᠬᠤ ᠲᠣᠭᠲᠠᠭᠠᠯ ᠪᠠ ᠬᠢᠳᠡᠯ ᠤᠳ ᠢ ᠳᠠᠷᠤᠢ ᠲᠦᠷᠭᠡᠨ ᠬᠦᠴᠦᠨ ᠦᠭᠡᠢ ᠪᠣᠯᠭᠠᠬᠤ ᠬᠡᠷᠡᠭᠲᠡᠢ︔ ᠭᠡᠷ᠎ᠡ ᠵᠦᠪᠯᠡᠯᠴᠡᠭᠡᠷ ᠵᠡᠷᠭᠡ ᠬᠡᠯᠪᠡᠷᠢ ᠮᠠᠶ᠋ᠢᠭ ᠢᠶᠠᠷ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ᠂ ᠵᠢᠴᠢ ᠬᠡᠰᠡᠭ ᠪᠦᠯᠦᠭ ᠢ ᠨᠢ ᠳᠠᠷᠦ᠋ᠢᠬᠠᠨ ᠵᠣᠭᠰᠤᠭᠠᠬᠤ ᠳᠤ ᠬᠦᠨᠳᠦ ᠶᠡᠭᠡ ᠨᠦᠯᠦᠭᠡ ᠪᠣᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠲᠤ᠂ ᠰᠢᠯᠵᠢᠯᠲᠡ ᠶᠢᠨ ᠬᠤᠭᠤᠴᠠᠭ᠎ᠠ ᠶᠢ ᠨᠢ ᠵᠦᠢ ᠵᠣᠬᠢᠰᠲᠠᠢ ᠲᠣᠬᠢᠷᠠᠭᠤᠯᠵᠤ᠂ ᠴᠢᠬᠤᠯᠠ ᠪᠦᠬᠦᠢ ᠨᠠᠮᠵᠢᠭᠤᠯᠬᠤ ᠣᠷᠣᠨ ᠵᠠᠢ ᠲᠠᠢ ᠪᠠᠶᠢᠯᠭᠠᠬᠤ ᠬᠡᠷᠡᠭᠲᠡᠢ︔ ᠨᠢᠭᠡᠨᠲᠡ ᠪᠣᠳᠠᠲᠠᠶᠢᠵᠢᠭᠤᠯᠵᠤ ᠪᠡᠶᠡᠯᠡᠭᠦᠯᠦᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠩᠭᠡᠷᠡᠭᠰᠡᠨ ᠢᠶᠠᠷ ᠦᠵᠡᠵᠦ ᠤᠬᠤᠴᠢᠯᠠᠬᠤ ᠦᠭᠡᠢ᠃ ᠡᠯ᠎ᠡ ᠭᠠᠵᠠᠷ ᠣᠷᠣᠨ ᠵᠢᠴᠢ ᠬᠠᠷᠢᠶᠠᠯᠠᠭᠳᠠᠬᠤ ᠰᠠᠯᠠᠭ᠎ᠠ ᠮᠦᠴᠢᠷ ᠤᠳ ᠢᠯᠭᠠᠷᠠᠭᠤᠯᠤᠭᠰᠠᠨ ᠪᠠᠶᠢᠳᠠᠯ ᠢ ᠴᠠᠬ ᠲᠤᠬᠠᠢ ᠳᠤᠨᠢ ᠨᠡᠶᠢᠭᠡᠮ ᠳᠤ ᠢᠯᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯᠳᠤᠭᠠᠨ ᠳᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠵᠢᠴᠢ ᠢᠯᠭᠠᠷᠠᠭᠤᠯᠤᠭᠰᠠᠨ ᠪᠠᠶᠢᠳᠠᠯ ᠢᠶᠠᠨ ᠱᠠᠭᠠᠷᠳᠠᠯᠭ᠎ᠠ ᠶᠣᠰᠣᠭᠠᠷ ᠮᠡᠳᠡᠭᠦᠯᠬᠦ ᠬᠡᠷᠡᠭᠲᠡᠢ᠃      ︵ᠳᠥᠷᠪᠡ︶ ᠦᠨᠡᠯᠡᠨ ᠵᠢᠱᠢᠵᠦ ᠲᠡᠭᠦᠯᠳᠡᠷᠵᠢᠭᠦᠯᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯᠳᠤᠭᠠᠨ ᠨᠢ ᠨᠦᠬᠦᠴᠡᠯ ᠪᠦᠷᠢᠯᠳᠦᠭᠰᠡᠨ ᠦᠶ᠎ᠡ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠲᠠ ᠪᠣᠯᠣᠨ ᠢᠯᠭᠠᠷᠠᠭᠤᠯᠤᠭᠰᠠᠨ ᠪᠠᠶᠢᠳᠠᠯ ᠳᠤ ᠦᠨᠡᠯᠡᠨ ᠵᠢᠱᠢᠯᠲᠡ ᠦᠷᠨᠢᠭᠦᠯᠬᠦ ᠶᠢ ᠵᠣᠬᠢᠶᠠᠨ ᠪᠠᠶᠢᠭᠤᠯᠵᠤ᠂ ᠲᠣᠭᠲᠠᠮᠠᠯ ᠪᠣᠰᠤ ᠬᠤᠭᠤᠴᠠᠭ᠎ᠠ ᠲᠠᠢ ᠪᠠᠷ ᠰᠤᠭᠤᠯᠤᠨ ᠪᠠᠶᠢᠴᠠᠭᠠᠬᠤ ᠶᠢ ᠥᠷᠨᠢᠭᠦᠯᠬᠦ ᠬᠡᠷᠡᠭᠲᠡᠢ᠃ ᠦᠨᠡᠯᠡᠨ ᠵᠢᠱᠢᠯᠲᠡ ᠪᠠᠷ ᠳᠠᠮᠵᠢᠵᠤ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠦᠷᠢᠰᠦᠯᠳᠦᠭᠡᠨ ᠢ ᠬᠠᠷᠰᠢᠯᠠᠵᠤ ᠪᠠᠶᠢᠬᠤ ᠪᠠᠷ ᠦᠵᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ ᠶᠣᠰᠤᠭᠠᠷ ᠳᠠᠷᠤᠢ ᠲᠦᠷᠭᠡᠨ ᠬᠦᠴᠦᠨ ᠦᠭᠡᠢ ᠪᠣᠯᠭᠠᠬᠤ ᠪᠣᠶᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠬᠦ ᠬᠡᠷᠡᠭᠲᠡᠢ᠃ ᠬᠡᠷᠪᠡ ᠴᠢᠬᠤᠯᠠᠲᠠᠢ ᠪᠣᠯ᠂ ᠦᠨᠡᠯᠡᠨ ᠵᠢᠱᠢᠯᠲᠡ ᠶᠢᠨ ᠮᠡᠳᠡᠭᠦᠯᠦᠯᠲᠡ ᠳᠤ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠨᠡᠶᠢᠭᠡᠮ ᠠᠴᠠ ᠰᠠᠨᠠᠯ ᠬᠤᠷᠢᠶᠠᠨ ᠠᠪᠴᠤ ᠪᠣᠯᠣᠨ᠎ᠠ᠃ ᠦᠨᠡᠯᠡᠨ ᠵᠢᠱᠢᠯᠲᠠ ᠶᠢᠨ ᠴᠣᠪᠣᠷᠠᠯ᠂ ᠦᠨᠡᠯᠡᠨ ᠵᠢᠱᠢᠯᠲᠡ ᠶᠢᠨ ᠦᠷ᠎ᠡ ᠳ᠋ᠦ᠋ᠶᠢᠩ ᠢ ᠬᠠᠤᠯᠢ ᠶᠤᠰᠤᠭᠠᠷ ᠨᠡᠶᠢᠭᠡᠮ ᠳᠤ ᠢᠯᠡ ᠪᠤᠯᠭᠠᠬᠤ ᠬᠡᠷᠡᠭᠲᠡᠢ᠃      ᠳᠥᠷᠪᠡ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠶᠢᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ      ︵ᠨᠢᠭᠡ︶ ᠥᠷᠢᠰᠦᠯᠳᠦᠭᠡᠨ ᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢᠨ ᠰᠠᠭᠤᠷᠢᠯᠠᠬᠤ ᠴᠢᠨᠠᠷᠲᠠᠢ ᠪᠠᠶᠢᠷᠢ ᠰᠠᠭᠤᠷᠢ ᠶᠢ ᠲᠣᠭᠲᠠᠭᠠᠬᠤ ᠱᠠᠭᠠᠷᠳᠠᠯᠭ᠎ᠠ ᠶᠣᠰᠤᠭᠠᠷ᠂ ᠴᠢᠭᠯᠡᠭᠦᠯᠬᠦ ᠴᠢᠨᠠᠷᠲᠠᠢ ᠪᠠᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠰᠢᠨ᠎ᠡ ᠠᠵᠤ ᠠᠬᠤᠢ ᠶᠢᠨ ᠬᠦᠷᠢᠶ᠎ᠡ ᠴᠠᠷᠠᠭ᠎ᠠ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠰᠠᠭᠤᠳᠠᠯ ᠢ ᠴᠠᠭ ᠲᠤᠬᠠᠢ ᠳᠤᠨᠢ ᠰᠣᠳᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠵᠢᠷᠤᠮᠵᠢᠯ ᠢ ᠲᠠᠰᠤᠷᠠᠯᠲᠠ ᠦᠭᠡᠢ ᠳᠡᠭᠦᠯᠳᠡᠷᠵᠢᠭᠦᠯᠵᠦ᠂ ᠨᠢᠭᠡᠳᠦᠯᠲᠡᠢ ᠪᠦᠭᠡᠳ ᠴᠢᠯᠦᠭᠡᠲᠡᠢ᠂ ᠦᠷᠢᠰᠦᠯᠳᠦᠭᠡᠨ ᠢᠶᠠᠷ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠨ ᠪᠣᠢ ᠪᠣᠯᠭᠠᠬᠤ ᠬᠡᠷᠡᠭᠲᠡᠢ᠃      ︵ᠬᠤᠶᠠᠷ︶ ᠢᠲᠡᠭᠡᠯ ᠲᠠᠢ ᠪᠠᠶᠢᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠨᠡᠶᠢᠭᠡᠮ ᠨᠡᠶᠢᠲᠡ ᠳᠤ ᠢᠯᠡᠷᠭᠡᠶᠢᠯᠡᠭᠰᠡᠨ ᠠᠮᠠᠯᠳᠠᠭ᠎ᠠ ᠪᠠᠨ ᠴᠢᠩᠭ᠎ᠠ ᠭᠦᠢᠴᠡᠳᠭᠡᠵᠦ᠂ ᠵᠠᠰᠠᠭ ᠤᠨ ᠶᠠᠪᠤᠳᠠᠯ ᠤᠨ ᠭᠡᠷ᠎ᠡ ᠬᠡᠷᠡᠭᠵᠢᠭᠦᠯᠬᠦ ᠪᠠ ᠠᠮᠠᠯᠳᠠᠭ᠎ᠠ ᠪᠠᠨ ᠵᠢᠷᠤᠮᠯᠠᠬᠤ ᠦᠢᠯᠡᠴᠢᠯᠡᠭᠡ ᠶᠢ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠳᠤ ᠣᠷᠤᠭᠤᠯᠵᠤ᠂ ᠵᠠᠰᠠᠭ ᠤᠨ ᠶᠠᠪᠤᠳᠠᠯ ᠪᠠ ᠵᠠᠰᠠᠭ ᠵᠠᠬᠢᠷᠭᠠᠨ ᠤ ᠠᠮᠠᠯᠳᠠᠭ᠎ᠠ ᠶᠢᠨ ᠰᠢᠯᠭᠠᠨ ᠬᠢᠨᠠᠬᠤ ᠲᠥᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠳᠠᠯ ᠢ ᠢᠯᠡ ᠨᠡᠶᠢᠲᠡᠯᠡᠬᠦ ᠪᠠ ᠭᠡᠷᠡᠴᠢᠯᠡᠭᠡ ᠰᠣᠨᠣᠰᠬᠤ ᠳᠥᠷᠢᠮ ᠢ ᠤᠯᠠᠮ ᠨᠢᠭᠡ ᠠᠯᠬᠤᠮ ᠳᠡᠯᠭᠡᠷᠡᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠤᠭᠲᠠᠭᠠᠬᠤ ᠳᠤ ᠣᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠨᠢ ᠦᠷᠭᠡᠳᠭᠡᠵᠦ᠂ ᠡᠷᠬᠡ ᠶᠢᠨ ᠠᠵᠢᠯᠯᠠᠭᠠᠨ ᠳᠤ ᠨᠡᠶᠢᠭᠡᠮ ᠤᠨ ᠬᠢᠨᠠᠯᠲᠠ ᠲᠠᠯᠪᠢᠯᠲᠠ ᠪᠠ ᠬᠦᠯᠢᠶᠡᠰᠦᠯᠡᠯ ᠢ ᠴᠢᠩᠭᠠᠳᠬᠠᠬᠤ ᠬᠡᠷᠡᠭᠲᠡᠢ᠃      ︵ᠭᠤᠷᠪᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠦᠷᠢᠴᠡᠭᠰᠡᠨ ᠢᠶᠠᠷ ᠰᠡᠵᠢᠭᠯᠡᠭᠳᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠯ᠂ ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠢᠯᠡᠴᠢᠯᠡᠨ ᠵᠠᠭᠠᠯᠳᠤᠬᠤ ᠡᠷᠬᠡ ᠲᠠᠢ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠴᠠᠭ ᠲᠤᠬᠠᠢ ᠳᠤᠨᠢ ᠰᠢᠢᠳᠪᠦᠷᠢᠯᠡᠵᠦ ᠦᠭᠬᠦ ᠬᠡᠷᠡᠭᠲᠡᠢ︔ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ︾᠎ ᠠᠴᠠ ᠵᠦᠷᠢᠴᠡᠭᠰᠡᠨ ᠢᠶᠠᠷ ᠰᠡᠵᠢᠭᠯᠡᠭᠳᠡᠭᠰᠡᠨ ᠪᠣᠯ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠶᠢ ᠬᠡᠷᠡᠭᠵᠢᠭᠦᠯᠬᠦ ᠪᠠᠶᠢᠭᠤᠯᠤᠮᠵᠢ ᠨᠢ ᠬᠠᠤᠯᠢ ᠶᠣᠰᠤᠭᠠᠷ ᠪᠠᠶᠢᠴᠠᠭᠠᠵᠤ ᠬᠠᠷᠭᠤᠭᠤᠯᠬᠤ ᠶᠢᠨ ᠬᠠᠮᠳᠤ᠂ ᠬᠤᠯᠪᠣᠭᠳᠠᠯ ᠪᠦᠬᠦᠢ ᠳᠡᠭᠡᠲᠥ ᠱᠠᠲᠤᠨ ᠤ ᠪᠠᠶᠢᠭᠤᠯᠭ᠎ᠠ ᠳᠤ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ ᠭᠠᠷᠭᠠᠬᠤ ᠬᠡᠷᠡᠭᠲᠡᠢ᠃ ᠬᠡᠷᠡᠭ ᠤᠨ ᠪᠠᠶᠢᠳᠠᠯ ᠪᠠ ᠰᠢᠢᠳᠪᠦᠷᠢᠯᠡᠬᠦ ᠰᠠᠨᠠᠭᠤᠯᠭ᠎ᠠ ᠶᠢ ᠨᠡᠶᠢᠭᠡᠮ ᠳᠤ ᠢᠯᠡ ᠪᠤᠯᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠵᠠᠯᠠᠷᠠᠭᠤᠯᠵᠤ᠂ ᠭᠤᠣᠯᠴᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠬᠤ ᠬᠡᠷᠡᠭᠲᠡᠢ᠃      ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠡᠳᠦᠢ ᠪᠣᠶᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠦᠷᠢᠴᠡᠵᠦ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠠᠷᠦ᠋ᠢᠬᠠᠨ ᠵᠠᠯᠠᠷᠠᠭᠤᠯᠤᠭᠰᠠᠨ ᠦᠭᠡᠢ ᠭᠠᠵᠠᠷ ᠣᠷᠣᠨ ᠬᠢᠭᠡᠳ ᠬᠠᠷᠢᠶᠠᠯᠠᠭᠳᠠᠬᠤ ᠰᠠᠯᠠᠭ᠎ᠠ ᠮᠦᠴᠢᠷ ᠤᠳ ᠢ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠬᠠᠤᠯᠢ ᠶᠣᠰᠤᠭᠠᠷ ᠪᠠᠶᠢᠴᠠᠭᠠᠨ ᠲᠤᠳᠤᠯᠠᠬᠰᠠᠨ ᠤ ᠳᠠᠷᠠᠭ᠎ᠠ ᠴᠢᠩᠭ᠎ᠠ ᠰᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠬᠤᠯᠪᠣᠭᠳᠠᠯ ᠪᠦᠬᠦᠢ ᠬᠦᠮᠦᠰ ᠠᠴᠠ ᠨᠠᠮ ᠪᠠ ᠵᠠᠰᠠᠭ ᠤᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠣᠯ᠂ ᠬᠤᠯᠪᠣᠭᠳᠠᠯ ᠪᠦᠬᠦᠢ ᠪᠠᠶᠢᠳᠠᠯ ᠢ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠰᠢᠯᠵᠢᠭᠦᠯᠦᠨ ᠥᠭᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map